| ᠥᠪᠥᠷ ᠵᠠᠰᠠᠭ ᠠᠯᠪᠠᠨ ︹2021︺ 30 ᠳ᠋ᠤᠭᠠᠷ ᠲᠣᠭᠠᠲᠤ | 2021 ᠣᠨ ᠤ 7 ᠳ᠋ᠤᠭᠠᠷ ᠰᠠᠷ᠎ᠠ ᠶᠢᠨ 1 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ | ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠰᠢᠢᠳᠪᠦᠷᠢᠲᠦ | ᠪᠣᠳᠣᠯᠭ᠎ᠠ ᠵᠢᠨᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠲᠦᠷᠢᠮ ︾ ᠢ ᠭᠦᠨᠵᠡᠭᠡᠶ ᠬᠡᠷᠡᠭᠵᠢᠭᠦᠯᠦᠨ᠂ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠦᠨ ᠰᠢᠨᠵᠢᠯᠡᠬᠦ ᠤᠬᠠᠭᠠᠨᠴᠢ ᠪᠠᠷ ᠵᠢᠷᠤᠮᠵᠢᠯ ᠲᠠᠢ | ᠦᠨᠡᠯᠡᠨ ᠵᠢᠱᠢᠵᠦ᠂ ᠡᠵᠡᠩᠨᠡᠨ ᠬᠤᠳᠠᠯᠳᠤᠭᠠᠯᠠᠬᠤ ᠲᠡᠷᠢᠭᠦᠨ ᠤ ᠣᠷᠴᠢᠨ ᠨᠥᠬᠦᠴᠡᠯ ᠢ ᠪᠠᠶᠢᠭᠤᠯᠬᠤ ᠠᠯᠬᠤᠴᠠ ᠪᠠᠨ | ᠲᠦᠷᠭᠡᠳᠬᠡᠨ᠂ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠪᠣᠶ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ | ᠲᠠᠰᠤᠷᠠᠯᠲᠠ ᠥᠬᠡᠶ ᠬᠥᠭᠵᠢᠭᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ | ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠠᠵᠢᠯ ᠢ | ᠥᠷᠨᠢᠭᠦᠯᠬᠦ ᠳᠤ᠂ ᠵᠠᠬ᠎ᠠ ᠳᠡᠯᠭᠡᠭᠦᠷᠴᠢᠯᠡᠬᠦ᠂ ᠬᠠᠤᠯᠢᠵᠢᠭᠤᠯᠬᠤ᠂ ᠳᠡᠯᠡᠬᠡᠶᠢᠴᠢᠯᠡᠬᠦ ᠵᠠᠷᠴᠢᠮ ᠢ ᠪᠠᠷᠢᠮᠲᠠᠯᠠᠨ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠪᠠ ᠪᠣᠳᠠᠲᠠᠢ ᠣᠶᠢᠯᠠᠭᠠᠯᠲᠠ ᠪᠠᠷ ᠤᠳᠤᠷᠢᠳᠤᠮᠵᠢ | ᠪᠣᠯᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠭᠦᠨᠵᠡᠭᠡᠢ ᠬᠤᠪᠢᠷᠠᠭᠤᠯᠬᠤ ᠪᠠᠷ ᠭᠤᠣᠯ ᠪᠣᠯᠭᠠᠨ᠂ | ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠲᠡᠷᠢᠭᠦᠨ ᠤ ᠲᠤᠷᠰᠢᠯᠭ᠎ᠠ ᠪᠠᠷ ᠯᠠᠪᠯᠠᠯᠲᠠ ᠪᠣᠯᠭᠠᠵᠤ᠂ ᠥᠪᠥᠷ | ᠮᠣᠩᠭᠤᠯ ᠤᠨ ᠣᠨᠴᠠᠯᠢᠭ ᠲᠠᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠭᠦᠢᠴᠡᠳᠬᠡᠯ | ᠲᠣᠭᠠᠨ ᠤ ᠲᠣᠭᠲᠠᠯᠴᠠᠭ᠎ᠠ ᠪᠠ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠦᠨᠡᠯᠡᠨ ᠵᠢᠱᠢᠬᠦ ᠪᠠᠷ ᠥᠭᠡᠷᠡᠴᠢᠯᠡᠨ | ᠰᠠᠶᠢᠵᠢᠷᠠᠭᠤᠯᠬᠤ ᠶᠢ ᠠᠬᠢᠭᠤᠯᠬᠤ᠂ ᠦᠨᠡᠯᠡᠨ ᠵᠢᠱᠢᠬᠦ ᠪᠠᠷ ᠰᠢᠯᠢᠳᠡᠭᠵᠢᠭᠦᠯᠬᠦ ᠶᠢ ᠠᠬᠢᠭᠤᠯᠬᠤ ᠪᠣᠯᠭᠠᠨ᠂ ᠥᠪᠡᠷᠲᠡᠭᠡᠨ | ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠲᠦᠷᠭᠡᠳᠬᠡᠨ ᠰᠠᠶᠢᠵᠢᠷᠠᠭᠤᠯᠬᠤ ᠶᠢ | ᠠᠬᠢᠭᠤᠯᠵᠤ᠂ ᠠᠵᠤ ᠠᠬᠤᠶᠢᠯᠠᠯ ᠪᠠ ᠤᠯᠠᠨᠲ᠋ᠦ᠋ᠮᠡᠨ ᠳᠤ ᠲᠠᠭᠠᠰᠢᠶᠠᠭᠳᠠᠬᠤ ᠲᠡᠷᠢᠭᠦᠨ ᠤ ᠣᠷᠴᠢᠨ ᠨᠥᠬᠦᠴᠡᠯ ᠢ ᠪᠤᠢ | ᠪᠣᠯᠭᠠᠬᠤ ᠬᠡᠷᠡᠭᠲᠡᠢ᠃ | ᠬᠤᠶᠠᠳᠤᠭᠠᠷ ᠪᠦᠯᠦᠭ ᠦᠨᠡᠯᠡᠨ ᠵᠢᠱᠢᠭᠦᠯᠦᠭᠴᠢ ᠪᠠ ᠠᠭᠤᠯᠭ᠎ᠠ | ᠭᠤᠷᠪᠠᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠠᠵᠢᠯ ᠢ ᠪᠣᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠤᠳᠤᠷᠢᠳᠤᠯᠭ᠎ᠠ ᠳᠤᠤᠷ᠎ᠠ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠵᠣᠬᠢᠴᠠᠭᠤᠯᠬᠤ ᠳᠤᠭᠤᠶᠢᠯᠠᠩ ᠤᠨ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠳᠤᠭᠤᠶᠢᠯᠠᠩ ᠤᠨ ᠪᠦᠷᠢᠯᠳᠦᠬᠦᠨ ᠨᠢᠭᠡᠴᠢ ᠪᠣᠯᠣᠨ ᠬᠠᠮᠢᠶ᠎ᠠ | ᠪᠥᠬᠦᠶ ᠭᠦᠢᠴᠡᠳᠬᠡᠯ ᠲᠤᠭ᠎ᠠ ᠳᠤ ᠬᠤᠯᠪᠣᠭᠳᠠᠭᠰᠠᠨ ᠰᠠᠯᠠᠭ᠎ᠠ ᠮᠥᠴᠢᠷ᠂ ᠠᠵᠤ ᠠᠬᠤᠶᠢᠯᠠᠯ ᠬᠠᠮᠲᠤ ᠪᠠᠷ | ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠪᠣᠳᠠᠲᠠᠶ | ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠤᠯᠤᠰ ᠤᠨ | ᠠᠵᠢᠯ ᠲᠥᠷᠥᠯ ᠨᠢᠭᠡᠲᠡᠢ ᠶᠠᠮᠤᠨᠵᠥ᠋ᠪᠯᠡᠯ ᠯᠦᠭᠡ ᠵᠣᠯᠭᠠᠭᠤᠯᠬᠤ ᠶᠢ ᠴᠢᠩᠭᠠᠳᠬᠠᠵᠤ᠂ ᠦᠨᠡᠯᠡᠨ ᠵᠢᠱᠢᠵᠦ ᠲᠠᠶᠢᠯᠪᠤᠷᠢᠯᠠᠨ | ᠣᠶᠢᠯᠠᠭᠠᠭᠤᠯᠬᠤ ᠪᠠ ᠲᠤᠰᠬᠠᠶ ᠮᠡᠷᠭᠡᠵᠢᠯ ᠤᠨ ᠵᠢᠭᠠᠨ ᠵᠢᠯᠣᠭᠤᠳᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ᠃ | ᠳᠥᠷᠪᠡᠳᠦᠭᠡᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠦᠨᠡᠯᠡᠨ ᠵᠢᠱᠢᠭᠦᠯᠦᠭᠴᠢ ᠪᠣᠯ | ᠡᠯ᠎ᠡ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠤᠨ᠎ᠠ᠃ | ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠡᠰᠡᠭ ᠬᠤᠰᠢᠭᠤ ᠰᠢᠶᠠᠨ ︵ᠬᠤᠲᠠ᠂ ᠲᠣᠭᠤᠷᠢᠭ︶᠂ ᠨᠡᠭᠡᠭᠡᠯᠲᠡ ᠬᠢᠬᠦ | ᠲᠣᠭᠤᠷᠢᠭ᠂ ᠲᠤᠷᠰᠢᠯᠲᠠ ᠶᠢᠨ ᠲᠣᠭᠤᠷᠢᠭ ᠢ ᠰᠣᠩᠭᠤᠵᠤ ᠦᠨᠡᠯᠡᠨ ᠵᠢᠱᠢᠯᠲᠡ ᠬᠢᠵᠦ ᠪᠣᠯᠤᠨ᠎ᠠ᠃ | ᠲᠠᠪᠤᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠨ ᠵᠢᠱᠢᠬᠦ ᠭᠦᠢᠴᠡᠳᠬᠡᠯ | ᠲᠣᠭᠠᠨ ᠤ ᠲᠣᠭᠲᠠᠯᠴᠠᠭ᠎ᠠ ᠶᠢ ᠪᠣᠯ ᠳᠡᠯᠡᠬᠡᠶ ᠶᠢᠨ ᠪᠠᠩᠬᠢ ᠪᠠ ᠳᠤᠮᠳᠠᠳᠤ ᠤᠯᠤᠰ ᠤᠨ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠳᠤ ᠦᠨᠡᠯᠡᠯᠲᠡ ᠬᠢᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠨᠢ ᠦᠨᠳᠦᠰᠦᠯᠡᠨ | ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ ᠪᠠᠶᠢᠭᠤᠯᠵᠤ᠂ 4 ᠬᠡᠮᠵᠢᠯ᠂ 20 ᠵᠦᠢᠯ ᠤᠨ | ᠨᠢᠭᠡᠳᠦᠭᠡᠷ ᠳᠡᠰ ᠤᠨ ᠭᠦᠢᠴᠡᠳᠬᠡᠯ ᠲᠤᠭ᠎ᠠ᠂ 92 ᠵᠦᠢᠯ ᠤᠨ ᠬᠤᠶᠠᠳᠤᠭᠠᠷ ᠳᠡᠰ ᠤᠨ ᠭᠦᠢᠴᠡᠳᠬᠡᠯ ᠲᠤᠭ᠎ᠠ ᠭᠡᠵᠦ | ᠬᠤᠪᠢᠶᠠᠨ᠎ᠠ᠃ | ᠭᠤᠷᠪᠠᠳᠤᠭᠠᠷ ᠪᠦᠯᠦᠭ ᠦᠨᠡᠯᠡᠨ ᠵᠢᠱᠢᠬᠦ ᠠᠷᠭ᠎ᠠ | ᠵᠢᠷᠭᠤᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠳᠤ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨᠵᠥ᠋ᠪᠯᠡᠯ ᠤᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ | ᠳᠤᠮᠳᠠᠳᠤ ᠤᠯᠤᠰ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠬᠦ ᠠᠷᠭ᠎ᠠ ᠪᠠᠷ ᠰᠠᠭᠤᠷᠢ | ᠪᠣᠯᠭᠠᠵᠤ᠂ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠳᠤ ᠨᠠᠶᠢᠳᠠᠵᠤ ᠲᠤᠰᠠᠭᠠᠷ ᠥᠷᠨᠢᠭᠦᠯᠦᠨ᠂ ᠢᠷᠡᠬᠦ | ᠵᠢᠯ ᠤᠨ ᠬᠢᠨᠢ 1 ᠳ᠋ᠣᠬᠡᠷ ᠰᠠᠷ᠎ᠠ ᠵᠢᠨᠰᠡᠭᠦᠯᠴᠢ ᠠᠴᠠ ᠡᠮᠦᠨ᠎ᠡ ᠪᠡᠶᠡᠯᠡᠭᠦᠯᠬᠦ ᠶᠢᠨ ᠬᠠᠮᠲᠤ᠂ ᠪᠥᠬᠦ ᠣᠷᠣᠨ ᠤ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠵᠦ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ | ᠬᠡᠷᠡᠭᠲᠡᠶ᠃ | ᠳᠣᠯᠣᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠵᠦ ᠵᠢᠱᠢᠭᠰᠡᠨ | ᠳ᠋ᠠᠶᠢᠲ᠋ᠠ ᠳᠤ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠵᠢᠴᠢ ᠲᠡᠳᠡᠭᠡᠷ ᠤᠨ ᠰᠠᠯᠠᠭ᠎ᠠ ᠮᠥᠴᠢᠷ ᠤᠨ ᠳ᠋ᠠᠶᠢᠲ᠋ᠠ ᠪᠠ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠲᠠᠭᠠᠰᠢᠶᠠᠯ ᠤᠨ ᠪᠠᠶᠢᠳᠠᠯ ᠤᠨ ᠪᠠᠶᠢᠴᠠᠭᠠᠯᠲᠠ ᠶᠢᠨ ᠳ᠋ᠠᠶᠢᠲ᠋ᠠ ᠶᠢ ᠪᠠᠭᠲᠠᠭᠠᠬᠤ ᠬᠡᠷᠡᠭᠲᠡᠶ᠃ | ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ | ᠲᠡᠳᠡᠭᠡᠷ ᠤᠨ ᠰᠠᠯᠠᠭ᠎ᠠ ᠮᠥᠴᠢᠷ ᠤᠨ ᠳ᠋ᠠᠶᠢᠲ᠋ᠠ ᠳᠤ ᠢᠯᠡ ᠪᠣᠯᠭᠠᠭᠰᠠᠨ ᠳ᠋ᠠᠶᠢᠲ᠋ᠠ ᠶᠢ ᠨᠢ ᠵᠠᠳᠠᠯᠬᠤ᠂ ᠰᠢᠰᠲ᠋ᠧᠮ ᠤᠨ | ᠳ᠋ᠠᠶᠢᠲ᠋ᠠ ᠶᠢ ᠨᠢ ᠭᠠᠷᠭᠠᠨ ᠠᠪᠬᠤ᠂ ᠪᠣᠳᠠᠲᠠᠶ ᠠᠵᠢᠯ ᠶᠠᠪᠤᠳᠠᠯ ᠤᠨ ᠵᠢᠱᠢᠶ᠎ᠡ᠂ ᠵᠢᠱᠢᠶᠡᠯᠡᠭᠰᠡᠨ ᠠᠵᠢᠯ ᠶᠠᠪᠤᠳᠠᠯ ᠤᠨ | ᠵᠢᠱᠢᠶ᠎ᠡ᠂ ᠥᠯᠢᠭᠡᠷ ᠪᠣᠯᠬᠤ ᠠᠵᠤ ᠠᠬᠤᠶᠢᠯᠠᠯ᠂ ᠰᠦᠯᠵᠢᠶ᠎ᠡ ᠪᠠᠷ ᠮᠠᠲ᠋ᠧᠷᠢᠶᠠᠯ ᠲᠤᠰᠢᠶᠠᠬᠤ ᠵᠡᠷᠭᠡ ᠠᠷᠭ᠎ᠠ ᠬᠡᠯᠪᠡᠷᠢ ᠶᠢ | ᠬᠡᠷᠡᠭᠯᠡᠵᠦ ᠣᠯᠬᠤ ᠬᠡᠷᠡᠭᠲᠡᠶ᠃ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠠᠭᠠᠰᠢᠶᠠᠯ ᠤᠨ ᠪᠠᠶᠢᠳᠠᠯ ᠤᠨ ᠪᠠᠶᠢᠴᠠᠭᠠᠯᠲᠠ ᠶᠢᠨ ᠳ᠋ᠠᠶᠢᠲ᠋ᠠ ᠶᠢ | ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ᠂ ᠲᠤᠬᠠᠶ ᠶᠢᠨ ᠭᠠᠵᠠᠷ ᠲᠤ ᠨᠢ ᠰᠤᠷᠪᠤᠯᠵᠢᠯᠠᠬᠤ᠂ ᠳᠠᠯᠳᠠᠭᠤᠷ | ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠶᠢ ᠬᠡᠷᠡᠭᠯᠡᠵᠦ ᠤᠯᠬᠤ ᠬᠡᠷᠡᠭᠲᠡᠶ᠃ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠭᠦᠢᠴᠡᠳᠬᠡᠯ ᠲᠤᠭ᠎ᠠ᠂ ᠲᠦᠷᠢᠮ᠂ | ᠪᠠᠷᠢᠮᠵᠢᠶ᠎ᠠ᠂ ᠠᠰᠠᠭᠤᠯᠲᠠ ᠶᠢᠨ ᠬᠠᠭᠤᠳᠠᠰᠤ ᠵᠡᠷᠭᠡ ᠪᠠᠨ ᠤᠷᠢᠳᠴᠢᠯᠠᠨ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ | ᠨᠠᠶᠢᠮᠠᠳᠤᠭᠠᠷ ᠵᠦᠢᠯ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠦᠨᠡᠯᠡᠨ ᠵᠢᠱᠢᠬᠦ ᠪᠠᠶᠢᠴᠠᠭᠠᠯᠲᠠ ᠳᠤ | ᠪᠡᠶ᠎ᠡ ᠪᠠᠨ ᠳᠠᠭᠠᠭᠠᠨ ᠣᠷᠣᠯᠴᠠᠬᠤ ᠪᠠ ᠪᠠᠶᠢᠳᠠᠯ ᠢᠶᠠᠨ ᠲᠤᠰᠬᠠᠵᠤ ᠪᠣᠯᠤᠨ᠎ᠠ᠂ ᠦᠨᠡᠯᠡᠨ ᠵᠢᠱᠢᠬᠦ ᠳᠤ ᠣᠷᠣᠯᠴᠠᠭᠰᠠᠨ | ᠣᠷᠣᠨ ᠨᠤᠲᠤᠭ ᠨᠢ ᠭᠠᠷ ᠳᠦᠷᠦᠨ ᠬᠠᠮᠢᠶᠠᠷᠴᠤ ᠪᠣᠯᠬᠤ ᠥᠬᠡᠶ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠡᠪ ᠤᠨ ᠦᠢᠯᠡᠳᠪᠦᠷᠢᠯᠡᠯ ᠡᠵᠡᠩᠨᠡᠯᠲᠡ ᠶᠢ ᠨᠥᠯᠥᠭᠡᠯᠡᠵᠦ ᠪᠣᠯᠬᠤ ᠥᠬᠡᠶ᠃ | ᠶᠢᠰᠦᠳᠦᠭᠡᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠭᠡᠳ ᠣᠯᠤᠭᠰᠠᠨ | ᠳ᠋ᠠᠶᠢᠲ᠋ᠠ ᠶᠢ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠨᠢ ᠵᠠᠳᠠᠯᠤᠯᠲᠠ ᠶᠢᠨ ᠰᠢᠰᠲ᠋ᠧᠮ ᠢ ᠬᠡᠷᠡᠭᠯᠡᠵᠦ | ᠬᠠᠷᠭᠤᠭᠤᠯᠤᠨ ᠰᠢᠯᠭᠠᠵᠤ᠂ ᠭᠦᠢᠴᠡᠳᠬᠡᠬᠦ ᠭᠤᠭᠴᠤᠭ᠎ᠠ᠂ ᠴᠠᠭ ᠬᠤᠭᠤᠴᠠᠭ᠎ᠠ᠂ ᠥᠪᠡᠷ ᠤᠨ ᠥᠷᠲᠡᠭ ᠵᠡᠷᠭᠡ | ᠪᠠᠶᠢᠳᠠᠯ ᠳᠤ ᠪᠥᠬᠦ ᠬᠡᠯᠬᠢᠶᠡᠰᠦ ᠪᠠᠷ ᠳᠠᠬᠢᠨᠲᠠ ᠬᠠᠷᠭᠤᠭᠤᠯᠤᠨ᠂ ᠰᠠᠯᠠᠭ᠎ᠠ ᠮᠥᠴᠢᠷ ᠪᠠ ᠠᠵᠤ ᠠᠬᠤᠶᠢᠯᠠᠯ ᠤᠨ | ᠲᠠᠭᠯᠠᠵᠤ ᠮᠡᠳᠡᠭᠦᠯᠦᠭᠰᠡᠨ ᠳ᠋ᠠᠶᠢᠲ᠋ᠠ ᠶᠢ ᠰᠣᠯᠪᠢᠴᠠᠨ ᠭᠡᠷᠡᠴᠢᠯᠡᠵᠦ᠂ ᠬᠡᠪ ᠤᠨ ᠪᠤᠰᠤ ᠳ᠋ᠠᠶᠢᠲ᠋ᠠ ᠶᠢ ᠠᠷᠢᠯᠭᠠᠨ᠂ | ᠳᠤᠲᠠᠭᠳᠠᠵᠤ ᠪᠠᠶᠢᠭ᠎ᠠ ᠳ᠋ᠠᠶᠢᠲ᠋ᠠ ᠶᠢ ᠨᠥᠬᠦᠪᠥᠷᠢᠯᠡᠵᠦ᠂ ᠪᠠᠶᠢᠴᠠᠭᠠᠯᠲᠠ ᠶᠢᠨ ᠳ᠋ᠠᠶᠢᠲ᠋ᠠ ᠶᠢᠨ ᠦᠨᠡᠨ ᠪᠣᠳᠠᠲᠠᠶ ᠪᠥᠭᠡᠳ | ᠪᠦᠷᠢᠨ ᠪᠦᠲᠦᠨ ᠪᠤᠰᠤᠳᠴᠢ ᠪᠠᠶᠢᠬᠤ ᠪᠠ ᠦᠨᠡᠯᠡᠵᠦ ᠵᠢᠱᠢᠭᠰᠡᠨ ᠦᠷ᠎ᠡ ᠳ᠋ᠦᠩ ᠨᠢ ᠦᠨᠡᠨ ᠢ ᠪᠠᠷᠢᠮᠲᠠᠯᠠᠭᠰᠠᠨ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠠᠷᠪᠠᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠵᠦ ᠬᠤᠪᠢ | ᠲᠣᠭᠲᠠᠭᠠᠬᠤ ᠳᠤ ᠳᠡᠯᠡᠬᠡᠶ ᠶᠢᠨ ᠪᠠᠩᠬᠢ ᠵᠢᠨᠦᠨᠡᠯᠡᠯᠲᠡ ᠪᠠ ᠳᠤᠮᠳᠠᠳᠤ ᠤᠯᠤᠰ ᠤᠨ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠤᠨ ᠦᠨᠡᠯᠡᠯᠲᠡ ᠶᠢᠨ ᠲᠡᠷᠢᠭᠦᠨ ᠪᠠᠶᠢᠷᠢ ᠶᠢᠨ ᠵᠠᠶ ᠪᠠᠷ ᠬᠤᠪᠢ ᠣᠯᠭᠤᠬᠤ ᠠᠷᠭ᠎ᠠ ᠶᠢ ᠬᠡᠷᠡᠭᠯᠡᠨ᠎ᠡ᠂ | ᠬᠤᠪᠢ ᠤᠯᠬᠤ ᠬᠡᠪᠴᠢᠶ᠎ᠡ ᠨᠢ 0 — 100 ᠬᠤᠪᠢ ᠪᠣᠯᠤᠨ᠎ᠠ᠃ ᠵᠦᠢᠯ ᠪᠦᠷᠢ ᠶᠢᠨ ᠬᠤᠶᠠᠳᠤᠭᠠᠷ ᠳᠡᠰ ᠤᠨ | ᠭᠦᠢᠴᠡᠳᠬᠡᠯ ᠲᠣᠭᠠᠨ ᠤ ᠢᠯᠡᠷᠡᠯ ᠨᠢ ᠬᠠᠮᠤᠭ ᠤᠨ ᠰᠢᠯᠢᠳᠡᠭ ᠪᠣᠯᠬᠤ ᠲᠡᠷᠢᠭᠦᠨ ᠪᠠᠶᠢᠷᠢ ᠶᠢᠨ ᠠᠶᠢᠮᠠᠭ ᠬᠤᠲᠠ ᠨᠢ | 100 ᠬᠤᠪᠢ ᠣᠯᠵᠤ᠂ ᠪᠤᠰᠤᠳ ᠠᠶᠢᠮᠠᠭ ᠬᠤᠲᠠ ᠶᠢᠨ ᠣᠯᠬᠤ ᠬᠤᠪᠢ ᠶᠢ ᠨᠢ ᠣᠯᠬᠤ ᠬᠤᠪᠢ ᠬᠢᠭᠡᠳ ᠲᠡᠷᠢᠭᠦᠨ | ᠪᠠᠶᠢᠷᠢ ᠶᠢᠨ ᠬᠡᠮᠵᠢᠭᠳᠡᠯ ᠤᠨ ᠵᠥᠷᠢᠶ᠎ᠡ ᠶᠢ ᠦᠨᠳᠦᠰᠦᠯᠡᠨ ᠪᠣᠳᠣᠵᠤ ᠣᠯᠭᠤᠨ᠎ᠠ᠃ ᠬᠤᠶᠠᠳᠤᠭᠠᠷ ᠳᠡᠰ ᠤᠨ ᠪᠥᠬᠦ | ᠭᠦᠢᠴᠡᠳᠬᠡᠯ ᠲᠣᠭᠠᠨ ᠤ ᠣᠯᠬᠤ ᠬᠤᠪᠢ ᠳᠤ ᠨᠢᠭᠡᠳᠦᠭᠡᠷ ᠳᠡᠰ ᠤᠨ ᠭᠦᠢᠴᠡᠳᠬᠡᠯ ᠲᠣᠭᠠᠨ ᠤ ᠣᠯᠬᠤ ᠬᠤᠪᠢ ᠶᠢ | ᠲᠤᠤᠬᠠᠶᠢᠯᠠᠨ ᠪᠤᠳᠤᠵᠤ᠂ ᠨᠢᠭᠡᠳᠦᠭᠡᠷ ᠳᠡᠰ ᠤᠨᠪᠥ᠋ᠬᠦ ᠭᠦᠢᠴᠡᠳᠬᠡᠯ ᠲᠣᠭᠠᠨ ᠤ ᠣᠯᠬᠤ ᠬᠤᠪᠢ ᠶᠢ ᠳᠤᠤᠬᠠᠶᠢᠯᠠᠨ | ᠪᠣᠳᠣᠭᠠᠳ ᠠᠶᠢᠮᠠᠭ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠵᠦ ᠵᠢᠱᠢᠭᠰᠡᠨ | ᠶᠡᠷᠦᠩᠬᠡᠶ ᠬᠤᠪᠢ ᠪᠣᠯᠭᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠨᠡᠷᠡᠰ ᠢ ᠵᠢᠭᠰᠠᠭᠠᠬᠤ | ᠦᠨᠳᠦᠰᠦᠯᠡᠯ ᠪᠣᠯᠭᠠᠨ᠎ᠠ᠃ | ᠳᠥᠷᠪᠡᠳᠦᠭᠡᠷ ᠪᠦᠯᠦᠭ ᠦᠷ᠎ᠡ ᠳ᠋ᠦᠩ ᠢ ᠬᠡᠷᠡᠭᠯᠡᠬᠦ | ᠠᠷᠪᠠᠨ ᠨᠢᠭᠡᠳᠦᠭᠡᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠠᠵᠢᠯ ᠢ | ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ | ᠲᠣᠭᠠᠨ ᠤ ᠲᠣᠭᠲᠠᠯᠴᠠᠭ᠎ᠠ ᠳᠤ ᠣᠷᠣᠭᠤᠯᠵᠤ᠂ ᠦᠷ᠎ᠡ ᠳ᠋ᠦᠩ ᠢ ᠨᠢ ᠠᠶᠢᠮᠠᠭ ᠬᠤᠲᠠ ᠶᠢᠨ ᠡᠵᠡᠩᠨᠡᠨ | ᠬᠤᠳᠠᠯᠳᠤᠭᠠᠯᠠᠬᠤ ᠠᠵᠢᠯ ᠤᠨ ᠲᠥᠬᠦᠮ ᠦᠵᠡᠭᠦᠯᠬᠦ ᠪᠠᠷᠢᠮᠵᠢᠶᠠᠯᠠᠯ ᠪᠣᠯᠭᠠᠨ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠺᠠᠳ᠋ᠷ ᠢ ᠰᠢᠯᠭᠠᠨ ᠬᠢᠨᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠨᠢᠭᠡᠳᠦᠯᠲᠡᠶ | ᠳᠣᠭᠢᠷᠠᠭᠤᠯᠵᠤ᠂ ᠪᠣᠳᠠᠲᠠᠶ ᠠᠵᠢᠯ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠲᠦᠷᠦᠭᠦᠯᠡᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶᠂ | ᠨᠡᠭᠡᠭᠡᠯᠲᠡ ᠬᠢᠬᠦ ᠲᠣᠭᠤᠷᠢᠭ᠂ ᠲᠤᠷᠰᠢᠯᠲᠠ ᠶᠢᠨ ᠲᠣᠭᠤᠷᠢᠭ ᠤᠨ ᠦᠨᠡᠯᠡᠨ ᠵᠢᠱᠢᠭᠰᠡᠨ ᠦᠷ᠎ᠡ ᠳ᠋ᠦᠩ ᠢ ᠨᠢ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠰᠠᠨᠠᠭᠤᠯᠭ᠎ᠠ ᠥᠭᠬᠦ ᠶᠢᠨ ᠯᠠᠪᠯᠠᠯᠲᠠ ᠪᠣᠯᠭᠠᠨ᠎ᠠ᠂ | ᠠᠮᠵᠢᠯᠲᠠ ᠪᠦᠲᠦᠮᠵᠢ ᠶᠢ ᠨᠢ ᠰᠢᠯᠭᠠᠨ ᠬᠢᠨᠠᠬᠤ ᠠᠵᠢᠯ ᠪᠣᠯᠭᠠᠬᠤ ᠬᠡᠷᠡᠭ ᠥᠬᠡᠶ᠃ ᠦᠨᠡᠯᠡᠵᠦ ᠵᠢᠱᠢᠭᠰᠡᠨ ᠦᠷ᠎ᠡ | ᠳ᠋ᠦᠩ ᠢ ᠨᠢ ᠵᠣᠬᠢᠰᠲᠠᠶ ᠠᠷᠭ᠎ᠠ ᠬᠡᠯᠪᠡᠷᠢ ᠪᠠᠷ ᠨᠡᠶᠢᠲᠡᠯᠡᠬᠦ ᠪᠤᠶᠤ ᠨᠡᠪᠲᠡᠷᠡᠭᠦᠯᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠳᠤ | ᠲᠤᠰᠬᠠᠭᠰᠠᠨ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ ᠲᠢᠭᠯᠡᠵᠦ᠂ ᠥᠪᠡᠷᠮᠢᠴᠡ ᠴᠢᠨᠠᠷᠲᠠᠶ ᠠᠰᠠᠭᠤᠳᠠᠯ ᠢ ᠴᠠᠭ | ᠲᠤᠬᠠᠶ ᠳᠤ ᠨᠢ ᠡᠯ᠎ᠡ ᠭᠠᠵᠠᠷ ᠣᠷᠣᠨ ᠳᠤ ᠬᠠᠷᠢᠭᠤ ᠲᠤᠰᠬᠠᠵᠤ ᠴᠡᠭᠴᠡᠯᠡᠨ ᠰᠠᠶᠢᠵᠢᠷᠠᠭᠤᠯᠵᠤ᠂ ᠨᠡᠶᠢᠲᠡᠯᠢᠭ ᠴᠢᠨᠠᠷᠲᠠᠶ | ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠪᠠᠶᠢᠵᠤ | ᠰᠢᠯᠢᠳᠡᠭᠵᠢᠭᠦᠯᠬᠦ ᠰᠠᠨᠠᠭᠤᠯᠭ᠎ᠠ ᠳᠤᠷᠠᠳᠴᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠦᠨᠡᠯᠡᠨ ᠵᠢᠱᠢᠬᠦ ᠪᠠᠷ | ᠥᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠬᠤ ᠪᠠ ᠳᠤᠲᠠᠭᠤᠳᠠᠯ ᠢᠶᠠᠨ ᠭᠦᠢᠴᠡᠳ ᠨᠥᠬᠦᠪᠦᠷᠢᠯᠡᠬᠦ ᠶᠢ ᠨᠢ | ᠠᠬᠢᠭᠤᠯᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠳᠤ | ᠡᠯ᠎ᠡ ᠭᠠᠵᠠᠷ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠰᠢᠯᠢᠳᠡᠭᠵᠢᠭᠦᠯᠦᠭᠰᠡᠨ ᠲᠡᠷᠢᠭᠦᠨ ᠤ | ᠲᠤᠷᠰᠢᠯᠭ᠎ᠠ ᠪᠠ ᠰᠢᠨ᠎ᠡ ᠶᠢ ᠡᠭᠦᠳᠦᠭᠰᠡᠨ ᠦᠢᠯᠡᠳᠦᠯᠭᠡ ᠳᠤ ᠳ᠋ᠦᠩᠨᠡᠯᠲᠡ ᠬᠢᠬᠦ ᠶᠢ ᠨᠢ ᠠᠩᠬᠠᠷᠤᠨ ᠴᠢᠬᠤᠯᠠᠴᠢᠯᠠᠵᠤ᠂ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠰᠢᠯᠢᠳᠡᠭ ᠨᠡᠶᠢᠲᠡᠯᠢᠭ ᠵᠢᠱᠢᠶ᠎ᠡ ᠪᠣᠯᠭᠠᠵᠤ ᠵᠢᠷᠤᠮᠯᠠᠨ ᠳᠠᠭᠠᠵᠤ | ᠳᠡᠯᠭᠡᠷᠡᠭᠦᠯᠦᠨ᠂ ᠨᠠᠩ ᠣᠯᠠᠨ ᠭᠠᠵᠠᠷ ᠣᠷᠣᠨ ᠤ ᠦᠨᠡᠯᠡᠨ ᠵᠢᠱᠢᠬᠦ ᠪᠠᠷ ᠰᠢᠯᠢᠳᠡᠭᠵᠢᠭᠦᠯᠬᠦ ᠶᠢ ᠠᠬᠢᠭᠤᠯᠬᠤ ᠪᠠ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠨᠢ ᠵᠦᠢ ᠵᠣᠬᠢᠰᠲᠠᠶ ᠬᠥᠲᠥᠯᠥᠨ ᠵᠢᠯᠣᠭᠤᠳᠬᠤ ᠬᠡᠷᠡᠭᠲᠡᠶ᠃ ᠦᠨᠡᠯᠡᠨ | ᠵᠢᠱᠢᠬᠦ ᠠᠵᠢᠯ ᠤᠨ ᠬᠥᠲᠥᠯᠥᠨ ᠵᠢᠯᠣᠭᠤᠳᠬᠤ ᠪᠠ ᠰᠢᠮᠳᠠᠭᠤᠯᠤᠨ ᠠᠬᠢᠭᠤᠯᠬᠤ ᠦᠢᠯᠡᠳᠦᠯ ᠢ ᠴᠢᠬᠤᠯᠠᠴᠢᠯᠠᠨ | ᠪᠠᠳᠠᠷᠠᠭᠤᠯᠵᠤ᠂ ᠪᠣᠳᠠᠲᠤ ᠦᠷ᠎ᠡ ᠪᠦᠲᠦᠮᠵᠢ ᠲᠠᠢ ᠪᠣᠯᠬᠤ ᠶᠢ ᠡᠷᠬᠢᠮᠯᠡᠨ᠂ ︽ᠨᠡᠷᠡᠰ ᠲᠤ ᠵᠢᠭᠰᠠᠭᠠᠭᠳᠠᠬᠤ ᠶᠢ ᠯᠠ | ᠬᠥᠭᠡᠭᠡᠴᠡᠯᠳᠦᠬᠦ ᠣᠨᠣᠯ︾ ᠢᠡᠷᠡᠰ ᠠᠷᠢᠯᠭᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠳᠤ | ᠳᠤᠮᠳᠠᠳᠤ ᠤᠯᠤᠰ ᠤᠨ ᠡᠵᠡᠩᠨᠡᠨᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠯᠲᠡ ᠶᠢᠨ ᠬᠠᠮᠤᠭ ᠤᠨ ᠰᠠᠶᠢᠨ | ᠵᠢᠱᠢᠶ᠎ᠡ᠂ ᠬᠠᠮᠤᠭ ᠤᠨ ᠰᠢᠯᠢᠳᠡᠭ ᠭᠦᠢᠴᠡᠳᠬᠡᠯ ᠲᠤᠭ᠎ᠠ ᠪᠠᠷ ᠲᠡᠷᠢᠭᠦᠨᠪᠠᠶᠢᠷᠢ ᠶᠢᠨ ᠬᠡᠪ ᠳᠠᠭᠤᠷᠢᠶᠠᠯ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠶᠢ ᠭᠦᠨᠵᠡᠭᠡᠶ ᠵᠠᠳᠠᠯᠵᠤ᠂ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠢ ᠵᠢᠭᠠᠨ ᠵᠢᠯᠣᠭᠤᠳᠴᠤ ᠪᠠᠶᠢᠭᠠᠳ ᠲᠡᠷᠢᠭᠦᠨ ᠤ ᠬᠢᠷᠢ ᠲᠦᠪᠰᠢᠨ ᠲᠠᠢ | ᠪᠠᠷᠢᠮᠵᠢᠶᠠᠯᠠᠨ ᠬᠠᠷᠢᠴᠠᠭᠤᠯᠵᠤ᠂ ᠳᠠᠪᠠᠯᠲᠠ ᠲᠠᠢᠲ᠋ᠡᠭᠡᠭᠰᠢᠯᠡᠬᠦ ᠶᠢ ᠪᠡᠶᠡᠯᠡᠭᠦᠯᠬᠦ ᠪᠠᠷ ᠰᠤᠳᠤᠯᠵᠤ ᠰᠦᠪᠡᠭᠴᠢᠯᠡᠬᠦ ᠬᠡᠷᠡᠭᠲᠡᠶ᠃ | | ᠲᠠᠪᠤᠳᠤᠭᠠᠷ ᠪᠦᠯᠦᠭ ᠬᠡᠷᠡᠭᠵᠢᠭᠦᠯᠬᠦ ᠪᠠᠲᠤᠯᠠᠭ᠎ᠠ | ᠠᠷᠪᠠᠨ ᠲᠠᠪᠤᠳᠤᠭᠠᠷ ᠵᠦᠢᠯ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠢ ᠲᠣᠰ ᠭᠠᠵᠠᠷᠣᠷᠣᠨ ᠤ ᠪᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠰᠢᠯᠢᠳᠡᠭᠵᠢᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠦᠨᠡᠯᠡᠨᠵᠢᠱᠢᠬᠦ ᠳᠤ ᠣᠷᠣᠯᠴᠠᠬᠤ | ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠵᠡᠩᠨᠡᠨ | ᠬᠤᠳᠠᠯᠳᠤᠭᠠᠯᠠᠬᠤ ᠣᠷᠴᠢᠨ | ᠨᠥᠬᠦᠴᠡᠯ ᠢ ᠦᠨᠡᠯᠡᠨ ᠵᠢᠱᠢᠬᠦ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠶ᠃ ᠠᠶᠢᠮᠠᠭ ᠬᠤᠲᠠ ᠵᠢᠴᠢ | ᠲᠡᠳᠡᠭᠡᠷ ᠠᠴᠠ ᠳᠣᠷᠣᠭᠰᠢᠬᠢ ᠠᠷᠠᠳ ᠤᠨ ᠵᠠᠰᠠᠭ ᠤᠨᠣᠷᠳᠣᠨ ᠨᠢ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠦᠨᠡᠯᠡᠨ ᠵᠢᠱᠢᠬᠦ ︵ᠦᠨᠡᠯᠡᠯᠲᠡ ᠬᠢᠬᠦ︶ ᠠᠵᠢᠯ ᠢ ᠳᠠᠭᠢᠵᠤ ᠥᠷᠨᠢᠭᠦᠯᠬᠦ ᠥᠬᠡᠶ᠃ | ᠠᠷᠪᠠᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠭᠤᠷᠪᠠᠳᠠᠬᠢ | ᠡᠲᠡᠭᠡᠳ ᠤᠨ ᠲᠤᠰᠬᠠᠶ ᠪᠠᠶᠢᠭᠤᠯᠤᠮᠵᠢ ᠳᠤ ᠨᠠᠶᠢᠳᠠᠵᠤ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠦᠨᠡᠯᠡᠨ | ᠵᠢᠱᠢᠬᠦ ᠬᠠᠮᠢᠶ᠎ᠠ ᠪᠥᠬᠦᠶ ᠵᠠᠷᠤᠳᠠᠯ ᠢᠶᠠᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠣᠨ ᠤ ᠲᠥᠰᠦᠪ ᠲᠤ | ᠣᠷᠣᠭᠤᠯᠬᠤ ᠬᠡᠷᠡᠭᠲᠡᠶ᠃ | ᠠᠷᠪᠠᠨ ᠳᠣᠯᠣᠳᠤᠭᠠᠷ ᠵᠦᠢᠯ ᠭᠤᠷᠪᠠᠳᠠᠬᠢ ᠡᠲᠡᠭᠡᠳ ᠤᠨ ᠲᠤᠰᠬᠠᠢ ᠪᠠᠶᠢᠭᠤᠯᠤᠮᠵᠢ ᠳᠤ ᠨᠠᠶᠢᠳᠠᠬᠤ ᠳᠤ ᠪᠠᠨ | ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ | ᠢᠯᠡ ᠪᠠᠷ ᠳᠠᠭᠠᠭᠠᠴᠢᠯᠠᠯᠲᠠ ᠵᠠᠷᠯᠠᠬᠤ ᠬᠡᠯᠪᠡᠷᠢ ᠶᠢ ᠬᠡᠷᠡᠭᠯᠡᠵᠦ ᠶᠠᠪᠤᠭᠳᠠᠭᠤᠯᠬᠤ ᠬᠡᠷᠡᠭᠲᠡᠢ᠃ | ᠠᠷᠪᠠᠨ ᠨᠠᠶᠢᠮᠠᠳᠤᠭᠠᠷ ᠵᠦᠢᠯ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠨᠢ ᠬᠠᠮᠢᠶ᠎ᠠ ᠪᠦᠬᠦᠢ | ᠬᠦᠷᠢᠶ᠎ᠡ ᠴᠠᠷᠠᠭᠠᠨ ᠤ ᠲᠠᠯ᠎ᠠ ᠪᠠᠷ ᠬᠢ ᠠᠵᠢᠯ ᠤᠨᠲ᠋ᠤᠷᠰᠢᠯᠭᠠ ᠲᠠᠢ᠂ ᠨᠡᠯᠢᠶᠡᠳ ᠴᠢᠩᠭ᠎ᠠ ᠲᠤᠰᠬᠠᠶ ᠮᠡᠷᠭᠡᠵᠢᠯ ᠤᠨ | ᠪᠦᠯᠬᠦᠮ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠴᠢᠳᠠᠪᠤᠷᠢ ᠲᠠᠢ ᠪᠠᠶᠢᠵᠤ᠂ ᠦᠨᠡᠯᠡᠨ ᠵᠢᠱᠢᠬᠦ ᠳᠤ ᠪᠤᠰᠤᠳᠴᠢ | ᠴᠢᠨᠠᠷ ᠪᠠ ᠦᠨᠡᠨ ᠪᠣᠳᠠᠲᠤ ᠴᠢᠨᠠᠷ ᠲᠠᠢ ᠪᠠᠶᠢᠬᠤ ᠶᠢ ᠦᠨᠡᠨ ᠬᠦ ᠪᠠᠲᠤᠯᠠᠵᠤ ᠴᠢᠳᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠦᠨᠡᠯᠡᠵᠦ ᠵᠢᠱᠢᠭᠰᠡᠨ ᠳ᠋ᠠᠶᠢᠲ᠋ᠠ ᠶᠢ | ᠠᠰᠢᠭᠯᠠᠨ ᠠᠰᠢᠭ ᠣᠯᠬᠤ ᠶᠢ ᠴᠢᠩᠭ᠎ᠠ ᠬᠤᠷᠢᠭᠯᠠᠬᠤ ᠬᠡᠷᠡᠭᠲᠡᠶ᠃ ᠭᠤᠷᠪᠠᠳᠠᠬᠢ ᠡᠲᠡᠭᠡᠳ ᠤᠨ ᠲᠤᠰᠬᠠᠶ | ᠪᠠᠶᠢᠭᠤᠯᠤᠮᠵᠢ ᠨᠢ ᠵᠠᠶᠢᠯᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠦᠨᠡᠯᠡᠨ ᠵᠢᠱᠢᠬᠦ ᠳᠤ ᠣᠷᠣᠯᠴᠠᠭᠰᠠᠨ ᠠᠶᠢᠮᠠᠭ | ᠬᠤᠲᠠ ᠳᠤ ᠦᠨᠡᠯᠡᠯᠲᠡ ᠬᠢᠬᠦ ᠯᠠᠪᠯᠠᠭ᠎ᠠ᠂ ᠪᠣᠯᠪᠠᠰᠤᠷᠠᠯ᠂ ᠰᠡᠳᠦᠪ ᠤᠨ ᠰᠤᠳᠤᠯᠤᠯ᠂ ᠮᠡᠳᠡᠭᠡ ᠵᠠᠩᠭᠢ ᠶᠢᠨ ᠰᠢᠰᠲ᠋ᠧᠮ ᠤᠨ | ᠪᠠᠶᠢᠭᠤᠯᠤᠯᠲᠠ ᠵᠡᠷᠭᠡ ᠵᠠᠰᠠᠭ ᠤᠨ ᠣᠷᠳᠣᠨ ᠤ ᠡᠯ᠎ᠡ ᠲᠥᠷᠥᠯ ᠤᠨ ᠬᠤᠳᠠᠯᠳᠤᠨ ᠠᠪᠬᠤ ᠲᠥᠷᠥᠯ ᠵᠦᠢᠯ ᠢ ᠶᠠᠮᠠᠷᠪᠠ | ᠨᠡᠷ᠎ᠡ ᠪᠠᠷ ᠳᠠᠭᠠᠭᠠᠨ ᠠᠪᠴᠤ ᠪᠣᠯᠬᠤ ᠦᠭᠡᠶ᠃ ᠦᠨᠡᠯᠡᠨ ᠵᠢᠱᠢᠬᠦ ᠳᠤ ᠣᠷᠣᠯᠴᠠᠭᠰᠠᠨ ᠠᠶᠢᠮᠠᠭ ᠬᠤᠲᠠ ᠨᠢ | ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠳᠤ ᠶᠠᠮᠠᠷᠪᠠ ᠬᠡᠯᠪᠡᠷᠢ ᠪᠠᠷ ᠠᠰᠢᠭ ᠲᠤᠰᠠ ᠬᠦᠷᠭᠡᠵᠦ ᠪᠣᠯᠬᠤ | ᠥᠬᠡᠶ᠃ | ᠬᠤᠷᠢᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠨᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠠᠢ ᠬᠠᠮᠵᠢᠯᠴᠠᠨ ᠥᠪᠡᠷᠲᠡᠭᠡᠨ ᠵᠠᠰᠠᠬᠤ ᠣᠷᠣᠨ ᠤ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠭᠦᠢᠴᠡᠳᠬᠡᠯ ᠲᠣᠭᠠᠨ ᠤ ᠲᠣᠭᠲᠠᠯᠴᠠᠭ᠎ᠠ᠂ | ᠠᠷᠭ᠎ᠠ ᠬᠡᠯᠪᠡᠷᠢ ᠪᠠ ᠠᠷᠭ᠎ᠠ ᠪᠠᠷᠢᠯ᠂ ᠲᠥᠷᠥ ᠶᠢᠨ ᠪᠣᠳᠣᠯᠭ᠎ᠠ ᠲᠦᠷᠢᠮ ᠵᠢᠴᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ | ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠨᠡᠯᠡᠨ ᠵᠢᠱᠢᠬᠦ ᠨᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ᠂ ᠠᠷᠭ᠎ᠠ | ᠪᠠᠷᠢᠯ ᠨᠢ ᠪᠠᠷᠢᠮᠵᠢᠶ᠎ᠠ ᠵᠢᠷᠤᠮᠵᠢᠯ ᠲᠠᠢ᠂ ᠦᠷ᠎ᠡ ᠳ᠋ᠦᠩ ᠨᠢ ᠪᠤᠰᠤᠳᠴᠢ ᠪᠥᠭᠡᠳ ᠲᠥᠪ ᠭᠤᠤᠯᠴᠢ ᠪᠠᠶᠢᠬᠤ ᠶᠢ ᠦᠨᠡᠨ | ᠬᠦ ᠪᠠᠲᠤᠯᠠᠬᠤ ᠬᠡᠷᠡᠭᠲᠡᠶ᠃ ᠦᠨᠡᠯᠡᠨ ᠵᠢᠱᠢᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠶᠢ ᠳᠡᠯᠡᠬᠡᠶ ᠵᠢᠨᠪᠠᠩᠬᠢ ᠪᠠ | ᠳᠤᠮᠳᠠᠳᠤ ᠤᠯᠤᠰ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠯᠲᠡ ᠶᠢᠨ ᠭᠦᠢᠴᠡᠳᠬᠡᠯ | ᠲᠣᠭᠠᠨ ᠤ ᠲᠣᠭᠲᠠᠯᠴᠠᠭ᠎ᠠ ᠵᠢᠨᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠬᠤ | ᠬᠡᠷᠡᠭᠲᠡᠶ᠃ | ᠬᠤᠷᠢᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠨᠢ ᠡᠯ᠎ᠡ ᠵᠦᠢᠯ ᠤᠨ ᠭᠦᠢᠴᠡᠳᠬᠡᠯᠲ᠋ᠣᠭᠠᠨ ᠤ ᠬᠠᠷᠢᠭᠤᠴᠠᠯᠭ᠎ᠠ ᠲᠠᠢ ᠰᠠᠯᠠᠭ᠎ᠠ ᠮᠥᠴᠢᠷ ᠯᠦᠭᠡ ᠬᠠᠮᠲᠤᠷᠠᠯᠴᠠᠨ᠂ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠳᠤ ᠪᠣᠯᠪᠠᠰᠤᠷᠠᠭᠤᠯᠵᠤ ᠵᠢᠭᠠᠨ ᠵᠢᠯᠣᠭᠤᠳᠬᠤ | ᠠᠵᠢᠯ ᠢ ᠬᠠᠮᠲᠤ ᠪᠠᠷ ᠰᠠᠶᠢᠲᠤᠷ ᠬᠢᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠨ ᠵᠢᠱᠢᠬᠦ | ᠲᠣᠭᠠᠵᠢᠭᠤᠯᠤᠭᠰᠠᠨ ᠲᠠᠪᠴᠠᠩ ᠢ ᠰᠤᠳᠤᠯᠤᠨ ᠪᠠᠶᠢᠭᠤᠯᠵᠤ᠂ ᠦᠨᠡᠯᠡᠨ ᠵᠢᠱᠢᠵᠦ ᠵᠠᠳᠠᠯᠤᠯᠲᠠ ᠬᠢᠬᠦ ᠦᠷ᠎ᠡ ᠪᠦᠲᠦᠮᠵᠢ | ᠪᠠ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ | ᠬᠤᠷᠢᠨ ᠬᠤᠶᠠᠳᠤᠭᠠᠷ ᠵᠦᠢᠯ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠨᠡᠪᠲᠡᠷᠡᠯᠴᠡᠨ | ᠣᠶᠢᠯᠠᠭᠠᠯᠴᠠᠵᠤ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠵᠤ᠂ ᠦᠨᠡᠯᠡᠨ ᠵᠢᠱᠢᠵᠦ ᠢᠯᠡᠷᠡᠭᠦᠯᠦᠭᠰᠡᠨ | ᠠᠰᠠᠭᠤᠳᠠᠯ ᠢ ᠬᠠᠮᠲᠤ ᠪᠠᠷ ᠰᠤᠳᠤᠯᠤᠨ ᠰᠢᠢᠳᠪᠦᠷᠢᠯᠡᠵᠦ᠂ ᠡᠯ᠎ᠡ ᠭᠠᠵᠠᠷ ᠣᠷᠣᠨ ᠤ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢᠶᠠᠨ ᠰᠢᠯᠢᠳᠡᠭᠵᠢᠭᠦᠯᠦᠭᠰᠡᠨ ᠰᠢᠨ᠎ᠡ ᠡᠭᠦᠳᠦᠯᠲᠡ ᠲᠠᠢ ᠦᠢᠯᠡᠳᠦᠯᠭᠡ ᠶᠢ ᠳ᠋ᠦᠩᠨᠡᠨ | ᠳᠡᠯᠭᠡᠷᠡᠭᠦᠯᠵᠦ᠂ ᠪᠥᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠲᠠᠰᠤᠷᠠᠯᠲᠠ ᠥᠬᠡᠶ | ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠰᠣᠨᠢᠨ ᠮᠡᠳᠡᠭᠡ | ᠨᠡᠶᠢᠲᠡᠯᠡᠬᠦ ᠬᠤᠷᠠᠯ ᠬᠢᠬᠦ᠂ ᠵᠠᠭᠤᠴᠢᠯᠠᠭᠤᠷ ᠤᠨ ᠲᠤᠰᠬᠠᠶ ᠪᠤᠯᠤᠩ ᠭᠠᠷᠭᠠᠬᠤ ᠵᠡᠷᠭᠡ ᠬᠡᠯᠪᠡᠷᠢ ᠶᠢ ᠬᠡᠷᠡᠭᠯᠡᠨ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠨᠡᠶᠢᠲᠡᠯᠢᠭ ᠲᠤᠷᠰᠢᠯᠭ᠎ᠠ ᠪᠠ ᠠᠵᠢᠯ ᠤᠨ ᠠᠮᠵᠢᠯᠲᠠ | ᠪᠦᠲᠦᠮᠵᠢ ᠶᠢ ᠶᠡᠭᠡ ᠪᠠᠷ ᠤᠬᠠᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ | ᠠᠵᠢᠯ ᠳᠤ ᠪᠥᠬᠦ ᠨᠡᠶᠢᠭᠡᠮ ᠢᠶᠠᠷ ᠢᠶᠠᠨ ᠠᠩᠬᠠᠷᠤᠯ ᠲᠠᠯᠪᠢᠬᠤ᠂ ᠣᠷᠣᠯᠴᠠᠬᠤ ᠪᠠ ᠳᠡᠮᠵᠢᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠨᠡᠶᠢᠭᠡᠮ ᠤᠨ ᠪᠤᠰᠤᠳ ᠪᠠᠶᠢᠭᠤᠯᠤᠮᠵᠢ ᠶᠢᠨ ᠥᠪᠡᠰᠦᠪᠡᠨ ᠦᠨᠡᠯᠡᠨ ᠵᠢᠱᠢᠬᠦ | ︵ᠦᠨᠡᠯᠡᠯᠲᠡ ᠬᠢᠬᠦ︶ ᠠᠵᠢᠯ ᠢ ᠥᠷᠨᠢᠭᠦᠯᠦᠭᠡᠳ ᠵᠢᠭᠰᠠᠭᠠᠭᠰᠠᠨ ᠨᠡᠷᠡᠰ ᠤᠨ ᠬᠤᠯᠪᠣᠭᠳᠠᠯ ᠪᠥᠬᠦᠶ ᠮᠡᠳᠡᠭᠡ ᠵᠠᠩᠭᠢ ᠪᠠᠨ | ᠳᠤᠷ᠎ᠠ ᠪᠠᠷ ᠨᠡᠶᠢᠲᠡᠯᠡᠵᠦ ᠪᠣᠯᠬᠤ ᠥᠬᠡᠶ᠃ | ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ | ᠬᠤᠷᠢᠨ ᠲᠠᠪᠤᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠦᠨᠡᠯᠡᠨ ᠵᠢᠱᠢᠬᠦ ᠭᠦᠢᠴᠡᠳᠬᠡᠯ ᠲᠣᠭᠠᠨ ᠤ ᠲᠣᠭᠲᠠᠯᠴᠠᠭ᠎ᠠ 2. ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠦᠨᠡᠯᠡᠨ ᠵᠢᠱᠢᠵᠦ ᠬᠤᠪᠢ ᠲᠣᠭᠲᠠᠭᠠᠨ ᠪᠤᠳᠤᠬᠤ ᠲᠣᠮᠢᠶ᠎ᠠ | ᠲᠠᠭᠠᠯᠳᠤᠭᠤᠯᠤᠯ 2 | ᠡᠵᠡᠩᠨᠡᠨ ᠬᠤᠳᠠᠯᠳᠤᠭᠠᠯᠠᠬᠤ ᠤᠷᠴᠢᠨ ᠨᠦᠬᠦᠴᠡᠯ ᠢ ᠦᠨᠡᠯᠡᠨ ᠵᠢᠱᠢᠵᠦ ᠬᠤᠪᠢ ᠲᠤᠭᠳᠠᠭᠠᠬᠤ ᠪᠤᠳᠤᠬᠤ | ᠲᠤᠮᠢᠶ᠎ᠠ | ᠡᠶᠡᠷᠬᠦ ᠴᠢᠭᠯᠡᠯ ᠤᠨ ᠬᠦᠢᠴᠡᠳᠬᠡᠯ ᠲᠤᠭᠠᠨ ᠤ ᠲᠡᠷᠢᠬᠦᠨ ᠪᠠᠶᠢᠷᠢ ᠶᠢᠨ ᠵᠠᠢ ᠶᠢᠨ ᠠᠷᠭ᠎ᠠ ᠶᠢᠨ ᠲᠤᠮᠢᠶ᠎ᠠ᠄ | Rij=R-RminRmax-Rmin ×100 | ᠰᠦᠬᠡᠷᠬᠦ ᠴᠢᠭᠯᠡᠯ ᠤᠨ ᠬᠦᠢᠴᠡᠳᠬᠡᠯ ᠲᠤᠭᠠᠨ ᠤ ᠲᠡᠷᠢᠬᠦᠨ ᠪᠠᠶᠢᠷᠢ ᠶᠢᠨ ᠵᠠᠢ ᠶᠢᠨ ᠠᠷᠭ᠎ᠠ ᠶᠢᠨ ᠲᠤᠮᠢᠶ᠎ᠠ᠄ | Rij=Rmax-RRmax-Rmin ×100 | ︵ Rij᠄ ᠬᠦᠢᠴᠡᠳᠬᠡᠯ ᠲᠤᠭᠠᠨ ᠤ ᠲᠡᠷᠢᠬᠦᠨ ᠪᠠᠶᠢᠷᠢ ᠶᠢᠨ ᠵᠠᠢ ᠳᠤ ᠤᠯᠭᠤᠭᠰᠠᠨ ᠬᠤᠪᠢ︔ R᠄ ᠦᠨᠡᠯᠡᠨ | ᠵᠢᠱᠢᠬᠦ ᠬᠦᠢᠴᠡᠳᠬᠡᠯ ᠲᠤᠭᠠᠨ ᠤ ᠳ᠋ᠠᠶᠢᠲ᠋ᠠ︔Rmin᠄ ᠦᠨᠡᠯᠡᠨ ᠵᠢᠱᠢᠬᠦ ᠬᠦᠢᠴᠡᠳᠬᠡᠯ ᠲᠤᠭᠠᠨ ᠤ ᠳ᠋ᠠᠶᠢᠲ᠋ᠠ ᠳᠠᠬᠢ | ᠬᠠᠮᠤᠭ ᠤᠨ ᠪᠠᠭ᠎ᠠ ᠬᠡᠮᠵᠢᠭᠳᠡᠯ︔ Rmax᠄ ᠦᠨᠡᠯᠡᠨ ᠵᠢᠱᠢᠬᠦ ᠬᠦᠢᠴᠡᠳᠬᠡᠯ ᠲᠤᠭᠠᠨ ᠤ ᠳ᠋ᠠᠶᠢᠲ᠋ᠠ ᠳᠠᠬᠢ ᠬᠠᠮᠤᠭ ᠤᠨ | ᠶᠡᠭᠡ ᠬᠡᠮᠵᠢᠭᠳᠡᠯ ︶ | ᠡᠶᠡᠷᠬᠦ ᠴᠢᠭᠯᠡᠯ ᠤᠨ ᠬᠦᠢᠴᠡᠳᠬᠡᠯ ᠲᠤᠭ᠎ᠠ᠄ ᠲᠦᠬᠦᠮ ᠦᠵᠡᠬᠦᠯᠬᠦ ᠪᠠᠷᠢᠮᠵᠢᠶᠠᠯᠠᠯ᠂ ᠢᠯᠡ ᠲᠤᠳᠤ ᠶᠢᠨ ᠪᠠᠶᠢᠳᠠᠯ᠂ | ᠶᠠᠰᠤ ᠴᠢᠨᠠᠷ ᠤᠨ ᠬᠦᠢᠴᠡᠳᠬᠡᠯ ᠲᠤᠭ᠎ᠠ ᠵᠡᠷᠬᠡ ᠲᠤᠭ᠎ᠠ ᠬᠡᠮᠵᠢᠭᠳᠡᠯ ᠨᠢ ᠶᠡᠭᠡ ᠪᠤᠯᠬᠤ ᠲᠤᠳᠤᠮ ᠢᠶᠠᠨ ᠢᠯᠡᠷᠡᠯ ᠨᠢ | ᠤᠯᠠᠮ ᠰᠠᠶᠢᠨ ᠪᠤᠯᠬᠤ ᠬᠦᠢᠴᠡᠳᠬᠡᠯ ᠲᠤᠭ᠎ᠠ᠃ | ᠰᠦᠬᠡᠷᠬᠦ ᠴᠢᠭᠯᠡᠯ ᠤᠨ ᠬᠦᠢᠴᠡᠳᠬᠡᠯ ᠲᠤᠭ᠎ᠠ᠄ ᠬᠡᠷᠡᠭᠰᠡᠬᠦ ᠴᠠᠭ᠂ ᠭᠤᠬᠴᠤᠭ᠎ᠠ᠂ ᠦᠪᠡᠷ ᠤᠨ ᠦᠷᠳᠡᠭ᠂ | ᠰᠦᠢᠳᠬᠡᠯ ᠵᠡᠷᠬᠡ ᠲᠤᠭ᠎ᠠ ᠬᠡᠮᠵᠢᠭᠳᠡᠯ ᠨᠢ ᠶᠡᠭᠡ ᠪᠤᠯᠬᠤ ᠲᠤᠳᠤᠮ ᠢᠶᠠᠨ ᠢᠯᠡᠷᠡᠯ ᠨᠢ ᠤᠯᠠᠮ ᠠᠨᠠᠢ ᠪᠤᠯᠬᠤ | ᠬᠦᠢᠴᠡᠳᠬᠡᠯ ᠲᠤᠭ᠎ᠠ᠃ | ᠤᠯᠤᠬᠰᠠᠨ ᠬᠤᠪᠢ᠄ 100 ᠬᠤᠪᠢ ᠪᠤᠯ ᠦᠨᠡᠯᠡᠨ ᠵᠢᠱᠢᠬᠦ ᠳᠤ ᠤᠷᠤᠯᠴᠠᠬᠰᠠᠨ ᠭᠠᠵᠠᠷ ᠤᠷᠤᠨ ᠤ | ᠬᠠᠮᠤᠭ ᠤᠨ ᠰᠠᠶᠢᠨ ᠬᠢᠷᠢ ᠲᠦᠪᠰᠢᠨ ︵ᠲᠡᠷᠢᠬᠦᠨ ᠪᠠᠶᠢᠷᠢ︶ ᠳᠤ ᠪᠠᠶᠢᠬᠤ ᠶᠢ ᠢᠯᠡᠳᠬᠡᠨ᠎ᠠ︔ 0 ᠬᠤᠪᠢ ᠪᠤᠯ ᠦᠨᠡᠯᠡᠨ | ᠵᠢᠱᠢᠬᠦ ᠳᠤ ᠤᠷᠤᠯᠴᠠᠬᠰᠠᠨ ᠭᠠᠵᠠᠷ ᠤᠷᠤᠨ ᠤ ᠬᠠᠮᠤᠭ ᠤᠨ ᠠᠨᠠᠢ ᠬᠢᠷᠢ ᠲᠦᠪᠰᠢᠨ ᠳᠤ ᠪᠠᠶᠢᠬᠤ ᠶᠢ ᠢᠯᠡᠳᠬᠡᠨ᠎ᠠ᠂ | ᠡᠨᠡ ᠨᠢ ᠦᠨᠡᠯᠡᠨ ᠵᠢᠱᠢᠬᠦ ᠠᠵᠢᠯ ᠦᠷᠨᠢᠬᠦᠯᠦᠭᠰᠡᠨ ᠦᠬᠡᠢ ᠬᠡᠰᠡᠨ ᠶᠠᠪᠤᠳᠠᠯ ᠪᠢᠰᠢ︔ ᠬᠤᠪᠢ ᠶᠢᠨ ᠬᠡᠮᠵᠢᠭᠳᠡᠯ ᠨᠢ | ᠶᠡᠭᠡ ᠪᠤᠯᠬᠤ ᠲᠤᠳᠤᠮ ᠢᠶᠠᠨ ᠲᠤᠰ ᠭᠠᠵᠠᠷ ᠤᠷᠤᠨ ᠬᠢᠬᠡᠳ ᠬᠠᠮᠤᠭ ᠤᠨ ᠰᠢᠯᠢᠳᠡᠭ ᠬᠢᠷᠢ ᠲᠦᠪᠰᠢᠨ ᠤ | ᠬᠤᠭᠤᠷᠤᠨᠳᠤᠬᠢ ᠵᠦᠷᠢᠶ᠎ᠠ ᠨᠢ ᠤᠯᠠᠮ ᠪᠠᠭ᠎ᠠ ᠪᠤᠯᠤᠨ᠎ᠠ᠃ |