11 ᠳ᠋ᠦ᠍ᠭᠡᠷ ᠰᠠᠷ᠎ᠠ ᠵᠢᠨ 23᠎ᠤ ᠡᠳᠦᠷ᠂ 2024 ᠣᠨ᠎ᠤ 《ᠠᠵᠢᠯᠴᠢᠨ᠎ᠤ ᠡᠪᠯᠡᠯ ᠬᠠᠪᠰᠤᠷᠤᠨ ᠠᠵᠢᠯ ᠣᠯᠭᠣᠬᠤ》 ᠪᠡᠭᠡᠵᠢᠩ ᠲᠢᠶᠠᠨᠵᠢᠨ ᠡᡁᠧᠪᠸᠢ ᠥᠪᠥᠷ ᠮᠣᠩᠭᠤᠯ᠎ᠤᠨ ᠠᠵᠢᠯᠴᠢᠨ᠎ᠤ ᠡᠪᠯᠡᠯ ᠠᠵᠢᠯ ᠣᠯᠭᠣᠵᠤ ᠦᠢ᠍ᠯᠡᠰ ᠪᠣᠰᠬᠠᠬᠤ ᠬᠠᠮᠵᠢᠯᠴᠠᠭ᠋ᠠᠨ᠎ᠤ ᠥᠪᠥᠷ ᠮᠣᠩᠭᠤᠯ᠎ᠤᠨ ᠲᠤᠰᠬᠠᠶ ᠲᠠᠯᠠᠪᠤᠷ ᠠᠵᠢᠯᠲᠠᠨ ᠡᠯᠰᠡᠬᠦ ᠠᠵᠢᠯᠯᠠᠭ᠎ᠠ ᠬᠥᠬᠡᠬᠤᠲᠠ᠎ᠳᠤ ᠡᠬᠢᠯᠡᠪᠡ᠃
ᠲᠣᠰ ᠤᠳᠠᠭ᠋ᠠᠨ᠎ᠤ ᠠᠵᠢᠯᠲᠠᠨ ᠡᠯᠰᠡᠬᠦ ᠠᠵᠢᠯᠯᠠᠭ᠎ᠠ᠎ᠨᠢ ᠰᠦᠯᠵᠢᠶ᠎ᠡ᠎ᠪᠠᠷ ᠪᠠ ᠰᠦᠯᠵᠢᠶᠡᠨ᠎ᠠᠴᠠ ᠭᠠᠳᠠᠭᠤᠷᠬᠢ ᠵᠢ ᠬᠠᠷᠢᠯᠴᠠᠨ ᠤᠶᠠᠯᠳᠤᠭᠤᠯᠵᠤ᠂ ᠰᠦᠯᠵᠢᠶᠡᠨ᠎ᠠᠴᠠ ᠭᠠᠳᠠᠭᠤᠷᠬᠢ ᠠᠵᠢᠯᠯᠠᠭ᠎ᠠ᠎ᠳᠤ ᠠᠵᠢᠯᠲᠠᠨ ᠡᠯᠰᠡᠬᠦ ᠵᠡᠭᠡᠯᠢ ᠲᠣᠭᠤᠷᠢᠭ᠂ ᠰᠢᠭᠤᠳ ᠨᠡᠪᠲᠡᠷᠡᠭᠦᠯᠬᠦ ᠵᠡᠭᠡᠯᠢ ᠲᠣᠭᠤᠷᠢᠭ᠂ ᠤᠶᠤᠨᠲᠤ ᠵᠡᠭᠡᠯᠢ ᠲᠣᠭᠤᠷᠢᠭ᠂ ᠦᠢ᠍ᠯᠡᠴᠢᠯᠡᠭᠡᠨ᠎ᠤ ᠵᠡᠭᠡᠯᠢ ᠲᠣᠭᠤᠷᠢᠭ᠂ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠵᠡᠭᠡᠯᠢ ᠲᠣᠭᠤᠷᠢᠭ᠂ ᠠᠮᠢᠳᠤᠯᠢᠭ ᠵᠶ᠋ᠠᠷ ᠠᠵᠢᠯ ᠣᠯᠭᠤᠬᠤ ᠵᠡᠭᠡᠯᠢ ᠲᠣᠭᠤᠷᠢᠭ ᠵᠡᠷᠭᠡ ᠵᠢᠷᠭᠤᠭ᠋ᠠᠨ ᠶᠡᠭᠡ ᠵᠡᠭᠡᠯᠢ ᠲᠣᠭᠤᠷᠢᠭ᠎ᠢ ᠳᠣᠬᠢᠷᠠᠭᠤᠯᠵᠤ᠂ 《ᠠᠬᠤᠢ ᠲᠠᠯᠠᠪᠠᠢ᠎ᠳᠤ ᠠᠵᠢᠯᠲᠠᠨ ᠡᠯᠰᠡᠬᠦ + ᠡᠭᠦᠯᠡᠨ ᠦᠵᠦᠭᠦᠷ ᠵᠶ᠋ᠡᠷ ᠰᠢᠭᠤᠳ ᠨᠡᠪᠲᠡᠷᠡᠭᠦᠯᠬᠦ + ᠳ᠋ᠢᠭᠢᠲᠴᠢᠯᠡᠯᠲᠡᠪᠠᠷ ᠠᠵᠢᠯ ᠣᠯᠭᠣᠬᠤ + ᠵᠠᠬᠢᠶᠠᠯᠠᠭ᠎ᠠ᠎ᠪᠠᠷ ᠦᠢ᠍ᠯᠡᠴᠢᠯᠡᠬᠦ + ᠦᠢ᠍ᠯᠡᠰ ᠪᠣᠰᠬᠠᠬᠤ᠎ᠪᠠᠷ ᠲᠠᠨᠢᠯᠴᠠᠭᠤᠯᠬᠤ》 ᠵᠢ ᠬᠠᠷᠢᠯᠴᠠᠨ ᠠᠭᠤᠰᠤᠯᠴᠠᠭᠤᠯᠬᠤ ᠬᠡᠯᠪᠡᠷᠢ᠎ᠪᠠᠷ ᠥᠷᠨᠢᠭᠦᠯᠪᠡ᠃
ᠪᠡᠭᠡᠵᠢᠩ ᠲᠢᠶᠠᠨᠵᠢᠨ ᠾᠧᠪᠸᠢ ᠥᠪᠥᠷ ᠮᠣᠩᠭᠤᠯ ᠳᠥᠷᠪᠡᠨ ᠭᠠᠵᠠᠷ᠎ᠠᠴᠠ ᠢᠷᠡᠭᠰᠡᠨ 585 ᠡᠷᠦᠬᠡ ᠠᠵᠤ ᠠᠬᠤᠶ᠋ᠢᠯᠠᠯ ᠨᠡᠶ᠋ᠢᠲᠡ 1900 ᠭᠠᠷᠤᠶ ᠠᠵᠢᠯ᠎ᠤᠨ ᠪᠠᠶ᠋ᠢᠷᠢ ᠬᠠᠩᠭ᠋ᠠᠵᠤ᠂ ᠡᠯᠰᠡᠬᠦ ᠬᠦᠮᠦᠨ᠎ᠤ ᠲᠣᠭ᠎ᠠ᠎ᠨᠢ 11000 ᠰᠢᠬᠠᠮ ᠬᠥᠮᠦᠨ᠎ᠳᠤ ᠬᠦᠷᠪᠡ᠃ ᠡᠨᠧᠷᠭᠢ ᠬᠢᠮᠢ ᠵᠢᠨ ᠠᠵᠤ ᠦᠢ᠍ᠯᠡᠳᠪᠦᠷᠢ᠂ ᠦᠢ᠍ᠯᠡᠳᠪᠦᠷᠢᠯᠡᠯ᠎ᠤᠨ ᠠᠵᠢᠯᠯᠠᠭ᠎ᠠ᠂ ᠰᠤᠷᠭ᠋ᠠᠨ ᠬᠥᠮᠦᠵᠢᠯ᠎ᠤᠨ ᠪᠣᠯᠪᠠᠰᠤᠷᠠᠯ᠂ ᠮᠥᠩᠭᠦᠨ ᠭᠦᠢ᠍ᠯᠭᠡᠭᠡ ᠳᠠᠭ᠋ᠠᠳᠬᠠᠯ᠂ ᠦᠢ᠍ᠯᠡᠴᠢᠯᠡᠭᠡᠨ᠎ᠤ ᠦᠢ᠍ᠯᠡᠰ᠂ ᠰᠣᠶᠣᠯ ᠤᠷᠠᠯᠢᠭ᠂ ᠵᠠᠮ ᠬᠠᠷᠢᠯᠴᠠᠭ᠎ᠠ ᠲᠡᠭᠡᠭᠡᠪᠦᠷᠢ᠂ ᠡᠮᠴᠢᠯᠡᠭᠡ᠂ ᠮᠠᠯ ᠲᠠᠷᠢᠶᠠᠯᠠᠩ ᠣᠢ ᠰᠢᠭᠤᠢ᠂ ᠲᠤᠰᠠᠯᠠᠬᠤ ᠵᠢᠭ᠋ᠠᠰᠤᠨ᠎ᠤ ᠠᠵᠤ ᠠᠬᠤᠢ ᠵᠡᠷᠭᠡ ᠠᠵᠢᠯ ᠲᠦᠷᠦᠯᠤᠳᠢ ᠬᠠᠮᠤᠷᠴᠤ᠂ ᠠᠵᠢᠯ᠎ᠤᠨ ᠪᠠᠶ᠋ᠢᠷᠢ ᠰᠢᠯᠵᠢᠭᠰᠡᠨ ᠪᠠ ᠠᠵᠢᠯ᠎ᠤᠨ ᠪᠠᠢ᠌ᠷᠢ ᠬᠦᠯᠢᠶᠡᠵᠦ ᠪᠠᠢ᠌ᠭ᠎ᠠ ᠠᠵᠢᠯᠳᠠᠨ ᠠᠵᠢᠯᠴᠢᠨ᠂ ᠰᠢᠨ᠎ᠡ ᠠᠵᠢᠯ ᠣᠯᠭᠤᠯᠲᠠ ᠵᠢᠨ ᠬᠡᠯᠪᠡᠷᠢ ᠵᠢᠨ ᠬᠥᠳᠡᠯᠮᠦᠷᠢᠴᠢᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠴᠢᠷᠳᠡᠯᠲᠡᠢ ᠠᠵᠢᠯᠲᠠᠨ ᠠᠵᠢᠯᠴᠢᠳ᠎ᠤᠨ ᠭᠡᠷ ᠪᠦᠯᠢ ᠵᠢᠨ ᠭᠡᠰᠢᠭᠦᠳ᠂ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠠᠵᠢᠯ ᠡᠷᠢᠭᠰᠡᠳ᠎ᠲᠤ ᠴᠢᠨᠠᠷ ᠰᠠᠢ᠌ᠲᠠᠢ ᠠᠵᠢᠯ ᠣᠯᠭᠣᠯᠲᠠ᠎ᠳᠤ ᠬᠦᠴᠦᠨ ᠨᠡᠮᠡᠷᠢᠯᠡᠪᠡ᠃
ᠠᠵᠢᠯᠲᠠᠨ ᠡᠯᠰᠡᠬᠦ ᠬᠤᠷᠠᠯ᠎ᠤᠨ ᠠᠬᠤᠢ ᠲᠠᠯᠠᠪᠠᠢ᠎ᠳᠤ ᠪᠡᠭᠡᠵᠢᠩ ᠲᠢᠶᠠᠨᠵᠢᠨ ᠾᠧᠪᠧᠶ ᠥᠪᠥᠷ ᠮᠣᠩᠭᠤᠯ ᠳᠥᠷᠪᠡᠨ ᠭᠠᠵᠠᠷ᠎ᠠᠴᠠ ᠢᠷᠡᠭᠰᠡᠨ ᠠᠵᠢᠯ ᠣᠯᠭᠤᠬᠤ ᠦᠢ᠍ᠯᠡᠰ ᠪᠣᠰᠬᠠᠬᠤ ᠵᠢᠯᠣᠭᠤᠳᠤᠭᠴᠢ ᠪᠠᠭᠰᠢ ᠵᠢ ᠤᠷᠢᠵᠤ ᠠᠵᠢᠯ ᠣᠯᠭᠣᠬᠤ ᠦᠢ᠍ᠯᠡᠰ ᠪᠣᠰᠬᠠᠬᠤ ᠲᠠᠯ᠎ᠠ ᠵᠢᠨ ᠬᠤᠪᠢᠶᠠᠯᠴᠠᠯᠭ᠎ᠠ ᠬᠢᠯᠭᠡᠵᠦ᠂ ᠪᠠᠰᠠ 《ᠠᠵᠢᠯ ᠣᠯᠬᠤ᠎ᠳᠤ᠎ᠨᠢ ᠬᠦᠷᠭᠡᠬᠦ ᠤᠯᠠᠭ᠎ᠠ ᠥᠷᠲᠡᠭᠡ》 ᠳᠣᠬᠢᠷᠠᠭᠤᠯᠵᠤ ᠬᠤᠷᠠᠯ᠎ᠳᠤ ᠣᠷᠣᠯᠴᠠᠭᠰᠠᠨ ᠠᠵᠤ ᠠᠬᠤᠶ᠋ᠢᠯᠠᠯ ᠪᠠ ᠠᠵᠢᠯ ᠡᠷᠢᠭᠰᠡᠳ᠎ᠲᠤ ᠪᠦᠬᠦ ᠲᠠᠯ᠎ᠠ ᠵᠢᠨ ᠠᠵᠢᠯ ᠣᠯᠭᠤᠬᠤ ᠦᠢ᠍ᠯᠡᠴᠢᠯᠡᠭᠡ ᠬᠠᠩᠭ᠋ᠠᠪᠠ᠃ ᠲᠤᠬᠠᠶ ᠵᠢᠨ ᠡᠳᠦᠷ᠎ᠲᠤ᠂ ᠰᠦᠯᠵᠢᠶᠡᠨ᠎ᠠᠴᠠ ᠭᠠᠳᠠᠭᠤᠷᠬᠢ ᠠᠵᠢᠯᠲᠠᠨ ᠡᠯᠰᠡᠯᠲᠡ᠎ᠳᠤ ᠨᠡᠶ᠋ᠢᠲᠡ 9000 ᠭᠠᠷᠤᠶ ᠬᠥᠮᠦᠨ ᠠᠬᠤᠢ ᠲᠠᠯᠠᠪᠠᠶ᠎ᠳᠤ ᠬᠦᠷᠦᠯᠴᠡᠨ ᠢᠷᠡᠵᠦ᠂ 1.4 ᠲᠦᠮᠡ ᠭᠠᠷᠤᠶ ᠲᠣᠪᠴᠢ ᠨᠠᠮᠲᠠᠷ᠎ᠢ ᠬᠦᠯᠢᠶᠡᠨ ᠠᠪᠴᠤ᠂ ᠰᠦᠯᠵᠢᠶ᠎ᠡ᠎ᠪᠠᠷ ᠠᠵᠢᠯᠲᠠᠨ ᠡᠯᠰᠡᠭᠰᠡᠨ ᠠᠵᠢᠯᠯᠠᠭ᠎ᠠ᠎ᠲᠠᠢ᠎ᠪᠠᠨ ᠨᠡᠢ᠌ᠯᠡᠭᠡᠳ ᠨᠡᠶ᠋ᠢᠲᠡ 4.7 ᠲᠦᠮᠡᠨ ᠬᠥᠮᠦᠨ ᠤᠳᠠᠭ᠎ᠠ ᠣᠷᠣᠯᠴᠠᠪᠠ᠃
ᠲᠣᠰ ᠤᠳᠠᠭ᠋ᠠᠨ᠎ᠤ ᠠᠵᠢᠯᠲᠠᠨ ᠡᠯᠰᠡᠬᠦ ᠠᠵᠢᠯᠯᠠᠭ᠎ᠠ ᠪᠣᠯ ᠳᠤᠮᠳᠠᠳᠤ ᠵᠢᠨ ᠪᠥᠬᠦ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠎ᠤᠨ ᠵᠢᠯᠣᠭᠤᠳᠣᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠨᠢ ᠪᠡᠭᠡᠵᠢᠩ ᠲᠢᠶᠠᠨᠵᠢᠨ ᠾᠧᠪᠧᠶ ᠭᠤᠷᠪᠠᠨ ᠭᠠᠵᠠᠷ᠎ᠤᠨ ᠠᠵᠢᠯᠴᠢᠨ᠎ᠤ ᠡᠪᠯᠡᠯᠯᠦᠭᠡ ᠭᠠᠷ ᠬᠣᠯᠪᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠲᠢᠩᠬᠢᠮ ᠵᠡᠷᠭᠡ ᠨᠢᠭᠡᠴᠢ᠎ᠨᠦᠭᠦᠳ᠎ᠲᠠᠢ ᠬᠠᠮᠲᠤᠷᠠᠨ ᠬᠠᠮᠲᠤ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠪᠡ᠂ ᠲᠤᠰ ᠤᠳᠠᠭ᠋ᠠᠨ᠎ᠤ ᠠᠵᠢᠯᠯᠠᠭ᠎ᠠ᠎ᠨᠢ 12 ᠳ᠋ᠤᠭ᠋ᠠᠷ ᠰᠠᠷ᠎ᠠ ᠵᠢᠨ 23᠎ᠤ ᠡᠳᠦᠷ ᠪᠣᠯᠲᠠᠯ᠎ᠠ ᠶᠠᠪᠤᠭᠳᠠᠬᠤ ᠪᠣᠯᠣᠨ᠎ᠠ᠃ ᠡᠨᠡ ᠬᠦ᠌ ᠬᠤᠭᠤᠴᠠᠭ᠋ᠠᠨ᠎ᠳᠤ᠂ ᠳᠤᠮᠳᠠᠳᠤ ᠵᠢᠨ ᠪᠥᠬᠦ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠎ᠤᠨ 《ᠠᠵᠢᠯᠲᠠᠨ ᠠᠵᠢᠯᠴᠢᠨ᠎ᠤ ᠬᠡᠷ》 APP᠂ ᠥᠪᠥᠷ ᠮᠣᠩᠭᠤᠯ᠎ᠤᠨ ᠠᠵᠢᠯᠴᠢᠨ᠎ᠤ ᠶᠡᠷᠦᠩᠬᠡᠶ ᠡᠪᠯᠡᠯ᠎ᠤᠨ ᠣᠯᠠᠨ ᠨᠡᠶ᠋ᠢᠲᠡ ᠵᠢᠨ ᠸᠢᠴᠠᠲ ᠲᠠᠪᠴᠠᠩ᠎ᠤᠨ 《ᠡᠭᠦᠯᠡᠨ ᠠᠵᠢᠯᠲᠠᠨ ᠡᠯᠰᠡᠬᠦ》 ᠵᠢᠴᠢ ᠪᠡᠭᠡᠵᠢᠩ ᠲᠢᠶᠠᠨᠵᠢᠨ ᠾᠧᠪᠧᠢ ᠭᠤᠷᠪᠠᠨ ᠭᠠᠵᠠᠷ᠎ᠤᠨ ᠠᠵᠢᠯᠴᠢᠨ᠎ᠤ ᠡᠪᠯᠡᠯ᠎ᠤᠨ ᠠᠵᠢᠯ ᠣᠯᠭᠤᠯᠲᠠ ᠵᠢᠨ ᠲᠠᠪᠴᠠᠩ᠂ ᠥᠪᠥᠷ ᠮᠣᠩᠭᠤᠯ᠎ᠤᠨ 24365 ᠤᠶᠤᠲᠠᠳ᠎ᠤᠨ ᠠᠵᠢᠯ ᠣᠯᠭᠤᠯᠲᠠ ᠵᠢᠨ ᠦᠢ᠍ᠯᠡᠴᠢᠯᠡᠭᠡᠨ᠎ᠤ ᠲᠠᠪᠴᠠᠩᠤᠳᠲᠤ ᠵᠡᠷᠭᠡ᠎ᠳᠤ᠎ᠨᠢ ᠲᠤᠰᠬᠠᠶ ᠲᠠᠯᠠᠪᠤᠷ ᠲᠣᠬᠢᠷᠠᠭᠤᠯᠤᠨ ᠠᠵᠢᠯᠲᠠᠨ ᠡᠯᠰᠡᠬᠦ ᠠᠵᠢᠯ᠎ᠢ ᠥᠷᠨᠢᠭᠦᠯᠬᠦ ᠪᠣᠯᠣᠨ᠎ᠠ᠃