ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/11/22
     ᠥᠪᠥᠷ ᠵᠠᠰᠠᠭ ᠠᠯᠪᠠᠨ ᠲᠠᠷᠬᠠᠭᠠᠭᠰᠠᠨ ﹇2021﹈ 2 ᠳ᠋ᠤᠭᠠᠷ ᠲᠣᠭᠠᠲᠤ      2021 ᠣᠨ ᠤ 6 ᠳ᠋ᠤᠭᠠᠷ ᠰᠠᠷ᠎ᠠ ᠶᠢᠨ 11 ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠥᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠥᠯ       ︽ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2020﹈ 14 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠬᠦᠢᠰᠦ ᠵᠠᠩᠭᠢᠯᠠᠭ᠎ᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠮᠠᠨ ᠤ ᠣᠷᠣᠨ ᠤ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠤᠯᠠᠮ ᠨᠢᠭᠡ ᠠᠯᠬᠤᠮ ᠠᠬᠢᠭᠤᠯᠤᠨ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠬᠠᠷᠠᠯᠲᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠨ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠦᠨ᠂ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠣᠯᠠᠨ ᠲᠠᠰ ᠳᠠᠪᠬᠤᠷᠭᠠᠨ ᠤ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠤᠯᠠᠮ ᠨᠢᠭᠡ ᠠᠯᠬᠤᠮ          ᠲᠡᠭᠦᠯᠳᠡᠷᠵᠢᠭᠦᠯᠵᠦ᠂ ᠰᠢᠭᠤᠳ ᠪᠡᠯᠡ ᠲᠣᠬᠢᠷᠠᠭᠤᠯᠬᠤ ᠬᠤᠪᠢ ᠶᠢᠨ ᠵᠢᠩ ᠢ ᠳᠡᠭᠡᠭᠰᠢᠯᠡᠭᠦᠯᠦᠨ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠴᠢᠩᠭᠠᠷᠠᠭᠤᠯᠵᠤ᠂ ᠠᠵᠤ ᠦᠢᠯᠡᠰ ᠪᠠ ᠮᠥᠩᠭᠦᠨ ᠭᠦᠢᠯᠭᠡᠭᠡᠨ ᠤ ᠤᠶᠠᠯᠳᠤᠯ ᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠬᠦᠴᠦᠨ ᠨᠡᠮᠡᠷᠢᠯᠡᠨ᠎ᠡ᠃      ᠬᠤᠶᠠᠷ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠵᠢᠷᠤᠮᠵᠢᠭᠤᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠎ᠠ      ︵ᠨᠢᠭᠡ︶ ᠺᠣᠮᠫᠠᠨᠢ ᠶᠢᠨ ᠵᠠᠰᠠᠯᠲᠠ ᠪᠠ ᠳᠣᠲᠣᠭᠠᠳᠤ ᠡᠵᠡᠮᠰᠢᠯ ᠢ ᠵᠢᠷᠤᠮᠵᠢᠭᠤᠯᠤᠨ᠎ᠠ᠃ ︽ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠵᠠᠰᠠᠬᠤ ᠳᠦᠷᠢᠮ︾ ︵ᠲᠡᠮᠳᠡᠭᠲᠦ ᠬᠢᠨᠠᠯᠲᠠ ᠲᠠᠷᠬᠠᠭᠠᠭᠰᠠᠨ ﹇2020﹈ 1 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠲᠤᠰᠠᠭᠠᠷ ᠴᠢᠨᠠᠷ ᠢ ᠬᠠᠮᠠᠭᠠᠯᠠᠵᠤ᠂ ᠬᠤᠪᠢᠴᠠᠭᠠᠳᠠᠨ ᠤ ᠵᠥᠪᠯᠡᠯ᠂ ᠬᠡᠷᠡᠭ ᠮᠡᠳᠡᠭᠴᠢᠳ ᠤᠨ ᠵᠥᠪᠯᠡᠯ᠂ ᠬᠢᠨᠠᠭᠴᠢᠳ ᠤᠨ ᠵᠥᠪᠯᠡᠯ ᠤᠨ ᠠᠵᠢᠯᠯᠠᠭᠠᠨ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠥᠪ ᠲᠠᠯ᠎ᠠ ᠠᠴᠠ ᠬᠥᠲᠥᠯᠥᠨ ᠵᠢᠯᠤᠭᠤᠳᠬᠤ ᠪᠠ ᠡᠰᠡᠷᠭᠦ ᠲᠠᠯ᠎ᠠ ᠠᠴᠠ ᠨᠢ ᠰᠡᠷᠡᠮᠵᠢᠯᠡᠭᠦᠯᠬᠦ ᠪᠠᠷ ᠳᠠᠮᠵᠢᠭᠤᠯᠤᠨ᠂ ᠬᠤᠪᠢ ᠡᠵᠡᠮᠰᠢᠭᠰᠡᠨ ᠬᠤᠪᠢᠴᠠᠭᠠᠳᠠᠨ᠂ ᠪᠣᠳᠠᠲᠠᠢ ᠡᠵᠡᠮᠰᠢᠭᠴᠢ᠂ ᠬᠡᠷᠡᠭ ᠮᠡᠳᠡᠭᠴᠢ᠂ ᠬᠢᠨᠠᠭᠴᠢ ᠪᠠ ᠳᠡᠭᠡᠳᠦ ᠲᠡᠰ ᠤᠨ ᠬᠠᠮᠢᠶᠠᠷᠤᠯᠲᠠ ᠶᠢᠨ ᠠᠵᠢᠯᠲᠠᠨ ᠵᠡᠷᠭᠡ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠬᠠᠤᠯᠢ ᠰᠠᠬᠢᠵᠤ ᠦᠨᠡᠨᠴᠢ ᠢᠲᠡᠭᠡᠮᠵᠢᠲᠡᠢ ᠪᠠᠶᠢᠬᠤ ᠪᠠ ᠡᠭᠦᠷᠭᠡ ᠬᠠᠷᠢᠭᠤᠴᠠᠯᠭ᠎ᠠ ᠪᠠᠨ ᠵᠢᠷᠤᠮᠵᠢᠭᠤᠨ ᠭᠦᠢᠴᠡᠳᠬᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠎ᠡ᠃ ᠺᠣᠮᠫᠠᠨᠢ ᠶᠢ ᠵᠠᠰᠠᠬᠤ ᠲᠤᠰᠬᠠᠢ ᠠᠵᠢᠯᠯᠠᠭᠠᠨ ᠢ ᠥᠷᠨᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠳᠤ᠂ ᠤᠯᠤᠰ ᠤᠨ ᠥᠮᠴᠢᠯᠡᠯᠲᠦ ᠬᠤᠪᠢᠴᠠᠭ᠎ᠠ ᠶᠢ ᠡᠵᠡᠮᠰᠢᠵᠦ ᠪᠦᠬᠦᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠴᠢᠬᠤᠯᠠ ᠠᠭᠤᠯᠭ᠎ᠠ ᠪᠣᠯᠭᠠᠵᠤ᠂ ᠪᠣᠳᠠᠲᠠᠢ ᠡᠵᠡᠮᠰᠢᠭᠴᠢ ᠦᠭᠡᠢ ᠪᠠᠷ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠳᠣᠲᠣᠭᠠᠳᠤ ᠡᠵᠡᠮᠰᠢᠯ ᠢ ᠵᠢᠷᠤᠮᠵᠢᠭᠤᠯᠬᠤ ᠲᠣᠭᠲᠠᠯᠴᠠᠭᠠᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠠᠵᠤ ᠠᠬᠤᠶᠢᠯᠠᠯ ᠤᠨ ᠨᠢᠭᠲᠠᠯᠠᠨ ᠪᠣᠳᠣᠬᠤ ᠳᠦᠷᠢᠮ ᠢ ᠭᠦᠢᠴᠡᠳᠬᠡᠬᠦ ᠳᠤ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠂ ᠡᠳ᠋ ᠤᠨ ᠶᠠᠪᠤᠳᠠᠯ ᠤᠨ ᠮᠡᠳᠡᠭᠡ ᠵᠠᠩᠭᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ ᠵᠠᠰᠠᠯᠲᠠ ᠶᠢᠨ ᠬᠢᠷᠢ ᠬᠡᠮᠵᠢᠶ᠎ᠡ ᠶᠢ ᠨᠢ ᠳᠠᠭᠠᠭᠤᠯᠤᠨ ᠲᠡᠬᠡᠭᠰᠢᠯᠡᠬᠦᠯᠦᠨ᠎ᠡ᠃ ᠺᠣᠮᠫᠠᠨᠢ ᠶᠢᠨ ᠵᠠᠰᠠᠯᠲᠠ ᠳᠤ ᠪᠡᠯᠡ ᠣᠷᠣᠭᠤᠯᠤᠭᠴᠢ ᠶᠢᠨ ᠬᠠᠮᠠᠭᠠᠯᠠᠯᠲᠠ ᠶᠢᠨ ᠪᠠᠶᠢᠭᠤᠯᠤᠮᠵᠢ᠂ ᠪᠠᠶᠢᠯᠳᠤᠬᠤ ᠪᠣᠳᠣᠯᠭ᠎ᠠ ᠶᠢᠨ ᠪᠡᠯᠡ ᠣᠷᠣᠭᠤᠯᠤᠭᠴᠢ᠂ ᠪᠠᠶᠢᠭᠤᠯᠤᠮᠵᠢ ᠶᠢᠨ ᠪᠡᠯᠡ ᠣᠷᠣᠭᠤᠯᠤᠭᠴᠢ ᠪᠠ ᠳᠤᠮᠳᠠ ᠵᠢᠵᠢᠭ ᠪᠡᠯᠡ ᠣᠷᠣᠭᠤᠯᠤᠭᠴᠢ ᠨᠤᠭᠤᠳ ᠤᠨ ᠣᠷᠤᠯᠴᠠᠬᠤ ᠶᠢ ᠳᠡᠮᠵᠢᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠤᠮᠫᠠᠨᠢ ᠶᠢᠨ ᠠᠮᠠᠯᠠᠯᠲᠠ ᠪᠠᠨ ᠭᠦᠢᠴᠡᠳᠬᠡᠬᠦ ᠪᠠ ᠬᠤᠯᠪᠣᠭᠳᠠᠬᠤ ᠠᠷᠠᠯᠵᠢᠶ᠎ᠠ ᠶᠢ ᠵᠢᠷᠤᠮᠵᠢᠭᠤᠯᠤᠨ᠂ ᠥᠩᠭᠡᠷᠡᠭᠰᠡᠨ ᠤ ᠦᠯᠡᠳᠡᠭᠳᠡᠯ ᠠᠰᠠᠭᠤᠳᠠᠯ᠂ ᠠᠵᠢᠯ ᠲᠥᠷᠥᠯ ᠨᠢᠭᠡᠲᠡᠳ ᠤᠨ ᠥᠷᠢᠰᠦᠯᠳᠦᠭᠡᠨ ᠬᠢᠬᠦ ᠵᠡᠷᠭᠡ ᠠᠰᠠᠭᠤᠳᠠᠯ ᠢ ᠰᠢᠢᠳᠪᠦᠷᠢᠯᠡᠬᠦ ᠪᠠᠨ ᠠᠬᠢᠭᠤᠯᠤᠨ᠎ᠠ᠃      ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ       ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶             ︵ᠬᠤᠶᠠᠷ︶ ᠮᠡᠳᠡᠭᠡ ᠵᠠᠩᠭᠢ ᠨᠡᠶᠢᠲᠡᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠦᠨᠡᠨ ᠪᠣᠳᠠᠲᠠᠢ᠂ ᠣᠨᠣᠪᠴᠢᠲᠠᠶ᠂ ᠪᠦᠷᠢᠨ ᠪᠦᠲᠦᠨ᠂ ᠴᠠᠭ ᠲᠤᠬᠠᠶᠢᠴᠢ᠂ ᠲᠥᠪ ᠭᠤᠤᠯᠴᠢ ᠪᠠᠶᠢᠬᠤ ᠮᠡᠳᠡᠭᠡ ᠵᠠᠩᠭᠢ ᠨᠡᠶᠢᠲᠡᠯᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠡᠯᠡ ᠣᠷᠣᠭᠤᠯᠤᠭᠴᠢᠳ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠠᠯᠪᠠᠲᠠᠨ ᠨᠡᠶᠢᠲᠡᠯᠡᠭᠦᠯᠬᠦ ᠪᠠ ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ ᠶᠢ ᠬᠠᠷᠢᠯᠴᠠᠨ ᠤᠶᠠᠯᠳᠤᠭᠤᠯᠬᠤ ᠪᠠᠷ ᠳᠠᠮᠵᠢᠭᠤᠯᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠢᠯᠡ ᠲᠣᠳᠣᠴᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠳᠤᠯ ᠦᠭᠡᠢ ᠪᠠᠷ ᠬᠥᠭᠵᠢᠭᠦᠯᠬᠦ ᠣᠨᠣᠯᠵᠢᠬᠤᠨ ᠢ ᠲᠤᠭᠤᠰᠢᠯᠠᠭᠤᠯᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠣᠷᠴᠢᠨ ᠨᠥᠬᠦᠴᠡᠯ ᠤᠨ ᠲᠠᠯ᠎ᠠ ᠪᠠᠷ ᠬᠢ ᠮᠡᠳᠡᠭᠡ ᠵᠠᠩᠭᠢ ᠨᠡᠶᠢᠲᠡᠯᠡᠬᠦ ᠶᠢ ᠨᠢ ᠴᠢᠩᠭᠠᠷᠠᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢ ᠬᠥᠷᠥᠩᠭᠡ ᠶᠢᠨ ᠵᠠᠬ᠎ᠠ ᠳᠡᠯᠭᠡᠭᠦᠷ ᠤᠨ ᠳᠦᠷᠢᠮ ᠶᠣᠰᠣᠭᠠᠷ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠲᠡᠮᠵᠢᠬᠦ ᠪᠠ ᠲᠡᠳᠡᠭᠡᠷ ᠲᠠᠢ ᠬᠠᠮᠵᠢᠯᠴᠠᠵᠤ ᠪᠠᠶᠢᠭᠠᠳ ᠮᠡᠳᠡᠭᠡ ᠵᠠᠩᠭᠢ ᠨᠡᠶᠢᠲᠡᠯᠡᠬᠦ ᠡᠭᠦᠷᠭᠡ ᠶᠢ ᠨᠢ ᠬᠠᠤᠯᠢ ᠲᠣᠭᠲᠠᠭᠠᠯ ᠶᠣᠰᠣᠭᠠᠷ ᠭᠦᠢᠴᠡᠳᠬᠡᠯᠭᠡᠬᠦ ᠬᠡᠷᠡᠭᠲᠡᠢ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠮᠡᠳᠡᠭᠡ ᠵᠠᠩᠭᠢ ᠨᠡᠶᠢᠲᠡᠯᠡᠬᠦ ᠳᠤ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠵᠤ᠂ ︽ᠬᠠᠯᠠᠮᠰᠢᠯ ᠠᠰᠠᠭᠤᠳᠠᠯ ᠢ ᠳᠠᠯᠢᠮᠳᠠᠭᠤᠯᠬᠤ︾ ᠵᠡᠷᠭᠡ ᠲᠥᠭᠡᠷᠢᠭᠳᠡᠭᠦᠯᠬᠦ ᠴᠢᠨᠠᠷᠲᠠᠢ ᠮᠡᠳᠡᠭᠡ ᠵᠠᠩᠭᠢ ᠨᠡᠶᠢᠲᠡᠯᠡᠬᠦ ᠳᠤ ᠴᠢᠩᠭ᠎ᠠ ᠴᠣᠬᠢᠯᠲᠠ ᠥᠭᠴᠦ᠂ ᠳᠣᠲᠣᠭᠠᠳᠤ ᠶᠢᠨ ᠮᠡᠳᠡᠭᠡ ᠵᠠᠩᠭᠢ ᠳᠠᠬᠢ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠂ ᠮᠡᠳᠡᠭᠡ ᠵᠠᠩᠭᠢ ᠨᠡᠶᠢᠲᠡᠯᠡᠬᠦ ᠶᠢᠨ ᠵᠢᠷᠤᠮᠵᠢᠯᠳᠤ ᠴᠢᠨᠠᠷ ᠢ ᠳᠡᠬᠡᠭᠰᠢᠯᠡᠬᠦᠯᠬᠦ ᠪᠠᠷ ᠳᠠᠮᠵᠢᠭᠤᠯᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠳᠠᠭᠠᠭᠤᠯᠤᠨ ᠲᠡᠬᠡᠭᠰᠢᠯᠡᠬᠦᠯᠦᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠣᠷᠴᠢᠨ ᠨᠥᠬᠦᠴᠡᠯ᠂ ᠨᠡᠶᠢᠭᠡᠮ ᠪᠠ ᠺᠣᠮᠫᠠᠨᠢ ᠶᠢᠨ ᠵᠠᠰᠠᠯᠲᠠ ︵ESG  ︶ ᠶᠢᠨ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠤᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶       ︵ᠭᠤᠷᠪᠠ︶ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠠᠰᠢᠭ ᠲᠤᠰᠠ ᠶᠢ        ᠬᠠᠮᠠᠭᠠᠯᠠᠨ᠎ᠠ᠃ ᠬᠤᠪᠢᠴᠠᠭ᠎ᠠ ᠡᠵᠡᠮᠰᠢᠭᠰᠡᠨ ᠬᠤᠪᠢᠴᠠᠭᠠᠳᠠᠨ᠂ ᠪᠣᠳᠠᠲᠠᠢ ᠡᠵᠡᠮᠰᠢᠭᠴᠢ ᠵᠢᠴᠢ ᠪᠤᠰᠤᠳ ᠬᠤᠯᠪᠣᠭᠳᠠᠬᠤ ᠲᠠᠯ᠎ᠠ ᠨᠢ ᠶᠠᠮᠠᠷ ᠠᠷᠭ᠎ᠠ ᠮᠠᠶ᠋ᠢᠭ ᠢᠶᠠᠷ ᠴᠤ ᠭᠡᠰᠡᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠠᠰᠢᠭ ᠲᠤᠰᠠ ᠶᠢ ᠥᠪᠡᠷᠴᠢᠯᠡᠵᠦ ᠪᠣᠯᠬᠤ ᠦᠭᠡᠢ᠃ ᠪᠡᠯᠡ ᠮᠥᠩᠭᠦ ᠶᠢ ᠥᠪᠡᠷᠴᠢᠯᠡᠨ ᠬᠡᠷᠡᠭᠯᠡᠭᠰᠡᠨ ᠪᠠ ᠲᠣᠭᠲᠠᠭᠠᠯ ᠠᠴᠠ ᠵᠥᠷᠢᠴᠡᠨ ᠳᠠᠭᠠᠭᠠᠯᠲᠠ ᠬᠢᠭᠰᠡᠨ ᠺᠤᠮᠫᠠᠨᠢ ᠶᠢ ᠵᠠᠬ᠎ᠠ ᠳᠠᠷᠠᠭᠠᠯᠠᠨ ᠬᠤᠭᠤᠴᠠᠭ᠎ᠠ ᠬᠢᠵᠠᠭᠠᠷᠯᠠᠨ ᠪᠠᠶᠢᠵᠤ ᠲᠥᠯᠥᠵᠦ ᠳᠠᠭᠤᠰᠭᠠᠯᠭᠠᠬᠤ ᠪᠤᠶᠤ ᠠᠷᠢᠯᠭᠠᠭᠤᠯᠬᠤ ᠬᠡᠷᠡᠭᠲᠡᠢ᠃ ᠲᠣᠭᠲᠠᠭᠰᠠᠨ ᠬᠤᠭᠤᠴᠠᠭᠠᠨ ᠳᠤ ᠲᠥᠯᠥᠵᠦ ᠳᠠᠭᠤᠰᠬᠠᠭᠰᠠᠨ ᠦᠭᠡᠢ᠂ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠤᠶᠤ ᠰᠢᠨ᠎ᠡ ᠪᠠᠷ ᠡᠭᠦᠰᠦᠭᠰᠡᠨ ᠪᠡᠯᠡ ᠮᠥᠩᠭᠦ ᠶᠢ ᠥᠪᠡᠷᠴᠢᠯᠡᠨ ᠬᠡᠷᠡᠭᠯᠡᠬᠦ ᠪᠠ ᠲᠣᠭᠲᠠᠭᠠᠯ ᠠᠴᠠ ᠵᠥᠷᠢᠴᠡᠨ ᠳᠠᠭᠠᠭᠠᠯᠲᠠ ᠬᠢᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠴᠢᠩᠭᠠᠷᠠᠭᠤᠯᠤᠨ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠬᠠᠷᠢᠭᠤᠴᠠᠯᠭ᠎ᠠ ᠲᠠᠢ ᠬᠥᠮᠥᠨ ᠢ ᠴᠠᠭ ᠲᠤᠬᠠᠢ ᠳᠤ ᠨᠢ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠰᠢᠮᠳᠠᠭᠤᠯᠵᠤ ᠪᠠᠶᠢᠭᠠᠳ ᠬᠤᠪᠢᠴᠠᠭᠠᠳᠠᠨ ᠤ ᠥᠪᠡᠷᠴᠢᠯᠡᠭᠰᠡᠨ ᠵᠣᠭᠤᠰ ᠢ ᠢᠳᠡᠪᠬᠢᠲᠡᠢ ᠪᠠᠷ ᠰᠢᠪᠠᠳᠠᠨ ᠬᠤᠷᠢᠶᠠᠯᠭᠠᠵᠤ᠂ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠺᠣᠮᠫᠠᠨᠢ ᠶᠢᠨ ᠠᠰᠢᠭ ᠲᠤᠰᠠ ᠪᠠᠨ ᠬᠠᠮᠠᠭᠠᠯᠠᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠳᠠᠮᠫᠤᠷᠠᠯ ᠢ ᠵᠠᠷᠯᠠᠵᠤ ᠳᠠᠬᠢᠨ ᠴᠡᠭᠴᠡᠯᠡᠬᠦ ᠶᠢ ᠬᠡᠷᠡᠭᠵᠢᠭᠦᠯᠬᠦ ᠳᠤ ᠪᠠᠨ ᠪᠡᠯᠡ ᠮᠥᠩᠭᠦ ᠥᠪᠡᠷᠴᠢᠯᠡᠨ ᠬᠡᠷᠡᠭᠯᠡᠬᠦ ᠪᠠ ᠲᠣᠭᠲᠠᠭᠠᠯ ᠠᠴᠠ ᠵᠥᠷᠢᠴᠡᠨ ᠳᠠᠭᠠᠭᠠᠯᠲᠠ ᠬᠢᠬᠦ ᠠᠰᠠᠭᠤᠳᠠᠯ ᠢ ᠰᠢᠢᠳᠪᠦᠷᠢᠯᠡᠬᠦ ᠦᠨᠡᠨ ᠬᠦ ᠶᠠᠪᠤᠭᠳᠠᠭᠤᠰᠢᠲᠠᠢ ᠲᠥᠰᠥᠯ ᠢ ᠳᠤᠷᠠᠳᠤᠨ ᠭᠠᠷᠭᠠᠬᠤ ᠴᠢᠬᠤᠯᠠᠲᠠᠢ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠭᠠᠳᠠᠭᠰᠢ ᠳᠠᠭᠠᠭᠠᠯᠲᠠ ᠬᠢᠬᠦ ᠠᠵᠢᠯᠯᠠᠭ᠎ᠠ ᠶᠢᠨ ᠲᠠᠯ᠎ᠠ ᠪᠠᠷ ᠬᠢ ᠮᠡᠳᠡᠭᠡ ᠵᠠᠩᠭᠢ ᠶᠢ ᠬᠠᠮᠲᠤ ᠳᠤ ᠪᠠᠨ ᠭᠦᠷᠲᠡᠬᠦ᠂ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ︶      ᠭᠤᠷᠪᠠ᠂ ᠬᠥᠷᠥᠩᠭᠡ ᠶᠢᠨ ᠵᠠᠬ᠎ᠠ ᠳᠡᠯᠭᠡᠭᠦᠷ ᠤᠨ ᠮᠠᠨ ᠤ ᠣᠷᠣᠨ ᠤ ᠪᠣᠳᠠᠲᠤ ᠴᠣᠭᠴᠠ ᠶᠢᠨ ᠠᠵᠤ ᠠᠬᠤᠢ ᠳᠤ ᠳᠡᠮᠵᠢᠯᠭᠡ ᠦᠵᠡᠬᠦᠯᠬᠦ ᠶᠢ ᠨᠢ ᠳᠡᠭᠡᠭᠰᠢᠯᠡᠭᠦᠯᠦᠨ᠎ᠡ            ︵ᠳᠥᠷᠪᠡ︶ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠠᠷ ᠪᠠᠶᠢᠭ᠎ᠠ ᠪᠡᠯᠡᠳᠬᠡᠯ ᠡᠬᠢ ᠪᠠᠶᠠᠯᠢᠭ ᠢ ᠪᠤᠢ ᠪᠤᠯᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠨᠢᠭᠡᠨ ᠠᠵᠤ ᠠᠬᠤᠶᠢᠯᠠᠯ ᠢ ᠭᠠᠷᠭᠠᠪᠠᠯ ᠨᠢᠭᠡ ᠠᠵᠤ ᠦᠢᠯᠡᠰ ᠤᠨ ᠬᠡᠯᠬᠢᠶ᠎ᠡ ᠶᠢ ᠳᠠᠶᠢᠴᠢᠯᠠᠨ ᠳᠠᠭᠠᠭᠤᠯᠵᠤ ᠠᠵᠤ ᠦᠢᠯᠡᠰ ᠤᠨ ᠨᠢᠭᠡ ᠪᠦᠯᠦᠭᠵᠢᠯ ᠢ ᠠᠯᠬᠤᠮ ᠠᠯᠬᠤᠮ ᠢᠶᠠᠷ ᠪᠦᠷᠢᠯᠳᠦᠭᠦᠯᠬᠦ ᠴᠢᠭᠯᠡᠯ ᠶᠣᠰᠣᠭᠠᠷ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠲᠠᠯ᠎ᠠ ᠪᠠᠷ ᠬᠢ ᠱᠠᠩᠨᠠᠨ ᠲᠡᠳᠬᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠳᠦᠷᠢᠮ ᠤᠨ ᠥᠭᠡᠷᠡᠴᠢᠯᠡᠯᠲᠡ ᠬᠢᠬᠦ ᠪᠠ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠵᠤ᠂ ᠫᠠᠶᠢᠰᠠ ᠡᠯᠭᠦᠬᠦ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠠᠷ ᠪᠠᠶᠢᠭ᠎ᠠ ᠠᠵᠤ ᠠᠬᠤᠶᠢᠯᠠᠯ ᠤᠨ ᠪᠡᠯᠡᠳᠬᠡᠯ ᠡᠬᠢ ᠪᠠᠶᠠᠯᠢᠭ ᠤᠨ ᠬᠥᠮᠥᠷᠭᠡ ᠶᠢ ᠬᠥᠳᠡᠯᠦᠩᠭᠦᠢ ᠪᠠᠷ ᠲᠡᠭᠦᠯᠳᠡᠷᠵᠢᠭᠦᠯᠦᠨ᠂ ᠡᠯ᠎ᠡ ᠱᠠᠲᠤᠯᠵᠢᠨ ᠡᠩᠨᠡᠭᠡᠨ ᠤ ᠠᠵᠤ ᠠᠬᠤᠶᠢᠯᠠᠯ ᠢ ᠬᠠᠪᠰᠤᠷᠤᠨ ᠵᠢᠯᠤᠭᠤᠳᠴᠤ ᠪᠤᠢ ᠪᠤᠯᠭᠠᠬᠤ ᠠᠵᠢᠯ ᠢ ᠰᠠᠶᠢᠲᠤᠷ ᠠᠳᠬᠤᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠪᠡᠯᠡᠳᠬᠡᠯ ᠠᠵᠤ ᠠᠬᠤᠶᠢᠯᠠᠯ ᠤᠨ ᠵᠠᠯᠭᠠᠭᠰᠠᠨ ᠬᠥᠭᠵᠢᠯᠲᠡ ᠶᠢᠨ ᠪᠠᠶᠢᠳᠠᠯ ᠢ ᠪᠦᠷᠢᠯᠳᠦᠭᠦᠯᠦᠨ᠎ᠡ᠃ ᠣᠳᠣ ᠶᠢᠨ ᠪᠠᠶᠢᠭ᠎ᠠ ᠡᠯ᠎ᠡ ᠲᠥᠷᠥᠯ ᠤᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠠᠵᠤ ᠠᠬᠤᠶᠢᠯᠠᠯ ᠤᠨ ᠳᠦᠷᠢᠮ ᠤᠨ ᠥᠭᠡᠷᠡᠴᠢᠯᠡᠯᠲᠡ ᠪᠠ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠱᠠᠩᠬᠠᠢ ᠱᠧᠨᠵᠧᠨ ᠤ ᠲᠡᠮᠳᠡᠭᠲᠦ ᠶᠢᠨ ᠠᠷᠠᠯᠵᠢᠶᠠᠨ ᠤ ᠭᠠᠵᠠᠷ ᠲᠠᠢ ᠠᠵᠢᠯ ᠤᠨ ᠬᠤᠯᠪᠣᠭ᠎ᠠ ᠠᠪᠬᠤ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠡᠯ᠎ᠡ ᠲᠥᠷᠥᠯ ᠤᠨ ᠪᠣᠯᠪᠠᠰᠤᠷᠠᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠲᠤᠬᠠᠢ ᠲᠠᠨᠢᠯᠲᠠ ᠪᠠᠨ ᠳᠡᠬᠡᠭᠰᠢᠯᠡᠬᠦᠯᠦᠨ᠎ᠡ᠃ ᠠᠵᠤ ᠠᠬᠤᠶᠢᠯᠠᠯ ᠨᠡᠪᠴᠢᠭᠦᠯᠬᠦ ᠪᠠ ᠪᠤᠢ ᠪᠤᠯᠭᠠᠬᠤ ᠲᠠᠯ᠎ᠠ ᠪᠠᠷ ᠬᠢ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠤᠨ ᠦᠢᠯᠡᠳᠦᠯ ᠢ ᠪᠠᠳᠠᠷᠠᠭᠤᠯᠤᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶            ︵ᠲᠠᠪᠤ︶ ᠰᠢᠯᠢᠳᠡᠭ ᠰᠠᠶᠢᠨ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠳᠤ ᠨᠢ ᠳᠡᠮᠵᠢᠯᠭᠡ ᠦᠵᠡᠭᠦᠯᠦᠨ᠎ᠡ᠃ ᠳᠠᠩᠰᠠᠯᠠᠭᠤᠯᠬᠤ ᠳᠦᠷᠢᠮ ᠳᠤᠤᠷᠠᠬᠢ ᠠᠵᠤ ᠠᠬᠤᠶᠢᠯᠠᠯ ᠤᠨ ᠰᠲ᠋ᠣᠺ ᠢᠶᠠᠨ ᠲᠠᠷᠬᠠᠭᠠᠵᠤ ᠵᠠᠬ᠎ᠠ ᠳᠡᠯᠭᠡᠭᠦᠷ ᠲᠤ ᠭᠠᠷᠭᠠᠬᠤ ᠱᠠᠭᠠᠷᠳᠠᠯᠭ᠎ᠠ ᠪᠠᠷ ᠪᠠᠷᠢᠮᠵᠢᠶᠠᠯᠠᠨ᠂ ᠬᠥᠷᠥᠩᠭᠡ ᠵᠡᠷᠭᠡ ᠡᠯ᠎ᠡ ᠲᠥᠷᠥᠯ ᠤᠨ ᠰᠢᠨ᠎ᠡ ᠶᠢ ᠡᠭᠦᠳᠬᠦ ᠬᠦᠴᠦᠨ ᠵᠦᠢᠯ ᠤᠳ ᠢ ᠲᠥᠪᠯᠡᠷᠡᠭᠦᠯᠬᠦ ᠪᠠᠷ ᠬᠥᠲᠥᠯᠥᠨ ᠵᠢᠯᠤᠭᠤᠳᠴᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠵᠤ ᠠᠬᠤᠶᠢᠯᠠᠯ᠂ ᠰᠢᠨ᠎ᠡ ᠠᠵᠤ ᠠᠬᠤᠢ ᠶᠢᠨ ᠲᠥᠯᠥᠭᠡᠯᠡᠬᠦ ᠴᠢᠨᠠᠷᠲᠠᠢ ᠠᠵᠤ ᠠᠬᠤᠶᠢᠯᠠᠯ᠂ ᠲᠣᠭᠠᠵᠢᠭᠤᠯᠤᠭᠰᠠᠨ ᠬᠡᠯᠪᠡᠷᠢ ᠲᠡᠶᠢᠰᠢ ᠬᠤᠪᠢᠷᠠᠭᠤᠯᠤᠭᠰᠠᠨ ᠤᠯᠠᠮᠵᠢᠯᠠᠯᠲᠤ ᠠᠵᠤ ᠠᠬᠤᠶᠢᠯᠠᠯ ᠵᠡᠷᠭᠡ ᠶᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠵᠤ ᠬᠥᠭᠵᠢᠯᠲᠡ ᠶᠢ ᠨᠢ ᠠᠬᠢᠭᠤᠯᠬᠤ ᠪᠠᠷ ᠳᠠᠮᠵᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠥᠷᠥᠩᠭᠡ ᠶᠢᠨ ᠭᠦᠢᠯᠭᠡᠭᠡᠨ ᠤ ᠰᠢᠨ᠎ᠡ ᠡᠭᠦᠳᠦᠯᠲᠡ ᠶᠢ ᠳᠠᠭᠠᠭᠤᠯᠤᠨ ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠰᠠᠭᠤᠷᠢ ᠮᠥᠩᠭᠦ᠂ ᠲᠦᠭᠰᠢᠭᠦᠷᠢᠲᠦ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠬᠤᠪᠢ ᠪᠠᠷ ᠢᠶᠠᠨ ᠴᠤᠭᠯᠠᠭᠤᠯᠬᠤ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠲᠤ ᠪᠡᠯᠡ ᠣᠷᠣᠭᠤᠯᠵᠤ ᠪᠠᠶᠢᠷᠢᠰᠢᠭᠤᠯᠤᠯᠲᠠ ᠬᠢᠬᠦ ᠶᠢ ᠨᠢ ᠲᠡᠮᠵᠢᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠰᠢᠯᠢᠳᠡᠭ ᠰᠠᠶᠢᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠨᠤᠭᠤᠳ ᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠰᠢᠨ᠎ᠡ ᠪᠠᠷ ᠪᠤᠢ ᠪᠣᠯᠤᠭᠰᠠᠨ ᠪᠠᠶᠢᠯᠳᠤᠬᠤ ᠪᠣᠳᠣᠯᠭ᠎ᠠ ᠶᠢᠨ ᠠᠵᠤ ᠦᠢᠯᠡᠰ ᠲᠤ ᠪᠡᠯᠡ ᠣᠷᠣᠭᠤᠯᠤᠯᠲᠠ ᠬᠢᠯᠬᠡᠬᠦ ᠪᠠᠷ ᠬᠥᠲᠥᠯᠥᠨ ᠵᠢᠯᠤᠭᠤᠳᠬᠤ ᠪᠠ ᠲᠡᠳᠡᠨᠡᠷ ᠲᠤ ᠳᠡᠮᠵᠢᠯᠭᠡ ᠦᠵᠡᠭᠦᠯᠦᠨ᠂ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠳᠠᠪᠠᠭᠤᠯᠢᠭ ᠠᠵᠤ ᠠᠬᠤᠶᠢᠯᠠᠯ ᠢ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠦᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠳᠤ ᠨᠢ ᠬᠦᠴᠦᠨ ᠨᠡᠮᠡᠷᠢᠯᠡᠵᠦ᠂ ᠦᠢᠯᠡᠳᠬᠦ ᠦᠢᠯᠡᠰ ᠤᠨ ᠭᠠᠭᠴᠠ ᠵᠦᠢᠯ ᠢᠶᠠᠷ ᠮᠠᠩᠯᠠᠶᠢᠯᠠᠭᠴᠢ ᠠᠵᠤ ᠠᠬᠤᠶᠢᠯᠠᠯ᠂ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠲᠠᠯ᠎ᠠ ᠠᠪᠤᠷᠭᠤ︾ ᠵᠡᠷᠭᠡ ᠠᠵᠤ ᠠᠬᠤᠶᠢᠯᠠᠯ ᠵᠢᠴᠢ ᠬᠤᠯᠢᠮᠠᠭ ᠥᠮᠴᠢᠯᠡᠯᠲᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠤ ᠠᠬᠤᠶᠢᠯᠠᠯ ᠤᠳ ᠢ ᠭᠤᠣᠯᠳᠠᠯᠭ᠎ᠠ ᠲᠠᠢ ᠲᠡᠳᠬᠦᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠬᠢᠯᠢ ᠶᠢᠨ ᠳᠣᠲᠣᠷ᠎ᠠ ᠰᠲ᠋ᠣᠺ ᠢ ᠨᠢ ᠰᠠᠯᠭᠠᠵᠤ ᠵᠠᠬ᠎ᠠ ᠳᠡᠯᠭᠡᠭᠦᠷ ᠲᠤ ᠭᠠᠷᠭᠠᠬᠤ ᠲᠤᠷᠰᠢᠯᠲᠠ ᠶᠢᠨ ᠴᠡᠭ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠨᠥᠬᠦᠴᠡᠯ ᠳᠤ ᠨᠡᠶᠢᠴᠡᠬᠦ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠰᠢᠯᠢᠳᠡᠭ ᠰᠠᠶᠢᠨ ᠬᠥᠷᠥᠩᠭᠡ ᠪᠠᠨ ᠰᠠᠯᠭᠠᠵᠤ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠳᠤ ᠨᠢ ᠳᠡᠮᠵᠢᠯᠭᠡ ᠦᠵᠡᠭᠦᠯᠦᠨ᠎ᠡ᠃ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠬᠤ ᠥᠪᠡᠷᠲᠡᠭᠡᠨ ᠵᠠᠰᠠᠬᠤ ᠣᠷᠣᠨ ᠤ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠨᠡᠪᠲᠡᠷᠡᠯᠴᠡᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠢ ᠵᠢᠯᠣᠭᠤᠳᠤᠨ ᠬᠠᠪᠰᠤᠷᠴᠤ ᠪᠠᠶᠢᠭᠠᠳ ᠬᠤᠪᠢᠴᠠᠭᠠᠳᠣ ᠳᠦᠷᠢᠮ ᠤᠨ ᠥᠭᠡᠷᠡᠴᠢᠯᠡᠯᠲᠡ ᠪᠠ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠬᠦᠬᠦ ᠠᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ᠂ ᠫᠠᠶᠢᠰᠠ ᠡᠯᠭᠦᠬᠦ ᠶᠠᠪᠤᠴᠠ ᠳᠠᠬᠢ ᠡᠯ᠎ᠡ ᠵᠦᠢᠯ ᠤᠨ ᠬᠠᠷᠰᠢ ᠰᠠᠭᠠᠳ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠨ᠎ᠡ᠃ ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠶᠢᠯᠠᠯ ᠢ ᠬᠠᠪᠰᠤᠷᠤᠨ ᠵᠢᠯᠤᠭᠤᠳᠬᠤ ᠠᠵᠢᠯ ᠳᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠡᠮᠳᠡᠭᠲᠦ ᠶᠢᠨ ᠬᠤᠳᠠᠯᠳᠤᠭᠠᠴᠢᠨ ᠤ ᠬᠠᠪᠰᠤᠷᠤᠨ ᠵᠢᠯᠤᠭᠤᠳᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠪᠠᠷ ᠪᠠᠶᠢᠭ᠎ᠠ ᠺᠣᠮᠫᠠᠨᠢ ᠶᠢᠨ ᠵᠢᠷᠤᠮᠵᠢᠨᠨᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶      ︵ᠵᠢᠷᠭᠤᠭ᠎ᠠ︶ ᠵᠠᠬ᠎ᠠ ᠳᠡᠯᠭᠡᠭᠦᠷᠴᠢᠯᠡᠵᠦ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠤᠨ᠎ᠠ᠃ ᠤᠯᠤᠰ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠬᠠᠨᠳᠤᠰᠢ ᠶᠢ ᠣᠨᠣᠪᠴᠢᠲᠠᠶ ᠡᠵᠡᠮᠰᠢᠵᠦ᠂ ᠵᠦᠢ ᠪᠤᠰᠤ ᠡᠳ᠋ ᠬᠥᠷᠥᠩᠭᠡ ᠶᠢ ᠲᠤᠰᠠᠭᠠᠷᠯᠠᠨ ᠰᠠᠯᠭᠠᠬᠤ᠂ ᠴᠢᠨᠠᠷ ᠰᠠᠶᠢᠲᠠᠢ ᠡᠳ᠋ ᠬᠥᠷᠥᠩᠭᠡ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠭᠤᠣᠯ ᠪᠣᠯᠬᠤ ᠠᠵᠢᠯ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠬᠥᠲᠥᠯᠥᠨ ᠵᠢᠯᠤᠭᠤᠳᠬᠤ ᠪᠠ ᠲᠦᠯᠬᠢᠨ ᠠᠬᠢᠭᠤᠯᠵᠤ ᠪᠠᠶᠢᠭᠠᠳ ᠭᠤᠣᠯ ᠪᠣᠯᠬᠤ ᠠᠵᠢᠯ ᠦᠢᠯᠡᠰ ᠵᠢᠴᠢ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠬᠡᠯᠬᠢᠶᠡᠨ ᠤ ᠲᠣᠭᠤᠷᠢᠨ ᠳᠤ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ ᠶᠢ ᠬᠡᠷᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢ ᠠᠵᠤ ᠦᠢᠯᠡᠰ ᠤᠨ ᠪᠥᠭᠡᠮᠨᠡᠷᠡᠯ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠥᠭᠡᠮᠨᠡᠷᠡᠯ ᠢ ᠪᠤᠢ ᠪᠤᠯᠭᠠᠵᠦ ᠬᠥᠭᠵᠢᠭᠦᠯᠬᠦ ᠶᠠᠪᠤᠴᠠ ᠳᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠢᠯᠢ ᠶᠢᠨ ᠳᠣᠲᠣᠷ᠎ᠠ ᠭᠠᠳᠠᠨᠠᠬᠢ ᠬᠢᠷᠢ ᠲᠡᠩᠴᠡᠭᠰᠡᠨ ᠪᠠᠶᠢᠯᠳᠤᠬᠤ ᠪᠣᠳᠣᠯᠭ᠎ᠠ ᠶᠢᠨ ᠪᠡᠯᠡ ᠣᠷᠣᠭᠤᠯᠤᠭᠴᠢᠳ ᠢ ᠲᠡᠳᠡᠨ ᠣᠷᠣᠭᠤᠯᠵᠤ᠂ ᠳᠣᠣᠷ᠎ᠠ ᠥᠪᠡᠷ ᠤᠨ ᠥᠷᠲᠡᠭ ᠢᠶᠠᠷ ᠥᠷᠭᠡᠳᠬᠡᠬᠦ ᠪᠠ ᠠᠵᠤ ᠦᠢᠯᠡᠰ ᠢ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠦᠨ᠎ᠡ᠃ ᠪᠣᠳᠠᠲᠤ ᠬᠦᠴᠦᠨ ᠲᠠᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠦᠯᠦᠭᠯᠡᠯ ᠤᠳ ᠤᠨ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠬᠢᠬᠦ ᠶᠢ ᠳᠡᠮᠵᠢᠵᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠲᠠᠪᠴᠠᠩ ᠳᠤ ᠲᠦᠰᠢᠭᠯᠡᠨ ᠬᠤᠪᠢᠴᠠᠭ᠎ᠠ ᠲᠠᠷᠬᠠᠭᠠᠨ ᠡᠳ᠋ ᠬᠥᠷᠥᠩᠭᠡ ᠬᠤᠳᠠᠯᠳᠤᠨ ᠠᠪᠬᠤ᠂ ᠰᠢᠩᠭᠡᠬᠡᠨ ᠠᠪᠴᠤ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠦᠬᠦᠯᠢ ᠴᠣᠭᠴᠠ ᠪᠠᠷ ᠨᠢ ᠵᠠᠬ᠎ᠠ ᠳᠡᠯᠭᠡᠭᠦᠷ ᠲᠤ ᠭᠠᠷᠭᠠᠬᠤ ᠶᠢ ᠪᠡᠶᠡᠯᠡᠭᠦᠯᠵᠦ᠂ ᠲᠡᠮᠳᠡᠭᠲᠦᠴᠢᠯᠡᠬᠦ ᠬᠢᠷᠢ ᠬᠡᠮᠵᠢᠶ᠎ᠡ ᠶᠢ ᠨᠢ ᠪᠦᠲᠦᠮᠵᠢᠲᠡᠶ ᠳᠡᠭᠡᠭᠰᠢᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶       ︵ᠳᠣᠯᠤᠭ᠎ᠠ︶ ᠰᠢᠭᠤᠳ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠬᠥᠲᠥᠯᠥᠨ ᠵᠢᠯᠤᠭᠤᠳᠴᠤ ᠪᠠᠶᠢᠭᠠᠳ ᠬᠥᠭᠵᠢᠯᠲᠡ ᠶᠢᠨ ᠬᠡᠷᠡᠭᠴᠡᠭᠡ ᠪᠠ ᠵᠠᠬ᠎ᠠ ᠳᠡᠯᠭᠡᠭᠦᠷ ᠤᠨ ᠪᠠᠶᠢᠳᠠᠯ ᠢ ᠬᠠᠮᠲᠤ ᠳᠤ ᠨᠢ ᠬᠠᠷᠠᠭᠠᠯᠵᠠᠨ ᠪᠠᠶᠢᠵᠤ ᠪᠡᠯᠡ ᠲᠣᠬᠢᠷᠠᠭᠤᠯᠭ᠎ᠠ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠡᠷᠡᠭᠯᠡᠭᠦᠷ ᠢ ᠭᠦᠢᠴᠡᠳ ᠠᠰᠢᠭᠯᠠᠬᠤ ᠶᠢ ᠠᠬᠢᠭᠤᠯᠤᠨ᠂ ᠲᠦᠭᠰᠢᠭᠦᠷᠢ ᠶᠢ ᠳᠠᠭᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠪᠠᠭ᠎ᠠ ᠲᠣᠭᠠᠨ ᠤ ᠲᠦᠷᠭᠡᠨ ᠪᠥᠭᠡᠳ ᠲᠥᠷᠥᠯ ᠬᠤᠪᠢᠶᠠᠨ ᠬᠢᠨᠠᠨ ᠬᠠᠷᠭᠤᠭᠤᠯᠬᠤ ᠵᠡᠷᠭᠡ ᠪᠡᠯᠡ ᠲᠣᠬᠢᠷᠠᠭᠤᠯᠭ᠎ᠠ ᠶᠢᠨ ᠲᠣᠭᠲᠠᠴᠠ ᠶᠢ ᠰᠠᠶᠢᠲᠤᠷ ᠬᠡᠷᠡᠭᠯᠡᠵᠦ᠂ ᠴᠢᠨᠠᠷ ᠰᠠᠶᠢᠲᠠᠢ ᠺᠣᠮᠫᠠᠨᠢ ᠶᠢᠨ ᠰᠲ᠋ᠣᠺ ᠤᠨ ᠡᠷᠬᠡ ᠪᠠᠷ ᠢᠶᠠᠨ ᠪᠡᠯᠡ ᠲᠣᠬᠢᠷᠠᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ᠵᠠᠰᠠᠭ ᠤᠨ ᠣᠷᠳᠣᠨ ᠤ ᠪᠤᠰᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠬᠥᠭᠵᠢᠯᠲᠡ ᠶᠢ ᠲᠡᠳᠬᠦᠨ ᠳᠠᠮᠵᠢᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠣᠯᠠᠨ ᠡᠰᠢᠵᠢᠭᠰᠡᠨ ᠵᠢᠭᠡᠯᠡᠯᠭᠡ ᠶᠢᠨ ᠲᠡᠮᠳᠡᠭᠲᠦ ᠪᠠ ᠡᠳ᠋ ᠬᠥᠷᠥᠩᠭᠡ ᠪᠠᠷ ᠲᠡᠮᠳᠡᠭᠲᠦ ᠶᠢᠨ ᠪᠡᠯᠡ ᠲᠣᠬᠢᠷᠠᠭᠤᠯᠭ᠎ᠠ ᠬᠢᠬᠦ ᠶᠢ ᠳᠠᠮᠵᠢᠵᠤ᠂ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠤᠷᠢᠳᠡᠯ ᠡᠷᠬᠡᠲᠦ ᠰᠲ᠋ᠣᠺ᠂ ᠡᠭᠦᠷᠢᠳᠡ ᠶᠢᠨ ᠵᠢᠭᠡᠯᠡᠯᠭᠡ ᠶᠢᠨ ᠲᠡᠮᠳᠡᠭᠲᠦ᠂ ᠰᠣᠯᠢᠵᠤ ᠪᠣᠯᠬᠤ ᠵᠢᠭᠡᠯᠡᠯᠭᠡ ᠶᠢᠨ ᠲᠡᠮᠳᠡᠭᠲᠦ᠂ REITs ᠵᠡᠷᠭᠡ ᠰᠢᠨ᠎ᠡ ᠶᠢ ᠡᠭᠦᠳᠦᠭᠰᠡᠨ ᠪᠡᠯᠡ ᠲᠣᠬᠢᠷᠠᠭᠤᠯᠭ᠎ᠠ ᠶᠢᠨ ᠬᠡᠷᠡᠭᠯᠡᠭᠦᠷ ᠢᠶᠠᠷ ᠳᠠᠮᠵᠢᠭᠤᠯᠤᠨ ᠪᠡᠯᠡ ᠲᠣᠬᠢᠷᠠᠭᠤᠯᠭ᠎ᠠ ᠶᠢᠨ ᠠᠷᠭ᠎ᠠ ᠪᠠᠷᠢᠯ ᠢᠶᠠᠨ ᠪᠠᠶᠠᠯᠢᠭᠵᠢᠭᠤᠯᠵᠤ᠂ ᠬᠥᠷᠥᠩᠭᠡ ᠶᠢᠨ ᠪᠦᠲᠦᠴᠡ ᠪᠠᠨ ᠰᠢᠯᠢᠳᠡᠭᠵᠢᠭᠦᠯᠬᠦ ᠶᠢ ᠨᠢ ᠵᠣᠷᠢᠭᠵᠢᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠳᠡᠮᠵᠢᠬᠦ ᠡᠯ᠎ᠡ ᠲᠥᠷᠥᠯ ᠤᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠢᠲᠡᠭᠡᠮᠵᠢ ᠪᠠᠨ ᠨᠡᠮᠡᠭᠳᠡᠭᠦᠯᠬᠦ ᠣᠳᠣ ᠶᠢᠨ ᠪᠠᠶᠢᠭ᠎ᠠ ᠡᠯ᠎ᠡ ᠲᠥᠷᠥᠯ ᠤᠨ ᠢᠲᠡᠭᠡᠮᠵᠢ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠲᠡᠮᠵᠢᠨ᠎ᠡ᠃ ᠪᠠᠩᠬᠢ ᠶᠢᠨ ᠪᠤᠰᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠵᠢᠭᠦᠯᠦᠨ᠎ᠡ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ︶ ᠳᠥᠷᠪᠡ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠦᠯᠡᠳᠡᠭᠡᠯ ᠲᠦᠭᠰᠢᠭᠦᠷᠢ ᠶᠢ ᠰᠢᠢᠳᠪᠦᠷᠢᠯᠡᠬᠦ ᠪᠠᠨ ᠲᠦᠷᠭᠡᠳᠬᠡᠨ᠎ᠡ      ︵ᠨᠠᠢᠮᠠ︶ ᠰᠲ᠋ᠣᠺ ᠤᠨ ᠳᠠᠨᠵᠢᠯᠠᠭ᠎ᠠ ᠶᠢᠨ ᠲᠦᠭᠰᠢᠭᠦᠷᠢ ᠶᠢ ᠠᠷᠢᠯᠭᠠᠬᠤ ᠪᠠᠨ ᠦᠷᠭᠦᠯᠵᠢᠯᠡᠨ ᠠᠬᠢᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠰᠲ᠋ᠣᠺ ᠤᠨ ᠳᠠᠨᠵᠢᠯᠠᠭ᠎ᠠ ᠶᠢᠨ ᠲᠦᠭᠰᠢᠭᠦᠷᠢ ᠶᠢ ᠠᠷᠢᠯᠭᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ ᠴᠢᠩᠭᠠᠳᠬᠠᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠦᠷᠭᠦᠯᠵᠢᠯᠡᠨ ᠬᠥᠲᠥᠯᠥᠨ ᠵᠢᠯᠤᠭᠤᠳᠴᠤ ᠪᠠᠶᠢᠭᠠᠳ ᠬᠥᠰᠢᠭᠦᠷᠭᠡ ᠶᠢᠨ ᠲᠦᠪᠰᠢᠨ ᠢ ᠨᠢ ᠪᠠᠭᠤᠷᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠲᠦᠭᠰᠢᠭᠦᠷᠢ ᠶᠢ ᠨᠢ ᠦᠨᠡᠨ ᠬᠦ ᠪᠠᠭᠤᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠦᠴᠢᠷᠳᠡᠯ ᠢ ᠲᠠᠶᠢᠯᠵᠦ ᠬᠥᠭᠵᠢᠭᠦᠯᠬᠦ ᠰᠠᠭᠤᠷᠢ ᠮᠥᠩᠭᠦᠨ ᠤ ᠪᠠᠴᠢᠮ ᠪᠠᠶᠢᠳᠠᠯ ᠢ ᠠᠪᠤᠷᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠲᠠᠶᠢᠯᠬᠤ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠬᠦᠴᠢᠷᠳᠡᠯ ᠢ ᠲᠠᠶᠢᠯᠬᠤ ᠬᠠᠷᠠᠯᠲᠠ ᠨᠢ ᠲᠣᠳᠣᠷᠬᠠᠢ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠨᠢ ᠲᠣᠭᠲᠠᠭᠠᠯ ᠳᠤ ᠨᠡᠶᠢᠴᠡᠭᠰᠡᠨ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠳᠡᠮᠵᠢᠭᠰᠡᠨ ᠤᠯᠤᠰ ᠤᠨ ᠥᠮᠴᠢᠯᠡᠯᠲᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠪᠤᠶᠤ ᠰᠠᠭᠤᠷᠢ ᠮᠥᠩᠭᠦᠨ ᠳᠤ ᠠᠯᠳᠠᠰᠢ ᠶᠢ ᠠᠭᠤᠴᠢᠯᠠᠬᠤ ᠲᠣᠭᠲᠠᠴᠠ ᠶᠢ ᠪᠠᠶᠢᠭᠤᠯᠵᠤ᠂ ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠨᠡᠬᠡᠮᠵᠢᠯᠡᠬᠦ ᠪᠠ ᠠᠵᠤ ᠠᠬᠤᠶᠢᠯᠠᠯ ᠤᠨ ᠭᠦᠢᠴᠡᠳᠬᠡᠯ ᠲᠤᠭ᠎ᠠ ᠶᠢ ᠰᠢᠯᠭᠠᠨ ᠬᠢᠨᠠᠬᠤ ᠪᠠᠨ ᠵᠣᠬᠢᠬᠤ ᠬᠡᠮᠵᠢᠶ᠎ᠡ ᠪᠠᠷ         ᠬᠡᠯᠲᠦᠷᠢᠭᠦᠯᠦᠨ᠎ᠡ᠃ ᠪᠠᠩᠬᠢ᠂ ᠲᠡᠮᠳᠡᠭᠲᠦ᠂ ᠳᠠᠭᠠᠳᠬᠠᠯ᠂ ᠬᠤᠪᠢ ᠪᠠᠷ ᠢᠶᠠᠨ ᠴᠤᠭᠯᠠᠭᠤᠯᠬᠤ ᠰᠲ᠋ᠣᠺ ᠤᠨ ᠡᠷᠬᠡ ᠶᠢᠨ ᠰᠠᠭᠤᠷᠢ ᠮᠥᠩᠭᠦ ᠵᠡᠷᠭᠡ ᠪᠠᠶᠢᠭᠤᠯᠤᠮᠵᠢ ᠶᠢᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠰᠲ᠋ᠣᠺ ᠤᠨ ᠳᠠᠨᠵᠢᠯᠠᠭ᠎ᠠ ᠶᠢᠨ ᠲᠦᠭᠰᠢᠭᠦᠷᠢ ᠶᠢ ᠠᠷᠢᠯᠭᠠᠬᠤ ᠳᠤ ᠣᠷᠤᠯᠴᠠᠬᠤ ᠶᠢ ᠨᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠤᠳᠠᠯᠳᠤᠭᠠᠨ ᠤ ᠪᠠᠩᠬᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠲᠠᠯᠠᠪᠤᠷ ᠲᠠᠬᠢ ᠰᠲ᠋ᠣᠺ ᠢ ᠳᠠᠨᠵᠢᠯᠠᠵᠤ ᠪᠡᠯᠡ ᠲᠣᠬᠢᠷᠠᠭᠤᠯᠬᠤ ᠶᠢᠨ ᠲᠦᠭᠰᠢᠭᠦᠷᠢ ᠶᠢ ᠡᠵᠡᠮᠳᠡᠬᠦ ᠪᠠᠷᠢᠮᠵᠢᠶ᠎ᠠ ᠶᠢ ᠬᠡᠷᠡᠭᠵᠢᠭᠦᠯᠵᠦ᠂ ᠬᠤᠳᠠᠯᠳᠤᠬᠤ ᠶᠢ ᠬᠢᠵᠠᠭᠠᠷᠯᠠᠭᠰᠠᠨ ᠰᠲ᠋ᠣᠺ ᠤᠨ ᠳᠠᠨᠵᠢᠯᠠᠭ᠎ᠠ ᠶᠢ ᠴᠢᠩᠭ᠎ᠠ ᠬᠢᠵᠠᠭᠠᠷᠯᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶      ︵ᠶᠢᠰᠦ︶ ᠲᠦᠭᠰᠢᠭᠦᠷᠢ ᠶᠡᠭᠡ ᠲᠠᠢ ᠺᠣᠮᠫᠠᠨᠢ ᠶᠢᠨ ᠲᠦᠭᠰᠢᠭᠦᠷᠢ ᠶᠢ ᠠᠷᠢᠯᠭᠠᠬᠤ ᠪᠠᠨ ᠠᠬᠢᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠲᠦᠭᠰᠢᠭᠦᠷᠢ ᠶᠡᠭᠡ ᠲᠠᠢ ᠺᠣᠮᠫᠠᠨᠢ ᠶᠢᠨ ᠲᠦᠭᠰᠢᠭᠦᠷᠢ ᠶᠢ ᠠᠷᠢᠯᠭᠠᠬᠤ ᠳᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠲᠦᠭᠰᠢᠭᠦᠷᠢ ᠶᠡᠭᠡ ᠲᠠᠢ ᠺᠣᠮᠫᠠᠨᠢ ᠶᠢᠨ ᠣᠷᠣᠰᠢᠵᠤ ᠪᠠᠶᠢᠭ᠎ᠠ ᠲᠦᠭᠰᠢᠭᠦᠷᠢ ᠶᠢ ᠠᠷᠢᠯᠭᠠᠬᠤ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠴᠡᠭ ᠲᠣᠭᠲᠠᠭᠠᠨ ᠬᠠᠷᠢᠯᠴᠠᠬᠤ ᠲᠣᠭᠲᠠᠴᠠ ᠶᠢ ᠪᠠᠶᠢᠭᠤᠯᠤᠨ᠎ᠠ᠃ ᠬᠠᠮᠢᠶ᠎ᠠ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠲᠦᠭᠰᠢᠭᠦᠷᠢ ᠶᠢ ᠠᠷᠢᠯᠭᠠᠬᠤ ᠳᠤ ᠳᠡᠮᠵᠢᠯᠭᠡ ᠦᠵᠡᠭᠦᠯᠬᠦ ᠪᠠᠨ ᠴᠢᠩᠭᠠᠳᠬᠠᠵᠤ᠂ ᠰᠣᠬᠤᠷ ᠪᠠᠯᠠᠢ ᠪᠠᠷ ᠵᠢᠭᠡᠯᠡᠯᠭᠡ ᠪᠠᠨ ᠪᠤᠴᠠᠭᠠᠬᠤ ᠦᠭᠡᠢ᠂ ᠵᠢᠭᠡᠯᠡᠯᠭᠡ ᠪᠠᠨ ᠵᠣᠭᠰᠤᠭᠠᠬᠤ ᠦᠭᠡᠢ ᠪᠠᠶᠢᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠭᠦᠢᠴᠡᠳ ᠬᠦᠨᠳᠦᠳᠬᠡᠬᠦ ᠶᠢᠨ ᠵᠡᠷᠭᠡ ᠪᠠᠷ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠲᠦᠭᠰᠢᠭᠦᠷᠢ ᠶᠢ ᠠᠷᠢᠯᠭᠠᠬᠤ ᠠᠵᠢᠯ ᠳᠠᠬᠢ ᠵᠠᠰᠠᠭ ᠤᠨ ᠣᠷᠳᠣᠨ ᠤ ᠵᠣᠬᠢᠴᠠᠭᠤᠯᠭ᠎ᠠ ᠶᠢ ᠴᠢᠩᠭᠠᠷᠠᠭᠤᠯᠤᠨ᠂ ᠲᠦᠭᠰᠢᠭᠦᠷᠢ ᠶᠢ ᠠᠷᠢᠯᠭᠠᠬᠤ ᠲᠥᠰᠥᠯ ᠪᠤᠶᠤ ᠰᠢᠢᠳᠪᠦᠷᠢᠯᠡᠬᠦ ᠪᠡᠯᠡᠳᠬᠡᠯ ᠲᠥᠰᠥᠯ ᠢ ᠲᠣᠭᠲᠠᠭᠠᠵᠤ᠂ ᠲᠦᠭᠰᠢᠭᠦᠷᠢ ᠶᠢ ᠭᠠᠳᠠᠭᠰᠢ ᠲᠦᠭᠡᠭᠡᠬᠦ ᠪᠤᠶᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠲᠦᠭᠰᠢᠭᠦᠷᠢ ᠪᠣᠯᠵᠤ ᠰᠢᠯᠵᠢᠭᠦᠯᠦᠨ ᠲᠣᠬᠤᠭᠳᠠᠬᠤ ᠠᠴᠠ ᠵᠠᠶᠢᠯᠠᠰᠬᠢᠨ᠎ᠡ᠃ ᠳᠠᠮᠫᠤᠷᠠᠯ ᠢ ᠵᠠᠷᠯᠠᠵᠤ ᠳᠠᠬᠢᠨ ᠴᠡᠭᠴᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠪᠢᠴᠠᠭ᠎ᠠ ᠡᠵᠡᠮᠰᠢᠭᠰᠡᠨ ᠬᠤᠪᠢᠴᠠᠭᠠᠳᠠᠨ ᠤ ᠡᠵᠡᠩᠨᠡᠯᠲᠡ ᠶᠢᠨ ᠲᠦᠭᠰᠢᠭᠦᠷᠢ ᠶᠢ ᠰᠢᠢᠳᠪᠦᠷᠢᠯᠡᠵᠦ᠂ ᠲᠦᠭᠰᠢᠭᠦᠷᠢ ᠶᠢ ᠳᠠᠮᠵᠢᠭᠤᠯᠬᠤ ᠬᠡᠯᠬᠢᠶᠡᠰᠦ ᠶᠢ ᠬᠤᠷᠢᠭᠯᠠᠨ ᠵᠣᠭᠰᠣᠭᠠᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠲᠦᠭᠰᠢᠭᠦᠷᠢ ᠶᠡᠭᠡ ᠲᠠᠢ ᠺᠣᠮᠫᠠᠨᠢ ᠶᠢ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠴᠢᠨᠠᠷ ᠰᠠᠶᠢᠲᠠᠢ ᠡᠳ᠋ ᠬᠥᠷᠥᠩᠭᠡ ᠶᠢ ᠳᠠᠬᠢᠨ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠳᠤ ᠣᠷᠣᠬᠤ ᠳᠤ ᠨᠢ ᠶᠡᠬᠡᠬᠡᠨ ᠳᠡᠮᠵᠢᠯᠭᠡ ᠦᠵᠡᠭᠦᠯᠵᠦ᠂ ᠵᠠᠬ᠎ᠠ ᠳᠡᠯᠭᠡᠭᠦᠷ ᠲᠤ ᠭᠠᠷᠬᠤ ᠦᠯᠡᠳᠡᠭᠡᠯ ᠡᠬᠢ ᠪᠠᠶᠠᠯᠢᠭ ᠢ ᠭᠦᠢᠯᠭᠡᠭᠡᠨ ᠲᠠᠢ ᠪᠣᠯᠭᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶      ︵ᠠᠷᠪᠠ︶ ᠵᠠᠬ᠎ᠠ ᠳᠡᠯᠭᠡᠭᠦᠷ ᠤᠨ ᠲᠦᠭᠰᠢᠭᠦᠷᠢ ᠶᠢ ᠢᠯᠭᠠᠷᠠᠭᠤᠯᠤᠨ ᠭᠠᠷᠭᠠᠬᠤ ᠶᠢ ᠲᠦᠷᠭᠡᠳᠬᠡᠨ᠎ᠡ᠃ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠢ ᠪᠠᠷᠢᠮᠲᠠᠯᠠᠨ᠂ ᠰᠠᠨᠠᠭᠠᠴᠢᠯᠠᠭ᠎ᠠ ᠠᠴᠠ ᠪᠠᠨ ᠵᠠᠬ᠎ᠠ ᠳᠡᠯᠭᠡᠭᠦᠷ ᠠᠴᠠ ᠪᠤᠴᠠᠨ ᠭᠠᠷᠬᠤ᠂ ᠨᠡᠶᠢᠯᠡᠭᠦᠯᠦᠨ ᠬᠤᠳᠠᠯᠳᠤᠨ ᠠᠪᠴᠤ ᠲᠠᠬᠢᠨ ᠵᠣᠬᠢᠶᠠᠨ ᠪᠠᠶᠢᠭᠤᠯᠬᠤ᠂ ᠳᠠᠮᠫᠤᠷᠠᠯ ᠢ ᠵᠠᠷᠯᠠᠵᠤ ᠳᠠᠬᠢᠨ ᠴᠡᠭᠴᠡᠯᠡᠬᠦ ᠵᠡᠷᠭᠡ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠣᠯᠠᠨ ᠡᠰᠢᠵᠢᠭᠰᠡᠨ ᠪᠤᠴᠠᠨ ᠭᠠᠷᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠨ᠎ᠠ᠃ ᠠᠵᠤ ᠠᠬᠤᠶᠢᠯᠠᠯ ᠤᠨ ᠦᠷᠭᠦᠯᠵᠢᠯᠡᠨ ᠡᠵᠡᠩᠨᠡᠬᠦ ᠴᠢᠳᠠᠪᠤᠷᠢ ᠶᠢ ᠣᠨᠴᠠᠭᠠᠶᠢᠯᠠᠨ ᠴᠢᠬᠤᠯᠠᠴᠢᠯᠠᠵᠤ᠂ ᠰᠲ᠋ᠣᠺ ᠤᠨ ᠵᠠᠬ᠎ᠠ ᠳᠡᠯᠭᠡᠭᠦᠷ ᠠᠴᠠ ᠪᠤᠴᠠᠨ ᠭᠠᠷᠬᠤ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠤᠨ ᠪᠤᠴᠠᠨ ᠭᠠᠷᠬᠤ ᠶᠣᠰᠣᠲᠠᠢ ᠶᠢ ᠨᠢ ᠪᠦᠬᠦᠨ ᠢ ᠪᠤᠴᠠᠭᠠᠨ ᠭᠠᠷᠭᠠᠵᠤ᠂ ᠵᠠᠬ᠎ᠠ ᠳᠡᠯᠭᠡᠭᠦᠷ ᠲᠤ ᠰᠢᠯᠢᠳᠡᠭ ᠨᠢ ᠦᠯᠡᠳᠡᠵᠦ ᠰᠢᠭᠠᠷᠤ ᠨᠢ ᠰᠢᠭᠰᠢᠭᠳᠡᠬᠦ᠂ ᠰᠢᠨ᠎ᠡ ᠬᠠᠭᠤᠴᠢᠨ ᠤ ᠰᠣᠯᠢᠭᠳᠠᠯ ᠢ ᠪᠡᠶᠡᠯᠡᠭᠦᠯᠦᠨ᠎ᠡ᠃ ᠳᠠᠮᠫᠤᠷᠠᠭᠰᠠᠨ ᠠᠵᠤ ᠠᠬᠤᠶᠢᠯᠠᠯ ᠤᠨ ᠥᠷᠢ ᠥᠭᠴᠡᠭᠡ ᠠᠴᠠ ᠬᠡᠯᠲᠦᠷᠢᠭᠦᠯᠬᠦ᠂ ᠡᠳ᠋ ᠬᠥᠷᠥᠩᠭᠡ ᠶᠢ ᠰᠢᠢᠳᠪᠦᠷᠢᠯᠡᠬᠦ ᠵᠡᠷᠭᠡ ᠭᠤᠭᠴᠤᠭ᠎ᠠ ᠳᠤ ᠬᠠᠨᠳᠤᠭᠤᠯᠤᠭᠰᠠᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠲᠣᠭᠲᠠᠭᠠᠬᠤ ᠶᠢ ᠠᠬᠢᠭᠤᠯᠵᠤ᠂ ᠳᠠᠮᠫᠤᠷᠠᠭᠰᠠᠨ ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ᠳᠠᠬᠢᠨ ᠴᠡᠭᠴᠡᠯᠡᠭᠰᠡᠨ ᠪᠤᠶᠤ ᠡᠪᠰᠡᠭᠦᠯᠦᠭᠡᠳ ᠠᠮᠵᠢᠯᠲᠠ ᠣᠯᠣᠭᠰᠠᠨ ᠠᠵᠤ ᠠᠬᠤᠶᠢᠯᠠᠯ ᠤᠨ ᠢᠲᠡᠭᠡᠮᠵᠢ ᠪᠠᠨ ᠰᠡᠷᠭᠦᠭᠡᠬᠦ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠳᠠᠬᠢᠨ ᠪᠤᠴᠠᠬᠤ ᠶᠢ ᠠᠬᠢᠭᠤᠯᠤᠨ᠎ᠠ᠃ ᠪᠡᠯᠡ ᠣᠷᠣᠭᠤᠯᠤᠭᠴᠢ ᠶᠢᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠶᠢ ᠳᠡᠮᠵᠢᠵᠦ᠂ ᠪᠡᠯᠡ ᠣᠷᠣᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶      ᠲᠠᠪᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ      ︵ᠠᠷᠪᠠᠨ ᠨᠢᠭᠡ︶ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠨᠢ ᠠᠵᠢᠯᠯᠠᠭᠠᠨ ᠢᠶᠠᠨ ᠵᠢᠷᠤᠮᠵᠢᠭᠤᠯᠤᠨ᠂ ᠭᠤᠣᠯ ᠦᠢᠯᠡᠰ ᠢᠶᠠᠨ ᠲᠤᠪᠤᠶᠢᠯᠭᠠᠵᠦ᠂ ᠲᠤᠰᠬᠠᠢ ᠮᠡᠷᠭᠡᠵᠢᠯ ᠢᠶᠠᠨ ᠨᠠᠷᠢᠯᠢᠭ ᠬᠢᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠪᠠ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ᠃ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠬᠦ ᠦᠵᠡᠯ ᠤᠬᠠᠮᠰᠠᠷ ᠢᠶᠠᠨ ᠴᠢᠩᠭᠠᠳᠬᠠᠵᠤ᠂ ᠪᠡᠯᠡᠨ ᠵᠣᠭᠤᠰ ᠢᠶᠠᠷ ᠨᠣᠭᠳᠠᠯ ᠠᠰᠢᠭ ᠬᠤᠪᠢᠶᠠᠬᠤ ᠬᠠᠷᠢᠴᠠᠯ ᠢ ᠳᠡᠭᠡᠭᠰᠢᠯᠡᠭᠦᠯᠬᠦ ᠵᠡᠷᠭᠡ ᠠᠷᠭ᠎ᠠ ᠬᠡᠯᠪᠡᠷᠢ ᠪᠠᠷ ᠪᠡᠯᠡ ᠣᠷᠣᠭᠤᠯᠤᠭᠴᠢ ᠳᠤ ᠬᠠᠷᠢᠭᠤ ᠪᠡᠯᠡᠭᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠠᠮᠢ ᠠᠬᠤᠢ ᠶᠢᠨ ᠬᠠᠮᠠᠭᠠᠯᠠᠯᠲᠠ᠂ ᠦᠢᠯᠡᠰ ᠪᠣᠰᠬᠠᠵᠤ ᠠᠵᠢᠯ ᠣᠯᠭᠤᠬᠤ ᠵᠡᠷᠭᠡ ᠲᠠᠯ᠎ᠠ ᠪᠠᠷ ᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠤᠪᠢᠴᠠᠭ᠎ᠠ ᠡᠵᠡᠮᠰᠢᠭᠰᠡᠨ ᠬᠤᠪᠢᠴᠠᠭᠠᠳᠠᠨ᠂ ᠪᠣᠳᠠᠲᠠᠢ ᠡᠵᠡᠮᠰᠢᠭᠴᠢ᠂ ᠬᠡᠷᠡᠭ ᠮᠡᠳᠡᠭᠴᠢ᠂ ᠬᠡᠷᠡᠭ ᠬᠢᠨᠠᠭᠴᠢ ᠪᠠ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠵᠡᠷᠭᠡ ᠨᠢ ᠦᠨᠡᠨᠴᠢ ᠬᠢᠴᠢᠶᠡᠩᠭᠦᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠬ᠎ᠠ ᠳᠡᠯᠭᠡᠭᠦᠷ ᠢ ᠬᠦᠨᠳᠦᠳᠬᠡᠬᠦ᠂ ᠬᠠᠤᠯᠢ ᠪᠠᠷ ᠵᠠᠰᠠᠬᠤ ᠶᠢ ᠬᠦᠨᠳᠦᠳᠬᠡᠬᠦ᠂ ᠲᠤᠰᠬᠠᠢ ᠮᠡᠷᠭᠡᠵᠢᠯ ᠢ ᠬᠦᠨᠳᠦᠳᠬᠡᠬᠦ᠂ ᠪᠡᠯᠡ ᠣᠷᠣᠭᠤᠯᠤᠭᠴᠢᠳ ᠢ ᠭᠦᠨᠳᠦᠳᠬᠡᠵᠦ᠂ ᠬᠥᠭᠵᠢᠭᠦᠯᠦᠯᠲᠡ ᠬᠢᠭᠡᠳ ᠲᠦᠭᠰᠢᠭᠦᠷᠢ ᠶᠢ ᠡᠵᠡᠮᠰᠢᠬᠦ ᠴᠢᠳᠠᠪᠤᠷᠢ ᠶᠢᠨ ᠬᠠᠷᠢᠯᠴᠠᠨ ᠵᠣᠬᠢᠴᠠᠯᠳᠤᠬᠤ ᠶᠢ       ᠪᠡᠶᠡᠯᠡᠭᠦᠯᠦᠨ᠎ᠡ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ︶     ︵ᠠᠷᠪᠠᠨ ᠬᠤᠶᠠᠷ︶ ᠵᠠᠭᠤᠴᠢ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠡᠮᠳᠡᠭᠲᠦ ᠶᠢᠨ ᠬᠤᠳᠠᠯᠳᠤᠭᠠᠴᠢᠨ ᠤ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠤᠯᠠᠮ ᠨᠢᠭᠡ ᠠᠯᠬᠤᠮ ᠳᠠᠮᠵᠢᠵᠤ᠂ ᠬᠥᠷᠥᠩᠭᠡ ᠶᠢᠨ ᠪᠣᠳᠠᠲᠤ ᠬᠦᠴᠦᠨ ᠢ ᠨᠡᠮᠡᠭᠳᠡᠭᠦᠯᠦᠨ᠂ ᠲᠡᠷᠢᠭᠦᠨ ᠤ ᠺᠣᠮᠫᠠᠨᠢ ᠶᠢᠨ ᠵᠠᠰᠠᠯᠲᠠ ᠬᠢᠭᠰᠡᠨ ᠲᠤᠷᠰᠢᠯᠭ᠎ᠠ ᠶᠢ ᠣᠷᠣᠭᠤᠯᠤᠨ ᠠᠪᠴᠢᠷᠠᠵᠤ᠂ ᠺᠣᠮᠫᠠᠨᠢ ᠶᠢ ᠬᠠᠪᠰᠤᠷᠤᠨ ᠪᠠᠶᠢᠯᠳᠤᠬᠤ ᠪᠣᠳᠣᠯᠭ᠎ᠠ ᠶᠢᠨ ᠪᠡᠯᠡ ᠣᠷᠣᠭᠤᠯᠤᠭᠴᠢ ᠶᠢ ᠣᠷᠣᠭᠤᠯᠤᠨ ᠠᠪᠴᠢᠷᠠᠵᠤ᠂ ᠥᠪᠡᠷᠲᠡᠭᠡᠨ ᠵᠠᠰᠠᠬᠤ ᠣᠷᠣᠨ ᠳᠤ ᠰᠢᠯᠢᠳᠡᠭ ᠠᠵᠤ ᠠᠬᠤᠶᠢᠯᠠᠯ ᠤᠨ ᠡᠬᠢ ᠪᠠᠶᠠᠯᠢᠭ ᠢ ᠣᠷᠣᠭᠤᠯᠤᠨ ᠠᠪᠴᠢᠷᠠᠬᠤ ᠳᠤ ᠬᠠᠪᠰᠤᠷᠤᠯᠭ᠎ᠠ ᠦᠵᠡᠭᠦᠯᠦᠨ᠎ᠡ᠃ ᠲᠣᠰ ᠭᠠᠵᠠᠷ ᠤᠨ ᠲᠡᠮᠳᠡᠭᠲᠦ ᠶᠢᠨ ᠬᠤᠳᠠᠯᠳᠤᠭᠠᠴᠢᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠳᠡᠭᠡᠭᠰᠢᠯᠡᠭᠦᠯᠬᠦ ᠶᠢ ᠳᠠᠮᠵᠢᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠪᠤᠢ ᠪᠤᠯᠭᠠᠬᠤ ᠪᠠ ᠲᠡᠳᠡᠭᠡᠷ ᠺᠤᠮᠫᠠᠨᠢ ᠳᠤ ᠦᠢᠯᠡᠴᠢᠯᠡᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠴᠢᠩᠭᠠᠷᠠᠭᠤᠯᠤᠨ᠎ᠠ᠃ ᠬᠢᠨᠠᠨ ᠪᠤᠳᠤᠬᠤ᠂ ᠬᠠᠤᠯᠢ ᠴᠠᠭᠠᠵᠠ ᠶᠢᠨ ᠦᠢᠯᠡᠴᠢᠯᠡᠭᠡ᠂ ᠦᠨᠡᠯᠡᠨ ᠵᠢᠱᠢᠬᠦ ᠵᠡᠷᠭᠡ ᠵᠠᠭᠤᠴᠢ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢ ᠨᠢ ᠭᠦᠢᠴᠡᠳᠬᠡᠯᠭᠡᠬᠦ ᠪᠠᠷ ᠤᠯᠠᠮ ᠨᠢᠭᠡ ᠠᠯᠬᠤᠮ ᠰᠢᠪᠠᠳᠠᠨ ᠱᠠᠭᠠᠷᠳᠠᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠪᠠᠶᠢᠭᠤᠯᠤᠮᠵᠢ ᠨᠤᠭᠤᠳ ᠵᠠᠭᠤᠴᠢ ᠪᠠᠶᠢᠭᠤᠯᠤᠮᠵᠢ ᠯᠤᠭ᠎ᠠ ᠬᠠᠮᠵᠢᠯᠴᠠᠨ ᠬᠠᠤᠯᠢ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ᠂ ᠣᠨᠣᠪᠴᠢᠲᠠᠶ ᠪᠠᠷ᠂ ᠪᠦᠷᠢᠨ ᠭᠦᠢᠴᠡᠳ ᠬᠠᠩᠭᠠᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶      ︵ ᠠᠷᠪᠠᠨ ᠭᠤᠷᠪᠠ︶ ᠬᠦᠨᠳᠦ ᠶᠡᠭᠡ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠠᠶᠤᠯ ᠦᠭᠡᠢ ᠦᠢᠯᠡᠳᠪᠦᠷᠢᠯᠡᠯ᠂ ᠪᠠᠶᠢᠭᠠᠯᠢ ᠶᠢᠨ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠦᠨᠳᠦ ᠨᠣᠴᠢᠲᠠᠢ ᠭᠡᠨᠡᠳᠲᠡ ᠶᠢᠨ ᠬᠡᠷᠡᠭ ᠭᠠᠷᠪᠠᠯ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ︔ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠳᠤ ᠬᠦᠨᠳᠦ ᠨᠣᠴᠢᠲᠠᠢ ᠨᠥᠯᠥᠭᠡ ᠭᠠᠷᠭᠠᠭᠰᠠᠨ ᠪᠠᠶᠢᠪᠠᠯ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠪ ᠤᠨ ᠬᠤᠷᠸ᠎ᠠ ᠲᠥᠷᠥ ᠶᠢᠨ ᠪᠣᠳᠣᠯᠭ᠎ᠠ᠂ ᠮᠥᠩᠭᠦᠨ ᠭᠦᠢᠯᠭᠡᠭᠡᠨ ᠢᠶᠠᠷ ᠲᠣᠭᠲᠠᠪᠤᠷᠢᠵᠢᠭᠤᠯᠬᠤ ᠵᠡᠷᠭᠡ ᠵᠣᠬᠢᠴᠠᠭᠤᠯᠬᠤ ᠲᠣᠭᠲᠠᠴᠠ ᠳᠤ ᠲᠦᠰᠢᠭᠯᠡᠨ᠂ ᠬᠠᠮᠵᠢᠯᠴᠠᠵᠤ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠨ᠂ ᠠᠵᠤ ᠦᠢᠯᠡᠰ᠂ ᠮᠥᠩᠭᠦᠨ ᠭᠦᠢᠯᠭᠡᠭᠡᠨ᠂ ᠡᠳ᠋ ᠤᠨ ᠵᠠᠰᠠᠭ ᠭᠠᠶᠢᠯᠢ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ︔ ᠴᠠᠭ ᠲᠤᠬᠠᠢ ᠳᠤ ᠨᠢ ᠠᠷᠭ᠎ᠠ ᠬᠡᠮᠵᠢᠶ᠎ᠡ ᠠᠪᠴᠤ᠂ ᠬᠥᠳᠡᠯᠮᠦᠷᠢ ᠦᠢᠯᠡᠴᠢᠯᠡᠭᠡᠨ ᠤ ᠠᠵᠢᠯᠴᠢᠨ ᠬᠡᠷᠡᠭᠯᠡᠬᠦ᠂ ᠦᠢᠯᠡᠳᠪᠦᠷᠢᠯᠡᠯ ᠤᠨ ᠬᠡᠷᠡᠭᠰᠡᠯ᠂ ᠨᠡᠶᠢᠲᠡ ᠶᠢᠨ ᠦᠢᠯᠡᠰ ᠤᠨ ᠦᠢᠯᠡᠳᠬᠦᠨ ᠤ ᠬᠠᠩᠭᠠᠯᠭ᠎ᠠ ᠪᠠ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠠᠷᠭ᠎ᠠ ᠵᠠᠮ ᠢ ᠬᠠᠮᠠᠭᠠᠯᠠᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠡᠪ ᠤᠨ ᠠᠵᠢᠯᠯᠠᠭ᠎ᠠ ᠪᠠᠨ ᠲᠦᠷᠭᠡᠬᠡᠨ ᠰᠡᠷᠭᠦᠭᠡᠬᠦ ᠶᠢ ᠨᠢ ᠲᠡᠮᠵᠢᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠭᠡᠨᠡᠳᠲᠡ ᠡᠭᠦᠰᠬᠦ ᠦᠢᠯᠡᠳᠪᠦᠷᠢᠯᠡᠯ ᠡᠵᠡᠩᠨᠡᠯᠲᠡ ᠶᠢᠨ ᠬᠡᠷᠡᠭ᠂ ᠲᠣᠭᠲᠠᠪᠤᠷᠢ ᠦᠭᠡᠢ ᠴᠢᠨᠠᠷᠲᠠᠢ ᠲᠦᠭᠰᠢᠭᠦᠷᠢ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠵᠡᠷᠭᠡ ᠳᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ         ᠨᠠᠶᠢᠳᠠᠪᠤᠷᠢᠵᠢᠭᠤᠯᠤᠨ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠠᠯᠢ ᠲᠦᠷᠭᠡᠨ ᠢᠶᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠨᠢ ᠳᠡᠮᠵᠢᠯᠭᠡ ᠦᠵᠡᠭᠦᠯᠦᠨ᠎ᠡ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶            ︵ᠠᠷᠪᠠᠨ ᠳᠥᠷᠪᠡ︶ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠦᠨ᠎ᠡ᠃ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠤᠬᠠᠭᠤᠯᠭ᠎ᠠ ᠬᠢᠬᠦ ᠪᠠᠨ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠪᠠ ᠲᠤᠷᠰᠢᠯᠭ᠎ᠠ ᠶᠢᠨ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠬᠥᠷᠥᠩᠭᠡ ᠶᠢᠨ ᠵᠠᠬ᠎ᠠ ᠳᠡᠯᠭᠡᠭᠦᠷ ᠤᠨ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠬᠤᠳᠠᠯ ᠬᠠᠭᠤᠷᠮᠠᠭ ᠮᠡᠳᠡᠭᠡ ᠵᠠᠩᠭᠢ ᠪᠤᠶᠤ ᠲᠥᠭᠡᠷᠢᠭᠳᠡᠭᠦᠯᠬᠦ ᠴᠢᠨᠠᠷᠲᠠᠢ ᠮᠡᠳᠡᠭᠡ ᠵᠠᠩᠭᠢ ᠵᠣᠬᠢᠶᠠᠭᠰᠠᠨ᠂ ᠤᠯᠠᠮᠵᠢᠯᠠᠨ ᠲᠠᠷᠬᠠᠭᠠᠭᠰᠠᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠳᠬᠠᠵᠤ᠂ ᠮᠡᠳᠡᠭᠡ ᠵᠠᠩᠭᠢ ᠤᠯᠠᠮᠵᠢᠯᠠᠬᠤ ᠡᠮᠬᠢ ᠳᠢᠭᠯᠢᠮ ᠢ ᠵᠢᠷᠤᠮᠵᠢᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠵᠢᠴᠢ ᠬᠡᠷᠡᠭ ᠮᠡᠳᠡᠭᠴᠢ᠂ ᠬᠢᠨᠠᠯᠲᠠ ᠲᠠᠯᠪᠢᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ᠂ ᠪᠣᠳᠠᠲᠠᠢ ᠡᠵᠡᠮᠰᠢᠭᠴᠢ ᠶᠢᠨ ᠨᠡᠶᠢᠭᠡᠮ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠣᠨᠣᠯᠵᠢᠬᠤᠨ ᠢ ᠪᠠᠷᠢᠮᠲᠠᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠶᠣᠰᠣ ᠮᠣᠷᠠᠯ ᠤᠨ ᠲᠦᠭᠰᠢᠭᠦᠷᠢ ᠶᠢ ᠡᠷᠡᠰ ᠰᠡᠷᠭᠡᠶᠢᠯᠡᠵᠦ᠂ ᠭᠠᠵᠠᠷ ᠣᠷᠣᠨ ᠤ ᠢᠲᠡᠭᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠬᠢᠬᠦ ᠬᠦᠴᠢᠷᠳᠡᠯ ᠪᠠ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢ ᠪᠤᠢ ᠪᠤᠯᠭᠠᠬᠤ ᠪᠠ ᠲᠡᠳᠡᠭᠡᠷ ᠲᠤ ᠦᠢᠯᠡᠴᠢᠯᠡᠬᠦ ᠳᠤ ᠬᠤᠯᠪᠣᠭᠳᠠᠬᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠪᠣᠭᠤᠮᠲᠠ᠂ ᠮᠥᠩᠭᠦᠨ ᠭᠦᠢᠯᠭᠡᠭᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠬᠠᠤᠯᠢ ᠴᠠᠭᠠᠵᠠ ᠶᠢᠨ ᠪᠠᠶᠢᠭᠤᠯᠭ᠎ᠠ ᠵᠡᠷᠭᠡ ᠶᠢᠨ ᠮᠡᠳᠡᠭᠡ ᠵᠠᠩᠭᠢ ᠶᠢ ᠬᠠᠶᠢᠨ ᠯᠠᠪᠯᠠᠵᠤ ᠬᠠᠮᠲᠤ ᠳᠤ ᠪᠠᠨ ᠭᠥᠷᠳᠡᠬᠦ ᠲᠣᠭᠲᠠᠴᠠ ᠶᠢ ᠰᠢᠯᠢᠳᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠮᠥᠩᠭᠦ ᠥᠭᠬᠦ ᠶᠢ ᠪᠠᠲᠤᠯᠠᠬᠤ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ᠂ ᠫᠠᠶᠢᠰᠠ ᠡᠯᠭᠦᠭᠰᠡᠨ ᠺᠣᠮᠫᠠᠨᠢ ᠶᠢᠨ ᠬᠤᠷᠢᠶᠠᠪᠠᠰᠤ ᠵᠣᠬᠢᠬᠤ ᠳᠠᠩᠰᠠᠨ ᠳᠠᠬᠢ ᠵᠣᠭᠤᠰ ᠮᠥᠩᠭᠦ ᠶᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶      ︵ᠠᠷᠪᠠᠨ ᠲᠠᠪᠤ︶ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠᠨ ᠴᠢᠩᠭᠠᠳᠬᠠᠨ᠎ᠠ᠃ ᠡᠳ᠋ ᠤᠨ ᠶᠠᠪᠤᠳᠠᠯ ᠤᠨ ᠲᠠᠯ᠎ᠠ ᠳᠤ ᠬᠠᠭᠤᠷᠮᠠᠭᠯᠠᠨ ᠵᠣᠬᠢᠶᠠᠬᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠪᠡᠯᠡ ᠮᠥᠩᠭᠦ ᠶᠢ ᠥᠪᠡᠷᠴᠢᠯᠡᠬᠦ᠂ ᠲᠣᠭᠲᠠᠭᠠᠯ ᠠᠴᠠ ᠵᠥᠷᠢᠴᠡᠨ ᠳᠠᠭᠠᠭᠠᠯᠲᠠ ᠬᠢᠬᠦ᠂ ᠳᠠᠯᠳᠠᠭᠤᠷ ᠠᠷᠠᠯᠵᠢᠶᠠᠯᠠᠬᠤ᠂ ᠵᠠᠬ᠎ᠠ ᠳᠡᠯᠭᠡᠭᠦᠷ ᠢ ᠡᠵᠡᠮᠰᠢᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠪᠡᠷ ᠢ ᠪᠠᠨ ᠵᠣᠬᠢᠴᠠᠭᠤᠯᠬᠤ ᠬᠢᠨᠠᠯᠲᠠ ᠬᠠᠮᠢᠶᠠᠷᠤᠯᠲᠠ᠂ ᠵᠠᠰᠠᠭ ᠵᠠᠬᠢᠷᠭᠠᠨ ᠤ ᠵᠣᠭᠤᠰ ᠢᠶᠠᠷ ᠲᠣᠷᠭᠠᠬᠤ᠂ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠬᠤ ᠵᠡᠷᠭᠡ ᠡᠯ᠎ᠡ ᠲᠥᠷᠥᠯ ᠤᠨ ᠥᠪᠡᠷ ᠢ ᠪᠠᠨ ᠵᠣᠬᠢᠴᠠᠭᠤᠯᠬᠤ ᠵᠢᠴᠢ ᠵᠠᠰᠠᠭ ᠵᠠᠬᠢᠷᠭᠠᠨ ᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠭᠦᠢᠴᠡᠳ ᠰᠠᠶᠢᠲᠤᠷ ᠬᠡᠷᠡᠭᠯᠡᠵᠦ᠂ ᠰᠦᠪᠡᠭᠴᠢ ᠶᠢ ᠢᠯᠡᠷᠡᠭᠦᠯᠬᠦ ᠪᠠ ᠡᠷᠡᠭᠦᠦ ᠶᠢᠨ ᠬᠡᠷᠡᠭ ᠢ ᠰᠢᠯᠵᠢᠭᠦᠯᠦᠨ ᠬᠦᠷᠭᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠡᠷᠡᠭᠦᠦ ᠶᠢᠨ ᠬᠡᠷᠡᠭ ᠤᠨ ᠨᠡᠬᠡᠮᠵᠢᠯᠡᠨ ᠵᠠᠭᠠᠯᠳᠤᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠰᠢᠯᠵᠢᠬᠦᠯᠬᠦ ᠶᠣᠰᠣᠲᠠᠢ ᠶᠢ ᠨᠢ ᠠᠯᠢ ᠴᠢᠳᠠᠬᠤ ᠪᠠᠷ ᠰᠢᠯᠵᠢᠭᠦᠯᠦᠨ᠎ᠡ᠃ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠬᠢᠭᠡᠳ ᠬᠤᠪᠢᠴᠠᠭ᠎ᠠ ᠡᠵᠡᠮᠰᠢᠭᠰᠡᠨ ᠬᠤᠪᠢᠴᠠᠭᠠᠳᠠᠨ᠂ ᠪᠣᠳᠠᠲᠠᠢ ᠡᠵᠡᠮᠰᠢᠭᠴᠢ ᠶᠢᠨ ᠬᠠᠷᠢᠭᠤᠴᠠᠯᠭ᠎ᠠ ᠶᠢ ᠵᠦᠷᠢᠶᠡᠴᠢᠯᠡᠨ ᠰᠢᠢᠳᠪᠦᠷᠢᠯᠡᠬᠦ ᠶᠢ ᠠᠬᠢᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠳᠣᠪᠤᠶᠢᠯᠭᠠᠨ᠎ᠠ᠃ ᠣᠲᠣ ᠶᠢᠨ ᠪᠠᠶᠢᠭ᠎ᠠ ᠦᠨᠡᠨᠴᠢ ᠢᠲᠡᠭᠡᠮᠵᠢ ᠶᠢᠨ ᠲᠣᠭᠲᠠᠯᠴᠠᠭᠠᠨ ᠤ ᠪᠠᠶᠢᠭᠤᠯᠤᠯᠲᠠ ᠶᠢᠨ ᠲᠣᠭᠲᠠᠴᠠ ᠳᠤ ᠲᠦᠰᠢᠭᠯᠡᠨ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠷᠢᠭᠤᠴᠠᠯᠭ᠎ᠠ ᠲᠠᠢ ᠬᠠᠮᠢᠶ᠎ᠠ ᠪᠦᠬᠦᠢ ᠢᠲᠡᠭᠡᠮᠵᠢ ᠠᠯᠳᠠᠭᠰᠠᠨ ᠭᠤᠣᠯ ᠴᠣᠭᠴᠠ ᠶᠢ ᠠᠵᠢᠯ ᠲᠥᠷᠥᠯ ᠳᠤ ᠵᠥᠪᠰᠢᠶᠡᠷᠡᠨ ᠣᠷᠣᠭᠤᠯᠬᠤ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠬᠢᠯᠢ ᠠᠴᠠ ᠭᠠᠷᠴᠤ ᠶᠠᠪᠤᠵᠤ ᠰᠠᠭᠤᠬᠤ ᠵᠡᠷᠭᠡ ᠲᠠᠯ᠎ᠠ ᠪᠠᠷ ᠬᠠᠤᠯᠢ ᠶᠣᠰᠣᠭᠠᠷ ᠬᠢᠵᠠᠭᠠᠷᠯᠠᠨ᠎ᠠ᠃ ︵ᠬᠠᠷᠢᠭᠤᠴᠠᠬᠤ ᠨᠢᠭᠡᠴᠢ᠄ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ︶       ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号