《ᠡᠷᠬᠡ ᠲᠡᠭᠰᠢ᠂ ᠲᠥᠪ ᠭᠤᠣᠯᠴᠢ᠂ ᠢᠯᠡ ᠲᠣᠳᠣ》 ᠪᠠᠶ᠋ᠢᠬᠤ ᠵᠠᠷᠴᠢᠮ ᠶᠣᠰᠣᠭ᠋ᠠᠷ᠂ ᠰᠢᠯᠢ ᠵᠢᠨ ᠭᠤᠤᠯ ᠠᠶ᠋ᠢᠮᠠᠭ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠠᠴᠠ ᠣᠲᠣ 2025 ᠣᠨ᠎ᠤ ᠳᠠᠭ᠋ᠠᠭ᠋ᠠᠴᠢᠯᠠᠯᠲᠠ ᠵᠠᠷᠯᠠᠵᠦ ᠣᠷᠣᠯᠠᠬᠤ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠤᠬᠤ ᠠᠵᠢᠯ᠎ᠢ ᠥᠷᠨᠢᠭᠦᠯᠵᠦ᠂ ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠄
ᠨᠢᠭᠡ᠂ ᠲᠦᠷᠦᠯ ᠵᠦᠢ᠍ᠯ᠎ᠤᠨ ᠲᠦᠢ᠍ᠮᠦ ᠪᠠᠶ᠋ᠢᠳᠠᠯ
1. ᠲᠥᠷᠥᠯ ᠵᠦᠢ᠍ᠯ᠎ᠤᠨ ᠨᠡᠷᠡᠶ᠋ᠢᠳᠦᠯ᠄ ᠰᠢᠯᠢ ᠵᠢᠨ ᠭᠤᠤᠯ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠤᠪᠠ᠃
2. ᠲᠥᠷᠥᠯ ᠵᠦᠢ᠍ᠯ᠎ᠤᠨ ᠠᠭᠤᠯᠭ᠎ᠠ᠄ 2025 ᠣᠨ᠎ᠤ ᠰᠢᠯᠢ ᠵᠢᠨ ᠭᠤᠣᠯ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠲᠤᠬᠠᠶ᠋ᠢᠯᠠᠭᠰᠠᠨ ᠠᠵᠢᠯ᠎ᠢ ᠬᠠᠷᠢᠭᠤᠴᠠᠨ᠎ᠠ᠃
3. ᠬᠡᠷᠡᠭᠵᠢᠭᠦᠯᠬᠦ ᠴᠠᠭ ᠪᠠ ᠭᠠᠵᠠᠷ᠄ 2025 ᠣᠨ᠂ ᠰᠢᠯᠢ ᠵᠢᠨ ᠭᠤᠣᠯ ᠠᠶ᠋ᠢᠮᠠᠭ᠃
ᠬᠤᠶᠠᠷ᠂ ᠣᠷᠣᠯᠠᠬᠤ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ
1. ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ᠎ᠤ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠥᠮᠥᠷᠭᠡ᠎ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃
2. ᠲᠤᠰᠠᠭ᠋ᠠᠷ ᠲᠣᠭᠲᠠᠨᠢᠭᠰᠠᠨ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠪᠠᠶ᠋ᠢᠭᠤᠯᠤᠮᠵᠢ ᠡᠷᠬᠡᠪᠰᠢ ᠰᠠᠶ᠋ᠢᠨ ᠰᠠᠶ᠋ᠢᠬᠠᠨ ᠡᠳ᠋᠎ᠤᠨ ᠶᠠᠪᠤᠳᠠᠯ᠎ᠤᠨ ᠪᠠᠶ᠋ᠢᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ ᠪᠠᠶ᠋ᠢᠵᠤ᠂ ᠭᠦᠢ᠍ᠴᠡᠳ ᠡᠳ᠋ ᠬᠥᠷᠥᠩᠭᠡ ᠪᠠ ᠴᠢᠳᠠᠪᠤᠷᠢ᠎ᠲᠠᠢ ᠪᠠᠶ᠋ᠢᠵᠤ ᠭᠡᠷ᠎ᠡ ᠵᠢ ᠭᠦᠢ᠍ᠴᠡᠳᠬᠡᠬᠦ ᠬᠡᠷᠡᠭᠲᠡᠢ᠃
ᠭᠤᠷᠪᠠ᠂ ᠨᠡᠷ᠎ᠡ ᠮᠡᠳᠡᠭᠦᠯᠬᠦ᠎ᠳᠤ ᠬᠠᠩᠭ᠋ᠠᠬᠤ ᠴᠢᠬᠤᠯᠠᠲᠠᠢ ᠮᠠᠲᠸᠷᠢᠶᠠᠯ
1. ᠨᠡᠷ᠎ᠡ ᠮᠡᠳᠡᠭᠦᠯᠦᠭᠴᠢ᠎ᠠᠴᠠ ᠪᠡᠶ᠎ᠡ ᠵᠢᠨ ᠦᠨᠡᠮᠯᠡᠯ᠎ᠤᠨ ᠤᠭ ᠵᠦᠢ᠍ᠯ᠎ᠢ ᠭᠠᠷᠭ᠋ᠠᠨ ᠦᠵᠡᠭᠦᠯᠵᠦ᠂ ᠬᠠᠭᠤᠯᠪᠤᠷᠢ ᠪᠠ ᠬᠠᠷᠢᠯᠴᠠᠬᠤ ᠠᠷᠭ᠎ᠠ ᠬᠡᠯᠪᠡᠷᠢ᠎ᠪᠠᠨ ᠬᠠᠩᠭ᠋ᠠᠨ᠎ᠠ᠃
2. ᠨᠡᠷ᠎ᠡ ᠮᠡᠳᠡᠭᠦᠯᠦᠭᠴᠢ᠎ᠨᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷᠤᠨ ᠦᠰᠦᠭ ᠵᠢᠷᠤᠬᠤ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》 ᠵᠶ᠋ᠠᠨ ᠭᠠᠷᠭ᠋ᠠᠵᠤ ᠥᠭᠭᠦᠨ᠎ᠡ᠃
3. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ᠎ᠨᠢ ᠬᠦᠴᠦᠨ᠎ᠲᠠᠢ ᠮᠥᠷᠲᠡᠭᠡᠨ ᠳᠠᠭ᠋ᠠᠭ᠋ᠠᠴᠢᠯᠠᠯᠲᠠ ᠬᠦᠯᠢᠶᠡᠬᠦ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠵᠤ ᠥᠭᠭᠦᠨ᠎ᠡ᠃
4. ᠤᠢ᠌ᠷ᠎ᠠ ᠵᠢᠨ ᠬᠠᠭ᠋ᠠᠰ ᠵᠢᠯ᠎ᠳᠤ ᠭᠤᠷᠪᠠᠨ ᠰᠠᠷ᠎ᠠ ᠳᠠᠷᠠᠭ᠋ᠠᠯᠠᠨ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲᠸᠷᠢᠶᠠᠯ᠂ ᠤᠢ᠌ᠷ᠎ᠠ ᠵᠢᠨ ᠬᠠᠭ᠋ᠠᠰ ᠵᠢᠯ ᠳᠠᠷᠠᠭ᠋ᠠᠯᠠᠨ ᠭᠤᠷᠪᠠᠨ ᠰᠠᠷ᠎ᠠ ᠭᠠᠢ᠌ᠯᠢ ᠲᠤᠰᠢᠶᠠᠭᠰᠠᠨ ᠭᠡᠷᠡᠴᠢ ᠮᠠᠲᠸᠷᠢᠠᠯᠢ ᠬᠠᠩᠭ᠋ᠠᠨ᠎ᠠ᠃
5. 2023 ᠪᠤᠶᠤ 2024 ᠣᠨ᠎ᠳᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠤᠨ ᠬᠢᠵᠦ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠡᠷᠦᠬᠡ ᠵᠢᠨ ᠳᠠᠩᠰᠠ ᠪᠠᠶ᠋ᠢᠭᠤᠯᠤᠭᠰᠠᠨ ᠪᠠᠩᠬᠢ ᠵᠢᠨ ᠬᠢᠵᠦ ᠥᠭᠭᠦᠭᠰᠡᠨ ᠬᠢᠷᠢ ᠬᠡᠮ᠎ᠤᠨ ᠢᠲᠡᠭᠡᠮᠵᠢ ᠵᠢᠨ ᠭᠡᠷᠡᠴᠢ ᠵᠢ ᠬᠠᠩᠭ᠋ᠠᠨ᠎ᠠ᠃
6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠣᠷᠣᠯᠠᠬᠤ ᠪᠠᠶ᠋ᠢᠭᠤᠯᠤᠮᠵᠢ᠎ᠳᠤ ᠳᠡᠩᠰᠡᠯᠡᠵᠦ ᠬᠥᠮᠥᠷᠭᠡ᠎ᠳᠤ ᠣᠷᠣᠭᠤᠯᠬᠤ ᠵᠢᠷᠤᠭ᠎ᠤᠨ ᠭᠡᠷᠡᠴᠢ ᠮᠠᠲ᠋ᠧᠷᠢᠶᠠᠯ᠎ᠢ ᠬᠠᠩᠭ᠋ᠠᠨ᠎ᠠ᠃
7. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn ) ᠢᠲᠡᠭᠡᠮᠵᠢ ᠠᠯᠳᠠᠭᠰᠠᠨ ᠭᠦᠢ᠍ᠴᠡᠳᠬᠡᠭᠴᠢ ᠪᠠ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠢ ᠲᠠᠰᠤᠯᠤᠭᠰᠠᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠰᠦᠯᠵᠢᠶ᠎ᠡ (www.ccgp.gov.cn ) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠣᠭᠲᠣᠯᠣᠭᠰᠠᠨ ᠵᠢᠷᠤᠭ᠎ᠢ ᠬᠠᠩᠭ᠋ᠠᠨ᠎ᠠ᠃
8. ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶᠡᠨ᠎ᠳᠤ ᠨᠡᠷ᠎ᠡ ᠮᠡᠳᠡᠭᠦᠯᠦᠭᠡᠳ ᠣᠶ᠋ᠢᠷ᠎ᠠ ᠵᠢᠨ ᠭᠤᠷᠪᠠᠨ ᠵᠢᠯ (2022 ᠣᠨ᠎ᠤ 1 ᠳ᠋ᠦ᠍ᠭᠡᠷ ᠰᠠᠷ᠎ᠠ ᠵᠢᠨ 1᠎ᠠᠴᠠ ᠤᠳᠤ ᠪᠣᠯᠲᠠᠯ᠎ᠠ) ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ᠎ᠢ ᠪᠠᠶ᠋ᠢᠴᠠᠭ᠋ᠠᠨ ᠠᠰᠠᠭᠤᠭᠰᠠᠨ ᠲᠡᠮᠳᠡᠭᠯᠡᠯ᠎ᠢ ᠣᠯᠤᠭᠰᠠᠨ ᠦᠭᠡᠢ᠃
ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ
ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠳᠠᠭ᠋ᠠᠭ᠋ᠠᠴᠢᠯᠠᠯᠲᠠ ᠵᠠᠷᠯᠠᠬᠤ ᠣᠷᠣᠯᠠᠬᠤ ᠪᠠᠶ᠋ᠢᠭᠤᠯᠤᠮᠵᠢ᠎ᠨᠢ 2025 ᠣᠨ᠎ᠤ 1 ᠳ᠋ᠦ᠍ᠭᠡᠷ ᠰᠠᠷ᠎ᠠ ᠵᠢᠨ 22᠎ᠤᠨ ᠡᠳᠦᠷ᠎ᠠᠴᠠ 2025 ᠣᠨ᠎ᠤ 1 ᠳ᠋ᠦ᠍ᠭᠡᠷ ᠰᠠᠷ᠎ᠠ ᠵᠢᠨ 23᠎ᠤ ᠡᠳᠦᠷ ᠪᠣᠯᠲᠠᠯ᠎ᠠ᠂ ᠡᠳᠦᠷ ᠪᠦᠷᠢ ᠵᠢᠨ ᠦᠳᠡ ᠵᠢᠨ ᠡᠮᠦᠨ᠎ᠡ 9᠄ 00 — 12᠄ 00 ᠴᠠᠭ᠂ ᠦᠳᠡ ᠵᠢᠨ ᠬᠤᠶ᠋ᠢᠨ᠎ᠠ 14᠄ 30 — 17᠄ 00 ᠴᠠᠭ᠎ᠲᠤ ᠰᠢᠯᠢ ᠵᠢᠨ ᠭᠤᠤᠯ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠲᠤ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠨ᠎ᠠ᠃
ᠲᠠᠪᠤ᠂ ᠬᠠᠷᠢᠯᠴᠠᠬᠤ ᠠᠷᠭ᠎ᠠ ᠮᠠᠶᠢᠭ
ᠨᠢᠭᠡᠴᠢ ᠵᠢᠨ ᠨᠡᠷᠡᠢ᠌ᠳᠦᠯ᠄ ᠰᠢᠯᠢ ᠵᠢᠨ ᠭᠣᠣᠯ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ
ᠨᠡᠷ᠎ᠡ ᠮᠡᠳᠡᠭᠦᠯᠬᠦ ᠬᠠᠶᠢᠭ᠄ ᠰᠢᠯᠢ ᠵᠢᠨ ᠭᠤᠤᠯ ᠠᠶ᠋ᠢᠮᠠᠭ᠎ᠤᠨ ᠰᠢᠯᠢ ᠵᠢᠨ ᠬᠤᠲᠠ ᠵᠢᠨ ᠴᠠᠬᠠᠷ ᠶᠡᠭᠡ ᠵᠡᠭᠡᠯᠢ ᠵᠢᠨ 62 ᠳ᠋ᠤᠭ᠋ᠠᠷ ᠠᠰᠠᠷ᠎ᠤᠨ 210 ᠳ᠋ᠤᠭ᠋ᠠᠷ ᠥᠷᠥᠭᠡ
ᠰᠢᠦᠳᠠᠨ ᠨᠣᠮᠧᠷ᠄ 026000
ᠬᠠᠷᠢᠯᠴᠠᠭᠴᠢ᠄ ᠸᠧᠶ ᠬᠤᠤ ᠷᠠᠨ
ᠬᠠᠷᠢᠯᠴᠠᠬᠤ ᠤᠲᠠᠰᠤ᠄ 0479 — 2771766;15247695406