ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠦᠢᠯᠡᠴᠢᠯᠡᠭᠡ   -   ᠲᠠᠨ᠎ᠳᠤ ᠦᠢᠯᠡᠴᠢᠯᠡᠬᠦ᠌
《ᠨᠢᠭᠡᠳᠦᠭᠡᠷ ᠭᠠᠷ》ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠵᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯᠯᠠᠭ᠎ᠠ ᠵᠢᠨ ᠲᠥᠰᠥᠯ᠎ᠤᠨ ᠲᠤᠬᠠᠢ ᠶᠠᠷᠢᠪᠠ
ᠨᠡᠶ᠋ᠢᠲᠡᠯᠡᠭᠰᠡᠨ ᠴᠠᠭ᠄ 2022-06-15

      ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ ᠵᠢᠨ ᠬᠤᠭᠤᠴᠠᠭ᠋ᠠᠨ᠎ᠳᠤ᠂ ᠶᠠᠮᠤᠨ᠎ᠤ ᠰᠢᠭᠤᠳ ᠬᠠᠷᠢᠶ᠎ᠠ ᠡᠯ᠎ᠡ ᠨᠢᠭᠡᠴᠢ ᠪᠣᠯᠣᠨ ᠮᠤᠵᠢ ᠵᠢᠨ ᠱᠠᠲᠤᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ᠎ᠢ ᠤᠷᠢᠵᠤ 《ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠵᠢ ᠵᠢᠷᠤᠮᠯᠠᠨ ᠰᠠᠬᠢᠵᠤ᠂ ᠨᠢᠭᠡᠳᠦᠭᠡᠷ ᠬᠠᠷᠢᠭᠤᠴᠠᠯᠭ᠋ᠠᠲᠠᠨ᠎ᠤ ᠠᠵᠢᠯ᠎ᠢ ᠰᠠᠢ᠌ᠲᠤᠷ ᠬᠢᠶ᠎ᠠ》 ᠭᠡᠬᠦ ᠭᠣᠣᠯ ᠰᠡᠳᠦᠪ᠎ᠲᠠᠢ ᠨᠡᠷ᠎ᠡ ᠬᠠᠲᠠᠭᠰᠠᠨ ᠵᠣᠬᠢᠶᠠᠯ ᠪᠢᠴᠢᠭᠦᠯᠦᠨ᠎ᠡ᠂ ᠡᠬᠡ ᠪᠢᠴᠢᠭ ᠡᠯᠰᠡᠬᠦ ᠱᠠᠭ᠋ᠠᠷᠳᠠᠯᠭ᠎ᠠ᠎ᠨᠢ ᠳᠣᠣᠷᠠᠬᠢ ᠮᠡᠲᠦ᠄
      ᠨᠢᠭᠡ᠂ ᠭᠣᠣᠯ ᠠᠭᠤᠯᠭ᠎ᠠ
      ᠵᠣᠬᠢᠶᠠᠯ᠎ᠢ ᠳᠣᠣᠷᠠᠬᠢ ᠨᠢᠭᠡ ᠲᠠᠯ᠎ᠠ ᠪᠤᠶᠤ ᠤᠯᠠᠨ ᠲᠠᠯ᠎ᠠ ᠵᠢᠨ ᠲᠣᠭᠣᠷᠢᠨ᠎ᠳᠤ ᠥᠷᠨᠢᠭᠦᠯᠵᠦ᠂ ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠵᠢ ᠬᠡᠷᠬᠢᠨ ᠲᠤᠭᠤᠰᠢᠯᠠᠭᠤᠯᠤᠨ ᠬᠡᠷᠡᠭᠵᠢᠭᠦᠯᠵᠦ᠂ ᠠᠶᠤᠯᠭᠦᠢ ᠦᠢ᠍ᠯᠡᠳᠪᠦᠷᠢᠯᠡᠯ᠎ᠤᠨ ᠨᠢᠭᠡᠳᠦᠭᠡᠷ ᠬᠠᠷᠢᠭᠤᠴᠠᠯᠭ᠋ᠠᠲᠠᠨ ᠪᠣᠯᠬᠤ ᠲᠤᠬᠠᠢ ᠶᠠᠷᠢᠵᠤ ᠪᠣᠯᠣᠨ᠎ᠠ᠃
     (ᠨᠢᠭᠡ) 2021 ᠣᠨ᠎ᠤ 9 ᠰᠠᠷ᠎ᠠ ᠵᠢᠨ 1᠎ᠤ ᠡᠳᠦᠷ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠵᠢ ᠵᠢᠩᠬᠢᠨᠢ᠎ᠪᠠᠷ ᠬᠡᠷᠡᠭᠵᠢᠭᠦᠯᠵᠦ᠂ ᠰᠢ ᠵᠢᠨ ᠫᠢᠩ ᠶᠡᠷᠦᠩᠬᠡᠢ ᠱᠦᠵᠢ ᠵᠢᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠲᠤᠬᠠᠢ ᠠᠯᠢ ᠣᠯᠠᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠪᠣᠯᠣᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠠᠤᠯᠢ ᠴᠠᠭ᠋ᠠᠵᠠ ᠵᠢᠨ ᠲᠣᠭᠲᠠᠭ᠋ᠠᠯ ᠪᠣᠯᠭ᠋ᠠᠨ ᠬᠤᠪᠢᠷᠠᠭᠤᠯᠵᠤ᠂ ᠦᠢ᠍ᠯᠡᠳᠪᠦᠷᠢᠯᠡᠯ ᠡᠵᠡᠩᠨᠡᠯᠲᠡ ᠵᠢᠨ ᠨᠢᠭᠡᠴᠢ ᠵᠢᠨ ᠠᠶᠤᠯᠭᠦᠢ ᠦᠢ᠍ᠯᠡᠳᠪᠦᠷᠢᠯᠡᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠪᠠᠢ᠌ᠭᠤᠯᠤᠮᠵᠢ ᠲᠣᠭᠲᠠᠴᠠ ᠪᠣᠯᠣᠨ ᠬᠠᠷᠢᠭᠤᠴᠠᠯᠭ᠎ᠠ ᠵᠢᠨ ᠳᠦᠷᠢᠮ᠎ᠢ ᠲᠡᠭᠦᠯᠳᠡᠷᠵᠢᠭᠦᠯᠵᠦ᠂ ᠬᠠᠤᠯᠢᠵᠢᠯ᠎ᠤᠨ ᠬᠦᠴᠦᠨ᠎ᠳᠤ ᠲᠦᠰᠢᠭᠯᠡᠨ ᠠᠶᠤᠯᠭᠦᠢ ᠦᠢ᠍ᠯᠡᠳᠪᠦᠷᠢᠯᠡᠯ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠵᠢ ᠲᠣᠳᠣᠷᠬᠠᠢ᠌ᠯᠠᠪᠠ᠃ ᠰᠢ ᠵᠢᠨ ᠫᠢᠩ ᠶᠡᠷᠦᠩᠬᠡᠢ ᠱᠦᠵᠢ ᠵᠢᠨ ᠠᠶᠤᠯᠭᠦᠢ ᠦᠢ᠍ᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠵᠢᠨ ᠲᠤᠬᠠᠢ ᠲᠠᠨᠢᠯᠲᠠ ᠪᠠ ᠣᠢ᠌ᠯᠠᠭ᠋ᠠᠯᠲᠠ᠎ᠲᠠᠢ ᠤᠶᠠᠯᠳᠤᠭᠤᠯᠵᠤ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠠᠷᠭ᠎ᠠ ᠵᠠᠮ᠎ᠲᠠᠢ ᠬᠠᠷᠢᠴᠠᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠵᠢ ᠬᠡᠷᠬᠢᠨ ᠲᠤᠭᠤᠰᠢᠯᠠᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠦᠨᠡᠨᠬᠦ ᠪᠠᠲᠤᠯᠠᠬᠤ ᠲᠤᠬᠠᠢ ᠣᠯᠣᠯᠲᠠ ᠲᠥᠷᠥᠭᠳᠡᠯ ᠵᠶ᠋ᠡᠨ ᠶᠠᠷᠢᠭ᠋ᠠᠷᠠᠢ ᠭᠡᠵᠦ ᠵᠢᠭ᠋ᠠᠵᠤ ᠭᠠᠷᠭ᠋ᠠᠪᠠ᠃
     (ᠬᠣᠶᠠᠷ) ᠤᠰᠤᠨ ᠠᠰᠢᠭᠯᠠᠯᠲᠠ ᠵᠢᠨ ᠶᠠᠮᠤᠨ᠎ᠤ 2020 ᠣᠨ᠎ᠳᠤ ᠳᠠᠷᠤᠮᠠᠯᠯᠠᠨ ᠲᠠᠷᠬᠠᠭ᠋ᠠᠭᠰᠠᠨ 《ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》᠎ᠤᠨ ᠠᠬᠢᠴᠠ ᠵᠢᠨ ᠲᠣᠬᠢᠷᠠᠭᠤᠯᠤᠯᠲᠠ ᠶᠣᠰᠣᠭ᠋ᠠᠷ᠂ 2022 ᠣᠨ ᠪᠣᠯ ᠪᠡᠬᠢᠵᠢᠭᠦᠯᠦᠨ ᠳᠡᠭᠡᠭᠰᠢᠯᠡᠭᠦᠯᠬᠦ ᠣᠨ ᠪᠣᠯᠣᠨ᠎ᠠ᠂ ᠬᠠᠷᠠᠯᠲᠠ ᠡᠭᠦᠷᠭᠡ᠎ᠲᠠᠢ ᠬᠠᠷᠢᠴᠠᠭᠤᠯᠵᠤ᠂ ᠤᠰᠤᠨ ᠴᠠᠬᠢᠯᠭ᠋ᠠᠨ ᠦᠷᠳᠡᠬᠡ ᠵᠡᠷᠭᠡ ᠤᠰᠤᠨ ᠠᠰᠢᠭᠯᠠᠯᠲᠠ ᠵᠢᠨ ᠲᠥᠬᠦᠭᠡᠷᠦᠮᠵᠢ ᠵᠢᠨ ᠠᠶᠤᠯ ᠲᠦᠭᠰᠢᠭᠦᠷᠢ ᠵᠢᠨ ᠬᠡᠮ ᠰᠣᠭᠣᠭ᠎ᠢ ᠪᠠᠢ᠌ᠴᠠᠭ᠋ᠠᠨ ᠴᠡᠭᠴᠡᠯᠡᠨ ᠵᠠᠰᠠᠬᠤ ᠪᠠ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠶᠡᠬᠡ ᠪᠠᠢ᠌ᠴᠠᠭ᠋ᠠᠯᠲᠠ ᠵᠡᠷᠭᠡ ᠲᠤᠰᠬᠠᠢ ᠠᠵᠢᠯᠯᠠᠭ᠎ᠠ᠎ᠲᠠᠢ ᠤᠶᠠᠯᠳᠤᠭᠤᠯᠵᠤ᠂ ᠣᠳᠣᠬᠠᠨ᠎ᠤ ᠲᠤᠰ ᠭᠠᠵᠠᠷ ᠣᠷᠣᠨ ᠲᠤᠰ ᠨᠢᠭᠡᠴᠢ ᠵᠢᠨ ᠠᠵᠢᠯ᠎ᠤᠨ ᠪᠠᠢ᠌ᠳᠠᠯ᠎ᠢ ᠦᠨᠳᠦᠰᠦᠯᠡᠵᠦ᠂ ᠡᠭᠦᠷᠭᠡ ᠵᠢᠨ ᠠᠬᠢᠴᠠ ᠵᠢᠨ ᠪᠠᠢ᠌ᠳᠠᠯ᠂ ᠠᠵᠢᠯ᠎ᠤᠨ ᠦᠷ᠎ᠡ ᠪᠦᠲᠦᠮᠵᠢ ᠵᠢ ᠶᠠᠷᠢᠵᠤ᠂ ᠰᠠᠢ᠌ᠨ ᠲᠤᠷᠰᠢᠯᠭ᠎ᠠ ᠠᠷᠭ᠎ᠠ ᠵᠢ ᠳ᠋ᠦᠩᠨᠡᠵᠦ᠂ ᠬᠡᠯᠪᠡᠷᠢ ᠳᠦᠷᠢᠮ᠎ᠤᠨ ᠦᠷ᠎ᠡ ᠪᠦᠲᠦᠭᠡᠯ ᠵᠢᠴᠢ ᠳᠠᠷᠠᠭ᠋ᠠᠴᠢ ᠵᠢᠨ ᠠᠯᠬᠤᠮ᠎ᠤᠨ ᠲᠥᠯᠥᠪᠯᠡᠭᠡ ᠵᠢ ᠳᠡᠯᠭᠡᠷᠡᠭᠦᠯᠪᠡᠯ ᠵᠣᠬᠢᠨ᠎ᠠ᠃
     (ᠭᠤᠷᠪᠠ) 《2022 ᠣᠨ᠎ᠤ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠭᠣᠣᠯᠳᠠᠯᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠢ ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠳᠡᠯ》 (ᠤᠰᠤᠨ᠎ᠤ ᠬᠢᠨᠠᠯᠲᠠ [2022] 83 ᠳ᠋ᠤᠭ᠋ᠠᠷ ᠲᠣᠭ᠋ᠠᠲᠤ)᠎ᠲᠠᠢ ᠬᠠᠷᠢᠴᠠᠭᠤᠯᠤᠨ᠂ ᠲᠣᠰ ᠭᠠᠵᠠᠷ ᠣᠷᠣᠨ ᠲᠣᠰ ᠨᠢᠭᠡᠴᠢ ᠵᠢᠨ ᠵᠶ᠋ᠡᠨ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠰᠢᠰᠲ᠋ᠧᠮᠵᠢ ᠵᠢ ᠪᠦᠷᠢᠨᠰᠢᠭᠦᠯᠵᠦ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠠᠶᠤᠯᠭᠦᠢ ᠦᠢ᠍ᠯᠡᠳᠪᠦᠷᠢᠯᠡᠯ᠎ᠤᠨ ᠲᠦᠭᠰᠢᠭᠦᠷᠢ ᠵᠢ ᠰᠡᠷᠭᠡᠢ᠌ᠯᠡᠨ ᠡᠵᠡᠮᠳᠡᠵᠦ᠂ ᠠᠶᠤᠯᠭᠦᠢ ᠦᠢ᠍ᠯᠡᠳᠪᠦᠷᠢᠯᠡᠯ᠎ᠤᠨ ᠬᠠᠤᠯᠢ ᠶᠣᠰᠣᠭ᠋ᠠᠷ ᠵᠠᠰᠠᠬᠤ ᠴᠢᠳᠠᠪᠤᠷᠢ ᠵᠢ ᠴᠢᠩᠭ᠋ᠠᠷᠠᠭᠤᠯᠤᠨ᠂ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦᠨ ᠱᠠᠲᠤᠨ᠎ᠤ ᠰᠠᠭᠤᠷᠢ ᠪᠠᠲᠤᠯᠠᠭ᠎ᠠ ᠵᠢ ᠪᠡᠬᠢᠵᠢᠭᠦᠯᠬᠦ ᠵᠡᠷᠭᠡ ᠲᠠᠯ᠎ᠠ᠎ᠪᠠᠷ ᠣᠯᠣᠭᠰᠠᠨ ᠦᠷ᠎ᠡ ᠪᠦᠲᠦᠮᠵᠢ ᠵᠢ ᠪᠠᠲᠤᠳᠬᠠᠨ᠎ᠠ᠃
      ᠬᠣᠶᠠᠷ᠂ ᠡᠬᠡ ᠪᠢᠴᠢᠭ ᠡᠯᠰᠡᠬᠦ ᠱᠠᠭ᠋ᠠᠷᠳᠠᠯᠭ᠎ᠠ
      ᠵᠣᠬᠢᠶᠠᠯ᠎ᠨᠢ ᠲᠤᠰ ᠭᠠᠵᠠᠷ ᠣᠷᠣᠨ᠂ ᠲᠤᠰ ᠨᠢᠭᠡᠴᠢ ᠵᠢᠨ ᠵᠶ᠋ᠡᠨ ᠪᠣᠳᠠᠲᠤ ᠪᠠᠢ᠌ᠳᠠᠯ ᠎ᠲᠠᠢ ᠨᠢᠭᠲᠠ ᠤᠶᠠᠯᠳᠤᠭᠤᠯᠤᠨ᠂ ᠦᠵᠡᠯᠲᠡ ᠲᠣᠳᠣᠷᠬᠠᠢ᠂ ᠳᠡᠰ ᠳᠠᠪᠬᠤᠷᠭ᠎ᠠ ᠲᠣᠳᠣᠷᠬᠠᠢ᠂ ᠦᠰᠦᠭ ᠪᠢᠴᠢᠭ ᠲᠣᠪᠴᠢ ᠠᠪᠰᠠᠷᠬᠠᠨ᠂ ᠦᠰᠦᠭ᠎ᠤᠨ ᠲᠣᠭ᠎ᠠ᠎ᠨᠢ 3000 ᠣᠷᠴᠢᠮ ᠪᠠᠢ᠌ᠬᠤ ᠬᠡᠷᠡᠭᠲᠡᠢ᠃ ᠡᠯᠰᠡᠭᠰᠡᠨ ᠡᠬᠡ ᠪᠢᠴᠢᠭ ᠎ᠢ 《ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ》᠂ ᠤᠰᠤᠨ ᠠᠰᠢᠭᠯᠠᠯᠲᠠ ᠵᠢᠨ ᠬᠢᠨᠠᠯᠲᠠ ᠲᠠᠯᠪᠢᠬᠤ ᠰᠦᠯᠵᠢᠶ᠎ᠡ᠂ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠲᠣᠪᠴᠢ ᠮᠡᠳᠡᠭᠡ ᠵᠡᠷᠭᠡ ᠵᠠᠭᠤᠴᠢᠯᠠᠭᠤᠷ ᠪᠤᠶᠤ ᠲᠤᠰᠬᠠᠢ ᠪᠤᠯᠤᠩ᠎ᠳᠤ ᠰᠣᠩᠭᠣᠨ ᠨᠡᠢ᠌ᠲᠡᠯᠡᠨ᠎ᠡ᠃ ᠡᠬᠡ ᠪᠢᠴᠢᠭ ᠵᠶ᠋ᠡᠨ ᠬᠢᠨᠠᠭᠴᠢ ᠵᠢᠨ ᠵᠤᠷᠭ᠋ᠠᠨ᠎ᠳᠤ ᠮᠡᠳᠡᠭᠦᠯᠵᠦ᠂ 6 ᠰᠠᠷ᠎ᠠ ᠵᠢᠨ 20᠎ᠤ ᠡᠳᠦᠷ ᠪᠣᠯᠲᠠᠯ᠎ᠠ ᠤᠷᠢᠳᠠᠪᠠᠷ ᠮᠡᠳᠡᠭᠦᠯᠪᠡᠯ ᠤᠷᠢᠳᠠᠪᠠᠷ ᠨᠡᠢ᠌ᠲᠡᠯᠡᠨ᠎ᠡ᠃
      ᠬᠠᠷᠢᠯᠴᠠᠬᠤ ᠬᠥᠮᠥᠨ᠄ ᠱ᠌ᠢ ᠴᠢᠩ ᠴᠢᠤᠸᠠᠨ ᠵᠢᠶᠠᠩ ᠴᠠᠩ ᠲᠦᠩ
      ᠬᠠᠷᠢᠯᠴᠠᠬᠤ ᠤᠲᠠᠰᠤ᠄ 010 — 63203262 2124
      ᠢᠮᠧᠯ᠄
anquan@mwr.gov.cn

ᠢᠷᠡᠯᠲᠡ᠄
          
ᠬᠠᠮᠢᠶ᠎ᠡ ᠪᠦᠬᠦᠢ ᠰᠣᠨᠢᠨ
ᠭᠣᠣᠯ ᠮᠥᠷᠡᠨ᠎ᠲᠠᠢ ᠬᠣᠯᠪᠣᠭᠳᠠᠬᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ》 (ᠰᠠᠨᠠᠯ ᠬᠤᠷᠢᠶᠠᠬᠤ ᠨᠣᠣᠷᠠᠭ)᠎ᠢ ᠢᠯᠡ᠎ᠪᠠᠷ ᠰᠠᠨᠠᠯ ᠬᠤᠷᠢᠶᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠶᠤᠯᠭᠦᠶ  ᠦᠢ᠍ᠯᠡᠳᠪᠦᠷᠢᠯᠡᠯ᠎ᠤᠨ ᠪᠠᠷᠢᠮᠵᠢᠶᠠᠵᠢᠭᠤᠯᠤᠯᠲᠠ ᠵᠢᠨ ᠪᠠᠷᠢᠮᠵᠢᠶ᠎ᠠ᠎ᠳᠤ ᠬᠥᠷᠥᠭᠰᠡᠨ ᠨᠢᠭᠡᠴᠢ ᠵᠢ ᠵᠠᠷᠯᠠᠨ ᠨᠡᠢ᠌ᠲᠡᠯᠡᠪᠡ
ᠠᠳᠠᠯᠢ ᠪᠤᠰᠤ ᠵᠠᠰᠠᠭ ᠵᠠᠬᠢᠷᠭ᠋ᠠᠨ᠎ᠤ ᠣᠷᠣᠨ᠎ᠤ ᠬᠢᠯᠢ ᠵᠢᠨ ᠤᠰᠤᠨ᠎ᠤ ᠢᠨᠵᠧᠨᠧᠷᠢᠩ᠎ᠤᠨ ᠵᠥᠪᠰᠢᠶᠡᠷᠡᠯ᠎ᠢ ᠬᠦᠢ᠍ᠴᠡᠳᠭᠡᠬᠦ ᠵᠦᠭᠯᠡᠬᠦᠷ
ᠤᠰᠤ ᠠᠪᠬᠤ ᠵᠦᠪᠰᠢᠶᠡᠷᠡᠯ ᠭᠤᠶᠤᠴᠢᠯᠠᠬᠤ ᠵᠦᠭᠯᠡᠬᠦᠷ
ᠤᠰᠤ ᠠᠪᠬᠤ ᠵᠦᠪᠰᠢᠶᠡᠷᠡᠯ᠎ᠤᠨ ᠦᠨᠡᠮᠯᠡᠯ᠎ᠢ ᠬᠦᠢ᠍ᠴᠡᠳᠭᠡᠬᠦ (ᠤᠰᠤ ᠠᠪᠬᠤ ᠢᠨᠵᠸᠨ᠋ᠸᠷᠢᠩ ᠪᠤᠶᠤ ᠲᠦᠬᠦᠭᠡᠷᠦᠮᠵᠢ ᠵᠢ ᠪᠠᠷᠢᠯᠭ᠎ᠠ ᠲᠠᠭᠤᠰᠤᠭᠰᠠᠨ᠎ᠢ ᠰᠢᠯᠭ᠋ᠠᠨ ᠪᠠᠢ᠌ᠴᠠᠭ᠋ᠠᠬᠤ) ᠵᠦᠭᠯᠡᠬᠦᠷ
 
            