ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
ᠤᠯᠠᠭ᠋ᠠᠨᠴᠠᠪ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠤᠩᠭᠤᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2025-01-23

  《ᠢᠯᠡ᠂  ᠡᠷᠬᠡ ᠲᠡᠭᠰᠢ᠂  ᠲᠥᠪ ᠭᠤᠣᠯᠴᠢ》 ᠵᠢᠨ ᠵᠠᠷᠴᠢᠮ ᠶᠣᠰᠣᠭ᠋ᠠᠷ᠂  ᠤᠯᠠᠭ᠋ᠠᠨᠴᠠᠪ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠠᠴᠠ 2025  ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠤᠵᠤ᠂  ᠨᠥᠬᠦᠴᠡᠯ᠎ᠳᠤ ᠨᠡᠶ᠋ᠢᠴᠡᠭᠰᠡᠨ ᠨᠡᠶ᠋ᠢᠭᠡᠮ᠎ᠤᠨ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠨᠡᠷ᠎ᠡ ᠮᠡᠳᠡᠭᠦᠯᠵᠦ ᠣᠷᠣᠯᠴᠠᠬᠤ ᠵᠢ ᠪᠠᠶᠠᠷᠯᠠᠨ ᠤᠭᠲᠤᠨ᠎ᠠ᠃

   ᠨᠢᠭᠡ᠂  ᠲᠥᠷᠥᠯ ᠵᠦᠢ᠍ᠯ᠎ᠤᠨ ᠲᠦᠢ᠍ᠮᠣ ᠪᠠᠶ᠋ᠢᠳᠠᠯ

  1.  ᠲᠥᠷᠥᠯ ᠵᠦᠢ᠍ᠯ᠎ᠤᠨ ᠨᠡᠷᠡᠶ᠋ᠢᠳᠦᠯ᠄ ᠤᠯᠠᠭ᠋ᠠᠨᠴᠠᠪ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ 2025  ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠤᠪᠠ᠃

  2.  ᠲᠥᠷᠥᠯ ᠵᠦᠢ᠍ᠯ᠎ᠤᠨ ᠠᠭᠤᠯᠭ᠎ᠠ᠄ 2025  ᠣᠨ᠎ᠤ ᠤᠯᠠᠭ᠋ᠠᠨᠴᠠᠪ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠭᠠᠵᠠᠷ ᠳᠣᠤᠷᠠᠬᠢ ᠤᠰᠤᠨ᠎ᠤ ᠠᠵᠢᠯᠯᠠᠭᠤᠯᠵᠤ ᠬᠠᠮᠠᠭ᠋ᠠᠯᠠᠬᠤ᠂  ᠤᠰᠤᠨ ᠰᠢᠨᠵᠢᠯᠡᠭᠡᠨ᠎ᠤ ᠥᠷᠲᠡᠭᠡ ᠵᠢᠨ ᠠᠵᠢᠯᠯᠠᠭᠤᠯᠵᠤ ᠬᠠᠮᠠᠭ᠋ᠠᠯᠠᠬᠤ᠂  ᠤᠰᠤᠨ᠎ᠤ ᠴᠢᠨᠠᠷ᠎ᠢ ᠪᠠᠶ᠋ᠢᠴᠠᠭ᠋ᠠᠨ ᠬᠡᠮᠵᠢᠬᠦ ᠵᠡᠷᠭᠡ ᠲᠤᠰᠬᠠᠶ ᠪᠠᠯᠠ ᠮᠥᠩᠭᠦ ᠵᠢᠨ ᠳᠠᠭ᠋ᠠᠭ᠋ᠠᠴᠢᠯᠠᠯᠲᠠ ᠵᠠᠷᠯᠠᠵᠤ ᠬᠤᠳᠠᠯᠳᠤᠨ ᠠᠪᠬᠤ ᠵᠢ ᠣᠷᠣᠯᠠᠬᠤ ᠲᠤᠬᠠᠶ᠋ᠢᠯᠠᠭᠰᠠᠨ ᠠᠵᠢᠯ᠎ᠢ ᠬᠠᠷᠢᠭᠤᠴᠠᠨ᠎ᠠ᠃

  3.  ᠬᠡᠷᠡᠭᠵᠢᠭᠦᠯᠬᠦ ᠴᠠᠭ ᠪᠠ ᠭᠠᠵᠠᠷ᠄ 2025  ᠣᠨ᠎ᠤ ᠤᠯᠠᠭ᠋ᠠᠨᠴᠠᠪ ᠬᠤᠲᠠ᠃

   ᠬᠤᠶᠠᠷ᠂  ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ

  1.  ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ᠎ᠤ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠥᠮᠥᠷᠭᠡ᠎ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃

  2.  ᠲᠤᠰᠠᠭ᠋ᠠᠷ ᠲᠣᠭᠲᠠᠨᠢᠭᠰᠠᠨ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠪᠠᠶ᠋ᠢᠭᠤᠯᠤᠮᠵᠢ ᠡᠷᠬᠡᠪᠰᠢ ᠰᠠᠶ᠋ᠢᠨ ᠰᠠᠶ᠋ᠢᠬᠠᠨ ᠡᠳ᠋᠎ᠤᠨ ᠶᠠᠪᠤᠳᠠᠯ᠎ᠤᠨ ᠪᠠᠶ᠋ᠢᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ ᠪᠠᠶ᠋ᠢᠵᠤ᠂  ᠭᠦᠢ᠍ᠴᠡᠳ ᠡᠳ᠋ ᠬᠥᠷᠥᠩᠭᠡ ᠪᠠ ᠴᠢᠳᠠᠪᠤᠷᠢ᠎ᠲᠠᠢ ᠪᠠᠶ᠋ᠢᠵᠤ ᠭᠡᠷ᠎ᠡ ᠵᠢ ᠭᠦᠢ᠍ᠴᠡᠳᠬᠡᠬᠦ ᠬᠡᠷᠡᠭᠲᠡᠢ᠃

  3.  ᠲᠣᠰ ᠭᠠᠵᠠᠷ᠎ᠤᠨ ᠳᠠᠭ᠋ᠠᠭ᠋ᠠᠴᠢᠯᠠᠯᠲᠠ ᠰᠢᠯᠭ᠋ᠠᠷᠠᠭᠤᠯᠬᠤ ᠲᠣᠰᠬᠠᠢ ᠲᠠᠯᠠᠪᠤᠷ ᠭᠠᠵᠠᠷ ᠵᠢᠴᠢ ᠪᠡᠯᠡᠳᠬᠡᠮᠵᠢ᠎ᠲᠠᠢ ᠪᠠᠢ᠌ᠬᠤ ᠬᠡᠷᠡᠭᠲᠡᠢ᠃

   ᠭᠤᠷᠪᠠ᠂  ᠨᠡᠷ᠎ᠡ ᠮᠡᠳᠡᠭᠦᠯᠬᠦ᠎ᠳᠤ ᠴᠢᠬᠤᠯᠠᠲᠠᠢ ᠮᠠᠲᠸᠷᠢᠶᠠᠯ

  1.  ᠨᠡᠷ᠎ᠡ ᠮᠡᠳᠡᠭᠦᠯᠦᠭᠴᠢ᠎ᠨᠢ ᠪᠠᠶ᠋ᠢᠭᠤᠯᠤᠮᠵᠢ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ ᠪᠠ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠪᠡᠶ᠎ᠡ ᠵᠢᠨ ᠦᠨᠡᠮᠯᠡᠯ᠎ᠤᠨ ᠤᠭ ᠮᠠᠲ᠋ᠧᠷᠢᠶᠠᠯ᠎ᠢ ᠭᠠᠷᠭ᠋ᠠᠨ ᠦᠵᠡᠭᠦᠯᠵᠦ᠂  ᠬᠠᠭᠤᠯᠪᠤᠷᠢ᠂  ᠬᠠᠷᠢᠯᠴᠠᠬᠤ ᠠᠷᠭ᠎ᠠ ᠮᠠᠶᠢᠭ ᠵᠡᠷᠭᠡ ᠵᠢ ᠬᠠᠩᠭ᠋ᠠᠬᠤ ᠬᠡᠷᠡᠭᠲᠡᠶ᠃

  2.  ᠨᠡᠷ᠎ᠡ ᠮᠡᠳᠡᠭᠦᠯᠦᠭᠴᠢ᠎ᠨᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠦᠰᠦᠭ ᠵᠢᠷᠤᠬᠤ᠂  ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》 ᠭᠠᠷᠭ᠋ᠠᠵᠤ ᠥᠭᠭᠦᠨ᠎ᠡ;

  3.  ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠬᠦᠴᠦᠨ ᠪᠦᠬᠦᠢ ᠪᠥᠭᠡᠳ ᠳᠠᠭ᠋ᠠᠭ᠋ᠠᠴᠢᠯᠠᠯᠲᠠ ᠬᠦᠯᠢᠶᠡᠬᠦ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ;

  4.  ᠨᠡᠶ᠋ᠢᠭᠡᠮ᠎ᠤᠨ ᠪᠠᠲᠤᠯᠠᠭ᠎ᠠ ᠵᠢᠨ ᠪᠡᠯᠡ ᠮᠥᠩᠭᠦ ᠵᠢ ᠬᠠᠭ᠋ᠠᠰ ᠵᠢᠯ ᠳᠠᠷᠠᠭ᠋ᠠᠯᠠᠨ ᠭᠤᠷᠪᠠᠨ ᠰᠠᠷ᠎ᠠ ᠦᠷᠭᠦᠯᠵᠢᠯᠡᠨ ᠲᠤᠰᠢᠶᠠᠭᠰᠠᠨ ᠭᠡᠷᠡᠴᠢ ᠮᠠᠲ᠋ᠧᠷᠢᠶᠠᠯ᠂  ᠪᠠᠷᠤᠭ ᠬᠠᠭ᠋ᠠᠰ ᠵᠢᠯ ᠳᠠᠷᠠᠭ᠋ᠠᠯᠠᠨ ᠭᠤᠷᠪᠠᠨ ᠰᠠᠷ᠎ᠠ ᠳᠠᠷᠠᠭ᠋ᠠᠯᠠᠨ ᠭᠠᠶ᠋ᠢᠯᠢ ᠲᠠᠲᠠᠪᠤᠷᠢ ᠲᠤᠰᠢᠶᠠᠭᠰᠠᠨ ᠭᠡᠷᠡᠴᠢ ᠮᠠᠲ᠋ᠧᠷᠢᠶᠠᠯ᠎ᠢ ᠬᠠᠩᠭ᠋ᠠᠨ᠎ᠠ᠃

  5. 2024  ᠪᠤᠶᠤ 2023  ᠣᠨ᠎ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠤᠨ ᠬᠢᠵᠦ ᠥᠭᠭᠦᠭᠰᠡᠨ ᠬᠢᠨᠠᠨ ᠪᠤᠳᠤᠬᠤ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠲᠠᠩᠰᠠ ᠪᠠᠶ᠋ᠢᠭᠤᠯᠤᠭᠰᠠᠨ ᠪᠠᠩᠬᠢ ᠵᠢᠨ ᠬᠢᠵᠦ ᠥᠭᠭᠦᠭᠰᠡᠨ ᠬᠢᠷᠢ ᠬᠡᠮ᠎ᠤᠨ ᠢᠲᠡᠭᠡᠮᠵᠢ ᠵᠢᠨ ᠭᠡᠷᠡᠴᠢ ᠬᠠᠩᠭ᠋ᠠᠨ᠎ᠠ᠃

  6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠣᠷᠣᠯᠠᠬᠤ ᠪᠠᠶ᠋ᠢᠭᠤᠯᠤᠮᠵᠢ ᠵᠢᠨ ᠳᠡᠩᠰᠡᠯᠡᠵᠦ ᠬᠥᠮᠥᠷᠭᠡ᠎ᠳᠤ ᠣᠷᠣᠭᠤᠯᠤᠭᠰᠠᠨ ᠵᠢᠷᠤᠭ᠎ᠢ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠨ᠎ᠠ᠃

  7. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn ) ᠢᠲᠡᠭᠡᠮᠵᠢ ᠠᠯᠳᠠᠭᠰᠠᠨ ᠭᠦᠢ᠍ᠴᠡᠳᠭᠡᠭᠴᠢ ᠪᠠ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠤᠨ ᠲᠠᠰᠤᠯᠪᠤᠷᠢ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠰᠦᠯᠵᠢᠶ᠎ᠡ (www.ccgp.gov.cn ) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠣᠭᠲᠣᠯᠤᠭ᠋ᠠᠰᠤ ᠵᠢᠨ ᠵᠢᠷᠤᠭ;

  8.  ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶᠡᠨ᠎ᠳᠤ ᠨᠡᠷ᠎ᠡ ᠮᠡᠳᠡᠭᠦᠯᠦᠭᠡᠳ ᠣᠶ᠋ᠢᠷ᠎ᠠ ᠵᠢᠨ ᠭᠤᠷᠪᠠᠨ ᠵᠢᠯ (2022  ᠣᠨ᠎ᠤ 1  ᠳ᠋ᠦ᠍ᠭᠡᠷ ᠰᠠᠷ᠎ᠠ ᠵᠢᠨ 1᠎ᠠᠴᠠ ᠤᠳᠤ ᠪᠣᠯᠲᠠᠯ᠎ᠠ) ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ᠎ᠢ ᠪᠠᠶ᠋ᠢᠴᠠᠭ᠋ᠠᠨ ᠠᠰᠠᠭᠤᠭᠰᠠᠨ ᠲᠡᠮᠳᠡᠭᠯᠡᠯ᠎ᠢ ᠣᠯᠤᠭᠰᠠᠨ ᠦᠭᠡᠢ᠃

   ᠲᠠᠶ᠋ᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ᠎ᠨᠢ ᠴᠥᠮ ᠤᠭ ᠮᠠᠲ᠋ᠧᠷᠢᠶᠠᠯ (ᠰᠦᠯᠵᠢᠶᠡᠨ᠎ᠤ ᠨᠢᠭᠤᠷ᠎ᠤᠨ ᠣᠭᠲᠣᠯᠤᠭᠰᠠᠨ ᠵᠢᠷᠤᠭ᠎ᠠᠴᠠ ᠭᠠᠳᠠᠨ᠎ᠠ) ᠵᠢᠴᠢ ᠪᠠᠭᠤᠯᠭ᠋ᠠᠪᠤᠷᠢ ᠵᠢ ᠬᠠᠩᠭ᠋ᠠᠬᠤ ᠴᠢᠬᠤᠯᠠᠲᠠᠢ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠴᠢᠬᠤᠯᠠᠲᠠᠢ᠂  ᠡᠰᠡ ᠲᠡᠶ᠋ᠢᠮᠦ ᠪᠣᠯ ᠬᠦᠴᠦᠨ ᠦᠭᠡᠢ᠃

   ᠳᠥᠷᠪᠡ᠂  ᠨᠡᠷ᠎ᠡ ᠮᠡᠳᠡᠭᠦᠯᠬᠦ ᠴᠠᠭ᠂  ᠭᠠᠵᠠᠷ ᠣᠷᠣᠨ

   ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ 2025  ᠣᠨ᠎ᠤ 01  ᠳ᠋ᠦ᠍ᠭᠡᠷ ᠰᠠᠷ᠎ᠠ ᠵᠢᠨ 23᠎ᠤ ᠡᠳᠦᠷ᠎ᠠᠴᠠ 2025  ᠣᠨ᠎ᠤ 01  ᠳ᠋ᠦ᠍ᠭᠡᠷ ᠰᠠᠷ᠎ᠠ ᠵᠢᠨ 26᠎ᠤ ᠡᠳᠦᠷ ᠪᠣᠯᠲᠠᠯ᠎ᠠ᠂  ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00 — 12᠄ 00  ᠴᠠᠭ᠂  ᠦᠳᠡ ᠵᠢᠨ ᠬᠤᠶ᠋ᠢᠨ᠎ᠠ 14᠄ 30 — 17᠄ 00  ᠴᠠᠭ᠎ᠲᠤ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠨ᠎ᠠ᠃

   ᠨᠡᠷ᠎ᠡ ᠮᠡᠳᠡᠭᠦᠯᠬᠦ ᠬᠠᠶᠢᠭ᠄ ᠤᠯᠠᠭ᠋ᠠᠨᠴᠠᠪ ᠬᠤᠲᠠ ᠵᠢᠨ ᠵᠢᠨᠢᠩ ᠲᠣᠭᠤᠷᠢᠭ᠎ᠤᠨ ᠱᠣ᠌ ᠮᠠ ᠲᠣᠮᠣ ᠠᠰᠠᠷ᠎ᠤᠨ 19  ᠳ᠋ᠦ᠍ᠭᠡᠷ ᠠᠰᠠᠷ᠎ᠤᠨ ᠤᠯᠠᠭ᠋ᠠᠨᠴᠠᠪ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠠᠯᠪᠠᠨ ᠭᠡᠷ

   ᠰᠢᠦᠳᠠᠨ ᠨᠣᠮᠧᠷ᠄ 012000

   ᠬᠠᠷᠢᠯᠴᠠᠬᠤ ᠬᠥᠮᠦᠨ᠄ ᠵᠠᠩ ᠸᠧᠶ

   ᠬᠠᠷᠢᠯᠴᠠᠬᠤ ᠤᠲᠠᠰᠤ᠄ 15504748035

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ᠎ᠤᠨ 2025 — 2027 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠤᠬᠤ ᠲᠤᠬᠠᠢ ᠠᠯᠪᠠᠨ ᠵᠠᠷ
2025 ᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠲᠥᠯᠥᠪᠯᠡᠭᠡ ᠵᠢ ᠨᠡᠶ᠋ᠢᠲᠡᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠬᠥᠯᠥᠨ ᠪᠣᠢ᠌ᠷ᠎ᠤᠨ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠬᠤᠪᠢᠶᠠᠷᠢ ᠲᠥᠪ᠎ᠤᠨ ᠳᠠᠭ᠋ᠠᠭ᠋ᠠᠴᠢᠯᠠᠯᠲᠠ ᠵᠠᠷᠯᠠᠵᠦ ᠣᠷᠣᠯᠠᠨ ᠭᠦᠢ᠍ᠴᠡᠳᠭᠡᠬᠦ ᠪᠠᠢ᠌ᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 2024 ᠣᠨ᠎ᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠣᠨ᠎ᠤ ᠮᠡᠳᠡᠭᠦᠯᠦᠯᠲᠡ
 
            