ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠰᠢᠨᠵᠢᠶᠠᠩ ᠤᠨ ᠦᠢᠯᠡᠳᠪᠤᠷᠢᠯᠡᠯ | ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠢᠩᠬᠢᠮ ︵ | ᠲᠣᠪᠴᠢᠶ᠎ᠠ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ︵ | ᠲᠣᠪᠴᠢᠶ᠎ᠠ︶᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︵ᠲᠣᠪᠴᠢᠶ᠎ᠠ︶ | ᠂ ᠠᠮᠢ ᠠᠬᠤᠶ ᠣᠷᠴᠢᠨ ᠲᠣᠭᠤᠷᠢᠨ ᠤ ᠲᠢᠩᠬᠢᠮ ︵ᠲᠣᠪᠴᠢᠶ᠎ᠠ︶᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠢᠩᠬᠢᠮ ︵ᠲᠣᠪᠴᠢᠶ᠎ᠠ︶᠂ ᠲᠠᠷᠢᠶᠠᠯᠠᠩ ᠬᠥᠳᠡᠭᠡ ᠲᠣᠰᠬᠤᠨ ᠤ ᠲᠢᠩᠬᠢᠮ ︵ | ᠲᠣᠪᠴᠢᠶ᠎ᠠ︶᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠲᠣᠪᠴᠢᠶ᠎ᠠ︶᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ᠄ | | ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠪᠣᠯ ᠠᠷᠠᠳ ᠤᠨ ᠠᠮᠢᠳᠤᠷᠠᠯ ᠢ ᠪᠠᠲᠤᠯᠠᠬᠤ᠂ | ᠠᠷᠠᠳ ᠤᠨ ᠰᠡᠳᠬᠢᠯ ᠢ ᠤᠯᠬᠤ᠂ ᠲᠣᠭᠲᠠᠭᠤᠨ ᠢᠶᠠᠷ ᠨᠡᠮᠡᠭᠳᠡᠭᠦᠯᠬᠦ ᠠᠷᠠᠳ ᠲᠤ ᠠᠰᠢᠭ ᠬᠦᠷᠲᠡᠭᠡᠬᠦ ᠢᠨᠵᠧᠨᠧᠷᠢᠩ | ᠪᠣᠯᠤᠨ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠴᠢᠬᠤᠯᠠ | ᠠᠭᠤᠯᠭ᠎ᠠ ᠪᠣᠯᠤᠨ᠎ᠠ᠃ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠲᠤᠬᠠᠢ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠠ ︽ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠬᠥᠳᠡᠭᠡ ᠠᠵᠤ ᠠᠬᠤᠢ ᠬᠥᠳᠡᠭᠡ | ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠢ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ | ᠬᠤᠷᠢᠶᠠᠨ ᠤ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠥᠷᠭᠡᠨ ᠣᠯᠠᠨ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠳᠤ ᠵᠣᠬᠢᠴᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ | ᠳᠥᠯᠭᠢᠨ ᠠᠬᠢᠭᠤᠯᠬᠤ ᠶᠢᠨ ᠲᠤᠰᠠᠳᠠ ᠳᠣᠤᠷᠠᠬᠢ ᠮᠡᠲᠦ ᠰᠠᠨᠠᠯ ᠢ ᠳᠤᠷᠠᠳᠤᠶ᠎ᠠ᠃ | | ᠨᠢᠭᠡ᠂ ᠶᠡᠷᠦᠩᠬᠡᠶ ᠱᠠᠭᠠᠷᠳᠠᠯᠭ᠎ᠠ | | ︵ᠨᠢᠭᠡ︶ ᠵᠢᠯᠣᠭᠤᠳᠬᠤ ᠦᠵᠡᠯ ᠰᠠᠨᠠᠭ᠎ᠠ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠲᠤᠭᠤᠰᠢᠯᠠᠭᠤᠯᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠠᠷᠠᠳ ᠲᠦᠮᠡᠨ ᠢᠶᠠᠷ | ᠭᠤᠤᠯ ᠪᠣᠯᠭᠠᠬᠤ ᠶᠢ ᠪᠠᠷᠢᠮᠲᠠᠯᠠᠨ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠬᠥᠳᠡᠭᠡ | ᠲᠣᠰᠬᠤᠨ ᠤ ᠤᠰᠤ ᠬᠠᠩᠭᠠᠬᠤ ᠶᠢ ᠪᠠᠲᠤᠯᠠᠬᠤ ᠲᠡᠶᠢᠰᠢ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ | ᠤᠰᠤᠨ ᠤ ᠰᠤᠷᠪᠤᠯᠵᠢ ᠶᠢ ᠲᠣᠭᠲᠠᠪᠤᠷᠢᠵᠢᠭᠤᠯᠬᠤ ᠪᠠᠷ ᠰᠠᠭᠤᠷᠢ ᠪᠣᠯᠭᠠᠵᠤ᠂ ᠬᠡᠪᠴᠢᠶᠡᠵᠢᠭᠦᠯᠦᠭᠰᠡᠨ ᠤᠰᠤ | ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠪᠠ ᠵᠢᠵᠢᠭ ᠬᠡᠯᠪᠡᠷᠢ ᠶᠢᠨ ᠢᠨᠵᠧᠨᠧᠷᠢᠩ ᠤᠨ | ᠪᠠᠷᠢᠮᠵᠢᠶᠠᠵᠢᠭᠤᠯᠤᠭᠰᠠᠨ ᠥᠭᠡᠷᠡᠴᠢᠯᠡᠯᠲᠡ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠤᠰᠤ ᠬᠠᠩᠭᠠᠬᠤ | ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠠᠭᠤᠭᠠᠯᠢ | ᠠᠷᠠᠳ ᠤᠨ ᠵᠣᠷᠯᠣᠩ ᠢ ᠥᠭᠡᠷᠡᠴᠢᠯᠡᠬᠦ᠂ ᠤᠬᠢᠶᠠᠵᠤ ᠴᠡᠪᠡᠷᠯᠡᠬᠦ᠂ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠵᠡᠷᠭᠡ | ᠤᠰᠤ ᠬᠡᠷᠡᠭᠯᠡᠬᠦ ᠬᠡᠷᠡᠭᠴᠡᠭᠡ ᠶᠢ ᠨᠡᠩ ᠰᠠᠶᠢᠨ ᠬᠠᠩᠭᠠᠨ᠎ᠠ᠃ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠵᠤ᠂ ᠬᠠᠮᠢᠶᠠᠷᠤᠯᠲᠠ ᠶᠢ ᠨᠡᠩ ᠴᠢᠬᠤᠯᠠᠴᠢᠯᠠᠵᠤ᠂ ᠤᠰᠤᠨ ᠤ ᠴᠢᠨᠠᠷ ᠤᠨ ᠪᠠᠲᠤᠯᠠᠭ᠎ᠠ | ᠪᠠ ᠤᠰᠤᠨ ᠤ ᠰᠦᠢᠳᠬᠡᠯ ᠬᠤᠷᠢᠶᠠᠬᠤ ᠶᠢ ᠴᠢᠩᠭᠠᠳᠬᠠᠵᠤ᠂ ᠠᠵᠢᠯᠯᠠᠭᠠᠨ ᠤ ᠬᠠᠮᠢᠶᠠᠷᠤᠯᠲᠠ ᠪᠠ ᠦᠢᠯᠡᠴᠢᠯᠡᠭᠡᠨ ᠤ | ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠬᠦ ᠬᠥᠭᠵᠢᠯᠲᠡ ᠶᠢᠨ ᠳᠤᠮᠳᠠ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ | ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠲᠠᠢ ᠪᠠᠶᠢᠬᠤ ᠶᠢ ᠪᠠᠲᠤᠯᠠᠨ᠎ᠠ᠃ | | ︵ᠬᠤᠶᠠᠷ︶ ᠠᠵᠢᠯ ᠤᠨ ᠵᠠᠷᠴᠢᠮ | | ᠨᠢᠭᠡᠳᠦᠯᠲᠡᠶ ᠲᠥᠯᠥᠪᠵᠢᠭᠦᠯᠵᠦ᠂ ᠦᠷᠭᠦᠯᠵᠢᠯᠡᠨ ᠳᠡᠭᠡᠭᠰᠢᠯᠡᠭᠦᠯᠦᠨ᠎ᠡ᠃ ᠰᠢᠶᠠᠨ ᠤ ᠬᠡᠪᠴᠢᠶ᠎ᠡ ᠪᠠᠷ ᠨᠢᠭᠡᠴᠢ | ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠠᠬᠢᠭᠤᠯᠬᠤ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠤᠰᠤ ᠬᠠᠩᠭᠠᠬᠤ ᠰᠠᠭᠤᠷᠢ ᠲᠥᠬᠦᠭᠡᠷᠦᠮᠵᠢ ᠶᠢ | ᠲᠡᠭᠦᠯᠳᠡᠷᠵᠢᠭᠦᠯᠦᠨ᠎ᠡ᠃ ᠬᠡᠪᠴᠢᠶᠡᠵᠢᠭᠦᠯᠦᠨ ᠤᠰᠤ ᠬᠠᠩᠭᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ | ᠲᠣᠭᠲᠠᠭᠤᠨ ᠢᠶᠠᠷ ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃ ᠥᠭᠡᠷᠡᠴᠢᠯᠡᠬᠦ᠂ | ᠰᠢᠨ᠎ᠡ ᠪᠠᠷ ᠪᠠᠶᠢᠭᠤᠯᠬᠤ᠂ ᠰᠦᠯᠵᠢᠶᠡᠨ ᠳᠤ ᠬᠤᠯᠪᠣᠬᠤ᠂ ᠰᠦᠯᠵᠢᠶᠡᠨ ᠳᠤ ᠨᠡᠶᠢᠯᠡᠭᠦᠯᠬᠦ ᠪᠠ ᠰᠡᠯᠪᠢᠨ ᠵᠠᠰᠠᠵᠤ | ᠠᠷᠠᠴᠢᠯᠠᠨ ᠬᠠᠮᠠᠭᠠᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠤᠰᠤ ᠬᠠᠩᠭᠠᠵᠤ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠬᠦ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠨ᠎ᠡ᠃ | | ᠬᠠᠮᠢᠶᠠᠷᠤᠯᠲᠠ ᠶᠢ ᠲᠤᠪᠤᠶᠢᠯᠭᠠᠵᠤ᠂ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠤᠰᠤ | ᠬᠠᠩᠭᠠᠬᠤ ᠤᠷᠳᠤ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠵᠦ᠂ ᠲᠤᠰᠬᠠᠶᠢᠵᠢᠭᠰᠠᠨ ᠬᠠᠮᠢᠶᠠᠷᠤᠯᠲᠠ ᠶᠢ ᠢᠳᠡᠪᠬᠢᠲᠡᠶ ᠠᠬᠢᠭᠤᠯᠤᠨ᠎ᠠ᠃ ᠢᠨᠵᠧᠨᠧᠷᠢᠩ ᠤᠨ | ᠥᠮᠴᠢᠯᠡᠬᠦ ᠡᠷᠬᠡ ᠶᠢ ᠲᠣᠳᠣᠷᠬᠠᠶ ᠪᠣᠯᠭᠠᠵᠤ᠂ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠭᠤᠤᠯ ᠴᠣᠭᠴᠠ ᠶᠢ | ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠤ ᠤᠰᠤ ᠬᠠᠩᠭᠠᠬᠤ ᠤᠰᠤ ᠬᠠᠮᠢᠶᠠᠷᠤᠭᠴᠢ ᠶᠢᠨ ᠡᠩᠨᠡᠭᠡ ᠶᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠪᠠ ᠤᠰᠤᠨ ᠤ ᠴᠢᠨᠠᠷ ᠤᠨ ᠪᠠᠲᠤᠯᠠᠭ᠎ᠠ ᠶᠢ | ᠴᠢᠩᠭᠠᠷᠠᠭᠤᠯᠵᠤ᠂ ᠵᠦᠢ ᠵᠣᠬᠢᠰᠲᠠᠶ ᠤᠰᠤᠨ ᠤ ᠦᠨ᠎ᠡ ᠶᠢᠨ ᠲᠣᠭᠲᠠᠴᠠ ᠶᠢ ᠪᠠᠶᠢᠭᠤᠯᠤᠨ᠂ ᠤᠰᠤᠨ ᠤ | ᠰᠦᠢᠳᠬᠡᠯ ᠢ ᠬᠤᠷᠢᠶᠠᠨ ᠲᠤᠰᠢᠶᠠᠯᠭᠠᠬᠤ ᠶᠢ ᠴᠢᠩᠭᠠᠳᠬᠠᠵᠤ᠂ ᠴᠢᠬᠤᠯᠠ ᠪᠦᠬᠦᠢ ᠡᠳ᠋ ᠤᠨ ᠵᠠᠰᠠᠭ ᠤᠨ | ᠨᠥᠬᠦᠪᠥᠷᠢ ᠪᠠᠷ ᠬᠠᠪᠰᠤᠷᠤᠮᠵᠢ ᠪᠣᠯᠭᠠᠵᠤ᠂ ᠢᠨᠵᠧᠨᠧᠷᠢᠩ ᠤᠨ ᠦᠷ᠎ᠡ ᠠᠰᠢᠭ ᠢ ᠪᠠᠳᠠᠷᠠᠭᠤᠯᠬᠤ ᠶᠢ ᠦᠨᠡᠨ ᠬᠦ | ᠪᠠᠲᠤᠯᠠᠨ᠎ᠠ᠃ | | ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠬᠤᠶᠠᠷ ᠲᠠᠯ᠎ᠠ ᠪᠠᠷ ᠬᠦᠴᠦᠯᠡᠨ᠎ᠡ᠃ ᠬᠥᠳᠡᠭᠡ ᠲᠣᠰᠬᠤᠨ ᠤ | ᠤᠰᠤ ᠬᠠᠩᠭᠠᠬᠤ ᠪᠠᠲᠤᠯᠠᠭ᠎ᠠ ᠳᠤ ᠣᠷᠣᠨ ᠨᠤᠲᠤᠭ ᠤᠨ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ | ᠲᠦᠷᠢᠮ ᠢ ᠬᠡᠷᠡᠭᠵᠢᠭᠦᠯᠵᠦ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠣᠯ ᠬᠥᠳᠡᠭᠡ ᠲᠣᠰᠬᠤᠨ ᠤ | ᠤᠰᠤ ᠬᠠᠩᠭᠠᠬᠤ ᠪᠠᠲᠤᠯᠠᠭ᠎ᠠ ᠶᠢᠨ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠ ᠤᠰᠤᠨ ᠤ ᠰᠤᠷᠪᠤᠯᠵᠢ ᠶᠢ ᠬᠠᠮᠠᠭᠠᠯᠠᠬᠤ ᠪᠠᠯᠠ | ᠮᠥᠩᠭᠦ ᠶᠢᠨ ᠢᠷᠡᠯᠲᠡ ᠶᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ | ᠬᠠᠷᠢᠭᠤᠴᠠᠨ ᠨᠠᠶᠢᠳᠠᠪᠤᠷᠢᠵᠢᠭᠤᠯᠵᠤ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠳᠤ ᠬᠦᠩᠭᠡᠯᠡᠯᠳᠡ ᠲᠠᠢ ᠲᠡᠮᠵᠢᠯᠭᠡ ᠦᠭᠬᠦᠨ᠎ᠡ᠃ ᠨᠥᠬᠦᠴᠡᠯ ᠲᠠᠢ | ᠭᠠᠵᠠᠷ ᠣᠷᠣᠨ ᠨᠤᠭᠤᠳ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠣᠭᠤᠳᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠪᠠᠩᠬᠢ ᠶᠢᠨ ᠵᠢᠭᠡᠯᠡᠯᠭᠡ ᠪᠠ ᠨᠡᠶᠢᠭᠡᠮ ᠤᠨ ᠪᠡᠯᠡ ᠮᠥᠩᠭᠦ ᠶᠢᠨ ᠣᠷᠣᠭᠤᠯᠤᠯᠲᠠ ᠶᠢ | ᠲᠠᠳᠠᠨ ᠠᠪᠴᠢᠷᠠᠵᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠥᠷᠨᠢᠭᠦᠯᠬᠦ ᠬᠡᠷᠡᠭᠲᠡᠶ᠃ | | ᠥᠷᠭᠡᠨ ᠢᠶᠠᠷ ᠣᠷᠣᠯᠴᠠᠵᠤ᠂ ᠨᠡᠶᠢᠭᠡᠮ ᠠᠴᠠ ᠬᠢᠨᠠᠯᠲᠠ ᠲᠠᠯᠪᠢᠨ᠎ᠠ᠃ ᠰᠢᠶᠠᠩ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ᠂ ᠭᠠᠴᠠᠭᠠᠨ ᠤ ᠬᠠᠮᠲᠤ ᠨᠡᠶᠢᠳᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠠ ᠭᠠᠴᠠᠭᠠᠨ ᠤ ᠠᠷᠠᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ | ᠢᠨᠵᠧᠨᠧᠷᠢᠩ ᠤᠨ ᠵᠦᠢᠯᠡᠰ ᠤᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ᠂ ᠠᠵᠢᠯᠯᠠᠭᠠᠨ ᠤ ᠬᠠᠮᠠᠭᠠᠯᠠᠯᠲᠠ ᠪᠠ | ᠤᠰᠤᠨ ᠤ ᠰᠤᠷᠪᠤᠯᠵᠢ ᠶᠢᠨ ᠬᠠᠮᠠᠭᠠᠯᠠᠯᠲᠠ ᠳᠤ ᠣᠷᠣᠯᠴᠠᠵᠤ᠂ ᠤᠰᠤ ᠬᠠᠩᠭᠠᠬᠤ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠪᠠ ᠠᠵᠢᠯᠯᠠᠭᠠᠨ ᠤ ᠬᠠᠮᠠᠭᠠᠯᠠᠯᠲᠠ ᠶᠢᠨ ᠵᠠᠷᠤᠳᠠᠯ ᠢ ᠵᠦᠢ ᠵᠣᠬᠢᠰᠲᠠᠶ ᠬᠤᠪᠢᠶᠠᠨ ᠡᠭᠦᠷᠭᠡᠯᠡᠨ᠎ᠡ᠃ | ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠬᠡᠷᠡᠭᠴᠡᠭᠡ ᠶᠢ ᠠᠷᠠᠳ ᠠᠴᠠ ᠠᠰᠠᠭᠤᠬᠤ᠂ | ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠶᠢ ᠦᠨᠡᠨ ᠬᠦ ᠪᠡᠶᠡᠯᠡᠭᠦᠯᠦᠨ᠎ᠡ᠃ ᠡᠯ᠎ᠡ ᠱᠠᠲᠤᠨ ᠤ ᠢᠯᠡᠴᠢᠯᠡᠨ | ᠮᠡᠳᠡᠭᠦᠯᠬᠦ ᠳᠤ ᠬᠢᠨᠠᠯᠲᠠ ᠲᠠᠯᠪᠢᠬᠤ ᠤᠳᠠᠰᠤ ᠶᠢ ᠰᠠᠭᠠᠳ ᠦᠭᠡᠢ ᠨᠡᠪᠲᠡᠷᠡᠭᠦᠯᠵᠦ᠂ ᠨᠡᠶᠢᠭᠡᠮ ᠤᠨ ᠬᠢᠨᠠᠯᠲᠠ ᠲᠠᠯᠪᠢᠬᠤ | ᠦᠢᠯᠡᠳᠦᠯ ᠢ ᠪᠠᠳᠠᠷᠠᠭᠤᠯᠤᠨ᠎ᠠ᠃ | | ︵ᠭᠤᠷᠪᠠ︶ ᠭᠤᠤᠯ ᠬᠠᠷᠠᠯᠲᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠱᠠᠭᠠᠷᠳᠠᠯᠭ᠎ᠠ ᠶᠣᠰᠣᠭᠠᠷ᠂ | ᠬᠥᠳᠡᠭᠡ ᠲᠣᠰᠬᠤᠨ ᠤ ᠤᠰᠤ ᠬᠠᠩᠭᠠᠬᠤ ᠪᠠᠷᠢᠮᠵᠢᠶ᠎ᠠ ᠶᠢ ᠵᠣᠬᠢᠰᠲᠠᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ | ᠤᠰᠤ ᠬᠠᠩᠭᠠᠬᠤ ᠢᠨᠵᠧᠨᠧᠷᠢᠩ ᠤᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠤᠰᠤ | ᠬᠠᠩᠭᠠᠬᠤ ᠪᠠᠲᠤᠯᠠᠪᠤᠷᠢ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ 2025 ᠣᠨ ᠪᠣᠯᠬᠤ ᠳᠤ᠂ | ᠪᠥᠬᠦ ᠤᠯᠤᠰ ᠤᠨ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠣᠷᠮ᠎ᠠ ᠶᠢ 88% ᠳᠤ | ᠬᠦᠷᠦᠭᠦᠯᠵᠦ᠂ ᠬᠡᠪᠴᠢᠶᠡᠵᠢᠭᠦᠯᠦᠨ ᠤᠰᠤ ᠬᠠᠩᠭᠠᠬᠤ ᠢᠨᠵᠧᠨᠧᠷᠢᠩ ᠤᠨ ᠬᠥᠳᠡᠭᠡ ᠲᠣᠰᠬᠤᠨ ᠤ ᠬᠥᠮᠦᠨ ᠠᠮᠠ ᠶᠢ | ᠬᠠᠮᠤᠷᠬᠤ ᠬᠠᠷᠢᠴᠠᠯ ᠢ ᠳᠡᠭᠡᠭᠰᠢᠯᠡᠭᠦᠯᠦᠨ᠎ᠡ︔ ᠬᠥᠳᠡᠭᠡ ᠲᠣᠰᠬᠤᠨ ᠤ ᠤᠰᠤ ᠬᠠᠩᠭᠠᠬᠤ ᠣᠷᠳᠣ ᠬᠤᠭᠤᠴᠠᠭᠠᠨ ᠤ | ᠪᠦᠲᠦᠮᠵᠢᠲᠡᠶ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ | ᠢᠨᠵᠧᠨᠧᠷᠢᠩ ᠤᠨ ᠠᠵᠢᠯᠯᠠᠭᠠᠨ ᠤ ᠬᠠᠮᠢᠶᠠᠷᠴᠤ ᠬᠠᠮᠠᠭᠠᠯᠠᠬᠤ ᠬᠢᠷᠢ ᠲᠦᠪᠰᠢᠨ ᠢ ᠲᠡᠭᠡᠭᠰᠢᠯᠡᠬᠦᠯᠦᠨ᠎ᠡ︔ ᠤᠰᠤᠨ ᠤ | ᠡᠬᠢ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠤᠰᠤᠨ ᠤ ᠴᠢᠨᠠᠷ ᠢ ᠴᠡᠪᠡᠷᠰᠢᠭᠦᠯᠦᠨ ᠠᠷᠢᠭᠤᠳᠬᠠᠬᠤ | ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠤᠰᠤᠨ ᠤ ᠴᠢᠨᠠᠷ ᠤᠨ ᠪᠠᠷᠢᠮᠵᠢᠶ᠎ᠠ ᠳᠤ ᠬᠥᠷᠬᠦ ᠨᠣᠷᠮ᠎ᠠ ᠶᠢ | ᠲᠠᠰᠤᠷᠠᠯᠲᠠ ᠥᠬᠡᠶ ᠲᠡᠭᠡᠭᠰᠢᠯᠡᠬᠦᠯᠦᠨ᠎ᠡ᠃ 2035 ᠣᠨ ᠪᠣᠯᠬᠤ ᠳᠤ᠂ ᠬᠥᠳᠡᠭᠡ ᠲᠣᠰᠬᠤᠨ ᠤ ᠤᠰᠤ ᠬᠠᠩᠭᠠᠬᠤ | ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠤᠰᠤ ᠬᠠᠩᠭᠠᠬᠤ ᠣᠳᠣᠬᠢᠴᠢᠯᠠᠯᠲᠠ ᠶᠢ ᠦᠨᠳᠦᠰᠦᠨ ᠳᠡᠭᠡᠨ | ᠪᠡᠶᠡᠯᠡᠭᠦᠯᠦᠨ᠎ᠡ᠃ | ᠬᠤᠶᠠᠷ᠂ ᠬᠥᠳᠡᠭᠡ ᠲᠣᠰᠬᠤᠨ ᠤ ᠤᠰᠤ ᠬᠠᠩᠭᠠᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠢ ᠰᠠᠶᠢᠲᠤᠷ ᠬᠢᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠤᠯᠭᠠᠭᠤᠯᠤᠨ᠎ᠠ | | ︵ᠳᠥᠷᠪᠡ︶ ᠬᠥᠳᠡᠭᠡ ᠲᠣᠰᠬᠤᠨ ᠤ ᠤᠰᠤ ᠬᠠᠩᠭᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ | ᠣᠷᠣᠨ ᠨᠤᠲᠤᠭ ᠤᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠤᠰᠤ ᠬᠠᠩᠭᠠᠬᠤ ᠪᠠᠷ ᠪᠠᠭᠤᠷᠠᠶ ᠭᠠᠵᠠᠷ | ᠣᠷᠣᠨ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠠ | ᠤᠰᠤ ᠬᠠᠩᠭᠠᠬᠤ ᠳᠤ ᠠᠮᠠᠷᠬᠠᠨ ᠳᠠᠬᠢᠨ ᠳᠠᠪᠲᠠᠬᠤ ᠬᠥᠮᠦᠰ ᠤᠨ ᠤᠤᠭᠤᠬᠤ ᠤᠰᠤᠨ ᠤ ᠪᠠᠶᠢᠳᠠᠯ ᠢ | ᠬᠥᠳᠡᠯᠦᠩᠭᠦᠶ ᠪᠠᠷ ᠬᠢᠨᠠᠨ ᠬᠡᠮᠵᠢᠬᠦ ᠶᠢ ᠰᠠᠶᠢᠲᠤᠷ ᠬᠢᠵᠦ᠂ ᠵᠢᠭᠰᠠᠭᠠᠨ ᠪᠠᠶᠢᠴᠠᠭᠠᠵᠤ ᠡᠵᠡᠮᠰᠢᠬᠦ ᠶᠢ ᠴᠢᠩᠭᠠᠳᠬᠠᠨ᠂ | ᠬᠥᠳᠡᠭᠡ ᠲᠣᠰᠬᠤᠨ ᠤ ᠤᠰᠤ ᠬᠠᠩᠭᠠᠬᠤ ᠳᠤ ᠣᠷᠣᠰᠢᠵᠤ ᠪᠠᠶᠢᠭ᠎ᠠ ᠠᠰᠠᠭᠤᠳᠠᠯ ᠪᠠ ᠠᠶᠤᠯ ᠲᠦᠭᠰᠢᠭᠦᠷᠢ ᠶᠢᠨ | ᠳᠠᠯᠳᠠ ᠬᠡᠮ ᠢ ᠣᠨᠣᠪᠴᠢᠲᠠᠶ ᠡᠷᠢᠵᠦ᠂ ᠠᠰᠠᠭᠤᠳᠠᠯ ᠤᠨ ᠡᠬᠡ ᠲᠠᠩᠰᠠ ᠶᠢ ᠪᠠᠶᠢᠭᠤᠯᠬᠤ ᠬᠡᠷᠡᠭᠲᠡᠶ᠃ ᠤᠰᠤ | ᠬᠠᠩᠭᠠᠬᠤ ᠨᠢᠭᠡᠴᠢ ᠶᠢᠨ ᠦᠢᠯᠡᠴᠢᠯᠡᠭᠡᠨ ᠤ ᠬᠠᠷᠢᠯᠴᠠᠬᠤ ᠤᠳᠠᠰᠤ ᠶᠢ ᠨᠡᠶᠢᠲᠡᠯᠡᠵᠦ᠂ ᠣᠯᠠᠨ ᠲᠦᠮᠡᠨ ᠤ | ᠲᠤᠰᠬᠠᠭᠰᠠᠨ ᠠᠰᠠᠭᠤᠳᠠᠯ ᠪᠠ ᠢᠯᠡᠴᠢᠯᠡᠨ ᠮᠡᠳᠡᠭᠦᠯᠬᠦ ᠳᠤ ᠬᠢᠨᠠᠯᠲᠠ ᠲᠠᠯᠪᠢᠬᠤ ᠵᠠᠮ ᠢ ᠰᠠᠭᠠᠳ ᠥᠬᠡᠶ | ᠨᠡᠪᠲᠡᠷᠡᠭᠦᠯᠵᠦ᠂ ᠠᠰᠠᠭᠤᠳᠠᠯ ᠢ ᠲᠦᠷᠭᠡᠨ ᠢᠯᠡᠷᠡᠭᠦᠯᠬᠦ ᠪᠠ ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠬᠥᠳᠡᠭᠡ ᠲᠣᠰᠬᠤᠨ ᠤ ᠤᠰᠤ ᠬᠠᠩᠭᠠᠬᠤ ᠠᠰᠠᠭᠤᠳᠠᠯ ᠢ ᠰᠢᠢᠳᠪᠤᠷᠢᠯᠡᠬᠦ ᠶᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠵᠤ᠂ | ᠬᠥᠳᠡᠭᠡ ᠲᠣᠰᠬᠤᠨ ᠤ ᠤᠰᠤ ᠬᠠᠩᠭᠠᠬᠤ ᠲᠦᠭᠰᠢᠭᠦᠷᠢ ᠪᠠ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ | ᠬᠥᠳᠡᠯᠦᠩᠭᠦᠶ ᠪᠠᠷ ᠬᠠᠮᠢᠶᠠᠷᠬᠤ ᠶᠢ ᠪᠠᠲᠤᠯᠠᠨ᠎ᠠ᠃ ᠢᠨᠵᠧᠨᠧᠷᠢᠩ ᠤᠨ ᠬᠠᠮᠢᠶᠠᠷᠤᠯᠲᠠ ᠬᠠᠮᠠᠭᠠᠯᠠᠯᠲᠠ ᠶᠢ | ᠴᠢᠩᠭᠠᠳᠬᠠᠵᠤ᠂ ᠨᠢᠭᠡᠨᠲᠡ ᠪᠠᠶᠢᠭᠤᠯᠤᠭᠰᠠᠨ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠦᠷ᠎ᠡ | ᠪᠦᠲᠦᠭᠡᠯ ᠢ ᠪᠠᠬᠢᠵᠢᠭᠦᠯᠦᠨ ᠰᠠᠶᠢᠲᠤᠷ ᠬᠠᠮᠠᠭᠠᠯᠠᠨ᠎ᠠ᠃ ᠴᠠᠭ ᠠᠭᠤᠷ᠂ ᠤᠰᠤᠨ ᠵᠦᠶ ᠵᠡᠷᠭᠡ ᠰᠠᠯᠠᠭ᠎ᠠ ᠮᠥᠴᠢᠷ ᠯᠦᠭᠡ | ᠵᠣᠯᠭᠠᠭᠤᠯᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠲᠥᠰᠦᠯ ᠢ | ᠪᠣᠳᠠᠲᠠᠶᠢᠵᠢᠭᠤᠯᠤᠨ᠂ ᠰᠣᠷᠢᠯᠲᠠ ᠶᠢ ᠴᠢᠩᠭᠠᠳᠬᠠᠵᠤ᠂ ᠴᠢᠬᠤᠯᠠ ᠲᠠᠢ ᠦᠶ᠎ᠡ ᠳᠤ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠤᠰᠤᠨ ᠤ ᠡᠬᠢ ᠰᠤᠷᠪᠤᠯᠵᠢ ᠶᠢ ᠡᠬᠢᠯᠡᠭᠦᠯᠬᠦ᠂ ᠬᠤᠳᠳᠤᠭ ᠥᠷᠥᠮᠳᠡᠵᠦ ᠤᠰᠤ ᠲᠠᠲᠠᠬᠤ᠂ ᠪᠠᠴᠢᠮ | ᠪᠠᠶᠢᠳᠠᠯ ᠢ ᠠᠷᠭᠠᠴᠠᠨ ᠤᠰᠤ ᠲᠠᠲᠠᠬᠤ᠂ ᠤᠰᠤ ᠲᠠᠲᠠᠵᠤ ᠤᠰᠤ ᠬᠦᠷᠭᠡᠬᠦ ᠵᠡᠷᠭᠡ ᠠᠷᠭ᠎ᠠ ᠬᠡᠮᠵᠢᠶ᠎ᠡ ᠶᠢ ᠠᠪᠴᠤ᠂ | ᠬᠡᠪᠴᠢᠶᠡᠵᠢᠭᠰᠡᠨ ᠴᠢᠨᠠᠷᠲᠠᠶ ᠤᠤᠭᠤᠬᠤ ᠤᠰᠤᠨ ᠤ ᠠᠶᠤᠯᠬᠦᠢ ᠶᠢᠨ ᠠᠰᠠᠭᠤᠳᠠᠯ ᠭᠠᠷᠬᠤ ᠶᠢ ᠰᠡᠷᠭᠡᠶᠢᠯᠡᠬᠦ ᠬᠡᠷᠡᠭᠲᠡᠶ᠃ | | ︵ᠲᠠᠪᠤ︶ ᠬᠥᠳᠡᠭᠡ ᠲᠣᠰᠬᠤᠨ ᠤ ᠤᠰᠤ ᠬᠠᠩᠭᠠᠬᠤ ᠬᠥᠭᠵᠢᠯᠲᠡ ᠶᠢ ᠲᠥᠷᠥᠯ ᠬᠤᠪᠢᠶᠠᠨ ᠠᠬᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠰᠤ ᠬᠡᠷᠡᠭᠯᠡᠬᠦ ᠪᠣᠳᠠᠲᠠᠢ ᠬᠡᠷᠡᠭᠴᠡᠭᠡ᠂ ᠣᠷᠣᠨ | ᠨᠤᠲᠤᠭ ᠤᠨ ᠡᠳ᠋ ᠤᠨ ᠬᠦᠴᠦᠨ ᠤ ᠲᠦᠪᠰᠢᠨ ᠵᠡᠷᠭᠡ ᠡᠯᠧᠮᠧᠨ᠋ᠲ ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ | ᠬᠤᠳᠠ ᠶᠢᠨ ᠲᠡᠭᠦᠷᠭᠡ ᠶᠢᠨ ᠠᠭᠤᠰᠤᠯᠴᠠᠭᠰᠠᠨ ᠲᠦᠷᠦᠯ ᠤᠨ ᠠᠶᠢᠯ ᠲᠣᠰᠬᠤᠨ ᠪᠠ ᠲᠥᠪᠯᠡᠷᠡᠭᠦᠯᠦᠨ ᠳᠡᠭᠡᠭᠰᠢᠯᠡᠭᠦᠯᠬᠦ | ᠲᠦᠷᠦᠯ ᠤᠨ ᠠᠶᠢᠯ ᠲᠣᠰᠬᠤᠨ ᠳᠤ᠂ ᠬᠡᠪᠴᠢᠶᠡᠵᠢᠭᠰᠡᠨ ᠤᠰᠤ ᠬᠠᠩᠭᠠᠬᠤ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢ ᠤᠷᠢᠳᠠᠪᠠᠷ ᠬᠡᠷᠡᠭᠵᠢᠭᠦᠯᠵᠦ᠂ ᠤᠰᠤ ᠬᠠᠩᠭᠠᠬᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ | ︔ ᠤᠨᠴᠠᠯᠢᠭᠳᠤ ᠬᠠᠮᠠᠭᠠᠯᠠᠯᠲᠠ ᠶᠢᠨ ᠲᠥᠷᠥᠯ ᠤᠨ ᠠᠶᠢᠯ ᠲᠣᠰᠬᠤᠨ ᠪᠠ ᠬᠡᠪᠴᠢᠶᠡᠵᠢᠭᠦᠯᠦᠭᠰᠡᠨ ᠤᠰᠤ ᠬᠠᠩᠭᠠᠬᠤ | ᠢᠨᠵᠧᠨᠧᠷᠢᠩ ᠢ ᠬᠠᠮᠤᠷᠴᠤ ᠳᠡᠶᠢᠯᠬᠦ ᠥᠬᠡᠶ ᠣᠷᠣᠨ ᠪᠦᠰᠡ ᠳᠤ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ᠂ | ᠵᠢᠵᠢᠭ ᠬᠡᠯᠪᠡᠷᠢ ᠶᠢᠨ ᠢᠨᠵᠧᠨᠧᠷᠢᠩ ᠤᠨ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ | ᠴᠢᠩᠭᠠᠳᠬᠠᠬᠤ ᠪᠠᠷ ᠳᠠᠮᠵᠢᠭᠤᠯᠤᠨ᠂ ᠤᠰᠤ ᠬᠠᠩᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ | ᠨᠡᠭᠦᠯᠭᠡᠵᠦ ᠬᠠᠰᠤᠵᠤ ᠨᠡᠶᠢᠯᠡᠭᠦᠯᠬᠦ ᠲᠥᠷᠥᠯ ᠤᠨ ᠠᠶᠢᠯ ᠲᠣᠰᠬᠤᠨ ᠪᠣᠯᠤᠨ ᠥᠭᠡᠷᠡᠴᠢᠯᠡᠬᠦ ᠨᠥᠬᠦᠴᠡᠯ ᠢ ᠲᠦᠷ | ᠪᠦᠷᠢᠯᠳᠦᠭᠦᠯᠦᠭᠡᠳᠦᠶ ᠲᠠᠷᠠᠬᠠᠶ ᠪᠤᠲᠠᠷᠬᠠᠶ ᠤᠰᠤ ᠬᠠᠩᠭᠠᠬᠤ ᠪᠠᠷᠢᠯᠭ᠎ᠠ ᠳᠤ ᠪᠣᠯ ᠤᠰᠤᠨ ᠤ ᠡᠬᠢ ᠰᠤᠷᠪᠤᠯᠵᠢ ᠶᠢ | ᠬᠠᠮᠠᠭᠠᠯᠠᠬᠤ ᠪᠠ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠᠷ ᠳᠠᠮᠵᠢᠭᠤᠯᠤᠨ᠂ ᠴᠢᠬᠤᠯᠠ ᠪᠥᠬᠦᠢ ᠪᠠᠷᠢᠯᠭ᠎ᠠ ᠶᠢᠨ | ᠪᠥᠳᠥᠭᠡᠨ ᠪᠠᠶᠢᠭᠤᠯᠤᠯᠲᠠ ᠶᠢ ᠬᠠᠪᠰᠤᠷᠭᠠᠨ᠂ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ | | ᠭᠤᠷᠪᠠ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢ | ᠲᠤᠭᠳᠠᠭᠤᠨ ᠢᠶᠠᠷ ᠲᠦᠯᠬᠢᠨ ᠠᠬᠢᠭᠤᠯᠤᠨ᠎ᠠ | | ︵ᠵᠢᠷᠭᠤᠭ᠎ᠠ︶ ᠤᠰᠤᠨ ᠤ ᠡᠬᠢ ᠰᠤᠷᠪᠤᠯᠵᠢ ᠶᠢ ᠲᠣᠭᠲᠠᠪᠤᠷᠢᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ | ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠬᠡᠪᠴᠢᠶ᠎ᠡ᠂ ᠠᠶᠢᠯ ᠲᠣᠰᠬᠤᠨ ᠬᠢᠭᠡᠳ ᠬᠥᠮᠦᠨ | ᠠᠮᠠ ᠶᠢᠨ ᠬᠤᠪᠢᠷᠠᠯᠲᠠ᠂ ᠤᠰᠤ ᠬᠠᠩᠭᠠᠬᠤ ᠴᠢᠳᠠᠪᠤᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ | ᠤᠰᠤ ᠬᠡᠷᠡᠭᠯᠡᠬᠦ ᠬᠠᠩᠭᠠᠯᠭ᠎ᠠ ᠬᠡᠷᠡᠭᠴᠡᠭᠡ ᠶᠢ ᠲᠡᠩᠴᠡᠭᠦᠷᠢ ᠲᠠᠢ ᠪᠠᠶᠢᠯᠭᠠᠬᠤ ᠵᠠᠳᠠᠯᠤᠯᠲᠠ ᠶᠢ ᠰᠠᠶᠢᠲᠤᠷ ᠬᠢᠵᠦ᠂ | ᠨᠢᠭᠡᠨᠲᠡ ᠪᠠᠶᠢᠭᠤᠯᠤᠭᠰᠠᠨ ᠤᠰᠤᠨ ᠴᠥᠭᠦᠷᠥᠮ᠂ ᠤᠰᠤ ᠲᠠᠲᠠᠵᠤ ᠲᠤᠬᠢᠷᠠᠭᠤᠯᠬᠤ ᠵᠡᠷᠭᠡ ᠭᠤᠣᠯ ᠪᠣᠯᠬᠤ ᠤᠰᠤᠨ | ᠰᠤᠷᠪᠤᠯᠵᠢ ᠶᠢᠨ ᠢᠨᠵᠧᠨᠧᠷᠢᠩ ᠢ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠤᠰᠤᠨ ᠰᠤᠷᠪᠤᠯᠵᠢ | ᠪᠣᠯᠭᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠨᠢᠭᠡ ᠪᠦᠯᠦᠭ ᠳᠤᠮᠳᠠ ᠵᠢᠵᠢᠭ ᠬᠡᠯᠪᠡᠷᠢ ᠶᠢᠨ | ᠤᠰᠤᠨ ᠴᠥᠭᠦᠷᠥᠮ ᠵᠡᠷᠭᠡ ᠤᠰᠤᠨ ᠰᠤᠷᠪᠤᠯᠵᠢ ᠶᠢᠨ ᠢᠨᠵᠧᠨᠧᠷᠢᠩ ᠢ ᠪᠠᠶᠢᠭᠤᠯᠵᠤ᠂ ᠤᠰᠤᠨ ᠰᠤᠷᠪᠤᠯᠵᠢ ᠶᠢ | ᠲᠣᠬᠢᠷᠠᠭᠤᠯᠬᠤ ᠪᠠ ᠰᠢᠯᠢᠳᠡᠭᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠤᠰᠤᠨ ᠰᠤᠷᠪᠤᠯᠵᠢ ᠶᠢᠨ ᠲᠣᠭᠲᠠᠭᠤᠨ | ᠪᠤᠰᠤ ᠪᠠᠶᠢᠬᠤ ᠠᠰᠠᠭᠤᠳᠠᠯ ᠢ ᠰᠢᠢᠳᠪᠤᠷᠢᠯᠡᠨ᠎ᠡ᠃ ᠤᠰᠤ ᠬᠠᠩᠭᠠᠬᠤ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ | ᠤᠰᠤᠨ ᠰᠤᠷᠪᠤᠯᠵᠢ ᠶᠢᠨ ᠨᠤᠲᠠᠯᠠᠯᠲᠠ ᠶᠢ ᠴᠢᠩᠭᠠᠳᠬᠠᠵᠤ᠂ ᠤᠰᠤᠨ ᠰᠤᠷᠪᠤᠯᠵᠢ ᠶᠢᠨ ᠲᠣᠭᠲᠠᠪᠤᠷᠢᠲᠤ ᠴᠢᠨᠠᠷ ᠢ | ᠳᠡᠭᠡᠭᠰᠢᠯᠡᠭᠦᠯᠦᠨ᠎ᠡ᠃ ᠬᠥᠮᠦᠨ ᠠᠮᠠ ᠲᠠᠷᠠᠬᠠᠶ ᠪᠤᠲᠠᠷᠬᠠᠶ ᠪᠠᠶᠢᠭ᠎ᠠ ᠭᠠᠵᠠᠷ ᠣᠷᠣᠨ ᠳᠤ ᠤᠰᠤᠨ ᠤ ᠡᠬᠢ ᠰᠤᠷᠪᠤᠯᠵᠢ | ᠪᠠᠭ᠎ᠠ ᠪᠠᠶᠢᠬᠤ ᠪᠠ ᠤᠰᠤ ᠬᠠᠳᠠᠭᠠᠯᠠᠵᠤ ᠤᠰᠤ ᠬᠠᠩᠭᠠᠬᠤ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠠᠷᠭ᠎ᠠ ᠬᠡᠮᠵᠢᠶ᠎ᠡ ᠶᠢ ᠬᠠᠪᠰᠤᠷᠭᠠᠨ᠂ | ᠤᠯᠠᠷᠢᠯ ᠤᠨ ᠴᠢᠨᠠᠷᠲᠠᠶ ᠤᠰᠤ ᠳᠤᠲᠠᠭᠳᠠᠬᠤ ᠠᠰᠠᠭᠤᠳᠠᠯ ᠢ ᠰᠢᠢᠳᠪᠤᠷᠢᠯᠡᠨ᠎ᠡ᠃ | | ︵ᠳᠣᠯᠤᠭ᠎ᠠ︶ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠠᠬᠢᠭᠤᠯᠤᠨ᠎ᠠ᠃ ᠰᠢᠶᠠᠨ ᠤ ᠬᠡᠪᠴᠢᠶ᠎ᠡ ᠪᠠᠷ ᠨᠢᠭᠡᠴᠢ ᠪᠣᠯᠭᠠᠵᠤ᠂ ᠬᠥᠳᠡᠭᠡ ᠲᠣᠰᠬᠤᠨ ᠤ | ᠤᠰᠤ ᠬᠠᠩᠭᠠᠬᠤ ᠬᠥᠭᠵᠢᠯᠲᠡ ᠶᠢ ᠨᠢᠭᠡᠳᠦᠯᠲᠡᠶ ᠲᠥᠯᠥᠪᠯᠡᠨ᠎ᠡ᠃ ᠨᠥᠬᠦᠴᠡᠯ ᠲᠠᠢ ᠭᠠᠵᠠᠷ ᠣᠷᠣᠨ ᠳᠤ | ᠬᠡᠪᠴᠢᠶᠡᠵᠢᠭᠦᠯᠦᠨ ᠤᠰᠤ ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ | ᠪᠤᠰᠤᠳ ᠭᠠᠵᠠᠷ ᠣᠷᠣᠨ ᠳᠤ ᠤᠰᠤ ᠬᠠᠩᠭᠠᠬᠤ ᠬᠠᠭᠤᠴᠢᠨ ᠬᠤᠭᠤᠯᠠᠶ ᠶᠢᠨ ᠲᠣᠣᠷ ᠪᠠ ᠲᠥᠬᠦᠭᠡᠷᠦᠮᠵᠢ ᠶᠢ | ᠰᠢᠨᠡᠳᠬᠡᠨ ᠥᠭᠡᠷᠡᠴᠢᠯᠡᠵᠦ᠂ ᠬᠥᠳᠡᠭᠡ ᠲᠣᠰᠬᠤᠨ ᠤ ᠤᠰᠤ ᠬᠠᠩᠭᠠᠬᠤ ᠶᠢᠨ ︽ ᠪᠤᠭᠤᠮᠢ︾ ᠶᠢᠨ ᠠᠰᠠᠭᠤᠳᠠᠯ ᠢ | ᠰᠢᠢᠳᠪᠤᠷᠢᠯᠡᠨ᠎ᠡ︔ ᠵᠢᠵᠢᠭ ᠬᠡᠯᠪᠡᠷᠢ ᠶᠢᠨ ᠪᠠᠷᠢᠯᠭ᠎ᠠ ᠶᠢ ᠪᠠᠷᠢᠮᠵᠢᠶᠠᠵᠢᠭᠤᠯᠤᠨ ᠪᠦᠳᠦᠭᠡᠨ ᠪᠠᠶᠢᠭᠤᠯᠬᠤ ᠪᠠ | ᠥᠭᠡᠷᠡᠴᠢᠯᠡᠬᠦ ᠶᠢ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠠᠩ ᠭᠠᠭᠴᠠ ᠤᠰᠤᠨ | ᠬᠤᠷᠭᠤ ᠤᠰᠤᠨ ᠵᠣᠭᠤᠷᠢ ᠶᠢᠨ ᠠᠷᠭ᠎ᠠ ᠮᠠᠶ᠋ᠢᠭ ᠲᠤ ᠲᠦᠰᠢᠭᠯᠡᠨ ᠤᠰᠤ ᠬᠠᠩᠭᠠᠬᠤ ᠬᠥᠮᠦᠨ ᠠᠮᠠ ᠶᠢᠨ ᠲᠤᠭ᠎ᠠ | ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠪᠠᠷ ᠪᠠᠭᠠᠰᠬᠠᠵᠤ᠂ ᠬᠥᠳᠡᠭᠡ ᠲᠣᠰᠬᠤᠨ ᠤ ᠤᠰᠤ ᠬᠠᠩᠭᠠᠬᠤ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠰᠤᠨ ᠤ ᠬᠠᠩᠭᠠᠯᠭ᠎ᠠ ᠶᠢ ᠡᠷᠦᠬᠡ ᠳᠤ ᠣᠷᠣᠭᠤᠯᠬᠤ ᠶᠢ | ᠠᠬᠢᠭᠤᠯᠵᠤ᠂ ᠬᠥᠳᠡᠭᠡ ᠲᠣᠰᠬᠤᠨ ᠤ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠤᠷᠮ᠎ᠠ ᠶᠢ ᠲᠡᠭᠡᠭᠰᠢᠯᠡᠬᠦᠯᠦᠨ᠎ᠡ᠃ | | | ︵ ᠨᠠᠢᠮᠠ︶ ᠤᠰᠤᠨ ᠤ ᠴᠢᠨᠠᠷ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠮᠢᠩᠭᠠᠨ ᠲᠣᠨ ᠲᠦᠮᠡᠨ ᠬᠥᠮᠦᠨ ᠤ | ᠤᠰᠤ ᠬᠠᠩᠭᠠᠬᠤ ᠢᠨᠵᠧᠨᠧᠷᠢᠩ ︵ᠡᠳᠦᠷ ᠤᠨ ᠤᠰᠤ ᠬᠠᠩᠭᠠᠬᠤ ᠬᠥᠮᠦᠨ ᠠᠮᠠ 10000 ᠠᠴᠠ ᠬᠡᠲᠦᠷᠡᠭᠰᠡᠨ | ᠪᠤᠶᠤ ᠡᠳᠦᠷ ᠤᠨ ᠤᠰᠤ ᠬᠠᠩᠭᠠᠬᠤ ᠬᠡᠪᠴᠢᠶ᠎ᠡ 1000 ᠲᠣᠨ ᠠᠴᠠ ᠬᠡᠲᠦᠷᠡᠭᠰᠡᠨ᠂ ᠲᠣᠪᠴᠢᠯᠠᠭᠠᠳ ᠮᠢᠩᠭᠠᠨ | ᠲᠣᠨ ᠲᠦᠮᠡᠨ ᠬᠥᠮᠦᠨ ᠤ ᠤᠰᠤ ᠬᠠᠩᠭᠠᠬᠤ ᠢᠨᠵᠧᠨᠧᠷᠢᠩ ᠭᠡᠨ᠎ᠡ︶ ᠤᠨ ᠤᠰᠤᠨ ᠰᠤᠷᠪᠤᠯᠵᠢ ᠶᠢᠨ | ᠬᠠᠮᠠᠭᠠᠯᠠᠯᠲᠠ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠮᠢᠩᠭᠠᠨ ᠬᠥᠮᠦᠨ ᠤ ᠤᠰᠤ ᠬᠠᠩᠭᠠᠬᠤ ᠢᠨᠵᠧᠨᠧᠷᠢᠩ ︵ | ᠡᠳᠦᠷ ᠤᠨ ᠤᠰᠤ ᠬᠠᠩᠭᠠᠬᠤ ᠬᠥᠮᠦᠨ ᠠᠮᠠ 1000 ᠠᠴᠠ 9999 ᠬᠥᠮᠦᠨ᠂ ᠲᠣᠪᠴᠢᠯᠠᠭᠠᠳ ᠮᠢᠩᠭᠠᠨ ᠬᠥᠮᠦᠨ | ᠤ ᠤᠰᠤ ᠬᠠᠩᠭᠠᠬᠤ ᠢᠨᠵᠧᠨᠧᠷᠢᠩ ᠭᠡᠨ᠎ᠡ︶ ᠤᠨ ᠤᠰᠤᠨ ᠰᠤᠷᠪᠤᠯᠵᠢ ᠶᠢᠨ ᠬᠠᠮᠠᠭᠠᠯᠠᠯᠲᠠ ᠶᠢ ᠲᠥᠯᠬᠢᠨ | ᠠᠬᠢᠭᠤᠯᠤᠨ᠎ᠠ᠃ ᠮᠢᠩᠭᠠᠨ ᠲᠣᠨ ᠲᠦᠮᠡᠨ ᠬᠥᠮᠦᠨ ᠤ ᠤᠰᠤ ᠬᠠᠩᠭᠠᠬᠤ ᠢᠨᠵᠧᠨᠧᠷᠢᠩ ᠳᠤ ᠴᠡᠪᠡᠷᠰᠢᠭᠦᠯᠦᠨ | ᠠᠷᠢᠭᠤᠳᠬᠠᠬᠤ ᠪᠡᠯᠡᠳᠬᠡᠮᠵᠢ ᠲᠥᠬᠦᠭᠡᠷᠦᠮᠵᠢ ᠶᠢ ᠪᠥᠬᠦ ᠲᠠᠯ᠎ᠠ ᠪᠠᠷ ᠳᠣᠭᠢᠷᠠᠭᠤᠯᠵᠤ᠂ ᠭᠠᠵᠠᠷ ᠳᠡᠭᠡᠷᠡᠬᠢ ᠤᠰᠤ ᠪᠤᠶᠤ | ᠤᠰᠤᠨ ᠤ ᠴᠢᠨᠠᠷ ᠨᠢ ᠲᠣᠭᠲᠠᠭᠤᠨ ᠪᠤᠰᠤ ᠭᠠᠵᠠᠷ ᠳᠣᠤᠷᠠᠬᠢ ᠤᠰᠤ ᠪᠠᠷ ᠤᠰᠤᠨ ᠤ ᠡᠬᠢ ᠰᠤᠷᠪᠤᠯᠵᠢ ᠪᠣᠯᠭᠠᠭᠰᠠᠨ | ᠮᠢᠩᠭᠠᠨ ᠬᠥᠮᠦᠨ ᠤ ᠤᠰᠤ ᠬᠠᠩᠭᠠᠬᠤ ᠢᠨᠵᠧᠨᠧᠷᠢᠩ ᠳᠤ ᠴᠡᠪᠡᠷᠰᠢᠭᠦᠯᠦᠨ ᠠᠷᠢᠭᠤᠳᠬᠠᠬᠤ ᠪᠡᠯᠡᠳᠬᠡᠮᠵᠢ | ᠲᠥᠬᠦᠭᠡᠷᠦᠮᠵᠢ ᠶᠢ ᠳᠣᠭᠢᠷᠠᠭᠤᠯᠤᠨ᠎ᠠ︔ ᠮᠢᠩᠭᠠᠨ ᠬᠥᠮᠦᠨ ᠤ ᠤᠰᠤ ᠬᠠᠩᠭᠠᠬᠤ ᠢᠨᠵᠧᠨᠧᠷᠢᠩ ᠳᠤ ᠠᠷᠢᠭᠤᠳᠬᠠᠬᠤ | ᠲᠥᠬᠦᠭᠡᠷᠦᠮᠵᠢ ᠲᠣᠬᠢᠷᠠᠭᠤᠯᠤᠨ᠎ᠠ᠃ ᠤᠰᠤᠨ ᠤ ᠴᠢᠨᠠᠷ ᠢ ᠪᠠᠶᠢᠴᠠᠭᠠᠨ ᠰᠢᠨᠵᠢᠵᠦ ᠬᠢᠨᠠᠨ ᠬᠡᠮᠵᠢᠬᠦ ᠶᠢ ᠴᠢᠩᠭᠠᠳᠬᠠᠵᠤ᠂ | ᠤᠰᠤᠨ ᠤ ᠴᠢᠨᠠᠷ ᠢ ᠪᠠᠲᠤᠯᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠬᠦᠯᠦᠨ᠎ᠡ᠃ | | ᠳᠥᠷᠪᠡ᠂ ᠬᠥᠳᠡᠭᠡ ᠲᠣᠰᠬᠤᠨ ᠤ ᠤᠰᠤ ᠬᠠᠩᠭᠠᠬᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ | ᠪᠦᠷᠢᠨᠰᠢᠭᠦᠯᠦᠨ ᠲᠡᠬᠦᠯᠳᠡᠷᠵᠢᠬᠦᠯᠦᠨ᠎ᠡ | | ︵ᠶᠢᠰᠦ︶ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠰᠢᠶᠠᠨ ᠤ | ᠬᠡᠪᠴᠢᠶ᠎ᠡ ᠪᠠᠷ ᠨᠢᠭᠡᠴᠢ ᠪᠣᠯᠭᠠᠨ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠨᠢᠭᠡᠳᠦᠯᠲᠡᠶ | ᠬᠢᠨᠠᠯᠲᠠ ᠬᠠᠮᠢᠶᠠᠷᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠵᠢᠯᠯᠠᠭᠠᠨ ᠤ ᠬᠠᠮᠢᠶᠠᠷᠤᠯᠲᠠ ᠪᠠ | ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠢᠨᠵᠧᠨᠧᠷᠢᠩ ᠤᠨ ᠥᠮᠴᠢᠯᠡᠬᠦ ᠡᠷᠬᠡ ᠶᠢ | ᠲᠣᠳᠣᠷᠬᠠᠶᠢᠯᠠᠵᠤ᠂ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠭᠤᠤᠯ ᠴᠣᠭᠴᠠ ᠶᠢ | ᠲᠣᠳᠣᠷᠬᠠᠶᠢᠯᠠᠬᠤ ᠶᠢᠨ ᠬᠠᠮᠲᠤ ᠨᠠᠶᠢᠳᠠᠪᠤᠷᠢᠵᠢᠭᠤᠯᠤᠨ᠎ᠠ᠃ ᠮᠢᠩᠭᠠᠨ ᠲᠣᠨ ᠲᠦᠮᠡᠨ ᠬᠥᠮᠦᠨ ᠤ ᠤᠰᠤ ᠬᠠᠩᠭᠠᠬᠤ | ᠢᠨᠵᠧᠨᠧᠷᠢᠩ ᠳᠤ ᠠᠵᠤ ᠠᠬᠤᠢᠢᠯᠠᠯᠴᠢᠯᠠᠭᠰᠠᠨ ᠡᠵᠡᠩᠨᠡᠯᠲᠡ᠂ ᠲᠤᠰᠬᠠᠶᠢᠵᠢᠭᠰᠠᠨ ᠬᠠᠮᠢᠶᠠᠷᠤᠯᠲᠠ ᠪᠠ ᠮᠡᠳᠡᠭᠡ | ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠵᠢᠵᠢᠭ ᠬᠡᠯᠪᠡᠷᠢ ᠶᠢᠨ ᠤᠰᠤ ᠬᠠᠩᠭᠠᠬᠤ | ᠢᠨᠵᠧᠨᠧᠷᠢᠩ ᠨᠢ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠡᠵᠡᠩᠨᠡᠬᠦ ᠡᠷᠬᠡ ᠶᠢ ᠳᠠᠭᠠᠭᠠᠴᠢᠯᠠᠬᠤ᠂ | ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠤᠰᠬᠠᠶᠢᠵᠢᠭᠰᠠᠨ ᠬᠠᠮᠢᠶᠠᠷᠴᠤ ᠬᠠᠮᠠᠭᠠᠯᠠᠬᠤ ᠶᠢ ᠬᠠᠶᠢᠨ ᠰᠦᠪᠡᠭᠴᠢᠯᠡᠵᠦ᠂ ᠬᠠᠮᠢᠶᠠᠷᠤᠯᠲᠠ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | | ︵ᠠᠷᠪᠠ︶ ᠬᠥᠳᠡᠭᠡ ᠲᠣᠰᠬᠤᠨ ᠤ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠲᠥᠪᠯᠡᠷᠡᠭᠦᠯᠦᠨ ᠬᠠᠩᠭᠠᠬᠤ ᠤᠰᠤᠨ ᠤ ᠦᠨ᠎ᠡ ᠶᠢ ᠲᠣᠭᠲᠠᠭᠠᠬᠤ | ᠪᠤᠶᠤ ᠲᠣᠬᠢᠷᠠᠭᠤᠯᠬᠤ ᠳᠠᠭᠠᠨ ︽ᠥᠪᠡᠷ ᠤᠨ ᠦᠷᠳᠡᠭ ᠢ ᠨᠥᠬᠦᠪᠥᠷᠢᠯᠡᠬᠦ᠂ ᠭᠤᠣᠯᠴᠢ ᠪᠠᠷ ᠡᠭᠦᠷᠭᠡᠯᠡᠬᠦ︾ ᠵᠠᠷᠴᠢᠮ ᠢ | ᠵᠢᠷᠤᠮᠯᠠᠬᠤ ᠬᠡᠷᠡᠭᠲᠡᠶ ᠪᠥᠭᠡᠳ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠳᠠᠭᠠᠭᠠᠬᠤ ᠴᠢᠳᠠᠪᠤᠷᠢ ᠶᠢ ᠭᠦᠢᠴᠡᠳ | ᠪᠣᠳᠣᠯᠬᠢᠯᠠᠬᠤ ᠬᠡᠷᠡᠭᠲᠡᠶ᠃ ᠲᠠᠩ ᠭᠠᠭᠴᠠ ᠭᠠᠴᠠᠭᠠᠨ ᠤ ᠤᠰᠤ ᠬᠠᠩᠭᠠᠬᠤ ᠢᠨᠵᠧᠨᠧᠷᠢᠩ ᠤᠨ ᠤᠰᠤᠨ ᠤ ᠦᠨ᠎ᠡ | ᠵᠢᠴᠢ ᠰᠦᠢᠳᠬᠡᠯ ᠬᠤᠷᠢᠶᠠᠬᠤ ᠠᠷᠭ᠎ᠠ ᠮᠠᠶ᠋ᠢᠭ ᠢ ᠭᠠᠴᠠᠭᠠᠨ ᠤ ᠠᠷᠠᠳ ᠤᠨ ᠵᠥᠪᠯᠡᠯ ᠠᠴᠠ ᠨᠢᠭᠡ ᠤᠴᠢᠷ ᠶᠠᠪᠤᠳᠠᠯ ᠢ | ᠨᠢᠭᠡ ᠵᠦᠪᠯᠡᠵᠦ ᠠᠷᠠᠳᠴᠢᠯᠠᠯ ᠢᠶᠠᠷ ᠬᠡᠷᠡᠭ ᠵᠥᠪᠯᠡᠬᠦ ᠲᠣᠭᠲᠠᠴᠠ ᠶᠣᠰᠣᠭᠠᠷ ᠲᠣᠭᠲᠠᠭᠠᠨ᠎ᠠ᠃ ᠤᠰᠤ ᠬᠠᠩᠭᠠᠬᠤ | ᠬᠡᠪᠴᠢᠶ᠎ᠡ ᠶᠢᠨ ᠠᠰᠢᠭᠯᠠᠯᠲᠠ ᠶᠢᠨ ᠨᠣᠷᠮ᠎ᠠ ᠪᠠᠷ ᠨᠡᠯᠢᠶᠡᠳ ᠳᠣᠤᠷ᠎ᠠ ᠪᠠᠷᠢᠯᠭ᠎ᠠ ᠳᠤ ︽ᠦᠨᠳᠦᠰᠦᠨ ᠤᠰᠤᠨ ᠤ | ᠦᠨ᠎ᠡ + ᠬᠡᠮᠵᠢᠯᠲᠡ ᠶᠢᠨ ᠤᠰᠤᠨ ᠤ ᠦᠨ᠎ᠡ︾ ᠭᠡᠬᠦ ᠬᠤᠶᠠᠷ ᠢᠵᠢ ᠳᠦᠷᠢᠮᠲᠦ ᠤᠰᠤᠨ ᠤ ᠦᠨ᠎ᠡ ᠶᠢ | ᠬᠡᠷᠡᠭᠵᠢᠭᠦᠯᠬᠦ ᠶᠢᠨ ᠬᠠᠮᠲᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠰᠠᠨᠠᠯ ᠢ ᠬᠦᠢᠴᠡᠳ ᠬᠤᠷᠢᠶᠠᠵᠤ | ᠪᠣᠯᠤᠨ᠎ᠠ᠃ ᠤᠰᠤᠨ ᠤ ᠰᠦᠢᠳᠭᠡᠯ ᠬᠤᠷᠢᠶᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠤᠰᠤ ᠬᠡᠷᠡᠭᠯᠡᠬᠦ | ᠡᠷᠦᠬᠡ ᠶᠢᠨ ᠰᠦᠢᠳᠭᠡᠯ ᠲᠤᠰᠢᠶᠠᠬᠤ ᠳᠤ ᠲᠥᠬᠦᠮ ᠦᠵᠡᠭᠦᠯᠦᠨ᠂ ᠤᠰᠤᠨ ᠤ ᠰᠦᠢᠳᠭᠡᠯ ᠬᠤᠷᠢᠶᠠᠬᠤ ᠨᠣᠷᠮ᠎ᠠ ᠶᠢ | ᠳᠡᠭᠡᠭᠰᠢᠯᠡᠭᠦᠯᠦᠨ᠎ᠡ᠃ ᠨᠥᠬᠦᠴᠡᠯ ᠲᠠᠢ ᠭᠠᠵᠠᠷ ᠣᠷᠣᠨ ᠨᠢ ᠵᠣᠬᠢᠬᠤ ᠬᠡᠮᠵᠢᠶᠡᠨ ᠤ ᠡᠳ᠋ ᠤᠨ ᠵᠠᠰᠠᠭ ᠤᠨ | ᠨᠥᠬᠦᠪᠥᠷᠢ ᠶᠢᠨ ᠪᠠᠯᠠ ᠮᠥᠩᠭᠦ ᠳᠣᠭᠢᠷᠠᠭᠤᠯᠵᠤ᠂ ᠪᠠᠷᠢᠯᠭ᠎ᠠ ᠶᠢᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠶᠢ | ᠳᠡᠮᠵᠢᠵᠦ᠂ ᠪᠠᠷᠢᠯᠭ᠎ᠠ ᠶᠢᠨ ᠬᠡᠪ ᠤᠨ ᠠᠵᠢᠯᠯᠠᠭᠠᠨ ᠢ ᠠᠬᠢᠭᠤᠯᠬᠤ ᠬᠡᠷᠡᠭᠲᠡᠶ᠃ | | ︵ᠠᠷᠪᠠᠨ ᠨᠢᠭᠡ︶ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢᠶᠠᠷ ᠡᠳᠡᠭᠡᠳ | ᠪᠣᠯᠭᠠᠵᠤ᠂ ᠬᠥᠳᠡᠭᠡ ᠲᠣᠰᠬᠤᠨ ᠤ ᠤᠰᠤ ᠬᠠᠩᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠮᠢᠩᠭᠠᠨ | ᠲᠣᠨ ᠲᠦᠮᠡᠨ ᠬᠥᠮᠦᠨ ᠤ ᠤᠰᠤ ᠬᠠᠩᠭᠠᠬᠤ ᠢᠨᠵᠧᠨᠧᠷᠢᠩ ᠤᠨ ᠤᠰᠤ ᠲᠠᠲᠠᠵᠤ ᠬᠡᠷᠡᠭᠯᠡᠬᠦ ᠤᠰᠤᠨ ᠤ ᠬᠡᠮᠵᠢᠶ᠎ᠡ᠂ | ᠦᠢᠯᠡᠳᠪᠦᠷᠢ ᠠᠴᠠ ᠣᠷᠣᠭᠤᠯᠵᠤ ᠭᠠᠷᠭᠠᠬᠤ ᠤᠰᠤᠨ ᠤ ᠴᠢᠨᠠᠷ᠂ ᠭᠤᠣᠯ ᠪᠣᠯᠬᠤ ᠤᠰᠤ ᠬᠠᠩᠭᠠᠬᠤ ᠪᠡᠯᠡᠳᠬᠡᠮᠵᠢ | ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠤᠨ ᠠᠦ᠋ᠲ᠋ᠣᠴᠢᠯᠠᠭᠰᠠᠨ ᠬᠢᠨᠠᠨ ᠡᠵᠡᠮᠳᠡᠬᠦ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠨ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠤᠷᠢᠳᠴᠢᠯᠠᠨ | ᠰᠣᠷᠢᠬᠤ᠂ ᠪᠡᠯᠡᠳᠬᠡᠯ ᠲᠥᠰᠦᠯ ᠤᠨ ᠴᠢᠳᠠᠪᠤᠷᠢ ᠶᠢ ᠨᠡᠮᠡᠭᠳᠡᠭᠦᠯᠦᠨ᠎ᠡ᠃ ᠤᠰᠤᠨ ᠤ ᠡᠬᠢ ᠰᠤᠷᠪᠤᠯᠵᠢ ᠶᠢᠨ ᠤᠰᠤ | ᠲᠠᠲᠠᠬᠤ ᠠᠮᠠ ᠪᠠ ᠳᠠᠷᠤᠯᠲᠠᠲᠤ ᠬᠥᠭᠡᠷᠭᠡ ᠶᠢᠨ ᠥᠷᠲᠡᠭᠡ ᠶᠢ ᠠᠯᠤᠰ ᠠᠴᠠ ᠡᠵᠡᠮᠳᠡᠬᠦ ᠶᠢ ᠴᠢᠩᠭᠠᠳᠬᠠᠵᠤ᠂ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠰᠤ ᠬᠠᠩᠭᠠᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ | ᠠᠳᠠᠯᠢ ᠪᠤᠰᠤ ᠲᠡᠰ ᠳᠠᠪᠬᠤᠷᠭ᠎ᠠ ᠶᠢᠨ ᠰᠢᠰᠲ᠋ᠧᠮ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ | ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠤᠨ᠎ᠠ᠃ | | ︵ᠠᠷᠪᠠᠨ ᠬᠤᠶᠠᠷ︶ ᠬᠥᠳᠡᠭᠡ ᠲᠣᠰᠬᠤᠨ ᠤ ᠤᠰᠤ ᠬᠠᠩᠭᠠᠭᠴᠢ ᠤᠰᠤ ᠬᠠᠮᠢᠶᠠᠷᠤᠭᠴᠢ ᠶᠢᠨ ᠲᠦᠷᠢᠮ ᠢ | ᠪᠦᠷᠢᠨᠰᠢᠬᠦᠯᠦᠨ ᠲᠡᠭᠦᠯᠳᠡᠷᠵᠢᠭᠦᠯᠬᠦ ᠬᠡᠷᠡᠭᠲᠡᠶ᠃ ᠦᠨᠡᠨ ᠬᠦ ᠴᠢᠬᠤᠯᠠ ᠲᠠᠢ ᠪᠠᠶᠢᠬᠤ᠂ ᠬᠡᠷᠡᠭᠴᠡᠭᠡ ᠪᠠᠷ ᠨᠢ | ᠲᠣᠬᠢᠷᠠᠭᠤᠯᠬᠤ᠂ ᠠᠵᠢᠯᠳᠠᠨ ᠤ ᠶᠠᠪᠤᠳᠠᠯ ᠢ ᠬᠠᠷᠢᠯᠴᠠᠨ ᠵᠣᠬᠢᠴᠠᠭᠤᠯᠬᠤ ᠵᠠᠷᠴᠢᠮ ᠶᠣᠰᠣᠭᠠᠷ ᠬᠥᠳᠡᠭᠡ ᠲᠣᠰᠬᠤᠨ ᠤ | ᠤᠰᠤ ᠬᠠᠩᠭᠠᠬᠤ ᠢᠨᠵᠧᠨᠧᠷᠢᠩ ᠤᠨ ᠤᠰᠤ ᠬᠠᠮᠢᠶᠠᠷᠤᠭᠴᠢ ᠶᠢᠨ ᠲᠦᠷᠢᠮ ᠢ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ | ᠨᠥᠬᠦᠴᠡᠯ ᠲᠠᠢ ᠭᠠᠵᠠᠷ ᠣᠷᠣᠨ ᠨᠢ ᠣᠲᠣ ᠶᠢᠨ ᠪᠠᠶᠢᠭ᠎ᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ | ᠪᠠᠶᠢᠷᠢ ᠶᠢ ᠨᠢᠭᠡᠳᠦᠯᠲᠡᠶ ᠲᠥᠯᠥᠪᠯᠡᠨ ᠠᠰᠢᠭᠯᠠᠵᠤ᠂ ᠲᠣᠭᠲᠠᠭᠠᠯ ᠶᠣᠰᠣᠭᠠᠷ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠶᠢᠨ ᠨᠥᠬᠦᠴᠡᠯ ᠳᠤ ᠨᠡᠶᠢᠴᠡᠬᠦ ᠠᠵᠢᠯᠲᠠᠨ ᠢ ᠤᠷᠢᠨ ᠬᠡᠷᠡᠭᠯᠡᠵᠦ ᠬᠥᠳᠡᠭᠡ ᠲᠣᠰᠬᠤᠨ ᠤ ᠤᠰᠤ | ᠬᠠᠩᠭᠠᠭᠴᠢ ᠤᠰᠤ ᠬᠠᠮᠢᠶᠠᠷᠤᠭᠴᠢ ᠠᠵᠢᠯᠲᠠᠨ ᠪᠣᠯᠭᠠᠵᠤ ᠪᠣᠯᠤᠨ᠎ᠠ᠃ ᠤᠰᠤᠨ ᠤ ᠰᠦᠢᠳᠭᠡᠯ ᠢ ᠬᠤᠷᠢᠶᠠᠨ | ᠲᠤᠰᠢᠶᠠᠭᠰᠠᠨ ᠤᠷᠢᠲᠠᠯ ᠳᠣᠤᠷ᠎ᠠ᠂ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠠᠰᠢᠭ ᠣᠷᠣᠯᠭ᠎ᠠ᠂ ᠬᠡᠷᠡᠯ | ᠴᠡᠨᠡᠭ ᠢᠶᠠᠷ ᠴᠠᠬᠢᠯᠭᠠᠨ ᠭᠠᠷᠭᠠᠭᠰᠠᠨ ᠣᠷᠣᠯᠭ᠎ᠠ ᠶᠢᠨ ᠨᠥᠬᠦᠪᠥᠷᠢ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠬᠥᠳᠡᠭᠡ ᠲᠣᠰᠬᠤᠨ ᠤ ᠤᠰᠤ ᠬᠠᠩᠭᠠᠭᠴᠢ ᠪᠠ ᠬᠠᠮᠢᠶᠠᠷᠤᠭᠴᠢ ᠳᠤ ᠵᠤᠬᠢᠬᠤ ᠨᠥᠬᠦᠪᠥᠷᠢ ᠣᠯᠭᠤᠵᠤ ᠪᠣᠯᠤᠨ᠎ᠠ᠃ | ᠣᠷᠣᠨ ᠨᠤᠲᠤᠭ ᠤᠨ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠥᠳᠡᠭᠡ | ᠲᠣᠰᠬᠤᠨ ᠤ ᠤᠰᠤ ᠬᠠᠩᠭᠠᠭᠴᠢ ᠪᠠ ᠬᠠᠮᠢᠶᠠᠷᠤᠭᠴᠢ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ︽ᠬᠥᠳᠡᠭᠡ ᠲᠣᠰᠬᠤᠨ ᠤ ᠤᠰᠤ ᠬᠠᠩᠭᠠᠭᠴᠢ ᠪᠠ ᠬᠠᠮᠢᠶᠠᠷᠤᠭᠴᠢ ᠶᠢᠨ ᠮᠡᠳᠡᠯᠭᠡ ᠶᠢᠨ | ᠠᠰᠠᠭᠤᠯᠲᠠ ᠬᠠᠷᠢᠭᠤᠯᠲᠠ︾ ᠵᠡᠷᠭᠡ ᠪᠣᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ ᠢ ᠠᠰᠢᠭᠯᠠᠨ᠂ ᠲᠣᠬᠢᠷᠠᠮᠵᠢᠲᠠᠶ | ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠢ ᠠᠪᠴᠤ᠂ ᠬᠥᠳᠡᠭᠡ ᠲᠣᠰᠬᠤᠨ ᠤ ᠤᠰᠤ ᠬᠠᠩᠭᠠᠭᠴᠢ ᠪᠠ | ᠬᠠᠮᠢᠶᠠᠷᠤᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠬᠦᠷᠦᠯᠴᠡᠬᠦ ᠦᠭᠡᠢ᠂ ᠪᠠᠷᠢᠯᠭ᠎ᠠ ᠶᠢᠨ ᠬᠠᠮᠢᠶᠠᠷᠤᠯᠲᠠ ᠮᠠᠭᠤ᠂ | ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠᠷ ᠳᠣᠣᠷ᠎ᠠ ᠪᠠᠶᠢᠭ᠎ᠠ ᠤᠰᠤ ᠬᠠᠮᠢᠶᠠᠷᠤᠭᠴᠢ ᠶᠢ | ᠠᠵᠢᠯ ᠤᠨ ᠪᠠᠶᠢᠷᠢ ᠶᠢ ᠨᠢ ᠡᠭᠡᠯᠵᠢᠯᠡᠨ ᠰᠣᠯᠢᠬᠤ ᠪᠤᠶᠤ ᠰᠢᠭᠰᠢᠵᠦ᠂ ᠬᠥᠳᠡᠭᠡ ᠲᠣᠰᠬᠤᠨ ᠤ ᠤᠰᠤ ᠬᠠᠩᠭᠠᠭᠴᠢ ᠪᠠ | ᠬᠠᠮᠢᠶᠠᠷᠤᠭᠴᠢ ᠶᠢᠨ ᠦᠢᠯᠡᠳᠦᠯ ᠢ ᠦᠨᠡᠨ ᠬᠦ ᠪᠠᠳᠠᠷᠠᠭᠤᠯᠤᠨ᠎ᠠ᠃ | | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | | ︵ᠠᠷᠪᠠᠨ ᠭᠤᠷᠪᠠ︶ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠳᠤ ᠲᠥᠪ ᠠᠴᠠ | ᠨᠢᠭᠡᠳᠦᠯᠲᠡᠶ ᠲᠥᠯᠥᠪᠯᠡᠬᠦ᠂ ᠮᠤᠵᠢ ᠠᠴᠠ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ᠂ ᠬᠤᠲᠠ ᠰᠢᠶᠠᠨ ᠰᠢᠶᠠᠩ | ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠠᠴᠠ ᠶᠢ ᠬᠡᠷᠡᠭᠵᠢᠭᠦᠯᠦᠨ᠎ᠡ᠂ ᠣᠷᠣᠨ ᠨᠤᠲᠤᠭ ᠤᠨ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ | ᠬᠠᠷᠢᠭᠤᠴᠠᠯᠭ᠎ᠠ ᠶᠢᠨ ᠭᠤᠤᠯ ᠴᠣᠭᠴᠠ ᠮᠥᠨ᠃ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠶᠢᠨ ᠴᠢᠬᠤᠯᠠ ᠡᠭᠦᠷᠭᠡ | ᠪᠣᠯᠭᠠᠵᠤ᠂ ᠬᠤᠲᠠ ᠰᠢᠶᠠᠨ ᠤ ᠨᠠᠮ ᠵᠠᠰᠠᠭ ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷᠴᠤᠳ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠥᠯᠭᠢᠨ ᠠᠬᠢᠭᠤᠯᠤᠭᠰᠠᠨ ᠪᠣᠳᠠᠲᠤ ᠠᠮᠵᠢᠯᠲᠠ ᠶᠢ ᠬᠢᠨᠠᠨ | ᠰᠢᠯᠭᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ | ᠬᠠᠮᠤᠭ ᠤᠨ ᠴᠢᠩᠭ᠎ᠠ ᠳᠦᠷᠢᠮ ᠳᠠᠬᠢ ᠬᠥᠳᠡᠭᠡ ᠲᠣᠰᠬᠤᠨ ᠤ ᠤᠰᠤ ᠬᠠᠩᠭᠠᠬᠤ ᠶᠢ ᠬᠢᠨᠠᠨ ᠰᠢᠯᠭᠠᠬᠤ ᠠᠵᠢᠯ ᠢ | ᠰᠠᠶᠢᠲᠤᠷ ᠬᠢᠬᠦ ᠬᠡᠷᠡᠭᠲᠡᠢ᠃ ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ | ᠡᠭᠦᠷᠭᠡ ᠶᠢ ᠱᠠᠳᠤ ᠳᠠᠷᠠᠭᠠᠯᠠᠨ ᠵᠠᠳᠠᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠤᠨ᠂ | ᠱᠠᠳᠤ ᠱᠠᠳᠤ ᠪᠠᠷ ᠳᠠᠷᠤᠯᠲᠠ ᠥᠭᠴᠦ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠢ ᠵᠢᠯᠣᠭᠤᠳᠤᠨ | ᠰᠢᠪᠠᠳᠠᠵᠤ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠢᠵᠢᠭ | ᠬᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠱᠠᠳᠤ ᠱᠠᠳᠤ ᠪᠠᠷ | ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠬᠦᠷᠲᠡᠯ᠎ᠡ ᠪᠣᠳᠠᠲᠠᠶᠢᠵᠢᠭᠤᠯᠬᠤ ᠬᠡᠷᠡᠭᠲᠡᠶ᠃ ᠲᠠᠩ | ᠭᠠᠭᠴᠠ ᠲᠣᠰᠬᠤᠨ ᠤ ᠤᠰᠤ ᠬᠠᠩᠭᠠᠬᠤ ᠢᠨᠵᠧᠨᠧᠷᠢᠩ ᠪᠣᠯᠤᠨ ᠲᠣᠰᠬᠤᠨ ᠤ ᠳᠣᠲᠣᠷᠠᠬᠢ ᠤᠰᠤ ᠬᠠᠩᠭᠠᠬᠤ | ᠪᠡᠯᠡᠳᠬᠡᠮᠵᠢ ᠨᠢ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠲᠣᠰᠬᠤᠨ ᠤ ᠠᠷᠠᠳ ᠤᠨ | ᠵᠥᠪᠯᠡᠯ ᠵᠢᠴᠢ ᠲᠣᠰᠬᠤᠨ ᠤ ᠱᠠᠲᠤᠨ ᠤ ᠤᠰᠤ ᠬᠠᠮᠢᠶᠠᠷᠬᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠪᠠᠷᠢᠯᠭ᠎ᠠ ᠪᠣᠯᠭᠠᠨ ᠳᠤ ᠴᠥᠮ ᠬᠠᠮᠢᠶᠠᠷᠴᠤ ᠬᠠᠮᠠᠭᠠᠯᠠᠬᠤ ᠨᠢᠭᠡᠴᠢ ᠪᠣᠯᠤᠨ ᠠᠵᠢᠯᠲᠠᠨ ᠲᠠᠢ | ᠪᠠᠶᠢᠬᠤ ᠶᠢ ᠦᠨᠡᠨ ᠬᠦ ᠪᠠᠲᠤᠯᠠᠵᠤ᠂ ᠢᠨᠵᠧᠨᠧᠷᠢᠩ ᠤᠨ ᠬᠡᠪ ᠤᠨ ᠠᠵᠢᠯᠯᠠᠭᠠᠨ ᠢ ᠪᠠᠲᠤᠯᠠᠬᠤ ᠬᠡᠷᠡᠭᠲᠡᠶ᠃ | ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠤᠤᠭᠤᠬᠤ | ᠤᠰᠤᠨ ᠤ ᠠᠮᠤᠷ ᠲᠦᠪᠰᠢᠨ ᠤ ᠪᠠᠶᠢᠳᠠᠯ ᠢ ᠰᠠᠶᠢᠲᠤᠷ ᠬᠢᠨᠠᠨ ᠬᠡᠮᠵᠢᠭᠰᠡᠨ ᠥᠬᠡᠶ᠂ ᠠᠰᠠᠭᠤᠳᠠᠯ ᠢ ᠲᠦᠢᠯᠪᠤᠷᠢᠲᠠᠶ | ᠴᠡᠭᠴᠡᠯᠡᠨ ᠰᠠᠶᠢᠵᠢᠷᠠᠭᠤᠯᠤᠭᠰᠠᠨ ᠥᠬᠡᠶ᠂ ᠢᠨᠵᠧᠨᠧᠷᠢᠩ ᠤᠨ ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠥᠬᠡᠶ᠂ | ᠣᠯᠠᠨ ᠲᠦᠮᠡᠨ ᠤ ᠠᠰᠢᠭ ᠲᠤᠰᠠ ᠶᠢ ᠥᠯᠥ ᠬᠠᠶᠢᠬᠤᠷᠤᠭᠰᠠᠨ ᠵᠡᠷᠭᠡ ᠠᠵᠢᠯ ᠤᠨ ᠰᠤᠷᠲᠠᠯ ᠨᠢ ᠴᠢᠩᠭ᠎ᠠ ᠪᠣᠳᠠᠲᠠᠶ | ᠪᠢᠰᠢ ᠪᠠᠶᠢᠵᠤ᠂ ᠪᠥᠬᠦ ᠲᠣᠰᠬᠤᠨ ᠢᠶᠠᠷ ᠢᠶᠠᠨ ᠤᠰᠤ ᠵᠤᠭᠰᠤᠬᠤ ᠪᠤᠶᠤ ᠤᠰᠤ ᠶᠢ ᠲᠠᠰᠤᠯᠤᠭᠰᠠᠨ᠂ ᠡᠰᠡᠬᠦᠯ᠎ᠡ | ᠤᠰᠤᠨ ᠤ ᠴᠢᠨᠠᠷ ᠨᠢ ᠪᠠᠷᠢᠮᠵᠢᠶ᠎ᠠ ᠠᠴᠠ ᠬᠦᠨᠳᠦ ᠨᠣᠴᠢᠲᠠᠶ ᠬᠡᠲᠦᠷᠡᠭᠰᠡᠨ ᠵᠡᠷᠭᠡ ᠤᠰᠤᠨ ᠤ ᠬᠠᠩᠭᠠᠯᠭ᠎ᠠ ᠶᠢᠨ | ᠲᠣᠪᠤᠶᠢᠮ᠎ᠠ ᠠᠰᠠᠭᠤᠳᠠᠯ ᠡᠬᠦᠰᠦᠭᠰᠡᠨ ᠪᠠᠶᠢᠪᠠᠯ᠂ ᠬᠤᠯᠪᠣᠭᠳᠠᠯ ᠪᠥᠬᠦᠶ ᠬᠠᠷᠢᠭᠤᠴᠠᠯᠭᠠᠲᠤ ᠨᠢᠭᠡᠴᠢ ᠪᠠ | ᠠᠵᠢᠯᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ | | ︵ᠠᠷᠪᠠᠨ ᠳᠥᠷᠪᠡ︶ ᠵᠠᠰᠠᠭ ᠤᠨ ᠣᠷᠳᠣᠨ ᠤ ᠣᠷᠣᠭᠤᠯᠤᠯᠲᠠ ᠶᠢᠨ ᠬᠥᠲᠥᠯᠦᠨ ᠵᠢᠯᠣᠭᠤᠳᠬᠤ ᠦᠢᠯᠡᠳᠦᠯ ᠢ | ᠪᠠᠳᠠᠷᠠᠭᠤᠯᠤᠨ᠎ᠠ᠃ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠳᠤᠮᠳᠠ ᠬᠡᠯᠪᠡᠷᠢ ᠶᠢᠨ ᠴᠥᠭᠦᠷᠥᠮ ᠵᠡᠷᠭᠡ ᠤᠰᠤᠨ | ᠰᠤᠷᠪᠤᠯᠵᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠳᠤ ᠤᠳᠤ ᠪᠠᠶᠢᠭ᠎ᠠ ᠪᠡᠯᠡ ᠣᠷᠣᠭᠤᠯᠤᠯᠲᠠ ᠶᠢᠨ | ᠠᠷᠭ᠎ᠠ ᠵᠠᠮ ᠲᠠᠢ ᠤᠶᠠᠯᠳᠤᠭᠤᠯᠤᠨ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠵᠣᠬᠢᠰᠲᠠᠶ | ᠨᠥᠬᠦᠪᠥᠷᠢ ᠶᠢ ᠤᠯᠬᠤ ᠪᠠᠷ ᠴᠢᠷᠮᠠᠶᠢᠵᠤ ᠪᠣᠯᠤᠨ᠎ᠠ᠃ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠢ | ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠠ ᠵᠢᠵᠢᠭ ᠬᠡᠯᠪᠡᠷᠢ ᠶᠢᠨ ᠴᠥᠭᠦᠷᠥᠮ ᠤᠨ ᠪᠦᠳᠦᠭᠡᠨ ᠪᠠᠶᠢᠭᠤᠯᠤᠯᠲᠠ ᠳᠤ | ᠲᠥᠪ ᠤᠨ ᠡᠳ᠋ ᠤᠨ ᠵᠠᠰᠠᠭ ᠠᠴᠠ ᠤᠳᠤ ᠶᠢᠨ ᠪᠠᠶᠢᠭ᠎ᠠ ᠰᠢᠯᠵᠢᠭᠦᠯᠦᠨ ᠥᠭᠬᠦ ᠠᠷᠭ᠎ᠠ ᠵᠠᠮ ᠢᠶᠠᠷ ᠳᠠᠮᠵᠢᠭᠤᠯᠤᠨ | ᠵᠣᠬᠢᠰᠲᠠᠶ ᠨᠥᠬᠦᠪᠥᠷᠢ ᠥᠭᠭᠦᠨ᠎ᠡ᠃ ᠣᠷᠣᠨ ᠨᠤᠲᠤᠭ ᠤᠨ ᠬᠢᠨ ᠤᠯᠠᠨ ᠠᠷᠭ᠎ᠠ ᠵᠠᠮ ᠢᠶᠠᠷ ᠢᠨᠵᠧᠨᠧᠷᠢᠩ ᠤᠨ | ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠴᠤᠭᠯᠠᠭᠤᠯᠵᠤ᠂ ᠵᠠᠰᠠᠭ ᠤᠨ ᠣᠷᠳᠣᠨ ᠤ ᠣᠷᠣᠭᠤᠯᠤᠯᠲᠠ ᠶᠢ | ᠵᠦᠢ ᠵᠣᠬᠢᠰᠲᠠᠶ ᠲᠣᠬᠢᠷᠠᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠦᠳᠦᠭᠡᠨ | ᠪᠠᠶᠢᠭᠤᠯᠤᠯᠲᠠ ᠪᠠ ᠥᠭᠡᠷᠡᠴᠢᠯᠡᠯᠲᠡ ᠳᠤ ᠬᠡᠷᠡᠭᠯᠡᠬᠦ ᠬᠡᠷᠡᠭᠲᠡᠶ᠃ ᠨᠥᠬᠦᠴᠡᠯ ᠳᠤ ᠨᠡᠶᠢᠴᠡᠬᠦ ᠬᠥᠳᠡᠭᠡ ᠲᠣᠰᠬᠤᠨ ᠤ | ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠲᠦᠷᠦᠯ ᠵᠦᠢᠯᠡᠰ ᠢ | ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠬᠦᠷᠢᠶ᠎ᠡ ᠬᠡᠪᠴᠢᠶᠡᠨ ᠳᠤ | ᠤᠷᠤᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠨᠢ ᠡᠳ᠋ ᠤᠨ ᠵᠠᠰᠠᠭ ᠤᠨ ᠲᠠᠷᠢᠶᠠᠯᠠᠩ ᠳᠤ | ᠬᠤᠯᠪᠣᠭᠳᠠᠬᠤ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠬᠥᠳᠡᠭᠡ ᠲᠣᠰᠬᠤᠨ ᠤ ᠤᠰᠤ | ᠬᠠᠩᠭᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠶᠢᠨ ᠬᠠᠮᠲᠤ ᠬᠥᠳᠡᠭᠡ ᠲᠣᠰᠬᠤᠨ ᠤ ᠤᠰᠤ | ᠬᠠᠩᠭᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ | ᠵᠤᠶᠢᠯ ᠤᠨ ᠬᠥᠮᠥᠷᠭᠡ ᠳᠤ ᠣᠷᠣᠭᠤᠯᠵᠤ᠂ ᠡᠮᠬᠢ ᠵᠢᠷᠤᠮ ᠲᠠᠢ ᠪᠠᠷ ᠳᠣᠭᠢᠷᠠᠭᠤᠯᠤᠨ ᠬᠡᠷᠡᠭᠵᠢᠭᠦᠯᠬᠦ ᠬᠡᠷᠡᠭᠲᠡᠶ᠃ | ︵ᠠᠷᠪᠠᠨ ᠲᠠᠪᠤ︶ ᠵᠠᠬ᠎ᠠ ᠳᠡᠯᠭᠡᠭᠦᠷ ᠤᠨ ᠦᠢᠯᠡᠳᠦᠯ ᠢ ᠢᠳᠡᠪᠬᠢᠲᠡᠶ ᠪᠠᠳᠠᠷᠠᠭᠤᠯᠤᠨ᠎ᠠ᠃ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠶᠢᠨ ᠵᠡᠷᠭᠡᠴᠡᠭᠡᠪᠡᠷ ᠵᠠᠰᠠᠭ ᠤᠨ | ᠣᠷᠳᠣᠨ ᠤ ᠪᠡᠯᠡ ᠮᠥᠩᠭᠦ ᠶᠢᠨ ᠬᠥᠲᠥᠯᠥᠨ ᠵᠢᠯᠣᠭᠤᠳᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠠᠬ᠎ᠠ | ᠳᠡᠯᠭᠡᠭᠦᠷᠴᠢᠯᠡᠬᠦ ᠠᠷᠭ᠎ᠠ ᠮᠠᠶ᠋ᠢᠭ ᠢ ᠢᠳᠡᠪᠬᠢᠲᠡᠶ ᠪᠠᠷ ᠰᠦᠪᠡᠭᠴᠢᠯᠡᠨ ᠠᠰᠢᠭᠯᠠᠵᠤ᠂ ᠪᠠᠩᠬᠢ ᠶᠢᠨ ᠢᠲᠡᠭᠡᠮᠵᠢᠲᠦ | ᠵᠢᠭᠡᠯᠡᠯᠭᠡ ᠶᠢᠨ ᠪᠡᠯᠡ ᠮᠥᠩᠭᠦ ᠪᠠ ᠨᠡᠶᠢᠭᠡᠮ ᠤᠨ ᠪᠤᠰᠤᠳ ᠬᠦᠷᠦᠩᠭᠡ ᠶᠢ ᠲᠠᠲᠠᠵᠤ᠂ ᠬᠥᠳᠡᠭᠡ ᠲᠣᠰᠬᠤᠨ ᠤ ᠤᠰᠤ | ᠬᠠᠩᠭᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠥᠷᠨᠢᠭᠦᠯᠬᠦ ᠬᠡᠷᠡᠭᠲᠡᠶ᠃ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠥᠳᠡᠭᠡ ᠲᠣᠰᠬᠤᠨ ᠤ ᠤᠰᠤ ᠬᠠᠩᠭᠠᠬᠤ | ᠢᠨᠵᠧᠨᠧᠷᠢᠩ ᠤᠨ ᠲᠥᠷᠥᠯ ᠵᠤᠶᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠰᠠᠶᠢᠲᠤᠷ ᠬᠢᠵᠦ᠂ | ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠳ᠋ ᠤᠨ ᠵᠠᠰᠠᠭ ᠤᠨ ᠪᠠᠯᠠ | ᠮᠥᠩᠭᠦ ᠶᠢᠨ ᠬᠥᠲᠥᠯᠦᠨ ᠵᠢᠯᠣᠭᠤᠳᠬᠤ ᠦᠢᠯᠡᠳᠦᠯ ᠢᠶᠠᠨ ᠪᠠᠳᠠᠷᠠᠭᠤᠯᠬᠤ ᠶᠢ ᠳᠡᠮᠵᠢᠵᠦ᠂ ᠨᠡᠶᠢᠭᠡᠮ ᠤᠨ | ᠬᠥᠷᠥᠩᠭᠡ ᠶᠢ ᠬᠠᠤᠯᠢ ᠲᠣᠭᠲᠠᠭᠠᠯ ᠶᠣᠰᠣᠭᠠᠷ ᠲᠡᠳᠡᠨ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠳᠤ ᠣᠷᠣᠯᠴᠠᠭᠤᠯᠬᠤ ᠬᠡᠷᠡᠭᠲᠡᠶ᠃ ᠡᠯ᠎ᠡ ᠭᠠᠵᠠᠷ ᠤᠨ ᠬᠢᠨ ᠴᠠᠬᠢᠯᠭᠠᠨ | ᠬᠡᠷᠡᠭᠯᠡᠬᠦ᠂ ᠭᠠᠵᠠᠷ ᠬᠡᠷᠡᠭᠯᠡᠬᠦ᠂ ᠭᠠᠶᠢᠯᠢ ᠲᠠᠲᠠᠪᠤᠷᠢᠯᠠᠬᠤ ᠵᠡᠷᠭᠡ ᠲᠠᠯ᠎ᠠ ᠶᠢᠨ ᠬᠠᠷᠠᠭᠠᠯᠵᠠᠯᠳᠤ ᠲᠦᠷᠦ ᠶᠢᠨ | ᠪᠤᠳᠤᠯᠭ᠎ᠠ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ | ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠶ᠃ | | ︵ᠠᠷᠪᠠᠨ ᠵᠢᠷᠭᠤᠭ᠎ᠠ︶ ᠰᠠᠯᠠᠭ᠎ᠠ ᠮᠥᠴᠢᠷ ᠤᠨ ᠨᠡᠶᠢᠯᠡᠮᠡᠯ ᠬᠦᠴᠦᠨ ᠢ ᠪᠠᠳᠠᠷᠠᠭᠤᠯᠤᠨ᠎ᠠ᠃ ᠤᠰᠤᠨ ᠤ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠥᠳᠡᠭᠡ ᠲᠣᠰᠬᠤᠨ ᠤ ᠤᠰᠤ ᠬᠠᠩᠭᠠᠬᠤ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ᠂ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠪᠣᠯᠤᠨ | ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠰᠠᠶᠢᠲᠤᠷ ᠬᠢᠬᠦ ᠶᠢ ᠬᠠᠷᠢᠭᠤᠴᠠᠵᠤ᠂ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠣᠯᠤᠨ ᠲᠥᠷᠥᠯ ᠵᠦᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ | ᠴᠢᠩᠭᠠᠳᠬᠠᠬᠤ ᠬᠡᠷᠡᠭᠲᠡᠶ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠬᠥᠳᠡᠭᠡ | ᠲᠣᠰᠬᠤᠨ ᠤ ᠤᠰᠤ ᠬᠠᠩᠭᠠᠬᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠢᠭᠡᠳᠦᠯᠲᠡᠶ | ᠲᠦᠯᠦᠪᠯᠡᠨ ᠲᠤᠬᠢᠷᠠᠭᠤᠯᠤᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠳ᠋ ᠤᠨ ᠬᠦᠴᠦᠨ ᠪᠠ ᠪᠣᠳᠠᠲᠤ | ᠬᠡᠷᠡᠭᠴᠡᠭᠡ ᠲᠠᠢ ᠪᠠᠨ ᠤᠶᠠᠯᠳᠤᠭᠤᠯᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ | ᠲᠣᠬᠢᠷᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠨ᠎ᠠ᠃ ᠠᠮᠢ ᠠᠬᠤᠶ ᠤᠷᠴᠢᠨ ᠲᠤᠭᠤᠷᠢᠨ ᠤ ᠰᠠᠯᠠᠭ᠎ᠠ ᠮᠥᠴᠢᠷ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠢ ᠠᠬᠤᠶ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠠᠵᠢᠯ ᠤᠨ ᠬᠢᠨᠠᠯᠳᠠ ᠬᠠᠮᠢᠶᠠᠷᠤᠯᠳᠠ ᠬᠢᠨ᠎ᠡ᠃ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠤᠳ ᠤᠤᠭᠤᠬᠤ ᠤᠰᠤᠨ ᠤ ᠤᠰᠤᠨ ᠤ ᠴᠢᠨᠠᠷ ᠢ ᠬᠢᠨᠠᠨ ᠬᠡᠮᠵᠢᠬᠦ ᠪᠠ ᠡᠷᠡᠭᠦᠯ | ᠬᠠᠮᠠᠭᠠᠯᠠᠯ ᠳᠤ ᠬᠢᠨᠠᠯᠲᠠ ᠲᠠᠯᠪᠢᠬᠤ ᠶᠢ ᠵᠢᠯᠤᠭᠤᠳᠬᠤ ᠶᠢ ᠬᠠᠷᠢᠭᠤᠴᠠᠨ᠎ᠠ᠃ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠣᠷᠣᠨ ᠨᠤᠲᠤᠭ ᠢ ᠵᠢᠯᠤᠭᠤᠳᠤᠨ ᠤᠰᠤᠨ ᠤ | ᠬᠠᠩᠭᠠᠯᠭ᠎ᠠ ᠶᠢ ᠡᠷᠦᠬᠡ ᠳᠤ ᠤᠷᠤᠭᠤᠯᠬᠤ ᠶᠢ ᠬᠠᠷᠢᠭᠤᠴᠠᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠨᠢ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠪᠠ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠬᠥᠳᠡᠭᠡ ᠲᠣᠰᠬᠤᠨ ᠤ ᠤᠰᠤ ᠬᠠᠩᠭᠠᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠲᠤᠮᠳᠠᠬᠢ ᠬᠥᠳᠡᠭᠡ ᠲᠣᠰᠬᠤᠨ ᠤ ᠤᠰᠤ ᠬᠠᠩᠭᠠᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ | | ︵ᠠᠷᠪᠠᠨ ᠳᠣᠯᠤᠭ᠎ᠠ︶ ᠮᠡᠷᠭᠡᠵᠢᠯ ᠤᠨ ᠵᠢᠯᠣᠭᠤᠳᠣᠯᠭ᠎ᠠ ᠶᠢ ᠴᠢᠩᠭᠠᠷᠠᠭᠤᠯᠤᠨ᠎ᠠ᠃ ᠣᠷᠣᠨ ᠨᠤᠲᠤᠭ ᠤᠨ | ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠮᠢ ᠠᠬᠤᠶ ᠣᠷᠴᠢᠨ | ᠲᠣᠭᠤᠷᠢᠨ᠂ ᠡᠷᠡᠭᠦᠯ ᠬᠠᠮᠠᠭᠠᠯᠠᠯ ᠡᠷᠡᠭᠦᠯ ᠮᠡᠨᠳᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠤᠰᠤᠨ ᠤ ᠡᠬᠢ | ᠰᠤᠷᠪᠤᠯᠵᠢ ᠶᠢ ᠬᠠᠮᠠᠭᠠᠯᠠᠬᠤ᠂ ᠴᠡᠪᠡᠷᠰᠢᠭᠦᠯᠦᠨ ᠠᠷᠢᠭᠤᠳᠬᠠᠬᠤ᠂ ᠤᠰᠤᠨ ᠤ ᠴᠢᠨᠠᠷ ᠢ ᠪᠠᠶᠢᠴᠠᠭᠠᠨ ᠬᠡᠮᠵᠢᠵᠦ ᠬᠢᠨᠠᠨ | ᠬᠡᠮᠵᠢᠬᠦ ᠵᠡᠷᠭᠡ ᠮᠡᠷᠭᠡᠵᠢᠯ ᠤᠨ ᠲᠣᠭᠤᠷᠢᠨ ᠳᠤ᠂ ᠳᠥᠭᠦᠮ ᠣᠶᠢᠯᠠᠭᠠᠮᠵᠢᠲᠠᠶ᠂ ᠵᠢᠷᠤᠭ ᠪᠢᠴᠢᠭ ᠢ | ᠬᠤᠣᠰᠯᠠᠭᠤᠯᠤᠭᠰᠠᠨ ᠵᠢᠭᠠᠬᠤ ᠮᠠᠲ᠋ᠧᠷᠢᠶᠠᠯ ᠨᠠᠶᠢᠷᠠᠭᠤᠯᠤᠨ ᠪᠢᠴᠢᠵᠦ᠂ ᠠᠵᠢᠯᠯᠠᠬᠤ ᠠᠷᠭ᠎ᠠ ᠶᠢᠨ ᠰᠢᠨ᠎ᠡ ᠶᠢ | ᠡᠭᠦᠳᠴᠦ᠂ ᠲᠤᠰᠬᠠᠶ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠪᠣᠯᠪᠠᠰᠤᠷᠠᠭᠤᠯᠤᠯ | ᠬᠢᠭᠰᠡᠨ ᠤ ᠲᠠᠷᠠᠭ᠎ᠠ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠶᠢ ᠠᠯᠬᠤᠮ ᠠᠯᠬᠤᠮ ᠢᠶᠠᠷ | ᠬᠡᠷᠡᠭᠵᠢᠭᠦᠯᠵᠦ᠂ ᠪᠠᠷᠢᠯᠭ᠎ᠠ ᠶᠢᠨ ᠤᠰᠤ ᠬᠠᠮᠢᠶᠠᠷᠬᠤ ᠠᠵᠢᠯᠳᠠᠨ ᠤ ᠴᠢᠳᠠᠪᠤᠷᠢ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠬᠠᠩᠭᠠᠬᠤ ᠤᠰᠤᠨ ᠤ ᠴᠢᠨᠠᠷ ᠤᠨ ᠪᠠᠲᠤᠯᠠᠭ᠎ᠠ᠂ ᠵᠢᠵᠢᠭ | ᠬᠡᠯᠪᠡᠷᠢ ᠶᠢᠨ ᠲᠠᠷᠠᠬᠠᠶ ᠪᠤᠲᠠᠷᠬᠠᠶ ᠢᠨᠵᠧᠨᠧᠷᠢᠩ ᠤᠨ ᠬᠠᠩᠭᠠᠬᠤ ᠤᠰᠤᠨ ᠤ ᠪᠠᠲᠤᠯᠠᠭ᠎ᠠ᠂ ᠡᠪᠦᠯ ᠤᠨ ᠤᠯᠠᠷᠢᠯ ᠤᠨ | ᠬᠥᠯᠳᠡᠬᠦ ᠠᠴᠠ ᠰᠡᠷᠭᠡᠶᠢᠯᠡᠬᠦ ᠵᠡᠷᠭᠡ ᠮᠡᠷᠭᠡᠵᠢᠯ ᠢ ᠰᠤᠳᠤᠯᠤᠨ ᠳᠡᠯᠭᠡᠷᠡᠭᠦᠯᠦᠨ᠎ᠡ᠃ | | ︵ᠠᠷᠪᠠᠨ ᠨᠠᠢᠮᠠ︶ ᠵᠢᠱᠢᠶ᠎ᠡ ᠦᠵᠡᠭᠦᠯᠬᠦ ᠪᠠ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠬᠤᠯᠠᠴᠢᠯᠠᠨ᠎ᠠ᠃ | ᠣᠷᠣᠨ ᠨᠤᠲᠤᠭ ᠤᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠨᠢᠭᠡ | ᠪᠦᠯᠦᠭ ᠬᠡᠪᠴᠢᠶᠡᠵᠢᠭᠦᠯᠦᠨ ᠤᠰᠤ ᠬᠠᠩᠭᠠᠬᠤ᠂ ᠵᠢᠵᠢᠭ ᠬᠡᠯᠪᠡᠷᠢ ᠶᠢᠨ ᠪᠠᠷᠢᠯᠭ᠎ᠠ ᠶᠢ ᠪᠠᠷᠢᠮᠵᠢᠶᠠᠵᠢᠭᠤᠯᠤᠨ ᠪᠥᠳᠥᠭᠡᠨ | ᠪᠠᠶᠢᠭᠤᠯᠬᠤ ᠪᠠ ᠥᠭᠡᠷᠡᠴᠢᠯᠡᠬᠦ᠂ ᠠᠵᠤ ᠠᠬᠤᠢᠢᠯᠠᠯᠵᠢᠭᠤᠯᠤᠨ ᠡᠵᠡᠩᠨᠡᠬᠦ᠂ ᠤᠰᠤᠨ ᠤ ᠴᠢᠨᠠᠷ ᠢ ᠪᠠᠲᠤᠯᠠᠬᠤ᠂ | ᠬᠡᠮᠵᠢᠯᠲᠡ ᠪᠠᠷ ᠰᠦᠢᠳᠬᠡᠯ ᠬᠤᠷᠢᠶᠠᠬᠤ᠂ ᠮᠡᠳᠡᠭᠡ ᠵᠠᠩᠭᠢᠵᠢᠭᠤᠯᠤᠨ ᠬᠠᠮᠢᠶᠠᠷᠬᠤ ᠵᠡᠷᠭᠡ ᠲᠠᠯ᠎ᠠ ᠶᠢᠨ ᠬᠥᠳᠡᠭᠡ | ᠲᠣᠰᠬᠤᠨ ᠤ ᠤᠰᠤ ᠬᠠᠩᠭᠠᠬᠤ ᠪᠠᠷᠢᠯᠭ᠎ᠠ ᠶᠢᠨ ᠵᠢᠱᠢᠶ᠎ᠡ ᠦᠵᠡᠭᠦᠯᠬᠦ ᠦᠯᠢᠭᠡᠷ ᠳᠠᠭᠤᠷᠢᠶᠠᠯ ᠢ ᠪᠣᠢ ᠪᠣᠯᠭᠠᠵᠤ᠂ | ᠠᠪᠰᠠᠷᠬᠠᠨ ᠳ᠋ᠦᠩᠨᠡᠯᠲᠡ ᠬᠢᠬᠦ ᠶᠢ ᠴᠢᠩᠭᠠᠳᠬᠠᠨ᠂ ᠳᠠᠭᠤᠷᠢᠶᠠᠵᠤ ᠪᠣᠯᠬᠤ ᠲᠤᠷᠰᠢᠯᠭ᠎ᠠ ᠪᠠ ᠠᠷᠭ᠎ᠠ ᠬᠢᠳᠡᠯ ᠢ | ᠳᠡᠯᠭᠡᠷᠡᠭᠦᠯᠵᠦ᠂ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠂ ᠪᠠᠷᠢᠮᠵᠢᠶ᠎ᠠ ᠳᠤ ᠲᠤᠯᠭᠠᠵᠤ ᠪᠠᠷᠢᠮᠵᠢᠶ᠎ᠠ ᠳᠤ | ᠬᠦᠷᠦᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠤᠰᠤ ᠬᠠᠩᠭᠠᠬᠤ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠪᠠ ᠤᠤᠭᠤᠬᠤ ᠤᠰᠤᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ | ᠲᠣᠰᠬᠤᠨ ᠤ ᠲᠣᠭᠲᠠᠭᠠᠯ ᠠᠷᠠᠳ ᠤᠨ ᠭᠡᠷ᠎ᠡ ᠵᠢᠴᠢ ᠤᠰᠤ ᠬᠡᠷᠡᠭᠯᠡᠬᠦ ᠡᠷᠦᠬᠡ ᠶᠢᠨ ᠨᠡᠶᠢᠭᠡᠮᠯᠢᠭ ᠤᠨ ᠦᠢᠯᠡᠳᠦᠯ ᠢ | ᠢᠳᠡᠪᠬᠢᠲᠡᠶ ᠪᠠᠳᠠᠷᠠᠭᠤᠯᠤᠨ᠂ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠤᠰᠤ ᠬᠡᠷᠡᠭᠯᠡᠬᠦ ᠡᠷᠦᠬᠡ ᠶᠢᠨ ᠠᠮᠤᠷ | ᠲᠦᠪᠰᠢᠨ ᠢᠶᠠᠷ ᠤᠰᠤ ᠬᠡᠷᠡᠭᠯᠡᠬᠦ᠂ ᠤᠰᠤ ᠶᠢ ᠠᠷᠪᠢᠯᠠᠨ ᠬᠡᠷᠡᠭᠯᠡᠬᠦ ᠪᠠ ᠦᠨ᠎ᠡ ᠲᠥᠯᠥᠪᠦᠷᠢ ᠲᠠᠢ ᠪᠠᠷ ᠤᠰᠤ ᠬᠡᠷᠡᠭᠯᠡᠬᠦ | ᠦᠵᠡᠯ ᠤᠬᠠᠮᠰᠠᠷ ᠢ ᠳᠡᠭᠡᠭᠰᠢᠯᠡᠭᠦᠯᠦᠨ᠂ ᠨᠡᠶᠢᠭᠡᠮ ᠤᠨ ᠤᠷᠤᠯᠴᠠᠯᠭ᠎ᠠ ᠪᠠ ᠬᠢᠨᠠᠯᠲᠠ ᠲᠠᠯᠪᠢᠬᠤ ᠦᠢᠯᠡᠳᠦᠯ ᠢ | ᠪᠠᠳᠠᠷᠠᠭᠤᠯᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠥᠭᠵᠢᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠬᠤ ᠬᠡᠷᠡᠭᠲᠡᠶ᠃ | | | ᠤᠰᠤᠨ ᠠᠰᠢᠭᠯᠠᠯᠲᠠ ᠶᠢᠨ ᠶᠠᠮᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠡᠳ᠋ ᠤᠨ ᠵᠠᠰᠠᠭ ᠤᠨ ᠶᠠᠮᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠶᠠᠮᠤᠨ | ᠠᠮᠢ ᠠᠬᠤᠶ ᠣᠷᠴᠢᠨ ᠲᠣᠭᠤᠷᠢᠨ ᠤ ᠶᠠᠮᠤᠨ | ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠶᠠᠮᠤᠨ | ᠲᠠᠷᠢᠶᠠᠯᠠᠩ ᠬᠥᠳᠡᠭᠡ ᠲᠣᠰᠬᠤᠨ ᠤ ᠶᠠᠮᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ | | 2021 ᠣᠨ ᠤ 8 ᠰᠠᠷ᠎ᠠ ᠶᠢᠨ 10 |