| | ᠰᠢᠨᠬᠤᠸᠠ ᠬᠤᠷᠢᠶᠠᠨ ᠤ ᠪᠡᠭᠡᠵᠢᠩ ᠤᠨ9 ᠰᠠᠷ᠎ᠠ ᠶᠢᠨ3 ᠤ ᠴᠠᠬᠢᠯᠭᠠᠨ ᠮᠡᠳᠡᠭᠡ ᠤᠶᠢᠷ ᠠ᠋ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ︽ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠢ | ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ | ᠪᠠᠭᠤᠯᠭᠠᠵᠤ᠂ ᠡᠯ ᠡ ᠭᠠᠵᠠᠷ ᠣᠷᠣᠨ ᠡᠯ᠎ᠡ ᠰᠠᠯᠠᠭ᠋ ᠠ᠋ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ︽ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠢ ᠬᠠᠮᠠᠭᠠᠯᠠᠵᠤ | ᠤᠯᠠᠮᠵᠢᠯᠠᠬᠤ ᠶᠢ ᠴᠢᠩᠭᠠᠳᠬᠠᠬᠤ ᠲᠤᠬᠠᠢ ᠰᠠᠨᠠᠯ︾ ᠤᠨ ᠪᠦᠭᠦ ᠠᠭᠤᠯᠭ᠋ ᠠ᠋ ᠨᠢ ᠳᠣᠣᠷᠠᠬᠢ ᠮᠡᠲᠦ᠃ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠤᠨ ᠥᠪ ᠢ | ᠰᠢᠰᠲ᠋ᠧᠮ ᠲᠠᠢ ᠰᠠᠶᠢᠲᠤᠷ ᠬᠠᠮᠠᠭᠠᠯᠠᠵᠤ᠂ ᠠᠰᠢᠭᠯᠠᠵᠤ᠂ ᠤᠯᠠᠮᠵᠢᠯᠠᠨ ᠵᠠᠯᠭᠠᠮᠵᠢᠯᠠᠬᠤ ᠨᠢ ᠲᠡᠦᠬᠡ ᠰᠣᠶᠣᠯ ᠤᠨ | ᠰᠤᠳᠠᠰᠤ ᠶᠢ ᠦᠷᠭᠦᠯᠵᠢᠯᠡᠭᠦᠯᠬᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠰᠣᠶᠣᠯ ᠤᠨ ᠢᠲᠡᠭᠡᠯ ᠢ ᠪᠠᠲᠤᠳᠬᠠᠬᠤ᠂ ᠨᠡᠶᠢᠭᠡᠮ ᠵᠢᠷᠤᠮ ᠤᠨ ᠰᠣᠶᠣᠯ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠶᠢ ᠤᠯᠠᠮ | ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠋ ᠠ᠋ | ︵ᠨᠢᠭᠡ︶ ᠵᠢᠯᠤᠭᠤᠳᠬᠤ ᠦᠵᠡᠯ ᠰᠠᠨᠠᠭ᠋ ᠠ᠋᠃ ᠰᠢ ᠶᠢᠨ ᠫᠢᠩ ᠤᠨ ᠰᠢᠨ᠎ᠡ ᠴᠠᠭ ᠦᠢ ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠋ ᠠ᠋ ᠪᠠᠷ ᠵᠢᠯᠤᠭᠤᠳᠤᠯᠭ᠋ ᠠ᠋ ᠪᠤᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠋ ᠠ᠋ ᠶᠢ ᠭᠦᠨᠵᠡᠭᠡᠢ | ᠲᠤᠭᠤᠰᠢᠯᠠᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠯᠡᠨ ᠠᠬᠢᠭᠤᠯᠬᠤ ᠪᠠ ︽ᠳᠥᠷᠪᠡᠨ ᠪᠦᠭᠦ ᠲᠠᠯ ᠠ᠋︾ ᠶᠢᠨ ᠪᠠᠶᠢᠯᠳᠤᠬᠤ ᠪᠤᠳᠤᠯᠭ᠋ ᠠ᠋ ᠶᠢᠨ | ᠪᠠᠶᠢᠷᠢᠰᠢᠭᠤᠯᠤᠯᠲᠠ ᠶᠢ ᠵᠣᠬᠢᠴᠠᠩᠭᠤᠢ ᠠᠬᠢᠭᠤᠯᠬᠤ ᠲᠠᠢ ᠨᠢᠭᠲᠠ ᠤᠶᠠᠯᠳᠤᠭᠤᠯᠤᠨ᠂ ᠬᠠᠮᠠᠭᠠᠯᠠᠯᠲᠠ ᠶᠢ ᠢᠮᠠᠭᠲᠠ | ᠲᠡᠷᠢᠭᠦᠨ ᠪᠠᠶᠢᠷᠢᠨ ᠳᠤ ᠲᠠᠯᠪᠢᠵᠤ᠂ ᠬᠤᠳᠠ ᠬᠥᠳᠡᠭᠡ ᠶᠢᠨ ᠲᠡᠦᠬᠡ ᠰᠣᠶᠣᠯ ᠤᠨ ᠥᠪ ᠢ ᠰᠢᠰᠲ᠋ᠧᠮ ᠲᠠᠢ ᠪᠦᠷᠢᠨ | ᠪᠦᠲᠦᠨ ᠬᠠᠮᠠᠭᠠᠯᠠᠵᠤ ᠤᠯᠠᠮᠵᠢᠯᠠᠬᠤ ᠪᠠ ᠳᠤᠮᠳᠠᠳᠤ ᠤᠯᠤᠰ ᠤᠨ ᠦᠯᠢᠭᠡᠷ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠦᠯᠢᠭᠡᠷ ᠢ ᠪᠦᠭᠦ ᠲᠠᠯ ᠠ᠋ ᠪᠠᠷ ᠦᠨᠡᠨ ᠪᠣᠳᠠᠲᠠᠢ ᠪᠠᠷ ᠰᠠᠶᠢᠲᠤᠷ ᠶᠠᠷᠢᠬᠤ ᠪᠠᠷ ᠬᠠᠷᠠᠯᠲᠠ ᠪᠤᠯᠭᠠᠵᠤ᠂ | ᠲᠡᠦᠬᠡ ᠳᠤ ᠬᠠᠷᠢᠭᠤᠴᠠᠬᠤ᠂ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ᠂ ᠳᠦᠷᠢᠮ ᠤᠨ ᠦᠵᠦ | ᠲᠥᠯᠥᠪᠯᠡᠭᠡ ᠶᠢ ᠴᠢᠩᠭᠠᠳᠬᠠᠵᠤ᠂ ᠲᠦᠷᠦᠯ ᠬᠤᠪᠢᠶᠠᠭᠰᠠᠨ ᠨᠢ ᠰᠢᠨᠵᠢᠯᠡᠬᠦ ᠤᠬᠠᠭᠠᠨᠴᠢ᠂ ᠬᠠᠮᠠᠭᠠᠯᠠᠯᠲᠠ ᠨᠢ | ᠬᠦᠴᠦᠨ ᠲᠠᠢ᠂ ᠬᠠᠮᠢᠶᠠᠷᠤᠯᠲᠠ ᠨᠢ ᠦᠷ ᠡ ᠪᠦᠲᠦᠮᠵᠢᠲᠡᠶ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ | ᠤᠯᠠᠮᠵᠢᠯᠠᠬᠤ ᠰᠢᠰᠲ᠋ᠧᠮ ᠢ ᠪᠠᠶᠢᠭᠤᠯᠤᠨ᠎ᠠ ; ᠳᠦᠷᠢᠮ ᠲᠣᠭᠲᠠᠴᠠ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠬᠠᠮᠠᠭᠠᠯᠠᠵᠤ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠣᠷᠣᠨ ᠵᠠᠢ ᠶᠢ ᠪᠦᠭᠦᠨ ᠢ | ᠬᠠᠮᠤᠷᠴᠤ᠂ ᠡᠯᠧᠮᠧᠨ᠋ᠲ ᠢ ᠪᠦᠭᠦᠨ ᠢ ᠪᠠᠭᠲᠠᠭᠠᠵᠤ᠂ ᠲᠠᠩ ᠴᠣᠭᠴᠠ ᠶᠢᠨ ᠪᠠᠷᠢᠯᠭ᠋ ᠠ᠋ ᠶᠢ ᠬᠠᠮᠠᠭᠠᠯᠠᠬᠤ ᠪᠠᠷ ᠪᠠᠷᠠᠬᠤ | ᠦᠭᠡᠢ ᠪᠠᠰᠠ ᠵᠡᠭᠡᠯᠢ ᠭᠤᠳᠤᠮᠵᠢ ᠵᠡᠭᠡᠯᠢ ᠲᠣᠭᠤᠷᠢᠭ᠂ ᠬᠤᠳᠠ ᠪᠠᠯᠭᠠᠰᠤᠨ ᠤ ᠪᠠᠶᠢᠷᠢᠰᠢᠯ ᠢ ᠬᠠᠮᠠᠭᠠᠯᠠᠵᠤ᠂ | ᠲᠡᠦᠬᠡ ᠲᠠᠢ ᠭᠠᠵᠠᠷ ᠬᠡᠰᠡᠭ᠂ ᠪᠠᠶᠢᠭᠠᠯᠢ ᠶᠢᠨ ᠦᠵᠡᠮᠵᠢ᠂ ᠰᠣᠶᠣᠯ ᠢᠷᠭᠡᠨᠰᠢᠯ ᠤᠨ ᠣᠷᠴᠢᠨ ᠲᠣᠭᠤᠷᠢᠨ ᠪᠣᠯᠣᠨ | ᠪᠣᠳᠠᠰ ᠤᠨ ᠪᠤᠰᠤ ᠰᠣᠶᠣᠯ ᠤᠨ ᠥᠪ ᠢ ᠰᠠᠶᠢᠲᠤᠷ ᠬᠠᠮᠠᠭᠠᠯᠠᠵᠤ᠂ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠤᠨ ᠥᠪ ᠲᠠᠰᠤᠷᠠᠯᠳᠠ ᠦᠭᠡᠢ ᠡᠪᠳᠡᠭᠳᠡᠬᠦ᠂ ᠨᠤᠷᠠᠭᠠᠭᠳᠠᠬᠤ ᠵᠡᠷᠭᠡ | ᠲᠤᠪᠤᠶᠢᠮ ᠠ᠋ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ ᠡ ᠴᠠᠭ ᠦᠢ ᠡ ᠶᠢᠨ ᠴᠢᠬᠤᠯᠠ ᠬᠤᠳᠠ | ᠬᠥᠳᠡᠭᠡ ᠶᠢᠨ ᠲᠡᠦᠬᠡ ᠰᠣᠶᠣᠯ ᠤᠨ ᠥᠪ ᠢ ᠰᠢᠰᠲ᠋ᠧᠮᠲᠦ ᠴᠢᠨᠠᠷᠲᠠᠢ ᠬᠠᠮᠠᠭᠠᠯᠠᠬᠤ ᠶᠢ ᠪᠠᠲᠤᠯᠠᠵᠤ᠂ ᠨᠡᠶᠢᠭᠡᠮ | ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠦᠴᠦᠲᠡᠢ ᠪᠠᠲᠤᠯᠠᠭ᠋ ᠠ᠋ ᠬᠠᠩᠭᠠᠨ᠎ᠠ᠃ | | ︵ᠬᠤᠶᠠᠷ︶ ᠠᠵᠢᠯ ᠤᠨ ᠵᠠᠷᠴᠢᠮ᠃ | — ᠨᠢᠭᠡᠳᠦᠯᠲᠡᠢ ᠲᠥᠯᠥᠪᠵᠢᠭᠦᠯᠦᠨ᠂ ᠰᠢᠰᠲ᠋ᠧᠮ ᠲᠠᠢ ᠠᠬᠢᠭᠤᠯᠬᠤ ᠶᠢ ᠪᠠᠷᠢᠮᠲᠠᠯᠠᠨ᠎ᠠ᠃ ᠤᠯᠤᠰ ᠠᠴᠠ | ᠨᠢᠭᠡᠳᠦᠯᠲᠡᠢ ᠲᠥᠯᠥᠪᠵᠢᠭᠦᠯᠬᠦ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠡᠯ ᠡ | ᠱᠠᠲᠤᠨ ᠤ ᠨᠠᠮ ᠤᠨ ᠬᠤᠷᠢᠶ ᠠ᠋ ᠪᠠ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ | ᠤᠯᠠᠮᠵᠢᠯᠠᠬᠤ ᠳᠤᠮᠳᠠᠬᠢ ᠵᠣᠬᠢᠶᠠᠨ ᠪᠠᠶᠢᠭᠤᠯᠵᠤ ᠤᠳᠤᠷᠢᠳᠬᠤ ᠪᠠ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢ ᠨᠢᠭᠡᠳᠦᠯᠲᠡᠢ | ᠲᠥᠯᠥᠪᠵᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠪᠠ ᠬᠠᠷᠢᠭᠤᠴᠠᠯᠭ᠋ ᠠ᠋ ᠨᠡᠬᠡᠮᠵᠢᠯᠡᠬᠦ ᠦᠷ ᠡ ᠪᠦᠳᠦᠮᠵᠢ ᠶᠢ | ᠪᠠᠶᠢᠴᠠᠭᠠᠬᠤ ᠶᠢ ᠴᠢᠩᠭᠠᠳᠬᠠᠵᠤ᠂ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠠᠵᠢᠯ ᠤᠨ ᠪᠦᠬᠦᠯᠢ ᠴᠣᠭᠴᠠᠲᠤ | ᠴᠢᠨᠠᠷ᠂ ᠰᠢᠰᠲ᠋ᠧᠮᠲᠦ ᠴᠢᠨᠠᠷ ᠢ ᠴᠢᠩᠭᠠᠳᠬᠠᠨ᠎ᠠ᠃ | — ᠦᠷᠲᠡᠭ ᠤᠨ ᠤᠳᠤᠷᠢᠳᠤᠮᠵᠢ ᠶᠢ ᠪᠠᠷᠢᠮᠲᠠᠯᠠᠵᠤ᠂ ᠬᠠᠮᠠᠭᠠᠯᠠᠪᠠᠰᠤ ᠵᠣᠬᠢᠬᠤ ᠶᠢ ᠨᠢ ᠪᠦᠭᠦᠨ ᠢ | ᠬᠠᠮᠠᠭᠠᠯᠠᠨ᠎ᠠ᠃ ᠲᠡᠦᠬᠡ ᠰᠣᠶᠣᠯ ᠤᠨ ᠦᠨᠡᠦᠷᠲᠡᠭ ᠢᠶᠠᠷ ᠤᠳᠤᠷᠢᠳᠤᠮᠵᠢ ᠪᠤᠯᠭᠠᠵᠤ᠂ ᠦᠨᠡᠨ ᠪᠣᠳᠠᠲᠤ ᠴᠢᠨᠠᠷ᠂ | ᠪᠦᠷᠢᠨ ᠪᠦᠲᠦᠨ ᠴᠢᠨᠠᠷ ᠢ ᠬᠠᠮᠠᠭᠠᠯᠠᠬᠤ ᠱᠠᠭᠠᠷᠳᠠᠯᠭ᠎ᠠ ᠶᠣᠰᠣᠭᠠᠷ᠂ ᠣᠷᠣᠰᠢᠬᠤᠢ ᠪᠦᠬᠦᠢ ᠰᠣᠶᠣᠯ ᠤᠨ ᠥᠪ ᠤᠨ | ᠣᠨᠴᠠᠯᠢᠭ ᠲᠤ ᠵᠣᠬᠢᠴᠠᠭᠤᠯᠵᠤ᠂ ᠡᠷᠲᠡᠨ ᠤ ᠪᠠ ᠣᠷᠴᠢᠨ ᠤᠲᠤ ᠦᠢ ᠡ ᠶᠢᠨ᠂ ᠬᠤᠲᠠ ᠪᠠ ᠬᠥᠳᠡᠭᠡ ᠲᠤᠰᠬᠤᠨ᠂ | ᠪᠣᠳᠠᠰ ᠤᠨ ᠪᠠ ᠪᠣᠳᠠᠰ ᠤᠨ ᠪᠤᠰᠤ ᠵᠡᠷᠭᠡ ᠲᠡᠦᠬᠡ ᠰᠣᠶᠣᠯ ᠤᠨ ᠥᠪ ᠢ ᠪᠦᠭᠦ ᠲᠠᠯ ᠠ᠋ ᠪᠠᠷ ᠰᠠᠶᠢᠲᠤᠷ ᠬᠠᠮᠠᠭᠠᠯᠠᠵᠤ᠂ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤᠮᠳᠠ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠭᠦ | ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠶ ᠪᠤᠯᠭᠠᠬᠤ ᠪᠠ | ᠳᠤᠪᠤᠶᠢᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ᠂ ᠨᠡᠶᠢᠭᠡᠮ | ᠵᠢᠷᠤᠮ ᠤᠨ ᠲᠡᠷᠢᠭᠦᠨ ᠤ ᠰᠣᠶᠣᠯ ᠢ ᠪᠠᠳᠠᠷᠠᠭᠤᠯᠤᠨ ᠬᠥᠭᠵᠢᠭᠦᠯᠦᠨ᠎ᠡ᠃ | — ᠵᠦᠢ ᠵᠣᠬᠢᠰᠲᠠᠢ ᠠᠰᠢᠭᠯᠠᠵᠤ᠂ ᠤᠯᠠᠮᠵᠢᠯᠠᠨ ᠬᠥᠭᠵᠢᠭᠦᠯᠬᠦ ᠶᠢ ᠪᠠᠷᠢᠮᠲᠠᠯᠠᠨ᠎ᠠ᠃ ᠠᠷᠠᠳ ᠲᠦᠮᠡᠨ ᠢᠶᠠᠷ | ᠭᠤᠣᠯ ᠪᠤᠯᠭᠠᠬᠤ ᠶᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ᠂ ᠰᠢᠨ᠎ᠡ ᠶᠢ ᠡᠭᠦᠳᠭᠦ | ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠬᠠᠮᠠᠭᠠᠯᠠᠵᠤ ᠤᠯᠠᠮᠵᠢᠯᠠᠬᠤ ᠠᠵᠢᠯ ᠢ ᠠᠵᠤ ᠠᠬᠤᠢ ᠨᠡᠶᠢᠭᠡᠮ ᠤᠨ | ᠬᠥᠭᠵᠢᠯᠲᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠤᠲᠤ ᠦᠢ ᠡ ᠶᠢᠨ ᠠᠮᠢᠳᠤᠷᠠᠯ ᠳᠤ | ᠠᠭᠤᠰᠤᠯᠴᠠᠭᠤᠯᠵᠤ᠂ ᠲᠡᠦᠬᠡ ᠰᠣᠶᠣᠯ ᠬᠢᠭᠡᠳ ᠬᠤᠲᠠ ᠬᠥᠳᠡᠭᠡ ᠶᠢᠨ ᠬᠥᠭᠵᠢᠯᠲᠡ ᠶᠢ ᠠᠭᠤᠰᠤᠯᠴᠠᠭᠤᠯᠵᠤ᠂ | ᠲᠡᠦᠬᠡ ᠰᠣᠶᠣᠯ ᠤᠨ ᠥᠪ ᠤᠨ ᠨᠡᠶᠢᠭᠡᠮ ᠤᠨ ᠰᠤᠷᠭᠠᠨ ᠬᠥᠮᠦᠵᠢᠯ ᠤᠨ ᠦᠢᠯᠡᠳᠦᠯ ᠪᠣᠯᠣᠨ ᠬᠡᠷᠡᠭᠯᠡᠭᠡᠨ ᠤ ᠦᠷᠲᠡᠭ ᠢ | ᠪᠠᠳᠠᠷᠠᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠴᠢᠬᠤᠯᠠᠴᠢᠯᠠᠵᠤ᠂ ᠠᠷᠠᠳ ᠲᠦᠮᠡᠨ ᠤ ᠡᠳᠦᠷ | ᠢᠷᠡᠬᠦᠢ ᠡ ᠨᠡᠮᠡᠭᠳᠡᠵᠦ ᠪᠠᠶᠢᠭ᠋ ᠠ᠋ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃ | | — ᠤᠯᠠᠨ ᠲᠠᠯ ᠠ᠋ ᠶᠢᠨ ᠬᠢᠨ ᠤ ᠣᠷᠤᠯᠴᠠᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ ᠨᠡᠶᠢᠭᠡᠮ ᠤᠨ ᠬᠦᠴᠦᠨ ᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠬᠠᠮᠠᠭᠠᠯᠠᠵᠤ | ᠤᠯᠠᠮᠵᠢᠯᠠᠬᠤ ᠠᠵᠢᠯ ᠳᠤ ᠥᠷᠭᠡᠨ ᠢᠶᠠᠷ ᠣᠷᠣᠯᠴᠠᠭᠤᠯᠵᠤ᠂ ᠵᠠᠭ ᠠ᠋ ᠳᠡᠯᠭᠡᠭᠦᠷ ᠤᠨ ᠦᠢᠯᠡᠳᠦᠯ ᠢ ᠭᠦᠢᠴᠡᠳ | ᠪᠠᠳᠠᠷᠠᠭᠤᠯᠤᠨ᠂ ᠠᠷᠠᠳ ᠤᠯᠠᠨ ᠤ ᠣᠷᠤᠯᠴᠠᠬᠤ ᠰᠠᠨᠠᠭᠠᠴᠢᠯᠠᠭᠠᠲᠤ ᠴᠢᠨᠠᠷ᠂ ᠢᠳᠡᠪᠬᠢ ᠴᠢᠨᠠᠷ ᠢ ᠬᠥᠭᠵᠢᠭᠡᠵᠦ᠂ | ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠳᠤ ᠠᠰᠢᠭᠲᠠᠢ ᠪᠠᠶᠢᠭᠤᠯᠤᠯ ᠲᠣᠭᠲᠠᠴᠠ ᠪᠠ | ᠨᠡᠶᠢᠭᠡᠮ ᠤᠨ ᠣᠷᠴᠢᠨ ᠲᠣᠭᠤᠷᠢᠨ ᠢ ᠪᠤᠶ ᠪᠣᠯᠭᠠᠨ᠎ᠠ᠃ | ︵ ᠭᠤᠷᠪᠠ︶ ᠭᠤᠣᠯ ᠬᠠᠷᠠᠯᠲᠠ᠃ 2025 ᠣᠨ ᠪᠤᠯᠲᠠᠯ ᠠ᠋᠂ ᠤᠯᠠᠨ ᠲᠠᠰ ᠳᠠᠪᠬᠤᠷᠭ᠋ ᠠ᠋ ᠤᠯᠠᠨ ᠬᠦᠴᠦᠨ | ᠵᠦᠢᠯ ᠲᠠᠢ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠢ ᠠᠩᠭ ᠠ᠋ ᠠᠯᠬᠤᠮ | ᠪᠠᠶᠢᠭᠤᠯᠵᠤ᠂ ᠬᠤᠲᠠ ᠬᠥᠳᠡᠭᠡ ᠶᠢᠨ ᠲᠡᠦᠬᠡ ᠰᠣᠶᠣᠯ ᠤᠨ ᠥᠪ ᠢ ᠬᠠᠮᠠᠭᠠᠯᠠᠬᠤ ᠶᠣᠰᠣᠲᠠᠢ ᠶᠢ ᠨᠢ ᠴᠢᠳᠠᠬᠤ ᠶᠢᠨ | ᠬᠢᠷᠢ ᠪᠠᠷ ᠬᠠᠮᠠᠭᠠᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠨᠢᠭᠡ ᠪᠦᠯᠦᠭ ᠵᠢᠷᠤᠮᠯᠠᠨ ᠳᠠᠭᠤᠷᠢᠶᠠᠵᠤ | ᠳᠡᠯᠭᠡᠷᠡᠭᠦᠯᠵᠦ ᠠᠰᠢᠭᠯᠠᠵᠤ ᠪᠣᠯᠬᠤᠶᠢᠴᠠ ᠠᠮᠢᠳᠤᠯᠢᠭ ᠲᠤᠷᠰᠢᠯᠭ᠋ ᠠ᠋ ᠶᠢ ᠪᠦᠷᠢᠯᠳᠦᠭᠦᠯᠵᠦ᠂ ᠪᠦᠲᠦᠭᠡᠨ | ᠪᠠᠶᠢᠭᠤᠯᠤᠯᠲᠠ ᠶᠢᠨ ᠴᠢᠨᠠᠷᠲᠠᠢ ᠡᠪᠳᠡᠯᠡᠭᠡ ᠶᠢᠨ ᠠᠵᠢᠯᠯᠠᠭ᠋ ᠠ᠋ ᠶᠢ ᠢᠯᠡᠳᠲᠡ ᠬᠤᠷᠢᠭᠯᠠᠵᠤ᠂ ᠲᠡᠦᠬᠡ ᠰᠣᠶᠣᠯ ᠢ | ᠬᠠᠮᠠᠭᠠᠯᠠᠵᠤ ᠤᠯᠠᠮᠵᠢᠯᠠᠬᠤ ᠠᠵᠢᠯ ᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠠᠭᠤᠰᠤᠯᠴᠠᠭᠤᠯᠬᠤ | ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ | 2035 ᠣᠨ ᠪᠤᠯᠬᠤ ᠳᠤ᠂ ᠪᠦᠷᠢᠨ ᠪᠦᠲᠦᠨ ᠰᠢᠰᠲ᠋ᠧᠮ ᠲᠠᠢ ᠬᠤᠲᠠ ᠬᠥᠳᠡᠭᠡ ᠶᠢᠨ ᠲᠡᠦᠬᠡ ᠰᠣᠶᠣᠯ ᠢ | ᠬᠠᠮᠠᠭᠠᠯᠠᠵᠤ ᠤᠯᠠᠮᠵᠢᠯᠠᠬᠤ ᠰᠢᠰᠲ᠋ᠧᠮ ᠢ ᠪᠦᠭᠦ ᠲᠠᠯ ᠠ᠋ ᠪᠠᠷ ᠪᠠᠶᠢᠭᠤᠯᠵᠤ᠂ ᠬᠤᠲᠠ ᠬᠥᠳᠡᠭᠡ ᠶᠢᠨ ᠲᠡᠦᠬᠡ | ᠰᠣᠶᠣᠯ ᠤᠨ ᠥᠪ ᠢ ᠪᠦᠲᠦᠮᠵᠢᠲᠡᠶ ᠬᠠᠮᠠᠭᠠᠯᠠᠵᠤ᠂ ᠭᠦᠢᠴᠡᠳ ᠠᠰᠢᠭᠯᠠᠬᠤ ᠶᠢ ᠪᠡᠶᠡᠯᠡᠭᠦᠯᠦᠨ᠂ ᠡᠪᠳᠡᠭᠦ ᠵᠣᠷᠢᠭ | ᠦᠭᠡᠢ᠂ ᠡᠪᠳᠡᠵᠦ ᠪᠤᠯᠬᠤ ᠦᠭᠡᠢ᠂ ᠡᠪᠳᠡᠭᠦ ᠶᠢ ᠪᠤᠳᠤᠬᠤ ᠦᠭᠡᠢ ᠪᠠᠶᠢᠭᠤᠯᠤᠯ ᠲᠣᠭᠲᠠᠴᠠ ᠶᠢ ᠪᠦᠭᠦ ᠲᠠᠯ ᠠ᠋ ᠪᠠᠷ | ᠪᠠᠶᠢᠭᠤᠯᠵᠤ᠂ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠢ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ ᠠ᠋ ᠳᠤ ᠪᠦᠭᠦ ᠲᠠᠯ ᠠ᠋ ᠪᠠᠷ ᠠᠭᠤᠰᠬᠠᠨ | ᠣᠷᠣᠭᠤᠯᠵᠤ᠂ ᠠᠷᠠᠳ ᠤᠯᠠᠨ ᠤ ᠰᠣᠶᠣᠯ ᠤᠨ ᠤᠬᠠᠮᠰᠠᠷ ᠪᠠ ᠰᠣᠶᠣᠯ ᠤᠨ ᠢᠲᠡᠭᠡᠯ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ | ᠬᠤᠶᠠᠷ᠂ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠢ ᠪᠠᠶᠢᠭᠤᠯᠤᠨ᠎ᠠ | ︵ ᠳᠥᠷᠪᠡ︶ ᠬᠠᠮᠠᠭᠠᠯᠠᠵᠤ ᠤᠯᠠᠮᠵᠢᠯᠠᠬᠤ ᠰᠢᠰᠲ᠋ᠧᠮ ᠤᠨ ᠦᠨᠳᠦᠰᠦᠨ ᠠᠭᠤᠯᠤᠭᠳᠠᠬᠤᠨ ᠢ ᠤᠨᠤᠪᠴᠢᠲᠠᠶ | ᠡᠵᠡᠮᠳᠡᠨ᠎ᠡ᠃ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠪᠣᠯ | ᠬᠠᠮᠠᠭᠠᠯᠠᠯᠲᠠ ᠶᠢᠨ ᠦᠨ᠎ᠡ ᠦᠷᠡᠳᠡᠭ ᠲᠠᠢ᠂ ᠠᠳᠠᠯᠢ ᠪᠤᠰᠤ ᠲᠡᠦᠬᠡᠨ ᠴᠠᠭ ᠦᠢ ᠡ ᠶᠢᠨ ᠰᠣᠶᠣᠯ ᠤᠨ ᠦᠨ᠎ᠡ | ᠦᠷᠲᠡᠭ ᠢ ᠠᠴᠢᠶᠠᠯᠠᠭᠰᠠᠨ ᠬᠤᠲᠠ᠂ ᠲᠤᠰᠬᠤᠨ ᠪᠠᠯᠭᠠᠰᠤ ᠵᠡᠷᠭᠡ ᠶᠢᠨ ᠨᠡᠶᠢᠯᠡᠮᠡᠯ ᠭᠡᠯᠪᠡᠷᠢ᠂ ᠣᠷᠣᠰᠢᠬᠤᠢ ᠪᠦᠬᠦᠢ | ᠰᠣᠶᠣᠯ ᠤᠨ ᠥᠪ ᠢᠶᠠᠷ ᠭᠤᠣᠯ ᠴᠣᠭᠴᠠ ᠪᠤᠯᠭᠠᠬᠤ ᠪᠠ ᠲᠦᠰᠢᠭ ᠪᠣᠯᠭᠠᠪᠠ᠂ ᠬᠠᠮᠠᠭᠠᠯᠠᠬᠤ ᠡᠲᠡᠭᠡᠳ ᠨᠢ | ᠭᠤᠣᠯᠳᠠᠭᠤ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠤᠰᠬᠤᠨ ︵ᠤᠯᠠᠮᠵᠢᠯᠠᠯᠲᠤ | ᠲᠤᠰᠬᠤᠨ︶᠂ ᠵᠡᠭᠡᠯᠢ ᠲᠣᠭᠤᠷᠢᠭ ᠪᠠ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ᠂ | ᠲᠡᠦᠬᠡ ᠶᠢᠨ ᠪᠠᠷᠢᠯᠭ᠋ ᠠ᠋᠂ ᠲᠡᠦᠬᠡ ᠲᠠᠢ ᠭᠠᠵᠠᠷ ᠬᠡᠰᠡᠭ ᠪᠠᠶᠢᠵᠤ᠂ ᠠᠵᠤ ᠦᠢᠯᠡᠳᠪᠦᠷᠢ ᠶᠢᠨ ᠥᠪ᠂ ᠲᠠᠷᠢᠶᠠᠯᠠᠩ ᠤᠨ | ᠰᠣᠶᠣᠯ ᠤᠨ ᠥᠪ᠂ ᠤᠰᠤᠯᠠᠯᠲᠠ ᠶᠢᠨ ᠢᠨᠵᠧᠨᠧᠷᠢᠩ ᠤᠨ ᠥᠪ᠂ ᠪᠣᠳᠠᠰ ᠤᠨ ᠪᠤᠰᠤ ᠰᠣᠶᠣᠯ ᠤᠨ ᠥᠪ᠂ | ᠭᠠᠵᠠᠷ ᠤᠨ ᠨᠠᠷ ᠡ ᠶᠢᠨ ᠰᠣᠶᠣᠯ ᠤᠨ ᠥᠪ ᠵᠡᠷᠭᠡ ᠶᠢᠨ ᠬᠠᠮᠠᠭᠠᠯᠠᠵᠤ ᠤᠯᠠᠮᠵᠢᠯᠠᠬᠤ ᠯᠤᠭ᠋ ᠠ᠋ ᠬᠠᠮᠲᠤᠪᠠᠷ | ᠪᠦᠷᠢᠯᠳᠦᠭᠰᠡᠨ ᠣᠷᠭᠠᠨᠢᠭ ᠪᠦᠬᠦᠯᠢ ᠴᠣᠭᠴᠠ ᠪᠣᠯᠣᠨ᠎ᠠ᠃ ᠬᠤᠳᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ | ᠤᠯᠠᠮᠵᠢᠯᠠᠬᠤ ᠰᠢᠰᠲ᠋ᠧᠮ ᠢ ᠪᠠᠶᠢᠭᠤᠯᠬᠤ ᠶᠢᠨ ᠵᠤᠷᠢᠯᠭ᠋ ᠠ᠋ ᠪᠣᠯ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠳᠤᠮᠳᠠ ᠳᠤᠮᠳᠠᠳᠤ ᠤᠯᠤᠰ ᠤᠨ ᠡᠷᠲᠡᠨ ᠤ᠂ ᠤᠢᠢᠷ ᠠ᠋ ᠤᠳᠤ ᠦᠢ ᠡ ᠶᠢᠨ ᠲᠡᠦᠬᠡ ᠰᠣᠶᠣᠯ ᠤᠨ ᠥᠪ ᠪᠠ ᠤᠳᠤ | ᠦᠶ᠎ᠡ ᠶᠢᠨ ᠴᠢᠬᠤᠯᠠ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠲᠠᠯ ᠠ᠋ ᠪᠠᠷ ᠰᠠᠶᠢᠲᠤᠷ | ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠦᠷᠭᠦᠯᠵᠢᠯᠡᠭᠰᠡᠨ ᠪᠣᠯᠪᠠᠰᠤᠨ ᠲᠡᠦᠬᠡ᠂ | ᠳᠤᠮᠳᠠᠳᠤ ᠤᠯᠤᠰ ᠤᠨ ᠤᠢᠢᠷ ᠠ᠋ ᠤᠳᠤ ᠦᠶ᠎ᠡ ᠶᠢᠨ ᠲᠡᠦᠬᠡᠨ ᠠᠬᠢᠴᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠥᠬᠦᠷᠡᠰᠢ ᠦᠭᠡᠢ | ᠲᠡᠮᠡᠴᠡᠭᠰᠡᠨ ᠭᠡᠷᠡᠯ ᠰᠠᠴᠤᠷᠠᠩᠭᠤᠢ ᠥᠩᠭᠡᠷᠡᠯᠲᠡ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠠᠶᠢᠭᠤᠯᠤᠭᠳᠠᠭᠰᠠᠨ ᠪᠠ ᠬᠥᠭᠵᠢᠭᠰᠡᠨ ᠥᠩᠭᠡᠷᠡᠯᠲᠡ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠠᠶᠠᠨ ᠢ ᠪᠦᠭᠦ ᠲᠠᠯ ᠠ᠋ ᠪᠠᠷ ᠢᠯᠡᠷᠡᠭᠦᠯᠭᠦ ᠶᠢᠨ | ᠲᠥᠯᠥᠭᠡ ᠶᠤᠮ᠃ | ︵ᠲᠠᠪᠤ︶ ᠬᠠᠮᠠᠭᠠᠯᠠᠵᠤ ᠤᠯᠠᠮᠵᠢᠯᠠᠬᠤ ᠰᠢᠰᠲ᠋ᠧᠮ ᠤᠨ ᠭᠤᠤᠯᠳᠠᠯᠭ᠋ ᠠ᠋ ᠲᠠᠢ ᠡᠭᠦᠷᠭᠡ ᠶᠢ ᠱᠠᠲᠤ ᠬᠤᠪᠢᠶᠠᠨ | ᠨᠠᠶᠢᠳᠠᠪᠤᠷᠢᠵᠢᠭᠤᠯᠤᠨ᠎ᠠ᠃ ᠬᠤᠳᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠤᠨ | ᠭᠤᠷᠪᠠᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠎ᠠ᠃ ᠤᠯᠤᠰ᠂ ᠮᠤᠵᠢ ︵ᠦᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠲᠤᠰ ᠲᠤᠰ ᠪᠦᠭᠦ ᠤᠯᠤᠰ ᠤᠨ ᠬᠤᠲᠠ ᠬᠥᠳᠡᠭᠡ ᠶᠢᠨ ᠲᠡᠦᠬᠡ | ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠤᠨ ᠲᠥᠯᠦᠪᠵᠢᠭᠦᠯᠭᠡ ᠶᠢᠨ ᠬᠥᠲᠥᠯᠪᠦᠷᠢ ᠵᠢᠴᠢ ᠮᠤᠵᠢ ᠶᠢᠨ | ᠱᠠᠲᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠤᠯᠤᠰ ᠤᠨ ᠲᠠᠰ᠂ ᠮᠤᠵᠢ ᠶᠢᠨ ᠲᠠᠰ ᠤᠨ | ᠬᠠᠮᠠᠭᠠᠯᠠᠬᠤ ᠡᠲᠡᠭᠡᠳ ᠤᠨ ᠬᠠᠮᠠᠭᠠᠯᠠᠯᠲᠠ ᠶᠢᠨ ᠨᠡᠷᠡᠰ ᠪᠠ ᠲᠠᠷᠬᠠᠯᠲᠠ ᠶᠢᠨ ᠵᠢᠷᠤᠭ ᠢ ᠪᠠᠶᠢᠭᠤᠯᠵᠤ᠂ ᠬᠠᠮᠠᠭᠠᠯᠠᠬᠤ | ᠬᠡᠪᠴᠢᠶ᠎ᠡ ᠪᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠲᠣᠳᠣᠷᠬᠠᠶᠢᠯᠠᠨ᠂ ᠬᠠᠮᠢᠶ ᠠ᠋ ᠪᠦᠬᠦᠢ ᠲᠥᠯᠦᠪᠵᠢᠭᠦᠯᠭᠡ ᠲᠠᠢ | ᠰᠠᠶᠢᠲᠤᠷ ᠵᠣᠯᠭᠠᠭᠤᠯᠤᠨ᠎ᠠ᠃ ᠬᠤᠲᠠ ᠰᠢᠶᠠᠨ ᠨᠢ ᠤᠯᠤᠰ ᠪᠠ ᠮᠤᠵᠢ ︵ᠦᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ ᠠ᠋ ᠬᠤᠲᠠ︶ ᠶᠢᠨ ᠱᠠᠭᠠᠷᠳᠠᠯᠭ᠎ᠠ ᠶᠣᠰᠣᠭᠠᠷ᠂ ᠬᠠᠮᠠᠭᠠᠯᠠᠨ ᠤᠯᠠᠮᠵᠢᠯᠠᠬᠤ ᠠᠵᠢᠯ ᠤᠨ ᠬᠠᠷᠢᠶ᠎ᠠ ᠭᠠᠵᠠᠷ ᠤᠨ | ᠬᠠᠷᠢᠭᠤᠴᠠᠯᠭ᠋ ᠠ᠋ ᠶᠢ ᠨᠠᠶᠢᠳᠠᠪᠤᠷᠢᠵᠢᠭᠤᠯᠵᠤ᠂ ᠬᠤᠲᠠ ᠰᠢᠶᠠᠨ ᠤ ᠳᠡᠰ ᠤᠨ ᠬᠠᠮᠠᠭᠠᠯᠠᠬᠤ ᠡᠲᠡᠭᠡᠳ ᠢ ᠲᠣᠭᠲᠠᠭᠠᠨ | ᠨᠡᠶᠢᠲᠡᠯᠡᠬᠦ ᠶᠢ ᠲᠦᠷᠭᠡᠳᠬᠡᠨ᠂ ᠡᠯ᠎ᠡ ᠲᠦᠷᠦᠯ ᠤᠨ ᠬᠠᠮᠠᠭᠠᠯᠠᠬᠤ ᠡᠲᠡᠭᠡᠳ ᠲᠤ ᠴᠠᠭ ᠲᠤᠬᠠᠢ ᠳᠤᠨᠢ ᠲᠡᠮᠳᠡᠭ | ᠫᠠᠶᠢᠰᠠ ᠲᠣᠬᠢᠷᠠᠭᠤᠯᠵᠤ᠂ ᠲᠣᠭᠠᠴᠢᠯᠠᠭᠰᠠᠨ ᠮᠡᠳᠡᠭᠡ ᠵᠠᠩᠭᠢ ᠶᠢ ᠴᠤᠭᠯᠠᠭᠤᠯᠬᠤ ᠪᠠ ᠬᠡᠮᠵᠢᠨ ᠵᠢᠷᠤᠭᠯᠠᠵᠤ ᠲᠠᠩᠰᠠ | ᠡᠪᠬᠡᠮᠡᠯ ᠪᠠᠶᠢᠭᠤᠯᠬᠤ ᠶᠢ ᠥᠷᠨᠢᠭᠦᠯᠦᠨ᠂ ᠲᠤᠰᠬᠠᠢ ᠵᠦᠢᠯ ᠤᠨ ᠬᠠᠮᠠᠭᠠᠯᠠᠬᠤ ᠲᠥᠰᠥᠯ ᠢ ᠨᠠᠶᠢᠷᠠᠭᠤᠯᠤᠨ ᠵᠣᠬᠢᠶᠠᠵᠤ᠂ | ᠬᠠᠮᠠᠭᠠᠯᠠᠵᠤ ᠤᠯᠠᠮᠵᠢᠯᠠᠬᠤ ᠬᠠᠮᠢᠶᠠᠷᠤᠯᠲᠠ ᠶᠢᠨ ᠠᠷᠭ᠋ ᠠ᠋ ᠶᠢ ᠲᠣᠭᠲᠠᠭᠠᠨ᠂ ᠬᠠᠮᠠᠭᠠᠯᠠᠵᠤ ᠤᠯᠠᠮᠵᠢᠯᠠᠬᠤ ᠠᠵᠢᠯ ᠢ | ᠰᠠᠶᠢᠲᠤᠷ ᠬᠢᠬᠦ ᠬᠡᠷᠡᠭᠲᠡᠢ᠃ ᠴᠢᠬᠤᠯᠠ ᠬᠠᠮᠠᠭᠠᠯᠠᠬᠤ ᠦᠨ᠎ᠡ ᠦᠷᠲᠡᠭ ᠲᠠᠢ᠂ ᠣᠷᠣᠨ ᠨᠤᠲᠤᠭ ᠤᠨ ᠤᠷᠳᠤ | ᠬᠤᠭᠤᠴᠠᠭ᠋ ᠠ᠋ ᠪᠠᠷ ᠦᠯᠦ ᠮᠡᠳᠡᠭᠦᠯᠦᠭᠰᠡᠨ ᠲᠡᠦᠬᠡ ᠰᠣᠶᠣᠯ ᠤᠨ ᠡᠬᠢ ᠪᠠᠶᠠᠯᠢᠭ ᠢ ᠬᠠᠮᠢᠶ ᠠ᠋ ᠪᠦᠬᠦᠢ ᠪᠠᠷᠢᠮᠵᠢᠶ ᠠ᠋ ᠪᠠᠷ | ᠬᠠᠮᠠᠭᠠᠯᠠᠬᠤ ᠨᠡᠷᠡᠰ ᠲᠤ ᠵᠢᠭᠰᠠᠭᠠᠨ ᠣᠷᠣᠭᠤᠯᠵᠤ ᠪᠣᠯᠣᠨ᠎ᠠ᠃ | ᠭᠤᠷᠪᠠ᠂ ᠬᠠᠮᠠᠭᠠᠯᠠᠵᠤ ᠠᠰᠢᠭᠯᠠᠵᠤ ᠤᠯᠠᠮᠵᠢᠯᠠᠬᠤ ᠶᠢ ᠴᠢᠩᠭᠠᠳᠬᠠᠨ᠎ᠠ | ︵ ᠵᠢᠷᠭᠤᠭ᠎ᠠ︶ ᠬᠠᠮᠠᠭᠠᠯᠠᠯᠲᠠ ᠶᠢᠨ ᠭᠤᠤᠯᠳᠠᠯᠭ᠋ ᠠ᠋ ᠶᠢ ᠲᠣᠳᠣᠷᠬᠠᠶᠢᠯᠠᠨ᠎ᠠ᠃ ᠡᠯ᠎ᠡ ᠲᠦᠷᠦᠯ ᠤᠨ | ᠬᠠᠮᠠᠭᠠᠯᠠᠬᠤ ᠡᠲᠡᠭᠡᠳ ᠤᠨ ᠬᠠᠮᠠᠭᠠᠯᠠᠯᠲᠠ ᠶᠢᠨ ᠭᠡᠪᠴᠢᠶ ᠡ ᠪᠣᠯᠣᠨ ᠴᠢᠬᠤᠯᠠ ᠪᠦᠬᠦᠢ ᠪᠦᠲᠦᠭᠡᠨ ᠪᠠᠶᠢᠭᠤᠯᠤᠯᠲᠠ | ᠬᠢᠬᠦ ᠶᠢ ᠬᠢᠵᠠᠭᠠᠷᠯᠠᠬᠤ ᠣᠷᠣᠨ ᠪᠦᠰᠡ ᠶᠢ ᠬᠤᠪᠢᠶᠠᠷᠢᠯᠠᠨ ᠲᠣᠭᠲᠠᠭᠠᠵᠤ᠂ ᠭᠠᠵᠠᠷ ᠳᠣᠣᠷᠠᠬᠢ ᠲᠡᠦᠬᠡ ᠶᠢᠨ | ᠳᠤᠷᠠᠰᠬᠠᠯᠲᠤ ᠵᠦᠢᠯᠡᠰ ᠪᠤᠯᠠᠭᠳᠠᠵᠤ ᠪᠠᠶᠢᠭ᠋ ᠠ᠋ ᠣᠷᠣᠨ ᠢ ᠬᠤᠪᠢᠶᠠᠷᠢᠯᠠᠨ ᠲᠣᠭᠲᠠᠭᠠᠵᠤ᠂ ᠬᠠᠮᠠᠭᠠᠯᠠᠬᠤ ᠭᠤᠤᠯᠳᠠᠯᠭ᠋ ᠠ᠋ | ᠪᠣᠯᠣᠨ ᠬᠠᠮᠠᠭᠠᠯᠠᠬᠤ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ | ᠴᠣᠭᠴᠠ ᠵᠢᠴᠢ ᠡ᠊ ᠷᠭᠢᠨ ᠲᠣᠭᠤᠷᠢᠨ ᠤ ᠣᠷᠴᠢᠨ ᠲᠣᠭᠤᠷᠢᠨ ᠢ ᠬᠠᠮᠠᠭᠠᠯᠠᠵᠤ᠂ ᠤᠭ ᠪᠠᠭᠤᠷᠢ ᠶᠢ ᠬᠠᠮᠠᠭᠠᠯᠠᠬᠤ ᠶᠢ | ᠶᠡᠭᠡ ᠪᠠᠷ ᠬᠡᠷᠡᠭᠵᠢᠭᠦᠯᠵᠦ᠂ ᠰᠡᠷᠭᠡᠶᠢᠯᠡᠬᠦ ᠴᠢᠨᠠᠷᠲᠠᠢ ᠪᠠᠷ ᠬᠠᠮᠠᠭᠠᠯᠠᠬᠤ᠂ ᠡᠳᠦᠷ ᠲᠤᠲᠤᠮ ᠠᠷᠠᠴᠢᠯᠠᠨ ᠬᠠᠮᠠᠭᠠᠯᠠᠬᠤ ᠪᠠ | ᠬᠠᠮᠠᠭᠠᠯᠠᠨ ᠰᠡᠯᠪᠢᠨ ᠵᠠᠰᠠᠬᠤ ᠶᠢ ᠴᠢᠩᠭᠠᠳᠬᠠᠨ᠎ᠠ᠃ ᠠᠳᠠᠯᠢ ᠪᠤᠰᠤ ᠴᠠᠭ ᠦᠢ ᠡ᠂ ᠠᠳᠠᠯᠢ ᠪᠤᠰᠤ ᠲᠦᠷᠦᠯ | ᠭᠡᠯᠪᠡᠷᠢ ᠶᠢᠨ ᠲᠡᠦᠬᠡᠨ ᠪᠠᠷᠢᠯᠭ᠋ ᠠ᠋ ᠶᠢ ᠬᠠᠮᠠᠭᠠᠯᠠᠵᠤ᠂ ᠲᠡᠭᠦᠨ ᠤ ᠭᠤᠣᠯᠯᠠᠬᠤ ᠦᠷᠲᠡᠭ ᠢ ᠢᠯᠡᠷᠡᠭᠦᠯᠦᠭᠰᠡᠨ ᠭᠠᠳᠠᠷ | ᠳᠦᠷᠰᠦ᠂ ᠪᠦᠲᠦᠴᠡ ᠪᠠ ᠲᠣᠨᠣᠭᠯᠠᠭᠠᠰᠤ ᠵᠡᠷᠭᠡ ᠶᠢ ᠭᠤᠤᠯᠳᠠᠯᠭ᠋ ᠠ᠋ ᠲᠠᠢ ᠬᠠᠮᠠᠭᠠᠯᠠᠵᠤ᠂ ᠴᠠᠭ ᠲᠤᠬᠠᠢ ᠳᠤᠨᠢ | ᠪᠠᠬᠢᠵᠢᠭᠦᠯᠦᠨ ᠵᠠᠰᠠᠵᠤ᠂ ᠠᠮᠤᠷ ᠲᠦᠪᠰᠢᠨ ᠤ ᠭᠡᠮ ᠰᠣᠭᠤᠭ ᠢ ᠠᠷᠢᠯᠭᠠᠨ᠎ᠠ᠃ ᠵᠣᠬᠢᠬᠤ ᠲᠡᠦᠬᠡᠨ ᠴᠠᠭ | ᠦᠶ᠎ᠡ ᠶᠢᠨ ᠤᠯᠠᠮᠵᠢᠯᠠᠯᠲᠤ ᠳᠦᠷᠰᠦ ᠪᠠᠶᠢᠳᠠᠯ ᠪᠠ ᠦᠨᠳᠦᠰᠦᠲᠡᠨ᠂ ᠣᠷᠣᠨ ᠨᠤᠲᠤᠭ ᠤᠨ ᠣᠨᠴᠠᠯᠢᠭ ᠢ ᠦᠨᠡᠨ | ᠪᠣᠳᠠᠲᠠᠢ ᠪᠠᠷ ᠲᠤᠰᠬᠠᠵᠤ ᠴᠢᠳᠠᠬᠤ ᠲᠡᠦᠬᠡ ᠲᠠᠢ ᠭᠠᠵᠠᠷ ᠬᠡᠰᠡᠭ ᠢ ᠬᠠᠮᠠᠭᠠᠯᠠᠨ᠎ᠠ᠃ ᠲᠡᠦᠬᠡ ᠰᠣᠶᠣᠯ ᠤᠨ ᠵᠡᠭᠡᠯᠢ | ᠲᠣᠭᠤᠷᠢᠭ ᠤᠨ ᠲᠡᠦᠬᠡ ᠶᠢᠨ ᠤᠯᠠ ᠮᠥᠷ᠂ ᠲᠡᠦᠬᠡ ᠶᠢᠨ ᠵᠡᠭᠡᠯᠢ ᠭᠤᠳᠤᠮᠵᠢ᠂ ᠣᠷᠣᠨ ᠵᠠᠢ ᠶᠢᠨ ᠬᠡᠮᠵᠢᠶ᠎ᠡ ᠪᠣᠯᠣᠨ | ᠦᠵᠡᠮᠵᠢ ᠶᠢᠨ ᠣᠷᠴᠢᠨ ᠲᠣᠭᠤᠷᠢᠨ ᠵᠢᠴᠢ ᠡᠷᠲᠡᠨ ᠤ ᠬᠤᠳᠳᠤᠭ᠂ ᠡᠷᠲᠡᠨ ᠤ ᠬᠥᠭᠦᠷᠭᠡ᠂ ᠡᠷᠲᠡᠨ ᠤ ᠮᠣᠳᠣ ᠵᠡᠷᠭᠡ | ᠣᠷᠴᠢᠨ ᠲᠣᠭᠤᠷᠢᠨ ᠤ ᠡᠯᠧᠮᠧᠨ᠋ᠲ ᠢ ᠬᠠᠮᠠᠭᠠᠯᠠᠵᠤ᠂ ᠵᠣᠬᠢᠴᠠᠩᠭᠤᠢ ᠪᠤᠰᠤ ᠪᠠᠷᠢᠯᠭ᠎ᠠ ᠪᠣᠯᠣᠨ ᠦᠵᠡᠮᠵᠢ ᠶᠢ | ᠴᠡᠭᠴᠡᠯᠡᠨ ᠵᠠᠰᠠᠵᠤ᠂ ᠲᠡᠦᠬᠡ ᠶᠢᠨ ᠳᠦᠷᠰᠦ ᠪᠠᠶᠢᠳᠠᠯ ᠢ ᠦᠷᠭᠦᠯᠵᠢᠯᠡᠭᠦᠯᠦᠨ᠎ᠡ᠃ ᠲᠡᠦᠬᠡ ᠰᠣᠶᠣᠯ ᠤᠨ ᠨᠡᠷᠡᠲᠦ | ᠬᠤᠲᠠ᠂ ᠨᠡᠷᠡᠲᠦ ᠪᠠᠯᠭᠠᠰᠤ᠂ ᠨᠡᠷᠡᠲᠦ ᠲᠤᠰᠬᠤᠨ ︵ᠤᠯᠠᠮᠵᠢᠯᠠᠯᠲᠤ ᠲᠤᠰᠬᠤᠨ︶ ᠤ ᠤᠯᠠᠮᠵᠢᠯᠠᠯᠲᠤ ᠪᠠᠶᠢᠷᠢᠰᠢᠯ᠂ | ᠲᠡᠦᠬᠡ ᠶᠢᠨ ᠳᠦᠷᠰᠦ ᠪᠠᠶᠢᠳᠠᠯ᠂ ᠰᠣᠶᠣᠯ ᠢᠷᠭᠡᠨᠰᠢᠯ ᠤᠨ ᠣᠷᠴᠢᠨ ᠲᠣᠭᠤᠷᠢᠨ ᠵᠢᠴᠢ ᠲᠦᠰᠢᠭᠯᠡᠨ ᠣᠷᠣᠰᠢᠵᠤ | ᠪᠦᠬᠦᠢ ᠭᠠᠵᠠᠷ ᠤᠨ ᠪᠠᠶᠢᠴᠠ ᠭᠠᠵᠠᠷ ᠤᠨ ᠭᠠᠳᠠᠷᠭᠤ᠂ ᠭᠤᠣᠯ ᠮᠥᠷᠡᠨ ᠨᠠᠭᠤᠷ ᠴᠦᠭᠦᠷᠦᠮ ᠤᠨ ᠤᠰᠤᠨ ᠰᠢᠰᠲ᠋ᠧᠮ | ᠵᠡᠷᠭᠡ ᠪᠠᠶᠢᠭᠠᠯᠢ ᠶᠢᠨ ᠦᠵᠡᠮᠵᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠪᠦᠬᠦᠯᠢ ᠴᠣᠭᠴᠠ ᠪᠠᠷ ᠬᠠᠮᠠᠭᠠᠯᠠᠬᠤ ᠶᠢ | ᠴᠢᠬᠤᠯᠠᠴᠢᠯᠠᠨ᠂ ᠤᠯᠠᠮᠵᠢᠯᠠᠯᠲᠤ ᠪᠦᠲᠦᠭᠡᠨ ᠪᠠᠶᠢᠭᠤᠯᠤᠭᠰᠠᠨ ᠤᠶᠤᠨ ᠤᠬᠠᠭᠠᠨ ᠢ ᠤᠯᠠᠮᠵᠢᠯᠠᠨ᠎ᠠ᠃ ᠪᠣᠳᠠᠰ ᠤᠨ | ᠪᠤᠰᠤ ᠰᠣᠶᠣᠯ ᠤᠨ ᠥᠪ ᠵᠢᠴᠢ ᠲᠡᠭᠦᠨ ᠤ ᠲᠦᠰᠢᠭᠯᠡᠨ ᠣᠷᠣᠰᠢᠵᠤ ᠪᠠᠶᠢᠭ᠋ ᠠ᠋ ᠰᠣᠶᠣᠯ ᠤᠨ ᠠᠮᠢ ᠠᠬᠤᠢ ᠶᠢ | ᠬᠠᠮᠠᠭᠠᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠭᠡᠮ ᠤᠨ ᠴᠢᠳᠠᠮᠵᠢ ᠪᠣᠯᠣᠨ ᠤᠳᠤ ᠦᠢ ᠡ ᠶᠢᠨ | ᠦᠷᠲᠡᠭ ᠢ ᠪᠠᠳᠠᠷᠠᠭᠤᠯᠤᠨ᠎ᠠ᠃ | ︵ᠳᠤᠯᠤᠭ᠋ ᠠ᠋︶ ᠨᠤᠷᠠᠭᠠᠬᠤ ᠬᠠᠮᠢᠶᠠᠷᠤᠯᠲᠠ ᠶᠢ ᠴᠢᠩᠳᠠᠯᠠᠨ᠎ᠠ᠃ ᠬᠤᠲᠠ ᠶᠢ ᠰᠢᠨᠡᠳᠬᠡᠨ ᠵᠠᠰᠠᠬᠤ ᠳᠤᠮᠳᠠ | ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ᠂ ᠦᠨᠡᠨ ᠢ ᠨᠤᠷᠠᠭᠠᠵᠤ ᠬᠠᠭᠤᠷᠮᠠᠭ ᠢᠶᠠᠷ ᠪᠠᠶᠢᠭᠤᠯᠬᠤ᠂ ᠬᠤᠳᠠᠯ ᠢᠶᠠᠷ | ᠦᠨᠡᠨ ᠢ ᠰᠠᠮᠠᠭᠤᠷᠠᠭᠤᠯᠬᠤ ᠶᠢ ᠴᠠᠭᠠᠵᠠᠯᠠᠵᠤ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠶᠢ ᠡᠪᠳᠡᠭᠦ ᠦᠭᠡᠢ᠂ | ᠬᠠᠭᠤᠴᠢᠨ ᠮᠣᠳᠣ ᠶᠢ ᠣᠭᠲᠣᠯᠬᠤ ᠦᠭᠡᠢ᠂ ᠤᠯᠠᠮᠵᠢᠯᠠᠯᠲᠤ ᠳᠦᠷᠰᠦ ᠪᠠᠶᠢᠳᠠᠯ ᠢ ᠡᠪᠳᠡᠭᠦ ᠦᠭᠡᠢ᠂ ᠭᠤᠣᠯ ᠮᠥᠷᠡᠨ | ᠨᠠᠭᠤᠷ ᠴᠦᠭᠦᠷᠦᠮ ᠤᠨ ᠤᠰᠤᠨ ᠰᠢᠰᠲ᠋ᠧᠮ ᠢ ᠲᠤᠷ ᠠ᠋ ᠪᠠᠷ ᠢᠶᠠᠨ ᠬᠤᠪᠢᠷᠠᠭᠤᠯᠬᠤ ᠪᠤᠶᠤ ᠡᠵᠡᠯᠡᠭᠦ ᠦᠭᠡᠢ᠂ | ᠬᠠᠭᠤᠴᠢᠨ ᠭᠠᠵᠠᠷ ᠤᠨ ᠨᠡᠷᠡᠶᠢᠳᠦᠯ ᠢ ᠲᠤᠷ ᠠ᠋ ᠪᠠᠷ ᠢᠶᠠᠨ ᠥᠭᠡᠷᠡᠴᠢᠯᠡᠬᠦ ᠦᠭᠡᠢ ᠪᠠᠶᠢᠬᠤ ᠬᠡᠷᠡᠭᠲᠡᠢ᠃ ᠬᠤᠲᠠ ᠶᠢᠨ | ᠣᠨᠴᠠ ᠲᠣᠭᠲᠠᠭᠰᠠᠨ ᠬᠥᠭᠵᠢᠯᠲᠡ ᠶᠢᠨ ᠱᠠᠲᠤ ᠦᠶ᠎ᠡ ᠶᠢ ᠬᠠᠷᠠᠭᠤᠯᠬᠤ᠂ ᠴᠢᠬᠤᠯᠠ ᠲᠡᠦᠬᠡᠨ ᠬᠡᠷᠡᠭ ᠢ ᠲᠤᠰᠬᠠᠬᠤ᠂ | ᠨᠡᠶᠢᠭᠡᠮ ᠤᠨ ᠨᠡᠶᠢᠲᠡ ᠤᠯᠠᠨ ᠤ ᠬᠠᠶᠢᠷ ᠠ᠋ ᠰᠡᠳᠬᠢᠯᠭᠡ ᠳᠤᠷᠠᠰᠤᠮᠵᠢ ᠶᠢ ᠨᠢᠭᠲᠠᠷᠠᠭᠤᠯᠵᠤ ᠳᠡᠶᠢᠯᠭᠦ ᠨᠢᠭᠡᠨᠲᠡ ᠪᠠᠶᠢᠭ᠎ᠠ | ᠪᠠᠷᠢᠯᠭ᠎ᠠ ᠶᠢ ᠦᠨᠡᠨ ᠬᠦ ᠬᠠᠮᠠᠭᠠᠯᠠᠵᠤ᠂ ᠬᠠᠮᠠᠭᠠᠯᠠᠯᠲᠠ ᠶᠢᠨ ᠦᠨ᠎ᠡ ᠦᠷᠲᠡᠭ ᠲᠠᠢ ᠬᠠᠭᠤᠴᠢᠨ ᠪᠠᠷᠢᠯᠭ᠋ ᠠ᠋᠂ | ᠡᠷᠲᠡᠨ ᠤ ᠠᠷᠠᠳ ᠤᠨ ᠣᠷᠣᠨ ᠰᠠᠭᠤᠴᠠ ᠶᠢ ᠲᠤᠷ ᠠ᠋ ᠪᠠᠷ ᠢᠶᠠᠨ ᠨᠤᠷᠠᠭᠠᠵᠤ ᠪᠤᠯᠬᠤ ᠦᠭᠡᠢ᠃ ᠤᠯᠠᠨ ᠨᠡᠶᠢᠲᠡ ᠶᠢᠨ | ᠠᠰᠢᠭ ᠲᠤᠰᠠ ᠶᠢᠨ ᠬᠡᠷᠡᠭᠴᠡᠭᠡ ᠪᠤᠶᠤ ᠠᠮᠤᠷ ᠲᠦᠪᠰᠢᠨ ᠤ ᠭᠡᠮ ᠰᠣᠭᠤᠭ ᠣᠷᠣᠰᠢᠵᠤ ᠪᠠᠶᠢᠬᠤ ᠠᠴᠠ ᠪᠣᠯᠵᠤ | ᠠᠷᠭ᠎ᠠ ᠪᠤᠰᠤ ᠨᠤᠷᠠᠭᠠᠬᠤ ᠴᠢᠬᠤᠯᠠᠲᠠᠢ ᠪᠣᠯ ᠦᠨᠡᠯᠡᠨ ᠵᠢᠱᠢᠵᠦ ᠨᠤᠲᠠᠯᠠᠯᠲᠠ ᠬᠢᠵᠦ᠂ ᠬᠠᠮᠢᠶ ᠠ᠋ ᠪᠦᠬᠦᠢ ᠰᠠᠯᠠᠭ᠋ ᠠ᠋ | ᠮᠥᠴᠢᠷ ᠪᠠ ᠤᠯᠠᠨ ᠨᠡᠶᠢᠲᠡ ᠶᠢᠨ ᠰᠠᠨᠠᠯ ᠢ ᠥᠷᠭᠡᠨ ᠢᠶᠠᠷ ᠰᠤᠨᠤᠰᠬᠤ ᠬᠡᠷᠡᠭᠲᠡᠢ᠃ | ︵ᠨᠠᠢᠮᠠ︶ ᠠᠮᠢᠳᠤᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ ᠬᠡᠷᠡᠭᠯᠡᠬᠦ ᠪᠠᠷ ᠳᠠᠮᠵᠢᠨ | ᠬᠠᠮᠠᠭᠠᠯᠠᠬᠤ ᠶᠢ ᠪᠠᠷᠢᠮᠲᠠᠯᠠᠵᠤ᠂ ᠲᠡᠦᠬᠡ ᠰᠣᠶᠣᠯ ᠤᠨ ᠥᠪ ᠢ ᠪᠦᠲᠦᠮᠵᠢᠲᠡᠶ ᠠᠰᠢᠭᠯᠠᠬᠤ ᠳᠤᠮᠳᠠ ᠬᠤᠲᠠ ᠪᠠ | ᠬᠥᠳᠡᠭᠡ ᠲᠤᠰᠬᠤᠨ ᠤ ᠥᠪᠡᠷᠮᠢᠴᠡ ᠣᠨᠴᠠᠯᠢᠭ ᠪᠦᠬᠦᠢ ᠢᠯᠡᠷᠬᠡᠶᠢᠯᠡᠯ ᠲᠡᠮᠳᠡᠭ ᠪᠠ ᠤᠯᠠᠨ ᠨᠡᠶᠢᠲᠡ ᠶᠢᠨ ᠴᠠᠭ | ᠦᠶ᠎ᠡ ᠶᠢᠨ ᠳᠤᠷᠠᠳᠬᠠᠯ ᠪᠤᠯᠭᠠᠵᠤ᠂ ᠲᠡᠦᠬᠡ ᠰᠣᠶᠣᠯ ᠪᠠ ᠤᠲᠤ ᠦᠢ ᠡ ᠶᠢᠨ ᠠᠮᠢᠳᠤᠷᠠᠯ ᠢ ᠨᠢᠭᠡ | ᠴᠣᠭᠴᠠᠵᠢᠭᠤᠯᠤᠨ᠂ ᠥᠨᠢᠳᠡ ᠤᠯᠠᠮᠵᠢᠯᠠᠨ ᠵᠠᠯᠭᠠᠮᠵᠢᠯᠠᠬᠤ ᠶᠢ ᠪᠡᠶᠡᠯᠡᠭᠦᠯᠦᠨ᠎ᠡ᠃ ᠲᠡᠦᠬᠡ ᠶᠢᠨ ᠳᠤᠷᠠᠰᠬᠠᠯᠲᠤ | ᠵᠦᠢᠯᠡᠰ ᠢ ᠴᠢᠯᠦᠭᠡᠲᠡᠢ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠨᠥᠬᠦᠴᠡᠯ ᠪᠦᠷᠢᠯᠳᠦᠭᠦᠯᠦᠭᠰᠡᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠪᠠᠷᠢᠯᠭ᠋ ᠠ᠋ ᠶᠢ ᠮᠦᠽᠧᠶ᠂ ᠳᠡᠯᠭᠡᠨ ᠦᠵᠡᠭᠦᠯᠭᠦ ᠣᠷᠳᠣᠨ ᠵᠡᠷᠭᠡ ᠤᠯᠠᠨ ᠨᠡᠶᠢᠲᠡ ᠶᠢᠨ | ᠰᠣᠶᠣᠯ ᠤᠨ ᠲᠥᠬᠦᠭᠡᠷᠦᠮᠵᠢ ᠪᠣᠯᠭᠠᠨ᠎ᠠ᠃ ᠲᠡᠦᠬᠡ ᠶᠢᠨ ᠪᠠᠷᠢᠯᠭ᠋ ᠠ᠋᠂ ᠠᠵᠤ ᠦᠢᠯᠡᠳᠪᠦᠷᠢ ᠶᠢᠨ ᠥᠪ ᠢ | ᠠᠮᠢᠳᠤᠯᠢᠭᠵᠢᠭᠤᠯᠤᠨ ᠠᠰᠢᠭᠯᠠᠵᠤ᠂ ᠤᠤᠯ ᠤᠨ ᠳᠦᠷᠰᠦ ᠪᠠᠶᠢᠳᠠᠯ᠂ ᠨᠡᠶᠢᠲᠡᠯᠢᠭ ᠲᠣᠨᠣᠭᠯᠠᠭᠠᠰᠤ ᠶᠢ ᠪᠠᠲᠤᠯᠠᠭᠰᠠᠨ | ᠰᠠᠭᠤᠷᠢᠨ ᠳᠡᠭᠡᠷ ᠡ᠂ ᠨᠡᠮᠡᠵᠦ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠲᠥᠬᠦᠭᠡᠷᠦᠮᠵᠢ ᠨᠡᠮᠡᠭᠦ ᠵᠡᠷᠭᠡ | ᠠᠷᠭ᠎ᠠ ᠪᠠᠷ ᠳᠠᠮᠵᠢᠭᠤᠯᠤᠨ ᠤᠳᠤ ᠦᠶ᠎ᠡ ᠶᠢᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠳᠤ | ᠲᠣᠬᠢᠷᠠᠯᠴᠠᠭᠤᠯᠤᠨ᠎ᠠ᠃ ᠲᠠᠷᠢᠶᠠᠯᠠᠩ ᠤᠨ ᠰᠣᠶᠣᠯ ᠤᠨ ᠥᠪ᠂ ᠤᠰᠤᠯᠠᠯᠲᠠ ᠶᠢᠨ ᠢᠨᠵᠧᠨᠧᠷᠢᠩ ᠤᠨ ᠥᠪ ᠤᠨ | ᠬᠠᠮᠠᠭᠠᠯᠠᠯᠲᠠ ᠪᠠ ᠬᠥᠭᠵᠢᠯᠲᠡ ᠶᠢᠨ ᠠᠷᠭ᠋ ᠠ᠋ ᠵᠠᠮ ᠢ ᠰᠦᠪᠡᠭᠴᠢᠯᠡᠵᠦ᠂ ᠠᠮᠢ ᠠᠬᠤᠢ ᠶᠢᠨ ᠲᠠᠷᠢᠶᠠᠯᠠᠩ᠂ ᠬᠥᠳᠡᠭᠡ | ᠲᠤᠰᠬᠤᠨ ᠤ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠤᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠵᠦᠢ ᠵᠣᠬᠢᠰᠲᠠᠢ ᠠᠰᠢᠭᠯᠠᠬᠤ ᠶᠢ | ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠳᠤ ᠦᠢ ᠡ ᠶᠢᠨ ᠦᠢᠯᠡᠳᠪᠦᠷᠢᠯᠡᠯ ᠠᠮᠢᠳᠤᠷᠠᠯ ᠳᠤ | ᠠᠭᠤᠰᠤᠨ ᠣᠷᠣᠬᠤ ᠶᠢ ᠠᠬᠢᠭᠤᠯᠤᠨ᠎ᠠ᠃ | ︵ᠶᠢᠰᠦ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠠᠭᠤᠰᠤᠯᠴᠠᠭᠤᠯᠤᠨ᠎ᠠ᠃ ᠬᠤᠲᠠ | ᠬᠥᠳᠡᠭᠡ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ᠰᠢᠨ ᠡ ᠬᠤᠲᠠ ᠪᠣᠯᠣᠨ | ᠬᠠᠭᠤᠴᠢᠨ ᠬᠤᠲᠠ ᠶᠢᠨ ᠬᠠᠷᠢᠴᠠᠭ᠋ ᠠ᠋ ᠶᠢ ᠵᠣᠬᠢᠰᠲᠠᠢ ᠰᠢᠢᠳᠪᠦᠷᠢᠯᠡᠵᠦ᠂ ᠬᠠᠭᠤᠴᠢᠨ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠨᠢᠭᠲᠠᠴᠠ ᠪᠣᠯᠣᠨ ᠬᠦᠴᠦᠯᠡᠴᠡ ᠶᠢ ᠵᠦᠢ ᠵᠣᠬᠢᠰᠲᠠᠢ ᠲᠣᠭᠲᠠᠭᠠᠨ᠂ ᠰᠢᠨᠵᠢᠯᠡᠬᠦ | ᠤᠬᠠᠭᠠᠨᠴᠢ ᠪᠠᠷ ᠨᠤᠲᠠᠯᠠᠭᠰᠠᠨ ᠤ ᠳᠠᠷᠠᠭ᠋ ᠠ᠋᠂ ᠲᠡᠦᠬᠡ ᠰᠣᠶᠣᠯ ᠤᠨ ᠬᠠᠮᠠᠭᠠᠯᠠᠵᠤ ᠤᠯᠠᠮᠵᠢᠯᠠᠬᠤ ᠯᠤᠭ᠋ ᠠ᠋ | ᠲᠣᠬᠢᠷᠠᠯᠴᠠᠬᠤ ᠦᠭᠡᠢ ᠠᠵᠤ ᠦᠢᠯᠡᠳᠪᠦᠷᠢ᠂ ᠬᠥᠮᠥᠷᠭᠡᠯᠡᠨ ᠬᠠᠳᠠᠭᠠᠯᠠᠬᠤ᠂ ᠪᠠᠷᠠᠭ᠋ ᠠ᠋ ᠶᠢᠨ ᠭᠦᠢᠯᠭᠡᠭᠡᠨ᠂ ᠣᠷᠣᠨ | ᠪᠦᠰᠡ ᠶᠢᠨ ᠴᠢᠨᠠᠷᠲᠠᠢ ᠪᠥᠭᠡᠮ ᠢᠶᠠᠷ ᠬᠤᠳᠠᠯᠳᠤᠬᠤ ᠵᠠᠭ ᠠ᠋ ᠳᠡᠯᠭᠡᠭᠦᠷ ᠵᠡᠷᠭᠡ ᠬᠤᠲᠠ ᠶᠢᠨ ᠴᠢᠳᠠᠮᠵᠢ ᠶᠢ ᠠᠯᠬᠤᠮ | ᠠᠯᠬᠤᠮ ᠢᠶᠠᠷ ᠲᠠᠷᠬᠠᠭᠠᠨ᠎ᠠ᠃ ᠦᠯᠡᠳᠡᠭᠡᠬᠦ ᠥᠭᠡᠷᠡᠴᠢᠯᠡᠬᠦ ᠨᠤᠷᠠᠭᠠᠬᠤ ᠶᠢ ᠵᠡᠷᠭᠡ ᠪᠠᠷ ᠠᠳᠬᠤᠬᠤ᠂ ᠦᠯᠡᠳᠡᠭᠡᠵᠦ | ᠬᠠᠮᠠᠭᠠᠯᠠᠬᠤ ᠪᠠᠷ ᠭᠤᠣᠯ ᠪᠤᠯᠭᠠᠬᠤ ᠵᠠᠷᠴᠢᠮ ᠶᠣᠰᠣᠭᠠᠷ᠂ ᠬᠤᠲᠠ ᠶᠢᠨ ᠠᠮᠢ ᠠᠬᠤᠢ ᠶᠢ ᠵᠠᠰᠠᠨ ᠰᠡᠷᠭᠦᠭᠡᠬᠦ ᠪᠠ | ᠴᠢᠳᠠᠮᠵᠢ ᠶᠢ ᠲᠡᠭᠦᠯᠳᠡᠷᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠰᠢᠨᠡᠴᠢᠯᠡᠯᠲᠡ ᠶᠢ ᠯᠠᠪᠳᠠᠭᠤᠨ ᠢᠶᠠᠷ | ᠠᠬᠢᠭᠤᠯᠤᠨ᠎ᠠ᠃ ᠭᠤᠤᠯᠳᠠᠯᠭ᠋ ᠠ᠋ ᠲᠠᠢ ᠭᠠᠵᠠᠷ ᠬᠡᠰᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠋ ᠠ᠋ ᠶᠢ | ᠬᠠᠮᠢᠶᠠᠷᠤᠨ ᠡᠵᠡᠮᠳᠡᠬᠦ ᠪᠠ ᠪᠠᠷᠢᠯᠭ᠋ ᠠ᠋᠂ ᠱᠤᠭᠤᠮᠠᠯ ᠢ ᠵᠢᠷᠤᠵᠤ ᠲᠥᠯᠥᠪᠯᠡᠬᠦ ᠶᠢ ᠬᠥᠲᠥᠯᠥᠨ ᠵᠢᠯᠤᠭᠤᠳᠬᠤ ᠶᠢ | ᠴᠢᠩᠭᠠᠳᠬᠠᠵᠤ᠂ ᠤᠯᠠᠮᠵᠢᠯᠠᠯᠲᠤ ᠰᠣᠶᠣᠯ ᠤᠨ ᠭᠧᠨ ᠢ ᠰᠠᠶᠢᠲᠤᠷ ᠬᠠᠮᠠᠭᠠᠯᠠᠨ᠂ ᠤᠯᠠᠮᠵᠢᠯᠠᠯ ᠤᠨ ᠰᠢᠨ᠎ᠡ ᠶᠢ | ᠡᠭᠦᠳᠭᠦ ᠶᠢ ᠵᠣᠷᠢᠭᠵᠢᠭᠤᠯᠵᠤ᠂ ᠬᠤᠲᠠ ᠶᠢᠨ ᠣᠨᠴᠠᠯᠢᠭ ᠢ ᠢᠯᠡᠷᠡᠭᠦᠯᠦᠨ᠂ ︽ᠮᠢᠩᠭᠠᠨ ᠬᠤᠲᠠ ᠨᠢᠭᠡ ᠯᠠ ᠠᠳᠠᠯᠢ᠂ | ᠲᠦᠮᠡᠨ ᠠᠰᠠᠷ ᠨᠢᠭᠡ ᠯᠡ ᠳᠦᠷᠢ ᠲᠠᠢ ᠪᠠᠶᠢᠬᠤ ᠠᠴᠠ ᠵᠠᠶᠢᠯᠠᠰᠬᠢᠨ᠎ᠠ᠃ ᠲᠡᠦᠬᠡ ᠰᠣᠶᠣᠯ ᠤᠨ ᠵᠡᠭᠡᠯᠢ ᠲᠣᠭᠤᠷᠢᠭ | ᠪᠠ ᠲᠡᠦᠬᠡ ᠶᠢᠨ ᠭᠠᠵᠠᠷ ᠬᠡᠰᠡᠭ ᠲᠤ ᠲᠦᠰᠢᠭᠯᠡᠨ ᠰᠣᠶᠣᠯ ᠤᠨ ᠦᠵᠡᠭᠦᠯᠭᠡ᠂ ᠤᠯᠠᠮᠵᠢᠯᠠᠯᠲᠤ ᠣᠷᠣᠨ ᠰᠠᠭᠤᠴᠠ᠂ | ᠣᠨᠴᠠᠯᠢᠭᠲᠤ ᠬᠤᠳᠠᠯᠳᠤᠭ᠋ ᠠ᠋᠂ ᠰᠡᠯᠡᠭᠦᠴᠡᠨ ᠣᠶᠢᠯᠠᠭᠠᠬᠤ ᠵᠡᠷᠭᠡ ᠤᠨᠴᠠᠭᠠᠢ ᠴᠢᠳᠠᠮᠵᠢᠲᠤ ᠣᠷᠣᠨ ᠢ ᠪᠦᠲᠦᠭᠡᠨ | ᠪᠠᠶᠢᠭᠤᠯᠵᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠨ᠂ ᠬᠤᠲᠠ ᠶᠢᠨ ᠠᠮᠢᠵᠢᠷᠠᠯ ᠤᠨ ᠬᠦᠴᠦᠨ ᠢ | ᠳᠡᠭᠡᠭᠰᠢᠯᠡᠭᠦᠯᠦᠨ᠎ᠡ᠃ ︽ᠬᠤᠸᠠᠷ ᠬᠠᠳᠬᠤᠬᠤ︾᠂ ︽ᠨᠡᠭᠡᠭᠦ ᠨᠦᠭᠦᠭᠦ︾ ᠵᠡᠷᠭᠡ ᠵᠢᠵᠢᠭ ᠥᠭᠡᠷᠡᠴᠢᠯᠡᠯᠲᠡ ᠶᠢᠨ | ᠠᠷᠭ᠋ ᠠ᠋ ᠮᠠᠶ᠋ᠢᠭ ᠢ ᠬᠡᠷᠡᠭᠯᠡᠨ᠂ ᠲᠡᠦᠬᠡ ᠰᠣᠶᠣᠯ ᠤᠨ ᠨᠠᠷᠠᠲᠤ ᠬᠤᠲᠠ᠂ ᠨᠠᠷᠠᠲᠤ ᠪᠠᠯᠭᠠᠰᠤ᠂ ᠨᠠᠷᠠᠲᠤ ᠲᠤᠰᠬᠤᠨ ︵ | ᠤᠯᠠᠮᠵᠢᠯᠠᠯᠲᠤ ᠲᠤᠰᠬᠤᠨ︶᠂ ᠵᠡᠭᠡᠯᠢ ᠲᠣᠭᠤᠷᠢᠭ ᠪᠠ ᠲᠡᠦᠬᠡ ᠶᠢᠨ ᠭᠠᠵᠠᠷ ᠬᠡᠰᠡᠭ ᠤᠨ ᠤᠯᠠᠨ ᠨᠡᠶᠢᠲᠡ ᠶᠢᠨ | ᠨᠡᠭᠡᠭᠡᠯᠲᠡ ᠶᠢᠨ ᠣᠷᠣᠨ ᠵᠠᠢ ᠶᠢ ᠨᠡᠮᠡᠭᠳᠡᠭᠦᠯᠵᠦ᠂ ᠢᠵᠢ ᠲᠦᠭᠦᠷᠵᠢᠭᠦᠯᠭᠦ ᠰᠠᠭᠤᠷᠢ ᠲᠥᠬᠦᠭᠡᠷᠦᠮᠵᠢ ᠪᠠ ᠤᠯᠠᠨ | ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠭᠦᠢᠴᠡᠳ ᠨᠥᠬᠦᠪᠦᠷᠢᠯᠡᠨ᠎ᠡ᠃ ᠤᠯᠠᠨ | ᠵᠦᠢᠯ ᠤᠨ ᠭᠡᠯᠪᠡᠷᠢ ᠮᠠᠶ᠋ᠢᠭ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠤ ᠪᠠᠶᠢᠭᠤᠯᠤᠯᠲᠠ ᠶᠢ | ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠰᠥᠯ ᠲᠣᠭᠲᠠᠭᠠᠵᠤ᠂ ᠬᠥᠮᠥᠨ ᠢᠶᠠᠷ | ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠵᠡᠷᠭᠡ ᠠᠷᠭ᠋ ᠠ᠋ ᠪᠠᠷᠢᠯ ᠢ ᠶᠡᠷᠦᠩᠬᠡᠶᠢᠯᠡᠨ | ᠬᠡᠷᠡᠭᠯᠡᠵᠦ᠂ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠤᠰᠬᠤᠨ ︵ᠤᠯᠠᠮᠵᠢᠯᠠᠯᠲᠤ | ᠲᠤᠰᠬᠤᠨ︶᠂ ᠵᠡᠭᠡᠯᠢ ᠲᠣᠭᠤᠷᠢᠭ ᠪᠣᠯᠣᠨ ᠲᠡᠦᠬᠡ ᠶᠢ ᠭᠠᠵᠠᠷ ᠬᠡᠰᠡᠭ ᠤᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠳᠡᠭᠡ ᠲᠤᠰᠬᠤᠨ ᠤ ᠪᠦᠲᠦᠭᠡᠨ | ᠪᠠᠶᠢᠭᠤᠯᠤᠯᠲᠠ ᠬᠢᠭᠡᠳ ᠲᠡᠦᠬᠡ ᠰᠣᠶᠣᠯ ᠤᠨ ᠨᠡᠷᠡᠲᠦ ᠪᠠᠯᠭᠠᠰᠤ᠂ ᠨᠡᠷᠡᠲᠦ ᠲᠤᠰᠬᠤᠨ ︵ᠤᠯᠠᠮᠵᠢᠯᠠᠯᠲᠤ ᠲᠤᠰᠬᠤᠨ︶ | ᠵᠢᠴᠢ ᠲᠡᠦᠬᠡ ᠶᠢᠨ ᠭᠠᠵᠠᠷ ᠬᠡᠰᠡᠭ᠂ ᠲᠠᠷᠢᠶᠠᠯᠠᠩ ᠤᠨ ᠰᠣᠶᠣᠯ ᠤᠨ ᠥᠪ᠂ ᠤᠰᠤᠯᠠᠯᠲᠠ ᠶᠢᠨ ᠢᠨᠵᠧᠨᠧᠷᠢᠩ ᠤᠨ | ᠥᠪ ᠢ ᠬᠠᠮᠠᠭᠠᠯᠠᠨ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠦᠨ᠎ᠡ᠃ | ︵ᠠᠷᠪᠠ︶ ᠲᠡᠦᠬᠡ ᠰᠣᠶᠣᠯ ᠢ ᠪᠠᠳᠠᠷᠠᠭᠤᠯᠤᠨ᠎ᠠ᠃ ᠬᠠᠮᠠᠭᠠᠯᠠᠬᠤ ᠰᠠᠭᠤᠷᠢᠨ ᠳᠡᠭᠡᠷ ᠡ ᠡᠯ ᠡ ᠲᠦᠷᠦᠯ ᠤᠨ | ᠲᠡᠦᠬᠡ ᠰᠣᠶᠣᠯ ᠤᠨ ᠥᠪ ᠢ ᠰᠤᠳᠤᠯᠤᠨ ᠲᠠᠶᠢᠯᠪᠤᠷᠢᠯᠠᠬᠤ ᠠᠵᠢᠯ ᠢ ᠴᠢᠩᠭᠠᠳᠬᠠᠵᠤ᠂ ᠲᠡᠭᠦᠨ ᠤ ᠲᠡᠦᠬᠡᠨ ᠦᠯᠢᠭᠡᠷ᠂ | ᠰᠣᠶᠣᠯ ᠤᠨ ᠦᠨ᠎ᠡ ᠦᠷᠲᠡᠭ᠂ ᠤᠶᠤᠨ ᠰᠠᠨᠠᠭᠠᠨ ᠤ ᠠᠭᠤᠯᠤᠭᠳᠠᠬᠤᠨ ᠢ ᠤᠯᠠᠨ ᠲᠠᠰ ᠳᠠᠪᠬᠤᠷᠭ᠋ ᠠ᠋᠂ ᠪᠦᠭᠦ | ᠲᠠᠯ᠎ᠠ ᠪᠠᠷ᠂ ᠦᠷᠭᠦᠯᠵᠢᠯᠡᠨ ᠠᠭᠤᠳᠤᠯᠤᠨᠠ᠃ ᠲᠡᠰ ᠳᠠᠪᠬᠤᠷᠭ᠋ ᠠ᠋ ᠬᠤᠪᠢᠶᠠᠨ᠂ ᠲᠦᠷᠦᠯ ᠬᠤᠪᠢᠶᠠᠨ ᠡᠯ ᠡ | ᠲᠦᠷᠦᠯ ᠤᠨ ᠲᠡᠦᠬᠡ ᠰᠣᠶᠣᠯ ᠤᠨ ᠥᠪ ᠢ ᠬᠤᠯᠪᠣᠵᠤ᠂ ᠦᠢᠯᠡᠳᠪᠦᠷᠢᠯᠡᠯ ᠠᠮᠢᠳᠤᠷᠠᠯ ᠳᠤ ᠠᠭᠤᠰᠤᠯᠴᠠᠭᠰᠠᠨ | ᠲᠡᠦᠬᠡ ᠰᠣᠶᠣᠯ ᠤᠨ ᠦᠵᠡᠭᠦᠯᠭᠡ ᠶᠢᠨ ᠱᠤᠭᠤᠮ᠂ ᠬᠤᠩᠭᠢᠯ ᠪᠣᠯᠣᠨ ᠲᠣᠣᠷ ᠢ ᠪᠠᠶᠢᠭᠤᠯᠵᠤ᠂ ᠭᠠᠵᠠᠷ ᠪᠣᠯᠭᠠᠨ ᠳᠤ | ᠲᠡᠦᠬᠡ ᠶᠢ ᠢᠯᠡᠷᠡᠭᠦᠯᠵᠦ᠂ ᠭᠠᠵᠠᠷ ᠪᠣᠯᠭᠠᠨ ᠳᠤ ᠰᠣᠶᠣᠯ ᠢ ᠢᠯᠡᠷᠡᠭᠦᠯᠵᠦ᠂ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠳᠤᠮᠳᠠ ᠬᠤᠳᠠ ᠶᠢᠨ ᠵᠣᠷᠢᠭ ᠰᠠᠨᠠᠭ᠋ ᠠ᠋ ᠪᠣᠯᠣᠨ ᠬᠥᠳᠡᠭᠡ ᠲᠤᠰᠬᠤᠨ ᠤ ᠪᠣᠯᠪᠠᠰᠤᠨ ᠢ ᠢᠯᠡᠷᠡᠭᠦᠯᠵᠦ᠂ | ᠥᠷᠭᠡᠨ ᠤᠯᠠᠨ ᠠᠷᠠᠳ ᠲᠦᠮᠡᠨ ᠢ ᠡᠳᠦᠷ ᠪᠣᠯᠭᠠᠨ ᠬᠡᠷᠡᠭᠯᠡᠬᠦ ᠳᠤᠮᠳᠠ ᠦᠯᠦ ᠮᠡᠳᠡᠭᠳᠡᠮ᠎ᠡ ᠪᠠᠷ ᠰᠣᠶᠣᠯ ᠤᠨ | ᠨᠥᠯᠥᠭᠡ ᠶᠢ ᠭᠦ᠊ ᠷᠳᠡᠭᠦ ᠪᠣᠯᠭᠠᠨ᠎ᠠ᠃ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠨᠡᠮᠡᠭᠳᠡᠭᠦᠯᠵᠦ᠂ ᠤᠯᠠᠮᠵᠢᠯᠠᠯᠲᠤ | ᠪᠠᠶᠠᠷ ᠳᠤᠷᠠᠰᠬᠠᠯ ᠤᠨ ᠠᠵᠢᠯᠯᠠᠭ᠋ ᠠ᠋᠂ ᠳᠤᠷᠠᠰᠬᠠᠬᠤ ᠠᠵᠢᠯᠯᠠᠭ᠋ ᠠ᠋᠂ ᠰᠣᠶᠣᠯ ᠤᠨ ᠣᠨ ᠵᠡᠷᠭᠡ ᠤᠯᠠᠨ ᠶᠠᠩᠵᠤ | ᠭᠡᠯᠪᠡᠷᠢ ᠶᠢᠨ ᠰᠣᠶᠣᠯ ᠤᠨ ᠭᠤᠣᠯ ᠰᠡᠳᠦᠪᠲᠦ ᠠᠵᠢᠯᠯᠠᠭ᠋ ᠠ᠋ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠯᠡᠳᠬᠡᠬᠦ | ᠠᠷᠭ᠋ ᠠ᠋ ᠮᠠᠶ᠋ᠢᠭ ᠤᠨ ᠰᠢᠨ᠎ᠡ ᠶᠢ ᠡᠭᠦᠳᠴᠦ᠂ ᠰᠣᠨᠢᠨ ᠮᠡᠳᠡᠭᠡ ᠮᠡᠳᠡᠭᠡᠯᠡᠯ᠂ ᠲᠧᠯᠸᠢᠰ ᠵᠦᠴᠦᠭᠡ᠂ ᠲᠧᠯᠸᠢᠰ ᠫᠷᠣᠭ᠍ᠷᠠᠮ | ᠂ ᠪᠠᠷᠢᠮᠲᠠᠲᠤ ᠹᠢᠯᠢᠮ᠂ ᠺᠠᠷᠲ᠋ᠣᠨ ᠺᠢᠨᠤ᠋᠂ ᠣᠬᠤᠷ ᠸᠢᠳᠢᠤ᠋ ᠵᠡᠷᠭᠡ ᠤᠯᠠᠨ ᠵᠦᠢᠯ ᠤᠨ ᠭᠡᠯᠪᠡᠷᠢ ᠪᠠᠷ ᠳᠤᠮᠳᠠᠳᠤ ᠶᠢᠨ | ᠪᠣᠯᠪᠠᠰᠤᠨ ᠤ ᠨᠥᠯᠥᠭᠡᠯᠡᠬᠦ ᠬᠦᠴᠦᠨ᠂ ᠨᠢᠭᠲᠠᠷᠠᠭᠤᠯᠬᠤ ᠬᠦᠴᠦᠨ ᠪᠣᠯᠣᠨ ᠤᠷᠢᠶᠠᠯᠠᠬᠤ ᠬᠦᠴᠦᠨ ᠢ ᠭᠦᠢᠴᠡᠳ | ᠢᠯᠡᠷᠡᠭᠦᠯᠦᠨ᠎ᠡ᠃ | ᠳᠥᠷᠪᠡ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ | ︵ ᠠᠷᠪᠠᠨ ᠨᠢᠭᠡ︶ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠨ᠎ᠠ᠃ ᠣᠷᠣᠨ | ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠋ ᠠ᠋ | ᠮᠥᠴᠢᠷ ᠤᠳ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠭᠦᠷᠭᠡ ᠬᠠᠷᠢᠭᠤᠴᠠᠯᠭ᠋ ᠠ᠋ ᠪᠠᠨ ᠰᠠᠶᠢᠲᠤᠷ | ᠭᠦᠢᠴᠡᠳᠬᠡᠵᠦ᠂ ᠤᠬᠠᠭᠤᠯᠭ᠋ ᠠ᠋᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ᠂ | ᠬᠥᠳᠡᠭᠡ ᠠᠵᠤ ᠠᠬᠤᠢ ᠬᠥᠳᠡᠭᠡ ᠲᠤᠰᠬᠤᠨ᠂ ᠬᠤᠳᠠᠯᠳᠤᠭᠠᠨ ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠢ ᠰᠢᠭᠤᠢ ᠨᠤᠲᠤᠭ ᠪᠡᠯᠴᠢᠭᠡᠷ ᠵᠡᠷᠭᠡ ᠰᠠᠯᠠᠭ᠋ ᠠ᠋ ᠮᠥᠴᠢᠷ ᠯᠦᠭᠡ | ᠨᠡᠪᠲᠡᠷᠡᠯᠴᠡᠨ ᠵᠥᠪᠳᠡᠯᠴᠡᠬᠦ ᠪᠠᠨ ᠴᠢᠩᠭᠠᠳᠬᠠᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠡᠯ ᠡ | ᠲᠦᠷᠦᠯ ᠤᠨ ᠲᠡᠦᠬᠡ ᠰᠣᠶᠣᠯ ᠤᠨ ᠥᠪ ᠢ ᠬᠠᠮᠠᠭᠠᠯᠠᠬᠤ ᠠᠵᠢᠯ ᠤᠨ ᠬᠠᠮᠵᠢᠯᠴᠠᠭ᠋ ᠠ᠋ ᠶᠢ ᠴᠢᠩᠭᠠᠳᠬᠠᠵᠤ᠂ ᠳᠦᠷᠢᠮ᠂ | ᠲᠦᠷᠦ ᠶᠢᠨ ᠪᠤᠳᠤᠯᠭ᠋ ᠠ᠋᠂ ᠪᠠᠷᠢᠮᠵᠢᠶ ᠠ᠋ ᠶᠢᠨ ᠵᠣᠬᠢᠴᠠᠯᠳᠤᠨ ᠵᠣᠯᠭᠠᠭᠤᠯᠬᠤ ᠶᠢ ᠴᠢᠩᠭᠠᠳᠬᠠᠨ᠎ᠠ᠃ ᠣᠷᠣᠨ ᠪᠦᠰᠡ | ᠠᠯᠤᠰᠯᠠᠭᠰᠠᠨ᠂ ᠰᠠᠪᠠ ᠭᠠᠵᠠᠷ ᠠᠯᠤᠰᠯᠠᠭᠰᠠᠨ ᠲᠡᠦᠬᠡ ᠰᠣᠶᠣᠯ ᠤᠨ ᠥᠪ ᠤᠨ ᠪᠦᠬᠦᠯᠢ ᠴᠣᠭᠴᠠ ᠶᠢᠨ | ᠬᠠᠮᠠᠭᠠᠯᠠᠯᠲᠠ ᠶᠢ ᠴᠢᠩᠭᠠᠳᠬᠠᠵᠤ᠂ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ | ᠬᠠᠮᠠᠭᠠᠯᠠᠯᠲᠠ ᠵᠡᠷᠭᠡ ᠭᠤᠤᠯᠳᠠᠯᠭ᠋ ᠠ᠋ ᠲᠠᠢ ᠠᠵᠢᠯ ᠲᠠᠢ ᠤᠶᠠᠯᠳᠤᠭᠤᠯᠤᠨ᠂ ᠤᠯᠤᠰ ᠤᠨ ᠴᠢᠬᠤᠯᠠ ᠶᠡᠭᠡ ᠣᠷᠣᠨ | ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠋ ᠠ᠋ ᠳᠤ ᠢᠳᠡᠪᠬᠢᠲᠡᠢ ᠪᠠᠷ ᠠᠭᠤᠰᠤᠯᠴᠠᠨ᠎ᠠ᠃ | ︵ ᠠᠷᠪᠠᠨ ᠬᠤᠶᠠᠷ︶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠲᠡᠦᠬᠡ ᠰᠣᠶᠣᠯ ᠤᠨ ᠡᠬᠢ | ᠪᠠᠶᠠᠯᠢᠭ ᠢ ᠪᠠᠶᠢᠴᠠᠭᠠᠨ ᠦᠨᠡᠯᠡᠭᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ | ᠪᠠᠶᠢᠴᠠᠭᠠᠬᠤ᠂ ᠦᠨᠡᠯᠡᠨ ᠵᠢᠱᠢᠭᠦ ᠪᠠ ᠮᠠᠭᠠᠳᠯᠠᠨ ᠲᠣᠭᠲᠠᠭᠠᠬᠤ ᠠᠵᠢᠯ ᠢ ᠦ᠊ ᠷᠭᠦᠯᠵᠢᠯᠡᠨ ᠥᠷᠨᠢᠭᠦᠯᠵᠦ᠂ | ᠬᠠᠮᠠᠭᠠᠯᠠᠬᠤ ᠡᠲᠡᠭᠡᠳ ᠢ ᠴᠠᠭ ᠲᠤᠬᠠᠢ ᠳᠤᠨᠢ ᠥᠷᠭᠡᠳᠬᠡᠨ ᠲᠡᠭᠦᠯᠳᠡᠷᠵᠢᠭᠦᠯᠵᠦ᠂ ᠬᠠᠮᠠᠭᠠᠯᠠᠬᠤ ᠨᠡᠷᠡᠰ ᠢ | ᠪᠠᠶᠠᠯᠢᠭᠵᠢᠭᠤᠯᠤᠨ᠎ᠠ᠃ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠠᠭᠤᠴᠢ ᠰᠤᠳᠤᠯᠤᠯ ᠤᠨ ᠤᠷᠢᠳᠠᠴᠢ | ᠳᠦᠷᠢᠮ ᠢ ᠪᠠᠷᠢᠮᠲᠠᠯᠠᠵᠤ᠂ ᠲᠡᠦᠬᠡ ᠰᠣᠶᠣᠯ ᠤᠨ ᠥᠪ ᠤᠨ ᠬᠠᠮᠠᠭᠠᠯᠠᠯᠲᠠ ᠶᠢ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠳᠤ ᠤᠷᠢᠳᠴᠢᠯᠠᠨ ᠤᠷᠤᠯᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠬᠠᠮᠠᠭᠠᠯᠠᠵᠤ | ᠰᠡᠯᠪᠢᠨ ᠵᠠᠰᠠᠬᠤ ᠶᠢᠨ ᠪᠦᠭᠦ ᠶᠠᠪᠤᠴᠠ ᠶᠢᠨ ᠬᠠᠮᠢᠶᠠᠷᠤᠯᠲᠠ ᠶᠢ ᠠᠬᠢᠭᠤᠯᠵᠤ᠂ ᠡᠯ ᠡ ᠲᠦᠷᠦᠯ ᠤᠨ ᠬᠠᠮᠠᠭᠠᠯᠠᠬᠤ | ᠡᠲᠡᠭᠡᠳ ᠤᠨ ᠬᠠᠮᠠᠭᠠᠯᠠᠬᠤ᠂ ᠰᠡᠯᠪᠢᠨ ᠵᠠᠰᠠᠬᠤ᠂ ᠥᠭᠡᠷᠡᠴᠢᠯᠡᠬᠦ᠂ ᠨᠡᠭᠦᠯᠭᠡᠬᠦ ᠳᠤ ᠬᠢᠨᠠᠨ ᠵᠥᠪᠰᠢᠶᠡᠷᠡᠬᠦ | ᠬᠠᠮᠢᠶᠠᠷᠤᠯᠲᠠ ᠶᠢ ᠬᠡᠷᠡᠭᠵᠢᠭᠦᠯᠬᠦ ᠶᠢ ᠰᠢᠯᠢᠳᠡᠭᠵᠢᠭᠦᠯᠵᠦ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠤᠷᠢᠭ᠋ ᠠ᠋ ᠱᠤᠭᠤᠮ ᠤᠨ ᠬᠠᠮᠢᠶᠠᠷᠤᠯᠲᠠ ᠶᠢᠨ ᠵᠠᠭᠪᠤᠷ ᠢ | ᠠᠮᠢᠳᠤᠯᠢᠭ ᠢᠶᠠᠷ ᠠᠰᠢᠭᠯᠠᠬᠤ ᠶᠢ ᠰᠦᠪᠡᠭᠴᠢᠯᠡᠵᠦ᠂ ᠲᠦᠷᠦᠯ ᠭᠡᠯᠪᠡᠷᠢ ᠪᠠ ᠣᠷᠣᠨ ᠪᠦᠰᠡ ᠬᠤᠪᠢᠶᠠᠨ ᠲᠦᠷᠦᠯ | ᠵᠦᠢᠯ ᠳᠤ ᠵᠥᠪᠰᠢᠶᠡᠷᠡᠨ ᠤᠷᠤᠭᠤᠯᠬᠤ ᠨᠠᠵᠠᠭᠠᠢ ᠲᠠᠯ ᠠ᠋ ᠶᠢᠨ ᠨᠠᠷᠢᠨ ᠳᠠᠩᠰᠠ ᠶᠢ ᠪᠠᠶᠢᠭᠤᠯᠵᠤ᠂ ᠲᠣᠭᠲᠠᠮᠠᠯ | ᠬᠤᠭᠤᠴᠠᠭ᠋ ᠠ᠋ ᠲᠠᠢ ᠪᠠᠷ ᠦᠨᠡᠯᠡᠨ ᠵᠢᠱᠢᠵᠦ᠂ ᠬᠥᠳᠡᠯᠦᠩᠭᠦᠢ ᠪᠠᠷ ᠲᠣᠬᠢᠷᠠᠭᠤᠯᠤᠯᠲᠠ ᠬᠢᠨ᠎ᠡ᠃ ᠪᠦᠭᠦ ᠠᠮᠢ ᠨᠠᠰᠤᠨ ᠤ | ᠦᠶᠡᠯᠡᠯ ᠤᠨ ᠬᠤᠭᠤᠴᠠᠭᠠᠨ ᠤ ᠪᠠᠷᠢᠯᠭ᠋ ᠠ᠋ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠪᠠᠷᠢᠯᠭ᠋ ᠠ᠋ ᠶᠢᠨ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠲᠠᠢ | ᠤᠶᠠᠯᠳᠤᠭᠤᠯᠤᠨ᠂ ᠨᠢᠭᠡᠨᠲᠡ ᠪᠠᠶᠢᠭ᠋ ᠠ᠋ ᠪᠠᠷᠢᠯᠭ᠋ ᠠ᠋ ᠶᠢ ᠥᠭᠡᠷᠡᠴᠢᠯᠡᠨ ᠪᠠᠶᠢᠭᠤᠯᠬᠤ᠂ ᠨᠤᠷᠠᠭᠠᠬᠤ ᠬᠠᠮᠢᠶᠠᠷᠤᠯᠲᠠ ᠪᠠᠨ | ᠴᠢᠩᠭᠠᠳᠬᠠᠨ᠎ᠠ᠃ | ︵ ᠠᠷᠪᠠᠨ ᠭᠤᠷᠪᠠ︶ ᠤᠯᠠᠨ ᠲᠠᠯ ᠠ᠋ ᠶᠢᠨ ᠣᠷᠤᠯᠴᠠᠬᠤ ᠶᠢ ᠠᠬᠢᠭᠤᠯᠤᠨ᠎ᠠ᠃ ᠡᠯ ᠡ ᠲᠠᠯ ᠠ᠋ ᠶᠢᠨ ᠭᠤᠣᠯ | ᠴᠣᠭᠴᠠ ᠶᠢᠨ ᠬᠢᠨ ᠤ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠲᠥᠯᠥᠪᠵᠢᠭᠦᠯᠪᠡ᠂ | ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠡᠯ ᠡ ᠭᠤᠭᠴᠤᠭ᠋ ᠠ᠋ ᠳᠤ ᠢᠳᠡᠪᠬᠢ ᠦᠢᠯᠡᠳᠦᠯ ᠢᠶᠠᠨ | ᠪᠠᠳᠠᠷᠠᠭᠤᠯᠬᠤ ᠶᠢ ᠵᠣᠷᠢᠭᠵᠢᠭᠤᠯᠤᠨ᠎ᠠ᠃ ᠦᠮᠴᠢᠯᠡᠯ ᠤᠨ ᠡᠷᠬᠡᠲᠦ ᠬᠥᠮᠥᠨ᠂ ᠬᠡᠷᠡᠭᠯᠡᠭᠴᠢ ᠪᠠ ᠬᠢᠨᠠᠨ | ᠬᠠᠮᠢᠶᠠᠷᠤᠭᠴᠢ ᠶᠢᠨ ᠬᠠᠮᠠᠭᠠᠯᠠᠬᠤ ᠬᠠᠷᠢᠭᠤᠴᠠᠯᠭ᠋ ᠠ᠋ ᠶᠢ ᠲᠣᠳᠣᠷᠬᠠᠶᠢᠯᠠᠵᠤ᠂ ᠬᠠᠮᠠᠭᠠᠯᠠᠵᠤ ᠬᠠᠮᠢᠶᠠᠷᠬᠤ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ | ᠳᠥᠭᠦᠮᠴᠢᠯᠡᠵᠦ᠂ ᠬᠠᠷᠠᠭᠠᠯᠵᠠᠯ ᠤᠨ ᠲᠦᠷᠦ ᠶᠢᠨ ᠪᠤᠳᠤᠯᠭ᠋ ᠠ᠋ ᠲᠣᠭᠲᠠᠭᠠᠨ᠂ ᠵᠠᠬ᠎ᠠ ᠳᠡᠯᠭᠡᠭᠦᠷ ᠤᠨ ᠵᠢᠱᠢᠯᠲᠡ ᠶᠢ | ᠲᠣᠭᠲᠠᠪᠤᠷᠢᠵᠢᠭᠤᠯᠵᠤ᠂ ᠵᠠᠭ᠎ᠠ ᠳᠡᠯᠭᠡᠭᠦᠷ ᠤᠨ ᠭᠤᠣᠯ ᠴᠣᠭᠴᠠ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ | ᠠᠵᠢᠯ ᠳᠤ ᠦᠷᠭᠦᠯᠵᠢᠯᠡᠨ ᠣᠷᠤᠯᠴᠠᠬᠤ ᠶᠢ ᠵᠣᠷᠢᠭᠵᠢᠭᠤᠯᠤᠨ᠎ᠠ᠃ | ︵ ᠠᠷᠪᠠᠨ ᠳᠥᠷᠪᠡ︶ ᠱᠠᠩᠨᠠᠵᠤ ᠤᠷᠮᠠᠰᠢᠭᠤᠯᠬᠤ ᠶᠢ ᠴᠢᠩᠭᠠᠷᠠᠭᠤᠯᠤᠨ᠎ᠠ᠃ ᠣᠷᠣᠨ ᠨᠤᠲᠤᠭ ᠤᠨ | ᠵᠠᠰᠠᠭ ᠤᠨ ᠣᠷᠳᠣᠨ ᠢ ᠵᠣᠷᠢᠭᠵᠢᠭᠤᠯᠵᠤ ᠪᠠᠶᠢᠭᠠᠳ ᠱᠠᠩᠨᠠᠵᠤ ᠨᠥᠬᠦᠪᠦᠷᠢᠯᠡᠬᠦ ᠲᠦᠷᠦ ᠶᠢᠨ ᠪᠤᠳᠤᠯᠭ᠋ ᠠ᠋ ᠶᠢ | ᠰᠤᠳᠤᠯᠤᠨ ᠲᠣᠭᠲᠠᠭᠠᠵᠤ᠂ ᠱᠠᠩᠨᠠᠬᠤ ᠪᠠᠷ ᠨᠥᠬᠦᠪᠦᠷᠢ ᠥᠭᠬᠦ ᠶᠢ ᠣᠷᠣᠯᠠᠭᠤᠯᠬᠤ᠂ ᠪᠡᠯᠡ ᠮᠥᠩᠭᠦ ᠶᠢᠨ ᠨᠥᠬᠦᠪᠦᠷᠢ | ᠥᠭᠬᠦ ᠵᠡᠷᠭᠡ ᠠᠷᠭ᠋ ᠠ᠋ ᠮᠠᠶ᠋ᠢᠭ ᠢᠶᠠᠷ ᠳᠠᠮᠵᠢᠭᠤᠯᠤᠨ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ | ᠤᠯᠠᠮᠵᠢᠯᠠᠬᠤ ᠠᠵᠢᠯ ᠢ ᠳᠡᠮᠵᠢᠨ᠎ᠡ᠃ ᠠᠵᠢᠯ ᠤᠨ ᠠᠮᠵᠢᠯᠲᠠ ᠪᠦᠲᠦᠮᠵᠢ ᠶᠢ ᠮᠥᠷᠳᠡᠨ ᠦᠨᠡᠯᠡᠭᠦ ᠶᠢ ᠥᠷᠨᠢᠭᠦᠯᠵᠦ᠂ | ᠡᠯ ᠡ ᠭᠠᠵᠠᠷ ᠤᠨ ᠬᠠᠮᠠᠭᠠᠯᠠᠨ ᠤᠯᠠᠮᠵᠢᠯᠠᠬᠤ ᠠᠵᠢᠯ ᠤᠨ ᠳᠤᠮᠳᠠᠬᠢ ᠰᠠᠶᠢᠨ ᠲᠤᠷᠰᠢᠯᠭ᠋ ᠠ᠋ ᠰᠠᠶᠢᠨ ᠠᠷᠭ᠋ ᠠ᠋ ᠬᠢᠳᠡᠯ ᠢ | ᠴᠠᠭ ᠲᠤᠬᠠᠢ ᠳᠤᠨᠢ ᠳ᠋ᠦᠩᠨᠡᠨ᠂ ᠬᠠᠮᠠᠭᠠᠯᠠᠵᠤ ᠤᠯᠠᠮᠵᠢᠯᠠᠬᠤ ᠠᠵᠢᠯ ᠤᠨ ᠦᠷ ᠡ ᠪᠦᠲᠦᠮᠵᠢ ᠢᠯᠡᠷᠬᠡᠢ᠂ ᠤᠯᠠᠨ | ᠲᠦᠮᠡᠨ ᠤ ᠨᠡᠶᠢᠳᠡᠮ ᠤᠨ ᠲᠤᠰᠬᠠᠯ ᠰᠠᠶᠢᠨ ᠪᠠᠶᠢᠪᠠᠯ ᠤᠬᠠᠭᠤᠯᠤᠨ ᠳᠡᠯᠭᠡᠷᠡᠭᠦᠯᠦᠨ᠎ᠡ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠦᠨ᠎ᠡ᠃ | ︵ ᠠᠷᠪᠠᠨ ᠲᠠᠪᠤ︶ ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠪᠠᠨ ᠴᠢᠩᠭᠠᠳᠬᠠᠨ᠎ᠠ᠃ ᠬᠤᠲᠠ ᠬᠥᠳᠡᠭᠡ ᠶᠢᠨ | ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢᠨ | ᠳᠦᠷᠢᠮ ᠢ ᠪᠠᠶᠢᠭᠤᠯᠵᠤ᠂ ᠬᠤᠲᠠ ᠰᠢᠶᠠᠨ ᠨᠢ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ | ᠲᠣᠭᠤᠷᠢᠨ ᠪᠠᠶᠢᠴᠠᠭᠠᠬᠤ ᠠᠵᠢᠯ ᠢ ᠨᠡᠶᠢᠭᠡᠮ ᠲᠣᠭᠤᠷᠢᠭ ᠤᠨ ᠲᠤᠤᠷᠵᠢᠭᠰᠠᠨ ᠬᠠᠮᠢᠶᠠᠷᠤᠯᠲᠠ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠵᠡᠷᠭᠡ ᠬᠡᠪᠴᠢᠶᠡᠨ ᠳᠤ ᠣᠷᠣᠭᠤᠯᠤᠨ᠎ᠠ᠃ ᠬᠤᠲᠠ | ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠶᠢ ᠦᠨᠡᠯᠡᠨ ᠵᠢᠱᠢᠭᠦ ᠲᠣᠭᠲᠠᠴᠠ ᠶᠢ ᠪᠠᠶᠢᠭᠤᠯᠵᠤ᠂ | ᠬᠠᠮᠠᠭᠠᠯᠠᠵᠤ ᠤᠯᠠᠮᠵᠢᠯᠠᠬᠤ ᠠᠵᠢᠯ ᠤᠨ ᠪᠠᠶᠢᠳᠠᠯ᠂ ᠬᠠᠮᠠᠭᠠᠯᠠᠬᠤ ᠡᠲᠡᠭᠡᠳ ᠤᠨ ᠬᠠᠮᠠᠭᠠᠯᠠᠯᠲᠠ ᠶᠢᠨ ᠪᠠᠶᠢᠳᠠᠯ ᠢ | ᠲᠣᠭᠲᠠᠮᠠᠯ ᠬᠤᠭᠤᠴᠠᠭ᠋ ᠠ᠋ ᠲᠠᠢ ᠪᠠᠷ ᠦᠨᠡᠯᠡᠨ ᠵᠢᠱᠢᠨ᠎ᠡ᠃ ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠲᠣᠭᠲᠠᠴᠠ ᠶᠢ | ᠪᠦᠷᠢᠨᠰᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠨ᠂ ᠬᠠᠤᠯᠢ ᠬᠡᠷᠡᠭᠵᠢᠭᠦᠯᠬᠦ ᠶᠢ | ᠪᠠᠶᠢᠴᠠᠭᠠᠬᠤ ᠪᠠᠨ ᠴᠢᠩᠭᠠᠳᠬᠠᠵᠤ᠂ ᠬᠠᠤᠯᠢ ᠠᠴᠠ ᠵᠥᠷᠢᠴᠡᠨ ᠡᠪᠳᠡᠭᠦ ᠡᠯ ᠡ ᠲᠦᠷᠦᠯ ᠤᠨ ᠦᠢᠯᠡ ᠠᠵᠢᠯᠯᠠᠭ᠋ ᠠ᠋ ᠶᠢ | ᠴᠠᠭ ᠲᠤᠬᠠᠢ ᠳᠤᠨᠢ ᠣᠯᠵᠤ ᠮᠡᠳᠡᠭᠦ ᠶᠢᠨ ᠬᠠᠮᠲᠤ ᠬᠤᠷᠢᠭᠯᠠᠨ ᠵᠣᠭᠰᠣᠭᠠᠨ᠎ᠠ᠃ ᠤᠯᠤᠰ ᠤᠨ ᠬᠠᠮᠢᠶ ᠠ᠋ ᠪᠦᠬᠦᠢ | ᠭᠤᠣᠯᠴᠢᠯᠠᠨ ᠬᠠᠮᠢᠶᠠᠷᠬᠤ ᠰᠠᠯᠠᠭ᠋ ᠠ᠋ ᠮᠥᠴᠢᠷ ᠨᠢ ᠰᠤᠭᠤᠴᠢᠨ ᠪᠠᠶᠢᠴᠠᠭᠠᠬᠤ ᠠᠵᠢᠯ ᠢ ᠴᠠᠭ ᠲᠤᠬᠠᠢ ᠳᠤᠨᠢ | ᠥᠷᠨᠢᠭᠦᠯᠦᠨ᠎ᠡ᠃ ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠲᠡᠦᠬᠡ | ᠰᠣᠶᠣᠯ ᠤᠨ ᠬᠠᠮᠠᠭᠠᠯᠠᠵᠤ ᠤᠯᠠᠮᠵᠢᠯᠠᠬᠤ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠋ ᠠ᠋ ᠶᠢ ᠢᠯᠡᠴᠢᠯᠡᠨ ᠮᠡᠳᠡᠭᠦᠯᠭᠦ ᠶᠢ ᠵᠣᠷᠢᠭᠵᠢᠭᠤᠯᠤᠨ᠎ᠠ᠃ ᠬᠤᠲᠠ ᠬᠥᠳᠡᠭᠡ ᠶᠢᠨ ᠲᠡᠦᠬᠡ ᠰᠣᠶᠣᠯ ᠤᠨ | ᠥᠪ ᠤᠨ ᠲᠤᠭ᠋ ᠠ᠋ ᠪᠠᠷᠢᠮᠲᠠ ᠶᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠭᠦ ᠶᠢ ᠴᠢᠩᠭᠠᠳᠬᠠᠨ᠂ ᠬᠢᠨᠠᠨ ᠭᠡᠮᠵᠢᠭᠦ | ᠬᠠᠮᠢᠶᠠᠷᠤᠯᠲᠠ ᠶᠢᠨ ᠬᠢᠷᠢ ᠭᠡᠮᠵᠢᠶ ᠡ ᠶᠢ ᠳᠡᠭᠡᠭᠰᠢᠯᠡᠭᠦᠯᠵᠦ᠂ ᠤᠯᠤᠰ᠂ ᠮᠤᠵᠢ ︵ᠦᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ ᠠ᠋ ᠬᠤᠲᠠ︶᠂ ᠬᠤᠲᠠ ᠰᠢᠶᠠᠨ ᠭᠤᠷᠪᠠᠨ ᠱᠠᠲᠤᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ︵ ᠠᠷᠪᠠᠨ ᠵᠢᠷᠭᠤᠭ᠋ ᠠ᠋︶ ᠰᠢᠯᠭᠠᠨ ᠬᠢᠨᠠᠵᠤ ᠬᠠᠷᠢᠭᠤᠴᠠᠯᠭ᠋ ᠠ᠋ ᠨᠡᠬᠡᠮᠵᠢᠯᠡᠬᠦ ᠶᠢ ᠴᠢᠩᠭᠠᠷᠠᠭᠤᠯᠤᠨ᠎ᠠ᠃ ᠲᠡᠦᠬᠡ | ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠢ ᠪᠦᠭᠦ ᠤᠯᠤᠰ ᠤᠨ ᠪᠣᠯᠪᠠᠰᠤᠨ ᠬᠤᠲᠠ ᠶᠢᠨ ᠰᠢᠯᠭᠠᠨ ᠦᠨᠡᠯᠡᠭᠦ | ᠰᠢᠰᠲ᠋ᠧᠮ ᠳᠤ ᠣᠷᠣᠭᠤᠯᠤᠨ᠎ᠠ᠃ ᠤᠳᠤᠷᠢᠳᠬᠤ ᠺᠠᠳ᠋ᠷ ᠤᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ | ᠠᠵᠢᠯ ᠤᠨ ᠳᠤᠮᠳᠠᠬᠢ ᠠᠵᠤ ᠠᠬᠤᠢ ᠶᠢᠨ ᠬᠠᠷᠢᠭᠤᠴᠠᠯᠭ᠋ ᠠ᠋ ᠪᠠᠨ ᠭᠦᠢᠴᠡᠳᠬᠡᠭᠰᠡᠨ ᠪᠠᠶᠢᠳᠠᠯ ᠢ ᠬᠢᠨᠠᠨ ᠪᠤᠳᠤᠵᠤ | ᠬᠢᠨᠠᠯᠲᠠ ᠲᠠᠯᠪᠢᠬᠤ᠂ ᠬᠢᠨᠠᠨ ᠪᠤᠳᠤᠭᠰᠠᠨ ᠦᠷ ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ | ᠪᠣᠳᠣᠯᠲᠠ ᠬᠢᠯᠭᠡᠭᠰᠡᠨ ᠤᠳᠤᠷᠢᠳᠬᠤ ᠺᠠᠳ᠋ᠷ ᠢ ᠬᠢᠨᠠᠨ ᠰᠢᠯᠭᠠᠬᠤ᠂ ᠲᠣᠮᠢᠯᠠᠵᠤ ᠪᠠᠭᠤᠯᠭᠠᠬᠤ᠂ ᠱᠠᠩᠨᠠᠵᠤ ᠲᠣᠷᠭᠤᠭᠠᠬᠤ | ᠴᠢᠬᠤᠯᠠ ᠯᠠᠪᠯᠠᠯᠲᠠ ᠪᠤᠯᠭᠠᠬᠤ ᠶᠢ ᠴᠢᠩᠭᠠᠳᠬᠠᠨ᠎ᠠ᠃ ᠬᠠᠮᠠᠭᠠᠯᠠᠬᠤ ᠨᠡᠷᠡᠰ ᠤᠨ ᠵᠢᠭᠰᠠᠭᠠᠯᠲᠠ ᠳᠤ | ᠵᠢᠭᠰᠠᠭᠠᠭᠳᠠᠭᠰᠠᠨ ᠪᠤᠯᠪᠠᠴᠤ ᠰᠠᠶᠢᠲᠤᠷ ᠬᠠᠮᠠᠭᠠᠯᠠᠭᠰᠠᠨ ᠦᠭᠡᠢ ᠠᠴᠠ ᠪᠣᠯᠵᠤ ᠲᠡᠦᠬᠡ ᠰᠣᠶᠣᠯ ᠤᠨ | ᠦᠨᠡᠦᠷᠲᠡᠭ ᠢ ᠬᠦᠨᠳᠦ ᠨᠣᠴᠢᠲᠠᠢ ᠨᠥᠯᠥᠭᠡᠯᠡᠭᠰᠡᠨ ᠲᠡᠦᠬᠡ ᠰᠣᠶᠣᠯ ᠤᠨ ᠨᠠᠷᠠᠲᠤ ᠬᠤᠲᠠ᠂ ᠨᠠᠷᠠᠲᠤ ᠪᠠᠯᠭᠠᠰᠤ᠂ | ᠨᠠᠷᠠᠲᠤ ᠲᠤᠰᠬᠤᠨ ︵ᠤᠯᠠᠮᠵᠢᠯᠠᠯᠲᠤ ᠠᠶᠢᠯ ᠲᠤᠰᠬᠤᠨ︶᠂ ᠵᠡᠭᠡᠯᠢ ᠲᠣᠭᠤᠷᠢᠭ ᠪᠠ ᠲᠡᠦᠬᠡ ᠶᠢᠨ ᠪᠠᠷᠢᠯᠭ᠋ ᠠ᠋᠂ | ᠲᠡᠦᠬᠡ ᠶᠢᠨ ᠭᠠᠵᠠᠷ ᠬᠡᠰᠡᠭ ᠢ ᠤᠰᠠᠳᠬᠤ ᠠᠶᠤᠯᠲᠠᠢ ᠨᠡᠷᠡᠰ ᠲᠤ ᠵᠢᠭᠰᠠᠭᠠᠨ ᠣᠷᠣᠭᠤᠯᠵᠤ᠂ ᠬᠤᠭᠤᠴᠠᠭ᠋ ᠠ᠋ | ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠢ ᠬᠢᠷᠢ ᠲᠡᠩᠴᠡᠭᠰᠡᠨ ᠦᠭᠡᠢ ᠶᠢ ᠨᠢ | ᠬᠠᠮᠠᠭᠠᠯᠠᠯᠲᠠ ᠠᠴᠠ ᠭᠠᠷᠭᠠᠬᠤ ᠨᠡᠷᠡᠰ ᠲᠤ ᠵᠢᠭᠰᠠᠭᠠᠨ ᠣᠷᠣᠭᠤᠯᠤᠨ᠎ᠠ᠃ ᠡᠭᠦᠷᠭᠡ ᠬᠠᠷᠢᠭᠤᠴᠠᠯᠭ᠋ ᠠ᠋ ᠪᠠᠨ | ᠭᠦᠢᠴᠡᠳᠬᠡᠭᠰᠡᠨ ᠦᠭᠡᠢ᠂ ᠬᠠᠮᠠᠭᠠᠯᠠᠭᠰᠠᠨ ᠨᠢ ᠬᠦᠴᠦᠨ ᠦᠭᠡᠢ᠂ ᠨᠢᠭᠡᠨᠲᠡ ᠬᠠᠮᠠᠭᠠᠯᠠᠬᠤ ᠨᠡᠷᠡᠰ ᠤᠨ | ᠵᠢᠭᠰᠠᠭᠠᠯᠲᠠ ᠳᠤ ᠣᠷᠣᠭᠤᠯᠤᠭᠰᠠᠨ ᠬᠠᠮᠠᠭᠠᠯᠠᠬᠤ ᠡᠲᠡᠭᠡᠳ ᠪᠤᠶᠤ ᠬᠠᠮᠠᠭᠠᠯᠠᠬᠤ ᠨᠡᠷᠡᠰ ᠤᠨ ᠵᠢᠭᠰᠠᠭᠠᠯᠲᠠ ᠳᠤ | ᠤᠷᠤᠭᠤᠯᠬᠤ ᠶᠣᠰᠣᠲᠠᠢ ᠪᠠᠶᠢᠲᠠᠯ᠎ᠠ ᠣᠷᠣᠭᠤᠯᠤᠭᠰᠠᠨ ᠦᠭᠡᠢ ᠲᠡᠦᠬᠡ ᠰᠣᠶᠣᠯ ᠤᠨ ᠡᠬᠢ ᠪᠠᠶᠠᠯᠢᠭ ᠤᠨ ᠲᠡᠦᠬᠡ | ᠰᠣᠶᠣᠯ ᠤᠨ ᠦᠨ ᠡ ᠦᠷᠲᠡᠭ ᠢ ᠬᠦᠨᠳᠦ ᠨᠣᠴᠢᠲᠠᠢ ᠡᠪᠳᠡᠭᠰᠡᠨ ᠪᠠᠶᠢᠪᠠᠯ᠂ ᠲᠣᠭᠲᠠᠭᠠᠯ ᠰᠠᠭᠢᠯᠭ᠋ ᠠ᠋ ᠬᠠᠤᠯᠢ | ᠶᠣᠰᠣᠭᠠᠷ ᠬᠠᠮᠢᠶ ᠠ᠋ ᠪᠦᠬᠦᠢ ᠬᠠᠷᠢᠭᠤᠴᠠᠯᠭᠠᠲᠠᠨ ᠪᠠ ᠬᠠᠷᠢᠭᠤᠴᠠᠯᠭᠠᠲᠤ ᠨᠢᠭᠡᠴᠢ ᠶᠢ ᠰᠢᠢᠳᠪᠦᠷᠢᠯᠡᠨ᠎ᠡ᠃ ᠬᠤᠲᠠ | ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠡᠷᠴᠢᠮ ᠢ | ᠴᠢᠩᠭᠠᠷᠠᠭᠤᠯᠤᠨ᠎ᠠ᠃ | ᠲᠠᠪᠤ᠂ ᠪᠠᠲᠤᠯᠠᠭ᠋ ᠠ᠋ ᠶᠢᠨ ᠠᠷᠭ᠋ ᠠ᠋ ᠭᠡᠮᠵᠢᠶ ᠡ ᠶᠢ ᠲᠡᠭᠦᠯᠳᠡᠷᠵᠢᠭᠦᠯᠦᠨ᠎ᠡ | ︵ ᠠᠷᠪᠠᠨ ᠳᠤᠯᠤᠭ᠋ ᠠ᠋︶ ᠨᠠᠮ ᠤᠨ ᠪᠦᠭᠦ ᠲᠠᠯ ᠠ᠋ ᠶᠢᠨ ᠤᠳᠤᠷᠢᠳᠤᠯᠭ᠋ ᠠ᠋ ᠶᠢ ᠪᠠᠷᠢᠮᠲᠠᠯᠠᠨ ᠴᠢᠩᠭᠠᠳᠬᠠᠨ᠎ᠠ᠃ | ᠡᠯ ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠬᠤ ᠶᠢᠨ ᠴᠢᠬᠤᠯᠠ ᠠᠴᠢ | ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠤᠳᠤᠷᠢᠳᠤᠯᠭ᠋ ᠠ᠋ ᠶᠢ ᠢᠮᠠᠭᠲᠠ ᠬᠠᠮᠠᠭᠠᠯᠠᠵᠤ ᠤᠯᠠᠮᠵᠢᠯᠠᠬᠤ | ᠠᠵᠢᠯ ᠤᠨ ᠡᠯ᠎ᠡ ᠲᠠᠯ᠎ᠠ ᠡᠯ᠎ᠡ ᠭᠤᠭᠴᠤᠭ᠋ ᠠ᠋ ᠳᠤ ᠲᠤᠭᠤᠰᠢᠯᠠᠭᠤᠯᠵᠤ᠂ ᠨᠠᠮ ᠤᠨ ᠲᠥᠪ ᠬᠤᠷᠢᠶ ᠠ᠋᠂ ᠲᠦᠷᠦ ᠶᠢᠨ | ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠋ ᠠ᠋ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ︵ ᠠᠷᠪᠠᠨ ᠨᠠᠢᠮᠠ︶ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠡᠷᠵᠢᠭᠦᠯᠦᠨᠡ᠃ ︽ᠲᠡᠦᠬᠡ | ᠰᠣᠶᠣᠯ ᠤᠨ ᠨᠠᠷᠠᠲᠤ ᠬᠤᠲᠠ ᠨᠠᠷᠠᠲᠤ ᠪᠠᠯᠭᠠᠰᠤ ᠨᠠᠷᠠᠲᠤ ᠲᠤᠰᠬᠤᠨ ᠢ ᠬᠠᠮᠠᠭᠠᠯᠠᠬᠤ ᠳᠦᠷᠢᠮ︾ ᠳᠤ ᠵᠠᠰᠠᠪᠤᠷᠢ | ᠣᠷᠣᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠯᠤᠭ᠋ ᠠ᠋ ᠵᠣᠯᠭᠠᠭᠤᠯᠬᠤ ᠶᠢ ᠴᠢᠩᠭᠠᠳᠬᠠᠵᠤ᠂ ᠬᠠᠮᠢᠶ ᠠ᠋ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ ᠢ ᠲᠣᠭᠲᠠᠭᠠᠨ ᠵᠠᠰᠠᠪᠤᠷᠢ ᠣᠷᠣᠭᠤᠯᠵᠤ᠂ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ | ᠤᠯᠠᠮᠵᠢᠯᠠᠬᠤ ᠠᠵᠢᠯ ᠢ ᠰᠠᠶᠢᠲᠤᠷ ᠬᠢᠬᠦ ᠳᠤ ᠬᠠᠤᠯᠢᠵᠢᠯ ᠤᠨ ᠪᠠᠲᠤᠯᠠᠭ᠋ ᠠ᠋ ᠬᠠᠩᠭᠠᠨ᠎ᠠ᠃ | ︵ ᠠᠷᠪᠠ ᠶᠢᠰᠦ︶ ᠪᠡᠯᠡ ᠮᠥᠩᠭᠦ ᠶᠢᠨ ᠤᠷᠤᠭᠤᠯᠤᠯᠲᠠ ᠪᠠᠨ ᠨᠡᠮᠡᠭᠳᠡᠭᠦᠯᠦᠨ᠎ᠡ᠃ ᠬᠤᠲᠠ ᠬᠥᠳᠡᠭᠡ ᠶᠢᠨ | ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠤᠨ ᠡᠳ᠋ ᠤᠨ ᠵᠠᠰᠠᠭ ᠤᠨ ᠪᠠᠲᠤᠯᠠᠭ᠋ ᠠ᠋ ᠶᠢᠨ ᠲᠣᠭᠲᠠᠴᠠ ᠶᠢ | ᠪᠦᠷᠢᠨᠰᠢᠭᠦᠯᠵᠦ᠂ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠨᠢ ᠡᠯ ᠡ ᠱᠠᠲᠤᠨ ᠤ ᠠᠵᠢᠯ ᠡᠷᠬᠡ ᠶᠢ | ᠦᠨᠳᠦᠰᠦᠯᠡᠨ ᠪᠡᠯᠡ ᠮᠥᠩᠭᠦ ᠶᠢᠨ ᠪᠠᠲᠤᠯᠠᠭ᠋ ᠠ᠋ ᠶᠢ ᠰᠠᠶᠢᠲᠤᠷ ᠬᠢᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ | ᠣᠷᠳᠣᠨ ᠨᠢ ᠬᠠᠮᠠᠭᠠᠯᠠᠯᠲᠠ ᠶᠢᠨ ᠪᠡᠯᠡ ᠮᠥᠩᠭᠦ ᠶᠢ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠲᠡᠭᠡᠨ | ᠣᠷᠣᠭᠤᠯᠵᠤ᠂ ᠤᠯᠤᠰ ᠤᠨ ᠲᠠᠰ᠂ ᠮᠤᠵᠢ ᠶᠢᠨ ᠲᠠᠰ ᠤᠨ ᠴᠢᠬᠤᠯᠠ ᠶᠡᠭᠡ ᠲᠦᠷᠦᠯ ᠵᠦᠶ᠋ᠯ ᠪᠠ ᠬᠤᠪᠢᠰᠬᠠᠯ ᠤᠨ | ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠠᠴᠠ | ᠠᠩᠭᠢᠵᠢᠷᠠᠭᠰᠠᠨ ᠭᠠᠵᠠᠷ ᠣᠷᠣᠨ ᠤ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠢ ᠭᠤᠤᠯᠳᠠᠯᠭ᠋ ᠠ᠋ ᠲᠠᠢ | ᠳᠡᠮᠵᠢᠨ᠎ᠡ᠃ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ | ᠴᠢᠩᠭᠠᠷᠠᠭᠤᠯᠵᠤ᠂ ᠪᠡᠯᠡ ᠮᠥᠩᠭᠦ ᠶᠢᠨ ᠠᠷᠭ᠋ ᠠ᠋ ᠵᠠᠮ ᠢ ᠥᠷᠭᠡᠳᠬᠡᠬᠦ ᠶᠢ ᠵᠣᠷᠢᠭᠵᠢᠭᠤᠯᠤᠨ᠎ᠠ᠃ | ︵ᠬᠤᠷᠢ︶ ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ ᠰᠤᠷᠭᠠᠭᠤᠯᠢ ︵ | ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ ᠳᠡᠭᠡᠳᠦ ᠰᠤᠷᠭᠠᠭᠤᠯᠢ ᠶᠢᠨ ᠬᠠᠮᠢᠶ ᠠ᠋ ᠪᠦᠬᠦᠢ ᠠᠩᠭᠢ ᠳᠤ | ᠪᠣᠯᠪᠠᠰᠤᠷᠠᠯ ᠤᠨ ᠬᠢᠴᠢᠶᠡᠯ ᠨᠡᠮᠡᠵᠦ᠂ ᠤᠳᠤᠷᠢᠳᠬᠤ ᠺᠠᠳ᠋ᠷ ᠤᠨ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠦᠵᠡᠯ ᠤᠬᠠᠮᠰᠠᠷ ᠪᠣᠯᠣᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠤᠯᠢ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ ᠡ ᠲᠠᠢ | ᠤᠶᠠᠯᠳᠤᠭᠤᠯᠤᠨ ᠤᠳᠤᠷᠢᠳᠬᠤ ᠺᠠᠳ᠋ᠷ ᠲᠤ ᠲᠤᠰᠬᠠᠢ ᠰᠡᠷᠡᠮᠵᠢᠯᠡᠭᠦᠯᠭᠦ ᠬᠥᠮᠦᠵᠢᠯ ᠥᠷᠨᠢᠭᠦᠯᠦᠨ᠎ᠡ᠃ ᠶᠡᠭᠡ ᠳᠡᠭᠡᠳᠦ | ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠮᠢᠶ ᠠ᠋ ᠪᠦᠬᠦᠢ ᠰᠢᠨᠵᠢᠯᠡᠭᠡᠨ ᠤ ᠲᠤᠰᠬᠠᠢ ᠮᠡᠷᠭᠡᠵᠢᠯ ᠤᠨ | ᠪᠠᠶᠢᠭᠤᠯᠤᠯᠲᠠ ᠶᠢ ᠴᠢᠩᠭᠠᠳᠬᠠᠨ᠎ᠠ᠃ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠤᠳᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨᠬᠤ ᠤᠯᠤᠰ ᠤᠨ ᠤᠶᠤᠨ ᠤ | ᠬᠥᠮᠥᠷᠭᠡ ᠶᠢ ᠪᠠᠶᠢᠭᠤᠯᠤᠨ᠎ᠠ᠃ ᠮᠡᠷᠭᠡᠵᠢᠯ ᠤᠨ ᠠᠵᠢᠯᠲᠠᠨ ᠪᠣᠯᠣᠨ ᠦᠨᠳᠦᠰᠦᠨ ᠱᠠᠲᠤᠨ ᠤ ᠬᠠᠮᠢᠶᠠᠷᠤᠯᠲᠠ ᠶᠢᠨ | ᠠᠵᠢᠯᠲᠠᠨ ᠤ ᠲᠤᠰᠬᠠᠢ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠵᠦ᠂ ᠰᠡᠯᠪᠢᠨ ᠵᠠᠰᠠᠬᠤ ᠮᠡᠷᠭᠡᠵᠢᠯ ᠤᠨ ᠤᠯᠠᠮᠵᠢᠯᠠᠨ | ᠵᠠᠯᠭᠠᠮᠵᠢᠯᠠᠭᠴᠢ ᠪᠣᠯᠣᠨ ᠤᠷᠠᠨ ᠳᠠᠷᠬᠠᠨ ᠤ ᠪᠣᠯᠪᠠᠰᠤᠷᠠᠯ᠂ ᠦᠨᠡᠯᠡᠯᠲᠡ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠤᠷᠠᠨ ᠳᠠᠷᠬᠠᠨ ᠤ ᠵᠣᠷᠢᠭ ᠰᠠᠨᠠᠭ᠋ ᠠ᠋ ᠶᠢ ᠪᠠᠳᠠᠷᠠᠭᠤᠯᠤᠨ᠎ᠠ᠃ |