ᠰᠢᠨᠬᠤᠸᠠ ᠬᠤᠷᠢᠶᠠᠨ ᠤ ᠬᠥᠬᠡᠬᠤᠲᠠ ᠶᠢᠨ 11 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ︵ | ᠰᠤᠷᠪᠤᠯᠵᠢᠯᠠᠭᠴᠢ ᠵᠢᠶᠠ ᠯᠢ ᠵᠢᠶᠦ᠋ᠨ︶ ᠡᠪᠦᠯ ᠤᠨ ᠡᠬᠢᠨ ᠳᠤ ᠲᠡᠭᠷᠢ ᠴᠡᠯᠮᠡᠭ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠬᠤᠲᠠ ᠶᠢᠨ ᠤᠯᠠᠭᠠᠨᠰᠤᠬᠠᠢ ᠨᠠᠭᠤᠷ ᠤᠨ ᠤᠰᠤ ᠨᠢ ᠲᠤᠩᠭᠠᠯᠠᠭ | ᠣᠭᠲᠠᠷᠭᠤᠢ ᠬᠦᠬᠡᠮᠳᠦᠭ᠂ ᠬᠤᠯᠤᠰᠤ ᠵᠡᠭᠡᠰᠦ ᠨᠠᠮᠢᠯᠵᠠᠨ᠂ ᠰᠢᠪᠠᠭᠤᠳ ᠰᠦᠯᠵᠢᠯᠳᠦᠨ᠂ ᠠᠮᠢᠵᠢᠷᠠᠯ ᠤᠨ ᠬᠦᠴᠦᠨ | ᠢᠶᠠᠷ ᠪᠢᠯᠬᠠᠨ᠎ᠠ᠃ | ᠤᠯᠠᠭᠠᠨᠰᠤᠬᠠᠢ ᠭᠡᠳᠡᠭ ᠨᠢ ︽ᠤᠯᠠᠭᠠᠨ ᠰᠤᠬᠠᠢ ᠲᠠᠢ ᠨᠠᠭᠤᠷ︾ ᠭᠡᠰᠡᠨ ᠤᠳᠬ᠎ᠠ ᠲᠠᠢ᠂ ᠲᠡᠷᠡ ᠨᠢ ᠬᠠᠳᠤᠨ | ᠭᠤᠤᠯ ᠤᠨ ᠰᠠᠪᠠ ᠭᠠᠵᠠᠷ ᠤᠨ ᠬᠠᠮᠤᠭ ᠤᠨ ᠲᠤᠮᠤ ᠴᠡᠩᠬᠡᠭ ᠨᠠᠭᠤᠷ ᠪᠤᠯᠤᠨ᠎ᠠ᠃ ᠲᠤᠰ ᠨᠠᠭᠤᠷ ᠨᠢ ᠤᠤᠯ ᠤᠨ | ᠬᠠᠳᠤᠨ ᠭᠤᠤᠯ ᠤᠨ ᠬᠠᠭᠤᠴᠢᠨ ᠭᠤᠯᠳᠤᠷᠢᠯ ᠪᠠᠶᠢᠵᠤ᠂ 1850 ᠣᠨ ᠳᠤ ᠬᠠᠳᠤᠨ ᠭᠤᠤᠯ ᠤᠨ ᠭᠤᠣᠯ | ᠭᠤᠯᠳᠤᠷᠢᠯ ᠨᠢ ᠪᠣᠷᠣ ᠲᠣᠬᠤᠢ ᠶᠢᠨ ᠡᠮᠦᠨ᠎ᠡ ᠰᠢᠯᠵᠢᠭᠰᠡᠨ ᠤ ᠲᠠᠷᠠᠭ᠎ᠠ ᠪᠦᠷᠢᠯᠳᠦᠭᠰᠡᠨ ᠭᠤᠤᠯ ᠤᠨ ᠪᠠᠭᠤᠷᠢ ᠶᠢᠨ | ᠨᠠᠭᠤᠷ ᠶᠤᠮ᠃ | ᠤᠯᠠᠭᠠᠨᠰᠤᠬᠠᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠲᠥᠪ ᠤᠨ ᠡᠷᠬᠢᠯᠡᠭᠴᠢ ᠳ᠋ᠦ᠋ ᠵᠠᠨ ᠬᠦᠢ ᠶᠢᠨ | ᠲᠠᠨᠢᠯᠴᠠᠭᠤᠯᠬᠤ ᠪᠠᠷ᠂ 20 ᠳ᠋ᠤᠭᠠᠷ ᠵᠠᠭᠤᠨ ᠤ ᠶᠡᠷᠡᠭᠡᠳ ᠣᠨ ᠤ ᠳᠠᠷᠠᠭ᠎ᠠ ᠪᠠᠶᠢᠭᠠᠯᠢ ᠠᠴᠠ ᠨᠦᠬᠦᠪᠦᠷᠢᠯᠡᠬᠦ | ᠤᠰᠤᠨ ᠤ ᠬᠡᠮᠵᠢᠶ᠎ᠡ ᠪᠠᠭᠠᠰᠴᠤ᠂ ᠠᠵᠤ ᠦᠢᠯᠡᠳᠪᠦᠷᠢ ᠲᠠᠷᠢᠶᠠᠯᠠᠩ ᠤᠨ ᠤᠰᠤ ᠲᠠᠳᠠᠷᠠᠭᠤᠯᠬᠤ ᠵᠡᠷᠭᠡ ᠨᠦᠬᠦᠴᠡᠯ | ᠠᠴᠠ ᠪᠤᠯᠵᠤ᠂ ᠨᠠᠭᠤᠷ ᠤᠨ ᠠᠮᠢ ᠠᠬᠤᠢ ᠶᠢᠨ ᠴᠢᠳᠠᠪᠬᠢ ᠬᠦᠨᠳᠦ ᠨᠣᠴᠢᠲᠠᠢ ᠮᠠᠭᠤᠳᠠᠭᠰᠠᠨ ᠪᠠᠶᠢᠨ᠎ᠠ᠃ ᠤᠶᠢᠷ᠎ᠠ | ᠶᠢᠨ ᠵᠢᠯ ᠤᠳ ᠲᠤ ᠤᠯᠤᠰ ᠪᠣᠯᠤᠨ ᠦᠪᠡᠷᠲᠡᠭᠡᠨ ᠵᠠᠰᠠᠬᠤ ᠤᠷᠤᠨ ᠤ ᠬᠦᠴᠦᠲᠡᠢ ᠳᠡᠮᠵᠢᠯᠭᠡ ᠳᠣᠣᠷ᠎ᠠ᠂ ᠪᠠᠶᠠᠨᠨᠠᠭᠤᠷ | ᠬᠤᠲᠠ ᠤᠯᠠᠭᠠᠨᠰᠤᠬᠠᠶ ᠶᠢ ᠶᠡᠷᠦᠩᠬᠡᠶᠢᠯᠡᠨ ᠵᠠᠰᠠᠬᠤ ᠠᠵᠢᠯ ᠢ ᠢᠳᠡᠪᠬᠢᠲᠡᠢ ᠠᠬᠢᠭᠤᠯᠵᠠᠢ᠃ | ᠡᠩ ᠲᠡᠷᠢᠭᠦᠨ ᠳᠤ ᠤᠯᠠᠭᠠᠨᠰᠤᠬᠠᠢ ᠨᠠᠭᠤᠷ ᠤᠨ ᠳᠡᠭᠡᠳᠦ ᠤᠷᠤᠰᠬᠠᠯ ᠳᠤ ᠤᠯᠠᠭᠠᠨᠪᠤᠬ᠎ᠠ ᠡᠯᠡᠰᠦᠨ ᠴᠦᠯ ᠤᠨ | ᠶᠡᠷᠦᠩᠬᠡᠶᠢᠯᠡᠭᠰᠡᠨ ᠵᠠᠰᠠᠯᠲᠠ ᠶᠢ ᠬᠡᠷᠡᠭᠵᠢᠭᠦᠯᠵᠦ᠂ ᠡᠯᠡᠰᠦ ᠮᠠᠩᠬ᠎ᠠ ᠶᠢ ᠰᠡᠷᠭᠡᠶᠢᠯᠡᠨ ᠵᠠᠰᠠᠭᠰᠠᠨ ᠲᠠᠯᠠᠪᠠᠢ ᠨᠡᠶᠢᠲᠡ | 108.7 ᠲᠦᠮᠡᠨ ᠮᠦ ᠬᠦᠷᠴᠦ᠂ 154 ᠺᠢᠯᠤᠮᠧᠲᠷ ᠤᠨ ᠰᠠᠯᠬᠢ ᠶᠢ ᠰᠡᠷᠭᠡᠶᠢᠯᠡᠨ ᠡᠯᠡᠰᠦ ᠶᠢ | ᠲᠣᠭᠲᠠᠪᠤᠷᠢᠵᠢᠭᠤᠯᠬᠤ ᠣᠢ ᠶᠢᠨ ᠪᠦᠰᠡ ᠶᠢ ᠰᠢᠨᠡᠳᠭᠡᠬᠦ ᠪᠤᠶᠤ ᠳᠠᠬᠢᠨ ᠪᠠᠶᠢᠭᠤᠯᠵᠤ᠂ ᠡᠯᠡᠰᠦ ᠮᠠᠩᠬᠠᠨ ᠤ ᠵᠡᠬᠦᠨᠰᠢ | ᠲᠦᠷᠢᠬᠦ ᠶᠢ ᠪᠦᠳᠦᠮᠵᠢᠳᠡᠢ ᠬᠤᠷᠢᠭᠯᠠᠨ᠂ ᠡᠯᠡᠰᠦ ᠰᠢᠪᠠᠷ ᠬᠠᠲᠤᠨ ᠭᠤᠣᠯ ᠳᠤ ᠤᠷᠤᠬᠤ ᠶᠢ ᠬᠠᠰᠢᠵᠤ᠂ | ᠪᠤᠷᠤᠲᠤᠬᠤᠢ ᠶᠢᠨ ᠲᠠᠯ᠎ᠠ ᠭᠠᠵᠠᠷ ᠢᠳᠡᠭᠳᠡᠬᠦ ᠶᠢ ᠬᠤᠷᠢᠭᠯᠠᠪᠠ᠃ | ᠡᠭᠦᠨ ᠤ ᠵᠡᠷᠭᠡᠴᠡᠭᠡ ᠤᠯᠠᠭᠠᠨᠰᠤᠬᠠᠢ ᠶᠢᠨ ᠳᠡᠭᠡᠳᠦ ᠤᠷᠤᠰᠬᠠᠯ ᠵᠢᠴᠢ ᠡᠷᠭᠢᠨ ᠲᠣᠭᠤᠷᠢᠨ ᠤ ᠬᠤᠲᠠ | ᠪᠠᠯᠭᠠᠰᠤ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ | ᠲᠠᠬᠢᠯᠲᠠ ᠤᠰᠤᠨ ᠤ ᠦᠢᠯᠡᠳᠪᠦᠷᠢ ᠪᠠ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠤᠮᠳᠠ ᠤᠰᠤ ᠶᠢ ᠠᠯᠢ ᠴᠢᠳᠠᠬᠤ ᠪᠠᠷ ᠠᠵᠤ ᠦᠢᠯᠡᠳᠪᠦᠷᠢ ᠳᠤ | ᠬᠡᠷᠡᠭᠯᠡᠬᠦ᠂ ᠴᠡᠴᠡᠷᠯᠢᠭᠵᠢᠭᠦᠯᠦᠨ ᠨᠣᠭᠤᠭᠠᠷᠠᠭᠤᠯᠬᠤ ᠳᠤ ᠬᠡᠷᠡᠭᠯᠡᠬᠦ᠂ ᠦᠵᠡᠮᠵᠢ ᠳᠤ ᠬᠡᠷᠡᠭᠯᠡᠬᠦ᠂ ᠬᠤᠲᠠ ᠶᠢᠨ ᠰᠤᠯᠠ | ᠬᠡᠷᠡᠭᠯᠡᠭᠡᠨ ᠳᠤ ᠬᠡᠷᠡᠭᠯᠡᠬᠦ ᠪᠠᠷ ᠴᠢᠷᠮᠠᠶᠢᠪᠠ︔ ᠳᠠᠬᠢᠨ ᠠᠰᠢᠭᠯᠠᠬᠤ ᠠᠷᠭ᠎ᠠ ᠦᠭᠡᠢ ᠲᠤᠮᠳᠠ ᠤᠰᠤ ᠶᠢ | ᠤᠯᠠᠭᠠᠨᠰᠤᠬᠠᠢ ᠶᠢᠨ ᠠᠮᠠ ᠳᠤ ᠣᠷᠣᠭᠤᠯᠬᠤ ᠬᠡᠰᠡᠭ ᠤᠨ ᠨᠤᠭᠤ ᠭᠠᠵᠠᠷ ᠲᠤ ᠲᠡᠳᠡᠨ ᠣᠷᠣᠭᠤᠯᠵᠤ | ᠴᠡᠪᠡᠷᠰᠢᠭᠦᠯᠦᠨ᠂ ᠪᠠᠷᠢᠮᠵᠢᠶᠠᠨ ᠳᠤ ᠬᠦᠷᠦᠭᠰᠡᠨ ᠤ ᠳᠠᠷᠠᠭ᠎ᠠ ᠲᠠᠬᠢᠨ ᠨᠠᠭᠤᠷ ᠲᠤ ᠤᠷᠤᠭᠤᠯᠵᠤ᠂ ᠤᠰᠤᠨ ᠤ ᠴᠢᠭ | ᠤᠨ ᠡᠬᠢ ᠰᠤᠷᠪᠤᠯᠵᠢ ᠶᠢᠨ ᠪᠤᠬᠢᠷᠳᠤᠯ ᠤᠨ ᠠᠰᠠᠭᠤᠳᠠᠯ ᠢ ᠦᠨᠳᠦᠰᠦᠨ ᠠᠴᠠ ᠨᠢ ᠰᠢᠢᠳᠪᠤᠷᠢᠯᠡᠪᠡ᠃ | ᠡᠭᠦᠨ ᠠᠴᠠ ᠭᠠᠳᠠᠨ᠎ᠠ ᠪᠤᠷᠤᠳᠤᠬᠤᠢ ᠶᠢᠨ ᠤᠰᠤᠯᠠᠯᠲᠠ ᠶᠢᠨ ᠣᠷᠣᠨ ᠳᠤ ᠪᠣᠷᠳᠣᠭᠤᠷ ᠢ ᠬᠢᠵᠠᠭᠠᠷᠯᠠᠨ ᠦᠷ᠎ᠡ | ᠠᠰᠢᠭ ᠢ ᠨᠡᠮᠡᠭᠳᠡᠭᠦᠯᠬᠦ᠂ ᠡᠮ ᠢ ᠵᠣᠬᠢᠰᠲᠠᠢ ᠬᠡᠷᠡᠭᠯᠡᠵᠦ ᠬᠤᠣᠷ ᠬᠥᠨᠥᠭᠡᠯ ᠢ ᠪᠠᠭᠠᠰᠬᠠᠬᠤ᠂ ᠤᠰᠤᠨ ᠤ | ᠬᠤᠷᠣᠭᠳᠠᠯ ᠢ ᠪᠠᠭᠠᠰᠬᠠᠬᠤ᠂ ᠪᠦᠷᠬᠦᠪᠴᠢ ᠶᠢᠨ ᠦᠷ᠎ᠡ ᠪᠦᠲᠦᠮᠵᠢ ᠶᠢ ᠡᠵᠡᠮᠰᠢᠬᠦ ᠵᠡᠷᠭᠡ ︽ᠳᠥᠷᠪᠡ ᠶᠢ ᠡᠵᠡᠮᠰᠢᠬᠦ︾ | ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠬᠦᠯᠵᠦ᠂ ᠠᠵᠤ ᠠᠬᠤᠶᠢᠯᠠᠯ ᠪᠠ ᠲᠠᠷᠢᠶᠠᠴᠢᠳ ᠤᠨ ᠪᠣᠬᠢᠷᠲᠤᠯ ᠦᠭᠡᠢ | ᠦᠢᠯᠡᠳᠪᠦᠷᠢᠯᠡᠯ ᠢ ᠬᠥᠲᠥᠯᠦᠨ ᠵᠢᠯᠣᠭᠤᠳᠴᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠪᠠᠭᠠᠰᠬᠠᠵᠤ᠂ | ᠨᠠᠭᠤᠷ ᠲᠤ ᠣᠷᠣᠬᠤ ᠤᠰᠤᠨ ᠤ ᠴᠢᠨᠠᠷ ᠢ ᠰᠠᠶᠢᠵᠢᠷᠠᠭᠤᠯᠪᠠ᠃ | ᠡᠭᠦᠨ ᠠᠴᠠ ᠭᠠᠳᠠᠨ᠎ᠠ᠂ ᠤᠰᠤᠨ ᠠᠰᠢᠭᠯᠠᠯᠲᠠ ᠶᠢᠨ ᠶᠠᠮᠤᠨ ᠤ ᠬᠠᠲᠤᠨ ᠭᠤᠣᠯ ᠤᠨ ᠤᠰᠤᠨ | ᠠᠰᠢᠭᠯᠠᠯᠲᠠ ᠶᠢᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ | ᠬᠦᠴᠦᠲᠡᠢ ᠳᠡᠮᠵᠢᠯᠭᠡ ᠳᠣᠣᠷ᠎ᠠ᠂ ᠪᠠᠶᠠᠨᠨᠠᠭᠤᠷ ᠬᠤᠲᠠ ᠣᠳᠣ ᠪᠠᠶᠢᠭ᠎ᠠ ᠤᠰᠤᠯᠠᠬᠤ ᠪᠠ ᠤᠰᠤ ᠲᠠᠳᠠᠷᠠᠭᠤᠯᠬᠤ | ᠰᠤᠪᠠᠭ ᠢ ᠠᠰᠢᠭᠯᠠᠨ ᠤᠯᠠᠭᠠᠨᠰᠤᠬᠠᠢ ᠳᠤ ᠪᠠᠴᠢᠮ ᠪᠠᠶᠢᠳᠠᠯ ᠢ ᠠᠷᠭᠠᠴᠠᠨ ᠠᠮᠢ ᠠᠬᠤᠢ ᠶᠢᠨ ᠤᠰᠤ ᠨᠥᠬᠦᠪᠥᠷᠢᠯᠡᠪᠡ᠃ | ᠡᠭᠦᠨ ᠤ ᠳᠣᠲᠣᠷ᠎ᠠ 2018 ᠣᠨ᠂ 2019 ᠣᠨ ᠳᠤ ᠬᠠᠲᠤᠨ ᠭᠤᠣᠯ ᠠᠴᠠ ᠤᠯᠠᠭᠠᠨᠰᠤᠬᠠᠢ ᠠᠴᠠ ᠲᠤᠰ ᠲᠤᠰ | 5.94 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠ 6.15 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ | ᠤᠰᠤ ᠨᠥᠬᠦᠪᠥᠷᠢᠯᠡᠵᠦ᠂ ᠡᠨᠡ ᠵᠢᠯ ᠤᠳᠤ ᠪᠣᠯᠲᠠᠯ᠎ᠠ 5.52 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ | ᠨᠦᠬᠦᠪᠦᠷᠢᠯᠡᠵᠦ᠂ ᠤᠯᠠᠭᠠᠨᠰᠤᠬᠠᠢ ᠶᠢᠨ ᠠᠮᠢ ᠠᠬᠤᠢ ᠶᠢᠨ ᠰᠠᠶᠢᠵᠢᠷᠠᠯᠳᠠ ᠳᠤ ᠴᠢᠬᠤᠯᠠ ᠦᠢᠯᠡᠳᠦᠯ ᠦᠵᠡᠬᠦᠯᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠳᠡᠳ᠋ ᠡᠷᠬᠢᠯᠡᠭᠴᠢ ᠯᠢᠦ ᠸᠧᠨ ᠢᠦᠢ ᠣᠳᠣᠬᠠᠨ ᠳᠤ ᠤᠯᠠᠭᠠᠠᠰᠤᠬᠠᠢ ᠶᠢᠨ ᠪᠦᠬᠦᠶᠢᠯᠡ ᠤᠰᠤᠨ ᠤ | ᠴᠢᠨᠠᠷ ᠮᠠᠭᠤ ᠲᠠᠪᠤᠳᠤᠭᠠᠷ ᠲᠥᠷᠥᠯ ᠠᠴᠠ ᠲᠠᠪᠤᠳᠤᠭᠠᠷ ᠲᠦᠷᠦᠯ ᠪᠤᠯᠤᠨ ᠲᠤᠭᠳᠠᠪᠤᠷᠢᠵᠢᠵᠦ᠂ ᠨᠢᠭᠡ ᠬᠡᠰᠡᠭ ᠨᠢ | ᠲᠠᠪᠤᠳᠤᠭᠠᠷ ᠲᠥᠷᠥᠯ ᠠᠴᠠ ᠰᠢᠯᠢᠳᠡᠭ ᠪᠣᠯᠵᠠᠢ ᠭᠡᠰᠡᠨ ᠪᠠᠶᠢᠨ᠎ᠠ᠃ | 《ᠬᠤᠲᠠ ᠠᠴᠠ ᠤᠯᠠᠭᠠᠨᠰᠤᠬᠠᠢ ᠶᠢᠨ ᠰᠠᠪᠠ ᠭᠠᠵᠠᠷ ᠤᠨ ᠠᠭᠤᠯᠠ ᠤᠰᠤ ᠣᠢ ᠰᠢᠭᠤᠢ ᠲᠠᠷᠢᠶᠠᠨ ᠭᠠᠵᠠᠷ | ᠡᠪᠡᠰᠦ ᠪᠡᠯᠴᠢᠭᠡᠷ ᠢ ᠠᠮᠢ ᠨᠠᠰᠤᠨ ᠤ ᠬᠠᠮᠲᠤ ᠶᠢᠨ ᠴᠣᠭᠴᠠ ᠪᠣᠯᠭᠠᠨ ᠶᠡᠷᠦᠩᠬᠡᠶᠢᠯᠡᠨ ᠵᠠᠰᠠᠵᠤ᠂ ᠠᠰᠠᠭᠤᠳᠠᠯ ᠢ | ᠦᠨᠳᠦᠰᠦᠨ ᠠᠴᠠ ᠨᠢ ᠵᠠᠰᠠᠨ᠎ᠠ᠃》 ᠳ᠋ᠦ᠋ ᠵᠠᠨ ᠬᠦᠢ ᠬᠡᠯᠡᠬᠦ ᠳᠤ ᠪᠠᠨ᠂ ᠲᠤᠬᠠᠢ ᠶᠢᠨ ᠭᠠᠵᠠᠷ ᠤᠨ | ᠬᠢᠨ 《ᠨᠠᠭᠤᠷ ᠤᠨ ᠲᠤᠲᠤᠷᠠᠬᠢ ᠠᠰᠠᠭᠤᠳᠠᠯ ᠢ ᠨᠠᠭᠤᠷ ᠤᠨ ᠭᠠᠳᠠᠨ᠎ᠠ ᠰᠢᠢᠳᠪᠤᠷᠢᠯᠡᠬᠦ 》 ᠰᠡᠳᠬᠢᠮᠵᠢ ᠪᠣᠯᠤᠨ | ᠠᠷᠭ᠎ᠠ ᠵᠠᠮ ᠢ ᠪᠠᠷᠢᠮᠳᠠᠯᠠᠵᠤ᠂ ᠳᠠᠩ ᠭᠠᠭᠴᠠ 《 ᠨᠠᠭᠤᠷ ᠴᠥᠭᠦᠷᠥᠮ ᠢ ᠵᠠᠰᠠᠬᠤ 》 ᠠᠴᠠ ᠪᠠᠨ ᠰᠢᠰᠲ᠋ᠧᠮ ᠲᠠᠢ | ᠪᠠᠷ 《 ᠰᠠᠪᠠ ᠭᠠᠵᠠᠷ ᠢ ᠵᠠᠰᠠᠬᠤ 》 ᠲᠡᠶᠢᠰᠢ ᠰᠢᠯᠵᠢᠵᠦ᠂ ᠠᠮᠢ ᠠᠬᠤᠢ ᠶᠢ ᠲᠡᠷᠢᠬᠦᠨ ᠳᠤ ᠲᠠᠯᠪᠢᠵᠤ᠂ | ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠤ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ | ᠵᠠᠮᠨᠠᠨ᠎ᠠ᠃ ᠤᠳᠤᠬᠠᠨ᠂ ᠤᠯᠠᠭᠠᠨᠰᠤᠬᠠᠢ ᠨᠠᠭᠤᠷ ᠤᠨ ᠤᠰᠤᠨ ᠪᠦᠰᠡ ᠶᠢᠨ ᠲᠠᠯᠠᠪᠠᠢ 293 ᠲᠡᠭᠰᠢ ᠳᠥᠷᠪᠡᠯᠵᠢᠨ | ᠺᠢᠯᠤᠮᠧᠲᠷ ᠪᠠᠶᠢᠵᠤ᠂ ᠤᠰᠤᠨ ᠤ ᠬᠠᠮᠤᠭ ᠭᠦᠨ ᠨᠢ 4 ᠮᠧᠲᠷ ᠰᠢᠬᠠᠮ ᠪᠠᠶᠢᠵᠤ᠂ ᠵᠢᠭᠠᠰᠤ ᠵᠢᠷᠭᠠᠬᠠᠢ ᠨᠡᠮᠡᠭᠳᠡᠵᠦ᠂ | ᠰᠢᠪᠠᠭᠤᠳ ᠤᠯᠠᠰᠢᠷᠠᠵᠤ᠂ ᠵᠢᠭᠠᠰᠤᠨ ᠤ ᠲᠥᠷᠥᠯ ᠨᠢ 22 ᠵᠦᠢᠯ᠂ ᠰᠢᠪᠠᠭᠤᠨ ᠤ ᠲᠦᠷᠦᠯ 264 ᠵᠦᠢᠯ | ᠪᠠᠶᠢᠨ᠎ᠠ᠃ | | | | | | | | | | | ᠁ |