ᠣᠶ᠋ᠢᠷ᠎ᠠ᠎ᠳᠤ᠂ ᠤᠰᠤᠨ ᠠᠰᠢᠭᠯᠠᠯᠲᠠ ᠵᠢᠨ ᠶᠠᠮᠤᠨ 《ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠣᠭᠲᠠᠭ᠋ᠠᠯ》 (ᠤᠰᠤᠨ ᠠᠰᠢᠭᠯᠠᠯᠲᠠ ᠵᠢᠨ ᠶᠠᠮᠤᠨ᠎ᠤ ᠵᠠᠷᠯᠢᠭ 52 ᠳ᠋ᠤᠭ᠋ᠠᠷ ᠲᠣᠭ᠋ᠠᠲᠤ᠂ ᠳᠣᠷᠣᠭᠰᠢ 《ᠲᠣᠭᠲᠠᠭ᠋ᠠᠯ》 ᠭᠡᠵᠦ ᠲᠣᠪᠴᠢᠯᠠᠨ᠎ᠠ)᠎ᠢ ᠲᠣᠭᠲᠠᠭ᠋ᠠᠨ ᠨᠡᠶ᠋ᠢᠲᠡᠯᠡᠪᠡ᠃ ᠣᠳᠤ 《ᠲᠣᠭᠲᠠᠭ᠋ᠠᠯ》᠎ᠤᠨ ᠲᠤᠬᠠᠶ ᠳᠣᠤᠷᠠᠬᠢ ᠮᠡᠲᠦ ᠲᠠᠶ᠋ᠢᠯᠤᠮᠵᠢ ᠬᠢᠶ᠎ᠡ᠃
ᠨᠢᠭᠡ᠂ 《ᠲᠣᠭᠲᠠᠭ᠋ᠠᠯ》᠎ᠳᠤ ᠵᠠᠰᠠᠪᠤᠷᠢ ᠣᠷᠣᠭᠤᠯᠤᠭᠰᠠᠨ ᠠᠬᠤᠢ ᠪᠠᠢ᠌ᠳᠠᠯ?
ᠤᠰᠤᠨ ᠠᠰᠢᠭᠯᠠᠯᠲᠠ ᠵᠢᠨ ᠪᠠᠷᠢᠯᠭ᠎ᠠ᠎ᠨᠢ ᠴᠢᠬᠤᠯᠠ ᠰᠠᠭᠤᠷᠢ ᠲᠥᠬᠦᠭᠡᠷᠦᠮᠵᠢ ᠪᠣᠯᠤᠭᠰᠠᠨ᠎ᠤ ᠬᠤᠪᠢ᠎ᠳᠤ᠂ ᠶᠠᠰᠤ ᠴᠢᠨᠠᠷ᠎ᠤᠨ ᠬᠠᠮᠢᠶᠠᠷᠤᠯᠲᠠ ᠪᠣᠯ ᠤᠰᠤᠨ ᠠᠰᠢᠭᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠥᠨᠢᠳᠡ ᠵᠢᠨ ᠭᠤᠣᠯ ᠰᠡᠳᠦᠪ ᠪᠣᠯᠤᠨ᠎ᠠ᠃ ᠤᠰᠤᠨ ᠠᠰᠢᠭᠯᠠᠯᠲᠠ ᠵᠢᠨ ᠶᠠᠮᠤᠨ 1997 ᠣᠨ᠎ᠳᠤ 《ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠣᠭᠲᠠᠭ᠋ᠠᠯ》 (ᠤᠰᠤᠨ ᠠᠰᠢᠭᠯᠠᠯᠲᠠ ᠵᠢᠨ ᠶᠠᠮᠤᠨ᠎ᠤ ᠵᠠᠷᠯᠢᠭ 7 ᠳ᠋ᠤᠭ᠋ᠠᠷ ᠲᠣᠭ᠋ᠠᠲᠤ ᠵᠶ᠋ᠠᠷ ᠨᠡᠶ᠋ᠢᠲᠡᠯᠡᠪᠡ᠂ ᠳᠣᠷᠣᠭᠰᠢ ᠤᠤᠯ᠎ᠤᠨ 《ᠲᠣᠭᠲᠠᠭ᠋ᠠᠯ》 ᠭᠡᠵᠦ ᠲᠣᠪᠴᠢᠯᠠᠨ᠎ᠠ)᠎ᠢ ᠨᠡᠶ᠋ᠢᠲᠡᠯᠡᠨ ᠬᠡᠷᠡᠭᠵᠢᠭᠦᠯᠵᠦ᠂ 2017 ᠣᠨ᠎ᠳᠤ ᠬᠡᠰᠡᠭ ᠵᠠᠷᠢᠮ ᠵᠦᠢ᠍ᠯ᠎ᠳᠤ ᠵᠠᠰᠠᠪᠤᠷᠢ ᠣᠷᠣᠭᠤᠯᠪᠠ᠃ ᠤᠤᠯ᠎ᠤᠨ 《ᠲᠣᠭᠲᠠᠭ᠋ᠠᠯ》᠎ᠢ ᠬᠡᠷᠡᠭᠵᠢᠭᠦᠯᠦᠭᠰᠡᠨ ᠬᠣᠷᠢ ᠭᠠᠷᠤᠢ ᠵᠢᠯ᠎ᠤᠨ ᠲᠤᠷᠰᠢ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ᠂ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠤᠨ ᠠᠵᠢᠯ᠎ᠤᠨ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠴᠢᠬᠤᠯᠠ ᠦᠢ᠍ᠯᠡᠳᠦᠯ ᠦᠵᠡᠭᠦᠯᠪᠡ᠃
ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠢᠯᠡᠳᠬᠡᠯ᠎ᠳᠤ ᠵᠢᠭ᠋ᠠᠵᠤ ᠭᠠᠷᠭ᠋ᠠᠭᠰᠠᠨ᠎ᠨᠢ᠂ ᠴᠢᠨᠠᠷ ᠰᠠᠶ᠋ᠢᠲᠠᠢ ᠬᠥᠭᠵᠢᠯᠲᠡ ᠪᠣᠯ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢᠨ ᠲᠡᠷᠢᠭᠦᠨ ᠴᠢᠬᠤᠯᠠ ᠡᠭᠦᠷᠭᠡ ᠮᠥᠨ᠂ ᠶᠠᠰᠤ ᠴᠢᠨᠠᠷ᠎ᠤᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ ᠬᠡᠷᠡᠭᠲᠡᠢ ᠭᠡᠪᠡ᠃ ᠣᠶ᠋ᠢᠷ᠎ᠠ ᠵᠢᠨ ᠵᠢᠯ᠎ᠤᠨ ᠲᠤᠷᠰᠢ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠪᠠᠶ᠋ᠢᠳᠠᠯ᠎ᠳᠤ ᠮᠠᠰᠢ ᠶᠡᠬᠡ ᠬᠤᠪᠢᠷᠠᠯᠲᠠ ᠭᠠᠷᠴᠤ᠂ ᠮᠠᠰᠢ ᠣᠯᠠᠨ ᠰᠢᠨ᠎ᠡ ᠪᠠᠶ᠋ᠢᠳᠠᠯ᠂ ᠰᠢᠨ᠎ᠡ ᠱᠠᠭ᠋ᠠᠷᠳᠠᠯᠭ᠎ᠠ ᠭᠠᠷᠴᠤ᠂ ᠲᠡᠭᠦᠨ᠎ᠳᠤ ᠵᠠᠰᠠᠪᠤᠷᠢ ᠣᠷᠣᠭᠤᠯᠬᠤ ᠴᠢᠬᠤᠯᠠᠲᠠᠢ ᠪᠣᠯᠤᠭᠰᠠᠨ ᠪᠠᠶ᠋ᠢᠨ᠎ᠠ᠃ ᠨᠢᠭᠡ᠎ᠳᠤ᠂ ᠤᠤᠯ᠎ᠤᠨ 《ᠲᠣᠭᠲᠠᠭ᠋ᠠᠯ》᠎ᠢ ᠬᠡᠷᠡᠭᠵᠢᠭᠦᠯᠦᠭᠰᠡᠨ᠎ᠤ ᠳᠠᠷᠠᠭ᠎ᠠ᠂ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠦᠷᠢᠮ᠂ ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢ ᠬᠠᠶ᠋ᠢᠨ ᠪᠠᠶ᠋ᠢᠴᠠᠭ᠋ᠠᠵᠤ ᠵᠢᠷᠤᠵᠤ ᠲᠥᠯᠥᠪᠯᠡᠬᠦ ᠬᠠᠮᠢᠶᠠᠷᠤᠯᠲᠠ ᠵᠢᠨ ᠲᠦᠷᠢᠮ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠠᠯᠭ᠋ᠠᠭ᠎ᠠ᠎ᠪᠠᠷ ᠨᠡᠶ᠋ᠢᠲᠡᠯᠡᠨ ᠬᠡᠷᠡᠭᠵᠢᠭᠦᠯᠵᠦ᠂ 2017 ᠣᠨ᠎ᠳᠤ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ 《ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢ ᠥᠷᠨᠢᠭᠦᠯᠬᠦ ᠲᠤᠬᠠᠶ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠢᠯᠣᠭᠤᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠬᠦ᠎ᠳᠤ᠂ ᠲᠥᠪ᠎ᠤᠨ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠪᠠ ᠬᠤᠯᠪᠣᠭᠳᠠᠯ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠦᠨᠳᠦᠰᠦᠯᠡᠨ᠂ ᠤᠤᠯ᠎ᠤᠨ 《ᠲᠣᠭᠲᠠᠭ᠋ᠠᠯ》᠎ᠳᠤ ᠵᠣᠬᠢᠴᠠᠩᠭᠤᠶ ᠵᠠᠰᠠᠪᠤᠷᠢ ᠣᠷᠣᠭᠤᠯᠬᠤ ᠴᠢᠬᠤᠯᠠᠲᠠᠶ ᠪᠠᠶ᠋ᠢᠨ᠎ᠠ᠃ ᠬᠤᠶᠠᠷ᠎ᠲᠤ᠂ ᠰᠢᠨ᠎ᠡ ᠱᠠᠲᠤᠨ᠎ᠳᠤ ᠣᠷᠣᠵᠤ᠂ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠤᠰᠤᠨ ᠠᠰᠢᠭᠯᠠᠯᠲᠠ ᠵᠢᠨ ᠬᠥᠭᠵᠢᠯᠲᠡ ᠪᠣᠯᠤᠨ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠵᠦ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠠᠵᠢᠯ᠎ᠳᠤ ᠨᠠᠩ ᠥᠨᠳᠥᠷ ᠰᠢᠨ᠎ᠡ ᠱᠠᠭ᠋ᠠᠷᠳᠠᠯᠭ᠎ᠠ ᠳᠤᠷᠠᠳᠴᠤ᠂ ᠤᠤᠯ᠎ᠤᠨ 《ᠲᠣᠭᠲᠠᠭ᠋ᠠᠯ》᠎ᠳᠠᠬᠢ ᠶᠠᠰᠤ ᠴᠢᠨᠠᠷ᠎ᠤᠨ ᠬᠠᠷᠢᠭᠤᠴᠠᠯᠭ᠎ᠠ ᠵᠢ ᠵᠠᠭ᠋ᠠᠭᠯᠠᠨ ᠲᠣᠭᠲᠠᠭ᠋ᠠᠬᠤ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠠᠭᠤᠯᠭ᠎ᠠ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ ᠵᠡᠷᠭᠡ ᠲᠠᠯ᠎ᠠ᠎ᠪᠠᠷ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠬᠡᠷᠡᠭᠴᠡᠭᠡ ᠵᠢ ᠨᠢᠭᠡᠨᠲᠡ ᠪᠦᠷᠢᠮᠦᠰᠦᠨ ᠬᠠᠩᠭ᠋ᠠᠵᠤ ᠳᠡᠶ᠋ᠢᠯᠬᠦ ᠥᠬᠡᠶ ᠪᠣᠯᠵᠠᠶ᠃ ᠭᠤᠷᠪᠠ᠎ᠳᠤ᠂ ᠣᠶ᠋ᠢᠷ᠎ᠠ ᠵᠢᠨ ᠵᠢᠯ᠎ᠤᠳ᠎ᠲᠤ ᠤᠰᠤᠨ ᠠᠰᠢᠭᠯᠠᠯᠲᠠ ᠵᠢᠨ ᠶᠠᠮᠤᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠳᠤᠮᠳᠠ ᠣᠯᠵᠤ ᠮᠡᠳᠡᠭᠰᠡᠨ ᠠᠰᠠᠭᠤᠳᠠᠯ᠎ᠳᠤ ᠴᠢᠭᠯᠡᠭᠦᠯᠦᠨ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠠᠯᠢ ᠣᠯᠠᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠦᠢ᠍ᠯᠡᠳᠦᠯᠭᠡ ᠵᠢᠨ ᠳᠤᠮᠳᠠ ᠨᠡᠯᠢᠶᠡᠳ ᠰᠠᠶ᠋ᠢᠨ ᠦᠷ᠎ᠡ ᠪᠦᠲᠦᠮᠵᠢ ᠣᠯᠵᠤ᠂ ᠲᠤᠷᠰᠢᠯᠭ᠎ᠠ᠎ᠪᠠᠨ ᠳ᠋ᠦᠩᠨᠡᠵᠦ ᠪᠠᠶ᠋ᠢᠭ᠋ᠠᠳ ᠬᠠᠤᠯᠢ ᠴᠠᠭ᠋ᠠᠵᠠ ᠵᠢᠨ ᠵᠢᠷᠤᠮᠵᠢᠯ ᠪᠣᠯᠭ᠋ᠠᠨ ᠳᠡᠭᠡᠭᠰᠢᠯᠡᠭᠦᠯᠬᠦ ᠴᠢᠬᠤᠯᠠᠲᠠᠢ ᠪᠠᠶ᠋ᠢᠨ᠎ᠠ᠃
ᠬᠤᠶᠠᠷ᠂ 《ᠲᠣᠭᠲᠠᠭ᠋ᠠᠯ》᠎ᠳᠤ ᠵᠠᠰᠠᠪᠤᠷᠢ ᠣᠷᠣᠭᠤᠯᠤᠭᠰᠠᠨ ᠭᠤᠣᠯ ᠰᠡᠳᠬᠢᠴᠡ ᠪᠠ ᠪᠤᠳᠤᠯᠬᠢᠯᠠᠯ?
ᠲᠣᠰ ᠤᠳᠠᠭ᠎ᠠ ᠵᠠᠰᠠᠪᠤᠷᠢ ᠣᠷᠣᠭᠤᠯᠬᠤ᠎ᠳᠠᠭᠠᠨ ᠭᠤᠤᠯᠳᠠᠭᠤ 《ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠦᠷᠢᠮ》 ᠵᠡᠷᠭᠡ ᠳᠡᠭᠡᠳᠦ ᠪᠠᠶ᠋ᠢᠷᠢ ᠵᠢᠨ ᠬᠠᠤᠯᠢ ᠵᠢ ᠦᠨᠳᠦᠰᠦᠯᠡᠨ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠬᠠᠮᠢᠶ᠎ᠠ ᠪᠥᠬᠦᠶ ᠭᠤᠭᠴᠤᠭ᠎ᠠ᠎ᠳᠤ ᠪᠥᠬᠦ ᠲᠠᠯ᠎ᠠ ᠵᠢᠨ ᠰᠢᠰᠲ᠋ᠧᠮ᠎ᠲᠠᠢ ᠲᠣᠭᠲᠠᠭ᠋ᠠᠯ ᠭᠠᠷᠭ᠋ᠠᠵᠤ᠂ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠢ ᠨᠡᠮᠡᠭᠳᠡᠭᠦᠯᠦᠨ᠎ᠡ; ᠣᠳᠣᠬᠠᠨ᠎ᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠬᠡᠷᠡᠭᠴᠡᠭᠡ ᠵᠢᠴᠢ ᠣᠷᠣᠰᠢᠵᠤ ᠪᠠᠶ᠋ᠢᠭ᠎ᠠ ᠪᠣᠳᠠᠲᠠᠶ ᠠᠰᠠᠭᠤᠳᠠᠯ᠎ᠲᠠᠢ ᠤᠶᠠᠯᠳᠤᠭᠤᠯᠤᠨ᠂ ᠨᠠᠷᠢᠯᠢᠭᠵᠢᠭᠤᠯᠬᠤ᠂ ᠪᠣᠳᠠᠲᠠᠶ᠋ᠢᠵᠢᠭᠤᠯᠬᠤ ᠲᠣᠭᠲᠠᠭ᠋ᠠᠯ ᠭᠠᠷᠭ᠋ᠠᠵᠤ᠂ ᠤᠰᠤᠨ ᠠᠰᠢᠭᠯᠠᠯᠲᠠ ᠵᠢᠨ ᠣᠨᠴᠠᠯᠢᠭ᠎ᠢ ᠳᠣᠪᠤᠶ᠋ᠢᠯᠭ᠋ᠠᠨ᠎ᠠ᠃ ᠲᠥᠪ᠎ᠤᠨ ᠪᠢᠴᠢᠭ ᠮᠠᠲ᠋ᠧᠷᠢᠶᠠᠯ᠎ᠤᠨ ᠲᠣᠭᠲᠠᠭ᠋ᠠᠯ ᠶᠣᠰᠣᠭ᠋ᠠᠷ᠂ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠠᠴᠠ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠲᠡᠷᠢᠭᠦᠨ ᠴᠢᠬᠤᠯᠠ ᠬᠠᠷᠢᠭᠤᠴᠠᠯᠭ᠎ᠠ ᠡᠭᠦᠷᠭᠡᠯᠡᠬᠦ ᠵᠢ ᠴᠢᠬᠤᠯᠠᠴᠢᠯᠠᠵᠤ᠂ ᠬᠠᠶ᠋ᠢᠨ ᠪᠠᠶ᠋ᠢᠴᠠᠭ᠋ᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠨᠢᠭᠡᠴᠢ᠎ᠨᠢ ᠭᠤᠣᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠪᠠᠶ᠋ᠢᠴᠠᠭ᠋ᠠᠨ ᠬᠡᠮᠵᠢᠬᠦ᠂ ᠬᠢᠨᠠᠨ ᠬᠡᠮᠵᠢᠬᠦ ᠵᠡᠷᠭᠡ ᠪᠤᠰᠤᠳ ᠨᠢᠭᠡᠴᠢ᠎ᠨᠦᠭᠦᠳ ᠬᠤᠯᠪᠣᠭᠳᠠᠯ ᠪᠦᠬᠦᠢ ᠲᠣᠭᠲᠠᠭ᠋ᠠᠯ ᠪᠠ ᠭᠡᠷ᠎ᠡ ᠵᠢ ᠦᠨᠳᠦᠰᠦᠯᠡᠨ ᠵᠣᠬᠢᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ 《ᠲᠣᠭᠲᠠᠭ᠋ᠠᠯ》᠎ᠢ ᠶᠡᠷᠦᠩᠬᠡᠶ ᠲᠦᠷᠢᠮ ᠭᠡᠵᠦ ᠬᠤᠪᠢᠶᠠᠵᠤ᠂ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠤ ᠶᠠᠰᠤ ᠴᠢᠨᠠᠷ᠎ᠤᠨ ᠬᠠᠷᠢᠭᠤᠴᠠᠯᠭ᠎ᠠ᠂ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ ᠨᠢᠭᠡᠴᠢ ᠵᠢᠨ ᠶᠠᠰᠤ ᠴᠢᠨᠠᠷ᠎ᠤᠨ ᠬᠠᠷᠢᠭᠤᠴᠠᠯᠭ᠎ᠠ᠂ ᠪᠠᠷᠢᠯᠭ᠎ᠠ ᠪᠠᠷᠢᠬᠤ ᠨᠢᠭᠡᠴᠢ ᠵᠢᠨ ᠶᠠᠰᠤ ᠴᠢᠨᠠᠷ᠎ᠤᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠨᠢᠭᠡᠴᠢ ᠵᠢᠨ ᠶᠠᠰᠤ ᠴᠢᠨᠠᠷ᠎ᠤᠨ ᠬᠠᠷᠢᠭᠤᠴᠠᠯᠭ᠎ᠠ᠂ ᠪᠤᠰᠤᠳ ᠨᠢᠭᠡᠴᠢ ᠵᠢᠨ ᠶᠠᠰᠤ ᠴᠢᠨᠠᠷ᠎ᠤᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠨᠢᠭᠡᠴᠢ ᠵᠢᠨ ᠶᠠᠰᠤ ᠴᠢᠨᠠᠷ᠎ᠤᠨ ᠬᠠᠷᠢᠭᠤᠴᠠᠯᠭ᠎ᠠ᠂ ᠪᠤᠰᠤᠳ ᠨᠢᠭᠡᠴᠢ ᠵᠢᠨ ᠶᠠᠰᠤ ᠴᠢᠨᠠᠷ᠎ᠤᠨ ᠬᠠᠷᠢᠭᠤᠴᠠᠯᠭ᠎ᠠ᠂ ᠬᠢᠨᠠᠯᠲᠠ ᠲᠠᠯᠪᠢᠵᠤ ᠬᠠᠮᠢᠶᠠᠷᠬᠤ᠂ ᠲᠣᠷᠭ᠋ᠠᠬᠤ ᠲᠦᠷᠢᠮ᠂ ᠳᠠᠭ᠋ᠠᠯᠳᠤᠭᠤᠯᠤᠭᠰᠠᠨ ᠲᠦᠷᠢᠮ ᠵᠡᠷᠭᠡ 9 ᠪᠦᠯᠦᠭ᠂ ᠨᠡᠶ᠋ᠢᠲᠡ 76 ᠵᠦᠢ᠍ᠯ ᠪᠣᠶ᠃
ᠭᠤᠷᠪᠠ᠂ 《ᠲᠣᠭᠲᠠᠭ᠋ᠠᠯ》᠎ᠳᠤ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠳᠤ ᠶᠠᠮᠠᠷ ᠶᠠᠮᠠᠷ ᠶᠠᠰᠤ ᠴᠢᠨᠠᠷ᠎ᠤᠨ ᠬᠠᠷᠢᠭᠤᠴᠠᠯᠭ᠎ᠠ ᠲᠣᠭᠲᠠᠭ᠋ᠠᠭᠰᠠᠨ ᠪᠣᠶ?
ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠤ ᠬᠠᠷᠢᠭᠤᠴᠠᠯᠭ᠎ᠠ ᠵᠢᠨ ᠳᠦᠷᠢᠮ᠎ᠨᠢ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠦᠨᠳᠦᠰᠦᠨ ᠳᠦᠷᠢᠮ᠎ᠤᠨ ᠨᠢᠭᠡ ᠪᠣᠯᠤᠭᠰᠠᠨ᠎ᠤ ᠬᠤᠪᠢ᠎ᠳᠤ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠡᠮᠬᠢ ᠵᠢᠷᠤᠮ᠎ᠲᠠᠢ ᠬᠡᠷᠡᠭᠵᠢᠭᠦᠯᠦᠭᠳᠡᠬᠦ ᠵᠢ ᠪᠠᠲᠤᠯᠠᠬᠤ᠎ᠳᠤ ᠴᠢᠬᠤᠯᠠ ᠦᠢ᠍ᠯᠡᠳᠦᠯ ᠵᠶ᠋ᠠᠨ ᠪᠠᠳᠠᠷᠠᠭᠤᠯᠤᠭᠰᠠᠨ ᠪᠠᠶ᠋ᠢᠨ᠎ᠠ᠃ 《ᠲᠣᠭᠲᠠᠭ᠋ᠠᠯ》᠎ᠳᠤ ᠴᠢᠬᠤᠯᠠᠴᠢᠯᠠᠭᠰᠠᠨ᠎ᠨᠢ᠂ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠨᠢ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠬᠡᠪᠴᠢᠶ᠎ᠡ ᠪᠠ ᠮᠡᠷᠭᠡᠵᠢᠯ᠎ᠤᠨ ᠪᠤᠳᠤᠯᠢᠶᠠᠨᠲᠠᠢ ᠬᠡᠮᠵᠢᠶ᠎ᠡ ᠵᠢ ᠦᠨᠳᠦᠰᠦᠯᠡᠨ ᠶᠠᠰᠤ ᠴᠢᠨᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠲᠣᠳᠣᠷᠬᠠᠶ᠋ᠢᠯᠠᠵᠤ᠂ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠶᠠᠰᠤ ᠴᠢᠨᠠᠷ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠪᠦᠬᠦ ᠶᠠᠪᠤᠴᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠢ ᠭᠡᠪᠡ᠃ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠠᠴᠠ ᠪᠠᠷᠢᠯᠭ᠎ᠠ ᠵᠢ ᠬᠠᠤᠯᠢ ᠶᠣᠰᠣᠭ᠋ᠠᠷ ᠵᠣᠬᠢᠬᠤ ᠬᠢᠷᠢ ᠬᠡᠮ᠎ᠤᠨ ᠵᠡᠷᠭᠡ ᠳᠡᠰ᠎ᠲᠠᠢ ᠨᠢᠭᠡᠴᠢ᠎ᠳᠤ ᠳᠠᠭ᠋ᠠᠭ᠋ᠠᠴᠢᠯᠠᠭᠤᠯᠤᠨ ᠥᠭᠴᠦ᠂ ᠪᠠᠷᠢᠯᠭ᠎ᠠ᠎ᠲᠠᠢ ᠬᠤᠯᠪᠣᠭᠳᠠᠬᠤ ᠠᠩᠬᠠᠨ᠎ᠤ ᠮᠠᠲ᠋ᠧᠷᠢᠶᠠᠯ᠎ᠢ ᠬᠠᠩᠭ᠋ᠠᠵᠤ᠂ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢ ᠠᠯᠪᠠᠳᠠᠵᠤ ᠪᠠᠶ᠋ᠢᠭ᠋ᠠᠳ ᠥᠪᠡᠷ᠎ᠤᠨ ᠥᠷᠲᠡᠭ᠎ᠠᠴᠠ᠎ᠨᠢ ᠳᠣᠣᠷ᠎ᠠ ᠦᠨ᠎ᠡ᠎ᠪᠠᠷ ᠥᠷᠢᠰᠥᠯᠳᠦᠭᠦᠯᠵᠦ ᠪᠣᠯᠬᠤ ᠦᠭᠡᠢ᠂ ᠪᠠᠷᠢᠯᠭ᠎ᠠ ᠵᠢᠨ ᠬᠤᠭᠤᠴᠠᠭ᠎ᠠ ᠵᠢ ᠳᠤᠷ᠎ᠠ᠎ᠪᠠᠷ ᠵᠶ᠋ᠠᠨ ᠬᠠᠰᠤᠵᠤ ᠪᠣᠯᠬᠤ ᠦᠭᠡᠢ ᠭᠡᠵᠦ ᠲᠣᠳᠣᠷᠬᠠᠶ ᠲᠣᠭᠲᠠᠭ᠋ᠠᠵᠠᠶ᠃ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠵᠢᠴᠢ ᠠᠵᠢᠯ ᠡᠬᠢᠯᠡᠭᠦᠯᠬᠦ ᠵᠢ ᠳᠠᠩᠰᠠᠯᠠᠭᠤᠯᠬᠤ ᠭᠠᠷ ᠭᠦᠢ᠍ᠴᠡᠳᠬᠡᠯ᠎ᠢ ᠭᠦᠢ᠍ᠴᠡᠳᠬᠡᠬᠦ᠎ᠪᠠᠷ ᠱᠠᠭ᠋ᠠᠷᠳᠠᠪᠠ; ᠪᠠᠷᠢᠯᠭ᠎ᠠ ᠪᠠᠷᠢᠬᠤ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ᠎ᠤᠨ ᠬᠢᠨᠠᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ; ᠪᠦᠲᠦᠭᠡᠨ ᠪᠠᠶ᠋ᠢᠭᠤᠯᠤᠯᠲᠠ᠎ᠳᠤ ᠣᠷᠣᠯᠴᠠᠬᠤ ᠬᠤᠯᠪᠣᠭᠳᠠᠯ ᠪᠦᠬᠦᠢ ᠨᠢᠭᠡᠴᠢ ᠵᠢ ᠵᠣᠬᠢᠶᠠᠨ ᠪᠠᠶ᠋ᠢᠭᠤᠯᠤᠨ ᠬᠠᠶ᠋ᠢᠨ ᠪᠠᠶ᠋ᠢᠴᠠᠭ᠋ᠠᠵᠤ᠂ ᠵᠢᠷᠤᠵᠤ ᠲᠥᠯᠥᠪᠯᠡᠬᠦ ᠵᠢᠨ ᠦᠨᠳᠦᠰᠦᠨ ᠵᠦᠢ᠍ᠯ᠎ᠢ ᠲᠤᠰᠢᠶᠠᠨ᠎ᠠ; ᠵᠢᠷᠤᠭ ᠲᠥᠯᠥᠪᠯᠡᠭᠡ ᠵᠢ ᠬᠤᠪᠢᠷᠠᠭᠤᠯᠬᠤ ᠳᠡᠰ ᠳᠠᠷᠠᠭ᠋ᠠᠯᠠᠯ᠎ᠢ ᠲᠣᠭᠲᠠᠭ᠋ᠠᠯ ᠶᠣᠰᠣᠭ᠋ᠠᠷ ᠭᠦᠢ᠍ᠴᠡᠳᠬᠡᠨ᠎ᠡ᠃ ᠡᠭᠦᠨ᠎ᠤ ᠬᠠᠮᠲᠤ᠂ 《ᠲᠣᠭᠲᠠᠭ᠋ᠠᠯ》᠎ᠳᠤ ᠪᠠᠰᠠ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠤ ᠶᠠᠰᠤ ᠴᠢᠨᠠᠷ᠎ᠤᠨ ᠡᠨᠳᠡᠯ᠎ᠤᠨ ᠮᠡᠳᠡᠭᠦᠯᠦᠯᠲᠡ᠂ ᠰᠢᠯᠭ᠋ᠠᠨ ᠠᠪᠬᠤ᠂ ᠲᠠᠩᠰᠠ ᠡᠪᠬᠡᠮᠡᠯ᠎ᠤᠨ ᠬᠠᠮᠢᠶᠠᠷᠤᠯᠲᠠ ᠵᠡᠷᠭᠡ ᠲᠠᠯ᠎ᠠ᠎ᠪᠠᠷ ᠱᠠᠭ᠋ᠠᠷᠳᠠᠯᠭ᠎ᠠ ᠳᠤᠷᠠᠳᠪᠠ᠃
ᠳᠥᠷᠪᠡ᠂ 《ᠲᠣᠭᠲᠠᠭ᠋ᠠᠯ》᠎ᠳᠤ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ ᠨᠢᠭᠡᠴᠢ᠎ᠳᠤ ᠶᠠᠮᠠᠷ ᠶᠠᠮᠠᠷ ᠶᠠᠰᠤ ᠴᠢᠨᠠᠷ᠎ᠤᠨ ᠬᠠᠷᠢᠭᠤᠴᠠᠯᠭ᠎ᠠ ᠵᠢ ᠲᠣᠭᠲᠠᠭ᠋ᠠᠭᠰᠠᠨ ᠪᠣᠶ?
ᠬᠠᠢ᠌ᠨ ᠬᠡᠮᠵᠢᠬᠦ᠂ ᠵᠢᠷᠤᠵᠤ ᠲᠥᠯᠥᠪᠯᠡᠬᠦ ᠶᠠᠰᠤ ᠴᠢᠨᠠᠷ ᠪᠣᠯ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠣᠯᠪᠣᠭᠳᠠᠬᠤ ᠵᠠᠩᠭᠢᠯᠠᠭ᠎ᠠ ᠵᠢᠨ ᠬᠦᠴᠦᠨ ᠵᠦᠢ᠍ᠯ᠎ᠤᠨ ᠨᠢᠭᠡ᠎ᠨᠢ ᠪᠣᠯᠤᠨ᠎ᠠ᠃ 《ᠲᠣᠭᠲᠠᠭ᠋ᠠᠯ》᠎ᠳᠤ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ ᠨᠢᠭᠡᠴᠢ ᠵᠢᠨ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠨᠥᠬᠦᠴᠡᠯ ᠪᠠ ᠵᠠᠬ᠎ᠠ ᠳᠡᠯᠭᠡᠭᠦᠷ᠎ᠤᠨ ᠦᠢ᠍ᠯᠡ ᠠᠵᠢᠯᠯᠠᠭ᠎ᠠ ᠵᠢᠨ ᠲᠤᠬᠠᠶ ᠲᠣᠭᠲᠠᠭ᠋ᠠᠯ ᠭᠠᠷᠭ᠋ᠠᠵᠤ᠂ ᠬᠠᠶ᠋ᠢᠨ ᠪᠠᠶ᠋ᠢᠴᠠᠭ᠋ᠠᠬᠤ᠂ ᠵᠢᠷᠤᠵᠤ ᠲᠥᠯᠥᠪᠯᠡᠬᠦ ᠨᠢᠭᠡᠴᠢ ᠵᠢᠨ ᠬᠢᠷᠢ ᠬᠡᠮ᠎ᠤᠨ ᠵᠥᠪᠰᠢᠶᠡᠷᠡᠯ᠎ᠤᠨ ᠬᠡᠪᠴᠢᠶᠡᠨ ᠳᠣᠲᠣᠷ᠎ᠠ ᠲᠤᠬᠠᠶ᠋ᠢᠯᠠᠭᠰᠠᠨ ᠠᠵᠢᠯ᠎ᠢ ᠳᠠᠭ᠋ᠠᠭ᠋ᠠᠨ ᠠᠪᠴᠤ᠂ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠠᠯᠪᠠᠳᠠᠯᠭ᠎ᠠ ᠵᠢᠨ ᠴᠢᠨᠠᠷᠲᠠᠶ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠂ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ ᠬᠠᠶ᠋ᠢᠨ ᠪᠠᠶ᠋ᠢᠴᠠᠭ᠋ᠠᠬᠤ᠂ ᠵᠢᠷᠤᠭᠯᠠᠨ ᠲᠥᠯᠥᠪᠯᠡᠬᠦ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠬᠦᠯᠵᠦ᠂ ᠬᠠᠶ᠋ᠢᠨ ᠪᠠᠶ᠋ᠢᠴᠠᠭ᠋ᠠᠬᠤ᠂ ᠵᠢᠷᠤᠭᠯᠠᠨ ᠲᠥᠯᠥᠪᠯᠡᠬᠦ ᠶᠠᠪᠤᠴᠠ ᠵᠢᠨ ᠶᠠᠰᠤ ᠴᠢᠨᠠᠷ᠎ᠤᠨ ᠡᠵᠡᠮᠳᠡᠯ᠎ᠢ ᠴᠢᠩᠭ᠋ᠠᠳᠬᠠᠨ᠂ ᠬᠠᠶ᠋ᠢᠨ ᠪᠠᠶ᠋ᠢᠴᠠᠭ᠋ᠠᠬᠤ᠂ ᠵᠢᠷᠤᠭᠯᠠᠨ ᠲᠥᠯᠥᠪᠯᠡᠬᠦ ᠪᠢᠴᠢᠭ ᠮᠠᠲ᠋ᠧᠷᠢᠶᠠᠯ᠎ᠢ ᠬᠠᠷᠭᠤᠭᠤᠯᠤᠨ ᠬᠢᠨᠠᠬᠤ᠂ ᠬᠠᠮᠲᠤᠷᠠᠨ ᠭᠠᠷᠤᠨ ᠥᠰᠥᠭ ᠵᠢᠷᠤᠬᠤ᠂ ᠵᠥᠪᠰᠢᠶᠡᠷᠡᠬᠦ ᠲᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠵᠠᠶ᠃ ᠡᠭᠦᠨ᠎ᠤ ᠬᠠᠮᠲᠤ᠂ 《ᠲᠣᠭᠲᠠᠭ᠋ᠠᠯ》᠎ᠳᠤ ᠵᠢᠷᠤᠭ ᠲᠥᠯᠥᠪᠯᠡᠭᠡ ᠵᠢᠨ ᠭᠦᠨᠴᠡ ᠵᠢᠨ ᠱᠠᠭ᠋ᠠᠷᠳᠠᠯᠭ᠎ᠠ᠂ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ᠎ᠢ ᠦᠨᠳᠦᠰᠦᠨ ᠵᠦᠢ᠍ᠯ᠎ᠢ ᠲᠤᠰᠢᠶᠠᠬᠤ᠂ ᠰᠢᠯᠭ᠋ᠠᠨ ᠠᠪᠬᠤ ᠪᠠ ᠶᠠᠰᠤ ᠴᠢᠨᠠᠷ᠎ᠤᠨ ᠡᠨᠳᠡᠯ᠎ᠤᠨ ᠵᠠᠳᠠᠯᠤᠯᠲᠠ ᠵᠡᠷᠭᠡ᠎ᠳᠤ ᠱᠠᠭ᠋ᠠᠷᠳᠠᠯᠭ᠎ᠠ ᠳᠤᠷᠠᠳᠪᠠ᠃
ᠲᠠᠪᠤ᠂ 《ᠲᠣᠭᠲᠠᠭ᠋ᠠᠯ》᠎ᠳᠤ ᠪᠠᠷᠢᠯᠭ᠎ᠠ ᠪᠠᠷᠢᠬᠤ ᠨᠢᠭᠡᠴᠢ᠎ᠳᠤ ᠶᠠᠮᠠᠷ ᠶᠠᠮᠠᠷ ᠶᠠᠰᠤ ᠴᠢᠨᠠᠷ᠎ᠤᠨ ᠬᠠᠷᠢᠭᠤᠴᠠᠯᠭ᠎ᠠ ᠵᠢ ᠲᠣᠭᠲᠠᠭ᠋ᠠᠭᠰᠠᠨ ᠪᠣᠢ?
《ᠲᠣᠭᠲᠠᠭ᠋ᠠᠯ》᠎ᠳᠤ ᠪᠠᠷᠢᠯᠭ᠎ᠠ ᠪᠠᠷᠢᠬᠤ ᠨᠢᠭᠡᠴᠢ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠪᠠᠷᠢᠯᠭ᠎ᠠ ᠪᠠᠷᠢᠬᠤ ᠨᠢᠭᠡᠴᠢ ᠵᠢᠨ ᠪᠠᠷᠢᠯᠭ᠎ᠠ ᠪᠠᠷᠢᠬᠤ ᠶᠠᠪᠤᠴᠠ᠎ᠳᠠᠬᠢ ᠶᠠᠰᠤ ᠴᠢᠨᠠᠷ᠎ᠤᠨ ᠡᠵᠡᠮᠳᠡᠯ᠎ᠢ ᠴᠢᠩᠳᠠᠯᠠᠨ᠂ ᠪᠠᠷᠢᠯᠭ᠎ᠠ ᠪᠠᠷᠢᠬᠤ ᠶᠠᠰᠤ ᠴᠢᠨᠠᠷ᠎ᠢ ᠪᠠᠲᠤᠯᠠᠵᠤ᠂ ᠪᠠᠷᠢᠯᠭ᠎ᠠ ᠪᠠᠷᠢᠬᠤ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠪᠠᠷᠢᠯᠭ᠎ᠠ ᠪᠠᠷᠢᠬᠤ ᠬᠡᠷᠡᠭᠴᠡᠭᠡ ᠪᠠ ᠭᠡᠷ᠎ᠡ ᠵᠢᠨ ᠪᠣᠯᠵᠤᠭ᠎ᠠ ᠵᠢ ᠦᠨᠳᠦᠰᠦᠯᠡᠨ᠂ ᠲᠤᠬᠠᠢ ᠵᠢᠨ ᠭᠠᠵᠠᠷ᠎ᠤᠨ ᠪᠠᠷᠢᠯᠭ᠎ᠠ ᠪᠠᠷᠢᠬᠤ ᠬᠠᠮᠢᠶᠠᠷᠤᠯᠲᠠ ᠵᠢᠨ ᠪᠠᠶ᠋ᠢᠭᠤᠯᠤᠮᠵᠢ ᠵᠢ ᠲᠣᠬᠢᠷᠠᠭᠤᠯᠵᠤ᠂ ᠪᠠᠷᠢᠯᠭ᠎ᠠ ᠪᠠᠷᠢᠬᠤ ᠬᠡᠷᠡᠭᠴᠡᠭᠡ ᠵᠢ ᠬᠠᠩᠭ᠋ᠠᠬᠤ ᠬᠠᠮᠢᠶᠠᠷᠤᠯᠲᠠ ᠵᠢᠨ ᠠᠵᠢᠯᠲᠠᠨ᠎ᠢ ᠲᠣᠬᠢᠷᠠᠭᠤᠯᠤᠨ᠂ ᠶᠠᠰᠤ ᠴᠢᠨᠠᠷ᠎ᠤᠨ ᠬᠠᠷᠢᠭᠤᠴᠠᠯᠭ᠎ᠠ ᠵᠢᠨ ᠳᠦᠷᠢᠮ᠎ᠢ ᠨᠠᠶ᠋ᠢᠳᠠᠪᠤᠷᠢᠵᠢᠭᠤᠯᠤᠨ᠎ᠠ᠃ 《ᠲᠣᠭᠲᠠᠭ᠋ᠠᠯ》᠎ᠤᠨ ᠱᠠᠭ᠋ᠠᠷᠳᠠᠯᠭ᠎ᠠ᠎ᠨᠢ᠂ ᠪᠠᠷᠢᠯᠭ᠎ᠠ ᠪᠠᠷᠢᠬᠤ ᠨᠢᠭᠡᠴᠢ ᠡᠷᠬᠡᠪᠰᠢ ᠵᠥᠪᠰᠢᠶᠡᠷᠡᠭᠦᠯᠦᠭᠰᠡᠨ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ᠂ ᠬᠤᠯᠪᠣᠭᠳᠠᠯ ᠪᠦᠬᠦᠢ ᠮᠡᠷᠭᠡᠵᠢᠯ᠎ᠤᠨ ᠪᠠᠷᠢᠮᠵᠢᠶ᠎ᠠ ᠪᠠ ᠭᠡᠷ᠎ᠡ ᠵᠢᠨ ᠪᠣᠯᠵᠤᠭ᠎ᠠ ᠶᠣᠰᠣᠭ᠋ᠠᠷ᠂ ᠲᠦᠭᠦᠬᠡᠶ ᠮᠠᠲ᠋ᠧᠷᠢᠶᠠᠯ᠂ ᠵᠠᠪᠰᠠᠷ᠎ᠤᠨ ᠦᠢ᠍ᠯᠡᠳᠬᠦᠨ᠂ ᠲᠣᠨᠣᠭ ᠲᠥᠬᠦᠭᠡᠷᠦᠮᠵᠢ ᠵᠢᠴᠢ ᠨᠢᠭᠡᠴᠢ ᠵᠢᠨ ᠪᠠᠷᠢᠯᠭ᠎ᠠ (ᠠᠵᠢᠯ᠎ᠤᠨ ᠳᠠᠷᠠᠭ᠋ᠠᠯᠠᠯ) ᠵᠡᠷᠭᠡ᠎ᠳᠤ ᠶᠠᠰᠤ ᠴᠢᠨᠠᠷ᠎ᠤᠨ ᠪᠠᠶ᠋ᠢᠴᠠᠭ᠋ᠠᠯᠲᠠ ᠬᠢᠬᠦ ᠬᠡᠷᠡᠭᠲᠡᠶ᠃ 《ᠲᠣᠭᠲᠠᠭ᠋ᠠᠯ》᠎ᠳᠤ ᠴᠢᠩᠭ᠋ᠠᠳᠬᠠᠭᠰᠠᠨ᠎ᠨᠢ᠂ ᠪᠠᠷᠢᠯᠭ᠎ᠠ ᠪᠠᠷᠢᠬᠤ ᠨᠢᠭᠡᠴᠢ ᠪᠠᠷᠢᠯᠭ᠎ᠠ ᠵᠢ ᠰᠢᠯᠭ᠋ᠠᠨ ᠠᠪᠬᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠳᠠᠯᠳᠠ ᠪᠠᠷᠢᠯᠭ᠎ᠠ ᠵᠢᠨ ᠶᠠᠰᠤ ᠴᠢᠨᠠᠷ᠎ᠤᠨ ᠪᠠᠶ᠋ᠢᠴᠠᠭ᠋ᠠᠯᠲᠠ ᠪᠠ ᠲᠡᠮᠳᠡᠭᠯᠡᠯ᠎ᠢ ᠰᠠᠶ᠋ᠢᠲᠤᠷ ᠬᠢᠵᠦ᠂ ᠳᠠᠯᠳᠠ ᠪᠠᠷᠢᠯᠭ᠎ᠠ ᠵᠢ ᠰᠢᠯᠭ᠋ᠠᠨ ᠠᠪᠤᠭᠰᠠᠨ ᠦᠭᠡᠢ ᠪᠤᠶᠤ ᠰᠢᠯᠭ᠋ᠠᠨ ᠠᠪᠬᠤ᠎ᠳᠤ ᠬᠢᠷᠢ ᠲᠡᠩᠴᠡᠭᠰᠡᠨ ᠦᠭᠡᠢ ᠪᠣᠯ ᠳᠠᠯᠳᠠ᠎ᠠᠴᠠ ᠵᠠᠶ᠋ᠢᠯᠠᠵᠤ ᠪᠣᠯᠬᠤ ᠦᠭᠡᠢ ᠭᠡᠵᠦ ᠴᠢᠬᠤᠯᠠᠴᠢᠯᠠᠵᠠᠢ᠃ ᠡᠭᠦᠨ᠎ᠤ ᠬᠠᠮᠲᠤ᠂ ᠶᠠᠰᠤ ᠴᠢᠨᠠᠷ᠎ᠤᠨ ᠵᠠᠰᠠᠯᠲᠠ ᠵᠢ ᠪᠠᠲᠤᠯᠠᠬᠤ᠂ ᠲᠠᠩᠰᠠ ᠡᠪᠬᠡᠮᠡᠯ᠎ᠤᠨ ᠬᠠᠮᠢᠶᠠᠷᠤᠯᠲᠠ ᠵᠡᠷᠭᠡ ᠲᠠᠯ᠎ᠠ᠎ᠪᠠᠷ ᠱᠠᠭ᠋ᠠᠷᠳᠠᠯᠭ᠎ᠠ ᠳᠤᠷᠠᠳᠪᠠ᠃
ᠵᠢᠷᠭᠤᠭ᠎ᠠ᠂ 《ᠲᠣᠭᠲᠠᠭ᠋ᠠᠯ》᠎ᠳᠤ ᠬᠢᠨᠠᠨ ᠬᠠᠮᠢᠶᠠᠷᠬᠤ ᠨᠢᠭᠡᠴᠢ᠎ᠳᠤ ᠶᠠᠮᠠᠷ ᠶᠠᠮᠠᠷ ᠶᠠᠰᠤ ᠴᠢᠨᠠᠷ᠎ᠤᠨ ᠬᠠᠷᠢᠭᠤᠴᠠᠯᠭ᠎ᠠ ᠵᠢ ᠲᠣᠭᠲᠠᠭ᠋ᠠᠭᠰᠠᠨ ᠪᠣᠢ?
《ᠲᠣᠭᠲᠠᠭ᠋ᠠᠯ》᠎ᠳᠤ ᠬᠢᠨᠠᠨ ᠬᠠᠮᠢᠶᠠᠷᠬᠤ ᠨᠢᠭᠡᠴᠢ ᠵᠢᠨ ᠵᠠᠬ᠎ᠠ ᠳᠡᠯᠭᠡᠭᠦᠷ᠎ᠤᠨ ᠦᠢ᠍ᠯᠡ ᠠᠵᠢᠯᠯᠠᠭ᠎ᠠ ᠵᠢᠨ ᠪᠠᠷᠢᠮᠵᠢᠶ᠎ᠠ᠂ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠ ᠠᠭᠤᠯᠭ᠎ᠠ ᠵᠡᠷᠭᠡ᠎ᠳᠤ ᠱᠠᠭ᠋ᠠᠷᠳᠠᠯᠭ᠎ᠠ ᠳᠤᠷᠠᠳᠪᠠ᠃ ᠬᠢᠨᠠᠨ ᠬᠠᠮᠢᠶᠠᠷᠬᠤ ᠨᠢᠭᠡᠴᠢ᠎ᠨᠢ ᠪᠠᠷᠢᠯᠭ᠎ᠠ ᠪᠠᠷᠢᠬᠤ ᠨᠢᠭᠡᠴᠢ ᠵᠢᠨ ᠪᠠᠷᠢᠯᠭ᠎ᠠ ᠪᠠᠷᠢᠬᠤ ᠶᠠᠰᠤ ᠴᠢᠨᠠᠷ᠎ᠤᠨ ᠬᠠᠮᠢᠶᠠᠷᠤᠯᠲᠠ ᠵᠢᠨ ᠰᠢᠰᠲ᠋ᠧᠮᠵᠢ᠂ ᠪᠠᠷᠢᠯᠭ᠎ᠠ ᠪᠠᠷᠢᠬᠤ ᠵᠣᠬᠢᠶᠠᠨ ᠪᠠᠶ᠋ᠢᠭᠤᠯᠤᠯᠲᠠ ᠵᠢᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ ᠲᠤᠰᠬᠠᠢ ᠵᠦᠢ᠍ᠯ᠎ᠤᠨ ᠲᠥᠰᠥᠯ᠂ ᠳᠠᠩᠰᠠ ᠡᠪᠬᠡᠮᠡᠯ᠎ᠳᠤ ᠣᠷᠣᠭᠤᠯᠬᠤ ᠪᠢᠴᠢᠭ ᠮᠠᠲ᠋ᠧᠷᠢᠶᠠᠯ ᠵᠡᠷᠭᠡ ᠵᠢ ᠬᠢᠨᠠᠨ ᠪᠠᠶ᠋ᠢᠴᠠᠭ᠋ᠠᠬᠤ ᠬᠡᠷᠡᠭᠲᠡᠢ ᠭᠡᠵᠦ ᠲᠣᠳᠣᠷᠬᠠᠶ᠋ᠢᠯᠠᠪᠠ᠃ ᠬᠢᠨᠠᠨ ᠬᠠᠮᠢᠶᠠᠷᠬᠤ ᠨᠢᠭᠡᠴᠢ ᠵᠢ ᠱᠠᠭ᠋ᠠᠷᠳᠠᠨ ᠬᠤᠯᠪᠣᠭᠳᠠᠯ ᠪᠦᠬᠦᠢ ᠮᠡᠷᠭᠡᠵᠢᠯ᠎ᠤᠨ ᠪᠠᠷᠢᠮᠵᠢᠶ᠎ᠠ ᠪᠠ ᠭᠡᠷ᠎ᠡ ᠵᠢᠨ ᠱᠠᠭ᠋ᠠᠷᠳᠠᠯᠭ᠎ᠠ ᠶᠣᠰᠣᠭ᠋ᠠᠷ᠂ ᠬᠠᠵᠠᠭᠤ ᠥᠷᠲᠡᠭᠡ᠂ ᠲᠣᠭᠤᠷᠢᠨ ᠪᠠᠶ᠋ᠢᠴᠠᠭ᠋ᠠᠬᠤ᠂ ᠵᠡᠷᠭᠡ᠎ᠳᠤ᠎ᠨᠢ ᠰᠢᠯᠭ᠋ᠠᠨ ᠪᠠᠶ᠋ᠢᠴᠠᠭ᠋ᠠᠬᠤ ᠪᠠ ᠭᠡᠷᠡᠴᠢᠯᠡᠨ ᠠᠪᠴᠤ ᠦᠯᠢᠭᠡᠷ ᠠᠪᠴᠤ ᠪᠠᠶ᠋ᠢᠴᠠᠭ᠋ᠠᠨ ᠬᠡᠮᠵᠢᠬᠦ ᠵᠡᠷᠭᠡ ᠬᠡᠯᠪᠡᠷᠢ ᠵᠢ ᠠᠪᠴᠤ᠂ ᠲᠦᠭᠦᠬᠡᠶ ᠮᠠᠲ᠋ᠧᠷᠢᠶᠠᠯ᠂ ᠵᠠᠪᠰᠠᠷ᠎ᠤᠨ ᠦᠢ᠍ᠯᠡᠳᠬᠦᠨ᠂ ᠲᠥᠬᠦᠭᠡᠷᠦᠮᠵᠢ ᠪᠠ ᠨᠢᠭᠡᠴᠢ ᠵᠢᠨ ᠪᠠᠷᠢᠯᠭ᠎ᠠ (ᠠᠵᠢᠯ᠎ᠤᠨ ᠳᠠᠷᠠᠭ᠋ᠠᠯᠠᠯ) ᠵᠢᠨ ᠶᠠᠰᠤ ᠴᠢᠨᠠᠷ᠎ᠢ ᠳᠠᠬᠢᠨ ᠬᠠᠷᠭᠤᠭᠤᠯᠪᠠ᠃ ᠡᠭᠦᠨ᠎ᠤ ᠬᠠᠮᠲᠤ᠂ ᠬᠢᠨᠠᠨ ᠬᠠᠮᠢᠶᠠᠷᠬᠤ ᠨᠢᠭᠡᠴᠢ᠎ᠨᠢ ᠬᠢᠨᠠᠨ ᠬᠠᠮᠢᠶᠠᠷᠤᠭᠳᠠᠬᠤ ᠪᠠᠷᠢᠯᠭ᠎ᠠ ᠵᠢᠨ ᠪᠠᠷᠢᠯᠭ᠎ᠠ ᠪᠠᠷᠢᠬᠤ ᠨᠢᠭᠡᠴᠢ ᠵᠢᠴᠢ ᠲᠦᠭᠦᠬᠡᠶ ᠮᠠᠲ᠋ᠧᠷᠢᠶᠠᠯ᠂ ᠵᠠᠪᠰᠠᠷ᠎ᠤᠨ ᠦᠢ᠍ᠯᠡᠳᠬᠦᠨ ᠪᠠ ᠲᠥᠬᠦᠭᠡᠷᠦᠮᠵᠢ ᠬᠠᠩᠭ᠋ᠠᠬᠤ ᠬᠤᠳᠠᠯᠳᠤᠭ᠋ᠠᠴᠢᠨ ᠵᠡᠷᠭᠡ ᠨᠢᠭᠡᠴᠢ᠎ᠯᠦᠭᠡ ᠬᠠᠷᠢᠶᠠᠯᠠᠭᠳᠠᠬᠤ ᠬᠠᠷᠢᠴᠠᠭ᠎ᠠ ᠪᠤᠶᠤ ᠪᠤᠰᠤᠳ ᠠᠰᠢᠭ ᠬᠣᠣᠷ᠎ᠤᠨ ᠬᠠᠷᠢᠴᠠᠭ᠎ᠠ ᠵᠡᠷᠭᠡ ᠵᠢ ᠪᠠᠢ᠌ᠵᠤ ᠪᠣᠯᠬᠤ ᠥᠬᠡᠶ ᠭᠡᠵᠦ ᠴᠢᠬᠤᠯᠠᠴᠢᠯᠠᠪᠠ᠃
ᠳᠣᠯᠤᠭ᠎ᠠ᠂ 《ᠲᠣᠭᠲᠠᠭ᠋ᠠᠯ》᠎ᠳᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠲᠠᠯ᠎ᠠ᠎ᠪᠠᠷ ᠶᠠᠮᠠᠷ ᠶᠠᠮᠠᠷ ᠳᠦᠷᠢᠮ᠎ᠤᠨ ᠵᠢᠷᠤᠭ ᠲᠥᠯᠥᠪᠯᠡᠭᠡ ᠪᠠᠶ᠋ᠢᠬᠤ ᠪᠣᠢ?
ᠲᠣᠰ ᠤᠳᠠᠭ᠎ᠠ ᠵᠠᠰᠠᠪᠤᠷᠢ ᠣᠷᠣᠭᠤᠯᠬᠤ᠎ᠳᠠᠭᠠᠨ 《ᠪᠥᠲᠥᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠦᠷᠢᠮ》 ᠪᠣᠯᠤᠨ ᠤᠰᠤᠨ ᠠᠰᠢᠭᠯᠠᠯᠲᠠ ᠵᠢᠨ ᠶᠠᠮᠤᠨ᠎ᠤ 《ᠭᠤᠷᠪᠠ ᠵᠢ ᠲᠣᠭᠲᠠᠭ᠋ᠠᠬᠤ》 ᠲᠣᠭᠲᠠᠭ᠋ᠠᠯ᠎ᠢ ᠦᠨᠳᠦᠰᠦᠯᠡᠨ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠬᠠᠷᠢᠶᠠᠯᠠᠯ᠎ᠤᠨ ᠬᠡᠪᠴᠢᠶᠡᠨ ᠳᠣᠲᠣᠷ᠎ᠠ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠬᠠᠮᠢᠶᠠᠷᠬᠤ ᠭᠤᠤᠯ ᠠᠭᠤᠯᠭ᠎ᠠ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠠᠷᠭ᠎ᠠ ᠬᠡᠮᠵᠢᠶ᠎ᠡ ᠵᠢᠨ ᠡᠭᠦᠷᠭᠡ ᠬᠠᠷᠢᠭᠤᠴᠠᠯᠭ᠎ᠠ ᠵᠢᠴᠢ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠭᠤᠤᠯ ᠠᠭᠤᠯᠭ᠎ᠠ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠠᠷᠭ᠎ᠠ ᠬᠡᠮᠵᠢᠶ᠎ᠡ ᠵᠢ ᠲᠣᠳᠣᠷᠬᠠᠶ ᠲᠣᠭᠲᠠᠭ᠋ᠠᠪᠠ᠃
ᠨᠠᠢ᠍ᠮᠠ᠂ 《ᠲᠣᠭᠲᠠᠭ᠋ᠠᠯ》᠎ᠳᠤ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠵᠥᠷᠢᠴᠡᠭᠰᠡᠨ ᠠᠵᠢᠯᠯᠠᠭ᠎ᠠ ᠵᠢᠨ ᠲᠤᠬᠠᠢ ᠶᠠᠮᠠᠷ ᠶᠠᠮᠠᠷ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠲᠣᠭᠲᠠᠭ᠋ᠠᠭᠰᠠᠨ ᠪᠣᠢ?
《ᠲᠣᠭᠲᠠᠭ᠋ᠠᠯ》᠎ᠳᠤ 《ᠪᠠᠷᠢᠯᠭ᠎ᠠ ᠵᠢᠨ ᠬᠠᠤᠯᠢ》᠂ 《ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ》᠂ 《ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠬᠠᠶ᠋ᠢᠨ ᠪᠠᠶ᠋ᠢᠴᠠᠭ᠋ᠠᠵᠤ ᠵᠢᠷᠤᠵᠤ ᠲᠥᠯᠥᠪᠯᠡᠬᠦ ᠬᠠᠮᠢᠶᠠᠷᠤᠯᠲᠠ ᠵᠢᠨ ᠳᠦᠷᠢᠮ》᠎ᠢ ᠦᠨᠳᠦᠰᠦᠯᠡᠨ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠥᠲᠥᠯᠥᠨ ᠵᠢᠯᠣᠭᠤᠳᠬᠤ ᠴᠢᠨᠠᠷᠲᠠᠶ ᠰᠢᠢ᠍ᠳᠬᠡᠯ ᠥᠭᠬᠦ ᠲᠣᠭᠲᠠᠭ᠋ᠠᠯ ᠭᠠᠷᠭ᠋ᠠᠵᠤ᠂ ᠬᠠᠤᠯᠢ ᠵᠢ ᠴᠢᠩᠭ᠎ᠠ ᠬᠠᠷᠢᠭᠤᠴᠠᠯᠭ᠎ᠠ ᠵᠢ ᠲᠣᠳᠣᠷᠬᠠᠶ ᠲᠣᠭᠲᠠᠭ᠋ᠠᠪᠠ᠃ ᠡᠭᠦᠨ᠎ᠤ ᠬᠠᠮᠲᠤ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠭᠰᠠᠨ ᠨᠢᠭᠡᠴᠢ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ᠂ ᠵᠠᠰᠠᠭ ᠵᠠᠬᠢᠷᠭ᠋ᠠᠨ᠎ᠤ ᠰᠢᠢ᠍ᠳᠪᠦᠷᠢᠯᠡᠬᠦ ᠲᠣᠭᠲᠠᠭ᠋ᠠᠯ ᠵᠡᠷᠭᠡ ᠮᠡᠳᠡᠭᠡ ᠵᠠᠩᠭᠢ ᠵᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠢᠲᠡᠭᠡᠮᠵᠢ ᠵᠢᠨ ᠲᠡᠮᠳᠡᠭᠯᠡᠯ᠎ᠳᠤ ᠲᠡᠮᠳᠡᠭᠯᠡᠨ ᠣᠷᠣᠭᠤᠯᠬᠤ ᠬᠡᠷᠡᠭᠲᠡᠶ᠃
ᠶᠢᠰᠦ᠂ ᠲᠠᠷᠠᠭ᠋ᠠᠴᠢ ᠵᠢᠨ ᠠᠯᠬᠤᠮ᠎ᠳᠤ 《ᠲᠣᠭᠲᠠᠭ᠋ᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠠᠵᠢᠯ᠎ᠢ ᠰᠠᠶ᠋ᠢᠲᠤᠷ ᠠᠳᠬᠤᠬᠤ ᠲᠤᠬᠠᠶ ᠶᠠᠮᠠᠷ ᠶᠠᠮᠠᠷ ᠪᠣᠳᠣᠯᠬᠢᠯᠠᠯ ᠪᠠᠶ᠋ᠢᠬᠤ ᠪᠣᠶ?
ᠲᠠᠷᠠᠭ᠋ᠠᠴᠢ ᠵᠢᠨ ᠠᠯᠬᠤᠮ᠎ᠳᠤ᠂ ᠪᠢᠳᠡ 《ᠲᠣᠭᠲᠠᠭ᠋ᠠᠯ》᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠠᠬᠢᠭᠤᠯᠵᠤ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠨᠢ ᠲᠡᠦᠬᠡ ᠪᠠ ᠦᠢ᠍ᠯᠡᠳᠦᠯᠭᠡ ᠵᠢᠨ ᠰᠢᠯᠭ᠋ᠠᠯᠲᠠ ᠵᠢ ᠳᠠᠭ᠋ᠠᠭ᠋ᠠᠵᠤ ᠳᠡᠶ᠋ᠢᠯᠬᠦ ᠵᠢ ᠦᠨᠡᠨ ᠬᠦ᠌ ᠪᠠᠲᠤᠯᠠᠨ᠎ᠠ᠃ ᠨᠢᠭᠡ᠎ᠳᠤ ᠲᠥᠷᠥ ᠵᠢᠨ ᠪᠣᠳᠣᠯᠭ᠎ᠠ ᠵᠢ ᠤᠬᠠᠭᠤᠯᠤᠨ ᠲᠤᠭᠤᠰᠢᠯᠠᠭᠤᠯᠬᠤ ᠠᠵᠢᠯ᠎ᠢ ᠰᠠᠶ᠋ᠢᠲᠤᠷ ᠬᠢᠵᠦ᠂ ᠡᠯ᠎ᠡ ᠮᠣᠵᠢ ᠪᠣᠯᠤᠨ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠴᠠᠭᠲᠤᠨᠢ ᠲᠣᠬᠢᠷᠠᠭᠤᠯᠤᠨ ᠪᠤᠯᠪᠠᠰᠤᠷᠠᠯ ᠬᠢᠬᠦ ᠵᠢ ᠵᠣᠬᠢᠶᠠᠨ ᠪᠠᠶ᠋ᠢᠭᠤᠯᠵᠤ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠡᠩᠨᠡᠭᠡᠨ᠎ᠤ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠶ᠃ ᠬᠤᠶᠠᠷ᠎ᠲᠤ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠬᠠᠤᠯᠢ ᠲᠣᠭᠲᠠᠭ᠋ᠠᠯ ᠲᠦᠷᠢᠮ ᠪᠠ ᠪᠠᠷᠢᠮᠵᠢᠶ᠎ᠠ ᠵᠢᠨ ᠰᠢᠰᠲ᠋ᠧᠮ᠎ᠢ ᠲᠦᠷᠭᠡᠳᠬᠡᠨ ᠲᠡᠭᠦᠯᠳᠡᠷᠵᠢᠭᠦᠯᠵᠦ᠂ ᠲᠦᠷᠢᠮ᠎ᠢ ᠵᠣᠯᠭ᠋ᠠᠭᠤᠯᠬᠤ ᠵᠡᠷᠭᠡ ᠵᠠᠯᠭ᠋ᠠᠮᠵᠢ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠨ᠎ᠠ᠃ ᠭᠤᠷᠪᠠ᠎ᠳᠤ᠂ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃