ᠵᠤᠤ ᠴᠠᠩ ᠴᠢᠩ
ᠨᠡᠶᠢᠲᠡᠯᠡᠭᠰᠡᠨ ᠴᠠᠭ᠄
2020/12/25
ᠵᠤᠤ ᠴᠠᠩ ᠴᠢᠩᠲᠤᠰᠢᠶᠠᠯ᠄ ᠲᠢᠩᠭᠢᠮ ᠤᠨ ᠨᠠᠮ ᠤᠨ ᠤᠳᠤᠷᠢᠳᠬᠤ ᠲᠤᠭᠤᠶᠢᠯᠠᠩ ᠤᠨ ᠭᠡᠰᠢᠬᠦᠨ᠂ ᠲᠡᠳ᠋ ᠲᠢᠩᠭᠢᠮ ᠤᠨ ᠲᠠᠷᠤᠭ᠎ᠠ

ᠠᠵᠢᠯ ᠤᠨ ᠬᠤᠪᠢᠶᠠᠷᠢ  ᠄ ᠯᠢᠦ ᠸᠠᠨ ᠬᠤᠸᠠ ᠨᠦᠬᠦᠷ ᠢ ᠬᠠᠪᠰᠣᠷᠣᠨ ᠨᠠᠮ ᠪᠠ ᠤᠯᠠᠨ ᠲᠦᠮᠡᠨᠴᠢ ᠵᠤᠬᠢᠶᠠᠨ

ᠪᠠᠶᠢᠭᠤᠯᠤᠯᠳᠠ ᠶᠢᠨ ᠠᠵᠢᠯ᠂ ᠰᠠᠬᠢᠯᠭ᠎ᠠ ᠪᠠᠳᠣ ᠪᠠᠶᠢᠴᠠᠭᠠᠬᠤ᠂ ᠲᠦᠯᠦᠪᠵᠢᠭᠦᠯᠭᠡ ᠲᠦᠯᠦᠪᠯᠡᠭᠡ᠂ ᠡᠳ᠋ ᠤᠨ ᠶᠠᠪᠤᠳᠠᠯ

᠂ ᠤᠰᠤᠨ ᠠᠰᠢᠭᠯᠠᠯᠲᠠ ᠶᠢᠨ ᠦᠭᠡᠷᠡᠴᠢᠯᠡᠯᠳᠡ᠂ ᠤᠰᠤᠨ ᠠᠰᠢᠭᠯᠠᠯᠲᠠ ᠶᠢᠨ ᠶᠠᠳᠠᠭᠤ ᠶᠢ ᠲᠡᠳᠬᠦᠬᠦ᠂ ᠤᠰᠤᠨ

ᠠᠰᠢᠭᠯᠠᠯᠲᠠ ᠶᠢᠨ  ᠢᠨᠵᠧᠨᠧᠷᠢᠩ ᠤᠨ ᠪᠠᠶᠢᠭᠤᠯᠤᠯᠲᠠ᠂ ᠬᠦᠳᠡᠭᠡ ᠲᠤᠰᠬᠤᠨ ᠮᠠᠯᠵᠢᠬᠤ ᠤᠷᠤᠨ ᠤ ᠤᠰᠤᠨ

ᠠᠰᠢᠭᠯᠠᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃

ᠲᠥᠯᠥᠪᠯᠡᠭᠡᠳᠦ ᠡᠳ᠋ ᠤᠨ ᠶᠠᠪᠤᠳᠠᠯ ᠤᠨ ᠭᠠᠵᠠᠷ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠠᠶᠢᠭᠤᠯᠤᠯᠲᠠ ᠶᠢᠨ

ᠭᠠᠵᠠᠷ᠂ ᠬᠦᠳᠡᠭᠡ ᠲᠤᠰᠬᠤᠨ ᠮᠠᠯᠵᠢᠬᠤ ᠤᠷᠤᠨ ᠤ ᠤᠰᠤᠨ ᠠᠰᠢᠭᠯᠠᠯᠲᠠ ᠶᠢᠨ ᠭᠠᠵᠠᠷ᠂ ᠪᠠᠶᠢᠭᠤᠯᠭ᠎ᠠ ᠶᠢᠨ

ᠨᠠᠮ ᠤᠨ ᠬᠤᠷᠢᠶ᠎ᠠ᠂ ᠤᠰᠤᠨ ᠠᠰᠢᠭᠯᠠᠯᠳᠠ ᠶᠢᠨ ᠲᠦᠯᠦᠪᠵᠢᠬᠦᠯᠭᠡ  ᠶᠢᠨ ᠵᠢᠷᠤᠭ ᠲᠦᠯᠦᠪᠯᠡᠭᠡ ᠶᠢᠨ ᠰᠣᠳᠣᠯᠭᠠᠨ ᠤ

ᠬᠦᠷᠢᠶᠡᠯᠡᠩ᠂ ᠤᠰᠤᠨ ᠠᠰᠢᠭᠯᠠᠯᠳᠠ ᠶᠢᠨ ᠡᠳ᠋ ᠤᠨ ᠶᠠᠪᠤᠳᠠᠯ ᠢ ᠲᠠᠰᠣᠯᠠᠨ ᠪᠤᠳᠤᠬᠤ ᠲᠥᠪ᠂ ᠤᠰᠤᠨ

ᠠᠰᠢᠭᠯᠠᠯᠲᠠ ᠶᠢᠨ ᠢᠨᠵᠧᠨᠧᠷᠢᠩ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠪᠤᠯᠤᠨ ᠠᠮᠤᠷ ᠲᠦᠪᠰᠢᠨ ᠳᠤ ᠬᠢᠨᠠᠯᠬᠤ

ᠲᠠᠯᠪᠢᠬᠤ ᠲᠦᠪ ᠦᠷᠲᠡᠭᠡ᠂  ᠤᠰᠤᠯᠠᠯᠲᠠ ᠶᠢᠨ ᠤᠰᠤ ᠲᠠᠳᠠᠷᠠᠭᠤᠯᠬᠤ ᠬᠦᠭᠵᠢᠯᠳᠡ ᠶᠢᠨ ᠲᠦᠪ᠂ ᠳ᠋ᠧᠩᠺᠸᠦ ᠶᠢᠨ

ᠤᠰᠤ ᠲᠠᠲᠠᠬᠤ ᠤᠰᠤᠯᠠᠯᠲᠠ ᠶᠢᠨ ᠤᠷᠤᠨ ᠤ ᠬᠠᠮᠢᠶᠠᠷᠣᠯᠳᠠ ᠶᠢᠨ ᠲᠤᠪᠴᠢᠶ᠎ᠠ᠂ ᠬᠠᠳᠣᠨ ᠭᠤᠣᠯ ᠤᠨ

ᠢᠨᠵᠧᠨᠧᠷᠢᠩ ᠤᠨ ᠲᠤᠪᠴᠢᠶᠠᠨ ᠤ ᠬᠤᠪᠢ ᠤᠷᠤᠭᠤᠯᠤᠭᠰᠠᠨ ᠬᠢᠵᠠᠭᠠᠷᠲᠤ ᠺᠣᠮᠫᠠᠨᠢ᠂ ᠯᠢᠶᠣᠤ ᠡᠾᠧ ᠭᠤᠣᠯ ᠤᠨ

ᠢᠨᠵᠧᠨᠧᠷᠢᠩ ᠤᠨ  ᠲᠤᠪᠴᠢᠶᠠᠨ ᠤ ᠬᠤᠪᠢ ᠤᠷᠤᠭᠤᠯᠤᠭᠰᠠᠨ ᠬᠢᠵᠠᠭᠠᠷᠲᠤ ᠺᠣᠮᠫᠠᠨᠢ᠂ ᠤᠰᠤᠨ ᠠᠰᠢᠭᠯᠠᠯᠲᠠ ᠶᠢᠨ

ᠮᠧᠬᠠᠨᠢᠭ ᠤᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠣᠨ᠎ᠠ᠃

ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠤᠷᠤᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ

ᠰᠣᠳᠣᠯᠬᠤ ᠦᠷᠲᠡᠭᠡ ᠲᠠᠢ ᠬᠠᠷᠢᠯᠴᠠᠨ᠎ᠠ᠃

ᠲᠤᠪᠴᠢ ᠨᠠᠮᠲᠠᠷ

ᠵᠤᠤ ᠴᠠᠩ ᠴᠢᠩ᠂ ᠡᠷᠡᠭᠲᠡᠢ᠂ ᠮᠤᠩᠭᠤᠯ ᠦᠨᠳᠦᠰᠦᠳᠡᠨ᠂ 1971 ᠣᠨ ᠤ 8 ᠰᠠᠷ᠎ᠠ ᠳᠤ ᠲᠦᠷᠦᠵᠡᠢ᠂ 1985

ᠣᠨ ᠤ 8 ᠰᠠᠷ᠎ᠠ ᠳᠤ ᠠᠵᠢᠯ ᠳᠤ ᠣᠷᠣᠯᠴᠠᠵᠠᠢ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂

ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠳᠤ ᠬᠤᠲᠠ ᠶᠢᠨ ᠬᠦᠮᠦᠨ᠃ ᠥᠪᠥᠷ ᠮᠤᠩᠭᠤᠯ ᠤᠨ

ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠰᠤᠨ ᠠᠰᠢᠭᠯᠠᠯᠲᠠ ᠶᠢᠨ  ᠢᠨᠵᠧᠨᠧᠷᠢᠩ ᠤᠨ ᠲᠤᠰᠬᠠᠢ ᠮᠡᠷᠭᠡᠵᠢᠯ ᠠᠴᠠ

ᠲᠡᠭᠦᠰᠴᠡᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠲᠧᠭᠨᠢᠭ ᠤᠨ ᠤᠬᠠᠭᠠᠨ ᠤ ᠤᠶᠤᠳᠠᠨ᠃

1991.09 — 1995.07 ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠰᠤᠨ

ᠠᠰᠢᠭᠯᠠᠯᠲᠠ ᠶᠢᠨ ᠢᠨᠵᠧᠨᠧᠷᠢᠩ ᠤᠨ ᠰᠠᠯᠪᠤᠷᠢ ᠶᠢᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠤᠰᠬᠠᠢ

ᠮᠡᠷᠭᠡᠵᠢᠯ  ᠳᠤ ᠰᠣᠷᠣᠯᠴᠠᠪᠠ

1995.07 — 1998.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠵᠡᠭᠦᠨ

ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠲᠣᠪᠴᠢᠶᠠᠨ ᠤ ᠯᠢᠨᠳᠦ᠋ᠩ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ

ᠠᠷᠠᠳ ᠤᠨ ᠴᠠᠭᠳᠠᠭ᠎ᠠ᠂ ᠳᠡᠳ᠋ ᠰᠠᠯᠪᠤᠷᠢ ᠶᠢᠨ ᠳᠠᠷᠤᠭ᠎ᠠ ᠪᠠᠶᠢᠪᠠ

1998.03 — 1999.04 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠵᠡᠭᠦᠨ

ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠲᠣᠪᠴᠢᠶᠠᠨ ᠤ ᠹᠦ᠋ ᠱᠠᠨ ᠳ᠋ᠢ ᠰᠢᠶᠠᠩ ᠤᠨ ᠲᠣᠮᠢᠯᠠᠭᠰᠠᠨ ᠰᠠᠯᠪᠤᠷᠢ ᠶᠢᠨ

ᠳᠠᠷᠤᠭ᠎ᠠ ᠪᠠᠶᠢᠪᠠ

1999.04 — 2003.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠵᠡᠭᠦᠨ

ᠬᠤᠰᠢᠭᠤᠨ ᠤ ᠳᠣᠳᠣᠭᠠᠳᠣ ᠶᠢ ᠬᠠᠮᠠᠭᠠᠯᠠᠬᠤ ᠲᠣᠪᠴᠢᠶᠠᠨ ᠤ ᠯᠢᠨᠳᠦ᠋ᠩ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ

ᠵᠢᠭᠠᠨ  ᠵᠢᠯᠤᠭᠤᠳᠤᠭᠴᠢ ᠪᠠᠶᠢᠪᠠ

2003.10 — 2005.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠵᠡᠭᠦᠨ

ᠬᠤᠰᠢᠭᠤᠨ ᠤ ᠯᠢᠨᠳᠦ᠋ᠩ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠲᠣᠮᠢᠯᠠᠭᠰᠠᠨ ᠰᠠᠯᠪᠤᠷᠢ ᠶᠢᠨ

ᠳᠠᠷᠤᠭ᠎ᠠ ᠪᠠᠶᠢᠪᠠ

2005.01 — 2006.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠵᠡᠭᠦᠨ

ᠬᠤᠰᠢᠭᠤᠨ ᠤ ᠹᠸᠡᠭ ᠱᠦᠢ ᠱᠠᠨ ᠪᠠᠯᠭᠠᠰᠤᠨ ᠤ ᠳᠠᠷᠤᠭ᠎ᠠ ᠪᠠᠶᠢᠪᠠ

2006.01 — 2006.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭᠠᠷᠢᠨ ᠵᠡᠭᠦᠨ

ᠬᠤᠰᠢᠭᠤᠨ ᠤ ᠠᠷᠪᠠᠨ ᠭᠤᠷᠪᠠᠨ ᠣᠪᠣᠭ᠎ᠠ ᠪᠠᠯᠭᠠᠰᠤᠨ ᠤ ᠳᠠᠷᠤᠭ᠎ᠠ ᠪᠠᠶᠢᠪᠠ

2006.07 — 2009.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠤ

ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ ᠤᠨ ᠳᠠᠷᠤᠭ᠎ᠠ

ᠪᠠᠶᠢᠪᠠ

2009.07 — 2011.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠤ

ᠳᠡᠳ᠋ ᠰᠢᠶᠠᠨ ᠤ ᠳᠠᠷᠤᠭ᠎ᠠ ᠪᠠᠶᠢᠪᠠ

2011.03 — 2011.09 ᠳᠡᠳ᠋ ᠲᠢᠩᠬᠢᠮ ᠤᠨ ᠲᠡᠰ ᠤᠨ ᠺᠠᠳ᠋ᠷ ᠲᠤ ᠢᠯᠡ ᠪᠠᠷ ᠰᠣᠩᠭᠤᠨ ᠲᠠᠪᠰᠢᠬᠦᠯᠪᠡ

2011.09 — 2016.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ

ᠲᠤᠪᠴᠢᠶᠠᠨ ᠤ  ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠳᠡᠳ᠋ ᠲᠣᠪᠴᠢᠶᠠᠨ ᠳᠠᠷᠤᠭ᠎ᠠ ᠪᠠᠶᠢᠪᠠ

2016.05 — 2019.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠩᠯᠢᠶᠣᠤ

ᠬᠤᠳᠠ ᠶᠢᠨ ᠳᠡᠳ᠋ ᠳᠠᠷᠤᠭ᠎ᠠ ᠪᠠᠶᠢᠪᠠ

2019.09 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ

ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠬᠦᠨ᠂ ᠲᠢᠩᠬᠢᠮ ᠤᠨ ᠳᠡᠳ᠋ ᠳᠠᠷᠤᠭ᠎ᠠ ᠪᠤᠯᠤᠨ᠎ᠠ

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号