ᠡᠯ᠎ᠡ ᠬᠤᠯᠪᠣᠭᠳᠠᠯ ᠪᠦᠬᠦᠢ ᠨᠢᠭᠡᠴᠢ᠄
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ 《2024 ᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠪᠠᠷᠢᠬᠤ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠲᠥᠯᠥᠪᠯᠡᠭᠡ ᠵᠢ ᠨᠡᠶ᠋ᠢᠲᠡᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ》 (ᠥᠪᠥᠷ ᠤᠰᠤᠨ ᠲᠡᠭᠡᠭᠡᠪᠦᠷᠢ ᠬᠠᠮᠢᠶᠠᠷᠤᠯᠲᠠ [2024] 22 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠣᠲᠣ 2024 ᠣᠨ᠎ᠤ ᠨᠢᠭᠡᠳᠦᠭᠡᠷ ᠪᠦᠯᠦᠭ᠎ᠤᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠪᠠᠷᠢᠬᠤ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠦᠰᠦᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠮᠡᠳᠡᠯᠭᠡ ᠵᠢᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠃
ᠨᠢᠭᠡ᠂ ᠰᠢᠯᠭ᠋ᠠᠯᠲᠠ᠎ᠪᠠᠷ ᠨᠡᠷ᠎ᠡ ᠮᠡᠳᠡᠭᠦᠯᠬᠦ ᠵᠣᠬᠢᠶᠠᠨ ᠪᠠᠶ᠋ᠢᠭᠤᠯᠤᠯᠲᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠥᠪ (ᠳᠣᠷᠣᠭᠰᠢ ᠰᠢᠯᠭ᠋ᠠᠯᠲᠠ ᠵᠢᠨ ᠪᠠᠶ᠋ᠢᠭᠤᠯᠤᠮᠵᠢ ᠭᠡᠵᠦ ᠲᠣᠪᠴᠢᠯᠠᠨ᠎ᠠ)᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠠᠵᠢᠯ᠎ᠢ ᠶᠡᠷᠦᠩᠬᠡᠶ᠋ᠢᠯᠡᠨ ᠳᠠᠭ᠋ᠠᠭ᠋ᠠᠴᠢᠯᠠᠭᠰᠠᠨ ᠬᠤᠶᠠᠳᠤᠭ᠋ᠠᠷ ᠳᠡᠰ (ᠪᠠᠭᠲᠠᠨ᠎ᠠ)᠎ᠠᠴᠠ ᠳᠣᠷᠣᠭᠰᠢᠬᠢ ᠬᠢᠷᠢ ᠬᠡᠮ᠂ ᠲᠤᠰᠬᠠᠶ ᠠᠵᠢᠯ᠎ᠤᠨ ᠳᠠᠭ᠋ᠠᠭ᠋ᠠᠴᠢᠯᠠᠯᠲᠠ ᠵᠢᠨ ᠬᠤᠶᠠᠳᠤᠭ᠋ᠠᠷ ᠳᠡᠰ (ᠪᠠᠭᠲᠠᠨ᠎ᠠ)᠎ᠠᠴᠠ ᠳᠣᠷᠣᠭᠰᠢᠬᠢ ᠬᠢᠷᠢ ᠬᠡᠮ᠎ᠲᠠᠢ ᠠᠵᠤ ᠠᠬᠤᠶ᠋ᠢᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠠᠵᠢᠯ᠎ᠢ ᠡᠭᠦᠷᠭᠡᠯᠡᠨ᠎ᠡ᠃
ᠬᠤᠶᠠᠷ᠂ ᠨᠡᠷ᠎ᠡ ᠮᠡᠳᠡᠭᠦᠯᠬᠦ ᠴᠠᠭ
2024 ᠣᠨ᠎ᠤ 5 ᠳ᠋ᠤᠭ᠋ᠠᠷ ᠰᠠᠷ᠎ᠠ ᠵᠢᠨ 30᠎ᠤ ᠡᠳᠦᠷ᠎ᠤᠨ 09᠄ 00 ᠴᠠᠭ᠎ᠠᠴᠠ 6 ᠳ᠋ᠤᠭ᠋ᠠᠷ ᠰᠠᠷ᠎ᠠ ᠵᠢᠨ 7᠎ᠤ ᠡᠳᠦᠷ᠎ᠤᠨ 17᠄ 00 ᠴᠠᠭ᠃
ᠭᠤᠷᠪᠠ᠂ ᠨᠡᠷ᠎ᠡ ᠮᠡᠳᠡᠭᠦᠯᠬᠦ ᠬᠡᠪᠴᠢᠶ᠎ᠡ ᠵᠢᠴᠢ ᠠᠷᠭ᠎ᠠ ᠮᠠᠶᠢᠭ
1. ᠥᠪᠥᠷ ᠮᠣᠩᠭᠣᠯ᠎ᠤᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠣᠤᠯ ᠬᠠᠷᠢᠭᠤᠴᠠᠯᠭ᠋ᠠᠲᠠᠨ (A ᠲᠥᠷᠥᠯ)᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ (B ᠲᠥᠷᠥᠯ)᠂ ᠲᠤᠰᠬᠠᠶ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠬᠦᠮᠦᠰ (C ᠲᠥᠷᠥᠯ) ᠦᠨᠡᠮᠯᠡᠯ᠎ᠤᠨ ᠬᠠᠮᠢᠶ᠎ᠠ ᠪᠦᠬᠦᠢ ᠠᠵᠢᠯ ᠡᠷᠬᠢᠯᠡᠭᠰᠡᠳ᠃ ᠨᠢᠭᠡᠨᠲᠡ ᠦᠨᠡᠮᠯᠡᠯ ᠣᠯᠣᠭᠰᠠᠨ ᠪᠣᠯ ᠦᠨᠡᠮᠯᠡᠯ᠎ᠢ ᠦᠷᠭᠦᠯᠵᠢᠯᠡᠭᠦᠯᠬᠦ ᠬᠥᠮᠥᠨ ᠲᠤᠰ ᠤᠳᠠᠭ᠋ᠠᠨ᠎ᠤ ᠰᠢᠯᠭ᠋ᠠᠯᠲᠠ᠎ᠳᠤ ᠣᠷᠣᠯᠴᠠᠬᠤ ᠦᠭᠡᠢ᠃
2. ᠨᠡᠷ᠎ᠡ ᠮᠡᠳᠡᠭᠦᠯᠦᠭᠰᠡᠨ ᠬᠦᠮᠦᠰ 《ᠥᠪᠥᠷ ᠮᠣᠩᠭᠤᠯ᠎ᠤᠨ 2024 ᠣᠨ᠎ᠤ ᠨᠢᠭᠡᠳᠦᠭᠡᠷ ᠪᠦᠯᠦᠭ᠎ᠤᠨ ᠤᠰᠤᠨ ᠠᠰᠢᠭᠯᠠᠯᠲᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ᠎ᠤ ᠰᠢᠯᠭ᠋ᠠᠯᠲᠠ ᠵᠢᠨ ᠨᠡᠷ᠎ᠡ ᠮᠡᠳᠡᠭᠦᠯᠬᠦ ᠬᠦᠰᠦᠨᠦᠭᠲᠦ》 (ᠳᠠᠭ᠋ᠠᠯᠳᠤᠭᠤᠯᠤᠯ᠎ᠳᠤ ᠨᠠᠷᠢᠨ ᠦᠵᠡᠭᠡᠷᠡᠶ) ᠵᠢ ᠲᠠᠭᠯᠠᠵᠤ᠂ ᠪᠠᠶ᠋ᠢᠭ᠎ᠠ ᠨᠢᠭᠡᠴᠢ᠎ᠠᠴᠠ᠎ᠪᠠᠨ ᠬᠤᠷᠢᠶᠠᠩᠭᠤᠶ᠋ᠢᠯᠠᠭᠰᠠᠨ᠎ᠤ ᠳᠠᠷᠠᠭ᠎ᠠ nmgslagbaoming@126.com ᠰᠢᠤᠳᠠᠨ᠎ᠤ ᠬᠠᠶ᠋ᠢᠷᠴᠠᠭ᠎ᠲᠤ ᠢᠯᠡᠭᠡᠭᠡᠷᠡᠢ᠃
ᠳᠥᠷᠪᠡ᠂ ᠰᠢᠯᠭ᠋ᠠᠯᠲᠠ ᠵᠢᠨ ᠴᠠᠭ ᠬᠤᠭᠤᠴᠠᠭ᠎ᠠ ᠵᠢᠴᠢ ᠭᠠᠵᠠᠷ ᠣᠷᠣᠨ
ᠰᠢᠯᠭ᠋ᠠᠯᠲᠠ ᠵᠢᠨ ᠴᠠᠭ᠄ 2024 ᠣᠨ᠎ᠤ 6 ᠳ᠋ᠤᠭ᠋ᠠᠷ ᠰᠠᠷ᠎ᠠ ᠵᠢᠨ 27᠎ᠤ ᠡᠳᠦᠷ᠎ᠤᠨ ᠦᠳᠡ ᠵᠢᠨ ᠡᠮᠦᠨ᠎ᠡ 9᠄ 00 — 11᠄ 30
ᠰᠢᠯᠭ᠋ᠠᠯᠲᠠ ᠵᠢᠨ ᠭᠠᠵᠠᠷ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠢᠦ᠋ᠢ᠍ᠴᠢᠤᠸᠠᠨ ᠲᠣᠭᠤᠷᠢᠭ᠎ᠤᠨ ᠰᠢᠯᠢᠨ ᠡᠮᠦᠨ᠎ᠡ ᠵᠠᠮ᠎ᠤᠨ ᠶᠡᠭᠡ ᠹᠧᠢ ᠼᠦᠢ ᠬᠤᠲᠠ ᠵᠢᠨ 10 ᠳ᠋ᠤᠭ᠋ᠠᠷ ᠠᠰᠠᠷ
ᠲᠡᠷᠭᠡᠨ᠎ᠳᠤ ᠰᠠᠭᠤᠬᠤ ᠱᠤᠭᠤᠮ᠄ 20 ᠵᠠᠮ᠂ 26 ᠵᠠᠮ᠂ 84 ᠵᠠᠮ᠂ 208 ᠵᠠᠮ᠎ᠤᠨ ᠲᠣᠭᠤᠷᠢᠯ ᠱᠤᠭᠤᠮ᠎ᠢ ᠪᠠᠭᠲᠠᠭ᠋ᠠᠭᠰᠠᠨ ᠦᠪᠦᠷ ᠮᠤᠩᠭᠤᠯ᠎ᠤᠨ ᠶᠡᠬᠡ ᠰᠤᠷᠭ᠋ᠠᠭᠤᠯᠢ ᠵᠢᠨ ᠲᠣᠭᠤᠷᠢᠭ᠎ᠤᠨ ᠨᠡᠶ᠋ᠢᠲᠡ ᠵᠢᠨ ᠮᠠᠰᠢᠨ ᠲᠡᠷᠭᠡᠨ᠎ᠤ ᠥᠷᠲᠡᠭᠡ᠎ᠳᠤ ᠲᠡᠷᠭᠡᠨ᠎ᠠᠴᠠ᠎ᠪᠠᠨ ᠪᠠᠭᠤᠵᠤ᠂ ᠭᠠᠵᠠᠷ ᠳᠣᠣᠷᠠᠬᠢ ᠲᠡᠮᠦᠷ ᠵᠠᠮ᠎ᠤᠨ 2 ᠳ᠋ᠤᠭ᠋ᠠᠷ ᠱᠤᠭᠤᠮ᠎ᠢ ᠪᠠᠭᠲᠠᠭ᠋ᠠᠭᠰᠠᠨ ᠦᠪᠦᠷ ᠮᠤᠩᠭᠤᠯ᠎ᠤᠨ ᠶᠡᠬᠡ ᠰᠤᠷᠭ᠋ᠠᠭᠤᠯᠢ ᠵᠢᠨ ᠲᠣᠭᠤᠷᠢᠭ᠎ᠤᠨ ᠭᠠᠵᠠᠷ ᠳᠣᠣᠷᠠᠬᠢ ᠲᠡᠮᠦᠷ ᠵᠠᠮ᠎ᠤᠨ ᠥᠷᠲᠡᠭᠡ᠎ᠳᠤ ᠪᠠᠭᠤᠵᠤ ᠪᠣᠯᠣᠨ᠎ᠠ᠃
ᠲᠠᠪᠤ᠂ ᠰᠢᠯᠭ᠋ᠠᠭᠤᠯᠬᠤ ᠦᠨᠡᠮᠯᠡᠯ᠎ᠨᠢ ᠪᠠᠭᠤᠯᠭ᠋ᠠᠵᠤ ᠳᠠᠷᠤᠮᠠᠯᠯᠠᠨ᠎ᠠ
ᠰᠢᠯᠭ᠋ᠠᠭᠤᠯᠤᠭᠴᠢ ᠵᠢᠨ ᠬᠤᠪᠢ ᠬᠥᠮᠦᠨ 2024 ᠣᠨ᠎ᠤ 6 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ 9᠄ 00 ᠴᠠᠭ᠎ᠠᠴᠠ 6 ᠳ᠋ᠤᠭ᠋ᠠᠷ ᠰᠠᠷ᠎ᠠ ᠵᠢᠨ 27᠎ᠤ ᠡᠳᠦᠷ᠎ᠤᠨ 9᠄ 00 ᠴᠠᠭ᠎ᠲᠤ https://t.exam-sp.com/index.html#/e/NM202406/print ᠰᠦᠯᠵᠢᠶᠡᠨ᠎ᠳᠤ ᠭᠠᠷᠴᠦ ᠦᠪᠡᠰᠦᠪᠡᠨ ᠪᠠᠭᠤᠯᠭ᠋ᠠᠵᠤ ᠠᠪᠤᠨ᠎ᠠ᠃
ᠵᠢᠷᠭᠤᠭ᠎ᠠ᠂ ᠰᠢᠯᠭ᠋ᠠᠯᠳᠠ ᠵᠢᠨ ᠠᠭᠤᠯᠭ᠎ᠠ
ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠠᠭᠤᠯᠭ᠎ᠠ᠎ᠳᠤ ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ ᠪᠣᠯᠤᠨ ᠬᠠᠮᠢᠶᠠᠷᠤᠯᠲᠠ ᠵᠢᠨ ᠴᠢᠳᠠᠪᠤᠷᠢ ᠬᠣᠶᠠᠷ ᠬᠡᠰᠡᠭ ᠪᠠᠭᠲᠠᠨ᠎ᠠ᠃
ᠠᠶᠤᠯᠭᠦᠢ ᠦᠢ᠍ᠯᠡᠳᠪᠦᠷᠢᠯᠡᠯ᠎ᠤᠨ ᠮᠡᠳᠡᠯᠭᠡ᠎ᠳᠤ᠄ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠦᠨᠳᠦᠰᠦᠨ ᠴᠢᠭᠯᠡᠯᠲᠡ ᠲᠥᠷᠥ ᠵᠢᠨ ᠪᠣᠳᠣᠯᠭ᠎ᠠ᠂ ᠠᠶᠤᠯᠭᠦᠢ ᠦᠢ᠍ᠯᠡᠳᠪᠦᠷᠢᠯᠡᠯ᠎ᠤᠨ ᠲᠠᠯ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠤᠯᠤᠰ ᠪᠣᠯᠤᠨ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯᠭᠦᠢ ᠦᠢ᠍ᠯᠡᠳᠪᠦᠷᠢᠯᠡᠯ᠎ᠤᠨ ᠬᠣᠯᠪᠣᠭᠳᠠᠯ ᠪᠦᠬᠦᠢ ᠳᠦᠷᠢᠮ ᠲᠣᠭᠲᠠᠭ᠋ᠠᠯ᠂ ᠪᠠᠷᠢᠮᠵᠢᠶ᠎ᠠ ᠵᠢᠨ ᠵᠢᠷᠤᠮᠵᠢᠯ᠂ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠪᠠᠷᠢᠯᠭ᠎ᠠ ᠵᠢᠨ ᠠᠶᠤᠯᠭᠦᠢ ᠦᠢ᠍ᠯᠡᠳᠪᠦᠷᠢᠯᠡᠯ᠎ᠤᠨ ᠮᠡᠷᠭᠡᠵᠢᠯ ᠵᠡᠷᠭᠡ ᠪᠠᠭᠲᠠᠨ᠎ᠠ᠃
ᠬᠠᠮᠢᠶᠠᠷᠤᠯᠲᠠ ᠵᠢᠨ ᠴᠢᠳᠠᠪᠤᠷᠢ᠎ᠳᠤ᠄ ᠠᠶᠤᠯᠭᠦᠢ ᠵᠢᠨ ᠡᠬᠢ ᠰᠤᠷᠪᠤᠯᠵᠢ ᠵᠢ ᠢᠯᠭ᠋ᠠᠨ ᠲᠠᠨᠢᠵᠤ ᠦᠨᠡᠯᠡᠨ ᠵᠢᠱ᠌ᠢᠬᠦ ᠪᠠ ᠲᠦᠭᠰᠢᠭᠦᠷᠢ ᠵᠢ ᠬᠠᠮᠢᠶᠠᠷᠤᠨ ᠡᠵᠡᠮᠳᠡᠬᠦ᠂ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ᠂ ᠡᠨᠳᠡᠯ᠎ᠢ ᠮᠡᠳᠡᠭᠦᠯᠬᠦ ᠪᠠ ᠰᠢᠢ᠍ᠳᠪᠦᠷᠢᠯᠡᠬᠦ᠂ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ᠂ ᠠᠶᠤᠯᠭᠦᠢ ᠦᠢ᠍ᠯᠡᠳᠪᠦᠷᠢᠯᠡᠯ᠎ᠤᠨ ᠬᠥᠮᠦᠵᠢᠯ ᠪᠣᠯᠪᠠᠰᠤᠷᠠᠯ ᠵᠡᠷᠭᠡ ᠪᠠᠭᠲᠠᠨ᠎ᠠ᠃
ᠰᠢᠯᠭ᠋ᠠᠯᠲᠠ ᠵᠢᠨ ᠲᠥᠷᠥᠯ ᠵᠦᠢ᠍ᠯ ᠪᠣᠯ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠠᠵᠢᠯ᠎ᠤᠨ ᠠᠵᠤ ᠠᠬᠤᠶ᠋ᠢᠯᠠᠯ ᠪᠣᠯ ᠭᠤᠤᠯᠳᠠᠭᠤ ᠬᠥᠮᠦᠨ ᠲᠥᠷᠥᠯᠬᠢᠲᠡᠨ᠂ ᠲᠥᠷᠥᠯ ᠵᠦᠢ᠍ᠯ᠎ᠢ ᠬᠠᠷᠢᠭᠤᠴᠠᠵᠤ ᠬᠥᠮᠦᠨ ᠲᠥᠷᠥᠯᠬᠢᠲᠡᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠲᠥᠷᠥᠯ ᠭᠤᠷᠪᠠᠨ ᠲᠥᠷᠥᠯ ᠪᠣᠯᠤᠨ᠎ᠠ᠃
ᠳᠣᠯᠤᠭ᠎ᠠ᠂ ᠰᠢᠯᠭ᠋ᠠᠯᠲᠠ ᠵᠢᠨ ᠬᠡᠯᠪᠡᠷᠢ ᠵᠢᠴᠢ ᠰᠡᠳᠦᠪ᠎ᠤᠨ ᠬᠡᠯᠪᠡᠷᠢ
ᠠᠶᠤᠯᠭᠦᠢ ᠦᠢ᠍ᠯᠡᠳᠪᠦᠷᠢᠯᠡᠯ᠎ᠤᠨ ᠰᠢᠯᠭ᠋ᠠᠯᠳᠠ᠎ᠳᠤ ᠺᠤᠮᠫᠢᠦ᠋ᠲ᠋ᠧᠷ᠎ᠤᠨ ᠰᠢᠯᠭ᠋ᠠᠯᠳᠠ ᠵᠢᠨ ᠠᠷᠭ᠎ᠠ ᠵᠢ ᠬᠡᠷᠡᠭᠯᠡᠵᠦ᠂ ᠰᠢᠯᠭ᠋ᠠᠯᠳᠠ ᠵᠢᠨ ᠴᠠᠭ᠎ᠨᠢ 150 ᠮᠢᠨᠦ᠋ᠲ ᠪᠤᠯᠤᠨ᠎ᠠ᠃ ᠰᠢᠯᠭ᠋ᠠᠯᠲᠠ᠎ᠳᠤ ᠪᠦᠷᠢᠨ ᠬᠤᠪᠢ᠎ᠨᠢ 100 ᠬᠤᠪᠢ᠂ 60 ᠬᠤᠪᠢ ᠵᠢᠨ ᠬᠢᠷᠢ ᠲᠡᠩᠴᠡᠭᠰᠡᠨ ᠬᠢᠷᠢ ᠪᠦᠲᠦᠮᠵᠢ᠎ᠠᠴᠠ ᠳᠣᠣᠷ᠎ᠠ ᠪᠠᠶ᠋ᠢᠵᠤ ᠪᠣᠯᠬᠤ ᠦᠭᠡᠢ᠃ ᠰᠢᠯᠭ᠋ᠠᠯᠲᠠ ᠵᠢᠨ ᠬᠠᠭᠤᠳᠠᠰᠤ ᠵᠢᠨ ᠰᠡᠳᠦᠪ᠎ᠲᠤ ᠭᠠᠭᠴᠠ ᠰᠡᠳᠦᠪ ᠰᠣᠩᠭᠣᠬᠤ᠂ ᠣᠯᠠᠨ ᠰᠡᠳᠦᠪ ᠰᠣᠩᠭᠣᠬᠤ ᠪᠠ ᠮᠠᠭ᠋ᠠᠳᠯᠠᠬᠤ ᠰᠡᠳᠦᠪ ᠵᠡᠷᠭᠡ ᠰᠡᠳᠦᠪ ᠪᠠᠭᠲᠠᠨ᠎ᠠ᠃ ᠬᠢᠷᠢ ᠲᠡᠩᠴᠡᠭᠰᠡᠨ ᠬᠥᠮᠦᠰ᠎ᠢ ᠵᠠᠷᠯᠠᠨ ᠨᠡᠶ᠋ᠢᠲᠡᠯᠡᠵᠦ ᠳᠠᠭᠤᠰᠤᠭᠰᠠᠨ᠎ᠤ ᠳᠠᠷᠠᠭ᠎ᠠ᠂ ᠬᠢᠷᠢ ᠪᠦᠲᠦᠮᠵᠢ ᠵᠢᠨ ᠬᠦᠴᠦᠨ᠎ᠲᠠᠢ ᠬᠤᠭᠤᠴᠠᠭ᠎ᠠ 1 ᠵᠢᠯ ᠪᠣᠯᠤᠨ᠎ᠠ᠃
ᠨᠠᠢ᠍ᠮᠠ᠂ ᠮᠡᠳᠡᠯᠭᠡ ᠵᠢᠨ ᠰᠢᠯᠭ᠋ᠠᠯᠲᠠ᠎ᠳᠤ ᠨᠡᠷ᠎ᠡ ᠮᠡᠳᠡᠭᠦᠯᠬᠦ
(ᠨᠢᠭᠡ) ᠰᠦᠢ᠍ᠳᠬᠡᠯ ᠬᠤᠷᠢᠶᠠᠬᠤ ᠦᠭᠡᠢ᠎ᠪᠠᠷ ᠨᠡᠷ᠎ᠡ ᠮᠡᠳᠡᠭᠦᠯᠬᠦ᠎ᠳᠤ᠂ ᠰᠢᠯᠭ᠋ᠠᠭᠤᠯᠤᠭᠴᠢ ᠵᠥᠪᠬᠡᠨ ᠨᠢᠭᠡ ᠲᠦᠷᠦᠯ ᠵᠶ᠋ᠠᠷ ᠨᠡᠷ᠎ᠡ ᠮᠡᠳᠡᠭᠦᠯᠬᠦ᠎ᠳᠤ ᠣᠷᠣᠯᠴᠠᠵᠤ᠂ ᠤᠯᠠᠨ ᠲᠦᠷᠦᠯ ᠵᠶ᠋ᠠᠷ ᠨᠡᠷ᠎ᠡ ᠮᠡᠳᠡᠭᠦᠯᠬᠦ ᠵᠢ ᠴᠠᠭ᠋ᠠᠵᠠᠯᠠᠨ᠎ᠠ᠃
(ᠬᠤᠶᠠᠷ) ᠰᠢᠯᠭ᠋ᠠᠭᠤᠯᠤᠭᠴᠢ ᠰᠢᠯᠭ᠋ᠠᠯᠲᠠ᠎ᠳᠤ ᠣᠷᠣᠯᠴᠠᠬᠤ᠎ᠳᠠᠭᠠᠨ ᠡᠷᠬᠡᠪᠰᠢ ᠲᠦᠷᠢᠮ ᠲᠣᠭᠲᠠᠭ᠋ᠠᠯ᠎ᠢ ᠵᠢᠷᠤᠮᠯᠠᠬᠤ ᠬᠡᠷᠡᠭᠲᠡᠶ᠄
1. ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠂ ᠰᠢᠯᠭ᠋ᠠᠭᠤᠯᠬᠤ᠎ᠪᠠᠷ ᠵᠥᠪᠰᠢᠶᠡᠷᠡᠭᠰᠡᠨ ᠦᠨᠡᠮᠯᠡᠯ ᠵᠡᠷᠭᠡ ᠬᠦᠴᠦᠨ ᠪᠥᠬᠦᠶ ᠪᠡᠶ᠎ᠡ ᠵᠢᠨ ᠦᠨᠡᠮᠯᠡᠯ ᠵᠶ᠋ᠠᠷ ᠵᠶ᠋ᠠᠨ ᠰᠢᠯᠭ᠋ᠠᠯᠲᠠ ᠵᠢᠨ ᠲᠠᠯᠠᠪᠤᠷ᠎ᠲᠤ ᠣᠷᠣᠨ᠎ᠠ᠃ ᠪᠡᠶ᠎ᠡ ᠵᠢᠨ ᠭᠠᠷᠤᠯ᠎ᠤᠨ ᠰᠤᠷᠠᠭ ᠵᠠᠩᠭᠢ ᠵᠢ ᠨᠡᠷ᠎ᠡ ᠮᠡᠳᠡᠭᠦᠯᠬᠦ ᠦᠶ᠎ᠡ᠎ᠲᠠᠢ ᠨᠢᠭᠡᠳᠦᠯᠲᠡᠢ ᠪᠠᠶ᠋ᠢᠯᠭ᠋ᠠᠬᠤ ᠬᠡᠷᠡᠭᠲᠡᠢ᠃
2. ᠰᠢᠯᠭ᠋ᠠᠯᠲᠠ ᠬᠢᠭᠡᠳ 30 ᠮᠢᠨᠦ᠋ᠲ᠎ᠤᠨ ᠳᠠᠷᠠᠭ᠎ᠠ ᠰᠢᠯᠭ᠋ᠠᠯᠲᠠ ᠵᠢᠨ ᠲᠠᠯᠠᠪᠤᠷ᠎ᠲᠤ ᠣᠷᠣᠬᠤ ᠵᠢ ᠡᠷᠡᠰ ᠴᠠᠭ᠋ᠠᠵᠠᠯᠠᠬᠤ ᠬᠡᠷᠡᠭᠲᠡᠶ᠃
3. ᠰᠢᠯᠭ᠋ᠠᠯᠲᠠ ᠵᠢᠨ ᠲᠠᠯᠠᠪᠠᠢ ᠵᠢᠨ ᠳᠦᠷᠢᠮ᠎ᠢ ᠵᠢᠷᠤᠮᠯᠠᠵᠤ᠂ ᠰᠢᠯᠭ᠋ᠠᠯᠲᠠ ᠵᠢᠨ ᠠᠵᠢᠯᠲᠠᠨ᠎ᠤ ᠬᠠᠮᠢᠶᠠᠷᠤᠯᠲᠠ ᠵᠢ ᠳᠠᠭ᠋ᠠᠵᠤ᠂ ᠰᠢᠯᠭ᠋ᠠᠯᠲᠠ ᠵᠢᠨ ᠰᠡᠳᠦᠪ ᠶᠣᠰᠣᠭ᠋ᠠᠷ ᠬᠠᠷᠢᠭᠤᠯᠲᠠ ᠥᠭᠬᠦ ᠱᠠᠭ᠋ᠠᠷᠳᠠᠯᠭ᠎ᠠ ᠲᠠᠯᠪᠢᠨ᠎ᠠ᠃
(ᠭᠤᠷᠪᠠ) ᠰᠢᠯᠭ᠋ᠠᠯᠳᠠ ᠵᠢᠨ ᠠᠮᠤᠷ ᠲᠦᠪᠰᠢᠨ᠎ᠢ ᠪᠠᠳᠤᠯᠠᠵᠦ᠂ ᠰᠢᠯᠭ᠋ᠠᠯᠳᠠ ᠵᠢᠨ ᠡᠷᠬᠡ ᠲᠡᠭᠰᠢ ᠲᠦᠪ ᠭᠤᠤᠯᠴᠢ ᠪᠠᠶ᠋ᠢᠬᠤ ᠵᠢ ᠬᠠᠮᠠᠭ᠋ᠠᠯᠠᠬᠤ ᠵᠢᠨ ᠲᠦᠯᠦᠬᠡ᠂ ᠰᠢᠯᠭ᠋ᠠᠯᠳᠠ ᠵᠢᠨ ᠪᠠᠶ᠋ᠢᠭᠤᠯᠤᠮᠵᠢ ᠵᠢᠨ ᠠᠵᠢᠯᠳᠠᠨ ᠰᠢᠯᠭ᠋ᠠᠯᠳᠠ ᠵᠢᠨ ᠶᠠᠪᠤᠴᠠ᠎ᠳᠤ ᠲᠤᠤᠷᠠᠬᠢ ᠮᠡᠳᠦ ᠠᠷᠭ᠎ᠠ ᠬᠡᠮᠵᠢᠶ᠎ᠡ ᠵᠢ ᠠᠪᠴᠤ ᠪᠤᠯᠤᠨ᠎ᠠ᠄
1. ᠰᠢᠯᠭ᠋ᠠᠭᠤᠯᠤᠭᠰᠠᠳ᠎ᠤᠨ ᠰᠢᠯᠭ᠋ᠠᠯᠲᠠ ᠵᠢᠨ ᠲᠠᠯᠠᠪᠤᠷ᠎ᠲᠤ ᠣᠷᠣᠬᠤ ᠪᠤᠶᠤ ᠰᠢᠯᠭ᠋ᠠᠯᠲᠠ᠎ᠠᠴᠠ ᠰᠠᠯᠬᠤ᠎ᠳᠤ ᠵᠢᠷᠤᠮᠵᠢᠯ᠎ᠤᠨ ᠴᠢᠨᠠᠷᠲᠠᠶ ᠱᠠᠭ᠋ᠠᠷᠳᠠᠯᠭ᠎ᠠ ᠳᠤᠷᠠᠳᠤᠨ᠎ᠠ᠃
2. ᠰᠢᠯᠭ᠋ᠠᠭᠤᠯᠤᠭᠴᠢ ᠵᠢᠨ ᠪᠡᠶ᠎ᠡ ᠵᠢᠨ ᠦᠨᠡᠮᠯᠡᠯ᠂ ᠠᠪᠴᠤ ᠶᠠᠪᠤᠭ᠎ᠠ ᠪᠣᠳᠠᠰ᠎ᠢ ᠪᠠᠶ᠋ᠢᠴᠠᠭ᠋ᠠᠨ ᠰᠢᠯᠭ᠋ᠠᠵᠤ᠂ ᠴᠢᠬᠤᠯᠠᠲᠠᠶ ᠦᠶ᠎ᠡ᠎ᠳᠤ ᠲᠤᠰᠬᠠᠶ ᠲᠥᠬᠦᠭᠡᠷᠦᠮᠵᠢ᠂ ᠲᠤᠰᠬᠠᠶ ᠮᠡᠷᠭᠡᠵᠢᠯ᠎ᠤᠨ ᠠᠵᠢᠯᠲᠠᠨ᠎ᠢ ᠠᠰᠢᠭᠯᠠᠨ ᠪᠠᠶ᠋ᠢᠴᠠᠭ᠋ᠠᠵᠤ ᠪᠣᠯᠤᠨ᠎ᠠ᠃
3. ᠰᠢᠯᠭ᠋ᠠᠯᠲᠠ᠎ᠳᠤ ᠬᠡᠮ ᠬᠢᠬᠦ ᠲᠥᠬᠦᠭᠡᠷᠦᠮᠵᠢ ᠵᠢ ᠬᠠᠤᠯᠢ ᠶᠣᠰᠣᠭ᠋ᠠᠷ ᠬᠤᠷᠢᠶᠠᠨ ᠠᠪᠴᠤ᠂ ᠰᠢᠯᠭ᠋ᠠᠭᠤᠯᠤᠭᠴᠢ ᠵᠢᠨ ᠲᠣᠭᠲᠠᠭ᠋ᠠᠯ᠎ᠠᠴᠠ ᠵᠥᠷᠢᠴᠡᠨ ᠠᠪᠴᠤ ᠪᠠᠶ᠋ᠢᠭ᠎ᠠ ᠪᠠᠭ᠋ᠠᠵᠢ᠂ ᠮᠠᠲ᠋ᠧᠷᠢᠶᠠᠯ ᠵᠡᠷᠭᠡ ᠪᠣᠳᠠᠰ᠎ᠢ ᠲᠥᠪᠯᠡᠷᠡᠭᠦᠯᠦᠨ ᠬᠠᠳᠠᠭ᠋ᠠᠯᠠᠬᠤ ᠬᠡᠷᠡᠭᠲᠡᠢ᠃
4. ᠰᠢᠯᠭ᠋ᠠᠯᠲᠠ ᠵᠢᠨ ᠲᠤᠬᠠᠶ ᠵᠢᠨ ᠲᠠᠯᠠᠪᠤᠷ᠎ᠤᠨ ᠡᠮᠬᠢ ᠳᠢᠭᠯᠢᠮ ᠪᠠ ᠰᠢᠯᠭ᠋ᠠᠯᠲᠠ ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠶᠠᠪᠤᠴᠠ ᠵᠢ ᠬᠠᠷᠠᠭ᠋ᠠᠨ ᠳᠠᠪᠲᠠᠮᠵᠢ᠎ᠪᠠᠷ ᠬᠢᠨᠠᠨ ᠡᠵᠡᠮᠳᠡᠨ᠎ᠡ᠃
5. ᠪᠤᠰᠤᠳ ᠴᠢᠬᠤᠯᠠ ᠪᠦᠬᠦᠢ ᠠᠶᠤᠯᠭᠦᠢ ᠵᠢᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ
(ᠲᠦᠷᠪᠡ) ᠰᠢᠯᠭ᠋ᠠᠭᠤᠯᠤᠭᠰᠠᠳ ᠰᠢᠯᠭ᠋ᠠᠯᠲᠠ ᠵᠢᠨ ᠶᠠᠪᠤᠴᠠ᠎ᠳᠤ ᠰᠠᠬᠢᠯᠭ᠎ᠠ ᠪᠠᠲᠤ ᠪᠠ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠪᠠᠶ᠋ᠢᠪᠠᠯ᠂ ᠰᠢᠯᠭ᠋ᠠᠯᠲᠠ ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠮᠠᠭ᠋ᠠᠳᠯᠠᠨ ᠲᠣᠭᠲᠠᠭ᠋ᠠᠬᠤ ᠪᠠ ᠰᠢᠢ᠍ᠳᠪᠦᠷᠢᠯᠡᠨ᠎ᠡ᠃
(ᠲᠠᠪᠤ) ᠣᠯᠠᠨ ᠨᠡᠶ᠋ᠢᠲᠡ ᠵᠢᠨ ᠡᠬᠢ ᠪᠠᠶᠠᠯᠢᠭ᠎ᠢ ᠪᠦᠷᠢᠯᠭᠡᠬᠦ᠎ᠠᠴᠠ ᠵᠠᠶ᠋ᠢᠯᠠᠰᠬᠢᠬᠦ ᠵᠢᠨ ᠲᠥᠯᠥᠭᠡ᠂ ᠰᠢᠯᠭ᠋ᠠᠭᠤᠯᠤᠭᠴᠢ ᠰᠢᠯᠭ᠋ᠠᠯᠲᠠ ᠵᠢᠨ ᠲᠣᠬᠢᠷᠠᠭᠤᠯᠤᠯᠲᠠ ᠶᠣᠰᠣᠭ᠋ᠠᠷ ᠰᠢᠯᠭ᠋ᠠᠯᠲᠠ᠎ᠳᠤ ᠣᠷᠣᠯᠴᠠᠬᠤ ᠬᠡᠷᠡᠭᠲᠡᠶ᠂ ᠤᠴᠢᠷ ᠰᠢᠯᠲᠠᠭ᠋ᠠᠨ ᠥᠬᠡᠶ᠎ᠪᠠᠷ ᠰᠢᠯᠭ᠋ᠠᠯᠲᠠ᠎ᠳᠤ ᠳᠤᠲᠠᠭᠤ ᠪᠠᠶ᠋ᠢᠵᠤ ᠪᠣᠯᠬᠤ ᠥᠬᠡᠶ᠂ ᠤᠴᠢᠷ ᠰᠢᠯᠲᠠᠭ᠋ᠠᠨ ᠥᠬᠡᠶ᠎ᠪᠠᠷ ᠰᠢᠯᠭ᠋ᠠᠯᠲᠠ᠎ᠳᠤ ᠳᠤᠲᠠᠭᠳᠠᠬᠤ ᠬᠥᠮᠦᠰ ᠲᠠᠷᠠᠭ᠋ᠠᠴᠢ ᠵᠢᠨ ᠪᠦᠯᠦᠭ ᠤᠳᠠᠭ᠎ᠠ ᠵᠢᠨ ᠰᠢᠯᠭ᠋ᠠᠯᠲᠠ ᠵᠢ ᠬᠢᠵᠠᠭ᠋ᠠᠷᠯᠠᠬᠤ ᠪᠣᠯᠤᠨ᠎ᠠ᠃
ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ᠎ᠤᠨ ᠬᠠᠷᠢᠯᠴᠠᠬᠤ ᠬᠥᠮᠦᠨ᠄
ᠯᠢ ᡁᠢ ᠸᠧᠨ 0471 – 5259382
ᠮᠠ ᠮᠢᠩ 0471 – 5259319
ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠬᠢᠨᠠᠯᠲᠠ ᠲᠠᠯᠪᠢᠬᠤ ᠭᠠᠵᠠᠷ᠎ᠤᠨ ᠬᠠᠷᠢᠯᠴᠠᠬᠤ ᠬᠥᠮᠦᠨ᠄
ᠴᠧᠩ ᠭᠤᠸᠠᠩ ᠶᠤᠸᠠᠨ 0471 – 5259658
2024 ᠣᠨ᠎ᠤ 5 ᠳ᠋ᠤᠭ᠋ᠠᠷ ᠰᠠᠷ᠎ᠠ ᠵᠢᠨ 27᠎ᠤ ᠡᠳᠦᠷ