ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ︹2021︺ 6 ᠳ᠋ᠤᠭᠠᠷ ᠲᠣᠭᠠᠲᠤ | ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠪᠠᠨ ᠪᠠᠷᠠᠭᠠᠨ ᠤ ᠦᠨ᠎ᠡ ᠶᠢᠨ | ᠥᠰᠥᠯᠲᠡ ᠯᠦᠭᠡ ᠬᠤᠯᠪᠣᠵᠤ ᠬᠠᠮᠲᠤᠷᠠᠨ ᠬᠦᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨᠣᠷᠳᠣᠨ ᠤ ᠠᠯᠪᠠᠨ | ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠪᠠᠨ ᠪᠠᠷᠠᠭᠠᠨ ᠤ ᠦᠨ᠎ᠡ ᠶᠢᠨ | ᠥᠰᠥᠯᠲᠡ ᠯᠦᠭᠡ ᠬᠤᠯᠪᠣᠵᠤ ᠬᠠᠮᠲᠤᠷᠠᠨ ᠬᠥᠳᠡᠯᠦᠯᠴᠡᠬᠦ ᠲᠣᠭᠲᠠᠴᠠ ︵ᠳᠣᠷᠣᠭᠰᠢ ᠬᠠᠮᠲᠤᠷᠠᠨ ᠬᠥᠳᠡᠯᠦᠯᠴᠡᠬᠦ | ᠲᠣᠭᠲᠠᠴᠠ ᠭᠡᠵᠦ ᠲᠣᠪᠴᠢᠯᠠᠨ᠎ᠠ︶ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠨᠢ ᠪᠠᠷᠠᠭᠠᠨ ᠤ ᠦᠨ᠎ᠡ ᠶᠢᠨ | ᠥᠰᠥᠯᠲᠡ ᠶᠢᠨ ᠨᠥᠯᠥᠭᠡ ᠶᠢ ᠨᠠᠮᠳᠠᠭᠤᠯᠬᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ | ᠪᠠᠲᠤᠯᠠᠬᠤ ᠳᠤ ᠴᠢᠬᠤᠯᠠ ᠦᠢᠯᠡᠳᠦᠯ ᠲᠠᠢ ᠶᠤᠮ᠃ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ | ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠡᠵᠡᠮᠰᠢᠨ᠂ ᠬᠥᠲᠥᠯᠥᠨ ᠳᠠᠭᠠᠭᠤᠯᠵᠤ᠂ ᠣᠳᠣᠬᠠᠨ ᠤ ᠦᠨ᠎ᠡ ᠬᠠᠩᠰᠢ ᠶᠢᠨ | ᠠᠵᠢᠯᠯᠠᠭᠠᠨ ᠤ ᠰᠢᠨ᠎ᠡ ᠣᠨᠴᠠᠯᠢᠭ᠂ ᠰᠢᠨ᠎ᠡ ᠬᠤᠪᠢᠷᠠᠯᠲᠠ ᠶᠢ ᠪᠦᠲᠦᠮᠵᠢᠲᠡᠶ ᠠᠷᠭᠠᠴᠠᠭᠠᠵᠤ᠂ ᠬᠠᠮᠲᠤᠷᠠᠨ ᠬᠥᠳᠡᠯᠦᠯᠴᠡᠬᠦ | ᠲᠣᠭᠲᠠᠴᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠂ ᠮᠠᠨ ᠤ ᠣᠷᠣᠨ ᠳᠠᠬᠢ ᠪᠠᠷᠠᠭᠠᠨ ᠤ ᠦᠨ᠎ᠡ | ᠥᠰᠦᠭᠰᠡᠨ ᠠᠴᠠ ᠪᠣᠯᠵᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠢᠷᠢ ᠲᠦᠪᠰᠢᠨ ᠤ | ᠪᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠮᠠᠨ ᠤ ᠣᠷᠣᠨ ᠤ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠤᠯᠠᠮ ᠨᠢᠭᠡ ᠠᠯᠬᠤᠮᠲ᠋ᠡᠭᠦᠯᠳᠡᠷᠵᠢᠭᠦᠯᠬᠦ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ | ᠮᠡᠳᠡᠭᠳᠡᠪᠡ᠃ | ᠨᠢᠭᠡ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠠᠶᠢᠮᠠᠭ ᠬᠤᠲᠠ ᠪᠠᠷ ᠨᠢᠭᠡᠴᠢ ᠪᠣᠯᠭᠠᠨ ᠨᠢᠭᠡᠳᠦᠯᠲᠡᠶ ᠡᠬᠢᠯᠡᠭᠦᠯᠵᠦ᠂ | ᠳᠤᠤᠷᠠᠬᠢ ᠳᠤᠷ᠎ᠠ ᠶᠢᠨ ᠨᠢᠭᠡ ᠨᠥᠬᠦᠴᠡᠯ ᠢ ᠬᠠᠩᠭᠠᠪᠠᠯ ᠳᠠᠷᠤᠶ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠡᠬᠢᠯᠡᠭᠦᠯᠦᠨ᠎ᠡ᠄ | ︵ᠨᠢᠭᠡ︶ ᠠᠶᠢᠮᠠᠭ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠵᠢᠭᠠᠯᠲᠠ | ᠲᠤᠭ᠎ᠠ ︵CPI︶ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠥᠰᠦᠯᠲᠡ ᠶᠢᠨ | ᠬᠡᠮᠵᠢᠶ᠎ᠡ ᠶᠢ 3 % ᠳᠤ ᠬᠦᠷᠭᠡᠨ᠎ᠡ᠃ | ︵ᠬᠤᠶᠠᠷ︶ ᠠᠶᠢᠮᠠᠭ ᠬᠤᠲᠠ ᠶᠢᠨ CPI ᠳᠠᠬᠢ ᠢᠳᠡᠭᠡᠨ ᠤ ᠵᠦᠢᠯ ᠤᠨ ᠦᠨ᠎ᠡ ᠬᠠᠩᠰᠢ ᠶᠢᠨ ᠵᠢᠭᠠᠯᠲᠠ | ᠲᠤᠭ᠎ᠠ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠥᠰᠦᠯᠲᠡ ᠶᠢᠨ | ᠬᠡᠮᠵᠢᠶ᠎ᠡ ᠶᠢ 6 % ᠳᠤ ᠬᠦᠷᠭᠡᠨ᠎ᠡ᠃ | ᠬᠤᠶᠠᠷ᠂ ᠪᠠᠲᠤᠯᠠᠭ᠎ᠠ ᠬᠦᠷᠲᠡᠬᠦ ᠡᠲᠡᠭᠡᠳ ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ | ᠨᠥᠬᠦᠪᠥᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠵᠢᠯ ᠠᠯᠳᠠᠯᠲᠠ ᠶᠢᠨ ᠳᠠᠭᠠᠳᠬᠠᠯ ᠤᠨ | ᠮᠥᠩᠭᠦ ᠠᠪᠴᠤ ᠪᠠᠶᠢᠭ᠎ᠠ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ | ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ | ᠬᠡᠦᠬᠡᠳ᠂ ᠳᠡᠭᠡᠳᠦ ᠵᠡᠷᠭᠡ ᠶᠢᠨ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ | ᠪᠠᠭᠲᠠᠨ᠎ᠠ᠃ | ᠭᠤᠷᠪᠠ᠂ ᠨᠡᠮᠡᠭᠦᠷᠢ ᠥᠭᠬᠦ ᠪᠠᠷᠢᠮᠵᠢᠶ᠎ᠠ | ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢ ᠠᠶᠢᠮᠠᠭ ᠬᠤᠲᠠ ᠪᠠᠷ ᠨᠢᠭᠡᠴᠢ ᠪᠣᠯᠭᠠᠨ ᠨᠢᠭᠡᠳᠦᠯᠲᠡᠶ | ᠣᠯᠭᠤᠬᠤ ᠨᠡᠮᠡᠭᠦᠷᠢ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠨᠡᠮᠡᠭᠦᠷᠢ ᠶᠢᠨ ᠪᠠᠷᠢᠮᠵᠢᠶ᠎ᠠ ᠶᠢ ᠳᠣᠣᠷᠠᠬᠢ ᠲᠣᠮᠢᠶ᠎ᠠ | ᠶᠣᠰᠣᠭᠠᠷ ᠰᠠᠷ᠎ᠠ ᠪᠠᠷ ᠵᠢᠱᠢᠵᠦ ᠪᠣᠳᠣᠨ᠎ᠠ᠄ | ︵ᠨᠢᠭᠡ︶ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠷᠢᠮᠵᠢᠶ᠎ᠠ = ᠠᠶᠢᠮᠠᠭ | ᠬᠤᠲᠠ ᠳᠠᠬᠢ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢ ᠪᠠᠲᠤᠯᠠᠬᠤ ᠪᠠᠲᠤᠯᠠᠭ᠎ᠠ ᠶᠢᠨ ᠪᠠᠷᠢᠮᠵᠢᠶ᠎ᠠ × ᠠᠶᠢᠮᠠᠭ | ᠬᠤᠲᠠ ᠳᠠᠬᠢ ᠬᠤᠲᠠ ᠪᠠᠯᠭᠠᠰᠤᠨ ᠤ ᠣᠷᠣᠯᠭ᠎ᠠ ᠪᠠᠭᠠᠲᠠᠶ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ | ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ ︵SCPI︶ ᠶᠢᠨ ᠠᠳᠠᠯᠢ ᠬᠤᠭᠤᠴᠠᠭᠠᠨ ᠤ ᠬᠢ ᠲᠠᠢ | ᠠᠳᠠᠯᠢᠳᠬᠠᠭᠰᠠᠨ ᠥᠰᠦᠯᠲᠡ ᠶᠢᠨ ᠬᠡᠮᠵᠢᠶ᠎ᠡ᠃ | ︵ᠬᠤᠶᠠᠷ︶ ᠮᠠᠯᠵᠢᠬᠤ ᠲᠠᠷᠢᠶᠠᠯᠠᠬᠤ ᠣᠷᠣᠨ ᠳᠠᠬᠢ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ | ᠪᠠᠷᠢᠮᠵᠢᠶ᠎ᠠ = ᠠᠶᠢᠮᠠᠭ ᠬᠤᠲᠠ ᠳᠠᠬᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢ | ᠪᠠᠲᠤᠯᠠᠬᠤ ᠪᠠᠲᠤᠯᠠᠭ᠎ᠠ ᠶᠢᠨ ᠪᠠᠷᠢᠮᠵᠢᠶ᠎ᠠ × ᠠᠶᠢᠮᠠᠭ ᠬᠤᠲᠠ ᠳᠠᠬᠢ ᠬᠤᠲᠠ ᠪᠠᠯᠭᠠᠰᠤᠨ ᠤ ᠣᠷᠣᠯᠭ᠎ᠠ ᠪᠠᠭᠠᠲᠠᠶ | ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠵᠢᠭᠠᠯᠲᠠ ᠲᠤᠭ᠎ᠠ | ︵SCPI︶ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠥᠰᠦᠯᠲᠡ ᠶᠢᠨ ᠬᠡᠮᠵᠢᠶ᠎ᠡ᠃ | ᠬᠤᠲᠠ ᠶᠢᠨ ᠬᠥᠮᠦᠨ ᠪᠦᠷᠢ ᠶᠢᠨ ᠰᠠᠷ᠎ᠠ ᠶᠢᠨ ᠨᠡᠮᠡᠭᠦᠷᠢ ᠨᠢ 30 ᠲᠥᠭᠦᠷᠢᠭ ᠲᠤ ᠬᠦᠷᠬᠦ ᠦᠭᠡᠶ ᠪᠠᠶᠢᠪᠠᠯ 30 | ᠲᠥᠭᠦᠷᠢᠭ ᠢᠶᠠᠷ ᠣᠯᠭᠤᠵᠣ᠂ 30ᠲᠥᠭᠦᠷᠢᠭ ᠠᠴᠠ ᠳᠠᠪᠠᠭᠰᠠᠨ ᠪᠠᠶᠢᠪᠠᠯ ᠪᠣᠳᠠᠲᠠᠢ ᠪᠠᠶᠢᠳᠠᠯ ᠢ ᠨᠢ ᠦᠨᠳᠦᠰᠦᠯᠡᠨ | ᠥᠭᠬᠦ ᠬᠡᠷᠡᠭᠲᠡᠶ︔ ᠮᠠᠯᠵᠢᠬᠤ ᠲᠠᠷᠢᠶᠠᠯᠠᠬᠤ ᠣᠷᠣᠨ ᠤ ᠬᠥᠮᠦᠨ ᠪᠦᠷᠢ ᠶᠢᠨ ᠰᠠᠷ᠎ᠠ ᠵᠢᠨᠨᠡᠮᠡᠭᠦᠷᠢ ᠨᠢ 15 | ᠲᠥᠭᠦᠷᠢᠭ ᠲᠤ ᠬᠦᠷᠬᠦ ᠦᠭᠡᠶ ᠪᠠᠶᠢᠪᠠᠯ 15 ᠲᠥᠭᠦᠷᠢᠭ ᠢᠶᠠᠷ ᠣᠯᠭᠤᠵᠤ᠂ 15 ᠲᠥᠭᠦᠷᠢᠭ ᠠᠴᠠ ᠳᠠᠪᠠᠭᠰᠠᠨ | ᠪᠠᠶᠢᠪᠠᠯ ᠪᠣᠳᠠᠲᠠᠢ ᠪᠠᠶᠢᠳᠠᠯ ᠢ ᠨᠢ ᠦᠨᠳᠦᠰᠦᠯᠡᠨ ᠣᠯᠭᠤᠨ᠎ᠠ᠃ | ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ | ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠶᠢᠨ ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ | ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ᠂ ᠳᠡᠭᠡᠳᠦ ᠵᠡᠷᠭᠡ ᠶᠢᠨ ᠰᠤᠷᠭᠠᠭᠤᠯᠢ ᠳᠠᠬᠢ ᠭᠡᠷ ᠪᠦᠯᠢ ᠶᠢᠨ | ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠥᠭᠬᠦ ᠨᠡᠮᠡᠭᠦᠷᠢ ᠶᠢᠨ ᠪᠠᠷᠢᠮᠵᠢᠶ᠎ᠠ ᠶᠢ ᠬᠤᠲᠠ ᠶᠢᠨ | ᠦᠨᠡᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠬᠦ ᠬᠡᠷᠡᠭᠲᠡᠢ᠃ | ᠳᠥᠷᠪᠡ᠂ ᠪᠡᠯᠡ ᠮᠥᠩᠭᠦᠨ ᠤ ᠢᠷᠡᠯᠲᠡ | ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠥᠬᠦᠪᠥᠷᠢ ᠬᠦᠷᠲᠡᠵᠦ ᠪᠠᠶᠢᠭ᠎ᠠ ᠠᠰᠠᠷᠠᠨ | ᠬᠠᠷᠠᠭᠠᠯᠵᠠᠭᠤᠯᠬᠤ ᠡᠲᠡᠭᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ᠂ | ᠣᠨᠴᠠ ᠬᠦᠴᠢᠷᠳᠡᠯᠲᠡᠶ ᠬᠥᠮᠦᠰ᠂ ᠨᠡᠶᠢᠭᠡᠮ ᠤᠨ ᠲᠠᠷᠠᠬᠠᠶ ᠰᠠᠭᠤᠵᠤ ᠪᠠᠶᠢᠭ᠎ᠠ ᠪᠠ ᠠᠰᠠᠷᠠᠮᠵᠢ ᠵᠢᠨᠪᠠᠶᠢᠭᠤᠯᠤᠮᠵᠢ ᠳᠤ | ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ | ᠬᠡᠦᠬᠡᠳ᠂ ᠳᠡᠭᠡᠳᠦ ᠵᠡᠷᠭᠡ ᠶᠢᠨ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ | ᠰᠤᠷᠤᠭᠴᠢᠳ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ ᠪᠠᠯᠠ ᠮᠥᠩᠭᠦ ᠶᠢ ᠠᠳᠠᠯᠢ | ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠥᠪᠡᠷᠲᠡᠭᠡᠨ ᠵᠠᠰᠠᠬᠤ | ᠣᠷᠣᠨ ᠠᠴᠠ ᠭᠤᠤᠯᠳᠠᠭᠤ ᠱᠠᠩᠨᠠᠵᠤ ᠨᠥᠬᠦᠪᠥᠷᠢᠯᠡᠬᠦ ᠬᠡᠯᠪᠡᠷᠢ ᠪᠠᠷ ᠳᠠᠮᠵᠢᠭᠤᠯᠤᠨ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠬᠠᠮᠲᠤᠷᠠᠨ ᠬᠥᠳᠡᠯᠦᠯᠴᠡᠬᠦ ᠨᠡᠮᠡᠭᠦᠷᠢ ᠵᠢᠨᠪᠠᠯᠠ ᠮᠥᠩᠭᠦ ᠳᠤ ᠨᠢ ᠨᠥᠬᠦᠪᠥᠷᠢ | ᠣᠯᠭᠤᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠬᠥᠮᠦᠰ᠂ ᠨᠡᠶᠢᠭᠡᠮ ᠤᠨ ᠲᠠᠷᠠᠬᠠᠶ | ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ ᠲᠥᠪᠯᠡᠷᠡᠭᠦᠯᠵᠦ ᠠᠰᠠᠷᠠᠨ ᠲᠡᠵᠢᠭᠡᠵᠦ ᠪᠠᠶᠢᠭ᠎ᠠ ᠥᠨᠥᠴᠢᠨ | ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ | ᠬᠡᠦᠬᠡᠳ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢ ᠪᠣᠯ ᠥᠪᠡᠷᠲᠡᠭᠡᠨ ᠵᠠᠰᠠᠬᠤ | ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠬᠦᠴᠢᠷᠳᠡᠯᠲᠡᠶ ᠣᠯᠠᠨ ᠲᠦᠮᠡᠨ ᠢ | ᠲᠡᠩᠭᠡᠷᠡᠭᠦᠯᠦᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠠᠴᠠ ᠭᠠᠷᠭᠠᠵᠤ ᠪᠣᠯᠤᠨ᠎ᠠ᠃ ᠠᠵᠢᠯ ᠠᠯᠳᠠᠯᠲᠠ ᠶᠢᠨ | ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠦᠰ ᠲᠤ ᠣᠯᠭᠤᠬᠤ ᠦᠨ᠎ᠡ ᠬᠠᠩᠰᠢ ᠶᠢᠨ ᠲᠦᠷ ᠴᠠᠭ ᠤᠨ | ᠨᠡᠮᠡᠭᠦᠷᠢ ᠶᠢᠨ ᠪᠡᠯᠡ ᠮᠥᠩᠭᠦ ᠶᠢ ᠨᠢ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠭᠠᠷᠭᠠᠨ᠎ᠠ᠃ | ᠲᠠᠪᠤ᠂ ᠨᠡᠮᠡᠭᠦᠷᠢ ᠥᠭᠬᠦ ᠠᠷᠭ᠎ᠠ ᠮᠠᠶ᠋ᠢᠭ | ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠳᠤ ︽ᠰᠠᠷ᠎ᠠ ᠪᠠᠷ ᠵᠢᠱᠢᠨ ᠪᠣᠳᠣᠵᠤ᠂ ᠰᠠᠷ᠎ᠠ ᠪᠠᠷ ᠣᠯᠭᠤᠬᠤ︾ | ᠠᠷᠭ᠎ᠠ ᠶᠢ ᠠᠪᠴᠤ᠂ ᠡᠬᠢᠯᠡᠭᠦᠯᠬᠦ ᠨᠥᠬᠦᠴᠡᠯ ᠳᠤ ᠬᠦᠷᠦᠭᠰᠡᠨ ᠠᠶᠢᠮᠠᠭ ᠬᠤᠲᠠ ᠨᠢ ᠦᠨ᠎ᠡ ᠬᠠᠩᠰᠢ ᠶᠢᠨ ᠵᠢᠭᠠᠯᠲᠠ | ᠲᠤᠭ᠎ᠠ ᠶᠢ ᠲᠣᠭᠲᠠᠭᠠᠭᠠᠳ ᠨᠡᠶᠢᠲᠡᠯᠡᠭᠰᠡᠨ ᠤ ᠳᠠᠷᠠᠭ᠎ᠠ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠠᠭ | ᠲᠤᠬᠠᠶ ᠳᠤ ᠨᠢ ᠡᠬᠢᠯᠡᠭᠦᠯᠬᠦ ᠶᠢᠨ ᠬᠠᠮᠲᠤ᠂ ᠵᠢᠭᠠᠯᠲᠠ ᠲᠤᠭ᠎ᠠ ᠶᠢ ᠨᠡᠶᠢᠲᠡᠯᠡᠭᠰᠡᠨ ᠤ ᠳᠠᠷᠠᠭ᠎ᠠ 20 ᠠᠵᠢᠯᠯᠠᠬᠤ | ᠡᠳᠦᠷ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠠᠵᠢᠯ ᠢᠶᠠᠨ ᠪᠡᠶᠡᠯᠡᠭᠦᠯᠬᠦ ᠶᠢ ᠦᠨᠡᠨ ᠬᠦ | ᠪᠠᠲᠤᠯᠠᠬᠤ ᠬᠡᠷᠡᠭᠲᠡᠶ᠃ ᠣᠳᠣ ᠶᠢᠨ ᠪᠠᠶᠢᠭ᠎ᠠ ᠠᠷᠭ᠎ᠠ ᠵᠠᠮ ᠢᠶᠠᠷ ᠳᠠᠮᠵᠢᠭᠤᠯᠤᠨ ᠬᠦᠴᠢᠷᠳᠡᠯᠲᠡᠶ ᠣᠯᠠᠨ ᠲᠦᠮᠡᠨ ᠳᠤ | ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠣᠯᠭᠤᠬᠤ ᠳᠤ ᠪᠠᠨ᠂ ᠣᠯᠭᠤᠭᠰᠠᠨ ᠨᠡᠮᠡᠭᠦᠷᠢ ᠶᠢ ᠪᠠᠨ ︽ᠦᠨ᠎ᠡ | ᠬᠠᠩᠰᠢ ᠶᠢᠨ ᠲᠦᠷ ᠴᠠᠭ ᠤᠨ ᠨᠡᠮᠡᠭᠦᠷᠢ︾ ᠭᠡᠵᠦ ᠲᠣᠳᠣᠷᠬᠠᠶᠢᠯᠠᠬᠤ ᠬᠡᠷᠡᠭᠲᠡᠶ᠃ ᠲᠣᠰ ᠰᠠᠷ᠎ᠠ ᠶᠢᠨ ᠠᠯᠢᠪᠠ ᠡᠬᠢᠯᠡᠭᠦᠯᠬᠦ | ᠨᠥᠬᠦᠴᠡᠯ ᠨᠢ ᠴᠥᠮ ᠬᠠᠨᠤᠮᠵᠢ ᠥᠬᠡᠶ ᠪᠠᠶᠢᠪᠠᠯ ᠳᠠᠷᠤᠢ | ᠬᠠᠮᠲᠤᠷᠠᠨ ᠬᠦᠳᠡᠯᠦᠯᠴᠡᠬᠦ ᠲᠣᠭᠲᠠᠴᠠ ᠶᠢ ᠪᠠᠨ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ | ᠨᠡᠮᠡᠭᠦᠷᠢ ᠣᠯᠭᠤᠬᠤ ᠠᠵᠢᠯ ᠢᠶᠠᠨ ᠵᠣᠭᠰᠣᠭᠠᠨ᠎ᠠ᠃ | ᠵᠢᠷᠭᠤᠭ᠎ᠠ᠂ ᠠᠵᠢᠯ ᠤᠨ ᠲᠣᠭᠲᠠᠴᠠ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠮᠲᠤᠷᠠᠨ ᠬᠥᠳᠡᠯᠦᠯᠴᠡᠬᠦ | ᠲᠣᠭᠲᠠᠴᠠ ᠳᠤ ᠬᠡᠷᠡᠭᠵᠢᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠠᠶᠢᠮᠠᠭ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠯᠴᠠᠨ | ᠲᠣᠭᠲᠠᠮᠠᠯ ᠬᠤᠭᠤᠴᠠᠭ᠎ᠠ ᠲᠠᠢ ᠵᠥᠪᠳᠡᠯᠴᠡᠬᠦ ᠠᠵᠢᠯ ᠢ ᠥᠷᠨᠢᠭᠦᠯᠵᠦ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ | ᠠᠮᠢᠳᠤᠷᠠᠯ ᠳᠤ ᠦᠵᠡᠭᠦᠯᠬᠦ ᠪᠠᠷᠠᠭᠠᠨ ᠤ ᠦᠨ᠎ᠡ ᠶᠢᠨ ᠥᠰᠥᠯᠲᠡ ᠶᠢᠨ ᠨᠥᠯᠥᠭᠡ ᠶᠢ ᠨᠢᠭᠲᠠ ᠠᠩᠬᠠᠷᠬᠤ ᠬᠡᠷᠡᠭᠲᠡᠶ᠃ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠡᠯ᠎ᠡ ᠬᠤᠲᠠ ᠶᠢᠨ ᠳᠡᠰ ᠤᠨ ᠪᠠᠶᠢᠴᠠᠭᠠᠯᠲᠠ ᠶᠢᠨ ᠠᠩᠭᠢ ᠨᠢ | ᠬᠠᠮᠢᠶ᠎ᠠ ᠪᠦᠬᠦᠢ ᠦᠨ᠎ᠡ ᠬᠠᠩᠰᠢ ᠶᠢᠨ ᠵᠢᠭᠠᠯᠲᠠ ᠲᠤᠭ᠎ᠠ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠬᠠᠩᠭᠠᠵᠤ | ᠥᠭᠬᠦ ᠬᠡᠷᠡᠭᠲᠡᠶ︔ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠵᠢᠭᠠᠯᠲᠠ | ᠲᠤᠭ᠎ᠠ ᠶᠢᠨ ᠬᠤᠪᠢᠷᠠᠵᠤ ᠪᠠᠶᠢᠭ᠎ᠠ ᠪᠠᠶᠢᠳᠠᠯ ᠢ ᠦᠨᠳᠦᠰᠦᠯᠡᠨ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠴᠠᠭ | ᠲᠤᠬᠠᠶ ᠳᠤ ᠨᠢ ᠡᠬᠢᠯᠡᠭᠦᠯᠬᠦ ᠪᠤᠶᠤ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ | ᠪᠠᠷᠢᠮᠵᠢᠶ᠎ᠠ ᠶᠢ ᠣᠨᠣᠪᠴᠢᠲᠠᠶ ᠵᠢᠱᠢᠨ ᠪᠤᠳᠤᠬᠤ ᠬᠡᠷᠡᠭᠲᠡᠶ︔ ᠠᠶᠢᠮᠠᠭ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠨᠢ ᠦᠨ᠎ᠡ ᠬᠠᠩᠰᠢ ᠶᠢᠨ | ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠶᠢ ᠢᠳᠡᠪᠬᠢᠲᠡᠶ ᠲᠣᠬᠢᠷᠠᠭᠤᠯᠬᠤ ᠬᠡᠷᠡᠭᠲᠡᠶ︔ᠥᠪᠡᠷᠲᠡᠭᠡᠨ | ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠰᠤᠷᠭᠠᠨ ᠬᠥᠮᠦᠵᠢᠯ ᠤᠨ | ᠲᠢᠩᠬᠢᠮ ᠪᠠ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠵᠢᠴᠢ ᠠᠶᠢᠮᠠᠭ ᠬᠤᠲᠠ ᠳᠤ ᠬᠠᠷᠢᠶᠠᠯᠠᠭᠳᠠᠬᠤ ᠶᠡᠭᠡ ᠳᠡᠭᠡᠳᠦ ᠰᠤᠷᠭᠠᠭᠤᠯᠢ ᠨᠢ ᠲᠣᠰ ᠰᠠᠯᠠᠭ᠎ᠠ ᠮᠥᠴᠢᠷ᠂ | ᠲᠣᠰ ᠨᠢᠭᠡᠴᠢ ᠶᠢᠨ ᠪᠠᠲᠤᠯᠠᠭ᠎ᠠ ᠬᠦᠷᠲᠡᠭᠡᠬᠦ ᠡᠲᠡᠭᠡᠳ ᠲᠤ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ ᠶᠢᠨ | ᠪᠡᠯᠡ ᠮᠥᠩᠭᠦ ᠣᠯᠭᠤᠬᠤ ᠶᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃ | ᠲᠤᠯᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠪᠤᠶᠤ ᠵᠣᠭᠰᠣᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠪᠠ | ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ | ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠠᠶᠢᠮᠠᠭ ᠬᠤᠲᠠ ᠳᠤ ᠬᠠᠷᠢᠶᠠᠯᠠᠭᠳᠠᠬᠤ ᠶᠡᠭᠡ ᠳᠡᠭᠡᠳᠦ ᠰᠤᠷᠭᠠᠭᠤᠯᠢ ᠳᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ᠃ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ | ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠲᠣᠭᠲᠠᠮᠠᠯ ᠬᠤᠭᠤᠴᠠᠭ᠎ᠠ ᠲᠠᠢ | ᠠᠰᠠᠷᠠᠮᠵᠢ ᠶᠢᠨ ᠨᠥᠬᠦᠪᠥᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠭᠤᠯᠬᠤ ᠡᠲᠡᠭᠡᠳ ᠲᠤ ᠦᠨ᠎ᠡ ᠬᠠᠩᠰᠢ ᠶᠢᠨ | ᠲᠦᠷ ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠬᠤ ᠠᠵᠢᠯ ᠢ ᠪᠣᠳᠠᠲᠠᠢ ᠬᠠᠷᠢᠭᠤᠴᠠᠬᠤ ᠬᠡᠷᠡᠭᠲᠡᠢ︔ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ | ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠪᠠᠲᠤᠯᠠᠭ᠎ᠠ ᠬᠦᠷᠲᠡᠬᠦ ᠡᠲᠡᠭᠡᠳ ᠲᠤ ᠦᠨ᠎ᠡ ᠬᠠᠩᠰᠢ ᠶᠢᠨ ᠲᠦᠷ | ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠬᠤ ᠠᠵᠢᠯ ᠢ ᠪᠣᠳᠠᠲᠠᠶ ᠬᠠᠷᠢᠭᠤᠴᠠᠵᠤ᠂ ᠥᠪᠡᠷᠲᠡᠭᠡᠨ ᠵᠠᠰᠠᠬᠤ | ᠣᠷᠣᠨ ᠤ ᠱᠠᠲᠤᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ | ᠬᠦᠴᠢᠷᠳᠡᠯᠲᠡᠶ ᠰᠤᠷᠤᠭᠴᠢᠳ ᠲᠤ ᠣᠯᠭᠤᠬᠤ ᠨᠡᠮᠡᠭᠦᠷᠢ ᠶᠢᠨ ᠪᠠᠷᠢᠮᠵᠢᠶ᠎ᠠ ᠶᠢ | ᠳᠡᠭᠡᠳᠦ ᠰᠤᠷᠭᠠᠭᠤᠯᠢ ᠶᠢᠨ ᠪᠠᠶᠢᠭ᠎ᠠ ᠭᠠᠵᠠᠷ ᠤᠨ ᠨᠡᠮᠡᠭᠦᠷᠢ ᠶᠢᠨ ᠪᠠᠷᠢᠮᠵᠢᠶ᠎ᠠ ᠶᠣᠰᠣᠭᠠᠷ ᠬᠡᠷᠡᠭᠵᠢᠭᠦᠯᠬᠦ | ᠬᠡᠷᠡᠭᠲᠡᠶ᠃ ᠠᠶᠢᠮᠠᠭ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠪᠣᠯᠤᠨ ᠠᠶᠢᠮᠠᠭ ᠬᠤᠲᠠ ᠳᠤ ᠬᠠᠷᠢᠶᠠᠯᠠᠭᠳᠠᠬᠤ ᠶᠡᠭᠡ ᠳᠡᠭᠡᠳᠦ ᠰᠤᠷᠭᠠᠭᠤᠯᠢ ᠨᠢ ᠠᠶᠢᠮᠠᠭ ᠬᠤᠲᠠ ᠵᠢᠴᠢ | ᠬᠤᠰᠢᠭᠤ ᠰᠢᠶᠠᠨ ᠤ ᠱᠠᠲᠤᠨ ᠤ ᠪᠠᠲᠤᠯᠠᠭ᠎ᠠ ᠬᠦᠷᠲᠡᠬᠦ ᠡᠲᠡᠭᠡᠳ ᠤᠨ ᠦᠨ᠎ᠡ ᠬᠠᠩᠰᠢ ᠶᠢᠨ ᠲᠦᠷ ᠴᠠᠭ ᠤᠨ | ᠨᠡᠮᠡᠭᠦᠷᠢ ᠶᠢᠨ ᠪᠠᠯᠠ ᠮᠥᠩᠭᠦ ᠣᠯᠭᠤᠬᠤ ᠠᠵᠢᠯ ᠢ ᠪᠣᠳᠠᠲᠠᠶ ᠬᠠᠷᠢᠭᠤᠴᠠᠬᠤ ᠬᠡᠷᠡᠭᠲᠡᠢ᠃ | ︵ᠭᠤᠷᠪᠠ︶ ᠡᠯ᠎ᠡ ᠠᠶᠢᠮᠠᠭ ᠬᠤᠲᠠ ᠨᠢ ᠲᠣᠭᠲᠠᠭᠠᠭᠰᠠᠨ ᠦᠨ᠎ᠡ ᠬᠠᠩᠰᠢ ᠶᠢᠨ ᠲᠦᠷ ᠴᠠᠭ ᠤᠨ ᠨᠡᠮᠡᠭᠦᠷᠢ | ᠣᠯᠭᠤᠬᠤ ᠬᠡᠪᠴᠢᠶ᠎ᠡ ᠪᠠ ᠬᠦᠷᠲᠡᠬᠦ ᠡᠲᠡᠭᠡᠳ ᠲᠤ ᠨᠡᠮᠡᠭᠦᠷᠢ ᠣᠯᠭᠤᠬᠤ ᠠᠵᠢᠯ ᠢ ᠴᠢᠩᠳᠠᠯᠠᠵᠤ᠂ ᠪᠠᠲᠤᠯᠠᠭ᠎ᠠ ᠬᠦᠷᠲᠡᠬᠦ | ᠡᠲᠡᠭᠡᠳ ᠤᠨ ᠲᠤᠭ᠎ᠠ ᠪᠠᠷᠢᠮᠲᠠ ᠶᠢ ᠴᠠᠭ ᠲᠤᠬᠠᠶ ᠳᠤ ᠨᠢ ᠰᠢᠨᠡᠳᠬᠡᠨ᠂ ︽ᠪᠠᠲᠤᠯᠠᠪᠠᠰᠤ ᠵᠣᠬᠢᠬᠤ ᠶᠢ ᠨᠢ ᠪᠦᠬᠦᠨ ᠢ | ᠪᠠᠲᠤᠯᠠᠵᠤ᠂ ᠨᠥᠬᠦᠪᠥᠷᠢᠯᠡᠪᠡᠰᠦ ᠵᠣᠬᠢᠬᠤ ᠳᠤ ᠨᠢ ᠪᠦᠬᠦᠨ ᠢ ᠨᠥᠬᠦᠪᠥᠷᠢᠯᠡᠬᠦ︾ ᠶᠢ ᠭᠦᠢᠴᠡᠳᠬᠡᠭᠰᠡᠨ ᠪᠠᠶᠢᠬᠤ ᠬᠡᠷᠡᠭᠲᠡᠶ᠃ | ︵ᠳᠥᠷᠪᠡ︶ ᠡᠯ᠎ᠡ ᠠᠶᠢᠮᠠᠭ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠡᠬᠢᠯᠡᠭᠦᠯᠦᠭᠰᠡᠨ ᠪᠤᠶᠤ ᠵᠣᠭᠰᠣᠭᠠᠭᠰᠠᠨ ᠪᠠᠶᠢᠳᠠᠯ᠂ ᠦᠨ᠎ᠡ ᠬᠠᠩᠰᠢ ᠶᠢᠨ ᠲᠦᠷ | ᠴᠠᠭ ᠤᠨ ᠨᠡᠮᠡᠭᠦᠷᠢ ᠶᠢᠨ ᠪᠡᠯᠡ ᠮᠥᠩᠭᠦ ᠣᠯᠭᠤᠭᠰᠠᠨ ᠪᠠᠶᠢᠳᠠᠯ ᠢᠶᠠᠨ ᠰᠠᠷ᠎ᠠ ᠰᠠᠷ᠎ᠠ ᠮᠡᠳᠡᠭᠦᠯᠵᠦ᠂ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ | ᠬᠠᠮᠲᠤᠷᠠᠯᠴᠠᠨ ᠡᠯ᠎ᠡ ᠠᠶᠢᠮᠠᠭ ᠬᠤᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠠᠵᠢᠯ ᠳᠤ ᠬᠢᠨᠠᠯᠲᠠ | ᠲᠠᠯᠪᠢᠵᠤ᠂ ᠮᠡᠳᠡᠭᠡ ᠵᠠᠩᠭᠢ ᠪᠠᠨ ᠦᠨᠡᠨ ᠪᠣᠳᠠᠲᠠᠶ ᠮᠡᠳᠡᠭᠦᠯᠵᠦ ᠬᠦᠷᠭᠡᠭᠰᠡᠨ ᠦᠭᠡᠢ᠂ ᠴᠠᠭ ᠲᠤᠬᠠᠶ ᠳᠤ ᠨᠢ ᠨᠡᠮᠡᠭᠦᠷᠢ | ᠣᠯᠭᠤᠭᠰᠠᠨ ᠦᠭᠡᠢ ᠠᠶᠢᠮᠠᠭ ᠬᠤᠲᠠ ᠶᠢ ᠨᠡᠪᠲᠡᠷᠡᠭᠦᠯᠦᠨ ᠮᠡᠳᠡᠭᠡᠯᠡᠬᠦ ᠬᠡᠷᠡᠭᠲᠡᠶ᠃ | ︵ᠲᠠᠪᠤ︶ ᠲᠣᠰ ᠮᠡᠳᠡᠭᠳᠡᠯ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠂ ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠪᠠᠨ ᠪᠠᠷᠠᠭᠠᠨ ᠤ | ᠦᠨ᠎ᠡ ᠶᠢᠨ ᠥᠰᠥᠯᠲᠡ ᠯᠦᠭᠡ ᠬᠤᠯᠪᠣᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2017︺ 15 | ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ | 2021 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪ᠊ |