ᠹᠠᠨ ᠵᠥᠩ
ᠨᠡᠶᠢᠲᠡᠯᠡᠭᠰᠡᠨ ᠴᠠᠭ᠄
2020/12/25

ᠹᠠᠨ ᠵᠥᠩ

ᠲᠤᠰᠢᠶᠠᠯ᠄ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠲᠢᠩᠬᠢᠮ ᠳᠤ ᠰᠠᠭᠤᠭ᠎ᠠ ᠰᠠᠬᠢᠯᠭ᠎ᠠ

ᠪᠠᠲᠤ  ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ

ᠠᠵᠢᠯ ᠶᠢᠨ ᠬᠤᠪᠢᠶᠠᠷᠢ᠄ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠠᠶᠢᠴᠠᠭᠠᠬᠤ ᠲᠠᠯ᠎ᠠ ᠶᠢᠨ ᠠᠵᠢᠯ ᠢ ᠬᠠᠷᠢᠭᠤᠴᠠᠨ᠎ᠠ

ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠤᠰᠤᠨ ᠠᠰᠢᠭᠯᠠᠯᠲᠠ ᠶᠢᠨ ᠲᠢᠩᠬᠢᠮ

 ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠢ ᠬᠤᠪᠢᠳᠠᠨ ᠬᠠᠮᠢᠶᠠᠷᠤᠨ᠎ᠠ᠃

ᠲᠣᠪᠴᠢ ᠨᠠᠮᠲᠠᠷ᠄

ᠹᠠᠨ ᠵᠥᠩ᠂ ᠡᠷᠡᠭᠲᠡᠶ᠂ ᠬᠢᠲᠠᠳ ᠦᠨᠳᠦᠰᠦᠲᠡᠨ᠂ 1965 ᠣᠨ ᠤ 9 ᠰᠠᠷ᠎ᠠ ᠳᠤ ᠲᠥᠷᠥᠵᠡᠢ᠃ ᠥᠪᠥᠷ

ᠮᠣᠩᠭᠤᠯ ᠤᠨ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠥᠮᠦᠨ᠂ ᠣᠯᠠᠨ

ᠨᠡᠶᠢᠲᠡ ᠶᠢᠨ ᠬᠠᠮᠢᠶᠠᠷᠤᠯᠲᠠ ᠶᠢᠨ ᠤᠬᠠᠭᠠᠨ ᠤ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃

1985.07 — 1995.09 ᠥᠪᠥᠷ ᠮᠣᠩᠭᠤᠯ ᠤᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ

ᠠᠵᠢᠯᠯᠠᠵᠤ᠂ ᠮᠧᠶ ᠬᠦᠶ ᠶᠢᠩ ᠰᠢᠶᠠᠩ ᠤᠨ ᠵᠠᠰᠠᠭ ᠤᠨ ᠣᠷᠳᠣᠨ ᠤ ᠭᠡᠰᠢᠭᠦᠴᠢ᠂ ᠬᠤᠸᠠᠩ ᠮᠤᠤ ᠶᠢᠩ ᠰᠢᠶᠠᠩ ᠤᠨ

ᠵᠠᠰᠠᠭ ᠤᠨ ᠣᠷᠳᠣᠨ ᠤ ᠳᠡᠳ᠋ ᠳᠠᠷᠤᠭ᠎ᠠ᠂  ᠤᠯᠠᠬ᠎ᠠ ᠠᠭᠤᠯᠠ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂

ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ᠂  ᠰᠠᠨ ᠬᠤᠤ ᠳ᠋ᠢ ᠰᠢᠶᠠᠩ ᠤᠨ ᠨᠠᠮ ᠤᠨ ᠬᠤᠷᠢᠶᠠᠨ ᠤ ᠱᠦᠵᠢ

ᠪᠠᠶᠢᠪᠠ

1995.09—2012.04 ᠥᠪᠥᠷ ᠮᠣᠩᠭᠤᠯ ᠤᠨ ᠤᠯᠠᠭᠠᠨᠴᠠᠪ ᠬᠤᠲᠠ ᠳᠤ ᠠᠵᠢᠯᠯᠠᠵᠤ᠂ ᠴᠠᠬᠠᠷ ᠪᠠᠷᠠᠭᠤᠨ

ᠭᠠᠷᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠳ᠋ ᠬᠤᠰᠢᠭᠤ

ᠳᠠᠷᠤᠭ᠎ᠠ᠂ ᠯᠢᠶᠠᠩᠴᠧᠩ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ︵ᠨᠠᠮ ᠤᠨ ᠤᠳᠤᠷᠢᠳᠬᠤ

ᠳᠤᠭᠤᠶᠢᠯᠠᠩ ᠤᠨ ᠭᠡᠰᠢᠭᠦᠨ︶ ᠤᠯᠠᠭᠠᠨᠴᠠᠪ ᠬᠤᠲᠠ ᠶᠢᠨ ᠮᠠᠯ ᠠᠵᠤ ᠠᠬᠤᠢ ᠶᠢᠨ ᠲᠣᠪᠴᠢᠶ᠎ᠠ ᠶᠢᠨ ᠪᠠᠶᠢᠩᠭᠤ ᠶᠢᠨ

ᠳᠡᠳ᠋ ᠳᠠᠷᠤᠭ᠎ᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ︵

ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ︶᠂ ᠵᠦᠸᠧᠽᠢ ᠰᠢᠶᠠᠨ ᠤ ᠨᠠᠮ ᠤᠨ ᠬᠤᠷᠢᠶᠠᠨ ᠤ

ᠳᠡᠳ᠋ ᠱᠦᠵᠢ ︵ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ︶᠂ ᠵᠠᠰᠠᠭ ᠤᠨ ᠣᠷᠳᠣᠨ ᠤ ᠰᠢᠶᠠᠨ ᠤ

ᠳᠠᠷᠤᠭ᠎ᠠ᠂ ᠵᠦᠸᠧᠽᠢ ᠰᠢᠶᠠᠨ ᠤ ᠨᠠᠮ ᠤᠨ ᠬᠤᠷᠢᠶᠠᠨ ᠤ ᠱᠦᠵᠢ ︵ᠰᠢᠶᠠᠨ ᠤ ᠨᠠᠮ ᠤᠨ ᠬᠤᠷᠢᠶᠠᠨ ᠤ

ᠪᠠᠶᠢᠩᠭᠤ ᠶᠢᠨ ᠭᠡᠰᠢᠭᠦᠨ︶᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ ᠪᠠᠶᠢᠪᠠ

2012.04 — 2015.12 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ

ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ

ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠰᠠᠭᠤᠭ᠎ᠠ ᠰᠠᠬᠢᠯᠭ᠎ᠠ

ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠪᠠᠶᠢᠪᠠ

2015.12 — 2017.01 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ

ᠪᠠᠶᠢᠴᠠᠭᠠᠬᠤ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠳᠤ ᠰᠠᠭᠤᠭ᠎ᠠ ᠪᠠᠶᠢᠭᠤᠯᠭ᠎ᠠ ᠶᠢᠨ

ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠪᠠᠶᠢᠪᠠ

2017.01 — 2017.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ

ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠪᠠᠶᠢᠪᠠ

2017.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ

ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ

ᠪᠠᠶᠢᠴᠠᠭᠠᠬᠤ ᠬᠤᠷᠢᠶᠠᠨ ᠤ ᠤᠰᠤᠨ ᠠᠰᠢᠭᠯᠠᠯᠲᠠ ᠶᠢᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ

ᠳᠤᠭᠤᠶᠢᠯᠠᠩ ᠤᠨ ᠳᠠᠷᠤᠭ᠎ᠠ ᠪᠤᠯᠤᠨ᠎ᠠ ᠪᠠᠶᠢᠪᠠ

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号