《ᠡᠷᠬᠡ ᠲᠡᠭᠰᠢ᠂ ᠲᠥᠪ ᠭᠤᠣᠯᠴᠢ᠂ ᠢᠯᠡ ᠨᠡᠶ᠋ᠢᠲᠡᠯᠡᠬᠦ》 ᠵᠠᠷᠴᠢᠮ ᠶᠣᠰᠣᠭ᠋ᠠᠷ᠂ ᠮᠠᠨ᠎ᠤ ᠲᠥᠪ ᠣᠲᠣ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢ ᠰᠣᠩᠭᠤᠬᠤ᠎ᠪᠠᠷ ᠳᠠᠮᠵᠢᠭᠤᠯᠤᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠯᠠᠨ ᠦᠶᠡᠷ᠎ᠤᠨ ᠭᠠᠮᠰᠢᠭ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠤᠨ 〈ᠳᠥᠷᠪᠡ ᠵᠢ ᠤᠷᠢᠳᠴᠢᠯᠠᠬᠤ〉 ᠴᠢᠳᠠᠪᠤᠷᠢ ᠵᠢ ᠳᠡᠭᠡᠭᠰᠢᠯᠡᠭᠦᠯᠬᠦ ᠲᠥᠷᠥᠯ ᠵᠦᠢ᠍ᠯ》᠎ᠢ ᠥᠷᠨᠢᠭᠦᠯᠬᠦ᠎ᠪᠠᠷ ᠲᠠᠮᠵᠢᠨ᠂ ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠄
ᠨᠢᠭᠡ᠂ ᠲᠦᠷᠦᠯ ᠵᠦᠢ᠍ᠯ᠎ᠤᠨ ᠲᠦᠢ᠍ᠮᠦ ᠪᠠᠶ᠋ᠢᠳᠠᠯ
1. ᠲᠥᠷᠥᠯ ᠵᠦᠢ᠍ᠯ᠎ᠤᠨ ᠨᠡᠷᠡᠶ᠋ᠢᠳᠦᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠯᠠᠨ ᠦᠶᠡᠷ᠎ᠤᠨ ᠭᠠᠮᠰᠢᠭ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠤᠨ 《ᠳᠥᠷᠪᠡ ᠵᠢ ᠤᠷᠢᠳᠴᠢᠯᠠᠬᠤ》 ᠴᠢᠳᠠᠪᠤᠷᠢ ᠵᠢ ᠳᠡᠭᠡᠭᠰᠢᠯᠡᠭᠦᠯᠬᠦ ᠲᠥᠷᠥᠯ ᠵᠦᠢ᠍ᠯ᠃
2. ᠬᠡᠷᠡᠭᠵᠢᠭᠦᠯᠬᠦ ᠴᠠᠭ ᠬᠤᠭᠤᠴᠠᠭ᠎ᠠ ᠪᠠ ᠭᠠᠵᠠᠷ ᠣᠷᠣᠨ᠄ 2024 ᠣᠨ᠂ ᠬᠥᠬᠡᠬᠤᠲᠠ᠂ ᠥᠪᠡᠷᠲᠡᠭᠡᠨ ᠵᠠᠰᠠᠬᠤ ᠣᠷᠣᠨ᠎ᠤ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ᠃
3. ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠠᠭᠤᠯᠭ᠎ᠠ᠄ ᠳᠠᠭ᠋ᠠᠭ᠋ᠠᠴᠢᠯᠠᠯᠲᠠ ᠵᠠᠷᠯᠠᠬᠤ ᠣᠷᠣᠯᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠂ ᠡᠭᠦᠨ᠎ᠳᠤ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭ᠋ᠠᠬᠤ᠂ ᠠᠯᠪᠠᠨ ᠵᠠᠷ ᠨᠡᠶ᠋ᠢᠲᠡᠯᠡᠬᠦ᠂ ᠲᠥᠷᠥᠯ ᠵᠦᠢ᠍ᠯ᠎ᠢ ᠥᠷᠨᠢᠭᠦᠯᠬᠦ ᠳᠤᠮᠳᠠᠬᠢ ᠰᠡᠵᠢᠭᠯᠡᠯ ( ᠬᠡᠷᠪᠡ ᠪᠠᠢ᠌ᠪᠠᠯ )᠎ᠢ ᠰᠢᠢ᠍ᠳᠪᠦᠷᠢᠯᠡᠬᠦ᠂ ᠳᠠᠭ᠋ᠠᠭ᠋ᠠᠴᠢᠯᠠᠯᠲᠠ ᠨᠡᠶ᠋ᠢᠲᠡᠯᠡᠬᠦ ᠵᠢ ᠵᠣᠬᠢᠶᠠᠨ ᠪᠠᠶ᠋ᠢᠭᠤᠯᠬᠤ᠂ ᠳᠠᠭ᠋ᠠᠭ᠋ᠠᠴᠢᠯᠠᠯᠲᠠ ᠣᠯᠬᠤ ᠮᠡᠳᠡᠭᠳᠡᠯ᠎ᠤᠨ ᠪᠢᠴᠢᠭ ᠲᠠᠷᠬᠠᠭ᠋ᠠᠬᠤ᠂ ᠲᠥᠷᠥᠯ ᠵᠦᠢ᠍ᠯ᠎ᠢ ᠳᠠᠩᠰᠠ ᠡᠪᠬᠡᠮᠡᠯ᠎ᠳᠤ ᠣᠷᠣᠭᠤᠯᠬᠤ ᠵᠡᠷᠭᠡ ᠵᠢ ᠪᠠᠭᠲᠠᠭ᠋ᠠᠭᠰᠠᠨ ᠪᠣᠯᠪᠠᠴᠤ ᠦᠯᠦ ᠬᠢᠵᠠᠭ᠋ᠠᠷᠯᠠᠨ᠎ᠠ᠃
ᠬᠤᠶᠠᠷ᠂ ᠣᠷᠣᠯᠠᠬᠤ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ
1. ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ᠎ᠤ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠥᠮᠥᠷᠭᠡ᠎ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃
2. ᠲᠤᠰᠠᠭ᠋ᠠᠷ ᠲᠣᠭᠲᠠᠨᠢᠭᠰᠠᠨ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠪᠠᠶ᠋ᠢᠭᠤᠯᠤᠮᠵᠢ ᠡᠷᠬᠡᠪᠰᠢ ᠰᠠᠶ᠋ᠢᠨ ᠰᠠᠶ᠋ᠢᠬᠠᠨ ᠡᠳ᠋᠎ᠤᠨ ᠶᠠᠪᠤᠳᠠᠯ᠎ᠤᠨ ᠪᠠᠶ᠋ᠢᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ ᠪᠠᠶ᠋ᠢᠵᠤ᠂ ᠭᠦᠢ᠍ᠴᠡᠳ ᠡᠳ᠋ ᠬᠥᠷᠥᠩᠭᠡ ᠪᠠ ᠴᠢᠳᠠᠪᠤᠷᠢ᠎ᠲᠠᠢ ᠪᠠᠶ᠋ᠢᠵᠤ ᠭᠡᠷ᠎ᠡ ᠵᠢ ᠭᠦᠢ᠍ᠴᠡᠳᠬᠡᠬᠦ ᠬᠡᠷᠡᠭᠲᠡᠢ᠃
3. ᠲᠤᠰ ᠭᠠᠵᠠᠷ᠎ᠤᠨ ᠲᠤᠰᠠᠭ᠋ᠠᠷ ᠳᠠᠭ᠋ᠠᠭ᠋ᠠᠴᠢᠯᠠᠯᠲᠠ ᠵᠠᠷᠯᠠᠬᠤ ᠭᠠᠵᠠᠷ ᠪᠣᠯᠤᠨ ᠲᠥᠬᠥᠭᠡᠷᠦᠮᠵᠢ ᠵᠢ ᠪᠦᠷᠢᠳᠦᠭᠦᠯᠦᠭᠰᠡᠨ᠃
ᠭᠤᠷᠪᠠ᠂ ᠨᠡᠷ᠎ᠡ ᠮᠡᠳᠡᠭᠦᠯᠬᠦ᠎ᠳᠡᠭᠡᠨ ᠮᠠᠲ᠋ᠧᠷᠢᠶᠠᠯ ᠬᠠᠩᠭ᠋ᠠᠬᠤ ᠬᠡᠷᠡᠭᠲᠡᠶ
1. ᠨᠡᠷ᠎ᠡ ᠮᠡᠳᠡᠭᠦᠯᠦᠭᠴᠢ᠎ᠠᠴᠠ ᠪᠡᠶ᠎ᠡ ᠵᠢᠨ ᠦᠨᠡᠮᠯᠡᠯ ᠵᠶ᠋ᠠᠨ ᠭᠠᠷᠭ᠋ᠠᠵᠤ ᠦᠵᠡᠭᠦᠯᠬᠦ ᠤᠭ ᠮᠠᠲ᠋ᠧᠷᠢᠶᠠᠯ᠎ᠨᠢ ᠪᠠᠭᠤᠯᠭ᠋ᠠᠪᠤᠷᠢ ᠪᠠᠶ᠋ᠢᠵᠤ᠂ ᠬᠠᠷᠢᠯᠴᠠᠬᠤ ᠠᠷᠭ᠎ᠠ ᠬᠡᠯᠪᠡᠷᠢ᠎ᠲᠠᠢ᠃
2. ᠨᠡᠷ᠎ᠡ ᠮᠡᠳᠡᠭᠦᠯᠦᠭᠴᠢ᠎ᠨᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷᠤᠨ ᠦᠰᠦᠭ ᠵᠢᠷᠤᠬᠤ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》 ᠭᠠᠷᠭ᠋ᠠᠵᠤ ᠥᠭᠭᠦᠨ᠎ᠡ᠃
3. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ᠎ᠨᠢ ᠬᠦᠴᠦᠨ᠎ᠲᠠᠢ ᠮᠥᠷᠲᠡᠭᠡᠨ ᠳᠠᠭ᠋ᠠᠭ᠋ᠠᠴᠢᠯᠠᠯᠲᠠ ᠬᠦᠯᠢᠶᠡᠬᠦ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠵᠤ ᠥᠭᠭᠦᠨ᠎ᠡ᠃
4. ᠤᠢ᠌ᠷ᠎ᠠ ᠵᠢᠨ ᠬᠠᠭ᠋ᠠᠰ ᠵᠢᠯ᠎ᠳᠤ ᠭᠤᠷᠪᠠᠨ ᠰᠠᠷ᠎ᠠ ᠳᠠᠷᠠᠭ᠋ᠠᠯᠠᠨ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲᠸᠷᠢᠶᠠᠯ᠂ ᠪᠠᠷᠤᠭ ᠬᠠᠭ᠋ᠠᠰ ᠵᠢᠯ ᠳᠠᠷᠠᠭ᠋ᠠᠯᠠᠨ ᠭᠤᠷᠪᠠᠨ ᠰᠠᠷ᠎ᠠ ᠭᠠᠢ᠌ᠯᠢ ᠲᠤᠰᠢᠶᠠᠭᠰᠠᠨ ᠭᠡᠷᠡᠴᠢ ᠮᠠᠲᠸᠷᠢᠶᠠᠯ᠎ᠢ ᠬᠠᠩᠭ᠋ᠠᠨ᠎ᠠ᠃
5. 2023 ᠪᠤᠶᠤ 2022 ᠣᠨ᠎ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠠᠴᠠ ᠭᠠᠷᠭ᠋ᠠᠵᠤ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠳᠠᠩᠰᠠᠨ ᠡᠷᠦᠬᠡ ᠪᠠᠶ᠋ᠢᠭᠤᠯᠤᠭᠰᠠᠨ ᠪᠠᠩᠬᠢ ᠵᠢᠨ ᠬᠢᠵᠦ ᠥᠭᠭᠦᠭᠰᠡᠨ ᠬᠢᠷᠢ ᠬᠡᠮ᠎ᠤᠨ ᠢᠲᠡᠭᠡᠮᠵᠢ ᠵᠢᠨ ᠭᠡᠷᠡᠴᠢ ᠬᠠᠩᠭ᠋ᠠᠨ᠎ᠠ᠃
6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠣᠷᠣᠯᠠᠬᠤ ᠪᠠᠶ᠋ᠢᠭᠤᠯᠤᠮᠵᠢ᠎ᠳᠤ ᠳᠡᠩᠰᠡᠯᠡᠵᠦ ᠬᠥᠮᠥᠷᠭᠡ᠎ᠳᠤ ᠣᠷᠣᠭᠤᠯᠬᠤ ᠵᠢᠷᠤᠭ᠎ᠤᠨ ᠭᠡᠷᠡᠴᠢ ᠮᠠᠲ᠋ᠧᠷᠢᠶᠠᠯ᠎ᠢ ᠬᠠᠩᠭ᠋ᠠᠨ᠎ᠠ᠃
7. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn ) ᠢᠲᠡᠭᠡᠮᠵᠢ ᠠᠯᠳᠠᠭᠰᠠᠨ ᠭᠦᠢ᠍ᠴᠡᠳᠬᠡᠭᠴᠢ ᠪᠠ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠢ ᠲᠠᠰᠤᠯᠤᠭᠰᠠᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠰᠦᠯᠵᠢᠶ᠎ᠡ (www.ccgp.gov.cn ) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠣᠭᠲᠣᠯᠣᠭᠰᠠᠨ ᠵᠢᠷᠤᠭ᠎ᠢ ᠬᠠᠩᠭ᠋ᠠᠨ᠎ᠠ᠃
8. ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶᠡᠨ᠎ᠳᠤ ᠨᠡᠷ᠎ᠡ ᠮᠡᠳᠡᠭᠦᠯᠦᠭᠡᠳ ᠣᠶ᠋ᠢᠷ᠎ᠠ ᠵᠢᠨ ᠭᠤᠷᠪᠠᠨ ᠵᠢᠯ (2021 ᠣᠨ᠎ᠤ 1 ᠳ᠋ᠦ᠍ᠭᠡᠷ ᠰᠠᠷ᠎ᠠ ᠵᠢᠨ 1᠎ᠠᠴᠠ ᠤᠳᠤ ᠪᠣᠯᠲᠠᠯ᠎ᠠ) ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ᠎ᠢ ᠪᠠᠶ᠋ᠢᠴᠠᠭ᠋ᠠᠨ ᠠᠰᠠᠭᠤᠭᠰᠠᠨ ᠲᠡᠮᠳᠡᠭᠯᠡᠯ᠎ᠢ ᠣᠯᠤᠭᠰᠠᠨ ᠦᠭᠡᠢ᠃
9. ᠲᠤᠰ ᠭᠠᠵᠠᠷ᠎ᠤᠨ ᠲᠤᠰᠠᠭ᠋ᠠᠷ ᠳᠠᠭ᠋ᠠᠭ᠋ᠠᠴᠢᠯᠠᠯᠲᠠ ᠵᠠᠷᠯᠠᠬᠤ ᠲᠠᠯᠠᠪᠤᠷ ᠪᠠ ᠪᠡᠯᠡᠳᠬᠡᠮᠵᠢ (ᠲᠣᠰ ᠭᠠᠵᠠᠷ᠎ᠤᠨ ᠭᠡᠷ ᠪᠠᠶ᠋ᠢᠰᠢᠩ ᠲᠦᠷᠢᠶᠡᠰᠦᠯᠡᠬᠦ ᠭᠡᠷ᠎ᠡ ᠪᠤᠶᠤ ᠭᠡᠷ ᠬᠥᠷᠥᠩᠭᠡ ᠵᠢᠨ ᠦᠨᠡᠮᠯᠡᠯ ᠵᠢᠴᠢ ᠲᠠᠯᠠᠪᠤᠷ᠂ ᠪᠡᠯᠡᠳᠬᠡᠮᠵᠢ ᠵᠢᠨ ᠭᠡᠷᠡᠯ ᠵᠢᠷᠤᠭ ᠵᠡᠷᠭᠡ ᠵᠢ ᠬᠠᠩᠭ᠋ᠠᠨ᠎ᠠ)᠃
10. ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃
ᠲᠠᠶ᠋ᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ᠎ᠨᠢ ᠴᠥᠮ ᠤᠭ ᠮᠠᠲ᠋ᠧᠷᠢᠶᠠᠯ (ᠰᠦᠯᠵᠢᠶᠡᠨ᠎ᠤ ᠨᠢᠭᠤᠷ᠎ᠤᠨ ᠣᠭᠲᠣᠯᠤᠭᠰᠠᠨ ᠵᠢᠷᠤᠭ᠎ᠠᠴᠠ ᠭᠠᠳᠠᠨ᠎ᠠ) ᠵᠢᠴᠢ ᠪᠠᠭᠤᠯᠭ᠋ᠠᠪᠤᠷᠢ ᠵᠢ ᠬᠠᠩᠭ᠋ᠠᠬᠤ ᠴᠢᠬᠤᠯᠠᠲᠠᠢ᠂ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠴᠢᠬᠤᠯᠠᠲᠠᠢ᠂ ᠡᠰᠡ ᠲᠡᠶ᠋ᠢᠮᠦ ᠪᠣᠯ ᠬᠦᠴᠦᠨ ᠦᠭᠡᠢ᠃
ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ
ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ᠎ᠨᠢ 2024 ᠣᠨ᠎ᠤ 5 ᠳ᠋ᠤᠭ᠋ᠠᠷ ᠰᠠᠷ᠎ᠠ ᠵᠢᠨ 23᠎ᠤ ᠡᠳᠦᠷ᠎ᠠᠴᠠ 2024 ᠣᠨ᠎ᠤ 5 ᠳ᠋ᠤᠭ᠋ᠠᠷ ᠰᠠᠷ᠎ᠠ ᠵᠢᠨ 24᠎ᠤ ᠡᠳᠦᠷ ᠪᠣᠯᠲᠠᠯ᠎ᠠ᠂ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00 — 12᠄ 00᠂ ᠦᠳᠡ ᠵᠢᠨ ᠬᠤᠶ᠋ᠢᠨ᠎ᠠ 14᠄ 30 — 17᠄ 00 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ᠎ᠲᠤ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠨ᠎ᠠ᠃
ᠲᠠᠪᠤ᠂ ᠬᠠᠷᠢᠯᠴᠠᠬᠤ ᠠᠷᠭ᠎ᠠ ᠮᠠᠶᠢᠭ
ᠨᠢᠭᠡᠴᠢ ᠵᠢᠨ ᠨᠡᠷᠡᠶ᠋ᠢᠳᠦᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ
ᠨᠡᠷ᠎ᠡ ᠮᠡᠳᠡᠭᠦᠯᠬᠦ ᠬᠠᠶᠢᠭ᠄ ᠥᠪᠥᠷ ᠮᠣᠩᠭᠤᠯ᠎ᠤᠨ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠬᠥᠯᠥᠨ ᠪᠤᠶ᠋ᠢᠷ᠎ᠤᠨ ᠡᠮᠦᠨ᠎ᠡ ᠵᠠᠮ᠎ᠤᠨ 119 ᠳ᠋ᠦ᠍ᠭᠡᠷ ᠤᠰᠤᠨ ᠠᠰᠢᠭᠯᠠᠯᠲᠠ ᠵᠢᠨ ᠲᠢᠩᠬᠢᠮ᠎ᠤᠨ ᠲᠣᠮᠣ ᠠᠰᠠᠷ 2119 ᠳ᠋ᠦ᠍ᠭᠡᠷ ᠥᠷᠥᠭᠡ
ᠰᠢᠦᠳᠠᠨ ᠨᠣᠮᠧᠷ᠄ 010020
ᠬᠠᠷᠢᠯᠴᠠᠬᠤ ᠬᠥᠮᠥᠨ᠄ ᠯᠢᠦ ᠽᠢ ᠵᠢᠶᠠ 13337101318 ᠵᠢᠶᠠᠩ ᠵᠤᠤ ᠹᠠᠩ 13847683332
ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠭᠠᠩ᠎ᠤᠨ ᠭᠠᠮᠰᠢᠭ᠎ᠢ ᠰᠡᠷᠭᠡᠢ᠌ᠯᠡᠬᠦ ᠮᠡᠷᠭᠡᠵᠢᠯ᠎ᠤᠨ ᠲᠥᠪ
2024 ᠣᠨ᠎ᠤ 5 ᠳ᠋ᠤᠭ᠋ᠠᠷ ᠰᠠᠷ᠎ᠠ ᠵᠢᠨ 22᠎ᠤᠨ ᠡᠳᠦᠷ