ᠥᠪᠥᠷ ᠵᠠᠰᠠᠭ ᠠᠯᠪᠠᠨ ᠲᠠᠷᠬᠠᠭᠠᠭᠰᠠᠨ ﹇2021﹈ 2 ᠳ᠋ᠤᠭᠠᠷ ᠲᠣᠭᠠᠲᠤ | 2021 ᠣᠨ ᠤ 6 ᠳ᠋ᠤᠭᠠᠷ ᠰᠠᠷ᠎ᠠ ᠶᠢᠨ 11 ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ ᠡᠳᠦᠭᠡ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ | ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠥᠯ︾ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ | ᠺᠣᠮᠫᠠᠨᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠥᠯ ︽ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2020﹈ 14 ᠳ᠋ᠦ᠋ᠭᠡᠷ | ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠷᠥᠩᠭᠡ ᠶᠢᠨ ᠵᠠᠬ᠎ᠠ | ᠳᠡᠯᠭᠡᠭᠦᠷ ᠤᠨ ᠬᠦᠢᠰᠦ ᠵᠠᠩᠭᠢᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠮᠠᠨ ᠤ ᠣᠷᠣᠨ ᠤ | ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠠᠵᠤ ᠠᠬᠤᠶᠢᠯᠠᠯ ᠤᠨ | ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠤᠯᠠᠮ ᠨᠢᠭᠡ ᠠᠯᠬᠤᠮ ᠠᠬᠢᠭᠤᠯᠤᠨ᠂ ᠰᠲ᠋ᠣᠺ ᠤᠨ ᠵᠠᠬ᠎ᠠ | ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ | ᠲᠣᠪᠣᠶᠢᠮ᠎ᠠ ᠠᠰᠠᠭᠤᠳᠠᠯ ᠢ ᠰᠢᠢᠳᠪᠦᠷᠢᠯᠡᠨ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠦᠨ᠂ | ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠣᠯᠠᠨ ᠲᠠᠰ | ᠳᠠᠪᠬᠤᠷᠭᠠᠨ ᠤ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠰᠢᠭᠤᠳ ᠪᠡᠯᠡ ᠲᠣᠬᠢᠷᠠᠭᠤᠯᠬᠤ ᠬᠤᠪᠢ ᠶᠢᠨ ᠵᠢᠩ ᠢ ᠳᠡᠭᠡᠭᠰᠢᠯᠡᠭᠦᠯᠦᠨ᠂ ᠰᠲ᠋ᠣᠺ ᠤᠨ ᠵᠠᠬ᠎ᠠ | ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠷᠠᠭᠤᠯᠵᠤ᠂ ᠠᠵᠤ ᠦᠢᠯᠡᠰ | ᠪᠠ ᠮᠥᠩᠭᠦᠨ ᠭᠦᠢᠯᠭᠡᠭᠡᠨ ᠤ ᠤᠶᠠᠯᠳᠤᠯ ᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢ | ᠤᠷᠢᠳ ᠢᠶᠠᠷ ᠪᠣᠳᠣᠯᠬᠢᠯᠠᠵᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠬᠦᠴᠦᠨ ᠨᠡᠮᠡᠷᠢᠯᠡᠨ᠎ᠡ᠃ | ᠬᠤᠶᠠᠷ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠵᠢᠷᠤᠮᠵᠢᠭᠤᠨ ᠬᠥᠭᠵᠢᠯᠲᠡ ᠶᠢ | ᠤᠯᠠᠮ ᠨᠢᠭᠡ ᠠᠯᠬᠤᠮ ᠠᠬᠢᠭᠤᠯᠤᠨ᠎ᠠ | ︵ᠨᠢᠭᠡ︶ ᠺᠣᠮᠫᠠᠨᠢ ᠶᠢᠨ ᠵᠠᠰᠠᠯᠲᠠ ᠪᠠ ᠳᠣᠲᠣᠭᠠᠳᠤ ᠡᠵᠡᠮᠰᠢᠯ ᠢ ᠵᠢᠷᠤᠮᠵᠢᠭᠤᠯᠤᠨ᠎ᠠ᠃ ︽ᠰᠲ᠋ᠣᠺ ᠤᠨ ᠵᠠᠬ᠎ᠠ | ᠳᠡᠯᠭᠡᠭᠦᠷ ᠲᠤ ᠭᠠᠷᠤᠭᠰᠠᠨ ᠺᠣᠮᠫᠠᠨᠢ ᠶᠢ ᠵᠠᠰᠠᠬᠤ ᠳᠦᠷᠢᠮ︾ ︵ᠲᠡᠮᠳᠡᠭᠲᠦ ᠬᠢᠨᠠᠯᠲᠠ ᠲᠠᠷᠬᠠᠭᠠᠭᠰᠠᠨ ﹇2020﹈ 1 | ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ | ᠲᠤᠰᠠᠭᠠᠷ ᠴᠢᠨᠠᠷ ᠢ ᠬᠠᠮᠠᠭᠠᠯᠠᠵᠤ᠂ ᠬᠤᠪᠢᠴᠠᠭᠠᠳᠠᠨ ᠤ ᠵᠥᠪᠯᠡᠯ᠂ ᠬᠡᠷᠡᠭ ᠮᠡᠳᠡᠭᠴᠢᠳ ᠤᠨ ᠵᠥᠪᠯᠡᠯ᠂ | ᠬᠢᠨᠠᠭᠴᠢᠳ ᠤᠨ ᠵᠥᠪᠯᠡᠯ ᠤᠨ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠥᠪ ᠲᠠᠯ᠎ᠠ ᠠᠴᠠ | ᠬᠥᠲᠥᠯᠥᠨ ᠵᠢᠯᠤᠭᠤᠳᠬᠤ ᠪᠠ ᠡᠰᠡᠷᠭᠦ ᠲᠠᠯ᠎ᠠ ᠠᠴᠠ ᠨᠢ ᠰᠡᠷᠡᠮᠵᠢᠯᠡᠭᠦᠯᠬᠦ ᠪᠠᠷ ᠳᠠᠮᠵᠢᠭᠤᠯᠤᠨ᠂ ᠬᠤᠪᠢ ᠡᠵᠡᠮᠰᠢᠭᠰᠡᠨ | ᠬᠤᠪᠢᠴᠠᠭᠠᠳᠠᠨ᠂ ᠪᠣᠳᠠᠲᠠᠢ ᠡᠵᠡᠮᠰᠢᠭᠴᠢ᠂ ᠬᠡᠷᠡᠭ ᠮᠡᠳᠡᠭᠴᠢ᠂ ᠬᠢᠨᠠᠭᠴᠢ ᠪᠠ ᠳᠡᠭᠡᠳᠦ ᠲᠡᠰ ᠤᠨ ᠬᠠᠮᠢᠶᠠᠷᠤᠯᠲᠠ ᠶᠢᠨ | ᠠᠵᠢᠯᠲᠠᠨ ᠵᠡᠷᠭᠡ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠬᠠᠤᠯᠢ ᠰᠠᠬᠢᠵᠤ ᠦᠨᠡᠨᠴᠢ ᠢᠲᠡᠭᠡᠮᠵᠢᠲᠡᠢ ᠪᠠᠶᠢᠬᠤ | ᠪᠠ ᠡᠭᠦᠷᠭᠡ ᠬᠠᠷᠢᠭᠤᠴᠠᠯᠭ᠎ᠠ ᠪᠠᠨ ᠵᠢᠷᠤᠮᠵᠢᠭᠤᠨ ᠭᠦᠢᠴᠡᠳᠬᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠎ᠡ᠃ | ᠺᠣᠮᠫᠠᠨᠢ ᠶᠢ ᠵᠠᠰᠠᠬᠤ ᠲᠤᠰᠬᠠᠢ ᠠᠵᠢᠯᠯᠠᠭᠠᠨ ᠢ ᠥᠷᠨᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠳᠤ᠂ ᠤᠯᠤᠰ ᠤᠨ ᠥᠮᠴᠢᠯᠡᠯᠲᠦ ᠬᠤᠪᠢᠴᠠᠭ᠎ᠠ ᠶᠢ ᠡᠵᠡᠮᠰᠢᠵᠦ | ᠪᠦᠬᠦᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ | ᠴᠢᠬᠤᠯᠠ ᠠᠭᠤᠯᠭ᠎ᠠ ᠪᠣᠯᠭᠠᠵᠤ᠂ ᠪᠣᠳᠠᠲᠠᠢ ᠡᠵᠡᠮᠰᠢᠭᠴᠢ ᠦᠭᠡᠢ ᠪᠠᠷ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ | ᠺᠣᠮᠫᠠᠨᠢ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ | ᠺᠣᠮᠫᠠᠨᠢ ᠶᠢᠨ ᠳᠣᠲᠣᠭᠠᠳᠤ ᠡᠵᠡᠮᠰᠢᠯ ᠢ ᠵᠢᠷᠤᠮᠵᠢᠭᠤᠯᠬᠤ ᠲᠣᠭᠲᠠᠯᠴᠠᠭᠠᠨ ᠤ ᠪᠠᠶᠢᠭᠤᠯᠤᠯᠲᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠠᠵᠤ ᠠᠬᠤᠶᠢᠯᠠᠯ ᠤᠨ | ᠨᠢᠭᠲᠠᠯᠠᠨ ᠪᠣᠳᠣᠬᠤ ᠳᠦᠷᠢᠮ ᠢ ᠭᠦᠢᠴᠡᠳᠬᠡᠬᠦ ᠳᠤ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠂ ᠡᠳ᠋ ᠤᠨ | ᠶᠠᠪᠤᠳᠠᠯ ᠤᠨ ᠮᠡᠳᠡᠭᠡ ᠵᠠᠩᠭᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ ᠵᠠᠰᠠᠯᠲᠠ ᠶᠢᠨ ᠬᠢᠷᠢ | ᠬᠡᠮᠵᠢᠶ᠎ᠡ ᠶᠢ ᠨᠢ ᠳᠠᠭᠠᠭᠤᠯᠤᠨ ᠲᠡᠬᠡᠭᠰᠢᠯᠡᠬᠦᠯᠦᠨ᠎ᠡ᠃ ᠺᠣᠮᠫᠠᠨᠢ ᠶᠢᠨ ᠵᠠᠰᠠᠯᠲᠠ ᠳᠤ ᠪᠡᠯᠡ ᠣᠷᠣᠭᠤᠯᠤᠭᠴᠢ ᠶᠢᠨ | ᠬᠠᠮᠠᠭᠠᠯᠠᠯᠲᠠ ᠶᠢᠨ ᠪᠠᠶᠢᠭᠤᠯᠤᠮᠵᠢ᠂ ᠪᠠᠶᠢᠯᠳᠤᠬᠤ ᠪᠣᠳᠣᠯᠭ᠎ᠠ ᠶᠢᠨ ᠪᠡᠯᠡ ᠣᠷᠣᠭᠤᠯᠤᠭᠴᠢ᠂ ᠪᠠᠶᠢᠭᠤᠯᠤᠮᠵᠢ ᠶᠢᠨ ᠪᠡᠯᠡ | ᠣᠷᠣᠭᠤᠯᠤᠭᠴᠢ ᠪᠠ ᠳᠤᠮᠳᠠ ᠵᠢᠵᠢᠭ ᠪᠡᠯᠡ ᠣᠷᠣᠭᠤᠯᠤᠭᠴᠢ ᠨᠤᠭᠤᠳ ᠤᠨ ᠣᠷᠤᠯᠴᠠᠬᠤ ᠶᠢ ᠳᠡᠮᠵᠢᠨ᠎ᠡ᠃ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠤᠮᠫᠠᠨᠢ ᠶᠢᠨ ᠠᠮᠠᠯᠠᠯᠲᠠ ᠪᠠᠨ ᠭᠦᠢᠴᠡᠳᠬᠡᠬᠦ ᠪᠠ ᠬᠤᠯᠪᠣᠭᠳᠠᠬᠤ | ᠠᠷᠠᠯᠵᠢᠶ᠎ᠠ ᠶᠢ ᠵᠢᠷᠤᠮᠵᠢᠭᠤᠯᠤᠨ᠂ ᠥᠩᠭᠡᠷᠡᠭᠰᠡᠨ ᠤ ᠦᠯᠡᠳᠡᠭᠳᠡᠯ ᠠᠰᠠᠭᠤᠳᠠᠯ᠂ ᠠᠵᠢᠯ ᠲᠥᠷᠥᠯ ᠨᠢᠭᠡᠲᠡᠳ ᠤᠨ | ᠥᠷᠢᠰᠦᠯᠳᠦᠭᠡᠨ ᠬᠢᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠪᠠᠨ ᠠᠬᠢᠭᠤᠯᠤᠨ᠎ᠠ᠃ | ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ︶ | ︵ᠬᠤᠶᠠᠷ︶ ᠮᠡᠳᠡᠭᠡ ᠵᠠᠩᠭᠢ ᠨᠡᠶᠢᠲᠡᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠦᠨᠡᠨ ᠪᠣᠳᠠᠲᠠᠢ᠂ | ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶᠢᠴᠢ᠂ ᠲᠥᠪ ᠭᠤᠤᠯᠴᠢ ᠪᠠᠶᠢᠬᠤ ᠮᠡᠳᠡᠭᠡ ᠵᠠᠩᠭᠢ ᠨᠡᠶᠢᠲᠡᠯᠡᠬᠦ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠡᠯᠡ ᠣᠷᠣᠭᠤᠯᠤᠭᠴᠢᠳ ᠤᠨ ᠬᠡᠷᠡᠭᠴᠡᠭᠡ ᠱᠠᠭᠠᠷᠳᠠᠯᠭ᠎ᠠ ᠪᠠᠷ | ᠤᠳᠤᠷᠢᠳᠤᠮᠵᠢ ᠪᠣᠯᠭᠠᠨ᠂ ᠠᠯᠪᠠᠲᠠᠨ ᠨᠡᠶᠢᠲᠡᠯᠡᠭᠦᠯᠬᠦ ᠪᠠ ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ ᠶᠢ ᠬᠠᠷᠢᠯᠴᠠᠨ | ᠤᠶᠠᠯᠳᠤᠭᠤᠯᠬᠤ ᠪᠠᠷ ᠳᠠᠮᠵᠢᠭᠤᠯᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠢᠯᠡ | ᠲᠣᠳᠣᠴᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠳᠤᠯ | ᠦᠭᠡᠢ ᠪᠠᠷ ᠬᠥᠭᠵᠢᠭᠦᠯᠬᠦ ᠣᠨᠣᠯᠵᠢᠬᠤᠨ ᠢ ᠲᠤᠭᠤᠰᠢᠯᠠᠭᠤᠯᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ | ᠺᠣᠮᠫᠠᠨᠢ ᠶᠢᠨ ᠣᠷᠴᠢᠨ ᠨᠥᠬᠦᠴᠡᠯ ᠤᠨ ᠲᠠᠯ᠎ᠠ ᠪᠠᠷ ᠬᠢ ᠮᠡᠳᠡᠭᠡ ᠵᠠᠩᠭᠢ ᠨᠡᠶᠢᠲᠡᠯᠡᠬᠦ ᠶᠢ ᠨᠢ ᠴᠢᠩᠭᠠᠷᠠᠭᠤᠯᠤᠨ᠎ᠠ᠃ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢ ᠬᠥᠷᠥᠩᠭᠡ ᠶᠢᠨ ᠵᠠᠬ᠎ᠠ ᠳᠡᠯᠭᠡᠭᠦᠷ ᠤᠨ ᠳᠦᠷᠢᠮ ᠶᠣᠰᠣᠭᠠᠷ᠂ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠲᠡᠮᠵᠢᠬᠦ ᠪᠠ ᠲᠡᠳᠡᠭᠡᠷ ᠲᠠᠢ ᠬᠠᠮᠵᠢᠯᠴᠠᠵᠤ ᠪᠠᠶᠢᠭᠠᠳ | ᠮᠡᠳᠡᠭᠡ ᠵᠠᠩᠭᠢ ᠨᠡᠶᠢᠲᠡᠯᠡᠬᠦ ᠡᠭᠦᠷᠭᠡ ᠶᠢ ᠨᠢ ᠬᠠᠤᠯᠢ ᠲᠣᠭᠲᠠᠭᠠᠯ ᠶᠣᠰᠣᠭᠠᠷ ᠭᠦᠢᠴᠡᠳᠬᠡᠯᠭᠡᠬᠦ ᠬᠡᠷᠡᠭᠲᠡᠢ᠃ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠮᠡᠳᠡᠭᠡ ᠵᠠᠩᠭᠢ ᠨᠡᠶᠢᠲᠡᠯᠡᠬᠦ ᠳᠤ ᠬᠢᠨᠠᠯᠲᠠ ᠬᠠᠮᠢᠶᠠᠷᠤᠯᠲᠠ | ᠬᠢᠬᠦ ᠪᠠᠨ ᠴᠢᠩᠭᠠᠳᠬᠠᠵᠤ᠂ ︽ᠬᠠᠯᠠᠮᠰᠢᠯ ᠠᠰᠠᠭᠤᠳᠠᠯ ᠢ ᠳᠠᠯᠢᠮᠳᠠᠭᠤᠯᠬᠤ︾ ᠵᠡᠷᠭᠡ ᠲᠥᠭᠡᠷᠢᠭᠳᠡᠭᠦᠯᠬᠦ ᠴᠢᠨᠠᠷᠲᠠᠢ | ᠮᠡᠳᠡᠭᠡ ᠵᠠᠩᠭᠢ ᠨᠡᠶᠢᠲᠡᠯᠡᠬᠦ ᠳᠤ ᠴᠢᠩᠭ᠎ᠠ ᠴᠣᠬᠢᠯᠲᠠ ᠥᠭᠴᠦ᠂ ᠳᠣᠲᠣᠭᠠᠳᠤ ᠶᠢᠨ ᠮᠡᠳᠡᠭᠡ ᠵᠠᠩᠭᠢ ᠳᠠᠬᠢ | ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠂ ᠮᠡᠳᠡᠭᠡ ᠵᠠᠩᠭᠢ ᠨᠡᠶᠢᠲᠡᠯᠡᠬᠦ ᠶᠢᠨ ᠵᠢᠷᠤᠮᠵᠢᠯᠳᠤ ᠴᠢᠨᠠᠷ ᠢ | ᠳᠡᠬᠡᠭᠰᠢᠯᠡᠬᠦᠯᠬᠦ ᠪᠠᠷ ᠳᠠᠮᠵᠢᠭᠤᠯᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ | ᠳᠠᠭᠠᠭᠤᠯᠤᠨ ᠲᠡᠬᠡᠭᠰᠢᠯᠡᠬᠦᠯᠦᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠣᠷᠴᠢᠨ | ᠨᠥᠬᠦᠴᠡᠯ᠂ ᠨᠡᠶᠢᠭᠡᠮ ᠪᠠ ᠺᠣᠮᠫᠠᠨᠢ ᠶᠢᠨ ᠵᠠᠰᠠᠯᠲᠠ ︵ESG ︶ ᠶᠢᠨ ᠮᠡᠳᠡᠭᠡ ᠵᠠᠩᠭᠢ ᠨᠡᠶᠢᠲᠡᠯᠡᠬᠦ ᠳᠦᠷᠢᠮ ᠢ | ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ︶ | ︵ᠭᠤᠷᠪᠠ︶ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠠᠰᠢᠭ ᠲᠤᠰᠠ ᠶᠢ | ᠬᠠᠮᠠᠭᠠᠯᠠᠨ᠎ᠠ᠃ ᠬᠤᠪᠢᠴᠠᠭ᠎ᠠ ᠡᠵᠡᠮᠰᠢᠭᠰᠡᠨ ᠬᠤᠪᠢᠴᠠᠭᠠᠳᠠᠨ᠂ ᠪᠣᠳᠠᠲᠠᠢ ᠡᠵᠡᠮᠰᠢᠭᠴᠢ ᠵᠢᠴᠢ ᠪᠤᠰᠤᠳ ᠬᠤᠯᠪᠣᠭᠳᠠᠬᠤ | ᠲᠠᠯ᠎ᠠ ᠨᠢ ᠶᠠᠮᠠᠷ ᠠᠷᠭ᠎ᠠ ᠮᠠᠶ᠋ᠢᠭ ᠢᠶᠠᠷ ᠴᠤ ᠭᠡᠰᠡᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ | ᠠᠰᠢᠭ ᠲᠤᠰᠠ ᠶᠢ ᠥᠪᠡᠷᠴᠢᠯᠡᠵᠦ ᠪᠣᠯᠬᠤ ᠦᠭᠡᠢ᠃ ᠪᠡᠯᠡ ᠮᠥᠩᠭᠦ ᠶᠢ ᠥᠪᠡᠷᠴᠢᠯᠡᠨ ᠬᠡᠷᠡᠭᠯᠡᠭᠰᠡᠨ ᠪᠠ | ᠲᠣᠭᠲᠠᠭᠠᠯ ᠠᠴᠠ ᠵᠥᠷᠢᠴᠡᠨ ᠳᠠᠭᠠᠭᠠᠯᠲᠠ ᠬᠢᠭᠰᠡᠨ ᠺᠤᠮᠫᠠᠨᠢ ᠶᠢ ᠵᠠᠬ᠎ᠠ ᠳᠠᠷᠠᠭᠠᠯᠠᠨ ᠬᠤᠭᠤᠴᠠᠭ᠎ᠠ ᠬᠢᠵᠠᠭᠠᠷᠯᠠᠨ | ᠪᠠᠶᠢᠵᠤ ᠲᠥᠯᠥᠵᠦ ᠳᠠᠭᠤᠰᠭᠠᠯᠭᠠᠬᠤ ᠪᠤᠶᠤ ᠠᠷᠢᠯᠭᠠᠭᠤᠯᠬᠤ ᠬᠡᠷᠡᠭᠲᠡᠢ᠃ ᠲᠣᠭᠲᠠᠭᠰᠠᠨ ᠬᠤᠭᠤᠴᠠᠭᠠᠨ ᠳᠤ | ᠲᠥᠯᠥᠵᠦ ᠳᠠᠭᠤᠰᠬᠠᠭᠰᠠᠨ ᠦᠭᠡᠢ᠂ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠤᠶᠤ ᠰᠢᠨ᠎ᠡ ᠪᠠᠷ ᠡᠭᠦᠰᠦᠭᠰᠡᠨ ᠪᠡᠯᠡ | ᠮᠥᠩᠭᠦ ᠶᠢ ᠥᠪᠡᠷᠴᠢᠯᠡᠨ ᠬᠡᠷᠡᠭᠯᠡᠬᠦ ᠪᠠ ᠲᠣᠭᠲᠠᠭᠠᠯ ᠠᠴᠠ ᠵᠥᠷᠢᠴᠡᠨ ᠳᠠᠭᠠᠭᠠᠯᠲᠠ ᠬᠢᠭᠰᠡᠨ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠴᠢᠩᠭᠠᠷᠠᠭᠤᠯᠤᠨ᠂ ᠶᠠᠯ᠎ᠠ ᠬᠢᠭᠰᠡᠨ ᠢᠶᠠᠷ | ᠰᠡᠵᠢᠭᠯᠡᠭᠳᠡᠭᠰᠡᠨ ᠬᠠᠷᠢᠭᠤᠴᠠᠯᠭ᠎ᠠ ᠲᠠᠢ ᠬᠥᠮᠥᠨ ᠢ ᠴᠠᠭ ᠲᠤᠬᠠᠢ ᠳᠤ ᠨᠢ ᠳᠣᠲᠣᠭᠠᠳᠤ ᠶᠢ ᠬᠠᠮᠠᠭᠠᠯᠠᠬᠤ᠂ ᠬᠠᠤᠯᠢ | ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠰᠢᠮᠳᠠᠭᠤᠯᠵᠤ ᠪᠠᠶᠢᠭᠠᠳ ᠬᠤᠪᠢᠴᠠᠭᠠᠳᠠᠨ ᠤ | ᠥᠪᠡᠷᠴᠢᠯᠡᠭᠰᠡᠨ ᠵᠣᠭᠤᠰ ᠢ ᠢᠳᠡᠪᠬᠢᠲᠡᠢ ᠪᠠᠷ ᠰᠢᠪᠠᠳᠠᠨ ᠬᠤᠷᠢᠶᠠᠯᠭᠠᠵᠤ᠂ ᠵᠠᠷᠭᠤᠯᠳᠤᠬᠤ᠂ ᠬᠥᠨᠳᠡᠯᠡᠨ ᠠᠴᠠ | ᠲᠠᠰᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠺᠣᠮᠫᠠᠨᠢ ᠶᠢᠨ ᠠᠰᠢᠭ ᠲᠤᠰᠠ ᠪᠠᠨ ᠬᠠᠮᠠᠭᠠᠯᠠᠨ᠎ᠠ᠃ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠳᠠᠮᠫᠤᠷᠠᠯ ᠢ ᠵᠠᠷᠯᠠᠵᠤ ᠳᠠᠬᠢᠨ ᠴᠡᠭᠴᠡᠯᠡᠬᠦ ᠶᠢ | ᠬᠡᠷᠡᠭᠵᠢᠭᠦᠯᠬᠦ ᠳᠤ ᠪᠠᠨ ᠪᠡᠯᠡ ᠮᠥᠩᠭᠦ ᠥᠪᠡᠷᠴᠢᠯᠡᠨ ᠬᠡᠷᠡᠭᠯᠡᠬᠦ ᠪᠠ ᠲᠣᠭᠲᠠᠭᠠᠯ ᠠᠴᠠ ᠵᠥᠷᠢᠴᠡᠨ ᠳᠠᠭᠠᠭᠠᠯᠲᠠ ᠬᠢᠬᠦ | ᠠᠰᠠᠭᠤᠳᠠᠯ ᠢ ᠰᠢᠢᠳᠪᠦᠷᠢᠯᠡᠬᠦ ᠦᠨᠡᠨ ᠬᠦ ᠶᠠᠪᠤᠭᠳᠠᠭᠤᠰᠢᠲᠠᠢ ᠲᠥᠰᠥᠯ ᠢ ᠳᠤᠷᠠᠳᠤᠨ ᠭᠠᠷᠭᠠᠬᠤ ᠴᠢᠬᠤᠯᠠᠲᠠᠢ᠃ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠭᠠᠳᠠᠭᠰᠢ ᠳᠠᠭᠠᠭᠠᠯᠲᠠ ᠬᠢᠬᠦ ᠠᠵᠢᠯᠯᠠᠭ᠎ᠠ ᠶᠢᠨ | ᠲᠠᠯ᠎ᠠ ᠪᠠᠷ ᠬᠢ ᠮᠡᠳᠡᠭᠡ ᠵᠠᠩᠭᠢ ᠶᠢ ᠬᠠᠮᠲᠤ ᠳᠤ ᠪᠠᠨ ᠭᠦᠷᠲᠡᠬᠦ᠂ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ | ᠪᠠᠶᠢᠭᠤᠯᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠥᠨᠳᠥᠷ | ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ︶ | ᠭᠤᠷᠪᠠ᠂ ᠬᠥᠷᠥᠩᠭᠡ ᠶᠢᠨ ᠵᠠᠬ᠎ᠠ ᠳᠡᠯᠭᠡᠭᠦᠷ ᠤᠨ ᠮᠠᠨ ᠤ ᠣᠷᠣᠨ ᠤ ᠪᠣᠳᠠᠲᠤ ᠴᠣᠭᠴᠠ ᠶᠢᠨ ᠠᠵᠤ | ᠠᠬᠤᠢ ᠳᠤ ᠳᠡᠮᠵᠢᠯᠭᠡ ᠦᠵᠡᠬᠦᠯᠬᠦ ᠶᠢ ᠨᠢ ᠳᠡᠭᠡᠭᠰᠢᠯᠡᠭᠦᠯᠦᠨ᠎ᠡ | ︵ᠳᠥᠷᠪᠡ︶ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠠᠷ ᠪᠠᠶᠢᠭ᠎ᠠ ᠪᠡᠯᠡᠳᠬᠡᠯ ᠡᠬᠢ | ᠪᠠᠶᠠᠯᠢᠭ ᠢ ᠪᠤᠢ ᠪᠤᠯᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠨᠢᠭᠡᠨ ᠠᠵᠤ | ᠠᠬᠤᠶᠢᠯᠠᠯ ᠢ ᠭᠠᠷᠭᠠᠪᠠᠯ ᠨᠢᠭᠡ ᠠᠵᠤ ᠦᠢᠯᠡᠰ ᠤᠨ ᠬᠡᠯᠬᠢᠶ᠎ᠡ ᠶᠢ ᠳᠠᠶᠢᠴᠢᠯᠠᠨ ᠳᠠᠭᠠᠭᠤᠯᠵᠤ ᠠᠵᠤ ᠦᠢᠯᠡᠰ ᠤᠨ ᠨᠢᠭᠡ | ᠪᠦᠯᠦᠭᠵᠢᠯ ᠢ ᠠᠯᠬᠤᠮ ᠠᠯᠬᠤᠮ ᠢᠶᠠᠷ ᠪᠦᠷᠢᠯᠳᠦᠭᠦᠯᠬᠦ ᠴᠢᠭᠯᠡᠯ ᠶᠣᠰᠣᠭᠠᠷ᠂ ᠰᠲ᠋ᠣᠺ ᠤᠨ ᠵᠠᠬ᠎ᠠ ᠳᠡᠯᠭᠡᠭᠦᠷ ᠲᠤ | ᠭᠠᠷᠴᠤ ᠫᠠᠶᠢᠰᠠ ᠡᠯᠭᠦᠬᠦ ᠲᠠᠯ᠎ᠠ ᠪᠠᠷ ᠬᠢ ᠱᠠᠩᠨᠠᠨ ᠲᠡᠳᠬᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠳᠦᠷᠢᠮ ᠤᠨ ᠥᠭᠡᠷᠡᠴᠢᠯᠡᠯᠲᠡ ᠬᠢᠬᠦ ᠪᠠ ᠰᠲ᠋ᠣᠺ ᠢᠶᠠᠨ ᠵᠠᠬ᠎ᠠ | ᠳᠡᠯᠭᠡᠭᠦᠷ ᠲᠤ ᠭᠠᠷᠭᠠᠵᠤ᠂ ᠫᠠᠶᠢᠰᠠ ᠡᠯᠭᠦᠬᠦ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠰᠲ᠋ᠣᠺ ᠤᠨ ᠵᠠᠬ᠎ᠠ | ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠠᠷ ᠪᠠᠶᠢᠭ᠎ᠠ ᠠᠵᠤ ᠠᠬᠤᠶᠢᠯᠠᠯ ᠤᠨ ᠪᠡᠯᠡᠳᠬᠡᠯ ᠡᠬᠢ ᠪᠠᠶᠠᠯᠢᠭ ᠤᠨ | ᠬᠥᠮᠥᠷᠭᠡ ᠶᠢ ᠬᠥᠳᠡᠯᠦᠩᠭᠦᠢ ᠪᠠᠷ ᠲᠡᠭᠦᠯᠳᠡᠷᠵᠢᠭᠦᠯᠦᠨ᠂ ᠡᠯ᠎ᠡ ᠱᠠᠲᠤᠯᠵᠢᠨ ᠡᠩᠨᠡᠭᠡᠨ ᠤ ᠠᠵᠤ ᠠᠬᠤᠶᠢᠯᠠᠯ ᠢ | ᠬᠠᠪᠰᠤᠷᠤᠨ ᠵᠢᠯᠤᠭᠤᠳᠴᠤ ᠪᠤᠢ ᠪᠤᠯᠭᠠᠬᠤ ᠠᠵᠢᠯ ᠢ ᠰᠠᠶᠢᠲᠤᠷ ᠠᠳᠬᠤᠵᠤ᠂ ᠰᠲ᠋ᠣᠺ ᠤᠨ ᠵᠠᠬ᠎ᠠ ᠳᠡᠯᠭᠡᠭᠦᠷ ᠲᠤ | ᠭᠠᠷᠴᠤ ᠫᠠᠶᠢᠰᠠ ᠡᠯᠭᠦᠬᠦ ᠪᠡᠯᠡᠳᠬᠡᠯ ᠠᠵᠤ ᠠᠬᠤᠶᠢᠯᠠᠯ ᠤᠨ ᠵᠠᠯᠭᠠᠭᠰᠠᠨ ᠬᠥᠭᠵᠢᠯᠲᠡ ᠶᠢᠨ ᠪᠠᠶᠢᠳᠠᠯ ᠢ | ᠪᠦᠷᠢᠯᠳᠦᠭᠦᠯᠦᠨ᠎ᠡ᠃ ᠣᠳᠣ ᠶᠢᠨ ᠪᠠᠶᠢᠭ᠎ᠠ ᠡᠯ᠎ᠡ ᠲᠥᠷᠥᠯ ᠤᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ | ᠪᠦᠷᠢᠨᠰᠢᠭᠦᠯᠵᠦ᠂ ᠠᠵᠤ ᠠᠬᠤᠶᠢᠯᠠᠯ ᠤᠨ ᠳᠦᠷᠢᠮ ᠤᠨ ᠥᠭᠡᠷᠡᠴᠢᠯᠡᠯᠲᠡ ᠪᠠ ᠰᠲ᠋ᠣᠺ ᠤᠨ ᠵᠠᠬ᠎ᠠ ᠳᠡᠯᠭᠡᠭᠦᠷ ᠲᠤ | ᠭᠠᠷᠴᠤ ᠫᠠᠶᠢᠰᠠ ᠡᠯᠭᠦᠬᠦ ᠶᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠱᠠᠩᠬᠠᠢ | ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠲᠠᠢ ᠠᠵᠢᠯ ᠤᠨ ᠬᠤᠯᠪᠣᠭ᠎ᠠ ᠠᠪᠬᠤ ᠪᠠᠶᠢᠩᠭᠤᠵᠢᠭᠰᠠᠨ | ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠪᠣᠯᠪᠠᠰᠤᠷᠠᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ | ᠬᠥᠷᠥᠩᠭᠡ ᠶᠢᠨ ᠵᠠᠬ᠎ᠠ ᠳᠡᠯᠭᠡᠭᠦᠷ ᠤᠨ ᠲᠤᠬᠠᠢ ᠲᠠᠨᠢᠯᠲᠠ ᠪᠠᠨ ᠳᠡᠬᠡᠭᠰᠢᠯᠡᠬᠦᠯᠦᠨ᠎ᠡ᠃ ᠠᠵᠤ ᠠᠬᠤᠶᠢᠯᠠᠯ ᠨᠡᠪᠴᠢᠭᠦᠯᠬᠦ | ᠪᠠ ᠪᠤᠢ ᠪᠤᠯᠭᠠᠬᠤ ᠲᠠᠯ᠎ᠠ ᠪᠠᠷ ᠬᠢ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠤᠨ | ᠦᠢᠯᠡᠳᠦᠯ ᠢ ᠪᠠᠳᠠᠷᠠᠭᠤᠯᠤᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠲᠠᠪᠤ︶ ᠰᠢᠯᠢᠳᠡᠭ ᠰᠠᠶᠢᠨ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ | ᠡᠯᠭᠦᠬᠦ ᠳᠤ ᠨᠢ ᠳᠡᠮᠵᠢᠯᠭᠡ ᠦᠵᠡᠭᠦᠯᠦᠨ᠎ᠡ᠃ ᠳᠠᠩᠰᠠᠯᠠᠭᠤᠯᠬᠤ ᠳᠦᠷᠢᠮ ᠳᠤᠤᠷᠠᠬᠢ ᠠᠵᠤ ᠠᠬᠤᠶᠢᠯᠠᠯ ᠤᠨ | ᠰᠲ᠋ᠣᠺ ᠢᠶᠠᠨ ᠲᠠᠷᠬᠠᠭᠠᠵᠤ ᠵᠠᠬ᠎ᠠ ᠳᠡᠯᠭᠡᠭᠦᠷ ᠲᠤ ᠭᠠᠷᠭᠠᠬᠤ ᠱᠠᠭᠠᠷᠳᠠᠯᠭ᠎ᠠ ᠪᠠᠷ ᠪᠠᠷᠢᠮᠵᠢᠶᠠᠯᠠᠨ᠂ ᠬᠥᠷᠥᠩᠭᠡ ᠵᠡᠷᠭᠡ | ᠡᠯ᠎ᠡ ᠲᠥᠷᠥᠯ ᠤᠨ ᠰᠢᠨ᠎ᠡ ᠶᠢ ᠡᠭᠦᠳᠬᠦ ᠬᠦᠴᠦᠨ ᠵᠦᠢᠯ ᠤᠳ ᠢ ᠲᠥᠪᠯᠡᠷᠡᠭᠦᠯᠬᠦ ᠪᠠᠷ ᠬᠥᠲᠥᠯᠥᠨ ᠵᠢᠯᠤᠭᠤᠳᠴᠤ᠂ | ᠭᠤᠣᠯᠳᠠᠯᠭ᠎ᠠ ᠲᠠᠢ ᠬᠦᠷᠢᠶᠡᠨ ᠳᠠᠬᠢ ᠠᠵᠤ ᠠᠬᠤᠶᠢᠯᠠᠯ᠂ ᠰᠢᠨ᠎ᠡ ᠠᠵᠤ ᠠᠬᠤᠢ ᠶᠢᠨ ᠲᠥᠯᠥᠭᠡᠯᠡᠬᠦ ᠴᠢᠨᠠᠷᠲᠠᠢ ᠠᠵᠤ | ᠠᠬᠤᠶᠢᠯᠠᠯ᠂ ᠲᠣᠭᠠᠵᠢᠭᠤᠯᠤᠭᠰᠠᠨ ᠬᠡᠯᠪᠡᠷᠢ ᠲᠡᠶᠢᠰᠢ ᠬᠤᠪᠢᠷᠠᠭᠤᠯᠤᠭᠰᠠᠨ ᠤᠯᠠᠮᠵᠢᠯᠠᠯᠲᠤ ᠠᠵᠤ ᠠᠬᠤᠶᠢᠯᠠᠯ | ᠵᠡᠷᠭᠡ ᠶᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠵᠤ ᠬᠥᠭᠵᠢᠯᠲᠡ ᠶᠢ ᠨᠢ ᠠᠬᠢᠭᠤᠯᠬᠤ ᠪᠠᠷ ᠳᠠᠮᠵᠢᠭᠤᠯᠵᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠥᠷᠥᠩᠭᠡ ᠶᠢᠨ ᠭᠦᠢᠯᠭᠡᠭᠡᠨ ᠤ ᠰᠢᠨ᠎ᠡ ᠡᠭᠦᠳᠦᠯᠲᠡ ᠶᠢ ᠳᠠᠭᠠᠭᠤᠯᠤᠨ | ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠰᠠᠭᠤᠷᠢ ᠮᠥᠩᠭᠦ᠂ ᠲᠦᠭᠰᠢᠭᠦᠷᠢᠲᠦ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ᠂ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ | ᠬᠤᠪᠢ ᠪᠠᠷ ᠢᠶᠠᠨ ᠴᠤᠭᠯᠠᠭᠤᠯᠬᠤ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠠᠵᠤ | ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠲᠤ ᠪᠡᠯᠡ ᠣᠷᠣᠭᠤᠯᠵᠤ ᠪᠠᠶᠢᠷᠢᠰᠢᠭᠤᠯᠤᠯᠲᠠ | ᠬᠢᠬᠦ ᠶᠢ ᠨᠢ ᠲᠡᠮᠵᠢᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠰᠢᠯᠢᠳᠡᠭ ᠰᠠᠶᠢᠨ ᠰᠲ᠋ᠣᠺ ᠤᠨ ᠡᠷᠬᠡ ᠶᠢᠨ | ᠪᠡᠯᠡ ᠣᠷᠣᠭᠤᠯᠤᠯᠲᠠ ᠶᠢᠨ ᠪᠠᠶᠢᠭᠤᠯᠤᠮᠵᠢ ᠨᠤᠭᠤᠳ ᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠰᠢᠨ᠎ᠡ ᠪᠠᠷ | ᠪᠤᠢ ᠪᠣᠯᠤᠭᠰᠠᠨ ᠪᠠᠶᠢᠯᠳᠤᠬᠤ ᠪᠣᠳᠣᠯᠭ᠎ᠠ ᠶᠢᠨ ᠠᠵᠤ ᠦᠢᠯᠡᠰ ᠲᠤ ᠪᠡᠯᠡ ᠣᠷᠣᠭᠤᠯᠤᠯᠲᠠ ᠬᠢᠯᠬᠡᠬᠦ ᠪᠠᠷ ᠬᠥᠲᠥᠯᠥᠨ | ᠵᠢᠯᠤᠭᠤᠳᠬᠤ ᠪᠠ ᠲᠡᠳᠡᠨᠡᠷ ᠲᠤ ᠳᠡᠮᠵᠢᠯᠭᠡ ᠦᠵᠡᠭᠦᠯᠦᠨ᠂ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ | ᠳᠠᠪᠠᠭᠤᠯᠢᠭ ᠠᠵᠤ ᠠᠬᠤᠶᠢᠯᠠᠯ ᠢ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠦᠨ ᠰᠲ᠋ᠣᠺ ᠤᠨ ᠵᠠᠬ᠎ᠠ ᠳᠡᠯᠭᠡᠭᠦᠷ ᠲᠤ | ᠭᠠᠷᠬᠤ ᠳᠤ ᠨᠢ ᠬᠦᠴᠦᠨ ᠨᠡᠮᠡᠷᠢᠯᠡᠵᠦ᠂ ᠦᠢᠯᠡᠳᠬᠦ ᠦᠢᠯᠡᠰ ᠤᠨ ᠭᠠᠭᠴᠠ ᠵᠦᠢᠯ ᠢᠶᠠᠷ ᠮᠠᠩᠯᠠᠶᠢᠯᠠᠭᠴᠢ ᠠᠵᠤ | ᠠᠬᠤᠶᠢᠯᠠᠯ᠂ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠲᠠᠯ᠎ᠠ ᠠᠪᠤᠷᠭᠤ︾ ᠵᠡᠷᠭᠡ ᠠᠵᠤ ᠠᠬᠤᠶᠢᠯᠠᠯ ᠵᠢᠴᠢ | ᠬᠤᠯᠢᠮᠠᠭ ᠥᠮᠴᠢᠯᠡᠯᠲᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠤ ᠠᠬᠤᠶᠢᠯᠠᠯ ᠤᠳ ᠢ | ᠭᠤᠣᠯᠳᠠᠯᠭ᠎ᠠ ᠲᠠᠢ ᠲᠡᠳᠬᠦᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠬᠢᠯᠢ ᠶᠢᠨ ᠳᠣᠲᠣᠷ᠎ᠠ | ᠰᠲ᠋ᠣᠺ ᠢ ᠨᠢ ᠰᠠᠯᠭᠠᠵᠤ ᠵᠠᠬ᠎ᠠ ᠳᠡᠯᠭᠡᠭᠦᠷ ᠲᠤ ᠭᠠᠷᠭᠠᠬᠤ ᠲᠤᠷᠰᠢᠯᠲᠠ ᠶᠢᠨ ᠴᠡᠭ ᠤᠨ ᠲᠥᠷᠥ ᠶᠢᠨ ᠪᠣᠳᠣᠯᠭ᠎ᠠ ᠶᠢ | ᠰᠠᠶᠢᠲᠤᠷ ᠬᠡᠷᠡᠭᠯᠡᠵᠦ᠂ ᠨᠥᠬᠦᠴᠡᠯ ᠳᠤ ᠨᠡᠶᠢᠴᠡᠬᠦ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ | ᠰᠢᠯᠢᠳᠡᠭ ᠰᠠᠶᠢᠨ ᠬᠥᠷᠥᠩᠭᠡ ᠪᠠᠨ ᠰᠠᠯᠭᠠᠵᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠳᠤ ᠨᠢ ᠳᠡᠮᠵᠢᠯᠭᠡ | ᠦᠵᠡᠭᠦᠯᠦᠨ᠎ᠡ᠃ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠬᠤ ᠥᠪᠡᠷᠲᠡᠭᠡᠨ | ᠵᠠᠰᠠᠬᠤ ᠣᠷᠣᠨ ᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠨᠡᠪᠲᠡᠷᠡᠯᠴᠡᠨ ᠵᠣᠬᠢᠴᠠᠭᠤᠯᠬᠤ | ᠦᠢᠯᠡᠳᠦᠯ ᠢ ᠪᠠᠳᠠᠷᠠᠭᠤᠯᠵᠤ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶ᠎ᠠ | ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠵᠢᠯᠣᠭᠤᠳᠤᠨ ᠬᠠᠪᠰᠤᠷᠴᠤ ᠪᠠᠶᠢᠭᠠᠳ | ᠬᠤᠪᠢᠴᠠᠭᠠᠳᠣ ᠳᠦᠷᠢᠮ ᠤᠨ ᠥᠭᠡᠷᠡᠴᠢᠯᠡᠯᠲᠡ ᠪᠠ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠬᠦᠬᠦ | ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ᠂ ᠫᠠᠶᠢᠰᠠ ᠡᠯᠭᠦᠬᠦ | ᠶᠠᠪᠤᠴᠠ ᠳᠠᠬᠢ ᠡᠯ᠎ᠡ ᠵᠦᠢᠯ ᠤᠨ ᠬᠠᠷᠰᠢ ᠰᠠᠭᠠᠳ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠨ᠎ᠡ᠃ ᠪᠦᠷᠢᠳᠬᠡᠨ | ᠳᠠᠩᠰᠠᠯᠠᠭᠤᠯᠤᠭᠰᠠᠨ ᠠᠵᠤ ᠠᠬᠤᠶᠢᠯᠠᠯ ᠢ ᠬᠠᠪᠰᠤᠷᠤᠨ ᠵᠢᠯᠤᠭᠤᠳᠬᠤ ᠠᠵᠢᠯ ᠳᠠᠬᠢ ᠬᠢᠨᠠᠯᠲᠠ ᠬᠠᠮᠢᠶᠠᠷᠤᠯᠲᠠ ᠶᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠡᠮᠳᠡᠭᠲᠦ ᠶᠢᠨ ᠬᠤᠳᠠᠯᠳᠤᠭᠠᠴᠢᠨ ᠤ ᠬᠠᠪᠰᠤᠷᠤᠨ ᠵᠢᠯᠤᠭᠤᠳᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠲ᠋ᠣᠺ ᠤᠨ ᠵᠠᠬ᠎ᠠ ᠳᠡᠯᠭᠡᠭᠦᠷ ᠲᠤ | ᠭᠠᠷᠬᠤ ᠪᠠᠷ ᠪᠠᠶᠢᠭ᠎ᠠ ᠺᠣᠮᠫᠠᠨᠢ ᠶᠢᠨ ᠵᠢᠷᠤᠮᠵᠢᠨᠨᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠠᠷᠢᠭᠤᠴᠠᠬᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠵᠢᠷᠭᠤᠭ᠎ᠠ︶ ᠵᠠᠬ᠎ᠠ ᠳᠡᠯᠭᠡᠭᠦᠷᠴᠢᠯᠡᠵᠦ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ ᠶᠢ | ᠠᠬᠢᠭᠤᠯᠤᠨ᠎ᠠ᠃ ᠤᠯᠤᠰ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠬᠠᠨᠳᠤᠰᠢ ᠶᠢ | ᠣᠨᠣᠪᠴᠢᠲᠠᠶ ᠡᠵᠡᠮᠰᠢᠵᠦ᠂ ᠵᠦᠢ ᠪᠤᠰᠤ ᠡᠳ᠋ ᠬᠥᠷᠥᠩᠭᠡ ᠶᠢ ᠲᠤᠰᠠᠭᠠᠷᠯᠠᠨ ᠰᠠᠯᠭᠠᠬᠤ᠂ ᠴᠢᠨᠠᠷ ᠰᠠᠶᠢᠲᠠᠢ ᠡᠳ᠋ | ᠬᠥᠷᠥᠩᠭᠡ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ | ᠺᠣᠮᠫᠠᠨᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠭᠤᠣᠯ ᠪᠣᠯᠬᠤ ᠠᠵᠢᠯ ᠦᠢᠯᠡᠰ ᠤᠨ ᠬᠡᠯᠪᠡᠷᠢ ᠪᠠᠨ | ᠬᠤᠪᠢᠷᠠᠭᠤᠯᠬᠤ ᠶᠢ ᠪᠡᠶᠡᠯᠡᠭᠦᠯᠦᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠬᠥᠲᠥᠯᠥᠨ | ᠵᠢᠯᠤᠭᠤᠳᠬᠤ ᠪᠠ ᠲᠦᠯᠬᠢᠨ ᠠᠬᠢᠭᠤᠯᠵᠤ ᠪᠠᠶᠢᠭᠠᠳ ᠭᠤᠣᠯ ᠪᠣᠯᠬᠤ ᠠᠵᠢᠯ ᠦᠢᠯᠡᠰ ᠵᠢᠴᠢ ᠠᠵᠤ ᠦᠢᠯᠡᠰ ᠤᠨ | ᠬᠡᠯᠬᠢᠶ᠎ᠡ ᠶᠢᠨ ᠳᠡᠭᠡᠳᠦ ᠳᠣᠣᠷᠠᠳᠤ ᠬᠡᠯᠬᠢᠶᠡᠨ ᠤ ᠲᠣᠭᠤᠷᠢᠨ ᠳᠤ ᠨᠡᠶᠢᠯᠡᠭᠦᠯᠦᠨ ᠬᠤᠳᠠᠯᠳᠤᠨ ᠠᠪᠴᠤ ᠳᠠᠬᠢᠨ | ᠵᠣᠬᠢᠶᠠᠨ ᠪᠠᠶᠢᠭᠤᠯᠬᠤ ᠶᠢ ᠬᠡᠷᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢ ᠠᠵᠤ | ᠦᠢᠯᠡᠰ ᠤᠨ ᠪᠥᠭᠡᠮᠨᠡᠷᠡᠯ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ | ᠪᠥᠭᠡᠮᠨᠡᠷᠡᠯ ᠢ ᠪᠤᠢ ᠪᠤᠯᠭᠠᠵᠦ ᠬᠥᠭᠵᠢᠭᠦᠯᠬᠦ ᠶᠠᠪᠤᠴᠠ ᠳᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ | ᠺᠣᠮᠫᠠᠨᠢ ᠶᠢᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠢᠯᠢ ᠶᠢᠨ | ᠳᠣᠲᠣᠷ᠎ᠠ ᠭᠠᠳᠠᠨᠠᠬᠢ ᠬᠢᠷᠢ ᠲᠡᠩᠴᠡᠭᠰᠡᠨ ᠪᠠᠶᠢᠯᠳᠤᠬᠤ ᠪᠣᠳᠣᠯᠭ᠎ᠠ ᠶᠢᠨ ᠪᠡᠯᠡ ᠣᠷᠣᠭᠤᠯᠤᠭᠴᠢᠳ ᠢ ᠲᠡᠳᠡᠨ | ᠣᠷᠣᠭᠤᠯᠵᠤ᠂ ᠳᠣᠣᠷ᠎ᠠ ᠥᠪᠡᠷ ᠤᠨ ᠥᠷᠲᠡᠭ ᠢᠶᠠᠷ ᠥᠷᠭᠡᠳᠬᠡᠬᠦ ᠪᠠ ᠠᠵᠤ ᠦᠢᠯᠡᠰ ᠢ ᠡᠮᠬᠢᠯᠡᠨ ᠨᠡᠶᠢᠯᠡᠭᠦᠯᠬᠦ ᠶᠢ | ᠪᠡᠶᠡᠯᠡᠭᠦᠯᠦᠨ᠎ᠡ᠃ ᠪᠣᠳᠠᠲᠤ ᠬᠦᠴᠦᠨ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠦᠯᠦᠭᠯᠡᠯ ᠤᠳ ᠤᠨ | ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠬᠢᠬᠦ ᠶᠢ ᠳᠡᠮᠵᠢᠵᠦ᠂ ᠰᠲ᠋ᠣᠺ ᠤᠨ ᠵᠠᠬ᠎ᠠ ᠳᠡᠯᠭᠡᠭᠦᠷ ᠲᠤ | ᠭᠠᠷᠬᠤ ᠲᠠᠪᠴᠠᠩ ᠳᠤ ᠲᠦᠰᠢᠭᠯᠡᠨ ᠬᠤᠪᠢᠴᠠᠭ᠎ᠠ ᠲᠠᠷᠬᠠᠭᠠᠨ ᠡᠳ᠋ ᠬᠥᠷᠥᠩᠭᠡ ᠬᠤᠳᠠᠯᠳᠤᠨ ᠠᠪᠬᠤ᠂ ᠰᠢᠩᠭᠡᠬᠡᠨ | ᠠᠪᠴᠤ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠬᠦᠯᠢ ᠴᠣᠭᠴᠠ ᠪᠠᠷ ᠨᠢ ᠵᠠᠬ᠎ᠠ ᠳᠡᠯᠭᠡᠭᠦᠷ ᠲᠤ | ᠭᠠᠷᠭᠠᠬᠤ ᠶᠢ ᠪᠡᠶᠡᠯᠡᠭᠦᠯᠵᠦ᠂ ᠲᠡᠮᠳᠡᠭᠲᠦᠴᠢᠯᠡᠬᠦ ᠬᠢᠷᠢ ᠬᠡᠮᠵᠢᠶ᠎ᠡ ᠶᠢ ᠨᠢ ᠪᠦᠲᠦᠮᠵᠢᠲᠡᠶ ᠳᠡᠭᠡᠭᠰᠢᠯᠡᠭᠦᠯᠦᠨ᠎ᠡ᠃ ︵ | ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ | ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ︶ | ︵ᠳᠣᠯᠤᠭ᠎ᠠ︶ ᠰᠢᠭᠤᠳ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃ ᠰᠲ᠋ᠣᠺ ᠤᠨ ᠵᠠᠬ᠎ᠠ | ᠳᠡᠯᠭᠡᠭᠦᠷ ᠲᠤ ᠭᠠᠷᠤᠭᠰᠠᠨ ᠺᠣᠮᠫᠠᠨᠢ ᠶᠢ ᠬᠥᠲᠥᠯᠥᠨ ᠵᠢᠯᠤᠭᠤᠳᠴᠤ ᠪᠠᠶᠢᠭᠠᠳ ᠬᠥᠭᠵᠢᠯᠲᠡ ᠶᠢᠨ ᠬᠡᠷᠡᠭᠴᠡᠭᠡ ᠪᠠ | ᠵᠠᠬ᠎ᠠ ᠳᠡᠯᠭᠡᠭᠦᠷ ᠤᠨ ᠪᠠᠶᠢᠳᠠᠯ ᠢ ᠬᠠᠮᠲᠤ ᠳᠤ ᠨᠢ ᠬᠠᠷᠠᠭᠠᠯᠵᠠᠨ ᠪᠠᠶᠢᠵᠤ ᠪᠡᠯᠡ ᠲᠣᠬᠢᠷᠠᠭᠤᠯᠭ᠎ᠠ ᠶᠢᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ | ᠬᠥᠷᠥᠩᠭᠡ ᠶᠢᠨ ᠵᠠᠬ᠎ᠠ ᠳᠡᠯᠭᠡᠭᠦᠷ ᠤᠨ ᠬᠡᠷᠡᠭᠯᠡᠭᠦᠷ ᠢ ᠭᠦᠢᠴᠡᠳ ᠠᠰᠢᠭᠯᠠᠬᠤ ᠶᠢ ᠠᠬᠢᠭᠤᠯᠤᠨ᠂ ᠲᠦᠭᠰᠢᠭᠦᠷᠢ ᠶᠢ | ᠳᠠᠭᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠪᠠᠭ᠎ᠠ ᠲᠣᠭᠠᠨ ᠤ ᠲᠦᠷᠭᠡᠨ ᠪᠥᠭᠡᠳ ᠲᠥᠷᠥᠯ ᠬᠤᠪᠢᠶᠠᠨ | ᠬᠢᠨᠠᠨ ᠬᠠᠷᠭᠤᠭᠤᠯᠬᠤ ᠵᠡᠷᠭᠡ ᠪᠡᠯᠡ ᠲᠣᠬᠢᠷᠠᠭᠤᠯᠭ᠎ᠠ ᠶᠢᠨ ᠲᠣᠭᠲᠠᠴᠠ ᠶᠢ ᠰᠠᠶᠢᠲᠤᠷ ᠬᠡᠷᠡᠭᠯᠡᠵᠦ᠂ ᠴᠢᠨᠠᠷ ᠰᠠᠶᠢᠲᠠᠢ | ᠺᠣᠮᠫᠠᠨᠢ ᠶᠢᠨ ᠰᠲ᠋ᠣᠺ ᠤᠨ ᠡᠷᠬᠡ ᠪᠠᠷ ᠢᠶᠠᠨ ᠪᠡᠯᠡ ᠲᠣᠬᠢᠷᠠᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ | ᠵᠠᠰᠠᠭ ᠤᠨ ᠣᠷᠳᠣᠨ ᠤ ᠪᠤᠰᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ | ᠬᠥᠭᠵᠢᠯᠲᠡ ᠶᠢ ᠲᠡᠳᠬᠦᠨ ᠳᠠᠮᠵᠢᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠣᠯᠠᠨ | ᠡᠰᠢᠵᠢᠭᠰᠡᠨ ᠵᠢᠭᠡᠯᠡᠯᠭᠡ ᠶᠢᠨ ᠲᠡᠮᠳᠡᠭᠲᠦ ᠪᠠ ᠡᠳ᠋ ᠬᠥᠷᠥᠩᠭᠡ ᠪᠠᠷ ᠲᠡᠮᠳᠡᠭᠲᠦ ᠶᠢᠨ ᠪᠡᠯᠡ ᠲᠣᠬᠢᠷᠠᠭᠤᠯᠭ᠎ᠠ ᠬᠢᠬᠦ ᠶᠢ | ᠳᠠᠮᠵᠢᠵᠤ᠂ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠤᠷᠢᠳᠡᠯ ᠡᠷᠬᠡᠲᠦ ᠰᠲ᠋ᠣᠺ᠂ ᠡᠭᠦᠷᠢᠳᠡ ᠶᠢᠨ | ᠵᠢᠭᠡᠯᠡᠯᠭᠡ ᠶᠢᠨ ᠲᠡᠮᠳᠡᠭᠲᠦ᠂ ᠰᠣᠯᠢᠵᠤ ᠪᠣᠯᠬᠤ ᠵᠢᠭᠡᠯᠡᠯᠭᠡ ᠶᠢᠨ ᠲᠡᠮᠳᠡᠭᠲᠦ᠂ REITs ᠵᠡᠷᠭᠡ ᠰᠢᠨ᠎ᠡ ᠶᠢ | ᠡᠭᠦᠳᠦᠭᠰᠡᠨ ᠪᠡᠯᠡ ᠲᠣᠬᠢᠷᠠᠭᠤᠯᠭ᠎ᠠ ᠶᠢᠨ ᠬᠡᠷᠡᠭᠯᠡᠭᠦᠷ ᠢᠶᠠᠷ ᠳᠠᠮᠵᠢᠭᠤᠯᠤᠨ ᠪᠡᠯᠡ ᠲᠣᠬᠢᠷᠠᠭᠤᠯᠭ᠎ᠠ ᠶᠢᠨ ᠠᠷᠭ᠎ᠠ | ᠪᠠᠷᠢᠯ ᠢᠶᠠᠨ ᠪᠠᠶᠠᠯᠢᠭᠵᠢᠭᠤᠯᠵᠤ᠂ ᠬᠥᠷᠥᠩᠭᠡ ᠶᠢᠨ ᠪᠦᠲᠦᠴᠡ ᠪᠠᠨ ᠰᠢᠯᠢᠳᠡᠭᠵᠢᠭᠦᠯᠬᠦ ᠶᠢ ᠨᠢ ᠵᠣᠷᠢᠭᠵᠢᠭᠤᠯᠤᠨ᠎ᠠ᠃ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠳᠡᠮᠵᠢᠬᠦ ᠡᠯ᠎ᠡ ᠲᠥᠷᠥᠯ ᠤᠨ ᠵᠠᠰᠠᠭ ᠤᠨ ᠣᠷᠳᠣᠨ ᠤ | ᠴᠢᠨᠠᠷᠲᠠᠢ ᠰᠠᠭᠤᠷᠢ ᠮᠥᠩᠭᠦᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠢᠲᠡᠭᠡᠮᠵᠢ ᠪᠠᠨ ᠨᠡᠮᠡᠭᠳᠡᠭᠦᠯᠬᠦ ᠣᠳᠣ ᠶᠢᠨ | ᠪᠠᠶᠢᠭ᠎ᠠ ᠡᠯ᠎ᠡ ᠲᠥᠷᠥᠯ ᠤᠨ ᠢᠲᠡᠭᠡᠮᠵᠢ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ | ᠪᠡᠯᠡ ᠲᠣᠬᠢᠷᠠᠭᠤᠯᠭ᠎ᠠ ᠶᠢ ᠲᠡᠮᠵᠢᠨ᠎ᠡ᠃ ᠪᠠᠩᠬᠢ ᠶᠢᠨ ᠪᠤᠰᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠵᠢᠭᠦᠯᠦᠨ᠎ᠡ᠃ ︵ | ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ | ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ︶ | ᠳᠥᠷᠪᠡ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠦᠯᠡᠳᠡᠭᠡᠯ ᠲᠦᠭᠰᠢᠭᠦᠷᠢ ᠶᠢ | ᠰᠢᠢᠳᠪᠦᠷᠢᠯᠡᠬᠦ ᠪᠠᠨ ᠲᠦᠷᠭᠡᠳᠬᠡᠨ᠎ᠡ | ︵ᠨᠠᠢᠮᠠ︶ ᠰᠲ᠋ᠣᠺ ᠤᠨ ᠳᠠᠨᠵᠢᠯᠠᠭ᠎ᠠ ᠶᠢᠨ ᠲᠦᠭᠰᠢᠭᠦᠷᠢ ᠶᠢ ᠠᠷᠢᠯᠭᠠᠬᠤ ᠪᠠᠨ ᠦᠷᠭᠦᠯᠵᠢᠯᠡᠨ ᠠᠬᠢᠭᠤᠯᠤᠨ᠎ᠠ᠃ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠰᠲ᠋ᠣᠺ ᠤᠨ ᠳᠠᠨᠵᠢᠯᠠᠭ᠎ᠠ ᠶᠢᠨ ᠲᠦᠭᠰᠢᠭᠦᠷᠢ ᠶᠢ | ᠠᠷᠢᠯᠭᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ ᠴᠢᠩᠭᠠᠳᠬᠠᠵᠤ᠂ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠦᠷᠭᠦᠯᠵᠢᠯᠡᠨ ᠬᠥᠲᠥᠯᠥᠨ ᠵᠢᠯᠤᠭᠤᠳᠴᠤ ᠪᠠᠶᠢᠭᠠᠳ | ᠬᠥᠰᠢᠭᠦᠷᠭᠡ ᠶᠢᠨ ᠲᠦᠪᠰᠢᠨ ᠢ ᠨᠢ ᠪᠠᠭᠤᠷᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠲᠦᠭᠰᠢᠭᠦᠷᠢ ᠶᠢ ᠨᠢ | ᠦᠨᠡᠨ ᠬᠦ ᠪᠠᠭᠤᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠦᠴᠢᠷᠳᠡᠯ ᠢ ᠲᠠᠶᠢᠯᠵᠦ | ᠬᠥᠭᠵᠢᠭᠦᠯᠬᠦ ᠰᠠᠭᠤᠷᠢ ᠮᠥᠩᠭᠦᠨ ᠤ ᠪᠠᠴᠢᠮ ᠪᠠᠶᠢᠳᠠᠯ ᠢ ᠠᠪᠤᠷᠠᠬᠤ ᠦᠢᠯᠡᠳᠦᠯ ᠢ ᠤᠯᠠᠮ ᠨᠢᠭᠡ ᠠᠯᠬᠤᠮ | ᠪᠠᠳᠠᠷᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠲᠠᠶᠢᠯᠬᠤ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ | ᠬᠦᠴᠢᠷᠳᠡᠯ ᠢ ᠲᠠᠶᠢᠯᠬᠤ ᠬᠠᠷᠠᠯᠲᠠ ᠨᠢ ᠲᠣᠳᠣᠷᠬᠠᠢ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠨᠢ | ᠲᠣᠭᠲᠠᠭᠠᠯ ᠳᠤ ᠨᠡᠶᠢᠴᠡᠭᠰᠡᠨ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠳᠡᠮᠵᠢᠭᠰᠡᠨ ᠤᠯᠤᠰ ᠤᠨ | ᠥᠮᠴᠢᠯᠡᠯᠲᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠪᠤᠶᠤ ᠰᠠᠭᠤᠷᠢ ᠮᠥᠩᠭᠦᠨ ᠳᠤ | ᠠᠯᠳᠠᠰᠢ ᠶᠢ ᠠᠭᠤᠴᠢᠯᠠᠬᠤ ᠲᠣᠭᠲᠠᠴᠠ ᠶᠢ ᠪᠠᠶᠢᠭᠤᠯᠵᠤ᠂ ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠨᠡᠬᠡᠮᠵᠢᠯᠡᠬᠦ | ᠪᠠ ᠠᠵᠤ ᠠᠬᠤᠶᠢᠯᠠᠯ ᠤᠨ ᠭᠦᠢᠴᠡᠳᠬᠡᠯ ᠲᠤᠭ᠎ᠠ ᠶᠢ ᠰᠢᠯᠭᠠᠨ ᠬᠢᠨᠠᠬᠤ ᠪᠠᠨ ᠵᠣᠬᠢᠬᠤ ᠬᠡᠮᠵᠢᠶ᠎ᠡ ᠪᠠᠷ | ᠬᠡᠯᠲᠦᠷᠢᠭᠦᠯᠦᠨ᠎ᠡ᠃ ᠪᠠᠩᠬᠢ᠂ ᠲᠡᠮᠳᠡᠭᠲᠦ᠂ ᠳᠠᠭᠠᠳᠬᠠᠯ᠂ ᠬᠤᠪᠢ ᠪᠠᠷ ᠢᠶᠠᠨ ᠴᠤᠭᠯᠠᠭᠤᠯᠬᠤ ᠰᠲ᠋ᠣᠺ ᠤᠨ ᠡᠷᠬᠡ ᠶᠢᠨ | ᠰᠠᠭᠤᠷᠢ ᠮᠥᠩᠭᠦ ᠵᠡᠷᠭᠡ ᠪᠠᠶᠢᠭᠤᠯᠤᠮᠵᠢ ᠶᠢᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ | ᠰᠲ᠋ᠣᠺ ᠤᠨ ᠳᠠᠨᠵᠢᠯᠠᠭ᠎ᠠ ᠶᠢᠨ ᠲᠦᠭᠰᠢᠭᠦᠷᠢ ᠶᠢ ᠠᠷᠢᠯᠭᠠᠬᠤ ᠳᠤ ᠣᠷᠤᠯᠴᠠᠬᠤ ᠶᠢ ᠨᠢ ᠳᠡᠮᠵᠢᠨ᠎ᠡ᠃ ᠥᠪᠡᠷᠲᠡᠭᠡᠨ | ᠵᠠᠰᠠᠬᠤ ᠣᠷᠣᠨ ᠤ ᠳᠣᠲᠣᠷᠠᠬᠢ ᠬᠤᠳᠠᠯᠳᠤᠭᠠᠨ ᠤ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | ᠵᠣᠬᠢᠴᠠᠭᠤᠯᠵᠤ ᠪᠠᠶᠢᠭᠠᠳ ᠲᠠᠯᠠᠪᠤᠷ ᠲᠠᠬᠢ ᠰᠲ᠋ᠣᠺ ᠢ ᠳᠠᠨᠵᠢᠯᠠᠵᠤ ᠪᠡᠯᠡ ᠲᠣᠬᠢᠷᠠᠭᠤᠯᠬᠤ ᠶᠢᠨ ᠲᠦᠭᠰᠢᠭᠦᠷᠢ ᠶᠢ | ᠡᠵᠡᠮᠳᠡᠬᠦ ᠪᠠᠷᠢᠮᠵᠢᠶ᠎ᠠ ᠶᠢ ᠬᠡᠷᠡᠭᠵᠢᠭᠦᠯᠵᠦ᠂ ᠬᠤᠳᠠᠯᠳᠤᠬᠤ ᠶᠢ ᠬᠢᠵᠠᠭᠠᠷᠯᠠᠭᠰᠠᠨ ᠰᠲ᠋ᠣᠺ ᠤᠨ ᠳᠠᠨᠵᠢᠯᠠᠭ᠎ᠠ ᠶᠢ ᠴᠢᠩᠭ᠎ᠠ | ᠬᠢᠵᠠᠭᠠᠷᠯᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ | ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠶᠢᠰᠦ︶ ᠲᠦᠭᠰᠢᠭᠦᠷᠢ ᠶᠡᠭᠡ ᠲᠠᠢ ᠺᠣᠮᠫᠠᠨᠢ ᠶᠢᠨ ᠲᠦᠭᠰᠢᠭᠦᠷᠢ ᠶᠢ ᠠᠷᠢᠯᠭᠠᠬᠤ ᠪᠠᠨ ᠠᠬᠢᠭᠤᠯᠤᠨ᠎ᠠ᠃ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠲᠦᠭᠰᠢᠭᠦᠷᠢ ᠶᠡᠭᠡ ᠲᠠᠢ ᠺᠣᠮᠫᠠᠨᠢ ᠶᠢᠨ ᠲᠦᠭᠰᠢᠭᠦᠷᠢ ᠶᠢ | ᠠᠷᠢᠯᠭᠠᠬᠤ ᠳᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠲ᠋ᠣᠺ ᠤᠨ ᠵᠠᠬ᠎ᠠ ᠳᠡᠯᠭᠡᠭᠦᠷ ᠲᠤ | ᠭᠠᠷᠤᠭᠰᠠᠨ ᠲᠦᠭᠰᠢᠭᠦᠷᠢ ᠶᠡᠭᠡ ᠲᠠᠢ ᠺᠣᠮᠫᠠᠨᠢ ᠶᠢᠨ ᠣᠷᠣᠰᠢᠵᠤ ᠪᠠᠶᠢᠭ᠎ᠠ ᠲᠦᠭᠰᠢᠭᠦᠷᠢ ᠶᠢ ᠠᠷᠢᠯᠭᠠᠬᠤ ᠬᠠᠷᠢᠶ᠎ᠠ | ᠭᠠᠵᠠᠷ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠡᠭ ᠲᠣᠭᠲᠠᠭᠠᠨ ᠬᠠᠷᠢᠯᠴᠠᠬᠤ ᠲᠣᠭᠲᠠᠴᠠ ᠶᠢ | ᠪᠠᠶᠢᠭᠤᠯᠤᠨ᠎ᠠ᠃ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠰᠲ᠋ᠣᠺ ᠤᠨ ᠵᠠᠬ᠎ᠠ ᠳᠡᠯᠭᠡᠭᠦᠷ ᠲᠤ | ᠭᠠᠷᠤᠭᠰᠠᠨ ᠺᠣᠮᠫᠠᠨᠢ ᠶᠢᠨ ᠲᠦᠭᠰᠢᠭᠦᠷᠢ ᠶᠢ ᠠᠷᠢᠯᠭᠠᠬᠤ ᠳᠤ ᠳᠡᠮᠵᠢᠯᠭᠡ ᠦᠵᠡᠭᠦᠯᠬᠦ ᠪᠠᠨ ᠴᠢᠩᠭᠠᠳᠬᠠᠵᠤ᠂ ᠰᠣᠬᠤᠷ | ᠪᠠᠯᠠᠢ ᠪᠠᠷ ᠵᠢᠭᠡᠯᠡᠯᠭᠡ ᠪᠠᠨ ᠪᠤᠴᠠᠭᠠᠬᠤ ᠦᠭᠡᠢ᠂ ᠵᠢᠭᠡᠯᠡᠯᠭᠡ ᠪᠠᠨ ᠵᠣᠭᠰᠤᠭᠠᠬᠤ ᠦᠭᠡᠢ ᠪᠠᠶᠢᠵᠤ᠂ ᠵᠠᠬ᠎ᠠ | ᠳᠡᠯᠭᠡᠭᠦᠷ ᠤᠨ ᠵᠢᠮ᠎ᠡ ᠶᠣᠰᠣ ᠶᠢ ᠭᠦᠢᠴᠡᠳ ᠬᠦᠨᠳᠦᠳᠬᠡᠬᠦ ᠶᠢᠨ ᠵᠡᠷᠭᠡ ᠪᠠᠷ᠂ ᠰᠲ᠋ᠣᠺ ᠤᠨ ᠵᠠᠬ᠎ᠠ ᠳᠡᠯᠭᠡᠭᠦᠷ ᠲᠤ | ᠭᠠᠷᠤᠭᠰᠠᠨ ᠺᠣᠮᠫᠠᠨᠢ ᠶᠢᠨ ᠲᠦᠭᠰᠢᠭᠦᠷᠢ ᠶᠢ ᠠᠷᠢᠯᠭᠠᠬᠤ ᠠᠵᠢᠯ ᠳᠠᠬᠢ ᠵᠠᠰᠠᠭ ᠤᠨ ᠣᠷᠳᠣᠨ ᠤ ᠵᠣᠬᠢᠴᠠᠭᠤᠯᠭ᠎ᠠ ᠶᠢ | ᠴᠢᠩᠭᠠᠷᠠᠭᠤᠯᠤᠨ᠂ ᠲᠦᠭᠰᠢᠭᠦᠷᠢ ᠶᠢ ᠠᠷᠢᠯᠭᠠᠬᠤ ᠲᠥᠰᠥᠯ ᠪᠤᠶᠤ ᠰᠢᠢᠳᠪᠦᠷᠢᠯᠡᠬᠦ ᠪᠡᠯᠡᠳᠬᠡᠯ ᠲᠥᠰᠥᠯ ᠢ | ᠲᠣᠭᠲᠠᠭᠠᠵᠤ᠂ ᠲᠦᠭᠰᠢᠭᠦᠷᠢ ᠶᠢ ᠭᠠᠳᠠᠭᠰᠢ ᠲᠦᠭᠡᠭᠡᠬᠦ ᠪᠤᠶᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠢᠲᠡᠭᠡᠮᠵᠢ ᠶᠢᠨ ᠲᠦᠭᠰᠢᠭᠦᠷᠢ ᠪᠣᠯᠵᠤ ᠰᠢᠯᠵᠢᠭᠦᠯᠦᠨ ᠲᠣᠬᠤᠭᠳᠠᠬᠤ ᠠᠴᠠ ᠵᠠᠶᠢᠯᠠᠰᠬᠢᠨ᠎ᠡ᠃ ᠳᠠᠮᠫᠤᠷᠠᠯ ᠢ ᠵᠠᠷᠯᠠᠵᠤ | ᠳᠠᠬᠢᠨ ᠴᠡᠭᠴᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠪᠢᠴᠠᠭ᠎ᠠ ᠡᠵᠡᠮᠰᠢᠭᠰᠡᠨ ᠬᠤᠪᠢᠴᠠᠭᠠᠳᠠᠨ ᠤ | ᠡᠵᠡᠩᠨᠡᠯᠲᠡ ᠶᠢᠨ ᠲᠦᠭᠰᠢᠭᠦᠷᠢ ᠶᠢ ᠰᠢᠢᠳᠪᠦᠷᠢᠯᠡᠵᠦ᠂ ᠲᠦᠭᠰᠢᠭᠦᠷᠢ ᠶᠢ ᠳᠠᠮᠵᠢᠭᠤᠯᠬᠤ ᠬᠡᠯᠬᠢᠶᠡᠰᠦ ᠶᠢ ᠬᠤᠷᠢᠭᠯᠠᠨ | ᠵᠣᠭᠰᠣᠭᠠᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠲᠦᠭᠰᠢᠭᠦᠷᠢ ᠶᠡᠭᠡ ᠲᠠᠢ ᠺᠣᠮᠫᠠᠨᠢ ᠶᠢ ᠳᠠᠬᠢᠨ | ᠵᠣᠬᠢᠶᠠᠨ ᠪᠠᠶᠢᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠴᠢᠨᠠᠷ ᠰᠠᠶᠢᠲᠠᠢ ᠡᠳ᠋ | ᠬᠥᠷᠥᠩᠭᠡ ᠶᠢ ᠳᠠᠬᠢᠨ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠲ᠋ᠣᠺ ᠤᠨ ᠵᠠᠬ᠎ᠠ ᠳᠡᠯᠭᠡᠭᠦᠷ ᠲᠤ | ᠭᠠᠷᠤᠭᠰᠠᠨ ᠺᠣᠮᠫᠠᠨᠢ ᠳᠤ ᠣᠷᠣᠬᠤ ᠳᠤ ᠨᠢ ᠶᠡᠬᠡᠬᠡᠨ ᠳᠡᠮᠵᠢᠯᠭᠡ ᠦᠵᠡᠭᠦᠯᠵᠦ᠂ ᠵᠠᠬ᠎ᠠ ᠳᠡᠯᠭᠡᠭᠦᠷ ᠲᠤ ᠭᠠᠷᠬᠤ | ᠦᠯᠡᠳᠡᠭᠡᠯ ᠡᠬᠢ ᠪᠠᠶᠠᠯᠢᠭ ᠢ ᠭᠦᠢᠯᠭᠡᠭᠡᠨ ᠲᠠᠢ ᠪᠣᠯᠭᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ | ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠠᠷᠪᠠ︶ ᠵᠠᠬ᠎ᠠ ᠳᠡᠯᠭᠡᠭᠦᠷ ᠤᠨ ᠲᠦᠭᠰᠢᠭᠦᠷᠢ ᠶᠢ ᠢᠯᠭᠠᠷᠠᠭᠤᠯᠤᠨ ᠭᠠᠷᠭᠠᠬᠤ ᠶᠢ ᠲᠦᠷᠭᠡᠳᠬᠡᠨ᠎ᠡ᠃ ᠵᠠᠬ᠎ᠠ | ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠢ ᠪᠠᠷᠢᠮᠲᠠᠯᠠᠨ᠂ ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠭᠡᠭᠦᠷ ᠠᠴᠠ | ᠪᠤᠴᠠᠨ ᠭᠠᠷᠬᠤ᠂ ᠨᠡᠶᠢᠯᠡᠭᠦᠯᠦᠨ ᠬᠤᠳᠠᠯᠳᠤᠨ ᠠᠪᠴᠤ ᠲᠠᠬᠢᠨ ᠵᠣᠬᠢᠶᠠᠨ ᠪᠠᠶᠢᠭᠤᠯᠬᠤ᠂ ᠳᠠᠮᠫᠤᠷᠠᠯ ᠢ ᠵᠠᠷᠯᠠᠵᠤ ᠳᠠᠬᠢᠨ | ᠴᠡᠭᠴᠡᠯᠡᠬᠦ ᠵᠡᠷᠭᠡ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠣᠯᠠᠨ ᠡᠰᠢᠵᠢᠭᠰᠡᠨ ᠪᠤᠴᠠᠨ ᠭᠠᠷᠬᠤ | ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠨ᠎ᠠ᠃ ᠠᠵᠤ ᠠᠬᠤᠶᠢᠯᠠᠯ ᠤᠨ ᠦᠷᠭᠦᠯᠵᠢᠯᠡᠨ ᠡᠵᠡᠩᠨᠡᠬᠦ | ᠴᠢᠳᠠᠪᠤᠷᠢ ᠶᠢ ᠣᠨᠴᠠᠭᠠᠶᠢᠯᠠᠨ ᠴᠢᠬᠤᠯᠠᠴᠢᠯᠠᠵᠤ᠂ ᠰᠲ᠋ᠣᠺ ᠤᠨ ᠵᠠᠬ᠎ᠠ ᠳᠡᠯᠭᠡᠭᠦᠷ ᠠᠴᠠ ᠪᠤᠴᠠᠨ ᠭᠠᠷᠬᠤ ᠪᠠᠷᠢᠮᠵᠢᠶ᠎ᠠ ᠳᠤ | ᠬᠦᠷᠦᠭᠰᠡᠨ ᠠᠵᠤ ᠠᠬᠤᠶᠢᠯᠠᠯ ᠤᠨ ᠪᠤᠴᠠᠨ ᠭᠠᠷᠬᠤ ᠶᠣᠰᠣᠲᠠᠢ ᠶᠢ ᠨᠢ ᠪᠦᠬᠦᠨ ᠢ ᠪᠤᠴᠠᠭᠠᠨ ᠭᠠᠷᠭᠠᠵᠤ᠂ ᠵᠠᠬ᠎ᠠ | ᠳᠡᠯᠭᠡᠭᠦᠷ ᠲᠤ ᠰᠢᠯᠢᠳᠡᠭ ᠨᠢ ᠦᠯᠡᠳᠡᠵᠦ ᠰᠢᠭᠠᠷᠤ ᠨᠢ ᠰᠢᠭᠰᠢᠭᠳᠡᠬᠦ᠂ ᠰᠢᠨ᠎ᠡ ᠬᠠᠭᠤᠴᠢᠨ ᠤ ᠰᠣᠯᠢᠭᠳᠠᠯ ᠢ | ᠪᠡᠶᠡᠯᠡᠭᠦᠯᠦᠨ᠎ᠡ᠃ ᠳᠠᠮᠫᠤᠷᠠᠭᠰᠠᠨ ᠠᠵᠤ ᠠᠬᠤᠶᠢᠯᠠᠯ ᠤᠨ ᠥᠷᠢ ᠥᠭᠴᠡᠭᠡ ᠠᠴᠠ ᠬᠡᠯᠲᠦᠷᠢᠭᠦᠯᠬᠦ᠂ ᠡᠳ᠋ | ᠬᠥᠷᠥᠩᠭᠡ ᠶᠢ ᠰᠢᠢᠳᠪᠦᠷᠢᠯᠡᠬᠦ ᠵᠡᠷᠭᠡ ᠭᠤᠭᠴᠤᠭ᠎ᠠ ᠳᠤ ᠬᠠᠨᠳᠤᠭᠤᠯᠤᠭᠰᠠᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠲᠣᠭᠲᠠᠭᠠᠬᠤ ᠶᠢ ᠠᠬᠢᠭᠤᠯᠵᠤ᠂ ᠳᠠᠮᠫᠤᠷᠠᠭᠰᠠᠨ ᠠᠵᠤ ᠠᠬᠤᠶᠢᠯᠠᠯ ᠤᠨ ᠭᠠᠶᠢᠯᠢ | ᠰᠦᠢᠳᠬᠡᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ᠳᠠᠬᠢᠨ ᠴᠡᠭᠴᠡᠯᠡᠭᠰᠡᠨ ᠪᠤᠶᠤ ᠡᠪᠰᠡᠭᠦᠯᠦᠭᠡᠳ | ᠠᠮᠵᠢᠯᠲᠠ ᠣᠯᠣᠭᠰᠠᠨ ᠠᠵᠤ ᠠᠬᠤᠶᠢᠯᠠᠯ ᠤᠨ ᠢᠲᠡᠭᠡᠮᠵᠢ ᠪᠠᠨ ᠰᠡᠷᠭᠦᠭᠡᠬᠦ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠳᠠᠬᠢᠨ ᠪᠤᠴᠠᠬᠤ ᠶᠢ ᠠᠬᠢᠭᠤᠯᠤᠨ᠎ᠠ᠃ ᠪᠡᠯᠡ | ᠣᠷᠣᠭᠤᠯᠤᠭᠴᠢ ᠶᠢᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠶᠢ ᠳᠡᠮᠵᠢᠵᠦ᠂ ᠪᠡᠯᠡ ᠣᠷᠣᠭᠤᠯᠤᠭᠴᠢ ᠶᠢᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠥᠨᠳᠥᠷ ᠵᠡᠷᠭᠡ ᠶᠢᠨ ᠰᠢᠭᠦᠬᠦ | ᠬᠤᠷᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ᠲᠠᠪᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠳᠡᠭᠡᠭᠰᠢᠯᠡᠭᠦᠯᠬᠦ | ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ | ︵ᠠᠷᠪᠠᠨ ᠨᠢᠭᠡ︶ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠨ᠎ᠠ᠃ ᠰᠲ᠋ᠣᠺ ᠤᠨ | ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠨᠢ ᠠᠵᠢᠯᠯᠠᠭᠠᠨ ᠢᠶᠠᠨ ᠵᠢᠷᠤᠮᠵᠢᠭᠤᠯᠤᠨ᠂ ᠭᠤᠣᠯ ᠦᠢᠯᠡᠰ ᠢᠶᠠᠨ | ᠲᠤᠪᠤᠶᠢᠯᠭᠠᠵᠦ᠂ ᠲᠤᠰᠬᠠᠢ ᠮᠡᠷᠭᠡᠵᠢᠯ ᠢᠶᠠᠨ ᠨᠠᠷᠢᠯᠢᠭ ᠬᠢᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠪᠠ ᠤᠷᠠᠨ | ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ᠃ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ | ᠦᠵᠡᠯ ᠤᠬᠠᠮᠰᠠᠷ ᠢᠶᠠᠨ ᠴᠢᠩᠭᠠᠳᠬᠠᠵᠤ᠂ ᠪᠡᠯᠡᠨ ᠵᠣᠭᠤᠰ ᠢᠶᠠᠷ ᠨᠣᠭᠳᠠᠯ ᠠᠰᠢᠭ ᠬᠤᠪᠢᠶᠠᠬᠤ ᠬᠠᠷᠢᠴᠠᠯ ᠢ | ᠳᠡᠭᠡᠭᠰᠢᠯᠡᠭᠦᠯᠬᠦ ᠵᠡᠷᠭᠡ ᠠᠷᠭ᠎ᠠ ᠬᠡᠯᠪᠡᠷᠢ ᠪᠠᠷ ᠪᠡᠯᠡ ᠣᠷᠣᠭᠤᠯᠤᠭᠴᠢ ᠳᠤ ᠬᠠᠷᠢᠭᠤ ᠪᠡᠯᠡᠭᠯᠡᠵᠦ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ᠂ ᠠᠮᠢ ᠠᠬᠤᠢ ᠶᠢᠨ ᠬᠠᠮᠠᠭᠠᠯᠠᠯᠲᠠ᠂ ᠦᠢᠯᠡᠰ ᠪᠣᠰᠬᠠᠵᠤ ᠠᠵᠢᠯ ᠣᠯᠭᠤᠬᠤ ᠵᠡᠷᠭᠡ | ᠲᠠᠯ᠎ᠠ ᠪᠠᠷ ᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠥᠲᠥᠯᠥᠨ ᠳᠠᠭᠠᠭᠤᠯᠬᠤ ᠪᠠ | ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ | ᠭᠠᠷᠤᠭᠰᠠᠨ ᠺᠣᠮᠫᠠᠨᠢ ᠶᠢᠨ ᠬᠤᠪᠢᠴᠠᠭ᠎ᠠ ᠡᠵᠡᠮᠰᠢᠭᠰᠡᠨ ᠬᠤᠪᠢᠴᠠᠭᠠᠳᠠᠨ᠂ ᠪᠣᠳᠠᠲᠠᠢ ᠡᠵᠡᠮᠰᠢᠭᠴᠢ᠂ ᠬᠡᠷᠡᠭ ᠮᠡᠳᠡᠭᠴᠢ᠂ | ᠬᠡᠷᠡᠭ ᠬᠢᠨᠠᠭᠴᠢ ᠪᠠ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠵᠡᠷᠭᠡ ᠨᠢ ᠦᠨᠡᠨᠴᠢ ᠬᠢᠴᠢᠶᠡᠩᠭᠦᠢ ᠪᠠᠷ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠬ᠎ᠠ ᠳᠡᠯᠭᠡᠭᠦᠷ ᠢ ᠬᠦᠨᠳᠦᠳᠬᠡᠬᠦ᠂ ᠬᠠᠤᠯᠢ ᠪᠠᠷ ᠵᠠᠰᠠᠬᠤ ᠶᠢ | ᠬᠦᠨᠳᠦᠳᠬᠡᠬᠦ᠂ ᠲᠤᠰᠬᠠᠢ ᠮᠡᠷᠭᠡᠵᠢᠯ ᠢ ᠬᠦᠨᠳᠦᠳᠬᠡᠬᠦ᠂ ᠪᠡᠯᠡ ᠣᠷᠣᠭᠤᠯᠤᠭᠴᠢᠳ ᠢ ᠭᠦᠨᠳᠦᠳᠬᠡᠵᠦ᠂ | ᠬᠥᠭᠵᠢᠭᠦᠯᠦᠯᠲᠡ ᠬᠢᠭᠡᠳ ᠲᠦᠭᠰᠢᠭᠦᠷᠢ ᠶᠢ ᠡᠵᠡᠮᠰᠢᠬᠦ ᠴᠢᠳᠠᠪᠤᠷᠢ ᠶᠢᠨ ᠬᠠᠷᠢᠯᠴᠠᠨ ᠵᠣᠬᠢᠴᠠᠯᠳᠤᠬᠤ ᠶᠢ | ᠪᠡᠶᠡᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︶ | ︵ᠠᠷᠪᠠᠨ ᠬᠤᠶᠠᠷ︶ ᠵᠠᠭᠤᠴᠢ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠡᠮᠳᠡᠭᠲᠦ ᠶᠢᠨ ᠬᠤᠳᠠᠯᠳᠤᠭᠠᠴᠢᠨ ᠤ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠤᠯᠠᠮ ᠨᠢᠭᠡ | ᠠᠯᠬᠤᠮ ᠳᠠᠮᠵᠢᠵᠤ᠂ ᠬᠥᠷᠥᠩᠭᠡ ᠶᠢᠨ ᠪᠣᠳᠠᠲᠤ ᠬᠦᠴᠦᠨ ᠢ ᠨᠡᠮᠡᠭᠳᠡᠭᠦᠯᠦᠨ᠂ ᠲᠡᠷᠢᠭᠦᠨ ᠤ ᠺᠣᠮᠫᠠᠨᠢ ᠶᠢᠨ ᠵᠠᠰᠠᠯᠲᠠ | ᠬᠢᠭᠰᠡᠨ ᠲᠤᠷᠰᠢᠯᠭ᠎ᠠ ᠶᠢ ᠣᠷᠣᠭᠤᠯᠤᠨ ᠠᠪᠴᠢᠷᠠᠵᠤ᠂ ᠺᠣᠮᠫᠠᠨᠢ ᠶᠢ ᠬᠠᠪᠰᠤᠷᠤᠨ ᠪᠠᠶᠢᠯᠳᠤᠬᠤ ᠪᠣᠳᠣᠯᠭ᠎ᠠ ᠶᠢᠨ ᠪᠡᠯᠡ | ᠣᠷᠣᠭᠤᠯᠤᠭᠴᠢ ᠶᠢ ᠣᠷᠣᠭᠤᠯᠤᠨ ᠠᠪᠴᠢᠷᠠᠵᠤ᠂ ᠥᠪᠡᠷᠲᠡᠭᠡᠨ ᠵᠠᠰᠠᠬᠤ ᠣᠷᠣᠨ ᠳᠤ ᠰᠢᠯᠢᠳᠡᠭ ᠠᠵᠤ | ᠠᠬᠤᠶᠢᠯᠠᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠬᠤ ᠳᠤ ᠬᠠᠪᠰᠤᠷᠤᠯᠭ᠎ᠠ ᠦᠵᠡᠭᠦᠯᠦᠨ᠎ᠡ᠃ ᠲᠣᠰ | ᠭᠠᠵᠠᠷ ᠤᠨ ᠲᠡᠮᠳᠡᠭᠲᠦ ᠶᠢᠨ ᠬᠤᠳᠠᠯᠳᠤᠭᠠᠴᠢᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠳᠡᠭᠡᠭᠰᠢᠯᠡᠭᠦᠯᠬᠦ ᠶᠢ | ᠳᠠᠮᠵᠢᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠪᠤᠢ ᠪᠤᠯᠭᠠᠬᠤ ᠪᠠ ᠲᠡᠳᠡᠭᠡᠷ ᠺᠤᠮᠫᠠᠨᠢ ᠳᠤ | ᠦᠢᠯᠡᠴᠢᠯᠡᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠴᠢᠩᠭᠠᠷᠠᠭᠤᠯᠤᠨ᠎ᠠ᠃ ᠬᠢᠨᠠᠨ ᠪᠤᠳᠤᠬᠤ᠂ ᠬᠠᠤᠯᠢ ᠴᠠᠭᠠᠵᠠ ᠶᠢᠨ | ᠦᠢᠯᠡᠴᠢᠯᠡᠭᠡ᠂ ᠦᠨᠡᠯᠡᠨ ᠵᠢᠱᠢᠬᠦ ᠵᠡᠷᠭᠡ ᠵᠠᠭᠤᠴᠢ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢ ᠨᠢ | ᠭᠦᠢᠴᠡᠳᠬᠡᠯᠭᠡᠬᠦ ᠪᠠᠷ ᠤᠯᠠᠮ ᠨᠢᠭᠡ ᠠᠯᠬᠤᠮ ᠰᠢᠪᠠᠳᠠᠨ ᠱᠠᠭᠠᠷᠳᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠪᠠ | ᠪᠠᠶᠢᠭᠤᠯᠤᠮᠵᠢ ᠨᠤᠭᠤᠳ ᠵᠠᠭᠤᠴᠢ ᠪᠠᠶᠢᠭᠤᠯᠤᠮᠵᠢ ᠯᠤᠭ᠎ᠠ ᠬᠠᠮᠵᠢᠯᠴᠠᠨ ᠬᠠᠤᠯᠢ ᠲᠣᠭᠲᠠᠭᠠᠯ ᠶᠣᠰᠣᠭᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ᠂ | ᠣᠨᠣᠪᠴᠢᠲᠠᠶ ᠪᠠᠷ᠂ ᠪᠦᠷᠢᠨ ᠭᠦᠢᠴᠡᠳ ᠬᠠᠩᠭᠠᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ︶ | ︵ ᠠᠷᠪᠠᠨ ᠭᠤᠷᠪᠠ︶ ᠬᠦᠨᠳᠦ ᠶᠡᠭᠡ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ | ᠴᠢᠩᠭᠠᠷᠠᠭᠤᠯᠤᠨ᠎ᠠ᠃ ᠠᠶᠤᠯ ᠦᠭᠡᠢ ᠦᠢᠯᠡᠳᠪᠦᠷᠢᠯᠡᠯ᠂ ᠪᠠᠶᠢᠭᠠᠯᠢ ᠶᠢᠨ ᠭᠠᠮᠰᠢᠭ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠵᠡᠷᠭᠡ ᠬᠦᠨᠳᠦ ᠨᠣᠴᠢᠲᠠᠢ ᠭᠡᠨᠡᠳᠲᠡ ᠶᠢᠨ ᠬᠡᠷᠡᠭ ᠭᠠᠷᠪᠠᠯ᠂ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ︔ ᠰᠲ᠋ᠣᠺ ᠤᠨ ᠵᠠᠬ᠎ᠠ ᠳᠡᠯᠭᠡᠭᠦᠷ ᠲᠤ | ᠭᠠᠷᠤᠭᠰᠠᠨ ᠺᠣᠮᠫᠠᠨᠢ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠳᠤ ᠬᠦᠨᠳᠦ ᠨᠣᠴᠢᠲᠠᠢ ᠨᠥᠯᠥᠭᠡ ᠭᠠᠷᠭᠠᠭᠰᠠᠨ | ᠪᠠᠶᠢᠪᠠᠯ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠪ ᠤᠨ ᠬᠤᠷᠸ᠎ᠠ ᠲᠥᠷᠥ ᠶᠢᠨ ᠪᠣᠳᠣᠯᠭ᠎ᠠ᠂ ᠮᠥᠩᠭᠦᠨ | ᠭᠦᠢᠯᠭᠡᠭᠡᠨ ᠢᠶᠠᠷ ᠲᠣᠭᠲᠠᠪᠤᠷᠢᠵᠢᠭᠤᠯᠬᠤ ᠵᠡᠷᠭᠡ ᠵᠣᠬᠢᠴᠠᠭᠤᠯᠬᠤ ᠲᠣᠭᠲᠠᠴᠠ ᠳᠤ ᠲᠦᠰᠢᠭᠯᠡᠨ᠂ ᠬᠠᠮᠵᠢᠯᠴᠠᠵᠤ | ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠨ᠂ ᠠᠵᠤ ᠦᠢᠯᠡᠰ᠂ ᠮᠥᠩᠭᠦᠨ ᠭᠦᠢᠯᠭᠡᠭᠡᠨ᠂ ᠡᠳ᠋ ᠤᠨ ᠵᠠᠰᠠᠭ | ᠭᠠᠶᠢᠯᠢ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ︔ ᠴᠠᠭ ᠲᠤᠬᠠᠢ ᠳᠤ ᠨᠢ ᠠᠷᠭ᠎ᠠ | ᠬᠡᠮᠵᠢᠶ᠎ᠡ ᠠᠪᠴᠤ᠂ ᠬᠥᠳᠡᠯᠮᠦᠷᠢ ᠦᠢᠯᠡᠴᠢᠯᠡᠭᠡᠨ ᠤ ᠠᠵᠢᠯᠴᠢᠨ ᠬᠡᠷᠡᠭᠯᠡᠬᠦ᠂ ᠦᠢᠯᠡᠳᠪᠦᠷᠢᠯᠡᠯ ᠤᠨ ᠬᠡᠷᠡᠭᠰᠡᠯ᠂ | ᠨᠡᠶᠢᠲᠡ ᠶᠢᠨ ᠦᠢᠯᠡᠰ ᠤᠨ ᠦᠢᠯᠡᠳᠬᠦᠨ ᠤ ᠬᠠᠩᠭᠠᠯᠭ᠎ᠠ ᠪᠠ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠠᠷᠭ᠎ᠠ | ᠵᠠᠮ ᠢ ᠬᠠᠮᠠᠭᠠᠯᠠᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠡᠪ ᠤᠨ ᠠᠵᠢᠯᠯᠠᠭ᠎ᠠ ᠪᠠᠨ | ᠲᠦᠷᠭᠡᠬᠡᠨ ᠰᠡᠷᠭᠦᠭᠡᠬᠦ ᠶᠢ ᠨᠢ ᠲᠡᠮᠵᠢᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠭᠡᠨᠡᠳᠲᠡ | ᠡᠭᠦᠰᠬᠦ ᠦᠢᠯᠡᠳᠪᠦᠷᠢᠯᠡᠯ ᠡᠵᠡᠩᠨᠡᠯᠲᠡ ᠶᠢᠨ ᠬᠡᠷᠡᠭ᠂ ᠲᠣᠭᠲᠠᠪᠤᠷᠢ ᠦᠭᠡᠢ ᠴᠢᠨᠠᠷᠲᠠᠢ ᠲᠦᠭᠰᠢᠭᠦᠷᠢ᠂ ᠶᠠᠷᠢᠶ᠎ᠠ | ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠵᠡᠷᠭᠡ ᠳᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠰᠲ᠋ᠣᠺ ᠤᠨ ᠵᠠᠬ᠎ᠠ | ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠠᠯᠢ ᠲᠦᠷᠭᠡᠨ ᠢᠶᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠳᠤ ᠨᠢ ᠳᠡᠮᠵᠢᠯᠭᠡ ᠦᠵᠡᠭᠦᠯᠦᠨ᠎ᠡ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠴᠢᠮ | ᠪᠠᠶᠢᠳᠠᠯ ᠢ ᠠᠷᠭᠠᠴᠠᠭᠠᠬᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ | ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠠᠷᠪᠠᠨ ᠳᠥᠷᠪᠡ︶ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠥᠭᠵᠢᠯᠲᠡ ᠶᠢᠨ | ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠦᠨ᠎ᠡ᠃ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ | ᠪᠠᠳᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠤᠬᠠᠭᠤᠯᠭ᠎ᠠ ᠬᠢᠬᠦ ᠪᠠᠨ ᠴᠢᠩᠭᠠᠳᠬᠠᠵᠤ᠂ | ᠨᠡᠶᠢᠲᠡᠯᠢᠭ ᠬᠡᠷᠡᠭ ᠤᠨ ᠵᠢᠱᠢᠶ᠎ᠡ ᠪᠠ ᠲᠤᠷᠰᠢᠯᠭ᠎ᠠ ᠶᠢᠨ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠬᠥᠷᠥᠩᠭᠡ ᠶᠢᠨ | ᠵᠠᠬ᠎ᠠ ᠳᠡᠯᠭᠡᠭᠦᠷ ᠤᠨ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠬᠤᠳᠠᠯ | ᠬᠠᠭᠤᠷᠮᠠᠭ ᠮᠡᠳᠡᠭᠡ ᠵᠠᠩᠭᠢ ᠪᠤᠶᠤ ᠲᠥᠭᠡᠷᠢᠭᠳᠡᠭᠦᠯᠬᠦ ᠴᠢᠨᠠᠷᠲᠠᠢ ᠮᠡᠳᠡᠭᠡ ᠵᠠᠩᠭᠢ ᠵᠣᠬᠢᠶᠠᠭᠰᠠᠨ᠂ ᠤᠯᠠᠮᠵᠢᠯᠠᠨ | ᠲᠠᠷᠬᠠᠭᠠᠭᠰᠠᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠳᠬᠠᠵᠤ᠂ ᠮᠡᠳᠡᠭᠡ ᠵᠠᠩᠭᠢ | ᠤᠯᠠᠮᠵᠢᠯᠠᠬᠤ ᠡᠮᠬᠢ ᠳᠢᠭᠯᠢᠮ ᠢ ᠵᠢᠷᠤᠮᠵᠢᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠵᠢᠴᠢ | ᠬᠡᠷᠡᠭ ᠮᠡᠳᠡᠭᠴᠢ᠂ ᠬᠢᠨᠠᠯᠲᠠ ᠲᠠᠯᠪᠢᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ᠂ ᠪᠣᠳᠠᠲᠠᠢ | ᠡᠵᠡᠮᠰᠢᠭᠴᠢ ᠶᠢᠨ ᠨᠡᠶᠢᠭᠡᠮ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠣᠨᠣᠯᠵᠢᠬᠤᠨ ᠢ | ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠶᠣᠰᠣ ᠮᠣᠷᠠᠯ ᠤᠨ ᠲᠦᠭᠰᠢᠭᠦᠷᠢ ᠶᠢ | ᠡᠷᠡᠰ ᠰᠡᠷᠭᠡᠶᠢᠯᠡᠵᠦ᠂ ᠭᠠᠵᠠᠷ ᠣᠷᠣᠨ ᠤ ᠢᠲᠡᠭᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ | ᠠᠬᠤᠶᠢᠯᠠᠯ ᠤᠨ ᠪᠡᠯᠡ ᠲᠣᠬᠢᠷᠠᠭᠤᠯᠭ᠎ᠠ ᠬᠢᠬᠦ ᠬᠦᠴᠢᠷᠳᠡᠯ ᠪᠠ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠪᠤᠢ ᠪᠤᠯᠭᠠᠬᠤ ᠪᠠ ᠲᠡᠳᠡᠭᠡᠷ ᠲᠤ ᠦᠢᠯᠡᠴᠢᠯᠡᠬᠦ ᠳᠤ | ᠬᠤᠯᠪᠣᠭᠳᠠᠬᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠪᠣᠭᠤᠮᠲᠠ᠂ ᠮᠥᠩᠭᠦᠨ ᠭᠦᠢᠯᠭᠡᠭᠡᠨ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠬᠠᠤᠯᠢ ᠴᠠᠭᠠᠵᠠ ᠶᠢᠨ | ᠪᠠᠶᠢᠭᠤᠯᠭ᠎ᠠ ᠵᠡᠷᠭᠡ ᠶᠢᠨ ᠮᠡᠳᠡᠭᠡ ᠵᠠᠩᠭᠢ ᠶᠢ ᠬᠠᠶᠢᠨ ᠯᠠᠪᠯᠠᠵᠤ ᠬᠠᠮᠲᠤ ᠳᠤ ᠪᠠᠨ ᠭᠥᠷᠳᠡᠬᠦ ᠲᠣᠭᠲᠠᠴᠠ ᠶᠢ | ᠰᠢᠯᠢᠳᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠨᠢ | ᠳᠡᠭᠡᠭᠰᠢᠯᠡᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠮᠥᠩᠭᠦ ᠥᠭᠬᠦ ᠶᠢ ᠪᠠᠲᠤᠯᠠᠬᠤ ᠬᠠᠮᠢᠶ᠎ᠠ | ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ᠂ ᠫᠠᠶᠢᠰᠠ | ᠡᠯᠭᠦᠭᠰᠡᠨ ᠺᠣᠮᠫᠠᠨᠢ ᠶᠢᠨ ᠬᠤᠷᠢᠶᠠᠪᠠᠰᠤ ᠵᠣᠬᠢᠬᠤ ᠳᠠᠩᠰᠠᠨ ᠳᠠᠬᠢ ᠵᠣᠭᠤᠰ ᠮᠥᠩᠭᠦ ᠶᠢ ᠥᠷᠢᠲᠦᠵᠦ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ | ᠣᠷᠴᠢᠨ ᠨᠥᠬᠦᠴᠡᠯ ᠢ ᠪᠤᠢ ᠪᠣᠯᠭᠠᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ | ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ︶ | ︵ᠠᠷᠪᠠᠨ ᠲᠠᠪᠤ︶ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠪᠠᠨ ᠴᠢᠩᠭᠠᠳᠬᠠᠨ᠎ᠠ᠃ ᠡᠳ᠋ ᠤᠨ ᠶᠠᠪᠤᠳᠠᠯ ᠤᠨ ᠲᠠᠯ᠎ᠠ ᠳᠤ ᠬᠠᠭᠤᠷᠮᠠᠭᠯᠠᠨ ᠵᠣᠬᠢᠶᠠᠬᠤ᠂ ᠰᠲ᠋ᠣᠺ ᠤᠨ | ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠪᠡᠯᠡ ᠮᠥᠩᠭᠦ ᠶᠢ ᠥᠪᠡᠷᠴᠢᠯᠡᠬᠦ᠂ ᠲᠣᠭᠲᠠᠭᠠᠯ ᠠᠴᠠ ᠵᠥᠷᠢᠴᠡᠨ | ᠳᠠᠭᠠᠭᠠᠯᠲᠠ ᠬᠢᠬᠦ᠂ ᠳᠠᠯᠳᠠᠭᠤᠷ ᠠᠷᠠᠯᠵᠢᠶᠠᠯᠠᠬᠤ᠂ ᠵᠠᠬ᠎ᠠ ᠳᠡᠯᠭᠡᠭᠦᠷ ᠢ ᠡᠵᠡᠮᠰᠢᠬᠦ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠪᠡᠷ ᠢ ᠪᠠᠨ ᠵᠣᠬᠢᠴᠠᠭᠤᠯᠬᠤ ᠬᠢᠨᠠᠯᠲᠠ | ᠬᠠᠮᠢᠶᠠᠷᠤᠯᠲᠠ᠂ ᠵᠠᠰᠠᠭ ᠵᠠᠬᠢᠷᠭᠠᠨ ᠤ ᠵᠣᠭᠤᠰ ᠢᠶᠠᠷ ᠲᠣᠷᠭᠠᠬᠤ᠂ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠬᠤ | ᠵᠡᠷᠭᠡ ᠡᠯ᠎ᠡ ᠲᠥᠷᠥᠯ ᠤᠨ ᠥᠪᠡᠷ ᠢ ᠪᠠᠨ ᠵᠣᠬᠢᠴᠠᠭᠤᠯᠬᠤ ᠵᠢᠴᠢ ᠵᠠᠰᠠᠭ ᠵᠠᠬᠢᠷᠭᠠᠨ ᠤ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ ᠶᠢ ᠭᠦᠢᠴᠡᠳ ᠰᠠᠶᠢᠲᠤᠷ ᠬᠡᠷᠡᠭᠯᠡᠵᠦ᠂ ᠰᠦᠪᠡᠭᠴᠢ ᠶᠢ ᠢᠯᠡᠷᠡᠭᠦᠯᠬᠦ ᠪᠠ ᠡᠷᠡᠭᠦᠦ ᠶᠢᠨ ᠬᠡᠷᠡᠭ ᠢ | ᠰᠢᠯᠵᠢᠭᠦᠯᠦᠨ ᠬᠦᠷᠭᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠡᠷᠡᠭᠦᠦ ᠶᠢᠨ ᠬᠡᠷᠡᠭ ᠤᠨ | ᠨᠡᠬᠡᠮᠵᠢᠯᠡᠨ ᠵᠠᠭᠠᠯᠳᠤᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠰᠢᠯᠵᠢᠬᠦᠯᠬᠦ ᠶᠣᠰᠣᠲᠠᠢ ᠶᠢ ᠨᠢ ᠠᠯᠢ ᠴᠢᠳᠠᠬᠤ ᠪᠠᠷ | ᠰᠢᠯᠵᠢᠭᠦᠯᠦᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠬᠢᠭᠡᠳ ᠬᠤᠪᠢᠴᠠᠭ᠎ᠠ ᠡᠵᠡᠮᠰᠢᠭᠰᠡᠨ | ᠬᠤᠪᠢᠴᠠᠭᠠᠳᠠᠨ᠂ ᠪᠣᠳᠠᠲᠠᠢ ᠡᠵᠡᠮᠰᠢᠭᠴᠢ ᠶᠢᠨ ᠬᠠᠷᠢᠭᠤᠴᠠᠯᠭ᠎ᠠ ᠶᠢ ᠵᠦᠷᠢᠶᠡᠴᠢᠯᠡᠨ ᠰᠢᠢᠳᠪᠦᠷᠢᠯᠡᠬᠦ ᠶᠢ ᠠᠬᠢᠭᠤᠯᠵᠤ᠂ | ︽ᠵᠠᠩᠭᠢᠯᠠᠭ᠎ᠠ ᠶᠢᠨ ᠴᠥᠭᠡᠨ ᠲᠣᠭᠠᠲᠠᠨ︾ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠳᠣᠪᠤᠶᠢᠯᠭᠠᠨ᠎ᠠ᠃ ᠣᠲᠣ ᠶᠢᠨ | ᠪᠠᠶᠢᠭ᠎ᠠ ᠦᠨᠡᠨᠴᠢ ᠢᠲᠡᠭᠡᠮᠵᠢ ᠶᠢᠨ ᠲᠣᠭᠲᠠᠯᠴᠠᠭᠠᠨ ᠤ ᠪᠠᠶᠢᠭᠤᠯᠤᠯᠲᠠ ᠶᠢᠨ ᠲᠣᠭᠲᠠᠴᠠ ᠳᠤ ᠲᠦᠰᠢᠭᠯᠡᠨ᠂ | ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠬᠠᠷᠢᠭᠤᠴᠠᠯᠭ᠎ᠠ ᠲᠠᠢ ᠬᠠᠮᠢᠶ᠎ᠠ ᠪᠦᠬᠦᠢ ᠢᠲᠡᠭᠡᠮᠵᠢ ᠠᠯᠳᠠᠭᠰᠠᠨ ᠭᠤᠣᠯ ᠴᠣᠭᠴᠠ ᠶᠢ ᠠᠵᠢᠯ ᠲᠥᠷᠥᠯ ᠳᠤ | ᠵᠥᠪᠰᠢᠶᠡᠷᠡᠨ ᠣᠷᠣᠭᠤᠯᠬᠤ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠬᠢᠯᠢ ᠠᠴᠠ ᠭᠠᠷᠴᠤ ᠶᠠᠪᠤᠵᠤ ᠰᠠᠭᠤᠬᠤ | ᠵᠡᠷᠭᠡ ᠲᠠᠯ᠎ᠠ ᠪᠠᠷ ᠬᠠᠤᠯᠢ ᠶᠣᠰᠣᠭᠠᠷ ᠬᠢᠵᠠᠭᠠᠷᠯᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ | ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠥᠨᠳᠥᠷ | ᠵᠡᠷᠭᠡ ᠶᠢᠨ ᠰᠢᠭᠦᠬᠦ ᠬᠤᠷᠢᠶ᠎ᠠ︶ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ |