ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠲᠤᠶᠢᠮᠤ ᠪᠠ᠊
ᠨᠡᠶᠢᠲᠡᠯᠡᠭᠰᠡᠨ ᠴᠠᠭ᠄
2020/12/10
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷ᠎ᠠ ᠶᠡᠭᠡ ᠪᠠᠭ᠎ᠠ ᠭᠤᠣᠯ ᠮᠥᠷᠡᠨ ᠨᠡᠶᠢᠳᠡ ᠮᠢᠩᠭ᠎ᠠ ᠭᠠᠷᠤᠶ ᠵᠤᠷᠪᠤᠰ ᠪᠠᠶᠢᠵᠤ᠂ ᠤᠯᠤᠰ ᠤᠨ ᠬᠤᠶᠠᠳᠤᠭᠠᠷ ᠶᠡᠭᠡ ᠭᠤᠤᠯ ︱ ᠬᠠᠳᠤᠨ ᠭᠤᠤᠯ ᠨᠢ ᠨᠢᠩᠰᠢᠶᠠ ᠶᠢᠨ ᠱᠢ ᠽᠦᠶ ᠱᠠᠨ ᠠᠭᠤᠯᠠᠨ ᠤ ᠬᠠᠪᠢ ᠪᠠᠷ ᠥᠪᠥᠷ ᠮᠣᠩᠭᠤᠯ ᠤᠨ ᠬᠢᠯᠢ ᠳᠤ ᠤᠷᠤᠵᠤ ᠢᠷᠡᠨ᠂ ᠡᠮᠦᠨ᠎ᠡ ᠠᠴᠠ ᠤᠮᠠᠷᠠᠰᠢ ᠤᠷᠳᠤᠰ ᠤᠨ ᠥᠨᠳᠦᠷᠯᠢᠭ ᠢ ᠲᠣᠭᠤᠷᠢᠨ ᠮᠣᠷᠢᠨ ᠲᠤᠭᠤᠷᠠᠶ ᠶᠢᠨ ᠬᠡᠯᠪᠡᠷᠢᠲᠡᠶ ᠪᠣᠯᠵᠠᠶ᠃ ᠰᠠᠪᠠ ᠭᠠᠵᠠᠷ ᠤᠨ ᠲᠠᠯᠠᠪᠠᠶ ᠨᠢ 1000 ᠲᠡᠭᠰᠢ ᠳᠥᠷᠪᠡᠯᠵᠢᠨ ᠺᠢᠯᠤᠮᠧᠲᠷ ᠠᠴᠠ ᠳᠡᠭᠡᠭᠰᠢᠬᠢ ᠭᠤᠤᠯ ᠮᠥᠷᠡᠨ 107  ᠵᠤᠷᠪᠤᠰ ᠪᠠᠶᠢᠨ᠎ᠠ᠂ ᠰᠠᠪᠠ ᠭᠠᠵᠠᠷ ᠤᠨ ᠲᠠᠯᠠᠪᠠᠶ ᠨᠢ 300 ᠲᠡᠭᠰᠢ ᠳᠥᠷᠪᠡᠯᠵᠢᠨ ᠺᠢᠯᠤᠮᠧᠲᠷ ᠠᠴᠠ ᠶᠡᠭᠡ 258 ᠵᠤᠷᠪᠤᠰ ᠭᠤᠤᠯ ᠮᠦᠷᠡᠨ ᠪᠤᠢ  ᠃ ᠪᠠᠰᠠ ᠮᠢᠩᠭ᠎ᠠ ᠰᠢᠬᠠᠮ ᠶᠡᠭᠡ ᠪᠠᠭ᠎ᠠ ᠨᠠᠭᠤᠷ ᠴᠦᠬᠦᠷᠦᠮ ᠪᠠᠶᠢᠨ᠎ᠠ᠃ ᠪᠦᠬᠦ ᠣᠷᠣᠨ ᠤ ᠭᠠᠵᠠᠷ   ᠤᠨ ᠭᠠᠳᠠᠷᠭᠤ ᠶᠢᠨ ᠤᠰᠤᠨ ᠤ ᠡᠬᠢ ᠪᠠᠶᠠᠯᠢᠭ 406.60 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠭᠠᠵᠠᠷ ᠤᠨ ᠭᠠᠳᠠᠷᠭᠤ ᠶᠢᠨ ᠤᠰᠤ ᠯᠤᠭ᠎ᠠ ᠳᠠᠪᠬᠤᠷᠳᠠᠭᠰᠠᠨ ᠦᠭᠡᠢ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠨᠢ 139.35 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠨᠢ 545.95 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠦᠷᠴᠦ᠂ ᠪᠥᠬᠦ ᠤᠯᠤᠰ ᠤᠨ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶᠡᠨ ᠤ 1.92% ᠢ ᠡᠵᠡᠯᠡᠨ᠎ᠡ᠃ ᠡᠭᠦᠨ ᠠᠴᠠ ᠭᠠᠳᠠᠨ᠎ᠠ᠂ ᠬᠠᠲᠤᠨ ᠭᠤᠤᠯ ᠤᠨ ᠬᠤᠪᠢᠶᠠᠷᠢ ᠤᠰᠤ ᠨᠢ 58.6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠂ ᠾᠸᠢ ᠾᠧ ᠭᠤᠤᠯ ᠤᠨ ᠬᠤᠪᠢᠶᠠᠷᠢ ᠤᠰᠤ ᠨᠢ     8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠤᠨ᠎ᠠ  ᠃ ᠪᠦᠬᠦ ᠣᠷᠣᠨ ᠤ ᠣᠯᠠᠨ ᠵᠢᠯ ᠤᠨ ᠳᠤᠮᠳᠠᠴᠢ ᠤᠰᠤᠨ ᠤ ᠡᠬᠢ ᠪᠠᠶᠠᠯᠢᠭ ᠤᠨ ᠠᠰᠢᠭᠯᠠᠵᠤ ᠪᠤᠯᠬᠤᠶᠢᠴᠠ ᠬᠡᠮᠵᠢᠶ᠎ᠡ 285 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠡᠭᠦᠨ ᠳᠤ ᠭᠠᠵᠠᠷ ᠤᠨ ᠭᠠᠳᠠᠷᠭᠤ  ᠶᠢᠨ ᠤᠰᠤ 170 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠂ ᠭᠠᠵᠠᠷ  ᠲᠤᠤᠷᠠᠬᠢ ᠤᠰᠤ 115 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠤᠯᠤᠨ᠎ᠠ᠃ ᠵᠢᠯ ᠤᠨ ᠬᠥᠮᠦᠨ ᠳᠤᠮᠳᠠᠴᠢ ᠶᠢᠨ ᠡᠵᠡᠯᠡᠬᠦ ᠤᠰᠤᠨ ᠤ ᠬᠡᠮᠵᠢᠶ᠎ᠡ ᠨᠢ 2200 ᠪᠣᠰᠤᠭ᠎ᠠ ᠳᠥᠷᠪᠡᠯᠵᠢᠨ ᠮᠧᠲᠷ᠂ ᠲᠠᠷᠢᠶᠠᠨ ᠭᠠᠵᠠᠷ ᠤᠨ ᠾᠧᠺᠲ᠋ᠠᠷ ᠪᠦᠷᠢ ᠶᠢᠨ ᠳᠤᠮᠳᠠᠴᠢ ᠡᠵᠡᠯᠡᠬᠦ ᠤᠰᠤᠨ ᠤ ᠬᠡᠮᠵᠢᠶ᠎ᠡ 0.76 ᠲᠦᠮᠡᠨ ᠪᠣᠰᠤᠭ᠎ᠠ ᠲᠦᠷᠪᠡᠯᠵᠢᠨ ᠮᠧᠲᠷ ᠲᠤ ᠬᠦᠷᠴᠦ᠂ ᠳᠤᠮᠳᠠᠴᠢ ᠤᠰᠤᠨ ᠤ ᠤᠨᠠᠯᠲᠠ ᠶᠢᠨ ᠦᠨᠳᠦᠰᠦᠨ ᠬᠡᠮᠵᠢᠶ᠎ᠡ ᠨᠢ 4.61 ᠲᠦᠮᠨ m³/km² ᠪᠣᠯᠤᠨ᠎ᠠ᠃ ᠥᠪᠥᠷ ᠮᠣᠩᠭᠤᠯ ᠤᠨ ᠤᠰᠤᠨ ᠤ ᠡᠬᠢ ᠪᠠᠶᠠᠯᠢᠭ ᠨᠢ ᠭᠠᠵᠠᠷ ᠣᠷᠣᠨ᠂ ᠴᠠᠭ ᠬᠤᠭᠤᠴᠠᠭᠠᠨ ᠤ ᠲᠠᠷᠬᠠᠯᠲᠠ ᠶᠢᠨ ᠲᠠᠯ᠎ᠠ ᠪᠠᠷ ᠮᠠᠰᠢ ᠵᠢᠭᠳᠡ ᠪᠤᠰᠤ ᠪᠥᠭᠡᠳ ᠬᠥᠮᠦᠨ ᠠᠮᠠ ᠪᠣᠯᠤᠨ ᠲᠠᠷᠢᠶᠠᠨ ᠭᠠᠵᠠᠷ ᠤᠨ ᠲᠠᠷᠬᠠᠯᠲᠠ ᠯᠤᠭ᠎ᠠ ᠲᠤᠬᠢᠷᠠᠯᠴᠠᠬᠤ ᠦᠭᠡᠶ ᠪᠠᠶᠢᠨ᠎ᠠ᠃ ᠵᠡᠭᠦᠨ ᠬᠡᠰᠡᠭ ᠤᠨ ᠭᠠᠵᠠᠷ ᠣᠷᠣᠨ ᠤ ᠬᠠᠷᠠᠮᠥ᠋ᠷᠡᠨ ᠤ ᠰᠠᠪᠠ ᠭᠠᠵᠠᠷ ᠤᠨ ᠭᠠᠵᠠᠷ ᠰᠢᠷᠣᠶ ᠶᠢᠨ ᠲᠠᠯᠠᠪᠠᠢ ᠨᠢ ᠪᠦᠬᠦ ᠣᠷᠣᠨ ᠤ 27% ᠶᠢ ᠡᠵᠡᠯᠡᠵᠦ᠂ ᠲᠠᠷᠢᠶᠠᠨ ᠭᠠᠵᠠᠷ ᠤᠨ ᠲᠠᠯᠠᠪᠠᠢ ᠨᠢ ᠪᠦᠬᠦ ᠣᠷᠣᠨ ᠤ 20% ᠶᠢ ᠡᠵᠡᠯᠡᠵᠦ᠂ ᠬᠥᠮᠦᠨ ᠠᠮᠠ ᠨᠢ ᠪᠦᠬᠦ ᠣᠷᠣᠨ ᠤ 18% ᠶᠢ ᠡᠵᠡᠯᠡᠵᠦ᠂ ᠬᠠᠷᠢᠨ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠨᠢ ᠪᠦᠬᠦ ᠣᠷᠣᠨ ᠤ 67% ᠶᠢ ᠡᠵᠡᠯᠡᠨ᠂ ᠬᠥᠮᠦᠨ ᠪᠦᠷᠢ ᠶᠢᠨ ᠳᠤᠮᠳᠠᠴᠢ ᠡᠵᠡᠯᠡᠬᠦ ᠤᠰᠤᠨ ᠤ ᠡᠬᠢ ᠪᠠᠶᠠᠯᠢᠭ ᠤᠨ ᠬᠡᠮᠵᠢᠶ᠎ᠡ ᠨᠢ ᠪᠦᠬᠦ ᠣᠷᠣᠨ ᠤ ᠳᠤᠮᠳᠠᠴᠢ ᠦᠷᠲᠡᠭ ᠤᠨ 3.6 ᠳᠠᠬᠢᠨ ᠪᠣᠯᠤᠨ᠎ᠠ᠃ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠪᠠᠷᠠᠭᠤᠨ ᠯᠢᠶᠣᠤ ᠾᠧ ᠭᠤᠤᠯ᠂ ᠬᠠᠢ ᠯᠤᠸᠠᠨ ᠾᠧ ᠭᠤᠤᠯ᠂ ᠬᠠᠳᠤᠨ ᠭᠤᠤᠯ ᠵᠡᠷᠭᠡ 3 ᠰᠠᠪᠠ ᠭᠠᠵᠠᠷ ᠤᠨ ᠶᠡᠷᠦᠩᠬᠡᠶ ᠲᠠᠯᠠᠪᠠᠢ ᠨᠢ ᠪᠦᠬᠦ ᠣᠷᠣᠨ ᠤ 26% ᠶᠢ ᠡᠵᠡᠯᠡᠵᠦ᠂ ᠲᠠᠷᠢᠶᠠᠨ ᠭᠠᠵᠠᠷ  ᠨᠢ ᠪᠦᠬᠦ ᠣᠷᠣᠨ ᠤ ᠲᠠᠷᠢᠶᠠᠨ ᠭᠠᠵᠠᠷ ᠤᠨ 30% ᠶᠢ ᠡᠵᠡᠯᠡᠵᠦ᠂ ᠬᠥᠮᠦᠨ ᠠᠮᠠ ᠨᠢ ᠪᠦᠬᠦ ᠣᠷᠣᠨ ᠤ 66% ᠶᠢ ᠡᠵᠡᠯᠡᠵᠦ ᠪᠠᠶᠢᠳᠠᠭ᠂ ᠭᠡᠪᠡᠴᠦ ᠤᠰᠤᠨ ᠤ ᠡᠬᠢ ᠪᠠᠶᠠᠯᠢᠭ ᠨᠢ ᠵᠥᠪᠬᠡᠨ ᠪᠦᠬᠦ ᠣᠷᠣᠨ ᠤ 24% ᠶᠢ ᠯᠡ ᠡᠵᠡᠯᠡᠵᠦ᠂ ᠶᠡᠬᠡᠩᠬᠢ ᠭᠠᠵᠠᠷ ᠣᠷᠣᠨ ᠤ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠨ᠎ᠠ᠃       ᠭᠠᠵᠠᠷ ᠤᠨ ᠭᠠᠳᠠᠷᠭᠤ ᠶᠢᠨ ᠤᠰᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠵᠢᠯ ᠤᠨ ᠳᠤᠮᠳᠠᠴᠢ ᠭᠠᠵᠠᠷ ᠤᠨ ᠭᠠᠳᠠᠷᠭᠤ ᠶᠢᠨ ᠤᠰᠤᠨ ᠤ ᠡᠬᠢ ᠪᠠᠶᠠᠯᠢᠭ ᠤᠨ ᠬᠡᠮᠵᠢᠶ᠎ᠡ ᠪᠠᠷᠤᠭ 406.6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠨ᠎ᠠ᠃ ᠭᠤᠤᠯ ᠮᠥᠷᠡᠨ ᠤ ᠤᠷᠤᠰᠬᠠᠯ ᠨᠢ ᠠᠭᠠᠷ ᠮᠠᠨᠳᠠᠯ ᠤᠨ ᠲᠤᠨᠳᠠᠰᠤ ᠵᠢᠴᠢ ᠳᠡᠪᠢᠰᠬᠡᠷ ᠨᠢᠭᠤᠷ ᠤᠨ  ᠡᠯᠧᠮᠧᠨ᠋ᠲ ᠶᠢᠨ ᠨᠦᠯᠦᠭᠡᠯᠡᠯ ᠠᠴᠠ ᠪᠤᠯᠵᠤ᠂ ᠵᠢᠯ ᠤᠨ ᠤᠷᠤᠰᠬᠠᠯ ᠤᠨ ᠬᠡᠮᠵᠢᠶᠡᠨ ᠤ ᠭᠠᠵᠠᠷ ᠣᠷᠣᠨ ᠤ ᠲᠠᠷᠬᠠᠯᠲᠠ ᠨᠢ ᠲᠡᠭᠰᠢ ᠪᠤᠰᠤ᠂ ᠤᠰᠤᠨ ᠤ ᠡᠬᠢ ᠪᠠᠶᠠᠯᠢᠭ ᠴᠤ ᠲᠡᠩᠴᠡᠭᠦᠷᠢ ᠦᠭᠡᠢ ᠪᠠᠶᠢᠵᠤ᠂ ᠬᠡᠰᠡᠭ ᠭᠠᠵᠠᠷ ᠣᠷᠣᠨ ᠤ ᠤᠰᠤᠨ ᠤ ᠬᠡᠮᠵᠢᠶ᠎ᠡ ᠡᠯᠪᠡᠭ ᠮᠥᠷᠲᠡᠭᠡᠨ ᠢᠯᠡᠬᠦᠳᠡᠯ ᠲᠠᠢ ᠪᠠᠶᠢᠬᠤ ᠳᠤ ᠶᠡᠬᠡᠩᠬᠢ ᠬᠡᠰᠡᠭ ᠭᠠᠵᠠᠷ ᠣᠷᠣᠨ ᠨᠢ ᠬᠠᠷᠢᠨ ᠭᠠᠩ ᠬᠠᠭᠤᠷᠠᠶ ᠤᠰᠤ  ᠲᠤᠳᠠᠭᠳᠠᠬᠤ ᠪᠠᠶᠢᠳᠠᠯ ᠲᠠᠢ ᠪᠠᠶᠢᠳᠠᠭ᠃ ᠡᠭᠦᠨ ᠤ ᠬᠠᠮᠲᠤ᠂ ᠭᠤᠤᠯ ᠮᠥᠷᠡᠨ ᠤ ᠤᠷᠤᠰᠬᠠᠯ ᠨᠢ ᠵᠢᠯ ᠤᠨ ᠳᠣᠲᠣᠷ᠎ᠠ ᠲᠡᠭᠰᠢ ᠪᠤᠰᠤ ᠲᠠᠷᠬᠠᠵᠤ᠂ ᠵᠢᠯ ᠤᠨ ᠬᠤᠭᠤᠷᠤᠨᠳᠤᠬᠢ ᠬᠤᠪᠢᠷᠠᠯᠲᠠ ᠨᠢ ᠴᠤ ᠨᠡᠯᠢᠶᠡᠳ ᠶᠡᠭᠡ ᠪᠠᠶᠢᠳᠠᠭ᠃ ᠵᠢᠯ ᠤᠨ ᠲᠤᠨᠳᠠᠰᠤ ᠨᠢ 6 ~ 9 ᠰᠠᠷ᠎ᠠ ᠳᠤ ᠲᠥᠪᠯᠡᠷᠡᠵᠦ᠂ ᠦᠶᠡᠷ ᠤᠨ ᠬᠤᠭᠤᠴᠠᠭᠠᠨ ᠤ ᠤᠷᠤᠰᠬᠠᠯ ᠤᠨ ᠬᠡᠮᠵᠢᠶ᠎ᠡ ᠨᠢ ᠪᠦᠬᠦ ᠣᠷᠣᠨ ᠤ ᠤᠷᠤᠰᠬᠠᠯ ᠤᠨ 60 ~ 80% ᠶᠢ ᠡᠵᠡᠯᠡᠨ᠎ᠡ᠃ ᠥᠩᠭᠡᠷᠡᠭᠰᠡᠨ ᠵᠢᠯ ᠤᠳ ᠤᠨ ᠬᠤᠭᠤᠷᠣᠨᠳᠣᠬᠢ ᠤᠷᠤᠰᠬᠠᠯ ᠤᠨ ᠶᠡᠭᠡ ᠪᠠᠭ᠎ᠠ ᠨᠢ ᠵᠢᠭᠳᠡ ᠪᠤᠰᠤ᠂ ᠵᠥᠷᠢᠶ᠎ᠡ ᠨᠢ ᠮᠠᠰᠢ ᠶᠡᠭᠡ ᠪᠠᠶᠢᠳᠠᠭ᠃ ᠵᠢᠯ ᠤᠨ ᠤᠷᠤᠰᠬᠠᠯ ᠤᠨ ᠬᠡᠮᠵᠢᠶ᠎ᠡ ᠬᠠᠮᠤᠭ ᠶᠡᠭᠡ ᠪᠠ ᠬᠠᠮᠤᠭ ᠪᠠᠭ᠎ᠠ ᠬᠠᠷᠢᠴᠠᠯ ᠨᠢ ᠵᠡᠭᠦᠨ ᠬᠡᠰᠡᠭ ᠤᠨ ᠤᠢ ᠰᠢᠭᠤᠶᠢᠳᠤ ᠣᠷᠣᠨ ᠤ    ᠡᠯ᠎ᠡ ᠭᠤᠣᠯ ᠮᠥᠷᠡᠨ ᠨᠢ 4 ~ 12᠂ ᠳᠤᠮᠳᠠ ᠬᠡᠰᠡᠭ ᠤᠨ ᠡᠯ᠎ᠡ ᠭᠤᠣᠯ ᠮᠥᠷᠡᠨ ᠨᠢ 6 ~ 22᠂ ᠪᠠᠷᠠᠭᠤᠨ ᠬᠡᠰᠡᠭ ᠤᠨ ᠭᠠᠵᠠᠷ ᠣᠷᠣᠨ ᠤ ᠡᠯ᠎ᠡ ᠭᠤᠣᠯ ᠮᠥᠷᠡᠨ 26 ᠠᠴᠠ ᠳᠡᠭᠡᠭᠰᠢ ᠪᠤᠯᠤᠨ᠎ᠠ᠃      ᠭᠠᠵᠠᠷ ᠲᠤᠤᠷᠠᠬᠢ ᠤᠰᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠲᠤᠤᠷᠠᠬᠢ ᠤᠰᠤᠨ ᠤ ᠳᠤᠮᠳᠠᠴᠢ ᠡᠬᠢ ᠪᠠᠶᠠᠯᠢᠭ ᠤᠨ ᠬᠡᠮᠵᠢᠶ᠎ᠡ ᠨᠢ 236 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠤᠨ᠎ᠠ᠃ ᠭᠠᠵᠠᠷ ᠤᠨ ᠭᠠᠳᠠᠷᠭᠤ ᠶᠢᠨ ᠤᠰᠤ ᠯᠤᠭ᠎ᠠ ᠳᠠᠪᠬᠤᠴᠠᠭᠰᠠᠨ ᠨᠢ 97 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠤᠨ ᠲᠠᠷᠬᠠᠯᠲᠠ ᠨᠢ ᠠᠭᠠᠷ ᠮᠠᠨᠳᠠᠯ ᠤᠨ ᠲᠤᠨᠳᠠᠰᠤ᠂ ᠳᠡᠪᠢᠰᠬᠡᠷ ᠨᠢᠭᠤᠷ ᠤᠨ ᠨᠥᠬᠦᠴᠡᠯ ᠪᠠ ᠬᠥᠮᠦᠨ ᠲᠥᠷᠥᠯᠬᠢᠲᠡᠨ ᠤ ᠠᠵᠢᠯᠯᠠᠭᠠᠨ ᠤ ᠨᠥᠯᠥᠭᠡ ᠶᠢ ᠬᠦᠷᠳᠡᠵᠦ᠂ ᠲᠠᠯ᠎ᠠ ᠭᠠᠵᠠᠷ ᠣᠯᠠᠨ᠂ ᠠᠭᠤᠯᠠᠷᠬᠠᠭ ᠳᠣᠪᠣᠷᠬᠠᠭ ᠣᠷᠣᠨ ᠴᠥᠭᠡᠨ ᠪᠠ ᠳᠣᠲᠣᠭᠠᠳᠤ ᠬᠠᠭᠤᠷᠠᠶ ᠶᠢᠨ ᠭᠤᠣᠯ ᠤᠨ ᠰᠠᠪᠠ ᠭᠠᠵᠠᠷ ᠨᠡᠩ ᠴᠥᠭᠡᠨ ᠪᠠᠶᠢᠳᠠᠭ ᠣᠨᠴᠠᠯᠢᠭ  ᠲᠠᠢ᠃ ᠥᠪᠡᠷᠲᠡᠭᠡᠨ ᠵᠠᠰᠠᠬᠤ ᠣᠷᠣᠨ ᠤ ᠲᠠᠯ᠎ᠠ  ᠭᠠᠵᠠᠷ ᠤᠨ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠨᠢ ᠠᠭᠤᠯᠠᠷᠬᠠᠭ ᠲᠤᠪᠤᠷᠬᠠᠭ ᠤᠷᠤᠨ ᠤ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠤᠨ ᠬᠡᠮᠵᠢᠶ᠎ᠡ ᠲᠠᠢ ᠲᠠᠪᠬᠤᠴᠠᠨ ᠪᠤᠳᠤᠭᠰᠠᠨ ᠬᠡᠰᠡᠭ ᠢ ᠬᠠᠰᠤᠭᠰᠠᠨ ᠤ ᠲᠠᠷᠠᠭᠠᠬᠢ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠤᠨ ᠦᠨᠳᠦᠰᠦᠨ ᠬᠡᠮᠵᠢᠶ᠎ᠡ ᠨᠢ ᠶᠡᠷᠦ ᠳᠡᠭᠡᠨ 5.9 ~ 6.5 ᠲᠦᠮᠡ m³/km² ᠪᠠᠶᠢᠵᠤ᠂ ᠠᠭᠤᠯᠠᠷᠬᠠᠭ ᠲᠤᠪᠤᠷᠬᠠᠭ ᠤᠷᠤᠨ ᠤ ᠭᠠᠵᠠᠷ ᠲᠤᠤᠷᠠᠬᠢ ᠤᠰᠤᠨ ᠤ ᠳᠤᠮᠳᠠᠴᠢ ᠡᠬᠢ ᠪᠠᠶᠠᠯᠢᠭ ᠤᠨ ᠦᠨᠳᠦᠰᠦᠨ ᠬᠡᠮᠵᠢᠶ᠎ᠡ ᠠᠴᠠ 2.2 ~ 2.7 ᠳᠠᠬᠢᠨ ᠢᠯᠡᠬᠦᠦ ᠪᠠᠶᠢᠳᠠᠭ᠃ ᠳᠣᠲᠣᠭᠠᠳᠤ ᠬᠠᠭᠤᠷᠠᠶ ᠶᠢᠨ ᠭᠤᠤᠯ ᠤᠨ ᠰᠠᠪᠠ ᠭᠠᠵᠠᠷ ᠤᠨ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠤᠨ ᠦᠨᠳᠦᠰᠦᠨ ᠬᠡᠮᠵᠢᠶ᠎ᠡ ᠨᠢ 1.1 ᠲᠦᠮᠡm³/km² ᠪᠤᠯᠤᠨ᠎ᠠ᠃ ᠡᠶᠢᠮᠦ ᠠᠴᠠ ᠭᠠᠵᠠᠷ ᠲᠤᠤᠷᠠᠬᠢ ᠤᠰᠤᠨ ᠤ ᠡᠬᠢ ᠪᠠᠶᠠᠯᠢᠭ  ᠲᠤᠶᠢᠯ ᠤᠨ ᠲᠤᠳᠠᠮᠠᠭ ᠪᠠᠶᠢᠵᠤ᠂ ᠵᠥᠪᠬᠡᠨ ᠳᠣᠲᠣᠭᠠᠳᠤ ᠬᠠᠭᠤᠷᠠᠶ ᠶᠢᠨ ᠪᠢᠳᠡᠬᠦᠦ ᠬᠤᠲᠣᠭᠤᠷ ᠭᠠᠵᠠᠷ ᠤᠨ ᠲᠠᠯ᠎ᠠ ᠭᠠᠵᠠᠷ ᠪᠤᠶᠤ ᠭᠤᠤ ᠬᠥᠨᠳᠡᠶ ᠶᠢᠨ ᠬᠤᠲᠣᠭᠤᠷ ᠭᠠᠵᠠᠷ ᠤᠨ ᠭᠠᠵᠠᠷ ᠳᠣᠣᠷᠠᠬᠢ ᠤᠰᠤ ᠰᠠᠶ᠋ᠢ ᠨᠡᠯᠢᠶᠡᠳ ᠡᠯᠪᠡᠭ ᠳᠡᠯᠪᠡᠭ ᠪᠠᠶᠢᠳᠠᠭ᠃ ᠪᠦᠬᠦ ᠣᠷᠣᠨ ᠢ ᠪᠠᠶᠢᠭᠠᠯᠢ ᠶᠢᠨ ᠨᠥᠬᠦᠴᠡᠯ ᠪᠠ ᠤᠰᠤᠨ ᠰᠢᠰᠲ᠋ᠧᠮ ᠤᠨ ᠠᠳᠠᠯᠢ ᠪᠤᠰᠤ ᠶᠢ ᠨᠢ ᠦᠨᠳᠦᠰᠦᠯᠡᠨ᠄ ᠶᠡᠭᠡ ᠬᠢᠩᠭᠠᠨ ᠳᠠᠪᠠᠭ᠎ᠠ ᠶᠢᠨ ᠪᠠᠷᠠᠭᠤᠨ ᠬᠤᠷᠮᠣᠶ ᠶᠢᠨ ᠬᠠᠷᠠᠮᠥ᠋ᠷᠡᠨ ᠤ ᠤᠰᠤᠨ ᠰᠢᠰᠲ᠋ᠧᠮ ᠤᠨ ᠣᠷᠣᠨ︔ ᠬᠥᠯᠥᠨ ᠪᠤᠶᠢᠷ ᠤᠨ ᠦᠨᠳᠦᠷᠯᠢᠭ ᠲᠠᠯ᠎ᠠ ᠭᠠᠵᠠᠷ ᠤᠨ ᠳᠣᠲᠣᠭᠠᠳᠤ ᠬᠠᠭᠤᠷᠠᠶ ᠶᠢᠨ ᠤᠰᠤᠨ ᠰᠢᠰᠲ᠋ᠧᠮ ᠤᠨ ᠣᠷᠣᠨ︔ ᠶᠡᠭᠡ ᠬᠢᠩᠭᠠᠨ ᠳᠠᠪᠠᠭ᠎ᠠ ᠶᠢᠨ ᠵᠡᠭᠦᠨ ᠬᠤᠷᠮᠣᠶ ᠶᠢᠨ ᠠᠭᠤᠯᠠᠷᠬᠠᠭ ᠳᠣᠪᠣᠷᠬᠠᠭ ᠭᠠᠵᠠᠷ ᠤᠨ ᠨᠣᠨ ᠮᠥᠷᠡᠨ ᠤ ᠤᠰᠤᠨ ᠰᠢᠰᠲ᠋ᠧᠮ ᠤᠨ ᠭᠠᠵᠠᠷ ᠣᠷᠣᠨ︔ ᠪᠠᠷᠠᠭᠤᠨ ᠯᠢᠶᠣᠤ ᠾᠧ ᠭᠤᠣᠯ ᠤᠨ ᠲᠠᠯ᠎ᠠ ᠭᠠᠵᠠᠷ ᠤᠨ ᠯᠢᠶᠣᠤ ᠾᠧ ᠭᠤᠣᠯ ᠤᠨ ᠤᠰᠤᠨ ᠰᠢᠰᠲ᠋ᠧᠮ ᠤᠨ ᠣᠷᠣᠨ︔ ᠮᠤᠨᠢ ᠠᠭᠤᠯᠠ ᠶᠢᠨ ᠠᠷᠤ ᠬᠤᠷᠮᠣᠶ ᠳᠠᠬᠢ ᠥᠪᠥᠷ ᠮᠣᠩᠭᠤᠯ ᠤᠨ  ᠦᠨᠳᠦᠷᠯᠢᠭ ᠲᠠᠯ᠎ᠠ ᠭᠠᠵᠠᠷ ᠤᠨ ᠳᠣᠲᠣᠭᠠᠳᠤ ᠬᠠᠭᠤᠷᠠᠶ ᠶᠢᠨ ᠤᠰᠤᠨ ᠰᠢᠰᠲ᠋ᠧᠮ ᠤᠨ ᠭᠠᠵᠠᠷ ᠣᠷᠣᠨ︔ ᠮᠤᠨᠢ ᠠᠭᠤᠯᠠ ᠶᠢᠨ ᠠᠭᠤᠯᠠᠷᠬᠠᠭ ᠭᠠᠵᠠᠷ᠂ ᠬᠠᠶ ᠾᠧ ᠭᠤᠤᠯ᠂ ᠯᠤᠸᠠᠨ ᠾᠧ ᠭᠤᠤᠯ ᠤᠨ ᠤᠰᠤᠨ ᠰᠢᠰᠲ᠋ᠧᠮ ᠤᠨ ᠣᠷᠣᠨ︔ ᠮᠤᠨᠢ ᠠᠭᠤᠯᠠ ᠶᠢᠨ ᠡᠮᠦᠨ᠎ᠡ ᠬᠤᠷᠮᠣᠶ ᠶᠢᠨ ᠪᠣᠷᠣᠲᠣᠬᠤᠶ ᠶᠢᠨ ᠲᠠᠯ᠎ᠠ ᠭᠠᠵᠠᠷ ᠤᠨ ᠬᠠᠲᠤᠨ ᠭᠤᠤᠯ ᠤᠨ ᠤᠰᠤᠨ ᠰᠢᠰᠲ᠋ᠧᠮ ᠤᠨ ᠭᠠᠵᠠᠷ ᠣᠷᠣᠨ︔ ᠣᠷᠳᠣᠰ ᠤᠨ ᠦᠨᠳᠦᠷᠯᠢᠭ ᠤᠨ ᠲᠠᠯ᠎ᠠ ᠭᠠᠵᠠᠷ ᠤᠨ ᠤᠰᠤᠨ ᠰᠢᠰᠲ᠋ᠧᠮ ᠤᠨ ᠭᠠᠵᠠᠷ ᠣᠷᠣᠨ︔ ᠪᠠᠷᠠᠭᠤᠨ ᠬᠡᠰᠡᠭ ᠤᠨ ᠡᠵᠡᠬᠦᠢ ᠴᠦᠯ ᠤᠨ ᠳᠣᠲᠣᠭᠠᠳᠤ ᠬᠠᠭᠤᠷᠠᠶ ᠶᠢᠨ ᠤᠰᠤᠨ ᠰᠢᠰᠲ᠋ᠧᠮ ᠤᠨ ᠭᠠᠵᠠᠷ ᠣᠷᠣᠨ ᠭᠡᠵᠦ ᠬᠤᠪᠢᠶᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号