ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠤᠯ ᠦᠶᠡᠷ᠎ᠢ ᠰᠡᠷᠭᠡᠶ᠋ᠢᠯᠡᠬᠦ 《ᠰᠠᠨᠠᠭ᠋ᠠᠴᠢᠯᠠᠭ᠋ᠠᠲᠤ ᠳᠠᠶ᠋ᠢᠯᠠᠯᠳᠤᠭ᠋ᠠᠨ》᠎ᠢ ᠢᠳᠡᠪᠬᠢᠲᠡᠶ ᠰᠠᠶ᠋ᠢᠲᠤᠷ ᠬᠢᠪᠠ
ᠨᠡᠶ᠋ᠢᠲᠡᠯᠡᠭᠰᠡᠨ ᠴᠠᠭ᠄ 2024-07-22

  《ᠡᠷᠬᠡ ᠲᠡᠭᠰᠢ᠂ ᠲᠥᠪ ᠭᠤᠣᠯᠴᠢ᠂ ᠢᠯᠡ ᠲᠣᠳᠣ》 ᠪᠠᠶ᠋ᠢᠬᠤ ᠵᠠᠷᠴᠢᠮ ᠶᠣᠰᠣᠭ᠋ᠠᠷ᠂ ᠮᠠᠨ᠎ᠤ ᠲᠥᠪ ᠣᠲᠣ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠵᠢᠨ ᠣᠷᠣᠯᠠᠬᠤ ᠪᠠᠶ᠋ᠢᠭᠤᠯᠤᠮᠵᠢ ᠵᠢ ᠰᠣᠩᠭᠤᠬᠤ᠎ᠪᠠᠷ ᠳᠠᠮᠵᠢᠭᠤᠯᠤᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠤᠨ ᠲᠦᠭᠰᠢᠭᠦᠷᠢ ᠵᠢᠨ ᠵᠢᠷᠤᠭ᠎ᠢ ᠨᠠᠶ᠋ᠢᠷᠠᠭᠤᠯᠤᠨ ᠵᠣᠬᠢᠶᠠᠬᠤ ᠲᠦᠰᠦᠯ》᠎ᠢ ᠥᠷᠨᠢᠭᠦᠯᠬᠦ᠎ᠪᠠᠷ ᠲᠠᠮᠵᠢᠨ᠂ ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠄

   ᠨᠢᠭᠡ᠂ ᠲᠦᠰᠦᠯ᠎ᠤᠨ ᠲᠦᠢ᠍ᠮᠦ ᠪᠠᠶ᠋ᠢᠳᠠᠯ

  1. ᠲᠦᠰᠦᠯ᠎ᠤᠨ ᠨᠡᠷᠡᠶ᠋ᠢᠳᠦᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ᠎ᠤᠨ ᠠᠶᠤᠯ ᠲᠦᠭᠰᠢᠭᠦᠷᠢ ᠵᠢᠨ ᠵᠢᠷᠤᠭ᠎ᠢ ᠨᠠᠶ᠋ᠢᠷᠠᠭᠤᠯᠤᠨ ᠵᠣᠬᠢᠶᠠᠬᠤ ᠲᠦᠰᠦᠯ᠃

  2. ᠬᠡᠷᠡᠭᠵᠢᠭᠦᠯᠵᠦ ᠪᠠᠶ᠋ᠢᠭ᠎ᠠ ᠴᠠᠭ ᠪᠠ ᠭᠠᠵᠠᠷ ᠣᠷᠣᠨ᠄ 2024 ᠣᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠂ ᠥᠪᠡᠷᠲᠡᠭᠡᠨ ᠵᠠᠰᠠᠬᠤ ᠣᠷᠣᠨ᠎ᠤ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ᠃

  3. ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠠᠭᠤᠯᠭ᠎ᠠ᠄ ᠳᠠᠭ᠋ᠠᠭ᠋ᠠᠴᠢᠯᠠᠯᠲᠠ ᠵᠠᠷᠯᠠᠬᠤ ᠵᠢᠨ ᠣᠷᠣᠯᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠂ ᠡᠭᠦᠨ᠎ᠳᠤ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭ᠋ᠠᠬᠤ᠂ ᠠᠯᠪᠠᠨ ᠵᠠᠷ ᠨᠡᠶ᠋ᠢᠲᠡᠯᠡᠬᠦ᠂ ᠲᠦᠰᠦᠯ᠎ᠢ ᠥᠷᠨᠢᠭᠦᠯᠬᠦ ᠳᠤᠮᠳᠠᠬᠢ ᠰᠡᠵᠢᠭᠯᠡᠯ (ᠬᠡᠷᠪᠡ ᠪᠠᠢ᠌ᠪᠠᠯ)᠎ᠢ ᠰᠢᠢ᠍ᠳᠪᠦᠷᠢᠯᠡᠬᠦ᠂ ᠳᠠᠭ᠋ᠠᠭ᠋ᠠᠴᠢᠯᠠᠯᠲᠠ ᠨᠡᠶ᠋ᠢᠲᠡᠯᠡᠬᠦ ᠵᠢ ᠵᠣᠬᠢᠶᠠᠨ ᠪᠠᠶ᠋ᠢᠭᠤᠯᠬᠤ᠂ ᠳᠠᠭ᠋ᠠᠭ᠋ᠠᠴᠢᠯᠠᠯᠲᠠ ᠣᠯᠬᠤ ᠮᠡᠳᠡᠭᠳᠡᠯ᠎ᠤᠨ ᠪᠢᠴᠢᠭ ᠲᠠᠷᠬᠠᠭ᠋ᠠᠬᠤ᠂ ᠲᠦᠰᠦᠯ᠎ᠢ ᠳᠠᠩᠰᠠ ᠡᠪᠬᠡᠮᠡᠯ᠎ᠳᠤ ᠣᠷᠣᠭᠤᠯᠬᠤ ᠵᠡᠷᠭᠡ ᠵᠢ ᠪᠠᠭᠲᠠᠭ᠋ᠠᠭᠰᠠᠨ ᠪᠣᠯᠪᠠᠴᠤ ᠦᠯᠦ ᠬᠢᠵᠠᠭ᠋ᠠᠷᠯᠠᠨ᠎ᠠ᠃

   ᠬᠤᠶᠠᠷ᠂ ᠣᠷᠣᠯᠠᠬᠤ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ

  1. ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ᠎ᠤ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠥᠮᠥᠷᠭᠡ᠎ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃

  2. ᠲᠤᠰᠠᠭ᠋ᠠᠷ ᠲᠣᠭᠲᠠᠨᠢᠭᠰᠠᠨ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠪᠠᠶ᠋ᠢᠭᠤᠯᠤᠮᠵᠢ ᠡᠷᠬᠡᠪᠰᠢ ᠰᠠᠶ᠋ᠢᠨ ᠰᠠᠶ᠋ᠢᠬᠠᠨ ᠡᠳ᠋᠎ᠤᠨ ᠶᠠᠪᠤᠳᠠᠯ᠎ᠤᠨ ᠪᠠᠶ᠋ᠢᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ ᠪᠠᠶ᠋ᠢᠵᠤ᠂ ᠭᠦᠢ᠍ᠴᠡᠳ ᠡᠳ᠋ ᠬᠥᠷᠥᠩᠭᠡ ᠪᠠ ᠴᠢᠳᠠᠪᠤᠷᠢ᠎ᠲᠠᠢ ᠪᠠᠶ᠋ᠢᠵᠤ ᠭᠡᠷ᠎ᠡ ᠵᠢ ᠭᠦᠢ᠍ᠴᠡᠳᠬᠡᠬᠦ ᠬᠡᠷᠡᠭᠲᠡᠢ᠃

  3. ᠲᠤᠰ ᠭᠠᠵᠠᠷ᠎ᠤᠨ ᠲᠤᠰᠠᠭ᠋ᠠᠷ ᠳᠠᠭ᠋ᠠᠭ᠋ᠠᠴᠢᠯᠠᠯᠲᠠ ᠵᠠᠷᠯᠠᠬᠤ ᠭᠠᠵᠠᠷ ᠪᠣᠯᠤᠨ ᠲᠥᠬᠥᠭᠡᠷᠦᠮᠵᠢ ᠪᠦᠷᠢᠳᠦᠭᠦᠯᠦᠭᠰᠡᠨ᠃

   ᠭᠤᠷᠪᠠ᠂ ᠨᠡᠷ᠎ᠡ ᠮᠡᠳᠡᠭᠦᠯᠬᠦ᠎ᠳᠡᠭᠡᠨ ᠮᠠᠲ᠋ᠧᠷᠢᠶᠠᠯ ᠬᠠᠩᠭ᠋ᠠᠬᠤ ᠬᠡᠷᠡᠭᠲᠡᠶ

  1. ᠨᠡᠷ᠎ᠡ ᠮᠡᠳᠡᠭᠦᠯᠦᠭᠴᠢ᠎ᠠᠴᠠ ᠪᠡᠶ᠎ᠡ ᠵᠢᠨ ᠦᠨᠡᠮᠯᠡᠯ᠎ᠤᠨ ᠤᠭ ᠮᠠᠲ᠋ᠧᠷᠢᠶᠠᠯ᠂ ᠬᠠᠭᠤᠯᠪᠤᠷᠢ᠂ ᠬᠠᠷᠢᠯᠴᠠᠬᠤ ᠠᠷᠭ᠎ᠠ ᠮᠠᠶᠢᠭ ᠵᠶ᠋ᠠᠨ ᠭᠠᠷᠭ᠋ᠠᠵᠤ ᠦᠵᠡᠭᠦᠯᠦᠨ᠎ᠡ᠃

  2. ᠨᠡᠷ᠎ᠡ ᠮᠡᠳᠡᠭᠦᠯᠦᠭᠴᠢ᠎ᠨᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠦᠰᠦᠭ       ᠵᠢᠷᠤᠬᠤ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》 ᠭᠠᠷᠭ᠋ᠠᠵᠤ ᠥᠭᠭᠦᠨ᠎ᠡ᠃

  3. ᠬᠦᠴᠦᠨ᠎ᠲᠠᠢ ᠮᠥᠷᠲᠡᠭᠡᠨ ᠳᠠᠭ᠋ᠠᠭ᠋ᠠᠴᠢᠯᠠᠯᠲᠠ ᠬᠦᠯᠢᠶᠡᠬᠦ ᠠᠵᠤ ᠠᠬᠤᠢ᠌ᠯᠠᠯ᠎ᠤᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠬᠤ ᠬᠡᠷᠡᠭᠲᠡᠢ᠃

  4. ᠤᠢ᠌ᠷ᠎ᠠ ᠵᠢᠨ ᠬᠠᠭ᠋ᠠᠰ ᠵᠢᠯ᠎ᠳᠤ ᠭᠤᠷᠪᠠᠨ ᠰᠠᠷ᠎ᠠ ᠳᠠᠷᠠᠭ᠋ᠠᠯᠠᠨ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲᠸᠷᠢᠶᠠᠯ᠂ ᠪᠠᠷᠤᠭ ᠬᠠᠭ᠋ᠠᠰ ᠵᠢᠯ ᠳᠠᠷᠠᠭ᠋ᠠᠯᠠᠨ ᠭᠤᠷᠪᠠᠨ ᠰᠠᠷ᠎ᠠ ᠭᠠᠢ᠌ᠯᠢ ᠲᠤᠰᠢᠶᠠᠭᠰᠠᠨ ᠭᠡᠷᠡᠴᠢ ᠮᠠᠲᠸᠷᠢᠶᠠᠯ᠎ᠢ ᠬᠠᠩᠭ᠋ᠠᠨ᠎ᠠ᠃

  5. 2023 ᠪᠤᠶᠤ 2022 ᠣᠨ᠎ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠠᠴᠠ ᠭᠠᠷᠭ᠋ᠠᠵᠤ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠳᠠᠩᠰᠠᠨ ᠡᠷᠦᠬᠡ ᠪᠠᠶ᠋ᠢᠭᠤᠯᠤᠭᠰᠠᠨ ᠪᠠᠩᠬᠢ ᠵᠢᠨ ᠬᠢᠵᠦ ᠥᠭᠭᠦᠭᠰᠡᠨ ᠬᠢᠷᠢ ᠬᠡᠮ᠎ᠤᠨ ᠢᠲᠡᠭᠡᠮᠵᠢ ᠵᠢᠨ ᠭᠡᠷᠡᠴᠢ ᠬᠠᠩᠭ᠋ᠠᠨ᠎ᠠ᠃

  6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠣᠷᠣᠯᠠᠬᠤ ᠪᠠᠶ᠋ᠢᠭᠤᠯᠤᠮᠵᠢ᠎ᠳᠤ ᠳᠡᠩᠰᠡᠯᠡᠵᠦ ᠬᠥᠮᠥᠷᠭᠡ᠎ᠳᠤ ᠣᠷᠣᠭᠤᠯᠬᠤ ᠵᠢᠷᠤᠭ᠎ᠤᠨ ᠭᠡᠷᠡᠴᠢ ᠮᠠᠲ᠋ᠧᠷᠢᠶᠠᠯ᠎ᠢ ᠬᠠᠩᠭ᠋ᠠᠨ᠎ᠠ᠃

  7. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn ) ᠢᠲᠡᠭᠡᠮᠵᠢ ᠠᠯᠳᠠᠭᠰᠠᠨ ᠭᠦᠢ᠍ᠴᠡᠳᠬᠡᠭᠴᠢ ᠪᠠ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠢ ᠲᠠᠰᠤᠯᠤᠭᠰᠠᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠰᠦᠯᠵᠢᠶ᠎ᠡ (www.ccgp.gov.cn ) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠣᠭᠲᠣᠯᠣᠭᠰᠠᠨ ᠵᠢᠷᠤᠭ᠎ᠢ ᠬᠠᠩᠭ᠋ᠠᠨ᠎ᠠ᠃

  8. ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶᠡᠨ᠎ᠳᠤ ᠨᠡᠷ᠎ᠡ ᠮᠡᠳᠡᠭᠦᠯᠦᠭᠡᠳ ᠣᠶ᠋ᠢᠷ᠎ᠠ ᠵᠢᠨ ᠭᠤᠷᠪᠠᠨ ᠵᠢᠯ (2021 ᠣᠨ᠎ᠤ 1 ᠳ᠋ᠦ᠍ᠭᠡᠷ ᠰᠠᠷ᠎ᠠ ᠵᠢᠨ 1᠎ᠠᠴᠠ ᠤᠳᠤ ᠪᠣᠯᠲᠠᠯ᠎ᠠ) ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ᠎ᠢ ᠪᠠᠶ᠋ᠢᠴᠠᠭ᠋ᠠᠨ ᠠᠰᠠᠭᠤᠭᠰᠠᠨ ᠲᠡᠮᠳᠡᠭᠯᠡᠯ᠎ᠢ ᠣᠯᠤᠭᠰᠠᠨ ᠦᠭᠡᠢ᠃

  9. ᠲᠤᠰ ᠭᠠᠵᠠᠷ᠎ᠤᠨ ᠲᠤᠰᠠᠭ᠋ᠠᠷ ᠳᠠᠭ᠋ᠠᠭ᠋ᠠᠴᠢᠯᠠᠯᠲᠠ ᠵᠠᠷᠯᠠᠬᠤ ᠲᠠᠯᠠᠪᠤᠷ ᠪᠠ ᠪᠡᠯᠡᠳᠬᠡᠮᠵᠢ (ᠲᠣᠰ ᠭᠠᠵᠠᠷ᠎ᠤᠨ ᠭᠡᠷ ᠪᠠᠶ᠋ᠢᠰᠢᠩ ᠲᠦᠷᠢᠶᠡᠰᠦᠯᠡᠬᠦ ᠭᠡᠷ᠎ᠡ ᠪᠤᠶᠤ ᠭᠡᠷ ᠬᠥᠷᠥᠩᠭᠡ ᠵᠢᠨ ᠦᠨᠡᠮᠯᠡᠯ ᠵᠢᠴᠢ ᠲᠠᠯᠠᠪᠤᠷ᠂ ᠪᠡᠯᠡᠳᠬᠡᠮᠵᠢ ᠵᠢᠨ ᠭᠡᠷᠡᠯ ᠵᠢᠷᠤᠭ ᠵᠡᠷᠭᠡ ᠵᠢ ᠬᠠᠩᠭ᠋ᠠᠨ᠎ᠠ)᠃

  10. ᠪᠤᠰᠤᠳ ᠬᠠᠮᠢᠶ᠎ᠠ ᠪᠦᠬᠦᠢ ᠮᠠᠲ᠋ᠧᠷᠢᠶᠠᠯ᠃

   ᠲᠠᠶ᠋ᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ᠎ᠨᠢ ᠴᠥᠮ ᠤᠭ ᠮᠠᠲ᠋ᠧᠷᠢᠶᠠᠯ (ᠰᠦᠯᠵᠢᠶᠡᠨ᠎ᠤ ᠨᠢᠭᠤᠷ᠎ᠤᠨ ᠣᠭᠲᠣᠯᠤᠭᠰᠠᠨ ᠵᠢᠷᠤᠭ᠎ᠠᠴᠠ ᠭᠠᠳᠠᠨ᠎ᠠ) ᠵᠢᠴᠢ ᠬᠠᠭᠤᠯᠪᠤᠷᠢ ᠵᠢ ᠬᠠᠩᠭ᠋ᠠᠬᠤ ᠴᠢᠬᠤᠯᠠᠲᠠᠢ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠴᠢᠬᠤᠯᠠᠲᠠᠢ᠂ ᠡᠰᠡ ᠲᠡᠶ᠋ᠢᠮᠦ ᠪᠣᠯ ᠬᠦᠴᠦᠨ ᠦᠭᠡᠢ᠃

   ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ

   ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ᠎ᠨᠢ 2024 ᠣᠨ᠎ᠤ 7 ᠳ᠋ᠤᠭ᠋ᠠᠷ ᠰᠠᠷ᠎ᠠ ᠵᠢᠨ 22᠎ᠤᠨ ᠡᠳᠦᠷ᠎ᠠᠴᠠ 2024 ᠣᠨ᠎ᠤ 7 ᠳ᠋ᠤᠭ᠋ᠠᠷ ᠰᠠᠷ᠎ᠠ ᠵᠢᠨ 23᠎ᠤ ᠡᠳᠦᠷ ᠪᠣᠯᠲᠠᠯ᠎ᠠ᠂ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00 —12᠄ 00       ᠴᠠᠭ᠂ ᠦᠳᠡ ᠵᠢᠨ ᠬᠤᠶ᠋ᠢᠨ᠎ᠠ 14᠄ 30 —17᠄ 00 ᠴᠠᠭ᠎ᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ᠎ᠲᠤ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠨ᠎ᠠ᠃

   ᠲᠠᠪᠤ᠂ ᠬᠠᠷᠢᠯᠴᠠᠬᠤ ᠠᠷᠭ᠎ᠠ ᠮᠠᠶᠢᠭ

   ᠨᠢᠭᠡᠴᠢ ᠵᠢᠨ ᠨᠡᠷᠡᠶ᠋ᠢᠳᠦᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠶᠡᠷ ᠤᠰᠤᠳᠤᠯ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ

   ᠨᠡᠷ᠎ᠡ ᠮᠡᠳᠡᠭᠦᠯᠬᠦ ᠬᠠᠶᠢᠭ᠄ ᠥᠪᠥᠷ ᠮᠣᠩᠭᠤᠯ᠎ᠤᠨ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠬᠥᠯᠥᠨ ᠪᠤᠶ᠋ᠢᠷ᠎ᠤᠨ ᠡᠮᠦᠨ᠎ᠡ ᠵᠠᠮ᠎ᠤᠨ 119 ᠳ᠋ᠦ᠍ᠭᠡᠷ ᠤᠰᠤᠨ ᠠᠰᠢᠭᠯᠠᠯᠲᠠ ᠵᠢᠨ ᠲᠢᠩᠬᠢᠮ᠎ᠤᠨ ᠲᠣᠮᠣ ᠠᠰᠠᠷ᠎ᠤᠨ 2119 ᠳ᠋ᠦ᠍ᠭᠡᠷ ᠥᠷᠥᠭᠡ

   ᠰᠢᠦᠳᠠᠨ ᠨᠣᠮᠧᠷ᠄ 010020

   ᠬᠠᠷᠢᠯᠴᠠᠬᠤ ᠬᠦᠮᠦᠨ᠄ ᠫᠠᠨ ᠱᠣᠣ ᠪᠥᠸᠧ 0471 — 5259608   ᠯᠢ ᠶᠠᠩ 0471 – 5259372

   ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤ ᠭᠠᠩ᠎ᠤᠨ ᠭᠠᠮᠰᠢᠭ᠎ᠢ ᠰᠡᠷᠭᠡᠢ᠌ᠯᠡᠬᠦ ᠮᠡᠷᠭᠡᠵᠢᠯ᠎ᠤᠨ ᠲᠥᠪ

  

  2024 ᠣᠨ᠎ᠤ 7 ᠳ᠋ᠤᠭ᠋ᠠᠷ ᠰᠠᠷ᠎ᠠ ᠵᠢᠨ 22᠎ᠤᠨ ᠡᠳᠦᠷ

 

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
2024 ᠣᠨ᠎ᠤ ᠪᠣᠬᠢᠷᠲᠤᠯ ᠥᠬᠡᠶ ᠵᠢᠵᠢᠭ ᠤᠰᠤᠨ ᠴᠠᠬᠢᠯᠭ᠋ᠠᠨ᠎ᠤ ᠵᠢᠱ᠌ᠢᠶ᠎ᠡ ᠦᠵᠡᠭᠦᠯᠬᠦ ᠴᠠᠬᠢᠯᠭ᠋ᠠᠨ ᠥᠷᠲᠡᠭᠡ ᠵᠢ ᠲᠠᠨᠢᠯᠴᠠᠭᠤᠯᠬᠤ ᠲᠤᠬᠠᠶ ᠠᠯᠪᠠᠨ ᠨᠡᠶ᠋ᠢᠳᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠣᠷᠣᠭᠤᠯᠤᠨ ᠠᠪᠬᠤ᠎ᠪᠠᠷ ᠪᠠᠶ᠋ᠢᠭ᠎ᠠ ᠪᠠᠶ᠋ᠢᠳᠠᠯ᠎ᠢ ᠵᠠᠷᠯᠠᠨ ᠨᠡᠶ᠋ᠢᠲᠡᠯᠡᠬᠦ ᠲᠤᠬᠠᠶ ᠠᠯᠪᠠᠨ ᠵᠠᠷ
ᠰᠢᠯᠢ ᠵᠢᠨ ᠭᠣᠣᠯ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠳᠠᠭ᠋ᠠᠭ᠋ᠠᠴᠢᠯᠠᠯᠲᠠ ᠵᠠᠷᠯᠠᠵᠤ ᠣᠷᠣᠯᠠᠬᠤ ᠪᠠᠢ᠌ᠭᠤᠯᠤᠮᠵᠢ ᠵᠢᠨ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
2024 ᠣᠨ᠎ᠤ ᠠᠩᠬᠠᠳᠠᠭᠴᠢ ᠪᠦᠯᠦᠭ ᠠᠶᠤᠯᠭᠦᠢ ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠰᠡᠨ ᠨᠢᠭᠡᠴᠢ ᠵᠢ ᠵᠠᠷᠯᠠᠨ ᠨᠡᠶ᠋ᠢᠲᠡᠯᠡᠪᠡ
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢ ᠨᠠᠶ᠋ᠢᠳᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠵᠠᠷᠯᠠᠯ
 
            