ᠠᠷᠠᠳ ᠤᠨ ᠡᠳᠦᠷ ᠤᠨ ᠰᠣᠨᠢᠨ᠄ ᠵᠢᠶᠠᠩᠰᠦ  ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ    ᠰᠢᠷᠬᠢᠰᠢ ᠦᠭᠡᠢ ᠡᠬᠢ ᠪᠤᠯᠠᠭ ᠠᠴᠠ ᠴᠡᠩᠬᠡᠭ ᠤᠷᠤᠰᠬᠠᠯ ᠮᠡᠯᠳᠡᠯᠵᠡᠨ᠎ᠡ
ᠨᠡᠶᠢᠲᠡᠯᠡᠭᠰᠡᠨ ᠴᠠᠭ᠄
2020/12/23
     ᠵᠢᠶᠠᠩᠰᠦ ᠮᠣᠵᠢ ᠶᠢᠨ ᠤᠰᠤᠨ ᠤ ᠡᠬᠢ ᠪᠠᠶᠠᠯᠢᠭ ᠨᠢ ᠡᠮᠦᠨᠡᠳᠦ ᠬᠡᠰᠡᠭ ᠲᠤ ᠪᠠᠨ ᠡᠯᠪᠡᠭ ᠤᠮᠠᠷᠠᠲᠤ ᠬᠡᠰᠡᠭ  ᠲᠤ ᠲᠤᠳᠠᠮᠠᠭ ᠪᠠᠶᠢᠵᠤ᠂ ᠡᠮᠦᠨᠡᠳᠦ ᠶᠢᠨ ᠤᠰᠤ ᠶᠢ ᠤᠮᠠᠷᠠᠰᠢ ᠲᠠᠳᠠᠬᠤ ᠨᠢ ᠵᠢᠶᠠᠩᠰᠦ ᠶᠢᠨ ᠬᠡᠳᠦᠨ ᠦᠶ᠎ᠡ ᠶᠢᠨ ᠬᠥᠮᠦᠰ ᠤᠨ ᠬᠦᠰᠡᠯ ᠮᠦᠷᠦᠭᠡᠳᠦᠯ ᠪᠤᠯᠤᠭᠰᠠᠭᠠᠷ ᠢᠷᠡᠪᠡ᠃ 1957 ᠣᠨ ᠳᠤ ᠵᠢᠶᠠᠩᠰᠦ ᠮᠣᠵᠢ 《 ᠬᠥᠬᠡ ᠮᠥᠷᠡᠨ ᠳᠤ ᠦᠨᠳᠦᠰᠦᠯᠡᠵᠦ᠂ ᠲᠠᠲᠠᠮᠠᠯ ᠭᠤᠣᠯ ᠢᠶᠠᠷ ᠬᠦᠳᠦᠯᠦᠮᠵᠢ ᠪᠤᠯᠭᠠᠨ᠂ ᠡᠮᠦᠨᠡᠳᠦ ᠶᠢᠨ ᠤᠰᠤ ᠶᠢ ᠤᠮᠠᠷᠠᠰᠢ ᠲᠠᠲᠠᠬᠤ 》ᠵᠠᠮ ᠢ ᠨᠡᠭᠡᠭᠡᠵᠡᠢ᠃     1961 ᠣᠨ ᠤ 12 ᠰᠠᠷ᠎ᠠ ᠳᠤ᠂ ᠰᠢᠨ᠎ᠡ ᠳᠤᠮᠳᠠᠳᠤ ᠤᠯᠤᠰ ᠤᠨ ᠲᠣᠮᠣ ᠬᠡᠯᠪᠡᠷᠢ ᠶᠢᠨ ᠴᠠᠬᠢᠯᠭᠠᠨ ᠬᠦᠴᠦᠨ ᠤ ᠤᠰᠤ ᠲᠠᠲᠠᠬᠤ ᠥᠷᠲᠡᠭᠡ — ᠵᠢᠶᠠᠩᠳᠦ ᠶᠢᠨ ᠨᠢᠭᠡᠳᠦᠭᠡᠷ ᠥᠷᠲᠡᠭᠡᠨ ᠤ ᠪᠠᠷᠢᠯᠭ᠎ᠠ ᠡᠬᠢᠯᠡᠵᠡᠢ᠃ 40 ᠭᠠᠷᠤᠢ ᠵᠢᠯ ᠤᠨ ᠪᠡᠶ᠎ᠡ ᠪᠠᠨ ᠳᠠᠭᠠᠭᠠᠵᠤ ᠲᠥᠯᠥᠪᠯᠡᠬᠦ᠂ ᠪᠡᠶ᠎ᠡ ᠪᠠᠨ ᠳᠠᠭᠠᠭᠠᠵᠤ ᠪᠦᠲᠦᠭᠡᠨ ᠪᠠᠶᠢᠭᠤᠯᠬᠤ᠂ ᠪᠡᠶ᠎ᠡ ᠪᠠᠨ ᠳᠠᠭᠠᠭᠠᠵᠤ ᠬᠠᠮᠢᠶᠠᠷᠬᠤ ᠪᠠᠷ ᠲᠠᠮᠵᠢᠨ ᠵᠢᠶᠠᠩᠰᠦ ᠮᠤᠵᠢ 400  ᠺᠢᠯᠤᠮᠧᠲᠷ ᠤᠨ ᠵᠢᠩ ᠬᠠᠩ ᠶᠡᠭᠡ ᠲᠠᠳᠠᠮᠠᠯ ᠭᠤᠤᠯ  ᠤᠨ ᠰᠤ᠋ ᠪᠸᠢ ᠶᠢᠨ ᠬᠤᠶᠢᠳᠤ ᠬᠡᠰᠡᠭ ᠢᠶᠠᠷ ᠭᠤᠣᠯ ᠨᠡᠪᠲᠡᠷᠡᠬᠦ ᠵᠠᠮ ᠪᠣᠯᠭᠠᠵᠤ᠂ ᠵᠢᠶᠠᠩᠳᠤ᠂ ᠰᠧ ᠶᠠᠩ᠂ ᠽᠤᠤ ᠾᠧ ᠭᠤᠣᠯ ᠵᠡᠷᠭᠡ 9 ᠱᠠᠳᠤᠯᠢᠭ ᠬᠦᠢᠰᠦ ᠪᠠᠷ ᠭᠤᠣᠯ ᠵᠠᠩᠭᠢᠯᠠᠭ᠎ᠠ ᠴᠡᠭ ᠪᠣᠯᠭᠠᠵᠤ᠂ ᠵᠠᠮ ᠳᠠᠭᠠᠤ ᠭᠤᠣᠯ ᠤᠨ ᠤᠰᠤᠨ ᠲᠣᠣᠷ ᠢᠶᠠᠷ ᠰᠤᠳᠠᠰᠤ ᠪᠤᠯᠭᠠᠵᠤ᠂ 20 ᠭᠠᠷᠤᠢ ᠲᠤᠮᠤ ᠬᠡᠯᠪᠡᠷᠢ ᠶᠢᠨ ᠬᠦᠭᠡᠷᠭᠡᠨ ᠦᠷᠲᠡᠭᠡ᠂ ᠮᠢᠩᠭ᠎ᠠ ᠭᠠᠷᠤᠢ ᠤᠰᠤᠨ ᠪᠠᠷᠢᠯᠭ᠎ᠠ ᠶᠢ ᠪᠠᠭᠳᠠᠭᠠᠭᠰᠠᠨ᠂ ᠦᠶᠡᠷ ᠠᠴᠠ ᠰᠡᠷᠭᠡᠶᠢᠯᠡᠬᠦ᠂ ᠤᠰᠤ ᠲᠠᠳᠠᠷᠠᠭᠤᠯᠬᠤ᠂ ᠤᠰᠤᠯᠠᠯᠳᠠ ᠬᠢᠬᠦ᠂ ᠤᠰᠤᠨ ᠲᠡᠭᠡᠭᠡᠪᠤᠷᠢ ᠵᠡᠷᠭᠡ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠡᠮᠦᠨᠡᠳᠦ ᠶᠢᠨ ᠤᠰᠤ ᠶᠢ ᠤᠮᠠᠷᠠᠰᠢ ᠳᠠᠳᠠᠬᠤ ᠢᠨᠵᠧᠨᠧᠷᠢᠩ ᠤᠨ ᠰᠢᠰᠲ᠋ᠧᠮ ᠢ ᠪᠠᠶᠢᠭᠤᠯᠵᠠᠢ᠃      ᠡᠭᠦᠨ ᠠᠴᠠ ᠡᠬᠢᠯᠡᠵᠦ᠂ ᠵᠢᠶᠠᠩᠰᠦ ᠶᠢᠨ ᠬᠤᠶᠢᠲᠤ ᠬᠡᠰᠡᠭ ᠤᠨ 6 ᠬᠤᠲᠠ ᠶᠢᠨ 50  ᠰᠢᠶᠠᠨ ᠤ 4000 ᠭᠠᠷᠤᠢ ᠲᠦᠮᠡᠨ ᠠᠷᠠᠳ ᠣᠯᠠᠨ ᠤᠰᠤᠨ ᠤ ᠠᠮᠤᠷ ᠲᠦᠪᠰᠢᠨ ᠤ ᠬᠠᠯᠬᠠᠪᠴᠢ᠂ ᠤᠰᠤᠨ ᠤ ᠡᠬᠢ ᠪᠠᠶᠠᠯᠢᠭ ᠤᠨ ᠪᠠᠲᠤᠯᠭ᠎ᠠ ᠲᠠᠢ ᠪᠣᠯᠵᠤ᠂ ᠳᠣᠲᠣᠭᠠᠳᠤ ᠭᠤᠣᠯ ᠤᠨ ᠤᠰᠤᠨ ᠲᠡᠭᠡᠭᠡᠪᠦᠷᠢ ᠶᠢᠨ ᠤᠰᠤᠨ ᠰᠦᠯᠵᠢᠶ᠎ᠡ ᠨᠢ ᠤᠯᠠᠮ ᠨᠢᠭᠳᠠ ᠪᠣᠯᠵᠠᠢ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠠᠮᠵᠢᠯᠲᠠ ᠲᠠᠢ ᠨᠡᠭᠡᠭᠡᠭᠳᠡᠭᠰᠡᠨ  ᠨᠢ ᠮᠠᠨ ᠤ ᠤᠯᠤᠰ ᠤᠨ ᠲᠣᠮᠣ ᠬᠡᠯᠪᠡᠷᠢ ᠶᠢᠨ᠂ ᠤᠷᠤᠰᠬᠠᠯ ᠳᠠᠭᠠᠤ ᠣᠷᠣᠨ᠂ ᠰᠥᠷᠭᠡᠦ ᠴᠢᠭᠯᠡᠯ ᠢᠶᠠᠷ ᠤᠰᠤ ᠲᠠᠲᠠᠬᠤ ᠢᠨᠵᠧᠨᠧᠷᠢᠩ ᠤᠨ ᠲᠡᠷᠢᠭᠦᠨ ᠴᠢᠬᠤᠯᠠ ᠪᠠᠷᠢᠯᠭ᠎ᠠ ᠶᠢ ᠡᠭᠦᠳᠦᠨ ᠪᠠᠶᠢᠭᠤᠯᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠱᠤᠭᠤᠮ ᠤᠨ ᠢᠨᠵᠧᠨᠧᠷᠢᠩ ᠤᠨ ᠪᠥᠬᠦ ᠲᠠᠯ᠎ᠠ ᠪᠠᠷ ᠬᠡᠷᠡᠭᠵᠢᠭᠦᠯᠦᠭᠳᠡᠬᠦ ᠳᠤ ᠯᠠᠪᠯᠠᠯᠲᠠ ᠬᠠᠩᠭᠠᠪᠠ᠃      ᠤᠮᠠᠷᠠᠲᠤ ᠤᠷᠤᠨ ᠤᠨ ᠤᠰᠤᠨ ᠤ ᠡᠬᠢ ᠪᠠᠶᠠᠯᠢᠭ ᠬᠤᠮᠰᠠᠳᠠᠵᠤ᠂ ᠤᠰᠤᠨ ᠤ ᠠᠮᠢ ᠠᠬᠤᠢ ᠮᠠᠭᠤᠳᠠᠵᠤ ᠪᠠᠶᠢᠭ᠎ᠠ ᠨᠣᠴᠢᠲᠠᠢ ᠪᠠᠶᠢᠳᠠᠯ ᠳᠤ ᠴᠢᠭᠯᠡᠬᠦᠯᠦᠨ᠂ 2002 ᠣᠨ ᠤ ᠰᠡᠬᠦᠯᠴᠢ ᠠᠴᠠ ᠡᠬᠢᠯᠡᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠵᠠᠮ ᠤᠨ ᠲᠥᠰᠦᠯ ᠢ ᠠᠯᠪᠠᠨ ᠶᠣᠰᠣᠭᠠᠷ ᠬᠡᠷᠡᠭᠵᠢᠭᠦᠯᠵᠦ ᠡᠬᠢᠯᠡᠪᠡ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠱᠤᠭᠤᠮ ᠤᠨ ᠢᠨᠵᠧᠨᠧᠷᠢᠩ ᠪᠣᠯ ᠵᠢᠶᠠᠩᠰᠦ ᠶᠢᠨ ᠡᠮᠦᠨᠡᠳᠦ  ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠰᠠᠭᠤᠷᠢᠨ ᠳᠡᠭᠡᠷ᠎ᠡ ᠲᠡᠬᠦᠨ ᠤ ᠬᠡᠪᠴᠢᠶ᠎ᠡ ᠶᠢ ᠥᠷᠭᠡᠳᠬᠡᠨ ᠤᠮᠠᠷᠠᠰᠢ ᠤᠷᠳᠤᠳᠬᠠᠭᠰᠠᠨ ᠶᠠᠪᠤᠳᠠᠯ ᠪᠣᠯᠤᠨ᠎ᠠ᠃ 2013 ᠣᠨ ᠳᠤ᠂ 13 ᠱᠠᠳᠤᠯᠢᠭ ᠬᠥᠭᠡᠷᠭᠡ ᠶᠢᠨ ᠥᠷᠲᠡᠭᠡ ᠪᠠᠷ ᠪᠦᠷᠢᠯᠳᠦᠭᠰᠡᠨ ᠳᠡᠯᠡᠬᠡᠢ ᠶᠢᠨ ᠬᠠᠮᠤᠭ ᠤᠨ ᠲᠣᠮᠣ ᠰᠦᠯᠵᠢᠶᠡᠵᠢᠭᠦᠯᠦᠭᠰᠡᠨ ᠬᠥᠭᠡᠷᠭᠡ ᠶᠢᠨ ᠥᠷᠲᠡᠭᠡ  ᠶᠢᠨ ᠴᠤᠭᠯᠠᠷᠠᠯ ᠢ ᠪᠠᠶᠢᠭᠤᠯᠵᠤ ᠠᠰᠢᠭᠯᠠᠯᠲᠠ ᠳᠤ ᠣᠷᠣᠪᠠ᠃      ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠱᠤᠭᠤᠮ ᠤᠨ ᠢᠨᠵᠧᠨᠧᠷᠢᠩ ᠨᠢ ᠨᠢᠭᠡᠨᠳᠡ ᠪᠦᠷᠢᠯᠳᠦᠭᠰᠡᠨ ᠢᠨᠵᠧᠨᠧᠷᠢᠩ ᠤᠨ ᠰᠢᠰᠲ᠋ᠧᠮ ᠪᠣᠯᠤᠨ ᠱᠠᠳᠤᠯᠢᠭ ᠪᠠᠶᠢᠷᠢᠰᠢᠯ ᠢ ᠭᠦᠢᠴᠡᠳ ᠠᠰᠢᠭᠯᠠᠵᠤ᠂ 11 ᠰᠠᠭᠤᠷᠢ ᠲᠣᠮᠣ ᠬᠡᠯᠪᠡᠷᠢ ᠶᠢᠨ ᠬᠥᠭᠡᠷᠭᠡ ᠶᠢᠨ ᠥᠷᠲᠡᠭᠡ ᠶᠢ ᠰᠢᠨ᠎ᠡ ᠪᠠᠷ ᠪᠠᠶᠢᠭᠤᠯᠵᠤ᠂ 3 ᠰᠠᠭᠤᠷᠢ ᠲᠤᠮᠤ ᠬᠡᠯᠪᠡᠷᠢ  ᠶᠢᠨ ᠬᠦᠭᠡᠷᠭᠡ ᠶᠢᠨ ᠦᠷᠲᠡᠭᠡ ᠶᠢ ᠥᠷᠭᠡᠳᠬᠡᠨ ᠪᠠᠶᠢᠭᠤᠯᠬᠤ ᠪᠠᠷ ᠳᠠᠮᠵᠢᠨ ᠤᠰᠤ ᠲᠠᠲᠠᠬᠤ ᠴᠢᠳᠠᠪᠤᠷᠢ ᠪᠠᠨ ᠲᠡᠭᠡᠭᠰᠢᠯᠡᠬᠦᠯᠪᠡ  ︔ ᠵᠠᠮ ᠳᠠᠭᠠᠤ ᠭᠤᠣᠯ ᠮᠥᠷᠡᠨ ᠨᠠᠭᠤᠷ ᠴᠥᠭᠦᠷᠥᠮ ᠢ ᠦᠷᠭᠡᠳᠭᠡᠨ ᠵᠠᠰᠠᠨ ᠴᠡᠭᠴᠡᠯᠡᠵᠦ ᠤᠰᠤ ᠬᠠᠳᠠᠭᠠᠯᠠᠵᠤ ᠤᠰᠤ ᠲᠣᠬᠢᠷᠠᠭᠤᠯᠬᠤ ᠳᠠᠯᠳᠠ ᠬᠦᠴᠦᠨ ᠢ ᠠᠭᠤᠳᠠᠯᠤᠨ᠂ ᠲᠠᠲᠠᠮᠠᠯ ᠭᠤᠣᠯ ᠤᠨ ᠱᠤᠭᠤᠮ᠂ ᠲᠠᠲᠠᠮᠠᠯ ᠭᠤᠣᠯ ᠤᠨ ᠪᠠᠷᠠᠭᠤᠨ ᠱᠤᠭᠤᠮ ᠤᠨ ᠬᠤᠣᠰ ᠱᠤᠭᠤᠮ ᠤᠨ ᠤᠰᠤ ᠬᠠᠩᠭᠠᠬᠤ ᠰᠢᠰᠲ᠋ᠧᠮ ᠢ ᠲᠡᠬᠦᠯᠳᠡᠷᠵᠢᠬᠦᠯᠪᠡ᠃ ᠡᠮᠦᠨᠡᠳᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠨᠢ ᠳᠡᠰ ᠲᠡᠪᠰᠢᠵᠦ᠂ ᠤᠰᠤ ᠳᠠᠳᠠᠬᠤ ᠬᠡᠪᠴᠢᠶ᠎ᠡ ᠶᠢ ᠰᠧᠺᠦ᠋ᠨ᠋ᠲ ᠪᠦᠷᠢ 500 ᠺᠦᠪ ᠮᠧᠲᠷ ᠪᠤᠯᠤᠨ ᠲᠡᠭᠡᠭᠰᠢᠯᠡᠵᠦ᠂ ᠵᠢᠯ ᠤᠨ ᠤᠰᠤ ᠳᠠᠳᠠᠬᠤ ᠶᠡᠷᠦᠩᠬᠡᠢ ᠴᠢᠳᠠᠪᠤᠷᠢ ᠨᠢ 188  ᠳ᠋ᠦᠩᠰᠢᠭᠤᠷ ᠺᠦᠪ ᠮᠧᠲᠷ ᠲᠤ ᠬᠦᠷᠴᠦ᠂ ᠵᠢᠯ ᠳᠤ ᠲᠤᠮᠳᠠᠴᠢ ᠪᠠᠷ 36 ᠳ᠋ᠦᠩᠰᠢᠭᠤᠷ ᠺᠦᠪ ᠮᠧᠲᠷ ᠤᠰᠤᠨ ᠤ ᠬᠠᠩᠭᠠᠯᠳᠠ ᠶᠢᠨ ᠴᠡᠪᠡᠷ ᠰᠢᠨ᠎ᠡ ᠨᠡᠮᠡᠭᠳᠡᠯ ᠲᠠᠢ ᠪᠤᠯᠵᠠᠢ᠃      ᠬᠢᠯᠢ ᠳᠣᠲᠣᠷᠠᠬᠢ ᠭᠤᠣᠯ ᠮᠥᠷᠡᠨ ᠤ ᠤᠰᠤ ᠪᠣᠯᠤᠨ ᠲᠤᠬᠠᠢ ᠶᠢᠨ ᠭᠠᠵᠠᠷ ᠤᠨ ᠪᠣᠷᠣᠭᠠᠨ ᠦᠶᠡᠷ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠵᠡᠢ᠃  ᠬᠤᠲᠠ ᠶᠢᠨ ᠠᠮᠢᠳᠤᠷᠠᠯ ᠪᠠ ᠲᠠᠷᠢᠶᠠᠯᠠᠩ ᠤᠨ ᠤᠰᠤᠯᠠᠯᠲᠠ᠂ ᠤᠰᠤᠨ ᠲᠡᠭᠡᠭᠡᠪᠦᠷᠢ ᠪᠠ ᠠᠮᠢ ᠠᠬᠤᠢ᠂ ᠮᠣᠵᠢ ᠶᠢᠨ ᠳᠣᠲᠣᠷᠠᠬᠢ ᠪᠠ ᠮᠣᠵᠢ ᠶᠢᠨ ᠭᠠᠳᠠᠨᠠᠬᠢ ᠬᠡᠷᠡᠭᠴᠡᠭᠡ ᠱᠠᠭᠠᠷᠳᠠᠯᠭ᠎ᠠ ᠶᠢᠨ ᠪᠠᠲᠤᠯᠠᠭ᠎ᠠ ᠶᠢ ᠶᠡᠷᠦᠩᠬᠡᠶᠢᠯᠡᠪᠡ᠃ ᠤᠰᠤ ᠳᠠᠮᠵᠢᠭᠤᠯᠬᠤ ᠬᠤᠭᠤᠴᠠᠭ᠎ᠠ᠂ ᠤᠰᠤ ᠳᠠᠮᠵᠢᠭᠤᠯᠬᠤ ᠤᠰᠤᠨ ᠤ ᠬᠡᠮᠵᠢᠶ᠎ᠡ᠂ ᠤᠰᠤ ᠳᠠᠮᠵᠢᠭᠤᠯᠬᠤ ᠤᠰᠤᠨ ᠤ ᠴᠢᠨᠠᠷ ᠤᠨ ᠣᠯᠠᠨ ᠵᠣᠷᠢᠯᠲᠠ ᠡᠭᠦᠷᠭᠡ ᠶᠢ ᠪᠠᠲᠤᠯᠠᠵᠤ᠂ ᠡᠮᠦᠨᠡᠲᠦ ᠶᠢᠨ ᠤᠰᠤ ᠶᠢ ᠤᠮᠠᠷᠠᠲᠤ ᠳᠤ ᠲᠠᠲᠠᠬᠤ ᠰᠢᠨ᠎ᠡ ᠪᠠᠷᠢᠯᠭ᠎ᠠ ᠪᠣᠯᠤᠨ ᠭᠤᠣᠯ ᠮᠥᠷᠡᠨ ᠤ ᠤᠰᠤ ᠶᠢ ᠤᠮᠠᠷᠠᠰᠢ ᠲᠠᠲᠠᠬᠤ ᠲᠥᠰᠦᠯ ᠤᠨ 《 ᠨᠢᠭᠡᠳᠦᠯᠲᠡᠢ ᠵᠣᠬᠢᠴᠠᠭᠤᠯᠤᠯᠲᠠ᠂ ᠬᠠᠮᠲᠤᠷᠠᠨ ᠠᠵᠢᠯᠯᠠᠬᠤ 》 ᠶᠢ ᠪᠡᠶᠡᠯᠡᠭᠦᠯᠪᠡ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠱᠤᠭᠤᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠨᠢ ᠤᠰᠤ ᠨᠡᠪᠳᠡᠷᠡᠭᠰᠡᠨ 8 ᠵᠢᠯ ᠤᠨ ᠲᠣᠷᠰᠢ᠂ ᠵᠢᠶᠠᠩᠰᠦ ᠮᠤᠵᠢ ᠠᠴᠠ ᠱᠠᠨᠳᠦ᠋ᠩ ᠮᠤᠵᠢ ᠤᠷᠤᠭᠤ ᠨᠢᠭᠡᠨᠳᠡ 47 ᠳ᠋ᠦᠩᠰᠢᠭᠤᠷ ᠺᠦᠪ ᠮᠧᠲᠷ ᠤᠰᠤ ᠲᠠᠳᠠᠵᠤ᠂ ᠪᠠᠰᠠ ᠠᠨᠾᠦ᠋ᠢ ᠶᠢᠨ ᠬᠤᠩ ᠽᠧ ᠬᠤ᠋ ᠨᠠᠭᠤᠷ ᠤᠨ ᠡᠷᠭᠢᠨ ᠲᠣᠭᠤᠷᠢᠨ ᠤ ᠤᠰᠤ ᠬᠦᠷᠲᠡᠬᠦ ᠣᠷᠣᠨ ᠳᠤ ᠲᠣᠭᠲᠠᠭᠤᠨ ᠤᠰᠤᠨ ᠤ ᠰᠤᠷᠪᠤᠯᠵᠢ ᠬᠠᠩᠭᠠᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠱᠤᠭᠤᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠾᠧᠪᠧᠢ᠂ ᠲᠢᠶᠠᠨᠵᠢᠨ ᠳᠤ ᠪᠠᠴᠢᠮ ᠪᠠᠶᠢᠳᠠᠯ ᠢ ᠠᠷᠭᠠᠴᠠᠬᠤ ᠤᠰᠤ  ᠬᠠᠩᠭᠠᠯᠳᠠ ᠳᠤ ᠳᠡᠮᠵᠢᠯᠭᠡ ᠬᠠᠩᠭᠠᠵᠤ᠂ ᠤᠮᠠᠷᠠᠳᠤ ᠤᠷᠤᠨ ᠤ ᠤᠰᠤᠨ ᠤ ᠡᠬᠢ ᠪᠠᠶᠠᠯᠢᠭ ᠲᠤᠳᠠᠭᠳᠠᠬᠤ ᠲᠦᠭᠰᠢᠬᠦᠷᠢ ᠶᠢ ᠨᠠᠮᠳᠠᠭᠤᠯᠬᠤ ᠳᠤ ᠬᠤᠪᠢ ᠨᠡᠮᠡᠷᠢ ᠦᠵᠡᠬᠦᠯᠪᠡ᠃     《ᠤᠷᠢᠳᠠᠪᠠᠷ ᠤᠰᠤ ᠠᠷᠪᠢᠯᠠᠨ ᠳᠠᠷᠠᠭ᠎ᠠ ᠨᠢ ᠤᠰᠤ ᠲᠠᠲᠠᠬᠤ᠂ ᠪᠣᠬᠢᠷᠲᠤᠯ ᠢ ᠤᠷᠢᠳᠠᠪᠡᠷ ᠵᠠᠰᠠᠵᠤ ᠳᠠᠷᠠᠭ᠎ᠠ  ᠨᠢ ᠤᠰᠤ ᠨᠡᠪᠲᠡᠷᠡᠭᠦᠯᠬᠦ᠂ ᠤᠷᠢᠳᠠᠪᠠᠷ ᠣᠷᠴᠢᠨ ᠲᠣᠭᠤᠷᠢᠨ ᠢ ᠬᠠᠮᠠᠭᠠᠯᠠᠵᠤ  ᠲᠠᠷᠠᠭ᠎ᠠ ᠨᠢ ᠤᠰᠤ ᠬᠡᠷᠡᠭᠯᠡᠬᠦ 》 ᠵᠠᠷᠴᠢᠮ ᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ 《ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠥᠬᠡᠢ ᠬᠥᠭᠵᠢᠯᠲᠡ》 ᠶᠢᠨ ᠣᠶᠢᠯᠠᠭᠠᠭᠳᠠᠬᠤᠨ ᠢ ᠪᠠᠷᠢᠮᠲᠠᠯᠠᠨ᠂ 133 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠶᠠᠷ ᠡᠭᠡᠯᠵᠢ ᠬᠤᠪᠢᠶᠠᠨ 305 ᠵᠦᠢᠯ ᠤᠨ ᠪᠣᠬᠢᠷᠲᠤᠯ ᠢ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠭᠤᠣᠯ ᠨᠠᠭᠤᠷ ᠤᠨ ᠤᠰᠤᠨ ᠤ ᠲᠣᠣᠷ ᠤᠨ ᠤᠰᠤ ᠬᠠᠩᠭᠠᠬᠤ ᠤᠰᠤᠨ ᠤ ᠴᠢᠨᠠᠷ ᠤᠨ ᠬᠠᠮᠢᠶᠠᠷᠤᠯᠲᠠ ᠡᠵᠡᠮᠰᠢᠯ ᠤᠨ ᠬᠦᠴᠢᠷ ᠠᠰᠠᠭᠤᠳᠠᠯ ᠢ ᠴᠢᠷᠮᠠᠶᠢᠨ ᠰᠢᠢᠳᠪᠦᠷᠢᠯᠡᠪᠡ᠃ ᠪᠤᠭᠤᠨᠢᠬᠠᠨ ᠠᠷᠪᠠᠨ ᠵᠢᠯ ᠤᠨ ᠬᠤᠭᠤᠴᠠᠭᠠᠨ ᠳᠤ᠂ ᠡᠮᠦᠨᠡᠲᠦ ᠶᠢᠨ ᠤᠰᠤ ᠶᠢ ᠤᠮᠠᠷᠠᠰᠢ ᠵᠠᠯᠠᠬᠤ  ᠤᠰᠤᠨ ᠤ ᠤᠷᠤᠰᠬᠠᠯ ᠤᠨ ᠤᠰᠤᠨ ᠤ ᠪᠠᠶᠢᠳᠠᠯ ᠳᠤ ᠭᠠᠶᠢᠬᠠᠮ᠎ᠠ ᠬᠤᠪᠢᠷᠠᠯᠲᠠ ᠭᠠᠷᠴᠤ᠂ ᠭᠤᠣᠯ  ᠪᠤᠬᠢᠷᠳᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠨᠢ 80% ᠠᠴᠠ ᠳᠡᠭᠡᠭᠰᠢ ᠪᠠᠭᠤᠷᠠᠵᠤ᠂ ᠤᠯᠤᠰ ᠤᠨ ᠤᠰᠤᠨ ᠤ ᠴᠢᠨᠠᠷ ᠢ ᠬᠢᠨᠠᠨ ᠰᠢᠯᠭᠠᠬᠤ 15 ᠣᠭᠲᠣᠯᠤᠭᠠᠰᠤ ᠨᠢ ᠭᠠᠵᠠᠷ ᠤᠨ ᠭᠠᠳᠠᠷᠭᠤ ᠶᠢᠨⅢ ᠲᠦᠷᠦᠯ ᠤᠨ ᠤᠰᠤᠨ ᠤ ᠪᠠᠷᠢᠮᠵᠢᠶ᠎ᠠ ᠳᠤ ᠦᠷᠬᠦᠯᠵᠢᠯᠡᠨ ᠲᠤᠭᠳᠠᠪᠤᠷᠢᠵᠢᠵᠦ᠂ ᠱᠤᠭᠤᠮ ᠲᠠᠭᠠᠤ ᠶᠢᠨ ᠠᠮᠢ ᠠᠬᠤᠢ ᠤᠷᠴᠢᠨ ᠲᠤᠭᠤᠷᠢᠨ ᠤ ᠦᠩᠭᠡ ᠲᠦᠷᠬᠦ ᠢᠯᠡᠳᠳᠡ ᠰᠠᠶᠢᠵᠢᠷᠠᠵᠤ᠂ ᠵᠤᠷᠪᠤᠰ ᠵᠤᠷᠪᠤᠰ ᠤᠰᠤᠨ ᠬᠤᠩᠬᠢᠯ᠂ ᠠᠮᠢ ᠠᠬᠤᠢ ᠶᠢᠨ ᠬᠤᠩᠬᠢᠯ ᠤᠳ ᠵᠢᠶᠠᠩᠰᠤ ᠶᠢᠨ ᠤᠮᠠᠷᠠᠳᠤ ᠬᠡᠰᠡᠭ ᠢᠶᠠᠷ ᠶᠠᠭ ᠪᠦᠷᠢᠯᠳᠦᠨ ᠪᠤᠢ᠃      ᠬᠥᠭᠡᠷᠭᠡ ᠶᠢᠨ ᠥᠷᠲᠡᠭᠡ ᠶᠢᠨ ᠰᠤᠳᠤᠯᠤᠯ ᠢᠶᠠᠷ ᠭᠤᠣᠯ ᠱᠤᠭᠤᠮ ᠪᠣᠯᠭᠠᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠥᠷᠨᠢᠭᠦᠯᠵᠦ᠂ ᠲᠡᠷᠢᠭᠦᠨ ᠤ ᠮᠡᠷᠭᠡᠵᠢᠯ ᠢ ᠣᠷᠣᠭᠤᠯᠵᠤ ᠢᠷᠡᠨ ᠣᠯᠠᠨ ᠵᠦᠢᠯ ᠤᠨ ᠳᠡᠯᠡᠬᠡᠢ ᠶᠢᠨ ᠲᠡᠷᠢᠭᠦᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ  ᠪᠦᠷᠢᠯᠳᠦᠬᠦᠯᠪᠡ᠃ ᠳᠡᠯᠡᠬᠡᠢ ᠶᠢᠨ ᠬᠠᠮᠤᠭ ᠲᠣᠮᠣ ᠬᠥᠭᠡᠷᠭᠡ ᠶᠢᠨ ᠦᠷᠲᠡᠭᠡᠨ  ᠤ ᠴᠤᠭᠯᠠᠷᠠᠯ ᠢ ᠪᠦᠷᠢᠯᠳᠦᠬᠦᠯᠵᠦ᠂ ᠪᠦᠬᠦ ᠲᠥᠷᠥᠯ ᠤᠨ 《ᠤᠰᠤᠨ ᠬᠥᠭᠡᠷᠭᠡ ᠶᠢᠨ ᠮᠦᠽᠧᠢ》 ᠶᠢ ᠪᠣᠢ      ᠪᠣᠯᠭᠠᠵᠤ᠂ ᠤᠯᠤᠰ ᠤᠨ ᠳᠣᠲᠣᠭᠠᠳᠤ ᠶᠢᠨ ᠤᠰᠤᠨ ᠬᠥᠭᠡᠷᠭᠡ ᠪᠠ ᠮᠠᠰᠢᠨ ᠴᠠᠬᠢᠯᠭᠠᠨ ᠤ ᠲᠥᠬᠦᠭᠡᠷᠦᠮᠵᠢ ᠦᠢᠯᠡᠳᠬᠦ ᠦᠢᠯᠡᠰ ᠤᠨ ᠳᠡᠰ ᠲᠠᠪᠰᠢᠯᠲᠠ ᠶᠢ ᠠᠬᠢᠭᠤᠯᠪᠠ︔ 《 ᠪᠠᠷᠢᠮᠵᠢᠶᠠᠵᠢᠭᠤᠯᠬᠤ᠂ ᠮᠡᠳᠡᠭᠡ ᠵᠠᠩᠬᠢᠴᠢᠯᠠᠭᠤᠯᠬᠤ᠂ ᠤᠶᠤᠨᠴᠢᠯᠠᠬᠤ 》 ᠶᠢ ᠬᠡᠷᠡᠭᠵᠢᠭᠦᠯᠬᠦ ᠪᠠᠷ ᠳᠠᠮᠵᠢᠨ ᠢᠨᠵᠧᠨᠧᠷᠢᠩ ᠤᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠠᠮᠤᠷ ᠲᠦᠪᠰᠢᠨ᠂ ᠲᠣᠭᠲᠠᠭᠤᠨ᠂ ᠥᠨᠳᠥᠷ ᠠᠰᠢᠭᠯᠠᠯᠲᠠ ᠪᠠᠷ ᠢᠶᠠᠨ ᠵᠢᠶᠠᠩᠰᠦ ᠶᠢᠨ ᠤᠰᠤᠨ ᠠᠰᠢᠭᠯᠠᠯᠲᠠ ᠶᠢᠨ ᠬᠠᠮᠢᠶᠠᠷᠤᠯᠲᠠ ᠶᠢᠨ ᠰᠢᠨ᠎ᠡ ᠲᠥᠷᠥᠯ ᠲᠡᠮᠳᠡᠭ ᠢ ᠡᠭᠦᠳᠬᠦ ᠶᠢ ᠪᠠᠳᠤᠯᠠᠵᠠᠢ᠃      ᠡᠮᠦᠨᠡᠲᠦ ᠶᠢᠨ ᠤᠰᠤ ᠶᠢ ᠤᠮᠠᠷᠠᠲᠤ ᠳᠤ ᠲᠠᠲᠠᠬᠤ ᠢᠨᠵᠧᠨᠧᠷᠢᠩ ᠤᠨ ᠶᠡᠷᠦᠩᠬᠡᠶᠢᠯᠡᠭᠰᠡᠨ ᠴᠢᠳᠠᠮᠵᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠨ᠂ ᠪᠠᠷᠢᠯᠭ᠎ᠠ ᠶᠢᠨ ᠦᠷ᠎ᠡ ᠠᠰᠢᠭ ᠢ ᠪᠦᠬᠦ ᠲᠠᠯ᠎ᠠ ᠪᠠᠷ ᠪᠠᠳᠠᠷᠠᠭᠤᠯᠵᠠᠢ︔ ᠮᠤᠵᠢ  ᠶᠢᠨ ᠲᠤᠳᠤᠷᠠᠬᠢ ᠤᠰᠤᠨ ᠤ ᠬᠠᠩᠭᠠᠯᠳᠠ ᠶᠢᠨ ᠪᠠᠳᠤᠯᠠᠭ᠎ᠠ ᠶᠢ ᠤᠯᠠᠮ ᠨᠢᠭᠡ ᠠᠯᠬᠤᠮ ᠲᠡᠭᠡᠭᠰᠢᠯᠡᠬᠦᠯᠵᠦ᠂ ᠦᠶᠡᠷ ᠢ ᠰᠡᠷᠭᠡᠶᠢᠯᠡᠨ ᠤᠰᠤ ᠲᠠᠳᠠᠷᠠᠭᠤᠯᠬᠤ ᠴᠢᠳᠠᠪᠤᠷᠢ ᠶᠢ ᠴᠢᠩᠭᠠᠳᠬᠠᠪᠠ︔ ᠤᠰᠤᠨ ᠵᠠᠮ ᠤᠨ ᠲᠡᠭᠡᠭᠡᠪᠦᠷᠢ ᠶᠢᠨ ᠨᠥᠬᠦᠴᠡᠯ ᠰᠠᠶᠢᠵᠢᠷᠠᠵᠤ᠂ ᠵᠢᠶᠠᠩᠰᠤ ᠶᠢᠨ ᠤᠮᠠᠷᠠᠳᠤ ᠶᠢᠨ ᠲᠠᠳᠠᠮᠠᠯ ᠭᠤᠤᠯ ᠨᠢ ᠳᠡᠯᠡᠬᠡᠢ ᠶᠢᠨ ᠬᠠᠮᠤᠭ ᠤᠨ ᠬᠥᠭᠵᠢᠶᠡᠨᠲᠡᠢ ᠳᠣᠲᠣᠭᠠᠳᠤ ᠭᠤᠣᠯ ᠤᠨ ᠠᠶᠠᠯᠠᠯ ᠤᠨ ᠵᠠᠮ ᠤᠨ ᠨᠢᠭᠡ ᠪᠣᠯᠵᠠᠢ︔ ᠤᠰᠤᠨ ᠵᠠᠮ ᠤᠨ ᠳᠠᠭᠠᠤ ᠤᠰᠤᠨ ᠤ ᠴᠢᠨᠠᠷ ᠦᠷᠭᠦᠯᠵᠢᠯᠡᠨ ᠰᠠᠶᠢᠵᠢᠷᠠᠵᠤ᠂ ᠣᠷᠴᠢᠨ ᠠᠬᠤᠢ ᠶᠢᠨ ᠪᠠᠭᠲᠠᠭᠠᠮᠵᠢ ᠵᠢᠯ ᠳᠠᠷᠠᠭᠠᠯᠠᠨ ᠨᠡᠮᠡᠭᠳᠡᠵᠦ᠂ ᠯᠢ ᠶᠦᠨ ᠾᠧ ᠭᠤᠣᠯ᠂ ᠶᠡᠭᠡ ᠲᠠᠳᠠᠮᠠᠯ ᠭᠤᠣᠯ ᠨᠢ ᠴᠡᠩᠬᠡᠭ ᠤᠰᠤᠨ ᠵᠠᠮ᠂ ᠠᠮᠢ ᠠᠬᠤᠢ ᠶᠢᠨ ᠬᠤᠩᠬᠢᠯ ᠢ ᠪᠦᠷᠢᠯᠳᠦᠬᠦᠯᠵᠦ᠂ ᠪᠠᠢ ᠮᠠ ᠾᠧ᠂ ᠯᠦᠸᠧ ᠮᠠ ᠾᠧ᠂ ᠹᠠᠨ ᠠᠨ ᠬᠤ᠋ ᠨᠠᠭᠤᠷ ᠤᠨ ᠨᠣᠭᠤᠭᠠᠨ ᠵᠢᠷᠤᠭ ᠳᠡᠯᠭᠡᠭᠳᠡᠪᠡ︔ ᠤᠰᠤᠨ ᠤ ᠰᠣᠶᠣᠯ ᠤᠨ ᠳᠣᠲᠣᠭᠠᠳᠤ ᠠᠭᠤᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠪᠣᠯᠤᠨ ᠴᠡᠴᠡᠷᠯᠢᠭ ᠤᠨ ᠦᠵᠡᠮᠵᠢ ᠶᠢ ᠤᠷᠠᠨ ᠰᠠᠶᠢᠬᠠᠨ ᠤᠶᠠᠯᠳᠤᠭᠤᠯᠵᠤ᠂ ᠵᠢᠩ ᠬᠠᠩ ᠶᠡᠭᠡ ᠲᠠᠲᠠᠮᠠᠯ ᠭᠤᠣᠯ ᠠᠮᠵᠢᠯᠳᠠᠳᠠᠢ ᠪᠠᠷ ᠳᠡᠯᠡᠬᠡᠢ ᠶᠢᠨ ᠰᠣᠶᠣᠯ ᠤᠨ ᠥᠪ ᠤᠨ ᠵᠢᠭᠰᠠᠭᠠᠯᠳᠠ ᠳᠤ ᠣᠷᠣᠪᠠ᠃      ᠠᠷᠪᠠᠨ ᠵᠢᠯ ᠤᠨ ᠪᠦᠲᠦᠭᠡᠨ ᠪᠠᠶᠢᠭᠤᠯᠤᠯᠲᠠ ᠪᠠ ᠨᠠᠢᠮᠠᠨ ᠵᠢᠯ ᠤᠨ ᠠᠵᠢᠯᠯᠠᠭᠠᠨ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠱᠤᠭᠤᠮ ᠤᠨ ᠪᠠᠷᠢᠯᠭ᠎ᠠ ᠨᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠲᠠᠷᠢᠶᠠᠯᠠᠩ ᠤᠨ ᠤᠰᠤᠯᠠᠯᠲᠠ᠂ ᠦᠶᠡᠷ ᠢ ᠰᠡᠷᠭᠡᠶᠢᠯᠡᠵᠦ ᠠᠮᠤᠷ ᠲᠦᠪᠰᠢᠨ ᠢ ᠬᠠᠮᠠᠭᠠᠯᠠᠬᠤ᠂ ᠵᠠᠮ ᠬᠠᠷᠢᠯᠴᠠᠭᠠᠨ ᠤ ᠤᠰᠤᠨ ᠲᠡᠭᠡᠭᠡᠪᠦᠷᠢ᠂ ᠰᠣᠶᠣᠯ ᠤᠨ ᠤᠯᠠᠮᠵᠢᠯᠠᠯ ᠢ ᠤᠶᠠᠯᠳᠤᠭᠤᠯᠤᠭᠰᠠᠨ ᠰᠠᠪᠠ ᠭᠠᠵᠠᠷ ᠠᠯᠤᠰᠯᠠᠨ ᠤᠰᠤ ᠲᠠᠲᠠᠬᠤ ᠢᠨᠵᠧᠨᠧᠷᠢᠩ ᠤᠨ ᠰᠢᠰᠲ᠋ᠧᠮ ᠪᠣᠯᠤᠨ ᠪᠦᠷᠢᠯᠳᠦᠵᠦ᠂ ᠡᠮᠦᠨᠡᠳᠦ ᠤᠮᠠᠷᠠᠳᠤ ᠳᠤ ᠠᠰᠢᠭ ᠬᠦᠷᠲᠡᠭᠡᠵᠦ᠂ ᠠᠷᠠᠳ ᠤᠯᠠᠨ ᠳᠤ ᠠᠵᠠ ᠵᠢᠷᠭᠠᠯ ᠡᠬᠦᠳᠦᠭᠰᠡᠨ ᠪᠤᠶᠠᠨᠳᠤ ᠢᠨᠵᠧᠨᠧᠷᠢᠩ ᠪᠤᠯᠤᠭᠰᠠᠨ ᠪᠠᠶᠢᠨ᠎ᠠ᠃ ᠡᠷᠲᠡᠨ ᠤ ᠲᠠᠳᠠᠮᠠᠯ ᠭᠤᠤᠯ ᠨᠢ ᠰᠢᠨ᠎ᠡ ᠴᠠᠭ ᠡᠷᠢᠨ ᠳᠤ ᠣᠷᠣᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠰᠢᠨ᠎ᠡ ᠵᠢᠷᠤᠭ ᠲᠦᠯᠦᠪᠯᠡᠭᠡ ᠶᠢ ᠵᠢᠷᠤᠭᠯᠠᠵᠠᠢ᠃ 《 ᠬᠤᠣᠰ ᠵᠠᠭᠤᠨ ᠵᠢᠯ 》 ᠤᠨ ᠲᠡᠦᠬᠡ ᠶᠢᠨ           ᠠᠭᠤᠯᠵᠠᠪᠤᠷᠢ ᠳᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠣᠯᠤᠨ ᠵᠢᠶᠠᠩᠰᠦ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠵᠢᠶᠠᠩᠰᠦ ᠮᠤᠵᠢ ᠨᠢ ᠢᠨᠵᠧᠨᠧᠷᠢᠩ ᠢ ᠰᠠᠶᠢᠲᠤᠷ ᠬᠠᠮᠢᠶᠠᠷᠴᠤ᠂ ᠪᠦᠬᠦ ᠤᠯᠤᠰ ᠤᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠶᠡᠭᠡ ᠲᠠᠯ᠎ᠠ ᠶᠢ ᠪᠤᠳᠤᠯᠬᠢᠯᠠᠵᠤ᠂《 ᠪᠠᠶᠠᠨ ᠲᠠᠩᠰᠤᠭ 》  ᠰᠢᠨ᠎ᠡ ᠵᠢᠶᠠᠩᠰᠦ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号