ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠺᠣᠮᠢᠰ᠂ ᠱᠠᠨ ᠰᠢ ᠮᠤᠵᠢ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ᠂ ᠱᠠᠨᠳᠦ᠋ᠩ ᠮᠤᠵᠢ᠂ ᠾᠧᠨᠠᠨ ᠮᠤᠵᠢ᠂ ᠰᠧᠴᠤᠸᠠᠨ ᠮᠤᠵᠢ᠂ ᠱᠠᠨᠰᠢ ᠮᠤᠵᠢ᠂ | ᠭᠠᠨᠰᠦ ᠮᠤᠵᠢ᠂ ᠬᠥᠬᠡᠨᠠᠭᠤᠷ ᠮᠤᠵᠢ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ ᠳᠤ᠄ | ᠰᠢ ᠶᠢᠨ ᠫᠢᠩ ᠶᠡᠷᠦᠩᠬᠡᠶ ᠱᠦᠵᠢ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠶᠠᠷᠢᠶ᠎ᠠ ᠪᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠶᠢ ᠲᠦᠷᠭᠡᠳᠬᠡᠨ | ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠲᠤ ᠤᠰᠤ ᠶᠢ ᠬᠦᠨᠵᠡᠭᠡᠢ ᠠᠷᠪᠢᠯᠠᠵᠤ ᠡᠵᠡᠮᠳᠡᠬᠦ | ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠪᠥᠬᠦ ᠰᠠᠪᠠ ᠭᠠᠵᠠᠷ ᠤᠨ ᠤᠰᠤ ᠠᠷᠪᠢᠯᠠᠬᠤ ᠳᠠᠯᠳᠠ ᠬᠦᠴᠦᠨ ᠢ | ᠭᠦᠨ ᠠᠭᠤᠳᠠᠯᠵᠤ᠂ ᠪᠥᠬᠦ ᠰᠠᠪᠠ ᠭᠠᠵᠠᠷ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠶᠡᠬᠡᠪᠡᠷ ᠲᠡᠭᠡᠭᠰᠢᠯᠡᠬᠦᠯᠬᠦ ᠶᠢᠨ | ᠲᠦᠯᠦᠭᠡ᠂ ᠡᠳᠦᠭᠡ ᠳᠣᠤᠷᠠᠬᠢ ᠰᠠᠨᠠᠯ ᠤᠳ ᠢ ᠲᠣᠭᠲᠠᠭᠠᠪᠠ᠃ | | ᠨᠢᠭᠡ᠂ ᠶᠡᠷᠦᠩᠬᠡᠶ ᠱᠠᠭᠠᠷᠳᠠᠯᠭ᠎ᠠ | | ︵ᠨᠢᠭᠡ︶ ᠵᠢᠯᠣᠭᠤᠳᠬᠤ ᠦᠵᠡᠯ ᠰᠠᠨᠠᠭ᠎ᠠ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠵᠤ᠂ ︽ | ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢᠨ ᠲᠥᠰᠦᠯ︾ ᠢ ᠨᠠᠶᠢᠳᠠᠪᠤᠷᠢᠵᠢᠭᠤᠯᠵᠤ᠂ ᠤᠰᠤᠨ ᠤ ᠬᠡᠮᠵᠢᠶ᠎ᠡ ᠳᠤ | ᠰᠠᠭᠤᠷᠢᠯᠠᠨ᠂ ᠤᠰᠤ ᠠᠷᠪᠢᠯᠠᠬᠤ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ | ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠵᠤ᠂ ᠵᠦᠶ ᠵᠣᠬᠢᠰ ᠥᠬᠡᠶ ᠤᠰᠤ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠡᠷᠡᠰ ᠬᠤᠷᠢᠭᠯᠠᠵᠤ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ ᠶᠢ ᠭᠦᠨᠵᠡᠭᠡᠶ ᠥᠷᠨᠢᠭᠦᠯᠵᠦ᠂ | ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠬᠦᠴᠦᠯᠡᠴᠡ ᠶᠢ ᠪᠠᠭᠤᠷᠠᠭᠤᠯᠤᠨ᠂ ᠤᠰᠤ ᠠᠷᠪᠢᠯᠠᠬᠤ | ᠬᠡᠯᠪᠡᠷᠢ ᠶᠢᠨ ᠦᠢᠯᠡᠳᠪᠤᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠳᠬᠡᠨ ᠪᠣᠶ ᠪᠣᠯᠭᠠᠵᠤ᠂ ᠬᠠᠲᠤᠨ | ᠭᠤᠤᠯ ᠤᠨ ᠰᠠᠪᠠ ᠭᠠᠵᠠᠷ ᠤᠨ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠥᠭᠡᠳ ᠦᠷ᠎ᠡ ᠠᠰᠢᠭ ᠢᠶᠠᠷ | ᠳᠣᠤᠷ᠎ᠠ ᠪᠠᠶᠢᠭᠰᠠᠨ ᠠᠴᠠ ᠨᠢ ᠠᠷᠪᠢᠲᠠᠶ ᠡᠷᠴᠢᠮᠯᠢᠭ ᠪᠣᠯᠭᠠᠬᠤ ᠦᠨᠳᠦᠰᠦᠨ ᠬᠤᠪᠢᠷᠠᠯᠲᠠ ᠶᠢ ᠪᠡᠶᠡᠯᠡᠭᠦᠯᠵᠦ᠂ ᠤᠰᠤ | ᠠᠷᠪᠢᠯᠠᠬᠤ ᠪᠠᠷ ᠲᠠᠮᠵᠢᠨ ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠎ᠡ᠃ | | ︵ᠬᠤᠶᠠᠷ︶ ᠦᠨᠳᠦᠰᠦᠨ ᠵᠠᠷᠴᠢᠮ | | ᠴᠢᠩᠭ᠎ᠠ ᠬᠠᠮᠢᠶᠠᠷᠤᠨ ᠡᠵᠡᠮᠳᠡᠵᠦ᠂ ᠬᠤᠶᠠᠷ ᠲᠠᠯ᠎ᠠ ᠪᠠᠷ ᠬᠦᠴᠦᠯᠡᠨ᠎ᠡ᠃ ᠪᠥᠬᠦ ᠰᠠᠪᠠ ᠭᠠᠵᠠᠷ ᠤᠨ ᠤᠰᠤ | ᠳᠤᠲᠠᠭᠳᠠᠵᠤ ᠪᠠᠶᠢᠭ᠎ᠠ ᠤᠰᠤᠨ ᠤ ᠪᠠᠶᠢᠳᠠᠯ ᠳᠤ ᠰᠠᠭᠤᠷᠢᠯᠠᠨ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠳᠡᠬᠦ | ᠪᠠ ᠲᠣᠭᠲᠠᠭᠰᠠᠨ ᠨᠣᠷᠮ᠎ᠠ ᠪᠠᠷ ᠬᠠᠮᠢᠶᠠᠷᠬᠤ ᠶᠢ ᠴᠢᠩᠭ᠎ᠠ ᠬᠡᠷᠡᠭᠵᠢᠭᠦᠯᠵᠦ᠂ ᠤᠰᠤ ᠠᠷᠪᠢᠯᠠᠬᠤ ᠬᠦᠢᠴᠡᠳᠭᠡᠯ | ᠲᠤᠭ᠎ᠠ ᠶᠢᠨ ᠬᠠᠲᠠᠭᠤ ᠬᠢᠵᠠᠭᠠᠷᠯᠠᠯ ᠢ ᠴᠢᠩᠭᠠᠷᠠᠭᠤᠯᠤᠨ᠂ ᠤᠰᠤ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢ | ᠰᠢᠯᠭᠠᠨ ᠬᠢᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠤᠰᠤᠨ ᠤ ᠦᠨ᠎ᠡ ᠪᠠ ᠤᠰᠤᠨ ᠤ | ᠡᠷᠬᠡ ᠶᠢᠨ ᠤᠰᠤ ᠶᠢ ᠠᠷᠪᠢᠯᠠᠵᠤ ᠬᠡᠷᠡᠭᠯᠡᠬᠦ ᠶᠢ ᠠᠬᠢᠭᠤᠯᠬᠤ ᠲᠠᠯ᠎ᠠ ᠪᠠᠷ ᠬᠢ ᠳᠣᠭᠢᠷᠠᠭᠤᠯᠬᠤ ᠦᠢᠯᠡᠳᠦᠯ ᠢ | ᠪᠠᠳᠠᠷᠠᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠤᠨ᠎ᠠ᠃ | ᠲᠡᠷᠢᠭᠦᠨ ᠤ ᠬᠢ ᠲᠠᠢ ᠬᠠᠷᠢᠴᠠᠭᠤᠯᠵᠤ᠂ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠤᠨ ᠳᠣᠲᠣᠭᠠᠳᠤ | ᠭᠠᠳᠠᠭᠠᠳᠤ ᠶᠢᠨ ᠲᠡᠷᠢᠭᠦᠨ ᠤ ᠤᠰᠤ ᠬᠡᠷᠡᠭᠯᠡᠬᠦ ᠬᠢᠷᠢ ᠬᠡᠮᠵᠢᠶ᠎ᠡ ᠳᠤ ᠬᠥᠷᠬᠦ ᠪᠤᠶᠤ ᠣᠶᠢᠷᠠᠲᠤᠬᠤ ᠵᠠᠷᠴᠢᠮ ᠤᠨ | ᠶᠣᠰᠣᠭᠠᠷ᠂ ᠡᠯ᠎ᠡ ᠬᠦᠷᠢᠶᠡᠨ ᠤ ᠤᠰᠤ ᠠᠷᠪᠢᠯᠠᠬᠤ ᠪᠠᠷᠢᠮᠵᠢᠶ᠎ᠠ ᠪᠣᠯᠤᠨ ᠲᠥᠷᠥ ᠶᠢᠨ ᠪᠤᠳᠤᠯᠭ᠎ᠠ ᠶᠢᠨ ᠲᠥᠷᠢᠮ ᠢ | ᠲᠣᠭᠲᠠᠭᠠᠨ᠂ ᠤᠰᠤ ᠠᠷᠪᠢᠯᠠᠬᠤ ᠪᠠᠶᠢᠭᠤᠯᠤᠯ ᠲᠣᠭᠲᠠᠴᠠ ᠶᠢ ᠪᠥᠷᠢᠨᠰᠢᠬᠦᠯᠵᠤ᠂ ᠲᠡᠷᠢᠭᠦᠨ ᠤ ᠤᠰᠤ ᠠᠷᠪᠢᠯᠠᠬᠤ | ᠮᠡᠷᠭᠡᠵᠢᠯ ᠢ ᠲᠦᠷᠭᠡᠳᠬᠡᠨ ᠲᠦᠭᠡᠮᠡᠯᠵᠢᠭᠦᠯᠵᠦ᠂ ᠪᠥᠬᠦ ᠨᠡᠶᠢᠭᠡᠮ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ | ᠪᠦᠬᠦᠯᠢ ᠴᠣᠭᠴᠠ ᠪᠠᠷ ᠪᠠᠶᠢᠷᠢᠰᠢᠭᠤᠯᠵᠤ᠂ ᠭᠤᠤᠯᠳᠠᠯᠭ᠎ᠠ ᠶᠢ ᠳᠣᠪᠤᠶᠢᠯᠭᠠᠨ᠎ᠠ᠃ ᠬᠠᠲᠤᠨ ᠭᠤᠤᠯ ᠤᠨ ᠰᠠᠪᠠ | ᠭᠠᠵᠠᠷ ᠤᠨ ᠳᠡᠭᠡᠳᠦ ᠳᠤᠮᠳᠠ ᠳᠣᠤᠷᠠᠳᠤ ᠤᠷᠤᠰᠬᠠᠯ ᠤᠨ ᠠᠳᠠᠯᠢ ᠪᠤᠰᠤ ᠤᠰᠤᠨ ᠤ ᠡᠬᠢ ᠪᠠᠶᠠᠯᠢᠭ ᠤᠨ ᠨᠥᠬᠦᠴᠡᠯ᠂ | ᠠᠵᠤ ᠦᠢᠯᠡᠰ ᠤᠨ ᠪᠦᠲᠦᠴᠡ ᠪᠠ ᠤᠰᠤ ᠬᠡᠷᠡᠭᠯᠡᠬᠦ ᠬᠢᠷᠢ ᠬᠡᠮᠵᠢᠶ᠎ᠡ ᠶᠢ ᠦᠨᠳᠦᠰᠦᠯᠡᠨ᠂ ᠨᠢᠭᠡᠳᠦᠯᠲᠡᠶ ᠲᠥᠯᠥᠪᠯᠡᠨ | ᠪᠠᠶᠢᠷᠢᠰᠢᠭᠤᠯᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠦᠨ᠂ ᠤᠰᠤ ᠶᠡᠭᠡ ᠬᠤᠷᠣᠭᠳᠠᠭᠤᠯᠬᠤ ᠬᠦᠷᠢᠶ᠎ᠡ | ᠪᠠ ᠭᠤᠤᠯᠳᠠᠯᠭ᠎ᠠ ᠲᠠᠢ ᠤᠰᠤ ᠬᠡᠷᠡᠭᠯᠡᠬᠦ ᠨᠢᠭᠡᠴᠢ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤ ᠠᠷᠪᠢᠯᠠᠬᠤ ᠶᠢ | ᠵᠢᠷᠤᠮᠵᠢᠭᠤᠯᠬᠤ ᠪᠠ ᠨᠠᠷᠢᠯᠢᠬᠵᠢᠭᠤᠯᠬᠤ ᠬᠠᠮᠢᠶᠠᠷᠤᠯᠲᠠ ᠶᠢ ᠲᠦᠷᠭᠡᠳᠬᠡᠨ ᠠᠬᠢᠭᠤᠯᠤᠨ᠎ᠠ᠃ | ᠨᠢᠭᠡᠳᠦᠯᠲᠡᠶ ᠪᠠᠶᠢᠷᠢᠯᠠᠭᠤᠯᠵᠤ᠂ ᠬᠠᠮᠵᠢᠯᠴᠠᠨ ᠠᠬᠢᠭᠤᠯᠤᠨ᠎ᠠ᠃ ᠤᠰᠤᠨ ᠠᠰᠢᠭᠯᠠᠯᠲᠠ ᠶᠢᠨ ᠶᠠᠮᠤᠨ ᠨᠢᠭᠡᠳᠦᠯᠲᠡᠶ | ᠤᠳᠤᠷᠢᠳᠤᠯᠭ᠎ᠠ ᠪᠠ ᠪᠠᠶᠢᠷᠢᠯᠠᠭᠤᠯᠤᠯᠲᠠ ᠪᠠᠨ ᠴᠢᠩᠭᠠᠳᠬᠠᠵᠤ᠂ ᠬᠤᠯᠪᠣᠭᠳᠠᠯ ᠪᠥᠬᠦᠶ ᠮᠤᠵᠢ ᠣᠷᠣᠨ ᠤ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠵᠢᠯᠣᠭᠤᠳᠤᠨ ᠠᠬᠢᠭᠤᠯᠵᠤ᠂ ᠰᠠᠯᠠᠭ᠎ᠠ ᠮᠥᠴᠢᠷ ᠤᠨ ᠨᠡᠪᠲᠡᠷᠡᠯᠴᠡᠭᠡ | ᠵᠣᠬᠢᠴᠠᠭᠤᠯᠭ᠎ᠠ ᠪᠠᠨ ᠴᠢᠩᠭᠠᠳᠬᠠᠨ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠨᠢᠭᠲᠠ | ᠬᠠᠮᠵᠢᠯᠴᠠᠨ᠂ ᠠᠵᠢᠯᠯᠠᠭ᠎ᠠ ᠶᠢᠨ ᠦᠷ᠎ᠡ ᠪᠦᠲᠦᠮᠵᠢ ᠤᠯᠬᠤ ᠶᠢ ᠬᠠᠮᠲᠤᠪᠠᠷ ᠠᠬᠢᠭᠤᠯᠤᠨ᠎ᠠ᠃ | | ︵ᠭᠤᠷᠪᠠ︶ ᠭᠤᠣᠯ ᠬᠠᠷᠠᠯᠲᠠ | | 2025 ᠣᠨ ᠪᠣᠯᠬᠤ ᠳᠤ᠂ ᠬᠠᠲᠤᠨ ᠭᠤᠤᠯ ᠤᠨ ᠰᠠᠪᠠ ᠭᠠᠵᠠᠷ ᠲᠤ ᠠᠵᠢᠯ ᠲᠥᠷᠥᠯ ᠤᠨ ᠤᠰᠤ ᠬᠡᠷᠡᠭᠯᠡᠬᠦ | ᠲᠣᠭᠲᠠᠭᠰᠠᠨ ᠨᠣᠷᠮ᠎ᠠ ᠶᠢᠨ ᠰᠢᠰᠲ᠋ᠧᠮᠵᠢ ᠶᠢ ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠤᠰᠤ ᠬᠡᠷᠡᠭᠯᠡᠬᠦ | ᠨᠢᠭᠡᠴᠢ ᠶᠢᠨ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠪᠥᠬᠦ | ᠨᠡᠶᠢᠭᠡᠮ ᠤᠨ ᠤᠰᠤ ᠠᠷᠪᠢᠯᠠᠬᠤ ᠦᠵᠡᠯ ᠤᠬᠠᠮᠰᠠᠷ ᠢ ᠢᠯᠡᠳᠲᠡ ᠴᠢᠩᠭᠠᠷᠠᠭᠤᠯᠵᠤ᠂ ᠤᠰᠤ ᠠᠷᠪᠢᠯᠠᠬᠤ ᠬᠡᠯᠪᠡᠷᠢ ᠶᠢᠨ | ᠨᠡᠶᠢᠭᠡᠮ ᠤᠨ ᠪᠥᠲᠥᠭᠡᠨ ᠪᠠᠶᠢᠭᠤᠯᠤᠯᠲᠠ ᠶᠢ ᠢᠯᠡᠳᠲᠡ ᠦᠷ᠎ᠡ ᠪᠦᠲᠦᠮᠵᠢ ᠲᠠᠢ ᠪᠣᠯᠭᠠᠨ᠎ᠠ᠃ ᠲᠦᠮᠡᠨ | ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 16% ᠪᠠᠷ | ᠪᠠᠭᠤᠷᠠᠭᠤᠯᠵᠤ᠂ ᠲᠦᠮᠡᠨ ᠲᠥᠭᠦᠷᠢᠭ ᠤᠨ ᠠᠵᠤ ᠦᠢᠯᠡᠳᠪᠤᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ | ᠬᠡᠮᠵᠢᠶ᠎ᠡ ᠶᠢ 2020 ᠣᠨ ᠤ ᠬᠢ ᠠᠴᠠ 16% ᠪᠠᠷ ᠪᠠᠭᠤᠷᠠᠭᠤᠯᠤᠨ᠂ ᠲᠠᠷᠢᠶᠠᠨ ᠭᠠᠵᠠᠷ ᠤᠨ ᠤᠰᠤᠯᠠᠯᠲᠠ ᠶᠢᠨ | ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.586 ᠪᠣᠯᠲᠠᠯ᠎ᠠ ᠳᠡᠭᠡᠭᠰᠢᠯᠡᠭᠦᠯᠵᠦ᠂ ᠬᠡᠪ ᠤᠨ | ᠪᠤᠰᠤ ᠤᠰᠤᠨ ᠤ ᠡᠬᠢ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ 20 ᠳ᠋ᠦᠩᠰᠢᠭᠤᠷ ᠪᠣᠰᠤᠭ᠎ᠠ ᠳᠥᠷᠪᠡᠯᠵᠢᠨ | ᠮᠧᠲᠷ ᠪᠣᠯᠲᠠᠯ᠎ᠠ ᠨᠡᠮᠡᠭᠳᠡᠭᠦᠯᠵᠦ᠂ ᠰᠢᠶᠠᠨ ︵ᠲᠣᠭᠤᠷᠢᠭ︶ ᠤ ᠱᠠᠲᠤᠨ ᠤ ᠵᠠᠰᠠᠭ ᠵᠠᠬᠢᠷᠭᠠᠨ ᠤ ᠣᠷᠣᠨ ᠢ ᠤᠰᠤ | ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠦᠨᠳᠦᠰᠦᠨ ᠳᠡᠭᠡᠨ ᠬᠦᠷᠦᠭᠦᠯᠦᠨ᠎ᠡ᠃ | 2030 ᠣᠨ ᠪᠣᠯᠬᠤ ᠳᠤ᠂ ᠪᠦᠷᠢᠨ ᠲᠡᠭᠦᠯᠳᠡᠷ ᠤᠰᠤ ᠠᠷᠪᠢᠯᠠᠬᠤ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠪᠠ ᠮᠡᠷᠭᠡᠵᠢᠯ ᠤᠨ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ᠂ ᠪᠦᠷᠢᠨ ᠲᠡᠭᠦᠯᠳᠡᠷ ᠵᠠᠬ᠎ᠠ | ᠳᠡᠯᠭᠡᠭᠦᠷ ᠤᠨ ᠳᠣᠭᠢᠷᠠᠭᠤᠯᠬᠤ ᠲᠣᠭᠲᠠᠴᠠ ᠶᠢ ᠪᠣᠶ ᠪᠣᠯᠭᠠᠵᠤ᠂ ᠤᠰᠤ ᠠᠷᠪᠢᠯᠠᠵᠤ ᠤᠰᠤ ᠶᠢ ᠬᠠᠮᠠᠭᠠᠯᠠᠵᠤ ᠤᠰᠤ ᠶᠢ | ᠬᠠᠶᠢᠷᠠᠯᠠᠬᠤ ᠶᠠᠪᠤᠳᠠᠯ ᠢ ᠪᠥᠬᠦ ᠨᠡᠶᠢᠭᠡᠮ ᠤᠨ ᠤᠬᠠᠮᠰᠠᠷᠲᠤ ᠠᠵᠢᠯᠯᠠᠭ᠎ᠠ ᠪᠣᠯᠭᠠᠨ᠂ ᠰᠠᠪᠠ ᠭᠠᠵᠠᠷ ᠤᠨ ᠳᠣᠲᠣᠷᠠᠬᠢ | ᠡᠯ᠎ᠡ ᠣᠷᠣᠨ ᠪᠦᠰᠡ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠯᠡᠬᠡᠶ ᠶᠢᠨ ᠠᠳᠠᠯᠢᠪᠲᠤᠷ ᠭᠠᠵᠠᠷ ᠣᠷᠣᠨ ᠤ | ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠤᠨ᠎ᠠ᠃ | | ᠬᠤᠶᠠᠷ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢᠨ ᠡᠷᠴᠢᠮ ᠢ ᠡᠵᠡᠮᠳᠡᠬᠦ ᠶᠢ ᠴᠢᠩᠭᠠᠷᠠᠭᠤᠯᠬᠤ ᠬᠡᠷᠡᠭᠲᠡᠶ | | ︵ᠨᠢᠭᠡ︶ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢᠨ ᠬᠦᠢᠴᠡᠳᠭᠡᠯ ᠲᠤᠭ᠎ᠠ ᠶᠢᠨ ᠬᠢᠵᠠᠭᠠᠷᠯᠠᠯ ᠢ ᠴᠢᠩᠳᠠᠯᠠᠨ᠎ᠠ | ᠬᠠᠲᠤᠨ ᠭᠤᠤᠯ ᠤᠨ ᠰᠠᠪᠠ ᠭᠠᠵᠠᠷ ᠲᠤ ᠮᠤᠵᠢ᠂ ᠬᠤᠲᠠ᠂ ᠰᠢᠶᠠᠨ ᠭᠤᠷᠪᠠᠨ ᠱᠠᠲᠤᠨ ᠤ ᠵᠠᠰᠠᠭ ᠵᠠᠬᠢᠷᠭᠠᠨ ᠤ | ᠣᠷᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠬᠦᠢᠴᠡᠳᠭᠡᠯ ᠲᠤᠭ᠎ᠠ ᠶᠢᠨ ᠰᠢᠰᠲ᠋ᠧᠮᠵᠢ ᠶᠢ | ᠪᠦᠷᠢᠨᠰᠢᠬᠦᠯᠵᠦ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠡᠵᠡᠮᠳᠡᠬᠦ ᠬᠦᠢᠴᠡᠳᠭᠡᠯ ᠲᠤᠭ᠎ᠠ ᠶᠢ ᠭᠠᠵᠠᠷ ᠳᠡᠭᠡᠷᠡᠬᠢ | ᠤᠰᠤᠨ ᠤ ᠡᠬᠢ ᠰᠤᠷᠪᠤᠯᠵᠢ ᠪᠠ ᠭᠠᠵᠠᠷ ᠳᠣᠤᠷᠠᠬᠢ ᠤᠰᠤᠨ ᠤ ᠡᠬᠢ ᠰᠤᠷᠪᠤᠯᠵᠢ ᠳᠤ ᠬᠦᠷᠲᠡᠯ᠎ᠡ | ᠨᠠᠶᠢᠳᠠᠪᠤᠷᠢᠵᠢᠭᠤᠯᠬᠤ ᠬᠡᠷᠡᠭᠲᠡᠶ᠃ ᠰᠠᠪᠠ ᠭᠠᠵᠠᠷ ᠤᠨ ᠵᠠᠰᠠᠭ ᠵᠠᠬᠢᠷᠭᠠᠨ ᠤ ᠣᠷᠣᠨ ᠤ ᠵᠠᠭᠠᠭ ᠠᠯᠤᠰᠯᠠᠭᠰᠠᠨ | ᠣᠭᠲᠣᠯᠤᠭᠠᠰᠤ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠴᠢᠬᠤᠯᠠ ᠬᠢᠵᠠᠭᠠᠷᠯᠠᠬᠤ ᠣᠭᠲᠣᠯᠤᠭᠠᠰᠤ᠂ | ᠭᠠᠵᠠᠷ ᠳᠣᠣᠷᠠᠬᠢ ᠤᠰᠤ ᠵᠡᠷᠭᠡ ᠶᠢ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ ᠤ | ᠲᠠᠲᠠᠵᠤ ᠬᠡᠷᠡᠭᠯᠡᠬᠦ ᠭᠠᠵᠠᠷ ᠤᠨ ᠭᠠᠳᠠᠷᠭᠤ ᠶᠢᠨ ᠤᠰᠤᠨ ᠤ ᠶᠡᠷᠦᠩᠬᠡᠶ ᠬᠡᠮᠵᠢᠶ᠎ᠡ ᠶᠢ ᠤᠰᠤᠨ ᠤ ᠬᠡᠮᠵᠢᠶ᠎ᠡ ᠶᠢ | ᠬᠤᠪᠢᠶᠠᠷᠢᠯᠠᠬᠤ ᠲᠥᠰᠦᠯ ᠳᠤ ᠲᠣᠳᠣᠷᠬᠠᠶᠢᠯᠠᠭᠰᠠᠨ ᠭᠠᠵᠠᠷ ᠤᠨ ᠭᠠᠳᠠᠷᠭᠤ ᠶᠢᠨ ᠤᠰᠤᠨ ᠤ ᠬᠡᠷᠡᠭᠯᠡᠵᠦ ᠪᠣᠯᠬᠤ | ᠤᠰᠤᠨ ᠤ ᠬᠡᠮᠵᠢᠶ᠎ᠡ ᠠᠴᠠ ᠬᠡᠲᠦᠷᠡᠭᠦᠯᠵᠦ ᠪᠣᠯᠬᠤ ᠥᠬᠡᠶ᠂ ᠭᠤᠤᠯᠳᠠᠭᠤ ᠣᠭᠲᠣᠯᠤᠭᠠᠰᠤ ᠶᠢᠨ ᠳᠣᠷᠣᠭᠰᠢ ᠤᠷᠤᠰᠬᠤ | ᠤᠷᠤᠰᠬᠠᠯ ᠤᠨ ᠬᠡᠮᠵᠢᠶ᠎ᠡ ᠶᠢ ᠬᠢᠵᠠᠭᠠᠷᠯᠠᠵᠤ ᠦᠨᠳᠦᠰᠦᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢᠨ | ᠱᠠᠭᠠᠷᠳᠠᠯᠭ᠎ᠠ ᠶᠢ ᠬᠠᠩᠭᠠᠬᠤ ᠬᠡᠷᠡᠭᠲᠡᠶ︔ ᠨᠡᠭᠡᠭᠡᠨ ᠮᠠᠯᠲᠠᠬᠤ ᠭᠠᠵᠠᠷ ᠳᠣᠣᠷᠠᠬᠢ ᠤᠰᠤᠨ ᠤ ᠶᠡᠷᠦᠩᠬᠡᠶ ᠬᠡᠮᠵᠢᠶ᠎ᠡ ᠶᠢ | ᠭᠠᠵᠠᠷ ᠳᠣᠣᠷᠠᠬᠢ ᠤᠰᠤᠨ ᠤ ᠬᠡᠷᠡᠭᠯᠡᠵᠦ ᠪᠣᠯᠬᠤ ᠤᠰᠤᠨ ᠤ ᠬᠡᠮᠵᠢᠶ᠎ᠡ ᠠᠴᠠ ᠬᠡᠲᠦᠷᠡᠭᠦᠯᠵᠦ ᠪᠣᠯᠬᠤ ᠥᠭᠡᠢ ᠶᠢᠨ | ᠬᠠᠮᠲᠤ ᠭᠠᠵᠠᠷ ᠳᠣᠣᠷᠠᠬᠢ ᠤᠰᠤᠨ ᠤ ᠲᠦᠪᠰᠢᠨ ᠢ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠦᠯᠵᠦ ᠪᠣᠯᠬᠤ ᠥᠭᠡᠢ᠃ | ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ ᠰᠢᠨ᠎ᠡ ᠪᠠᠷ ᠨᠡᠮᠡᠭᠳᠡᠭᠰᠡᠨ ᠤᠰᠤ | ᠲᠠᠲᠠᠬᠤ ᠵᠥᠪᠰᠢᠶᠡᠷᠡᠯ ᠢ ᠲᠣᠭᠲᠠᠭᠠᠯ ᠶᠣᠰᠣᠭᠠᠷ ᠲᠦᠷ ᠵᠣᠭᠰᠣᠭᠠᠨ᠎ᠠ᠃ ᠤᠰᠤᠨ ᠤ ᠡᠬᠢ ᠪᠠᠶᠠᠯᠢᠭ ᠢ ᠨᠡᠭᠡᠭᠡᠨ | ᠠᠰᠢᠭᠯᠠᠬᠤ ᠳᠤ ᠬᠤᠯᠪᠣᠭᠳᠠᠬᠤ ᠢᠨᠵᠧᠨᠧᠷᠢᠩ ᠤᠨ ᠲᠥᠯᠥᠪᠵᠢᠭᠦᠯᠭᠡ ᠪᠠ ᠴᠢᠬᠤᠯᠠ ᠶᠡᠭᠡ ᠠᠵᠤ ᠦᠢᠯᠡᠰ᠂ | ᠲᠥᠷᠥᠯ ᠵᠤᠶᠢᠯ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠵᠢᠴᠢ ᠡᠯ᠎ᠡ ᠲᠥᠷᠥᠯ ᠤᠨ ᠨᠡᠭᠡᠭᠡᠯᠲᠡ ᠶᠢᠨ | ᠲᠣᠭᠤᠷᠢᠭ ︵ᠰᠢᠨ᠎ᠡ ᠲᠣᠭᠤᠷᠢᠭ᠂ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ︶ ᠤᠨ ᠲᠥᠯᠥᠪᠵᠢᠭᠦᠯᠭᠡ ᠳᠤ | ᠲᠥᠯᠥᠪᠵᠢᠭᠦᠯᠭᠡ ᠶᠢᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢ ᠥᠷᠨᠢᠭᠦᠯᠵᠦ᠂ ᠤᠰᠤᠨ ᠤ ᠡᠬᠢ | ᠪᠠᠶᠠᠯᠢᠭ ᠤᠨ ᠬᠠᠲᠠᠭᠤ ᠬᠢᠵᠠᠭᠠᠷᠯᠠᠯ ᠤᠨ ᠬᠦᠢᠴᠡᠳᠭᠡᠯ ᠲᠤᠭ᠎ᠠ ᠪᠠᠷ ᠳᠠᠮᠵᠢᠭᠤᠯᠤᠨ ᠤᠰᠤ ᠶᠡᠭᠡ ᠬᠤᠷᠣᠭᠳᠠᠭᠤᠯᠬᠤ | ᠠᠵᠤ ᠦᠢᠯᠡᠰ ᠤᠨ ᠬᠥᠭᠵᠢᠯᠲᠡ ᠶᠢ ᠬᠠᠮᠢᠶᠠᠷᠤᠨ ᠡᠵᠡᠮᠳᠡᠵᠦ ᠬᠢᠵᠠᠭᠠᠷᠯᠠᠨ᠂ ᠬᠠᠲᠤᠨ ᠭᠤᠤᠯ ᠤᠨ ᠤᠰᠤ ᠶᠢ | ᠲᠠᠲᠠᠵᠤ ᠬᠠᠳᠠᠭᠠᠯᠠᠬᠤ ᠨᠡᠷ᠎ᠡ ᠪᠠᠷ ᠤᠰᠤᠨ ᠤ ᠦᠵᠡᠮᠵᠢ ᠶᠢᠨ ᠲᠥᠷᠥᠯ ᠵᠤᠶᠢᠯ ᠢ ᠪᠥᠲᠥᠭᠡᠨ ᠪᠠᠶᠢᠭᠤᠯᠬᠤ ᠶᠢ ᠡᠷᠡᠰ | ᠬᠤᠷᠢᠭᠯᠠᠨ᠎ᠠ᠃ | | ︵ᠬᠤᠶᠠᠷ︶ ᠤᠰᠤ ᠬᠡᠷᠡᠭᠯᠡᠬᠦ ᠬᠦᠴᠦᠯᠡᠴᠡ ᠶᠢᠨ ᠬᠦᠢᠴᠡᠳᠭᠡᠯ ᠲᠤᠭ᠎ᠠ ᠶᠢ ᠬᠠᠮᠢᠶᠠᠷᠤᠨ ᠡᠵᠡᠮᠳᠡᠬᠦ ᠶᠢ | ᠴᠢᠩᠭᠠᠷᠠᠭᠤᠯᠤᠨ᠎ᠠ | ᠮᠤᠵᠢ᠂ ᠬᠤᠲᠠ᠂ ᠰᠢᠶᠠᠨ ᠭᠤᠷᠪᠠᠨ ᠱᠠᠲᠤᠨ ᠤ ᠵᠠᠰᠠᠭ ᠵᠠᠬᠢᠷᠭᠠᠨ ᠤ ᠣᠷᠣᠨ ᠤ ᠤᠰᠤ ᠬᠡᠷᠡᠭᠯᠡᠬᠦ | ᠬᠦᠴᠦᠯᠡᠴᠡ ᠶᠢ ᠬᠢᠵᠠᠭᠠᠷᠯᠠᠬᠤ ᠭᠦᠢᠴᠡᠳᠬᠡᠯ ᠲᠣᠭᠠᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠤᠰᠤ ᠬᠡᠷᠡᠭᠯᠡᠬᠦ | ᠭᠤᠣᠯ ᠠᠵᠢᠯ ᠲᠦᠷᠦᠯ ᠢ ᠬᠠᠮᠤᠷᠤᠭᠰᠠᠨ ᠮᠤᠵᠢ ᠶᠢᠨ ᠱᠠᠲᠤᠨ ᠤ ᠤᠰᠤ ᠬᠡᠷᠡᠭᠯᠡᠬᠦ ᠨᠤᠷᠮ᠎ᠠ ᠶᠢ ᠲᠣᠭᠲᠠᠭᠠᠨ᠎ᠠ᠃ ᠡᠩ | ᠲᠡᠷᠢᠭᠦᠨ ᠳᠤ ᠢᠯᠴᠢ ᠶᠢᠨ ᠴᠠᠬᠢᠯᠭᠠᠨ ᠤ ᠠᠵᠢᠯ ᠲᠥᠷᠥᠯ ᠳᠤ ᠤᠰᠤ ᠬᠡᠷᠡᠭᠯᠡᠬᠦ ᠲᠣᠭᠲᠠᠭᠰᠠᠨ ᠨᠣᠷᠮ᠎ᠠ ᠪᠠᠷ | ᠪᠠᠷᠢᠮᠵᠢᠶ᠎ᠠ ᠳᠤ ᠬᠦᠷᠦᠭᠦᠯᠬᠦ ᠶᠢ ᠥᠷᠨᠢᠭᠦᠯᠬᠦ ᠶᠢᠨ ᠬᠠᠮᠲᠤ᠂ ᠪᠤᠰᠤᠳ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ | ᠠᠯᠬᠤᠮ ᠠᠯᠬᠤᠮ ᠢᠶᠠᠷ ᠥᠷᠨᠢᠭᠦᠯᠦᠨ᠎ᠡ᠃ ᠲᠣᠭᠲᠠᠭᠰᠠᠨ ᠨᠣᠷᠮ᠎ᠠ ᠠᠴᠠ ᠬᠡᠲᠦᠷᠡᠭᠦᠯᠦᠨ ᠤᠰᠤ ᠬᠡᠷᠡᠭᠯᠡᠬᠦ ᠶᠢ | ᠬᠠᠷᠭᠤᠭᠤᠯᠤᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠲᠣᠭᠲᠠᠭᠰᠠᠨ ᠨᠣᠷᠮ᠎ᠠ ᠠᠴᠠ ᠬᠡᠲᠦᠷᠡᠭᠦᠯᠦᠨ ᠤᠰᠤ | ᠬᠡᠷᠡᠭᠯᠡᠭᠰᠡᠨ ᠨᠢᠭᠡᠴᠢ ᠶᠢ ᠱᠠᠭᠠᠷᠳᠠᠵᠤ ᠤᠰᠤ ᠠᠷᠪᠢᠯᠠᠬᠤ ᠠᠷᠭ᠎ᠠ ᠬᠡᠮᠵᠢᠶ᠎ᠡ ᠠᠪᠤᠭᠤᠯᠵᠤ᠂ ᠬᠤᠭᠤᠴᠠᠭ᠎ᠠ ᠬᠢᠵᠠᠭᠠᠷᠯᠠᠨ | ᠪᠠᠷᠢᠮᠵᠢᠶ᠎ᠠ ᠳᠤ ᠬᠦᠷᠦᠭᠦᠯᠬᠦ ᠬᠡᠷᠡᠭᠲᠡᠶ᠃ ᠲᠠᠷᠢᠶᠠᠯᠠᠩ ᠤᠨ ᠦᠢᠯᠡᠳᠪᠦᠷᠢᠯᠡᠯ ᠪᠠ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠤ ᠠᠰᠢᠭᠯᠠᠮᠵᠢ ᠶᠢ | ᠲᠣᠭᠲᠠᠭᠰᠠᠨ ᠨᠤᠷᠮ᠎ᠠ ᠶᠢᠨ ᠬᠡᠪᠴᠢᠶᠡᠨ ᠳᠤ ᠠᠯᠬᠤᠮ ᠠᠯᠬᠤᠮ ᠢᠶᠠᠷ ᠬᠢᠵᠠᠭᠠᠷᠯᠠᠨ᠎ᠠ᠃ 2025 ᠣᠨ ᠠᠴᠠ ᠡᠮᠦᠨ᠎ᠡ | ᠂ ᠨᠢᠭᠡᠨᠲᠡ ᠪᠠᠶᠢᠭᠤᠯᠤᠭᠰᠠᠨ ᠢᠯᠴᠢ ᠶᠢᠨ ᠴᠠᠬᠢᠯᠭᠠᠨ᠂ ᠪᠣᠯᠣᠳ ᠲᠡᠮᠦᠷ᠂ ᠬᠢᠮᠢ ᠶᠢᠨ ᠠᠵᠤ ᠦᠢᠯᠡᠳᠪᠤᠷᠢ᠂ | ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠤ ᠦᠢᠯᠡᠳᠪᠤᠷᠢ ᠪᠠ ᠪᠠᠶᠢᠭᠤᠯᠭ᠎ᠠ᠂ ᠰᠤᠷᠭᠠᠭᠤᠯᠢ᠂ ᠵᠣᠴᠢᠳ ᠤᠨ ᠪᠠᠭᠤᠳᠠᠯ | ᠵᠡᠷᠭᠡ ᠦᠢᠯᠡᠴᠢᠯᠡᠭᠡᠨ ᠤ ᠦᠢᠯᠡᠰ ᠤᠨ ᠤᠰᠤ ᠬᠡᠷᠡᠭᠯᠡᠬᠦ ᠨᠢᠭᠡᠴᠢ ᠶᠢᠨ ᠤᠰᠤ ᠬᠡᠷᠡᠭᠯᠡᠬᠦ ᠬᠢᠷᠢ ᠬᠡᠮᠵᠢᠶ᠎ᠡ ᠶᠢ ᠴᠥᠮ | ᠤᠯᠤᠰ ᠤᠨ ᠲᠣᠭᠲᠠᠭᠰᠠᠨ ᠨᠣᠷᠮ᠎ᠠ ᠶᠢᠨ ᠨᠡᠶᠢᠳᠡᠮ ᠬᠡᠷᠡᠭᠯᠡᠬᠦ ᠥᠷᠲᠡᠭ ᠤᠨ ᠪᠠᠷᠢᠮᠵᠢᠶ᠎ᠠ ᠳᠤ ᠬᠦᠷᠦᠭᠦᠯᠵᠦ᠂ | ᠰᠢᠨ᠎ᠡ ᠪᠠᠷ ᠪᠠᠶᠢᠭᠤᠯᠬᠤ ᠲᠥᠷᠥᠯ ᠵᠤᠶᠢᠯ ᠢ ᠪᠦᠬᠦᠨ ᠢ ᠤᠯᠤᠰ ᠤᠨ ᠲᠣᠭᠲᠠᠭᠰᠠᠨ ᠨᠣᠷᠮ᠎ᠠ ᠶᠢᠨ ᠲᠡᠷᠢᠭᠦᠨ ᠤ | ᠥᠷᠲᠡᠭ ᠤᠨ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠶ᠃ | | ︵ᠭᠤᠷᠪᠠ︶ ᠤᠰᠤ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠬᠢᠨᠠᠨ ᠰᠢᠯᠭᠠᠬᠤ ᠶᠢ ᠥᠷᠨᠢᠭᠦᠯᠦᠨ᠎ᠡ | ᠤᠰᠤ ᠠᠷᠪᠢᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠯᠲᠠ | ᠲᠠᠯᠪᠢᠵᠤ ᠬᠢᠨᠠᠨ ᠰᠢᠯᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠤᠰᠤ ᠶᠢ ᠬᠦᠨᠵᠡᠭᠡᠢ ᠠᠷᠪᠢᠯᠠᠵᠤ | ᠡᠵᠡᠮᠳᠡᠬᠦ ᠠᠵᠢᠯᠯᠠᠭ᠎ᠠ ᠶᠢᠨ ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ᠂ ᠪᠣᠳᠠᠲᠠᠶ ᠠᠵᠢᠯ ᠢ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠤᠨ ᠰᠢᠯᠭᠠᠨ ᠬᠢᠨᠠᠬᠤ ᠶᠢ | ᠬᠡᠷᠡᠭᠵᠢᠭᠦᠯᠬᠦ ᠳᠤ ᠣᠷᠣᠭᠤᠯᠤᠨ᠎ᠠ᠃ ᠬᠠᠮᠢᠶ᠎ᠠ ᠪᠥᠬᠦᠢ ᠰᠠᠯᠠᠭ᠎ᠠ ᠮᠥᠴᠢᠷ ᠢ ᠢᠳᠡᠪᠬᠢᠲᠡᠶ ᠪᠠᠷ ᠵᠣᠬᠢᠴᠠᠭᠤᠯᠤᠨ | ᠤᠰᠤ ᠶᠢ ᠠᠷᠪᠢᠯᠠᠵᠤ ᠬᠡᠷᠡᠭᠯᠡᠬᠦ ᠶᠢ ᠲᠤᠬᠠᠶ ᠶᠢᠨ ᠭᠠᠵᠠᠷ ᠤᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ | ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠤᠰᠤ ᠠᠷᠪᠢᠯᠠᠬᠤ ᠶᠢ ᠬᠢᠵᠠᠭᠠᠷᠯᠠᠬᠤ ᠴᠢᠨᠠᠷᠲᠠᠶ | ᠭᠦᠢᠴᠡᠳᠬᠡᠬᠦ ᠲᠤᠭ᠎ᠠ ᠪᠣᠯᠭᠠᠨ ᠲᠤᠬᠠᠶ ᠶᠢᠨ ᠭᠠᠵᠠᠷ ᠤᠨ ᠨᠠᠮ ᠵᠠᠰᠠᠭ ᠤᠨ ᠤᠳᠤᠷᠢᠳᠬᠤ ᠪᠠᠭ ᠪᠣᠯᠤᠨ ᠤᠳᠤᠷᠢᠳᠬᠤ | ᠺᠠᠳ᠋ᠷ ᠤᠨ ᠵᠠᠰᠠᠭ ᠤᠨ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ | ᠤᠰᠤ ᠠᠷᠪᠢᠯᠠᠬᠤ ᠶᠢ ᠰᠢᠯᠭᠠᠨ ᠬᠢᠨᠠᠭᠰᠠᠨ ᠦᠷ᠎ᠡ ᠳ᠋ᠦᠩ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠪᠠᠳᠠᠨ | ᠪᠠᠶᠢᠴᠠᠭᠠᠵᠤ ᠤᠷᠮᠠᠰᠢᠭᠤᠯᠬᠤ ᠠᠵᠢᠯ ᠯᠤᠭ᠎ᠠ ᠬᠤᠯᠪᠣᠭᠳᠠᠭᠤᠯᠵᠤ᠂ ᠰᠢᠯᠭᠠᠨ ᠬᠢᠨᠠᠭᠠᠳ ᠬᠢᠷᠢ ᠲᠡᠩᠴᠡᠭᠰᠡᠨ ᠥᠬᠡᠶ | ᠭᠠᠵᠠᠷ ᠣᠷᠣᠨ ᠢ ᠤᠰᠤᠨ ᠠᠰᠢᠭᠯᠠᠯᠲᠠ ᠶᠢᠨ ᠶᠠᠮᠤᠨ ᠤ ᠵᠣᠷᠢᠭᠵᠢᠭᠤᠯᠬᠤ ᠪᠠᠷ ᠪᠠᠶᠢᠭ᠎ᠠ ᠣᠷᠣᠨ ᠨᠤᠲᠤᠭ ᠤᠨ | ᠨᠡᠷᠡᠰ ᠲᠤ ᠵᠢᠭᠰᠠᠭᠠᠨ ᠣᠷᠣᠭᠤᠯᠵᠤ ᠪᠣᠯᠬᠤ ᠥᠬᠡᠶ᠃ | | ︵ᠲᠥᠷᠪᠡ︶ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤ ᠠᠷᠪᠢᠯᠠᠬᠤ ᠪᠣᠭᠤᠮᠲᠠ ᠶᠢ ᠴᠢᠩᠭ᠎ᠠ | ᠠᠳᠬᠤᠨ᠎ᠠ | ᠤᠰᠤ ᠲᠠᠲᠠᠬᠤ ᠲᠥᠷᠥᠯ ᠵᠦᠢᠯ ᠤᠨ ᠤᠰᠤ ᠲᠠᠲᠠᠬᠤ ᠵᠥᠪᠰᠢᠶᠡᠷᠡᠯ ᠤᠨ ᠱᠠᠳᠤ ᠦᠶ᠎ᠡ ᠳᠤ᠂ ᠤᠰᠤ | ᠠᠷᠪᠢᠯᠠᠬᠤ ᠦᠨᠡᠯᠡᠯᠲᠡ ᠶᠢ ᠤᠰᠤᠨ ᠤ ᠡᠬᠢ ᠪᠠᠶᠠᠯᠢᠭ ᠢ ᠨᠤᠳᠠᠯᠠᠬᠤ ᠴᠢᠬᠤᠯᠠ ᠠᠭᠤᠯᠭ᠎ᠠ ᠪᠣᠯᠭᠠᠨ᠂ ᠲᠥᠷᠥᠯ | ᠵᠦᠢᠯ ᠤᠨ ᠤᠰᠤ ᠠᠷᠪᠢᠯᠠᠬᠤ ᠬᠢᠷᠢ ᠬᠡᠮᠵᠢᠶ᠎ᠡ ᠶᠢ ᠴᠢᠩᠭ᠎ᠠ ᠬᠢᠨᠠᠨ ᠬᠠᠷᠭᠤᠭᠤᠯᠵᠤ᠂ ᠤᠰᠤ ᠶᠡᠭᠡ ᠬᠤᠷᠣᠭᠳᠠᠭᠤᠯᠬᠤ | ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠤᠰᠤ ᠲᠠᠲᠠᠬᠤ | ᠵᠥᠪᠰᠢᠶᠡᠷᠡᠯ ᠢ ᠨᠢᠭᠡᠨᠲᠡ ᠵᠥᠪᠰᠢᠶᠡᠷᠡᠭᠰᠡᠨ ᠲᠥᠷᠥᠯ ᠵᠦᠢᠯ ᠳᠤ᠂ ᠤᠰᠤ ᠬᠡᠷᠡᠭᠯᠡᠬᠦ ᠤᠷ᠎ᠠ ᠮᠡᠷᠭᠡᠰᠢᠯ᠂ ᠮᠡᠷᠭᠡᠵᠢᠯ᠂ | ᠲᠥᠬᠦᠭᠡᠷᠦᠮᠵᠢ ᠬᠤᠴᠣᠷᠤᠩᠭᠤᠶ ᠠᠴᠠ ᠪᠣᠯᠣᠭᠠᠳ ᠤᠳᠤ ᠶᠢᠨ ᠬᠡᠷᠡᠭᠵᠢᠭᠦᠯᠵᠦ ᠪᠠᠶᠢᠭ᠎ᠠ ᠤᠰᠤ ᠠᠷᠪᠢᠯᠠᠬᠤ | ᠪᠠᠷᠢᠮᠵᠢᠶ᠎ᠠ ᠳᠤ ᠬᠥᠷᠥᠭᠰᠡᠨ ᠥᠭᠡᠢ ᠪᠣᠯ ᠬᠠᠮᠢᠶ᠎ᠠ ᠪᠥᠬᠦᠢ ᠨᠢᠭᠡᠴᠢ ᠶᠢ ᠱᠠᠭᠠᠷᠳᠠᠵᠤ ᠪᠠᠶᠢᠭᠠᠳ ᠬᠤᠭᠤᠴᠠᠭ᠎ᠠ | ᠬᠢᠵᠠᠭᠠᠷᠯᠠᠨ ᠤᠰᠤ ᠠᠷᠪᠢᠯᠠᠬᠤ ᠥᠭᠡᠷᠡᠴᠢᠯᠡᠯᠲᠡ ᠬᠢᠯᠭᠡᠬᠦ ᠬᠡᠷᠡᠭᠲᠡᠶ᠂ ᠥᠭᠡᠷᠡᠴᠢᠯᠡᠭᠰᠡᠨ ᠤ ᠲᠠᠷᠠᠭ᠎ᠠ ᠮᠦᠨ ᠬᠦ ᠤᠳᠤ | ᠶᠢᠨ ᠬᠡᠷᠡᠭᠵᠢᠭᠦᠯᠵᠦ ᠪᠠᠶᠢᠭ᠎ᠠ ᠤᠰᠤ ᠠᠷᠪᠢᠯᠠᠬᠤ ᠪᠠᠷᠢᠮᠵᠢᠶ᠎ᠠ ᠳᠤ ᠬᠥᠷᠥᠭᠰᠡᠨ ᠥᠭᠡᠢ ᠪᠣᠯ ᠤᠰᠤ ᠲᠠᠲᠠᠬᠤ | ᠵᠥᠪᠰᠢᠶᠡᠷᠡᠯ ᠢ ᠤᠷᠳᠤᠳᠬᠠᠬᠤ ᠦᠶ᠎ᠡ ᠳᠤ ᠬᠢᠨᠠᠨ ᠵᠦᠪᠰᠢᠶᠡᠷᠡᠵᠦ ᠪᠤᠯᠬᠤ ᠦᠭᠡᠢ᠃ ᠤᠰᠤ ᠠᠷᠪᠢᠯᠠᠬᠤ | ᠦᠨᠡᠯᠡᠯᠲᠡ ᠶᠢᠨ ᠵᠠᠯᠭᠠᠮᠵᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢᠨ | ᠲᠥᠰᠦᠯ ᠢ ᠮᠥᠷᠳᠡᠨ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ | ᠥᠷᠭᠡᠳᠬᠡᠨ ᠪᠠᠶᠢᠭᠤᠯᠤᠭᠰᠠᠨ ᠤᠰᠤ ᠲᠠᠲᠠᠬᠤ ᠲᠥᠷᠥᠯ ᠵᠤᠶᠢᠯ ᠳᠤ ᠤᠰᠤ ᠠᠷᠪᠢᠯᠠᠬᠤ ᠪᠡᠯᠡᠳᠬᠡᠮᠵᠢ ᠶᠢᠨ ︽ | ᠭᠤᠷᠪᠠ ᠶᠢ ᠬᠠᠮᠲᠤ ᠳᠤᠨᠢ ᠬᠢᠬᠦ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ | ᠭᠤᠷᠪᠠ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠶ ᠬᠡᠷᠡᠭᠵᠢᠭᠦᠯᠦᠨ᠎ᠡ | | ︵ᠨᠢᠭᠡ︶ ᠲᠠᠷᠢᠶᠠᠯᠠᠩ ᠳᠤ ᠬᠡᠷᠡᠭᠯᠡᠬᠦ ᠤᠰᠤᠨ ᠤ ᠳᠠᠷᠤᠯᠲᠠ ᠶᠢ ᠪᠠᠭᠠᠰᠬᠠᠬᠤ ᠶᠢ ᠠᠬᠢᠭᠤᠯᠤᠨ᠎ᠠ | ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠤᠨᠠᠯᠲᠠ ᠶᠢ ᠲᠣᠭᠲᠠᠭᠠᠬᠤ ᠶᠢ ᠪᠠᠷᠢᠮᠲᠠᠯᠠᠵᠤ᠂ | ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠲᠠᠷᠢᠮᠠᠯ ᠤᠨ ᠦᠷᠡᠵᠢᠯ ᠤᠨ | ᠪᠤᠰᠤ ᠬᠤᠭᠤᠴᠠᠭᠠᠨ ᠤ ᠤᠰᠤᠯᠠᠯᠲᠠ ᠶᠢᠨ ᠤᠰᠤᠨ ᠤ ᠬᠡᠮᠵᠢᠶ᠎ᠡ ᠶᠢ ᠵᠦᠢ ᠵᠣᠬᠢᠰᠲᠠᠶ ᠪᠠᠷ ᠪᠠᠭᠠᠰᠬᠠᠨ᠎ᠠ᠃ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠨᠢᠩᠰᠢᠶᠠ ᠥᠪᠥᠷ ᠮᠣᠩᠭᠤᠯ ᠤᠨ ᠬᠠᠲᠤᠨ ᠭᠤᠤᠯ ᠤᠨ | ᠤᠰᠤᠯᠠᠯᠲᠠ ᠶᠢᠨ ᠣᠷᠣᠨ ᠳᠤ ᠲᠠᠷᠢᠶᠠᠯᠠᠩ ᠤᠨ ᠤᠰᠤᠯᠠᠯᠲᠠ ᠶᠢᠨ ᠲᠠᠯᠠᠪᠠᠶ ᠶᠢᠨ ᠨᠡᠮᠡᠭᠳᠡᠯ ᠢ ᠴᠢᠩᠭ᠎ᠠ ᠬᠢᠵᠠᠭᠠᠷᠯᠠᠵᠤ᠂ | ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠦᠨ᠂ ᠤᠰᠤ ᠶᠡᠭᠡ ᠬᠤᠷᠣᠭᠳᠠᠭᠤᠯᠬᠤ ᠲᠠᠷᠢᠮᠠᠯ ᠤᠨ ᠲᠠᠯᠠᠪᠠᠶ ᠶᠢ | ᠪᠠᠭᠠᠰᠬᠠᠨ᠎ᠠ︔ ᠹᠧᠨ ᠸᠧᠶ ᠶᠢᠨ ᠲᠠᠯ᠎ᠠ ᠭᠠᠵᠠᠷ ᠤᠨ ᠭᠠᠵᠠᠷ ᠳᠣᠤᠷᠠᠬᠢ ᠤᠰᠤ ᠶᠢ ᠬᠡᠲᠦ ᠮᠠᠯᠲᠠᠭᠰᠠᠨ | ᠤᠰᠤᠯᠠᠯᠲᠠ ᠶᠢᠨ ᠣᠷᠣᠨ ᠳᠤ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠬᠡᠷᠡᠭᠵᠢᠭᠦᠯᠵᠦ᠂ ᠡᠭᠡᠯᠵᠢᠯᠡᠨ ᠳᠠᠷᠢᠬᠤ | ᠮᠡᠷᠭᠡᠵᠢᠯ ᠤᠨ ᠵᠠᠭᠪᠤᠷ ᠢ ᠳᠡᠯᠭᠡᠷᠡᠭᠦᠯᠦᠨ᠂ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠢ ᠴᠢᠩᠭ᠎ᠠ | ᠬᠢᠵᠠᠭᠠᠷᠯᠠᠵᠤ᠂ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠶᠢ ᠪᠠᠭᠠᠰᠬᠠᠨ᠎ᠠ︔ ᠱᠠᠨᠳᠦ᠋ᠩ ᠡᠾᠧᠨᠠᠨ ᠤ ᠬᠠᠳᠤᠨ | ᠭᠤᠣᠯ ᠤᠨ ᠤᠰᠤ ᠶᠢ ᠲᠠᠲᠠᠬᠤ ᠤᠰᠤᠯᠤᠯᠲᠠ ᠶᠢᠨ ᠣᠷᠣᠨ ᠳᠤ ᠬᠠᠳᠤᠨ ᠭᠤᠣᠯ ᠤᠨ ᠤᠰᠤ ᠶᠢ ᠲᠠᠲᠠᠬᠤ | ᠬᠡᠪᠴᠢᠶ᠎ᠡ ᠶᠢ ᠬᠢᠵᠠᠭᠠᠷᠯᠠᠵᠤ᠂ ᠤᠰᠤ ᠠᠷᠪᠢᠯᠠᠬᠤ ᠤᠰᠤᠯᠠᠯᠲᠠ ᠶᠢ ᠶᠡᠬᠡᠪᠡᠷ ᠬᠥᠭᠵᠢᠭᠦᠯᠦᠨ᠎ᠡ᠃ ᠬᠠᠲᠤᠨ ᠭᠤᠣᠯ ᠤᠨ | ᠳᠡᠭᠡᠳᠦ ᠳᠤᠮᠳᠠᠳᠤ ᠤᠷᠤᠰᠬᠠᠯ ᠳᠤ ᠤᠰᠤᠨ ᠤ ᠪᠠᠶᠢᠳᠠᠯ ᠳᠤᠨᠢ ᠲᠣᠬᠢᠷᠠᠭᠤᠯᠤᠨ ᠬᠠᠭᠤᠷᠠᠶ ᠲᠠᠷᠢᠶᠠᠯᠠᠭ᠎ᠠ ᠶᠢᠨ ᠤᠰᠤ | ᠠᠷᠪᠢᠯᠠᠬᠤ ᠮᠡᠷᠭᠡᠵᠢᠯ ᠢ ᠳᠡᠯᠭᠡᠷᠡᠭᠦᠯᠵᠦ᠂ ᠬᠠᠭᠤᠷᠠᠶ ᠲᠠᠷᠢᠶᠠᠯᠠᠭ᠎ᠠ ᠶᠢᠨ ᠤᠰᠤ ᠠᠷᠪᠢᠯᠠᠬᠤ ᠲᠠᠷᠢᠶᠠᠯᠠᠩ ᠢ | ᠬᠥᠭᠵᠢᠭᠦᠯᠦᠨ᠎ᠡ᠃ | | ︵ᠬᠤᠶᠠᠷ︶ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠠᠶᠢᠭᠤᠯᠵᠤ ᠢᠵᠢ | ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠶᠢ ᠲᠥᠯᠬᠢᠨ ᠠᠬᠢᠭᠤᠯᠤᠨ᠎ᠠ | ᠬᠠᠲᠤᠨ ᠭᠤᠣᠯ ᠤᠨ ᠳᠡᠭᠡᠳᠦ ᠤᠷᠤᠰᠬᠠᠯ ᠪᠣᠯᠬᠤ ᠭᠠᠨᠰᠦ ᠶᠢᠨ ᠬᠠᠳᠤᠨ ᠭᠤᠣᠯ ᠤᠨ ᠥᠨᠳᠥᠷ ᠲᠠᠲᠠᠬᠤ | ᠤᠰᠤᠯᠠᠯᠲᠠ ᠶᠢᠨ ᠣᠷᠣᠨ ᠪᠣᠯᠤᠨ ᠨᠢᠩᠰᠢᠶᠠ ᠥᠪᠥᠷ ᠮᠣᠩᠭᠤᠯ ᠤᠨ ᠬᠠᠳᠤᠨ ᠭᠤᠣᠯ ᠤᠨ ᠤᠰᠤ ᠶᠢ ᠲᠠᠲᠠᠬᠤ | ᠤᠰᠤᠯᠠᠯᠲᠠ ᠶᠢᠨ ᠣᠷᠣᠨ᠂ ᠳᠤᠮᠳᠠᠳᠤ ᠤᠷᠤᠰᠬᠠᠯ ᠤᠨ ᠹᠧᠨ ᠸᠧᠶ ᠭᠤᠣᠯ ᠤᠨ ᠤᠰᠤᠯᠠᠯᠲᠠ ᠶᠢᠨ ᠣᠷᠣᠨ᠂ | ᠲᠤᠤᠷᠠᠳᠤ ᠤᠷᠤᠰᠬᠠᠯ ᠤᠨ ᠬᠠᠳᠤᠨ ᠭᠤᠣᠯ ᠤᠨ ᠤᠰᠤ ᠶᠢ ᠲᠠᠲᠠᠬᠤ ᠤᠰᠤᠯᠠᠯᠲᠠ ᠶᠢᠨ ᠣᠷᠣᠨ ᠵᠡᠷᠭᠡ | ᠭᠤᠣᠯᠳᠠᠯᠭ᠎ᠠ ᠲᠠᠢ ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ | ᠣᠳᠣᠬᠢᠴᠢᠯᠠᠭᠰᠠᠨ ᠦᠭᠡᠷᠡᠴᠢᠯᠡᠯᠳᠡ ᠶᠢ ᠢᠳᠡᠪᠬᠢᠲᠡᠶ ᠪᠠᠷ ᠲᠥᠯᠬᠢᠨ ᠠᠬᠢᠭᠤᠯᠵᠤ᠂ ᠤᠰᠤᠯᠠᠯᠲᠠ ᠶᠢᠨ ᠣᠷᠣᠨ ᠤ | ᠤᠰᠤ ᠬᠡᠷᠡᠭᠯᠡᠬᠦ ᠬᠡᠮᠵᠢᠶ᠎ᠡ ᠶᠢ ᠬᠡᠮᠵᠢᠬᠦ ᠪᠡᠯᠡᠳᠬᠡᠮᠵᠢ ᠶᠢᠨ ᠢᠵᠢ ᠪᠦᠷᠢᠳᠦᠭᠦᠯᠬᠦ ᠪᠥᠳᠥᠭᠡᠨ ᠪᠠᠶᠢᠭᠤᠯᠤᠯᠲᠠ ᠶᠢ | ᠲᠥᠯᠬᠢᠨ ᠠᠬᠢᠭᠤᠯᠵᠤ᠂ ᠤᠰᠤᠯᠠᠯᠲᠠ ᠶᠢᠨ ᠣᠷᠣᠨ ᠤ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠤᠰᠤ | ᠳᠠᠮᠵᠢᠭᠤᠯᠬᠤ ᠪᠠ ᠤᠰᠤ ᠲᠣᠬᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠨᠢᠭᠡ ᠪᠦᠯᠦᠭ ᠨᠢ | ᠪᠣᠯᠪᠠᠰᠤᠷᠠᠩᠭᠤᠶ ᠪᠣᠯᠪᠠᠯ ᠨᠢᠭᠡ ᠪᠦᠯᠦᠭ ᠢ ᠪᠥᠳᠥᠭᠡᠨ ᠪᠠᠶᠢᠭᠤᠯᠬᠤ︾ ᠵᠠᠷᠴᠢᠮ ᠤᠨ ᠶᠣᠰᠣᠭᠠᠷ᠂ ᠲᠤᠮᠤ ᠳᠤᠮᠳᠠ | ᠬᠡᠯᠪᠡᠷᠢ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠬᠤ ᠪᠥᠳᠥᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠳᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠪᠢᠴᠢᠯ | ᠤᠰᠤᠯᠠᠯᠲᠠ᠂ ᠬᠤᠭᠤᠯᠠᠶ ᠪᠠᠷ ᠤᠰᠤᠯᠠᠬᠤ᠂ ᠰᠦᠷᠴᠢᠨ ᠤᠰᠤᠯᠠᠬᠤ ᠵᠡᠷᠭᠡ ᠥᠨᠳᠥᠷ ᠦᠷ᠎ᠡ ᠪᠦᠲᠦᠮᠵᠢᠲᠡᠶ ᠤᠰᠤ | ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠢᠳᠡᠪᠬᠢᠲᠡᠶ ᠪᠠᠷ ᠳᠡᠯᠭᠡᠷᠡᠭᠦᠯᠦᠨ᠎ᠡ᠃ ᠤᠰᠤᠯᠠᠯᠲᠠ ᠶᠢᠨ ᠲᠤᠷᠰᠢᠯᠲᠠ ᠶᠢᠨ | ᠥᠷᠲᠡᠭᠡᠨ ᠤ ᠲᠣᠣᠷ ᠤᠨ ᠰᠢᠰᠲ᠋ᠧᠮ ᠢ ᠲᠡᠭᠦᠯᠳᠡᠷᠵᠢᠭᠦᠯᠦᠨ᠂ ᠤᠰᠤᠯᠠᠯᠲᠠ ᠶᠢᠨ ᠰᠠᠭᠤᠷᠢ ᠲᠤᠭ᠎ᠠ ᠪᠠᠷᠢᠮᠲᠠ ᠶᠢ | ᠰᠢᠨᠵᠢᠯᠡᠬᠦ ᠤᠬᠠᠭᠠᠨᠴᠢ ᠪᠠᠷ ᠴᠤᠭᠯᠠᠭᠤᠯᠵᠤ᠂ ᠲᠣᠬᠢᠷᠠᠮᠵᠢᠲᠠᠶ ᠤᠰᠤ ᠠᠷᠪᠢᠯᠠᠬᠤ ᠤᠰᠤᠯᠠᠯᠲᠠ ᠶᠢᠨ ᠲᠥᠷᠢᠮ ᠪᠣᠯᠤᠨ | ᠮᠡᠷᠭᠡᠵᠢᠯ ᠢ ᠳᠡᠯᠭᠡᠷᠡᠭᠦᠯᠬᠦ ᠳᠤ ᠲᠤᠯᠭᠠᠭᠤᠷᠢᠯᠠᠯ ᠬᠠᠩᠭᠠᠨ᠎ᠠ᠃ | | ︵ᠭᠤᠷᠪᠠ︶ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ | ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠶᠢ ᠲᠦᠷᠭᠡᠳᠬᠡᠨ | ᠠᠬᠢᠭᠤᠯᠵᠤ᠂ ᠤᠰᠤᠯᠠᠯᠲᠠ ᠶᠢᠨ ᠣᠷᠣᠨ ᠤ ᠤᠰᠤ ᠬᠠᠩᠭᠠᠬᠤ ᠥᠪᠡᠷ ᠤᠨ ᠥᠷᠲᠡᠭ ᠤᠨ ᠲᠣᠭᠠᠴᠠᠭ᠎ᠠ ᠪᠠ ᠦᠨ᠎ᠡ | ᠬᠠᠩᠰᠢ ᠶᠢᠨ ᠲᠣᠬᠢᠷᠠᠭᠤᠯᠤᠯᠲᠠ ᠶᠢ ᠠᠬᠢᠭᠤᠯᠤᠨ᠂ ᠲᠠᠷᠢᠶᠠᠯᠠᠩ ᠤᠨ ᠤᠰᠤ ᠬᠡᠷᠡᠭᠯᠡᠬᠦ ᠳᠤ ᠨᠠᠷᠢᠯᠢᠭ ᠣᠨᠣᠴᠠᠲᠠᠶ ᠪᠠᠷ | ᠨᠥᠬᠦᠪᠥᠷᠢ ᠥᠭᠬᠦ ᠪᠠ ᠤᠰᠤ ᠠᠷᠪᠢᠯᠠᠬᠤ ᠶᠢ ᠱᠠᠩᠨᠠᠬᠤ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠬᠥᠷᠥᠩᠭᠡ ᠶᠢ | ᠬᠥᠲᠥᠯᠦᠨ ᠵᠢᠯᠣᠭᠤᠳᠴᠤ ᠪᠠᠶᠢᠭᠠᠳ ᠤᠰᠤᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ | ᠬᠠᠮᠢᠶᠠᠷᠤᠯᠲᠠ ᠳᠤ ᠣᠷᠣᠯᠴᠠᠭᠤᠯᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠠᠯᠠᠪᠠᠶ ᠶᠢ ᠠᠯᠬᠤᠮ ᠠᠯᠬᠤᠮ ᠢᠶᠠᠷ ᠥᠷᠭᠡᠳᠬᠡᠨ᠎ᠡ᠃ 2025 ᠣᠨ ᠪᠣᠯᠬᠤ ᠳᠤ᠂ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠪᠥᠬᠦ ᠲᠠᠯ᠎ᠠ ᠪᠠᠷ | ᠪᠡᠶᠡᠯᠡᠭᠦᠯᠦᠨ᠎ᠡ᠃ | | ᠳᠥᠷᠪᠡ᠂ ᠠᠵᠤ ᠦᠢᠯᠡᠳᠪᠤᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠶᠢ ᠭᠦᠨᠵᠡᠭᠡᠶ ᠬᠡᠷᠡᠭᠵᠢᠭᠦᠯᠦᠨ᠎ᠡ | | ︵ᠨᠢᠭᠡ︶ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠪᠣᠯᠤᠨ ᠬᠦᠷᠢᠶᠡᠯᠡᠩ ᠲᠣᠭᠤᠷᠢᠭ ᠤᠨ ᠪᠥᠳᠥᠭᠡᠨ | ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ | ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ᠂ ᠤᠰᠤ ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ | ᠪᠠᠶᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠪᠣᠯᠤᠨ ᠤᠰᠤ ᠠᠷᠪᠢᠯᠠᠬᠤ ᠬᠡᠯᠪᠡᠷᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢ ᠶᠡᠬᠡᠪᠡᠷ ᠲᠥᠯᠬᠢᠨ ᠠᠬᠢᠭᠤᠯᠵᠤ᠂ | ᠤᠯᠤᠰ ᠤᠨ ᠪᠠᠷᠢᠮᠵᠢᠶ᠎ᠠ ᠲᠠᠢ ᠬᠠᠷᠢᠴᠠᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠥᠲᠥᠯᠥᠨ | ᠵᠢᠯᠣᠭᠤᠳᠴᠤ ᠪᠠᠶᠢᠭᠠᠳ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠬᠢᠯᠭᠡᠵᠦ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ᠠᠵᠤ ᠠᠬᠤᠶᠢᠯᠠᠯ ᠤᠨ ᠬᠤᠭᠤᠷᠣᠨᠳᠣ ᠪᠠᠨ ᠬᠤᠯᠪᠣᠯᠳᠤᠨ ᠤᠰᠤ ᠬᠡᠷᠡᠭᠯᠡᠬᠦ᠂ ᠱᠠᠲᠤᠯᠠᠨ | ᠤᠰᠤ ᠬᠡᠷᠡᠭᠯᠡᠬᠦ᠂ ᠤᠷᠴᠢᠯᠳᠤᠭᠤᠯᠤᠨ ᠤᠰᠤ ᠬᠡᠷᠡᠭᠯᠡᠬᠦ ᠶᠢ ᠬᠡᠷᠡᠭᠵᠢᠭᠦᠯᠦᠨ᠂ ᠠᠵᠤ ᠦᠢᠯᠡᠳᠪᠦᠷᠢ ᠶᠢᠨ ᠬᠠᠶᠠᠭᠳᠠᠮᠠᠯ | ᠤᠰᠤ ᠶᠢ ︽ᠪᠠᠷᠤᠭ ᠭᠠᠳᠠᠭᠰᠢᠯᠠᠭᠤᠯᠬᠤ ᠥᠭᠡᠢ ᠪᠠᠶᠢᠬᠤ︾ ᠶᠢ ᠠᠬᠢᠭᠤᠯᠵᠤ᠂ ᠪᠠᠷᠢᠮᠵᠢᠶ᠎ᠠ ᠳᠤ ᠬᠥᠷᠥᠭᠰᠡᠨ ᠠᠵᠤ | ᠠᠬᠤᠶᠢᠯᠠᠯ᠂ ᠬᠦᠷᠢᠶᠡᠯᠡᠩ ᠲᠣᠭᠤᠷᠢᠭ ᠲᠤ ᠰᠤᠭᠤᠴᠢᠨ ᠪᠠᠶᠢᠴᠠᠭᠠᠬᠤ ᠪᠠ ᠲᠠᠬᠢᠨ ᠦᠨᠡᠯᠡᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ 2025 ᠣᠨ ᠪᠣᠯᠬᠤ ᠳᠤ᠂ ᠢᠯᠴᠢ ᠶᠢᠨ ᠴᠠᠬᠢᠯᠭᠠᠨ᠂ ᠪᠣᠯᠣᠳ ᠲᠡᠮᠦᠷ᠂ | ᠬᠢᠮᠢ ᠶᠢᠨ ᠠᠵᠤ ᠦᠢᠯᠡᠳᠪᠤᠷᠢ ᠶᠢᠨ ᠠᠵᠢᠯ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ | ᠪᠦᠬᠦᠨ ᠢ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠪᠣᠯᠭᠠᠨ ᠪᠠᠶᠢᠭᠤᠯᠵᠤ᠂ ᠨᠢᠭᠡ ᠪᠦᠯᠦᠭ ᠤᠰᠤ | ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ | | ︵ᠬᠤᠶᠠᠷ︶ ᠲᠡᠷᠢᠭᠦᠨ ᠤ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠲᠤᠨᠤᠭ | ᠲᠥᠬᠦᠭᠡᠷᠦᠮᠵᠢ ᠶᠢ ᠳᠡᠯᠭᠡᠷᠡᠭᠦᠯᠦᠨ᠎ᠡ | ᠤᠯᠤᠰ ᠠᠴᠠ ᠨᠡᠶᠢᠲᠡᠯᠡᠭᠰᠡᠨ ᠤᠰᠤ ᠶᠡᠭᠡ ᠬᠤᠷᠣᠭᠳᠠᠭᠤᠯᠬᠤ ᠤᠷ᠎ᠠ ᠮᠡᠷᠭᠡᠰᠢᠯ᠂ ᠮᠡᠷᠭᠡᠵᠢᠯ᠂ ᠲᠣᠨᠤᠭ | ᠲᠥᠬᠦᠭᠡᠷᠦᠮᠵᠢ ᠶᠢᠨ ᠵᠣᠷᠢᠭᠵᠢᠭᠤᠯᠬᠤ ᠭᠠᠷᠴᠠᠭ ᠪᠠ ᠰᠢᠭᠰᠢᠭᠳᠡᠭᠦᠯᠬᠦ ᠭᠠᠷᠴᠠᠭ ᠶᠣᠰᠣᠭᠠᠷ᠂ ᠠᠵᠤ ᠦᠢᠯᠡᠳᠪᠤᠷᠢ ᠶᠢᠨ | ᠠᠵᠤ ᠠᠬᠤᠶᠢᠯᠠᠯ ᠤᠨ ᠥᠨᠳᠥᠷ ᠦᠷ᠎ᠡ ᠪᠦᠲᠦᠮᠵᠢᠲᠡᠶ ᠬᠦᠷᠭᠡᠬᠦ᠂ ᠤᠰᠤ ᠥᠬᠡᠶ ᠪᠠᠷ ᠤᠬᠢᠶᠠᠨ ᠴᠡᠪᠡᠷᠯᠡᠬᠦ᠂ | ᠤᠰᠤ ᠶᠢ ᠤᠷᠴᠢᠯᠳᠤᠭᠤᠯᠤᠨ ᠬᠡᠷᠡᠭᠯᠡᠬᠦ᠂ ᠬᠠᠶᠠᠭᠳᠠᠮᠠᠯ ᠪᠣᠬᠢᠷ ᠤᠰᠤ ᠶᠢ ᠳᠠᠬᠢᠨ ᠠᠰᠢᠭᠯᠠᠬᠤ᠂ ᠤᠰᠤ ᠶᠡᠭᠡ | ᠬᠤᠷᠣᠭᠳᠠᠭᠤᠯᠬᠤ ᠦᠢᠯᠡᠳᠪᠤᠷᠢᠯᠡᠯ ᠤᠨ ᠤᠷ᠎ᠠ ᠮᠡᠷᠭᠡᠰᠢᠯ ᠢ ᠣᠷᠣᠯᠠᠭᠤᠯᠬᠤ ᠵᠡᠷᠭᠡ ᠤᠰᠤ ᠠᠷᠪᠢᠯᠠᠬᠤ ᠤᠷ᠎ᠠ | ᠮᠡᠷᠭᠡᠰᠢᠯ ᠪᠠ ᠮᠡᠷᠭᠡᠵᠢᠯ ᠢ ᠬᠡᠷᠡᠭᠯᠡᠬᠦ ᠶᠢ ᠠᠬᠢᠭᠤᠯᠵᠤ᠂ ᠬᠤᠴᠣᠷᠤᠩᠭᠤᠶ ᠮᠡᠷᠭᠡᠵᠢᠯ ᠤᠨ ᠲᠣᠨᠤᠭ ᠲᠥᠬᠦᠭᠡᠷᠦᠮᠵᠢ ᠶᠢ | ᠰᠢᠭᠰᠢᠭᠳᠡᠭᠦᠯᠦᠨ᠎ᠡ᠃ ᠤᠰᠤ ᠠᠷᠪᠢᠯᠠᠬᠤ ᠲᠤᠨᠤᠭ ᠲᠥᠬᠦᠭᠡᠷᠦᠮᠵᠢ ᠵᠢᠴᠢ ᠦᠢᠯᠡᠳᠬᠦᠨ ᠤ ᠶᠠᠰᠤ ᠴᠢᠨᠠᠷ ᠤᠨ ᠲᠡᠰ ᠢ | ᠦᠨᠡᠯᠡᠬᠦ ᠪᠠ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠢᠯᠴᠢ ᠶᠢᠨ ᠴᠠᠬᠢᠯᠭᠠᠨ᠂ ᠪᠤᠯᠤᠳ ᠲᠡᠮᠤᠷ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠦᠷᠦᠯ ᠳᠤ ᠤᠰᠤ ᠶᠢ | ᠤᠷᠴᠢᠯᠳᠤᠭᠤᠯᠤᠨ ᠬᠡᠷᠡᠭᠯᠡᠬᠦ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ 2025 ᠣᠨ ᠪᠣᠯᠬᠤ ᠳᠤ ᠠᠵᠤ | ᠦᠢᠯᠡᠳᠪᠦᠷᠢ ᠶᠢᠨ ᠤᠰᠤ ᠶᠢ ᠳᠠᠪᠲᠠᠨ ᠠᠰᠢᠭᠯᠠᠬᠤ ᠨᠤᠷᠮ᠎ᠠ ᠶᠢ 98% ᠠᠴᠠ ᠳᠡᠭᠡᠭᠰᠢ ᠳᠤ ᠬᠦᠷᠭᠡᠨ᠎ᠡ᠃ ᠬᠠᠲᠤᠨ | ᠭᠤᠣᠯ ᠤᠨ ᠳᠡᠭᠡᠳᠦ ᠤᠷᠤᠰᠬᠠᠯ ᠤᠨ ᠰᠢᠨ᠎ᠡ ᠪᠠᠷ ᠪᠠᠶᠢᠭᠤᠯᠤᠭᠰᠠᠨ ᠢᠯᠴᠢ ᠶᠢᠨ ᠴᠠᠬᠢᠯᠭᠠᠨ ᠤ ᠮᠠᠰᠢᠨ | ᠴᠣᠭᠴᠠᠯᠠᠪᠤᠷᠢ ᠳᠤ ᠠᠭᠠᠷ ᠢᠶᠠᠷ ᠬᠦᠷᠦᠭᠡᠬᠦ ᠮᠡᠷᠭᠡᠵᠢᠯ ᠢ ᠪᠦᠬᠦ ᠲᠠᠯ᠎ᠠ ᠪᠠᠷ ᠬᠡᠷᠡᠭᠯᠡᠨ᠎ᠡ᠃ | | ᠲᠠᠪᠤ᠂ ᠬᠤᠳᠠ ᠬᠥᠳᠡᠭᠡ ᠶᠢᠨ ᠠᠮᠢᠳᠤᠷᠠᠯ ᠤᠨ ᠤᠰᠤ ᠠᠷᠪᠢᠯᠠᠬᠤ ᠶᠢ ᠭᠦᠨᠵᠡᠭᠡᠶ ᠬᠡᠷᠡᠭᠵᠢᠭᠦᠯᠦᠨ᠎ᠡ | | ︵ᠨᠢᠭᠡ︶ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠤᠰᠤ ᠠᠷᠪᠢᠯᠠᠬᠤ ᠶᠢ ᠲᠥᠯᠬᠢᠨ | ᠠᠬᠢᠭᠤᠯᠤᠨ᠎ᠠ | ᠤᠰᠤ ᠠᠷᠪᠢᠯᠠᠬᠤ ᠪᠠᠭᠠᠵᠢ ᠬᠡᠷᠡᠭᠰᠡᠯ ᠢ ᠳᠡᠯᠭᠡᠷᠡᠭᠦᠯᠬᠦ ᠳᠤ ᠨᠥᠬᠦᠪᠥᠷᠢ ᠥᠭᠬᠦ ᠲᠥᠷᠥ ᠶᠢᠨ ᠪᠤᠳᠤᠯᠭ᠎ᠠ ᠶᠢ | ᠰᠤᠳᠤᠯᠤᠨ ᠲᠣᠭᠲᠠᠭᠠᠵᠤ᠂ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠪᠠᠭᠠᠵᠢ | ᠬᠡᠷᠡᠭᠰᠡᠯ ᠢ ᠰᠠᠨᠠᠭᠠᠴᠢᠯᠠᠭ᠎ᠠ ᠠᠴᠠ ᠪᠠᠨ ᠰᠣᠩᠭᠤᠨ ᠬᠤᠳᠠᠯᠳᠤᠨ ᠠᠪᠤᠭᠤᠯᠵᠤ᠂ ᠤᠰᠤ ᠠᠷᠪᠢᠯᠠᠬᠤ ᠪᠠᠭᠠᠵᠢ ᠬᠡᠷᠡᠭᠰᠡᠯ | ᠤᠨ ᠲᠦᠭᠡᠮᠡᠯᠵᠢᠭᠦᠯᠦᠯᠲᠡ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠲᠥᠪᠯᠡᠷᠡᠭᠦᠯᠦᠨ ᠤᠰᠤ | ᠬᠠᠩᠭᠠᠬᠤ ᠪᠠ ᠤᠰᠤ ᠠᠷᠪᠢᠯᠠᠬᠤ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠵᠦ᠂ ᠬᠡᠮᠵᠢᠯᠲᠡ ᠪᠠᠷ ᠰᠦᠢᠳᠬᠡᠯ ᠬᠤᠷᠢᠶᠠᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ | ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠲᠣᠭᠤᠷᠢᠭ᠂ ᠤᠰᠤ ᠠᠷᠪᠢᠯᠠᠬᠤ ᠬᠡᠯᠪᠡᠷᠢ ᠶᠢᠨ ᠬᠥᠳᠡᠭᠡ ᠲᠣᠰᠬᠤᠨ ᠢ | ᠪᠦᠳᠦᠭᠡᠨ ᠪᠠᠶᠢᠭᠤᠯᠬᠤ ᠪᠠᠷᠢᠮᠵᠢᠶ᠎ᠠ ᠶᠢ ᠲᠣᠭᠲᠠᠭᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠢ ᠬᠥᠲᠥᠯᠥᠨ | ᠵᠢᠯᠣᠭᠤᠳᠴᠤ ᠪᠠᠶᠢᠭᠠᠳ ᠤᠰᠤ ᠠᠷᠪᠢᠯᠠᠬᠤ ᠬᠡᠯᠪᠡᠷᠢ ᠶᠢᠨ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠨ᠎ᠠ᠃ | | ︵ᠬᠤᠶᠠᠷ︶ ᠦᠢᠯᠡᠴᠢᠯᠡᠭᠡᠨ ᠤ ᠦᠢᠯᠡᠰ ᠤᠨ ᠤᠰᠤ ᠠᠷᠪᠢᠯᠠᠬᠤ ᠬᠠᠮᠢᠶᠠᠷᠤᠯᠲᠠ ᠶᠢ ᠴᠢᠩᠭᠠᠷᠠᠭᠤᠯᠤᠨ᠎ᠠ | ᠤᠰᠤ ᠠᠷᠪᠢᠯᠠᠬᠤ ᠬᠡᠯᠪᠡᠷᠢ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠪᠠᠷᠢᠮᠵᠢᠶ᠎ᠠ ᠲᠠᠢ ᠬᠠᠷᠢᠴᠠᠭᠤᠯᠵᠤ᠂ | ᠵᠠᠰᠠᠭ ᠤᠨ ᠣᠷᠳᠣᠨ ᠤ ᠪᠠᠶᠢᠭᠤᠯᠭ᠎ᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠨᠢᠭᠡᠴᠢ ᠶᠢᠨ ᠪᠠᠷᠢᠮᠵᠢᠶ᠎ᠠ ᠳᠤ | ᠬᠦᠷᠦᠭᠦᠯᠬᠦ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠪᠥᠬᠦ ᠨᠡᠶᠢᠭᠡᠮ ᠤᠨ ᠤᠰᠤ ᠠᠷᠪᠢᠯᠠᠬᠤ ᠶᠢ ᠵᠢᠱᠢᠶ᠎ᠡ | ᠦᠵᠡᠭᠦᠯᠦᠨ ᠬᠥᠲᠥᠯᠦᠨ ᠳᠠᠭᠠᠭᠤᠯᠤᠨ᠎ᠠ᠃ 2025 ᠣᠨ ᠪᠣᠯᠬᠤ ᠳᠤ᠂ ᠲᠤᠰᠬᠠᠶ ᠣᠷᠣᠨ ᠤ ᠲᠠᠰ ᠠᠴᠠ | ᠳᠡᠭᠡᠭᠰᠢᠬᠢ ᠬᠤᠲᠠ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠨᠢ ᠤᠷᠢᠳᠠᠪᠠᠷ ᠤᠰᠤ ᠠᠷᠪᠢᠯᠠᠬᠤ ᠪᠠᠶᠢᠭᠤᠯᠭ᠎ᠠ ᠶᠢ | ᠪᠠᠶᠢᠭᠤᠯᠵᠤ᠂ ᠡᠩ ᠤᠨ ᠳᠡᠭᠡᠳᠦ ᠰᠤᠷᠭᠠᠭᠤᠯᠢ ᠨᠤᠭᠤᠳ ᠤᠰᠤ ᠠᠷᠪᠢᠯᠠᠬᠤ ᠳᠡᠭᠡᠳᠦ ᠰᠤᠷᠭᠠᠭᠤᠯᠢ ᠶᠢ ᠪᠥᠬᠦ | ᠲᠠᠯ᠎ᠠ ᠪᠠᠷ ᠪᠠᠶᠢᠭᠤᠯᠬᠤ ᠪᠠᠷ ᠴᠢᠷᠮᠠᠶᠢᠨ᠎ᠠ᠃ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠤᠨ ᠤᠰᠤ | ᠬᠡᠷᠡᠭᠯᠡᠬᠦ᠂ ᠪᠡᠶ᠎ᠡ ᠤᠬᠢᠶᠠᠬᠤ᠂ ᠲᠡᠷᠭᠡ ᠤᠬᠢᠶᠠᠬᠤ᠂ ᠵᠣᠴᠢᠳ ᠤᠨ ᠪᠠᠭᠤᠳᠠᠯ ᠵᠡᠷᠭᠡ ᠠᠵᠢᠯ ᠲᠦᠷᠦᠯ ᠳᠤ ᠤᠰᠤ | ᠠᠷᠪᠢᠯᠠᠬᠤ ᠪᠠᠭᠠᠵᠢ ᠬᠡᠷᠡᠭᠰᠡᠯ ᠲᠥᠬᠦᠭᠡᠷᠦᠮᠵᠢ ᠶᠢ ᠠᠯᠪᠠᠳᠠᠯᠭ᠎ᠠ ᠪᠠᠷ ᠤᠭᠰᠠᠷᠠᠭᠤᠯᠬᠤ ᠶᠢ ᠴᠢᠩᠭ᠎ᠠ ᠬᠢᠵᠠᠭᠠᠷᠯᠠᠵᠤ᠂ | ᠤᠰᠤᠨ ᠤ ᠡᠷᠭᠢᠯᠲᠡ ᠶᠢᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠨᠢᠰᠬᠡᠯ ᠤᠨ ᠪᠠᠭᠤᠳᠠᠯ᠂ ᠲᠡᠷᠭᠡᠨ | ᠦᠷᠳᠡᠭᠡ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠵᠡᠷᠭᠡ ᠤᠯᠠᠨ ᠨᠡᠶᠢᠲᠡ ᠶᠢᠨ | ᠪᠠᠷᠢᠯᠭ᠎ᠠ ᠶᠢᠨ ᠤᠰᠤ ᠠᠷᠪᠢᠯᠠᠬᠤ ᠪᠤᠰᠤ ᠬᠡᠯᠪᠡᠷᠢ ᠶᠢᠨ ᠤᠰᠤ ᠬᠡᠷᠡᠭᠯᠡᠬᠦ ᠪᠠᠭᠠᠵᠢ ᠬᠡᠷᠡᠭᠰᠡᠯ ᠢ ᠬᠤᠭᠤᠴᠠᠭ᠎ᠠ | ᠲᠣᠭᠲᠠᠭᠠᠨ ᠰᠣᠯᠢᠭᠤᠯᠬᠤ ᠬᠡᠷᠡᠭᠲᠡᠶ᠃ | | ᠵᠢᠷᠭᠤᠭ᠎ᠠ᠂ ᠬᠡᠪ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢ ᠲᠦᠷᠭᠡᠳᠭᠡᠨ᠎ᠡ | | ︵ᠨᠢᠭᠡ︶ ᠳᠠᠬᠢᠯᠲᠠ ᠤᠰᠤ ᠶᠢ ᠢᠳᠡᠪᠬᠢᠲᠡᠶ ᠪᠠᠷ ᠨᠡᠭᠡᠭᠡᠨ ᠠᠰᠢᠭᠯᠠᠨ᠎ᠠ | ᠳᠠᠬᠢᠯᠲᠠ ᠤᠰᠤ ᠶᠢ ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠲᠣᠬᠢᠷᠠᠭᠤᠯᠤᠯᠲᠠ ᠳᠤ ᠣᠷᠣᠭᠤᠯᠵᠤ᠂ | ᠳᠠᠬᠢᠯᠲᠠ ᠤᠰᠤᠨ ᠤ ᠬᠢᠵᠠᠭᠠᠷᠲᠤ ᠲᠤᠭ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠂ ᠰᠢᠶᠠᠨ ᠤ ᠱᠠᠲᠤᠨ ᠠᠴᠠ | ᠳᠡᠭᠡᠭᠰᠢᠬᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠣᠨ ᠤ | ᠳᠠᠬᠢᠯᠲᠠ ᠤᠰᠤᠨ ᠤ ᠬᠠᠮᠤᠭ ᠤᠨ ᠳᠣᠤᠷ᠎ᠠ ᠠᠰᠢᠭᠯᠠᠯᠲᠠ ᠶᠢᠨ ᠳᠠᠬᠢᠯᠲᠠ ᠤᠰᠤᠨ ᠬᠤᠭᠤᠯᠠᠶ ᠶᠢᠨ ᠲᠣᠤᠷ ᠤᠨ | ᠬᠠᠮᠤᠷᠬᠤ ᠬᠡᠪᠴᠢᠶᠡᠨ ᠳᠣᠲᠣᠷᠠᠬᠢ᠂ ᠤᠰᠤᠨ ᠤ ᠬᠡᠮᠵᠢᠶ᠎ᠡ ᠤᠰᠤᠨ ᠤ ᠴᠢᠨᠠᠷ ᠨᠢ ᠱᠠᠭᠠᠷᠳᠠᠯᠭ᠎ᠠ ᠳᠤ ᠨᠡᠶᠢᠴᠡᠭᠰᠡᠨ | ᠠᠵᠤ ᠦᠢᠯᠡᠳᠪᠤᠷᠢ ᠪᠠ ᠦᠢᠯᠡᠴᠢᠯᠡᠭᠡᠨ ᠤ ᠦᠢᠯᠡᠰ ᠤᠨ ᠲᠥᠷᠥᠯ ᠵᠤᠶᠢᠯ ᠳᠤ᠂ ᠰᠢᠨ᠎ᠡ ᠪᠠᠷ ᠪᠠᠶᠢᠭᠤᠯᠤᠭᠰᠠᠨ ᠨᠢ | ᠰᠢᠨ᠎ᠡ ᠪᠠᠷ ᠨᠡᠮᠡᠭᠳᠡᠭᠰᠡᠨ ᠤᠰᠤ ᠲᠠᠲᠠᠬᠤ ᠵᠥᠪᠰᠢᠶᠡᠷᠡᠯ ᠢ ᠴᠢᠩᠭ᠎ᠠ ᠬᠢᠨᠠᠨ ᠵᠥᠪᠰᠢᠶᠡᠷᠡᠵᠦ᠂ ᠨᠢᠭᠡᠨᠲᠡ | ᠪᠠᠶᠢᠭᠤᠯᠤᠭᠰᠠᠨ ᠨᠢ ᠤᠰᠤ ᠬᠡᠷᠡᠭᠯᠡᠬᠦ ᠲᠥᠯᠥᠪᠯᠡᠭᠡ ᠶᠢ ᠬᠢᠨᠠᠨ ᠬᠠᠰᠤᠬᠤ ᠬᠡᠷᠡᠭᠲᠡᠶ᠃ ᠠᠵᠤ ᠦᠢᠯᠡᠳᠪᠦᠷᠢ ᠶᠢᠨ | ᠬᠥᠷᠥᠭᠡᠬᠦ᠂ ᠦᠢᠯᠡᠴᠢᠯᠡᠭᠡᠨ ᠤ ᠦᠢᠯᠡᠰ ᠤᠨᠥᠯᠥ ᠬᠦᠷᠦᠯᠴᠡᠬᠦ ᠴᠢᠨᠠᠷᠲᠠᠶ ᠤᠰᠤ ᠬᠡᠷᠡᠭᠯᠡᠬᠦ᠂ ᠬᠤᠳᠠ ᠶᠢᠨ ᠶᠠᠪᠤᠳᠠᠯ | ᠤᠨ ᠰᠤᠯᠠ ᠬᠡᠷᠡᠭᠯᠡᠬᠦ ᠪᠠ ᠦᠵᠡᠮᠵᠢ ᠶᠢᠨ ᠬᠡᠷᠡᠭᠯᠡᠬᠦ ᠤᠰᠤ ᠳᠤ ᠳᠠᠬᠢᠯᠲᠠ ᠤᠰᠤ ᠶᠢ ᠡᠩ ᠲᠡᠷᠢᠭᠦᠨ ᠳᠤ ᠬᠡᠷᠡᠭᠯᠡᠵᠦ᠂ | ᠲᠠᠷᠢᠶᠠᠯᠠᠩ ᠤᠨ ᠤᠰᠤᠯᠠᠯᠲᠠ ᠳᠤ ᠤᠰᠤᠨ ᠤ ᠴᠢᠨᠠᠷ ᠤᠨ ᠨᠥᠬᠦᠴᠡᠯ ᠳᠤ ᠨᠡᠶᠢᠴᠡᠬᠦ ᠳᠠᠬᠢᠯᠲᠠ ᠤᠰᠤ ᠬᠡᠷᠡᠭᠯᠡᠬᠦ ᠶᠢ | ᠵᠣᠷᠢᠭᠵᠢᠭᠤᠯᠤᠨ᠎ᠠ᠃ | | ︵ᠬᠤᠶᠠᠷ︶ ᠠᠭᠤᠷᠬᠠᠶ ᠶᠢᠨ ᠬᠤᠳᠳᠤᠭ ᠤᠨ ᠤᠰᠤ ᠶᠢ ᠰᠢᠯᠢᠳᠡᠭᠵᠢᠭᠦᠯᠦᠨ ᠠᠰᠢᠭᠯᠠᠨ᠎ᠠ | ᠠᠭᠤᠷᠬᠠᠶ ᠮᠠᠯᠲᠠᠬᠤ ᠴᠢᠬᠤᠯᠠ ᠣᠷᠣᠨ᠂ ᠤᠰᠤ ᠣᠷᠭᠢᠯᠬᠤ ᠴᠢᠬᠤᠯᠠ ᠶᠡᠭᠡ ᠠᠭᠤᠷᠬᠠᠶ ᠶᠢᠨ ᠣᠷᠣᠨ ᠨᠢ | ᠠᠭᠤᠷᠬᠠᠶ ᠶᠢᠨ ᠬᠤᠳᠳᠤᠭ ᠤᠨ ᠤᠰᠤ ᠶᠢ ᠰᠢᠢᠳᠪᠤᠷᠢᠯᠡᠵᠦ ᠠᠰᠢᠭᠯᠠᠬᠤ ᠪᠡᠯᠡᠳᠬᠡᠮᠵᠢ ᠶᠢ ᠪᠥᠳᠥᠭᠡᠨ ᠪᠠᠶᠢᠭᠤᠯᠵᠤ᠂ | ᠠᠭᠤᠷᠬᠠᠶ ᠶᠢᠨ ᠣᠷᠣᠨ ᠤ ᠦᠢᠯᠡᠳᠪᠦᠷᠢᠯᠡᠯ ᠳᠤ ᠡᠷᠬᠡᠪᠰᠢ ᠠᠭᠤᠷᠬᠠᠶ ᠶᠢᠨ ᠬᠤᠳᠳᠤᠭ ᠤᠨ ᠤᠰᠤ ᠶᠢ ᠭᠦᠢᠴᠡᠳ | ᠬᠡᠷᠡᠭᠯᠡᠵᠦ᠂ ᠠᠭᠤᠷᠬᠠᠶ ᠶᠢᠨ ᠣᠷᠣᠨ ᠤ ᠠᠮᠢᠳᠤᠷᠠᠯ ᠳᠤ ᠠᠭᠤᠷᠬᠠᠶ ᠶᠢᠨ ᠬᠤᠳᠳᠤᠭ ᠤᠨ ᠤᠰᠤ ᠶᠢ ᠡᠩ ᠲᠡᠷᠢᠭᠦᠨ | ᠳᠤ ᠬᠡᠷᠡᠭᠯᠡᠬᠦ ᠬᠡᠷᠡᠭᠲᠡᠶ᠃ ᠬᠤᠲᠠ ᠶᠢᠨ ᠲᠥᠯᠥᠪᠵᠢᠭᠦᠯᠭᠡ ᠳᠤ ᠠᠭᠤᠷᠬᠠᠶ ᠶᠢᠨ ᠬᠤᠳᠳᠤᠭ ᠤᠨ ᠤᠰᠤ ᠶᠢ ᠣᠷᠣᠨ | ᠨᠤᠲᠤᠭ ᠤᠨ ᠤᠰᠤ ᠬᠠᠩᠭᠠᠬᠤ ᠲᠥᠯᠥᠪᠵᠢᠭᠦᠯᠭᠡ ᠳᠤ ᠣᠷᠣᠭᠤᠯᠵᠤ᠂ ᠡᠷᠬᠢᠨ ᠲᠣᠭᠤᠷᠢᠨ ᠤ ᠬᠤᠲᠠ ᠪᠠᠯᠭᠠᠰᠤ ᠶᠢᠨ | ᠰᠠᠭᠤᠭᠠᠯᠢ ᠠᠷᠠᠳ ᠪᠣᠯᠤᠨ ᠠᠵᠤ ᠦᠢᠯᠡᠳᠪᠤᠷᠢ ᠶᠢᠨ ᠠᠵᠤ ᠠᠬᠤᠶᠢᠯᠠᠯ ᠳᠤ ᠤᠰᠤ ᠬᠠᠩᠭᠠᠬᠤ ᠶᠢ ᠠᠬᠢᠭᠤᠯᠤᠨ᠎ᠠ᠃ | ᠤᠰᠤ ᠲᠠᠲᠠᠬᠤ ᠵᠥᠪᠰᠢᠶᠡᠷᠡᠯ ᠢ ᠭᠦᠢᠴᠡᠳᠬᠡᠬᠦ ᠳᠡᠭᠡᠨ ᠠᠭᠤᠷᠬᠠᠶ ᠶᠢᠨ ᠬᠤᠳᠳᠤᠭ ᠤᠨ ᠤᠰᠤ ᠲᠣᠬᠢᠷᠠᠭᠤᠯᠬᠤ ᠶᠢ | ᠤᠷᠢᠳᠠᠪᠠᠷ ᠪᠣᠳᠣᠯᠬᠢᠯᠠᠵᠤ᠂ ᠠᠭᠤᠷᠬᠠᠶ ᠶᠢᠨ ᠬᠤᠳᠳᠤᠭ ᠤᠨ ᠤᠰᠤ ᠶᠢ ᠵᠦᠢ ᠵᠣᠬᠢᠰᠲᠠᠶ ᠠᠰᠢᠭᠯᠠᠭᠰᠠᠨ ᠦᠭᠡᠢ | ᠠᠵᠤ ᠠᠬᠤᠶᠢᠯᠠᠯ ᠢ ᠰᠢᠪᠠᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠬᠡᠷᠡᠭᠲᠡᠶ᠃ | | ︵ᠭᠤᠷᠪᠠ︶ ᠪᠣᠷᠣᠭᠠᠨ ᠤ ᠤᠰᠤ ᠶᠢ ᠬᠤᠷᠠᠮᠳᠤᠭᠤᠯᠤᠨ ᠠᠰᠢᠭᠯᠠᠬᠤ ᠶᠢ ᠲᠥᠯᠬᠢᠨ ᠠᠬᠢᠭᠤᠯᠤᠨ᠎ᠠ | ᠬᠠᠲᠤᠨ ᠭᠤᠤᠯ ᠤᠨ ᠰᠠᠪᠠ ᠭᠠᠵᠠᠷ ᠤᠨ ᠰᠢᠨ᠎ᠡ ᠪᠠᠷ ᠪᠠᠶᠢᠭᠤᠯᠤᠭᠰᠠᠨ ᠵᠢᠵᠢᠭ ᠲᠣᠭᠤᠷᠢᠭ᠂ ᠬᠤᠲᠠ ᠶᠢᠨ ᠵᠠᠮ᠂ | ᠣᠯᠠᠨ ᠨᠡᠶᠢᠲᠡ ᠶᠢᠨ ᠵᠦᠯᠭᠡ ᠭᠠᠵᠠᠷ ᠵᠡᠷᠭᠡ ᠨᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ | ᠪᠣᠷᠣᠭᠠᠨ ᠤ ᠤᠰᠤ ᠶᠢ ᠬᠤᠷᠠᠮᠳᠤᠭᠤᠯᠤᠨ ᠬᠠᠳᠠᠭᠠᠯᠠᠵᠤ ᠠᠰᠢᠭᠯᠠᠬᠤ ᠪᠡᠯᠡᠳᠬᠡᠮᠵᠢ ᠶᠢ ᠢᠵᠢ ᠪᠥᠷᠢᠳᠦᠭᠦᠯᠦᠨ | ᠪᠥᠲᠥᠭᠡᠨ ᠪᠠᠶᠢᠭᠤᠯᠵᠤ᠂ ᠪᠣᠷᠣᠭᠠᠨ ᠤ ᠤᠰᠤ ᠶᠢ ᠬᠠᠭᠤᠷᠠᠶ ᠪᠠᠷ ᠳᠠᠷᠢᠬᠤ ᠲᠠᠷᠢᠶᠠᠯᠠᠩ᠂ ᠠᠵᠤ ᠦᠢᠯᠡᠳᠪᠤᠷᠢ ᠶᠢᠨ | ᠦᠢᠯᠡᠳᠪᠤᠷᠢᠯᠡᠯ᠂ ᠬᠤᠲᠠ ᠶᠢᠨ ᠡᠯᠳᠡᠪ ᠬᠡᠷᠡᠭᠯᠡᠭᠡᠨ᠂ ᠠᠮᠢ ᠠᠬᠤᠶ ᠶᠢᠨ ᠦᠵᠡᠮᠵᠢ ᠵᠡᠷᠭᠡ ᠲᠠᠯ᠎ᠠ ᠳᠤ ᠬᠡᠷᠡᠭᠯᠡᠬᠦ ᠶᠢ | ᠴᠢᠩᠭᠠᠳᠬᠠᠬᠤ ᠬᠡᠷᠡᠭᠲᠡᠶ᠃ ᠪᠣᠷᠣᠭᠠᠨ ᠤ ᠤᠰᠤ ᠶᠢ ᠥᠨᠳᠥᠷ ᠪᠦᠲᠦᠮᠵᠢᠲᠡᠶ ᠪᠠᠷ ᠴᠤᠭᠯᠠᠭᠤᠯᠬᠤ ᠪᠠ ᠠᠰᠢᠭᠯᠠᠬᠤ | ᠵᠠᠭᠪᠤᠷ ᠢ ᠳ᠋ᠦᠩᠨᠡᠵᠦ᠂ ᠪᠣᠷᠣᠭᠠᠨ ᠤ ᠤᠰᠤ ᠶᠢ ᠬᠤᠷᠠᠮᠳᠤᠭᠤᠯᠤᠨ ᠬᠠᠳᠠᠭᠠᠯᠠᠵᠤ ᠠᠰᠢᠭᠯᠠᠬᠤ ᠮᠡᠷᠭᠡᠵᠢᠯ ᠤᠨ | ᠰᠢᠨ᠎ᠡ ᠶᠢ ᠡᠭᠦᠳᠬᠦ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠴᠢᠩᠭᠠᠳᠬᠠᠨ᠎ᠠ᠃ | ᠳᠣᠯᠤᠭ᠎ᠠ᠂ ᠤᠰᠤ ᠬᠡᠷᠡᠭᠯᠡᠬᠦ ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ | | ︵ᠨᠢᠭᠡ︶ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ | ᠬᠡᠪᠴᠢᠶ᠎ᠡ ᠠᠴᠠ ᠳᠡᠭᠡᠭᠰᠢᠬᠢ ᠨᠢᠭᠡᠴᠢ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢᠨ ᠬᠦᠢᠴᠡᠳᠭᠡᠯ ᠲᠤᠭ᠎ᠠ ᠶᠢ | ᠬᠢᠵᠠᠭᠠᠷᠯᠠᠬᠤ ᠶᠢ ᠴᠢᠩᠭᠠᠳᠬᠠᠵᠤ᠂ ᠣᠷᠣᠨ ᠪᠦᠰᠡ ᠶᠢᠨ ᠤᠰᠤ ᠬᠡᠷᠡᠭᠯᠡᠬᠦ ᠲᠥᠯᠥᠪᠯᠡᠭᠡ ᠶᠢ ᠤᠰᠤ ᠬᠡᠷᠡᠭᠯᠡᠬᠦ | ᠨᠢᠭᠡᠴᠢ ᠳᠤ ᠬᠤᠪᠢᠶᠠᠷᠢᠯᠠᠨ ᠪᠠᠭᠤᠯᠭᠠᠵᠤ᠂ ᠵᠢᠯ ᠤᠨ ᠤᠰᠤ ᠬᠡᠷᠡᠭᠯᠡᠬᠦ ᠬᠡᠮᠵᠢᠶ᠎ᠡ ᠨᠢ 1 ᠲᠦᠮᠡᠨ ᠪᠣᠰᠤᠭ᠎ᠠ | ᠳᠥᠷᠪᠡᠯᠵᠢᠨ ᠮᠧᠲᠷ ᠠᠴᠠ ᠳᠡᠭᠡᠭᠰᠢᠬᠢ ᠠᠵᠤ ᠦᠢᠯᠡᠳᠪᠤᠷᠢ ᠪᠠ ᠦᠢᠯᠡᠴᠢᠯᠡᠭᠡᠨ ᠤ ᠦᠢᠯᠡᠰ ᠤᠨ ᠨᠢᠭᠡᠴᠢ ᠶᠢᠨ | ᠤᠰᠤ ᠬᠡᠷᠡᠭᠯᠡᠬᠦ ᠪᠠᠷ ᠲᠥᠯᠥᠪᠯᠡᠭᠰᠡᠨ ᠬᠠᠮᠢᠶᠠᠷᠤᠯᠲᠠ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠰᠠᠪᠠ ᠭᠠᠵᠠᠷ | ᠤᠨ ᠳᠣᠲᠣᠷᠠᠬᠢ ᠲᠠᠷᠢᠶᠠᠯᠠᠩ ᠤᠨ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢᠨ ᠠᠵᠢᠯ ᠢ | ᠢᠳᠡᠪᠬᠢᠲᠡᠶ ᠪᠠᠷ ᠰᠦᠪᠡᠭᠴᠢᠯᠡᠨ ᠲᠥᠯᠬᠢᠨ ᠠᠬᠢᠭᠤᠯᠵᠤ᠂ ᠤᠰᠤᠯᠠᠯᠲᠠ ᠶᠢᠨ ᠣᠷᠣᠨ ᠤ ᠣᠨ ᠤ ᠲᠥᠯᠥᠪᠯᠡᠭᠡ ᠪᠠᠷ | ᠬᠡᠷᠡᠭᠯᠡᠬᠦ ᠤᠰᠤᠨ ᠤ ᠬᠡᠮᠵᠢᠶ᠎ᠡ ᠶᠢ ᠠᠯᠬᠤᠮ ᠠᠯᠬᠤᠮ ᠢᠶᠠᠷ ᠲᠣᠳᠣᠷᠬᠠᠶᠢᠯᠠᠬᠤ ᠶᠢᠨ ᠬᠠᠮᠲᠤ ᠭᠠᠵᠠᠷ ᠲᠤ ᠬᠦᠷᠲᠡᠯ᠎ᠡ | ᠵᠠᠳᠠᠯᠬᠤ ᠬᠡᠷᠡᠭᠲᠡᠶ᠃ ᠲᠥᠯᠥᠪᠯᠡᠭᠡ ᠲᠠᠢ ᠪᠠᠷ ᠤᠰᠤ ᠬᠡᠷᠡᠭᠯᠡᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠶᠢ | ᠬᠡᠷᠡᠭᠵᠢᠭᠦᠯᠵᠦ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ ᠶᠢ ᠬᠢᠨᠠᠨ ᠲᠣᠭᠲᠠᠭᠠᠬᠤ᠂ ᠪᠠᠭᠤᠯᠭᠠᠬᠤ ᠪᠠ ᠦᠨ᠎ᠡ | ᠨᠡᠮᠡᠵᠦ ᠰᠦᠢᠳᠭᠡᠯ ᠬᠤᠷᠢᠶᠠᠬᠤ ᠬᠠᠮᠢᠶᠠᠷᠤᠯᠲᠠ ᠶᠢ ᠵᠢᠷᠤᠮᠵᠢᠭᠤᠯᠤᠨ᠂ ᠲᠣᠭᠲᠠᠭᠰᠠᠨ ᠨᠣᠷᠮ᠎ᠠ ᠶᠢ ᠦᠨᠳᠦᠰᠦᠯᠡᠨ | ᠬᠢᠨᠠᠨ ᠲᠣᠭᠲᠠᠭᠠᠭᠰᠠᠨ ᠥᠬᠡᠶ ᠪᠤᠶᠤ ᠲᠣᠭᠲᠠᠭᠠᠯ ᠶᠣᠰᠣᠭᠠᠷ ᠤᠰᠤ ᠬᠡᠷᠡᠭᠯᠡᠬᠦ ᠲᠥᠯᠥᠪᠯᠡᠭᠡ ᠶᠢ ᠪᠠᠭᠤᠯᠭᠠᠭᠰᠠᠨ | ᠥᠬᠡᠶ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠤᠯᠢ ᠶᠣᠰᠣᠭᠠᠷ ᠴᠢᠩᠭ᠎ᠠ ᠴᠡᠭᠴᠡᠯᠡᠨ ᠰᠠᠶᠢᠵᠢᠷᠠᠭᠤᠯᠬᠤ ᠶᠢ | ᠰᠢᠮᠳᠠᠭᠤᠯᠵᠤ᠂ ᠲᠥᠯᠥᠪᠯᠡᠭᠡ ᠠᠴᠠ ᠳᠠᠪᠠᠭᠤᠯᠤᠨ ᠤᠰᠤ ᠬᠡᠷᠡᠭᠯᠡᠬᠦ ᠶᠢ ᠠᠬᠢᠭᠤᠯᠤᠨ ᠪᠤᠳᠤᠵᠤ ᠦᠨ᠎ᠡ ᠨᠡᠮᠡᠬᠦ | ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | | ︵ᠬᠤᠶᠠᠷ︶ ᠡᠯ᠎ᠡ ᠠᠵᠢᠯ ᠲᠥᠷᠥᠯ ᠤᠨ ᠬᠡᠷᠡᠭᠯᠡᠬᠦ ᠤᠰᠤᠨ ᠤ ᠬᠡᠮᠵᠢᠯᠲᠡ ᠶᠢᠨ ᠬᠢᠨᠠᠨ ᠡᠵᠡᠮᠳᠡᠬᠦ ᠶᠢ | ᠴᠢᠩᠭᠠᠳᠬᠠᠨ᠎ᠠ | ᠲᠠᠷᠢᠶᠠᠯᠠᠩ ᠤᠨ ᠬᠡᠷᠡᠭᠯᠡᠬᠦ ᠤᠰᠤᠨ ᠤ ᠬᠡᠮᠵᠢᠯᠲᠡ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ 2023 ᠣᠨ ᠪᠣᠯᠬᠤ ᠳᠤ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ | ᠰᠤᠪᠠᠭ ᠤᠨ ᠡᠬᠢᠨ ᠤ ᠤᠰᠤ ᠲᠠᠲᠠᠬᠤ ᠠᠮᠠ ᠶᠢᠨ ᠬᠡᠮᠵᠢᠯᠲᠡ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ | ᠨᠥᠬᠦᠴᠡᠯ ᠲᠠᠢ ᠴᠢᠬᠤᠯᠠ ᠤᠰᠤ ᠲᠠᠲᠠᠬᠤ᠂ ᠤᠰᠤ ᠲᠠᠲᠠᠷᠠᠭᠤᠯᠬᠤ ᠠᠮᠠ ᠶᠢᠨ ᠰᠦᠯᠵᠢᠶᠡᠨ ᠳᠡᠭᠡᠷᠡᠬᠢ | ᠬᠡᠮᠵᠢᠯᠲᠡ ᠶᠢᠨ ᠬᠢᠨᠠᠨ ᠬᠡᠮᠵᠢᠯᠲᠡ ᠶᠢ ᠪᠡᠶᠡᠯᠡᠭᠦᠯᠵᠦ᠂ ᠵᠢᠵᠢᠭ ᠬᠡᠯᠪᠡᠷᠢ ᠶᠢᠨ ᠤᠰᠤᠯᠠᠯᠲᠠ ᠶᠢᠨ ᠣᠷᠣᠨ ᠤ | ᠰᠤᠪᠠᠭ ᠤᠨ ᠡᠬᠢᠨ ᠤ ᠬᠡᠷᠡᠭᠯᠡᠬᠦ ᠤᠰᠤᠨ ᠤ ᠬᠡᠮᠵᠢᠯᠲᠡ ᠶᠢᠨ ᠨᠣᠷᠮ᠎ᠠ ᠶᠢ ᠢᠯᠡᠳᠲᠡ ᠳᠡᠭᠡᠭᠰᠢᠯᠡᠭᠦᠯᠦᠨ᠎ᠡ᠃ | ᠲᠠᠷᠢᠶᠠᠯᠠᠩ ᠤᠨ ᠤᠰᠤᠯᠠᠯᠲᠠ ᠶᠢᠨ ᠮᠠᠰᠢᠨ ᠬᠤᠳᠳᠤᠭ ᠲᠤ IC ᠺᠠᠷᠲ᠂ ᠴᠠᠬᠢᠯᠭᠠᠨ ᠢᠶᠠᠷ ᠤᠰᠤ ᠶᠢ ᠨᠤᠭᠤᠯᠬᠤ | ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢ ᠢᠳᠡᠪᠬᠢᠲᠡᠶ ᠪᠠᠷ ᠬᠡᠷᠡᠭᠯᠡᠨ ᠤᠰᠤ ᠬᠡᠷᠡᠭᠯᠡᠬᠦ ᠬᠡᠮᠵᠢᠶ᠎ᠡ ᠶᠢ | ᠲᠡᠭᠦᠯᠳᠡᠷᠵᠢᠭᠦᠯᠬᠦ ᠬᠡᠷᠡᠭᠲᠡᠶ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠠᠵᠤ | ᠦᠢᠯᠡᠳᠪᠤᠷᠢ ᠪᠠ ᠦᠢᠯᠡᠴᠢᠯᠡᠭᠡᠨ ᠤ ᠦᠢᠯᠡᠰ ᠤᠨ ᠤᠰᠤ ᠬᠡᠷᠡᠭᠯᠡᠬᠦ ᠶᠢ ᠣᠶᠤᠨᠴᠢ ᠪᠠᠷ ᠬᠡᠮᠵᠢᠬᠦ ᠶᠢ ᠠᠯᠬᠤᠮ | ᠠᠯᠬᠤᠮ ᠢᠶᠠᠷ ᠲᠦᠯᠬᠢᠨ ᠠᠬᠢᠭᠤᠯᠤᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠤᠰᠤ ᠠᠷᠪᠢᠯᠠᠬᠤ ᠮᠡᠳᠡᠭᠡ | ᠵᠠᠩᠭᠢᠵᠢᠯᠲᠠ ᠶᠢᠨ ᠲᠠᠪᠴᠠᠩ ᠢ ᠪᠠᠶᠢᠭᠤᠯᠵᠤ᠂ ᠡᠯ᠎ᠡ ᠲᠥᠷᠥᠯ ᠤᠨ ᠤᠰᠤ ᠬᠡᠷᠡᠭᠯᠡᠬᠦ ᠨᠢᠭᠡᠴᠢ ᠶᠢᠨ ᠤᠰᠤᠨ ᠤ | ᠬᠡᠮᠵᠢᠶ᠎ᠡ ᠵᠡᠷᠭᠡ ᠮᠡᠳᠡᠭᠡ ᠵᠠᠩᠭᠢ ᠶᠢ ᠴᠤᠭᠯᠠᠭᠤᠯᠤᠨ ᠵᠠᠳᠠᠯᠵᠤ᠂ ᠤᠯᠤᠰ᠂ ᠮᠤᠵᠢ᠂ ᠬᠤᠲᠠ ᠭᠤᠷᠪᠠᠨ ᠱᠠᠲᠤᠨ ᠤ | ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠭᠤᠤᠯᠳᠠᠯᠭ᠎ᠠ ᠲᠠᠢ ᠬᠢᠨᠠᠨ ᠡᠵᠡᠮᠳᠡᠬᠦ ᠤᠰᠤ ᠬᠡᠷᠡᠭᠯᠡᠬᠦ ᠨᠢᠭᠡᠴᠢ ᠳᠤ | ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠣᠶᠤᠨᠴᠢ ᠪᠠᠷ ᠰᠢᠢᠳᠪᠤᠷᠢᠳᠦ | ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | | ︵ᠭᠤᠷᠪᠠ︶ ᠤᠰᠤ ᠬᠡᠷᠡᠭᠯᠡᠬᠦ ᠶᠢᠨ ᠬᠢᠨᠠᠨ ᠪᠤᠳᠤᠯᠳᠠ ᠶᠢ ᠢᠳᠡᠪᠬᠢᠲᠡᠶ ᠪᠠᠷ ᠦᠷᠨᠢᠬᠦᠯᠦᠨ᠎ᠡ | ᠵᠢᠯ ᠤᠨ ᠤᠰᠤ ᠬᠡᠷᠡᠭᠯᠡᠬᠦ ᠬᠡᠮᠵᠢᠶ᠎ᠡ ᠨᠢ 10 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠪᠥᠭᠡᠳ | ᠵᠢᠯ ᠤᠨ ᠲᠥᠯᠥᠪᠯᠡᠭᠡ ᠠᠴᠠ ᠳᠠᠪᠠᠭᠰᠠᠨ ᠤᠰᠤ ᠬᠡᠷᠡᠭᠯᠡᠬᠦ ᠬᠡᠮᠵᠢᠶ᠎ᠡ ᠨᠢ 10% ᠠᠴᠠ ᠳᠡᠭᠡᠭᠰᠢᠬᠢ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠢ ᠳᠤ ᠤᠰᠤ ᠬᠡᠷᠡᠭᠯᠡᠬᠦ ᠬᠢᠨᠠᠨ ᠪᠣᠳᠣᠯᠲᠠ ᠬᠢᠵᠦ᠂ ᠤᠰᠤ ᠬᠡᠷᠡᠭᠯᠡᠬᠦ ᠲᠣᠭᠲᠠᠭᠰᠠᠨ | ᠨᠣᠷᠮ᠎ᠠ ᠶᠢᠨ ᠬᠦᠢᠴᠡᠳᠭᠡᠯ ᠲᠤᠭ᠎ᠠ ᠪᠠ ᠬᠤᠯᠪᠣᠭᠳᠠᠯ ᠪᠥᠬᠦᠶ ᠪᠠᠷᠢᠮᠵᠢᠶ᠎ᠠ ᠲᠠᠢ ᠬᠠᠷᠢᠴᠠᠭᠤᠯᠤᠨ ᠤᠰᠤ ᠬᠡᠷᠡᠭᠯᠡᠬᠦ ᠡᠯ᠎ᠡ | ᠭᠤᠭᠴᠤᠭ᠎ᠠ ᠳᠤ ᠵᠠᠳᠠᠯᠤᠯᠲᠠ ᠪᠠ ᠬᠢᠨᠠᠨ ᠬᠠᠷᠭᠤᠭᠤᠯᠤᠯᠲᠠ ᠬᠢᠵᠦ᠂ ᠤᠰᠤᠨ ᠤ ᠲᠡᠩᠴᠡᠭᠦᠷᠢ ᠶᠢᠨ ᠬᠡᠮᠵᠢᠯᠲᠡ ᠶᠢ | ᠥᠷᠨᠢᠭᠦᠯᠦᠨ᠂ ᠤᠰᠤᠨ ᠤ ᠬᠡᠮᠵᠢᠶ᠎ᠡ ᠶᠢᠨ ᠲᠡᠩᠴᠡᠭᠦᠷᠢ ᠶᠢᠨ ᠬᠠᠷᠢᠴᠠᠭ᠎ᠠ ᠪᠠ ᠤᠰᠤ ᠬᠡᠷᠡᠭᠯᠡᠬᠦ ᠠᠰᠢᠭᠯᠠᠮᠵᠢ ᠶᠢᠨ | ᠪᠠᠶᠢᠳᠠᠯ ᠢ ᠵᠠᠳᠠᠯᠵᠤ᠂ ᠠᠰᠠᠭᠤᠳᠠᠯ ᠣᠷᠣᠰᠢᠵᠤ ᠪᠠᠶᠢᠭ᠎ᠠ ᠨᠢᠭᠡᠴᠢ ᠶᠢ ᠰᠢᠮᠳᠠᠭᠤᠯᠵᠤ ᠪᠠᠶᠢᠭᠠᠳ ᠠᠷᠭ᠎ᠠ ᠬᠡᠮᠵᠢᠶ᠎ᠡ | ᠠᠪᠴᠤ ᠤᠰᠤ ᠠᠷᠪᠢᠯᠠᠬᠤ ᠳᠠᠯᠳᠠ ᠬᠦᠴᠦᠨ ᠢ ᠠᠭᠤᠳᠠᠯᠤᠭᠤᠯᠵᠤ᠂ ᠤᠰᠤ ᠬᠡᠷᠡᠭᠯᠡᠬᠦ ᠨᠢᠭᠡᠴᠢ ᠶᠢᠨ ᠤᠰᠤᠨ ᠤ | ᠠᠰᠢᠭᠯᠠᠮᠵᠢ ᠶᠢ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ ᠳᠤ ᠬᠦᠷᠦᠭᠦᠯᠦᠨ᠎ᠡ᠃ | | ᠨᠠᠢᠮᠠ᠂ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠦᠷᠨᠢᠬᠦᠯᠦᠨ᠎ᠡ | | ︵ᠨᠢᠭᠡ︶ ᠤᠰᠤ ᠠᠷᠪᠢᠯᠠᠬᠤ ᠤᠬᠠᠭᠤᠯᠭ᠎ᠠ ᠶᠢᠨ ᠡᠷᠴᠢᠮ ᠢ ᠨᠡᠮᠡᠭᠳᠡᠭᠦᠯᠦᠨ᠎ᠡ | ᠰᠠᠪᠠ ᠭᠠᠵᠠᠷ ᠤᠨ ᠤᠰᠤᠨ ᠤ ᠪᠠᠶᠢᠳᠠᠯ ᠤᠨ ᠬᠥᠮᠦᠵᠢᠯ ᠢ ᠴᠢᠩᠭᠠᠳᠬᠠᠨ᠂ ︽ᠳᠡᠯᠡᠬᠡᠶ ᠶᠢᠨ ᠤᠰᠤᠨ ᠤ ᠡᠳᠦᠷ | ︾ ᠪᠣᠯᠤᠨ ︽ᠳᠤᠮᠳᠠᠳᠤ ᠤᠯᠤᠰ ᠤᠨ ᠤᠰᠤᠨ ᠤ ᠭᠠᠷᠠᠭ︾ ᠵᠡᠷᠭᠡ ᠲᠠᠢ ᠤᠶᠠᠯᠳᠤᠭᠤᠯᠤᠨ ᠤᠯᠠᠨ ᠬᠡᠯᠪᠡᠷᠢ ᠮᠠᠶ᠋ᠢᠭ | ᠪᠥᠬᠦᠢ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠤᠯᠠᠨ ᠨᠡᠶᠢᠳᠡ ᠳᠤ ᠤᠰᠤᠨ ᠤ | ᠬᠠᠤᠯᠢ ᠲᠣᠭᠲᠠᠭᠠᠯ ᠢ ᠤᠬᠠᠭᠤᠯᠤᠨ᠂ ᠤᠰᠤ ᠠᠷᠪᠢᠯᠠᠬᠤ ᠲᠥᠷᠥ ᠶᠢᠨ ᠪᠤᠳᠤᠯᠭ᠎ᠠ ᠶᠢ ᠲᠠᠶᠢᠯᠪᠤᠷᠢᠯᠠᠵᠤ᠂ ᠤᠰᠤ | ᠠᠷᠪᠢᠯᠠᠬᠤ ᠮᠡᠳᠡᠯᠭᠡ ᠶᠢ ᠲᠦᠭᠡᠮᠡᠯᠵᠢᠭᠦᠯᠦᠨ᠂ ᠤᠯᠠᠨ ᠨᠡᠶᠢᠲᠡ ᠶᠢᠨ ᠤᠰᠤ ᠶᠢ ᠠᠷᠪᠢᠯᠠᠵᠤ ᠬᠡᠷᠡᠭᠯᠡᠬᠦ ᠶᠢ | ᠮᠡᠳᠡᠷᠡᠮᠵᠢ ᠶᠢ ᠳᠡᠭᠡᠭᠰᠢᠯᠡᠭᠦᠯᠦᠨ᠎ᠡ᠃ ᠤᠯᠠᠨ ᠨᠡᠶᠢᠲᠡ ᠪᠠᠷ ᠢᠶᠠᠨ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠂ | ᠤᠯᠠᠨ ᠨᠡᠶᠢᠲᠡ ᠶᠢᠨ ᠤᠰᠤ ᠠᠷᠪᠢᠯᠠᠬᠤ ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠬᠤ ᠶᠢ ᠵᠣᠷᠢᠭᠵᠢᠭᠤᠯᠵᠤ᠂ | ᠤᠰᠤ ᠠᠷᠪᠢᠯᠠᠬᠤ ᠶᠢ ᠠᠵᠤ ᠠᠬᠤᠶᠢᠯᠠᠯ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ | ᠪᠠᠶᠢᠭᠤᠯᠭ᠎ᠠ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠭᠡᠷ ᠪᠦᠯᠢ ᠳᠤ ᠣᠷᠣᠭᠤᠯᠬᠤ ᠶᠢ | ᠲᠦᠯᠬᠢᠨ ᠠᠬᠢᠭᠤᠯᠵᠤ᠂ ᠪᠦᠬᠦ ᠨᠡᠶᠢᠭᠡᠮ ᠢ ᠬᠥᠲᠥᠯᠥᠨ ᠵᠢᠯᠣᠭᠤᠳᠴᠤ ᠪᠠᠶᠢᠭᠠᠳ ᠤᠰᠤ ᠶᠢ ᠨᠠᠨᠳᠢᠩᠨᠠᠬᠤ᠂ ᠤᠰᠤ ᠶᠢ | ᠠᠷᠪᠢᠯᠠᠬᠤ ᠪᠠ ᠤᠰᠤ ᠶᠢ ᠬᠠᠶᠢᠷᠠᠯᠠᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠨ᠎ᠠ᠃ | | ︵ᠬᠤᠶᠠᠷ︶ ᠤᠰᠤ ᠠᠷᠪᠢᠯᠠᠬᠤ ᠤᠬᠠᠭᠤᠯᠭ᠎ᠠ ᠶᠢᠨ ᠬᠡᠯᠪᠡᠷᠢ ᠮᠠᠶ᠋ᠢᠭ ᠤᠨ ᠰᠢᠨ᠎ᠡ ᠶᠢ ᠡᠬᠦᠳᠦᠨ᠎ᠡ | ᠤᠬᠠᠭᠤᠯᠭ᠎ᠠ ᠶᠢᠨ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠤᠯᠠᠮᠵᠢᠯᠠᠯᠲᠤ | ᠵᠠᠭᠤᠴᠢᠯᠠᠭᠤᠷ ᠤᠨ ᠭᠤᠤᠯ ᠠᠷᠭ᠎ᠠ ᠵᠠᠮ ᠪᠠ ᠰᠢᠨ᠎ᠡ ᠵᠠᠭᠤᠴᠢᠯᠠᠭᠤᠷ ᠤᠨ ᠰᠢᠨ᠎ᠡ ᠬᠦᠴᠦᠨ ᠤ ᠦᠢᠯᠡᠳᠦᠯ ᠢ | ᠬᠦᠢᠴᠡᠳ ᠪᠠᠳᠠᠷᠠᠭᠤᠯᠤᠨ᠂ ᠤᠰᠤ ᠠᠷᠪᠢᠯᠠᠬᠤ ᠤᠬᠠᠭᠤᠯᠭ᠎ᠠ ᠶᠢᠨ ᠲᠠᠲᠠᠬᠤ ᠬᠦᠴᠦᠨ ᠪᠠ ᠤᠯᠠᠮᠵᠢᠯᠠᠬᠤ ᠬᠦᠴᠦᠨ ᠢ | ᠳᠡᠭᠡᠭᠰᠢᠯᠡᠭᠦᠯᠦᠨ᠎ᠡ᠃ ᠤᠬᠠᠭᠤᠯᠭ᠎ᠠ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠴᠢᠬᠤᠯᠠᠴᠢᠯᠠᠨ᠂ | ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠯᠪᠠᠨ ᠭᠡᠷ | ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠠᠵᠢᠯᠴᠢᠨ ᠤ ᠡᠪᠯᠡᠯ ᠵᠡᠷᠭᠡ ᠯᠦᠭᠡ | ᠬᠤᠷᠰᠢᠯᠴᠠᠬᠤ ᠲᠣᠭᠲᠠᠴᠠ ᠶᠢ ᠪᠠᠶᠢᠭᠤᠯᠵᠤ᠂ ᠤᠰᠤ ᠠᠷᠪᠢᠯᠠᠬᠤ ᠤᠬᠠᠭᠤᠯᠭ᠎ᠠ ᠶᠢᠨ ᠨᠥᠯᠥᠭᠡᠯᠡᠬᠦ ᠬᠦᠴᠦᠨ ᠪᠣᠯᠤᠨ | ᠬᠠᠮᠤᠷᠬᠤ ᠬᠡᠪᠴᠢᠶ᠎ᠡ ᠶᠢ ᠥᠷᠭᠡᠳᠬᠡᠨ᠂ ᠤᠰᠤ ᠠᠷᠪᠢᠯᠠᠬᠤ ᠤᠬᠠᠭᠤᠯᠭ᠎ᠠ ᠶᠢᠨ ᠴᠢᠭᠯᠡᠭᠦᠯᠦᠯᠲᠦ ᠴᠢᠨᠠᠷ ᠪᠣᠯᠤᠨ | ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ | | ︵ᠭᠤᠷᠪᠠ︶ ᠤᠰᠤ ᠠᠷᠪᠢᠯᠠᠬᠤ ᠬᠥᠮᠦᠵᠢᠯ ᠤᠨ ᠪᠣᠯᠪᠠᠰᠤᠷᠠᠭᠤᠯᠤᠯ ᠢ ᠭᠦᠨᠵᠡᠭᠡᠶᠢᠷᠡᠭᠦᠯᠦᠨ᠎ᠡ | ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠢᠨᠵᠧᠨᠧᠷᠢᠩ᠂ ᠤᠰᠤᠨ ᠤ ᠪᠠᠶᠢᠳᠠᠯ ᠤᠨ ᠬᠥᠮᠦᠵᠢᠯ ᠤᠨ | ᠰᠠᠭᠤᠷᠢᠨ ᠭᠠᠵᠠᠷ᠂ ᠤᠰᠤᠨ ᠤ ᠰᠣᠶᠣᠯ ᠤᠨ ᠣᠷᠳᠣᠨ ᠵᠡᠷᠭᠡ ᠲᠠᠪᠴᠠᠩ ᠤᠨ ᠦᠢᠯᠡᠳᠦᠯ ᠢ ᠬᠦᠢᠴᠡᠳ | ᠪᠠᠳᠠᠷᠠᠭᠤᠯᠵᠤ᠂ ᠬᠠᠮᠢᠶ᠎ᠠ ᠪᠥᠬᠦᠶ ᠲᠤᠰᠬᠠᠶ ᠰᠡᠳᠦᠪᠲᠦ ᠤᠬᠠᠭᠤᠯᠭ᠎ᠠ ᠶᠢᠨ ᠹᠢᠯᠢᠮ ᠢ ᠦᠢᠯᠡᠳᠬᠦ ᠶᠢᠨ ᠬᠠᠮᠲᠤ ᠨᠡᠶᠢᠭᠡᠮ | ᠨᠡᠶᠢᠲᠡ ᠳᠤ ᠲᠠᠨᠢᠯᠴᠠᠭᠤᠯᠵᠤ᠂ ᠲᠣᠰ ᠲᠣᠰ ᠤᠨ ᠣᠨᠴᠠᠯᠢᠭ ᠲᠠᠢ ᠤᠰᠤ ᠠᠷᠪᠢᠯᠠᠬᠤ ᠬᠥᠮᠦᠵᠢᠯ ᠤᠨ | ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠨᠡᠶᠢᠲᠡ ᠢᠯᠠᠩᠭᠤᠶ᠎ᠠ | ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠤᠰᠤ ᠠᠷᠪᠢᠯᠠᠬᠤ | ᠣᠨᠣᠯᠵᠢᠬᠤᠨ ᠢ ᠪᠣᠶ ᠪᠣᠯᠭᠠᠵᠤ᠂ ᠤᠰᠤ ᠠᠷᠪᠢᠯᠠᠬᠤ ᠳᠠᠳᠬᠠᠯ ᠲᠠᠢ ᠪᠣᠯᠭᠠᠨ᠎ᠠ᠃ ᠠᠳᠠᠯᠢ ᠪᠤᠰᠤ ᠲᠥᠷᠥᠯ | ᠬᠡᠯᠪᠡᠷᠢ ᠶᠢᠨ ᠤᠰᠤ ᠬᠡᠷᠡᠭᠯᠡᠬᠦ ᠭᠤᠤᠯ ᠴᠣᠭᠴᠠ ᠪᠣᠯᠤᠨ ᠤᠰᠤ ᠠᠷᠪᠢᠯᠠᠬᠤ ᠠᠵᠢᠯ ᠢ ᠡᠷᠭᠢᠯᠡᠵᠦ ᠪᠠᠶᠢᠭ᠎ᠠ | ᠦᠨᠳᠦᠰᠦᠨ ᠱᠠᠲᠤᠨ ᠤ ᠠᠵᠢᠯᠲᠠᠳ ᠲᠤ ᠴᠢᠭᠯᠡᠭᠦᠯᠦᠨ᠂ ᠤᠰᠤ ᠠᠷᠪᠢᠯᠠᠬᠤ ᠪᠣᠯᠪᠠᠰᠤᠷᠠᠭᠤᠯᠤᠯ ᠪᠣᠯᠤᠨ | ᠲᠠᠶᠢᠯᠤᠮᠵᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠰᠤ ᠬᠡᠷᠡᠭᠯᠡᠬᠦ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | | ᠶᠢᠰᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ | | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ | ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠶᠢᠨ ᠲᠥᠯᠥᠪᠵᠢᠭᠦᠯᠭᠡ ᠶᠢᠨ ᠬᠡᠪᠴᠢᠶᠡᠨ ᠳᠠᠬᠢ ᠡᠯ᠎ᠡ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠰᠤ ᠶᠢ ᠬᠦᠨᠵᠡᠭᠡᠢ ᠠᠷᠪᠢᠯᠠᠵᠤ ᠡᠵᠡᠮᠳᠡᠬᠦ ᠠᠵᠢᠯ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ︽ᠤᠯᠤᠰ ᠤᠨ ᠤᠰᠤ ᠠᠷᠪᠢᠯᠠᠬᠤ | ᠠᠵᠢᠯᠯᠠᠭ᠎ᠠ ᠶᠢᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠬᠤᠯᠪᠣᠭᠳᠠᠯ ᠪᠥᠬᠦᠢ ᠰᠠᠯᠠᠭ᠎ᠠ ᠮᠥᠴᠢᠷ ᠢ | ᠢᠳᠡᠪᠬᠢᠲᠡᠶ ᠪᠠᠷ ᠵᠣᠬᠢᠴᠠᠭᠤᠯᠤᠨ ᠤᠰᠤ ᠠᠷᠪᠢᠯᠠᠵᠤ ᠬᠡᠷᠡᠭᠯᠡᠬᠦ ᠠᠵᠢᠯ ᠤᠨ ᠰᠠᠯᠠᠭ᠎ᠠ ᠮᠥᠴᠢᠷ ᠤᠨ ᠵᠣᠬᠢᠴᠠᠭᠤᠯᠬᠤ | ᠲᠣᠭᠲᠠᠴᠠ ᠪᠠᠶᠢᠭᠤᠯᠬᠤ ᠶᠢ ᠲᠥᠯᠬᠢᠨ ᠠᠬᠢᠭᠤᠯᠵᠤ᠂ ᠤᠰᠤ ᠠᠷᠪᠢᠯᠠᠬᠤ ᠠᠵᠢᠯ ᠤᠨ ᠳᠤᠮᠳᠠᠬᠢ ᠭᠤᠣᠯᠳᠠᠯᠭ᠎ᠠ ᠲᠠᠢ | ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠵᠦ᠂ ᠣᠷᠣᠨ ᠪᠦᠰᠡ ᠶᠢᠨ ᠤᠰᠤ ᠠᠷᠪᠢᠯᠠᠬᠤ ᠠᠵᠢᠯ ᠢ | ᠨᠢᠭᠡᠳᠦᠯᠲᠡᠶ ᠲᠥᠯᠥᠪᠯᠡᠨ ᠲᠥᠯᠬᠢᠨ ᠠᠬᠢᠭᠤᠯᠤᠨ᠎ᠠ᠃ ᠡᠯ᠎ᠡ ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠣᠷᠣᠨ ᠪᠦᠰᠡ ᠶᠢᠨ ᠣᠨ ᠤ ᠤᠰᠤ ᠠᠷᠪᠢᠯᠠᠵᠤ | ᠤᠰᠤ ᠡᠵᠡᠮᠳᠡᠬᠦ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠵᠤ᠂ ᠵᠢᠯᠣᠭᠤᠳᠣᠯᠭ᠎ᠠ ᠪᠠᠨ | ᠴᠢᠩᠭᠠᠳᠬᠠᠨ᠂ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠤᠰᠤᠨ | ᠠᠰᠢᠭᠯᠠᠯᠲᠠ ᠶᠢᠨ ᠶᠠᠮᠤᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠠᠵᠢᠯ ᠢᠶᠠᠨ ᠰᠠᠶᠢᠲᠤᠷ | ᠨᠠᠶᠢᠳᠠᠪᠤᠷᠢᠵᠢᠭᠤᠯᠤᠭᠰᠠᠨ ᠥᠬᠡᠶ ᠪᠠᠶᠢᠪᠠᠯ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ | ᠤᠰᠤ ᠠᠷᠪᠢᠯᠠᠵᠤ ᠤᠰᠤ ᠶᠢ ᠡᠵᠡᠮᠳᠡᠨ ᠪᠣᠳᠠᠲᠠᠶ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠦᠨᠡᠨ ᠬᠦ | ᠪᠠᠲᠤᠯᠠᠨ᠎ᠠ᠃ | | ︵ᠬᠤᠶᠠᠷ︶ ᠤᠷᠮᠠᠰᠢᠭᠤᠯᠬᠤ ᠲᠣᠭᠲᠠᠴᠠ ᠶᠢ ᠪᠥᠷᠢᠨᠰᠢᠬᠦᠯᠥᠨ᠎ᠡ | ᠤᠰᠤ ᠠᠷᠪᠢᠯᠠᠬᠤ ᠪᠡᠯᠡ ᠣᠷᠣᠭᠤᠯᠤᠯᠲᠠ ᠶᠢᠨ ᠠᠷᠭ᠎ᠠ ᠵᠠᠮ ᠢ ᠰᠤᠳᠤᠯᠤᠨ ᠥᠷᠭᠡᠳᠬᠡᠵᠦ᠂ ᠤᠰᠤ | ᠠᠷᠪᠢᠯᠠᠬᠤ ᠶᠢ ᠳᠡᠮᠵᠢᠬᠦ ᠲᠥᠷᠥ ᠶᠢᠨ ᠪᠤᠳᠤᠯᠭ᠎ᠠ ᠶᠢ ᠪᠠᠶᠢᠭᠤᠯᠤᠨ᠂ ᠤᠯᠤᠰ ᠤᠨ ᠤᠰᠤ ᠠᠷᠪᠢᠯᠠᠬᠤ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠬᠠᠲᠤᠨ ᠭᠤᠤᠯ ᠤᠨ ᠰᠠᠪᠠ | ᠭᠠᠵᠠᠷ ᠤᠨ ᠬᠦᠨᠵᠡᠭᠡᠢ ᠤᠰᠤ ᠠᠷᠪᠢᠯᠠᠵᠤ ᠡᠵᠡᠮᠳᠡᠬᠦ ᠠᠵᠢᠯ ᠢ ᠳᠥᠯᠭᠢᠨ ᠠᠬᠢᠭᠤᠯᠬᠤ ᠳᠤ ᠢᠯᠡᠷᠡᠯ ᠰᠠᠶᠢᠲᠠᠶ ᠨᠢᠭᠡᠴᠢ | ᠪᠠ ᠬᠤᠪᠢ ᠬᠥᠮᠦᠨ ᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠵᠦ ᠪᠣᠯᠤᠨ᠎ᠠ᠃ ᠤᠰᠤ | ᠠᠷᠪᠢᠯᠠᠬᠤ ᠬᠡᠯᠪᠡᠷᠢ ᠶᠢᠨ ᠨᠢᠭᠡᠴᠢ ᠶᠢᠨ ᠳᠣᠲᠣᠷ᠎ᠠ ᠠᠴᠠ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠶᠢ ᠰᠣᠩᠭᠤᠨ | ᠨᠡᠶᠢᠲᠡᠯᠡᠵᠦ᠂ ᠤᠰᠤ ᠠᠷᠪᠢᠯᠠᠬᠤ ᠲᠡᠷᠢᠭᠦᠨ ᠤ ᠬᠡᠪ ᠳᠠᠭᠤᠷᠢᠶᠠᠯ ᠤᠨ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ | ᠦᠢᠯᠡᠳᠦᠯ ᠢ ᠪᠠᠳᠠᠷᠠᠭᠤᠯᠤᠨ᠎ᠠ᠃ | | ︵ᠭᠤᠷᠪᠠ︶ ᠵᠠᠬ᠎ᠠ ᠳᠡᠯᠭᠡᠭᠦᠷ ᠤᠨ ᠲᠣᠭᠲᠠᠴᠠ ᠶᠢ ᠲᠡᠭᠦᠯᠳᠡᠷᠵᠢᠭᠦᠯᠦᠨ᠎ᠡ | ᠤᠯᠠᠨ ᠨᠡᠶᠢᠲᠡ ᠶᠢᠨ ᠪᠠᠶᠢᠭᠤᠯᠤᠮᠵᠢ᠂ ᠤᠯᠠᠨ ᠨᠡᠶᠢᠲᠡ ᠶᠢᠨ ᠬᠦᠷᠢᠶ᠎ᠡ᠂ ᠤᠰᠤ ᠶᠡᠭᠡ ᠬᠤᠷᠣᠭᠳᠠᠭᠤᠯᠬᠤ ᠠᠵᠤ | ᠦᠢᠯᠡᠳᠪᠦᠷᠢ᠂ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ᠂ ᠲᠠᠷᠢᠶᠠᠯᠠᠩ ᠤᠨ ᠤᠰᠤᠯᠠᠯᠲᠠ ᠵᠡᠷᠭᠡ | ᠬᠦᠷᠢᠶᠡᠨ ᠳᠤ ᠤᠰᠤ ᠠᠷᠪᠢᠯᠠᠬᠤ ᠭᠡᠷ᠎ᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠬᠡᠷᠡᠭᠵᠢᠭᠦᠯᠵᠦ᠂ ᠤᠰᠤ | ᠠᠷᠪᠢᠯᠠᠬᠤ ᠦᠢᠯᠡᠴᠢᠯᠡᠭᠡᠨ ᠤ ᠠᠵᠤ ᠦᠢᠯᠡᠰ ᠢ ᠬᠥᠭᠵᠢᠭᠦᠯᠦᠨ᠎ᠡ᠃ ᠬᠤᠯᠪᠣᠭᠳᠠᠯ ᠪᠥᠬᠦᠢ ᠰᠠᠯᠠᠭ᠎ᠠ ᠮᠥᠴᠢᠷ ᠢ | ᠵᠣᠬᠢᠴᠠᠭᠤᠯᠤᠨ ᠤᠰᠤᠨ ᠤ ᠠᠰᠢᠭᠯᠠᠮᠵᠢ ᠶᠢᠨ ᠲᠡᠮᠳᠡᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ | ᠴᠢᠩᠳᠠᠯᠠᠵᠤ᠂ ᠤᠰᠤ ᠠᠷᠪᠢᠯᠠᠬᠤ ᠦᠢᠯᠡᠳᠬᠦᠨ ᠤ ᠦᠢᠯᠡᠳᠪᠦᠷᠢᠯᠡᠯ ᠪᠣᠯᠤᠨ ᠭᠦᠢᠯᠭᠡᠭᠡᠨ ᠢ ᠵᠢᠷᠤᠮᠵᠢᠭᠤᠯᠬᠤ ᠬᠡᠷᠡᠭᠲᠡᠶ | ᠃ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠤᠰᠤᠨ ᠤ ᠡᠬᠢ | ᠪᠠᠶᠠᠯᠢᠭ ᠤᠨ ᠭᠠᠶᠢᠯᠢ ᠶᠢᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠲᠣᠬᠢᠷᠠᠭᠤᠯᠬᠤ ᠦᠢᠯᠡᠳᠦᠯ ᠢ | ᠪᠠᠳᠠᠷᠠᠭᠤᠯᠤᠨ᠎ᠠ᠃ ᠤᠰᠤᠨ ᠤ ᠡᠷᠬᠡ ᠶᠢᠨ ᠠᠷᠠᠯᠵᠢᠶ᠎ᠠ ᠪᠠ ᠤᠰᠤᠨ ᠤ ᠵᠠᠬ᠎ᠠ ᠳᠡᠯᠭᠡᠭᠦᠷ ᠤᠨ ᠪᠥᠲᠥᠭᠡᠨ | ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠵᠦ᠂ ᠬᠠᠮᠢᠶ᠎ᠠ ᠪᠥᠬᠦᠶ ᠭᠤᠤᠯ ᠴᠣᠭᠴᠠ ᠶᠢᠨ ᠤᠯᠤᠰ ᠤᠨ ᠲᠠᠰ ᠤᠨ | ᠤᠰᠤᠨ ᠤ ᠡᠷᠬᠡ ᠶᠢᠨ ᠠᠷᠠᠯᠵᠢᠶ᠎ᠠ ᠶᠢᠨ ᠲᠠᠪᠴᠠᠩ ᠢᠶᠠᠷ ᠳᠡᠮᠵᠢᠨ ᠤᠰᠤ ᠠᠷᠪᠢᠯᠠᠬᠤ ᠬᠡᠮᠵᠢᠶ᠎ᠡ ᠪᠠᠨ ᠰᠢᠯᠵᠢᠭᠦᠯᠦᠨ | ᠥᠭᠬᠦ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠤᠨ᠎ᠠ᠃ | ᠤᠰᠤᠨ ᠠᠰᠢᠭᠯᠠᠯᠲᠠ ᠶᠢᠨ ᠶᠠᠮᠤᠨ | 2021 ᠣᠨ ᠤ 8 ᠰᠠᠷ᠎ᠠ ᠶᠢᠨ 30 |