《2024 ᠣᠨ᠎ᠤ ᠪᠥᠬᠦ ᠣᠷᠣᠨ᠎ᠤ ᠳᠡᠭᠡᠳᠦ ᠲᠠᠰ ᠪᠠ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠬᠢᠷᠢ ᠬᠡᠮ᠎ᠢ ᠬᠢᠨᠠᠨ ᠲᠣᠭᠲᠠᠭ᠋ᠠᠵᠤ ᠭᠤᠶᠤᠴᠢᠯᠠᠨ ᠮᠡᠳᠡᠭᠦᠯᠬᠦ ᠠᠵᠢᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ》 (ᠥᠪᠥᠷ ᠡᠳ᠋᠎ᠤᠨ ᠶᠠᠪᠤᠳᠠᠯ ᠨᠢᠭᠲᠠᠯᠠᠨ ᠪᠤᠳᠤᠬᠤ ᠵᠠᠬᠢᠳᠠᠯ [2024] 701 ᠳ᠋ᠤᠭᠡᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠣᠲᠣ 2024 ᠣᠨ᠎ᠤ ᠵᠢᠩᠬᠢᠨᠢ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠪᠠ ᠳᠡᠭᠡᠳᠦ ᠵᠡᠷᠭᠡ ᠵᠢᠨ ᠨᠢᠭᠲᠠᠯᠠᠨ ᠪᠤᠳᠤᠭᠴᠢ ᠵᠢᠨ ᠬᠢᠷᠢ ᠬᠡᠮ᠎ᠢ ᠭᠤᠶᠤᠴᠢᠯᠠᠨ ᠮᠡᠳᠡᠭᠦᠯᠦᠭᠰᠡᠨ ᠬᠥᠮᠦᠰ᠎ᠢ ᠵᠠᠷᠯᠠᠨ ᠨᠡᠶ᠋ᠢᠲᠡᠯᠡᠪᠡ᠃
ᠨᠢᠭᠡ᠂ ᠬᠦᠮᠦᠰ᠎ᠤᠨ ᠨᠡᠷᠡᠰ
(ᠨᠢᠭᠡ) ᠵᠢᠩᠭᠢᠨᠢ ᠳᠡᠭᠡᠳᠦ ᠵᠡᠷᠭᠡ ᠵᠢᠨ ᠨᠢᠭᠲᠠᠯᠠᠨ ᠪᠣᠳᠣᠭᠴᠢ
ᠹᠠᠨ ᠸᠸᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ
ᠭᠦ᠋ ᠼᠠᠢ ᠬᠣᠩ ᠥᠪᠡᠷᠲᠡᠭᠡᠨ ᠵᠠᠰᠠᠬᠤ ᠣᠷᠣᠨ᠎ᠤ ᠬᠣᠩ ᠱᠠᠨ ᠤᠰᠤᠨ ᠴᠥᠭᠥᠷᠥᠮ᠎ᠤᠨ ᠬᠠᠮᠢᠶᠠᠷᠤᠯᠲᠠ ᠵᠢᠨ ᠲᠥᠪ
ᠵᠢᠶᠠ ᠱᠤ᠌ ᠶᠦᠩ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ ᠳ᠋ᠸᠩᠺᠸᠤ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ
(ᠬᠤᠶᠠᠷ) ᠳᠡᠭᠡᠳᠦ ᠵᠡᠷᠭᠡ ᠵᠢᠨ ᠨᠢᠭᠳᠠᠯᠠᠨ ᠪᠤᠳᠤᠭᠴᠢ
ᠰᠢᠨ ᠵᠢᠩ ᠬᠢᠩᠭ᠋ᠠᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ
ᠬᠤᠶᠠᠷ᠂ ᠢᠯᠡ ᠨᠡᠶ᠋ᠢᠲᠡᠯᠡᠬᠦ ᠴᠠᠭ ᠬᠤᠭᠤᠴᠠᠭ᠎ᠠ
2024 ᠣᠨ᠎ᠤ 11 ᠳ᠋ᠦ᠍ᠭᠡᠷ ᠰᠠᠷ᠎ᠠ ᠵᠢᠨ 7᠎ᠤ ᠡᠳᠦᠷ᠎ᠠᠴᠠ 2024 ᠣᠨ᠎ᠤ 11 ᠳ᠋ᠦ᠍ᠭᠡᠷ ᠰᠠᠷ᠎ᠠ ᠵᠢᠨ 13᠎ᠤ ᠡᠳᠦᠷ ᠪᠣᠯᠲᠠᠯ᠎ᠠ᠃
ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ
ᠨᠢᠭᠡᠴᠢ ᠪᠠ ᠬᠤᠪᠢ ᠬᠥᠮᠦᠨ ᠰᠤᠷᠪᠤᠯᠵᠢᠯᠠᠯ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠢᠯᠡ ᠨᠡᠶ᠋ᠢᠲᠡᠯᠡᠭᠰᠡᠨ ᠬᠥᠮᠦᠰ᠎ᠤᠨ ᠬᠣᠯᠪᠣᠭᠳᠠᠯ ᠪᠦᠬᠦᠢ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠢ ᠪᠠᠶ᠋ᠢᠴᠠᠭ᠋ᠠᠨ ᠬᠠᠷᠭᠤᠭᠤᠯᠬᠤ᠎ᠳᠤ ᠲᠥᠬᠦᠮ ᠪᠠᠶ᠋ᠢᠯᠭ᠋ᠠᠬᠤ ᠵᠢᠨ ᠲᠥᠯᠥᠭᠡ᠂ ᠠᠰᠠᠭᠤᠳᠠᠯ᠎ᠢ ᠲᠤᠰᠬᠠᠬᠤ ᠦᠶ᠎ᠡ᠎ᠳᠤ ᠬᠤᠯᠪᠣᠭᠳᠠᠯ ᠪᠥᠬᠦᠶ ᠰᠦᠪᠡᠭᠴᠢ ᠬᠠᠩᠭ᠋ᠠᠬᠤ ᠵᠢᠴᠢ ᠲᠣᠰ ᠬᠥᠮᠦᠨ᠎ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠵᠤ ᠪᠠᠶ᠋ᠢᠭ᠎ᠠ ᠨᠢᠭᠡᠴᠢ ᠵᠡᠷᠭᠡ ᠮᠡᠳᠡᠭᠡ ᠵᠠᠩᠭᠢ ᠵᠢ ᠬᠠᠩᠭ᠋ᠠᠵᠤ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠭᠦᠢ᠍ᠴᠡᠳᠬᠡᠵᠦ᠂ ᠬᠢᠨᠠᠨ ᠬᠠᠷᠭᠤᠭᠤᠯᠤᠭᠰᠠᠨ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠬᠠᠷᠢᠭᠤ ᠲᠤᠰᠬᠠᠨ᠎ᠠ᠃
ᠵᠠᠷᠯᠠᠨ ᠨᠡᠶ᠋ᠢᠲᠡᠯᠡᠬᠦ ᠠᠯᠪᠠᠨ ᠬᠡᠷ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠎ᠤᠨ 2512 ᠥᠷᠥᠭᠡ᠎ᠳᠤ ᠳᠣᠭᠢᠷᠠᠭᠤᠯᠪᠠ᠃
ᠬᠦᠯᠢᠶᠡᠨ ᠠᠪᠬᠤ ᠴᠠᠭ᠄ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00 — 12᠄ 00 ᠴᠠᠭ᠂ ᠦᠳᠡ ᠵᠢᠨ ᠬᠤᠶ᠋ᠢᠨ᠎ᠠ 13᠄ 30 — 17᠄ 00 ᠴᠠᠭ
ᠬᠦᠯᠢᠶᠡᠨ ᠠᠪᠴᠤ ᠰᠢᠢ᠍ᠳᠪᠦᠷᠢᠯᠡᠬᠦ ᠤᠲᠠᠰᠤ᠄ 0471 – 5259546
ᠣᠨᠴᠠᠭ᠋ᠠᠶ᠋ᠢᠯᠠᠨ ᠵᠠᠷᠯᠠᠪᠠ
2024 ᠣᠨ᠎ᠤ 11 ᠳ᠋ᠦ᠍ᠭᠡᠷ ᠰᠠᠷ᠎ᠠ ᠵᠢᠨ 6᠎ᠤ ᠡᠳᠦᠷ