ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ᠶᠢᠨ ᠬᠥᠲᠥᠯᠪᠦᠷᠢ︾  ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/11/26
     ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ︽ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ᠶᠢᠨ ᠬᠥᠲᠥᠯᠪᠦᠷᠢ︾  ᠶᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃      ︽ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ᠶᠢᠨ ᠬᠥᠲᠥᠯᠪᠦᠷᠢ︾  ᠶᠢᠨ ᠭᠤᠣᠯ ᠠᠭᠤᠯᠭ᠎ᠠ ᠨᠢ ᠳᠤᠤᠷᠠᠭᠢ ᠮᠡᠲᠦ᠃      ᠭᠠᠷᠴᠠᠭ      ᠡᠮᠦᠨᠡᠭᠢ ᠦᠭᠡ      ᠨᠢᠭᠡᠳᠦᠭᠡᠷ ᠪᠦᠯᠦᠭ ᠬᠥᠭᠵᠢᠯᠲᠡ ᠶᠢᠨ ᠠᠬᠤᠢ ᠪᠠᠶᠢᠳᠠᠯ      ᠨᠢᠭᠡᠳᠦᠭᠡᠷ ᠬᠡᠰᠡᠭ ᠬᠥᠭᠵᠢᠯᠲᠡ ᠶᠢᠨ ᠥᠩᠭᠡᠷᠡᠯᠲᠡ     ᠬᠤᠶᠠᠳᠤᠭᠠᠷ ᠬᠡᠰᠡᠭ ᠬᠥᠭᠵᠢᠯᠲᠡ ᠶᠢᠨ ᠰᠠᠭᠤᠷᠢ            ᠭᠤᠷᠪᠠᠳᠤᠭᠠᠷ ᠬᠡᠰᠡᠭ ᠠᠵᠠ ᠲᠤᠭᠢᠶᠠᠯ ᠥᠷᠢᠰᠦᠯᠳᠦᠭᠡᠨ      ᠳᠥᠷᠪᠡᠳᠦᠭᠡᠷ ᠬᠡᠰᠡᠭ ᠴᠢᠬᠤᠯᠠ ᠶᠡᠭᠡ ᠠᠴᠢ ᠬᠤᠯᠪᠣᠭᠳᠠᠯ      ᠬᠤᠶᠠᠳᠤᠭᠠᠷ ᠪᠦᠯᠦᠭ ᠶᠡᠷᠦᠩᠬᠡᠢ ᠱᠠᠭᠠᠷᠳᠠᠯᠭ᠎ᠠ      ᠨᠢᠭᠡᠳᠦᠭᠡᠷ ᠬᠡᠰᠡᠭ ᠵᠢᠯᠤᠭᠤᠳᠬᠤ ᠦᠵᠡᠯ ᠰᠠᠨᠠᠭ᠎ᠠ      ᠬᠤᠶᠠᠳᠤᠭᠠᠷ ᠬᠡᠰᠡᠭ ᠭᠤᠣᠯ ᠵᠠᠷᠴᠢᠮ      ᠭᠤᠷᠪᠠᠳᠤᠭᠠᠷ ᠬᠡᠰᠡᠭ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ      ᠳᠥᠷᠪᠡᠳᠦᠭᠡᠷ ᠬᠡᠰᠡᠭ ᠬᠥᠭᠵᠢᠯᠲᠡ ᠶᠢᠨ ᠬᠠᠷᠠᠯᠲᠠ      ᠲᠠᠪᠤᠳᠤᠭᠠᠷ ᠬᠡᠰᠡᠭ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ      ᠭᠤᠷᠪᠠᠳᠤᠭᠠᠷ ᠪᠦᠯᠦᠭ ᠳᠡᠭᠡᠳᠦ ᠤᠷᠤᠰᠬᠠᠯ ᠤᠨ ᠤᠰᠤᠨ ᠤ ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠨᠢᠭᠡᠳᠦᠭᠡᠷ ᠬᠡᠰᠡᠭ ︽ᠳᠤᠮᠳᠠᠳᠤ ᠶᠢᠨ ᠤᠰᠤᠨ ᠴᠠᠮᠬᠠᠭ︾  ᠢ ᠪᠠᠲᠤ ᠴᠣᠭᠴᠠᠯᠠᠨ᠎ᠠ      ᠬᠤᠶᠠᠳᠤᠭᠠᠷ ᠬᠡᠰᠡᠭ ᠴᠢᠬᠤᠯᠠ ᠤᠰᠤᠨ ᠤ ᠰᠤᠷᠪᠤᠯᠵᠢ ᠶᠢ ᠨᠥᠬᠦᠪᠦᠷᠢᠯᠡᠬᠦ ᠭᠠᠵᠠᠷ ᠢ ᠬᠠᠮᠠᠭᠠᠯᠠᠨ᠎ᠠ      ᠭᠤᠷᠪᠠᠳᠤᠭᠠᠷ ᠬᠡᠰᠡᠭ ᠭᠤᠣᠯᠳᠠᠯᠭ᠎ᠠ ᠲᠠᠢ ᠣᠷᠣᠨ ᠪᠦᠰᠡ ᠶᠢᠨ ᠴᠦᠯᠯᠡᠷᠭᠡᠭᠵᠢᠯ ᠤᠨ ᠵᠠᠰᠠᠯᠲᠠ ᠶᠢ ᠴᠢᠩᠭᠠᠳᠬᠠᠨ᠎ᠠ      ᠳᠥᠷᠪᠡᠳᠦᠭᠡᠷ ᠬᠡᠰᠡᠭ ᠬᠥᠮᠥᠨ ᠤ ᠠᠵᠢᠯᠯᠠᠭᠠᠨ ᠤ ᠭᠡᠲᠦ ᠨᠥᠯᠥᠭᠡ ᠶᠢ ᠪᠠᠭᠤᠷᠠᠭᠤᠯᠤᠨ᠎ᠠ      ᠳᠥᠷᠪᠡᠳᠦᠭᠡᠷ ᠪᠦᠯᠦᠭ ᠳᠤᠮᠳᠠ ᠤᠷᠤᠰᠬᠠᠯ ᠤᠨ ᠤᠰᠤ ᠰᠢᠷᠣᠢ ᠶᠢᠨ ᠬᠠᠮᠠᠭᠠᠯᠠᠯᠲᠠ ᠶᠢ ᠴᠢᠩᠭᠠᠳᠬᠠᠨ᠎ᠠ      ᠨᠢᠭᠡᠳᠦᠭᠡᠷ ᠬᠡᠰᠡᠭ ᠤᠶ ᠰᠢᠭᠤᠢ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠶᠡᠭᠡ ᠪᠠᠷ ᠬᠡᠷᠡᠭᠵᠢᠭᠦᠯᠦᠨ᠎ᠡ      ᠬᠤᠶᠠᠳᠤᠭᠠᠷ ᠬᠡᠰᠡᠭ ᠤᠰᠤ ᠰᠢᠷᠣᠢ ᠶᠢ ᠬᠠᠮᠠᠭᠠᠯᠠᠬᠤ ᠴᠢᠳᠠᠪᠤᠷᠢ ᠶᠢ ᠴᠢᠩᠭᠠᠳᠬᠠᠨ᠎ᠠ      ᠭᠤᠷᠪᠠᠳᠤᠭᠠᠷ ᠬᠡᠰᠡᠭ ᠥᠨᠳᠥᠷ ᠪᠦᠲᠦᠮᠵᠢᠲᠡᠢ ᠬᠠᠭᠤᠷᠠᠢ ᠲᠠᠷᠢᠶᠠᠯᠠᠩ ᠢ ᠬᠥᠭᠵᠢᠭᠦᠯᠦᠨ᠎ᠡ      ᠲᠠᠪᠤᠳᠤᠭᠠᠷ ᠪᠦᠯᠦᠭ ᠳᠣᠣᠷᠠᠳᠤ ᠤᠷᠤᠰᠬᠠᠯ ᠤᠨ ᠨᠤᠭᠤ ᠭᠠᠵᠠᠷ ᠤᠨ ᠬᠠᠮᠠᠭᠠᠯᠠᠯᠲᠠ ᠪᠠ ᠠᠮᠢ ᠠᠬᠤᠢ ᠶᠢᠨ ᠵᠠᠰᠠᠯᠲᠠ ᠶᠢ ᠠᠬᠢᠭᠤᠯᠤᠨ᠎ᠠ      ᠨᠢᠭᠡᠳᠦᠭᠡᠷ ᠬᠡᠰᠡᠭ ᠬᠠᠲᠤᠨ ᠭᠤᠣᠯ ᠤᠨ ᠭᠤᠷᠪᠠᠯᠵᠢᠨ ᠬᠤᠶᠢᠭ ᠤᠨ ᠨᠤᠭᠤ ᠭᠠᠵᠠᠷ ᠢ ᠬᠠᠮᠠᠭᠠᠯᠠᠨ ᠰᠡᠷᠭᠦᠭᠡᠨ᠎ᠡ      ᠬᠤᠶᠠᠳᠤᠭᠠᠷ ᠬᠡᠰᠡᠭ ᠬᠠᠲᠤᠨ ᠭᠤᠣᠯ ᠤᠨ ᠳᠣᠣᠷᠠᠳᠤ ᠤᠷᠤᠰᠬᠠᠯ ᠤᠨ ᠪᠣᠬᠢᠷᠳᠤᠯ ᠦᠭᠡᠢ ᠠᠮᠢ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠤᠨ᠎ᠠ      ᠭᠤᠷᠪᠠᠳᠤᠭᠠᠷ ᠬᠡᠰᠡᠭ ᠭᠤᠣᠯ ᠤᠨ ᠲᠠᠩ ᠤᠨ ᠠᠮᠢ ᠠᠬᠤᠢ ᠶᠢᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠠᠬᠢᠭᠤᠯᠤᠨ᠎ᠠ      ᠵᠢᠷᠭᠤᠳᠤᠭᠠᠷ ᠪᠦᠯᠦᠭ ᠪᠦᠭᠦ ᠰᠠᠪᠠ ᠭᠠᠵᠠᠷ ᠤᠨ ᠤᠰᠤᠨ ᠤ ᠡᠭᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠨ᠎ᠠ      ᠨᠢᠭᠡᠳᠦᠭᠡᠷ ᠬᠡᠰᠡᠭ ᠤᠰᠤᠨ ᠤ ᠡᠭᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠨ᠎ᠠ      ᠬᠤᠶᠠᠳᠤᠭᠠᠷ ᠬᠡᠰᠡᠭ ᠪᠦᠭᠦ ᠰᠠᠪᠠ ᠭᠠᠵᠠᠷ ᠤᠨ ᠤᠰᠤᠨ ᠤ ᠡᠭᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ      ᠭᠤᠷᠪᠠᠳᠤᠭᠠᠷ ᠬᠡᠰᠡᠭ ᠲᠠᠷᠢᠶᠠᠯᠠᠩ ᠪᠠ ᠠᠵᠤ ᠦᠢᠯᠡᠳᠪᠦᠷᠢ ᠶᠢᠨ ᠤᠰᠤ ᠠᠷᠪᠢᠯᠠᠬᠤ ᠡᠷᠴᠢᠮ ᠢ ᠴᠢᠩᠭᠠᠷᠠᠭᠤᠯᠤᠨ᠎ᠠ      ᠳᠥᠷᠪᠡᠳᠦᠭᠡᠷ ᠬᠡᠰᠡᠭ ᠤᠰᠤ ᠠᠷᠪᠢᠯᠠᠬᠤ ᠮᠠᠶ᠋ᠢᠭ ᠤᠨ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠳᠬᠡᠨ ᠪᠦᠷᠢᠯᠳᠦᠭᠦᠯᠦᠨ᠎ᠡ      ᠳᠣᠯᠣᠳᠤᠭᠠᠷ ᠪᠦᠯᠦᠭ ᠬᠠᠲᠤᠨ ᠭᠤᠣᠯ ᠤᠨ ᠥᠨᠢ ᠤᠳᠠᠭᠠᠨ ᠠᠮᠤᠷ ᠲᠣᠭᠲᠠᠭᠤᠨ ᠪᠠᠶᠢᠬᠤ ᠶᠢ ᠪᠦᠭᠦ ᠬᠦᠴᠦᠨ ᠢᠶᠠᠷ ᠢᠶᠠᠨ ᠪᠠᠲᠤᠯᠠᠨ᠎ᠠ      ᠨᠢᠭᠡᠳᠦᠭᠡᠷ ᠬᠡᠰᠡᠭ ᠤᠰᠤ ᠡᠯᠡᠰᠦᠨ ᠤ ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠡᠵᠡᠮᠳᠡᠨ᠎ᠡ      ᠬᠤᠶᠠᠳᠤᠭᠠᠷ ᠬᠡᠰᠡᠭ ᠦᠶᠡᠷ ᠢ ᠰᠡᠷᠭᠡᠶᠢᠯᠡᠬᠦ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ      ᠭᠤᠷᠪᠠᠳᠤᠭᠠᠷ ᠬᠡᠰᠡᠭ ᠭᠠᠮᠰᠢᠭ ᠢ ᠠᠷᠭᠠᠴᠠᠭᠠᠬᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠨᠠᠢᠮᠠᠳᠤᠭᠠᠷ ᠪᠦᠯᠦᠭ ᠣᠷᠴᠢᠨ ᠲᠣᠭᠤᠷᠢᠨ ᠤ ᠪᠣᠬᠢᠷᠳᠤᠯ ᠤᠨ ᠰᠢᠰᠲ᠋ᠧᠮ ᠲᠠᠢ ᠵᠠᠰᠠᠯᠲᠠ ᠶᠢ ᠴᠢᠩᠭᠠᠳᠬᠠᠨ᠎ᠠ      ᠨᠢᠭᠡᠳᠦᠭᠡᠷ ᠬᠡᠰᠡᠭ ᠲᠠᠷᠢᠶᠠᠨ ᠭᠠᠵᠠᠷ ᠤᠨ ᠪᠣᠬᠢᠷᠳᠤᠯ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ      ᠬᠤᠶᠠᠳᠤᠭᠠᠷ ᠬᠡᠰᠡᠭ ᠠᠵᠤ ᠦᠢᠯᠡᠳᠪᠦᠷᠢ ᠶᠢᠨ ᠪᠣᠬᠢᠷᠳᠤᠯ ᠢ ᠬᠠᠮᠵᠢᠯᠴᠠᠨ ᠵᠠᠰᠠᠬᠤ ᠡᠷᠴᠢᠮ ᠢ ᠴᠢᠩᠭᠠᠷᠠᠭᠤᠯᠤᠨ᠎ᠠ      ᠭᠤᠷᠪᠠᠳᠤᠭᠠᠷ ᠬᠡᠰᠡᠭ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠪᠣᠬᠢᠷᠳᠤᠯ ᠤᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ      ᠳᠥᠷᠪᠡᠳᠦᠭᠡᠷ ᠬᠡᠰᠡᠭ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠦᠨ᠎ᠡ      ᠶᠢᠰᠦᠳᠦᠭᠡᠷ ᠪᠦᠯᠦᠭ ᠥᠪᠡᠷᠮᠢᠴᠡ ᠣᠨᠴᠠᠯᠢᠭᠲᠤ ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ      ᠨᠢᠭᠡᠳᠦᠭᠡᠷ ᠬᠡᠰᠡᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ      ᠬᠤᠶᠠᠳᠤᠭᠠᠷ ᠬᠡᠰᠡᠭ ᠲᠠᠷᠢᠶᠠᠯᠠᠩ ᠮᠠᠯ ᠠᠵᠤ ᠠᠬᠤᠢ ᠶᠢ ᠴᠢᠨᠠᠭᠰᠢᠳᠠ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ      ᠭᠤᠷᠪᠠᠳᠤᠭᠠᠷ ᠬᠡᠰᠡᠭ ᠪᠦᠭᠦ ᠤᠯᠤᠰ ᠤᠨ ᠡᠨᠧᠷᠭᠢ ᠶᠢᠨ ᠴᠢᠬᠤᠯᠠ ᠰᠠᠭᠤᠷᠢᠨ ᠢ ᠪᠦᠲᠦᠭᠡᠨ ᠪᠠᠶᠢᠭᠤᠯᠤᠨ᠎ᠠ      ᠳᠥᠷᠪᠡᠳᠦᠭᠡᠷ ᠬᠡᠰᠡᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠲᠡᠷᠢᠭᠦᠨ ᠤ ᠦᠢᠯᠡᠳᠭᠦ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ      ᠠᠷᠪᠠᠳᠤᠭᠠᠷ ᠪᠦᠯᠦᠭ ᠣᠷᠣᠨ ᠪᠦᠰᠡ ᠬᠤᠲᠠ ᠬᠥᠳᠡᠭᠡ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ      ᠨᠢᠭᠡᠳᠦᠭᠡᠷ ᠬᠡᠰᠡᠭ ᠬᠠᠲᠤᠨ ᠭᠤᠣᠯ ᠳᠠᠭᠠᠤ ᠶᠢᠨ ᠬᠤᠲᠠ ᠶᠢᠨ ᠪᠦᠯᠦᠭᠵᠢᠯ ᠢ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠨ᠎ᠠ      ᠬᠤᠶᠠᠳᠤᠭᠠᠷ ᠬᠡᠰᠡᠭ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠤᠨ ᠰᠢᠶᠠᠨ ᠤ ᠬᠤᠲᠠ ᠶᠢᠨ ᠬᠥᠭᠵᠢᠯᠲᠡ ᠶᠢ ᠠᠬᠢᠭᠤᠯᠤᠨ᠎ᠠ      ᠭᠤᠷᠪᠠᠳᠤᠭᠠᠷ ᠬᠡᠰᠡᠭ ᠣᠷᠣᠰᠢᠨ ᠰᠠᠭᠤᠷᠢᠰᠢᠬᠤ ᠳᠤ ᠲᠠᠭᠠᠲᠠᠢ ᠦᠵᠡᠰᠬᠦᠯᠡᠩᠲᠦ ᠰᠠᠶᠢᠬᠠᠨ ᠬᠥᠳᠡᠭᠡ ᠲᠤᠰᠬᠤᠨ ᠢ ᠪᠦᠲᠦᠭᠡᠨ ᠪᠠᠶᠢᠭᠤᠯᠤᠨ᠎ᠠ      ᠠᠷᠪᠠᠨ ᠨᠢᠭᠡᠳᠦᠭᠡᠷ ᠪᠦᠯᠦᠭ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠨ᠎ᠠ      ᠨᠢᠭᠡᠳᠦᠭᠡᠷ ᠬᠡᠰᠡᠭ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ      ᠬᠤᠶᠠᠳᠤᠭᠠᠷ ᠬᠡᠰᠡᠭ ᠳᠦᠭᠦᠮ ᠳᠥᠲᠡ ᠣᠶᠤᠨᠴᠢ ᠪᠣᠬᠢᠷᠳᠤᠯ ᠦᠭᠡᠢ ᠠᠮᠤᠷ ᠲᠦᠪᠰᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠢ ᠪᠠᠶᠢᠭᠤᠯᠤᠨ᠎ᠠ      ᠭᠤᠷᠪᠠᠳᠤᠭᠠᠷ ᠬᠡᠰᠡᠭ ᠣᠷᠣᠨ ᠪᠦᠰᠡ ᠠᠯᠤᠰᠯᠠᠭᠰᠠᠨ ᠶᠡᠭᠡ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ      ᠠᠷᠪᠠᠨ ᠬᠤᠶᠠᠳᠤᠭᠠᠷ ᠪᠦᠯᠦᠭ ᠬᠠᠲᠤᠨ ᠭᠤᠣᠯ ᠤᠨ ᠰᠣᠶᠣᠯ ᠢ ᠬᠠᠮᠠᠭᠠᠯᠠᠨ ᠤᠯᠠᠮᠵᠢᠯᠠᠵᠤ ᠪᠠᠳᠠᠷᠠᠭᠤᠯᠤᠨ᠎ᠠ      ᠨᠢᠭᠡᠳᠦᠭᠡᠷ ᠬᠡᠰᠡᠭ ᠬᠠᠲᠤᠨ ᠭᠤᠣᠯ ᠤᠨ ᠰᠣᠶᠣᠯ ᠤᠨ ᠥᠪ ᠢ ᠰᠢᠰᠲ᠋ᠧᠮ ᠲᠠᠢ ᠬᠠᠮᠠᠭᠠᠯᠠᠨ᠎ᠠ      ᠬᠤᠶᠠᠳᠤᠭᠠᠷ ᠬᠡᠰᠡᠭ ᠬᠠᠳᠤᠨ ᠭᠤᠣᠯ ᠤᠨ ᠰᠣᠶᠣᠯ ᠤᠨ ᠭᠧᠨ ᠢ ᠭᠦᠨᠵᠡᠭᠡᠢ ᠤᠯᠠᠮᠵᠢᠯᠠᠨ᠎ᠠ      ᠭᠤᠷᠪᠠᠳᠤᠭᠠᠷ ᠬᠡᠰᠡᠭ ᠰᠢᠨ᠎ᠡ ᠴᠠᠭ ᠦᠶ᠎ᠡ ᠶᠢᠨ ᠬᠠᠳᠤᠨ ᠭᠤᠣᠯ ᠤᠨ ᠦᠯᠢᠭᠡᠷ ᠢ ᠰᠠᠶᠢᠲᠤᠷ ᠶᠠᠷᠢᠨ᠎ᠠ      ᠳᠥᠷᠪᠡᠳᠦᠭᠡᠷ ᠬᠡᠰᠡᠭ ᠤᠯᠠᠨ ᠤᠯᠤᠰ ᠤᠨ ᠨᠥᠯᠥᠭᠡᠯᠡᠬᠦ ᠬᠦᠴᠦᠨ ᠲᠠᠢ ᠬᠠᠳᠤᠨ ᠭᠤᠣᠯ ᠤᠨ ᠰᠣᠶᠣᠯ ᠵᠢᠭᠤᠯᠴᠢᠯᠠᠯ ᠤᠨ ᠪᠦᠰᠡ ᠶᠢ ᠴᠣᠭᠴᠠᠯᠠᠨ᠎ᠠ      ᠠᠷᠪᠠᠨ ᠭᠤᠷᠪᠠᠳᠤᠭᠠᠷ ᠪᠦᠯᠦᠭ ᠠᠷᠠᠳ ᠤᠨ ᠠᠮᠢᠳᠤᠷᠠᠯ ᠤᠨ ᠳᠤᠲᠠᠭᠤᠳᠠᠯ ᠪᠠ ᠪᠠᠭᠤᠷᠠᠢ ᠲᠠᠯ᠎ᠠ ᠶᠢ ᠨᠥᠬᠦᠪᠦᠷᠢᠯᠡᠨ᠎ᠡ      ᠨᠢᠭᠡᠳᠦᠭᠡᠷ ᠬᠡᠰᠡᠭ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ      ᠬᠤᠶᠠᠳᠤᠭᠠᠷ ᠬᠡᠰᠡᠭ ᠰᠤᠷᠭᠠᠨ ᠬᠥᠮᠦᠵᠢᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ      ᠭᠤᠷᠪᠠᠳᠤᠭᠠᠷ ᠬᠡᠰᠡᠭ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠎ᠠ      ᠳᠥᠷᠪᠡᠳᠦᠭᠡᠷ ᠬᠡᠰᠡᠭ ᠣᠨᠴᠠ ᠲᠦᠷᠦᠯ ᠤᠨ ᠭᠠᠵᠠᠷ ᠣᠷᠣᠨ ᠤ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ      ᠠᠷᠪᠠᠨ ᠳᠥᠷᠪᠡᠳᠦᠭᠡᠷ ᠪᠦᠯᠦᠭ ᠥᠭᠡᠷᠡᠴᠢᠯᠡᠯᠲᠡ ᠨᠡᠭᠡᠭᠡᠯᠲᠡ ᠶᠢᠨ ᠠᠯᠬᠤᠭ᠎ᠠ ᠶᠢ ᠲᠦᠷᠭᠡᠳᠬᠡᠨ᠎ᠡ      ᠨᠢᠭᠡᠳᠦᠭᠡᠷ ᠬᠡᠰᠡᠭ ᠬᠠᠲᠤᠨ ᠭᠤᠣᠯ ᠤᠨ ᠰᠠᠪᠠ ᠭᠠᠵᠠᠷ ᠤᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ      ᠬᠤᠶᠠᠳᠤᠭᠠᠷ ᠬᠡᠰᠡᠭ ᠠᠮᠢ ᠠᠬᠤᠢ ᠶᠢᠨ ᠦᠢᠯᠡᠳᠬᠦᠨ ᠤ ᠦᠷᠲᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ      ᠭᠤᠷᠪᠠᠳᠤᠭᠠᠷ ᠬᠡᠰᠡᠭ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠎ᠠ      ᠳᠥᠷᠪᠡᠳᠦᠭᠡᠷ ᠬᠡᠰᠡᠭ ︽ᠨᠢᠭᠡ ᠪᠦᠰᠡ ᠨᠢᠭᠡ ᠵᠠᠮ︾  ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠨ᠎ᠠ      ᠲᠠᠪᠤᠳᠤᠭᠠᠷ ᠬᠡᠰᠡᠭ ᠣᠷᠣᠨ ᠪᠦᠰᠡ ᠶᠢᠨ ᠬᠤᠭᠤᠷᠤᠨᠳᠤᠭᠢ ᠨᠡᠭᠡᠭᠡᠯᠲᠡ ᠬᠢᠵᠦ ᠬᠠᠮᠲᠤᠷᠠᠯᠴᠠᠬᠤ ᠲᠣᠭᠲᠠᠴᠠ ᠶᠢ ᠪᠦᠷᠢᠨᠰᠢᠭᠦᠯᠦᠨ᠎ᠡ      ᠠᠷᠪᠠᠨ ᠲᠠᠪᠤᠳᠤᠭᠠᠷ ᠪᠦᠯᠦᠭ ᠲᠥᠯᠦᠪᠵᠢᠭᠦᠯᠭᠡ ᠬᠡᠷᠡᠭᠵᠢᠭᠦᠯᠦᠯᠲᠡ ᠶᠢ ᠠᠬᠢᠭᠤᠯᠤᠨ᠎ᠠ      ᠨᠢᠭᠡᠳᠦᠭᠡᠷ ᠬᠡᠰᠡᠭ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ᠎ᠠ      ᠬᠤᠶᠠᠳᠤᠭᠠᠷ ᠬᠡᠰᠡᠭ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠨ᠎ᠠ      ᠭᠤᠷᠪᠠᠳᠤᠭᠠᠷ ᠬᠡᠰᠡᠭ ᠤᠯᠤᠰ ᠤᠨ ᠭᠠᠵᠠᠷ ᠰᠢᠷᠣᠢ ᠶᠢᠨ ᠵᠠᠰᠠᠯᠲᠠ ᠶᠢᠨ ᠴᠢᠳᠠᠪᠤᠷᠢ ᠶᠢ ᠴᠢᠩᠭᠠᠳᠬᠠᠨ᠎ᠠ      ᠳᠥᠷᠪᠡᠳᠦᠭᠡᠷ ᠬᠡᠰᠡᠭ ᠲᠥᠯᠦᠪᠵᠢᠭᠦᠯᠭᠡ ᠶᠢᠨ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ      ᠲᠠᠪᠤᠳᠤᠭᠠᠷ ᠬᠡᠰᠡᠭ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ      ᠡᠮᠦᠨᠡᠭᠢ ᠦᠭᠡ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠤᠯᠠᠨ ᠤᠳᠠᠭ᠎ᠠ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ︽ᠭᠤᠷᠪᠠᠨ ᠮᠥᠷᠡᠨ︾  ᠤ ᠡᠭᠢ᠂ ᠴᠢ ᠯᠢᠶᠠᠨ ᠱᠠᠨ ᠠᠭᠤᠯᠠ᠂ ᠴᠢᠨᠯᠢᠩ ᠳᠠᠪᠠᠭ᠎ᠠ᠂ ᠠᠯᠠᠱᠠ ᠠᠭᠤᠯᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠥᠭᠴᠡᠢ᠃ ᠶᠡᠷᠦᠩᠬᠡᠢ ᠱᠦᠵᠢ ᠰᠢ ᠶᠢᠨ ᠫᠢᠩ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠪᠣᠯ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠮᠥᠨ᠂ ᠶᠡᠭᠡ ᠬᠠᠮᠠᠭᠠᠯᠠᠯᠲᠠ ᠶᠢ ᠬᠠᠮᠲᠤ ᠪᠠᠷ ᠰᠠᠶᠢᠲᠤᠷ ᠠᠳᠬᠤᠵᠤ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠬᠦᠴᠦᠯᠡᠨ ᠴᠢᠩᠭᠠᠳᠬᠠᠵᠤ᠂ ᠬᠠᠲᠤᠨ ᠭᠤᠣᠯ ᠤᠨ ᠤᠰᠤ ᠵᠢᠯ ᠤᠨ ᠵᠢᠯ ᠳᠡᠭᠡᠨ ᠠᠮᠤᠷ ᠲᠣᠭᠲᠠᠭᠤᠨ ᠪᠠᠶᠢᠬᠤ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠵᠤ᠂ ᠪᠦᠭᠦ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠤᠯᠠᠨ ᠤ ᠠᠮᠢᠳᠤᠷᠠᠯ ᠢ ᠰᠠᠶᠢᠵᠢᠷᠠᠭᠤᠯᠵᠤ᠂ ᠬᠠᠲᠤᠨ ᠭᠤᠣᠯ ᠤᠨ ᠰᠣᠶᠣᠯ ᠢ ᠬᠠᠮᠠᠭᠠᠯᠠᠨ ᠤᠯᠠᠮᠵᠢᠯᠠᠵᠤ᠂ ᠬᠠᠲᠤᠨ ᠭᠤᠣᠯ ᠢ ᠠᠷᠠᠳ ᠲᠦᠮᠡᠨ ᠳᠤ ᠪᠤᠶᠠᠨ ᠦᠢᠯᠡᠳᠭᠦ ᠵᠢᠷᠭᠠᠯ ᠤᠨ ᠭᠤᠣᠯ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠠᠲᠤᠨ ᠭᠤᠣᠯ ᠬᠥᠬᠡᠨᠠᠭᠤᠷ ᠲᠥᠪᠡᠳ ᠤᠨ ᠥᠨᠳᠦᠷᠯᠢᠭ ᠤᠨ ᠪᠠᠶᠠᠨᠬᠠᠷ᠎ᠠ ᠠᠭᠤᠯᠠ ᠶᠢᠨ ᠠᠷᠤ ᠬᠤᠷᠮᠣᠢ ᠠᠴᠠ ᠡᠭᠢ ᠠᠪᠴᠤ᠂ ︽几︾ ᠦᠰᠦᠭ ᠤᠨ ᠲᠣᠬᠤᠶᠢᠯᠠᠭᠰᠠᠨ ᠭᠡᠯᠪᠡᠷᠢ ᠪᠠᠷ ᠬᠥᠬᠡᠨᠠᠭᠤᠷ᠂ ᠰᠧᠴᠤᠸᠠᠨ᠂ ᠭᠠᠨᠰᠤ᠂ ᠨᠢᠩᠰᠢᠶᠠ᠂ ᠥᠪᠥᠷ ᠮᠣᠩᠭᠤᠯ᠂ ᠱᠠᠨ ᠰᠢ᠂ ᠱᠠᠨᠰᠢ᠂ ᠾᠧᠨᠠᠨ᠂ ᠱᠠᠨᠳᠦ᠋ᠩ ᠵᠡᠷᠭᠡ 9 ᠮᠤᠵᠢ ᠥᠪᠡᠷᠲᠡᠭᠡᠨ ᠵᠠᠰᠠᠬᠤ ᠣᠷᠣᠨ ᠢᠶᠠᠷ ᠤᠷᠤᠰᠤᠨ ᠥᠩᠭᠡᠷᠡᠵᠦ᠂ ᠪᠦᠭᠦ ᠤᠷᠳᠤ ᠨᠢ 5464 ᠺᠢᠯᠣᠮᠧᠲᠷ ᠪᠠᠶᠢᠵᠤ᠂ ᠮᠠᠨ ᠤ ᠤᠯᠤᠰ ᠤᠨ ᠬᠤᠶᠠᠳᠤᠭᠠᠷ ᠤᠷᠲᠤ ᠭᠤᠣᠯ ᠪᠣᠯᠣᠨ᠎ᠠ᠃ ᠬᠠᠳᠤᠨ ᠭᠤᠣᠯ ᠤᠨ ᠰᠠᠪᠠ ᠭᠠᠵᠠᠷ ᠪᠠᠷᠠᠭᠤᠨᠰᠢ ᠪᠠᠨ ᠺᠦᠨᠯᠦ᠋ᠨ ᠠᠭᠤᠯᠠ ᠲᠠᠢ ᠵᠠᠯᠭᠠᠯᠳᠤᠵᠤ᠂ ᠤᠮᠠᠷᠠᠰᠢ ᠪᠠᠨ ᠮᠤᠨᠢ ᠠᠭᠤᠯᠠᠨ ᠳᠤ ᠬᠦᠷᠴᠦ᠂ ᠡᠮᠦᠨᠡᠰᠢ ᠴᠢᠨᠯᠢᠩ ᠳᠠᠪᠠᠭ᠎ᠠ ᠶᠢ ᠲᠦᠰᠢᠵᠦ᠂ ᠵᠡᠭᠦᠨᠰᠢ ᠪᠦᠧᠧᠬᠠᠢ ᠲᠠᠩᠭᠢᠰ ᠲᠠᠢ ᠨᠢᠭᠤᠷᠯᠠᠵᠤ᠂ ᠵᠡᠭᠦᠨ ᠳᠤᠮᠳᠠ ᠪᠠᠷᠠᠭᠤᠨ ᠣᠷᠣᠨ ᠢ ᠰᠤᠨᠳᠠᠯᠠᠵᠤ᠂ ᠮᠠᠨ ᠤ ᠤᠯᠤᠰ ᠤᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠬᠤ ᠪᠥᠭᠡᠳ ᠪᠠᠰᠠ ᠬᠥᠮᠥᠨ ᠠᠮᠠ ᠶᠢᠨ ᠠᠵᠢᠯᠯᠠᠭ᠎ᠠ ᠪᠠ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠣᠷᠣᠨ ᠪᠦᠰᠡ ᠪᠠᠶᠢᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠤ ᠮᠠᠰᠢ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠃      ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠥᠯᠥᠭᠡ᠂ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ᠶᠢᠨ ᠬᠥᠲᠥᠯᠪᠦᠷᠢ︾  ᠶᠢ ᠨᠠᠶᠢᠷᠠᠭᠤᠯᠤᠨ ᠵᠣᠬᠢᠶᠠᠪᠠ᠃ ᠲᠥᠯᠦᠪᠵᠢᠭᠦᠯᠭᠡ ᠶᠢᠨ ᠬᠡᠪᠴᠢᠶ᠎ᠡ ᠪᠣᠯ ᠬᠠᠲᠤᠨ ᠭᠤᠣᠯ ᠤᠨ ᠭᠤᠣᠯ ᠴᠢᠳᠬᠤᠯᠠᠩ ᠤᠨ ᠤᠷᠤᠰᠤᠨ ᠥᠩᠭᠡᠷᠡᠬᠦ ᠬᠥᠬᠡᠨᠠᠭᠤᠷ᠂ ᠰᠧᠴᠤᠸᠠᠨ᠂ ᠭᠠᠨᠰᠤ᠂ ᠨᠢᠩᠰᠢᠶᠠ᠂ ᠥᠪᠥᠷ ᠮᠣᠩᠭᠤᠯ᠂ ᠱᠠᠨ ᠰᠢ᠂ ᠱᠠᠨᠰᠢ᠂ ᠾᠧᠨᠠᠨ᠂ ᠱᠠᠨᠳᠦ᠋ᠩ ᠵᠡᠷᠭᠡ 9 ᠮᠤᠵᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠪᠣᠯᠣᠨ᠎ᠠ᠂ ᠤᠯᠤᠰ ᠤᠨ ᠨᠤᠲᠤᠭ ᠳᠡᠪᠢᠰᠬᠡᠷ ᠤᠨ ᠲᠠᠯᠠᠪᠠᠶ ᠨᠢ ᠪᠠᠷᠤᠭ 130 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 2019 ᠣᠨ ᠤ ᠵᠢᠯ ᠤᠨ ᠡᠴᠦᠰ ᠤᠨ ᠪᠦᠭᠦ ᠬᠥᠮᠥᠨ ᠠᠮᠠ ᠪᠠᠷᠤᠭ 1.6 ᠳ᠋ᠦᠩᠰᠢᠭᠤᠷ ᠪᠠᠶᠢᠪᠠ᠃ ᠴᠢᠬᠤᠯᠠ ᠠᠮᠢ ᠠᠬᠤᠢ ᠶᠢᠨ ᠰᠢᠰᠲ᠋ᠧᠮ ᠤᠨ ᠪᠦᠷᠢᠨ ᠪᠦᠲᠦᠨ ᠴᠢᠨᠠᠷ᠂ ᠡᠭᠢ ᠪᠠᠶᠠᠯᠢᠭ ᠤᠨ ᠲᠣᠬᠢᠷᠠᠭᠤᠯᠤᠯᠲᠠ ᠶᠢᠨ ᠵᠦᠢ ᠶᠣᠰᠣᠴᠢ ᠴᠢᠨᠠᠷ᠂ ᠰᠣᠶᠣᠯ ᠤᠨ ᠬᠠᠮᠠᠭᠠᠯᠠᠯᠲᠠ ᠶᠢ ᠤᠯᠠᠮᠵᠢᠯᠠᠨ ᠪᠠᠳᠠᠷᠠᠭᠤᠯᠬᠤ ᠶᠢᠨ ᠬᠤᠯᠪᠣᠭᠳᠠᠯᠲᠤ ᠴᠢᠨᠠᠷ ᠢ ᠪᠠᠲᠤᠯᠠᠬᠤ ᠶᠢᠨ ᠲᠥᠯᠥᠭᠡ᠂ ᠠᠮᠢ ᠠᠬᠤᠢ᠂ ᠠᠵᠤ ᠠᠬᠤᠢ᠂ ᠰᠣᠶᠣᠯ ᠵᠡᠷᠭᠡ ᠬᠦᠷᠢᠶᠡᠨ ᠤ ᠠᠷᠭ᠎ᠠ ᠬᠡᠮᠵᠢᠶ᠎ᠡ ᠶᠢ ᠲᠥᠰᠥᠪᠯᠡᠨ ᠬᠡᠷᠡᠭᠵᠢᠭᠦᠯᠬᠦ ᠳᠡᠭᠡᠨ᠂ ᠪᠣᠳᠠᠲᠤ ᠪᠠᠶᠢᠳᠠᠯ ᠢ ᠦᠨᠳᠦᠰᠦᠯᠡᠨ ᠨᠢᠭᠲᠠ ᠬᠠᠷᠢᠯᠴᠠᠭ᠎ᠠ ᠲᠠᠢ ᠣᠷᠣᠨ ᠪᠦᠰᠡ ᠶᠢ ᠬᠠᠮᠲᠤ ᠳᠤᠨᠢ ᠬᠠᠷᠠᠭᠠᠯᠵᠠᠵᠤ ᠪᠣᠯᠣᠨ᠎ᠠ᠃      ᠲᠤᠰ ᠲᠥᠯᠦᠪᠵᠢᠭᠦᠯᠭᠡ ᠶᠢᠨ ᠬᠥᠲᠥᠯᠪᠦᠷᠢ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠣᠨ᠎ᠠ᠂ ᠬᠠᠮᠢᠶ᠎ᠠ ᠪᠦᠬᠦᠢ ᠲᠥᠯᠦᠪᠵᠢᠭᠦᠯᠭᠡ ᠶᠢᠨ ᠲᠥᠰᠥᠯ᠂ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠬᠦ ᠪᠠ ᠬᠠᠮᠢᠶ᠎ᠠ ᠪᠦᠬᠦᠢ ᠢᠨᠵᠧᠨᠧᠷᠢᠩ ᠤᠨ ᠲᠦᠷᠦᠯ ᠵᠦᠢᠯ ᠢ ᠪᠦᠲᠦᠭᠡᠨ ᠪᠠᠶᠢᠭᠤᠯᠬᠤ ᠶᠢᠨ ᠴᠢᠬᠤᠯᠠ ᠦᠨᠳᠦᠰᠦᠯᠡᠯ ᠪᠣᠯᠣᠨ᠎ᠠ᠃ ᠲᠥᠯᠦᠪᠵᠢᠭᠦᠯᠭᠡ ᠶᠢᠨ ᠬᠤᠭᠤᠴᠠᠭ᠎ᠠ ᠨᠢ 2030 ᠣᠨ᠂ ᠳᠤᠮᠳᠠ ᠬᠤᠭᠤᠴᠠᠭᠠᠨ ᠤ ᠪᠠᠷᠠᠯᠠᠯ ᠨᠢ 2035 ᠣᠨ ᠳᠤ ᠬᠦᠷᠴᠦ᠂ ᠠᠯᠤᠰ ᠬᠤᠭᠤᠴᠠᠭᠠᠨ ᠤ ᠪᠠᠷᠠᠯᠠᠯ ᠨᠢ ᠲᠤᠰ ᠵᠠᠭᠤᠨ ᠤ ᠳᠤᠮᠳᠠᠴᠢ ᠦᠶ᠎ᠡ ᠭᠦᠷᠦᠨ᠎ᠡ᠃      ᠨᠢᠭᠡᠳᠦᠭᠡᠷ ᠪᠦᠯᠦᠭ ᠬᠥᠭᠵᠢᠯᠲᠡ ᠶᠢᠨ ᠠᠬᠤᠢ ᠪᠠᠶᠢᠳᠠᠯ      ᠬᠠᠳᠤᠨ ᠭᠤᠣᠯ ᠪᠣᠯ ᠳᠤᠮᠳᠠᠳᠤ ᠶᠢᠨ ᠦᠨᠳᠦᠰᠦᠲᠡᠨ ᠤ ᠡᠬᠡ ᠭᠤᠣᠯ ᠮᠥᠨ᠂ ᠤᠷᠲᠦ ᠤᠳᠠᠭᠠᠨ ᠲᠡᠦᠬᠡ ᠲᠠᠢ ᠪᠥᠭᠡᠳ ᠠᠭᠤᠤ ᠶᠡᠭᠡ ᠳᠤᠮᠳᠠᠳᠤ ᠶᠢᠨ ᠪᠣᠯᠪᠠᠰᠤᠨ ᠢ ᠪᠤᠢ ᠪᠣᠯᠭᠠᠪᠠ᠂ ᠬᠠᠳᠤᠨ ᠭᠤᠣᠯ ᠢ ᠬᠠᠮᠠᠭᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠤᠯᠪᠣᠭᠳᠠᠬᠤ ᠮᠢᠩᠭᠠᠨ ᠣᠨ ᠤ ᠶᠡᠭᠡ ᠪᠣᠳᠣᠯᠭ᠎ᠠ ᠮᠥᠨ᠃      ᠨᠢᠭᠡᠳᠦᠭᠡᠷ ᠬᠡᠰᠡᠭ ᠬᠥᠭᠵᠢᠯᠲᠡ ᠶᠢᠨ ᠥᠩᠭᠡᠷᠡᠯᠲᠡ      ᠠᠯᠢ ᠡᠷᠲᠡ ᠦᠶ᠎ᠡ ᠳᠤ᠂ ᠬᠠᠲᠤᠨ ᠭᠤᠣᠯ ᠤᠨ ᠰᠠᠪᠠ ᠭᠠᠵᠠᠷ ᠪᠣᠯ ᠳᠠᠷᠤᠢ ᠳᠤᠮᠳᠠᠳᠤ ᠶᠢᠨ ᠡᠪᠦᠭᠡ ᠳᠡᠭᠡᠳᠦᠰ ᠤᠨ ᠣᠷᠣᠰᠢᠨ ᠠᠮᠢᠳᠤᠷᠠᠵᠤ ᠪᠠᠶᠢᠭᠰᠠᠨ ᠴᠢᠬᠤᠯᠠ ᠭᠡᠷ ᠣᠷᠣᠨ ᠮᠥᠨ᠃ ᠳᠤᠮᠳᠠᠳᠤ ᠶᠢᠨ ᠪᠣᠯᠪᠠᠰᠤᠨ ᠤ ᠡᠷᠲᠡᠨ ᠡᠳᠦᠭᠡ ᠲᠠᠪᠤᠨ ᠮᠢᠩᠭᠠᠨ ᠵᠢᠯ ᠤᠨ 3000 ᠭᠠᠷᠤᠢ ᠵᠢᠯ ᠤᠨ ᠤᠷᠳᠤ ᠬᠤᠭᠤᠴᠠᠭᠠᠨ ᠳᠤ᠂ ᠬᠠᠳᠤᠨ ᠭᠤᠣᠯ ᠤᠨ ᠰᠠᠪᠠ ᠭᠠᠵᠠᠷ ᠨᠢ ᠪᠦᠭᠦ ᠤᠯᠤᠰ ᠤᠨ ᠤᠯᠤᠰ ᠲᠦᠷᠦ᠂ ᠠᠵᠤ ᠠᠬᠤᠢ ᠪᠣᠯᠣᠨ ᠰᠣᠶᠣᠯ ᠤᠨ ᠲᠥᠪ ᠪᠣᠯᠣᠭᠰᠠᠭᠠᠷ ᠢᠷᠡᠵᠦ᠂ ᠬᠠᠳᠤᠨ ᠭᠤᠣᠯ ᠤᠨ ᠰᠠᠪᠠ ᠭᠠᠵᠠᠷ ᠢᠶᠠᠷ ᠲᠥᠯᠥᠭᠡᠯᠡᠭᠦᠯᠦᠭᠰᠡᠨ ᠮᠠᠨ ᠤ ᠤᠯᠤᠰ ᠤᠨ ᠡᠷᠲᠡᠨ ᠤ ᠬᠥᠭᠵᠢᠯᠲᠡ ᠶᠢᠨ ᠲᠦᠪᠰᠢᠨ ᠤᠷᠳᠤ ᠬᠤᠭᠤᠴᠠᠭ᠎ᠠ ᠪᠠᠷ ᠳᠡᠯᠡᠬᠡᠢ ᠳᠤ ᠲᠦᠷᠦᠭᠦᠯᠡᠭᠰᠡᠭᠡᠷ ᠢᠷᠡᠵᠠᠢ᠃ ᠶᠢᠰᠦ ᠮᠤᠷᠤᠶᠢᠭᠰᠠᠨ ᠬᠠᠳᠤᠨ ᠭᠤᠣᠯ ᠠᠨᠠᠪᠠᠳ ᠳᠠᠯᠠᠢ ᠳᠤ ᠴᠢᠳᠬᠤᠯᠠᠨ᠂ ᠨᠤᠭᠤᠷᠠᠰᠢ ᠦᠭᠡᠢ ᠰᠦᠷ ᠳᠠᠯᠠᠶᠢᠴᠠᠲᠠᠢ ᠬᠦᠴᠦᠨ ᠢᠶᠠᠷ ᠳᠤᠮᠳᠠᠳᠤ ᠶᠢᠨ ᠦᠨᠳᠦᠰᠦᠲᠡᠨ ᠤ ᠴᠥᠬᠦᠷᠡᠯᠲᠡ ᠦᠭᠡᠢ ᠴᠢᠷᠮᠠᠶᠢᠬᠤ ᠠᠭᠤᠤ ᠶᠡᠭᠡ ᠬᠡᠪ ᠨᠠᠮᠪᠠ ᠶᠢ ᠪᠦᠷᠢᠯᠳᠦᠭᠦᠯᠵᠦ᠂ ᠦᠨᠳᠦᠰᠦᠲᠡᠨ ᠤ ᠵᠣᠷᠢᠭ ᠰᠠᠨᠠᠭᠠᠨ ᠤ ᠴᠢᠬᠤᠯᠠ ᠪᠡᠯᠭᠡ ᠲᠡᠮᠳᠡᠭ ᠪᠣᠯᠵᠠᠢ᠃      ᠬᠠᠲᠤᠨ ᠭᠤᠣᠯ ᠪᠣᠯ ᠪᠦᠭᠦ ᠳᠡᠯᠡᠬᠡᠢ ᠶᠢᠨ ᠡᠯᠡᠰᠦ ᠰᠢᠷᠣᠢ ᠶᠢᠨ ᠠᠭᠤᠯᠤᠭᠳᠠᠴᠠ ᠪᠠᠷ ᠬᠠᠮᠤᠭ ᠤᠨ ᠥᠨᠳᠥᠷ᠂ ᠵᠠᠰᠠᠬᠤ ᠬᠦᠴᠢᠷᠳᠡᠯ ᠢᠶᠠᠷ ᠬᠠᠮᠤᠭ ᠤᠨ ᠶᠡᠭᠡ᠂ ᠤᠰᠤᠨ ᠤ ᠭᠠᠮᠰᠢᠭ ᠢᠶᠠᠷ ᠬᠦᠨᠳᠦ ᠨᠣᠴᠢᠲᠠᠢ ᠭᠤᠣᠯ ᠮᠥᠷᠡᠨ ᠤ ᠨᠢᠭᠡ ᠪᠣᠯᠣᠨ᠎ᠠ᠂ ᠲᠡᠦᠬᠡᠨ ᠳᠡᠭᠡᠷ᠎ᠡ ︽ᠭᠤᠷᠪᠠᠨ ᠵᠢᠯ ᠳᠤ ᠬᠤᠶᠠᠷ ᠤᠳᠠᠭ᠎ᠠ ᠬᠠᠰᠢᠯᠭ᠎ᠠ ᠰᠡᠲᠡᠷᠡᠵᠦ᠂ ᠵᠠᠭᠤᠨ ᠵᠢᠯ ᠳᠤ ᠨᠢᠭᠡ ᠤᠳᠠᠭ᠎ᠠ ᠵᠠᠮ ᠰᠣᠯᠢᠬᠤ︾ ᠪᠠᠶᠢᠳᠠᠯ ᠭᠠᠷᠴᠤ᠂ ᠦᠶᠡᠷ ᠤᠰᠤᠲᠤᠯ ᠤᠨ ᠭᠠᠮᠰᠢᠭ ᠤᠨ ᠨᠥᠯᠥᠭᠡᠯᠡᠭᠰᠡᠨ ᠬᠡᠪᠴᠢᠶ᠎ᠡ ᠨᠢ ᠤᠮᠠᠷᠠᠰᠢ ᠲᠢᠶᠠᠨᠵᠢᠨ ᠳᠤ ᠬᠦᠷᠴᠦ᠂ ᠡᠮᠦᠨᠡᠰᠢ ᠬᠥᠬᠡᠮᠥ᠋ᠷᠡᠨ ᠬᠤᠸᠠᠢ ᠾᠧ ᠭᠤᠣᠯ ᠳᠤ ᠬᠦᠷᠴᠡᠢ᠃ ᠬᠠᠲᠤᠨ ᠭᠤᠣᠯ ︽ᠠᠮᠠᠷᠬᠠᠨ ᠨᠦᠯᠦᠵᠦ᠂ ᠠᠮᠠᠷᠬᠠᠨ ᠰᠠᠳᠠᠷᠠᠵᠦ᠂ ᠠᠮᠠᠷᠬᠠᠨ ᠨᠡᠭᠦᠳᠡᠭ︾ ᠪᠠᠶᠢᠵᠤ᠂ ᠥᠩ ᠰᠢᠮᠡᠯᠢᠭ ᠤᠮᠠᠷᠠᠲᠤ ᠣᠷᠣᠨ ᠤ ᠶᠡᠭᠡ ᠲᠠᠯ᠎ᠠ ᠭᠠᠵᠠᠷ ᠢ ᠴᠣᠭᠴᠠᠯᠠᠨ ᠪᠠᠶᠢᠭᠤᠯᠬᠤ ᠶᠢᠨ ᠬᠠᠮᠲᠤ᠂ ᠡᠷᠭᠢ ᠳᠠᠭᠠᠤ ᠣᠷᠣᠨ ᠤ ᠠᠷᠠᠳ ᠲᠦᠮᠡᠨ ᠳᠤ ᠬᠦᠨᠳᠦ ᠨᠣᠴᠢᠲᠠᠢ ᠭᠠᠢ ᠭᠠᠮᠰᠢᠭ ᠤᠴᠠᠷᠠᠭᠤᠯᠤᠭᠰᠠᠨ ᠶᠤᠮ᠃ ᠳ᠋ᠠ ᠢᠦᠢ ᠤᠰᠤ ᠵᠠᠰᠠᠭᠰᠠᠨ ᠠᠴᠠ ᠫᠠᠨ ᠵᠢᠢ ᠰᠢᠶᠦ᠋ᠨ ᠤ ︽ᠤᠰᠤ ᠶᠢ ᠬᠠᠰᠢᠵᠤ ᠡᠯᠡᠰᠦ ᠶᠢ ᠲᠠᠭᠠᠷᠢᠭᠰᠠᠨ︾ ᠭᠦᠷᠲᠡᠯ᠎ᠡ᠂ ᠬᠠᠨ ᠦ᠋ ᠳ᠋ᠢ ᠬᠠᠭᠠᠨ ᠤ ᠦᠶ᠎ᠡ ᠶᠢᠨ ︽ᠬᠤ᠋ ᠽᠢ ᠶᠢᠨ ᠠᠮᠠ ᠶᠢ ᠪᠥᠭᠯᠡᠭᠰᠡᠨ︾  ᠠᠴᠠ ᠴᠢᠩ ᠤᠯᠤᠰ ᠤᠨ ᠡᠩᠬᠡ ᠠᠮᠤᠭᠤᠯᠠᠩ ᠬᠠᠭᠠᠨ ᠤ ᠦᠶ᠎ᠡ ᠶᠢᠨ ︽ᠭᠤᠣᠯ ᠤᠨ ᠶᠠᠪᠤᠳᠠᠯ᠂ ᠤᠰᠤᠨ ᠤ ᠵᠥᠭᠡᠭᠡᠪᠦᠷᠢ︾  ᠶᠢ ᠣᠷᠳᠣᠨ ᠤ ᠲᠤᠯᠭᠠᠭᠤᠷᠢ ᠳᠡᠭᠡᠷ᠎ᠡ ᠰᠡᠶᠢᠯᠦᠭᠰᠡᠨ ᠭᠦᠷᠲᠡᠯ᠎ᠡ᠂ ᠳᠤᠮᠳᠠᠳᠤ ᠶᠢᠨ ᠦᠨᠳᠦᠰᠦᠲᠡᠨ ᠢᠮᠠᠭᠲᠠ ᠬᠠᠳᠤᠨ ᠭᠤᠣᠯ ᠤᠨ ᠦᠶᠡᠷ ᠤᠰᠤᠲᠤᠯ ᠭᠠᠩ ᠬᠠᠭᠰᠠᠷᠠᠭᠠᠨ ᠲᠠᠢ ᠲᠡᠮᠡᠴᠡᠯ ᠬᠢᠭᠰᠡᠭᠡᠷ ᠢᠷᠡᠵᠠᠢ᠃ ᠭᠡᠪᠡᠴᠦ ᠦᠢᠯᠡᠳᠪᠦᠷᠢᠯᠡᠯ ᠤᠨ ᠬᠦᠴᠦᠨ ᠤ ᠲᠦᠪᠰᠢᠨ ᠪᠣᠯᠣᠨ ᠨᠡᠶᠢᠭᠡᠮ ᠤᠨ ᠪᠠᠶᠢᠭᠤᠯᠤᠯ ᠤᠨ ᠬᠢᠵᠠᠭᠠᠷᠯᠠᠯ ᠠᠴᠠ ᠪᠣᠯᠵᠤ᠂ ︽ᠤᠰᠤ ᠪᠠᠷ ᠴᠡᠷᠢᠭ ᠢ ᠣᠷᠣᠯᠠᠭᠤᠯᠬᠤ︾ ᠵᠡᠷᠭᠡ ᠵᠣᠷᠢᠭᠤᠳᠠ ᠡᠪᠳᠡᠯᠡᠭᠡ ᠠᠴᠠ ᠪᠣᠯᠵᠤ᠂ ᠬᠠᠳᠤᠨ ᠭᠤᠣᠯ ᠤᠨ ︽ᠣᠯᠠᠨᠲᠠ ᠵᠠᠰᠠᠵᠤ ᠣᠯᠠᠨᠲᠠ ᠰᠡᠳᠡᠷᠡᠭᠦ︾ ᠪᠠᠶᠢᠳᠠᠯ ᠶᠡᠷᠦ ᠨᠢ ᠦᠨᠳᠦᠰᠦᠨ ᠬᠤᠪᠢᠷᠠᠯᠲᠠ ᠭᠠᠷᠤᠭᠰᠠᠨ ᠦᠭᠡᠢ᠂ ᠬᠠᠳᠤᠨ ᠭᠤᠣᠯ ᠳᠠᠭᠠᠤ ᠶᠢᠨ ᠠᠷᠠᠳ ᠲᠦᠮᠡᠨ ᠤ ᠠᠮᠤᠷ ᠠᠮᠤᠭᠤᠯᠠᠩ ᠵᠣᠯ ᠵᠢᠷᠭᠠᠯᠲᠤ ᠠᠮᠢᠳᠤᠷᠠᠯ ᠤᠨ ᠲᠤᠬᠠᠢ ᠬᠦᠰᠡᠯ ᠶᠡᠷᠦ ᠨᠢ ᠪᠡᠶᠡᠯᠡᠭᠳᠡᠬᠦ ᠳᠤ ᠬᠦᠴᠢᠷ ᠪᠠᠶᠢᠪᠠ᠃      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠮᠠᠤ ᠽᠧ ᠳ᠋ᠦᠩ ᠨᠥᠬᠦᠷ 1952 ᠣᠨ ᠳᠤ ︽ᠬᠠᠲᠤᠨ ᠭᠤᠣᠯ ᠤᠨ ᠶᠠᠪᠤᠳᠠᠯ ᠢ ᠰᠠᠶᠢᠲᠤᠷ ᠬᠢᠬᠦ ᠬᠡᠷᠡᠭᠲᠡᠢ︾ ᠭᠡᠰᠡᠨ ᠠᠭᠤᠤ ᠶᠡᠭᠡ ᠤᠷᠢᠶᠠᠯᠠᠭ᠎ᠠ ᠭᠠᠷᠭᠠᠵᠤ᠂ ᠨᠠᠮ ᠪᠠ ᠤᠯᠤᠰ ᠠᠴᠠ ᠡᠨᠡ ᠬᠦ ᠠᠵᠢᠯ ᠢ ᠤᠯᠤᠰ ᠢ ᠵᠠᠰᠠᠵᠤ ᠲᠦᠷᠦ ᠶᠢ ᠮᠠᠨᠳᠤᠭᠤᠯᠬᠤ ᠶᠡᠭᠡ ᠶᠠᠪᠤᠳᠠᠯ ᠪᠣᠯᠭᠠᠨ ᠠᠳᠬᠤᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠭᠦ ᠲᠠᠯ᠎ᠠ ᠠᠴᠠ ᠪᠣᠳᠣᠯᠬᠢᠯᠠᠨ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠶᠢ ᠲᠣᠳᠣᠷᠬᠠᠢ ᠲᠣᠭᠲᠠᠭᠠᠪᠠ᠃ ᠦᠶ᠎ᠡ ᠦᠶ᠎ᠡ ᠶᠢᠨ ᠰᠢᠷᠭᠠᠭᠤ ᠬᠠᠲᠠᠭᠤᠵᠢᠯᠲᠠᠢ ᠰᠦᠪᠡᠭᠴᠢᠯᠡᠯ ᠪᠠ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠬᠠᠳᠤᠨ ᠭᠤᠣᠯ ᠤᠨ ᠵᠠᠰᠠᠯᠲᠠ ᠪᠠ ᠬᠠᠳᠤᠨ ᠭᠤᠣᠯ ᠤᠨ ᠰᠠᠪᠠ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠴᠥᠮ ᠯᠤᠲᠤ ᠶᠡᠭᠡ ᠠᠮᠵᠢᠯᠲᠠ ᠣᠯᠵᠤ᠂ ᠬᠠᠳᠤᠨ ᠭᠤᠣᠯ ᠤᠨ ᠵᠠᠰᠠᠯᠲᠠ ᠰᠠᠨᠠᠭᠠᠴᠢᠯᠠᠭ᠎ᠠ ᠦᠭᠡᠢ ᠪᠠᠶᠢᠭᠰᠠᠨ ᠠᠴᠠ ᠪᠠᠨ ᠰᠠᠨᠠᠭᠠᠴᠢᠯᠠᠭ᠎ᠠ ᠲᠠᠢ ᠪᠣᠯᠤᠭᠰᠠᠨ ᠲᠡᠦᠬᠡᠲᠦ ᠴᠢᠨᠠᠷᠲᠠᠢ ᠬᠤᠪᠢᠷᠠᠯᠲᠠ ᠶᠢ ᠪᠡᠶᠡᠯᠡᠭᠦᠯᠵᠦ᠂ ᠬᠠᠳᠤᠨ ᠭᠤᠣᠯ ᠤᠨ ᠠᠮᠤᠷ ᠲᠣᠭᠲᠠᠭᠤᠨ ᠲᠡᠦᠬᠡᠨ ᠭᠠᠶᠢᠬᠠᠮᠰᠢᠭ ᠢ ᠡᠭᠦᠳᠴᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢᠯᠡᠳᠲᠡ ᠳᠡᠭᠡᠭᠰᠢᠯᠡᠵᠦ᠂ ᠨᠠᠮ ᠤᠨ ᠤᠳᠤᠷᠢᠳᠤᠯᠭ᠎ᠠ ᠪᠠ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠳᠤᠨ ᠭᠤᠣᠯ ᠢ ᠵᠠᠰᠠᠬᠤ ᠲᠡᠦᠬᠡᠨ ᠳᠡᠭᠡᠷᠡᠭᠢ ᠴᠤ ᠰᠢᠨ᠎ᠡ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃      ᠬᠤᠶᠠᠳᠤᠭᠠᠷ ᠬᠡᠰᠡᠭ ᠬᠥᠭᠵᠢᠯᠲᠡ ᠶᠢᠨ ᠰᠠᠭᠤᠷᠢ      ᠠᠮᠢ ᠠᠬᠤᠢ ᠶᠢᠨ ᠲᠦᠷᠦᠯ ᠵᠦᠢᠯ ᠤᠯᠠᠨ ᠶᠠᠩᠵᠤ ᠪᠠᠶᠢᠳᠠᠭ᠃ ᠬᠠᠲᠤᠨ ᠭᠤᠣᠯ ᠤᠨ ᠰᠠᠪᠠ ᠭᠠᠵᠠᠷ ᠨᠢ ᠬᠥᠬᠡᠨᠠᠭᠤᠷ ᠲᠥᠪᠡᠳ ᠤᠨ ᠥᠨᠳᠦᠷᠯᠢᠭ᠂ ᠥᠪᠥᠷ ᠮᠣᠩᠭᠤᠯ ᠤᠨ ᠥᠨᠳᠦᠷᠯᠢᠭ᠂ ᠰᠢᠷ᠎ᠠ ᠬᠥᠷᠥᠰᠥᠲᠦ ᠥᠨᠳᠦᠷᠯᠢᠭ᠂ ᠤᠮᠠᠷᠠᠲᠤ ᠣᠷᠣᠨ ᠤ ᠲᠠᠯ᠎ᠠ ᠭᠠᠵᠠᠷ ᠵᠡᠷᠭᠡ ᠳᠦᠷᠪᠡᠨ ᠶᠡᠭᠡ ᠭᠠᠵᠠᠷ ᠤᠨ ᠭᠠᠳᠠᠷᠭᠤ ᠶᠢᠨ ᠨᠢᠭᠡᠴᠢ ᠪᠠ ᠮᠠᠨ ᠤ ᠤᠯᠤᠰ ᠤᠨ ᠭᠠᠵᠠᠷ ᠤᠨ ᠪᠠᠶᠢᠴᠠ ᠶᠢᠨ ᠭᠤᠷᠪᠠᠨ ᠶᠡᠭᠡ ᠶᠡᠨᠳᠡᠷ ᠢ ᠰᠤᠨᠳᠠᠯᠠᠵᠤ᠂ ᠬᠠᠲᠤᠨ ᠭᠤᠣᠯ ᠤᠨ ᠪᠠᠶᠢᠭᠠᠯᠢ ᠶᠢᠨ ᠠᠮᠢ ᠠᠬᠤᠢ ᠶᠢᠨ ᠬᠤᠩᠭᠢᠯ ᠪᠠ ᠭᠤᠷᠪᠠᠨ ᠮᠥᠷᠡᠨ ᠤ ᠡᠭᠢ᠂ ᠴᠢ ᠯᠢᠶᠠᠨ ᠱᠠᠨ ᠠᠭᠤᠯᠠ᠂ ᠷᠥᠸᠧ ᠡᠯ ᠭᠠᠢ ᠵᠡᠷᠭᠡ ᠤᠯᠠᠨ ᠴᠢᠬᠤᠯᠠ ᠠᠮᠢ ᠠᠬᠤᠢ ᠶᠢᠨ ᠴᠢᠳᠠᠮᠵᠢᠲᠤ ᠣᠷᠣᠨ ᠲᠠᠢ ᠪᠠᠶᠢᠳᠠᠭ᠃      ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠨᠡᠯᠢᠶᠡᠳ ᠰᠠᠶᠢᠨ ᠪᠠᠶᠢᠳᠠᠭ᠃ ᠬᠠᠲᠤᠨ ᠭᠤᠣᠯ ᠬᠤᠸᠠᠢ ᠾᠧ ᠭᠤᠣᠯ ᠬᠠᠢ ᠾᠧ ᠭᠤᠣᠯ ᠤᠨ ᠲᠠᠯ᠎ᠠ ᠭᠠᠵᠠᠷ᠂ ᠹᠧᠨ ᠾᠧ ᠭᠤᠣᠯ ᠸᠧᠢ ᠾᠧ ᠭᠤᠣᠯ ᠤᠨ ᠲᠠᠯ᠎ᠠ ᠭᠠᠵᠠᠷ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ ᠢᠶᠠᠷ ᠲᠠᠷᠬᠠᠵᠤ᠂ ᠠᠮᠤ ᠪᠤᠳᠠᠭ᠎ᠠ ᠪᠠ ᠮᠢᠬᠠᠨ ᠤ ᠲᠦᠷᠦᠯ ᠤᠨ ᠭᠠᠷᠤᠯᠲᠠ ᠨᠢ ᠪᠦᠭᠦ ᠤᠯᠤᠰ ᠤᠨ ᠭᠤᠷᠪᠠᠨ ᠤ ᠨᠢᠭᠡ ᠣᠷᠴᠢᠮ ᠢ ᠡᠵᠡᠯᠡᠨ᠎ᠡ᠃      ᠡᠨᠧᠷᠭᠢ ᠶᠢᠨ ᠡᠭᠢ ᠪᠠᠶᠠᠯᠢᠭ ᠡᠯᠪᠡᠭ ᠳᠡᠯᠪᠡᠭ᠃ ᠨᠡᠭᠦᠷᠡᠰᠦ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠪᠣᠯᠣᠨ ᠥᠩᠭᠡᠲᠦ ᠲᠡᠮᠦᠷᠯᠢᠭ ᠤᠨ ᠡᠭᠢ ᠪᠠᠶᠠᠯᠢᠭ ᠤᠨ ᠬᠠᠳᠠᠭᠠᠯᠠᠭᠳᠠᠴᠠ ᠡᠯᠪᠡᠭ ᠪᠠᠶᠠᠯᠢᠭ ᠪᠠᠶᠢᠵᠤ᠂ ᠮᠠᠨ ᠤ ᠤᠯᠤᠰ ᠤᠨ ᠴᠢᠬᠤᠯᠠ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠲᠦᠭᠦᠬᠡᠢ ᠮᠠᠲ᠋ᠧᠷᠢᠶᠠᠯ ᠪᠣᠯᠣᠨ ᠰᠠᠭᠤᠷᠢ ᠠᠵᠤ ᠦᠢᠯᠡᠳᠪᠦᠷᠢ ᠶᠢᠨ ᠰᠠᠭᠤᠷᠢᠨ ᠪᠣᠯᠵᠠᠢ᠃      ᠰᠣᠶᠣᠯ ᠤᠨ ᠰᠠᠭᠤᠷᠢ ᠭᠦᠨ ᠵᠤᠵᠠᠭᠠᠨ᠃ ᠾᠧ ᠬᠤᠸᠠᠩ ᠤᠨ ᠰᠣᠶᠣᠯ᠂ ᠭᠤᠸᠠᠨ ᠵᠦᠩ ᠤᠨ ᠰᠣᠶᠣᠯ᠂ ᠾᠧ ᠯᠥᠸᠧ ᠶᠢᠨ ᠰᠣᠶᠣᠯ᠂ ᠴᠢ ᠯᠦ ᠶᠢᠨ ᠰᠣᠶᠣᠯ ᠵᠡᠷᠭᠡ ᠣᠨᠴᠠᠯᠢᠭ ᠢᠶᠠᠷ ᠢᠯᠡ ᠲᠣᠳᠣ ᠣᠷᠣᠨ ᠨᠤᠲᠤᠭ ᠤᠨ ᠰᠣᠶᠣᠯ ᠢ ᠪᠣᠶᠢᠵᠢᠭᠤᠯᠵᠤ᠂ ᠲᠡᠦᠬᠡ ᠰᠣᠶᠣᠯ ᠤᠨ ᠥᠪ ᠨᠢ ᠤᠳᠤᠨ ᠮᠡᠴᠢᠳ ᠮᠡᠲᠦ ᠲᠦᠭᠡᠭᠰᠡᠨ ᠪᠠᠶᠢᠨ᠎ᠠ᠃      ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠢᠯᠡᠳᠲᠡ ᠰᠠᠶᠢᠵᠢᠷᠠᠪᠠ᠃ ᠲᠠᠰᠤᠷᠠᠯᠲᠠ ᠦᠭᠡᠢ ᠴᠢᠷᠮᠠᠶᠢᠯᠭ᠎ᠠ ᠪᠠᠷ ᠳᠡᠮᠵᠢᠨ᠂ ᠬᠠᠲᠤᠨ ᠭᠤᠣᠯ ᠤᠨ ᠤᠰᠤ ᠡᠯᠡᠰᠦ ᠶᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ᠂ ᠰᠠᠪᠠ ᠭᠠᠵᠠᠷ ᠤᠨ ᠤᠰᠤ ᠬᠡᠷᠡᠭᠯᠡᠬᠦ ᠨᠡᠮᠡᠭᠳᠡᠯ ᠭᠡᠲᠦ ᠲᠦᠷᠭᠡᠨ ᠪᠠᠶᠢᠬᠤ ᠪᠠᠶᠢᠳᠠᠯ ᠢ ᠪᠦᠲᠦᠮᠵᠢᠲᠡᠶ ᠬᠢᠵᠠᠭᠠᠷᠯᠠᠵᠤ᠂ ᠬᠠᠲᠤᠨ ᠭᠤᠣᠯ 20 ᠵᠢᠯ ᠳᠠᠷᠠᠭᠠᠯᠠᠨ ᠤᠷᠤᠰᠬᠠᠯ ᠳᠠᠰᠤᠷᠠᠭᠰᠠᠨ ᠦᠭᠡᠢ᠃ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠲᠦᠪᠰᠢᠨ ᠪᠠ ᠤᠰᠤᠨ ᠤ ᠰᠤᠷᠪᠤᠯᠵᠢ ᠶᠢ ᠬᠠᠳᠠᠭᠠᠯᠠᠬᠤ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠬᠠᠮᠠᠭᠠᠯᠠᠨ ᠰᠡᠷᠭᠦᠭᠡᠬᠦ ᠠᠵᠢᠯ ᠲᠦᠷᠭᠡᠨ ᠠᠬᠢᠵᠤ᠂ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠴᠢᠨᠠᠷ ᠰᠠᠶᠢᠲᠠᠢ ᠠᠮᠢ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠴᠢᠨᠠᠭᠰᠢᠳᠠ ᠴᠢᠩᠭᠠᠷᠠᠪᠠ᠃      ᠬᠥᠭᠵᠢᠯᠲᠡ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠭᠤᠣᠯ ᠬᠤᠳᠠ ᠪᠣᠯᠣᠨ ᠬᠤᠳᠠ ᠶᠢᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠦᠭᠦ ᠤᠯᠤᠰ ᠤᠨ ᠴᠢᠬᠤᠯᠠ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢᠨ ᠪᠣᠯᠣᠨ ᠡᠨᠧᠷᠭᠢ ᠶᠢᠨ ᠰᠠᠭᠤᠷᠢᠨ ᠤ ᠪᠠᠶᠢᠷᠢ ᠰᠠᠭᠤᠷᠢ ᠴᠢᠨᠠᠭᠰᠢᠳᠠ ᠪᠠᠬᠢᠵᠢᠵᠦ᠂ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠳᠠᠰᠤᠷᠠᠯᠳᠠ ᠦᠭᠡᠢ ᠢᠯᠡᠷᠡᠵᠦ᠂ ᠠᠷᠠᠳ ᠤᠯᠠᠨ ᠤ ᠠᠮᠢᠳᠤᠷᠠᠯ ᠢᠯᠡᠳᠲᠡ ᠰᠠᠶᠢᠵᠢᠷᠠᠵᠤ᠂ ᠰᠢᠨ᠎ᠡ ᠲᠡᠦᠬᠡ ᠶᠢᠨ ᠭᠠᠷᠤᠭ᠎ᠠ ᠠᠴᠠ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠶᠢᠨ ᠰᠠᠶᠢᠬᠠᠨ ᠰᠠᠭᠤᠷᠢ ᠲᠠᠢ ᠪᠣᠯᠵᠠᠢ᠃      ᠭᠤᠷᠪᠠᠳᠤᠭᠠᠷ ᠬᠡᠰᠡᠭ ᠠᠵᠠ ᠲᠤᠭᠢᠶᠠᠯ ᠥᠷᠢᠰᠦᠯᠳᠦᠭᠡᠨ      ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠤᠯᠪᠣᠭᠳᠠᠬᠤ ᠮᠢᠩᠭᠠᠨ ᠣᠨ ᠤ ᠶᠡᠭᠡ ᠪᠣᠳᠣᠯᠭ᠎ᠠ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠠᠵᠢᠯ ᠤᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠣᠳᠣᠬᠠᠨ ᠳᠤ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠬᠥᠮᠥᠰ ᠤᠨ ᠰᠡᠳᠬᠢᠯ ᠳᠤ ᠭᠦᠨ ᠬᠠᠳᠠᠩᠰᠢᠵᠤ᠂ ᠬᠠᠳᠤᠨ ᠭᠤᠣᠯ ᠳᠠᠭᠠᠤ ᠶᠢᠨ ᠠᠷᠠᠳ ᠤᠯᠠᠨ ᠤ ᠬᠥᠬᠡᠮᠳᠦᠭ ᠨᠣᠭᠤᠭᠠᠨ ᠠᠭᠤᠯᠠ ᠤᠰᠤ᠂ ᠬᠥᠬᠡ ᠣᠭᠲᠠᠷᠭᠤᠢ᠂ ᠴᠡᠪᠡᠷ ᠬᠥᠷᠥᠰᠥ ᠶᠢ ᠬᠥᠭᠡᠭᠡᠴᠡᠯᠳᠦᠬᠦ ᠬᠦᠰᠡᠯ ᠡᠷᠡᠮᠡᠯᠵᠡᠯ ᠨᠡᠩ ᠴᠢᠩᠭ᠎ᠠ ᠪᠣᠯᠪᠠ᠃ ᠮᠠᠨ ᠤ ᠤᠯᠤᠰ ᠪᠣᠬᠢᠷᠳᠤᠯ ᠦᠭᠡᠢ ᠬᠥᠭᠵᠢᠯᠲᠡ ᠶᠢ ᠲᠦᠷᠭᠡᠳᠬᠡᠬᠦ ᠨᠢ ᠬᠠᠳᠤᠨ ᠭᠤᠣᠯ ᠤᠨ ᠰᠠᠪᠠ ᠭᠠᠵᠠᠷ ᠲᠤ ᠰᠢᠨ᠎ᠡ ᠠᠵᠠ ᠲᠤᠭᠢᠶᠠᠯ ᠠᠪᠴᠢᠷᠠᠪᠠ᠂ ᠢᠯᠠᠩᠭᠤᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ᠂ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠬᠤ ᠨᠢ ᠨᠢᠭᠡᠨᠲᠡ ᠰᠢᠨ᠎ᠡ ᠪᠠᠶᠢᠳᠠᠯ ᠳᠤᠤᠷᠠᠭᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠠᠬᠢᠭᠤᠯᠬᠤ ᠬᠦᠴᠦᠨ ᠪᠣᠯᠵᠠᠢ᠃ ᠥᠭᠡᠷᠡᠴᠢᠯᠡᠯᠲᠡ ᠨᠡᠭᠡᠭᠡᠯᠲᠡ ᠬᠢᠭᠰᠡᠨ 40 ᠭᠠᠷᠤᠢ ᠵᠢᠯ ᠤᠨ ᠲᠤᠷᠰᠢ᠂ ᠮᠠᠨ ᠤ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠮᠵᠢᠯᠲᠠ ᠣᠯᠵᠤ᠂ ᠤᠯᠤᠰ ᠤᠨ ᠶᠡᠷᠦᠩᠬᠡᠶᠢᠯᠡᠭᠰᠡᠨ ᠬᠦᠴᠦᠨ ᠢᠯᠡᠳᠲᠡ ᠴᠢᠩᠭᠠᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ ᠶᠡᠭᠡ ᠪᠠᠷ ᠳᠡᠭᠡᠭᠰᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠤᠨ ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠨᠡᠩ ᠪᠠᠲᠤ ᠴᠢᠩᠭ᠎ᠠ ᠪᠣᠯᠵᠤ᠂ ᠳᠤᠮᠳᠠᠳᠤ ᠶᠢᠨ ᠦᠨᠳᠦᠰᠦᠲᠡᠨ ᠢ ᠬᠡᠳᠦᠨ ᠮᠢᠩᠭᠠᠨ ᠵᠢᠯ ᠭᠠᠴᠢᠭᠳᠠᠭᠤᠯᠵᠤ ᠪᠠᠶᠢᠭᠰᠠᠨ ᠬᠠᠳᠤᠨ ᠭᠤᠣᠯ ᠤᠨ ᠵᠠᠰᠠᠯᠲᠠ ᠶᠢᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠ ᠨᠥᠬᠦᠴᠡᠯ ᠲᠠᠢ ᠪᠣᠯᠪᠠ᠃ ︽ᠨᠢᠭᠡ ᠪᠦᠰᠡ ᠨᠢᠭᠡ ᠵᠠᠮ︾  ᠢ ᠬᠠᠮᠲᠤ ᠪᠠᠷ ᠪᠦᠲᠦᠭᠡᠨ ᠪᠠᠶᠢᠭᠤᠯᠬᠤ ᠠᠵᠢᠯ ᠭᠦᠨᠵᠡᠭᠡᠶᠢᠷᠡᠨ ᠬᠥᠭᠵᠢᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠠᠵᠢᠯ ᠰᠢᠨ᠎ᠡ ᠪᠠᠶᠢᠷᠢᠰᠢᠯ ᠢ ᠲᠦᠷᠭᠡᠨ ᠪᠦᠷᠢᠯᠳᠦᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠵᠡᠭᠦᠨ ᠪᠠᠷᠠᠭᠤᠨ ᠬᠤᠣᠰ ᠴᠢᠭᠯᠡᠯ ᠢᠶᠠᠷ ᠨᠡᠭᠡᠭᠡᠯᠲᠡ ᠬᠢᠬᠦ ᠢᠷᠡᠭᠡᠳᠦᠢ ᠰᠠᠷᠠᠭᠤᠯ ᠠᠭᠤᠳᠠᠮ ᠪᠠᠶᠢᠨ᠎ᠠ᠃ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠠᠬᠢᠴᠠ ᠢᠯᠡᠳᠲᠡ ᠲᠦᠷᠭᠡᠳᠴᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠳᠤ ᠲᠣᠭᠲᠠᠭᠤᠨ ᠪᠥᠭᠡᠳ ᠬᠦᠴᠦᠲᠡᠢ ᠳᠦᠷᠢᠮ ᠤᠨ ᠪᠠᠲᠤᠯᠠᠭ᠎ᠠ ᠬᠠᠩᠭᠠᠪᠠ᠃      ᠬᠠᠲᠤᠨ ᠭᠤᠣᠯ ᠶᠡᠷᠦ ᠨᠢ ︽ᠪᠡᠶ᠎ᠡ ᠮᠠᠭᠤ ᠡᠪᠡᠳᠴᠢᠨ ᠣᠯᠠᠨᠲᠠᠢ︾ ᠪᠠᠶᠢᠵᠤ᠂ ᠠᠮᠢ ᠠᠬᠤᠢ ᠶᠢᠨ ᠰᠠᠭᠤᠷᠢ ᠠᠨᠠᠢ᠂ ᠤᠰᠤᠨ ᠤ ᠡᠭᠢ ᠪᠠᠶᠠᠯᠢᠭ ᠲᠤᠶᠢᠯ ᠤᠨ ᠳᠤᠲᠠᠮᠠᠭ᠂ ᠬᠥᠷᠥᠰᠥ ᠰᠢᠷᠣᠢ ᠶᠢᠨ ᠢᠳᠡᠭᠳᠡᠯ ᠬᠦᠨᠳᠦ ᠨᠣᠴᠢᠲᠠᠢ᠂ ᠡᠭᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠪᠠᠭᠤᠷᠠᠢ᠂ ᠬᠠᠲᠤᠨ ᠭᠤᠣᠯ ᠳᠠᠭᠠᠤ ᠶᠢᠨ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠨᠡᠩ ᠴᠤ ᠲᠣᠪᠣᠶᠢᠮ᠎ᠠ ᠪᠠᠶᠢᠨ᠎ᠠ᠃ ᠶᠡᠷᠦᠩᠬᠡᠢ ᠢᠯᠡᠷᠡᠯ ᠨᠢ᠄      ᠬᠠᠲᠤᠨ ᠭᠤᠣᠯ ᠤᠨ ᠰᠠᠪᠠ ᠭᠠᠵᠠᠷ ᠤᠨ ᠬᠠᠮᠤᠭ ᠤᠨ ᠶᠡᠭᠡ ᠵᠥᠷᠢᠴᠡᠯ ᠪᠣᠯ ᠤᠰᠤᠨ ᠤ ᠡᠭᠢ ᠪᠠᠶᠠᠯᠢᠭ ᠲᠤᠲᠠᠭᠳᠠᠵᠤ ᠪᠠᠶᠢᠭ᠎ᠠ ᠶᠠᠪᠤᠳᠠᠯ ᠪᠣᠯᠣᠨ᠎ᠠ᠃ ᠳᠡᠭᠡᠳᠦ ᠳᠤᠮᠳᠠ ᠤᠷᠤᠰᠬᠠᠯ ᠤᠨ ᠶᠡᠭᠡᠩᠭᠢ ᠬᠡᠰᠡᠭ ᠭᠠᠵᠠᠷ ᠣᠷᠣᠨ ᠨᠢ 400 ᠮᠢᠯᠢᠮᠧᠲᠷ ᠤᠨ ᠲᠡᠩᠴᠡᠭᠦᠦ ᠲᠤᠨᠳᠠᠰᠤᠨ ᠤ ᠬᠡᠮᠵᠢᠶ᠎ᠡ ᠠᠴᠠ ᠪᠠᠷᠠᠭᠤᠨᠰᠢ ᠣᠷᠣᠰᠢᠵᠤ᠂ ᠠᠭᠤᠷ ᠠᠮᠢᠰᠬᠤᠯ ᠭᠠᠩ ᠬᠠᠭᠤᠷᠠᠢ ᠪᠣᠷᠣᠭᠠᠨ ᠪᠠᠭ᠎ᠠ᠂ ᠤᠯᠠᠨ ᠵᠢᠯ ᠤᠨ ᠳᠤᠮᠳᠠᠴᠢ ᠲᠤᠨᠳᠠᠰᠤᠨ ᠤ ᠬᠡᠮᠵᠢᠶ᠎ᠡ ᠨᠢ 446 ᠮᠢᠯᠢᠮᠧᠲᠷ ᠪᠠᠶᠢᠵᠤ᠂ ᠵᠦᠪᠭᠡᠨ ᠬᠥᠬᠡ ᠮᠥᠷᠡᠨ ᠤ ᠰᠠᠪᠠ ᠭᠠᠵᠠᠷ ᠤᠨ 40 % ᠪᠤᠯᠤᠨ᠎ᠠ; ᠤᠯᠠᠨ ᠵᠢᠯ ᠤᠨ ᠳᠤᠮᠳᠠᠴᠢ ᠤᠰᠤᠨ ᠤ ᠡᠭᠢ ᠪᠠᠶᠠᠯᠢᠭ ᠤᠨ ᠶᠡᠷᠦᠩᠬᠡᠢ ᠬᠡᠮᠵᠢᠶ᠎ᠡ 647 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠬᠥᠬᠡᠮᠥ᠋ᠷᠡᠨ ᠤ 7 %  ᠳᠤ ᠬᠦᠷᠬᠦ ᠦᠭᠡᠶ; ᠤᠰᠤᠨ ᠤ ᠡᠭᠢ ᠪᠠᠶᠠᠯᠢᠭ ᠢ ᠨᠡᠭᠡᠭᠡᠨ ᠠᠰᠢᠭᠯᠠᠭᠰᠠᠨ ᠨᠤᠷᠮ᠎ᠠ ᠨᠢ 80 %  ᠳᠤ ᠬᠦᠷᠴᠦ᠂ 40 %  ᠶᠢᠨ ᠠᠮᠢ ᠠᠬᠤᠢ ᠶᠢᠨ ᠰᠡᠷᠡᠮᠵᠢ ᠶᠢᠨ ᠱᠤᠭᠤᠮ ᠢ ᠳᠠᠪᠠᠵᠠᠢ᠃      ᠬᠠᠳᠤᠨ ᠭᠤᠣᠯ ᠤᠨ ᠰᠠᠪᠠ ᠭᠠᠵᠠᠷ ᠤᠨ ᠬᠠᠮᠤᠭ ᠤᠨ ᠶᠡᠭᠡ ᠠᠰᠠᠭᠤᠳᠠᠯ ᠪᠣᠯ ᠠᠮᠢ ᠠᠬᠤᠢ ᠬᠡᠪᠡᠷᠡᠭ ᠪᠠᠶᠢᠬᠤ ᠶᠠᠪᠤᠳᠠᠯ ᠪᠣᠯᠣᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠡᠪᠡᠷᠡᠭ ᠣᠷᠣᠨ ᠤ ᠲᠠᠷᠬᠠᠯᠲᠠ ᠥᠷᠭᠡᠨ᠂ ᠲᠦᠷᠦᠯ ᠵᠦᠢᠯ ᠤᠯᠠᠨ᠂ ᠳᠡᠭᠡᠳᠦ ᠤᠷᠤᠰᠬᠠᠯ ᠤᠨ ᠥᠨᠳᠦᠷᠯᠢᠭ ᠤᠨ ᠮᠥᠰᠥᠲᠦᠯᠭᠡ᠂ ᠴᠢᠭᠢᠭᠯᠢᠭ ᠨᠤᠲᠤᠭ ᠪᠡᠯᠴᠢᠭᠡᠷ ᠪᠠ ᠭᠤᠷᠪᠠᠨ ᠮᠥᠷᠡᠨ ᠤ ᠡᠭᠢ᠂ ᠴᠢ ᠯᠢᠶᠠᠨ ᠱᠠᠨ ᠠᠭᠤᠯᠠ᠂ ᠳᠤᠮᠳᠠ ᠤᠷᠤᠰᠬᠠᠯ ᠤᠨ ᠰᠢᠷ᠎ᠠ ᠬᠥᠷᠥᠰᠥᠲᠦ ᠥᠨᠳᠦᠷᠯᠢᠭ᠂ ᠳᠣᠣᠷᠠᠳᠤ ᠤᠷᠤᠰᠬᠠᠯ ᠤᠨ ᠬᠠᠲᠤᠨ ᠭᠤᠣᠯ ᠤᠨ ᠭᠤᠷᠪᠠᠯᠵᠢᠨ ᠬᠤᠶᠢᠭ ᠵᠡᠷᠭᠡ ᠨᠢ ᠴᠥᠮ ᠮᠠᠰᠢ ᠠᠮᠠᠷᠬᠠᠨ ᠡᠪᠳᠡᠭᠳᠡᠵᠦ᠂ ᠰᠡᠷᠭᠦᠭᠡᠬᠦ ᠳᠤ ᠲᠤᠶᠢᠯ ᠤᠨ ᠬᠦᠴᠢᠷᠲᠡᠢ ᠪᠥᠭᠡᠳ ᠶᠠᠪᠤᠴᠠ ᠨᠢ ᠴᠦ ᠤᠳᠠᠭᠠᠨ ᠪᠠᠶᠢᠳᠠᠭ᠃ ᠣᠷᠴᠢᠨ ᠠᠬᠤᠢ ᠶᠢᠨ ᠪᠣᠬᠢᠷᠳᠤᠯ ᠤᠨ ᠡᠵᠡᠯᠡᠬᠦᠨ ᠨᠡᠯᠢᠶᠡᠳ ᠭᠦᠨ᠂ ᠤᠰᠤᠨ ᠤ ᠴᠢᠨᠠᠷ ᠶᠡᠷᠦᠩᠬᠡᠢ ᠳᠡᠭᠡᠨ ᠪᠦᠭᠦ ᠤᠯᠤᠰ ᠤᠨ ᠳᠤᠮᠳᠠᠴᠢ ᠲᠦᠪᠰᠢᠨ ᠠᠴᠠ ᠳᠣᠣᠷ᠎ᠠ ᠪᠠᠶᠢᠳᠠᠭ᠃      ᠬᠠᠳᠤᠨ ᠭᠤᠣᠯ ᠤᠨ ᠰᠠᠪᠠ ᠭᠠᠵᠠᠷ ᠤᠨ ᠬᠠᠮᠤᠭ ᠤᠨ ᠶᠡᠭᠡ ᠰᠦᠷᠳᠡᠭᠦᠯᠦᠯ ᠪᠣᠯ ᠳᠠᠷᠤᠢ ᠦᠶᠡᠷ ᠤᠰᠤᠳᠤᠯ ᠪᠣᠯᠣᠨ᠎ᠠ᠃ ᠤᠰᠤ ᠡᠯᠡᠰᠦᠨ ᠤ ᠬᠠᠷᠢᠴᠠᠭ᠎ᠠ ᠵᠣᠬᠢᠴᠠᠩᠭᠤᠢ ᠪᠤᠰᠤ᠂ ᠳᠣᠣᠷᠠᠳᠤ ᠤᠷᠤᠰᠬᠠᠯ ᠨᠢ ᠡᠯᠡᠰᠦ ᠰᠢᠪᠠᠷ ᠬᠤᠷᠠᠵᠤ᠂ ᠭᠤᠣᠯ ᠤᠨ ᠵᠠᠮ ᠲᠣᠭᠲᠠᠪᠤᠷᠢ ᠦᠭᠡᠢ᠂ ︽ᠭᠠᠵᠠᠷ ᠳᠡᠭᠡᠷᠡᠭᠢ ᠴᠢᠳᠬᠤᠯᠠᠮ᠎ᠠ ᠭᠤᠣᠯ︾ ᠵᠡᠷᠭᠡ ᠬᠠᠭᠤᠴᠢᠨ ᠠᠰᠠᠭᠤᠳᠠᠯ ᠢ ᠬᠠᠷᠠᠬᠠᠨ ᠲᠤᠶᠢᠯᠪᠤᠷᠢᠲᠠᠢ ᠰᠢᠢᠳᠪᠦᠷᠢᠯᠡᠭᠡᠳᠦᠢ ᠪᠠᠶᠢᠵᠤ᠂ ᠳᠣᠣᠷᠠᠳᠤ ᠤᠷᠤᠰᠬᠠᠯ ᠤᠨ ᠲᠠᠩ ᠤᠨ ᠣᠷᠣᠨ ᠳᠤ ᠮᠥᠨ ᠬᠦ ᠵᠠᠭᠤᠨ ᠲᠦᠮᠡ ᠰᠢᠬᠠᠮ ᠬᠥᠮᠥᠨ ᠦᠶᠡᠷ ᠤᠰᠤᠳᠤᠯ ᠤᠨ ᠰᠦᠷᠳᠡᠭᠦᠯᠦᠯ ᠳᠤ ᠤᠴᠠᠷᠠᠵᠤ᠂ ᠠᠭᠤᠷ ᠠᠮᠢᠰᠬᠤᠯ ᠤᠨ ᠬᠤᠪᠢᠷᠠᠯᠲᠠ ᠪᠣᠯᠣᠨ ᠤᠨᠴᠠᠭᠠᠢ ᠴᠠᠭ ᠠᠭᠤᠷ ᠠᠴᠠ ᠪᠣᠯᠤᠭᠰᠠᠨ ᠪᠠᠷᠢᠮᠵᠢᠶ᠎ᠠ ᠠᠴᠠ ᠬᠡᠲᠦᠷᠡᠭᠰᠡᠨ ᠦᠶᠡᠷ ᠤᠰᠤᠳᠤᠯ ᠤᠨ ᠲᠦᠭᠰᠢᠭᠦᠷᠢ ᠮᠥᠨ ᠬᠦ ᠣᠷᠣᠰᠢᠵᠤ ᠪᠠᠶᠢᠨ᠎ᠠ᠃      ᠬᠠᠲᠤᠨ ᠭᠤᠣᠯ ᠤᠨ ᠰᠠᠪᠠ ᠭᠠᠵᠠᠷ ᠤᠨ ᠬᠠᠮᠤᠭ ᠤᠨ ᠶᠡᠭᠡ ᠳᠤᠲᠠᠭᠤᠳᠠᠯ ᠪᠣᠯ ᠴᠢᠨᠠᠷ ᠰᠠᠶᠢᠲᠠᠢ ᠬᠥᠭᠵᠢᠯᠲᠡ ᠭᠦᠢᠴᠡᠳ ᠪᠤᠰᠤ ᠪᠠᠶᠢᠬᠤ ᠶᠠᠪᠤᠳᠠᠯ ᠪᠣᠯᠣᠨ᠎ᠠ᠃ ᠬᠠᠲᠤᠨ ᠭᠤᠣᠯ ᠳᠠᠭᠠᠤ ᠶᠢᠨ ᠡᠯ᠎ᠡ ᠮᠤᠵᠢ ᠣᠷᠣᠨ ᠤ ᠠᠵᠤ ᠦᠢᠯᠡᠰ ᠨᠢ ᠡᠨᠧᠷᠭᠢ ᠪᠠ ᠬᠦᠨᠳᠦ ᠠᠵᠤ ᠦᠢᠯᠡᠰ ᠲᠤ ᠲᠦᠰᠢᠭᠯᠡᠵᠦ᠂ ᠶᠠᠰᠤ ᠴᠢᠨᠠᠷ ᠦᠷ᠎ᠡ ᠠᠰᠢᠭ ᠢᠶᠠᠷ ᠳᠣᠣᠷ᠎ᠠ ᠪᠠᠶᠢᠬᠤ ᠠᠰᠠᠭᠤᠳᠠᠯ ᠲᠣᠪᠣᠶᠢᠮ᠎ᠠ᠂ ᠡᠨᠧᠷᠭᠢ ᠬᠢᠮᠢ ᠶᠢᠨ ᠠᠵᠤ ᠦᠢᠯᠡᠳᠪᠦᠷᠢ᠂ ᠲᠦᠭᠦᠬᠡᠢ ᠮᠠᠲ᠋ᠧᠷᠢᠶᠠᠯ᠂ ᠲᠠᠷᠢᠶᠠᠯᠠᠩ ᠮᠠᠯ ᠠᠵᠤ ᠠᠬᠤᠢ ᠵᠡᠷᠭᠡ ᠪᠠᠷ ᠤᠳᠤᠷᠢᠳᠤᠮᠵᠢ ᠪᠤᠯᠭᠠᠭᠰᠠᠨ ᠣᠨᠴᠠᠯᠢᠭ ᠨᠢ ᠢᠯᠡᠷᠬᠡᠢ ᠪᠠᠶᠢᠵᠤ᠂ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠵᠢᠯ ᠲᠤᠲᠠᠭᠳᠠᠵᠤ ᠪᠠᠶᠢᠨ᠎ᠠ᠃ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢᠲᠠᠨ ᠪᠡᠯᠡ ᠮᠥᠩᠭᠦ ᠶᠢᠨ ᠭᠠᠳᠠᠭᠰᠢ ᠰᠢᠯᠵᠢᠯᠲᠡ ᠬᠦᠨᠳᠦ ᠨᠣᠴᠢᠲᠠᠢ ᠪᠠᠶᠢᠵᠤ᠂ ᠡᠯᠧᠮᠧᠨ᠋ᠲ ᠤᠨ ᠡᠭᠢ ᠪᠠᠶᠠᠯᠢᠭ ᠨᠡᠯᠢᠶᠡᠳ ᠲᠤᠲᠠᠭᠳᠠᠵᠤ ᠪᠠᠶᠢᠨ᠎ᠠ᠃      ᠬᠠᠳᠤᠨ ᠭᠤᠣᠯ ᠤᠨ ᠰᠠᠪᠠ ᠭᠠᠵᠠᠷ ᠤᠨ ᠬᠠᠮᠤᠭ ᠤᠨ ᠶᠡᠭᠡ ᠪᠠᠭᠤᠷᠠᠢ ᠲᠠᠯ᠎ᠠ ᠪᠣᠯ ᠠᠷᠠᠳ ᠤᠨ ᠠᠮᠢᠳᠤᠷᠠᠯ ᠤᠨ ᠬᠥᠭᠵᠢᠯᠲᠡ ᠬᠦᠷᠦᠯᠴᠡᠬᠦ ᠦᠭᠡᠢ ᠪᠠᠶᠢᠬᠤ ᠶᠠᠪᠤᠳᠠᠯ ᠪᠣᠯᠣᠨ᠎ᠠ᠃ ᠬᠠᠲᠤᠨ ᠭᠤᠣᠯ ᠳᠠᠭᠠᠤ ᠶᠢᠨ ᠡᠯ᠎ᠡ ᠮᠤᠵᠢ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠲᠥᠬᠦᠭᠡᠷᠦᠮᠵᠢ ᠵᠡᠷᠭᠡ ᠲᠠᠯ᠎ᠠ ᠶᠢᠨ ᠲᠡᠦᠬᠡᠨ ᠥᠷᠢᠲᠦᠯ ᠨᠡᠯᠢᠶᠡᠳ ᠤᠯᠠᠨ ᠪᠠᠶᠢᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠬᠦᠷᠦᠯᠴᠡᠬᠦ ᠦᠭᠡᠢ᠂ ᠴᠢᠬᠤᠯᠠ ᠲᠠᠸᠠᠷ ᠪᠣᠯᠣᠨ ᠡᠳ᠋ ᠪᠠᠷᠠᠭ᠎ᠠ ᠨᠥᠭᠡᠴᠡᠯᠡᠬᠦ ᠬᠡᠪᠴᠢᠶ᠎ᠡ᠂ ᠲᠦᠷᠦᠯ ᠵᠦᠢᠯ᠂ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠬᠦ ᠴᠢᠬᠤᠯᠠ ᠲᠠᠢ ᠪᠠᠶᠢᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠴᠢᠳᠠᠪᠤᠷᠢ ᠪᠠᠭᠤᠷᠠᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠲᠦᠪᠰᠢᠨ ᠪᠦᠭᠦ ᠤᠯᠤᠰ ᠤᠨ ᠳᠤᠮᠳᠠᠴᠢ ᠲᠦᠪᠰᠢᠨ ᠠᠴᠠ ᠳᠣᠣᠷ᠎ᠠ ᠪᠠᠶᠢᠨ᠎ᠠ᠃      ᠡᠭᠦᠨ ᠠᠴᠠ ᠭᠠᠳᠠᠨ᠎ᠠ᠂ ᠭᠠᠵᠠᠷ ᠵᠦᠢ ᠶᠢᠨ ᠨᠥᠬᠦᠴᠡᠯ ᠵᠡᠷᠭᠡ ᠶᠢᠨ ᠬᠢᠵᠠᠭᠠᠷᠯᠠᠯ ᠠᠴᠠ ᠪᠣᠯᠵᠤ᠂ ᠬᠠᠲᠤᠨ ᠭᠤᠣᠯ ᠳᠠᠭᠠᠤ ᠶᠢᠨ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠠᠷᠢᠯᠴᠠᠭᠠᠨ ᠤ ᠬᠡᠮᠵᠢᠶ᠎ᠡ ᠶᠡᠷᠦ ᠠᠴᠠ ᠥᠨᠳᠥᠷ ᠪᠢᠰᠢ᠂ ᠣᠷᠣᠨ ᠪᠦᠰᠡ ᠶᠢᠨ ᠠᠵᠢᠯ ᠬᠤᠪᠢᠶᠠᠷᠢᠯᠠᠨ ᠬᠠᠮᠵᠢᠯᠴᠠᠬᠤ ᠤᠬᠠᠮᠰᠠᠷ ᠴᠢᠩᠭ᠎ᠠ ᠪᠢᠰᠢ᠂ ᠥᠨᠳᠥᠷ ᠪᠦᠲᠦᠮᠵᠢᠲᠡᠶ ᠬᠠᠮᠵᠢᠯᠴᠠᠨ ᠭᠦᠭᠵᠢᠭᠦ ᠲᠣᠭᠲᠠᠴᠠ ᠬᠠᠷᠠᠬᠠᠨ ᠲᠡᠭᠦᠯᠳᠡᠷᠵᠢᠭᠡᠳᠦᠢ᠂ ᠰᠠᠪᠠ ᠭᠠᠵᠠᠷ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠥᠨᠳᠥᠷ ᠪᠢᠰᠢ᠂ ᠰᠣᠶᠣᠯ ᠤᠨ ᠥᠪ ᠤᠨ ᠰᠢᠰᠲ᠋ᠧᠮ ᠤᠨ ᠬᠠᠮᠠᠭᠠᠯᠠᠯᠲᠠ ᠪᠠ ᠤᠶᠤᠨ ᠰᠠᠨᠠᠭᠠᠨ ᠤ ᠠᠭᠤᠯᠤᠭᠳᠠᠬᠤᠨ ᠢ ᠭᠦᠨᠵᠡᠭᠡᠢ ᠠᠭᠤᠳᠠᠯᠤᠭᠰᠠᠨ ᠢᠶᠠᠷ ᠬᠦᠷᠦᠯᠴᠡᠬᠦ ᠦᠭᠡᠢ᠃      ᠳᠥᠷᠪᠡᠳᠦᠭᠡᠷ ᠬᠡᠰᠡᠭ ᠴᠢᠬᠤᠯᠠ ᠶᠡᠭᠡ ᠠᠴᠢ ᠬᠤᠯᠪᠣᠭᠳᠠᠯ      ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠠᠯᠤᠰ ᠭᠡᠲᠦ ᠶᠢᠨ ᠲᠡᠦᠬᠡᠲᠦ ᠠᠴᠢ ᠬᠤᠯᠪᠣᠭᠳᠠᠯ ᠪᠣᠯᠣᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ᠂ ᠬᠠᠲᠤᠨ ᠭᠤᠣᠯ ᠳᠠᠭᠠᠤ ᠶᠢᠨ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠬᠠᠲᠤᠨ ᠭᠤᠣᠯ ᠤᠨ ᠤᠰᠤ ᠡᠯᠡᠰᠦᠨ ᠤ ᠬᠠᠷᠢᠴᠠᠭ᠎ᠠ ᠶᠢ ᠵᠣᠬᠢᠴᠠᠭᠤᠯᠬᠤ᠂ ᠤᠰᠤᠨ ᠤ ᠡᠭᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠬᠤ᠂ ᠬᠠᠲᠤᠨ ᠭᠤᠣᠯ ᠤᠨ ᠠᠮᠤᠷ ᠲᠣᠭᠲᠠᠭᠤᠨ ᠢ ᠪᠠᠲᠤᠯᠠᠬᠤ ᠲᠤᠯᠭᠠᠮ ᠱᠠᠭᠠᠷᠳᠠᠯᠭ᠎ᠠ ᠪᠤᠯᠤᠨ᠎ᠠ; ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢᠨ ᠪᠣᠳᠠᠲᠤ ᠬᠡᠷᠡᠭᠴᠡᠭᠡ ᠪᠤᠯᠤᠨ᠎ᠠ; ᠪᠦᠭᠦ ᠰᠠᠪᠠ ᠭᠠᠵᠠᠷ ᠤᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠡᠮᠦᠨᠡᠲᠦ ᠤᠮᠠᠷᠠᠲᠤ ᠣᠷᠣᠨ ᠤ ᠬᠥᠭᠵᠢᠯᠲᠡ ᠶᠢᠨ ᠵᠥᠷᠢᠶ᠎ᠡ ᠶᠢ ᠪᠠᠭᠠᠰᠬᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠤᠯᠤᠨ᠎ᠠ; ᠦᠵᠡᠯ ᠰᠠᠨᠠᠭ᠎ᠠ ᠪᠠᠨ ᠴᠢᠯᠦᠭᠡᠯᠡᠨ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠪᠦᠲᠦᠭᠡᠯᠴᠢ ᠴᠢᠳᠠᠪᠤᠷᠢ ᠶᠢ ᠬᠥᠭᠵᠢᠭᠡᠬᠦ ᠶᠢᠨ ᠳᠣᠲᠣᠭᠠᠳᠤ ᠬᠡᠷᠡᠭᠴᠡᠭᠡ ᠪᠤᠯᠤᠨ᠎ᠠ; ᠬᠠᠳᠤᠨ ᠭᠤᠣᠯ ᠤᠨ ᠰᠣᠶᠣᠯ ᠢ ᠶᠡᠭᠡ ᠪᠠᠷ ᠬᠠᠮᠠᠭᠠᠯᠠᠨ ᠪᠠᠳᠠᠷᠠᠭᠤᠯᠵᠤ᠂ ᠳᠤᠮᠳᠠᠳᠤ ᠶᠢᠨ ᠪᠣᠯᠪᠠᠰᠤᠨ ᠢ ᠢᠯᠡᠷᠡᠭᠦᠯᠵᠦ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠵᠤ᠂ ᠰᠣᠶᠣᠯ ᠤᠨ ᠢᠲᠡᠭᠡᠯ ᠢ ᠨᠡᠮᠡᠭᠳᠡᠭᠦᠯᠬᠦ ᠴᠠᠭ ᠦᠶ᠎ᠡ ᠶᠢᠨ ᠬᠡᠷᠡᠭᠴᠡᠭᠡ ᠪᠣᠯᠣᠨ᠎ᠠ᠃      ᠬᠤᠶᠠᠳᠤᠭᠠᠷ ᠪᠦᠯᠦᠭ ᠶᠡᠷᠦᠩᠬᠡᠢ ᠱᠠᠭᠠᠷᠳᠠᠯᠭ᠎ᠠ      ᠨᠢᠭᠡᠳᠦᠭᠡᠷ ᠬᠡᠰᠡᠭ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠳᠦᠷᠪᠡᠨ ᠤᠬᠠᠮᠰᠠᠷ︾  ᠢᠶᠠᠨ ᠴᠢᠩᠭᠠᠳᠬᠠᠵᠤ᠂ ︽ᠳᠦᠷᠪᠡᠨ ᠢᠲᠡᠭᠡᠯ︾  ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾  ᠶᠢ ᠪᠡᠶᠡᠯᠡᠭᠦᠯᠵᠦ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠨᠢ ᠬᠠᠮᠠᠭᠠᠯᠠᠵᠤ᠂ ᠵᠠᠩᠭᠢᠯᠠᠭ᠎ᠠ ᠨᠢ ᠵᠠᠰᠠᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠶᠢ ᠤᠨᠤᠪᠴᠢᠲᠠᠶ ᠡᠵᠡᠮᠰᠢᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠤᠯᠪᠣᠭᠳᠠᠬᠤ ᠮᠢᠩᠭᠠᠨ ᠣᠨ ᠤ ᠶᠡᠭᠡ ᠪᠣᠳᠣᠯᠭ᠎ᠠ ᠪᠤᠯᠭᠠᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠭᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠲᠤᠨ ᠭᠤᠣᠯ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠬᠦᠴᠦᠯᠡᠨ ᠪᠠᠲᠤᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠤᠰᠤᠨ ᠤ ᠡᠭᠢ ᠪᠠᠶᠠᠯᠢᠭ ᠤᠨ ᠲᠣᠬᠢᠷᠠᠭᠤᠯᠤᠯᠲᠠ ᠶᠢ ᠬᠦᠴᠦᠯᠡᠨ ᠰᠢᠯᠢᠳᠡᠭᠵᠢᠭᠦᠯᠵᠦ᠂ ᠪᠦᠭᠦ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠷᠠᠳ ᠤᠯᠠᠨ ᠤ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ᠬᠠᠳᠤᠨ ᠭᠤᠣᠯ ᠤᠨ ᠰᠣᠶᠣᠯ ᠢ ᠬᠦᠴᠦᠯᠡᠨ ᠬᠠᠮᠠᠭᠠᠯᠠᠨ ᠪᠠᠳᠠᠷᠠᠭᠤᠯᠵᠤ᠂ ᠬᠠᠲᠤᠨ ᠭᠤᠣᠯ ᠢ ᠠᠷᠠᠳ ᠲᠦᠮᠡᠨ ᠳᠤ ᠪᠤᠶᠠᠨ ᠦᠢᠯᠡᠳᠭᠦ ᠵᠢᠷᠭᠠᠯ ᠤᠨ ᠭᠤᠣᠯ ᠪᠣᠯᠭᠠᠨ᠎ᠠ᠃      ᠬᠤᠶᠠᠳᠤᠭᠠᠷ ᠬᠡᠰᠡᠭ ᠭᠤᠣᠯ ᠵᠠᠷᠴᠢᠮ      — — ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠨ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂ ᠪᠠᠶᠢᠭᠠᠯᠢ ᠲᠠᠢ ᠵᠣᠬᠢᠴᠠᠵᠤ᠂ ᠵᠢᠮ᠎ᠡ ᠶᠣᠰᠣ ᠶᠢ ᠭᠦᠨᠳᠦᠳᠭᠡᠵᠤ᠂ ᠭᠡᠳᠦ ᠭᠠᠷ ᠲᠦᠷᠦᠭᠦ᠂ ᠭᠡᠳᠦ ᠠᠰᠢᠭᠯᠠᠬᠤ ᠠᠴᠠ ᠠᠶᠠᠨᠳᠠᠭᠠᠨ ᠰᠡᠷᠭᠦᠭᠡᠬᠦ᠂ ᠠᠮᠤᠷᠵᠢᠭᠤᠯᠤᠨ ᠲᠡᠩᠬᠡᠷᠡᠭᠦᠯᠬᠦ ᠲᠡᠶᠢᠰᠢ ᠬᠤᠪᠢᠷᠠᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠬᠡᠪᠡᠷᠡᠭ ᠪᠠᠶᠢᠬᠤ ᠪᠠᠶᠢᠳᠠᠯ ᠢ ᠬᠤᠪᠢᠷᠠᠭᠤᠯᠤᠨ᠎ᠠ; ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠬᠦ ᠪᠠᠶᠢᠷᠢᠰᠢᠯ ᠢ ᠰᠢᠯᠢᠳᠡᠭᠵᠢᠭᠦᠯᠵᠦ᠂ ᠠᠮᠢ ᠠᠬᠤᠢ ᠶᠢᠨ ᠴᠢᠳᠠᠮᠵᠢᠲᠤ ᠣᠷᠣᠨ ᠳᠤ ᠠᠮᠢ ᠠᠬᠤᠢ ᠶᠢᠨ ᠣᠷᠴᠢᠨ ᠨᠥᠬᠦᠴᠡᠯ ᠢ ᠭᠤᠣᠯᠳᠠᠯᠭ᠎ᠠ ᠲᠠᠢ ᠰᠠᠶᠢᠲᠤᠷ ᠬᠠᠮᠠᠭᠠᠯᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠰᠣᠬᠤᠷ ᠪᠠᠯᠠᠢ ᠪᠠᠷ ᠬᠥᠭᠡᠭᠡᠴᠡᠯᠳᠦᠬᠦ ᠦᠭᠡᠢ; ᠣᠷᠣᠨ ᠪᠦᠰᠡ ᠶᠢᠨ ᠠᠵᠤ ᠦᠢᠯᠡᠰ ᠤᠨ ᠪᠠᠶᠢᠷᠢᠰᠢᠯ ᠢ ᠲᠣᠬᠢᠷᠠᠭᠤᠯᠵᠤ᠂ ᠠᠵᠤ ᠠᠬᠤᠢ ᠶᠢᠨ ᠠᠵᠢᠯᠯᠠᠭ᠎ᠠ ᠶᠢ ᠡᠭᠢ ᠪᠠᠶᠠᠯᠢᠭ ᠣᠷᠴᠢᠨ ᠠᠬᠤᠢ ᠶᠢᠨ ᠳᠠᠭᠠᠭᠠᠵᠤ ᠳᠡᠶᠢᠯᠭᠦ ᠬᠡᠪᠴᠢᠶᠡᠨ ᠳᠤ ᠭᠢᠵᠠᠭᠠᠷᠯᠠᠨ᠎ᠠ; ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠵᠤ᠂ ᠪᠣᠬᠢᠷᠳᠤᠯ ᠦᠭᠡᠢ᠂ ᠦᠷᠭᠦᠯᠵᠢᠯᠡᠬᠦ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠎ᠠ᠃      — — ᠤᠰᠤᠨ ᠤ ᠬᠡᠮᠵᠢᠶ᠎ᠡ ᠪᠠᠷ ᠠᠵᠢᠯᠯᠠᠵᠤ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ ᠤᠰᠤᠨ ᠤ ᠡᠭᠢ ᠪᠠᠶᠠᠯᠢᠭ ᠢᠶᠠᠷ ᠬᠠᠮᠤᠭ ᠤᠨ ᠴᠢᠩᠭ᠎ᠠ ᠬᠢᠵᠠᠭᠠᠷᠯᠠᠯ ᠪᠤᠯᠭᠠᠵᠤ᠂ ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠥᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠬᠥᠮᠥᠨ ᠠᠮᠠ᠂ ᠬᠤᠳᠠ ᠪᠣᠯᠣᠨ ᠠᠵᠤ ᠦᠢᠯᠡᠰ ᠤᠨ ᠬᠥᠭᠵᠢᠯᠲᠡ ᠶᠢ ᠵᠦᠢ ᠵᠣᠬᠢᠰᠲᠠᠢ ᠲᠦᠯᠦᠪᠵᠢᠭᠦᠯᠦᠨ᠎ᠡ; ᠦᠢᠯᠡᠳᠪᠦᠷᠢᠯᠡᠯ ᠠᠮᠢᠳᠤᠷᠠᠯ ᠤᠨ ᠠᠮᠢ ᠠᠬᠤᠢ ᠶᠢᠨ ᠤᠰᠤ ᠬᠡᠷᠡᠭᠯᠡᠬᠦ ᠪᠦᠲᠦᠴᠡ ᠶᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠵᠦ᠂ ᠤᠰᠤ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ ᠠᠷᠭ᠎ᠠ ᠪᠠᠷᠢᠯ ᠢᠶᠠᠷ ᠤᠰᠤᠨ ᠤ ᠡᠭᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠭᠡᠳᠡᠷᠭᠦ ᠰᠢᠬᠠᠮᠳᠠᠭᠤᠯᠵᠤ᠂ ᠤᠰᠤ ᠬᠡᠷᠡᠭᠯᠡᠬᠦ ᠠᠷᠭ᠎ᠠ ᠭᠡᠯᠪᠡᠷᠢ ᠶᠢ ᠪᠦᠳᠦᠭᠦᠯᠢᠭ ᠦᠷ᠎ᠡ ᠠᠰᠢᠭ ᠳᠣᠣᠷ᠎ᠠ ᠪᠠᠶᠢᠭᠰᠠᠨ ᠠᠴᠠ ᠠᠷᠪᠢᠲᠠᠢ ᠡᠷᠴᠢᠮᠯᠢᠭ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃      — — ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠲᠦᠷᠦᠯ ᠬᠤᠪᠢᠶᠠᠨ ᠲᠦᠷᠦ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠳᠡᠭᠡᠳᠦ ᠳᠤᠮᠳᠠ ᠳᠣᠣᠷᠠᠳᠤ ᠤᠷᠤᠰᠬᠠᠯ ᠤᠨ ᠠᠳᠠᠯᠢ ᠪᠤᠰᠤ ᠭᠠᠵᠠᠷ ᠣᠷᠣᠨ ᠤ ᠪᠠᠶᠢᠭᠠᠯᠢ ᠶᠢᠨ ᠨᠥᠬᠦᠴᠡᠯ ᠨᠢ ᠮᠢᠩᠭᠠᠨ ᠢᠯᠭᠠᠭ᠎ᠠ ᠲᠦᠮᠡᠨ ᠵᠥᠷᠢᠶ᠎ᠡ ᠲᠠᠢ ᠪᠠᠶᠢᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠨᠢ ᠲᠤᠰ ᠲᠤᠰ ᠲᠠᠭᠠᠨ ᠠᠳᠠᠯᠢ ᠦᠭᠡᠢ ᠪᠠᠶᠢᠳᠠᠭ ᠪᠣᠯᠬᠤᠷ ᠲᠦᠷᠦ ᠶᠢᠨ ᠪᠣᠳᠣᠯᠭ᠎ᠠ ᠪᠠ ᠢᠨᠵᠧᠨᠧᠷᠢᠩ ᠤᠨ ᠠᠷᠭ᠎ᠠ ᠬᠡᠮᠵᠢᠶ᠎ᠡ ᠶᠢᠨ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠣᠷᠣᠨ ᠬᠤᠪᠢᠶᠠᠨ ᠲᠦᠷᠦᠯ ᠬᠤᠪᠢᠶᠠᠨ ᠬᠠᠮᠠᠭᠠᠯᠠᠬᠤ ᠪᠠ ᠵᠠᠰᠠᠬᠤ ᠶᠢ ᠠᠭᠢᠭᠤᠯᠤᠨ᠎ᠠ; ᠡᠯ᠎ᠡ ᠭᠠᠵᠠᠷ ᠤᠨ ᠪᠣᠳᠠᠲᠤ ᠪᠠᠶᠢᠳᠠᠯ ᠠᠴᠠ ᠡᠭᠦᠰᠴᠦ᠂ ᠠᠮᠤ ᠪᠤᠳᠠᠭ᠎ᠠ ᠲᠠᠷᠢᠬᠤ ᠳᠤ ᠲᠣᠬᠢᠷᠠᠮᠵᠢᠲᠠᠢ ᠪᠣᠯ ᠠᠮᠤ ᠪᠤᠳᠠᠭ᠎ᠠ ᠲᠠᠷᠢᠵᠤ᠂ ᠬᠥᠳᠡᠭᠡ ᠠᠵᠤ ᠠᠬᠤᠢ ᠡᠷᠭᠢᠯᠡᠭᠦ ᠳᠤ ᠲᠣᠬᠢᠷᠠᠮᠵᠢᠲᠠᠢ ᠪᠣᠯ ᠬᠥᠳᠡᠭᠡ ᠠᠵᠤ ᠠᠬᠤᠢ ᠡᠷᠭᠢᠯᠡᠵᠦ᠂ ᠠᠵᠤ ᠦᠢᠯᠡᠳᠪᠦᠷᠢ ᠡᠷᠭᠢᠯᠡᠭᠦ ᠳᠤ ᠲᠣᠬᠢᠷᠠᠮᠵᠢᠲᠠᠢ ᠪᠣᠯ ᠠᠵᠤ ᠦᠢᠯᠡᠳᠪᠦᠷᠢ ᠡᠷᠭᠢᠯᠡᠭᠦ᠂ ᠬᠤᠳᠠᠯᠳᠤᠭ᠎ᠠ ᠡᠷᠭᠢᠯᠡᠭᠦ ᠳᠤ ᠲᠣᠬᠢᠷᠠᠮᠵᠢᠲᠠᠢ ᠪᠣᠯ ᠬᠤᠳᠠᠯᠳᠤᠭ᠎ᠠ ᠡᠷᠭᠢᠯᠡᠵᠦ᠂ ᠠᠮᠤ ᠪᠤᠳᠠᠭ᠎ᠠ ᠪᠣᠯᠣᠨ ᠡᠨᠧᠷᠭᠢ ᠶᠢᠨ ᠰᠠᠭᠤᠷᠢᠨ ᠢ ᠬᠦᠴᠦᠷᠬᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠨᠡᠮᠡᠭᠳᠡᠯ ᠤᠨ ᠲᠤᠶᠢᠯ ᠢ ᠪᠣᠶᠢᠵᠢᠭᠤᠯᠵᠤ᠂ ᠨᠡᠭᠡᠭᠡᠯᠲᠡᠲᠤ ᠵᠠᠮ ᠤᠨ ᠬᠦᠢᠰᠦ ᠶᠢ ᠴᠣᠭᠴᠠᠯᠠᠵᠤ᠂ ᠪᠦᠭᠦ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠨ᠎ᠠ᠃      — — ᠨᠢᠭᠡᠳᠦᠯᠲᠡᠢ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠵᠦ᠂ ᠬᠠᠮᠵᠢᠯᠴᠠᠨ ᠠᠬᠢᠭᠤᠯᠬᠤ ᠶᠢ ᠪᠠᠷᠢᠮᠲᠠᠯᠠᠨ᠎ᠠ᠃ ᠪᠦᠭᠦ ᠰᠠᠪᠠ ᠭᠠᠵᠠᠷ ᠪᠠ ᠠᠮᠢ ᠠᠬᠤᠢ ᠶᠢᠨ ᠰᠢᠰᠲ᠋ᠧᠮ ᠤᠨ ᠪᠦᠬᠦᠯᠢ ᠴᠣᠭᠴᠠᠲᠤ ᠴᠢᠨᠠᠷ ᠲᠤ ᠰᠠᠭᠤᠷᠢᠯᠠᠨ᠂ ᠶᠡᠭᠡ ᠬᠠᠮᠠᠭᠠᠯᠠᠯᠲᠠ ᠶᠢ ᠬᠠᠮᠲᠤ ᠪᠠᠷ ᠰᠠᠶᠢᠲᠤᠷ ᠠᠳᠬᠤᠬᠤ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠳᠡᠭᠡᠳᠦ ᠳᠤᠮᠳᠠ ᠳᠣᠣᠷᠠᠳᠤ ᠤᠷᠤᠰᠬᠠᠯ᠂ ᠭᠤᠣᠯ ᠤᠷᠤᠰᠬᠠᠯ ᠰᠠᠯᠪᠤᠷᠢ ᠤᠷᠤᠰᠬᠠᠯ᠂ ᠵᠡᠭᠦᠨ ᠪᠠᠷᠠᠭᠤᠨ ᠬᠤᠶᠠᠷ ᠬᠥᠪᠡᠭᠡᠨ ᠤ ᠬᠠᠮᠠᠭᠠᠯᠠᠯᠲᠠ ᠪᠠ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠬᠠᠰᠢᠯᠭ᠎ᠠ ᠳᠠᠯᠠᠩ ᠤᠨ ᠪᠦᠲᠦᠭᠡᠨ ᠪᠠᠶᠢᠭᠤᠯᠤᠯᠲᠠ᠂ ᠭᠤᠣᠯ ᠤᠨ ᠵᠠᠮ ᠢ ᠴᠡᠭᠴᠡᠯᠡᠨ ᠰᠠᠶᠢᠵᠢᠷᠠᠭᠤᠯᠬᠤ᠂ ᠭᠤᠣᠯ ᠤᠨ ᠲᠠᠩ ᠢ ᠵᠠᠰᠠᠬᠤ᠂ ᠠᠮᠢ ᠠᠬᠤᠢ ᠶᠢ ᠵᠠᠰᠠᠨ ᠰᠡᠷᠭᠦᠭᠡᠬᠦ ᠵᠡᠷᠭᠡ ᠴᠢᠬᠤᠯᠠ ᠶᠡᠭᠡ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠰᠤᠨ ᠤ ᠡᠭᠢ ᠪᠠᠶᠠᠯᠢᠭ ᠢ ᠬᠤᠪᠢᠶᠠᠷᠢᠯᠠᠨ ᠠᠰᠢᠭᠯᠠᠬᠤ ᠪᠠ ᠠᠵᠤ ᠦᠢᠯᠡᠰ ᠤᠨ ᠪᠠᠶᠢᠷᠢᠰᠢᠭᠤᠯᠤᠯᠲᠠ᠂ ᠬᠤᠳᠠ ᠶᠢᠨ ᠪᠦᠲᠦᠭᠡᠨ ᠪᠠᠶᠢᠭᠤᠯᠤᠯᠲᠠ ᠵᠡᠷᠭᠡ ᠶᠢ ᠨᠢᠭᠡᠳᠦᠯᠲᠡᠢ ᠲᠥᠯᠥᠪᠵᠢᠭᠦᠯᠦᠨ᠎ᠡ᠃ ᠨᠢᠭᠡᠳᠬᠡᠬᠦ ᠰᠠᠯᠭᠠᠬᠤ ᠶᠢ ᠤᠶᠠᠯᠳᠤᠭᠤᠯᠬᠤ᠂ ᠬᠠᠮᠵᠢᠯᠴᠠᠨ ᠬᠠᠮᠲᠤᠷᠠᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠠᠶᠠᠭᠠᠷ ᠢᠶᠠᠨ ᠰᠡᠳᠬᠢᠯ ᠨᠢᠭᠡᠳᠦᠨ᠂ ᠬᠠᠳᠤᠨ ᠭᠤᠣᠯ ᠳᠠᠭᠠᠤ ᠶᠢᠨ ᠡᠯ᠎ᠡ ᠮᠤᠵᠢ ᠣᠷᠣᠨ ᠬᠦᠴᠦ ᠪᠠᠨ ᠬᠠᠮᠲᠤᠳᠬᠠᠨ ᠬᠠᠳᠤᠨ ᠭᠤᠣᠯ ᠤᠨ ᠬᠠᠮᠠᠭᠠᠯᠠᠯᠲᠠ ᠪᠠ ᠵᠠᠰᠠᠯᠲᠠ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠠᠮᠢ ᠨᠠᠰᠤᠨ ᠤ ᠱᠤᠭᠤᠮ ᠢ ᠰᠠᠶᠢᠲᠤᠷ ᠰᠠᠬᠢᠨ᠎ᠠ᠃      ᠭᠤᠷᠪᠠᠳᠤᠭᠠᠷ ᠬᠡᠰᠡᠭ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ      ᠶᠡᠭᠡ ᠭᠤᠣᠯ ᠮᠥᠷᠡᠨ ᠤ ᠵᠠᠰᠠᠯᠲᠠ ᠶᠢᠨ ᠴᠢᠬᠤᠯᠠ ᠬᠡᠪ ᠳᠠᠭᠤᠷᠢᠶᠠᠯ᠃ ᠬᠠᠲᠤᠨ ᠭᠤᠣᠯ ᠤᠨ ᠤᠷᠳᠤ ᠬᠤᠭᠤᠴᠠᠭᠠᠨ ᠤ ᠪᠡᠷᠬᠡ ᠪᠤᠳᠤᠯᠢᠶᠠᠨᠲᠠᠢ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠵᠠᠳᠠᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠭᠤᠷ ᠠᠮᠢᠰᠬᠤᠯ ᠤᠨ ᠬᠤᠪᠢᠷᠠᠯᠲᠠ ᠶᠢᠨ ᠬᠠᠨᠳᠤᠰᠢ ᠪᠣᠯᠣᠨ ᠦᠶᠡᠷ ᠤᠰᠤᠲᠤᠯ ᠵᠡᠷᠭᠡ ᠭᠠᠮᠰᠢᠭ ᠤᠨ ᠵᠢᠮ᠎ᠡ ᠶᠣᠰᠣ ᠶᠢ ᠤᠨᠤᠪᠴᠢᠲᠠᠶ ᠡᠵᠡᠮᠰᠢᠵᠦ᠂ ᠤᠰᠤᠨ ᠤ ᠲᠤᠬᠠᠢ ᠥᠷᠥᠭᠡᠰᠦᠯ ᠴᠢᠨᠠᠷ ᠢ ᠢᠯᠠᠨ ᠳᠠᠪᠠᠵᠤ᠂ ᠬᠠᠲᠤᠨ ᠭᠤᠣᠯ ᠤᠨ ᠵᠠᠰᠠᠯᠲᠠ ᠶᠢᠨ ᠪᠦᠭᠦ ᠲᠠᠯ᠎ᠠ ᠶᠢᠨ ᠴᠢᠨᠠᠷ᠂ ᠪᠦᠬᠦᠯᠢ ᠴᠣᠭᠴᠠᠲᠤ ᠴᠢᠨᠠᠷ ᠪᠠ ᠬᠠᠮᠵᠢᠯᠴᠠᠬᠤ ᠴᠢᠨᠠᠷ ᠢ ᠲᠤᠪᠤᠶᠢᠯᠭᠠᠵᠤ᠂ ᠬᠠᠲᠤᠨ ᠭᠤᠣᠯ ᠤᠨ ᠡᠭᠢ ᠠᠴᠠ ᠲᠡᠯᠡᠶ ᠳᠤ ᠴᠢᠳᠬᠤᠬᠤ ᠠᠮᠠ ᠭᠦᠷᠲᠡᠯᠡᠭᠢ ᠪᠦᠭᠦ ᠣᠷᠣᠨ ᠪᠦᠰᠡ ᠶᠢᠨ ᠨᠢᠭᠡᠳᠦᠯᠲᠡᠢ ᠲᠥᠯᠥᠪᠯᠡᠬᠦ ᠪᠠ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠡᠵᠡᠮᠳᠡᠬᠦ ᠶᠢ ᠠᠬᠢᠭᠤᠯᠵᠤ᠂ ᠰᠠᠪᠠ ᠭᠠᠵᠠᠷ ᠤᠨ ᠵᠠᠰᠠᠯᠲᠠ ᠶᠢᠨ ᠪᠠᠶᠢᠭᠤᠯᠤᠮᠵᠢ ᠪᠠ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠠᠲᠠᠭᠤ ᠴᠢᠨᠠᠷᠲᠠᠢ ᠪᠠᠷᠢᠯᠭ᠎ᠠ ᠶᠢᠨ ᠠᠷᠭ᠎ᠠ ᠬᠡᠮᠵᠢᠶ᠎ᠡ ᠪᠠ ᠤᠶᠠᠨ ᠴᠢᠨᠠᠷᠲᠠᠢ ᠲᠣᠬᠢᠷᠠᠭᠤᠯᠬᠤ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠤᠰᠤᠨ ᠤ ᠭᠠᠮᠰᠢᠭ ᠢ ᠬᠦᠴᠦᠯᠡᠨ ᠰᠡᠷᠭᠡᠶᠢᠯᠡᠵᠦ᠂ ᠤᠰᠤᠨ ᠤ ᠭᠡᠮ ᠢ ᠠᠷᠢᠯᠭᠠᠵᠤ᠂ ᠤᠰᠤᠨ ᠠᠰᠢᠭᠯᠠᠯᠲᠠ ᠶᠢ ᠶᠡᠭᠡ ᠪᠠᠷ ᠬᠥᠭᠵᠢᠭᠦᠯᠬᠦ᠂ ᠤᠰᠤᠨ ᠤ ᠰᠠᠶᠢᠨ ᠢ ᠢᠯᠡᠷᠡᠭᠦᠯᠭᠦ ᠳᠤ ᠬᠦᠴᠦ ᠲᠠᠯᠪᠢᠵᠤ᠂ ᠭᠤᠣᠯᠳᠠᠯᠭ᠎ᠠ ᠲᠠᠢ ᠰᠠᠪᠠ ᠭᠠᠵᠠᠷ ᠤᠨ ᠵᠠᠰᠠᠯᠲᠠ ᠳᠤ ᠲᠤᠷᠰᠢᠯᠭ᠎ᠠ ᠪᠠ ᠲᠣᠯᠢᠳᠠᠯ ᠬᠠᠩᠭᠠᠵᠤ᠂ ᠶᠡᠭᠡ ᠭᠤᠣᠯ ᠮᠥᠷᠡᠨ ᠤ ᠵᠠᠰᠠᠯᠲᠠ ᠶᠢᠨ ᠰᠢᠨ᠎ᠡ ᠪᠠᠶᠢᠳᠠᠯ ᠢ ᠡᠭᠦᠳᠦᠨ᠎ᠡ᠃      ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ᠃ ᠬᠠᠲᠤᠨ ᠭᠤᠣᠯ ᠤᠨ ᠰᠠᠪᠠ ᠭᠠᠵᠠᠷ ᠲᠤ ᠬᠥᠬᠡᠨᠠᠭᠤᠷ ᠲᠥᠪᠡᠳ ᠤᠨ ᠥᠨᠳᠦᠷᠯᠢᠭ᠂ ᠰᠢᠷ᠎ᠠ ᠬᠥᠷᠥᠰᠥᠲᠦ ᠥᠨᠳᠦᠷᠯᠢᠭ᠂ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ᠂ ᠬᠠᠳᠤᠨ ᠭᠤᠣᠯ ᠤᠨ ᠠᠳᠠᠭ ᠤᠨ ᠳᠠᠯᠠᠢ ᠶᠢᠨ ᠡᠷᠭᠢ ᠶᠢᠨ ᠪᠦᠰᠡ ᠵᠡᠷᠭᠡ ᠶᠢ ᠬᠠᠪᠰᠤᠷᠭᠠᠵᠤ᠂ ᠠᠮᠢ ᠠᠬᠤᠢ ᠶᠢᠨ ᠬᠠᠯᠬᠠᠪᠴᠢ ᠶᠢᠨ ᠶᠡᠷᠦᠩᠬᠡᠶᠢᠯᠡᠭᠰᠡᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠲᠤᠨ ᠭᠤᠣᠯ ᠤᠨ ᠠᠮᠢ ᠠᠬᠤᠢ ᠶᠢᠨ ᠰᠢᠰᠲ᠋ᠧᠮ ᠤᠨ ᠰᠠᠶᠢᠨ ᠣᠷᠴᠢᠯ ᠢ ᠠᠬᠢᠭᠤᠯᠵᠤ᠂ ᠠᠮᠢ ᠠᠬᠤᠢ ᠶᠢᠨ ᠬᠠᠯᠬᠠᠪᠴᠢ ᠶᠢᠨ ᠶᠠᠰᠤ ᠴᠢᠨᠠᠷ ᠦᠷ᠎ᠡ ᠪᠦᠲᠦᠮᠵᠢ ᠶᠢ ᠴᠢᠩᠭᠠᠳᠬᠠᠬᠤ ᠪᠠᠷ ᠵᠣᠷᠢᠯᠲᠠ ᠪᠤᠯᠭᠠᠵᠤ᠂ ᠪᠠᠶᠢᠭᠠᠯᠢ ᠶᠢᠨ ᠠᠮᠢ ᠠᠬᠤᠢ ᠶᠢᠨ ᠤᠭ ᠶᠣᠰᠣ ᠶᠢ ᠵᠢᠷᠤᠮᠯᠠᠵᠤ᠂ ᠰᠢᠰᠲ᠋ᠧᠮ ᠤᠨ ᠢᠨᠵᠧᠨᠧᠷᠢᠩ ᠤᠨ ᠠᠷᠭ᠎ᠠ ᠶᠢ ᠬᠡᠷᠡᠭᠯᠡᠵᠦ᠂ ᠳᠡᠭᠡᠳᠦ ᠤᠷᠤᠰᠬᠠᠯ ᠤᠨ ︽ᠳᠤᠮᠳᠠᠳᠤ ᠶᠢᠨ ᠤᠰᠤᠨ ᠴᠠᠮᠬᠠᠭ︾  ᠤᠨ ᠤᠰᠤᠨ ᠤ ᠰᠤᠷᠪᠤᠯᠵᠢ ᠶᠢ ᠬᠠᠳᠠᠭᠠᠯᠠᠬᠤ ᠴᠢᠳᠠᠪᠤᠷᠢ᠂ ᠳᠤᠮᠳᠠ ᠤᠷᠤᠰᠬᠠᠯ ᠤᠨ ᠬᠥᠷᠥᠰᠥ ᠰᠢᠷᠣᠢ ᠶᠢ ᠬᠠᠮᠠᠭᠠᠯᠠᠬᠤ ᠬᠢᠷᠢ ᠬᠡᠮᠵᠢᠶ᠎ᠡ ᠪᠠ ᠳᠣᠣᠷᠠᠳᠤ ᠤᠷᠤᠰᠬᠠᠯ ᠤᠨ ᠨᠤᠭᠤ ᠭᠠᠵᠠᠷ ᠵᠡᠷᠭᠡ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠢ ᠶᠡᠷᠦᠩᠬᠡᠶᠢᠯᠡᠨ ᠲᠡᠭᠡᠭᠰᠢᠯᠡᠭᠦᠯᠵᠦ᠂ ᠪᠠᠲᠤ ᠪᠠᠭᠢ᠂ ᠬᠦᠴᠦᠲᠡᠢ ᠲᠤᠯᠭᠠᠭᠤᠷᠢᠯᠠᠯ ᠪᠦᠬᠦᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠦᠷᠭᠡᠳᠬᠡᠨ ᠪᠠᠶᠢᠭᠤᠯᠵᠤ᠂ ᠬᠥᠭᠵᠢᠭᠡᠳᠦᠢ ᠪᠠ ᠠᠮᠢ ᠠᠬᠤᠢ ᠬᠡᠪᠡᠷᠡᠭ ᠭᠠᠵᠠᠷ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠵᠢᠱᠢᠶ᠎ᠡ ᠦᠵᠡᠭᠦᠯᠦᠨ᠎ᠡ᠃      ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠲᠤᠷᠰᠢᠯᠲᠠ ᠶᠢᠨ ᠣᠷᠣᠨ᠃ ᠬᠠᠲᠤᠨ ᠭᠤᠣᠯ ᠤᠨ ᠰᠠᠪᠠ ᠭᠠᠵᠠᠷ ᠤᠨ ᠬᠠᠷᠢᠴᠠᠭᠤᠯᠤᠭᠰᠠᠨ ᠳᠠᠪᠠᠭᠤᠯᠢᠭ ᠪᠣᠯᠣᠨ ᠬᠥᠭᠵᠢᠯᠲᠡ ᠶᠢᠨ ᠱᠠᠲᠤ ᠦᠶ᠎ᠡ ᠲᠠᠢ ᠨᠢᠭᠲᠠ ᠤᠶᠠᠯᠳᠤᠭᠤᠯᠤᠨ᠂ ᠠᠮᠢ ᠠᠬᠤᠢ ᠶᠢᠨ ᠬᠠᠮᠠᠭᠠᠯᠠᠯᠲᠠ ᠪᠠᠷ ᠤᠷᠢᠲᠠᠯ ᠪᠣᠯᠭᠠᠨ ᠣᠷᠣᠨ ᠪᠦᠰᠡ ᠶᠢᠨ ᠠᠵᠤ ᠠᠬᠤᠢ ᠪᠣᠯᠣᠨ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ᠳᠡᠭᠡᠳᠦ ᠳᠤᠮᠳᠠ ᠳᠣᠣᠷᠠᠳᠤ ᠤᠷᠤᠰᠬᠠᠯ ᠤᠨ ᠡᠯ᠎ᠡ ᠭᠠᠵᠠᠷ ᠣᠷᠣᠨ ᠤ ᠠᠵᠢᠯ ᠢᠶᠠᠨ ᠵᠦᠢ ᠵᠣᠬᠢᠰᠲᠠᠢ ᠬᠤᠪᠢᠶᠠᠷᠢᠯᠠᠬᠤ ᠶᠢ ᠠᠬᠢᠭᠤᠯᠤᠨ᠎ᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠭᠢᠵᠢᠭᠦᠯᠦᠨ᠎ᠡ; ᠠᠮᠤ ᠪᠤᠳᠠᠭ᠎ᠠ ᠪᠠ ᠡᠨᠧᠷᠭᠢ ᠶᠢᠨ ᠠᠮᠤᠷ ᠲᠦᠪᠰᠢᠨ ᠢ ᠪᠠᠬᠢᠵᠢᠭᠦᠯᠬᠦ ᠪᠠᠷ ᠳᠠᠮᠵᠢᠭᠤᠯᠤᠨ᠂ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠣᠨᠴᠠᠯᠢᠭ ᠢ ᠳᠤᠪᠤᠶᠢᠯᠭᠠᠨ᠎ᠠ; ᠠᠵᠤ ᠠᠬᠤᠢ ᠶᠢᠨ ᠴᠢᠬᠤᠯᠠ ᠨᠡᠮᠡᠭᠳᠡᠯ ᠤᠨ ᠲᠤᠶᠢᠯ ᠢ ᠪᠣᠶᠢᠵᠢᠭᠤᠯᠬᠤ ᠪᠠᠷ ᠳᠠᠮᠵᠢᠭᠤᠯᠤᠨ᠂ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠦ ᠬᠦᠴᠦᠨ ᠢ ᠴᠢᠩᠭᠠᠷᠠᠭᠤᠯᠤᠨ᠎ᠠ; ᠳᠣᠲᠣᠭᠠᠳᠤ ᠬᠠᠭᠤᠷᠠᠢ ᠶᠢᠨ ᠲᠡᠯᠡᠶ ᠳᠠᠭᠠᠤ ᠶᠢᠨ ᠬᠤᠣᠰ ᠴᠢᠭᠯᠡᠯ ᠢᠶᠠᠷ ᠨᠡᠭᠡᠭᠡᠯᠲᠡ ᠬᠢᠬᠦ ᠪᠠᠷ ᠳᠠᠮᠵᠢᠭᠤᠯᠤᠨ᠂ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠵᠦ᠂ ᠰᠠᠪᠠ ᠭᠠᠵᠠᠷ ᠤᠨ ᠠᠵᠤ ᠠᠬᠤᠢ᠂ ᠬᠥᠭᠵᠢᠭᠡᠳᠦᠢ ᠭᠠᠵᠠᠷ ᠣᠷᠣᠨ ᠤ ᠰᠢᠨ᠎ᠡ ᠬᠠᠭᠤᠴᠢᠨ ᠬᠥᠳᠡᠯᠭᠡᠭᠦ ᠡᠨᠧᠷᠭᠢ ᠶᠢᠨ ᠰᠣᠯᠢᠭᠳᠠᠯ ᠳᠤ ᠠᠷᠭ᠎ᠠ ᠵᠠᠮ ᠬᠠᠩᠭᠠᠵᠤ᠂ ᠪᠦᠭᠦ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠤᠯᠭᠠᠭᠤᠷᠢᠯᠠᠯ ᠬᠠᠩᠭᠠᠨ᠎ᠠ᠃      ᠳᠤᠮᠳᠠᠳᠤ ᠶᠢᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠴᠢᠬᠤᠯᠠ ᠠᠴᠢᠶᠠᠯᠠᠪᠤᠷᠢ ᠶᠢᠨ ᠣᠷᠣᠨ᠃ ᠬᠠᠲᠤᠨ ᠭᠤᠣᠯ ᠤᠨ ᠰᠠᠪᠠ ᠭᠠᠵᠠᠷ ᠤᠨ ᠰᠣᠶᠣᠯ ᠤᠨ ᠥᠪ ᠤᠨ ᠡᠭᠢ ᠪᠠᠶᠠᠯᠢᠭ ᠡᠯᠪᠡᠭ ᠳᠡᠯᠪᠡᠭ᠂ ᠤᠯᠠᠮᠵᠢᠯᠠᠯᠲᠤ ᠰᠣᠶᠣᠯ ᠤᠨ ᠰᠠᠭᠤᠷᠢ ᠭᠦᠨ ᠵᠤᠵᠠᠭᠠᠨ ᠳᠠᠪᠠᠭᠤᠯᠢᠭ ᠲᠤ ᠲᠦᠰᠢᠭᠯᠡᠨ᠂ ᠬᠠᠲᠤᠨ ᠭᠤᠣᠯ ᠤᠨ ᠰᠣᠶᠣᠯ ᠢ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠬᠠᠮᠠᠭᠠᠯᠠᠨ ᠤᠯᠠᠮᠵᠢᠯᠠᠨ ᠪᠠᠳᠠᠷᠠᠭᠤᠯᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠭᠦᠨ ᠤᠬᠠᠭᠠᠨ ᠤ ᠦᠵᠡᠯ ᠰᠠᠨᠠᠭ᠎ᠠ᠂ ᠬᠥᠮᠥᠨ ᠨᠡᠶᠢᠭᠡᠮ ᠤᠨ ᠵᠣᠷᠢᠭ ᠰᠠᠨᠠᠭ᠎ᠠ᠂ ᠦᠷᠲᠡᠭ ᠤᠨ ᠣᠶᠢᠯᠠᠭᠠᠭᠳᠠᠬᠤᠨ᠂ ᠶᠣᠰᠣ ᠮᠣᠷᠠᠯ ᠤᠨ ᠵᠢᠷᠤᠮᠵᠢᠯ ᠢ ᠭᠦᠨᠵᠡᠭᠡᠢ ᠠᠭᠤᠳᠠᠯᠤᠨ᠎ᠠ᠃ ᠬᠠᠲᠤᠨ ᠭᠤᠣᠯ ᠤᠨ ᠰᠣᠶᠣᠯ ᠢ ᠪᠦᠲᠦᠭᠡᠯᠴᠢ ᠪᠠᠷ ᠬᠤᠪᠢᠷᠠᠭᠤᠯᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠪᠠᠷ ᠳᠠᠮᠵᠢᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ᠂ ᠬᠤᠪᠢᠰᠬᠠᠯᠲᠤ ᠰᠣᠶᠣᠯ ᠤᠨ ᠡᠯᠪᠡᠭ ᠪᠠᠶᠠᠯᠢᠭ ᠠᠭᠤᠯᠤᠭᠳᠠᠬᠤᠨ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠤᠨ ᠴᠠᠭ ᠦᠶ᠎ᠡ ᠶᠢᠨ ᠦᠷᠲᠡᠭ ᠢ ᠭᠦᠢᠴᠡᠳ ᠬᠠᠷᠠᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠦᠨ᠂ ᠤᠯᠤᠰ ᠣᠷᠣᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠶᠣᠰᠣ ᠮᠣᠷᠠᠯ ᠤᠨ ᠦᠵᠡᠯᠲᠡ ᠶᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠦᠲᠦᠭᠡᠨ ᠪᠠᠶᠢᠭᠤᠯᠤᠨ᠎ᠠ᠃      ᠳᠥᠷᠪᠡᠳᠦᠭᠡᠷ ᠬᠡᠰᠡᠭ ᠬᠥᠭᠵᠢᠯᠲᠡ ᠶᠢᠨ ᠬᠠᠷᠠᠯᠲᠠ      2030 ᠣᠨ ᠪᠤᠯᠲᠠᠯ᠎ᠠ᠂ ᠬᠠᠲᠤᠨ ᠭᠤᠣᠯ ᠤᠨ ᠰᠠᠪᠠ ᠭᠠᠵᠠᠷ ᠤᠨ ᠬᠥᠮᠥᠨ ᠤᠰᠤᠨ ᠤ ᠬᠠᠷᠢᠴᠠᠭ᠎ᠠ ᠴᠢᠨᠠᠭᠰᠢᠳᠠ ᠰᠠᠶᠢᠵᠢᠷᠠᠵᠤ᠂ ᠰᠠᠪᠠ ᠭᠠᠵᠠᠷ ᠢ ᠵᠠᠰᠠᠬᠤ ᠬᠢᠷᠢ ᠬᠡᠮᠵᠢᠶ᠎ᠡ ᠶᠢ ᠢᠯᠡᠳᠲᠡ ᠲᠡᠭᠡᠭᠰᠢᠯᠡᠭᠦᠯᠵᠦ᠂ ᠠᠮᠢ ᠠᠬᠤᠢ ᠶᠢ ᠬᠠᠮᠲᠤ ᠪᠠᠷ ᠵᠠᠰᠠᠬᠤ᠂ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠬᠤ᠂ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠤᠯᠪᠣᠯᠳᠤᠭᠰᠠᠨ ᠬᠥᠭᠵᠢᠯᠲᠡ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠣᠳᠣᠬᠢᠴᠢᠯᠠᠭᠰᠠᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠤᠰᠤᠨ ᠤ ᠡᠭᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠴᠢᠨᠠᠭᠰᠢᠳᠠ ᠲᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠢᠯᠡᠳᠲᠡ ᠰᠠᠶᠢᠵᠢᠷᠠᠭᠤᠯᠵᠤ᠂ ᠤᠯᠤᠰ ᠤᠨ ᠠᠮᠤ ᠪᠤᠳᠠᠭ᠎ᠠ ᠪᠣᠯᠣᠨ ᠡᠨᠧᠷᠭᠢ ᠶᠢᠨ ᠰᠠᠭᠤᠷᠢᠨ ᠤ ᠪᠠᠶᠢᠷᠢ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠬᠤᠲᠠ ᠶᠢᠨ ᠪᠦᠯᠦᠭᠵᠢᠯ ᠢᠶᠠᠷ ᠭᠤᠣᠯ ᠪᠤᠯᠭᠠᠭᠰᠠᠨ ᠬᠥᠳᠡᠯᠭᠡᠭᠦ ᠬᠦᠴᠦᠨ ᠤ ᠰᠢᠰᠲ᠋ᠧᠮ ᠢ ᠨᠠᠩ ᠬᠦᠴᠦᠲᠡᠢ ᠪᠤᠯᠭᠠᠵᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠠᠳᠤᠨ ᠭᠤᠣᠯ ᠤᠨ ᠰᠣᠶᠣᠯ ᠤᠨ ᠨᠥᠯᠥᠭᠡᠯᠡᠬᠦ ᠬᠦᠴᠦᠨ ᠢ ᠢᠯᠡᠳᠲᠡ ᠥᠷᠭᠡᠵᠢᠭᠦᠯᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠢ ᠢᠯᠡᠳᠲᠡ ᠲᠡᠭᠡᠭᠰᠢᠯᠡᠭᠦᠯᠵᠦ᠂ ᠰᠠᠪᠠ ᠭᠠᠵᠠᠷ ᠤᠨ ᠠᠷᠠᠳ ᠤᠯᠠᠨ ᠤ ᠠᠮᠢᠳᠤᠷᠠᠯ ᠢ ᠨᠠᠩ ᠪᠠᠶᠠᠨ ᠴᠢᠨᠡᠭᠡᠯᠢᠭ ᠪᠤᠯᠭᠠᠵᠤ᠂ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠢᠯᠡᠳᠲᠡ ᠳᠡᠭᠡᠭᠰᠢᠯᠡᠭᠦᠯᠦᠨ᠎ᠡ᠃      2035 ᠣᠨ ᠪᠤᠯᠬᠤ ᠳᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠣᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠪᠦᠭᠦ ᠲᠠᠯ᠎ᠠ ᠪᠠᠷ ᠰᠠᠶᠢᠵᠢᠷᠠᠵᠤ᠂ ᠠᠮᠢ ᠠᠬᠤᠢ ᠶᠢᠨ ᠰᠢᠰᠲ᠋ᠧᠮ ᠡᠷᠡᠭᠦᠯ ᠲᠣᠭᠲᠠᠭᠤᠨ ᠪᠣᠯᠵᠤ᠂ ᠤᠰᠤᠨ ᠤ ᠡᠭᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠲᠦᠪᠰᠢᠨ ᠪᠦᠭᠦ ᠤᠯᠤᠰ ᠲᠤ ᠲᠦᠷᠦᠭᠦᠯᠡᠵᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠬᠠᠳᠤᠨ ᠭᠤᠣᠯ ᠤᠨ ᠰᠣᠶᠣᠯ ᠤᠨ ᠶᠡᠭᠡ ᠬᠥᠭᠵᠢᠯᠲᠡ ᠶᠡᠭᠡ ᠴᠡᠴᠡᠭᠯᠡᠯᠲᠡ᠂ ᠠᠷᠠᠳ ᠤᠨ ᠠᠮᠢᠳᠤᠷᠠᠯ ᠤᠨ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃ ᠲᠤᠰ ᠵᠠᠭᠤᠨ ᠤ ᠳᠤᠮᠳᠠᠴᠢ ᠪᠤᠯᠬᠤ ᠳᠤ᠂ ᠬᠠᠳᠤᠨ ᠭᠤᠣᠯ ᠤᠨ ᠰᠠᠪᠠ ᠭᠠᠵᠠᠷ ᠤᠨ ᠪᠣᠳᠠᠰ ᠤᠨ ᠪᠣᠯᠪᠠᠰᠤᠨ᠂ ᠤᠯᠤᠰ ᠲᠦᠷᠦ ᠶᠢᠨ ᠪᠣᠯᠪᠠᠰᠤᠨ᠂ ᠤᠶᠤᠨ ᠤ ᠪᠣᠯᠪᠠᠰᠤᠨ᠂ ᠨᠡᠶᠢᠭᠡᠮ ᠤᠨ ᠪᠣᠯᠪᠠᠰᠤᠨ᠂ ᠠᠮᠢ ᠠᠬᠤᠢ ᠶᠢᠨ ᠪᠣᠯᠪᠠᠰᠤᠨ ᠤ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠮᠠᠨ ᠤ ᠤᠯᠤᠰ ᠤᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠦᠨ᠎ᠡ᠃      ᠲᠠᠪᠤᠳᠤᠭᠠᠷ ᠬᠡᠰᠡᠭ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ      ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ︽ᠨᠢᠭᠡ ᠪᠦᠰᠡ ᠲᠠᠪᠤᠨ ᠣᠷᠣᠨ ᠤᠯᠠᠨ ᠴᠡᠭ︾  ᠤᠨ ᠣᠷᠣᠨ ᠵᠠᠢ ᠶᠢᠨ ᠪᠠᠶᠢᠷᠢᠯᠠᠭᠤᠯᠤᠯᠲᠠ ᠶᠢ ᠪᠠᠶᠢᠭᠤᠯᠤᠨ᠎ᠠ᠃ ︽ᠨᠢᠭᠡ ᠪᠦᠰᠡ︾ ᠭᠡᠳᠡᠭ ᠨᠢ ᠬᠠᠳᠤᠨ ᠭᠤᠣᠯ ᠤᠨ ᠭᠤᠣᠯ ᠤᠷᠤᠰᠬᠠᠯ ᠪᠠ ᠭᠤᠣᠯ ᠪᠤᠯᠬᠤ ᠭᠤᠣᠯ ᠮᠥᠷᠡᠨ ᠨᠠᠭᠤᠷ ᠴᠦᠭᠦᠷᠦᠮ ᠢᠶᠠᠷ ᠠᠷᠤᠭ ᠶᠠᠰᠤ ᠪᠤᠯᠭᠠᠵᠤ᠂ ᠬᠥᠬᠡᠨᠠᠭᠤᠷ ᠲᠥᠪᠡᠳ ᠤᠨ ᠥᠨᠳᠦᠷᠯᠢᠭ᠂ ᠰᠢᠷ᠎ᠠ ᠬᠥᠷᠥᠰᠥᠲᠦ ᠥᠨᠳᠦᠷᠯᠢᠭ᠂ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ᠪᠠ ᠬᠠᠳᠤᠨ ᠭᠤᠣᠯ ᠤᠨ ᠠᠳᠠᠭ ᠤᠨ ᠲᠠᠯᠠᠢ ᠶᠢᠨ ᠡᠷᠭᠢ ᠶᠢᠨ ᠪᠦᠰᠡ ᠶᠢ ᠬᠤᠯᠪᠣᠨ ᠨᠡᠪᠲᠡᠷᠡᠭᠦᠯᠦᠭᠰᠡᠨ ᠬᠠᠳᠤᠨ ᠭᠤᠣᠯ ᠤᠨ ᠠᠮᠢ ᠠᠬᠤᠢ ᠶᠢᠨ ᠪᠦᠰᠡ ᠶᠢ ᠵᠢᠭᠠᠵᠤ ᠪᠠᠶᠢᠨ᠎ᠠ᠃ ︽ᠲᠠᠪᠤᠨ ᠣᠷᠣᠨ︾ ᠭᠡᠳᠡᠭ ᠨᠢ ᠭᠤᠷᠪᠠᠨ ᠮᠥᠷᠡᠨ ᠤ ᠡᠭᠢ᠂ ᠴᠢᠨᠯᠢᠩ ᠳᠠᠪᠠᠭ᠎ᠠ᠂ ᠴᠢ ᠯᠢᠶᠠᠨ ᠱᠠᠨ ᠠᠭᠤᠯᠠ᠂ ᠯᠢᠦ ᠫᠠᠨ ᠱᠠᠨ ᠠᠭᠤᠯᠠ᠂ ᠷᠥᠸᠧ ᠡᠯ ᠭᠠᠢ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠢᠶᠠᠷ ᠭᠤᠣᠯ ᠪᠤᠯᠭᠠᠭᠰᠠᠨ ᠤᠰᠤᠨ ᠤ ᠰᠤᠷᠪᠤᠯᠵᠢ ᠶᠢ ᠬᠠᠳᠠᠭᠠᠯᠠᠬᠤ ᠣᠷᠣᠨ᠂ ᠥᠪᠥᠷ ᠮᠣᠩᠭᠤᠯ ᠤᠨ ᠥᠨᠳᠦᠷᠯᠢᠭ ᠤᠨ ᠡᠮᠦᠨ᠎ᠡ ᠵᠠᠬ᠎ᠠ᠂ ᠨᠢᠩᠰᠢᠶᠠ ᠶᠢᠨ ᠳᠤᠮᠳᠠ ᠬᠡᠰᠡᠭ ᠵᠡᠷᠭᠡ ᠪᠠᠷ ᠭᠤᠣᠯ ᠪᠤᠯᠭᠠᠭᠰᠠᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠣᠷᠣᠨ᠂ ᠬᠥᠬᠡᠨᠠᠭᠤᠷ ᠤᠨ ᠵᠡᠭᠦᠨ ᠬᠡᠰᠡᠭ᠂ ᠭᠠᠨᠰᠤ ᠶᠢᠨ ᠳᠤᠮᠳᠠ ᠬᠡᠰᠡᠭ ᠭᠠᠨᠰᠤ ᠶᠢᠨ ᠵᠡᠭᠦᠨ ᠬᠡᠰᠡᠭ᠂ ᠱᠠᠨᠰᠢ ᠶᠢᠨ ᠬᠤᠶᠢᠲᠤ ᠬᠡᠰᠡᠭ᠂ ᠱᠠᠨ ᠰᠢ ᠶᠢᠨ ᠪᠠᠷᠠᠭᠤᠨ ᠬᠤᠶᠢᠲᠤ ᠬᠡᠰᠡᠭ᠂ ᠨᠢᠩᠰᠢᠶᠠ ᠶᠢᠨ ᠡᠮᠦᠨᠡᠲᠦ ᠬᠡᠰᠡᠭ ᠤᠨ ᠰᠢᠷ᠎ᠠ ᠬᠥᠷᠥᠰᠥᠲᠦ ᠥᠨᠳᠦᠷᠯᠢᠭ ᠢᠶᠠᠷ ᠭᠤᠣᠯ ᠪᠤᠯᠭᠠᠭᠰᠠᠨ ᠬᠥᠷᠥᠰᠥ ᠰᠢᠷᠣᠢ ᠶᠢ ᠬᠠᠮᠠᠭᠠᠯᠠᠬᠤ ᠣᠷᠣᠨ᠂ ᠸᠧᠢ ᠾᠧ ᠭᠤᠣᠯ᠂ ᠹᠧᠨ ᠾᠧ ᠭᠤᠣᠯ᠂ ᠰᠦ ᠱᠦᠢ ᠭᠤᠣᠯ᠂ ᠤᠯᠠᠭᠠᠨᠰᠤᠬᠠᠢ ᠨᠠᠭᠤᠷ ᠢᠶᠠᠷ ᠭᠤᠣᠯ ᠪᠤᠯᠭᠠᠭᠰᠠᠨ ᠭᠤᠣᠯᠳᠠᠯᠭ᠎ᠠ ᠲᠠᠢ ᠭᠤᠣᠯ ᠨᠠᠭᠤᠷ ᠤᠨ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠣᠷᠣᠨ᠂ ᠬᠠᠲᠤᠨ ᠭᠤᠣᠯ ᠤᠨ ᠭᠤᠷᠪᠠᠯᠵᠢᠨ ᠬᠤᠶᠢᠭ ᠤᠨ ᠨᠤᠭᠤ ᠭᠠᠵᠠᠷ ᠢᠶᠠᠷ ᠭᠤᠣᠯ ᠪᠤᠯᠭᠠᠭᠰᠠᠨ ᠭᠤᠣᠯ ᠤᠨ ᠠᠮᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠵᠢᠭᠠᠵᠤ ᠪᠠᠶᠢᠨ᠎ᠠ᠃ ︽ᠤᠯᠠᠨ ᠴᠡᠭ︾ ᠭᠡᠳᠡᠭ ᠨᠢ ᠲᠥᠪᠡᠳ ᠪᠥᠬᠦᠩ᠂ ᠴᠠᠭᠠᠨ ᠢᠷᠪᠢᠰ᠂ ᠬᠡᠭᠡᠷ᠎ᠡ ᠶᠢᠨ ᠰᠠᠷᠯᠤᠭ᠂ ᠨᠤᠲᠤᠭ ᠤᠨ ᠵᠢᠭᠠᠰᠤᠨ ᠤ ᠲᠦᠷᠦᠯ᠂ ᠰᠢᠪᠠᠭᠤᠨ ᠤ ᠲᠦᠷᠦᠯ ᠵᠡᠷᠭᠡ ᠴᠢᠬᠤᠯᠠ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠭᠠᠵᠠᠷ ᠪᠠ ᠬᠤᠪᠣᠷ ᠴᠤᠬᠠᠭ ᠤᠷᠭᠤᠮᠠᠯ ᠤᠨ ᠲᠠᠷᠬᠠᠯᠲᠠ ᠶᠢᠨ ᠣᠷᠣᠨ ᠢ ᠵᠢᠭᠠᠵᠤ ᠪᠠᠶᠢᠨ᠎ᠠ᠃      ᠬᠠᠲᠤᠨ ᠭᠤᠣᠯ ᠤᠨ ᠰᠠᠪᠠ ᠭᠠᠵᠠᠷ ᠤᠨ ︽ᠨᠢᠭᠡ ᠲᠡᠩᠭᠡᠯᠢᠭ ᠬᠤᠶᠠᠷ ᠣᠷᠣᠨ ᠲᠠᠪᠤᠨ ᠲᠤᠶᠢᠯ︾  ᠤᠨ ᠬᠥᠭᠵᠢᠯᠲᠡ ᠶᠢᠨ ᠬᠥᠳᠡᠯᠭᠡᠭᠦ ᠬᠦᠴᠦᠨ ᠤ ᠪᠠᠶᠢᠷᠢᠰᠢᠯ ᠢ ᠪᠠᠶᠢᠭᠤᠯᠤᠨ ᠪᠦᠷᠢᠯᠳᠦᠭᠦᠯᠵᠦ᠂ ᠭᠠᠵᠠᠷ ᠣᠷᠣᠨ ᠤ ᠬᠤᠭᠤᠷᠤᠨᠳᠤᠭᠢ ᠬᠦᠴᠦᠨ ᠵᠦᠢᠯ ᠤᠨ ᠵᠦᠢ ᠵᠣᠬᠢᠰᠲᠠᠢ ᠪᠠᠷ ᠰᠢᠯᠵᠢᠭᠦ ᠪᠠ ᠥᠨᠳᠥᠷ ᠪᠦᠲᠦᠮᠵᠢᠲᠡᠶ ᠪᠠᠷ ᠲᠥᠪᠯᠡᠷᠡᠬᠦ ᠶᠢ ᠠᠬᠢᠭᠤᠯᠤᠨ᠎ᠠ᠃ ︽ᠨᠢᠭᠡ ᠲᠡᠩᠭᠡᠯᠢᠭ︾ ᠭᠡᠳᠡᠭ ᠨᠢ ᠰᠢᠨ᠎ᠡ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠶᠢᠨ ᠬᠥᠭᠦᠷᠭᠡ ᠶᠢᠨ ᠤᠯᠠᠨ ᠤᠯᠤᠰ ᠤᠨ ᠶᠡᠭᠡ ᠵᠠᠮ ᠳᠤ ᠲᠦᠰᠢᠭᠯᠡᠨ᠂ ᠳᠡᠭᠡᠳᠦ ᠳᠤᠮᠳᠠ ᠳᠣᠣᠷᠠᠳᠤ ᠤᠷᠤᠰᠬᠠᠯ ᠪᠠ ᠰᠢᠨ᠎ᠡ ᠭᠡᠯᠪᠡᠷᠢ ᠶᠢᠨ ᠬᠤᠳᠠ ᠶᠢᠨ ᠪᠦᠯᠦᠭᠵᠢᠯ ᠢ ᠬᠤᠯᠪᠣᠵᠤ᠂ ᠲᠡᠷᠢᠭᠦᠨ ᠤ ᠦᠢᠯᠡᠳᠭᠦ ᠦᠢᠯᠡᠰ ᠢᠶᠠᠷ ᠤᠳᠤᠷᠢᠳᠤᠮᠵᠢ ᠪᠣᠯᠭᠠᠨ᠂ ᠰᠢᠨ᠎ᠡ ᠶᠢ ᠡᠭᠦᠳᠭᠦ ᠪᠠᠷ ᠭᠤᠣᠯ ᠬᠥᠳᠡᠯᠭᠡᠭᠴᠢ ᠡᠨᠧᠷᠭᠢ ᠪᠤᠯᠭᠠᠭᠰᠠᠨ ᠣᠳᠣᠬᠢᠴᠢᠯᠠᠭᠰᠠᠨ ᠠᠵᠤ ᠠᠬᠤᠢ ᠶᠢᠨ ᠬᠤᠩᠭᠢᠯ ᠵᠠᠮ ᠢ ᠵᠢᠭᠠᠵᠤ᠂ ᠬᠠᠳᠤᠨ ᠭᠤᠣᠯ ᠤᠨ ᠰᠠᠪᠠ ᠭᠠᠵᠠᠷ ᠤᠨ ᠪᠦᠭᠦ ᠤᠯᠤᠰ ᠵᠢᠴᠢ ᠤᠯᠠᠨ ᠤᠯᠤᠰ ᠤᠨ ᠠᠵᠤ ᠠᠬᠤᠢ ᠶᠢᠨ ᠠᠵᠢᠯ ᠤᠨ ᠬᠤᠪᠢᠶᠠᠷᠢᠯᠠᠯ ᠳᠤ ᠣᠷᠤᠯᠴᠠᠬᠤ ᠪᠡᠶᠡᠴᠢ ᠴᠣᠭᠴᠠ ᠪᠣᠯᠣᠨ᠎ᠠ᠃ ︽ᠬᠤᠶᠠᠷ ᠣᠷᠣᠨ︾ ᠭᠡᠳᠡᠭ ᠨᠢ ᠬᠠᠲᠤᠨ ᠭᠤᠣᠯ ᠬᠤᠸᠠᠢ ᠾᠧ ᠭᠤᠣᠯ ᠬᠠᠢ ᠾᠧ ᠭᠤᠣᠯ ᠤᠨ ᠲᠠᠯ᠎ᠠ ᠭᠠᠵᠠᠷ᠂ ᠹᠧᠨ ᠾᠧ ᠭᠤᠣᠯ ᠸᠧᠢ ᠾᠧ ᠭᠤᠣᠯ ᠤᠨ ᠲᠠᠯ᠎ᠠ ᠭᠠᠵᠠᠷ᠂ ᠪᠣᠷᠣᠳᠣᠬᠤᠢ ᠶᠢᠨ ᠲᠠᠯ᠎ᠠ ᠭᠠᠵᠠᠷ ᠢᠶᠠᠷ ᠭᠤᠣᠯ ᠠᠴᠢᠶᠠᠯᠠᠪᠤᠷᠢ ᠪᠤᠯᠭᠠᠭᠰᠠᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠪᠣᠯᠣᠨ ᠱᠠᠨ ᠰᠢ᠂ ᠣᠷᠳᠣᠰ ᠤᠨ ᠬᠤᠲᠤᠭᠤᠷ ᠢᠶᠠᠷ ᠭᠤᠣᠯ ᠪᠤᠯᠭᠠᠭᠰᠠᠨ ᠡᠨᠧᠷᠭᠢ ᠶᠢᠨ ᠡᠭᠢ ᠪᠠᠶᠠᠯᠢᠭ ᠲᠥᠪᠯᠡᠷᠡᠭᠰᠡᠨ ᠣᠷᠣᠨ ᠢ ᠵᠢᠭᠠᠵᠤ᠂ ᠲᠠᠷᠢᠶᠠᠯᠠᠩ᠂ ᠡᠨᠧᠷᠭᠢ ᠶᠢᠨ ᠣᠳᠣᠬᠢᠴᠢᠯᠠᠭᠰᠠᠨ ᠬᠥᠭᠵᠢᠯᠲᠡ ᠶᠢ ᠲᠦᠷᠭᠡᠳᠬᠡᠨ᠎ᠡ᠃ ︽ᠲᠠᠪᠤᠨ ᠲᠤᠶᠢᠯ︾ ᠭᠡᠳᠡᠭ ᠨᠢ ᠱᠠᠨᠳᠦ᠋ᠩ ᠬᠤᠶᠢᠭ ᠤᠨ ᠬᠤᠳᠠ ᠶᠢᠨ ᠪᠦᠯᠦᠭᠵᠢᠯ᠂ ᠳᠤᠮᠳᠠᠳᠤ ᠣᠷᠣᠨ ᠤ ᠬᠤᠳᠠ ᠶᠢᠨ ᠪᠦᠯᠦᠭᠵᠢᠯ᠂ ᠭᠤᠸᠠᠨ ᠵᠦᠩ ᠣᠷᠣᠨ ᠤ ᠲᠠᠯ᠎ᠠ ᠭᠠᠵᠠᠷ ᠤᠨ ᠬᠤᠳᠠ ᠶᠢᠨ ᠪᠦᠯᠦᠭᠵᠢᠯ᠂ ᠬᠠᠳᠤᠨ ᠭᠤᠣᠯ ᠤᠨ ︽几︾ ᠦᠰᠦᠭᠲᠦ ᠬᠤᠲᠠ ᠶᠢᠨ ᠲᠣᠭᠤᠷᠢᠭ ᠪᠠ ᠯᠠᠨᠵᠧᠦ — ᠰᠢᠨᠢᠩ ᠤᠨ ᠬᠤᠳᠠ ᠶᠢᠨ ᠪᠦᠯᠦᠭᠵᠢᠯ ᠵᠡᠷᠭᠡ ᠶᠢ ᠵᠢᠭᠠᠵᠤ ᠪᠠᠶᠢᠨ᠎ᠠ᠂ ᠲᠡᠷᠡ ᠪᠣᠯ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠨᠡᠮᠡᠭᠳᠡᠯ ᠤᠨ ᠲᠤᠶᠢᠯ ᠪᠠ ᠬᠠᠳᠤᠨ ᠭᠤᠣᠯ ᠤᠨ ᠰᠠᠪᠠ ᠭᠠᠵᠠᠷ ᠤᠨ ᠬᠥᠮᠥᠨ ᠠᠮᠠ᠂ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠤᠨ ᠭᠤᠣᠯ ᠠᠴᠢᠶᠠᠯᠠᠪᠤᠷᠢ ᠮᠥᠨ᠃      ᠤᠯᠠᠨ ᠡᠰᠢᠲᠦ᠂ ᠡᠶ᠎ᠡ ᠵᠣᠬᠢᠴᠠᠩᠭᠤᠢ ᠬᠠᠷᠢᠯᠴᠠᠨ ᠵᠣᠬᠢᠴᠠᠭᠰᠠᠨ ᠬᠠᠳᠤᠨ ᠭᠤᠣᠯ ᠤᠨ ᠰᠣᠶᠣᠯ ᠤᠨ ᠢᠯᠡᠷᠬᠡᠢ ᠣᠷᠣᠨ ᠢ ᠪᠠᠶᠢᠭᠤᠯᠤᠨ᠎ᠠ᠃ ᠾᠧ ᠬᠤᠸᠠᠩ — ᠽᠠᠩᠶᠠᠩ ᠤᠨ ᠰᠣᠶᠣᠯ ᠤᠨ ᠣᠷᠣᠨ ᠳᠤ ᠭᠤᠣᠯᠳᠠᠭᠤ ᠳᠡᠭᠡᠳᠦ ᠤᠷᠤᠰᠬᠠᠯ ᠤᠨ ᠳ᠋ᠠᠲ᠋ᠦ᠋ᠩ ᠭᠤᠣᠯ᠂ ᠰᠢᠷᠠᠬᠠᠶᠢᠭᠤᠤᠯ ᠤᠨ ᠰᠠᠪᠠ ᠭᠠᠵᠠᠷ ᠪᠣᠯᠣᠨ ᠭᠠᠨᠰᠤ ᠶᠢᠨ ᠡᠮᠦᠨᠡᠲᠦ ᠬᠡᠰᠡᠭ᠂ ᠷᠥᠸᠧ ᠡᠯ ᠭᠠᠢ᠂ ᠬᠤᠩ ᠶᠤᠸᠠᠨ᠂ ᠱᠢ ᠴᠢᠦᠢ ᠵᠡᠷᠭᠡ ᠭᠠᠵᠠᠷ ᠣᠷᠣᠨ ᠪᠠᠭᠲᠠᠵᠤ᠂ ᠲᠠᠷᠢᠶᠠᠯᠠᠬᠤ ᠰᠣᠶᠣᠯ ᠪᠣᠯᠣᠨ ᠨᠡᠭᠦᠳᠡᠯ ᠮᠠᠯᠵᠢᠯ ᠤᠨ ᠰᠣᠶᠣᠯ ᠤᠨ ᠠᠭᠤᠰᠤᠯᠴᠠᠯ ᠤᠨ ᠰᠢᠯᠵᠢᠯᠲᠡ ᠶᠢᠨ ᠣᠷᠣᠨ ᠪᠣᠯᠣᠨ᠎ᠠ᠂ ᠦᠨᠳᠦᠰᠦᠲᠡᠨ ᠤ ᠰᠣᠶᠣᠯ ᠤᠨ ᠣᠨᠴᠠᠯᠢᠭ ᠢᠯᠡ ᠲᠣᠳᠣ ᠪᠠᠶᠢᠳᠠᠭ᠃ ᠭᠤᠸᠠᠨ ᠵᠦᠩ ᠤᠨ ᠰᠣᠶᠣᠯ ᠤᠨ ᠣᠷᠣᠨ ᠳᠤ ᠭᠤᠣᠯᠳᠠᠭᠤ ᠳᠤᠮᠳᠠ ᠤᠷᠤᠰᠬᠠᠯ ᠤᠨ ᠸᠧᠢ ᠾᠧ ᠭᠤᠣᠯ ᠤᠨ ᠰᠠᠪᠠ ᠭᠠᠵᠠᠷ ᠪᠠ ᠱᠠᠨᠰᠢ᠂ ᠭᠠᠨᠰᠤ ᠶᠢᠨ ᠰᠢᠷ᠎ᠠ ᠬᠥᠷᠥᠰᠥᠲᠦ ᠥᠨᠳᠦᠷᠯᠢᠭ ᠤᠨ ᠭᠠᠵᠠᠷ ᠣᠷᠣᠨ᠂ ᠰᠢ ᠠᠨ ᠢᠶᠠᠷ ᠲᠥᠯᠥᠭᠡᠯᠡᠭᠦᠯᠦᠭᠰᠡᠨ ᠭᠤᠸᠠᠨ ᠵᠦᠩ ᠣᠷᠣᠨ ᠤ ᠤᠯᠠᠮᠵᠢᠯᠠᠯᠲᠤ ᠰᠣᠶᠣᠯ ᠤᠨ ᠰᠠᠭᠤᠷᠢ ᠭᠦᠨ ᠵᠤᠵᠠᠭᠠᠨ᠂ ᠲᠡᠦᠬᠡ ᠰᠣᠶᠣᠯ ᠤᠨ ᠥᠪ ᠪᠠᠶᠠᠯᠢᠭ ᠪᠠᠶᠢᠳᠠᠭ᠃ ᠬᠠᠳᠤᠨ ᠭᠤᠣᠯ ᠯᠥᠸᠧ ᠾᠧ ᠭᠤᠣᠯ — ᠱᠠᠨ ᠰᠢ ᠶᠢᠨ ᠰᠣᠶᠣᠯ ᠤᠨ ᠣᠷᠣᠨ ᠳᠤ ᠭᠤᠣᠯᠳᠠᠭᠤ ᠳᠤᠮᠳᠠ ᠤᠷᠤᠰᠬᠠᠯ ᠤᠨ ᠢᠷᠦᠭᠡ ᠭᠤᠣᠯ᠂ ᠹᠧᠨ ᠾᠧ ᠭᠤᠣᠯ ᠵᠡᠷᠭᠡ ᠰᠠᠪᠠ ᠭᠠᠵᠠᠷ ᠪᠠᠭᠲᠠᠵᠤ᠂ ᠳᠤᠮᠳᠠᠳᠤ ᠶᠢᠨ ᠦᠨᠳᠦᠰᠦᠲᠡᠨ ᠤ ᠴᠢᠬᠤᠯᠠ ᠭᠤᠯᠣᠮᠲᠠ ᠪᠠᠶᠢᠵᠤ᠂ ᠶᠡᠭᠡ ᠬᠡᠮᠵᠢᠶᠡᠨ ᠤ ᠰᠣᠶᠣᠯ ᠤᠨ ᠦᠯᠡᠳᠡᠭᠳᠡᠯ ᠲᠠᠷᠬᠠᠵᠤ ᠪᠠᠶᠢᠳᠠᠭ᠃ ᠪᠢᠴᠢᠭ ᠤᠨ ᠰᠤᠷᠭᠠᠯ ᠤᠨ ᠰᠣᠶᠣᠯ ᠤᠨ ᠣᠷᠣᠨ ᠳᠤ ᠭᠤᠣᠯᠳᠠᠭᠤ ᠳᠣᠣᠷᠠᠳᠤ ᠤᠷᠤᠰᠬᠠᠯ ᠤᠨ ᠱᠠᠨᠳᠦ᠋ᠩ ᠤᠨ ᠴᠢᠦᠢ ᠹᠦ᠂ ᠲᠠᠢ ᠠᠨ ᠵᠡᠷᠭᠡ ᠭᠠᠵᠠᠷ ᠣᠷᠣᠨ ᠪᠠᠭᠲᠠᠵᠤ᠂ ᠺᠦᠩᠽᠢ ᠮᠧᠩᠽᠢ ᠪᠠᠷ ᠲᠥᠯᠥᠭᠡᠯᠡᠭᠦᠯᠦᠭᠰᠡᠨ ᠤᠯᠠᠮᠵᠢᠯᠠᠯᠲᠤ ᠰᠣᠶᠣᠯ ᠨᠢ ᠥᠨᠢ ᠤᠳᠠᠭᠠᠨ ᠤᠯᠠᠮᠵᠢᠯᠠᠯ ᠲᠠᠢ ᠶᠤᠮ᠃ ᠬᠤᠪᠢᠰᠬᠠᠯ ᠤᠨ ᠬᠥᠮᠦᠵᠢᠯ ᠤᠨ ᠣᠷᠣᠨ ᠳᠤ ᠭᠤᠣᠯᠳᠠᠭᠤ ᠱᠠᠨᠰᠢ — ᠭᠠᠨᠰᠤ — ᠨᠢᠩᠰᠢᠶᠠ ᠵᠡᠷᠭᠡ ᠬᠤᠪᠢᠰᠬᠠᠯ ᠤᠨ ᠰᠠᠭᠤᠷᠢᠨ ᠭᠠᠵᠠᠷ ᠪᠠ ᠤᠯᠠᠭᠠᠨ ᠴᠡᠷᠢᠭ ᠤᠨ ᠴᠠᠰᠤᠲᠤ ᠠᠭᠤᠯᠠ ᠡᠪᠡᠰᠦᠲᠦ ᠲᠠᠯ᠎ᠠ᠂ ᠪᠠᠷᠠᠭᠤᠨ ᠵᠠᠮ ᠤᠨ ᠴᠡᠷᠢᠭ ᠤᠨ ᠪᠠᠷᠠᠭᠤᠨᠰᠢ ᠳᠠᠶᠢᠯᠠᠬᠤ ᠱᠤᠭᠤᠮ ᠵᠡᠷᠭᠡ ᠭᠠᠵᠠᠷ ᠣᠷᠣᠨ ᠪᠠᠭᠲᠠᠵᠤ᠂ ᠪᠦᠭᠦ ᠤᠯᠤᠰ ᠤᠨ ᠬᠤᠪᠢᠰᠬᠠᠯ ᠤᠨ ᠪᠠᠭᠤᠷᠢ ᠶᠢᠨ ᠬᠡᠪᠴᠢᠶ᠎ᠡ ᠪᠠᠷ ᠬᠠᠮᠤᠭ ᠤᠨ ᠶᠡᠭᠡ᠂ ᠲᠤᠭ᠎ᠠ ᠬᠡᠮᠵᠢᠶ᠎ᠡ ᠪᠠᠷ ᠬᠠᠮᠤᠭ ᠤᠨ ᠤᠯᠠᠨ ᠭᠠᠵᠠᠷ ᠣᠷᠣᠨ ᠤ ᠨᠢᠭᠡ ᠪᠣᠯᠣᠨ᠎ᠠ᠃      ᠭᠤᠷᠪᠠᠳᠤᠭᠠᠷ ᠪᠦᠯᠦᠭ ᠳᠡᠭᠡᠳᠦ ᠤᠷᠤᠰᠬᠠᠯ ᠤᠨ ᠤᠰᠤᠨ ᠤ ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ      ᠪᠠᠶᠢᠭᠠᠯᠢ ᠶᠢᠨ ᠵᠢᠮ᠎ᠡ ᠶᠣᠰᠣ ᠶᠢ ᠵᠢᠷᠤᠮᠯᠠᠨ᠂ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠠᠨᠳᠠᠭᠠᠨ ᠰᠡᠷᠭᠦᠭᠦ ᠪᠠ ᠴᠢᠬᠤᠯᠠ ᠶᠡᠭᠡ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠤᠨ᠂ ᠠᠮᠢ ᠠᠬᠤᠢ ᠮᠠᠭᠤᠳᠠᠬᠤ ᠬᠠᠨᠳᠤᠰᠢ ᠶᠢ ᠲᠦᠷᠭᠡᠪᠴᠢᠯᠡᠨ ᠬᠤᠷᠢᠭᠯᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠰᠡᠷᠭᠦᠭᠡᠨ᠂ ᠤᠰᠤᠨ ᠤ ᠰᠤᠷᠪᠤᠯᠵᠢ ᠶᠢ ᠬᠠᠳᠠᠭᠠᠯᠠᠨ ᠬᠠᠮᠠᠭᠠᠯᠠᠬᠤ ᠴᠢᠳᠠᠮᠵᠢ ᠶᠢ ᠴᠢᠩᠭᠠᠳᠬᠠᠨ᠎ᠠ᠃      ᠨᠢᠭᠡᠳᠦᠭᠡᠷ ᠬᠡᠰᠡᠭ ︽ᠳᠤᠮᠳᠠᠳᠤ ᠶᠢᠨ ᠤᠰᠤᠨ ᠴᠠᠮᠬᠠᠭ︾  ᠢ ᠪᠠᠲᠤ ᠴᠣᠭᠴᠠᠯᠠᠨ᠎ᠠ      ᠳᠡᠭᠡᠳᠦ ᠤᠷᠤᠰᠬᠠᠯ ᠤᠨ ᠭᠤᠷᠪᠠᠨ ᠮᠥᠷᠡᠨ ᠤ ᠡᠭᠢ ᠶᠢᠨ ᠭᠠᠵᠠᠷ ᠣᠷᠣᠨ ᠪᠣᠯ ᠨᠡᠷ᠎ᠡ ᠨᠢᠳᠡᠷ ᠲᠡᠭᠡᠨ ᠨᠡᠶᠢᠴᠡᠭᠰᠡᠨ ︽ᠳᠤᠮᠳᠠᠳᠤ ᠶᠢᠨ ᠤᠰᠤᠨ ᠴᠠᠮᠬᠠᠭ︾ ᠮᠥᠨ᠂ ᠰᠢᠰᠲ᠋ᠧᠮᠲᠦ ᠢᠨᠵᠧᠨᠧᠷᠢᠩ ᠪᠠ ᠪᠦᠭᠦ ᠲᠠᠯ᠎ᠠ ᠶᠢᠨ ᠡᠭᠦᠳᠡᠨ ᠠᠴᠠ ᠪᠦᠬᠦᠯᠢ ᠴᠣᠭᠴᠠ ᠪᠠᠷ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠭᠤᠷᠪᠠᠨ ᠮᠥᠷᠡᠨ ᠤ ᠡᠭᠢ ᠶᠢᠨ ᠭᠠᠵᠠᠷ ᠣᠷᠣᠨ ᠤ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦᠨ ᠤ ᠠᠮᠢ ᠠᠬᠤᠢ ᠶᠢᠨ ᠡᠯᠧᠮᠧᠨ᠋ᠲ ᠢ ᠪᠦᠭᠦ ᠲᠠᠯ᠎ᠠ ᠪᠠᠷ ᠬᠠᠮᠠᠭᠠᠯᠠᠨ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠰᠡᠷᠭᠦᠭᠡᠨ᠂ ᠠᠮᠢ ᠠᠬᠤᠢ ᠶᠢᠨ ᠰᠠᠶᠢᠨ ᠣᠷᠴᠢᠯ ᠬᠥᠭᠵᠢᠯᠲᠡ ᠶᠢ ᠪᠡᠶᠡᠯᠡᠭᠦᠯᠦᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠰᠡᠷᠭᠦᠭᠡᠬᠦ ᠵᠡᠷᠭᠡ ᠠᠷᠭ᠎ᠠ ᠬᠡᠮᠵᠢᠶ᠎ᠡ ᠶᠢ ᠴᠢᠩᠭᠠᠳᠬᠠᠵᠤ᠂ ᠨᠤᠲᠤᠭ ᠪᠡᠯᠴᠢᠭᠡᠷ ᠤᠨ ᠲᠦᠷᠦᠯ ᠭᠡᠯᠪᠡᠷᠢ ᠪᠠ ᠲᠠᠴᠢᠷᠳᠠᠭᠰᠠᠨ ᠰᠢᠯᠲᠠᠭᠠᠨ ᠢ ᠦᠨᠳᠦᠰᠦᠯᠡᠨ᠂ ᠨᠥᠬᠦᠵᠦ ᠳᠠᠷᠢᠵᠤ ᠰᠠᠶᠢᠵᠢᠷᠠᠭᠤᠯᠬᠤ᠂ ᠬᠤᠯᠤᠭᠠᠨ᠎ᠠ ᠬᠤᠷᠣᠬᠠᠢ ᠶᠢᠨ ᠬᠥᠨᠥᠭᠡᠯ᠂ ᠬᠤᠣᠷᠲᠤ ᠡᠪᠡᠰᠦ ᠵᠡᠷᠭᠡ ᠰᠡᠷᠭᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠲᠦᠷᠦᠯ ᠬᠤᠪᠢᠶᠠᠨ ᠠᠬᠢᠭᠤᠯᠵᠤ᠂ ᠬᠠᠷ᠎ᠠ ᠬᠥᠷᠥᠰᠥᠲᠦ ᠲᠠᠩ ᠵᠡᠷᠭᠡ ᠲᠠᠴᠢᠷᠳᠠᠭᠰᠠᠨ ᠨᠤᠲᠤᠭ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠦᠨ᠂ ᠬᠠᠬᠢᠷ ᠬᠦᠢᠲᠡᠨ ᠨᠤᠭᠤ ᠭᠠᠵᠠᠷ᠂ ᠨᠤᠲᠤᠭ ᠪᠡᠯᠴᠢᠭᠡᠷ ᠵᠡᠷᠭᠡ ᠴᠢᠬᠤᠯᠠ ᠠᠮᠢ ᠠᠬᠤᠢ ᠶᠢᠨ ᠰᠢᠰᠲ᠋ᠧᠮ ᠢ ᠪᠦᠲᠦᠮᠵᠢᠲᠡᠶ ᠬᠠᠮᠠᠭᠠᠯᠠᠨ ᠰᠡᠷᠭᠦᠭᠡᠨ᠎ᠡ᠃ ᠵᠠ ᠯᠢᠩ ᠨᠠᠭᠤᠷ᠂ ᠧ ᠯᠢᠩ ᠨᠠᠭᠤᠷ᠂ ᠶᠦᠸᠠᠢ ᠭᠦ᠋ ᠽᠥᠩ ᠯᠢᠶᠧ ᠴᠢᠦᠢ᠂ ᠮᠠ ᠳ᠋ᠥᠸᠧ ᠾᠧ ᠭᠤᠣᠯ ᠤᠨ ᠨᠠᠭᠤᠷ ᠴᠦᠭᠦᠷᠦᠮ ᠤᠨ ᠪᠦᠯᠦᠭᠵᠢᠯ ᠵᠡᠷᠭᠡ ᠭᠤᠣᠯ ᠮᠥᠷᠡᠨ ᠨᠠᠭᠤᠷ ᠴᠦᠭᠦᠷᠦᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠪᠠᠶᠢᠭᠠᠯᠢ ᠶᠢᠨ ᠪᠠᠶᠢᠳᠠᠯ ᠢ ᠬᠠᠮᠠᠭᠠᠯᠠᠨ᠂ ᠬᠤᠲᠠ ᠪᠠᠯᠭᠠᠰᠤ ᠪᠠᠷ ᠤᠷᠤᠰᠤᠨ ᠥᠩᠭᠡᠷᠡᠬᠦ ᠭᠤᠣᠯ ᠤᠨ ᠬᠡᠰᠡᠭ ᠤᠨ ᠡᠷᠭᠢ ᠶᠢᠨ ᠱᠤᠭᠤᠮ ᠢ ᠴᠢᠩᠭ᠎ᠠ ᠬᠠᠮᠢᠶᠠᠷᠤᠨ ᠡᠵᠡᠮᠳᠡᠵᠦ᠂ ᠭᠤᠣᠯ ᠮᠥᠷᠡᠨ ᠨᠠᠭᠤᠷ ᠴᠦᠭᠦᠷᠦᠮ ᠤᠨ ᠡᠷᠭᠢᠨ ᠲᠣᠭᠤᠷᠢᠨ ᠤ ᠠᠭᠤᠷᠬᠠᠢ ᠮᠠᠯᠲᠠᠬᠤ᠂ ᠡᠯᠡᠰᠦ ᠮᠠᠯᠲᠠᠬᠤ᠂ ᠵᠢᠭᠠᠰᠤ ᠠᠩᠨᠠᠬᠤ ᠵᠡᠷᠭᠡ ᠠᠵᠢᠯᠯᠠᠭ᠎ᠠ ᠶᠢ ᠪᠦᠭᠦ ᠲᠠᠯ᠎ᠠ ᠪᠠᠷ ᠴᠠᠭᠠᠵᠠᠯᠠᠵᠤ᠂ ᠵᠢᠭᠤᠯᠴᠢᠯᠠᠯ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠥᠨᠳᠦᠷᠯᠢᠭ ᠤᠨ ᠨᠤᠭᠤ ᠭᠠᠵᠠᠷ ᠤᠨ ᠲᠠᠷᠬᠠᠯᠲᠠ ᠶᠢᠨ ᠪᠠᠶᠢᠳᠠᠯ ᠢ ᠰᠢᠰᠲ᠋ᠧᠮ ᠲᠠᠢ ᠡᠮᠬᠢᠯᠡᠵᠦ᠂ ᠳᠤᠮᠳᠠ ᠵᠡᠷᠭᠡ ᠵᠢᠴᠢ ᠲᠡᠭᠦᠨ ᠠᠴᠠ ᠳᠡᠭᠡᠭᠰᠢᠭᠢ ᠮᠠᠭᠤᠳᠠᠭᠰᠠᠨ ᠣᠷᠣᠨ ᠪᠦᠰᠡ ᠳᠤ ᠪᠢᠲᠡᠭᠦᠮᠵᠢᠯᠡᠨ ᠬᠠᠮᠠᠭᠠᠯᠠᠬᠤ ᠶᠢ ᠬᠡᠷᠡᠭᠵᠢᠭᠦᠯᠦᠨ᠂  ᠮᠠᠭᠤᠳᠠᠭᠰᠠᠨ ᠨᠤᠭᠤ ᠭᠠᠵᠠᠷ ᠤᠨ ᠠᠮᠢ ᠠᠬᠤᠢ ᠶᠢᠨ ᠴᠢᠳᠠᠮᠵᠢ ᠪᠠ ᠡᠷᠭᠢᠨ ᠲᠣᠭᠤᠷᠢᠨ ᠤ ᠤᠷᠭᠤᠮᠠᠯ ᠤᠨ ᠬᠤᠴᠢᠯᠭ᠎ᠠ ᠶᠢ ᠰᠡᠷᠭᠦᠭᠡᠵᠦ᠂ ᠨᠠᠮᠤᠭ ᠭᠠᠵᠠᠷ ᠨᠤᠭᠤ ᠭᠠᠵᠠᠷ ᠤᠨ ᠠᠪᠴᠢᠬᠤ ᠬᠠᠨᠳᠤᠰᠢ ᠶᠢ ᠬᠤᠷᠢᠭᠯᠠᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢᠨ ᠮᠥᠰᠥᠲᠦᠯᠭᠡ ᠪᠠ ᠥᠨᠳᠦᠷᠯᠢᠭ ᠤᠨ ᠴᠡᠪᠳᠡᠭ ᠲᠤ ᠦᠵᠡᠭᠦᠯᠭᠦ ᠨᠥᠯᠥᠭᠡ ᠶᠢ ᠰᠤᠳᠤᠯᠵᠤ ᠦᠨᠡᠯᠡᠨ ᠵᠢᠱᠢᠭᠦ ᠠᠵᠢᠯ ᠢ ᠦᠷᠭᠦᠯᠵᠢᠯᠡᠨ ᠥᠷᠨᠢᠭᠦᠯᠵᠦ᠂ ᠠᠮᠢ ᠠᠬᠤᠢ ᠶᠢᠨ ᠰᠢᠰᠲ᠋ᠧᠮ ᠤᠨ ᠬᠠᠨᠳᠤᠰᠢ ᠶᠢᠨ ᠴᠢᠨᠠᠷᠲᠠᠢ ᠬᠤᠪᠢᠷᠠᠯᠲᠠ ᠶᠢ ᠬᠢᠨᠠᠨ ᠭᠡᠮᠵᠢᠭᠦ ᠪᠠ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠭᠦ ᠰᠢᠰᠲ᠋ᠧᠮ ᠢ ᠪᠠᠶᠢᠭᠤᠯᠤᠨ᠎ᠠ᠃ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠪᠠ ᠬᠢᠨᠠᠨ ᠭᠡᠮᠵᠢᠭᠦ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠂ ᠳᠦᠷᠰᠦ ᠶᠢᠨ ᠣᠷᠣᠰᠢᠨ ᠠᠮᠢᠳᠤᠷᠠᠬᠤ ᠭᠠᠵᠠᠷ ᠢ ᠥᠷᠭᠡᠳᠬᠡᠬᠦ ᠶᠢᠨ ᠬᠠᠮᠲᠤ ᠰᠠᠶᠢᠵᠢᠷᠠᠭᠤᠯᠵᠤ᠂ ᠬᠤᠪᠣᠷ ᠴᠤᠬᠠᠭ ᠮᠦᠭᠦᠭᠦ ᠰᠢᠬᠠᠭᠰᠠᠨ ᠬᠡᠭᠡᠷ᠎ᠡ ᠶᠢᠨ ᠠᠮᠢᠲᠠᠨ ᠢ ᠬᠠᠮᠠᠭᠠᠯᠠᠵᠤ ᠦᠷᠡᠵᠢᠭᠦᠯᠭᠦ ᠠᠵᠢᠯᠯᠠᠭ᠎ᠠ ᠶᠢ ᠬᠡᠷᠡᠭᠵᠢᠭᠦᠯᠦᠨ᠂ ᠮᠦᠭᠦᠭᠦ ᠰᠢᠬᠠᠭᠰᠠᠨ ᠵᠢᠭᠠᠰᠤᠨ ᠤ ᠲᠦᠷᠦᠯ ᠢ ᠦᠷᠡᠵᠢᠭᠦᠯᠵᠦ ᠡᠬᠡ ᠪᠠᠶᠢᠭᠠᠯᠢ ᠳᠤ ᠪᠤᠴᠠᠭᠠᠬᠤ ᠶᠢ ᠴᠢᠩᠭᠠᠳᠬᠠᠵᠤ᠂ ᠥᠨᠳᠦᠷᠯᠢᠭ ᠤᠨ ᠠᠮᠢᠳᠤ ᠪᠣᠳᠠᠰ ᠤᠨ ᠦᠷ᠎ᠡ ᠶᠢᠨ ᠡᠭᠢ ᠪᠠᠶᠠᠯᠢᠭ ᠤᠨ ᠬᠥᠮᠥᠷᠭᠡ ᠶᠢ ᠪᠠᠶᠢᠭᠤᠯᠤᠨ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠠᠵᠢᠭᠯᠠᠨ ᠭᠡᠮᠵᠢᠭᠦ ᠲᠣᠣᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠥᠨᠳᠥᠷ ᠬᠦᠢᠲᠡᠨ ᠥᠨᠳᠦᠷᠯᠢᠭ ᠤᠨ ᠭᠠᠵᠠᠷ ᠣᠷᠣᠨ ᠤ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠨ᠂ ᠭᠤᠷᠪᠠᠨ ᠮᠥᠷᠡᠨ ᠤ ᠡᠭᠢ ᠶᠢᠨ ᠤᠯᠤᠰ ᠤᠨ ᠴᠡᠴᠡᠷᠯᠢᠭ ᠢ ᠰᠠᠶᠢᠲᠤᠷ ᠪᠦᠲᠦᠭᠡᠨ ᠪᠠᠶᠢᠭᠤᠯᠤᠨ᠎ᠠ᠃      ᠬᠤᠶᠠᠳᠤᠭᠠᠷ ᠬᠡᠰᠡᠭ ᠴᠢᠬᠤᠯᠠ ᠤᠰᠤᠨ ᠤ ᠰᠤᠷᠪᠤᠯᠵᠢ ᠶᠢ ᠨᠥᠬᠦᠪᠦᠷᠢᠯᠡᠬᠦ ᠭᠠᠵᠠᠷ ᠢ ᠬᠠᠮᠠᠭᠠᠯᠠᠨ᠎ᠠ      ᠳᠡᠭᠡᠳᠦ ᠤᠷᠤᠰᠬᠠᠯ ᠤᠨ ᠬᠥᠬᠡᠨᠠᠭᠤᠷ ᠤᠨ ᠢᠦᠢ ᠱᠦ ᠪᠣᠯᠣᠨ ᠭᠦᠸᠧ ᠯᠥᠸᠧ᠂ ᠰᠧᠴᠤᠸᠠᠨ ᠤ ᠠᠪᠠ ᠪᠣᠯᠣᠨ ᠭᠠᠨᠽᠢ᠂ ᠭᠠᠨᠰᠤ ᠶᠢᠨ ᠡᠮᠦᠨᠡᠲᠦ ᠬᠡᠰᠡᠭ ᠵᠡᠷᠭᠡ ᠭᠠᠵᠠᠷ ᠣᠷᠣᠨ ᠤ ᠭᠤᠣᠯ ᠮᠥᠷᠡᠨ ᠨᠠᠭᠤᠷ ᠴᠦᠭᠦᠷᠦᠮ ᠤᠨ ᠴᠢᠭᠢᠭᠯᠢᠭ ᠭᠠᠵᠠᠷ ᠤᠨ ᠡᠭᠢ ᠪᠠᠶᠠᠯᠢᠭ ᠡᠯᠪᠡᠭ ᠪᠠᠶᠢᠵᠤ᠂ ᠬᠠᠲᠤᠨ ᠭᠤᠣᠯ ᠤᠨ ᠤᠰᠤᠨ ᠤ ᠰᠤᠷᠪᠤᠯᠵᠢ ᠶᠢᠨ ᠭᠤᠣᠯ ᠨᠥᠬᠦᠪᠦᠷᠢᠯᠡᠬᠦ ᠭᠠᠵᠠᠷ ᠪᠣᠯᠣᠨ᠎ᠠ᠃ ᠤᠯᠠᠨ ᠤᠯᠤᠰ ᠤᠨ ᠴᠢᠬᠤᠯᠠ ᠨᠤᠭᠤ ᠭᠠᠵᠠᠷ ᠪᠠ ᠤᠯᠤᠰ ᠤᠨ ᠴᠢᠬᠤᠯᠠ ᠨᠤᠭᠤ ᠭᠠᠵᠠᠷ᠂ ᠤᠯᠤᠰ ᠤᠨ ᠲᠠᠰ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠴᠢᠬᠤᠯᠠ ᠨᠤᠭᠤ ᠭᠠᠵᠠᠷ ᠤᠨ ᠠᠮᠢ ᠠᠬᠤᠢ ᠶᠢᠨ ᠣᠷᠣᠨ ᠵᠠᠢ ᠶᠢ ᠴᠢᠩᠭ᠎ᠠ ᠬᠠᠮᠠᠭᠠᠯᠠᠵᠤ᠂ ᠭᠠᠨᠰᠤ ᠶᠢᠨ ᠡᠮᠦᠨᠡᠲᠦ ᠬᠡᠰᠡᠭ᠂ ᠷᠥᠸᠧ ᠡᠯ ᠭᠠᠢ ᠵᠡᠷᠭᠡ ᠭᠤᠣᠯᠳᠠᠯᠭ᠎ᠠ ᠲᠠᠢ ᠨᠤᠭᠤ ᠭᠠᠵᠠᠷ ᠢ ᠵᠠᠰᠠᠬᠤ ᠪᠠ ᠰᠡᠷᠭᠦᠭᠡᠬᠦ ᠡᠷᠴᠢᠮ ᠢ ᠴᠢᠩᠭᠠᠷᠠᠭᠤᠯᠤᠨ᠂ ᠤᠲᠤ ᠶᠢᠨ ᠪᠠᠶᠢᠭ᠎ᠠ ᠤᠶ ᠰᠢᠭᠤᠢ ᠶᠢᠨ ᠡᠭᠢ ᠪᠠᠶᠠᠯᠢᠭ ᠤᠨ ᠶᠠᠰᠤ ᠴᠢᠨᠠᠷ ᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠪᠢᠲᠡᠭᠦᠮᠵᠢᠯᠡᠨ ᠪᠣᠶᠢᠵᠢᠭᠤᠯᠵᠤ ᠣᠶᠢᠵᠢᠭᠤᠯᠬᠤ ᠪᠠ ᠪᠠᠶᠢᠭᠠᠯᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠶ ᠰᠢᠭᠤᠢ ᠶᠢᠨ ᠤᠷᠭᠤᠮᠠᠯ ᠤᠨ ᠬᠤᠴᠢᠯᠭ᠎ᠠ ᠶᠢᠨ ᠪᠦᠲᠦᠮᠵᠢᠲᠡᠶ ᠪᠦᠷᠬᠦᠴᠡ ᠶᠢᠨ ᠨᠤᠷᠮ᠎ᠠ ᠶᠢ ᠥᠷᠭᠡᠳᠬᠡᠨ᠎ᠡ᠃ ᠳᠡᠭᠡᠳᠦ ᠤᠷᠤᠰᠬᠠᠯ ᠤᠨ ᠭᠠᠵᠠᠷ ᠣᠷᠣᠨ ᠤ ᠨᠤᠲᠤᠭ ᠪᠡᠯᠴᠢᠭᠡᠷ ᠲᠤ ᠡᠭᠢ ᠪᠠᠶᠠᠯᠢᠭ ᠣᠷᠴᠢᠨ ᠠᠬᠤᠢ ᠶᠢᠨ ᠳᠠᠭᠠᠭᠠᠴᠠ ᠶᠢᠨ ᠴᠢᠳᠠᠪᠤᠷᠢ ᠶᠢᠨ ᠲᠤᠬᠠᠢ ᠶᠡᠷᠦᠩᠬᠡᠶᠢᠯᠡᠭᠰᠡᠨ ᠦᠨᠡᠯᠡᠯᠲᠡ ᠬᠢᠵᠦ᠂ ᠪᠡᠯᠴᠢᠭᠡᠷ ᠢᠶᠠᠷ ᠮᠠᠯ ᠢ ᠲᠣᠭᠲᠠᠭᠠᠬᠤ᠂ ᠲᠠᠷᠢᠶᠠᠯᠠᠬᠤ ᠶᠢ ᠲᠣᠭᠲᠠᠭᠠᠬᠤ ᠶᠢ ᠠᠬᠢᠭᠤᠯᠵᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ᠂ ᠪᠡᠯᠴᠢᠭᠡᠷᠯᠡᠭᠦᠯᠬᠦ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠨᠤᠲᠤᠭ ᠪᠡᠯᠴᠢᠭᠡᠷ ᠤᠨ ᠬᠤᠣᠷᠲᠤ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠵᠡᠷᠭᠡ ᠢᠨᠵᠧᠨᠧᠷᠢᠩ ᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠪᠡᠰᠦᠨ ᠤ ᠡᠭᠦᠯᠳᠡᠷ ᠢ ᠰᠠᠶᠢᠵᠢᠷᠠᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠮᠠ ᠴᠢᠦᠢ᠂ ᠯᠦ ᠴᠢᠦᠢ᠂ ᠬᠤᠩ ᠶᠤᠸᠠᠨ᠂ ᠷᠥᠸᠧ ᠡᠯ ᠭᠠᠢ ᠵᠡᠷᠭᠡ ᠭᠠᠵᠠᠷ ᠣᠷᠣᠨ ᠤ ᠲᠠᠴᠢᠷᠳᠠᠭᠰᠠᠨ ᠨᠤᠲᠤᠭ ᠪᠡᠯᠴᠢᠭᠡᠷ ᠢ ᠰᠢᠨᠵᠢᠯᠡᠬᠦ ᠤᠬᠠᠭᠠᠨᠴᠢ ᠪᠠᠷ ᠵᠠᠰᠠᠨ᠎ᠠ᠃ ᠸᠧᠢ ᠾᠧ ᠭᠤᠣᠯ ᠵᠡᠷᠭᠡ ᠭᠤᠣᠯᠳᠠᠯᠭ᠎ᠠ ᠲᠠᠢ ᠰᠠᠯᠪᠤᠷᠢ ᠤᠷᠤᠰᠬᠠᠯ ᠤᠨ ᠭᠤᠣᠯ ᠤᠨ ᠡᠭᠢ ᠣᠷᠣᠨ ᠤ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠰᠢᠷᠠᠬᠠᠶᠢᠭᠤᠤᠯ᠂ ᠲᠤᠤ ᠾᠧ ᠭᠤᠣᠯ ᠵᠡᠷᠭᠡ ᠰᠠᠪᠠ ᠭᠠᠵᠠᠷ ᠲᠤ ᠰᠡᠯᠭᠦᠨ ᠲᠠᠷᠢᠶᠠᠯᠠᠬᠤ ᠪᠠ ᠡᠭᠡᠯᠵᠢᠯᠡᠨ ᠲᠠᠷᠢᠬᠤ ᠠᠵᠢᠯ ᠢ ᠥᠷᠨᠢᠭᠦᠯᠵᠦ᠂ ᠣᠷᠭᠠᠨᠢᠭ ᠲᠠᠷᠢᠶᠠᠯᠠᠩ ᠢ ᠶᠡᠭᠡ ᠪᠠᠷ ᠬᠥᠭᠵᠢᠭᠦᠯᠦᠨ᠂ ᠨᠢᠭᠡᠨᠲᠡ ᠬᠠᠭᠠᠯᠪᠤᠷᠢᠯᠠᠭᠰᠠᠨ ᠨᠤᠲᠤᠭ ᠪᠡᠯᠴᠢᠭᠡᠷ ᠲᠤ ᠲᠠᠷᠢᠶᠠᠯᠠᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠶᠢ ᠬᠡᠷᠡᠭᠵᠢᠭᠦᠯᠦᠨ᠎ᠡ᠃ ᠰᠧᠴᠤᠸᠠᠨ ᠭᠠᠨᠰᠤ ᠬᠤᠶᠠᠷ ᠮᠤᠵᠢ ᠶᠢ ᠰᠤᠨᠳᠠᠯᠠᠭᠰᠠᠨ ᠷᠥᠸᠧ ᠡᠯ ᠭᠠᠢ ᠤᠯᠤᠰ ᠤᠨ ᠴᠡᠴᠡᠷᠯᠢᠭ ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠲᠡᠯᠡᠶ ᠶᠢᠨ ᠲᠦᠪᠰᠢᠨ ᠠᠴᠠ ᠥᠨᠳᠥᠷ ᠡᠷᠭᠦᠭᠳᠡᠭᠰᠡᠨ ᠭᠠᠵᠠᠷ ᠣᠷᠣᠨ ᠤ ᠴᠢᠬᠤᠯᠠ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠪᠠ ᠠᠮᠢᠳᠤ ᠪᠣᠳᠠᠰ ᠤᠨ ᠣᠷᠣᠰᠢᠨ ᠠᠮᠢᠳᠤᠷᠠᠬᠤ ᠭᠠᠵᠠᠷ ᠢ ᠪᠠᠶᠢᠭᠤᠯᠤᠨ᠎ᠠ᠃      ᠭᠤᠷᠪᠠᠳᠤᠭᠠᠷ ᠬᠡᠰᠡᠭ ᠭᠤᠣᠯᠳᠠᠯᠭ᠎ᠠ ᠲᠠᠢ ᠣᠷᠣᠨ ᠪᠦᠰᠡ ᠶᠢᠨ ᠴᠦᠯᠯᠡᠷᠭᠡᠭᠵᠢᠯ ᠤᠨ ᠵᠠᠰᠠᠯᠲᠠ ᠶᠢ ᠴᠢᠩᠭᠠᠳᠬᠠᠨ᠎ᠠ      ᠤᠯᠠᠨ ᠲᠦᠮᠡᠨ ᠳᠤ ᠲᠦᠰᠢᠭᠯᠡᠬᠦ᠂ ᠤᠯᠠᠨ ᠲᠦᠮᠡᠨ ᠢ ᠳᠠᠶᠢᠴᠢᠯᠠᠬᠤ ᠶᠢ ᠪᠠᠷᠢᠮᠲᠠᠯᠠᠵᠤ᠂ ᠬᠥᠪᠴᠢ᠂ ᠮᠤᠤᠠᠤᠰᠤ᠂ ᠪᠠ ᠪᠦ᠋ ᠱᠠ ᠤᠢ ᠰᠢᠭᠤᠢ ᠶᠢᠨ ᠲᠠᠯᠠᠪᠠᠢ ᠵᠡᠷᠭᠡ ᠶᠢᠨ ᠡᠯᠡᠰᠦ ᠶᠢ ᠵᠠᠰᠠᠭᠰᠠᠨ ᠲᠤᠷᠰᠢᠯᠭ᠎ᠠ ᠶᠢ ᠳᠡᠯᠭᠡᠷᠡᠭᠦᠯᠦᠨ᠂ ᠬᠡᠪᠴᠢᠶᠡᠵᠢᠭᠦᠯᠦᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠥᠷᠨᠢᠭᠦᠯᠵᠦ᠂ ᠡᠯᠡᠰᠦ ᠶᠢ ᠵᠠᠰᠠᠬᠤ ᠵᠠᠭᠪᠤᠷ ᠤᠨ ᠰᠢᠨ᠎ᠡ ᠶᠢ ᠡᠭᠦᠳᠴᠦ᠂ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ᠶᠢ ᠪᠠᠲᠤ ᠪᠠᠭᠢ ᠪᠠᠶᠢᠭᠤᠯᠤᠨ᠎ᠠ᠃ ᠲᠣᠬᠢᠷᠠᠮᠵᠢᠲᠠᠢ ᠭᠠᠵᠠᠷ ᠣᠷᠣᠨ ᠳᠤ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠢᠲᠡᠭᠦᠮᠵᠢᠯᠡᠨ ᠪᠣᠶᠢᠵᠢᠭᠤᠯᠬᠤ ᠬᠠᠮᠠᠭᠠᠯᠠᠯᠲᠠ ᠶᠢᠨ ᠣᠷᠣᠨ ᠢ ᠪᠠᠶᠢᠭᠤᠯᠵᠤ᠂ ᠰᠢᠨᠵᠢᠯᠡᠬᠦ ᠤᠬᠠᠭᠠᠨᠴᠢ ᠪᠠᠷ ᠡᠯᠡᠰᠦ ᠮᠠᠩᠬ᠎ᠠ ᠶᠢ ᠲᠣᠭᠲᠠᠪᠤᠷᠢᠵᠢᠭᠤᠯᠤᠨ ᠵᠠᠰᠠᠨ᠎ᠠ᠃ ᠡᠯᠡᠰᠦ ᠮᠠᠩᠬᠠᠨ ᠤ ᠬᠠᠯᠬᠠᠪᠴᠢ ᠤᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠶᠢ ᠰᠡᠷᠭᠦᠭᠡᠬᠦ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠤᠢ᠂ ᠬᠤᠵᠢᠷᠯᠢᠭ ᠭᠠᠵᠠᠷ ᠢ ᠵᠠᠰᠠᠬᠤ ᠵᠡᠷᠭᠡ ᠴᠢᠬᠤᠯᠠ ᠶᠡᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠲᠤᠷᠰᠢᠯᠲᠠ ᠶᠢ ᠥᠷᠨᠢᠭᠦᠯᠦᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠤᠷᠤᠭ ᠪᠤᠳᠠ ᠮᠣᠳᠣ ᠡᠪᠡᠰᠦ ᠶᠢ ᠤᠶᠠᠯᠳᠤᠭᠤᠯᠤᠭᠰᠠᠨ ᠬᠠᠯᠬᠠᠪᠴᠢ ᠤᠢ ᠶᠢᠨ ᠰᠢᠰᠲ᠋ᠧᠮ ᠢ ᠪᠠᠶᠢᠭᠤᠯᠤᠨ᠎ᠠ᠃ ᠬᠠᠲᠤᠨ ᠭᠤᠣᠯ ᠤᠨ ᠭᠤᠣᠯ ᠤᠷᠤᠰᠬᠠᠯ ᠤᠨ ᠠᠮᠢ ᠠᠬᠤᠢ ᠶᠢᠨ ᠬᠠᠯᠬᠠᠪᠴᠢ ᠪᠠ ᠴᠢ ᠯᠢᠶᠠᠨ ᠱᠠᠨ ᠠᠭᠤᠯᠠ᠂ ᠯᠢᠦ ᠫᠠᠨ ᠱᠠᠨ ᠠᠭᠤᠯᠠ᠂ ᠠᠯᠠᠱᠠ ᠠᠭᠤᠯᠠ᠂ ᠮᠤᠨᠢ ᠠᠭᠤᠯᠠ ᠵᠡᠷᠭᠡ ᠠᠭᠤᠯᠠᠨ ᠰᠢᠰᠲ᠋ᠧᠮ ᠤᠨ ᠡᠯᠡᠰᠦ ᠶᠢ ᠬᠤᠷᠢᠭᠯᠠᠬᠤ ᠦᠢᠯᠡᠳᠦᠯ ᠢ ᠪᠠᠳᠠᠷᠠᠭᠤᠯᠤᠨ᠂ ᠵᠠᠬ᠎ᠠ ᠶᠢ ᠨᠢ ᠪᠤᠷᠤᠤᠯᠠᠬᠤ ᠰᠠᠯᠬᠢᠨ ᠢ ᠰᠡᠷᠭᠡᠶᠢᠯᠡᠨ ᠡᠯᠡᠰᠦ ᠶᠢ ᠲᠣᠭᠲᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠭᠤᠣᠯ ᠪᠤᠯᠬᠤ ᠡᠯᠡᠰᠦᠷᠬᠡᠭ ᠭᠠᠵᠠᠷ ᠤᠨ ᠭᠦᠪᠡᠭᠡ ᠵᠠᠬ᠎ᠠ ᠶᠢᠨ ᠭᠠᠵᠠᠷ ᠣᠷᠣᠨ ᠤ ᠠᠮᠢ ᠠᠬᠤᠢ ᠶᠢᠨ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠨᠡᠭᠦᠳᠡᠯ ᠡᠯᠡᠰᠦᠨ ᠳᠤᠪᠤ ᠶᠢ ᠶᠡᠭᠡ ᠪᠠᠷ ᠵᠠᠰᠠᠨ᠎ᠠ᠃ ᠳᠡᠭᠡᠳᠦ ᠤᠷᠤᠰᠬᠠᠯ ᠤᠨ ᠰᠢᠷ᠎ᠠ ᠬᠥᠷᠥᠰᠥᠲᠦ ᠥᠨᠳᠦᠷᠯᠢᠭ ᠤᠨ ᠤᠰᠤᠨ ᠤ ᠢᠳᠡᠭᠳᠡᠯ ᠰᠠᠯᠬᠢᠨ ᠤ ᠢᠳᠡᠭᠳᠡᠯ ᠰᠣᠯᠪᠢᠴᠠᠭᠰᠠᠨ᠂ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠤ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ᠃ ᠡᠯᠡᠰᠦ ᠶᠢ ᠵᠠᠰᠠᠬᠤ ᠲᠡᠷᠢᠭᠦᠨ ᠤ ᠮᠡᠷᠭᠡᠵᠢᠯ ᠪᠣᠯᠣᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠨ᠎ᠡ᠃      ᠳᠥᠷᠪᠡᠳᠦᠭᠡᠷ ᠬᠡᠰᠡᠭ ᠬᠥᠮᠥᠨ ᠤ ᠠᠵᠢᠯᠯᠠᠭᠠᠨ ᠤ ᠭᠡᠲᠦ ᠨᠥᠯᠥᠭᠡ ᠶᠢ ᠪᠠᠭᠤᠷᠠᠭᠤᠯᠤᠨ᠎ᠠ      ᠦᠢᠯᠡᠳᠪᠦᠷᠢᠯᠡᠯ ᠠᠮᠢᠳᠤᠷᠠᠯ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠬᠡᠲᠦᠷᠡᠲᠡᠯ᠎ᠡ ᠮᠠᠯᠵᠢᠬᠤ᠂ ᠡᠭᠢ ᠪᠠᠶᠠᠯᠢᠭ ᠢ ᠬᠡᠲᠦᠷᠬᠡᠢ ᠨᠡᠭᠡᠭᠡᠨ ᠠᠰᠢᠭᠯᠠᠬᠤ᠂ ᠭᠡᠲᠦ ᠵᠢᠭᠤᠯᠴᠢᠯᠠᠬᠤ ᠵᠡᠷᠭᠡ ᠬᠥᠮᠥᠨ ᠤ ᠠᠵᠢᠯᠯᠠᠭ᠎ᠠ ᠶᠢᠨ ᠠᠮᠢ ᠠᠬᠤᠢ ᠶᠢᠨ ᠰᠢᠰᠲ᠋ᠧᠮ ᠳᠤ ᠦᠵᠡᠭᠦᠯᠭᠦ ᠨᠥᠯᠥᠭᠡ ᠪᠠ ᠡᠪᠳᠡᠯᠡᠭᠡ ᠶᠢ ᠬᠦᠴᠦᠯᠡᠨ ᠪᠠᠭᠠᠰᠬᠠᠨ᠎ᠠ᠃ ᠴᠢᠬᠤᠯᠠ ᠠᠮᠢ ᠠᠬᠤᠢ ᠶᠢᠨ ᠴᠢᠳᠠᠪᠭᠢ ᠲᠠᠢ ᠥᠨᠳᠦᠷᠯᠢᠭ ᠤᠨ ᠵᠦᠯᠭᠡ ᠭᠠᠵᠠᠷ᠂ ᠨᠤᠲᠤᠭ ᠪᠡᠯᠴᠢᠭᠡᠷ᠂ ᠨᠤᠭᠤ ᠭᠠᠵᠠᠷ᠂ ᠤᠶ ᠰᠢᠭᠤᠢ ᠶᠢᠨ ᠠᠮᠢ ᠠᠬᠤᠢ ᠶᠢᠨ ᠰᠢᠰᠲ᠋ᠧᠮ ᠢ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠤᠯᠵᠤ᠂ ᠬᠠᠮᠠᠭᠠᠯᠠᠯᠲᠠ ᠪᠠ ᠬᠡᠷᠡᠭᠯᠡᠭᠡᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ᠃ ᠠᠮᠢ ᠠᠬᠤᠢ ᠶᠢᠨ ᠬᠠᠮᠢᠶᠠᠷᠤᠨ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠬᠤ᠂ ᠰᠢᠨ᠎ᠡ ᠭᠡᠯᠪᠡᠷᠢ ᠶᠢᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠥᠷᠨᠢᠭᠦᠯᠬᠦ ᠵᠡᠷᠭᠡ ᠠᠷᠭ᠎ᠠ ᠭᠡᠯᠪᠡᠷᠢ ᠪᠠᠷ ᠬᠠᠮᠠᠭᠠᠯᠠᠯᠲᠠ ᠶᠢᠨ ᠭᠠᠵᠠᠷ ᠤᠨ ᠬᠡᠪᠴᠢᠶᠡᠨ ᠳᠠᠬᠢ ᠰᠠᠭᠤᠭᠠᠯᠢ ᠠᠷᠠᠳ ᠤᠨ ᠦᠢᠯᠡᠳᠪᠦᠷᠢᠯᠡᠯ ᠢᠶᠠᠨ ᠬᠤᠪᠢᠷᠠᠭᠤᠯᠵᠤ ᠠᠵᠢᠯ ᠣᠯᠭᠤᠬᠤ ᠶᠢ ᠬᠥᠲᠥᠯᠥᠨ ᠵᠢᠯᠣᠭᠤᠳᠤᠨ᠎ᠠ᠃ ᠳᠠᠭᠠᠭᠠᠴᠠ ᠠᠴᠠ ᠨᠢ ᠬᠡᠲᠦᠷᠡᠲᠡᠯ᠎ᠡ ᠮᠠᠯᠵᠢᠵᠤ ᠪᠠᠶᠢᠭ᠎ᠠ ᠭᠠᠵᠠᠷ ᠣᠷᠣᠨ ᠳᠤ ᠮᠠᠯ ᠤᠨᠤᠭ᠎ᠠ ᠶᠢ ᠨᠢ ᠴᠥᠭᠡᠳᠬᠡᠬᠦ ᠠᠵᠢᠯᠯᠠᠭ᠎ᠠ ᠥᠷᠨᠢᠭᠦᠯᠵᠦ᠂ ᠥᠨᠳᠦᠷᠯᠢᠭ ᠤᠨ ᠮᠠᠯᠵᠢᠬᠤ ᠣᠷᠣᠨ ᠤ ᠮᠠᠯ ᠤᠨᠤᠭ᠎ᠠ ᠶᠢ ᠴᠥᠭᠡᠳᠬᠡᠬᠦ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ ᠲᠠᠷᠢᠮᠠᠯ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠰᠤᠯᠠ ᠮᠠᠯᠵᠢᠬᠤ ᠬᠡᠪᠴᠢᠶ᠎ᠡ ᠶᠢ ᠬᠢᠵᠠᠭᠠᠷᠯᠠᠵᠤ᠂ ᠬᠠᠰᠢᠶᠠᠯᠠᠨ ᠲᠡᠵᠢᠭᠡᠵᠦ ᠮᠠᠯᠵᠢᠬᠤ ᠶᠢ ᠲᠡᠳᠭᠦᠭᠦ ᠡᠷᠴᠢᠮ ᠢ ᠨᠡᠮᠡᠭᠳᠡᠭᠦᠯᠦᠨ᠂ ᠪᠡᠯᠴᠢᠭᠡᠷ ᠢ ᠠᠰᠢᠭᠯᠠᠬᠤ ᠡᠷᠴᠢᠮ ᠢ ᠬᠥᠩᠭᠡᠷᠡᠭᠦᠯᠦᠨ᠎ᠡ᠃ ᠨᠡᠭᠦᠳᠡᠯ ᠮᠠᠯᠴᠢᠳ ᠢ ᠰᠠᠭᠤᠷᠢᠰᠢᠭᠤᠯᠬᠤ ᠢᠨᠵᠧᠨᠧᠷᠢᠩ ᠤᠨ ᠦᠷ᠎ᠡ ᠪᠦᠲᠦᠭᠡᠯ ᠢ ᠪᠠᠬᠢᠵᠢᠭᠦᠯᠵᠦ᠂ ᠪᠡᠯᠴᠢᠭᠡᠷᠯᠡᠭᠦᠯᠬᠦ ᠶᠢ ᠵᠣᠭᠰᠣᠭᠠᠵᠤ ᠥᠨᠵᠢᠭᠦᠯᠦᠨ ᠮᠠᠯᠵᠢᠬᠤ᠂ ᠪᠡᠯᠴᠢᠭᠡᠷ ᠢᠶᠠᠨ ᠬᠡᠰᠡᠭᠯᠡᠨ ᠰᠡᠯᠭᠦᠨ ᠮᠠᠯᠵᠢᠬᠤ ᠵᠢᠴᠢ ᠠᠮᠢ ᠠᠬᠤᠢ᠂ ᠰᠡᠯᠡᠭᠦᠴᠡᠯ᠂ ᠲᠣᠭᠤᠷᠢᠨ ᠦᠵᠡᠬᠦ ᠮᠠᠯ ᠠᠵᠤ ᠠᠬᠤᠢ ᠶᠢ ᠬᠥᠭᠵᠢᠭᠦᠯᠬᠦ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠳᠡᠭᠡᠨ ᠲᠣᠬᠢᠷᠠᠭᠤᠯᠤᠯᠲᠠ ᠬᠢᠬᠦ ᠶᠢ ᠬᠥᠲᠥᠯᠥᠨ ᠵᠢᠯᠣᠭᠤᠳᠤᠨ᠎ᠠ᠃      ᠳᠥᠷᠪᠡᠳᠦᠭᠡᠷ ᠪᠦᠯᠦᠭ ᠳᠤᠮᠳᠠ ᠤᠷᠤᠰᠬᠠᠯ ᠤᠨ ᠤᠰᠤ ᠰᠢᠷᠣᠢ ᠶᠢᠨ ᠬᠠᠮᠠᠭᠠᠯᠠᠯᠲᠠ ᠶᠢ ᠴᠢᠩᠭᠠᠳᠬᠠᠨ᠎ᠠ      ᠰᠢᠷ᠎ᠠ ᠬᠥᠷᠥᠰᠥᠲᠦ ᠥᠨᠳᠦᠷᠯᠢᠭ ᠤᠨ ᠬᠥᠷᠥᠰᠥ ᠰᠢᠷᠣᠢ ᠶᠢᠨ ᠬᠠᠮᠠᠭᠠᠯᠠᠯᠲᠠ ᠶᠢ ᠲᠣᠪᠣᠶᠢᠮ᠎ᠠ ᠰᠠᠶᠢᠲᠤᠷ ᠠᠳᠬᠤᠵᠤ᠂ ᠪᠠᠶᠢᠭᠠᠯᠢ ᠶᠢᠨ ᠤᠶ ᠶᠢ ᠪᠦᠭᠦ ᠲᠠᠯ᠎ᠠ ᠪᠠᠷ ᠬᠠᠮᠠᠭᠠᠯᠠᠵᠤ᠂ ᠲᠠᠷᠢᠶᠠᠯᠠᠬᠤ ᠶᠢ ᠵᠣᠭᠰᠣᠭᠠᠵᠤ ᠡᠪᠡᠰᠦ ᠮᠣᠳᠣ ᠳᠠᠷᠢᠭᠰᠠᠨ᠂ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠤᠰᠤ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠡᠷᠴᠢᠮ ᠢᠶᠠᠨ ᠨᠡᠮᠡᠭᠳᠡᠭᠦᠯᠦᠨ᠂ ᠬᠤᠲᠠ ᠪᠠᠯᠭᠠᠰᠤᠵᠢᠯᠲᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠳᠤᠮᠳᠠ ᠤᠷᠤᠰᠬᠠᠯ ᠤᠨ ᠭᠠᠵᠠᠷ ᠣᠷᠣᠨ ᠤ ᠠᠮᠢ ᠠᠬᠤᠢ ᠶᠢᠨ ᠳᠦᠷᠰᠦ ᠪᠠᠶᠢᠳᠠᠯ ᠢ ᠰᠠᠶᠢᠵᠢᠷᠠᠭᠤᠯᠤᠨ᠎ᠠ᠃      ᠨᠢᠭᠡᠳᠦᠭᠡᠷ ᠬᠡᠰᠡᠭ ᠤᠢ ᠰᠢᠭᠤᠢ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠶᠡᠭᠡ ᠪᠠᠷ ᠬᠡᠷᠡᠭᠵᠢᠭᠦᠯᠦᠨ᠎ᠡ      ᠰᠢᠷ᠎ᠠ ᠬᠥᠷᠥᠰᠥᠲᠦ ᠥᠨᠳᠦᠷᠯᠢᠭ ᠤᠨ ᠭᠠᠵᠠᠷ ᠣᠷᠣᠨ ᠤ ᠤᠷᠭᠤᠮᠠᠯ ᠤᠨ ᠪᠦᠷᠬᠦᠴᠡ ᠶᠢᠨ ᠲᠠᠷᠬᠠᠯᠲᠠ ᠶᠢᠨ ᠵᠢᠮ᠎ᠡ ᠶᠣᠰᠣ ᠶᠢ ᠵᠢᠷᠤᠮᠯᠠᠨ᠂ ᠠᠭᠤᠷ ᠠᠮᠢᠰᠬᠤᠯ ᠳᠤᠯᠠᠭᠠᠨ ᠴᠢᠭᠢᠭᠯᠢᠭ ᠪᠤᠯᠬᠤ ᠵᠡᠷᠭᠡ ᠬᠠᠨᠳᠤᠰᠢ ᠵᠢᠴᠢ ᠲᠡᠭᠦᠨ ᠤ ᠨᠥᠯᠥᠭᠡ ᠶᠢ ᠨᠢᠭᠲᠠ ᠠᠩᠬᠠᠷᠴᠤ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠠᠷᠭ᠎ᠠ ᠬᠡᠮᠵᠢᠶ᠎ᠡ ᠶᠢ ᠵᠦᠢ ᠵᠣᠬᠢᠰᠲᠠᠢ ᠠᠪᠤᠨ᠎ᠠ᠃ ᠤᠶ ᠰᠢᠭᠤᠢ ᠶᠢᠨ ᠤᠷᠭᠤᠮᠠᠯ ᠤᠨ ᠪᠦᠷᠬᠦᠴᠡ ᠶᠢᠨ ᠪᠦᠰᠡ ᠨᠢ ᠲᠤᠷᠤᠭ ᠮᠣᠳᠣ ᠲᠠᠷᠢᠵᠤ ᠣᠶᠢᠵᠢᠭᠤᠯᠬᠤ᠂ ᠲᠤᠷᠤᠭ ᠮᠣᠳᠣ ᠪᠤᠳᠠ ᠮᠣᠳᠣ ᠡᠪᠡᠰᠦ ᠶᠢ ᠬᠤᠯᠢᠯᠳᠤᠭᠤᠯᠤᠨ ᠲᠠᠷᠢᠵᠤ ᠣᠶᠢᠵᠢᠭᠤᠯᠬᠤ ᠪᠠᠷ ᠭᠤᠣᠯ ᠪᠤᠯᠭᠠᠵᠤ᠂ ᠤᠶ ᠰᠢᠭᠤᠢ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢᠨ ᠪᠦᠰᠡ ᠨᠢ ᠪᠤᠲᠠ ᠰᠥᠭᠡᠭ ᠢ ᠲᠠᠷᠢᠵᠤ ᠣᠶᠢᠵᠢᠭᠤᠯᠬᠤ ᠪᠠᠷ ᠭᠤᠣᠯ ᠪᠤᠯᠭᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢᠨ ᠪᠦᠰᠡ ᠨᠢ ᠡᠪᠡᠰᠦ ᠲᠠᠷᠢᠬᠤ᠂ ᠨᠤᠲᠤᠭ ᠪᠡᠯᠴᠢᠭᠡᠷ ᠢ ᠰᠠᠶᠢᠵᠢᠷᠠᠭᠤᠯᠬᠤ ᠪᠠᠷ ᠭᠤᠣᠯ ᠪᠣᠯᠭᠠᠨ᠎ᠠ᠃ ᠤᠰᠤᠨ ᠤ ᠲᠡᠩᠴᠡᠭᠦᠷᠢ ᠶᠢᠨ ᠨᠤᠲᠠᠯᠠᠯ ᠢ ᠴᠢᠩᠭᠠᠳᠬᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ᠂ ᠬᠥᠮᠥᠨ ᠤ ᠬᠦᠴᠦ ᠪᠠᠷ ᠣᠶᠢᠵᠢᠭᠤᠯᠬᠤ᠂ ᠨᠢᠰᠬᠡᠯ ᠢᠶᠠᠷ ᠲᠠᠷᠢᠵᠤ ᠣᠶᠢᠵᠢᠭᠤᠯᠬᠤ ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠶᠢ ᠠᠪᠴᠤ᠂ ᠤᠶ ᠰᠢᠭᠤᠢ ᠶᠢᠨ ᠤᠷᠭᠤᠮᠠᠯ ᠤᠨ ᠪᠦᠷᠬᠦᠴᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠣᠷᠣᠳᠣᠬᠤᠢ ᠶᠢᠨ ᠲᠠᠯ᠎ᠠ ᠭᠠᠵᠠᠷ᠂ ᠹᠧᠨ ᠾᠧ ᠭᠤᠣᠯ ᠸᠧᠢ ᠾᠧ ᠭᠤᠣᠯ ᠤᠨ ᠲᠠᠯ᠎ᠠ ᠭᠠᠵᠠᠷ᠂ ᠰᠢᠷ᠎ᠠ ᠬᠥᠷᠥᠰᠥᠲᠦ ᠥᠨᠳᠦᠷᠯᠢᠭ ᠤᠨ ᠡᠯᠡᠰᠦᠷᠬᠡᠭ ᠭᠠᠵᠠᠷ᠂ ᠥᠪᠥᠷ ᠮᠣᠩᠭᠤᠯ ᠤᠨ ᠥᠨᠳᠦᠷᠯᠢᠭ ᠤᠨ ᠨᠠᠭᠤᠷ ᠴᠦᠭᠦᠷᠦᠮ ᠰᠢᠷᠭᠢᠵᠦ ᠮᠠᠭᠤᠳᠠᠭᠰᠠᠨ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠭᠤᠯᠠ ᠤᠰᠤ ᠤᠶ ᠮᠣᠳᠣ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠤᠰᠤᠨ ᠤ ᠰᠤᠷᠪᠤᠯᠵᠢ ᠶᠢ ᠬᠠᠳᠠᠭᠠᠯᠠᠬᠤ ᠣᠶᠢᠲᠤ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠷᠣᠨ ᠤ ᠠᠭᠤᠯᠠ ᠶᠢ ᠪᠢᠲᠡᠭᠦᠮᠵᠢᠯᠡᠵᠦ ᠪᠡᠯᠴᠢᠭᠡᠷᠯᠡᠭᠦᠯᠬᠦ ᠶᠢ ᠵᠣᠭᠰᠤᠭᠠᠬᠤ᠂ ᠰᠡᠯᠭᠦᠨ ᠪᠢᠲᠡᠭᠦᠮᠵᠢᠯᠡᠵᠦ ᠰᠡᠯᠭᠦᠨ ᠮᠠᠯᠵᠢᠬᠤ ᠪᠠ ᠪᠢᠲᠡᠭᠦᠮᠵᠢᠯᠡᠨ ᠣᠶᠢᠵᠢᠭᠤᠯᠬᠤ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠠᠶᠠᠨᠳᠠᠭᠠᠨ ᠰᠡᠷᠭᠦᠭᠦ ᠶᠢ ᠠᠬᠢᠭᠤᠯᠤᠨ᠎ᠠ᠃ ᠭᠠᠵᠠᠷ ᠤᠨ ᠭᠠᠳᠠᠷᠭᠤ᠂ ᠬᠥᠷᠥᠰᠥ ᠰᠢᠷᠣᠢ᠂ ᠠᠭᠤᠷ ᠠᠮᠢᠰᠬᠤᠯ ᠪᠣᠯᠣᠨ ᠮᠡᠷᠭᠡᠵᠢᠯ ᠤᠨ ᠨᠥᠬᠦᠴᠡᠯ ᠲᠠᠢ ᠤᠶᠠᠯᠳᠤᠭᠤᠯᠤᠨ᠂ ᠬᠥᠮᠥᠨ ᠤ ᠬᠦᠴᠦ ᠪᠠᠷ ᠣᠶᠢᠵᠢᠭᠤᠯᠬᠤ ᠮᠣᠳᠣᠨ ᠤ ᠲᠦᠷᠦᠯ ᠢ ᠰᠢᠨᠵᠢᠯᠡᠬᠦ ᠤᠬᠠᠭᠠᠨᠴᠢ ᠪᠠᠷ ᠰᠣᠩᠭᠤᠨ ᠪᠣᠶᠢᠵᠢᠭᠤᠯᠵᠤ᠂ ᠡᠳᠡᠭᠡᠷᠡᠯᠲᠡ ᠶᠢᠨ ᠨᠤᠷᠮ᠎ᠠ ᠶᠢ ᠳᠡᠭᠡᠭᠰᠢᠯᠡᠭᠦᠯᠵᠦ᠂ ᠤᠶ ᠶᠢᠨ ᠪᠦᠲᠦᠴᠡ ᠶᠢ ᠰᠠᠶᠢᠵᠢᠷᠠᠭᠤᠯᠵᠤ᠂ ᠤᠶ ᠶᠢᠨ ᠭᠦᠶ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠭᠯᠠᠭ ᠠᠭᠤᠯᠠ ᠪᠤᠶᠢᠳᠠ ᠪᠥᠭᠯᠡᠭᠦᠦ ᠠᠭᠤᠯᠠᠷᠬᠠᠭ ᠣᠷᠣᠨ᠂ ᠰᠠᠯᠭᠢ ᠡᠯᠡᠰᠦᠨ ᠤ ᠣᠷᠣᠨ ᠪᠣᠯᠣᠨ ᠰᠠᠯᠪᠤᠷᠢ ᠤᠷᠤᠰᠬᠠᠯ ᠤᠨ ᠡᠭᠢ ᠠᠪᠤᠭᠰᠠᠨ ᠭᠠᠵᠠᠷ ᠤᠨ ᠲᠣᠬᠢᠷᠠᠮᠵᠢᠲᠠᠢ ᠣᠷᠣᠨ ᠳᠤ ᠨᠢᠰᠬᠡᠯ ᠢᠶᠠᠷ ᠲᠠᠷᠢᠵᠤ ᠣᠶᠢᠵᠢᠭᠤᠯᠬᠤ ᠶᠢ ᠬᠡᠷᠡᠭᠵᠢᠭᠦᠯᠦᠨ᠎ᠡ᠃ ᠠᠵᠤ ᠠᠬᠤᠢ ᠶᠢᠨ ᠤᠶ ᠪᠣᠯᠣᠨ ᠤᠶ ᠳᠤᠲᠤᠷᠠᠭᠢ ᠠᠵᠤ ᠠᠬᠤᠢ ᠶᠢ ᠵᠣᠬᠢᠰᠲᠠᠢ ᠬᠥᠭᠵᠢᠭᠦᠯᠵᠦ᠂ ᠠᠮᠢ ᠠᠬᠤᠢ ᠶᠢᠨ ᠦᠷ᠎ᠡ ᠠᠰᠢᠭ ᠪᠣᠯᠣᠨ ᠲᠠᠷᠢᠶᠠᠴᠢᠳ ᠤᠨ ᠠᠰᠢᠭ ᠣᠯᠵᠠᠪᠤᠷᠢ ᠶᠢ ᠳᠡᠭᠡᠭᠰᠢᠯᠡᠭᠦᠯᠦᠨ᠎ᠡ᠃ ᠴᠢᠨᠯᠢᠩ ᠳᠠᠪᠠᠭ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠵᠤ᠂ ᠮᠠᠯᠤᠷ ᠦᠳᠡᠭᠡ᠂ ᠰᠢᠷᠭ᠎ᠠ ᠰᠠᠮᠵᠠ᠂ ᠤᠯᠠᠭᠠᠨ ᠥᠷᠪᠢᠯᠳᠡᠢ ᠵᠡᠷᠭᠡ ᠬᠤᠪᠣᠷ ᠴᠤᠬᠠᠭ ᠤᠰᠠᠳᠬᠤ ᠰᠢᠬᠠᠭᠰᠠᠨ ᠠᠮᠢᠳᠤ ᠪᠣᠳᠠᠰ ᠤᠨ ᠲᠦᠷᠦᠯ ᠤᠨ ᠣᠷᠣᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ ᠪᠠ ᠰᠡᠷᠭᠦᠭᠡᠯᠲᠡ ᠶᠢ ᠴᠢᠩᠭᠠᠳᠬᠠᠵᠤ᠂ ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠡᠭᠡᠷ᠎ᠡ ᠶᠢᠨ ᠠᠮᠢᠲᠠᠨ ᠤᠷᠭᠤᠮᠠᠯ ᠤᠨ ᠣᠷᠣᠰᠢᠨ ᠠᠮᠢᠳᠤᠷᠠᠬᠤ ᠣᠷᠣᠨ ᠵᠠᠢ ᠶᠢ ᠥᠷᠭᠡᠳᠬᠡᠨ᠎ᠡ᠃      ᠬᠤᠶᠠᠳᠤᠭᠠᠷ ᠬᠡᠰᠡᠭ ᠤᠰᠤ ᠰᠢᠷᠣᠢ ᠶᠢ ᠬᠠᠮᠠᠭᠠᠯᠠᠬᠤ ᠴᠢᠳᠠᠪᠤᠷᠢ ᠶᠢ ᠴᠢᠩᠭᠠᠳᠬᠠᠨ᠎ᠠ      ᠭᠤᠣᠯ ᠮᠥᠷᠡᠨ ᠤᠰᠤᠨ ᠴᠦᠭᠦᠷᠦᠮ ᠳᠤ ᠤᠷᠤᠰᠤᠨ ᠣᠷᠣᠬᠤ ᠡᠯᠡᠰᠦ ᠰᠢᠪᠠᠷ ᠢ ᠪᠠᠭᠠᠰᠬᠠᠬᠤ ᠪᠠᠷ ᠭᠤᠣᠯᠳᠠᠯᠭ᠎ᠠ ᠪᠣᠯᠭᠠᠨ᠂ ᠰᠢᠷ᠎ᠠ ᠬᠥᠷᠥᠰᠥᠲᠦ ᠥᠨᠳᠦᠷᠯᠢᠭ ᠤᠨ ᠳᠡᠨᠵᠢ ᠭᠠᠵᠠᠷ ᠢ ᠬᠠᠮᠠᠭᠠᠯᠠᠬᠤ᠂ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ᠂ ᠨᠦᠯᠦᠮᠡᠯ ᠭᠠᠵᠠᠷ ᠤᠨ ᠬᠠᠰᠢᠯᠭ᠎ᠠ ᠶᠢᠨ ᠪᠦᠲᠦᠭᠡᠨ ᠪᠠᠶᠢᠭᠤᠯᠤᠯᠲᠠ᠂ ᠨᠠᠯᠠᠤ ᠲᠠᠷᠢᠶᠠᠨ ᠭᠠᠵᠠᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ ᠤᠰᠤ ᠰᠢᠷᠣᠢ ᠶᠢ ᠬᠠᠮᠠᠭᠠᠯᠠᠬᠤ ᠭᠤᠣᠯᠳᠠᠯᠭ᠎ᠠ ᠲᠠᠢ ᠢᠨᠵᠧᠨᠧᠷᠢᠩ ᠢ ᠢᠳᠡᠪᠬᠢᠲᠡᠢ ᠪᠠᠷ ᠠᠬᠢᠭᠤᠯᠤᠨ᠎ᠠ᠃ ᠱᠠᠨ ᠰᠢ ᠱᠠᠨᠰᠢ ᠥᠪᠥᠷ ᠮᠣᠩᠭᠤᠯ ᠤᠨ ᠳᠣᠪᠣᠷᠬᠠᠭ ᠭᠤᠤ ᠭᠠᠩᠭ᠎ᠠ ᠶᠢᠨ ᠣᠷᠣᠨ ᠳᠤ ᠪᠦᠳᠦᠭᠦᠯᠢᠭ ᠡᠯᠡᠰᠦ ᠰᠢᠪᠠᠷ ᠢ ᠬᠠᠰᠢᠵᠤ ᠡᠯᠡᠰᠦ ᠮᠠᠩᠬ᠎ᠠ ᠶᠢ ᠪᠠᠭᠠᠰᠬᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠭᠠᠨᠰᠤ ᠶᠢᠨ ᠵᠡᠭᠦᠨ ᠬᠡᠰᠡᠭ ᠤᠨ ᠳ᠋ᠦᠩ ᡁᠢ ᠶᠢᠨ ᠲᠡᠨᠵᠢ ᠭᠠᠵᠠᠷ᠂ ᠱᠠᠨ ᠰᠢ ᠶᠢᠨ ᠪᠠᠷᠠᠭᠤᠨ ᠬᠡᠰᠡᠭ ᠤᠨ ᠲᠠᠢ ᠳ᠋ᠧ ᠶᠢᠨ ᠲᠡᠨᠵᠢ ᠭᠠᠵᠠᠷ᠂ ᠱᠠᠨᠰᠢ ᠶᠢᠨ ᠬᠤᠶᠢᠲᠤ ᠬᠡᠰᠡᠭ ᠤᠨ ᠯᠥᠸᠧ ᠴᠤᠸᠠᠨ ᠤ ᠲᠡᠨᠵᠢ ᠭᠠᠵᠠᠷ᠂ ᠭᠤᠸᠠᠨ ᠵᠦᠩ ᠤᠨ ᠸᠧᠢ ᠾᠧ ᠭᠤᠣᠯ ᠤᠨ ᠬᠤᠶᠢᠲᠤ ᠬᠡᠰᠡᠭ ᠤᠨ ᠲᠠᠢ ᠶᠤᠸᠠᠨ ᠤ ᠲᠡᠨᠵᠢ ᠭᠠᠵᠠᠷ ᠵᠡᠷᠭᠡ ᠳᠡᠨᠵᠢ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠨ᠂ ᠰᠢᠷ᠎ᠠ ᠬᠥᠷᠥᠰᠥᠲᠦ ᠥᠨᠳᠦᠷᠯᠢᠭ ᠤᠨ ᠭᠤᠤ ᠭᠠᠩᠭ᠎ᠠ ᠶᠢ ᠪᠠᠬᠢᠵᠢᠭᠦᠯᠦᠨ ᠳᠡᠨᠵᠢ ᠭᠠᠵᠠᠷ ᠣᠷᠣᠨ ᠢ ᠬᠠᠮᠠᠭᠠᠯᠠᠬᠤ ᠲᠦᠷᠦᠯ ᠵᠦᠢᠯ ᠢ ᠬᠡᠷᠡᠭᠵᠢᠭᠦᠯᠦᠨ᠎ᠡ᠃ ᠱᠠᠨᠰᠢ ᠭᠠᠨᠰᠤ ᠱᠠᠨ ᠰᠢ ᠨᠢᠩᠰᠢᠶᠠ ᠬᠥᠬᠡᠨᠠᠭᠤᠷ ᠤᠨ ᠠᠭᠤᠯᠠᠷᠬᠠᠭ ᠭᠠᠵᠠᠷ ᠳᠣᠪᠣᠷᠬᠠᠭ ᠭᠠᠵᠠᠷ ᠭᠤᠤ ᠭᠠᠩᠭ᠎ᠠ ᠶᠢᠨ ᠣᠷᠣᠨ ᠵᠡᠷᠭᠡ ᠪᠠᠷ ᠭᠤᠣᠯᠳᠠᠯᠭ᠎ᠠ ᠪᠣᠯᠭᠠᠨ᠂ ᠬᠠᠭᠤᠷᠠᠢ ᠲᠠᠷᠢᠶᠠᠯᠠᠩ ᠱᠠᠲᠤᠨ ᠲᠠᠷᠢᠶᠠᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠪᠣᠷᠣᠭᠠᠨ ᠤ ᠤᠰᠤ ᠶᠢ ᠬᠠᠳᠠᠭᠠᠯᠠᠵᠤ ᠠᠰᠢᠭᠯᠠᠬᠤ ᠶᠢ ᠴᠢᠩᠭᠠᠳᠬᠠᠨ᠂ ᠵᠢᠵᠢᠭ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠤᠨ᠎ᠠ᠃ ᠨᠦᠯᠦᠮᠡᠯ ᠭᠠᠵᠠᠷ ᠤᠨ ᠬᠠᠰᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠤᠨ ᠵᠢᠯᠤᠭᠤᠳᠬᠤ ᠶᠢ ᠴᠢᠩᠭᠠᠳᠬᠠᠵᠤ᠂ ᠰᠢᠨ᠎ᠡ ᠪᠠᠷᠢᠮᠵᠢᠶ᠎ᠠ ᠰᠢᠨ᠎ᠡ ᠮᠡᠷᠭᠡᠵᠢᠯ ᠰᠢᠨ᠎ᠡ ᠭᠠᠷ ᠤᠷᠠᠯᠠᠯ ᠢ ᠳᠡᠯᠭᠡᠷᠡᠭᠦᠯᠦᠨ᠂ ᠬᠦᠨᠳᠦ ᠶᠢᠨ ᠬᠦᠴᠦᠨ ᠤ ᠢᠳᠡᠭᠳᠡᠯ ᠬᠦᠨᠳᠦ ᠨᠣᠴᠢᠲᠠᠢ᠂ ᠬᠥᠷᠥᠰᠥ ᠰᠢᠷᠣᠢ ᠶᠢᠨ ᠢᠳᠡᠭᠳᠡᠯ ᠬᠤᠷᠴᠠ ᠰᠢᠷᠦᠭᠦᠨ ᠣᠷᠣᠨ ᠪᠦᠰᠡ ᠳᠤ ᠥᠨᠳᠥᠷ ᠪᠠᠷᠢᠮᠵᠢᠶᠠᠲᠤ ᠨᠦᠯᠦᠮᠡᠯ ᠭᠠᠵᠠᠷ ᠤᠨ ᠬᠠᠰᠢᠯᠭ᠎ᠠ ᠶᠢ ᠶᠡᠭᠡ ᠪᠠᠷ ᠪᠦᠲᠦᠭᠡᠨ ᠪᠠᠶᠢᠭᠤᠯᠤᠨ᠎ᠠ᠃ ᠤᠲᠤ ᠶᠢᠨ ᠪᠠᠶᠢᠭ᠎ᠠ ᠨᠦᠯᠦᠮᠡᠯ ᠭᠠᠵᠠᠷ ᠤᠨ ᠬᠠᠰᠢᠯᠭ᠎ᠠ ᠶᠢᠨ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ᠂ ᠭᠡᠮ ᠰᠣᠭᠤᠭ ᠲᠠᠢ ᠭᠠᠵᠠᠷ ᠤᠨ ᠬᠠᠰᠢᠯᠭ᠎ᠠ ᠶᠢᠨ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠪᠠ ᠬᠠᠭᠤᠴᠢᠨ ᠨᠦᠯᠦᠮᠡᠯ ᠭᠠᠵᠠᠷ ᠤᠨ ᠬᠠᠰᠢᠯᠭ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠴᠢᠩᠭᠠᠳᠬᠠᠨ᠂ ᠬᠠᠮᠢᠶᠠᠷᠴᠤ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠣᠨ ᠪᠦᠰᠡ ᠠᠯᠤᠰᠯᠠᠭᠰᠠᠨ ᠨᠦᠯᠦᠮᠡᠯ ᠭᠠᠵᠠᠷ ᠤᠨ ᠬᠠᠰᠢᠯᠭ᠎ᠠ ᠶᠢᠨ ᠮᠡᠳᠡᠭᠡ ᠵᠠᠩᠭᠢ ᠶᠢ ᠬᠢᠨᠠᠨ ᠰᠢᠨᠵᠢᠭᠦ ᠲᠣᠭᠲᠠᠴᠠ ᠶᠢ ᠪᠠᠶᠢᠭᠤᠯᠵᠤ᠂ ᠴᠢᠬᠤᠯᠠ ᠨᠦᠯᠦᠮᠡᠯ ᠭᠠᠵᠠᠷ ᠤᠨ ᠬᠠᠰᠢᠯᠭ᠎ᠠ ᠶᠢᠨ ᠬᠥᠳᠡᠯᠦᠩᠭᠦᠢ ᠬᠢᠨᠠᠨ ᠡᠵᠡᠮᠳᠡᠬᠦ ᠪᠠ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠭᠦ ᠶᠢ ᠪᠡᠶᠡᠯᠡᠭᠦᠯᠦᠨ᠎ᠡ᠃      ᠭᠤᠷᠪᠠᠳᠤᠭᠠᠷ ᠬᠡᠰᠡᠭ ᠥᠨᠳᠥᠷ ᠪᠦᠲᠦᠮᠵᠢᠲᠡᠢ ᠬᠠᠭᠤᠷᠠᠢ ᠲᠠᠷᠢᠶᠠᠯᠠᠩ ᠢ ᠬᠥᠭᠵᠢᠭᠦᠯᠦᠨ᠎ᠡ      ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ᠂ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢ ᠰᠢᠯᠢᠳᠡᠭᠵᠢᠭᠦᠯᠬᠦ᠂ ᠤᠰᠤ ᠬᠠᠳᠠᠭᠠᠯᠠᠬᠤ ᠤᠰᠤ ᠬᠠᠮᠠᠭᠠᠯᠠᠬᠤ ᠮᠡᠷᠭᠡᠵᠢᠯ ᠵᠡᠷᠭᠡ ᠶᠢ ᠲᠦᠭᠡᠮᠡᠯᠵᠢᠭᠦᠯᠬᠦ ᠪᠠᠷ ᠭᠤᠣᠯᠳᠠᠯᠭ᠎ᠠ ᠪᠣᠯᠭᠠᠨ᠂ ᠬᠥᠷᠥᠰᠥ ᠰᠢᠷᠣᠢ ᠶᠢ ᠬᠠᠮᠠᠭᠠᠯᠠᠬᠤ ᠬᠢᠭᠡᠳ ᠥᠨᠳᠥᠷ ᠦᠷ᠎ᠡ ᠠᠰᠢᠭ ᠲᠠᠢ ᠬᠠᠭᠤᠷᠠᠢ ᠲᠠᠷᠢᠶᠠᠯᠠᠩ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠎ᠡ᠃ ᠡᠪᠡᠰᠦᠨ ᠲᠡᠵᠢᠭᠡᠯᠲᠦ ᠮᠠᠯ ᠠᠵᠤ ᠠᠬᠤᠢ᠂ ᠡᠪᠡᠰᠦᠨ ᠤ ᠠᠵᠤ ᠦᠢᠯᠡᠰ ᠪᠣᠯᠣᠨ ᠥᠨᠳᠥᠷ ᠨᠡᠮᠡᠯᠲᠡ ᠦᠷᠲᠡᠭ ᠲᠠᠢ ᠲᠠᠷᠢᠮᠠᠯ ᠤᠨ ᠦᠢᠯᠡᠰ ᠢ ᠰᠢᠯᠢᠳᠡᠭᠵᠢᠭᠦᠯᠦᠨ ᠬᠥᠭᠵᠢᠭᠦᠯᠵᠦ᠂ ᠬᠠᠭᠤᠷᠠᠢ ᠲᠠᠷᠢᠶᠠᠯᠠᠩ ᠤᠨ ᠰᠢᠨ᠎ᠡ ᠮᠡᠷᠭᠡᠵᠢᠯ ᠰᠢᠨ᠎ᠡ ᠵᠠᠭᠪᠤᠷ ᠢ ᠢᠳᠡᠪᠬᠢᠲᠡᠢ ᠪᠠᠷ ᠳᠡᠯᠭᠡᠷᠡᠭᠦᠯᠦᠨ ᠬᠡᠷᠡᠭᠯᠡᠨ᠎ᠡ᠃ ᠬᠠᠰᠢᠶᠠᠯᠠᠨ ᠲᠡᠵᠢᠭᠡᠬᠦ ᠪᠠ ᠬᠠᠭᠠᠰ ᠬᠠᠰᠢᠶᠠᠯᠠᠨ ᠲᠡᠵᠢᠭᠡᠵᠦ ᠦᠷᠡᠵᠢᠭᠦᠯᠭᠦ ᠶᠢ ᠳᠡᠮᠵᠢᠵᠦ᠂ ᠬᠥᠮᠥᠨ ᠤ ᠬᠦᠴᠦ ᠪᠠᠷ ᠡᠪᠡᠰᠦ ᠳᠠᠷᠢᠬᠤ ᠶᠢ ᠵᠦᠢ ᠵᠣᠬᠢᠰᠲᠠᠢ ᠥᠷᠨᠢᠭᠦᠯᠦᠨ᠂ ᠨᠥᠬᠦᠴᠡᠯ ᠲᠣᠬᠢᠷᠠᠮᠵᠢᠲᠠᠢ ᠭᠠᠵᠠᠷ ᠣᠷᠣᠨ ᠳᠤ ᠬᠥᠮᠥᠨ ᠤ ᠬᠦᠴᠦ ᠪᠠᠷ ᠡᠪᠡᠰᠦ ᠪᠣᠷᠳᠣᠭᠠᠨ ᠤ ᠰᠠᠭᠤᠷᠢᠨ ᠢ ᠪᠦᠲᠦᠭᠡᠨ ᠪᠠᠶᠢᠭᠤᠯᠤᠨ᠎ᠠ᠃ ᠬᠠᠭᠤᠷᠠᠢ ᠲᠠᠷᠢᠮᠠᠯ ᠤᠨ ᠰᠠᠶᠢᠨ ᠡᠭᠦᠯᠳᠡᠷ ᠢ ᠰᠣᠩᠭᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠠᠷᠢᠵᠤ᠂ ᠬᠠᠭᠤᠷᠠᠢ ᠲᠠᠷᠢᠶᠠᠯᠠᠩ ᠤᠨ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠨ᠎ᠡ᠃ ᠲᠠᠷᠢᠶᠠᠨ ᠭᠠᠵᠠᠷ ᠢ ᠬᠡᠷᠡᠭᠯᠡᠬᠦ ᠠᠷᠠᠴᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠠᠷᠢᠶᠠᠨ ᠭᠠᠵᠠᠷ ᠤᠨ ᠰᠡᠯᠭᠦᠨ ᠳᠠᠷᠢᠬᠤ ᠪᠠ ᠥᠨᠵᠢᠭᠦᠯᠦᠨ ᠳᠠᠷᠢᠬᠤ ᠳᠦᠷᠢᠮ ᠢ ᠦᠷᠭᠦᠯᠵᠢᠯᠡᠨ ᠠᠬᠢᠭᠤᠯᠵᠤ᠂ ᠵᠦᠢ ᠵᠣᠬᠢᠰᠲᠠᠢ ᠪᠠᠷ ᠰᠡᠯᠭᠦᠨ ᠲᠠᠷᠢᠬᠤ ᠶᠢ ᠪᠡᠶᠡᠯᠡᠭᠦᠯᠦᠨ᠎ᠡ᠃ ᠲᠠᠷᠢᠶᠠᠨ ᠭᠠᠵᠠᠷ ᠢ ᠴᠡᠭᠴᠡᠯᠡᠨ ᠵᠠᠰᠠᠬᠤ ᠪᠠ ᠬᠥᠷᠥᠰᠥ ᠰᠢᠷᠣᠢ ᠶᠢ ᠣᠷᠭᠠᠨᠢᠭ ᠢᠶᠠᠷ ᠪᠣᠷᠳᠣᠵᠤ ᠰᠠᠶᠢᠵᠢᠷᠠᠭᠤᠯᠬᠤ ᠶᠢ ᠢᠳᠡᠪᠬᠢᠲᠡᠢ ᠥᠷᠨᠢᠭᠦᠯᠵᠦ᠂ ᠲᠠᠷᠢᠶᠠᠨ ᠭᠠᠵᠠᠷ ᠲᠤ ᠪᠣᠷᠣᠭᠠᠨ ᠤ ᠤᠰᠤ ᠴᠤᠭᠯᠠᠭᠤᠯᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠣᠬᠢᠷᠠᠮᠵᠢᠲᠠᠢ ᠭᠠᠵᠠᠷ ᠣᠷᠣᠨ ᠳᠤ ᠨᠠᠯᠠᠤ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠬᠠᠭᠤᠴᠢᠨ ᠱᠠᠲᠤᠨ ᠲᠠᠷᠢᠶ᠎ᠠ ᠶᠢ ᠥᠭᠡᠷᠡᠴᠢᠯᠡᠬᠦ ᠪᠠ ᠨᠢᠭᠡ ᠪᠦᠯᠦᠭ ᠬᠠᠭᠤᠷᠠᠢ ᠲᠠᠷᠢᠶᠠᠯᠠᠩ ᠤᠨ ᠱᠠᠲᠤᠯᠢᠭ ᠲᠠᠷᠢᠶ᠎ᠠ ᠶᠢ ᠰᠢᠨ᠎ᠡ ᠪᠠᠷ ᠪᠠᠶᠢᠭᠤᠯᠤᠨ᠎ᠠ᠃ ᠲᠠᠷᠢᠶᠠᠯᠠᠩ ᠤᠨ ᠤᠰᠤ ᠬᠠᠳᠠᠭᠠᠯᠠᠬᠤ ᠤᠰᠤ ᠶᠢ ᠪᠠᠲᠤᠯᠠᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠵᠦ᠂ ᠮᠡᠷᠭᠡᠵᠢᠯ ᠲᠣᠨᠣᠭᠯᠠᠯ ᠢᠶᠠᠷ ᠵᠢᠱᠢᠶ᠎ᠡ ᠦᠵᠡᠭᠦᠯᠭᠦ ᠶᠢ ᠠᠬᠢᠭᠤᠯᠵᠤ᠂ ᠬᠠᠭᠤᠷᠠᠢ ᠲᠠᠷᠢᠶᠠᠯᠠᠩ ᠤᠨ ᠵᠢᠱᠢᠶ᠎ᠡ ᠦᠵᠡᠭᠦᠯᠭᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠳᠡᠮᠵᠢᠭᠦ ᠡᠷᠴᠢᠮ ᠢᠶᠠᠨ ᠤᠯᠠᠮ ᠴᠢᠨᠠᠭᠰᠢᠳᠠ ᠨᠡᠮᠡᠭᠳᠡᠭᠦᠯᠦᠨ᠎ᠡ᠃      ᠲᠠᠪᠤᠳᠤᠭᠠᠷ ᠪᠦᠯᠦᠭ ᠳᠣᠣᠷᠠᠳᠤ ᠤᠷᠤᠰᠬᠠᠯ ᠤᠨ ᠨᠤᠭᠤ ᠭᠠᠵᠠᠷ ᠤᠨ ᠬᠠᠮᠠᠭᠠᠯᠠᠯᠲᠠ ᠪᠠ ᠠᠮᠢ ᠠᠬᠤᠢ ᠶᠢᠨ ᠵᠠᠰᠠᠯᠲᠠ ᠶᠢ ᠠᠬᠢᠭᠤᠯᠤᠨ᠎ᠠ      ᠬᠠᠲᠤᠨ ᠭᠤᠣᠯ ᠤᠨ ᠳᠣᠣᠷᠠᠳᠤ ᠤᠷᠤᠰᠬᠠᠯ ᠤᠨ ᠪᠣᠬᠢᠷᠳᠤᠯ ᠦᠭᠡᠢ ᠠᠮᠢ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠵᠤ᠂ ᠬᠠᠲᠤᠨ ᠭᠤᠣᠯ ᠤᠨ ᠭᠤᠷᠪᠠᠯᠵᠢᠨ ᠬᠤᠶᠢᠭ ᠤᠨ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠡᠷᠴᠢᠮ ᠢ ᠴᠢᠩᠭᠠᠷᠠᠭᠤᠯᠤᠨ᠂ ᠬᠠᠲᠤᠨ ᠭᠤᠣᠯ ᠤᠨ ᠳᠣᠣᠷᠠᠳᠤ ᠤᠷᠤᠰᠬᠠᠯ ᠤᠨ ᠭᠤᠣᠯ ᠤᠨ ᠵᠠᠮ ᠤᠨ ᠠᠮᠢ ᠠᠬᠤᠢ ᠶᠢᠨ ᠴᠢᠳᠠᠮᠵᠢ ᠶᠢ ᠳᠡᠭᠡᠭᠰᠢᠯᠡᠭᠦᠯᠭᠦ ᠪᠠ ᠲᠡᠯᠡᠶ ᠳᠤ ᠴᠢᠳᠬᠤᠬᠤ ᠠᠮᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠠᠬᠢᠭᠤᠯᠵᠤ᠂ ᠭᠤᠣᠯ ᠤᠨ ᠲᠠᠩ ᠤᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠦᠨ᠂ ᠠᠮᠢ ᠠᠬᠤᠢ ᠶᠢᠨ ᠬᠠᠮᠠᠭᠠᠯᠠᠯᠲᠠ ᠬᠢᠭᠡᠳ ᠬᠥᠮᠥᠨ ᠠᠮᠠ ᠶᠢᠨ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃      ᠨᠢᠭᠡᠳᠦᠭᠡᠷ ᠬᠡᠰᠡᠭ ᠬᠠᠳᠤᠨ ᠭᠤᠣᠯ ᠤᠨ ᠭᠤᠷᠪᠠᠯᠵᠢᠨ ᠬᠤᠶᠢᠭ ᠤᠨ ᠨᠤᠭᠤ ᠭᠠᠵᠠᠷ ᠢ ᠬᠠᠮᠠᠭᠠᠯᠠᠨ ᠰᠡᠷᠭᠦᠭᠡᠨ᠎ᠡ      ᠬᠠᠲᠤᠨ ᠭᠤᠣᠯ ᠤᠨ ᠭᠤᠷᠪᠠᠯᠵᠢᠨ ᠬᠤᠶᠢᠭ ᠤᠨ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠲᠥᠯᠦᠪᠵᠢᠭᠦᠯᠭᠡ ᠶᠢ ᠰᠤᠳᠤᠯᠤᠨ ᠨᠠᠶᠢᠷᠠᠭᠤᠯᠤᠨ ᠵᠣᠬᠢᠶᠠᠵᠤ᠂ ᠬᠠᠲᠤᠨ ᠭᠤᠣᠯ ᠤᠨ ᠠᠳᠠᠭ ᠤᠨ ᠤᠯᠤᠰ ᠤᠨ ᠴᠡᠴᠡᠷᠯᠢᠭ ᠢ ᠲᠥᠰᠥᠪᠯᠡᠨ ᠪᠦᠲᠦᠭᠡᠨ ᠪᠠᠶᠢᠭᠤᠯᠤᠨ᠎ᠠ᠃ ᠭᠤᠣᠯ ᠤᠨ ᠠᠳᠠᠭ ᠤᠨ ᠨᠤᠭᠤ ᠭᠠᠵᠠᠷ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠵᠤ᠂ ᠨᠥᠬᠦᠴᠡᠯ ᠪᠦᠷᠢᠯᠳᠦᠭᠦᠯᠵᠦ ᠪᠠᠶᠢᠭᠠᠳ ᠨᠠᠭᠤᠷ ᠢ ᠵᠠᠰᠠᠨ ᠭᠤᠣᠯ ᠢ ᠰᠡᠷᠭᠦᠭᠡᠬᠦ᠂ ᠲᠠᠷᠢᠶᠠᠯᠠᠬᠤ ᠶᠢ ᠵᠣᠭᠰᠣᠭᠠᠨ ᠨᠤᠭᠤ ᠭᠠᠵᠠᠷ ᠢ ᠰᠡᠷᠭᠦᠭᠡᠬᠦ᠂ ᠲᠠᠷᠢᠶᠠᠯᠠᠬᠤ ᠶᠢ ᠵᠣᠭᠰᠣᠭᠠᠨ ᠭᠤᠣᠯ ᠤᠨ ᠰᠠᠶᠢᠷᠭᠠᠯ ᠢ ᠰᠡᠷᠭᠦᠭᠡᠬᠦ ᠶᠢ ᠯᠠᠪᠳᠠᠭᠤᠨ ᠢᠶᠠᠷ ᠠᠬᠢᠭᠤᠯᠵᠤ᠂ ᠤᠰᠤ ᠴᠡᠪᠡᠷᠰᠢᠭᠦᠯᠬᠦ ᠰᠤᠪᠠᠭ᠂ ᠳ᠋ᠢᠶᠣᠣ ᠺᠧᠦ ᠭᠤᠣᠯ ᠤᠨ ᠵᠠᠮ ᠤᠨ ᠠᠮᠢ ᠠᠬᠤᠢ ᠶᠢᠨ ᠤᠰᠤ ᠨᠥᠬᠦᠪᠦᠷᠢᠯᠡᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠭᠤᠣᠯ ᠤᠨ ᠠᠳᠠᠭ ᠤᠨ ᠤᠰᠤᠨ ᠤ ᠰᠢᠰᠲ᠋ᠧᠮ ᠢ ᠬᠤᠯᠪᠣᠨ ᠨᠠᠪᠲᠠᠷᠡᠭᠦᠯᠵᠦ᠂ ᠪᠠᠶᠢᠭᠠᠯᠢ ᠶᠢᠨ ᠨᠤᠭᠤ ᠭᠠᠵᠠᠷ ᠤᠨ ᠲᠠᠯᠠᠪᠠᠶ ᠶᠢ ᠥᠷᠭᠡᠳᠬᠡᠨ᠎ᠡ᠃ ᠲᠠᠯᠠᠢ ᠳᠠᠭᠠᠤ ᠲᠦᠯᠬᠢᠭᠡᠨ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠷᠥᠰᠥ ᠰᠢᠷᠣᠢ ᠬᠤᠵᠢᠷᠰᠢᠬᠤ ᠪᠠ ᠱᠣᠷᠪᠣᠭ ᠲᠦᠯᠬᠢᠭᠡᠨ ᠲᠦᠷᠢᠭᠦ ᠶᠢ ᠰᠡᠷᠭᠡᠶᠢᠯᠡᠵᠦ᠂ ᠬᠠᠳᠤᠨ ᠭᠤᠣᠯ ᠤᠨ ᠭᠤᠷᠪᠠᠯᠵᠢᠨ ᠬᠤᠶᠢᠭ ᠤᠨ ᠡᠷᠭᠢ ᠶᠢᠨ ᠱᠤᠭᠤᠮ ᠠᠶᠠᠨᠳᠠᠭᠠᠨ ᠦᠷᠭᠦᠯᠵᠢᠯᠡᠬᠦ ᠪᠠᠶᠢᠳᠠᠯ ᠢ ᠰᠡᠷᠭᠦᠭᠡᠨ᠎ᠡ᠃ ᠬᠤᠵᠢᠷᠯᠢᠭ ᠨᠤᠭᠤ ᠭᠠᠵᠠᠷ᠂ ᠭᠤᠣᠯ ᠤᠨ ᠲᠠᠩ ᠪᠠ ᠭᠤᠣᠯ ᠤᠨ ᠠᠳᠠᠭ ᠤᠨ ᠨᠤᠭᠤ ᠭᠠᠵᠠᠷ ᠤᠨ ᠠᠮᠢᠳᠤ ᠪᠣᠳᠠᠰ ᠤᠨ ᠡᠭᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠡᠪ ᠤᠨ ᠪᠤᠰᠤ ᠤᠰᠤᠨ ᠤ ᠰᠤᠷᠪᠤᠯᠵᠢ ᠶᠢ ᠠᠰᠢᠭᠯᠠᠨ ᠰᠢᠪᠠᠭᠤᠨ ᠤ ᠲᠦᠷᠦᠯ ᠤᠨ ᠣᠷᠣᠰᠢᠨ ᠠᠮᠢᠳᠤᠷᠠᠬᠤ ᠭᠠᠵᠠᠷ ᠢ ᠨᠥᠬᠦᠪᠦᠷᠢᠯᠡᠬᠦ ᠶᠢ ᠬᠠᠶᠢᠨ ᠰᠦᠪᠡᠭᠴᠢᠯᠡᠵᠦ᠂ ᠬᠠᠲᠤᠨ ᠭᠤᠣᠯ ᠤᠨ ᠭᠤᠷᠪᠠᠯᠵᠢᠨ ᠬᠤᠶᠢᠭ ᠤᠨ ᠨᠤᠭᠤ ᠭᠠᠵᠠᠷ ᠬᠢᠭᠡᠳ ᠴᠢᠬᠤᠯᠠ ᠰᠢᠪᠠᠭᠤᠨ ᠤ ᠲᠦᠷᠦᠯ ᠤᠨ ᠣᠷᠣᠰᠢᠨ ᠠᠮᠢᠳᠤᠷᠠᠬᠤ ᠭᠠᠵᠠᠷ ᠪᠠ ᠨᠤᠭᠤ ᠭᠠᠵᠠᠷ ᠢ ᠰᠣᠶᠣᠯ ᠤᠨ ᠥᠪ ᠢᠶᠠᠷ ᠪᠦᠷᠢᠳᠬᠡᠯᠭᠡᠬᠦ ᠶᠢ ᠳᠡᠮᠵᠢᠨ᠎ᠡ᠃ ᠴᠢᠯᠠᠭᠤᠨ ᠲᠤᠰᠤᠨ ᠤ ᠠᠭᠤᠷᠬᠠᠢ ᠮᠠᠯᠲᠠᠬᠤ᠂ ᠬᠦᠷᠢᠶᠡᠯᠡᠨ ᠬᠠᠭᠠᠯᠪᠤᠷᠢᠯᠠᠵᠤ ᠲᠡᠵᠢᠭᠡᠨ ᠦᠷᠡᠵᠢᠭᠦᠯᠭᠦ᠂ ᠭᠠᠷᠠᠮ ᠤᠨ ᠤᠰᠤᠨ ᠲᠡᠭᠡᠭᠡᠪᠦᠷᠢ ᠵᠡᠷᠭᠡ ᠠᠵᠤ ᠠᠬᠤᠢ ᠶᠢᠨ ᠠᠵᠢᠯᠯᠠᠭ᠎ᠠ ᠶᠢᠨ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠳᠤ ᠦᠵᠡᠭᠦᠯᠭᠦ ᠨᠥᠯᠥᠭᠡ ᠶᠢ ᠪᠠᠭᠠᠰᠬᠠᠨ᠎ᠠ᠃      ᠬᠤᠶᠠᠳᠤᠭᠠᠷ ᠬᠡᠰᠡᠭ ᠬᠠᠲᠤᠨ ᠭᠤᠣᠯ ᠤᠨ ᠳᠣᠣᠷᠠᠳᠤ ᠤᠷᠤᠰᠬᠠᠯ ᠤᠨ ᠪᠣᠬᠢᠷᠳᠤᠯ ᠦᠭᠡᠢ ᠠᠮᠢ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠤᠨ᠎ᠠ      ᠳᠣᠣᠷᠠᠳᠤ ᠤᠷᠤᠰᠬᠠᠯ ᠤᠨ ᠭᠤᠣᠯ ᠤᠨ ᠪᠠᠶᠢᠳᠠᠯ ᠢ ᠲᠣᠭᠲᠠᠭᠤᠨ ᠪᠠᠶᠢᠯᠭᠠᠬᠤ᠂ ᠬᠠᠲᠤᠨ ᠭᠤᠣᠯ ᠤᠨ ᠤᠷᠤᠰᠬᠠᠯ ᠤᠨ ᠵᠠᠮ ᠢ ᠵᠢᠷᠤᠮᠵᠢᠭᠤᠯᠬᠤ᠂ ᠭᠤᠣᠯ ᠤᠨ ᠳᠠᠩ ᠤᠨ ᠣᠷᠣᠨ ᠤ ᠦᠶᠡᠷ ᠢ ᠵᠠᠯᠠᠬᠤ ᠴᠢᠳᠠᠪᠤᠷᠢ ᠶᠢ ᠪᠠᠲᠤᠯᠠᠬᠤ ᠪᠠᠷ ᠤᠷᠢᠲᠠᠯ ᠪᠤᠯᠭᠠᠵᠤ᠂ ᠭᠤᠣᠯ ᠤᠨ ᠤᠰᠤᠨ ᠤ ᠴᠠᠷᠠᠭ᠎ᠠ᠂ ᠭᠤᠣᠯ ᠤᠨ ᠡᠷᠭᠢ ᠪᠠ ᠭᠤᠣᠯ ᠤᠨ ᠳᠠᠩ ᠤᠨ ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠂ ᠭᠤᠣᠯ ᠤᠨ ᠵᠠᠮ ᠤᠨ ᠪᠠᠶᠢᠭᠠᠯᠢᠯᠢᠭ ᠡᠷᠭᠢ ᠶᠢ ᠬᠠᠮᠠᠭᠠᠯᠠᠵᠤ᠂ ᠭᠤᠣᠯ ᠤᠨ ᠬᠤᠶᠠᠷ ᠡᠷᠭᠢ ᠶᠢᠨ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠦᠶᠡᠷ ᠢ ᠰᠡᠷᠭᠡᠶᠢᠯᠡᠨ ᠡᠷᠭᠢ ᠶᠢ ᠬᠠᠮᠠᠭᠠᠯᠠᠬᠤ᠂ ᠤᠰᠤᠨ ᠤ ᠰᠤᠷᠪᠤᠯᠵᠢ ᠶᠢ ᠬᠠᠳᠠᠭᠠᠯᠠᠬᠤ᠂ ᠠᠮᠢᠳᠤ ᠪᠣᠳᠠᠰ ᠤᠨ ᠣᠷᠣᠰᠢᠨ ᠠᠮᠢᠳᠤᠷᠠᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠬᠠᠲᠤᠨ ᠭᠤᠣᠯ ᠤᠨ ᠳᠣᠣᠷᠠᠳᠤ ᠤᠷᠤᠰᠬᠠᠯ ᠤᠨ ᠪᠣᠬᠢᠷᠳᠤᠯ ᠦᠭᠡᠢ ᠠᠮᠢ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠤᠨ᠎ᠠ᠃ ᠬᠠᠲᠤᠨ ᠭᠤᠣᠯ ᠤᠨ ᠭᠤᠣᠯ ᠤᠷᠤᠰᠬᠠᠯ ᠤᠨ ᠤᠰᠤᠨ ᠤ ᠬᠡᠮᠵᠢᠶ᠎ᠡ ᠶᠢ ᠨᠢᠭᠡᠳᠦᠯᠲᠡᠢ ᠲᠣᠬᠢᠷᠠᠭᠤᠯᠬᠤ ᠶᠢ ᠴᠢᠩᠭᠠᠳᠬᠠᠵᠤ᠂ ᠭᠤᠣᠯ ᠤᠨ ᠵᠠᠮ ᠤᠨ ᠦᠨᠳᠦᠰᠦᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠪᠠ ᠳᠠᠯᠠᠢ ᠳᠤ ᠴᠢᠳᠬᠤᠬᠤ ᠤᠰᠤᠨ ᠤ ᠬᠡᠮᠵᠢᠶ᠎ᠡ ᠶᠢ ᠪᠠᠲᠤᠯᠠᠵᠤ᠂ ᠭᠤᠣᠯ ᠤᠨ ᠵᠠᠮ ᠤᠨ ᠲᠠᠰᠤᠷᠠᠯᠲᠠ ᠦᠭᠡᠢ ᠤᠷᠤᠰᠬᠤ ᠶᠢ ᠦᠨᠡᠨ ᠬᠦ ᠪᠠᠲᠤᠯᠠᠨ᠎ᠠ᠃ ᠳᠣᠣᠷᠠᠳᠤ ᠤᠷᠤᠰᠬᠠᠯ ᠤᠨ ᠬᠠᠲᠤᠨ ᠭᠤᠣᠯ ᠤᠨ ᠭᠤᠣᠯ ᠤᠷᠤᠰᠬᠠᠯ ᠤᠨ ᠬᠤᠶᠠᠷ ᠡᠷᠭᠢ ᠶᠢᠨ ᠠᠮᠢ ᠠᠬᠤᠢ ᠶᠢᠨ ᠬᠠᠯᠬᠠᠪᠴᠢ ᠤᠶ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠭᠤᠣᠯ ᠲᠠᠩᠭᠢᠰ ᠤᠨ ᠠᠭᠤᠯᠵᠠᠷ ᠤᠨ ᠲᠣᠬᠢᠷᠠᠮᠵᠢᠲᠠᠢ ᠣᠷᠣᠨ ᠪᠦᠰᠡ ᠳᠤ ᠬᠠᠯᠬᠠᠪᠴᠢ ᠤᠶ ᠶᠢᠨ ᠪᠦᠰᠡ ᠶᠢ ᠪᠦᠲᠦᠭᠡᠨ ᠪᠠᠶᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠠᠲᠤᠨ ᠭᠤᠣᠯ ᠳᠠᠭᠠᠤ ᠶᠢᠨ ᠬᠤᠲᠠ ᠶᠢᠨ ᠤᠶ ᠰᠢᠭᠤᠢ ᠶᠢᠨ ᠴᠡᠴᠡᠷᠯᠢᠭ ᠢ ᠪᠦᠲᠦᠭᠡᠨ ᠪᠠᠶᠢᠭᠤᠯᠵᠤ᠂ ᠤᠰᠤ ᠰᠢᠷᠣᠢ ᠶᠢ ᠬᠠᠮᠠᠭᠠᠯᠠᠬᠤ᠂ ᠰᠠᠯᠭᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ᠂ ᠥᠷᠭᠡᠨ ᠭᠤᠣᠯ ᠢᠶᠠᠷ ᠬᠠᠰᠢᠯᠭ᠎ᠠ ᠶᠢ ᠪᠠᠬᠢᠵᠢᠭᠦᠯᠬᠦ ᠵᠡᠷᠭᠡ ᠴᠢᠳᠠᠪᠭᠢ ᠶᠢ ᠪᠠᠳᠠᠷᠠᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ᠂ ᠪᠠᠶᠢᠭᠠᠯᠢ ᠶᠢᠨ ᠦᠵᠡᠮᠵᠢ ᠪᠠ ᠬᠤᠲᠠ ᠶᠢᠨ ᠳᠦᠷᠰᠦ ᠪᠠᠶᠢᠳᠠᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠪᠣᠬᠢᠷᠳᠤᠯ ᠦᠭᠡᠢ ᠪᠠᠶᠢᠬᠤ ᠪᠠᠷ ᠦᠨᠳᠦᠰᠦ ᠪᠤᠯᠭᠠᠭᠰᠠᠨ ᠬᠠᠳᠤᠨ ᠭᠤᠣᠯ ᠳᠠᠭᠠᠤ ᠶᠢᠨ ᠬᠤᠲᠠ ᠶᠢᠨ ᠳᠦᠷᠰᠦ ᠪᠠᠶᠢᠳᠠᠯ ᠢ ᠪᠤᠢ ᠪᠤᠯᠭᠠᠵᠤ᠂ ᠬᠥᠮᠥᠨ ᠭᠤᠣᠯ ᠬᠤᠳᠠ ᠡᠶ᠎ᠡ ᠵᠣᠬᠢᠴᠠᠩᠭᠤᠢ ᠨᠢᠭᠡᠳᠦᠯᠲᠡᠢ ᠪᠠᠶᠢᠬᠤ ᠬᠠᠳᠤᠨ ᠭᠤᠣᠯ ᠳᠠᠭᠠᠤ ᠶᠢᠨ ᠠᠮᠢ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠤᠨ᠎ᠠ᠃ ᠳ᠋ᠠ ᠸᠧᠨ ᠾᠧ ᠭᠤᠣᠯ᠂ ᠳ᠋ᠦᠩ ᠫᠢᠩ ᠬᠤ᠋ ᠨᠠᠭᠤᠷ ᠵᠡᠷᠭᠡ ᠳᠣᠣᠷᠠᠳᠤ ᠤᠷᠤᠰᠬᠠᠯ ᠤᠨ ᠭᠤᠣᠯ ᠪᠤᠯᠬᠤ ᠭᠤᠣᠯ ᠨᠠᠭᠤᠷ ᠢ ᠬᠠᠮᠠᠭᠠᠯᠠᠨ ᠰᠡᠷᠭᠦᠭᠡᠬᠦ ᠡᠷᠴᠢᠮ ᠢ ᠴᠢᠩᠭᠠᠷᠠᠭᠤᠯᠤᠨ᠎ᠠ᠃      ᠭᠤᠷᠪᠠᠳᠤᠭᠠᠷ ᠬᠡᠰᠡᠭ ᠭᠤᠣᠯ ᠤᠨ ᠲᠠᠩ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠠᠬᠢᠭᠤᠯᠤᠨ᠎ᠠ     ᠭᠤᠣᠯ ᠤᠨ ᠲᠠᠩ ᠤᠨ ᠲᠦᠷᠦᠯ ᠭᠡᠯᠪᠡᠷᠢ ᠶᠢ ᠵᠦᠢ ᠵᠣᠬᠢᠰᠲᠠᠢ ᠬᠤᠪᠢᠶᠠᠷᠢᠯᠠᠵᠤ᠂ ᠭᠤᠣᠯ ᠤᠨ ᠲᠠᠩ ᠤᠨ ᠪᠠᠶᠢᠳᠠᠯ ᠢ ᠦᠨᠳᠦᠰᠦᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠳᠣᠣᠷᠠᠳᠤ ᠤᠷᠤᠰᠬᠠᠯ ᠤᠨ ᠭᠤᠣᠯ ᠤᠨ ᠲᠠᠩ ᠢ ᠶᠡᠷᠦᠩᠬᠡᠶᠢᠯᠡᠨ ᠵᠠᠰᠠᠵᠤ᠂ ᠥᠨᠳᠥᠷ ᠲᠠᠩ ᠭᠠᠵᠠᠷ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠪᠠ ᠬᠥᠷᠥᠰᠥ ᠰᠢᠷᠣᠢ ᠶᠢᠨ ᠠᠰᠢᠭᠯᠠᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ ᠬᠠᠲᠤᠨ ᠭᠤᠣᠯ ᠤᠨ ᠳᠣᠣᠷᠠᠳᠤ ᠤᠷᠤᠰᠬᠠᠯ ᠤᠨ ᠭᠤᠸᠠᠨ ᠮᠧᠩ ᠬᠠᠰᠢᠯᠭ᠎ᠠ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠸᠧᠨ ᠮᠧᠩ ᠭᠤᠣᠯ ᠤᠨ ᠲᠠᠩ ᠤᠨ ᠰᠡᠷᠭᠡᠶᠢᠯᠡᠯᠲᠡ ᠶᠢᠨ ᠬᠠᠰᠢᠯᠭ᠎ᠠ ᠶᠢ ᠪᠠᠬᠢᠵᠢᠭᠦᠯᠬᠦ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠭᠤᠣᠯ ᠤᠨ ᠲᠠᠩ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠨᠡᠶᠢᠭᠡᠮ ᠤᠨ ᠬᠥᠷᠥᠩᠭᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠭᠤᠣᠯ ᠤᠨ ᠲᠠᠩ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠳᠤ ᠣᠷᠣᠯᠴᠠᠭᠤᠯᠤᠨ᠎ᠠ᠃ ᠭᠤᠣᠯ ᠤᠨ ᠲᠠᠩ ᠤᠨ ᠤᠰᠤᠨ ᠤ ᠰᠤᠷᠪᠤᠯᠵᠢ ᠪᠠ ᠴᠢᠨᠠᠷ ᠰᠠᠶᠢᠲᠠᠢ ᠬᠥᠷᠥᠰᠥ ᠰᠢᠷᠣᠢ ᠶᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠵᠤ᠂ ᠭᠤᠣᠯ ᠤᠨ ᠲᠠᠩ ᠤᠨ ᠬᠥᠷᠥᠰᠥ ᠰᠢᠷᠣᠢ ᠶᠢᠨ ᠡᠭᠢ ᠪᠠᠶᠠᠯᠢᠭ ᠢ ᠬᠠᠤᠯᠢ ᠶᠣᠰᠣᠭᠠᠷ ᠵᠦᠢ ᠵᠣᠬᠢᠰᠲᠠᠢ ᠠᠰᠢᠭᠯᠠᠨ᠂ ᠭᠤᠣᠯ ᠤᠨ ᠲᠠᠩ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠵᠦᠷᠢᠶᠡᠴᠢᠯᠡᠭᠰᠡᠨ ᠬᠡᠷᠡᠭᠯᠡᠭᠡᠨ ᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠳᠤᠷ᠎ᠠ ᠪᠠᠷ ᠦᠢᠯᠡᠳᠪᠦᠷᠢᠯᠡᠯ ᠤᠨ ᠬᠠᠰᠢᠯᠭ᠎ᠠ ᠵᠠᠰᠠᠬᠤ ᠵᠡᠷᠭᠡ ᠡᠮᠭᠢ ᠵᠢᠷᠤᠮ ᠦᠭᠡᠢ ᠠᠵᠢᠯᠯᠠᠭ᠎ᠠ ᠶᠢ ᠴᠢᠩᠭ᠎ᠠ ᠬᠢᠵᠠᠭᠠᠷᠯᠠᠨ᠂ ᠬᠠᠤᠯᠢ ᠪᠤᠰᠤ ᠪᠠᠷ ᠬᠥᠷᠥᠰᠥ ᠰᠢᠷᠣᠢ ᠮᠠᠯᠲᠠᠬᠤ᠂ ᠭᠤᠣᠯ ᠤᠨ ᠬᠠᠶᠢᠷ ᠢ ᠬᠤᠯᠠᠭᠠᠶᠢᠯᠠᠨ ᠮᠠᠯᠲᠠᠬᠤ᠂ ᠳᠤᠷ᠎ᠠ ᠪᠠᠷ ᠢᠶᠠᠨ ᠪᠠᠷᠢᠬᠤ ᠵᠡᠷᠭᠡ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠦᠨᠳᠦᠰᠦᠨ ᠲᠠᠷᠢᠶᠠᠨ ᠭᠠᠵᠠᠷ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠪᠠ ᠴᠢᠬᠤᠯᠠ ᠠᠮᠢ ᠠᠬᠤᠢ ᠶᠢᠨ ᠣᠷᠣᠨ ᠵᠠᠢ ᠯᠦᠭᠡ ᠵᠥᠷᠢᠴᠡᠯᠳᠦᠬᠦ ᠭᠠᠵᠠᠷ ᠬᠡᠷᠡᠭᠯᠡᠬᠦ ᠣᠷᠣᠨ ᠵᠠᠢ ᠳᠤ ᠵᠣᠬᠢᠬᠤ ᠲᠣᠬᠢᠷᠠᠭᠤᠯᠤᠯᠲᠠ ᠬᠢᠵᠦ᠂ ᠭᠤᠣᠯ ᠤᠨ ᠵᠠᠮ ᠤᠨ ᠦᠶᠡᠷ ᠤᠨ ᠤᠰᠤ ᠶᠢ ᠵᠠᠯᠠᠬᠤ ᠶᠢ ᠦᠯᠦ ᠨᠥᠯᠥᠭᠡᠯᠡᠬᠦ ᠤᠷᠢᠲᠠᠯ ᠳᠣᠣᠷ᠎ᠠ᠂ ᠭᠤᠣᠯ ᠤᠨ ᠲᠠᠩ ᠤᠨ ᠨᠤᠭᠤ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠵᠤ᠂ ᠭᠤᠣᠯ ᠤᠨ ᠲᠠᠩ ᠭᠤᠣᠯ ᠮᠥᠷᠡᠨ ᠤᠶ ᠮᠣᠳᠣ ᠲᠠᠷᠢᠶᠠᠨ ᠭᠠᠵᠠᠷ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠠᠮᠢ ᠠᠬᠤᠢ ᠶᠢᠨ ᠣᠷᠣᠨ ᠵᠠᠢ ᠶᠢ ᠪᠠᠶᠢᠭᠤᠯᠤᠨ᠂ ᠭᠤᠣᠯ ᠤᠨ ᠲᠠᠩ ᠤᠨ ᠤᠰᠤᠨ ᠤ ᠠᠮᠢ ᠠᠬᠤᠢ ᠶᠢᠨ ᠣᠷᠣᠨ ᠵᠠᠢ ᠶᠢᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠦᠶᠡᠷ ᠢ ᠬᠠᠰᠢᠵᠤ ᠡᠯᠡᠰᠦ ᠶᠢ ᠲᠣᠭᠲᠠᠪᠤᠷᠢᠵᠢᠭᠤᠯᠬᠤ ᠴᠢᠳᠠᠮᠵᠢ ᠶᠢ ᠪᠠᠳᠠᠷᠠᠭᠤᠯᠤᠨ᠂ ᠳᠣᠣᠷᠠᠳᠤ ᠤᠷᠤᠰᠬᠠᠯ ᠤᠨ ᠣᠷᠣᠨ ᠤ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠦᠨ᠎ᠡ᠃      ᠵᠢᠷᠭᠤᠳᠤᠭᠠᠷ ᠪᠦᠯᠦᠭ ᠪᠦᠭᠦ ᠰᠠᠪᠠ ᠭᠠᠵᠠᠷ ᠤᠨ ᠤᠰᠤᠨ ᠤ ᠡᠭᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠨ᠎ᠠ      ᠤᠰᠤᠨ ᠤ ᠡᠭᠢ ᠪᠠᠶᠠᠯᠢᠭ ᠢ ᠬᠠᠮᠠᠭᠠᠯᠠᠨ ᠠᠰᠢᠭᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠤᠰᠤ ᠠᠷᠪᠢᠯᠠᠵᠤ ᠤᠰᠤ ᠶᠢ ᠡᠵᠡᠮᠳᠡᠬᠦ ᠠᠵᠢᠯᠯᠠᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠦᠨ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠭᠠᠵᠠᠷ ᠳᠡᠭᠡᠷᠡᠭᠢ ᠤᠰᠤ ᠬᠢᠭᠡᠳ ᠭᠠᠵᠠᠷ ᠳᠤᠤᠷᠠᠭᠢ ᠤᠰᠤ᠂ ᠪᠠᠶᠢᠭᠠᠯᠢᠯᠢᠭ ᠤᠰᠤ ᠬᠢᠭᠡᠳ ᠲᠠᠭᠢᠨ ᠠᠰᠢᠭᠯᠠᠵᠤ ᠪᠤᠯᠬᠤ ᠤᠰᠤ᠂ ᠲᠤᠬᠠᠢ ᠶᠢᠨ ᠭᠠᠵᠠᠷ ᠤᠨ ᠤᠰᠤ ᠬᠢᠭᠡᠳ ᠭᠠᠳᠠᠨ᠎ᠠ ᠠᠴᠠ ᠲᠠᠲᠠᠬᠤ ᠤᠰᠤ᠂ ᠡᠩ ᠤᠨ ᠤᠰᠤ ᠬᠢᠭᠡᠳ ᠬᠡᠪ ᠤᠨ ᠪᠤᠰᠤ ᠤᠰᠤ ᠶᠢ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠵᠤ᠂ ᠤᠰᠤᠨ ᠤ ᠡᠭᠢ ᠪᠠᠶᠠᠯᠢᠭ ᠤᠨ ᠲᠣᠬᠢᠷᠠᠭᠤᠯᠤᠯᠲᠠ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠰᠤ ᠬᠡᠷᠡᠭᠯᠡᠬᠦ ᠠᠷᠭ᠎ᠠ ᠮᠠᠶ᠋ᠢᠭ ᠪᠦᠳᠦᠭᠦᠯᠢᠭ ᠪᠥᠭᠡᠳ ᠳᠣᠣᠷ᠎ᠠ ᠪᠦᠲᠦᠮᠵᠢᠲᠠᠢ ᠪᠠᠶᠢᠭᠰᠠᠨ ᠠᠴᠠ ᠠᠷᠪᠢᠲᠠᠢ ᠪᠥᠭᠡᠳ ᠡᠷᠴᠢᠮᠯᠢᠭ ᠪᠤᠯᠬᠤ ᠦᠨᠳᠦᠰᠦᠨ ᠬᠤᠪᠢᠷᠠᠯᠲᠠ ᠶᠢ ᠪᠡᠶᠡᠯᠡᠭᠦᠯᠵᠦ᠂ ᠤᠰᠤ ᠶᠢ ᠠᠷᠪᠢᠯᠠᠨ ᠬᠡᠷᠡᠭᠯᠡᠬᠦ ᠪᠠᠷ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ᠃      ᠨᠢᠭᠡᠳᠦᠭᠡᠷ ᠬᠡᠰᠡᠭ ᠤᠰᠤᠨ ᠤ ᠡᠭᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠨ᠎ᠠ      ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠦᠷᠦ ᠶᠢᠨ ᠪᠣᠳᠣᠯᠭ᠎ᠠ ᠶᠢ ᠲᠣᠭᠲᠠᠭᠠᠬᠤ᠂ ᠦᠢᠯᠡᠳᠪᠦᠷᠢᠯᠡᠯ ᠤᠨ ᠬᠦᠴᠦᠨ ᠢ ᠪᠠᠶᠢᠷᠢᠰᠢᠭᠤᠯᠬᠤ ᠳᠤᠮᠳᠠ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠥᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠭᠢ ᠪᠠᠶᠠᠯᠢᠭ ᠤᠨ ᠳᠠᠭᠠᠭᠠᠴᠠ ᠶᠢᠨ ᠶᠡᠷᠦᠩᠬᠡᠶᠢᠯᠡᠭᠰᠡᠨ ᠦᠨᠡᠯᠡᠨ ᠵᠢᠱᠢᠯᠲᠡ ᠶᠢ ᠥᠷᠨᠢᠭᠦᠯᠵᠦ᠂ ᠤᠰᠤᠨ ᠤ ᠡᠭᠢ ᠪᠠᠶᠠᠯᠢᠭ ᠤᠨ ᠳᠠᠭᠠᠭᠠᠴᠠ ᠶᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠪᠠᠶᠢᠭᠤᠯᠤᠨ᠎ᠠ᠃ ᠤᠰᠤᠨ ᠤ ᠡᠭᠢ ᠪᠠᠶᠠᠯᠢᠭ ᠤᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠬᠤᠣᠰ ᠬᠢᠵᠠᠭᠠᠷᠯᠠᠯ ᠢ ᠬᠡᠷᠡᠭᠵᠢᠭᠦᠯᠵᠦ᠂ ᠤᠰᠤᠨ ᠤ ᠡᠭᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ ᠤᠰᠤ ᠲᠠᠲᠠᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠵᠤ᠂ ᠤᠰᠤᠨ ᠤ ᠡᠭᠢ ᠪᠠᠶᠠᠯᠢᠭ ᠬᠦᠨᠳᠦ ᠨᠣᠴᠢᠲᠠᠢ ᠲᠤᠲᠠᠭᠳᠠᠵᠤ ᠪᠠᠶᠢᠭ᠎ᠠ ᠭᠠᠵᠠᠷ ᠣᠷᠣᠨ ᠤ ᠬᠤᠲᠠ ᠶᠢᠨ ᠬᠥᠭᠵᠢᠯᠲᠡ ᠶᠢᠨ ᠬᠡᠪᠴᠢᠶ᠎ᠡ᠂ ᠤᠰᠤᠨ ᠤ ᠬᠤᠷᠣᠭᠳᠠᠯ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠶᠡᠭᠡ ᠬᠡᠪᠴᠢᠶ᠎ᠡ ᠪᠠᠷ ᠮᠣᠳᠣ ᠳᠠᠷᠢᠬᠤ ᠶᠢ ᠴᠢᠩᠭ᠎ᠠ ᠬᠢᠵᠠᠭᠠᠷᠯᠠᠨ᠎ᠠ᠃ ᠪᠦᠭᠦ ᠰᠠᠪᠠ ᠭᠠᠵᠠᠷ ᠢ ᠬᠠᠮᠤᠷᠤᠭᠰᠠᠨ ᠤᠰᠤ ᠲᠠᠲᠠᠵᠤ ᠬᠡᠷᠡᠭᠯᠡᠬᠦ ᠶᠡᠷᠦᠩᠬᠡᠢ ᠬᠡᠮᠵᠢᠶᠡᠨ ᠤ ᠡᠵᠡᠮᠳᠡᠯ ᠰᠢᠰᠲ᠋ᠧᠮ ᠢ ᠪᠠᠶᠢᠭᠤᠯᠤᠨ᠂ ᠤᠰᠤ ᠲᠠᠲᠠᠵᠤ ᠬᠡᠷᠡᠭᠯᠡᠬᠦ ᠲᠥᠯᠥᠪᠯᠡᠭᠡ ᠶᠢᠨ ᠬᠠᠮᠢᠶᠠᠷᠤᠯᠲᠠ᠂ ᠣᠨᠣᠴᠠᠲᠠᠢ ᠬᠡᠮᠵᠢᠯᠲᠡ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠬᠠᠳᠤᠨ ᠭᠤᠣᠯ ᠤᠨ ᠭᠤᠣᠯ ᠤᠷᠤᠰᠬᠠᠯ ᠰᠠᠯᠪᠤᠷᠢ ᠤᠷᠤᠰᠬᠠᠯ ᠤᠨ ᠬᠡᠪᠴᠢᠶᠡᠵᠢᠯ ᠠᠴᠠ ᠳᠡᠭᠡᠭᠰᠢᠭᠢ ᠤᠰᠤ ᠲᠠᠲᠠᠬᠤ ᠠᠮᠠᠰᠠᠷ ᠲᠤ ᠬᠥᠳᠡᠯᠦᠩᠭᠦᠢ ᠬᠢᠨᠠᠨ ᠬᠠᠮᠢᠶᠠᠷᠤᠯᠲᠠ ᠶᠢ ᠪᠦᠭᠦ ᠲᠠᠯ᠎ᠠ ᠪᠠᠷ ᠬᠡᠷᠡᠭᠵᠢᠭᠦᠯᠦᠨ᠂ ᠤᠰᠤ ᠲᠠᠲᠠᠬᠤ ᠵᠥᠪᠰᠢᠶᠡᠷᠡᠯ ᠤᠨ ᠳᠦᠷᠢᠮ ᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠠᠵᠢᠯ ᠲᠦᠷᠦᠯ ᠤᠨ ᠬᠡᠷᠡᠭᠯᠡᠬᠦ ᠤᠰᠤ ᠶᠢ ᠪᠦᠭᠦ ᠲᠠᠯ᠎ᠠ ᠪᠠᠷ ᠲᠣᠬᠢᠷᠠᠭᠤᠯᠤᠨ᠎ᠠ᠃ ᠤᠰᠤ ᠠᠷᠪᠢᠯᠠᠬᠤ ᠶᠢ ᠬᠢᠵᠠᠭᠠᠷᠯᠠᠬᠤ ᠴᠢᠨᠠᠷᠲᠠᠢ ᠵᠢᠭᠠᠯᠲᠠ ᠲᠤᠭ᠎ᠠ ᠪᠣᠯᠭᠠᠨ ᠲᠤᠬᠠᠢ ᠶᠢᠨ ᠭᠠᠵᠠᠷ ᠤᠨ ᠨᠠᠮ ᠵᠠᠰᠠᠭ ᠤᠨ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠠᠵᠢᠯ ᠤᠨ ᠪᠦᠳᠦᠮᠵᠢ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠵᠤ᠂ ᠤᠰᠤ ᠬᠡᠷᠡᠭᠯᠡᠬᠦ ᠵᠦᠢ ᠵᠣᠬᠢᠰ ᠦᠭᠡᠢ ᠬᠡᠷᠡᠭᠴᠡᠭᠡ ᠱᠠᠭᠠᠷᠳᠠᠯᠭ᠎ᠠ ᠶᠢ ᠡᠷᠡᠰ ᠬᠤᠷᠢᠭᠯᠠᠵᠤ᠂ ︽ᠨᠠᠭᠤᠷ ᠪᠠᠶᠢᠭᠤᠯᠬᠤ ᠶᠡᠭᠡ ᠦᠰᠦᠷᠦᠩᠭᠦᠢ ᠳᠠᠪᠰᠢᠯᠲᠠ︾  ᠶᠢ ᠡᠷᠡᠰ ᠬᠤᠷᠢᠭᠯᠠᠵᠤ᠂ ᠡᠯ᠎ᠡ ᠲᠦᠷᠦᠯ ᠤᠨ ᠵᠣᠬᠢᠶᠠᠮᠠᠯ ᠤᠰᠤᠨ ᠤ ᠭᠠᠳᠠᠷᠭᠤ ᠶᠢᠨ ᠦᠵᠡᠮᠵᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠠᠲᠤᠨ ᠭᠤᠣᠯ ᠢ ᠲᠠᠲᠠᠵᠤ ᠰᠢᠯᠵᠢᠭᠦᠯᠦᠨ ᠬᠠᠳᠠᠭᠠᠯᠠᠬᠤ ᠲᠦᠷᠦᠯ ᠵᠦᠢᠯ ᠤᠨ ᠵᠥᠪᠰᠢᠶᠡᠷᠡᠨ ᠤᠷᠤᠭᠤᠯᠬᠤ ᠪᠣᠭᠤᠮᠲᠠ ᠶᠢ ᠴᠢᠩᠭ᠎ᠠ ᠠᠳᠬᠤᠨ᠎ᠠ᠃ ᠤᠯᠤᠰ ᠤᠨ ᠴᠡᠴᠡᠷᠯᠢᠭ᠂ ᠴᠢᠬᠤᠯᠠ ᠤᠰᠤᠨ ᠤ ᠰᠤᠷᠪᠤᠯᠵᠢ ᠶᠢ ᠬᠠᠳᠠᠭᠠᠯᠠᠬᠤ ᠣᠷᠣᠨ᠂ ᠬᠤᠪᠣᠷ ᠴᠤᠬᠠᠭ ᠠᠮᠢᠳᠤ ᠪᠣᠳᠠᠰ ᠤᠨ ᠣᠷᠣᠰᠢᠨ ᠠᠮᠢᠳᠤᠷᠠᠬᠤ ᠭᠠᠵᠠᠷ ᠵᠡᠷᠭᠡ ᠪᠠᠷ ᠭᠤᠣᠯᠳᠠᠯᠭ᠎ᠠ ᠲᠠᠢ ᠣᠷᠣᠨ ᠪᠦᠰᠡ ᠪᠤᠯᠭᠠᠵᠤ᠂ ᠤᠰᠤ ᠴᠠᠭᠢᠯᠭᠠᠨ ᠤ ᠭᠡᠳᠦ ᠨᠡᠭᠡᠭᠡᠨ ᠠᠰᠢᠭᠯᠠᠯᠲᠠ ᠶᠢ ᠴᠡᠭᠴᠡᠯᠡᠨ ᠵᠠᠰᠠᠨ᠎ᠠ᠃      ᠬᠤᠶᠠᠳᠤᠭᠠᠷ ᠬᠡᠰᠡᠭ ᠪᠦᠭᠦ ᠰᠠᠪᠠ ᠭᠠᠵᠠᠷ ᠤᠨ ᠤᠰᠤᠨ ᠤ ᠡᠭᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠎ᠠ      ᠪᠦᠭᠦ ᠰᠠᠪᠠ ᠭᠠᠵᠠᠷ ᠤᠨ ᠤᠰᠤᠨ ᠤ ᠡᠭᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠭᠤᠣᠯ ᠤᠷᠤᠰᠬᠠᠯ ᠪᠠ ᠰᠠᠯᠪᠤᠷᠢ ᠤᠷᠤᠰᠬᠠᠯ ᠤᠨ ᠤᠰᠤᠨ ᠤ ᠡᠭᠢ ᠪᠠᠶᠠᠯᠢᠭ ᠤᠨ ᠬᠤᠪᠢᠶᠠᠷᠢᠯᠠᠯᠲᠠ ᠶᠢ ᠨᠠᠷᠢᠯᠢᠭᠵᠢᠭᠤᠯᠤᠨ ᠲᠡᠭᠦᠯᠳᠡᠷᠵᠢᠭᠦᠯᠦᠨ᠎ᠡ᠃ ᠲᠤᠬᠠᠢ ᠶᠢᠨ ᠭᠠᠵᠠᠷ ᠤᠨ ᠤᠰᠤ ᠬᠢᠭᠡᠳ ᠭᠠᠳᠠᠨ᠎ᠠ ᠠᠴᠠ ᠲᠠᠲᠠᠬᠤ ᠤᠰᠤ ᠶᠢ ᠨᠢᠭᠡᠳᠦᠯᠲᠡᠢ ᠲᠥᠯᠥᠪᠯᠡᠨ᠂ ᠤᠰᠤ ᠠᠷᠪᠢᠯᠠᠬᠤ ᠶᠢ ᠭᠦᠢᠴᠡᠳ ᠪᠣᠳᠣᠯᠬᠢᠯᠠᠭᠰᠠᠨ ᠤᠷᠢᠲᠠᠯ ᠳᠣᠣᠷ᠎ᠠ᠂ ᠠᠮᠢ ᠠᠬᠤᠢ ᠶᠢᠨ ᠬᠡᠷᠡᠭᠯᠡᠬᠦ ᠤᠰᠤ ᠶᠢ ᠭᠦᠢᠴᠡᠳ ᠦᠯᠡᠳᠡᠭᠡᠵᠦ᠂ ᠠᠮᠢᠳᠤᠷᠠᠯ᠂ ᠦᠢᠯᠡᠳᠪᠦᠷᠢᠯᠡᠯ ᠤᠨ ᠬᠡᠷᠡᠭᠯᠡᠬᠦ ᠤᠰᠤ ᠶᠢ ᠵᠦᠢ ᠵᠣᠬᠢᠰᠲᠠᠢ ᠬᠤᠪᠢᠶᠠᠷᠢᠯᠠᠨ᠎ᠠ᠃ ᠭᠤᠣᠯ ᠤᠷᠤᠰᠬᠠᠯ ᠪᠠ ᠭᠤᠣᠯ ᠪᠤᠯᠬᠤ ᠰᠠᠯᠪᠤᠷᠢ ᠤᠷᠤᠰᠬᠠᠯ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠰᠠᠪᠠ ᠭᠠᠵᠠᠷ ᠠᠯᠤᠰᠯᠠᠭᠰᠠᠨ ᠤᠰᠤ ᠲᠠᠲᠠᠬᠤ ᠢᠨᠵᠧᠨᠧᠷᠢᠩ ᠤᠨ ᠰᠤᠳᠤᠯᠤᠨ ᠨᠤᠲᠠᠯᠠᠯᠲᠠ ᠶᠢ ᠭᠦᠨᠵᠡᠭᠡᠶᠢᠷᠡᠭᠦᠯᠵᠦ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠳᠤᠮᠳᠠ ᠱᠤᠭᠤᠮ ᠤᠨ ᠵᠠᠯᠭᠠᠮᠵᠢ ᠢᠨᠵᠧᠨᠧᠷᠢᠩ ᠤᠨ ᠡᠮᠦᠨᠡᠭᠢ ᠬᠤᠭᠤᠴᠠᠭᠠᠨ ᠤ ᠠᠵᠢᠯ ᠢ ᠲᠦᠷᠭᠡᠳᠬᠡᠨ ᠥᠷᠨᠢᠭᠦᠯᠬᠦ ᠶᠢᠨ ᠬᠠᠮᠲᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠴᠠᠭ ᠲᠤᠬᠠᠢ ᠳᠤᠨᠢ ᠠᠬᠢᠭᠤᠯᠵᠤ᠂ ᠰᠠᠪᠠ ᠭᠠᠵᠠᠷ ᠠᠯᠤᠰᠯᠠᠭᠰᠠᠨ ᠤᠰᠤ ᠲᠠᠲᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠤᠯᠠᠨ ᠲᠠᠯ᠎ᠠ ᠶᠢᠨ ᠨᠥᠯᠥᠭᠡ ᠶᠢ ᠨᠢᠭᠡᠳᠦᠯᠲᠡᠢ ᠲᠥᠯᠥᠪᠯᠡᠵᠦ᠂ ᠲᠥᠯᠦᠪᠵᠢᠭᠦᠯᠭᠡ ᠶᠢᠨ ᠲᠥᠰᠥᠯ ᠤᠨ ᠨᠤᠲᠠᠯᠠᠯᠲᠠ ᠪᠠ ᠠᠳᠠᠯᠢᠳᠬᠠᠨ ᠰᠣᠩᠭᠤᠬᠤ ᠶᠢ ᠴᠢᠩᠭᠠᠳᠬᠠᠨ᠎ᠠ᠃ ᠬᠥᠳᠡᠭᠡ ᠲᠤᠰᠬᠤᠨ ᠤ ᠪᠠᠷᠢᠮᠵᠢᠶᠠᠵᠢᠭᠤᠯᠤᠭᠰᠠᠨ ᠤᠰᠤ ᠬᠠᠩᠭᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠭᠠᠵᠠᠷ ᠳᠤᠤᠷᠠᠭᠢ ᠤᠰᠤ ᠶᠢ ᠬᠡᠲᠦᠷᠡᠲᠡᠯ᠎ᠡ ᠠᠪᠬᠤ ᠶᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠳᠤᠮᠳᠠ ᠳᠣᠣᠷᠠᠳᠤ ᠤᠷᠤᠰᠬᠠᠯ ᠤᠨ ᠭᠠᠵᠠᠷ ᠳᠤᠤᠷᠠᠭᠢ ᠤᠰᠤ ᠶᠢ ᠬᠡᠲᠦᠷᠡᠲᠡᠯ᠎ᠡ ᠠᠪᠬᠤ ᠶᠢ ᠵᠠᠰᠠᠬᠤ ᠡᠷᠴᠢᠮ ᠢᠶᠠᠨ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠭᠠᠵᠠᠷ ᠳᠤᠤᠷᠠᠭᠢ ᠤᠰᠤ ᠶᠢ ᠠᠪᠬᠤ ᠪᠠ ᠨᠥᠬᠦᠪᠦᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃      ᠭᠤᠷᠪᠠᠳᠤᠭᠠᠷ ᠬᠡᠰᠡᠭ ᠲᠠᠷᠢᠶᠠᠯᠠᠩ ᠪᠠ ᠠᠵᠤ ᠦᠢᠯᠡᠳᠪᠦᠷᠢ ᠶᠢᠨ ᠤᠰᠤ ᠠᠷᠪᠢᠯᠠᠬᠤ ᠡᠷᠴᠢᠮ ᠢ ᠴᠢᠩᠭᠠᠷᠠᠭᠤᠯᠤᠨ᠎ᠠ      ᠲᠠᠷᠢᠶᠠᠯᠠᠩ ᠦᠢᠯᠡᠳᠪᠦᠷᠢᠯᠡᠯ ᠤᠨ ᠤᠰᠤ ᠬᠡᠷᠡᠭᠯᠡᠭᠡᠨ ᠪᠦᠳᠦᠭᠦᠯᠢᠭ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠲᠠᠷᠢᠶᠠᠯᠠᠩ ᠤᠨ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ ᠴᠢᠩᠭ᠎ᠠ ᠡᠵᠡᠮᠳᠡᠵᠦ᠂ ᠲᠣᠮᠣ ᠳᠤᠮᠳᠠ ᠭᠡᠯᠪᠡᠷᠢ ᠶᠢᠨ ᠤᠰᠤᠯᠠᠯᠲᠠ ᠶᠢᠨ ᠣᠷᠣᠨ ᠢᠶᠠᠷ ᠭᠤᠣᠯᠳᠠᠯᠭ᠎ᠠ ᠪᠣᠯᠭᠠᠨ ᠤᠰᠤᠯᠠᠯᠲᠠ ᠶᠢᠨ ᠰᠢᠰᠲ᠋ᠧᠮ ᠤᠨ ᠣᠳᠣᠬᠢᠴᠢᠯᠠᠭᠰᠠᠨ ᠥᠭᠡᠷᠡᠴᠢᠯᠡᠯᠲᠡ ᠶᠢ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠭᠦ ᠣᠷᠣᠨ ᠢ ᠪᠠᠶᠢᠭᠤᠯᠵᠤ᠂ ᠤᠰᠤᠯᠠᠯᠲᠠ ᠶᠢᠨ ᠤᠰᠤᠨ ᠤ ᠠᠰᠢᠭᠯᠠᠯᠲᠠ ᠶᠢᠨ ᠨᠤᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠤᠰᠤᠨ ᠤ ᠬᠤᠷᠣᠭᠳᠠᠯ ᠪᠠᠭ᠎ᠠ᠂ ᠭᠠᠩ ᠳᠤ ᠲᠡᠰᠪᠦᠷᠢᠲᠡᠢ ᠲᠠᠷᠢᠮᠠᠯ ᠲᠠᠷᠢᠬᠤ ᠬᠠᠷᠢᠴᠠᠯ ᠢ ᠥᠷᠭᠡᠳᠬᠡᠨ᠂ ᠭᠠᠩ ᠳᠤ ᠲᠡᠰᠪᠦᠷᠢᠲᠡᠢ ᠲᠠᠷᠢᠮᠠᠯ ᠤᠨ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠵᠤ ᠳᠡᠯᠭᠡᠷᠡᠭᠦᠯᠦᠨ᠂ ᠲᠦᠷᠦ ᠶᠢᠨ ᠪᠣᠳᠣᠯᠭ᠎ᠠ᠂ ᠮᠡᠷᠭᠡᠵᠢᠯ ᠤᠨ ᠲᠠᠯ᠎ᠠ ᠪᠠᠷ ᠲᠡᠳᠭᠦᠭᠦ ᠡᠷᠴᠢᠮ ᠢᠶᠠᠨ ᠨᠡᠮᠡᠭᠳᠡᠭᠦᠯᠵᠦ᠂ ᠤᠰᠤᠨ ᠤ ᠪᠠᠶᠢᠳᠠᠯ ᠢᠶᠠᠷ ᠲᠠᠷᠢᠵᠤ᠂ ᠤᠰᠤᠨ ᠤ ᠬᠡᠮᠵᠢᠶ᠎ᠡ ᠪᠠᠷ ᠦᠢᠯᠡᠳᠪᠦᠷᠢᠯᠡᠬᠦ ᠶᠢ ᠬᠥᠲᠥᠯᠥᠨ ᠵᠢᠯᠣᠭᠤᠳᠤᠨ᠎ᠠ᠃ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠪᠠ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠤᠰᠤ ᠠᠷᠪᠢᠯᠠᠬᠤ ᠢᠨᠵᠧᠨᠧᠷᠢᠩ ᠤᠨ ᠮᠡᠷᠭᠡᠵᠢᠯ ᠤᠨ ᠰᠢᠰᠲ᠋ᠧᠮ ᠢ ᠲᠡᠭᠦᠯᠳᠡᠷᠵᠢᠭᠦᠯᠦᠨ᠂ ᠤᠷᠢᠳ ᠢᠶᠠᠷ ᠲᠣᠭᠲᠠᠴᠠ ᠶᠢ ᠪᠠᠶᠢᠭᠤᠯᠵᠤ᠂ ᠲᠠᠷᠠᠭ᠎ᠠ ᠨᠢ ᠢᠨᠵᠧᠨᠧᠷᠢᠩ ᠢ ᠪᠠᠶᠢᠭᠤᠯᠬᠤ ᠶᠢ ᠪᠠᠷᠢᠮᠲᠠᠯᠠᠵᠤ᠂ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠪᠠ ᠲᠠᠷᠢᠶᠠᠯᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠰᠠᠶᠢᠨ ᠣᠷᠴᠢᠯ ᠢ ᠠᠬᠢᠭᠤᠯᠤᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠵᠦᠷᠢᠶᠡᠴᠢᠯᠡᠭᠰᠡᠨ ᠤᠰᠤᠨ ᠤ ᠦᠨ᠎ᠡ ᠶᠢ ᠱᠠᠲᠤ ᠬᠤᠪᠢᠶᠠᠨ ᠲᠦᠷᠦᠯ ᠬᠤᠪᠢᠶᠠᠨ ᠲᠣᠭᠲᠠᠭᠠᠵᠤ᠂ ᠲᠠᠷᠢᠶᠠᠯᠠᠩ ᠤᠨ ᠤᠰᠤᠯᠠᠯᠲᠠ ᠶᠢᠨ ᠲᠣᠭᠲᠠᠭᠰᠠᠨ ᠨᠤᠷᠮ᠎ᠠ ᠶᠢᠨ ᠳᠤᠲᠤᠷᠠᠭᠢ ᠬᠠᠷᠠᠭᠠᠯᠵᠠᠯᠲᠤ ᠤᠰᠤᠨ ᠤ ᠦᠨ᠎ᠡ᠂ ᠲᠣᠭᠲᠠᠭᠰᠠᠨ ᠨᠤᠷᠮ᠎ᠠ ᠠᠴᠠ ᠬᠡᠲᠦᠷᠡᠭᠰᠡᠨ ᠢ ᠠᠬᠢᠭᠤᠯᠤᠨ ᠪᠤᠳᠤᠵᠤ ᠦᠨ᠎ᠡ ᠨᠡᠮᠡᠭᠦ ᠳᠦᠷᠢᠮ ᠢ ᠠᠬᠢᠭᠤᠯᠵᠤ᠂ ᠲᠠᠷᠢᠶᠠᠯᠠᠩ ᠤᠨ ᠬᠡᠷᠡᠭᠯᠡᠭᠡᠨ ᠤ ᠤᠰᠤᠨ ᠤ ᠨᠠᠷᠢᠯᠢᠭ ᠣᠨᠣᠴᠠᠲᠠᠢ ᠨᠥᠬᠦᠪᠦᠷᠢ ᠦᠭᠭᠦ ᠲᠣᠭᠲᠠᠴᠠ ᠪᠠ ᠤᠰᠤ ᠠᠷᠪᠢᠯᠠᠭᠰᠠᠨ ᠢ ᠱᠠᠩᠨᠠᠬᠤ ᠲᠣᠭᠲᠠᠴᠠ ᠶᠢ ᠪᠠᠶᠢᠭᠤᠯᠵᠤ᠂ ᠲᠠᠷᠢᠶᠠᠯᠠᠩ ᠤᠨ ᠬᠡᠷᠡᠭᠯᠡᠭᠡᠨ ᠤ ᠤᠰᠤᠨ ᠤ ᠳᠠᠷᠤᠯᠲᠠ ᠶᠢ ᠪᠠᠭᠠᠰᠬᠠᠬᠤ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠤᠰᠤ ᠠᠷᠪᠢᠯᠠᠬᠤ ᠨᠥᠭᠡᠴᠡ ᠬᠦᠴᠦᠨ ᠢ ᠭᠦᠨᠵᠡᠭᠡᠢ ᠠᠭᠤᠳᠠᠯᠤᠨ᠂ ᠤᠰᠤ ᠠᠷᠪᠢᠯᠠᠬᠤ ᠮᠡᠷᠭᠡᠵᠢᠯ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠡᠨᠧᠷᠭᠢ ᠶᠢᠨ ᠰᠤᠷᠪᠤᠯᠵᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠤᠰᠤᠨ ᠤ ᠬᠤᠷᠣᠭᠳᠠᠯ ᠶᠡᠭᠡ ᠠᠵᠤ ᠦᠢᠯᠡᠰ ᠤᠨ ᠤᠰᠤ ᠠᠷᠪᠢᠯᠠᠬᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠤᠰᠤᠨ ᠤ ᠬᠤᠷᠣᠭᠳᠠᠯ ᠶᠡᠭᠡ ᠠᠵᠤ ᠦᠢᠯᠡᠰ ᠤᠨ ᠬᠥᠭᠵᠢᠯᠲᠡ ᠶᠢ ᠴᠢᠩᠭ᠎ᠠ ᠬᠢᠵᠠᠭᠠᠷᠯᠠᠨ᠎ᠠ᠃ ᠠᠵᠤ ᠠᠬᠤᠶᠢᠯᠠᠯ ᠤᠨ ᠤᠰᠤ ᠬᠡᠷᠡᠭᠯᠡᠬᠦ ᠶᠢ ᠭᠡᠮᠵᠢᠭᠦ ᠪᠠ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠬᠤ ᠶᠢ ᠳᠡᠮᠵᠢᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠤᠲᠤᠷᠠᠭᠢ ᠠᠵᠤ ᠠᠬᠤᠶᠢᠯᠠᠯ ᠤᠨ ᠬᠤᠭᠤᠷᠣᠨᠳᠤ ᠪᠠᠨ ᠬᠤᠯᠪᠣᠭᠠᠯᠠᠬᠤ᠂ ᠶᠠᠰᠤ ᠴᠢᠨᠠᠷ ᠤᠨ ᠬᠤᠪᠢᠶᠠᠷᠢᠯᠠᠯ᠂ ᠤᠰᠤ ᠶᠢ ᠡᠷᠭᠢᠯᠳᠦᠭᠦᠯᠦᠨ ᠬᠡᠷᠡᠭᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠠᠵᠤ ᠦᠢᠯᠡᠳᠪᠦᠷᠢ ᠶᠢᠨ ᠬᠡᠷᠡᠭᠯᠡᠬᠦ ᠤᠰᠤᠨ ᠤ ᠲᠣᠭᠲᠠᠭᠰᠠᠨ ᠨᠤᠷᠮ᠎ᠠ ᠠᠴᠠ ᠳᠠᠪᠠᠭᠰᠠᠨ ᠤᠰᠤᠨ ᠤ ᠦᠨ᠎ᠡ ᠶᠢ ᠳᠡᠭᠡᠭᠰᠢᠯᠡᠭᠦᠯᠵᠦ᠂ ᠤᠰᠤᠨ ᠤ ᠬᠤᠷᠣᠭᠳᠠᠯ ᠶᠡᠭᠡ ᠲᠦᠷᠦᠯ ᠵᠦᠢᠯ ᠪᠠ ᠠᠵᠤ ᠦᠢᠯᠡᠰ ᠢ ᠭᠡᠳᠡᠷᠭᠦ ᠰᠢᠬᠠᠮᠳᠠᠭᠤᠯᠵᠤ ᠪᠠᠶᠢᠭᠠᠳ ᠡᠮᠭᠢ ᠵᠢᠷᠤᠮ ᠲᠠᠢ ᠪᠠᠷ ᠤᠬᠤᠷᠢᠨ ᠭᠠᠷᠭᠠᠨ᠎ᠠ᠃ ᠠᠭᠤᠷᠬᠠᠢ ᠶᠢᠨ ᠣᠷᠣᠨ ᠤ ᠠᠭᠤᠷᠬᠠᠢ ᠶᠢᠨ ᠬᠤᠳᠳᠤᠭ ᠤᠨ ᠤᠰᠤ ᠶᠢ ᠡᠭᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃      ᠳᠥᠷᠪᠡᠳᠦᠭᠡᠷ ᠬᠡᠰᠡᠭ ᠤᠰᠤ ᠠᠷᠪᠢᠯᠠᠬᠤ ᠮᠠᠶ᠋ᠢᠭ ᠤᠨ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠳᠬᠡᠨ ᠪᠦᠷᠢᠯᠳᠦᠭᠦᠯᠦᠨ᠎ᠡ      ᠬᠠᠲᠤᠨ ᠭᠤᠣᠯ ᠤᠨ ᠰᠠᠪᠠ ᠭᠠᠵᠠᠷ ᠤᠨ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠤᠷᠠᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠭᠤᠯᠠᠢ ᠶᠢᠨ ᠲᠣᠣᠷ ᠤᠨ ᠭᠤᠭᠤᠵᠢᠬᠤ ᠬᠤᠬᠢᠷᠠᠯ ᠤᠨ ᠨᠤᠷᠮ᠎ᠠ ᠶᠢ ᠪᠠᠭᠤᠷᠠᠭᠤᠯᠬᠤ ᠪᠠᠷ ᠭᠤᠣᠯ ᠪᠣᠯᠭᠠᠨ ᠬᠠᠭᠤᠴᠢᠷᠠᠭᠰᠠᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠠᠮᠢᠳᠤᠷᠠᠯ ᠤᠨ ᠤᠰᠤ ᠠᠷᠪᠢᠯᠠᠬᠤ ᠮᠠᠶ᠋ᠢᠭ ᠤᠨ ᠪᠠᠭᠠᠵᠢ ᠬᠡᠷᠡᠭᠰᠡᠯ ᠢ ᠳᠡᠯᠭᠡᠷᠡᠭᠦᠯᠦᠨ ᠲᠦᠭᠡᠮᠡᠯᠵᠢᠭᠦᠯᠵᠦ᠂ ᠵᠠᠰᠠᠭ ᠤᠨ ᠣᠷᠳᠣᠨ ᠤ ᠪᠠᠶᠢᠭᠤᠯᠭ᠎ᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠤᠯᠠᠨ ᠨᠡᠶᠢᠲᠡ ᠶᠢᠨ ᠪᠠᠶᠢᠭᠤᠯᠤᠮᠵᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠥᠷᠨᠢᠭᠦᠯᠦᠨ᠂ ᠤᠰᠤᠨ ᠤ ᠬᠤᠷᠣᠭᠳᠠᠯ ᠶᠡᠭᠡ ᠦᠢᠯᠡᠴᠢᠯᠡᠭᠡᠨ ᠤ ᠦᠢᠯᠡᠰ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ ᠤᠰᠤ ᠠᠷᠪᠢᠯᠠᠬᠤ ᠮᠠᠶ᠋ᠢᠭ ᠤᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠤᠨ᠎ᠠ᠃ ᠬᠥᠳᠡᠭᠡ ᠲᠤᠰᠬᠤᠨ ᠤ ᠲᠥᠪᠯᠡᠷᠡᠭᠦᠯᠦᠨ ᠤᠰᠤ ᠬᠠᠩᠭᠠᠬᠤ ᠪᠠ ᠤᠰᠤ ᠠᠷᠪᠢᠯᠠᠬᠤ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠥᠬᠦᠴᠡᠯ ᠲᠠᠢ ᠭᠠᠵᠠᠷ ᠣᠷᠣᠨ ᠳᠤ ᠬᠡᠮᠵᠢᠨ ᠰᠦᠢᠳᠬᠡᠯ ᠬᠤᠷᠢᠶᠠᠬᠤ ᠶᠢ ᠬᠡᠷᠡᠭᠵᠢᠭᠦᠯᠵᠦ᠂ ᠬᠥᠳᠡᠭᠡ ᠲᠤᠰᠬᠤᠨ ᠤ ︽ᠵᠤᠷᠯᠤᠩ ᠤᠨ ᠬᠤᠪᠢᠰᠬᠠᠯ︾  ᠳᠤ ᠤᠰᠤ ᠠᠷᠪᠢᠯᠠᠬᠤ ᠭᠡᠯᠪᠡᠷᠢ ᠶᠢᠨ ᠪᠠᠭᠠᠵᠢ ᠬᠡᠷᠡᠭᠰᠡᠯ ᠬᠡᠷᠡᠭᠯᠡᠬᠦ ᠶᠢ ᠠᠬᠢᠭᠤᠯᠤᠨ᠎ᠠ᠃ ᠲᠡᠭᠢᠨ ᠠᠰᠢᠭᠯᠠᠵᠤ ᠪᠤᠯᠬᠤ ᠤᠰᠤ᠂ ᠪᠣᠷᠣᠭᠠᠨ ᠤ ᠤᠰᠤ᠂ ᠭᠠᠰᠢᠭᠤᠨ ᠱᠣᠷᠪᠣᠭ ᠤᠰᠤ ᠵᠡᠷᠭᠡ ᠬᠡᠪ ᠤᠨ ᠪᠤᠰᠤ ᠤᠰᠤᠨ ᠠᠰᠢᠭᠯᠠᠯᠲᠠ ᠶᠢ ᠢᠳᠡᠪᠬᠢᠲᠡᠢ ᠪᠠᠷ ᠠᠬᠢᠭᠤᠯᠵᠤ᠂ ᠣᠷᠣᠨ ᠪᠦᠰᠡ ᠶᠢᠨ ᠳᠠᠭᠢᠨ ᠠᠰᠢᠭᠯᠠᠵᠤ ᠪᠤᠯᠬᠤ ᠤᠰᠤ ᠶᠢ ᠡᠷᠭᠢᠯᠳᠦᠭᠦᠯᠦᠨ ᠠᠰᠢᠭᠯᠠᠬᠤ ᠲᠤᠷᠰᠢᠯᠲᠠ ᠶᠢ ᠬᠡᠷᠡᠭᠵᠢᠭᠦᠯᠵᠦ᠂ ᠬᠤᠲᠠ ᠪᠠᠯᠭᠠᠰᠤᠨ ᠳᠤ ᠳᠤᠮᠳᠠ ᠵᠡᠷᠭᠡ ᠶᠢᠨ ᠤᠰᠤ ᠶᠢ ᠡᠭᠡᠭᠦᠯᠦᠨ ᠬᠡᠷᠡᠭᠯᠡᠬᠦ ᠮᠡᠷᠭᠡᠵᠢᠯ ᠤᠨ ᠪᠠᠷᠢᠯᠭ᠎ᠠ ᠪᠣᠯᠣᠨ ᠪᠣᠷᠣᠭᠠᠨ ᠤ ᠤᠰᠤ ᠶᠢ ᠬᠤᠷᠠᠮᠳᠤᠭᠤᠯᠤᠨ ᠬᠠᠳᠠᠭᠠᠯᠠᠵᠤ ᠠᠰᠢᠭᠯᠠᠬᠤ ᠲᠥᠬᠦᠭᠡᠷᠦᠮᠵᠢ ᠶᠢ ᠠᠯᠬᠤᠮ ᠠᠯᠬᠤᠮ ᠢᠶᠠᠷ ᠲᠦᠭᠡᠮᠡᠯᠵᠢᠭᠦᠯᠵᠦ᠂ ᠭᠠᠰᠢᠭᠤᠨ ᠱᠣᠷᠪᠣᠭ ᠤᠰᠤᠨ ᠤ ᠴᠢᠨᠠᠷ ᠢ ᠰᠠᠶᠢᠵᠢᠷᠠᠭᠤᠯᠬᠤ ᠪᠠ ᠴᠡᠩᠭᠡᠭᠵᠢᠭᠦᠯᠦᠨ ᠠᠰᠢᠭᠯᠠᠬᠤ ᠶᠢ ᠲᠦᠷᠭᠡᠳᠬᠡᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠢᠯᠡᠳᠬᠡᠮᠵᠢ ᠲᠡᠮᠳᠡᠭ᠂ ᠤᠰᠤ ᠠᠷᠪᠢᠯᠠᠬᠤ ᠭᠡᠷᠡᠴᠢᠯᠡᠯ ᠪᠠ ᠤᠰᠤ ᠠᠷᠪᠢᠯᠠᠬᠤ ᠭᠡᠷ᠎ᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠬᠡᠷᠡᠭᠵᠢᠭᠦᠯᠦᠨ᠎ᠡ᠃ ᠬᠠᠲᠤᠨ ᠭᠤᠣᠯ ᠤᠨ ᠤᠰᠤ ᠶᠢ ᠲᠠᠲᠠᠵᠤ ᠤᠰᠤ ᠬᠠᠩᠭᠠᠬᠤ ᠬᠤᠲᠠ ᠶᠢᠨ ᠤᠰᠤᠨ ᠤ ᠦᠨ᠎ᠡ ᠶᠢᠨ ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ ᠤᠰᠤᠨ ᠤ ᠡᠷᠬᠡ ᠶᠢᠨ ᠰᠣᠯᠢᠯᠴᠠᠭ᠎ᠠ ᠶᠢ ᠢᠳᠡᠪᠬᠢᠲᠡᠢ ᠥᠷᠨᠢᠭᠦᠯᠦᠨ᠂ ᠤᠰᠤᠨ ᠤ ᠡᠭᠢ ᠪᠠᠶᠠᠯᠢᠭ ᠤᠨ ᠭᠠᠶᠢᠯᠢ ᠰᠦᠢᠳᠬᠡᠯ ᠢ ᠵᠦᠷᠢᠶᠡᠴᠢᠯᠡᠨ ᠲᠠᠲᠠᠪᠤᠷᠢᠯᠠᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃      ᠳᠣᠯᠣᠳᠤᠭᠠᠷ ᠪᠦᠯᠦᠭ ᠬᠠᠲᠤᠨ ᠭᠤᠣᠯ ᠤᠨ ᠥᠨᠢ ᠤᠳᠠᠭᠠᠨ ᠠᠮᠤᠷ ᠲᠣᠭᠲᠠᠭᠤᠨ ᠪᠠᠶᠢᠬᠤ ᠶᠢ ᠪᠦᠭᠦ ᠬᠦᠴᠦᠨ ᠢᠶᠠᠷ ᠢᠶᠠᠨ ᠪᠠᠲᠤᠯᠠᠨ᠎ᠠ      ᠤᠰᠤ ᠡᠯᠡᠰᠦᠨ ᠤ ᠬᠠᠷᠢᠴᠠᠭ᠎ᠠ ᠶᠢ ᠲᠣᠬᠢᠷᠠᠭᠤᠯᠬᠤ ᠡᠨᠡ ᠬᠦ ︽ᠵᠠᠩᠭᠢᠯᠠᠭ᠎ᠠ︾  ᠶᠢ ᠴᠢᠩᠭ᠎ᠠ ᠠᠳᠬᠤᠵᠤ᠂ ᠨᠡᠪᠲᠡᠷᠡᠭᠦᠯᠬᠦ ᠪᠠᠷ ᠭᠤᠣᠯ ᠪᠤᠯᠭᠠᠬᠤ᠂ ᠨᠡᠪᠲᠡᠷᠡᠭᠦᠯᠬᠦ ᠪᠠ ᠪᠦᠭᠯᠡᠭᠦ ᠶᠢ ᠤᠶᠠᠯᠳᠤᠭᠤᠯᠬᠤ᠂ ᠤᠰᠤ ᠶᠢ ᠨᠡᠮᠡᠭᠳᠡᠭᠦᠯᠵᠦ ᠡᠯᠡᠰᠦ ᠶᠢ ᠪᠠᠭᠠᠰᠬᠠᠬᠤ᠂ ᠤᠰᠤ ᠡᠯᠡᠰᠦ ᠶᠢ ᠲᠣᠬᠢᠷᠠᠭᠤᠯᠬᠤ ᠲᠣᠭᠤᠷᠢᠨ ᠳᠤ᠂ ᠤᠰᠤ ᠡᠯᠡᠰᠦ ᠶᠢ ᠲᠣᠬᠢᠷᠠᠭᠤᠯᠬᠤ ᠡᠵᠡᠮᠳᠡᠯ ᠤᠨ ᠰᠢᠰᠲ᠋ᠧᠮ ᠢ ᠲᠡᠭᠦᠯᠳᠡᠷᠵᠢᠭᠦᠯᠵᠦ᠂ ︽ᠳᠡᠭᠡᠷ᠎ᠡ ᠠᠴᠠ ᠨᠢ ᠬᠠᠰᠢᠵᠤ ᠳᠣᠣᠷ᠎ᠠ ᠠᠴᠠ ᠨᠢ ᠭᠠᠳᠠᠭᠰᠢᠯᠠᠭᠤᠯᠬᠤ᠂ ᠬᠤᠶᠠᠷ ᠡᠷᠭᠢ ᠶᠢ ᠰᠠᠯᠭᠠᠨ ᠬᠠᠰᠢᠬᠤ︾ ᠦᠶᠡᠷ ᠢ ᠰᠡᠷᠭᠡᠶᠢᠯᠡᠬᠦ ᠪᠠᠶᠢᠷᠢᠰᠢᠯ ᠢ ᠪᠦᠷᠢᠨᠰᠢᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠥᠯᠦᠪᠵᠢᠭᠦᠯᠭᠡ ᠶᠢ ᠰᠤᠳᠤᠯᠤᠨ ᠲᠣᠭᠲᠠᠭᠠᠵᠤ᠂ ᠶᠡᠷᠦᠩᠬᠡᠶᠢᠯᠡᠭᠰᠡᠨ ᠴᠢᠨᠠᠷᠲᠠᠢ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠳᠤᠨ ᠭᠤᠣᠯ ᠳᠠᠭᠠᠤ ᠶᠢᠨ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠤ ᠪᠠᠲᠤ ᠪᠠᠭᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠨ᠎ᠠ᠃      ᠨᠢᠭᠡᠳᠦᠭᠡᠷ ᠬᠡᠰᠡᠭ ᠤᠰᠤ ᠡᠯᠡᠰᠦᠨ ᠤ ᠬᠠᠷᠢᠴᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠡᠵᠡᠮᠳᠡᠨ᠎ᠡ      ᠬᠠᠲᠤᠨ ᠭᠤᠣᠯ ᠤᠨ ᠤᠰᠤ ᠡᠯᠡᠰᠦᠨ ᠤ ᠬᠠᠷᠢᠴᠠᠭᠠᠨ ᠤ ᠤᠷᠳᠤ ᠬᠤᠭᠤᠴᠠᠭᠠᠨ ᠤ ᠬᠤᠪᠢᠰᠤᠯᠲᠠ ᠶᠢᠨ ᠬᠠᠨᠳᠤᠰᠢ ᠵᠢᠴᠢ ᠠᠮᠢ ᠠᠬᠤᠢ ᠣᠷᠴᠢᠨ ᠲᠣᠭᠤᠷᠢᠨ ᠳᠤ ᠦᠵᠡᠭᠦᠯᠭᠦ ᠨᠥᠯᠥᠭᠡ ᠶᠢ ᠭᠦᠨᠵᠡᠭᠡᠢ ᠰᠤᠳᠤᠯᠤᠨ ᠨᠤᠲᠠᠯᠠᠵᠤ᠂ ᠡᠯᠡᠰᠦ ᠰᠢᠪᠠᠷ ᠤᠨ ᠠᠭᠤᠯᠤᠭᠳᠠᠴᠠ ᠶᠢᠨ ᠵᠦᠢ ᠵᠣᠬᠢᠰᠲᠠᠢ ᠣᠷᠣᠨ ᠵᠠᠢ ᠪᠠ ᠳᠤᠮᠳᠠ ᠤᠷᠳᠤ ᠬᠤᠭᠤᠴᠠᠭᠠᠨ ᠤ ᠤᠰᠤ ᠡᠯᠡᠰᠦ ᠶᠢ ᠲᠣᠬᠢᠷᠠᠭᠤᠯᠤᠨ ᠡᠵᠡᠮᠳᠡᠬᠦ ᠶᠡᠷᠦᠩᠬᠡᠢ ᠰᠡᠳᠬᠢᠴᠡ ᠶᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ︽ᠬᠤᠷᠢᠭᠯᠠᠬᠤ᠂ ᠲᠣᠬᠢᠷᠠᠭᠤᠯᠬᠤ᠂ ᠭᠠᠳᠠᠭᠰᠢᠯᠠᠭᠤᠯᠬᠤ᠂ ᠲᠠᠯᠪᠢᠬᠤ᠂ ᠮᠠᠯᠲᠠᠬᠤ︾ ᠠᠷᠭ᠎ᠠ ᠶᠢ ᠬᠡᠷᠡᠭᠯᠡᠨ ᠡᠯᠡᠰᠦ ᠰᠢᠪᠠᠷ ᠢ ᠶᠡᠷᠦᠩᠬᠡᠶᠢᠯᠡᠨ ᠰᠢᠢᠳᠪᠦᠷᠢᠯᠡᠨ᠎ᠡ᠃ ᠭᠤᠣᠯᠯᠠᠭᠴᠢ ᠤᠰᠤᠨ ᠴᠦᠭᠦᠷᠦᠮ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢᠶᠠᠷ ᠭᠤᠣᠯ ᠪᠤᠯᠭᠠᠭᠰᠠᠨ ᠤᠰᠤ ᠡᠯᠡᠰᠦ ᠶᠢ ᠲᠣᠬᠢᠷᠠᠭᠤᠯᠤᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠤᠰᠤᠨ ᠴᠦᠭᠦᠷᠦᠮ ᠢ ᠬᠡᠷᠡᠭᠯᠡᠬᠦ ᠠᠷᠭ᠎ᠠ ᠮᠠᠶ᠋ᠢᠭ ᠪᠠ ᠡᠯᠡᠰᠦ ᠶᠢ ᠬᠤᠷᠢᠭᠯᠠᠬᠤ ᠴᠢᠳᠠᠪᠤᠷᠢ ᠶᠢ ᠰᠢᠯᠢᠳᠡᠭᠵᠢᠭᠦᠯᠦᠨ᠎ᠡ᠃ ᠤᠰᠤ ᠡᠯᠡᠰᠦ ᠶᠢ ᠲᠣᠬᠢᠷᠠᠭᠤᠯᠤᠨ ᠡᠵᠡᠮᠳᠡᠬᠦ ᠲᠣᠭᠲᠠᠴᠠ ᠶᠢ ᠰᠢᠯᠢᠳᠡᠭᠵᠢᠭᠦᠯᠵᠦ᠂ ᠤᠰᠤ ᠡᠯᠡᠰᠦ ᠶᠢ ᠲᠣᠬᠢᠷᠠᠭᠤᠯᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠭᠤᠣᠯ ᠤᠷᠤᠰᠬᠠᠯ ᠪᠠ ᠰᠠᠯᠪᠤᠷᠢ ᠤᠷᠤᠰᠬᠠᠯ ᠤᠨ ᠴᠦᠭᠦᠷᠦᠮ ᠢ ᠬᠠᠮᠲᠤᠷᠠᠨ ᠨᠢᠭᠡᠳᠦᠯᠲᠡᠢ ᠲᠣᠬᠢᠷᠠᠭᠤᠯᠬᠤ ᠶᠢ ᠴᠢᠩᠭᠠᠳᠬᠠᠵᠤ᠂ ᠤᠰᠤ ᠡᠯᠡᠰᠦ ᠶᠢ ᠲᠣᠬᠢᠷᠠᠭᠤᠯᠤᠨ ᠡᠵᠡᠮᠳᠡᠬᠦ ᠰᠢᠰᠲ᠋ᠧᠮ ᠤᠨ ᠪᠦᠬᠦᠯᠢ ᠴᠣᠭᠴᠠ ᠶᠢᠨ ᠨᠡᠶᠢᠯᠡᠯ ᠬᠦᠴᠦᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠯᠦᠩ ᠶᠠᠩ ᠰᠢᠶᠠ ᠬᠠᠪᠴᠢᠯ᠂ ᠯᠢᠦ ᠵᠢᠶᠠ ᠰᠢᠶᠠ ᠬᠠᠪᠴᠢᠯ ᠵᠡᠷᠭᠡ ᠳᠡᠭᠡᠳᠦ ᠤᠷᠤᠰᠬᠠᠯ ᠤᠨ ᠤᠰᠤᠨ ᠴᠦᠭᠦᠷᠦᠮ ᠢ ᠲᠣᠬᠢᠷᠠᠭᠤᠯᠤᠨ ᠬᠡᠷᠡᠭᠯᠡᠬᠦ ᠶᠢ ᠴᠢᠩᠭᠠᠳᠬᠠᠵᠤ᠂ ᠰᠢᠶᠣᠣ ᠯᠠᠩ ᠳ᠋ᠢ ᠵᠡᠷᠭᠡ ᠪᠠᠷᠢᠯᠭ᠎ᠠ ᠶᠢᠨ ᠬᠠᠮᠲᠤᠷᠠᠨ ᠤᠰᠤ ᠡᠯᠡᠰᠦ ᠶᠢ ᠲᠣᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠤᠷᠤᠰᠬᠠᠯ ᠤᠰᠤ ᠶᠢ ᠲᠣᠬᠢᠷᠠᠭᠤᠯᠬᠤ ᠪᠠ ᠦᠶᠡᠷ ᠤᠨ ᠤᠰᠤᠨ ᠤ ᠡᠯᠡᠰᠦ ᠰᠢᠪᠠᠷ ᠢ ᠬᠢᠵᠠᠭᠠᠷᠯᠠᠬᠤ ᠴᠢᠳᠠᠪᠤᠷᠢ ᠶᠢ ᠨᠡᠮᠡᠭᠳᠡᠭᠦᠯᠵᠦ᠂ ᠳᠣᠣᠷᠠᠳᠤ ᠤᠷᠤᠰᠬᠠᠯ ᠤᠨ ᠳᠤᠮᠳᠠ ᠵᠡᠷᠭᠡ ᠶᠢᠨ ᠭᠤᠣᠯ ᠤᠨ ᠭᠤᠯᠳᠤᠷᠢᠯ ᠤᠨ ᠲᠣᠭᠲᠠᠭᠤᠨ ᠪᠠᠶᠢᠬᠤ ᠶᠢ ᠪᠠᠲᠤᠯᠠᠵᠤ᠂ ᠭᠤᠣᠯ ᠤᠨ ᠭᠤᠯᠳᠤᠷᠢᠯ ᠤᠨ ᠥᠨᠳᠥᠷ ᠡᠷᠭᠦᠭᠳᠡᠬᠦ ᠦᠭᠡᠢ ᠪᠠᠶᠢᠬᠤ ᠶᠢ ᠪᠠᠲᠤᠯᠠᠨ᠎ᠠ᠃ ᠢᠦᠢ ᠮᠧᠨ ᠬᠠᠭᠠᠯᠭ᠎ᠠ ᠠᠴᠠ ᠲᠦᠩ ᠭᠤᠸᠠᠨ᠂ ᠾᠧ ᠺᠧᠦ ᠬᠦᠷᠬᠦ ᠵᠡᠷᠭᠡ ᠪᠠᠷ ᠭᠤᠣᠯᠳᠠᠯᠭ᠎ᠠ ᠪᠣᠯᠭᠠᠨ ᠭᠤᠣᠯ ᠤᠨ ᠵᠠᠮ ᠢ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠡᠯᠡᠰᠦ ᠰᠢᠪᠠᠷ ᠢ ᠶᠡᠷᠦᠩᠬᠡᠶᠢᠯᠡᠨ ᠰᠢᠢᠳᠪᠦᠷᠢᠯᠡᠬᠦ ᠮᠡᠷᠭᠡᠵᠢᠯ ᠤᠨ ᠰᠢᠨ᠎ᠡ ᠶᠢ ᠡᠭᠦᠳᠴᠦ᠂ ᠡᠯᠡᠰᠦ ᠰᠢᠪᠠᠷ ᠤᠨ ᠡᠭᠢ ᠪᠠᠶᠠᠯᠢᠭ ᠢ ᠠᠰᠢᠭᠯᠠᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ᠃      ᠬᠤᠶᠠᠳᠤᠭᠠᠷ ᠬᠡᠰᠡᠭ ᠦᠶᠡᠷ ᠢ ᠰᠡᠷᠭᠡᠶᠢᠯᠡᠬᠦ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ      ᠭᠤᠣᠯ ᠤᠨ ᠵᠠᠮ ᠪᠠ ᠲᠠᠩ ᠭᠠᠵᠠᠷ ᠢ ᠶᠡᠷᠦᠩᠬᠡᠶᠢᠯᠡᠨ ᠳᠡᠭᠡᠭᠰᠢᠯᠡᠭᠦᠯᠵᠦ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠦᠶᠡᠷ ᠢ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠦᠨ᠂ ᠬᠠᠰᠢᠯᠭ᠎ᠠ ᠰᠡᠲᠡᠷᠡᠭᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠭᠤᠣᠯ ᠤᠨ ᠬᠡᠰᠡᠭ ᠤᠨ ᠡᠵᠡᠮᠳᠡᠨ ᠵᠢᠯᠤᠭᠤᠳᠬᠤ ᠢᠨᠵᠧᠨᠧᠷᠢᠩ ᠢ ᠦᠷᠭᠦᠯᠵᠢᠯᠡᠨ ᠪᠠᠶᠢᠭᠤᠯᠵᠤ ᠪᠠᠬᠢᠵᠢᠭᠦᠯᠬᠦ ᠠᠵᠢᠯ ᠢ ᠲᠦᠷᠭᠡᠳᠬᠡᠵᠦ᠂ ᠠᠶᠤᠯᠲᠠᠢ ᠪᠠᠷᠢᠯᠭ᠎ᠠ ᠠᠶᠤᠯᠲᠠᠢ ᠬᠡᠰᠡᠭ ᠪᠠ ᠪᠠᠭᠤᠷᠠᠢ ᠬᠠᠰᠢᠯᠭ᠎ᠠ ᠶᠢᠨ ᠵᠠᠰᠠᠯᠲᠠ ᠶᠢ ᠴᠢᠩᠭᠠᠳᠬᠠᠵᠤ᠂ ᠭᠤᠣᠯ ᠭᠤᠯᠳᠤᠷᠢᠯ ᠤᠨ ᠦᠶᠡᠷ ᠢ ᠵᠠᠯᠠᠨ ᠡᠯᠡᠰᠦ ᠶᠢ ᠳᠠᠮᠵᠢᠭᠤᠯᠬᠤ ᠴᠢᠳᠠᠪᠭᠢ ᠶᠢ ᠳᠡᠭᠡᠭᠰᠢᠯᠡᠭᠦᠯᠵᠦ᠂ ᠭᠦᠪᠪᠦᠮᠡᠯ ᠴᠢᠨᠠᠷᠲᠠᠢ ᠭᠤᠣᠯ ᠤᠨ ᠬᠡᠰᠡᠭ ᠤᠨ ᠭᠤᠣᠯ ᠤᠨ ᠪᠠᠶᠢᠳᠠᠯ ᠢ ᠪᠦᠲᠦᠮᠵᠢᠲᠡᠶ ᠡᠵᠡᠮᠳᠡᠨ᠎ᠡ᠃ ᠳᠣᠣᠷᠠᠳᠤ ᠤᠷᠤᠰᠬᠠᠯ ᠤᠨ ︽ᠬᠤᠶᠠᠳᠤᠭᠠᠷ ᠳᠡᠰ ᠤᠨ ᠡᠯᠭᠦᠮᠡᠯ ᠭᠤᠣᠯ︾  ᠤᠨ ᠵᠠᠰᠠᠯᠲᠠ ᠶᠢ ᠥᠷᠨᠢᠭᠦᠯᠵᠦ᠂ ᠬᠠᠲᠤᠨ ᠭᠤᠣᠯ ᠤᠨ ᠶᠡᠭᠡ ᠬᠠᠰᠢᠯᠭ᠎ᠠ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠠᠭᠠᠰᠬᠠᠨ᠎ᠠ᠃ ᠨᠢᠩᠰᠢᠶᠠ ᠥᠪᠥᠷ ᠮᠣᠩᠭᠤᠯ ᠵᠡᠷᠭᠡ ᠭᠤᠣᠯ ᠤᠨ ᠬᠡᠰᠡᠭ ᠤᠨ ᠬᠠᠰᠢᠯᠭ᠎ᠠ ᠶᠢᠨ ᠪᠠᠷᠢᠯᠭ᠎ᠠ ᠶᠢ ᠪᠠᠷᠢᠮᠵᠢᠶ᠎ᠠ ᠳᠤ ᠭᠦᠷᠭᠡᠭᠦ ᠶᠢ ᠲᠦᠷᠭᠡᠳᠬᠡᠨ ᠠᠬᠢᠭᠤᠯᠤᠨ᠎ᠠ᠃ ᠬᠠᠲᠤᠨ ᠭᠤᠣᠯ ᠤᠨ ᠭᠤᠣᠯ ᠰᠠᠯᠪᠤᠷᠢ ᠤᠷᠤᠰᠬᠠᠯ ᠤᠨ ᠦᠶᠡᠷ ᠢ ᠰᠡᠷᠭᠡᠶᠢᠯᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠾᠧᠢ ᠾᠧ ᠭᠤᠣᠯ᠂ ᠪᠠᠢ ᠾᠧ ᠭᠤᠣᠯ᠂ ᠰᠢᠷᠠᠬᠠᠶᠢᠭᠤᠤᠯ᠂ ᠲᠤᠤ ᠾᠧ ᠭᠤᠣᠯ᠂ ᠸᠧᠢ ᠾᠧ ᠭᠤᠣᠯ᠂ ᠹᠧᠨ ᠾᠧ ᠭᠤᠣᠯ᠂ ᠴᠢᠨ ᠾᠧ ᠭᠤᠣᠯ ᠵᠡᠷᠭᠡ ᠭᠤᠣᠯᠳᠠᠯᠭ᠎ᠠ ᠲᠠᠢ ᠰᠠᠯᠪᠤᠷᠢ ᠤᠷᠤᠰᠬᠠᠯ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ᠂ ᠰᠢᠷᠦᠭᠦᠨ ᠪᠣᠷᠣᠭᠠᠨ ᠵᠡᠷᠭᠡ ᠠᠴᠠ ᠪᠣᠯᠤᠭᠰᠠᠨ ᠭᠡᠨᠡᠳᠲᠡ ᠶᠢᠨ ᠴᠢᠨᠠᠷᠲᠠᠢ ᠦᠶᠡᠷ ᠤᠨ ᠤᠰᠤ ᠶᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠩᠭᠠᠳᠬᠠᠨ᠎ᠠ᠃ ᠬᠠᠲᠤᠨ ᠭᠤᠣᠯ ᠬᠤᠸᠠᠢ ᠾᠧ ᠭᠤᠣᠯ ᠬᠠᠢ ᠾᠧ ᠭᠤᠣᠯ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠰᠢᠰᠲ᠋ᠧᠮ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠠᠲᠤᠨ ᠭᠤᠣᠯ ᠳᠠᠭᠠᠤ ᠶᠢᠨ ᠦᠶᠡᠷ ᠤᠨ ᠤᠰᠤ ᠶᠢ ᠬᠠᠳᠠᠭᠠᠯᠠᠬᠤ ᠣᠷᠣᠨ᠂ ᠦᠶᠡᠷ ᠢ ᠰᠡᠷᠭᠡᠶᠢᠯᠡᠬᠦ ᠤᠰᠤᠨ ᠴᠦᠭᠦᠷᠦᠮ᠂ ᠤᠰᠤᠲᠤᠯ ᠢ ᠵᠠᠯᠠᠬᠤ ᠬᠥᠭᠡᠷᠭᠡ ᠶᠢᠨ ᠦᠷᠲᠡᠭᠡ ᠵᠡᠷᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠦᠶᠡᠷ ᠢ ᠰᠡᠷᠭᠡᠶᠢᠯᠡᠵᠦ ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠶᠡᠷ ᠢ ᠰᠡᠷᠭᠡᠶᠢᠯᠡᠬᠦ ᠪᠠᠷ ᠤᠷᠢᠲᠠᠯ ᠪᠤᠯᠭᠠᠵᠤ ᠦᠶᠡᠷ ᠤᠨ ᠤᠰᠤ ᠶᠢ ᠬᠠᠳᠠᠭᠠᠯᠠᠬᠤ ᠣᠷᠣᠨ ᠤ ᠡᠯ᠎ᠡ ᠲᠦᠷᠦᠯ ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠬᠠᠮᠲᠤ ᠬᠥᠮᠥᠨ ᠠᠮᠠ ᠶᠢᠨ ᠬᠡᠪᠴᠢᠶ᠎ᠡ ᠶᠢ ᠬᠢᠵᠠᠭᠠᠷᠯᠠᠨ᠎ᠠ᠃ ᠰᠦᠩ ᠬᠠᠯᠢᠶ᠎ᠠ ᠶᠢ ᠠᠷᠭᠠᠴᠠᠭᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠳᠡᠭᠡᠳᠦ ᠳᠤᠮᠳᠠ ᠤᠷᠤᠰᠬᠠᠯ ᠤᠨ ᠤᠰᠤᠨ ᠴᠦᠭᠦᠷᠦᠮ ᠤᠨ ᠰᠦᠩ ᠬᠠᠯᠢᠶ᠎ᠠ ᠶᠢ ᠰᠡᠷᠭᠡᠶᠢᠯᠡᠬᠦ ᠬᠠᠮᠲᠤᠷᠠᠭᠰᠠᠨ ᠲᠣᠬᠢᠷᠠᠭᠤᠯᠤᠯᠲᠠ ᠶᠢ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠰᠦᠩ ᠬᠠᠯᠢᠶ᠎ᠠ ᠶᠢ ᠰᠠᠯᠭᠠᠬᠤ ᠣᠷᠣᠨ ᠤ ᠦᠢᠯᠡᠳᠦᠯ ᠢ ᠪᠠᠳᠠᠷᠠᠭᠤᠯᠤᠨ᠂ ᠰᠦᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠡᠮᠵᠡᠭ ᠲᠠᠢ ᠠᠶᠤᠯ ᠲᠠᠢ ᠴᠦᠭᠦᠷᠦᠮ ᠤᠨ ᠠᠶᠤᠯ ᠢ ᠠᠷᠢᠯᠭᠠᠨ ᠪᠠᠬᠢᠯᠡᠬᠦ ᠶᠢ ᠬᠡᠷᠡᠭᠵᠢᠭᠦᠯᠵᠦ᠂ ᠠᠮᠤᠷ ᠲᠦᠪᠰᠢᠨ ᠤ ᠲᠠᠯᠳᠠ ᠭᠡᠮ ᠢ ᠠᠷᠢᠯᠭᠠᠨ᠎ᠠ᠃      ᠭᠤᠷᠪᠠᠳᠤᠭᠠᠷ ᠬᠡᠰᠡᠭ ᠭᠠᠮᠰᠢᠭ ᠢ ᠠᠷᠭᠠᠴᠠᠭᠠᠬᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ     ᠤᠷᠳᠤ ᠬᠤᠭᠤᠴᠠᠭᠠᠨ ᠤ ᠲᠤᠷᠰᠢᠭᠢ ᠠᠭᠤᠷ ᠠᠮᠢᠰᠬᠤᠯ ᠤᠨ ᠬᠤᠪᠢᠷᠠᠯᠲᠠ᠂ ᠤᠰᠤᠨ ᠵᠦᠢ ᠶᠢᠨ ᠨᠥᠬᠦᠴᠡᠯ ᠵᠡᠷᠭᠡ ᠠᠰᠠᠭᠤᠳᠠᠯ ᠤᠨ ᠲᠤᠬᠠᠢ ᠰᠢᠨᠵᠢᠯᠡᠬᠦ ᠤᠬᠠᠭᠠᠨ ᠤ ᠰᠤᠳᠤᠯᠭᠠᠨ ᠢ ᠴᠢᠩᠭᠠᠳᠬᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠰᠲ᠋ᠧᠮ ᠢ ᠲᠡᠭᠦᠯᠳᠡᠷᠵᠢᠭᠦᠯᠵᠦ᠂ ᠤᠰᠤᠨ ᠤ ᠭᠠᠮᠰᠢᠭ ᠢ ᠠᠷᠢᠯᠭᠠᠨ᠂ ᠤᠰᠤᠨ ᠠᠰᠢᠭᠯᠠᠯᠲᠠ ᠶᠢ ᠬᠥᠭᠵᠢᠭᠦᠯᠵᠦ᠂ ᠬᠠᠳᠤᠨ ᠭᠤᠣᠯ ᠳᠠᠭᠠᠤ ᠭᠠᠵᠠᠷ ᠣᠷᠣᠨ ᠤ ᠡᠯ᠎ᠡ ᠵᠦᠢᠯ ᠤᠨ ᠭᠠᠢ ᠭᠠᠮᠰᠢᠭ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠮᠲᠤᠷᠠᠨ ᠲᠣᠬᠢᠷᠠᠭᠤᠯᠬᠤ ᠲᠠᠪᠴᠠᠩ ᠢ ᠪᠦᠲᠦᠭᠡᠨ ᠪᠠᠶᠢᠭᠤᠯᠵᠤ᠂ ᠳᠡᠭᠡᠳᠦ ᠳᠤᠮᠳᠠ ᠳᠣᠣᠷᠠᠳᠤ ᠤᠷᠤᠰᠬᠠᠯ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠤᠨ᠎ᠠ᠃ ᠰᠠᠪᠠ ᠭᠠᠵᠠᠷ ᠤᠨ ᠴᠢᠨᠠᠷᠲᠠᠢ ᠣᠨᠴᠠ ᠶᠡᠭᠡ ᠦᠶᠡᠷ᠂ ᠬᠦᠨᠳᠦ ᠨᠣᠴᠢᠲᠠᠢ ᠣᠨᠴᠠ ᠶᠡᠭᠡ ᠲᠦᠭᠰᠢᠭᠦᠷᠢᠲᠦ ᠪᠠᠶᠢᠳᠠᠯ᠂ ᠭᠠᠮᠰᠢᠭ ᠤᠨ ᠪᠠᠶᠢᠳᠠᠯ᠂ ᠲᠤᠶᠢᠯ ᠤᠨ ᠭᠠᠩ ᠬᠠᠭᠰᠠᠷᠠᠭᠠᠨ ᠵᠡᠷᠭᠡ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠪᠡᠯᠡᠳᠬᠡᠯ ᠲᠥᠰᠥᠯ᠂ ᠤᠷᠢᠳᠴᠢᠯᠠᠨ ᠰᠡᠷᠡᠮᠵᠢᠯᠡᠭᠦᠯᠭᠦ ᠨᠡᠶᠢᠲᠡᠯᠡᠯ᠂ ᠠᠶᠤᠯ ᠠᠴᠠ ᠠᠪᠤᠷᠠᠨ ᠲᠤᠰᠠᠯᠠᠬᠤ᠂ ᠢᠨᠵᠧᠨᠧᠷᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠳ᠋ ᠪᠣᠳᠠᠰ ᠤᠨ ᠨᠦᠭᠡᠴᠡᠯᠡᠯᠲᠡ ᠵᠡᠷᠭᠡ ᠶᠡᠷᠦᠩᠬᠡᠶᠢᠯᠡᠭᠰᠡᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠳ᠋ ᠪᠠᠷᠠᠭᠠᠨ ᠤ ᠰᠦᠯᠵᠢᠶ᠎ᠡ᠂ ᠳᠠᠭᠠᠭᠤᠯᠢ ᠤᠳᠤᠨ ᠤ ᠠᠯᠤᠰ ᠰᠡᠷᠡᠯ᠂ ᠵᠢᠯᠣᠭᠤᠴᠢ ᠦᠭᠡᠢ ᠨᠢᠰᠬᠡᠯ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠤᠰᠤᠨ ᠵᠦᠢ᠂ ᠴᠠᠭ ᠠᠭᠤᠷ᠂ ᠭᠠᠵᠠᠷ ᠤᠨ ᠭᠠᠮᠰᠢᠭ᠂ ᠪᠣᠷᠣᠭᠠᠨ ᠤ ᠪᠠᠶᠢᠳᠠᠯ᠂ ᠰᠦᠩ ᠬᠠᠯᠢᠶ᠎ᠠ ᠶᠢᠨ ᠪᠠᠶᠢᠳᠠᠯ᠂ ᠭᠠᠩ ᠬᠠᠭᠰᠠᠷᠠᠭᠠᠨ ᠤ ᠪᠠᠶᠢᠳᠠᠯ ᠵᠡᠷᠭᠡ ᠪᠠᠶᠢᠳᠠᠯ ᠤᠨ ᠬᠥᠳᠡᠯᠦᠩᠭᠦᠢ ᠬᠢᠨᠠᠨ ᠬᠡᠮᠵᠢᠯᠲᠡ ᠪᠠ ᠰᠢᠨᠵᠢᠯᠡᠬᠦ ᠤᠬᠠᠭᠠᠨᠴᠢ ᠵᠠᠳᠠᠯᠤᠯᠲᠠ ᠶᠢ ᠴᠢᠩᠭᠠᠷᠠᠭᠤᠯᠵᠤ᠂ ᠶᠡᠷᠦᠩᠬᠡᠶᠢᠯᠡᠭᠰᠡᠨ ᠲᠣᠭᠠᠴᠢᠯᠠᠭᠰᠠᠨ ᠲᠠᠪᠴᠠᠩ ᠢ ᠪᠠᠶᠢᠭᠤᠯᠤᠨ᠂ ᠲᠤᠭ᠎ᠠ ᠪᠠᠷᠢᠮᠲᠠ ᠶᠢᠨ ᠡᠭᠢ ᠪᠠᠶᠠᠯᠢᠭ ᠢ ᠭᠠᠵᠠᠷ ᠣᠷᠣᠨ ᠠᠯᠤᠰᠯᠠᠨ ᠰᠠᠯᠠᠭ᠎ᠠ ᠮᠥᠴᠢᠷ ᠠᠯᠤᠰᠯᠠᠨ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠭᠦ ᠶᠢ ᠪᠡᠶᠡᠯᠡᠭᠦᠯᠵᠦ᠂ ︽ᠣᠶᠤᠨᠲᠤ ᠬᠠᠲᠤᠨ ᠭᠤᠣᠯ︾  ᠢ ᠪᠦᠲᠦᠭᠡᠨ ᠪᠠᠶᠢᠭᠤᠯᠤᠨ᠎ᠠ᠃      ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠬᠠᠲᠤᠨ ᠭᠤᠣᠯ ᠳᠠᠭᠠᠤ ᠶᠢᠨ ᠬᠤᠲᠠ ᠶᠢᠨ ᠪᠦᠯᠦᠭᠵᠢᠯ ᠤᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠪᠦᠭᠦ ᠶᠠᠪᠤᠴᠠ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠦᠶᠡᠷ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠤᠰᠤ ᠶᠢ ᠲᠠᠲᠠᠷᠠᠭᠤᠯᠤᠨ ᠤᠰᠤᠲᠤᠯ ᠢ ᠰᠡᠷᠭᠡᠶᠢᠯᠡᠬᠦ ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠶᠡᠭᠡ ᠬᠤᠳᠠ ᠪᠠ ᠳᠤᠮᠳᠠ ᠵᠡᠷᠭᠡ ᠶᠢᠨ ᠬᠤᠲᠠ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠴᠢᠩᠭᠠᠷᠠᠭᠤᠯᠤᠨ᠎ᠠ᠃ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠨᠡᠶᠢᠭᠡᠮ ᠨᠡᠶᠢᠲᠡ ᠶᠢᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠂ ᠪᠠᠶᠢᠩᠭᠤᠵᠢᠭᠰᠠᠨ ᠪᠠᠶᠢᠯᠳᠤᠭᠠᠨᠴᠢᠯᠠᠭᠰᠠᠨ ᠬᠠᠮᠵᠢᠯᠴᠠᠬᠤ ᠳᠠᠶᠢᠴᠢᠯᠠᠯᠲᠠ ᠶᠢᠨ ᠰᠣᠷᠢᠯᠲᠠ ᠥᠷᠨᠢᠭᠦᠯᠦᠨ᠎ᠡ᠃      ᠨᠠᠢᠮᠠᠳᠤᠭᠠᠷ ᠪᠦᠯᠦᠭ ᠣᠷᠴᠢᠨ ᠲᠣᠭᠤᠷᠢᠨ ᠤ ᠪᠣᠬᠢᠷᠳᠤᠯ ᠤᠨ ᠰᠢᠰᠲ᠋ᠧᠮ ᠲᠠᠢ ᠵᠠᠰᠠᠯᠲᠠ ᠶᠢ ᠴᠢᠩᠭᠠᠳᠬᠠᠨ᠎ᠠ      ᠬᠠᠲᠤᠨ ᠭᠤᠣᠯ ᠤᠨ ᠪᠣᠬᠢᠷᠳᠤᠯ ᠦᠩᠭᠡᠨ ᠳᠡᠭᠡᠷ᠎ᠡ ᠪᠠᠨ ᠤᠰᠤᠨ ᠳᠤ ᠪᠠᠶᠢᠪᠠᠴᠤ ᠠᠰᠠᠭᠤᠳᠠᠯ ᠨᠢ ᠰᠠᠪᠠ ᠭᠠᠵᠠᠷ ᠲᠤ ᠪᠠᠶᠢᠵᠤ᠂ ᠤᠭ ᠦᠨᠳᠦᠰᠦ ᠨᠢ ᠡᠷᠭᠢ ᠳᠡᠭᠡᠷ᠎ᠡ ᠪᠠᠶᠢᠨ᠎ᠠ᠃ ᠹᠧᠨ ᠾᠧ ᠭᠤᠣᠯ᠂ ᠬᠤᠸᠠᠩ ᠱᠦᠢ ᠭᠤᠣᠯ᠂ ᠰᠦᠱᠦᠢ ᠭᠤᠣᠯ᠂ ᠰᠢᠷᠠᠤ᠋ᠰᠤᠨ ᠭᠤᠣᠯ᠂ ᠶᠠᠨ ᠾᠧ ᠭᠤᠣᠯ᠂ ᠤᠯᠠᠭᠠᠨᠰᠤᠬᠠᠢ ᠨᠠᠭᠤᠷ᠂ ᠳ᠋ᠦᠩ ᠫᠢᠩ ᠬᠤ᠋ ᠨᠠᠭᠤᠷ ᠵᠡᠷᠭᠡ ᠭᠤᠣᠯ ᠮᠥᠷᠡᠨ ᠨᠠᠭᠤᠷ ᠴᠦᠭᠦᠷᠦᠮ ᠢᠶᠠᠷ ᠭᠤᠣᠯᠳᠠᠯᠭ᠎ᠠ ᠪᠣᠯᠭᠠᠨ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ᠂ ᠠᠵᠤ ᠦᠢᠯᠡᠳᠪᠦᠷᠢ ᠶᠢᠨ ᠪᠣᠬᠢᠷᠳᠤᠯ᠂ ᠬᠤᠲᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠪᠠ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠨᠢᠭᠡ ᠭᠤᠣᠯ ᠳᠤ ᠨᠢᠭᠡ ᠠᠷᠭ᠎ᠠ ᠪᠣᠳᠣᠯᠭ᠎ᠠ︾᠂ ︽ᠨᠢᠭᠡ ᠨᠠᠭᠤᠷ ᠲᠤ ᠨᠢᠭᠡ ᠠᠷᠭ᠎ᠠ ᠪᠣᠳᠣᠯᠭ᠎ᠠ︾ ᠠᠪᠴᠤ᠂ ᠬᠠᠲᠤᠨ ᠭᠤᠣᠯ ᠤᠨ ᠰᠠᠯᠪᠤᠷᠢ ᠤᠷᠤᠰᠬᠠᠯ ᠵᠢᠴᠢ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠂ ᠬᠠᠲᠤᠨ ᠭᠤᠣᠯ ᠤᠨ ︽ᠬᠢᠯᠭᠠᠰᠤᠨ ᠰᠤᠳᠠᠯ︾  ᠢ ᠴᠡᠪᠡᠷᠰᠢᠭᠦᠯᠵᠦ᠂ ᠤᠰᠤ ᠠᠷᠪᠢᠯᠠᠬᠤ ᠪᠠ ᠪᠣᠬᠢᠷᠳᠤᠯ ᠢ ᠵᠠᠰᠠᠬᠤ ᠦᠷ᠎ᠡ ᠪᠦᠲᠦᠮᠵᠢ ᠶᠢ ᠤᠰᠤᠨ ᠤ ᠡᠭᠢ ᠪᠠᠶᠠᠯᠢᠭ ᠤᠨ ᠲᠣᠬᠢᠷᠠᠭᠤᠯᠤᠯᠲᠠ ᠲᠠᠢ ᠬᠤᠯᠪᠣᠭᠳᠠᠭᠤᠯᠤᠨ᠎ᠠ᠃      ᠨᠢᠭᠡᠳᠦᠭᠡᠷ ᠬᠡᠰᠡᠭ ᠲᠠᠷᠢᠶᠠᠨ ᠭᠠᠵᠠᠷ ᠤᠨ ᠪᠣᠬᠢᠷᠳᠤᠯ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ      ᠣᠷᠣᠨ ᠨᠤᠲᠤᠭ ᠤᠨ ᠪᠠᠶᠢᠳᠠᠯ ᠳᠤ ᠲᠣᠬᠢᠷᠠᠭᠤᠯᠤᠨ ᠤᠯᠠᠨ ᠵᠦᠢᠯ ᠤᠨ ᠭᠡᠯᠪᠡᠷᠢ ᠶᠢᠨ ᠵᠣᠬᠢᠬᠤ ᠭᠡᠪᠴᠢᠶᠡᠵᠢᠳᠤ ᠡᠵᠡᠩᠨᠡᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠤᠷᠤᠭᠤᠯᠬᠤ᠂ ᠠᠮᠤᠷ ᠲᠦᠪᠰᠢᠨ ᠢᠶᠠᠷ ᠲᠠᠷᠢᠶᠠᠨ ᠡᠮ ᠬᠡᠷᠡᠭᠯᠡᠬᠦ᠂ ᠲᠠᠷᠢᠶᠠᠨ ᠭᠠᠵᠠᠷ ᠤᠨ ᠠᠷᠪᠢᠲᠠᠢ ᠤᠰᠤᠯᠠᠯᠲᠠ ᠵᠡᠷᠭᠡ ᠠᠷᠢᠭᠤᠨ ᠴᠡᠪᠡᠷ ᠦᠢᠯᠡᠳᠪᠦᠷᠢᠯᠡᠯ ᠤᠨ ᠮᠡᠷᠭᠡᠵᠢᠯ ᠬᠢᠭᠡᠳ ᠲᠡᠷᠢᠭᠦᠨ ᠤ ᠬᠡᠷᠡᠭᠯᠡᠭᠡᠨ ᠤ ᠲᠣᠨᠣᠭᠯᠠᠯ ᠢ ᠳᠡᠯᠭᠡᠷᠡᠭᠦᠯᠵᠦ᠂ ᠬᠢᠮᠢ ᠶᠢᠨ ᠪᠣᠷᠳᠣᠭᠤᠷ᠂ ᠲᠠᠷᠢᠶᠠᠨ ᠡᠮ᠂ ᠲᠡᠵᠢᠭᠡᠯ ᠪᠣᠷᠳᠤᠭ᠎ᠠ ᠵᠡᠷᠭᠡ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠮᠠᠯ ᠵᠢᠭᠦᠷᠲᠡᠨ ᠤ ᠢᠯᠭᠠᠳᠠᠰᠤ ᠶᠢᠨ ᠪᠣᠬᠢᠷᠳᠤᠯ᠂ ᠲᠠᠷᠢᠮᠠᠯ ᠤᠨ ᠡᠰᠢ ᠰᠦᠷᠡᠯ ᠵᠡᠷᠭᠡ ᠲᠠᠷᠢᠶᠠᠯᠠᠩ ᠤᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠪᠠ ᠬᠤᠣᠷ ᠦᠭᠡᠶᠢᠳᠡᠭᠦᠯᠦᠨ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ ᠨᠢᠩᠰᠢᠶᠠ ᠥᠪᠥᠷ ᠮᠣᠩᠭᠤᠯ ᠤᠨ ᠬᠠᠳᠤᠨ ᠭᠤᠣᠯ ᠤᠨ ᠲᠣᠬᠤᠢ᠂ ᠹᠧᠨ ᠾᠧ ᠭᠤᠣᠯ ᠪᠠ ᠸᠧᠢ ᠾᠧ ᠭᠤᠣᠯ᠂ ᠬᠥᠬᠡᠨᠠᠭᠤᠷ ᠤᠨ ᠬᠤᠸᠠᠩ ᠱᠦᠢ ᠭᠤᠣᠯ ᠪᠣᠯᠣᠨ ᠳ᠋ᠠ ᠲᠦᠩ ᠾᠧ ᠭᠤᠣᠯ᠂ ᠭᠠᠨᠰᠤ ᠶᠢᠨ ᠬᠠᠲᠤᠨ ᠭᠤᠣᠯ ᠳᠠᠭᠠᠤ᠂ ᠳᠤᠮᠳᠠᠳᠤ ᠳᠣᠣᠷᠠᠳᠤ ᠤᠷᠤᠰᠬᠠᠯ ᠤᠨ ᠬᠠᠲᠤᠨ ᠭᠤᠣᠯ ᠤᠨ ᠤᠰᠤ ᠶᠢ ᠲᠠᠲᠠᠳᠠᠭ ᠤᠰᠤᠯᠠᠯᠲᠠ ᠶᠢᠨ ᠣᠷᠣᠨ ᠵᠡᠷᠭᠡ ᠣᠷᠣᠨ ᠪᠦᠰᠡ ᠳᠤ ᠲᠠᠷᠢᠶᠠᠨ ᠭᠠᠵᠠᠷ ᠤᠨ ᠤᠰᠤ ᠶᠢ ᠲᠠᠲᠠᠷᠠᠭᠤᠯᠤᠨ ᠪᠣᠬᠢᠷᠳᠤᠯ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ ᠠᠮᠢ ᠠᠬᠤᠢ ᠶᠢᠨ ᠭᠤᠤ ᠰᠤᠪᠠᠭ᠂ ᠪᠣᠬᠢᠷ ᠤᠰᠤ ᠶᠢ ᠴᠡᠪᠡᠷᠰᠢᠭᠦᠯᠬᠦ ᠴᠦᠭᠦᠷᠦᠮ᠂ ᠲᠠᠷᠢᠮᠠᠯ ᠨᠤᠭᠤ ᠭᠠᠵᠠᠷ ᠵᠡᠷᠭᠡ ᠠᠽᠣᠲ᠂ ᠹᠣᠰᠹᠣᠷ ᠢ ᠥᠨᠳᠥᠷ ᠪᠦᠲᠦᠮᠵᠢᠲᠡᠶ ᠬᠠᠰᠢᠨ ᠴᠡᠪᠡᠷᠰᠢᠭᠦᠯᠬᠦ ᠠᠮᠢ ᠠᠬᠤᠢ ᠶᠢᠨ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠲᠠᠷᠢᠶᠠᠨ ᠭᠠᠵᠠᠷ ᠤᠨ ᠲᠠᠲᠠᠷᠠᠭᠤᠯᠤᠭᠰᠠᠨ ᠤᠰᠤ ᠶᠢ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠨ᠎ᠠ᠃ ᠲᠠᠷᠢᠶᠠᠨ ᠭᠠᠵᠠᠷ ᠤᠨ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠵᠤ ᠵᠢᠱᠢᠶ᠎ᠡ ᠦᠵᠡᠭᠦᠯᠭᠦ ᠶᠢ ᠲᠥᠪᠯᠡᠷᠡᠭᠦᠯᠦᠨ ᠠᠬᠢᠭᠤᠯᠤᠨ᠎ᠠ᠃ ᠲᠠᠷᠢᠶᠠᠨ ᠭᠠᠵᠠᠷ ᠤᠨ ᠦᠯᠡᠳᠡᠭᠳᠡᠯ ᠰᠦᠯᠢᠶᠥᠦ ᠪᠦᠷᠬᠦᠪᠴᠢ᠂ ᠲᠠᠷᠢᠶᠠᠨ ᠡᠮ ᠬᠢᠮᠢ ᠶᠢᠨ ᠪᠣᠷᠳᠣᠭᠤᠷ ᠤᠨ ᠰᠦᠯᠢᠶᠥᠦ ᠪᠣᠭᠤᠳᠠᠯ ᠵᠡᠷᠭᠡ ᠶᠢ ᠴᠡᠪᠡᠷᠯᠡᠨ ᠴᠡᠭᠴᠡᠯᠡᠬᠦ ᠠᠵᠢᠯ ᠢ ᠠᠬᠢᠭᠤᠯᠤᠨ᠎ᠠ᠃ ᠱᠠᠨ ᠰᠢ᠂ ᠾᠧᠨᠠᠨ᠂ ᠱᠠᠨᠳᠦ᠋ᠩ ᠵᠡᠷᠭᠡ ᠬᠠᠳᠦᠠ ᠭᠤᠣᠯ ᠤᠨ ᠳᠤᠮᠳᠠᠳᠤ ᠳᠣᠣᠷᠠᠳᠤ ᠤᠷᠤᠰᠬᠠᠯ ᠤᠨ ᠭᠠᠵᠠᠷ ᠣᠷᠣᠨ ᠤ ᠠᠽᠣᠲ ᠤᠨ ᠪᠣᠬᠢᠷᠳᠤᠯ ᠢ ᠶᠡᠷᠦᠩᠬᠡᠶᠢᠯᠡᠨ ᠬᠢᠵᠠᠭᠠᠷᠯᠠᠬᠤ ᠠᠵᠢᠯ ᠢ ᠬᠠᠮᠵᠢᠯᠴᠠᠨ ᠠᠬᠢᠭᠤᠯᠵᠤ᠂ ᠬᠠᠳᠦᠠ ᠭᠤᠣᠯ ᠤᠨ ᠲᠡᠯᠡᠢ ᠳᠤ ᠴᠢᠳᠬᠤᠬᠤ ᠭᠠᠵᠠᠷ ᠤᠨ ᠲᠡᠯᠡᠢ ᠶᠢᠨ ᠣᠷᠣᠨ ᠤ ᠣᠷᠴᠢᠨ ᠲᠣᠭᠤᠷᠢᠨ ᠤ ᠪᠣᠬᠢᠷᠳᠤᠯ ᠢ ᠪᠠᠭᠠᠰᠬᠠᠨ᠎ᠠ᠃      ᠬᠤᠶᠠᠳᠤᠭᠠᠷ ᠬᠡᠰᠡᠭ ᠠᠵᠤ ᠦᠢᠯᠡᠳᠪᠦᠷᠢ ᠶᠢᠨ ᠪᠣᠬᠢᠷᠳᠤᠯ ᠢ ᠬᠠᠮᠵᠢᠯᠴᠠᠨ ᠵᠠᠰᠠᠬᠤ ᠡᠷᠴᠢᠮ ᠢ ᠴᠢᠩᠭᠠᠷᠠᠭᠤᠯᠤᠨ᠎ᠠ      ᠬᠠᠲᠤᠨ ᠭᠤᠣᠯ ᠳᠠᠭᠠᠤ ᠶᠢᠨ ᠵᠣᠬᠢᠬᠤ ᠬᠦᠷᠢᠶ᠎ᠡ ᠬᠡᠪᠴᠢᠶᠡᠨ ᠳᠠᠬᠢ ᠤᠰᠤ ᠶᠢ ᠶᠡᠭᠡ ᠪᠠᠷ ᠬᠤᠷᠣᠭᠳᠠᠭᠤᠯᠬᠤ᠂ ᠪᠣᠬᠢᠷᠳᠤᠯ ᠶᠡᠬᠡᠲᠡᠢ ᠠᠵᠤ ᠠᠬᠤᠶᠢᠯᠠᠯ ᠢ ᠲᠣᠭᠲᠠᠭᠠᠯ ᠳᠤ ᠨᠡᠶᠢᠴᠡᠭᠦ ᠬᠦᠷᠢᠶᠡᠯᠡᠩ ᠲᠣᠭᠤᠷᠢᠭ ᠲᠤ ᠨᠡᠭᠦᠯᠭᠡᠨ ᠤᠷᠤᠭᠤᠯᠬᠤ ᠶᠢ ᠠᠬᠢᠭᠤᠯᠵᠤ᠂ ᠪᠣᠯᠣᠳ ᠲᠡᠮᠦᠷ᠂ ᠨᠡᠭᠦᠷᠡᠰᠦ ᠴᠠᠭᠢᠯᠭᠠᠨ ᠤ ᠮᠠᠰᠢ ᠳᠣᠣᠷ᠎ᠠ ᠭᠠᠳᠠᠭᠰᠢᠯᠠᠭᠤᠯᠤᠯᠲᠠ ᠲᠠᠢ ᠥᠭᠡᠷᠡᠴᠢᠯᠡᠯᠲᠡ ᠶᠢ ᠲᠦᠷᠭᠡᠳᠬᠡᠨ᠂ ᠨᠡᠭᠦᠷᠡᠰᠦ᠂ ᠢᠯᠴᠢ ᠶᠢᠨ ᠴᠠᠭᠢᠯᠭᠠᠨ᠂ ᠪᠣᠯᠣᠳ ᠲᠡᠮᠦᠷ᠂ ᠬᠡᠦᠷᠰᠢᠭᠦᠯᠬᠦ᠂ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ ᠵᠡᠷᠭᠡ ᠠᠵᠢᠯ ᠲᠦᠷᠦᠯ ᠤᠨ ᠠᠯᠪᠠᠳᠠᠯᠭ᠎ᠠ ᠶᠢᠨ ᠴᠢᠨᠠᠷᠲᠠᠢ ᠠᠷᠢᠭᠤᠨ ᠴᠡᠪᠡᠷ ᠦᠢᠯᠡᠳᠪᠦᠷᠢᠯᠡᠯ ᠢ ᠥᠷᠨᠢᠭᠦᠯᠵᠦ᠂ ᠠᠵᠤ ᠦᠢᠯᠡᠳᠪᠦᠷᠢ ᠶᠢᠨ ᠵᠤᠤᠬ᠎ᠠ ᠪᠠ ᠭᠤᠣᠯᠳᠠᠯᠭ᠎ᠠ ᠲᠠᠢ ᠠᠵᠢᠯ ᠲᠦᠷᠦᠯ ᠤᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ᠠᠮᠢ ᠠᠬᠤᠢ ᠬᠡᠪᠡᠷᠡᠭ ᠣᠷᠣᠨ ᠤ ᠠᠵᠤ ᠦᠢᠯᠡᠳᠪᠦᠷᠢ ᠶᠢᠨ ᠠᠵᠢᠯ ᠲᠦᠷᠦᠯ ᠤᠨ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠣᠨᠴᠠᠭᠠᠶᠢᠯᠠᠨ ᠬᠢᠵᠠᠭᠠᠷᠯᠠᠬᠤ ᠱᠠᠭᠠᠷᠳᠠᠯᠭ᠎ᠠ ᠶᠢ ᠬᠡᠷᠡᠭᠵᠢᠭᠦᠯᠦᠨ᠎ᠡ᠃ ᠬᠠᠲᠤᠨ ᠭᠤᠣᠯ ᠤᠨ ᠭᠤᠣᠯ ᠤᠷᠤᠰᠬᠠᠯ ᠵᠢᠴᠢ ᠭᠤᠣᠯ ᠪᠤᠯᠬᠤ ᠰᠠᠯᠪᠤᠷᠢ ᠤᠷᠤᠰᠬᠠᠯ ᠤᠨ ᠡᠷᠭᠢ ᠳᠠᠭᠠᠤ ᠶᠢᠨ ᠵᠣᠬᠢᠬᠤ ᠬᠡᠪᠴᠢᠶᠡᠨ ᠳᠣᠲᠣᠷ᠎ᠠ ︽ᠬᠤᠷᠣᠭᠳᠠᠭᠤᠯᠤᠯ ᠶᠡᠬᠡᠲᠡᠢ ᠪᠣᠬᠢᠷᠳᠤᠯ ᠶᠡᠬᠡᠲᠡᠢ ᠡᠭᠢ ᠪᠠᠶᠠᠯᠢᠭ ᠤᠨ ᠴᠢᠨᠠᠷᠲᠠᠢ︾ ᠲᠦᠷᠦᠯ ᠵᠦᠢᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ ᠬᠠᠲᠤᠨ ᠭᠤᠣᠯ ᠤᠨ ᠭᠤᠣᠯ ᠰᠠᠯᠪᠤᠷᠢ ᠤᠷᠤᠰᠬᠠᠯ ᠤᠷᠤᠭᠤ ᠪᠣᠬᠢᠷ ᠪᠣᠳᠠᠰ ᠭᠠᠳᠠᠭᠰᠢᠯᠠᠭᠤᠯᠬᠤ ᠭᠠᠵᠠᠷ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠪᠣᠬᠢᠷ ᠪᠣᠳᠠᠰ ᠭᠠᠳᠠᠭᠰᠢᠯᠠᠭᠤᠯᠬᠤ ᠭᠠᠵᠠᠷ ᠢ ᠪᠦᠭᠦᠨ ᠢ ᠬᠠᠮᠤᠷᠤᠭᠰᠠᠨ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠰᠢᠰᠲ᠋ᠧᠮ ᠢ ᠱᠠᠯᠠᠪᠳᠠᠨ ᠪᠠᠶᠢᠭᠤᠯᠵᠤ᠂ ᠭᠤᠣᠯ ᠤᠷᠤᠭᠤ ᠪᠣᠬᠢᠷ ᠪᠣᠳᠠᠰ ᠭᠠᠳᠠᠭᠰᠢᠯᠠᠭᠤᠯᠬᠤ ᠭᠠᠵᠠᠷ ᠭᠠᠷᠭᠠᠬᠤ ᠶᠢ ᠬᠢᠨᠠᠨ ᠵᠥᠪᠰᠢᠶᠡᠷᠡᠬᠦ ᠶᠢ ᠵᠢᠷᠤᠮᠵᠢᠭᠤᠯᠤᠨ᠎ᠠ᠃ ᠪᠣᠬᠢᠷ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠲᠤᠨ ᠭᠤᠣᠯ ᠳᠠᠭᠠᠤ ᠶᠢᠨ ᠪᠤᠶ ᠪᠦᠬᠦᠢ ᠲᠣᠭᠲᠠᠮᠠᠯ ᠪᠣᠬᠢᠷ ᠪᠣᠳᠠᠰ ᠭᠠᠳᠠᠭᠰᠢᠯᠠᠭᠤᠯᠬᠤ ᠡᠭᠢ ᠨᠢ ᠴᠥᠮ ᠬᠠᠤᠯᠢ ᠶᠣᠰᠣᠭᠠᠷ ᠦᠨᠡᠮᠯᠡᠯ ᠶᠣᠰᠣᠭᠠᠷ ᠪᠣᠬᠢᠷ ᠪᠣᠳᠠᠰ ᠭᠠᠳᠠᠭᠰᠢᠯᠠᠭᠤᠯᠬᠤ ᠬᠡᠷᠡᠭᠲᠡᠢ᠃ ᠬᠠᠲᠤᠨ ᠭᠤᠣᠯ ᠳᠠᠭᠠᠤ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠴᠥᠮ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠲᠥᠬᠦᠭᠡᠷᠦᠮᠵᠢ ᠪᠠᠶᠢᠭᠤᠯᠬᠤ ᠶᠢᠨ ᠬᠠᠮᠲᠤ ᠲᠣᠭᠲᠠᠭᠤᠨ ᠢᠶᠠᠷ ᠪᠠᠷᠢᠮᠵᠢᠶ᠎ᠠ ᠳᠤ ᠨᠡᠶᠢᠴᠡᠭᠦᠯᠦᠨ ᠭᠠᠳᠠᠭᠰᠢᠯᠠᠭᠤᠯᠬᠤ ᠶᠢ ᠪᠠᠲᠤᠯᠠᠵᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠰᠢᠢᠳᠪᠦᠷᠢᠯᠡᠭᠰᠡᠨ ᠦᠭᠡᠢ ᠪᠤᠶᠤ ᠪᠦᠲᠦᠮᠵᠢᠲᠡᠶ ᠰᠢᠢᠳᠪᠦᠷᠢᠯᠡᠭᠰᠡᠨ ᠦᠭᠡᠢ ᠪᠠᠷ ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠰᠢᠰᠲ᠋ᠧᠮ ᠳᠤ ᠰᠢᠭᠤᠳ ᠭᠠᠳᠠᠭᠰᠢᠯᠠᠭᠤᠯᠬᠤ ᠶᠢ ᠴᠢᠩᠭ᠎ᠠ ᠬᠢᠵᠠᠭᠠᠷᠯᠠᠨ᠂ ᠭᠤᠣᠯ ᠮᠥᠷᠡᠨ ᠨᠠᠭᠤᠷ ᠴᠦᠭᠦᠷᠦᠮ᠂ ᠡᠯᠡᠰᠦ ᠮᠠᠩᠬ᠎ᠠ᠂ ᠨᠤᠭᠤ ᠭᠠᠵᠠᠷ ᠵᠡᠷᠭᠡ ᠳᠤ ᠪᠣᠬᠢᠷ ᠪᠣᠳᠠᠰ ᠢ ᠳᠠᠯᠳᠠᠭᠤᠷ ᠭᠠᠳᠠᠭᠰᠢᠯᠠᠭᠤᠯᠬᠤ᠂ ᠰᠢᠭᠤᠳ ᠭᠠᠳᠠᠭᠰᠢᠯᠠᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠵᠤ ᠦᠢᠯᠡᠳᠪᠦᠷᠢ ᠶᠢᠨ ᠬᠠᠶᠠᠭᠳᠠᠮᠠᠯ ᠪᠣᠳᠠᠰ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠬᠦᠨᠳᠦ ᠲᠡᠮᠦᠷᠯᠢᠭ ᠤᠨ ᠪᠣᠬᠢᠷᠳᠤᠯ ᠤᠨ ᠣᠷᠣᠨ ᠤ ᠵᠠᠰᠠᠯᠲᠠ ᠶᠢ ᠴᠢᠩᠭᠠᠳᠬᠠᠵᠤ᠂ ᠠᠶᠤᠯᠲᠠᠢ ᠬᠠᠶᠠᠭᠳᠠᠮᠠᠯ ᠪᠣᠳᠠᠰ ᠢᠶᠠᠷ ᠭᠤᠣᠯᠳᠠᠯᠭ᠎ᠠ ᠪᠣᠯᠭᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ  ᠥᠷᠨᠢᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠴᠢᠩᠭᠠᠳᠬᠠᠵᠤ᠂ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠢ ᠪᠦᠲᠦᠮᠵᠢᠲᠡᠶ ᠠᠷᠭᠠᠴᠠᠭᠠᠨ᠎ᠠ᠃ ᠣᠷᠴᠢᠨ ᠲᠣᠭᠤᠷᠢᠨ ᠤ ᠮᠡᠳᠡᠭᠡ ᠵᠠᠩᠭᠢ ᠶᠢ ᠠᠯᠪᠠᠳᠠᠯᠭ᠎ᠠ ᠶᠢᠨ ᠴᠢᠨᠠᠷᠲᠠᠢ ᠪᠠᠷ ᠢᠯᠡ ᠨᠡᠶᠢᠲᠡᠯᠡᠬᠦ ᠳᠦᠷᠢᠮ ᠢ ᠪᠦᠷᠢᠨᠰᠢᠭᠦᠯᠦᠨ᠎ᠡ᠃      ᠭᠤᠷᠪᠠᠳᠤᠭᠠᠷ ᠬᠡᠰᠡᠭ ᠬᠤᠳᠠ ᠬᠥᠳᠡᠭᠡ ᠶᠢᠨ ᠠᠮᠢᠳᠤᠷᠠᠯ ᠤᠨ ᠬᠤᠭ ᠨᠣᠪᠰᠢ ᠶᠢᠨ ᠪᠣᠬᠢᠷᠳᠤᠯ ᠤᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ      ᠪᠣᠬᠢᠷ ᠤᠰᠤ ᠬᠤᠭ ᠨᠣᠪᠰᠢ᠂ ᠡᠮᠴᠢᠯᠡᠭᠡᠨ ᠤ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠪᠠᠯᠭᠠᠰᠤ ᠶᠢᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠢᠵᠢ ᠲᠦᠭᠦᠷᠵᠢᠭᠦᠯᠭᠦ ᠬᠤᠭᠤᠯᠠᠢ ᠶᠢᠨ ᠲᠣᠣᠷ ᠢ ᠲᠡᠭᠦᠯᠳᠡᠷᠵᠢᠭᠦᠯᠵᠦ᠂ ᠲᠤᠬᠠᠢ ᠶᠢᠨ ᠭᠠᠵᠠᠷ ᠤᠨ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠲᠠᠢ ᠤᠶᠠᠯᠳᠤᠭᠤᠯᠤᠨ ᠪᠠᠷᠢᠮᠵᠢᠶ᠎ᠠ ᠶᠢ ᠣᠨᠣᠴᠠᠲᠠᠢ ᠳᠡᠭᠡᠭᠰᠢᠯᠡᠭᠦᠯᠵᠤ᠂ ᠭᠤᠣᠯ ᠤᠷᠤᠰᠬᠠᠯ ᠪᠠ ᠰᠠᠯᠪᠤᠷᠢ ᠤᠷᠤᠰᠬᠠᠯ ᠳᠠᠭᠠᠤ ᠶᠢᠨ ᠬᠤᠲᠠ ᠪᠠᠯᠭᠠᠰᠤ ᠶᠢᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠭᠦ ᠪᠠ ᠪᠠᠷᠢᠮᠵᠢᠶ᠎ᠠ ᠳᠤ ᠨᠡᠶᠢᠴᠡᠭᠦᠯᠦᠨ ᠭᠠᠳᠠᠭᠰᠢᠯᠠᠭᠤᠯᠬᠤ ᠶᠢ ᠠᠬᠢᠭᠤᠯᠤᠨ᠎ᠠ᠃ ᠨᠥᠬᠦᠴᠡᠯ ᠲᠠᠢ ᠬᠤᠲᠠ ᠪᠠᠯᠭᠠᠰᠤᠨ ᠳᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠣᠬᠢᠷ ᠤᠰᠤ ᠭᠠᠳᠠᠭᠰᠢᠯᠠᠭᠤᠯᠬᠤ ᠭᠠᠵᠠᠷ ᠤᠨ ᠳᠣᠣᠷᠠᠳᠤ ᠤᠷᠤᠰᠬᠠᠯ ᠳᠤ ᠵᠣᠬᠢᠶᠠᠮᠠᠯ ᠨᠤᠭᠤ ᠭᠠᠵᠠᠷ ᠵᠡᠷᠭᠡ ᠠᠮᠢ ᠠᠬᠤᠢ ᠶᠢᠨ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠳᠡᠭᠡᠳᠦ ᠤᠷᠤᠰᠬᠠᠯ ᠤᠨ ᠥᠨᠳᠥᠷ ᠡᠷᠭᠦᠭᠳᠡᠴᠡ ᠲᠠᠢ ᠭᠠᠵᠠᠷ ᠣᠷᠣᠨ ᠳᠤ ᠪᠣᠬᠢᠷ ᠤᠰᠤ᠂ ᠪᠣᠬᠢᠷ ᠰᠢᠪᠠᠷ ᠢ ᠰᠢᠢᠳᠪᠦᠷᠢᠯᠡᠬᠦ ᠲᠣᠬᠢᠷᠠᠮᠵᠢᠲᠠᠢ ᠤᠷ᠎ᠠ ᠮᠡᠷᠭᠡᠰᠢᠯ ᠪᠣᠯᠣᠨ ᠵᠠᠭᠪᠤᠷ ᠢ ᠠᠪᠴᠤ᠂ ᠪᠣᠬᠢᠷ ᠤᠰᠤ᠂ ᠪᠣᠬᠢᠷ ᠰᠢᠪᠠᠷ ᠢ ᠡᠭᠢ ᠪᠠᠶᠠᠯᠢᠭᠵᠢᠭᠤᠯᠤᠨ ᠠᠰᠢᠭᠯᠠᠬᠤ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠡᠷᠡᠭᠵᠢᠭᠦᠯᠦᠨ᠎ᠡ᠃ ᠬᠤᠲᠠ ᠶᠢᠨ ᠪᠣᠬᠢᠷ ᠦᠮᠡᠬᠡᠢ ᠤᠰᠤᠨ ᠴᠣᠭᠴᠠ ᠶᠢ ᠵᠠᠰᠠᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠭᠢ ᠵᠠᠰᠠᠭ ᠵᠠᠬᠢᠷᠭᠠᠨ ᠤ ᠣᠷᠣᠨ ᠤ ᠲᠣᠭᠤᠷᠢᠭ ᠪᠠᠶᠢᠭᠤᠯᠤᠭᠰᠠᠨ ᠣᠷᠣᠨ ᠤ ᠪᠣᠬᠢᠷ ᠦᠮᠡᠬᠡᠢ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ ︽ᠵᠤᠷᠯᠤᠩ ᠤᠨ ᠬᠤᠪᠢᠰᠬᠠᠯ︾ ᠬᠢᠭᠡᠳ ᠬᠥᠳᠡᠭᠡ ᠲᠤᠰᠬᠤᠨ ᠤ ᠠᠮᠢᠳᠤᠷᠠᠯ ᠤᠨ ᠪᠣᠬᠢᠷ ᠤᠰᠤᠨ ᠤ ᠵᠠᠰᠠᠯᠲᠠ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠠᠰᠠᠬᠤ ᠵᠠᠭᠪᠤᠷ ᠢ ᠰᠣᠩᠭᠤᠨ᠂ ᠪᠣᠬᠢᠷ ᠤᠰᠤ ᠶᠢ ᠬᠠᠮᠢᠶᠠᠷᠤᠨ ᠡᠵᠡᠮᠳᠡᠬᠦ ᠪᠠᠷᠢᠮᠵᠢᠶ᠎ᠠ ᠶᠢ ᠴᠢᠩᠭᠠᠷᠠᠭᠤᠯᠵᠤ᠂ ᠵᠦᠢ ᠵᠣᠬᠢᠰᠲᠠᠢ ᠬᠡᠪᠴᠢᠶᠡᠵᠢᠭᠰᠡᠨ ᠵᠠᠰᠠᠯᠲᠠ ᠪᠠ ᠲᠤᠰᠬᠠᠶᠢᠵᠢᠭᠰᠠᠨ ᠬᠠᠮᠢᠶᠠᠷᠤᠯᠲᠠ ᠬᠠᠮᠠᠭᠠᠯᠠᠯᠲᠠ ᠶᠢ ᠠᠬᠢᠭᠤᠯᠤᠨ᠎ᠠ᠃ ᠬᠠᠲᠤᠨ ᠭᠤᠣᠯ ᠳᠠᠭᠠᠤ ᠶᠢᠨ ᠬᠤᠲᠠ ᠪᠠ ᠰᠢᠶᠠᠨ᠂ ᠪᠠᠯᠭᠠᠰᠤᠨ ᠳᠤ ᠬᠤᠭ ᠨᠣᠪᠰᠢ ᠶᠢ ᠲᠦᠷᠦᠯ ᠬᠤᠪᠢᠶᠠᠬᠤ ᠶᠢ ᠢᠳᠡᠪᠬᠢᠲᠡᠢ ᠳᠡᠯᠭᠡᠷᠡᠭᠦᠯᠵᠦ᠂ ᠬᠤᠭ ᠨᠣᠪᠰᠢ ᠶᠢ ᠰᠢᠲᠠᠭᠠᠬᠤ ᠵᠡᠷᠭᠡ ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠲᠡᠭᠦᠨ ᠯᠦᠭᠡ ᠵᠣᠯᠭᠠᠭᠤᠯᠬᠤ ᠢᠵᠢ ᠲᠥᠬᠦᠷ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠥᠳᠡᠭᠡ ᠲᠤᠰᠬᠤᠨ ᠤ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠨᠠᠷᠠᠨ ᠬᠡᠷᠡᠯᠳᠦ ᠪᠣᠷᠳᠣᠭᠤᠷ ᠣᠪᠣᠭᠠᠯᠠᠬᠤ ᠭᠡᠷ ᠵᠡᠷᠭᠡ ᠠᠮᠢᠳᠤᠷᠠᠯ ᠤᠨ ᠬᠤᠭ ᠨᠣᠪᠰᠢ ᠶᠢ ᠡᠭᠢ ᠪᠠᠶᠠᠯᠢᠭᠵᠢᠭᠤᠯᠤᠨ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠳᠤ ᠣᠷᠤᠯᠴᠠᠬᠤ ᠶᠢ ᠲᠡᠮᠵᠢᠵᠤ᠂ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠦᠢᠯᠡᠴᠢᠯᠡᠭᠡᠨ ᠤ ᠬᠡᠮᠵᠢᠶ᠎ᠡ ᠪᠠ ᠦᠷ᠎ᠡ ᠪᠦᠲᠦᠮᠵᠢ ᠶᠢ ᠦᠨᠳᠦᠰᠦᠯᠡᠨ ᠰᠦᠢᠳᠬᠡᠯ ᠲᠤᠰᠢᠶᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠡᠪᠦᠯ ᠤᠨ ᠤᠯᠠᠷᠢᠯ ᠤᠨ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠬᠤᠲᠠ ᠶᠢᠨ ᠪᠦᠯᠦᠭᠵᠢᠯ᠂ ᠬᠤᠲᠠ ᠶᠢᠨ ᠲᠣᠭᠤᠷᠢᠭ ᠪᠠ ᠬᠤᠲᠠ ᠬᠥᠳᠡᠭᠡ ᠶᠢᠨ ᠬᠥᠮᠥᠨ ᠠᠮᠠ ᠨᠢᠭᠲᠠᠷᠠᠭᠰᠠᠨ ᠣᠷᠣᠨ ᠳᠤ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠶᠢ ᠲᠦᠭᠡᠮᠡᠯᠵᠢᠭᠦᠯᠵᠦ᠂ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ ᠠᠮᠢᠳᠤ ᠪᠣᠳᠠᠰ ᠤᠨ ᠮᠠᠰ ᠡᠨᠧᠷᠭᠢ ᠵᠡᠷᠭᠡ ᠲᠠᠷᠬᠠᠮᠠᠯ ᠭᠡᠯᠪᠡᠷᠢ ᠶᠢᠨ ᠰᠢᠨ᠎ᠡ ᠭᠡᠯᠪᠡᠷᠢ ᠶᠢᠨ ᠳᠤᠯᠠᠭᠠᠯᠠᠭ᠎ᠠ ᠬᠠᠩᠭᠠᠬᠤ ᠠᠷᠭ᠎ᠠ ᠶᠢ ᠰᠦᠪᠡᠭᠴᠢᠯᠡᠨ ᠬᠡᠷᠡᠭᠵᠢᠭᠦᠯᠦᠨ᠎ᠡ᠃      ᠳᠥᠷᠪᠡᠳᠦᠭᠡᠷ ᠬᠡᠰᠡᠭ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠦᠨ᠎ᠡ      ᠬᠠᠲᠤᠨ ᠭᠤᠣᠯ ᠤᠨ ᠰᠠᠪᠠ ᠭᠠᠵᠠᠷ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠣᠷᠣᠨ ᠤ ᠠᠮᠢ ᠠᠬᠤᠢ ᠶᠢᠨ ᠡᠪᠳᠡᠭᠳᠡᠯ ᠬᠢᠭᠡᠳ ᠪᠣᠬᠢᠷᠳᠤᠯ ᠤᠨ ᠪᠠᠶᠢᠳᠠᠯ ᠢ ᠪᠠᠶᠢᠴᠠᠭᠠᠨ ᠦᠨᠡᠯᠡᠵᠦ᠂ ᠠᠭᠤᠷᠬᠠᠢ ᠶᠢᠨ ᠣᠷᠣᠨ ᠤ ᠭᠧᠤᠯᠤᠭᠢ ᠶᠢᠨ ᠣᠷᠴᠢᠨ ᠲᠣᠭᠤᠷᠢᠨ ᠢ ᠵᠠᠰᠠᠬᠤ᠂ ᠭᠠᠵᠠᠷ ᠤᠨ ᠪᠠᠶᠢᠴᠠ ᠭᠠᠵᠠᠷ ᠤᠨ ᠲᠥᠷᠬᠦ ᠶᠢ ᠳᠠᠭᠢᠨ ᠴᠣᠭᠴᠠᠯᠠᠬᠤ᠂ ᠤᠷᠭᠤᠮᠠᠯ ᠤᠨ ᠪᠦᠷᠬᠦᠴᠡ ᠶᠢ ᠰᠡᠷᠭᠦᠭᠡᠬᠦ ᠵᠡᠷᠭᠡ ᠠᠮᠢ ᠠᠬᠤᠢ ᠶᠢ ᠰᠡᠷᠭᠦᠭᠡᠬᠦ ᠪᠠ ᠬᠥᠷᠥᠰᠥ ᠰᠢᠷᠣᠢ᠂ ᠤᠰᠤᠨ ᠴᠣᠭᠴᠠ ᠶᠢᠨ ᠪᠣᠬᠢᠷᠳᠤᠯ ᠤᠨ ᠵᠠᠰᠠᠯᠲᠠ ᠶᠢ ᠬᠡᠷᠡᠭᠵᠢᠭᠦᠯᠦᠨ᠂ ︽ᠬᠡᠨ ᠡᠪᠳᠡᠪᠡᠯ ᠬᠡᠨ ᠰᠡᠷᠭᠦᠭᠡᠬᠦ︾᠂ ︽ᠬᠡᠨ ᠰᠡᠷᠭᠦᠭᠡᠪᠡᠯ ᠬᠡᠨ ᠠᠰᠢᠭ ᠭᠦᠷᠳᠡᠭᠦ︾ ᠵᠠᠷᠴᠢᠮ ᠢᠶᠠᠷ ᠠᠭᠤᠷᠬᠠᠢ ᠶᠢᠨ ᠣᠷᠣᠨ ᠤ ᠪᠠᠶᠢᠭᠠᠯᠢ ᠶᠢᠨ ᠡᠭᠢ ᠪᠠᠶᠠᠯᠢᠭ ᠢ ᠠᠮᠢᠯᠠᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠭᠡᠯᠪᠡᠷᠢ ᠪᠠᠷ ᠠᠭᠤᠷᠬᠠᠢ ᠶᠢᠨ ᠣᠷᠣᠨ ᠤ ᠠᠮᠢ ᠠᠬᠤᠢ ᠶᠢᠨ ᠰᠡᠷᠭᠦᠭᠡᠯᠲᠡ ᠶᠢ ᠠᠬᠢᠭᠤᠯᠬᠤ ᠶᠢ ᠰᠦᠪᠡᠭᠴᠢᠯᠡᠨ᠎ᠡ᠃ ᠦᠢᠯᠡᠳᠪᠦᠷᠢᠯᠡᠯ ᠳᠡᠭᠡᠨ ᠪᠠᠶᠢᠭ᠎ᠠ ᠠᠭᠤᠷᠬᠠᠢ ᠶᠢᠨ ᠮᠠᠯᠲᠠᠬᠤ ᠶᠢᠨ ᠳᠠᠭᠠᠤ ᠵᠠᠰᠠᠬᠤ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠴᠠᠭ ᠲᠤᠬᠠᠢ ᠳᠤᠨᠢ ᠠᠮᠢ ᠠᠬᠤᠢ ᠶᠢ ᠰᠡᠷᠭᠦᠭᠡᠬᠦ ᠪᠠ ᠪᠣᠬᠢᠷᠳᠤᠯ ᠢ ᠵᠠᠰᠠᠵᠤ᠂ ᠠᠮᠢ ᠠᠬᠤᠢ ᠣᠷᠴᠢᠨ ᠲᠣᠭᠤᠷᠢᠨ ᠳᠤ ᠬᠦᠨᠳᠦ ᠶᠡᠭᠡ ᠨᠥᠯᠥᠭᠡ ᠪᠤᠯᠬᠤ ᠠᠭᠤᠷᠬᠠᠢ ᠶᠢᠨ ᠡᠭᠢ ᠪᠠᠶᠠᠯᠢᠭ ᠢ ᠨᠡᠭᠡᠭᠡᠬᠦ ᠶᠢ ᠵᠣᠭᠰᠣᠭᠠᠨ᠎ᠠ᠃ ᠭᠤᠣᠯ ᠮᠥᠷᠡᠨ ᠨᠠᠭᠤᠷ ᠴᠦᠭᠦᠷᠦᠮ ᠤᠨ ᠡᠷᠭᠢ ᠳᠠᠭᠠᠤ᠂ ᠤᠰᠤᠨ ᠴᠦᠭᠦᠷᠦᠮ᠂ ᠤᠤᠭᠤᠬᠤ ᠤᠰᠤᠨ ᠤ ᠡᠭᠢ ᠰᠤᠷᠪᠤᠯᠵᠢ ᠶᠢᠨ ᠣᠷᠣᠨ᠂ ᠭᠧᠤᠯᠤᠭᠢ ᠶᠢᠨ ᠭᠠᠮᠰᠢᠭ ᠠᠮᠠᠷᠬᠠᠨ ᠡᠭᠦᠰᠭᠦ ᠤᠯᠠᠨ ᠡᠭᠦᠰᠭᠦ ᠣᠷᠣᠨ ᠵᠡᠷᠭᠡ ᠪᠠᠷ ᠭᠤᠣᠯᠳᠠᠯᠭ᠎ᠠ ᠪᠣᠯᠭᠠᠨ ᠬᠠᠲᠤᠨ ᠭᠤᠣᠯ ᠤᠨ ᠰᠠᠪᠠ ᠭᠠᠵᠠᠷ ᠤᠨ ᠦᠯᠡᠳᠡᠭᠳᠡᠯ ᠬᠦᠳᠡᠷ ᠤᠨ ᠬᠥᠮᠥᠷᠭᠡ᠂ ᠦᠯᠡᠳᠡᠭᠳᠡᠯ ᠰᠢᠩᠭᠡᠨ ᠪᠡᠶᠡᠲᠦ ᠶᠢᠨ ᠬᠥᠮᠥᠷᠭᠡ ᠶᠢᠨ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ᠂ ︽ᠨᠢᠭᠡ ᠬᠥᠮᠥᠷᠭᠡ ᠳᠤ ᠨᠢᠭᠡ ᠠᠷᠭ᠎ᠠ ᠪᠣᠳᠣᠯᠭ᠎ᠠ︾ ᠠᠪᠴᠤ᠂ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠰᠥᠯ ᠲᠣᠭᠲᠠᠭᠠᠨ᠂ ᠤᠷᠢᠳᠴᠢᠯᠠᠨ ᠰᠡᠷᠭᠡᠶᠢᠯᠡᠬᠦ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠨᠡᠪᠴᠢᠭᠦ ᠪᠠ ᠬᠡᠶᠢᠰᠴᠦ ᠲᠠᠷᠬᠠᠬᠤ ᠲᠦᠭᠰᠢᠭᠦᠷᠢ ᠶᠢ ᠠᠷᠢᠯᠭᠠᠨ᠂ ᠦᠯᠡᠳᠡᠭᠳᠡᠯ ᠬᠦᠳᠡᠷ ᠢ ᠶᠡᠷᠦᠩᠬᠡᠶᠢᠯᠡᠨ ᠠᠰᠢᠭᠯᠠᠬᠤ ᠶᠢ ᠵᠣᠷᠢᠭᠵᠢᠭᠤᠯᠤᠨ᠎ᠠ᠃ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠪᠠᠨ ᠰᠠᠭᠤᠭᠰᠠᠨ ᠣᠷᠣᠨ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠭᠤᠷᠬᠠᠢ ᠶᠢᠨ ᠣᠷᠣᠨ ᠤ ᠪᠣᠬᠢᠷᠳᠤᠯ ᠢ ᠵᠠᠰᠠᠬᠤ ᠪᠠ ᠠᠮᠢ ᠠᠬᠤᠢ ᠶᠢ ᠰᠡᠷᠭᠦᠭᠡᠬᠦ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ ᠠᠵᠢᠯ ᠢ ᠥᠷᠨᠢᠭᠦᠯᠦᠨ᠎ᠡ᠃ ᠪᠣᠬᠢᠷᠳᠤᠯ ᠦᠭᠡᠢ ᠠᠭᠤᠷᠬᠠᠢ ᠶᠢᠨ ᠪᠠᠷᠢᠮᠵᠢᠶ᠎ᠠ ᠪᠠ ᠦᠨᠡᠯᠡᠭᠦ ᠳᠦᠷᠢᠮ ᠢ ᠨᠠᠶᠢᠳᠠᠪᠤᠷᠢᠵᠢᠭᠤᠯᠵᠤ᠂ 2021 ᠣᠨ ᠠᠴᠠ ᠡᠬᠢᠯᠡᠨ ᠰᠢᠨ᠎ᠡ ᠪᠠᠷ ᠪᠠᠶᠢᠭᠤᠯᠬᠤ ᠠᠭᠤᠷᠬᠠᠢ ᠶᠢ ᠴᠥᠮ ᠪᠣᠬᠢᠷᠳᠤᠯ ᠦᠭᠡᠢ ᠠᠭᠤᠷᠬᠠᠢ ᠶᠢᠨ ᠱᠠᠭᠠᠷᠳᠠᠯᠭ᠎ᠠ ᠳᠤ ᠨᠡᠶᠢᠴᠡᠭᠦᠯᠦᠨ᠂ ᠦᠢᠯᠡᠳᠪᠦᠷᠢᠯᠡᠯ ᠳᠡᠭᠡᠨ ᠪᠠᠶᠢᠭ᠎ᠠ ᠠᠭᠤᠷᠬᠠᠢ ᠶᠢ ᠥᠭᠡᠷᠡᠴᠢᠯᠡᠨ ᠲᠠᠰ ᠳᠡᠪᠰᠢᠭᠦᠯᠭᠦ ᠶᠢ ᠲᠦᠷᠭᠡᠳᠬᠡᠨ᠎ᠡ᠃      ᠶᠢᠰᠦᠳᠦᠭᠡᠷ ᠪᠦᠯᠦᠭ ᠥᠪᠡᠷᠮᠢᠴᠡ ᠣᠨᠴᠠᠯᠢᠭᠲᠤ ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ      ᠤᠯᠤᠰ ᠤᠨ ᠳᠣᠲᠣᠭᠠᠳᠤ ᠶᠢᠨ ᠯᠤᠲᠤ ᠶᠡᠭᠡ ᠵᠠᠬ᠎ᠠ ᠳᠡᠯᠭᠡᠭᠦᠷ ᠲᠤ ᠲᠦᠰᠢᠭᠯᠡᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠳᠠᠬᠢ ᠤᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠡᠯ᠎ᠡ ᠭᠠᠵᠠᠷ ᠣᠷᠣᠨ ᠤ ᠡᠭᠢ ᠪᠠᠶᠠᠯᠢᠭ᠂ ᠴᠢᠬᠤᠯᠠ ᠡᠯᠧᠮᠧᠨ᠋ᠲ ᠤᠨ ᠥᠪᠡᠷᠮᠢᠴᠡ ᠳᠠᠪᠠᠭᠤᠯᠢᠭ ᠪᠠ ᠬᠥᠭᠵᠢᠯᠲᠡ ᠶᠢᠨ ᠰᠠᠭᠤᠷᠢ ᠶᠢ ᠦᠨᠳᠦᠰᠦᠯᠡᠨ ᠣᠨᠴᠠᠯᠢᠭᠲᠤ ᠠᠵᠤ ᠦᠢᠯᠡᠰ ᠢ ᠬᠦᠴᠦᠷᠬᠡᠭᠵᠢᠭᠦᠯᠵᠦ᠂ ᠰᠢᠨ᠎ᠡ ᠬᠠᠭᠤᠴᠢᠨ ᠬᠥᠳᠡᠯᠭᠡᠭᠦ ᠡᠨᠧᠷᠭᠢ ᠶᠢᠨ ᠰᠣᠯᠢᠭᠳᠠᠯ ᠢ ᠲᠦᠷᠭᠡᠳᠬᠡᠨ᠂ ᠦᠢᠯᠡᠳᠭᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠ ᠡᠭᠢ ᠪᠠᠶᠠᠯᠢᠭ ᠤᠨ ᠭᠡᠯᠪᠡᠷᠢ ᠶᠢᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠤᠲᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃      ᠨᠢᠭᠡᠳᠦᠭᠡᠷ ᠬᠡᠰᠡᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ      ᠬᠠᠲᠤᠨ ᠭᠤᠣᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠴᠢᠬᠤᠯᠠ ᠶᠡᠭᠡ ᠠᠰᠠᠭᠤᠳᠠᠯ ᠢ ᠰᠤᠳᠤᠯᠬᠤ ᠡᠷᠴᠢᠮ ᠢᠶᠠᠨ ᠴᠢᠩᠭᠠᠷᠠᠭᠤᠯᠤᠨ᠂ ᠤᠰᠤᠨ ᠤ ᠠᠮᠤᠷ ᠲᠦᠪᠰᠢᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠤᠷᠭᠤᠮᠠᠯ ᠤᠨ ᠪᠦᠷᠬᠦᠴᠡ ᠶᠢᠨ ᠰᠡᠷᠭᠦᠯᠲᠡ᠂ ᠤᠰᠤ ᠡᠯᠡᠰᠦᠨ ᠤ ᠲᠣᠬᠢᠷᠠᠭᠤᠯᠭ᠎ᠠ ᠡᠵᠡᠮᠳᠡᠯ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠤ ᠲᠤᠷᠰᠢᠯᠲᠠ ᠪᠠ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠶᠢ ᠳᠡᠮᠵᠢᠵᠦ᠂ ᠶᠠᠩ ᠯᠢᠩ᠂ ᠬᠠᠲᠤᠨ ᠭᠤᠣᠯ ᠤᠨ ᠭᠤᠷᠪᠠᠯᠵᠢᠨ ᠬᠤᠶᠢᠭ ᠵᠡᠷᠭᠡ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠮᠢᠳᠤ ᠪᠣᠳᠠᠰ ᠤᠨ ᠢᠨᠵᠧᠨᠧᠷᠢᠩ᠂ ᠦᠷ᠎ᠡ ᠪᠣᠶᠢᠵᠢᠭᠤᠯᠬᠤ᠂ ᠬᠠᠭᠤᠷᠠᠢ ᠲᠠᠷᠢᠶᠠᠯᠠᠩ᠂ ᠬᠤᠵᠢᠷᠯᠢᠭ ᠭᠠᠵᠠᠷ ᠤᠨ ᠲᠠᠷᠢᠶᠠᠯᠠᠩ ᠵᠡᠷᠭᠡ ᠲᠠᠯ᠎ᠠ ᠪᠠᠷ ᠮᠡᠷᠭᠡᠵᠢᠯ ᠤᠨ ᠰᠢᠪᠲᠤᠯᠤᠯᠲᠠ ᠲᠠᠢ ᠪᠣᠯᠭᠠᠨ᠎ᠠ᠃ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠭᠦ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠬᠠᠨᠳᠤᠭᠤᠯᠵᠤ ᠬᠠᠮᠵᠢᠯᠴᠠᠨ ᠰᠢᠨ᠎ᠡ ᠶᠢ ᠡᠭᠦᠳᠭᠦ ᠶᠢ ᠴᠢᠩᠭᠠᠳᠬᠠᠨ᠂ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠲᠧᠭᠨᠢᠭ ᠮᠡᠷᠭᠡᠵᠢᠯ ᠤᠨ ᠰᠤᠳᠤᠯᠭᠠᠨ ᠢ ᠠᠬᠢᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠨᠦᠭᠦᠳ ᠢ ᠱᠠᠯᠠᠪᠳᠠᠨ ᠪᠠᠶᠢᠷᠢᠰᠢᠭᠤᠯᠵᠤ᠂ ᠨᠢᠭᠡ ᠪᠦᠯᠦᠭ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠵᠤ ᠦᠢᠯᠡᠰ ᠤᠨ ᠰᠢᠨ᠎ᠡ ᠶᠢ ᠡᠭᠦᠳᠭᠦ ᠲᠥᠪ᠂ ᠢᠨᠵᠧᠨᠧᠷᠢᠩ ᠤᠨ ᠰᠤᠳᠤᠯᠭᠠᠨ ᠤ ᠲᠥᠪ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠠᠪᠴᠠᠩ ᠢ ᠨᠢᠭᠡᠳᠦᠯᠲᠡᠢ ᠲᠥᠯᠥᠪᠯᠡᠨ ᠪᠠᠶᠢᠷᠢᠰᠢᠭᠤᠯᠵᠤ ᠪᠦᠲᠦᠭᠡᠨ ᠪᠠᠶᠢᠭᠤᠯᠤᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠢᠨᠵᠧᠨᠧᠷᠢᠩ ᠤᠨ ᠲᠦᠷᠦᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠤᠨ᠎ᠠ᠃ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠶᠣᠰᠣᠭᠠᠷ᠂ ᠨᠡᠶᠢᠭᠡᠮ ᠤᠨ ᠬᠥᠷᠥᠩᠭᠡ ᠶᠢᠨ ᠬᠠᠲᠤᠨ ᠭᠤᠣᠯ ᠤᠨ ᠰᠠᠪᠠ ᠭᠠᠵᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠰᠠᠭᠤᠷᠢ ᠮᠥᠩᠭᠦ ᠪᠠᠶᠢᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠰᠢᠰᠲ᠋ᠧᠮ ᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠠᠴᠠ ᠬᠤᠳᠠᠯᠳᠤᠨ ᠠᠪᠬᠤ᠂ ᠲᠧᠭᠨᠢᠭ ᠮᠡᠷᠭᠡᠵᠢᠯ ᠤᠨ ᠪᠠᠷᠢᠮᠵᠢᠶ᠎ᠠ ᠶᠢᠨ ᠵᠢᠷᠤᠮᠵᠢᠯ᠂ ᠤᠷᠮᠠᠰᠢᠭᠤᠯᠬᠤ ᠲᠣᠭᠲᠠᠴᠠ ᠵᠡᠷᠭᠡ ᠶᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠤᠨ᠎ᠠ᠃      ᠬᠤᠶᠠᠳᠤᠭᠠᠷ ᠬᠡᠰᠡᠭ ᠲᠠᠷᠢᠶᠠᠯᠠᠩ ᠮᠠᠯ ᠠᠵᠤ ᠠᠬᠤᠢ ᠶᠢ ᠴᠢᠨᠠᠭᠰᠢᠳᠠ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ      ᠬᠠᠲᠤᠨ ᠭᠤᠣᠯ ᠤᠨ ᠰᠠᠪᠠ ᠭᠠᠵᠠᠷ ᠤᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠯᠲᠠ ᠳᠤ ᠦᠵᠡᠭᠦᠯᠭᠦ ᠴᠢᠬᠤᠯᠠ ᠦᠢᠯᠡᠳᠦᠯ ᠢ ᠪᠠᠬᠢᠵᠢᠭᠦᠯᠵᠦ᠂ ᠲᠠᠷᠢᠮᠠᠯ ᠤᠨ ᠲᠠᠯᠠᠪᠠᠢ ᠶᠢ ᠲᠣᠭᠲᠠᠪᠤᠷᠢᠵᠢᠭᠤᠯᠤᠨ᠂ ᠠᠮᠤ ᠪᠤᠳᠠᠭᠠᠨ ᠤ ᠤᠨᠠᠯᠲᠠ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠠᠲᠤᠨ ᠭᠤᠣᠯ ᠬᠤᠸᠠᠢ ᠾᠧ ᠭᠤᠣᠯ ᠬᠠᠢ ᠾᠧ ᠭᠤᠣᠯ ᠤᠨ ᠲᠠᠯ᠎ᠠ ᠭᠠᠵᠠᠷ᠂ ᠹᠧᠨ ᠾᠧ ᠭᠤᠣᠯ ᠸᠧᠢ ᠾᠧ ᠭᠤᠣᠯ ᠤᠨ ᠲᠠᠯ᠎ᠠ ᠭᠠᠵᠠᠷ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠵᠡᠷᠭᠡ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠳᠤ ᠴᠢᠨᠠᠷ ᠰᠠᠶᠢᠲᠠᠢ ᠠᠮᠤ ᠪᠤᠳᠠᠭᠠᠨ ᠤ ᠲᠦᠷᠦᠯ ᠵᠦᠢᠯ ᠤᠨ ᠲᠠᠷᠢᠮᠠᠯ ᠢ ᠢᠳᠡᠪᠬᠢᠲᠡᠢ ᠳᠡᠯᠭᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠶᠡᠭᠡ ᠪᠠᠷ ᠪᠦᠲᠦᠭᠡᠨ ᠪᠠᠶᠢᠭᠤᠯᠵᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠦᠨ᠂ ᠪᠣᠬᠢᠷᠳᠤᠯ ᠦᠭᠡᠢ ᠡᠷᠭᠢᠯᠲᠡᠲᠦ ᠥᠨᠳᠥᠷ ᠪᠦᠲᠦᠮᠵᠢᠲᠠᠢ ᠲᠠᠷᠢᠶᠠᠯᠠᠩ ᠤᠨ ᠲᠤᠷᠰᠢᠯᠲᠠ ᠶᠢᠨ ᠵᠢᠱᠢᠶ᠎ᠡ ᠦᠵᠡᠭᠦᠯᠭᠦ ᠠᠵᠢᠯ ᠥᠷᠨᠢᠭᠦᠯᠵᠦ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠭᠤᠣᠯᠳᠠᠯᠭᠠᠲᠤ ᠣᠷᠣᠨ ᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠠᠷᠪᠢᠲᠠᠢ ᠤᠰᠤᠯᠠᠯᠲᠠ ᠶᠢᠨ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠬᠦ ᠶᠢ ᠶᠡᠭᠡ ᠪᠠᠷ ᠳᠡᠮᠵᠢᠨ᠎ᠡ᠃ ᠬᠠᠲᠤᠨ ᠭᠤᠣᠯ ᠤᠨ ᠰᠠᠪᠠ ᠭᠠᠵᠠᠷ ᠲᠠᠬᠢ ᠭᠠᠭ᠋ᠠᠢ ︵ᠦᠬᠡᠷ ᠬᠤᠨᠢ︶  ᠶᠢᠨ ᠭᠠᠷᠭᠠᠯᠲᠠ ᠶᠢᠨ ᠲᠣᠮᠣ ᠰᠢᠶᠠᠨ ᠢ ᠱᠠᠩᠨᠠᠬᠤ ᠡᠷᠴᠢᠮ ᠢᠶᠠᠨ ᠴᠢᠩᠭᠠᠷᠠᠭᠤᠯᠵᠤ᠂ ᠥᠪᠥᠷ ᠮᠣᠩᠭᠤᠯ᠂ ᠨᠢᠩᠰᠢᠶᠠ᠂ ᠬᠥᠬᠡᠨᠠᠭᠤᠷ ᠵᠡᠷᠭᠡ ᠮᠤᠵᠢ ᠣᠷᠣᠨ ᠳᠤ ᠴᠢᠨᠠᠷ ᠰᠠᠶᠢᠲᠠᠢ ᠰᠦ ᠶᠢᠨ ᠢᠷᠡᠯᠲᠡ ᠶᠢᠨ ᠰᠠᠭᠤᠷᠢᠨ᠂ ᠤᠲᠤ ᠦᠶ᠎ᠡ ᠶᠢᠨ ᠮᠠᠯ ᠠᠵᠤ ᠠᠬᠤᠢ ᠶᠢᠨ ᠰᠠᠭᠤᠷᠢᠨ᠂ ᠰᠥᠯ ᠰᠠᠶᠢᠲᠠᠢ ᠲᠡᠵᠢᠭᠡᠯ ᠡᠪᠡᠰᠦ ᠪᠣᠷᠳᠣᠭᠠᠨ ᠤ ᠰᠠᠭᠤᠷᠢᠨ᠂ ᠰᠠᠷᠯᠤᠭ ᠲᠥᠪᠡᠳ ᠬᠤᠨᠢ ᠦᠷᠡᠵᠢᠭᠦᠯᠦᠨ ᠪᠣᠶᠢᠵᠢᠭᠤᠯᠬᠤ ᠰᠠᠭᠤᠷᠢᠨ ᠢ ᠪᠦᠲᠦᠭᠡᠨ ᠪᠠᠶᠢᠭᠤᠯᠤᠨ᠎ᠠ᠃ ᠥᠪᠡᠷᠮᠢᠴᠡ ᠣᠨᠴᠠᠯᠢᠭ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭᠲᠤ ᠣᠷᠣᠨ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠨᠢᠭᠡ ᠪᠦᠯᠦᠭ ᠬᠠᠲᠤᠨ ᠭᠤᠣᠯ ᠤᠨ ᠭᠠᠵᠠᠷ ᠵᠦᠢ ᠶᠢᠨ ᠢᠯᠡᠷᠬᠡᠶᠢᠯᠡᠯᠲᠦ ᠪᠦᠲᠦᠭᠡᠭᠳᠡᠬᠦᠨ ᠢ ᠪᠤᠶ ᠪᠣᠯᠭᠠᠨ᠂ ᠭᠤᠪᠢ ᠶᠢᠨ ᠲᠠᠷᠢᠶᠠᠯᠠᠩ ᠪᠣᠯᠣᠨ ᠬᠠᠬᠢᠷ ᠬᠦᠢᠲᠡᠨ ᠭᠠᠩ ᠬᠠᠭᠤᠷᠠᠢ ᠭᠠᠵᠠᠷ ᠤᠨ ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠦᠷ᠎ᠡ ᠡᠳ᠋ ᠤᠨ ᠡᠭᠢ ᠪᠠᠶᠠᠯᠢᠭ ᠪᠣᠯᠣᠨ ᠦᠷ᠎ᠡ ᠪᠣᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠳᠡᠮᠵᠢᠨ᠎ᠡ᠃ ᠠᠷᠠᠳ ᠢ ᠪᠠᠶᠠᠵᠢᠭᠤᠯᠬᠤ ᠬᠥᠳᠡᠭᠡ ᠲᠤᠰᠬᠤᠨ ᠤ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠭᠦ ᠦᠢᠯᠡᠰ ᠢ ᠲᠦᠷᠭᠡᠳᠬᠡᠨ ᠬᠥᠭᠵᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠬᠤᠯᠪᠣᠭᠠᠲᠤ ᠴᠣᠭᠴᠠ ᠶᠢ ᠰᠦᠪᠡᠭᠴᠢᠯᠡᠨ ᠪᠠᠶᠢᠭᠤᠯᠵᠤ᠂ ᠲᠤᠬᠠᠢ ᠶᠢᠨ ᠭᠠᠵᠠᠷ ᠣᠷᠣᠨ ᠤ ᠪᠣᠳᠠᠲᠤ ᠪᠠᠶᠢᠳᠠᠯ ᠳᠤ ᠲᠣᠬᠢᠷᠠᠭᠤᠯᠤᠨ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠎ᠡ᠃ ︽ᠲᠠᠷᠢᠶᠠᠨ ᠭᠠᠵᠠᠷ — ᠬᠤᠭᠤᠯᠠᠨ ᠰᠢᠷᠡᠭᠡ︾᠂ ︽ᠮᠠᠯᠵᠢᠯ ᠤᠨ ᠲᠠᠯᠠᠪᠠᠢ — ᠬᠤᠭᠤᠯᠠᠨ ᠰᠢᠷᠡᠭᠡ︾  ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠰᠢᠨ᠎ᠡ ᠵᠠᠭᠪᠤᠷ ᠢ ᠪᠠᠶᠢᠭᠤᠯᠵᠤ᠂ ᠴᠠᠭ ᠲᠤᠬᠠᠢ ᠳᠤᠨᠢ ᠥᠨᠳᠥᠷ ᠪᠦᠲᠦᠮᠵᠢᠲᠡᠢ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠴᠣᠭᠴᠠᠯᠠᠨ᠎ᠠ᠃      ᠭᠤᠷᠪᠠᠳᠤᠭᠠᠷ ᠬᠡᠰᠡᠭ ᠪᠦᠭᠦ ᠤᠯᠤᠰ ᠤᠨ ᠡᠨᠧᠷᠭᠢ ᠶᠢᠨ ᠴᠢᠬᠤᠯᠠ ᠰᠠᠭᠤᠷᠢᠨ ᠢ ᠪᠦᠲᠦᠭᠡᠨ ᠪᠠᠶᠢᠭᠤᠯᠤᠨ᠎ᠠ      ᠤᠰᠤᠨ ᠤ ᠡᠭᠢ ᠪᠠᠶᠠᠯᠢᠭ ᠪᠣᠯᠣᠨ ᠠᠮᠢ ᠠᠬᠤᠢ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠶᠢ ᠦᠨᠳᠦᠰᠦᠯᠡᠨ᠂ ᠡᠨᠧᠷᠭᠢ ᠶᠢᠨ ᠨᠡᠭᠡᠭᠡᠨ ᠬᠥᠭᠵᠢᠭᠦᠯᠬᠦ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠡᠨᠧᠷᠭᠢ ᠶᠢᠨ ᠠᠵᠢᠯ ᠲᠦᠷᠦᠯ ᠤᠨ ᠦᠢᠯᠡᠳᠪᠦᠷᠢᠯᠡᠯ ᠤᠨ ᠬᠡᠪᠴᠢᠶ᠎ᠡ ᠶᠢ ᠵᠦᠢ ᠵᠣᠬᠢᠰᠲᠠᠢ ᠲᠣᠭᠲᠠᠭᠠᠨ᠎ᠠ᠃ ᠱᠠᠨ ᠰᠢ᠂ ᠣᠷᠳᠣᠰ ᠤᠨ ᠬᠤᠲᠤᠭᠤᠷ ᠤᠨ ᠶᠡᠷᠦᠩᠬᠡᠶᠢᠯᠡᠭᠰᠡᠨ ᠡᠨᠧᠷᠭᠢ ᠶᠢᠨ ᠰᠠᠭᠤᠷᠢᠨ ᠤ ᠡᠭᠢ ᠪᠠᠶᠠᠯᠢᠭ ᠢ ᠡᠮᠭᠢ ᠵᠢᠷᠤᠮ ᠲᠠᠢ ᠪᠦᠲᠦᠮᠵᠢᠲᠡᠶ ᠨᠡᠭᠡᠭᠡᠨ ᠬᠥᠭᠵᠢᠭᠦᠯᠵᠦ᠂ ᠨᠢᠩᠰᠢᠶᠠ ᠶᠢᠨ ᠨᠢᠩᠳᠦ᠋ᠩ᠂ ᠭᠠᠨᠰᠤ ᠶᠢᠨ ᠯᠦᠩᠳᠦ᠋ᠩ᠂ ᠱᠠᠨᠪᠧᠢ᠂ ᠬᠥᠬᠡᠨᠠᠭᠤᠷ ᠤᠨ ᠬᠠᠶᠢᠰᠢ ᠵᠡᠷᠭᠡ ᠴᠢᠬᠤᠯᠠ ᠡᠨᠧᠷᠭᠢ ᠶᠢᠨ ᠰᠠᠭᠤᠷᠢᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠨᠡᠭᠦᠷᠡᠰᠦ ᠶᠢ ᠨᠡᠭᠡᠭᠡᠨ ᠬᠥᠭᠵᠢᠭᠦᠯᠬᠦ ᠡᠷᠴᠢᠮ ᠢ ᠵᠦᠢ ᠵᠣᠬᠢᠰᠲᠠᠢ ᠬᠢᠵᠠᠭᠠᠷᠯᠠᠵᠤ᠂ ᠡᠯ᠎ᠡ ᠲᠦᠷᠦᠯ ᠤᠨ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠠ᠃ ᠨᠡᠭᠦᠷᠡᠰᠦᠨ ᠤ ᠠᠵᠤ ᠦᠢᠯᠡᠰ ᠤᠨ ᠪᠣᠬᠢᠷᠳᠤᠯ ᠦᠭᠡᠢ ᠬᠥᠭᠵᠢᠯᠲᠡ᠂ ᠣᠶᠤᠨᠴᠢᠯᠠᠭᠰᠠᠨ ᠬᠥᠭᠵᠢᠯᠲᠡ ᠶᠢ ᠠᠬᠢᠭᠤᠯᠵᠤ᠂ ᠦᠢᠯᠡᠳᠪᠦᠷᠢᠯᠡᠯ ᠳᠡᠭᠡᠨ ᠪᠠᠶᠢᠭ᠎ᠠ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠨ᠂ ᠠᠶᠤᠯᠭᠦᠢ ᠦᠢᠯᠡᠳᠪᠦᠷᠢᠯᠡᠯ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠠᠬᠢᠭᠤᠯᠵᠤ᠂ ᠨᠡᠭᠦᠷᠡᠰᠦ ᠪᠠᠷ ᠴᠠᠭᠢᠯᠭᠠᠨ ᠭᠠᠷᠭᠠᠬᠤ ᠬᠡᠪᠴᠢᠶ᠎ᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠨ᠂ ᠨᠡᠭᠦᠷᠡᠰᠦ ᠪᠠᠷ ᠴᠠᠭᠢᠯᠭᠠᠨ ᠭᠠᠷᠭᠠᠬᠤ ᠬᠤᠴᠤᠷᠤᠩᠭᠤᠢ ᠮᠠᠰᠢᠨ ᠴᠣᠭᠴᠠᠯᠠᠪᠤᠷᠢ ᠶᠢ ᠲᠦᠷᠭᠡᠳᠬᠡᠨ ᠰᠢᠭᠰᠢᠭᠳᠡᠭᠦᠯᠦᠨ᠎ᠡ᠃ ᠡᠨᠧᠷᠭᠢ ᠪᠠ ᠡᠭᠢ ᠪᠠᠶᠠᠯᠢᠭ ᠢ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠵᠦ ᠠᠰᠢᠭᠯᠠᠬᠤ ᠶᠢ ᠴᠢᠩᠭᠠᠳᠬᠠᠨ᠂ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠨᠠᠷᠢᠯᠢᠭ ᠡᠳ᠋ᠰᠢᠭᠦᠯᠭᠦ᠂ ᠳᠡᠭᠡᠳᠦ ᠲᠡᠰᠵᠢᠭᠦᠯᠭᠦ ᠲᠡᠶᠢᠰᠢ ᠭᠦᠭᠵᠢᠭᠦ ᠶᠢ ᠠᠬᠢᠭᠤᠯᠤᠨ᠎ᠠ᠃ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ ᠶᠢ ᠬᠠᠶᠢᠨ ᠰᠢᠨᠵᠢᠭᠦ ᠡᠷᠴᠢᠮ ᠢᠶᠠᠨ ᠴᠢᠩᠭᠠᠷᠠᠭᠤᠯᠵᠤ᠂ ᠨᠡᠭᠦᠷᠡᠰᠦᠨ ᠳᠠᠪᠬᠤᠷᠭ᠎ᠠ ᠶᠢᠨ ᠬᠡᠢ᠂ ᠵᠠᠨᠠᠷ ᠤᠨ ᠬᠡᠢ ᠵᠡᠷᠭᠡ ᠤᠨᠴᠠᠭᠠᠢ ᠰᠢᠲᠠᠮᠠᠬᠠᠢ ᠬᠡᠢ ᠶᠢᠨ ᠡᠭᠢ ᠪᠠᠶᠠᠯᠢᠭ ᠢ ᠨᠡᠭᠡᠭᠡᠨ ᠠᠰᠢᠭᠯᠠᠬᠤ ᠶᠢ ᠯᠠᠪᠳᠠᠭᠤᠨ ᠢᠶᠠᠷ ᠠᠬᠢᠭᠤᠯᠤᠨ᠎ᠠ᠃ ᠬᠠᠲᠤᠨ ᠭᠤᠣᠯ ᠤᠨ ᠳᠡᠭᠡᠳᠦ ᠤᠷᠤᠰᠬᠠᠯ ᠤᠨ ᠤᠰᠤᠨ ᠴᠠᠭᠢᠯᠭᠠᠨ ᠤ ᠦᠷᠲᠡᠭᠡ ᠪᠣᠯᠣᠨ ᠴᠠᠭᠢᠯᠭᠠᠨ ᠲᠣᠣᠷ ᠤᠨ ᠰᠢᠰᠲ᠋ᠧᠮ ᠤᠨ ᠲᠣᠬᠢᠷᠠᠭᠤᠯᠬᠤ ᠴᠢᠳᠠᠪᠤᠷᠢ ᠶᠢ ᠪᠠᠳᠠᠷᠠᠭᠤᠯᠵᠤ᠂ ᠬᠥᠬᠡᠨᠠᠭᠤᠷ᠂ ᠭᠠᠨᠰᠤ᠂ ᠰᠧᠴᠤᠸᠠᠨ ᠵᠡᠷᠭᠡ ᠰᠠᠯᠬᠢᠨ ᠤ ᠡᠨᠧᠷᠭᠢ ᠪᠠ ᠨᠡᠷᠡᠨ ᠤ ᠡᠨᠧᠷᠭᠢ ᠪᠠᠷ ᠡᠯᠪᠡᠭ ᠭᠠᠵᠠᠷ ᠣᠷᠣᠨ ᠳᠤ ᠰᠠᠯᠭᠢ ᠨᠠᠷᠠᠨ ᠤ ᠡᠨᠧᠷᠭᠢ ᠪᠠ ᠤᠰᠤ ᠤᠯᠠᠨ ᠡᠨᠧᠷᠭᠢ ᠶᠢᠨ ᠬᠠᠷᠢᠯᠴᠠᠨ ᠨᠥᠬᠦᠪᠦᠷᠢᠯᠡᠬᠦ ᠰᠢᠰᠲ᠋ᠧᠮ ᠪᠠᠶᠢᠭᠤᠯᠬᠤ ᠶᠢ ᠳᠡᠮᠵᠢᠨ᠎ᠡ᠃ ᠬᠥᠬᠡᠨᠠᠭᠤᠷ᠂ ᠭᠠᠨᠰᠤ᠂ ᠥᠪᠥᠷ ᠮᠣᠩᠭᠤᠯ ᠵᠡᠷᠭᠡ ᠮᠤᠵᠢ ᠣᠷᠣᠨ ᠤ ᠴᠡᠪᠡᠷ ᠡᠨᠧᠷᠭᠢ ᠶᠢ ᠭᠠᠳᠠᠭᠰᠢ ᠭᠦᠷᠭᠡᠭᠦ ᠴᠢᠳᠠᠪᠤᠷᠢ ᠪᠠ ᠪᠠᠲᠤᠯᠠᠭ᠎ᠠ ᠶᠢᠨ ᠲᠣᠭᠲᠠᠴᠠ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠮᠤᠵᠢ ᠣᠷᠣᠨ ᠠᠯᠤᠰᠯᠠᠭᠰᠠᠨ ᠴᠠᠭᠢᠯᠭᠠᠨ ᠬᠦᠴᠦᠨ ᠤ ᠵᠠᠬ᠎ᠠ ᠳᠡᠯᠭᠡᠭᠦᠷ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠶᠡᠭᠡ ᠪᠠᠭᠲᠠᠭᠠᠮᠵᠢᠲᠠᠢ᠂ ᠥᠨᠳᠥᠷ ᠦᠷ᠎ᠡ ᠪᠦᠲᠦᠮᠵᠢᠲᠡᠶ ᠡᠨᠧᠷᠭᠢ ᠬᠠᠳᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠤᠯᠤᠰ ᠤᠨ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠭᠦ ᠣᠷᠣᠨ᠂ ᠡᠨᠧᠷᠭᠢ ᠶᠢᠨ ᠬᠤᠪᠢᠰᠬᠠᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠵᠡᠷᠭᠡ ᠶᠢᠨ ᠪᠦᠲᠦᠭᠡᠨ ᠪᠠᠶᠢᠭᠤᠯᠤᠯᠲᠠ ᠥᠷᠨᠢᠭᠦᠯᠬᠦ ᠶᠢ ᠲᠡᠮᠵᠢᠨ᠎ᠠ᠃      ᠳᠥᠷᠪᠡᠳᠦᠭᠡᠷ ᠬᠡᠰᠡᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠲᠡᠷᠢᠭᠦᠨ ᠤ ᠦᠢᠯᠡᠳᠭᠦ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ      ᠬᠠᠲᠤᠨ ᠭᠤᠣᠯ ᠤᠨ ᠳᠤᠮᠳᠠ ᠳᠣᠣᠷᠠᠳᠤ ᠤᠷᠤᠰᠬᠠᠯ ᠳᠠᠬᠢ ᠠᠵᠤ ᠦᠢᠯᠡᠰ ᠤᠨ ᠰᠠᠭᠤᠷᠢ ᠪᠠᠷ ᠨᠡᠯᠢᠶᠡᠳ ᠰᠠᠶᠢᠨ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠨ᠂ ᠦᠢᠯᠡᠳᠪᠦᠷᠢᠯᠡᠯ ᠬᠠᠩᠭᠠᠯᠭ᠎ᠠ ᠬᠡᠷᠡᠭᠴᠡᠭᠡ ᠶᠢ ᠪᠦᠲᠦᠮᠵᠢᠲᠡᠶ ᠵᠣᠯᠭᠠᠭᠤᠯᠤᠭᠰᠠᠨ᠂ ᠠᠵᠤ ᠦᠢᠯᠡᠰ ᠤᠨ ᠳᠡᠭᠡᠳᠦ ᠳᠤᠮᠳᠠ ᠳᠣᠣᠷᠠᠳᠤ ᠤᠷᠤᠰᠬᠠᠯ ᠤᠨ ᠵᠣᠬᠢᠴᠠᠯᠳᠤᠨ ᠬᠠᠮᠵᠢᠯᠴᠠᠭᠰᠠᠨ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠭᠦ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠨᠢᠭᠲᠠ ᠵᠣᠯᠭᠠᠭᠤᠯᠤᠭᠰᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠠᠵᠤ ᠦᠢᠯᠡᠰ ᠤᠨ ᠰᠢᠰᠲ᠋ᠧᠮ ᠢ ᠲᠠᠰ ᠳᠡᠪᠰᠢᠭᠦᠯᠭᠦ ᠪᠠ ᠰᠠᠭᠤᠷᠢ ᠴᠢᠳᠠᠪᠤᠷᠢ ᠶᠢ ᠳᠠᠭᠢᠨ ᠪᠠᠶᠢᠭᠤᠯᠬᠤ ᠶᠢ ᠠᠬᠢᠭᠤᠯᠤᠨ᠂ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠲᠠᠢ ᠠᠵᠤ ᠦᠢᠯᠡᠰ ᠤᠨ ᠰᠦᠷᠦᠭᠵᠢᠯ ᠢ ᠪᠤᠶ ᠪᠣᠯᠭᠠᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠣᠬᠢᠶᠠᠮᠠᠯ ᠤᠶᠤᠨ ᠴᠢᠳᠠᠪᠤᠷᠢ᠂ ᠲᠣᠮᠣ ᠳ᠋ᠠᠶᠢᠲ᠋ᠠ ᠵᠡᠷᠭᠡ ᠶᠢᠨ ᠤᠯᠠᠮᠵᠢᠯᠠᠯᠲᠤ ᠠᠵᠤ ᠦᠢᠯᠡᠰ ᠲᠤ ᠨᠡᠪᠴᠢᠨ ᠣᠷᠣᠬᠤ ᠨᠤᠷᠮ᠎ᠠ ᠶᠢ ᠳᠡᠭᠡᠭᠰᠢᠯᠡᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠳᠠᠪᠠᠭᠤᠯᠢᠭᠲᠤ ᠦᠢᠯᠡᠳᠭᠦ ᠦᠢᠯᠡᠰ ᠤᠨ ᠪᠣᠬᠢᠷᠳᠤᠯ ᠦᠭᠡᠢ ᠪᠠᠷ ᠭᠡᠯᠪᠡᠷᠢ ᠪᠠᠨ ᠬᠤᠪᠢᠷᠠᠭᠤᠯᠬᠤ᠂ ᠣᠶᠤᠨᠴᠢᠯᠠᠨ ᠲᠠᠰ ᠳᠡᠪᠰᠢᠭᠦᠯᠭᠦ ᠪᠠ ᠲᠤᠭᠠᠴᠢᠵᠢᠭᠤᠯᠤᠨ ᠴᠢᠳᠠᠮᠵᠢ ᠣᠯᠭᠤᠬᠤ ᠶᠢ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠶᠡᠭᠡ ᠪᠠᠷ ᠳᠡᠮᠵᠢᠵᠦ᠂ ᠦᠢᠯᠡᠳᠭᠦ ᠦᠢᠯᠡᠰ ᠤᠨ ᠠᠵᠤ ᠠᠬᠤᠶᠢᠯᠠᠯ ᠤᠨ ᠣᠷᠣᠨ ᠪᠦᠰᠡ ᠠᠯᠤᠰᠯᠠᠨ ᠬᠠᠷᠢᠯᠴᠠᠨ ᠨᠡᠶᠢᠯᠡᠭᠦᠯᠵᠦ ᠳᠠᠭᠢᠨ ᠵᠣᠬᠢᠶᠠᠨ ᠪᠠᠶᠢᠭᠤᠯᠬᠤ ᠶᠢ ᠳᠡᠮᠵᠢᠨ᠎ᠡ᠃ ᠨᠥᠬᠦᠴᠡᠯ ᠳᠤ ᠨᠡᠶᠢᠴᠡᠭᠦ ᠲᠡᠷᠢᠭᠦᠨ ᠤ ᠦᠢᠯᠡᠳᠭᠦ ᠦᠢᠯᠡᠰ ᠤᠨ ᠠᠵᠤ ᠠᠬᠤᠶᠢᠯᠠᠯ ᠤᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠨ ᠪᠡᠯᠡ ᠬᠤᠷᠠᠮᠳᠤᠭᠤᠯᠬᠤ᠂ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠲᠠᠯ᠎ᠠ ᠪᠠᠷ ᠢᠳᠡᠪᠬᠢᠲᠡᠢ ᠳᠡᠮᠵᠢᠯᠭᠡ ᠦᠵᠡᠭᠦᠯᠦᠨ᠎ᠡ᠃ ᠯᠠᠨᠵᠧᠦ ᠶᠢᠨ ᠰᠢᠨ᠎ᠡ ᠲᠣᠭᠤᠷᠢᠭ᠂ ᠰᠢ ᠰᠢᠶᠠᠨ ᠰᠢᠨ᠎ᠡ ᠲᠣᠭᠤᠷᠢᠭ ᠵᠡᠷᠭᠡ ᠤᠯᠤᠰ ᠤᠨ ᠲᠠᠰ ᠤᠨ ᠰᠢᠨ᠎ᠡ ᠲᠣᠭᠤᠷᠢᠭ ᠪᠣᠯᠣᠨ ᠵᠧᠩᠵᠧᠦ ᠶᠢᠨ ᠠᠭᠠᠷ ᠤᠨ ᠠᠶᠠᠯᠠᠯ ᠤᠨ ᠭᠠᠷᠠᠮ ᠤᠨ ᠠᠵᠤ ᠠᠬᠤᠢ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠭᠤᠣᠯᠯᠠᠬᠤ ᠠᠵᠤ ᠦᠢᠯᠡᠰ ᠢᠶᠠᠨ ᠨᠠᠷᠢᠯᠢᠭᠵᠢᠭᠤᠯᠤᠨ ᠬᠦᠴᠦᠷᠬᠡᠭᠵᠢᠭᠦᠯᠬᠦ ᠶᠢ ᠳᠡᠮᠵᠢᠨ᠎ᠡ᠃ ᠭᠠᠨᠰᠤ ᠶᠢᠨ ᠯᠠᠨᠪᠠᠢ ᠠᠵᠤ ᠠᠬᠤᠢ ᠶᠢᠨ ᠣᠷᠣᠨ᠂ ᠨᠢᠩᠰᠢᠶᠠ ᠶᠢᠨ ᠢᠷᠭᠠᠢ — ᠱᠢ ᠽᠦᠢ ᠱᠠᠨ ᠠᠭᠤᠯᠠ᠂ ᠱᠠᠨ ᠰᠢ ᠱᠠᠨᠰᠢ ᠾᠧᠨᠠᠨ ᠬᠠᠳᠤᠨ ᠭᠤᠣᠯ ᠤᠨ ᠭᠤᠷᠪᠠᠯᠵᠢᠨ ᠬᠤᠶᠢᠭ ᠤᠨ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠵᠢᠱᠢᠶ᠎ᠡ ᠦᠵᠡᠭᠦᠯᠭᠦ ᠣᠷᠣᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠤᠯᠤᠰ ᠤᠨ ᠲᠠᠰ ᠤᠨ ᠰᠢᠨ᠎ᠡ ᠲᠣᠭᠤᠷᠢᠭ᠂ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠵᠢᠱᠢᠶ᠎ᠡ ᠦᠵᠡᠭᠦᠯᠭᠦ ᠣᠷᠣᠨ ᠪᠣᠯᠣᠨ ᠪᠦᠭᠦ ᠲᠠᠯ᠎ᠠ ᠪᠠᠷ ᠰᠢᠨ᠎ᠡ ᠶᠢ ᠡᠭᠦᠳᠭᠦ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ᠲᠤᠷᠰᠢᠯᠭ᠎ᠠ ᠲᠦᠷᠦ ᠶᠢᠨ ᠪᠣᠳᠣᠯᠭ᠎ᠠ ᠶᠢ ᠬᠠᠭᠤᠯᠪᠤᠷᠢᠯᠠᠨ ᠳᠡᠯᠭᠡᠷᠡᠭᠦᠯᠵᠦ᠂ ᠰᠢᠨ᠎ᠡ ᠬᠠᠭᠤᠴᠢᠨ ᠬᠥᠳᠡᠯᠭᠡᠭᠦ ᠡᠨᠧᠷᠭᠢ ᠶᠢᠨ ᠰᠣᠯᠢᠭᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ᠂ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠭᠦ ᠵᠢᠱᠢᠶ᠎ᠡ ᠦᠵᠡᠭᠦᠯᠭᠦ ᠣᠷᠣᠨ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠭᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠢᠨᠠᠨ ᠳᠤ ᠰᠢᠨ᠎ᠡ ᠬᠠᠭᠤᠴᠢᠨ ᠬᠥᠳᠡᠯᠭᠡᠭᠦ ᠡᠨᠧᠷᠭᠢ ᠶᠢᠨ ᠰᠣᠯᠢᠭᠳᠠᠯ ᠤᠨ ᠡᠭᠢᠯᠡᠯᠲᠡ ᠶᠢᠨ ᠣᠷᠣᠨ ᠪᠠᠶᠢᠭᠤᠯᠬᠤ ᠶᠢ ᠲᠡᠮᠵᠢᠨ᠎ᠡ᠃ ᠳᠤᠮᠳᠠ ᠳᠣᠣᠷᠠᠳᠤ ᠤᠷᠤᠰᠬᠠᠯ ᠤᠨ ᠭᠠᠵᠠᠷ ᠣᠷᠣᠨ ᠤ ᠠᠵᠤ ᠦᠢᠯᠡᠰ ᠤᠨ ᠪᠣᠬᠢᠷᠳᠤᠯ ᠦᠭᠡᠢ ᠬᠥᠭᠵᠢᠯᠲᠡ ᠶᠢ ᠬᠦᠴᠦᠯᠡᠨ ᠠᠬᠢᠭᠤᠯᠵᠤ᠂ ᠨᠡᠭᠦᠷᠡᠰᠦᠲᠦ᠋ᠷᠦᠭᠴᠢ ᠭᠠᠳᠠᠭᠰᠢᠯᠠᠭᠤᠯᠬᠤ ᠬᠦᠴᠦᠯᠡᠴᠡ ᠶᠢ ᠪᠠᠭᠤᠷᠠᠭᠤᠯᠬᠤ ᠱᠠᠭᠠᠷᠳᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠎ᠠ᠃      ᠠᠷᠪᠠᠳᠤᠭᠠᠷ ᠪᠦᠯᠦᠭ ᠣᠷᠣᠨ ᠪᠦᠰᠡ ᠬᠤᠳᠠ ᠬᠥᠳᠡᠭᠡ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ      ᠣᠷᠣᠨ ᠪᠦᠰᠡ ᠶᠢᠨ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠨᠴᠠ ᠶᠡᠭᠡ ᠬᠤᠲᠠ ᠶᠢᠨ ︽ᠮᠠᠷᠢᠶ᠎ᠠ ᠰᠢᠭᠤᠷᠠᠭᠤᠯᠵᠤ ᠪᠡᠶ᠎ᠡ ᠴᠢᠭᠢᠷᠠᠭᠵᠢᠭᠤᠯᠬᠤ︾  ᠶᠢ ᠠᠬᠢᠭᠤᠯᠤᠨ᠂ ᠶᠡᠭᠡ ᠳᠤᠮᠳᠠ ᠬᠤᠲᠠ ᠶᠢ ᠡᠮᠭᠢ ᠵᠢᠷᠤᠮ ᠲᠠᠢ ᠪᠠᠷ ᠪᠦᠲᠦᠭᠡᠨ ᠪᠠᠶᠢᠭᠤᠯᠵᠤ᠂ ᠰᠢᠶᠠᠨ ᠤ ᠬᠤᠲᠠ ᠶᠢᠨ ᠬᠤᠲᠠ ᠪᠠᠯᠭᠠᠰᠤᠵᠢᠯᠲᠠ ᠶᠢᠨ ᠳᠤᠲᠠᠭᠤᠳᠠᠯ ᠢ ᠨᠥᠬᠦᠪᠦᠷᠢᠯᠡᠨ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ ᠠᠬᠢᠭᠤᠯᠵᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠂ ᠣᠷᠣᠨ ᠪᠦᠰᠡ᠂ ᠬᠤᠲᠠ᠂ ᠬᠤᠲᠠ ᠬᠥᠳᠡᠭᠡ ᠶᠢᠨ ᠬᠤᠭᠤᠷᠣᠨᠳᠤ ᠲᠤᠰ ᠲᠤᠰ ᠤᠨ ᠣᠨᠴᠠᠯᠢᠭ ᠲᠠᠢ᠂ ᠲᠤᠰ ᠲᠤᠰ ᠤᠨ ᠣᠷᠣᠨ ᠳᠠᠭᠠᠨ ᠪᠠᠶᠢᠬᠤ᠂ ᠬᠠᠮᠵᠢᠯᠴᠠᠵᠤ ᠬᠤᠯᠪᠤᠭᠠᠯᠠᠨ ᠬᠥᠳᠡᠯᠦᠯᠴᠡᠬᠦ᠂ ᠣᠷᠭᠠᠨᠢᠭ ᠢᠶᠠᠷ ᠬᠠᠷᠢᠯᠴᠠᠨ ᠠᠬᠢᠭᠤᠯᠬᠤ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃      ᠨᠢᠭᠡᠳᠦᠭᠡᠷ ᠬᠡᠰᠡᠭ ᠬᠠᠳᠤᠨ ᠭᠤᠣᠯ ᠳᠠᠭᠠᠤ ᠶᠢᠨ ᠬᠤᠳᠠ ᠶᠢᠨ ᠰᠦᠷᠦᠭᠵᠢᠯ ᠢ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠨ᠎ᠠ      ᠡᠭᠢ ᠪᠠᠶᠠᠯᠢᠭ ᠤᠨ ᠡᠯᠧᠮᠧᠨ᠋ᠲ ᠤᠨ ᠭᠠᠵᠠᠷ ᠣᠷᠣᠨ ᠪᠠ ᠬᠦᠷᠢᠶ᠎ᠡ ᠴᠠᠷᠠᠭ᠎ᠠ ᠠᠯᠤᠰᠯᠠᠨ ᠡᠷᠭᠢᠯᠳᠦᠬᠦ ᠬᠠᠷᠰᠢ ᠰᠠᠭᠠᠳ ᠢ ᠡᠪᠳᠡᠨ᠂ ᠭᠠᠵᠠᠷ ᠰᠢᠷᠣᠢ᠂ ᠪᠡᠯᠡ ᠮᠥᠩᠭᠦ ᠵᠡᠷᠭᠡ ᠦᠢᠯᠡᠳᠪᠦᠷᠢᠯᠡᠯ ᠤᠨ ᠡᠯᠧᠮᠧᠨ᠋ᠲ ᠤᠨ ᠥᠨᠳᠥᠷ ᠪᠦᠲᠦᠮᠵᠢᠲᠡᠶ ᠪᠠᠷ ᠰᠢᠯᠵᠢᠭᠦ ᠶᠢ ᠠᠬᠢᠭᠤᠯᠵᠤ᠂ ᠬᠠᠲᠤᠨ ᠭᠤᠣᠯ ᠳᠠᠭᠠᠤ ᠶᠢᠨ ᠬᠤᠲᠠ ᠶᠢᠨ ᠰᠦᠷᠦᠭᠵᠢᠯ ᠤᠨ ᠠᠵᠤ ᠠᠬᠤᠢ ᠪᠠ ᠬᠥᠮᠥᠨ ᠠᠮᠠ ᠶᠢᠨ ᠳᠠᠭᠠᠭᠠᠴᠠ ᠶᠢᠨ ᠴᠢᠳᠠᠪᠤᠷᠢ ᠶᠢ ᠴᠢᠩᠭᠠᠳᠬᠠᠨ᠂ ᠬᠠᠲᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠨᠡᠮᠡᠭᠳᠡᠯ ᠤᠨ ᠲᠤᠶᠢᠯ ᠢ ᠪᠤᠶ ᠪᠤᠯᠭᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ᠂ ᠤᠰᠤᠨ ᠤ ᠡᠭᠢ ᠪᠠᠶᠠᠯᠢᠭ ᠵᠡᠷᠭᠡ ᠶᠢᠨ ᠬᠢᠵᠠᠭᠠᠷᠯᠠᠯ ᠪᠠ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠱᠤᠭᠤᠮ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠤᠲᠠ ᠶᠢᠨ ᠲᠡᠯᠡᠷᠡᠬᠦ ᠮᠠᠶ᠋ᠢᠭ ᠢᠶᠠᠷ ᠡᠮᠭᠢ ᠵᠠᠮᠪᠠᠷᠠᠭ᠎ᠠ ᠦᠭᠡᠢ ᠦᠷᠭᠡᠳᠭᠦ ᠶᠢ ᠰᠡᠷᠭᠡᠶᠢᠯᠡᠵᠦ᠂ ᠬᠠᠳᠤᠨ ᠭᠤᠣᠯ ᠳᠠᠭᠠᠤ ᠶᠢᠨ ᠣᠨᠴᠠ ᠶᠡᠭᠡ ᠬᠤᠲᠠ ᠶᠢᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠳᠡᠭᠡᠳᠦ ᠳᠤᠮᠳᠠ ᠤᠷᠤᠰᠬᠠᠯ ᠤᠨ ᠭᠠᠵᠠᠷ ᠣᠷᠣᠨ ᠳᠤ ᠡᠯ᠎ᠡ ᠲᠦᠷᠦᠯ ᠤᠨ ᠨᠡᠭᠡᠭᠡᠨ ᠬᠥᠭᠵᠢᠭᠦᠯᠬᠦ ᠣᠷᠣᠨ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠨ᠎ᠠ᠃ ᠬᠤᠳᠠ ᠶᠢᠨ ᠰᠦᠷᠦᠭᠵᠢᠯ ᠤᠨ ᠳᠣᠲᠣᠭᠠᠳᠤ ᠵᠢᠮᠳᠤ ᠵᠠᠮ ᠬᠠᠷᠢᠯᠴᠠᠭ᠎ᠠ᠂ ᠮᠡᠳᠡᠭᠡ ᠬᠤᠯᠪᠣᠭᠠᠨ ᠤ ᠲᠣᠣᠷ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠤᠯᠪᠣᠯᠳᠤᠨ ᠨᠡᠪᠲᠡᠷᠡᠯᠴᠡᠬᠦ ᠶᠢ ᠲᠦᠷᠭᠡᠳᠬᠡᠵᠦ᠂ ᠬᠥᠮᠥᠰ ᠤᠨ ᠶᠠᠪᠤᠯᠴᠠᠭ᠎ᠠ ᠪᠠ ᠡᠯᠧᠮᠧᠨ᠋ᠲ ᠤᠨ ᠰᠢᠯᠵᠢᠯᠲᠡ ᠳᠤ ᠲᠦᠭᠦᠮ ᠦᠵᠡᠭᠦᠯᠵᠦ᠂ ᠬᠥᠮᠥᠨ ᠠᠮᠠ ᠶᠢᠨ ᠴᠤᠭᠯᠠᠷᠠᠯ ᠪᠠ ᠠᠵᠤ ᠦᠢᠯᠡᠰ ᠤᠨ ᠬᠠᠮᠵᠢᠯᠴᠠᠬᠤ ᠴᠢᠳᠠᠪᠤᠷᠢ ᠶᠢ ᠴᠢᠩᠭᠠᠳᠬᠠᠨ᠎ᠠ᠃ ᠬᠤᠲᠠ ᠶᠢᠨ ᠰᠦᠷᠦᠭᠵᠢᠯ ᠤᠨ ᠬᠤᠭᠤᠷᠤᠨᠳᠤᠭᠢ ᠬᠥᠭᠵᠢᠯᠲᠡ ᠶᠢᠨ ᠵᠣᠬᠢᠴᠠᠯᠳᠤ ᠴᠢᠨᠠᠷ ᠢ ᠴᠢᠩᠭᠠᠷᠠᠭᠤᠯᠵᠤ᠂ ᠢᠵᠢᠯᠢ ᠴᠢᠨᠠᠷ ᠲᠠᠢ ᠪᠦᠲᠦᠭᠡᠨ ᠪᠠᠶᠢᠭᠤᠯᠤᠯᠲᠠ ᠪᠠ ᠪᠦᠳᠦᠭᠦᠯᠢᠭ ᠥᠷᠢᠰᠦᠯᠳᠦᠭᠡᠨ ᠠᠴᠠ ᠵᠠᠶᠢᠯᠠᠰᠬᠢᠨ᠂ ᠣᠨᠴᠠᠯᠢᠭ ᠨᠢ ᠢᠯᠡ ᠲᠣᠳᠣ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠭᠰᠡᠨ᠂ ᠥᠨᠳᠥᠷ ᠪᠦᠲᠦᠮᠵᠢᠲᠡᠶ ᠪᠥᠭᠡᠳ ᠬᠠᠮᠵᠢᠯᠴᠠᠭᠰᠠᠨ ᠬᠤᠲᠠ ᠶᠢᠨ ᠰᠦᠷᠦᠭᠵᠢᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠤᠶ ᠪᠣᠯᠭᠠᠨ᠎ᠠ᠃ ᠨᠠᠩ ᠰᠢᠯᠢᠳᠡᠭᠵᠢᠭᠰᠡᠨ ᠰᠢᠨ᠎ᠡ ᠶᠢ ᠡᠭᠦᠳᠭᠦ ᠣᠷᠴᠢᠨ ᠨᠥᠬᠦᠴᠡᠯ ᠢ ᠦᠷᠭᠦᠯᠵᠢᠯᠡᠨ ᠪᠤᠢ ᠪᠤᠯᠭᠠᠵᠤ᠂ ᠬᠤᠲᠠ ᠶᠢᠨ ᠪᠦᠯᠦᠭᠵᠢᠯ ᠤᠨ ᠠᠵᠤ ᠦᠢᠯᠡᠰ ᠲᠥᠪᠯᠡᠷᠡᠭᠰᠡᠨ ᠣᠷᠣᠨ ᠢ ᠵᠦᠢ ᠵᠣᠬᠢᠰᠲᠠᠢ ᠪᠠᠷ ᠪᠠᠶᠢᠷᠢᠰᠢᠭᠤᠯᠵᠤ᠂ ᠲᠤᠰ ᠣᠷᠣᠨ ᠪᠦᠰᠡ ᠶᠢᠨ ᠲᠣᠮᠣ ᠬᠤᠲᠠ ᠶᠢᠨ ᠬᠡᠰᠡᠭ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠦᠢᠯᠡᠳᠭᠦ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠶᠢ ᠳᠠᠮᠵᠢᠨ᠎ᠠ᠃      ᠬᠤᠶᠠᠳᠤᠭᠠᠷ ᠬᠡᠰᠡᠭ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠤᠨ ᠰᠢᠶᠠᠨ ᠤ ᠬᠤᠳᠠ ᠶᠢᠨ ᠬᠥᠭᠵᠢᠯᠲᠡ ᠶᠢ ᠠᠬᠢᠭᠤᠯᠤᠨ᠎ᠠ      ᠰᠢᠶᠠᠨ ᠤ ᠬᠡᠪᠴᠢᠶᠡᠨ ᠤ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠥᠯᠥᠰᠦᠨ ᠲᠠᠷᠢᠶᠠᠴᠢᠳ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠬᠦᠷᠢᠶᠡᠯᠡᠩ᠂ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠵᠡᠷᠭᠡ ᠠᠵᠤ ᠦᠢᠯᠡᠰ ᠤᠨ ᠲᠠᠪᠴᠠᠩ ᠢ ᠲᠦᠷᠦᠯ ᠬᠤᠪᠢᠶᠠᠨ ᠪᠠᠶᠢᠭᠤᠯᠵᠤ᠂ ᠬᠥᠳᠡᠭᠡ ᠲᠤᠰᠬᠤᠨ ᠤ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠳᠠᠶᠢᠴᠢᠯᠠᠨ᠎ᠠ᠃ ᠰᠢᠶᠠᠨ ᠤ ᠬᠤᠲᠠ ᠳᠤ ᠡᠷᠦᠭᠡ ᠠᠮᠠ ᠣᠷᠣᠬᠤ ᠬᠢᠵᠠᠭᠠᠷᠯᠠᠯ ᠢ ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠤ᠂ ᠡᠷᠦᠭᠡ ᠠᠮᠠ ᠶᠢᠨ ᠳᠠᠩᠰᠠ ᠪᠠᠨ ᠰᠢᠯᠵᠢᠭᠦᠯᠭᠦ ᠭᠠᠷᠳᠠᠮ ᠢ ᠶᠡᠭᠡ ᠪᠠᠷ ᠳᠥᠭᠦᠮᠴᠢᠯᠡᠵᠦ᠂ ᠬᠥᠳᠡᠭᠡ ᠠᠴᠠ ᠰᠢᠯᠵᠢᠭᠰᠡᠳ ᠢ ᠣᠶᠢᠷ᠎ᠠ ᠬᠠᠪᠢ ᠳᠠᠭᠠᠨ ᠡᠷᠦᠭᠡ ᠠᠮᠠ ᠣᠷᠣᠬᠤ ᠶᠢ ᠠᠬᠢᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠳᠡᠭᠡᠳᠦ ᠤᠷᠤᠰᠬᠠᠯ ᠤᠨ ᠭᠠᠵᠠᠷ ᠣᠷᠣᠨ ᠤ ᠰᠢᠶᠠᠨ ᠤ ᠬᠤᠲᠠ ᠶᠢᠨ ᠬᠥᠭᠵᠢᠯᠲᠡ ᠶᠢ ᠡᠮᠭᠢ ᠵᠢᠷᠤᠮ ᠲᠠᠢ ᠪᠠᠷ ᠳᠡᠮᠵᠢᠵᠦ᠂ ᠲᠠᠷᠢᠶᠠᠯᠠᠩ ᠤᠨ ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ᠂ ᠭᠤᠣᠯᠳᠠᠯᠭᠠᠲᠤ ᠠᠮᠢ ᠠᠬᠤᠢ ᠶᠢᠨ ᠴᠢᠳᠠᠮᠵᠢᠲᠤ ᠣᠷᠣᠨ ᠤ ᠰᠢᠶᠠᠨ ᠤ ᠬᠤᠲᠠ ᠶᠢᠨ ᠬᠥᠭᠵᠢᠯᠲᠡ ᠶᠢ ᠵᠦᠢ ᠵᠣᠬᠢᠰᠲᠠᠢ ᠬᠥᠲᠥᠯᠥᠨ ᠵᠢᠯᠣᠭᠤᠳᠤᠨ᠎ᠠ᠃ ᠰᠢᠶᠠᠨ ᠤ ᠬᠤᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠨ ᠰᠢᠨᠡᠳᠬᠡᠬᠦ ᠶᠢ ᠠᠬᠢᠭᠤᠯᠬᠤ ᠶᠢᠨ ᠬᠠᠮᠲᠤ᠂ ᠬᠠᠷᠢᠶ᠎ᠠ ᠪᠦᠬᠦᠢ ᠲᠤᠰᠬᠠᠢ ᠣᠷᠣᠨ ᠤ ᠲᠠᠰ ᠤᠨ ᠬᠤᠲᠠ ᠶᠢᠨ ᠲᠣᠭᠤᠷᠢᠭ ᠤᠨ ᠤᠯᠠᠨ ᠨᠡᠶᠢᠲᠡ ᠶᠢᠨ ᠦᠢᠯᠡᠴᠢᠯᠡᠭᠡᠨ ᠪᠠ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠯᠤᠭ᠎ᠠ ᠬᠠᠷᠢᠯᠴᠠᠨ ᠵᠣᠯᠭᠠᠭᠤᠯᠵᠤ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠭᠦ ᠶᠢ ᠳᠠᠶᠢᠴᠢᠯᠠᠨ᠂ ᠳᠤᠮᠳᠠᠳᠤ ᠪᠠᠭ᠎ᠠ ᠰᠤᠷᠭᠠᠭᠤᠯᠢ ᠶᠢᠨ ︽ᠰᠤᠷᠤᠭᠴᠢ ᠶᠢᠨ ᠲᠤᠭ᠎ᠠ ᠬᠡᠲᠦᠷᠡᠭᠰᠡᠨ ᠠᠩᠭᠢ︾  ᠶᠢ ᠦᠭᠡᠶᠢᠰᠬᠡᠵᠦ᠂ ᠰᠢᠶᠠᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃      ᠭᠤᠷᠪᠠᠳᠤᠭᠠᠷ ᠬᠡᠰᠡᠭ ᠣᠷᠣᠰᠢᠨ ᠰᠠᠭᠤᠷᠢᠰᠢᠬᠤ ᠳᠤ ᠲᠠᠭᠠᠲᠠᠢ ᠦᠵᠡᠰᠬᠦᠯᠡᠩᠲᠦ ᠰᠠᠶᠢᠬᠠᠨ ᠬᠥᠳᠡᠭᠡ ᠲᠤᠰᠬᠤᠨ ᠢ ᠪᠦᠲᠦᠭᠡᠨ ᠪᠠᠶᠢᠭᠤᠯᠤᠨ᠎ᠠ      ᠬᠠᠲᠤᠨ ᠭᠤᠣᠯ ᠤᠨ ᠰᠠᠪᠠ ᠭᠠᠵᠠᠷ ᠤᠨ ᠨᠤᠲᠤᠭ ᠤᠰᠤᠨ ᠤ ᠣᠨᠴᠠᠯᠢᠭ ᠪᠠ ᠭᠠᠵᠠᠷ ᠣᠷᠣᠨ ᠤ ᠣᠨᠴᠠᠯᠢᠭ ᠲᠤ ᠰᠠᠭᠤᠷᠢᠯᠠᠨ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠤᠰᠬᠤᠨ ᠤ ᠲᠥᠯᠦᠪᠵᠢᠭᠦᠯᠭᠡ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠤᠨ᠂ ᠨᠤᠲᠤᠭ ᠤᠰᠤᠨ ᠤ ᠬᠡᠪ ᠨᠠᠮᠪᠠᠭ᠎ᠠ ᠲᠠᠢ ᠪᠠᠷᠢᠯᠭ᠎ᠠ ᠶᠢ ᠳᠡᠯᠭᠡᠷᠡᠭᠦᠯᠵᠦ᠂ ᠬᠥᠳᠡᠭᠡ ᠲᠤᠰᠬᠤᠨ ᠤ ᠵᠤᠭ᠎ᠠ ᠰᠡᠯᠡᠭᠦᠴᠡᠯ ᠤᠨ ᠵᠢᠭᠤᠯᠴᠢᠯᠠᠯ ᠢ ᠬᠥᠭᠵᠢᠭᠦᠯᠦᠨ᠂ ᠨᠥᠬᠦᠴᠡᠯ ᠲᠠᠢ ᠭᠠᠵᠠᠷ ᠣᠷᠣᠨ ᠤ ᠲᠥᠪᠯᠡᠷᠡᠨ ᠵᠠᠯᠭᠠᠯᠳᠤᠭᠰᠠᠨ᠂ ᠠᠮᠢ ᠠᠬᠤᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠤᠰᠬᠤᠨ ᠢ ᠪᠦᠲᠦᠭᠡᠨ ᠪᠠᠶᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠭᠤᠯᠠ ᠤᠰᠤ ᠤᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦᠨ ᠴᠦᠯ ᠤᠨ ᠪᠠᠶᠢᠭᠠᠯᠢ ᠶᠢᠨ ᠥᠩᠭᠡ ᠦᠵᠡᠮᠵᠢ ᠳᠤ ᠠᠭᠤᠰᠤᠯᠴᠠᠬᠤ ᠶᠢ ᠵᠣᠷᠢᠭᠵᠢᠭᠤᠯᠤᠨ᠎ᠠ᠃ ᠬᠡᠪᠴᠢᠶ᠎ᠡ ᠪᠠᠷ ᠨᠡᠯᠢᠶᠡᠳ ᠶᠡᠭᠡ ᠭᠤᠣᠯ ᠲᠤᠰᠬᠤᠨ ᠤ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠬᠥᠳᠡᠭᠡ ᠲᠤᠰᠬᠤᠨ ᠤ ᠠᠵᠤ ᠦᠢᠯᠡᠰ ᠤᠨ ᠠᠭᠤᠰᠤᠯᠴᠠᠨ ᠭᠦᠭᠵᠢᠭᠦ ᠶᠢ ᠠᠬᠢᠭᠤᠯᠵᠤ᠂ ᠨᠢᠭᠡ ᠪᠦᠯᠦᠭ ᠣᠨᠴᠠᠯᠢᠭᠲᠤ ᠲᠠᠷᠢᠶᠠᠯᠠᠩ ᠲᠠᠢ᠂ ᠲᠠᠷᠢᠶᠠᠯᠠᠩ ᠤᠨ ᠪᠦᠲᠦᠭᠡᠭᠳᠡᠬᠦᠨ ᠢ ᠲᠥᠪᠯᠡᠷᠡᠭᠦᠯᠵᠦ ᠲᠠᠷᠬᠠᠭᠠᠬᠤ᠂ ᠠᠵᠤ ᠦᠢᠯᠡᠳᠪᠦᠷᠢ ᠠᠷᠠᠯᠵᠢᠶ᠎ᠠ ᠵᠡᠷᠭᠡ ᠲᠤᠰᠬᠠᠶᠢᠵᠢᠭᠰᠠᠨ ᠲᠤᠰᠬᠤᠨ ᠢ ᠪᠦᠲᠦᠭᠡᠨ ᠪᠠᠶᠢᠭᠤᠯᠤᠨ᠎ᠠ᠃ ᠬᠤᠲᠠ ᠶᠢᠨ ᠣᠶᠢᠷ᠎ᠠ ᠲᠡᠭᠦᠷᠭᠡ ᠶᠢᠨ ᠬᠥᠳᠡᠭᠡ ᠲᠤᠰᠬᠤᠨ ᠢ ᠰᠠᠶᠢᠲᠤᠷ ᠬᠠᠮᠠᠭᠠᠯᠠᠨ᠂ ᠰᠠᠶᠢᠲᠤᠷ ᠬᠥᠭᠵᠢᠭᠦᠯᠵᠦ᠂ ᠬᠤᠲᠠ ᠶᠢᠨ ᠴᠢᠳᠠᠮᠵᠢ ᠶᠢᠨ ᠭᠠᠳᠠᠭᠰᠢ ᠰᠢᠯᠵᠢᠭᠦ ᠶᠢ ᠰᠣᠩᠭᠤᠯᠲᠠ ᠲᠠᠢ ᠪᠠᠷ ᠭᠥᠯᠢᠶᠡᠨ ᠠᠪᠴᠤ᠂ ᠬᠤᠲᠠ ᠯᠤᠭ᠎ᠠ ᠣᠷᠭᠠᠨᠢᠭ ᠢᠶᠠᠷ ᠠᠭᠤᠰᠤᠯᠴᠠᠭᠰᠠᠨ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠳᠤᠪᠤᠶᠢᠯᠭᠠᠭᠰᠠᠨ ᠨᠢᠭᠡ ᠪᠦᠯᠦᠭ ᠣᠨᠴᠠᠯᠢᠭᠲᠤ ᠬᠥᠳᠡᠭᠡ ᠲᠤᠰᠬᠤᠨ ᠢ ᠪᠣᠶᠢᠵᠢᠭᠤᠯᠤᠨ᠎ᠠ᠃ ᠲᠡᠦᠬᠡ᠂ ᠰᠣᠶᠣᠯ ᠪᠣᠯᠣᠨ ᠠᠮᠢ ᠠᠬᠤᠢ ᠶᠢᠨ ᠡᠭᠢ ᠪᠠᠶᠠᠯᠢᠭ ᠢᠶᠠᠷ ᠡᠯᠪᠡᠭ ᠪᠠᠶᠠᠯᠢᠭ ᠠᠶᠢᠯ ᠲᠤᠰᠬᠤᠨ ᠳᠤ ᠵᠤᠭ᠎ᠠ ᠰᠡᠯᠡᠭᠦᠴᠡᠯ ᠤᠨ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠶᠢ ᠳᠡᠮᠵᠢᠵᠦ᠂ ᠰᠣᠶᠣᠯ ᠢᠷᠭᠡᠨᠰᠢᠯ ᠠᠮᠢ ᠠᠬᠤᠢ ᠶᠢᠨ ᠡᠭᠢ ᠪᠠᠶᠠᠯᠢᠭ ᠢ ᠬᠠᠮᠠᠭᠠᠯᠠᠬᠤ ᠬᠢᠭᠡᠳ ᠬᠥᠳᠡᠭᠡ ᠲᠤᠰᠬᠤᠨ ᠢ ᠬᠥᠭᠵᠢᠭᠦᠯᠬᠦ ᠶᠢ ᠬᠠᠷᠢᠯᠴᠠᠨ ᠠᠬᠢᠭᠤᠯᠬᠤ ᠲᠣᠭᠲᠠᠴᠠ ᠶᠢ ᠪᠠᠶᠢᠭᠤᠯᠤᠨ᠎ᠠ᠃ ᠠᠮᠢᠳᠤᠷᠠᠯ ᠤᠨ ᠪᠣᠬᠢᠷ ᠤᠰᠤ᠂ ᠬᠤᠭ ᠨᠣᠪᠰᠢ ᠶᠢ ᠰᠢᠢᠳᠪᠦᠷᠢᠯᠡᠬᠦ ᠪᠠ ᠲᠤᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠬᠤ ᠪᠠᠷ ᠭᠤᠣᠯ ᠰᠢᠪᠲᠤᠯᠬᠤ ᠴᠢᠭᠯᠡᠯ ᠪᠤᠯᠭᠠᠵᠤ᠂ ᠬᠥᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠬᠥᠳᠡᠭᠡ ᠲᠤᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠬᠠᠮᠢᠶᠠᠷᠤᠨ ᠬᠠᠮᠠᠭᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃      ᠠᠷᠪᠠᠨ ᠨᠢᠭᠡᠳᠦᠭᠡᠷ ᠪᠦᠯᠦᠭ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠨ᠎ᠠ      ᠲᠣᠭᠠᠴᠢᠯᠠᠭᠰᠠᠨ ᠮᠡᠳᠡᠭᠡ ᠵᠠᠩᠭᠢ ᠵᠡᠷᠭᠡ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠵᠠᠮ ᠬᠠᠷᠢᠯᠴᠠᠭ᠎ᠠ᠂ ᠡᠨᠧᠷᠭᠢ ᠵᠡᠷᠭᠡ ᠣᠷᠣᠨ ᠪᠦᠰᠡ ᠠᠯᠤᠰᠯᠠᠭᠰᠠᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠬᠤᠳᠠ ᠶᠢᠨ ᠪᠦᠯᠦᠭᠵᠢᠯ᠂ ᠠᠳᠠᠯᠢ ᠪᠤᠰᠤ ᠣᠷᠣᠨ ᠪᠦᠰᠡ ᠶᠢᠨ ᠬᠤᠭᠤᠷᠤᠨᠳᠤᠭᠢ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠵᠦ᠂ ᠬᠥᠮᠥᠨ ᠤ ᠤᠷᠤᠰᠬᠠᠯ᠂ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠶᠢᠨ ᠴᠢᠯᠦᠭᠡᠲᠡᠢ ᠳᠦᠭᠦᠮ ᠳᠥᠲᠡ ᠰᠢᠯᠵᠢᠯᠲᠡ ᠶᠢ ᠠᠬᠢᠭᠤᠯᠤᠨ᠎ᠠ᠃      ᠨᠢᠭᠡᠳᠦᠭᠡᠷ ᠬᠡᠰᠡᠭ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ      ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠪᠠᠷ ᠭᠤᠣᠯᠳᠠᠯᠭ᠎ᠠ ᠪᠣᠯᠭᠠᠨ᠂ ᠪᠦᠭᠦ ᠰᠠᠪᠠ ᠭᠠᠵᠠᠷ ᠤᠨ ᠵᠣᠬᠢᠴᠠᠩᠭᠤᠢ ᠪᠠᠶᠢᠵᠤ᠂ ᠬᠦᠷᠢᠶ᠎ᠡ ᠠᠯᠤᠰᠯᠠᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ 5G ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠨ᠂ 5G  ᠤᠨ ᠠᠬᠤᠢ ᠪᠠᠶᠢᠳᠠᠯ ᠤᠨ ᠬᠡᠷᠡᠭᠯᠡᠯᠲᠡ ᠶᠢ ᠥᠷᠭᠡᠳᠬᠡᠵᠦ᠂ ᠬᠠᠲᠤᠨ ᠭᠤᠣᠯ ᠳᠠᠭᠠᠤ ᠶᠢᠨ ᠶᠡᠭᠡ ᠳᠤᠮᠳᠠ ᠬᠤᠲᠠ ᠶᠢᠨ ᠢᠨᠲ᠋ᠧᠷ ᠰᠦᠯᠵᠢᠶᠡᠨ ᠤ ᠵᠥᠪᠯᠡᠯᠴᠡᠭᠡᠷ ᠤᠨ ᠵᠢᠷᠭᠤᠳᠤᠭᠠᠷ ᠬᠡᠪᠯᠡᠯ ︵IPv 6︶  ᠤᠨ ᠪᠦᠭᠦ ᠲᠠᠯ᠎ᠠ ᠶᠢᠨ ᠪᠠᠶᠢᠷᠢᠯᠠᠭᠤᠯᠤᠯᠲᠠ ᠶᠢ ᠪᠡᠶᠡᠯᠡᠭᠦᠯᠦᠨ᠂ ᠮᠢᠩᠭᠠᠨ ᠰᠠᠶ᠎ᠠ ᠵᠢᠴᠢ ᠡᠭᠦᠨ ᠠᠴᠠ ᠳᠡᠭᠡᠭᠰᠢᠭᠢ ᠭᠡᠷᠡᠯ ᠰᠢᠷᠬᠡᠭ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠵᠧᠩᠵᠧᠦ᠂ ᠰᠢ ᠠᠨ᠂ ᠭᠦᠭᠡᠬᠤᠲᠠ ᠵᠡᠷᠭᠡ ᠤᠯᠤᠰ ᠤᠨ ᠲᠠᠰ ᠤᠨ ᠢᠨᠲ᠋ᠧᠷ ᠰᠦᠯᠵᠢᠶᠡᠨ ᠤ ᠭᠤᠣᠯᠯᠠᠭᠴᠢ ᠰᠢᠭᠤᠳ ᠬᠠᠷᠢᠯᠴᠠᠬᠤ ᠴᠡᠭ ᠤᠨ ᠴᠢᠳᠠᠮᠵᠢ ᠶᠢ ᠴᠢᠩᠭᠠᠷᠠᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠳ᠋ᠠᠶᠢᠲ᠋ᠠ ᠶᠢᠨ ᠲᠥᠪ ᠤᠨ ᠵᠠᠩᠭᠢᠯᠠᠭ᠎ᠠ ᠶᠢᠨ ᠴᠡᠭ ᠪᠠ ᠰᠦᠯᠵᠢᠶᠡᠵᠢᠭᠰᠡᠨ ᠪᠠᠶᠢᠷᠢᠰᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠳ᠋ᠠᠶᠢᠲ᠋ᠠ ᠶᠢᠨ ᠡᠭᠢ ᠪᠠᠶᠠᠯᠢᠭ ᠤᠨ ᠭᠦᠢᠯᠭᠡᠭᠡᠨ ᠪᠠ ᠬᠡᠷᠡᠭᠯᠡᠯᠲᠡ ᠶᠢ ᠴᠢᠩᠭᠠᠳᠬᠠᠵᠤ᠂ ᠬᠠᠲᠤᠨ ᠭᠤᠣᠯ ᠳᠠᠭᠠᠤ ᠶᠢᠨ ᠬᠤᠲᠠ ᠳᠤ ᠤᠯᠤᠰ ᠤᠨ ᠭᠡᠲᠦ ᠪᠣᠳᠣᠯᠲᠠ ᠶᠢᠨ ᠲᠥᠪ ᠢ ᠪᠠᠶᠢᠷᠢᠯᠠᠭᠤᠯᠤᠨ᠂ ᠬᠡᠰᠡᠭ ᠮᠤᠵᠢ ᠥᠪᠡᠷᠲᠡᠭᠡᠨ ᠵᠠᠰᠠᠬᠤ ᠣᠷᠣᠨ ᠳᠤ ᠢᠨᠲ᠋ᠧᠷ ᠰᠦᠯᠵᠢᠶ᠎ᠡ ᠶᠢᠨ ᠳ᠋ᠠᠶᠢᠲ᠋ᠠ ᠶᠢᠨ ᠲᠥᠪ ᠢ ᠪᠠᠶᠢᠷᠢᠯᠠᠭᠤᠯᠤᠨ ᠪᠠᠶᠢᠭᠤᠯᠵᠤ᠂ ︽ᠢᠨᠲ᠋ᠧᠷ ᠰᠦᠯᠵᠢᠶ᠎ᠡ + ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ︾  ᠶᠢᠨ ᠶᠡᠷᠦᠩᠬᠡᠶᠢᠯᠡᠭᠰᠡᠨ ᠬᠡᠷᠡᠭᠯᠡᠭᠡᠨ ᠢ ᠳᠡᠯᠭᠡᠷᠡᠭᠦᠯᠦᠨ᠎ᠡ᠃ 5G᠂ ᠰᠢᠯᠵᠢᠭᠡ ᠪᠠᠷᠠᠭᠠᠨ ᠤ ᠰᠦᠯᠵᠢᠶ᠎ᠡ ᠵᠡᠷᠭᠡ ᠶᠢ ᠵᠠᠯᠭᠠᠨ ᠤᠷᠤᠭᠤᠯᠬᠤ ᠮᠡᠷᠭᠡᠵᠢᠯ ᠳᠤ ᠲᠦᠰᠢᠭᠯᠡᠨ᠂ ᠪᠠᠷᠠᠭᠠᠨ ᠤ ᠰᠦᠯᠵᠢᠶ᠎ᠡ ᠪᠠ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠣᠶᠤᠨᠴᠢ ᠲᠥᠬᠦᠭᠡᠷᠦᠮᠵᠢ ᠶᠢ ᠬᠡᠪᠴᠢᠶᠡᠵᠢᠭᠦᠯᠦᠨ ᠪᠠᠶᠢᠭᠤᠯᠬᠤ ᠵᠢᠴᠢ ᠬᠡᠷᠡᠭᠯᠡᠬᠦ ᠶᠢ ᠤᠷᠢᠳ ᠢᠶᠠᠷ ᠠᠬᠢᠭᠤᠯᠤᠨ᠎ᠠ᠃ ᠭᠤᠣᠯ ᠠᠵᠤ ᠦᠢᠯᠡᠰ ᠤᠨ ᠬᠡᠯᠬᠢᠶ᠎ᠡ ᠳᠤ ᠬᠠᠨᠳᠤᠭᠤᠯᠤᠭᠰᠠᠨ ᠵᠣᠬᠢᠶᠠᠮᠠᠯ ᠤᠶᠤᠨ ᠴᠢᠳᠠᠪᠤᠷᠢ ᠶᠢᠨ ᠲᠠᠪᠴᠠᠩ ᠵᠡᠷᠭᠡ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ︽ᠵᠣᠬᠢᠶᠠᠮᠠᠯ ᠤᠶᠤᠨ ᠴᠢᠳᠠᠪᠤᠷᠢ +︾ ᠦᠢᠯᠡᠴᠢᠯᠡᠭᠡ ᠬᠠᠩᠭᠠᠨ᠎ᠠ᠃      ᠬᠤᠶᠠᠳᠤᠭᠠᠷ ᠬᠡᠰᠡᠭ ᠳᠦᠭᠦᠮ ᠳᠥᠲᠡ ᠣᠶᠤᠨᠴᠢ ᠪᠣᠬᠢᠷᠳᠤᠯ ᠦᠭᠡᠢ ᠠᠮᠤᠷ ᠲᠦᠪᠰᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠢ ᠪᠠᠶᠢᠭᠤᠯᠤᠨ᠎ᠠ      ᠤᠳᠤ ᠪᠠᠶᠢᠭ᠎ᠠ ᠡᠩ ᠤᠨ ᠬᠤᠷᠳᠤᠴᠠᠲᠤ ᠲᠡᠮᠦᠷ ᠵᠠᠮ᠂ ᠲᠦᠷᠭᠡᠨ ᠤ ᠲᠡᠮᠦᠷ ᠵᠠᠮ᠂ ᠲᠦᠷᠭᠡᠨ ᠤ ᠵᠠᠮ᠂ ᠭᠤᠣᠯ ᠱᠤᠭᠤᠮ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠴᠢᠳᠠᠮᠵᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠰᠢᠨ᠎ᠡ ᠪᠠᠷ ᠪᠠᠶᠢᠭᠤᠯᠵᠤ᠂ ︽一 ᠦᠰᠦᠭ ᠤᠨ ᠭᠡᠯᠪᠡᠷᠢ︾᠂ ︽几 ᠦᠰᠦᠭ ᠤᠨ ᠭᠡᠯᠪᠡᠷᠢ︾ ᠪᠠ ︽ᠲᠣᠨᠣᠯᠵᠢᠨ ᠭᠡᠯᠪᠡᠷᠢ︾  ᠪᠠᠷ ᠭᠤᠣᠯ ᠭᠡᠯᠪᠡᠷᠢ ᠪᠤᠯᠭᠠᠭᠰᠠᠨ ᠬᠠᠲᠤᠨ ᠭᠤᠣᠯ ᠤᠨ ᠰᠠᠪᠠ ᠭᠠᠵᠠᠷ ᠤᠨ ᠣᠳᠣᠬᠢᠴᠢᠯᠠᠭᠰᠠᠨ ᠵᠠᠮ ᠬᠠᠷᠢᠯᠴᠠᠭᠠᠨ ᠤ ᠲᠣᠣᠷ ᠢ ᠲᠦᠷᠭᠡᠨ ᠪᠦᠷᠢᠯᠳᠦᠭᠦᠯᠵᠦ᠂ ᠲᠤᠲᠠᠭᠳᠠᠵᠤ ᠪᠠᠶᠢᠭ᠎ᠠ ᠵᠠᠮ ᠱᠤᠭᠤᠮ ᠢ ᠨᠥᠬᠦᠪᠦᠷᠢᠯᠡᠨ᠂ ᠪᠣᠭᠤᠮᠢ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠤᠲᠠ ᠬᠥᠳᠡᠭᠡ ᠶᠢᠨ ᠣᠷᠣᠨ ᠪᠦᠰᠡ ᠶᠢ ᠥᠨᠳᠥᠷ ᠪᠦᠲᠦᠮᠵᠢᠲᠡᠢ ᠪᠠᠷ ᠬᠤᠯᠪᠣᠯᠳᠤᠭᠤᠯᠬᠤ ᠶᠢ ᠪᠡᠶᠡᠯᠡᠭᠦᠯᠦᠨ᠎ᠡ᠃ ︽一 ᠦᠰᠦᠭ ᠤᠨ ᠭᠡᠯᠪᠡᠷᠢ︾  ᠨᠢ ᠵᠢᠨᠠᠨ ᠠᠴᠠ ᠵᠧᠩᠵᠧᠦ ᠪᠠᠷ ᠥᠩᠭᠡᠷᠡᠨ ᠰᠢ ᠠᠨ᠂ ᠯᠠᠨᠵᠧᠦ᠂ ᠰᠢᠨᠢᠩ ᠬᠦᠷᠬᠦ ᠵᠡᠭᠦᠨ ᠪᠠᠷᠠᠭᠤᠨ ᠴᠢᠭᠯᠡᠯ ᠤᠨ ᠶᠡᠭᠡ ᠵᠠᠮ ᠪᠠᠶᠢᠵᠤ᠂ ᠵᠡᠷᠭᠡᠯᠡᠳᠡᠭᠡ ᠮᠤᠵᠢ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠤᠨ ᠭᠤᠣᠯ ᠱᠤᠭᠤᠮ ᠢ ᠬᠤᠯᠪᠣᠬᠤ ᠪᠠ ᠰᠠᠯᠪᠤᠷᠢ ᠱᠤᠭᠤᠮ᠂ ᠲᠤᠰᠬᠠᠢ ᠬᠡᠷᠡᠭᠯᠡᠬᠦ ᠱᠤᠭᠤᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠤᠵᠢ ᠠᠯᠤᠰᠯᠠᠭᠰᠠᠨ ᠲᠦᠷᠭᠡᠨ ᠤ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠪᠦᠯᠦᠭᠵᠢᠯ ᠤᠨ ᠬᠤᠲᠠ ᠶᠢᠨ ᠬᠤᠭᠤᠷᠤᠨᠳᠤᠭᠢ ᠵᠠᠮ ᠬᠠᠷᠢᠯᠴᠠᠭᠠᠨ ᠤ ᠲᠣᠣᠷ ᠢ ᠨᠢᠭᠲᠠᠷᠠᠭᠤᠯᠵᠤ᠂ ᠬᠠᠲᠤᠨ ᠭᠤᠣᠯ ᠳᠠᠭᠠᠤ ᠶᠢᠨ ᠭᠤᠣᠯ ᠪᠤᠯᠬᠤ ᠠᠵᠤ ᠠᠬᠤᠢ ᠶᠢᠨ ᠣᠷᠣᠨ ᠢ ᠨᠠᠩ ᠥᠨᠳᠥᠷ ᠪᠦᠲᠦᠮᠵᠢᠲᠡᠶ ᠪᠠᠷ ᠬᠤᠯᠪᠣᠨ ᠨᠡᠪᠲᠡᠷᠡᠭᠦᠯᠦᠨ᠎ᠡ᠃ ︽几 ᠦᠰᠦᠭ ᠤᠨ ᠭᠡᠯᠪᠡᠷᠢ︾  ᠨᠢ ᠯᠠᠨᠵᠧᠦ ᠠᠴᠠ ᠢᠷᠭᠠᠢ᠂ ᠪᠤᠭᠤᠲᠤ ᠪᠠᠷ ᠥᠩᠭᠡᠷᠡᠨ ᠭᠦᠭᠡᠬᠤᠲᠠ᠂ ᠲᠠᠶᠢᠶᠤᠸᠠᠨ ᠬᠦᠷᠬᠦ ᠪᠥᠭᠡᠳ ᠵᠧᠩᠵᠧᠦ ᠳᠤ ᠨᠡᠪᠲᠡᠷᠡᠬᠦ ᠶᠡᠷᠦᠩᠬᠡᠶᠢᠯᠡᠭᠰᠡᠨ ᠲᠡᠭᠡᠭᠡᠪᠦᠷᠢ ᠶᠢᠨ ᠬᠤᠩᠭᠢᠯ ᠪᠠᠶᠢᠵᠤ᠂ ᠲᠦᠷᠭᠡᠨ ᠤ ᠲᠡᠮᠦᠷ ᠵᠠᠮ᠂ ᠬᠠᠲᠤᠨ ᠭᠤᠣᠯ ᠳᠠᠭᠠᠤ ᠶᠢᠨ ᠨᠡᠪᠲᠡᠷᠡᠬᠦ ᠵᠠᠮ᠂ ᠪᠠᠷᠠᠭᠠᠨ ᠤ ᠲᠡᠭᠡᠭᠡᠪᠦᠷᠢ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠬᠠᠲᠤᠨ ᠭᠤᠣᠯ ᠤᠨ ︽ᠡᠨᠧᠷᠭᠢ ᠶᠢᠨ ᠰᠤᠷᠪᠤᠯᠵᠢ ᠶᠢᠨ ᠰᠠᠪᠠ ᠭᠠᠵᠠᠷ︾  ᠤᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠦᠨ᠎ᠡ᠃ ︽ᠲᠣᠨᠣᠯᠵᠢᠨ ᠭᠡᠯᠪᠡᠷᠢ︾  ᠨᠢ ᠪᠤᠭᠤᠲᠤ ᠠᠴᠠ ᠣᠷᠳᠣᠰ ᠢᠶᠠᠷ ᠥᠩᠭᠡᠷᠡᠨ ᠲᠡᠮᠡᠭᠡᠲᠦ᠂ ᠶᠠᠨ ᠠᠨ ᠢᠶᠠᠷ ᠥᠩᠭᠡᠷᠡᠵᠦ ᠰᠢ ᠠᠨ ᠬᠦᠷᠬᠦ ᠭᠤᠯᠳᠤ ᠴᠢᠭᠯᠡᠯ ᠤᠨ ᠨᠡᠪᠲᠡᠷᠡᠬᠦ ᠵᠠᠮ ᠪᠠ ᠢᠷᠭᠠᠢ ᠠᠴᠠ ᠰᠦᠶ᠋ᠳᠧ ᠪᠠᠷ ᠥᠩᠭᠡᠷᠡᠨ ᠲᠠᠶᠢᠶᠤᠸᠠᠨ ᠳᠤ ᠬᠦᠷᠬᠦ᠂ ᠯᠠᠨᠵᠧᠦ ᠠᠴᠠ ᠫᠢᠩᠯᠢᠶᠠᠩ᠂ ᠴᠢᠩ ᠶᠠᠩ ᠢᠶᠠᠷ ᠥᠩᠭᠡᠷᠡᠨ ᠶᠠᠨ ᠠᠨ᠂ ᠪᠡᠭᠡᠵᠢᠩ ᠬᠦᠷᠬᠦ ᠬᠥᠨᠳᠡᠯᠡᠨ ᠴᠢᠭᠯᠡᠯ ᠤᠨ ᠨᠡᠪᠲᠡᠷᠡᠬᠦ ᠵᠠᠮ ᠪᠠᠶᠢᠵᠤ᠂ ᠲᠦᠷᠭᠡᠨ ᠤ ᠲᠡᠮᠦᠷ ᠵᠠᠮ ᠤᠨ ᠲᠣᠣᠷ ᠢ ᠪᠦᠲᠦᠭᠡᠨ ᠪᠠᠶᠢᠭᠤᠯᠤᠨ᠂ ᠡᠩ ᠤᠨ ᠬᠤᠷᠳᠤᠴᠠᠲᠤ ᠲᠡᠮᠦᠷ ᠵᠠᠮ ᠤᠨ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠲᠦᠪᠰᠢᠨ ᠢ ᠳᠡᠭᠡᠭᠰᠢᠯᠡᠭᠦᠯᠵᠦ᠂ ᠱᠠᠨᠰᠢ ᠭᠠᠨᠰᠤ ᠨᠢᠩᠰᠢᠶᠠ᠂ ᠯᠢᠦᠢ ᠯᠢᠶᠠᠩ ᠱᠠᠨ ᠵᠡᠷᠭᠡ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠰᠠᠭᠤᠷᠢ ᠲᠥᠬᠦᠭᠡᠷᠦᠮᠵᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠠᠳᠤᠨ ᠭᠤᠣᠯ ᠤᠨ ᠰᠠᠪᠠ ᠭᠠᠵᠠᠷ ᠤᠨ ᠲᠦᠷᠭᠡᠨ ᠤ ᠵᠠᠮ ᠤᠨ ᠲᠣᠣᠷ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠤᠯᠤᠰ ᠪᠠ ᠮᠤᠵᠢ ᠶᠢᠨ ᠭᠤᠣᠯ ᠱᠤᠭᠤᠮ ᠤᠨ ᠮᠡᠷᠭᠡᠵᠢᠯ ᠤᠨ ᠵᠡᠷᠭᠡ ᠳᠡᠰ ᠢ ᠳᠡᠭᠡᠭᠰᠢᠯᠡᠭᠦᠯᠦᠨ᠎ᠡ᠃ ᠬᠠᠲᠤᠨ ᠭᠤᠣᠯ ᠠᠯᠤᠰᠯᠠᠭᠰᠠᠨ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠠᠨ ᠤ ᠤᠯᠠᠨ ᠤᠯᠤᠰ ᠤᠨ ᠠᠭᠠᠷ ᠤᠨ ᠠᠶᠠᠯᠠᠯ ᠤᠨ ᠬᠦᠢᠰᠦ ᠪᠠ ᠵᠧᠩᠵᠧᠦ ᠶᠢᠨ ᠤᠯᠠᠨ ᠤᠯᠤᠰ ᠤᠨ ᠠᠭᠠᠷ ᠤᠨ ᠠᠶᠠᠯᠠᠯ ᠤᠨ ᠪᠠᠷᠠᠭᠠᠨ ᠤ ᠲᠡᠭᠡᠭᠡᠪᠦᠷᠢ ᠶᠢᠨ ᠬᠦᠢᠰᠦ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠨᠠᠨ᠂ ᠭᠦᠭᠡᠬᠤᠲᠠ᠂ ᠲᠠᠶᠢᠶᠤᠸᠠᠨ᠂ ᠢᠷᠭᠠᠢ᠂ ᠯᠠᠨᠵᠧᠦ᠂ ᠰᠢᠨᠢᠩ ᠵᠡᠷᠭᠡ ᠣᠷᠣᠨ ᠪᠦᠰᠡ ᠶᠢᠨ ᠬᠦᠢᠰᠦ ᠨᠢᠰᠬᠡᠯ ᠤᠨ ᠪᠠᠭᠤᠳᠠᠯ ᠤᠨ ᠴᠢᠳᠠᠮᠵᠢ ᠶᠢ ᠳᠡᠭᠡᠭᠰᠢᠯᠡᠭᠦᠯᠵᠦ᠂ ᠳᠡᠭᠡᠳᠦ ᠤᠷᠤᠰᠬᠠᠯ ᠤᠨ ᠲᠠᠯᠠᠢ ᠶᠢᠨ ᠲᠦᠪᠰᠢᠨ ᠠᠴᠠ ᠥᠨᠳᠥᠷ ᠡᠷᠭᠦᠭᠳᠡᠭᠰᠡᠨ ᠭᠠᠵᠠᠷ ᠣᠷᠣᠨ ᠤ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠎ᠡ᠃      ᠭᠤᠷᠪᠠᠳᠤᠭᠠᠷ ᠬᠡᠰᠡᠭ ᠣᠷᠣᠨ ᠪᠦᠰᠡ ᠠᠯᠤᠰᠯᠠᠭᠰᠠᠨ ᠶᠡᠭᠡ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ      ᠬᠠᠲᠤᠨ ᠭᠤᠣᠯ ᠤᠨ ︽几︾ ᠦᠰᠦᠭ ᠤᠨ ᠲᠣᠬᠤᠢ ᠶᠢᠨ ᠭᠠᠵᠠᠷ ᠣᠷᠣᠨ ᠠᠴᠠ ᠪᠡᠭᠡᠵᠢᠩ᠂ ᠲᠢᠶᠠᠨᠵᠢᠨ ᠬᠦᠷᠬᠦ ᠶᠡᠭᠡ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠶᠦ᠋ᠩ ᠠᠨ ᠠᠴᠠ ᠰᠢᠨᠵᠧᠤ ᠬᠦᠷᠬᠦ᠂ ᠲᠢᠶᠠᠨᠵᠢᠨ ᠠᠴᠠ ᠸᠧᠶᠢᠹᠠᠩ ︵ᠶᠠᠨᠲ᠋ᠠᠢ︶ ᠬᠦᠷᠬᠦ ᠵᠡᠷᠭᠡ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠪᠣᠯᠣᠨ ᠪᠡᠭᠡᠵᠢᠩ ᠲᠢᠶᠠᠨᠵᠢᠨ ᠾᠧᠪᠧᠢ ᠣᠷᠣᠨ ᠢ ᠲᠦᠷᠭᠡᠨ ᠬᠤᠯᠪᠣᠨ᠎ᠠ᠃ ᠬᠠᠲᠤᠨ ᠭᠤᠣᠯ ᠤᠨ ᠰᠠᠪᠠ ᠭᠠᠵᠠᠷ ᠬᠢᠭᠡᠳ ᠬᠥᠬᠡᠮᠥ᠋ᠷᠡᠨ ᠤ ᠠᠵᠤ ᠠᠬᠤᠢ ᠶᠢᠨ ᠪᠦᠰᠡ᠂ ᠴᠧᠩᠳᠦ᠋ ᠴᠦᠩᠴᠢᠩ ᠤᠨ ᠬᠤᠶᠠᠷ ᠬᠤᠲᠠ ᠶᠢᠨ ᠠᠵᠤ ᠠᠬᠤᠢ ᠶᠢᠨ ᠴᠠᠭᠠᠷᠢᠭ᠂ ᠬᠥᠬᠡᠮᠥ᠋ᠷᠡᠨ ᠤ ᠳᠤᠮᠳᠠ ᠤᠷᠤᠰᠬᠠᠯ ᠤᠨ ᠬᠤᠲᠠ ᠶᠢᠨ ᠪᠦᠯᠦᠭᠵᠢᠯ ᠯᠦᠭᠡ ᠬᠤᠯᠪᠤᠭᠠᠯᠠᠨ ᠨᠡᠪᠲᠡᠷᠡᠯᠴᠡᠬᠦ ᠶᠢ ᠴᠢᠩᠭᠠᠳᠬᠠᠨ᠂ ᠰᠢᠨᠢᠩ ᠠᠴᠠ ᠴᠧᠩᠳᠦ᠋ ᠬᠦᠷᠬᠦ᠂ ᠰᠢ ᠠᠨ ᠠᠴᠠ ᠱᠢ ᠶᠠᠨ ᠬᠦᠷᠬᠦ᠂ ᠴᠦᠩᠴᠢᠩ ᠠᠴᠠ ᠰᠢ ᠠᠨ ᠬᠦᠷᠬᠦ ᠵᠡᠷᠭᠡ ᠲᠡᠮᠦᠷ ᠵᠠᠮ ᠤᠨ ᠴᠢᠬᠤᠯᠠ ᠶᠡᠭᠡ ᠲᠦᠷᠦᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠴᠧᠩᠳᠦ᠋ᠠᠴᠠ ᠭᠤᠤᠯᠮᠤᠳ ᠬᠦᠷᠬᠦ ᠲᠡᠮᠦᠷ ᠵᠠᠮ ᠵᠡᠷᠭᠡ ᠲᠦᠷᠦᠯ ᠵᠦᠢᠯ ᠢ ᠰᠤᠳᠤᠯᠤᠨ ᠠᠬᠢᠭᠤᠯᠵᠤ᠂ ᠯᠠᠨᠵᠧᠦ ᠠᠴᠠ ᠴᠧᠩᠳᠦ᠋ ᠪᠠ ᠴᠦᠩᠴᠢᠩ ᠬᠦᠷᠬᠦ᠂ ᠰᠢ ᠠᠨ ᠠᠴᠠ ᠴᠧᠩᠳᠦ᠋ ᠪᠣᠯᠣᠨ ᠴᠦᠩᠴᠢᠩ ᠬᠦᠷᠬᠦ ᠵᠢᠴᠢ ᠵᠧᠩᠵᠧᠦ ᠠᠴᠠ ᠴᠦᠩᠴᠢᠩ ᠪᠠ ᠦᠬᠠᠨ ᠬᠦᠷᠬᠦ ᠵᠡᠷᠭᠡ ᠡᠮᠦᠨᠡᠰᠢ ᠤᠮᠠᠷᠠᠰᠢᠭᠢ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠶᠡᠭᠡ ᠨᠡᠪᠲᠡᠷᠡᠬᠦ ᠵᠠᠮ ᠢ ᠪᠠᠶᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠪᠠ ᠬᠥᠬᠡᠮᠥ᠋ᠷᠡᠨ ᠤ ᠰᠠᠪᠠ ᠭᠠᠵᠠᠷ ᠢ ᠬᠤᠯᠪᠣᠭᠰᠠᠨ ᠲᠡᠮᠦᠷ ᠵᠠᠮ ᠪᠠ ᠤᠰᠤᠨ ᠵᠠᠮ ᠤᠨ ᠬᠤᠯᠪᠤᠭᠠᠯᠠᠨ ᠲᠡᠭᠡᠭᠡᠪᠦᠷᠢᠯᠡᠬᠦ ᠶᠡᠭᠡ ᠨᠡᠪᠲᠡᠷᠡᠬᠦ ᠵᠠᠮ ᠢ ᠪᠠᠶᠢᠭᠤᠯᠤᠨ᠎ᠠ᠃ ᠨᠡᠭᠦᠷᠡᠰᠦ ᠶᠢ ᠭᠠᠳᠠᠭᠰᠢ ᠭᠦᠷᠭᠡᠭᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠡᠮᠦᠷ ᠵᠠᠮ ᠢᠶᠠᠷ ᠭᠤᠣᠯ ᠪᠤᠯᠭᠠᠭᠰᠠᠨ ᠲᠡᠭᠡᠭᠡᠪᠦᠷᠢ ᠶᠢᠨ ᠪᠦᠲᠦᠴᠡ ᠶᠢ ᠲᠦᠷᠭᠡᠨ ᠪᠦᠷᠢᠯᠳᠦᠭᠦᠯᠵᠦ᠂ ᠳ᠋ᠠ ᠴᠢᠨ᠂ ᠱᠥᠸᠧ ᠬᠤᠸᠠᠩ᠂ ᠰᠢ ᠫᠢᠩ᠂ ᠪᠦᠦ ᠵᠦᠩ ᠵᠡᠷᠭᠡ ᠤᠳᠤ ᠪᠠᠶᠢᠭ᠎ᠠ ᠲᠡᠮᠦᠷ ᠵᠠᠮ ᠤᠨ ᠴᠢᠳᠠᠮᠵᠢ ᠶᠢ ᠥᠷᠭᠡᠳᠬᠡᠬᠦ ᠥᠭᠡᠷᠡᠴᠢᠯᠡᠯᠲᠡ ᠶᠢ ᠠᠬᠢᠭᠤᠯᠵᠤ᠂ ᠲᠥᠪᠯᠡᠷᠡᠭᠦᠯᠦᠨ ᠲᠠᠷᠬᠠᠭᠠᠬᠤ ᠲᠡᠭᠡᠭᠡᠪᠦᠷᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠷᠠᠭᠤᠨ ᠬᠡᠰᠡᠭ ᠤᠨ ᠨᠡᠭᠦᠷᠡᠰᠦ ᠶᠢ ᠵᠡᠭᠦᠨᠰᠢ ᠲᠡᠭᠡᠭᠡᠪᠦᠷᠢᠯᠡᠬᠦ᠂ ᠤᠮᠠᠷᠠᠲᠤ ᠶᠢᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠬᠥᠬᠡᠨᠠᠭᠤᠷ — ᠾᠧᠨᠠᠨ᠂ ᠱᠠᠨᠰᠢ ᠶᠢᠨ ᠬᠤᠶᠢᠲᠤ ᠬᠡᠰᠡᠭ — ᠬᠤᠪᠧᠢ᠂ ᠭᠠᠨᠰᠤ ᠶᠢᠨ ᠵᠡᠭᠦᠨ ᠬᠡᠰᠡᠭ — ᠱᠠᠨᠳᠦ᠋ᠩ ᠵᠡᠷᠭᠡ ᠣᠨᠴᠠ ᠥᠨᠳᠥᠷ ᠬᠦᠴᠦᠳᠡᠯᠲᠦ ᠴᠠᠭᠢᠯᠭᠠᠨ ᠭᠦᠷᠭᠡᠭᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠴᠡᠪᠡᠷ ᠡᠨᠧᠷᠭᠢ ᠶᠢᠨ ᠬᠠᠷᠢᠯᠴᠠᠨ ᠨᠥᠬᠦᠪᠦᠷᠢᠯᠡᠬᠦ ᠭᠠᠳᠠᠭᠰᠢ ᠭᠦᠷᠭᠡᠭᠦ ᠰᠠᠭᠠᠳ ᠦᠭᠡᠢ ᠨᠡᠪᠲᠡᠷᠡᠬᠦ ᠵᠠᠮ ᠢ ᠨᠡᠪᠲᠡᠷᠡᠭᠦᠯᠦᠨ᠎ᠡ᠃ ᠴᠢᠯᠠᠭᠤᠨ ᠲᠣᠰᠣ ᠰᠢᠲᠠᠮᠠᠬᠠᠢ ᠬᠡᠢ ᠶᠢᠨ ᠭᠤᠣᠯ ᠱᠤᠭᠤᠮ ᠤᠨ ᠬᠤᠭᠤᠯᠠᠢ ᠶᠢᠨ ᠲᠣᠣᠷ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠠᠷᠠᠭᠤᠨᠳᠠᠭᠢ ᠬᠡᠢ ᠶᠢ ᠵᠡᠭᠦᠨᠰᠢ ᠳᠠᠮᠵᠢᠭᠤᠯᠬᠤ ᠵᠡᠷᠭᠡ ᠣᠷᠣᠨ ᠪᠦᠰᠡ ᠠᠯᠤᠰᠯᠠᠭᠰᠠᠨ ᠰᠢᠲᠠᠮᠠᠬᠠᠢ ᠬᠡᠢ ᠳᠠᠮᠵᠢᠭᠤᠯᠬᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠲᠤᠨ ᠭᠤᠣᠯ ᠳᠠᠭᠠᠤ ᠶᠢᠨ ᠬᠤᠲᠠ ᠶᠢᠨ ᠪᠦᠯᠦᠭᠵᠢᠯ ᠤᠨ ᠣᠷᠣᠨ ᠪᠦᠰᠡ᠂ ᠰᠠᠯᠪᠤᠷᠢ ᠱᠤᠭᠤᠮ ᠵᠢᠴᠢ ᠦᠵᠦᠭᠦᠷ ᠤᠨ ᠬᠤᠭᠤᠯᠠᠢ ᠶᠢᠨ ᠲᠣᠣᠷ ᠢ ᠲᠡᠭᠦᠯᠳᠡᠷᠵᠢᠭᠦᠯᠦᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠴᠢᠯᠠᠭᠤᠨ ᠲᠣᠰᠣ ᠰᠢᠲᠠᠮᠠᠬᠠᠢ ᠬᠡᠢ ᠶᠢᠨ ᠪᠠᠶᠢᠯᠳᠤᠬᠤ ᠪᠣᠳᠣᠯᠭ᠎ᠠ ᠶᠢᠨ ᠨᠥᠭᠡᠴᠡ ᠶᠢ ᠴᠢᠩᠭᠠᠳᠬᠠᠵᠤ᠂ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠣᠬᠢᠷᠠᠭᠤᠯᠤᠨ ᠭᠠᠵᠠᠷ ᠳᠤᠤᠷᠠᠭᠢ ᠬᠡᠢ ᠨᠥᠭᠡᠴᠡᠯᠡᠬᠦ ᠬᠥᠮᠥᠷᠭᠡ ᠶᠢ ᠪᠠᠶᠢᠭᠤᠯᠤᠨ᠎ᠠ᠃ ᠲᠡᠮᠦᠷ ᠵᠠᠮ ᠢᠶᠠᠷ ᠭᠤᠣᠯ ᠪᠤᠯᠭᠠᠵᠤ᠂ ᠬᠠᠳᠤᠨ ᠭᠤᠣᠯ ᠤᠨ ᠭᠦᠪᠡᠭᠡ ᠳᠠᠭᠠᠤ ᠶᠢᠨ ᠠᠮᠤ ᠪᠤᠳᠠᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ ᠬᠢᠭᠡᠳ ᠪᠦᠭᠦ ᠤᠯᠤᠰ ᠤᠨ ᠠᠮᠤ ᠪᠤᠳᠠᠭᠠᠨ ᠤ ᠭᠤᠣᠯ ᠪᠣᠷᠤᠯᠠᠭᠤᠯᠭ᠎ᠠ ᠶᠢᠨ ᠣᠷᠣᠨ ᠤ ᠬᠤᠭᠤᠷᠤᠨᠳᠤᠭᠢ ᠣᠷᠣᠨ ᠪᠦᠰᠡ ᠠᠯᠤᠰᠯᠠᠨ ᠲᠡᠭᠡᠭᠡᠪᠦᠷᠢᠯᠡᠬᠦ ᠵᠠᠮ ᠢ ᠲᠦᠷᠭᠡᠨ ᠪᠠᠶᠢᠭᠤᠯᠤᠨ᠎ᠠ᠃ ᠠᠭᠠᠷ ᠤᠨ ᠠᠶᠠᠯᠠᠯ᠂ ᠵᠠᠰᠠᠮᠠᠯ ᠵᠠᠮ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃      ᠠᠷᠪᠠᠨ ᠬᠤᠶᠠᠳᠤᠭᠠᠷ ᠪᠦᠯᠦᠭ ᠬᠠᠳᠤᠨ ᠭᠤᠣᠯ ᠤᠨ ᠰᠣᠶᠣᠯ ᠢ ᠬᠠᠮᠠᠭᠠᠯᠠᠨ ᠤᠯᠠᠮᠵᠢᠯᠠᠵᠤ ᠪᠠᠳᠠᠷᠠᠭᠤᠯᠤᠨ᠎ᠠ      ᠬᠠᠲᠤᠨ ᠭᠤᠣᠯ ᠳᠠᠭᠠᠤ ᠶᠢᠨ ᠰᠣᠶᠣᠯ ᠤᠨ ᠥᠪ ᠤᠨ ᠡᠭᠢ ᠪᠠᠶᠠᠯᠢᠭ ᠢ ᠬᠦᠴᠦᠯᠡᠨ ᠬᠠᠮᠠᠭᠠᠯᠠᠵᠤ᠂ ᠲᠡᠦᠬᠡ ᠰᠣᠶᠣᠯ ᠤᠨ ᠰᠤᠳᠠᠰᠤ ᠪᠠ ᠦᠨᠳᠦᠰᠦᠲᠡᠨ ᠤ ᠦᠨᠳᠦᠰᠦ ᠰᠤᠳᠠᠰᠤ ᠶᠢ ᠦᠷᠭᠦᠯᠵᠢᠯᠡᠭᠦᠯᠦᠨ᠂ ᠬᠠᠲᠤᠨ ᠭᠤᠣᠯ ᠤᠨ ᠰᠣᠶᠣᠯ ᠤᠨ ᠴᠠᠭ ᠦᠶ᠎ᠡ ᠶᠢᠨ ᠦᠨ᠎ᠡ ᠦᠷᠲᠡᠭ ᠢ ᠭᠦᠨᠵᠡᠭᠡᠢ ᠠᠭᠤᠳᠠᠯᠵᠤ᠂ ᠤᠯᠠᠨ ᠨᠡᠶᠢᠲᠡ ᠶᠢᠨ ᠰᠣᠶᠣᠯ ᠤᠨ ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠠᠷᠠᠳ ᠤᠯᠠᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ᠃      ᠨᠢᠭᠡᠳᠦᠭᠡᠷ ᠬᠡᠰᠡᠭ ᠬᠠᠲᠤᠨ ᠭᠤᠣᠯ ᠤᠨ ᠰᠣᠶᠣᠯ ᠤᠨ ᠥᠪ ᠢ ᠰᠢᠰᠲ᠋ᠧᠮ ᠲᠠᠢ ᠬᠠᠮᠠᠭᠠᠯᠠᠨ᠎ᠠ      ᠬᠠᠲᠤᠨ ᠭᠤᠣᠯ ᠤᠨ ᠰᠣᠶᠣᠯ ᠤᠨ ᠡᠭᠢ ᠪᠠᠶᠠᠯᠢᠭ ᠢ ᠪᠦᠭᠦ ᠲᠠᠯ᠎ᠠ ᠪᠠᠷ ᠪᠠᠶᠢᠴᠠᠭᠠᠬᠤ ᠪᠠ ᠬᠢᠨᠠᠨ ᠲᠣᠭᠲᠠᠭᠠᠬᠤ ᠠᠵᠢᠯ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠦᠯᠡᠳᠡᠭᠳᠡᠯ᠂ ᠪᠣᠳᠠᠰ ᠤᠨ ᠪᠤᠰᠤ ᠰᠣᠶᠣᠯ ᠤᠨ ᠥᠪ᠂ ᠡᠷᠲᠡᠨ ᠤ ᠪᠢᠴᠢᠭ ᠰᠤᠷᠪᠤᠯᠵᠢ ᠪᠢᠴᠢᠭ ᠵᠡᠷᠭᠡ ᠴᠢᠬᠤᠯᠠ ᠰᠣᠶᠣᠯ ᠤᠨ ᠥᠪ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠨ᠎ᠠ᠃      ᠬᠠᠲᠤᠨ ᠭᠤᠣᠯ ᠤᠨ ᠰᠣᠶᠣᠯ ᠤᠨ ᠥᠪ ᠢ ᠰᠢᠰᠲ᠋ᠧᠮ ᠲᠠᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠬᠠᠲᠤᠨ ᠭᠤᠣᠯ ᠤᠨ ᠰᠣᠶᠣᠯ ᠤᠨ ᠥᠪ ᠤᠨ ᠬᠤᠩᠭᠢᠯ ᠢ ᠪᠦᠲᠦᠭᠡᠨ ᠪᠠᠶᠢᠭᠤᠯᠤᠨ᠎ᠠ᠃ ᠤᠰᠠᠳᠬᠤ ᠰᠢᠬᠠᠭᠰᠠᠨ ᠥᠪ ᠬᠥᠷᠥᠩᠭᠡ ᠦᠯᠡᠳᠡᠭᠳᠡᠯ ᠪᠠᠭᠤᠷᠢ ᠶᠢ ᠠᠪᠤᠷᠠᠯᠳᠠ ᠶᠢᠨ ᠴᠢᠨᠠᠷᠲᠠᠢ ᠪᠠᠷ ᠬᠠᠮᠠᠭᠠᠯᠠᠨ᠎ᠠ᠃ ᠱᠠᠨᠰᠢ ᠶᠢᠨ ᠱᠢ ᠮᠣᠣ᠂ ᠱᠠᠨ ᠰᠢ ᠶᠢᠨ ᠲᠤᠤ ᠰᠧ᠂ ᠾᠧᠨᠠᠨ ᠤ ᠡᠯ ᠯᠢ ᠲᠧᠦ᠂ ᠾᠧᠨᠠᠨ ᠤ ᠱᠤᠸᠠᠩ ᠬᠤᠸᠠᠢ ᠱᠤ᠋᠂ ᠱᠠᠨᠳᠦ᠋ᠩ ᠤᠨ ᠳ᠋ᠡ ᠸᠧᠨ ᠺᠧᠦ ᠵᠡᠷᠭᠡ ᠴᠢᠬᠤᠯᠠ ᠪᠠᠭᠤᠷᠢ ᠶᠢ ᠴᠢᠨᠠᠷᠯᠢᠭ ᠬᠠᠮᠠᠭᠠᠯᠠᠵᠤ᠂ ᠣᠷᠳᠣᠨ ᠬᠠᠷᠰᠢ᠂ ᠬᠠᠭᠠᠨ ᠤ ᠤᠩᠭᠤᠨ ᠵᠡᠷᠭᠡ ᠲᠣᠮᠣ ᠪᠠᠭᠤᠷᠢ ᠶᠢᠨ ᠪᠦᠬᠦᠯᠢ ᠴᠣᠭᠴᠠ ᠶᠢᠨ ᠴᠢᠨᠠᠷᠲᠠᠢ ᠬᠠᠮᠠᠭᠠᠯᠠᠯᠲᠠ ᠪᠠ ᠰᠡᠷᠭᠦᠭᠡᠯᠲᠡ ᠶᠢᠨ ᠡᠷᠴᠢᠮ ᠢ ᠴᠢᠩᠭᠠᠷᠠᠭᠤᠯᠵᠤ᠂ ᠡᠷᠲᠡᠨ ᠤ ᠪᠠᠷᠢᠯᠭ᠎ᠠ᠂ ᠡᠷᠲᠡᠨ ᠤ ᠪᠠᠯᠭᠠᠰᠤ᠂ ᠡᠷᠲᠡᠨ ᠤ ᠲᠤᠰᠬᠤᠨ ᠵᠡᠷᠭᠡ ᠲᠠᠷᠢᠶᠠᠯᠠᠬᠤ ᠰᠣᠶᠣᠯ ᠤᠨ ᠥᠪ ᠪᠠ ᠡᠷᠲᠡᠨ ᠤ ᠤᠰᠤᠯᠠᠯᠲᠠ ᠶᠢᠨ ᠣᠷᠣᠨ᠂ ᠡᠷᠲᠡᠨ ᠤ ᠣᠯᠣᠮ ᠵᠡᠷᠭᠡ ᠤᠰᠤᠨ ᠤ ᠰᠣᠶᠣᠯ ᠤᠨ ᠥᠪ ᠢ ᠬᠠᠮᠠᠭᠠᠯᠠᠬᠤ ᠶᠢ ᠴᠢᠩᠭᠠᠳᠬᠠᠵᠤ᠂ ᠡᠷᠲᠡᠨ ᠤ ᠬᠥᠭᠦᠷᠭᠡᠨ ᠵᠠᠮ ᠵᠡᠷᠭᠡ ᠵᠠᠮ ᠬᠠᠷᠢᠯᠴᠠᠭᠠᠨ ᠤ ᠦᠯᠡᠳᠡᠭᠳᠡᠯ ᠢ ᠬᠠᠮᠠᠭᠠᠯᠠᠨ᠎ᠠ᠃ ᠡᠷᠲᠡᠨ ᠤ ᠤᠷᠲᠤ ᠴᠠᠭᠠᠨ ᠬᠡᠷᠡᠮ ᠢ ᠬᠠᠮᠠᠭᠠᠯᠠᠬᠤ ᠪᠠ ᠰᠡᠷᠭᠦᠭᠡᠬᠦ ᠠᠷᠭ᠎ᠠ ᠬᠡᠮᠵᠢᠶ᠎ᠡ ᠶᠢ ᠴᠢᠩᠳᠠᠯᠠᠵᠤ᠂ ᠭᠤᠣᠯᠳᠠᠯᠭ᠎ᠠ ᠲᠠᠢ ᠤᠷᠲᠤ ᠴᠠᠭᠠᠨ ᠬᠡᠷᠡᠮ ᠤᠨ ᠵᠠᠩᠭᠢᠯᠠᠭ᠎ᠠ ᠴᠡᠭ ᠤᠨ ᠬᠠᠮᠠᠭᠠᠯᠠᠯᠲᠠ ᠶᠢ ᠠᠬᠢᠭᠤᠯᠤᠨ᠎ᠠ᠃ ᠰᠢ ᠠᠨ᠂ ᠯᠦᠧᠧᠶᠠᠩ᠂ ᠺᠠᠶᠢᠹᠧᠩ᠂ ᠳ᠋ᠠᠲ᠋ᠦ᠋ᠩ ᠬᠤᠳᠠ ᠶᠢᠨ ᠲᠡᠦᠬᠡᠨ ᠳᠦᠷᠰᠦ ᠪᠠᠶᠢᠳᠠᠯ ᠤᠨ ᠣᠨᠴᠠᠯᠢᠭ ᠢ ᠬᠠᠮᠠᠭᠠᠯᠠᠨ ᠲᠡᠭᠦᠯᠳᠡᠷᠵᠢᠭᠦᠯᠬᠦ ᠶᠢ ᠲᠡᠮᠵᠢᠨ᠎ᠠ᠃ ᠬᠠᠲᠤᠨ ᠭᠤᠣᠯ ᠤᠨ ᠰᠠᠪᠠ ᠭᠠᠵᠠᠷ ᠤᠨ ︽ᠬᠠᠭᠤᠴᠢ ᠰᠤᠳᠤᠯᠤᠯ ᠤᠨ ᠳᠤᠮᠳᠠᠳᠤ ᠤᠯᠤᠰ︾  ᠤᠨ ᠴᠢᠬᠤᠯᠠ ᠶᠡᠭᠡ ᠰᠤᠳᠤᠯᠭᠠᠨ ᠤ ᠲᠦᠷᠦᠯ ᠵᠦᠢᠯ ᠢ ᠬᠡᠷᠡᠭᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠬᠢᠨᠠᠨ ᠲᠣᠭᠲᠠᠭᠠᠬᠤ ᠶᠢ ᠴᠢᠩᠭᠠᠳᠬᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠤᠯᠠᠭᠠᠶᠢᠯᠠᠨ ᠠᠭᠤᠳᠠᠯᠤᠭᠰᠠᠨ᠂ ᠬᠤᠯᠠᠭᠠᠶᠢᠯᠠᠭᠰᠠᠨ᠂ ᠬᠠᠤᠯᠢ ᠪᠤᠰᠤ ᠪᠠᠷ ᠠᠷᠠᠯᠵᠢᠶᠠᠯᠠᠭᠰᠠᠨ ᠵᠡᠷᠭᠡ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠪᠠ ᠦᠯᠡᠳᠡᠭᠳᠡᠯ ᠢ ᠬᠠᠮᠠᠭᠠᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠳᠠᠯᠢ ᠭᠤᠣᠯ ᠰᠡᠳᠦᠪᠲᠦ ᠣᠷᠣᠨ ᠪᠦᠰᠡ ᠠᠯᠤᠰᠯᠠᠭᠰᠠᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠢᠰᠲ᠋ᠧᠮ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠰᠢᠰᠲ᠋ᠧᠮ ᠢ ᠲᠡᠭᠦᠯᠳᠡᠷᠵᠢᠭᠦᠯᠦᠨ᠂ ᠬᠠᠲᠤᠨ ᠭᠤᠣᠯ ᠤᠨ ᠰᠠᠪᠠ ᠭᠠᠵᠠᠷ ᠤᠨ ᠰᠢ ᠵᠦᠴᠦᠭᠡ᠂ ᠦᠱᠦ᠂ ᠠᠷᠠᠳ ᠤᠨ ᠵᠠᠩ ᠦᠢᠯᠡ᠂ ᠤᠯᠠᠮᠵᠢᠯᠠᠯᠲᠤ ᠤᠷ᠎ᠠ ᠮᠡᠷᠭᠡᠰᠢᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠢ ᠶᠡᠭᠡ ᠪᠠᠷ ᠬᠠᠮᠠᠭᠠᠯᠠᠨ᠎ᠠ᠃ ᠤᠳᠤ ᠦᠶ᠎ᠡ ᠶᠢᠨ ᠮᠡᠳᠡᠭᠡ ᠵᠠᠩᠭᠢ ᠪᠣᠯᠣᠨ ᠵᠠᠭᠤᠴᠢᠯᠠᠭᠤᠷ ᠤᠨ ᠮᠡᠷᠭᠡᠵᠢᠯ ᠤᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠠᠲᠤᠨ ᠭᠤᠣᠯ ᠤᠨ ᠰᠣᠶᠣᠯ ᠤᠨ ᠥᠪ ᠢ ᠲᠣᠭᠠᠴᠢᠯᠠᠨ ᠬᠠᠮᠠᠭᠠᠯᠠᠬᠤ ᠪᠠ ᠵᠠᠯᠭᠠᠮᠵᠢᠯᠠᠨ ᠪᠠᠳᠠᠷᠠᠭᠤᠯᠬᠤ ᠶᠢ ᠴᠢᠩᠭᠠᠳᠬᠠᠨ᠎ᠠ᠃      ᠬᠤᠶᠠᠳᠤᠭᠠᠷ ᠬᠡᠰᠡᠭ ᠬᠠᠳᠤᠨ ᠭᠤᠣᠯ ᠤᠨ ᠰᠣᠶᠣᠯ ᠤᠨ ᠭᠧᠨ ᠢ ᠭᠦᠨᠵᠡᠭᠡᠢ ᠤᠯᠠᠮᠵᠢᠯᠠᠨ ᠵᠠᠯᠭᠠᠮᠵᠢᠯᠠᠨ᠎ᠠ      ᠳᠤᠮᠳᠠᠳᠤ ᠶᠢᠨ ᠪᠣᠯᠪᠠᠰᠤᠨ ᠤ ᠡᠭᠢ ᠡᠭᠦᠰᠦᠯ ᠢ ᠬᠠᠶᠢᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠠᠳᠤᠨ ᠭᠤᠣᠯ ᠤᠨ ᠰᠣᠶᠣᠯ ᠤᠨ ᠬᠥᠭᠵᠢᠯᠲᠡ ᠶᠢᠨ ᠰᠤᠳᠠᠰᠤ ᠶᠢ ᠰᠢᠰᠲ᠋ᠧᠮ ᠲᠠᠢ ᠰᠤᠳᠤᠯᠤᠨ ᠡᠮᠬᠢᠯᠡᠵᠦ᠂ ᠬᠠᠳᠤᠨ ᠭᠤᠣᠯ ᠤᠨ ᠰᠣᠶᠣᠯ ᠤᠨ ᠤᠯᠠᠨ ᠡᠬᠢᠲᠦ ᠴᠢᠨᠠᠷ ᠤᠯᠠᠨ ᠶᠠᠩᠵᠤᠲᠤ ᠴᠢᠨᠠᠷ ᠢ ᠭᠦᠢᠴᠡᠳ ᠢᠯᠡᠷᠡᠭᠦᠯᠦᠨ᠎ᠡ᠃ ᠬᠠᠲᠤᠨ ᠭᠤᠣᠯ ᠤᠨ ᠰᠣᠶᠣᠯ ᠢ ᠤᠯᠠᠮᠵᠢᠯᠠᠨ ᠰᠢᠨ᠎ᠡ ᠶᠢ ᠡᠭᠦᠳᠭᠦ ᠢᠨᠵᠧᠨᠧᠷᠢᠩ ᠢ ᠥᠷᠨᠢᠭᠦᠯᠵᠦ᠂ ᠬᠠᠲᠤᠨ ᠭᠤᠣᠯ ᠤᠨ ᠰᠣᠶᠣᠯ ᠳᠤ ᠠᠭᠤᠯᠤᠭᠳᠠᠵᠤ ᠪᠠᠶᠢᠭ᠎ᠠ ᠤᠶᠤᠨ ᠰᠠᠨᠠᠭᠠᠨ ᠤ ᠠᠭᠤᠯᠤᠭᠳᠠᠬᠤᠨ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠭᠰᠡᠨ᠂ ᠲᠡᠦᠬᠡ ᠬᠢᠭᠡᠳ ᠪᠣᠳᠠᠲᠤ ᠠᠬᠤᠢ ᠶᠢ ᠨᠡᠪᠲᠡᠷᠡᠯᠴᠡᠭᠦᠯᠦᠭᠰᠡᠨ᠂ ᠤᠯᠠᠮᠵᠢᠯᠠᠯ ᠬᠢᠭᠡᠳ ᠤᠲᠤ ᠦᠶ᠎ᠡ ᠶᠢ ᠣᠶᠢᠷᠠᠲᠤᠭᠤᠯᠤᠭᠰᠠᠨ ᠬᠠᠲᠤᠨ ᠭᠤᠣᠯ ᠤᠨ ᠰᠣᠶᠣᠯ ᠤᠨ ᠰᠢᠰᠲ᠋ᠧᠮ ᠢ ᠪᠠᠶᠢᠭᠤᠯᠤᠨ᠎ᠠ᠃ ᠳᠤᠮᠳᠠᠳᠤ ᠶᠢᠨ ᠪᠣᠯᠪᠠᠰᠤᠨ ᠤ ᠴᠢᠬᠤᠯᠠ ᠪᠡᠯᠭᠡ ᠲᠡᠮᠳᠡᠭ ᠢ ᠴᠣᠭᠴᠠᠯᠠᠵᠤ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠭᠦᠨᠵᠡᠭᠡᠢ ᠰᠤᠳᠤᠯᠤᠨ᠎ᠠ᠃ ᠬᠠᠳᠤᠨ ᠭᠤᠣᠯ ᠤᠨ ᠰᠣᠶᠣᠯ ᠤᠨ ᠥᠪ ᠢ ᠳᠡᠯᠡᠬᠡᠢ ᠶᠢᠨ ᠰᠣᠶᠣᠯ ᠤᠨ ᠥᠪ ᠢᠶᠠᠷ ᠮᠡᠳᠡᠭᠦᠯᠭᠦ ᠶᠢ ᠳᠠᠮᠵᠢᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠯᠠᠬᠤ ᠰᠢᠯᠢᠳᠡᠭ ᠰᠣᠶᠣᠯ ᠤᠨ ᠥᠪ ᠢ ᠠᠮᠢᠳᠤᠯᠢᠭᠵᠢᠭᠤᠯᠤᠨ ᠠᠰᠢᠭᠯᠠᠬᠤ ᠪᠠ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠭᠦ ᠶᠢ ᠠᠬᠢᠭᠤᠯᠵᠤ᠂ ᠲᠡᠭᠦᠨ ᠤ ᠪᠦᠭᠦ ᠪᠥᠮᠪᠥᠷᠴᠡᠭ ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠢᠶᠠᠷ ᠮᠡᠳᠡᠭᠦᠯᠭᠦ ᠶᠢ ᠳᠡᠮᠵᠢᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠤᠳᠤᠨ ᠣᠷᠣᠨ ᠵᠢᠷᠤᠬᠠᠢ᠂ ᠭᠤᠣᠯ ᠵᠠᠰᠠᠬᠤ ᠮᠡᠷᠭᠡᠵᠢᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠬᠢᠲᠠᠳ ᠡᠮ ᠡᠮᠨᠡᠯᠭᠡ᠂ ᠲᠥᠪᠡᠳ ᠡᠮ ᠡᠮᠨᠡᠯᠭᠡ᠂ ᠤᠯᠠᠮᠵᠢᠯᠠᠯᠲᠤ ᠭᠠᠷ ᠤᠷᠠᠯᠠᠯ ᠵᠡᠷᠭᠡ ᠬᠦᠷᠢᠶᠡᠨ ᠳᠠᠬᠢ ᠰᠣᠶᠣᠯ ᠤᠨ ᠠᠮᠵᠢᠯᠲᠠ ᠪᠦᠲᠦᠮᠵᠢ ᠶᠢ ᠶᠡᠷᠦᠩᠬᠡᠶᠢᠯᠡᠨ ᠳᠡᠯᠭᠡᠨ ᠦᠵᠡᠭᠦᠯᠵᠦ᠂ ᠪᠣᠳᠠᠲᠤ ᠠᠮᠢᠳᠤᠷᠠᠯ ᠳᠤ ᠠᠭᠤᠰᠤᠯᠴᠠᠬᠤ ᠶᠢ ᠠᠬᠢᠭᠤᠯᠤᠨ᠎ᠠ᠃ ᠶᠠᠨ ᠠᠨ ᠤ ᠵᠣᠷᠢᠭ ᠰᠠᠨᠠᠭ᠎ᠠ᠂ ᠵᠢᠶᠣᠣ ᠢᠦᠢ ᠯᠦ ᠶᠢᠨ ᠵᠣᠷᠢᠭ ᠰᠠᠨᠠᠭ᠎ᠠ ᠵᠡᠷᠭᠡ ᠶᠢ ᠶᠡᠭᠡ ᠪᠠᠷ ᠪᠠᠳᠠᠷᠠᠭᠤᠯᠵᠤ᠂ ᠡᠭᠦᠨ ᠢᠶᠠᠷ ᠤᠭ ᠰᠠᠨᠠᠭ᠎ᠠ ᠪᠠᠨ ᠰᠢᠮᠡᠵᠢᠭᠦᠯᠵᠦ᠂ ᠰᠦᠭ ᠰᠦᠨᠡᠰᠦ ᠪᠠᠨ ᠳᠠᠪᠲᠠᠨ ᠪᠣᠯᠪᠠᠰᠤᠷᠠᠭᠤᠯᠤᠨ᠎ᠠ᠃ ᠬᠠᠳᠤᠨ ᠭᠤᠣᠯ ᠤᠨ ᠰᠣᠶᠣᠯ ᠤᠨ ᠰᠤᠳᠤᠯᠭᠠᠨ ᠤ ᠬᠦᠴᠦᠨ ᠢ ᠨᠡᠶᠢᠳᠬᠡᠵᠦ᠂ ᠰᠤᠳᠤᠯᠭᠠᠨ ᠤ ᠰᠠᠭᠤᠷᠢ ᠶᠢ ᠪᠠᠬᠢᠵᠢᠭᠦᠯᠵᠦ᠂ ᠰᠢᠨᠵᠢᠯᠡᠭᠡᠨ ᠠᠯᠤᠰᠯᠠᠭᠰᠠᠨ ᠰᠣᠯᠪᠢᠴᠠᠯ ᠮᠠᠶ᠋ᠢᠭ ᠤᠨ ᠤᠯᠠᠨ ᠡᠰᠢᠴᠢᠯᠡᠭᠰᠡᠨ ᠰᠢᠨ᠎ᠡ ᠶᠢ ᠡᠭᠦᠳᠭᠦ ᠰᠤᠳᠤᠯᠭᠠᠨ ᠤ ᠲᠠᠪᠴᠠᠩ ᠢ ᠪᠠᠶᠢᠭᠤᠯᠵᠤ᠂ ᠨᠢᠭᠡ ᠪᠦᠯᠦᠭ ᠥᠨᠳᠥᠷ ᠲᠦᠪᠰᠢᠨ ᠪᠦᠬᠦᠢ ᠰᠤᠳᠤᠯᠭᠠᠨ ᠤ ᠦᠷ᠎ᠡ ᠪᠦᠲᠦᠭᠡᠯ ᠢ ᠪᠦᠷᠢᠯᠳᠦᠭᠦᠯᠦᠨ᠎ᠡ᠃ ᠨᠢᠭᠡ ᠪᠦᠯᠦᠭ ᠬᠠᠳᠤᠨ ᠭᠤᠣᠯ ᠤᠨ ᠰᠣᠶᠣᠯ ᠤᠨ ᠮᠦᠽᠧᠢ ᠶᠢ ᠵᠣᠬᠢᠰᠲᠠᠢ ᠥᠷᠭᠡᠳᠬᠡᠨ ᠪᠠᠶᠢᠭᠤᠯᠬᠤ ᠪᠤᠶᠤ ᠰᠢᠨ᠎ᠡ ᠪᠠᠷ ᠪᠠᠶᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠲᠡᠦᠬᠡ ᠰᠣᠶᠣᠯ ᠢ ᠰᠢᠰᠲ᠋ᠧᠮ ᠲᠠᠢ ᠪᠠᠷ ᠳᠡᠯᠭᠡᠨ ᠦᠵᠡᠭᠦᠯᠦᠨ᠎ᠡ᠃      ᠭᠤᠷᠪᠠᠳᠤᠭᠠᠷ ᠬᠡᠰᠡᠭ ᠰᠢᠨ᠎ᠡ ᠴᠠᠭ ᠦᠶ᠎ᠡ ᠶᠢᠨ ᠬᠠᠲᠤᠨ ᠭᠤᠣᠯ ᠤᠨ ᠦᠯᠢᠭᠡᠷ ᠢ ᠰᠠᠶᠢᠲᠤᠷ ᠶᠠᠷᠢᠨ᠎ᠠ      ︽ᠳᠤᠮᠳᠠᠳᠤ ᠤᠯᠤᠰ ᠤᠨ ᠬᠠᠲᠤᠨ ᠭᠤᠣᠯ︾  ᠤᠨ ᠤᠯᠤᠰ ᠤᠨ ᠳᠦᠷᠢ ᠲᠥᠷᠬᠦ ᠶᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠡᠬᠢᠯᠡᠭᠦᠯᠵᠦ᠂ ᠬᠠᠲᠤᠨ ᠭᠤᠣᠯ ᠤᠨ ᠰᠣᠶᠣᠯ ᠤᠨ ᠡᠯᠢᠭᠡᠮᠰᠦᠭ ᠬᠦᠴᠦᠨ ᠢ ᠨᠡᠮᠡᠭᠳᠡᠭᠦᠯᠵᠦ᠂ ᠲᠡᠦᠬᠡ ᠶᠢᠨ ᠭᠦᠨ ᠵᠤᠵᠠᠭᠠᠨ ᠲᠥᠷᠥᠭᠳᠡᠯ ᠢ ᠳᠤᠪᠤᠶᠢᠯᠭᠠᠵᠤ᠂ ᠳᠡᠯᠡᠬᠡᠢ ᠨᠡᠶᠢᠲᠡ ᠳᠤ ᠦᠨᠡᠨ ᠪᠣᠳᠠᠲᠠᠢ᠂ ᠪᠣᠰᠤᠭ᠎ᠠ ᠴᠣᠭᠴᠠᠲᠤ᠂ ᠬᠥᠭᠵᠢᠭᠰᠡᠨ ᠬᠠᠲᠤᠨ ᠭᠤᠣᠯ ᠤᠨ ᠰᠠᠪᠠ ᠭᠠᠵᠠᠷ ᠢ ᠪᠦᠭᠦ ᠲᠠᠯ᠎ᠠ ᠪᠠᠷ ᠳᠡᠯᠭᠡᠨ ᠦᠵᠡᠭᠦᠯᠦᠨ᠎ᠡ᠃ ᠬᠠᠲᠤᠨ ᠭᠤᠣᠯ ᠤᠨ ᠰᠡᠳᠦᠪᠲᠦ ᠰᠣᠳᠣᠨ ᠪᠠᠷᠢᠮᠲᠠᠲᠤ ᠺᠢᠨᠣ᠋ ᠵᠣᠬᠢᠶᠠᠨ ᠪᠦᠲᠦᠭᠡᠬᠦ ᠶᠢ ᠴᠢᠩᠭᠠᠳᠬᠠᠨ᠎ᠠ᠃ ᠤᠯᠤᠰ ᠤᠨ ᠰᠣᠶᠣᠯ᠂ ᠳᠤᠮᠳᠠᠳᠤ ᠤᠯᠤᠰ ᠤᠨ ᠵᠢᠭᠤᠯᠴᠢᠯᠠᠯ ᠤᠨ ᠣᠨ ᠵᠡᠷᠭᠡ ᠠᠵᠢᠯᠯᠠᠭ᠎ᠠ ᠳᠤ ᠬᠠᠳᠤᠨ ᠭᠤᠣᠯ ᠤᠨ ᠰᠣᠶᠣᠯ ᠤᠨ ᠡᠯᠧᠮᠧᠨ᠋ᠲ ᠢ ᠠᠭᠤᠰᠤᠯᠴᠠᠭᠤᠯᠵᠤ᠂ ᠬᠠᠳᠤᠨ ᠭᠤᠣᠯ ᠤᠨ ᠰᠣᠶᠣᠯ ᠢ ᠭᠠᠳᠠᠭᠰᠢ ᠳᠠᠮᠵᠢᠭᠤᠯᠬᠤ ᠲᠡᠮᠳᠡᠭ ᠢ ᠪᠤᠢ ᠪᠣᠯᠭᠠᠨ᠎ᠠ᠃ ᠬᠠᠲᠤᠨ ᠭᠤᠣᠯ ᠤᠨ ᠰᠠᠪᠠ ᠭᠠᠵᠠᠷ ᠢ ᠳᠡᠮᠵᠢᠵᠦ ᠪᠠᠶᠢᠭᠠᠳ ︽ᠨᠢᠭᠡ ᠪᠦᠰᠡ ᠨᠢᠭᠡ ᠵᠠᠮ︾  ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠤᠯᠠᠨ ᠵᠦᠢᠯ ᠤᠨ ᠭᠡᠯᠪᠡᠷᠢ ᠶᠢᠨ ᠰᠣᠶᠣᠯ ᠢᠷᠭᠡᠨᠰᠢᠯ ᠤᠨ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠪᠠ ᠰᠣᠶᠣᠯ ᠤᠨ ᠮᠡᠳᠡᠷᠡᠮᠵᠢ ᠶᠢ ᠠᠬᠢᠭᠤᠯᠤᠨ᠎ᠠ᠃ ᠨᠢᠯ ᠮᠥᠷᠡᠨ᠂ ᠳ᠋ᠤᠨᠠᠦ᠋ ᠮᠥᠷᠡᠨ᠂ ᠷᠠᠶᠢᠨ ᠮᠥᠷᠡᠨ᠂ ᠸᠣᠯᠭ᠎ᠠ ᠮᠥᠷᠡᠨ ᠵᠡᠷᠭᠡ ᠰᠠᠪᠠ ᠭᠠᠵᠠᠷ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠠᠬᠢᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠳᠤ ᠬᠠᠨᠳᠤᠭᠤᠯᠤᠭᠰᠠᠨ ᠳᠡᠭᠡᠳᠦᠰ ᠢᠶᠠᠨ ᠲᠠᠭᠢᠬᠤ ᠪᠠ ᠳᠤᠮᠳᠠᠳᠤ ᠶᠢᠨ ᠪᠣᠯᠪᠠᠰᠤᠨ ᠤ ᠡᠭᠢ ᠰᠤᠷᠪᠤᠯᠵᠢ ᠶᠢ ᠬᠠᠶᠢᠬᠤ ᠠᠵᠢᠯᠯᠠᠭ᠎ᠠ ᠶᠢ ᠥᠷᠨᠢᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠳᠤᠮᠳᠠᠳᠤ ᠶᠢᠨ ᠬᠥᠮᠥᠨ ᠨᠡᠶᠢᠭᠡᠮ ᠤᠨ ᠠᠩᠬᠠᠨ ᠤ ᠡᠭᠦᠰᠦᠯ ᠤᠨ ᠭᠠᠵᠠᠷ ᠤᠨ ᠰᠣᠶᠣᠯ ᠤᠨ ᠲᠦᠷᠦᠯ ᠲᠡᠮᠳᠡᠭ ᠢ ᠪᠤᠶ ᠪᠣᠯᠭᠠᠨ᠎ᠠ᠃ ᠤᠳᠬ᠎ᠠ ᠵᠣᠬᠢᠶᠠᠯ ᠤᠷᠠᠯᠢᠭ᠂ ᠰᠣᠨᠢᠨ ᠮᠡᠳᠡᠭᠡ ᠬᠡᠪᠯᠡᠯ᠂ ᠺᠢᠨᠣ᠋ ᠲᠧᠯᠸᠢᠰ ᠵᠡᠷᠭᠡ ᠬᠦᠷᠢᠶᠡᠨ ᠳᠠᠬᠢ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠠᠳᠤᠨ ᠭᠤᠣᠯ ᠤᠨ ᠰᠣᠶᠣᠯ ᠢ ᠭᠠᠳᠠᠭᠠᠳᠤ ᠳᠤ ᠳᠡᠯᠭᠡᠷᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠠᠳᠤᠨ ᠭᠤᠣᠯ ᠤᠨ ᠰᠣᠶᠣᠯ ᠤᠨ ᠰᠢᠯᠢᠳᠡᠭ ᠪᠦᠲᠦᠭᠡᠯ ᠢ ᠥᠷᠭᠡᠨ ᠢᠶᠠᠷ ᠣᠷᠴᠢᠭᠤᠯᠵᠤ᠂ ᠤᠯᠠᠮᠵᠢᠯᠠᠨ ᠲᠠᠷᠬᠠᠭᠠᠵᠤ᠂ ᠳᠤᠮᠳᠠᠳᠤ ᠶᠢᠨ ᠰᠣᠶᠣᠯ ᠤᠨ ᠭᠠᠳᠠᠭᠰᠢ ᠭᠠᠷᠬᠤ ᠶᠢ ᠠᠬᠢᠭᠤᠯᠤᠨ᠎ᠠ᠃ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠺᠤᠨᠰᠦ᠋ᠯ ᠤᠨ ᠭᠠᠵᠠᠷ ᠵᠢᠴᠢ ᠺᠦᠩᠽᠢ ᠶᠢᠨ ᠳᠡᠭᠡᠳᠦ ᠰᠤᠷᠭᠠᠭᠤᠯᠢ᠂ ᠳᠤᠮᠳᠠᠳᠤ ᠤᠯᠤᠰ ᠤᠨ ᠰᠣᠶᠣᠯ ᠤᠨ ᠲᠥᠪ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠬᠠᠲᠤᠨ ᠭᠤᠣᠯ ᠤᠨ ᠰᠣᠶᠣᠯ ᠢ ᠤᠬᠠᠭᠤᠯᠤᠨ ᠲᠠᠨᠢᠯᠴᠠᠭᠤᠯᠤᠨ᠎ᠠ᠃ ᠭᠠᠳᠠᠭᠠᠳᠤ ᠶᠢᠨ ᠵᠠᠭᠤᠴᠢᠯᠠᠭᠤᠷ ᠤᠨ ᠬᠠᠲᠤᠨ ᠭᠤᠣᠯ ᠲᠠᠢ ᠣᠶᠢᠷᠠᠳᠬᠤ᠂ ᠬᠠᠲᠤᠨ ᠭᠤᠣᠯ ᠢ ᠮᠡᠳᠡᠭᠡᠯᠡᠬᠦ ᠵᠡᠷᠭᠡ ᠰᠢᠷᠢᠰ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠦᠨ᠎ᠡ᠃      ᠳᠥᠷᠪᠡᠳᠦᠭᠡᠷ ᠬᠡᠰᠡᠭ ᠳᠡᠯᠡᠬᠡᠢ ᠳᠤ ᠨᠥᠯᠥᠭᠡᠯᠡᠬᠦ ᠬᠦᠴᠦᠨ ᠪᠦᠬᠦᠢ ᠬᠠᠲᠤᠨ ᠭᠤᠣᠯ ᠤᠨ ᠰᠣᠶᠣᠯ ᠵᠢᠭᠤᠯᠴᠢᠯᠠᠯ ᠤᠨ ᠪᠦᠰᠡ ᠶᠢ ᠴᠣᠭᠴᠠᠯᠠᠨ᠎ᠠ       ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠭᠦᠭᠵᠢᠭᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ᠎ᠠ᠃ ᠣᠷᠣᠨ ᠪᠦᠰᠡ ᠶᠢᠨ ᠬᠤᠭᠤᠷᠤᠨᠳᠤᠭᠢ ᠡᠭᠢ ᠪᠠᠶᠠᠯᠢᠭ ᠢ ᠡᠮᠬᠢᠯᠡᠨ ᠨᠡᠶᠢᠯᠡᠭᠦᠯᠭᠦ ᠪᠠ ᠬᠠᠮᠵᠢᠯᠴᠠᠬᠤ ᠶᠢ ᠴᠢᠩᠭᠠᠷᠠᠭᠤᠯᠵᠤ᠂ ᠪᠦᠭᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠵᠤ᠂ ᠬᠠᠲᠤᠨ ᠭᠤᠣᠯ ᠤᠨ ᠰᠣᠶᠣᠯ ᠢ ᠬᠠᠷᠠᠭᠤᠯᠤᠭᠰᠠᠨ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠵᠢᠭᠤᠯᠴᠢᠯᠠᠯ ᠤᠨ ᠬᠠᠷᠠᠯᠲᠠᠲᠤ ᠣᠷᠣᠨ ᠢ ᠪᠦᠲᠦᠭᠡᠨ ᠪᠠᠶᠢᠭᠤᠯᠤᠨ᠎ᠠ᠃ ᠳᠡᠭᠡᠳᠦ ᠤᠷᠤᠰᠬᠠᠯ ᠤᠨ ᠣᠷᠣᠨ ᠤ ᠤᠯᠠᠨ ᠶᠠᠩᠵᠤ ᠶᠢᠨ ᠪᠠᠶᠢᠭᠠᠯᠢ ᠶᠢᠨ ᠦᠵᠡᠮᠵᠢ᠂ ᠪᠠᠶᠢᠭᠠᠯᠢᠯᠢᠭ ᠠᠮᠢ ᠠᠬᠤᠢ ᠶᠢᠨ ᠥᠩᠭᠡ ᠦᠵᠡᠮᠵᠢ᠂ ᠤᠯᠠᠨ ᠲᠦᠷᠦᠯ ᠤᠨ ᠦᠨᠳᠦᠰᠦᠲᠡᠨ ᠤ ᠰᠣᠶᠣᠯ᠂ ᠢᠯᠡ ᠲᠣᠳᠣ ᠣᠷᠣᠨ ᠪᠦᠰᠡ ᠶᠢᠨ ᠣᠨᠴᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠢ ᠵᠢᠭᠤᠯᠴᠢᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠬᠥᠬᠡᠨᠠᠭᠤᠷ᠂ ᠰᠧᠴᠤᠸᠠᠨ᠂ ᠭᠠᠨᠰᠤ ᠶᠢᠨ ᠬᠥᠷᠰᠢ ᠵᠡᠷᠭᠡᠯᠡᠳᠡᠭᠡ ᠭᠠᠵᠠᠷ ᠣᠷᠣᠨ ᠤ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠭᠦ ᠣᠷᠣᠨ ᠢ ᠬᠠᠮᠲᠤ ᠪᠠᠷ ᠪᠠᠶᠢᠭᠤᠯᠬᠤ ᠶᠢ ᠳᠡᠮᠵᠢᠨ᠎ᠡ᠃ ᠳᠤᠮᠳᠠᠳᠤ ᠤᠷᠤᠰᠬᠠᠯ ᠤᠨ ᠣᠷᠣᠨ ᠡᠷᠲᠡᠨ ᠤ ᠨᠡᠶᠢᠰᠯᠡᠯ᠂ ᠡᠷᠲᠡᠨ ᠤ ᠬᠤᠳᠠ᠂ ᠡᠷᠲᠡᠨ ᠤ ᠦᠯᠡᠳᠡᠭᠳᠡᠯ ᠵᠡᠷᠭᠡ ᠰᠣᠶᠣᠯ ᠢᠷᠭᠡᠨᠰᠢᠯ ᠤᠨ ᠡᠭᠢ ᠪᠠᠶᠠᠯᠢᠭ ᠲᠤ ᠲᠦᠰᠢᠭᠯᠡᠵᠦ᠂ ᠣᠷᠣᠨ ᠪᠦᠰᠡ ᠶᠢᠨ ᠰᠣᠶᠣᠯ ᠤᠨ ᠣᠨᠴᠠᠯᠢᠭ ᠪᠣᠯᠣᠨ ᠲᠠᠷᠢᠶᠠᠯᠠᠬᠤ ᠰᠣᠶᠣᠯ ᠤᠨ ᠣᠨᠴᠠᠯᠢᠭ ᠢ ᠲᠤᠪᠤᠶᠢᠯᠭᠠᠵᠤ᠂ ᠳᠡᠯᠡᠬᠡᠢ ᠶᠢᠨ ᠲᠡᠰ ᠤᠨ ᠲᠡᠦᠬᠡ ᠰᠣᠶᠣᠯ ᠤᠨ ᠵᠢᠭᠤᠯᠴᠢᠯᠠᠯ ᠤᠨ ᠬᠠᠷᠠᠯᠲᠠᠲᠤ ᠣᠷᠣᠨ ᠢ ᠪᠠᠶᠢᠭᠤᠯᠤᠨ᠎ᠠ᠃ ᠳᠣᠣᠷᠠᠳᠤ ᠤᠷᠤᠰᠬᠠᠯ ᠤᠨ ᠣᠷᠣᠨ ᠲᠠᠶᠢᠱᠠᠨ ᠠᠭᠤᠯᠠ᠂ ᠺᠦᠩᠽᠢ ᠶᠢᠨ ᠰᠦᠮ᠎ᠡ ᠵᠡᠷᠭᠡ ᠳᠡᠯᠡᠬᠡᠢ ᠶᠢᠨ ᠠᠯᠳᠠᠷᠲᠤ ᠰᠣᠶᠣᠯ ᠤᠨ ᠥᠪ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠶᠢ ᠠᠬᠢᠭᠤᠯᠤᠨ᠎ᠠ᠃ ᠴᠢᠯᠠᠭᠤᠨ ᠠᠭᠤᠢ ᠶᠢᠨ ᠰᠣᠶᠣᠯ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠡᠦᠬᠡ ᠰᠣᠶᠣᠯ ᠤᠨ ᠢᠯᠡᠷᠬᠡᠶᠢᠯᠡᠯ ᠪᠠ ︽ᠳᠤᠮᠳᠠᠳᠤ ᠤᠯᠤᠰ ᠤᠨ ᠴᠢᠯᠠᠭᠤᠨ ᠠᠭᠤᠢ︾  ᠶᠢᠨ ᠰᠣᠶᠣᠯ ᠤᠨ ᠨᠠᠷᠠᠲᠤ ᠲᠦᠷᠦᠯ ᠲᠡᠮᠳᠡᠭᠲᠦ ᠶᠢ ᠪᠤᠶ ᠪᠣᠯᠭᠠᠨ᠎ᠠ᠃ ᠱᠠᠨᠰᠢ ᠭᠠᠨᠰᠤ ᠨᠢᠩᠰᠢᠶᠠ ᠶᠢᠨ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ᠂ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠤ ᠱᠤᠭᠤᠮ᠂ ᠪᠠᠷᠠᠭᠤᠨ ᠵᠠᠮ ᠤᠨ ᠴᠡᠷᠢᠭ ᠤᠨ ᠪᠠᠷᠠᠭᠤᠨᠰᠢ ᠳᠠᠶᠢᠯᠠᠬᠤ ᠱᠤᠭᠤᠮ᠂ ᠯᠢᠦᠢ ᠯᠢᠶᠠᠩ ᠱᠠᠨ ᠤ ᠬᠤᠪᠢᠰᠬᠠᠯ ᠤᠨ ᠰᠠᠭᠤᠷᠢᠨ ᠭᠠᠵᠠᠷ᠂ ᠨᠠᠨᠯᠢᠶᠠᠩ ᠤᠨ ᠬᠤᠪᠢᠰᠬᠠᠯ ᠤᠨ ᠰᠠᠭᠤᠷᠢᠨ ᠭᠠᠵᠠᠷ᠂ ᠢ ᠮᠧᠩ ᠤᠨ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠵᠡᠷᠭᠡ ᠳᠤ ᠲᠦᠰᠢᠭᠯᠡᠨ ᠬᠤᠪᠢᠰᠬᠠᠯ ᠤᠨ ᠵᠢᠭᠤᠯᠴᠢᠯᠠᠯ ᠤᠨ ᠬᠤᠩᠭᠢᠯ ᠢ ᠪᠠᠶᠢᠭᠤᠯᠤᠨ᠎ᠠ᠃ ᠬᠠᠳᠤᠨ ᠭᠤᠣᠯ ᠤᠨ ᠰᠠᠪᠠ ᠭᠠᠵᠠᠷ ᠤᠨ ᠺᠢᠨᠣ᠋ ᠲᠧᠯᠸᠢᠰ᠂ ᠤᠷᠠᠯᠢᠭ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠴᠠᠭ ᠦᠶ᠎ᠡ ᠶᠢᠨ ᠣᠨᠴᠠᠯᠢᠭ ᠲᠠᠢ ᠨᠢᠭᠡ ᠪᠦᠯᠦᠭ ᠰᠣᠳᠣᠨ ᠪᠦᠲᠦᠭᠡᠯ ᠢ ᠪᠤᠢ ᠪᠣᠯᠭᠠᠨ᠎ᠠ᠃      ᠠᠷᠪᠠᠨ ᠭᠤᠷᠪᠠᠳᠤᠭᠠᠷ ᠪᠦᠯᠦᠭ ᠠᠷᠠᠳ ᠤᠨ ᠠᠮᠢᠳᠤᠷᠠᠯ ᠤᠨ ᠳᠤᠲᠠᠭᠤᠳᠠᠯ ᠪᠠ ᠪᠠᠭᠤᠷᠠᠢ ᠲᠠᠯ᠎ᠠ ᠶᠢ ᠨᠥᠬᠦᠪᠦᠷᠢᠯᠡᠨ᠎ᠡ      ᠳᠡᠭᠡᠳᠦ ᠳᠤᠮᠳᠠ ᠤᠷᠤᠰᠬᠠᠯ ᠤᠨ ᠬᠠᠷᠠᠬᠠᠨ ᠬᠥᠭᠵᠢᠭᠡᠳᠦᠢ ᠭᠠᠵᠠᠷ ᠣᠷᠣᠨ ᠢᠶᠠᠷ ᠭᠤᠣᠯᠳᠠᠯᠭ᠎ᠠ ᠪᠤᠯᠭᠠᠵᠤ᠂ ᠠᠵᠢᠯ ᠣᠯᠵᠤ ᠦᠢᠯᠡᠰ ᠪᠣᠰᠬᠠᠬᠤ ᠶᠢ ᠤᠯᠠᠨ ᠠᠷᠭ᠎ᠠ ᠵᠠᠮ ᠢᠶᠠᠷ ᠠᠬᠢᠭᠤᠯᠵᠤ᠂ ᠲᠦᠭᠡᠮᠡᠯ ᠬᠠᠷᠠᠭᠠᠯᠵᠠᠯᠲᠤ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠦᠢᠯᠡᠰ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠪᠣᠯᠣᠨ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠢ ᠤᠯᠠᠮ ᠴᠢᠨᠠᠭᠰᠢᠳᠠ ᠪᠠᠲᠤᠯᠠᠨ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃      ᠨᠢᠭᠡᠳᠦᠭᠡᠷ ᠬᠡᠰᠡᠭ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ      ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ᠂ ᠰᠡᠷᠭᠡᠶᠢᠯᠡᠨ ᠵᠠᠰᠠᠬᠤ ᠬᠠᠮᠵᠢᠯᠴᠠᠭ᠎ᠠ ᠶᠢ ᠪᠠᠷᠢᠮᠲᠠᠯᠠᠵᠤ᠂ ᠪᠦᠭᠦ ᠰᠠᠪᠠ ᠭᠠᠵᠠᠷ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠪᠠᠶᠢᠭᠤᠯᠵᠤ᠂ ᠬᠠᠯᠳᠠᠪᠤᠷᠢᠲᠤ ᠡᠪᠡᠳᠴᠢᠨ ᠢ ᠪᠠᠶᠢᠴᠠᠭᠠᠬᠤ᠂ ᠬᠢᠨᠠᠨ ᠬᠡᠮᠵᠢᠵᠦ ᠵᠠᠳᠠᠯᠬᠤ᠂ ᠮᠡᠳᠡᠭᠡ ᠵᠠᠩᠭᠢ ᠶᠢ ᠮᠡᠳᠡᠭᠳᠡᠬᠦ᠂ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ᠂ ᠡᠭᠢ ᠪᠠᠶᠠᠯᠢᠭ ᠢ ᠲᠣᠬᠢᠷᠠᠭᠤᠯᠬᠤ ᠵᠡᠷᠭᠡ ᠶᠢ ᠬᠠᠮᠵᠢᠯᠴᠠᠭᠤᠯᠤᠨ ᠬᠤᠯᠪᠣᠭᠠᠯᠠᠬᠤ ᠶᠢ ᠪᠡᠶᠡᠯᠡᠭᠦᠯᠵᠦ᠂ ᠪᠦᠭᠦ ᠲᠠᠯ᠎ᠠ ᠶᠢᠨ ᠲᠤᠤᠷᠵᠢᠭᠤᠯᠤᠭᠰᠠᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠰᠦᠯᠵᠢᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠠᠯᠳᠠᠪᠤᠷᠢᠲᠤ ᠡᠪᠡᠳᠴᠢᠨ ᠤ ᠡᠪᠡᠳᠴᠢᠨ ᠡᠭᠦᠰᠬᠡᠭᠴᠢ᠂ ᠡᠷᠡᠭᠦᠯ ᠮᠡᠨᠳᠦ ᠶᠢᠨ ᠬᠤᠣᠷ ᠬᠥᠨᠥᠭᠡᠯᠳᠦ ᠬᠦᠴᠦᠨ ᠵᠦᠢᠯ ᠵᠡᠷᠭᠡ ᠶᠢ ᠰᠢᠯᠭᠠᠨ ᠪᠠᠶᠢᠴᠠᠭᠠᠵᠤ ᠰᠢᠯᠭᠠᠨ ᠭᠡᠮᠵᠢᠭᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠦᠨᠳᠦ ᠶᠡᠭᠡ ᠭᠡᠨᠡᠳᠲᠡ ᠡᠭᠦᠰᠭᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠡᠮᠴᠢᠯᠡᠭᠡᠨ ᠤ ᠡᠮᠨᠡᠨ ᠠᠪᠤᠷᠠᠬᠤ ᠰᠢᠰᠲ᠋ᠧᠮ ᠢ ᠪᠦᠷᠢᠨᠰᠢᠭᠦᠯᠵᠦ᠂ ᠬᠥᠮᠥᠨ ᠠᠮᠠ ᠶᠢᠨ ᠬᠡᠪᠴᠢᠶ᠎ᠡ᠂ ᠨᠥᠯᠥᠭᠡᠯᠡᠬᠦ ᠣᠷᠣᠨ ᠪᠦᠰᠡ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠤᠯᠲᠠ ᠶᠣᠰᠣᠭᠠᠷ᠂ ᠬᠦᠨᠳᠦ ᠶᠡᠭᠡ ᠬᠢᠵᠢᠭ ᠤᠨ ᠪᠠᠶᠢᠳᠠᠯ ᠤᠨ ᠡᠮᠨᠡᠨ ᠠᠪᠤᠷᠠᠬᠤ ᠰᠠᠭᠤᠷᠢᠨ ᠢ ᠪᠠᠶᠢᠭᠤᠯᠵᠤ᠂ ᠬᠠᠲᠤᠨ ᠭᠤᠣᠯ ᠳᠠᠭᠠᠤ ᠶᠢᠨ ᠮᠤᠵᠢ ᠬᠤᠲᠠ ᠰᠢᠶᠠᠨ ᠭᠤᠷᠪᠠᠨ ᠱᠠᠲᠤᠨ ᠤ ᠬᠦᠨᠳᠦ ᠡᠪᠡᠳᠴᠢᠲᠡᠨ ᠢ ᠬᠠᠷᠠᠭᠠᠯᠵᠠᠨ ᠬᠠᠮᠠᠭᠠᠯᠠᠬᠤ ᠡᠪᠡᠳᠴᠢᠲᠡᠨ ᠤ ᠲᠣᠭᠤᠷᠢᠭ ︵ICU︶  ᠤᠨ ᠡᠮᠨᠡᠨ ᠠᠪᠤᠷᠠᠬᠤ ᠲᠥᠬᠦᠭᠡᠷᠦᠮᠵᠢ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠬᠢᠲᠠᠳ ᠡᠮᠨᠡᠯᠭᠡ ᠶᠢᠨ ᠬᠤᠷᠢᠶ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠠ ᠡᠮᠨᠡᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠱᠠᠲᠤ ᠳᠠᠪᠬᠤᠷᠭ᠎ᠠ ᠰᠠᠯᠪᠤᠷᠢ ᠬᠤᠪᠢᠶᠠᠨ ᠬᠤᠲᠠ ᠶᠢᠨ ᠬᠠᠯᠳᠠᠪᠤᠷᠢᠲᠤ ᠡᠪᠡᠳᠴᠢᠨ ᠢ ᠡᠮᠨᠡᠨ ᠠᠪᠤᠷᠠᠬᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠲᠤᠨ ᠭᠤᠣᠯ ᠳᠠᠭᠠᠤ ᠣᠷᠣᠨ ᠬᠤᠲᠠ ᠶᠢᠨ ᠱᠠᠲᠤᠨ ᠳᠤ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠨᠡᠶᠢᠳᠡᠮ ᠪᠦᠷᠭᠦᠭᠦ ᠶᠢ ᠪᠡᠶᠡᠯᠡᠭᠦᠯᠦᠨ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠰᠠᠯᠠᠭ᠎ᠠ ᠪᠠ ᠬᠠᠷᠢᠴᠠᠩᠭᠤᠢ ᠪᠡᠶ᠎ᠡ ᠪᠠᠨ ᠳᠠᠭᠠᠭᠠᠭᠰᠠᠨ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠷᠴᠢᠮ ᠳᠡᠭᠡᠷ᠎ᠡ ᠪᠠᠨ ᠪᠡᠶ᠎ᠡ ᠪᠠᠨ ᠳᠠᠭᠠᠭᠠᠭᠰᠠᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠬᠤ ᠶᠢ ᠵᠣᠷᠢᠭᠵᠢᠭᠤᠯᠬᠤ ᠦᠭᠡᠢ᠃ ᠡᠩᠬᠡ ᠲᠠᠶᠢᠪᠤᠩ ᠴᠠᠭ ᠦᠶ᠎ᠡ ᠪᠠ ᠪᠠᠶᠢᠯᠳᠤᠭᠠᠨ ᠤ ᠴᠠᠭ ᠦᠶ᠎ᠡ ᠶᠢᠨ ᠬᠡᠷᠡᠭᠯᠡᠭᠡ ᠶᠢ ᠤᠶᠠᠯᠳᠤᠭᠤᠯᠬᠤ ᠶᠢ ᠪᠠᠷᠢᠮᠲᠠᠯᠠᠬᠤ ᠤᠳᠤᠷᠢᠳᠤᠮᠵᠢ ᠶᠣᠰᠣᠭᠠᠷ᠂ ᠴᠢᠬᠤᠯᠠ ᠡᠮᠴᠢᠯᠡᠭᠡᠨ ᠤ ᠡᠳ᠋ ᠪᠣᠳᠠᠰ ᠤᠨ ᠨᠥᠭᠡᠴᠡ ᠶᠢ ᠰᠠᠶᠢᠲᠤᠷ ᠬᠢᠨ᠎ᠡ᠃ ᠴᠢᠩᠭᠡᠯᠢᠭ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠨ ᠪᠠᠶᠢᠭᠤᠯᠤᠭᠰᠠᠨ ᠲᠤᠷᠰᠢᠯᠭ᠎ᠠ ᠪᠠᠷ ᠲᠣᠯᠢ ᠪᠤᠯᠭᠠᠵᠤ᠂ ᠲᠣᠮᠣ ᠭᠡᠯᠪᠡᠷᠢ ᠶᠢᠨ ᠲᠠᠯᠠᠪᠤᠷ ᠣᠷᠳᠣᠨ ᠵᠡᠷᠭᠡ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠲᠡᠭᠦᠨ ᠢ ᠡᠮᠨᠡᠨ ᠠᠪᠤᠷᠠᠬᠤ ᠲᠤᠰᠠᠭᠠᠷᠯᠠᠬᠤ ᠡᠭᠦᠷᠭᠡ ᠶᠢ ᠡᠭᠦᠷᠭᠡᠯᠡᠬᠦ ᠨᠥᠬᠦᠴᠡᠯ ᠲᠠᠢ ᠪᠣᠯᠭᠠᠨ᠎ᠠ᠃ ᠬᠠᠳᠤᠨ ᠭᠤᠣᠯ ᠤᠨ ᠰᠠᠪᠠ ᠭᠠᠵᠠᠷ ᠤᠨ ᠬᠢᠲᠠᠳ ᠡᠮ ᠡᠮᠨᠡᠯᠭᠡ ᠶᠢᠨ ᠤᠯᠠᠮᠵᠢᠯᠠᠯ ᠪᠣᠯᠣᠨ ᠣᠨᠴᠠᠯᠢᠭᠲᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ᠎ᠠ᠃      ᠬᠤᠶᠠᠳᠤᠭᠠᠷ ᠬᠡᠰᠡᠭ ᠰᠤᠷᠭᠠᠨ ᠬᠥᠮᠦᠵᠢᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ      ᠨᠠᠩ ᠢᠯᠡᠭᠦᠦ ᠬᠠᠷᠠᠭᠠᠯᠵᠠᠯ ᠦᠵᠡᠭᠦᠯᠭᠦ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠳᠡᠭᠡᠳᠦ ᠳᠤᠮᠳᠠ ᠤᠷᠤᠰᠬᠠᠯ ᠤᠨ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠭᠦ ᠨᠥᠬᠦᠴᠡᠯ ᠢ ᠰᠠᠶᠢᠵᠢᠷᠠᠭᠤᠯᠬᠤ ᠶᠢ ᠳᠡᠮᠵᠢᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ ᠤᠨ ᠤᠷᠤᠯᠭ᠎ᠠ ᠶᠢ ᠲᠤᠬᠠᠢ ᠶᠢᠨ ᠭᠠᠵᠠᠷ ᠤᠨ ᠠᠯᠪᠠᠲᠠᠨ ᠤ ᠳᠤᠮᠳᠠᠴᠢ ᠬᠢᠷᠢ ᠲᠦᠪᠰᠢᠨ ᠠᠴᠠ ᠳᠣᠣᠷ᠎ᠠ ᠪᠠᠶᠢᠯᠭᠠᠬᠤ ᠦᠭᠡᠢ ᠱᠠᠭᠠᠷᠳᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠎ᠠ᠃ ᠬᠠᠲᠤᠨ ᠭᠤᠣᠯ ᠳᠠᠭᠠᠤ ᠶᠢᠨ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠨᠤᠭᠤᠳ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ᠂ ᠤᠰᠤ ᠡᠯᠡᠰᠦ ᠶᠢ ᠲᠣᠬᠢᠷᠠᠭᠤᠯᠤᠨ ᠡᠵᠡᠮᠳᠡᠬᠦ᠂ ᠬᠥᠷᠥᠰᠥ ᠰᠢᠷᠣᠢ ᠶᠢ ᠬᠠᠮᠠᠭᠠᠯᠠᠬᠤ᠂ ᠤᠰᠤᠨ ᠤ ᠡᠭᠢ ᠪᠠᠶᠠᠯᠢᠭ ᠢ ᠠᠰᠢᠭᠯᠠᠬᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠪᠠᠴᠢᠮ ᠬᠡᠷᠡᠭᠴᠡᠭᠡ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠨᠢᠭᠡ ᠪᠦᠯᠦᠭ ᠰᠢᠨᠵᠢᠯᠡᠬᠦ ᠤᠬᠠᠭᠠᠨ ᠤ ᠰᠤᠳᠤᠯᠭᠠᠨ ᠪᠠ ᠢᠨᠵᠧᠨᠧᠷᠢᠩ ᠤᠨ ᠬᠡᠷᠡᠭᠯᠡᠭᠡᠨ ᠤ ᠬᠢᠴᠢᠶᠡᠯ ᠲᠦᠷᠦᠯ ᠢ ᠲᠣᠬᠢᠷᠠᠭᠤᠯᠬᠤ ᠶᠢ ᠳᠡᠮᠵᠢᠨ᠎ᠡ᠃ ᠵᠠᠰᠠᠭ ᠤᠨ ᠣᠷᠳᠣᠨ ᠤ ᠪᠡᠯᠡ ᠤᠷᠤᠭᠤᠯᠤᠯᠲᠠ ᠶᠢᠨ ᠡᠷᠴᠢᠮ ᠢ ᠨᠡᠮᠡᠭᠳᠡᠭᠦᠯᠵᠦ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠬᠡᠦᠬᠡᠳ ᠤᠨ ᠭᠤᠣᠯᠳᠠᠯᠭ᠎ᠠ ᠲᠠᠢ ᠡᠪᠡᠳᠴᠢᠨ ᠡᠮᠭᠡᠭ ᠢ ᠰᠡᠷᠭᠡᠶᠢᠯᠡᠨ ᠡᠷᠡᠭᠦᠯᠵᠢᠭᠦᠯᠬᠦ ᠶᠢ ᠴᠢᠩᠭᠠᠷᠠᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠥᠨᠳᠦᠷᠯᠢᠭ ᠤᠨ ᠡᠪᠡᠳᠴᠢᠨ᠂ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠲᠥᠪ ᠢ ᠪᠠᠶᠢᠭᠤᠯᠤᠨ᠎ᠠ᠃ ︽ᠬᠠᠲᠤᠨ ᠭᠤᠣᠯ ᠤᠨ ᠨᠡᠷᠡᠲᠦ ᠡᠮᠴᠢ︾ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠵᠦ᠂ ᠬᠢᠲᠠᠳ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠭᠦ ᠣᠷᠣᠨ ᠢ ᠪᠠᠶᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠭᠡᠨ ᠳᠡᠯᠭᠡᠷ ᠥᠷᠨᠢᠭᠦᠯᠦᠨ᠎ᠡ᠃      ᠭᠤᠷᠪᠠᠳᠤᠭᠠᠷ ᠬᠡᠰᠡᠭ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠎ᠠ      ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠵᠦ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠳᠡᠮᠵᠢᠯᠭᠡ ᠦᠵᠡᠭᠦᠯᠭᠦ ᠪᠠᠨ ᠴᠢᠩᠭᠠᠳᠬᠠᠨ᠂ ᠠᠷᠭ᠎ᠠ ᠬᠡᠮᠵᠢᠶ᠎ᠡ ᠠᠪᠴᠤ ᠪᠠᠶᠢᠭᠠᠳ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠳ ᠤᠨ ᠬᠠᠳᠤᠨ ᠭᠤᠣᠯ ᠤᠨ ᠠᠮᠢ ᠠᠬᠤᠢ ᠶᠢ ᠬᠠᠮᠠᠭᠠᠯᠠᠬᠤ ᠦᠢᠯᠡᠰ ᠲᠤ ᠣᠷᠤᠯᠴᠠᠬᠤ ᠶᠢ ᠲᠠᠲᠠᠵᠤ᠂ ᠴᠡᠷᠢᠭ ᠠᠴᠠ ᠬᠠᠯᠠᠭᠳᠠᠭᠰᠠᠳ᠂ ᠨᠤᠲᠤᠭ ᠲᠠᠭᠠᠨ ᠪᠤᠴᠠᠭᠰᠠᠨ ᠬᠥᠯᠥᠰᠦᠨ ᠠᠵᠢᠯᠴᠢᠳ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠤᠰᠬᠤᠨ ᠤ ᠵᠢᠭᠤᠯᠴᠢᠯᠠᠯ ᠵᠡᠷᠭᠡ ᠬᠦᠷᠢᠶᠡᠨ ᠳᠤ ᠠᠵᠢᠯ ᠣᠯᠵᠤ ᠦᠢᠯᠡᠰ ᠪᠣᠰᠬᠠᠬᠤ ᠶᠢ ᠳᠡᠮᠵᠢᠨ᠂ ᠮᠣᠳᠣ ᠲᠠᠷᠢᠵᠤ ᠣᠶᠢᠵᠢᠭᠤᠯᠬᠤ᠂ ᠰᠠᠭᠤᠷᠢ ᠲᠥᠬᠦᠭᠡᠷᠦᠮᠵᠢ᠂ ᠪᠣᠬᠢᠷᠳᠤᠯ ᠢ ᠵᠠᠰᠠᠬᠤ ᠵᠡᠷᠭᠡ ᠴᠢᠬᠤᠯᠠ ᠶᠡᠭᠡ ᠢᠨᠵᠧᠨᠧᠷᠢᠩ ᠤᠨ ᠲᠤᠬᠠᠢ ᠶᠢᠨ ᠭᠠᠵᠠᠷ ᠤᠨ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠡᠷᠦᠭᠡ ᠠᠮᠠ ᠶᠢᠨ ᠲᠠᠩᠰᠠ᠂ ᠭᠠᠵᠠᠷ ᠰᠢᠷᠣᠢ᠂ ᠨᠡᠶᠢᠭᠡᠮ ᠤᠨ ᠪᠠᠲᠤᠯᠠᠭ᠎ᠠ ᠵᠡᠷᠭᠡ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠬᠠᠲᠤᠨ ᠭᠤᠣᠯ ᠳᠠᠭᠠᠤ ᠶᠢᠨ ᠭᠠᠵᠠᠷ ᠣᠷᠣᠨ ᠤ ᠭᠦᠳᠡᠯᠮᠦᠷᠢ ᠬᠦᠴᠦᠨ ᠤ ᠰᠢᠨᠵᠢᠶᠠᠩ᠂ ᠲᠥᠪᠡᠳ᠂ ᠬᠥᠬᠡᠨᠠᠭᠤᠷ ᠵᠡᠷᠭᠡ ᠬᠢᠯᠢ ᠬᠢᠵᠠᠭᠠᠷ᠂ ᠥᠨᠳᠦᠷᠯᠢᠭ ᠣᠷᠣᠨ ᠳᠤ ᠣᠴᠢᠵᠤ ᠠᠵᠢᠯ ᠣᠯᠵᠤ ᠠᠳᠠᠯ ᠦᠢᠯᠡᠰ ᠪᠣᠰᠬᠠᠬᠤ ᠶᠢ ᠬᠥᠲᠥᠯᠥᠨ ᠵᠢᠯᠣᠭᠤᠳᠤᠨ᠎ᠠ᠃ ᠮᠤᠵᠢ ᠠᠯᠤᠰᠯᠠᠨ ᠣᠨᠳᠣᠣ ᠭᠠᠵᠠᠷ ᠲᠤ ᠡᠮᠨᠡᠭᠦᠯᠭᠦ ᠲᠣᠭᠲᠠᠭᠰᠠᠨ ᠡᠮᠨᠡᠯᠭᠡ ᠶᠢᠨ ᠬᠤᠷᠢᠶᠠᠨ ᠤ ᠬᠠᠮᠤᠷᠬᠤ ᠬᠡᠪᠴᠢᠶ᠎ᠡ ᠶᠢ ᠡᠮᠭᠢ ᠵᠢᠷᠤᠮ ᠲᠠᠢ ᠪᠠᠷ ᠥᠷᠭᠡᠳᠬᠡᠨ᠎ᠡ᠃ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠨᠢᠭᠡᠳᠦᠯᠲᠡᠢ ᠲᠥᠯᠥᠪᠯᠡᠵᠦ᠂ ᠭᠡᠷ ᠲᠡᠭᠡᠨ ᠬᠤᠴᠣᠷᠤᠭᠰᠠᠨ ᠬᠡᠦᠬᠡᠳ᠂ ᠭᠤᠣᠨᠢ ᠪᠡᠯᠪᠡᠰᠦᠨ ᠨᠠᠰᠤᠲᠠᠶᠢᠴᠤᠳ᠂ ᠵᠡᠮᠳᠡᠭᠴᠦᠳ᠂ ᠭᠠᠭᠴᠠ ᠬᠡᠦᠬᠡᠳ ᠢᠶᠠᠨ ᠠᠯᠳᠠᠭᠰᠠᠨ ᠭᠡᠷ ᠪᠦᠯᠢ ᠵᠡᠷᠭᠡ ᠪᠠᠭᠤᠷᠠᠶᠢᠴᠤᠤᠯ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠢ ᠰᠠᠶᠢᠲᠤᠷ ᠬᠢᠨ᠎ᠡ᠃      ᠳᠥᠷᠪᠡᠳᠦᠭᠡᠷ ᠬᠡᠰᠡᠭ ᠣᠨᠴᠠ ᠲᠦᠷᠦᠯ ᠤᠨ ᠭᠠᠵᠠᠷ ᠣᠷᠣᠨ ᠤ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ      ᠳᠡᠭᠡᠳᠦ ᠳᠤᠮᠳᠠ ᠤᠷᠤᠰᠬᠠᠯ ᠤᠨ ᠦᠨᠳᠦᠰᠦᠲᠡᠨ ᠤ ᠭᠠᠵᠠᠷ ᠣᠷᠣᠨ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ᠂ ᠠᠮᠢ ᠠᠬᠤᠢ ᠬᠡᠪᠡᠷᠡᠭ ᠭᠠᠵᠠᠷ ᠣᠷᠣᠨ ᠵᠡᠷᠭᠡ ᠪᠠᠷ ᠭᠤᠣᠯᠳᠠᠯᠭ᠎ᠠ ᠪᠣᠯᠭᠠᠨ᠂ ᠪᠦᠭᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠣᠯᠣᠨ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠴᠢᠨᠡᠭᠡᠯᠢᠭ ᠨᠡᠶᠢᠭᠡᠮ ᠳᠤ ᠣᠷᠣᠬᠤ ᠶᠢ ᠪᠦᠭᠦ ᠬᠦᠴᠦᠨ ᠢᠶᠠᠷ ᠠᠬᠢᠭᠤᠯᠤᠨ᠎ᠠ᠃ ᠣᠨᠴᠠᠯᠢᠭᠲᠤ ᠳᠠᠪᠠᠭᠤᠯᠢᠭ ᠠᠵᠤ ᠦᠢᠯᠡᠰ ᠢ ᠤᠨᠤᠪᠴᠢᠲᠠᠶ ᠲᠡᠳᠬᠦᠨ ᠬᠥᠭᠵᠢᠭᠦᠯᠵᠦ᠂ ᠨᠢᠭᠡ ᠪᠦᠯᠦᠭ ᠳᠠᠭᠠᠭᠤᠯᠤᠭᠴᠢ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠨ᠎ᠡ᠃ ᠳᠡᠭᠡᠳᠦ ᠳᠤᠮᠳᠠ ᠤᠷᠤᠰᠬᠠᠯ ᠤᠨ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠭᠢ ᠬᠠᠪᠰᠤᠷᠤᠨ ᠲᠡᠳᠭᠦᠭᠦ ᠡᠷᠴᠢᠮ ᠢᠶᠠᠨ ᠴᠢᠩᠭᠠᠷᠠᠭᠤᠯᠵᠤ᠂ ᠵᠡᠭᠦᠨ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠵᠢᠯᠴᠠᠭ᠎ᠠ᠂ ᠠᠵᠢᠯ ᠲᠦᠷᠦᠯ ᠤᠨ ᠰᠢᠰᠲ᠋ᠧᠮ ᠢᠶᠠᠷ ᠲᠤᠰᠠᠯᠠᠬᠤ᠂ ᠴᠡᠭ ᠲᠣᠭᠲᠠᠭᠠᠨ ᠬᠠᠪᠰᠤᠷᠤᠨ ᠲᠡᠳᠭᠦᠭᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠠᠵᠢᠯ ᠣᠯᠭᠤᠬᠤ ᠶᠠᠪᠤᠳᠠᠯ ᠢᠶᠠᠷ ᠲᠡᠳᠬᠦᠮᠵᠢ ᠶᠢ ᠣᠷᠣᠯᠠᠭᠤᠯᠬᠤ ᠶᠠᠪᠤᠳᠠᠯ ᠢ ᠶᠡᠭᠡ ᠪᠠᠷ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠲᠡᠳᠭᠦᠭᠦ ᠠᠷᠭ᠎ᠠ ᠮᠠᠶ᠋ᠢᠭ ᠪᠣᠯᠣᠨ ᠠᠰᠢᠭ ᠭᠦᠷᠲᠡᠭᠦ ᠡᠲᠡᠭᠡᠳ ᠢ ᠥᠷᠭᠡᠳᠬᠡᠨ᠎ᠡ᠃ ᠰᠢᠨ᠎ᠡ ᠴᠠᠭ ᠦᠶ᠎ᠡ ᠶᠢᠨ ᠱᠠᠨᠰᠢ ᠭᠠᠨᠰᠤ ᠨᠢᠩᠰᠢᠶᠠ ᠶᠢᠨ ᠬᠤᠪᠢᠰᠬᠠᠯ ᠤᠨ ᠬᠠᠭᠤᠴᠢᠨ ᠰᠠᠭᠤᠷᠢᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃      ᠠᠷᠪᠠᠨ ᠳᠥᠷᠪᠡᠳᠦᠭᠡᠷ ᠪᠦᠯᠦᠭ ᠥᠭᠡᠷᠡᠴᠢᠯᠡᠯᠲᠡ ᠨᠡᠭᠡᠭᠡᠯᠲᠡ ᠶᠢᠨ ᠠᠯᠬᠤᠭ᠎ᠠ ᠶᠢ ᠲᠦᠷᠭᠡᠳᠬᠡᠨ᠎ᠡ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠨᠡᠭᠡᠭᠡᠯᠲᠡ ᠶᠢ ᠥᠷᠭᠡᠳᠬᠡᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠡᠭᠢ ᠪᠠᠶᠠᠯᠢᠭ ᠤᠨ ᠲᠣᠬᠢᠷᠠᠭᠤᠯᠤᠯᠲᠠ ᠳᠤᠮᠳᠠᠭᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠤᠨ᠂ ᠬᠠᠲᠤᠨ ᠭᠤᠣᠯ ᠤᠨ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠣᠲᠣᠭᠠᠳᠤ ᠭᠠᠳᠠᠭᠠᠳᠤ ᠶᠢ ᠵᠡᠷᠭᠡ ᠪᠠᠷ ᠬᠠᠷᠠᠭᠠᠯᠵᠠᠭᠰᠠᠨ᠂ ᠡᠬᠡ ᠬᠠᠭᠤᠷᠠᠢ ᠲᠡᠯᠡᠶ ᠬᠤᠯᠪᠤᠭᠠᠯᠠᠨ ᠬᠥᠳᠡᠯᠦᠯᠴᠡᠭᠰᠡᠨ᠂ ᠵᠡᠭᠦᠨ ᠪᠠᠷᠠᠭᠤᠨ ᠬᠠᠷᠢᠯᠴᠠᠨ ᠬᠠᠪᠰᠤᠷᠤᠯᠴᠠᠭᠰᠠᠨ᠂ ᠤᠯᠠᠨ ᠴᠢᠭᠯᠡᠯ ᠢᠶᠠᠷ ᠵᠡᠷᠭᠡ ᠪᠠᠷ ᠤᠷᠤᠭᠰᠢᠯᠠᠭᠰᠠᠨ ᠬᠠᠲᠤᠨ ᠭᠤᠣᠯ ᠤᠨ ᠰᠠᠪᠠ ᠭᠠᠵᠠᠷ ᠤᠨ ᠨᠡᠭᠡᠭᠡᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠨᠢᠭᠡᠳᠦᠭᠡᠷ ᠬᠡᠰᠡᠭ ᠬᠠᠲᠤᠨ ᠭᠤᠣᠯ ᠤᠨ ᠰᠠᠪᠠ ᠭᠠᠵᠠᠷ ᠤᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ      ᠲᠥᠪ ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠰᠠᠯᠠᠭ᠎ᠠ ᠮᠥᠴᠢᠷ ᠬᠠᠪᠰᠤᠷᠤᠨ ᠬᠠᠮᠵᠢᠯᠴᠠᠬᠤ᠂ ᠬᠠᠷᠢᠶ᠎ᠠ ᠣᠷᠣᠨ ᠳᠤᠨᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ᠂ ᠡᠯ᠎ᠡ ᠲᠠᠯ᠎ᠠ ᠶᠢᠨ ᠬᠢᠨ ᠢ ᠰᠠᠶᠢᠲᠤᠷ ᠵᠤᠯᠭᠠᠯᠴᠠᠭᠤᠯᠬᠤ ᠬᠠᠮᠢᠶᠠᠷᠤᠯᠲᠠ ᠶᠢᠨ ᠳᠦᠷᠢᠮ ᠢ ᠪᠤᠢ ᠪᠤᠯᠭᠠᠵᠤ᠂ ᠨᠢᠭᠡᠳᠦᠯᠲᠡᠢ ᠵᠢᠷᠤᠵᠤ ᠲᠥᠯᠥᠪᠯᠡᠬᠦ᠂ ᠨᠢᠭᠡᠳᠦᠯᠲᠡᠢ ᠲᠦᠷᠦ ᠶᠢᠨ ᠪᠣᠳᠣᠯᠭ᠎ᠠ ᠶᠢᠨ ᠪᠠᠷᠢᠮᠵᠢᠶ᠎ᠠ ᠲᠣᠭᠲᠠᠭᠠᠬᠤ᠂ ᠠᠮᠢ ᠠᠬᠤᠢ ᠶᠢ ᠬᠠᠮᠵᠢᠯᠴᠠᠨ ᠬᠠᠮᠠᠭᠠᠯᠠᠬᠤ᠂ ᠶᠡᠷᠦᠩᠬᠡᠶᠢᠯᠡᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠪᠡᠶᠡᠯᠡᠭᠦᠯᠦᠨ᠎ᠡ᠃ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭ᠎ᠠ ᠪᠠ ᠠᠵᠢᠯ ᠦᠢᠯᠡᠰ ᠢ ᠰᠠᠯᠭᠠᠬᠤ᠂ ᠠᠵᠢᠯ ᠦᠢᠯᠡᠰ ᠪᠠ ᠠᠵᠤ ᠠᠬᠤᠶᠢᠯᠠᠯ ᠢ ᠰᠠᠯᠭᠠᠬᠤ᠂ ᠬᠠᠮᠢᠶᠠᠷᠬᠤ ᠪᠠ ᠡᠷᠭᠢᠯᠡᠭᠦ ᠶᠢ ᠰᠠᠯᠭᠠᠬᠤ ᠶᠢ ᠠᠬᠢᠭᠤᠯᠵᠤ᠂ ᠤᠰᠤᠨ ᠠᠰᠢᠭᠯᠠᠯᠲᠠ ᠶᠢᠨ ᠶᠠᠮᠤᠨ ᠤ ᠬᠠᠳᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠪᠦᠭᠦ ᠰᠠᠪᠠ ᠭᠠᠵᠠᠷ ᠤᠨ ᠦᠶᠡᠷ ᠢ ᠰᠡᠷᠭᠡᠶᠢᠯᠡᠬᠦ᠂ ᠬᠢᠨᠠᠨ ᠭᠡᠮᠵᠢᠭᠦ᠂ ᠲᠣᠬᠢᠷᠠᠭᠤᠯᠬᠤ᠂ ᠬᠢᠨᠠᠯᠲᠠ ᠲᠠᠯᠪᠢᠬᠤ ᠵᠡᠷᠭᠡ ᠲᠠᠯ᠎ᠠ ᠶᠢᠨ ᠡᠭᠦᠷᠭᠡ ᠴᠢᠳᠠᠪᠭᠢ ᠶᠢ ᠴᠢᠩᠭᠠᠳᠬᠠᠨ᠂ ᠭᠤᠣᠯ ᠤᠷᠤᠰᠬᠠᠯ ᠪᠠ ᠰᠠᠯᠪᠤᠷᠢ ᠤᠷᠤᠰᠬᠠᠯ ᠤᠨ ᠬᠢᠨᠠᠯᠲᠠ ᠬᠠᠮᠢᠶᠠᠷᠤᠯᠲᠠ ᠶᠢᠨ ︽ᠨᠢᠭᠡ ᠲᠣᠣᠷ︾  ᠢ ᠪᠦᠭᠦᠨ ᠢ ᠪᠦᠷᠭᠦᠭᠦᠯᠭᠦ ᠶᠢ ᠪᠡᠶᠡᠯᠡᠭᠦᠯᠦᠨ᠎ᠡ᠃ ᠬᠠᠲᠤᠨ ᠭᠤᠣᠯ ᠳᠠᠭᠠᠤ ᠶᠢᠨ ᠡᠯ᠎ᠡ ᠮᠤᠵᠢ ᠣᠷᠣᠨ ᠳᠤ ᠨᠠᠩ ᠤᠯᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠤᠰᠤ ᠠᠷᠪᠢᠯᠠᠨ ᠬᠡᠷᠡᠭᠯᠡᠬᠦ ᠪᠠ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠬᠠᠮᠢᠶᠠᠷᠤᠯᠲᠠ ᠶᠢᠨ ᠡᠭᠦᠷᠭᠡ ᠴᠢᠳᠠᠪᠭᠢ ᠣᠯᠭᠤᠵᠤ᠂ ᠰᠠᠪᠠ ᠭᠠᠵᠠᠷ ᠢ ᠵᠠᠰᠠᠬᠤ ᠡᠷᠬᠡ ᠬᠠᠷᠢᠭᠤᠴᠠᠯᠭ᠎ᠠ ᠶᠢ ᠨᠢᠭᠡᠳᠦᠯᠲᠡᠢ ᠪᠣᠯᠭᠠᠨ᠎ᠠ᠃ ᠪᠦᠭᠦ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠬᠠᠤᠯᠢ ᠬᠡᠷᠡᠭᠵᠢᠭᠦᠯᠦᠯᠲᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠪᠦᠰᠡ ᠠᠯᠤᠰᠯᠠᠨ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠪᠦᠭᠦ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢᠨ ︽ᠨᠢᠭᠡ ᠱᠤᠭᠤᠮ︾  ᠤᠨ ᠰᠠᠭᠠᠳ ᠦᠭᠡᠢ ᠨᠡᠪᠲᠡᠷᠡᠬᠦ ᠶᠢ ᠪᠡᠶᠡᠯᠡᠭᠦᠯᠦᠨ᠎ᠡ᠃ ᠰᠠᠪᠠ ᠭᠠᠵᠠᠷ ᠤᠨ ᠭᠡᠨᠡᠳᠲᠡ ᠡᠭᠦᠰᠭᠦ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠤᠨ ᠰᠢᠰᠲ᠋ᠧᠮ ᠢ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠠᠮᠢ ᠠᠬᠤᠢ ᠶᠢᠨ ᠬᠠᠮᠠᠭᠠᠯᠠᠯᠲᠠ᠂ ᠪᠣᠬᠢᠷᠳᠤᠯ ᠢ ᠰᠡᠷᠭᠡᠶᠢᠯᠡᠨ ᠵᠠᠰᠠᠬᠤ᠂ ᠤᠰᠤ ᠠᠷᠪᠢᠯᠠᠬᠤ᠂ ᠬᠥᠷᠥᠰᠥ ᠰᠢᠷᠣᠢ ᠶᠢ ᠬᠠᠮᠠᠭᠠᠯᠠᠬᠤ ᠵᠡᠷᠭᠡ ᠬᠠᠷᠠᠯᠲᠠᠲᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠤᠭ ᠤᠨ ᠴᠢᠩᠭ᠎ᠠ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠬᠤᠶᠠᠳᠤᠭᠠᠷ ᠬᠡᠰᠡᠭ ᠠᠮᠢ ᠠᠬᠤᠢ ᠶᠢᠨ ᠦᠢᠯᠡᠳᠬᠦᠨ ᠤ ᠦᠷᠲᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ      ᠭᠤᠯᠳᠤ ᠴᠢᠭᠯᠡᠯ ᠬᠢᠭᠡᠳ ᠬᠥᠨᠳᠡᠯᠡᠨ ᠴᠢᠭᠯᠡᠯ᠂ ᠨᠥᠬᠦᠪᠦᠷᠢ ᠬᠢᠭᠡᠳ ᠲᠥᠯᠥᠪᠦᠷᠢ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠢ ᠣᠷᠭᠠᠨᠢᠭ ᠢᠶᠠᠷ ᠤᠶᠠᠯᠳᠤᠭᠤᠯᠤᠭᠰᠠᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠦᠢᠯᠡᠳᠬᠦᠨ ᠤ ᠦᠷᠲᠡᠭ ᠢ ᠪᠡᠶᠡᠯᠡᠭᠦᠯᠬᠦ ᠲᠣᠭᠲᠠᠴᠠ ᠶᠢ ᠪᠠᠶᠢᠭᠤᠯᠤᠨ᠎ᠠ᠃ ᠲᠥᠪ ᠤᠨ ᠡᠳ᠋ ᠤᠨ ᠵᠠᠰᠠᠭ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠱᠠᠩᠨᠠᠯ ᠨᠥᠬᠦᠪᠦᠷᠢ ᠶᠢᠨ ᠲᠤᠰᠬᠠᠢ ᠪᠡᠯᠡ ᠮᠥᠩᠭᠦ ᠶᠢ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠰᠠᠶᠢᠨ᠂ ᠭᠡᠯᠪᠡᠷᠢ ᠪᠠᠨ ᠬᠤᠪᠢᠷᠠᠭᠤᠯᠤᠨ ᠬᠥᠭᠵᠢᠭᠰᠡᠨ ᠦᠷ᠎ᠡ ᠪᠦᠲᠦᠮᠵᠢ ᠪᠠᠷ ᠰᠠᠶᠢᠨ ᠭᠠᠵᠠᠷ ᠣᠷᠣᠨ ᠢ ᠱᠠᠩᠨᠠᠬᠤ ᠳᠤ ᠲᠤᠰᠬᠠᠶᠢᠯᠠᠨ ᠬᠡᠷᠡᠭᠯᠡᠨ᠂ ᠠᠮᠢ ᠠᠬᠤᠢ ᠶᠢᠨ ᠴᠢᠳᠠᠮᠵᠢ ᠴᠢᠬᠤᠯᠠ᠂ ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠤᠯᠠᠨ ᠭᠠᠵᠠᠷ ᠣᠷᠣᠨ ᠳᠤ ᠨᠥᠬᠦᠪᠦᠷᠢ ᠣᠯᠭᠤᠨ᠎ᠠ᠃ ᠣᠷᠣᠨ ᠨᠤᠲᠤᠭ ᠤᠨ ᠬᠢᠨ ᠤ ᠤᠰᠤᠨ ᠤ ᠬᠡᠮᠵᠢᠶ᠎ᠡ᠂ ᠤᠰᠤᠨ ᠤ ᠴᠢᠨᠠᠷ ᠢᠶᠠᠷ ᠨᠥᠬᠦᠪᠦᠷᠢ ᠦᠭᠭᠦ ᠦᠨᠳᠦᠰᠦᠯᠡᠯ ᠪᠤᠯᠭᠠᠬᠤ ᠶᠢ ᠵᠣᠷᠢᠭᠵᠢᠭᠤᠯᠵᠤ᠂ ᠬᠠᠳᠤᠨ ᠭᠤᠣᠯ ᠤᠨ ᠭᠤᠣᠯ ᠤᠷᠤᠰᠬᠠᠯ ᠪᠠ ᠭᠤᠣᠯ ᠪᠤᠯᠬᠤ ᠰᠠᠯᠪᠤᠷᠢ ᠤᠷᠤᠰᠬᠠᠯ ᠤᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠦᠭᠭᠦ ᠲᠣᠭᠲᠠᠴᠠ ᠶᠢ ᠲᠡᠭᠦᠯᠳᠡᠷᠵᠢᠭᠦᠯᠦᠨ᠂ ᠸᠧᠢ ᠾᠧ ᠭᠤᠣᠯ᠂ ᠰᠢᠷᠠᠬᠠᠶᠢᠭᠤᠤᠯ ᠵᠡᠷᠭᠡ ᠴᠢᠬᠤᠯᠠ ᠰᠠᠯᠪᠤᠷᠢ ᠤᠷᠤᠰᠬᠠᠯ ᠤᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠦᠭᠭᠦ ᠲᠣᠭᠲᠠᠴᠠ ᠶᠢᠨ ᠲᠤᠷᠰᠢᠯᠲᠠ ᠶᠢ ᠥᠷᠨᠢᠭᠦᠯᠵᠦ᠂ ᠲᠥᠪ ᠤᠨ ᠡᠳ᠋ ᠤᠨ ᠵᠠᠰᠠᠭ ᠠᠴᠠ ᠬᠥᠲᠥᠯᠥᠨ ᠵᠢᠯᠤᠭᠤᠳᠬᠤ ᠪᠡᠯᠡ ᠮᠥᠩᠭᠦ ᠲᠣᠬᠢᠷᠠᠭᠤᠯᠤᠨ ᠳᠡᠮᠵᠢᠯᠭᠡ ᠦᠵᠡᠭᠦᠯᠦᠨ᠎ᠡ᠃ ᠬᠠᠳᠤᠨ ᠭᠤᠣᠯ ᠳᠠᠭᠠᠤ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠳᠤ ᠠᠮᠢ ᠠᠬᠤᠢ ᠶᠢᠨ ᠶᠡᠷᠦᠩᠬᠡᠶᠢᠯᠡᠭᠰᠡᠨ ᠨᠥᠬᠦᠪᠦᠷᠢ ᠶᠢᠨ ᠲᠤᠷᠰᠢᠯᠲᠠ ᠶᠢᠨ ᠴᠡᠭ ᠢ ᠬᠡᠷᠡᠭᠵᠢᠭᠦᠯᠦᠨ᠎ᠡ᠃ ᠣᠷᠣᠨ ᠨᠤᠲᠤᠭ ᠤᠨ ᠬᠢᠨ ᠤ ᠠᠮᠢ ᠠᠬᠤᠢ ᠶᠢᠨ ᠦᠢᠯᠡᠳᠬᠦᠨ ᠤ ᠦᠷᠳᠡᠭ ᠤᠨ ᠲᠣᠭᠠᠴᠠᠭ᠎ᠠ ᠬᠢᠵᠦ ᠭᠡᠮᠵᠢᠭᠦ ᠶᠢ ᠰᠦᠪᠡᠭᠴᠢᠯᠡᠨ ᠥᠷᠨᠢᠭᠦᠯᠬᠦ ᠶᠢ ᠲᠡᠮᠵᠢᠵᠤ᠂ ᠶᠡᠷᠦᠩᠬᠡᠶᠢᠯᠡᠭᠰᠡᠨ ᠠᠮᠢ ᠠᠬᠤᠢ ᠶᠢᠨ ᠨᠥᠬᠦᠪᠦᠷᠢ ᠶᠢ ᠪᠠᠷᠢᠮᠵᠢᠶᠠᠵᠢᠭᠤᠯᠬᠤ᠂ ᠬᠡᠷᠡᠭᠯᠡᠬᠦ᠂ ᠵᠠᠬ᠎ᠠ ᠳᠡᠯᠭᠡᠭᠦᠷᠴᠢᠯᠡᠬᠦ ᠶᠢ ᠠᠯᠬᠤᠮ ᠠᠯᠬᠤᠮ ᠢᠶᠠᠷ ᠠᠬᠢᠭᠤᠯᠤᠨ᠎ᠠ᠃ ᠪᠣᠬᠢᠷᠳᠤᠯ ᠢ ᠭᠠᠳᠠᠭᠰᠢᠯᠠᠭᠤᠯᠬᠤ ᠡᠷᠬᠡ ᠵᠡᠷᠭᠡ ᠶᠢᠨ ᠠᠩᠬᠠᠨ ᠤ ᠬᠤᠪᠢᠶᠠᠷᠢᠯᠠᠯᠲᠠ ᠬᠢᠭᠡᠳ ᠮᠤᠵᠢ ᠠᠯᠤᠰᠯᠠᠨ ᠠᠷᠠᠯᠵᠢᠶᠠᠯᠠᠬᠤ ᠳᠦᠷᠢᠮ ᠢ ᠥᠷᠨᠢᠭᠦᠯᠬᠦ ᠶᠢ ᠵᠣᠷᠢᠭᠵᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠤᠯᠠᠨ ᠡᠰᠢᠵᠢᠭᠰᠡᠨ ᠠᠮᠢ ᠠᠬᠤᠢ ᠶᠢᠨ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠯᠳᠦᠭᠦᠯᠦᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠠᠴᠠ ᠲᠥᠯᠥᠪᠦᠷᠢ ᠠᠪᠬᠤ ᠳᠦᠷᠢᠮ ᠢ ᠨᠠᠩ ᠴᠢᠩᠭ᠎ᠠ ᠬᠡᠷᠡᠭᠵᠢᠭᠦᠯᠦᠨ᠂ ᠠᠮᠢ ᠠᠬᠤᠢ ᠶᠢᠨ ᠪᠦᠲᠦᠭᠡᠭᠳᠡᠬᠦᠨ ᠤ ᠦᠷᠲᠡᠭ ᠲᠤ ᠲᠦᠰᠢᠭᠯᠡᠨ ᠲᠣᠭᠠᠴᠠᠭ᠎ᠠ ᠬᠢᠵᠦ᠂ ᠠᠮᠢ ᠠᠬᠤᠢ ᠣᠷᠴᠢᠨ ᠲᠣᠭᠤᠷᠢᠨ ᠤ ᠬᠤᠬᠢᠷᠠᠯ ᠢ ᠦᠨᠡᠯᠡᠨ ᠵᠢᠱᠢᠭᠦ ᠶᠢ ᠥᠷᠨᠢᠭᠦᠯᠦᠨ᠂ ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠠᠤᠯᠢ ᠠᠴᠠ ᠵᠥᠷᠢᠴᠡᠭᠰᠡᠨ ᠥᠪᠡᠷ ᠤᠨ ᠦᠷᠲᠡᠭ ᠢ ᠳᠡᠭᠡᠭᠰᠢᠯᠡᠭᠦᠯᠦᠨ᠎ᠡ᠃      ᠭᠤᠷᠪᠠᠳᠤᠭᠠᠷ ᠬᠡᠰᠡᠭ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠎ᠠ      ᠬᠠᠲᠤᠨ ᠭᠤᠣᠯ ᠳᠠᠭᠠᠤ ᠶᠢᠨ ᠡᠯ᠎ᠡ ᠮᠤᠵᠢ ᠣᠷᠣᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠨᠠᠷᠢᠨ ᠳᠠᠩᠰᠠ ᠶᠢ ᠲᠣᠭᠲᠠᠭᠠᠨ᠂ ᠲᠦᠷᠦᠯ ᠳᠠᠷᠠᠭᠠᠯᠠᠨ ᠠᠬᠢᠭᠤᠯᠤᠨ ᠨᠠᠶᠢᠳᠠᠪᠤᠷᠢᠵᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠪᠦᠭᠦ ᠲᠠᠯ᠎ᠠ ᠪᠠᠷ ᠲᠣᠯᠢᠳᠠᠨ ᠬᠠᠭᠤᠯᠪᠤᠷᠢᠯᠠᠨ᠂ ︽ᠨᠢᠭᠡ ᠯᠡ ᠤᠳᠠᠭ᠎ᠠ ᠭᠦᠶᠦᠯᠭᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠥᠨᠳᠥᠷ ᠪᠦᠲᠦᠮᠵᠢᠲᠡᠢ ᠳᠦᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠤᠢ ᠪᠣᠯᠭᠠᠨ᠎ᠠ᠃ ᠬᠠᠲᠤᠨ ᠭᠤᠣᠯ ᠳᠠᠭᠠᠤ ᠶᠢᠨ ᠡᠯ᠎ᠡ ᠮᠤᠵᠢ ᠣᠷᠣᠨ ᠤ ᠡᠨᠧᠷᠭᠢ᠂ ᠥᠩᠭᠡᠲᠦ ᠲᠡᠮᠦᠷᠯᠢᠭ᠂ ᠲᠤᠨᠤᠭ ᠲᠥᠬᠦᠭᠡᠷᠦᠮᠵᠢ ᠦᠢᠯᠡᠳᠭᠦ ᠵᠡᠷᠭᠡ ᠬᠦᠷᠢᠶᠡᠨ ᠳᠠᠬᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠦᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢᠨ ᠲᠥᠰᠥᠯ ᠢ ᠰᠤᠳᠤᠯᠤᠨ ᠲᠣᠭᠲᠠᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠡᠯ᠎ᠡ ᠲᠦᠷᠦᠯ ᠤᠨ ᠲᠤᠷᠰᠢᠯᠲᠠ ᠶᠢᠨ ᠴᠡᠭ ᠤᠨ ᠬᠠᠲᠤᠨ ᠭᠤᠣᠯ ᠤᠨ ᠰᠠᠪᠠ ᠭᠠᠵᠠᠷ ᠲᠤ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠬᠤ ᠪᠠᠷ ᠳᠡᠮᠵᠢᠨ᠂ ᠭᠠᠭᠴᠠᠭᠠᠷ ᠡᠵᠡᠮᠰᠢᠬᠦ ᠠᠵᠢᠯ ᠲᠦᠷᠦᠯ ᠤᠨ ᠥᠭᠡᠷᠡᠴᠢᠯᠡᠯᠲᠡ ᠶᠢ ᠲᠦᠷᠦᠯ ᠬᠤᠪᠢᠶᠠᠨ ᠬᠡᠷᠡᠭᠵᠢᠭᠦᠯᠦᠨ᠎ᠡ᠃ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠤᠯᠢ ᠶᠣᠰᠣᠭᠠᠷ ᠡᠷᠬᠡ ᠲᠡᠭᠰᠢ ᠪᠠᠷ ᠬᠠᠨᠳᠤᠨ᠂ ᠭᠠᠳᠠᠭᠤᠷᠴᠢᠯᠠᠬᠤ ᠴᠢᠨᠠᠷᠲᠠᠢ ᠲᠣᠭᠲᠠᠭᠠᠯ ᠪᠠ ᠠᠷᠭ᠎ᠠ ᠬᠢᠳᠡᠯ ᠢ ᠪᠦᠭᠦ ᠲᠠᠯ᠎ᠠ ᠪᠠᠷ ᠢᠯᠭᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠢᠴᠢ ᠠᠷᠠᠳ ᠤᠨ ᠳᠤᠮᠳᠠᠭᠢ ᠬᠥᠷᠥᠩᠭᠡ ᠶᠢ ᠢᠳᠡᠪᠬᠢᠲᠡᠢ ᠪᠠᠷ ᠲᠠᠲᠠᠵᠤ ᠪᠡᠯᠡ ᠣᠷᠣᠭᠤᠯᠤᠨ ᠠᠵᠤ ᠦᠢᠯᠡᠰ ᠢ ᠬᠥᠭᠵᠢᠭᠦᠯᠦᠨ᠎ᠡ᠃ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠠᠷᠭ᠎ᠠ ᠮᠠᠶ᠋ᠢᠭ ᠢ ᠰᠦᠪᠡᠭᠴᠢᠯᠡᠵᠦ᠂ ᠬᠢᠷᠢ ᠲᠡᠩᠴᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠣᠷᠣᠭᠤᠯᠤᠨ ᠠᠪᠴᠢᠷᠠᠵᠤ ᠨᠥᠬᠦᠴᠡᠯ ᠲᠠᠢ ᠰᠠᠯᠪᠤᠷᠢ ᠤᠷᠤᠰᠬᠠᠯ ᠤᠨ ᠭᠤᠣᠯ ᠤᠨ ᠬᠡᠰᠡᠭ ᠲᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠬᠢᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠰᠢᠷᠣᠢ᠂ ᠡᠨᠧᠷᠭᠢ ᠵᠡᠷᠭᠡ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠠᠬᠢᠭᠤᠯᠤᠨ᠂ ᠴᠢᠬᠤᠯᠠ ᠡᠯᠧᠮᠧᠨ᠋ᠲ ᠤᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠡᠭᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠳᠥᠷᠪᠡᠳᠦᠭᠡᠷ ᠬᠡᠰᠡᠭ ︽ᠨᠢᠭᠡ ᠪᠦᠰᠡ ᠨᠢᠭᠡ ᠵᠠᠮ︾  ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠨ᠎ᠠ      ᠬᠠᠲᠤᠨ ᠭᠤᠣᠯ ᠳᠠᠭᠠᠤ ᠬᠠᠮᠢᠶ᠎ᠠ ᠪᠦᠬᠦᠢ ᠮᠤᠵᠢ ᠣᠷᠣᠨ ᠤ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠲᠦᠪᠰᠢᠨ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠳᠤ ᠨᠠᠩ ᠶᠡᠭᠡ ᠡᠵᠡᠨ ᠮᠡᠳᠡᠭᠦ ᠡᠷᠬᠡ ᠣᠯᠭᠤᠨ᠎ᠠ᠃ ᠰᠢ ᠠᠨ᠂ ᠵᠧᠩᠵᠧᠦ᠂ ᠵᠢᠨᠠᠨ ᠵᠡᠷᠭᠡ ᠬᠠᠲᠤᠨ ᠭᠤᠣᠯ ᠳᠠᠭᠠᠤ ᠲᠣᠮᠣ ᠬᠤᠲᠠ ᠳᠤ ᠤᠯᠠᠨ ᠤᠯᠤᠰ ᠤᠨ ᠳᠦᠷᠢᠮ ᠳᠤ ᠵᠤᠯᠭᠠᠯᠴᠠᠭᠰᠠᠨ ᠪᠠᠷᠢᠮᠵᠢᠶ᠎ᠠ ᠪᠠᠶᠢᠭᠤᠯᠵᠤ᠂ ᠪᠡᠯᠡ ᠤᠷᠤᠭᠤᠯᠤᠯᠲᠠ ᠠᠷᠠᠯᠵᠢᠶ᠎ᠠ ᠶᠢᠨ ᠳᠥᠭᠦᠮᠴᠢᠯᠡᠯᠲᠡ ᠶᠢ ᠲᠦᠷᠭᠡᠳᠬᠡᠨ᠂ ᠪᠦᠭᠦ ᠪᠥᠮᠪᠥᠷᠴᠡᠭ ᠤᠨ ᠴᠢᠨᠠᠷ ᠰᠠᠶᠢᠲᠠᠢ ᠬᠦᠴᠦᠨ ᠵᠦᠢᠯ ᠢ ᠲᠡᠳᠡᠨ ᠠᠪᠴᠢᠷᠠᠵᠤ ᠬᠤᠷᠠᠮᠳᠤᠭᠤᠯᠬᠤ ᠪᠠᠶᠢᠭᠤᠯᠤᠮᠵᠢ ᠲᠣᠭᠲᠠᠴᠠ ᠶᠢ ᠪᠠᠶᠢᠭᠤᠯᠵᠤ᠂ ᠤᠯᠠᠨ ᠤᠯᠤᠰ ᠤᠨ ᠬᠠᠷᠢᠯᠴᠠᠭᠠᠨ ᠤ ᠴᠢᠳᠠᠮᠵᠢ ᠶᠢ ᠴᠢᠩᠭᠠᠷᠠᠭᠤᠯᠤᠨ᠂ ᠬᠠᠲᠤᠨ ᠭᠤᠣᠯ ᠤᠨ ᠰᠠᠪᠠ ᠭᠠᠵᠠᠷ ᠤᠨ ᠭᠠᠳᠠᠭᠰᠢ ᠨᠡᠭᠡᠭᠡᠯᠲᠡ ᠬᠢᠬᠦ ᠣᠷᠣᠨ ᠢ ᠪᠠᠶᠢᠭᠤᠯᠤᠨ᠎ᠠ᠃ ᠳᠡᠭᠡᠳᠦ ᠳᠤᠮᠳᠠ ᠤᠷᠤᠰᠬᠠᠯ ᠳᠠᠭᠠᠤ ᠮᠤᠵᠢ ᠣᠷᠣᠨ ᠤ ᠲᠣᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠴᠢᠬᠤᠯᠠ ᠵᠠᠮ ᠨᠡᠪᠲᠡᠷᠡᠯᠭᠡ᠂ ᠵᠠᠩᠭᠢᠯᠠᠭ᠎ᠠ ᠶᠢᠨ ᠴᠡᠭ ᠤᠨ ᠦᠢᠯᠡᠳᠦᠯ ᠪᠠ ᠠᠵᠤ ᠠᠬᠤᠢ ᠲᠡᠦᠬᠡ ᠰᠣᠶᠣᠯ ᠵᠡᠷᠭᠡ ᠶᠡᠷᠦᠩᠬᠡᠶᠢᠯᠡᠭᠰᠡᠨ ᠳᠠᠪᠠᠭᠤᠯᠢᠭ ᠢ ᠪᠠᠳᠠᠷᠠᠭᠤᠯᠵᠤ᠂ ᠳᠣᠲᠣᠭᠠᠳᠤ ᠬᠠᠭᠤᠷᠠᠢ ᠶᠢᠨ ᠨᠡᠭᠡᠭᠡᠯᠲᠡᠲᠤ ᠥᠨᠳᠦᠷᠯᠢᠭ ᠣᠷᠣᠨ ᠢ ᠪᠤᠢ ᠪᠤᠯᠭᠠᠵᠤ᠂ ᠳᠤᠮᠳᠠ ᠠᠽᠢᠶ᠎ᠠ ᠡᠮᠦᠨᠡᠲᠦ ᠠᠽᠢᠶ᠎ᠠ ᠶᠢᠨ ᠤᠯᠤᠰ ᠤᠳ ᠲᠤ ᠨᠡᠪᠲᠡᠷᠡᠬᠦ ᠵᠠᠮ ᠱᠤᠭᠤᠮ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠶᠢᠨ ᠬᠦᠢᠰᠦ᠂ ᠠᠵᠤ ᠦᠢᠯᠡᠰ ᠪᠠ ᠬᠥᠮᠥᠨ ᠰᠣᠶᠣᠯ ᠤᠨ ᠰᠣᠯᠢᠯᠴᠠᠭᠠᠨ ᠤ ᠴᠢᠬᠤᠯᠠ ᠰᠠᠭᠤᠷᠢᠨ ᠢ ᠲᠦᠷᠭᠡᠪᠴᠢᠯᠡᠨ ᠪᠤᠢ ᠪᠣᠯᠭᠠᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠬᠠᠮᠢᠶ᠎ᠠ ᠪᠦᠬᠦᠢ ᠮᠤᠵᠢ ᠣᠷᠣᠨ ᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠴᠢᠨᠠᠷ ᠰᠠᠶᠢᠲᠠᠢ ᠨᠡᠪᠲᠡᠷᠡᠭᠦᠯᠬᠦ ᠶᠢ ᠳᠡᠮᠵᠢᠵᠦ᠂ ᠡᠮᠭᠢ ᠵᠢᠷᠤᠮ ᠦᠭᠡᠢ ᠭᠦᠭᠵᠢᠭᠦ ᠪᠠ ᠬᠡᠲᠦᠷᠬᠡᠢ ᠥᠷᠢᠰᠦᠯᠳᠦᠬᠦ ᠶᠢ ᠴᠡᠭᠴᠡᠯᠡᠨ ᠵᠠᠰᠠᠬᠤ ᠪᠠ ᠰᠡᠷᠭᠡᠶᠢᠯᠡᠵᠦ᠂ ᠰᠢ ᠠᠨ᠂ ᠵᠧᠩᠵᠧᠦ ᠵᠡᠷᠭᠡ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠬᠦᠢᠰᠦ ᠬᠤᠲᠠ ᠶᠢ ᠪᠣᠶᠢᠵᠢᠭᠤᠯᠵᠤ᠂ ᠵᠢᠰᠢᠶᠠᠨ ᠤ ᠭᠠᠯᠲᠤ ᠲᠡᠷᠭᠡᠨ ᠳᠤ ᠲᠦᠰᠢᠭᠯᠡᠬᠦ ᠭᠠᠳᠠᠭᠠᠳᠤ ᠨᠡᠭᠡᠭᠡᠯᠲᠡ ᠶᠢᠨ ᠭᠡᠯᠪᠡᠷᠢ ᠶᠢᠨ ᠠᠵᠤ ᠠᠬᠤᠢ ᠶᠢ ᠬᠥᠭᠵᠢᠭᠦᠯᠦᠨ᠎ᠡ᠃ ᠬᠠᠲᠤᠨ ᠭᠤᠣᠯ ᠳᠠᠭᠠᠤ ᠮᠤᠵᠢ ᠣᠷᠣᠨ ᠳᠤ ᠲᠠᠷᠢᠶᠠᠯᠠᠩ ᠤᠨ ᠭᠠᠳᠠᠭᠠᠳᠤ ᠨᠡᠭᠡᠭᠡᠯᠲᠡ ᠬᠢᠬᠦ ᠬᠠᠮᠲᠤᠷᠠᠯᠴᠠᠭᠠᠨ ᠤ ᠲᠤᠷᠰᠢᠯᠲᠠ ᠶᠢᠨ ᠣᠷᠣᠨ ᠢ ᠰᠢᠨ᠎ᠡ ᠪᠠᠷ ᠡᠳᠦᠢ ᠲᠡᠳᠦᠢ ᠪᠠᠶᠢᠭᠤᠯᠵᠤ᠂ ︽ᠨᠢᠭᠡ ᠪᠦᠰᠡ ᠨᠢᠭᠡ ᠵᠠᠮ︾  ᠤᠨ ᠤᠯᠤᠰ ᠤᠳ ᠤᠨ ᠲᠠᠷᠢᠶᠠᠯᠠᠩ ᠮᠠᠯ ᠠᠵᠤ ᠠᠬᠤᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠪᠣᠳᠠᠲᠤ ᠬᠦᠴᠦᠨ ᠲᠠᠢ ᠠᠵᠤ ᠠᠬᠤᠶᠢᠯᠠᠯ ᠤᠨ ᠭᠠᠳᠠᠭᠠᠳᠤ ᠳᠤ ᠦᠢᠯᠡᠳᠪᠦᠷᠢᠯᠡᠵᠦ ᠪᠤᠯᠪᠠᠰᠤᠷᠠᠭᠤᠯᠬᠤ ᠰᠠᠭᠤᠷᠢᠨ ᠪᠠᠶᠢᠭᠤᠯᠬᠤ ᠶᠢ ᠳᠡᠮᠵᠢᠨ᠎ᠡ᠃      ᠲᠠᠪᠤᠳᠤᠭᠠᠷ ᠬᠡᠰᠡᠭ ᠣᠷᠣᠨ ᠪᠦᠰᠡ ᠶᠢᠨ ᠬᠤᠭᠤᠷᠤᠨᠲᠤᠭᠢ ᠨᠡᠭᠡᠭᠡᠯᠲᠡ ᠬᠢᠵᠦ ᠬᠠᠮᠲᠤᠷᠠᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ      ᠬᠥᠬᠡᠨᠠᠭᠤᠷ᠂ ᠰᠧᠴᠤᠸᠠᠨ᠂ ᠭᠠᠨᠰᠤ ᠶᠢᠨ ᠬᠥᠷᠰᠢ ᠵᠡᠷᠭᠡᠯᠡᠳᠡᠭᠡ ᠭᠠᠵᠠᠷ ᠣᠷᠣᠨ ᠤ ᠤᠰᠤᠨ ᠤ ᠡᠭᠢ ᠰᠤᠷᠪᠤᠯᠵᠢ ᠶᠢ ᠬᠠᠳᠠᠭᠠᠯᠠᠬᠤ ᠪᠠ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠬᠠᠮᠵᠢᠯᠴᠠᠨ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠤᠰᠤᠨ ᠤ ᠡᠭᠢ ᠰᠤᠷᠪᠤᠯᠵᠢ ᠶᠢ ᠬᠠᠳᠠᠭᠠᠯᠠᠬᠤ ᠲᠥᠪ ᠣᠷᠣᠨ ᠢ ᠪᠦᠲᠦᠭᠡᠨ ᠪᠠᠶᠢᠭᠤᠯᠤᠨ᠎ᠠ᠃ ᠭᠠᠨᠰᠤ᠂ ᠬᠥᠬᠡᠨᠠᠭᠤᠷ ᠤᠨ ᠬᠠᠮᠲᠤ ᠪᠠᠷ ᠴᠢ ᠯᠢᠶᠠᠨ ᠱᠠᠨ ᠠᠭᠤᠯᠠᠨ ᠤ ᠠᠮᠢ ᠠᠬᠤᠢ ᠶᠢ ᠰᠡᠷᠭᠦᠭᠡᠬᠦ ᠪᠠ ᠬᠠᠲᠤᠨ ᠭᠤᠣᠯ ᠤᠨ ᠳᠡᠭᠡᠳᠦ ᠤᠷᠤᠰᠬᠠᠯ ᠤᠨ ᠮᠥᠰᠥᠲᠦᠯᠭᠡ ᠶᠢᠨ ᠰᠦᠷᠦᠭᠵᠢᠯ ᠢ ᠬᠠᠮᠠᠭᠠᠯᠠᠬᠤ ᠶᠢ ᠳᠡᠮᠵᠢᠨ᠎ᠡ᠃ ᠱᠠᠨᠰᠢ᠂ ᠨᠢᠩᠰᠢᠶᠠ᠂ ᠥᠪᠥᠷ ᠮᠣᠩᠭᠤᠯ ᠤᠨ ᠬᠥᠷᠰᠢ ᠵᠡᠷᠭᠡᠯᠡᠳᠡᠭᠡ ᠭᠠᠵᠠᠷ ᠣᠷᠣᠨ ᠢ ᠬᠥᠲᠥᠯᠥᠨ ᠵᠢᠯᠤᠭᠤᠳᠴᠤ᠂ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ ᠪᠠᠶᠢᠷᠢᠰᠢᠭᠤᠯᠤᠯ ᠢ ᠨᠢᠭᠡᠳᠦᠯᠲᠡᠢ ᠲᠥᠯᠥᠪᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠬᠤ ᠪᠠ ᠤᠰᠤᠨ ᠤ ᠪᠣᠬᠢᠷᠳᠤᠯ ᠢ ᠬᠠᠮᠲᠤ ᠪᠠᠷ ᠵᠠᠰᠠᠬᠤ ᠶᠢ ᠴᠢᠩᠭᠠᠳᠬᠠᠨ᠎ᠠ᠃ ᠱᠠᠨᠰᠢ᠂ ᠱᠠᠨ ᠰᠢ ᠶᠢᠨ ᠰᠢᠷ᠎ᠠ ᠬᠥᠷᠥᠰᠥᠲᠦ ᠥᠨᠳᠦᠷᠯᠢᠭ ᠤᠨ ᠠᠭᠤᠯᠵᠠᠷ ᠣᠷᠣᠨ ᠤ ᠬᠠᠮᠵᠢᠯᠴᠠᠭ᠎ᠠ ᠶᠢ ᠴᠢᠩᠭᠠᠳᠬᠠᠵᠤ᠂ ᠬᠠᠲᠤᠨ ᠭᠤᠣᠯ ᠱᠠᠨ ᠰᠢ ᠱᠠᠨᠰᠢ ᠶᠢᠨ ᠶᠡᠭᠡ ᠬᠠᠪᠴᠢᠯ ᠤᠨ ᠠᠮᠢ ᠠᠬᠤᠢ ᠶᠢᠨ ᠣᠷᠴᠢᠨ ᠨᠥᠬᠦᠴᠡᠯ ᠢ ᠬᠠᠮᠲᠤ ᠪᠠᠷ ᠬᠠᠮᠠᠭᠠᠯᠠᠨ᠎ᠠ᠃ ᠱᠠᠨ ᠰᠢ ᠱᠠᠨᠰᠢ ᠾᠧᠨᠠᠨ ᠬᠠᠲᠤᠨ ᠭᠤᠣᠯ ᠤᠨ ᠠᠯᠲᠠᠨ ᠭᠤᠷᠪᠠᠯᠵᠢᠨ ᠣᠷᠣᠨ ᠤ ᠠᠵᠤ ᠠᠬᠤᠢ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠵᠧᠩ ︵ᠵᠧᠦ︶ ᠯᠥᠸᠧ ︵ᠶᠠᠩ︶ ᠰᠢ ︵ᠠᠨ︶  ᠶᠢᠨ ᠴᠢᠨᠠᠷ ᠰᠠᠶᠢᠲᠠᠢ ᠬᠥᠭᠵᠢᠯᠲᠡ ᠶᠢᠨ ᠬᠠᠮᠲᠤᠷᠠᠯᠴᠠᠭᠠᠨ ᠤ ᠪᠦᠰᠡ ᠶᠢ ᠪᠠᠶᠢᠭᠤᠯᠵᠤ᠂ ᠱᠠᠨ ᠰᠢ ᠱᠠᠨᠰᠢ ᠥᠪᠥᠷ ᠮᠣᠩᠭᠤᠯ ︵ᠰᠢᠨ ᠢᠦᠢ ᠧ︶ ᠵᠡᠷᠭᠡ ᠮᠤᠵᠢ ᠣᠷᠣᠨ ᠠᠯᠤᠰᠯᠠᠭᠰᠠᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠱᠠᠨ ᠰᠢ᠂ ᠥᠪᠥᠷ ᠮᠣᠩᠭᠤᠯ᠂ ᠱᠠᠨᠳᠦ᠋ᠩ ᠢ ᠳᠡᠮᠵᠢᠵᠦ ᠪᠠᠶᠢᠭᠠᠳ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠭᠦᠭᠵᠢᠭᠦ ᠶᠢ ᠭᠦᠨᠵᠡᠭᠡᠢ ᠵᠣᠯᠭᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ᠂ ᠮᠥᠩᠭᠦᠨ ᠭᠦᠢᠯᠭᠡᠭᠡᠨ᠂ ᠰᠢᠨ᠎ᠡ ᠪᠠᠷ ᠮᠠᠨᠳᠤᠭᠰᠠᠨ ᠠᠵᠤ ᠦᠢᠯᠡᠰ᠂ ᠡᠨᠧᠷᠭᠢ ᠵᠡᠷᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠤᠨ ᠤᠰᠤ ᠭᠦᠷᠳᠡᠭᠦ ᠣᠷᠣᠨ ᠬᠢᠭᠡᠳ ᠤᠰᠤᠨ ᠰᠤᠷᠪᠤᠯᠵᠢ ᠶᠢᠨ ᠣᠷᠣᠨ ᠤ ᠠᠵᠢᠯ ᠲᠦᠷᠦᠯ ᠢᠶᠠᠷ ᠢᠶᠠᠨ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠦᠨ᠎ᠡ᠃ ᠬᠠᠳᠤᠨ ᠭᠤᠣᠯ ᠤᠨ ᠰᠠᠪᠠ ᠭᠠᠵᠠᠷ ᠬᠢᠭᠡᠳ ᠬᠥᠬᠡᠮᠥ᠋ᠷᠡᠨ ᠤ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠭᠤᠷᠪᠠᠨ ᠮᠥᠷᠡᠨ ᠤ ᠡᠭᠢ᠂ ᠴᠢᠨᠯᠢᠩ ᠳᠠᠪᠠᠭ᠎ᠠ᠂ ᠷᠥᠸᠧ ᠡᠯ ᠭᠠᠢ ᠨᠤᠭᠤ ᠭᠠᠵᠠᠷ ᠵᠡᠷᠭᠡ ᠰᠠᠪᠠ ᠭᠠᠵᠠᠷ ᠠᠯᠤᠰᠯᠠᠭᠰᠠᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠢ ᠬᠠᠮᠵᠢᠯᠴᠠᠨ ᠬᠠᠮᠠᠭᠠᠯᠠᠬᠤ ᠪᠠ ᠰᠡᠷᠭᠦᠭᠡᠬᠦ ᠶᠢ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ᠂ ᠲᠦᠷᠦᠯ ᠵᠦᠢᠯ᠂ ᠲᠣᠭᠲᠠᠴᠠ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠮᠢ ᠠᠬᠤᠢ ᠶᠢ ᠬᠠᠮᠠᠭᠠᠯᠠᠬᠤ ᠪᠠᠷ ᠤᠷᠢᠲᠠᠯ ᠪᠤᠯᠭᠠᠵᠤ ᠰᠠᠪᠠ ᠭᠠᠵᠠᠷ ᠠᠯᠤᠰᠯᠠᠭᠰᠠᠨ ᠠᠵᠤ ᠦᠢᠯᠡᠰ ᠤᠨ ᠰᠢᠯᠵᠢᠯᠲᠡ ᠶᠢ ᠵᠣᠬᠢᠰᠲᠠᠢ ᠬᠥᠲᠥᠯᠥᠨ ᠵᠢᠯᠣᠭᠤᠳᠤᠨ᠎ᠠ᠃      ᠠᠷᠪᠠᠨ ᠲᠠᠪᠤᠳᠤᠭᠠᠷ ᠪᠦᠯᠦᠭ ᠲᠥᠯᠦᠪᠵᠢᠭᠦᠯᠭᠡ ᠬᠡᠷᠡᠭᠵᠢᠭᠦᠯᠦᠯᠲᠡ ᠶᠢ ᠠᠬᠢᠭᠤᠯᠤᠨ᠎ᠠ      ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠪᠣᠯ ᠨᠢᠭᠡᠨ ᠴᠢᠬᠤᠯᠠ ᠶᠡᠭᠡ ᠰᠢᠰᠲ᠋ᠧᠮᠲᠦ ᠢᠨᠵᠧᠨᠧᠷᠢᠩ ᠮᠥᠨ᠂ ᠬᠤᠯᠪᠣᠭᠳᠠᠬᠤ ᠭᠠᠵᠠᠷ ᠣᠷᠣᠨ ᠥᠷᠭᠡᠨ᠂ ᠬᠥᠮᠥᠨ ᠠᠮᠠ ᠤᠯᠠᠨ᠂ ᠡᠭᠦᠷᠭᠡ ᠨᠦᠰᠡᠷ ᠬᠦᠨᠳᠦ ᠪᠥᠭᠡᠳ ᠪᠡᠷᠬᠡ ᠬᠠᠲᠠᠭᠤᠵᠢᠯᠲᠠᠢ ᠶᠤᠮ᠃ ᠴᠢᠳᠠᠯ ᠤᠨ ᠬᠢᠷᠢ ᠪᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠵᠠᠷᠴᠢᠮ ᠢ ᠪᠠᠷᠢᠮᠲᠠᠯᠠᠵᠤ᠂ ᠬᠢᠬᠦ ᠶᠣᠰᠣᠲᠠᠢ ᠵᠦᠢᠯ ᠢ ᠬᠢᠬᠦ ᠪᠠ ᠬᠢᠬᠦ ᠦᠭᠡᠢ ᠵᠦᠢᠯ᠂ ᠤᠷᠢᠳ ᠢᠶᠠᠷ ᠬᠢᠬᠦ ᠪᠠ ᠰᠡᠭᠦᠯᠡᠷ ᠬᠢᠬᠦ᠂ ᠲᠦᠷᠭᠡᠨ ᠬᠢᠬᠦ ᠪᠠ ᠠᠯᠭᠤᠷ ᠬᠢᠬᠦ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠱᠠᠲᠤ ᠦᠶ᠎ᠡ ᠪᠦᠷᠢ ᠶᠢᠨ ᠭᠤᠣᠯ ᠵᠥᠷᠢᠴᠡᠯ ᠪᠠ ᠵᠥᠷᠢᠴᠡᠯ ᠤᠨ ᠭᠤᠣᠯ ᠲᠠᠯ᠎ᠠ ᠶᠢ ᠠᠳᠬᠤᠵᠤ᠂ ᠣᠳᠣᠬᠠᠨ ᠤ ᠪᠠᠴᠢᠮ ᠱᠠᠭᠠᠷᠳᠠᠭᠳᠠᠵᠤ ᠪᠠᠶᠢᠭ᠎ᠠ ᠲᠦᠷᠦ ᠶᠢᠨ ᠪᠣᠳᠣᠯᠭ᠎ᠠ᠂ ᠢᠨᠵᠧᠨᠧᠷᠢᠩ ᠪᠠ ᠲᠦᠷᠦᠯ ᠵᠦᠢᠯ ᠳᠠᠬᠢ ᠲᠤᠯᠭᠠᠮ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠲᠦᠷᠭᠡᠨ ᠠᠬᠢᠭᠤᠯᠵᠤ᠂ ᠡᠷᠲᠡᠬᠡᠨ ᠦᠷ᠎ᠡ ᠪᠦᠲᠦᠮᠵᠢ ᠭᠠᠷᠭᠠᠬᠤ ᠭᠡᠷᠡᠭᠳᠡᠢ; ᠤᠷᠳᠤ ᠬᠤᠭᠤᠴᠠᠭ᠎ᠠ ᠪᠠᠷ ᠠᠬᠢᠭᠤᠯᠬᠤ ᠴᠢᠬᠤᠯᠠᠲᠠᠢ ᠠᠵᠢᠯ ᠢ ᠤᠳᠠᠭᠠᠨ ᠳᠠᠭᠠᠭᠠᠮᠠᠭᠠᠢ ᠬᠢᠵᠦ᠂ ᠨᠢᠭᠡ ᠨᠢᠭᠡ ᠠᠯᠬᠤᠮ ᠢᠶᠠᠷ ᠵᠠᠯᠭᠠᠨ ᠬᠢᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠠᠤᠭ᠎ᠠ ᠲᠥᠰᠥᠪ ᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃      ᠨᠢᠭᠡᠳᠦᠭᠡᠷ ᠬᠡᠰᠡᠭ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ᠎ᠠ      ᠨᠠᠮ ᠤᠨ ᠤᠳᠤᠷᠢᠳᠤᠯᠭ᠎ᠠ ᠶᠢ ᠢᠮᠠᠭᠲᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠲᠤᠭᠤᠰᠢᠯᠠᠭᠤᠯᠤᠨ᠎ᠠ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠪᠢᠰᠬᠠᠯᠲᠤ ᠰᠣᠶᠣᠯ ᠢᠯᠠᠩᠭᠤᠶ᠎ᠠ ᠶᠠᠨ ᠠᠨ ᠤ ᠵᠣᠷᠢᠭ ᠰᠠᠨᠠᠭ᠎ᠠ᠂ ᠵᠢᠶᠣᠣ ᠢᠦᠢ ᠯᠦ ᠶᠢᠨ ᠵᠣᠷᠢᠭ ᠰᠠᠨᠠᠭ᠎ᠠ ᠪᠠᠷ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠤᠨ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠵᠥᠪ ᠴᠢᠭᠯᠡᠯ ᠢ ᠬᠡᠵᠢᠶᠡᠳᠡ ᠪᠠᠲᠤᠯᠠᠬᠤ ᠬᠡᠷᠡᠭᠲᠡᠢ᠃ ᠬᠠᠲᠤᠨ ᠭᠤᠣᠯ ᠳᠠᠭᠠᠤ ᠡᠯ᠎ᠡ ᠮᠤᠵᠢ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠬᠢᠨ ᠤᠯᠤᠰ ᠲᠦᠷᠦ ᠶᠢ ᠡᠷᠭᠢᠮᠯᠡᠭᠦ ᠥᠨᠳᠥᠷᠴᠡ᠂ ᠭᠤᠣᠯᠳᠠᠯᠭ᠎ᠠ ᠶᠢ ᠠᠳᠬᠤᠬᠤ ᠨᠠᠷᠢᠯᠢᠭᠴᠠ᠂ ᠡᠴᠦᠰ ᠲᠤᠨᠢ ᠲᠤᠯᠲᠠᠯ᠎ᠠ ᠠᠳᠬᠤᠬᠤ ᠭᠦᠨᠴᠡ ᠠᠴᠠ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠪᠣᠳᠠᠲᠠᠢ ᠠᠵᠢᠯᠯᠠᠵᠤ ᠰᠢᠷᠭᠠᠭᠤ ᠲᠡᠮᠡᠴᠡᠵᠦ᠂ ᠲᠤᠰ ᠲᠥᠯᠦᠪᠵᠢᠭᠦᠯᠭᠡ ᠶᠢᠨ ᠬᠥᠲᠥᠯᠪᠦᠷᠢ ᠳᠤ ᠳᠤᠷᠠᠳᠤᠭᠰᠠᠨ ᠬᠠᠷᠠᠯᠲᠠ ᠡᠭᠦᠷᠭᠡ ᠪᠣᠯᠣᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃      ᠬᠤᠶᠠᠳᠤᠭᠠᠷ ᠬᠡᠰᠡᠭ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠨ᠎ᠠ      ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠯᠦᠭᠡ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠰᠢᠰᠲ᠋ᠧᠮ ᠲᠠᠢ ᠡᠮᠬᠢᠯᠡᠵᠦ᠂ ᠬᠠᠲᠤᠨ ᠭᠤᠣᠯ ᠤᠨ ᠬᠠᠮᠠᠭᠠᠯᠠᠯᠲᠠ ᠵᠠᠰᠠᠯᠲᠠ ᠶᠢᠨ ᠬᠠᠤᠯᠢ ᠲᠣᠭᠲᠠᠭᠠᠯᠲᠠ ᠶᠢᠨ ᠰᠠᠭᠤᠷᠢ ᠴᠢᠨᠠᠷᠲᠠᠢ ᠰᠤᠳᠤᠯᠭᠠᠨ ᠤ ᠠᠵᠢᠯ ᠢ ᠭᠦᠨᠵᠡᠭᠡᠢ ᠥᠷᠨᠢᠭᠦᠯᠵᠦ᠂ ᠬᠠᠤᠯᠢ ᠲᠣᠭᠲᠠᠭᠠᠬᠤ ᠠᠵᠢᠯ ᠢ ᠳᠠᠷᠤᠢ ᠳᠤᠨᠢ ᠲᠣᠬᠢᠷᠠᠭᠤᠯᠤᠨ ᠡᠬᠢᠯᠡᠭᠦᠯᠵᠦ᠂ ᠬᠠᠲᠤᠨ ᠭᠤᠣᠯ ᠤᠨ ᠬᠠᠮᠠᠭᠠᠯᠠᠯᠲᠠ ᠵᠠᠰᠠᠯᠲᠠ ᠶᠢᠨ ᠳᠤᠮᠳᠠᠭᠢ ᠪᠦᠲᠦᠮᠵᠢᠲᠡᠶ ᠨᠡᠶᠢᠳᠡᠮ ᠤᠨ ᠴᠢᠨᠠᠷᠲᠠᠢ ᠲᠦᠷᠦ ᠶᠢᠨ ᠪᠣᠳᠣᠯᠭ᠎ᠠ᠂ ᠲᠣᠭᠲᠠᠴᠠ᠂ ᠳᠦᠷᠢᠮ ᠵᠡᠷᠭᠡ ᠶᠢ ᠬᠠᠤᠯᠢ ᠲᠣᠭᠲᠠᠭᠠᠨ ᠨᠤᠲᠠᠯᠠᠨ ᠲᠣᠭᠲᠠᠭᠠᠨ᠎ᠠ᠃ ᠠᠮᠢ ᠠᠬᠤᠢ ᠶᠢᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠤᠷᠢᠲᠠᠯ ᠳᠣᠣᠷ᠎ᠠ᠂ ᠬᠠᠤᠯᠢ ᠴᠠᠭᠠᠵᠠ ᠶᠢᠨ ᠭᠡᠯᠪᠡᠷᠢ ᠪᠠᠷ ᠡᠯ᠎ᠡ ᠲᠠᠯ᠎ᠠ ᠶᠢᠨ ᠡᠷᠬᠡ ᠬᠠᠷᠢᠭᠤᠴᠠᠯᠭ᠎ᠠ ᠶᠢᠨ ᠵᠠᠭᠠᠭ ᠢ ᠲᠣᠭᠲᠠᠭᠠᠵᠤ᠂ ᠬᠠᠮᠠᠭᠠᠯᠠᠵᠤ ᠵᠠᠰᠠᠬᠤ ᠳᠦᠷᠢᠮ ᠤᠨ ᠰᠢᠰᠲ᠋ᠧᠮ ᠢ ᠲᠣᠳᠣᠷᠬᠠᠶᠢᠯᠠᠵᠤ᠂ ᠬᠠᠳᠤᠨ ᠭᠤᠣᠯ ᠤᠨ ᠬᠠᠮᠠᠭᠠᠯᠠᠯᠲᠠ ᠵᠠᠰᠠᠯᠲᠠ ᠳᠤ ᠨᠥᠯᠥᠭᠡ ᠦᠵᠡᠭᠦᠯᠭᠦ ᠡᠯ᠎ᠡ ᠲᠦᠷᠦᠯ ᠤᠨ ᠠᠵᠢᠯᠯᠠᠭ᠎ᠠ ᠶᠢ ᠵᠢᠷᠤᠮᠵᠢᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠳᠤ ᠨᠥᠬᠦᠪᠦᠷᠢᠯᠡᠬᠦ᠂ ᠤᠰᠤᠨ ᠤ ᠡᠭᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠰᠤᠳᠤᠯᠤᠨ ᠲᠣᠭᠲᠠᠭᠠᠵᠤ ᠲᠡᠭᠦᠯᠳᠡᠷᠵᠢᠭᠦᠯᠦᠨ᠎ᠡ᠃ ᠬᠠᠲᠤᠨ ᠭᠤᠣᠯ ᠳᠠᠭᠠᠤ ᠮᠤᠵᠢ ᠣᠷᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠨᠡᠶᠢᠲᠡᠯᠡᠬᠦ ᠶᠢ ᠳᠡᠮᠵᠢᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠠᠤᠯᠢᠵᠢᠯ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃      ᠭᠤᠷᠪᠠᠳᠤᠭᠠᠷ ᠬᠡᠰᠡᠭ ᠤᠯᠤᠰ ᠤᠨ ᠭᠠᠵᠠᠷ ᠰᠢᠷᠣᠢ ᠶᠢᠨ ᠵᠠᠰᠠᠯᠲᠠ ᠶᠢᠨ ᠴᠢᠳᠠᠪᠤᠷᠢ ᠶᠢ ᠴᠢᠩᠭᠠᠳᠬᠠᠨ᠎ᠠ      ᠬᠠᠲᠤᠨ ᠭᠤᠣᠯ ᠤᠨ ᠰᠠᠪᠠ ᠭᠠᠵᠠᠷ ᠵᠢᠴᠢ ᠬᠠᠲᠤᠨ ᠭᠤᠣᠯ ᠳᠠᠭᠠᠤ ᠮᠤᠵᠢ ᠨᠤᠭᠤᠳ ᠤᠨ ᠡᠭᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠶᠢ ᠪᠦᠭᠦ ᠲᠠᠯ᠎ᠠ ᠪᠠᠷ ᠦᠨᠡᠯᠡᠨ ᠵᠢᠱᠢᠵᠦ᠂ ᠠᠮᠢ ᠠᠬᠤᠢ᠂ ᠠᠵᠤ ᠠᠬᠤᠢ᠂ ᠬᠤᠲᠠ᠂ ᠬᠥᠮᠥᠨ ᠠᠮᠠ ᠵᠢᠴᠢ ᠠᠮᠤ ᠪᠤᠳᠠᠭ᠎ᠠ᠂ ᠡᠨᠧᠷᠭᠢ ᠵᠡᠷᠭᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠣᠷᠣᠨ ᠵᠠᠢ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠬᠦ ᠳᠤ ᠲᠣᠬᠢᠷᠠᠬᠤ ᠦᠨᠡᠯᠡᠯᠲᠡ ᠶᠢ ᠥᠷᠨᠢᠭᠦᠯᠵᠦ᠂ ᠠᠳᠠᠯᠢ ᠪᠤᠰᠤ ᠭᠠᠵᠠᠷ ᠣᠷᠣᠨ ᠤ ᠨᠡᠭᠡᠭᠡᠨ ᠬᠥᠭᠵᠢᠭᠦᠯᠬᠦ ᠳᠡᠭᠡᠳᠦ ᠬᠢᠵᠠᠭᠠᠷ ᠢ ᠲᠣᠭᠲᠠᠭᠠᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠵᠦᠢ ᠵᠣᠬᠢᠰᠲᠠᠢ ᠨᠡᠭᠡᠭᠡᠨ ᠬᠥᠭᠵᠢᠭᠦᠯᠬᠦ ᠪᠠ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠵᠤ᠂ ᠬᠠᠲᠤᠨ ᠭᠤᠣᠯ ᠳᠠᠭᠠᠤ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠡᠯ᠎ᠡ ᠲᠦᠷᠦᠯ ᠤᠨ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠤᠳᠤᠭᠢ ᠪᠠᠶᠢᠳᠠᠯ ᠢ ᠪᠠᠶᠢᠴᠠᠭᠠᠬᠤ᠂ ᠠᠮᠢ ᠠᠬᠤᠢ ᠶᠢᠨ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠰᠠᠭᠤᠷᠢᠨ ᠳᠡᠭᠡᠷ᠎ᠡ᠂ ᠠᠮᠢ ᠠᠬᠤᠢ ᠶᠢᠨ ᠰᠢᠰᠲ᠋ᠧᠮ ᠤᠨ ᠪᠦᠷᠢᠨ ᠪᠦᠲᠦᠨ ᠴᠢᠨᠠᠷ ᠪᠠ ᠴᠢᠳᠠᠮᠵᠢᠲᠤ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠭᠰᠠᠨ ᠤᠷᠢᠲᠠᠯ ᠳᠣᠣᠷ᠎ᠠ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠪᠠᠶᠢᠭᠠᠯᠢ ᠶᠢᠨ ᠡᠭᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ ᠠᠮᠢ ᠠᠬᠤᠢ ᠣᠷᠴᠢᠨ ᠲᠣᠭᠤᠷᠢᠨ ᠤ ᠵᠥᠪᠰᠢᠶᠡᠷᠡᠯ ᠤᠨ ᠨᠠᠷᠢᠨ ᠲᠠᠩᠰᠠ ᠶᠢᠨ ︽ᠭᠤᠷᠪᠠᠨ ᠱᠤᠭᠤᠮ ᠨᠢᠭᠡ ᠲᠠᠩᠰᠠ︾  ᠶᠢ ᠨᠠᠶᠢᠷᠠᠭᠤᠯᠤᠨ ᠵᠣᠬᠢᠶᠠᠬᠤ ᠶᠢ ᠲᠦᠷᠭᠡᠳᠬᠡᠵᠦ᠂ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠣᠭᠲᠠᠴᠠ ᠶᠢ ᠪᠠᠶᠢᠭᠤᠯᠤᠨ᠎ᠠ᠃ ᠠᠳᠠᠯᠢ ᠪᠤᠰᠤ ᠤᠰᠤᠨ ᠣᠷᠣᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠵᠣᠬᠢᠰᠲᠠᠢ ᠲᠣᠭᠲᠠᠭᠠᠵᠤ᠂ ᠬᠠᠳᠤᠨ ᠭᠤᠣᠯ ᠤᠨ ᠰᠠᠪᠠ ᠭᠠᠵᠠᠷ ᠤᠨ ᠤᠰᠤᠨ ᠤ ᠴᠢᠳᠠᠮᠵᠢ ᠶᠢᠨ ᠣᠷᠣᠨ ᠤ ᠬᠤᠪᠢᠶᠠᠷᠢᠯᠠᠯ ᠢ ᠲᠡᠭᠦᠯᠳᠡᠷᠵᠢᠭᠦᠯᠦᠨ᠎ᠡ᠃ ᠬᠠᠲᠤᠨ ᠭᠤᠣᠯ ᠤᠨ ᠭᠤᠣᠯ ᠤᠷᠤᠰᠬᠠᠯ ᠪᠠ ᠭᠤᠣᠯ ᠪᠤᠯᠬᠤ ᠰᠠᠯᠪᠤᠷᠢ ᠤᠷᠤᠰᠬᠠᠯ᠂ ᠨᠠᠭᠤᠷ ᠴᠦᠭᠦᠷᠦᠮ ᠤᠨ ᠤᠰᠤᠨ ᠤ ᠠᠮᠢ ᠠᠬᠤᠢ ᠶᠢᠨ ᠣᠷᠣᠨ ᠵᠠᠢ ᠶᠢᠨ ᠵᠠᠰᠠᠯᠲᠠ ᠶᠢ ᠴᠢᠩᠭᠠᠳᠬᠠᠵᠤ᠂ ᠤᠷᠤᠰᠬᠠᠯ ᠤᠨ ᠡᠷᠭᠢ ᠱᠤᠭᠤᠮ ᠤᠨ ᠡᠷᠬᠡ ᠶᠢ ᠨᠤᠲᠠᠯᠠᠵᠤ ᠵᠠᠭᠠᠭᠯᠠᠨ ᠲᠣᠭᠲᠠᠭᠠᠬᠤ ᠶᠢ ᠥᠷᠨᠢᠭᠦᠯᠬᠦ ᠶᠢᠨ ᠬᠠᠮᠲᠤ ᠬᠡᠷᠡᠭᠴᠡᠭᠡ ᠶᠢᠨ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ᠤᠰᠤᠨ ᠤ ᠲᠠᠯᠠᠪᠠᠢ ᠶᠢ ᠪᠠᠭᠠᠰᠬᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃      ᠳᠥᠷᠪᠡᠳᠦᠭᠡᠷ ᠬᠡᠰᠡᠭ ᠲᠥᠯᠦᠪᠵᠢᠭᠦᠯᠭᠡ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ      ᠲᠤᠰ ᠲᠥᠯᠦᠪᠵᠢᠭᠦᠯᠭᠡ ᠶᠢᠨ ᠬᠥᠲᠥᠯᠪᠦᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ ᠣᠷᠴᠢᠨ ᠲᠣᠭᠤᠷᠢᠨ ᠢ ᠬᠠᠮᠠᠭᠠᠯᠠᠬᠤ ᠬᠢᠭᠡᠳ ᠪᠣᠬᠢᠷᠳᠤᠯ ᠢ ᠵᠠᠰᠠᠬᠤ᠂ ᠤᠰᠤᠨ ᠤ ᠠᠮᠤᠷ ᠲᠦᠪᠰᠢᠨ ᠢ ᠪᠠᠲᠤᠯᠠᠬᠤ᠂ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ᠂ ᠰᠠᠭᠤᠷᠢ ᠲᠥᠬᠦᠭᠡᠷᠦᠮᠵᠢ ᠶᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠭᠦᠯᠬᠦ᠂ ᠡᠨᠧᠷᠭᠢ ᠶᠢᠨ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠬᠠᠲᠤᠨ ᠭᠤᠣᠯ ᠤᠨ ᠰᠣᠶᠣᠯ ᠤᠨ ᠴᠡᠴᠡᠷᠯᠢᠭ ᠢ ᠲᠥᠯᠥᠪᠵᠢᠭᠦᠯᠵᠦ ᠪᠦᠲᠦᠭᠡᠨ ᠪᠠᠶᠢᠭᠤᠯᠬᠤ ᠵᠡᠷᠭᠡ ᠲᠤᠰᠬᠠᠢ ᠵᠦᠢᠯ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠦᠷᠢᠨ ᠲᠥᠬᠦᠷ ᠲᠦᠷᠦ ᠶᠢᠨ ᠪᠣᠳᠣᠯᠭ᠎ᠠ ᠪᠠ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ ︽1 + N + X︾ ᠲᠥᠯᠦᠪᠵᠢᠭᠦᠯᠭᠡ ᠶᠢᠨ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠤᠶ ᠪᠣᠯᠭᠠᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠮᠥᠩᠭᠦ ᠶᠢ ᠰᠤᠳᠤᠯᠤᠨ ᠪᠠᠶᠢᠭᠤᠯᠤᠨ᠎ᠠ᠃ ᠬᠠᠲᠤᠨ ᠭᠤᠣᠯ ᠳᠠᠭᠠᠤ ᠡᠯ᠎ᠡ ᠮᠤᠵᠢ ᠣᠷᠣᠨ ᠲᠤᠰ ᠭᠠᠵᠠᠷ ᠣᠷᠣᠨ ᠤ ᠪᠠᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ᠵᠢᠴᠢ ᠬᠡᠷᠡᠭᠵᠢᠭᠦᠯᠬᠦ ᠲᠥᠰᠥᠯ ᠢ ᠰᠤᠳᠤᠯᠤᠨ ᠲᠣᠭᠲᠠᠭᠠᠵᠤ᠂ ᠲᠤᠰ ᠲᠥᠯᠦᠪᠵᠢᠭᠦᠯᠭᠡ ᠶᠢᠨ ᠬᠥᠲᠥᠯᠪᠦᠷᠢ ᠳᠤ ᠲᠣᠭᠲᠠᠭᠠᠭᠰᠠᠨ ᠬᠠᠷᠠᠯᠲᠠ ᠡᠭᠦᠷᠭᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠬᠠᠲᠤᠨ ᠭᠤᠣᠯ ᠳᠠᠭᠠᠤ ᠡᠯ᠎ᠡ ᠮᠤᠵᠢ ᠣᠷᠣᠨ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠦᠷᠦᠯ ᠵᠦᠢᠯ ᠢ ᠠᠬᠢᠭᠤᠯᠬᠤ ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢ ᠰᠡᠷᠭᠦᠭᠡᠬᠦ᠂ ᠪᠣᠬᠢᠷᠳᠤᠯ ᠢ ᠰᠡᠷᠭᠡᠶᠢᠯᠡᠨ ᠵᠠᠰᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠤᠰᠤ ᠠᠷᠪᠢᠯᠠᠵᠤ ᠬᠤᠷᠣᠭᠳᠠᠭᠤᠯᠤᠯ ᠢ ᠪᠠᠭᠠᠰᠬᠠᠬᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠪᠡᠯᠡ ᠲᠣᠬᠢᠷᠠᠭᠤᠯᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠭᠠᠵᠠᠷ ᠬᠡᠷᠡᠭᠯᠡᠬᠦ᠂ ᠣᠷᠴᠢᠨ ᠲᠣᠭᠤᠷᠢᠨ ᠢ ᠦᠨᠡᠯᠡᠨ ᠵᠢᠱᠢᠭᠦ ᠵᠡᠷᠭᠡ ᠡᠮᠦᠨᠡᠭᠢ ᠬᠤᠭᠤᠴᠠᠭᠠᠨ ᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠡᠭᠢᠯᠡᠭᠦᠯᠭᠦ᠂ ᠨᠢᠭᠡ ᠪᠦᠯᠦᠭ ᠢ ᠪᠦᠲᠦᠭᠡᠨ ᠪᠠᠶᠢᠭᠤᠯᠬᠤ᠂ ᠨᠢᠭᠡ ᠪᠦᠯᠦᠭ ᠢ ᠪᠠᠷᠢᠯᠭ᠎ᠠ ᠳᠠᠭᠤᠰᠬᠠᠬᠤ ᠶᠢ ᠪᠡᠶᠡᠯᠡᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠳᠤᠮᠳᠠᠭᠢ ᠴᠢᠬᠤᠯᠠ ᠶᠡᠭᠡ ᠲᠦᠷᠦᠯ ᠵᠦᠢᠯ ᠤᠨ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ᠃ ᠲᠤᠰ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠶᠠᠪᠤᠴᠠ ᠳᠤ ᠬᠤᠯᠪᠣᠭᠳᠠᠬᠤ ᠴᠢᠬᠤᠯᠠ ᠶᠡᠭᠡ ᠤᠴᠢᠷ ᠶᠠᠪᠤᠳᠠᠯ᠂ ᠴᠢᠬᠤᠯᠠ ᠲᠦᠷᠦ ᠶᠢᠨ ᠪᠣᠳᠣᠯᠭ᠎ᠠ ᠪᠣᠯᠣᠨ ᠭᠤᠣᠯᠳᠠᠯᠭ᠎ᠠ ᠲᠠᠢ ᠲᠦᠷᠦᠯ ᠵᠦᠢᠯ ᠢ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃      ᠲᠠᠪᠤᠳᠤᠭᠠᠷ ᠬᠡᠰᠡᠭ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ      ᠲᠥᠪ ᠠᠴᠠ ᠨᠢᠭᠡᠳᠦᠯᠲᠡᠢ ᠲᠥᠯᠥᠪᠯᠡᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠶᠢ ᠬᠠᠷᠢᠭᠤᠴᠠᠬᠤ᠂ ᠬᠤᠲᠠ ᠰᠢᠶᠠᠨ ᠨᠠᠶᠢᠳᠠᠪᠤᠷᠢᠵᠢᠭᠤᠯᠬᠤ ᠠᠵᠢᠯ ᠤᠨ ᠲᠣᠭᠲᠠᠴᠠ ᠶᠢ ᠪᠠᠷᠢᠮᠲᠠᠯᠠᠨ᠎ᠠ᠃ ᠲᠥᠪ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠪᠦᠭᠦ ᠲᠠᠯ᠎ᠠ ᠪᠠᠷ ᠵᠢᠯᠤᠭᠤᠳᠴᠤ᠂ ᠪᠦᠭᠦ ᠰᠠᠪᠠ ᠭᠠᠵᠠᠷ ᠤᠨ ᠴᠢᠬᠤᠯᠠ ᠶᠡᠭᠡ ᠲᠥᠯᠦᠪᠵᠢᠭᠦᠯᠭᠡ᠂ ᠴᠢᠬᠤᠯᠠ ᠶᠡᠭᠡ ᠲᠦᠷᠦ ᠶᠢᠨ ᠪᠣᠳᠣᠯᠭ᠎ᠠ᠂ ᠴᠢᠬᠤᠯᠠ ᠶᠡᠭᠡ ᠲᠦᠷᠦᠯ ᠵᠦᠢᠯ ᠪᠠ ᠣᠨ ᠤ ᠠᠵᠢᠯ ᠤᠨ ᠲᠣᠬᠢᠷᠠᠭᠤᠯᠤᠯᠲᠠ ᠶᠢ ᠬᠢᠨᠠᠨ ᠵᠥᠪᠯᠡᠵᠦ᠂ ᠣᠷᠣᠨ ᠪᠦᠰᠡ ᠠᠯᠤᠰᠯᠠᠭᠰᠠᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠬᠠᠲᠤᠨ ᠭᠤᠣᠯ ᠳᠠᠭᠠᠤ ᠡᠯ᠎ᠡ ᠮᠤᠵᠢ ᠣᠷᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠵᠤ ᠳᠠᠶᠢᠴᠢᠯᠠᠬᠤ ᠪᠠ ᠠᠬᠢᠭᠤᠯᠤᠨ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠢ᠃ ᠬᠤᠯᠪᠣᠭᠳᠠᠯ ᠪᠦᠬᠦᠢ ᠬᠤᠲᠠ ᠰᠢᠶᠠᠨ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠵᠢᠯ ᠤᠨ ᠲᠥᠰᠥᠯ ᠢᠶᠠᠨ ᠨᠠᠷᠢᠯᠢᠭᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠨᠢᠭᠡᠳ ᠨᠢᠭᠡ ᠪᠠᠷ ᠰᠠᠶᠢᠲᠤᠷ ᠠᠳᠬᠤᠬᠤ ᠬᠡᠷᠡᠭᠲᠡᠢ᠃ ᠲᠥᠪ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠵᠢᠭᠠᠨ ᠵᠢᠯᠤᠭᠤᠳᠴᠤ ᠦᠢᠯᠡᠴᠢᠯᠡᠬᠦ ᠪᠠᠨ ᠴᠢᠩᠭᠠᠳᠬᠠᠵᠤ᠂ ᠬᠦᠴᠦᠲᠡᠢ ᠳᠡᠮᠵᠢᠯᠭᠡ ᠦᠵᠡᠭᠦᠯᠭᠦ ᠬᠡᠷᠡᠭᠲᠡᠢ᠃ ᠤᠰᠤᠨ ᠠᠰᠢᠭᠯᠠᠯᠲᠠ ᠶᠢᠨ ᠶᠠᠮᠤᠨ ᠤ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠳᠤᠷᠢᠳᠬᠤ ᠳᠤᠭᠤᠶᠢᠯᠠᠩ ᠤᠨ ᠠᠵᠢᠯ ᠳᠤ ᠲᠤᠯᠭᠠᠭᠤᠷᠢᠯᠠᠬᠤ ᠪᠠᠲᠤᠯᠠᠭ᠎ᠠ ᠬᠠᠩᠭᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤᠰ ᠲᠥᠯᠦᠪᠵᠢᠭᠦᠯᠭᠡ ᠶᠢᠨ ᠬᠥᠲᠥᠯᠪᠦᠷᠢ ᠶᠢᠨ ᠬᠡᠷᠡᠭᠵᠢᠭᠦᠯᠦᠯᠲᠡ ᠶᠢ ᠮᠦᠷᠳᠡᠨ ᠵᠠᠳᠠᠯᠬᠤ ᠪᠠᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢ ᠰᠤᠳᠤᠯᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ 2025 ᠣᠨ ᠠᠴᠠ ᠡᠮᠦᠨ᠎ᠡ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠢᠯᠡᠳᠲᠡ ᠠᠬᠢᠴᠠ ᠲᠠᠢ ᠪᠤᠯᠭᠠᠬᠤ ᠶᠢ ᠪᠠᠲᠤᠯᠠᠬᠤ ᠬᠡᠷᠡᠭᠲᠡᠢ᠃ ᠴᠢᠬᠤᠯᠠ ᠶᠡᠭᠡ ᠤᠴᠢᠷ ᠶᠠᠪᠤᠳᠠᠯ ᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠭᠦ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号