ᠲᠤᠰ ᠰᠤᠨᠢᠨ ᠪᠡᠬᠡᠵᠢᠩ᠎ᠤᠨ 1 ᠳ᠋ᠦ᠍ᠭᠡᠷ ᠰᠠᠷ᠎ᠠ ᠵᠢᠨ 14᠎ᠤ ᠡᠳᠦᠷ᠎ᠤᠨ ᠴᠠᠬᠢᠯᠭ᠋ᠠᠨ ᠮᠠᠲᠠᠭᠡ (ᠰᠤᠷᠪᠤᠯᠵᠢᠯᠠᠭᠴᠢ ᠲᠦᠩ ᠵᠢᠶᠠᠨ ᠶᠠᠩ) ᠰᠤᠷᠪᠤᠯᠵᠢᠯᠠᠭᠴᠢ 2025 ᠤᠨ᠎ᠤ ᠪᠦᠭᠦ ᠤᠯᠤᠰ᠎ᠤᠨ ᠤᠰᠤᠨ ᠠᠰᠢᠬᠯᠠᠯᠲᠠ ᠵᠢᠨ ᠠᠵᠢᠯ᠎ᠤᠨ ᠬᠤᠷᠠᠯᠲᠤᠭ᠋ᠠᠨᠠᠴᠠ ᠤᠶ᠋ᠢᠯᠠᠭ᠋ᠠᠵᠤ ᠮᠡᠲᠡᠭᠰᠡᠨ᠎ᠨᠢ 2024 ᠤᠨ᠎ᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠠᠯᠠ ᠤᠷᠤᠭᠤᠯᠤᠯᠲᠠ ᠲᠡᠦᠭᠡᠨ ᠰᠢᠨ᠎ᠡ ᠲᠡᠮᠳᠡᠭᠯᠡᠯ᠎ᠢ ᠡᠭᠦᠳᠴᠦ᠂ ᠤᠯᠤᠰ᠎ᠤᠨ ᠤᠰᠤᠨ ᠠᠰᠢᠬᠯᠠᠯᠲᠠ ᠵᠢᠨ ᠳᠤᠤᠷ᠎ᠤᠨ ᠴᠢᠬᠤᠯᠠ ᠶᠡᠭᠡ ᠢᠨᠵᠧᠨᠧᠷᠢᠩ 41 ᠳᠦᠷᠦᠯ ᠵᠦᠢ᠍ᠯ᠎ᠢ ᠬᠡᠷᠡᠭᠵᠢᠭᠦᠯᠵᠦ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠲᠦᠷᠦᠯ ᠵᠦᠢ᠍ᠯ᠎ᠨᠢ 46967 ᠪᠤᠯᠵᠤ᠂ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠠᠯᠠ ᠤᠷᠤᠭᠤᠯᠤᠯᠲᠠ᠎ᠨᠢ 13529 ᠳ᠋ᠦᠩᠰᠢᠭᠤᠷ ᠳᠦᠭᠦᠷᠢᠭ᠎ᠲᠤ ᠬᠦᠷᠴᠦ᠂ ᠠᠲᠠᠯᠢ ᠬᠤᠭᠤᠴᠠᠭ᠋ᠠᠨ᠎ᠠᠴᠠ 12.8%᠎ᠪᠠᠷ ᠨᠡᠮᠡᠭᠲᠡᠵᠦ᠂ ᠲᠡᠦᠭᠡ ᠵᠢᠨ ᠰᠢᠨ᠎ᠡ ᠲᠡᠮᠳᠡᠭᠯᠡᠯ᠎ᠢ ᠡᠭᠦᠳᠴᠡᠢ; ᠶᠡᠭᠡ ᠬᠡᠪᠴᠢᠶᠠᠨ᠎ᠤ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ 314.7 ᠳᠦᠮᠡᠨ ᠬᠦᠮᠦᠨ᠎ᠳᠤ ᠠᠵᠢᠯ ᠤᠯᠭᠤᠵᠤ᠂ ᠠᠲᠠᠯᠢ ᠬᠤᠭᠤᠴᠠᠭ᠋ᠠᠨ᠎ᠠᠴᠠ 14.9%᠎ᠪᠠᠷ ᠨᠡᠮᠡᠭᠲᠡᠵᠡᠢ᠃
ᠤᠯᠤᠰ᠎ᠤᠨ ᠤᠰᠤᠨ ᠠᠰᠢᠭᠯᠠᠯᠲᠠ ᠵᠢᠨ ᠲᠣᠣᠷ᠎ᠤᠨ ᠭᠤᠣᠯ ᠠᠷᠤᠭ ᠶᠠᠰᠤ ᠪᠠ ᠲᠣᠮᠣ ᠯᠤᠭᠰᠢᠭᠤᠨ ᠰᠤᠳᠠᠯ᠎ᠢ ᠲᠦᠷᠭᠡᠪᠴᠢᠯᠡᠨ ᠪᠠᠶ᠋ᠢᠭᠤᠯᠵᠤ᠂ ᠬᠠᠳᠤᠨ ᠭᠤᠣᠯ᠎ᠤᠨ ᠡᠷᠲᠡᠨ᠎ᠤ ᠮᠡᠷᠭᠡᠳ ᠵᠡᠷᠭᠡ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠎ᠢ ᠠᠵᠢᠯ ᠡᠬᠢᠯᠡᠭᠦᠯᠦᠨ ᠪᠦᠳᠦᠭᠡᠨ ᠪᠠᠶ᠋ᠢᠭᠤᠯᠵᠤ᠂ ᠤᠰᠤᠨ ᠠᠰᠢᠭᠯᠠᠯᠲᠠ ᠵᠢᠨ ᠠᠵᠢᠯ ᠢᠳᠡᠪᠬᠢᠲᠡᠢ ᠠᠬᠢᠴᠠ᠎ᠲᠠᠢ ᠪᠣᠯᠪᠠ᠃ ᠤᠰᠤᠨ ᠠᠰᠢᠭᠯᠠᠯᠲᠠ ᠵᠢᠨ ᠢᠨᠵᠧᠨᠧᠷᠢᠩ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ᠂ ᠬᠥᠳᠡᠭᠡ ᠲᠣᠰᠬᠣᠨ᠎ᠤ 2.3 ᠲᠦᠮᠡᠨ ᠤᠰᠤ ᠬᠠᠩᠭ᠋ᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠪᠡᠶᠡᠯᠡᠭᠦᠯᠵᠦ᠂ ᠬᠥᠳᠡᠭᠡ ᠲᠣᠰᠬᠣᠨ᠎ᠤ 1.1 ᠳ᠋ᠦᠩᠰᠢᠭᠤᠷ ᠬᠥᠮᠦᠨ ᠠᠮᠠ ᠵᠢᠨ ᠤᠰᠤ ᠬᠠᠩᠭ᠋ᠠᠬᠤ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠪᠦᠬᠦ ᠤᠯᠤᠰ᠎ᠤᠨ ᠬᠥᠳᠡᠭᠡ ᠲᠣᠰᠬᠣᠨ᠎ᠤ ᠲᠦᠭᠡᠭᠡᠯ ᠤᠰᠤᠨ᠎ᠤ ᠲᠦᠭᠡᠮᠡᠯᠵᠢᠭᠦᠯᠦᠯᠲᠡ ᠵᠢᠨ ᠨᠣᠷᠮ᠎ᠠ ᠵᠢ 94%᠎ᠳᠤ ᠬᠦᠷᠦᠭᠦᠯᠦᠨ᠎ᠡ᠃