ᠠᠷᠠᠳ ᠤᠨ ᠡᠳᠦᠷ ᠤᠨ ᠰᠣᠨᠢᠨ ᠤ ᠭᠠᠳᠠᠭᠠᠳᠤ ᠳᠤ ᠵᠣᠷᠢᠭᠤᠯᠤᠭᠰᠠᠨ ᠬᠡᠪᠯᠡᠯ᠄ ᠬᠦᠬᠡᠮᠦ᠋ᠷᠡᠨ ᠤ ᠭᠤᠣᠯ ᠤᠷᠤᠰᠬᠠᠯ ᠤᠨ ᠬᠠᠤᠯᠢ ᠲᠣᠭᠲᠠᠭᠠᠯ ᠠᠴᠠ ᠵᠦᠷᠢᠴᠡᠨ ᠬᠥᠬᠡ ᠮᠥᠷᠡᠨ ᠤ ᠡᠷᠭᠢ ᠱᠤᠭᠤᠮ ᠢ ᠠᠰᠢᠭᠯᠠᠭᠰᠠᠨ 2414 ᠲᠥᠷᠥᠯ ᠵᠦᠢᠯ ᠢ ᠴᠡᠭᠴᠡᠯᠡᠨ ᠵᠠᠰᠠᠵᠤ᠂ 158 ᠺᠢᠯᠤᠮᠧᠲᠷ ᠡᠷᠬᠢ ᠱᠤᠭᠤᠮ ᠢ ᠴᠡᠪᠡᠷᠯᠡᠪᠡ
ᠨᠡᠶᠢᠲᠡᠯᠡᠭᠰᠡᠨ ᠴᠠᠭ᠄
2020/12/23
     ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ ᠴᠠᠬᠢᠯᠭᠠᠨ ᠮᠡᠳᠡᠭᠡ  ᠤᠰᠤᠨ ᠠᠰᠢᠭᠯᠠᠯᠲᠠ ᠶᠢᠨ ᠶᠠᠮᠤᠨ ᠣᠷᠴᠢᠮᠬᠠᠨ ᠳᠤ ᠬᠦᠭᠡᠮᠦ᠋ᠷᠠᠨ ᠤ ᠡᠷᠭᠢ ᠶᠢᠨ ᠱᠤᠭᠤᠮ ᠢ ᠡᠵᠡᠯᠡᠬᠦ ᠠᠵᠢᠯᠯᠠᠭ᠎ᠠ ᠶᠢ ᠪᠦᠲᠦᠮᠵᠢᠲᠡᠢ ᠪᠠᠷ ᠬᠤᠷᠢᠭᠯᠠᠪᠠ᠃ 9 ᠮᠣᠵᠢ ᠬᠤᠲᠠ ᠶᠢᠨ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢᠨ ᠪᠦᠷᠢᠳᠬᠡᠯ ᠢ ᠦᠨᠳᠦᠰᠦᠯᠡᠪᠡᠯ᠂ 2020 ᠣᠨ ᠤ 10 ᠰᠠᠷ᠎ᠠ ᠪᠣᠯᠲᠠᠯ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠲᠤ ᠬᠤᠯᠪᠣᠭᠳᠠᠭᠰᠠᠨ 2441 ᠬᠥᠬᠡ ᠮᠥᠷᠡᠨ ᠤ ᠭᠤᠣᠯ ᠤᠷᠤᠰᠬᠠᠯ ᠤᠨ ᠡᠷᠭᠢ ᠶᠢᠨ ᠱᠤᠭᠤᠮ ᠢ ᠠᠰᠢᠭᠯᠠᠬᠤ ᠲᠥᠷᠥᠯ ᠵᠦᠢᠯ ᠤᠨ 2414 ᠲᠦᠷᠦᠯ ᠵᠤᠶᠢᠯ ᠢ ᠨᠢᠭᠡᠨᠲᠡ ᠴᠡᠭᠴᠡᠯᠡᠨ ᠵᠠᠰᠠᠵᠤ ᠲᠠᠭᠤᠰᠬᠠᠨ᠂ ᠴᠡᠭᠴᠡᠯᠡᠨ ᠵᠠᠰᠠᠭᠰᠠᠨ ᠨᠤᠷᠮ᠎ᠠ ᠨᠢ 98.9% ᠲᠤ ᠲᠤᠯᠵᠤ᠂ ᠡᠬᠦᠨ ᠳᠤ 827 ᠶᠢ ᠨᠤᠷᠠᠭᠠᠨ ᠴᠤᠴᠠᠯᠠᠵᠤ᠂ 1587 ᠶᠢ ᠨᠢ ᠴᠡᠭᠴᠡᠯᠡᠨ ᠵᠠᠰᠠᠵᠤ ᠲᠦᠷᠢᠮᠵᠢᠬᠦᠯᠦᠭᠰᠡᠨ ᠪᠠᠶᠢᠨ᠎ᠠ᠃ ᠦᠯᠡᠳᠡᠭᠰᠡᠨ 27 ᠲᠥᠷᠥᠯ ᠵᠦᠢᠯ ᠨᠢ ᠬᠢᠵᠢᠭ ᠤᠨ ᠪᠠᠶᠢᠳᠠᠯ᠂ ᠦᠶᠡᠷ ᠤᠰᠤᠳᠠᠯ ᠤᠨ ᠪᠠᠶᠢᠳᠠᠯ ᠵᠢᠴᠢ ᠪᠤᠰᠤᠳ ᠤᠨᠴᠠᠭᠠᠢ ᠬᠦᠴᠦᠨ ᠵᠦᠢᠯ ᠤᠨ ᠨᠥᠯᠥᠭᠡ ᠠᠴᠠ ᠪᠣᠯᠵᠤ᠂ ᠴᠡᠪᠡᠷᠯᠡᠨ ᠴᠡᠭᠴᠡᠯᠡᠨ ᠵᠠᠰᠠᠬᠤ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ ᠳᠡᠶᠢᠯᠬᠦ ᠦᠭᠡᠢ ᠪᠠᠶᠢᠨ᠎ᠠ᠃ ᠬᠠᠮᠢᠶ᠎ᠠ ᠪᠦᠬᠦᠢ ᠮᠣᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠮᠣᠵᠢ ᠶᠢᠨ ᠱᠠᠳᠤᠨ ᠤ ᠭᠤᠣᠯ ᠮᠥᠷᠡᠨ ᠤ ᠳᠠᠷᠤᠭ᠎ᠠ ᠪᠠᠷ ᠵᠥᠪᠰᠢᠶᠡᠷᠡᠭᠦᠯᠦᠭᠡᠳ ᠬᠤᠭᠤᠴᠠᠭ᠎ᠠ ᠤᠷᠲᠤᠳᠬᠠᠨ ᠴᠡᠭᠴᠡᠯᠡᠨ ᠥᠭᠡᠷᠡᠴᠢᠯᠡᠬᠦ ᠶᠢ ᠵᠥᠪᠰᠢᠶᠡᠷᠡᠪᠡ᠃      ᠤᠶᠢᠯᠠᠭᠠᠭᠰᠠᠨ ᠢᠶᠠᠷ᠂ ᠴᠡᠪᠡᠷᠯᠡᠨ ᠴᠡᠭᠴᠡᠯᠡᠬᠦ ᠪᠠᠷ ᠲᠠᠮᠵᠢᠨ᠂ ᠬᠦᠬᠡᠮᠦ᠋ᠷᠡᠨ ᠤ ᠡᠷᠬᠢ ᠲᠠᠭᠠᠤ ᠶᠢᠨ 158 ᠺᠢᠯᠤᠮᠧᠲᠷ ᠱᠤᠭᠤᠮ ᠢ ᠴᠡᠪᠡᠷᠯᠡᠵᠦ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠬᠠᠤᠯᠢ ᠳᠦᠷᠢᠮ ᠠᠴᠠ ᠵᠥᠷᠢᠴᠡᠭᠰᠡᠨ 234 ᠲᠦᠮᠡᠨ ᠲᠡᠭᠰᠢ ᠳᠥᠷᠪᠡᠯᠵᠢᠨ ᠮᠧᠲᠷ ᠪᠠᠷᠢᠯᠭ᠎ᠠ ᠶᠢ ᠨᠤᠷᠠᠭᠠᠵᠤ᠂ 956 ᠲᠦᠮᠡᠨ ᠺᠦᠪ ᠮᠧᠲᠷ ᠬᠠᠶᠠᠭᠳᠠᠮᠠᠯ ᠬᠤᠭ ᠰᠢᠷᠤᠢ ᠶᠢ ᠴᠡᠪᠡᠷᠯᠡᠨ ᠠᠷᠢᠯᠭᠠᠵᠤ᠂ 1213 ᠲᠦᠮᠡᠨ ᠲᠡᠭᠰᠢ ᠲᠦᠷᠪᠡᠯᠵᠢᠨ ᠮᠧᠲᠷ ᠤᠨ ᠡᠷᠬᠢ ᠰᠠᠶᠢᠷᠭᠠᠯ ᠤᠨ ᠨᠤᠭᠤᠭᠠᠨ ᠢ ᠰᠡᠷᠭᠦᠭᠡᠪᠡ᠃ ᠣᠳᠣᠬᠠᠨ ᠳᠤ᠂ ᠬᠥᠬᠡᠮᠥ᠋ᠷᠡᠨ ᠤ ᠭᠤᠣᠯ ᠤᠷᠤᠰᠬᠠᠯ ᠤᠨ ᠭᠤᠣᠯ ᠤᠨ ᠵᠠᠮ ᠨᠡᠩ ᠰᠠᠭᠠᠳ ᠥᠬᠡᠢ ᠨᠡᠪᠲᠡᠷᠡᠵᠦ᠂ ᠡᠷᠬᠢ ᠲᠠᠭᠠᠤ ᠶᠢᠨ ᠦᠩᠭᠡ ᠲᠦᠷᠬᠦ ᠮᠡᠳᠡᠭᠳᠡᠮ᠎ᠡ ᠰᠠᠶᠢᠵᠢᠷᠠᠵᠤ᠂ ᠠᠮᠢ ᠠᠬᠤᠢ ᠣᠷᠴᠢᠨ ᠲᠣᠭᠤᠷᠢᠨ ᠨᠢ ᠪᠦᠲᠦᠮᠵᠢᠲᠡᠢ ᠰᠡᠷᠬᠦᠵᠦ᠂ ᠦᠶᠡᠷ ᠢ ᠰᠡᠷᠭᠡᠶᠢᠯᠡᠬᠦ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢᠯᠡᠳᠳᠡ       ᠪᠤᠯᠵᠠᠢ  ᠃      ᠤᠰᠤᠨ ᠠᠰᠢᠭᠯᠠᠯᠲᠠ ᠶᠢᠨ ᠶᠠᠮᠤᠨ ᠤ ᠳᠡᠳ᠋ ᠰᠠᠶᠢᠳ ᠸᠧᠢ ᠱᠠᠨ ᠵᠦᠩ ᠬᠦᠬᠡᠮᠦ᠋ᠷᠡᠨ ᠤ ᠭᠤᠣᠯ ᠤᠷᠤᠰᠬᠠᠯ ᠤᠨ ᠤᠰᠤᠨ ᠲᠡᠭᠡᠭᠡᠪᠦᠷᠢ ᠶᠢᠨ ᠨᠥᠬᠦᠴᠡᠯ ᠤᠨ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠲᠠᠯ᠎ᠠ ᠮᠠᠰᠢ ᠢᠯᠡᠷᠬᠡᠢ᠂ ᠬᠦᠬᠡᠮᠦ᠋ᠷᠡᠨ ᠤ ᠭᠤᠯᠳᠤᠷᠢᠯ ᠳᠤ ᠭᠠᠷᠠᠮ᠂ ᠬᠦᠬᠦᠷᠭᠡ᠂ ᠤᠩᠭᠤᠴᠠᠨ ᠤ ᠦᠢᠯᠡᠳᠪᠤᠷᠢ᠂ ᠬᠤᠭᠤᠯᠠᠢ ᠪᠠ ᠤᠰᠤ ᠲᠠᠳᠠᠷᠠᠭᠤᠯᠬᠤ ᠠᠮᠠ ᠵᠡᠷᠭᠡ ᠡᠷᠬᠢ ᠲᠠᠭᠠᠤ ᠶᠢᠨ ᠠᠰᠢᠭᠯᠠᠯᠳᠠ ᠶᠢᠨ ᠲᠦᠷᠦᠯ ᠵᠤᠶᠢᠯ ᠢ ᠵᠠᠯᠭᠠᠪᠠᠷ ᠶᠡᠭᠡ ᠬᠡᠮᠵᠢᠶ᠎ᠡ ᠪᠠᠷ ᠪᠠᠶᠢᠭᠤᠯᠵᠠᠢ᠃ ᠭᠡᠪᠡᠴᠦ ᠬᠦᠬᠡᠮᠦ᠋ᠷᠠᠨ ᠤ ᠭᠤᠣᠯ ᠤᠷᠤᠰᠬᠠᠯ ᠤᠨ ᠡᠷᠭᠢ ᠲᠠᠭᠠᠤ ᠶᠢᠨ ᠠᠰᠢᠭᠯᠠᠯᠳᠠ ᠨᠢ ᠠᠳᠠᠯᠢ ᠪᠤᠰᠤ ᠬᠡᠮᠵᠢᠶᠡᠨ ᠤ ᠠᠰᠠᠭᠤᠳᠠᠯ ᠤᠷᠤᠰᠢᠵᠤ ᠪᠠᠶᠢᠨ᠎ᠠ᠂ ᠵᠢᠱᠢᠶᠡᠯᠡᠪᠡᠯ ᠵᠠᠷᠢᠮ ᠲᠦᠷᠦᠯ ᠵᠤᠶᠢᠯ ᠤᠨ ᠪᠠᠶᠢᠷᠢᠰᠢᠯᠠᠭᠤᠯᠤᠯᠳᠠ ᠨᠢ ᠵᠤᠬᠢᠰ ᠦᠭᠡᠢ᠂ ᠡᠷᠬᠢ ᠲᠠᠭᠠᠤ ᠶᠢᠨ  ᠡᠷᠴᠢᠮᠵᠢᠬᠦᠯᠦᠨ ᠠᠷᠪᠢᠯᠠᠨ ᠠᠰᠢᠭᠯᠠᠭᠰᠠᠨ ᠬᠡᠮᠵᠢᠶ᠎ᠡ ᠨᠢ ᠦᠨᠳᠦᠷ ᠪᠢᠰᠢ ᠵᠡᠷᠭᠡ ᠠᠰᠠᠭᠤᠳᠠᠯ ᠤᠷᠤᠰᠢᠵᠤ ᠪᠠᠶᠢᠨ᠎ᠠ ᠭᠡᠵᠦ ᠲᠠᠨᠢᠯᠴᠠᠭᠤᠯᠪᠠ᠃      ᠤᠰᠤᠨ ᠠᠰᠢᠭᠯᠠᠯᠲᠠ ᠶᠢᠨ ᠶᠠᠮᠤᠨ ᠤ ᠡᠨᠡ ᠤᠳᠠᠭ᠎ᠠ ᠮᠥᠷᠡᠨ ᠳᠠᠭᠠᠤ 9 ᠮᠣᠵᠢ ᠬᠤᠲᠠ ᠳᠤ ᠬᠦᠨᠵᠡᠭᠡᠶᠢᠷᠡᠨ ᠥᠪᠡᠷᠲᠡᠭᠡᠨ ᠪᠠᠶᠢᠴᠠᠭᠠᠬᠤ ᠶᠢ ᠵᠢᠭᠠᠨ ᠵᠢᠯᠤᠭᠤᠳᠤᠨ ᠱᠠᠭᠠᠷᠳᠠᠨ ᠪᠠᠶᠢᠴᠠᠭᠠᠵᠤ᠂ ᠬᠦᠬᠡᠮᠦ᠋ᠷᠡᠨ ᠤ ᠤᠰᠤᠨ ᠠᠰᠢᠭᠯᠠᠯᠳᠠ ᠶᠢᠨ ᠵᠦᠪᠯᠡᠯ ᠳᠤ ᠭᠤᠤᠯᠳᠠᠯᠭ᠎ᠠ ᠲᠠᠢ ᠬᠢᠨᠠᠨ ᠪᠠᠶᠢᠴᠠᠭᠠᠯᠳᠠ ᠬᠢᠵᠦ᠂  ᠬᠦᠬᠡᠮᠦ᠋ᠷᠡᠨ ᠤ ᠭᠤᠣᠯ ᠤᠷᠤᠰᠬᠠᠯ ᠤᠨ ᠰᠢ ᠯᠦᠸᠧ ᠳ᠋ᠦ᠋ ᠠᠴᠠ  ᠲᠤᠷᠤᠭᠰᠢᠬᠢ 3117 ᠺᠢᠯᠤᠮᠧᠲᠷ ᠭᠤᠣᠯ ᠤᠨ ᠵᠠᠮ᠂ 8311 ᠺᠢᠯᠤᠮᠧᠲᠷ ᠭᠤᠣᠯ ᠤᠨ ᠡᠷᠭᠢ ᠶᠢᠨ ᠱᠤᠭᠤᠮ ︵ᠲᠠᠩ ᠰᠠᠶᠢᠷᠭᠠᠯ ᠤᠨ ᠡᠷᠬᠢ ᠶᠢ ᠴᠤ ᠪᠠᠭᠳᠠᠭᠠᠨ᠎ᠠ︶  ᠤᠨ ᠠᠰᠢᠭᠯᠠᠯᠲᠠ ᠶᠢᠨ ᠪᠠᠶᠢᠳᠠᠯ ᠳᠤ ᠪᠦᠬᠦ ᠲᠠᠯ᠎ᠠ ᠪᠠᠷ ᠪᠠᠶᠢᠴᠠᠭᠠᠯᠲᠠ ᠬᠢᠵᠦ᠂ 5711 ᠡᠷᠭᠢ ᠲᠠᠭᠠᠤ ᠶᠢᠨ ᠠᠰᠢᠭᠯᠠᠯᠳᠠ ᠶᠢᠨ ᠲᠦᠷᠦᠯ ᠵᠤᠶᠢᠯ ᠤᠨ ᠦᠨᠳᠦᠰᠦᠨ ᠪᠠᠶᠢᠳᠠᠯ ᠢ ᠤᠶᠢᠯᠠᠭᠠᠨ ᠡᠵᠡᠮᠰᠢᠭᠰᠡᠨ ᠪᠠᠶᠢᠨ᠎ᠠ᠃ ᠦᠶᠡᠷ ᠢ ᠰᠡᠷᠭᠡᠶᠢᠯᠡᠬᠦ ᠠᠮᠤᠷ ᠲᠦᠪᠰᠢᠨ᠂ ᠭᠤᠣᠯ ᠤᠨ ᠪᠠᠶᠢᠳᠠᠯ ᠲᠣᠭᠲᠠᠭᠤᠨ ᠵᠢᠴᠢ ᠤᠤᠭᠤᠬᠤ ᠤᠰᠤᠨ ᠤ ᠡᠬᠢ       ᠰᠤᠷᠪᠤᠯᠵᠢ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠦᠵᠡᠮᠵᠢᠲᠦ ᠣᠷᠣᠨ ᠵᠡᠷᠭᠡ ᠠᠮᠢ ᠠᠬᠤᠢ ᠶᠢᠨ ᠰᠡᠷᠭᠡᠭ ᠣᠷᠣᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ ᠨᠢᠭᠡᠳ ᠨᠢᠭᠡ ᠪᠠᠷ ᠵᠠᠳᠠᠯᠤᠨ ᠰᠤᠳᠤᠯᠵᠤ ᠮᠠᠭᠠᠳᠯᠠᠵᠤ᠂ ᠡᠴᠦᠰ ᠲᠤ ᠨᠢ ᠬᠠᠤᠯᠢ ᠳᠦᠷᠢᠮ ᠠᠴᠠ ᠵᠥᠷᠢᠴᠡᠭᠰᠡᠨ ᠡᠷᠭᠢ ᠶᠢᠨ ᠱᠤᠭᠤᠮ ᠢ ᠠᠰᠢᠭᠯᠠᠬᠤ  2441 ᠲᠥᠷᠥᠯ ᠵᠦᠢᠯ ᠢ ᠲᠤᠭᠳᠠᠭᠠᠵᠠᠢ᠃      ᠬᠠᠮᠢᠶ᠎ᠠ ᠪᠦᠬᠦᠢ ᠰᠠᠯᠠᠭ᠎ᠠ ᠮᠥᠴᠢᠷ ᠳᠡᠭᠡᠳᠦ ᠨᠠᠷᠢᠪᠴᠢᠯᠠᠴᠠ᠂ ᠣᠯᠠᠨ ᠤᠳᠠᠭ᠎ᠠ ᠳᠠᠭᠠᠭᠤᠯᠢ ᠣᠳᠣᠨ ᠤ ᠠᠯᠤᠰ ᠰᠠᠷᠠᠯ ᠤᠨ ᠳᠦᠷᠰᠦ ᠰᠢᠩᠭᠡᠭᠡᠯᠲᠡ ᠪᠠᠷ ᠳᠠᠮᠵᠢᠭᠤᠯᠤᠨ ᠬᠦᠬᠡᠮᠦ᠋ᠷᠡᠨ ᠤ ᠭᠤᠣᠯ ᠤᠷᠤᠰᠬᠠᠯ ᠤᠨ ᠡᠷᠬᠢ ᠶᠢᠨ ᠱᠤᠭᠤᠮ ᠤᠨ ᠠᠰᠢᠭᠯᠠᠯᠲᠠ ᠶᠢᠨ ᠰᠡᠵᠢᠭᠯᠡᠯᠲᠡᠢ ᠲᠥᠷᠥᠯ ᠵᠦᠢᠯ ᠤᠨ ᠵᠢᠷᠤᠭ ᠬᠦᠰᠦᠨᠦᠭᠲᠦ ᠶᠢ ᠤᠯᠵᠤ᠂ ᠮᠣᠵᠢ ᠬᠤᠲᠠ ᠶᠢᠨ ᠥᠪᠡᠷ ᠢᠶᠠᠨ ᠪᠠᠶᠢᠴᠠᠭᠠᠭᠰᠠᠨ ᠲᠠᠭᠯᠠᠨ ᠮᠡᠳᠡᠬᠦᠯᠦᠯᠳᠡ ᠪᠠ ᠲᠤᠬᠠᠢ ᠶᠢᠨ ᠲᠠᠯᠠᠪᠠᠢ ᠳᠤ ᠬᠢᠭᠰᠡᠨ ᠭᠤᠣᠯᠳᠠᠯᠭ᠎ᠠ ᠲᠠᠢ ᠬᠢᠨᠠᠨ ᠪᠠᠶᠢᠴᠠᠭᠠᠯᠳᠠ ᠲᠠᠢ ᠤᠶᠠᠯᠳᠤᠭᠤᠯᠤᠨ᠂ ᠬᠠᠮᠤᠭ ᠡᠴᠦᠰ ᠲᠤ ᠡᠷᠭᠢ ᠶᠢᠨ ᠱᠤᠭᠤᠮ ᠢ ᠠᠰᠢᠭᠯᠠᠬᠤ ᠲᠥᠷᠥᠯ ᠵᠦᠢᠯ ᠤᠨ ᠡᠬᠡ ᠳᠠᠩᠰᠠ ᠶᠢ ᠲᠣᠭᠲᠠᠭᠠᠪᠠ᠃ ᠵᠢᠯᠣᠭᠤᠴᠢ ᠦᠭᠡᠢ ᠨᠢᠰᠬᠡᠯ ᠢᠶᠠᠷ ᠰᠡᠬᠦᠳᠡᠷᠯᠡᠬᠦ ᠠᠷᠭ᠎ᠠ ᠪᠠᠷ ᠲᠦᠷᠦᠯ ᠵᠤᠶᠢᠯ ᠤᠨ ᠣᠷᠣᠨ ᠤ ᠡᠯ᠎ᠡ ᠬᠡᠰᠡᠭ ᠭᠠᠵᠠᠷ ᠲᠤ ᠵᠠᠰᠠᠨ ᠥᠭᠡᠷᠡᠴᠢᠯᠡᠵᠦ ᠪᠠᠶᠢᠭ᠎ᠠ ᠡᠰᠡᠬᠦ ᠶᠢ ᠪᠣᠳᠠᠲᠠᠢ ᠬᠢᠨᠠᠨ ᠪᠠᠶᠢᠴᠠᠭᠠᠵᠤ᠂ ᠬᠠᠷᠭᠤᠭᠤᠯᠤᠨ ᠪᠠᠶᠢᠴᠠᠭᠠᠬᠤ ᠦᠷ᠎ᠡ ᠪᠦᠲᠦᠭᠡᠯ ᠤᠨ ᠶᠠᠰᠤ ᠴᠢᠨᠠᠷ ᠢ ᠪᠠᠳᠤᠯᠠᠪᠠ᠃ ᠡᠭᠦᠨ ᠤ ᠬᠠᠮᠲᠤ᠂ ᠤᠰᠤᠨ ᠠᠰᠢᠭᠯᠠᠯᠲᠠ ᠶᠢᠨ ᠶᠠᠮᠤᠨ ᠬᠦᠬᠡᠮᠦ᠋ᠷᠡᠨ ᠤ ᠭᠤᠣᠯ ᠤᠷᠤᠰᠬᠠᠯ ᠤᠨ ᠡᠷᠭᠢ ᠶᠢᠨ ᠱᠤᠭᠤᠮ ᠢ ᠠᠰᠢᠭᠯᠠᠬᠤ ᠲᠥᠷᠥᠯ ᠵᠦᠢᠯ ᠢ ᠴᠡᠭᠴᠡᠯᠡᠨ ᠵᠠᠰᠠᠬᠤ ᠠᠵᠢᠯ ᠢ ᠭᠤᠣᠯ ᠤᠨ ᠳᠠᠷᠤᠭ᠎ᠠ ᠶᠢᠨ ᠳᠦᠷᠢᠮ ᠤᠨ ᠬᠢᠨᠠᠨ ᠵᠢᠯᠣᠭᠤᠳᠬᠤ ᠬᠡᠪᠴᠢᠶᠡᠨ ᠳᠤ ᠣᠷᠣᠭᠤᠯᠵᠤ᠂ ᠴᠡᠭᠴᠡᠯᠡᠨ ᠵᠠᠰᠠᠬᠤ ᠠᠵᠢᠯ ᠢ ᠪᠣᠳᠠᠲᠠᠶᠢᠵᠢᠭᠤᠯᠤᠭᠰᠠᠨ       ᠥᠬᠡᠢ᠂ ᠲᠦᠢᠯᠪᠤᠷᠢᠲᠠᠢ ᠪᠤᠰᠤ ᠠᠰᠠᠭᠤᠳᠠᠯ ᠢ ᠴᠠᠭ ᠲᠤᠬᠠᠢ ᠳᠤᠨᠢ ᠨᠠᠷᠢᠨ ᠬᠠᠭᠤᠳᠠᠰᠤ ᠶᠢᠨ ᠬᠡᠯᠪᠡᠷᠢ ᠪᠠᠷ ᠣᠷᠣᠨ ᠨᠤᠲᠤᠭ ᠤᠨ ᠭᠤᠣᠯ ᠤᠨ ᠳᠠᠷᠤᠭ᠎ᠠ ᠶᠢᠨ ᠠᠯᠪᠠᠨ ᠭᠡᠷ ᠲᠤ ᠲᠤᠰᠬᠠᠵᠤ᠂ ᠭᠤᠤᠯ ᠤᠨ ᠲᠠᠷᠤᠭ᠎ᠠ ᠶᠢᠨ ᠠᠯᠪᠠᠨ ᠭᠡᠷ ᠠᠴᠠ ᠬᠠᠮᠢᠶ᠎ᠠ ᠪᠥᠬᠦᠢ ᠭᠤᠣᠯ ᠤᠨ ᠳᠠᠷᠤᠭ᠎ᠠ ᠶᠢ ᠱᠠᠯᠠᠪᠳᠠᠨ ᠱᠠᠭᠠᠷᠳᠠᠵᠤ ᠴᠡᠭᠴᠡᠯᠡᠨ ᠵᠠᠰᠠᠯᠳᠠ ᠬᠢᠯᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号