| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2021﹈ 21 ᠳ᠋ᠦ᠋ᠭᠡᠷ ᠲᠣᠭᠠᠲᠤ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ | ᠲᠤᠬᠠᠢ ᠥᠪᠥᠷ | | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣ᠋ᠨ ᠤ ᠡᠯᠪᠠᠨ ᠲᠢᠩᠬᠢᠮ ᠤᠨ | ᠬᠡᠷᠡᠭᠵᠢᠭᠦᠯᠬᠦ ᠰᠠᠨᠠᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ | ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠴᠡᠭᠡᠨ ᠤ ᠪᠠᠷᠢᠯᠭ᠎ᠠ ᠶᠢᠨ ᠡᠨᠧᠷᠭᠢ | ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠵᠦ᠂ | ᠪᠥᠬᠦ ᠣᠷᠣᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ | ᠪᠣᠬᠢᠷᠳᠤᠯ ᠦᠭᠡᠢ ᠪᠠᠷᠢᠯᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠤᠤᠷᠠᠬᠢ ᠮᠡᠲᠦ | ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠣᠬᠢᠷᠳᠤᠯ | ᠦᠭᠡᠢ ᠪᠠᠷ᠂ ᠨᠡᠭᠦᠷᠡᠰᠦᠲᠥ᠋ᠷᠥᠭᠴᠢ ᠪᠠᠭᠠᠲᠠᠢ ᠪᠠ ᠦᠷᠭᠦᠯᠵᠢᠯᠡᠬᠦ ᠬᠥᠭᠵᠢᠯᠲᠡ ᠪᠠᠷ ᠭᠤᠣᠯ ᠱᠤᠭᠤᠮ ᠪᠣᠯᠭᠠᠵᠤ᠂ | ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ᠂ ᠵᠠᠬ᠎ᠠ ᠳᠡᠯᠭᠡᠭᠦᠷ ᠤᠨ ᠠᠵᠢᠯᠯᠠᠭ᠎ᠠ ᠶᠢ | ᠵᠢᠷᠤᠮᠵᠢᠭᠤᠯᠬᠤ᠂ ᠮᠡᠷᠭᠡᠵᠢᠯ ᠢᠶᠠᠷ ᠲᠤᠯᠭᠠᠭᠤᠷᠢᠯᠠᠬᠤ ᠶᠢ ᠴᠢᠩᠭᠠᠳᠬᠠᠬᠤ ᠪᠠᠷ ᠠᠷᠭ᠎ᠠ ᠪᠠᠷᠢᠯ ᠪᠣᠯᠭᠠᠨ᠂ ᠪᠠᠷᠢᠯᠭ᠎ᠠ ᠶᠢᠨ | ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠬᠥᠭᠵᠢᠯᠲᠡ ᠶᠢᠨ ᠬᠠᠷᠠᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠤ ᠡᠨᠧᠷᠭᠢ ᠶᠢᠨ ᠬᠤᠷᠣᠭᠳᠠᠯ ᠳᠤ ︽ᠬᠤᠶᠠᠷ ᠢ ᠬᠢᠵᠠᠭᠠᠷᠯᠠᠬᠤ︾ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠵᠦ᠂ ᠡᠬᠢ ᠪᠠᠶᠠᠯᠢᠭ ᠡᠨᠧᠷᠭᠢ ᠶᠢᠨ ᠬᠤᠷᠣᠭᠳᠠᠯ ᠢ ᠪᠠᠭᠠᠰᠬᠠᠨ᠂ ᠣᠷᠣᠰᠢᠨ ᠰᠠᠭᠤᠬᠤ ᠣᠷᠴᠢᠨ | ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ | --- ᠬᠠᠤᠯᠢ ᠶᠣᠰᠣᠭᠠᠷ ᠠᠬᠢᠭᠤᠯᠵᠤ᠂ ᠵᠢᠷᠤᠮᠵᠢᠭᠤᠯᠤᠨ ᠬᠠᠮᠢᠶᠠᠷᠤᠨ᠎ᠠ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ | ᠬᠡᠷᠡᠭᠴᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ | ᠤᠨ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ᠂ ᠬᠠᠮᠢᠶᠠᠷᠤᠯᠲᠠ ᠶᠢᠨ ᠲᠣᠭᠲᠠᠯᠴᠠᠭ᠎ᠠ᠂ | ᠮᠡᠷᠭᠡᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠵᠦ᠂ ᠡᠯ᠎ᠡ ᠰᠠᠯᠠᠭ᠎ᠠ ᠮᠥᠴᠢᠷ ᠤᠨ ᠵᠣᠬᠢᠴᠠᠭᠤᠯᠤᠨ ᠠᠬᠢᠭᠤᠯᠬᠤ | ᠲᠣᠭᠲᠠᠴᠠ ᠶᠢ ᠪᠠᠳᠠᠷᠠᠭᠤᠯᠤᠨ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢ ᠰᠢᠨᠵᠢᠯᠡᠬᠦ | ᠤᠬᠠᠭᠠᠨᠴᠢ ᠪᠠᠷ ᠬᠠᠮᠢᠶᠠᠷᠬᠤ ᠬᠢᠷᠢ ᠲᠦᠪᠰᠢᠨ ᠢ ᠨᠢ ᠳᠡᠭᠡᠭᠰᠢᠯᠡᠭᠦᠯᠦᠨ᠎ᠡ᠃ | --- ᠭᠤᠣᠯᠳᠠᠯᠭ᠎ᠠ ᠪᠠᠨ ᠲᠣᠪᠤᠶᠢᠯᠭᠠᠵᠤ᠂ ᠪᠦᠬᠦ ᠲᠠᠯ᠎ᠠ ᠪᠠᠷ ᠠᠬᠢᠭᠤᠯᠤᠨ᠎ᠠ᠃ ᠪᠣᠬᠢᠷᠳᠤᠯ ᠦᠭᠡᠢ ᠪᠠᠷᠢᠯᠭ᠎ᠠ ᠶᠢ | ᠬᠥᠭᠵᠢᠭᠦᠯᠬᠦ ᠪᠠᠷ ᠭᠤᠣᠯ ᠱᠤᠭᠤᠮ ᠪᠣᠯᠭᠠᠨ᠂ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ᠂ | ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠬᠦ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢ | ᠬᠥᠭᠵᠢᠭᠦᠯᠬᠦ᠂ ᠣᠳᠣ ᠶᠢᠨ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠥᠭᠡᠷᠡᠴᠢᠯᠡᠨ ᠰᠠᠶᠢᠵᠢᠷᠠᠭᠤᠯᠬᠤ᠂ ᠳᠠᠬᠢᠨ | ᠡᠭᠦᠰᠴᠦ ᠪᠣᠯᠬᠤ ᠡᠨᠧᠷᠭᠢ ᠶᠢ ᠬᠡᠷᠡᠭᠯᠡᠬᠦ᠂ ᠪᠠᠷᠢᠯᠭ᠎ᠠ ᠶᠢᠨ ᠳᠤᠯᠠᠭᠠᠨ ᠪᠠᠶᠢᠯᠭᠠᠬᠤ ᠶᠢ ᠪᠠᠲᠤᠯᠠᠬᠤ ᠪᠦᠲᠦᠴᠡ ᠶᠢ ᠨᠢᠭᠡ | ᠴᠣᠭᠴᠠᠵᠢᠭᠤᠯᠤᠨ ᠬᠡᠷᠡᠭᠯᠡᠬᠦ᠂ ᠢᠳᠡᠪᠬᠢ ᠪᠤᠰᠤ ᠬᠡᠯᠪᠡᠷᠢ ᠪᠦᠬᠦᠢ ᠬᠡᠳᠦ ᠪᠠᠭ᠎ᠠ ᠡᠨᠧᠷᠭᠢ ᠶᠢᠨ ᠬᠤᠷᠣᠭᠳᠠᠯ ᠲᠠᠢ | ᠪᠠᠷᠢᠯᠭ᠎ᠠ ᠶᠢ ᠬᠥᠭᠵᠢᠭᠦᠯᠬᠦ ᠪᠠ ᠪᠣᠬᠢᠷᠳᠤᠯ ᠦᠭᠡᠢ ᠪᠠᠷ ᠪᠠᠷᠢᠯᠭ᠎ᠠ ᠪᠠᠷᠢᠬᠤ ᠵᠡᠷᠭᠡ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠨ᠎ᠠ᠃ | --- ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠲᠥᠷᠥᠯ ᠬᠤᠪᠢᠶᠠᠵᠤ ᠵᠢᠭᠠᠨ ᠵᠢᠯᠣᠭᠤᠳᠤᠨ᠎ᠠ᠃ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠦᠪᠰᠢᠨ᠂ ᠡᠬᠢ ᠪᠠᠶᠠᠯᠢᠭ ᠠᠭᠤᠷ | ᠠᠮᠢᠰᠬᠤᠯ ᠤᠨ ᠨᠥᠬᠦᠴᠡᠯ ᠪᠠ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠲᠠᠢ ᠤᠶᠠᠯᠳᠤᠭᠤᠯᠤᠨ᠂ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢ ᠬᠥᠭᠵᠢᠭᠦᠯᠬᠦ ᠬᠠᠷᠠᠯᠲᠠ ᠪᠣᠯᠣᠨ ᠠᠷᠭ᠎ᠠ | ᠪᠣᠳᠣᠯᠭ᠎ᠠ ᠶᠢ ᠡᠮᠬᠢ ᠵᠢᠷᠤᠮ ᠲᠠᠢ ᠨᠠᠶᠢᠳᠠᠪᠤᠷᠢᠵᠢᠭᠤᠯᠵᠤ᠂ ᠠᠷᠠᠳ ᠣᠯᠠᠨ ᠤ ᠣᠷᠣᠰᠢᠨ ᠰᠠᠭᠤᠬᠤ ᠰᠠᠶᠢᠨ ᠰᠠᠶᠢᠬᠠᠨ | ᠣᠷᠴᠢᠨ ᠲᠣᠭᠤᠷᠢᠨ ᠤ ᠬᠡᠷᠡᠭᠴᠡᠭᠡ ᠶᠢ ᠬᠠᠩᠭᠠᠨ᠎ᠠ᠃ | --- ᠮᠡᠷᠭᠡᠵᠢᠯ ᠢᠶᠠᠷ ᠬᠥᠲᠥᠯᠥᠨ ᠳᠠᠭᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ᠎ᠠ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ︽ᠳᠥᠷᠪᠡᠨ ᠰᠢᠨ᠎ᠡ | ᠮᠡᠷᠭᠡᠵᠢᠯ︾ ︵ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ︶ ᠤᠨ ᠬᠡᠷᠡᠭᠯᠡᠭᠡᠨ ᠢ | ᠠᠬᠢᠭᠤᠯᠤᠨ᠂ ᠬᠤᠴᠤᠷᠤᠩᠭᠤᠢ ᠮᠡᠷᠭᠡᠵᠢᠯ ᠪᠠ ᠦᠢᠯᠡᠳᠬᠦᠨ ᠢ ᠲᠦᠷᠭᠡᠳᠬᠡᠨ ᠰᠢᠭᠰᠢᠭᠳᠡᠭᠦᠯᠵᠦ᠂ ᠪᠥᠬᠦ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠡᠨᠧᠷᠭᠢ ᠶᠢᠨ | ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠬᠠᠷᠠᠯᠲᠠ ᠶᠢ ᠪᠡᠶᠡᠯᠡᠭᠦᠯᠦᠨ᠎ᠡ᠃ | ︵ᠭᠤᠷᠪᠠ︶ ᠭᠤᠣᠯ ᠬᠠᠷᠠᠯᠲᠠ᠃ 2022 ᠣᠨ ᠳᠤ᠂ ᠪᠥᠬᠦ ᠣᠷᠣᠨ ᠤ ᠬᠤᠲᠠ ᠪᠠᠯᠭᠠᠰᠤᠨ ᠤ ᠰᠢᠨ᠎ᠡ ᠪᠠᠷ | ᠪᠠᠶᠢᠭᠤᠯᠤᠭᠳᠠᠭᠰᠠᠨ ᠪᠠᠷᠢᠯᠭ᠎ᠠ ᠳᠠᠬᠢ ᠪᠣᠬᠢᠷᠳᠤᠯ ᠦᠭᠡᠢ ᠪᠠᠷᠢᠯᠭ᠎ᠠ ᠶᠢᠨ ᠡᠵᠡᠯᠡᠬᠦ ᠬᠠᠷᠢᠴᠠᠯ ᠢ 60% ᠪᠣᠯᠭᠠᠨ᠎ᠠ︔ | ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢᠨ ᠡᠵᠡᠯᠡᠬᠦ ᠬᠠᠷᠢᠴᠠᠯ ᠢ 15% ᠪᠣᠯᠭᠠᠬᠤ ᠪᠠᠷ ᠴᠢᠷᠮᠠᠶᠢᠨ᠎ᠠ︔ ᠡᠯ᠎ᠡ | ᠠᠶᠢᠮᠠᠭ ᠬᠤᠲᠠ ᠨᠢ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ | ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠬᠡᠷᠡᠭᠲᠡᠢ︔ ᠣᠳᠣ ᠶᠢᠨ ᠪᠠᠶᠢᠭ᠎ᠠ ᠣᠷᠣᠨ ᠰᠠᠭᠤᠴᠠ ᠶᠢᠨ | ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ 500 ᠲᠦᠮᠡᠨ ᠲᠡᠭᠰᠢ | ᠳᠥᠷᠪᠡᠯᠵᠢᠨ ᠮᠧᠲᠷ ᠪᠡᠶᠡᠯᠡᠭᠦᠯᠵᠦ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠬᠡᠷᠡᠭᠯᠡᠬᠦ ᠲᠠᠯᠠᠪᠠᠶ ᠶᠢ 700 | ᠲᠦᠮᠡᠨ ᠲᠡᠭᠰᠢ ᠳᠥᠷᠪᠡᠯᠵᠢᠨ ᠮᠧᠲᠷ ᠪᠣᠯᠭᠠᠨ᠎ᠠ︔ ᠰᠢᠨ᠎ᠡ ᠪᠠᠷ ᠪᠠᠶᠢᠭᠤᠯᠤᠭᠳᠠᠭᠰᠠᠨ ᠪᠠᠷᠢᠯᠭ᠎ᠠ ᠳᠠᠬᠢ ᠪᠠᠷᠢᠯᠭ᠎ᠠ ᠶᠢᠨ | ᠳᠤᠯᠠᠭᠠᠨ ᠪᠠᠶᠢᠯᠭᠠᠬᠤ ᠶᠢ ᠪᠠᠲᠤᠯᠠᠬᠤ ᠪᠦᠲᠦᠴᠡ ᠶᠢᠨ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠡᠵᠡᠯᠡᠬᠦ | ᠬᠠᠷᠢᠴᠠᠯ ᠢ 10% ᠪᠣᠯᠭᠠᠨ᠎ᠠ︔ ᠠᠷᠠᠳ ᠤᠨ ᠬᠡᠷᠡᠭᠴᠡᠭᠡᠨ ᠤ ᠪᠠᠷᠢᠯᠭ᠎ᠠ ᠳᠤ ᠬᠡᠷᠡᠭᠯᠡᠬᠦ ᠳᠠᠬᠢᠨ ᠡᠭᠦᠰᠴᠦ ᠪᠣᠯᠬᠤ | ᠡᠨᠧᠷᠭᠢ ᠶᠢᠨ ᠬᠠᠷᠢᠴᠠᠯ ᠢ 10% ᠪᠣᠯᠭᠠᠨ᠎ᠠ᠃ 2025 ᠣᠨ ᠪᠣᠯᠬᠤ ᠳᠤ᠂ ᠪᠥᠬᠦ ᠣᠷᠣᠨ ᠤ ᠬᠤᠲᠠ ᠪᠠᠯᠭᠠᠰᠤᠨ ᠤ | ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠪᠣᠬᠢᠷᠳᠤᠯ ᠦᠭᠡᠢ ᠠᠮᠢ ᠠᠬᠤᠢ ᠶᠢᠨ ᠬᠤᠲᠠ ᠲᠣᠭᠤᠷᠢᠭ ᠪᠠ ᠪᠣᠬᠢᠷᠳᠤᠯ ᠦᠭᠡᠢ | ᠠᠮᠢ ᠠᠬᠤᠢ ᠶᠢᠨ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠤᠨ᠂ | ᠰᠢᠨ᠎ᠡ ᠪᠠᠷ ᠪᠠᠶᠢᠭᠤᠯᠤᠭᠳᠠᠭᠰᠠᠨ ᠪᠠᠷᠢᠯᠭ᠎ᠠ ᠳᠠᠬᠢ ᠣᠳᠣᠨ ᠲᠠᠰ ᠲᠠᠢ ᠪᠣᠬᠢᠷᠳᠤᠯ ᠦᠭᠡᠢ ᠪᠠᠷᠢᠯᠭ᠎ᠠ ᠶᠢᠨ ᠡᠵᠡᠯᠡᠬᠦ | ᠬᠠᠷᠢᠴᠠᠯ ᠢ 30% ᠠᠴᠠ ᠳᠠᠪᠠᠭᠤᠯᠤᠨ᠎ᠠ︔ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢᠨ ᠲᠠᠯᠠᠪᠠᠢ ᠪᠦᠷᠢ ᠳᠠᠬᠢ | ᠡᠵᠡᠯᠡᠬᠦ ᠬᠠᠷᠢᠴᠠᠯ ᠢ 30% ᠪᠣᠯᠭᠠᠬᠤ ᠪᠠᠷ ᠴᠢᠷᠮᠠᠶᠢᠨ᠎ᠠ︔ ᠣᠳᠣ ᠶᠢᠨ ᠪᠠᠶᠢᠭ᠎ᠠ ᠣᠷᠣᠨ ᠰᠠᠭᠤᠴᠠ ᠶᠢᠨ | ᠪᠠᠷᠢᠯᠭ᠎ᠠ ᠶᠢᠨ ᠡᠨᠧᠷᠭᠢ ᠠᠷᠪᠢᠯᠠᠬᠤ ᠳᠤ 1000 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ | ᠰᠠᠶᠢᠵᠢᠷᠠᠭᠤᠯᠵᠤ᠂ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠪᠠᠨ ᠳᠡᠭᠡᠭᠰᠢᠯᠡᠭᠦᠯᠬᠦ ᠶᠢ | ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ︔ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠬᠦ | ᠲᠠᠯᠠᠪᠠᠶ ᠪᠠᠨ 1000 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠭᠡᠵᠦ᠂ ᠪᠠᠷᠢᠯᠭ᠎ᠠ ᠶᠢᠨ ᠳᠤᠯᠠᠭᠠᠨ | ᠪᠠᠶᠢᠯᠭᠠᠬᠤ ᠶᠢ ᠪᠠᠲᠤᠯᠠᠬᠤ ᠪᠦᠲᠦᠴᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠡᠵᠡᠯᠡᠬᠦ ᠬᠠᠷᠢᠴᠠᠯ ᠢ ᠨᠢ | 30% ᠠᠴᠠ ᠳᠡᠭᠡᠭᠰᠢ ᠪᠣᠯᠭᠠᠨ᠂ ᠠᠷᠠᠳ ᠤᠨ ᠬᠡᠷᠡᠭᠴᠡᠭᠡᠨ ᠤ ᠪᠠᠷᠢᠯᠭ᠎ᠠ ᠳᠤ ᠳᠠᠬᠢᠨ ᠡᠭᠦᠰᠴᠦ ᠪᠣᠯᠬᠤ ᠡᠨᠧᠷᠭᠢ ᠶᠢᠨ | ᠬᠡᠷᠡᠭᠯᠡᠬᠦ ᠬᠠᠷᠢᠴᠠᠯ ᠢ 30% ᠪᠣᠯᠭᠠᠨ᠎ᠠ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠠᠨ | ᠴᠢᠩᠭᠠᠳᠬᠠᠨ᠎ᠠ᠃ | 1 . ᠪᠠᠷᠢᠯᠭ᠎ᠠ ᠶᠢᠨ ᠡᠨᠧᠷᠭᠢ ᠠᠷᠪᠢᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠦᠨ᠎ᠡ᠃ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ︽ᠣᠷᠣᠨ ᠰᠠᠭᠤᠴᠠ ᠶᠢᠨ | ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵DBJ03-35-2019︶ ᠪᠠ | ︽ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ | ︵DBJ03-27-2017︶ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠷᠢᠯᠭ᠎ᠠ ᠶᠢᠨ ᠡᠭᠦᠳᠡ ᠴᠣᠩᠬᠤ᠂ ᠭᠠᠳᠠᠷ | ᠬᠡᠷᠡᠮ ᠤᠨ ᠳᠤᠯᠠᠭᠠᠨ ᠪᠠᠶᠢᠯᠭᠠᠬᠤ ᠶᠢ ᠪᠠᠲᠤᠯᠠᠬᠤ ᠵᠡᠷᠭᠡ ᠵᠠᠩᠭᠢᠯᠠᠭ᠎ᠠ ᠶᠢᠨ ᠬᠡᠰᠡᠭ ᠪᠣᠯᠬᠤ ᠤᠭᠰᠠᠷᠠᠮᠠᠯ ᠪᠡᠯᠡᠨ | ᠦᠢᠯᠡᠳᠬᠦᠨ ᠤ ᠡᠨᠧᠷᠭᠢ ᠠᠷᠪᠢᠯᠠᠬᠤ ᠴᠢᠳᠠᠮᠵᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠦᠨ᠂ ᠵᠢᠷᠤᠭ ᠲᠥᠯᠥᠪᠯᠡᠭᠡ᠂ | ᠵᠢᠷᠤᠭ ᠬᠢᠨᠠᠬᠤ᠂ ᠪᠠᠷᠢᠯᠭ᠎ᠠ ᠪᠠᠷᠢᠬᠤ᠂ ᠪᠠᠶᠢᠴᠠᠭᠠᠨ ᠰᠢᠯᠭᠠᠬᠤ᠂ ᠬᠢᠨᠠᠨ ᠬᠠᠮᠢᠶᠠᠷᠬᠤ᠂ ᠪᠠᠷᠢᠯᠭ᠎ᠠ ᠳᠠᠭᠤᠰᠤᠭᠰᠠᠨ ᠢ | ᠰᠢᠯᠭᠠᠨ ᠠᠪᠬᠤ ᠵᠡᠷᠭᠡ ᠭᠤᠭᠴᠣᠭᠠᠨ ᠳᠠᠬᠢ ᠡᠨᠧᠷᠭᠢ ᠠᠷᠪᠢᠯᠠᠬᠤ ᠶᠠᠰᠤ ᠴᠢᠨᠠᠷ ᠤᠨ ᠬᠠᠮᠢᠶᠠᠷᠤᠯᠲᠠ ᠶᠢ | ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ ᠪᠠᠷ ᠱᠠᠭᠠᠷᠳᠠᠵᠤ ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ᠂ | ᠡᠨᠧᠷᠭᠢ ᠶᠢᠨ ᠬᠤᠷᠣᠭᠳᠠᠯ ᠥᠴᠥᠬᠡᠨ ᠴᠦ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠶᠢ ᠨᠢ | ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ᠃ ᠳᠣᠷᠣᠭᠰᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠬᠤ ᠴᠢᠬᠤᠯᠠᠲᠠᠢ ᠪᠣᠯᠬᠤᠷ ᠳᠠᠭᠢᠵᠤ ᠵᠢᠭᠰᠠᠭᠠᠵᠤ ᠲᠣᠳᠣᠷᠬᠠᠶᠢᠯᠠᠬᠤ ᠦᠭᠡᠢ︶ | 2 . ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ | ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ | ᠬᠤᠷᠣᠭᠳᠠᠯ᠂ ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ ᠬᠠᠮᠢᠶ᠎ᠠ ᠪᠦᠬᠦᠢ ᠵᠢᠷᠤᠭ ᠲᠥᠯᠥᠪᠯᠡᠭᠡ᠂ ᠮᠠᠲ᠋ᠧᠷᠢᠶᠠᠯ ᠤᠨ | ᠬᠡᠷᠡᠭᠯᠡᠭᠡᠨ ᠤ ᠮᠡᠷᠭᠡᠵᠢᠯ ᠤᠨ ᠵᠦᠭᠯᠡᠭᠦᠷ ᠪᠠ ᠪᠠᠷᠢᠯᠭ᠎ᠠ ᠪᠠᠷᠢᠬᠤ ᠮᠡᠷᠭᠡᠵᠢᠯ ᠤᠨ ᠳᠦᠷᠢᠮᠯᠡᠯ ᠢ ᠨᠠᠶᠢᠷᠠᠭᠤᠯᠤᠨ ᠵᠣᠬᠢᠶᠠᠵᠤ᠂ | ᠮᠡᠷᠭᠡᠵᠢᠯ ᠤᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠢᠳᠡᠪᠬᠢ ᠪᠤᠰᠤ ᠬᠡᠯᠪᠡᠷᠢ ᠪᠦᠬᠦᠢ ᠬᠡᠳᠦ | ᠪᠠᠭ᠎ᠠ ᠡᠨᠧᠷᠭᠢ ᠶᠢᠨ ᠬᠤᠷᠣᠭᠳᠠᠯ᠂ ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ ᠮᠡᠷᠭᠡᠵᠢᠯ ᠤᠨ ᠰᠤᠳᠤᠯᠤᠯ ᠪᠠ | ᠬᠤᠷᠠᠭᠤᠯᠵᠤ ᠰᠢᠨ᠎ᠡ ᠶᠢ ᠡᠭᠦᠳᠬᠦ ᠶᠢ ᠰᠠᠶᠢᠲᠤᠷ ᠬᠢᠵᠦ᠂ ᠠᠵᠤ ᠦᠢᠯᠡᠰ ᠤᠨ ᠬᠠᠩᠭᠠᠯᠭ᠎ᠠ ᠪᠠ ᠮᠡᠷᠭᠡᠵᠢᠯ ᠤᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ | ᠪᠠᠷᠢᠯᠭ᠎ᠠ᠂ ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ ᠪᠠᠷᠢᠯᠭ᠎ᠠ ᠶᠢᠨ ᠲᠤᠷᠰᠢᠯᠲᠠ ᠶᠢᠨ ᠴᠡᠭ ᠤᠨ ᠵᠢᠱᠢᠶ᠎ᠡ | ᠦᠵᠡᠭᠦᠯᠬᠦ ᠠᠵᠢᠯ ᠢ ᠥᠷᠨᠢᠭᠦᠯᠵᠦ᠂ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ᠂ | ᠡᠨᠧᠷᠭᠢ ᠶᠢᠨ ᠬᠤᠷᠣᠭᠳᠠᠯ ᠪᠠᠷᠤᠭ ᠯᠡ ᠦᠭᠡᠢ ᠪᠠᠷᠢᠯᠭ᠎ᠠ ᠶᠢᠨ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠎ᠠ᠃ | ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ | ᠬᠠᠷᠢᠭᠤᠴᠠᠨ᠎ᠠ︶ | 3 . ᠪᠠᠷᠢᠯᠭ᠎ᠠ ᠶᠢᠨ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ | ᠡᠨᠧᠷᠭᠢ ᠶᠢᠨ ᠠᠰᠢᠭᠯᠠᠮᠵᠢ ᠶᠢ ᠰᠢᠯᠭᠠᠨ ᠲᠣᠭᠲᠠᠭᠠᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ | ᠡᠨᠧᠷᠭᠢ ᠶᠢᠨ ᠠᠰᠢᠭᠯᠠᠮᠵᠢ ᠶᠢ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠂ ᠢᠯᠡᠳᠬᠡᠬᠦ ᠲᠡᠮᠳᠡᠭ ᠤᠨ ᠮᠡᠳᠡᠭᠡ ᠵᠠᠩᠭᠢ ᠶᠢ ᠢᠯᠡ ᠪᠣᠯᠭᠠᠬᠤ ᠪᠠᠨ ᠠᠬᠢᠭᠤᠯᠤᠨ᠎ᠠ᠃ ᠣᠯᠠᠨ | ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠠᠯᠪᠠᠨ | ᠪᠠᠶᠢᠭᠤᠯᠭ᠎ᠠ ᠶᠢᠨ ᠠᠯᠪᠠᠯᠠᠬᠤ ᠭᠠᠵᠠᠷ ᠤᠨ ᠪᠠᠷᠢᠯᠭ᠎ᠠ ᠪᠠ ᠣᠯᠠᠨ ᠨᠡᠶᠢᠲᠡ ᠶᠢᠨ ᠲᠣᠮᠣ ᠬᠡᠯᠪᠡᠷᠢ ᠶᠢᠨ ᠪᠠᠷᠢᠯᠭ᠎ᠠ ᠳᠤ | ᠡᠨᠧᠷᠭᠢ ᠠᠷᠪᠢᠯᠠᠬᠤ ᠶᠢ ᠬᠢᠨᠠᠨ ᠰᠢᠨᠵᠢᠬᠦ ᠰᠢᠰᠲ᠋ᠧᠮ ᠤᠭᠰᠠᠷᠠᠬᠤ ᠶᠢ ᠠᠬᠢᠭᠤᠯᠤᠨ᠎ᠠ᠂ ᠨᠥᠬᠦᠴᠡᠯ ᠲᠠᠢ ᠭᠠᠵᠠᠷ | ᠣᠷᠣᠨ ᠨᠢ ᠣᠯᠠᠨᠨᠡᠶᠢᠲᠡ ᠶᠢᠨ ᠪᠤᠰᠤᠳ ᠪᠠᠷᠢᠯᠭ᠎ᠠ᠂ ᠣᠷᠣᠨ ᠰᠠᠭᠤᠴᠠ ᠶᠢᠨ ᠪᠠᠷᠢᠯᠭ᠎ᠠ ᠬᠦᠷᠲᠡᠯ᠎ᠡ ᠤᠭᠰᠠᠷᠠᠵᠤ᠂ | ᠪᠠᠷᠢᠯᠭ᠎ᠠ ᠶᠢᠨ ᠡᠨᠧᠷᠭᠢ ᠬᠡᠷᠡᠭᠯᠡᠬᠦ ᠶᠢ ᠲᠥᠷᠥᠯ ᠬᠤᠪᠢᠶᠠᠬᠤ ᠪᠠ ᠵᠦᠢᠯ ᠬᠤᠪᠢᠶᠠᠨ ᠬᠡᠮᠵᠢᠬᠦ ᠪᠣᠯᠭᠠᠨ᠎ᠠ᠃ ᠣᠯᠠᠨ | ᠨᠡᠶᠢᠲᠡ ᠶᠢᠨ ᠪᠠᠷᠢᠯᠭ᠎ᠠ ᠳᠠᠬᠢ ᠡᠨᠧᠷᠭᠢ ᠵᠣᠬᠢᠰᠲᠠᠢ ᠬᠡᠷᠡᠭᠯᠡᠬᠦ᠂ ᠡᠨᠧᠷᠭᠢ ᠶᠢᠨ ᠬᠤᠷᠣᠭᠳᠠᠯ ᠢ ᠬᠢᠵᠠᠭᠠᠷᠯᠠᠬᠤ᠂ | ᠪᠠᠷᠢᠯᠭ᠎ᠠ ᠶᠢᠨ ᠲᠥᠷᠥᠯ ᠬᠤᠪᠢᠶᠠᠨ ᠡᠨᠧᠷᠭᠢ ᠬᠡᠷᠡᠭᠯᠡᠬᠦ ᠶᠢᠨ ᠵᠢᠱᠢᠶᠡᠯᠡᠪᠦᠷᠢ ᠵᠡᠷᠭᠡ ᠳᠦᠷᠢᠮ ᠢ ᠪᠠᠶᠢᠭᠤᠯᠤᠨ᠎ᠠ᠃ | ᠡᠨᠧᠷᠭᠢ ᠶᠢᠨ ᠬᠤᠷᠣᠭᠳᠠᠯ ᠢ ᠪᠦᠷᠢᠳᠬᠡᠬᠦ᠂ ᠡᠨᠧᠷᠭᠢ ᠶᠢ ᠬᠢᠨᠠᠨ | ᠪᠣᠳᠣᠬᠤ᠂ ᠡᠨᠧᠷᠭᠢ ᠶᠢᠨ ᠬᠤᠷᠣᠭᠳᠠᠯ ᠢ ᠰᠦᠯᠵᠢᠶ᠎ᠡ ᠪᠠᠷ ᠬᠢᠨᠠᠨ ᠰᠢᠨᠵᠢᠬᠦ᠂ ᠡᠨᠧᠷᠭᠢ ᠶᠢᠨ ᠠᠰᠢᠭᠯᠠᠮᠵᠢ ᠶᠢ ᠢᠯᠡ | ᠨᠡᠶᠢᠲᠡᠯᠡᠬᠦ ᠵᠡᠷᠭᠡ ᠠᠵᠢᠯ ᠢᠶᠠᠨ ᠠᠬᠢᠭᠤᠯᠵᠤ᠂ ᠪᠠᠷᠢᠯᠭ᠎ᠠ ᠶᠢᠨ ᠠᠵᠢᠯᠯᠠᠭᠠᠨ ᠤ ᠱᠠᠲᠤᠨ ᠳᠠᠬᠢ ᠡᠨᠧᠷᠭᠢ ᠶᠢᠨ | ᠠᠰᠢᠭᠯᠠᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | 4 . ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢ ᠬᠥᠲᠥᠯᠥᠨ ᠵᠢᠯᠤᠭᠤᠳᠴᠤ ᠪᠠᠶᠢᠭᠠᠳ | ᠪᠠᠷᠢᠯᠭ᠎ᠠ ᠶᠢᠨ ᠡᠨᠧᠷᠭᠢ ᠠᠷᠪᠢᠯᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠠᠴᠠ ᠪᠡᠯᠡ | ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠪᠠᠷᠢᠯᠭ᠎ᠠ᠂ ᠮᠠᠯᠵᠢᠬᠤ ᠲᠠᠷᠢᠶᠠᠯᠠᠬᠤ | ᠣᠷᠣᠨ ᠤ ᠡᠯ᠎ᠡ ᠲᠥᠷᠥᠯ ᠤᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ | ᠵᠦᠢᠯ ᠳᠤ ᠪᠣᠬᠢᠷᠳᠤᠯ ᠦᠭᠡᠢ ᠡᠨᠧᠷᠭᠢ ᠠᠷᠪᠢᠯᠠᠬᠤ ᠮᠡᠷᠭᠡᠵᠢᠯ ᠢ ᠰᠣᠩᠭᠤᠨ ᠬᠡᠷᠡᠭᠯᠡᠬᠦ ᠶᠢ ᠨᠢ ᠵᠣᠷᠢᠭᠵᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠠᠷᠢᠯᠭ᠎ᠠ ᠶᠢ ︽ᠮᠠᠯᠵᠢᠬᠤ ᠲᠠᠷᠢᠶᠠᠯᠠᠬᠤ ᠣᠷᠣᠨ ᠤ ᠣᠷᠣᠨ | ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠵᠢᠷᠤᠭ ᠲᠥᠯᠥᠪᠯᠡᠭᠡ ᠶᠢᠨ ᠪᠠᠷᠢᠮᠵᠢᠶ᠎ᠠ︾ | ︵DBJ03-78-2017︶ ᠶᠣᠰᠣᠭᠠᠷ ᠵᠢᠷᠤᠭᠯᠠᠨ ᠲᠥᠯᠥᠪᠯᠡᠬᠦ ᠪᠠ ᠪᠠᠶᠢᠭᠤᠯᠬᠤ ᠶᠢ ᠠᠬᠢᠭᠤᠯᠤᠨ᠎ᠠ᠃ ᠬᠤᠳᠠ | ᠬᠥᠳᠡᠭᠡ ᠶᠢᠨ ᠠᠭᠤᠯᠵᠠᠷ ᠬᠡᠰᠡᠭ ᠲᠠᠬᠢ ᠤᠤᠯ ᠤᠨ ᠪᠠᠶᠢᠭᠰᠠᠨ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠥᠭᠡᠷᠡᠴᠢᠯᠡᠨ | ᠰᠠᠶᠢᠵᠢᠷᠠᠭᠤᠯᠬᠤ ᠪᠠ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠠᠨ | ᠴᠢᠩᠭᠠᠳᠬᠠᠨ᠎ᠠ᠃ | ᠲᠠᠷᠢᠶᠠᠴᠢᠨ ᠤ ᠭᠡᠷ ᠪᠠᠶᠢᠰᠢᠩ ᠤᠨ ᠪᠣᠬᠢᠷᠳᠤᠯ ᠦᠭᠡᠢ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠴᠡᠪᠡᠷ | ᠳᠤᠯᠠᠭᠠᠯᠠᠭ᠎ᠠ ᠶᠢ ᠳᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠠᠷᠢᠯᠭ᠎ᠠ ᠶᠢᠨ ᠡᠨᠧᠷᠭᠢ ᠬᠡᠷᠡᠭᠯᠡᠬᠦ ᠶᠢ | ᠴᠡᠪᠡᠷᠰᠢᠭᠦᠯᠬᠦ᠂ ᠨᠡᠭᠦᠷᠡᠰᠦ ᠦᠭᠡᠢ ᠪᠣᠯᠭᠠᠬᠤ ᠶᠢ ᠨᠢ ᠬᠥᠲᠥᠯᠥᠨ ᠵᠢᠯᠤᠭᠤᠳᠴᠤ᠂ ᠣᠷᠣᠨᠰᠠᠭᠤᠴᠠ ᠶᠢᠨ ᠣᠷᠴᠢᠨ | ᠨᠥᠬᠦᠴᠡᠯ ᠢ ᠰᠠᠶᠢᠵᠢᠷᠠᠭᠤᠯᠤᠨ᠂ ᠡᠩ ᠤᠨ ᠡᠨᠧᠷᠭᠢ ᠶᠢᠨ ᠬᠤᠷᠣᠭᠳᠠᠯ ᠢ ᠪᠠᠭᠤᠷᠠᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠢ | ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶ | ︵ᠬᠤᠶᠠᠷ︶ ᠪᠣᠬᠢᠷᠳᠤᠯ ᠦᠭᠡᠢ ᠪᠠᠷᠢᠯᠭ᠎ᠠ ᠶᠢᠨ ᠬᠡᠪᠴᠢᠶᠡᠵᠢᠨ ᠬᠥᠭᠵᠢᠬᠦ ᠶᠢ ᠠᠬᠢᠭᠤᠯᠤᠨ᠎ᠠ᠃ | 1 . ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠬᠡᠪᠴᠢᠶ᠎ᠡ ᠪᠠᠨ ᠥᠷᠭᠡᠳᠬᠡᠨ᠎ᠡ᠃ | ᠪᠣᠬᠢᠷᠳᠤᠯ ᠦᠭᠡᠢ ᠪᠠᠷᠢᠯᠭ᠎ᠠ ᠶᠢ ᠠᠬᠢᠭᠤᠯᠬᠤ ᠳᠤ ᠳᠠᠩ ᠴᠣᠭᠴᠠ᠂ ᠪᠦᠯᠬᠦᠮ ᠲᠠᠢ ᠬᠥᠭᠵᠢᠵᠦ ᠪᠠᠶᠢᠭᠰᠠᠨ ᠠᠴᠠ | ᠰᠠᠭᠤᠭᠠᠯᠢ ᠲᠣᠭᠤᠷᠢᠭ ᠲᠡᠶᠢᠰᠢ᠂ ᠣᠷᠣᠨ ᠪᠦᠰᠡ ᠲᠡᠶᠢᠰᠢ ᠬᠥᠭᠵᠢᠭᠦᠯᠬᠦ ᠪᠣᠯᠭᠠᠵᠤ᠂ ᠪᠣᠬᠢᠷᠳᠤᠯ ᠦᠭᠡᠢ ᠠᠮᠢ | ᠠᠬᠤᠢ ᠶᠢᠨ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠥᠬᠡᠬᠤᠲᠠ᠂ ᠪᠤᠭᠤᠲᠤ | ᠬᠤᠲᠠ ᠶᠢᠨ ᠰᠢᠨ᠎ᠡ ᠪᠠᠷ ᠪᠠᠶᠢᠭᠤᠯᠬᠤ ᠪᠠᠷᠢᠯᠭ᠎ᠠ ᠳᠤ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ ᠪᠤᠰᠤᠳ ᠭᠠᠵᠠᠷ ᠣᠷᠣᠨ ᠢ ᠵᠣᠷᠢᠭᠵᠢᠭᠤᠯᠤᠨ ᠪᠣᠬᠢᠷᠳᠤᠯ ᠦᠭᠡᠢ ᠪᠠᠷᠢᠯᠭ᠎ᠠ ᠶᠢᠨ | ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠎ᠡ᠃ ᠡᠯ᠎ᠡ ᠭᠠᠵᠠᠷ ᠣᠷᠣᠨ ᠤ ᠪᠣᠬᠢᠷᠳᠤᠯ ᠦᠭᠡᠢ ᠠᠮᠢ ᠠᠬᠤᠢ ᠶᠢᠨ ᠬᠤᠲᠠ | ᠲᠣᠭᠤᠷᠢᠭ ᠤᠨ ᠬᠥᠭᠵᠢᠯᠲᠡ ᠶᠢᠨ ᠲᠥᠯᠦᠪᠵᠢᠭᠦᠯᠭᠡ ᠲᠣᠭᠲᠠᠭᠠᠬᠤ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠦᠨ᠂ ᠪᠣᠬᠢᠷᠳᠤᠯ ᠦᠭᠡᠢ ᠠᠮᠢ | ᠠᠬᠤᠢ ᠶᠢᠨ ᠬᠤᠲᠠ ᠲᠣᠭᠤᠷᠢᠭ ᠢ ᠢᠳᠡᠪᠬᠢᠲᠡᠢ ᠡᠭᠦᠳᠦᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ | ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠠᠷᠢᠭᠤᠴᠠᠨ᠎ᠠ︶ | 2 . ᠥᠨᠳᠥᠷ ᠣᠳᠣᠨ ᠲᠠᠰ ᠤᠨ ᠪᠣᠬᠢᠷᠳᠤᠯ ᠦᠭᠡᠢ ᠪᠠᠷᠢᠯᠭ᠎ᠠ ᠶᠢ ᠬᠥᠭᠵᠢᠭᠦᠯᠦᠨ᠎ᠡ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠴᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ | ᠦᠭᠡᠢ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ ᠳᠤ ᠲᠣᠭᠲᠠᠭᠠᠭᠰᠠᠨ ︽ᠳᠥᠷᠪᠡᠨ ᠲᠥᠷᠥᠯ︾ ᠤᠨ ᠠᠷᠠᠳ ᠤᠨ | ᠬᠡᠷᠡᠭᠴᠡᠭᠡᠨ ᠤ ᠪᠠᠷᠢᠯᠭ᠎ᠠ ᠶᠢ ᠨᠢᠭᠡ ᠣᠳᠣᠨ ᠳᠡᠰ ᠠᠴᠠ ᠳᠡᠭᠡᠭᠰᠢᠬᠢ ᠪᠣᠬᠢᠷᠳᠤᠯ ᠦᠭᠡᠢ ᠪᠠᠷᠢᠯᠭ᠎ᠠ ᠶᠢᠨ | ᠪᠠᠷᠢᠮᠵᠢᠶ᠎ᠠ ᠪᠠᠷ ᠵᠢᠷᠤᠭᠯᠠᠨ ᠲᠥᠯᠥᠪᠯᠡᠵᠦᠪᠠᠶᠢᠭᠤᠯᠤᠨᠠ᠃ ᠪᠠᠷᠢᠯᠭ᠎ᠠ᠂ ᠪᠦᠲᠦᠴᠡ᠂ ᠮᠠᠰᠢᠨ ᠴᠠᠬᠢᠯᠭᠠᠨ᠂ ᠵᠠᠰᠠᠵᠤ | ᠴᠢᠮᠡᠭᠯᠡᠬᠦ ᠵᠡᠷᠭᠡ ᠲᠤᠰᠬᠠᠢ ᠮᠡᠷᠭᠡᠵᠢᠯ ᠢᠶᠠᠷ ᠬᠠᠮᠵᠢᠯᠴᠠᠬᠤ ᠵᠢᠴᠢ ᠵᠢᠷᠤᠭᠯᠠᠨ ᠲᠥᠯᠥᠪᠯᠡᠬᠦ᠂ ᠦᠢᠯᠡᠳᠪᠦᠷᠢᠯᠡᠬᠦ᠂ | ᠬᠤᠳᠠᠯᠳᠤᠨ ᠠᠪᠬᠤ ᠪᠦᠬᠦ ᠶᠠᠪᠤᠴᠠ ᠶᠢ ᠨᠢ ᠨᠢᠭᠡᠳᠦᠯᠲᠡᠢ ᠲᠥᠯᠥᠪᠯᠡᠭᠰᠡᠨ ᠪᠣᠬᠢᠷᠳᠤᠯ ᠦᠭᠡᠢ ᠪᠠᠷᠢᠯᠭ᠎ᠠ ᠶᠢᠨ | ᠮᠡᠷᠭᠡᠵᠢᠯ ᠤᠨ ᠬᠤᠷᠠᠮᠠᠯ ᠬᠡᠷᠡᠭᠯᠡᠭᠡᠨ ᠢ ᠳᠡᠯᠭᠡᠷᠡᠭᠦᠯᠵᠦ᠂ ᠪᠤᠰᠤᠳ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ | ᠬᠥᠭᠵᠢᠭᠦᠯᠬᠦ ᠲᠥᠷᠥᠯ ᠵᠦᠢᠯ ᠳᠤ ᠥᠨᠳᠥᠷ ᠣᠳᠣᠨ ᠲᠠᠰ ᠤᠨ ᠪᠣᠬᠢᠷᠳᠤᠯ ᠦᠭᠡᠢ ᠪᠠᠷᠢᠯᠭ᠎ᠠ ᠪᠦᠲᠦᠭᠡᠨ | ᠪᠠᠶᠢᠭᠤᠯᠬᠤ ᠶᠢ ᠵᠣᠷᠢᠭᠵᠢᠭᠤᠯᠤᠨ᠂ ᠨᠢᠭᠡ ᠪᠦᠯᠦᠭ ᠣᠳᠣᠨ ᠲᠠᠰ ᠲᠠᠢ ᠪᠣᠬᠢᠷᠳᠤᠯ ᠦᠭᠡᠢ ᠪᠠᠷᠢᠯᠭ᠎ᠠ᠂ ᠪᠣᠬᠢᠷᠳᠤᠯ | ᠦᠭᠡᠢ ᠠᠮᠢ ᠠᠬᠤᠢ ᠶᠢᠨ ᠰᠠᠭᠤᠭᠠᠯᠢ ᠲᠣᠭᠤᠷᠢᠭ ᠢ ᠲᠥᠪᠯᠡᠷᠡᠭᠦᠯᠦᠨ ᠵᠠᠯᠭᠠᠯᠳᠤᠭᠤᠯᠵᠤ ᠪᠦᠲᠦᠭᠡᠨ ᠪᠠᠶᠢᠭᠤᠯᠤᠨ᠎ᠠ᠃ | ᠪᠣᠬᠢᠷᠳᠤᠯ ᠦᠭᠡᠢ ᠪᠠᠷᠢᠯᠭ᠎ᠠ ᠶᠢᠨ ᠲᠡᠮᠳᠡᠭ ᠢ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠯ᠎ᠡ ᠠᠶᠢᠮᠠᠭ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠲᠤᠰ ᠲᠤᠰ ᠭᠤᠷᠪᠠᠨ | ᠣᠳᠣᠨ᠂ ᠬᠤᠶᠠᠷ ᠣᠳᠣᠨ᠂ ᠨᠢᠭᠡ ᠣᠳᠣᠨ ᠲᠡᠰ ᠤᠨ ᠪᠣᠬᠢᠷᠳᠤᠯ ᠦᠭᠡᠢ ᠪᠠᠷᠢᠯᠭ᠎ᠠ ᠵᠢᠨᠲ᠋ᠡᠮᠳᠡᠭ ᠣᠯᠭᠤᠨ᠎ᠠ᠃ | ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ | ᠬᠠᠷᠢᠭᠤᠴᠠᠨ᠎ᠠ︶ | 3 . ᠪᠣᠬᠢᠷᠳᠤᠯ ᠦᠭᠡᠢ ᠣᠷᠣᠨ ᠰᠠᠭᠤᠴᠠ ᠶᠢᠨ ᠬᠡᠷᠡᠭᠯᠡᠭᠴᠢ ᠳᠤ ᠬᠢᠨᠠᠯᠲᠠ ᠲᠠᠯᠪᠢᠬᠤ ᠲᠣᠭᠲᠠᠴᠠ ᠶᠢ | ᠪᠠᠶᠢᠭᠤᠯᠤᠨ᠎ᠠ᠃ ᠣᠷᠣᠨ ᠰᠠᠭᠤᠴᠠ ᠪᠠ ᠬᠤᠲᠠᠬᠥ᠋ᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ᠪᠣᠬᠢᠷᠳᠤᠯ | ᠦᠭᠡᠢ ᠣᠷᠣᠨ ᠰᠠᠭᠤᠴᠠ ᠬᠤᠳᠠᠯᠳᠤᠨ ᠠᠪᠤᠭᠴᠢ ᠶᠢᠨ ᠭᠡᠷ ᠪᠠᠶᠢᠰᠢᠩ ᠢ ᠰᠢᠯᠭᠠᠬᠤ ᠵᠦᠭᠯᠡᠭᠦᠷ︾ ᠪᠠ ᠪᠣᠬᠢᠷᠳᠤᠯ | ᠦᠭᠡᠢ ᠣᠷᠣᠨ ᠰᠠᠭᠤᠴᠠ ᠶᠢᠨ ᠬᠡᠷᠡᠭᠯᠡᠭᠴᠢ ᠳᠤ ᠬᠢᠨᠠᠯᠲᠠ ᠲᠠᠯᠪᠢᠬᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠪᠣᠬᠢᠷᠳᠤᠯ ᠦᠭᠡᠢ ᠣᠷᠣᠨ ᠰᠠᠭᠤᠴᠠ ᠶᠢᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ | ᠨᠢᠭᠡᠴᠢ ᠶᠢ ᠬᠥᠲᠥᠯᠥᠨ ᠵᠢᠯᠤᠭᠤᠳᠴᠤ ᠪᠠᠶᠢᠭᠠᠳ ᠭᠡᠷ ᠪᠠᠶᠢᠰᠢᠩ ᠬᠤᠳᠠᠯᠳᠤᠨ ᠠᠪᠤᠭᠴᠢ ᠲᠠᠢ ᠬᠠᠮᠵᠢᠯᠴᠠᠨ ᠭᠡᠷ | ᠪᠠᠶᠢᠰᠢᠩ ᠢ ᠨᠢ ᠰᠢᠯᠭᠠᠬᠤ ᠠᠵᠢᠯ ᠢ ᠰᠠᠶᠢᠲᠤᠷ ᠬᠢᠯᠭᠡᠨ᠎ᠡ᠃ ᠡᠯ᠎ᠡ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ | ᠣᠷᠣᠨᠰᠠᠭᠤᠴᠠ ᠶᠢᠨ ᠪᠣᠬᠢᠷᠳᠤᠯ ᠦᠭᠡᠢ ᠴᠢᠳᠠᠮᠵᠢ ᠪᠠ ᠪᠦᠷᠢᠨ ᠵᠠᠰᠠᠵᠤ ᠴᠢᠮᠡᠭᠯᠡᠬᠦ ᠶᠠᠰᠤ ᠴᠢᠨᠠᠷ ᠤᠨ ᠬᠠᠮᠢᠶ᠎ᠠ | ᠪᠦᠬᠦᠢ ᠭᠦᠢᠴᠡᠳᠬᠡᠯ ᠲᠤᠭ᠎ᠠ ᠶᠢ ᠲᠠᠸᠠᠷ ᠤᠨ ᠭᠡᠷ ᠪᠠᠶᠢᠰᠢᠩ ᠬᠤᠳᠠᠯᠳᠤᠭᠠᠯᠠᠬᠤ ᠭᠡᠷ᠎ᠡ᠂ ᠣᠷᠣᠨ ᠰᠠᠭᠤᠴᠠ ᠶᠢᠨ | ᠶᠠᠰᠤ ᠴᠢᠨᠠᠷ ᠤᠨ ᠪᠠᠲᠤᠯᠠᠭ᠎ᠠ ᠶᠢᠨ ᠪᠢᠴᠢᠭ ᠪᠠ ᠣᠷᠣᠨ ᠰᠠᠭᠤᠴᠠ ᠬᠡᠷᠡᠭᠯᠡᠬᠦ ᠲᠣᠳᠣᠷᠬᠠᠶᠢᠯᠠᠯᠲᠠ ᠶᠢᠨ ᠪᠢᠴᠢᠭ ᠲᠤ | ᠣᠷᠣᠭᠤᠯᠵᠤ᠂ ᠶᠠᠰᠤ ᠴᠢᠨᠠᠷ ᠤᠨ ᠵᠠᠰᠠᠵᠤ ᠪᠠᠲᠤᠯᠠᠬᠤ ᠬᠠᠷᠢᠭᠤᠴᠠᠯᠭ᠎ᠠ ᠪᠠ ᠵᠢᠭᠤᠷᠠᠯᠳᠤᠭᠠᠨ ᠢ ᠰᠢᠢᠳᠪᠦᠷᠢᠡᠯᠬᠦ ᠠᠷᠭ᠎ᠠ | ᠮᠠᠶ᠋ᠢᠭ ᠢ ᠨᠢ ᠲᠣᠳᠣᠷᠬᠠᠢ ᠲᠣᠭᠲᠠᠭᠠᠨ᠎ᠠ᠃ | ᠨᠢᠭᠡ ᠪᠦᠯᠦᠭ ᠣᠷᠣᠨ ᠰᠠᠭᠤᠴᠠ ᠳᠤ ᠡᠷᠡᠭᠦᠯ ᠡᠩᠬᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠠᠬᠢᠭᠤᠯᠵᠤ᠂ | ᠣᠷᠣᠨ ᠰᠠᠭᠤᠴᠠ ᠶᠢᠨ ᠡᠷᠡᠭᠦᠯ ᠡᠩᠬᠡ ᠶᠢᠨ ᠴᠢᠳᠠᠮᠵᠢ ᠶᠢᠨ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠢ | ᠴᠢᠩᠭᠠᠷᠠᠭᠤᠯᠤᠨ᠂ ᠪᠠᠷᠢᠯᠭ᠎ᠠ ᠳᠠᠭᠤᠰᠴᠤ ᠰᠢᠯᠭᠠᠨ ᠠᠪᠬᠤ ᠬᠠᠮᠢᠶᠠᠷᠤᠯᠲᠠ ᠶᠢ ᠴᠢᠩᠳᠠᠯᠠᠵᠤ᠂ ᠪᠣᠬᠢᠷᠳᠤᠯ ᠦᠭᠡᠢ | ᠡᠷᠡᠭᠦᠯ ᠡᠩᠬᠡ ᠶᠢᠨ ᠣᠷᠣᠨ ᠰᠠᠭᠤᠴᠠ ᠶᠢᠨ ᠴᠢᠨᠠᠷ ᠴᠢᠨᠰᠠᠭ᠎ᠠ ᠶᠢ ᠪᠠᠲᠤᠯᠠᠨ᠎ᠠ᠃ ︵ᠥᠪᠡᠷᠲᠡᠭᠡᠨ ᠵᠠᠰᠠᠬᠤ ᠣᠷᠣᠨ ᠤ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠬᠠᠷᠢᠭᠤᠴᠠᠨ᠎ᠠ︶ | ︵ᠭᠤᠷᠪᠠ︶ ᠪᠠᠷᠢᠯᠭ᠎ᠠ ᠶᠢᠨ ᠠᠵᠤ ᠦᠢᠯᠡᠳᠪᠦᠷᠢᠵᠢᠭᠰᠡᠨ ᠬᠥᠭᠵᠢᠯᠲᠡ ᠶᠢ ᠠᠬᠢᠭᠤᠯᠤᠨ᠎ᠠ᠃ | 1 . ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢ ᠦᠷᠭᠦᠯᠵᠢᠯᠡᠨ ᠬᠥᠭᠵᠢᠭᠦᠯᠦᠨ᠎ᠡ᠃ ᠪᠠᠷᠢᠮᠵᠢᠶᠠᠲᠤ ᠪᠡᠯᠡᠨ | ᠤᠭᠰᠠᠷᠠᠮᠠᠯ ᠦᠢᠯᠡᠳᠬᠦᠨ ᠢᠶᠠᠷ ᠰᠠᠭᠤᠷᠢ | ᠪᠣᠯᠭᠠᠭᠰᠠᠨ ᠲᠤᠰᠬᠠᠶᠢᠵᠢᠭᠰᠠᠨ᠂ ᠬᠡᠪᠴᠢᠶᠡᠵᠢᠭᠰᠡᠨ᠂ ᠮᠡᠳᠡᠭᠡ ᠵᠠᠩᠭᠢᠵᠢᠭᠰᠠᠨ ᠦᠢᠯᠡᠳᠪᠦᠷᠢᠯᠡᠯ ᠤᠨ ᠲᠣᠭᠲᠠᠯᠴᠠᠭ᠎ᠠ ᠶᠢ | ᠪᠠᠶᠢᠭᠤᠯᠵᠤ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢᠨ ᠠᠵᠤ ᠦᠢᠯᠡᠰ ᠢ ᠬᠥᠲᠥᠯᠥᠨ ᠵᠢᠯᠤᠭᠤᠳᠴᠤ ᠪᠠᠶᠢᠭᠠᠳ | ᠰᠢᠨᠵᠢᠯᠡᠬᠦ ᠤᠬᠠᠭᠠᠨᠴᠢ ᠪᠠᠷ ᠵᠣᠬᠢᠰᠲᠠᠢ ᠪᠠᠶᠢᠷᠢᠰᠢᠭᠤᠯᠤᠨ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ ᠶᠢᠨ ᠠᠵᠤ | ᠦᠢᠯᠡᠰ ᠤᠨ ᠰᠠᠭᠤᠷᠢᠨ ᠭᠠᠵᠠᠷ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠤᠭᠰᠠᠷᠠᠮᠠᠯ ᠬᠡᠯᠪᠡᠷᠢ ᠪᠦᠬᠦᠢ ᠪᠧᠲ᠋ᠤᠨ ᠤ ᠪᠦᠲᠦᠴᠡ ᠶᠢᠨ ᠲᠥᠷᠥᠯ ᠵᠦᠢᠯ ᠳᠤ ᠳᠣᠲᠣᠷ᠎ᠠ ᠭᠠᠳᠠᠨᠠᠬᠢ ᠬᠡᠷᠡᠮ ᠤᠨ | ᠬᠠᠪᠲᠠᠰᠤ᠂ ᠠᠰᠠᠷ ᠤᠨ ᠬᠠᠪᠲᠠᠰᠤ᠂ ᠠᠰᠠᠷ ᠤᠨ ᠱᠠᠲᠤ ᠵᠡᠷᠭᠡ ᠪᠡᠯᠡᠨ ᠤᠭᠰᠠᠷᠠᠮᠠᠯ ᠲᠣᠨᠤᠭ ᠢ ᠤᠷᠢᠳ ᠢᠶᠠᠷ ᠬᠡᠷᠡᠭᠯᠡᠨ᠂ | ᠳᠠᠬᠢᠭᠠᠳ ᠠᠯᠬᠤᠮ ᠠᠯᠬᠤᠮ ᠢᠶᠠᠷ ᠪᠣᠰᠤᠭ᠎ᠠ ᠲᠣᠨᠣᠭᠯᠠᠭᠠᠰᠤ ᠶᠢ ᠬᠡᠷᠡᠭᠯᠡᠬᠦ ᠪᠣᠯᠭᠠᠨ ᠬᠥᠭᠵᠢᠭᠦᠯᠵᠦ᠂ ᠤᠭᠰᠠᠷᠠᠬᠤ | ᠨᠣᠷᠮ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ᠂ ᠠᠯᠪᠠᠯᠠᠬᠤ ᠠᠰᠠᠷ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠡᠯ᠎ᠡ ᠲᠥᠷᠥᠯ ᠤᠨ ᠠᠷᠠᠳ ᠤᠨ ᠬᠡᠷᠡᠭᠴᠡᠭᠡᠨ ᠤ ᠪᠠᠷᠢᠯᠭ᠎ᠠ ᠳᠤ | ᠤᠭᠰᠠᠷᠠᠮᠠᠯ ᠬᠡᠯᠪᠡᠷᠢ ᠪᠦᠬᠦᠢ ᠪᠣᠯᠣᠳ ᠪᠦᠲᠦᠴᠡ ᠬᠡᠷᠡᠭᠯᠡᠬᠦ ᠶᠢ ᠠᠬᠢᠭᠤᠯᠵᠤ᠂ ᠨᠡᠭᠡᠭᠡᠨ ᠬᠥᠭᠵᠢᠭᠦᠯᠵᠦ ᠪᠠᠶᠢᠭ᠎ᠠ | ᠬᠤᠳᠠᠯᠳᠤᠭᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠤᠭᠰᠠᠷᠠᠮᠠᠯ ᠬᠡᠯᠪᠡᠷᠢ ᠪᠦᠬᠦᠢ ᠪᠣᠯᠣᠳ ᠪᠦᠲᠦᠴᠡ ᠲᠠᠢ | ᠣᠷᠣᠨ ᠰᠠᠭᠤᠴᠠ ᠶᠢ ᠪᠦᠲᠦᠭᠡᠨ ᠪᠠᠶᠢᠭᠤᠯᠤᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ᠂ ᠴᠡᠴᠡᠷᠯᠢᠭ ᠤᠨ | ᠦᠵᠡᠮᠵᠢ᠂ ᠥᠪᠡᠰᠦᠪᠡᠨ ᠲᠡᠷᠭᠡ ᠵᠢᠯᠤᠭᠤᠳᠴᠤ ᠵᠤᠭᠠᠴᠠᠭᠰᠠᠳ ᠤᠨ ᠪᠠᠭᠤᠳᠠᠯ ᠵᠢᠴᠢ ᠠᠮᠠᠷᠠᠯᠲᠠ ᠶᠢᠨ ᠣᠷᠣᠨ ᠵᠡᠷᠭᠡ | ᠣᠷᠣᠨ ᠪᠦᠰᠡ ᠳᠠᠬᠢ ᠰᠢᠨ᠎ᠡ ᠪᠠᠷᠢᠯᠭ᠎ᠠ ᠳᠤ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠤᠳᠤ | ᠦᠶ᠎ᠡ ᠶᠢᠨ ᠤᠭᠰᠠᠷᠠᠮᠠᠯ ᠬᠡᠯᠪᠡᠷᠢ ᠪᠦᠬᠦᠢ ᠮᠣᠳᠣᠨ ᠪᠦᠲᠦᠴᠡ ᠶᠢ ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶ | 2 . ᠣᠷᠣᠨ ᠰᠠᠭᠤᠴᠠ ᠳᠤ ᠪᠦᠷᠢᠨ ᠵᠠᠰᠠᠵᠤ ᠴᠢᠮᠡᠭᠯᠡᠬᠦ ᠶᠢ ᠢᠳᠡᠪᠬᠢᠲᠡᠢ ᠬᠡᠷᠡᠭᠵᠢᠭᠦᠯᠦᠨ᠎ᠡ᠃ ᠣᠷᠣᠨ | ᠰᠠᠭᠤᠴᠠ ᠶᠢᠨ ᠪᠦᠷᠢᠨ ᠵᠠᠰᠠᠵᠤ ᠴᠢᠮᠡᠭᠯᠡᠬᠦ ᠲᠥᠷᠥᠯ ᠵᠦᠢᠯ ᠢ ᠠᠬᠢᠭᠤᠯᠬᠤ ᠳᠤ ᠪᠠᠷᠢᠯᠭ᠎ᠠ ᠪᠠᠨ ᠶᠡᠷᠦᠩᠬᠡᠶᠢᠯᠡᠨ | ᠳᠠᠭᠠᠭᠠᠴᠢᠯᠠᠭᠤᠯᠬᠤ ᠠᠷᠭ᠎ᠠ ᠮᠠᠶ᠋ᠢᠭ ᠢ ᠬᠡᠷᠡᠭᠵᠢᠭᠦᠯᠵᠦ᠂ ᠵᠢᠷᠤᠭᠯᠠᠨ ᠲᠥᠯᠥᠪᠯᠡᠬᠦ᠂ ᠬᠤᠳᠠᠯᠳᠤᠨ ᠠᠪᠬᠤ᠂ ᠪᠠᠷᠢᠯᠭ᠎ᠠ | ᠪᠠᠷᠢᠬᠤ ᠪᠠᠨ ᠨᠢᠭᠡ ᠴᠣᠭᠴᠠᠵᠢᠭᠤᠯᠬᠤ ᠶᠢ ᠪᠡᠶᠡᠯᠡᠭᠦᠯᠦᠨ᠎ᠡ᠃ ᠲᠣᠪᠶᠤᠭ ᠮᠠᠶ᠋ᠢᠭ ᠤᠨ ᠰᠣᠩᠭᠤᠯᠲᠠ ᠲᠠᠢ ᠵᠠᠰᠠᠵᠤ | ᠴᠢᠮᠡᠭᠯᠡᠬᠦ ᠶᠢ ᠬᠡᠷᠡᠭᠵᠢᠭᠦᠯᠵᠦ᠂ ᠥᠪᠡᠷᠮᠢᠴᠡ ᠣᠨᠴᠠᠯᠢᠭ ᠲᠠᠢ ᠬᠡᠷᠡᠭᠴᠡᠭᠡ ᠱᠠᠭᠠᠷᠳᠠᠯᠭ᠎ᠠ ᠶᠢ ᠨᠢ ᠬᠠᠩᠭᠠᠨ᠎ᠠ᠃ | ᠬᠠᠭᠤᠷᠠᠢ ᠪᠠᠷ ᠤᠭᠰᠠᠷᠠᠭᠰᠠᠨ ᠠᠰᠠᠷ ︵ᠱᠠᠯᠠ︶ ᠤᠨ ᠥᠩᠭᠡᠨ ᠲᠠᠯ᠎ᠠ᠂ ᠨᠢᠭᠡᠳᠬᠡᠯ ᠴᠢᠳᠠᠮᠵᠢ ᠲᠠᠢ ᠲᠣᠭᠤᠭᠠᠨ ᠭᠡᠷ᠂ | ᠨᠢᠭᠡᠳᠬᠡᠯ ᠴᠢᠳᠠᠮᠵᠢ ᠲᠠᠢ ᠠᠷᠢᠭᠤᠨ ᠴᠡᠪᠡᠷ ᠤᠨ ᠲᠠᠰᠤᠯᠭ᠎ᠠ᠂ ᠬᠤᠭᠤᠯᠠᠢ ᠭᠤᠤᠷᠰᠤ ᠤᠲᠠᠰᠤ ᠵᠡᠷᠭᠡ ᠶᠢ ᠤᠭᠰᠠᠷᠠᠮᠠᠯ | ᠠᠷᠭ᠎ᠠ ᠪᠠᠷ ᠵᠠᠰᠠᠵᠤ ᠴᠢᠮᠡᠭᠯᠡᠨ ᠤᠭᠰᠠᠷᠠᠵᠤ ᠪᠠᠶᠢᠭᠤᠯᠬᠤ ᠶᠢ ᠨᠢ ᠠᠬᠢᠭᠤᠯᠤᠨ᠎ᠠ᠃ ᠣᠷᠣᠨ ᠰᠠᠭᠤᠴᠠ ᠶᠢᠨ ᠪᠦᠷᠢᠨ | ᠵᠠᠰᠠᠵᠤ ᠴᠢᠮᠡᠭᠯᠡᠬᠦ ᠳᠤ ᠬᠢᠨᠠᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠪᠣᠷᠣᠯᠠᠭᠤᠯᠤᠨ ᠬᠤᠳᠠᠯᠳᠤᠬᠤ ᠳᠤ | ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠪᠡᠯᠡᠨ ᠣᠷᠣᠨ ᠰᠠᠭᠤᠴᠠ ᠶᠢ ᠵᠠᠰᠠᠵᠤ ᠴᠢᠮᠡᠭᠯᠡᠬᠦ᠂ ᠣᠷᠴᠢᠨ ᠲᠣᠭᠤᠷᠢᠨ ᠢ | ᠬᠠᠮᠠᠭᠠᠯᠠᠬᠤ ᠪᠠ ᠭᠡᠷ ᠳᠣᠲᠣᠷᠠᠬᠢ ᠣᠷᠴᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠡᠯ᠎ᠡ ᠭᠠᠵᠠᠷ ᠣᠷᠣᠨ ᠤ | ᠲᠥᠪ ᠪᠣᠯᠬᠤ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ ᠰᠢᠨ᠎ᠡ ᠪᠠᠶᠢᠭᠤᠯᠤᠭᠰᠠᠨ ᠣᠷᠣᠨ ᠰᠠᠭᠤᠴᠠ ᠳᠤ | ᠪᠠᠷᠢᠯᠭ᠎ᠠ ᠶᠢᠨ ᠪᠦᠷᠢᠨ ᠵᠠᠰᠠᠵᠤ ᠴᠢᠮᠡᠭᠯᠡᠬᠦ ᠶᠢ ᠬᠡᠷᠡᠭᠵᠢᠭᠦᠯᠵᠦ᠂ ᠪᠡᠯᠡᠨ ᠭᠡᠷ ᠪᠠᠶᠢᠰᠢᠩ ᠤᠨ ᠠᠷᠠᠯᠵᠢᠶ᠎ᠠ ᠶᠢ | ᠪᠡᠶᠡᠯᠡᠭᠦᠯᠦᠨ᠎ᠡ︔ ᠪᠤᠰᠤᠳ ᠣᠷᠣᠨ ᠪᠦᠰᠡ ᠳᠠᠬᠢ ᠰᠢᠨ᠎ᠡ ᠪᠠᠶᠢᠭᠤᠯᠤᠭᠰᠠᠨ ᠣᠷᠣᠨ ᠰᠠᠭᠤᠴᠠ ᠳᠤ ᠪᠦᠷᠢᠨ ᠵᠠᠰᠠᠵᠤ | ᠴᠢᠮᠡᠭᠯᠡᠬᠦ ᠪᠠ ᠪᠡᠯᠡᠨ ᠭᠡᠷ ᠪᠠᠶᠢᠰᠢᠩ ᠵᠶ᠋ᠠᠨᠲ᠋ᠤᠰᠢᠶᠠᠬᠤ ᠳᠤ ᠬᠡᠷᠡᠭᠵᠢᠭᠦᠯᠬᠦ ᠬᠡᠪᠴᠢᠶ᠎ᠡ ᠪᠠ ᠴᠠᠭ ᠬᠤᠭᠤᠴᠠᠭ᠎ᠠ ᠶᠢ | ᠲᠣᠳᠣᠷᠬᠠᠢ ᠲᠣᠭᠲᠠᠭᠠᠵᠤ᠂ ᠣᠷᠣᠨ ᠰᠠᠭᠤᠴᠠ ᠶᠢᠨ ᠪᠦᠷᠢᠨ ᠵᠠᠰᠠᠵᠤ ᠴᠢᠮᠡᠭᠯᠡᠬᠦ ᠶᠢ ᠨᠡᠶᠢᠳᠡᠮ ᠪᠦᠷᠬᠦᠭᠦᠯᠬᠦ ᠪᠠᠷ | ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠬᠠᠷᠢᠭᠤᠴᠠᠨ᠎ᠠ︶ | ︵ᠳᠥᠷᠪᠡ︶ ᠤᠤᠯ ᠤᠨ ᠪᠠᠶᠢᠭᠰᠠᠨ ᠪᠠᠷᠢᠯᠭ᠎ᠠ ᠶᠢᠨ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ | ᠰᠠᠶᠢᠵᠢᠷᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ | 1 . ᠤᠤᠯ ᠤᠨ ᠪᠠᠶᠢᠭᠰᠠᠨ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠪᠣᠯᠭᠠᠨ | ᠥᠭᠡᠷᠡᠴᠢᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠬᠤᠲᠠ ᠶᠢᠨ ᠬᠤᠣᠰ ᠵᠠᠰᠠᠯᠲᠠ᠂ ᠴᠡᠪᠡᠷ | ᠳᠤᠯᠠᠭᠠᠯᠠᠯᠭ᠎ᠠ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠵᠡᠷᠭᠡ ᠲᠠᠢ | ᠤᠶᠠᠯᠳᠤᠭᠤᠯᠤᠨ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠪᠠᠷ ᠬᠥᠲᠥᠯᠥᠨ ᠵᠢᠯᠤᠭᠤᠳᠬᠤ᠂ ᠥᠮᠴᠢᠲᠡᠨ ᠤ | ᠪᠠᠶᠢᠭ᠎ᠠ ᠨᠢᠭᠡᠴᠢ ᠪᠠ ᠢᠯᠴᠢ ᠬᠠᠩᠭᠠᠬᠤ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠬᠤᠭᠤᠯᠠᠢ | ᠭᠤᠤᠷᠰᠤ ᠤᠲᠠᠰᠤᠨ ᠤ ᠠᠵᠢᠯ ᠤᠨ ᠨᠢᠭᠡᠴᠢ ᠲᠠᠢ ᠬᠠᠮᠲᠤᠷᠠᠵᠤ ᠪᠠᠶᠢᠭᠤᠯᠤᠭᠰᠠᠨ᠂ ᠣᠷᠣᠨ ᠰᠠᠭᠤᠴᠠ ᠶᠢᠨ ᠰᠡᠯᠪᠢᠨ | ᠵᠠᠰᠠᠬᠤ ᠰᠠᠭᠤᠷᠢ ᠮᠥᠩᠭᠦ ᠪᠠᠷ ᠨᠥᠬᠦᠪᠦᠷᠢᠯᠡᠬᠦ᠂ ᠠᠰᠢᠭ ᠭᠥᠷᠳᠡᠭᠰᠡᠨ ᠰᠠᠭᠤᠭᠠᠯᠢ ᠠᠷᠠᠳ ᠤᠨ ᠣᠷᠣᠯᠴᠠᠭᠰᠠᠨ ᠣᠯᠠᠨ | ᠡᠰᠢᠵᠢᠯ ᠤᠨ ᠪᠡᠯᠡ ᠬᠤᠷᠠᠮᠳᠤᠭᠤᠯᠭ᠎ᠠ ᠶᠢᠨ ᠤᠤᠯ ᠤᠨ ᠪᠠᠶᠢᠭᠰᠠᠨ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ | ᠠᠷᠪᠢᠯᠠᠬᠤ ᠶᠢ ᠨᠢ ᠥᠭᠡᠷᠡᠴᠢᠯᠡᠨ ᠰᠠᠶᠢᠵᠢᠷᠠᠭᠤᠯᠬᠤ ᠵᠠᠭᠪᠤᠷ ᠢ ᠢᠳᠡᠪᠬᠢᠲᠡᠢ ᠳᠡᠯᠭᠡᠷᠡᠭᠦᠯᠦᠨ᠎ᠡ᠃ ᠤᠤᠯ ᠤᠨ ᠪᠠᠶᠢᠭᠰᠠᠨ | ᠣᠷᠣᠨ ᠰᠠᠭᠤᠴᠠ ᠶᠢᠨ ᠪᠠᠷᠢᠯᠭ᠎ᠠ ᠳᠤ ᠪᠣᠬᠢᠷᠳᠤᠯ ᠦᠭᠡᠢ ᠪᠣᠯᠭᠠᠨ ᠥᠭᠡᠷᠡᠴᠢᠯᠡᠵᠦ ᠰᠠᠶᠢᠵᠢᠷᠠᠭᠤᠯᠬᠤ ᠶᠢ | ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | 2 . ᠣᠯᠠᠨ ᠨᠡᠶᠢᠲᠡ ᠶᠢᠨ ᠪᠠᠷᠢᠯᠭ᠎ᠠ ᠶᠢ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ ᠰᠠᠶᠢᠵᠢᠷᠠᠭᠤᠯᠬᠤ | ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠬᠡᠷᠡᠭᠯᠡᠬᠦ | ᠬᠠᠮᠢᠶᠠᠷᠤᠯᠲᠠ ᠶᠢ ᠴᠢᠩᠭᠠᠷᠠᠭᠤᠯᠵᠤ᠂ ᠠᠵᠤ ᠦᠢᠯᠡᠰ ᠬᠢᠭᠡᠳ ᠮᠥᠩᠭᠦᠨ ᠭᠦᠢᠯᠭᠡᠭᠡ ᠶᠢᠨ ᠤᠶᠠᠯᠳᠤᠬᠤ ᠪᠠ ᠮᠥᠩᠭᠦᠨ | ᠭᠦᠢᠯᠭᠡᠭᠡᠨ ᠤ ᠰᠢᠨ᠎ᠡ ᠶᠢ ᠡᠭᠦᠳᠴᠦ ᠦᠢᠯᠡᠴᠢᠯᠡᠬᠦ ᠶᠢ ᠨᠢ ᠠᠬᠢᠭᠤᠯᠤᠨ᠎ᠠ᠃ ᠠᠯᠪᠠᠨ ᠪᠠᠶᠢᠭᠤᠯᠭ᠎ᠠ ᠶᠢᠨ ᠠᠯᠪᠠᠯᠠᠬᠤ | ᠪᠠᠷᠢᠯᠭ᠎ᠠ᠂ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠣᠯᠠᠨ ᠨᠡᠶᠢᠲᠡ ᠶᠢᠨ ᠪᠠᠷᠢᠯᠭ᠎ᠠ ᠪᠠ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠪᠠᠷᠢᠯᠭ᠎ᠠ ᠶᠢ ᠤᠷᠢᠳ ᠢᠶᠠᠷ ᠡᠨᠧᠷᠭᠢ ᠠᠷᠪᠢᠯᠠᠬᠤ ᠪᠣᠯᠭᠠᠨ ᠥᠭᠡᠷᠡᠴᠢᠯᠡᠨ ᠰᠠᠶᠢᠵᠢᠷᠠᠭᠤᠯᠵᠤ᠂ | ᠦᠢᠯᠡᠴᠢᠯᠡᠭᠡ ᠬᠤᠳᠠᠯᠳᠤᠨ ᠠᠪᠬᠤ ᠠᠷᠭ᠎ᠠ ᠬᠡᠯᠪᠡᠷᠢ ᠶᠢ ᠬᠡᠷᠡᠭᠯᠡᠨ ᠡᠨᠧᠷᠭᠢ ᠠᠷᠪᠢᠯᠠᠬᠤ ᠠᠵᠢᠯᠯᠠᠭᠠᠨ ᠤ | ᠬᠠᠮᠢᠶᠠᠷᠤᠯᠲᠠ ᠶᠢ ᠬᠡᠷᠡᠭᠵᠢᠭᠦᠯᠬᠦ ᠶᠢ ᠨᠢ ᠵᠣᠷᠢᠭᠵᠢᠭᠤᠯᠤᠨ᠂ ᠭᠡᠷ᠎ᠡ ᠲᠠᠢ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ | ᠶᠣᠰᠣᠭᠠᠷ ᠡᠨᠧᠷᠭᠢ ᠠᠷᠪᠢᠯᠠᠬᠤ ᠦᠢᠯᠡᠴᠢᠯᠡᠭᠡᠨ ᠤ ᠺᠣᠮᠫᠠᠨᠢ ᠳᠤ ᠥᠭᠭᠦᠭᠰᠡᠨ ᠵᠠᠷᠤᠯᠭ᠎ᠠ ᠶᠢ ᠨᠢ ᠡᠨᠧᠷᠭᠢ ᠶᠢᠨ | ᠵᠠᠷᠤᠳᠠᠯ ᠤᠨ ᠵᠠᠷᠤᠯᠭ᠎ᠠ ᠲᠠᠢ ᠠᠳᠠᠯᠢ ᠪᠠᠷ ᠦᠵᠡᠨ᠎ᠡ᠃ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠶᠢᠨ | ᠠᠰᠢᠭᠯᠠᠮᠵᠢ ᠶᠢ ᠳᠡᠭᠡᠭᠰᠢᠯᠡᠭᠦᠯᠬᠦ ᠭᠤᠣᠯᠳᠠᠯᠭ᠎ᠠ ᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ | ᠬᠥᠬᠡᠬᠤᠲᠠ᠂ ᠪᠤᠭᠤᠲᠤ ᠬᠤᠲᠠ ᠨᠢ ᠣᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠪᠠᠷ ᠥᠭᠡᠷᠡᠴᠢᠯᠡᠨ | ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠠᠵᠢᠯᠯᠠᠭᠠᠨ ᠤ ᠬᠠᠮᠢᠶᠠᠷᠤᠯᠲᠠ ᠶᠢᠨ ᠳᠦᠷᠢᠮ ᠢᠶᠠᠨ | ᠲᠡᠭᠦᠯᠳᠡᠷᠵᠢᠭᠦᠯᠵᠦ᠂ ᠭᠡᠷ᠎ᠡ ᠲᠠᠢ ᠡᠨᠧᠷᠭᠢ ᠶᠢᠨ ᠬᠠᠮᠢᠶᠠᠷᠤᠯᠲᠠ ᠬᠢᠭᠡᠳ ᠭᠡᠷ᠎ᠡ ᠲᠠᠢ ᠤᠰᠤ ᠠᠷᠪᠢᠯᠠᠬᠤ | ᠬᠠᠮᠢᠶᠠᠷᠤᠯᠲᠠ ᠶᠢ ᠳᠡᠯᠭᠡᠷᠡᠭᠦᠯᠦᠨ᠂ ᠪᠤᠰᠤᠳ ᠠᠶᠢᠮᠠᠭ ᠬᠤᠲᠠ ᠨᠢ ᠣᠯᠠᠨ ᠨᠡᠶᠢᠲᠡ ᠶᠢᠨ ᠪᠠᠷᠢᠯᠭ᠎ᠠ ᠶᠢ ᠡᠨᠧᠷᠭᠢ | ᠠᠷᠪᠢᠯᠠᠬᠤ ᠪᠣᠯᠭᠠᠨ ᠥᠭᠡᠷᠡᠴᠢᠯᠡᠨ ᠰᠠᠶᠢᠵᠢᠷᠠᠭᠤᠯᠬᠤ ᠠᠵᠢᠯ ᠢᠶᠠᠨ ᠢᠳᠡᠪᠬᠢᠲᠡᠢ ᠠᠬᠢᠭᠤᠯᠬᠤ ᠬᠡᠷᠡᠭᠲᠡᠢ᠃ | ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ | ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠲᠠᠪᠤ︶ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ | 1 . ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠷᠠᠭᠤᠯᠤᠨ᠎ᠠ᠃ | ᠨᠢᠭᠲᠠ ᠴᠢᠩᠭᠠᠯᠢᠭ ᠰᠢᠷᠪᠦᠰᠦ ᠪᠣᠯᠣᠳ᠂ ᠴᠢᠳᠠᠮᠵᠢ ᠰᠠᠶᠢᠲᠠᠢ ᠪᠧᠲ᠋ᠤᠨ᠂ ᠴᠢᠳᠠᠮᠵᠢ ᠰᠠᠶᠢᠲᠠᠢ ᠥᠷᠥᠮᠡᠯ ᠮᠠᠲ᠋ᠧᠷᠢᠶᠠᠯ᠂ | ᠳᠤᠯᠠᠭᠠᠨ ᠪᠠᠶᠢᠯᠭᠠᠬᠤ ᠪᠦᠲᠦᠴᠡ ᠶᠢ ᠨᠢᠭᠡ ᠴᠣᠭᠴᠠᠵᠢᠭᠤᠯᠤᠭᠰᠠᠨ ᠬᠡᠷᠡᠮ ᠤᠨ ᠬᠠᠪᠲᠠᠰᠤ ᠵᠡᠷᠭᠡ ᠪᠣᠬᠢᠷᠳᠤᠯ ᠦᠭᠡᠢ | ᠪᠠᠷᠢᠯᠭ᠎ᠠ ᠶᠢᠨ ᠮᠠᠲ᠋ᠧᠷᠢᠶᠠᠯ ᠢ ᠶᠡᠭᠡ ᠪᠠᠷ ᠬᠥᠭᠵᠢᠭᠦᠯᠵᠦ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠵᠢᠱᠢᠶ᠎ᠡ | ᠦᠵᠡᠭᠦᠯᠬᠦ ᠦᠢᠯᠡᠳᠬᠦᠨ ᠪᠠ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠪᠣᠶ ᠪᠣᠯᠭᠠᠨ᠎ᠠ᠃ ᠪᠣᠬᠢᠷᠳᠤᠯ ᠦᠭᠡᠢ | ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠭᠡᠷᠡᠴᠢᠯᠡᠯ ᠤᠨ ᠳᠦᠷᠢᠮ ᠢ ᠬᠡᠷᠡᠭᠵᠢᠭᠦᠯᠬᠦ ᠶᠢ ᠨᠢ ᠠᠬᠢᠭᠤᠯᠵᠤ᠂ | ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠦᠢᠯᠡᠳᠪᠦᠷᠢᠯᠡᠬᠦ᠂ ᠭᠡᠷᠡᠴᠢᠯᠡᠬᠦ᠂ ᠮᠡᠳᠡᠭᠡ ᠵᠠᠩᠭᠢ | ᠴᠤᠭᠯᠠᠭᠤᠯᠵᠤ ᠬᠡᠷᠡᠭᠯᠡᠬᠦ ᠵᠡᠷᠭᠡ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠎ᠠ᠃ ᠪᠣᠬᠢᠷᠳᠤᠯ ᠦᠭᠡᠢ | ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ | ᠲᠣᠭᠲᠠᠯᠴᠠᠭ᠎ᠠ ᠶᠢ ᠪᠦᠷᠢᠨᠰᠢᠭᠦᠯᠵᠦ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠶᠠᠰᠤ | ᠴᠢᠨᠠᠷ ᠢ ᠳᠡᠭᠡᠭᠰᠢᠯᠡᠭᠦᠯᠦᠨ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠬᠠᠩᠭᠠᠯᠭ᠎ᠠ ᠶᠢ | ᠨᠡᠮᠡᠭᠳᠡᠭᠦᠯᠵᠦ᠂ ᠪᠣᠬᠢᠷᠳᠤᠯ ᠦᠭᠡᠢ ᠦᠢᠯᠡᠳᠬᠦᠨ ᠤ ᠬᠡᠷᠡᠭᠯᠡᠭᠡ ᠶᠢ ᠬᠥᠲᠥᠯᠥᠨ ᠵᠢᠯᠤᠭᠤᠳᠴᠤ᠂ ᠪᠠᠷᠢᠯᠭ᠎ᠠ ᠶᠢᠨ | ᠮᠠᠲ᠋ᠧᠷᠢᠶᠠᠯ ᠤᠨ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠠᠬᠢᠭᠤᠯᠤᠨ᠎ᠠ᠃ ᠪᠣᠬᠢᠷᠳᠤᠯ ᠦᠭᠡᠢ ᠪᠠᠷᠢᠯᠭ᠎ᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ | ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠪᠤᠶᠤ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠵᠦ ᠪᠦᠲᠦᠭᠡᠨ | ᠪᠠᠶᠢᠭᠤᠯᠬᠤ ᠲᠥᠷᠥᠯ ᠵᠦᠢᠯ ᠵᠢᠴᠢ 2 ᠲᠦᠮᠡᠨ ᠲᠡᠭᠰᠢ ᠳᠥᠷᠪᠡᠯᠵᠢᠨ ᠮᠧᠲᠷ ᠠᠴᠠ ᠢᠯᠡᠭᠦᠦ ᠲᠠᠯᠠᠪᠠᠢ ᠲᠠᠢ ᠣᠯᠠᠨ | ᠨᠡᠶᠢᠲᠡ ᠶᠢᠨ ᠪᠠᠷᠢᠯᠭ᠎ᠠ᠂ 5 ᠲᠦᠮᠡᠨ ᠲᠡᠭᠰᠢ ᠳᠥᠷᠪᠡᠯᠵᠢᠨ ᠮᠧᠲᠷ ᠠᠴᠠ ᠢᠯᠡᠭᠦᠦ ᠲᠠᠯᠠᠪᠠᠢ ᠲᠠᠢ ᠣᠷᠣᠨ | ᠰᠠᠭᠤᠴᠠ ᠶᠢᠨ ᠪᠠᠷᠢᠯᠭ᠎ᠠ ᠶᠢᠨ ᠲᠥᠷᠥᠯ ᠵᠦᠢᠯ ᠳᠤ ᠭᠡᠷᠡᠴᠢᠯᠡᠯ ᠣᠯᠣᠭᠰᠠᠨ ᠪᠣᠬᠢᠷᠳᠤᠯ ᠦᠭᠡᠢ ᠪᠠᠷᠢᠯᠭ᠎ᠠ ᠶᠢᠨ | ᠮᠠᠲ᠋ᠧᠷᠢᠶᠠᠯ ᠤᠨ ᠦᠢᠯᠡᠳᠬᠦᠨ ᠢ ᠡᠩ ᠲᠡᠷᠢᠭᠦᠨ ᠳᠤ ᠬᠡᠷᠡᠭᠯᠡᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠬᠠᠷᠢᠭᠤᠴᠠᠨ᠎ᠠ︶ | 2 . ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠪᠦᠲᠦᠴᠡ ᠳᠤ ᠨᠢᠭᠡ ᠴᠣᠭᠴᠠᠵᠢᠭᠤᠯᠬᠤ ᠶᠢ ᠬᠡᠷᠡᠭᠵᠢᠭᠦᠯᠦᠨ᠎ᠡ᠃ | ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠪᠦᠲᠦᠴᠡ ᠳᠤ ᠨᠢᠭᠡ ᠴᠣᠭᠴᠠᠵᠢᠭᠤᠯᠬᠤ ᠮᠡᠷᠭᠡᠵᠢᠯ ᠢ ᠳᠡᠯᠭᠡᠷᠡᠭᠦᠯᠬᠦ | ᠠᠵᠢᠯ ᠤᠨ ᠲᠥᠰᠥᠯ ᠢ ᠲᠣᠭᠲᠠᠭᠠᠵᠤ᠂ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠂ ᠦᠢᠯᠡᠳᠪᠦᠷᠢᠯᠡᠬᠦ ᠠᠵᠤ ᠠᠬᠤᠶᠢᠯᠠᠯ ᠤᠨ ᠨᠢᠭᠡ | ᠴᠣᠭᠴᠠᠵᠢᠭᠤᠯᠤᠭᠰᠠᠨ ᠮᠡᠷᠭᠡᠵᠢᠯ ᠢ ᠰᠤᠳᠤᠯᠤᠨ ᠨᠡᠭᠡᠭᠡᠬᠦ ᠪᠠ ᠣᠷᠣᠭᠤᠯᠤᠨ ᠠᠪᠴᠢᠷᠠᠬᠤ ᠶᠢ ᠬᠥᠲᠥᠯᠥᠨ | ᠵᠢᠯᠤᠭᠤᠳᠴᠤ᠂ ᠭᠠᠷ ᠤᠷᠠᠯᠠᠯ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠶᠠᠰᠤ | ᠴᠢᠨᠠᠷ ᠢ ᠨᠢ ᠪᠠᠲᠤᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠢᠭᠡ ᠴᠣᠭᠴᠠᠵᠢᠭᠤᠯᠤᠭᠰᠠᠨ ᠮᠡᠷᠭᠡᠵᠢᠯ ᠲᠠᠢ | ᠦᠢᠯᠡᠳᠬᠦᠨ ᠤ ᠶᠠᠰᠤ ᠴᠢᠨᠠᠷ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠨ᠎ᠠ᠃ ᠨᠢᠭᠡ ᠴᠣᠭᠴᠠᠵᠢᠭᠤᠯᠤᠭᠰᠠᠨ | ᠮᠡᠷᠭᠡᠵᠢᠯ ᠳᠤ ᠰᠢᠯᠢᠨ ᠰᠣᠩᠭᠤᠬᠤ ᠠᠵᠢᠯ ᠢ ᠥᠷᠨᠢᠭᠦᠯᠵᠦ᠂ ᠪᠦᠷᠢᠨ | ᠲᠡᠭᠦᠯᠳᠡᠷ ᠮᠡᠷᠭᠡᠵᠢᠯ ᠤᠨ ᠲᠤᠯᠭᠠᠭᠤᠷᠢᠯᠠᠯ ᠲᠠᠢ ᠲᠣᠭᠲᠠᠯᠴᠠᠭ᠎ᠠ ᠶᠢ ᠪᠠᠶᠢᠭᠤᠯᠤᠨ᠎ᠠ᠃ ᠪᠦᠬᠦ ᠣᠷᠣᠨ ᠤ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ᠂ ᠪᠣᠬᠢᠷᠳᠤᠯ ᠦᠭᠡᠢ ᠪᠠᠷᠢᠯᠭ᠎ᠠ᠂ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠣᠯᠠᠨ | ᠨᠡᠶᠢᠲᠡ ᠶᠢᠨ ᠪᠠᠷᠢᠯᠭ᠎ᠠ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠠᠷᠢᠯᠭ᠎ᠠ ᠳᠤ ᠨᠢᠭᠡ ᠴᠣᠭᠴᠠᠵᠢᠭᠤᠯᠤᠭᠰᠠᠨ | ᠮᠡᠷᠭᠡᠵᠢᠯ ᠬᠡᠷᠡᠭᠯᠡᠬᠦ ᠶᠢ ᠠᠬᠢᠭᠤᠯᠤᠨ᠎ᠠ᠃ ᠬᠥᠬᠡᠬᠤᠲᠠ᠂ ᠪᠤᠭᠤᠲᠤ ᠬᠤᠲᠠ᠂ ᠬᠢᠩᠭᠠᠨ ᠠᠶᠢᠮᠠᠭ ᠤᠨ ᠰᠢᠨ᠎ᠡ ᠪᠠᠶᠢᠭᠤᠯᠬᠤ | ᠪᠠᠷᠢᠯᠭ᠎ᠠ ᠳᠤ ᠤᠷᠢᠳ ᠢᠶᠠᠷ ᠨᠢᠭᠡ ᠴᠣᠭᠴᠠᠵᠢᠭᠤᠯᠤᠭᠰᠠᠨ ᠮᠡᠷᠭᠡᠵᠢᠯ ᠢ ᠬᠡᠷᠡᠭᠯᠡᠵᠦ᠂ ᠪᠤᠰᠤᠳ ᠠᠶᠢᠮᠠᠭ ᠬᠤᠲᠠ ᠳᠤ | ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠠᠷᠢᠭᠤᠴᠠᠨ᠎ᠠ︶ | 3 . ︽ᠳᠥᠷᠪᠡᠨ ᠰᠢᠨ᠎ᠡ︾ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠᠨ ᠴᠢᠩᠭᠠᠳᠬᠠᠨ᠎ᠠ᠃ ᠪᠠᠷᠢᠯᠭ᠎ᠠ ᠶᠢᠨ | ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ | ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠵᠦ᠂ ᠳᠡᠯᠭᠡᠷᠡᠭᠦᠯᠦᠨ ᠬᠡᠷᠡᠭᠯᠡᠬᠦ ᠶᠢ ᠨᠢ ᠬᠢᠵᠠᠭᠠᠷᠯᠠᠨ ᠬᠤᠷᠢᠭᠯᠠᠬᠤ | ᠮᠡᠷᠭᠡᠵᠢᠯ ᠤᠨ ᠭᠠᠷᠴᠠᠭ ᠢ ᠴᠠᠭ ᠲᠤᠬᠠᠢ ᠳᠤ ᠨᠢ ᠰᠢᠨᠡᠳᠬᠡᠨ ᠨᠡᠶᠢᠲᠡᠯᠡᠨ᠎ᠡ᠃ ᠠᠶᠠᠨᠳᠠᠭᠠᠨ ᠨᠠᠷᠠᠨ ᠤ ᠬᠡᠷᠡᠯ ᠲᠤᠰᠬᠤ᠂ | ᠰᠠᠯᠬᠢ ᠨᠡᠪᠲᠡᠷᠡᠬᠦ᠂ ᠪᠣᠷᠣᠭᠠᠨ ᠤ ᠤᠰᠤ ᠴᠤᠭᠯᠠᠭᠤᠯᠬᠤ᠂ ᠴᠡᠪᠡᠷᠵᠢᠭᠦᠨ ᠤᠰᠤ ᠶᠢ ᠠᠰᠢᠭᠯᠠᠬᠤ᠂ ᠤᠰᠤ ᠠᠷᠪᠢᠯᠠᠬᠤ᠂ | ᠲᠠᠭᠤ ᠬᠥᠨᠳᠡᠶᠢᠷᠡᠭᠦᠯᠬᠦ ᠵᠡᠷᠭᠡ ᠪᠣᠯᠪᠠᠰᠤᠷᠠᠩᠭᠤᠢ ᠪᠣᠯᠤᠭᠰᠠᠨ ᠮᠡᠷᠭᠡᠵᠢᠯ ᠤᠨ ᠦᠢᠯᠡᠳᠬᠦᠨ ᠢ ᠭᠠᠵᠠᠷ ᠣᠷᠣᠨ ᠤ | ᠪᠠᠶᠢᠳᠠᠯ ᠳᠤ ᠪᠠᠨ ᠲᠣᠬᠢᠷᠠᠭᠤᠯᠤᠨ ᠳᠡᠯᠭᠡᠷᠡᠭᠦᠯᠵᠦ᠂ ᠪᠠᠷᠢᠯᠭ᠎ᠠ ᠶᠢᠨ ᠬᠤᠭ ᠨᠣᠪᠰᠢ᠂ ᠨᠡᠭᠦᠷᠡᠰᠦᠨ ᠴᠢᠯᠠᠭᠤ᠂ ᠨᠤᠨᠳᠠᠭ | ᠨᠡᠭᠦᠷᠡᠰᠦᠨ ᠤ ᠦᠨᠡᠰᠦ᠂ ᠵᠤᠤᠬ᠎ᠠ ᠶᠢᠨ ᠰᠢᠭᠠᠷᠤ᠂ ᠦᠯᠡᠳᠡᠭᠳᠡᠯ ᠬᠦᠳᠡᠷ ᠵᠡᠷᠭᠡ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠠᠰᠢᠭᠯᠠᠨ ᠲᠦᠭᠦᠬᠡᠢ ᠮᠠᠲ᠋ᠧᠷᠢᠶᠠᠯ ᠪᠣᠯᠭᠠᠵᠤ ᠬᠡᠷᠡᠮ ᠤᠨ ᠮᠠᠲ᠋ᠧᠷᠢᠶᠠᠯ ᠦᠢᠯᠡᠳᠪᠦᠷᠢᠯᠡᠬᠦ ᠶᠢ | ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ︶ | ︵ᠵᠢᠷᠭᠤᠭ᠎ᠠ︶ ᠲᠠᠬᠢᠨ ᠡᠭᠦᠰᠴᠦ ᠪᠣᠯᠬᠤ ᠡᠨᠧᠷᠬᠢ ᠶᠢᠨ ᠪᠠᠷᠢᠯᠭ᠎ᠠ ᠳᠤ ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ | ᠪᠠᠷᠢᠯᠭ᠎ᠠ ᠳᠤ ᠳᠠᠬᠢᠨ ᠡᠭᠦᠰᠴᠦ ᠪᠣᠯᠬᠤ ᠡᠨᠧᠷᠭᠢ ᠶᠢ ᠬᠡᠷᠡᠭᠯᠡᠬᠦ ᠪᠠᠨ ᠴᠢᠩᠭᠠᠳᠬᠠᠨ᠎ᠠ᠃ ᠨᠡᠷᠡᠨ ᠤ ᠡᠨᠧᠷᠭᠢ᠂ ᠭᠦᠢᠬᠡᠨ | ᠳᠠᠪᠬᠤᠷᠭ᠎ᠠ ᠳᠠᠬᠢ ᠭᠠᠵᠠᠷ ᠤᠨ ᠢᠯᠴᠢ ᠶᠢᠨ ᠡᠨᠧᠷᠭᠢ᠂ ᠠᠭᠠᠷ ᠤᠨ ᠡᠨᠧᠷᠭᠢ ᠵᠡᠷᠭᠡ ᠰᠢᠨ᠎ᠡ ᠡᠨᠧᠷᠭᠢ ᠶᠢ ᠭᠠᠵᠠᠷ | ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠪᠠᠷᠢᠯᠭ᠎ᠠ ᠳᠤ ᠬᠡᠷᠡᠭᠯᠡᠬᠦ ᠶᠢ ᠠᠬᠢᠭᠤᠯᠵᠤ᠂ ᠠᠷᠠᠳ ᠤᠨ ᠬᠡᠷᠡᠭᠴᠡᠭᠡᠨ ᠤ | ᠪᠠᠷᠢᠯᠭ᠎ᠠ ᠶᠢᠨ ᠡᠩ ᠤᠨ ᠡᠨᠧᠷᠭᠢ ᠶᠢᠨ ᠬᠡᠷᠡᠭᠯᠡᠯᠲᠡ ᠶᠢ ᠪᠠᠭᠠᠰᠬᠠᠨ᠎ᠠ᠃ ᠳᠠᠬᠢᠨ ᠡᠭᠦᠰᠴᠦ ᠪᠣᠯᠬᠤ ᠡᠨᠧᠷᠭᠢ ᠶᠢ | ᠪᠠᠷᠢᠯᠭ᠎ᠠ ᠳᠤ ᠬᠡᠷᠡᠭᠯᠡᠬᠦ ᠢᠨᠵᠧᠨᠧᠷᠢᠩ ᠤᠨ ᠲᠥᠯᠦᠪᠵᠢᠭᠦᠯᠭᠡ᠂ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠰᠢᠯᠭᠠᠨ | ᠠᠪᠬᠤ᠂ ᠠᠵᠢᠯᠯᠠᠭᠤᠯᠬᠤ ᠵᠡᠷᠭᠡ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠨᠡᠷᠡᠨ ᠤ ᠡᠨᠧᠷᠭᠢ ᠪᠠᠷ ᠤᠰᠤ | ᠬᠠᠯᠠᠭᠠᠬᠤ ᠪᠠᠷᠢᠯᠭ᠎ᠠ ᠶᠢᠨ ᠨᠢᠭᠡ ᠴᠣᠭᠴᠠᠵᠢᠭᠤᠯᠬᠤ ᠰᠢᠰᠲ᠋ᠧᠮ ᠢ ᠶᠡᠭᠡ ᠪᠠᠷ ᠬᠥᠭᠵᠢᠭᠦᠯᠵᠦ᠂ 12 ᠳᠠᠪᠬᠤᠷᠯᠢᠭ | ᠬᠦᠷᠬᠦ ᠦᠭᠡᠢ ᠣᠷᠣᠨ ᠰᠠᠭᠤᠴᠠ ᠶᠢᠨ ᠪᠠᠷᠢᠯᠭ᠎ᠠ ᠪᠠ | ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠵᠣᠴᠢᠳ ᠤᠨ ᠪᠠᠭᠤᠳᠠᠯ᠂ ᠤᠮᠪᠠᠯᠲᠠ ᠶᠢᠨ ᠲᠠᠲᠠᠭᠠᠯ᠂ ᠣᠯᠠᠨ ᠨᠡᠶᠢᠲᠡ ᠶᠢᠨ | ᠤᠬᠢᠶᠠᠯᠭ᠎ᠠ ᠶᠢᠨ ᠥᠷᠥᠭᠡ ᠵᠡᠷᠭᠡ ᠣᠯᠠᠨ ᠨᠡᠶᠢᠲᠡ ᠶᠢᠨ ᠪᠠᠷᠢᠯᠭ᠎ᠠ ᠳᠤ ᠨᠡᠷᠡᠨ ᠤ ᠡᠨᠧᠷᠭᠢ ᠶᠢᠨ ᠭᠡᠷᠡᠯ ᠢᠯᠴᠢ | ᠬᠡᠷᠡᠭᠯᠡᠬᠦ ᠪᠠᠷᠢᠯᠭ᠎ᠠ ᠶᠢᠨ ᠨᠢᠭᠡ ᠴᠣᠭᠴᠠᠵᠢᠭᠤᠯᠤᠭᠰᠠᠨ ᠮᠡᠷᠭᠡᠵᠢᠯ ᠢ ᠠᠬᠢᠭᠤᠯᠤᠨ᠎ᠠ᠃ ᠬᠤᠲᠠ ᠪᠠᠯᠭᠠᠰᠤᠨ ᠤ | ᠪᠠᠷᠢᠯᠭ᠎ᠠ ᠳᠤ ᠨᠡᠷᠡᠨ ᠤ ᠡᠨᠧᠷᠭᠢ ᠶᠢᠨ ᠭᠡᠷᠡᠯ ᠴᠡᠨᠡᠭ ᠤᠨ ᠲᠠᠷᠬᠠᠯᠲᠠ ᠶᠢᠨ ᠬᠡᠯᠪᠡᠷᠢ ᠲᠠᠢ᠂ ᠨᠢᠭᠡ ᠴᠣᠭᠴᠠᠵᠢᠭᠤᠯᠤᠨ | ᠬᠡᠷᠡᠭᠯᠡᠬᠦ ᠶᠢ ᠳᠡᠯᠭᠡᠷᠡᠭᠦᠯᠵᠦ᠂ ᠲᠤᠬᠠᠢ ᠶᠢᠨ ᠭᠠᠵᠠᠷ ᠲᠤ ᠨᠢ ᠦᠢᠯᠡᠳᠪᠦᠷᠢᠯᠡᠬᠦ ᠪᠠ ᠠᠪᠴᠤ ᠬᠡᠷᠡᠭᠯᠡᠬᠦ ᠪᠣᠯᠭᠠᠨ᠎ᠠ᠃ | ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠡᠨᠧᠷᠭᠢ ᠶᠢᠨ ᠲᠣᠪᠴᠢᠶ᠎ᠠ ᠬᠠᠷᠢᠭᠤᠴᠠᠨ᠎ᠠ︶ | ︵ᠳᠣᠯᠤᠭ᠎ᠠ︶ ᠪᠣᠬᠢᠷᠳᠤᠯ ᠦᠭᠡᠢ ᠪᠠᠷᠢᠯᠭ᠎ᠠ ᠪᠠᠷᠢᠬᠤ ᠠᠵᠢᠯ ᠢ ᠠᠬᠢᠭᠤᠯᠤᠨ᠎ᠠ᠃ ᠪᠣᠬᠢᠷᠳᠤᠯ ᠦᠭᠡᠢ ᠪᠠᠷ ᠪᠠᠷᠢᠯᠭ᠎ᠠ | ᠪᠠᠷᠢᠬᠤ ᠪᠠ ᠠᠮᠤᠷ ᠲᠦᠪᠰᠢᠨ ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠠᠬᠢᠭᠤᠯᠤᠨ᠎ᠠ᠃ ᠪᠣᠬᠢᠷᠳᠤᠯ ᠦᠭᠡᠢ ᠪᠠᠷᠢᠯᠭ᠎ᠠ | ᠪᠠᠷᠢᠬᠤ ᠢᠨᠵᠧᠨᠧᠷᠢᠩ ᠤᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠪᠠ | ᠲᠡᠷᠢᠭᠦᠨ ᠤ ᠮᠡᠷᠭᠡᠵᠢᠯ ᠢ ᠬᠡᠷᠡᠭᠯᠡᠬᠦ ᠪᠠᠷ ᠳᠠᠮᠵᠢᠭᠤᠯᠤᠨ᠂ ᠪᠠᠷᠢᠯᠭ᠎ᠠ ᠶᠢᠨ ᠬᠤᠭ ᠲᠣᠭᠤᠰᠣ ᠶᠢ ᠵᠠᠰᠠᠬᠤ᠂ ᠤᠰᠤ | ᠠᠷᠪᠢᠯᠠᠵᠤ ᠬᠤᠷᠣᠭᠳᠠᠯ ᠢ ᠪᠠᠭᠠᠰᠬᠠᠬᠤ᠂ ᠰᠢᠭᠠᠷᠤ ᠰᠢᠷᠣᠢ ᠶᠢᠨ ᠲᠡᠭᠡᠭᠡᠪᠦᠷᠢ᠂ ᠱᠤᠤᠭᠢᠶᠠᠨ ᠤ ᠪᠣᠬᠢᠷᠳᠤᠯ᠂ ᠵᠠᠳᠠᠯᠤᠨ | ᠰᠠᠯᠭᠠᠵᠤ ᠡᠷᠭᠢᠯᠳᠦᠭᠦᠯᠦᠨ ᠠᠰᠢᠭᠯᠠᠬᠤ ᠵᠡᠷᠭᠡ ᠲᠠᠯ᠎ᠠ ᠶᠢᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ︽ᠳᠥᠷᠪᠡ ᠶᠢ | ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ︾ ︵ᠡᠨᠧᠷᠭᠢ ᠠᠷᠪᠢᠯᠠᠬᠤ᠂ ᠭᠠᠵᠠᠷ ᠰᠢᠷᠣᠢ ᠠᠷᠪᠢᠯᠠᠬᠤ᠂ ᠤᠰᠤ | ᠠᠷᠪᠢᠯᠠᠬᠤ᠂ ᠮᠠᠲ᠋ᠧᠷᠢᠶᠠᠯ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ︶ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠬᠠᠮᠤᠭ ᠤᠨ ᠶᠡᠭᠡ | ᠬᠡᠮᠵᠢᠶ᠎ᠡ ᠪᠠᠷ ᠡᠨᠧᠷᠭᠢ ᠠᠷᠪᠢᠯᠠᠵᠤ ᠬᠤᠷᠣᠭᠳᠠᠯ ᠢ ᠪᠠᠭᠤᠷᠠᠭᠤᠯᠤᠨ᠂ ᠪᠠᠷᠢᠯᠭ᠎ᠠ ᠶᠢᠨ ᠭᠠᠵᠠᠷ ᠤᠨ ᠪᠣᠬᠢᠷᠳᠤᠯ ᠦᠭᠡᠢ | ᠪᠠᠷᠢᠯᠭ᠎ᠠ ᠪᠠᠷᠢᠬᠤ ᠪᠠ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶ | ︵ᠨᠠᠢᠮᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠨ᠎ᠠ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ | ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ | ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠢᠭᠡ ᠴᠣᠭᠴᠠᠵᠢᠭᠤᠯᠤᠭᠰᠠᠨ ᠮᠡᠷᠭᠡᠵᠢᠯ ᠤᠨ ᠰᠢᠨ᠎ᠡ | ᠡᠭᠦᠳᠦᠯᠲᠡ ᠵᠢᠨᠲ᠋ᠣᠭᠲᠠᠯᠴᠠᠭᠠ ᠶᠢ ᠪᠠᠶᠢᠭᠤᠯᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ | ᠪᠠᠷᠢᠯᠭ᠎ᠠ ᠶᠢᠨ ᠨᠡᠶᠢᠲᠡᠯᠢᠭ ᠴᠢᠨᠠᠷ ᠪᠠ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠵᠢᠴᠢ ᠬᠡᠷᠡᠭᠯᠡᠬᠦ ᠶᠢ | ᠴᠢᠩᠭᠠᠷᠠᠭᠤᠯᠵᠤ᠂ ᠨᠥᠬᠦᠴᠡᠯ ᠳᠤ ᠨᠡᠶᠢᠴᠡᠭᠰᠡᠨ ᠭᠠᠵᠠᠷ ᠣᠷᠣᠨ ᠪᠠ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠰᠤᠳᠤᠯᠬᠤ ᠲᠥᠪ᠂ ᠭᠤᠣᠯᠳᠠᠯᠭ᠎ᠠ ᠲᠠᠢ | ᠲᠤᠷᠰᠢᠯᠲᠠ ᠶᠢᠨ ᠲᠠᠰᠤᠭ ᠪᠠᠶᠢᠭᠤᠯᠬᠤ ᠶᠢ ᠳᠡᠮᠵᠢᠵᠦ᠂ | ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠥᠷᠥᠯ ᠵᠦᠢᠯ᠂ ᠮᠡᠷᠭᠡᠵᠢᠯ᠂ ᠮᠠᠲ᠋ᠧᠷᠢᠶᠠᠯ᠂ ᠲᠥᠬᠦᠭᠡᠷᠦᠮᠵᠢ ᠵᠡᠷᠭᠡ ᠪᠠᠨ ᠪᠥᠬᠦ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠳᠡᠮᠵᠢᠬᠦ ᠬᠦᠷᠢᠶᠡᠨ ᠳᠤ ᠵᠢᠭᠰᠠᠭᠠᠨ ᠣᠷᠣᠭᠤᠯᠬᠤ ᠶᠢ ᠠᠬᠢᠭᠤᠯᠤᠨ᠎ᠠ᠃ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠲᠡᠷᠢᠭᠦᠨ ᠤ ᠮᠡᠷᠭᠡᠵᠢᠯ ᠢ ᠢᠳᠡᠪᠬᠢᠲᠡᠢ ᠪᠠᠷ | ᠣᠷᠣᠭᠤᠯᠵᠤ ᠠᠪᠴᠢᠷᠠᠬᠤ᠂ ᠬᠡᠷᠡᠭᠯᠡᠬᠦ ᠪᠠ ᠰᠢᠩᠭᠡᠬᠡᠨ ᠠᠪᠴᠤ᠂ ᠲᠤᠰ ᠭᠠᠵᠠᠷ ᠣᠷᠣᠨ ᠤ ᠪᠠᠨ ᠪᠣᠳᠠᠲᠠᠢ ᠳᠤ | ᠨᠡᠶᠢᠴᠡᠭᠰᠡᠨ ᠲᠥᠬᠦᠷ ᠦᠢᠯᠡᠳᠬᠦᠨ ᠪᠠ ᠰᠢᠨ᠎ᠡ ᠮᠡᠷᠭᠡᠵᠢᠯ ᠢ ᠬᠥᠭᠵᠢᠭᠦᠯᠦᠨ᠂ ᠲᠡᠷᠢᠭᠦᠨ ᠤ ᠪᠣᠯᠪᠠᠰᠤᠷᠠᠩᠭᠤᠢ | ᠮᠡᠷᠭᠡᠵᠢᠯ ᠤᠨ ᠦᠢᠯᠡᠳᠬᠦᠨ ᠢ ᠠᠵᠤ ᠦᠢᠯᠡᠰᠵᠢᠭᠦᠯᠬᠦ ᠠᠬᠢᠴᠠ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠬᠠᠷᠢᠭᠤᠴᠠᠨ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠬᠥᠭᠵᠢᠯᠲᠡ ᠶᠢᠨ ᠲᠢᠩᠬᠢᠮ ᠤᠨ | ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠢ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠳᠤ ᠲᠣᠬᠢᠷᠠᠭᠤᠯᠵᠤ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ | ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠡᠯ᠎ᠡ ᠠᠶᠢᠮᠠᠭ ᠬᠤᠲᠠ ᠨᠢ ᠲᠤᠰ ᠰᠠᠨᠠᠯ ᠢ | ᠪᠠᠭᠤᠯᠭᠠᠭᠰᠠᠨ ᠤ ᠳᠠᠷᠠᠭᠠᠬᠢ 6 ᠰᠠᠷ᠎ᠠ ᠶᠢᠨ ᠳᠣᠲᠣᠷ᠎ᠠ᠂ ᠲᠥᠬᠦᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠣᠭᠲᠠᠭᠠᠵᠤ᠂ ᠬᠠᠷᠠᠯᠲᠠ ᠡᠭᠦᠷᠭᠡ ᠪᠠᠨ | ᠨᠠᠷᠢᠯᠢᠭᠵᠢᠭᠤᠯᠤᠨ᠂ ᠬᠠᠷᠢᠭᠤᠴᠠᠬᠤ ᠨᠢᠭᠡᠴᠢ ᠶᠢ ᠲᠣᠳᠣᠷᠬᠠᠶᠢᠯᠠᠵᠤ᠂ ᠳᠡᠮᠵᠢᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠬᠠᠷᠢᠶ᠎ᠠ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶ ᠢ ᠵᠢᠭᠠᠨ ᠵᠢᠯᠤᠭᠤᠳᠴᠤ | ᠪᠠᠶᠢᠭᠠᠳ ᠬᠠᠷᠢᠭᠤᠴᠠᠯᠭ᠎ᠠ ᠶᠢᠨ ᠲᠣᠭᠲᠠᠴᠠ ᠶᠢ ᠨᠢ ᠪᠦᠷᠢᠨᠰᠢᠭᠦᠯᠵᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ | ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠬᠠᠷᠢᠭᠤᠴᠠᠨ᠎ᠠ︶ | ︵ᠬᠤᠶᠠᠷ︶ ᠪᠦᠲᠦᠭᠡᠨ ᠪᠠᠶᠢᠭᠤᠯᠬᠤ ᠪᠠᠷᠢᠯᠭ᠎ᠠ ᠶᠢᠨ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠴᠡᠭᠡᠨ ᠤ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ ᠵᠡᠷᠭᠡ ᠶᠢᠨ | ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠠᠷᠠᠳ ᠤᠨ ᠬᠡᠷᠡᠭᠴᠡᠭᠡᠨ ᠤ ᠪᠠᠷᠢᠯᠭ᠎ᠠ ᠶᠢᠨ ᠲᠥᠷᠥᠯ ᠵᠦᠢᠯ | ᠲᠣᠭᠲᠠᠭᠠᠬᠤ᠂ ᠲᠥᠯᠥᠪᠵᠢᠭᠦᠯᠬᠦ᠂ ᠭᠠᠵᠠᠷ ᠬᠡᠷᠡᠭᠯᠡᠬᠦ᠂ ᠵᠢᠷᠤᠭᠯᠠᠨ ᠲᠥᠯᠥᠪᠯᠡᠬᠦ᠂ ᠵᠢᠷᠤᠭ ᠢ ᠬᠢᠨᠠᠬᠤ᠂ ᠪᠠᠷᠢᠯᠭ᠎ᠠ ᠪᠠᠷᠢᠬᠤ᠂ | ᠪᠠᠶᠢᠴᠠᠭᠠᠨ ᠰᠢᠯᠭᠠᠬᠤ᠂ ᠰᠢᠯᠭᠠᠨ ᠠᠪᠬᠤ᠂ ᠦᠨᠡᠯᠡᠬᠦ ᠵᠡᠷᠭᠡ ᠪᠥᠬᠦ ᠶᠠᠪᠤᠴᠠ ᠳᠤ ᠬᠢᠨᠠᠨ ᠬᠠᠮᠢᠶᠠᠷᠬᠤ ᠲᠣᠭᠲᠠᠴᠠ ᠶᠢ | ᠲᠡᠭᠦᠯᠳᠡᠷᠵᠢᠭᠦᠯᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠬᠠᠮᠢᠶ᠎ᠠ ᠪᠦᠬᠦᠢ | ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠢᠷᠤᠮᠵᠢᠯ ᠢ ᠬᠡᠷᠡᠭᠵᠢᠭᠦᠯᠬᠦ ᠳᠤ ᠨᠡᠭᠡᠭᠡᠨ ᠬᠥᠭᠵᠢᠭᠦᠯᠵᠦ | ᠪᠦᠲᠦᠭᠡᠨ ᠪᠠᠶᠢᠭᠤᠯᠬᠤ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ᠂ | ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠬᠤ ᠡᠯ᠎ᠡ | ᠲᠠᠯ᠎ᠠ ᠶᠢᠨ ᠬᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠱᠠᠲᠤᠨ ᠳᠤ ᠪᠠᠷᠢᠯᠭ᠎ᠠ ᠶᠢᠨ ᠡᠨᠧᠷᠭᠢ | ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠳᠡᠰᠲ᠋ᠠᠷᠠᠭᠠᠯᠠᠯ ᠳᠤ ᠣᠷᠣᠭᠤᠯᠵᠤ᠂ ᠪᠠᠷᠢᠯᠭ᠎ᠠ ᠶᠢᠨ ᠵᠢᠷᠤᠭ ᠤᠨ ᠬᠢᠨᠠᠨ | ᠪᠠᠶᠢᠴᠠᠭᠠᠯᠲᠠ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠪᠦᠷᠢᠳᠬᠡᠨ | ᠳᠠᠩᠰᠠᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠨ᠂ ︽ᠬᠤᠶᠠᠷ ᠢ ᠰᠤᠭᠤᠴᠢᠨ ᠪᠠᠶᠢᠴᠠᠭᠠᠵᠤ᠂ | ᠨᠢᠭᠡ ᠶᠢ ᠢᠯᠡ ᠪᠣᠯᠭᠠᠬᠤ︾ ᠪᠠ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠵᠠᠭᠪᠤᠷ ᠶᠣᠰᠣᠭᠠᠷ᠂ | ᠡᠳᠦᠷ ᠲᠤᠲᠤᠮ ᠤᠨ ᠪᠠᠶᠢᠴᠠᠭᠠᠬᠤ ᠪᠠ ᠰᠤᠭᠤᠴᠢᠨ ᠪᠠᠶᠢᠴᠠᠭᠠᠵᠤ ᠰᠢᠯᠭᠠᠬᠤ ᠶᠢ ᠤᠶᠠᠯᠳᠤᠭᠤᠯᠤᠭᠰᠠᠨ ᠪᠠᠶᠢᠴᠠᠭᠠᠬᠤ | ᠠᠷᠭ᠎ᠠ ᠬᠡᠯᠪᠡᠷᠢ ᠶᠢ ᠬᠡᠷᠡᠭᠯᠡᠵᠦ᠂ ᠡᠯ᠎ᠡ ᠲᠠᠯ᠎ᠠ ᠶᠢᠨ ᠬᠢᠨ ᠤ ᠭᠤᠣᠯ ᠴᠣᠭᠴᠠ ᠶᠢᠨ ᠬᠡᠷᠡᠭᠵᠢᠭᠦᠯᠵᠦ ᠪᠠᠶᠢᠭ᠎ᠠ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠬᠠᠮᠢᠶ᠎ᠠ ᠪᠦᠬᠦᠢ ᠪᠠᠷᠢᠮᠵᠢᠶ᠎ᠠ᠂ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠲᠤᠰᠬᠠᠢ | ᠬᠠᠭᠤᠳᠠᠰᠤ᠂ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠤᠨ ᠶᠠᠰᠤ ᠴᠢᠨᠠᠷ ᠤᠨ ᠬᠢᠨᠠᠨ | ᠪᠠᠶᠢᠴᠠᠭᠠᠯᠲᠠ᠂ ᠲᠤᠰᠬᠠᠢ ᠪᠠᠷᠢᠯᠭ᠎ᠠ ᠶᠢᠨ ᠮᠡᠷᠭᠡᠵᠢᠯ ᠤᠨ ᠲᠥᠰᠥᠯ᠂ ᠲᠤᠰᠬᠠᠢ ᠬᠢᠨᠠᠨ ᠬᠠᠮᠢᠶᠠᠷᠬᠤ ᠨᠠᠷᠢᠨ ᠳᠦᠷᠢᠮ | ᠵᠡᠷᠭᠡ ᠶᠢ ᠨᠠᠶᠢᠷᠠᠭᠤᠯᠤᠨ ᠬᠢᠨᠠᠬᠤ ᠪᠠ ᠬᠡᠷᠡᠭᠵᠢᠭᠦᠯᠦᠭᠰᠡᠨ ᠪᠠᠶᠢᠳᠠᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ | ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠶᠠᠰᠤ ᠴᠢᠨᠠᠷ ᠤᠨ ᠠᠵᠢᠯᠯᠠᠭ᠎ᠠ ᠳᠤ ᠡᠯ᠎ᠡ | ᠲᠠᠯ᠎ᠠ ᠶᠢᠨ ᠬᠢᠨ ᠤ ᠭᠤᠣᠯ ᠴᠣᠭᠴᠠ ᠶᠢᠨ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠂ ᠡᠯ᠎ᠡ ᠵᠦᠢᠯ ᠤᠨ | ᠱᠠᠭᠠᠷᠳᠠᠯᠭ᠎ᠠ ᠪᠠᠨ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ︵ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠭᠤᠷᠪᠠ︶ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠨᠧᠷᠭᠢ ᠠᠷᠪᠢᠯᠠᠨ ᠪᠣᠬᠢᠷ ᠪᠣᠳᠠᠰ | ᠭᠠᠳᠠᠭᠰᠢᠯᠠᠭᠤᠯᠬᠤ ᠶᠢ ᠪᠠᠭᠠᠰᠬᠠᠬᠤ᠂ ᠠᠵᠤ ᠦᠢᠯᠡᠰ ᠢ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ᠂ ᠪᠣᠬᠢᠷᠳᠤᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠲᠠᠢ | ᠤᠶᠠᠯᠳᠤᠭᠤᠯᠤᠨ᠂ ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠ ᠡᠨᠧᠷᠭᠢ ᠶᠢᠨ | ᠬᠤᠷᠣᠭᠳᠠᠯ ᠪᠠᠷᠤᠭ ᠯᠡᠦᠭᠡᠢ ᠪᠠᠷᠢᠯᠭ᠎ᠠ᠂ ᠪᠣᠬᠢᠷᠳᠤᠯ ᠦᠭᠡᠢ ᠠᠮᠢ ᠠᠬᠤᠢ ᠶᠢᠨ ᠬᠤᠲᠠ ᠲᠣᠭᠤᠷᠢᠭ᠂ ᠣᠳᠣᠨ | ᠲᠠᠰ ᠲᠠᠢ ᠪᠣᠬᠢᠷᠳᠤᠯ ᠦᠭᠡᠢ ᠪᠠᠷᠢᠯᠭ᠎ᠠ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ᠂ ᠳᠠᠬᠢᠨ ᠡᠭᠦᠰᠴᠦ ᠪᠣᠯᠬᠤ | ᠡᠨᠧᠷᠭᠢ ᠶᠢᠨ ᠬᠡᠷᠡᠭᠯᠡᠯᠲᠡ᠂ ᠣᠳᠣ ᠶᠢᠨ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠶᠢ ᠥᠭᠡᠷᠡᠴᠢᠯᠡᠨ | ᠰᠠᠶᠢᠵᠢᠷᠠᠭᠤᠯᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ᠂ ᠡᠨᠧᠷᠭᠢ ᠶᠢᠨ | ᠭᠡᠷ᠎ᠡ ᠲᠠᠢ ᠬᠠᠮᠢᠶᠠᠷᠤᠯᠲᠠ ᠶᠢᠨ ᠲᠥᠷᠥᠯ ᠵᠦᠢᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ᠂ ᠰᠠᠭᠤᠷᠢ | ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠵᠡᠷᠭᠡ ᠶᠢ ᠳᠡᠮᠵᠢᠬᠦ ᠡᠷᠴᠢᠮ ᠢᠶᠠᠨ ᠭᠤᠣᠯᠳᠠᠯᠭ᠎ᠠ ᠲᠠᠢ ᠴᠢᠩᠭᠠᠷᠠᠭᠤᠯᠤᠨ᠎ᠠ᠃ | ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠪᠤᠶᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠭᠰᠠᠨ ᠤᠭᠰᠠᠷᠠᠮᠠᠯ ᠬᠡᠯᠪᠡᠷᠢ ᠪᠦᠬᠦᠢ᠂ | ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ᠂ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠪᠦᠲᠦᠴᠡ ᠶᠢ ᠨᠢᠭᠡ | ᠴᠣᠭᠴᠠᠵᠢᠭᠤᠯᠬᠤ ᠵᠡᠷᠭᠡ ᠦᠢᠯᠡᠳᠪᠦᠷᠢᠯᠡᠯ ᠤᠨ ᠠᠵᠤ ᠠᠬᠤᠶᠢᠯᠠᠯ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠶᠢᠯᠢ ᠰᠦᠢᠳᠬᠡᠯ ᠢ ᠨᠢ ᠬᠠᠰᠤᠵᠤ ᠬᠡᠯᠲᠦᠷᠢᠭᠦᠯᠬᠦ ᠪᠣᠳᠣᠯᠭ᠎ᠠ ᠶᠢ | ᠬᠦᠷᠲᠡᠭᠡᠨ᠎ᠡ︔ ᠪᠣᠬᠢᠷᠳᠤᠯ ᠦᠭᠡᠢ ᠪᠠᠷᠢᠯᠭ᠎ᠠ ᠶᠢ ᠦᠨᠡᠯᠡᠬᠦ ᠲᠡᠮᠳᠡᠭ ᠲᠠᠢ ᠲᠥᠷᠥᠯ ᠵᠦᠢᠯ ᠳᠤ ᠭᠠᠶᠢᠯᠢ | ᠰᠦᠢᠳᠬᠡᠯ ᠢ ᠨᠢ ᠬᠠᠰᠤᠵᠤ ᠬᠡᠯᠲᠦᠷᠢᠭᠦᠯᠬᠦ ᠪᠠ ᠰᠢᠯᠢᠳᠡᠭ ᠢ ᠨᠢ ᠰᠢᠯᠭᠠᠷᠠᠭᠤᠯᠵᠤ ᠲᠡᠷᠢᠭᠦᠨ ᠤ ᠬᠢ ᠶᠢ ᠡᠭᠦᠳᠬᠦ | ᠲᠥᠷᠥ ᠶᠢᠨ ᠪᠣᠳᠣᠯᠭ᠎ᠠ ᠶᠢ ᠬᠦᠷᠲᠡᠭᠡᠬᠦ ᠠᠵᠢᠯ ᠢᠶᠠᠨ ᠦᠷᠭᠦᠯᠵᠢᠯᠡᠨ ᠨᠠᠶᠢᠳᠠᠪᠤᠷᠢᠵᠢᠭᠤᠯᠤᠨ᠎ᠠ᠃ ᠪᠣᠬᠢᠷᠳᠤᠯ ᠦᠭᠡᠢ | ᠪᠠᠷᠢᠯᠭ᠎ᠠ᠂ ᠤᠭᠰᠠᠷᠠᠮᠠᠯ ᠬᠡᠯᠪᠡᠷᠢ ᠪᠦᠬᠦᠢ ᠪᠠᠷᠢᠯᠭ᠎ᠠ᠂ᠢᠳᠡᠪᠬᠢ ᠪᠤᠰᠤ ᠬᠡᠯᠪᠡᠷᠢ ᠪᠦᠬᠦᠢ ᠬᠡᠲᠦ ᠪᠠᠭ᠎ᠠ ᠡᠨᠧᠷᠭᠢ ᠶᠢᠨ | ᠬᠤᠷᠣᠭᠳᠠᠯ ᠲᠠᠢ ᠪᠠᠷᠢᠯᠭ᠎ᠠ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠡᠭᠦᠯᠳᠡᠷᠵᠢᠭᠦᠯᠵᠦ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠳᠠᠮᠵᠢᠵᠤ ᠪᠠᠶᠢᠭᠠᠳ ᠭᠡᠷ ᠪᠠᠶᠢᠰᠢᠩ ᠭᠠᠵᠠᠷ ᠬᠥᠷᠥᠩᠭᠡ ᠶᠢᠨ ᠲᠣᠬᠢᠷᠠᠭᠤᠯᠭ᠎ᠠ | ᠡᠵᠡᠮᠰᠢᠯ ᠤᠨ ᠲᠥᠷᠥ ᠶᠢᠨ ᠪᠣᠳᠣᠯᠭ᠎ᠠ ᠳᠤ ᠨᠡᠶᠢᠴᠡᠭᠦᠯᠦᠭᠰᠡᠨ ᠤᠷᠢᠲᠠᠯ ᠳᠣᠣᠷ᠎ᠠ᠂ ᠬᠤᠳᠠᠯᠳᠤᠨ ᠠᠪᠤᠭᠴᠢ ᠳᠤ | ᠵᠢᠭᠡᠯᠡᠯᠭᠡ ᠶᠢᠨ ᠵᠣᠭᠤᠰᠤᠨ ᠤ ᠲᠤᠭ᠎ᠠ ᠪᠤᠶᠤ ᠬᠦᠦ ᠶᠢᠨ ᠨᠣᠷᠮ᠎ᠠ ᠶᠢᠨ ᠬᠠᠷᠠᠭᠠᠯᠵᠠᠯ ᠦᠵᠡᠭᠦᠯᠵᠦ᠂ ᠨᠣᠭᠤᠭᠠᠨ | ᠮᠥᠩᠭᠦᠨ ᠭᠦᠢᠯᠭᠡᠭᠡᠨ ᠢᠶᠠᠷ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ | ᠬᠥᠭᠵᠢᠯᠲᠡ ᠶᠢ ᠨᠢ ᠳᠡᠮᠵᠢᠬᠦ ᠶᠢ ᠠᠬᠢᠭᠤᠯᠤᠨ᠂ ᠤᠯᠤᠰ ᠤᠨ ᠪᠣᠬᠢᠷᠳᠤᠯ ᠦᠭᠡᠢ ᠬᠥᠭᠵᠢᠯᠲᠡ ᠶᠢᠨ ᠰᠠᠭᠤᠷᠢ | ᠮᠥᠩᠭᠦ ᠶᠢ ᠰᠠᠶᠢᠲᠤᠷ ᠬᠡᠷᠡᠭᠯᠡᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠵᠠᠰᠠᠭ ᠤᠨ ᠣᠷᠳᠣᠨ ᠪᠠ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ ᠠᠷᠭ᠎ᠠ ᠬᠡᠯᠪᠡᠷᠢ ᠶᠢ ᠬᠡᠷᠡᠭᠯᠡᠬᠦ ᠶᠢ ᠨᠢ | ᠵᠣᠷᠢᠭᠵᠢᠭᠤᠯᠵᠤ ᠪᠠᠶᠢᠭᠠᠳ ᠠᠵᠢᠯ ᠢᠶᠠᠨ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ | ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠳᠥᠷᠪᠡ︶ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠢᠶᠠᠨ ᠴᠢᠩᠭᠠᠷᠠᠭᠤᠯᠤᠨ᠎ᠠ᠃ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠲᠤᠰ ᠭᠠᠵᠠᠷ ᠣᠷᠣᠨ ᠤ ᠪᠠᠷᠢᠯᠭ᠎ᠠ ᠶᠢᠨ ᠡᠨᠧᠷᠭᠢ | ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠨᠢᠭᠡᠳᠦᠭᠡᠷ | ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠠᠵᠢᠯ ᠤᠨ ᠨᠢᠭᠡᠳᠦᠭᠡᠷ ᠳᠠᠭᠠᠭᠠᠨ ᠡᠭᠦᠷᠭᠡᠯᠡᠬᠦ ᠰᠠᠯᠠᠭ᠎ᠠ ᠮᠥᠴᠢᠷ ᠪᠣᠯᠬᠤᠷ ᠠᠭᠠᠷ ᠮᠠᠨᠳᠠᠯ ᠤᠨ | ᠪᠣᠬᠢᠷᠳᠤᠯ ᠢ ᠰᠡᠷᠭᠡᠶᠢᠯᠡᠨ ᠵᠠᠰᠠᠬᠤ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠬᠠᠷᠠᠯᠲᠠ ᠶᠢ ᠰᠢᠯᠭᠠᠨ ᠬᠢᠨᠠᠬᠤ ᠵᠡᠷᠭᠡ ᠪᠠᠷᠢᠯᠭ᠎ᠠ ᠶᠢᠨ | ᠡᠨᠧᠷᠭᠢ ᠠᠷᠪᠢᠯᠠᠬᠤ ᠪᠠ ᠪᠣᠬᠢᠷᠳᠤᠯ ᠦᠭᠡᠢ | ᠪᠠᠷᠢᠯᠭ᠎ᠠ ᠶᠢᠨ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠢ | ᠲᠣᠭᠲᠠᠭᠠᠵᠤ᠂ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ | ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠨ | ᠨᠠᠷᠢᠯᠢᠭᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ︔ ᠠᠵᠢᠯ ᠤᠨ ᠠᠬᠢᠴᠠ ᠪᠠ ᠦᠷ᠎ᠡ ᠪᠦᠲᠦᠮᠵᠢ ᠶᠢ ᠴᠠᠭ | ᠲᠤᠬᠠᠢ ᠳᠤ ᠨᠢ ᠳ᠋ᠦᠩᠨᠡᠨ᠂ ᠣᠨ ᠤ ᠮᠡᠳᠡᠭᠦᠯᠦᠯᠲᠡ ᠶᠢ ᠪᠢᠴᠢᠵᠦ᠂ ᠵᠢᠯ ᠪᠦᠷᠢ ᠶᠢᠨ ᠰᠡᠭᠦᠯᠴᠢ ᠠᠴᠠ ᠡᠮᠦᠨ᠎ᠡ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠳᠤ ᠮᠡᠳᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠴᠠᠭ ᠲᠤ ᠨᠢ | ᠲᠣᠬᠢᠷᠠᠭᠤᠯᠤᠨ ᠡᠯ᠎ᠡ ᠭᠠᠵᠠᠷ ᠣᠷᠣᠨ ᠢ ᠬᠥᠳᠡᠯᠦᠩᠭᠦᠢ ᠵᠢᠭᠠᠨ ᠵᠢᠯᠤᠭᠤᠳᠬᠤ᠂ ᠬᠢᠨᠠᠯᠲᠠ ᠲᠠᠯᠪᠢᠵᠤ ᠰᠢᠯᠭᠠᠨ ᠬᠢᠨᠠᠬᠤ | ᠪᠠ ᠦᠷ᠎ᠡ ᠪᠦᠲᠦᠮᠵᠢ ᠶᠢ ᠨᠢ ᠦᠨᠡᠯᠡᠨ ᠵᠢᠱᠢᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠮᠢ ᠠᠬᠤᠢ | ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠡᠷᠭᠡ ᠰᠠᠯᠠᠭ᠎ᠠ ᠮᠥᠴᠢᠷ | ᠬᠠᠷᠢᠭᠤᠴᠠᠨ᠎ᠠ︶ | 2021 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ | ᠠᠩᠭᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ | ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2021 ᠣᠨ ᠤ 4 ᠳ᠋ᠦ᠋ᠭᠡᠷ ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ | |