ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
2025 ᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠲᠥᠯᠥᠪᠯᠡᠭᠡ ᠵᠢ ᠨᠡᠶ᠋ᠢᠲᠡᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2025-02-13

ᠡᠯ᠎ᠡ ᠬᠤᠯᠪᠣᠭᠳᠠᠯ ᠪᠦᠬᠦᠢ ᠨᠢᠭᠡᠴᠢ᠄

  《ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂  ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠬᠤ ᠬᠠᠮᠢᠶᠠᠷᠤᠯᠲᠠ ᠵᠢᠨ ᠠᠷᠭ᠎ᠠ》 (ᠤᠰᠤᠨ ᠬᠢᠨᠠᠨ ᠬᠠᠮᠢᠶᠠᠷᠤᠯᠲᠠ [ 2022 ] 326 ᠳ᠋ᠤᠭ᠋ᠠᠷ ᠲᠣᠭ᠋ᠠᠲᠤ) ᠵᠡᠷᠭᠡ ᠲᠣᠭᠲᠠᠭ᠋ᠠᠯ᠎ᠢ ᠦᠨᠳᠦᠰᠦᠯᠡᠨ᠂  ᠣᠲᠣ 2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ (ᠪᠠᠷᠢᠯᠭ᠎ᠠ ᠵᠢᠨ ᠠᠵᠢᠯ᠎ᠤᠨ ᠶᠡᠷᠦᠩᠬᠡᠶ ᠳᠠᠭ᠋ᠠᠭ᠋ᠠᠴᠢᠯᠠᠯᠲᠠ ᠵᠢᠨ ᠬᠤᠶᠠᠳᠤᠭ᠋ᠠᠷ ᠳᠡᠰ (ᠬᠤᠶᠠᠳᠤᠭ᠋ᠠᠷ ᠳᠡᠰ ᠪᠠᠭᠲᠠᠨ᠎ᠠ)᠎ᠠᠴᠠ ᠳᠣᠷᠣᠭᠰᠢᠬᠢ ᠬᠢᠷᠢ ᠬᠡᠮ ᠪᠠ ᠲᠤᠰᠬᠠᠶ ᠠᠵᠢᠯ᠎ᠤᠨ ᠳᠠᠭ᠋ᠠᠭ᠋ᠠᠴᠢᠯᠠᠯᠲᠠ ᠵᠢᠨ ᠬᠤᠶᠠᠳᠤᠭ᠋ᠠᠷ ᠳᠡᠰ (ᠬᠤᠶᠠᠳᠤᠭ᠋ᠠᠷ ᠳᠡᠰ ᠪᠠᠭᠲᠠᠨ᠎ᠠ)᠎ᠠᠴᠠ ᠳᠣᠷᠣᠭᠰᠢᠬᠢ ᠬᠢᠷᠢ ᠬᠡᠮ᠎ᠲᠠᠢ ᠪᠠᠷᠢᠯᠭ᠎ᠠ ᠪᠠᠷᠢᠬᠤ ᠠᠵᠤ ᠠᠬᠤᠶ᠋ᠢᠯᠠᠯ᠎ᠢ ᠪᠠᠭᠲᠠᠭ᠋ᠠᠨ᠎ᠠ)᠎ᠤᠨ ᠭᠤᠤᠯ ᠬᠠᠷᠢᠭᠤᠴᠠᠯᠭ᠋ᠠᠲᠠᠨ᠂  ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠂  ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ (ᠳᠣᠷᠣᠭᠰᠢ 《ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ》 ᠭᠡᠵᠦ ᠲᠣᠪᠴᠢᠯᠠᠨ᠎ᠠ) ᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠬᠤᠯᠪᠣᠭᠳᠠᠯ ᠪᠦᠬᠦᠢ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄

   ᠨᠢᠬᠡ᠂  ᠰᠢᠯᠭ᠋ᠠᠯᠳᠠ ᠵᠢᠨ ᠪᠠᠶ᠋ᠢᠭᠤᠯᠤᠮᠵᠢ

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠶᠤᠯ ᠦᠭᠡᠢ ᠵᠢᠨ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠠᠵᠢᠯ᠎ᠢ ᠶᠡᠷᠦᠩᠬᠡᠶ᠋ᠢᠯᠡᠨ ᠳᠠᠭ᠋ᠠᠭ᠋ᠠᠴᠢᠯᠠᠭᠰᠠᠨ ᠬᠤᠶᠠᠳᠤᠭ᠋ᠠᠷ ᠳᠡᠰ (ᠪᠠᠭᠲᠠᠨ᠎ᠠ)᠎ᠠᠴᠠ ᠳᠣᠷᠣᠭᠰᠢᠬᠢ ᠬᠢᠷᠢ ᠬᠡᠮ᠂  ᠲᠤᠰᠬᠠᠶ ᠠᠵᠢᠯ᠎ᠤᠨ ᠳᠠᠭ᠋ᠠᠭ᠋ᠠᠴᠢᠯᠠᠯᠲᠠ ᠵᠢᠨ ᠬᠤᠶᠠᠳᠤᠭ᠋ᠠᠷ ᠳᠡᠰ (ᠪᠠᠭᠲᠠᠨ᠎ᠠ)᠎ᠠᠴᠠ ᠳᠣᠷᠣᠭᠰᠢᠬᠢ ᠬᠢᠷᠢ ᠬᠡᠮ᠎ᠲᠠᠢ ᠠᠵᠤ ᠠᠬᠤᠶ᠋ᠢᠯᠠᠯ᠎ᠤᠨ 《ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ》᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠠᠵᠢᠯ᠎ᠢ ᠡᠭᠦᠷᠭᠡᠯᠡᠨ᠎ᠡ᠃

   ᠬᠤᠶᠠᠷ᠂  ᠰᠢᠯᠭ᠋ᠠᠯᠳᠠ ᠵᠢᠨ ᠠᠭᠤᠯᠭ᠎ᠠ

  《ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂  ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠬᠥᠲᠥᠯᠪᠦᠷᠢ》 (ᠠᠯᠪᠠᠨ ᠬᠢᠨᠠᠯᠲᠠ ᠬᠠᠮᠢᠶᠠᠷᠤᠯᠲᠠ ᠵᠠᠬᠢᠳᠠᠯ [2023] 718 ᠳ᠋ᠤᠭ᠋ᠠᠷ ᠲᠣᠭ᠋ᠠᠲᠤ) ᠵᠢ ᠦᠨᠳᠦᠰᠦᠯᠡᠨ᠂ 《ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ》᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠠᠭᠤᠯᠭ᠎ᠠ᠎ᠳᠤ ᠠᠶᠤᠯ ᠦᠭᠡᠢ ᠦᠢ᠍ᠯᠡᠳᠪᠦᠷᠢᠯᠡᠯ᠎ᠤᠨ ᠮᠡᠳᠡᠯᠭᠡ ᠪᠠ ᠬᠠᠮᠢᠶᠠᠷᠤᠯᠲᠠ ᠵᠢᠨ ᠴᠢᠳᠠᠪᠤᠷᠢ ᠬᠤᠶᠠᠷ ᠬᠡᠰᠡᠭ᠎ᠢ ᠪᠠᠭᠲᠠᠭ᠋ᠠᠨ᠎ᠠ᠃  ᠠᠶᠤᠯ ᠦᠭᠡᠶ ᠦᠢ᠍ᠯᠡᠳᠪᠦᠷᠢᠯᠡᠯ᠎ᠤᠨ ᠮᠡᠳᠡᠯᠭᠡ᠎ᠳᠤ ᠭᠣᠤᠯᠳᠠᠭᠤ ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶ᠎ᠠ ᠪᠦᠬᠦᠢ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠪᠣᠯᠤᠨ ᠠᠶᠤᠯ ᠦᠭᠡᠶ ᠦᠢ᠍ᠯᠡᠳᠪᠦᠷᠢᠯᠡᠯ᠎ᠤᠨ ᠮᠡᠷᠭᠡᠵᠢᠯ ᠪᠠᠭᠲᠠᠨ᠎ᠠ᠂  ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠴᠢᠳᠠᠪᠤᠷᠢ᠎ᠳᠤ ᠭᠣᠤᠯᠳᠠᠭᠤ ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠦᠨᠳᠦᠰᠦᠨ ᠮᠡᠳᠡᠯᠭᠡ ᠪᠣᠯᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢ ᠪᠠᠭᠲᠠᠭ᠋ᠠᠨ᠎ᠠ᠃

   ᠮᠡᠳᠡᠭᠦᠯᠦᠨ ᠰᠢᠯᠭ᠋ᠠᠭᠤᠯᠬᠤ ᠲᠥᠷᠥᠯ ᠵᠦᠢ᠍ᠯ ᠪᠣᠯ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠣᠤᠯ ᠬᠠᠷᠢᠭᠤᠴᠠᠯᠭ᠋ᠠᠲᠠᠨ᠂  ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠣᠯᠤᠨ ᠲᠤᠰᠬᠠᠶ ᠲᠤᠰᠢᠶᠠᠯ᠎ᠤᠨ ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ ᠵᠡᠷᠭᠡ ᠭᠤᠷᠪᠠᠨ ᠲᠥᠷᠥᠯ ᠵᠦᠢ᠍ᠯ ᠪᠣᠯᠤᠨ᠎ᠠ᠃

   ᠭᠤᠷᠪᠠ᠂  ᠰᠢᠯᠭ᠋ᠠᠯᠲᠠ ᠵᠢᠨ ᠬᠡᠯᠪᠡᠷᠢ ᠵᠢᠴᠢ ᠰᠡᠳᠦᠪ᠎ᠤᠨ ᠬᠡᠯᠪᠡᠷᠢ

   ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ᠎ᠳᠤ ᠰᠡᠳᠦᠪ ᠬᠠᠷᠢᠭᠤᠯᠬᠤ ᠬᠡᠯᠪᠡᠷᠢ ᠵᠢ ᠠᠪᠴᠤ᠂  ᠰᠢᠯᠭ᠋ᠠᠯᠲᠠ ᠵᠢᠨ ᠴᠠᠭ᠎ᠨᠢ 150 ᠮᠢᠨᠦ᠋ᠲ᠂  ᠰᠢᠯᠭ᠋ᠠᠯᠲᠠ ᠵᠢᠨ ᠪᠦᠷᠢᠨ ᠬᠤᠪᠢ᠎ᠨᠢ 100 ᠬᠤᠪᠢ᠂ 60 ᠬᠤᠪᠢ ᠵᠢᠨ ᠬᠢᠷᠢ ᠲᠡᠩᠴᠡᠭᠰᠡᠨ ᠬᠢᠷᠢ ᠪᠦᠲᠦᠮᠵᠢ᠎ᠠᠴᠠ ᠳᠤᠤᠷ᠎ᠠ ᠪᠠᠶ᠋ᠢᠵᠤ ᠪᠣᠯᠬᠤ ᠦᠭᠡᠢ᠃  ᠰᠢᠯᠭ᠋ᠠᠯᠲᠠ ᠵᠢᠨ ᠬᠠᠭᠤᠳᠠᠰᠤ ᠵᠢᠨ ᠰᠡᠳᠦᠪ᠎ᠲᠤ ᠭᠠᠭᠴᠠ ᠰᠣᠩᠭᠣᠬᠤ ᠰᠡᠳᠦᠪ᠂  ᠣᠯᠠᠨ ᠰᠣᠩᠭᠣᠬᠤ ᠰᠡᠳᠦᠪ ᠪᠠ ᠮᠠᠭ᠋ᠠᠳᠯᠠᠬᠤ ᠰᠡᠳᠦᠪ ᠵᠡᠷᠭᠡ ᠰᠡᠳᠦᠪ ᠪᠠᠭᠲᠠᠨ᠎ᠠ᠃  ᠡᠭᠦᠨ᠎ᠳᠤ ᠭᠠᠭᠴᠠ ᠰᠣᠩᠭᠣᠬᠤ 100 ᠰᠡᠳᠦᠪ᠂  ᠰᠡᠳᠦᠪ ᠪᠦᠷᠢ 0.5 ᠬᠤᠪᠢ᠂  ᠤᠯᠠᠨ ᠰᠤᠩᠭᠤᠬᠤ 20 ᠰᠡᠳᠦᠪ᠂  ᠰᠡᠳᠦᠪ ᠪᠦᠷᠢ 2 ᠬᠤᠪᠢ; ᠮᠠᠭ᠋ᠠᠳᠯᠠᠬᠤ 20 ᠰᠡᠳᠦᠪ᠂  ᠰᠡᠳᠦᠪ ᠪᠦᠷᠢ 0.5 ᠬᠤᠪᠢ᠃

   ᠳᠥᠷᠪᠡ᠂  ᠰᠢᠯᠭ᠋ᠠᠯᠲᠠ ᠵᠢᠨ ᠨᠡᠷ᠎ᠡ ᠮᠡᠳᠡᠭᠦᠯᠬᠦ ᠶᠠᠪᠤᠳᠠᠯ

  2025 ᠣᠨ᠎ᠳᠤ 《ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯᠲᠠᠨ》᠎ᠤ ᠰᠢᠯᠭ᠋ᠠᠯᠲᠠ ᠵᠢ 2 ᠤᠳᠠᠭ᠎ᠠ ᠵᠣᠬᠢᠶᠠᠨ ᠪᠠᠶ᠋ᠢᠭᠤᠯᠵᠤ᠂  ᠰᠢᠯᠭ᠋ᠠᠯᠲᠠ ᠵᠢᠨ ᠴᠠᠭ᠎ᠢ 5 ᠳ᠋ᠤᠭ᠋ᠠᠷ ᠰᠠᠷ᠎ᠠ ᠪᠠ 11 ᠳ᠋ᠦ᠍ᠭᠡᠷ ᠰᠠᠷ᠎ᠠ᠎ᠳᠤ ᠲᠣᠭᠲᠠᠭ᠋ᠠᠬᠤ᠎ᠪᠠᠷ ᠲᠥᠯᠥᠪᠯᠡᠵᠦ᠂  ᠰᠢᠯᠭ᠋ᠠᠯᠲᠠ ᠵᠢᠨ ᠪᠣᠳᠠᠲᠠᠶ ᠡᠳᠦᠷ ᠬᠤᠭᠤᠴᠠᠭ᠎ᠠ᠂  ᠨᠡᠷ᠎ᠡ ᠮᠡᠳᠡᠭᠦᠯᠬᠦ ᠴᠠᠭ᠂  ᠰᠢᠯᠭ᠋ᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠳᠠᠷᠤᠮᠠᠯᠯᠠᠬᠤ ᠵᠡᠷᠭᠡ ᠬᠠᠮᠢᠶ᠎ᠠ ᠪᠥᠬᠦᠶ ᠤᠴᠢᠷ ᠶᠠᠪᠤᠳᠠᠯ᠎ᠢ ᠰᠢᠯᠭ᠋ᠠᠬᠤ᠎ᠠᠴᠠ ᠡᠮᠦᠨ᠎ᠡ 20 ᠠᠵᠢᠯᠯᠠᠬᠤ ᠡᠳᠦᠷ᠎ᠲᠤ ᠠᠰ᠎ᠲᠤᠨᠢ ᠮᠡᠳᠡᠭᠳᠡᠨ᠎ᠡ᠂  ᠬᠠᠮᠢᠶ᠎ᠠ ᠪᠥᠬᠦᠶ ᠬᠥᠮᠦᠰ ᠮᠠᠨ᠎ᠤ ᠲᠢᠩᠬᠢᠮ᠎ᠤᠨ ᠠᠯᠪᠠᠨ᠎ᠤ ᠠᠷᠭ᠎ᠠ ᠵᠠᠮ ᠵᠶ᠋ᠠᠷ ᠨᠡᠶ᠋ᠢᠲᠡᠯᠡᠭᠰᠡᠨ ᠮᠡᠳᠡᠭᠡ ᠵᠠᠩᠭᠢ ᠵᠢ ᠨᠢᠭᠲᠠ ᠠᠩᠬᠠᠷᠴᠤ᠂  ᠰᠢᠯᠭ᠋ᠠᠯᠲᠠ᠎ᠳᠤ ᠪᠡᠯᠡᠳᠬᠡᠬᠦ ᠪᠡᠯᠡᠳᠬᠡᠯ ᠵᠶ᠋ᠡᠨ ᠰᠠᠶ᠋ᠢᠲᠤᠷ ᠬᠢᠭᠡᠷᠡᠢ᠃

   ᠲᠠᠪᠤ᠂  ᠬᠠᠷᠢᠯᠴᠠᠬᠤ ᠠᠷᠭ᠎ᠠ ᠮᠠᠶᠢᠭ

   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ ᠎ᠳᠤ ᠬᠢᠨᠠᠯᠲᠠ ᠲᠠᠯᠪᠢᠬᠤ ᠦᠢᠯᠡᠴᠢᠯᠡᠭᠡᠨ᠎ᠤ ᠲᠥᠪ᠄ ᠰᠦᠨ ᡁᠢ ᠪᠥᠸᠧ (0471) 5259382

   ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠬᠢᠨᠠᠯᠲᠠ ᠲᠠᠯᠪᠢᠬᠤ ᠭᠠᠵᠠᠷ᠄ ᠴᠧᠩ ᠬᠤᠤ (0471) 5259449

  

  2025 ᠣᠨ᠎ᠤ 2 ᠳ᠋ᠤᠭ᠋ᠠᠷ ᠰᠠᠷ᠎ᠠ ᠵᠢᠨ 11᠎ᠤ ᠡᠳᠦᠷ

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠬᠥᠯᠥᠨ ᠪᠣᠢ᠌ᠷ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠳᠠᠭ᠋ᠠᠭ᠋ᠠᠴᠢᠯᠠᠯᠲᠠ ᠵᠠᠷᠯᠠᠵᠦ ᠣᠷᠣᠯᠠᠨ ᠭᠦᠢ᠍ᠴᠡᠳᠭᠡᠬᠦ ᠪᠠᠢ᠌ᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 2024 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠣᠨ᠎ᠤ ᠮᠡᠳᠡᠭᠦᠯᠦᠯᠲᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ (2025 — 2027 ᠣᠨ)᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠤᠩᠭᠤᠬᠤ᠎ᠪᠠᠷ ᠵᠢᠱ᠌ᠢᠭᠳᠡᠭᠰᠡᠳ᠎ᠤᠨ ᠨᠡᠢ᠌ᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
 
            