ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷ᠎ᠠ ᠶᠡᠭᠡ ᠪᠠᠭ᠎ᠠ ᠭᠤᠣᠯ ᠮᠥᠷᠡᠨ | ᠨᠡᠶᠢᠳᠡ ᠮᠢᠩᠭ᠎ᠠ ᠭᠠᠷᠤᠶ ᠵᠤᠷᠪᠤᠰ ᠪᠠᠶᠢᠵᠤ᠂ ᠤᠯᠤᠰ ᠤᠨ ᠬᠤᠶᠠᠳᠤᠭᠠᠷ ᠶᠡᠭᠡ ᠭᠤᠤᠯ ︱ ᠬᠠᠳᠤᠨ ᠭᠤᠤᠯ ᠨᠢ | ᠨᠢᠩᠰᠢᠶᠠ ᠶᠢᠨ ᠱᠢ ᠽᠦᠶ ᠱᠠᠨ ᠠᠭᠤᠯᠠᠨ ᠤ ᠬᠠᠪᠢ ᠪᠠᠷ ᠥᠪᠥᠷ ᠮᠣᠩᠭᠤᠯ ᠤᠨ ᠬᠢᠯᠢ ᠳᠤ ᠤᠷᠤᠵᠤ ᠢᠷᠡᠨ᠂ | ᠡᠮᠦᠨ᠎ᠡ ᠠᠴᠠ ᠤᠮᠠᠷᠠᠰᠢ ᠤᠷᠳᠤᠰ ᠤᠨ ᠥᠨᠳᠦᠷᠯᠢᠭ ᠢ ᠲᠣᠭᠤᠷᠢᠨ ᠮᠣᠷᠢᠨ ᠲᠤᠭᠤᠷᠠᠶ ᠶᠢᠨ ᠬᠡᠯᠪᠡᠷᠢᠲᠡᠶ ᠪᠣᠯᠵᠠᠶ᠃ | ᠰᠠᠪᠠ ᠭᠠᠵᠠᠷ ᠤᠨ ᠲᠠᠯᠠᠪᠠᠶ ᠨᠢ 1000 ᠲᠡᠭᠰᠢ ᠳᠥᠷᠪᠡᠯᠵᠢᠨ ᠺᠢᠯᠤᠮᠧᠲᠷ ᠠᠴᠠ ᠳᠡᠭᠡᠭᠰᠢᠬᠢ ᠭᠤᠤᠯ ᠮᠥᠷᠡᠨ | 107 ᠵᠤᠷᠪᠤᠰ ᠪᠠᠶᠢᠨ᠎ᠠ︔ ᠰᠠᠪᠠ ᠭᠠᠵᠠᠷ ᠤᠨ ᠲᠠᠯᠠᠪᠠᠶ ᠨᠢ 300 ᠲᠡᠭᠰᠢ ᠳᠥᠷᠪᠡᠯᠵᠢᠨ ᠺᠢᠯᠤᠮᠧᠲᠷ ᠠᠴᠠ ᠶᠡᠭᠡ | 258 ᠵᠤᠷᠪᠤᠰ ᠭᠤᠤᠯ ᠮᠦᠷᠡᠨ ᠪᠤᠢ᠃ ᠪᠠᠰᠠ ᠮᠢᠩᠭ᠎ᠠ ᠰᠢᠬᠠᠮ ᠶᠡᠭᠡ ᠪᠠᠭ᠎ᠠ ᠨᠠᠭᠤᠷ ᠴᠦᠬᠦᠷᠦᠮ ᠪᠠᠶᠢᠨ᠎ᠠ᠃ | ᠪᠦᠬᠦ ᠣᠷᠣᠨ ᠤ ᠭᠠᠵᠠᠷ ᠤᠨ ᠭᠠᠳᠠᠷᠭᠤ ᠶᠢᠨ ᠤᠰᠤᠨ ᠤ ᠡᠬᠢ ᠪᠠᠶᠠᠯᠢᠭ 406.60 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠪᠠᠶᠢᠵᠤ᠂ ᠭᠠᠵᠠᠷ ᠤᠨ ᠭᠠᠳᠠᠷᠭᠤ ᠶᠢᠨ ᠤᠰᠤ ᠯᠤᠭ᠎ᠠ ᠳᠠᠪᠬᠤᠷᠳᠠᠭᠰᠠᠨ ᠦᠭᠡᠢ ᠭᠠᠵᠠᠷ | ᠲᠤᠤᠷᠠᠬᠢ ᠤᠰᠤᠨ ᠤ ᠡᠬᠢ ᠪᠠᠶᠠᠯᠢᠭ ᠨᠢ 139.35 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ | ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠨᠢ 545.95 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ | ᠬᠦᠷᠴᠦ᠂ ᠪᠥᠬᠦ ᠤᠯᠤᠰ ᠤᠨ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶᠡᠨ ᠤ 1.92% ᠢ ᠡᠵᠡᠯᠡᠨ᠎ᠡ᠃ | ᠡᠭᠦᠨ ᠠᠴᠠ ᠭᠠᠳᠠᠨ᠎ᠠ᠂ ᠬᠠᠲᠤᠨ ᠭᠤᠤᠯ ᠤᠨ ᠬᠤᠪᠢᠶᠠᠷᠢ ᠤᠰᠤ ᠨᠢ 58.6 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ᠂ ᠾᠸᠢ ᠾᠧ ᠭᠤᠤᠯ ᠤᠨ ᠬᠤᠪᠢᠶᠠᠷᠢ ᠤᠰᠤ ᠨᠢ 8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ | ᠪᠣᠯᠤᠨ᠎ᠠ᠃ ᠪᠦᠬᠦ ᠣᠷᠣᠨ ᠤ ᠣᠯᠠᠨ ᠵᠢᠯ ᠤᠨ ᠳᠤᠮᠳᠠᠴᠢ ᠤᠰᠤᠨ ᠤ ᠡᠬᠢ ᠪᠠᠶᠠᠯᠢᠭ ᠤᠨ ᠠᠰᠢᠭᠯᠠᠵᠤ ᠪᠤᠯᠬᠤᠶᠢᠴᠠ | ᠬᠡᠮᠵᠢᠶ᠎ᠡ 285 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠡᠭᠦᠨ ᠳᠤ ᠭᠠᠵᠠᠷ ᠤᠨ ᠭᠠᠳᠠᠷᠭᠤ | ᠶᠢᠨ ᠤᠰᠤ 170 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ᠂ ᠭᠠᠵᠠᠷ ᠲᠤᠤᠷᠠᠬᠢ ᠤᠰᠤ 115 ᠳ᠋ᠦᠩᠰᠢᠭᠤᠷ | ᠪᠣᠰᠤᠭ᠎ᠠ ᠳᠥᠷᠪᠡᠯᠵᠢᠨ ᠮᠧᠲᠷ ᠪᠤᠯᠤᠨ᠎ᠠ᠃ ᠵᠢᠯ ᠤᠨ ᠬᠥᠮᠦᠨ ᠳᠤᠮᠳᠠᠴᠢ ᠶᠢᠨ ᠡᠵᠡᠯᠡᠬᠦ ᠤᠰᠤᠨ ᠤ ᠬᠡᠮᠵᠢᠶ᠎ᠡ ᠨᠢ | 2200 ᠪᠣᠰᠤᠭ᠎ᠠ ᠳᠥᠷᠪᠡᠯᠵᠢᠨ ᠮᠧᠲᠷ᠂ ᠲᠠᠷᠢᠶᠠᠨ ᠭᠠᠵᠠᠷ ᠤᠨ ᠾᠧᠺᠲ᠋ᠠᠷ ᠪᠦᠷᠢ ᠶᠢᠨ ᠳᠤᠮᠳᠠᠴᠢ ᠡᠵᠡᠯᠡᠬᠦ | ᠤᠰᠤᠨ ᠤ ᠬᠡᠮᠵᠢᠶ᠎ᠡ 0.76 ᠲᠦᠮᠡᠨ ᠪᠣᠰᠤᠭ᠎ᠠ ᠲᠦᠷᠪᠡᠯᠵᠢᠨ ᠮᠧᠲᠷ ᠲᠤ ᠬᠦᠷᠴᠦ᠂ ᠳᠤᠮᠳᠠᠴᠢ ᠤᠰᠤᠨ ᠤ | ᠤᠨᠠᠯᠲᠠ ᠶᠢᠨ ᠦᠨᠳᠦᠰᠦᠨ ᠬᠡᠮᠵᠢᠶ᠎ᠡ ᠨᠢ 4.61 ᠲᠦᠮᠨ m³/km² ᠪᠣᠯᠤᠨ᠎ᠠ᠃ ᠥᠪᠥᠷ ᠮᠣᠩᠭᠤᠯ ᠤᠨ | ᠤᠰᠤᠨ ᠤ ᠡᠬᠢ ᠪᠠᠶᠠᠯᠢᠭ ᠨᠢ ᠭᠠᠵᠠᠷ ᠣᠷᠣᠨ᠂ ᠴᠠᠭ ᠬᠤᠭᠤᠴᠠᠭᠠᠨ ᠤ ᠲᠠᠷᠬᠠᠯᠲᠠ ᠶᠢᠨ ᠲᠠᠯ᠎ᠠ ᠪᠠᠷ ᠮᠠᠰᠢ ᠵᠢᠭᠳᠡ | ᠪᠤᠰᠤ ᠪᠥᠭᠡᠳ ᠬᠥᠮᠦᠨ ᠠᠮᠠ ᠪᠣᠯᠤᠨ ᠲᠠᠷᠢᠶᠠᠨ ᠭᠠᠵᠠᠷ ᠤᠨ ᠲᠠᠷᠬᠠᠯᠲᠠ ᠯᠤᠭ᠎ᠠ ᠲᠤᠬᠢᠷᠠᠯᠴᠠᠬᠤ ᠦᠭᠡᠶ ᠪᠠᠶᠢᠨ᠎ᠠ᠃ | ᠵᠡᠭᠦᠨ ᠬᠡᠰᠡᠭ ᠤᠨ ᠭᠠᠵᠠᠷ ᠣᠷᠣᠨ ᠤ ᠬᠠᠷᠠᠮᠥ᠋ᠷᠡᠨ ᠤ ᠰᠠᠪᠠ ᠭᠠᠵᠠᠷ ᠤᠨ ᠭᠠᠵᠠᠷ ᠰᠢᠷᠣᠶ ᠶᠢᠨ ᠲᠠᠯᠠᠪᠠᠢ ᠨᠢ ᠪᠦᠬᠦ | ᠣᠷᠣᠨ ᠤ 27% ᠶᠢ ᠡᠵᠡᠯᠡᠵᠦ᠂ ᠲᠠᠷᠢᠶᠠᠨ ᠭᠠᠵᠠᠷ ᠤᠨ ᠲᠠᠯᠠᠪᠠᠢ ᠨᠢ ᠪᠦᠬᠦ ᠣᠷᠣᠨ ᠤ 20% ᠶᠢ ᠡᠵᠡᠯᠡᠵᠦ᠂ | ᠬᠥᠮᠦᠨ ᠠᠮᠠ ᠨᠢ ᠪᠦᠬᠦ ᠣᠷᠣᠨ ᠤ 18% ᠶᠢ ᠡᠵᠡᠯᠡᠵᠦ᠂ ᠬᠠᠷᠢᠨ ᠤᠰᠤᠨ ᠤ ᠡᠬᠢ ᠪᠠᠶᠠᠯᠢᠭ ᠤᠨ ᠶᠡᠷᠦᠩᠬᠡᠶ | ᠬᠡᠮᠵᠢᠶ᠎ᠡ ᠨᠢ ᠪᠦᠬᠦ ᠣᠷᠣᠨ ᠤ 67% ᠶᠢ ᠡᠵᠡᠯᠡᠨ᠂ ᠬᠥᠮᠦᠨ ᠪᠦᠷᠢ ᠶᠢᠨ ᠳᠤᠮᠳᠠᠴᠢ ᠡᠵᠡᠯᠡᠬᠦ ᠤᠰᠤᠨ ᠤ ᠡᠬᠢ | ᠪᠠᠶᠠᠯᠢᠭ ᠤᠨ ᠬᠡᠮᠵᠢᠶ᠎ᠡ ᠨᠢ ᠪᠦᠬᠦ ᠣᠷᠣᠨ ᠤ ᠳᠤᠮᠳᠠᠴᠢ ᠦᠷᠲᠡᠭ ᠤᠨ 3.6 ᠳᠠᠬᠢᠨ ᠪᠣᠯᠤᠨ᠎ᠠ᠃ ᠳᠤᠮᠳᠠ ᠪᠠᠷᠠᠭᠤᠨ | ᠬᠡᠰᠡᠭ ᠤᠨ ᠭᠠᠵᠠᠷ ᠣᠷᠣᠨ ᠤ ᠪᠠᠷᠠᠭᠤᠨ ᠯᠢᠶᠣᠤ ᠾᠧ ᠭᠤᠤᠯ᠂ ᠬᠠᠢ ᠯᠤᠸᠠᠨ ᠾᠧ ᠭᠤᠤᠯ᠂ ᠬᠠᠳᠤᠨ ᠭᠤᠤᠯ | ᠵᠡᠷᠭᠡ 3 ᠰᠠᠪᠠ ᠭᠠᠵᠠᠷ ᠤᠨ ᠶᠡᠷᠦᠩᠬᠡᠶ ᠲᠠᠯᠠᠪᠠᠢ ᠨᠢ ᠪᠦᠬᠦ ᠣᠷᠣᠨ ᠤ 26% ᠶᠢ ᠡᠵᠡᠯᠡᠵᠦ᠂ ᠲᠠᠷᠢᠶᠠᠨ ᠭᠠᠵᠠᠷ | ᠨᠢ ᠪᠦᠬᠦ ᠣᠷᠣᠨ ᠤ ᠲᠠᠷᠢᠶᠠᠨ ᠭᠠᠵᠠᠷ ᠤᠨ 30% ᠶᠢ ᠡᠵᠡᠯᠡᠵᠦ᠂ ᠬᠥᠮᠦᠨ ᠠᠮᠠ ᠨᠢ ᠪᠦᠬᠦ ᠣᠷᠣᠨ ᠤ | 66% ᠶᠢ ᠡᠵᠡᠯᠡᠵᠦ ᠪᠠᠶᠢᠳᠠᠭ᠂ ᠭᠡᠪᠡᠴᠦ ᠤᠰᠤᠨ ᠤ ᠡᠬᠢ ᠪᠠᠶᠠᠯᠢᠭ ᠨᠢ ᠵᠥᠪᠬᠡᠨ ᠪᠦᠬᠦ ᠣᠷᠣᠨ ᠤ 24% ᠶᠢ | ᠯᠡ ᠡᠵᠡᠯᠡᠵᠦ᠂ ᠶᠡᠬᠡᠩᠬᠢ ᠭᠠᠵᠠᠷ ᠣᠷᠣᠨ ᠤ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠨ᠎ᠠ᠃ | ᠭᠠᠵᠠᠷ ᠤᠨ ᠭᠠᠳᠠᠷᠭᠤ ᠶᠢᠨ ᠤᠰᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ | ᠵᠢᠯ ᠤᠨ ᠳᠤᠮᠳᠠᠴᠢ ᠭᠠᠵᠠᠷ ᠤᠨ ᠭᠠᠳᠠᠷᠭᠤ ᠶᠢᠨ ᠤᠰᠤᠨ ᠤ ᠡᠬᠢ ᠪᠠᠶᠠᠯᠢᠭ ᠤᠨ ᠬᠡᠮᠵᠢᠶ᠎ᠡ ᠪᠠᠷᠤᠭ 406.6 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠨ᠎ᠠ᠃ ᠭᠤᠤᠯ ᠮᠥᠷᠡᠨ ᠤ ᠤᠷᠤᠰᠬᠠᠯ ᠨᠢ ᠠᠭᠠᠷ ᠮᠠᠨᠳᠠᠯ ᠤᠨ | ᠲᠤᠨᠳᠠᠰᠤ ᠵᠢᠴᠢ ᠳᠡᠪᠢᠰᠬᠡᠷ ᠨᠢᠭᠤᠷ ᠤᠨ ᠡᠯᠧᠮᠧᠨ᠋ᠲ ᠶᠢᠨ ᠨᠦᠯᠦᠭᠡᠯᠡᠯ ᠠᠴᠠ ᠪᠤᠯᠵᠤ᠂ ᠵᠢᠯ ᠤᠨ ᠤᠷᠤᠰᠬᠠᠯ ᠤᠨ | ᠬᠡᠮᠵᠢᠶᠡᠨ ᠤ ᠭᠠᠵᠠᠷ ᠣᠷᠣᠨ ᠤ ᠲᠠᠷᠬᠠᠯᠲᠠ ᠨᠢ ᠲᠡᠭᠰᠢ ᠪᠤᠰᠤ᠂ ᠤᠰᠤᠨ ᠤ ᠡᠬᠢ ᠪᠠᠶᠠᠯᠢᠭ ᠴᠤ ᠲᠡᠩᠴᠡᠭᠦᠷᠢ | ᠦᠭᠡᠢ ᠪᠠᠶᠢᠵᠤ᠂ ᠬᠡᠰᠡᠭ ᠭᠠᠵᠠᠷ ᠣᠷᠣᠨ ᠤ ᠤᠰᠤᠨ ᠤ ᠬᠡᠮᠵᠢᠶ᠎ᠡ ᠡᠯᠪᠡᠭ ᠮᠥᠷᠲᠡᠭᠡᠨ ᠢᠯᠡᠬᠦᠳᠡᠯ ᠲᠠᠢ ᠪᠠᠶᠢᠬᠤ ᠳᠤ | ᠶᠡᠬᠡᠩᠬᠢ ᠬᠡᠰᠡᠭ ᠭᠠᠵᠠᠷ ᠣᠷᠣᠨ ᠨᠢ ᠬᠠᠷᠢᠨ ᠭᠠᠩ ᠬᠠᠭᠤᠷᠠᠶ ᠤᠰᠤ ᠲᠤᠳᠠᠭᠳᠠᠬᠤ ᠪᠠᠶᠢᠳᠠᠯ ᠲᠠᠢ ᠪᠠᠶᠢᠳᠠᠭ᠃ | ᠡᠭᠦᠨ ᠤ ᠬᠠᠮᠲᠤ᠂ ᠭᠤᠤᠯ ᠮᠥᠷᠡᠨ ᠤ ᠤᠷᠤᠰᠬᠠᠯ ᠨᠢ ᠵᠢᠯ ᠤᠨ ᠳᠣᠲᠣᠷ᠎ᠠ ᠲᠡᠭᠰᠢ ᠪᠤᠰᠤ ᠲᠠᠷᠬᠠᠵᠤ᠂ ᠵᠢᠯ ᠤᠨ | ᠬᠤᠭᠤᠷᠤᠨᠳᠤᠬᠢ ᠬᠤᠪᠢᠷᠠᠯᠲᠠ ᠨᠢ ᠴᠤ ᠨᠡᠯᠢᠶᠡᠳ ᠶᠡᠭᠡ ᠪᠠᠶᠢᠳᠠᠭ᠃ ᠵᠢᠯ ᠤᠨ ᠲᠤᠨᠳᠠᠰᠤ ᠨᠢ 6 ~ 9 ᠰᠠᠷ᠎ᠠ ᠳᠤ | ᠲᠥᠪᠯᠡᠷᠡᠵᠦ᠂ ᠦᠶᠡᠷ ᠤᠨ ᠬᠤᠭᠤᠴᠠᠭᠠᠨ ᠤ ᠤᠷᠤᠰᠬᠠᠯ ᠤᠨ ᠬᠡᠮᠵᠢᠶ᠎ᠡ ᠨᠢ ᠪᠦᠬᠦ ᠣᠷᠣᠨ ᠤ ᠤᠷᠤᠰᠬᠠᠯ ᠤᠨ | 60 ~ 80% ᠶᠢ ᠡᠵᠡᠯᠡᠨ᠎ᠡ᠃ ᠥᠩᠭᠡᠷᠡᠭᠰᠡᠨ ᠵᠢᠯ ᠤᠳ ᠤᠨ ᠬᠤᠭᠤᠷᠣᠨᠳᠣᠬᠢ ᠤᠷᠤᠰᠬᠠᠯ ᠤᠨ ᠶᠡᠭᠡ ᠪᠠᠭ᠎ᠠ ᠨᠢ | ᠵᠢᠭᠳᠡ ᠪᠤᠰᠤ᠂ ᠵᠥᠷᠢᠶ᠎ᠡ ᠨᠢ ᠮᠠᠰᠢ ᠶᠡᠭᠡ ᠪᠠᠶᠢᠳᠠᠭ᠃ ᠵᠢᠯ ᠤᠨ ᠤᠷᠤᠰᠬᠠᠯ ᠤᠨ ᠬᠡᠮᠵᠢᠶ᠎ᠡ ᠬᠠᠮᠤᠭ ᠶᠡᠭᠡ ᠪᠠ | ᠬᠠᠮᠤᠭ ᠪᠠᠭ᠎ᠠ ᠬᠠᠷᠢᠴᠠᠯ ᠨᠢ ᠵᠡᠭᠦᠨ ᠬᠡᠰᠡᠭ ᠤᠨ ᠤᠢ ᠰᠢᠭᠤᠶᠢᠳᠤ ᠣᠷᠣᠨ ᠤ ᠡᠯ᠎ᠡ ᠭᠤᠣᠯ ᠮᠥᠷᠡᠨ ᠨᠢ 4 ~ | 12᠂ ᠳᠤᠮᠳᠠ ᠬᠡᠰᠡᠭ ᠤᠨ ᠡᠯ᠎ᠡ ᠭᠤᠣᠯ ᠮᠥᠷᠡᠨ ᠨᠢ 6 ~ 22᠂ ᠪᠠᠷᠠᠭᠤᠨ ᠬᠡᠰᠡᠭ ᠤᠨ ᠭᠠᠵᠠᠷ ᠣᠷᠣᠨ ᠤ ᠡᠯ᠎ᠡ | ᠭᠤᠣᠯ ᠮᠥᠷᠡᠨ 26 ᠠᠴᠠ ᠳᠡᠭᠡᠭᠰᠢ ᠪᠤᠯᠤᠨ᠎ᠠ᠃ | ᠭᠠᠵᠠᠷ ᠲᠤᠤᠷᠠᠬᠢ ᠤᠰᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠲᠤᠤᠷᠠᠬᠢ | ᠤᠰᠤᠨ ᠤ ᠳᠤᠮᠳᠠᠴᠢ ᠡᠬᠢ ᠪᠠᠶᠠᠯᠢᠭ ᠤᠨ ᠬᠡᠮᠵᠢᠶ᠎ᠡ ᠨᠢ 236 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ | ᠪᠣᠯᠤᠨ᠎ᠠ᠃ ᠭᠠᠵᠠᠷ ᠤᠨ ᠭᠠᠳᠠᠷᠭᠤ ᠶᠢᠨ ᠤᠰᠤ ᠯᠤᠭ᠎ᠠ ᠳᠠᠪᠬᠤᠴᠠᠭᠰᠠᠨ ᠨᠢ 97 ᠳ᠋ᠦᠩᠰᠢᠭᠤᠷ ᠪᠣᠰᠤᠭ᠎ᠠ | ᠳᠥᠷᠪᠡᠯᠵᠢᠨ ᠮᠧᠲᠷ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠭᠠᠵᠠᠷ ᠲᠤᠤᠷᠠᠬᠢ ᠤᠰᠤᠨ ᠤ ᠡᠬᠢ | ᠪᠠᠶᠠᠯᠢᠭ ᠤᠨ ᠲᠠᠷᠬᠠᠯᠲᠠ ᠨᠢ ᠠᠭᠠᠷ ᠮᠠᠨᠳᠠᠯ ᠤᠨ ᠲᠤᠨᠳᠠᠰᠤ᠂ ᠳᠡᠪᠢᠰᠬᠡᠷ ᠨᠢᠭᠤᠷ ᠤᠨ ᠨᠥᠬᠦᠴᠡᠯ ᠪᠠ ᠬᠥᠮᠦᠨ | ᠲᠥᠷᠥᠯᠬᠢᠲᠡᠨ ᠤ ᠠᠵᠢᠯᠯᠠᠭᠠᠨ ᠤ ᠨᠥᠯᠥᠭᠡ ᠶᠢ ᠬᠦᠷᠳᠡᠵᠦ᠂ ᠲᠠᠯ᠎ᠠ ᠭᠠᠵᠠᠷ ᠣᠯᠠᠨ᠂ ᠠᠭᠤᠯᠠᠷᠬᠠᠭ ᠳᠣᠪᠣᠷᠬᠠᠭ | ᠣᠷᠣᠨ ᠴᠥᠭᠡᠨ ᠪᠠ ᠳᠣᠲᠣᠭᠠᠳᠤ ᠬᠠᠭᠤᠷᠠᠶ ᠶᠢᠨ ᠭᠤᠣᠯ ᠤᠨ ᠰᠠᠪᠠ ᠭᠠᠵᠠᠷ ᠨᠡᠩ ᠴᠥᠭᠡᠨ ᠪᠠᠶᠢᠳᠠᠭ ᠣᠨᠴᠠᠯᠢᠭ | ᠲᠠᠢ᠃ ᠥᠪᠡᠷᠲᠡᠭᠡᠨ ᠵᠠᠰᠠᠬᠤ ᠣᠷᠣᠨ ᠤ ᠲᠠᠯ᠎ᠠ ᠭᠠᠵᠠᠷ ᠤᠨ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠨᠢ | ᠠᠭᠤᠯᠠᠷᠬᠠᠭ ᠲᠤᠪᠤᠷᠬᠠᠭ ᠤᠷᠤᠨ ᠤ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠤᠨ ᠬᠡᠮᠵᠢᠶ᠎ᠡ ᠲᠠᠢ ᠲᠠᠪᠬᠤᠴᠠᠨ | ᠪᠤᠳᠤᠭᠰᠠᠨ ᠬᠡᠰᠡᠭ ᠢ ᠬᠠᠰᠤᠭᠰᠠᠨ ᠤ ᠲᠠᠷᠠᠭᠠᠬᠢ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠤᠨ ᠦᠨᠳᠦᠰᠦᠨ | ᠬᠡᠮᠵᠢᠶ᠎ᠡ ᠨᠢ ᠶᠡᠷᠦ ᠳᠡᠭᠡᠨ 5.9 ~ 6.5 ᠲᠦᠮᠡ m³/km² ᠪᠠᠶᠢᠵᠤ᠂ ᠠᠭᠤᠯᠠᠷᠬᠠᠭ ᠲᠤᠪᠤᠷᠬᠠᠭ | ᠤᠷᠤᠨ ᠤ ᠭᠠᠵᠠᠷ ᠲᠤᠤᠷᠠᠬᠢ ᠤᠰᠤᠨ ᠤ ᠳᠤᠮᠳᠠᠴᠢ ᠡᠬᠢ ᠪᠠᠶᠠᠯᠢᠭ ᠤᠨ ᠦᠨᠳᠦᠰᠦᠨ ᠬᠡᠮᠵᠢᠶ᠎ᠡ ᠠᠴᠠ 2.2 ~ 2. | 7 ᠳᠠᠬᠢᠨ ᠢᠯᠡᠬᠦᠦ ᠪᠠᠶᠢᠳᠠᠭ᠃ ᠳᠣᠲᠣᠭᠠᠳᠤ ᠬᠠᠭᠤᠷᠠᠶ ᠶᠢᠨ ᠭᠤᠤᠯ ᠤᠨ ᠰᠠᠪᠠ ᠭᠠᠵᠠᠷ ᠤᠨ ᠭᠠᠵᠠᠷ ᠲᠤᠤᠷᠠᠬᠢ | ᠤᠰᠤᠨ ᠤ ᠡᠬᠢ ᠪᠠᠶᠠᠯᠢᠭ ᠤᠨ ᠦᠨᠳᠦᠰᠦᠨ ᠬᠡᠮᠵᠢᠶ᠎ᠡ ᠨᠢ 1.1 ᠲᠦᠮᠡm³/km² ᠪᠤᠯᠤᠨ᠎ᠠ᠃ ᠡᠶᠢᠮᠦ ᠠᠴᠠ | ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠲᠤᠶᠢᠯ ᠤᠨ ᠲᠤᠳᠠᠮᠠᠭ ᠪᠠᠶᠢᠵᠤ᠂ ᠵᠥᠪᠬᠡᠨ ᠳᠣᠲᠣᠭᠠᠳᠤ | ᠬᠠᠭᠤᠷᠠᠶ ᠶᠢᠨ ᠪᠢᠳᠡᠬᠦᠦ ᠬᠤᠲᠣᠭᠤᠷ ᠭᠠᠵᠠᠷ ᠤᠨ ᠲᠠᠯ᠎ᠠ ᠭᠠᠵᠠᠷ ᠪᠤᠶᠤ ᠭᠤᠤ ᠬᠥᠨᠳᠡᠶ ᠶᠢᠨ ᠬᠤᠲᠣᠭᠤᠷ ᠭᠠᠵᠠᠷ ᠤᠨ | ᠭᠠᠵᠠᠷ ᠳᠣᠣᠷᠠᠬᠢ ᠤᠰᠤ ᠰᠠᠶ᠋ᠢ ᠨᠡᠯᠢᠶᠡᠳ ᠡᠯᠪᠡᠭ ᠳᠡᠯᠪᠡᠭ ᠪᠠᠶᠢᠳᠠᠭ᠃ ᠪᠦᠬᠦ ᠣᠷᠣᠨ ᠢ ᠪᠠᠶᠢᠭᠠᠯᠢ ᠶᠢᠨ ᠨᠥᠬᠦᠴᠡᠯ | ᠪᠠ ᠤᠰᠤᠨ ᠰᠢᠰᠲ᠋ᠧᠮ ᠤᠨ ᠠᠳᠠᠯᠢ ᠪᠤᠰᠤ ᠶᠢ ᠨᠢ ᠦᠨᠳᠦᠰᠦᠯᠡᠨ᠄ ᠶᠡᠭᠡ ᠬᠢᠩᠭᠠᠨ ᠳᠠᠪᠠᠭ᠎ᠠ ᠶᠢᠨ ᠪᠠᠷᠠᠭᠤᠨ | ᠬᠤᠷᠮᠣᠶ ᠶᠢᠨ ᠬᠠᠷᠠᠮᠥ᠋ᠷᠡᠨ ᠤ ᠤᠰᠤᠨ ᠰᠢᠰᠲ᠋ᠧᠮ ᠤᠨ ᠣᠷᠣᠨ︔ ᠬᠥᠯᠥᠨ ᠪᠤᠶᠢᠷ ᠤᠨ ᠦᠨᠳᠦᠷᠯᠢᠭ ᠲᠠᠯ᠎ᠠ | ᠭᠠᠵᠠᠷ ᠤᠨ ᠳᠣᠲᠣᠭᠠᠳᠤ ᠬᠠᠭᠤᠷᠠᠶ ᠶᠢᠨ ᠤᠰᠤᠨ ᠰᠢᠰᠲ᠋ᠧᠮ ᠤᠨ ᠣᠷᠣᠨ︔ ᠶᠡᠭᠡ ᠬᠢᠩᠭᠠᠨ ᠳᠠᠪᠠᠭ᠎ᠠ ᠶᠢᠨ ᠵᠡᠭᠦᠨ | ᠬᠤᠷᠮᠣᠶ ᠶᠢᠨ ᠠᠭᠤᠯᠠᠷᠬᠠᠭ ᠳᠣᠪᠣᠷᠬᠠᠭ ᠭᠠᠵᠠᠷ ᠤᠨ ᠨᠣᠨ ᠮᠥᠷᠡᠨ ᠤ ᠤᠰᠤᠨ ᠰᠢᠰᠲ᠋ᠧᠮ ᠤᠨ ᠭᠠᠵᠠᠷ ᠣᠷᠣᠨ︔ | ᠪᠠᠷᠠᠭᠤᠨ ᠯᠢᠶᠣᠤ ᠾᠧ ᠭᠤᠣᠯ ᠤᠨ ᠲᠠᠯ᠎ᠠ ᠭᠠᠵᠠᠷ ᠤᠨ ᠯᠢᠶᠣᠤ ᠾᠧ ᠭᠤᠣᠯ ᠤᠨ ᠤᠰᠤᠨ ᠰᠢᠰᠲ᠋ᠧᠮ ᠤᠨ ᠣᠷᠣᠨ︔ | ᠮᠤᠨᠢ ᠠᠭᠤᠯᠠ ᠶᠢᠨ ᠠᠷᠤ ᠬᠤᠷᠮᠣᠶ ᠳᠠᠬᠢ ᠥᠪᠥᠷ ᠮᠣᠩᠭᠤᠯ ᠤᠨ ᠦᠨᠳᠦᠷᠯᠢᠭ ᠲᠠᠯ᠎ᠠ ᠭᠠᠵᠠᠷ ᠤᠨ ᠳᠣᠲᠣᠭᠠᠳᠤ | ᠬᠠᠭᠤᠷᠠᠶ ᠶᠢᠨ ᠤᠰᠤᠨ ᠰᠢᠰᠲ᠋ᠧᠮ ᠤᠨ ᠭᠠᠵᠠᠷ ᠣᠷᠣᠨ︔ ᠮᠤᠨᠢ ᠠᠭᠤᠯᠠ ᠶᠢᠨ ᠠᠭᠤᠯᠠᠷᠬᠠᠭ ᠭᠠᠵᠠᠷ᠂ ᠬᠠᠶ ᠾᠧ | ᠭᠤᠤᠯ᠂ ᠯᠤᠸᠠᠨ ᠾᠧ ᠭᠤᠤᠯ ᠤᠨ ᠤᠰᠤᠨ ᠰᠢᠰᠲ᠋ᠧᠮ ᠤᠨ ᠣᠷᠣᠨ︔ ᠮᠤᠨᠢ ᠠᠭᠤᠯᠠ ᠶᠢᠨ ᠡᠮᠦᠨ᠎ᠡ ᠬᠤᠷᠮᠣᠶ ᠶᠢᠨ | ᠪᠣᠷᠣᠲᠣᠬᠤᠶ ᠶᠢᠨ ᠲᠠᠯ᠎ᠠ ᠭᠠᠵᠠᠷ ᠤᠨ ᠬᠠᠲᠤᠨ ᠭᠤᠤᠯ ᠤᠨ ᠤᠰᠤᠨ ᠰᠢᠰᠲ᠋ᠧᠮ ᠤᠨ ᠭᠠᠵᠠᠷ ᠣᠷᠣᠨ︔ | ᠣᠷᠳᠣᠰ ᠤᠨ ᠦᠨᠳᠦᠷᠯᠢᠭ ᠤᠨ ᠲᠠᠯ᠎ᠠ ᠭᠠᠵᠠᠷ ᠤᠨ ᠤᠰᠤᠨ ᠰᠢᠰᠲ᠋ᠧᠮ ᠤᠨ ᠭᠠᠵᠠᠷ ᠣᠷᠣᠨ︔ ᠪᠠᠷᠠᠭᠤᠨ | ᠬᠡᠰᠡᠭ ᠤᠨ ᠡᠵᠡᠬᠦᠢ ᠴᠦᠯ ᠤᠨ ᠳᠣᠲᠣᠭᠠᠳᠤ ᠬᠠᠭᠤᠷᠠᠶ ᠶᠢᠨ ᠤᠰᠤᠨ ᠰᠢᠰᠲ᠋ᠧᠮ ᠤᠨ ᠭᠠᠵᠠᠷ ᠣᠷᠣᠨ ᠭᠡᠵᠦ | ᠬᠤᠪᠢᠶᠠᠨ᠎ᠠ᠃ | | | | | | | | | | | | | | | | | | | | | | ᠁ |