ᠬᠣᠯᠪᠣᠭᠳᠠᠯ ᠪᠦᠬᠦᠢ ᠨᠢᠭᠡᠴᠢ᠎ᠨᠦᠭᠦᠳ᠄
《 2025 ᠣᠨ᠎ᠤ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠢᠨᠵᠧᠨᠧᠷᠢᠩ᠎ᠦᠨ ᠪᠠᠷᠢᠯᠭ᠎ᠠ᠎ᠶᠢᠨ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ ᠂ ᠲᠥᠷᠥᠯ ᠵᠦᠢᠯ᠎ᠦᠨ ᠬᠠᠷᠢᠭᠤᠴᠠᠯᠭᠠᠲᠠᠨ ᠪᠠ ᠲᠤᠰᠬᠠᠢ ᠲᠤᠰᠢᠶᠠᠯᠲᠤ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠠᠵᠢᠯᠲᠠᠨ᠎ᠤ ᠠᠶᠤᠯᠭᠦᠢ ᠦᠢᠯᠡᠳᠪᠦᠷᠢᠯᠡᠯ᠎ᠦᠨ ᠰᠢᠯᠭᠠᠯᠲᠠ᠎ᠶᠢᠨ ᠲᠥᠯᠥᠪᠯᠡᠭᠡ᠎ᠶᠢ ᠨᠡᠢᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠮᠡᠳᠡᠭᠳᠡᠯ 》 ( ᠥᠪᠥᠷ ᠤᠰᠤᠨ ᠲᠡᠭᠡᠭᠡᠪᠦᠷᠢ ᠬᠠᠮᠢᠶᠠᠷᠤᠯᠲᠠ [ 2025 ] 10 ᠳ᠋ᠤᠭᠠᠷ ᠲᠣᠭᠠᠲᠤ )᠎ᠤᠨ ᠬᠣᠯᠪᠣᠭᠳᠠᠯ ᠪᠦᠬᠦᠢ ᠱᠠᠭᠠᠷᠳᠠᠯᠭ᠎ᠠ᠎ᠶᠢ ᠦᠨᠳᠦᠰᠦᠯᠡᠨ ᠂ ᠡᠳᠦᠭᠡ 2025 ᠣᠨ᠎ᠤ ᠬᠣᠶᠠᠳᠤᠭᠠᠷ ᠪᠦᠯᠦᠭ᠎ᠦᠨ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠢᠨᠵᠧᠨᠧᠷᠢᠩ᠎ᠦᠨ ᠪᠠᠷᠢᠯᠭ᠎ᠠ᠎ᠶᠢᠨ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ ᠂ ᠲᠥᠷᠥᠯ ᠵᠦᠢᠯ᠎ᠦᠨ ᠬᠠᠷᠢᠭᠤᠴᠠᠯᠭᠠᠲᠠᠨ ᠪᠠ ᠲᠤᠰᠬᠠᠢ ᠲᠤᠰᠢᠶᠠᠯᠲᠤ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠠᠵᠢᠯᠲᠠᠨ ( ᠳᠣᠷᠣᠭ᠍ᠰᠢ 《 ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠠᠵᠢᠯᠲᠠᠨ 》 ᠭᠡᠵᠦ ᠲᠣᠪᠴᠢᠯᠠᠨ᠎ᠠ )᠎ᠤ ᠠᠶᠤᠯᠭᠦᠢ ᠦᠢᠯᠡᠳᠪᠦᠷᠢᠯᠡᠯ᠎ᠦᠨ ᠰᠢᠯᠭᠠᠯᠲᠠ᠎ᠳᠤ ᠨᠡᠷ᠎ᠡ ᠮᠡᠳᠡᠭᠦᠯᠬᠦ ᠬᠣᠯᠪᠣᠭᠳᠠᠯ ᠪᠦᠬᠦᠢ ᠵᠦᠢᠯᠡᠰ᠎ᠢ ᠳᠣᠣᠷᠠᠬᠢ ᠮᠡᠲᠦ ᠮᠡᠳᠡᠭᠳᠡᠶ᠎ᠡ ᠃
ᠨᠢᠭᠡ ᠂ ᠰᠢᠯᠭᠠᠯᠲᠠ᠎ᠶᠢᠨ ᠬᠡᠪᠴᠢᠶ᠎ᠡ ᠵᠢᠴᠢ ᠨᠥᠬᠥᠴᠡᠯ
( ᠨᠢᠭᠡ ) ᠰᠢᠯᠭᠠᠯᠲᠠ᠎ᠳᠤ ᠨᠡᠷ᠎ᠡ ᠮᠡᠳᠡᠭᠦᠯᠦᠭᠰᠡᠳ᠎ᠦᠨ ᠬᠡᠪᠴᠢᠶ᠎ᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠢᠨᠵᠧᠨᠧᠷᠢᠩ᠎ᠦᠨ ᠪᠠᠷᠢᠯᠭ᠎ᠠ᠎ᠶᠢᠨ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ ( A ᠲᠥᠷᠥᠯ ) ᠂ ᠲᠥᠷᠥᠯ ᠵᠦᠢᠯ᠎ᠦᠨ ᠬᠠᠷᠢᠭᠤᠴᠠᠯᠭᠠᠲᠠᠨ ( B ᠲᠥᠷᠥᠯ ) ᠂ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠲᠤᠰᠬᠠᠢ ᠲᠤᠰᠢᠶᠠᠯᠲᠤ ᠠᠵᠢᠯᠲᠠᠨ ( C ᠲᠥᠷᠥᠯ )᠎ᠤ ᠦᠨᠡᠮᠯᠡᠯ᠎ᠢ ᠰᠢᠨ᠎ᠡ᠎ᠪᠡᠷ ᠭᠤᠶᠤᠴᠢᠯᠠᠬᠤ ᠬᠠᠮᠢᠶ᠎ᠠ ᠪᠦᠬᠦᠢ ᠠᠵᠢᠯᠲᠠᠨ ᠃ ᠨᠢᠭᠡᠨᠲᠡ ᠦᠨᠡᠮᠯᠡᠯ ᠣᠯᠣᠭᠰᠠᠨ ᠪᠠᠢᠵᠤ ᠦᠨᠡᠮᠯᠡᠯ᠎ᠢᠶᠠᠨ ᠤᠷᠲᠤᠳᠬᠠᠬᠤ ᠴᠢᠬᠤᠯᠠᠲᠠᠢ ᠬᠥᠮᠥᠰ ᠲᠣᠰ ᠤᠳᠠᠭᠠᠨ᠎ᠤ ᠰᠢᠯᠭᠠᠯᠲᠠ᠎ᠳᠤ ᠣᠷᠣᠯᠴᠠᠬᠤ ᠴᠢᠬᠤᠯᠠ ᠦᠭᠡᠢ᠃
( ᠬᠣᠶᠠᠷ ) ᠨᠡᠷ᠎ᠡ ᠮᠡᠳᠡᠭᠦᠯᠦᠭᠰᠡᠳ᠎ᠦᠨ ᠨᠥᠬᠥᠴᠡᠯ
1. ᠤᠷᠢᠭ᠍ᠳᠠᠭᠰᠠᠨ ᠪᠠᠷᠢᠯᠭ᠎ᠠ᠎ᠶᠢᠨ ᠠᠵᠤ ᠠᠬᠤᠢᠯᠠᠯ ᠯᠤᠭ᠎ᠠ ᠵᠢᠩᠬᠢᠨᠢ ᠬᠥᠳᠡᠯᠮᠦᠷᠢ᠎ᠶᠢᠨ ᠬᠠᠷᠢᠴᠠᠭ᠎ᠠ᠎ᠲᠠᠢ ᠪᠠᠢᠬᠤ;
2. ᠠᠶᠤᠯᠭᠦᠢ ᠦᠢᠯᠡᠳᠪᠦᠷᠢᠯᠡᠯ᠎ᠦᠨ ᠬᠥᠮᠦᠵᠢᠯ ᠪᠣᠯᠪᠠᠰᠤᠷᠠᠯ᠎ᠳᠤ ᠬᠢᠷᠢ ᠲᠡᠩᠴᠡᠭᠰᠡᠨ ᠪᠠᠢᠪᠠᠯ᠂ ᠦᠨᠡᠮᠯᠡᠯ ᠭᠤᠶᠤᠴᠢᠯᠠᠨ ᠠᠪᠬᠤ ᠣᠨ᠎ᠤ ᠠᠶᠤᠯᠭᠦᠢ ᠦᠢᠯᠡᠳᠪᠦᠷᠢᠯᠡᠯ᠎ᠦᠨ ᠪᠣᠯᠪᠠᠰᠤᠷᠠᠯ᠎ᠳᠤ 32 ᠬᠢᠴᠢᠶᠡᠯ᠎ᠦᠨ ᠴᠠᠭ᠎ᠠᠴᠠ ᠳᠤᠲᠠᠭᠤ ᠦᠭᠡᠢ ᠣᠷᠣᠯᠴᠠᠭᠰᠠᠨ ᠪᠠᠢᠬᠤ ;
3. ᠲᠥᠷᠥᠯ ᠵᠦᠢᠯᠡᠰ᠎ᠦᠨ ᠬᠠᠷᠢᠭᠤᠴᠠᠯᠭᠠᠲᠠᠨ᠎ᠤ ᠨᠠᠰᠤ᠎ᠶᠢ ᠪᠠᠷᠢᠯᠭᠠᠴᠢᠨ᠎ᠤ ᠠᠵᠢᠯ ᠡᠷᠬᠢᠯᠡᠬᠦ ᠨᠠᠰᠤ᠎ᠠᠴᠠ ᠬᠡᠲᠦᠷᠡᠭᠦᠯᠵᠦ ᠪᠣᠯᠬᠤ ᠦᠭᠡᠢ᠂ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠲᠤᠰᠬᠠᠢ ᠲᠤᠰᠢᠶᠠᠯᠲᠤ ᠠᠵᠢᠯᠲᠠᠨ᠎ᠤ ᠨᠠᠰᠤ᠎ᠶᠢ ᠬᠠᠤᠯᠢ᠎ᠪᠠᠷ ᠲᠣᠭᠲᠠᠭᠠᠭᠰᠠᠨ ᠠᠵᠢᠯ᠎ᠠᠴᠠ ᠪᠠᠭᠤᠬᠤ ᠨᠠᠰᠤ᠎ᠠᠴᠠ ᠬᠡᠲᠦᠷᠡᠭᠦᠯᠵᠦ ᠪᠣᠯᠬᠤ ᠦᠭᠡᠢ ;
4. ᠰᠤᠷᠤᠯᠭ᠎ᠠ᠎ᠶᠢᠨ ᠨᠠᠮᠲᠠᠷ᠂ ᠠᠵᠢᠯ ᠮᠡᠷᠭᠡᠵᠢᠯ᠎ᠦᠨ ᠬᠢᠷᠢ ᠬᠡᠮ ᠪᠠ ᠠᠵᠢᠯ᠎ᠤᠨ
ᠥᠩᠭᠡᠷᠡᠯᠲᠡ᠎ᠶᠢᠨ ᠱᠠᠭᠠᠷᠳᠠᠯᠭ᠎ᠠ᠄
( 1 ) ᠲᠥᠷᠥᠯ ᠵᠦᠢᠯᠡᠰ᠎ᠦᠨ ᠬᠠᠷᠢᠭᠤᠴᠠᠯᠭᠠᠲᠠᠨ ᠨᠢ ᠪᠠᠷᠢᠯᠭᠠᠴᠢᠨ᠎ᠤ ᠠᠵᠢᠯ ᠡᠷᠬᠢᠯᠡᠬᠦ ᠬᠢᠷᠢ ᠬᠡᠮ᠎ᠲᠠᠢ ᠪᠠᠢᠬᠤ ;
( 2 ) ᠠᠶᠤᠯᠭᠦᠢ ᠦᠢᠯᠡᠳᠪᠦᠷᠢᠯᠡᠯ᠎ᠤᠨ ᠬᠠᠮᠢᠶᠠᠷᠤᠯᠲᠠ᠎ᠶᠢᠨ ᠲᠤᠰᠬᠠᠢ ᠲᠤᠰᠢᠶᠠᠯᠲᠤ ᠠᠵᠢᠯᠲᠠᠨ ᠨᠢ ᠳᠤᠮᠳᠠ ᠵᠡᠷᠭᠡ᠎ᠶᠢᠨ ᠲᠤᠰᠬᠠᠢ ᠮᠡᠷᠭᠡᠵᠢᠯ᠎ᠤᠨ ᠰᠤᠷᠭᠠᠭᠤᠯᠢ ᠪᠤᠶᠤ ᠠᠳᠠᠯᠢ ᠲᠡᠰ᠎ᠤᠨ ᠰᠤᠷᠤᠯᠭ᠎ᠠ᠎ᠶᠢᠨ ᠨᠠᠮᠲᠠᠷ᠎ᠲᠠᠢ ᠮᠥᠷᠲᠡᠭᠡᠨ 3 ᠵᠢᠯ ᠪᠤᠶᠤ 3 ᠵᠢᠯ᠎ᠡᠴᠡ ᠳᠡᠭᠡᠭᠰᠢᠬᠢ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠥᠩᠭᠡᠷᠡᠯᠲᠡ᠎ᠲᠠᠢ ᠪᠠᠢᠬᠤ ᠬᠡᠷᠡᠭᠲᠡᠢ᠂ ᠡᠰᠡᠬᠦᠯ᠎ᠡ ᠳᠡᠭᠡᠳᠦ ᠵᠡᠷᠭᠡ᠎ᠶᠢᠨ ᠲᠤᠰᠬᠠᠢ ᠮᠡᠷᠭᠡᠵᠢᠯ ᠵᠢᠴᠢ ᠲᠡᠭᠦᠨ᠎ᠡᠴᠡ ᠳᠡᠭᠡᠭᠰᠢᠬᠢ ᠰᠤᠷᠤᠯᠭ᠎ᠠ᠎ᠶᠢᠨ ᠨᠠᠮᠲᠠᠷ᠎ᠲᠠᠢ ᠮᠥᠷᠲᠡᠭᠡᠨ 2 ᠵᠢᠯ ᠪᠤᠶᠤ 2 ᠵᠢᠯ᠎ᠡᠴᠡ ᠳᠡᠭᠡᠭᠰᠢᠬᠢ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠠᠵᠢᠯ᠎ᠤᠨ ᠥᠩᠭᠡᠷᠡᠯᠲᠡ᠎ᠲᠠᠢ ᠪᠠᠢᠬᠤ ᠬᠡᠷᠡᠭᠲᠡᠢ᠃
ᠬᠣᠶᠠᠷ ᠂ ᠨᠡᠷ᠎ᠡ ᠮᠡᠳᠡᠭᠦᠯᠬᠦ ᠠᠷᠭ᠎ᠠ ᠬᠡᠯᠪᠡᠷᠢ ᠵᠢᠴᠢ ᠬᠢᠨᠠᠨ ᠰᠢᠯᠭᠠᠬᠤ ᠲᠠᠰ ᠳᠠᠷᠠᠭᠠᠯᠠᠯ
( ᠨᠢᠭᠡ ) ᠨᠡᠷ᠎ᠡ ᠮᠡᠳᠡᠭᠦᠯᠬᠦ ᠴᠠᠭ
2025 ᠣᠨ᠎ᠤ 10 ᠰᠠᠷ᠎ᠠ᠎ᠶᠢᠨ 14᠎ᠦ ᠡᠳᠦᠷ — 10 ᠰᠠᠷ᠎ᠠ᠎ᠶᠢᠨ 30᠎ᠤ ᠡᠳᠦᠷ
( ᠬᠣᠶᠠᠷ ) ᠨᠡᠷ᠎ᠡ ᠮᠡᠳᠡᠭᠦᠯᠬᠦ ᠠᠷᠭ᠎ᠠ ᠮᠠᠶᠢᠭ᠋
1. ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠮᠠᠶᠢᠭ᠋᠎ᠢ ᠬᠡᠷᠡᠭᠯᠡᠨ᠎ᠡ ᠃ ᠲᠣᠰ ᠤᠳᠠᠭ᠎ᠠ ᠨᠡᠷ᠎ᠡ ᠮᠡᠳᠡᠭᠦᠯᠬᠦ᠎ᠳᠦ ᠠᠩᠬ᠎ᠠ ᠤᠳᠠᠭ᠎ᠠ 《 ᠥᠨᠳᠥᠷ ᠪᠦᠲᠦᠮᠵᠢᠲᠡᠶ᠎ᠪᠡᠷ ᠨᠢᠭᠡ ᠶᠠᠪᠤᠳᠠᠯ᠎ᠢ ᠪᠦᠲᠦᠭᠡᠬᠦ 》 ᠦᠢᠯᠡᠴᠢᠯᠡᠭᠡᠨ᠎ᠦ ᠵᠠᠭᠪᠤᠷ᠎ᠢ ᠡᠬᠢᠯᠡᠨ ᠬᠡᠷᠡᠭᠯᠡᠨ᠎ᠡ ᠂ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯᠲᠠᠨ ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠰᠦᠯᠵᠢᠶ᠎ᠡ(https://zwfw.nmg.gov.cn/onething_nm/themeColumn) ᠪᠡᠷ ᠲᠠᠮᠵᠢᠨ 《 ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠢᠨᠵᠧᠨᠧᠷᠢᠩ᠎ᠦᠨ ᠪᠠᠷᠢᠯᠭ᠎ᠠ᠎ᠶᠢᠨ ᠠᠵᠤ ᠠᠬᠤᠢᠯᠠᠯ᠎ᠤᠨ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠠᠵᠢᠯᠲᠠᠨ᠎ᠤ ᠠᠶᠤᠯᠭᠦᠢ ᠦᠢᠯᠡᠳᠪᠦᠷᠢᠯᠡᠯ᠎ᠦᠨ ᠬᠢᠨᠠᠨ ᠰᠢᠯᠭᠠᠯᠲᠠ᠎ᠶᠢᠨ ᠨᠢᠭᠡ ᠶᠠᠪᠤᠳᠠᠯ》᠎ᠢ ᠰᠣᠩᠭᠣᠵᠤ ᠰᠢᠯᠭᠠᠯᠲᠠ᠎ᠳᠤ ᠨᠡᠷ᠎ᠡ ᠮᠡᠳᠡᠭᠦᠯᠬᠦ᠎ᠶᠢᠨ ᠬᠠᠮᠲᠤ ᠭᠤᠶᠤᠴᠢᠯᠠᠨ ᠠᠪᠬᠤ ᠦᠨᠡᠮᠯᠡᠯ᠎ᠦᠨ ᠮᠠᠲᠧᠷᠢᠶᠠᠯ᠎ᠢᠶᠠᠨ ᠲᠤᠰᠢᠶᠠᠨ᠎ᠠ᠃
2. ᠨᠡᠷ᠎ᠡ ᠮᠡᠳᠡᠭᠦᠯᠬᠦ ᠮᠠᠲᠧᠷᠢᠶᠠᠯ
( 1 ) ᠨᠡᠷ᠎ᠡ ᠮᠡᠳᠡᠭᠦᠯᠦᠭᠴᠢ᠎ᠶᠢᠨ Jpg ᠵᠠᠭᠪᠤᠷ᠎ᠤᠨ 20KB-200KB ᠬᠡᠮᠵᠢᠶ᠎ᠡ ᠪᠦᠬᠦᠢ ᠣᠢᠷ᠎ᠠ᠎ᠶᠢᠨ ᠬᠤᠭᠤᠴᠠᠭᠠᠨ᠎ᠤ ᠮᠠᠯᠠᠭᠠᠢ ᠦᠭᠡᠢ ᠨᠢᠭᠡ ᠢᠮᠠᠬᠤ᠎ᠶᠢᠨ ᠥᠩᠭᠡᠲᠦ ᠬᠥᠬᠡ ᠳᠡᠪᠢᠰᠬᠡᠷ᠎ᠲᠠᠢ ᠬᠥᠪᠡᠭᠡ ᠦᠭᠡᠢ ᠬᠡᠷᠡᠯ ᠵᠢᠷᠤᠭ ᠃
( 2 ) ᠬᠥᠳᠡᠯᠮᠦᠷᠢ᠎ᠶᠢᠨ ᠭᠡᠷ᠎ᠡ ᠪᠠ 3 ᠰᠠᠷ᠎ᠠ ᠰᠢᠬᠠᠮ᠎ᠤᠨ ᠨᠡᠢᠭᠡᠮ᠎ᠦᠨ ᠳᠠᠭᠠᠳᠬᠠᠯ᠎ᠳᠤ ᠣᠷᠣᠯᠴᠠᠵᠤ ᠰᠦᠢᠳᠬᠡᠯ ᠲᠤᠰᠢᠶᠠᠭᠰᠠᠨ ᠮᠠᠲᠧᠷᠢᠶᠠᠯ ( ᠠᠵᠢᠯ᠎ᠠᠴᠠ᠎ᠪᠠᠨ ᠪᠠᠭᠤᠵᠤ ᠠᠮᠠᠷᠠᠭᠰᠠᠳ ᠠᠵᠢᠯ᠎ᠠᠴᠠ᠎ᠪᠠᠨ ᠪᠠᠭᠤᠵᠤ ᠠᠮᠠᠷᠠᠭᠰᠠᠨᠢ ᠭᠡᠷᠡᠴᠢᠯᠡᠬᠦ ᠬᠦᠴᠦᠨ ᠪᠦᠬᠦᠢ ᠬᠣᠯᠪᠣᠭᠳᠠᠯ ᠪᠦᠬᠦᠢ ᠮᠠᠲᠧᠷᠢᠶᠠᠯ᠂ ᠬᠥᠳᠡᠯᠮᠦᠷᠢ ᠦᠢᠯᠡᠴᠢᠯᠡᠭᠡᠨ᠎ᠦ ᠭᠡᠷ᠎ᠡ ᠪᠠ ᠭᠡᠨᠡᠳᠲᠡ᠎ᠶᠢᠨ ᠭᠡᠮᠲᠦᠯ᠎ᠦᠨ ᠳᠠᠭᠠᠳᠬᠠᠯ᠎ᠤᠨ ᠰᠦᠢᠳᠬᠡᠯ ᠲᠤᠰᠢᠶᠠᠭᠰᠠᠨ ᠮᠠᠲᠧᠷᠢᠶᠠᠯ᠎ᠢᠶᠠᠨ ᠬᠠᠩᠭᠠᠬᠤ ᠬᠡᠷᠡᠭᠲᠡᠢ )᠃
( 3 ) B ᠲᠦᠷᠦᠯ᠎ᠦᠨ ᠦᠨᠡᠮᠯᠡᠯ ᠭᠤᠶᠤᠴᠢᠯᠠᠬᠤ ᠠᠵᠢᠯᠲᠠᠨ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠪᠠᠷᠢᠯᠭ᠎ᠠ᠎ᠶᠢᠨ ᠲᠤᠰᠬᠠᠢ ᠮᠡᠷᠭᠡᠵᠢᠯ᠎ᠦᠨ ᠪᠠᠷᠢᠯᠭᠠᠴᠢᠨ᠎ᠤ ᠠᠵᠢᠯ ᠡᠷᠬᠢᠯᠡᠭᠴᠢ᠎ᠶᠢᠨ ᠠᠵᠢᠯ ᠡᠷᠬᠢᠯᠡᠬᠦ ᠬᠢᠷᠢ ᠬᠡᠮ᠎ᠦᠨ ᠦᠨᠡᠮᠯᠡᠯ᠎ᠢᠶᠠᠨ ᠬᠠᠩᠭᠠᠨ᠎ᠠ ; C ᠲᠥᠷᠥᠯ᠎ᠦᠨ ᠦᠨᠡᠮᠯᠡᠯ ᠭᠤᠶᠤᠴᠢᠯᠠᠬᠤ ᠠᠵᠢᠯᠲᠠᠨ ᠰᠤᠷᠤᠯᠭ᠎ᠠ᠎ᠶᠢᠨ ᠨᠠᠮᠲᠠᠷ᠎ᠤᠨ ᠦᠨᠡᠮᠯᠡᠯ᠎ᠢᠶᠠᠨ ᠬᠠᠩᠭᠠᠨ᠎ᠠ ᠃
( 4 ) ᠪᠠᠷᠢᠯᠭ᠎ᠠ᠎ᠶᠢᠨ ᠦᠢᠯᠡᠰ᠎ᠦᠨ ᠠᠵᠤ ᠠᠬᠤᠢᠯᠠᠯ᠎ᠤᠨ ᠬᠢᠷᠢ ᠬᠡᠮ᠎ᠤᠨ ᠦᠨᠡᠮᠯᠡᠯ ( ᠤᠷᠢᠭ᠍ᠳᠠᠭᠰᠠᠨ ᠠᠵᠤ ᠠᠬᠤᠢᠯᠠᠯ )᠃ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠪᠠᠷᠢᠯᠭ᠎ᠠ᠎ᠶᠢᠨ ᠶᠡᠷᠦᠩᠬᠡᠢ ᠳᠠᠭᠠᠭᠠᠴᠢᠯᠠᠬᠤ ᠬᠣᠶᠠᠳᠤᠭᠠᠷ ᠳᠡᠰ ( ᠪᠠᠭᠲᠠᠨ᠎ᠠ ) ᠠᠴᠠ ᠳᠣᠷᠣᠭ᠍ᠰᠢᠬᠢ ᠬᠢᠷᠢ ᠬᠡᠮ᠎ᠲᠠᠢ ᠂ ᠲᠤᠰᠬᠠᠢ ᠳᠠᠭᠠᠭᠠᠴᠢᠯᠠᠬᠤ ᠬᠣᠶᠠᠳᠤᠭᠠᠷ ᠳᠡᠰ ( ᠪᠠᠭᠲᠠᠨ᠎ᠠ ) ᠠᠴᠠ ᠳᠣᠷᠣᠭ᠍ᠰᠢᠬᠢ ᠬᠢᠷᠢ ᠬᠡᠮ᠎ᠲᠠᠢ ᠪᠠᠢᠬᠤ ᠬᠡᠷᠡᠭᠲᠡᠢ ; ᠠᠵᠤ ᠦᠢᠯᠡᠳᠪᠦᠷᠢ ᠬᠤᠳᠠᠯᠳᠤᠭ᠎ᠠ᠎ᠶᠢᠨ ᠳᠠᠩᠰᠠᠯᠠᠭᠤᠯᠤᠭᠰᠠᠨ ᠭᠠᠵᠠᠷ ᠨᠢ ᠥᠪᠥᠷ ᠮᠣᠩᠭᠣᠯ᠎ᠦᠨ ᠥᠪᠡᠷᠲᠡᠭᠡᠨ ᠵᠠᠰᠠᠬᠤ ᠣᠷᠣᠨ᠎ᠳᠤ ᠪᠠᠢᠬᠤ ᠬᠡᠷᠡᠭᠲᠡᠢ᠃
( 5 ) ᠠᠶᠤᠯᠭᠦᠢ ᠦᠢᠯᠡᠳᠪᠦᠷᠢᠯᠡᠯ᠎ᠦᠨ ᠬᠥᠮᠦᠵᠢᠯ ᠪᠣᠯᠪᠠᠰᠤᠷᠠᠯ᠎ᠤᠨ ᠲᠡᠮᠳᠡᠭᠯᠡᠯ ( 32 ᠬᠢᠴᠢᠶᠡᠯ᠎ᠦᠨ ᠴᠠᠭ )᠃ ᠣᠨ᠎ᠤ ᠬᠢᠴᠢᠶᠡᠯ᠎ᠦᠨ ᠴᠠᠭ᠎ᠢ 32 ᠬᠢᠴᠢᠶᠡᠯ᠎ᠦᠨ ᠴᠠᠭ᠎ᠠᠴᠠ ᠳᠤᠲᠠᠭᠤ ᠪᠠᠢᠯᠭᠠᠵᠤ ᠪᠣᠯᠬᠤ ᠦᠭᠡᠢ ; ᠰᠣᠷᠣᠭᠰᠠᠨ ᠠᠭᠤᠯᠭ᠎ᠠ ᠨᠢ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠢᠨᠵᠧᠨᠧᠷᠢᠩ᠎ᠦᠨ ᠠᠶᠤᠯᠭᠦᠢ ᠦᠢᠯᠡᠳᠪᠦᠷᠢᠯᠡᠯ ᠯᠦ᠍ᠭᠡ ᠬᠣᠯᠪᠣᠭ᠎ᠠ᠎ᠲᠠᠢ ᠪᠠᠢᠵᠤ᠂ ᠪᠣᠯᠪᠠᠰᠤᠷᠠᠯ᠎ᠤᠨ ᠪᠠᠢᠭᠤᠯᠤᠮᠵᠢ᠎ᠳᠤ ᠨᠠᠢᠳᠠᠨ ᠪᠣᠯᠪᠠᠰᠤᠷᠠᠭᠰᠠᠨ ᠪᠠᠢᠪᠠᠯ᠂ ᠪᠣᠯᠪᠠᠰᠤᠷᠠᠯ᠎ᠤᠨ ᠪᠠᠢᠭᠤᠯᠤᠮᠵᠢ᠎ᠶᠢᠨ ᠠᠯᠪᠠᠨ ᠲᠠᠮᠠᠭ᠎ᠠ᠎ᠲᠠᠢ ᠪᠠᠢᠬᠤ ᠬᠡᠷᠡᠭᠲᠡᠢ ; ᠠᠵᠤ ᠠᠬᠤᠢᠯᠠᠯ ᠪᠡᠶ᠎ᠡ᠎ᠪᠡᠨ ᠳᠠᠭᠠᠭᠠᠵᠤ ᠪᠣᠯᠪᠠᠰᠤᠷᠠᠭᠰᠠᠨ ᠪᠠᠢᠪᠠᠯ ᠂ ᠪᠣᠯᠪᠠᠰᠤᠷᠠᠯ᠎ᠤᠨ ᠳᠦᠷᠢᠮ ᠂ ᠪᠣᠯᠪᠠᠰᠤᠷᠠᠯ᠎ᠤᠨ ᠲᠥᠯᠥᠪᠯᠡᠭᠡ ᠂ ᠪᠣᠯᠪᠠᠰᠤᠷᠠᠯ᠎ᠤᠨ ᠠᠭᠤᠯᠭ᠎ᠠ ᠂ ᠪᠣᠯᠪᠠᠰᠤᠷᠠᠯ᠎ᠤᠨ ᠠᠵᠢᠯᠲᠠᠨ᠎ᠤ ᠨᠡᠷᠡᠰ ᠵᠢᠴᠢ ᠭᠠᠷᠤᠨ ᠥᠰᠥᠭ ᠵᠢᠷᠤᠭᠰᠠᠨ ᠬᠦᠰᠦᠨᠦᠭᠲᠦ ᠂ ᠪᠣᠯᠪᠠᠰᠤᠷᠠᠯ᠎ᠤᠨ ᠰᠢᠯᠭᠠᠨ ᠬᠢᠨᠠᠭᠰᠠᠨ ᠦᠷ᠎ᠡ ᠳ᠋ᠦᠩ᠎ᠲᠠᠢ ᠪᠠᠢᠵᠤ ᠂ ᠠᠵᠤ ᠠᠬᠤᠢᠯᠠᠯ᠎ᠤᠨ ᠠᠯᠪᠠᠨ ᠲᠠᠮᠠᠭ᠎ᠠ᠎ᠶᠢ ᠳᠠᠷᠤᠬᠤ ᠬᠡᠷᠡᠭᠲᠡᠢ ᠃
( 6 ) ᠦᠨᠡᠮᠯᠡᠯ ᠭᠤᠶᠤᠴᠢᠯᠠᠨ ᠠᠪᠬᠤ ᠠᠮᠠᠯᠠᠯᠲᠠ᠎ᠶᠢᠨ ᠪᠢᠴᠢᠭ ᠪᠠ ᠠᠶᠤᠯᠭᠦᠢ ᠦᠢᠯᠡᠳᠪᠦᠷᠢᠯᠡᠯ᠎ᠦᠨ ᠬᠢᠨᠠᠨ ᠰᠢᠯᠭᠠᠯᠲᠠ᠎ᠳᠤ ᠬᠢᠷᠢ ᠲᠡᠩᠴᠡᠭᠰᠡᠨ ᠦᠨᠡᠮᠯᠡᠯ ᠭᠤᠶᠤᠴᠢᠯᠠᠨ ᠠᠪᠬᠤ ᠭᠤᠶᠤᠴᠢᠯᠠᠯ᠎ᠤᠨ ᠬᠦᠰᠦᠨᠦᠭᠲᠦ ( ᠨᠡᠷ᠎ᠡ ᠮᠡᠳᠡᠭᠦᠯᠬᠦ ᠤᠷᠤᠴᠠ᠎ᠳᠤ ᠬᠣᠭᠣᠰᠤᠨ ᠦᠯᠢᠭᠡᠷ ᠬᠦᠰᠦᠨᠦᠭᠲᠦ ᠬᠠᠩᠭᠠᠭᠰᠠᠨᠢ ᠪᠠᠭᠤᠯᠭᠠᠵᠤ ᠲᠠᠭᠯᠠᠨ᠎ᠠ )᠃
( ᠭᠤᠷᠪᠠ ) ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ
ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯᠲᠠᠨ᠎ᠤ ᠰᠢᠨ᠎ᠡ᠎ᠪᠡᠷ ᠭᠡᠷᠡᠴᠢ ᠠᠪᠬᠤ ᠬᠢᠨᠠᠨ ᠰᠢᠯᠭᠠᠯᠲᠠ᠎ᠳᠤ ᠨᠡᠷ᠎ᠡ ᠮᠡᠳᠡᠭᠦᠯᠦᠭᠰᠡᠨ ᠮᠠᠲᠧᠷᠢᠶᠠᠯ ᠨᠢ ᠪᠦᠷᠢᠨ ᠪᠤᠰᠤ ᠪᠤᠶᠤ ᠬᠠᠤᠯᠢ᠎ᠳᠤ ᠲᠣᠭᠲᠠᠭᠠᠭᠰᠠᠨ ᠬᠡᠯᠪᠡᠷᠢᠳᠦ ᠨᠡᠢᠴᠡᠬᠦ ᠦᠭᠡᠢ ᠪᠠᠢᠪᠠᠯ ᠂ ᠬᠢᠨᠠᠨ ᠰᠢᠯᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠨᠢ ᠭᠤᠶᠤᠴᠢᠯᠠᠭ᠍ᠴᠢ᠎ᠳᠤ ᠨᠥᠬᠥᠪᠦᠷᠢᠯᠡᠨ ᠵᠠᠯᠠᠷᠠᠭᠤᠯᠬᠤ ᠴᠢᠬᠤᠯᠠᠲᠠᠢ ᠪᠥᠬᠥ ᠠᠭᠤᠯᠭ᠎ᠠ᠎ᠶᠢ ᠨᠢᠭᠡ ᠯᠡ ᠤᠳᠠᠭ᠎ᠠ᠎ᠳᠤ ᠮᠡᠳᠡᠭᠳᠡᠨ᠎ᠡ ᠂ ᠭᠤᠶᠤᠴᠢᠯᠠᠭ᠍ᠴᠢ ᠨᠢ ᠬᠢᠨᠠᠨ ᠰᠢᠯᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠡᠴᠡ ᠮᠡᠳᠡᠭᠳᠡᠯ ᠭᠠᠷᠭᠠᠭᠰᠠᠨ᠎ᠤ ᠳᠠᠷᠠᠭ᠎ᠠ 3 ᠡᠳᠦᠷ᠎ᠦᠨ ᠳᠣᠲᠣᠷ᠎ᠠ ᠮᠠᠲᠧᠷᠢᠶᠠᠯ᠎ᠢᠶᠠᠨ ᠨᠢᠭᠡ ᠯᠡ ᠤᠳᠠᠭ᠎ᠠ᠎ᠳᠤ ᠲᠡᠭᠦᠯᠳᠡᠷᠵᠢᠭᠦᠯᠬᠦ᠎ᠶᠢᠨ ᠬᠠᠮᠲᠤ ᠳᠠᠭᠢᠵᠤ ᠲᠤᠰᠢᠶᠠᠬᠤ ᠬᠡᠷᠡᠭᠲᠡᠢ ᠂ ᠬᠠᠮᠤᠭ ᠡᠴᠦᠰ᠎ᠦᠨ ᠬᠢᠨᠠᠨ ᠬᠠᠷᠭᠤᠭᠤᠯᠬᠤ ᠡᠳᠦᠷ ᠬᠤᠭᠤᠴᠠᠭ᠎ᠠ ᠨᠢ 2025 ᠣᠨ᠎ᠤ 10 ᠰᠠᠷ᠎ᠠ᠎ᠶᠢᠨ 31᠎ᠦ ᠡᠳᠦᠷ ᠪᠣᠯᠣᠨ᠎ᠠ ᠂ ᠬᠤᠭᠤᠴᠠᠭ᠎ᠠ᠎ᠠᠴᠠ ᠬᠡᠲᠦᠷᠡᠪᠡᠯ ᠰᠢᠨ᠎ᠡ᠎ᠪᠡᠷ ᠭᠡᠷᠡᠴᠢ ᠠᠪᠬᠤ ᠬᠢᠨᠠᠨ ᠰᠢᠯᠭᠠᠯᠲᠠ᠎ᠳᠤ ᠨᠡᠷ᠎ᠡ ᠮᠡᠳᠡᠭᠦᠯᠬᠦ᠎ᠪᠡᠨ ᠪᠣᠯᠢᠭ᠍ᠰᠠᠨᠢᠶᠠᠷ ᠪᠤᠳᠤᠨ᠎ᠠ ᠃
ᠭᠤᠷᠪᠠ ᠂ ᠰᠢᠯᠭᠠᠯᠲᠠ
( ᠨᠢᠭᠡ ) ᠰᠢᠯᠭᠠᠯᠲᠠ᠎ᠶᠢᠨ ᠴᠠᠭ
2025 ᠣᠨ᠎ᠤ 11 ᠰᠠᠷ᠎ᠠ᠎ᠶᠢᠨ 13᠎ᠤ ᠡᠳᠦᠷ᠎ᠦᠨ ᠦᠳᠡ᠎ᠶᠢᠨ ᠡᠮᠦᠨ᠎ᠡ 9 ᠄ 00 ︱ 11 ᠄ 30
( ᠬᠣᠶᠠᠷ ) ᠰᠢᠯᠭᠠᠯᠲᠠ᠎ᠶᠢᠨ ᠭᠠᠵᠠᠷ
ᠬᠥᠬᠡᠬᠣᠲᠠ ᠄ ᠴᠠᠩ ᠴᠧᠨ ᠰᠤᠷᠭᠠᠨ ᠬᠥᠮᠦᠵᠢᠯ ( ᠢᠦᠢ ᠴᠢᠤᠸᠠᠨ ᠲᠣᠭᠣᠷᠢᠭ᠋᠎ᠤᠨ ᠰᠢᠯᠢ᠎ᠶᠢᠨ ᠭᠣᠣᠯ ᠡᠮᠦᠨ᠎ᠡ ᠵᠠᠮ᠎ᠤᠨ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠹᠧᠢ ᠼᠦᠢ ᠴᠧᠩ ᠬᠣᠲᠠ᠎ᠶᠢᠨ 10 ᠳ᠋ᠤᠭᠠᠷ ᠨᠣᠮᠧᠷᠲᠤ ᠠᠰᠠᠷ )
ᠤᠯᠠᠭᠠᠨᠬᠠᠳᠠ ᠬᠣᠲᠠ ᠄ ᠴᠧᠨ ᠳᠧ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠲᠥᠪ ( ᠬᠤᠩᠱᠠᠨ ᠲᠣᠭᠣᠷᠢᠭ᠋᠎ᠤᠨ ᠲᠣᠭᠠᠴᠢᠯᠠᠭᠰᠠᠨ ᠪᠦᠲᠦᠭᠡᠯᠴᠢ ᠲᠥᠰᠥᠪᠯᠡᠯ᠎ᠦᠨ ᠬᠦᠷᠢᠶᠡᠯᠡᠩ ᠲᠣᠭᠣᠷᠢᠭ᠋᠎ᠤᠨ ᠴᠧᠨ ᠳᠧ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠲᠥᠪ᠎ᠦᠨ B ᠠᠰᠠᠷ )
ᠣᠷᠳᠣᠰ ᠬᠣᠲᠠ ᠄ ᠣᠷᠳᠣᠰ᠎ᠤᠨ ᠸᠠᠨ ᠷᠦᠩ ᠪᠠᠷᠢᠮᠵᠢᠶᠠᠵᠢᠭᠤᠯᠤᠯᠲᠠ᠎ᠶᠢᠨ ᠰᠢᠯᠭᠠᠯᠲᠠ᠎ᠶᠢᠨ ᠲᠠᠯᠠᠪᠠᠶ ( ᠳ᠋ᠦᠩᠱᠧᠩ ᠲᠣᠭᠣᠷᠢᠭ᠋᠎ᠤᠨ ᠨᠡᠭᠦᠷᠡᠰᠦᠨ᠎ᠦ ᠮᠡᠳᠡᠭᠡ ᠵᠠᠩᠭᠢ᠎ᠶᠢᠨ ᠲᠣᠮᠣ᠌ ᠠᠰᠠᠷ᠎ᠤᠨ 2 ᠳ᠋ᠤᠭᠠᠷ ᠠᠰᠠᠷ )
ᠨᠡᠷ᠎ᠡ ᠮᠡᠳᠡᠭᠦᠯᠬᠦ᠎ᠳᠡᠭᠡᠨ ᠡᠷᠬᠡᠪᠰᠢ ᠰᠢᠯᠭᠠᠯᠲᠠ᠎ᠶᠢᠨ ᠭᠠᠵᠠᠷ ( ᠬᠥᠬᠡᠬᠣᠲᠠ ᠂ ᠤᠯᠠᠭᠠᠨᠬᠠᠳᠠ ᠂ ᠣᠷᠳᠣᠰ ᠬᠣᠲᠠ )᠎ᠢ ᠥᠪᠡᠰᠦᠪᠡᠨ ᠰᠣᠩᠭᠣᠬᠤ ᠬᠡᠷᠡᠭᠲᠡᠢ ᠂ ᠨᠡᠷ᠎ᠡ ᠮᠡᠳᠡᠭᠦᠯᠬᠦ᠎ᠶᠢ ᠬᠢᠨᠠᠨ ᠬᠠᠷᠭᠤᠭᠤᠯᠤᠭᠰᠠᠨ᠎ᠤ ᠳᠠᠷᠠᠭ᠎ᠠ ᠰᠢᠯᠭᠠᠯᠲᠠ᠎ᠶᠢᠨ ᠭᠠᠵᠠᠷ᠎ᠢ ᠬᠤᠪᠢᠷᠠᠭᠤᠯᠵᠤ ᠪᠣᠯᠬᠤ ᠦᠭᠡᠢ ᠂ ᠡᠢᠮᠦ᠎ᠡᠴᠡ ᠪᠣᠯᠭᠣᠮᠵᠢᠲᠠᠢ᠎ᠪᠠᠷ ᠰᠣᠩᠭᠣᠭᠠᠷᠠᠢ ᠃
( ᠭᠤᠷᠪᠠ ) ᠰᠢᠯᠭᠠᠯᠲᠠ᠎ᠶᠢᠨ ᠠᠭᠤᠯᠭ᠎ᠠ
ᠰᠢᠯᠭᠠᠯᠲᠠ᠎ᠶᠢᠨ ᠠᠭᠤᠯᠭ᠎ᠠ᠎ᠳᠤ ᠠᠶᠤᠯᠭᠦᠢ ᠦᠢᠯᠡᠳᠪᠦᠷᠢᠯᠡᠯ᠎ᠦᠨ ᠮᠡᠳᠡᠯᠭᠡ ᠪᠠ ᠬᠠᠮᠢᠶᠠᠷᠤᠯᠲᠠ᠎ᠶᠢᠨ ᠴᠢᠳᠠᠪᠤᠷᠢ ᠭᠡᠬᠦ ᠬᠣᠶᠠᠷ ᠬᠡᠰᠡᠭ ᠪᠠᠭᠲᠠᠨ᠎ᠠ᠃
ᠠᠶᠤᠯᠭᠦᠢ ᠦᠢᠯᠡᠳᠪᠦᠷᠢᠯᠡᠯ᠎ᠦᠨ ᠮᠡᠳᠡᠯᠭᠡ᠎ᠳᠦ᠄ ᠠᠶᠤᠯᠭᠦᠢ ᠦᠢᠯᠡᠳᠪᠦᠷᠢᠯᠡᠯ᠎ᠦᠨ ᠠᠵᠢᠯ᠎ᠤᠨ ᠦᠨᠳᠦᠰᠦᠨ ᠴᠢᠭᠯᠡᠯᠲᠡ ᠲᠥᠷᠥ᠎ᠶᠢᠨ ᠪᠣᠳᠣᠯᠭ᠎ᠠ᠂ ᠠᠶᠤᠯᠭᠦᠢ ᠦᠢᠯᠡᠳᠪᠦᠷᠢᠯᠡᠯ᠎ᠦᠨ ᠲᠠᠯ᠎ᠠ᠎ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠤᠯᠤᠰ ᠪᠠ ᠤᠰᠦᠠ ᠠᠰᠢᠭ᠍ᠯᠠᠯᠲᠠ᠎ᠶᠢᠨ ᠠᠵᠢᠯ ᠲᠥᠷᠥᠯ᠎ᠦᠨ ᠠᠶᠤᠯᠭᠦᠢ ᠦᠢᠯᠡᠳᠪᠦᠷᠢᠯᠡᠯ᠎ᠦᠨ ᠬᠣᠯᠪᠣᠭᠳᠠᠯ ᠪᠦᠬᠦᠢ ᠳᠦᠷᠢᠮ ᠲᠣᠭᠲᠠᠭᠠᠯ᠂ ᠪᠠᠷᠢᠮᠵᠢᠶ᠎ᠠ᠎ᠶᠢᠨ ᠵᠢᠷᠤᠮᠵᠢᠯ᠂ ᠤᠰᠦᠠ ᠠᠰᠢᠭ᠍ᠯᠠᠯᠲᠠ ᠤᠰᠦᠠ ᠴᠠᠬᠢᠯᠭᠠᠨ᠎ᠤ ᠪᠠᠷᠢᠯᠭ᠎ᠠ᠎ᠶᠢᠨ ᠠᠶᠤᠯᠭᠦᠢ ᠦᠢᠯᠡᠳᠪᠦᠷᠢᠯᠡᠯ᠎ᠦᠨ ᠮᠡᠷᠭᠡᠵᠢᠯ ᠵᠡᠷᠭᠡ ᠪᠠᠭᠲᠠᠨ᠎ᠠ᠃
ᠬᠠᠮᠢᠶᠠᠷᠤᠯᠲᠠ᠎ᠶᠢᠨ ᠴᠢᠳᠠᠪᠤᠷᠢ᠎ᠳᠤ ᠄ ᠠᠶᠤᠯ᠎ᠤᠨ ᠡᠬᠢ ᠰᠤᠷᠪᠤᠯᠵᠢ᠎ᠶᠢ ᠢᠯᠭᠠᠨ ᠲᠠᠨᠢᠵᠤ ᠦᠨᠡᠯᠡᠨ ᠵᠢᠱ᠌ᠢᠬᠦ ᠪᠠ ᠲᠦᠭᠰᠢᠭᠦᠷᠢ᠎ᠶᠢ ᠬᠠᠮᠢᠶᠠᠷᠤᠨ ᠡᠵᠡᠮᠳᠡᠬᠦ ᠂ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ ᠵᠠᠰᠠᠬᠤ ᠂ ᠡᠨᠳᠡᠯ᠎ᠢ ᠮᠡᠳᠡᠭᠦᠯᠬᠦ ᠪᠠ ᠰᠢᠢᠳᠪᠦᠷᠢᠯᠡᠬᠦ ᠂ ᠪᠠᠴᠢᠮ ᠪᠠᠢᠳᠠᠯ᠎ᠢ ᠠᠷᠭᠠᠴᠠᠬᠤ ᠬᠠᠮᠢᠶᠠᠷᠤᠯᠲᠠ ᠂ ᠠᠶᠤᠯᠭᠦᠢ ᠦᠢᠯᠡᠳᠪᠦᠷᠢᠯᠡᠯ᠎ᠦᠨ ᠬᠥᠮᠦᠵᠢᠯ ᠪᠣᠯᠪᠠᠰᠤᠷᠠᠯ ᠵᠡᠷᠭᠡ ᠪᠠᠭᠲᠠᠨ᠎ᠠ ᠃
ᠰᠢᠯᠭᠠᠯᠲᠠ᠎ᠶᠢᠨ ᠲᠥᠷᠥᠯ ᠵᠦᠢᠯ ᠨᠢ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠢᠨᠵᠧᠨᠧᠷᠢᠩ᠎ᠦᠨ ᠪᠠᠷᠢᠯᠭ᠎ᠠ᠎ᠶᠢᠨ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ ( A ᠲᠥᠷᠥᠯ ) ᠂ ᠲᠥᠷᠥᠯ ᠵᠦᠢᠯ᠎ᠦᠨ ᠬᠠᠷᠢᠭᠤᠴᠠᠯᠭᠠᠲᠠᠨ ( B ᠲᠥᠷᠥᠯ) ᠪᠠ ᠲᠤᠰᠬᠠᠢ ᠲᠤᠰᠢᠶᠠᠯᠲᠤ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠠᠵᠢᠯᠲᠠᠨ ( C ᠲᠥᠷᠥᠯ ) ᠵᠡᠷᠭᠡ ᠭᠤᠷᠪᠠᠨ ᠲᠥᠷᠥᠯ ᠪᠣᠯᠣᠨ᠎ᠠ ᠃
ᠲᠣᠰ ᠤᠳᠠᠭᠠᠨ᠎ᠤ ᠰᠢᠯᠭᠠᠯᠲᠠ᠎ᠶᠢᠨ 80% ᠵᠢᠨ ᠰᠡᠳᠦᠪ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠢᠨᠵᠧᠨᠧᠷᠢᠩ᠎ᠦᠨ ᠪᠠᠷᠢᠯᠭ᠎ᠠ ᠪᠠᠷᠢᠬᠤ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ ᠂ ᠲᠥᠷᠥᠯ ᠵᠦᠢᠯ᠎ᠦᠨ ᠬᠠᠷᠢᠭᠤᠴᠠᠯᠭᠠᠲᠠᠨ ᠪᠠ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠲᠤᠰᠬᠠᠢ ᠲᠤᠰᠢᠶᠠᠯᠲᠤ ᠠᠵᠢᠯᠲᠠᠨ᠎ᠤ ᠠᠶᠤᠯᠭᠦᠢ ᠦᠢᠯᠡᠳᠪᠦᠷᠢᠯᠡᠯ᠎ᠦᠨ ᠬᠢᠨᠠᠨ ᠰᠢᠯᠭᠠᠬᠤ ᠰᠡᠳᠦᠪ᠎ᠦᠨ ᠬᠥᠮᠥᠷᠭᠡ᠎ᠡᠴᠡ ᠰᠣᠩᠭᠣᠨ ᠠᠪᠤᠨ᠎ᠠ ᠃ ᠰᠡᠳᠦᠪ᠎ᠦᠨ ᠬᠥᠮᠥᠷᠭᠡ᠎ᠶᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠠᠯᠪᠠᠨ ᠰᠦᠯᠵᠢᠶ᠎ᠡ᠎ᠳᠡᠬᠢ 《 ᠠᠶᠤᠯᠭᠦᠢ ᠦᠢᠯᠡᠳᠪᠦᠷᠢᠯᠡᠯ 》᠎ᠤᠨ ᠲᠤᠰᠬᠠᠢ ᠪᠤᠯᠤᠩ ᠂ 《 ᠶᠠᠰᠤ ᠴᠢᠨᠠᠷ᠎ᠲᠤ ᠮᠡᠷᠭᠡᠵᠢᠯ᠎ᠦᠨ ᠬᠢᠨᠠᠯᠲᠠ ᠲᠠᠯᠪᠢᠬᠤ ᠲᠥᠪ 》᠎ᠤᠨ ᠲᠤᠰᠬᠠᠢ ᠪᠤᠯᠤᠩ᠎ᠢᠶᠠᠷ ᠪᠠᠭᠤᠯᠭᠠᠨ ᠠᠪᠴᠤ ᠪᠣᠯᠬᠤ ᠪᠥᠭᠡᠳ ᠪᠠᠰᠠ ᠸᠢᠴᠠᠲ᠎ᠤᠨ ᠨᠡᠶ᠋ᠢᠲᠡ᠎ᠶᠢᠨ ᠳ᠋ᠤᠭᠠᠷ 《 ᠥᠪᠥᠷ ᠮᠣᠩᠭᠣᠯ᠎ᠤᠨ ᠤᠰᠤᠨ ᠠᠰᠢᠭ᠍ᠯᠠᠯᠲᠠ᠎ᠶᠢᠨ ᠶᠠᠰᠤ ᠴᠢᠨᠠᠷ ᠬᠢᠭᠡᠳ ᠠᠶᠤᠯᠭᠦᠢ᠎ᠳᠦ ᠬᠢᠨᠠᠯᠲᠠ ᠲᠠᠯᠪᠢᠬᠤ 》 ᠠᠶᠤᠯᠭᠦᠢ ᠦᠢᠯᠡᠳᠪᠦᠷᠢᠯᠡᠯ᠎ᠦᠨ ᠲᠤᠰᠬᠠᠢ ᠪᠤᠯᠤᠩ᠎ᠠᠴᠠ ᠠᠪᠴᠤ ᠪᠣᠯᠣᠨ᠎ᠠ ᠃
( ᠳᠥᠷᠪᠡ ) ᠰᠢᠯᠭᠠᠯᠲᠠ᠎ᠶᠢᠨ ᠬᠡᠯᠪᠡᠷᠢ ᠵᠢᠴᠢ ᠰᠡᠳᠦᠪ᠎ᠦᠨ ᠬᠡᠯᠪᠡᠷᠢ
ᠲᠣᠰ ᠤᠳᠠᠭᠠᠨ᠎ᠤ ᠰᠢᠯᠭᠠᠯᠲᠠ᠎ᠳᠤ ᠺᠣᠮᠫᠢᠦ᠋ᠲᠧᠷ᠎ᠢᠶᠡᠷ ᠰᠢᠯᠭᠠᠬᠤ ᠠᠷᠭ᠎ᠠ᠎ᠶᠢ ᠬᠡᠷᠡᠭᠯᠡᠨ᠎ᠡ ᠂ ᠰᠢᠯᠭᠠᠬᠤ ᠴᠠᠭ ᠨᠢ 150 ᠮᠢᠨᠦ᠋ᠲ ᠪᠣᠯᠣᠨ᠎ᠠ ᠃ ᠰᠢᠯᠭᠠᠯᠲᠠ᠎ᠶᠢᠨ ᠪᠦᠷᠢᠨ ᠬᠤᠪᠢ ᠨᠢ 100 ᠬᠤᠪᠢ ᠪᠠᠢᠵᠤ ᠂ 60 ᠬᠤᠪᠢ᠎ᠶᠢᠨ ᠬᠢᠷᠢ ᠲᠡᠩᠴᠡᠭᠰᠡᠨ ᠬᠢᠷᠢ ᠪᠦᠲᠦᠮᠵᠢ᠎ᠡᠴᠡ ᠳᠣᠣᠷ᠎ᠠ ᠪᠠᠢᠵᠤ ᠪᠣᠯᠬᠤ ᠦᠭᠡᠢ ᠃ ᠰᠢᠯᠭᠠᠯᠲᠠ᠎ᠶᠢᠨ ᠬᠠᠭᠤᠳᠠᠰᠤ᠎ᠶᠢᠨ ᠭᠠᠷᠴᠠᠭ᠎ᠲᠤ ᠭᠠᠭᠴᠠ ᠰᠣᠩᠭᠣᠬᠤ ᠰᠡᠳᠦᠪ᠂ ᠤᠯᠠᠨ ᠰᠣᠩᠭᠣᠬᠤ ᠰᠡᠳᠦᠪ ᠪᠠ ᠮᠠᠭᠠᠳᠯᠠᠬᠤ ᠰᠡᠳᠦᠪ ᠪᠠᠭᠲᠠᠨ᠎ᠠ᠃
( ᠲᠠᠪᠤ ) ᠰᠢᠯᠭᠠᠯᠲᠠ᠎ᠶᠢᠨ ᠳᠦᠷᠢᠮ
1. ᠨᠡᠷ᠎ᠡ ᠮᠡᠳᠡᠭᠦᠯᠬᠦ ᠠᠵᠢᠯᠲᠠᠨ ᠨᠡᠷ᠎ᠡ ᠮᠡᠳᠡᠭᠦᠯᠬᠦ ᠰᠢᠰᠲᠧᠮᠳᠤ ᠨᠡᠷ᠎ᠡ ᠮᠡᠳᠡᠭᠦᠯᠬᠦ ᠦᠨᠡᠨ ᠪᠣᠳᠠᠲᠠᠢ ᠣᠨᠣᠪᠴᠢᠲᠠᠶ ᠮᠡᠳᠡᠭᠡ ᠵᠠᠩᠭᠢ᠎ᠶᠢᠨ ᠮᠠᠲᠧᠷᠢᠶᠠᠯ᠎ᠢᠶᠠᠨ ᠲᠤᠰᠢᠶᠠᠬᠤ ᠬᠡᠷᠡᠭᠲᠡᠢ ᠃ ᠬᠤᠳᠠᠯ ᠬᠠᠭᠤᠷᠮᠠᠭ ᠮᠡᠳᠡᠭᠡ ᠵᠠᠩᠭᠢ ᠪᠠ ᠬᠤᠳᠠᠯ ᠬᠠᠭᠤᠷᠮᠠᠭ ᠮᠠᠲᠧᠷᠢᠶᠠᠯ᠎ᠢ ᠵᠣᠷᠢᠭᠤᠳᠠ ᠲᠤᠰᠢᠶᠠᠭᠰᠠᠨ ᠪᠠᠢᠪᠠᠯ ᠂ 《 ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠢᠨᠵᠧᠨᠧᠷᠢᠩ᠎ᠦᠨ ᠪᠠᠷᠢᠯᠭ᠎ᠠ ᠪᠠᠷᠢᠬᠤ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ ᠂ ᠲᠥᠷᠥᠯ ᠵᠦᠢᠯ᠎ᠦᠨ ᠬᠠᠷᠢᠭᠤᠴᠠᠯᠭᠠᠲᠠᠨ ᠪᠠ ᠲᠤᠰᠬᠠᠢ ᠲᠤᠰᠢᠶᠠᠯᠲᠤ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠠᠵᠢᠯᠲᠠᠨ᠎ᠤ ᠠᠶᠤᠯᠭᠦᠢ ᠦᠢᠯᠡᠳᠪᠦᠷᠢᠯᠡᠯ᠎ᠦᠨ ᠬᠢᠨᠠᠨ ᠰᠢᠯᠭᠠᠬᠤ ᠬᠠᠮᠢᠶᠠᠷᠤᠯᠲᠠ᠎ᠶᠢᠨ ᠠᠷᠭ᠎ᠠ 》 ( ᠤᠰᠤᠨ᠎ᠤ ᠬᠢᠨᠠᠯᠲᠠ [ 2022 ] 326 ᠳ᠋ᠤᠭᠠᠷ ᠲᠣᠭᠠᠲᠤ )᠎ᠶᠢᠨ ᠶᠣᠰᠣᠭᠠᠷ ᠰᠢᠢᠳᠪᠦᠷᠢᠯᠡᠨ᠎ᠡ ᠃
2. ᠰᠢᠯᠭᠠᠭᠤᠯᠤᠭ᠍ᠴᠢ ᠰᠢᠯᠭᠠᠯᠲᠠ᠎ᠳᠤ ᠣᠷᠣᠯᠴᠠᠬᠤ᠎ᠳᠠᠭᠠᠨ ᠡᠷᠬᠡᠪᠰᠢ ᠳᠣᠣᠷᠠᠬᠢ ᠳᠦᠷᠢᠮᠦᠳᠢ ᠵᠢᠷᠤᠮᠯᠠᠬᠤ ᠬᠡᠷᠡᠭᠲᠡᠢ᠄
( 1 ) ᠰᠠᠭᠤᠭᠠᠯᠢ ᠠᠷᠠᠳ᠎ᠤᠨ ᠪᠡᠶ᠎ᠡ᠎ᠶᠢᠨ ᠦᠨᠡᠮᠯᠡᠯ ᠵᠡᠷᠭᠡ ᠬᠦᠴᠦᠨ ᠪᠦᠬᠦᠢ ᠪᠡᠶ᠎ᠡ᠎ᠶᠢᠨ ᠦᠨᠡᠮᠯᠡᠯ᠎ᠢᠶᠡᠷ᠎ᠢᠶᠡᠨ ᠰᠢᠯᠭᠠᠯᠲᠠ᠎ᠶᠢᠨ ᠲᠠᠯᠠᠪᠠᠢ᠎ᠳᠤ ᠣᠷᠣᠬᠤ᠎ᠳᠤ᠂ ᠪᠡᠶ᠎ᠡ᠎ᠶᠢᠨ ᠬᠢᠷᠢ ᠬᠡᠮ᠎ᠤᠨ ᠮᠡᠳᠡᠭᠡ ᠵᠠᠩᠭᠢ ᠨᠢ ᠨᠡᠷ᠎ᠡ ᠮᠡᠳᠡᠭᠦᠯᠬᠦ ᠦᠶ᠎ᠡ᠎ᠶᠢᠨ ᠲᠠᠭᠯᠠᠭᠰᠠᠨ ᠮᠡᠳᠡᠭᠦᠯᠦᠯᠲᠡ᠎ᠲᠠᠢ ᠠᠳᠠᠯᠢ ᠪᠠᠢᠬᠤ ᠬᠡᠷᠡᠭᠲᠡᠢ᠃
( 2 ) ᠰᠢᠯᠭᠠᠯᠲᠠ᠎ᠳᠤ ᠪᠢᠲᠡᠭᠦᠮᠵᠢᠯᠡᠭᠰᠡᠨ ᠬᠠᠮᠢᠶᠠᠷᠤᠯᠲᠠ᠎ᠶᠢ ᠬᠡᠷᠡᠭᠵᠢᠭᠦᠯᠵᠦ ᠂ ᠰᠢᠯᠭᠠᠯᠲᠠ ᠡᠬᠢᠯᠡᠭᠰᠡᠨ᠎ᠦ ᠳᠠᠷᠠᠭ᠎ᠠ 30 ᠮᠢᠨᠦ᠋ᠲ᠎ᠦᠨ ᠳᠠᠷᠠᠭ᠎ᠠ ᠰᠢᠯᠭᠠᠯᠲᠠ᠎ᠶᠢᠨ ᠲᠠᠯᠠᠪᠤᠷ᠎ᠲᠤ ᠣᠷᠣᠬᠤ᠎ᠶᠢ ᠴᠥᠮ ᠴᠠᠭᠠᠵᠠᠯᠠᠨ᠎ᠠ ; ᠰᠢᠯᠭᠠᠯᠲᠠ ᠡᠬᠢᠯᠡᠭᠡᠳ 90 ᠮᠢᠨᠦ᠋ᠲ᠎ᠦᠨ ᠳᠣᠲᠣᠷ᠎ᠠ ᠲᠠᠯᠠᠪᠤᠷ᠎ᠠᠴᠠ ᠭᠠᠷᠴᠤ ᠪᠣᠯᠬᠤ ᠦᠭᠡᠢ ᠃
( 3 ) ᠰᠢᠯᠭᠠᠯᠲᠠ᠎ᠶᠢᠨ ᠲᠠᠯᠠᠪᠤᠷ᠎ᠤᠨ ᠳᠦᠷᠢᠮ᠎ᠢ ᠵᠢᠷᠤᠮᠯᠠᠨ ᠂ ᠰᠢᠯᠭᠠᠯᠲᠠ᠎ᠶᠢᠨ ᠵᠣᠬᠢᠶᠠᠨ ᠪᠠᠢᠭᠤᠯᠤᠯᠲᠠ᠎ᠶᠢᠨ ᠬᠠᠮᠢᠶᠠᠷᠤᠯᠲᠠ᠎ᠶᠢ ᠳᠠᠭᠠᠵᠤ ᠂ ᠰᠢᠯᠭᠠᠯᠲᠠ᠎ᠶᠢᠨ ᠰᠡᠳᠦᠪ᠎ᠦᠨ ᠬᠠᠷᠢᠭᠤᠯᠲᠠ᠎ᠶᠢᠨ ᠱᠠᠭᠠᠷᠳᠠᠯᠭ᠎ᠠ᠎ᠶᠢ ᠵᠢᠷᠤᠮᠯᠠᠨ ᠳᠠᠭᠠᠬᠤ ᠬᠡᠷᠡᠭᠲᠡᠢ᠃
( 4 ) ᠰᠢᠯᠭᠠᠭᠤᠯᠤᠭ᠍ᠴᠢ ᠰᠢᠯᠭᠠᠯᠲᠠ᠎ᠶᠢᠨ ᠶᠠᠪᠤᠴᠠ᠎ᠳᠤ ᠰᠠᠬᠢᠯᠭ᠎ᠠ ᠪᠠᠲᠤ ᠳᠦᠷᠢᠮ ᠲᠣᠭᠲᠠᠭᠠᠯ᠎ᠢ ᠵᠥᠷᠢᠴᠡᠭᠰᠡᠨ ᠦᠶ᠋ᠯᠡ ᠠᠵᠢᠯᠯᠠᠭ᠎ᠠ᠎ᠲᠠᠢ ᠪᠠᠢᠪᠠᠯ ᠂ ᠰᠢᠯᠭᠠᠯᠲᠠ᠎ᠶᠢᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠭᠠᠳᠯᠠᠨ ᠲᠣᠭᠲᠠᠭᠠᠬᠤ ᠪᠠ ᠰᠢᠢᠳᠪᠦᠷᠢᠯᠡᠨ᠎ᠡ ᠃
ᠳᠥᠷᠪᠡ᠂ ᠦᠨᠡᠮᠯᠡᠯ ᠠᠪᠬᠤ
ᠰᠢᠯᠭᠠᠯᠲᠠ ᠳᠠᠭᠤᠰᠤᠭᠰᠠᠨ᠎ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠰᠢᠯᠭᠠᠯᠲᠠ᠎ᠳᠤ ᠬᠢᠷᠢ ᠲᠡᠩᠴᠡᠭᠰᠡᠨ ᠬᠥᠮᠥᠰ᠎ᠢ ᠢᠯᠡ ᠨᠡᠢᠲᠡᠯᠡᠨ᠎ᠡ ᠂ ᠢᠯᠡ ᠨᠡᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠣᠯᠣᠨ᠎ᠠ ᠃ ᠢᠯᠡ ᠨᠡᠢᠲᠡᠯᠡᠵᠦ ᠳᠠᠭᠤᠰᠤᠭᠰᠠᠨ᠎ᠤ ᠳᠠᠷᠠᠭᠠᠬᠢ 10 ᠠᠵᠢᠯᠯᠠᠬᠤ ᠡᠳᠦᠷ᠎ᠦᠨ ᠳᠣᠲᠣᠷ᠎ᠠ ᠂ ᠠᠶᠤᠯᠭᠦᠢ ᠦᠢᠯᠡᠳᠪᠦᠷᠢᠯᠡᠯ᠎ᠦᠨ ᠬᠢᠨᠠᠨ ᠰᠢᠯᠭᠠᠯᠲᠠ᠎ᠳᠤ ᠬᠢᠷᠢ ᠲᠡᠩᠴᠡᠭᠰᠡᠨ ᠦᠨᠡᠮᠯᠡᠯ᠎ᠢ ᠰᠢᠯᠭᠠᠭᠤᠯᠤᠭ᠍ᠴᠢ᠎ᠶᠢᠨ ᠬᠤᠪᠢ ᠬᠥᠮᠥᠨ᠎ᠦ ᠮᠥᠩᠬᠡ ᠰᠤᠪᠠᠭ᠎ᠲᠦ ᠠᠶᠠᠨ᠎ᠳᠠᠭᠠᠨ ᠬᠦᠷᠭᠡᠵᠦ ᠥᠭᠭᠦᠨ᠎ᠡ ᠃
ᠲᠠᠪᠤ ᠂ ᠰᠢᠯᠭᠠᠯᠲᠠ᠎ᠳᠤ ᠨᠡᠷ᠎ᠡ ᠮᠡᠳᠡᠭᠦᠯᠬᠦ᠎ᠳᠦ ᠡᠷᠬᠡᠪᠰᠢ ᠮᠡᠳᠡᠬᠦ ᠴᠢᠬᠤᠯᠠᠲᠠᠢ ᠵᠦᠢᠯᠡᠰ
( ᠨᠢᠭᠡ ) ᠨᠡᠷ᠎ᠡ ᠮᠡᠳᠡᠭᠦᠯᠬᠦ᠎ᠳᠦ ᠰᠦᠢᠳᠬᠡᠯ ᠬᠤᠷᠢᠶᠠᠬᠤ ᠦᠭᠡᠢ ᠂ ᠰᠢᠯᠭᠠᠭᠤᠯᠤᠭ᠍ᠴᠢ ᠨᠢᠭᠡ ᠯᠡ ᠲᠥᠷᠥᠯ᠎ᠳᠤ ᠨᠡᠷ᠎ᠡ ᠮᠡᠳᠡᠭᠦᠯᠵᠦ ᠪᠣᠯᠣᠨ᠎ᠠ ᠂ ᠣᠯᠠᠨ ᠲᠥᠷᠥᠯ᠎ᠳᠦ ᠨᠡᠷ᠎ᠡ ᠮᠡᠳᠡᠭᠦᠯᠬᠦ᠎ᠶᠢ ᠴᠠᠭᠠᠵᠠᠯᠠᠨ᠎ᠠ ᠃
( ᠬᠣᠶᠠᠷ ) ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠂ ᠮᠠᠲᠧᠷᠢᠶᠠᠯ᠎ᠢᠶᠠᠨ ᠲᠤᠰᠢᠶᠠᠭᠰᠠᠨ᠎ᠤ ᠲᠠᠷᠠᠭ᠎ᠠ ᠬᠦᠴᠦᠨ ᠦᠭᠡᠢ ᠪᠣᠯᠭᠠᠬᠤ ᠪᠤᠶᠤ ᠵᠠᠰᠠᠪᠤᠷᠢ ᠣᠷᠣᠭᠤᠯᠵᠤ ᠪᠣᠯᠬᠤ ᠦᠭᠡᠢ ᠃
( ᠭᠤᠷᠪᠠ ) ᠲᠣᠰ ᠤᠳᠠᠭᠠᠨ᠎ᠤ ᠰᠢᠯᠭᠠᠯᠲᠠ᠎ᠳᠤ ᠰᠢᠯᠭᠠᠭᠤᠯᠬᠤ ᠵᠥᠪᠰᠢᠶᠡᠷᠡᠯ᠎ᠦᠨ ᠦᠨᠡᠮᠯᠡᠯ᠎ᠢ ᠳᠠᠭᠢᠵᠤ ᠳᠠᠷᠤᠮᠠᠯᠯᠠᠬᠤ ᠦᠭᠡᠢ ᠂ ᠰᠢᠯᠭᠠᠯᠲᠠ᠎ᠶᠢᠨ ᠲᠤᠬᠠᠢ᠎ᠶᠢᠨ ᠡᠳᠦᠷ᠎ᠲᠦ ᠰᠢᠯᠭᠠᠭᠤᠯᠤᠭ᠍ᠴᠢ ᠨᠡᠷ᠎ᠡ ᠮᠡᠳᠡᠭᠦᠯᠬᠦ ᠦᠶ᠎ᠡ᠎ᠶᠢᠨ ᠰᠣᠩᠭᠣᠭᠰᠠᠨ ᠰᠢᠯᠭᠠᠯᠲᠠ᠎ᠶᠢᠨ ᠭᠠᠵᠠᠷ᠎ᠲᠤ ᠥᠪᠡᠰᠦᠪᠡᠨ ᠬᠦᠷᠴᠦ ᠰᠢᠯᠭᠠᠯᠲᠠ᠎ᠳᠤ ᠣᠷᠣᠯᠴᠠᠨ᠎ᠠ ᠃ ᠰᠢᠯᠭᠠᠯᠲᠠ᠎ᠶᠢᠨ ᠲᠠᠯᠠᠪᠤᠷ᠎ᠤᠨ ᠪᠣᠳᠠᠲᠠᠢ ᠮᠡᠳᠡᠭᠡ ᠵᠠᠩᠭᠢ᠎ᠶᠢ ᠣᠬᠣᠷ ᠴᠢᠮᠡᠭᠡᠨᠦ ᠬᠡᠯᠪᠡᠷᠢ᠎ᠪᠡᠷ ᠰᠢᠯᠭᠠᠯᠲᠠ᠎ᠠᠴᠠ 3 ᠠᠵᠢᠯᠯᠠᠬᠤ ᠡᠳᠦᠷ᠎ᠦᠨ ᠡᠮᠦᠨ᠎ᠡ ᠢᠯᠡᠭᠡᠨ᠎ᠡ ᠂ ᠰᠢᠯᠭᠠᠯᠲᠠ᠎ᠳᠤ ᠨᠡᠷ᠎ᠡ ᠮᠡᠳᠡᠭᠦᠯᠬᠦ ᠦᠶ᠎ᠡ᠎ᠳᠦ ᠲᠠᠭᠯᠠᠭᠰᠠᠨ ᠭᠠᠷ ᠤᠲᠠᠰᠤᠨ᠎ᠤ ᠨᠣᠮᠧᠷ ᠂ ᠰᠢᠤᠳᠠᠨ᠎ᠤ ᠬᠠᠢᠷᠴᠠᠭ ᠵᠡᠷᠭᠡ ᠮᠡᠳᠡᠭᠡ ᠵᠠᠩᠭᠢ᠎ᠪᠠᠨ ᠵᠥᠪ ᠣᠨᠣᠪᠴᠢᠲᠠᠶ ᠪᠠᠢᠬᠤ᠎ᠶᠢ ᠡᠷᠬᠡᠪᠰᠢ ᠪᠠᠲᠤᠯᠠᠬᠤ ᠬᠡᠷᠡᠭᠲᠡᠢ ᠃
( ᠳᠥᠷᠪᠡ ) ᠣᠯᠠᠨ ᠨᠡᠶ᠋ᠢᠲᠡ᠎ᠶᠢᠨ ᠡᠬᠢ ᠪᠠᠶᠠᠯᠢᠭ᠋᠎ᠢ ᠪᠦᠷᠢᠯᠭᠡᠬᠦ᠎ᠡᠴᠡ ᠵᠠᠢᠯᠠᠰᠬᠢᠬᠦ᠎ᠶᠢᠨ ᠲᠥᠯᠥᠭᠡ ᠂ ᠰᠢᠯᠭᠠᠭᠤᠯᠤᠭ᠍ᠴᠢ ᠲᠣᠬᠢᠷᠠᠭᠤᠯᠤᠯᠲᠠ ᠶᠣᠰᠣᠭᠠᠷ ᠰᠢᠯᠭᠠᠯᠲᠠ᠎ᠳᠤ ᠣᠷᠣᠯᠴᠠᠬᠤ ᠬᠡᠷᠡᠭᠲᠡᠢ ᠂ ᠰᠢᠯᠲᠠᠭᠠᠨ ᠦᠭᠡᠢ᠎ᠪᠡᠷ ᠰᠢᠯᠭᠠᠯᠲᠠ᠎ᠠᠴᠠ ᠰᠠᠭᠠᠲᠠᠵᠤ ᠪᠣᠯᠬᠤ ᠦᠭᠡᠢ ᠃ ᠵᠠᠯᠭᠠᠭ᠎ᠠ᠎ᠪᠠᠷ ᠬᠣᠶᠠᠷ ᠤᠳᠠᠭ᠎ᠠ ᠰᠢᠯᠲᠠᠭᠠᠨ ᠦᠭᠡᠢ᠎ᠪᠡᠷ ᠰᠢᠯᠭᠠᠯᠲᠠ᠎ᠳᠤ ᠰᠠᠭᠠᠲᠠᠭᠰᠠᠨ ᠬᠥᠮᠥᠰ ( ᠲᠤᠬᠠᠢᠯᠠᠪᠠᠯ ᠲᠣᠰ ᠤᠳᠠᠭᠠᠨ᠎ᠤ ᠰᠢᠯᠭᠠᠯᠲᠠ᠎ᠳᠤ ᠰᠠᠭᠠᠲᠠᠭᠰᠠᠨ ᠵᠢᠴᠢ 2025 ᠣᠨ᠎ᠤ ᠨᠢᠭᠡᠳᠦᠭᠡᠷ ᠪᠦᠯᠦᠭ᠎ᠦᠨ ᠰᠢᠯᠭᠠᠯᠲᠠ᠎ᠳᠤ ᠣᠷᠣᠯᠴᠠᠭᠰᠠᠳ )᠎ᠤᠨ 2026 ᠣᠨ᠎ᠤ ᠨᠢᠭᠡᠳᠦᠭᠡᠷ ᠪᠦᠯᠦᠭ᠎ᠦᠨ ᠰᠢᠯᠭᠠᠯᠲᠠ᠎ᠳᠤ ᠣᠷᠣᠯᠴᠠᠬᠤ ᠬᠢᠷᠢ ᠬᠡᠮ᠎ᠢ ᠨᠢ ᠬᠠᠰᠤᠨ᠎ᠠ ᠃
ᠬᠠᠷᠢᠯᠴᠠᠬᠤ ᠬᠥᠮᠥᠨ ᠵᠢᠴᠢ ᠬᠠᠷᠢᠯᠴᠠᠬᠤ ᠬᠡᠯᠪᠡᠷᠢ ᠄
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠶᠠᠰᠤ ᠴᠢᠨᠠᠷ᠎ᠲᠤ ᠮᠡᠷᠭᠡᠵᠢᠯ᠎ᠦᠨ ᠬᠢᠨᠠᠯᠲᠠ ᠲᠠᠯᠪᠢᠬᠤ ᠲᠥᠪ ᠄ ᠶᠠᠩ ᠢᠦᠢ ᠬᠤᠸᠠ ( 0471 ) 5259319
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠠᠵᠢᠯᠯᠠᠭᠠᠨ᠎ᠤ ᠬᠠᠮᠢᠶᠠᠷᠤᠯᠲᠠ᠎ᠶᠢᠨ ᠬᠢᠨᠠᠯᠲᠠ ᠲᠠᠯᠪᠢᠬᠤ ᠭᠠᠵᠠᠷ ᠄ ᠳ᠋ᠦᠩ ᠢᠦᠢ ᠯᠢᠶᠠᠩ ( 0471 ) 5259449
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ
2025 ᠣᠨ᠎ᠤ 10 ᠰᠠᠷ᠎ᠠ᠎ᠶᠢᠨ 12᠎ᠤᠨ ᠡᠳᠦᠷ