ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢ ᠨᠠᠶ᠋ᠢᠳᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠵᠠᠷᠯᠠᠯ
ᠨᠡᠶ᠋ᠢᠲᠡᠯᠡᠭᠰᠡᠨ ᠴᠠᠭ᠄ 2024-09-11

   ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠠᠤᠯᠢ》᠂ 《ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠡᠷᠡᠭᠵᠢᠭᠦᠯᠬᠦ ᠠᠷᠭ᠎ᠠ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠦᠷᠢᠮ᠎ᠤᠨ ᠲᠣᠭᠲᠠᠭ᠋ᠠᠯ᠎ᠢ ᠦᠨᠳᠦᠰᠦᠯᠡᠨ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠤᠰᠤᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠬᠡᠰᠡᠭ᠎ᠤᠨ ᠤᠰᠤᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠬᠡᠰᠡᠭ᠎ᠤᠨ ᠤᠰᠤᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠤᠯ᠎ᠤᠨ ᠳᠦᠷᠦᠭᠡ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ᠎ᠲᠤ ᠨᠠᠶ᠋ᠢᠳᠠᠨ ᠬᠡᠷᠡᠭᠵᠢᠭᠦᠯᠵᠦ᠂  ᠡᠳᠦᠭᠡ ᠨᠠᠶ᠋ᠢᠳᠠᠭᠰᠠᠨ ᠪᠠᠶ᠋ᠢᠳᠠᠯ ᠵᠶ᠋ᠠᠨ ᠳᠣᠤᠷᠠᠬᠢ ᠮᠡᠲᠦ ᠵᠠᠷᠯᠠᠶ᠎ᠠ᠃

   ᠨᠢᠭᠡ᠂  ᠨᠠᠢ᠌ᠳᠠᠭᠰᠠᠨ ᠪᠠᠢ᠌ᠭᠤᠯᠭ᠎ᠠ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂  ᠨᠠᠢ᠌ᠳᠠᠯᠭ᠎ᠠ ᠵᠢ ᠬᠦᠯᠢᠶᠡᠭᠰᠡᠨ ᠵᠣᠬᠢᠶᠠᠨ ᠪᠠᠢ᠌ᠭᠤᠯᠤᠯᠲᠠ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠤᠰᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ

  (ᠨᠢᠭᠡ) ᠬᠠᠤᠯᠢ ᠬᠡᠷᠡᠭᠵᠢᠭᠦᠯᠬᠦ ᠣᠷᠣᠨ ᠪᠥᠰᠡ ᠵᠢᠨ ᠬᠡᠪᠴᠢᠶ᠎ᠡ᠃

    ᠬᠦᠯᠦᠨ ᠪᠤᠢ᠌ᠷ ᠬᠣᠲᠠ᠂  ᠬᠢᠩᠭ᠋ᠠᠨ ᠠᠶ᠋ᠢᠮᠠᠭ᠂  ᠲᠦᠩᠯᠢᠶᠤᠤ ᠬᠣᠲᠠ᠂  ᠤᠯᠠᠭ᠋ᠠᠨᠬᠠᠳᠠ  ᠬᠣᠲᠠ᠂  ᠰᠢᠯᠢ ᠵᠢᠨ ᠭᠣᠣᠯ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠣᠷᠣᠨ᠎ᠤ ᠳᠤᠲᠤᠷ᠎ᠠ᠃

  (ᠬᠤᠶᠠᠷ) ᠬᠠᠤᠯᠢ ᠬᠡᠷᠡᠭᠵᠢᠭᠦᠯᠬᠦ ᠡᠷᠬᠡ ᠮᠡᠳᠡᠯ᠎ᠤᠨ ᠬᠡᠪᠴᠢᠶ᠎ᠡ᠃

  1. ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ ᠡᠭᠦᠷᠭᠡ ᠵᠢ ᠦᠨᠳᠦᠰᠦᠯᠡᠨ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠶᠡᠷ᠎ᠢ ᠰᠡᠷᠭᠡᠶ᠋ᠢᠯᠡᠬᠦ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠤᠤᠯ᠎ᠤᠨ ᠬᠠᠮᠠᠭ᠋ᠠᠯᠠᠯᠲᠠ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠤᠤᠯ᠎ᠤᠨ ᠵᠠᠮ᠎ᠤᠨ ᠬᠠᠮᠢᠶᠠᠷᠤᠯᠲᠠ ᠵᠢᠨ ᠲᠦᠷᠢᠮ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤᠨ᠎ᠤ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠢᠨᠵᠧᠨᠧᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠠᠷᠭ᠎ᠠ》 ᠵᠡᠷᠭᠡ ᠤᠰᠤᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠡᠷᠡᠭᠵᠢᠭᠦᠯᠬᠦ᠎ᠳᠤ ᠬᠢᠨᠠᠯᠲᠠ ᠲᠠᠯᠪᠢᠵᠤ᠂  ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠂  ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠂  ᠭᠤᠤᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ᠂  ᠤᠰᠤᠨ᠎ᠤ ᠢᠨᠵᠧᠨᠧᠷᠢᠩ᠎ᠤᠨ ᠠᠮᠤᠷ ᠲᠦᠪᠰᠢᠨ᠎ᠤ ᠬᠠᠮᠠᠭ᠋ᠠᠯᠠᠯᠲᠠ᠂  ᠤᠰᠤ ᠰᠢᠷᠣᠶ ᠵᠢ ᠬᠠᠮᠠᠭ᠋ᠠᠯᠠᠬᠤ ᠬᠠᠮᠢᠶᠠᠷᠤᠯᠲᠠ᠂  ᠠᠶᠤᠯᠭᠦᠢ ᠦᠢ᠍ᠯᠡᠳᠪᠦᠷᠢᠯᠡᠯ ᠵᠡᠷᠭᠡ ᠬᠦᠷᠢᠶᠡᠨ᠎ᠳᠠᠬᠢ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠬᠠᠤᠯᠢ ᠶᠣᠰᠣᠭ᠋ᠠᠷ ᠥᠷᠨᠢᠭᠦᠯᠵᠦ᠂  ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠤᠬᠠᠶ ᠵᠢᠨ ᠲᠠᠯᠠᠪᠠᠶ᠎ᠳᠤ ᠬᠤᠷᠢᠭᠯᠠᠨ ᠵᠣᠭᠰᠣᠭ᠋ᠠᠪᠠ᠃

  2. ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠤᠰᠢᠶᠠᠨ ᠰᠢᠢ᠍ᠳᠪᠦᠷᠢᠯᠡᠭᠦᠯᠦᠭᠰᠡᠨ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠰᠦᠪᠡᠭᠴᠢ᠂  ᠬᠡᠷᠡᠭ ᠪᠣᠯᠭ᠋ᠠᠨ ᠳᠠᠩᠰᠠᠯᠠᠭᠰᠠᠨ ᠤᠰᠤᠨ᠎ᠤ ᠶᠠᠪᠤᠳᠠᠯ᠎ᠤᠨ ᠬᠡᠷᠡᠭ᠎ᠲᠤ ᠪᠠᠶ᠋ᠢᠴᠠᠭ᠋ᠠᠯᠲᠠ ᠬᠢᠬᠦ ᠵᠢᠨ ᠬᠠᠮᠲᠤ ᠰᠢᠢ᠍ᠳᠪᠦᠷᠢᠯᠡᠬᠦ ᠰᠠᠨᠠᠯ ᠳᠤᠷᠠᠳᠴᠤ᠂  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠱᠠᠭ᠋ᠠᠷᠳᠠᠯᠭ᠎ᠠ ᠶᠣᠰᠣᠭ᠋ᠠᠷ ᠵᠠᠰᠠᠭ ᠵᠠᠬᠢᠷᠭ᠋ᠠᠨ ᠵᠶ᠋ᠠᠷ ᠠᠯᠪᠠᠳᠠᠬᠤ᠂  ᠵᠠᠰᠠᠭ ᠵᠠᠬᠢᠷᠭ᠋ᠠᠨ ᠵᠶ᠋ᠠᠷ ᠰᠢᠢ᠍ᠳᠭᠡᠨ ᠲᠣᠷᠭ᠋ᠠᠬᠤ ᠳᠡᠰ ᠳᠠᠷᠠᠭ᠋ᠠᠯᠠᠯ᠎ᠢ ᠭᠦᠢ᠍ᠴᠡᠳᠬᠡᠬᠦ ᠬᠡᠷᠡᠭᠲᠡᠶ᠃

  3. ᠰᠠᠯᠠᠭ᠎ᠠ ᠮᠥᠴᠢᠷ ᠠᠯᠤᠰᠯᠠᠨ᠂  ᠣᠷᠣᠨ ᠪᠦᠰᠡ ᠪᠤᠶᠤ ᠰᠠᠪᠠ ᠭᠠᠵᠠᠷ᠎ᠤᠨ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ᠎ᠳᠤ ᠣᠷᠣᠯᠴᠠᠨ᠎ᠠ᠃

  4.  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠤᠰᠢᠶᠠᠭᠰᠠᠨ ᠤᠰᠤᠨ᠎ᠤ ᠶᠠᠪᠤᠳᠠᠯ᠎ᠤᠨ ᠵᠢᠭᠤᠷᠠᠯᠳᠤᠭ᠋ᠠᠨ᠎ᠢ ᠵᠣᠬᠢᠶᠠᠨ ᠪᠠᠶ᠋ᠢᠭᠤᠯᠤᠨ ᠪᠠᠶ᠋ᠢᠴᠠᠭ᠋ᠠᠬᠤ ᠪᠠ ᠵᠥᠪᠳᠡᠯᠴᠡᠨ ᠵᠣᠬᠢᠴᠠᠭᠤᠯᠤᠨ᠎ᠠ᠃

  (ᠭᠤᠷᠪᠠ) ᠨᠠᠶ᠋ᠢᠳᠠᠭᠰᠠᠨ ᠬᠠᠤᠯᠢ ᠬᠡᠷᠡᠭᠵᠢᠭᠦᠯᠬᠦ ᠬᠤᠭᠤᠴᠠᠭ᠎ᠠ᠃

  2024 ᠣᠨ᠎ᠤ 11 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 2026 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠃

  (ᠲᠦᠷᠪᠡ) ᠨᠠᠶ᠋ᠢᠳᠠᠭᠰᠠᠨ ᠬᠠᠤᠯᠢ ᠬᠡᠷᠡᠭᠵᠢᠭᠦᠯᠦᠭᠰᠡᠨ ᠬᠠᠷᠢᠭᠤᠴᠠᠯᠭ᠎ᠠ᠃

  1. ᠨᠠᠶ᠋ᠢᠳᠠᠭᠰᠠᠨ ᠪᠠᠢ᠌ᠭᠤᠯᠭ᠎ᠠ ᠵᠢᠨ ᠡᠭᠦᠷᠭᠡ ᠬᠠᠷᠢᠭᠤᠴᠠᠯᠭ᠎ᠠ

  (1) ᠨᠠᠶ᠋ᠢᠳᠠᠯᠭ᠎ᠠ ᠬᠦᠯᠢᠶᠡᠭᠰᠡᠨ ᠨᠢᠭᠡᠴᠢ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ᠎ᠳᠤ ᠬᠢᠨᠠᠯᠲᠠ ᠲᠠᠯᠪᠢᠬᠤ᠂  ᠪᠠᠶ᠋ᠢᠴᠠᠭ᠋ᠠᠯᠲᠠ ᠬᠢᠬᠦ ᠬᠡᠷᠡᠭᠲᠡᠢ; ᠨᠠᠶ᠋ᠢᠳᠠᠯᠭ᠎ᠠ ᠬᠦᠯᠢᠶᠡᠭᠰᠡᠨ ᠪᠠ ᠬᠢᠨᠠᠯᠲᠠ ᠲᠠᠯᠪᠢᠬᠤ ᠵᠢᠨ ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠨᠢ ᠨᠠᠶ᠋ᠢᠳᠠᠭᠰᠠᠨ ᠡᠷᠬᠡ ᠮᠡᠳᠡᠯ᠎ᠤᠨ ᠬᠡᠪᠴᠢᠶᠡᠨ᠎ᠳᠤ ᠨᠠᠶ᠋ᠢᠳᠠᠭᠰᠠᠨ ᠨᠢᠭᠡᠴᠢ ᠵᠢᠨ ᠨᠡᠷ᠎ᠡ᠎ᠪᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠬᠡᠷᠡᠭᠵᠢᠭᠦᠯᠬᠦ ᠬᠡᠷᠡᠭᠲᠡᠢ᠃

  (2) ᠨᠠᠶ᠋ᠢᠳᠠᠯᠭ᠎ᠠ ᠬᠦᠯᠢᠶᠡᠭᠰᠡᠨ ᠨᠢᠭᠡᠴᠢ ᠵᠢᠨ ᠬᠠᠤᠯᠢ᠎ᠠᠴᠠ ᠵᠥᠷᠢᠴᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠬᠡᠷᠡᠭᠵᠢᠭᠦᠯᠦᠭᠰᠡᠨ᠎ᠠᠴᠠ ᠪᠣᠯᠤᠭᠰᠠᠨ ᠬᠠᠤᠯᠢ ᠴᠠᠭ᠋ᠠᠵᠠ ᠵᠢᠨ ᠦᠷ᠎ᠡ ᠳ᠋ᠦᠩ᠎ᠢ ᠨᠠᠶ᠋ᠢᠳᠠᠭᠰᠠᠨ ᠨᠢᠭᠡᠴᠢ ᠡᠭᠦᠷᠭᠡᠯᠡᠨ᠎ᠡ᠃

  (3) ᠨᠠᠶ᠋ᠢᠳᠠᠯᠭ᠎ᠠ ᠬᠦᠯᠢᠶᠡᠭᠰᠡᠨ ᠨᠢᠭᠡᠴᠢ ᠵᠢᠨ ᠬᠠᠤᠯᠢ᠎ᠠᠴᠠ ᠵᠥᠷᠢᠴᠡᠭᠰᠡᠨ ᠪᠤᠶᠤ ᠲᠣᠬᠢᠷᠠᠮᠵᠢ ᠦᠭᠡᠶ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ᠎ᠢ ᠵᠠᠯᠠᠷᠠᠭᠤᠯᠬᠤ ᠪᠤᠶᠤ ᠬᠦᠴᠦᠨ ᠦᠭᠡᠶ ᠪᠣᠯᠭ᠋ᠠᠨ᠎ᠠ᠃

  (4) ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠳᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠬᠢᠨ᠎ᠡ᠃

  2. ᠨᠠᠶ᠋ᠢᠳᠠᠯᠭ᠎ᠠ ᠬᠦᠯᠢᠶᠡᠭᠰᠡᠨ ᠨᠢᠭᠡᠴᠢ ᠵᠢᠨ ᠡᠭᠦᠷᠭᠡ ᠬᠠᠷᠢᠭᠤᠴᠠᠯᠭ᠎ᠠ

  (1) ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠨᠢ ᠡᠷᠬᠡᠪᠰᠢ ᠨᠠᠶ᠋ᠢᠳᠠᠭᠰᠠᠨ ᠪᠠᠢ᠌ᠭᠤᠯᠭ᠎ᠠ ᠵᠢᠨ ᠨᠡᠷ᠎ᠡ᠎ᠪᠠᠷ᠂  ᠨᠠᠶ᠋ᠢᠳᠠᠭᠰᠠᠨ ᠡᠷᠬᠡ ᠮᠡᠳᠡᠯ᠎ᠤᠨ ᠬᠡᠪᠴᠢᠶᠡᠨ ᠳᠣᠲᠣᠷ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠬᠡᠷᠡᠭᠵᠢᠭᠦᠯᠬᠦ ᠬᠡᠷᠡᠭᠲᠡᠶ᠂  ᠥᠪᠡᠷ᠎ᠤᠨ ᠨᠡᠷ᠎ᠡ᠎ᠪᠠᠷ ᠪᠤᠶᠤ ᠨᠠᠶ᠋ᠢᠳᠠᠭᠰᠠᠨ ᠡᠷᠬᠡ ᠮᠡᠳᠡᠯ᠎ᠤᠨ ᠬᠡᠪᠴᠢᠶᠡᠨ᠎ᠠᠴᠠ ᠳᠠᠪᠠᠭᠤᠯᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠬᠡᠷᠡᠭᠵᠢᠭᠦᠯᠵᠦ ᠪᠣᠯᠬᠤ ᠦᠭᠡᠶ᠂  ᠨᠠᠶ᠋ᠢᠳᠠᠭᠰᠠᠨ ᠪᠠᠢ᠌ᠭᠤᠯᠭ᠎ᠠ ᠵᠢᠨ ᠨᠠᠶ᠋ᠢᠳᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ᠎ᠪᠠᠨ ᠳᠠᠬᠢᠨ ᠪᠤᠰᠤᠳ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ᠎ᠳᠤ ᠨᠠᠶ᠋ᠢᠳᠠᠨ ᠬᠡᠷᠡᠭᠵᠢᠭᠦᠯᠵᠦ ᠪᠣᠯᠬᠤ ᠦᠭᠡᠶ᠃

  (2) ᠨᠠᠶ᠋ᠢᠳᠠᠯᠭ᠎ᠠ ᠵᠢ ᠬᠦᠯᠢᠶᠡᠭᠰᠡᠨ ᠨᠢᠭᠡᠴᠢ ᠵᠢᠨ ᠠᠵᠢᠯᠲᠠᠳ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠬᠢᠬᠦ᠎ᠳᠤ ᠡᠷᠬᠡᠪᠰᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠢᠭᠡᠳᠦᠯᠲᠡᠶ ᠵᠣᠬᠢᠶᠠᠵᠤ ᠲᠠᠷᠬᠠᠭ᠋ᠠᠭᠰᠠᠨ ᠮᠥᠷᠲᠡᠭᠡᠨ ᠬᠦᠴᠦᠨ᠎ᠲᠠᠢ ᠬᠤᠭᠤᠴᠠᠭ᠋ᠠᠨ ᠳᠣᠲᠣᠷ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠲᠠᠢ ᠪᠠᠶ᠋ᠢᠬᠤ ᠬᠡᠷᠡᠭᠲᠡᠶ᠃

  (3) ᠨᠠᠶ᠋ᠢᠳᠠᠯᠭ᠎ᠠ ᠬᠦᠯᠢᠶᠡᠭᠰᠡᠨ ᠨᠢᠭᠡᠴᠢ ᠤᠰᠤᠨ᠎ᠤ ᠶᠠᠪᠤᠳᠠᠯ᠎ᠤᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ᠂  ᠬᠡᠷᠡᠭ᠎ᠢ ᠰᠢᠢ᠍ᠳᠪᠦᠷᠢᠯᠡᠬᠦ ᠳᠡᠰ ᠳᠠᠷᠠᠭ᠋ᠠᠯᠠᠯ᠎ᠢ ᠴᠢᠩᠭ᠎ᠠ ᠵᠢᠷᠤᠮᠯᠠᠨ᠂  ᠪᠣᠳᠠᠲᠤ ᠶᠠᠪᠤᠳᠠᠯ᠎ᠨᠢ ᠲᠣᠳᠣᠷᠬᠠᠶ᠂  ᠭᠡᠷᠡᠴᠢ ᠪᠠᠷᠢᠮᠲᠠ᠎ᠨᠢ ᠦᠨᠡᠨ ᠪᠣᠳᠠᠲᠠᠶ᠂  ᠰᠢᠨᠵᠢ ᠴᠢᠨᠠᠷ᠎ᠨᠢ ᠣᠨᠣᠪᠴᠢᠲᠠᠶ᠂  ᠬᠠᠤᠯᠢ ᠴᠠᠭ᠋ᠠᠵᠠ ᠬᠡᠷᠡᠭᠯᠡᠭᠰᠡᠨ᠎ᠨᠢ ᠵᠥᠪ ᠣᠨᠣᠪᠴᠢᠲᠠᠶ ᠪᠠᠶ᠋ᠢᠬᠤ ᠬᠡᠷᠡᠭᠲᠡᠶ᠃

  (4) ᠨᠠᠶ᠋ᠢᠳᠠᠭᠰᠠᠨ ᠪᠠᠢ᠌ᠭᠤᠯᠭ᠎ᠠ ᠵᠢᠨ ᠬᠢᠨᠠᠯᠲᠠ ᠲᠠᠯᠪᠢᠬᠤ᠂  ᠵᠢᠯᠣᠭᠣᠳᠬᠤ ᠪᠠ ᠪᠠᠶ᠋ᠢᠴᠠᠭ᠋ᠠᠬᠤ ᠵᠢ ᠬᠦᠯᠢᠶᠡᠵᠦ᠂  ᠬᠠᠤᠯᠢ ᠬᠡᠷᠡᠭᠵᠢᠭᠦᠯᠬᠦ ᠶᠠᠪᠤᠴᠠ᠎ᠳᠤ ᠣᠷᠣᠰᠢᠵᠤ ᠪᠠᠶ᠋ᠢᠭ᠎ᠠ ᠠᠰᠠᠭᠤᠳᠠᠯ ᠵᠶ᠋ᠠᠨ ᠨᠠᠶ᠋ᠢᠳᠠᠭᠰᠠᠨ ᠪᠠᠢ᠌ᠭᠤᠯᠭ᠎ᠠ᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃

  (5) ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠨᠢ ᠥᠪᠡᠷ᠎ᠤᠨ ᠨᠡᠷ᠎ᠡ᠎ᠪᠠᠷ ᠵᠶ᠋ᠠᠨ ᠪᠤᠶᠤ ᠨᠠᠶ᠋ᠢᠳᠠᠭᠰᠠᠨ ᠡᠷᠬᠡ ᠮᠡᠳᠡᠯ᠎ᠤᠨ ᠬᠡᠪᠴᠢᠶ᠎ᠡ᠎ᠠᠴᠠ᠎ᠪᠠᠨ ᠳᠠᠪᠠᠵᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠬᠡᠷᠡᠭᠵᠢᠭᠦᠯᠦᠭᠰᠡᠨ᠎ᠠᠴᠠ ᠪᠣᠯᠤᠭᠰᠠᠨ ᠬᠠᠤᠯᠢ ᠴᠠᠭ᠋ᠠᠵᠠ ᠵᠢᠨ ᠦᠷ᠎ᠡ ᠤᠷᠰᠢᠭ᠎ᠢ ᠪᠣᠯ ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠨᠢ ᠥᠪᠡᠷ ᠵᠶ᠋ᠠᠨ ᠡᠭᠦᠷᠭᠡᠯᠡᠨ᠎ᠡ᠃

   ᠬᠤᠶᠠᠷ᠂  ᠨᠠᠢ᠌ᠳᠠᠭᠰᠠᠨ ᠪᠠᠢ᠌ᠭᠤᠯᠭ᠎ᠠ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂  ᠨᠠᠢ᠌ᠳᠠᠯᠭ᠎ᠠ ᠵᠢ ᠬᠦᠯᠢᠶᠡᠭᠰᠡᠨ ᠵᠣᠬᠢᠶᠠᠨ ᠪᠠᠢ᠌ᠭᠤᠯᠤᠯᠲᠠ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠣᠷᠣᠨ᠎ᠤ ᠤᠰᠤᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠲᠥᠪ

  (ᠨᠢᠭᠡ) ᠬᠠᠤᠯᠢ ᠬᠡᠷᠡᠭᠵᠢᠭᠦᠯᠬᠦ ᠣᠷᠣᠨ ᠪᠥᠰᠡ ᠵᠢᠨ ᠬᠡᠪᠴᠢᠶ᠎ᠡ᠃

   ᠬᠥᠬᠡᠬᠣᠲᠠ᠂  ᠪᠤᠭᠤᠲᠤ ᠬᠣᠲᠠ᠂  ᠤᠯᠠᠭ᠋ᠠᠨᠴᠠᠪ ᠬᠤᠳᠠ᠂  ᠣᠷᠳᠣᠰ ᠬᠤᠳᠠ᠂  ᠪᠠᠶᠠᠨᠨᠠᠭᠤᠷ ᠬᠣᠲᠠ᠂  ᠦᠬᠠᠶ ᠬᠤᠳᠠ᠂  ᠠᠯᠠᠱ᠌ᠠ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠣᠷᠣᠨ᠎ᠤ ᠳᠤᠳᠤᠷ᠎ᠠ᠃

  (ᠬᠤᠶᠠᠷ) ᠨᠠᠶ᠋ᠢᠳᠠᠭᠰᠠᠨ ᠬᠠᠤᠯᠢ ᠬᠡᠷᠡᠭᠵᠢᠭᠦᠯᠬᠦ ᠡᠷᠬᠡ ᠮᠡᠳᠡᠯ᠎ᠤᠨ ᠬᠡᠪᠴᠢᠶ᠎ᠡ᠃

  1. ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ ᠡᠭᠦᠷᠭᠡ ᠵᠢ ᠦᠨᠳᠦᠰᠦᠯᠡᠨ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠶᠡᠷ᠎ᠢ ᠰᠡᠷᠭᠡᠶ᠋ᠢᠯᠡᠬᠦ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠤᠨ ᠭᠤᠤᠯ᠎ᠤᠨ ᠬᠠᠮᠠᠭ᠋ᠠᠯᠠᠯᠲᠠ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠤᠤᠯ᠎ᠤᠨ ᠵᠠᠮ᠎ᠤᠨ ᠬᠠᠮᠢᠶᠠᠷᠤᠯᠲᠠ ᠵᠢᠨ ᠲᠦᠷᠢᠮ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤᠨ᠎ᠤ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠦᠷᠢᠮ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠢᠨᠵᠧᠨᠧᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠠᠷᠭ᠎ᠠ》 ᠵᠡᠷᠭᠡ ᠤᠰᠤᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠬᠡᠷᠡᠭᠵᠢᠭᠦᠯᠬᠦ᠎ᠳᠤ ᠬᠢᠨᠠᠯᠲᠠ ᠲᠠᠯᠪᠢᠵᠤ᠂  ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠂  ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠂  ᠭᠤᠤᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ᠂  ᠤᠰᠤᠨ᠎ᠤ ᠢᠨᠵᠧᠨᠧᠷᠢᠩ᠎ᠤᠨ ᠠᠮᠤᠷ ᠲᠦᠪᠰᠢᠨ᠎ᠤ ᠬᠠᠮᠠᠭ᠋ᠠᠯᠠᠯᠲᠠ᠂   ᠤᠰᠤ ᠰᠢᠷᠣᠶ ᠵᠢ ᠬᠠᠮᠠᠭ᠋ᠠᠯᠠᠬᠤ ᠬᠠᠮᠢᠶᠠᠷᠤᠯᠲᠠ᠂  ᠠᠶᠤᠯᠭᠦᠢ ᠦᠢ᠍ᠯᠡᠳᠪᠦᠷᠢᠯᠡᠯ ᠵᠡᠷᠭᠡ ᠬᠦᠷᠢᠶᠡᠨ᠎ᠳᠠᠬᠢ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠬᠠᠤᠯᠢ ᠶᠣᠰᠣᠭ᠋ᠠᠷ ᠥᠷᠨᠢᠭᠦᠯᠵᠦ᠂  ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠤᠬᠠᠶ ᠵᠢᠨ ᠲᠠᠯᠠᠪᠠᠶ᠎ᠳᠤ ᠬᠤᠷᠢᠭᠯᠠᠨ ᠵᠣᠭᠰᠣᠭ᠋ᠠᠪᠠ᠃

  2. ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠤᠰᠢᠶᠠᠨ ᠰᠢᠢ᠍ᠳᠪᠦᠷᠢᠯᠡᠭᠦᠯᠦᠭᠰᠡᠨ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠰᠦᠪᠡᠭᠴᠢ᠂  ᠬᠡᠷᠡᠭ ᠪᠣᠯᠭ᠋ᠠᠨ ᠳᠠᠩᠰᠠᠯᠠᠭᠰᠠᠨ ᠤᠰᠤᠨ᠎ᠤ ᠶᠠᠪᠤᠳᠠᠯ᠎ᠤᠨ ᠬᠡᠷᠡᠭ᠎ᠲᠤ ᠪᠠᠶ᠋ᠢᠴᠠᠭ᠋ᠠᠯᠲᠠ ᠬᠢᠬᠦ ᠵᠢᠨ ᠬᠠᠮᠲᠤ ᠰᠢᠢ᠍ᠳᠪᠦᠷᠢᠯᠡᠬᠦ ᠰᠠᠨᠠᠯ ᠳᠤᠷᠠᠳᠴᠤ᠂  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠱᠠᠭ᠋ᠠᠷᠳᠠᠯᠭ᠎ᠠ ᠶᠣᠰᠣᠭ᠋ᠠᠷ ᠵᠠᠰᠠᠭ ᠵᠠᠬᠢᠷᠭ᠋ᠠᠨ ᠵᠶ᠋ᠠᠷ ᠠᠯᠪᠠᠳᠠᠬᠤ᠂  ᠵᠠᠰᠠᠭ ᠵᠠᠬᠢᠷᠭ᠋ᠠᠨ ᠵᠶ᠋ᠠᠷ ᠰᠢᠢ᠍ᠳᠭᠡᠨ ᠲᠣᠷᠭ᠋ᠠᠬᠤ ᠳᠡᠰ ᠳᠠᠷᠠᠭ᠋ᠠᠯᠠᠯ᠎ᠢ ᠭᠦᠢ᠍ᠴᠡᠳᠬᠡᠬᠦ ᠬᠡᠷᠡᠭᠲᠡᠶ᠃

  3. ᠰᠠᠯᠠᠭ᠎ᠠ ᠮᠥᠴᠢᠷ ᠠᠯᠤᠰᠯᠠᠨ᠂  ᠣᠷᠣᠨ ᠪᠦᠰᠡ ᠪᠤᠶᠤ ᠰᠠᠪᠠ ᠭᠠᠵᠠᠷ᠎ᠤᠨ ᠬᠠᠮᠲᠤᠷᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ᠎ᠳᠤ ᠣᠷᠣᠯᠴᠠᠨ᠎ᠠ᠃

  4. ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠤᠰᠢᠶᠠᠭᠰᠠᠨ ᠤᠰᠤᠨ᠎ᠤ ᠶᠠᠪᠤᠳᠠᠯ᠎ᠤᠨ ᠵᠢᠭᠤᠷᠠᠯᠳᠤᠭ᠋ᠠᠨ᠎ᠢ ᠵᠣᠬᠢᠶᠠᠨ ᠪᠠᠶ᠋ᠢᠭᠤᠯᠤᠨ ᠪᠠᠶ᠋ᠢᠴᠠᠭ᠋ᠠᠬᠤ ᠪᠠ ᠵᠥᠪᠳᠡᠯᠴᠡᠨ ᠵᠣᠬᠢᠴᠠᠭᠤᠯᠤᠨ᠎ᠠ᠃

  (ᠭᠤᠷᠪᠠ) ᠨᠠᠶ᠋ᠢᠳᠠᠭᠰᠠᠨ ᠬᠠᠤᠯᠢ ᠬᠡᠷᠡᠭᠵᠢᠭᠦᠯᠬᠦ ᠬᠤᠭᠤᠴᠠᠭ᠎ᠠ᠃

  2024 ᠣᠨ᠎ᠤ 11 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 2026 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠃

  (ᠲᠦᠷᠪᠡ) ᠨᠠᠶ᠋ᠢᠳᠠᠨ ᠬᠠᠤᠯᠢ ᠬᠡᠷᠡᠭᠵᠢᠭᠦᠯᠦᠭᠰᠡᠨ ᠬᠠᠷᠢᠭᠤᠴᠠᠯᠭ᠎ᠠ᠃

  1. ᠨᠠᠶ᠋ᠢᠳᠠᠭᠰᠠᠨ ᠪᠠᠢ᠌ᠭᠤᠯᠭ᠎ᠠ ᠵᠢᠨ ᠡᠭᠦᠷᠭᠡ ᠬᠠᠷᠢᠭᠤᠴᠠᠯᠭ᠎ᠠ

  (1) ᠨᠠᠶ᠋ᠢᠳᠠᠯᠭ᠎ᠠ ᠬᠦᠯᠢᠶᠡᠭᠰᠡᠨ ᠨᠢᠭᠡᠴᠢ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ᠎ᠳᠤ ᠬᠢᠨᠠᠯᠲᠠ ᠲᠠᠯᠪᠢᠬᠤ᠂  ᠪᠠᠶ᠋ᠢᠴᠠᠭ᠋ᠠᠯᠲᠠ ᠬᠢᠬᠦ ᠬᠡᠷᠡᠭᠲᠡᠢ; ᠨᠠᠶ᠋ᠢᠳᠠᠯᠭ᠎ᠠ ᠬᠦᠯᠢᠶᠡᠭᠰᠡᠨ ᠪᠠ ᠬᠢᠨᠠᠯᠲᠠ ᠲᠠᠯᠪᠢᠬᠤ ᠵᠢᠨ ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠨᠢ ᠨᠠᠶ᠋ᠢᠳᠠᠭᠰᠠᠨ ᠡᠷᠬᠡ ᠮᠡᠳᠡᠯ᠎ᠤᠨ ᠬᠡᠪᠴᠢᠶᠡᠨ᠎ᠳᠤ ᠨᠠᠶ᠋ᠢᠳᠠᠭᠰᠠᠨ ᠨᠢᠭᠡᠴᠢ ᠵᠢᠨ ᠨᠡᠷ᠎ᠡ᠎ᠪᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠬᠡᠷᠡᠭᠵᠢᠭᠦᠯᠬᠦ ᠬᠡᠷᠡᠭᠲᠡᠢ᠃

  (2) ᠨᠠᠶ᠋ᠢᠳᠠᠯᠭ᠎ᠠ ᠬᠦᠯᠢᠶᠡᠭᠰᠡᠨ ᠨᠢᠭᠡᠴᠢ ᠵᠢᠨ ᠬᠠᠤᠯᠢ᠎ᠠᠴᠠ ᠵᠥᠷᠢᠴᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠬᠡᠷᠡᠭᠵᠢᠭᠦᠯᠦᠭᠰᠡᠨ᠎ᠠᠴᠠ ᠪᠣᠯᠤᠭᠰᠠᠨ ᠬᠠᠤᠯᠢ ᠴᠠᠭ᠋ᠠᠵᠠ ᠵᠢᠨ ᠦᠷ᠎ᠡ ᠳ᠋ᠦᠩ᠎ᠢ ᠨᠠᠶ᠋ᠢᠳᠠᠭᠰᠠᠨ ᠨᠢᠭᠡᠴᠢ ᠡᠭᠦᠷᠭᠡᠯᠡᠨ᠎ᠡ᠃

  (3) ᠨᠠᠶ᠋ᠢᠳᠠᠯᠭ᠎ᠠ ᠵᠢ ᠬᠦᠯᠢᠶᠡᠭᠰᠡᠨ ᠨᠢᠭᠡᠴᠢ ᠵᠢᠨ ᠬᠠᠤᠯᠢ᠎ᠠᠴᠠ ᠵᠥᠷᠢᠴᠡᠭᠰᠡᠨ ᠪᠤᠶᠤ ᠲᠣᠬᠢᠷᠠᠮᠵᠢ ᠦᠭᠡᠶ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ᠎ᠢ ᠵᠠᠯᠠᠷᠠᠭᠤᠯᠬᠤ ᠪᠤᠶᠤ ᠬᠦᠴᠦᠨ ᠦᠭᠡᠶ ᠪᠣᠯᠭ᠋ᠠᠨ᠎ᠠ᠃

  (4) ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠳᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠬᠢᠨ᠎ᠡ᠃

  2. ᠨᠠᠶ᠋ᠢᠳᠠᠯᠭ᠎ᠠ ᠬᠦᠯᠢᠶᠡᠭᠰᠡᠨ ᠨᠢᠭᠡᠴᠢ ᠵᠢᠨ ᠡᠭᠦᠷᠭᠡ ᠬᠠᠷᠢᠭᠤᠴᠠᠯᠭ᠎ᠠ

  (1) ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠨᠢ ᠡᠷᠬᠡᠪᠰᠢ ᠨᠠᠶ᠋ᠢᠳᠠᠭᠰᠠᠨ ᠪᠠᠢ᠌ᠭᠤᠯᠭ᠎ᠠ ᠵᠢᠨ ᠨᠡᠷ᠎ᠡ᠎ᠪᠠᠷ᠂  ᠨᠠᠶ᠋ᠢᠳᠠᠭᠰᠠᠨ ᠡᠷᠬᠡ ᠮᠡᠳᠡᠯ᠎ᠤᠨ ᠬᠡᠪᠴᠢᠶᠡᠨ ᠳᠣᠲᠣᠷ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠬᠡᠷᠡᠭᠵᠢᠭᠦᠯᠬᠦ ᠬᠡᠷᠡᠭᠲᠡᠶ᠂  ᠥᠪᠡᠷ᠎ᠤᠨ ᠨᠡᠷ᠎ᠡ᠎ᠪᠠᠷ ᠪᠤᠶᠤ ᠨᠠᠶ᠋ᠢᠳᠠᠭᠰᠠᠨ ᠡᠷᠬᠡ ᠮᠡᠳᠡᠯ᠎ᠤᠨ ᠬᠡᠪᠴᠢᠶᠡᠨ᠎ᠠᠴᠠ ᠳᠠᠪᠠᠭᠤᠯᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠬᠡᠷᠡᠭᠵᠢᠭᠦᠯᠵᠦ ᠪᠣᠯᠬᠤ ᠦᠭᠡᠶ᠂  ᠨᠠᠶ᠋ᠢᠳᠠᠭᠰᠠᠨ ᠪᠠᠢ᠌ᠭᠤᠯᠭ᠎ᠠ ᠵᠢᠨ ᠨᠠᠶ᠋ᠢᠳᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ᠎ᠪᠠᠨ ᠳᠠᠬᠢᠨ ᠪᠤᠰᠤᠳ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ᠎ᠳᠤ ᠨᠠᠶ᠋ᠢᠳᠠᠨ ᠬᠡᠷᠡᠭᠵᠢᠭᠦᠯᠵᠦ ᠪᠣᠯᠬᠤ ᠦᠭᠡᠶ᠃

  (2) ᠨᠠᠶ᠋ᠢᠳᠠᠯᠭ᠎ᠠ ᠵᠢ ᠬᠦᠯᠢᠶᠡᠭᠰᠡᠨ ᠨᠢᠭᠡᠴᠢ ᠵᠢᠨ ᠠᠵᠢᠯᠲᠠᠳ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠬᠢᠬᠦ᠎ᠳᠤ ᠡᠷᠬᠡᠪᠰᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠢᠭᠡᠳᠦᠯᠲᠡᠶ ᠵᠣᠬᠢᠶᠠᠵᠤ ᠲᠠᠷᠬᠠᠭ᠋ᠠᠭᠰᠠᠨ ᠮᠥᠷᠲᠡᠭᠡᠨ ᠬᠦᠴᠦᠨ᠎ᠲᠠᠢ ᠬᠤᠭᠤᠴᠠᠭ᠋ᠠᠨ ᠳᠣᠲᠣᠷ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠲᠠᠢ ᠪᠠᠶ᠋ᠢᠬᠤ ᠬᠡᠷᠡᠭᠲᠡᠶ᠃

  (3) ᠨᠠᠶ᠋ᠢᠳᠠᠯᠭ᠎ᠠ ᠬᠦᠯᠢᠶᠡᠭᠰᠡᠨ ᠨᠢᠭᠡᠴᠢ ᠤᠰᠤᠨ᠎ᠤ ᠶᠠᠪᠤᠳᠠᠯ᠎ᠤᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ᠂  ᠬᠡᠷᠡᠭ᠎ᠢ ᠰᠢᠢ᠍ᠳᠪᠦᠷᠢᠯᠡᠬᠦ ᠳᠡᠰ ᠳᠠᠷᠠᠭ᠋ᠠᠯᠠᠯ᠎ᠢ ᠴᠢᠩᠭ᠎ᠠ ᠵᠢᠷᠤᠮᠯᠠᠨ᠂  ᠪᠣᠳᠠᠲᠤ ᠶᠠᠪᠤᠳᠠᠯ᠎ᠨᠢ ᠲᠣᠳᠣᠷᠬᠠᠶ᠂  ᠭᠡᠷᠡᠴᠢ ᠪᠠᠷᠢᠮᠲᠠ᠎ᠨᠢ ᠦᠨᠡᠨ ᠪᠣᠳᠠᠲᠠᠶ᠂  ᠰᠢᠨᠵᠢ ᠴᠢᠨᠠᠷ᠎ᠨᠢ ᠣᠨᠣᠪᠴᠢᠲᠠᠶ᠂  ᠬᠠᠤᠯᠢ ᠴᠠᠭ᠋ᠠᠵᠠ ᠬᠡᠷᠡᠭᠯᠡᠭᠰᠡᠨ᠎ᠨᠢ ᠵᠥᠪ ᠣᠨᠣᠪᠴᠢᠲᠠᠶ ᠪᠠᠶ᠋ᠢᠬᠤ ᠬᠡᠷᠡᠭᠲᠡᠶ᠃

  (4) ᠨᠠᠶ᠋ᠢᠳᠠᠭᠰᠠᠨ ᠪᠠᠢ᠌ᠭᠤᠯᠭ᠎ᠠ ᠵᠢᠨ ᠬᠢᠨᠠᠯᠲᠠ ᠲᠠᠯᠪᠢᠬᠤ᠂  ᠵᠢᠯᠣᠭᠣᠳᠬᠤ ᠪᠠ ᠪᠠᠶ᠋ᠢᠴᠠᠭ᠋ᠠᠬᠤ ᠵᠢ ᠬᠦᠯᠢᠶᠡᠵᠦ᠂  ᠬᠠᠤᠯᠢ ᠬᠡᠷᠡᠭᠵᠢᠭᠦᠯᠬᠦ ᠶᠠᠪᠤᠴᠠ᠎ᠳᠤ ᠣᠷᠣᠰᠢᠵᠤ ᠪᠠᠶ᠋ᠢᠭ᠎ᠠ ᠠᠰᠠᠭᠤᠳᠠᠯ ᠵᠶ᠋ᠠᠨ ᠨᠠᠶ᠋ᠢᠳᠠᠭᠰᠠᠨ ᠪᠠᠢ᠌ᠭᠤᠯᠭ᠎ᠠ᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃

  (5) ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠨᠢ ᠥᠪᠡᠷ᠎ᠤᠨ ᠨᠡᠷ᠎ᠡ᠎ᠪᠠᠷ ᠵᠶ᠋ᠠᠨ ᠪᠤᠶᠤ ᠨᠠᠶ᠋ᠢᠳᠠᠭᠰᠠᠨ ᠡᠷᠬᠡ ᠮᠡᠳᠡᠯ᠎ᠤᠨ ᠬᠡᠪᠴᠢᠶ᠎ᠡ᠎ᠠᠴᠠ᠎ᠪᠠᠨ ᠳᠠᠪᠠᠵᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠬᠡᠷᠡᠭᠵᠢᠭᠦᠯᠦᠭᠰᠡᠨ᠎ᠠᠴᠠ ᠪᠣᠯᠤᠭᠰᠠᠨ ᠬᠠᠤᠯᠢ ᠴᠠᠭ᠋ᠠᠵᠠ ᠵᠢᠨ ᠦᠷ᠎ᠡ ᠤᠷᠰᠢᠭ᠎ᠢ ᠪᠣᠯ ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠨᠢ ᠥᠪᠡᠷ ᠵᠶ᠋ᠠᠨ ᠡᠭᠦᠷᠭᠡᠯᠡᠨ᠎ᠡ᠃

   ᠭᠤᠷᠪᠠ᠂  ᠨᠠᠢ᠌ᠳᠠᠭᠰᠠᠨ ᠪᠠᠶ᠋ᠢᠭᠤᠯᠭ᠎ᠠ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠂  ᠨᠠᠶ᠋ᠢᠳᠠᠯᠭ᠎ᠠ ᠬᠦᠯᠢᠶᠡᠭᠰᠡᠨ ᠵᠣᠬᠢᠶᠠᠨ ᠪᠠᠶ᠋ᠢᠭᠤᠯᠤᠯᠲᠠ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠥᠭᠡ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ

  (ᠨᠢᠭᠡ) ᠬᠠᠤᠯᠢ ᠬᠡᠷᠡᠭᠵᠢᠭᠦᠯᠬᠦ ᠡᠷᠬᠡ ᠮᠡᠳᠡᠯ᠎ᠤᠨ ᠬᠡᠪᠴᠢᠶ᠎ᠡ᠃

   ᠬᠠᠲᠤᠨ ᠭᠤᠤᠯ᠎ᠤᠨ ᠳᠥᠷᠥᠭᠡ  ᠤᠰᠤᠯᠠᠯᠲᠠ ᠵᠢᠨ ᠣᠷᠣᠨ᠎ᠤ ᠢᠨᠵᠧᠨᠧᠷᠢᠩ᠎ᠤᠨ ᠠᠵᠢᠯᠯᠠᠭ᠋ᠠᠨ᠎ᠤ ᠠᠮᠤᠷ ᠲᠦᠪᠰᠢᠨ ᠵᠢᠴᠢ ᠬᠠᠮᠠᠭ᠋ᠠᠯᠠᠯᠲᠠ ᠵᠢᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠭᠡᠬᠦ ᠶᠠᠪᠤᠴᠠ᠎ᠳᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠶᠡᠷ᠎ᠢ ᠰᠡᠷᠭᠡᠶ᠋ᠢᠯᠡᠬᠦ ᠬᠠᠤᠯᠢ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠢᠨᠵᠧᠨᠧᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠠᠷᠭ᠎ᠠ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠬᠤᠯᠪᠣᠭᠳᠠᠬᠤ ᠤᠰᠤᠨ᠎ᠤ ᠢᠨᠵᠧᠨᠧᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠲᠣᠭᠲᠠᠭ᠋ᠠᠯ᠎ᠢ ᠬᠡᠷᠡᠭᠵᠢᠭᠦᠯᠬᠦ᠎ᠳᠤ ᠬᠢᠨᠠᠯᠲᠠ ᠲᠠᠯᠪᠢᠵᠤ ᠪᠠᠶ᠋ᠢᠴᠠᠭ᠋ᠠᠯᠲᠠ ᠬᠢᠵᠦ᠂  ᠲᠤᠬᠠᠶ ᠵᠢᠨ ᠲᠠᠯᠠᠪᠤᠷ᠎ᠲᠤ ᠬᠠᠲᠤᠨ ᠭᠤᠤᠯ᠎ᠤᠨ ᠤᠰᠤᠨ᠎ᠤ ᠢᠨᠵᠧᠨᠧᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠬᠡᠪᠴᠢᠶᠡᠨ᠎ᠳᠤ ᠬᠡᠷᠡᠭᠵᠢᠭᠦᠯᠬᠦ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠤᠷᠢᠭᠯᠠᠨ ᠵᠣᠭᠰᠣᠭ᠋ᠠᠵᠤ᠂  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠲᠤᠰᠢᠶᠠᠭᠰᠠᠨ ᠬᠠᠮᠢᠶ᠎ᠠ ᠪᠥᠬᠦᠶ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠰᠦᠪᠡᠭᠴᠢ᠂  ᠬᠡᠷᠡᠭ ᠪᠣᠯᠭ᠋ᠠᠨ ᠳᠠᠩᠰᠠᠯᠠᠭᠰᠠᠨ ᠤᠰᠤᠨ᠎ᠤ ᠶᠠᠪᠤᠳᠠᠯ᠎ᠤᠨ ᠬᠡᠷᠡᠭ᠎ᠲᠤ ᠪᠠᠶ᠋ᠢᠴᠠᠭ᠋ᠠᠯᠲᠠ ᠬᠢᠬᠦ ᠵᠢᠨ ᠬᠠᠮᠲᠤ ᠰᠢᠢ᠍ᠳᠪᠦᠷᠢᠯᠡᠬᠦ ᠰᠠᠨᠠᠯ ᠳᠤᠷᠠᠳᠴᠤ᠂  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠱᠠᠭ᠋ᠠᠷᠳᠠᠯᠭ᠎ᠠ ᠶᠣᠰᠣᠭ᠋ᠠᠷ ᠵᠠᠰᠠᠭ ᠵᠠᠬᠢᠷᠭ᠋ᠠᠨ᠎ᠤ ᠠᠯᠪᠠᠳᠠᠯᠭ᠎ᠠ᠂  ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰ ᠳᠠᠷᠠᠭ᠋ᠠᠯᠠᠯ᠎ᠢ ᠭᠦᠢ᠍ᠴᠡᠳᠬᠡᠪᠡ᠃

  1. ᠤᠰᠤᠯᠠᠯᠲᠠ ᠵᠢᠨ ᠣᠷᠣᠨ᠎ᠤ ᠢᠨᠵᠸᠨ᠋ᠸᠷᠢᠩ ᠬᠢᠭᠡᠳ ᠬᠣᠯᠪᠣᠭᠳᠠᠯ ᠪᠦᠬᠦᠢ ᠪᠡᠯᠡᠳᠬᠡᠮᠵᠢ ᠵᠢ ᠡᠵᠡᠯᠡᠭᠰᠡᠨ ᠪᠤᠶᠤ ᠰᠦᠢ᠍ᠳᠬᠡᠭᠰᠡᠨ :

  2. ᠤᠰᠤᠯᠠᠯᠲᠠ ᠵᠢᠨ ᠣᠷᠣᠨ᠎ᠤ ᠢᠨᠵᠸᠨ᠋ᠸᠷᠢᠩ᠎ᠤᠨ ᠠᠵᠢᠯᠯᠠᠭ᠋ᠠᠨ᠎ᠢ ᠨᠥᠯᠥᠭᠡᠯᠡᠬᠦ ᠪᠠ ᠤᠰᠤᠯᠠᠯᠲᠠ ᠵᠢᠨ ᠣᠷᠣᠨ᠎ᠤ ᠢᠨᠵᠸᠨ᠋ᠸᠷᠢᠩ᠎ᠤᠨ ᠠᠶᠤᠯ ᠦᠭᠡᠶ ᠵᠢ ᠬᠥᠨᠥᠭᠡᠬᠦ ᠳᠡᠯᠪᠡᠴᠢᠬᠦ᠂  ᠬᠤᠳᠳᠤᠭ ᠮᠠᠯᠲᠠᠬᠤ᠂  ᠴᠢᠯᠠᠭᠤ ᠭᠠᠷᠭ᠋ᠠᠬᠤ᠂  ᠮᠠᠯᠲᠠᠬᠤ᠂  ᠰᠢᠷᠣᠶ ᠠᠪᠬᠤ᠂  ᠬᠠᠭ᠋ᠠᠯᠪᠤᠷᠢᠯᠠᠨ ᠲᠠᠷᠢᠬᠤ᠂  ᠬᠡᠭᠦᠷ ᠪᠤᠯᠠᠰᠢᠯᠠᠬᠤ ᠵᠡᠷᠭᠡ ᠠᠵᠢᠯᠯᠠᠭ᠎ᠠ ᠵᠢ ᠡᠷᠬᠢᠯᠡᠨ᠎ᠡ᠃

  3. ᠤᠰᠤᠯᠠᠯᠲᠠ ᠵᠢᠨ ᠣᠷᠣᠨ᠎ᠤ ᠢᠨᠵᠸᠨ᠋ᠸᠷᠢᠩ᠎ᠤᠨ ᠪᠡᠯᠡᠳᠬᠡᠮᠵᠢ ᠵᠢᠨ ᠤᠰᠤ ᠬᠠᠳᠠᠭ᠋ᠠᠯᠠᠬᠤ᠂  ᠤᠰᠤ ᠬᠦᠷᠭᠡᠬᠦ᠂  ᠤᠰᠤ ᠵᠠᠯᠠᠬᠤ᠂  ᠦᠶᠡᠷ ᠵᠠᠯᠠᠬᠤ ᠵᠢ ᠬᠠᠷᠰᠢᠯᠠᠵᠤ ᠪᠠᠶ᠋ᠢᠭ᠎ᠠ ᠪᠣᠳᠠᠰ᠎ᠢ ᠣᠪᠣᠭ᠋ᠠᠯᠠᠨ ᠲᠠᠯᠪᠢᠨ᠎ᠠ᠃

  4. ᠤᠰᠤᠯᠠᠯᠲᠠ ᠵᠢᠨ ᠣᠷᠣᠨ᠎ᠤ ᠢᠨᠵᠸᠨ᠋ᠸᠷᠢᠩ᠎ᠤᠨ ᠪᠡᠯᠡᠳᠬᠡᠮᠵᠢ ᠵᠢᠨ ᠤᠰᠤ ᠬᠠᠳᠠᠭ᠋ᠠᠯᠠᠬᠤ᠂  ᠤᠰᠤ ᠳᠠᠮᠵᠢᠭᠤᠯᠬᠤ᠂  ᠤᠰᠤ ᠵᠠᠯᠠᠬᠤ᠂  ᠦᠶᠡᠷ ᠵᠠᠯᠠᠬᠤ ᠵᠢ ᠬᠠᠷᠰᠢᠯᠠᠬᠤ ᠪᠠᠷᠢᠯᠭ᠎ᠠ ᠪᠣᠯᠤᠨ ᠪᠠᠷᠢᠯᠭ᠎ᠠ ᠵᠢ ᠪᠥᠲᠥᠭᠡᠨ ᠪᠠᠶ᠋ᠢᠭᠤᠯᠤᠨ᠎ᠠ᠃

  5. ᠤᠰᠤᠯᠠᠯᠲᠠ ᠵᠢᠨ ᠣᠷᠣᠨ᠎ᠤ ᠴᠥᠭᠦᠷᠥᠮ᠂  ᠭᠤᠤ ᠰᠤᠪᠠᠭ᠎ᠲᠤ ᠪᠣᠬᠢᠷ ᠤᠰᠤ ᠭᠠᠳᠠᠭᠰᠢᠯᠠᠭᠤᠯᠬᠤ᠂  ᠬᠤᠭ ᠨᠣᠪᠰᠢ ᠴᠢᠳᠬᠤᠬᠤ ᠪᠠ ᠪᠤᠰᠤᠳ ᠬᠠᠶᠠᠭᠳᠠᠮᠠᠯ ᠪᠣᠳᠠᠰ ᠭᠠᠳᠠᠭᠰᠢᠯᠠᠭᠤᠯᠤᠨ᠎ᠠ᠃

  6. ᠤᠰᠤᠯᠠᠯᠲᠠ ᠵᠢᠨ ᠣᠷᠣᠨ᠎ᠤ ᠢᠨᠵᠸᠨ᠋ᠸᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠬᠡᠪᠴᠢᠶᠡᠨ ᠳᠣᠲᠣᠷᠠᠬᠢ ᠭᠠᠵᠠᠷ ᠰᠢᠷᠣᠶ ᠵᠢ ᠡᠵᠡᠯᠡᠨ᠎ᠡ᠃

  (ᠬᠤᠶᠠᠷ) ᠬᠠᠤᠯᠢ ᠬᠡᠷᠡᠭᠵᠢᠭᠦᠯᠬᠦ ᠬᠤᠭᠤᠴᠠᠭ᠎ᠠ᠃

  2024 ᠣᠨ᠎ᠤ 11 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ 2026 ᠣᠨ᠎ᠤ 10 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠃

  (ᠭᠤᠷᠪᠠ) ᠨᠠᠶ᠋ᠢᠳᠠᠨ ᠬᠠᠤᠯᠢ ᠬᠡᠷᠡᠭᠵᠢᠭᠦᠯᠦᠭᠰᠡᠨ ᠬᠠᠷᠢᠭᠤᠴᠠᠯᠭ᠎ᠠ᠃

  1. ᠨᠠᠶ᠋ᠢᠳᠠᠭᠰᠠᠨ ᠪᠠᠢ᠌ᠭᠤᠯᠭ᠎ᠠ ᠵᠢᠨ ᠡᠭᠦᠷᠭᠡ ᠬᠠᠷᠢᠭᠤᠴᠠᠯᠭ᠎ᠠ

  (1) ᠨᠠᠶ᠋ᠢᠳᠠᠯᠭ᠎ᠠ ᠬᠦᠯᠢᠶᠡᠭᠰᠡᠨ ᠨᠢᠭᠡᠴᠢ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ᠎ᠳᠤ ᠬᠢᠨᠠᠯᠲᠠ ᠲᠠᠯᠪᠢᠬᠤ᠂  ᠪᠠᠶ᠋ᠢᠴᠠᠭ᠋ᠠᠯᠲᠠ ᠬᠢᠬᠦ ᠬᠡᠷᠡᠭᠲᠡᠢ; ᠨᠠᠶ᠋ᠢᠳᠠᠯᠭ᠎ᠠ ᠬᠦᠯᠢᠶᠡᠭᠰᠡᠨ ᠪᠠ ᠬᠢᠨᠠᠯᠲᠠ ᠲᠠᠯᠪᠢᠬᠤ ᠵᠢᠨ ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠨᠢ ᠨᠠᠶ᠋ᠢᠳᠠᠭᠰᠠᠨ ᠡᠷᠬᠡ ᠮᠡᠳᠡᠯ᠎ᠤᠨ ᠬᠡᠪᠴᠢᠶᠡᠨ᠎ᠳᠤ ᠨᠠᠶ᠋ᠢᠳᠠᠭᠰᠠᠨ ᠨᠢᠭᠡᠴᠢ ᠵᠢᠨ ᠨᠡᠷ᠎ᠡ᠎ᠪᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠬᠡᠷᠡᠭᠵᠢᠭᠦᠯᠬᠦ ᠬᠡᠷᠡᠭᠲᠡᠢ᠃

  (2) ᠨᠠᠶ᠋ᠢᠳᠠᠯᠭ᠎ᠠ ᠬᠦᠯᠢᠶᠡᠭᠰᠡᠨ ᠨᠢᠭᠡᠴᠢ ᠵᠢᠨ ᠬᠠᠤᠯᠢ᠎ᠠᠴᠠ ᠵᠥᠷᠢᠴᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠬᠡᠷᠡᠭᠵᠢᠭᠦᠯᠦᠭᠰᠡᠨ᠎ᠠᠴᠠ ᠪᠣᠯᠤᠭᠰᠠᠨ ᠬᠠᠤᠯᠢ ᠴᠠᠭ᠋ᠠᠵᠠ ᠵᠢᠨ ᠦᠷ᠎ᠡ ᠳ᠋ᠦᠩ᠎ᠢ ᠨᠠᠶ᠋ᠢᠳᠠᠭᠰᠠᠨ ᠨᠢᠭᠡᠴᠢ ᠡᠭᠦᠷᠭᠡᠯᠡᠨ᠎ᠡ᠃

  (3) ᠨᠠᠶ᠋ᠢᠳᠠᠯᠭ᠎ᠠ ᠵᠢ ᠬᠦᠯᠢᠶᠡᠭᠰᠡᠨ ᠨᠢᠭᠡᠴᠢ ᠵᠢᠨ ᠬᠠᠤᠯᠢ᠎ᠠᠴᠠ ᠵᠥᠷᠢᠴᠡᠭᠰᠡᠨ ᠪᠤᠶᠤ ᠲᠣᠬᠢᠷᠠᠮᠵᠢ ᠦᠭᠡᠶ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ᠎ᠢ ᠵᠠᠯᠠᠷᠠᠭᠤᠯᠬᠤ ᠪᠤᠶᠤ ᠬᠦᠴᠦᠨ ᠦᠭᠡᠶ ᠪᠣᠯᠭ᠋ᠠᠨ᠎ᠠ᠃

  (4) ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠳᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠬᠢᠨ᠎ᠡ᠃

  2. ᠨᠠᠶ᠋ᠢᠳᠠᠯᠭ᠎ᠠ ᠬᠦᠯᠢᠶᠡᠭᠰᠡᠨ ᠨᠢᠭᠡᠴᠢ ᠵᠢᠨ ᠡᠭᠦᠷᠭᠡ ᠬᠠᠷᠢᠭᠤᠴᠠᠯᠭ᠎ᠠ

  (1) ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠨᠢ ᠡᠷᠬᠡᠪᠰᠢ ᠨᠠᠶ᠋ᠢᠳᠠᠭᠰᠠᠨ ᠪᠠᠢ᠌ᠭᠤᠯᠭ᠎ᠠ ᠵᠢᠨ ᠨᠡᠷ᠎ᠡ᠎ᠪᠠᠷ᠂  ᠨᠠᠶ᠋ᠢᠳᠠᠭᠰᠠᠨ ᠡᠷᠬᠡ ᠮᠡᠳᠡᠯ᠎ᠤᠨ ᠬᠡᠪᠴᠢᠶᠡᠨ ᠳᠣᠲᠣᠷ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠬᠡᠷᠡᠭᠵᠢᠭᠦᠯᠬᠦ ᠬᠡᠷᠡᠭᠲᠡᠶ᠂  ᠥᠪᠡᠷ᠎ᠤᠨ ᠨᠡᠷ᠎ᠡ᠎ᠪᠠᠷ ᠪᠤᠶᠤ ᠨᠠᠶ᠋ᠢᠳᠠᠭᠰᠠᠨ ᠡᠷᠬᠡ ᠮᠡᠳᠡᠯ᠎ᠤᠨ ᠬᠡᠪᠴᠢᠶᠡᠨ᠎ᠠᠴᠠ ᠳᠠᠪᠠᠭᠤᠯᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠬᠡᠷᠡᠭᠵᠢᠭᠦᠯᠵᠦ ᠪᠣᠯᠬᠤ ᠦᠭᠡᠶ᠂  ᠨᠠᠶ᠋ᠢᠳᠠᠭᠰᠠᠨ ᠪᠠᠢ᠌ᠭᠤᠯᠭ᠎ᠠ ᠵᠢᠨ ᠨᠠᠶ᠋ᠢᠳᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ᠎ᠪᠠᠨ ᠳᠠᠬᠢᠨ ᠪᠤᠰᠤᠳ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ᠎ᠳᠤ ᠨᠠᠶ᠋ᠢᠳᠠᠨ ᠬᠡᠷᠡᠭᠵᠢᠭᠦᠯᠵᠦ ᠪᠣᠯᠬᠤ ᠦᠭᠡᠶ᠃

  (2) ᠨᠠᠶ᠋ᠢᠳᠠᠯᠭ᠎ᠠ ᠵᠢ ᠬᠦᠯᠢᠶᠡᠭᠰᠡᠨ ᠨᠢᠭᠡᠴᠢ ᠵᠢᠨ ᠠᠵᠢᠯᠲᠠᠳ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠬᠢᠬᠦ᠎ᠳᠤ ᠡᠷᠬᠡᠪᠰᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠢᠭᠡᠳᠦᠯᠲᠡᠶ ᠵᠣᠬᠢᠶᠠᠵᠤ ᠲᠠᠷᠬᠠᠭ᠋ᠠᠭᠰᠠᠨ ᠮᠥᠷᠲᠡᠭᠡᠨ ᠬᠦᠴᠦᠨ᠎ᠲᠠᠢ ᠬᠤᠭᠤᠴᠠᠭ᠋ᠠᠨ ᠳᠣᠲᠣᠷ᠎ᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ᠎ᠲᠠᠢ ᠪᠠᠶ᠋ᠢᠬᠤ ᠬᠡᠷᠡᠭᠲᠡᠶ᠃

  (3) ᠨᠠᠶ᠋ᠢᠳᠠᠯᠭ᠎ᠠ ᠬᠦᠯᠢᠶᠡᠭᠰᠡᠨ ᠨᠢᠭᠡᠴᠢ ᠤᠰᠤᠨ᠎ᠤ ᠶᠠᠪᠤᠳᠠᠯ᠎ᠤᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠤ᠂  ᠬᠡᠷᠡᠭ᠎ᠢ ᠰᠢᠢ᠍ᠳᠪᠦᠷᠢᠯᠡᠬᠦ ᠳᠡᠰ ᠳᠠᠷᠠᠭ᠋ᠠᠯᠠᠯ᠎ᠢ ᠴᠢᠩᠭ᠎ᠠ ᠵᠢᠷᠤᠮᠯᠠᠨ᠂  ᠪᠣᠳᠠᠲᠤ ᠶᠠᠪᠤᠳᠠᠯ᠎ᠨᠢ ᠲᠣᠳᠣᠷᠬᠠᠶ᠂  ᠭᠡᠷᠡᠴᠢ ᠪᠠᠷᠢᠮᠲᠠ᠎ᠨᠢ ᠦᠨᠡᠨ ᠪᠣᠳᠠᠲᠠᠶ᠂  ᠰᠢᠨᠵᠢ ᠴᠢᠨᠠᠷ᠎ᠨᠢ ᠣᠨᠣᠪᠴᠢᠲᠠᠶ᠂  ᠬᠠᠤᠯᠢ ᠴᠠᠭ᠋ᠠᠵᠠ ᠬᠡᠷᠡᠭᠯᠡᠭᠰᠡᠨ᠎ᠨᠢ ᠵᠥᠪ ᠣᠨᠣᠪᠴᠢᠲᠠᠶ ᠪᠠᠶ᠋ᠢᠬᠤ ᠬᠡᠷᠡᠭᠲᠡᠶ᠃

  (4) ᠨᠠᠶ᠋ᠢᠳᠠᠭᠰᠠᠨ ᠪᠠᠢ᠌ᠭᠤᠯᠭ᠎ᠠ ᠵᠢᠨ ᠬᠢᠨᠠᠯᠲᠠ ᠲᠠᠯᠪᠢᠬᠤ᠂  ᠵᠢᠯᠣᠭᠣᠳᠬᠤ ᠪᠠ ᠪᠠᠶ᠋ᠢᠴᠠᠭ᠋ᠠᠬᠤ ᠵᠢ ᠬᠦᠯᠢᠶᠡᠵᠦ᠂  ᠬᠠᠤᠯᠢ ᠬᠡᠷᠡᠭᠵᠢᠭᠦᠯᠬᠦ ᠶᠠᠪᠤᠴᠠ᠎ᠳᠤ ᠣᠷᠣᠰᠢᠵᠤ ᠪᠠᠶ᠋ᠢᠭ᠎ᠠ ᠠᠰᠠᠭᠤᠳᠠᠯ ᠵᠶ᠋ᠠᠨ ᠨᠠᠶ᠋ᠢᠳᠠᠭᠰᠠᠨ ᠪᠠᠢ᠌ᠭᠤᠯᠭ᠎ᠠ᠎ᠳᠤ ᠴᠠᠭ ᠲᠤᠬᠠᠶ᠎ᠳᠤᠨᠢ ᠮᠡᠳᠡᠭᠦᠯᠬᠦ ᠬᠡᠷᠡᠭᠲᠡᠶ᠃

  (5) ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠨᠢ ᠥᠪᠡᠷ᠎ᠤᠨ ᠨᠡᠷ᠎ᠡ᠎ᠪᠠᠷ ᠵᠶ᠋ᠠᠨ ᠪᠤᠶᠤ ᠨᠠᠶ᠋ᠢᠳᠠᠭᠰᠠᠨ ᠡᠷᠬᠡ ᠮᠡᠳᠡᠯ᠎ᠤᠨ ᠬᠡᠪᠴᠢᠶ᠎ᠡ᠎ᠠᠴᠠ᠎ᠪᠠᠨ ᠳᠠᠪᠠᠵᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠬᠡᠷᠡᠭᠵᠢᠭᠦᠯᠦᠭᠰᠡᠨ᠎ᠠᠴᠠ ᠪᠣᠯᠤᠭᠰᠠᠨ ᠬᠠᠤᠯᠢ ᠴᠠᠭ᠋ᠠᠵᠠ ᠵᠢᠨ ᠦᠷ᠎ᠡ ᠤᠷᠰᠢᠭ᠎ᠢ ᠪᠣᠯ ᠨᠠᠶ᠋ᠢᠳᠠᠯᠭ᠎ᠠ ᠬᠦᠯᠢᠶᠡᠭᠰᠡᠨ ᠨᠢᠭᠡᠴᠢ᠎ᠨᠢ ᠥᠪᠡᠷ ᠵᠶ᠋ᠠᠨ ᠡᠭᠦᠷᠭᠡᠯᠡᠨ᠎ᠡ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠪᠥᠬᠦ ᠤᠯᠤᠰ᠎ᠤᠨ ᠤᠰᠤᠨ ᠠᠰᠢᠭᠯᠠᠯᠲᠠ ᠵᠢᠨ ᠰᠢᠰᠲ᠋ᠧᠮ᠎ᠤᠨ ᠲᠡᠷᠢᠭᠦᠨ᠎ᠤ ᠬᠠᠮᠲᠤ ᠨᠡᠶ᠋ᠢᠲᠡ᠂ ᠲᠡᠷᠢᠭᠦᠨ᠎ᠤ ᠠᠵᠢᠯᠲᠠᠨ᠎ᠢ ᠲᠠᠨᠢᠯᠴᠠᠭᠤᠯᠬᠤ ᠲᠤᠬᠠᠢ ᠠᠯᠪᠠᠨ ᠵᠠᠷᠯᠠᠯ
2024 ᠣᠨ᠎ᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠰᠢᠷᠢᠰ ᠲᠤᠰᠬᠠᠶ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠵᠤ ᠪᠠᠲᠤᠯᠠᠬᠤ᠎ᠪᠠᠷ ᠪᠠᠶ᠋ᠢᠭ᠎ᠠ ᠬᠥᠮᠦᠰ᠎ᠤᠨ ᠨᠡᠷᠡᠰ᠎ᠤᠨ ᠲᠤᠬᠠᠢ ᠵᠠᠷᠯᠠᠯ
2024 ᠣᠨ᠎ᠤ ᠳᠡᠭᠡᠳᠦ ᠵᠡᠷᠭᠡ ᠵᠢᠨ ᠠᠵᠤ ᠠᠬᠤᠶ᠋ᠢᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ ᠭᠤᠶᠤᠴᠢᠯᠠᠨ ᠮᠡᠳᠡᠭᠦᠯᠦᠭᠰᠡᠨ ᠬᠥᠮᠥᠰ᠎ᠢ ᠵᠠᠷᠯᠠᠨ ᠨᠡᠶ᠋ᠢᠲᠡᠯᠡᠬᠦ ᠲᠤᠬᠠᠶ
2024 ᠣᠨ᠎ᠤ ᠳᠣᠤᠷ᠎ᠠ ᠬᠠᠭ᠋ᠠᠰ ᠵᠢᠯ᠎ᠤᠨ ᠰᠠᠭ᠋ᠠᠳ ᠥᠬᠡᠶ ᠨᠡᠪᠲᠡᠷᠡᠬᠦ ᠵᠠᠮ ᠵᠶ᠋ᠠᠷ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ᠎ᠪᠠᠷ ᠮᠡᠳᠡᠭᠦᠯᠦᠭᠰᠡᠨ ᠬᠥᠮᠦᠰ᠎ᠤᠨ ᠲᠤᠬᠠᠶ ᠵᠠᠷᠯᠠᠯ
2024 ᠣᠨ᠎ᠳᠤ ᠨᠢᠭᠲᠠᠯᠠᠨ ᠪᠣᠳᠣᠭᠴᠢ ᠵᠢ ᠭᠤᠶᠤᠴᠢᠯᠠᠨ ᠮᠡᠳᠡᠭᠦᠯᠬᠦ ᠨᠢᠭᠲᠠᠯᠠᠨ ᠪᠣᠳᠣᠭᠴᠢ ᠵᠢᠨ ᠲᠤᠰᠬᠠᠢ ᠮᠡᠷᠭᠡᠵᠢᠯ᠎ᠤᠨ ᠬᠢᠷᠢ ᠬᠡᠮ᠎ᠢ ᠮᠡᠳᠡᠭᠦᠯᠬᠦ ᠬᠥᠮᠥᠰ᠎ᠤᠨ ᠲᠤᠬᠠᠢ ᠵᠠᠷᠯᠠᠯ
 
            