ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠲᠥᠪ᠎ᠤᠨ ᠡᠳ᠋᠎ᠤᠨ ᠵᠠᠰᠠᠭ᠎ᠠᠴᠠ 17.8 ᠳ᠋ᠦᠩᠰᠢᠭᠤᠷ ᠲᠥᠭᠥᠷᠢᠭ ᠪᠠᠭᠤᠯᠭ᠋ᠠᠵᠤ ᠥᠪᠥᠷ ᠮᠤᠩᠭᠤᠯ᠎ᠤᠨ 《ᠡᠯᠡᠰᠦ ᠵᠢ ᠲᠤᠭᠣᠯᠬᠤ ᠵᠠᠰᠠᠮᠠᠯ ᠵᠠᠮ》᠎ᠤᠨ ᠪᠦᠲᠦᠭᠡᠨ ᠪᠠᠢ᠌ᠭᠤᠯᠤᠯᠲᠠ ᠵᠢ ᠳᠡᠮᠵᠢᠪᠡ
ᠨᠡᠶ᠋ᠢᠲᠡᠯᠡᠭᠰᠡᠨ ᠴᠠᠭ᠄ 2024-11-25

   ᠣᠶ᠋ᠢᠷ᠎ᠠ᠎ᠳᠤ᠂ ᠲᠥᠪ᠎ᠤᠨ ᠡᠳ᠋᠎ᠤᠨ ᠵᠠᠰᠠᠭ᠎ᠠᠴᠠ ᠥᠪᠥᠷ ᠮᠣᠩᠭᠤᠯ᠎ᠤᠨ 《ᠡᠯᠡᠰᠦ ᠵᠢ ᠲᠤᠭᠣᠯᠬᠤ ᠵᠠᠰᠠᠮᠠᠯ ᠵᠠᠮ》᠎ᠤᠨ ᠪᠥᠲᠥᠭᠡᠨ ᠪᠠᠶ᠋ᠢᠭᠤᠯᠤᠯᠲᠠ ᠵᠢᠨ ᠪᠠᠯᠠ ᠮᠥᠩᠭᠦ ᠵᠢ 17.8 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭ᠋ᠠᠵᠤ᠂ ᠥᠪᠥᠷ ᠮᠣᠩᠭᠤᠯ᠎ᠤᠨ 2024 — 2025 ᠣᠨ᠎ᠳᠤ 《ᠵᠠᠮ ᠵᠶ᠋ᠠᠷ ᠡᠯᠡᠰᠦ ᠵᠢ ᠵᠠᠰᠠᠬᠤ》 ᠵᠢ ᠠᠬᠢᠭᠤᠯᠬᠤ᠎ᠳᠤ ᠬᠦᠴᠦᠲᠡᠶ ᠪᠠᠯᠠ ᠮᠥᠩᠭᠦ ᠵᠢᠨ ᠪᠠᠲᠤᠯᠠᠭ᠎ᠠ ᠬᠠᠩᠭ᠋ᠠᠪᠠ᠃ ᠡᠨᠡ ᠬᠦ᠌ ᠪᠡᠯᠡ ᠮᠥᠩᠭᠦ᠎ᠨᠢ ᠪᠠᠰᠠ ᠲᠥᠪ᠎ᠠᠴᠠ ᠠᠩᠬ᠎ᠠ ᠤᠳᠠᠭ᠎ᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠡᠯᠡᠰᠦ ᠵᠢ ᠲᠤᠭᠣᠯᠬᠤ ᠵᠠᠰᠠᠮᠠᠯ ᠵᠠᠮ》᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠡᠯᠡ ᠮᠥᠩᠭᠦ ᠪᠣᠯᠤᠨ᠎ᠠ᠃

   ᠤᠯᠠᠨ ᠵᠢᠯ᠎ᠤᠨ ᠲᠤᠷᠰᠢ᠂ ᠥᠪᠥᠷ ᠮᠣᠩᠭᠤᠯ ᠵᠠᠰᠠᠮᠠᠯ ᠵᠠᠮ᠎ᠢ ᠪᠦᠲᠦᠭᠡᠨ ᠪᠠᠶ᠋ᠢᠭᠤᠯᠵᠤ ᠠᠷᠠᠴᠢᠯᠠᠨ ᠬᠠᠮᠠᠭ᠋ᠠᠯᠠᠬᠤ ᠪᠠ ᠡᠯᠡᠰᠦ ᠵᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ᠎ᠤᠨ ᠦᠢ᠍ᠯᠡᠳᠦᠯᠭᠡ ᠵᠢᠨ ᠳᠤᠮᠳᠠ 《ᠵᠠᠮ ᠵᠶ᠋ᠠᠷ ᠣᠷᠣᠨ᠎ᠢ ᠬᠤᠪᠢᠶᠠᠷᠢᠯᠠᠬᠤ᠂ ᠬᠡᠰᠡᠭ ᠬᠤᠪᠢᠶᠠᠨ ᠵᠠᠰᠠᠬᠤ᠂ ᠲᠦᠷᠪᠡᠨ ᠲᠠᠯ᠎ᠠ ᠵᠢ ᠬᠢᠵᠠᠭ᠋ᠠᠷᠯᠠᠬᠤ᠂ ᠦᠷᠦᠴᠡ ᠭᠠᠵᠠᠷ᠎ᠤᠨ ᠨᠡᠪᠴᠢᠬᠦ》 ᠵᠢᠨ 《ᠵᠠᠮ ᠵᠶ᠋ᠠᠷ ᠡᠯᠡᠰᠦ ᠵᠢ ᠵᠠᠰᠠᠬᠤ》 ᠬᠡᠪ ᠵᠠᠭᠪᠤᠷ᠎ᠢ ᠰᠦᠪᠡᠭᠴᠢᠯᠡᠨ ᠭᠠᠷᠭ᠋ᠠᠵᠤ᠂ ᠨᠢᠭᠡᠨᠲᠡ ᠣᠷᠣᠨ᠎ᠤ ᠳᠣᠲᠣᠷᠠᠬᠢ ᠬᠤᠯᠪᠣᠭᠳᠠᠯ ᠪᠦᠬᠦᠢ ᠠᠶ᠋ᠢᠮᠠᠭ ᠬᠤᠳᠠ᠎ᠳᠤ ᠥᠷᠭᠡᠨ ᠵᠶ᠋ᠠᠷ ᠳᠡᠯᠭᠡᠷᠡᠭᠦᠯᠦᠨ ᠬᠡᠷᠡᠭᠯᠡᠭᠰᠡᠨ ᠪᠥᠭᠡᠳ ᠬᠤᠯᠪᠣᠭᠳᠠᠯ ᠪᠦᠬᠦᠢ ᠮᠤᠵᠢ ᠣᠷᠣᠨ᠎ᠳᠤ ᠴᠢᠬᠤᠯᠠ ᠲᠤᠷᠰᠢᠯᠭ᠎ᠠ᠎ᠪᠠᠷ ᠲᠤᠯᠢ ᠪᠣᠯᠭ᠋ᠠᠵᠤ᠂ ᠡᠯᠡᠰᠦ ᠵᠢ ᠰᠡᠷᠭᠡᠶ᠋ᠢᠯᠡᠨ ᠡᠵᠡᠮᠳᠡᠵᠦ ᠵᠠᠰᠠᠬᠤ ᠰᠢᠨ᠎ᠡ ᠵᠠᠮ ᠵᠶ᠋ᠠᠷ ᠵᠠᠮᠨᠠᠭᠰᠠᠨ ᠪᠠᠶ᠋ᠢᠨ᠎ᠠ᠃ ᠣᠳᠣᠬᠠᠨ᠎ᠳᠤ᠂ 《ᠡᠯᠡᠰᠦ ᠵᠢ ᠲᠤᠭᠣᠯᠬᠤ ᠵᠠᠰᠠᠮᠠᠯ ᠵᠠᠮ》᠎ᠨᠢ ᠶᠠᠭ ᠲᠡᠭᠦᠨ᠎ᠤ ᠥᠪᠡᠷᠮᠢᠴᠡ 《ᠵᠠᠮ ᠵᠶ᠋ᠠᠷ ᠡᠯᠡᠰᠦ ᠵᠢ ᠵᠠᠰᠠᠬᠤ》 ᠬᠡᠪ ᠵᠠᠭᠪᠤᠷ ᠵᠶ᠋ᠠᠷ ᠡᠯᠡᠰᠦᠷᠬᠡᠭ ᠣᠷᠣᠨ᠎ᠤ ᠣᠯᠠᠨ ᠲᠦᠮᠡᠨ ᠬᠢᠭᠡᠳ ᠭᠠᠳᠠᠭ᠋ᠠᠳᠤ᠎ᠯᠤᠭ᠎ᠠ ᠵᠢᠨ ᠬᠠᠷᠢᠯᠴᠠᠭ᠋ᠠᠨ᠎ᠤ ᠵᠠᠮ᠎ᠢ ᠨᠡᠪᠲᠡᠷᠡᠭᠦᠯᠵᠦ᠂ ᠡᠯᠡᠰᠦᠷᠬᠡᠭ ᠣᠷᠣᠨ᠎ᠤ ᠠᠮᠢ ᠠᠬᠤᠶ ᠵᠢ ᠰᠠᠶ᠋ᠢᠵᠢᠷᠠᠭᠤᠯᠬᠤ ᠪᠠ ᠠᠵᠤ ᠠᠬᠤᠶ ᠵᠢ ᠬᠥᠭᠵᠢᠭᠦᠯᠬᠦ ᠠᠮᠢᠨ ᠰᠤᠳᠠᠰᠤ ᠪᠣᠯᠵᠣ ᠪᠠᠶ᠋ᠢᠨ᠎ᠠ᠃

   ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠎ᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠵᠡᠷᠭᠡ ᠤᠯᠤᠰ᠎ᠤᠨ ᠶᠠᠮᠤᠨ ᠵᠦᠪᠯᠡᠯ᠎ᠤᠨ ᠪᠠᠶ᠋ᠢᠴᠠᠭ᠋ᠠᠨ ᠰᠤᠳᠤᠯᠤᠯᠲᠠ᠎ᠲᠠᠢ ᠢᠳᠡᠪᠬᠢᠲᠡᠶ ᠬᠠᠮᠵᠢᠯᠴᠠᠨ᠂ 《ᠵᠠᠮ ᠵᠶ᠋ᠠᠷ ᠣᠷᠣᠨ᠎ᠢ ᠬᠤᠪᠢᠶᠠᠷᠢᠯᠠᠬᠤ᠂ ᠬᠡᠰᠡᠭ ᠬᠤᠪᠢᠶᠠᠨ ᠵᠠᠰᠠᠬᠤ》 ᠵᠠᠰᠠᠮᠠᠯ ᠵᠠᠮ᠎ᠤᠨ ᠡᠯᠡᠰᠦ ᠵᠢ ᠵᠠᠰᠠᠭᠰᠠᠨ ᠲᠤᠷᠰᠢᠯᠭ᠎ᠠ᠂ ᠡᠯᠡᠰᠦᠷᠬᠡᠭ ᠭᠠᠵᠠᠷ᠎ᠤᠨ ᠵᠠᠰᠠᠮᠠᠯ ᠵᠠᠮ᠎ᠤᠨ ᠪᠥᠲᠥᠭᠡᠨ ᠪᠠᠶ᠋ᠢᠭᠤᠯᠤᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠂ ᠵᠠᠰᠠᠮᠠᠯ ᠵᠠᠮ᠎ᠤᠨ ᠢᠨᠵᠧᠨᠧᠷᠢᠩ᠎ᠤᠨ ᠡᠯᠡᠰᠦ ᠵᠢ ᠲᠣᠭᠲᠠᠪᠤᠷᠢᠵᠢᠭᠤᠯᠬᠤ ᠠᠷᠭ᠎ᠠ ᠬᠢᠳᠡᠯ᠎ᠢ ᠨᠠᠷᠢᠨ ᠲᠠᠨᠢᠯᠴᠠᠭᠤᠯᠪᠠ; ᠮᠠᠨ᠎ᠤ ᠣᠷᠣᠨ᠎ᠤ ᠡᠯᠡᠰᠦᠷᠬᠡᠭ ᠭᠠᠵᠠᠷ᠎ᠤᠨ ᠵᠠᠰᠠᠮᠠᠯ ᠵᠠᠮ᠎ᠤᠨ ᠲᠣᠤᠷ᠎ᠤᠨ ᠪᠠᠶ᠋ᠢᠳᠠᠯ ᠵᠢᠴᠢ ᠣᠷᠣᠰᠢᠵᠤ ᠪᠠᠶ᠋ᠢᠭ᠎ᠠ ᠳᠤᠲᠠᠭᠤᠳᠠᠯ᠎ᠢ ᠬᠠᠷᠢᠭᠤ ᠮᠡᠳᠡᠭᠦᠯᠵᠦ᠂ ᠬᠤᠷᠴᠢᠨ ᠪᠠ ᠬᠤᠯᠠᠨ ᠰᠢᠷᠭ᠎ᠠ ᠲᠠᠭ᠎ᠠ ᠵᠢᠨ ᠡᠯᠡᠰᠦ ᠵᠢ ᠤᠰᠠᠳᠬᠠᠬᠤ ᠲᠡᠶ᠋ᠢᠨ᠎ᠤ ᠬᠡᠷᠡᠭᠵᠢᠭᠦᠯᠦᠯᠲᠡ᠎ᠲᠠᠢ ᠤᠶᠠᠯᠳᠤᠭᠤᠯᠤᠨ᠂ 《ᠡᠯᠡᠰᠦ ᠵᠢ ᠲᠤᠭᠤᠯᠬᠤ ᠵᠠᠰᠠᠮᠠᠯ ᠵᠠᠮ》᠎ᠤᠨ ᠪᠥᠲᠥᠭᠡᠨ ᠪᠠᠶ᠋ᠢᠭᠤᠯᠤᠯᠲᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠳᠤᠷᠠᠳᠪᠠ᠃ ᠬᠠᠮᠢᠶ᠎ᠠ ᠪᠦᠬᠦᠢ ᠰᠠᠯᠠᠭ᠎ᠠ ᠮᠥᠴᠢᠷ᠎ᠯᠦᠭᠡ ᠰᠠᠨᠠᠭ᠋ᠠᠴᠢᠯᠠᠭ᠎ᠠ᠎ᠠᠴᠠ᠎ᠪᠠᠨ ᠨᠡᠪᠲᠡᠷᠡᠯᠴᠡᠨ ᠵᠣᠯᠭ᠋ᠠᠭᠤᠯᠵᠤ ᠬᠠᠷᠢᠭᠤ ᠮᠡᠳᠡᠭᠦᠯᠵᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠴᠢᠨ ᠪᠣᠯᠤᠨ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠣᠷᠣᠨ᠎ᠤ 〈ᠵᠠᠮ ᠵᠶ᠋ᠠᠷ ᠡᠯᠡᠰᠦ ᠵᠢ       ᠵᠠᠰᠠᠬᠤ〉 ᠬᠥᠭᠵᠢᠯᠲᠡ ᠵᠢᠨ ᠲᠥᠯᠥᠪᠵᠢᠭᠦᠯᠭᠡ (2024 — 2030 ᠣᠨ)》 ᠵᠢ ᠨᠠᠶ᠋ᠢᠷᠠᠭᠤᠯᠤᠨ       ᠲᠠᠷᠬᠠᠭ᠋ᠠᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ᠎ᠠᠴᠠ ᠠᠵᠢᠯ ᠲᠥᠷᠥᠯ᠎ᠤᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠵᠦ᠂ 2030 ᠣᠨ ᠪᠣᠯᠬᠤ᠎ᠳᠤ ᠮᠠᠨ᠎ᠤ ᠣᠷᠣᠨ᠎ᠤ 6363 ᠺᠢᠯᠤᠮᠸᠲᠷ᠎ᠤᠨ 《ᠡᠯᠡᠰᠦ ᠵᠢ ᠲᠤᠭᠤᠯᠬᠤ ᠵᠠᠰᠠᠮᠠᠯ ᠵᠠᠮ》᠎ᠤᠨ ᠲᠥᠷᠥᠯ ᠵᠦᠢ᠍ᠯ᠎ᠢ ᠬᠡᠷᠡᠭᠵᠢᠭᠦᠯᠬᠦ ᠵᠢ ᠳᠡᠮᠵᠢᠵᠦ᠂ 7 ᠵᠢᠯ᠎ᠳᠤ ᠲᠥᠪ᠎ᠤᠨ ᠲᠡᠷᠭᠡ ᠬᠤᠳᠠᠯᠳᠤᠨ ᠠᠪᠬᠤ ᠭᠠᠶ᠋ᠢᠯᠢ ᠵᠢᠨ ᠪᠠᠯᠠ ᠮᠥᠩᠭᠦ ᠵᠢ ᠲᠤᠰᠬᠠᠶ᠋ᠢᠯᠠᠨ 《ᠡᠯᠡᠰᠦ ᠵᠢ ᠲᠤᠭᠤᠯᠬᠤ ᠵᠠᠰᠠᠮᠠᠯ ᠵᠠᠮ》᠎ᠤᠨ ᠪᠥᠲᠥᠭᠡᠨ ᠪᠠᠶ᠋ᠢᠭᠤᠯᠤᠯᠲᠠ᠎ᠳᠤ ᠨᠥᠬᠦᠪᠥᠷᠢ ᠥᠭᠬᠦ᠎ᠪᠠᠷ ᠲᠥᠯᠥᠪᠯᠡᠵᠦ ᠪᠣᠶ᠃

 

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠭᠠᠵᠠᠷ ᠳᠣᠣᠷᠠᠬᠢ ᠤᠰᠤ ᠵᠢ ᠲᠠᠲᠠᠵᠤ ᠬᠡᠷᠡᠭᠯᠡᠬᠦ ᠬᠢᠨᠠᠨ ᠬᠡᠮᠵᠢᠬᠦ ᠲᠣᠣᠷ ᠰᠦᠯᠵᠢᠶ᠎ᠡ ᠵᠢ ᠦᠨᠳᠦᠰᠦᠨ᠎ᠳᠡᠭᠡᠨ ᠪᠡᠶᠡᠯᠡᠭᠦᠯᠪᠡ
《ᠤᠰᠤ ᠵᠢ ᠠᠷᠪᠢᠯᠠᠨ ᠭᠠᠮᠨᠠᠬᠤ ᠲᠦᠷᠢᠮ》᠎ᠢ ᠤᠬᠠᠭᠤᠯᠤᠨ ᠲᠤᠭᠤᠰᠢᠯᠠᠭᠤᠯᠬᠤ — ᠤᠰᠤᠨ ᠠᠰᠢᠭᠯᠠᠯᠲᠠ ᠵᠢᠨ ᠬᠠᠥᠯᠢ᠎ᠪᠠᠷ ᠵᠠᠰᠠᠬᠤ ᠪᠠᠶ᠋ᠢᠭᠤᠯᠤᠯᠲᠠ ᠵᠢ ᠴᠢᠩᠭ᠋ᠠᠳᠬᠠᠵᠤ ᠬᠠᠤᠯᠢ ᠶᠣᠰᠣᠭ᠋ᠠᠷ ᠤᠰᠤ ᠵᠢ ᠵᠠᠰᠠᠵᠤ ᠤᠰᠤ ᠬᠠᠮᠢᠶᠠᠷᠬᠤ ᠵᠢ ᠬᠡᠷᠡᠭᠵᠢᠭᠦᠯᠪᠡ
ᠦᠢ᠍ᠯᠡᠳᠪᠤᠷᠢᠯᠡᠯ ᠪᠦᠳᠦᠭᠡᠨ ᠪᠠᠢ᠌ᠭᠤᠯᠤᠯᠳᠠ ᠵᠢᠨ ᠵᠤᠢ᠌ᠯᠡᠰ᠎ᠤᠨ ᠬᠦᠷᠦᠰᠦ ᠰᠢᠷᠤᠢ ᠵᠢ ᠬᠠᠮᠠᠭ᠋ᠠᠯᠠᠬᠤ ᠲᠦᠰᠦᠯ᠎ᠤᠨ ᠬᠢᠨᠠᠨ ᠵᠦᠪᠰᠢᠶᠡᠷᠡᠯ᠎ᠢ ᠬᠦᠢ᠍ᠴᠡᠳᠭᠡᠬᠦ ᠵᠦᠭᠯᠡᠬᠦᠷ
ᠤᠰᠤᠨ᠎ᠤ ᠢᠨᠵᠧᠨᠧᠷᠢᠩ᠎ᠤᠨ ᠪᠦᠳᠦᠭᠡᠨ ᠪᠠᠢ᠌ᠭᠤᠯᠤᠯᠳᠠ ᠵᠢᠨ ᠲᠦᠯᠦᠪᠵᠢᠬᠦᠯᠭᠡ ᠵᠢᠨ ᠵᠦᠪᠰᠢᠶᠡᠷᠡᠯ᠎ᠤᠨ ᠪᠢᠴᠢᠭ᠎ᠤᠨ ᠬᠢᠨᠠᠨ ᠬᠠᠷᠭᠤᠯᠤᠯᠳᠠ ᠵᠢ ᠬᠦᠢ᠍ᠴᠡᠳᠭᠡᠬᠦ ᠵᠦᠭᠯᠡᠬᠦᠷ
ᠤᠰᠤ ᠠᠪᠬᠤ ᠵᠦᠪᠰᠢᠶᠡᠷᠡᠯ᠎ᠤᠨ ᠦᠨᠡᠮᠯᠡᠯ᠎ᠢ ᠬᠤᠪᠢᠷᠠᠭᠤᠯᠬᠤ ᠵᠦᠭᠯᠡᠬᠦᠷ
 
            