ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤᠮᠳᠠ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/10/22
         ᠰᠢᠨᠬᠤᠸᠠ ᠬᠤᠷᠢᠶᠠᠨ ᠤ ᠪᠡᠭᠡᠵᠢᠩ ᠤᠨ9 ᠰᠠᠷ᠎ᠠ ᠶᠢᠨ3 ᠤ ᠴᠠᠬᠢᠯᠭᠠᠨ ᠮᠡᠳᠡᠭᠡ ᠤᠶᠢᠷ ‍ᠠ᠋ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ ᠎ᠡ ᠭᠠᠵᠠᠷ ᠣᠷᠣᠨ  ᠡᠯ᠎ᠡ ᠰᠠᠯᠠᠭ᠋ ‍ᠠ᠋ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃      ︽ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠬᠤ ᠲᠤᠬᠠᠢ ᠰᠠᠨᠠᠯ︾ ᠤᠨ ᠪᠦᠭᠦ ᠠᠭᠤᠯᠭ᠋ ‍ᠠ᠋ ᠨᠢ ᠳᠣᠣᠷᠠᠬᠢ ᠮᠡᠲᠦ᠃      ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠤᠨ ᠥᠪ ᠢ ᠰᠢᠰᠲ᠋ᠧᠮ ᠲᠠᠢ ᠰᠠᠶᠢᠲᠤᠷ ᠬᠠᠮᠠᠭᠠᠯᠠᠵᠤ᠂ ᠠᠰᠢᠭᠯᠠᠵᠤ᠂ ᠤᠯᠠᠮᠵᠢᠯᠠᠨ ᠵᠠᠯᠭᠠᠮᠵᠢᠯᠠᠬᠤ ᠨᠢ ᠲᠡᠦᠬᠡ ᠰᠣᠶᠣᠯ ᠤᠨ ᠰᠤᠳᠠᠰᠤ ᠶᠢ ᠦᠷᠭᠦᠯᠵᠢᠯᠡᠭᠦᠯᠬᠦ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠣᠶᠣᠯ ᠤᠨ ᠢᠲᠡᠭᠡᠯ ᠢ ᠪᠠᠲᠤᠳᠬᠠᠬᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠋ ‍ᠠ᠋      ︵ᠨᠢᠭᠡ︶ ᠵᠢᠯᠤᠭᠤᠳᠬᠤ ᠦᠵᠡᠯ ᠰᠠᠨᠠᠭ᠋ ‍ᠠ᠋᠃ ᠰᠢ ᠶᠢᠨ ᠫᠢᠩ ᠤᠨ  ᠰᠢᠨ᠎ᠡ ᠴᠠᠭ ᠦᠢ ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠋ ‍ᠠ᠋ ᠪᠠᠷ ᠵᠢᠯᠤᠭᠤᠳᠤᠯᠭ᠋ ‍ᠠ᠋ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠋ ‍ᠠ᠋ ᠶᠢ ᠭᠦᠨᠵᠡᠭᠡᠢ ᠲᠤᠭᠤᠰᠢᠯᠠᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠪᠠ ︽ᠳᠥᠷᠪᠡᠨ ᠪᠦᠭᠦ ᠲᠠᠯ ‍ᠠ᠋︾ ᠶᠢᠨ ᠪᠠᠶᠢᠯᠳᠤᠬᠤ ᠪᠤᠳᠤᠯᠭ᠋ ‍ᠠ᠋ ᠶᠢᠨ ᠪᠠᠶᠢᠷᠢᠰᠢᠭᠤᠯᠤᠯᠲᠠ ᠶᠢ ᠵᠣᠬᠢᠴᠠᠩᠭᠤᠢ ᠠᠬᠢᠭᠤᠯᠬᠤ ᠲᠠᠢ ᠨᠢᠭᠲᠠ ᠤᠶᠠᠯᠳᠤᠭᠤᠯᠤᠨ᠂ ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠤᠳᠠ ᠬᠥᠳᠡᠭᠡ ᠶᠢᠨ ᠲᠡᠦᠬᠡ ᠰᠣᠶᠣᠯ ᠤᠨ ᠥᠪ ᠢ ᠰᠢᠰᠲ᠋ᠧᠮ ᠲᠠᠢ ᠪᠦᠷᠢᠨ ᠪᠦᠲᠦᠨ ᠬᠠᠮᠠᠭᠠᠯᠠᠵᠤ ᠤᠯᠠᠮᠵᠢᠯᠠᠬᠤ ᠪᠠ ᠳᠤᠮᠳᠠᠳᠤ ᠤᠯᠤᠰ ᠤᠨ ᠦᠯᠢᠭᠡᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠯᠢᠭᠡᠷ ᠢ ᠪᠦᠭᠦ ᠲᠠᠯ ‍ᠠ᠋ ᠪᠠᠷ ᠦᠨᠡᠨ ᠪᠣᠳᠠᠲᠠᠢ ᠪᠠᠷ ᠰᠠᠶᠢᠲᠤᠷ ᠶᠠᠷᠢᠬᠤ ᠪᠠᠷ ᠬᠠᠷᠠᠯᠲᠠ ᠪᠤᠯᠭᠠᠵᠤ᠂ ᠲᠡᠦᠬᠡ ᠳᠤ ᠬᠠᠷᠢᠭᠤᠴᠠᠬᠤ᠂ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ᠂ ᠳᠦᠷᠢᠮ ᠤᠨ ᠦᠵᠦ ᠲᠥᠯᠥᠪᠯᠡᠭᠡ ᠶᠢ ᠴᠢᠩᠭᠠᠳᠬᠠᠵᠤ᠂ ᠲᠦᠷᠦᠯ ᠬᠤᠪᠢᠶᠠᠭᠰᠠᠨ ᠨᠢ ᠰᠢᠨᠵᠢᠯᠡᠬᠦ ᠤᠬᠠᠭᠠᠨᠴᠢ᠂ ᠬᠠᠮᠠᠭᠠᠯᠠᠯᠲᠠ ᠨᠢ ᠬᠦᠴᠦᠨ ᠲᠠᠢ᠂ ᠬᠠᠮᠢᠶᠠᠷᠤᠯᠲᠠ ᠨᠢ ᠦᠷ ᠎ᠡ ᠪᠦᠲᠦᠮᠵᠢᠲᠡᠶ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠢ  ᠪᠠᠶᠢᠭᠤᠯᠤᠨ᠎ᠠ ; ᠳᠦᠷᠢᠮ ᠲᠣᠭᠲᠠᠴᠠ ᠲᠦᠷᠦ ᠶᠢᠨ  ᠪᠣᠳᠣᠯᠭ᠎ᠠ ᠶᠢ ᠲᠡᠭᠦᠯᠳᠡᠷᠵᠢᠭᠦᠯᠵᠦ᠂ ᠬᠠᠮᠠᠭᠠᠯᠠᠵᠤ ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠵᠦ᠂ ᠣᠷᠣᠨ ᠵᠠᠢ ᠶᠢ ᠪᠦᠭᠦᠨ ᠢ ᠬᠠᠮᠤᠷᠴᠤ᠂ ᠡᠯᠧᠮᠧᠨ᠋ᠲ ᠢ ᠪᠦᠭᠦᠨ ᠢ ᠪᠠᠭᠲᠠᠭᠠᠵᠤ᠂ ᠲᠠᠩ ᠴᠣᠭᠴᠠ ᠶᠢᠨ ᠪᠠᠷᠢᠯᠭ᠋ ‍ᠠ᠋ ᠶᠢ ᠬᠠᠮᠠᠭᠠᠯᠠᠬᠤ ᠪᠠᠷ ᠪᠠᠷᠠᠬᠤ ᠦᠭᠡᠢ ᠪᠠᠰᠠ ᠵᠡᠭᠡᠯᠢ ᠭᠤᠳᠤᠮᠵᠢ ᠵᠡᠭᠡᠯᠢ ᠲᠣᠭᠤᠷᠢᠭ᠂ ᠬᠤᠳᠠ ᠪᠠᠯᠭᠠᠰᠤᠨ ᠤ ᠪᠠᠶᠢᠷᠢᠰᠢᠯ ᠢ ᠬᠠᠮᠠᠭᠠᠯᠠᠵᠤ᠂ ᠲᠡᠦᠬᠡ ᠲᠠᠢ ᠭᠠᠵᠠᠷ ᠬᠡᠰᠡᠭ᠂ ᠪᠠᠶᠢᠭᠠᠯᠢ ᠶᠢᠨ ᠦᠵᠡᠮᠵᠢ᠂ ᠰᠣᠶᠣᠯ ᠢᠷᠭᠡᠨᠰᠢᠯ ᠤᠨ ᠣᠷᠴᠢᠨ ᠲᠣᠭᠤᠷᠢᠨ ᠪᠣᠯᠣᠨ ᠪᠣᠳᠠᠰ ᠤᠨ ᠪᠤᠰᠤ ᠰᠣᠶᠣᠯ ᠤᠨ ᠥᠪ ᠢ ᠰᠠᠶᠢᠲᠤᠷ ᠬᠠᠮᠠᠭᠠᠯᠠᠵᠤ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠤᠨ ᠥᠪ ᠲᠠᠰᠤᠷᠠᠯᠳᠠ ᠦᠭᠡᠢ ᠡᠪᠳᠡᠭᠳᠡᠬᠦ᠂ ᠨᠤᠷᠠᠭᠠᠭᠳᠠᠬᠤ ᠵᠡᠷᠭᠡ ᠲᠤᠪᠤᠶᠢᠮ ‍ᠠ᠋ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ ᠎ᠡ ᠴᠠᠭ ᠦᠢ ᠎ᠡ ᠶᠢᠨ ᠴᠢᠬᠤᠯᠠ ᠬᠤᠳᠠ ᠬᠥᠳᠡᠭᠡ ᠶᠢᠨ ᠲᠡᠦᠬᠡ ᠰᠣᠶᠣᠯ ᠤᠨ ᠥᠪ ᠢ ᠰᠢᠰᠲ᠋ᠧᠮᠲᠦ ᠴᠢᠨᠠᠷᠲᠠᠢ ᠬᠠᠮᠠᠭᠠᠯᠠᠬᠤ ᠶᠢ ᠪᠠᠲᠤᠯᠠᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠬᠦᠴᠦᠲᠡᠢ ᠪᠠᠲᠤᠯᠠᠭ᠋ ‍ᠠ᠋  ᠬᠠᠩᠭᠠᠨ᠎ᠠ᠃      ︵ᠬᠤᠶᠠᠷ︶ ᠠᠵᠢᠯ ᠤᠨ ᠵᠠᠷᠴᠢᠮ᠃      — ᠨᠢᠭᠡᠳᠦᠯᠲᠡᠢ ᠲᠥᠯᠥᠪᠵᠢᠭᠦᠯᠦᠨ᠂ ᠰᠢᠰᠲ᠋ᠧᠮ ᠲᠠᠢ ᠠᠬᠢᠭᠤᠯᠬᠤ ᠶᠢ ᠪᠠᠷᠢᠮᠲᠠᠯᠠᠨ᠎ᠠ᠃ ᠤᠯᠤᠰ ᠠᠴᠠ ᠨᠢᠭᠡᠳᠦᠯᠲᠡᠢ ᠲᠥᠯᠥᠪᠵᠢᠭᠦᠯᠬᠦ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠡᠯ ᠎ᠡ ᠱᠠᠲᠤᠨ ᠤ ᠨᠠᠮ ᠤᠨ ᠬᠤᠷᠢᠶ ‍ᠠ᠋ ᠪᠠ ᠵᠠᠰᠠᠭ ᠤᠨ ᠣᠷᠳᠣᠨ ᠤ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠳᠤᠮᠳᠠᠬᠢ ᠵᠣᠬᠢᠶᠠᠨ ᠪᠠᠶᠢᠭᠤᠯᠵᠤ ᠤᠳᠤᠷᠢᠳᠬᠤ ᠪᠠ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠪᠠ ᠬᠠᠷᠢᠭᠤᠴᠠᠯᠭ᠋ ‍ᠠ᠋ ᠨᠡᠬᠡᠮᠵᠢᠯᠡᠬᠦ ᠦᠷ ᠎ᠡ ᠪᠦᠳᠦᠮᠵᠢ ᠶᠢ ᠪᠠᠶᠢᠴᠠᠭᠠᠬᠤ ᠶᠢ ᠴᠢᠩᠭᠠᠳᠬᠠᠵᠤ᠂ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠠᠵᠢᠯ ᠤᠨ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ ᠢ  ᠴᠢᠩᠭᠠᠳᠬᠠᠨ᠎ᠠ᠃      — ᠦᠷᠲᠡᠭ ᠤᠨ ᠤᠳᠤᠷᠢᠳᠤᠮᠵᠢ ᠶᠢ ᠪᠠᠷᠢᠮᠲᠠᠯᠠᠵᠤ᠂ ᠬᠠᠮᠠᠭᠠᠯᠠᠪᠠᠰᠤ ᠵᠣᠬᠢᠬᠤ ᠶᠢ ᠨᠢ ᠪᠦᠭᠦᠨ ᠢ  ᠬᠠᠮᠠᠭᠠᠯᠠᠨ᠎ᠠ᠃ ᠲᠡᠦᠬᠡ ᠰᠣᠶᠣᠯ ᠤᠨ ᠦᠨ᠎ᠡ‌ᠦᠷᠲᠡᠭ ᠢᠶᠠᠷ ᠤᠳᠤᠷᠢᠳᠤᠮᠵᠢ ᠪᠤᠯᠭᠠᠵᠤ᠂ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠢ ᠬᠠᠮᠠᠭᠠᠯᠠᠬᠤ  ᠱᠠᠭᠠᠷᠳᠠᠯᠭ᠎ᠠ ᠶᠣᠰᠣᠭᠠᠷ᠂ ᠣᠷᠣᠰᠢᠬᠤᠢ ᠪᠦᠬᠦᠢ ᠰᠣᠶᠣᠯ ᠤᠨ ᠥᠪ ᠤᠨ ᠣᠨᠴᠠᠯᠢᠭ ᠲᠤ ᠵᠣᠬᠢᠴᠠᠭᠤᠯᠵᠤ᠂ ᠡᠷᠲᠡᠨ ᠤ ᠪᠠ ᠣᠷᠴᠢᠨ ᠤᠲᠤ ᠦᠢ ᠎ᠡ ᠶᠢᠨ᠂ ᠬᠤᠲᠠ ᠪᠠ ᠬᠥᠳᠡᠭᠡ ᠲᠤᠰᠬᠤᠨ᠂ ᠪᠣᠳᠠᠰ ᠤᠨ ᠪᠠ ᠪᠣᠳᠠᠰ ᠤᠨ ᠪᠤᠰᠤ ᠵᠡᠷᠭᠡ ᠲᠡᠦᠬᠡ ᠰᠣᠶᠣᠯ ᠤᠨ ᠥᠪ ᠢ ᠪᠦᠭᠦ ᠲᠠᠯ ‍ᠠ᠋ ᠪᠠᠷ ᠰᠠᠶᠢᠲᠤᠷ ᠬᠠᠮᠠᠭᠠᠯᠠᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤᠮᠳᠠ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠭᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠶ ᠪᠤᠯᠭᠠᠬᠤ ᠪᠠ ᠳᠤᠪᠤᠶᠢᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠪᠠᠳᠠᠷᠠᠭᠤᠯᠤᠨ ᠬᠥᠭᠵᠢᠭᠦᠯᠦᠨ᠎ᠡ᠃      — ᠵᠦᠢ ᠵᠣᠬᠢᠰᠲᠠᠢ ᠠᠰᠢᠭᠯᠠᠵᠤ᠂ ᠤᠯᠠᠮᠵᠢᠯᠠᠨ ᠬᠥᠭᠵᠢᠭᠦᠯᠬᠦ ᠶᠢ ᠪᠠᠷᠢᠮᠲᠠᠯᠠᠨ᠎ᠠ᠃ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ ᠪᠠᠷ ᠣᠨᠳᠣᠣᠰᠢᠭᠤᠯᠬᠤ᠂  ᠰᠢᠨ᠎ᠡ ᠶᠢ ᠡᠭᠦᠳᠭᠦ ᠴᠢᠨᠠᠷᠲᠠᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠬᠠᠮᠠᠭᠠᠯᠠᠵᠤ ᠤᠯᠠᠮᠵᠢᠯᠠᠬᠤ ᠠᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠤᠲᠤ ᠦᠢ ᠎ᠡ ᠶᠢᠨ ᠠᠮᠢᠳᠤᠷᠠᠯ ᠳᠤ ᠠᠭᠤᠰᠤᠯᠴᠠᠭᠤᠯᠵᠤ᠂ ᠲᠡᠦᠬᠡ ᠰᠣᠶᠣᠯ ᠬᠢᠭᠡᠳ ᠬᠤᠲᠠ ᠬᠥᠳᠡᠭᠡ ᠶᠢᠨ ᠬᠥᠭᠵᠢᠯᠲᠡ ᠶᠢ ᠠᠭᠤᠰᠤᠯᠴᠠᠭᠤᠯᠵᠤ᠂ ᠲᠡᠦᠬᠡ ᠰᠣᠶᠣᠯ ᠤᠨ ᠥᠪ ᠤᠨ ᠨᠡᠶᠢᠭᠡᠮ ᠤᠨ ᠰᠤᠷᠭᠠᠨ ᠬᠥᠮᠦᠵᠢᠯ ᠤᠨ ᠦᠢᠯᠡᠳᠦᠯ ᠪᠣᠯᠣᠨ ᠬᠡᠷᠡᠭᠯᠡᠭᠡᠨ ᠤ ᠦᠷᠲᠡᠭ ᠢ ᠪᠠᠳᠠᠷᠠᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠴᠢᠬᠤᠯᠠᠴᠢᠯᠠᠵᠤ᠂ ᠠᠷᠠᠳ ᠲᠦᠮᠡᠨ ᠤ ᠡᠳᠦᠷ ᠢᠷᠡᠬᠦᠢ ᠎ᠡ ᠨᠡᠮᠡᠭᠳᠡᠵᠦ ᠪᠠᠶᠢᠭ᠋ ‍ᠠ᠋ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ  ᠬᠠᠩᠭᠠᠨ᠎ᠠ᠃      — ᠤᠯᠠᠨ ᠲᠠᠯ ‍ᠠ᠋ ᠶᠢᠨ ᠬᠢᠨ ᠤ ᠣᠷᠤᠯᠴᠠᠬᠤ ᠶᠢ ᠪᠠᠷᠢᠮᠲᠠᠯᠠᠵᠤ᠂ ᠨᠡᠶᠢᠯᠡᠮᠡᠯ ᠬᠦᠴᠦᠨ ᠢ  ᠪᠦᠷᠢᠯᠳᠦᠭᠦᠯᠦᠨ᠎ᠡ᠃ ᠨᠡᠶᠢᠭᠡᠮ ᠤᠨ ᠬᠦᠴᠦᠨ ᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠬᠠᠮᠠᠭᠠᠯᠠᠵᠤ ᠤᠯᠠᠮᠵᠢᠯᠠᠬᠤ ᠠᠵᠢᠯ ᠳᠤ ᠥᠷᠭᠡᠨ ᠢᠶᠠᠷ ᠣᠷᠣᠯᠴᠠᠭᠤᠯᠵᠤ᠂ ᠵᠠᠭ ‍ᠠ᠋ ᠳᠡᠯᠭᠡᠭᠦᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠠᠳ ᠤᠯᠠᠨ ᠤ ᠣᠷᠤᠯᠴᠠᠬᠤ ᠰᠠᠨᠠᠭᠠᠴᠢᠯᠠᠭᠠᠲᠤ ᠴᠢᠨᠠᠷ᠂ ᠢᠳᠡᠪᠬᠢ ᠴᠢᠨᠠᠷ ᠢ ᠬᠥᠭᠵᠢᠭᠡᠵᠦ᠂ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠳᠤ ᠠᠰᠢᠭᠲᠠᠢ ᠪᠠᠶᠢᠭᠤᠯᠤᠯ ᠲᠣᠭᠲᠠᠴᠠ ᠪᠠ ᠨᠡᠶᠢᠭᠡᠮ ᠤᠨ ᠣᠷᠴᠢᠨ ᠲᠣᠭᠤᠷᠢᠨ ᠢ ᠪᠤᠶ  ᠪᠣᠯᠭᠠᠨ᠎ᠠ᠃      ︵ ᠭᠤᠷᠪᠠ︶ ᠭᠤᠣᠯ ᠬᠠᠷᠠᠯᠲᠠ᠃ 2025 ᠣᠨ ᠪᠤᠯᠲᠠᠯ ‍ᠠ᠋᠂ ᠤᠯᠠᠨ ᠲᠠᠰ ᠳᠠᠪᠬᠤᠷᠭ᠋ ‍ᠠ᠋ ᠤᠯᠠᠨ ᠬᠦᠴᠦᠨ ᠵᠦᠢᠯ ᠲᠠᠢ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠢ ᠠᠩᠭ ‍ᠠ᠋ ᠠᠯᠬᠤᠮ ᠪᠠᠶᠢᠭᠤᠯᠵᠤ᠂ ᠬᠤᠲᠠ ᠬᠥᠳᠡᠭᠡ ᠶᠢᠨ ᠲᠡᠦᠬᠡ ᠰᠣᠶᠣᠯ ᠤᠨ ᠥᠪ ᠢ ᠬᠠᠮᠠᠭᠠᠯᠠᠬᠤ ᠶᠣᠰᠣᠲᠠᠢ ᠶᠢ ᠨᠢ ᠴᠢᠳᠠᠬᠤ ᠶᠢᠨ ᠬᠢᠷᠢ ᠪᠠᠷ ᠬᠠᠮᠠᠭᠠᠯᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠨᠢᠭᠡ ᠪᠦᠯᠦᠭ ᠵᠢᠷᠤᠮᠯᠠᠨ ᠳᠠᠭᠤᠷᠢᠶᠠᠵᠤ ᠳᠡᠯᠭᠡᠷᠡᠭᠦᠯᠵᠦ ᠠᠰᠢᠭᠯᠠᠵᠤ ᠪᠣᠯᠬᠤᠶᠢᠴᠠ ᠠᠮᠢᠳᠤᠯᠢᠭ ᠲᠤᠷᠰᠢᠯᠭ᠋ ‍ᠠ᠋ ᠶᠢ ᠪᠦᠷᠢᠯᠳᠦᠭᠦᠯᠵᠦ᠂ ᠪᠦᠲᠦᠭᠡᠨ ᠪᠠᠶᠢᠭᠤᠯᠤᠯᠲᠠ ᠶᠢᠨ ᠴᠢᠨᠠᠷᠲᠠᠢ ᠡᠪᠳᠡᠯᠡᠭᠡ ᠶᠢᠨ ᠠᠵᠢᠯᠯᠠᠭ᠋ ‍ᠠ᠋ ᠶᠢ ᠢᠯᠡᠳᠲᠡ ᠬᠤᠷᠢᠭᠯᠠᠵᠤ᠂ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠠᠭᠤᠰᠤᠯᠴᠠᠭᠤᠯᠬᠤ ᠪᠠᠶᠢᠷᠢᠰᠢᠯ ᠢ ᠦᠨᠳᠦᠰᠦᠨ ᠳᠡᠭᠡᠨ  ᠪᠦᠷᠢᠯᠳᠦᠭᠦᠯᠦᠨ᠎ᠡ᠃      2035 ᠣᠨ ᠪᠤᠯᠬᠤ ᠳᠤ᠂ ᠪᠦᠷᠢᠨ ᠪᠦᠲᠦᠨ ᠰᠢᠰᠲ᠋ᠧᠮ ᠲᠠᠢ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠢ ᠪᠦᠭᠦ ᠲᠠᠯ ‍ᠠ᠋ ᠪᠠᠷ ᠪᠠᠶᠢᠭᠤᠯᠵᠤ᠂ ᠬᠤᠲᠠ ᠬᠥᠳᠡᠭᠡ ᠶᠢᠨ ᠲᠡᠦᠬᠡ ᠰᠣᠶᠣᠯ ᠤᠨ ᠥᠪ ᠢ ᠪᠦᠲᠦᠮᠵᠢᠲᠡᠶ ᠬᠠᠮᠠᠭᠠᠯᠠᠵᠤ᠂ ᠭᠦᠢᠴᠡᠳ ᠠᠰᠢᠭᠯᠠᠬᠤ ᠶᠢ ᠪᠡᠶᠡᠯᠡᠭᠦᠯᠦᠨ᠂ ᠡᠪᠳᠡᠭᠦ ᠵᠣᠷᠢᠭ ᠦᠭᠡᠢ᠂ ᠡᠪᠳᠡᠵᠦ ᠪᠤᠯᠬᠤ ᠦᠭᠡᠢ᠂ ᠡᠪᠳᠡᠭᠦ ᠶᠢ ᠪᠤᠳᠤᠬᠤ ᠦᠭᠡᠢ ᠪᠠᠶᠢᠭᠤᠯᠤᠯ ᠲᠣᠭᠲᠠᠴᠠ ᠶᠢ ᠪᠦᠭᠦ ᠲᠠᠯ ‍ᠠ᠋ ᠪᠠᠷ ᠪᠠᠶᠢᠭᠤᠯᠵᠤ᠂ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ ‍ᠠ᠋ ᠳᠤ ᠪᠦᠭᠦ ᠲᠠᠯ ‍ᠠ᠋ ᠪᠠᠷ ᠠᠭᠤᠰᠬᠠᠨ ᠣᠷᠣᠭᠤᠯᠵᠤ᠂ ᠠᠷᠠᠳ ᠤᠯᠠᠨ ᠤ ᠰᠣᠶᠣᠯ ᠤᠨ ᠤᠬᠠᠮᠰᠠᠷ ᠪᠠ ᠰᠣᠶᠣᠯ ᠤᠨ ᠢᠲᠡᠭᠡᠯ ᠢ ᠤᠯᠠᠮ ᠨᠢᠭᠡ ᠠᠯᠬᠤᠮ  ᠳᠡᠭᠡᠭᠰᠢᠯᠡᠭᠦᠯᠦᠨ᠎ᠡ᠃      ᠬᠤᠶᠠᠷ᠂ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠢ  ᠪᠠᠶᠢᠭᠤᠯᠤᠨ᠎ᠠ      ︵ ᠳᠥᠷᠪᠡ︶ ᠬᠠᠮᠠᠭᠠᠯᠠᠵᠤ ᠤᠯᠠᠮᠵᠢᠯᠠᠬᠤ ᠰᠢᠰᠲ᠋ᠧᠮ ᠤᠨ ᠦᠨᠳᠦᠰᠦᠨ ᠠᠭᠤᠯᠤᠭᠳᠠᠬᠤᠨ ᠢ ᠤᠨᠤᠪᠴᠢᠲᠠᠶ  ᠡᠵᠡᠮᠳᠡᠨ᠎ᠡ᠃ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠪᠣᠯ ᠬᠠᠮᠠᠭᠠᠯᠠᠯᠲᠠ ᠶᠢᠨ  ᠦᠨ᠎ᠡ ᠦᠷᠡᠳᠡᠭ ᠲᠠᠢ᠂ ᠠᠳᠠᠯᠢ ᠪᠤᠰᠤ ᠲᠡᠦᠬᠡᠨ ᠴᠠᠭ ᠦᠢ ᠎ᠡ ᠶᠢᠨ ᠰᠣᠶᠣᠯ ᠤᠨ ᠦᠨ᠎ᠡ ᠦᠷᠲᠡᠭ ᠢ ᠠᠴᠢᠶᠠᠯᠠᠭᠰᠠᠨ ᠬᠤᠲᠠ᠂ ᠲᠤᠰᠬᠤᠨ ᠪᠠᠯᠭᠠᠰᠤ ᠵᠡᠷᠭᠡ ᠶᠢᠨ ᠨᠡᠶᠢᠯᠡᠮᠡᠯ ᠭᠡᠯᠪᠡᠷᠢ᠂ ᠣᠷᠣᠰᠢᠬᠤᠢ ᠪᠦᠬᠦᠢ ᠰᠣᠶᠣᠯ ᠤᠨ ᠥᠪ ᠢᠶᠠᠷ ᠭᠤᠣᠯ ᠴᠣᠭᠴᠠ ᠪᠤᠯᠭᠠᠬᠤ ᠪᠠ ᠲᠦᠰᠢᠭ ᠪᠣᠯᠭᠠᠪᠠ᠂ ᠬᠠᠮᠠᠭᠠᠯᠠᠬᠤ ᠡᠲᠡᠭᠡᠳ ᠨᠢ ᠭᠤᠣᠯᠳᠠᠭᠤ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠤᠰᠬᠤᠨ ︵ᠤᠯᠠᠮᠵᠢᠯᠠᠯᠲᠤ ᠲᠤᠰᠬᠤᠨ︶᠂ ᠵᠡᠭᠡᠯᠢ ᠲᠣᠭᠤᠷᠢᠭ ᠪᠠ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ᠂ ᠲᠡᠦᠬᠡ ᠶᠢᠨ ᠪᠠᠷᠢᠯᠭ᠋ ‍ᠠ᠋᠂ ᠲᠡᠦᠬᠡ ᠲᠠᠢ ᠭᠠᠵᠠᠷ ᠬᠡᠰᠡᠭ ᠪᠠᠶᠢᠵᠤ᠂ ᠠᠵᠤ ᠦᠢᠯᠡᠳᠪᠦᠷᠢ ᠶᠢᠨ ᠥᠪ᠂ ᠲᠠᠷᠢᠶᠠᠯᠠᠩ ᠤᠨ ᠰᠣᠶᠣᠯ ᠤᠨ ᠥᠪ᠂ ᠤᠰᠤᠯᠠᠯᠲᠠ ᠶᠢᠨ ᠢᠨᠵᠧᠨᠧᠷᠢᠩ ᠤᠨ ᠥᠪ᠂ ᠪᠣᠳᠠᠰ ᠤᠨ ᠪᠤᠰᠤ ᠰᠣᠶᠣᠯ ᠤᠨ ᠥᠪ᠂ ᠭᠠᠵᠠᠷ ᠤᠨ ᠨᠠᠷ ᠎ᠡ ᠶᠢᠨ ᠰᠣᠶᠣᠯ ᠤᠨ ᠥᠪ ᠵᠡᠷᠭᠡ ᠶᠢᠨ ᠬᠠᠮᠠᠭᠠᠯᠠᠵᠤ ᠤᠯᠠᠮᠵᠢᠯᠠᠬᠤ ᠯᠤᠭ᠋ ‍ᠠ᠋ ᠬᠠᠮᠲᠤᠪᠠᠷ ᠪᠦᠷᠢᠯᠳᠦᠭᠰᠡᠨ ᠣᠷᠭᠠᠨᠢᠭ ᠪᠦᠬᠦᠯᠢ ᠴᠣᠭᠴᠠ  ᠪᠣᠯᠣᠨ᠎ᠠ᠃ ᠬᠤᠳᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠢ ᠪᠠᠶᠢᠭᠤᠯᠬᠤ ᠶᠢᠨ ᠵᠤᠷᠢᠯᠭ᠋ ‍ᠠ᠋ ᠪᠣᠯ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠳᠤᠮᠳᠠᠳᠤ ᠤᠯᠤᠰ ᠤᠨ ᠡᠷᠲᠡᠨ ᠤ᠂ ᠤᠢᠢᠷ ‍ᠠ᠋ ᠤᠳᠤ ᠦᠢ ᠎ᠡ ᠶᠢᠨ ᠲᠡᠦᠬᠡ ᠰᠣᠶᠣᠯ ᠤᠨ ᠥᠪ ᠪᠠ ᠤᠳᠤ ᠦᠶ᠎ᠡ  ᠶᠢᠨ ᠴᠢᠬᠤᠯᠠ ᠪᠦᠲᠦᠭᠡᠨ ᠪᠠᠶᠢᠭᠤᠯᠤᠯᠲᠠ ᠶᠢᠨ  ᠦᠷ᠎ᠡ ᠪᠦᠲᠦᠭᠡᠯ ᠢ ᠪᠦᠭᠦ ᠲᠠᠯ ‍ᠠ᠋ ᠪᠠᠷ ᠰᠠᠶᠢᠲᠤᠷ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠦᠷᠭᠦᠯᠵᠢᠯᠡᠭᠰᠡᠨ ᠪᠣᠯᠪᠠᠰᠤᠨ ᠲᠡᠦᠬᠡ᠂ ᠳᠤᠮᠳᠠᠳᠤ ᠤᠯᠤᠰ ᠤᠨ ᠤᠢᠢᠷ ‍ᠠ᠋ ᠤᠳᠤ  ᠦᠶ᠎ᠡ ᠶᠢᠨ ᠲᠡᠦᠬᠡᠨ ᠠᠬᠢᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠥᠬᠦᠷᠡᠰᠢ ᠦᠭᠡᠢ ᠲᠡᠮᠡᠴᠡᠭᠰᠡᠨ ᠭᠡᠷᠡᠯ ᠰᠠᠴᠤᠷᠠᠩᠭᠤᠢ ᠥᠩᠭᠡᠷᠡᠯᠲᠡ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠤᠯᠤᠭᠳᠠᠭᠰᠠᠨ ᠪᠠ ᠬᠥᠭᠵᠢᠭᠰᠡᠨ ᠥᠩᠭᠡᠷᠡᠯᠲᠡ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠭᠤᠤ ᠶᠡᠭᠡ ᠠᠶᠠᠨ ᠢ ᠪᠦᠭᠦ ᠲᠠᠯ ‍ᠠ᠋ ᠪᠠᠷ ᠢᠯᠡᠷᠡᠭᠦᠯᠭᠦ ᠶᠢᠨ ᠲᠥᠯᠥᠭᠡ ᠶᠤᠮ᠃      ︵ᠲᠠᠪᠤ︶ ᠬᠠᠮᠠᠭᠠᠯᠠᠵᠤ ᠤᠯᠠᠮᠵᠢᠯᠠᠬᠤ ᠰᠢᠰᠲ᠋ᠧᠮ ᠤᠨ ᠭᠤᠤᠯᠳᠠᠯᠭ᠋ ‍ᠠ᠋ ᠲᠠᠢ ᠡᠭᠦᠷᠭᠡ ᠶᠢ ᠱᠠᠲᠤ ᠬᠤᠪᠢᠶᠠᠨ  ᠨᠠᠶᠢᠳᠠᠪᠤᠷᠢᠵᠢᠭᠤᠯᠤᠨ᠎ᠠ᠃ ᠬᠤᠳᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠤᠨ ᠭᠤᠷᠪᠠᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠎ᠠ᠃ ᠤᠯᠤᠰ᠂ ᠮᠤᠵᠢ ︵ᠦᠪᠡᠷᠲᠡᠭᠡᠨ ᠵᠠᠰᠠᠬᠤ ᠣᠷᠣᠨ᠂ ᠰᠢᠭᠤᠳ  ᠬᠠᠷᠢᠶ᠎ᠠ ᠬᠤᠲᠠ︶ ᠲᠤᠰ ᠲᠤᠰ ᠪᠦᠭᠦ ᠤᠯᠤᠰ ᠤᠨ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠰᠢᠰᠲ᠋ᠧᠮ ᠤᠨ ᠲᠥᠯᠦᠪᠵᠢᠭᠦᠯᠭᠡ ᠶᠢᠨ ᠬᠥᠲᠥᠯᠪᠦᠷᠢ ᠵᠢᠴᠢ ᠮᠤᠵᠢ ᠶᠢᠨ ᠱᠠᠲᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠤᠯᠤᠰ ᠤᠨ ᠲᠠᠰ᠂ ᠮᠤᠵᠢ ᠶᠢᠨ ᠲᠠᠰ ᠤᠨ ᠬᠠᠮᠠᠭᠠᠯᠠᠬᠤ ᠡᠲᠡᠭᠡᠳ ᠤᠨ ᠬᠠᠮᠠᠭᠠᠯᠠᠯᠲᠠ ᠶᠢᠨ ᠨᠡᠷᠡᠰ ᠪᠠ ᠲᠠᠷᠬᠠᠯᠲᠠ ᠶᠢᠨ ᠵᠢᠷᠤᠭ ᠢ ᠪᠠᠶᠢᠭᠤᠯᠵᠤ᠂ ᠬᠠᠮᠠᠭᠠᠯᠠᠬᠤ  ᠬᠡᠪᠴᠢᠶ᠎ᠡ ᠪᠠ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠲᠣᠳᠣᠷᠬᠠᠶᠢᠯᠠᠨ᠂ ᠬᠠᠮᠢᠶ ‍ᠠ᠋ ᠪᠦᠬᠦᠢ ᠲᠥᠯᠦᠪᠵᠢᠭᠦᠯᠭᠡ ᠲᠠᠢ ᠰᠠᠶᠢᠲᠤᠷ  ᠵᠣᠯᠭᠠᠭᠤᠯᠤᠨ᠎ᠠ᠃ ᠬᠤᠲᠠ ᠰᠢᠶᠠᠨ ᠨᠢ ᠤᠯᠤᠰ ᠪᠠ ᠮᠤᠵᠢ ︵ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ ‍ᠠ᠋ ᠬᠤᠲᠠ︶ ᠶᠢᠨ  ᠱᠠᠭᠠᠷᠳᠠᠯᠭ᠎ᠠ ᠶᠣᠰᠣᠭᠠᠷ᠂ ᠬᠠᠮᠠᠭᠠᠯᠠᠨ ᠤᠯᠠᠮᠵᠢᠯᠠᠬᠤ ᠠᠵᠢᠯ ᠤᠨ  ᠬᠠᠷᠢᠶ᠎ᠠ ᠭᠠᠵᠠᠷ ᠤᠨ ᠬᠠᠷᠢᠭᠤᠴᠠᠯᠭ᠋ ‍ᠠ᠋ ᠶᠢ ᠨᠠᠶᠢᠳᠠᠪᠤᠷᠢᠵᠢᠭᠤᠯᠵᠤ᠂ ᠬᠤᠲᠠ ᠰᠢᠶᠠᠨ ᠤ ᠳᠡᠰ ᠤᠨ ᠬᠠᠮᠠᠭᠠᠯᠠᠬᠤ ᠡᠲᠡᠭᠡᠳ ᠢ ᠲᠣᠭᠲᠠᠭᠠᠨ ᠨᠡᠶᠢᠲᠡᠯᠡᠬᠦ ᠶᠢ ᠲᠦᠷᠭᠡᠳᠬᠡᠨ᠂  ᠡᠯ᠎ᠡ ᠲᠦᠷᠦᠯ ᠤᠨ ᠬᠠᠮᠠᠭᠠᠯᠠᠬᠤ ᠡᠲᠡᠭᠡᠳ ᠲᠤ ᠴᠠᠭ ᠲᠤᠬᠠᠢ ᠳᠤᠨᠢ ᠲᠡᠮᠳᠡᠭ ᠫᠠᠶᠢᠰᠠ ᠲᠣᠬᠢᠷᠠᠭᠤᠯᠵᠤ᠂ ᠲᠣᠭᠠᠴᠢᠯᠠᠭᠰᠠᠨ ᠮᠡᠳᠡᠭᠡ ᠵᠠᠩᠭᠢ ᠶᠢ ᠴᠤᠭᠯᠠᠭᠤᠯᠬᠤ ᠪᠠ ᠬᠡᠮᠵᠢᠨ ᠵᠢᠷᠤᠭᠯᠠᠵᠤ ᠲᠠᠩᠰᠠ ᠡᠪᠬᠡᠮᠡᠯ ᠪᠠᠶᠢᠭᠤᠯᠬᠤ ᠶᠢ ᠥᠷᠨᠢᠭᠦᠯᠦᠨ᠂ ᠲᠤᠰᠬᠠᠢ ᠵᠦᠢᠯ ᠤᠨ ᠬᠠᠮᠠᠭᠠᠯᠠᠬᠤ ᠲᠥᠰᠥᠯ ᠢ ᠨᠠᠶᠢᠷᠠᠭᠤᠯᠤᠨ ᠵᠣᠬᠢᠶᠠᠵᠤ᠂ ᠬᠠᠮᠠᠭᠠᠯᠠᠵᠤ ᠤᠯᠠᠮᠵᠢᠯᠠᠬᠤ ᠬᠠᠮᠢᠶᠠᠷᠤᠯᠲᠠ ᠶᠢᠨ ᠠᠷᠭ᠋ ‍ᠠ᠋ ᠶᠢ ᠲᠣᠭᠲᠠᠭᠠᠨ᠂ ᠬᠠᠮᠠᠭᠠᠯᠠᠵᠤ ᠤᠯᠠᠮᠵᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠴᠢᠬᠤᠯᠠ ᠬᠠᠮᠠᠭᠠᠯᠠᠬᠤ  ᠦᠨ᠎ᠡ ᠦᠷᠲᠡᠭ ᠲᠠᠢ᠂ ᠣᠷᠣᠨ ᠨᠤᠲᠤᠭ ᠤᠨ ᠤᠷᠳᠤ ᠬᠤᠭᠤᠴᠠᠭ᠋ ‍ᠠ᠋ ᠪᠠᠷ ᠦᠯᠦ ᠮᠡᠳᠡᠭᠦᠯᠦᠭᠰᠡᠨ ᠲᠡᠦᠬᠡ ᠰᠣᠶᠣᠯ ᠤᠨ ᠡᠬᠢ ᠪᠠᠶᠠᠯᠢᠭ ᠢ ᠬᠠᠮᠢᠶ ‍ᠠ᠋ ᠪᠦᠬᠦᠢ ᠪᠠᠷᠢᠮᠵᠢᠶ ‍ᠠ᠋ ᠪᠠᠷ ᠬᠠᠮᠠᠭᠠᠯᠠᠬᠤ ᠨᠡᠷᠡᠰ ᠲᠤ ᠵᠢᠭᠰᠠᠭᠠᠨ ᠣᠷᠣᠭᠤᠯᠵᠤ ᠪᠣᠯᠣᠨ᠎ᠠ᠃      ᠭᠤᠷᠪᠠ᠂ ᠬᠠᠮᠠᠭᠠᠯᠠᠵᠤ ᠠᠰᠢᠭᠯᠠᠵᠤ ᠤᠯᠠᠮᠵᠢᠯᠠᠬᠤ ᠶᠢ  ᠴᠢᠩᠭᠠᠳᠬᠠᠨ᠎ᠠ      ︵ ᠵᠢᠷᠭᠤᠭ᠎ᠠ︶ ᠬᠠᠮᠠᠭᠠᠯᠠᠯᠲᠠ ᠶᠢᠨ ᠭᠤᠤᠯᠳᠠᠯᠭ᠋ ‍ᠠ᠋ ᠶᠢ  ᠲᠣᠳᠣᠷᠬᠠᠶᠢᠯᠠᠨ᠎ᠠ᠃  ᠡᠯ᠎ᠡ ᠲᠦᠷᠦᠯ ᠤᠨ ᠬᠠᠮᠠᠭᠠᠯᠠᠬᠤ ᠡᠲᠡᠭᠡᠳ ᠤᠨ ᠬᠠᠮᠠᠭᠠᠯᠠᠯᠲᠠ ᠶᠢᠨ ᠭᠡᠪᠴᠢᠶ ᠎ᠡ ᠪᠣᠯᠣᠨ ᠴᠢᠬᠤᠯᠠ ᠪᠦᠬᠦᠢ ᠪᠦᠲᠦᠭᠡᠨ ᠪᠠᠶᠢᠭᠤᠯᠤᠯᠲᠠ ᠬᠢᠬᠦ ᠶᠢ ᠬᠢᠵᠠᠭᠠᠷᠯᠠᠬᠤ ᠣᠷᠣᠨ ᠪᠦᠰᠡ ᠶᠢ ᠬᠤᠪᠢᠶᠠᠷᠢᠯᠠᠨ ᠲᠣᠭᠲᠠᠭᠠᠵᠤ᠂ ᠭᠠᠵᠠᠷ ᠳᠣᠣᠷᠠᠬᠢ ᠲᠡᠦᠬᠡ ᠶᠢᠨ ᠳᠤᠷᠠᠰᠬᠠᠯᠲᠤ ᠵᠦᠢᠯᠡᠰ ᠪᠤᠯᠠᠭᠳᠠᠵᠤ ᠪᠠᠶᠢᠭ᠋ ‍ᠠ᠋ ᠣᠷᠣᠨ ᠢ ᠬᠤᠪᠢᠶᠠᠷᠢᠯᠠᠨ ᠲᠣᠭᠲᠠᠭᠠᠵᠤ᠂ ᠬᠠᠮᠠᠭᠠᠯᠠᠬᠤ ᠭᠤᠤᠯᠳᠠᠯᠭ᠋ ‍ᠠ᠋ ᠪᠣᠯᠣᠨ ᠬᠠᠮᠠᠭᠠᠯᠠᠬᠤ  ᠱᠠᠭᠠᠷᠳᠠᠯᠭ᠎ᠠ ᠶᠢ  ᠲᠣᠳᠣᠷᠬᠠᠶᠢᠯᠠᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠤᠭ ᠴᠣᠭᠴᠠ ᠵᠢᠴᠢ ᠡ᠊ ᠷᠭᠢᠨ ᠲᠣᠭᠤᠷᠢᠨ ᠤ ᠣᠷᠴᠢᠨ ᠲᠣᠭᠤᠷᠢᠨ ᠢ ᠬᠠᠮᠠᠭᠠᠯᠠᠵᠤ᠂ ᠤᠭ ᠪᠠᠭᠤᠷᠢ ᠶᠢ ᠬᠠᠮᠠᠭᠠᠯᠠᠬᠤ ᠶᠢ ᠶᠡᠭᠡ ᠪᠠᠷ ᠬᠡᠷᠡᠭᠵᠢᠭᠦᠯᠵᠦ᠂ ᠰᠡᠷᠭᠡᠶᠢᠯᠡᠬᠦ ᠴᠢᠨᠠᠷᠲᠠᠢ ᠪᠠᠷ ᠬᠠᠮᠠᠭᠠᠯᠠᠬᠤ᠂ ᠡᠳᠦᠷ ᠲᠤᠲᠤᠮ ᠠᠷᠠᠴᠢᠯᠠᠨ ᠬᠠᠮᠠᠭᠠᠯᠠᠬᠤ ᠪᠠ ᠬᠠᠮᠠᠭᠠᠯᠠᠨ ᠰᠡᠯᠪᠢᠨ ᠵᠠᠰᠠᠬᠤ ᠶᠢ  ᠴᠢᠩᠭᠠᠳᠬᠠᠨ᠎ᠠ᠃ ᠠᠳᠠᠯᠢ ᠪᠤᠰᠤ ᠴᠠᠭ ᠦᠢ ᠎ᠡ᠂ ᠠᠳᠠᠯᠢ ᠪᠤᠰᠤ ᠲᠦᠷᠦᠯ ᠭᠡᠯᠪᠡᠷᠢ ᠶᠢᠨ ᠲᠡᠦᠬᠡᠨ ᠪᠠᠷᠢᠯᠭ᠋ ‍ᠠ᠋ ᠶᠢ ᠬᠠᠮᠠᠭᠠᠯᠠᠵᠤ᠂ ᠲᠡᠭᠦᠨ ᠤ ᠭᠤᠣᠯᠯᠠᠬᠤ ᠦᠷᠲᠡᠭ ᠢ ᠢᠯᠡᠷᠡᠭᠦᠯᠦᠭᠰᠡᠨ ᠭᠠᠳᠠᠷ ᠳᠦᠷᠰᠦ᠂ ᠪᠦᠲᠦᠴᠡ ᠪᠠ ᠲᠣᠨᠣᠭᠯᠠᠭᠠᠰᠤ ᠵᠡᠷᠭᠡ ᠶᠢ ᠭᠤᠤᠯᠳᠠᠯᠭ᠋ ‍ᠠ᠋ ᠲᠠᠢ ᠬᠠᠮᠠᠭᠠᠯᠠᠵᠤ᠂ ᠴᠠᠭ ᠲᠤᠬᠠᠢ ᠳᠤᠨᠢ ᠪᠠᠬᠢᠵᠢᠭᠦᠯᠦᠨ ᠵᠠᠰᠠᠵᠤ᠂ ᠠᠮᠤᠷ ᠲᠦᠪᠰᠢᠨ ᠤ ᠭᠡᠮ ᠰᠣᠭᠤᠭ ᠢ  ᠠᠷᠢᠯᠭᠠᠨ᠎ᠠ᠃ ᠵᠣᠬᠢᠬᠤ ᠲᠡᠦᠬᠡᠨ ᠴᠠᠭ  ᠦᠶ᠎ᠡ ᠶᠢᠨ ᠤᠯᠠᠮᠵᠢᠯᠠᠯᠲᠤ ᠳᠦᠷᠰᠦ ᠪᠠᠶᠢᠳᠠᠯ ᠪᠠ ᠦᠨᠳᠦᠰᠦᠲᠡᠨ᠂ ᠣᠷᠣᠨ ᠨᠤᠲᠤᠭ ᠤᠨ ᠣᠨᠴᠠᠯᠢᠭ ᠢ ᠦᠨᠡᠨ ᠪᠣᠳᠠᠲᠠᠢ ᠪᠠᠷ ᠲᠤᠰᠬᠠᠵᠤ ᠴᠢᠳᠠᠬᠤ ᠲᠡᠦᠬᠡ ᠲᠠᠢ ᠭᠠᠵᠠᠷ ᠬᠡᠰᠡᠭ ᠢ  ᠬᠠᠮᠠᠭᠠᠯᠠᠨ᠎ᠠ᠃ ᠲᠡᠦᠬᠡ ᠰᠣᠶᠣᠯ ᠤᠨ ᠵᠡᠭᠡᠯᠢ ᠲᠣᠭᠤᠷᠢᠭ ᠤᠨ ᠲᠡᠦᠬᠡ ᠶᠢᠨ ᠤᠯᠠ ᠮᠥᠷ᠂ ᠲᠡᠦᠬᠡ ᠶᠢᠨ ᠵᠡᠭᠡᠯᠢ ᠭᠤᠳᠤᠮᠵᠢ᠂ ᠣᠷᠣᠨ ᠵᠠᠢ ᠶᠢᠨ  ᠬᠡᠮᠵᠢᠶ᠎ᠡ ᠪᠣᠯᠣᠨ ᠦᠵᠡᠮᠵᠢ ᠶᠢᠨ ᠣᠷᠴᠢᠨ ᠲᠣᠭᠤᠷᠢᠨ ᠵᠢᠴᠢ ᠡᠷᠲᠡᠨ ᠤ ᠬᠤᠳᠳᠤᠭ᠂ ᠡᠷᠲᠡᠨ ᠤ ᠬᠥᠭᠦᠷᠭᠡ᠂ ᠡᠷᠲᠡᠨ ᠤ ᠮᠣᠳᠣ ᠵᠡᠷᠭᠡ ᠣᠷᠴᠢᠨ ᠲᠣᠭᠤᠷᠢᠨ ᠤ ᠡᠯᠧᠮᠧᠨ᠋ᠲ ᠢ ᠬᠠᠮᠠᠭᠠᠯᠠᠵᠤ᠂ ᠵᠣᠬᠢᠴᠠᠩᠭᠤᠢ ᠪᠤᠰᠤ ᠪᠠᠷᠢᠯᠭ᠎ᠠ ᠪᠣᠯᠣᠨ ᠦᠵᠡᠮᠵᠢ ᠶᠢ ᠴᠡᠭᠴᠡᠯᠡᠨ ᠵᠠᠰᠠᠵᠤ᠂ ᠲᠡᠦᠬᠡ ᠶᠢᠨ ᠳᠦᠷᠰᠦ ᠪᠠᠶᠢᠳᠠᠯ ᠢ  ᠦᠷᠭᠦᠯᠵᠢᠯᠡᠭᠦᠯᠦᠨ᠎ᠡ᠃ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠤᠰᠬᠤᠨ ︵ᠤᠯᠠᠮᠵᠢᠯᠠᠯᠲᠤ ᠲᠤᠰᠬᠤᠨ︶ ᠤ ᠤᠯᠠᠮᠵᠢᠯᠠᠯᠲᠤ ᠪᠠᠶᠢᠷᠢᠰᠢᠯ᠂ ᠲᠡᠦᠬᠡ ᠶᠢᠨ ᠳᠦᠷᠰᠦ ᠪᠠᠶᠢᠳᠠᠯ᠂ ᠰᠣᠶᠣᠯ ᠢᠷᠭᠡᠨᠰᠢᠯ ᠤᠨ ᠣᠷᠴᠢᠨ ᠲᠣᠭᠤᠷᠢᠨ ᠵᠢᠴᠢ ᠲᠦᠰᠢᠭᠯᠡᠨ ᠣᠷᠣᠰᠢᠵᠤ ᠪᠦᠬᠦᠢ ᠭᠠᠵᠠᠷ ᠤᠨ ᠪᠠᠶᠢᠴᠠ ᠭᠠᠵᠠᠷ ᠤᠨ ᠭᠠᠳᠠᠷᠭᠤ᠂ ᠭᠤᠣᠯ ᠮᠥᠷᠡᠨ ᠨᠠᠭᠤᠷ ᠴᠦᠭᠦᠷᠦᠮ ᠤᠨ ᠤᠰᠤᠨ ᠰᠢᠰᠲ᠋ᠧᠮ ᠵᠡᠷᠭᠡ ᠪᠠᠶᠢᠭᠠᠯᠢ ᠶᠢᠨ ᠦᠵᠡᠮᠵᠢ ᠶᠢᠨ ᠣᠷᠴᠢᠨ ᠲᠣᠭᠤᠷᠢᠨ ᠢ ᠬᠠᠮᠠᠭᠠᠯᠠᠵᠤ᠂ ᠪᠦᠬᠦᠯᠢ ᠴᠣᠭᠴᠠ ᠪᠠᠷ ᠬᠠᠮᠠᠭᠠᠯᠠᠬᠤ ᠶᠢ ᠴᠢᠬᠤᠯᠠᠴᠢᠯᠠᠨ᠂ ᠤᠯᠠᠮᠵᠢᠯᠠᠯᠲᠤ ᠪᠦᠲᠦᠭᠡᠨ ᠪᠠᠶᠢᠭᠤᠯᠤᠭᠰᠠᠨ ᠤᠶᠤᠨ ᠤᠬᠠᠭᠠᠨ ᠢ  ᠤᠯᠠᠮᠵᠢᠯᠠᠨ᠎ᠠ᠃ ᠪᠣᠳᠠᠰ ᠤᠨ ᠪᠤᠰᠤ ᠰᠣᠶᠣᠯ ᠤᠨ ᠥᠪ ᠵᠢᠴᠢ ᠲᠡᠭᠦᠨ ᠤ ᠲᠦᠰᠢᠭᠯᠡᠨ ᠣᠷᠣᠰᠢᠵᠤ ᠪᠠᠶᠢᠭ᠋ ‍ᠠ᠋ ᠰᠣᠶᠣᠯ ᠤᠨ ᠠᠮᠢ ᠠᠬᠤᠢ ᠶᠢ ᠬᠠᠮᠠᠭᠠᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠭᠡᠮ ᠤᠨ ᠴᠢᠳᠠᠮᠵᠢ ᠪᠣᠯᠣᠨ ᠤᠳᠤ ᠦᠢ ᠎ᠡ ᠶᠢᠨ ᠦᠷᠲᠡᠭ ᠢ  ᠪᠠᠳᠠᠷᠠᠭᠤᠯᠤᠨ᠎ᠠ᠃      ︵ᠳᠤᠯᠤᠭ᠋ ‍ᠠ᠋︶ ᠨᠤᠷᠠᠭᠠᠬᠤ ᠬᠠᠮᠢᠶᠠᠷᠤᠯᠲᠠ ᠶᠢ  ᠴᠢᠩᠳᠠᠯᠠᠨ᠎ᠠ᠃ ᠬᠤᠲᠠ ᠶᠢ ᠰᠢᠨᠡᠳᠬᠡᠨ ᠵᠠᠰᠠᠬᠤ ᠳᠤᠮᠳᠠ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ᠂ ᠦᠨᠡᠨ ᠢ ᠨᠤᠷᠠᠭᠠᠵᠤ ᠬᠠᠭᠤᠷᠮᠠᠭ ᠢᠶᠠᠷ ᠪᠠᠶᠢᠭᠤᠯᠬᠤ᠂ ᠬᠤᠳᠠᠯ ᠢᠶᠠᠷ ᠦᠨᠡᠨ ᠢ ᠰᠠᠮᠠᠭᠤᠷᠠᠭᠤᠯᠬᠤ ᠶᠢ ᠴᠠᠭᠠᠵᠠᠯᠠᠵᠤ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠶᠢ ᠡᠪᠳᠡᠭᠦ ᠦᠭᠡᠢ᠂ ᠬᠠᠭᠤᠴᠢᠨ ᠮᠣᠳᠣ ᠶᠢ ᠣᠭᠲᠣᠯᠬᠤ ᠦᠭᠡᠢ᠂ ᠤᠯᠠᠮᠵᠢᠯᠠᠯᠲᠤ ᠳᠦᠷᠰᠦ ᠪᠠᠶᠢᠳᠠᠯ ᠢ ᠡᠪᠳᠡᠭᠦ ᠦᠭᠡᠢ᠂ ᠭᠤᠣᠯ ᠮᠥᠷᠡᠨ ᠨᠠᠭᠤᠷ ᠴᠦᠭᠦᠷᠦᠮ ᠤᠨ ᠤᠰᠤᠨ ᠰᠢᠰᠲ᠋ᠧᠮ ᠢ ᠲᠤᠷ ‍ᠠ᠋ ᠪᠠᠷ ᠢᠶᠠᠨ ᠬᠤᠪᠢᠷᠠᠭᠤᠯᠬᠤ ᠪᠤᠶᠤ ᠡᠵᠡᠯᠡᠭᠦ ᠦᠭᠡᠢ᠂ ᠬᠠᠭᠤᠴᠢᠨ ᠭᠠᠵᠠᠷ ᠤᠨ ᠨᠡᠷᠡᠶᠢᠳᠦᠯ ᠢ ᠲᠤᠷ ‍ᠠ᠋ ᠪᠠᠷ ᠢᠶᠠᠨ ᠥᠭᠡᠷᠡᠴᠢᠯᠡᠬᠦ ᠦᠭᠡᠢ ᠪᠠᠶᠢᠬᠤ ᠬᠡᠷᠡᠭᠲᠡᠢ᠃ ᠬᠤᠲᠠ ᠶᠢᠨ ᠣᠨᠴᠠ ᠲᠣᠭᠲᠠᠭᠰᠠᠨ ᠬᠥᠭᠵᠢᠯᠲᠡ ᠶᠢᠨ ᠱᠠᠲᠤ ᠦᠶ᠎ᠡ ᠶᠢ ᠬᠠᠷᠠᠭᠤᠯᠬᠤ᠂ ᠴᠢᠬᠤᠯᠠ ᠲᠡᠦᠬᠡᠨ ᠬᠡᠷᠡᠭ ᠢ ᠲᠤᠰᠬᠠᠬᠤ᠂ ᠨᠡᠶᠢᠭᠡᠮ ᠤᠨ ᠨᠡᠶᠢᠲᠡ ᠤᠯᠠᠨ ᠤ ᠬᠠᠶᠢᠷ ‍ᠠ᠋ ᠰᠡᠳᠬᠢᠯᠭᠡ ᠳᠤᠷᠠᠰᠤᠮᠵᠢ ᠶᠢ ᠨᠢᠭᠲᠠᠷᠠᠭᠤᠯᠵᠤ ᠳᠡᠶᠢᠯᠭᠦ ᠨᠢᠭᠡᠨᠲᠡ ᠪᠠᠶᠢᠭ᠎ᠠ  ᠪᠠᠷᠢᠯᠭ᠎ᠠ ᠶᠢ ᠦᠨᠡᠨ ᠬᠦ ᠬᠠᠮᠠᠭᠠᠯᠠᠵᠤ᠂ ᠬᠠᠮᠠᠭᠠᠯᠠᠯᠲᠠ ᠶᠢᠨ  ᠦᠨ᠎ᠡ ᠦᠷᠲᠡᠭ ᠲᠠᠢ ᠬᠠᠭᠤᠴᠢᠨ ᠪᠠᠷᠢᠯᠭ᠋ ‍ᠠ᠋᠂ ᠡᠷᠲᠡᠨ ᠤ ᠠᠷᠠᠳ ᠤᠨ ᠣᠷᠣᠨ ᠰᠠᠭᠤᠴᠠ ᠶᠢ ᠲᠤᠷ ‍ᠠ᠋ ᠪᠠᠷ ᠢᠶᠠᠨ ᠨᠤᠷᠠᠭᠠᠵᠤ ᠪᠤᠯᠬᠤ ᠦᠭᠡᠢ᠃ ᠤᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠪᠤᠶᠤ ᠠᠮᠤᠷ ᠲᠦᠪᠰᠢᠨ ᠤ ᠭᠡᠮ ᠰᠣᠭᠤᠭ ᠣᠷᠣᠰᠢᠵᠤ ᠪᠠᠶᠢᠬᠤ ᠠᠴᠠ ᠪᠣᠯᠵᠤ  ᠠᠷᠭ᠎ᠠ ᠪᠤᠰᠤ ᠨᠤᠷᠠᠭᠠᠬᠤ ᠴᠢᠬᠤᠯᠠᠲᠠᠢ ᠪᠣᠯ ᠦᠨᠡᠯᠡᠨ ᠵᠢᠱᠢᠵᠦ ᠨᠤᠲᠠᠯᠠᠯᠲᠠ ᠬᠢᠵᠦ᠂ ᠬᠠᠮᠢᠶ ‍ᠠ᠋ ᠪᠦᠬᠦᠢ ᠰᠠᠯᠠᠭ᠋ ‍ᠠ᠋ ᠮᠥᠴᠢᠷ ᠪᠠ ᠤᠯᠠᠨ ᠨᠡᠶᠢᠲᠡ ᠶᠢᠨ ᠰᠠᠨᠠᠯ ᠢ ᠥᠷᠭᠡᠨ ᠢᠶᠠᠷ ᠰᠤᠨᠤᠰᠬᠤ ᠬᠡᠷᠡᠭᠲᠡᠢ᠃      ︵ᠨᠠᠢᠮᠠ︶ ᠠᠮᠢᠳᠤᠯᠢᠭᠵᠢᠭᠤᠯᠤᠨ ᠠᠰᠢᠭᠯᠠᠬᠤ ᠶᠢ  ᠠᠬᠢᠭᠤᠯᠤᠨ᠎ᠠ᠃ ᠬᠡᠷᠡᠭᠯᠡᠬᠦ ᠪᠠᠷ ᠳᠠᠮᠵᠢᠨ ᠬᠠᠮᠠᠭᠠᠯᠠᠬᠤ ᠶᠢ ᠪᠠᠷᠢᠮᠲᠠᠯᠠᠵᠤ᠂ ᠲᠡᠦᠬᠡ ᠰᠣᠶᠣᠯ ᠤᠨ ᠥᠪ ᠢ ᠪᠦᠲᠦᠮᠵᠢᠲᠡᠶ ᠠᠰᠢᠭᠯᠠᠬᠤ ᠳᠤᠮᠳᠠ ᠬᠤᠲᠠ ᠪᠠ ᠬᠥᠳᠡᠭᠡ ᠲᠤᠰᠬᠤᠨ ᠤ ᠥᠪᠡᠷᠮᠢᠴᠡ ᠣᠨᠴᠠᠯᠢᠭ ᠪᠦᠬᠦᠢ ᠢᠯᠡᠷᠬᠡᠶᠢᠯᠡᠯ ᠲᠡᠮᠳᠡᠭ ᠪᠠ ᠤᠯᠠᠨ ᠨᠡᠶᠢᠲᠡ ᠶᠢᠨ ᠴᠠᠭ  ᠦᠶ᠎ᠡ ᠶᠢᠨ ᠳᠤᠷᠠᠳᠬᠠᠯ ᠪᠤᠯᠭᠠᠵᠤ᠂ ᠲᠡᠦᠬᠡ ᠰᠣᠶᠣᠯ ᠪᠠ ᠤᠲᠤ ᠦᠢ ᠎ᠡ ᠶᠢᠨ ᠠᠮᠢᠳᠤᠷᠠᠯ ᠢ ᠨᠢᠭᠡ ᠴᠣᠭᠴᠠᠵᠢᠭᠤᠯᠤᠨ᠂ ᠥᠨᠢᠳᠡ ᠤᠯᠠᠮᠵᠢᠯᠠᠨ ᠵᠠᠯᠭᠠᠮᠵᠢᠯᠠᠬᠤ ᠶᠢ  ᠪᠡᠶᠡᠯᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠴᠢᠯᠦᠭᠡᠲᠡᠢ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠨᠥᠬᠦᠴᠡᠯ ᠪᠦᠷᠢᠯᠳᠦᠭᠦᠯᠦᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠷᠢᠯᠭ᠋ ‍ᠠ᠋ ᠶᠢ ᠮᠦᠽᠧᠶ᠂ ᠳᠡᠯᠭᠡᠨ ᠦᠵᠡᠭᠦᠯᠭᠦ ᠣᠷᠳᠣᠨ ᠵᠡᠷᠭᠡ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ  ᠪᠣᠯᠭᠠᠨ᠎ᠠ᠃ ᠲᠡᠦᠬᠡ ᠶᠢᠨ ᠪᠠᠷᠢᠯᠭ᠋ ‍ᠠ᠋᠂ ᠠᠵᠤ ᠦᠢᠯᠡᠳᠪᠦᠷᠢ ᠶᠢᠨ ᠥᠪ ᠢ ᠠᠮᠢᠳᠤᠯᠢᠭᠵᠢᠭᠤᠯᠤᠨ ᠠᠰᠢᠭᠯᠠᠵᠤ᠂ ᠤᠤᠯ ᠤᠨ ᠳᠦᠷᠰᠦ ᠪᠠᠶᠢᠳᠠᠯ᠂ ᠨᠡᠶᠢᠲᠡᠯᠢᠭ ᠲᠣᠨᠣᠭᠯᠠᠭᠠᠰᠤ ᠶᠢ ᠪᠠᠲᠤᠯᠠᠭᠰᠠᠨ ᠰᠠᠭᠤᠷᠢᠨ ᠳᠡᠭᠡᠷ ᠎ᠡ᠂ ᠨᠡᠮᠡᠵᠦ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠲᠥᠬᠦᠭᠡᠷᠦᠮᠵᠢ ᠨᠡᠮᠡᠭᠦ ᠵᠡᠷᠭᠡ  ᠠᠷᠭ᠎ᠠ ᠪᠠᠷ ᠳᠠᠮᠵᠢᠭᠤᠯᠤᠨ ᠤᠳᠤ  ᠦᠶ᠎ᠡ  ᠶᠢᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠳᠤ  ᠲᠣᠬᠢᠷᠠᠯᠴᠠᠭᠤᠯᠤᠨ᠎ᠠ᠃ ᠲᠠᠷᠢᠶᠠᠯᠠᠩ ᠤᠨ ᠰᠣᠶᠣᠯ ᠤᠨ ᠥᠪ᠂ ᠤᠰᠤᠯᠠᠯᠲᠠ ᠶᠢᠨ ᠢᠨᠵᠧᠨᠧᠷᠢᠩ ᠤᠨ ᠥᠪ ᠤᠨ ᠬᠠᠮᠠᠭᠠᠯᠠᠯᠲᠠ ᠪᠠ ᠬᠥᠭᠵᠢᠯᠲᠡ ᠶᠢᠨ ᠠᠷᠭ᠋ ‍ᠠ᠋ ᠵᠠᠮ ᠢ ᠰᠦᠪᠡᠭᠴᠢᠯᠡᠵᠦ᠂ ᠠᠮᠢ ᠠᠬᠤᠢ ᠶᠢᠨ ᠲᠠᠷᠢᠶᠠᠯᠠᠩ᠂ ᠬᠥᠳᠡᠭᠡ ᠲᠤᠰᠬᠤᠨ ᠤ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ  ᠠᠬᠢᠭᠤᠯᠤᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠵᠦᠢ ᠵᠣᠬᠢᠰᠲᠠᠢ ᠠᠰᠢᠭᠯᠠᠬᠤ ᠶᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠳᠤ ᠦᠢ ᠎ᠡ ᠶᠢᠨ ᠦᠢᠯᠡᠳᠪᠦᠷᠢᠯᠡᠯ ᠠᠮᠢᠳᠤᠷᠠᠯ ᠳᠤ ᠠᠭᠤᠰᠤᠨ ᠣᠷᠣᠬᠤ ᠶᠢ  ᠠᠬᠢᠭᠤᠯᠤᠨ᠎ᠠ᠃      ︵ᠶᠢᠰᠦ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ  ᠠᠭᠤᠰᠤᠯᠴᠠᠭᠤᠯᠤᠨ᠎ᠠ᠃ ᠬᠤᠲᠠ ᠬᠥᠳᠡᠭᠡ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ᠰᠢᠨ ᠎ᠡ ᠬᠤᠲᠠ ᠪᠣᠯᠣᠨ ᠬᠠᠭᠤᠴᠢᠨ ᠬᠤᠲᠠ ᠶᠢᠨ ᠬᠠᠷᠢᠴᠠᠭ᠋ ‍ᠠ᠋ ᠶᠢ ᠵᠣᠬᠢᠰᠲᠠᠢ ᠰᠢᠢᠳᠪᠦᠷᠢᠯᠡᠵᠦ᠂ ᠬᠠᠭᠤᠴᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠲᠠᠴᠠ ᠪᠣᠯᠣᠨ ᠬᠦᠴᠦᠯᠡᠴᠡ ᠶᠢ ᠵᠦᠢ ᠵᠣᠬᠢᠰᠲᠠᠢ ᠲᠣᠭᠲᠠᠭᠠᠨ᠂ ᠰᠢᠨᠵᠢᠯᠡᠬᠦ ᠤᠬᠠᠭᠠᠨᠴᠢ ᠪᠠᠷ ᠨᠤᠲᠠᠯᠠᠭᠰᠠᠨ ᠤ ᠳᠠᠷᠠᠭ᠋ ‍ᠠ᠋᠂ ᠲᠡᠦᠬᠡ ᠰᠣᠶᠣᠯ ᠤᠨ ᠬᠠᠮᠠᠭᠠᠯᠠᠵᠤ ᠤᠯᠠᠮᠵᠢᠯᠠᠬᠤ ᠯᠤᠭ᠋ ‍ᠠ᠋ ᠲᠣᠬᠢᠷᠠᠯᠴᠠᠬᠤ ᠦᠭᠡᠢ ᠠᠵᠤ ᠦᠢᠯᠡᠳᠪᠦᠷᠢ᠂ ᠬᠥᠮᠥᠷᠭᠡᠯᠡᠨ ᠬᠠᠳᠠᠭᠠᠯᠠᠬᠤ᠂ ᠪᠠᠷᠠᠭ᠋ ‍ᠠ᠋ ᠶᠢᠨ ᠭᠦᠢᠯᠭᠡᠭᠡᠨ᠂ ᠣᠷᠣᠨ ᠪᠦᠰᠡ ᠶᠢᠨ ᠴᠢᠨᠠᠷᠲᠠᠢ ᠪᠥᠭᠡᠮ ᠢᠶᠠᠷ ᠬᠤᠳᠠᠯᠳᠤᠬᠤ ᠵᠠᠭ ‍ᠠ᠋ ᠳᠡᠯᠭᠡᠭᠦᠷ ᠵᠡᠷᠭᠡ ᠬᠤᠲᠠ ᠶᠢᠨ ᠴᠢᠳᠠᠮᠵᠢ ᠶᠢ ᠠᠯᠬᠤᠮ ᠠᠯᠬᠤᠮ ᠢᠶᠠᠷ  ᠲᠠᠷᠬᠠᠭᠠᠨ᠎ᠠ᠃ ᠦᠯᠡᠳᠡᠭᠡᠬᠦ ᠥᠭᠡᠷᠡᠴᠢᠯᠡᠬᠦ ᠨᠤᠷᠠᠭᠠᠬᠤ ᠶᠢ ᠵᠡᠷᠭᠡ ᠪᠠᠷ ᠠᠳᠬᠤᠬᠤ᠂ ᠦᠯᠡᠳᠡᠭᠡᠵᠦ ᠬᠠᠮᠠᠭᠠᠯᠠᠬᠤ ᠪᠠᠷ ᠭᠤᠣᠯ ᠪᠤᠯᠭᠠᠬᠤ ᠵᠠᠷᠴᠢᠮ ᠶᠣᠰᠣᠭᠠᠷ᠂ ᠬᠤᠲᠠ ᠶᠢᠨ ᠠᠮᠢ ᠠᠬᠤᠢ ᠶᠢ ᠵᠠᠰᠠᠨ ᠰᠡᠷᠭᠦᠭᠡᠬᠦ ᠪᠠ ᠴᠢᠳᠠᠮᠵᠢ ᠶᠢ ᠲᠡᠭᠦᠯᠳᠡᠷᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠰᠢᠨᠡᠴᠢᠯᠡᠯᠲᠡ ᠶᠢ ᠯᠠᠪᠳᠠᠭᠤᠨ ᠢᠶᠠᠷ  ᠠᠬᠢᠭᠤᠯᠤᠨ᠎ᠠ᠃ ᠭᠤᠤᠯᠳᠠᠯᠭ᠋ ‍ᠠ᠋ ᠲᠠᠢ ᠭᠠᠵᠠᠷ ᠬᠡᠰᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠋ ‍ᠠ᠋ ᠶᠢ ᠬᠠᠮᠢᠶᠠᠷᠤᠨ ᠡᠵᠡᠮᠳᠡᠬᠦ ᠪᠠ ᠪᠠᠷᠢᠯᠭ᠋ ‍ᠠ᠋᠂ ᠱᠤᠭᠤᠮᠠᠯ ᠢ ᠵᠢᠷᠤᠵᠤ ᠲᠥᠯᠥᠪᠯᠡᠬᠦ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠤᠯᠠᠮᠵᠢᠯᠠᠯᠲᠤ ᠰᠣᠶᠣᠯ ᠤᠨ ᠭᠧᠨ ᠢ ᠰᠠᠶᠢᠲᠤᠷ ᠬᠠᠮᠠᠭᠠᠯᠠᠨ᠂ ᠤᠯᠠᠮᠵᠢᠯᠠᠯ ᠤᠨ  ᠰᠢᠨ᠎ᠡ ᠶᠢ ᠡᠭᠦᠳᠭᠦ ᠶᠢ ᠵᠣᠷᠢᠭᠵᠢᠭᠤᠯᠵᠤ᠂ ᠬᠤᠲᠠ ᠶᠢᠨ ᠣᠨᠴᠠᠯᠢᠭ ᠢ ᠢᠯᠡᠷᠡᠭᠦᠯᠦᠨ᠂ ︽ᠮᠢᠩᠭᠠᠨ ᠬᠤᠲᠠ ᠨᠢᠭᠡ ᠯᠠ ᠠᠳᠠᠯᠢ᠂ ᠲᠦᠮᠡᠨ ᠠᠰᠠᠷ ᠨᠢᠭᠡ ᠯᠡ ᠳᠦᠷᠢ ᠲᠠᠢ ᠪᠠᠶᠢᠬᠤ ᠠᠴᠠ  ᠵᠠᠶᠢᠯᠠᠰᠬᠢᠨ᠎ᠠ᠃ ᠲᠡᠦᠬᠡ ᠰᠣᠶᠣᠯ ᠤᠨ ᠵᠡᠭᠡᠯᠢ ᠲᠣᠭᠤᠷᠢᠭ ᠪᠠ ᠲᠡᠦᠬᠡ ᠶᠢᠨ ᠭᠠᠵᠠᠷ ᠬᠡᠰᠡᠭ ᠲᠤ ᠲᠦᠰᠢᠭᠯᠡᠨ ᠰᠣᠶᠣᠯ ᠤᠨ ᠦᠵᠡᠭᠦᠯᠭᠡ᠂ ᠤᠯᠠᠮᠵᠢᠯᠠᠯᠲᠤ ᠣᠷᠣᠨ ᠰᠠᠭᠤᠴᠠ᠂ ᠣᠨᠴᠠᠯᠢᠭᠲᠤ ᠬᠤᠳᠠᠯᠳᠤᠭ᠋ ‍ᠠ᠋᠂ ᠰᠡᠯᠡᠭᠦᠴᠡᠨ ᠣᠶᠢᠯᠠᠭᠠᠬᠤ ᠵᠡᠷᠭᠡ ᠤᠨᠴᠠᠭᠠᠢ ᠴᠢᠳᠠᠮᠵᠢᠲᠤ ᠣᠷᠣᠨ ᠢ ᠪᠦᠲᠦᠭᠡᠨ ᠪᠠᠶᠢᠭᠤᠯᠵᠤ᠂ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠦᠨ᠂ ᠬᠤᠲᠠ ᠶᠢᠨ ᠠᠮᠢᠵᠢᠷᠠᠯ ᠤᠨ ᠬᠦᠴᠦᠨ ᠢ  ᠳᠡᠭᠡᠭᠰᠢᠯᠡᠭᠦᠯᠦᠨ᠎ᠡ᠃ ︽ᠬᠤᠸᠠᠷ ᠬᠠᠳᠬᠤᠬᠤ︾᠂ ︽ᠨᠡᠭᠡᠭᠦ ᠨᠦᠭᠦᠭᠦ︾ ᠵᠡᠷᠭᠡ ᠵᠢᠵᠢᠭ ᠥᠭᠡᠷᠡᠴᠢᠯᠡᠯᠲᠡ ᠶᠢᠨ ᠠᠷᠭ᠋ ‍ᠠ᠋ ᠮᠠᠶ᠋ᠢᠭ ᠢ ᠬᠡᠷᠡᠭᠯᠡᠨ᠂ ᠲᠡᠦᠬᠡ ᠰᠣᠶᠣᠯ ᠤᠨ ᠨᠠᠷᠠᠲᠤ ᠬᠤᠲᠠ᠂ ᠨᠠᠷᠠᠲᠤ ᠪᠠᠯᠭᠠᠰᠤ᠂ ᠨᠠᠷᠠᠲᠤ ᠲᠤᠰᠬᠤᠨ ︵ᠤᠯᠠᠮᠵᠢᠯᠠᠯᠲᠤ ᠲᠤᠰᠬᠤᠨ︶᠂ ᠵᠡᠭᠡᠯᠢ ᠲᠣᠭᠤᠷᠢᠭ ᠪᠠ ᠲᠡᠦᠬᠡ ᠶᠢᠨ ᠭᠠᠵᠠᠷ ᠬᠡᠰᠡᠭ ᠤᠨ ᠤᠯᠠᠨ ᠨᠡᠶᠢᠲᠡ ᠶᠢᠨ ᠨᠡᠭᠡᠭᠡᠯᠲᠡ ᠶᠢᠨ ᠣᠷᠣᠨ ᠵᠠᠢ ᠶᠢ ᠨᠡᠮᠡᠭᠳᠡᠭᠦᠯᠵᠦ᠂ ᠢᠵᠢ ᠲᠦᠭᠦᠷᠵᠢᠭᠦᠯᠭᠦ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠭᠦᠢᠴᠡᠳ  ᠨᠥᠬᠦᠪᠦᠷᠢᠯᠡᠨ᠎ᠡ᠃ ᠤᠯᠠᠨ ᠵᠦᠢᠯ ᠤᠨ ᠭᠡᠯᠪᠡᠷᠢ ᠮᠠᠶ᠋ᠢᠭ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠤ ᠪᠠᠶᠢᠭᠤᠯᠤᠯᠲᠠ ᠶᠢ       ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠰᠥᠯ ᠲᠣᠭᠲᠠᠭᠠᠵᠤ᠂ ᠬᠥᠮᠥᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠵᠡᠷᠭᠡ ᠠᠷᠭ᠋ ‍ᠠ᠋ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠲᠡᠦᠬᠡ ᠰᠣᠶᠣᠯ ᠤᠨ ᠨᠡᠷᠡᠲᠦ ᠬᠤᠲᠠ᠂ ᠨᠡᠷᠡᠲᠦ ᠪᠠᠯᠭᠠᠰᠤ᠂ ᠨᠡᠷᠡᠲᠦ ᠲᠤᠰᠬᠤᠨ ︵ᠤᠯᠠᠮᠵᠢᠯᠠᠯᠲᠤ ᠲᠤᠰᠬᠤᠨ︶᠂ ᠵᠡᠭᠡᠯᠢ ᠲᠣᠭᠤᠷᠢᠭ ᠪᠣᠯᠣᠨ ᠲᠡᠦᠬᠡ ᠶᠢ ᠭᠠᠵᠠᠷ ᠬᠡᠰᠡᠭ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠶᠢ  ᠳᠡᠭᠡᠭᠰᠢᠯᠡᠭᠦᠯᠦᠨ᠎ᠡ᠃ ᠬᠥᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠬᠢᠭᠡᠳ ᠲᠡᠦᠬᠡ ᠰᠣᠶᠣᠯ ᠤᠨ ᠨᠡᠷᠡᠲᠦ ᠪᠠᠯᠭᠠᠰᠤ᠂ ᠨᠡᠷᠡᠲᠦ ᠲᠤᠰᠬᠤᠨ ︵ᠤᠯᠠᠮᠵᠢᠯᠠᠯᠲᠤ ᠲᠤᠰᠬᠤᠨ︶ ᠵᠢᠴᠢ ᠲᠡᠦᠬᠡ ᠶᠢᠨ ᠭᠠᠵᠠᠷ ᠬᠡᠰᠡᠭ᠂ ᠲᠠᠷᠢᠶᠠᠯᠠᠩ ᠤᠨ ᠰᠣᠶᠣᠯ ᠤᠨ ᠥᠪ᠂ ᠤᠰᠤᠯᠠᠯᠲᠠ ᠶᠢᠨ ᠢᠨᠵᠧᠨᠧᠷᠢᠩ ᠤᠨ ᠥᠪ ᠢ ᠬᠠᠮᠠᠭᠠᠯᠠᠨ ᠠᠰᠢᠭᠯᠠᠬᠤ ᠶᠢ ᠨᠢᠭᠡᠳᠦᠯᠲᠡᠢ  ᠲᠥᠯᠥᠪᠵᠢᠭᠦᠯᠦᠨ᠎ᠡ᠃      ︵ᠠᠷᠪᠠ︶ ᠲᠡᠦᠬᠡ ᠰᠣᠶᠣᠯ ᠢ  ᠪᠠᠳᠠᠷᠠᠭᠤᠯᠤᠨ᠎ᠠ᠃ ᠬᠠᠮᠠᠭᠠᠯᠠᠬᠤ ᠰᠠᠭᠤᠷᠢᠨ ᠳᠡᠭᠡᠷ ᠎ᠡ ᠡᠯ ᠎ᠡ ᠲᠦᠷᠦᠯ ᠤᠨ ᠲᠡᠦᠬᠡ ᠰᠣᠶᠣᠯ ᠤᠨ ᠥᠪ ᠢ ᠰᠤᠳᠤᠯᠤᠨ ᠲᠠᠶᠢᠯᠪᠤᠷᠢᠯᠠᠬᠤ ᠠᠵᠢᠯ ᠢ ᠴᠢᠩᠭᠠᠳᠬᠠᠵᠤ᠂ ᠲᠡᠭᠦᠨ ᠤ ᠲᠡᠦᠬᠡᠨ ᠦᠯᠢᠭᠡᠷ᠂ ᠰᠣᠶᠣᠯ ᠤᠨ  ᠦᠨ᠎ᠡ ᠦᠷᠲᠡᠭ᠂ ᠤᠶᠤᠨ ᠰᠠᠨᠠᠭᠠᠨ ᠤ ᠠᠭᠤᠯᠤᠭᠳᠠᠬᠤᠨ ᠢ ᠤᠯᠠᠨ ᠲᠠᠰ ᠳᠠᠪᠬᠤᠷᠭ᠋ ‍ᠠ᠋᠂ ᠪᠦᠭᠦ   ᠲᠠᠯ᠎ᠠ ᠪᠠᠷ᠂  ᠦᠷᠭᠦᠯᠵᠢᠯᠡᠨ ᠠᠭᠤᠳᠤᠯᠤᠨ᠎ᠠ᠃ ᠲᠡᠰ ᠳᠠᠪᠬᠤᠷᠭ᠋ ‍ᠠ᠋ ᠬᠤᠪᠢᠶᠠᠨ᠂ ᠲᠦᠷᠦᠯ ᠬᠤᠪᠢᠶᠠᠨ ᠡᠯ ᠎ᠡ ᠲᠦᠷᠦᠯ ᠤᠨ ᠲᠡᠦᠬᠡ ᠰᠣᠶᠣᠯ ᠤᠨ ᠥᠪ ᠢ ᠬᠤᠯᠪᠣᠵᠤ᠂ ᠦᠢᠯᠡᠳᠪᠦᠷᠢᠯᠡᠯ ᠠᠮᠢᠳᠤᠷᠠᠯ ᠳᠤ ᠠᠭᠤᠰᠤᠯᠴᠠᠭᠰᠠᠨ ᠲᠡᠦᠬᠡ ᠰᠣᠶᠣᠯ ᠤᠨ ᠦᠵᠡᠭᠦᠯᠭᠡ ᠶᠢᠨ ᠱᠤᠭᠤᠮ᠂ ᠬᠤᠩᠭᠢᠯ ᠪᠣᠯᠣᠨ ᠲᠣᠣᠷ ᠢ ᠪᠠᠶᠢᠭᠤᠯᠵᠤ᠂ ᠭᠠᠵᠠᠷ ᠪᠣᠯᠭᠠᠨ ᠳᠤ ᠲᠡᠦᠬᠡ ᠶᠢ ᠢᠯᠡᠷᠡᠭᠦᠯᠵᠦ᠂ ᠭᠠᠵᠠᠷ ᠪᠣᠯᠭᠠᠨ ᠳᠤ ᠰᠣᠶᠣᠯ ᠢ ᠢᠯᠡᠷᠡᠭᠦᠯᠵᠦ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤᠮᠳᠠ ᠬᠤᠳᠠ ᠶᠢᠨ ᠵᠣᠷᠢᠭ ᠰᠠᠨᠠᠭ᠋ ‍ᠠ᠋ ᠪᠣᠯᠣᠨ ᠬᠥᠳᠡᠭᠡ ᠲᠤᠰᠬᠤᠨ ᠤ ᠪᠣᠯᠪᠠᠰᠤᠨ ᠢ ᠢᠯᠡᠷᠡᠭᠦᠯᠵᠦ᠂ ᠥᠷᠭᠡᠨ ᠤᠯᠠᠨ ᠠᠷᠠᠳ ᠲᠦᠮᠡᠨ ᠢ ᠡᠳᠦᠷ ᠪᠣᠯᠭᠠᠨ ᠬᠡᠷᠡᠭᠯᠡᠬᠦ ᠳᠤᠮᠳᠠ ᠦᠯᠦ  ᠮᠡᠳᠡᠭᠳᠡᠮ᠎ᠡ ᠪᠠᠷ ᠰᠣᠶᠣᠯ ᠤᠨ ᠨᠥᠯᠥᠭᠡ ᠶᠢ ᠭᠦ᠊ ᠷᠳᠡᠭᠦ  ᠪᠣᠯᠭᠠᠨ᠎ᠠ᠃ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠨᠡᠮᠡᠭᠳᠡᠭᠦᠯᠵᠦ᠂ ᠤᠯᠠᠮᠵᠢᠯᠠᠯᠲᠤ ᠪᠠᠶᠠᠷ ᠳᠤᠷᠠᠰᠬᠠᠯ ᠤᠨ ᠠᠵᠢᠯᠯᠠᠭ᠋ ‍ᠠ᠋᠂ ᠳᠤᠷᠠᠰᠬᠠᠬᠤ ᠠᠵᠢᠯᠯᠠᠭ᠋ ‍ᠠ᠋᠂ ᠰᠣᠶᠣᠯ ᠤᠨ ᠣᠨ ᠵᠡᠷᠭᠡ ᠤᠯᠠᠨ ᠶᠠᠩᠵᠤ ᠭᠡᠯᠪᠡᠷᠢ ᠶᠢᠨ ᠰᠣᠶᠣᠯ ᠤᠨ ᠭᠤᠣᠯ ᠰᠡᠳᠦᠪᠲᠦ ᠠᠵᠢᠯᠯᠠᠭ᠋ ‍ᠠ᠋ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠯᠡᠳᠬᠡᠬᠦ ᠠᠷᠭ᠋ ‍ᠠ᠋ ᠮᠠᠶ᠋ᠢᠭ ᠤᠨ ᠰᠢᠨ᠎ᠡ ᠶᠢ ᠡᠭᠦᠳᠴᠦ᠂ ᠰᠣᠨᠢᠨ ᠮᠡᠳᠡᠭᠡ ᠮᠡᠳᠡᠭᠡᠯᠡᠯ᠂ ᠲᠧᠯᠸᠢᠰ ᠵᠦᠴᠦᠭᠡ᠂ ᠲᠧᠯᠸᠢᠰ ᠫᠷᠣᠭ᠍ᠷᠠᠮ ᠂ ᠪᠠᠷᠢᠮᠲᠠᠲᠤ ᠹᠢᠯᠢᠮ᠂ ᠺᠠᠷᠲ᠋ᠣᠨ ᠺᠢᠨᠤ᠋᠂ ᠣᠬᠤᠷ ᠸᠢᠳᠢᠤ᠋ ᠵᠡᠷᠭᠡ ᠤᠯᠠᠨ ᠵᠦᠢᠯ ᠤᠨ ᠭᠡᠯᠪᠡᠷᠢ ᠪᠠᠷ ᠳᠤᠮᠳᠠᠳᠤ ᠶᠢᠨ ᠪᠣᠯᠪᠠᠰᠤᠨ ᠤ ᠨᠥᠯᠥᠭᠡᠯᠡᠬᠦ ᠬᠦᠴᠦᠨ᠂ ᠨᠢᠭᠲᠠᠷᠠᠭᠤᠯᠬᠤ ᠬᠦᠴᠦᠨ ᠪᠣᠯᠣᠨ ᠤᠷᠢᠶᠠᠯᠠᠬᠤ ᠬᠦᠴᠦᠨ ᠢ ᠭᠦᠢᠴᠡᠳ  ᠢᠯᠡᠷᠡᠭᠦᠯᠦᠨ᠎ᠡ᠃      ᠳᠥᠷᠪᠡ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ      ︵ ᠠᠷᠪᠠᠨ ᠨᠢᠭᠡ︶ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠨ᠎ᠠ᠃ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠋ ‍ᠠ᠋ ᠮᠥᠴᠢᠷ ᠤᠳ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠡᠭᠦᠷᠭᠡ ᠬᠠᠷᠢᠭᠤᠴᠠᠯᠭ᠋ ‍ᠠ᠋ ᠪᠠᠨ ᠰᠠᠶᠢᠲᠤᠷ ᠭᠦᠢᠴᠡᠳᠬᠡᠵᠦ᠂ ᠤᠬᠠᠭᠤᠯᠭ᠋ ‍ᠠ᠋᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ᠂ ᠬᠥᠳᠡᠭᠡ ᠠᠵᠤ ᠠᠬᠤᠢ ᠬᠥᠳᠡᠭᠡ ᠲᠤᠰᠬᠤᠨ᠂ ᠬᠤᠳᠠᠯᠳᠤᠭᠠᠨ ᠤ ᠶᠠᠪᠤᠳᠠᠯ᠂ ᠰᠣᠶᠣᠯ ᠪᠠ ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠢ ᠰᠢᠭᠤᠢ ᠨᠤᠲᠤᠭ ᠪᠡᠯᠴᠢᠭᠡᠷ ᠵᠡᠷᠭᠡ ᠰᠠᠯᠠᠭ᠋ ‍ᠠ᠋ ᠮᠥᠴᠢᠷ ᠯᠦᠭᠡ ᠨᠡᠪᠲᠡᠷᠡᠯᠴᠡᠨ ᠵᠥᠪᠳᠡᠯᠴᠡᠬᠦ ᠪᠠᠨ ᠴᠢᠩᠭᠠᠳᠬᠠᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠡᠯ ᠎ᠡ ᠲᠦᠷᠦᠯ ᠤᠨ ᠲᠡᠦᠬᠡ ᠰᠣᠶᠣᠯ ᠤᠨ ᠥᠪ ᠢ ᠬᠠᠮᠠᠭᠠᠯᠠᠬᠤ ᠠᠵᠢᠯ ᠤᠨ ᠬᠠᠮᠵᠢᠯᠴᠠᠭ᠋ ‍ᠠ᠋ ᠶᠢ ᠴᠢᠩᠭᠠᠳᠬᠠᠵᠤ᠂ ᠳᠦᠷᠢᠮ᠂ ᠲᠦᠷᠦ ᠶᠢᠨ ᠪᠤᠳᠤᠯᠭ᠋ ‍ᠠ᠋᠂ ᠪᠠᠷᠢᠮᠵᠢᠶ ‍ᠠ᠋ ᠶᠢᠨ ᠵᠣᠬᠢᠴᠠᠯᠳᠤᠨ ᠵᠣᠯᠭᠠᠭᠤᠯᠬᠤ ᠶᠢ ᠴᠢᠩᠭᠠᠳᠬᠠᠨ᠎ᠠ᠃ ᠣᠷᠣᠨ ᠪᠦᠰᠡ ᠠᠯᠤᠰᠯᠠᠭᠰᠠᠨ᠂ ᠰᠠᠪᠠ ᠭᠠᠵᠠᠷ ᠠᠯᠤᠰᠯᠠᠭᠰᠠᠨ ᠲᠡᠦᠬᠡ ᠰᠣᠶᠣᠯ ᠤᠨ ᠥᠪ ᠤᠨ ᠪᠦᠬᠦᠯᠢ ᠴᠣᠭᠴᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠬᠠᠮᠠᠭᠠᠯᠠᠯᠲᠠ ᠵᠡᠷᠭᠡ ᠭᠤᠤᠯᠳᠠᠯᠭ᠋ ‍ᠠ᠋ ᠲᠠᠢ ᠠᠵᠢᠯ ᠲᠠᠢ ᠤᠶᠠᠯᠳᠤᠭᠤᠯᠤᠨ᠂ ᠤᠯᠤᠰ ᠤᠨ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠋ ‍ᠠ᠋ ᠳᠤ ᠢᠳᠡᠪᠬᠢᠲᠡᠢ ᠪᠠᠷ ᠠᠭᠤᠰᠤᠯᠴᠠᠨ᠎ᠠ᠃      ︵ ᠠᠷᠪᠠᠨ ᠬᠤᠶᠠᠷ︶ ᠬᠠᠮᠢᠶᠠᠷᠤᠯᠲᠠ ᠶᠢᠨ ᠲᠣᠭᠲᠠᠴᠠ ᠶᠢ  ᠪᠦᠷᠢᠨᠰᠢᠭᠦᠯᠦᠨ᠎ᠡ᠃ ᠲᠡᠦᠬᠡ ᠰᠣᠶᠣᠯ ᠤᠨ ᠡᠬᠢ ᠪᠠᠶᠠᠯᠢᠭ ᠢ ᠪᠠᠶᠢᠴᠠᠭᠠᠨ ᠦᠨᠡᠯᠡᠭᠦ  ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠪᠠᠶᠢᠴᠠᠭᠠᠬᠤ᠂ ᠦᠨᠡᠯᠡᠨ ᠵᠢᠱᠢᠭᠦ ᠪᠠ ᠮᠠᠭᠠᠳᠯᠠᠨ ᠲᠣᠭᠲᠠᠭᠠᠬᠤ ᠠᠵᠢᠯ ᠢ ᠦ᠊ ᠷᠭᠦᠯᠵᠢᠯᠡᠨ ᠥᠷᠨᠢᠭᠦᠯᠵᠦ᠂ ᠬᠠᠮᠠᠭᠠᠯᠠᠬᠤ ᠡᠲᠡᠭᠡᠳ ᠢ ᠴᠠᠭ ᠲᠤᠬᠠᠢ ᠳᠤᠨᠢ ᠥᠷᠭᠡᠳᠬᠡᠨ ᠲᠡᠭᠦᠯᠳᠡᠷᠵᠢᠭᠦᠯᠵᠦ᠂ ᠬᠠᠮᠠᠭᠠᠯᠠᠬᠤ ᠨᠡᠷᠡᠰ ᠢ  ᠪᠠᠶᠠᠯᠢᠭᠵᠢᠭᠤᠯᠤᠨ᠎ᠠ᠃ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠠᠭᠤᠴᠢ ᠰᠤᠳᠤᠯᠤᠯ ᠤᠨ ᠤᠷᠢᠳᠠᠴᠢ ᠳᠦᠷᠢᠮ ᠢ ᠪᠠᠷᠢᠮᠲᠠᠯᠠᠵᠤ᠂ ᠲᠡᠦᠬᠡ ᠰᠣᠶᠣᠯ ᠤᠨ ᠥᠪ ᠤᠨ ᠬᠠᠮᠠᠭᠠᠯᠠᠯᠲᠠ ᠶᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠤᠷᠢᠳᠴᠢᠯᠠᠨ ᠤᠷᠤᠯᠴᠠᠭᠤᠯᠬᠤ ᠠᠵᠢᠯ ᠤᠨ ᠲᠣᠭᠲᠠᠴᠠ ᠶᠢ  ᠪᠠᠶᠢᠭᠤᠯᠤᠨ᠎ᠠ᠃ ᠬᠠᠮᠠᠭᠠᠯᠠᠵᠤ ᠰᠡᠯᠪᠢᠨ ᠵᠠᠰᠠᠬᠤ ᠶᠢᠨ ᠪᠦᠭᠦ ᠶᠠᠪᠤᠴᠠ ᠶᠢᠨ ᠬᠠᠮᠢᠶᠠᠷᠤᠯᠲᠠ ᠶᠢ ᠠᠬᠢᠭᠤᠯᠵᠤ᠂ ᠡᠯ ᠎ᠡ ᠲᠦᠷᠦᠯ ᠤᠨ ᠬᠠᠮᠠᠭᠠᠯᠠᠬᠤ ᠡᠲᠡᠭᠡᠳ ᠤᠨ ᠬᠠᠮᠠᠭᠠᠯᠠᠬᠤ᠂ ᠰᠡᠯᠪᠢᠨ ᠵᠠᠰᠠᠬᠤ᠂ ᠥᠭᠡᠷᠡᠴᠢᠯᠡᠬᠦ᠂ ᠨᠡᠭᠦᠯᠭᠡᠬᠦ ᠳᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠬᠡᠷᠡᠭᠵᠢᠭᠦᠯᠬᠦ ᠶᠢ ᠰᠢᠯᠢᠳᠡᠭᠵᠢᠭᠦᠯᠵᠦ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ  ᠴᠢᠩᠭᠠᠳᠬᠠᠨ᠎ᠠ᠃ ᠬᠤᠷᠢᠭ᠋ ‍ᠠ᠋ ᠱᠤᠭᠤᠮ ᠤᠨ ᠬᠠᠮᠢᠶᠠᠷᠤᠯᠲᠠ ᠶᠢᠨ ᠵᠠᠭᠪᠤᠷ ᠢ ᠠᠮᠢᠳᠤᠯᠢᠭ ᠢᠶᠠᠷ ᠠᠰᠢᠭᠯᠠᠬᠤ ᠶᠢ ᠰᠦᠪᠡᠭᠴᠢᠯᠡᠵᠦ᠂ ᠲᠦᠷᠦᠯ ᠭᠡᠯᠪᠡᠷᠢ ᠪᠠ ᠣᠷᠣᠨ ᠪᠦᠰᠡ ᠬᠤᠪᠢᠶᠠᠨ ᠲᠦᠷᠦᠯ ᠵᠦᠢᠯ ᠳᠤ ᠵᠥᠪᠰᠢᠶᠡᠷᠡᠨ ᠤᠷᠤᠭᠤᠯᠬᠤ ᠨᠠᠵᠠᠭᠠᠢ ᠲᠠᠯ ‍ᠠ᠋ ᠶᠢᠨ ᠨᠠᠷᠢᠨ ᠳᠠᠩᠰᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠋ ‍ᠠ᠋ ᠲᠠᠢ ᠪᠠᠷ ᠦᠨᠡᠯᠡᠨ ᠵᠢᠱᠢᠵᠦ᠂ ᠬᠥᠳᠡᠯᠦᠩᠭᠦᠢ ᠪᠠᠷ ᠲᠣᠬᠢᠷᠠᠭᠤᠯᠤᠯᠲᠠ  ᠬᠢᠨ᠎ᠡ᠃ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠪᠠᠷᠢᠯᠭ᠋ ‍ᠠ᠋ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠪᠠᠷᠢᠯᠭ᠋ ‍ᠠ᠋ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠲᠠᠢ ᠤᠶᠠᠯᠳᠤᠭᠤᠯᠤᠨ᠂ ᠨᠢᠭᠡᠨᠲᠡ ᠪᠠᠶᠢᠭ᠋ ‍ᠠ᠋ ᠪᠠᠷᠢᠯᠭ᠋ ‍ᠠ᠋ ᠶᠢ ᠥᠭᠡᠷᠡᠴᠢᠯᠡᠨ ᠪᠠᠶᠢᠭᠤᠯᠬᠤ᠂ ᠨᠤᠷᠠᠭᠠᠬᠤ ᠬᠠᠮᠢᠶᠠᠷᠤᠯᠲᠠ ᠪᠠᠨ  ᠴᠢᠩᠭᠠᠳᠬᠠᠨ᠎ᠠ᠃      ︵ ᠠᠷᠪᠠᠨ ᠭᠤᠷᠪᠠ︶ ᠤᠯᠠᠨ ᠲᠠᠯ ‍ᠠ᠋ ᠶᠢᠨ ᠣᠷᠤᠯᠴᠠᠬᠤ ᠶᠢ  ᠠᠬᠢᠭᠤᠯᠤᠨ᠎ᠠ᠃ ᠡᠯ ᠎ᠡ ᠲᠠᠯ ‍ᠠ᠋ ᠶᠢᠨ ᠭᠤᠣᠯ ᠴᠣᠭᠴᠠ ᠶᠢᠨ ᠬᠢᠨ ᠤ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠲᠥᠯᠥᠪᠵᠢᠭᠦᠯᠪᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠡᠯ ᠎ᠡ ᠭᠤᠭᠴᠤᠭ᠋ ‍ᠠ᠋ ᠳᠤ ᠢᠳᠡᠪᠬᠢ ᠦᠢᠯᠡᠳᠦᠯ ᠢᠶᠠᠨ ᠪᠠᠳᠠᠷᠠᠭᠤᠯᠬᠤ ᠶᠢ  ᠵᠣᠷᠢᠭᠵᠢᠭᠤᠯᠤᠨ᠎ᠠ᠃ ᠦᠮᠴᠢᠯᠡᠯ ᠤᠨ ᠡᠷᠬᠡᠲᠦ ᠬᠥᠮᠥᠨ᠂ ᠬᠡᠷᠡᠭᠯᠡᠭᠴᠢ ᠪᠠ ᠬᠢᠨᠠᠨ ᠬᠠᠮᠢᠶᠠᠷᠤᠭᠴᠢ ᠶᠢᠨ ᠬᠠᠮᠠᠭᠠᠯᠠᠬᠤ ᠬᠠᠷᠢᠭᠤᠴᠠᠯᠭ᠋ ‍ᠠ᠋ ᠶᠢ ᠲᠣᠳᠣᠷᠬᠠᠶᠢᠯᠠᠵᠤ᠂ ᠬᠠᠮᠠᠭᠠᠯᠠᠵᠤ ᠬᠠᠮᠢᠶᠠᠷᠬᠤ  ᠱᠠᠭᠠᠷᠳᠠᠯᠭ᠎ᠠ ᠶᠢ  ᠴᠢᠩᠭ᠎ᠠ  ᠨᠠᠶᠢᠳᠠᠪᠤᠷᠢᠵᠢᠭᠤᠯᠤᠨ᠎ᠠ᠃ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ       ᠳᠥᠭᠦᠮᠴᠢᠯᠡᠵᠦ᠂ ᠬᠠᠷᠠᠭᠠᠯᠵᠠᠯ ᠤᠨ ᠲᠦᠷᠦ ᠶᠢᠨ ᠪᠤᠳᠤᠯᠭ᠋ ‍ᠠ᠋ ᠲᠣᠭᠲᠠᠭᠠᠨ᠂  ᠵᠠᠬ᠎ᠠ ᠳᠡᠯᠭᠡᠭᠦᠷ ᠤᠨ ᠵᠢᠱᠢᠯᠲᠡ ᠶᠢ ᠲᠣᠭᠲᠠᠪᠤᠷᠢᠵᠢᠭᠤᠯᠵᠤ᠂  ᠵᠠᠭ᠎ᠠ ᠳᠡᠯᠭᠡᠭᠦᠷ ᠤᠨ ᠭᠤᠣᠯ ᠴᠣᠭᠴᠠ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠳᠤ  ᠦᠷᠭᠦᠯᠵᠢᠯᠡᠨ ᠣᠷᠤᠯᠴᠠᠬᠤ ᠶᠢ  ᠵᠣᠷᠢᠭᠵᠢᠭᠤᠯᠤᠨ᠎ᠠ᠃      ︵ ᠠᠷᠪᠠᠨ ᠳᠥᠷᠪᠡ︶ ᠱᠠᠩᠨᠠᠵᠤ ᠤᠷᠮᠠᠰᠢᠭᠤᠯᠬᠤ ᠶᠢ  ᠴᠢᠩᠭᠠᠷᠠᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠢ ᠵᠣᠷᠢᠭᠵᠢᠭᠤᠯᠵᠤ ᠪᠠᠶᠢᠭᠠᠳ ᠱᠠᠩᠨᠠᠵᠤ ᠨᠥᠬᠦᠪᠦᠷᠢᠯᠡᠬᠦ ᠲᠦᠷᠦ ᠶᠢᠨ ᠪᠤᠳᠤᠯᠭ᠋ ‍ᠠ᠋ ᠶᠢ ᠰᠤᠳᠤᠯᠤᠨ ᠲᠣᠭᠲᠠᠭᠠᠵᠤ᠂ ᠱᠠᠩᠨᠠᠬᠤ ᠪᠠᠷ ᠨᠥᠬᠦᠪᠦᠷᠢ ᠥᠭᠬᠦ ᠶᠢ ᠣᠷᠣᠯᠠᠭᠤᠯᠬᠤ᠂ ᠪᠡᠯᠡ ᠮᠥᠩᠭᠦ ᠶᠢᠨ ᠨᠥᠬᠦᠪᠦᠷᠢ  ᠥᠭᠬᠦ ᠵᠡᠷᠭᠡ ᠠᠷᠭ᠋ ‍ᠠ᠋ ᠮᠠᠶ᠋ᠢᠭ ᠢᠶᠠᠷ ᠳᠠᠮᠵᠢᠭᠤᠯᠤᠨ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠢ  ᠳᠡᠮᠵᠢᠨ᠎ᠡ᠃ ᠠᠵᠢᠯ ᠤᠨ ᠠᠮᠵᠢᠯᠲᠠ ᠪᠦᠲᠦᠮᠵᠢ ᠶᠢ  ᠮᠥᠷᠳᠡᠨ ᠦᠨᠡᠯᠡᠭᠦ ᠶᠢ ᠥᠷᠨᠢᠭᠦᠯᠵᠦ᠂ ᠡᠯ ᠎ᠡ ᠭᠠᠵᠠᠷ ᠤᠨ ᠬᠠᠮᠠᠭᠠᠯᠠᠨ ᠤᠯᠠᠮᠵᠢᠯᠠᠬᠤ ᠠᠵᠢᠯ ᠤᠨ ᠳᠤᠮᠳᠠᠬᠢ ᠰᠠᠶᠢᠨ ᠲᠤᠷᠰᠢᠯᠭ᠋ ‍ᠠ᠋ ᠰᠠᠶᠢᠨ ᠠᠷᠭ᠋ ‍ᠠ᠋ ᠬᠢᠳᠡᠯ ᠢ ᠴᠠᠭ ᠲᠤᠬᠠᠢ ᠳᠤᠨᠢ ᠳ᠋ᠦᠩᠨᠡᠨ᠂ ᠬᠠᠮᠠᠭᠠᠯᠠᠵᠤ ᠤᠯᠠᠮᠵᠢᠯᠠᠬᠤ ᠠᠵᠢᠯ ᠤᠨ ᠦᠷ ᠎ᠡ ᠪᠦᠲᠦᠮᠵᠢ ᠢᠯᠡᠷᠬᠡᠢ᠂ ᠤᠯᠠᠨ ᠲᠦᠮᠡᠨ ᠤ ᠨᠡᠶᠢᠳᠡᠮ ᠤᠨ ᠲᠤᠰᠬᠠᠯ ᠰᠠᠶᠢᠨ ᠪᠠᠶᠢᠪᠠᠯ ᠤᠬᠠᠭᠤᠯᠤᠨ  ᠳᠡᠯᠭᠡᠷᠡᠭᠦᠯᠦᠨ᠎ᠡ  ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠦᠨ᠎ᠡ᠃      ︵ ᠠᠷᠪᠠᠨ ᠲᠠᠪᠤ︶ ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠪᠠᠨ ᠴᠢᠩᠭᠠᠳᠬᠠᠨ᠎ᠠ᠃ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠬᠤᠲᠠ ᠰᠢᠶᠠᠨ ᠨᠢ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠤᠷᠢᠨ ᠪᠠᠶᠢᠴᠠᠭᠠᠬᠤ ᠠᠵᠢᠯ ᠢ ᠨᠡᠶᠢᠭᠡᠮ ᠲᠣᠭᠤᠷᠢᠭ ᠤᠨ ᠲᠤᠤᠷᠵᠢᠭᠰᠠᠨ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠵᠡᠷᠭᠡ ᠬᠡᠪᠴᠢᠶᠡᠨ ᠳᠤ  ᠣᠷᠣᠭᠤᠯᠤᠨ᠎ᠠ᠃ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠶᠢ ᠦᠨᠡᠯᠡᠨ ᠵᠢᠱᠢᠭᠦ ᠲᠣᠭᠲᠠᠴᠠ ᠶᠢ ᠪᠠᠶᠢᠭᠤᠯᠵᠤ᠂ ᠬᠠᠮᠠᠭᠠᠯᠠᠵᠤ ᠤᠯᠠᠮᠵᠢᠯᠠᠬᠤ ᠠᠵᠢᠯ ᠤᠨ ᠪᠠᠶᠢᠳᠠᠯ᠂ ᠬᠠᠮᠠᠭᠠᠯᠠᠬᠤ ᠡᠲᠡᠭᠡᠳ ᠤᠨ ᠬᠠᠮᠠᠭᠠᠯᠠᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠋ ‍ᠠ᠋ ᠲᠠᠢ ᠪᠠᠷ ᠦᠨᠡᠯᠡᠨ ᠵᠢᠱᠢᠨ᠎ᠡ᠃ ᠬᠢᠨᠠᠯᠲᠠ ᠲᠠᠯᠪᠢᠵᠤ ᠬᠢᠨᠠᠨ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠳᠠᠯᠠᠨ᠂ ᠬᠠᠤᠯᠢ ᠬᠡᠷᠡᠭᠵᠢᠭᠦᠯᠬᠦ ᠶᠢ ᠪᠠᠶᠢᠴᠠᠭᠠᠬᠤ ᠪᠠᠨ ᠴᠢᠩᠭᠠᠳᠬᠠᠵᠤ᠂ ᠬᠠᠤᠯᠢ ᠠᠴᠠ ᠵᠥᠷᠢᠴᠡᠨ ᠡᠪᠳᠡᠭᠦ ᠡᠯ ᠎ᠡ ᠲᠦᠷᠦᠯ ᠤᠨ ᠦᠢᠯᠡ ᠠᠵᠢᠯᠯᠠᠭ᠋ ‍ᠠ᠋ ᠶᠢ ᠴᠠᠭ ᠲᠤᠬᠠᠢ ᠳᠤᠨᠢ ᠣᠯᠵᠤ ᠮᠡᠳᠡᠭᠦ ᠶᠢᠨ ᠬᠠᠮᠲᠤ ᠬᠤᠷᠢᠭᠯᠠᠨ  ᠵᠣᠭᠰᠣᠭᠠᠨ᠎ᠠ᠃ ᠤᠯᠤᠰ ᠤᠨ ᠬᠠᠮᠢᠶ ‍ᠠ᠋ ᠪᠦᠬᠦᠢ ᠭᠤᠣᠯᠴᠢᠯᠠᠨ ᠬᠠᠮᠢᠶᠠᠷᠬᠤ ᠰᠠᠯᠠᠭ᠋ ‍ᠠ᠋ ᠮᠥᠴᠢᠷ ᠨᠢ ᠰᠤᠭᠤᠴᠢᠨ ᠪᠠᠶᠢᠴᠠᠭᠠᠬᠤ ᠠᠵᠢᠯ ᠢ ᠴᠠᠭ ᠲᠤᠬᠠᠢ ᠳᠤᠨᠢ  ᠥᠷᠨᠢᠭᠦᠯᠦᠨ᠎ᠡ᠃ ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠲᠡᠦᠬᠡ ᠰᠣᠶᠣᠯ ᠤᠨ ᠬᠠᠮᠠᠭᠠᠯᠠᠵᠤ ᠤᠯᠠᠮᠵᠢᠯᠠᠬᠤ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠋ ‍ᠠ᠋ ᠶᠢ ᠢᠯᠡᠴᠢᠯᠡᠨ ᠮᠡᠳᠡᠭᠦᠯᠭᠦ ᠶᠢ  ᠵᠣᠷᠢᠭᠵᠢᠭᠤᠯᠤᠨ᠎ᠠ᠃ ᠬᠤᠲᠠ ᠬᠥᠳᠡᠭᠡ ᠶᠢᠨ ᠲᠡᠦᠬᠡ ᠰᠣᠶᠣᠯ ᠤᠨ ᠥᠪ ᠤᠨ ᠲᠤᠭ᠋ ‍ᠠ᠋ ᠪᠠᠷᠢᠮᠲᠠ ᠶᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠭᠦ ᠶᠢ ᠴᠢᠩᠭᠠᠳᠬᠠᠨ᠂ ᠬᠢᠨᠠᠨ ᠭᠡᠮᠵᠢᠭᠦ ᠬᠠᠮᠢᠶᠠᠷᠤᠯᠲᠠ ᠶᠢᠨ ᠬᠢᠷᠢ ᠭᠡᠮᠵᠢᠶ ᠎ᠡ ᠶᠢ ᠳᠡᠭᠡᠭᠰᠢᠯᠡᠭᠦᠯᠵᠦ᠂ ᠤᠯᠤᠰ᠂ ᠮᠤᠵᠢ ︵ᠦᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ ‍ᠠ᠋ ᠬᠤᠲᠠ︶᠂ ᠬᠤᠲᠠ ᠰᠢᠶᠠᠨ ᠭᠤᠷᠪᠠᠨ ᠱᠠᠲᠤᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃      ︵ ᠠᠷᠪᠠᠨ ᠵᠢᠷᠭᠤᠭ᠋ ‍ᠠ᠋︶ ᠰᠢᠯᠭᠠᠨ ᠬᠢᠨᠠᠵᠤ ᠬᠠᠷᠢᠭᠤᠴᠠᠯᠭ᠋ ‍ᠠ᠋ ᠨᠡᠬᠡᠮᠵᠢᠯᠡᠬᠦ ᠶᠢ  ᠴᠢᠩᠭᠠᠷᠠᠭᠤᠯᠤᠨ᠎ᠠ᠃ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠢ ᠪᠦᠭᠦ ᠤᠯᠤᠰ ᠤᠨ ᠪᠣᠯᠪᠠᠰᠤᠨ ᠬᠤᠲᠠ ᠶᠢᠨ ᠰᠢᠯᠭᠠᠨ ᠦᠨᠡᠯᠡᠭᠦ ᠰᠢᠰᠲ᠋ᠧᠮ ᠳᠤ  ᠣᠷᠣᠭᠤᠯᠤᠨ᠎ᠠ᠃ ᠤᠳᠤᠷᠢᠳᠬᠤ ᠺᠠᠳ᠋ᠷ ᠤᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠤᠨ ᠳᠤᠮᠳᠠᠬᠢ ᠠᠵᠤ ᠠᠬᠤᠢ ᠶᠢᠨ ᠬᠠᠷᠢᠭᠤᠴᠠᠯᠭ᠋ ‍ᠠ᠋ ᠪᠠᠨ ᠭᠦᠢᠴᠡᠳᠬᠡᠭᠰᠡᠨ ᠪᠠᠶᠢᠳᠠᠯ ᠢ ᠬᠢᠨᠠᠨ ᠪᠤᠳᠤᠵᠤ ᠬᠢᠨᠠᠯᠲᠠ ᠲᠠᠯᠪᠢᠬᠤ᠂ ᠬᠢᠨᠠᠨ ᠪᠤᠳᠤᠭᠰᠠᠨ ᠦᠷ ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠬᠢᠨᠠᠨ ᠪᠣᠳᠣᠯᠲᠠ ᠬᠢᠯᠭᠡᠭᠰᠡᠨ ᠤᠳᠤᠷᠢᠳᠬᠤ ᠺᠠᠳ᠋ᠷ ᠢ ᠬᠢᠨᠠᠨ ᠰᠢᠯᠭᠠᠬᠤ᠂ ᠲᠣᠮᠢᠯᠠᠵᠤ ᠪᠠᠭᠤᠯᠭᠠᠬᠤ᠂ ᠱᠠᠩᠨᠠᠵᠤ ᠲᠣᠷᠭᠤᠭᠠᠬᠤ ᠴᠢᠬᠤᠯᠠ ᠯᠠᠪᠯᠠᠯᠲᠠ ᠪᠤᠯᠭᠠᠬᠤ ᠶᠢ  ᠴᠢᠩᠭᠠᠳᠬᠠᠨ᠎ᠠ᠃ ᠬᠠᠮᠠᠭᠠᠯᠠᠬᠤ ᠨᠡᠷᠡᠰ ᠤᠨ ᠵᠢᠭᠰᠠᠭᠠᠯᠲᠠ ᠳᠤ ᠵᠢᠭᠰᠠᠭᠠᠭᠳᠠᠭᠰᠠᠨ ᠪᠤᠯᠪᠠᠴᠤ ᠰᠠᠶᠢᠲᠤᠷ ᠬᠠᠮᠠᠭᠠᠯᠠᠭᠰᠠᠨ ᠦᠭᠡᠢ ᠠᠴᠠ ᠪᠣᠯᠵᠤ ᠲᠡᠦᠬᠡ ᠰᠣᠶᠣᠯ ᠤᠨ  ᠦᠨ᠎ᠡ‌ᠦᠷᠲᠡᠭ ᠢ ᠬᠦᠨᠳᠦ ᠨᠣᠴᠢᠲᠠᠢ ᠨᠥᠯᠥᠭᠡᠯᠡᠭᠰᠡᠨ ᠲᠡᠦᠬᠡ ᠰᠣᠶᠣᠯ ᠤᠨ ᠨᠠᠷᠠᠲᠤ ᠬᠤᠲᠠ᠂ ᠨᠠᠷᠠᠲᠤ ᠪᠠᠯᠭᠠᠰᠤ᠂ ᠨᠠᠷᠠᠲᠤ ᠲᠤᠰᠬᠤᠨ ︵ᠤᠯᠠᠮᠵᠢᠯᠠᠯᠲᠤ ᠠᠶᠢᠯ ᠲᠤᠰᠬᠤᠨ︶᠂ ᠵᠡᠭᠡᠯᠢ ᠲᠣᠭᠤᠷᠢᠭ ᠪᠠ ᠲᠡᠦᠬᠡ ᠶᠢᠨ ᠪᠠᠷᠢᠯᠭ᠋ ‍ᠠ᠋᠂ ᠲᠡᠦᠬᠡ ᠶᠢᠨ ᠭᠠᠵᠠᠷ ᠬᠡᠰᠡᠭ ᠢ ᠤᠰᠠᠳᠬᠤ ᠠᠶᠤᠯᠲᠠᠢ ᠨᠡᠷᠡᠰ ᠲᠤ ᠵᠢᠭᠰᠠᠭᠠᠨ ᠣᠷᠣᠭᠤᠯᠵᠤ᠂ ᠬᠤᠭᠤᠴᠠᠭ᠋ ‍ᠠ᠋ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠢ ᠬᠢᠷᠢ ᠲᠡᠩᠴᠡᠭᠰᠡᠨ ᠦᠭᠡᠢ ᠶᠢ ᠨᠢ ᠬᠠᠮᠠᠭᠠᠯᠠᠯᠲᠠ ᠠᠴᠠ ᠭᠠᠷᠭᠠᠬᠤ ᠨᠡᠷᠡᠰ ᠲᠤ ᠵᠢᠭᠰᠠᠭᠠᠨ  ᠣᠷᠣᠭᠤᠯᠤᠨ᠎ᠠ᠃ ᠡᠭᠦᠷᠭᠡ ᠬᠠᠷᠢᠭᠤᠴᠠᠯᠭ᠋ ‍ᠠ᠋ ᠪᠠᠨ ᠭᠦᠢᠴᠡᠳᠬᠡᠭᠰᠡᠨ ᠦᠭᠡᠢ᠂ ᠬᠠᠮᠠᠭᠠᠯᠠᠭᠰᠠᠨ ᠨᠢ ᠬᠦᠴᠦᠨ ᠦᠭᠡᠢ᠂ ᠨᠢᠭᠡᠨᠲᠡ ᠬᠠᠮᠠᠭᠠᠯᠠᠬᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠬᠠᠮᠠᠭᠠᠯᠠᠬᠤ ᠡᠲᠡᠭᠡᠳ ᠪᠤᠶᠤ ᠬᠠᠮᠠᠭᠠᠯᠠᠬᠤ ᠨᠡᠷᠡᠰ ᠤᠨ ᠵᠢᠭᠰᠠᠭᠠᠯᠲᠠ ᠳᠤ ᠤᠷᠤᠭᠤᠯᠬᠤ ᠶᠣᠰᠣᠲᠠᠢ  ᠪᠠᠶᠢᠲᠠᠯ᠎ᠠ ᠣᠷᠣᠭᠤᠯᠤᠭᠰᠠᠨ ᠦᠭᠡᠢ ᠲᠡᠦᠬᠡ ᠰᠣᠶᠣᠯ ᠤᠨ ᠡᠬᠢ ᠪᠠᠶᠠᠯᠢᠭ ᠤᠨ ᠲᠡᠦᠬᠡ ᠰᠣᠶᠣᠯ ᠤᠨ ᠦᠨ ᠎ᠡ ᠦᠷᠲᠡᠭ ᠢ ᠬᠦᠨᠳᠦ ᠨᠣᠴᠢᠲᠠᠢ ᠡᠪᠳᠡᠭᠰᠡᠨ ᠪᠠᠶᠢᠪᠠᠯ᠂ ᠲᠣᠭᠲᠠᠭᠠᠯ ᠰᠠᠭᠢᠯᠭ᠋ ‍ᠠ᠋ ᠬᠠᠤᠯᠢ ᠶᠣᠰᠣᠭᠠᠷ ᠬᠠᠮᠢᠶ ‍ᠠ᠋ ᠪᠦᠬᠦᠢ ᠬᠠᠷᠢᠭᠤᠴᠠᠯᠭᠠᠲᠠᠨ ᠪᠠ ᠬᠠᠷᠢᠭᠤᠴᠠᠯᠭᠠᠲᠤ ᠨᠢᠭᠡᠴᠢ ᠶᠢ  ᠰᠢᠢᠳᠪᠦᠷᠢᠯᠡᠨ᠎ᠡ᠃ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠡᠷᠴᠢᠮ ᠢ  ᠴᠢᠩᠭᠠᠷᠠᠭᠤᠯᠤᠨ᠎ᠠ᠃      ᠲᠠᠪᠤ᠂ ᠪᠠᠲᠤᠯᠠᠭ᠋ ‍ᠠ᠋ ᠶᠢᠨ ᠠᠷᠭ᠋ ‍ᠠ᠋ ᠭᠡᠮᠵᠢᠶ ᠎ᠡ ᠶᠢ ᠲᠡᠭᠦᠯᠳᠡᠷᠵᠢᠭᠦᠯᠦᠨ᠎ᠡ      ︵ ᠠᠷᠪᠠᠨ ᠳᠤᠯᠤᠭ᠋ ‍ᠠ᠋︶ ᠨᠠᠮ ᠤᠨ ᠪᠦᠭᠦ ᠲᠠᠯ ‍ᠠ᠋ ᠶᠢᠨ ᠤᠳᠤᠷᠢᠳᠤᠯᠭ᠋ ‍ᠠ᠋ ᠶᠢ ᠪᠠᠷᠢᠮᠲᠠᠯᠠᠨ ᠴᠢᠩᠭᠠᠳᠬᠠᠨ᠎ᠠ᠃ ᠡᠯ ᠎ᠡ ᠱᠠᠲᠤᠨ ᠤ ᠨᠠᠮ ᠤᠨ  ᠬᠤᠷᠢᠶ᠎ᠠ ᠪᠣᠯᠣᠨ ᠵᠠᠰᠠᠭ ᠤᠨ ᠣᠷᠳᠣᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠤᠳᠤᠷᠢᠳᠤᠯᠭ᠋ ‍ᠠ᠋ ᠶᠢ ᠢᠮᠠᠭᠲᠠ ᠬᠠᠮᠠᠭᠠᠯᠠᠵᠤ ᠤᠯᠠᠮᠵᠢᠯᠠᠬᠤ ᠠᠵᠢᠯ ᠤᠨ  ᠡᠯ᠎ᠡ  ᠲᠠᠯ᠎ᠠ ᠡᠯ᠎ᠡ  ᠭᠤᠭᠴᠤᠭ᠋ ‍ᠠ᠋ ᠳᠤ ᠲᠤᠭᠤᠰᠢᠯᠠᠭᠤᠯᠵᠤ᠂ ᠨᠠᠮ ᠤᠨ ᠲᠥᠪ ᠬᠤᠷᠢᠶ ‍ᠠ᠋᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠋ ‍ᠠ᠋ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ︵ ᠠᠷᠪᠠᠨ ᠨᠠᠢᠮᠠ︶ ᠬᠠᠤᠯᠢ ᠴᠠᠭᠠᠵᠠ ᠬᠠᠤᠯᠢ ᠲᠣᠭᠲᠠᠭᠠᠯ ᠢ  ᠲᠡᠭᠦᠯᠡᠷᠵᠢᠭᠦᠯᠦᠨ᠎ᠡ᠃ ︽ᠲᠡᠦᠬᠡ ᠰᠣᠶᠣᠯ ᠤᠨ ᠨᠠᠷᠠᠲᠤ ᠬᠤᠲᠠ ᠨᠠᠷᠠᠲᠤ ᠪᠠᠯᠭᠠᠰᠤ ᠨᠠᠷᠠᠲᠤ ᠲᠤᠰᠬᠤᠨ ᠢ ᠬᠠᠮᠠᠭᠠᠯᠠᠬᠤ ᠳᠦᠷᠢᠮ︾ ᠳᠤ ᠵᠠᠰᠠᠪᠤᠷᠢ ᠣᠷᠣᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠯᠤᠭ᠋ ‍ᠠ᠋ ᠵᠣᠯᠭᠠᠭᠤᠯᠬᠤ ᠶᠢ ᠴᠢᠩᠭᠠᠳᠬᠠᠵᠤ᠂ ᠬᠠᠮᠢᠶ ‍ᠠ᠋ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠨ ᠵᠠᠰᠠᠪᠤᠷᠢ ᠣᠷᠣᠭᠤᠯᠵᠤ᠂ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠢ ᠰᠠᠶᠢᠲᠤᠷ ᠬᠢᠬᠦ ᠳᠤ ᠬᠠᠤᠯᠢᠵᠢᠯ ᠤᠨ ᠪᠠᠲᠤᠯᠠᠭ᠋ ‍ᠠ᠋  ᠬᠠᠩᠭᠠᠨ᠎ᠠ᠃      ︵ ᠠᠷᠪᠠ ᠶᠢᠰᠦ︶ ᠪᠡᠯᠡ ᠮᠥᠩᠭᠦ ᠶᠢᠨ ᠤᠷᠤᠭᠤᠯᠤᠯᠲᠠ ᠪᠠᠨ  ᠨᠡᠮᠡᠭᠳᠡᠭᠦᠯᠦᠨ᠎ᠡ᠃ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠤᠨ ᠡᠳ᠋ ᠤᠨ ᠵᠠᠰᠠᠭ ᠤᠨ ᠪᠠᠲᠤᠯᠠᠭ᠋ ‍ᠠ᠋ ᠶᠢᠨ ᠲᠣᠭᠲᠠᠴᠠ ᠶᠢ ᠪᠦᠷᠢᠨᠰᠢᠭᠦᠯᠵᠦ᠂ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠨᠢ ᠡᠯ ᠎ᠡ ᠱᠠᠲᠤᠨ ᠤ ᠠᠵᠢᠯ ᠡᠷᠬᠡ ᠶᠢ ᠦᠨᠳᠦᠰᠦᠯᠡᠨ ᠪᠡᠯᠡ ᠮᠥᠩᠭᠦ ᠶᠢᠨ ᠪᠠᠲᠤᠯᠠᠭ᠋ ‍ᠠ᠋ ᠶᠢ ᠰᠠᠶᠢᠲᠤᠷ ᠬᠢᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠨᠢ ᠬᠠᠮᠠᠭᠠᠯᠠᠯᠲᠠ ᠶᠢᠨ ᠪᠡᠯᠡ ᠮᠥᠩᠭᠦ ᠶᠢ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠵᠤ᠂ ᠤᠯᠤᠰ ᠤᠨ ᠲᠠᠰ᠂ ᠮᠤᠵᠢ ᠶᠢᠨ ᠲᠠᠰ ᠤᠨ ᠴᠢᠬᠤᠯᠠ ᠶᠡᠭᠡ ᠲᠦᠷᠦᠯ ᠵᠦᠶ᠋ᠯ ᠪᠠ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠠᠵᠢᠯ ᠢ ᠭᠤᠤᠯᠳᠠᠯᠭ᠋ ‍ᠠ᠋ ᠲᠠᠢ  ᠳᠡᠮᠵᠢᠨ᠎ᠡ᠃   ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠪᠡᠯᠡ ᠮᠥᠩᠭᠦ ᠶᠢᠨ ᠠᠷᠭ᠋ ‍ᠠ᠋ ᠵᠠᠮ ᠢ ᠥᠷᠭᠡᠳᠬᠡᠬᠦ ᠶᠢ  ᠵᠣᠷᠢᠭᠵᠢᠭᠤᠯᠤᠨ᠎ᠠ᠃      ︵ᠬᠤᠷᠢ︶ ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃   ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ ᠳᠡᠭᠡᠳᠦ ᠰᠤᠷᠭᠠᠭᠤᠯᠢ ᠶᠢᠨ ᠬᠠᠮᠢᠶ ‍ᠠ᠋ ᠪᠦᠬᠦᠢ ᠠᠩᠭᠢ ᠳᠤ ᠪᠣᠯᠪᠠᠰᠤᠷᠠᠯ ᠤᠨ ᠬᠢᠴᠢᠶᠡᠯ ᠨᠡᠮᠡᠵᠦ᠂ ᠤᠳᠤᠷᠢᠳᠬᠤ ᠺᠠᠳ᠋ᠷ ᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠬᠤ ᠦᠵᠡᠯ ᠤᠬᠠᠮᠰᠠᠷ ᠪᠣᠯᠣᠨ ᠴᠢᠳᠠᠪᠤᠷᠢ ᠶᠢ  ᠳᠡᠭᠡᠭᠰᠢᠯᠡᠭᠦᠯᠦᠨ᠎ᠡ᠃ ᠬᠠᠤᠯᠢ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ ᠎ᠡ ᠲᠠᠢ ᠤᠶᠠᠯᠳᠤᠭᠤᠯᠤᠨ ᠤᠳᠤᠷᠢᠳᠬᠤ ᠺᠠᠳ᠋ᠷ ᠲᠤ ᠲᠤᠰᠬᠠᠢ ᠰᠡᠷᠡᠮᠵᠢᠯᠡᠭᠦᠯᠭᠦ ᠬᠥᠮᠦᠵᠢᠯ  ᠥᠷᠨᠢᠭᠦᠯᠦᠨ᠎ᠡ᠃ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠮᠢᠶ ‍ᠠ᠋ ᠪᠦᠬᠦᠢ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ  ᠴᠢᠩᠭᠠᠳᠬᠠᠨ᠎ᠠ᠃ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨᠬᠤ ᠤᠯᠤᠰ ᠤᠨ ᠤᠶᠤᠨ ᠤ ᠬᠥᠮᠥᠷᠭᠡ ᠶᠢ  ᠪᠠᠶᠢᠭᠤᠯᠤᠨ᠎ᠠ᠃ ᠮᠡᠷᠭᠡᠵᠢᠯ ᠤᠨ ᠠᠵᠢᠯᠲᠠᠨ ᠪᠣᠯᠣᠨ ᠦᠨᠳᠦᠰᠦᠨ ᠱᠠᠲᠤᠨ ᠤ ᠬᠠᠮᠢᠶᠠᠷᠤᠯᠲᠠ ᠶᠢᠨ ᠠᠵᠢᠯᠲᠠᠨ ᠤ ᠲᠤᠰᠬᠠᠢ ᠮᠡᠷᠭᠡᠵᠢᠯ ᠤᠨ ᠪᠣᠯᠪᠠᠰᠤᠷᠠᠯ ᠢ ᠥᠷᠨᠢᠭᠦᠯᠵᠦ᠂ ᠰᠡᠯᠪᠢᠨ ᠵᠠᠰᠠᠬᠤ ᠮᠡᠷᠭᠡᠵᠢᠯ ᠤᠨ ᠤᠯᠠᠮᠵᠢᠯᠠᠨ ᠵᠠᠯᠭᠠᠮᠵᠢᠯᠠᠭᠴᠢ ᠪᠣᠯᠣᠨ ᠤᠷᠠᠨ ᠳᠠᠷᠬᠠᠨ ᠤ ᠪᠣᠯᠪᠠᠰᠤᠷᠠᠯ᠂ ᠦᠨᠡᠯᠡᠯᠲᠡ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠷᠠᠨ ᠳᠠᠷᠬᠠᠨ ᠤ ᠵᠣᠷᠢᠭ ᠰᠠᠨᠠᠭ᠋ ‍ᠠ᠋ ᠶᠢ  ᠪᠠᠳᠠᠷᠠᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号