| ︵2006 ᠣᠨ ᠤ 7 ᠰᠠᠷ᠎ᠠ ᠶᠢᠨ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ | ᠶᠢᠨ ᠶᠠᠪᠤᠳᠠᠯ ᠤᠨ ᠬᠤᠷᠢᠶᠠᠨ ᠤ 471 ᠳ᠋ᠦ᠋ᠭᠡᠷ ᠵᠠᠷᠯᠢᠭ ᠢᠶᠠᠷ ᠨᠡᠶᠢᠲᠡᠯᠡᠪᠡ᠃ 2013 ᠣᠨ ᠤ 7 ᠰᠠᠷ᠎ᠠ ᠶᠢᠨ 18 | ᠤ ᠡᠳᠦᠷ ᠤᠨ ︽ᠬᠡᠰᠡᠭ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠬᠦᠴᠦᠨ ᠦᠭᠡᠢ ᠪᠣᠯᠭᠠᠬᠤ ᠪᠠ ᠲᠡᠭᠦᠨ ᠳᠤ | ᠵᠠᠰᠠᠪᠤᠷᠢ ᠣᠷᠣᠭᠤᠯᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠦᠨᠳᠦᠰᠦᠯᠡᠨ ᠠᠩᠬ᠎ᠠ | ᠤᠳᠠᠭ᠎ᠠ ᠵᠠᠰᠠᠪᠠ᠃ 2013 ᠣᠨ ᠤ 12 ᠰᠠᠷ᠎ᠠ ᠶᠢᠨ 7 ᠤ ᠡᠳᠦᠷ ᠤᠨ ︽ᠬᠡᠰᠡᠭ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ | ᠦᠨᠳᠦᠰᠦᠯᠡᠨ ᠬᠤᠶᠠᠳᠠᠬᠢ ᠤᠳᠠᠭ᠎ᠠ ᠵᠠᠰᠠᠪᠠ᠃ 2017 ᠣᠨ ᠤ 4 ᠰᠠᠷ᠎ᠠ ᠶᠢᠨ 14 ᠤ ᠡᠳᠦᠷ ᠤᠨ ︽︿ᠲᠤᠮᠤ | ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ | ᠳᠤ ᠲᠠᠳᠠᠪᠤᠷᠢᠯᠠᠭᠰᠠᠨ ᠭᠠᠵᠠᠷ ᠰᠢᠷᠣᠶ ᠶᠢᠨ ᠨᠦᠬᠦᠪᠦᠷᠢ ᠪᠠ ᠨᠡᠬᠦᠳᠡᠯ ᠠᠷᠠᠳ ᠢ ᠲᠥᠪᠬᠢᠨᠡᠭᠦᠯᠬᠦ ᠲᠦᠷᠢᠮ﹀ ᠳᠤ | ᠵᠠᠰᠠᠪᠤᠷᠢ ᠣᠷᠣᠭᠤᠯᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠦᠨᠳᠦᠰᠦᠯᠡᠨ | ᠭᠤᠷᠪᠠᠳᠡᠬᠢ ᠤᠳᠠᠭ᠎ᠠ ᠵᠠᠰᠠᠪᠤᠷᠢ ᠤᠷᠤᠭᠤᠯᠪᠠ︶ | | ᠨᠢᠭᠡᠳᠦᠭᠡᠷ ᠪᠦᠯᠦᠭ ᠶᠡᠷᠦᠩᠬᠡᠢ ᠲᠦᠷᠢᠮ | | ᠨᠢᠭᠡᠳᠦᠭᠡᠷ ᠵᠦᠢᠯ ᠲᠤᠮᠤ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ | ᠤᠨ ᠪᠦᠳᠦᠭᠡᠨ ᠪᠠᠶᠢᠭᠤᠯᠤᠯᠲᠠ ᠳᠤ ᠲᠠᠳᠠᠪᠤᠷᠢᠯᠠᠭᠰᠠᠨ ᠭᠠᠵᠠᠷ ᠰᠢᠷᠣᠶ ᠶᠢᠨ ᠨᠦᠬᠦᠪᠦᠷᠢ ᠪᠠ ᠨᠡᠬᠦᠳᠡᠯ ᠠᠷᠠᠳ ᠢ | ᠲᠥᠪᠬᠢᠨᠡᠭᠦᠯᠬᠦ ᠠᠵᠢᠯ ᠢ ᠰᠠᠶᠢᠲᠤᠷ ᠬᠢᠵᠦ᠂ ᠨᠡᠬᠦᠳᠡᠯ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ | ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠪᠠ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠶᠢ ᠦᠨᠳᠦᠰᠦᠯᠡᠨ ᠲᠤᠰ ᠲᠦᠷᠢᠮ ᠢ | ᠲᠣᠭᠲᠠᠭᠠᠪᠠ᠃ | | ᠬᠤᠶᠠᠳᠤᠭᠠᠷ ᠵᠦᠢᠯ ᠲᠤᠮᠤ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠳᠤ ᠲᠠᠳᠠᠪᠤᠷᠢᠯᠠᠭᠰᠠᠨ ᠭᠠᠵᠠᠷ ᠰᠢᠷᠣᠶ ᠶᠢᠨ ᠨᠦᠬᠦᠪᠦᠷᠢ ᠪᠠ ᠠᠷᠠᠳ ᠢ ᠨᠡᠭᠦᠯᠭᠡᠨ ᠲᠥᠪᠬᠢᠨᠡᠭᠦᠯᠬᠦ ᠳᠤ | ᠲᠤᠰ ᠲᠦᠷᠢᠮ ᠢ ᠬᠡᠷᠡᠭᠯᠡᠨ᠎ᠡ᠃ | | ᠭᠤᠷᠪᠠᠳᠤᠭᠠᠷ ᠵᠦᠢᠯ ᠤᠯᠤᠰ ᠠᠴᠠ ᠨᠡᠭᠡᠭᠡᠨ ᠬᠥᠭᠵᠢᠭᠦᠯᠬᠦ ᠴᠢᠨᠠᠷᠲᠠᠶ ᠪᠠᠷ ᠠᠷᠠᠳ ᠢ ᠨᠡᠭᠦᠯᠭᠡᠬᠦ ᠴᠢᠭᠯᠡᠯᠲᠡ ᠶᠢ | ᠬᠡᠷᠡᠭᠵᠢᠭᠦᠯᠵᠦ᠂ ᠡᠮᠦᠨᠡᠬᠢ ᠬᠤᠭᠤᠴᠠᠭᠠᠨ ᠤ ᠨᠥᠬᠦᠪᠥᠷᠢ ᠥᠭᠬᠦ᠂ ᠨᠥᠬᠦᠪᠥᠷᠢ ᠥᠭᠬᠦ ᠪᠠ ᠰᠡᠭᠦᠯᠴᠢ ᠶᠢᠨ | ᠬᠤᠭᠤᠴᠠᠭᠠᠨ ᠤ ᠲᠡᠳᠬᠦᠨ ᠳᠡᠮᠵᠢᠬᠦ ᠶᠢ ᠤᠶᠠᠯᠳᠤᠭᠤᠯᠬᠤ ᠠᠷᠭ᠎ᠠ ᠶᠢ ᠠᠪᠴᠤ᠂ ᠨᠡᠭᠦᠳᠡᠯ ᠠᠷᠠᠳ ᠤᠨ ᠠᠮᠢᠳᠤᠷᠠᠯ ᠢ | ᠤᠤᠯ ᠤᠨ ᠬᠢᠷᠢ ᠬᠡᠮᠵᠢᠶᠡᠨ ᠳᠤ ᠬᠦᠷᠭᠡᠬᠦ ᠪᠤᠶᠤ ᠲᠡᠭᠦᠨ ᠠᠴᠠ ᠳᠠᠪᠠᠭᠤᠯᠤᠨ᠎ᠠ᠃ | | ᠳᠥᠷᠪᠡᠳᠦᠭᠡᠷ ᠵᠦᠢᠯ ᠲᠤᠮᠤ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠳᠤ ᠲᠠᠲᠠᠪᠤᠷᠢᠯᠠᠭᠰᠠᠨ ᠭᠠᠵᠠᠷ ᠰᠢᠷᠦᠢ ᠶᠢᠨ ᠨᠦᠬᠦᠪᠦᠷᠢ ᠪᠠ ᠠᠷᠠᠳ ᠢ | ᠨᠡᠭᠦᠯᠭᠡᠨ ᠲᠥᠪᠬᠢᠨᠡᠭᠦᠯᠬᠦ ᠳᠤ ᠳᠣᠣᠷ᠎ᠠ ᠵᠢᠭᠰᠠᠭᠠᠭᠰᠠᠨ ᠵᠠᠷᠴᠢᠮ ᠢ ᠵᠢᠷᠤᠮᠯᠠᠬᠤ ᠬᠡᠷᠡᠭᠲᠡᠶ᠄ | | ︵ᠨᠢᠭᠡ︶ ᠬᠥᠮᠦᠨ ᠢᠶᠠᠷ ᠦᠨᠳᠦᠰᠦ ᠪᠣᠯᠭᠠᠵᠤ᠂ ᠨᠡᠭᠦᠳᠡᠯ ᠠᠷᠠᠳ ᠤᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠵᠤ᠂ ᠨᠡᠭᠦᠳᠡᠯ ᠠᠷᠠᠳ ᠤᠨ ᠣᠷᠣᠰᠢᠨ ᠲᠣᠭᠲᠠᠨᠢᠬᠤ ᠪᠠ ᠬᠥᠭᠵᠢᠬᠦ ᠬᠡᠷᠡᠭᠴᠡᠭᠡ ᠶᠢ ᠬᠠᠩᠭᠠᠬᠤ ᠬᠡᠷᠡᠭᠲᠡᠢ︔ | | ︵ᠬᠤᠶᠠᠷ︶ ᠪᠦᠬᠦ ᠲᠠᠯ᠎ᠠ ᠶᠢ ᠬᠠᠷᠠᠭᠠᠯᠵᠠᠵᠤ᠂ ᠤᠯᠤᠰ ᠤᠨ ᠪᠦᠬᠦ ᠲᠠᠯ᠎ᠠ ᠶᠢᠨ ᠲᠤᠬᠢᠷᠡᠭᠤᠯᠦᠯᠳᠠ ᠶᠢ ᠲᠡᠭᠠᠵᠦ᠂ | ᠤᠯᠤᠰ ᠣᠷᠣᠨ᠂ ᠬᠠᠮᠲᠤ ᠨᠡᠶᠢᠳᠠ᠂ ᠬᠤᠪᠢ ᠬᠥᠮᠦᠨ ᠤ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠬᠤ | ᠬᠡᠷᠡᠭᠲᠡᠢ︔ | | ︵ᠭᠤᠷᠪᠠ︶ ᠭᠠᠵᠠᠷ ᠰᠢᠷᠣᠶ ᠶᠢ ᠭᠠᠮᠨᠠᠨ ᠠᠰᠢᠭᠯᠠᠵᠤ᠂ ᠪᠠᠷᠢᠯᠭ᠎ᠠ ᠶᠢᠨ ᠡᠵᠡᠯᠡᠬᠦ ᠭᠠᠵᠠᠷ ᠢ ᠵᠦᠢ ᠵᠣᠬᠢᠰᠲᠠᠶ | ᠲᠥᠯᠥᠪᠵᠢᠭᠦᠯᠦᠨ᠂ ᠠᠷᠠᠳ ᠢ ᠨᠡᠭᠦᠯᠭᠡᠬᠦ ᠬᠡᠪᠴᠢᠶ᠎ᠡ ᠶᠢ ᠬᠢᠵᠠᠭᠠᠷᠯᠠᠨ᠎ᠠ︔ | | ︵ᠲᠦᠷᠪᠡ︶ ᠦᠷᠭᠦᠯᠵᠢᠯᠡᠬᠦ ᠬᠥᠭᠵᠢᠯᠲᠡ ᠨᠢ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ᠂ ᠠᠮᠢ | ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠲᠠᠢ ᠵᠣᠬᠢᠴᠠᠯᠳᠤᠬᠤ ᠬᠡᠷᠡᠭᠲᠡᠢ︔ | | ︵ᠲᠠᠪᠤ︶ ᠲᠤᠬᠠᠶ ᠶᠢᠨ ᠭᠠᠵᠠᠷ ᠲᠤᠨᠢ ᠲᠣᠬᠢᠷᠠᠭᠤᠯᠵᠤ᠂ ᠨᠢᠭᠡᠳᠦᠯᠲᠡᠶ ᠲᠥᠯᠥᠪᠵᠢᠭᠦᠯᠬᠦ ᠬᠡᠷᠡᠭᠲᠡᠢ᠃ | | ᠲᠠᠪᠤᠳᠤᠭᠠᠷ ᠵᠦᠢᠯ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠳᠤ ᠵᠠᠰᠠᠭ ᠤᠨ ᠣᠷᠳᠣᠨ ᠤᠳᠤᠷᠢᠳᠬᠤ᠂ | ᠱᠠᠳᠤ ᠬᠤᠪᠢᠶᠠᠨ ᠬᠠᠷᠢᠭᠤᠴᠠᠬᠤ᠂ ᠰᠢᠶᠠᠨ ᠢᠶᠠᠷ ᠰᠠᠭᠤᠷᠢ ᠪᠣᠯᠭᠠᠬᠤ᠂ ᠲᠦᠷᠦᠯ ᠵᠦᠢᠯ ᠤᠨ ᠬᠠᠤᠯᠢ ᠶᠢᠨ ᠡᠷᠬᠡᠲᠡᠨ | ᠣᠷᠣᠯᠴᠠᠭᠰᠠᠨ ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠦᠨ᠎ᠡ᠃ | | ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ | ᠠᠷᠠᠳ ᠢ ᠨᠡᠭᠦᠯᠭᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ︵ᠳᠣᠷᠣᠭᠰᠢ ᠲᠦᠷᠦ ᠶᠢᠨ | ᠶᠠᠪᠤᠳᠠᠯ ᠤᠨ ᠬᠤᠷᠢᠶᠠᠨ ᠤ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠠᠴᠠ | ᠪᠦᠬᠦ ᠤᠯᠤᠰ ᠤᠨ ᠲᠤᠮᠤ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ | ᠠᠷᠠᠳ ᠢ ᠨᠡᠬᠦᠯᠭᠡᠨ ᠲᠦᠪᠬᠢᠨᠡᠬᠦᠯᠬᠦ ᠠᠵᠢᠯ ᠳᠤ ᠬᠠᠮᠢᠶᠠᠷᠤᠯᠳᠠ ᠬᠢᠬᠦ ᠪᠠ ᠬᠢᠨᠠᠯᠳᠠ ᠲᠠᠯᠪᠢᠬᠤ ᠶᠢ ᠬᠠᠷᠢᠭᠤᠴᠠᠨ᠎ᠠ᠃ | | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠤᠰ | ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠲᠤᠮᠦ ᠳᠤᠮᠳᠠ ᠬᠡᠯᠪᠡᠷᠢ ᠶᠢᠨ ᠤᠰᠦᠠ ᠠᠰᠢᠭᠯᠠᠯᠲᠠ ᠤᠰᠦᠠ | ᠴᠠᠬᠢᠯᠭᠠᠨ ᠤ ᠢᠨᠵᠧᠨᠧᠷᠢᠩ ᠤᠨ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠢ ᠵᠣᠬᠢᠶᠠᠨ ᠪᠠᠶᠢᠭᠤᠯᠬᠤ ᠪᠠ | ᠵᠢᠯᠤᠭᠤᠳᠬᠤ ᠶᠢ ᠬᠠᠷᠢᠭᠤᠴᠠᠨ᠎ᠠ︔ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠨᠡᠬᠦᠳᠡᠯ ᠠᠷᠠᠳ ᠢ ᠬᠠᠮᠢᠶᠠᠷᠬᠤ ᠪᠠᠶᠢᠭᠤᠯᠤᠮᠵᠢ ᠨᠤᠭᠤᠳ | ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠲᠤᠮᠤ ᠳᠤᠮᠳᠠ ᠬᠡᠯᠪᠡᠷᠢ ᠶᠢᠨ ᠤᠰᠤᠨ ᠠᠰᠢᠭᠯᠠᠯᠲᠠ | ᠤᠰᠤᠨ ᠴᠠᠬᠢᠯᠭᠠᠨ ᠤ ᠢᠨᠵᠧᠨᠧᠷᠢᠩ ᠤᠨ ᠨᠡᠬᠦᠳᠡᠯ ᠠᠷᠠᠳ ᠢ ᠲᠥᠪᠬᠢᠨᠡᠭᠦᠯᠬᠦ ᠠᠵᠢᠯ ᠢ ᠬᠠᠮᠢᠶᠠᠷᠬᠤ ᠪᠠ ᠲᠡᠭᠦᠨ ᠳᠤ | ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | | ᠬᠤᠶᠠᠳᠤᠭᠠᠷ ᠪᠦᠯᠦᠭ ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ | | ᠵᠢᠷᠭᠤᠳᠤᠭᠠᠷ ᠵᠦᠢᠯ ᠨᠢᠭᠡᠨᠲᠡ ᠲᠦᠷᠦᠯ ᠵᠤᠶᠢᠯ ᠤᠨ ᠬᠠᠤᠯᠢ ᠶᠢᠨ ᠡᠷᠬᠡᠳᠡᠨ ᠪᠠᠶᠢᠭᠤᠯᠤᠭᠰᠠᠨ ᠲᠤᠮᠤ ᠳᠤᠮᠳᠠ | ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠢ ᠲᠦᠷᠦᠯ ᠵᠤᠶᠢᠯ ᠤᠨ ᠬᠠᠤᠯᠢ ᠶᠢᠨ | ᠡᠷᠬᠡᠳᠡᠨ ᠠᠴᠠ ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ | ᠵᠣᠬᠢᠶᠠᠵᠤ᠂ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠶᠣᠰᠣᠭᠠᠷ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ | ᠨᠡᠬᠦᠳᠡᠯ ᠠᠷᠠᠳ ᠢ ᠬᠠᠮᠢᠶᠠᠷᠬᠤ ᠪᠠᠶᠢᠭᠤᠯᠤᠮᠵᠢ ᠳᠤ ᠮᠡᠳᠡᠭᠦᠯᠵᠦ ᠬᠢᠨᠡᠨ ᠵᠦᠪᠰᠢᠶᠡᠷᠡᠬᠦᠯᠦᠨ᠎ᠡ︔ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ | ᠲᠦᠷᠦ ᠶᠢᠨ ᠶᠠᠪᠤᠳᠠᠯ ᠤᠨ ᠬᠤᠷᠢᠶᠠᠨ ᠤ ᠨᠡᠬᠦᠳᠡᠯ ᠠᠷᠠᠳ ᠢ ᠬᠠᠮᠢᠶᠠᠷᠬᠤ ᠪᠠᠶᠢᠭᠤᠯᠤᠮᠵᠢ ᠬᠢᠨᠠᠨ | ᠵᠥᠪᠰᠢᠶᠡᠷᠡᠬᠦ ᠠᠴᠠ ᠪᠠᠨ ᠡᠮᠦᠨ᠎ᠡ ᠨᠡᠬᠦᠳᠡᠯ ᠠᠷᠠᠳ ᠤᠨ ᠲᠣᠭᠤᠷᠢᠭ ᠪᠠ ᠨᠡᠬᠦᠳᠡᠯ ᠠᠷᠠᠳ ᠢ ᠲᠥᠪᠬᠢᠨᠡᠭᠦᠯᠬᠦ | ᠲᠣᠭᠤᠷᠢᠭ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠰᠠᠨᠠᠯ ᠢ ᠬᠤᠷᠢᠶᠠᠬᠤ ᠬᠡᠷᠡᠭᠲᠡᠶ᠃ | | ᠲᠦᠷᠦᠯ ᠵᠦᠢᠯᠡᠰ ᠤᠨ ᠬᠠᠤᠯᠢ ᠶᠢᠨ ᠡᠷᠬᠡᠳᠡᠨ ᠪᠠᠶᠢᠭᠤᠯᠤᠭᠰᠠᠨ ᠦᠭᠡᠢ ᠲᠤᠮᠤ ᠳᠤᠮᠳᠠ ᠬᠡᠯᠪᠡᠷᠢ ᠶᠢᠨ ᠤᠰᠤᠨ | ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠢ ᠪᠤᠯ ᠢᠨᠵᠧᠨᠧᠷᠢᠩ ᠤᠨ ᠲᠦᠷᠦᠯ ᠵᠦᠢᠯᠡᠰ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠨᠡᠭᠦᠳᠡᠯ ᠠᠷᠠᠳ ᠤᠨ ᠲᠣᠭᠤᠷᠢᠭ ᠪᠠ ᠨᠡᠭᠦᠳᠡᠯ ᠠᠷᠠᠳ ᠢ ᠲᠥᠪᠬᠢᠨᠡᠭᠦᠯᠬᠦ | ᠣᠷᠣᠨ ᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠠᠢ | ᠬᠠᠮᠲᠤᠷᠠᠨ ᠨᠡᠭᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠵᠤ᠂ | ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠶᠣᠰᠣᠭᠠᠷ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠨᠡᠭᠦᠳᠡᠯ ᠠᠷᠠᠳ ᠢ | ᠬᠠᠮᠢᠶᠠᠷᠬᠤ ᠪᠠᠶᠢᠭᠤᠯᠤᠮᠵᠢ ᠳᠤ ᠮᠡᠳᠡᠬᠦᠯᠵᠦ ᠬᠢᠨᠠᠨ ᠵᠦᠪᠰᠢᠶᠡᠷᠡᠬᠦᠯᠦᠨ᠎ᠡ᠃ | ᠳᠣᠯᠣᠳᠤᠭᠠᠷ ᠵᠦᠢᠯ ᠨᠡᠭᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢᠨ ᠬᠥᠲᠥᠯᠪᠦᠷᠢ ᠶᠢ ᠢᠨᠵᠧᠨᠧᠷᠢᠩ | ᠤᠨ ᠡᠵᠡᠯᠡᠭᠰᠡᠨ ᠭᠠᠵᠠᠷ ᠪᠠ ᠤᠰᠤ ᠪᠦᠷᠬᠦᠭᠰᠡᠨ ᠣᠷᠣᠨ ᠤ ᠪᠣᠳᠠᠲᠤ ᠪᠤᠳᠠᠰ ᠤᠨ ᠪᠠᠶᠢᠴᠠᠭᠠᠯᠲᠠ ᠶᠢᠨ ᠦᠷ᠎ᠡ | ᠳ᠋ᠦᠩ ᠵᠢᠴᠢ ᠨᠡᠭᠦᠳᠡᠯ ᠠᠷᠠᠳ ᠤᠨ ᠲᠣᠭᠤᠷᠢᠭ᠂ ᠨᠡᠭᠦᠳᠡᠯ ᠠᠷᠠᠳ ᠢ ᠲᠥᠪᠬᠢᠨᠡᠭᠦᠯᠬᠦ ᠣᠷᠣᠨ ᠤ ᠠᠵᠤ ᠠᠬᠤᠶ | ᠨᠡᠶᠢᠭᠡᠮ ᠤᠨ ᠪᠠᠶᠢᠳᠠᠯ ᠪᠣᠯᠤᠨ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠶᠢ | ᠦᠨᠳᠦᠰᠦᠯᠡᠨ ᠨᠠᠶᠢᠷᠠᠭᠤᠯᠤᠨ ᠵᠣᠬᠢᠶᠠᠬᠤ ᠬᠡᠷᠡᠭᠲᠡᠶ᠃ | | ᠢᠨᠵᠧᠨᠧᠷᠢᠩ ᠤᠨ ᠡᠵᠡᠯᠡᠭᠰᠡᠨ ᠭᠠᠵᠠᠷ ᠪᠠ ᠤᠰᠤ ᠪᠦᠷᠬᠦᠭᠰᠡᠨ ᠣᠷᠣᠨ ᠤ ᠪᠣᠳᠠᠲᠤ ᠪᠤᠳᠠᠰ ᠤᠨ | ᠪᠠᠶᠢᠴᠠᠭᠠᠯᠲᠠ ᠶᠢ ᠲᠦᠷᠦᠯ ᠵᠦᠢᠯᠡᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠦᠷᠦᠯ ᠵᠦᠢᠯᠡᠰ ᠤᠨ | ᠬᠠᠤᠯᠢ ᠶᠢᠨ ᠡᠷᠬᠡᠳᠡᠨ ᠠᠴᠠ ᠢᠨᠵᠧᠨᠧᠷᠢᠩ ᠤᠨ ᠡᠵᠡᠯᠡᠭᠰᠡᠨ ᠭᠠᠵᠠᠷ ᠪᠠ ᠤᠰᠤ ᠪᠦᠷᠬᠦᠭᠰᠡᠨ ᠣᠷᠣᠨ ᠤ ᠪᠠᠶᠢᠭ᠎ᠠ | ᠭᠠᠵᠠᠷ ᠤᠨ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠬᠡᠷᠡᠭᠵᠢᠭᠦᠯᠦᠨ᠎ᠡ︔ ᠪᠣᠳᠠᠲᠤ | ᠪᠤᠳᠠᠰ ᠤᠨ ᠪᠠᠶᠢᠴᠠᠭᠠᠯᠲᠠ ᠬᠢᠬᠦ ᠳᠤ ᠪᠦᠬᠦ ᠲᠠᠯ᠎ᠠ ᠪᠠᠷ ᠵᠥᠪ ᠣᠨᠣᠪᠴᠢᠲᠠᠶ ᠪᠠᠶᠢᠬᠤ ᠬᠡᠷᠡᠭᠲᠡᠶ᠂ ᠪᠠᠶᠢᠴᠠᠭᠠᠯᠲᠠ ᠶᠢᠨ | ᠦᠷ᠎ᠡ ᠳ᠋ᠦᠩ ᠳᠤ ᠪᠠᠶᠢᠴᠠᠭᠠᠭᠴᠢ ᠪᠠ ᠪᠠᠶᠢᠴᠠᠭᠠᠭᠳᠠᠭᠴᠢ ᠭᠠᠷ ᠤᠨ ᠦᠰᠦᠭ ᠵᠢᠷᠤᠵᠤ ᠮᠡᠳᠡᠷᠡᠨ ᠵᠥᠪᠰᠢᠶᠡᠷᠡᠬᠦ ᠶᠢᠨ | ᠬᠠᠮᠲᠤ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠠᠴᠠ ᠰᠠᠨᠠᠯ ᠢᠶᠠᠨ ᠪᠢᠴᠢᠬᠦ ᠬᠡᠷᠡᠭᠲᠡᠶ᠃ ᠪᠣᠳᠠᠲᠤ ᠪᠤᠳᠠᠰ ᠢ ᠪᠠᠶᠢᠴᠠᠭᠠᠬᠤ ᠠᠵᠢᠯ ᠡᠬᠢᠯᠡᠬᠦ ᠠᠴᠠ ᠡᠮᠦᠨ᠎ᠡ᠂ | ᠢᠨᠵᠧᠨᠧᠷᠢᠩ ᠤᠨ ᠡᠵᠡᠯᠡᠭᠰᠡᠨ ᠭᠠᠵᠠᠷ ᠪᠠ ᠤᠰᠤ ᠪᠦᠷᠬᠦᠭᠰᠡᠨ ᠣᠷᠣᠨ ᠤ ᠪᠠᠶᠢᠭ᠎ᠠ ᠭᠠᠵᠠᠷ ᠤᠨ ᠮᠤᠵᠢ ᠶᠢᠨ | ᠱᠠᠲᠤᠨ ᠤ ᠠᠷᠠᠳ ᠤᠨ ᠵᠠᠰᠠᠭ ᠤᠨ ᠣᠷᠳᠣᠨ ᠮᠡᠳᠡᠭᠳᠡᠯ ᠨᠡᠶᠢᠲᠡᠯᠡᠵᠦ᠂ ᠢᠨᠵᠧᠨᠧᠷᠢᠩ ᠤᠨ ᠡᠵᠡᠯᠡᠭᠰᠡᠨ ᠭᠠᠵᠠᠷ ᠪᠠ | ᠤᠰᠤ ᠪᠦᠷᠬᠦᠭᠰᠡᠨ ᠣᠷᠣᠨ ᠳᠤ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯᠡᠰ ᠪᠠ ᠨᠡᠭᠦᠵᠦ ᠣᠷᠣᠬᠤ ᠬᠥᠮᠦᠨ | ᠠᠮᠠ ᠶᠢ ᠰᠢᠨ᠎ᠡ ᠪᠠᠷ ᠨᠡᠮᠡᠭᠳᠡᠭᠦᠯᠬᠦ ᠶᠢ ᠴᠠᠭᠠᠵᠠᠯᠠᠬᠤ ᠶᠢᠨ ᠬᠠᠮᠲᠤ ᠪᠣᠳᠠᠲᠤ ᠪᠤᠳᠠᠰ ᠢ ᠪᠠᠶᠢᠴᠠᠭᠠᠬᠤ ᠠᠵᠢᠯ ᠢ | ᠲᠣᠬᠢᠷᠠᠭᠤᠯᠬᠤ ᠬᠡᠷᠡᠭᠲᠡᠶ᠃ | | ᠨᠠᠢᠮᠠᠳᠤᠭᠠᠷ ᠵᠦᠢᠯ ᠨᠡᠭᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢᠨ ᠬᠥᠲᠥᠯᠪᠦᠷᠢ ᠳᠤ ᠭᠤᠣᠯᠳᠠᠭᠤ | ᠨᠡᠭᠦᠳᠡᠯ ᠠᠷᠠᠳ ᠢ ᠲᠥᠪᠬᠢᠨᠡᠭᠦᠯᠬᠦ ᠡᠭᠦᠷᠭᠡ ᠶᠢ ᠪᠠᠭᠲᠠᠭᠠᠵᠤ᠂ ᠣᠴᠢᠬᠤ ᠴᠢᠭᠯᠡᠯ᠂ ᠪᠠᠷᠢᠮᠵᠢᠶ᠎ᠠ ᠪᠣᠯᠤᠨ ᠬᠥᠳᠡᠭᠡ | ᠲᠣᠰᠬᠤᠨ ᠤ ᠨᠡᠭᠦᠳᠡᠯ ᠠᠷᠠᠳ ᠤᠨ ᠦᠢᠯᠡᠳᠪᠦᠷᠢᠯᠡᠯ ᠢ ᠲᠥᠪᠬᠢᠨᠡᠭᠦᠯᠬᠦ ᠠᠷᠭ᠎ᠠ ᠮᠠᠶ᠋ᠢᠭ ᠵᠢᠴᠢ ᠨᠡᠭᠦᠳᠡᠯ ᠠᠷᠠᠳ ᠤᠨ | ᠠᠮᠢᠳᠤᠷᠠᠯ ᠤᠨ ᠬᠢᠷᠢ ᠬᠡᠮᠵᠢᠶ᠎ᠡ ᠶᠢ ᠦᠨᠡᠯᠡᠬᠦ ᠪᠠ ᠨᠡᠭᠦᠯᠭᠡᠭᠰᠡᠨ ᠤ ᠳᠠᠷᠠᠭᠠᠬᠢ ᠠᠮᠢᠳᠤᠷᠠᠯ ᠤᠨ ᠬᠢᠷᠢ ᠬᠡᠮᠵᠢᠶ᠎ᠡ ᠶᠢ | ᠲᠥᠰᠦᠭᠡᠯᠡᠬᠦ᠂ ᠤᠰᠤᠨ ᠴᠥᠭᠦᠷᠥᠮ ᠤᠨ ᠨᠡᠭᠦᠳᠡᠯ ᠠᠷᠠᠳ ᠤᠨ ᠰᠡᠭᠦᠯᠴᠢ ᠶᠢᠨ ᠬᠤᠭᠤᠴᠠᠭᠠᠨ ᠤ ᠲᠡᠳᠬᠦᠬᠦ | ᠲᠥᠷᠥ ᠶᠢᠨ ᠪᠤᠳᠤᠯᠭ᠎ᠠ᠂ ᠤᠰᠤ ᠪᠦᠷᠬᠦᠭᠰᠡᠨ ᠱᠤᠭᠤᠮ ᠠᠴᠠ ᠳᠡᠭᠡᠭᠰᠢᠬᠢ ᠨᠥᠯᠥᠭᠡᠯᠡᠭᠳᠡᠬᠦ ᠬᠡᠪᠴᠢᠶ᠎ᠡ ᠶᠢ | ᠬᠤᠪᠢᠶᠠᠷᠢᠯᠠᠨ ᠲᠣᠭᠲᠠᠭᠠᠬᠤ ᠵᠠᠷᠴᠢᠮ᠂ ᠨᠡᠭᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠵᠠᠷᠴᠢᠮ ᠵᠡᠷᠭᠡ ᠠᠭᠤᠯᠭ᠎ᠠ ᠶᠢ ᠪᠠᠭᠲᠠᠭᠠᠨ᠎ᠠ᠃ | | ᠶᠢᠰᠦᠳᠦᠭᠡᠷ ᠵᠦᠢᠯ ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢᠨ ᠬᠥᠲᠥᠯᠪᠦᠷᠢ ᠶᠢ | ᠨᠠᠶᠢᠷᠠᠭᠤᠯᠤᠨ ᠵᠣᠬᠢᠶᠠᠬᠤ ᠳᠤ ᠨᠡᠬᠦᠳᠡᠯ ᠠᠷᠠᠳ ᠪᠠ ᠨᠡᠬᠦᠳᠡᠯ ᠠᠷᠠᠳ ᠢ ᠲᠥᠪᠬᠢᠨᠡᠭᠦᠯᠬᠦ ᠣᠷᠣᠨ ᠤ ᠰᠠᠭᠤᠭᠠᠯᠢ | ᠠᠷᠠᠳ ᠤᠨ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠶ︔ ᠴᠢᠬᠤᠯᠠᠲᠠᠶ ᠦᠶ᠎ᠡ ᠳᠤ ᠭᠡᠷᠡᠴᠢᠯᠡᠭᠡ ᠰᠣᠨᠣᠰᠬᠤ ᠠᠷᠭ᠎ᠠ | ᠮᠠᠶ᠋ᠢᠭ ᠢ ᠠᠪᠬᠤ ᠬᠡᠷᠡᠭᠲᠡᠶ᠃ | | ᠵᠥᠪᠰᠢᠶᠡᠷᠡᠭᠦᠯᠦᠭᠰᠡᠨ ᠨᠡᠭᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢᠨ ᠬᠥᠲᠥᠯᠪᠦᠷᠢ ᠪᠣᠯ ᠨᠡᠭᠦᠳᠡᠯ | ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠦᠨᠳᠦᠰᠦᠨ ᠦᠨᠳᠦᠰᠦᠯᠡᠯ ᠪᠣᠯᠬᠤ | ᠲᠤᠯᠠ᠂ ᠴᠢᠩᠭ᠎ᠠ ᠬᠡᠷᠡᠭᠵᠢᠭᠦᠯᠬᠦ ᠬᠡᠷᠡᠭᠲᠡᠶ᠂ ᠳᠤᠷ᠎ᠠ ᠪᠠᠷ ᠢᠶᠠᠨ ᠲᠤᠬᠢᠷᠠᠭᠤᠯᠤᠯᠳᠠ ᠬᠢᠬᠦ ᠪᠤᠶᠤ ᠵᠠᠰᠠᠪᠤᠷᠢ | ᠣᠷᠣᠭᠤᠯᠵᠤ ᠪᠣᠯᠬᠤ ᠥᠭᠡᠢ︔ ᠦᠨᠡᠨ ᠬᠦ ᠲᠣᠬᠢᠷᠠᠭᠤᠯᠬᠤ ᠪᠤᠶᠤ ᠵᠠᠰᠠᠪᠤᠷᠢ ᠣᠷᠣᠭᠤᠯᠬᠤ ᠴᠢᠬᠤᠯᠠᠲᠠᠶ ᠪᠠᠶᠢᠪᠠᠯ᠂ | ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ | | ᠠᠷᠪᠠᠳᠤᠭᠠᠷ ᠵᠦᠢᠯ ᠲᠦᠷᠦᠯ ᠵᠦᠢᠯᠡᠰ ᠲᠤ ᠨᠢᠭᠡᠨᠳᠡ ᠬᠠᠤᠯᠢ ᠶᠢᠨ ᠡᠷᠬᠡᠳᠡᠨ ᠲᠠᠢ ᠪᠠᠶᠢᠪᠠᠯ᠂ ᠲᠦᠷᠦᠯ | ᠵᠦᠢᠯᠡᠰ ᠤᠨ ᠬᠠᠤᠯᠢ ᠶᠢᠨ ᠡᠷᠬᠡᠳᠡᠨ ᠠᠴᠠ ᠵᠥᠪᠰᠢᠶᠡᠷᠡᠭᠦᠯᠦᠭᠰᠡᠨ ᠨᠡᠬᠦᠳᠡᠯ ᠠᠷᠠᠳ ᠢ ᠲᠥᠪᠬᠢᠨᠡᠭᠦᠯᠬᠦ | ᠲᠥᠯᠥᠪᠵᠢᠭᠦᠯᠭᠡ ᠶᠢᠨ ᠬᠥᠲᠥᠯᠪᠦᠷᠢ ᠶᠢ ᠦᠨᠳᠦᠰᠦᠯᠡᠨ ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠨ᠎ᠠ︔ ᠲᠦᠷᠦᠯ ᠵᠦᠢᠯᠡᠰ ᠲᠤ ᠬᠠᠤᠯᠢ ᠶᠢᠨ ᠡᠷᠬᠡᠳᠡᠨ ᠪᠠᠶᠢᠬᠤ ᠦᠭᠡᠢ ᠪᠠᠶᠢᠪᠠᠯ᠂ ᠲᠦᠷᠦᠯ | ᠵᠦᠢᠯᠡᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠡᠭᠦᠳᠡᠯ ᠠᠷᠠᠳ ᠤᠨ ᠲᠣᠭᠤᠷᠢᠭ ᠪᠠ ᠨᠡᠭᠦᠳᠡᠯ | ᠠᠷᠠᠳ ᠢ ᠲᠥᠪᠬᠢᠨᠡᠭᠦᠯᠬᠦ ᠲᠣᠭᠤᠷᠢᠭ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠲᠠᠢ ᠬᠠᠮᠲᠤᠷᠠᠵᠤ᠂ ᠵᠥᠪᠰᠢᠶᠡᠷᠡᠭᠦᠯᠦᠭᠰᠡᠨ ᠨᠡᠭᠦᠳᠡᠯ ᠠᠷᠠᠳ ᠢ ᠲᠥᠪᠬᠢᠨᠡᠭᠦᠯᠬᠦ | ᠲᠥᠯᠥᠪᠵᠢᠭᠦᠯᠭᠡ ᠶᠢᠨ ᠬᠥᠲᠥᠯᠪᠦᠷᠢ ᠶᠢ ᠦᠨᠳᠦᠰᠦᠯᠡᠨ ᠨᠡᠭᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠬᠡᠷᠡᠭᠲᠡᠶ᠃ | | ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠠᠷᠠᠳ ᠢ | ᠨᠡᠭᠦᠯᠭᠡᠨ ᠲᠥᠪᠬᠢᠨᠡᠭᠦᠯᠬᠦ ᠲᠥᠯᠥᠪᠵᠢᠭᠦᠯᠭᠡ᠂ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠶᠣᠰᠣᠭᠠᠷ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠷᠠᠳ ᠢ | ᠨᠡᠭᠦᠯᠭᠡᠬᠦ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠠᠷᠠᠳ ᠢ ᠨᠡᠭᠦᠯᠭᠡᠬᠦ | ᠬᠠᠮᠢᠶᠠᠷᠤᠯᠲᠠ ᠶᠢᠨ ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠲᠦᠷᠦᠯ ᠵᠦᠢᠯᠡᠰ ᠤᠨ ᠬᠠᠤᠯᠢ ᠶᠢᠨ | ᠡᠷᠬᠡᠳᠡᠨ ᠪᠤᠶᠤ ᠲᠦᠷᠦᠯ ᠵᠦᠢᠯᠡᠰ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦᠯ ᠵᠦᠢᠯᠡᠰ ᠢ | ᠬᠢᠨᠠᠨ ᠵᠥᠪᠰᠢᠶᠡᠷᠡᠭᠦᠯᠬᠦ ᠪᠤᠶᠤ ᠬᠢᠨᠠᠨ ᠵᠥᠪᠰᠢᠶᠡᠷᠡᠭᠦᠯᠬᠦ ᠰᠠᠯᠠᠭ᠎ᠠ ᠮᠥᠴᠢᠷ ᠲᠤ ᠮᠡᠳᠡᠭᠦᠯᠵᠦ᠂ ᠪᠣᠯᠤᠮᠵᠢ ᠶᠢᠨ ᠲᠤᠬᠠᠶ | ᠰᠤᠳᠤᠯᠭᠠᠨ ᠤ ᠮᠡᠳᠡᠭᠦᠯᠦᠯᠲᠡ ᠪᠤᠶᠤ ᠲᠦᠷᠦᠯ ᠵᠦᠢᠯᠡᠰ ᠤᠨ ᠭᠤᠶᠤᠴᠢᠯᠠᠯ ᠤᠨ ᠮᠡᠳᠡᠭᠦᠯᠦᠯᠲᠡ ᠲᠠᠢ ᠬᠠᠮᠲᠤ ᠳᠤᠨᠢ | ᠬᠢᠨᠠᠨ ᠵᠥᠪᠰᠢᠶᠡᠷᠡᠭᠦᠯᠬᠦ ᠪᠤᠶᠤ ᠬᠠᠷᠭᠤᠭᠤᠯᠤᠨ ᠵᠥᠪᠰᠢᠶᠡᠷᠡᠭᠦᠯᠦᠨ᠎ᠡ᠃ | | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠨᠡᠬᠦᠳᠡᠯ ᠠᠷᠠᠳ ᠢ ᠬᠠᠮᠢᠶᠠᠷᠬᠤ ᠪᠠᠶᠢᠭᠤᠯᠤᠮᠵᠢ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠨᠡᠬᠦᠳᠡᠯ ᠠᠷᠠᠳ ᠢ | ᠬᠠᠮᠢᠶᠠᠷᠬᠤ ᠪᠠᠶᠢᠭᠤᠯᠤᠮᠵᠢ ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ ᠬᠢᠨᠠᠨ ᠬᠠᠷᠭᠤᠭᠤᠯᠬᠤ ᠳᠠᠭᠠᠨ | ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠨᠡᠬᠦᠳᠡᠯ | ᠠᠷᠠᠳ ᠤᠨ ᠲᠣᠭᠤᠷᠢᠭ ᠪᠠ ᠨᠡᠬᠦᠳᠡᠯ ᠠᠷᠠᠳ ᠢ ᠲᠥᠪᠬᠢᠨᠡᠭᠦᠯᠬᠦ ᠲᠣᠭᠤᠷᠢᠭ ᠤᠨ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠰᠠᠨᠠᠯ ᠢ ᠬᠤᠷᠢᠶᠠᠬᠤ ᠬᠡᠷᠡᠭᠲᠡᠢ᠃ | | ᠠᠷᠪᠠᠨ ᠨᠢᠭᠡᠳᠦᠭᠡᠷ ᠵᠦᠢᠯ ᠠᠷᠠᠳ ᠢ ᠨᠡᠭᠦᠯᠭᠡᠨ ᠲᠥᠪᠬᠢᠨᠡᠭᠦᠯᠬᠦ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠳᠤ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠪᠠᠷ ᠰᠠᠭᠤᠷᠢ ᠪᠣᠯᠭᠠᠨ᠂ ᠲᠤᠰ | ᠭᠠᠵᠠᠷ ᠣᠷᠣᠨ ᠳᠤ ᠨᠢ ᠲᠥᠪᠬᠢᠨᠡᠭᠦᠯᠬᠦ ᠪᠠ ᠣᠨᠳᠣᠣ ᠭᠠᠵᠠᠷ ᠲᠥᠪᠬᠢᠨᠡᠭᠦᠯᠬᠦ᠂ ᠲᠥᠪᠯᠡᠷᠡᠭᠦᠯᠦᠨ ᠲᠥᠪᠬᠢᠨᠡᠭᠦᠯᠬᠦ ᠪᠠ | ᠲᠠᠷᠠᠬᠠᠶ ᠪᠠᠷ ᠲᠥᠪᠬᠢᠨᠡᠭᠦᠯᠬᠦ᠂ ᠵᠠᠰᠠᠭ ᠤᠨ ᠣᠷᠳᠣᠨ ᠠᠴᠠ ᠲᠥᠪᠬᠢᠨᠡᠭᠦᠯᠬᠦ ᠪᠠ ᠨᠡᠭᠦᠳᠡᠯ ᠠᠷᠠᠳ ᠤᠨ ᠥᠪᠡᠷ ᠲᠡᠭᠡᠨ | ᠠᠷᠭ᠎ᠠ ᠵᠠᠮ ᠡᠷᠢᠵᠦ ᠲᠥᠪᠬᠢᠨᠡᠭᠦᠯᠬᠦ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠵᠢᠷᠤᠮᠯᠠᠬᠤ ᠬᠡᠷᠡᠭᠲᠡᠶ᠃ | | ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠴᠥᠭᠡᠨ ᠲᠣᠭᠠᠲᠤ | ᠦᠨᠳᠦᠰᠦᠲᠡᠨ ᠤ ᠦᠢᠯᠡᠳᠪᠦᠷᠢᠯᠡᠯ᠂ ᠠᠮᠢᠳᠤᠷᠠᠯ ᠤᠨ ᠠᠷᠭ᠎ᠠ ᠮᠠᠶ᠋ᠢᠭ ᠪᠠ ᠵᠠᠩ ᠳᠠᠳᠬᠠᠯ ᠢ ᠬᠦᠨᠳᠦᠳᠬᠡᠬᠦ ᠬᠡᠷᠡᠭᠲᠡᠶ᠃ | | | ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ ᠵᠢᠴᠢ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ᠂ | ᠬᠤᠳᠠ ᠶᠢᠨ ᠶᠡᠷᠦᠩᠬᠡᠶ ᠲᠥᠯᠥᠪᠵᠢᠭᠦᠯᠭᠡ᠂ ᠠᠶᠢᠯ ᠲᠣᠰᠬᠤᠨ ᠪᠠ ᠪᠠᠯᠭᠠᠰᠤᠨ ᠤ ᠲᠥᠯᠥᠪᠵᠢᠭᠦᠯᠭᠡ ᠲᠠᠢ | ᠠᠪᠴᠠᠯᠳᠤᠭᠤᠯᠬᠤ ᠬᠡᠷᠡᠭᠲᠡᠶ᠃ | | ᠠᠷᠪᠠᠨ ᠬᠤᠶᠠᠳᠤᠭᠠᠷ ᠵᠦᠢᠯ ᠨᠡᠭᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠳᠤ ᠬᠥᠳᠡᠭᠡ ᠲᠣᠰᠬᠤᠨ | ᠤ ᠨᠡᠭᠦᠳᠡᠯ ᠠᠷᠠᠳ ᠢ ᠲᠥᠪᠬᠢᠨᠡᠭᠦᠯᠬᠦ᠂ ᠬᠤᠳᠠ ︵ᠴᠤᠭᠯᠠᠷᠠᠯ︶ ᠪᠠᠯᠭᠠᠰᠤ ᠢ ᠨᠡᠭᠦᠯᠭᠡᠨ ᠪᠠᠶᠢᠭᠤᠯᠬᠤ᠂ | ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠨᠡᠭᠦᠯᠭᠡᠨ ᠪᠠᠶᠢᠭᠤᠯᠬᠤ᠂ ᠲᠤᠰᠬᠠᠶ ᠵᠦᠢᠯ ᠤᠨ ᠪᠡᠯᠡᠳᠬᠡᠮᠵᠢ ᠢ | ᠨᠡᠭᠦᠯᠭᠡᠨ ᠪᠠᠶᠢᠭᠤᠯᠬᠤ ᠪᠤᠶᠤ ᠳᠠᠬᠢᠨ ᠪᠠᠶᠢᠭᠤᠯᠬᠤ᠂ ᠰᠡᠷᠭᠡᠶᠢᠯᠡᠨ ᠬᠠᠮᠠᠭᠠᠯᠠᠬᠤ ᠪᠠᠷᠢᠯᠭ᠎ᠠ ᠶᠢᠨ ᠪᠦᠳᠦᠬᠡᠨ | ᠪᠠᠶᠢᠭᠤᠯᠤᠯᠲᠠ᠂ ᠤᠰᠤᠨ ᠴᠥᠭᠦᠷᠥᠮ ᠤᠨ ᠤᠰᠤᠨ ᠣᠷᠣᠨ ᠢ ᠨᠡᠭᠡᠭᠡᠨ ᠠᠰᠢᠭᠯᠠᠬᠤ᠂ ᠤᠰᠤᠨ ᠴᠥᠭᠦᠷᠥᠮ ᠤᠨ | ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠬᠦ ᠠᠷᠭ᠎ᠠ ᠬᠡᠮᠵᠢᠶ᠎ᠡ᠂ ᠭᠠᠵᠠᠷ ᠲᠠᠲᠠᠪᠤᠷᠢᠯᠠᠭᠰᠠᠨ | ᠨᠦᠬᠦᠪᠦᠷᠢ ᠪᠣᠯᠤᠨ ᠨᠡᠭᠦᠳᠡᠯ ᠠᠷᠠᠳ ᠢ ᠲᠥᠪᠬᠢᠨᠡᠭᠦᠯᠬᠦ ᠪᠡᠯᠡ ᠮᠥᠩᠭᠦ ᠶᠢᠨ ᠲᠦᠢᠮᠣ ︵ᠵᠢᠱᠢᠨ ᠪᠤᠳᠤᠬᠤ︶ ᠵᠡᠷᠭᠡ | ᠳᠤ ᠲᠤᠬᠢᠷᠠᠭᠤᠯᠤᠯᠳᠠ ᠬᠢᠬᠦ ᠬᠡᠷᠡᠭᠲᠡᠶ᠃ | | ᠤᠰᠤ ᠪᠦᠷᠬᠦᠭᠰᠡᠨ ᠱᠤᠭᠤᠮ ᠠᠴᠠ ᠳᠡᠭᠡᠭᠰᠢᠬᠢ ᠨᠥᠯᠥᠭᠡᠯᠡᠭᠳᠡᠭᠰᠡᠨ ᠬᠡᠪᠴᠢᠶᠡᠨ ᠳᠣᠲᠣᠷᠠᠬᠢ ᠤᠰᠤᠨ | ᠴᠥᠭᠦᠷᠥᠮ ᠳᠤ ᠤᠰᠤ ᠬᠠᠳᠠᠭᠠᠯᠠᠭᠰᠠᠨ ᠠᠴᠠ ᠪᠣᠯᠤᠭᠰᠠᠨ ᠰᠠᠭᠤᠭᠠᠯᠢ ᠠᠷᠠᠳ ᠤᠨ ᠦᠢᠯᠡᠳᠪᠦᠷᠢᠯᠡᠯ᠂ | ᠠᠮᠢᠳᠤᠷᠠᠯ ᠤᠨ ᠬᠦᠴᠢᠷᠳᠡᠯ ᠤᠨ ᠠᠰᠠᠭᠤᠳᠠᠯ ᠢ ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠳᠤ | ᠣᠷᠣᠭᠤᠯᠵᠤ᠂ ᠠᠷᠪᠢᠲᠠᠶ ᠪᠥᠭᠡᠳ ᠵᠦᠢ ᠵᠣᠬᠢᠰᠲᠠᠶ ᠪᠠᠶᠢᠬᠤ ᠵᠠᠷᠴᠢᠮ ᠶᠣᠰᠣᠭᠠᠷ ᠲᠣᠬᠢᠲᠠᠶ ᠰᠢᠢᠳᠪᠦᠷᠢᠯᠡᠬᠦ ᠬᠡᠷᠡᠭᠲᠡᠶ | ᠃ | | ᠠᠷᠪᠠᠨ ᠭᠤᠷᠪᠠᠳᠤᠭᠠᠷ ᠵᠦᠢᠯ ᠬᠦᠳᠡᠭᠡ ᠲᠣᠰᠬᠤᠨ ᠤ ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ | ᠬᠢᠬᠦ ᠳᠡᠭᠡᠨ ᠲᠠᠷᠢᠶᠠᠯᠠᠩ ᠤᠨ ᠦᠢᠯᠡᠳᠪᠦᠷᠢᠯᠡᠯ ᠢ ᠲᠥᠪᠬᠢᠨᠡᠭᠦᠯᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠭᠠᠵᠠᠷ | ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠦᠢᠯᠡᠳᠪᠦᠷᠢᠯᠡᠯ ᠳᠤ ᠠᠰᠢᠭᠲᠠᠶ᠂ ᠠᠮᠢᠳᠤᠷᠠᠯ ᠳᠤ ᠲᠦᠭᠦᠮ ᠪᠠᠶᠢᠬᠤ᠂ | ᠠᠮᠢ ᠠᠬᠤᠶ ᠶᠢ ᠬᠠᠮᠠᠭᠠᠯᠠᠬᠤ ᠵᠠᠷᠴᠢᠮ ᠢ ᠵᠢᠷᠤᠮᠯᠠᠵᠤ᠂ ᠬᠥᠳᠡᠭᠡ ᠲᠣᠰᠬᠤᠨ ᠤ ᠨᠡᠬᠦᠳᠡᠯ ᠠᠷᠠᠳ ᠢ ᠲᠥᠪᠬᠢᠨᠡᠭᠦᠯᠬᠦ | ᠴᠢᠭ ᠢ ᠵᠦᠢ ᠵᠣᠬᠢᠰᠲᠠᠶ ᠲᠥᠯᠥᠪᠵᠢᠭᠦᠯᠬᠦ ᠬᠡᠷᠡᠭᠲᠡᠶ︔ ᠨᠥᠬᠦᠴᠡᠯ ᠲᠠᠢ ᠭᠠᠵᠠᠷ ᠣᠷᠣᠨ ᠳᠤ ᠵᠢᠵᠢᠭ ᠬᠤᠳᠠ | ᠪᠠᠯᠭᠠᠰᠤᠨ ᠤ ᠪᠦᠳᠦᠭᠡᠨ ᠪᠠᠶᠢᠭᠤᠯᠤᠯᠲᠠ ᠲᠠᠢ ᠤᠶᠠᠯᠳᠤᠭᠤᠯᠤᠨ ᠬᠢᠵᠦ ᠪᠣᠯᠤᠨ᠎ᠠ᠃ | | ᠬᠥᠳᠡᠭᠡ ᠲᠣᠰᠬᠤᠨ ᠤ ᠨᠡᠬᠦᠳᠡᠯ ᠠᠷᠠᠳ ᠢ ᠲᠥᠪᠬᠢᠨᠡᠭᠦᠯᠦᠭᠰᠡᠨ ᠤ ᠲᠠᠷᠠᠭ᠎ᠠ᠂ ᠨᠡᠬᠦᠳᠡᠯ ᠠᠷᠠᠳ ᠲᠤ | ᠲᠦᠪᠬᠢᠨᠡᠬᠦᠯᠦᠭᠰᠡᠨ ᠣᠷᠣᠨ ᠤ ᠰᠠᠭᠤᠭᠠᠯᠢ ᠠᠷᠠᠳ ᠲᠠᠢ ᠦᠨᠳᠦᠰᠦᠨ ᠳᠡᠭᠡᠨ ᠲᠡᠩᠴᠡᠭᠦᠦ ᠭᠠᠵᠠᠷ ᠰᠢᠷᠣᠶ ᠵᠡᠷᠭᠡ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠲᠠᠢ ᠪᠣᠯᠭᠠᠬᠤ ᠬᠡᠷᠡᠭᠲᠡᠶ᠃ | | ᠠᠷᠪᠠᠨ ᠳᠥᠷᠪᠡᠳᠦᠭᠡᠷ ᠵᠦᠢᠯ ᠬᠤᠳᠠ ︵ ᠴᠤᠭᠯᠠᠷᠠᠯ︶ ᠪᠠᠯᠭᠠᠰᠤᠨ ᠤ ᠨᠡᠬᠦᠳᠡᠯ ᠠᠷᠠᠳ ᠢ ᠲᠥᠪᠬᠢᠨᠡᠭᠦᠯᠬᠦ | ᠠᠵᠢᠯ ᠢ ᠲᠥᠯᠥᠪᠵᠢᠭᠦᠯᠬᠦ ᠳᠡᠭᠡᠨ ᠬᠤᠳᠠ ︵ ᠴᠤᠭᠯᠠᠷᠠᠯ︶ ᠪᠠᠯᠭᠠᠰᠤᠨ ᠤ ᠣᠳᠣᠬᠢ ᠪᠠᠶᠢᠳᠠᠯ ᠢᠶᠠᠷ ᠰᠠᠭᠤᠷᠢ | ᠪᠣᠯᠭᠠᠵᠤ᠂ ᠭᠠᠵᠠᠷ ᠢ ᠭᠠᠮᠨᠠᠨ ᠬᠡᠷᠡᠭᠯᠡᠵᠦ᠂ ᠵᠦᠢ ᠵᠣᠬᠢᠰᠲᠠᠶ ᠪᠠᠶᠢᠷᠢᠯᠠᠭᠤᠯᠬᠤ ᠬᠡᠷᠡᠭᠲᠡᠶ᠃ | | ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠨᠡᠭᠦᠯᠭᠡᠨ ᠪᠠᠶᠢᠭᠤᠯᠬᠤ ᠳᠠᠭᠠᠨ ᠤᠯᠤᠰ ᠤᠨ ᠠᠵᠤ | ᠦᠢᠯᠡᠳᠪᠦᠷᠢᠯᠡᠯ ᠤᠨ ᠲᠦᠷᠦ ᠶᠢᠨ ᠪᠤᠳᠦᠯᠭ᠎ᠠ ᠳᠤ ᠨᠡᠶᠢᠴᠡᠭᠦᠯᠵᠦ᠂ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠪᠠ | ᠪᠦᠲᠦᠴᠡ ᠶᠢᠨ ᠲᠤᠬᠢᠷᠡᠭᠤᠯᠦᠯᠳᠠ ᠲᠠᠢ ᠤᠶᠠᠯᠳᠤᠭᠤᠯᠤᠨ ᠬᠢᠬᠦ ᠬᠡᠷᠡᠭᠲᠡᠶ︔ ᠲᠧᠭᠨᠢᠭ ᠮᠡᠷᠭᠡᠵᠢᠯ ᠢᠶᠠᠷ | ᠬᠤᠴᠣᠷᠤᠩᠭᠤᠶ᠂ ᠡᠬᠢ ᠪᠠᠶᠠᠯᠢᠭ ᠢ ᠪᠦᠷᠢᠯᠭᠡᠨ ᠰᠦᠢᠳᠬᠡᠳᠡᠭ᠂ ᠦᠢᠯᠡᠳᠬᠦᠨ ᠤ ᠶᠠᠰᠤ ᠴᠢᠨᠠᠷ ᠨᠢ ᠮᠠᠭᠤ᠂ | ᠪᠣᠬᠢᠷᠲᠤᠯ ᠨᠢ ᠬᠦᠨᠳᠦ ᠨᠣᠴᠢᠲᠠᠶ᠂ ᠠᠶᠤᠯᠭᠦᠶ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠠᠵᠤ | ᠠᠬᠤᠶᠢᠯᠠᠯ ᠢ ᠬᠠᠤᠯᠢ ᠶᠣᠰᠣᠭᠠᠷ ᠡᠭᠦᠳᠡ ᠶᠢ ᠨᠢ ᠬᠠᠭᠠᠯᠭᠠᠬᠤ ᠬᠡᠷᠡᠭᠲᠡᠶ᠃ | | ᠠᠷᠪᠠᠨ ᠲᠠᠪᠤᠳᠤᠭᠠᠷ ᠵᠦᠢᠯ ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠳᠠᠭᠠᠨ ᠨᠡᠬᠦᠳᠡᠯ ᠠᠷᠠᠳ ᠪᠠ ᠲᠥᠪᠬᠢᠨᠡᠭᠦᠯᠬᠦ ᠣᠷᠣᠨ ᠤ ᠰᠠᠭᠤᠭᠠᠯᠢ ᠠᠷᠠᠳ ᠤᠨ ᠰᠠᠨᠠᠯ ᠢ ᠥᠷᠭᠡᠨ ᠢᠶᠠᠷ | ᠰᠣᠨᠣᠰᠬᠤ ᠬᠡᠷᠡᠭᠲᠡᠶ︔ ᠴᠢᠬᠤᠯᠠᠲᠠᠶ ᠦᠶ᠎ᠡ ᠳᠤ ᠭᠡᠷᠡᠴᠢᠯᠡᠭᠡ ᠰᠣᠨᠣᠰᠬᠤ ᠠᠷᠭ᠎ᠠ ᠮᠠᠶ᠋ᠢᠭ ᠢ ᠠᠪᠬᠤ ᠬᠡᠷᠡᠭᠲᠡᠶ᠃ | | ᠵᠥᠪᠰᠢᠶᠡᠷᠡᠭᠦᠯᠦᠭᠰᠡᠨ ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠪᠣᠯ ᠨᠡᠬᠦᠳᠡᠯ ᠠᠷᠠᠳ ᠢ | ᠲᠥᠪᠬᠢᠨᠡᠭᠦᠯᠬᠦ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢᠨ ᠦᠨᠳᠦᠰᠦᠨ ᠦᠨᠳᠦᠰᠦᠯᠡᠯ ᠮᠥᠨ᠂ ᠲᠡᠭᠦᠨ ᠢ | ᠴᠢᠩᠭ᠎ᠠ ᠬᠡᠷᠡᠭᠵᠢᠭᠦᠯᠬᠦ ᠬᠡᠷᠡᠭᠲᠡᠶ᠂ ᠳᠤᠷ᠎ᠠ ᠪᠠᠷ ᠢᠶᠠᠨ ᠲᠣᠬᠢᠷᠠᠭᠤᠯᠬᠤ ᠪᠤᠶᠤ ᠲᠡᠭᠦᠨ ᠳᠤ ᠵᠠᠰᠠᠪᠤᠷᠢ ᠣᠷᠣᠭᠤᠯᠵᠤ | ᠪᠣᠯᠬᠤ ᠦᠭᠡᠢ︔ ᠦᠨᠡᠨ ᠬᠦ ᠲᠤᠬᠢᠷᠠᠭᠤᠯᠤᠯᠳᠠ ᠬᠢᠬᠦ ᠪᠤᠶᠤ ᠵᠠᠰᠠᠪᠤᠷᠢ ᠣᠷᠣᠭᠤᠯᠬᠤ ᠴᠢᠬᠤᠯᠠ ᠲᠠᠢ ᠪᠣᠯ ᠲᠤᠰ | ᠲᠦᠷᠢᠮ ᠤᠨ ᠠᠷᠪᠠᠳᠤᠭᠠᠷ ᠵᠦᠢᠯ ᠤᠨ ᠲᠣᠭᠲᠠᠭᠠᠯ ᠶᠣᠰᠣᠭᠠᠷ ᠲᠠᠬᠢᠵᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ | | ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠦᠭᠡᠢ ᠪᠤᠶᠤ ᠨᠡᠬᠦᠳᠡᠯ | ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ ᠬᠢᠨᠠᠨ ᠬᠠᠷᠭᠤᠭᠤᠯᠤᠭᠰᠠᠨ ᠦᠭᠡᠢ ᠲᠤᠮᠤ ᠳᠤᠮᠳᠠ ᠬᠡᠯᠪᠡᠷᠢ ᠶᠢᠨ | ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯᠡᠰ | ᠤᠨ ᠪᠦᠳᠦᠭᠡᠨ ᠪᠠᠶᠢᠭᠤᠯᠤᠯᠲᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠥᠪᠰᠢᠶᠡᠷᠡᠬᠦ ᠪᠤᠶᠤ ᠬᠢᠨᠠᠨ | ᠵᠥᠪᠰᠢᠶᠡᠷᠡᠵᠦ ᠪᠣᠯᠬᠤ ᠦᠭᠡᠢ᠂ ᠲᠡᠭᠦᠨ ᠳᠤ ᠭᠠᠵᠠᠷ ᠬᠡᠷᠡᠭᠯᠡᠬᠦ ᠵᠡᠷᠭᠡ ᠬᠤᠯᠪᠣᠭᠳᠠᠯ ᠪᠦᠬᠦᠢ ᠭᠠᠷ ᠭᠦᠢᠴᠡᠳᠬᠡᠯ | ᠬᠢᠵᠦ ᠥᠭᠴᠦ ᠪᠣᠯᠬᠤ ᠦᠭᠡᠢ᠃ | | ᠠᠷᠪᠠᠨ ᠵᠢᠷᠭᠤᠳᠤᠭᠠᠷ ᠵᠦᠢᠯ ᠭᠠᠵᠠᠷ ᠲᠠᠲᠠᠪᠤᠷᠢᠯᠠᠭᠰᠠᠨ ᠨᠦᠬᠦᠪᠦᠷᠢ ᠪᠠ ᠨᠡᠬᠦᠳᠡᠯ ᠠᠷᠠᠳ ᠢ ᠲᠥᠪᠬᠢᠨᠡᠭᠦᠯᠬᠦ | ᠪᠡᠯᠠ ᠮᠥᠩᠭᠦ᠂ ᠬᠠᠤᠯᠢ ᠶᠣᠰᠣᠭᠠᠷ ᠲᠤᠰᠢᠶᠠᠬᠤ ᠶᠣᠰᠣᠲᠠᠶ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠭᠠᠶᠢᠯᠢ ᠪᠠ | ᠲᠠᠷᠢᠶᠠᠨ ᠭᠠᠵᠠᠷ ᠢ ᠬᠠᠭᠠᠯᠪᠤᠷᠢᠯᠠᠬᠤ ᠰᠦᠢᠳᠬᠡᠯ ᠵᠢᠴᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠲᠤᠰᠢᠶᠠᠬᠤ ᠶᠤᠰᠤᠳᠠᠢ ᠤᠢ ᠰᠢᠭᠤᠶ ᠤᠷᠭᠤᠮᠠᠯ ᠤᠨ ᠪᠦᠷᠬᠦᠴᠡ ᠶᠢ ᠰᠡᠷᠭᠦᠭᠡᠬᠦ | ᠰᠦᠢᠳᠬᠡᠯ ᠵᠡᠷᠭᠡ ᠶᠢ ᠲᠤᠮᠦ ᠳᠤᠮᠳᠠ ᠬᠡᠯᠪᠡᠷᠢ ᠶᠢᠨ ᠤᠰᠦᠠ ᠠᠰᠢᠭᠯᠠᠯᠲᠠ ᠤᠰᠦᠠ ᠴᠠᠬᠢᠯᠭᠠᠨ ᠤ ᠢᠨᠵᠧᠨᠧᠷᠢᠩ | ᠤᠨ ᠲᠦᠢᠮᠣ ᠲᠥᠰᠦᠪ ᠲᠤ ᠣᠷᠣᠭᠤᠯᠬᠤ ᠬᠡᠷᠡᠭᠲᠡᠶ᠃ | | ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠨᠦᠬᠦᠪᠦᠷᠢ ᠪᠠ ᠨᠡᠭᠦᠳᠡᠯ ᠠᠷᠠᠳ ᠢ ᠲᠥᠪᠬᠢᠨᠡᠭᠦᠯᠬᠦ ᠪᠡᠯᠡ | ᠮᠥᠩᠭᠦ ᠳᠤ ᠭᠠᠵᠠᠷ ᠰᠢᠷᠣᠶ ᠶᠢᠨ ᠲᠥᠯᠥᠪᠦᠷᠢ ᠶᠢᠨ ᠰᠦᠢᠳᠬᠡᠯ᠂ ᠲᠥᠪᠬᠢᠨᠡᠭᠦᠯᠬᠦ ᠨᠥᠬᠦᠪᠥᠷᠢ ᠶᠢᠨ ᠰᠦᠢᠳᠬᠡᠯ᠂ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠴᠢᠭ ᠢ ᠨᠡᠭᠦᠯᠭᠡᠨ ᠪᠠᠶᠢᠭᠤᠯᠬᠤ᠂ ᠬᠤᠳᠠ ︵ᠴᠤᠭᠯᠠᠷᠠᠯ︶ | ᠪᠠᠯᠭᠠᠰᠤ ᠶᠢ ᠨᠡᠭᠦᠯᠭᠡᠨ ᠪᠠᠶᠢᠭᠤᠯᠬᠤ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠨᠡᠭᠦᠯᠭᠡᠨ ᠪᠠᠶᠢᠭᠤᠯᠬᠤ | ᠵᠢᠴᠢ ᠲᠤᠰᠬᠠᠶ ᠵᠦᠢᠯ ᠤᠨ ᠲᠥᠬᠦᠭᠡᠷᠦᠮᠵᠢ ᠶᠢ ᠨᠡᠭᠦᠯᠭᠡᠨ ᠪᠠᠶᠢᠭᠤᠯᠬᠤ ᠪᠤᠶᠤ ᠲᠠᠬᠢᠨ ᠪᠠᠶᠢᠭᠤᠯᠬᠤ ᠶᠢᠨ ᠨᠥᠬᠦᠪᠥᠷᠢ | ᠰᠦᠢᠳᠬᠡᠯ ︵ᠬᠤᠯᠪᠣᠭᠳᠠᠯ ᠪᠦᠬᠦᠢ ᠭᠠᠵᠠᠷ ᠳᠡᠭᠡᠷᠡᠬᠢ ᠲᠠᠭᠠᠯᠳᠠ ᠪᠣᠳᠠᠰ ᠤᠨ ᠨᠥᠬᠦᠪᠥᠷᠢ ᠰᠦᠢᠳᠬᠡᠯ ᠪᠠᠭᠲᠠᠨ᠎ᠠ︶᠂ | ᠨᠡᠭᠦᠳᠡᠯ ᠠᠷᠠᠳ ᠤᠨ ᠬᠤᠪᠢ ᠬᠥᠮᠦᠨ ᠤ ᠡᠳ᠋ ᠬᠦᠷᠦᠩᠭᠡ ᠶᠢᠨ ᠨᠥᠬᠦᠪᠥᠷᠢ ᠰᠦᠢᠳᠬᠡᠯ ︵ᠭᠠᠵᠠᠷ ᠳᠡᠭᠡᠷᠡᠬᠢ | ᠲᠠᠭᠠᠯᠳᠠ ᠪᠣᠳᠠᠰ ᠪᠠ ᠬᠦᠬᠡ ᠴᠢᠬᠢ ᠶᠢᠨ ᠨᠥᠬᠦᠪᠥᠷᠢ ᠰᠦᠢᠳᠬᠡᠯ ᠪᠠᠭᠲᠠᠨ᠎ᠠ︶ ᠪᠠ ᠨᠡᠭᠦᠯᠭᠡᠬᠦ ᠰᠦᠢᠳᠬᠡᠯ᠂ | ᠴᠦᠬᠦᠷᠦᠮ ᠤᠨ ᠢᠷᠣᠭᠠᠷ ᠢ ᠴᠡᠪᠡᠷᠯᠡᠬᠦ ᠰᠦᠢᠳᠬᠡᠯ᠂ ᠤᠰᠤ ᠪᠦᠷᠬᠦᠭᠰᠡᠨ ᠣᠷᠣᠨ ᠤ ᠲᠡᠦᠬᠡ ᠶᠢᠨ ᠳᠤᠷᠠᠰᠬᠠᠯᠲᠤ | ᠵᠦᠢᠯ ᠢ ᠬᠠᠮᠠᠭᠠᠯᠠᠬᠤ ᠰᠦᠢᠳᠬᠡᠯ ᠪᠠ ᠤᠯᠤᠰ ᠠᠴᠠ ᠲᠣᠭᠲᠠᠭᠠᠭᠰᠠᠨ ᠪᠤᠰᠤᠳ ᠰᠦᠢᠳᠬᠡᠯ ᠵᠡᠷᠭᠡ ᠪᠠᠭᠳᠠᠨ᠎ᠠ᠃ | | ᠠᠷᠪᠠᠨ ᠳᠣᠯᠣᠳᠤᠭᠠᠷ ᠵᠦᠢᠯ ᠬᠦᠳᠡᠭᠡ ᠲᠣᠰᠬᠤᠨ ᠤ ᠨᠡᠬᠦᠳᠡᠯ ᠠᠷᠠᠳ ᠢ ᠲᠥᠪᠯᠡᠷᠡᠭᠦᠯᠦᠨ ᠲᠥᠪᠬᠢᠨᠡᠭᠦᠯᠬᠦ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠴᠢᠭ᠂ ᠬᠤᠳᠠ ︵ᠴᠤᠭᠯᠠᠷᠠᠯ︶ ᠪᠠᠯᠭᠠᠰᠤ᠂ ᠦᠢᠯᠡᠳᠪᠦᠷᠢ | ᠠᠭᠤᠷᠬᠠᠶ ᠶᠢᠨ ᠠᠵᠤ ᠠᠬᠤᠶᠢᠯᠠᠯ ᠵᠢᠴᠢ ᠲᠤᠰᠬᠠᠶ ᠵᠦᠢᠯ ᠤᠨ ᠲᠥᠬᠦᠭᠡᠷᠦᠮᠵᠢ ᠵᠡᠷᠭᠡ ᠰᠠᠭᠤᠷᠢ ᠲᠥᠬᠦᠭᠡᠷᠦᠮᠵᠢ ᠶᠢ | ᠨᠡᠭᠦᠯᠭᠡᠨ ᠪᠠᠶᠢᠭᠤᠯᠬᠤ ᠪᠤᠶᠤ ᠲᠠᠬᠢᠨ ᠪᠠᠶᠢᠭᠤᠯᠵᠤ ᠭᠠᠵᠠᠷ ᠰᠣᠩᠭᠤᠬᠤ ᠳᠠᠭᠠᠨ ᠣᠷᠴᠢᠨ ᠲᠣᠭᠤᠷᠢᠨ ᠤ | ᠨᠥᠯᠥᠭᠡᠯᠡᠯ ᠢ ᠦᠨᠡᠯᠡᠬᠦ᠂ ᠤᠰᠤᠨ ᠤ ᠭᠠᠵᠠᠷ ᠰᠢᠨᠵᠢᠯᠡᠭᠡ ᠬᠢᠭᠡᠳ ᠪᠠᠷᠢᠯᠭ᠎ᠠ ᠶᠢᠨ ᠭᠠᠵᠠᠷ ᠰᠢᠨᠵᠢᠯᠡᠭᠡᠨ ᠤ ᠬᠠᠶᠢᠨ | ᠰᠢᠨᠵᠢᠯᠡᠯᠲᠡ᠂ ᠭᠸᠤᠯᠤᠬᠢ ᠶᠢᠨ ᠭᠠᠶ ᠭᠠᠮᠰᠢᠭ ᠢ ᠰᠡᠷᠭᠡᠶᠢᠯᠡᠨ ᠵᠠᠰᠠᠬᠤ ᠪᠠ ᠭᠸᠤᠯᠤᠬᠢ ᠶᠢᠨ ᠭᠠᠶ ᠭᠠᠮᠰᠢᠭ ᠤᠨ | ᠠᠶᠤᠯᠳᠤ ᠴᠢᠨᠠᠷ ᠢ ᠦᠨᠡᠯᠡᠨ ᠵᠢᠱᠢᠬᠦ ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃ | | ᠠᠷᠪᠠᠨ ᠨᠠᠢᠮᠠᠳᠤᠭᠠᠷ ᠵᠦᠢᠯ ᠤᠰᠤ ᠪᠦᠷᠬᠦᠭᠰᠡᠨ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠴᠢᠭ᠂ | ᠲᠠᠷᠢᠶᠠᠨ ᠭᠠᠵᠠᠷ ᠵᠡᠷᠭᠡ ᠳᠤ ᠰᠡᠷᠭᠡᠶᠢᠯᠡᠨ ᠬᠠᠮᠠᠭᠠᠯᠠᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠪᠠᠯ᠂ ᠬᠢᠮᠳᠠ ᠪᠥᠭᠡᠳ | ᠵᠦᠢ ᠵᠣᠬᠢᠰᠲᠠᠢ ᠪᠠᠶᠢᠬᠤ ᠤᠷᠢᠲᠠᠯ ᠤᠨ ᠳᠣᠣᠷ᠎ᠠ᠂ ᠰᠡᠷᠭᠡᠶᠢᠯᠡᠨ ᠬᠠᠮᠠᠭᠠᠯᠠᠬᠤ ᠪᠠᠷᠢᠯᠭ᠎ᠠ ᠪᠠᠶᠢᠭᠤᠯᠬᠤ ᠵᠡᠷᠭᠡ | ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠤᠰᠤ ᠪᠦᠷᠬᠦᠨ ᠵᠢᠪᠦᠭᠰᠡᠨ ᠬᠤᠬᠢᠷᠠᠯ ᠢ ᠪᠠᠭᠠᠰᠬᠠᠬᠤ ᠬᠡᠷᠡᠭᠲᠡᠢ | ᠃ | | ᠰᠡᠷᠭᠡᠶᠢᠯᠡᠨ ᠬᠠᠮᠠᠭᠠᠯᠠᠬᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠵᠠᠷᠤᠳᠠᠯ ᠢ ᠲᠦᠷᠦᠯ ᠵᠦᠢᠯ ᠤᠨ | ᠬᠠᠤᠯᠢ ᠶᠢᠨ ᠡᠷᠬᠡᠳᠡᠨ ᠡᠭᠦᠷᠭᠡᠯᠡᠵᠦ᠂ ᠠᠵᠢᠯᠯᠠᠭᠠᠨ ᠤ ᠬᠠᠮᠢᠶᠠᠷᠤᠯᠲᠠ ᠶᠢᠨ ᠵᠠᠷᠤᠳᠠᠯ ᠢ ᠲᠤᠮᠤ ᠳᠤᠮᠳᠠ ᠬᠡᠯᠪᠡᠷᠢ ᠶᠢᠨ | ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠬᠠᠮᠢᠶᠠᠷᠤᠯᠲᠠ ᠶᠢᠨ ᠨᠢᠭᠡᠴᠢ ᠬᠠᠷᠢᠭᠤᠴᠠᠨ᠎ᠠ᠃ | | ᠠᠷᠪᠠ ᠶᠢᠰᠦᠳᠦᠭᠡᠷ ᠵᠦᠢᠯ ᠪᠠᠷᠢᠯᠭ᠎ᠠ ᠶᠢᠨ ᠡᠵᠡᠯᠡᠭᠰᠡᠨ ᠭᠠᠵᠠᠷ ᠪᠠ ᠤᠰᠤ ᠪᠦᠷᠬᠦᠭᠰᠡᠨ ᠣᠷᠣᠨ ᠤ ᠳᠣᠲᠣᠷᠠᠬᠢ | ᠲᠡᠦᠬᠡ ᠶᠢᠨ ᠳᠤᠷᠠᠰᠬᠠᠯᠲᠤ ᠵᠦᠢᠯ ᠤᠨ ᠲᠠᠷᠬᠠᠯᠲᠠ ᠶᠢ ᠪᠠᠶᠢᠴᠠᠭᠠᠨ ᠲᠣᠳᠣᠷᠬᠠᠶᠢᠯᠠᠵᠤ᠂ ᠬᠠᠮᠠᠭᠠᠯᠠᠯᠲᠠ ᠶᠢᠨ ᠦᠨ᠎ᠡ | ᠤᠢᠷᠳᠡᠭ ᠢ ᠨᠢ ᠨᠤᠲᠠᠯᠠᠨ ᠲᠣᠭᠲᠠᠭᠠᠵᠤ᠂ ᠬᠠᠮᠠᠭᠠᠯᠠᠬᠤ ᠪᠠᠷ ᠭᠤᠣᠯ ᠪᠣᠯᠭᠠᠬᠤ᠂ ᠲᠦᠷᠭᠡᠨ ᠠᠪᠦᠷᠡᠬᠤ ᠶᠢ | ᠲᠡᠷᠢᠭᠦᠨ ᠳᠤ ᠲᠠᠯᠪᠢᠬᠤ ᠴᠢᠭᠯᠡᠯᠲᠡ ᠶᠢ ᠪᠠᠷᠢᠮᠲᠠᠯᠠᠨ᠂ ᠭᠤᠣᠯᠳᠠᠯᠭ᠎ᠠ ᠲᠠᠢ ᠪᠠᠷ ᠬᠠᠮᠠᠭᠠᠯᠠᠵᠤ᠂ ᠭᠤᠣᠯᠳᠠᠯᠭ᠎ᠠ ᠲᠠᠢ ᠪᠠᠷ | ᠨᠡᠭᠡᠭᠡᠨ ᠮᠠᠯᠲᠠᠬᠤ ᠠᠷᠭ᠎ᠠ ᠶᠢ ᠬᠡᠷᠡᠭᠵᠢᠭᠦᠯᠬᠦ ᠬᠡᠷᠡᠭᠲᠡᠶ᠃ | | ᠭᠤᠷᠪᠠᠳᠤᠭᠠᠷ ᠪᠦᠯᠦᠭ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠨᠦᠬᠦᠪᠦᠷᠢ | | ᠬᠤᠷᠢᠳᠤᠭᠠᠷ ᠵᠦᠢᠯ ᠬᠠᠤᠯᠢ ᠶᠣᠰᠣᠭᠠᠷ ᠵᠥᠪᠰᠢᠶᠡᠷᠡᠭᠰᠡᠨ ᠰᠠᠪᠠ ᠭᠠᠵᠠᠷ ᠤᠨ ᠲᠥᠯᠥᠪᠵᠢᠭᠦᠯᠭᠡ ᠳᠤ | ᠲᠣᠭᠲᠠᠭᠠᠭᠰᠠᠨ ᠲᠤᠮᠤ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯᠡᠰ ᠲᠤ ᠬᠡᠷᠡᠭᠯᠡᠬᠦ ᠭᠠᠵᠠᠷ ᠢ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯᠡᠰ ᠤᠨ ᠪᠠᠶᠢᠭ᠎ᠠ ᠭᠠᠵᠠᠷ ᠤᠨ ᠭᠠᠵᠠᠷ ᠰᠢᠷᠣᠶ ᠶᠢ ᠠᠰᠢᠭᠯᠠᠬᠤ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ | ᠬᠡᠷᠡᠭᠲᠡᠶ᠃ | | ᠲᠤᠮᠦ ᠳᠤᠮᠳᠠ ᠬᠡᠯᠪᠡᠷᠢ ᠶᠢᠨ ᠤᠰᠦᠠ ᠠᠰᠢᠭᠯᠠᠯᠲᠠ ᠤᠰᠦᠠ ᠴᠠᠬᠢᠯᠭᠠᠨ ᠤ ᠢᠨᠵᠧᠨᠧᠷᠢᠩ ᠤᠨ ᠪᠦᠳᠦᠭᠡᠠ | ᠪᠠᠶᠢᠭᠤᠯᠤᠯᠲᠠ ᠶᠢᠨ ᠲᠦᠷᠦᠯ ᠵᠦᠢᠯᠡᠰ ᠢ ᠬᠢᠨᠠᠨ ᠵᠥᠪᠰᠢᠶᠡᠷᠡᠭᠰᠡᠨ ᠪᠤᠶᠤ ᠪᠣᠯᠤᠮᠵᠢ ᠶᠢᠨ ᠲᠤᠬᠠᠶ ᠰᠤᠳᠤᠯᠭᠠᠨ ᠤ | ᠮᠡᠳᠡᠭᠦᠯᠦᠯᠲᠡ ᠶᠢ ᠵᠥᠪᠰᠢᠶᠡᠷᠡᠭᠰᠡᠨ ᠤ ᠲᠡᠷᠠᠭ᠎ᠠ᠂ ᠲᠦᠷᠦᠯ ᠵᠦᠢᠯᠡᠰ ᠲᠤ ᠬᠡᠷᠡᠭᠯᠡᠬᠦ ᠭᠠᠵᠠᠷ ᠢ ᠭᠠᠵᠠᠷ ᠰᠢᠷᠣᠶ ᠶᠢᠨ | ᠠᠰᠢᠭᠯᠠᠯᠲᠠ ᠶᠢᠨ ᠤᠨ ᠤ ᠲᠦᠯᠦᠪᠵᠢᠬᠦᠯᠭᠡ ᠳᠤ ᠤᠷᠤᠭᠤᠯᠬᠤ ᠬᠡᠷᠡᠭᠲᠡᠢ᠃ | | ᠤᠯᠤᠰ ᠠᠴᠠ ᠭᠤᠣᠯᠳᠠᠯᠭ᠎ᠠ ᠲᠠᠢ ᠪᠠᠷ ᠲᠡᠳᠬᠦᠨ ᠳᠡᠮᠵᠢᠵᠦ ᠪᠠᠶᠢᠭ᠎ᠠ ᠤᠰᠤᠨ ᠠᠰᠢᠭᠯᠠᠯᠲᠠ᠂ ᠡᠨᠧᠷᠭᠢ ᠶᠢᠨ | ᠰᠤᠷᠪᠤᠯᠵᠢ ᠶᠢᠨ ᠰᠠᠭᠤᠷᠢ ᠲᠥᠬᠦᠭᠡᠷᠦᠮᠵᠢ ᠳᠤ ᠬᠠᠷᠢᠶᠠᠯᠠᠭᠳᠠᠬᠤ ᠲᠤᠮᠤ ᠳᠤᠮᠳᠠ ᠬᠡᠯᠪᠡᠷᠢ ᠶᠢᠨ ᠤᠰᠤᠨ ᠠᠰᠢᠭᠯᠠᠯᠲᠠ | ᠤᠰᠤᠨ ᠴᠠᠬᠢᠯᠭᠠᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯᠡᠰ ᠤᠨ ᠬᠡᠷᠡᠭᠯᠡᠬᠦ ᠭᠠᠵᠠᠷ ᠢ | ᠬᠤᠪᠢᠶᠠᠷᠢᠯᠠᠨ ᠥᠭᠬᠦ ᠬᠡᠯᠪᠡᠷᠢ ᠪᠠᠷ ᠣᠯᠵᠤ ᠪᠣᠯᠤᠨ᠎ᠠ᠃ | | ᠬᠤᠷᠢᠨ ᠨᠢᠭᠡᠳᠦᠭᠡᠷ ᠵᠦᠢᠯ ᠲᠤᠮᠦ ᠳᠤᠮᠳᠠ ᠬᠡᠯᠪᠡᠷᠢ ᠶᠢᠨ ᠤᠰᠦᠠ ᠠᠰᠢᠭᠯᠠᠯᠲᠠ ᠤᠰᠦᠠ ᠴᠠᠬᠢᠯᠭᠠᠨ ᠤ | ᠢᠨᠵᠧᠨᠧᠷᠢᠩ ᠤᠨ ᠪᠦᠳᠦᠭᠡᠠ ᠪᠠᠶᠢᠭᠤᠯᠤᠯᠲᠠ ᠶᠢᠨ ᠲᠦᠷᠦᠯ ᠵᠦᠢᠯᠡᠰ ᠲᠤ ᠭᠠᠵᠠᠷ ᠬᠡᠷᠡᠭᠯᠡᠬᠦ ᠳᠡᠭᠡᠨ ᠬᠠᠤᠯᠢ | ᠶᠣᠰᠣᠭᠠᠷ ᠭᠤᠶᠤᠴᠢᠯᠠᠬᠤ ᠶᠢᠨ ᠬᠠᠮᠲᠤ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠬᠢᠵᠦ᠂ ᠨᠢᠭᠡ ᠯᠡ | ᠤᠳᠠᠭ᠎ᠠ ᠳᠤ ᠮᠡᠳᠡᠭᠦᠯᠦᠨ ᠵᠥᠪᠰᠢᠶᠡᠷᠡᠭᠦᠯᠬᠦ᠂ ᠬᠤᠭᠤᠴᠠᠭ᠎ᠠ ᠬᠤᠪᠢᠶᠠᠨ ᠲᠠᠲᠠᠪᠤᠷᠢᠯᠠᠬᠤ ᠶᠢ ᠬᠡᠷᠡᠭᠵᠢᠭᠦᠯᠵᠦ᠂ ᠭᠠᠵᠠᠷ | ᠲᠠᠲᠠᠪᠤᠷᠢᠯᠠᠭᠰᠠᠨ ᠨᠦᠬᠦᠪᠦᠷᠢ ᠶᠢ ᠬᠤᠭᠤᠴᠠᠭ᠎ᠠ ᠶᠣᠰᠣᠭᠠᠷ ᠥᠭᠬᠦ ᠬᠡᠷᠡᠭᠲᠡᠶ᠃ | | ᠪᠠᠴᠢᠮ ᠪᠠᠶᠢᠳᠠᠯ ᠢ ᠠᠷᠭᠠᠴᠠᠬᠤ ᠦᠶᠡᠷ ᠢ ᠰᠡᠷᠭᠡᠶᠢᠯᠡᠬᠦ᠂ ᠤᠰᠤᠲᠤᠯ ᠢ ᠵᠠᠰᠠᠬᠤ ᠵᠡᠷᠭᠡ ᠪᠠᠷᠢᠯᠭ᠎ᠠ ᠶᠢ ᠪᠣᠯ | ᠵᠥᠪᠰᠢᠶᠡᠷᠡᠬᠦ ᠡᠷᠬᠡ ᠲᠠᠢ ᠠᠷᠠᠳ ᠤᠨ ᠵᠠᠰᠠᠭ ᠤᠨ ᠣᠷᠳᠣᠨ ᠢᠶᠠᠷ ᠲᠣᠭᠲᠠᠭᠠᠯᠭᠠᠭᠠᠳ᠂ ᠤᠷᠢᠳᠠᠪᠠᠷ ᠭᠠᠵᠠᠷ | ᠰᠢᠷᠣᠶ ᠶᠢ ᠬᠡᠷᠡᠭᠯᠡᠵᠦ᠂ ᠬᠡᠷᠡᠭ ᠤᠨ ᠲᠡᠷᠠᠭ᠎ᠠ ᠭᠠᠵᠠᠷ ᠰᠢᠷᠦᠢ ᠬᠡᠷᠡᠭᠯᠡᠬᠦ ᠭᠠᠷ ᠭᠦᠢᠴᠡᠳᠬᠡᠯ ᠢ ᠨᠥᠬᠦᠵᠦ ᠬᠢᠵᠦ | ᠪᠣᠯᠤᠨ᠎ᠠ᠃ | | ᠬᠤᠷᠢᠨ ᠬᠤᠶᠠᠳᠤᠭᠠᠷ ᠵᠦᠢᠯ ᠲᠤᠮᠦ ᠳᠤᠮᠳᠠ ᠬᠡᠯᠪᠡᠷᠢ ᠶᠢᠨ ᠤᠰᠦᠠ ᠠᠰᠢᠭᠯᠠᠯᠲᠠ ᠤᠰᠦᠠ ᠴᠠᠬᠢᠯᠭᠠᠨ ᠤ | ᠢᠨᠵᠧᠨᠧᠷᠢᠩ ᠤᠨ ᠪᠦᠳᠦᠭᠡᠠ ᠪᠠᠶᠢᠭᠤᠯᠤᠯᠲᠠ ᠳᠤ ᠲᠠᠲᠠᠪᠤᠷᠢᠯᠠᠭᠰᠠᠨ ᠭᠠᠵᠠᠷ ᠰᠢᠷᠣᠶ ᠶᠢᠨ ᠨᠦᠬᠦᠪᠦᠷᠢ ᠪᠠ | ᠲᠥᠪᠬᠢᠨᠡᠭᠦᠯᠬᠦ ᠨᠥᠬᠦᠪᠥᠷᠢ ᠳᠤ ᠲᠡᠮᠦᠷ ᠵᠡᠮ ᠵᠡᠷᠭᠡ ᠰᠠᠭᠤᠷᠢ ᠲᠥᠬᠦᠭᠡᠷᠦᠮᠵᠢ ᠶᠢᠨ ᠵᠦᠢᠯᠡᠰ ᠲᠤ ᠬᠡᠷᠡᠭᠯᠡᠬᠦ | ᠭᠠᠵᠠᠷ ᠲᠠᠢ ᠠᠳᠠᠯᠢᠬᠠᠨ ᠨᠦᠬᠦᠪᠦᠷᠢ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠲᠠᠲᠠᠪᠤᠷᠢᠯᠠᠭᠳᠠᠭᠰᠠᠨ ᠭᠠᠵᠠᠷ | ᠰᠢᠷᠣᠶ ᠶᠢᠨ ᠪᠠᠶᠢᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠲᠣᠭᠲᠠᠭᠠᠭᠰᠠᠨ | ᠪᠠᠷᠢᠮᠵᠢᠶ᠎ᠠ ᠪᠠᠷ ᠬᠡᠷᠡᠭᠵᠢᠭᠦᠯᠦᠨ᠎ᠡ᠃ | | ᠲᠠᠲᠠᠪᠤᠷᠢᠯᠠᠭᠳᠠᠭᠰᠠᠨ ᠭᠠᠵᠠᠷ ᠰᠢᠷᠣᠶ ᠳᠡᠭᠡᠷᠡᠬᠢ ᠬᠡᠰᠡᠭ ᠪᠤᠰᠠᠭ ᠮᠣᠳᠣ᠂ ᠲᠠᠷᠢᠶᠠᠨ ᠴᠢᠬᠢ ᠵᠡᠷᠭᠡ ᠶᠢᠨ | ᠨᠦᠬᠦᠪᠦᠷᠢ ᠶᠢᠨ ᠪᠠᠷᠢᠮᠵᠢᠶ᠎ᠠ ᠶᠢ ᠲᠠᠲᠠᠪᠤᠷᠢᠯᠠᠭᠳᠠᠭᠰᠠᠨ ᠭᠠᠵᠠᠷ ᠰᠢᠷᠣᠶ ᠶᠢᠨ ᠪᠠᠶᠢᠭ᠎ᠠ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠲᠣᠭᠲᠠᠭᠠᠭᠰᠠᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ | | ᠲᠠᠲᠠᠪᠤᠷᠢᠯᠠᠭᠳᠠᠭᠰᠠᠨ ᠭᠠᠵᠠᠷ ᠰᠢᠷᠣᠶ ᠳᠡᠭᠡᠷᠡᠬᠢ ᠲᠠᠭᠠᠯᠳᠠ ᠪᠠᠷᠢᠯᠭ᠎ᠠ ᠳᠤ ᠲᠡᠭᠦᠨ ᠤ ᠤᠤᠯ ᠤᠨ ᠬᠡᠪᠴᠢᠶ᠎ᠡ᠂ | ᠤᠤᠯ ᠤᠨ ᠪᠠᠷᠢᠮᠵᠢᠶ᠎ᠠ ᠪᠤᠶᠤ ᠤᠤᠯ ᠤᠨ ᠴᠢᠳᠠᠮᠵᠢ ᠶᠢ ᠰᠡᠷᠭᠦᠭᠡᠬᠦ ᠵᠠᠷᠴᠢᠮ ᠢᠶᠠᠷ ᠨᠥᠬᠦᠪᠥᠷᠢ ᠥᠭᠭᠦᠨ᠎ᠡ︔ | ᠨᠥᠬᠦᠪᠥᠷᠢ ᠨᠢ ᠦᠨᠳᠦᠰᠦᠨ ᠬᠡᠷᠡᠭᠯᠡᠬᠦ ᠭᠡᠷ ᠪᠠᠶᠢᠰᠢᠩ ᠪᠠᠷᠢᠬᠤ ᠳᠤ ᠬᠦᠷᠦᠯᠴᠡᠬᠦ ᠦᠭᠡᠢ ᠶᠠᠳᠠᠭᠤ ᠬᠦᠴᠢᠷᠳᠡᠯ ᠲᠠᠢ | ᠨᠡᠭᠦᠳᠡᠯ ᠠᠷᠠᠳ ᠲᠤ ᠵᠣᠬᠢᠰᠲᠠᠶ ᠨᠥᠬᠦᠪᠥᠷᠢ ᠥᠭᠬᠦ ᠬᠡᠷᠡᠭᠲᠡᠶ᠃ | | ᠪᠤᠰᠤᠳ ᠨᠢᠭᠡᠴᠢ ᠪᠤᠶᠤ ᠬᠤᠪᠢ ᠬᠥᠮᠦᠨ ᠤ ᠬᠠᠤᠯᠢ ᠶᠣᠰᠣᠭᠠᠷ ᠬᠡᠷᠡᠭᠯᠡᠵᠦ ᠪᠠᠶᠢᠭ᠎ᠠ ᠤᠯᠤᠰ ᠤᠨ | ᠥᠮᠴᠢᠯᠡᠯ ᠤᠨ ᠲᠠᠷᠢᠶᠠᠨ ᠭᠠᠵᠠᠷ ᠢ ᠬᠡᠷᠡᠭᠯᠡᠬᠦ ᠳᠤ ᠬᠦᠷᠪᠡᠯ᠂ ᠲᠠᠷᠢᠶᠠᠨ ᠭᠠᠵᠠᠷ ᠢ ᠲᠠᠲᠠᠪᠤᠷᠢᠯᠠᠭᠰᠠᠨ ᠨᠦᠬᠦᠪᠦᠷᠢ ᠶᠢᠨ | ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠨᠥᠬᠦᠪᠥᠷᠢ ᠥᠭᠭᠦᠨ᠎ᠡ︔ ᠨᠢᠭᠡᠴᠢ ᠪᠤᠶᠤ ᠬᠤᠪᠢ ᠬᠥᠮᠦᠨ ᠳᠤ | ᠬᠡᠷᠡᠭᠯᠡᠭᠦᠯᠬᠦ ᠪᠠᠷ ᠲᠣᠭᠲᠠᠭᠠᠭᠰᠠᠨ ᠦᠭᠡᠢ ᠤᠯᠤᠰ ᠤᠨ ᠥᠮᠴᠢᠯᠡᠯ ᠤᠨ ᠠᠰᠢᠭᠯᠠᠭᠠᠳᠤᠶ ᠭᠠᠵᠠᠷ ᠢ ᠬᠡᠷᠡᠭᠯᠡᠭᠰᠡᠨ | ᠪᠠᠶᠢᠪᠠᠯ ᠨᠦᠬᠦᠪᠦᠷᠢ ᠥᠭᠬᠦ ᠦᠭᠡᠢ᠃ | | ᠨᠡᠭᠦᠳᠡᠯ ᠠᠷᠠᠳ ᠬᠤᠯᠠ ᠨᠡᠭᠦᠭᠰᠡᠨ ᠤ ᠲᠠᠷᠠᠭ᠎ᠠ᠂ ᠤᠰᠤᠨ ᠴᠥᠭᠦᠷᠥᠮ ᠤᠨ ᠡᠷᠬᠢᠨ ᠲᠣᠭᠤᠷᠢᠨ ᠤ ᠤᠰᠤ | ᠪᠦᠷᠬᠦᠭᠰᠡᠨ ᠱᠤᠭᠤᠮ ᠠᠴᠠ ᠳᠡᠭᠡᠭᠰᠢᠬᠢ ᠨᠡᠭᠦᠳᠡᠯ ᠠᠷᠠᠳ ᠤᠨ ᠬᠤᠪᠢ ᠬᠥᠮᠦᠨ ᠳᠤ ᠥᠮᠴᠢᠯᠡᠭᠳᠡᠬᠦ ᠬᠡᠰᠡᠭ ᠪᠤᠰᠠᠭ | ᠮᠣᠳᠣ᠂ ᠭᠡᠷ ᠪᠠᠶᠢᠰᠢᠩ ᠵᠡᠷᠭᠡ ᠳᠤ ᠲᠤᠰ ᠵᠦᠢᠯ ᠤᠨ ᠬᠤᠶᠠᠳᠤᠭᠠᠷ ᠪᠠᠳᠠᠭ᠂ ᠭᠤᠷᠪᠠᠳᠤᠭᠠᠷ ᠪᠠᠳᠠᠭ ᠲᠤ | ᠲᠣᠭᠲᠠᠭᠠᠭᠰᠠᠨ ᠪᠠᠷᠢᠮᠵᠢᠶ᠎ᠠ ᠶᠣᠰᠣᠭᠠᠷ ᠲᠤᠰ ᠲᠤᠰ ᠨᠥᠬᠦᠪᠥᠷᠢ ᠥᠭᠬᠦ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠲᠤᠮᠦ ᠳᠤᠮᠳᠠ ᠬᠡᠯᠪᠡᠷᠢ ᠶᠢᠨ ᠤᠰᠦᠠ ᠠᠰᠢᠭᠯᠠᠯᠲᠠ ᠤᠰᠦᠠ ᠴᠠᠬᠢᠯᠭᠠᠨ ᠤ | ᠢᠨᠵᠧᠨᠧᠷᠢᠩ ᠤᠨ ᠪᠦᠳᠦᠭᠡᠠ ᠪᠠᠶᠢᠭᠤᠯᠤᠯᠲᠠ ᠳᠤ ᠲᠦᠷ ᠭᠠᠵᠠᠷ ᠬᠡᠷᠡᠭᠯᠡᠬᠦ ᠶᠢ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ | ᠵᠦᠪᠰᠢᠶᠡᠷᠡᠨ᠎ᠡ᠃ | | ᠬᠤᠷᠢᠨ ᠳᠥᠷᠪᠡᠳᠦᠭᠡᠷ ᠵᠦᠢᠯ ᠦᠢᠯᠡᠳᠪᠤᠷᠢ ᠠᠭᠤᠷᠬᠠᠶ ᠶᠢᠨ ᠠᠵᠤ ᠠᠬᠤᠶᠢᠯᠠᠯ ᠪᠣᠯᠤᠨ ᠵᠠᠮ ᠬᠠᠷᠢᠯᠴᠠᠭ᠎ᠠ᠂ | ᠴᠠᠬᠢᠯᠭᠠᠨ ᠬᠦᠴᠦ᠂ ᠴᠠᠬᠢᠯᠭᠠᠨ ᠬᠤᠯᠪᠣᠭ᠎ᠠ᠂ ᠷᠠᠳᠢᠣ᠋ ᠨᠡᠪᠲᠡᠷᠡᠭᠦᠯᠭᠡ ᠲᠧᠯᠸᠢᠰ ᠵᠡᠷᠭᠡ ᠲᠤᠰᠬᠠᠶ ᠵᠦᠢᠯ ᠤᠨ | ᠲᠥᠬᠦᠭᠡᠷᠦᠮᠵᠢ ᠵᠢᠴᠢ ᠳᠤᠮᠳᠠᠳᠤ ᠪᠠᠭ᠎ᠠ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠪᠤᠶᠤ ᠰᠡᠷᠭᠦᠭᠡᠨ ᠪᠠᠶᠢᠭᠤᠯᠬᠤ ᠳᠤ | ᠲᠡᠭᠦᠨ ᠤ ᠤᠤᠯ ᠤᠨ ᠬᠡᠪᠴᠢᠶ᠎ᠡ᠂ ᠤᠤᠯ ᠤᠨ ᠪᠠᠷᠢᠮᠵᠢᠶ᠎ᠠ ᠪᠤᠶᠤ ᠤᠤᠯ ᠤᠨ ᠴᠢᠳᠠᠮᠵᠢ ᠶᠢ ᠨᠢ ᠰᠡᠷᠭᠦᠭᠡᠬᠦ | ᠵᠠᠷᠴᠢᠮ ᠢᠶᠠᠷ ᠨᠥᠬᠦᠪᠥᠷᠢᠯᠡᠬᠦ ᠬᠡᠷᠡᠭᠲᠡᠶ᠃ | | ᠬᠤᠷᠢᠨ ᠲᠠᠪᠤᠳᠤᠭᠠᠷ ᠵᠦᠢᠯ ᠲᠤᠮᠦ ᠳᠤᠮᠳᠠ ᠬᠡᠯᠪᠡᠷᠢ ᠶᠢᠨ ᠤᠰᠦᠠ ᠠᠰᠢᠭᠯᠠᠯᠲᠠ ᠤᠰᠦᠠ ᠴᠠᠬᠢᠯᠭᠠᠨ ᠤ | ᠢᠨᠵᠧᠨᠧᠷᠢᠩ ᠤᠨ ᠪᠦᠳᠦᠭᠡᠠ ᠪᠠᠶᠢᠭᠤᠯᠤᠯᠲᠠ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠬᠦᠷᠪᠡᠯ᠂ ᠡᠵᠡᠯᠡᠬᠦ | ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠣᠭᠲᠠᠭᠠᠯ ᠢ ᠬᠡᠷᠡᠭᠵᠢᠭᠦᠯᠬᠦ ᠬᠡᠷᠡᠭᠲᠡᠶ᠃ ᠠᠷᠠᠳ ᠢ ᠨᠡᠭᠦᠯᠭᠡᠨ | ᠲᠥᠪᠬᠢᠨᠡᠭᠦᠯᠬᠦ ᠶᠢᠨ ᠲᠥᠯᠥᠭᠡ ᠬᠠᠭᠠᠯᠪᠤᠷᠢᠯᠠᠭᠰᠠᠨ ᠲᠠᠷᠢᠶᠠᠨ ᠭᠠᠵᠠᠷ᠂ ᠲᠤᠮᠦ ᠳᠤᠮᠳᠠ ᠬᠡᠯᠪᠡᠷᠢ ᠶᠢᠨ ᠤᠰᠦᠠ | ᠠᠰᠢᠭᠯᠠᠯᠲᠠ ᠤᠰᠦᠠ ᠴᠠᠬᠢᠯᠭᠠᠨ ᠤ ᠢᠨᠵᠧᠨᠧᠷᠢᠩ ᠤᠨ ᠪᠦᠳᠦᠭᠡᠠ ᠪᠠᠶᠢᠭᠤᠯᠤᠯᠲᠠ ᠠᠴᠠ ᠪᠤᠯᠵᠦ ᠭᠠᠵᠠᠷ ᠰᠢᠷᠣᠶ ᠶᠢ | ᠡᠮᠬᠢᠯᠡᠨ ᠴᠡᠭᠴᠡᠯᠡᠭᠡᠳ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ᠂ ᠢᠨᠵᠧᠨᠧᠷᠢᠩ ᠤᠨ ᠠᠵᠢᠯ ᠬᠢᠬᠦ ᠳᠤ ᠰᠢᠨ᠎ᠡ ᠪᠠᠷ | ᠭᠠᠷᠭᠠᠭᠰᠠᠨ ᠲᠠᠷᠢᠶᠠᠨ ᠭᠠᠵᠠᠷ ᠢ ᠪᠦᠳᠦᠭᠡᠠ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠤᠭ᠎ᠠ | ᠬᠡᠮᠵᠢᠶ᠎ᠡ ᠪᠠᠷ ᠲᠤᠯᠭᠠᠨ ᠬᠠᠰᠤᠬᠤ ᠪᠤᠶᠤ ᠨᠤᠭᠤᠯᠤᠨ ᠪᠤᠳᠦᠵᠦ ᠪᠣᠯᠤᠨ᠎ᠠ᠃ | | ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠳᠤ 25 ᠭᠷᠠᠳᠦ᠋ᠰ ᠠᠴᠠ ᠳᠡᠭᠡᠭᠰᠢᠬᠢ ᠨᠠᠯᠠᠤ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠪᠠᠶᠢᠪᠠᠯ᠂ | ᠨᠥᠬᠦᠪᠥᠷᠢᠯᠡᠬᠦ ᠴᠢᠬᠤᠯᠠᠲᠠᠶ ᠲᠠᠷᠢᠶᠠᠨ ᠭᠠᠵᠠᠷ ᠤᠨ ᠬᠡᠪᠴᠢᠶᠡᠨ ᠳᠤ ᠪᠤᠳᠤᠵᠤ ᠣᠷᠣᠭᠤᠯᠬᠤ ᠥᠬᠡᠶ᠃ | | ᠳᠥᠷᠪᠡᠳᠦᠭᠡᠷ ᠪᠦᠯᠦᠭ ᠨᠡᠬᠦᠳᠡᠯ ᠠᠷᠠᠳ ᠢ ᠲᠥᠪᠬᠢᠨᠡᠭᠦᠯᠬᠦ | | ᠬᠤᠷᠢᠨ ᠵᠢᠷᠭᠤᠳᠤᠭᠠᠷ ᠵᠦᠢᠯ ᠨᠡᠭᠦᠳᠡᠯ ᠠᠷᠠᠳ ᠤᠨ ᠲᠣᠭᠤᠷᠢᠭ ᠪᠠ ᠨᠡᠭᠦᠳᠡᠯ ᠠᠷᠠᠳ ᠢ ᠲᠥᠪᠬᠢᠨᠡᠭᠦᠯᠬᠦ | ᠲᠣᠭᠤᠷᠢᠭ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ | ᠨᠡᠭᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ | ᠬᠠᠷᠢᠭᠤᠴᠠᠨ᠎ᠠ᠃ | | ᠬᠤᠷᠢᠨ ᠳᠣᠯᠣᠳᠤᠭᠠᠷ ᠵᠦᠢᠯ ᠲᠤᠮᠤ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠤᠨ ᠠᠵᠢᠯ ᠡᠬᠢᠯᠡᠬᠦ ᠠᠴᠠ ᠡᠮᠦᠨ᠎ᠡ᠂ ᠢᠨᠵᠧᠨᠧᠷᠢᠩ ᠤᠨ ᠲᠦᠷᠦᠯ ᠵᠦᠢᠯᠡᠰ ᠤᠨ ᠬᠠᠤᠯᠢ ᠶᠢᠨ | ᠡᠷᠬᠡᠳᠡᠨ ᠨᠢ ᠵᠥᠪᠰᠢᠶᠡᠷᠡᠭᠦᠯᠦᠭᠰᠡᠨ ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ ᠦᠨᠳᠦᠰᠦᠯᠡᠨ᠂ | ᠨᠡᠬᠦᠳᠡᠯ ᠠᠷᠠᠳ ᠤᠨ ᠲᠣᠭᠤᠷᠢᠭ ᠪᠠ ᠨᠡᠬᠦᠳᠡᠯ ᠠᠷᠠᠳ ᠢ ᠲᠥᠪᠬᠢᠨᠡᠭᠦᠯᠬᠦ ᠣᠷᠣᠨ ᠤ ᠪᠠᠶᠢᠭ᠎ᠠ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠬᠤᠲᠠ᠂ ᠰᠢᠶᠠᠨ ᠤ | ᠠᠷᠠᠳ ᠤᠨ ᠵᠠᠰᠠᠭ ᠤᠨ ᠣᠷᠳᠣᠨ ᠲᠠᠢ ᠨᠡᠬᠦᠳᠡᠯ ᠠᠷᠠᠳ ᠢ ᠲᠥᠪᠬᠢᠨᠡᠭᠦᠯᠬᠦ ᠬᠡᠯᠡᠯᠴᠡᠭᠡᠷ ᠲᠣᠭᠲᠠᠭᠠᠬᠤ ᠬᠡᠷᠡᠭᠲᠡᠶ︔ | ᠬᠡᠯᠡᠯᠴᠡᠭᠡᠷ ᠲᠣᠭᠲᠠᠭᠠᠭᠰᠠᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠪᠤᠶᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠳᠣᠣᠷ᠎ᠠ ᠨᠢᠭᠡ ᠱᠠᠲᠤᠨ ᠤ ᠨᠡᠬᠦᠳᠡᠯ | ᠠᠷᠠᠳ ᠪᠤᠶᠤ ᠨᠡᠬᠦᠳᠡᠯ ᠠᠷᠠᠳ ᠢ ᠲᠥᠪᠬᠢᠨᠡᠭᠦᠯᠬᠦ ᠡᠭᠦᠷᠭᠡ ᠲᠠᠢ ᠠᠷᠠᠳ ᠤᠨ ᠵᠠᠰᠠᠭ ᠤᠨ ᠣᠷᠳᠣᠨ ᠲᠠᠢ ᠨᠡᠬᠦᠳᠡᠯ | ᠠᠷᠠᠳ ᠢ ᠲᠥᠪᠬᠢᠨᠡᠭᠦᠯᠬᠦ ᠬᠡᠯᠡᠯᠴᠡᠭᠡᠷ ᠲᠣᠭᠲᠠᠭᠠᠵᠤ ᠪᠣᠯᠤᠨ᠎ᠠ᠃ | | ᠬᠤᠷᠢᠨ ᠨᠠᠢᠮᠠᠳᠤᠭᠠᠷ ᠵᠦᠢᠯ ᠲᠥᠷᠥᠯ ᠵᠦᠢᠯ ᠤᠨ ᠬᠠᠤᠯᠢ ᠶᠢᠨ ᠡᠷᠬᠡᠲᠡᠨ ᠨᠢ ᠲᠤᠮᠤ ᠳᠤᠮᠳᠠ ᠬᠡᠯᠪᠡᠷᠢ ᠶᠢᠨ | ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ | ᠪᠣᠯᠤᠨ ᠨᠡᠭᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ ᠦᠨᠳᠦᠰᠦᠯᠡᠨ᠂ ᠵᠢᠯ ᠪᠦᠷᠢ ᠶᠢᠨ ᠦᠶᠡᠷ ᠤᠨ | ᠬᠤᠭᠤᠴᠠᠭ᠎ᠠ ᠳᠠᠭᠤᠰᠤᠭᠰᠠᠨ ᠤ ᠲᠠᠷᠠᠭ᠎ᠠ 60 ᠡᠳᠦᠷ ᠤᠨ ᠳᠣᠲᠣᠷ᠎ᠠ᠂ ᠲᠡᠭᠦᠨ ᠯᠦᠭᠡ ᠨᠡᠭᠦᠳᠡᠯ ᠠᠷᠠᠳ ᠢ | ᠲᠥᠪᠬᠢᠨᠡᠭᠦᠯᠬᠦ ᠵᠥᠪᠯᠡᠯᠴᠡᠭᠡᠷ ᠲᠣᠭᠲᠠᠭᠰᠠᠨ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ ᠲᠠᠷᠠᠭ᠎ᠠ | ᠵᠢᠯ ᠤᠨ ᠨᠡᠭᠦᠳᠡᠯ ᠠᠷᠠᠳ ᠢ ᠲᠥᠪᠬᠢᠨᠡᠭᠦᠯᠬᠦ ᠲᠥᠯᠥᠪᠯᠡᠭᠡ ᠶᠢᠨ ᠰᠠᠨᠠᠭᠤᠯᠭ᠎ᠠ ᠪᠠᠨ ᠳᠤᠷᠠᠳᠬᠤ ᠬᠡᠷᠡᠭᠲᠡᠶ᠃ ᠨᠡᠭᠦᠳᠡᠯ | ᠠᠷᠠᠳ ᠢ ᠲᠥᠪᠬᠢᠨᠡᠭᠦᠯᠬᠦ ᠬᠡᠯᠡᠯᠴᠡᠭᠡᠷ ᠲᠣᠭᠲᠠᠭᠰᠠᠨ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠨᠤᠭᠤᠳ ᠨᠡᠭᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠪᠣᠯᠤᠨ ᠲᠥᠷᠥᠯ ᠵᠦᠢᠯ ᠤᠨ ᠬᠠᠤᠯᠢ ᠶᠢᠨ | ᠡᠷᠬᠡᠲᠡᠨ ᠤ ᠨᠡᠭᠦᠳᠡᠯ ᠠᠷᠠᠳ ᠢ ᠲᠥᠪᠬᠢᠨᠡᠭᠦᠯᠬᠦ ᠣᠨ ᠤ ᠲᠥᠯᠥᠪᠯᠡᠭᠡ ᠶᠢᠨ ᠰᠠᠨᠠᠭᠤᠯᠭ᠎ᠠ ᠶᠢ ᠦᠨᠳᠦᠰᠦᠯᠡᠨ᠂ | ᠲᠥᠷᠥᠯ ᠵᠦᠢᠯ ᠤᠨ ᠬᠠᠤᠯᠢ ᠶᠢᠨ ᠡᠷᠬᠡᠲᠡᠨ ᠯᠦᠭᠡ ᠭᠦᠢᠴᠡᠳ ᠵᠥᠪᠳᠡᠯᠴᠡᠭᠰᠡᠨ ᠰᠠᠭᠤᠷᠢᠨ ᠳᠡᠭᠡᠷ᠎ᠡ᠂ ᠲᠤᠰ ᠵᠠᠰᠠᠭ | ᠵᠠᠬᠢᠷᠭᠠᠨ ᠤ ᠣᠷᠣᠨ ᠤ ᠪᠠᠨ ᠳᠠᠷᠠᠭ᠎ᠠ ᠵᠢᠯ ᠤᠨ ᠨᠡᠭᠦᠳᠡᠯ ᠠᠷᠠᠳ ᠢ ᠲᠥᠪᠬᠢᠨᠡᠭᠦᠯᠬᠦ ᠣᠨ ᠤ ᠲᠥᠯᠥᠪᠯᠡᠭᠡ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠲᠤᠷᠤᠭᠰᠢ ᠪᠠᠭᠤᠯᠭᠠᠬᠤ ᠬᠡᠷᠡᠭᠲᠡᠶ᠃ | | ᠬᠤᠷᠢ ᠶᠢᠰᠦᠳᠦᠭᠡᠷ ᠵᠦᠢᠯ ᠲᠥᠷᠥᠯ ᠵᠦᠢᠯ ᠤᠨ ᠬᠠᠤᠯᠢ ᠶᠢᠨ ᠡᠷᠬᠡᠲᠡᠨ ᠨᠡᠭᠦᠳᠡᠯ ᠠᠷᠠᠳ ᠢ ᠲᠥᠪᠬᠢᠨᠡᠭᠦᠯᠬᠦ | ᠣᠨ ᠤ ᠲᠥᠯᠥᠪᠯᠡᠭᠡ ᠶᠢ ᠦᠨᠳᠦᠰᠦᠯᠡᠨ᠂ ᠨᠡᠭᠦᠳᠡᠯ ᠠᠷᠠᠳ ᠢ ᠲᠥᠪᠬᠢᠨᠡᠭᠦᠯᠬᠦ ᠶᠢ ᠬᠡᠷᠡᠭᠵᠢᠭᠦᠯᠬᠦ ᠠᠬᠢᠴᠠ ᠶᠢᠨ | ᠶᠣᠰᠣᠭᠠᠷ ᠭᠠᠵᠠᠷ ᠲᠠᠲᠠᠪᠤᠷᠢᠯᠠᠭᠰᠠᠨ ᠨᠦᠬᠦᠪᠦᠷᠢ ᠪᠠ ᠨᠡᠭᠦᠳᠡᠯ ᠠᠷᠠᠳ ᠢ ᠲᠥᠪᠬᠢᠨᠡᠭᠦᠯᠬᠦ ᠪᠡᠯᠡ ᠮᠥᠩᠭᠦ ᠶᠢ | ᠲᠡᠭᠦᠨ ᠯᠦᠭᠡ ᠨᠡᠭᠦᠳᠡᠯ ᠠᠷᠠᠳ ᠢ ᠲᠥᠪᠬᠢᠨᠡᠭᠦᠯᠬᠦ ᠬᠡᠯᠡᠯᠴᠡᠭᠡᠷ ᠲᠣᠭᠲᠠᠭᠰᠠᠨ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠳᠤ ᠥᠭᠬᠦ ᠬᠡᠷᠡᠭᠲᠡᠶ᠃ | | ᠭᠤᠴᠢᠳᠤᠭᠠᠷ ᠵᠦᠢᠯ ᠬᠥᠳᠡᠭᠡ ᠲᠣᠰᠬᠤᠨ ᠤ ᠨᠡᠬᠦᠳᠡᠯ ᠠᠷᠠᠳ ᠲᠤᠰ ᠰᠢᠶᠠᠨ ᠳᠤ ᠰᠢᠨ᠎ᠡ ᠪᠠᠷ ᠭᠠᠵᠠᠷ ᠰᠢᠷᠣᠶ | ᠨᠡᠭᠡᠭᠡᠨ ᠠᠰᠢᠭᠯᠠᠬᠤ ᠪᠤᠶᠤ ᠭᠠᠵᠠᠷ ᠰᠢᠷᠣᠶ ᠶᠢ ᠲᠤᠬᠢᠷᠠᠭᠤᠯᠬᠤ ᠪᠠᠷ ᠲᠠᠮᠵᠢᠨ ᠲᠥᠪᠯᠡᠷᠡᠭᠦᠯᠦᠨ ᠲᠥᠪᠬᠢᠨᠡᠭᠦᠯᠬᠦ ᠳᠤ | ᠬᠦᠷᠪᠡᠯ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠭᠠᠵᠠᠷ ᠰᠢᠷᠣᠶ ᠶᠢᠨ ᠨᠦᠬᠦᠪᠦᠷᠢ ᠶᠢᠨ | ᠰᠦᠢᠳᠬᠡᠯ᠂ ᠲᠥᠪᠬᠢᠨᠡᠭᠦᠯᠬᠦ ᠨᠥᠬᠦᠪᠥᠷᠢ ᠶᠢᠨ ᠰᠦᠢᠳᠬᠡᠯ ᠪᠠ ᠬᠠᠮᠲᠤ ᠶᠢᠨ ᠡᠳ᠋ ᠬᠦᠷᠦᠩᠭᠡ ᠶᠢᠨ ᠨᠦᠬᠦᠪᠦᠷᠢ ᠶᠢᠨ | ᠰᠦᠢᠳᠬᠡᠯ ᠢ ᠲᠤᠰ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠤᠶᠤ ᠭᠠᠴᠠᠭᠠᠨ ᠤ | ᠠᠷᠠᠳ ᠤᠨ ᠵᠥᠪᠯᠡᠯ ᠳᠤ ᠪᠦᠬᠦ ᠲᠤᠭ᠎ᠠ ᠪᠠᠷ ᠨᠢ ᠰᠢᠭᠤᠳ ᠲᠤᠰᠢᠶᠠᠨ ᠥᠭᠬᠦ ᠬᠡᠷᠡᠭᠲᠡᠶ᠃ | | ᠬᠥᠳᠡᠭᠡ ᠲᠣᠰᠬᠤᠨ ᠤ ᠨᠡᠬᠦᠳᠡᠯ ᠠᠷᠠᠳ ᠢ ᠲᠤᠰ ᠰᠢᠶᠠᠨ ᠤ ᠳᠣᠲᠣᠷᠠᠬᠢ ᠪᠤᠰᠤᠳ ᠭᠠᠴᠠᠭᠠᠨ ᠤ ᠬᠠᠮᠲᠤ ᠶᠢᠨ | ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠤᠶᠤ ᠭᠠᠴᠠᠭᠠᠨ ᠤ ᠠᠷᠠᠳ ᠤᠨ ᠵᠥᠪᠯᠡᠯ ᠳᠤ ᠲᠠᠷᠬᠠᠭᠠᠨ | ᠲᠥᠪᠬᠢᠨᠡᠭᠦᠯᠦᠭᠰᠡᠨ ᠪᠠᠶᠢᠪᠠᠯ᠂ ᠨᠡᠬᠦᠳᠡᠯ ᠠᠷᠠᠳ ᠢ ᠲᠥᠪᠬᠢᠨᠡᠭᠦᠯᠦᠭᠰᠡᠨ ᠭᠠᠴᠠᠭᠠᠨ ᠤ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠪᠤᠶᠤ ᠭᠠᠴᠠᠭᠠᠨ ᠤ ᠠᠷᠠᠳ ᠤᠨ ᠵᠥᠪᠯᠡᠯ ᠨᠢ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠲᠠᠢ ᠬᠡᠯᠡᠯᠴᠡᠭᠡᠷ ᠲᠣᠭᠲᠠᠭᠠᠵᠤ᠂ ᠬᠡᠯᠡᠯᠴᠡᠭᠡᠷ ᠶᠣᠰᠣᠭᠠᠷ ᠨᠡᠬᠦᠳᠡᠯ ᠠᠷᠠᠳ ᠤᠨ | ᠦᠢᠯᠡᠳᠪᠦᠷᠢᠯᠡᠯ ᠪᠠ ᠠᠮᠢᠳᠤᠷᠠᠯ ᠢ ᠲᠣᠬᠢᠷᠠᠭᠤᠯᠬᠤ ᠬᠡᠷᠡᠭᠲᠡᠶ᠃ | | ᠭᠤᠴᠢᠨ ᠨᠢᠭᠡᠳᠦᠭᠡᠷ ᠵᠦᠢᠯ ᠬᠦ᠋ᠳᠡᠭᠡ ᠲᠣᠰᠬᠤᠨ ᠤ ᠨᠡᠬᠦᠳᠡᠯ ᠠᠷᠠᠳ ᠢ ᠲᠤᠰ ᠮᠤᠵᠢ ᠶᠢᠨ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠪᠤᠰᠤᠳ ᠰᠢᠶᠠᠨ ᠳᠤ ᠲᠥᠪᠬᠢᠨᠡᠭᠦᠯᠬᠦ ᠳᠤ ᠬᠦᠷᠪᠡᠯ᠂ ᠲᠦᠷᠦᠯ ᠵᠦᠢᠯᠡᠰ ᠤᠨ | ᠬᠠᠤᠯᠢ ᠶᠢᠨ ᠡᠷᠬᠡᠳᠡᠨ ᠯᠦᠭᠡ ᠨᠡᠬᠦᠳᠡᠯ ᠠᠷᠠᠳ ᠢ ᠲᠥᠪᠬᠢᠨᠡᠭᠦᠯᠬᠦ ᠬᠡᠯᠡᠯᠴᠡᠭᠡᠷ ᠲᠣᠭᠲᠠᠭᠠᠭᠰᠠᠨ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠨᠢ ᠭᠠᠵᠠᠷ ᠲᠠᠲᠠᠪᠤᠷᠢᠯᠠᠭᠰᠠᠨ ᠨᠦᠬᠦᠪᠦᠷᠢ ᠪᠠ ᠨᠡᠬᠦᠳᠡᠯ ᠠᠷᠠᠳ ᠢ ᠲᠥᠪᠬᠢᠨᠡᠭᠦᠯᠬᠦ | ᠵᠣᠬᠢᠴᠠᠩᠭᠤᠶ ᠪᠡᠯᠡ ᠮᠥᠩᠭᠦ ᠶᠢ ᠨᠡᠬᠦᠳᠡᠯ ᠠᠷᠠᠳ ᠢ ᠲᠥᠪᠬᠢᠨᠡᠭᠦᠯᠬᠦ ᠣᠷᠣᠨ ᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠳᠤ ᠴᠠᠭ ᠲᠤᠬᠠᠶ ᠳᠤᠨᠢ ᠲᠤᠰᠢᠶᠠᠨ ᠥᠭᠴᠦ᠂ ᠨᠡᠬᠦᠳᠡᠯ ᠠᠷᠠᠳ ᠤᠨ ᠦᠢᠯᠡᠳᠪᠦᠷᠢᠯᠡᠯ ᠪᠠ | ᠠᠮᠢᠳᠤᠷᠠᠯ ᠢ ᠲᠣᠬᠢᠷᠠᠭᠤᠯᠬᠤ ᠳᠤ ᠬᠡᠷᠡᠭᠯᠡᠬᠦ ᠬᠡᠷᠡᠭᠲᠡᠶ᠃ | | ᠬᠥᠳᠡᠭᠡ ᠲᠣᠰᠬᠤᠨ ᠤ ᠨᠡᠬᠦᠳᠡᠯ ᠠᠷᠠᠳ ᠢ ᠮᠤᠵᠢ ᠠᠯᠤᠰᠯᠠᠨ ᠲᠥᠪᠬᠢᠨᠡᠭᠦᠯᠦᠭᠰᠡᠨ ᠪᠠᠶᠢᠪᠠᠯ᠂ ᠲᠦᠷᠦᠯ | ᠵᠦᠢᠯᠡᠰ ᠤᠨ ᠬᠠᠤᠯᠢ ᠶᠢᠨ ᠡᠷᠬᠡᠳᠡᠨ ᠨᠢ ᠭᠠᠵᠠᠷ ᠲᠠᠲᠠᠪᠤᠷᠢᠯᠠᠭᠰᠠᠨ ᠨᠦᠬᠦᠪᠦᠷᠢ ᠪᠠ ᠨᠡᠬᠦᠳᠡᠯ ᠠᠷᠠᠳ ᠢ | ᠲᠥᠪᠬᠢᠨᠡᠭᠦᠯᠬᠦ ᠵᠣᠬᠢᠴᠠᠩᠭᠤᠶ ᠪᠡᠯᠡ ᠮᠥᠩᠭᠦ ᠶᠢ ᠨᠡᠬᠦᠳᠡᠯ ᠠᠷᠠᠳ ᠢ ᠲᠥᠪᠬᠢᠨᠡᠭᠦᠯᠬᠦ ᠣᠷᠣᠨ ᠤ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠴᠠᠭ | ᠲᠤᠬᠠᠶ ᠳᠤᠨᠢ ᠲᠤᠰᠢᠶᠠᠨ ᠥᠭᠴᠦ᠂ ᠨᠡᠬᠦᠳᠡᠯ ᠠᠷᠠᠳ ᠤᠨ ᠦᠢᠯᠡᠳᠪᠦᠷᠢᠯᠡᠯ ᠪᠠ ᠠᠮᠢᠳᠤᠷᠠᠯ ᠢ ᠲᠣᠬᠢᠷᠠᠭᠤᠯᠬᠤ ᠳᠤ | ᠬᠡᠷᠡᠭᠯᠡᠬᠦ ᠬᠡᠷᠡᠭᠲᠡᠶ᠃ | | ᠭᠤᠴᠢᠨ ᠬᠤᠶᠠᠳᠤᠭᠠᠷ ᠵᠦᠢᠯ ᠨᠡᠭᠦᠯᠭᠡᠬᠦ ᠰᠦᠢᠳᠬᠡᠯ ᠵᠢᠴᠢ ᠨᠡᠭᠦᠳᠡᠯ ᠠᠷᠠᠳ ᠤᠨ ᠬᠤᠪᠢ ᠬᠥᠮᠦᠨ ᠤ ᠭᠡᠷ | ᠪᠠᠶᠢᠰᠢᠩ ᠪᠠ ᠳᠠᠭᠠᠯᠲᠠ ᠪᠠᠷᠢᠯᠭ᠎ᠠ᠂ ᠬᠤᠪᠢ ᠬᠥᠮᠦᠨ ᠤ ᠥᠮᠴᠢᠯᠡᠯ ᠤᠨ ᠬᠡᠰᠡᠭ ᠪᠤᠰᠠᠭ ᠮᠣᠳᠣ᠂ ᠲᠠᠷᠢᠶᠠᠨ ᠴᠢᠬᠢ᠂ | ᠲᠠᠷᠢᠶᠠᠯᠠᠩ ᠲᠤᠰᠠᠯᠠᠬᠤ ᠠᠵᠤ ᠠᠬᠤᠶ ᠶᠢᠨ ᠲᠥᠬᠦᠭᠡᠷᠦᠮᠵᠢ ᠵᠡᠷᠭᠡ ᠬᠤᠪᠢ ᠬᠥᠮᠦᠨ ᠤ ᠡᠳ᠋ ᠬᠦᠷᠦᠩᠭᠡ ᠶᠢᠨ | ᠨᠦᠬᠦᠪᠦᠷᠢ ᠶᠢᠨ ᠰᠦᠢᠳᠬᠡᠯ ᠢ ᠨᠡᠭᠦᠳᠡᠯ ᠠᠷᠠᠳ ᠤᠨ ᠲᠣᠭᠤᠷᠢᠭ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠠᠴᠠ ᠨᠡᠭᠦᠳᠡᠯ ᠠᠷᠠᠳ ᠲᠤ ᠰᠢᠭᠤᠳ ᠪᠦᠬᠦ ᠲᠤᠭ᠎ᠠ ᠪᠠᠷ ᠨᠢ ᠣᠯᠭᠤᠨ ᠥᠭᠭᠦᠨ᠎ᠡ᠃ | | ᠭᠤᠴᠢᠨ ᠭᠤᠷᠪᠠᠳᠤᠭᠠᠷ ᠵᠦᠢᠯ ᠨᠡᠬᠦᠳᠡᠯ ᠠᠷᠠᠳ ᠰᠠᠶᠢᠨ ᠳᠤᠷ᠎ᠠ ᠠᠴᠠ ᠪᠠᠨ ᠲᠦᠷᠦᠯ ᠰᠠᠳᠤᠨ ᠨᠠᠶᠢᠵᠠ | ᠨᠥᠬᠦᠳ ᠢᠶᠠᠨ ᠲᠦᠰᠢᠬᠦ ᠭᠡᠪᠡᠯ᠂ ᠲᠤᠰ ᠬᠥᠮᠦᠨ ᠨᠢ ᠨᠡᠬᠦᠳᠡᠯ ᠠᠷᠠᠳ ᠤᠨ ᠲᠣᠭᠤᠷᠢᠭ ᠤᠨ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠬᠤ ᠶᠢᠨ ᠬᠠᠮᠲᠤ ᠬᠦᠯᠢᠶᠡᠨ ᠠᠪᠬᠤ ᠭᠠᠵᠠᠷ ᠤᠨ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠠᠷᠭᠠᠭᠰᠠᠨ ᠬᠦᠯᠢᠶᠡᠨ ᠠᠪᠤᠭᠰᠠᠨ ᠭᠡᠷᠡᠴᠢ ᠶᠢ | ᠲᠤᠰᠢᠶᠠᠬᠤ ᠬᠡᠷᠡᠭᠲᠡᠶ︔ ᠨᠡᠭᠦᠳᠡᠯ ᠠᠷᠠᠳ ᠤᠨ ᠲᠣᠭᠤᠷᠢᠭ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠠᠴᠠ ᠲᠡᠭᠦᠨ ᠳᠤ ᠭᠠᠵᠠᠷ ᠰᠢᠷᠣᠶ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠲᠠᠢ ᠪᠠᠶᠢᠬᠤ ᠶᠢ | ᠨᠤᠲᠠᠯᠠᠭᠰᠠᠨ ᠤ ᠳᠠᠷᠠᠭ᠎ᠠ᠂ ᠬᠦᠯᠢᠶᠡᠨ ᠠᠪᠬᠤ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ | ᠪᠠ ᠨᠡᠭᠦᠳᠡᠯ ᠠᠷᠠᠳ ᠲᠠᠢ ᠬᠠᠮᠲᠤ ᠪᠠᠷ ᠬᠡᠯᠡᠯᠴᠡᠭᠡᠷ ᠲᠣᠭᠲᠠᠭᠠᠵᠤ᠂ ᠭᠠᠵᠠᠷ ᠰᠢᠷᠣᠶ ᠶᠢᠨ ᠨᠦᠬᠦᠪᠦᠷᠢ ᠰᠦᠢᠳᠬᠡᠯ᠂ | ᠲᠥᠪᠬᠢᠨᠡᠭᠦᠯᠬᠦ ᠨᠥᠬᠦᠪᠥᠷᠢ ᠰᠦᠢᠳᠬᠡᠯ ᠢ ᠬᠦᠯᠢᠶᠡᠨ ᠠᠪᠬᠤ ᠭᠠᠵᠠᠷ ᠤᠨ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠳᠤ ᠲᠤᠰᠢᠶᠠᠵᠤ᠂ ᠨᠡᠭᠦᠳᠡᠯ ᠠᠷᠠᠳ ᠤᠨ ᠦᠢᠯᠡᠳᠪᠦᠷᠢᠯᠡᠯ ᠪᠠ ᠠᠮᠢᠳᠤᠷᠠᠯ ᠢ ᠨᠢᠭᠡᠳᠦᠯᠲᠡᠶ | ᠲᠥᠯᠥᠪᠯᠡᠨ ᠲᠣᠬᠢᠷᠠᠭᠤᠯᠵᠤ᠂ ᠬᠤᠪᠢ ᠬᠥᠮᠦᠨ ᠤ ᠡᠳ᠋ ᠬᠦᠷᠦᠩᠭᠡ ᠶᠢᠨ ᠨᠦᠬᠦᠪᠦᠷᠢ ᠰᠦᠢᠳᠬᠡᠯ ᠪᠠ ᠨᠡᠭᠦᠯᠭᠡᠬᠦ | ᠰᠦᠢᠳᠬᠡᠯ ᠢ ᠲᠤᠰ ᠨᠡᠭᠦᠳᠡᠯ ᠠᠷᠠᠳ ᠲᠤ ᠥᠭᠬᠦ ᠬᠡᠷᠡᠭᠲᠡᠶ᠃ | | ᠭᠤᠴᠢᠨ ᠳᠥᠷᠪᠡᠳᠦᠭᠡᠷ ᠵᠦᠢᠯ ᠬᠤᠳᠠ ︵ᠴᠤᠭᠯᠠᠷᠠᠯ︶ ᠪᠠᠯᠭᠠᠰᠤ ᠶᠢ ᠨᠡᠭᠦᠯᠭᠡᠨ ᠪᠠᠶᠢᠭᠤᠯᠬᠤ᠂ | ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠨᠡᠭᠦᠯᠭᠡᠨ ᠪᠠᠶᠢᠭᠤᠯᠬᠤ᠂ ᠲᠤᠰᠬᠠᠶ ᠵᠦᠢᠯ ᠤᠨ ᠲᠥᠬᠦᠭᠡᠷᠦᠮᠵᠢ ᠶᠢ | ᠨᠡᠭᠦᠯᠭᠡᠨ ᠪᠠᠶᠢᠭᠤᠯᠬᠤ ᠪᠤᠶᠤ ᠲᠠᠬᠢᠨ ᠪᠠᠶᠢᠭᠤᠯᠬᠤ ᠨᠥᠬᠦᠪᠥᠷᠢ ᠰᠦᠢᠳᠬᠡᠯ ᠢ ᠨᠡᠭᠦᠳᠡᠯ ᠠᠷᠠᠳ ᠤᠨ ᠲᠣᠭᠤᠷᠢᠭ ᠤᠨ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠲᠤᠬᠠᠶ ᠶᠢᠨ | ᠭᠠᠵᠠᠷ ᠤᠨ ᠠᠷᠠᠳ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠨᠢᠭᠡᠴᠢ ᠳᠤ ᠲᠤᠰᠢᠶᠠᠵᠤ ᠥᠭᠭᠦᠨ᠎ᠡ᠃ | ᠬᠡᠪᠴᠢᠶ᠎ᠡ ᠶᠢ ᠥᠷᠭᠡᠳᠬᠡᠵᠦ᠂ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠠᠴᠠ ᠪᠤᠯᠵᠦ ᠨᠡᠮᠡᠭᠳᠡᠭᠰᠡᠨ ᠵᠠᠷᠤᠳᠠᠯ ᠢ | ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠨᠢᠭᠡᠴᠢ | ᠥᠪᠡᠰᠦᠪᠡᠨ ᠰᠢᠢᠳᠪᠤᠷᠢᠯᠡᠨ᠎ᠡ᠃ | | ᠭᠤᠴᠢᠨ ᠲᠠᠪᠤᠳᠤᠭᠠᠷ ᠵᠦᠢᠯ ᠬᠦᠳᠡᠭᠡ ᠲᠣᠰᠬᠤᠨ ᠤ ᠨᠡᠬᠦᠳᠡᠯ ᠠᠷᠠᠳ ᠢ ᠲᠥᠪᠯᠡᠷᠡᠭᠦᠯᠦᠨ | ᠲᠥᠪᠬᠢᠨᠡᠭᠦᠯᠦᠭᠰᠡᠨ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠴᠢᠭ ᠢ ᠵᠥᠪᠰᠢᠶᠡᠷᠡᠭᠦᠯᠦᠭᠰᠡᠨ ᠨᠡᠬᠦᠳᠡᠯ | ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠳᠤ ᠲᠣᠭᠲᠠᠭᠠᠭᠰᠠᠨ ᠬᠡᠪᠴᠢᠶ᠎ᠡ ᠪᠠ ᠪᠠᠷᠢᠮᠵᠢᠶ᠎ᠠ ᠶᠣᠰᠣᠭᠠᠷ ᠨᠡᠭᠦᠯᠭᠡᠨ | ᠪᠠᠶᠢᠭᠤᠯᠬᠤ ᠬᠡᠷᠡᠭᠲᠡᠶ᠃ | | ᠬᠥᠳᠡᠭᠡ ᠲᠣᠰᠬᠤᠨ ᠤ ᠨᠡᠬᠦᠳᠡᠯ ᠠᠷᠠᠳ ᠢ ᠲᠥᠪᠯᠡᠷᠡᠭᠦᠯᠦᠨ ᠲᠥᠪᠬᠢᠨᠡᠭᠦᠯᠦᠭᠰᠡᠨ ᠬᠥᠳᠡᠭᠡ ᠲᠣᠰᠬᠤᠨ ᠤ | ᠰᠠᠭᠤᠭᠠᠯᠢ ᠠᠷᠠᠳ ᠤᠨ ᠴᠢᠭ ᠤᠨ ᠵᠠᠮ ᠬᠠᠷᠢᠯᠴᠠᠭ᠎ᠠ᠂ ᠤᠰᠤ ᠬᠠᠩᠭᠠᠬᠤ᠂ ᠴᠠᠬᠢᠯᠭᠠᠨ ᠬᠠᠩᠭᠠᠬᠤ ᠵᠡᠷᠭᠡ ᠰᠠᠭᠤᠷᠢ | ᠲᠥᠬᠦᠭᠡᠷᠦᠮᠵᠢ ᠶᠢ ᠰᠤᠮᠤ ︵ᠪᠠᠯᠭᠠᠰᠤ︶᠂ ᠭᠠᠴᠠᠭ᠎ᠠ ᠠᠴᠠ ᠨᠢᠭᠡᠳᠦᠯᠲᠡᠶ ᠵᠣᠬᠢᠶᠠᠨ ᠪᠠᠶᠢᠭᠤᠯᠵᠤ ᠪᠠᠶᠢᠭᠤᠯᠤᠨ᠎ᠠ᠃ | | ᠬᠥᠳᠡᠭᠡ ᠲᠣᠰᠬᠤᠨ ᠤ ᠨᠡᠬᠦᠳᠡᠯ ᠠᠷᠠᠳ ᠤᠨ ᠣᠷᠣᠨ ᠰᠠᠭᠤᠴᠠ ᠶᠢ ᠨᠡᠬᠦᠳᠡᠯ ᠠᠷᠠᠳ ᠪᠡᠶ᠎ᠡ ᠪᠠᠨ ᠳᠠᠭᠠᠭᠠᠵᠤ | ᠪᠠᠷᠢᠬᠤ ᠬᠡᠷᠡᠭᠲᠡᠶ᠃ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠤᠶᠤ | ᠭᠠᠴᠠᠭᠠᠨ ᠤ ᠠᠷᠠᠳ ᠤᠨ ᠵᠥᠪᠯᠡᠯ ᠨᠢ ᠣᠷᠣᠨ ᠰᠠᠭᠤᠴᠠ ᠶᠢᠨ ᠭᠠᠵᠠᠷ ᠢ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ᠂ | ᠭᠡᠪᠡᠴᠦ ᠭᠡᠷ ᠪᠠᠶᠢᠰᠢᠩ ᠪᠠᠷᠢᠬᠤ ᠪᠠᠷᠢᠮᠵᠢᠶ᠎ᠠ ᠶᠢ ᠠᠯᠪᠠᠳᠠᠯᠭ᠎ᠠ ᠪᠠᠷ ᠲᠣᠭᠲᠠᠭᠠᠵᠤ ᠪᠣᠯᠬᠤ ᠦᠭᠡᠢ᠃ | ᠭᠤᠴᠢᠨ ᠵᠢᠷᠭᠤᠳᠤᠭᠠᠷ ᠵᠦᠢᠯ ᠬᠥᠳᠡᠭᠡ ᠲᠣᠰᠬᠤᠨ ᠤ ᠨᠡᠬᠦᠳᠡᠯ ᠠᠷᠠᠳ ᠢ ᠲᠥᠪᠬᠢᠨᠡᠭᠦᠯᠬᠦ ᠳᠤ ᠬᠡᠷᠡᠭᠯᠡᠬᠦ | ᠭᠠᠵᠠᠷ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ | ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ | ᠰᠢᠷᠣᠶ ᠶᠢᠨ ᠳᠠᠭᠠᠭᠠᠴᠢᠯᠠᠯᠲᠠ ᠶᠢᠨ ᠬᠠᠤᠯᠢ︾ ᠶᠢᠨ ᠶᠣᠰᠣᠭᠠᠷ ᠬᠤᠯᠪᠣᠭᠳᠠᠯ ᠪᠦᠬᠦᠢ ᠭᠠᠷ ᠭᠦᠢᠴᠡᠳᠬᠡᠯ ᠬᠢᠬᠦ | ᠬᠡᠷᠡᠭᠲᠡᠶ᠃ | | ᠭᠤᠴᠢᠨ ᠳᠣᠯᠣᠳᠤᠭᠠᠷ ᠵᠦᠢᠯ ᠨᠡᠬᠦᠳᠡᠯ ᠠᠷᠠᠳ ᠢ ᠲᠥᠪᠬᠢᠨᠡᠭᠦᠯᠬᠦ ᠠᠵᠢᠯ ᠱᠠᠳᠤᠴᠢ ᠴᠢᠨᠠᠷᠲᠠᠶ ᠬᠠᠷᠠᠯᠲᠠ ᠳᠤ | ᠬᠦᠷᠦᠭᠰᠡᠨ ᠪᠠ ᠨᠡᠬᠦᠳᠡᠯ ᠠᠷᠠᠳ ᠢ ᠲᠥᠪᠬᠢᠨᠡᠭᠦᠯᠬᠦ ᠠᠵᠢᠯ ᠳᠠᠭᠤᠰᠤᠭᠰᠠᠨ ᠤ ᠲᠠᠷᠠᠭ᠎ᠠ᠂ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠲᠦᠷᠦ ᠶᠢᠨ | ᠶᠠᠪᠤᠳᠠᠯ ᠤᠨ ᠬᠤᠷᠢᠶᠠᠨ ᠤ ᠨᠡᠬᠦᠳᠡᠯ ᠠᠷᠠᠳ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠤᠯᠪᠣᠭᠳᠠᠯ ᠪᠦᠬᠦᠢ | ᠨᠢᠭᠡᠴᠢ ᠶᠢ ᠵᠣᠬᠢᠶᠠᠨ ᠪᠠᠶᠢᠭᠤᠯᠵᠤ ᠰᠢᠯᠭᠠᠨ ᠠᠪᠬᠤ ᠬᠡᠷᠡᠭᠲᠡᠶ︔ ᠨᠡᠬᠦᠳᠡᠯ ᠠᠷᠠᠳ ᠢ ᠲᠥᠪᠬᠢᠨᠡᠭᠦᠯᠬᠦ ᠳᠤ ᠰᠢᠯᠭᠠᠨ | ᠠᠪᠤᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠲᠤᠮᠤ ᠳᠤᠮᠳᠠ ᠬᠡᠯᠪᠡᠷᠢ ᠶᠢᠨ | ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠢ ᠱᠠᠳᠤᠴᠢ ᠴᠢᠨᠠᠷᠲᠠᠶ ᠰᠢᠯᠭᠠᠨ ᠠᠪᠬᠤ ᠪᠠ ᠪᠠᠷᠢᠯᠭ᠎ᠠ | ᠳᠠᠭᠤᠰᠤᠭᠰᠠᠨ ᠪᠠᠷᠢᠯᠭ᠎ᠠ ᠶᠢ ᠰᠢᠯᠭᠠᠨ ᠠᠪᠴᠤ ᠪᠣᠯᠬᠤ ᠦᠭᠡᠢ᠃ | | ᠲᠠᠪᠤᠳᠤᠭᠠᠷ ᠪᠦᠯᠦᠭ ᠰᠡᠭᠦᠯᠴᠢ ᠶᠢᠨ ᠬᠤᠭᠤᠴᠠᠭᠠᠨ ᠤ ᠲᠡᠳᠬᠦᠨ ᠲᠡᠮᠵᠢᠯᠭᠡ | | ᠭᠤᠴᠢᠨ ᠨᠠᠢᠮᠠᠳᠤᠭᠠᠷ ᠵᠦᠢᠯ ᠨᠡᠭᠦᠳᠡᠯ ᠠᠷᠠᠳ ᠢ ᠲᠥᠪᠬᠢᠨᠡᠭᠦᠯᠬᠦ ᠣᠷᠣᠨ ᠤ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠤᠰᠤᠨ ᠴᠥᠭᠦᠷᠥᠮ ᠤᠨ ᠨᠡᠭᠦᠳᠡᠯ | ᠠᠷᠠᠳ ᠤᠨ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ | ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠨᠡᠭᠦᠳᠡᠯ ᠠᠷᠠᠳ ᠤᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠬᠦᠯᠦᠨ ᠵᠦᠪᠰᠢᠶᠡᠷᠡᠬᠦᠯᠦᠭᠰᠡᠨ ᠤ ᠲᠠᠷᠠᠭ᠎ᠠ ᠬᠡᠷᠡᠭᠵᠢᠬᠦᠯᠦᠨ᠎ᠡ᠃ | | ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠨ ᠨᠡᠬᠦᠳᠡᠯ ᠠᠷᠠᠳ ᠤᠨ ᠰᠠᠨᠠᠯ ᠢ ᠦᠷᠭᠡᠨ ᠢᠶᠠᠷ ᠰᠤᠨᠤᠰᠬᠤ | ᠬᠡᠷᠡᠭᠳᠡᠢ᠃ ᠴᠢᠬᠤᠯᠠᠲᠠᠶ ᠦᠶ᠎ᠡ ᠳᠤ ᠭᠡᠷᠡᠴᠢᠯᠡᠭᠡ ᠰᠣᠨᠣᠰᠬᠤ ᠠᠷᠭ᠎ᠠ ᠮᠠᠶ᠋ᠢᠭ ᠢ ᠠᠪᠬᠤ ᠬᠡᠷᠡᠭᠲᠡᠶ᠃ | | ᠵᠥᠪᠰᠢᠶᠡᠷᠡᠭᠦᠯᠦᠭᠰᠡᠨ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ | ᠲᠡᠳᠬᠦᠨ ᠳᠡᠮᠵᠢᠬᠦ ᠲᠥᠯᠥᠪᠵᠢᠭᠦᠯᠭᠡ ᠪᠣᠯ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ | ᠬᠤᠭᠤᠴᠠᠭᠠᠨ ᠤ ᠲᠡᠳᠬᠦᠨ ᠳᠡᠮᠵᠢᠬᠦ ᠠᠵᠢᠯ ᠤᠨ ᠦᠨᠳᠦᠰᠦᠨ ᠦᠨᠳᠦᠰᠦᠯᠡᠯ ᠮᠥᠨ᠂ ᠲᠡᠭᠦᠨ ᠢ ᠴᠢᠩᠭ᠎ᠠ | ᠬᠡᠷᠡᠭᠵᠢᠭᠦᠯᠬᠦ ᠬᠡᠷᠡᠭᠲᠡᠶ᠂ ᠳᠤᠷ᠎ᠠ ᠪᠠᠷ ᠢᠶᠠᠨ ᠲᠣᠬᠢᠷᠠᠭᠤᠯᠬᠤ ᠪᠤᠶᠤ ᠵᠠᠰᠠᠪᠤᠷᠢ ᠣᠷᠣᠭᠤᠯᠵᠤ ᠪᠣᠯᠬᠤ ᠦᠭᠡᠢ︔ | ᠦᠨᠡᠬᠡᠷ ᠲᠣᠬᠢᠷᠠᠭᠤᠯᠬᠤ ᠪᠤᠶᠤ ᠵᠠᠰᠠᠪᠤᠷᠢ ᠣᠷᠣᠭᠤᠯᠬᠤ ᠴᠢᠬᠤᠯᠠᠲᠠᠶ ᠪᠠᠶᠢᠪᠠᠯ᠂ ᠤᠤᠯ ᠤᠨ ᠵᠥᠪᠰᠢᠶᠡᠷᠡᠭᠰᠡᠨ | ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ | | ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠦᠭᠡᠢ ᠪᠤᠶᠤ ᠤᠰᠤᠨ ᠴᠥᠭᠦᠷᠥᠮ ᠤᠨ ᠠᠷᠠᠳ ᠢ ᠨᠡᠭᠦᠯᠭᠡᠬᠦ | ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠲᠥᠯᠥᠪᠵᠢᠭᠦᠯᠭᠡ ᠶᠢ ᠮᠡᠳᠡᠬᠦᠯᠦᠨ ᠵᠥᠪᠰᠢᠶᠡᠷᠡᠭᠦᠯᠦᠭᠰᠡᠨ | ᠦᠭᠡᠢ ᠪᠠᠶᠢᠪᠠᠯ᠂ ᠬᠤᠯᠪᠣᠭᠳᠠᠯ ᠪᠦᠬᠦᠢ ᠨᠢᠭᠡᠴᠢ ᠠᠴᠠ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ | ᠬᠤᠭᠤᠴᠠᠭᠠᠨ ᠤ ᠲᠡᠳᠬᠦᠨ ᠲᠡᠮᠵᠢᠬᠦ ᠪᠡᠯᠡ ᠮᠦᠩᠬᠦ ᠶᠢ ᠪᠠᠭᠤᠯᠭᠠᠵᠤ ᠪᠤᠯᠬᠤ ᠦᠭᠡᠢ᠃ | | ᠭᠤᠴᠢ ᠶᠢᠰᠦᠳᠦᠭᠡᠷ ᠵᠦᠢᠯ ᠤᠰᠤᠨ ᠴᠦᠬᠦᠷᠦᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ | ᠲᠡᠳᠬᠦᠨ ᠳᠡᠮᠵᠢᠬᠦ ᠲᠥᠯᠥᠪᠵᠢᠭᠦᠯᠭᠡ ᠳᠤ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠬᠦᠷᠢᠶ᠎ᠡ ᠬᠡᠪᠴᠢᠶ᠎ᠡ᠂ | ᠴᠠᠭ ᠬᠤᠭᠤᠴᠠᠭ᠎ᠠ᠂ ᠪᠣᠳᠠᠲᠠᠶ ᠠᠷᠭ᠎ᠠ ᠬᠡᠮᠵᠢᠶ᠎ᠡ ᠪᠣᠯᠤᠨ ᠪᠡᠶᠡᠯᠡᠭᠦᠯᠬᠦ ᠪᠠᠷ ᠵᠢᠱᠢᠭᠰᠡᠨ ᠬᠠᠷᠠᠯᠲᠠ ᠵᠡᠷᠭᠡ | ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠶ᠃ ᠤᠰᠤᠨ ᠴᠥᠭᠦᠷᠥᠮ ᠤᠨ ᠨᠡᠬᠦᠳᠡᠯ ᠠᠷᠠᠳ ᠢ ᠲᠥᠪᠬᠢᠨᠡᠭᠦᠯᠬᠦ | ᠣᠷᠣᠨ ᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ | ᠬᠠᠷᠢᠭᠤᠴᠠᠯᠭ᠎ᠠ ᠶᠢᠨ ᠲᠦᠷᠢᠮ ᠲᠣᠭᠲᠠᠭᠠᠬᠤ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠡᠭᠦᠯᠴᠢ ᠶᠢᠨ | ᠬᠤᠭᠤᠴᠠᠭᠠᠨ ᠤ ᠲᠡᠳᠬᠦᠨ ᠳᠡᠮᠵᠢᠬᠦ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ | ᠃ | | ᠳᠥᠴᠢᠳᠦᠭᠡᠷ ᠵᠦᠢᠯ ᠤᠰᠤᠨ ᠴᠦᠬᠦᠷᠦᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ | ᠲᠡᠳᠬᠦᠨ ᠳᠡᠮᠵᠢᠬᠦ ᠪᠡᠯᠡ ᠮᠥᠩᠭᠦ ᠶᠢ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ | ᠲᠡᠳᠬᠦᠨ ᠳᠡᠮᠵᠢᠬᠦ ᠲᠥᠯᠥᠪᠵᠢᠭᠦᠯᠭᠡ ᠶᠢᠨ ᠶᠣᠰᠣᠭᠠᠷ ᠭᠤᠣᠯᠳᠠᠭᠤ ᠦᠢᠯᠡᠳᠪᠦᠷᠢᠯᠡᠯ ᠠᠮᠢᠳᠤᠷᠠᠯ ᠤᠨ ᠨᠥᠬᠦᠪᠥᠷᠢ | ᠪᠣᠯᠭᠠᠵᠤ ᠨᠡᠬᠦᠳᠡᠯ ᠠᠷᠠᠳ ᠬᠤᠪᠢ ᠬᠥᠮᠦᠨ ᠳᠤ ᠣᠯᠭᠤᠬᠤ ᠬᠡᠷᠡᠭᠲᠡᠶ︔ ᠴᠢᠬᠤᠯᠠ ᠲᠠᠢ ᠦᠶ᠎ᠡ ᠳᠤ ᠲᠦᠷᠦᠯ | ᠵᠦᠢᠯ ᠢᠶᠠᠷ ᠲᠡᠳᠬᠦᠨ ᠳᠡᠮᠵᠢᠬᠦ ᠶᠢ ᠬᠡᠷᠡᠭᠵᠢᠭᠦᠯᠵᠦ᠂ ᠨᠡᠭᠦᠳᠡᠯ ᠠᠷᠠᠳ ᠤᠨ ᠭᠠᠴᠠᠭᠠᠨ ᠤ ᠦᠢᠯᠡᠳᠪᠦᠷᠢᠯᠡᠯ | ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠬᠦ ᠳᠤ ᠬᠡᠷᠡᠭᠯᠡᠬᠦ ᠪᠤᠶᠤ | ᠦᠢᠯᠡᠳᠪᠦᠷᠢᠯᠡᠯ ᠠᠮᠢᠳᠤᠷᠠᠯ ᠤᠨ ᠨᠥᠬᠦᠪᠥᠷᠢ ᠥᠭᠬᠦ ᠪᠠ ᠲᠦᠷᠦᠯ ᠵᠦᠢᠯ ᠢᠶᠠᠷ ᠲᠡᠳᠬᠦᠨ ᠳᠡᠮᠵᠢᠬᠦ ᠶᠢ | ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠪᠣᠯᠤᠨ᠎ᠠ᠃ ᠪᠣᠳᠠᠲᠠᠶ ᠲᠡᠳᠬᠦᠨ ᠳᠡᠮᠵᠢᠬᠦ ᠪᠠᠷᠢᠮᠵᠢᠶ᠎ᠠ᠂ ᠴᠠᠭ | ᠬᠤᠭᠤᠴᠠᠭ᠎ᠠ ᠪᠠ ᠪᠡᠯᠡ ᠮᠥᠩᠭᠦ ᠴᠤᠭᠯᠠᠭᠤᠯᠬᠤ᠂ ᠬᠡᠷᠡᠭᠯᠡᠬᠦ ᠬᠠᠮᠢᠶᠠᠷᠤᠯᠲᠠ ᠶᠢ ᠲᠦᠷᠦ ᠶᠢᠨ ᠶᠠᠪᠤᠳᠠᠯ ᠤᠨ | ᠬᠤᠷᠢᠶᠠᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠤᠯᠤᠰ ᠠᠴᠠ ᠲᠣᠭᠲᠠᠭᠠᠭᠰᠠᠨ ᠵᠠᠷᠴᠢᠮ ᠢ ᠦᠨᠳᠦᠰᠦᠯᠡᠨ᠂ ᠲᠤᠰ ᠵᠠᠰᠠᠭ ᠵᠠᠬᠢᠷᠭᠠᠨ ᠤ | ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠰᠤᠨ ᠴᠥᠭᠦᠷᠥᠮ ᠤᠨ ᠠᠷᠠᠳ ᠢ ᠨᠡᠬᠦᠯᠭᠡᠬᠦ | ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠪᠣᠳᠠᠲᠠᠶ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ ᠲᠦᠷᠦ ᠶᠢᠨ | ᠶᠠᠪᠤᠳᠠᠯ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ | | ᠳᠥᠴᠢᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠨᠡᠭᠦᠳᠡᠯ ᠠᠷᠠᠳ | ᠢ ᠲᠥᠪᠬᠢᠨᠡᠭᠦᠯᠬᠦ ᠣᠷᠣᠨ ᠤ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ᠂ ᠣᠷᠴᠢᠨ ᠲᠣᠭᠤᠷᠢᠨ ᠤ | ᠬᠠᠮᠠᠭᠠᠯᠠᠯᠲᠠ᠂ ᠴᠢᠮᠡᠭᠡ ᠬᠤᠯᠪᠣᠭ᠎ᠠ᠂ ᠰᠣᠶᠣᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠷᠠᠳᠢᠤ᠋ ᠨᠡᠪᠲᠡᠷᠡᠭᠦᠯᠭᠡ | ᠲᠧᠯᠸᠢᠰ ᠵᠡᠷᠭᠡ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠵᠤ᠂ ᠨᠡᠭᠦᠳᠡᠯ ᠠᠷᠠᠳ ᠢ | ᠲᠥᠪᠬᠢᠨᠡᠭᠦᠯᠬᠦ ᠣᠷᠣᠨ ᠤ ᠬᠥᠭᠵᠢᠯᠲᠡ ᠶᠢ ᠲᠡᠳᠬᠦᠬᠦ ᠬᠡᠷᠡᠭᠲᠡᠶ᠃ | | ᠨᠡᠭᠦᠳᠡᠯ ᠠᠷᠠᠳ ᠢ ᠲᠥᠪᠬᠢᠨᠡᠭᠦᠯᠬᠦ ᠣᠷᠣᠨ ᠤ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠨᠤᠭᠤᠳ ᠤᠰᠤᠨ ᠴᠥᠭᠦᠷᠥᠮ ᠤᠨ ᠨᠡᠭᠦᠳᠡᠯ ᠠᠷᠠᠳ ᠤᠨ ᠰᠡᠭᠦᠯᠴᠢ ᠶᠢᠨ ᠬᠤᠭᠤᠴᠠᠭᠠᠨ ᠤ | ᠲᠡᠳᠬᠦᠮᠵᠢ ᠶᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠠᠷᠠᠳ ᠤᠨ ᠠᠵᠤ ᠠᠬᠤᠶ ᠪᠣᠯᠤᠨ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠡᠭᠡᠨ ᠣᠷᠣᠭᠤᠯᠬᠤ ᠬᠡᠷᠡᠭᠲᠡᠶ᠃ | | ᠳᠥᠴᠢᠨ ᠬᠤᠶᠠᠳᠤᠭᠠᠷ ᠵᠦᠢᠯ ᠤᠯᠤᠰ ᠠᠴᠠ ᠨᠡᠬᠦᠳᠡᠯ ᠠᠷᠠᠳ ᠢ ᠲᠥᠪᠬᠢᠨᠡᠭᠦᠯᠬᠦ ᠣᠷᠣᠨ ᠪᠠ ᠲᠤᠮᠤ ᠳᠤᠮᠳᠠ | ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠠᠰᠢᠭ ᠬᠥᠷᠳᠡᠬᠦ ᠭᠠᠵᠠᠷ ᠣᠷᠣᠨ ᠳᠤ | ᠡᠷᠬᠢᠯᠡᠭᠰᠡᠨ ᠦᠢᠯᠡᠳᠪᠦᠷᠢᠯᠡᠯ ᠪᠦᠳᠤᠭᠡᠨ ᠪᠠᠶᠢᠭᠤᠯᠤᠯᠲᠠ ᠶᠢᠨ ᠲᠦᠷᠦᠯ ᠵᠦᠢᠯᠡᠰ ᠲᠤ ᠨᠥᠬᠦᠴᠡᠯ ᠳᠤ ᠨᠡᠶᠢᠴᠡᠬᠦ | ᠨᠡᠬᠦᠳᠡᠯ ᠠᠷᠠᠳ ᠢ ᠤᠷᠢᠳᠠᠪᠠᠷ ᠡᠯᠰᠡᠨ ᠠᠪᠴᠤ ᠠᠵᠢᠯ ᠣᠯᠭᠤᠬᠤ ᠬᠡᠷᠡᠭᠲᠡᠶ᠃ | | ᠳᠥᠴᠢᠨ ᠭᠤᠷᠪᠠᠳᠤᠭᠠᠷ ᠵᠦᠢᠯ ᠲᠤᠮᠦ ᠳᠤᠮᠳᠠ ᠬᠡᠯᠪᠡᠷᠢ ᠶᠢᠨ ᠤᠰᠦᠠ ᠠᠰᠢᠭᠯᠠᠯᠲᠠ ᠤᠰᠦᠠ ᠴᠠᠬᠢᠯᠭᠠᠨ ᠤ | ᠢᠨᠵᠧᠨᠧᠷᠢᠩ ᠢ ᠪᠠᠶᠢᠭᠤᠯᠵᠤ ᠳᠠᠭᠤᠰᠤᠭᠰᠠᠨ ᠤ ᠲᠡᠷᠠᠭ᠎ᠠ ᠪᠤᠢ ᠪᠣᠯᠤᠭᠰᠠᠨ ᠤᠰᠦᠠ ᠤ ᠭᠠᠳᠠᠷᠭᠤ ᠪᠠ ᠤᠰᠦᠠ | ᠴᠥᠭᠦᠷᠥᠮ ᠤᠨ ᠤᠰᠠᠳᠤᠭᠰᠠᠨ ᠣᠷᠣᠨ ᠤ ᠭᠠᠵᠠᠷ ᠰᠢᠷᠣᠶ ᠪᠣᠯ ᠤᠯᠤᠰ ᠤᠨ ᠥᠮᠴᠢᠯᠡᠯ ᠳᠤ ᠬᠠᠷᠢᠶᠠᠯᠠᠭᠳᠠᠨ᠎ᠠ᠃ | ᠲᠤᠰ ᠢᠨᠵᠧᠨᠧᠷᠢᠩ ᠤᠨ ᠬᠠᠮᠢᠶᠠᠷᠤᠯᠲᠠ ᠶᠢᠨ ᠨᠢᠭᠡᠴᠢ ᠠᠴᠠ ᠬᠠᠷᠢᠭᠤᠴᠠᠨ ᠬᠠᠮᠢᠶᠠᠷᠬᠤ ᠶᠢᠨ ᠬᠠᠮᠲᠤ ᠤᠰᠤᠨ | ᠴᠥᠭᠦᠷᠥᠮ ᠤᠨ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠬᠤ ᠪᠠ ᠢᠨᠵᠧᠨᠧᠷᠢᠩ ᠤᠨ ᠠᠮᠤᠷ ᠲᠦᠪᠰᠢᠨ ᠢ ᠪᠠᠲᠤᠯᠠᠬᠤ | ᠂ ᠬᠥᠷᠥᠰᠥ ᠰᠢᠷᠣᠶ ᠶᠢ ᠬᠠᠮᠠᠭᠠᠯᠠᠬᠤ ᠪᠠ ᠤᠰᠤᠨ ᠤ ᠴᠢᠨᠠᠷ ᠢ ᠬᠠᠮᠠᠭᠠᠯᠠᠬᠤ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ | ᠳᠣᠣᠷ᠎ᠠ᠂ ᠲᠤᠬᠠᠶ ᠶᠢᠨ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠳᠠᠮᠵᠢᠭᠤᠯᠤᠨ | ᠲᠤᠬᠠᠶ ᠶᠢᠨ ᠭᠠᠵᠠᠷ ᠤᠨ ᠬᠥᠳᠡᠭᠡ ᠲᠣᠰᠬᠤᠨ ᠤ ᠨᠡᠬᠦᠳᠡᠯ ᠠᠷᠠᠳ ᠲᠤ ᠤᠷᠢᠳ ᠢᠶᠠᠷ ᠲᠣᠬᠢᠷᠠᠭᠤᠯᠤᠨ ᠥᠭᠴᠦ | ᠬᠡᠷᠡᠭᠯᠡᠭᠦᠯᠵᠦ ᠪᠣᠯᠤᠨ᠎ᠠ᠃ | | ᠳᠥᠴᠢᠨ ᠳᠥᠷᠪᠡᠳᠦᠭᠡᠷ ᠵᠦᠢᠯ ᠤᠯᠤᠰ ᠠᠴᠠ ᠦᠨᠳᠦᠰᠦᠨ ᠲᠠᠷᠢᠶᠠᠨ ᠭᠠᠵᠠᠷ ᠪᠠ ᠤᠰᠤᠨ ᠠᠰᠢᠭᠯᠠᠯᠲᠠ ᠶᠢᠨ | ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠣᠬᠢᠷᠠᠭᠤᠯᠬᠤ ᠳᠠᠭᠠᠨ ᠨᠡᠬᠦᠳᠡᠯ ᠠᠷᠠᠳ ᠢ ᠲᠥᠪᠬᠢᠨᠡᠭᠦᠯᠬᠦ | ᠣᠷᠣᠨ ᠤ ᠪᠠᠶᠢᠭ᠎ᠠ ᠰᠢᠶᠠᠨ ᠢ ᠤᠷᠢᠳᠠᠪᠠᠷ ᠲᠡᠳᠬᠦᠨ ᠳᠡᠮᠵᠢᠬᠦ ᠬᠡᠷᠡᠭᠲᠡᠶ᠃ | | ᠳᠥᠴᠢᠨ ᠲᠠᠪᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠡᠬᠦᠳᠡᠯ ᠠᠷᠠᠳ ᠤᠨ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠪᠠ | ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠢ | ᠴᠢᠩᠭᠠᠳᠬᠠᠨ᠂ ᠨᠡᠬᠦᠳᠡᠯ ᠠᠷᠠᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠨᠡᠬᠦᠳᠡᠯ ᠠᠷᠠᠳ ᠤᠨ ᠠᠵᠢᠯ ᠤᠯᠬᠤ | ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃ | | ᠳᠥᠴᠢᠨ ᠵᠢᠷᠭᠤᠳᠤᠭᠠᠷ ᠵᠦᠢᠯ ᠲᠤᠮᠤ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠤᠨ ᠠᠰᠢᠭ ᠬᠥᠷᠳᠡᠬᠦ ᠭᠠᠵᠠᠷ ᠣᠷᠣᠨ ᠤ ᠡᠯ᠎ᠡ ᠱᠠᠲᠤᠨ ᠤ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠠᠪᠠᠭᠤᠯᠢᠭ ᠲᠠᠯ᠎ᠠ ᠪᠠᠷ ᠢᠶᠠᠨ | ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠬᠠᠷᠠᠭᠠᠯᠵᠠᠯ ᠦᠵᠡᠭᠦᠯᠵᠦ ᠬᠠᠷᠢᠯᠴᠠᠨ ᠠᠰᠢᠭᠲᠠᠶ ᠪᠠᠶᠢᠬᠤ᠂ ᠤᠷᠳᠤ | ᠬᠤᠭᠤᠴᠠᠭ᠎ᠠ ᠪᠠᠷ ᠬᠠᠮᠲᠤᠷᠠᠯᠴᠠᠬᠤ᠂ ᠬᠠᠮᠲᠤ ᠪᠠᠷ ᠬᠥᠭᠵᠢᠬᠦ ᠵᠠᠷᠴᠢᠮ ᠶᠣᠰᠣᠭᠠᠷ᠂ ᠤᠯᠠᠨ ᠵᠦᠢᠯ ᠤᠨ ᠬᠡᠯᠪᠡᠷᠢ ᠶᠢ | ᠠᠪᠴᠤ ᠪᠠᠶᠢᠭᠠᠳ ᠨᠡᠭᠦᠳᠡᠯ ᠠᠷᠠᠳ ᠢ ᠲᠥᠪᠬᠢᠨᠡᠭᠦᠯᠬᠦ ᠣᠷᠣᠨ ᠳᠤ ᠳᠡᠮᠵᠢᠯᠭᠡ ᠦᠵᠡᠭᠦᠯᠬᠦ ᠬᠡᠷᠡᠭᠲᠡᠶ᠃ | | ᠵᠢᠷᠭᠤᠳᠤᠭᠠᠷ ᠪᠦᠯᠦᠭ ᠬᠢᠨᠠᠵᠤ ᠬᠠᠮᠢᠶᠠᠷᠬᠤ | | ᠳᠥᠴᠢᠨ ᠳᠣᠯᠣᠳᠤᠭᠠᠷ ᠵᠦᠢᠯ ᠤᠯᠤᠰ ᠠᠴᠠ ᠨᠡᠬᠦᠳᠡᠯ ᠠᠷᠠᠳ ᠢ ᠲᠥᠪᠬᠢᠨᠡᠭᠦᠯᠬᠦ ᠪᠠ ᠤᠰᠤᠨ | ᠴᠥᠭᠦᠷᠥᠮ ᠤᠨ ᠨᠡᠬᠦᠳᠡᠯ ᠠᠷᠠᠳ ᠤᠨ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠶᠠᠪᠤᠳᠠᠯ ᠳᠤ ᠪᠦᠬᠦ | ᠶᠠᠪᠤᠴᠠ ᠶᠢᠨ ᠬᠢᠨᠠᠯᠲᠠ ᠲᠠᠯᠪᠢᠨ᠎ᠠ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠨᠡᠬᠦᠳᠡᠯ ᠠᠷᠠᠳ ᠢ ᠬᠠᠮᠢᠶᠠᠷᠬᠤ | ᠪᠠᠶᠢᠭᠤᠯᠤᠮᠵᠢ ᠨᠤᠭᠤᠳ ᠨᠡᠬᠦᠳᠡᠯ ᠠᠷᠠᠳ ᠢ ᠲᠥᠪᠬᠢᠨᠡᠭᠦᠯᠬᠦ ᠪᠠ ᠤᠰᠤᠨ ᠴᠥᠭᠦᠷᠥᠮ ᠤᠨ ᠨᠡᠬᠦᠳᠡᠯ ᠠᠷᠠᠳ ᠤᠨ | ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠶᠠᠪᠤᠳᠠᠯ ᠳᠤ ᠲᠠᠯᠪᠢᠬᠤ ᠬᠢᠨᠠᠯᠲᠠ ᠪᠠᠨ ᠴᠢᠩᠭᠠᠳᠬᠠᠵᠤ᠂ | ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠬᠤ ᠬᠡᠷᠡᠭᠲᠡᠶ᠃ | | ᠳᠥᠴᠢᠨ ᠨᠠᠢᠮᠠᠳᠤᠭᠠᠷ ᠵᠦᠢᠯ ᠤᠯᠤᠰ ᠠᠴᠠ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠨᠦᠬᠦᠪᠦᠷᠢ ᠪᠠ | ᠨᠡᠬᠦᠳᠡᠯ ᠠᠷᠠᠳ ᠢ ᠲᠥᠪᠬᠢᠨᠡᠭᠦᠯᠬᠦ ᠪᠡᠯᠡ ᠮᠥᠩᠭᠦ᠂ ᠤᠰᠤᠨ ᠴᠥᠭᠦᠷᠥᠮ ᠤᠨ ᠨᠡᠬᠦᠳᠡᠯ ᠠᠷᠠᠳ ᠤᠨ ᠰᠡᠭᠦᠯᠴᠢ ᠶᠢᠨ | ᠬᠤᠭᠤᠴᠠᠭᠠᠨ ᠤ ᠲᠡᠳᠬᠦᠨ ᠳᠡᠮᠵᠢᠬᠦ ᠪᠡᠯᠡ ᠮᠥᠩᠭᠦ ᠶᠢ ᠰᠠᠯᠭᠠᠨ ᠥᠭᠬᠦ᠂ ᠬᠡᠷᠡᠭᠯᠡᠬᠦ ᠪᠠ ᠬᠠᠮᠢᠶᠠᠷᠬᠤ ᠳᠤ ᠬᠢᠨᠠᠨ | ᠪᠠᠶᠢᠴᠠᠭᠠᠬᠤ ᠲᠦᠷᠢᠮ ᠢ ᠬᠡᠷᠡᠭᠵᠢᠭᠦᠯᠦᠨ᠎ᠡ᠃ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠨᠦᠬᠦᠪᠦᠷᠢ ᠪᠠ ᠨᠡᠬᠦᠳᠡᠯ | ᠠᠷᠠᠳ ᠢ ᠲᠥᠪᠬᠢᠨᠡᠭᠦᠯᠬᠦ ᠪᠡᠯᠡ ᠮᠥᠩᠭᠦ᠂ ᠤᠰᠤᠨ ᠴᠥᠭᠦᠷᠥᠮ ᠤᠨ ᠨᠡᠬᠦᠳᠡᠯ ᠠᠷᠠᠳ ᠤᠨ ᠰᠡᠭᠦᠯᠴᠢ ᠶᠢᠨ | ᠬᠤᠭᠤᠴᠠᠭᠠᠨ ᠤ ᠲᠡᠳᠬᠦᠨ ᠳᠡᠮᠵᠢᠬᠦ ᠪᠡᠯᠡ ᠮᠥᠩᠭᠦ ᠶᠢ ᠰᠠᠯᠭᠠᠨ ᠥᠭᠭᠦᠭᠰᠡᠨ᠂ ᠬᠡᠷᠡᠭᠯᠡᠭᠰᠡᠨ ᠪᠠ ᠬᠠᠮᠢᠶᠠᠷᠤᠭᠰᠠᠨ | ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠳᠤ ᠲᠤᠰᠢᠶᠠᠯ ᠤᠨ ᠬᠤᠭᠤᠴᠠᠭᠠᠨ ᠤ ᠠᠵᠤ ᠠᠬᠤᠶ ᠶᠢᠨ ᠬᠠᠷᠢᠭᠤᠴᠠᠯᠭ᠎ᠠ ᠶᠢᠨ | ᠬᠢᠨᠠᠨ ᠪᠤᠳᠤᠯᠳᠠ ᠶᠢ ᠬᠠᠤᠯᠢ ᠶᠣᠰᠣᠭᠠᠷ ᠶᠠᠪᠤᠭᠳᠠᠭᠤᠯᠤᠨ᠎ᠠ᠃ | | ᠳᠥᠴᠢ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠲᠤᠤᠷᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠡᠳ᠋ ᠤᠨ ᠵᠠᠰᠠᠭ᠂ ᠬᠥᠭᠵᠢᠭᠦᠯᠦᠯᠲᠡ ᠪᠠ | ᠥᠭᠡᠷᠡᠴᠢᠯᠡᠯᠲᠡ᠂ ᠠᠷᠠᠳ ᠢ ᠨᠡᠭᠦᠯᠭᠡᠬᠦ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ | ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠨᠦᠬᠦᠪᠦᠷᠢ ᠪᠠ ᠠᠷᠠᠳ ᠢ ᠨᠡᠭᠦᠯᠭᠡᠨ ᠲᠥᠪᠬᠢᠨᠡᠭᠦᠯᠬᠦ ᠪᠡᠯᠠ ᠮᠥᠩᠭᠦ᠂ | ᠤᠰᠦᠠ ᠴᠥᠭᠦᠷᠥᠮ ᠤᠨ ᠠᠷᠠᠳ ᠢ ᠨᠡᠬᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠪᠡᠯᠠ ᠮᠥᠩᠭᠦ ᠶᠢ | ᠰᠠᠯᠭᠠᠨ ᠥᠭᠬᠦ᠂ ᠬᠡᠷᠡᠭᠯᠡᠬᠦ ᠪᠠ ᠬᠠᠮᠢᠶᠠᠷᠬᠤ ᠳᠤ ᠲᠠᠯᠪᠢᠬᠤ ᠬᠢᠨᠠᠯᠲᠠ ᠪᠠᠨ ᠴᠢᠩᠭᠠᠳᠬᠠᠬᠤ ᠬᠡᠷᠡᠭᠲᠡᠶ᠃ | | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ | ᠨᠡᠬᠦᠳᠡᠯ ᠠᠷᠠᠳ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠨᠦᠬᠦᠪᠦᠷᠢ | ᠪᠠ ᠨᠡᠬᠦᠳᠡᠯ ᠠᠷᠠᠳ ᠢ ᠲᠥᠪᠬᠢᠨᠡᠭᠦᠯᠬᠦ ᠪᠡᠯᠡ ᠮᠥᠩᠭᠦ᠂ ᠤᠰᠤᠨ ᠴᠥᠭᠦᠷᠥᠮ ᠤᠨ ᠨᠡᠬᠦᠳᠡᠯ ᠠᠷᠠᠳ ᠤᠨ | ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠪᠡᠯᠡ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠵᠤ᠂ | ᠲᠣᠭᠲᠠᠮᠠᠯ ᠬᠤᠭᠤᠴᠠᠭ᠎ᠠ ᠲᠠᠢ ᠪᠠᠷ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ | ᠨᠡᠬᠦᠳᠡᠯ ᠠᠷᠠᠳ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠬᠦ ᠶᠢᠨ ᠬᠠᠮᠲᠤ ᠬᠤᠯᠪᠣᠭᠳᠠᠯ ᠪᠦᠬᠦᠢ ᠪᠡᠯᠡ | ᠮᠥᠩᠭᠦ ᠶᠢ ᠰᠢᠯᠵᠢᠭᠦᠯᠦᠨ ᠥᠭᠭᠦᠭᠰᠡᠨ᠂ ᠬᠡᠷᠡᠭᠯᠡᠭᠰᠡᠨ ᠪᠠ ᠬᠠᠮᠢᠶᠠᠷᠤᠭᠰᠠᠨ ᠪᠠᠶᠢᠳᠠᠯ ᠢᠶᠠᠨ ᠲᠦᠷᠦᠯ ᠵᠦᠢᠯᠡᠰ ᠤᠨ | ᠬᠠᠤᠯᠢ ᠶᠢᠨ ᠡᠷᠬᠡᠳᠡᠨ ᠳᠤ ᠮᠡᠳᠡᠭᠳᠡᠬᠦ ᠬᠡᠷᠡᠭᠳᠡᠢ᠃ | | ᠲᠠᠪᠢᠳᠤᠭᠠᠷ ᠵᠦᠢᠯ ᠡᠯ᠎ᠡ ᠱᠠᠲᠤᠨ ᠤ ᠬᠢᠨᠠᠨ ᠪᠤᠳᠤᠬᠤ᠂ ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ ᠭᠠᠵᠠᠷ | ᠰᠢᠷᠣᠶ ᠶᠢᠨ ᠲᠠᠲᠠᠪᠤᠷᠢᠯᠠᠯᠲᠠ ᠶᠢᠨ ᠨᠦᠬᠦᠪᠦᠷᠢ ᠪᠠ ᠨᠡᠬᠦᠳᠡᠯ ᠠᠷᠠᠳ ᠢ ᠲᠥᠪᠬᠢᠨᠡᠭᠦᠯᠬᠦ ᠪᠡᠯᠡ ᠮᠥᠩᠭᠦ᠂ ᠤᠰᠤᠨ | ᠴᠥᠭᠦᠷᠥᠮ ᠤᠨ ᠨᠡᠬᠦᠳᠡᠯ ᠠᠷᠠᠳ ᠤᠨ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠪᠡᠯᠡ ᠮᠥᠩᠭᠦ ᠶᠢ | ᠰᠠᠯᠭᠠᠨ ᠥᠭᠭᠦᠭᠰᠡᠨ᠂ ᠬᠡᠷᠡᠭᠯᠡᠭᠰᠡᠨ ᠪᠠ ᠬᠠᠮᠢᠶᠠᠷᠤᠭᠰᠠᠨ ᠪᠠᠶᠢᠳᠠᠯ ᠤᠨ ᠲᠤᠬᠠᠶ ᠬᠢᠨᠠᠨ ᠪᠤᠳᠤᠬᠤ ᠪᠠ ᠬᠢᠨᠠᠨ | ᠪᠠᠶᠢᠴᠠᠭᠠᠬᠤ ᠪᠠᠨ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠶ᠃ | | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠨᠦᠬᠦᠪᠦᠷᠢ ᠪᠠ ᠨᠡᠬᠦᠳᠡᠯ ᠠᠷᠠᠳ ᠢ ᠲᠥᠪᠬᠢᠨᠡᠭᠦᠯᠬᠦ ᠪᠡᠯᠡ | ᠮᠥᠩᠭᠦ᠂ ᠤᠰᠤᠨ ᠴᠥᠭᠦᠷᠥᠮ ᠤᠨ ᠨᠡᠬᠦᠳᠡᠯ ᠠᠷᠠᠳ ᠤᠨ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠪᠡᠯᠡ | ᠮᠥᠩᠭᠦ ᠶᠢ ᠰᠠᠯᠭᠠᠨ ᠥᠭᠭᠦᠭᠰᠡᠨ᠂ ᠬᠡᠷᠡᠭᠯᠡᠭᠰᠡᠨ ᠪᠠ ᠬᠠᠮᠢᠶᠠᠷᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠪᠠᠨ | ᠴᠢᠩᠭᠠᠳᠬᠠᠬᠤ ᠬᠡᠷᠡᠭᠲᠡᠶ᠃ | | ᠬᠢᠨᠠᠨ ᠪᠤᠳᠤᠬᠤ᠂ ᠬᠢᠨᠠᠨ ᠪᠠᠶᠢᠴᠠᠭᠠᠬᠤ ᠪᠠᠶᠢᠭᠤᠯᠭ᠎ᠠ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠬᠢᠨᠠᠨ | ᠪᠤᠳᠤᠬᠤ᠂ ᠬᠢᠨᠠᠨ ᠪᠠᠶᠢᠴᠠᠭᠠᠬᠤ ᠪᠠ ᠬᠢᠨᠠᠯᠲᠠ ᠲᠠᠯᠪᠢᠬᠤ ᠦᠶ᠎ᠡ ᠳᠤ᠂ ᠬᠤᠯᠪᠣᠭᠳᠠᠯ ᠪᠦᠬᠦᠢ ᠨᠢᠭᠡᠴᠢ ᠪᠠ ᠬᠤᠪᠢ | ᠬᠥᠮᠦᠨ ᠬᠠᠮᠵᠢᠯᠴᠠᠵᠤ᠂ ᠬᠤᠯᠪᠣᠭᠳᠠᠯ ᠪᠦᠬᠦᠢ ᠮᠠᠲ᠋ᠧᠷᠢᠶᠠᠯ ᠢ ᠴᠠᠭ ᠲᠤᠬᠠᠶ ᠳᠤᠨᠢ ᠬᠠᠩᠭᠠᠬᠤ ᠬᠡᠷᠡᠭᠲᠡᠶ᠃ | | ᠲᠠᠪᠢᠨ ᠨᠢᠭᠡᠳᠦᠭᠡᠷ ᠵᠦᠢᠯ ᠤᠯᠤᠰ ᠠᠴᠠ ᠨᠡᠬᠦᠳᠡᠯ ᠠᠷᠠᠳ ᠢ ᠲᠥᠪᠬᠢᠨᠡᠭᠦᠯᠬᠦ ᠪᠦᠬᠦ ᠶᠠᠪᠤᠴᠠ ᠳᠤ ᠬᠢᠨᠠᠯᠲᠠ | ᠲᠠᠯᠪᠢᠵᠤ ᠦᠨᠡᠯᠡᠨ ᠵᠢᠱᠢᠬᠦ ᠶᠢ ᠬᠡᠷᠡᠭᠵᠢᠭᠦᠯᠦᠨ᠎ᠡ᠃ ᠨᠡᠭᠦᠳᠡᠯ ᠠᠷᠠᠳ ᠢ ᠲᠥᠪᠬᠢᠨᠡᠭᠦᠯᠬᠦ ᠬᠡᠯᠡᠯᠴᠡᠭᠡᠷ ᠲᠣᠭᠲᠠᠭᠰᠠᠨ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠲᠥᠷᠥᠯ ᠵᠦᠢᠯ ᠤᠨ ᠬᠠᠤᠯᠢ ᠶᠢᠨ ᠡᠷᠬᠡᠲᠡᠨ | ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢ ᠠᠪᠴᠤ᠂ ᠨᠡᠭᠦᠳᠡᠯ ᠠᠷᠠᠳ ᠢ ᠲᠥᠪᠬᠢᠨᠡᠭᠦᠯᠬᠦ ᠠᠵᠢᠯ ᠳᠤ ᠬᠢᠨᠠᠯᠲᠠ | ᠲᠠᠯᠪᠢᠵᠤ ᠦᠨᠡᠯᠡᠨ ᠵᠢᠱᠢᠬᠦ ᠨᠢᠭᠡᠴᠢ ᠳᠤ ᠬᠠᠮᠲᠤᠪᠠᠷ ᠨᠠᠶᠢᠳᠠᠵᠤ ᠨᠡᠭᠦᠳᠡᠯ ᠠᠷᠠᠳ ᠢ ᠨᠡᠭᠦᠯᠭᠡᠬᠦ ᠠᠬᠢᠴᠠ᠂ ᠨᠡᠭᠦᠳᠡᠯ | ᠠᠷᠠᠳ ᠢ ᠲᠥᠪᠬᠢᠨᠡᠭᠦᠯᠬᠦ ᠶᠠᠰᠤ ᠴᠢᠨᠠᠷ᠂ ᠨᠡᠭᠦᠳᠡᠯ ᠠᠷᠠᠳ ᠤᠨ ᠪᠡᠯᠡ ᠮᠥᠩᠭᠦ ᠶᠢ ᠰᠠᠯᠭᠠᠨ ᠥᠭᠭᠦᠭᠰᠡᠨ ᠪᠠ | ᠬᠡᠷᠡᠭᠯᠡᠭᠰᠡᠨ ᠪᠠᠶᠢᠳᠠᠯ ᠵᠢᠴᠢ ᠨᠡᠭᠦᠳᠡᠯ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠰᠡᠷᠭᠦᠭᠡᠭᠰᠡᠨ ᠪᠠᠶᠢᠳᠠᠯ ᠳᠤ | ᠬᠢᠨᠠᠯᠲᠠ ᠲᠠᠯᠪᠢᠵᠤ ᠦᠨᠡᠯᠡᠨ ᠵᠢᠱᠢᠯᠲᠡ ᠬᠢᠯᠭᠡᠬᠦ ᠬᠡᠷᠡᠭᠲᠡᠶ᠃ ᠨᠠᠶᠢᠳᠠᠯᠭ᠎ᠠ ᠬᠦᠯᠢᠶᠡᠭᠰᠡᠨ ᠲᠠᠯ᠎ᠠ ᠨᠢ ᠬᠢᠨᠠᠯᠲᠠ | ᠲᠠᠯᠪᠢᠵᠤ ᠦᠨᠡᠯᠡᠨ ᠵᠢᠱᠢᠭᠰᠡᠨ ᠪᠠᠶᠢᠳᠠᠯ ᠢᠶᠠᠨ ᠨᠠᠶᠢᠳᠠᠭᠰᠠᠨ ᠲᠠᠯ᠎ᠠ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ | | ᠲᠡᠪᠢᠠ ᠬᠤᠶᠠᠳᠤᠭᠠᠷ ᠵᠦᠢᠯ ᠭᠠᠵᠠᠷ ᠲᠠᠲᠠᠪᠤᠷᠢᠯᠠᠯᠲᠠ ᠶᠢᠨ ᠨᠦᠬᠦᠪᠦᠷᠢ ᠥᠭᠬᠦ ᠪᠠ ᠨᠡᠬᠦᠳᠡᠯ ᠠᠷᠠᠳ ᠢ | ᠲᠥᠪᠬᠢᠨᠡᠭᠦᠯᠬᠦ ᠪᠡᠯᠠ ᠮᠥᠩᠭᠦ ᠶᠢ ᠲᠤᠰᠬᠠᠶ ᠲᠡᠩᠰᠠ ᠪᠠᠷ ᠬᠠᠳᠠᠭᠠᠯᠠᠵᠤ᠂ ᠲᠤᠰᠬᠠᠶ ᠲᠡᠩᠰᠠ ᠪᠠᠷ ᠲᠣᠭᠠᠴᠠᠭᠠᠯᠠᠬᠤ | ᠬᠡᠷᠡᠭᠲᠡᠶ᠂ ᠬᠠᠳᠠᠭᠠᠯᠠᠬᠤ ᠬᠤᠭᠤᠴᠠᠭᠠᠨ ᠳᠠᠬᠢ ᠦᠷᠡᠵᠢᠯ ᠮᠦᠩᠬᠦ ᠶᠢ ᠭᠠᠵᠠᠷ ᠲᠠᠲᠠᠪᠤᠷᠢᠯᠠᠯᠲᠠ ᠶᠢᠨ ᠨᠦᠬᠦᠪᠦᠷᠢ | ᠥᠭᠬᠦ ᠪᠠ ᠨᠡᠬᠦᠳᠡᠯ ᠠᠷᠠᠳ ᠢ ᠲᠥᠪᠬᠢᠨᠡᠭᠦᠯᠬᠦ ᠪᠡᠯᠠ ᠮᠥᠩᠭᠦ ᠳᠤ ᠣᠷᠣᠭᠤᠯᠬᠤ ᠬᠡᠷᠡᠭᠲᠡᠶ᠂ ᠪᠤᠰᠤᠳ ᠵᠦᠢᠯ ᠳᠤ | ᠨᠡᠭᠦᠯᠭᠡᠨ ᠬᠡᠷᠡᠭᠯᠡᠵᠦ ᠪᠣᠯᠬᠤ ᠤᠢᠭᠡᠢ᠃ | | ᠲᠠᠪᠢᠨ ᠭᠤᠷᠪᠠᠳᠤᠭᠠᠷ ᠵᠦᠢᠯ ᠨᠡᠭᠦᠳᠡᠯ ᠠᠷᠠᠳ ᠤᠨ ᠲᠣᠭᠤᠷᠢᠭ ᠪᠠ ᠨᠡᠭᠦᠳᠡᠯ ᠠᠷᠠᠳ ᠢ ᠲᠥᠪᠬᠢᠨᠡᠭᠦᠯᠬᠦ | ᠲᠣᠭᠤᠷᠢᠭ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠭᠠᠴᠠᠭ᠎ᠠ ᠪᠠᠷ ᠨᠢᠭᠡᠴᠢ ᠪᠣᠯᠭᠠᠨ ᠲᠤᠮᠤ | ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠲᠠᠲᠠᠪᠤᠷᠢᠯᠠᠭᠰᠠᠨ ᠭᠠᠵᠠᠷ | ᠰᠢᠷᠣᠶ ᠶᠢᠨ ᠲᠤᠭ᠎ᠠ ᠬᠡᠮᠵᠢᠶ᠎ᠡ᠂ ᠭᠠᠵᠠᠷ ᠰᠢᠷᠣᠶ ᠶᠢᠨ ᠲᠦᠷᠦᠯ ᠵᠦᠢᠯ ᠪᠠ ᠪᠣᠳᠠᠲᠤ ᠪᠤᠳᠠᠰ ᠤᠨ ᠪᠠᠶᠢᠴᠠᠭᠠᠯᠲᠠ ᠶᠢᠨ | ᠦᠷ᠎ᠡ ᠳ᠋ᠦᠩ᠂ ᠨᠥᠬᠦᠪᠥᠷᠢ ᠥᠭᠬᠦ ᠬᠡᠪᠴᠢᠶ᠎ᠡ᠂ ᠨᠥᠬᠦᠪᠥᠷᠢ ᠥᠭᠬᠦ ᠪᠠᠷᠢᠮᠵᠢᠶ᠎ᠠ ᠪᠠ ᠵᠣᠭᠤᠰ ᠤᠨ ᠲᠤᠭ᠎ᠠ ᠵᠢᠴᠢ | ᠲᠥᠪᠬᠢᠨᠡᠭᠦᠯᠬᠦ ᠲᠥᠰᠦᠯ ᠵᠡᠷᠭᠡ ᠶᠢ ᠤᠯᠠᠨ ᠲᠦᠮᠡᠨ ᠳᠤ ᠨᠡᠶᠢᠲᠡᠯᠡᠬᠦ ᠬᠡᠷᠡᠭᠲᠡᠶ᠃ ᠤᠯᠠᠨ ᠲᠦᠮᠡᠨ ᠣᠨᠳᠣᠣ ᠰᠠᠨᠠᠯ | ᠳᠤᠷᠠᠳᠤᠭᠰᠠᠨ ᠪᠠᠶᠢᠪᠠᠯ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠴᠠᠭ ᠲᠤᠬᠠᠶ ᠳᠤᠨᠢ ᠬᠢᠨᠠᠨ | ᠪᠠᠶᠢᠴᠠᠭᠠᠬᠤ ᠶᠢᠨ ᠬᠠᠮᠲᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠣᠨᠣᠪᠴᠢ ᠦᠭᠡᠢ | ᠵᠦᠢᠯᠡᠰ ᠢ ᠵᠠᠯᠠᠷᠠᠭᠤᠯᠬᠤ ᠬᠡᠷᠡᠭᠲᠡᠶ︔ ᠬᠢᠨᠠᠨ ᠪᠠᠶᠢᠴᠠᠭᠠᠭᠠᠳ ᠡ᠊ᠨᠳᠡᠭᠦᠦ ᠪᠤᠷᠤᠭᠤ ᠦᠭᠡᠢ ᠪᠠᠶᠢᠪᠠᠯ᠂ ᠴᠠᠭ | ᠲᠤᠬᠠᠶ ᠳᠤᠨᠢ ᠤᠯᠠᠨ ᠲᠦᠮᠡᠨ ᠳᠤ ᠲᠠᠶᠢᠯᠪᠤᠷᠢᠯᠠᠵᠤ ᠥᠭᠬᠦ ᠬᠡᠷᠡᠭᠲᠡᠶ᠃ | | ᠨᠡᠬᠦᠳᠡᠯ ᠠᠷᠠᠳ ᠢ ᠲᠥᠪᠬᠢᠨᠡᠭᠦᠯᠬᠦ ᠡᠭᠦᠷᠭᠡ ᠲᠠᠢ ᠰᠢᠶᠠᠩ ︵ᠪᠠᠯᠭᠠᠰᠤ︶᠂ ᠭᠠᠴᠠᠭ᠎ᠠ ᠨᠢ ᠭᠠᠵᠠᠷ ᠰᠢᠷᠣᠶ ᠶᠢᠨ | ᠲᠠᠲᠠᠪᠤᠷᠢᠯᠠᠯᠲᠠ ᠶᠢᠨ ᠨᠦᠬᠦᠪᠦᠷᠢ ᠪᠠ ᠨᠡᠬᠦᠳᠡᠯ ᠠᠷᠠᠳ ᠢ ᠲᠥᠪᠬᠢᠨᠡᠭᠦᠯᠬᠦ ᠪᠡᠯᠡ ᠮᠥᠩᠭᠦ ᠶᠢᠨ ᠡᠳ᠋ ᠤᠨ ᠶᠠᠪᠤᠳᠠᠯ ᠤᠨ | ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠭᠠᠵᠠᠷ ᠰᠢᠷᠣᠶ ᠶᠢᠨ | ᠲᠠᠲᠠᠪᠤᠷᠢᠯᠠᠯᠲᠠ ᠶᠢᠨ ᠨᠦᠬᠦᠪᠦᠷᠢ ᠪᠠ ᠨᠡᠬᠦᠳᠡᠯ ᠠᠷᠠᠳ ᠢ ᠲᠥᠪᠬᠢᠨᠡᠭᠦᠯᠬᠦ ᠪᠡᠯᠡ ᠮᠥᠩᠭᠦ ᠶᠢᠨ ᠣᠷᠣᠯᠭ᠎ᠠ | ᠵᠠᠷᠤᠯᠭ᠎ᠠ ᠶᠢᠨ ᠪᠠᠶᠢᠳᠠᠯ ᠢ ᠵᠠᠷᠯᠠᠨ ᠨᠡᠶᠢᠲᠡᠯᠡᠵᠦ᠂ ᠤᠯᠠᠨ ᠲᠦᠮᠡᠨ ᠤ ᠬᠢᠨᠠᠯᠲᠠ ᠶᠢ ᠬᠦᠯᠢᠶᠡᠬᠦ ᠬᠡᠷᠡᠭᠲᠡᠶ︔ ᠭᠠᠵᠠᠷ | ᠰᠢᠷᠣᠶ ᠶᠢᠨ ᠨᠦᠬᠦᠪᠦᠷᠢ ᠶᠢᠨ ᠰᠦᠢᠳᠬᠡᠯ ᠪᠠ ᠬᠠᠮᠲᠤ ᠶᠢᠨ ᠡᠳ᠋ ᠬᠦᠷᠦᠩᠭᠡ ᠶᠢᠨ ᠨᠦᠬᠦᠪᠦᠷᠢ ᠶᠢᠨ ᠰᠦᠢᠳᠬᠡᠯ ᠢ | ᠬᠡᠷᠡᠭᠯᠡᠬᠦ ᠲᠥᠰᠦᠯ ᠢ ᠭᠠᠴᠠᠭᠠᠨ ᠤ ᠠᠷᠠᠳ ᠤᠨ ᠬᠤᠷᠠᠯ ᠪᠤᠶᠤ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ | ᠬᠤᠷᠠᠯ ᠢᠶᠠᠷ ᠶᠠᠷᠢᠯᠴᠠᠭᠤᠯᠤᠨ ᠪᠠᠲᠤᠯᠠᠭᠤᠯᠬᠤ ᠬᠡᠷᠡᠭᠲᠡᠶ᠃ | | ᠨᠡᠭᠦᠳᠡᠯ ᠠᠷᠠᠳ ᠢ ᠲᠥᠪᠬᠢᠨᠡᠭᠦᠯᠬᠦ ᠲᠣᠭᠤᠷᠢᠭ ᠰᠢᠶᠠᠩ ︵ᠪᠠᠯᠭᠠᠰᠤ︶ ᠤᠨ ᠠᠷᠠᠳ ᠤᠨ ᠵᠠᠰᠠᠭ ᠤᠨ | ᠣᠷᠳᠣᠨ᠂ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠪᠠᠶᠢᠭᠠᠳ ᠨᠡᠭᠦᠳᠡᠯ ᠠᠷᠠᠳ ᠢ ᠬᠠᠪᠰᠤᠷᠤᠨ ᠲᠤᠬᠠᠶ ᠶᠢᠨ ᠭᠠᠵᠠᠷ ᠤᠨ ᠦᠢᠯᠡᠳᠪᠦᠷᠢᠯᠡᠯ᠂ ᠠᠮᠢᠳᠤᠷᠠᠯ ᠳᠤ | ᠵᠣᠬᠢᠴᠠᠭᠤᠯᠵᠤ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠡᠶᠡᠳᠡᠬᠦᠯᠦᠨ ᠰᠢᠢᠳᠪᠤᠷᠢᠯᠡᠬᠦ ᠬᠡᠷᠡᠭᠲᠡᠶ᠃ | | ᠲᠠᠪᠢᠨ ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠪᠤᠶᠤ ᠲᠡᠭᠦᠨ ᠤ ᠨᠡᠬᠦᠳᠡᠯ ᠠᠷᠠᠳ ᠢ ᠬᠠᠮᠢᠶᠠᠷᠬᠤ ᠪᠠᠶᠢᠭᠤᠯᠤᠮᠵᠢ ᠵᠢᠴᠢ ᠲᠦᠷᠦᠯ ᠵᠦᠢᠯᠡᠰ ᠤᠨ | ᠬᠠᠤᠯᠢ ᠶᠢᠨ ᠡᠷᠬᠡᠳᠡᠨ ᠨᠡᠬᠦᠳᠡᠯ ᠠᠷᠠᠳ ᠤᠨ ᠠᠵᠢᠯ ᠤᠨ ᠲᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ᠃ | | ᠲᠠᠪᠢᠨ ᠲᠠᠪᠤᠳᠤᠭᠠᠷ ᠵᠦᠢᠯ ᠤᠯᠤᠰ ᠠᠴᠠ ᠨᠡᠬᠦᠳᠡᠯ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ | ᠬᠦ ᠬᠠᠮᠠᠭᠠᠯᠠᠨ᠎ᠠ᠃ | | ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠨᠦᠬᠦᠪᠦᠷᠢ ᠥᠭᠬᠦ ᠪᠠ ᠨᠡᠬᠦᠳᠡᠯ ᠠᠷᠠᠳ ᠢ ᠲᠥᠪᠬᠢᠨᠡᠭᠦᠯᠬᠦ | ᠶᠠᠪᠤᠴᠠ ᠳᠤ᠂ ᠨᠡᠬᠦᠳᠡᠯ ᠠᠷᠠᠳ ᠦᠪᠡᠷ ᠤᠨ ᠬᠠᠤᠯᠢ ᠶᠣᠰᠣᠨ ᠤ ᠡᠷᠬᠡ ᠠᠰᠢᠭ ᠨᠢ ᠬᠠᠯᠳᠠᠯᠭ᠎ᠠ ᠳᠤ ᠤᠴᠠᠷᠠᠭᠰᠠᠨ | ᠭᠡᠵᠦ ᠦᠵᠡᠪᠡᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ | ᠨᠡᠬᠦᠳᠡᠯ ᠠᠷᠠᠳ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠬᠠᠤᠯᠢ ᠶᠣᠰᠣᠭᠠᠷ ᠲᠤᠰᠬᠠᠵᠤ ᠪᠣᠯᠤᠨ᠎ᠠ᠂ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠨᠡᠬᠦᠳᠡᠯ ᠠᠷᠠᠳ ᠤᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠨᠡᠬᠦᠳᠡᠯ ᠠᠷᠠᠳ ᠤᠨ ᠲᠤᠰᠬᠠᠭᠰᠠᠨ ᠠᠰᠠᠭᠤᠳᠠᠯ ᠢ ᠬᠢᠨᠠᠨ | ᠬᠠᠷᠭᠤᠭᠤᠯᠬᠤ ᠶᠢᠨ ᠬᠠᠮᠲᠤ ᠲᠣᠬᠢᠲᠠᠶ ᠰᠢᠢᠳᠪᠤᠷᠢᠯᠡᠬᠦ ᠬᠡᠷᠡᠭᠲᠡᠶ᠃ ᠨᠡᠬᠦᠳᠡᠯ ᠠᠷᠠᠳ ᠴᠦ ᠬᠠᠤᠯᠢ ᠶᠣᠰᠣᠭᠠᠷ | ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠣᠯᠤᠨ᠎ᠠ᠃ | | ᠨᠡᠬᠦᠳᠡᠯ ᠠᠷᠠᠳ ᠢ ᠲᠥᠪᠬᠢᠨᠡᠭᠦᠯᠦᠭᠰᠡᠨ ᠤ ᠲᠠᠷᠠᠭ᠎ᠠ᠂ ᠨᠡᠬᠦᠳᠡᠯ ᠠᠷᠠᠳ ᠨᠢ ᠨᠡᠬᠦᠳᠡᠯ ᠠᠷᠠᠳ ᠢ | ᠲᠥᠪᠬᠢᠨᠡᠭᠦᠯᠦᠭᠰᠡᠨ ᠣᠷᠣᠨ ᠤ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠲᠠᠢ ᠠᠳᠠᠯᠢ ᠲᠡᠭᠰᠢ ᠡᠷᠬᠡ ᠶᠢ ᠡᠳ᠋ᠯᠡᠵᠦ | ᠂ ᠠᠳᠠᠯᠢ ᠲᠡᠭᠰᠢ ᠡᠭᠦᠷᠭᠡ ᠶᠢ ᠡᠭᠦᠷᠭᠡᠯᠡᠨ᠎ᠡ᠃ | | ᠲᠠᠪᠢᠨ ᠵᠢᠷᠭᠤᠳᠤᠭᠠᠷ ᠵᠦᠢᠯ ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢᠨ ᠶᠣᠰᠣᠭᠠᠷ ᠡᠷᠬᠡᠪᠰᠢ | ᠨᠡᠭᠦᠯᠭᠡᠬᠦ ᠬᠡᠷᠡᠭᠲᠡᠶ ᠨᠡᠬᠦᠳᠡᠯ ᠠᠷᠠᠳ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠨᠡᠭᠦᠯᠭᠡᠬᠦ ᠶᠢ | ᠬᠤᠶᠢᠰᠢᠯᠠᠭᠤᠯᠬᠤ ᠪᠤᠶᠤ ᠨᠡᠭᠦᠯᠭᠡᠬᠦ ᠶᠢ ᠲᠡᠪᠴᠢᠵᠦ ᠪᠣᠯᠬᠤ ᠦᠭᠡᠢ᠃ ᠨᠢᠭᠡᠨᠲᠡ ᠲᠥᠪᠬᠢᠨᠡᠭᠦᠯᠦᠭᠰᠡᠨ ᠨᠡᠭᠦᠳᠡᠯ | ᠠᠷᠠᠳ ᠢ ᠪᠤᠴᠠᠭᠠᠵᠤ ᠨᠡᠭᠦᠯᠭᠡᠵᠦ ᠪᠣᠯᠬᠤ ᠥᠭᠡᠢ᠃ | | ᠳᠣᠯᠣᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠲᠠᠪᠢᠨ ᠳᠣᠯᠣᠳᠤᠭᠠᠷ ᠵᠤᠶᠢᠯ ᠲᠣᠰ ᠲᠦᠷᠢᠮ ᠤᠨ ᠲᠣᠭᠲᠠᠭᠠᠯ ᠢ ᠵᠥᠷᠢᠴᠡᠵᠦ᠂ ᠬᠤᠯᠪᠣᠭᠳᠠᠯ ᠪᠥᠬᠦᠶ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠪᠠᠶᠢᠭᠤᠯᠤᠮᠵᠢ᠂ | ᠲᠥᠷᠥᠯ ᠵᠤᠶᠢᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠳᠣᠤᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠰᠢᠭᠤᠳ ᠬᠠᠷᠢᠭᠤᠴᠠᠵᠤ | ᠪᠠᠶᠢᠭ᠎ᠠ ᠭᠤᠤᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠰ ᠲᠤ ᠬᠠᠤᠯᠢ | ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ︔ ᠬᠦᠨᠳᠦ ᠨᠣᠴᠢᠲᠠᠶ ᠤᠷᠰᠢᠭ ᠲᠠᠲᠠᠵᠤ᠂ ᠬᠤᠯᠪᠣᠭᠳᠠᠯ | ᠪᠦᠬᠦᠢ ᠬᠠᠷᠢᠭᠤᠴᠠᠯᠭ᠎ᠠ ᠲᠠᠢ ᠬᠥᠮᠦᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠄ | | ︵ᠨᠢᠭᠡ︶ ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢᠨ ᠬᠥᠲᠥᠯᠪᠦᠷᠢ᠂ ᠨᠡᠬᠦᠳᠡᠯ ᠠᠷᠠᠳ ᠢ | ᠲᠥᠪᠬᠢᠨᠡᠭᠦᠯᠬᠦ ᠲᠥᠯᠥᠪᠵᠢᠭᠦᠯᠭᠡ ᠪᠤᠶᠤ ᠤᠰᠤᠨ ᠴᠥᠭᠦᠷᠥᠮ ᠤᠨ ᠨᠡᠬᠦᠳᠡᠯ ᠠᠷᠠᠳ ᠤᠨ ᠰᠡᠭᠦᠯᠴᠢ ᠶᠢᠨ | ᠬᠤᠭᠤᠴᠠᠭᠠᠨ ᠤ ᠲᠡᠳᠬᠦᠨ ᠳᠡᠮᠵᠢᠬᠦ ᠲᠥᠯᠥᠪᠵᠢᠭᠦᠯᠭᠡ ᠶᠢ ᠲᠣᠭᠲᠠᠭᠠᠯ ᠠᠴᠠ ᠵᠥᠷᠢᠴᠡᠨ ᠵᠥᠪᠰᠢᠶᠡᠷᠡᠭᠰᠡᠨ︔ | | ︵ᠬᠤᠶᠠᠷ︶ ᠲᠣᠭᠲᠠᠭᠠᠯ ᠠᠴᠠ ᠵᠥᠷᠢᠴᠡᠨ ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠭᠰᠠᠨ ᠦᠭᠡᠢ ᠪᠤᠶᠤ ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢ ᠬᠢᠨᠠᠨ | ᠬᠠᠷᠭᠤᠭᠤᠯᠤᠭᠰᠠᠨ ᠦᠭᠡᠢ ᠲᠤᠮᠤ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯᠡᠰ ᠢ ᠵᠥᠪᠰᠢᠶᠡᠷᠡᠭᠰᠡᠨ ᠪᠤᠶᠤ ᠬᠢᠨᠠᠨ | ᠵᠥᠪᠰᠢᠶᠡᠷᠡᠭᠰᠡᠨ︔ | | ︵ᠭᠤᠷᠪᠠ︶ ᠠᠷᠠᠳ ᠢ ᠨᠡᠭᠦᠯᠭᠡᠨ ᠲᠥᠪᠬᠢᠨᠡᠭᠦᠯᠬᠦ ᠳᠤ ᠰᠢᠯᠭᠠᠨ ᠠᠪᠤᠭᠰᠠᠨ ᠦᠭᠡᠢ ᠪᠤᠶᠤ ᠰᠢᠯᠭᠠᠨ ᠠᠪᠬᠤ ᠳᠤ | ᠬᠢᠷᠢ ᠲᠡᠩᠴᠡᠭᠰᠡᠨ ᠦᠭᠡᠢ ᠪᠠᠶᠢᠲᠠᠯ᠎ᠠ ᠲᠤᠮᠤ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠢ ᠱᠠᠳᠤᠴᠢ ᠴᠢᠨᠠᠷᠲᠠᠶ ᠰᠢᠯᠭᠠᠨ ᠠᠪᠤᠭᠰᠠᠨ ᠪᠤᠶᠤ ᠪᠠᠷᠢᠯᠭ᠎ᠠ ᠳᠠᠭᠤᠰᠴᠤ ᠰᠢᠯᠭᠠᠨ ᠠᠪᠤᠭᠰᠠᠨ︔ | | ︵ᠳᠦᠷᠪᠡ︶ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠨ | ᠳᠡᠮᠵᠢᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠦᠭᠡᠢ᠂ ᠬᠤᠯᠪᠣᠭᠳᠠᠯ ᠪᠦᠬᠦᠢ ᠨᠢᠭᠡᠴᠢ ᠠᠴᠠ ᠤᠰᠤᠨ | ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠪᠡᠯᠡ ᠮᠥᠩᠭᠦ ᠶᠢ | ᠰᠠᠯᠭᠠᠨ ᠥᠭᠭᠦᠭᠰᠡᠨ︔ | | ︵ᠲᠠᠪᠤ︶ ᠨᠡᠭᠦᠳᠡᠯ ᠠᠷᠠᠳ ᠢ ᠲᠥᠪᠬᠢᠨᠡᠭᠦᠯᠦᠨ ᠬᠠᠮᠢᠶᠠᠷᠬᠤ᠂ ᠬᠢᠨᠠᠯᠲᠠ ᠲᠠᠯᠪᠢᠬᠤ ᠪᠠ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠠᠪᠤᠴᠠ ᠳᠤ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠣᠯᠵᠤ ᠮᠡᠳᠡᠭᠰᠡᠨ ᠪᠠᠶᠢᠳᠠᠯ᠎ᠠ | ᠪᠠᠶᠢᠴᠠᠭᠠᠨ ᠰᠢᠢᠳᠪᠤᠷᠢᠯᠡᠭᠰᠡᠨ ᠥᠭᠡᠢ︔ | | ︵ᠵᠢᠷᠭᠤᠭ᠎ᠠ︶ ᠠᠷᠠᠳ ᠢ ᠨᠡᠭᠦᠯᠭᠡᠨ ᠲᠥᠪᠬᠢᠨᠡᠭᠦᠯᠬᠦ ᠶᠠᠪᠤᠴᠠ ᠳᠤ ᠠᠰᠠᠭᠤᠳᠠᠯ ᠤᠷᠤᠰᠢᠵᠤ ᠪᠠᠶᠢᠭ᠎ᠠ ᠶᠢ | ᠣᠯᠵᠤ ᠮᠡᠳᠡᠭᠡᠳ ᠴᠠᠭ ᠲᠤᠬᠠᠶ ᠳᠤᠨᠢ ᠰᠢᠢᠳᠪᠤᠷᠢᠯᠡᠭᠰᠡᠨ ᠥᠭᠡᠢ ᠠᠴᠠ ᠪᠣᠯᠣᠭᠠᠳ ᠬᠦᠨᠳᠦ ᠨᠣᠴᠢᠲᠠᠶ ᠦᠷ᠎ᠡ ᠳ᠋ᠦᠩ | ᠭᠠᠷᠭᠠᠭᠰᠠᠨ ᠵᠢᠴᠢ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠡᠭᠦᠷᠭᠡ ᠲᠤᠰᠢᠶᠠᠯ ᠢᠶᠠᠨ ᠣᠮᠲᠣᠭᠠᠶᠢᠯᠠᠵᠤ | ᠬᠠᠷᠢᠭᠤᠴᠠᠯᠭ᠎ᠠ ᠪᠠᠨ ᠣᠮᠲᠣᠭᠠᠶᠢᠯᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠢ | ᠪᠠᠶᠢᠬᠤ᠃ | | ᠲᠠᠪᠢᠨ ᠨᠠᠢᠮᠠᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠲᠥᠷᠥᠯ ᠵᠦᠢᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠡᠭᠦᠳᠡᠯ ᠠᠷᠠᠳ ᠢ | ᠲᠥᠪᠬᠢᠨᠡᠭᠦᠯᠬᠦ ᠲᠥᠯᠥᠪᠵᠢᠭᠦᠯᠭᠡ ᠶᠢᠨ ᠬᠥᠲᠥᠯᠪᠦᠷᠢ᠂ ᠨᠡᠭᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠪᠤᠶᠤ | ᠤᠰᠤᠨ ᠴᠥᠭᠦᠷᠥᠮ ᠤᠨ ᠨᠡᠭᠦᠳᠡᠯ ᠠᠷᠠᠳ ᠤᠨ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ | ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠭᠰᠡᠨ ᠪᠤᠶᠤ ᠵᠠᠰᠠᠪᠤᠷᠢ ᠣᠷᠣᠭᠤᠯᠤᠭᠰᠠᠨ ᠪᠠᠶᠢᠪᠠᠯ᠂ ᠲᠤᠰ | ᠲᠥᠯᠥᠪᠵᠢᠭᠦᠯᠭᠡ ᠶᠢᠨ ᠬᠥᠲᠥᠯᠪᠦᠷᠢ᠂ ᠲᠥᠯᠥᠪᠵᠢᠭᠦᠯᠭᠡ ᠶᠢ ᠵᠥᠪᠰᠢᠶᠡᠷᠡᠭᠰᠡᠨ ᠬᠤᠯᠪᠣᠭᠳᠠᠯ ᠪᠦᠬᠦᠢ ᠠᠷᠠᠳ ᠤᠨ | ᠵᠠᠰᠠᠭ ᠤᠨ ᠣᠷᠳᠣᠨ ᠪᠤᠶᠤ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠪᠠᠶᠢᠭᠤᠯᠤᠮᠵᠢ ᠠᠴᠠ ᠵᠠᠷᠯᠢᠭᠳᠠᠨ | ᠵᠠᠯᠠᠷᠠᠭᠤᠯᠤᠭᠤᠯᠵᠤ᠂ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠬᠤ ᠬᠥᠮᠦᠨ ᠪᠣᠯᠤᠨ ᠰᠢᠭᠤᠳ | ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ︔ | ᠬᠦᠨᠳᠦ ᠶᠡᠭᠡ ᠬᠤᠬᠢᠷᠠᠯ ᠤᠴᠠᠷᠠᠭᠤᠯᠵᠤ᠂ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠨ ᠶᠠᠯ᠎ᠠ ᠪᠤᠯᠵᠦ | ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠲᠣᠰ ᠲᠦᠷᠢᠮ ᠤᠨ ᠲᠣᠭᠲᠠᠭᠠᠯ ᠢ ᠵᠥᠷᠢᠴᠡᠵᠦ᠂ ᠲᠥᠷᠥᠯ ᠵᠤᠶᠢᠯ ᠤᠨ ᠬᠠᠤᠯᠢ ᠶᠢᠨ ᠡᠷᠬᠡᠲᠡᠨ ᠠᠴᠠ ᠨᠡᠭᠦᠳᠡᠯ | ᠠᠷᠠᠳ ᠢ ᠲᠥᠪᠬᠢᠨᠡᠭᠦᠯᠬᠦ ᠲᠥᠯᠥᠪᠵᠢᠭᠦᠯᠭᠡ ᠶᠢᠨ ᠬᠥᠲᠥᠯᠪᠦᠷᠢ᠂ ᠨᠡᠭᠦᠳᠡᠯ ᠠᠷᠠᠳ ᠢ ᠲᠥᠪᠬᠢᠨᠡᠭᠦᠯᠬᠦ | ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠭᠰᠡᠨ ᠪᠤᠶᠤ ᠵᠠᠰᠠᠪᠤᠷᠢ ᠣᠷᠣᠭᠤᠯᠤᠭᠰᠠᠨ ᠪᠠᠶᠢᠪᠠᠯ᠂ ᠲᠣᠰ | ᠲᠥᠯᠥᠪᠵᠢᠭᠦᠯᠭᠡ ᠶᠢᠨ ᠬᠥᠲᠥᠯᠪᠦᠷᠢ᠂ ᠲᠥᠯᠥᠪᠵᠢᠭᠦᠯᠭᠡ ᠶᠢ ᠵᠥᠪᠰᠢᠶᠡᠷᠡᠭᠰᠡᠨ ᠬᠤᠯᠪᠣᠭᠳᠠᠯ ᠪᠥᠬᠦᠶ ᠠᠷᠠᠳ ᠤᠨ | ᠵᠠᠰᠠᠭ ᠤᠨ ᠣᠷᠳᠣᠨ ᠪᠤᠶᠤ ᠲᠡᠭᠦᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠪᠠᠶᠢᠭᠤᠯᠤᠮᠵᠢ ᠠᠴᠠ ᠵᠠᠷᠯᠢᠭᠳᠠᠨ | ᠵᠠᠯᠠᠷᠠᠭᠤᠯᠤᠭᠤᠯᠵᠤ᠂ 10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠬᠤ ᠬᠥᠮᠦᠨ | ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠦᠨᠳᠦ ᠶᠡᠭᠡ ᠬᠤᠬᠢᠷᠠᠯ ᠤᠴᠠᠷᠠᠭᠤᠯᠵᠤ | ᠂ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠲᠠᠪᠢ ᠶᠢᠰᠦᠳᠦᠭᠡᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠨᠡᠬᠦᠳᠡᠯ ᠠᠷᠠᠳ ᠢ | ᠲᠥᠪᠬᠢᠨᠡᠭᠦᠯᠬᠦ ᠲᠥᠯᠥᠪᠵᠢᠭᠦᠯᠭᠡ ᠶᠢᠨ ᠬᠥᠲᠥᠯᠪᠦᠷᠢ᠂ ᠨᠡᠬᠦᠳᠡᠯ ᠠᠷᠠᠳ ᠢ ᠲᠥᠪᠬᠢᠨᠡᠭᠦᠯᠬᠦ ᠲᠥᠯᠥᠪᠵᠢᠭᠦᠯᠭᠡ᠂ | ᠤᠰᠤᠨ ᠴᠥᠭᠦᠷᠥᠮ ᠤᠨ ᠨᠡᠬᠦᠳᠡᠯ ᠠᠷᠠᠳ ᠤᠨ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠤᠶᠤ ᠪᠣᠳᠠᠲᠤ ᠪᠣᠳᠠᠰ ᠤᠨ ᠪᠠᠶᠢᠴᠠᠭᠠᠯᠲᠠ ᠬᠢᠬᠦ᠂ ᠨᠡᠬᠦᠳᠡᠯ | ᠠᠷᠠᠳ ᠢ ᠲᠥᠪᠬᠢᠨᠡᠭᠦᠯᠬᠦ ᠳᠤ ᠬᠢᠨᠠᠯᠲᠠ ᠲᠠᠯᠪᠢᠵᠤ ᠦᠨᠡᠯᠡᠨ ᠵᠢᠱᠢᠬᠦ ᠳᠤᠮᠳᠠ ᠬᠤᠳᠠᠯ ᠬᠡᠯᠡᠵᠦ ᠬᠠᠭᠤᠷᠮᠠᠭᠯᠠᠨ | ᠵᠣᠬᠢᠶᠠᠭᠰᠠᠨ ᠪᠠᠶᠢᠪᠠᠯ᠂ ᠲᠤᠰ ᠲᠥᠯᠥᠪᠵᠢᠭᠦᠯᠭᠡ ᠶᠢᠨ ᠬᠥᠲᠥᠯᠪᠦᠷᠢ᠂ ᠲᠥᠯᠥᠪᠵᠢᠭᠦᠯᠭᠡ ᠶᠢ ᠵᠥᠪᠰᠢᠶᠡᠷᠡᠭᠰᠡᠨ | ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠤᠯᠪᠣᠭᠳᠠᠯ ᠪᠦᠬᠦᠢ ᠨᠢᠭᠡᠴᠢ ᠶᠢ 10 ᠲᠦᠮᠡᠨ | ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ | ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ | ᠪᠤᠰᠤᠳ ᠬᠥᠮᠦᠨ ᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠰᠢᠢᠳᠭᠡᠨ᠎ᠡ︔ ᠪᠤᠰᠤᠳ ᠬᠥᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ | ᠨᠦᠬᠦᠪᠦᠷᠢ ᠶᠢᠨ ᠬᠠᠷᠢᠭᠤᠴᠠᠯᠭ᠎ᠠ ᠡᠭᠦᠷᠭᠡᠯᠡᠭᠦᠯᠦᠨ᠎ᠡ᠃ | | ᠵᠢᠷᠠᠳᠤᠭᠠᠷ ᠵᠦᠢᠯ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠭᠠᠵᠠᠷ ᠰᠢᠷᠣᠶ ᠶᠢᠨ | ᠲᠠᠲᠠᠪᠤᠷᠢᠯᠠᠯᠲᠠ ᠶᠢᠨ ᠨᠦᠬᠦᠪᠦᠷᠢ ᠪᠠ ᠨᠡᠬᠦᠳᠡᠯ ᠠᠷᠠᠳ ᠢ ᠲᠥᠪᠬᠢᠨᠡᠭᠦᠯᠬᠦ ᠪᠡᠯᠡ ᠮᠥᠩᠭᠦ᠂ ᠤᠰᠤᠨ ᠴᠥᠭᠦᠷᠥᠮ ᠤᠨ | ᠨᠡᠬᠦᠳᠡᠯ ᠠᠷᠠᠳ ᠤᠨ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠪᠡᠯᠡ ᠮᠥᠩᠭᠦ ᠶᠢ ᠡᠵᠡᠯᠡᠭᠰᠡᠨ᠂ | ᠳᠤᠮᠳᠠ ᠠᠴᠠ ᠨᠢ ᠦᠯᠡᠳᠡᠭᠡᠭᠰᠡᠨ᠂ ᠨᠡᠭᠦᠯᠭᠡᠨ ᠬᠡᠷᠡᠭᠯᠡᠭᠰᠡᠨ ᠪᠠᠶᠢᠪᠠᠯ᠂ ᠵᠠᠷᠯᠢᠭᠳᠠᠵᠤ ᠪᠠᠶᠢᠭᠠᠳ ᠪᠤᠴᠠᠭᠠᠨ | ᠳᠦᠯᠦᠬᠦᠯᠬᠦ ᠶᠢᠨ ᠬᠠᠮᠲᠤ ᠡᠵᠡᠯᠡᠭᠰᠡᠨ᠂ ᠳᠤᠮᠳᠠ ᠠᠴᠠ ᠨᠢ ᠦᠯᠡᠳᠡᠭᠡᠭᠰᠡᠨ᠂ ᠨᠡᠭᠦᠯᠭᠡᠨ ᠬᠡᠷᠡᠭᠯᠡᠭᠰᠡᠨ ᠪᠡᠯᠡ | ᠮᠥᠩᠭᠦ ᠶᠢᠨ ᠲᠣᠭᠠᠨ ᠤ ᠬᠢᠨᠢ 3 ᠳᠠᠬᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠵᠦ | ᠂ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠬᠤ ᠬᠥᠮᠦᠨ ᠪᠠ ᠪᠤᠰᠤᠳ ᠬᠠᠷᠢᠭᠤᠴᠠᠯᠭ᠎ᠠ ᠲᠠᠢ | ᠬᠥᠮᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ | ᠂ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠨ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | | ᠵᠢᠷᠠᠨ ᠨᠢᠭᠡᠳᠦᠭᠡᠷ ᠵᠦᠢᠯ ᠲᠤᠰ ᠲᠦᠷᠢᠮ ᠤᠨ ᠲᠣᠭᠲᠠᠭᠠᠯ ᠢ ᠵᠥᠷᠢᠴᠡᠵᠦ᠂ ᠨᠡᠭᠦᠯᠭᠡᠬᠦ ᠶᠢ | ᠤᠳᠠᠭᠠᠰᠢᠷᠠᠭᠤᠯᠤᠭᠰᠠᠨ ᠪᠤᠶᠤ ᠨᠡᠭᠦᠯᠭᠡᠬᠦ ᠶᠢ ᠲᠡᠪᠴᠢᠭᠰᠡᠨ ᠪᠠᠶᠢᠪᠠᠯ᠂ ᠲᠤᠬᠠᠶ ᠶᠢᠨ ᠭᠠᠵᠠᠷ ᠤᠨ ᠠᠷᠠᠳ ᠤᠨ | ᠵᠠᠰᠠᠭ ᠤᠨ ᠣᠷᠳᠣᠨ ᠪᠤᠶᠤ ᠲᠡᠭᠦᠨ ᠤ ᠨᠡᠬᠦᠳᠡᠯ ᠠᠷᠠᠳ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠠᠯᠪᠠᠳᠠᠨ | ᠭᠦᠢᠴᠡᠳᠬᠡᠭᠦᠯᠬᠦ ᠪᠠᠷ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠵᠤ ᠪᠣᠯᠤᠨ᠎ᠠ︔ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ | ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠤᠯᠪᠣᠭᠳᠠᠯ | ᠪᠦᠬᠦᠢ ᠬᠠᠷᠢᠭᠤᠴᠠᠯᠭ᠎ᠠ ᠲᠠᠢ ᠬᠥᠮᠦᠨ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠨᠠᠢᠮᠠᠳᠤᠭᠠᠷ ᠪᠦᠯᠦᠭ ᠲᠠᠭᠠᠯᠳᠤᠭᠤᠯᠤᠯ ᠲᠦᠷᠢᠮ | | ᠵᠢᠷᠠᠨ ᠬᠤᠶᠠᠳᠤᠭᠠᠷ ᠵᠦᠢᠯ ᠬᠥᠬᠡᠮᠥ᠋ᠷᠡᠨ ᠤ ᠭᠤᠷᠪᠠᠨ ᠬᠠᠪᠴᠢᠯ ᠤᠨ ᠢᠨᠵᠧᠨᠧᠷᠢᠩ ᠤᠨ ᠠᠷᠠᠳ ᠢ ᠨᠡᠭᠦᠯᠭᠡᠬᠦ | ᠠᠵᠢᠯ ᠢ ︽ᠬᠥᠬᠡᠮᠥ᠋ᠷᠡᠨ ᠤ ᠭᠤᠷᠪᠠᠨ ᠬᠠᠪᠴᠢᠯ ᠤᠨ ᠢᠨᠵᠧᠨᠧᠷᠢᠩ ᠤᠨ ᠪᠦᠳᠦᠭᠡᠠ ᠪᠠᠶᠢᠭᠤᠯᠤᠯᠲᠠ ᠶᠢᠨ ᠠᠷᠠᠳ ᠢ | ᠨᠡᠭᠦᠯᠭᠡᠬᠦ ᠲᠦᠷᠢᠮ︾ ᠤᠨ ᠶᠣᠰᠣᠭᠠᠷ ᠬᠡᠷᠡᠭᠵᠢᠭᠦᠯᠦᠨ᠎ᠡ᠃ | | ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ | ᠨᠦᠬᠦᠪᠦᠷᠢ ᠥᠭᠬᠦ ᠪᠠ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠢ ᠲᠤᠰ ᠲᠦᠷᠢᠮ ᠤᠨ ᠶᠣᠰᠣᠭᠠᠷ | ᠬᠡᠷᠡᠭᠵᠢᠭᠦᠯᠦᠨ᠎ᠡ᠃ ᠭᠡᠪᠡᠴᠦ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠢᠨᠵᠧᠨᠧᠷᠢᠩ ᠤᠨ ᠳᠤᠮᠳᠠ ᠱᠤᠭᠤᠮ᠂ | ᠵᠡᠭᠦᠨ ᠱᠤᠭᠤᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠠᠷᠠᠳ ᠢ ᠨᠡᠭᠦᠯᠭᠡᠨ ᠲᠥᠪᠬᠢᠨᠡᠭᠦᠯᠬᠦ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠢᠨᠠᠨ ᠵᠥᠪᠰᠢᠶᠡᠷᠡᠬᠦ ᠳᠤ ᠲᠦᠷᠦ ᠶᠢᠨ ᠶᠠᠪᠤᠳᠠᠯ ᠤᠨ ᠬᠤᠷᠢᠶᠠᠨ ᠤ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | | ᠵᠢᠷᠠᠨ ᠭᠤᠷᠪᠠᠳᠤᠭᠠᠷ ᠵᠦᠢᠯ ᠲᠤᠰ ᠳᠦᠷᠢᠮ ᠢ 2006 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ 1991 ᠣᠨ ᠤ 2 ᠰᠠᠷ᠎ᠠ ᠶᠢᠨ 15 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠠᠴᠠ | ᠨᠡᠶᠢᠲᠡᠯᠡᠭᠰᠡᠨ ︽ᠲᠤᠮᠦ ᠳᠤᠮᠳᠠ ᠬᠡᠯᠪᠡᠷᠢ ᠶᠢᠨ ᠤᠰᠦᠠ ᠠᠰᠢᠭᠯᠠᠯᠲᠠ ᠤᠰᠦᠠ ᠴᠠᠬᠢᠯᠭᠠᠨ ᠤ ᠢᠨᠵᠧᠨᠧᠷᠢᠩ ᠤᠨ | ᠪᠦᠳᠦᠭᠡᠠ ᠪᠠᠶᠢᠭᠤᠯᠤᠯᠲᠠ ᠶᠢᠨ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠨᠦᠬᠦᠪᠦᠷᠢ ᠥᠭᠬᠦ ᠪᠠ ᠨᠡᠬᠦᠳᠡᠯ | ᠠᠷᠠᠳ ᠢ ᠲᠥᠪᠬᠢᠨᠡᠭᠦᠯᠬᠦ ᠲᠦᠷᠢᠮ》 ᠢ ᠬᠠᠮᠳᠤ ᠳᠤᠨᠢ ᠬᠦᠴᠦᠨ ᠦᠭᠡᠢ ᠪᠤᠯᠭᠠᠨ᠎ᠠ᠃ |