ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠣᠢ᠌ᠯᠠᠭ᠋ᠠᠭᠰᠠᠨ ᠵᠶ᠋ᠠᠷ᠂ ᠥᠪᠥᠷ ᠮᠣᠩᠭᠣᠯ ᠣᠢ᠌ᠷ᠎ᠠ ᠵᠢᠨ ᠵᠢᠯ᠎ᠳᠤ ᠭᠠᠵᠠᠷ ᠳᠣᠣᠷᠠᠬᠢ ᠤᠰᠤ ᠵᠢ ᠬᠡᠲᠦ ᠮᠠᠯᠲᠠᠭᠰᠠᠨ ᠣᠷᠣᠨ᠎ᠢ ᠶᠡᠷᠦᠩᠬᠡᠢ᠌ᠯᠡᠨ ᠵᠠᠰᠠᠬᠤ ᠵᠢ ᠦᠷᠭᠦᠯᠵᠢᠯᠡᠨ ᠠᠬᠢᠭᠤᠯᠵᠤ᠂ ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠬᠤᠳᠳᠤᠭ᠎ᠢ 2600 ᠭᠠᠷᠤᠢ ᠲᠠᠯᠪᠢᠵᠤ᠂ 《ᠴᠠᠬᠢᠯᠭ᠋ᠠᠨ ᠵᠶ᠋ᠠᠷ ᠤᠰᠤ ᠵᠢ ᠨᠤᠭᠤᠯᠤᠨ ᠪᠤᠳᠤᠬᠤ》 ᠵᠡᠷᠭᠡ ᠠᠷᠭ᠎ᠠ ᠬᠡᠯᠪᠡᠷᠢ᠎ᠪᠠᠷ ᠬᠤᠳᠳᠤᠭ᠎ᠤᠨ ᠤᠰᠤᠯᠠᠯᠲᠠ᠎ᠳᠤ ᠲᠠᠷᠢᠶᠠᠯᠠᠩ᠎ᠤᠨ ᠬᠡᠷᠡᠭᠯᠡᠬᠦ ᠤᠰᠤᠨ᠎ᠤ ᠬᠡᠮᠵᠢᠯᠲᠡ ᠵᠢ ᠪᠦᠷᠢᠨ ᠪᠦᠷᠬᠦᠭᠦᠯᠬᠦ ᠵᠢ ᠪᠡᠶᠡᠯᠡᠭᠦᠯᠪᠡ᠃ ᠣᠳᠣᠬᠠᠨ᠎ᠳᠤ᠂ ᠥᠪᠥᠷ ᠮᠣᠩᠭᠣᠯ᠎ᠤᠨ ᠭᠠᠵᠠᠷ ᠳᠣᠣᠷᠠᠬᠢ ᠤᠰᠤ ᠵᠢ ᠲᠠᠲᠠᠵᠤ ᠬᠡᠷᠡᠭᠯᠡᠬᠦ ᠬᠢᠨᠠᠨ ᠬᠡᠮᠵᠢᠯᠲᠡ ᠵᠢᠨ ᠲᠣᠣᠷ ᠰᠦᠯᠵᠢᠶ᠎ᠡ ᠦᠨᠳᠦᠰᠦᠨ᠎ᠳᠡᠭᠡᠨ ᠪᠦᠷᠢᠯᠳᠦᠪᠡ᠃
ᠥᠪᠥᠷ ᠮᠣᠩᠭᠣᠯ ᠣᠢ᠌ᠷ᠎ᠠ ᠵᠢᠨ ᠵᠢᠯ᠎ᠤᠳ᠎ᠲᠤ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠦᠷᠭᠦᠯᠵᠢᠯᠡᠨ ᠴᠢᠩᠭ᠋ᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤ ᠵᠢ ᠬᠠᠮᠠᠭ᠋ᠠᠯᠠᠬᠤ ᠪᠠ ᠬᠠᠮᠢᠶᠠᠷᠬᠤ ᠳᠦᠷᠢᠮ᠎ᠢ ᠨᠡᠢ᠌ᠲᠡᠯᠡᠵᠦ᠂ ᠭᠠᠵᠠᠷ ᠳᠣᠣᠷᠠᠬᠢ ᠤᠰᠤᠨ᠎ᠤ ᠲᠦᠪᠰᠢᠨ᠎ᠢ ᠨᠡᠪᠲᠡᠷᠡᠭᠦᠯᠬᠦ ᠳᠦᠷᠢᠮ᠎ᠢ ᠪᠠᠢ᠌ᠭᠤᠯᠤᠨ᠂ ᠭᠠᠵᠠᠷ ᠳᠣᠣᠷᠠᠬᠢ ᠤᠰᠤᠨ᠎ᠤ ᠬᠡᠮᠵᠢᠶ᠎ᠡ᠂ ᠤᠰᠤᠨ᠎ᠤ ᠲᠦᠪᠰᠢᠨ᠎ᠢ 《ᠬᠤᠤᠰ ᠡᠵᠡᠮᠳᠡᠬᠦ》 ᠦᠨᠡᠯᠡᠨ ᠵᠢᠱ᠌ᠢᠬᠦ ᠵᠢ ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠵᠢ ᠵᠦᠢ ᠵᠣᠬᠢᠰᠲᠠᠢ ᠨᠡᠭᠡᠭᠡᠨ ᠠᠰᠢᠭᠯᠠᠬᠤ ᠪᠠ ᠦᠷᠭᠦᠯᠵᠢᠯᠡᠨ ᠠᠰᠢᠭᠯᠠᠬᠤ ᠵᠢ ᠪᠡᠶᠡᠯᠡᠭᠦᠯᠬᠦ ᠵᠢ ᠲᠦᠯᠬᠢᠨ ᠠᠬᠢᠭᠤᠯᠪᠠ᠃ 《ᠴᠠᠬᠢᠯᠭ᠋ᠠᠨ ᠵᠶ᠋ᠠᠷ ᠤᠰᠤ ᠵᠢ ᠨᠤᠭᠤᠯᠤᠨ ᠪᠤᠳᠤᠬᠤ》 ᠬᠢᠨᠠᠨ ᠬᠡᠮᠵᠢᠬᠦ ᠠᠷᠭ᠎ᠠ ᠬᠡᠮᠵᠢᠶ᠎ᠡ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠥᠪᠥᠷ ᠮᠣᠩᠭᠣᠯ ᠪᠥᠬᠥ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤᠨ᠎ᠤ ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠵᠦ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠨᠠᠢ᠌ᠳᠠᠪᠤᠷᠢᠵᠢᠭᠤᠯᠬᠤ᠎ᠳᠤ ᠰᠠᠭᠤᠷᠢ ᠲᠤᠯᠭ᠋ᠠᠭᠤᠷᠢᠯᠠᠯ ᠬᠠᠩᠭ᠋ᠠᠪᠠ᠃
(《ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ》᠎ᠠᠴᠠ ᠰᠢᠯᠵᠢᠭᠦᠯᠪᠡ)