ᠤᠯᠠᠭᠠᠨᠬᠤᠸᠠ ᠪᠠᠯᠭᠠᠰᠤ ᠶᠢ ᠳᠥᠷᠪᠡᠳ ᠬᠤᠰᠢᠭᠤᠨ ᠤ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤᠨ ᠤ ᠨᠡᠷᠡᠰ ᠲᠤ ᠣᠷᠣᠭᠤᠯᠬᠤ ᠶᠢ ᠵᠥᠪᠰᠢᠶᠡᠷᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠷᠢᠭᠤ ᠴᠣᠬᠤᠯᠲᠠ
ᠨᠡᠶᠢᠲᠡᠯᠡᠭᠰᠡᠨ ᠴᠠᠭ᠄
2021/11/30
     ᠥᠪᠥᠷ ᠵᠠᠰᠠᠭ ᠥᠰᠥᠭ ﹇2020﹈ 89 ᠳ᠋ᠦ᠋ᠭᠡᠷ ᠲᠣᠭᠠᠲᠤ     2020 ᠣᠨ ᠤ 11 ᠳ᠋ᠦ᠋ᠭᠡᠷ ᠰᠠᠷ᠎ᠠ ᠶᠢᠨ 3 ᠤ ᠡᠳᠦᠷ  ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄            ᠲᠠᠨ ᠤ ᠬᠤᠲᠠ ᠶᠢᠨ ︽ᠤᠯᠠᠭᠠᠨᠬᠤᠸᠠ ᠪᠠᠯᠭᠠᠰᠤ ᠶᠢ ᠳᠥᠷᠪᠡᠳ ᠬᠤᠰᠢᠭᠤᠨ ᠤ ᠤᠯᠤᠰ ᠤᠨ ᠭᠤᠣᠯᠳᠠᠯᠭ᠎ᠠ ᠲᠠᠢ ᠭᠤᠣᠯ ᠴᠣᠭᠴᠠ ᠶᠢᠨ ᠴᠢᠳᠠᠮᠵᠢᠲᠤ ᠣᠷᠣᠨ ᠤ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤ ᠪᠣᠯᠭᠠᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ︾ ︵ᠤᠯᠠᠭᠠᠨᠴᠠᠪ ᠵᠠᠰᠠᠭ ᠲᠠᠷᠬᠠᠭᠠᠭᠰᠠᠨ ﹇2020﹈ 88 ᠳ᠋ᠤᠭᠠᠷ ᠲᠣᠭᠠᠲᠤ︶ ᠶᠢ ᠭᠠᠷᠳᠠᠪᠠ᠃ ᠰᠤᠳᠤᠯᠤᠭᠠᠳ᠂ ᠡᠳᠦᠭᠡ ᠳᠣᠤᠷᠠᠬᠢ ᠮᠡᠲᠦ ᠬᠠᠷᠢᠭᠤ ᠴᠣᠬᠤᠯᠠᠪᠤᠷᠢᠯᠠᠪᠠ᠄            ᠨᠢᠭᠡ᠂ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠦᠪᠵᠢᠭᠦᠯᠭᠡ︾ ᠳᠠᠬᠢ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤᠨ ᠤ ᠨᠡᠷᠡᠰ ᠲᠤ ᠣᠷᠣᠭᠤᠯᠬᠤ ᠶᠢ ᠵᠥᠪᠰᠢᠶᠡᠷᠡᠨ᠎ᠡ︔ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤᠨ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠠᠮᠢ ᠠᠬᠤᠢ ᠶᠢᠨ ᠴᠢᠳᠠᠮᠵᠢᠲᠤ ᠣᠷᠣᠨ ᠤ ᠲᠠᠯᠠᠪᠠᠢ ᠶᠢ ᠨᠢ ᠪᠠᠭᠠᠰᠬᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠂ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤᠨ ᠤ ︽ᠨᠡᠷᠡᠰ ᠲᠤ ᠨᠢᠭᠡ ᠶᠢ ᠣᠷᠣᠭᠤᠯᠪᠠᠯ ᠨᠢᠭᠡ ᠶᠢ ᠨᠢ ᠭᠠᠷᠭᠠᠬᠤ︾ ᠶᠢ ᠦᠨᠳᠦᠰᠦᠨ ᠳᠤ ᠪᠠᠨ ᠲᠡᠩᠴᠡᠭᠦᠷᠢᠲᠡᠢ ᠪᠠᠶᠢᠯᠭᠠᠬᠤ ᠶᠢ ᠪᠡᠶᠡᠯᠡᠭᠦᠯᠬᠦ ᠶᠢᠨ ᠲᠤᠰᠠᠳᠠ᠂ ᠳᠥᠷᠪᠡᠳ ᠬᠤᠰᠢᠭᠤᠨ ᠤ ᠵᠠᠩᠭᠠᠨ ᠰᠤᠮᠤ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠦᠪᠵᠢᠭᠦᠯᠭᠡ︾ ᠳᠠᠬᠢ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤᠨ ᠤ ᠨᠡᠷᠡᠰ ᠠᠴᠠ ᠭᠠᠷᠭᠠᠬᠤ ᠶᠢ ᠵᠥᠪᠰᠢᠶᠡᠷᠡᠪᠡ᠃            ᠬᠤᠶᠠᠷ᠂ ᠲᠠᠨ ᠤ ᠬᠤᠲᠠ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤ ᠶᠢ ᠲᠣᠬᠢᠷᠠᠭᠤᠯᠬᠤ ᠳᠤ ᠪᠠᠨ᠂ ᠤᠯᠤᠰ ᠤᠨ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠪᠠ ᠦᠩᠵᠢᠭᠦᠯᠦᠨ ᠰᠡᠷᠭᠦᠭᠡᠬᠦ᠂ ᠠᠮᠢ ᠠᠬᠤᠢ ᠶᠢᠨ ᠪᠦᠲᠦᠭᠡᠭᠳᠡᠬᠦᠨ ᠬᠠᠩᠭᠠᠬᠤ ᠴᠢᠳᠠᠪᠤᠷᠢ ᠪᠠᠨ ᠴᠢᠩᠭᠠᠷᠠᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤ ᠪᠣᠯᠤᠭᠰᠠᠨ ᠤ ᠬᠤᠪᠢ ᠳᠤ ᠴᠢᠬᠤᠯᠠ ᠪᠦᠬᠦᠢ ᠠᠵᠤ ᠦᠢᠯᠡᠳᠪᠦᠷᠢᠵᠢᠬᠦ᠂ ᠬᠤᠲᠠ ᠪᠠᠯᠭᠠᠰᠤᠴᠢᠯᠠᠬᠤ ᠪᠦᠲᠦᠭᠡᠨ ᠪᠠᠶᠢᠭᠤᠯᠤᠯᠲᠠ ᠬᠢᠬᠦ ᠳᠤ ᠪᠠᠨ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ᠂ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠪᠠ ᠭᠠᠵᠠᠷ ᠰᠢᠷᠣᠢ ᠶᠢ ᠠᠷᠪᠢᠲᠠᠢ ᠪᠥᠭᠡᠳ ᠡᠷᠴᠢᠮᠯᠢᠭ ᠬᠡᠷᠡᠭᠯᠡᠬᠦ ᠳᠦᠷᠢᠮ ᠤᠳ ᠢ ᠪᠠᠷᠢᠮᠲᠠᠯᠠᠨ᠂ ᠠᠮᠢ ᠠᠬᠤᠢ ᠣᠷᠴᠢᠨ ᠲᠣᠭᠤᠷᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ ᠰᠠᠶᠢᠵᠢᠷᠠᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠱᠤᠭᠤᠮ ᠢ ᠵᠠᠪᠠᠯ ᠬᠠᠮᠢᠶᠠᠷᠤᠨ ᠡᠵᠡᠮᠳᠡᠵᠦ ᠬᠢᠵᠠᠭᠠᠷᠯᠠᠬᠤ ᠪᠠᠨ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠬᠦ ᠳᠤ ᠲᠣᠬᠢᠷᠠᠬᠤ ᠴᠢᠨᠠᠷ ᠢ ᠨᠢ ᠦᠨᠳᠦᠰᠦᠯᠡᠨ᠂ ᠨᠡᠭᠡᠭᠡᠨ ᠬᠥᠭᠵᠢᠭᠦᠯᠬᠦ ᠡᠷᠴᠢᠮ ᠢᠶᠠᠨ ᠵᠣᠬᠢᠰᠲᠠᠢ ᠬᠢᠵᠠᠭᠠᠷᠯᠠᠵᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠬᠢᠭᠡᠳ ᠠᠵᠤ ᠦᠢᠯᠡᠳᠪᠦᠷᠢ ᠶᠢᠨ ᠨᠡᠭᠡᠭᠡᠯᠲᠡ ᠬᠥᠭᠵᠢᠯᠲᠡ ᠶᠢ ᠰᠢᠶᠠᠩ ᠪᠠᠯᠭᠠᠰᠤᠨ ᠤ ᠲᠥᠯᠥᠪᠵᠢᠭᠦᠯᠦᠭᠰᠡᠨ ᠪᠦᠲᠦᠭᠡᠨ ᠪᠠᠶᠢᠭᠤᠯᠬᠤ ᠪᠠᠷ ᠬᠡᠷᠡᠭᠯᠡᠬᠦ ᠭᠠᠵᠠᠷ ᠲᠤ ᠲᠥᠪᠯᠡᠷᠡᠭᠦᠯᠦᠨ ᠴᠤᠭᠯᠠᠷᠠᠭᠤᠯᠵᠤ ᠡᠷᠴᠢᠮᠵᠢᠭᠦᠯᠦᠨ ᠨᠡᠭᠡᠭᠡᠨ ᠬᠥᠭᠵᠢᠭᠦᠯᠬᠦ ᠪᠠᠷ ᠬᠥᠲᠥᠯᠥᠨ ᠵᠢᠯᠤᠭᠤᠳᠬᠤ ᠬᠡᠷᠡᠭᠲᠡᠢ᠃ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠭ᠎ᠠ       ᠲᠣᠭᠲᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠳᠤ ᠬᠤᠷᠢᠭ᠎ᠠ ᠲᠠᠢ ᠵᠦᠢᠯᠡᠰ ᠤᠨ ᠨᠠᠷᠢᠨ ᠳᠠᠩᠰᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠳᠠ ᠪᠠᠯᠭᠠᠰᠤᠨ ᠤ ᠠᠵᠤ ᠦᠢᠯᠡᠰ ᠤᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠲᠥᠯᠥᠪᠵᠢᠭᠦᠯᠵᠦ᠂ ᠠᠵᠤ ᠠᠬᠤᠢ ᠶᠢᠨ ᠪᠦᠲᠦᠴᠡ ᠶᠢ ᠲᠦᠷᠭᠡᠪᠴᠢᠯᠡᠨ ᠰᠢᠯᠢᠳᠡᠭᠵᠢᠭᠦᠯᠵᠦ ᠲᠣᠬᠢᠷᠠᠭᠤᠯᠤᠨ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃            ᠭᠤᠷᠪᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠪᠠ ᠬᠠᠮᠢᠶ᠎ᠠ ᠪᠦᠬᠦᠢ ᠳᠡᠰ ᠳᠠᠷᠠᠭᠠᠯᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤ ᠪᠠᠨ ᠲᠣᠬᠢᠷᠠᠭᠤᠯᠬᠤ ᠠᠵᠢᠯ ᠳᠤ ᠬᠢᠨᠠᠯᠲᠠ ᠲᠠᠯᠪᠢᠬᠤ ᠪᠠ ᠵᠢᠭᠠᠨ ᠵᠢᠯᠤᠭᠤᠳᠬᠤ ᠶᠢᠨ ᠬᠠᠮᠲᠤ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠴᠠᠭ ᠲᠤᠬᠠᠢ ᠳᠤ  ᠨᠢ ᠣᠷᠣᠭᠤᠯᠵᠤ᠂ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠴᠡᠭᠲᠦ ᠬᠡᠯᠪᠡᠷᠢ ᠪᠠᠷ ᠨᠡᠭᠡᠭᠡᠨ ᠬᠥᠭᠵᠢᠭᠦᠯᠬᠦ ᠬᠤᠲᠠ ᠪᠠᠯᠭᠠᠰᠤᠨ ᠳᠤ ᠲᠣᠬᠢᠷᠠᠭᠤᠯᠤᠯᠲᠠ ᠬᠢᠬᠦ ᠠᠵᠢᠯ ᠢ ᠰᠠᠶᠢᠲᠤᠷ ᠬᠢᠬᠦ ᠬᠡᠷᠡᠭᠲᠡᠢ ᠲᠤᠰᠬᠠᠶᠢᠯᠠᠨ ᠬᠠᠷᠢᠭᠤ ᠴᠣᠬᠤᠯᠠᠪᠤᠷᠢᠯᠠᠪᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号