ᠬᠣᠯᠪᠣᠭᠳᠠᠯ ᠪᠦᠬᠦᠢ ᠨᠢᠭᠡᠴᠢ᠎ᠨᠦᠭᠦᠳ᠄
《 ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠢᠨᠵᠧᠨᠧᠷᠢᠩ᠎ᠦᠨ ᠪᠠᠷᠢᠯᠭ᠎ᠠ᠎ᠶᠢᠨ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ᠂ ᠲᠥᠷᠥᠯ ᠵᠦᠢᠯ᠎ᠦᠨ ᠬᠠᠷᠢᠭᠤᠴᠠᠯᠭᠠᠲᠠᠨ ᠪᠠ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠲᠤᠰᠬᠠᠢ ᠲᠤᠰᠢᠶᠠᠯᠲᠤ ᠠᠵᠢᠯᠲᠠᠨ᠎ᠤ ᠠᠶᠤᠯᠭᠦᠢ ᠦᠢᠯᠡᠳᠪᠦᠷᠢᠯᠡᠯ᠎ᠦᠨ ᠬᠢᠨᠠᠨ ᠰᠢᠯᠭᠠᠬᠤ ᠬᠠᠮᠢᠶᠠᠷᠤᠯᠲᠠ᠎ᠶᠢᠨ ᠠᠷᠭ᠎ᠠ 》 ( ᠤᠰᠤᠨ᠎ᠤ ᠬᠢᠨᠠᠯᠲᠠ 〔2022〕 326 ᠳ᠋ᠤᠭᠠᠷ ᠲᠣᠭᠠᠲᠤ )᠎ᠶᠢ ᠦᠨᠳᠦᠰᠦᠯᠡᠨ᠂ ᠮᠠᠨ᠎ᠤ ᠲᠢᠩᠬᠢᠮ᠎ᠡᠴᠡ 2025 ᠣᠨ᠎ᠤ ᠬᠣᠶᠠᠳᠤᠭᠠᠷ ᠪᠦᠯᠦᠭ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠢᠨᠵᠧᠨᠧᠷᠢᠩ᠎ᠦᠨ ᠪᠠᠷᠢᠯᠭ᠎ᠠ᠎ᠶᠢᠨ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ᠂ ᠲᠥᠷᠥᠯ ᠵᠦᠢᠯ᠎ᠦᠨ ᠬᠠᠷᠢᠭᠤᠴᠠᠯᠭᠠᠲᠠᠨ ᠪᠠ ᠲᠤᠰᠬᠠᠢ ᠲᠤᠰᠢᠶᠠᠯᠲᠤ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠠᠵᠢᠯᠲᠠᠨ ( ᠳᠣᠷᠣᠭ᠍ᠰᠢ 《 ᠤᠰᠤᠨ ᠠᠰᠢᠭ᠍ᠯᠠᠯᠲᠠ᠎ᠶᠢᠨ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠠᠵᠢᠯᠲᠠᠨ 》 ᠭᠡᠵᠦ ᠲᠣᠪᠴᠢᠯᠠᠨ᠎ᠠ )᠎ᠤ ᠦᠨᠡᠮᠯᠡᠯ᠎ᠢ ᠠᠩᠬ᠎ᠠ ᠤᠳᠠᠭ᠎ᠠ ᠭᠤᠶᠤᠴᠢᠯᠠᠨ ᠠᠪᠬᠤ ᠬᠥᠮᠥᠰ᠎ᠲᠦ ᠮᠠᠲᠧᠷᠢᠶᠠᠯ᠎ᠤᠨ ᠬᠢᠨᠠᠨ ᠪᠠᠢᠴᠠᠭᠠᠯᠲᠠ᠎ᠶᠢ ᠵᠣᠬᠢᠶᠠᠨ ᠪᠠᠶ᠋ᠢᠭᠤᠯᠬᠤ᠎ᠶᠢᠨ ᠬᠠᠮᠲᠤ ᠮᠡᠳᠡᠯᠭᠡ᠎ᠶᠢᠨ ᠰᠢᠯᠭᠠᠯᠲᠠ᠎ᠶᠢ ᠥᠷᠨᠢᠭᠦᠯᠪᠡ᠃ ᠨᠡᠶ᠋ᠢᠲᠡ 506 ᠨᠡᠷᠡᠰ 《 ᠤᠰᠤᠨ ᠠᠰᠢᠭ᠍ᠯᠠᠯᠲᠠ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯᠲᠠᠨ 》 ᠮᠡᠳᠡᠯᠭᠡ᠎ᠶᠢᠨ ᠰᠢᠯᠭᠠᠯᠲᠠ᠎ᠳᠤ ᠬᠢᠷᠢ ᠲᠡᠩᠴᠡᠭᠰᠡᠨ ᠪᠥᠭᠡᠳ ᠢᠯᠡ ᠨᠡᠢᠲᠡᠯᠡᠬᠦ᠎ᠳᠦ ᠣᠨᠳᠣᠣ ᠰᠠᠨᠠᠯ ᠲᠤᠰᠬᠠᠭᠰᠠᠨ ᠦᠭᠡᠢ ( ᠪᠣᠳᠠᠲᠠᠢ ᠬᠥᠮᠥᠰ᠎ᠦᠨ ᠨᠡᠷᠡᠰ᠎ᠢ ᠳᠠᠭᠠᠯᠳᠤᠭᠤᠯᠤᠯ᠎ᠳᠤ ᠦᠵᠡ ) ᠂ ᠦᠨᠡᠮᠯᠡᠯ᠎ᠢ ᠠᠩᠬ᠎ᠠ ᠤᠳᠠᠭ᠎ᠠ ᠭᠤᠶᠤᠴᠢᠯᠠᠨ ᠠᠪᠬᠤ᠎ᠶᠢ ᠵᠥᠪᠰᠢᠶᠡᠷᠡᠨ᠎ᠡ ᠂ ᠪᠣᠳᠠᠲᠠᠢ ᠭᠤᠶᠤᠴᠢᠯᠠᠨ ᠠᠪᠬᠤ ᠠᠷᠭ᠎ᠠ ᠵᠠᠮ ᠨᠢ ᠳᠣᠣᠷᠠᠬᠢ ᠮᠡᠲᠦ᠄
ᠨᠢᠭᠡ᠂ 《 ᠤᠰᠤᠨ ᠠᠰᠢᠭ᠍ᠯᠠᠯᠲᠠ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯᠲᠠᠨ᠎ᠤ ᠬᠢᠨᠠᠨ ᠰᠢᠯᠭᠠᠯᠲᠠ᠎ᠶᠢᠨ ᠨᠢᠭᠡ ᠤᠴᠢᠷ 》 ( ᠰᠢᠯᠭᠠᠯᠲᠠ᠎ᠳᠤ ᠨᠡᠷ᠎ᠡ ᠮᠡᠳᠡᠭᠦᠯᠬᠦ ᠪᠠ ᠦᠨᠡᠮᠯᠡᠯ᠎ᠢ ᠠᠩᠬ᠎ᠠ ᠤᠳᠠᠭ᠎ᠠ ᠭᠤᠶᠤᠴᠢᠯᠠᠨ ᠠᠪᠬᠤ ᠬᠠᠮᠲᠤᠷᠠᠭᠰᠠᠨ ᠠᠯᠪᠠᠨ ᠭᠡᠷ )᠎ᠢᠶᠠᠷ ᠳᠡᠮᠵᠢᠨ ᠨᠡᠷ᠎ᠡ ᠮᠡᠳᠡᠭᠦᠯᠬᠦ ᠪᠠ ᠰᠢᠯᠭᠠᠯᠲᠠ᠎ᠪᠠᠨ ᠪᠡᠶᠡᠯᠡᠭᠦᠯᠦᠭᠰᠡᠨ 168 ᠬᠥᠮᠥᠨ ( ᠪᠣᠳᠠᠲᠠᠢ ᠠᠵᠢᠯᠲᠠᠨ᠎ᠢ ᠳᠠᠭᠠᠯᠳᠤᠭᠤᠯᠤᠯ᠎ᠤᠨ ᠲᠠᠢᠯᠪᠤᠷᠢ᠎ᠳᠦ ᠦᠵᠡ ) ᠡᠷᠬᠡᠪᠰᠢ ᠲᠣᠰ ᠠᠯᠪᠠᠨ ᠵᠠᠷᠯᠠᠯ ᠲᠠᠷᠬᠠᠭᠠᠭᠰᠠᠨ 10 ᠠᠵᠢᠯᠯᠠᠬᠤ ᠡᠳᠦᠷ᠎ᠦᠨ ᠳᠣᠲᠣᠷ᠎ᠠ᠂ 《 ᠮᠥᠩᠬᠡ ᠰᠤᠪᠠᠭ 》 APP ᠵᠢᠨ 《 ᠮᠢᠨᠤ 》 ︱ 《 ᠡᠯᠧᠺᠲᠷᠣᠨ ᠺᠠᠷᠲ 》 ︱ 《 ᠨᠠᠩ ᠣᠯᠠᠨ 》 ᠰᠣᠩᠭᠣᠯᠲᠠ᠎ᠶᠢᠨ ᠵᠦᠢᠯ᠎ᠢ ᠲᠣᠪᠴᠢᠳᠠᠨ᠂ ᠦᠨᠡᠮᠯᠡᠯ᠎ᠢ ᠪᠠᠢᠴᠠᠭᠠᠨ ᠦᠵᠡᠬᠦ᠎ᠶᠢᠨ ᠬᠠᠮᠲᠤ ᠪᠠᠭᠤᠯᠭᠠᠨ ᠠᠪᠴᠤ ᠪᠣᠯᠣᠨ᠎ᠠ᠂ ᠳᠠᠭᠢᠵᠤ ᠭᠤᠶᠤᠴᠢᠯᠠᠯ ᠳᠡᠪᠰᠢᠭᠦᠯᠬᠦ ᠴᠢᠬᠤᠯᠠ ᠦᠭᠡᠢ᠃
ᠬᠣᠶᠠᠷ᠂ ᠪᠤᠰᠤᠳ 338 ᠨᠡᠷᠡᠰ 《 ᠤᠰᠤᠨ ᠠᠰᠢᠭ᠍ᠯᠠᠯᠲᠠ᠎ᠶᠢᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠵᠢᠯᠲᠠᠨ᠎ᠤ ᠠᠶᠤᠯᠭᠦᠢ ᠦᠢᠯᠡᠳᠪᠦᠷᠢᠯᠡᠯ᠎ᠦᠨ ᠰᠢᠯᠭᠠᠯᠲᠠ᠎ᠶᠢᠨ ᠨᠡᠷ᠎ᠡ ᠮᠡᠳᠡᠭᠦᠯᠬᠦ ᠡᠭᠦᠳᠡ 》᠎ᠶᠢᠨ ᠡᠩ᠎ᠦᠨ ᠣᠷᠣᠬᠤ ᠡᠭᠦᠳᠡᠨ᠎ᠳᠦ ᠨᠡᠷ᠎ᠡ ᠮᠡᠳᠡᠭᠦᠯᠦᠭᠰᠡᠨ ᠪᠠ ᠰᠢᠯᠭᠠᠯᠲᠠ᠎ᠪᠠᠨ ᠪᠡᠶᠡᠯᠡᠭᠦᠯᠦᠭᠰᠡᠨ ᠬᠥᠮᠥᠰ᠂ ᠡᠷᠬᠡᠪᠰᠢ 10 ᠠᠵᠢᠯᠯᠠᠬᠤ ᠡᠳᠦᠷ᠎ᠦᠨ ᠳᠣᠲᠣᠷ᠎ᠠ 《 ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠣᠣᠷ ( https://zwfw.nmg.gov.cn ) ︱ ᠰᠢᠭᠤᠳ ᠨᠡᠪᠲᠡᠷᠡᠬᠦ ᠰᠠᠯᠠᠭ᠎ᠠ ᠮᠥᠴᠢᠷ ︱ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ︱ ᠵᠦᠢᠯᠡᠰ᠎ᠦᠨ ᠬᠦᠰᠦᠨᠦᠭ ︱ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠢᠨᠵᠧᠨᠧᠷᠢᠩ᠎ᠦᠨ ᠪᠠᠷᠢᠯᠭ᠎ᠠ᠎ᠶᠢᠨ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ ᠂ ᠲᠥᠷᠥᠯ ᠵᠦᠢᠯ᠎ᠦᠨ ᠬᠠᠷᠢᠭᠤᠴᠠᠯᠭᠠᠲᠠᠨ ᠪᠠ ᠲᠤᠰᠬᠠᠢ ᠲᠤᠰᠢᠶᠠᠯᠲᠤ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠠᠵᠢᠯᠲᠠᠨ᠎ᠤ ᠠᠶᠤᠯᠭᠦᠢ ᠦᠢᠯᠡᠳᠪᠦᠷᠢᠯᠡᠯ᠎ᠦᠨ ᠰᠢᠯᠭᠠᠨ ᠬᠢᠨᠠᠬᠤ ︱ ᠠᠩᠬ᠎ᠠ ᠤᠳᠠᠭ᠎ᠠ ᠭᠤᠶᠤᠴᠢᠯᠠᠬᠤ ᠬᠤᠪᠢᠶᠠᠷᠢ ᠵᠦᠢᠯ 》᠎ᠢᠶᠡᠷ ᠳᠠᠮᠵᠢᠭᠤᠯᠤᠨ ᠭᠤᠶᠤᠴᠢᠯᠠᠯ᠎ᠢᠶᠠᠨ ᠲᠤᠰᠢᠶᠠᠵᠤ ᠂ ᠦᠨᠡᠮᠯᠡᠯ᠎ᠢᠶᠡᠨ ᠭᠤᠶᠤᠴᠢᠯᠠᠨ ᠠᠪᠤᠨ᠎ᠠ᠃
ᠬᠠᠷᠢᠯᠴᠠᠬᠤ ᠬᠥᠮᠥᠨ ᠵᠢᠴᠢ ᠬᠠᠷᠢᠯᠴᠠᠬᠤ ᠤᠲᠠᠰᠤ᠄
ᠢᠦᠢ ᠰᠢᠶᠣᠣ ᠸᠧᠢ᠄ 0471-5259382
ᠶᠠᠩ ᠢᠦᠢ ᠬᠤᠸᠠ᠄ 0471-5259319
ᠳᠠᠭᠠᠯᠳᠤᠭᠤᠯᠤᠯ᠄ 2025 ᠣᠨ᠎ᠤ ᠬᠣᠶᠠᠳᠤᠭᠠᠷ ᠪᠦᠯᠦᠭ᠎ᠦᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠢᠨᠵᠧᠨᠧᠷᠢᠩ᠎ᠦᠨ ᠪᠠᠷᠢᠯᠭ᠎ᠠ᠎ᠶᠢᠨ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ᠂ ᠲᠥᠷᠥᠯ ᠵᠦᠢᠯ᠎ᠦᠨ ᠬᠠᠷᠢᠭᠤᠴᠠᠯᠭᠠᠲᠠᠨ ᠪᠠ ᠲᠤᠰᠬᠠᠢ ᠲᠤᠰᠢᠶᠠᠯᠲᠤ ᠠᠶᠤᠯᠭᠦᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠠᠵᠢᠯᠲᠠᠨ᠎ᠤ ᠦᠨᠡᠮᠯᠡᠯ᠎ᠢ ᠠᠩᠬ᠎ᠠ ᠤᠳᠠᠭ᠎ᠠ ᠭᠤᠶᠤᠴᠢᠯᠠᠨ ᠠᠪᠬᠤ᠎ᠳᠤ ᠬᠢᠷᠢ ᠲᠡᠩᠴᠡᠭᠰᠡᠨ ᠬᠥᠮᠥᠰ᠎ᠦᠨ ᠨᠡᠷᠡᠰ.xlsx