| | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2021﹈ 59 ᠳ᠋ᠦ᠋ᠭᠡᠷ ᠲᠣᠭᠠᠲᠤ | ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠢᠳᠡᠰᠢᠨ ᠨᠣᠭᠤᠭ᠎ᠠ﹀ ᠶᠢᠨ ᠬᠤᠲᠠ ᠶᠢᠨ | ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | 2021 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ ︵ᠲᠤᠰ ᠪᠢᠴᠢᠭ ᠮᠠᠲ᠋ᠧᠷᠢᠶᠠᠯ ᠢ ᠢᠯᠡ | ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠬᠤᠲᠠ ᠶᠢᠨ | ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠷᠭ᠎ᠠ | ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠭᠡ | ᠠᠯᠬᠤᠮ ᠴᠢᠩᠭ᠎ᠠ ᠪᠣᠳᠠᠲᠠᠶᠢᠵᠢᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠢ ᠨᠢ ᠲᠣᠭᠲᠠᠪᠤᠷᠢᠵᠢᠭᠤᠯᠵᠤ ᠪᠠᠲᠤᠯᠠᠨ ᠬᠠᠩᠭᠠᠬᠤ ᠠᠵᠢᠯ ᠢᠶᠠᠨ ᠦᠨᠡᠨ ᠬᠦ ᠰᠠᠶᠢᠲᠤᠷ ᠬᠢᠵᠦ᠂ | ᠠᠷᠠᠳ ᠣᠯᠠᠨ ᠤ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠨ ᠬᠠᠩᠭᠠᠬᠤ ᠶᠢᠨ ᠲᠤᠰᠠᠳᠠ᠂ ︽︿ᠢᠳᠡᠰᠢᠨ ᠨᠣᠭᠤᠭ᠎ᠠ﹀ | ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ | ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ | ᠲᠠᠷᠬᠠᠭᠠᠭᠰᠠᠨ ﹇2017﹈ 1 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠰᠢᠨ᠎ᠡ ᠪᠠᠶᠢᠳᠠᠯ ᠳᠤᠤᠷᠠᠬᠢ ᠮᠠᠨ ᠤ | ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠨᠢᠭᠡ᠂ ᠰᠢᠯᠭᠠᠨ ᠬᠢᠨᠠᠭᠳᠠᠬᠤ ᠡᠲᠡᠭᠡᠳ | ᠪᠤᠭᠤᠲᠤ ᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ | ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠳᠠ᠂ ᠣᠷᠳᠣᠰ ᠬᠤᠳᠠ᠂ ᠪᠠᠶᠠᠨᠨᠠᠭᠤᠷ ᠬᠤᠲᠠ᠂ ᠦᠬᠠᠢ | ᠬᠤᠳᠠ᠂ ᠠᠯᠠᠱᠠ ᠠᠶᠢᠮᠠᠭ ᠵᠡᠷᠭᠡ 11 ᠠᠶᠢᠮᠠᠭ ᠬᠤᠲᠠ ᠪᠣᠯᠣᠨ᠎ᠠ᠃ ᠲᠥᠷᠥ ᠠᠯᠪᠠᠨ ᠲᠠᠷᠬᠠᠭᠠᠭᠰᠠᠨ ﹇2017﹈ 1 | ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠥᠬᠡᠬᠤᠲᠠ ᠶᠢᠨ | ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ᠲᠦᠷᠦᠭᠦᠯᠡᠵᠦ ᠪᠠᠶᠢᠭ᠎ᠠ | ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠶᠠᠮᠤᠨ ᠤ ᠬᠤᠭᠤᠷᠣᠨᠳᠣᠬᠢ ᠬᠠᠮᠲᠤᠷᠠᠭᠰᠠᠨ | ᠬᠤᠷᠠᠯ ᠠᠴᠠ ᠰᠢᠯᠭᠠᠨ ᠬᠢᠨᠠᠬᠤ ᠶᠢ ᠬᠠᠷᠢᠭᠤᠴᠠᠨ᠎ᠠ᠃ | ᠬᠤᠶᠠᠷ᠂ ᠰᠢᠯᠭᠠᠨ ᠬᠢᠨᠠᠬᠤ ᠵᠣᠬᠢᠶᠠᠨ ᠪᠠᠶᠢᠭᠤᠯᠤᠯᠲᠠ ᠵᠢᠴᠢ ᠦᠶᠡᠯᠡᠯ | ︵ᠨᠢᠭᠡ︶ ᠰᠢᠯᠭᠠᠨ ᠬᠢᠨᠠᠬᠤ ᠵᠣᠬᠢᠶᠠᠨ ᠪᠠᠶᠢᠭᠤᠯᠤᠯᠲᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠦᠷᠦᠭᠦᠯᠡᠵᠦ᠂ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭ᠎ᠠ ᠪᠦᠷᠢᠳᠬᠡᠯ ᠤᠨ ᠲᠣᠪᠴᠢᠶ᠎ᠠ᠂ ᠥᠪᠥᠷ ᠮᠣᠩᠭᠤᠯ ᠤᠨ | ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠥᠪᠡᠷᠲᠡᠭᠡᠨ ᠵᠠᠰᠠᠬᠤ ᠣᠷᠣᠨ ᠤ | ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ | ᠬᠤᠷᠠᠯ ᠤᠨ ᠪᠦᠷᠢᠯᠳᠦᠭᠦᠨ ᠨᠢᠭᠡᠴᠢ ᠲᠠᠢ ᠬᠠᠮᠲᠤᠷᠠᠯᠴᠠᠨ᠂ 11 ᠠᠶᠢᠮᠠᠭ ᠬᠤᠲᠠ ᠶᠢᠨ ᠬᠤᠲᠠ ᠶᠢᠨ ᠳᠠᠷᠤᠭ᠎ᠠ ᠶᠢᠨ | ︽ᠢᠳᠡᠰᠢᠨ ᠨᠣᠭᠤᠭ᠎ᠠ︾ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠢᠯᠭᠠᠨ | ᠬᠢᠨᠠᠬᠤ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ | ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠳᠤ | ᠪᠠᠶᠢᠷᠢᠯᠠᠭᠤᠯᠤᠨ᠎ᠠ᠃ | ︵ᠬᠤᠶᠠᠷ︶ ᠰᠢᠯᠭᠠᠨ ᠬᠢᠨᠠᠬᠤ ᠦᠶᠡᠯᠡᠯ᠃ ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠵᠢᠯ ᠢ ᠬᠤᠶᠠᠷ ᠵᠢᠯ ᠳᠤ ᠨᠢᠭᠡ ᠤᠳᠠᠭ᠎ᠠ ᠥᠷᠨᠢᠭᠦᠯᠦᠨ᠎ᠡ᠃ | | ᠭᠤᠷᠪᠠ᠂ ᠰᠢᠯᠭᠠᠨ ᠬᠢᠨᠠᠬᠤ ᠠᠭᠤᠯᠭ᠎ᠠ | ︵ᠨᠢᠭᠡ︶ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠳᠠᠪᠤᠷᠢ᠃ ᠢᠳᠡᠰᠢᠨ | ᠨᠣᠭᠤᠭ᠎ᠠ ᠶᠢᠨ ᠵᠢᠯ ᠤᠨ ᠲᠠᠷᠢᠬᠤ ᠲᠠᠯᠠᠪᠠᠶ᠂ ᠤᠨᠠᠯᠲᠠ ᠪᠠ ᠮᠢᠬᠠᠨ ᠤ ᠲᠥᠷᠥᠯ ᠤᠨ ᠭᠠᠷᠤᠯᠲᠠ ᠵᠡᠷᠭᠡ ᠪᠠᠶᠢᠳᠠᠯ ᠢ | ᠬᠢᠨᠠᠨ ᠰᠢᠯᠭᠠᠬᠤ ᠬᠡᠷᠡᠭᠲᠡᠢ᠃ ︵ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ | ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ | ᠲᠣᠭᠤᠷᠢᠨ ᠤ ᠲᠢᠩᠬᠢᠮ︶ | ︵ᠬᠤᠶᠠᠷ︶ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠭᠦᠢᠯᠭᠡᠭᠡᠨ ᠤ ᠴᠢᠳᠠᠪᠤᠷᠢ᠃ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ | ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ᠂ ᠪᠦᠲᠦᠭᠡᠨ ᠪᠠᠶᠢᠭᠤᠯᠤᠯᠲᠠ᠂ ᠠᠵᠢᠯᠯᠠᠭᠠᠨ᠂ ᠵᠢᠵᠢᠭᠯᠡᠨ ᠬᠤᠳᠠᠯᠳᠤᠬᠤ | ᠲᠣᠣᠷ ᠴᠡᠭ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠬᠢᠨᠠᠨ ᠰᠢᠯᠭᠠᠬᠤ ᠬᠡᠷᠡᠭᠲᠡᠢ᠃ ︵ᠲᠦᠷᠦᠭᠦᠯᠡᠬᠦ ᠰᠠᠯᠠᠭ᠎ᠠ | ᠮᠥᠴᠢᠷ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠠᠮᠵᠢᠯᠴᠠᠬᠤ ᠰᠠᠯᠠᠭ᠎ᠠ | ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠭᠤᠷᠪᠠ︶ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ᠃ | 1. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠤ | ᠬᠠᠷᠢᠶᠠᠯᠠᠭᠳᠠᠬᠤ ᠭᠠᠵᠠᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ᠂ ᠪᠠᠷᠢᠮᠵᠢᠶᠠᠵᠢᠭᠰᠠᠨ ᠦᠢᠯᠡᠳᠪᠦᠷᠢᠯᠡᠯ᠂ | ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠲᠣᠭᠲᠠᠯᠴᠠᠭᠠᠨ ᠤ ᠴᠢᠳᠠᠪᠤᠷᠢ ᠶᠢᠨ ᠪᠠᠶᠢᠭᠤᠯᠤᠯᠲᠠ ᠪᠠ ᠶᠠᠰᠤ ᠴᠢᠨᠠᠷ ᠠᠮᠤᠷ ᠲᠦᠪᠰᠢᠨ ᠤ ᠬᠢᠷᠢ ᠲᠦᠪᠰᠢᠨ ᠢᠶᠠᠨ | ᠠᠬᠢᠭᠤᠯᠤᠭᠰᠠᠨ ᠵᠡᠷᠭᠡ ᠪᠠᠶᠢᠳᠠᠯ ᠢ ᠰᠢᠯᠭᠠᠨ ᠬᠢᠨᠠᠬᠤ ᠬᠡᠷᠡᠭᠲᠡᠢ᠃ ︵ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ | ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 2. ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠮᠥᠷᠳᠡᠨ ᠤᠬᠤᠴᠢᠯᠠᠬᠤ ᠲᠣᠭᠲᠠᠯᠴᠠᠭᠠᠨ ᠤ | ᠪᠠᠶᠢᠭᠤᠯᠤᠯᠲᠠ ᠵᠡᠷᠭᠡ ᠪᠠᠶᠢᠳᠠᠯ ᠢ ᠰᠢᠯᠭᠠᠨ ᠬᠢᠨᠠᠬᠤ ᠬᠡᠷᠡᠭᠲᠡᠢ᠃ ︵ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ | ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ︵ᠳᠥᠷᠪᠡ︶ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠲᠣᠬᠢᠷᠠᠭᠤᠯᠤᠨ ᠡᠵᠡᠮᠳᠡᠬᠦ ᠪᠠᠲᠤᠯᠠᠭ᠎ᠠ ᠶᠢᠨ | ᠴᠢᠳᠠᠪᠤᠷᠢ᠃ | 1.ᠦᠢᠯᠡᠳᠪᠦᠷᠢᠯᠡᠯ ᠢ ᠲᠡᠳᠬᠦᠨ ᠳᠡᠮᠵᠢᠵᠦ ᠲᠣᠬᠢᠷᠠᠭᠤᠯᠤᠨ ᠡᠵᠡᠮᠳᠡᠬᠦ ᠲᠥᠷᠥ ᠶᠢᠨ ᠪᠣᠳᠣᠯᠭ᠎ᠠ ᠶᠢᠨ | ᠪᠠᠶᠢᠭᠤᠯᠤᠯᠲᠠ᠂ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ᠂ ᠮᠡᠷᠭᠡᠵᠢᠯ ᠳᠡᠯᠭᠡᠷᠡᠭᠦᠯᠬᠦ᠂ ᠥᠨᠳᠥᠷ ᠬᠡᠪ ᠴᠢᠨᠠᠷ ᠪᠦᠬᠦᠢ ᠮᠠᠯᠴᠢᠨ ᠲᠠᠷᠢᠶᠠᠴᠢᠨ ᠢ | ᠬᠥᠮᠥᠵᠢᠭᠦᠯᠬᠦ ᠵᠡᠷᠭᠡ ᠪᠠᠶᠢᠳᠠᠯ ᠢ ᠰᠢᠯᠭᠠᠨ ᠬᠢᠨᠠᠬᠤ ᠬᠡᠷᠡᠭᠲᠡᠢ᠃ ︵ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ | ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ | ᠲᠣᠭᠤᠷᠢᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 2. ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠭᠦᠢᠯᠭᠡᠭᠡᠨ ᠤ ᠲᠥᠷᠥ ᠶᠢᠨ | ᠪᠣᠳᠣᠯᠭ᠎ᠠ ᠶᠢᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠵᠤ ᠲᠣᠬᠢᠷᠠᠭᠤᠯᠤᠨ ᠡᠵᠡᠮᠳᠡᠬᠦ ᠪᠡᠯᠡᠳᠬᠡᠯ ᠲᠥᠰᠥᠯ | ᠲᠣᠭᠲᠠᠭᠠᠭᠰᠠᠨ ᠵᠡᠷᠭᠡ ᠪᠠᠶᠢᠳᠠᠯ ᠢ ᠰᠢᠯᠭᠠᠨ ᠬᠢᠨᠠᠬᠤ ᠬᠡᠷᠡᠭᠲᠡᠢ᠃ ︵ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠬᠠᠮᠵᠢᠯᠴᠠᠬᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶ | | 3. ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠲᠣᠬᠢᠷᠠᠭᠤᠯᠤᠨ ᠡᠵᠡᠮᠳᠡᠬᠦ ᠲᠥᠷᠥ ᠶᠢᠨ ᠪᠣᠳᠣᠯᠭ᠎ᠠ ᠶᠢᠨ | ᠪᠠᠶᠢᠭᠤᠯᠤᠯᠲᠠ᠂ ᠬᠡᠷᠡᠭᠯᠡᠭᠡ ᠶᠢᠨ ᠨᠡᠮᠡᠭᠦᠷᠢ ᠶᠢᠨ ᠲᠥᠷᠥ ᠶᠢᠨ ᠪᠣᠳᠣᠯᠭ᠎ᠠ᠂ ᠦᠨ᠎ᠡ ᠬᠠᠩᠰᠢ ᠶᠢᠨ ᠲᠣᠬᠢᠷᠠᠭᠤᠯᠤᠨ | ᠡᠵᠡᠮᠳᠡᠬᠦ᠂ ᠴᠢᠬᠤᠯᠠ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠨᠥᠭᠡᠴᠡᠯᠡᠬᠦ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠬᠠᠮᠢᠶᠠᠷᠤᠯᠲᠠ ᠶᠢᠨ ᠲᠣᠭᠲᠠᠯᠴᠠᠭᠠᠨ ᠤ ᠪᠠᠶᠢᠭᠤᠯᠤᠯᠲᠠ᠂ ᠮᠡᠳᠡᠭᠡ ᠵᠠᠩᠭᠢ ᠶᠢᠨ | ᠬᠢᠨᠠᠨ ᠰᠢᠨᠵᠢᠵᠦ ᠰᠡᠷᠡᠮᠵᠢᠯᠡᠭᠦᠯᠬᠦ ᠬᠢᠭᠡᠳ ᠨᠡᠶᠢᠲᠡᠯᠡᠬᠦ ᠲᠠᠪᠴᠠᠩ ᠤᠨ ᠪᠠᠶᠢᠭᠤᠯᠤᠯᠲᠠ ᠵᠡᠷᠭᠡ ᠶᠢ ᠰᠢᠯᠭᠠᠨ ᠬᠢᠨᠠᠬᠤ | ᠬᠡᠷᠡᠭᠲᠡᠢ᠃ ︵ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠠᠮᠵᠢᠯᠴᠠᠬᠤ ᠰᠠᠯᠠᠭ᠎ᠠ ᠮᠥᠴᠢᠷ᠄ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | ︵ᠲᠠᠪᠤ︶ ︽ᠢᠳᠡᠰᠢᠨ ᠨᠣᠭᠤᠭ᠎ᠠ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠬᠤᠲᠠ ᠶᠢᠨ | ᠠᠷᠠᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠠᠮᠵᠢᠯᠴᠠᠬᠤ | ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ | ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠭᠦᠨ ᠨᠢᠭᠡᠴᠢ︶ ᠰᠢᠯᠭᠠᠨ ᠬᠢᠨᠠᠬᠤ ᠳᠤ | ᠬᠤᠯᠪᠣᠭᠳᠠᠭᠰᠠᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ | ᠨᠡᠶᠢᠲᠡᠯᠡᠭᠰᠡᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠂ ᠪᠦᠷᠢᠳᠬᠡᠭᠰᠡᠨ ᠦᠭᠡᠢ ᠲᠤᠭ᠎ᠠ ᠪᠠᠷᠢᠮᠲᠠ ᠶᠢ ᠪᠣᠯ᠂ ᠡᠯ᠎ᠡ | ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠲᠤᠭ᠎ᠠ | ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃ | ᠳᠥᠷᠪᠡ᠂ ᠰᠢᠯᠭᠠᠵᠤ ᠬᠢᠨᠠᠭᠰᠠᠨ ᠦᠷ᠎ᠡ ᠳ᠋ᠦᠩ ᠤᠨ ᠦᠨᠡᠯᠡᠨ ᠲᠣᠭᠲᠠᠭᠠᠯᠲᠠ ᠰᠢᠯᠭᠠᠨ ᠬᠢᠨᠠᠬᠤ ᠳᠤ ᠬᠤᠪᠢ | ᠲᠣᠭᠲᠠᠭᠠᠬᠤ ᠳᠦᠷᠢᠮ ᠢ ᠬᠡᠷᠡᠭᠯᠡᠵᠦ᠂ ᠪᠦᠷᠢᠨ ᠬᠤᠪᠢ ᠨᠢ 100 ᠬᠤᠪᠢ ᠪᠣᠯᠣᠨ᠎ᠠ᠃ ᠰᠢᠯᠭᠠᠵᠤ ᠬᠢᠨᠠᠭᠰᠠᠨ ᠦᠷ᠎ᠡ | ᠳ᠋ᠦᠩ ᠢ ᠰᠢᠯᠢᠳᠡᠭ᠂ ᠰᠠᠶᠢᠨ᠂ ᠬᠢᠷᠢ ᠲᠡᠩᠴᠡᠭᠰᠡᠨ᠂ ᠬᠢᠷᠢ ᠲᠡᠩᠴᠡᠭᠰᠡᠨ ᠦᠭᠡᠢ ᠭᠡᠵᠦ ᠳᠥᠷᠪᠡᠨ ᠵᠡᠷᠭᠡ ᠳᠡᠰ ᠲᠤ | ᠬᠤᠪᠢᠶᠠᠨ᠎ᠠ᠃ | ︵ᠨᠢᠭᠡ︶ ᠰᠢᠯᠭᠠᠨ ᠬᠢᠨᠠᠬᠤ ᠳᠤ ᠣᠯᠣᠭᠰᠠᠨ ᠬᠤᠪᠢ ᠨᠢ 90 ᠬᠤᠪᠢ ᠠᠴᠠ ᠳᠡᠭᠡᠭᠰᠢ ᠪᠣᠯ ᠰᠢᠯᠢᠳᠡᠭ᠃ | ︵ᠬᠤᠶᠠᠷ︶ ᠰᠢᠯᠭᠠᠨ ᠬᠢᠨᠠᠬᠤ ᠳᠤ ᠣᠯᠣᠭᠰᠠᠨ ᠬᠤᠪᠢ ᠨᠢ 75 ᠬᠤᠪᠢ ᠠᠴᠠ ᠳᠡᠭᠡᠭᠰᠢ 90 ᠬᠤᠪᠢ ᠠᠴᠠ | ᠳᠣᠷᠣᠭᠰᠢ ᠪᠣᠯ ᠰᠠᠶᠢᠨ᠃ ︵ᠭᠤᠷᠪᠠ︶ ᠰᠢᠯᠭᠠᠨ ᠬᠢᠨᠠᠬᠤ ᠳᠤ ᠣᠯᠣᠭᠰᠠᠨ ᠬᠤᠪᠢ ᠨᠢ 60 ᠬᠤᠪᠢ ᠠᠴᠠ ᠳᠡᠭᠡᠭᠰᠢ | 75 ᠬᠤᠪᠢ ᠠᠴᠠ ᠳᠣᠷᠣᠭᠰᠢ ᠪᠣᠯ ᠬᠢᠷᠢ ᠲᠡᠩᠴᠡᠭᠰᠡᠨ ᠳᠤ ᠲᠣᠭᠠᠴᠠᠭᠳᠠᠨ᠎ᠠ᠃ | ︵ᠳᠥᠷᠪᠡ︶ ᠰᠢᠯᠭᠠᠨ ᠬᠢᠨᠠᠬᠤ ᠳᠤ ᠣᠯᠣᠭᠰᠠᠨ ᠬᠤᠪᠢ ᠨᠢ 60 ᠬᠤᠪᠢ ᠠᠴᠠ ᠳᠣᠷᠣᠭᠰᠢ ᠪᠣᠯ ᠬᠢᠷᠢ | ᠲᠡᠩᠴᠡᠭᠰᠡᠨ ᠦᠭᠡᠢ ᠳᠤ ᠲᠣᠭᠠᠴᠠᠭᠳᠠᠨ᠎ᠠ᠃ ᠰᠢᠯᠭᠠᠨ ᠬᠢᠨᠠᠬᠤ ᠳᠤ ᠣᠯᠣᠭᠰᠠᠨ ᠬᠤᠪᠢ ᠨᠢ ︽ᠬᠡᠳᠦᠢ ᠬᠡᠳᠦᠢ | ᠬᠤᠪᠢ ᠠᠴᠠ ᠳᠡᠭᠡᠭᠰᠢ︾ ᠭᠡᠳᠡᠭ ᠨᠢ ᠲᠡᠷᠡ ᠬᠦ ᠬᠤᠪᠢ ᠶᠢᠨ ᠲᠤᠭ᠎ᠠ ᠶᠢ ᠪᠠᠭᠲᠠᠭᠠᠨ᠎ᠠ᠂ ︽ᠬᠡᠳᠦᠢ ᠬᠡᠳᠦᠢ ᠬᠤᠪᠢ ᠠᠴᠠ | ᠳᠣᠷᠣᠭᠰᠢ︾ ᠭᠡᠪᠡᠯ ᠲᠡᠷᠡ ᠬᠦ ᠬᠤᠪᠢ ᠶᠢᠨ ᠲᠤᠭ᠎ᠠ ᠨᠢ ᠪᠠᠭᠲᠠᠬᠤ ᠦᠭᠡᠢ᠃ | ︵ᠲᠠᠪᠤ︶ ᠰᠢᠯᠭᠠᠨ ᠬᠢᠨᠠᠬᠤ ᠬᠤᠭᠤᠴᠠᠭᠠᠨ ᠳᠤ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠭᠠᠷᠪᠠᠯ᠂ ᠬᠢᠷᠢ ᠲᠡᠩᠴᠡᠭᠰᠡᠨ ᠦᠭᠡᠢ ᠭᠡᠬᠦ ᠰᠢᠯᠭᠠᠵᠤ | ᠬᠢᠨᠠᠭᠰᠠᠨ ᠦᠷ᠎ᠡ ᠳ᠋ᠦᠩ ᠲᠠᠢ ᠪᠣᠯᠣᠨ᠎ᠠ | ᠲᠠᠪᠤ᠂ ᠰᠢᠯᠭᠠᠨ ᠬᠢᠨᠠᠬᠤ ᠠᠯᠬᠤᠮ ᠳᠠᠷᠠᠭ᠎ᠠ | ︵ᠨᠢᠭᠡ︶ ᠥᠪᠡᠰᠦᠪᠡᠨ ᠦᠨᠡᠯᠡᠬᠦ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠢ ᠲᠣᠰ ᠠᠷᠭ᠎ᠠ ᠪᠠ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠲᠣᠰ ᠠᠶᠢᠮᠠᠭ ᠬᠤᠲᠠ ᠶᠢᠨ | ᠰᠢᠯᠭᠠᠨ ᠬᠢᠨᠠᠬᠤ ᠬᠤᠭᠤᠴᠠᠭᠠᠨ ᠲᠠᠬᠢ ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠥᠬᠦ ᠲᠠᠯ᠎ᠠ ᠪᠠᠷ ᠳ᠋ᠦᠩᠨᠡᠯᠲᠡ ᠬᠢᠬᠦ ᠪᠠ | ᠥᠪᠡᠰᠦᠪᠡᠨ ᠦᠨᠡᠯᠡᠵᠦ ᠬᠤᠪᠢ ᠲᠣᠭᠲᠠᠭᠠᠨ᠂ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠶᠢ ᠪᠢᠴᠢᠵᠦ᠂ ᠳᠠᠷᠠᠭ᠎ᠠ | ᠵᠢᠯ ᠤᠨ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠡᠳᠡᠭᠦᠯᠦᠯᠲᠡ ᠪᠠ ᠭᠡᠷᠡᠴᠢ ᠪᠣᠯᠭᠠᠬᠤ ᠮᠠᠲ᠋ᠧᠷᠢᠶᠠᠯ ᠢᠶᠠᠨ | ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ | ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠶᠢᠨ ᠬᠠᠮᠲᠤ᠂ ᠥᠪᠡᠷᠲᠡᠭᠡᠨ | ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ | ᠬᠠᠮᠲᠤᠷᠠᠭᠰᠠᠨ ᠬᠤᠷᠠᠯ ᠤᠨ ᠪᠤᠰᠤᠳ ᠪᠦᠷᠢᠯᠳᠦᠭᠦᠨ ᠨᠢᠭᠡᠴᠢ ᠳᠤ ᠬᠠᠭᠤᠯᠤᠨ ᠢᠯᠡᠭᠡᠬᠦ ᠬᠡᠷᠡᠭᠲᠡᠢ᠃ | ︵ᠬᠤᠶᠠᠷ︶ ᠰᠠᠯᠠᠭ᠎ᠠ ᠮᠥᠴᠢᠷ ᠠᠴᠠ ᠰᠢᠯᠭᠠᠷᠠᠭᠤᠯᠤᠨ ᠬᠢᠨᠠᠬᠤ᠃ ᠡᠯ᠎ᠡ ᠲᠦᠷᠦᠭᠦᠯᠡᠬᠦ ᠰᠠᠯᠠᠭ᠎ᠠ ᠮᠥᠴᠢᠷ ᠨᠢ | ᠬᠠᠮᠵᠢᠯᠴᠠᠬᠤ ᠰᠠᠯᠠᠭ᠎ᠠ ᠮᠥᠴᠢᠷ ᠪᠠ ᠨᠢᠭᠡᠴᠢ ᠲᠠᠢ ᠬᠠᠮᠲᠤᠷᠠᠯᠴᠠᠨ᠂ ᠲᠣᠰ ᠠᠷᠭ᠎ᠠ ᠪᠠ ᠬᠤᠯᠪᠣᠭᠳᠠᠯ ᠪᠦᠬᠦᠢ | ᠱᠠᠭᠠᠷᠳᠠᠯᠭ᠎ᠠ ᠶᠣᠰᠣᠭᠠᠷ᠂ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠭᠰᠠᠨ ᠪᠠᠶᠢᠳᠠᠯ ᠲᠠᠢ ᠤᠶᠠᠯᠳᠤᠭᠤᠯᠵᠤ᠂ | ᠰᠢᠯᠭᠠᠨ ᠬᠢᠨᠠᠬᠤ ᠬᠤᠭᠤᠴᠠᠭᠠᠨ ᠲᠠᠬᠢ ᠡᠯ᠎ᠡ ᠠᠶᠢᠮᠠᠭ ᠬᠤᠲᠠ ᠶᠢᠨ ︽ᠢᠳᠡᠰᠢᠨ ᠨᠣᠭᠤᠭ᠎ᠠ︾ ᠶᠢᠨ ᠬᠤᠲᠠ ᠶᠢᠨ | ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠥᠪᠡᠰᠦᠪᠡᠨ | ᠪᠠᠶᠢᠴᠠᠭᠠᠭᠰᠠᠨ ᠮᠡᠳᠡᠭᠦᠯᠦᠯᠲᠡ ᠶᠢᠨ ᠬᠤᠯᠪᠣᠭᠳᠠᠯ ᠪᠦᠬᠦᠢ ᠠᠭᠤᠯᠭ᠎ᠠ ᠶᠢ ᠨᠢ ᠰᠢᠯᠭᠠᠨ ᠬᠢᠨᠠᠵᠤ ᠦᠨᠡᠯᠡᠨ᠂ ᠪᠢᠴᠢᠭᠰᠡᠨ | ᠰᠠᠨᠠᠯ ᠢᠶᠠᠨ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ | ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃ | | ︵ᠭᠤᠷᠪᠠ︶ ᠰᠤᠭᠤᠴᠢᠨ ᠪᠠᠶᠢᠴᠠᠭᠠᠬᠤ ᠶᠢ ᠵᠣᠬᠢᠶᠠᠨ ᠪᠠᠶᠢᠭᠤᠯᠬᠤ᠃ ᠥᠪᠡᠷᠲᠡᠭᠡᠨ ᠵᠠᠰᠠᠬᠤ ᠣᠷᠣᠨ ᠤ | ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ | ᠬᠤᠷᠠᠯ ᠤᠨ ᠡᠯ᠎ᠡ ᠪᠦᠷᠢᠯᠳᠦᠭᠦᠨ ᠨᠢᠭᠡᠴᠢ ᠨᠢ ᠡᠯ᠎ᠡ ᠠᠶᠢᠮᠠᠭ ᠬᠤᠲᠠ ᠶᠢᠨ ᠥᠪᠡᠰᠦᠪᠡᠨ ᠪᠠᠶᠢᠴᠠᠭᠠᠭᠰᠠᠨ | ᠮᠡᠳᠡᠭᠦᠯᠦᠯᠲᠡ ᠪᠠ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠨ ᠪᠢᠴᠢᠭᠰᠡᠨ ᠰᠠᠨᠠᠯ ᠢ ᠦᠨᠳᠦᠰᠦᠯᠡᠨ᠂ 20% ᠠᠴᠠ | ᠪᠠᠭ᠎ᠠ ᠪᠠᠶᠢᠯᠭᠠᠬᠤ ᠦᠭᠡᠢ ᠬᠠᠷᠢᠴᠠᠯ ᠢᠶᠠᠷ ᠰᠤᠭᠤᠴᠢᠨ ᠪᠠᠶᠢᠴᠠᠭᠠᠯᠭᠠᠬᠤ ᠠᠶᠢᠮᠠᠭ ᠬᠤᠲᠠ ᠶᠢ ᠲᠣᠭᠲᠠᠭᠠᠵᠤ᠂ | ᠬᠤᠯᠪᠣᠭᠠᠯᠠᠵᠤ ᠰᠤᠭᠤᠴᠢᠨ ᠪᠠᠶᠢᠴᠠᠭᠠᠬᠤ ᠳᠤᠭᠤᠶᠢᠯᠠᠩ ᠢ ᠪᠦᠷᠢᠯᠳᠦᠭᠦᠯᠵᠦ ᠪᠣᠳᠠᠲᠤ ᠭᠠᠵᠠᠷ ᠲᠤ ᠨᠢ ᠬᠦᠷᠴᠦ | ᠰᠢᠯᠭᠠᠨ ᠬᠢᠨᠠᠬᠤ ᠬᠡᠷᠡᠭᠲᠡᠢ᠃ | ︵ᠳᠥᠷᠪᠡ︶ ᠶᠡᠷᠦᠩᠬᠡᠢ ᠳᠤ ᠨᠢ ᠦᠨᠡᠯᠡᠨ ᠲᠣᠭᠲᠠᠭᠠᠬᠤ᠃ ᠥᠪᠡᠷᠲᠡᠭᠡᠨ ᠵᠠᠰᠠᠬᠤ ᠣᠷᠣᠨ ᠤ ︽ᠢᠳᠡᠰᠢᠨ | ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ | ᠠᠯᠪᠠᠨ ᠭᠡᠷ ᠨᠢ ᠬᠤᠯᠪᠣᠭᠳᠠᠯ ᠪᠦᠬᠦᠢ ᠨᠢᠭᠡᠴᠢ ᠶᠢᠨ ᠰᠢᠯᠭᠠᠷᠠᠭᠤᠯᠵᠤ ᠬᠢᠨᠠᠭᠰᠠᠨ ᠪᠠ ᠰᠤᠭᠤᠴᠢᠵᠤ ᠪᠠᠶᠢᠴᠠᠭᠠᠭᠰᠠᠨ | ᠪᠠᠶᠢᠳᠠᠯ ᠢ ᠬᠤᠷᠢᠶᠠᠩᠭᠤᠶᠢᠯᠠᠨ᠂ ᠬᠠᠮᠲᠤᠷᠠᠭᠰᠠᠨ ᠬᠤᠷᠠᠯ ᠳᠤ ᠮᠡᠳᠡᠭᠦᠯᠦᠨ ᠶᠡᠷᠦᠩᠬᠡᠢ ᠳᠤ ᠨᠢ ᠦᠨᠡᠯᠡᠯᠲᠡ ᠬᠢᠵᠦ᠂ | ᠰᠢᠯᠭᠠᠵᠤ ᠬᠢᠨᠠᠭᠰᠠᠨ ᠦᠷ᠎ᠡ ᠳ᠋ᠦᠩ ᠤᠨ ᠵᠡᠷᠭᠡ ᠳᠡᠰ ᠢ ᠲᠣᠭᠲᠠᠭᠠᠭᠠᠳ ᠰᠢᠯᠭᠠᠵᠤ ᠬᠢᠨᠠᠭᠰᠠᠨ ᠲᠣᠰ ᠵᠢᠯ ᠤᠨ 9 | ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠵᠦ ᠬᠢᠨᠠᠨ ᠲᠣᠭᠲᠠᠭᠠᠯᠭᠠᠬᠤ ᠬᠡᠷᠡᠭᠲᠡᠢ᠃ | ︵ᠲᠠᠪᠤ︶ ᠦᠷ᠎ᠡ ᠳ᠋ᠦᠩ ᠢ ᠨᠢ ᠬᠠᠷᠢᠭᠤ ᠲᠤᠰᠬᠠᠬᠤ᠃ ᠰᠢᠯᠭᠠᠵᠤ ᠬᠢᠨᠠᠭᠰᠠᠨ ᠦᠷ᠎ᠡ ᠳ᠋ᠦᠩ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠲᠤᠷᠠᠭᠰᠠᠨ | ᠬᠤᠷᠠᠯ ᠠᠴᠠ ᠡᠯ᠎ᠡ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠳᠤ ᠬᠠᠷᠢᠭᠤ ᠲᠤᠰᠬᠠᠬᠤ ᠬᠡᠷᠡᠭᠲᠡᠢ᠃ | ᠵᠢᠷᠭᠤᠭ᠎ᠠ᠂ ᠰᠢᠯᠭᠠᠵᠤ ᠬᠢᠨᠠᠭᠰᠠᠨ ᠦᠷ᠎ᠡ ᠳ᠋ᠦᠩ ᠤᠨ ᠬᠡᠷᠡᠭᠯᠡᠯᠲᠡ | ︵ᠨᠢᠭᠡ︶ ︽ᠰᠢᠯᠢᠳᠡᠭ︾ ᠢᠶᠠᠷ ᠦᠨᠡᠯᠡᠨ ᠲᠣᠭᠲᠠᠭᠠᠭᠳᠠᠭᠰᠠᠨ ᠠᠶᠢᠮᠠᠭ ᠬᠤᠲᠠ ᠶᠢ ᠰᠠᠶᠢᠰᠢᠶᠠᠨ ᠬᠥᠬᠢᠭᠦᠯᠵᠦ᠂ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠢ ︽ᠢᠳᠡᠰᠢᠨ ᠨᠣᠭᠤᠭ᠎ᠠ︾ ᠶᠢᠨ ᠲᠥᠷᠥᠯ ᠵᠦᠢᠯ ᠤᠨ | ᠪᠡᠯᠡ ᠮᠥᠩᠭᠦᠨ ᠤ ᠲᠣᠬᠢᠷᠠᠭᠤᠯᠤᠯᠲᠠ ᠪᠠ ᠲᠤᠰᠬᠠᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠲᠠᠯ᠎ᠠ ᠪᠠᠷ | ᠤᠷᠢᠳ ᠢᠶᠠᠷ ᠪᠣᠳᠣᠯᠬᠢᠯᠠᠬᠤ ᠬᠡᠷᠡᠭᠲᠡᠢ᠃ | ︵ᠬᠤᠶᠠᠷ︶ ︽ᠬᠢᠷᠢ ᠲᠡᠩᠴᠡᠭᠰᠡᠨ ᠦᠭᠡᠢ︾ ᠪᠠᠷ ᠦᠨᠡᠯᠡᠨ ᠲᠣᠭᠲᠠᠭᠠᠭᠳᠠᠭᠰᠠᠨ ᠠᠶᠢᠮᠠᠭ ᠬᠤᠲᠠ ᠨᠢ ᠰᠢᠯᠭᠠᠵᠤ | ᠬᠢᠨᠠᠭᠰᠠᠨ ᠦᠷ᠎ᠡ ᠳ᠋ᠦᠩ ᠢ ᠨᠡᠪᠲᠡᠷᠡᠭᠦᠯᠦᠨ ᠮᠡᠳᠡᠭᠡᠯᠡᠭᠰᠡᠨ ᠤ ᠳᠠᠷᠠᠭᠠᠬᠢ 30 ᠠᠵᠢᠯᠯᠠᠬᠤ ᠡᠳᠦᠷ ᠤᠨ ᠳᠣᠲᠣᠷ᠎ᠠ᠂ | ᠴᠡᠭᠴᠡᠯᠡᠨ ᠰᠠᠶ᠋ᠢᠵᠢᠷᠠᠭᠤᠯᠬᠤ ᠲᠥᠰᠥᠯ ᠢᠶᠠᠨ ᠳᠤᠷᠠᠳᠴᠤ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ | ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ | ᠮᠡᠳᠡᠭᠦᠯᠦᠨ᠂ 3 ᠰᠠᠷ᠎ᠠ ᠶᠢᠨ ᠳᠣᠲᠣᠷ᠎ᠠ ᠴᠡᠭᠴᠡᠯᠡᠵᠦ ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ | ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ | ᠬᠠᠮᠲᠤᠷᠠᠭᠰᠠᠨ ᠬᠤᠷᠠᠯ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ︽ᠢᠳᠡᠰᠢᠨ ᠨᠣᠭᠤᠭ᠎ᠠ︾ ᠶᠢᠨ ᠢᠳᠡᠭᠡᠨ ᠤ | ᠬᠠᠮᠢᠶᠠᠷᠤᠯᠲᠠ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠪᠤᠰᠤᠳ ᠪᠦᠷᠢᠯᠳᠦᠭᠦᠨ | ᠨᠢᠭᠡᠴᠢ ᠲᠠᠢ ᠬᠠᠮᠲᠤᠷᠠᠯᠴᠠᠨ ᠪᠠᠶᠢᠵᠤ ᠲᠣᠰ ᠠᠷᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠤᠶᠠᠯᠳᠤᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠵᠡᠷᠭᠡ 11 ᠶᠠᠮᠤᠨ ᠵᠥᠪᠯᠡᠯ ᠤᠨ | ᠲᠣᠭᠲᠠᠭᠠᠭᠰᠠᠨ ︽︿ᠢᠳᠡᠰᠢᠨ ᠨᠣᠭᠤᠭ᠎ᠠ﹀ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ | ᠰᠢᠯᠭᠠᠨ ᠬᠢᠨᠠᠬᠤ ᠠᠷᠭ᠎ᠠ ᠶᠢᠨ ᠬᠡᠷᠡᠭᠵᠢᠭᠦᠯᠬᠦ ᠨᠠᠷᠢᠨ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠮᠡᠳᠡᠭᠳᠡᠯ︾ | ︵ᠲᠠᠷᠢᠶᠠᠯᠠᠩ ᠬᠤᠲᠠ ᠲᠠᠷᠬᠠᠭᠠᠭᠰᠠᠨ﹈ ﹇2021﹈ 1 ᠳ᠋ᠦ᠋ᠭᠡᠷ ᠲᠣᠭᠠᠲᠤ︶ ᠤᠨ ᠲᠣᠭᠲᠠᠭᠠᠯ ᠢᠶᠠᠷ ᠯᠠᠪᠯᠠᠯᠲᠠ ᠪᠣᠯᠭᠠᠨ᠂ | ᠰᠢᠯᠭᠠᠨ ᠬᠢᠨᠠᠬᠤ ᠴᠤᠪᠤᠷᠠᠯ ᠪᠠ ᠱᠠᠭᠠᠷᠳᠠᠯᠭ᠎ᠠ ᠶᠢ ᠨᠠᠷᠢᠯᠢᠭᠵᠢᠭᠤᠯᠤᠨ᠂ ᠰᠢᠯᠭᠠᠨ ᠬᠢᠨᠠᠬᠤ ᠠᠵᠢᠯ ᠤᠨ ᠡᠷᠬᠡ ᠲᠡᠭᠰᠢ | ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠳᠥᠷᠪᠡ︶ ᠰᠢᠯᠭᠠᠨ ᠬᠢᠨᠠᠵᠤ ᠦᠨᠡᠯᠡᠬᠦ ᠶᠠᠪᠤᠴᠠ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ᠂ | ᠲᠣᠭᠲᠠᠭᠠᠯ ᠠᠴᠠ ᠵᠥᠷᠢᠴᠡᠵᠦ ᠠᠵᠢᠯᠯᠠᠭᠰᠠᠨ ᠵᠡᠷᠭᠡ ᠰᠢᠯᠭᠠᠨ ᠬᠢᠨᠠᠵᠤ ᠦᠨᠡᠯᠡᠬᠦ ᠠᠵᠢᠯ ᠢ ᠨᠥᠯᠥᠭᠡᠯᠡᠭᠰᠡᠨ ᠦᠢᠯᠡ | ᠠᠵᠢᠯᠯᠠᠭ᠎ᠠ ᠣᠷᠣᠰᠢᠵᠤ ᠪᠠᠶᠢᠪᠠᠯ᠂ ᠨᠡᠪᠲᠡᠷᠡᠭᠦᠯᠦᠨ ᠰᠢᠭᠦᠮᠵᠢᠯᠡᠬᠦ ᠬᠡᠷᠡᠭᠲᠡᠢ᠃ | ᠳᠣᠯᠤᠭ᠎ᠠ᠂ ᠪᠤᠰᠤᠳ ᠵᠦᠢᠯ | ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠤᠤᠯ ᠤᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠢᠳᠡᠰᠢᠨ ᠨᠣᠭᠤᠭ᠎ᠠ﹀ ᠶᠢᠨ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2017﹈ | 162 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | | ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | | 2021 ᠣᠨ ᠤ 9 | ᠳ᠋ᠦ᠋ᠭᠡᠷ ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ | |