ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2025-03-19

《ᠡᠷᠬᠡ ᠲᠡᠭᠰᠢ᠂  ᠲᠥᠪ ᠭᠤᠣᠯᠴᠢ᠂  ᠢᠯᠡ ᠲᠣᠳᠣ》 ᠪᠠᠶ᠋ᠢᠬᠤ ᠵᠠᠷᠴᠢᠮ ᠶᠣᠰᠣᠭ᠋ᠠᠷ᠂  ᠮᠠᠨ᠎ᠤ ᠲᠥᠪ ᠣᠲᠣ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢᠨ ᠰᠢᠯᠢᠳᠡᠭ᠎ᠢ᠎ᠨᠢ ᠰᠣᠩᠭᠤᠬᠤ᠎ᠪᠠᠷ ᠳᠠᠮᠵᠢᠭᠤᠯᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠭ᠎ᠠ ᠤᠶᠤᠨ᠎ᠤ ᠲᠥᠷᠥᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠠᠵᠢᠯ᠎ᠢ ᠥᠷᠨᠢᠭᠦᠯᠬᠦ᠎ᠪᠠᠷ ᠲᠠᠮᠵᠢᠨ᠂  ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠄

   ᠨᠢᠭᠡ᠂  ᠲᠦᠷᠦᠯ ᠵᠦᠢ᠍ᠯ᠎ᠤᠨ ᠲᠦᠢ᠍ᠮᠦ ᠪᠠᠶ᠋ᠢᠳᠠᠯ

  (ᠨᠢᠭᠡ) ᠲᠥᠷᠥᠯ ᠵᠦᠢ᠍ᠯ᠎ᠤᠨ ᠨᠡᠷᠡᠶ᠋ᠢᠳᠦᠯ᠄

  1. ᠤᠰᠤᠨ ᠠᠰᠢᠭᠯᠠᠯᠲᠠ ᠵᠢᠨ ᠲᠤᠰᠬᠠᠶ ᠰᠦᠯᠵᠢᠶᠡᠨ᠎ᠤ ᠲᠦᠷᠢᠶᠡᠰᠦᠯᠡᠯ᠎ᠤᠨ ᠲᠥᠷᠥᠯ ᠵᠦᠢ᠍ᠯ᠂  ᠪᠡᠯᠡ ᠣᠷᠣᠭᠤᠯᠤᠯᠲᠠ ᠵᠢᠨ ᠪᠠᠶ᠋ᠢᠳᠠᠯ᠄ 193 ᠲᠦᠮᠡᠨ ᠲᠥᠭᠦᠷᠢᠭ;

  2. ᠪᠥᠬᠦ ᠣᠷᠣᠨ᠎ᠤ ᠠᠦ᠋ᠲ᠋ᠣ᠋ ᠬᠢᠨᠠᠨ ᠬᠡᠮᠵᠢᠬᠦ ᠥᠷᠲᠡᠭᠡ ᠵᠢᠨ ᠺᠠᠷᠲ ᠵᠢᠴᠢ ᠤᠰᠤᠨ᠎ᠤ ᠪᠠᠶ᠋ᠢᠳᠠᠯ᠎ᠢ ᠮᠡᠳᠡᠭᠡᠯᠡᠬᠦ ᠵᠥᠭᠡᠯᠡᠨ ᠲᠣᠨᠤᠭ᠎ᠤᠨ ᠰᠦᠢ᠍ᠳᠬᠡᠯ᠎ᠤᠨ ᠲᠥᠷᠥᠯ ᠵᠦᠢ᠍ᠯ᠂  ᠪᠡᠯᠡ ᠣᠷᠣᠭᠤᠯᠤᠯᠲᠠ ᠵᠢᠨ ᠪᠠᠶ᠋ᠢᠳᠠᠯ᠄ 61 ᠲᠦᠮᠡᠨ ᠲᠥᠭᠦᠷᠢᠭ;

  3. ᠰᠦᠯᠵᠢᠶᠡᠨ᠎ᠤ ᠲᠥᠬᠦᠭᠡᠷᠦᠮᠵᠢ᠂  ᠠᠮᠤᠷ ᠲᠦᠪᠰᠢᠨ᠎ᠤ ᠲᠥᠬᠦᠭᠡᠷᠦᠮᠵᠢ ᠵᠢᠨ ᠬᠠᠮᠠᠭ᠋ᠠᠯᠠᠯᠲᠠ ᠵᠢᠴᠢ ᠰᠢᠯᠭ᠋ᠠᠨ ᠦᠨᠡᠯᠡᠬᠦ ᠦᠢ᠍ᠯᠡᠴᠢᠯᠡᠭᠡᠨ᠎ᠤ ᠲᠥᠷᠥᠯ ᠵᠦᠢ᠍ᠯ᠂  ᠪᠡᠯᠡ ᠣᠷᠣᠭᠤᠯᠤᠯᠲᠠ ᠵᠢᠨ ᠪᠠᠶ᠋ᠢᠳᠠᠯ᠄ 43 ᠲᠦᠮᠡᠨ ᠲᠥᠭᠦᠷᠢᠭ;

  4. ᠲᠥᠪ᠎ᠤᠨ ᠵᠥᠭᠡᠯᠡᠨ ᠲᠣᠨᠤᠭ ᠵᠢᠴᠢ ᠬᠠᠲᠠᠭᠤ ᠲᠣᠨᠤᠭ᠎ᠢ ᠬᠠᠮᠠᠭ᠋ᠠᠯᠠᠬᠤ ᠠᠵᠢᠯᠲᠠᠨ᠎ᠤ ᠲᠠᠯᠠᠪᠤᠷ᠎ᠲᠤ ᠰᠠᠭᠤᠭ᠎ᠠ ᠦᠢ᠍ᠯᠡᠴᠢᠯᠡᠭᠡᠨ᠎ᠤ ᠲᠥᠷᠥᠯ ᠵᠦᠢ᠍ᠯ᠂  ᠪᠠᠯᠠ ᠣᠷᠣᠭᠤᠯᠤᠯᠲᠠ ᠵᠢᠨ ᠪᠠᠶ᠋ᠢᠳᠠᠯ᠄ 60 ᠲᠦᠮᠡᠨ ᠲᠥᠭᠦᠷᠢᠭ;

  5. ᠤᠰᠤᠨ ᠰᠢᠨᠵᠢᠯᠡᠭᠡᠨ᠎ᠤ ᠶᠡᠷᠦᠩᠬᠡᠢ ᠳ᠋ᠠᠶ᠋ᠢᠲ᠋ᠠ ᠬᠥᠮᠥᠷᠭᠡ ᠵᠢᠨ ᠲᠥᠷᠥᠯ ᠵᠦᠢ᠍ᠯ᠂  ᠪᠡᠯᠡ ᠣᠷᠣᠭᠤᠯᠤᠯᠲᠠ ᠵᠢᠨ ᠪᠠᠶ᠋ᠢᠳᠠᠯ᠄ 66 ᠲᠦᠮᠡᠨ ᠲᠥᠭᠦᠷᠢᠭ;

  6. ᠴᠠᠬᠢᠯᠭ᠋ᠠᠨ ᠭᠠᠷᠭ᠋ᠠᠬᠤ ᠮᠠᠰᠢᠨ ᠵᠢᠴᠢ ᠠᠭ᠋ᠠᠷ ᠵᠣᠬᠢᠴᠠᠭᠤᠷ᠎ᠢ ᠰᠡᠯᠪᠢᠨ ᠵᠠᠰᠠᠬᠤ ᠲᠥᠷᠥᠯ ᠵᠦᠢ᠍ᠯ᠂  ᠪᠡᠯᠡ ᠣᠷᠣᠭᠤᠯᠤᠯᠲᠠ ᠵᠢᠨ ᠪᠠᠶ᠋ᠢᠳᠠᠯ᠄ 7 ᠲᠦᠮᠡᠨ ᠲᠥᠭᠦᠷᠢᠭ᠃

  (ᠬᠤᠶᠠᠷ) ᠬᠡᠷᠡᠭᠵᠢᠭᠦᠯᠬᠦ ᠴᠠᠭ ᠪᠠ ᠭᠠᠵᠠᠷ᠄

  2025 ᠣᠨ᠂ ᠬᠦᠬᠡᠬᠤᠲᠠ᠃

  (ᠭᠤᠷᠪᠠ) ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠠᠭᠤᠯᠭ᠎ᠠ᠄

   ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠂  ᠡᠭᠦᠨ᠎ᠳᠤ ᠪᠠᠭᠲᠠᠬᠤ᠎ᠨᠢ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭ᠋ᠠᠬᠤ᠂  ᠠᠯᠪᠠᠨ ᠵᠠᠷ ᠨᠡᠶ᠋ᠢᠲᠡᠯᠡᠬᠦ᠂  ᠲᠥᠷᠥᠯ ᠵᠦᠢ᠍ᠯ᠎ᠢ ᠥᠷᠨᠢᠭᠦᠯᠬᠦ ᠳᠤᠮᠳᠠᠬᠢ ᠰᠡᠵᠢᠭ᠎ᠢ ᠰᠢᠢ᠍ᠳᠪᠦᠷᠢᠯᠡᠬᠦ (ᠬᠡᠷᠪᠡ ᠪᠠᠢ᠌ᠪᠠᠯ)᠂  ᠳᠠᠭ᠋ᠠᠭ᠋ᠠᠴᠢᠯᠠᠯᠲᠠ ᠨᠡᠶ᠋ᠢᠲᠡᠯᠡᠬᠦ ᠵᠢ ᠵᠣᠬᠢᠶᠠᠨ ᠪᠠᠶ᠋ᠢᠭᠤᠯᠵᠤ᠂  ᠳᠠᠭ᠋ᠠᠭ᠋ᠠᠴᠢᠯᠠᠯᠲᠠ ᠣᠯᠤᠭᠰᠠᠨ ᠮᠡᠳᠡᠭᠳᠡᠯ᠎ᠤᠨ ᠪᠢᠴᠢᠭ ᠣᠯᠭᠣᠵᠤ᠂  ᠲᠥᠷᠥᠯ ᠵᠦᠢ᠍ᠯ᠎ᠢ ᠳᠠᠩᠰᠠ ᠡᠪᠬᠡᠮᠡᠯ᠎ᠳᠤ ᠣᠷᠣᠭᠤᠯᠬᠤ ᠵᠡᠷᠭᠡ ᠵᠢ ᠪᠠᠭᠲᠠᠭ᠋ᠠᠬᠤ ᠮᠦᠷᠲᠡᠭᠡᠨ ᠬᠢᠵᠠᠭ᠋ᠠᠷᠯᠠᠬᠤ ᠦᠭᠡᠢ᠃

   ᠬᠤᠶᠠᠷ᠂  ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ

  1. ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ᠎ᠤ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠥᠮᠥᠷᠭᠡ᠎ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃

  2. ᠲᠤᠰᠠᠭ᠋ᠠᠷ ᠲᠣᠭᠲᠠᠨᠢᠭᠰᠠᠨ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠪᠠᠶ᠋ᠢᠭᠤᠯᠤᠮᠵᠢ᠂  ᠡᠷᠬᠡᠪᠰᠢ ᠰᠠᠶ᠋ᠢᠨ ᠰᠠᠶ᠋ᠢᠬᠠᠨ ᠡᠳ᠋᠎ᠤᠨ ᠶᠠᠪᠤᠳᠠᠯ᠎ᠤᠨ ᠪᠠᠶ᠋ᠢᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ ᠪᠠᠶ᠋ᠢᠵᠤ᠂  ᠭᠦᠢ᠍ᠴᠡᠳ ᠡᠳ᠋ ᠬᠥᠷᠥᠩᠭᠡ ᠪᠠ ᠴᠢᠳᠠᠪᠤᠷᠢ᠎ᠲᠠᠢ ᠪᠠᠶ᠋ᠢᠵᠤ ᠭᠡᠷ᠎ᠡ ᠵᠢ ᠭᠦᠢ᠍ᠴᠡᠳᠬᠡᠬᠦ ᠬᠡᠷᠡᠭᠲᠡᠢ᠃

   ᠭᠤᠷᠪᠠ᠂  ᠨᠡᠷ᠎ᠡ ᠮᠡᠳᠡᠭᠦᠯᠬᠦ᠎ᠳᠤ ᠬᠠᠩᠭ᠋ᠠᠬᠤ ᠴᠢᠬᠤᠯᠠᠲᠠᠢ ᠮᠠᠲᠸᠷᠢᠶᠠᠯ

  1. ᠨᠡᠷ᠎ᠡ ᠮᠡᠳᠡᠭᠦᠯᠦᠭᠴᠢ᠎ᠠᠴᠠ ᠪᠡᠶ᠎ᠡ ᠵᠢᠨ ᠦᠨᠡᠮᠯᠡᠯ ᠵᠶ᠋ᠠᠨ ᠭᠠᠷᠭ᠋ᠠᠵᠤ ᠦᠵᠡᠭᠦᠯᠦᠨ᠎ᠡ᠂  ᠪᠠᠭᠤᠯᠭ᠋ᠠᠪᠤᠷᠢ ᠮᠠᠲ᠋ᠧᠷᠢᠶᠠᠯ᠂  ᠬᠠᠷᠢᠯᠴᠠᠬᠤ ᠠᠷᠭ᠎ᠠ ᠬᠡᠯᠪᠡᠷᠢ ᠵᠶ᠋ᠠᠨ ᠬᠠᠩᠭ᠋ᠠᠨ᠎ᠠ᠃

  2. ᠨᠡᠷ᠎ᠡ ᠮᠡᠳᠡᠭᠦᠯᠦᠭᠴᠢ᠎ᠠᠴᠠ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠦᠰᠦᠭ ᠵᠢᠷᠤᠭᠰᠠᠨ᠂  ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》 ᠵᠶ᠋ᠠᠨ ᠭᠠᠷᠭ᠋ᠠᠵᠤ ᠥᠭᠭᠦᠨ᠎ᠡ᠃

  3. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ᠎ᠨᠢ ᠬᠦᠴᠦᠨ᠎ᠲᠠᠢ ᠮᠥᠷᠲᠡᠭᠡᠨ ᠳᠠᠭ᠋ᠠᠭ᠋ᠠᠴᠢᠯᠠᠯᠲᠠ ᠬᠦᠯᠢᠶᠡᠬᠦ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ᠃

  4. ᠬᠠᠭ᠋ᠠᠰ ᠵᠢᠯ᠎ᠳᠤ ᠭᠤᠷᠪᠠᠨ ᠰᠠᠷ᠎ᠠ ᠳᠠᠷᠠᠭ᠋ᠠᠯᠠᠨ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲᠸᠷᠢᠶᠠᠯ᠂  ᠪᠠᠷᠤᠭ ᠬᠠᠭ᠋ᠠᠰ ᠵᠢᠯ ᠳᠠᠷᠠᠭ᠋ᠠᠯᠠᠨ ᠭᠤᠷᠪᠠᠨ ᠰᠠᠷ᠎ᠠ ᠭᠠᠢ᠌ᠯᠢ ᠲᠤᠰᠢᠶᠠᠭᠰᠠᠨ ᠭᠡᠷᠡᠴᠢ ᠮᠠᠲᠸᠷᠢᠶᠠᠯ᠎ᠢ ᠬᠠᠩᠭ᠋ᠠᠨ᠎ᠠ᠃

  5. 2024 ᠪᠤᠶᠤ 2023 ᠣᠨ᠎ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠲᠠᠩᠰᠠ ᠪᠠᠶ᠋ᠢᠭᠤᠯᠤᠭᠰᠠᠨ ᠪᠠᠩᠬᠢ ᠵᠢᠨ ᠬᠢᠵᠦ ᠥᠭᠭᠦᠭᠰᠡᠨ ᠬᠢᠷᠢ ᠬᠡᠮ᠎ᠤᠨ ᠢᠲᠡᠭᠡᠮᠵᠢ ᠵᠢᠨ ᠭᠡᠷᠡᠴᠢ ᠵᠢ ᠬᠠᠩᠭ᠋ᠠᠨ᠎ᠠ᠃

  6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ᠎ᠳᠤ ᠳᠡᠩᠰᠡᠯᠡᠵᠦ ᠬᠥᠮᠥᠷᠭᠡ᠎ᠳᠤ ᠣᠷᠣᠭᠤᠯᠬᠤ ᠤᠭᠲᠤᠯᠤᠭᠰᠠᠨ ᠵᠢᠷᠤᠭ᠎ᠤᠨ ᠭᠡᠷᠡᠴᠢ ᠮᠠᠲ᠋ᠧᠷᠢᠶᠠᠯ᠎ᠢ ᠬᠠᠩᠭ᠋ᠠᠨ᠎ᠠ᠃

  7. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn ) ᠢᠲᠡᠭᠡᠮᠵᠢ ᠠᠯᠳᠠᠭᠰᠠᠨ ᠭᠦᠢ᠍ᠴᠡᠳᠬᠡᠭᠴᠢ ᠪᠠ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠤᠨ ᠲᠠᠰᠤᠯᠤᠭᠰᠠᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠰᠦᠯᠵᠢᠶ᠎ᠡ (www.ccgp.gov.cn ) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠣᠭᠲᠣᠯᠣᠭᠰᠠᠨ ᠵᠢᠷᠤᠭ᠎ᠢ ᠬᠠᠩᠭ᠋ᠠᠨ᠎ᠠ᠃

  8. ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶᠡᠨ᠎ᠳᠤ ᠨᠡᠷ᠎ᠡ ᠮᠡᠳᠡᠭᠦᠯᠦᠭᠡᠳ ᠣᠶ᠋ᠢᠷ᠎ᠠ ᠵᠢᠨ ᠭᠤᠷᠪᠠᠨ ᠵᠢᠯ (2022 ᠣᠨ᠎ᠤ 1 ᠳ᠋ᠦ᠍ᠭᠡᠷ ᠰᠠᠷ᠎ᠠ ᠵᠢᠨ 1᠎ᠠᠴᠠ ᠤᠳᠤ ᠪᠣᠯᠲᠠᠯ᠎ᠠ) ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ᠎ᠢ ᠪᠠᠶ᠋ᠢᠴᠠᠭ᠋ᠠᠨ ᠠᠰᠠᠭᠤᠭᠰᠠᠨ ᠲᠡᠮᠳᠡᠭᠯᠡᠯ᠎ᠤᠨ ᠤᠭᠲᠤᠯᠤᠭᠰᠠᠨ ᠵᠢᠷᠤᠭ᠎ᠢ ᠣᠯᠤᠭᠰᠠᠨ ᠦᠭᠡᠢ᠃

   ᠳᠥᠷᠪᠡ᠂  ᠨᠡᠷ᠎ᠡ ᠮᠡᠳᠡᠭᠦᠯᠬᠦ ᠴᠠᠭ᠂  ᠭᠠᠵᠠᠷ ᠣᠷᠣᠨ

   ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ᠎ᠨᠢ 2025 ᠣᠨ᠎ᠤ 3 ᠳ᠋ᠤᠭ᠋ᠠᠷ ᠰᠠᠷ᠎ᠠ ᠵᠢᠨ 21᠎ᠤ ᠡᠳᠦᠷ᠎ᠠᠴᠠ 2025 ᠣᠨ᠎ᠤ 03 ᠳ᠋ᠤᠭ᠋ᠠᠷ ᠰᠠᠷ᠎ᠠ ᠵᠢᠨ 25᠎ᠤ ᠡᠳᠦᠷ ᠪᠣᠯᠲᠠᠯ᠎ᠠ᠂  ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00 —12᠄ 00 ᠴᠠᠭ᠂  ᠦᠳᠡ ᠵᠢᠨ ᠬᠤᠶ᠋ᠢᠨ᠎ᠠ 14᠄ 30 — 17᠄ 00 ᠴᠠᠭ᠎ᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠲᠤ ᠬᠦᠷᠴᠦ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠨ᠎ᠠ᠃

   ᠲᠠᠪᠤ᠂  ᠬᠠᠷᠢᠯᠴᠠᠬᠤ ᠠᠷᠭ᠎ᠠ ᠮᠠᠶᠢᠭ

   ᠨᠢᠭᠡᠴᠢ ᠵᠢᠨ ᠨᠡᠷᠡᠶ᠋ᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠦᠪ

   ᠨᠡᠷ᠎ᠡ ᠮᠡᠳᠡᠭᠦᠯᠬᠦ ᠬᠠᠶᠢᠭ᠄ ᠥᠪᠥᠷ ᠮᠣᠩᠭᠤᠯ᠎ᠤᠨ ᠬᠥᠬᠡᠬᠤᠲᠠ ᠶᠡᠭᠡ ᠰᠤᠷᠭ᠋ᠠᠭᠤᠯᠢ ᠵᠢᠨ ᠵᠡᠭᠦᠨ ᠵᠠᠮ᠎ᠤᠨ 120 ᠳ᠋ᠤᠭ᠋ᠠᠷ ᠠᠰᠠᠷ᠎ᠤᠨ 614 ᠳ᠋ᠦ᠍ᠭᠡᠷ ᠦᠷᠦᠭᠡ

   ᠰᠢᠦᠳᠠᠨ ᠨᠣᠮᠧᠷ᠄ 010010

   ᠬᠠᠷᠢᠯᠴᠠᠬᠤ ᠬᠦᠮᠦᠨ᠄ ᠸᠠᠩ ᠰᠢᠶᠤᠤ ᠶᠤᠸᠠᠢ

   ᠬᠠᠷᠢᠯᠴᠠᠬᠤ ᠤᠲᠠᠰᠤ᠄ 0471 — 3698756

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠲᠥᠪ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠬᠠᠰᠤᠵᠤ ᠠᠷᠢᠯᠭ᠋ᠠᠬᠤ ᠲᠤᠬᠠᠶ ᠵᠠᠷᠯᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ᠎ᠤᠨ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠬᠤ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠤᠬᠤ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠠᠩᠬᠠᠳᠠᠭᠴᠢ ᠪᠦᠯᠦᠭ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠴᠢ ᠨᠡᠷ᠎ᠡ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠶᠠᠮᠠᠷᠪᠠ ᠪᠣᠯᠪᠠᠰᠤᠷᠠᠯ᠎ᠤᠨ ᠪᠠᠶ᠋ᠢᠭᠤᠯᠤᠮᠵᠢ ᠪᠤᠶᠤ ᠬᠤᠪᠢ ᠬᠥᠮᠦᠨ᠎ᠳᠤ ᠨᠠᠶ᠋ᠢᠳᠠᠵᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ ᠬᠢᠯᠭᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠢᠯᠡᠷᠬᠡᠶ᠋ᠢᠯᠡᠯᠲᠡ
ᠠᠵᠤ ᠠᠬᠤᠢᠯᠠᠯ᠎ᠳᠤ ᠬᠤᠯᠪᠣᠭ᠍ᠳᠠᠬᠤ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠲᠤᠰᠭᠠᠶ ᠠᠵᠢᠯᠯᠠᠭ᠎ᠠ᠎ᠶ᠋ᠢ ᠢᠯᠡᠴᠢᠯᠡᠨ ᠮᠡᠳᠡᠭᠦᠯᠬᠦ᠌ ᠠᠷᠭ᠎ᠠ ᠮᠠᠶᠢᠭ᠎ᠢ ᠨᠡᠢᠲᠡᠯᠡᠨ ᠵᠢᠷᠤᠮᠵᠢᠭᠤᠯᠬᠤ ᠲᠤᠬᠠᠶ ᠠᠯᠪᠠᠨ ᠵᠠᠷ
 
            