| ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠳᠤᠮᠳᠠ ᠵᠢᠵᠢᠭ ᠬᠡᠯᠪᠡᠷᠢ ᠶᠢᠨ | ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠠᠵᠢᠯ ᠤᠨ ᠲᠦᠷᠤ ᠶᠢᠨ ᠶᠠᠪᠤᠳᠠᠯ ᠤᠨ | ᠬᠤᠷᠢᠶ᠎ᠠ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ | ᠲᠦᠷᠤ ᠶᠢᠨ ᠶᠠᠪᠤᠳᠠᠯ ᠤᠨ ᠬᠤᠷᠢᠶᠠᠨ ᠤ ᠰᠤᠨᠢᠨ ᠮᠡᠳᠡᠬᠡᠨ ᠤ ᠠᠯᠪᠠᠨ ᠭᠡᠷ 2021 ᠣᠨ ᠤ 9 | ᠰᠠᠷ᠎ᠠ ᠶᠢᠨ 30 ᠤ ᠡᠳᠦᠷ ︵ᠭᠠᠷᠠᠭ ᠤᠨ ᠳᠥᠷᠪᠡᠨ︶ ᠤᠨ ᠦᠳᠡ ᠶᠢᠨ ᠬᠤᠶᠢᠨᠠᠬᠢ 3 ᠴᠠᠭ ᠲᠤ ᠲᠦᠷᠤ ᠶᠢᠨ | ᠶᠠᠪᠤᠳᠠᠯ ᠤᠨ ᠬᠤᠷᠢᠶ᠎ᠠ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ | ᠬᠢᠵᠦ᠂ ᠤᠰᠤᠨ ᠠᠰᠢᠭᠯᠠᠯᠳᠠ ᠶᠢᠨ ᠶᠠᠮᠤᠨ ᠤ ᠳᠡᠳ᠋ ᠰᠠᠶᠢᠳ ᠯᠢᠦ ᠸᠧᠶ ᠫᠢᠩ᠂ ᠠᠵᠢᠯᠯᠠᠭᠠᠨ ᠤ ᠬᠠᠮᠢᠶᠠᠷᠤᠯᠲᠠ ᠶᠢᠨ | ᠵᠤᠷᠭᠠᠨ ᠤ ᠳᠠᠷᠤᠭ᠎ᠠ ᠷᠤᠸᠠᠨ ᠯᠢ ᠮᠢᠨ᠂ ᠲᠥᠯᠥᠪᠵᠢᠭᠦᠯᠭᠡ ᠲᠥᠯᠥᠪᠯᠡᠭᠡ ᠶᠢᠨ ᠵᠤᠷᠭᠠᠨ ᠤ ᠳᠠᠷᠤᠭ᠎ᠠ ᠱᠢ ᠴᠦᠨ | ᠰᠢᠶᠠᠨ᠂ ᠡᠳ᠋ ᠤᠨ ᠶᠠᠪᠤᠳᠠᠯ ᠤᠨ ᠵᠤᠷᠭᠠᠨ ᠤ ᠳᠠᠷᠤᠭ᠎ᠠ ᠶᠠᠩ ᠰᠢᠨ ᠢᠦᠶ ᠶᠢ ᠤᠷᠢᠵᠤ ᠳᠤᠮᠳᠠ ᠵᠢᠵᠢᠭ | ᠬᠡᠯᠪᠡᠷᠢ ᠶᠢᠨ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠠᠵᠢᠯ ᠤᠨ ᠬᠤᠯᠪᠣᠭᠳᠠᠯ | ᠪᠥᠬᠦᠶ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠦᠰᠦᠭ ᠪᠢᠴᠢᠭ ᠤᠨ ᠰᠢᠭᠤᠳ ᠨᠡᠪᠲᠡᠷᠡᠭᠦᠯᠭᠡ | ᠲᠦᠷᠤ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠤᠨ ᠰᠣᠨᠢᠨ ᠮᠡᠳᠡᠭᠡᠨ ᠤ | ᠲᠤᠪᠴᠢᠶ᠎ᠡ ᠶᠢᠨ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠰᠢᠩ ᠬᠤᠢ ᠨᠠ᠄ | ᠵᠠᠭᠤᠴᠢᠯᠠᠭᠤᠷ ᠤᠨ ᠡᠷᠬᠢᠮ ᠨᠠᠶᠢᠵᠠ ᠨᠠᠷ ᠡ᠂ ᠤᠯᠠᠨ ᠢᠶᠠᠷ ᠢᠶᠠᠨ ᠰᠠᠶᠢᠢᠨ ᠪᠠᠶᠢᠵᠠᠭᠠᠨ᠎ᠠ ᠤᠤ︕ | ᠲᠦᠷᠤ ᠶᠢᠨ ᠶᠠᠪᠤᠳᠠᠯ ᠤᠨ ᠬᠤᠷᠢᠶᠠᠨ ᠤ ᠲᠦᠷᠦ ᠶᠢᠨ ᠪᠤᠳᠤᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ | ᠨᠡᠶᠢᠲᠡᠯᠡᠬᠦ ᠬᠤᠷᠠᠯ ᠳᠤ ᠣᠷᠣᠯᠴᠠᠬᠤ ᠶᠢ ᠪᠠᠶᠠᠷᠯᠠᠨ ᠤᠭᠲᠤᠶ᠎ᠠ᠃ ᠤᠶᠢᠢᠷ᠎ᠠ ᠳᠤ ᠲᠦᠷᠤ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯ ᠠᠴᠠ ᠳᠤᠮᠳᠠ ᠵᠢᠵᠢᠭ ᠬᠡᠯᠪᠡᠷᠢ ᠶᠢᠨ ᠠᠶᠤᠯᠲᠠᠶ ᠤᠰᠤᠨ ᠴᠥᠭᠦᠷᠥᠮ ᠤᠨ | ᠠᠶᠤᠯ ᠢ ᠠᠷᠢᠯᠭᠠᠨ ᠪᠠᠬᠢᠵᠢᠭᠦᠯᠬᠦ᠂ ᠤᠰᠤ ᠬᠠᠩᠭᠠᠬᠤ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠪᠠᠶᠢᠷᠢᠯᠠᠭᠤᠯᠤᠯᠲᠠ ᠬᠢᠪᠡ᠂ ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ | ᠬᠤᠷᠠᠯ ᠨᠢ ᠭᠤᠣᠯᠳᠠᠭᠤ ᠤᠯᠠᠨ ᠳᠤ ᠡᠨᠡ ᠲᠠᠯ᠎ᠠ ᠶᠢᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠤᠯᠠᠨ ᠤ | ᠰᠣᠨᠢᠷᠬᠠᠯ ᠲᠠᠢ ᠠᠰᠠᠭᠤᠯᠲᠠ ᠳᠤ ᠬᠠᠷᠢᠭᠤᠯᠲᠠ ᠥᠭᠴᠡᠢ᠃ ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ | ᠤᠰᠤᠨ ᠠᠰᠢᠭᠯᠠᠯᠳᠠ ᠶᠢᠨ ᠶᠠᠮᠤᠨ ᠤ ᠳᠡᠳ᠋ ᠰᠠᠶᠢᠳ ᠯᠢᠦ ᠸᠧᠶ ᠫᠢᠩ ᠠᠪᠤᠭᠠᠶ᠂ ᠠᠵᠢᠯᠯᠠᠭᠠᠨ ᠤ | ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠷᠤᠸᠠᠨ ᠯᠢ ᠮᠢᠨ ᠠᠪᠤᠭᠠᠶ᠂ ᠲᠥᠯᠥᠪᠵᠢᠭᠦᠯᠭᠡ ᠲᠥᠯᠥᠪᠯᠡᠭᠡ ᠶᠢᠨ | ᠵᠤᠷᠭᠠᠨ ᠤ ᠳᠠᠷᠤᠭ᠎ᠠ ᠱᠢ ᠴᠦᠨ ᠰᠢᠶᠠᠨ ᠠᠪᠤᠭᠠᠶ᠂ ᠡᠳ᠋ ᠤᠨ ᠶᠠᠪᠤᠳᠠᠯ ᠤᠨ ᠵᠤᠷᠭᠠᠨ ᠤ ᠳᠠᠷᠤᠭ᠎ᠠ ᠶᠠᠩ ᠰᠢᠨ | ᠢᠦᠶ ᠠᠪᠤᠭᠠᠶ ᠣᠷᠣᠯᠴᠠᠪᠠ᠃ | ᠶᠠᠭᠤᠨ ᠤ ᠤᠷᠢᠲᠠ᠂ ᠪᠢᠳᠡ ᠯᠢᠦ ᠸᠧᠶ ᠫᠢᠩ ᠠᠪᠤᠭᠠᠶ ᠶᠢ ᠤᠷᠢᠵᠤ ᠪᠠᠶᠢᠳᠠᠯ ᠢ ᠲᠠᠨᠢᠯᠴᠠᠭᠤᠯᠤᠶ᠎ᠠ᠃ | 2021-09-30᠂ 15: 00: 54 | ᠤᠰᠤᠨ ᠠᠰᠢᠭᠯᠠᠯᠳᠠ ᠶᠢᠨ ᠶᠠᠮᠤᠨ ᠤ ᠳᠡᠳ᠋ ᠰᠠᠶᠢᠳ ᠯᠢᠦ ᠸᠧᠶ ᠫᠢᠩ᠄ | ᠠᠪᠠᠭ᠋ᠠᠢ ᠨᠠᠷ᠂ ᠠᠪᠤᠭᠠᠢ ᠨᠠᠷ᠂ ᠰᠤᠷᠪᠤᠯᠵᠢᠯᠠᠭᠴᠢ ᠨᠠᠶᠢᠵᠠ ᠨᠠᠷ ᠡ᠂ ᠰᠠᠶᠢᠢᠨ ᠪᠠᠶᠢᠵᠠᠭᠠᠨ᠎ᠠ ᠤᠤ︕ ᠶᠠᠭᠤᠨ ᠤ | ᠡᠮᠦᠨ᠎ᠡ᠂ ᠪᠢ ᠤᠰᠤᠨ ᠠᠰᠢᠭᠯᠠᠯᠳᠠ ᠶᠢᠨ ᠶᠠᠮᠤᠨ ᠢ ᠲᠥᠯᠥᠭᠡᠯᠡᠵᠦ ᠲᠠ ᠪᠦᠬᠦᠨ ᠤ ᠤᠰᠤᠨ ᠠᠰᠢᠭᠯᠠᠯᠲᠠ ᠶᠢᠨ | ᠦᠢᠯᠡᠰ ᠤᠨ ᠬᠥᠭᠵᠢᠯᠲᠡ᠂ ᠤᠰᠤᠨ ᠠᠰᠢᠭᠯᠠᠯᠲᠠ ᠶᠢᠨ ᠠᠵᠢᠯ ᠢ ᠬᠠᠯᠠᠮᠵᠢᠯᠠᠨ ᠳᠡᠮᠵᠢᠭᠰᠡᠨ ᠳᠤ ᠴᠢᠩ | ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠶ᠎ᠡ | ᠤᠰᠤᠨ ᠴᠥᠭᠦᠷᠥᠮ ᠪᠣᠯ ᠴᠢᠬᠤᠯᠠ ᠰᠠᠭᠤᠷᠢ ᠲᠥᠬᠦᠭᠡᠷᠦᠮᠵᠢ ᠮᠥᠨ᠃ ᠤᠰᠤᠨ ᠴᠥᠭᠦᠷᠥᠮ ᠨᠢ ᠠᠵᠤ | ᠠᠬᠤᠶ ᠨᠡᠶᠢᠭᠡᠮ ᠤᠨ ᠬᠥᠭᠵᠢᠯᠲᠡ ᠳᠤ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠬᠤᠯᠪᠣᠭᠳᠠᠨ᠎ᠠ᠂ | ᠦᠶᠡᠷ ᠢ ᠰᠡᠷᠭᠡᠶᠢᠯᠡᠬᠦ᠂ ᠤᠰᠤ ᠬᠠᠩᠭᠠᠬᠤ᠂ ᠴᠠᠬᠢᠯᠭᠠᠨ ᠭᠠᠷᠭᠠᠬᠤ᠂ ᠠᠮᠢ ᠠᠬᠤᠶ ᠵᠡᠷᠭᠡ ᠳᠤ ᠴᠢᠬᠤᠯᠠ | ᠲᠤᠯᠭᠠᠭᠤᠷᠢᠯᠠᠬᠤ ᠴᠢᠨᠠᠷᠲᠠᠶ ᠦᠢᠯᠡᠳᠦᠯ ᠲᠠᠢ ᠪᠠᠶᠢᠳᠠᠭ᠃ ᠤᠰᠤᠨ ᠴᠥᠭᠦᠷᠥᠮ ᠤᠨ ᠠᠮᠤᠷ ᠲᠦᠪᠰᠢᠨ ᠤ ᠠᠰᠠᠭᠤᠳᠠᠯ | ᠨᠢ ᠠᠷᠠᠳ ᠣᠯᠠᠨ ᠤ ᠠᠮᠢ ᠨᠠᠰᠤ ᠡᠳ᠋ ᠬᠥᠷᠦᠩᠭᠡ ᠶᠢᠨ ᠠᠮᠤᠷ ᠲᠦᠪᠰᠢᠨ ᠳᠤ ᠬᠤᠯᠪᠣᠭᠳᠠᠵᠤ᠂ ᠣᠯᠠᠨ | ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠂ ᠡᠶᠢᠮᠦ ᠠᠴᠠ ᠡᠨᠡ ᠬᠦ ᠠᠰᠠᠭᠤᠳᠠᠯ ᠨᠢ ᠨᠡᠶᠢᠭᠡᠮ ᠤᠨ | ᠡᠯ᠎ᠡ ᠡᠲᠡᠭᠡᠳ ᠤᠨ ᠬᠢᠨ ᠤ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠨᠠᠮ ᠤᠨ ᠲᠥᠪ ᠬᠤᠷᠢᠶ᠎ᠠ᠂ ᠲᠦᠷᠤ ᠶᠢᠨ | ᠶᠠᠪᠤᠳᠠᠯ ᠤᠨ ᠬᠤᠷᠢᠶ᠎ᠠ ᠤᠰᠤᠨ ᠴᠥᠭᠦᠷᠥᠮ ᠤᠨ ᠠᠮᠤᠷ ᠲᠦᠪᠰᠢᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ | ᠥᠭᠴᠦ᠂ ᠮᠠᠨ ᠤ ᠤᠯᠤᠰ ᠤᠨ ᠤᠳᠤ ᠶᠢᠨ ᠪᠠᠶᠢᠭ᠎ᠠ ᠤᠰᠤᠨ ᠴᠥᠭᠦᠷᠥᠮ ᠤᠨ ᠲᠤᠭ᠎ᠠ ᠬᠡᠮᠵᠢᠡᠶ᠎ᠡ ᠤᠯᠠᠨ᠂ ᠥᠨᠳᠥᠷ | ᠬᠠᠰᠢᠯᠭ᠎ᠠ ᠤᠯᠠᠨ᠂ ᠠᠶᠤᠯᠲᠡᠶ ᠬᠥᠮᠥᠷᠭᠡ ᠤᠯᠠᠨ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠤᠳᠤ ᠶᠢᠨ ᠪᠠᠶᠢᠭ᠎ᠠ ᠤᠰᠤᠨ ᠴᠥᠭᠦᠷᠥᠮ ᠤᠨ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ | ᠬᠤᠷᠠᠯ ᠠᠴᠠ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠨᠡᠩ ᠥᠨᠳᠥᠷ | ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠳᠦᠭᠡᠨ ᠪᠠᠶᠢᠭᠤᠯᠤᠨ᠂ ᠠᠷᠠᠳ ᠤᠯᠠᠨ ᠤ ᠠᠮᠢ | ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠶᠤᠯᠲᠠᠶ ᠤᠰᠤᠨ | ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ᠋ᠢ ᠲᠦᠷᠭᠡᠳᠬᠡᠵᠦ᠂ ᠤᠳᠤ ᠶᠢᠨ ᠪᠠᠶᠢᠭ᠎ᠠ ᠤᠰᠤᠨ | ᠠᠰᠢᠭᠯᠠᠯᠲᠠ ᠶᠢᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ ᠭᠡᠵᠦ | ᠲᠣᠳᠣᠷᠬᠠᠶᠢᠯᠠᠪᠠ᠃ 2020 ᠣᠨ ᠤ 11 ᠰᠠᠷ᠎ᠠ ᠶᠢᠨ 18 ᠤ ᠡᠳᠦᠷ ᠶᠡᠷᠦᠩᠬᠡᠶ ᠰᠠᠶᠢᠳ ᠯᠢ ᠺᠤ ᠴᠢᠶᠠᠩ | ᠲᠦᠷᠤ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠤᠯᠲᠠᠶ ᠤᠰᠤᠨ | ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ 2025 ᠣᠨ ᠤ | ᠵᠢᠯ ᠤᠨ ᠡᠴᠦᠰ ᠪᠣᠯᠬᠤ ᠳᠤ᠂ ᠣᠲᠣ ᠶᠢᠨ ᠪᠠᠶᠢᠭ᠎ᠠ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ | ᠪᠠᠬᠢᠵᠢᠭᠦᠯᠬᠦ ᠠᠵᠢᠯ ᠢ ᠪᠦᠬᠦᠨ ᠢ ᠪᠡᠶᠡᠯᠡᠭᠦᠯᠵᠦ᠂ ᠰᠢᠨ᠎ᠡ ᠪᠠᠷ ᠨᠡᠮᠡᠭᠳᠡᠭᠰᠡᠨ ᠠᠶᠤᠯᠲᠠᠶ ᠤᠰᠤᠨ ᠴᠥᠭᠦᠷᠥᠮ ᠤᠨ | ᠠᠶᠤᠯ ᠢ ᠴᠠᠭ ᠲᠤᠬᠠᠶ ᠳᠤᠨᠢ ᠠᠷᠢᠯᠭᠠᠨ ᠪᠠᠬᠢᠵᠢᠭᠦᠯᠬᠦ ᠬᠡᠷᠡᠭᠲᠡᠶ ᠭᠡᠵᠦ ᠱᠠᠭᠠᠷᠳᠠᠪᠠ᠃ ᠡᠨᠡ ᠵᠢᠯ ᠤᠨ 3 ᠰᠠᠷ᠎ᠠ ᠶᠢᠨ | 24 ᠤ ᠡᠳᠦᠷ᠂ ᠲᠦᠷᠤ ᠶᠢᠨ ᠶᠠᠪᠤᠳᠠᠯ ᠤᠨ ᠬᠤᠷᠢᠶᠡᠨ ᠤ ᠠᠯᠪᠠᠨ ᠲᠢᠩᠬᠢᠮ ︽ᠤᠰᠤᠨ ᠴᠥᠭᠦᠷᠥᠮ ᠤᠨ ᠠᠶᠤᠯ ᠢ | ᠠᠷᠢᠯᠭᠠᠨ ᠪᠠᠬᠢᠵᠢᠭᠦᠯᠬᠦ ᠪᠠ ᠠ ᠠᠵᠢᠯᠯᠠᠭ᠎ᠠ ᠶᠢ ᠬᠠᠮᠢᠶᠠᠷᠤᠨ ᠬᠠᠮᠠᠭᠠᠯᠠᠬᠤ ᠠᠵᠢᠯ ᠢ ᠦᠨᠡᠨ ᠬᠦ ᠴᠢᠩᠭᠠᠳᠬᠠᠬᠤ | ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠡᠨᠡ ᠵᠢᠯ ᠤᠨ 9 ᠰᠠᠷ᠎ᠠ ᠶᠢᠨ 22 ᠤᠨ ᠡᠳᠦᠷ ᠶᠡᠷᠦᠩᠬᠡᠶ | ᠰᠠᠶᠢᠳ ᠯᠢ ᠺᠤ ᠴᠢᠶᠠᠩ ᠲᠦᠷᠤ ᠶᠢᠨ ᠶᠠᠪᠤᠳᠠᠯ ᠤᠨ ᠬᠤᠷᠢᠶᠠᠨ ᠤ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠳᠤᠮᠳᠠ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ | ᠠᠵᠢᠯ ᠢ ᠪᠠᠶᠢᠷᠢᠯᠠᠭᠤᠯᠵᠠᠶ᠃ | ᠮᠠᠨ ᠤ ᠤᠯᠤᠰ ᠤᠨ ᠤᠰᠤᠨ ᠴᠥᠭᠦᠷᠥᠮ ᠤᠨ ᠶᠡᠭᠡ ᠬᠠᠰᠢᠯᠭ᠎ᠠ ᠳᠤ ︽ᠵᠢᠷᠭᠤᠭᠠᠨ ᠠᠷᠪᠢᠨ︾ ᠤ | ᠣᠨᠴᠠᠯᠢᠭ ᠲᠠᠢ᠃ ᠨᠢᠭᠡᠳᠦᠭᠡᠷ ᠲᠤ᠂ ᠶᠡᠷᠦᠩᠬᠡᠶ ᠬᠡᠮᠵᠢᠶ᠎ᠡ ᠨᠢ ᠠᠷᠪᠢᠨ᠃ ᠮᠠᠨ ᠤ ᠤᠯᠤᠰ ᠲᠤ ᠣᠳᠣ 9.8 ᠲᠦᠮᠡᠨ | ᠤᠰᠤᠨ ᠴᠥᠭᠦᠷᠥᠮ ᠪᠠᠶᠢᠵᠤ᠂ ᠳᠡᠯᠡᠬᠡᠶ ᠳᠡᠭᠡᠷᠡᠬᠢ ᠤᠰᠤᠨ ᠴᠥᠭᠦᠷᠥᠮ ᠤᠨ ᠶᠡᠭᠡ ᠬᠠᠰᠢᠯᠭ᠎ᠠ ᠪᠠᠷ ᠬᠠᠮᠤᠭ ᠤᠨ | ᠣᠯᠠᠨ ᠤᠯᠤᠰ ᠪᠣᠯᠤᠨ᠎ᠠ᠃ ᠬᠤᠶᠠᠳᠤᠭᠠᠷ ᠲᠤ᠂ ᠵᠢᠵᠢᠭ ᠤᠰᠤᠨ ᠴᠥᠭᠦᠷᠥᠮ ᠠᠷᠪᠢᠨ᠃ ᠮᠠᠨ ᠤ ᠤᠯᠤᠰ ᠤᠨ | ᠣᠲᠣ ᠶᠢᠨ ᠪᠠᠶᠢᠭ᠎ᠠ ᠤᠰᠤᠨ ᠴᠥᠭᠦᠷᠥᠮ ᠤᠨ 95% ᠶᠢᠨ ᠤᠰᠤᠨ ᠴᠥᠭᠦᠷᠥᠮ ᠪᠣᠯ ᠵᠢᠵᠢᠭ ᠬᠡᠯᠪᠡᠷᠢ ᠶᠢᠨ | ᠤᠰᠤᠨ ᠴᠥᠭᠦᠷᠥᠮ ᠪᠣᠯᠤᠨ᠎ᠠ᠃ ᠭᠤᠷᠪᠠᠳᠤᠭᠠᠷ ᠲᠤ᠂ ᠡ ᠠᠶᠤᠯᠲᠠᠶ ᠤᠰᠤᠨ ᠴᠥᠭᠦᠷᠥᠮ ᠤᠯᠠᠨ ᠪᠠᠶᠢᠳᠠᠭ᠃ ᠲᠤᠰ | ᠵᠠᠭᠤᠨ ᠤ ᠡᠬᠢᠨ ᠤ ᠦᠶ᠎ᠡ ᠠᠴᠠ ᠡᠬᠢᠯᠡᠨ᠂ ᠪᠢᠳᠡ ᠶᠡᠭᠡ ᠬᠡᠪᠴᠢᠶᠡᠨ ᠤ ᠤᠰᠤᠨ ᠴᠥᠭᠦᠷᠥᠮ ᠤᠨ ᠠᠶᠤᠯ ᠢ ᠠᠷᠢᠯᠭᠠᠨ | ᠪᠠᠬᠢᠵᠢᠭᠦᠯᠬᠦ ᠠᠵᠢᠯ ᠢ ᠥᠷᠨᠢᠭᠦᠯᠵᠦ᠂ ᠤᠰᠤᠨ ᠴᠥᠭᠦᠷᠥᠮ ᠤᠨ ᠠᠮᠤᠷ ᠲᠦᠪᠰᠢᠨ ᠢ ᠬᠦᠴᠦᠲᠡᠶ ᠪᠥᠭᠡᠳ | ᠪᠦᠲᠦᠮᠵᠢᠲᠡᠶ ᠪᠠᠷ ᠪᠠᠲᠤᠯᠠᠪᠠ᠃ ᠭᠡᠪᠡᠴᠦ ᠣᠲᠣ ᠪᠣᠯᠲᠠᠯ᠎ᠠ ᠪᠠᠰᠠ ᠶᠡᠭᠡ ᠬᠡᠮᠵᠢᠶᠡᠨ ᠤ ᠠᠶᠤᠯᠲᠠᠶ ᠤᠰᠤᠨ | ᠴᠥᠭᠦᠷᠥᠮ ᠪᠠᠶᠢᠭᠰᠠᠭᠠᠷ᠃ ᠳᠥᠷᠪᠡᠳᠦᠭᠡᠷ ᠲᠤ᠂ ᠰᠢᠷᠣᠶ ᠴᠢᠯᠠᠭᠤᠨ ᠬᠠᠰᠢᠯᠭ᠎ᠠ ᠠᠷᠪᠢᠨ᠃ ᠮᠠᠨ ᠤ ᠤᠯᠤᠰ ᠤᠨ ᠶᠡᠭᠡ | ᠬᠠᠰᠢᠯᠭ᠎ᠠ ᠶᠢᠨ ᠲᠥᠷᠥᠯ ᠳᠤ 92% ᠨᠢ ᠰᠢᠷᠣᠶ ᠴᠢᠯᠠᠭᠤᠨ ᠬᠠᠰᠢᠯᠭ᠎ᠠ ᠪᠣᠯᠤᠨ᠎ᠠ᠃ ᠮᠠᠨ ᠤ ᠤᠯᠤᠰ ᠤᠨ | ᠥᠩᠭᠡᠷᠡᠭᠰᠡᠨ ᠳᠤ ᠬᠠᠰᠢᠯᠭ᠎ᠠ ᠶᠢ ᠰᠡᠲᠡᠯᠦᠭᠰᠡᠨ ᠬᠠᠰᠢᠯᠭ᠎ᠠ ᠶᠢᠨ ᠬᠡᠯᠪᠡᠷᠢ ᠪᠠ ᠠᠶᠤᠯ ᠳᠤ ᠤᠴᠠᠷᠠᠭᠰᠠᠨ | ᠬᠠᠰᠢᠯᠭ᠎ᠠ ᠶᠢᠨ ᠬᠡᠯᠪᠡᠷᠢ ᠶᠢᠨ ᠵᠣᠩᠬᠢᠯᠠᠬᠤ ᠣᠯᠠᠩᠬᠢ ᠨᠢ ᠰᠢᠷᠣᠶ ᠴᠢᠯᠠᠭᠤᠨ ᠬᠠᠰᠢᠯᠭ᠎ᠠ ᠶᠢᠨ ᠲᠥᠷᠥᠯ ᠪᠣᠯᠤᠨ᠎ᠠ᠃ | ᠲᠠᠪᠤᠳᠤᠭᠠᠷ ᠲᠤ᠂ ᠬᠠᠭᠤᠴᠢᠨ ᠬᠠᠰᠢᠯᠭ᠎ᠠ ᠠᠷᠪᠢᠨ᠃ ᠮᠠᠨ ᠤ ᠤᠯᠤᠰ ᠤᠨ ᠤᠳᠤ ᠶᠢᠨ ᠪᠠᠶᠢᠭ᠎ᠠ ᠤᠰᠤᠨ | ᠴᠥᠭᠦᠷᠥᠮ ᠤᠨ ᠬᠠᠰᠢᠯᠭ᠎ᠠ ᠶᠢᠨ 80% ᠶᠢ ᠳᠡᠭᠡᠷ᠎ᠡ ᠵᠠᠭᠤᠨ ᠤ ᠲᠠᠪᠢᠭᠠᠳ ᠣᠨ ᠠᠴᠠ ᠳᠠᠯᠠᠭᠠᠳ ᠣᠨ ᠤ | ᠦᠶ᠎ᠡ ᠳᠤ ᠪᠠᠶᠢᠭᠤᠯᠤᠭᠰᠠᠨ ᠶᠤᠮ᠃ ᠵᠢᠷᠭᠤᠳᠤᠭᠠᠷ ᠲᠤ᠂ ᠥᠨᠳᠥᠷ ᠬᠠᠰᠢᠯᠭ᠎ᠠ ᠠᠷᠪᠢᠨ᠃ ᠪᠦᠬᠦ ᠲᠡᠯᠡᠭᠡᠢ ᠨᠢᠭᠡᠨᠲᠡ | 200 ᠮᠧᠲᠷ ᠠᠴᠠ ᠳᠡᠭᠡᠭᠰᠢᠬᠢ ᠥᠨᠳᠥᠷ ᠬᠠᠰᠢᠯᠭ᠎ᠠ 77 ᠪᠠᠶᠢᠵᠤ᠂ ᠳᠤᠮᠳᠠᠳᠤ ᠤᠯᠤᠰ ᠲᠤ 20 ᠪᠠᠶᠢᠵᠤ᠂ | 26% ᠶᠢ ᠡᠵᠡᠯᠡᠵᠦ᠂ ᠨᠢᠭᠡᠳᠦᠭᠡᠷ ᠲᠤ ᠵᠢᠭᠰᠠᠭᠠᠭᠳᠠᠵᠠᠶ︔ ᠪᠠᠶᠢᠭᠤᠯᠵᠤ ᠪᠠᠶᠢᠭ᠎ᠠ 200 ᠮᠧᠲᠷ ᠠᠴᠠ ᠳᠡᠭᠡᠭᠰᠢᠬᠢ | ᠥᠨᠳᠥᠷ ᠬᠠᠰᠢᠯᠭ᠎ᠠ ᠳᠤ ᠪᠦᠬᠦ ᠲᠡᠯᠡᠭᠡᠢ 22 ᠰᠠᠭᠤᠷᠢ ᠬᠠᠰᠢᠯᠭ᠎ᠠ ᠶᠢ ᠪᠠᠶᠢᠭᠤᠯᠵᠤ ᠪᠠᠶᠢᠨ᠎ᠠ᠂ ᠳᠤᠮᠳᠠᠳᠤ ᠤᠯᠤᠰ ᠲᠤ | 15 ᠰᠠᠭᠤᠷᠢ ᠬᠠᠰᠢᠯᠭ᠎ᠠ ᠶᠢ ᠪᠠᠶᠢᠭᠤᠯᠵᠤ᠂ 68% ᠶᠢ ᠡᠵᠡᠯᠡᠨ᠎ᠡ᠂ ᠮᠥᠨ ᠴᠦ ᠨᠢᠭᠡᠳᠦᠭᠡᠷ ᠲᠤ ᠵᠢᠭᠰᠠᠭᠠᠭᠳᠠᠵᠤ | ᠪᠠᠶᠢᠨ᠎ᠠ᠃ | ᠵᠢᠵᠢᠭ ᠤᠰᠤᠨ ᠴᠥᠭᠦᠷᠥᠮ᠂ ᠠᠶᠤᠯᠲᠠᠶ ᠤᠰᠤᠨ ᠴᠥᠭᠦᠷᠥᠮ᠂ ᠰᠢᠷᠣᠶ ᠴᠢᠯᠠᠭᠤᠨ ᠬᠠᠰᠢᠯᠭ᠎ᠠ ᠪᠠ | ᠬᠠᠭᠤᠴᠢᠨ ᠬᠠᠰᠢᠯᠭ᠎ᠠ ᠳᠠᠪᠬᠤᠴᠠᠭᠰᠠᠨ ᠤ ᠳᠡᠭᠡᠷ᠎ᠡ ᠮᠠᠨ ᠤ ᠤᠯᠤᠰ ᠤᠨ ᠦᠢᠷ᠎ᠠ ᠶᠢᠨ ᠵᠢᠯ ᠤᠳ ᠲᠤ ᠰᠢᠷᠦᠭᠦᠨ | ᠪᠣᠷᠣᠭᠠᠨ ᠤᠷᠤᠭᠰᠠᠨ ᠵᠡᠷᠭᠡ ᠣᠨᠴᠠᠭᠠᠢ ᠴᠠᠭ ᠠᠭᠤᠷ ᠤᠨ ᠨᠡᠮᠡᠭᠳᠡᠯ ᠠᠴᠠ ᠪᠤᠯᠵᠤ᠂ ᠤᠰᠤᠨ ᠴᠥᠭᠦᠷᠥᠮ ᠤᠨ | ᠠᠶᠤᠯᠭᠦᠶ ᠶᠢᠨ ᠠᠰᠠᠭᠤᠳᠠᠯ ᠬᠦᠨᠳᠦ ᠨᠣᠴᠢᠲᠠᠶ ᠠᠶᠤᠯ ᠲᠦᠭᠰᠢᠭᠦᠷᠢ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠃ | ᠤᠰᠤᠨ ᠠᠰᠢᠭᠯᠠᠯᠳᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠶᠠᠮᠤᠨ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠠᠮ ᠤᠨ ᠲᠥᠪ ᠬᠤᠷᠢᠶ᠎ᠠ᠂ ᠲᠦᠷᠤ ᠶᠢᠨ | ᠶᠠᠪᠤᠳᠠᠯ ᠤᠨ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠦᠷᠤ ᠶᠢᠨ ᠶᠠᠪᠤᠳᠠᠯ ᠤᠨ ᠬᠤᠷᠢᠶᠡᠨ ᠤ ᠠᠯᠪᠠᠨ ᠲᠢᠩᠬᠢᠮ ᠶᠢᠨ ︽ᠮᠡᠳᠡᠭᠳᠡᠯ︾ ᠤᠨ | ᠱᠠᠭᠠᠷᠳᠠᠯᠭ᠎ᠠ ᠶᠣᠰᠣᠭᠠᠷ᠂ ᠬᠠᠷᠠᠯᠲᠠ ᠶᠢᠨ ᠡᠭᠦᠷᠭᠡ ᠪᠠᠨ ᠨᠠᠷᠢᠯᠢᠬᠵᠢᠭᠤᠯᠤᠨ᠂ ᠪᠠᠯᠠ ᠮᠥᠩᠭᠦ ᠶᠢᠨ ᠳᠡᠮᠵᠢᠯᠭᠡ ᠪᠠᠨ | ᠨᠡᠮᠡᠭᠳᠡᠭᠦᠯᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠡᠯ᠎ᠡ ᠭᠠᠵᠠᠷ ᠤᠨ ᠠᠶᠤᠯᠲᠠᠶ ᠤᠰᠤᠨ | ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ | ᠰᠢᠪᠠᠳᠠᠵᠤ᠂ ᠢᠳᠡᠪᠬᠢᠲᠡᠶ ᠠᠬᠢᠴᠠ ᠲᠠᠢ ᠪᠣᠯᠪᠠ᠃ ᠨᠢᠭᠡ ᠳᠤ ᠬᠠᠷᠢᠶᠠᠯᠠᠭᠳᠠᠬᠤ ᠭᠠᠵᠠᠷ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ᠃ ᠲᠦᠷᠤ ᠶᠢᠨ ᠶᠠᠪᠤᠳᠠᠯ ᠤᠨ ᠬᠤᠷᠢᠶᠡᠨ ᠤ ᠠᠯᠪᠠᠨ ᠲᠢᠩᠬᠢᠮ ᠤᠨ ︽ᠮᠡᠳᠡᠭᠳᠡᠯ︾ ᠳᠤ᠂ ︽ | ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠲᠣᠰ ᠬᠠᠷᠢᠶ᠎ᠠ ᠣᠷᠣᠨ ᠤ ᠠᠶᠤᠯᠲᠠᠶ ᠤᠰᠤᠨ | ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠨ᠎ᠡ︾ ᠭᠡᠵᠦ ᠱᠠᠭᠠᠷᠳᠠᠭᠰᠠᠨ | ᠪᠥᠭᠡᠳ ᠡᠯ᠎ᠡ ᠭᠠᠵᠠᠷ ᠤᠨ ᠬᠢᠨ ᠴᠥᠮ ︽ᠮᠤᠵᠢ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠬᠤᠲᠠ ᠰᠢᠶᠠᠨ | ᠨᠠᠶᠢᠳᠠᠪᠤᠷᠢᠵᠢᠭᠤᠯᠤᠯᠲᠠ ᠶᠢ ᠠᠳᠬᠤᠬᠤ︾ ᠠᠵᠢᠯ ᠤᠨ ᠲᠣᠭᠲᠠᠴᠠ ᠶᠢ ᠪᠠᠶᠢᠭᠤᠯᠤᠭᠰᠠᠨ ᠪᠠᠶᠢᠨ᠎ᠠ᠃ ᠬᠤᠶᠠᠷ ᠲᠤ | ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠢᠬᠢᠵᠢᠭᠦᠯᠬᠦ ᠠᠵᠢᠯ ᠤᠨ ᠬᠡᠷᠡᠭᠵᠢᠭᠦᠯᠬᠦ | ᠲᠥᠰᠦᠯ︾ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠷᠠᠯᠲᠠ ᠶᠢᠨ ᠡᠭᠦᠷᠭᠡ ᠪᠠ ᠵᠢᠯ ᠤᠨ ᠲᠥᠯᠦᠪᠯᠡᠯᠭᠡ | ᠶᠢ ᠵᠠᠳᠠᠯᠤᠨ ᠨᠠᠶᠢᠳᠠᠪᠤᠷᠢᠵᠢᠭᠤᠯᠪᠠ᠃ ᠭᠤᠷᠪᠠ ᠳᠤ ᠬᠡᠷᠡᠭᠵᠢᠭᠦᠯᠦᠯᠲᠡ ᠶᠢ ᠲᠦᠷᠭᠡᠪᠴᠢᠯᠡᠨ ᠲᠦᠯᠬᠢᠨ ᠠᠬᠢᠭᠤᠯᠤᠨ᠎ᠠ᠃ | ᠡᠯ᠎ᠡ ᠭᠠᠵᠠᠷ ᠤᠨ ᠬᠢᠨ ᠠᠵᠢᠯ ᠡᠬᠢᠯᠡᠭᠦᠯᠦᠭᠰᠡᠨ ᠨᠤᠷᠮ᠎ᠠ᠂ ᠠᠵᠢᠯ ᠳᠠᠭᠤᠰᠬᠠᠭᠰᠠᠨ ᠨᠤᠷᠮ᠎ᠠ ᠶᠢ ᠴᠢᠩᠭ᠎ᠠ ᠠᠳᠬᠤᠵᠤ᠂ | ᠡ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠬᠤ ᠪᠠᠬᠢᠵᠢᠭᠦᠯᠬᠦ ᠢᠨᠵᠧᠨᠧᠷᠢᠩ ᠤᠨ ᠪᠥᠳᠥᠭᠡᠨ | ᠪᠠᠶᠢᠭᠤᠯᠤᠯᠲᠠ ᠶᠢ ᠲᠦᠷᠭᠡᠳᠬᠡᠪᠡ᠃ ᠲᠦᠷᠪᠡ ᠳᠤ ᠠᠶᠤᠯᠭᠦᠢ ᠠᠷᠭ᠎ᠠ ᠬᠡᠮᠵᠢᠶ᠎ᠡ ᠶᠠᠪᠤᠳᠠᠯ ᠢ ᠨᠠᠶᠢᠳᠠᠪᠤᠷᠢᠵᠢᠭᠤᠯᠤᠨ᠎ᠠ᠃ | ᠠᠶᠤᠯᠲᠠᠶ ᠤᠰᠤᠨ ᠴᠥᠭᠦᠷᠥᠮ ᠤᠨ ᠦᠶᠡᠷ ᠢ ᠥᠩᠭᠡᠷᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠤᠰᠤᠨ | ᠴᠥᠭᠦᠷᠥᠮ ᠤᠨ ᠲᠦᠭᠰᠢᠭᠦᠷᠢᠲᠦ ᠪᠠᠶᠢᠳᠠᠯ ᠤᠨ ᠪᠠᠴᠢᠮ ᠵᠦᠢᠯ ᠢ ᠠᠷᠭᠠᠴᠠᠨ ᠰᠢᠶᠳᠪᠦᠷᠢᠯᠡᠬᠦ ᠲᠣᠭᠲᠠᠴᠠ ᠶᠢ | ᠲᠡᠭᠦᠯᠳᠡᠷᠵᠢᠭᠦᠯᠦᠨ᠂ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠨ᠎ᠠ᠃ | ᠣᠳᠣᠬᠠᠨ ᠪᠣᠯᠲᠠᠯ᠎ᠠ᠂ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠠᠵᠢᠯ ᠶᠡᠷᠦᠩᠬᠡᠶ ᠳᠡᠭᠡᠨ | ᠤᠷᠤᠭᠰᠢᠲᠠᠶ ᠶᠠᠪᠤᠭᠳᠠᠵᠤ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠳᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠦᠷᠭᠦᠯᠵᠢᠯᠡᠨ ᠡᠯ᠎ᠡ ᠭᠠᠵᠠᠷ ᠤᠨ ᠪᠠᠯᠠ ᠮᠥᠩᠭᠦ ᠶᠢᠨ | ᠣᠷᠣᠭᠤᠯᠤᠯᠲᠠ ᠪᠠᠨ ᠨᠡᠮᠡᠭᠳᠡᠭᠦᠯᠬᠦ ᠶᠢ ᠰᠢᠪᠠᠳᠠᠨ ᠵᠢᠯᠣᠭᠤᠳᠴᠤ᠂ ᠲᠥᠷᠥᠯ ᠵᠦᠶᠯ ᠤᠨ ᠬᠠᠮᠢᠶᠠᠷᠤᠯᠲᠠ ᠶᠢ | ᠴᠢᠩᠳᠠᠯᠠᠵᠤ᠂ ᠬᠢᠨᠠᠯᠲᠠ ᠵᠢᠯᠣᠭᠤᠳᠣᠯᠭ᠎ᠠ ᠪᠠᠨ ᠴᠢᠩᠭᠠᠳᠬᠠᠨ᠂ ᠤᠰᠤᠨ ᠴᠥᠭᠦᠷᠥᠮ ᠤᠨ ᠠᠶᠤᠯ ᠢ ᠠᠷᠢᠯᠭᠠᠨ | ᠪᠠᠬᠢᠵᠢᠭᠦᠯᠬᠦ ᠠᠵᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ | ᠮᠠᠨ ᠤ ᠤᠯᠤᠰ ᠤᠨ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠪᠢ ᠡᠳᠡᠭᠡᠷ ᠢ ᠳᠥᠭᠦᠮᠬᠡᠨ ᠲᠠᠨᠢᠯᠴᠠᠭᠤᠯᠤᠶ᠎ᠠ᠂ ᠵᠠᠯᠭᠠᠭᠠᠳ ᠪᠢᠳᠡ ᠬᠡᠳᠦᠭᠦᠯᠡ ᠣᠯᠠᠨ ᠤ ᠠᠰᠠᠭᠤᠯᠲᠠ ᠶᠢ | ᠬᠠᠷᠢᠭᠤᠯᠬᠤ ᠳᠤ ᠪᠡᠯᠡᠬᠡᠨ ᠪᠠᠢᠨ᠎ᠠ᠂ ᠪᠠᠶᠠᠷᠯᠠᠯ᠎ᠠ᠃ 2021-09-3015: 11: 21 | ᠰᠢᠩ ᠬᠤᠢ ᠨᠠ᠄ | ᠳᠡᠳ᠋ ᠰᠠᠶᠢᠳ ᠯᠢᠦ ᠸᠧᠶ ᠫᠢᠩ ᠤᠨ ᠣᠯᠠᠨ ᠳᠤ ᠲᠠᠨᠢᠯᠴᠠᠭᠤᠯᠤᠭᠰᠠᠨ ᠳᠤ ᠲᠠᠯᠠᠷᠬᠠᠵᠤ ᠪᠠᠶᠢᠨ᠎ᠠ᠂ ᠳᠣᠤᠷ᠎ᠠ | ᠣᠯᠠᠨ ᠢᠶᠠᠷ ᠢᠶᠠᠨ ᠡᠬᠢᠯᠡᠨ ᠠᠰᠠᠭᠤᠯᠲᠠ ᠠᠰᠠᠭᠤᠵᠤ ᠪᠣᠯᠤᠨ᠎ᠠ᠂ ᠠᠰᠠᠭᠤᠯᠲᠠ ᠳᠤᠷᠠᠳᠬᠤ ᠠᠴᠠ ᠪᠠᠨ ᠡᠮᠦᠨ᠎ᠡ | ᠪᠠᠶᠢᠭ᠎ᠠ ᠰᠣᠨᠢᠨ ᠮᠡᠳᠡᠭᠡᠨ ᠤ ᠪᠠᠶᠢᠭᠤᠯᠤᠮᠵᠢ ᠪᠠᠨ ᠮᠡᠳᠡᠭᠦᠯᠦᠭᠡᠷᠡᠶ᠃ 2021-09-30 15: 11: 50 | ᠲᠥᠪ ᠤᠨ ᠷᠠᠳᠢᠣ᠋ ᠲᠧᠯᠸᠢᠰ ᠶᠡᠷᠦᠩᠬᠡᠶ ᠬᠤᠷᠢᠶᠠᠨ ᠤ ᠲᠥᠪ ᠲᠧᠯᠸᠢᠰ ᠤᠨ ᠰᠤᠷᠪᠤᠯᠵᠢᠯᠠᠭᠴᠢ ᠄ | ᠤᠰᠤᠨ ᠴᠥᠭᠦᠷᠥᠮ ᠤᠨ ᠠᠮᠤᠷ ᠲᠦᠪᠰᠢᠨ ᠨᠢ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠪᠠ ᠠᠮᠢ | ᠨᠠᠰᠤ ᠡᠳ᠋ ᠬᠥᠷᠦᠩᠭᠡ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠂ ᠠᠷᠪᠠᠨ ᠳᠥᠷᠪᠡᠳᠦᠭᠡᠷ ᠲᠠᠪᠤᠨ | ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠤᠯᠤᠰ ᠤᠨ ᠠᠶᠤᠯᠲᠠᠶ ᠤᠰᠤᠨ ᠴᠥᠭᠦᠷᠥᠮ ᠤᠨ | ᠠᠶᠤᠯ ᠢ ᠠᠷᠢᠯᠭᠠᠨ ᠪᠠᠬᠢᠵᠢᠭᠦᠯᠬᠦ ᠠᠵᠢᠯ ᠤᠨ ᠭᠤᠣᠯ ᠬᠠᠷᠠᠯᠲᠠ ᠪᠠ ᠡᠭᠦᠷᠭᠡ ᠨᠢ ᠶᠠᠭᠤ ᠪᠤᠢ︖ ᠪᠠᠶᠠᠷᠯᠠᠯ᠎ᠠ᠃ | 2021-09-30 15: 20: 19 | ᠯᠢᠦ ᠸᠧᠶ ᠫᠢᠩ᠄ | ᠵᠠ᠂ ᠡᠨᠡ ᠠᠰᠠᠭᠤᠯᠲᠠ ᠶᠢ ᠪᠢ ᠬᠠᠷᠢᠭᠤᠯᠤᠶ᠎ᠠ᠃ ᠲᠦᠷᠤ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯ ᠤᠨ ᠵᠣᠷᠢᠭ ᠰᠠᠨᠠᠭ᠎ᠠ ᠪᠣᠯᠤᠨ ᠲᠦᠷᠤ ᠶᠢᠨ ᠶᠠᠪᠤᠳᠠᠯ ᠤᠨ ᠬᠤᠷᠢᠶᠡᠨ ᠤ ᠠᠯᠪᠠᠨ ᠲᠢᠩᠬᠢᠮ ᠤᠨ︽ᠮᠡᠳᠡᠭᠳᠡᠯ︾ | ᠤᠨ ᠱᠠᠭᠠᠷᠳᠠᠯᠭ᠎ᠠ ᠶᠢ ᠦᠨᠳᠦᠰᠦᠯᠡᠪᠡᠯ᠂︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠭᠤᠣᠯ ᠬᠠᠷᠠᠯᠲᠠ ᠶᠢᠨ ᠡᠭᠦᠷᠭᠡ ᠪᠣᠯ | 2025 ᠣᠨ ᠤ ᠡᠴᠦᠰ ᠪᠣᠯᠬᠤ ᠳᠤ᠂ ᠤᠳᠤ ᠪᠠᠶᠢᠭ᠎ᠠ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ | ᠪᠠᠬᠢᠵᠢᠭᠦᠯᠬᠦ ᠡᠭᠦᠷᠭᠡ ᠶᠢ ᠪᠥᠬᠦᠨ ᠢ ᠪᠡᠶᠡᠯᠡᠭᠦᠯᠬᠦ ᠶᠠᠪᠤᠳᠠᠯ ᠪᠣᠯᠤᠨ᠎ᠠ᠃ ᠶᠡᠷᠦᠩᠬᠡᠶ ᠬᠡᠮᠵᠢᠶ᠎ᠡ ᠨᠢ ᠵᠢᠱᠢᠯᠲᠡ ᠪᠠᠷ 1. | 94 ᠲᠦᠮᠡᠨ ᠰᠠᠤᠷᠢ ᠪᠠᠶᠢᠵᠤ᠂ ᠡᠭᠦᠨ ᠳᠤ ᠲᠣᠮᠣ ᠬᠡᠯᠪᠡᠷᠢ ᠶᠢᠨ ᠠᠶᠤᠯᠲᠠᠶ ᠤᠰᠤᠨ ᠴᠥᠭᠦᠷᠥᠮ ᠪᠠᠷᠤᠭ 80 | ᠰᠠᠤᠷᠢ᠂ ᠳᠤᠮᠳᠠ ᠬᠡᠯᠪᠡᠷᠢ ᠶᠢᠨ ᠠᠶᠤᠯᠲᠠᠶ ᠤᠰᠤᠨ ᠴᠥᠭᠦᠷᠥᠮ ᠪᠠᠷᠤᠭ 470 ᠰᠠᠤᠷᠢ᠂ ᠵᠢᠵᠢᠭ ᠬᠡᠯᠪᠡᠷᠢ ᠶᠢᠨ | ᠠᠶᠤᠯᠲᠠᠶ ᠤᠰᠤᠨ ᠴᠥᠭᠦᠷᠥᠮ ᠪᠠᠷᠤᠭ 1.88 ᠲᠦᠮᠡᠨ ᠰᠠᠤᠷᠢ ᠪᠠᠶᠢᠨ᠎ᠠ᠃ ᠪᠣᠳᠠᠲᠠᠶ ᠠᠵᠢᠯ ᠤᠨ ᠡᠭᠦᠷᠭᠡ ᠶᠢ | ᠳᠣᠣᠷᠠᠬᠢ ᠮᠡᠲᠦ ᠬᠡᠳᠦᠨ ᠲᠠᠯ᠎ᠠ ᠪᠠᠷ ᠶᠠᠷᠢᠶ᠎ᠠ᠄ | ᠨᠢᠭᠡ ᠳᠤ ᠤᠭ ᠤᠨ ᠪᠠᠶᠢᠭᠰᠠᠨ ᠭᠡᠮ ᠰᠣᠭᠤᠭ ᠢ ᠠᠷᠢᠯᠭᠠᠨ᠎ᠠ᠃ 2020 ᠣᠨ ᠠᠴᠠ ᠡᠮᠦᠨ᠎ᠡ ᠠᠮᠤᠷ | ᠲᠦᠪᠰᠢᠨ ᠤ ᠬᠢᠨᠠᠨ ᠲᠣᠭᠲᠠᠭᠠᠯᠲᠠ ᠶᠢ ᠨᠢᠭᠡᠨᠲᠡ ᠪᠡᠶᠡᠯᠡᠭᠦᠯᠦᠭᠰᠡᠨ ᠤᠰᠤᠨ ᠴᠥᠭᠦᠷᠥᠮ ᠢ 2025 ᠣᠨ ᠤ | ᠵᠢᠯ ᠤᠨ ᠡᠴᠦᠰ ᠠᠴᠠ ᠡᠮᠦᠨ᠎ᠡ ᠭᠡᠮ ᠰᠣᠭᠤᠭ ᠢ ᠠᠷᠢᠯᠭᠠᠨ ᠪᠠᠬᠢᠵᠢᠭᠦᠯᠬᠦ ᠡᠭᠦᠷᠭᠡ ᠶᠢ ᠪᠦᠬᠦᠨ ᠢ ᠪᠡᠶᠡᠯᠡᠭᠦᠯᠦᠨ᠎ᠡ᠃ | ᠡᠨᠡ ᠬᠡᠰᠡᠭ ᠨᠢ 50 ᠰᠠᠤᠷᠢ ᠲᠣᠮᠣ ᠬᠡᠯᠪᠡᠷᠢ ᠶᠢᠨ ᠠᠶᠤᠯᠲᠠᠶ ᠤᠰᠤᠨ ᠴᠥᠭᠦᠷᠥᠮ᠂ 206 ᠰᠠᠤᠷᠢ ᠳᠤᠮᠳᠠ | ᠬᠡᠯᠪᠡᠷᠢ ᠶᠢᠨ ᠤᠰᠤᠨ ᠴᠥᠭᠦᠷᠥᠮ᠂ 1.3 ᠲᠦᠮᠡᠨ ᠰᠠᠤᠷᠢ ᠵᠢᠵᠢᠭ ᠬᠡᠯᠪᠡᠷᠢ ᠶᠢᠨ ᠤᠰᠤᠨ ᠴᠥᠭᠦᠷᠥᠮ ᠲᠠᠢ | ᠬᠤᠯᠪᠣᠭᠳᠠᠨ᠎ᠠ᠃ ᠡᠳᠡᠭᠡᠷ ᠤᠰᠤᠨ ᠴᠥᠭᠦᠷᠥᠮ ᠳᠤ ᠪᠣᠯ ᠬᠦᠨᠳᠦ ᠬᠦᠡᠭᠭᠡᠨ ᠠᠯᠭᠤᠷ ᠪᠠᠴᠢᠮ ᠢ ᠢᠯᠭᠠᠬᠤ ᠪᠠᠷ | ᠲᠥᠯᠥᠪᠯᠡᠵᠦ᠂ ᠠᠶᠤᠯ ᠭᠡᠮ ᠤᠨ ᠬᠡᠮᠵᠢᠶ᠎ᠡ ᠪᠠᠷ ᠥᠨᠳᠥᠷ᠂ ᠦᠶᠡᠷ ᠢ ᠰᠡᠷᠭᠡᠶᠢᠯᠡᠬᠦ ᠡᠭᠦᠷᠭᠡ ᠪᠠᠷ ᠬᠦᠨᠳᠦ ᠤᠰᠤᠨ | ᠴᠥᠭᠦᠷᠥᠮ ᠢ ᠤᠷᠢᠳᠠᠪᠠᠷ ᠲᠣᠬᠢᠷᠠᠭᠤᠯᠵᠤ᠂ ᠠᠶᠤᠯ ᠢ ᠠᠷᠢᠯᠭᠠᠨ ᠪᠠᠬᠢᠵᠢᠭᠦᠯᠬᠦ ᠠᠵᠢᠯ ᠢ ᠱᠠᠯᠠᠪᠳᠠᠨ ᠬᠢᠬᠦ ᠬᠡᠷᠡᠭᠲᠡᠶ᠃ | ᠬᠤᠶᠠᠷ ᠲᠤ ᠰᠢᠨ᠎ᠡ ᠪᠠᠷ ᠨᠡᠮᠡᠭᠳᠡᠬᠦ ᠡᠭᠦᠷᠭᠡ ᠶᠢ ᠪᠡᠶᠡᠯᠡᠭᠦᠯᠦᠨᠡᠡ᠃ 2025 ᠣᠨ ᠤ ᠵᠢᠯ ᠤᠨ | ᠰᠡᠭᠦᠯᠴᠢ ᠠᠴᠠ ᠡᠮᠦᠨ᠎ᠡ᠂ 2020 ᠣᠨ ᠠᠴᠠ ᠡᠮᠦᠨ᠎ᠡ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢᠨ | ᠬᠤᠭᠤᠴᠠᠭᠠᠨ ᠳᠤ ᠬᠢᠨᠠᠨ ᠲᠣᠭᠲᠠᠭᠠᠭᠰᠠᠨ ᠰᠢᠨ᠎ᠡ ᠪᠠᠷ ᠨᠡᠮᠡᠭᠳᠡᠭᠰᠡᠨ ᠡᠮ ᠠᠶᠤᠯᠲᠠᠶ ᠤᠰᠤᠨ ᠴᠥᠭᠦᠷᠥᠮ ᠳᠤ ᠴᠦ | ᠠᠶᠤᠯ ᠢ ᠠᠷᠢᠯᠭᠠᠨ ᠪᠠᠬᠢᠵᠢᠭᠦᠯᠬᠦ ᠡᠭᠦᠷᠭᠡ ᠶᠢ ᠪᠦᠬᠦᠨ ᠢ ᠪᠡᠶᠡᠯᠡᠭᠦᠯᠬᠦ ᠬᠡᠷᠡᠭᠲᠡᠶ᠃ ᠵᠢᠱᠢᠯᠲᠡ ᠪᠠᠷ ᠡᠨᠡ ᠬᠡᠰᠡᠭ ᠲᠤ | ᠲᠤᠮᠤ ᠬᠡᠯᠪᠡᠷᠢ ᠶᠢᠨ ᠤᠰᠤᠨ ᠴᠥᠭᠦᠷᠥᠮ ᠪᠠᠷᠤᠭ 30 ᠰᠠᠤᠷᠢ᠂ ᠳᠤᠮᠳᠠ ᠬᠡᠯᠪᠡᠷᠢ ᠶᠢᠨ ᠤᠰᠤᠨ ᠴᠥᠭᠦᠷᠥᠮ ᠪᠠᠷᠤᠭ | 270 ᠰᠠᠤᠷᠢ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠪᠠᠷᠤᠭ 6100 ᠰᠠᠤᠷᠢ᠂ ᠶᠡᠷᠦᠩᠬᠡᠶ ᠬᠡᠮᠵᠢᠶ᠎ᠡ ᠨᠢ ᠪᠠᠷᠤᠭ | 6400 ᠪᠠᠶᠢᠨ᠎ᠠ᠃ ᠡᠨᠡ ᠪᠣᠯ ᠪᠢᠳᠡᠨ ᠤ ᠥᠩᠭᠡᠷᠡᠭᠰᠡᠨ ᠳᠤ ᠰᠢᠯᠭᠠᠨ ᠲᠣᠭᠲᠠᠭᠠᠭᠰᠠᠨ ᠠᠶᠤᠯᠲᠡᠶ ᠤᠰᠤᠨ | ᠴᠥᠭᠦᠷᠥᠮ ᠤᠨ ᠬᠠᠷᠢᠴᠠᠯ ᠤᠨ ᠨᠤᠷᠮ᠎ᠠ ᠬᠡᠮᠵᠢᠶ᠎ᠡ ᠪᠠᠷ ᠪᠤᠳᠤᠭᠰᠠᠨ ᠶᠡᠭᠡ ᠲᠥᠯᠥᠪ ᠲᠤᠭ᠎ᠠ ᠪᠣᠯᠤᠨ᠎ᠠ᠃ | ᠭᠤᠷᠪᠠ ᠳᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ ᠬᠤᠶᠢᠰᠢᠳᠠ ᠵᠢᠯ | ᠪᠦᠷᠢ ᠠᠶᠤᠯᠭᠦᠢ ᠶᠢᠨ ᠬᠢᠨᠠᠨ ᠲᠣᠭᠲᠠᠭᠠᠯᠲᠠ ᠬᠢᠬᠦ ᠬᠤᠭᠤᠴᠠᠭᠠᠨ ᠳᠤ ᠬᠥᠷᠥᠭᠰᠡᠨ ᠤᠰᠤᠨ ᠴᠥᠭᠦᠷᠥᠮ ᠳᠤ | ᠠᠶᠤᠯᠭᠦᠢ ᠶᠢᠨ ᠬᠢᠨᠠᠨ ᠲᠣᠭᠲᠠᠭᠠᠯᠲᠠ ᠶᠢ ᠴᠠᠭ ᠲᠤᠬᠠᠶ ᠳᠤᠨᠢ ᠬᠢᠬᠦ ᠬᠡᠷᠡᠭᠲᠡᠶ᠃ ᠬᠢᠨᠠᠨ ᠲᠣᠭᠲᠠᠭᠠᠭᠰᠠᠨ ᠠᠶᠤᠯᠲᠠᠶ | ᠤᠰᠤᠨ ᠴᠥᠭᠦᠷᠥᠮ ᠳᠤ ᠠᠶᠤᠯ ᠢ ᠠᠷᠢᠯᠭᠠᠨ ᠪᠠᠬᠢᠵᠢᠭᠦᠯᠬᠦ ᠠᠵᠢᠯ ᠢ ᠴᠠᠭ ᠲᠤᠬᠠᠶ ᠳᠤᠨᠢ ᠲᠣᠬᠢᠷᠠᠭᠤᠯᠵᠤ᠂ ᠤᠷᠳᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠬᠡᠷᠡᠭᠲᠡᠶ᠃ | ᠡᠭᠦᠨ ᠠᠴᠠ ᠭᠠᠳᠠᠨ᠎ᠠ᠂ ᠭᠤᠷᠪᠠᠨ ᠵᠦᠶᠯ ᠤᠨ ᠠᠶᠤᠯ ᠢ ᠠᠷᠢᠯᠭᠠᠨ ᠪᠠᠬᠢᠵᠢᠭᠦᠯᠬᠦ ᠡᠭᠦᠷᠭᠡ ᠠᠴᠠ ᠭᠠᠳᠠᠨ᠎ᠠ᠂ | ᠪᠢᠳᠡ ᠪᠠᠰᠠ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠢ ᠬᠡᠮᠵᠢᠨ | ᠮᠡᠳᠡᠭᠦᠯᠬᠦ ᠲᠥᠬᠦᠭᠡᠷᠦᠮᠵᠢ ᠪᠠ ᠬᠠᠰᠢᠯᠭ᠎ᠠ ᠶᠢᠨ ᠠᠮᠤᠷ ᠲᠦᠪᠰᠢᠨ ᠢ ᠬᠢᠨᠠᠨ ᠬᠡᠮᠵᠢᠬᠦ ᠲᠥᠬᠦᠭᠡᠷᠦᠮᠵᠢ ᠶᠢ | ᠲᠡᠭᠦᠯᠳᠡᠷᠵᠢᠭᠦᠯᠬᠦ ᠬᠡᠷᠡᠭᠲᠡᠶ︔ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ | ᠴᠢᠩᠭᠠᠳᠬᠠᠬᠤ ᠬᠡᠷᠡᠭᠲᠡᠶ᠃ ᠲᠠᠷᠠᠬᠠᠶ ᠪᠤᠲᠠᠷᠬᠠᠶ ᠬᠠᠮᠢᠶᠠᠷᠴᠤ ᠪᠠᠶᠢᠭ᠎ᠠ ᠤᠰᠤᠨ ᠴᠥᠭᠦᠷᠥᠮ ᠢ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠲᠤᠰᠬᠠᠢ ᠬᠠᠮᠢᠶᠠᠷᠤᠯᠲᠠ ᠬᠠᠮᠠᠭᠠᠯᠠᠯᠲᠠ ᠶᠢ ᠬᠡᠷᠡᠭᠵᠢᠭᠦᠯᠬᠦ ᠬᠡᠷᠡᠭᠲᠡᠶ᠃ | ᠵᠢᠱᠢᠶᠡᠯᠡᠪᠡᠯ ︽ᠶᠡᠭᠡ ᠪᠠᠷ ᠪᠠᠭ᠎ᠠ ᠶᠢ ᠳᠠᠶᠢᠴᠢᠯᠠᠬᠤ︾᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ | ᠣᠷᠣᠨ ᠪᠦᠰᠡ ᠳᠤ ᠲᠥᠪᠯᠡᠷᠡᠭᠦᠯᠦᠨ ᠬᠠᠮᠢᠶᠠᠷᠴᠤ ᠬᠠᠮᠠᠭᠠᠯᠠᠬᠤ ᠵᠡᠷᠭᠡ ᠪᠣᠯᠤᠨ᠎ᠠ᠃ ᠳᠦᠷᠰᠦᠯᠢᠭ ᠢᠶᠠᠷ ᠬᠡᠯᠡᠪᠡᠯ᠂ | ᠪᠢᠳᠡ ᠡᠩ ᠤᠨ ᠴᠠᠭ ᠲᠠᠭᠠᠨ ᠪᠡᠶ᠎ᠡ ᠶᠢᠨ ᠪᠠᠶᠢᠴᠠᠭᠠᠯᠲᠠ ᠬᠢᠵᠦ᠂ ᠠᠰᠠᠭᠤᠳᠠᠯ ᠢ ᠪᠠᠶᠢᠴᠠᠭᠠᠨ ᠭᠠᠷᠭᠠᠵᠤ᠂ ᠴᠠᠭ | ᠲᠤᠬᠠᠶ ᠳᠤᠨᠢ ᠡᠪᠡᠳᠴᠢᠨ ᠢᠶᠠᠨ ᠵᠠᠰᠠᠵᠤ᠂ ᠡᠪᠡᠳᠴᠢᠨ ᠥᠬᠡᠶ ᠶᠢ ᠨᠢ ᠰᠠᠶᠢᠲᠤᠷ ᠰᠤᠪᠢᠯᠠᠬᠤ ᠬᠡᠷᠡᠭᠲᠡᠶ᠃ | ᠠᠶᠤᠯᠭᠦᠶ ᠶᠢᠨ ᠬᠢᠨᠠᠨ ᠲᠣᠭᠲᠠᠭᠠᠯᠲᠠ ᠨᠢ ᠪᠡᠶ᠎ᠡ ᠶᠢᠨ ᠪᠠᠶᠢᠴᠠᠭᠠᠯᠲᠠ᠂ ᠠᠶᠤᠯᠲᠠᠶ ᠴᠥᠭᠦᠷᠥᠮ ᠤᠨ ᠠᠶᠤᠯ ᠢ ᠠᠷᠢᠯᠭᠠᠨ | ᠪᠠᠬᠢᠵᠢᠭᠦᠯᠬᠦ ᠲᠠᠢ ᠠᠳᠠᠯᠢᠪᠲᠤᠷ ᠪᠠᠶᠢᠵᠤ᠂ ᠴᠠᠭ ᠲᠤᠬᠠᠶ ᠳᠤᠨᠢ ᠡᠪᠡᠳᠴᠢᠨ ᠢ ᠵᠠᠰᠠᠬᠤ᠂ ᠠᠵᠢᠯᠯᠠᠭᠠᠨ ᠤ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠬᠤ ᠲᠠᠢ ᠠᠳᠠᠯᠢᠪᠲᠤᠷ ᠪᠠᠶᠢᠵᠤ᠂ ᠡᠷᠡᠭᠦᠯ ᠲᠡᠩᠬᠡᠯᠡᠭᠦᠨ ᠰᠤᠪᠢᠯᠠᠯᠲᠠ ᠲᠠᠢ ᠠᠳᠠᠯᠢ | ᠪᠠᠶᠢᠳᠠᠭ᠃ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠤᠰᠤᠨ | ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠡᠭᠦᠷᠭᠡ ᠬᠦᠨᠳᠦ ᠨᠦᠰᠡᠷ ᠪᠠᠶᠢᠵᠤ᠂ ᠤᠰᠤᠨ ᠠᠰᠢᠭᠯᠠᠯᠳᠠ ᠶᠢᠨ | ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠰᠢᠮᠳᠠᠭᠤᠯᠤᠨ | ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠵᠢᠯᠣᠭᠤᠳᠬᠤ ᠬᠠᠷᠢᠭᠤᠴᠠᠯᠭ᠎ᠠ ᠶᠢ | ᠴᠢᠩᠭᠠᠷᠠᠭᠤᠯᠤᠨ᠂ ᠤᠰᠤᠨ ᠴᠥᠭᠦᠷᠥᠮ ᠤᠨ ᠳᠠᠯᠳᠠ ᠬᠡᠮ ᠢ ᠡᠷᠲᠡ ᠢᠯᠡᠷᠡᠭᠦᠯᠵᠦ ᠡᠷᠲᠡ ᠠᠷᠢᠯᠭᠠᠬᠤ ᠶᠢ ᠦᠨᠡᠨᠬᠦ | ᠪᠠᠲᠤᠯᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠶᠤᠯ ᠢ | ᠠᠷᠢᠯᠭᠠᠨ ᠪᠠᠬᠢᠵᠢᠭᠦᠯᠬᠦ ᠠᠵᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ | ᠪᠠᠲᠤᠯᠠᠵᠤ᠂ ᠤᠰᠤᠨ ᠴᠥᠭᠦᠷᠥᠮ ᠤᠨ ᠶᠡᠷᠦᠩᠬᠡᠶᠢᠯᠡᠭᠰᠡᠨ ᠦᠷ᠎ᠡ ᠠᠰᠢᠭ ᠢ ᠭᠦᠶᠴᠡᠳ ᠪᠠᠳᠠᠷᠠᠭᠤᠯᠬᠤ ᠶᠢ ᠪᠠᠲᠤᠯᠠᠬᠤ | ᠬᠡᠷᠡᠭᠲᠡᠶ᠃ ᠪᠠᠶᠠᠷᠯᠠᠯ᠎ᠠ᠃ 2021-09-30 15: 20: 36 | ᠬᠤᠩ ᠰᠢᠩ ᠰᠣᠨᠢᠨ ᠮᠡᠳᠡᠭᠡᠨ ᠤ ᠰᠤᠷᠪᠤᠯᠵᠢᠯᠠᠭᠴᠢ᠄ | ᠪᠢᠳᠡᠨ ᠤ ᠮᠡᠳᠡᠭᠡᠵᠢ ᠪᠠᠷ᠂ ᠠᠶᠤᠯᠲᠠᠶ ᠤᠰᠤᠨ ᠴᠥᠭᠦᠷᠥᠮ ᠤᠨ ᠳᠣᠲᠣᠷᠠᠬᠢ ᠵᠣᠩᠬᠢᠯᠠᠬᠤ ᠣᠯᠠᠩᠬᠢ ᠨᠢ | ᠴᠥᠮ ᠵᠢᠵᠢᠭ ᠬᠡᠯᠪᠡᠷᠢ ᠶᠢᠨ ᠤᠰᠤᠨ ᠴᠥᠭᠦᠷᠥᠮ ᠪᠣᠯᠤᠨ᠎ᠠ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ | ᠠᠶᠤᠯᠭᠦᠶ ᠠᠵᠢᠯᠯᠠᠭᠠᠨ ᠤ ᠪᠠᠯᠠ ᠮᠥᠩᠭᠦ ᠶᠢᠨ ᠪᠠᠲᠤᠯᠠᠭ᠎ᠠ ᠶᠢᠨ ᠲᠠᠯ᠎ᠠ ᠶᠢᠨ ᠠᠵᠢᠯ ᠢ ᠬᠡᠷᠬᠢᠨ ᠰᠠᠶᠢᠲᠤᠷ ᠬᠢᠬᠦ ᠪᠣᠶ︖ | ᠡᠭᠦᠨ ᠠᠴᠠ ᠭᠠᠳᠠᠨ᠎ᠠ᠂ ᠡᠨᠡ ᠵᠢᠯ ᠤᠨ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠡᠨᠡ ᠲᠠᠯ᠎ᠠ ᠪᠠᠷ | ᠲᠣᠬᠢᠷᠠᠭᠤᠯᠤᠭᠰᠠᠨ ᠪᠠᠶᠢᠳᠠᠯ ᠶᠠᠮᠠᠷ ᠪᠤᠢ︖ ᠪᠠᠶᠠᠷᠯᠠᠯ᠎ᠠ᠃ 2021-09-30 15: 24: 45 | ᠯᠢᠦ ᠸᠧᠶ ᠫᠢᠩ᠄ | ᠡᠨᠡ ᠠᠰᠠᠭᠤᠳᠠᠯ ᠢ ᠡᠳ᠋ ᠤᠨ ᠶᠠᠪᠤᠳᠠᠯ ᠶᠢᠨ ᠵᠤᠷᠭᠠᠨ ᠤ ᠶᠠᠩ ᠰᠢᠨ ᠢᠦᠢ ᠵᠤᠷᠭᠠᠨ ᠤ ᠳᠠᠷᠤᠭ᠎ᠠ | ᠬᠠᠷᠢᠭᠤᠯᠤᠭᠠᠷᠠᠶ᠃ 2021-09-30 15: 25: 37 | ᠤᠰᠤᠨ ᠠᠰᠢᠭᠯᠠᠯᠳᠠ ᠶᠢᠨ ᠶᠠᠮᠤᠨ ᠤ ᠡᠳ᠋ ᠤᠨ ᠶᠠᠪᠤᠳᠠᠯ ᠤᠨ ᠵᠤᠷᠭᠠᠨ ᠤ ᠳᠠᠷᠤᠭ᠎ᠠ ᠶᠠᠩ ᠰᠢᠨ ᠢᠦᠢ᠄ | ᠰᠤᠷᠪᠤᠯᠵᠢᠯᠠᠭᠴᠢ ᠶᠢᠨ ᠠᠰᠠᠭᠤᠭᠰᠠᠨ ᠳᠤ ᠲᠠᠯᠠᠷᠬᠠᠵᠤ ᠪᠠᠢᠨ᠎ᠠ᠂ ᠪᠢ ᠡᠨᠡ ᠠᠰᠠᠭᠤᠯᠲᠠ ᠶᠢ ᠬᠠᠷᠢᠭᠤᠯᠤᠶ᠎ᠠ᠃ | ᠡᠳ᠋ ᠤᠨ ᠵᠠᠰᠠᠭ ᠤᠨ ᠶᠠᠮᠤᠨ᠂ ᠤᠰᠤᠨ ᠠᠰᠢᠭᠯᠠᠯᠳᠠ ᠶᠢᠨ ᠶᠠᠮᠤᠨ ᠴᠥᠮ ᠵᠢᠵᠢᠭ ᠬᠡᠯᠪᠡᠷᠢ ᠶᠢᠨ ᠤᠰᠤᠨ | ᠴᠥᠭᠦᠷᠥᠮ ᠤᠨ ᠠᠮᠤᠷ ᠲᠦᠪᠰᠢᠨ ᠠᠵᠢᠯᠯᠠᠭᠠᠨ ᠤ ᠪᠠᠯᠠ ᠮᠥᠩᠭᠦ ᠶᠢᠨ ᠪᠠᠲᠤᠯᠠᠭ᠎ᠠ ᠶᠢᠨ ᠠᠵᠢᠯ ᠢ ᠮᠠᠰᠢ | ᠴᠢᠬᠤᠯᠠᠴᠢᠯᠠᠳᠠᠭ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠲᠥᠪ ᠤᠨ | ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠡᠯᠡ ᠮᠥᠩᠭᠦ ᠶᠢ 245.2 ᠳ᠋ᠦᠩᠰᠢᠭᠤᠷ ᠲᠥᠭᠦᠷᠢᠭ | ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠂ ᠡᠭᠦᠨ ᠤ ᠳᠣᠲᠣᠷ᠎ᠠ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ | ᠠᠶᠤᠯ ᠢ ᠠᠷᠢᠯᠭᠠᠨ ᠪᠠᠬᠢᠵᠢᠭᠦᠯᠬᠦ ᠳᠤ ᠬᠡᠷᠡᠭᠯᠡᠬᠦ ᠪᠡᠯᠡ ᠮᠥᠩᠭᠦ 125.2 ᠳ᠋ᠦᠩᠰᠢᠭᠤᠷ ᠲᠥᠭᠦᠷᠢᠭ᠂ ᠵᠢᠵᠢᠭ | ᠬᠡᠯᠪᠡᠷᠢ ᠶᠢᠨ ᠤᠰᠤᠨ ᠴᠥᠭᠦᠷᠥᠮ ᠢ ᠰᠡᠯᠪᠢᠨ ᠵᠠᠰᠠᠵᠤ ᠠᠷᠠᠴᠢᠯᠠᠬᠤ ᠳᠤ ᠬᠡᠷᠡᠭᠯᠡᠬᠦ ᠪᠡᠯᠡ ᠮᠥᠩᠭᠦ 120 | ᠳ᠋ᠦᠩᠰᠢᠭᠤᠷ ᠲᠥᠭᠦᠷᠢᠭ ᠪᠣᠯᠤᠨ᠎ᠠ᠃ ᠡᠭᠦᠨ ᠠᠴᠠ ᠭᠠᠳᠠᠨ᠎ᠠ᠂ ᠪᠠᠰᠠ ᠡᠯ᠎ᠡ ᠭᠠᠵᠠᠷ ᠤᠨ ᠡᠳ᠋ ᠤᠨ ᠵᠠᠰᠠᠭ ᠤᠨ | ᠲᠥᠰᠦᠪ ᠪᠡᠯᠡ ᠮᠥᠩᠭᠦ ᠪᠣᠯᠤᠨ ᠣᠷᠤᠨ ᠨᠤᠲᠤᠭ ᠤᠨ ᠵᠠᠰᠠᠭ ᠤᠨ ᠣᠷᠳᠤᠨ ᠤ ᠡᠩ ᠤᠨ ᠵᠢᠭᠡᠯᠡᠯᠭᠡ ᠶᠢᠨ | ᠲᠡᠮᠳᠡᠭᠲᠦ ᠶᠢᠨ ᠲᠤᠭ᠎ᠠ ᠬᠡᠮᠵᠢᠡᠶ᠎ᠡ ᠶᠢ ᠨᠢᠭᠡᠳᠦᠯᠲᠡᠢ ᠲᠥᠯᠥᠪᠵᠢᠭᠦᠯᠬᠦ ᠶᠢ ᠲᠡᠮᠵᠢᠵᠤ᠂ ᠭᠤᠣᠯᠳᠠᠭᠤ ᠵᠢᠵᠢᠭ | ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ᠂ ᠤᠰᠤ ᠪᠣᠷᠣᠭᠠᠨ ᠤ ᠪᠠᠶᠢᠳᠠᠯ ᠢ ᠬᠡᠮᠵᠢᠨ | ᠮᠡᠳᠡᠭᠦᠯᠬᠦ᠂ ᠠᠮᠤᠷ ᠲᠦᠪᠰᠢᠨ ᠢ ᠬᠢᠨᠠᠨ ᠬᠡᠮᠵᠢᠬᠦ ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠡᠷᠭᠡ ᠠᠵᠢᠯ ᠳᠤ ᠬᠡᠷᠡᠭᠯᠡᠵᠦ᠂ | ᠤᠰᠤᠨ ᠴᠥᠭᠦᠷᠥᠮ ᠤᠨ ᠠᠶᠤᠯ ᠢ ᠰᠡᠷᠭᠡᠶᠢᠯᠡᠬᠦ ᠲᠦᠷᠭᠡᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠬᠦ ᠶᠢ | ᠲᠡᠮᠵᠢᠵᠤ᠂ ᠤᠰᠤᠨ ᠴᠥᠭᠦᠷᠥᠮ ᠤᠨ ᠠᠵᠢᠯᠯᠠᠭᠠᠨ ᠤ ᠬᠠᠮᠢᠶᠠᠷᠤᠯᠲᠠ ᠶᠢᠨ ᠴᠢᠳᠠᠪᠤᠷᠢ ᠪᠣᠯᠤᠨ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠴᠢᠳᠠᠪᠤᠷᠢ ᠶᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ | 2021 ᠣᠨ ᠳᠤ᠂ ᠡᠳ᠋ ᠤᠨ ᠵᠠᠰᠠᠭ ᠤᠨ ᠶᠠᠮᠤᠨ᠂ ᠤᠰᠤᠨ ᠠᠰᠢᠭᠯᠠᠯᠳᠠ ᠶᠢᠨ ᠶᠠᠮᠤᠨ ᠵᠢᠵᠢᠭ | ᠬᠡᠯᠪᠡᠷᠢ ᠶᠢᠨ ᠤᠰᠤᠨ ᠴᠥᠭᠦᠷᠥᠮ ᠤᠨ ᠠᠮᠤᠷ ᠲᠦᠪᠰᠢᠨ ᠢ ᠡᠩ ᠲᠡᠷᠢᠭᠦᠨ ᠳᠤ ᠳᠣᠭᠢᠷᠠᠭᠤᠯᠬᠤ ᠭᠤᠤᠯᠳᠠᠯᠭ᠎ᠠ ᠲᠠᠢ | ᠪᠠᠲᠤᠯᠠᠭ᠎ᠠ ᠶᠢᠨ ᠬᠦᠷᠢᠶ᠎ᠡ ᠪᠣᠯᠭᠠᠵᠤ᠂ ᠲᠥᠪ ᠤᠨ ᠡᠳ᠋ ᠤᠨ ᠵᠠᠰᠠᠭ ᠪᠠᠯᠠ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ 39.2 ᠳ᠋ᠦᠩᠰᠢᠭᠤᠷ ᠲᠥᠭᠦᠷᠢᠭ ᠳᠣᠭᠢᠷᠠᠭᠤᠯᠤᠨ ᠵᠢᠵᠢᠭ ᠬᠡᠯᠪᠡᠷᠢ ᠶᠢᠨ ᠤᠰᠤᠨ | ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠥᠷᠨᠢᠭᠦᠯᠬᠦ ᠶᠢ ᠳᠡᠮᠵᠢᠵᠦ᠂ 20 ᠳ᠋ᠦᠩᠰᠢᠭᠤᠷ ᠲᠥᠭᠦᠷᠢᠭ | ᠳᠣᠭᠢᠷᠠᠭᠤᠯᠤᠨ ᠵᠢᠵᠢᠭ ᠬᠡᠯᠪᠡᠷᠢ ᠶᠢᠨ ᠤᠰᠤᠨ ᠴᠥᠭᠦᠷᠥᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ | ᠲᠠᠰᠤᠷᠠᠯᠲᠠ ᠥᠬᠡᠶ ᠴᠢᠩᠭᠠᠳᠬᠠᠬᠤ ᠶᠢ ᠳᠡᠮᠵᠢᠪᠡ᠃ 2021 ᠣᠨ ᠳᠤ᠂ ᠨᠢᠭᠡᠨᠲᠡ ᠲᠥᠯᠥᠪᠯᠡᠭᠡ ᠶᠣᠰᠣᠭᠠᠷ ᠪᠠᠭ᠎ᠠ | ᠬᠡᠯᠪᠡᠷᠢ ᠶᠢᠨ ᠤᠰᠤᠨ ᠴᠥᠭᠦᠷᠥᠮ ᠤᠨ ᠠᠮᠤᠷ ᠲᠦᠪᠰᠢᠨ ᠢᠶᠠᠷ ᠠᠵᠢᠯᠯᠠᠬᠤ ᠪᠡᠯᠡ ᠮᠥᠩᠭᠦ ᠶᠢ ᠭᠦᠢᠴᠡᠳ ᠲᠤᠭ᠎ᠠ ᠪᠠᠷ | ᠨᠠᠶᠢᠳᠠᠪᠤᠷᠢᠵᠢᠭᠤᠯᠵᠤ᠂ ᠪᠡᠯᠡ ᠮᠥᠩᠭᠦ ᠶᠢᠨ ᠬᠡᠪᠴᠢᠡᠶᠡ ᠨᠢ 2020 ᠣᠨ ᠤ ᠬᠢ ᠠᠴᠠ 25.4% ᠨᠡᠮᠡᠭᠳᠡᠵᠦ᠂ | ᠪᠠᠭ᠎ᠠ ᠬᠡᠯᠪᠡᠷᠢ ᠶᠢᠨ ᠤᠰᠤᠨ ᠴᠥᠭᠦᠷᠥᠮ ᠤᠨ ᠠᠮᠤᠷ ᠲᠦᠪᠰᠢᠨ ᠢᠶᠠᠷ ᠠᠵᠢᠯᠯᠠᠬᠤ ᠶᠢ ᠠᠬᠢᠭᠤᠯᠬᠤ᠂ ᠠᠷᠠᠳ | ᠤᠯᠠᠨ ᠤ ᠠᠮᠢ ᠨᠠᠰᠤ ᠡᠳ᠋ ᠬᠥᠷᠦᠩᠭᠡ ᠶᠢᠨ ᠠᠮᠤᠷ ᠲᠦᠪᠰᠢᠨ ᠢ ᠪᠠᠲᠤᠯᠠᠬᠤ ᠳᠤ ᠲᠤᠯᠭᠠᠭᠤᠷᠢᠯᠠᠯ ᠬᠠᠩᠭᠠᠪᠠ᠃ | ᠪᠠᠶᠠᠷᠯᠠᠯ᠎ᠠ᠃ 2021-09-30 15: 26: 25 | ᠰᠠᠶᠢᠨ ᠵᠢᠩ ᠰᠣᠨᠢᠨ ᠤ ᠰᠤᠷᠪᠤᠯᠵᠢᠯᠠᠭᠴᠢ᠄ | ᠣᠶᠢᠷ᠎ᠠ ᠳᠤ᠂ ᠬᠠᠲᠤᠨ ᠭᠤᠤᠯ ᠳᠤ ᠵᠠᠯᠭᠠᠭ᠎ᠠ ᠪᠠᠷ ᠳ᠋ᠤᠭᠠᠷᠯᠠᠭᠰᠠᠨ ᠦᠶᠡᠷ ᠤᠨ ᠡᠭᠦᠰᠴᠡᠢ᠂ ᠲᠡᠭᠡᠪᠡᠯ | ᠬᠠᠲᠤᠨ ᠭᠤᠤᠯ ᠤᠨ ᠳ᠋ᠤᠭᠠᠷᠯᠠᠭᠰᠠᠨ ᠦᠶᠡᠷ ᠢ ᠨᠡᠶᠢᠲᠡᠯᠡᠭᠰᠡᠨ ᠨᠢ ᠶᠠᠭᠤ ᠶᠢ ᠬᠠᠷᠠᠭᠤᠯᠵᠤ ᠪᠠᠶᠢᠬᠤ ᠪᠣᠶ︖ | ᠬᠠᠲᠤᠨ ᠭᠤᠤᠯ ᠤᠨ ᠦᠶᠡᠷ ᠢ ᠰᠡᠷᠭᠡᠶᠢᠯᠡᠬᠦ ᠪᠠᠶᠢᠳᠠᠯ ᠶᠠᠮᠠᠷ ᠪᠣᠶ︖ ᠬᠠᠲᠤᠨ ᠭᠤᠤᠯ ᠤᠨ ᠳᠣᠤᠷᠠᠳᠤ | ᠤᠷᠤᠰᠬᠠᠯ ᠳᠤ ᠶᠠᠮᠠᠷ ᠶᠠᠮᠠᠷ ᠨᠥᠯᠥᠭᠡ ᠦᠵᠡᠭᠦᠯᠬᠦ ᠪᠣᠶ︖ 2021-09-30 15: 36: 45 | ᠯᠢᠦ ᠸᠧᠶ ᠫᠢᠩ᠄ | ᠵᠠ᠂ ᠡᠨᠡ ᠠᠰᠠᠭᠤᠯᠲᠠ ᠶᠢ ᠪᠢ ᠬᠠᠷᠢᠭᠤᠯᠤᠶ᠎ᠠ᠃ ᠣᠶᠢᠷ᠎ᠠ ᠶᠢᠨ ᠬᠤᠭᠤᠴᠠᠭᠠᠨ ᠳᠤ᠂ ᠰᠢᠷᠦᠭᠦᠨ | ᠪᠣᠷᠣᠭᠠᠨ ᠤ ᠨᠥᠯᠥᠭᠡ ᠪᠠᠷ᠂ ᠬᠠᠲᠤᠨ ᠭᠤᠤᠯ ᠤᠨ ᠰᠠᠯᠪᠤᠷᠢ ᠤᠷᠤᠰᠬᠠᠯ ᠤᠨ ᠸᠧᠶ ᠾᠧ ᠭᠤᠤᠯ ᠳᠤ 1935 | ᠣᠨ ᠳᠤ ᠪᠣᠳᠠᠲᠠᠶ ᠬᠡᠮᠵᠢᠯᠲᠡ ᠶᠢᠨ ᠮᠠᠲ᠋ᠧᠷᠢᠶᠠᠯ ᠲᠠᠢ ᠪᠣᠯᠤᠭᠰᠠᠨ ᠠᠴᠠ ᠨᠠᠰᠢᠬᠢ ᠠᠳᠠᠯᠢ ᠬᠤᠭᠤᠴᠠᠭᠠᠨ ᠤ | ᠬᠠᠮᠤᠭ ᠤᠨ ᠶᠡᠭᠡ ᠦᠶᠡᠷ ᠪᠣᠯᠵᠠᠶ᠃ ᠡᠭᠦᠨ ᠤ ᠬᠠᠮᠲᠤ᠂ ᠬᠠᠲᠤᠨ ᠭᠤᠤᠯ ᠤᠨ ᠴᠢᠳᠬᠤᠯᠠᠩ ᠪᠣᠯᠬᠤ ᠢ ᠯᠥᠸᠧ | ᠭᠤᠤᠯ ᠪᠣᠯᠤᠨ ᠴᠢᠨ ᠾᠧ ᠭᠤᠤᠯ ᠳᠤ 1950 ᠣᠨ ᠳᠤ ᠪᠣᠳᠠᠲᠠᠶ ᠬᠡᠮᠵᠢᠯᠲᠡ ᠶᠢᠨ ᠮᠠᠲ᠋ᠧᠷᠢᠶᠠᠯ ᠲᠠᠢ | ᠪᠣᠯᠤᠭᠰᠠᠨ ᠠᠴᠠ ᠨᠠᠰᠢᠬᠢ ᠠᠳᠠᠯᠢ ᠬᠤᠭᠤᠴᠠᠭᠠᠨ ᠤ ᠬᠠᠮᠤᠭ ᠤᠨ ᠶᠡᠭᠡ ᠦᠶᠡᠷ ᠪᠣᠯᠵᠠᠶ᠃ ᠡᠲᠡᠭᠡᠷ ᠦᠶᠡᠷ ᠤᠨ | ᠨᠥᠯᠥᠭᠡ ᠠᠴᠠ ᠪᠣᠯᠵᠣ᠂ ᠬᠠᠲᠤᠨ ᠭᠤᠤᠯ ᠳᠤ 1 ᠳ᠋ᠦ᠋ᠭᠡᠷ ᠪᠠ 2 ᠳ᠋ᠤᠭᠠᠷ ᠨᠣᠮᠧᠷᠲᠤ ᠦᠶᠡᠷ ᠤᠨ ᠭᠠᠮᠰᠢᠭ ᠭᠠᠷᠴᠠᠶ᠃ | ᠪᠢ ᠤᠷᠢᠳᠠᠪᠠᠷ ᠨᠣᠮᠧᠷᠯᠠᠭᠰᠠᠨ ᠦᠶᠡᠷ ᠤᠨ ᠤᠰᠤ ᠶᠢ ᠬᠡᠷᠬᠢᠨ ᠲᠣᠭᠲᠠᠭᠠᠭᠰᠠᠨ ᠢ ᠶᠠᠷᠢᠶ᠎ᠠ᠃ | ᠬᠠᠲᠤᠨ ᠭᠤᠣᠯ ᠤᠨ ᠳ᠋ᠤᠭᠠᠷᠯᠠᠭᠰᠠᠨ ᠦᠶᠡᠷ ᠤᠨ ᠤᠰᠤ ᠶᠢ ᠲᠥᠯᠥᠭᠡᠯᠡᠭᠴᠢ ᠤᠰᠤᠨ ᠵᠦᠢ ᠶᠢᠨ | ᠥᠷᠲᠡᠭᠡᠨ ᠤ ᠤᠷᠤᠰᠬᠠᠯ ᠤᠨ ᠬᠡᠮᠵᠢᠶ᠎ᠡ ᠪᠠᠷ ᠲᠣᠭᠲᠠᠭᠠᠭᠰᠠᠨ ᠶᠤᠮ᠃ 1 ᠳ᠋ᠦ᠋ᠭᠡᠷ ᠨᠣᠮᠧᠷᠲᠤ ᠦᠶᠡᠷ ᠪᠣᠯ ᠬᠠᠲᠤᠨ | ᠭᠤᠤᠯ ᠤᠨ ᠳᠤᠮᠳᠠᠳᠤ ᠤᠷᠤᠰᠬᠠᠯ ᠤᠨ ᠦᠶᠡᠷ ᠲᠤ ᠬᠠᠷᠢᠶᠠᠯᠠᠭᠳᠠᠨ᠎ᠠ᠂ ᠲᠥᠯᠥᠭᠡᠯᠡᠭᠴᠢ ᠥᠷᠲᠡᠭᠡ ᠨᠢ ᠬᠠᠲᠤᠨ | ᠭᠤᠤᠯ ᠤᠨ ᠳᠤᠮᠳᠠᠳᠤ ᠤᠷᠤᠰᠬᠠᠯ ᠤᠨ ᠲᠦᠩᠭᠤᠸᠠᠨ ᠥᠷᠲᠡᠭᠡ ᠪᠣᠯᠤᠨ᠎ᠠ᠂ ᠲᠦᠩᠭᠤᠸᠠᠨ ᠥᠷᠲᠡᠭᠡ ᠶᠢᠨ | ᠰᠡᠷᠡᠮᠵᠢ ᠶᠢᠨ ᠤᠷᠤᠰᠬᠠᠯ ᠤᠨ ᠬᠡᠮᠵᠢᠶ᠎ᠡ ᠨᠢ ᠰᠧᠺᠦ᠋ᠨ᠋ᠳ᠋ ᠪᠦᠷᠢ 5000 ᠪᠣᠰᠤᠭ᠎ᠠ ᠳᠥᠷᠪᠡᠯᠵᠢᠨ ᠮᠧᠲᠷ ᠪᠠᠶᠢᠵᠤ᠂ | ᠰᠧᠺᠦ᠋ᠨ᠋ᠳ᠋ ᠪᠦᠷᠢ 5000 ᠪᠣᠰᠤᠭ᠎ᠠ ᠳᠥᠷᠪᠡᠯᠵᠢᠨ ᠮᠧᠲᠷ ᠠᠴᠠ ᠬᠡᠲᠦᠷᠡᠪᠡᠯ ᠳ᠋ᠤᠭᠠᠷᠯᠠᠯ ᠳᠤ ᠣᠷᠣᠳᠠᠭ᠃ ᠬᠠᠲᠤᠨ | ᠭᠤᠤᠯ ᠤᠨ ᠳᠤᠮᠳᠠᠳᠤ ᠤᠷᠤᠰᠬᠠᠯ ᠤᠨ ᠲᠦᠩᠭᠤᠸᠠᠨ ᠥᠷᠲᠡᠭᠡ 9 ᠰᠠᠷ᠎ᠠ ᠶᠢᠨ 27 ᠤ ᠡᠳᠦᠷ ᠤᠨ 15 ᠴᠠᠭ ᠲᠤ᠂ | ᠤᠷᠤᠰᠬᠠᠯ ᠤᠨ ᠬᠡᠮᠵᠢᠶ᠎ᠡ ᠨᠢ ᠰᠧᠺᠦ᠋ᠨ᠋ᠳ᠋ ᠪᠦᠷᠢ 5000 ᠪᠣᠰᠤᠭ᠎ᠠ ᠳᠥᠷᠪᠡᠯᠵᠢᠨ ᠮᠧᠲᠷ ᠠᠴᠠ ᠳᠠᠪᠠᠵᠤ᠂ ᠳᠠᠷᠤᠶ | ᠰᠡᠷᠭᠡᠶᠢᠯᠡᠯᠲᠡ ᠶᠢᠨ ᠤᠷᠤᠰᠬᠠᠯ ᠤᠨ ᠬᠡᠮᠵᠢᠶ᠎ᠡ ᠠᠴᠠ ᠳᠠᠪᠠᠭᠰᠠᠨ ᠪᠠᠶᠢᠨ᠎ᠠ᠂ ᠡᠶᠢᠮᠦ ᠠᠴᠠ ᠪᠢᠳᠡ 1 ᠳ᠋ᠦ᠋ᠭᠡᠷ | ᠨᠣᠮᠧᠷᠲᠤ ᠦᠶᠡᠷ ᠤᠨ ᠤᠰᠤ ᠭᠡᠵᠦ ᠳ᠋ᠤᠭᠠᠷᠯᠠᠪᠠ᠃ ᠲᠡᠭᠦᠨ ᠤ ᠳᠣᠤᠷᠠᠳᠤ ᠤᠷᠤᠰᠬᠠᠯ ᠤᠨ ᠡᠵᠡᠮᠰᠢᠯ ᠤᠨ ᠥᠷᠲᠡᠭᠡ | ᠨᠢ ᠬᠤᠸᠠ ᠶᠤᠸᠠᠨ ᠺᠸᠦ ᠥᠷᠲᠡᠭᠡ ᠪᠠᠶᠢᠵᠤ᠂ ᠬᠤᠸᠠ ᠶᠤᠸᠠᠨ ᠺᠸᠦ ᠥᠷᠲᠡᠭᠡ ᠶᠢᠨ ᠦᠶᠡᠷ ᠤᠨ ᠤᠰᠤᠨ ᠤ | ᠳ᠋ᠤᠭᠠᠷᠯᠠᠯ ᠤᠨ ᠪᠠᠷᠢᠮᠵᠢᠶ᠎ᠠ ᠨᠢ 4000 ᠪᠣᠰᠤᠭ᠎ᠠ ᠳᠥᠷᠪᠡᠯᠵᠢᠨ ᠮᠧᠲᠷ\ ᠰᠧᠺᠦ᠋ᠨ᠋ᠳ᠋ ᠪᠠᠶᠢᠳᠠᠭ᠃ 27 ᠤ | ᠡᠳᠦᠷ ᠤᠨ 21 ᠴᠠᠭ ᠲᠤ᠂ ᠬᠤᠸᠠ ᠶᠤᠸᠠᠨ ᠺᠸᠦ ᠥᠷᠲᠡᠭᠡᠨ ᠤ ᠤᠷᠤᠰᠬᠠᠯ ᠤᠨ ᠬᠡᠮᠵᠢᠶ᠎ᠡ 4000 ᠶᠢ ᠳᠠᠪᠠᠵᠤ᠂ | ᠳᠣᠤᠷᠠᠳᠤ ᠤᠷᠤᠰᠬᠠᠯ ᠤᠨ ᠳ᠋ᠤᠭᠠᠷᠯᠠᠭᠰᠠᠨ ᠦᠶᠡᠷ ᠤᠨ ᠤᠰᠤ ᠭᠠᠷᠴᠠᠶ᠂ ᠡᠨᠡ ᠪᠣᠯ ᠳᠠᠷᠤᠶ 2 ᠳ᠋ᠤᠭᠠᠷ ᠨᠣᠮᠧᠷᠲᠤ | ᠦᠶᠡᠷ ᠪᠣᠯᠤᠨ᠎ᠠ᠃ ᠡᠨᠡ ᠵᠢᠯ ᠤᠨ 1 ᠳ᠋ᠦ᠋ᠭᠡᠷ ᠨᠣᠮᠧᠷᠲᠤ ᠦᠶᠡᠷ ᠤᠨ ᠤᠰᠤ ᠪᠣᠯᠤᠨ 2 ᠳ᠋ᠤᠭᠠᠷ ᠨᠣᠮᠧᠷᠲᠤ | ᠦᠶᠡᠷ ᠤᠨ ᠤᠰᠤ ᠬᠡᠳᠦ᠋ᠢᠪᠡᠷ 6 ᠴᠠᠭ ᠠᠯᠤᠰᠯᠠᠵᠤ ᠪᠠᠶᠢᠭ᠎ᠠ ᠪᠣᠯᠪᠠᠴᠤ ᠲᠡᠳᠡᠨ ᠤ ᠢᠷᠡᠬᠦ ᠤᠰᠤᠨ ᠤ ᠣᠷᠣᠨ ᠵᠠᠶ | ᠨᠢ ᠠᠳᠠᠯᠢ ᠥᠬᠡᠶ᠂ ᠳᠤᠮᠳᠠ ᠤᠷᠤᠰᠬᠠᠯ ᠪᠣᠯᠤᠨ ᠳᠣᠤᠷᠠᠳᠤ ᠤᠷᠤᠰᠬᠠᠯ ᠤᠨ ᠭᠤᠤᠯ ᠤᠨ ᠬᠡᠰᠡᠭ ᠨᠢ ᠠᠳᠠᠯᠢ ᠥᠬᠡᠶ | ᠪᠠᠶᠢᠳᠠᠭ᠂ ᠡᠶᠢᠮᠦ ᠠᠴᠠ ᠪᠢᠳᠡ ᠲᠣᠭᠲᠠᠭᠠᠯ ᠶᠣᠰᠣᠭᠠᠷ ᠬᠤᠶᠠᠷ ᠤᠳᠠᠭ᠎ᠠ ᠦᠶᠡᠷ ᠤᠨ ᠤᠰᠤ ᠶᠢ ᠳ᠋ᠤᠭᠠᠷᠯᠠᠭᠰᠠᠨ | ᠪᠠᠶᠢᠨ᠎ᠠ᠃ ᠡᠨᠡ ᠪᠣᠯ ᠦᠶᠡᠷ ᠤᠨ ᠤᠰᠤᠨ ᠤ ᠳ᠋ᠤᠭᠠᠷᠯᠠᠯ ᠤᠨ ᠲᠤᠬᠠᠶ ᠨᠢᠭᠡᠨ ᠲᠣᠪᠴᠢ ᠲᠠᠶᠢᠯᠪᠤᠷᠢᠯᠠᠯᠲᠠ ᠪᠣᠯᠤᠨ᠎ᠠ᠃ | | ᠣᠲᠣ ᠶᠢᠨ ᠤᠰᠤᠨ ᠤ ᠪᠠᠶᠢᠳᠠᠯ ᠶᠠᠮᠠᠷ ᠪᠠᠶᠢᠳᠠᠭ ᠪᠣᠶ︖ ᠣᠳᠣᠬᠠᠨ ᠳᠤ ᠸᠧᠶ ᠾᠧ ᠠᠴᠠ ᠲᠦᠩᠭᠤᠸᠠᠨ | ᠬᠦᠷᠲᠡᠯᠡᠬᠢ ᠱᠤᠭᠤᠮ ᠨᠢᠭᠡᠨᠲᠡ ᠣᠷᠭᠢᠯ ᠠᠴᠠ ᠪᠠᠨ ᠭᠠᠷᠴᠤ᠂ ᠦᠶᠡᠷ ᠤᠨ ᠣᠷᠭᠢᠯ ᠤᠨ ᠤᠷᠤᠰᠬᠠᠯ ᠤᠨ ᠬᠡᠮᠵᠢᠶ᠎ᠡ | ᠨᠢ ᠰᠧᠺᠦ᠋ᠨ᠋ᠳ᠋ ᠪᠦᠷᠢ 7480 ᠪᠣᠰᠤᠭ᠎ᠠ ᠳᠥᠷᠪᠡᠯᠵᠢᠨ ᠮᠧᠲᠷ ᠪᠠᠶᠢᠳᠠᠭ᠂ ᠡᠨᠡ ᠪᠣᠯ 29 ᠤ ᠡᠳᠦᠷ ᠤᠨ 23 | ᠴᠠᠭ ᠲᠤ ᠢᠯᠡᠷᠡᠭᠰᠡᠨ ᠦᠶᠡᠷ ᠤᠨ ᠣᠷᠭᠢᠯ ᠪᠣᠯᠤᠨ᠎ᠠ᠃ ᠳᠣᠤᠷᠠᠳᠤ ᠤᠷᠤᠰᠬᠠᠯ ᠤᠨ ᠬᠤᠸᠠ ᠶᠤᠸᠠᠨ ᠺᠸᠦ ᠥᠷᠲᠡᠭᠡ | ᠤᠷᠵᠢᠳᠤᠷ ᠰᠥᠨᠢ ᠪᠣᠯᠬᠤ ᠳᠤ 4800 ᠪᠣᠰᠤᠭ᠎ᠠ ᠳᠥᠷᠪᠡᠯᠵᠢᠨ ᠮᠧᠲᠷ\ ᠰᠧᠺᠦ᠋ᠨ᠋ᠳ᠋ ᠠᠴᠠ ᠭᠠᠷᠴᠤ᠂ ᠡᠨᠡ ᠪᠣᠯ | ᠬᠠᠮᠤᠭ ᠤᠨ ᠶᠡᠭᠡ ᠦᠶᠡᠷ ᠤᠨ ᠣᠷᠭᠢᠯ ᠤᠨ ᠪᠠᠶᠢᠳᠠᠯ ᠪᠣᠯᠤᠨ᠎ᠠ᠃ ᠰᠤᠷᠪᠤᠯᠵᠢᠯᠠᠭᠴᠢ ᠡᠨᠡ ᠤᠳᠠᠭ᠎ᠠ ᠶᠢᠨ ᠦᠶᠡᠷ ᠤᠨ | ᠳᠤᠤᠷᠠᠳᠤ ᠤᠷᠤᠰᠬᠠᠯ ᠳᠤ ᠦᠵᠡᠭᠦᠯᠬᠦ ᠨᠥᠯᠥᠭᠡ ᠶᠢ ᠨᠡᠯᠢᠶᠡᠳ ᠠᠩᠬᠠᠷᠴᠤ ᠪᠠᠶᠢᠨ᠎ᠠ᠂ ᠪᠢ ᠭᠤᠣᠯᠳᠠᠭᠤ ᠡᠨᠡ | ᠲᠠᠯ᠎ᠠ ᠶᠢᠨ ᠪᠠᠶᠢᠳᠠᠯ ᠢ ᠶᠠᠷᠢᠶ᠎ᠠ᠃ ᠨᠢᠭᠡᠳᠦᠭᠡᠷ ᠲᠤ᠂ ᠬᠠᠲᠤᠨ ᠭᠤᠤᠯ ᠤᠨ ᠳᠣᠤᠷᠠᠳᠤ ᠤᠷᠤᠰᠬᠠᠯ ᠤᠨ ᠭᠤᠤᠯ | ᠤᠷᠤᠰᠬᠠᠯ ᠤᠨ ᠪᠠᠶᠢᠳᠠᠯ ᠢ ᠡᠵᠡᠮᠳᠡᠬᠦ ᠢᠨᠵᠧᠨᠧᠷᠢᠩ ᠤᠨ ᠰᠡᠷᠭᠡᠶᠢᠯᠡᠯᠲᠡ ᠶᠢᠨ ᠪᠠᠷᠢᠮᠵᠢᠶ᠎ᠠ ᠨᠢ 4000 ᠪᠣᠰᠤᠭ᠎ᠠ | ᠳᠥᠷᠪᠡᠯᠵᠢᠨ ᠮᠧᠲᠷ\ ᠰᠧᠺᠦ᠋ᠨ᠋ᠳ᠋ ᠲᠤ ᠪᠠᠶᠢᠳᠠᠭ᠂ ᠥᠭᠡᠷ᠎ᠡ ᠪᠠᠷ ᠬᠡᠯᠡᠪᠡᠯ ᠴᠡᠴᠡᠷᠯᠢᠭ ᠤᠨ ᠠᠮᠠᠰᠠᠷ ᠤᠨ | ᠤᠷᠤᠰᠬᠠᠯ ᠤᠨ ᠬᠡᠮᠵᠢᠶ᠎ᠡ ᠨᠢ ᠬᠡᠷᠪᠡ 4000 ᠪᠣᠰᠤᠭ᠎ᠠ ᠳᠥᠷᠪᠡᠯᠵᠢᠨ ᠮᠧᠲᠷ\ ᠰᠧᠺᠦ᠋ᠨ᠋ᠳ᠋ ᠠᠴᠠ ᠳᠠᠪᠠᠪᠠᠯ᠂ ᠡᠲᠡᠭᠡᠷ | ᠡᠵᠡᠮᠳᠡᠬᠦ ᠢᠨᠵᠧᠨᠧᠷᠢᠩ ᠨᠢ ᠰᠦᠷᠳᠡᠭᠦᠯᠦᠯ ᠳᠤ ᠤᠴᠠᠷᠠᠬᠤ ᠪᠣᠯᠤᠨ᠎ᠠ᠃ ᠬᠤᠶᠠᠳᠠᠬᠢ ᠨᠥᠯᠥᠭᠡ ᠂ ᠬᠠᠲᠤᠨ | ᠭᠤᠤᠯ ᠤᠨ ᠳᠣᠤᠷᠠᠳᠤ ᠤᠷᠤᠰᠬᠠᠯ ᠤᠨ ᠰᠠᠶᠢᠷᠭᠠᠯ ᠤᠨ ᠣᠷᠣᠨ ᠳᠤ ᠪᠠᠰᠠ ᠣᠯᠠᠨ ᠲᠦᠮᠡᠨ ᠤ ᠦᠶᠯᠡᠳᠪᠦᠷᠢᠯᠡᠯ | ᠠᠮᠢᠳᠤᠷᠠᠯ ᠪᠠᠶᠢᠵᠤ᠂ ᠳᠣᠤᠷᠠᠳᠤ ᠤᠷᠤᠰᠬᠠᠯ ᠤᠨ ᠰᠠᠶᠢᠷᠭᠠᠯ ᠤᠨ ᠤᠷᠤᠰᠬᠠᠯ ᠤᠨ ᠬᠡᠮᠵᠢᠶ᠎ᠡ ᠨᠢ ᠪᠠᠷᠤᠭ 5000 | ᠪᠣᠰᠤᠭ᠎ᠠ ᠳᠥᠷᠪᠡᠯᠵᠢᠨ ᠮᠧᠲᠷ\ ᠰᠧᠺᠦ᠋ᠨ᠋ᠳ᠋ ᠲᠤ ᠬᠦᠷᠴᠦ᠂ ᠬᠡᠷᠪᠡ ᠴᠡᠴᠡᠷᠯᠢᠭ ᠤᠨ ᠠᠮᠠᠰᠠᠷ ᠨᠢ 4000 ᠪᠣᠰᠤᠭ᠎ᠠ | ᠳᠥᠷᠪᠡᠯᠵᠢᠨ ᠮᠧᠲᠷ\ ᠰᠧᠺᠦ᠋ᠨ᠋ᠳ᠋ ᠲᠤ ᠬᠦᠷᠴᠦ᠂ 5000 ᠪᠣᠰᠤᠭ᠎ᠠ ᠳᠥᠷᠪᠡᠯᠵᠢᠨ ᠮᠧᠲᠷ\ ᠰᠧᠺᠦ᠋ᠨ᠋ᠳ᠋ ᠲᠤ | ᠬᠦᠷᠲᠡᠯ᠎ᠡ ᠳᠡᠭᠡᠭᠰᠢᠯᠡᠬᠦ ᠳᠤ ᠭᠦᠷᠪᠡᠯ ᠰᠠᠶᠢᠷᠭᠠᠯ ᠤᠨ ᠣᠷᠣᠨ ᠤ ᠦᠶᠯᠡᠳᠪᠦᠷᠢᠯᠡᠯ ᠠᠮᠢᠳᠤᠷᠠᠯ ᠨᠢ ᠰᠦᠷᠳᠡᠭᠦᠯᠦᠯ ᠳᠤ | ᠤᠴᠠᠷᠠᠬᠤ ᠪᠣᠯᠤᠨ᠎ᠠ᠃ | ᠣᠳᠣᠬᠠᠨ ᠤ ᠪᠠᠶᠢᠳᠠᠯ ᠠᠴᠠ ᠦᠵᠡᠪᠡᠯ᠂ ᠦᠶᠡᠷ ᠢ ᠰᠡᠷᠭᠡᠶᠢᠯᠡᠬᠦ ᠳᠤ ᠭᠤᠤᠯᠳᠠᠭᠤ ᠤᠰᠤᠨ ᠴᠥᠭᠦᠷᠥᠮ ᠢ | ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ᠂ ᠳᠣᠤᠷᠠᠳᠤ ᠤᠷᠤᠰᠬᠠᠯ ᠤᠨ ᠤᠷᠤᠰᠬᠠᠯ ᠤᠨ ᠬᠡᠮᠵᠢᠶ᠎ᠡ ᠶᠢ | ᠳᠣᠭᠢᠷᠠᠭᠤᠯᠬᠤ᠂ ᠳᠣᠤᠷᠠᠳᠤ ᠤᠷᠤᠰᠬᠠᠯ ᠤᠨ ᠦᠶᠡᠷ ᠢ ᠣᠶᠢᠷ᠎ᠠ ᠶᠢᠨ ᠬᠤᠭᠤᠴᠠᠭᠠᠨ ᠤ 8 ᠰᠠᠷ᠎ᠠ ᠶᠢᠨ | ᠬᠤᠷᠢᠳ ᠠᠴᠠ ᠨᠠᠭᠠᠰᠢ ᠦᠷᠭᠦᠯᠵᠢᠯᠡᠭᠰᠡᠨ ᠰᠢᠷᠦᠭᠦᠨ ᠪᠣᠷᠣᠭᠠᠨ ᠤ ᠨᠥᠯᠥᠭᠡ ᠠᠴᠠ ᠪᠣᠯᠵᠣ᠂ ᠬᠠᠲᠤᠨ ᠭᠤᠤᠯ ᠤᠨ | ᠬᠡᠪᠴᠢᠶᠡᠨ ᠳᠤ ᠨᠠᠮᠤᠷ ᠤᠨ ᠦᠶᠡᠷ ᠲᠠᠰᠤᠷᠠᠯ ᠥᠬᠡᠶ ᠦᠷᠭᠦᠯᠵᠢᠯᠡᠵᠦ᠂ ᠣᠲᠣ ᠶᠢᠨ ᠤᠰᠤᠨ ᠴᠥᠭᠦᠷᠥᠮ ᠤᠨ | ᠤᠰᠤᠨ ᠲᠦᠪᠰᠢᠨ ᠬᠠᠷᠢᠴᠠᠩᠭᠤᠶ ᠪᠠᠷ ᠨᠡᠯᠢᠶᠡᠳ ᠥᠨᠳᠥᠷ ᠪᠠᠶᠢᠵᠤ᠂ ᠦᠶᠡᠷ ᠢ ᠳᠣᠭᠢᠷᠠᠭᠤᠯᠬᠤ ᠴᠢᠳᠠᠪᠤᠷᠢ | ᠬᠢᠵᠠᠭᠠᠷ ᠲᠠᠢ ᠪᠠᠶᠢᠨ᠎ᠠ᠃ ᠲᠣᠰ ᠤᠳᠠᠭᠠᠨ ᠤ ᠲᠣᠬᠢᠷᠠᠭᠤᠯᠤᠯᠲᠠ ᠳᠤ ᠲᠣᠭᠲᠠᠭᠠᠭᠰᠠᠨ ᠬᠠᠷᠠᠯᠲᠠ ᠪᠣᠯ᠂ | ᠴᠡᠴᠡᠷᠯᠢᠭ ᠤᠨ ᠠᠮᠠᠰᠠᠷ ᠤᠨ ᠤᠷᠤᠰᠴᠠ ᠶᠢ ᠰᠧᠺᠦ᠋ᠨ᠋ᠳ᠋ ᠪᠦᠷᠢ 4900 ᠪᠣᠰᠤᠭ᠎ᠠ ᠳᠥᠷᠪᠡᠯᠵᠢᠨ ᠮᠧᠲᠷ ᠠᠴᠠ | ᠬᠡᠲᠦᠷᠡᠭᠦᠯᠬᠦ ᠥᠬᠡᠶ᠂ ᠡᠨᠡ ᠬᠦ ᠤᠷᠤᠰᠴᠠ ᠶᠢᠨ ᠲᠣᠬᠢᠷᠠᠭᠤᠯᠤᠯᠲᠠ ᠨᠢ ᠰᠠᠶᠢᠷᠭᠠᠯ ᠣᠷᠣᠨ ᠤ ᠠᠮᠤᠷ ᠲᠦᠪᠰᠢᠨ ᠢ | ᠪᠠᠲᠤᠯᠠᠬᠤ ᠶᠢᠨ ᠬᠠᠮᠲᠤ ᠡᠵᠡᠮᠳᠡᠬᠦ ᠢᠨᠵᠧᠨᠧᠷᠢᠩ ᠤᠨ ᠠᠮᠤᠷ ᠲᠦᠪᠰᠢᠨ ᠢ ᠪᠠᠲᠤᠯᠠᠬᠤ ᠪᠠᠷ ᠴᠢᠷᠮᠠᠶᠢᠵᠤ᠂ ᠢᠯᠠᠩᠭᠤᠶ᠎ᠠ | ᠰᠠᠶᠢᠷᠭᠠᠯ ᠣᠷᠣᠨ ᠤ ᠠᠷᠠᠳ ᠣᠯᠠᠨ ᠤ ᠠᠮᠤᠷ ᠲᠦᠪᠰᠢᠨ ᠢ ᠪᠠᠲᠤᠯᠠᠬᠤ ᠶᠠᠪᠤᠳᠠᠯ ᠪᠣᠯᠤᠨ᠎ᠠ᠂ ᠡᠨᠡ ᠪᠣᠯ ᠮᠠᠨ ᠤ | ᠦᠶᠡᠷ ᠢ ᠰᠡᠷᠭᠡᠶᠢᠯᠡᠬᠦ ᠬᠠᠮᠤᠭ ᠤᠨ ᠴᠢᠬᠤᠯᠠ ᠬᠠᠷᠠᠯᠲᠠ ᠮᠥᠨ᠃ | ᠡᠨᠡ ᠵᠢᠯ ᠤᠨ ᠬᠠᠲᠤᠨ ᠭᠤᠣᠯ ᠤᠨ ᠨᠠᠮᠤᠷ ᠤᠨ ᠦᠶᠡᠷ ᠤᠨ ᠰᠡᠷᠭᠡᠶᠢᠯᠡᠯᠲᠡ ᠳᠤ ᠴᠢᠭᠯᠡᠭᠦᠯᠦᠨ᠂ ᠪᠢᠳᠡ | ᠭᠤᠣᠯᠳᠠᠭᠤ ᠳᠣᠣᠷᠠᠬᠢ ᠬᠡᠳᠦᠨ ᠵᠦᠢᠯ ᠤᠨ ᠠᠷᠭ᠎ᠠ ᠬᠡᠮᠵᠢᠶ᠎ᠡ ᠶᠢ ᠠᠪᠤᠪᠠ᠃ ᠨᠢᠭᠡ ᠳᠤ᠂ 9 ᠰᠠᠷ᠎ᠠ ᠶᠢᠨ 27 ᠤ | ᠡᠳᠦᠷ᠂ ᠤᠰᠤᠨ ᠠᠰᠢᠭᠯᠠᠯᠳᠠ ᠶᠢᠨ ᠶᠠᠮᠤᠨ ᠤᠰᠤ ᠭᠠᠩ ᠤᠨ ᠭᠠᠮᠰᠢᠭ ᠤᠨ ᠲᠤᠬᠠᠶ ᠰᠡᠷᠭᠡᠶᠢᠯᠡᠯᠲᠡ ᠶᠢᠨ ᠭᠤᠷᠪᠠᠨ | ᠱᠠᠲᠤᠨ ᠤ ᠤᠷᠢᠶᠠᠯᠠᠭ᠎ᠠ ᠶᠢ ᠡᠬᠢᠯᠡᠭᠦᠯᠪᠡ᠃ ᠬᠤᠶᠠᠷ ᠲᠤ ᠤᠷᠢᠳᠴᠢᠯᠠᠨ ᠲᠥᠰᠦᠭᠡᠯᠡᠵᠦ ᠤᠷᠢᠳᠴᠢᠯᠠᠨ | ᠮᠡᠳᠡᠭᠡᠯᠡᠬᠦ ᠶᠢ ᠴᠢᠩᠭᠠᠳᠬᠠᠵᠤ᠂ ᠬᠡᠳᠦᠨ ᠡᠳᠦᠷ ᠤᠨ ᠲᠤᠷᠰᠢ ᠤᠰᠤᠨ ᠤ ᠪᠠᠶᠢᠳᠠᠯ ᠢ ᠬᠢᠨᠠᠨ ᠬᠡᠮᠵᠢᠬᠦ᠂ | ᠦᠷᠭᠦᠯᠵᠢᠯᠡᠨ ᠵᠠᠳᠠᠯᠵᠤ ᠤᠷᠢᠳᠴᠢᠯᠠᠨ ᠮᠡᠳᠡᠭᠡᠯᠡᠬᠦ ᠶᠢ ᠺᠣᠳ᠋ᠯᠠᠨᠠ᠃ ᠭᠤᠷᠪᠠ ᠳᠤ᠂ ᠤᠰᠤᠨ ᠴᠥᠭᠦᠷᠥᠮ ᠢ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠨᠢᠭᠲᠠ ᠵᠥᠪᠳᠡᠯᠴᠡᠬᠦ ᠪᠠᠷ ᠳᠡᠮᠵᠢᠨ᠂ ᠭᠤᠤᠯ ᠰᠠᠯᠪᠤᠷᠢ | ᠤᠷᠤᠰᠬᠠᠯ ᠤᠨ ᠰᠢᠶᠤᠤ ᠯᠠᠩ ᠳ᠋ᠢ᠂ ᠸᠠᠨ ᠵᠢᠶᠠ ᠵᠠᠶ᠂ ᠯᠦ ᠾᠦᠨ᠂ ᠭᠦ᠋ ᠰᠢᠶᠠᠨ᠂ ᠾᠧ ᠺᠸᠦ ᠲᠣᠰᠬᠤᠨ ᠵᠡᠷᠭᠡ | ᠤᠰᠤᠨ ᠴᠥᠭᠦᠷᠥᠮ ᠢ ᠴᠠᠭ ᠲᠤᠬᠠᠶ ᠳᠤᠨᠢ ᠨᠠᠷᠢᠯᠢᠭ ᠲᠣᠬᠢᠷᠠᠭᠤᠯᠵᠤ᠂ ᠤᠰᠤᠨ ᠴᠥᠭᠦᠷᠥᠮ ᠤᠨ ᠪᠥᠭᠡᠮᠨᠡᠷᠡᠯ ᠢ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠦᠶᠡᠷ ᠢ ᠬᠠᠰᠢᠵᠤ ᠣᠷᠭᠢᠯ ᠢ ᠬᠠᠰᠤᠨ ᠣᠷᠭᠢᠯ ᠢ ᠵᠥᠷᠢᠭᠦᠯᠦᠨ᠎ᠡ᠃ | ᠲᠦᠷᠪᠡ ᠳᠤ ᠬᠠᠳᠤᠨ ᠭᠤᠣᠯ ᠤᠨ ᠭᠤᠣᠯ ᠤᠷᠤᠰᠬᠠᠯ᠂ ᠰᠠᠯᠪᠤᠷᠢ ᠤᠷᠤᠰᠬᠠᠯ ᠤᠨ ᠭᠤᠣᠯ ᠤᠨ ᠭᠤᠯᠳᠤᠷᠢᠯ ᠵᠢᠴᠢ | ᠡᠵᠡᠮᠳᠡᠯ ᠤᠨ ᠴᠢᠨᠠᠷᠲᠠᠶ ᠪᠠᠷᠢᠯᠭ᠎ᠠ ᠶᠢᠨ ᠬᠤᠷᠢᠭᠯᠠᠯᠲᠠ ᠶᠢ ᠰᠠᠶᠢᠲᠤᠷ ᠬᠢᠬᠦ ᠶᠢ ᠵᠢᠯᠣᠭᠤᠳᠤᠨ ᠰᠢᠪᠠᠳᠠᠨ᠎ᠠ᠃ ᠲᠠᠪᠤ ᠳᠤ | ᠠᠶᠤᠯ ᠲᠠᠢ ᠣᠷᠣᠨ ᠤ ᠬᠥᠮᠦᠰ ᠢ ᠰᠢᠯᠵᠢᠭᠦᠯᠵᠦ ᠵᠠᠶᠢᠯᠠᠭᠤᠯᠬᠤ ᠪᠡᠯᠡᠳᠬᠡᠯ ᠲᠥᠰᠦᠯ ᠢ ᠰᠠᠶᠢᠲᠤᠷ ᠬᠢᠵᠦ᠂ ᠠᠶᠤᠯ ᠲᠠᠢ | ᠪᠠᠶᠢᠳᠠᠯ ᠭᠠᠷᠤᠮᠠᠭᠴᠠ ᠤᠯᠠᠨ ᠲᠦᠮᠡᠨ ᠢ ᠡᠷᠡᠰ ᠢᠶᠠᠷ ᠰᠢᠯᠵᠢᠭᠦᠯᠦᠨ ᠠᠶᠤᠯ ᠠᠴᠠ ᠵᠠᠶᠢᠯᠠᠭᠤᠯᠵᠤ᠂ ᠠᠷᠠᠳ ᠤᠯᠠᠨ ᠤ | ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ | ᠣᠳᠣᠬᠠᠨ ᠳᠤ ᠤᠰᠤᠨ ᠠᠰᠢᠭᠯᠠᠯᠳᠠ ᠶᠢᠨ ᠶᠠᠮᠤᠨ ᠨᠢᠭᠡᠨᠲᠡ ᠲᠦᠷᠪᠡᠨ ᠠᠵᠢᠯᠯᠠᠬᠤ ᠳᠤᠭᠤᠶᠢᠯᠠᠩ ᠲᠣᠮᠢᠯᠠᠵᠤ᠂ | ᠬᠠᠳᠤᠨ ᠭᠤᠣᠯ ᠤᠨ ᠳᠤᠮᠳᠠ᠂ ᠳᠤᠤᠷᠠᠳᠤ ᠤᠷᠤᠰᠬᠠᠯ ᠪᠠ ᠸᠧᠶ ᠾᠧ ᠭᠤᠣᠯ ᠤᠨ ᠱᠤᠭᠤᠮ ᠢᠶᠠᠷ ᠣᠷᠣᠨ ᠨᠤᠲᠤᠭ | ᠪᠠ ᠰᠠᠪᠠ ᠭᠠᠵᠠᠷ ᠤᠨ ᠰᠡᠷᠭᠡᠶᠢᠯᠡᠯᠲᠡ ᠶᠢᠨ ᠠᠵᠢᠯ ᠢ ᠵᠢᠯᠣᠭᠤᠳᠴᠤ ᠪᠠᠶᠢᠨ᠎ᠠ᠃ ᠦᠶᠡᠷ ᠤᠨ ᠪᠠᠶᠢᠳᠠᠯ ᠣᠳᠣᠬᠠᠨ ᠳᠤ | ᠪᠠᠰᠠ ᠮᠠᠰᠢ ᠬᠦᠨᠳᠦ ᠬᠡᠴᠡᠭᠦᠦ ᠪᠠᠶᠢᠵᠤ᠂ ᠮᠥᠨ ᠯᠡ ᠦᠷᠭᠦᠯᠵᠢᠯᠡᠭᠰᠡᠨ ᠰᠢᠷᠦᠭᠦᠨ ᠪᠣᠷᠣᠭᠠᠨ ᠤ ᠨᠥᠯᠥᠭᠡ ᠶᠢ | ᠬᠦᠷᠳᠡᠵᠦ ᠪᠠᠶᠢᠨ᠎ᠠ᠂ ᠵᠢᠱᠢᠯᠲᠡ ᠪᠠᠷ 10 ᠰᠠᠷ᠎ᠠ ᠶᠢᠨ ᠳᠤᠮᠳᠠᠴᠢ ᠪᠣᠯᠲᠠᠯ᠎ᠠ ᠦᠷᠭᠦᠯᠵᠢᠯᠡᠬᠦ ᠪᠣᠯᠤᠨ᠎ᠠ᠂ ᠡᠨᠡ ᠨᠢ | ᠲᠡᠦᠬᠡᠨ ᠳᠡᠭᠡᠷ᠎ᠡ ᠴᠦ ᠮᠠᠰᠢ ᠬᠤᠪᠣᠷ ᠶᠤᠮ᠃ ᠡᠨᠡ ᠤᠳᠠᠭᠠᠨ ᠤ ᠰᠡᠷᠭᠡᠶᠢᠯᠡᠯᠲᠡ ᠶᠢ ᠰᠠᠶᠢᠲᠤᠷ ᠬᠢᠬᠦ ᠶᠢᠨ | ᠲᠥᠯᠥᠭᠡ᠂ ᠤᠰᠤᠨ ᠠᠰᠢᠭᠯᠠᠯᠳᠠ ᠶᠢᠨ ᠶᠠᠮᠤᠨ ᠨᠢᠭᠡᠨᠲᠡ ᠪᠠᠶᠢᠭᠤᠯᠭ᠎ᠠ ᠶᠢᠨ ᠦᠶᠡᠷ ᠢ ᠰᠡᠷᠭᠡᠶᠢᠯᠡᠬᠦ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠨᠢᠭᠡᠴᠢ ᠵᠢᠴᠢ ᠬᠠᠲᠤᠨ ᠭᠤᠣᠯ ᠤᠨ ᠤᠰᠤᠨ ᠠᠰᠢᠭᠯᠠᠯᠲᠠ ᠶᠢᠨ | ᠵᠥᠪᠯᠡᠯ ᠤᠨ ᠬᠤᠯᠪᠣᠭᠳᠠᠯ ᠪᠦᠬᠦᠢ ᠬᠥᠮᠦᠰ ᠢ ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠴᠢᠯᠥᠭᠡ ᠶᠢ | ᠪᠦᠬᠦᠨ ᠢ ᠬᠦᠴᠦᠨ ᠦᠭᠡᠶ ᠪᠣᠯᠭᠠᠵᠤ᠂ ᠣᠶᠤᠨ ᠴᠢᠳᠠᠯ ᠢᠶᠠᠨ ᠲᠥᠪᠯᠡᠷᠡᠭᠦᠯᠦᠨ ᠬᠠᠲᠤᠨ ᠭᠤᠣᠯ ᠤᠨ ᠦᠶᠡᠷ ᠢ | ᠰᠡᠷᠭᠡᠶᠢᠯᠡᠬᠦ ᠶᠡᠭᠡ ᠰᠢᠯᠭᠠᠯᠲᠠ ᠳᠤ ᠣᠷᠣᠯᠴᠠᠭᠤᠯᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃ ᠪᠢᠳᠡ ᠪᠠᠰᠠ | ᠵᠢᠵᠢᠭᠦᠷᠯᠡᠵᠦ ᠰᠠᠬᠢᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ᠂ | ᠤᠰᠤᠨ ᠤ ᠴᠢᠳᠠᠮᠵᠢ ᠶᠢ ᠳᠣᠭᠢᠷᠠᠭᠤᠯᠬᠤ ᠵᠢᠴᠢ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠯ ᠵᠡᠷᠭᠡ ᠡᠯ᠎ᠡ | ᠵᠦᠶᠯ ᠤᠨ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠦᠩᠭᠡ ᠶᠢᠨ | ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠪᠠᠶᠠᠷᠯᠠᠯ᠎ᠠ᠃ 2021-09-30 15: 36: | 56 | ᠳᠤᠮᠳᠠᠳᠤ ᠤᠯᠤᠰ ᠤᠨ ᠰᠢᠶᠠᠨ ᠤ ᠬᠡᠪᠴᠢᠶᠡᠨ ᠤ ᠠᠵᠤ ᠠᠬᠤᠶ ᠰᠣᠨᠢᠨ ᠤ ᠰᠤᠷᠪᠤᠯᠵᠢᠯᠠᠭᠴᠢ᠄ | ᠳᠤᠮᠳᠠ ᠵᠢᠵᠢᠭ ᠬᠡᠯᠪᠡᠷᠢ ᠶᠢᠨ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠵᠦ᠂ | ᠢᠨᠵᠧᠨᠧᠷᠢᠩ ᠤᠨ ᠠᠷᠭ᠎ᠠ ᠬᠡᠮᠵᠢᠶ᠎ᠡ ᠪᠠ ᠢᠨᠵᠧᠨᠧᠷᠢᠩ ᠤᠨ ᠪᠤᠰᠤ ᠠᠷᠭ᠎ᠠ ᠬᠡᠮᠵᠢᠶ᠎ᠡ ᠶᠢ ᠬᠠᠷᠢᠯᠴᠠᠨ ᠤᠶᠠᠯᠳᠤᠭᠤᠯᠬᠤ | ᠴᠢᠬᠤᠯᠠᠲᠠᠶ᠂ ᠭᠡᠲᠡᠯ᠎ᠡ ᠵᠠᠷᠢᠮ ᠳᠤᠮᠳᠠ ᠵᠢᠵᠢᠭ ᠬᠡᠯᠪᠡᠷᠢ ᠶᠢᠨ ᠤᠰᠤᠨ ᠴᠥᠭᠦᠷᠥᠮ ᠳᠤ ᠲᠡᠦᠬᠡ ᠶᠢᠨ | ᠰᠢᠯᠲᠠᠭᠠᠨ ᠠᠴᠠ ᠪᠤᠯᠵᠤ ᠡᠷᠬᠡ ᠬᠠᠷᠢᠭᠤᠴᠠᠯᠭ᠎ᠠ ᠨᠢ ᠲᠣᠳᠣᠷᠬᠠᠢ ᠦᠭᠡᠢ᠂ ᠳᠠᠩᠰᠠ ᠳᠤᠲᠠᠭᠳᠠᠵᠤ ᠪᠠᠶᠢᠬᠤ ᠵᠡᠷᠭᠡ | ᠠᠰᠠᠭᠤᠳᠠᠯ ᠣᠷᠣᠰᠢᠵᠤ᠂ ᠵᠠᠰᠠᠬᠤ ᠳᠤ ᠤᠯᠠᠮ ᠬᠦᠴᠢᠷᠲᠡᠢ ᠪᠣᠯᠤᠭᠰᠠᠨ ᠪᠠᠶᠢᠨ᠎ᠠ᠂ ᠡᠯ᠎ᠡ ᠭᠠᠵᠠᠷ ᠤᠨ ᠬᠢᠨ ᠳᠤᠮᠳᠠ | ᠵᠢᠵᠢᠭ ᠬᠡᠯᠪᠡᠷᠢ ᠵᠢᠨᠠᠶᠤᠯ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠲᠦᠷᠦᠯ ᠵᠦᠢᠯ ᠢ | ᠬᠡᠷᠡᠭᠵᠢᠭᠦᠯᠬᠦ ᠳᠡᠭᠡᠨ ᠪᠦᠲᠦᠮᠵᠢᠲᠡᠢ ᠤᠷᠳᠤ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠬᠡᠷᠬᠢᠨ | ᠪᠠᠶᠢᠭᠤᠯᠵᠤ᠂ ᠠᠶᠤᠯ ᠢ ᠠᠷᠢᠯᠭᠠᠬᠤ ᠪᠠᠬᠢᠯᠡᠬᠦ ᠢᠨᠵᠧᠨᠧᠷᠢᠩ ᠤᠨ ᠠᠵᠢᠯ ᠤᠨ ᠪᠣᠳᠠᠲᠤ ᠦᠷ᠎ᠡ ᠪᠦᠲᠦᠮᠵᠢ ᠶᠢ | ᠪᠠᠳᠠᠷᠠᠭᠤᠯᠵᠤ᠂ ᠨᠢᠭᠡ ᠲᠠᠯ᠎ᠠ ᠪᠠᠷ ᠰᠡᠷᠭᠡᠶᠢᠯᠡᠨ ᠬᠠᠮᠠᠭᠠᠯᠠᠵᠤ ᠨᠢᠭᠡ ᠲᠠᠯ᠎ᠠ ᠪᠠᠷ ᠠᠶᠤᠯ ᠲᠠᠢ ᠪᠠᠶᠢᠳᠠᠯ ᠭᠠᠷᠬᠤ ᠶᠢ ᠡᠷᠡᠰ | ᠬᠤᠷᠢᠭᠯᠠᠬᠤ ᠪᠤᠢ ︖᠃ ᠪᠠᠶᠠᠷᠯᠠᠯ᠎ᠠ᠃ 2021—09—30 15᠄ 46᠄ 35 | ᠯᠢᠦ ᠸᠧᠶ ᠫᠢᠩ᠄ | ᠡᠨᠡ ᠠᠰᠠᠭᠤᠳᠠᠯ ᠢ ᠮᠠᠨ ᠤ ᠲᠤᠰᠬᠠᠶ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ | ᠵᠤᠷᠭᠠᠨ ᠤ ᠷᠤᠸᠠᠨ ᠯᠢ ᠮᠢᠨ ᠵᠤᠷᠭᠠᠨ ᠤ ᠳᠠᠷᠤᠭ᠎ᠠ ᠪᠠᠷ ᠬᠠᠷᠢᠭᠤᠯᠤᠭᠠᠷᠠᠶ᠃ 2021—09—30 15᠄ | 46᠄ 49 | ᠤᠰᠤᠨ ᠠᠰᠢᠭᠯᠠᠯᠳᠠ ᠶᠢᠨ ᠶᠠᠮᠤᠨ ᠤ ᠠᠵᠢᠯᠯᠠᠭᠠᠨ ᠤ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠷᠤᠸᠠᠨ | ᠯᠢ ᠮᠢᠨ᠄ | ᠲᠠᠨ ᠤ ᠠᠰᠠᠭᠤᠭᠰᠠᠨ ᠳᠤ ᠲᠠᠯᠠᠷᠬᠠᠵᠤ ᠪᠠᠢᠨ᠎ᠠ᠃ ᠮᠠᠨ ᠤ ᠤᠯᠤᠰ ᠤᠨ ᠵᠢᠵᠢᠭ ᠬᠡᠯᠪᠡᠷᠢ ᠶᠢᠨ ᠤᠰᠤᠨ | ᠴᠥᠭᠦᠷᠥᠮ ᠤᠨ ᠬᠡᠮᠵᠢᠶ᠎ᠡ ᠨᠢ ᠶᠡᠭᠡ ᠬᠡᠪᠴᠢᠶ᠎ᠡ ᠨᠢ ᠥᠷᠭᠡᠨ᠂ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠨᠢ | ᠶᠡᠷᠦᠩᠬᠡᠶ ᠳᠡᠭᠡᠨ ᠳᠣᠣᠷ᠎ᠠ ᠰᠢᠭ᠋᠂ ᠠᠵᠢᠯᠯᠠᠬᠤ ᠴᠠᠭ ᠨᠢ ᠨᠡᠯᠢᠶᠡᠳ ᠤᠷᠳᠤ᠂ ᠲᠥᠬᠦᠭᠡᠷᠦᠮᠵᠢ ᠨᠢ ᠬᠦᠨᠳᠦ ᠨᠣᠴᠢᠲᠠᠶ | ᠬᠠᠭᠤᠴᠢᠷᠠᠵᠤ᠂ ᠬᠠᠮᠢᠶᠠᠷᠴᠤ ᠬᠠᠮᠠᠭᠠᠯᠠᠬᠤ ᠴᠢᠳᠠᠪᠤᠷᠢ ᠨᠢ ᠬᠦᠷᠦᠯᠴᠡᠬᠦ ᠦᠭᠡᠢ ᠪᠠᠶᠢᠨ᠎ᠠ᠃ ᠲᠥᠷᠥᠯᠬᠢ ᠳᠤᠲᠠᠮᠠᠭ᠂ | ᠳᠡᠭᠡᠷ᠎ᠡ ᠨᠢ ᠲᠡᠵᠢᠭᠡᠯ ᠠᠯᠳᠠᠬᠤ ᠠᠴᠠ ᠪᠤᠯᠵᠤ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠮᠤᠷ ᠲᠦᠪᠰᠢᠨ ᠤ | ᠲᠠᠯᠳᠠ ᠭᠡᠮ ᠮᠥᠨ ᠯᠡ ᠲᠤᠪᠤᠶᠢᠢᠮ᠎ᠠ ᠪᠠᠶᠢᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠦᠶᠡᠷ ᠢ ᠰᠡᠷᠭᠡᠶᠢᠯᠡᠬᠦ ᠪᠠᠭᠤᠷᠠᠶ ᠭᠤᠭᠴᠤᠭ᠎ᠠ ᠪᠤᠯᠵᠤ ᠪᠠᠶᠢᠨ᠎ᠠ᠃ ᠤᠰᠤᠨ ᠠᠰᠢᠭᠯᠠᠯᠳᠠ ᠶᠢᠨ | ᠶᠠᠮᠤᠨ ︽ᠮᠡᠳᠡᠭᠳᠡᠯ︾ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠶᠢᠷ᠎ᠠ ᠳᠤ᠂ | ᠪᠢᠳᠡ ︽ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠠᠵᠢᠯᠯᠠᠭᠠᠨ ᠢ | ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠬᠦ ᠲᠤᠬᠠᠶ ᠰᠠᠨᠠᠯ︾ ᠢ ᠢᠵᠢ ᠪᠥᠷᠢᠳᠦᠭᠦᠯᠦᠭᠰᠡᠨ ᠪᠢᠴᠢᠭ | ᠮᠠᠲ᠋ᠧᠷᠢᠶᠠᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ ᠵᠢᠵᠢᠭ ᠬᠡᠯᠪᠡᠷᠢ ᠶᠢᠨ ᠤᠰᠤᠨ | ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠠᠵᠢᠯᠯᠠᠭᠠᠨ ᠢ ᠬᠠᠮᠢᠶᠠᠷᠤᠨ ᠬᠠᠮᠠᠭᠠᠯᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠪᠡ᠃ | ᠨᠢᠭᠡ ᠳᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠦᠨᠡᠨᠬᠦ ᠲᠣᠳᠣᠷᠬᠠᠶᠢᠯᠠᠨ᠎ᠠ᠃ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠪᠣᠯ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ | ᠪᠠ ᠠᠵᠢᠯᠯᠠᠭᠠᠨ ᠢ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤ ᠶᠢ ᠲᠣᠳᠣᠷᠬᠠᠶᠢᠯᠠᠵᠤ᠂ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠷᠢᠶ᠎ᠠ ᠣᠷᠣᠨ ᠤ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠨᠢᠭᠡᠳᠦᠯᠲᠡᠶ ᠲᠥᠯᠥᠪᠯᠡᠬᠦ ᠪᠠ | ᠲᠦᠷᠦ ᠶᠢᠨ ᠪᠤᠳᠤᠯᠭ᠎ᠠ ᠪᠠᠷ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠵᠢᠵᠢᠭ ᠬᠡᠯᠪᠡᠷᠢ ᠶᠢᠨ ᠤᠰᠤᠨ | ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠠᠵᠢᠯᠯᠠᠭᠠᠨ ᠢ ᠬᠠᠮᠢᠶᠠᠷᠤᠨ ᠬᠠᠮᠠᠭᠠᠯᠠᠬᠤ ᠠᠵᠢᠯ ᠢ ᠭᠤᠣᠯ | ᠨᠠᠭᠤᠷ ᠤᠨ ᠳᠠᠷᠤᠭ᠎ᠠ ᠶᠢᠨ ᠳᠦᠷᠢᠮ ᠤᠨ ᠰᠢᠰᠲ᠋ᠧᠮ ᠳᠤ ᠣᠷᠣᠭᠤᠯᠵᠤ᠂ ᠵᠢᠵᠢᠭ ᠬᠡᠯᠪᠡᠷᠢ ᠶᠢᠨ ᠤᠰᠤᠨ | ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠ ᠠᠵᠢᠯᠯᠠᠭᠠᠨ ᠢ ᠬᠠᠮᠢᠶᠠᠷᠤᠨ ᠬᠠᠮᠠᠭᠠᠯᠠᠬᠤ ᠮᠤᠵᠢ ᠶᠢᠨ ᠱᠠᠲᠤᠨ ᠤ | ᠨᠥᠬᠦᠪᠥᠷᠢ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠳᠡᠮᠵᠢᠬᠦ ᠲᠦᠷᠦ ᠶᠢᠨ ᠪᠤᠳᠤᠯᠭ᠎ᠠ ᠪᠠ ᠪᠡᠯᠡ ᠮᠥᠩᠭᠦ ᠶᠢᠨ | ᠨᠥᠬᠦᠪᠥᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ | ᠠᠷᠢᠯᠭᠠᠨ ᠪᠠᠬᠢᠯᠡᠬᠦ ᠪᠠ ᠠᠵᠢᠯᠯᠠᠭᠠᠨ ᠢ ᠬᠠᠮᠢᠶᠠᠷᠤᠨ ᠬᠠᠮᠠᠭᠠᠯᠠᠬᠤ ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠴᠢᠩᠭᠠᠳᠬᠠᠨ᠎ᠠ᠃ | ᠬᠤᠶᠠᠷ ᠲᠤ ᠠᠶᠤᠯ ᠢ ᠠᠷᠢᠯᠭᠠᠨ ᠪᠠᠬᠢᠵᠢᠭᠦᠯᠬᠦ ᠲᠥᠷᠥᠯ ᠵᠦᠶᠯ ᠤᠨ ᠬᠠᠮᠢᠶᠠᠷᠤᠯᠲᠠ ᠶᠢᠨ ᠬᠦᠴᠦᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠤᠮᠳᠠ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ | ᠪᠠᠷᠢᠮᠵᠢᠶ᠎ᠠ ᠳᠣᠣᠷ᠎ᠠ᠂ ᠦᠶᠡᠷ ᠵᠠᠯᠠᠬᠤ ᠬᠤᠭᠤᠰᠣᠨ ᠲᠠᠯᠪᠢᠬᠤ ᠴᠢᠳᠠᠪᠤᠷᠢ ᠬᠦᠷᠦᠯᠴᠡᠬᠦ ᠦᠭᠡᠢ ᠵᠡᠷᠭᠡ ᠠᠰᠠᠭᠤᠳᠠᠯ ᠳᠤ | ᠴᠢᠭᠯᠡᠭᠦᠯᠦᠨ᠂ ︽ᠤᠰᠤᠨ ᠴᠥᠭᠦᠷᠥᠮ ᠤᠨ ᠬᠠᠰᠢᠯᠭ᠎ᠠ ᠶᠢ ᠨᠤᠷᠠᠭᠠᠬᠤ ᠦᠭᠡᠢ︾ ᠪᠠᠷ ᠵᠠᠷᠴᠢᠮ ᠪᠣᠯᠭᠠᠨ᠂ ᠦᠶᠡᠷ ᠢ | ᠰᠡᠷᠭᠡᠶᠢᠯᠡᠬᠦ ᠪᠠᠷᠢᠮᠵᠢᠶ᠎ᠠ ᠳᠣᠣᠷ᠎ᠠ᠂ ᠦᠶᠡᠷ ᠵᠠᠯᠠᠬᠤ ᠴᠢᠳᠠᠪᠤᠷᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠬᠥᠮᠥᠷᠭᠡ | ᠳᠠᠷᠠᠭᠠᠯᠠᠨ ᠲᠠᠬᠢᠨ ᠬᠢᠨᠠᠵᠤ ᠰᠢᠶᠳᠪᠦᠷᠢᠯᠡᠨ᠂ ᠬᠠᠰᠢᠯᠭ᠎ᠠ ᠶᠢ ᠬᠠᠮᠠᠭᠠᠯᠠᠬᠤ ᠴᠢᠳᠠᠪᠤᠷᠢ ᠪᠠᠨ ᠨᠡᠮᠡᠭᠳᠡᠭᠦᠯᠦᠨ᠎ᠡ᠃ ᠬᠢᠨᠠᠨ | ᠬᠡᠮᠵᠢᠬᠦ ᠪᠡᠯᠡᠳᠬᠡᠮᠵᠢ᠂ ᠦᠶᠡᠷ ᠰᠡᠷᠭᠡᠶᠢᠯᠡᠬᠦ ᠵᠠᠮ᠂ ᠴᠢᠮᠡᠭᠡ ᠬᠤᠯᠪᠣᠭᠠᠨ ᠤ ᠲᠥᠬᠦᠭᠡᠷᠦᠮᠵᠢ᠂ ᠬᠠᠮᠢᠶᠠᠷᠤᠯᠲᠠ ᠳᠤ | ᠬᠡᠷᠡᠭᠯᠡᠬᠦ ᠭᠡᠷ ᠪᠠᠶᠢᠰᠢᠩ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ | ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠣᠯᠤᠨ ᠤᠯᠠᠮᠵᠢᠯᠠᠯᠲᠤ ᠠᠷᠭ᠎ᠠ ᠶᠢ ᠪᠦᠲᠦᠮᠵᠢᠲᠡᠶ | ᠤᠶᠠᠯᠳᠤᠭᠤᠯᠵᠤ᠂ ᠣᠨᠴᠠᠭᠠᠢ ᠴᠠᠭ ᠠᠭᠤᠷ ᠵᠡᠷᠭᠡ ᠪᠠᠶᠢᠳᠠᠯ ᠳᠣᠣᠷᠠᠬᠢ ᠢᠨᠵᠧᠨᠧᠷᠢᠩ ᠤᠨ ᠠᠶᠤᠯ ᠥᠭᠡᠢ ᠶᠢ | ᠪᠠᠲᠤᠯᠠᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ | ᠭᠤᠷᠪᠠ ᠳᠤ᠂ ᠲᠤᠰᠬᠠᠢ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠦᠨ᠎ᠡ᠃ ᠲᠠᠷᠠᠬᠠᠶ ᠪᠤᠲᠠᠷᠬᠠᠶ | ᠬᠠᠮᠢᠶᠠᠷᠴᠤ ᠪᠠᠶᠢᠭ᠎ᠠ ᠵᠢᠵᠢᠭ ᠬᠡᠯᠪᠡᠷᠢ ᠶᠢᠨ ᠤᠰᠤᠨ ᠴᠥᠭᠦᠷᠥᠮ ᠳᠤ ᠣᠷᠣᠨ ᠪᠦᠰᠡ ᠪᠠᠷ ᠲᠥᠪᠯᠡᠷᠡᠭᠦᠯᠦᠨ | ᠬᠠᠮᠢᠶᠠᠷᠴᠤ ᠬᠠᠮᠠᠭᠠᠯᠠᠬᠤ᠂ ᠵᠠᠰᠠᠭ ᠤᠨ ᠣᠷᠳᠣᠨ ᠦᠶᠯᠡᠴᠢᠯᠡᠭᠡ ᠬᠤᠳᠠᠯᠳᠤᠨ ᠠᠪᠬᠤ᠂ ︽ᠶᠡᠭᠡ ᠪᠠᠷ ᠪᠠᠭ᠎ᠠ ᠶᠢ | ᠳᠠᠶᠢᠴᠢᠯᠠᠬᠤ︾ ᠵᠡᠷᠭᠡ ᠲᠤᠰᠬᠠᠢ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ᠬᠠᠮᠢᠶᠠᠷᠴᠤ ᠬᠠᠮᠠᠭᠠᠯᠠᠬᠤ | ᠭᠤᠤᠯ ᠴᠣᠭᠴᠠ᠂ ᠠᠵᠢᠯᠲᠠᠨ ᠪᠠ ᠵᠠᠷᠤᠳᠠᠯ ᠢ ᠨᠠᠶᠢᠳᠠᠪᠤᠷᠢᠵᠢᠭᠤᠯᠤᠨ᠎ᠠ᠃ ︽ᠵᠢᠵᠢᠭᠬᠡᠨ ᠬᠤᠯᠪᠣᠭᠠᠯᠠᠯ︾ ︽ | ᠢᠨᠵᠧᠨᠧᠷᠢᠩ ᠤᠨ ᠳᠠᠭᠠᠳᠭᠠᠯ︾ ᠵᠡᠷᠭᠡ ᠪᠤᠰᠤᠳ ᠪᠦᠲᠦᠮᠵᠢᠲᠡᠶ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ | ᠬᠠᠮᠢᠶᠠᠷᠴᠤ ᠬᠠᠮᠠᠭᠠᠯᠠᠬᠤ ᠵᠠᠭᠪᠤᠷ ᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠨᠡᠶᠢᠭᠡᠮ ᠤᠨ ᠬᠥᠷᠦᠩᠭᠡ ᠶᠢ | ᠬᠤᠲᠠ ᠳᠤ ᠲᠡᠳᠡᠨ ᠣᠷᠣᠭᠤᠯᠵᠤ ᠳᠤᠮᠳᠠ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠡᠵᠡᠩᠨᠡᠯᠲᠡ | ᠬᠠᠮᠢᠶᠠᠷᠤᠯᠲᠠ ᠶᠢᠨ ᠠᠵᠢᠯ ᠳᠤ ᠣᠷᠣᠯᠴᠠᠭᠤᠯᠬᠤ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠡᠵᠡᠩᠨᠡᠭᠴᠢᠳ ᠢ | ᠰᠢᠮᠳᠠᠭᠤᠯᠵᠤ ᠪᠠᠶᠢᠭᠠᠳ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠶᠢ ᠴᠢᠩᠭᠠᠷᠠᠭᠤᠯᠤᠨ᠎ᠠ᠃ ᠬᠠᠮᠢᠶᠠᠷᠴᠤ | ᠬᠠᠮᠠᠭᠠᠯᠠᠬᠤ ᠵᠠᠬ᠎ᠠ ᠳᠡᠯᠭᠡᠭᠦᠷ ᠢ ᠢᠳᠡᠪᠬᠢᠲᠡᠶ ᠪᠠᠷ ᠪᠤᠶᠢᠵᠢᠭᠤᠯᠵᠤ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ | ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠦᠯᠢᠭᠡᠷ ᠳᠠᠭᠤᠷᠢᠶᠠᠯ ᠤᠨ ᠰᠢᠶᠠᠨ ᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠡᠷᠢᠮᠵᠢᠶᠡᠵᠢᠭᠤᠯᠬᠤ ᠬᠠᠮᠢᠶᠠᠷᠤᠯᠲᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ | ᠳᠦᠷᠪᠡ ᠳᠤ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠬᠤᠯᠪᠣᠭᠳᠠᠯ ᠪᠦᠬᠦᠢ | ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠳᠤᠮᠳᠠ ᠪᠠᠭ᠎ᠠ ᠬᠡᠯᠪᠡᠷᠢ ᠶᠢᠨ ᠤᠰᠤᠨ ᠴᠥᠭᠦᠷᠥᠮ ᠤᠨ | ᠪᠣᠷᠣᠭᠠᠨ ᠤ ᠪᠠᠶᠢᠳᠠᠯ ᠪᠠ ᠶᠡᠭᠡ ᠬᠠᠰᠢᠯᠭ᠎ᠠ ᠶᠢᠨ ᠠᠮᠤᠷ ᠲᠦᠪᠰᠢᠨ ᠢ ᠬᠢᠨᠠᠨ ᠬᠡᠮᠵᠢᠬᠦ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠲᠤᠭ᠎ᠠ ᠪᠠᠷᠢᠮᠲᠠ᠂ ᠵᠢᠷᠤᠭ ᠳᠦᠷᠰᠦ ᠪᠤᠶᠤ ᠬᠠᠷᠠᠭᠠᠨ ᠳᠠᠪᠲᠠᠮᠵᠢ ᠶᠢ ᠠᠶᠠᠨᠳᠠᠭᠠᠨ ᠴᠤᠭᠯᠠᠭᠤᠯᠵᠤ | ᠮᠡᠳᠡᠭᠦᠯᠦᠨ ᠬᠦᠷᠭᠡᠬᠦ᠂ ᠵᠠᠳᠠᠯᠤᠨ ᠰᠤᠳᠤᠯᠵᠤ ᠮᠠᠭᠠᠳᠯᠠᠬᠤ᠂ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ ᠶᠢ | ᠪᠡᠶᠡᠯᠡᠭᠦᠯᠵᠦ᠂ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ | ᠣᠨᠣᠪᠴᠢᠲᠠᠶ ᠡᠵᠡᠮᠰᠢᠨ᠂ ᠴᠠᠭ ᠲᠤᠬᠠᠶ ᠳᠤᠨᠢ ᠬᠥᠳᠡᠯᠦᠩᠭᠦᠶ ᠪᠠᠷ ᠰᠢᠨᠡᠳᠬᠡᠵᠦ᠂ ᠡᠬᠢ ᠪᠠᠶᠠᠯᠢᠭ ᠢ | ᠠᠭᠤᠰᠤᠯᠴᠠᠭᠤᠯᠬᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠲᠦᠷᠭᠡᠳᠬᠡᠨ᠂ ᠬᠠᠮᠢᠶᠠᠷᠤᠯᠲᠠ ᠶᠢ | ᠬᠠᠪᠲᠠᠭᠠᠶᠢᠷᠠᠭᠤᠯᠬᠤ᠂ ᠰᠢᠶᠳᠪᠦᠷᠢᠲᠦ ᠪᠣᠳᠣᠯᠭ᠎ᠠ ᠶᠢ ᠨᠠᠷᠢᠯᠢᠭ ᠣᠨᠣᠴᠠᠲᠠᠶ ᠪᠣᠯᠭᠠᠬᠤ ᠶᠢ ᠠᠬᠢᠭᠤᠯᠵᠤ᠂ ᠤᠰᠤᠨ | ᠴᠥᠭᠦᠷᠥᠮ ᠤᠨ ᠠᠵᠢᠯᠯᠠᠭᠠᠨ ᠢ ᠬᠠᠮᠢᠶᠠᠷᠴᠤ ᠬᠠᠮᠠᠭᠠᠯᠠᠬᠤ ᠶᠢᠨ ᠮᠡᠳᠡᠭᠡ ᠵᠠᠩᠭᠢᠵᠢᠭᠤᠯᠬᠤ ᠪᠠ ᠤᠶᠤᠨᠴᠢᠯᠠᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠠᠶᠠᠷᠯᠠᠯ᠎ᠠ︕ 2021—09—30 15᠄ 47᠄ 07 | ᠳᠤᠮᠳᠠᠳᠤ ᠤᠯᠤᠰ ᠤᠨ ᠠᠵᠤ ᠠᠬᠤᠶ ᠶᠢᠨ ᠮᠡᠳᠡᠭᠡ ᠵᠠᠩᠭᠢ ᠶᠢᠨ ᠬᠤᠷᠢᠶᠠᠨ ᠤ ᠰᠤᠷᠪᠤᠯᠵᠢᠯᠠᠭᠴᠢ᠄ | ᠪᠢᠳᠡᠨ ᠤ ᠣᠶᠢᠯᠠᠭᠠᠭᠰᠠᠨ ᠢᠶᠠᠷ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠨᠢ ᠦᠶᠡᠷ ᠢ | ᠰᠡᠷᠭᠡᠶᠢᠯᠡᠵᠦ ᠤᠰᠤᠲᠤᠯ ᠤᠨ ᠭᠠᠮᠰᠢᠭ ᠢ ᠰᠡᠷᠭᠡᠶᠢᠯᠡᠬᠦ᠂ ᠬᠤᠳᠠ ᠬᠥᠳᠡᠭᠡ ᠶᠢᠨ ᠤᠰᠤᠨ ᠤ ᠬᠠᠩᠭᠠᠯᠭ᠎ᠠ᠂ | ᠲᠠᠷᠢᠶᠠᠯᠠᠩ ᠤᠨ ᠤᠰᠤᠯᠠᠯᠲᠠ ᠶᠢ ᠪᠠᠲᠤᠯᠠᠬᠤ ᠵᠡᠷᠭᠡ ᠲᠠᠯ᠎ᠠ ᠪᠠᠷ ᠯᠤᠲᠤ ᠶᠡᠭᠡ ᠦᠢᠯᠡᠳᠦᠯ ᠦᠵᠡᠭᠦᠯᠵᠦ ᠪᠠᠶᠢᠳᠠᠭ᠃ | ᠲᠡᠭᠡᠪᠡᠯ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠᠯᠠ ᠮᠥᠩᠭᠦ ᠶᠢᠨ | ᠳᠡᠮᠵᠢᠯᠭᠡ ᠶᠢ ᠬᠡᠷᠬᠢᠨ ᠴᠢᠩᠭᠠᠳᠬᠠᠬᠤ ᠪᠣᠶ︖ ᠡᠨᠡ ᠵᠢᠯ ᠤᠨ ᠪᠠᠯᠠ ᠮᠥᠩᠭᠦ ᠶᠢᠨ ᠲᠣᠬᠢᠷᠠᠭᠤᠯᠤᠯᠲᠠ ᠨᠢ ᠶᠠᠮᠠᠷ | ᠪᠣᠶ︖ ᠪᠠᠶᠠᠷᠯᠠᠯ᠎ᠠ᠃ 2021—09—30 15᠄ 48᠄ 05 | ᠯᠢᠦ ᠸᠧᠶ ᠫᠢᠩ᠄ | ᠡᠨᠡ ᠠᠰᠠᠭᠤᠳᠠᠯ ᠢ ᠲᠥᠯᠥᠪᠵᠢᠭᠦᠯᠭᠡ ᠲᠥᠯᠥᠪᠯᠡᠭᠡ ᠶᠢᠨ ᠵᠤᠷᠭᠠᠨ ᠤ ᠳᠠᠷᠤᠭ᠎ᠠ ᠱᠢ ᠴᠦᠨ | ᠬᠠᠷᠢᠭᠤᠯᠤᠨ᠎ᠠ᠃ 2021—09—30 15᠄ 49᠄ 37 | ᠤᠰᠤᠨ ᠠᠰᠢᠭᠯᠠᠯᠳᠠ ᠶᠢᠨ ᠶᠠᠮᠤᠨ ᠤ ᠲᠥᠯᠥᠪᠵᠢᠭᠦᠯᠭᠡ ᠲᠥᠯᠥᠪᠯᠡᠭᠡ ᠶᠢᠨ ᠵᠤᠷᠭᠠᠨ ᠤ ᠳᠠᠷᠤᠭ᠎ᠠ ᠱᠢ | ᠴᠦᠨ ᠰᠢᠶᠠᠨ᠄ | ᠲᠠᠨ ᠤ ᠠᠰᠠᠭᠤᠭᠰᠠᠨ ᠳᠤ ᠲᠠᠯᠠᠷᠬᠠᠵᠤ ᠪᠠᠢᠨ᠎ᠠ᠃ ᠣᠳᠣᠬᠠᠨ ᠳᠤ᠂ ᠮᠠᠨ ᠤ ᠤᠯᠤᠰ ᠤᠨ ᠲᠤᠮᠤ ᠳᠤᠮᠳᠠ | ᠬᠡᠯᠪᠡᠷᠢ ᠶᠢᠨ ᠤᠰᠤᠨ ᠴᠥᠭᠦᠷᠥᠮ ᠨᠢ ᠪᠦᠬᠦ ᠤᠰᠤᠨ ᠴᠥᠭᠦᠷᠥᠮ ᠤᠨ ᠲᠣᠭᠠᠨ ᠤ 5% ᠶᠢ ᠯᠡ ᠡᠵᠡᠯᠡᠵᠦ ᠪᠠᠶᠢᠨ᠎ᠠ᠂ | ᠭᠡᠪᠡᠴᠦ ᠴᠥᠭᠦᠷᠥᠮ ᠤᠨ ᠪᠠᠭᠲᠠᠭᠠᠮᠵᠢ ᠨᠢ ᠪᠦᠬᠦ ᠤᠰᠤᠨ ᠴᠥᠭᠦᠷᠥᠮ ᠤᠨ ᠪᠠᠭᠲᠠᠭᠠᠮᠵᠢ ᠶᠢᠨ 90% ᠠᠴᠠ | ᠳᠡᠭᠡᠭᠰᠢᠬᠢ ᠶᠢ ᠡᠵᠡᠯᠡᠵᠦ ᠪᠠᠶᠢᠨ᠎ᠠ᠃ ᠡᠶᠢᠮᠦ ᠠᠴᠠ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠨᠢ ᠦᠶᠡᠷ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠬᠤᠳᠠ ᠬᠥᠳᠡᠭᠡ ᠳᠤ ᠤᠰᠤ ᠬᠠᠩᠭᠠᠬᠤ᠂ ᠲᠠᠷᠢᠶᠠᠯᠠᠩ ᠤᠨ ᠤᠰᠤᠯᠠᠯᠲᠠ᠂ | ᠤᠰᠤᠨ ᠬᠦᠴᠦᠨ ᠢᠶᠠᠷ ᠴᠠᠬᠢᠯᠭᠠᠨ ᠭᠠᠷᠭᠠᠬᠤ ᠵᠢᠴᠢ ᠤᠰᠤᠨ ᠤ ᠠᠮᠢ ᠠᠬᠤᠶ ᠶᠢ ᠬᠠᠮᠠᠭᠠᠯᠠᠬᠤ ᠵᠡᠷᠭᠡ ᠲᠠᠯ᠎ᠠ ᠪᠠᠷ | ᠴᠥᠮ ᠮᠠᠰᠢ ᠶᠡᠭᠡ ᠦᠢᠯᠡᠳᠦᠯ ᠦᠵᠡᠭᠦᠯᠵᠦ ᠪᠠᠶᠢᠨ᠎ᠠ᠃ | ᠤᠰᠤᠨ ᠠᠰᠢᠭᠯᠠᠯᠳᠠ ᠶᠢᠨ ᠶᠠᠮᠤᠨ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠠᠶᠤᠯᠭᠦᠶ ᠶᠢᠨ | ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠴᠤ ᠲᠤᠮᠤ ᠳᠤᠮᠳᠠ ᠬᠡᠯᠪᠡᠷᠢ ᠶᠢᠨ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ | ᠶᠠᠪᠤᠳᠠᠯ ᠢ ᠢᠮᠠᠭᠲᠠ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠤᠬᠢᠷᠠᠭᠤᠯᠤᠯᠳᠠ ᠶᠢᠨ | ᠭᠤᠣᠯᠳᠠᠯᠭ᠎ᠠ ᠲᠠᠢ ᠬᠦᠷᠢᠶ᠎ᠡ ᠪᠣᠯᠭᠠᠵᠤ᠂ ᠶᠡᠭᠡ ᠪᠠᠷ ᠲᠡᠮᠵᠢᠪᠡ᠃ ᠬᠠᠳᠠᠭᠠᠯᠠᠯᠲᠠ ᠶᠢᠨ ᠬᠡᠮᠵᠢᠶ᠎ᠡ ᠶᠢ ᠠᠷᠢᠯᠭᠠᠬᠤ | ᠲᠠᠯ᠎ᠠ ᠪᠠᠷ᠂ 2025 ᠣᠨ ᠤ ᠵᠢᠯ ᠤᠨ ᠰᠡᠭᠦᠯᠴᠢ ᠠᠴᠠ ᠡᠮᠦᠨ᠎ᠡ 2020 ᠣᠨ ᠠᠴᠠ ᠡᠮᠦᠨ᠎ᠡ ᠨᠢᠭᠡᠨᠲᠡ ᠬᠢᠨᠠᠨ | ᠲᠣᠭᠲᠠᠭᠠᠭᠰᠠᠨ ᠠᠶᠤᠯᠲᠠᠶ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠡᠭᠦᠷᠭᠡ ᠶᠢ ᠪᠦᠬᠦᠨ ᠢ | ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠪᠢᠳᠡ ᠭᠤᠷᠪᠠ ᠶᠢ ᠤᠷᠢᠳ ᠢᠶᠠᠷ ᠪᠡᠶᠡᠯᠡᠭᠦᠯᠬᠦ ᠪᠠᠷ ᠴᠢᠷᠮᠠᠶᠢᠨ᠎ᠠ᠄ | ᠨᠢᠭᠡ ᠳᠤ ᠲᠥᠯᠥᠪᠵᠢᠭᠦᠯᠭᠡ ᠶᠢᠨ ᠲᠥᠰᠦᠯ ᠳᠤ ᠤᠷᠢᠳᠠᠪᠠᠷ ᠣᠷᠣᠭᠤᠯᠤᠨ᠎ᠠ᠃ ᠤᠰᠤᠨ ᠠᠰᠢᠭᠯᠠᠯᠳᠠ ᠶᠢᠨ | ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠲᠥᠪ ᠤᠨ ᠪᠡᠯᠡ ᠣᠷᠣᠭᠤᠯᠤᠯᠲᠠ ᠶᠢᠨ | ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠲᠤᠮᠤ ᠳᠤᠮᠳᠠ ᠬᠡᠯᠪᠡᠷᠢ ᠶᠢᠨ ᠠᠶᠤᠯᠲᠠᠶ ᠴᠥᠭᠦᠷᠥᠮ ᠤᠨ | ᠠᠶᠤᠯ ᠢ ᠠᠷᠢᠯᠭᠠᠨ ᠪᠠᠬᠢᠯᠡᠬᠦ ᠵᠦᠢᠯᠡᠰ ᠢ ᠨᠢᠭᠡᠨᠲᠡ ᠭᠤᠣᠯᠳᠠᠯᠭ᠎ᠠ ᠲᠠᠢ ᠡᠭᠦᠷᠭᠡ ᠪᠣᠯᠭᠠᠵᠤ᠂ ︽ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠰᠤᠨ ᠠᠰᠢᠭᠯᠠᠯᠲᠠ ᠶᠢᠨ ᠦᠶᠡᠷ ᠢ ᠰᠡᠷᠭᠡᠶᠢᠯᠡᠵᠦ | ᠤᠰᠤᠲᠤᠯ ᠢ ᠵᠠᠯᠠᠬᠤ ᠪᠠᠭᠤᠷᠠᠶ ᠵᠠᠩᠭᠢᠯᠠᠭ᠎ᠠ ᠶᠢ ᠰᠢᠢᠳᠪᠦᠷᠢᠯᠡᠨ ᠬᠡᠷᠡᠭᠵᠢᠭᠦᠯᠬᠦ ᠲᠥᠰᠦᠯ︾ ᠳᠤ ᠣᠷᠣᠭᠤᠯᠤᠨ | ᠨᠢᠭᠡᠳᠦᠯᠲᠡᠶ ᠲᠥᠯᠥᠪᠯᠡᠨ ᠲᠣᠬᠢᠷᠠᠭᠤᠯᠪᠠ᠃ ᠡᠭᠦᠨ ᠤ ᠬᠠᠮᠲᠤ᠂ ᠤᠰᠤᠨ ᠠᠰᠢᠭᠯᠠᠯᠳᠠ ᠶᠢᠨ ᠶᠠᠮᠤᠨ ︽ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠰᠤᠨ ᠴᠥᠭᠦᠷᠥᠮ ᠤᠨ ᠠᠶᠤᠯ ᠢ | ᠠᠷᠢᠯᠭᠠᠨ ᠪᠠᠬᠢᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠵᠤ᠂ ᠠᠵᠢᠯ ᠤᠨ ᠬᠠᠷᠠᠯᠲᠠ ᠪᠠᠨ | ᠨᠠᠷᠢᠯᠢᠬᠵᠢᠭᠤᠯᠤᠨ᠂ ᠣᠨ ᠤ ᠠᠵᠢᠯ ᠤᠨ ᠲᠣᠬᠢᠷᠠᠭᠤᠯᠤᠯᠲᠠ ᠪᠠᠨ ᠲᠣᠳᠣᠷᠬᠠᠶ ᠲᠣᠭᠲᠠᠭᠠᠪᠠ᠃ | ᠬᠤᠶᠠᠷ ᠲᠤ ᠪᠡᠯᠡ ᠣᠷᠤᠭᠤᠯᠤᠯᠲᠠ ᠶᠢᠨ ᠱᠠᠭᠠᠷᠳᠠᠯᠭ᠎ᠠ ᠶᠢ ᠤᠷᠢᠳᠠᠪᠠᠷ ᠪᠠᠲᠤᠯᠠᠨ᠎ᠠ᠃ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠲᠤᠮᠤ ᠳᠤᠮᠳᠠ ᠬᠡᠯᠪᠡᠷᠢ ᠶᠢᠨ ᠠᠶᠤᠯᠲᠠᠶ | ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠵᠦᠢᠯᠡᠰ ᠢ ᠡᠩ ᠲᠡᠷᠢᠭᠦᠨ ᠳᠤ ᠪᠠᠲᠤᠯᠠᠭᠰᠠᠨ ᠪᠡᠯᠡ | ᠣᠷᠤᠭᠤᠯᠤᠯᠲᠠ ᠶᠢᠨ ᠱᠠᠭᠠᠷᠳᠠᠯᠭ᠎ᠠ ᠶᠢ ᠪᠠᠲᠤᠯᠠᠬᠤ ᠶᠢᠨ ᠲᠥᠯᠥᠭᠡ᠂ ᠪᠢᠳᠡ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯᠠ ᠲᠠᠢ ᠬᠠᠮᠲᠤᠷᠠᠨ᠂ ᠪᠡᠯᠡ ᠣᠷᠣᠭᠤᠯᠤᠯᠲᠠ ᠶᠢᠨ ᠪᠦᠲᠦᠴᠡ ᠶᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠲᠥᠰᠦᠭᠡᠯᠡᠨ ᠪᠤᠳᠤᠬᠤ ᠪᠠᠷ ᠳᠠᠮᠵᠢᠭᠤᠯᠤᠨ᠂ ᠲᠥᠪ ᠤᠨ ᠪᠡᠯᠡ ᠣᠷᠣᠭᠤᠯᠤᠯᠲᠠ ᠶᠢᠨ | ᠳᠡᠮᠵᠢᠯᠭᠡ ᠶᠢᠨ ᠣᠷᠣᠨ ᠵᠠᠶ ᠶᠢ ᠤᠷᠢᠳᠴᠢᠯᠠᠨ ᠦᠯᠡᠳᠡᠭᠡᠭᠰᠡᠨ ᠪᠠᠶᠢᠨ᠎ᠠ᠃ ᠡᠨᠡ ᠵᠢᠯ ᠲᠥᠪ ᠤᠨ ᠲᠥᠰᠦᠪ ᠤᠨ | ᠳᠣᠲᠣᠷᠠᠬᠢ ᠪᠡᠯᠡ ᠣᠷᠣᠭᠤᠯᠤᠯᠲᠠ ᠶᠢ ᠨᠡᠶᠢᠢᠳᠡ 46.7 ᠳ᠋ᠦᠩᠰᠢᠭᠤᠷ ᠲᠥᠭᠦᠷᠢᠭ ᠪᠠᠭᠤᠯᠭᠠᠵᠤ᠂ ᠣᠷᠣᠨ | ᠨᠤᠲᠤᠭ ᠤᠨ 129 ᠲᠤᠮᠤ ᠳᠤᠮᠳᠠ ᠬᠡᠯᠪᠡᠷᠢ ᠶᠢᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠶᠢ ᠲᠡᠮᠵᠢᠪᠡ᠃ | ᠭᠤᠷᠪᠠ ᠳᠤ ᠲᠥᠷᠥᠯ ᠵᠦᠶᠯ ᠤᠨ ᠬᠡᠷᠡᠭᠵᠢᠭᠦᠯᠦᠯᠲᠡ ᠶᠢ ᠤᠷᠢᠳᠠᠪᠠᠷ ᠠᠬᠢᠭᠤᠯᠤᠨ᠎ᠠ᠃ ᠣᠳᠣᠬᠠᠨ ᠳᠤ ᠪᠢᠳᠡ | ᠶᠠᠭ ᠣᠷᠣᠨ ᠨᠤᠲᠤᠭ ᠢ ᠵᠣᠬᠢᠶᠠᠨ ᠪᠠᠶᠢᠭᠤᠯᠵᠤ ᠢᠷᠡᠬᠦ ᠵᠢᠯ ᠤᠨ ᠲᠥᠪ ᠤᠨ ᠲᠥᠰᠦᠪ ᠤᠨ ᠳᠣᠲᠣᠷᠠᠬᠢ ᠪᠡᠯᠡ | ᠣᠷᠣᠭᠤᠯᠤᠯᠲᠠ ᠶᠢᠨ ᠰᠠᠨᠠᠭᠤᠯᠭ᠎ᠠ ᠶᠢᠨ ᠲᠥᠯᠥᠪᠯᠡᠭᠡ ᠶᠢ ᠱᠠᠯᠠᠪᠳᠠᠨ ᠨᠠᠶᠢᠷᠠᠭᠤᠯᠤᠨ ᠵᠣᠬᠢᠶᠠᠵᠤ ᠪᠠᠶᠢᠨ᠎ᠠ᠂ ᠲᠤᠮᠤ | ᠳᠤᠮᠳᠠ ᠬᠡᠯᠪᠡᠷᠢ ᠶᠢᠨ ᠠᠶᠤᠯᠲᠠᠶ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠵᠦᠢᠯᠡᠰ ᠪᠣᠯ ᠮᠥᠨ ᠯᠡ | ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠳᠡᠮᠵᠢᠯᠭᠡ ᠶᠢᠨ ᠭᠤᠣᠯᠳᠠᠯᠭ᠎ᠠ ᠪᠣᠯᠤᠨ᠎ᠠ᠃ | ᠡᠭᠦᠨ ᠤ ᠬᠠᠮᠲᠤ ᠪᠠᠰᠠ ᠣᠷᠣᠨ ᠨᠤᠲᠤᠭ ᠤᠨ ᠬᠢᠨ ᠢ ᠰᠢᠪᠠᠳᠠᠵᠤ ᠪᠠᠶᠢᠭᠠᠳ ᠮᠡᠷᠭᠡᠵᠢᠯ ᠤᠨ ᠬᠦᠴᠦᠨ ᠢ ᠬᠤᠷᠴᠠ | ᠴᠢᠳᠠᠮᠠᠭᠠᠶ ᠵᠣᠬᠢᠶᠠᠨ ᠪᠠᠶᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠲᠣᠬᠢᠷᠠᠭᠤᠯᠵᠤ᠂ ᠴᠠᠭ | ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶ ᠪᠣᠯᠭᠠᠵᠤ᠂ ᠲᠥᠯᠥᠪᠵᠢᠭᠦᠯᠭᠡ ᠶᠢᠨ ᠳᠣᠲᠣᠷᠠᠬᠢ ᠦᠯᠡᠳᠡᠭᠰᠡᠨ | ᠵᠦᠢᠯᠡᠰ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠬᠡᠨ ᠪᠡᠶᠡᠯᠡᠭᠦᠯᠵᠦ᠂ ᠪᠠᠷᠢᠯᠭ᠎ᠠ ᠶᠢᠨ ᠪᠡᠯᠡᠳᠬᠡᠯ ᠪᠠ ᠣᠷᠣᠨ | ᠨᠤᠲᠤᠭ ᠤᠨ ᠪᠡᠯᠡ ᠣᠷᠣᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠬᠢᠵᠦ᠂ ᠲᠣᠬᠢᠷᠠᠭᠤᠯᠬᠤ | ᠶᠣᠰᠣᠲᠠᠶ ᠶᠢ ᠨᠢ ᠭᠦᠢᠴᠡᠳ ᠲᠣᠬᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠨᠡᠮᠡᠭᠳᠡᠯ ᠤᠨ ᠬᠡᠮᠵᠢᠶ᠎ᠡ ᠶᠢ ᠰᠢᠶᠳᠪᠦᠷᠢᠯᠡᠬᠦ ᠲᠠᠯ᠎ᠠ ᠪᠠᠷ᠂ ᠤᠰᠤᠨ ᠠᠰᠢᠭᠯᠠᠯᠳᠠ ᠶᠢᠨ ᠶᠠᠮᠤᠨ ᠪᠣᠯᠤᠨ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯᠡᠯᠡ ᠭᠠᠵᠠᠷ ᠤᠨ ᠰᠢᠨ᠎ᠡ ᠪᠠᠷ ᠬᠢᠨᠠᠨ ᠲᠣᠭᠲᠠᠭᠠᠭᠰᠠᠨ | ᠲᠤᠮᠤ ᠳᠤᠮᠳᠠ ᠬᠡᠯᠪᠡᠷᠢ ᠶᠢᠨ ᠭᠡᠮ ᠰᠣᠭᠤᠭ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠭᠠᠵᠠᠷ ᠤᠨ ᠬᠢᠨ ᠢ ᠰᠢᠪᠠᠳᠠᠨ ᠵᠢᠯᠣᠭᠤᠳᠴᠤ ᠪᠠᠶᠢᠭᠠᠳ | ᠴᠥᠭᠦᠷᠥᠮ ᠤᠨ ᠠᠶᠤᠯᠭᠦᠶ ᠶᠢᠨ ᠪᠠᠶᠢᠳᠠᠯ ᠢ ᠬᠢᠨᠠᠨ ᠲᠣᠭᠲᠠᠭᠠᠬᠤ ᠪᠠ ᠠᠶᠤᠯ ᠢ ᠠᠷᠢᠯᠭᠠᠨ ᠪᠠᠬᠢᠯᠡᠬᠦ ᠲᠣᠭᠲᠠᠴᠠ ᠶᠢ | ᠲᠦᠷᠭᠡᠨ ᠪᠠᠶᠢᠭᠤᠯᠵᠤ ᠪᠠᠶᠢᠨ᠎ᠠ᠃ ᠡᠭᠦᠨ ᠤ ᠬᠠᠮᠲᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ︽ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠲᠥᠪ ᠤᠨ ᠪᠠᠯᠠ ᠣᠷᠣᠭᠤᠯᠤᠯᠲᠠ ᠪᠠᠷ ᠳᠡᠮᠵᠢᠬᠦ | ᠲᠥᠷᠥ ᠶᠢᠨ ᠪᠣᠳᠣᠯᠭ᠎ᠠ ᠶᠢ ᠨᠢᠭᠡᠨᠲᠡ ᠲᠣᠳᠣᠷᠬᠠᠶᠢᠯᠠᠭᠰᠠᠨ ᠲᠣᠮᠣ ᠳᠤᠮᠳᠠ ᠬᠡᠯᠪᠡᠷᠢ ᠶᠢᠨ ᠭᠡᠮ ᠰᠣᠭᠤᠭ ᠲᠠᠢ | ᠤᠰᠤᠨ ᠴᠥᠭᠦᠷᠥᠮ ᠠᠴᠠ ᠭᠠᠳᠠᠨᠠᠬᠢ᠂ ᠲᠥᠪ ᠤᠨ ᠪᠠᠯᠠ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠳᠤ ᠨᠡᠶᠢᠴᠡᠭᠰᠡᠨ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠤᠨ ᠨᠥᠬᠦᠴᠡᠯ | ᠪᠦᠷᠢᠳᠦᠭᠰᠡᠨ ᠪᠠᠶᠢᠪᠠᠯ᠂ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠳᠤ ᠴᠥᠮ ᠤᠷᠢᠳᠠᠪᠠᠷ | ᠳᠡᠮᠵᠢᠯᠭᠡ ᠦᠵᠡᠭᠦᠯᠦᠨ᠎ᠡ᠃ ᠲᠥᠪ ᠤᠨ ᠪᠡᠯᠡ ᠣᠷᠣᠭᠤᠯᠤᠯᠲᠠ ᠶᠢᠨ ᠲᠥᠷᠥ ᠶᠢᠨ ᠪᠤᠳᠤᠯᠭ᠎ᠠ ᠶᠢᠨ ᠱᠠᠭᠠᠷᠳᠠᠯᠭ᠎ᠠ | ᠳᠤ ᠨᠡᠶᠢᠴᠡᠬᠦ ᠥᠭᠡᠢ ᠲᠤᠮᠤ ᠳᠤᠮᠳᠠ ᠬᠡᠯᠪᠡᠷᠢ ᠶᠢᠨ ᠭᠡᠮ ᠰᠣᠭᠤᠭ ᠲᠠᠢ ᠤᠰᠤᠨ ᠴᠥᠭᠦᠷᠥᠮ ᠤᠨ ᠠᠶᠤᠯ ᠢ | ᠠᠷᠢᠯᠭᠠᠨ ᠪᠠᠬᠢᠵᠢᠭᠦᠯᠬᠦ ᠲᠥᠷᠥᠯ ᠵᠦᠢᠯ ᠳᠤ ᠵᠠᠷᠴᠢᠮ ᠳᠡᠭᠡᠷ᠎ᠡ ᠪᠠᠨ ᠣᠷᠣᠨ ᠨᠤᠲᠤᠭ ᠠᠴᠠ ᠪᠥᠳᠥᠭᠡᠨ | ᠪᠠᠶᠢᠭᠤᠯᠤᠯᠲᠠ ᠶᠢᠨ ᠪᠡᠯᠡ ᠮᠥᠩᠭᠦ ᠶᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠤᠰᠤᠨ ᠠᠰᠢᠭᠯᠠᠯᠳᠠ ᠶᠢᠨ ᠶᠠᠮᠤᠨ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯᠠ ᠵᠡᠷᠭᠡ ᠰᠠᠯᠠᠭ᠎ᠠ ᠮᠥᠴᠢᠷ ᠲᠠᠢ ᠬᠠᠮᠲᠤ᠂ ᠡᠯ᠎ᠡ | ᠭᠠᠵᠠᠷ ᠤᠨ ᠬᠢᠨ ᠢ ᠰᠢᠪᠠᠳᠠᠨ ᠵᠢᠯᠣᠭᠤᠳᠴᠤ ᠪᠠᠶᠢᠭᠠᠳ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ︽ᠮᠡᠳᠡᠭᠳᠡᠯ︾ ᠤᠨ ᠵᠣᠷᠢᠭ ᠰᠠᠨᠠᠭ᠎ᠠ ᠶᠢ ᠲᠥᠪ ᠪᠠ ᠣᠷᠣᠨ ᠨᠤᠲᠤᠭ ᠤᠨ ᠠᠵᠢᠯ ᠶᠠᠪᠤᠳᠠᠯ ᠤᠨ | ᠡᠷᠬᠡ ᠪᠣᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠤᠯᠪᠣᠭᠳᠠᠯ ᠪᠦᠬᠦᠢ ᠱᠠᠭᠠᠷᠳᠠᠯᠭ᠎ᠠ | ᠶᠣᠰᠣᠭᠠᠷ᠂ ᠣᠷᠤᠨ ᠨᠤᠲᠤᠭ ᠤᠨ ᠵᠠᠰᠠᠭ ᠤᠨ ᠣᠷᠳᠤᠨ ᠤ ᠲᠤᠮᠤ ᠳᠤᠮᠳᠠ ᠬᠡᠯᠪᠡᠷᠢ ᠶᠢᠨ ᠭᠡᠮ ᠰᠣᠭᠤᠭ ᠲᠠᠢ ᠲᠠᠢ | ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠲᠠᠯ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠠᠪᠬᠤ ᠶᠢ ᠦᠨᠡᠨᠬᠦ ᠪᠠᠲᠤᠯᠠᠵᠤ᠂ ᠪᠡᠯᠡ ᠣᠷᠣᠭᠤᠯᠤᠯᠲᠠ ᠶᠢ ᠤᠯᠠᠨ | ᠠᠷᠭ᠎ᠠ ᠵᠠᠮ ᠢᠶᠠᠷ ᠨᠠᠶᠢᠳᠠᠪᠤᠷᠢᠵᠢᠭᠤᠯᠤᠨ᠂ ᠲᠤᠮᠤ ᠳᠤᠮᠳᠠ ᠬᠡᠯᠪᠡᠷᠢ ᠶᠢᠨ ᠭᠡᠮ ᠰᠣᠭᠤᠭ ᠲᠠᠢ ᠤᠰᠤᠨ ᠴᠥᠭᠦᠷᠥᠮ | ᠤᠨ ᠠᠶᠤᠯ ᠢ ᠠᠷᠢᠯᠭᠠᠨ ᠪᠠᠬᠢᠯᠡᠬᠦ ᠶᠢ ᠲᠦᠷᠭᠡᠨ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠠᠶᠤᠯᠭᠦᠢ ᠶᠢᠨ | ᠶᠡᠷᠦᠩᠬᠡᠶᠢᠯᠡᠭᠰᠡᠨ ᠦᠷ᠎ᠡ ᠠᠰᠢᠭ ᠢ ᠨᠢ ᠦᠨᠡᠨᠬᠦ ᠪᠠᠳᠠᠷᠠᠭᠤᠯᠬᠤ ᠶᠢ ᠪᠠᠲᠤᠯᠠᠨ᠎ᠠ᠃ ᠪᠠᠶᠠᠷᠯᠠᠯ᠎ᠠ᠃ | 2021—09—30 15᠄ 49᠄ 56 | ᠰᠢᠶᠠᠩᠭᠠᠩ ᠤᠨ ᠠᠵᠤ ᠠᠬᠤᠶ ᠶᠢᠨ ᠬᠥᠲᠥᠴᠢ ᠰᠣᠨᠢᠨ ᠤ ᠰᠤᠷᠪᠤᠯᠵᠢᠯᠠᠭᠴᠢ᠄ | ᠰᠠᠶ᠋ᠢᠬᠠᠨ ᠨᠡᠶᠢᠲᠡᠯᠡᠭᠴᠢ ᠠᠴᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠬᠠᠷᠠᠯᠲᠠ ᠡᠭᠦᠷᠭᠡ ᠶᠢ ᠲᠠᠨᠢᠯᠴᠠᠭᠤᠯᠪᠠ᠂ | ᠡᠭᠦᠨ ᠢ ᠲᠦᠢᠯ ᠤᠨ ᠨᠦᠰᠡᠷ ᠬᠦᠨᠳᠦ ᠭᠡᠵᠦ ᠬᠡᠯᠡᠵᠦ ᠪᠣᠯᠤᠨ᠎ᠠ᠂ ᠲᠡᠭᠡᠪᠡᠯ ᠣᠳᠣᠬᠠᠨ ᠤ ᠠᠬᠢᠴᠠ ᠶᠠᠮᠠᠷ ᠵᠡᠷᠭᠡ | ᠪᠤᠢ︖ ︽2025 ᠣᠨ ᠤ ᠵᠢᠯ ᠤᠨ ᠡᠴᠦᠰ ᠠᠴᠠ ᠡᠮᠦᠨ᠎ᠡ ᠣᠲᠣ ᠶᠢᠨ ᠪᠠᠶᠢᠭ᠎ᠠ ᠭᠡᠮ ᠰᠣᠭᠤᠭ ᠲᠠᠢ | ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ︾ ᠬᠠᠷᠠᠯᠲᠠ ᠶᠢ ᠪᠡᠶᠡᠯᠡᠭᠦᠯᠬᠦ ᠶᠢ ᠬᠡᠷᠬᠢᠨ ᠪᠠᠲᠤᠯᠠᠬᠤ ᠪᠣᠶ︖ | ᠪᠠᠶᠠᠷᠯᠠᠯ᠎ᠠ᠃ 2021-09-30 15: 50: 46 | ᠯᠢᠦ ᠸᠧᠶ ᠫᠢᠩ᠄ | ᠡᠨᠡ ᠠᠰᠠᠭᠤᠳᠠᠯ ᠢ ᠬᠠᠰᠢᠯᠠ ᠷᠤᠸᠠᠨ ᠯᠢ ᠮᠢᠨ ᠵᠤᠷᠭᠠᠨ ᠤ ᠳᠠᠷᠤᠭ᠎ᠠ ᠪᠠᠷ ᠬᠠᠷᠢᠭᠤᠯᠤᠭᠠᠷᠠᠶ᠃ | 2021—09—30 15᠄ 51᠄ 07 | ᠷᠤᠸᠠᠨ ᠯᠢ ᠮᠢᠨ᠄ | ᠪᠠᠶᠠᠷᠯᠠᠯ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠳᠤᠮᠳᠠ | ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠬᠠᠷᠠᠯᠲᠠ ᠶᠢᠨ ᠡᠭᠦᠷᠭᠡ ᠶᠢ | ᠤᠷᠤᠭᠰᠢᠲᠠᠶ ᠪᠡᠶᠡᠯᠡᠭᠦᠯᠬᠦ ᠶᠢᠨ ᠲᠥᠯᠥᠭᠡ᠂ ᠡᠨᠡ ᠵᠢᠯ ᠠᠴᠠ ᠨᠠᠰᠢ᠂ ᠤᠰᠤᠨ ᠠᠰᠢᠭᠯᠠᠯᠳᠠ ᠶᠢᠨ ᠶᠠᠮᠤᠨ᠂ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠡᠯ᠎ᠡ ᠭᠠᠵᠠᠷ ᠤᠨ ︽ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠡᠷᠡᠭᠵᠢᠭᠦᠯᠬᠦ ᠲᠥᠰᠦᠯ ᠪᠠ ᠵᠢᠯ ᠤᠨ ᠲᠥᠯᠦᠪᠯᠡᠯᠭᠡ | ᠨᠠᠶᠢᠷᠠᠭᠤᠯᠤᠨ ᠵᠣᠬᠢᠶᠠᠬᠤ ᠶᠢ ᠱᠠᠯᠠᠪᠳᠠᠨ ᠵᠢᠯᠣᠭᠤᠳᠴᠤ᠂ 2021 ᠣᠨ ᠤ ᠲᠥᠷᠥᠯ ᠵᠦᠢᠯ ᠤᠨ | ᠬᠡᠷᠡᠭᠵᠢᠭᠦᠯᠦᠯᠲᠡ ᠶᠢ ᠲᠦᠷᠭᠡᠳᠬᠡᠨ ᠠᠬᠢᠭᠤᠯᠵᠤ᠂ ᠬᠤᠯᠪᠣᠭᠳᠠᠯ ᠪᠥᠬᠦᠶ ᠠᠵᠢᠯ ᠶᠡᠷᠦᠩᠬᠡᠶ ᠳᠡᠭᠡᠨ ᠤᠷᠤᠭᠰᠢᠲᠠᠶ | ᠶᠠᠪᠤᠭᠳᠠᠵᠤ ᠪᠠᠶᠢᠨ᠎ᠠ᠃ | 2021 ᠣᠨ ᠤ 8 ᠰᠠᠷ᠎ᠠ ᠶᠢᠨ ᠰᠡᠭᠦᠯᠴᠢ ᠪᠣᠯᠲᠠᠯ᠎ᠠ᠂ ᠲᠥᠪ ᠤᠨ ᠲᠥᠰᠦᠪ ᠤᠨ ᠳᠣᠲᠣᠷᠠᠬᠢ ᠪᠠᠯᠠ | ᠣᠷᠣᠭᠤᠯᠤᠯᠲᠠ ᠪᠠᠷ ᠠᠶᠤᠯ ᠢ ᠠᠷᠢᠯᠭᠠᠨ ᠪᠠᠬᠢᠵᠢᠭᠦᠯᠬᠦ ᠶᠢ ᠳᠡᠮᠵᠢᠭᠰᠡᠨ 256 ᠲᠣᠮᠣ ᠳᠤᠮᠳᠠ ᠬᠡᠯᠪᠡᠷᠢ ᠶᠢᠨ ᠤᠰᠤᠨ | ᠴᠥᠭᠦᠷᠥᠮ ᠤᠨ ᠳᠣᠲᠣᠷ᠎ᠠ᠂ ᠠᠩᠬ᠎ᠠ ᠠᠯᠬᠤᠮ ᠤᠨ ᠵ᠊ ᠲᠥᠯᠥᠪᠯᠡᠭᠡ ᠳᠤ 187 ᠤᠰᠤᠨ ᠴᠥᠭᠦᠷᠥᠮ ᠢ | ᠴᠤᠬᠤᠯᠠᠪᠤᠷᠢᠯᠠᠨ ᠬᠠᠷᠢᠭᠤᠯᠵᠤ᠂ ᠡᠭᠦᠨ ᠳᠤ 78 ᠤᠰᠤᠨ ᠴᠥᠭᠦᠷᠥᠮ ᠤᠨ ᠪᠠᠷᠢᠯᠭ᠎ᠠ ᠶᠢ ᠡᠬᠢᠯᠡᠭᠦᠯᠵᠦ᠂ 34 | ᠤᠰᠤᠨ ᠴᠥᠭᠦᠷᠥᠮ ᠢ ᠪᠠᠷᠢᠯᠭ᠎ᠠ ᠶᠢ ᠳᠠᠭᠤᠰᠬᠠᠪᠠ︔ ᠨᠢᠳᠤᠨᠤᠨ ᠤ 10 ᠰᠠᠷ᠎ᠠ ᠳᠤ ᠪᠡᠯᠡ ᠮᠥᠩᠭᠦ ᠪᠠᠭᠤᠯᠭᠠᠭᠰᠠᠨ | 1389 ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠳᠣᠲᠣᠷ᠎ᠠ ᠠᠴᠠ 945 ᠤᠰᠤᠨ ᠴᠥᠭᠦᠷᠥᠮ ᠤᠨ ᠠᠵᠢᠯ ᠢ | ᠨᠢᠭᠡᠨᠲᠡ ᠡᠬᠢᠯᠡᠭᠦᠯᠵᠦ᠂ 280 ᠤᠰᠤᠨ ᠴᠥᠭᠦᠷᠥᠮ ᠤᠨ ᠠᠵᠢᠯ ᠢ ᠳᠠᠭᠤᠰᠬᠠᠪᠠ︔ ᠡᠨᠡ ᠵᠢᠯ ᠪᠡᠯᠡ ᠮᠥᠩᠭᠦ | ᠪᠠᠭᠤᠯᠭᠠᠭᠰᠠᠨ 2906 ᠰᠠᠤᠷᠢ᠂ ᠤᠳᠤ ᠶᠠᠭ ᠠᠩᠬ᠎ᠠ ᠠᠯᠬᠤᠮ ᠤᠨ ᠲᠥᠯᠥᠪᠯᠡᠭᠡ ᠶᠢᠨ ᠴᠣᠬᠤᠯᠠᠪᠤᠷᠢ ᠪᠠ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ᠂ | ᠪᠠᠷᠢᠯᠭ᠎ᠠ ᠶᠢᠨ ᠠᠵᠢᠯ ᠢ ᠱᠠᠯᠠᠪᠳᠠᠨ ᠡᠬᠢᠯᠡᠭᠦᠯᠦᠨ᠎ᠡ︔ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ | ᠠᠷᠢᠯᠭᠠᠨ ᠪᠠᠬᠢᠯᠡᠬᠦ ᠵᠦᠢᠯᠡᠰ ᠤᠨ ᠦᠯᠡᠳᠡᠭᠳᠡᠯ ᠠᠰᠠᠭᠤᠳᠠᠯ ᠢ ᠨᠢᠭᠡᠨᠲᠡ 66% ᠪᠠᠷ ᠰᠢᠶᠳᠪᠦᠷᠢᠯᠡᠪᠡ᠃ ᠳᠤᠮᠳᠠ | ᠵᠢᠵᠢᠭ ᠬᠡᠯᠪᠡᠷᠢ ᠶᠢᠨ ᠭᠡᠮ ᠰᠣᠭᠤᠭ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ | ᠤᠷᠤᠭᠰᠢᠲᠠᠶ ᠡᠬᠢᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠡᠯ᠎ᠡ ᠵᠦᠢᠯ ᠤᠨ ᠠᠵᠢᠯ ᠢ ᠰᠠᠶᠢᠲᠤᠷ ᠡᠬᠢᠯᠡᠭᠦᠯᠵᠦ᠂ ᠰᠠᠶᠢᠢᠨ ᠡᠬᠢᠯᠡᠯᠲᠡ ᠲᠠᠢ ᠪᠣᠯᠭᠠᠪᠠ᠃ | ᠲᠠᠷᠠᠭᠠᠴᠢ ᠶᠢᠨ ᠠᠯᠬᠤᠮ ᠳᠤ᠂ ᠤᠰᠤᠨ ᠠᠰᠢᠭᠯᠠᠯᠳᠠ ᠶᠢᠨ ᠶᠠᠮᠤᠨ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠲᠠᠢ ᠬᠠᠮᠲᠤᠷᠠᠨ ᠡᠯ᠎ᠡ ᠭᠠᠵᠠᠷ ᠤᠨ ᠪᠠᠯᠠ ᠮᠥᠩᠭᠦᠨ ᠤ | ᠪᠠᠲᠤᠯᠠᠭ᠎ᠠ ᠶᠢ ᠴᠢᠩᠭᠠᠳᠬᠠᠵᠤ᠂ ᠲᠥᠷᠥᠯ ᠵᠦᠶᠯ ᠤᠨ ᠬᠡᠷᠡᠭᠵᠢᠭᠦᠯᠦᠯᠲᠡ ᠶᠢ ᠲᠦᠷᠭᠡᠳᠬᠡᠨ᠂ ᠬᠢᠨᠠᠯᠲᠠ | ᠵᠢᠯᠣᠭᠤᠳᠣᠯᠭ᠎ᠠ ᠪᠠᠨ ᠴᠢᠩᠭᠠᠳᠬᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠬᠠᠷᠠᠯᠲᠠ ᠶᠢᠨ ᠡᠭᠦᠷᠭᠡ ᠶᠢ | ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠤᠰᠤᠨ ᠴᠥᠭᠦᠷᠥᠮ ᠤᠨ ᠠᠶᠤᠯᠭᠦᠶ ᠠᠵᠢᠯᠯᠠᠭ᠎ᠠ ᠪᠠ ᠦᠷ᠎ᠡ ᠠᠰᠢᠭ ᠢ | ᠭᠦᠶᠴᠡᠳ ᠪᠠᠳᠠᠷᠠᠭᠤᠯᠬᠤ ᠶᠢ ᠪᠠᠲᠤᠯᠠᠬᠤ ᠬᠡᠷᠡᠭᠲᠡᠶ ᠭᠡᠵᠦ ᠦᠷᠭᠦᠯᠵᠢᠯᠡᠨ ᠱᠠᠯᠠᠪᠳᠠᠭᠤᠯᠤᠨ᠎ᠠ᠃ | ᠨᠢᠭᠡ ᠳᠤ ᠣᠷᠣᠨ ᠨᠤᠲᠤᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠮᠤᠵᠢ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ ᠲᠤᠰ ᠬᠠᠷᠢᠶ᠎ᠠ ᠣᠷᠣᠨ ᠤ ᠬᠠᠷᠢᠶ᠎ᠠ ᠤᠰᠤᠨ ᠴᠥᠭᠦᠷᠥᠮ ᠤᠨ ᠠᠶᠤᠯ ᠢ ᠠᠷᠢᠯᠭᠠᠨ | ᠪᠠᠬᠢᠯᠡᠬᠦ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠨᠢᠭᠡᠳᠦᠯᠲᠡᠶ ᠲᠥᠯᠥᠪᠯᠡᠬᠦ ᠪᠠ ᠲᠥᠷᠥ ᠶᠢᠨ ᠪᠣᠳᠣᠯᠭ᠎ᠠ ᠪᠠᠷ | ᠬᠥᠲᠥᠯᠦᠨ ᠵᠢᠯᠣᠭᠤᠳᠬᠤ ᠶᠢ ᠴᠢᠩᠭᠠᠷᠠᠭᠤᠯᠤᠨ᠂ ᠠᠶᠤᠯ ᠢ ᠠᠷᠢᠯᠭᠠᠨ ᠪᠠᠬᠢᠵᠢᠭᠦᠯᠬᠦ ᠠᠵᠢᠯ ᠢ ᠭᠤᠤᠯ ᠤᠨ ᠳᠠᠷᠤᠭ᠎ᠠ | ᠨᠠᠭᠤᠷ ᠳᠠᠷᠤᠭ᠎ᠠ ᠶᠢᠨ ᠲᠦᠷᠢᠮ ᠤᠨ ᠠᠵᠢᠯ ᠤᠨ ᠰᠢᠰᠲ᠋ᠧᠮ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠳᠤ ᠣᠷᠣᠭᠤᠯᠵᠤ᠂ ᠪᠠᠯᠠ ᠮᠥᠩᠭᠦ ᠶᠢᠨ ᠣᠷᠣᠭᠤᠯᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠤᠰᠤᠨ ᠴᠥᠭᠦᠷᠥᠮ ᠤᠨ ᠠᠵᠢᠯᠯᠠᠭᠠᠨ ᠤ ᠬᠠᠮᠢᠶᠠᠷᠴᠤ ᠬᠠᠮᠠᠭᠠᠯᠠᠬᠤ ᠲᠣᠭᠲᠠᠭᠰᠠᠨ | ᠨᠣᠷᠮ᠎ᠠ ᠶᠢᠨ ᠪᠠᠷᠢᠮᠵᠢᠶ᠎ᠠ ᠶᠢ ᠲᠣᠭᠲᠠᠭᠠᠵᠤ᠂ ᠡᠳ᠋ ᠤᠨ ᠬᠦᠴᠦᠨ ᠪᠠᠭᠤᠷᠠᠶ ᠬᠤᠲᠠ ᠰᠢᠶᠠᠨ ᠳᠤ ᠨᠥᠬᠦᠪᠥᠷᠢ | ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠨᠤᠲᠤᠭ ᠤᠨ ᠡᠯ᠎ᠡ ᠱᠠᠲᠤᠨ ᠤ ᠤᠰᠤᠨ | ᠠᠰᠢᠭᠯᠠᠯᠲᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠤᠰᠤᠨ ᠴᠥᠭᠦᠷᠥᠮ ᠤᠨ | ᠠᠶᠤᠯ ᠢ ᠠᠷᠢᠯᠭᠠᠨ ᠪᠠᠬᠢᠵᠢᠭᠦᠯᠬᠦ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠬᠤᠶᠠᠷ ᠲᠤ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠳᠬᠠᠨ᠎ᠠ᠃ ᠳᠡᠮᠵᠢᠬᠦ ᠲᠦᠷᠦ ᠶᠢᠨ ᠪᠤᠳᠤᠯᠭ᠎ᠠ ᠳᠤ | ᠨᠡᠶᠢᠴᠡᠭᠰᠡᠨ᠂ ᠡᠮᠦᠨᠡᠬᠢ ᠬᠤᠭᠤᠴᠠᠭᠠᠨ ᠤ ᠠᠵᠢᠯ ᠤᠨ ᠨᠥᠬᠦᠴᠡᠯ ᠳᠤ ᠨᠡᠶᠢᠴᠡᠭᠰᠡᠨ ᠲᠤᠮᠤ ᠳᠤᠮᠳᠠ ᠬᠡᠯᠪᠡᠷᠢ ᠶᠢᠨ ᠭᠡᠮ | ᠰᠣᠭᠤᠭ ᠲᠠᠢ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠵᠦᠢᠯᠡᠰ ᠲᠤ ᠲᠥᠪ ᠤᠨ ᠲᠥᠰᠦᠪ ᠤᠨ ᠳᠣᠲᠣᠷᠠᠬᠢ | ᠪᠡᠯᠡ ᠣᠷᠣᠭᠤᠯᠤᠯᠲᠠ ᠶᠢ ᠤᠷᠢᠳᠠᠪᠠᠷ ᠳᠡᠮᠵᠢᠨ᠎ᠡ︔ ᠲᠥᠪ ᠤᠨ ᠡᠳ᠋ ᠤᠨ ᠵᠠᠰᠠᠭ ᠤᠰᠤᠨ ᠠᠰᠢᠭᠯᠠᠯᠲᠠ ᠶᠢᠨ | ᠬᠥᠭᠵᠢᠯᠲᠡ ᠶᠢᠨ ᠪᠡᠯᠡ ᠮᠥᠩᠭᠦ ᠶᠢ ᠦᠷᠭᠦᠯᠵᠢᠯᠡᠨ ᠲᠣᠬᠢᠷᠠᠭᠤᠯᠵᠤ᠂ ᠣᠷᠣᠨ ᠨᠤᠲᠤᠭ ᠤᠨ ᠡᠳ᠋ ᠤᠨ ᠵᠠᠰᠠᠭ ᠤᠨ | ᠲᠥᠰᠦᠪ ᠪᠣᠯᠤᠨ ᠣᠷᠤᠨ ᠨᠤᠲᠤᠭ ᠤᠨ ᠵᠠᠰᠠᠭ ᠤᠨ ᠣᠷᠳᠤᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠲᠤᠭ᠎ᠠ | ᠬᠡᠮᠵᠢᠶ᠎ᠡ ᠶᠢ ᠨᠢᠭᠡᠳᠦᠯᠲᠡᠶ ᠲᠥᠯᠥᠪᠯᠡᠬᠦ ᠶᠢ ᠲᠡᠮᠵᠢᠵᠤ᠂ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠪᠣᠯᠤᠨ ᠪᠡᠯᠡ | ᠮᠥᠩᠭᠦ ᠶᠢ ᠬᠤᠪᠢᠶᠠᠷᠢᠯᠠᠬᠤ ᠵᠥᠪ ᠴᠢᠭᠯᠡᠯ ᠤᠨ ᠤᠷᠮᠠᠰᠢᠭᠤᠯᠬᠤ ᠵᠣᠬᠢᠴᠠᠮᠵᠢ ᠢ ᠪᠠᠶᠢᠭᠤᠯᠤᠨ ᠲᠡᠭᠦᠯᠳᠡᠷᠵᠢᠭᠦᠯᠵᠦ᠂ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠢᠵᠢᠭ ᠬᠡᠯᠪᠡᠷᠢ ᠶᠢᠨ ᠴᠥᠭᠦᠷᠥᠮ ᠤᠨ ᠠᠶᠤᠯ ᠢ | ᠠᠷᠢᠯᠭᠠᠨ ᠪᠠᠬᠢᠵᠢᠭᠦᠯᠬᠦ ᠶᠢ ᠲᠡᠮᠵᠢᠨ᠎ᠠ᠃ | ᠭᠤᠷᠪᠠ ᠳᠤ ᠲᠥᠷᠥᠯ ᠵᠦᠶᠯ ᠤᠨ ᠬᠡᠷᠡᠭᠵᠢᠭᠦᠯᠦᠯᠲᠡ ᠶᠢ ᠲᠦᠷᠭᠡᠳᠬᠡᠨ᠎ᠡ᠃ ᠡᠯ᠎ᠡ ᠭᠠᠵᠠᠷ ᠤᠨ ᠬᠢᠨ ᠤ | ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠲᠣᠬᠢᠷᠠᠭᠤᠯᠬᠤ ᠶᠢ ᠰᠢᠮᠳᠠᠭᠤᠯᠵᠤ᠂ ᠠᠵᠢᠯ ᠡᠬᠢᠯᠡᠭᠦᠯᠦᠨ | ᠪᠠᠬᠢᠵᠢᠭᠦᠯᠬᠦ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ | ᠲᠦᠷᠭᠡᠳᠬᠡᠬᠦ ᠬᠡᠷᠡᠭᠲᠡᠶ᠃ ᠡᠨᠡ ᠵᠢᠯ ᠤᠨ ᠵᠢᠯ ᠤᠨ ᠡᠴᠦᠰ ᠠᠴᠠ ᠡᠮᠦᠨ᠎ᠡ᠂ 72 ᠲᠤᠮᠤ ᠳᠤᠮᠳᠠ ᠬᠡᠯᠪᠡᠷᠢ ᠶᠢᠨ | ᠴᠥᠭᠦᠷᠥᠮ᠂ 1389 ᠵᠢᠵᠢᠭ ᠬᠡᠯᠪᠡᠷᠢ ᠶᠢᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠡᠭᠦᠷᠭᠡ ᠶᠢ | ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ︔ ᠢᠷᠡᠬᠦ ᠵᠢᠯ ᠤᠨ ᠦᠶᠡᠷ ᠠᠴᠠ ᠡᠮᠦᠨ᠎ᠡ᠂ ᠨᠢᠭᠡᠨᠲᠡ ᠪᠠᠯᠠ ᠮᠥᠩᠭᠦ | ᠪᠠᠭᠤᠯᠭᠠᠭᠰᠠᠨ ᠪᠤᠰᠤᠳ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠡᠭᠦᠷᠭᠡ ᠶᠢ ᠦᠨᠳᠦᠰᠦᠨ ᠳᠡᠭᠡᠨ | ᠪᠡᠶᠡᠯᠡᠭᠦᠯᠦᠨ᠎ᠡ᠃ | ᠲᠦᠷᠪᠡ ᠳᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭᠠᠳᠬᠠᠨ᠎ᠠ᠃ ᠭᠡᠮ ᠰᠣᠭᠤᠭ ᠲᠠᠢ ᠤᠰᠤᠨ | ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠠᠵᠢᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠᠨ | ᠴᠢᠩᠭᠠᠳᠬᠠᠵᠤ᠂ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ | ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠤᠨ᠂ ᠤᠰᠤᠨ ᠴᠥᠭᠦᠷᠥᠮ ᠤᠨ ᠠᠶᠤᠯ ᠢ | ᠠᠷᠢᠯᠭᠠᠨ ᠪᠠᠬᠢᠵᠢᠭᠦᠯᠬᠦ ᠪᠠ ᠠᠵᠢᠯᠯᠠᠭᠠᠨ ᠢ ᠬᠠᠮᠢᠶᠠᠷᠤᠨ ᠬᠠᠮᠠᠭᠠᠯᠠᠬᠤ ᠠᠵᠢᠯ ᠤᠨ ᠬᠢᠨᠠᠨ ᠰᠢᠯᠭᠠᠬᠤ ᠲᠥᠰᠦᠯ ᠢ | ᠲᠣᠭᠲᠠᠭᠠᠵᠤ᠂ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠳᠤ ᠬᠢᠨᠠᠨ | ᠰᠢᠯᠭᠠᠯᠲᠠ ᠬᠢᠬᠦ ᠶᠢᠨ ᠬᠠᠮᠲᠤ ᠬᠠᠮᠢᠶ᠎ᠠ ᠪᠥᠬᠦᠶ ᠤᠷᠮᠠᠰᠢᠭᠤᠯᠬᠤ ᠲᠣᠭᠲᠠᠴᠠ ᠳᠤ ᠣᠷᠣᠭᠤᠯᠵᠤ᠂ ᠰᠢᠯᠢᠳᠡᠭ ᠢ ᠨᠢ | ᠱᠠᠩᠨᠠᠵᠤ ᠮᠠᠭᠤ ᠶᠢ ᠨᠢ ᠲᠣᠷᠭᠠᠨ᠎ᠠ᠃ ᠪᠠᠶᠠᠷᠯᠠᠯ᠎ᠠ᠃ 2021-09-30 15: 51: 27 | ᠠᠵᠤ ᠠᠬᠤᠶ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ᠄ | ᠡᠨᠡ ᠵᠢᠯ ᠠᠴᠠ ᠨᠠᠰᠢ᠂ ᠮᠠᠨ ᠤ ᠤᠯᠤᠰ ᠤᠨ ᠣᠨᠴᠠᠭᠠᠶ ᠠᠭᠤᠷ ᠠᠮᠢᠰᠬᠤᠯ ᠪᠠᠶᠢᠨ ᠳᠠᠬᠢᠨ ᠡᠭᠦᠰᠴᠦ᠂ | ᠦᠶᠡᠷ ᠢ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ ᠨᠣᠴᠢᠲᠠᠶ ᠪᠠᠶᠢᠨ᠎ᠠ᠃ ᠡᠶᠢᠮᠦᠷᠬᠦᠦ ᠬᠦᠨᠳᠦ ᠬᠡᠴᠡᠭᠦᠦ | ᠪᠠᠶᠢᠳᠠᠯ ᠤᠨ ᠡᠮᠦᠨ᠎ᠡ᠂ ᠤᠰᠤᠨ ᠴᠥᠭᠦᠷᠥᠮ ᠨᠢ ᠶᠠᠮᠠᠷ ᠶᠠᠮᠠᠷ ᠦᠢᠯᠡᠳᠦᠯ ᠭᠠᠷᠭᠠᠭᠰᠠᠨ ᠪᠤᠶ ︖ ᠤᠰᠤᠨ | ᠠᠰᠢᠭᠯᠠᠯᠲᠠ ᠶᠢᠨ ᠰᠠᠯᠠᠭ᠎ᠠ ᠮᠥᠴᠢᠷ ᠤᠰᠤᠨ ᠴᠥᠭᠦᠷᠥᠮ ᠤᠨ ᠠᠮᠤᠷ ᠲᠦᠪᠰᠢᠨ ᠢ ᠬᠡᠷᠬᠢᠨ ᠪᠠᠲᠤᠯᠠᠬᠤ ᠪᠣᠶ︖ | ᠪᠠᠶᠠᠷᠯᠠᠯ᠎ᠠ᠃ 2021-09-30 16: 26: 16 | ᠯᠢᠦ ᠸᠧᠶ ᠫᠢᠩ᠄ | ᠵᠠ᠂ ᠡᠨᠡ ᠠᠰᠠᠭᠤᠳᠠᠯ ᠢ ᠪᠢ ᠬᠠᠷᠢᠭᠤᠯᠤᠶ᠎ᠠ᠃ ᠡᠨᠡ ᠵᠢᠯ ᠤᠨ ᠦᠶᠡᠷ ᠤᠨ ᠬᠤᠭᠤᠴᠠᠭᠠᠨ ᠳᠤ | ᠤᠷᠤᠭᠰᠠᠨ ᠠᠴᠠ ᠨᠠᠰᠢ᠂ ᠴᠠᠭ ᠠᠭᠤᠷ ᠤᠨ ᠪᠠᠶᠢᠳᠠᠯ ᠲᠦᠢᠯ ᠤᠨ ᠬᠡᠪ ᠤᠨ ᠪᠤᠰᠤ ᠪᠣᠯᠵᠠᠶ᠂ ᠠᠩᠬᠠᠷᠤᠭᠤᠰᠢᠲᠠᠶ | ᠨᠢ᠂ ᠪᠢ ︽ᠲᠦᠢᠯ ᠤᠨ ᠬᠡᠪ ᠤᠨ ᠪᠤᠰᠤ︾ ᠪᠠᠶᠢᠳᠠᠯ ᠢ ᠬᠡᠷᠡᠭᠯᠡᠪᠡ᠂ ᠬᠡᠰᠡᠭ ᠭᠠᠵᠠᠷ ᠲᠤ ᠰᠢᠷᠦᠭᠦᠨ ᠪᠣᠷᠣᠭᠠᠨ | ᠪᠠᠶᠢᠨ ᠳᠠᠬᠢᠨ ᠣᠷᠣᠵᠤ᠂ ᠦᠶᠡᠷ ᠢ ᠰᠡᠷᠭᠡᠶᠢᠯᠡᠬᠦ ᠪᠠᠶᠢᠳᠠᠯ ᠴᠤ ᠲᠦᠢᠯ ᠤᠨ ᠬᠦᠨᠳᠦ ᠬᠡᠴᠡᠭᠦᠦ ᠪᠠᠶᠢᠨ᠎ᠠ᠃ ᠡᠨᠡ | ᠬᠦ ᠪᠠᠶᠢᠳᠠᠯ ᠨᠢ ᠦᠶᠡᠷ ᠤᠨ ᠬᠤᠭᠤᠴᠠᠭᠠᠨ ᠳᠤ ᠤᠷᠤᠭᠰᠠᠨ ᠤ ᠡᠬᠢᠨ ᠤ ᠦᠶ᠎ᠡ ᠠᠴᠠ ᠠᠪᠤᠭᠠᠳ ᠤᠳᠤ ᠪᠣᠯᠲᠠᠯ᠎ᠠ | ᠪᠠᠰᠠ ᠳᠠᠭᠤᠰᠤᠭ᠎ᠠ ᠦᠭᠡᠢ ᠪᠠᠶᠢᠭᠰᠠᠭᠠᠷ᠃ ᠡᠨᠡ ᠵᠢᠯ ᠤᠨ ︽ᠲᠦᠢᠯ ᠤᠨ ᠶᠡᠷᠦ ᠪᠤᠰᠤ︾ ᠶᠢᠨ ᠣᠨᠴᠠᠯᠢᠭ ᠢ ᠪᠢ | ᠳᠣᠣᠷᠠᠬᠢ ᠮᠡᠲᠦ ᠬᠡᠳᠦᠨ ᠲᠠᠯ᠎ᠠ ᠪᠠᠷ ᠲᠣᠳᠣᠷᠬᠠᠶᠢᠯᠠᠶ᠎ᠠ ᠭᠡᠵᠦ ᠪᠤᠳᠤᠵᠤ ᠪᠠᠶᠢᠨ᠎ᠠ᠃ | ᠨᠢᠭᠡᠳᠦᠭᠡᠷ ᠲᠤ᠂ ᠪᠣᠷᠣᠭᠠᠨ ᠤᠮᠠᠷᠠᠲᠤ ᠣᠷᠣᠨ ᠳᠤ ᠣᠯᠠᠨ ᠡᠮᠦᠨᠡᠲᠦ ᠣᠷᠣᠨ ᠳᠤ ᠴᠥᠭᠡᠨ ᠣᠷᠣᠵᠤ᠂ | ᠲᠦᠢᠯ ᠤᠨ ᠰᠢᠷᠦᠭᠦᠨ ᠪᠣᠷᠣᠭᠠᠨ ᠣᠷᠣᠨ᠎ᠠ᠃ ᠡᠨᠡ ᠵᠢᠯ ᠤᠨ ᠪᠣᠷᠣᠭᠠᠨ ᠣᠷᠣᠬᠤ᠂ ᠵᠡᠭᠦᠨ ᠬᠤᠶᠢᠲᠤ ᠣᠷᠣᠨ᠂ | ᠤᠮᠠᠷᠠᠲᠤ ᠣᠷᠣᠨ᠂ ᠬᠠᠳᠤᠨ ᠭᠤᠣᠯ᠂ ᠬᠤᠸᠠᠢ ᠾᠧ ᠭᠤᠣᠯ ᠵᠡᠷᠭᠡ ᠤᠮᠠᠷᠠᠲᠤ ᠣᠷᠣᠨ ᠳᠤ ᠪᠣᠷᠣᠭᠠᠨ ᠣᠷᠣᠬᠤ ᠨᠢ | ᠥᠩᠭᠡᠷᠡᠭᠰᠡᠨ ᠵᠢᠯ ᠤᠳ ᠠᠴᠠ ᠮᠡᠳᠡᠭᠳᠡᠬᠦ᠋ᠢᠴᠡ ᠠᠷᠪᠢᠨ ᠪᠤᠯᠵᠤ᠂ ᠶᠡᠷᠦᠩᠬᠡᠶ ᠳᠡᠭᠡᠨ ᠤᠮᠠᠷᠠᠲᠤ ᠣᠷᠣᠨ ᠨᠢ ᠤᠯᠠᠨ | ᠡᠮᠦᠨᠡᠲᠦ ᠣᠷᠣᠨ ᠨᠢ ᠴᠥᠭᠡᠨ ᠪᠠᠶᠢᠬᠤ ᠪᠠᠶᠢᠳᠠᠯ ᠲᠠᠢ ᠪᠣᠯᠵᠠᠶ᠃ ᠬᠡᠰᠡᠭ ᠭᠠᠵᠠᠷ ᠣᠷᠣᠨ ᠤ ᠣᠨᠴᠠᠭᠠᠢ ᠰᠢᠷᠦᠭᠦᠨ | ᠪᠣᠷᠣᠭᠠᠨ ᠲᠡᠤᠬᠡᠨ ᠳᠤ ᠬᠤᠪᠣᠷ ᠲᠣᠬᠢᠶᠠᠯᠳᠤᠳᠠᠭ ᠶᠤᠮ᠂ ᠵᠢᠱᠢᠶᠡᠯᠡᠪᠡᠯ ᠵᠧᠩᠵᠧᠤ ᠶᠢᠨ ︽7.20︾ ᠤ ᠰᠢᠷᠦᠭᠦᠨ | ᠪᠣᠷᠣᠭᠠᠨ ᠤ ᠬᠠᠮᠤᠭ ᠤᠨ ᠶᠡᠭᠡ ᠴᠠᠭ ᠤᠨ ᠪᠣᠷᠣᠭᠠᠨ ᠤ ᠬᠡᠮᠵᠢᠶ᠎ᠡ ᠨᠢ 201.9 ᠮᠢᠯᠢᠮᠧᠲᠷ ᠲᠤ ᠬᠦᠷᠴᠦ᠂ ᠮᠠᠨ ᠤ | ᠤᠯᠤᠰ ᠤᠨ ᠡᠬᠡ ᠬᠠᠭᠤᠷᠠᠶ ᠶᠢᠨ ᠴᠠᠭ ᠤᠨ ᠪᠣᠷᠣᠭᠠᠨ ᠤ ᠬᠡᠮᠵᠢᠶ᠎ᠡ ᠶᠢᠨ ᠲᠦᠢᠯ ᠤᠨ ᠬᠡᠮᠵᠢᠭᠳᠡᠯ ᠠᠴᠠ ᠳᠠᠪᠠᠵᠤ᠂ | ᠰᠢᠨ᠎ᠡ ᠲᠡᠮᠳᠡᠭᠯᠡᠯ ᠢ ᠡᠭᠦᠳᠪᠡ᠃ ᠪᠠᠰᠠ ᠵᠢᠱᠢᠶᠡᠯᠡᠪᠡᠯ᠂ ᠬᠤᠪᠧᠶ ᠶᠢᠨ ᠢ ᠴᠤᠩ ᠤᠨ 24 ᠴᠠᠭ ᠤᠨ ᠪᠣᠷᠣᠭᠠᠨ ᠤ | ᠬᠡᠮᠵᠢᠶ᠎ᠡ 305.9 ᠮᠢᠯᠢᠮᠧᠲᠷ ᠲᠤ ᠬᠦᠷᠴᠦ᠂ ᠲᠤᠬᠠᠶ ᠶᠢᠨ ᠭᠠᠵᠠᠷ ᠤᠨ ᠪᠣᠳᠠᠲᠠᠶ ᠬᠡᠮᠵᠢᠯᠲᠡ ᠶᠢᠨ ᠮᠠᠲ᠋ᠧᠷᠢᠶᠠᠯ ᠲᠠᠢ | ᠪᠣᠯᠤᠭᠰᠠᠨ ᠠᠴᠠ ᠨᠠᠰᠢᠬᠢ ᠬᠠᠮᠤᠭ ᠤᠨ ᠶᠡᠭᠡ ᠬᠡᠮᠵᠢᠶᠡᠨ ᠳᠤ ᠬᠦᠷᠴᠡᠶ᠃ ᠡᠨᠡ ᠵᠢᠯ ᠤᠨ ᠪᠣᠷᠣᠭᠠᠨ ᠤ ᠪᠠᠶᠢᠳᠠᠯ ᠪᠣᠯ | ᠲᠡᠦᠬᠡᠨ ᠳᠤ ᠬᠤᠪᠣᠷ ᠪᠠᠶᠢᠳᠠᠭ ᠭᠡᠳᠡᠭ ᠢ ᠠᠳᠡ ᠤᠷᠢᠳᠠᠪᠠᠷ ᠡᠨᠡ ᠬᠤᠶᠠᠷ ᠵᠢᠱᠢᠶ᠎ᠡ ᠪᠠᠷ ᠲᠣᠳᠣᠷᠬᠠᠶᠢᠯᠠᠶ᠎ᠠ᠃ | ᠬᠤᠶᠠᠳᠤᠭᠠᠷ ᠲᠤ᠂ ᠰᠢᠷᠦᠭᠦᠨ ᠪᠣᠷᠣᠭᠠᠨ ᠦᠶᠡᠷ ᠤᠨ ᠤᠰᠤ ᠪᠠᠶᠢᠨ ᠳᠠᠬᠢᠨ ᠡᠭᠦᠰᠴᠦ᠂ ᠤᠮᠠᠷᠠᠲᠤ | ᠣᠷᠣᠨ ᠤ ᠭᠤᠤᠯ ᠮᠥᠷᠡᠨ ᠤ ᠦᠶᠡᠷ ᠤᠨ ᠬᠡᠮᠵᠢᠶ᠎ᠡ ᠶᠢᠨ ᠲᠠᠰ ᠶᠡᠭᠡ ᠪᠠᠶᠢᠨ᠎ᠠ᠃ ᠪᠦᠬᠦ ᠤᠯᠤᠰ ᠲᠤ ᠨᠡᠶᠢᠲᠡ 534 | ᠭᠤᠣᠯ ᠮᠥᠷᠡᠨ ᠰᠡᠷᠡᠮᠵᠢᠯᠡᠭᠦᠯᠬᠦ ᠤᠰᠦᠠ ᠲᠠᠪᠰᠢᠨ ᠢ ᠳᠠᠪᠠᠵᠤ᠂ ︽ ᠰᠡᠷᠡᠮᠵᠢ ᠠᠴᠠ ᠳᠠᠪᠠᠭᠰᠠᠨ︾ ᠦᠶᠡᠷ | ᠡᠭᠦᠰᠴᠡᠢ᠃ ᠡᠭᠦᠨ ᠳᠤ 142 ᠵᠤᠷᠪᠤᠰ ᠨᠢ ᠪᠠᠲᠤᠯᠠᠭ᠎ᠠ ᠶᠢᠨ ᠤᠰᠤᠨ ᠲᠦᠪᠰᠢᠨ ᠠᠴᠠ ᠳᠠᠪᠠᠵᠤ᠂ ︽ | ᠪᠠᠲᠤᠯᠠᠭ᠎ᠠ ᠠᠴᠠ ᠳᠠᠪᠠᠭᠰᠠᠨ︾ ᠦᠶᠡᠷ ᠤᠨ ᠤᠰᠤ ᠭᠠᠷᠴᠠᠶ᠃ ᠬᠤᠸᠠᠶᠢᠾᠧ ᠭᠤᠣᠯ ᠤᠨ ᠰᠠᠪᠠ ᠭᠠᠵᠠᠷ ᠤᠨ ᠵᠢᠶᠠ | ᠯᠦ ᠾᠧ ᠭᠤᠣᠯ᠂ ᠬᠠᠲᠤᠨ ᠭᠤᠣᠯ ᠤᠨ ᠰᠠᠪᠠ ᠭᠠᠵᠠᠷ ᠤᠨ ᠯᠦᠸᠧ ᠾᠧ ᠭᠤᠣᠯ᠂ ᠬᠠᠶᠢᠾᠤ ᠭᠤᠣᠯ ᠤᠨ ᠰᠠᠪᠠ | ᠭᠠᠵᠠᠷ ᠤᠨ ᠸᠧᠶ ᠾᠧ ᠭᠤᠣᠯ᠂ ᠡᠪ ᠬᠠᠮᠲᠦ ᠶᠤᠰᠤ ᠰᠤᠪᠠᠭ᠂ ᠰᠤᠩᠭᠠᠷᠢ ᠮᠥᠷᠡᠨ ᠤ ᠰᠠᠪᠠ ᠭᠠᠵᠠᠷ ᠤᠨ ᠬᠤ᠋ ᠮᠠ | ᠭᠤᠣᠯ ᠵᠡᠷᠭᠡ 43 ᠭᠤᠣᠯ ᠮᠥᠷᠡᠨ ᠤ ᠤᠰᠤᠨ ᠲᠦᠪᠰᠢᠨ ᠪᠤᠶᠤ ᠤᠷᠤᠰᠬᠠᠯ ᠤᠨ ᠬᠡᠮᠵᠢᠶ᠎ᠡ ᠲᠡᠦᠬᠡᠨ ᠲᠡᠮᠳᠡᠭᠯᠡᠯ ᠢ | ᠡᠭᠦᠳᠪᠡ᠃ ᠭᠤᠣᠯ ᠪᠣᠯᠬᠤ ᠭᠤᠣᠯ ᠮᠥᠷᠡᠨ ᠳᠤ 10 ᠤᠳᠠᠭ᠎ᠠ ᠳ᠋ᠤᠭᠠᠷᠯᠠᠭᠰᠠᠨ ᠦᠶᠡᠷ ᠤᠨ ᠭᠠᠮᠰᠢᠭ ᠭᠠᠷᠴᠤ᠂ | ᠬᠠᠷᠠᠮᠥ᠋ᠷᠡᠨ ᠤ ᠳᠡᠭᠡᠳᠦ ᠤᠷᠤᠰᠬᠠᠯ᠂ ᠸᠧᠶ ᠾᠧ ᠭᠤᠣᠯ ᠤᠨ ᠳᠡᠭᠡᠳᠦ ᠲᠠᠯ᠎ᠠ ᠶᠢᠨ ᠬᠤᠳᠠ ᠳᠤ ᠣᠨᠴᠠ ᠶᠡᠭᠡ | ᠦᠶᠡᠷ ᠤᠨ ᠭᠠᠮᠰᠢᠭ ᠭᠠᠷᠴᠤ᠂ ᠰᠤᠩᠭᠠᠷᠢ ᠮᠥᠷᠡᠨ ᠳᠤ ᠰᠠᠪᠠ ᠭᠠᠵᠠᠷ ᠤᠨ ᠴᠢᠨᠠᠷᠲᠠᠶ ᠨᠡᠯᠢᠶᠡᠳ ᠶᠡᠭᠡ ᠦᠶᠡᠷ ᠤᠨ | ᠭᠠᠮᠰᠢᠭ ᠭᠠᠷᠴᠠᠶ᠃ 6 ᠰᠠᠷ᠎ᠠ ᠶᠢᠨ ᠦᠶ᠎ᠡ ᠪᠠᠷ᠂ ᠡᠮᠦᠨᠡᠲᠦ ᠣᠷᠣᠨ ᠤ ᠭᠤᠤᠯ ᠪᠣᠯᠬᠤ ᠭᠤᠤᠯ ᠮᠥᠷᠡᠨ ᠳᠤ | ᠰᠡᠷᠡᠮᠵᠢ ᠶᠢᠨ ᠬᠡᠮᠵᠢᠶ᠎ᠡ ᠠᠴᠠ ᠳᠠᠪᠠᠭᠰᠠᠨ ᠪᠠᠶᠢᠳᠠᠯ ᠭᠠᠷᠤᠭᠰᠠᠨ ᠥᠬᠡᠶ᠂ ᠬᠠᠷᠢᠨ ᠤᠮᠠᠷᠠᠲᠤ ᠣᠷᠣᠨ ᠤ | ᠬᠠᠷᠠᠮᠥ᠋ᠷᠡᠨ ᠤ ᠳᠡᠭᠡᠳᠦ ᠤᠷᠤᠰᠬᠠᠯ ᠳᠤ ᠣᠨᠴᠠ ᠶᠡᠭᠡ ᠦᠶᠡᠷ ᠭᠠᠷᠴᠤ᠂ ᠨᠤᠨ ᠮᠥᠷᠡᠨ ᠳᠤ ᠳ᠋ᠤᠭᠠᠷᠯᠠᠭᠰᠠᠨ ᠦᠶᠡᠷ | ᠭᠠᠷᠴᠠᠶ᠃ ᠡᠳᠡᠭᠡᠷ ᠪᠠᠶᠢᠳᠠᠯ ᠪᠣᠯ ᠴᠥᠮ ︽ᠲᠦᠢᠯ ᠤᠨ ᠶᠡᠷᠦ ᠪᠤᠰᠤ ᠶᠢᠨ ᠪᠠᠶᠢᠳᠠᠯ︾ ᠮᠥᠨ᠂ ᠲᠡᠦᠬᠡᠨ ᠳᠤ ᠬᠤᠪᠣᠷ | ᠲᠣᠬᠢᠶᠠᠯᠳᠤᠬᠤ ᠶᠤᠮ᠃ ᠥᠭᠡᠷ᠎ᠡ ᠪᠠᠷ ᠬᠡᠯᠡᠪᠡᠯ᠂ ᠪᠣᠷᠣᠭᠠᠨ ᠪᠣᠯ ᠲᠡᠤᠬᠡᠨ ᠳᠤ ᠬᠤᠪᠣᠷ ᠪᠠᠶᠢᠳᠠᠭ᠂ ᠤᠰᠤᠨ ᠤ | ᠪᠠᠶᠢᠳᠠᠯ᠂ ᠦᠶᠡᠷ ᠤᠨ ᠤᠰᠤ ᠢᠯᠠᠩᠭᠤᠶ᠎ᠠ ᠤᠮᠠᠷᠠᠲᠤ ᠣᠷᠣᠨ ᠤ ᠦᠶᠡᠷ ᠤᠨ ᠤᠰᠤ ᠪᠣᠯ ᠲᠡᠤᠬᠡᠨ ᠳᠤ ᠬᠤᠪᠣᠷ | ᠪᠠᠶᠢᠳᠠᠭ ᠶᠤᠮ᠃ | ᠭᠤᠷᠪᠠᠳᠤᠭᠠᠷ ᠲᠤ᠂ ᠨᠠᠮᠤᠷ ᠤᠨ ᠦᠶᠡᠷ ᠤᠨ ᠪᠠᠶᠢᠳᠠᠯ ᠬᠦᠨᠳᠦ ᠬᠡᠴᠡᠭᠦᠦ ᠪᠠᠶᠢᠨ᠎ᠠ᠃ 8 ᠰᠠᠷ᠎ᠠ ᠶᠢᠨ | ᠰᠡᠭᠦᠯᠴᠢ ᠠᠴᠠ ᠨᠠᠰᠢ᠂ ᠬᠥᠬᠡᠮᠥ᠋ᠷᠡᠨ ᠳᠤ 1 ᠳ᠋ᠦ᠋ᠭᠡᠷ ᠨᠣᠮᠧᠷᠲᠤ ᠦᠶᠡᠷ ᠤᠨ ᠭᠠᠮᠰᠢᠭ ᠡᠭᠦᠰᠴᠦ᠂ ᠬᠠᠲᠤᠨ | ᠭᠤᠤᠯ ᠳᠤ 1 ᠳᠦᠩᠭᠡᠷ ᠨᠣᠮᠧᠷᠲᠤ᠂ 2 ᠳ᠋ᠤᠭᠠᠷ ᠨᠣᠮᠧᠷᠲᠤ ᠦᠶᠡᠷ ᠤᠨ ᠭᠠᠮᠰᠢᠭ ᠡᠭᠦᠰᠴᠦ᠂ ᠪᠦᠬᠦ᠋ᠢᠯᠡ | ᠦᠶᠡᠷ ᠤᠨ ᠬᠤᠭᠤᠴᠠᠭᠠᠨ ᠤ ᠵᠠᠩᠭᠢᠯᠠᠭ᠎ᠠ ᠶᠢᠨ ᠬᠤᠭᠤᠴᠠᠭᠠᠨ ᠳᠤ ᠴᠥᠮ ᠡᠶᠢᠮᠦ ᠬᠦᠨᠳᠦ ᠨᠣᠴᠢᠲᠠᠶ ᠦᠶᠡᠷ ᠤᠨ | ᠪᠠᠶᠢᠳᠠᠯ ᠭᠠᠷᠤᠭᠰᠠᠨ ᠥᠬᠡᠶ᠂ ᠭᠡᠳᠡᠷᠭᠦ ᠪᠠᠨ ᠨᠠᠮᠤᠷ ᠪᠣᠯᠬᠤ ᠳᠤ᠂ ᠬᠠᠮᠤᠭ ᠤᠨ ᠴᠢᠬᠤᠯᠠ ᠬᠤᠶᠠᠷ ᠶᠡᠭᠡ ᠭᠤᠤᠯ | ᠮᠥᠷᠡᠨ ᠳᠤ ᠴᠥᠮ ᠦᠶᠡᠷ ᠤᠨ ᠭᠠᠮᠰᠢᠭ ᠡᠭᠦᠰᠦᠭᠰᠡᠨ ᠪᠠᠶᠢᠨ᠎ᠠ᠃ ᠡᠭᠦᠨ ᠳᠤ᠂ ᠬᠥᠬᠡᠮᠥ᠋ᠷᠡᠨ ᠤ ᠴᠢᠳᠬᠤᠯᠠᠩ | ᠬᠠᠨᠵᠢᠶᠠᠩ ᠮᠥᠷᠡᠨ ᠳᠤ 10 ᠵᠢᠯ ᠤᠨ ᠲᠤᠷᠰᠢᠬᠢ ᠠᠳᠠᠯᠢ ᠬᠤᠭᠤᠴᠠᠭᠠᠨ ᠤ ᠬᠠᠮᠤᠭ ᠤᠨ ᠶᠡᠭᠡ ᠦᠶᠡᠷ ᠪᠣᠯᠵᠠᠶ᠂ | ᠡᠨᠡ ᠨᠢ ᠳᠠᠷᠤᠶ 2011 ᠣᠨ ᠠᠴᠠ ᠨᠠᠰᠢᠬᠢ ᠠᠳᠠᠯᠢ ᠬᠤᠭᠤᠴᠠᠭᠠᠨ ᠤ ᠬᠠᠮᠤᠭ ᠤᠨ ᠶᠡᠭᠡ ᠦᠶᠡᠷ ᠪᠣᠯᠤᠨ᠎ᠠ᠂ 8 | ᠰᠠᠷ᠎ᠠ ᠶᠢᠨ ᠬᠤᠷᠢᠳ ᠠᠴᠠ ᠨᠠᠰᠢ ᠬᠠᠨᠵᠢᠶᠠᠩ ᠮᠥᠷᠡᠨ ᠳᠤ ᠳ᠋ᠠᠨᠵᠢᠶᠠᠩᠺᠸᠤ ᠤᠰᠤᠨ ᠴᠥᠭᠦᠷᠥᠮ ᠤᠨ ᠬᠥᠮᠥᠷᠭᠡ ᠳᠤ | ᠣᠷᠣᠭᠤᠯᠬᠤ ᠦᠶᠡᠷ ᠤᠨ ᠣᠷᠭᠢᠯ ᠨᠢ ᠰᠧᠺᠦ᠋ᠨ᠋ᠳ᠋ ᠪᠦᠷᠢ ᠳᠤ 15000 ᠪᠣᠰᠤᠭ᠎ᠠ ᠳᠥᠷᠪᠡᠯᠵᠢᠨ ᠮᠧᠲᠷ ᠢ | ᠳᠠᠪᠠᠭᠰᠠᠨ ᠦᠶᠡᠷ ᠤᠨ ᠣᠷᠭᠢᠯ 6 ᠤᠳᠠᠭ᠎ᠠ ᠭᠠᠷᠴᠠᠶ᠃ ᠬᠠᠶᠢᠾᠤ ᠭᠤᠤᠯ ᠤᠨ ᠡᠮᠦᠨ᠎ᠡ ᠠᠶᠢᠮᠠᠭ ᠤᠨ ᠸᠧᠶ | ᠾᠧ ᠳᠤ 1951 ᠣᠨ ᠠᠴᠠ ᠨᠠᠰᠢᠬᠢ ᠠᠳᠠᠯᠢ ᠬᠤᠭᠤᠴᠠᠭᠠᠨ ᠤ ᠬᠠᠮᠤᠭ ᠤᠨ ᠶᠡᠭᠡ ᠦᠶᠡᠷ ᠪᠣᠯᠵᠠᠶ᠂ ᠣᠲᠣ | ᠪᠣᠯᠲᠠᠯ᠎ᠠ᠂ ᠸᠧᠶ ᠾᠧ ᠶᠢᠨ ᠡᠪ ᠬᠠᠮᠲᠦ ᠶᠣᠰᠣᠨ ᠤ ᠰᠤᠪᠠᠭ ᠵᠡᠷᠭᠡ ᠬᠡᠳᠦᠨ ᠭᠤᠤᠯ ᠥᠷᠲᠡᠭᠡ ᠨᠢ ᠴᠥᠮ | ᠰᠡᠷᠡᠮᠵᠢ ᠠᠴᠠ ᠳᠠᠪᠠᠭᠰᠠᠨ ᠪᠠᠶᠢᠳᠠᠯ ᠳᠤ ᠣᠷᠣᠰᠢᠵᠤ ᠪᠠᠶᠢᠨ᠎ᠠ᠂ ᠡᠭᠦᠨ ᠳᠤ ᠵᠠᠩ ᠾᠧ ᠭᠤᠤᠯ᠂ ᠸᠧᠶ ᠾᠧ ᠶᠢᠨ | ᠳᠠᠷᠠᠭ᠎ᠠ᠂ ᠨᠢᠭᠡᠳᠦᠭᠡᠷ ᠥᠷᠳᠡᠭᠡ ᠭᠤᠸᠠᠨ ᠲᠤᠤ ᠭᠡᠳᠡᠭ ᠡᠨᠡ ᠭᠠᠵᠠᠷ ᠲᠤ ᠨᠠᠨ ᠲᠤᠤ ᠥᠷᠲᠡᠭᠡ ᠪᠠᠶᠢᠳᠠᠭ᠂ | ᠣᠲᠣ ᠶᠢᠨ ᠦᠶᠡᠷ ᠤᠨ ᠬᠡᠮᠵᠢᠶ᠎ᠡ ᠶᠢᠨ ᠲᠠᠰ ᠨᠢ ︽7.20︾ ᠶᠢᠨ ᠰᠢᠷᠦᠭᠦᠨ ᠪᠣᠷᠣᠭᠠᠨ ᠤ ᠦᠶᠡᠷ ᠤᠨ | ᠬᠡᠮᠵᠢᠶ᠎ᠡ ᠶᠢᠨ ᠲᠠᠰ ᠲᠠᠢ ᠠᠳᠠᠯᠢᠬᠠᠨ ᠪᠠᠶᠢᠵᠤ᠂ ᠰᠧᠺᠦ᠋ᠨ᠋ᠳ᠋ ᠪᠦᠷᠢ 1040 ᠪᠣᠰᠤᠭ᠎ᠠ ᠳᠥᠷᠪᠡᠯᠵᠢᠨ ᠮᠧᠲᠷ ᠤᠨ | ᠬᠡᠮᠵᠢᠶ᠎ᠡ ᠶᠢᠨ ᠲᠠᠰ ᠪᠣᠯᠤᠨ᠎ᠠ᠃ ᠬᠠᠲᠤᠨ ᠭᠤᠣᠯ ᠤᠨ ᠴᠢᠳᠬᠤᠯᠠᠩ ᠤᠨ ᠸᠧᠶ ᠾᠧ ᠭᠤᠣᠯ ᠳᠤ 1935 | ᠣᠨ ᠠᠴᠠ ᠨᠠᠰᠢᠬᠢ ᠠᠳᠠᠯᠢ ᠬᠤᠭᠤᠴᠠᠭᠠᠨ ᠤ ᠬᠠᠮᠤᠭ ᠤᠨ ᠶᠡᠭᠡ ᠦᠶᠡᠷ ᠪᠣᠯᠵᠠᠶ᠃ ᠮᠢᠨᠦ ᠰᠠᠶ᠋ᠢ ᠶᠢᠨ ᠬᠡᠯᠡᠵᠦ | ᠥᠩᠭᠡᠷᠡᠭᠰᠡᠨ ᠢ ᠯᠥᠸᠧ ᠾᠧ ᠭᠤᠣᠯ ᠪᠣᠯᠤᠨ ᠴᠢᠨ ᠾᠧ ᠭᠤᠣᠯ ᠳᠤ ᠪᠦᠷ 1950 ᠣᠨ ᠳᠤ ᠪᠣᠳᠠᠲᠠᠶ | ᠬᠡᠮᠵᠢᠯᠲᠡ ᠶᠢᠨ ᠮᠠᠲ᠋ᠧᠷᠢᠶᠠᠯ ᠲᠠᠢ ᠪᠣᠯᠤᠭᠰᠠᠨ ᠠᠴᠠ ᠨᠠᠰᠢᠬᠢ ᠠᠳᠠᠯᠢ ᠬᠤᠭᠤᠴᠠᠭᠠᠨ ᠤ ᠬᠠᠮᠤᠭ ᠤᠨ ᠶᠡᠭᠡ ᠦᠶᠡᠷ | ᠭᠠᠷᠴᠠᠶ᠂ ᠳᠡᠭᠡᠷᠡᠬᠢ ᠦᠶᠡᠷ ᠤᠨ ᠳᠡᠭᠡᠷ᠎ᠡ ᠬᠠᠳᠤᠨ ᠭᠤᠣᠯ ᠤᠨ ᠬᠤᠶᠢᠲᠤ ᠬᠡᠰᠡᠭ ᠤᠨ ᠭᠤᠣᠯ ᠤᠷᠤᠰᠬᠠᠯ ᠤᠨ | ᠢᠷᠡᠭᠰᠡᠨ ᠤᠰᠤ ᠶᠢ ᠨᠡᠮᠡᠭᠡᠳ ᠡᠨᠡ ᠤᠳᠠᠭᠠᠨ ᠤ ᠬᠠᠳᠤᠨ ᠭᠤᠣᠯ ᠤᠨ ᠬᠦᠨᠳᠦ ᠨᠣᠴᠢᠲᠠᠶ ᠨᠠᠮᠤᠷ ᠤᠨ ᠦᠶᠡᠷ ᠢ ᠪᠤᠢ | ᠪᠣᠯᠭᠠᠭᠰᠠᠨ ᠪᠠᠶᠢᠨ᠎ᠠ᠃ ᠣᠳᠣᠬᠠᠨ ᠳᠤ ᠡᠨᠡ ᠬᠦ ᠨᠠᠮᠤᠷ ᠤᠨ ᠦᠶᠡᠷ ᠮᠥᠨ ᠬᠦ ᠦᠷᠭᠦᠯᠵᠢᠯᠡᠵᠦ ᠪᠠᠶᠢᠨ᠎ᠠ᠃ | ᠤᠳᠤ ᠬᠠᠨᠵᠢᠶᠠᠩ ᠮᠥᠷᠡᠨ ᠤ ᠤᠰᠤᠨ ᠰᠢᠰᠲ᠋ᠧᠮ᠂ ᠮᠠᠨ ᠤ ᠬᠠᠳᠤᠨ ᠭᠤᠣᠯ ᠤᠨ ᠳᠤᠮᠳᠠᠳᠤ ᠳᠤᠤᠷᠠᠳᠤ | ᠤᠷᠤᠰᠬᠠᠯ ᠤᠨ ᠤᠰᠤᠨ ᠰᠢᠰᠲ᠋ᠧᠮ᠂ ᠬᠠᠶᠢᠢᠾᠤ ᠭᠤᠣᠯ ᠤᠨ ᠰᠠᠪᠠ ᠭᠠᠵᠠᠷ ᠤᠨ ᠡᠮᠦᠨᠡᠲᠦ ᠰᠢᠰᠲ᠋ᠧᠮ᠂ ᠵᠠᠩ ᠸᠧᠢ | ᠭᠤᠣᠯ ᠤᠨ ᠤᠰᠤᠨ ᠰᠢᠰᠲ᠋ᠧᠮ ᠢ ᠪᠠᠭᠲᠠᠭᠠᠭᠰᠠᠨ ᠮᠠᠨ ᠤ ᠬᠠᠳᠤᠨ ᠭᠤᠣᠯ ᠤᠨ ᠳᠤᠮᠳᠠᠳᠤ ᠳᠤᠤᠷᠠᠳᠤ | ᠤᠷᠤᠰᠬᠠᠯ ᠤᠨ ᠤᠰᠤᠨ ᠰᠢᠰᠲ᠋ᠧᠮ ᠴᠥᠮ ᠰᠡᠷᠭᠡᠶᠢᠯᠡᠯᠲᠡ ᠠᠴᠠ ᠳᠠᠪᠠᠭᠰᠠᠨ ᠪᠠᠶᠢᠳᠠᠯ ᠳᠤ ᠣᠷᠣᠰᠢᠵᠤ ᠪᠠᠶᠢᠨ᠎ᠠ᠂ | ᠡᠨᠡ ᠨᠢ ᠲᠡᠦᠬᠡᠨ ᠳᠡᠭᠡᠷ᠎ᠡ ᠲᠤᠩ ᠴᠥᠭᠡᠨ ᠪᠠᠶᠢᠭᠰᠠᠨ ᠶᠤᠮ᠃ ᠨᠠᠮᠤᠷ ᠤᠨ ᠦᠶᠡᠷ ᠤᠨ ᠬᠦᠨᠳᠦ ᠨᠣᠴᠢᠲᠠᠶ ᠬᠡᠮᠵᠢᠶ᠎ᠡ᠂ | ᠦᠷᠭᠦᠯᠵᠢᠯᠡᠭᠰᠡᠨ ᠴᠠᠭ ᠤᠨ ᠣᠷᠳᠣ ᠨᠢ ᠲᠡᠤᠬᠡᠨ ᠳᠤ ᠬᠤᠪᠣᠷ ᠪᠠᠶᠢᠳᠠᠭ᠃ ᠳᠥᠭᠦᠮᠬᠡᠨ ᠢᠶᠠᠷ ᠦᠯᠢᠳᠬᠡᠪᠡᠯ᠂ | ᠥᠩᠭᠡᠷᠡᠭᠰᠡᠨ ᠳᠤ ᠮᠠᠨ ᠤ ᠶᠠᠮᠤᠨ ᠤ ᠰᠡᠷᠭᠡᠶᠢᠯᠡᠯᠲᠡ ᠵᠤᠷᠭᠠᠨ ᠡᠨᠡ ᠬᠤᠭᠤᠴᠠᠭᠠᠨ ᠳᠤ ᠬᠦᠷᠴᠦ ᠢᠷᠡᠵᠡᠶ᠂ ᠬᠡᠷᠪᠡ | ᠲᠠᠶᠢᠹᠤᠩ ᠰᠠᠯᠬᠢ ᠪᠠᠶᠢᠬᠤ ᠦᠭᠡᠶ ᠪᠣᠯ ᠡᠳᠦᠷ ᠪᠣᠯᠭᠠᠨ ᠵᠢᠵᠢᠭᠦᠷᠯᠡᠬᠦ ᠬᠡᠷᠡᠭ ᠦᠭᠡᠶ᠂ ᠣᠳᠣ ᠤᠰᠤᠨ ᠠᠰᠢᠭᠯᠠᠯᠳᠠ | ᠶᠢᠨ ᠶᠠᠮᠤᠨ ᠭᠤᠷᠪᠠᠨ ᠳᠡᠰ ᠤᠨ ᠴᠤᠤᠷᠢᠶᠠᠲᠤᠯ ᠢᠶᠠᠨ ᠡᠬᠢᠯᠡᠭᠦᠯᠵᠦ᠂ ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠶᠢᠨ | ᠬᠤᠭᠤᠴᠠᠭ᠎ᠠ ᠪᠠᠨ ᠬᠦᠴᠦᠨ ᠦᠭᠡᠶ ᠪᠣᠯᠭᠠᠵᠤ᠂ ᠪᠢ ᠪᠠᠰᠠ ᠡᠳᠦᠷ ᠪᠦᠷᠢ ᠬᠤᠷᠠᠯ ᠡᠷᠭᠢᠯᠡᠨ ᠵᠥᠪᠳᠡᠯᠴᠡᠨ᠎ᠡ᠃ | ᠡᠶᠢᠮᠦᠷᠬᠦᠦ ᠬᠦᠨᠳᠦ ᠨᠣᠴᠢᠲᠠᠶ ᠨᠠᠮᠤᠷ ᠤᠨ ᠦᠶᠡᠷ ᠤᠨ ᠪᠠᠶᠢᠳᠠᠯ ᠳᠣᠣᠷ᠎ᠠ᠂ ᠤᠰᠤᠨ ᠠᠰᠢᠭᠯᠠᠯᠳᠠ ᠶᠢᠨ ᠶᠠᠮᠤᠨ ᠤ | ᠶᠡᠷᠦᠩᠬᠡᠶ ᠱᠦᠵᠢ ᠰᠢ ᠶᠢᠨ ᠫᠢᠩ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠲᠤᠬᠠᠶ | ᠴᠢᠬᠤᠯᠠ ᠵᠢᠭᠠᠪᠤᠷᠢ ᠶᠢ ᠡᠷᠡᠰ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ | ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠠᠷᠠᠳ ᠲᠦᠮᠡᠨ ᠢ ᠳᠡᠭᠡᠳᠦᠯᠡᠬᠦ᠂ | ᠠᠮᠢ ᠨᠠᠰᠤ ᠶᠢ ᠳᠡᠭᠡᠳᠦᠯᠡᠬᠦ᠂ ᠵᠣᠭᠰᠣᠭᠠᠬᠤ ᠶᠢ ᠲᠣᠭᠲᠠᠭᠠᠬᠤ ᠳᠥᠷᠪᠡᠨ ᠬᠠᠷᠠᠯᠲᠠ ᠶᠢ ᠪᠠᠷᠢᠮᠲᠠᠯᠠᠨ᠂ ︽ᠬᠥᠮᠦᠨ | ᠥᠭᠦᠵᠦ ᠰᠢᠷᠬᠠᠲᠤᠬᠤ ᠦᠭᠡᠶ᠂ ᠤᠰᠤᠨ ᠴᠥᠭᠦᠷᠥᠮ ᠬᠠᠰᠢᠯᠭ᠎ᠠ ᠶᠢ ᠰᠦᠢᠷᠡᠭᠦᠯᠬᠦ ᠦᠭᠡᠶ᠂ ᠴᠢᠬᠤᠯᠠ ᠳᠠᠯᠠᠩ | ᠬᠠᠰᠢᠯᠭ᠎ᠠ ᠶᠢ ᠰᠡᠲᠡᠯᠬᠦ ᠦᠭᠡᠶ᠂ ᠴᠢᠬᠤᠯᠠ ᠰᠠᠭᠤᠷᠢ ᠲᠥᠬᠦᠭᠡᠷᠦᠮᠵᠢ ᠳᠠᠭᠠᠷᠢᠯᠲᠠ ᠳᠤ ᠤᠴᠠᠷᠠᠬᠤ ᠦᠭᠡᠶ︾ | ᠪᠠᠶᠢᠵᠤ᠂ ᠰᠡᠷᠭᠡᠶᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠠᠶ᠃ | ᠮᠢᠨᠦ ᠰᠠᠶ᠋ᠢ ᠶᠢᠨ ᠬᠡᠯᠡᠭᠰᠡᠨ ᠢᠶᠠᠷ᠂ ᠶᠠᠮᠤᠨ ᠤ ᠪᠠᠶᠢᠭᠤᠯᠤᠯᠭ᠎ᠠ ᠶᠢᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ | ᠬᠤᠯᠪᠣᠭᠳᠠᠯ ᠪᠦᠬᠦᠢ ᠬᠥᠮᠦᠰ ᠴᠥᠮ ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠴᠢᠯᠥᠭᠡ ᠶᠢ ᠬᠦᠴᠦᠨ | ᠦᠭᠡᠶ ᠪᠣᠯᠭᠠᠵᠤ᠂ ᠦᠶᠡᠷ ᠲᠠᠢ ᠲᠡᠮᠡᠴᠡᠨ ᠭᠠᠮᠰᠢᠭ ᠠᠴᠠ ᠠᠪᠤᠷᠠᠬᠤ ᠠᠵᠢᠯ ᠳᠤ ᠪᠦᠬᠦ ᠬᠦᠴᠦ ᠪᠠᠷ | ᠵᠢᠳᠬᠦᠬᠦ ᠠᠴᠠ ᠭᠠᠳᠠᠨ᠎ᠠ᠂ ᠰᠠᠶ᠋ᠢ ᠶᠢᠨ ᠳᠤᠷᠠᠳᠤᠭᠰᠠᠨ ᠠᠰᠠᠭᠤᠯᠲᠠ ᠲᠠᠢ ᠤᠶᠠᠯᠳᠤᠭᠤᠯᠤᠨ᠂ ᠮᠠᠨ ᠤ ᠭᠤᠣᠯ | ᠠᠪᠤᠭᠰᠠᠨ ᠠᠷᠭ᠎ᠠ ᠬᠡᠮᠵᠢᠶ᠎ᠡ ᠪᠠᠨ ᠪᠢ ᠳᠥᠭᠦᠮᠬᠡᠨ ᠲᠠᠨᠢᠯᠴᠠᠭᠤᠯᠤᠶ᠎ᠠ᠃ | ᠨᠢᠭᠡᠳᠦᠭᠡᠷ ᠲᠤ᠂ ︽ᠤᠷᠢᠳᠴᠢᠯᠠᠬᠤ︾ ᠶᠢ ᠲᠡᠷᠢᠭᠦᠨ ᠳᠤ ᠲᠠᠯᠪᠢᠵᠤ᠂ ᠤᠷᠢᠳᠴᠢᠯᠠᠨ ᠪᠡᠯᠡᠳᠬᠡᠬᠦ ᠬᠡᠷᠡᠭᠲᠡᠶ᠃ | ᠪᠣᠷᠣᠭᠠᠨ ᠣᠷᠣᠬᠤ᠂ ᠤᠷᠤᠰᠬᠠᠯ ᠡᠭᠦᠰᠬᠦ᠂ ᠤᠷᠤᠰᠬᠠᠯ ᠬᠤᠷᠠᠬᠤ᠂ ᠤᠯᠠᠷᠢᠨ ᠬᠤᠪᠢᠰᠬᠤ ᠭᠡᠬᠦ ᠡᠨᠡ ᠬᠦ ᠪᠠᠶᠢᠭᠠᠯᠢ ᠶᠢᠨ | ᠵᠢᠮ᠎ᠡ ᠶᠣᠰᠣ ᠶᠢ ᠵᠢᠷᠤᠮᠯᠠᠨ᠂ ︽ᠲᠦᠷᠪᠡ ᠶᠢ ᠤᠷᠢᠳᠴᠢᠯᠠᠬᠤ︾᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ | ᠰᠡᠷᠡᠮᠵᠢᠯᠡᠭᠦᠯᠬᠦ᠂ ᠤᠷᠢᠳᠴᠢᠯᠠᠨ ᠰᠣᠷᠢᠯᠲᠠ ᠬᠢᠬᠦ᠂ ᠪᠡᠯᠡᠳᠬᠡᠯ ᠲᠥᠰᠦᠯ ᠢ ᠲᠤᠪᠤᠶᠢᠢᠯᠭᠠᠨ ᠰᠠᠶᠢᠲᠤᠷ ᠠᠳᠬᠤᠵᠤ᠂ | ᠬᠢᠨᠠᠨ ᠬᠡᠮᠵᠢᠬᠦ ᠤᠳᠠᠭ᠎ᠠ ᠶᠢ ᠨᠢᠭᠲᠠ ᠪᠣᠯᠭᠠᠵᠤ᠂ ᠤᠷᠢᠳᠴᠢᠯᠠᠨ ᠮᠡᠳᠡᠭᠡᠯᠡᠬᠦ ᠵᠠᠭᠪᠤᠷ ᠢ ᠰᠢᠯᠢᠳᠡᠭᠵᠢᠭᠦᠯᠦᠨ᠂ | ᠤᠷᠢᠳᠴᠢᠯᠠᠨ ᠮᠡᠳᠡᠬᠦ ᠬᠤᠭᠤᠴᠠᠭ᠎ᠠ ᠶᠢ ᠠᠯᠢ ᠴᠢᠳᠠᠬᠤ ᠪᠠᠷ ᠤᠷᠲᠤᠳᠬᠠᠵᠤ᠂ ᠨᠠᠷᠢᠯᠢᠭ ᠣᠨᠣᠴᠠ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠪᠢᠳᠡ ᠤᠷᠢᠳᠴᠢᠯᠠᠨ ᠮᠡᠳᠡᠭᠡᠯᠡᠭᠰᠡᠨ ᠦᠷ᠎ᠡ ᠳ᠋ᠦᠩ᠂ ᠵᠥᠪᠳᠡᠯᠴᠡᠭᠰᠡᠨ ᠰᠠᠨᠠᠯ᠂ ᠠᠷᠭᠠᠴᠠᠭᠰᠠᠨ | ᠠᠷᠭ᠎ᠠ ᠬᠡᠮᠵᠢᠶ᠎ᠡ᠂ ᠴᠠᠬᠢᠯᠭᠠᠨ ᠮᠡᠳᠡᠭᠡ ᠶᠢ ᠰᠢᠭᠤᠳ ᠬᠤᠯᠪᠣᠭᠳᠠᠯ ᠪᠦᠬᠦᠢ ᠰᠠᠪᠠ ᠭᠠᠵᠠᠷ ᠤᠨ ᠬᠤᠯᠪᠣᠭᠳᠠᠯ ᠪᠦᠬᠦᠢ | ᠣᠷᠣᠨ ᠪᠦᠰᠡ ᠳᠤ ᠬᠦᠷᠭᠡᠵᠦ᠂ ᠰᠢᠭᠤᠳ ᠨᠢᠭᠡᠳᠦᠭᠡᠷ ᠹᠷᠣᠨᠲ ᠲᠤ ᠬᠦᠷᠭᠡᠵᠦ᠂ ᠰᠡᠷᠭᠡᠶᠢᠯᠡᠯᠲᠡ ᠶᠢᠨ ᠠᠵᠢᠯ ᠢ | ᠵᠢᠯᠣᠭᠤᠳᠤᠨ᠎ᠠ᠃ | ᠬᠤᠶᠠᠳᠤᠭᠠᠷ ᠲᠤ᠂ ᠬᠠᠳᠠᠭᠠᠯᠠᠬᠤ ᠭᠠᠷᠭᠠᠬᠤ ᠶᠢ ᠬᠤᠣᠰᠯᠠᠭᠤᠯᠵᠤ᠂ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠬᠤ ᠬᠡᠷᠡᠭᠲᠡᠶ᠃ ᠤᠰᠤᠨ ᠴᠥᠭᠦᠷᠥᠮ᠂ ᠬᠠᠰᠢᠯᠭ᠎ᠠ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠰᠠᠪᠠ | ᠭᠠᠵᠠᠷ ᠤᠨ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠰᠢᠰᠲ᠋ᠧᠮ ᠢ ᠬᠠᠮᠲᠤᠷᠠᠨ ᠲᠣᠬᠢᠷᠠᠭᠤᠯᠤᠨ ᠬᠡᠷᠡᠭᠯᠡᠵᠦ᠂ ᠦᠶᠡᠷ ᠤᠨ | ᠨᠥᠯᠥᠭᠡ ᠪᠠ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠰᠠᠶ᠋ᠢᠬᠠᠨ ᠤᠰᠤᠨ ᠴᠥᠭᠦᠷᠥᠮ ᠠᠳᠡ | ᠶᠠᠮᠠᠷ ᠦᠢᠯᠡᠳᠦᠯ ᠭᠠᠷᠭᠠᠵᠤ ᠪᠠᠶᠢᠬᠤ ᠪᠤᠢ ᠭᠡᠵᠦ ᠤᠯᠠᠨ ᠢᠶᠠᠷ ᠢᠶᠠᠨ ᠠᠰᠠᠭᠤᠪᠠ᠃ ᠤᠰᠤᠨ ᠴᠥᠭᠦᠷᠥᠮ ᠨᠢ ᠡᠨᠡ | ᠵᠢᠯ ᠤᠨ ᠦᠶᠡᠷ ᠢ ᠰᠡᠷᠭᠡᠶᠢᠯᠡᠬᠦ ᠶᠠᠪᠤᠴᠠ ᠳᠤ ᠭᠤᠣᠯᠯᠠᠬᠤ ᠦᠢᠯᠡᠳᠦᠯ᠂ ᠵᠠᠩᠭᠢᠯᠠᠭ᠎ᠠ ᠶᠢᠨ ᠦᠢᠯᠡᠳᠦᠯ ᠢᠶᠠᠨ | ᠪᠠᠳᠠᠷᠠᠭᠤᠯᠪᠠ᠃ ᠶᠠᠭᠤᠨ ᠳᠤ ᠢᠩᠭᠢᠵᠦ ᠬᠡᠯᠡᠵᠦ ᠪᠠᠶᠢᠬᠤ ᠪᠤᠢ ᠪᠢᠳᠡ ᠡᠳᠦᠶ ᠲᠡᠳᠦᠶ ᠲᠤᠭ᠎ᠠ ᠪᠠᠷᠢᠮᠲᠠ ᠶᠢ ᠠᠪᠴᠤ | ᠦᠵᠡᠪᠡᠯ᠂ ᠰᠠᠶ᠋ᠢᠬᠠᠨ ᠬᠠᠮᠲᠤᠷᠠᠨ ᠲᠣᠬᠢᠷᠠᠭᠤᠯᠵᠤ᠂ 11 ᠤᠯᠤᠰ ᠤᠨ ᠦᠶᠡᠷ ᠢ ᠲᠣᠭᠲᠠᠭᠠᠨ ᠬᠤᠷᠠᠭᠤᠯᠬᠤ | ᠣᠷᠣᠨ ᠳᠤ ᠣᠷᠣᠭᠤᠯᠤᠭᠰᠠᠨ ᠠᠴᠠ ᠭᠠᠳᠠᠨ᠎ᠠ᠂ ᠤᠰᠤᠨ ᠴᠥᠭᠦᠷᠥᠮ ᠢ ᠲᠣᠬᠢᠷᠠᠭᠤᠯᠬᠤ ᠲᠠᠯ᠎ᠠ ᠪᠠᠷ 3757 | ᠰᠠᠤᠷᠢ︵ᠤᠳᠠᠭ᠎ᠠ︶ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ ᠢ ᠲᠣᠬᠢᠷᠠᠭᠤᠯᠤᠨ ᠬᠡᠷᠡᠭᠯᠡᠵᠦ᠂ 1146 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠦᠶᠡᠷ ᠢ ᠬᠠᠰᠢᠵᠤ᠂ 1149 ᠬᠤᠲᠠ ᠪᠠᠯᠭᠠᠰᠤᠨ ᠵᠢᠪᠬᠦ ᠶᠢ | ᠪᠠᠭᠠᠰᠬᠠᠨ᠂ 1371 ᠲᠦᠮᠡᠨ ᠮᠦ ᠲᠠᠷᠢᠶᠠᠨ ᠭᠠᠵᠠᠷ ᠲᠤ ᠵᠢᠪᠬᠦ ᠶᠢ ᠬᠤᠷᠣᠭᠳᠠᠭᠤᠯᠵᠤ᠂ 721 ᠲᠦᠮᠡᠨ ᠬᠥᠮᠦᠨ ᠢ | ᠰᠢᠯᠵᠢᠭᠦᠯᠬᠦ ᠠᠴᠠ ᠵᠠᠶᠢᠯᠠᠰᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠦᠩᠭᠡ ᠶᠢᠨ ᠠᠮᠤᠷ ᠲᠦᠪᠰᠢᠨ ᠢ | ᠪᠦᠲᠦᠮᠵᠢᠲᠡᠶ ᠪᠠᠲᠤᠯᠠᠪᠠ᠃ | ᠣᠶᠢᠷ᠎ᠠ ᠳᠤ ᠮᠠᠨ ᠤ ᠨᠠᠮᠤᠷ ᠤᠨ ᠤᠯᠠᠷᠢᠯ ᠤᠨ ᠰᠡᠷᠭᠡᠶᠢᠯᠡᠯᠲᠡ ᠬᠠᠮᠲᠤᠷᠠᠨ ᠰᠢᠶᠤᠤ ᠯᠠᠩ ᠳ᠋ᠢ᠂ ᠯᠦ ᠾᠦᠨ᠂ | ᠭᠦ᠋ ᠰᠢᠶᠠᠨ᠂ ᠾᠧ ᠺᠸᠦ ᠲᠣᠰᠬᠤᠨ᠂ ᠸᠠᠨ ᠵᠢᠶᠠ ᠵᠠᠶ ᠤᠰᠤᠨ ᠴᠥᠭᠦᠷᠥᠮ ᠤᠨ ᠰᠦᠷᠦᠭᠵᠢᠯ ᠢ ᠲᠣᠬᠢᠷᠠᠭᠤᠯᠵᠤ᠂ | ᠬᠠᠲᠤᠨ ᠭᠤᠤᠯ ᠤᠨ ᠭᠤᠤᠯ ᠰᠠᠯᠪᠤᠷᠢ ᠤᠷᠤᠰᠬᠠᠯ ᠤᠨ ᠦᠶᠡᠷ ᠤᠨ ᠤᠰᠤ ᠶᠢ ᠪᠥᠬᠦ ᠬᠦᠴᠦᠨ ᠢᠶᠠᠷ ᠢᠶᠠᠨ ᠬᠠᠰᠢᠨ | ᠬᠠᠳᠠᠭᠠᠯᠠᠵᠤ᠂ ᠪᠢᠳᠡ ᠰᠧᠺᠦ᠋ᠨ᠋ᠳ᠋ ᠪᠦᠷᠢ ᠶᠢᠨ 7400 ᠪᠣᠰᠤᠭ᠎ᠠ ᠳᠥᠷᠪᠡᠯᠵᠢᠨ ᠮᠧᠲᠷ ᠤᠨ ᠦᠶᠡᠷ ᠤᠨ ᠣᠷᠭᠢᠯ ᠢ | 4900 ᠠᠴᠠ ᠳᠣᠷᠣᠭᠰᠢ ᠪᠣᠯᠲᠠᠯ᠎ᠠ ᠪᠠᠭᠠᠰᠬᠠᠪᠠ᠂ ᠣᠲᠣ ᠦᠨᠳᠦᠰᠦᠨ ᠳᠡᠭᠡᠨ 4600 — 4700 ᠶᠢᠨ | ᠬᠤᠭᠤᠷᠣᠨᠳᠣ ᠪᠠᠶᠢᠵᠤ᠂ ᠬᠠᠲᠤᠨ ᠭᠤᠤᠯ ᠤᠨ ᠳᠣᠤᠷᠠᠳᠤ ᠤᠷᠤᠰᠬᠠᠯ ᠤᠨ ᠰᠠᠶᠢᠷᠭᠠᠯ ᠤᠨ ᠣᠷᠣᠨ ᠤ ᠠᠮᠤᠷ | ᠲᠦᠪᠰᠢᠨ ᠢ ᠪᠦᠲᠦᠮᠵᠢᠲᠡᠶ ᠪᠠᠲᠤᠯᠠᠭᠰᠠᠨ ᠪᠠᠶᠢᠨ᠎ᠠ᠃ ᠬᠡᠷᠪᠡ ᠡᠨᠡ 7000 ᠭᠠᠷᠤᠶ ᠤᠷᠤᠰᠬᠠᠯ ᠤᠨ ᠬᠡᠮᠵᠢᠶ᠎ᠡ ᠶᠢ | ᠳᠣᠷᠣᠭᠰᠢ ᠪᠠᠭᠤᠯᠭᠠᠬᠤ ᠳᠤ ᠭᠦᠷᠪᠡᠯ᠂ ᠰᠠᠶᠢᠷᠭᠠᠯ ᠣᠷᠣᠨ ᠤ ᠣᠯᠠᠨ ᠲᠦᠮᠡᠨ ᠶᠡᠭᠡ ᠬᠡᠮᠵᠢᠶ᠎ᠡ ᠪᠠᠷ ᠰᠢᠯᠵᠢᠵᠦ᠂ | ᠬᠦᠨᠳᠦ ᠨᠣᠴᠢᠲᠠᠶ ᠬᠤᠬᠢᠷᠠᠯ ᠳᠤ ᠤᠴᠠᠷᠠᠬᠤ ᠪᠣᠯᠤᠨ᠎ᠠ᠃ ᠡᠨᠡ ᠤᠳᠠᠭᠠᠨ ᠤ ᠨᠠᠮᠤᠷ ᠤᠨ ᠦᠶᠡᠷ ᠤᠨ | ᠬᠤᠭᠤᠴᠠᠭᠠᠨ ᠳᠤ ᠪᠢᠳᠡ ᠪᠠᠰᠠ ᠳ᠋ᠠᠨ ᠵᠢᠶᠠᠩ ᠺᠸᠤ ᠤᠰᠤᠨ ᠴᠥᠭᠦᠷᠥᠮ᠂ ᠠᠨ ᠺᠠᠩ ᠤᠰᠤᠨ ᠴᠥᠭᠦᠷᠥᠮ ᠢ | ᠲᠣᠬᠢᠷᠠᠭᠤᠯᠵᠤ᠂ ᠬᠠᠨᠵᠢᠶᠠᠩ ᠮᠥᠷᠡᠨ ᠤ ᠳᠤᠮᠳᠠ ᠳᠣᠣᠷ᠎ᠠ ᠤᠷᠤᠰᠬᠠᠯ ᠤᠨ ᠭᠤᠣᠯ ᠤᠷᠤᠰᠬᠠᠯ ᠤᠨ ᠤᠰᠤᠨ | ᠲᠦᠪᠰᠢᠨ ᠢ ᠪᠠᠲᠤᠯᠠᠭᠠᠲᠤ ᠤᠰᠤᠨ ᠲᠦᠪᠰᠢᠨ ᠠᠴᠠ ᠬᠡᠲᠦᠷᠡᠭᠦᠯᠬᠦ ᠠᠴᠠ ᠵᠠᠶᠢᠯᠠᠰᠬᠢᠪᠡ᠃ 2021-09-30 | 16: 26: 42 | ᠯᠢᠦ ᠸᠧᠶ ᠫᠢᠩ᠄ | ᠪᠠᠰᠠ ᠨᠢᠭᠡ ᠨᠡᠯᠢᠶᠡᠳ ᠲᠦᠢᠯᠰᠢᠷᠠᠭᠰᠠᠨ ᠵᠢᠱᠢᠶ᠎ᠡ ᠭᠡᠪᠡᠯ᠂ ᠮᠠᠨ ᠤ ᠲᠠᠩ ᠪᠠᠶ ᠾᠧ ᠭᠤᠤᠯ ᠤᠨ ᠰᠠᠪᠠ | ᠭᠠᠵᠠᠷ ᠤᠨ ᠪᠠᠶ ᠾᠧ ᠭᠤᠤᠯ ᠳᠤ᠂ ᠪᠠᠶ ᠾᠧ ᠭᠤᠤᠯ ᠤᠨ ᠳᠡᠭᠡᠷ᠎ᠡ ᠨᠢᠭᠡ ᠶᠠ ᠾᠧ ᠺᠸᠤ ᠤᠰᠤᠨ ᠴᠥᠭᠦᠷᠥᠮ | ᠪᠠᠶᠢᠳᠠᠭ᠂ ᠪᠠᠶ ᠾᠧ ᠭᠤᠤᠯ ᠡᠮᠦᠨ᠎ᠡ ᠨᠢᠭᠡ ᠬᠤᠭᠤᠴᠠᠭᠠᠨ ᠳᠤ ᠰᠢᠷᠦᠭᠦᠨ ᠪᠣᠷᠣᠭᠠᠨ ᠠᠴᠠ ᠪᠣᠯᠵᠣ ᠦᠶᠡᠷᠯᠡᠵᠦ᠂ | ᠤᠷᠤᠰᠬᠠᠯ ᠤᠨ ᠬᠡᠮᠵᠢᠶ᠎ᠡ ᠨᠢ 18200 ᠪᠣᠰᠤᠭ᠎ᠠ ᠳᠥᠷᠪᠡᠯᠵᠢᠨ ᠮᠧᠲᠷ\ ᠰᠧᠺᠦ᠋ᠨ᠋ᠳ᠋ ᠲᠤ ᠬᠦᠷᠴᠦ᠂ ᠦᠶᠡᠷ ᠢ | ᠬᠠᠰᠢᠬᠤ ᠥᠬᠡᠶ ᠪᠣᠯ ᠨᠠᠨᠶᠠᠩ ᠬᠤᠲᠠ ᠳᠤ ᠮᠥᠬᠦᠯ ᠤᠨ ᠭᠠᠮᠰᠢᠭ ᠪᠣᠯᠵᠣ᠂ ᠡᠮᠦᠨᠡᠲᠦ ᠶᠢᠨ ᠤᠰᠤ ᠶᠢ ᠤᠮᠠᠷᠠᠰᠢ | ᠲᠠᠲᠠᠬᠤ ᠳᠤᠮᠳᠠ ᠱᠤᠭᠤᠮ ᠤᠨ ᠪᠠᠷᠢᠯᠭ᠎ᠠ ᠳᠤ ᠴᠤ ᠯᠤᠲᠤ ᠶᠡᠭᠡ ᠰᠦᠷᠳᠡᠭᠦᠯᠦᠯ ᠪᠣᠯᠤᠨ᠎ᠠ᠃ ᠶᠠ ᠾᠧ ᠺᠸᠦ | ᠤᠰᠤᠨ ᠴᠥᠭᠦᠷᠥᠮ ᠤᠨ ᠲᠣᠬᠢᠷᠠᠭᠤᠯᠤᠯᠲᠠ ᠪᠠᠷ ᠳᠡᠮᠵᠢᠨ᠂ ᠰᠧᠺᠦ᠋ᠨ᠋ᠳ᠋ ᠪᠦᠷᠢ 5000 ᠪᠣᠰᠤᠭ᠎ᠠ ᠳᠥᠷᠪᠡᠯᠵᠢᠨ | ᠮᠧᠲᠷ ᠤᠨ ᠤᠷᠤᠰᠬᠠᠯ ᠤᠨ ᠬᠡᠮᠵᠢᠶ᠎ᠡ ᠪᠠᠷ ᠳᠣᠷᠣᠭᠰᠢ ᠤᠷᠤᠰᠬᠠᠨ᠂ ᠴᠢᠬᠤᠯᠠ ᠦᠶᠯᠡᠳᠦᠯ ᠦᠵᠡᠭᠦᠯᠦᠭᠰᠡᠨ ᠪᠠᠶᠢᠨ᠎ᠠ᠃ | ᠬᠠᠶᠢᠾᠤ ᠭᠤᠣᠯ ᠤᠨ ᠡᠮᠦᠨᠡᠲᠦ ᠬᠡᠰᠡᠭ ᠤᠨ ᠵᠠᠩ ᠸᠧᠶ ᠾᠧ ᠭᠤᠣᠯ ᠤᠨ ᠤᠰᠤᠨ ᠰᠢᠰᠲ᠋ᠧᠮ ᠳᠤ ᠪᠠᠰᠠ ᠦᠶᠡᠷ | ᠭᠠᠷᠴᠠᠶ᠂ ᠪᠢᠳᠡ ᠫᠠᠨ ᠱᠢ ᠽᠢ ᠤᠰᠤᠨ ᠴᠥᠭᠦᠷᠥᠮ ᠢ ᠲᠣᠬᠢᠷᠠᠭᠤᠯᠤᠨ ᠦᠶᠡᠷ ᠤᠨ ᠤᠰᠤ ᠶᠢ ᠬᠠᠰᠢᠨ ᠬᠠᠳᠠᠭᠠᠯᠠᠵᠤ᠂ | ᠬᠠᠭᠠᠯᠲᠠ ᠶᠢ ᠬᠠᠭᠠᠵᠤ᠂ ᠳᠤᠤᠷᠠᠳᠤ ᠤᠷᠤᠰᠬᠠᠯ ᠤᠨ ᠸᠧᠶ ᠾᠧ ᠭᠤᠣᠯ ᠤᠨ ᠰᠠᠪᠠ ᠭᠠᠵᠠᠷ ᠤᠨ ᠦᠶᠡᠷ ᠢ | ᠲᠣᠭᠲᠠᠭᠠᠨ ᠬᠤᠷᠠᠭᠤᠯᠬᠤ ᠣᠷᠣᠨ ᠢ ᠬᠡᠷᠡᠭᠯᠡᠬᠦ ᠠᠴᠠ ᠵᠠᠶᠢᠯᠠᠰᠬᠢᠪᠡ᠃ ᠸᠧᠶ ᠾᠧ ᠭᠤᠣᠯ ᠤᠨ ᠰᠠᠪᠠ ᠭᠠᠵᠠᠷ ᠲᠤ | ᠦᠶᠡᠷ ᠢ ᠲᠣᠭᠲᠠᠭᠠᠨ ᠬᠤᠷᠠᠭᠤᠯᠬᠤ ᠣᠷᠣᠨ 9 ᠪᠠᠶᠢᠵᠤ᠂ ︽7·20︾ ᠤ ᠰᠢᠷᠦᠭᠦᠨ ᠪᠣᠷᠣᠭᠠᠨ ᠤ ᠦᠶ᠎ᠡ ᠳᠤ 8 | ᠶᠢ ᠡᠬᠢᠯᠡᠨ ᠬᠡᠷᠡᠭᠯᠡᠭᠰᠡᠨ ᠪᠠᠶᠢᠨ᠎ᠠ᠃ ᠤᠰᠤᠨ ᠴᠥᠭᠦᠷᠥᠮ ᠢ ᠲᠣᠬᠢᠷᠠᠭᠤᠯᠤᠨ ᠬᠠᠳᠠᠭᠠᠯᠠᠭᠰᠠᠨ ᠢᠶᠠᠷ ᠦᠶᠡᠷ ᠢ | ᠲᠣᠭᠲᠠᠭᠠᠨ ᠬᠤᠷᠠᠭᠤᠯᠬᠤ ᠣᠷᠣᠨ ᠢ ᠳᠠᠬᠢᠨᠲᠠ ᠡᠬᠢᠯᠡᠵᠦ ᠬᠡᠷᠡᠭᠯᠡᠬᠦ ᠪᠠ 10 ᠲᠦᠮᠡᠨ ᠬᠥᠮᠦᠨ ᠢ ᠰᠢᠯᠵᠢᠭᠦᠯᠬᠦ ᠠᠴᠠ | ᠵᠠᠶᠢᠯᠠᠰᠬᠢᠪᠡ᠃ ᠡᠶᠢᠮᠦ ᠠᠴᠠ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠳᠤᠮᠳᠠ ᠤᠰᠤᠨ ᠴᠥᠭᠦᠷᠥᠮ ᠨᠢ ᠲᠦᠢᠯ ᠤᠨ | ᠴᠢᠬᠤᠯᠠ ᠭᠤᠣᠯᠯᠠᠭᠴᠢ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠨ᠎ᠠ᠃ | ᠡᠭᠦᠨ ᠤ ᠬᠠᠮᠲᠤ᠂ ᠤᠯᠠᠨ ᠢᠶᠠᠷ ᠢᠶᠠᠨ ᠪᠠᠰᠠ ᠤᠰᠤᠨ ᠴᠥᠭᠦᠷᠥᠮ ᠤᠨ ᠠᠮᠤᠷ ᠲᠦᠪᠰᠢᠨ ᠤ ᠠᠰᠠᠭᠤᠳᠠᠯ ᠢ | ᠠᠩᠬᠠᠷᠴᠤ ᠪᠠᠶᠢᠨ᠎ᠠ᠃ ᠡᠨᠡ ᠵᠢᠯ ᠤᠨ ᠦᠶᠡᠷ ᠤᠨ ᠬᠤᠭᠤᠴᠠᠭᠠᠨ ᠳᠤ᠂ ᠣᠨᠴᠠᠭᠠᠢ ᠴᠠᠭ ᠠᠭᠤᠷ ᠤᠨ | ᠨᠥᠯᠥᠭᠡ ᠠᠴᠠ ᠪᠣᠯᠵᠣ᠂ ᠤᠰᠤᠨ ᠴᠥᠭᠦᠷᠥᠮ ᠤᠨ ᠠᠮᠤᠷ ᠲᠦᠪᠰᠢᠨ ᠤ ᠠᠰᠠᠭᠤᠳᠠᠯ ᠴᠤ ᠬᠠᠲᠠᠭᠤ ᠴᠢᠩᠭ᠎ᠠ | ᠰᠢᠯᠭᠠᠯᠲᠠ ᠳᠤ ᠲᠤᠯᠭᠠᠷᠠᠵᠤ᠂ ᠤᠰᠤᠨ ᠴᠥᠭᠦᠷᠥᠮ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ | ᠲᠥᠯᠥᠭᠡ᠂ ᠤᠰᠤᠨ ᠠᠰᠢᠭᠯᠠᠯᠳᠠ ᠶᠢᠨ ᠶᠠᠮᠤᠨ ᠳᠣᠤᠷᠠᠬᠢ ᠬᠡᠳᠦᠨ ᠵᠦᠶᠯ ᠤᠨ ᠠᠵᠢᠯ ᠢ ᠬᠢᠭᠰᠡᠨ ᠪᠠᠶᠢᠨ᠎ᠠ᠃ | ᠨᠢᠭᠡᠳᠦᠭᠡᠷ ᠲᠤ᠂ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ 9.8 ᠲᠦᠮᠡᠨ ᠤᠰᠤᠨ ᠴᠥᠭᠦᠷᠥᠮ ᠤᠨ | ᠠᠶᠤᠯᠭᠦᠶ ᠶᠢᠨ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠤᠭᠰᠠᠨ ᠪᠥᠭᠡᠳ ᠨᠡᠶᠢᠭᠡᠮ ᠨᠡᠶᠢᠲᠡ ᠳᠤ ᠨᠡᠶᠢᠲᠡᠯᠡᠪᠡ᠃ | ᠵᠢᠵᠢᠭ ᠴᠥᠭᠦᠷᠥᠮ ᠨᠢᠭᠡᠪᠦᠷᠢ ᠳᠤ ︽ᠭᠤᠷᠪᠠᠨ ᠬᠠᠷᠢᠭᠤᠴᠠᠯᠭ᠎ᠠ ᠲᠠᠢ ᠬᠥᠮᠦᠨ︾ ᠲᠠᠢ ᠪᠠᠶᠢᠬᠤ ᠬᠡᠷᠡᠭᠲᠡᠶ᠂ ᠪᠢᠳᠡ | ᠨᠡᠶᠢᠭᠡᠮ ᠨᠡᠶᠢᠲᠡ ᠳᠤ ᠨᠡᠶᠢᠢᠳᠡ 16.5 ᠲᠦᠮᠡᠨ ᠬᠥᠮᠦᠨ ᠢ ᠨᠡᠶᠢᠲᠡᠯᠡᠪᠡ᠃ ᠡᠭᠦᠨ ᠤ ᠬᠠᠮᠲᠤ᠂ ᠲᠤᠰᠢᠶᠠᠯ | ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠃ | ᠦᠶᠡᠷ ᠤᠨ ᠬᠤᠭᠤᠴᠠᠭᠠᠨ ᠳᠤ ᠪᠢᠳᠡ ᠡᠳᠦᠷ ᠪᠦᠷᠢ ᠰᠢᠷᠦᠭᠦᠨ ᠪᠣᠷᠣᠭᠠᠨ ᠤ ᠰᠦᠷᠳᠡᠭᠦᠯᠦᠯ ᠳᠤ ᠤᠴᠠᠷᠠᠭᠰᠠᠨ | ᠭᠠᠵᠠᠷ ᠣᠷᠣᠨ ᠠᠴᠠ 100 ᠠᠴᠠ ᠳᠤᠲᠠᠭᠤ ᠦᠭᠡᠢ ᠤᠰᠤᠨ ᠴᠥᠭᠦᠷᠥᠮ᠂ ᠣᠨᠴᠠᠭᠠᠶᠢᠯᠠᠨ ᠵᠢᠵᠢᠭ ᠬᠡᠯᠪᠡᠷᠢ ᠶᠢᠨ | ᠤᠰᠤᠨ ᠴᠥᠭᠦᠷᠥᠮ ᠤᠨ︽ᠭᠤᠷᠪᠠᠨ ᠬᠠᠷᠢᠭᠤᠴᠠᠯᠭᠠᠲᠠᠨ︾ ᠤ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠢ | ᠲᠣᠬᠢᠶᠠᠯᠳᠤᠯ ᠢᠶᠠᠷ ᠰᠣᠩᠭᠤᠨ ᠪᠠᠶᠢᠴᠠᠭᠠᠨ᠎ᠠ᠃ ᠶᠠᠮᠤᠨ ᠤ ᠰᠠᠶᠢᠳ ᠯᠢ ᠭᠦᠸᠧ ᠢᠩ ᠵᠥᠪᠳᠡᠯᠴᠡᠭᠡ ᠶᠢ | ᠡᠷᠭᠢᠯᠡᠬᠦ ᠳᠡᠭᠡᠨ ᠪᠠᠰᠠ ᠥᠪᠡᠷ ᠤᠨ ᠪᠡᠶ᠎ᠡ ᠪᠠᠷ ᠢᠶᠠᠨ ᠠᠵᠢᠯ ᠤᠨ ᠪᠠᠶᠢᠷᠢ ᠶᠢ ᠪᠠᠶᠢᠴᠠᠭᠠᠵᠤ᠂ ᠤᠰᠤᠨ | ᠴᠥᠭᠦᠷᠥᠮ ᠤᠨ ︽ᠭᠤᠷᠪᠠᠨ ᠬᠠᠷᠢᠭᠤᠴᠠᠯᠭᠠᠲᠠᠨ︾ ᠤ ᠨᠡᠷᠡᠰ ᠢ ᠲᠤᠬᠠᠶ ᠶᠢᠨ ᠭᠠᠵᠠᠷ ᠲᠤᠨᠢ ᠰᠢᠯᠵᠢᠭᠦᠯᠦᠨ | ᠭᠠᠷᠭᠠᠵᠤ᠂ ᠲᠣᠭᠤᠷᠢᠨ ᠪᠠᠶᠢᠴᠠᠭᠠᠬᠤ ᠬᠠᠷᠢᠭᠤᠴᠠᠯᠭᠠᠲᠠᠨ ᠳᠤ ᠤᠲᠠᠰᠤ ᠪᠠᠷ ᠶᠠᠷᠢᠪᠠ᠂ ᠡᠨᠡ ᠤᠴᠢᠷ ᠢ ᠰᠣᠨᠢᠨ | ᠮᠡᠳᠡᠭᠡᠨ ᠤ ᠵᠠᠭᠤᠴᠢᠯᠠᠭᠤᠷ ᠤᠨ ᠨᠠᠶᠢᠵᠠ ᠨᠠᠷ ᠪᠠᠰᠠ ᠮᠡᠳᠡᠭᠡᠯᠡᠵᠦ ᠥᠩᠭᠡᠷᠡᠵᠡᠶ᠂ ᠡᠭᠦᠨ ᠤ ᠭᠤᠣᠯ ᠵᠣᠷᠢᠯᠭ᠎ᠠ ᠨᠢ | ᠬᠠᠷᠢᠭᠤᠴᠠᠯᠭᠠᠲᠠᠨ ᠢ ᠱᠠᠭᠠᠷᠳᠠᠨ ᠠᠵᠢᠯ ᠤᠨ ᠪᠠᠶᠢᠷᠢᠨ ᠳᠤ ᠭᠠᠷᠭᠠᠵᠤ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢᠨ ᠲᠥᠯᠥᠭᠡ ᠶᠤᠮ᠃ | ᠬᠤᠶᠠᠳᠤᠭᠠᠷ ᠲᠤ᠂ ᠠᠵᠢᠯᠯᠠᠭᠠᠨ ᠤ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠤᠰᠤᠨ ᠴᠥᠭᠦᠷᠥᠮ ᠢ | ᠲᠣᠬᠢᠷᠠᠭᠤᠯᠤᠨ ᠬᠡᠷᠡᠭᠯᠡᠬᠦ ᠲᠦᠷᠢᠮ᠂ ᠲᠣᠬᠢᠷᠠᠭᠤᠯᠤᠨ ᠬᠡᠷᠡᠭᠯᠡᠬᠦ ᠲᠥᠯᠥᠪᠯᠡᠭᠡ ᠪᠠ ᠦᠶᠡᠷ ᠢ ᠰᠡᠷᠭᠡᠶᠢᠯᠡᠬᠦ | ᠲᠤᠬᠢᠷᠠᠭᠤᠯᠤᠯᠳᠠ ᠶᠢᠨ ᠲᠥᠰᠦᠯ ᠢ ᠲᠣᠭᠲᠠᠭᠠᠵᠤ᠂ ᠤᠰᠤᠨ ᠴᠥᠭᠦᠷᠥᠮ ᠤᠨ ᠦᠶᠡᠷ ᠤᠨ ᠬᠤᠭᠤᠴᠠᠭᠠᠨ ᠤ | ᠲᠣᠬᠢᠷᠠᠭᠤᠯᠤᠨ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ ᠶᠢᠨ ᠵᠠᠩᠭᠢᠯᠠᠭ᠎ᠠ ᠨᠢ ᠤᠰᠤᠨ ᠴᠥᠭᠦᠷᠥᠮ ᠤᠨ | ᠲᠣᠭᠲᠠᠭᠠᠯ ᠢ ᠵᠥᠷᠢᠴᠡᠨ ᠦᠶᠡᠷ ᠤᠨ ᠬᠢᠵᠠᠭᠠᠷ ᠠᠴᠠ ᠬᠡᠲᠦᠷᠡᠭᠦᠯᠦᠨ ᠠᠵᠢᠯᠯᠠᠬᠤ ᠶᠢ ᠴᠢᠩᠭ᠎ᠠ ᠴᠠᠭᠠᠵᠠᠯᠠᠬᠤ ᠳᠤ | ᠪᠠᠶᠢᠨ᠎ᠠ᠃ ᠭᠡᠮ ᠰᠣᠭᠤᠭ ᠲᠠᠢ ᠤᠰᠤᠨ ᠴᠥᠭᠦᠷᠥᠮ ᠤᠨ ᠬᠢᠨᠠᠯᠲᠠ ᠬᠠᠮᠢᠶᠠᠷᠤᠯᠲᠠ ᠨᠡᠩ ᠴᠢᠩᠭ᠎ᠠ ᠪᠣᠯᠵᠠᠶ᠂ | ᠣᠳᠣᠬᠠᠨ ᠳᠤ ᠵᠠᠷᠢᠮ ᠡᠮᠵᠡᠭ ᠠᠶᠤᠯ ᠲᠠᠢ ᠤᠰᠤᠨ ᠴᠥᠭᠦᠷᠥᠮ ᠤᠨ ᠭᠡᠮ ᠰᠣᠭᠤᠭ ᠢ ᠠᠷᠢᠯᠭᠠᠭᠠᠳᠤᠶ᠂ ᠦᠶᠡᠷ ᠤᠨ | ᠬᠤᠭᠤᠴᠠᠭᠠᠨ ᠤ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠥᠩᠭᠡᠷᠡᠭᠡᠬᠦ ᠠᠮᠤᠷ ᠲᠦᠪᠰᠢᠨ ᠳᠤ ᠮᠠᠰᠢ | ᠶᠡᠭᠡ ᠰᠦᠷᠳᠡᠭᠦᠯᠦᠯ ᠪᠤᠯᠵᠤ ᠪᠠᠶᠢᠨ᠎ᠠ᠃ ᠶᠠᠭᠠᠬᠢᠪᠠᠯ ᠵᠣᠬᠢᠬᠤ ᠪᠤᠢ᠂ ᠪᠢᠳᠡ ᠡᠳᠡᠭᠡᠷ ᠭᠡᠮ ᠰᠣᠭᠤᠭ ᠲᠠᠢ ᠤᠰᠤᠨ | ᠴᠥᠭᠦᠷᠥᠮ ᠤᠨ ᠭᠤᠣᠯ ᠦᠶᠡᠷ ᠤᠨ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ ᠴᠥᠮ ᠬᠤᠭᠤᠰᠣᠨ ᠬᠥᠮᠥᠷᠭᠡ ᠪᠠᠷ | ᠠᠵᠢᠯᠯᠠᠭᠤᠯᠬᠤ ᠶᠢ ᠱᠠᠭᠠᠷᠳᠠᠨ᠎ᠠ᠃ ᠣᠳᠣᠬᠠᠨ ᠳᠤ ᠨᠠᠮᠤᠷ ᠤᠨ ᠦᠶᠡᠷ ᠪᠠᠶᠢᠨ ᠳᠠᠬᠢᠨ ᠡᠭᠦᠰᠴᠦ ᠪᠠᠶᠢᠭ᠎ᠠ ᠪᠣᠯᠬᠤᠷ | ᠠᠭᠠᠳᠠᠷ ᠪᠣᠷᠣᠭᠠᠨ ᠦᠶᠡᠷ ᠤᠨ ᠰᠦᠷᠳᠡᠭᠦᠯᠦᠯ ᠳᠤ ᠤᠴᠠᠷᠠᠭᠰᠠᠨ ᠭᠡᠮ ᠰᠣᠭᠤᠭ ᠲᠠᠢ ᠤᠰᠤᠨ ᠴᠥᠭᠦᠷᠥᠮ ᠳᠤ | ᠴᠦ ᠦᠷᠭᠦᠯᠵᠢᠯᠡᠨ ᠬᠤᠭᠤᠰᠣᠨ ᠴᠥᠭᠦᠷᠥᠮ ᠤᠨ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠶ᠃ ᠥᠭᠡᠷ᠎ᠡ ᠪᠠᠷ ᠬᠡᠯᠡᠪᠡᠯ | ᠤᠰᠤᠨ ᠴᠥᠭᠦᠷᠥᠮ ᠢ ᠬᠤᠭᠤᠰᠣᠯᠠᠵᠤ᠂ ᠤᠰᠤ ᠬᠠᠳᠠᠭᠠᠯᠠᠬᠤ ᠬᠡᠷᠡᠭ ᠥᠬᠡᠶ᠃ | ᠭᠤᠷᠪᠠᠳᠤᠭᠠᠷ ᠲᠤ᠂ ᠲᠦᠭᠰᠢᠭᠦᠷᠢᠲᠦ ᠪᠠᠶᠢᠳᠠᠯ ᠢ ᠰᠢᠢᠳᠪᠦᠷᠢᠯᠡᠬᠦ ᠶᠢ ᠴᠢᠩᠭᠠᠳᠬᠠᠨ᠎ᠠ᠃ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠠᠴᠠ᠂ ᠠᠷᠠᠳ ᠤᠯᠠᠨ ᠤ ᠠᠮᠢ | ᠨᠠᠰᠤᠨ ᠤ ᠠᠮᠤᠷ ᠲᠦᠪᠰᠢᠨ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠢ ᠳᠡᠭᠡᠳᠦᠯᠡᠬᠦ᠂ | ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠡᠩ ᠠᠮᠤᠷ ᠲᠦᠪᠰᠢᠨ ᠤ | ᠪᠠᠲᠤᠯᠠᠭ᠎ᠠ ᠲᠠᠢ ᠪᠠᠶᠢᠪᠠᠯ ᠰᠠᠶ᠋ᠢ ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ ᠴᠢᠳᠠᠨ᠎ᠠ᠃ | ᠪᠢᠳᠡ ᠬᠡᠷᠡᠭᠯᠡᠬᠦ ᠳᠤ ᠬᠢᠯᠪᠠᠷ ᠳᠥᠭᠦᠮ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠵᠤ᠂ ᠣᠷᠣᠨ ᠨᠤᠲᠤᠭ ᠤᠨ ᠬᠢᠨ ᠢ ᠵᠢᠯᠣᠭᠤᠳᠤᠨ ᠰᠣᠷᠢᠯᠲᠠ ᠬᠢᠬᠦ ᠶᠢ | ᠴᠢᠩᠭᠠᠳᠬᠠᠪᠠ︔ ᠦᠶᠡᠷ ᠤᠨ ᠬᠤᠭᠤᠴᠠᠭᠠᠨ ᠤ ᠲᠣᠭᠤᠷᠢᠨ ᠪᠠᠶᠢᠴᠠᠭᠠᠵᠤ ᠬᠤᠷᠢᠭᠯᠠᠬᠤ ᠠᠵᠢᠯ ᠢ ᠰᠠᠶᠢᠲᠤᠷ ᠬᠢᠵᠦ᠂ | ᠤᠰᠤᠨ ᠴᠥᠭᠦᠷᠥᠮ ᠤᠨ ᠲᠦᠭᠰᠢᠭᠦᠷᠢᠲᠦ ᠪᠠᠶᠢᠳᠠᠯ ᠢ ᠣᠯᠵᠤ ᠮᠡᠳᠡᠮᠡᠭᠴᠡ ᠠᠶᠤᠯ ᠲᠠᠢ ᠤᠰᠤᠨ ᠴᠥᠭᠦᠷᠥᠮ ᠤᠨ | ᠰᠦᠷᠳᠡᠭᠦᠯᠦᠯ ᠳᠤ ᠤᠴᠠᠷᠠᠭᠰᠠᠨ ᠳᠤᠤᠷᠠᠳᠤ ᠤᠷᠤᠰᠬᠠᠯ ᠤᠨ ᠣᠷᠣᠨ ᠤ ᠤᠯᠠᠨ ᠲᠦᠮᠡᠨ ᠢ ᠡᠷᠡᠰ ᠢᠶᠠᠷ ᠰᠢᠯᠵᠢᠭᠦᠯᠵᠦ᠂ | ᠠᠶᠤᠯ ᠲᠠᠢ ᠣᠷᠣᠨ ᠠᠴᠠ ᠵᠠᠶᠢᠯᠠᠭᠤᠯᠵᠤ᠂ ᠬᠠᠰᠤᠬᠤ ᠶᠣᠰᠣᠲᠠᠶ ᠶᠢ ᠨᠢ ᠪᠦᠬᠦᠨ ᠢ ᠬᠠᠰᠤᠬᠤ᠂ ᠬᠠᠰᠤᠬᠤ | ᠶᠣᠰᠣᠲᠠᠶ ᠶᠢ ᠨᠢ ᠵᠠᠪᠠᠯ ᠬᠠᠰᠤᠬᠤ᠂ ᠬᠠᠰᠤᠬᠤ ᠶᠣᠰᠣᠲᠠᠶ ᠶᠢ ᠨᠢ ᠡᠷᠲᠡ ᠬᠠᠰᠤᠬᠤ ᠶᠢ ᠪᠡᠶᠡᠯᠡᠭᠦᠯᠵᠦ᠂ ᠠᠷᠠᠳ | ᠤᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ︔ ᠡᠭᠦᠨ ᠤ ᠵᠡᠷᠭᠡ ᠳᠤ ᠪᠦᠲᠦᠮᠵᠢᠲᠡᠶ | ᠠᠷᠭ᠎ᠠ ᠬᠡᠮᠵᠢᠶ᠎ᠡ ᠠᠪᠴᠤ ᠪᠠᠶᠢᠭᠠᠳ ᠪᠦᠬᠦ ᠬᠦᠴᠦᠨ ᠢᠶᠠᠷ ᠢᠶᠠᠨ ᠠᠶᠤᠯ ᠠᠴᠠ ᠠᠪᠤᠷᠠᠵᠤ᠂ ᠤᠰᠤᠨ | ᠴᠥᠭᠦᠷᠥᠮ ᠤᠨ ᠬᠠᠰᠢᠯᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠲᠠ ᠪᠦᠬᠦᠨ ᠳᠤ ᠪᠠᠶᠠᠷᠯᠠᠯ᠎ᠠ᠃ | 2021-09-30 16: 35: 35 | ᠰᠢᠩ ᠬᠤᠢ ᠨᠠ᠄ | ᠵᠠ᠂ ᠥᠨᠥᠳᠦᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠳᠡ ᠬᠦᠷᠦᠭᠡᠳ ᠥᠨᠳᠥᠷᠯᠡᠶᠡ᠂ ᠳᠡᠳ᠋ ᠰᠠᠶᠢᠳ | ᠯᠢᠦ ᠸᠧᠶ ᠫᠢᠩ ᠪᠣᠯᠤᠨ ᠭᠤᠷᠪᠠᠨ ᠵᠤᠷᠭᠠᠨ ᠤ ᠳᠠᠷᠤᠭ᠎ᠠ ᠳᠤ ᠲᠠᠯᠠᠷᠬᠠᠵᠤ ᠪᠠᠶᠢᠨ᠎ᠠ᠂ ᠵᠠᠭᠤᠴᠢᠯᠠᠭᠤᠷ ᠤᠨ | ᠨᠠᠶᠢᠵᠠ ᠨᠠᠷ ᠲᠤ ᠴᠤ ᠲᠠᠯᠠᠷᠬᠠᠵᠤ ᠪᠠᠶᠢᠨ᠎ᠠ᠂ ᠪᠠᠶᠠᠷᠲᠠᠶ᠃ 2021-09-30 16: 35: 45 | |