ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
2024 ᠣᠨ᠎ᠤ ᠳᠡᠭᠡᠳᠦ ᠵᠡᠷᠭᠡ ᠵᠢᠨ ᠠᠵᠤ ᠠᠬᠤᠶ᠋ᠢᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ ᠭᠤᠶᠤᠴᠢᠯᠠᠨ ᠮᠡᠳᠡᠭᠦᠯᠦᠭᠰᠡᠨ ᠬᠥᠮᠥᠰ᠎ᠢ ᠵᠠᠷᠯᠠᠨ ᠨᠡᠶ᠋ᠢᠲᠡᠯᠡᠬᠦ ᠲᠤᠬᠠᠶ
ᠨᠡᠶ᠋ᠢᠲᠡᠯᠡᠭᠰᠡᠨ ᠴᠠᠭ᠄ 2024-10-17

  《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [2024] 4 ᠳ᠋ᠤᠭᠡᠷ ᠲᠣᠭ᠋ᠠᠲᠤ)᠂ 《2024 ᠣᠨ᠎ᠤ ᠪᠥᠬᠦ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [2024] 85 ᠳ᠋ᠤᠭ᠋ᠠᠷ ᠲᠣᠭ᠋ᠠᠲᠤ)᠂ 《2024 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠠᠵᠤ ᠠᠬᠤᠶ᠋ᠢᠴᠢ ᠵᠢ ᠬᠢᠨᠠᠨ ᠲᠣᠭᠲᠠᠭ᠋ᠠᠬᠤ ᠮᠠᠲ᠋ᠧᠷᠢᠶᠠᠯ᠎ᠢ ᠭᠤᠶᠤᠴᠢᠯᠠᠨ ᠮᠡᠳᠡᠭᠦᠯᠬᠦ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 (ᠥᠪᠥᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠠᠯᠪᠠᠨ ᠲᠠᠷᠬᠠᠭ᠋ᠠᠭᠰᠠᠨ [2024] 168 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ 2024 ᠣᠨ᠎ᠤ ᠳᠡᠭᠡᠳᠦ ᠵᠡᠷᠭᠡ ᠵᠢᠨ ᠠᠵᠤ ᠠᠬᠤᠶ᠋ᠢᠴᠢ ᠵᠢᠨ ᠲᠤᠰᠬᠠᠶ ᠮᠡᠷᠭᠡᠵᠢᠯ᠎ᠤᠨ ᠬᠢᠷᠢ ᠬᠡᠮ ᠮᠡᠳᠡᠭᠦᠯᠦᠭᠰᠡᠨ ᠬᠥᠮᠦᠰ᠎ᠢ ᠢᠯᠡ ᠨᠡᠶ᠋ᠢᠲᠡᠯᠡᠪᠡ᠃

   ᠨᠢᠭᠡ᠂ ᠬᠦᠮᠦᠰ᠎ᠤᠨ ᠨᠡᠷᠡᠰ

   ᠪᠤᠤ ᠸᠧᠢ   ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠤᠯᠠᠭ᠋ᠠᠨᠬᠠᠳᠠ ᠵᠢᠨ ᠤᠰᠤᠨ ᠰᠢᠨᠵᠢᠯᠡᠭᠡᠨ᠎ᠤ ᠤᠰᠤᠨ᠎ᠤ  ᠡᠬᠢ ᠰᠤᠷᠪᠤᠯᠵᠢ ᠵᠢᠨ ᠬᠤᠪᠢᠶᠠᠷᠢ ᠲᠥᠪ

   ᠬᠤᠶᠠᠷ᠂ ᠢᠯᠡ ᠨᠡᠶ᠋ᠢᠲᠡᠯᠡᠬᠦ ᠴᠠᠭ ᠬᠤᠭᠤᠴᠠᠭ᠎ᠠ

  2024 ᠣᠨ᠎ᠤ 10 ᠳ᠋ᠤᠭ᠋ᠠᠷ ᠰᠠᠷ᠎ᠠ ᠵᠢᠨ 18᠎ᠤ ᠡᠳᠦᠷ᠎ᠠᠴᠠ 2024 ᠣᠨ᠎ᠤ 10 ᠳ᠋ᠤᠭ᠋ᠠᠷ ᠰᠠᠷ᠎ᠠ ᠵᠢᠨ 24᠎ᠤ ᠡᠳᠦᠷ ᠪᠣᠯᠲᠠᠯ᠎ᠠ᠃

   ᠭᠤᠷᠪᠠ᠂ ᠬᠦᠯᠢᠶᠡᠨ ᠠᠪᠴᠤ ᠭᠦᠢ᠍ᠴᠡᠳᠭᠡᠬᠦ ᠠᠷᠭ᠎ᠠ ᠮᠠᠶᠢᠭ

   ᠨᠢᠭᠡᠴᠢ ᠪᠠ ᠬᠤᠪᠢ ᠬᠥᠮᠦᠨ ᠰᠤᠷᠪᠤᠯᠵᠢᠯᠠᠯ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠢᠯᠡ ᠨᠡᠶ᠋ᠢᠲᠡᠯᠡᠭᠰᠡᠨ ᠬᠥᠮᠦᠰ᠎ᠤᠨ ᠬᠣᠯᠪᠣᠭᠳᠠᠯ ᠪᠦᠬᠦᠢ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠢ ᠪᠠᠶ᠋ᠢᠴᠠᠭ᠋ᠠᠨ ᠬᠠᠷᠭᠤᠭᠤᠯᠬᠤ᠎ᠳᠤ ᠲᠥᠬᠦᠮ ᠪᠠᠶ᠋ᠢᠯᠭ᠋ᠠᠬᠤ ᠵᠢᠨ ᠲᠥᠯᠥᠭᠡ᠂ ᠠᠰᠠᠭᠤᠳᠠᠯ᠎ᠢ ᠲᠤᠰᠬᠠᠬᠤ ᠦᠶ᠎ᠡ᠎ᠳᠤ ᠬᠤᠯᠪᠣᠭᠳᠠᠯ ᠪᠥᠬᠦᠶ ᠰᠦᠪᠡᠭᠴᠢ ᠬᠠᠩᠭ᠋ᠠᠬᠤ ᠵᠢᠴᠢ ᠲᠣᠰ ᠬᠥᠮᠦᠨ᠎ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠵᠤ ᠪᠠᠶ᠋ᠢᠭ᠎ᠠ ᠨᠢᠭᠡᠴᠢ ᠵᠡᠷᠭᠡ ᠮᠡᠳᠡᠭᠡ ᠵᠠᠩᠭᠢ ᠵᠢ ᠬᠠᠩᠭ᠋ᠠᠵᠤ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠭᠦᠢ᠍ᠴᠡᠳᠬᠡᠵᠦ᠂ ᠬᠢᠨᠠᠨ ᠬᠠᠷᠭᠤᠭᠤᠯᠤᠭᠰᠠᠨ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠬᠠᠷᠢᠭᠤ ᠲᠤᠰᠬᠠᠨ᠎ᠠ᠃

   ᠵᠠᠷᠯᠠᠨ ᠨᠡᠶ᠋ᠢᠲᠡᠯᠡᠬᠦ ᠠᠯᠪᠠᠨ ᠬᠡᠷ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠎ᠤᠨ 2512 ᠳ᠋ᠤᠭ᠋ᠠᠷ ᠥᠷᠥᠭᠡ᠎ᠳᠤ ᠳᠣᠭᠢᠷᠠᠭᠤᠯᠪᠠ᠃

   ᠬᠦᠯᠢᠶᠡᠨ ᠠᠪᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00 — 12᠄ 00 ᠴᠠᠭ᠂ ᠦᠳᠡ ᠵᠢᠨ ᠬᠤᠶ᠋ᠢᠨ᠎ᠠ 13᠄ 30 — 17᠄ 00 ᠴᠠᠭ

   ᠬᠦᠯᠢᠶᠡᠨ ᠠᠪᠴᠤ ᠰᠢᠢ᠍ᠳᠪᠤᠷᠢᠯᠡᠬᠦ ᠤᠲᠠᠰᠤ᠄ (0471) — 5259607 5259546

   ᠣᠨᠴᠠᠭ᠋ᠠᠶ᠋ᠢᠯᠠᠨ ᠵᠠᠷᠯᠠᠪᠠ

  

  2024 ᠣᠨ᠎ᠤ 10 ᠳ᠋ᠤᠭ᠋ᠠᠷ ᠰᠠᠷ᠎ᠠ ᠵᠢᠨ 17᠎ᠤ ᠡᠳᠦᠷ

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
2024 ᠣᠨ᠎ᠤ ᠳᠣᠤᠷ᠎ᠠ ᠬᠠᠭ᠋ᠠᠰ ᠵᠢᠯ᠎ᠤᠨ ᠰᠠᠭ᠋ᠠᠳ ᠥᠬᠡᠶ ᠨᠡᠪᠲᠡᠷᠡᠬᠦ ᠵᠠᠮ ᠵᠶ᠋ᠠᠷ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠪᠠᠷ ᠮᠡᠳᠡᠭᠦᠯᠦᠭᠰᠡᠨ ᠬᠥᠮᠦᠰ᠎ᠤᠨ ᠲᠤᠬᠠᠶ ᠵᠠᠷᠯᠠᠯ
2024 ᠣᠨ᠎ᠳᠤ ᠨᠢᠭᠲᠠᠯᠠᠨ ᠪᠣᠳᠣᠭᠴᠢ ᠵᠢ ᠭᠤᠶᠤᠴᠢᠯᠠᠨ ᠮᠡᠳᠡᠭᠦᠯᠬᠦ ᠨᠢᠭᠲᠠᠯᠠᠨ ᠪᠣᠳᠣᠭᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠮᠡᠳᠡᠭᠦᠯᠬᠦ ᠬᠥᠮᠥᠰ᠎ᠤᠨ ᠲᠤᠬᠠᠢ ᠵᠠᠷᠯᠠᠯ
2024 ᠤᠨ᠎ᠤ ᠬᠤᠶᠠᠳᠤᠭ᠋ᠠᠷ ᠪᠦᠯᠦᠭ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ》 ᠵᠢᠨ ᠬᠢᠷᠢ ᠲᠡᠩᠴᠡᠭᠰᠡᠨ ᠬᠥᠮᠦᠰ᠎ᠤᠨ ᠨᠡᠷᠡᠰ᠎ᠤᠨ ᠲᠤᠬᠠᠢ ᠨᠡᠢ᠌ᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠨᠡᠢ᠌ᠲᠡᠯᠡᠯ
2024 ᠣᠨ᠎ᠳᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ 13529 ᠳ᠋ᠦᠩᠰᠢᠭᠤᠷ ᠲᠥᠭᠦᠷᠢᠭ ᠪᠡᠶᠡᠯᠡᠭᠦᠯᠵᠡᠢ (ᠰᠢᠨ᠎ᠡ ᠲᠤᠭ᠎ᠠ ᠪᠠᠷᠢᠮᠳᠠ ᠰᠢᠨ᠎ᠡ ᠦᠵᠡᠬᠦ ᠴᠡᠭ)
 
            