| ᠶᠠᠮᠤᠨ ᠤ ᠪᠠᠶᠢᠭᠤᠯᠭ᠎ᠠ ᠶᠢᠨ ᠡᠯ᠎ᠡ ᠵᠤᠷᠭᠠᠨ ᠲᠣᠪᠴᠢᠶ᠎ᠠ᠂ ᠶᠠᠮᠤᠨ ᠤ ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠤᠰᠤᠨ ᠠᠰᠢᠭᠯᠠᠯᠲᠠ ︵ᠤᠰᠤᠨ ᠤ | ᠶᠠᠪᠤᠳᠠᠯ︶ ᠶᠢᠨ ᠲᠢᠩᠬᠢᠮ ︵ᠲᠣᠪᠴᠢᠶ᠎ᠠ︶᠂ ᠡᠯ᠎ᠡ ᠲᠤᠰᠠᠭᠠᠷ ᠲᠥᠯᠥᠪᠯᠡᠭᠡ ᠬᠢᠬᠦ ᠬᠤᠳᠠ ᠶᠢᠨ ᠤᠰᠤᠨ | ᠠᠰᠢᠭᠯᠠᠯᠲᠠ ︵ᠤᠰᠤᠨ ᠤ ᠶᠠᠪᠤᠳᠠᠯ︶ ᠶᠢᠨ ᠲᠣᠪᠴᠢᠶ᠎ᠠ᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ | ᠪᠠᠶᠢᠭᠤᠯᠤᠯᠲᠠ ᠶᠢᠨ ᠪᠢᠩᠲ᠋ᠤᠸᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ᠄ | | ︽ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠶ | ᠵᠢᠯᠣᠭᠤᠳᠬᠤ ᠰᠠᠨᠠᠯ︾ ᠢ ᠶᠠᠮᠤᠨ ᠤ ᠶᠠᠪᠤᠳᠠᠯ ᠤᠨ ᠬᠤᠷᠠᠯᠳᠤᠭᠠᠨ ᠠᠴᠠ ᠨᠢᠭᠡᠨᠲᠡ ᠬᠢᠨᠠᠨ ᠶᠠᠷᠢᠯᠴᠠᠵᠤ ᠪᠠᠲᠤᠯᠠᠪᠠ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | | ᠤᠰᠤᠨ ᠠᠰᠢᠭᠯᠠᠯᠲᠠ ᠶᠢᠨ ᠶᠠᠮᠤᠨ | | 2021 ᠣᠨ ᠤ 7 ᠰᠠᠷ᠎ᠠ ᠶᠢᠨ 21 ᠤ ᠡᠳᠦᠷ | | | | ᠤᠰᠤᠨ ᠠᠰᠢᠭᠯᠠᠯᠲᠠ ᠶᠢᠨ ᠠᠵᠢᠯ ᠲᠥᠷᠥᠯ ᠳᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠬᠤ ᠲᠤᠬᠠᠶ | ᠵᠢᠯᠣᠭᠤᠳᠬᠤ ᠰᠠᠨᠠᠯ | | ᠰᠢ ᠶᠢᠨ ᠫᠢᠩ ᠶᠡᠷᠦᠩᠬᠡᠶ ᠱᠦᠵᠢ ᠶᠢᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ | ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ | ᠰᠡᠳᠬᠢᠴᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠤᠰᠤ ᠵᠠᠰᠠᠬᠤ ᠠᠵᠢᠯ ᠤᠨ ᠴᠢᠬᠤᠯᠠ ᠶᠡᠭᠡ ᠰᠢᠢᠳᠪᠤᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ︽ | ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ | ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ | ﹇2019﹈ 18 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠤᠰᠤᠨ ᠠᠰᠢᠭᠯᠠᠯᠲᠠ ᠶᠢᠨ ᠠᠵᠢᠯ | ᠲᠥᠷᠥᠯ ᠳᠤ ᠬᠢᠨᠠᠯᠲᠠ ᠲᠠᠯᠪᠢᠬᠤ ᠠᠵᠢᠯ ᠢ ᠦᠨᠡᠨ ᠬᠦ ᠰᠠᠶᠢᠲᠤᠷ ᠬᠢᠵᠦ᠂ ᠤᠰᠤᠨ ᠠᠰᠢᠭᠯᠠᠯᠲᠠ ᠶᠢᠨ ᠠᠵᠢᠯ | ᠲᠥᠷᠥᠯ ᠳᠤ ᠬᠢᠨᠠᠯᠲᠠ ᠲᠠᠯᠪᠢᠬᠤ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠦᠨ᠂ ᠤᠰᠤᠨ ᠠᠰᠢᠭᠯᠠᠯᠲᠠ ᠶᠢᠨ | ᠠᠵᠢᠯ ᠲᠥᠷᠥᠯ ᠳᠤ ᠬᠢᠨᠠᠯᠲᠠ ᠲᠠᠯᠪᠢᠬᠤ ᠪᠦᠷᠢᠨ ᠲᠡᠭᠦᠯᠳᠡᠷ ᠰᠢᠰᠲ᠋ᠧᠮᠵᠢ ᠶᠢ ᠪᠠᠶᠢᠭᠤᠯᠵᠤ᠂ ᠤᠰᠤᠨ | ᠠᠰᠢᠭᠯᠠᠯᠲᠠ ᠶᠢᠨ ᠠᠵᠢᠯ ᠲᠥᠷᠥᠯ ᠳᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠬᠦᠢᠴᠡᠳᠭᠡᠬᠦ ᠶᠢᠨ | ᠲᠦᠯᠦᠭᠡ᠂ ᠳᠣᠣᠷᠠᠬᠢ ᠮᠡᠲᠦ ᠰᠠᠨᠠᠯ ᠢ ᠳᠤᠷᠠᠳᠪᠠ᠃ | | ᠨᠢᠭᠡ᠂ ᠶᠡᠷᠦᠩᠬᠡᠶ ᠱᠠᠭᠠᠷᠳᠠᠯᠭ᠎ᠠ | | ︵ᠨᠢᠭᠡ︶ ᠵᠢᠯᠣᠭᠤᠳᠬᠤ ᠦᠵᠡᠯ ᠰᠠᠨᠠᠭ᠎ᠠ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠤᠰᠤ ᠵᠠᠰᠠᠬᠤ | ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ | ᠬᠥᠭᠵᠢᠯᠲᠡ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ 2035 ᠣᠨ ᠤ | ᠠᠯᠤᠰ ᠤᠨ ᠬᠠᠷᠠᠯᠲᠠ ᠠᠴᠠ ᠪᠣᠳᠣᠯᠬᠢᠯᠠᠨ᠂ ᠤᠰᠤᠨ ᠠᠰᠢᠭᠯᠠᠯᠲᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠶ ᠦᠢᠯᠡᠳᠦᠯᠭᠡᠵᠢᠬᠦᠯᠵᠦ᠂ | ᠤᠰᠤᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠ ᠤᠰᠤᠨ | ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ | ᠬᠦᠢᠴᠡᠳᠭᠡᠭᠰᠡᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠢᠨᠠᠯᠲᠠ ᠲᠠᠯᠪᠢᠬᠤ ᠠᠵᠢᠯ ᠤᠨ ᠬᠠᠷᠠᠯᠲᠠ ᠪᠠᠨ | ᠲᠣᠳᠣᠷᠬᠠᠶᠢᠯᠠᠵᠤ᠂ ᠬᠢᠨᠠᠯᠲᠠ ᠲᠠᠯᠪᠢᠬᠤ ᠠᠵᠢᠯ ᠤᠨ ᠰᠡᠳᠬᠢᠮᠵᠢ ᠪᠠᠨ ᠰᠢᠨ᠎ᠡ ᠪᠠᠷ ᠡᠭᠦᠳᠴᠦ᠂ ᠬᠢᠨᠠᠯᠲᠠ ᠲᠠᠯᠪᠢᠬᠤ | ᠠᠵᠢᠯ ᠤᠨ ᠬᠦᠴᠦᠨ ᠴᠢᠳᠠᠪᠤᠷᠢ ᠪᠠᠨ ᠳᠡᠭᠡᠭᠰᠢᠯᠡᠭᠦᠯᠦᠨ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ | ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ | | ︵ᠬᠤᠶᠠᠷ︶ ᠦᠨᠳᠦᠰᠦᠨ ᠵᠠᠷᠴᠢᠮ | | — ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠪᠠᠷᠢᠮᠲᠠᠯᠠᠨ᠎ᠠ᠃ ᠬᠢᠨᠠᠯᠲᠠ ᠲᠠᠯᠪᠢᠬᠤ ᠠᠵᠢᠯ ᠨᠢ ᠬᠠᠤᠯᠢ | ᠴᠠᠭᠠᠵᠠ ᠬᠠᠤᠯᠢ ᠲᠣᠭᠲᠠᠭᠠᠯ ᠤᠨ ᠡᠷᠬᠡ ᠣᠯᠭᠤᠯᠲᠠ ᠪᠠ ᠰᠠᠯᠠᠭ᠎ᠠ ᠮᠥᠴᠢᠷ ᠤᠨ ︽ᠭᠤᠷᠪᠠ ᠶᠢ ᠲᠣᠭᠲᠠᠭᠠᠬᠤ︾ | ᠲᠣᠭᠲᠠᠭᠠᠯ ᠶᠣᠰᠣᠭᠠᠷ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ᠃ | | — ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠪᠠᠷᠢᠮᠲᠠᠯᠠᠨ᠎ᠠ᠃ ᠬᠢᠨᠠᠯᠲᠠ ᠲᠠᠯᠪᠢᠬᠤ ᠠᠵᠢᠯ ᠢ | ᠥᠷᠨᠢᠭᠦᠯᠬᠦ ᠳᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠱᠠᠳᠤ ᠬᠤᠪᠢᠶᠠᠨ ᠬᠠᠷᠢᠭᠤᠴᠠᠬᠤ᠂ ᠱᠠᠳᠤ ᠱᠠᠳᠤ ᠪᠠᠷ | ᠬᠠᠷᠢᠭᠤᠴᠠᠯᠭ᠎ᠠ ᠲᠠᠢ ᠪᠠᠶᠢᠬᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠨ᠎ᠠ᠃ | | — ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ᠂ ᠴᠡᠭᠴᠡᠯᠡᠨ ᠰᠠᠶᠢᠵᠢᠷᠠᠭᠤᠯᠬᠤ ᠪᠠᠷ ᠬᠠᠷᠠᠯᠲᠠ ᠪᠣᠯᠭᠠᠬᠤ᠂ ᠬᠠᠷᠢᠭᠤᠴᠠᠯᠭ᠎ᠠ ᠨᠡᠬᠡᠮᠵᠢᠯᠡᠬᠦ ᠪᠠᠷ ᠭᠠᠷᠳᠠᠴᠠ | ᠪᠣᠯᠭᠠᠬᠤ ᠶᠢ ᠪᠠᠷᠢᠮᠲᠠᠯᠠᠵᠤ᠂ ᠲᠣᠳᠣᠷᠬᠠᠢ ᠬᠠᠭᠤᠳᠠᠰᠤ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ | | — ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ ᠤᠳᠤ ᠦᠶ᠎ᠡ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠠᠷᠭ᠎ᠠ ᠪᠠᠷᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠨᠠᠯᠲᠠ ᠲᠠᠯᠪᠢᠬᠤ ᠠᠷᠭ᠎ᠠ | ᠮᠠᠶ᠋ᠢᠭ ᠪᠠ ᠠᠷᠭ᠎ᠠ ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠬᠢᠨᠠᠯᠲᠠ ᠲᠠᠯᠪᠢᠬᠤ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠭᠤᠷᠪᠠ︶ ᠭᠤᠣᠯ ᠬᠠᠷᠠᠯᠲᠠ | | 2022 ᠣᠨ ᠳᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠲᠠᠯᠪᠢᠬᠤ ᠠᠵᠢᠯ ᠤᠨ | ᠪᠠᠶᠢᠭᠤᠯᠤᠯ ᠲᠣᠭᠲᠠᠴᠠ ᠪᠠ ᠲᠦᠷᠢᠮ ᠠᠷᠭ᠎ᠠ ᠬᠡᠮᠵᠢᠶ᠎ᠡ ᠶᠢ ᠠᠩᠬ᠎ᠠ ᠠᠯᠬᠤᠮ ᠲᠡᠭᠦᠯᠳᠡᠷᠵᠢᠭᠦᠯᠵᠦ᠂ ᠪᠥᠬᠦ ᠲᠠᠯ᠎ᠠ ᠶᠢ | ᠬᠠᠮᠤᠷᠤᠭᠰᠠᠨ᠂ ᠳᠡᠭᠡᠭᠰᠢ ᠳᠣᠷᠣᠭᠰᠢ ᠨᠡᠪᠲᠡᠷᠡᠭᠰᠡᠨ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ | ᠲᠠᠯᠪᠢᠬᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ᠃ | | 2025 ᠣᠨ ᠳᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠲᠠᠯᠪᠢᠯᠲᠠ ᠶᠢ | ᠪᠠᠶᠢᠩᠭᠤᠵᠢᠭᠤᠯᠬᠤ᠂ ᠵᠢᠷᠤᠮᠵᠢᠭᠤᠯᠬᠤ ᠪᠠ ᠲᠤᠰᠬᠠᠶᠢᠵᠢᠭᠤᠯᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | | 2035 ᠣᠨ ᠳᠤ᠂ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠬᠢᠨᠠᠯᠲᠠ ᠲᠠᠯᠪᠢᠬᠤ ᠰᠢᠰᠲ᠋ᠧᠮ ᠪᠣᠯᠤᠨ | ᠬᠢᠨᠠᠯᠲᠠ ᠲᠠᠯᠪᠢᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠳᠣᠬᠢᠴᠢᠯᠠᠭᠰᠠᠨ ᠬᠢᠨᠠᠯᠲᠠ ᠲᠠᠯᠪᠢᠬᠤ | ᠠᠷᠭ᠎ᠠ ᠪᠠᠷᠢᠯ ᠢ ᠪᠦᠬᠦ ᠲᠠᠯ᠎ᠠ ᠪᠠᠷ ᠬᠡᠷᠡᠭᠯᠡᠭᠡᠨ ᠳᠤ ᠤᠷᠤᠭᠤᠯᠤᠨ᠎ᠠ᠃ | | ᠬᠤᠶᠠᠷ᠂ ᠬᠢᠨᠠᠯᠲᠠ ᠲᠠᠯᠪᠢᠬᠤ ᠲᠦᠷᠢᠮ ᠤᠨ ᠰᠢᠰᠲ᠋ᠧᠮ ᠢ ᠪᠠᠶᠢᠭᠤᠯᠤᠨ᠎ᠠ | | ︵ᠲᠦᠷᠪᠡ︶ ᠬᠢᠨᠠᠯᠲᠠ ᠲᠠᠯᠪᠢᠬᠤ ᠠᠵᠢᠯ ᠤᠨ ᠲᠣᠭᠲᠠᠭᠠᠯ ᠢ ᠲᠣᠭᠲᠠᠭᠠᠨ᠎ᠠ | | ᠬᠢᠨᠠᠯᠲᠠ ᠲᠠᠯᠪᠢᠬᠤ ᠠᠵᠢᠯ ᠤᠨ ᠲᠣᠭᠲᠠᠭᠠᠯ ᠳᠤ ᠬᠢᠨᠠᠯᠲᠠ ᠲᠠᠯᠪᠢᠬᠤ ᠬᠦᠷᠢᠶ᠎ᠡ ᠬᠡᠪᠴᠢᠶ᠎ᠡ᠂ ᠬᠢᠨᠠᠯᠲᠠ ᠲᠠᠯᠪᠢᠬᠤ | ᠵᠤᠶᠢᠯᠡᠰ᠂ ᠵᠢᠷᠤᠮ ᠤᠨ ᠲᠦᠷᠢᠮ᠂ ᠡᠷᠬᠡ ᠮᠡᠳᠡᠯ ᠤᠨ ᠬᠠᠷᠢᠭᠤᠴᠠᠯᠭ᠎ᠠ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠱᠠᠭᠠᠷᠳᠠᠯᠭ᠎ᠠ ᠵᠢᠴᠢ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠲᠣᠳᠣᠷᠬᠠᠶᠢᠯᠠᠵᠤ᠂ ᠵᠠᠩᠭᠢᠯᠠᠭ᠎ᠠ ᠶᠢᠨ | ᠭᠤᠭᠴᠤᠭ᠎ᠠ ᠶᠢ ᠲᠣᠪᠤᠶᠢᠮ᠎ᠠ ᠰᠠᠶᠢᠲᠤᠷ ᠠᠳᠬᠤᠵᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ | ᠲᠠᠯᠪᠢᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ | | ︵ᠲᠠᠪᠤ︶ ᠲᠤᠰᠬᠠᠶ ᠮᠡᠷᠭᠡᠵᠢᠯ ᠤᠨ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠶᠢ ᠲᠤᠭᠳᠠᠭᠠᠨ᠎ᠠ | | ᠲᠤᠰᠬᠠᠶ ᠮᠡᠷᠭᠡᠵᠢᠯ ᠤᠨ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠳᠤ ᠪᠠᠶᠢᠴᠠᠭᠠᠬᠤ ᠬᠠᠷᠢᠭᠤᠴᠠᠯᠭ᠎ᠠ ᠶᠢᠨ | ᠭᠤᠤᠯ ᠴᠣᠭᠴᠠ᠂ ᠡᠭᠦᠷᠭᠡ ᠬᠠᠷᠢᠭᠤᠴᠠᠯᠭ᠎ᠠ ᠶᠢᠨ ᠬᠡᠪᠴᠢᠶ᠎ᠡ᠂ ᠠᠰᠠᠭᠤᠳᠠᠯ ᠢ ᠲᠥᠷᠥᠯ ᠬᠤᠪᠢᠶᠠᠬᠤ᠂ ᠠᠰᠠᠭᠤᠳᠠᠯ ᠢ | ᠮᠠᠭᠠᠳᠯᠠᠨ ᠲᠣᠭᠲᠠᠭᠠᠬᠤ ᠵᠢᠴᠢ ᠬᠠᠷᠢᠭᠤᠴᠠᠯᠭ᠎ᠠ ᠨᠡᠬᠡᠮᠵᠢᠯᠡᠬᠦ ᠪᠠᠷᠢᠮᠵᠢᠶ᠎ᠠ᠂ ᠲᠠᠰ ᠳᠠᠪᠬᠤᠷᠭ᠎ᠠ᠂ ᠠᠷᠭ᠎ᠠ ᠮᠠᠶ᠋ᠢᠭ᠂ | ᠵᠢᠷᠤᠮ ᠵᠡᠷᠭᠡ ᠶᠢ ᠲᠣᠳᠣᠷᠬᠠᠶᠢᠯᠠᠵᠤ᠂ ᠡᠯ᠎ᠡ ᠲᠤᠰᠬᠠᠶ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠠᠰᠠᠭᠤᠳᠠᠯ ᠢ ᠲᠥᠷᠥᠯ | ᠬᠤᠪᠢᠶᠠᠬᠤ ᠪᠠᠷᠢᠮᠵᠢᠶ᠎ᠠ ᠶᠢ ᠪᠣᠶ ᠪᠣᠯᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠡᠯ᠎ᠡ ᠭᠤᠭᠴᠤᠭ᠎ᠠ ᠶᠢ ᠪᠦᠲᠦᠮᠵᠢᠲᠡᠶ | ᠵᠣᠯᠭᠠᠭᠤᠯᠬᠤ ᠪᠠ ᠪᠢᠲᠡᠭᠦᠦ ᠴᠠᠭᠠᠷᠢᠭ ᠢᠶᠠᠷ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠶ᠃ | | ︵ᠵᠢᠷᠭᠤᠭ᠎ᠠ︶ ᠬᠢᠨᠠᠯᠲᠠ ᠲᠠᠯᠪᠢᠬᠤ ᠡᠩᠨᠡᠭᠡ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ | | ᠬᠢᠨᠠᠯᠲᠠ ᠲᠠᠯᠪᠢᠬᠤ ᠡᠩᠨᠡᠭᠡᠨ ᠤ ᠬᠠᠮᠢᠶᠠᠷᠤᠯᠲᠠ ᠶᠢᠨ ᠠᠷᠭ᠎ᠠ ᠳᠤ ᠬᠢᠨᠠᠯᠲᠠ ᠲᠠᠯᠪᠢᠬᠤ ᠡᠩᠨᠡᠭᠡᠨ ᠤ ᠠᠵᠢᠯ ᠤᠨ | ᠡᠭᠦᠷᠭᠡ ᠬᠠᠷᠢᠭᠤᠴᠠᠯᠭ᠎ᠠ᠂ ᠠᠵᠢᠯ ᠤᠨ ᠱᠠᠭᠠᠷᠳᠠᠯᠭ᠎ᠠ ᠪᠣᠯᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠲᠣᠳᠣᠷᠬᠠᠶᠢᠯᠠᠵᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠲᠠᠯᠪᠢᠬᠤ ᠠᠵᠢᠯᠲᠠᠳ ᠤᠨ | ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠳᠤᠷᠠᠳᠴᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ | ᠲᠠᠯᠪᠢᠬᠤ ᠳᠠᠭᠠᠨ ᠦᠨᠡᠨᠴᠢ ᠰᠢᠳᠤᠷᠭᠤ᠂ ᠲᠤᠰᠬᠠᠶ ᠮᠡᠷᠭᠡᠵᠢᠯ ᠲᠠᠢ᠂ ᠲᠥᠪ ᠭᠤᠣᠯᠴᠢ᠂ ᠥᠨᠳᠥᠷ ᠦᠷ᠎ᠡ | ᠠᠰᠢᠭ ᠲᠠᠢ᠂ ᠠᠷᠢᠭᠤᠨ ᠴᠢᠬᠡᠴᠢ ᠡᠩᠨᠡᠭᠡ ᠶᠢ ᠪᠠᠶᠢᠭᠤᠯᠬᠤ ᠬᠡᠷᠡᠭᠲᠡᠶ᠃ | | ᠭᠤᠷᠪᠠ᠂ ᠬᠢᠨᠠᠯᠲᠠ ᠲᠠᠯᠪᠢᠬᠤ ᠠᠵᠢᠯ ᠤᠨ ᠪᠠᠶᠢᠭᠤᠯᠤᠯ ᠢ ᠲᠡᠭᠦᠯᠳᠡᠷᠵᠢᠭᠦᠯᠦᠨ᠎ᠡ | | ︵ᠲᠤᠯᠤᠭ᠎ᠠ︶ ᠶᠡᠷᠦᠩᠬᠡᠶᠢᠯᠡᠭᠰᠡᠨ ᠬᠢᠨᠠᠯᠲᠠ ᠲᠠᠯᠪᠢᠯᠲᠠ ᠶᠢ ᠪᠥᠷᠢᠨᠰᠢᠬᠦᠯᠥᠨ᠎ᠡ | | ᠶᠡᠷᠦᠩᠬᠡᠶᠢᠯᠡᠨ ᠬᠢᠨᠠᠯᠲᠠ ᠲᠠᠯᠪᠢᠬᠤ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠬᠢᠨᠠᠯᠲᠠ ᠲᠠᠯᠪᠢᠵᠤ | ᠪᠠᠶᠢᠴᠠᠭᠠᠬᠤ ᠠᠵᠢᠯ ᠢ ᠬᠠᠷᠢᠭᠤᠴᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠨ ᠤ | ᠭᠤᠣᠯ ᠠᠵᠢᠯ ᠢᠶᠠᠷ ᠭᠤᠣᠯᠯᠠᠭᠤᠯᠤᠨ᠂ ᠬᠢᠨᠠᠯᠲᠠ ᠲᠠᠯᠪᠢᠬᠤ ᠬᠡᠷᠡᠭᠴᠡᠭᠡ ᠶᠢ ᠲᠣᠭᠲᠠᠭᠠᠵᠤ᠂ ᠣᠨ ᠤ ᠬᠢᠨᠠᠯᠲᠠ | ᠲᠠᠯᠪᠢᠬᠤ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠲᠠᠯᠪᠢᠬᠤ ᠲᠠᠪᠴᠠᠩ ᠢ ᠨᠢᠭᠡᠳᠦᠯᠲᠡᠶ ᠲᠥᠯᠥᠪᠯᠡᠨ | ᠬᠡᠷᠡᠭᠯᠡᠵᠦ᠂ ᠡᠯ᠎ᠡ ᠲᠥᠷᠥᠯ ᠤᠨ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠴᠠᠭᠤᠯᠤᠨ ᠬᠠᠷᠢᠯᠴᠠᠨ ᠬᠠᠮᠵᠢᠯᠴᠠᠨ | ᠠᠵᠢᠯ ᠢᠶᠠᠨ ᠥᠷᠨᠢᠭᠦᠯᠦᠨ᠎ᠡ᠃ ᠡᠯ᠎ᠡ ᠵᠤᠶᠢᠯ ᠤᠨ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠪᠦᠲᠦᠭᠡᠯ ᠢ | ᠶᠡᠷᠦᠩᠬᠡᠶᠢᠯᠡᠨ ᠬᠤᠷᠢᠶᠠᠩᠭᠤᠶᠢᠯᠠᠵᠤ᠂ ᠬᠠᠷᠢᠭᠤᠴᠠᠯᠭ᠎ᠠ ᠨᠡᠬᠡᠮᠵᠢᠯᠡᠬᠦ ᠪᠠ ᠣᠨ ᠤ ᠬᠢᠨᠠᠯᠲᠠ ᠲᠠᠯᠪᠢᠬᠤ ᠠᠵᠢᠯ ᠤᠨ | ᠠᠮᠵᠢᠯᠲᠠ ᠪᠦᠲᠦᠮᠵᠢ ᠶᠢᠨ ᠦᠨᠡᠯᠡᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | | ︵ᠨᠠᠢᠮᠠ︶ ᠲᠤᠰᠬᠠᠶ ᠮᠡᠷᠭᠡᠵᠢᠯ ᠤᠨ ᠬᠢᠨᠠᠯᠲᠠ ᠲᠠᠯᠪᠢᠯᠲᠠ ᠶᠢ ᠲᠡᠬᠦᠯᠳᠡᠷᠵᠢᠬᠦᠯᠦᠨ᠎ᠡ | | ᠲᠤᠰᠬᠠᠶ ᠮᠡᠷᠭᠡᠵᠢᠯ ᠤᠨ ᠬᠢᠨᠠᠯᠲᠠ ᠨᠢ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠬᠢᠨᠠᠯᠲᠠ ᠲᠠᠯᠪᠢᠬᠤ | ᠠᠵᠢᠯ ᠢ ᠬᠠᠷᠢᠭᠤᠴᠠᠨ᠎ᠠ᠃ ᠲᠤᠰᠬᠠᠶ ᠮᠡᠷᠭᠡᠵᠢᠯ ᠤᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ | ᠲᠤᠰᠬᠠᠶ ᠮᠡᠷᠭᠡᠵᠢᠯ ᠤᠨ ᠬᠢᠨᠠᠯᠲᠠ ᠪᠠᠶᠢᠴᠠᠭᠠᠯᠲᠠ ᠶᠢᠨ ᠠᠷᠭ᠎ᠠ ᠶᠢ ᠲᠣᠭᠲᠠᠭᠠᠵᠤ᠂ ᠲᠤᠰᠬᠠᠶ ᠮᠡᠷᠭᠡᠵᠢᠯ ᠤᠨ ᠬᠢᠨᠠᠯᠲᠠ | ᠪᠠᠶᠢᠴᠠᠭᠠᠯᠲᠠ ᠶᠢ ᠥᠷᠨᠢᠭᠦᠯᠦᠨ᠂ ᠬᠠᠷᠢᠭᠤᠴᠠᠯᠭᠠᠲᠤ ᠨᠢᠭᠡᠴᠢ ᠶᠢ ᠰᠢᠮᠳᠠᠭᠤᠯᠵᠤ ᠪᠠᠶᠢᠭᠠᠳ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠰᠤᠳᠤᠯᠤᠨ ᠮᠠᠭᠠᠳᠯᠠᠬᠤ ᠪᠠᠶᠢᠴᠠᠭᠠᠯᠲᠠ ᠳᠤ ᠢᠯᠡᠷᠡᠭᠦᠯᠦᠭᠰᠡᠨ | ᠲᠦᠭᠡᠮᠡᠯ ᠴᠢᠨᠠᠷᠲᠠᠶ ᠪᠠ ᠵᠢᠮ᠎ᠡ ᠶᠣᠰᠣᠴᠢ ᠴᠢᠨᠠᠷᠲᠠᠶ ᠠᠰᠠᠭᠤᠳᠠᠯ ᠳᠤ ᠰᠢᠰᠲ᠋ᠧᠮ ᠲᠠᠢ ᠵᠠᠳᠠᠯᠤᠯᠲᠠ ᠬᠢᠵᠦ ᠰᠤᠳᠤᠯᠤᠨ | ᠮᠠᠭᠠᠳᠯᠠᠵᠤ᠂ ᠵᠣᠬᠢᠬᠤ ᠠᠷᠭ᠎ᠠ ᠬᠡᠮᠵᠢᠶ᠎ᠡ ᠲᠣᠭᠲᠠᠭᠠᠨ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | | | ︵ᠶᠢᠰᠦ︶ ᠲᠤᠰᠬᠠᠶ ᠵᠦᠢᠯ ᠢᠶᠠᠷ ᠬᠢᠨᠠᠯᠲᠠ ᠲᠠᠯᠪᠢᠬᠤ ᠶᠢ ᠬᠡᠷᠡᠭᠵᠢᠭᠦᠯᠦᠨ᠎ᠡ | | ᠲᠤᠰᠬᠠᠶ ᠬᠢᠨᠠᠯᠲᠠ ᠲᠠᠯᠪᠢᠯᠲᠠ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ | ︽ᠪᠠᠴᠢᠮ ᠪᠡᠷᠬᠡ ᠠᠶᠤᠯᠲᠠᠶ ᠬᠦᠨᠳᠦ︾ ᠵᠤᠶᠢᠯᠡᠰ ᠲᠤ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠴᠢᠬᠤᠯᠠ | ᠢᠯᠡᠴᠢᠯᠡᠨ ᠮᠡᠳᠡᠭᠦᠯᠦᠯᠲᠡ ᠶᠢ ᠪᠠᠶᠢᠴᠠᠭᠠᠬᠤ ᠪᠠ ᠡᠳᠦᠷ ᠲᠤᠲᠤᠮ ᠤᠨ ᠬᠢᠨᠠᠯᠲᠠ ᠲᠠᠯᠪᠢᠯᠲᠠ ᠳᠤ ᠳᠠᠬᠢᠨ ᠬᠢᠨᠠᠯᠲᠠ | ᠲᠠᠯᠪᠢᠬᠤ ᠶᠢ ᠬᠠᠷᠢᠭᠤᠴᠠᠨ ᠥᠷᠨᠢᠭᠦᠯᠦᠨ᠎ᠡ᠃ ᠶᠠᠮᠤᠨ ᠲᠣᠰ ᠱᠠᠲᠤᠨ ᠤ ᠬᠢᠨ ᠲᠤᠰᠬᠠᠶ ᠲᠤᠰᠢᠶᠠᠯ ᠤᠨ ᠬᠢᠨᠠᠯᠲᠠ | ᠲᠠᠯᠪᠢᠬᠤ ᠡᠩᠨᠡᠭᠡ ᠶᠢ ᠪᠠᠶᠢᠭᠤᠯᠤᠨ ᠲᠤᠰᠬᠠᠶ ᠵᠤᠶᠢᠯ ᠤᠨ ᠬᠢᠨᠠᠯᠲᠠ ᠲᠠᠯᠪᠢᠬᠤ ᠶᠢ ᠥᠷᠨᠢᠭᠦᠯᠵᠦ᠂ ᠲᠤᠰᠬᠠᠶ | ᠵᠤᠶᠢᠯ ᠤᠨ ᠬᠢᠨᠠᠯᠲᠠ ᠲᠠᠯᠪᠢᠬᠤ ᠳᠤ ᠨᠡᠶᠢᠭᠡᠮ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠬᠠᠤᠯᠢ ᠶᠣᠰᠣᠭᠠᠷ ᠡᠭᠦᠷᠭᠡ ᠡᠭᠦᠷᠭᠡᠯᠡᠵᠦ ᠪᠣᠯᠤᠨ᠎ᠠ᠃ | | ︵ᠠᠷᠪᠠ︶ ᠡᠳᠦᠷ ᠲᠤᠲᠤᠮ ᠤᠨ ᠬᠢᠨᠠᠯᠲᠠ ᠲᠠᠯᠪᠢᠯᠲᠠ ᠶᠢ ᠨᠠᠶᠢᠳᠠᠪᠤᠷᠢᠵᠢᠭᠤᠯᠤᠨ᠎ᠠ | | ᠡᠳᠦᠷ ᠲᠤᠲᠤᠮ ᠤᠨ ᠬᠢᠨᠠᠯᠲᠠ ᠲᠠᠯᠪᠢᠯᠲᠠ ᠨᠢ ᠣᠨ ᠤ ᠬᠢᠨᠠᠯᠲᠠ ᠪᠠᠶᠢᠴᠠᠭᠠᠯᠲᠠ ᠶᠢᠨ ᠠᠵᠢᠯ ᠤᠨ | ᠲᠥᠯᠥᠪᠯᠡᠭᠡ ᠶᠢ ᠬᠡᠷᠡᠭᠵᠢᠭᠦᠯᠬᠦ ᠪᠠ ᠥᠷᠨᠢᠭᠦᠯᠬᠦ ᠶᠢ ᠬᠠᠷᠢᠭᠤᠴᠠᠨ᠎ᠠ᠃ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ | ᠪᠠᠶᠢᠴᠠᠭᠠᠯᠲᠠ ᠶᠢᠨ ᠮᠡᠳᠡᠭᠦᠯᠦᠯᠲᠡ ᠵᠣᠬᠢᠶᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠬᠤ ᠶᠢᠨ ᠬᠠᠮᠲᠤ | ᠠᠰᠠᠭᠤᠳᠠᠯ ᠢ ᠬᠤᠯᠪᠣᠭᠳᠠᠯ ᠪᠦᠬᠦᠢ ᠨᠢᠭᠡᠴᠢ ᠳᠤ ᠬᠠᠷᠢᠭᠤ ᠲᠤᠰᠬᠠᠵᠤ᠂ ᠲᠡᠭᠦᠨ ᠢ ᠰᠢᠪᠠᠳᠠᠵᠤ ᠪᠠᠶᠢᠭᠠᠳ | ᠠᠰᠠᠭᠤᠳᠠᠯ ᠢ ᠴᠠᠭ ᠲᠤᠬᠠᠶ ᠳᠤᠨᠢ ᠰᠢᠢᠳᠪᠤᠷᠢᠯᠡᠬᠦᠯᠵᠦ᠂ ᠳᠠᠯᠳᠠ ᠭᠡᠮ ᠢ ᠠᠷᠢᠯᠭᠠᠨ᠂ ᠠᠶᠤᠯ ᠲᠦᠭᠰᠢᠭᠦᠷᠢ ᠶᠢ | ᠰᠡᠷᠭᠡᠶᠢᠯᠡᠭᠦᠯᠦᠨᠡ᠃ ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠣᠯᠤᠨ ᠬᠤᠲᠠ᠂ ᠰᠢᠶᠠᠨ ᠤ | ᠡᠯ᠎ᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠤᠰᠤᠨ ᠠᠰᠢᠭᠯᠠᠯᠲᠠ ᠶᠢᠨ ᠶᠠᠮᠤᠨ ᠪᠣᠯᠤᠨ ᠮᠤᠵᠢ ᠶᠢᠨ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠣᠨ ᠤ ᠬᠢᠨᠠᠯᠲᠠ ᠲᠠᠯᠪᠢᠬᠤ ᠠᠵᠢᠯ ᠤᠨ | ᠲᠥᠯᠥᠪᠯᠡᠭᠡ ᠶᠣᠰᠣᠭᠠᠷ᠂ ᠡᠳᠦᠷ ᠲᠤᠳᠤᠮ ᠤᠨ ᠬᠢᠨᠠᠯᠲᠠ ᠲᠠᠯᠪᠢᠬᠤ ᠠᠵᠢᠯ ᠢ ᠲᠤᠰ ᠲᠤᠰ ᠥᠷᠨᠢᠭᠦᠯᠦᠨ᠎ᠡ᠃ | ᠲᠦᠷᠪᠡ᠂ ᠬᠢᠨᠠᠯᠲᠠ ᠲᠠᠯᠪᠢᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ | | ︵ᠠᠷᠪᠠᠨ ᠨᠢᠭᠡ︶ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠬᠢᠨᠠᠯᠲᠠ ᠲᠠᠯᠪᠢᠵᠤ ᠪᠠᠶᠢᠴᠠᠭᠠᠨ᠎ᠠ | | ᠶᠡᠷᠦᠩᠬᠡᠶᠢᠯᠡᠨ ᠬᠢᠨᠠᠯᠲᠠ ᠲᠠᠯᠪᠢᠬᠤ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ | ᠦᠢᠯᠡᠳᠦᠯ ᠢᠶᠠᠨ ᠪᠠᠳᠠᠷᠠᠭᠤᠯᠵᠤ᠂ ᠲᠤᠬᠠᠶᠢᠯᠠᠭᠰᠠᠨ ᠠᠵᠢᠯ ᠤᠨ ᠱᠠᠭᠠᠷᠳᠠᠯᠭ᠎ᠠ ᠪᠠ ᠪᠣᠳᠠᠲᠠᠶ ᠪᠠᠶᠢᠳᠠᠯ ᠢ ᠬᠦᠢᠴᠡᠳ | ᠪᠣᠳᠣᠯᠬᠢᠯᠠᠨ᠂ ᠨᠢᠭᠡᠳᠦᠯᠲᠡᠶ ᠲᠥᠯᠥᠪᠯᠡᠨ ᠵᠢᠷᠤᠮᠵᠢᠭᠤᠯᠵᠤ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠲᠥᠰᠦᠯ ᠪᠠ ᠬᠢᠨᠠᠯᠲᠠ ᠲᠠᠯᠪᠢᠬᠤ ᠡᠭᠦᠷᠭᠡ ᠶᠢ | ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠬᠢᠨᠠᠯᠲᠠ ᠲᠠᠯᠪᠢᠬᠤ ᠬᠡᠪᠴᠢᠶ᠎ᠡ᠂ ᠬᠦᠷᠢᠶ᠎ᠡ᠂ ᠳᠠᠪᠲᠠᠮᠵᠢ ᠪᠠ ᠴᠠᠭ ᠤᠨ | ᠬᠢᠵᠠᠭᠠᠷ ᠢ ᠴᠢᠩᠭ᠎ᠠ ᠡᠵᠡᠮᠳᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠶ᠃ | ᠡᠯ᠎ᠡ ᠵᠦᠢᠯ ᠤᠨ ᠬᠢᠨᠠᠯᠲᠠ ᠲᠠᠯᠪᠢᠬᠤ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠵᠤ᠂ ᠬᠢᠨᠠᠯᠲᠠ ᠲᠠᠯᠪᠢᠵᠤ ᠬᠠᠤᠯᠢ | ᠬᠡᠷᠡᠭᠵᠢᠭᠦᠯᠬᠦ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ | ᠬᠠᠷᠢᠯᠴᠠᠨ ᠨᠥᠬᠦᠪᠥᠷᠢᠯᠡᠬᠦ ᠶᠢ ᠦᠨᠡᠨ ᠬᠦ ᠪᠠᠲᠤᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | | ︵ᠠᠷᠪᠠᠨ ᠬᠤᠶᠠᠷ︶ ᠠᠵᠢᠯ ᠤᠨ ᠲᠥᠯᠥᠪᠯᠡᠭᠡ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠨ᠎ᠠ | | ᠶᠡᠷᠦᠩᠬᠡᠶᠢᠯᠡᠨ ᠬᠢᠨᠠᠯᠲᠠ ᠲᠠᠯᠪᠢᠬᠤ ᠰᠠᠯᠠᠭ᠎ᠠ ᠮᠥᠴᠢᠷ ᠤᠳ ᠬᠢᠨᠠᠯᠲᠠ ᠲᠠᠯᠪᠢᠬᠤ ᠬᠡᠷᠡᠭᠴᠡᠭᠡ ᠱᠠᠭᠠᠷᠳᠠᠯᠭ᠎ᠠ ᠶᠢ | ᠬᠤᠷᠢᠶᠠᠩᠭᠤᠶᠢᠯᠠᠨ ᠡᠮᠬᠢᠯᠡᠵᠦ᠂ ᠣᠨ ᠤ ᠬᠢᠨᠠᠯᠲᠠ ᠲᠠᠯᠪᠢᠬᠤ ᠭᠤᠤᠯᠳᠠᠯᠭ᠎ᠠ ᠶᠢ ᠦᠨᠳᠦᠰᠦᠯᠡᠨ᠂ ᠬᠢᠨᠠᠯᠲᠠ ᠲᠠᠯᠪᠢᠬᠤ | ᠠᠵᠢᠯ ᠤᠨ ᠲᠥᠯᠥᠪᠯᠡᠭᠡ ᠲᠣᠭᠲᠠᠭᠠᠵᠤ᠂ ᠱᠠᠭᠠᠷᠳᠠᠯᠭ᠎ᠠ ᠶᠣᠰᠣᠭᠠᠷ ᠴᠢᠬᠤᠯᠠ ᠪᠥᠬᠦᠶ ᠬᠢᠨᠠᠨ ᠵᠥᠪᠰᠢᠶᠡᠷᠡᠬᠦ᠂ | ᠮᠡᠳᠡᠭᠦᠯᠦᠨ ᠳᠠᠩᠰᠠᠯᠠᠭᠤᠯᠬᠤ ᠵᠢᠷᠤᠮ ᠢ ᠬᠦᠢᠴᠡᠳᠭᠡᠵᠦ᠂ ᠬᠢᠨᠠᠯᠲᠠ ᠲᠠᠯᠪᠢᠬᠤ ᠠᠵᠢᠯ ᠤᠨ ᠲᠣᠭᠲᠠᠭᠠᠯ ᠳᠤ ᠨᠡᠶᠢᠴᠡᠬᠦ | ᠪᠦᠭᠡᠳ ᠡᠮᠬᠢ ᠵᠢᠷᠤᠮ ᠲᠠᠢ᠂ ᠥᠨᠳᠥᠷ ᠦᠷ᠎ᠡ ᠪᠦᠲᠦᠮᠵᠢᠲᠡᠶ ᠪᠠᠷ ᠥᠷᠨᠢᠬᠦ ᠶᠢ ᠦᠨᠡᠨ ᠬᠦ ᠪᠠᠲᠤᠯᠠᠬᠤ ᠬᠡᠷᠡᠭᠲᠡᠶ᠃ | | ︵ᠠᠷᠪᠠᠨ ᠭᠤᠷᠪᠠ︶ ᠬᠢᠨᠠᠯᠲᠠ ᠲᠠᠯᠪᠢᠵᠤ ᠪᠠᠶᠢᠴᠠᠭᠠᠬᠤ ᠱᠠᠭᠠᠷᠳᠠᠯᠭ᠎ᠠ ᠶᠢ ᠴᠢᠩᠳᠠᠯᠠᠨ᠎ᠠ | | ᠬᠢᠨᠠᠯᠲᠠ ᠲᠠᠯᠪᠢᠵᠤ ᠪᠠᠶᠢᠴᠠᠭᠠᠬᠤ ᠳᠠᠭᠠᠨ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ | ︽ᠴᠢᠩᠭ᠎ᠠ᠂ ᠪᠣᠳᠠᠲᠠᠶ᠂ ᠨᠠᠷᠢᠯᠢᠭ᠂ ᠬᠠᠲᠠᠭᠤ︾ ᠠᠵᠢᠯ ᠤᠨ ᠰᠤᠷᠲᠠᠯ ᠢ ᠪᠠᠳᠠᠷᠠᠭᠤᠯᠬᠤ ᠶᠢ ᠪᠠᠷᠢᠮᠲᠠᠯᠠᠨ᠂ | ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ᠂ ︽ᠰᠦᠪᠡᠭᠴᠢ ᠶᠢ | ᠬᠠᠷᠭᠤᠭᠤᠯᠤᠨ ᠪᠠᠶᠢᠴᠠᠭᠠᠬᠤ ᠬᠠᠤᠯᠢ︾ ᠪᠠ ︽ᠳᠥᠷᠪᠡᠨ ᠥᠬᠡᠶ ᠬᠤᠶᠠᠷ ᠰᠢᠯᠤᠭᠤᠨ︾ ᠳᠠᠯᠳᠠᠭᠤᠷ ᠪᠠᠶᠢᠴᠠᠭᠠᠵᠤ | ᠳᠠᠯᠳᠠᠭᠤᠷ ᠰᠤᠷᠪᠤᠯᠵᠢᠯᠠᠬᠤ ᠠᠵᠢᠯ ᠤᠨ ᠠᠷᠭ᠎ᠠ ᠮᠠᠶ᠋ᠢᠭ ᠢ ᠶᠡᠬᠡᠪᠡᠷ ᠬᠡᠷᠡᠭᠵᠢᠭᠦᠯᠵᠦ᠂ ᠬᠢᠨᠠᠯᠲᠠ ᠲᠠᠯᠪᠢᠵᠤ | ᠪᠠᠶᠢᠴᠠᠭᠠᠬᠤ ᠠᠵᠢᠯ ᠤᠨ ᠦᠷ᠎ᠡ ᠪᠦᠲᠦᠭᠡᠯ ᠤᠨ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | | ︵ᠠᠷᠪᠠᠨ ᠲᠥᠷᠪᠡ︶ ᠬᠢᠨᠠᠯᠲᠠ ᠲᠠᠯᠪᠢᠵᠤ ᠪᠠᠶᠢᠴᠠᠭᠠᠬᠤ ᠴᠤᠪᠤᠷᠠᠯ ᠢ ᠵᠢᠷᠤᠮᠵᠢᠭᠤᠯᠤᠨ᠎ᠠ | | ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ︽ᠪᠠᠶᠢᠴᠠᠭᠠᠬᠤ᠂ ᠮᠡᠳᠡᠷᠡᠬᠦ᠂ ᠥᠭᠡᠷᠡᠴᠢᠯᠡᠬᠦ᠂ ᠲᠣᠷᠭᠠᠬᠤ︾ | ᠠᠵᠢᠯ ᠤᠨ ᠴᠤᠪᠤᠷᠠᠯ ᠪᠠ ᠠᠰᠠᠭᠤᠳᠠᠯ ᠤᠨ ᠨᠠᠷᠢᠨ ᠬᠠᠭᠤᠳᠠᠰᠤ ᠶᠢ ᠴᠢᠩᠭ᠎ᠠ ᠵᠢᠷᠤᠮᠯᠠᠨ ᠥᠷᠨᠢᠭᠦᠯᠵᠦ᠂ | ᠢᠯᠡᠷᠡᠭᠦᠯᠦᠭᠰᠡᠨ ᠠᠰᠠᠭᠤᠳᠠᠯ ᠢ ᠬᠠᠷᠭᠤᠭᠤᠯᠤᠨ ᠪᠠᠶᠢᠴᠠᠭᠠᠵᠤ ᠨᠤᠲᠠᠯᠠᠨ ᠲᠣᠭᠲᠠᠭᠠᠵᠤ᠂ ᠬᠠᠷᠢᠭᠤᠴᠠᠯᠭ᠎ᠠ ᠲᠠᠢ | ᠨᠢᠭᠡᠴᠢ ᠶᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ | ᠨᠠᠶᠢᠳᠠᠪᠤᠷᠢᠵᠢᠭᠤᠯᠬᠤ ᠶᠢᠨ ᠬᠠᠮᠲᠤ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠰᠠᠨᠠᠯ ᠰᠠᠨᠠᠭᠤᠯᠭ᠎ᠠ | ᠳᠤᠷᠠᠳᠤᠨ᠂ ᠬᠠᠷᠢᠭᠤᠴᠠᠯᠭ᠎ᠠ ᠲᠠᠢ ᠨᠢᠭᠡᠴᠢ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠬᠡᠷᠡᠭᠵᠢᠭᠦᠯᠬᠦ ᠬᠡᠷᠡᠭᠲᠡᠶ᠃ | | ︵ᠠᠷᠪᠠᠨ ᠲᠠᠪᠤ︶ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ᠎ᠠ | | ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠲᠠᠪᠴᠠᠩ ᠢ ᠠᠰᠢᠭᠯᠠᠬᠤ | ᠪᠠ ᠲᠡᠭᠦᠨ ᠳᠤ ᠲᠦᠰᠢᠭᠯᠡᠨ ᠥᠷᠨᠢᠭᠦᠯᠬᠦ ᠬᠡᠷᠡᠭᠲᠡᠶ᠃ ᠤᠰᠤᠨ ᠠᠰᠢᠭᠯᠠᠯᠲᠠ ᠶᠢᠨ ᠶᠠᠮᠤᠨ ᠪᠦᠬᠦ ᠤᠯᠤᠰ ᠤᠨ | ᠬᠤᠯᠪᠣᠯᠳᠤᠨ ᠨᠡᠪᠲᠡᠷᠡᠯᠴᠡᠭᠰᠡᠨ ᠤᠶᠤᠨᠴᠢᠯᠠᠭᠰᠠᠨ ᠶᠡᠷᠦᠩᠬᠡᠶᠢᠯᠡᠭᠰᠡᠨ ᠬᠢᠨᠠᠯᠲᠠ ᠶᠢᠨ ᠲᠠᠪᠴᠠᠩ ᠢ ᠪᠠᠶᠢᠭᠤᠯᠵᠤ᠂ | ᠲᠠᠪᠴᠠᠩ ᠤᠨ ᠠᠭᠤᠯᠵᠠᠷ ᠢ ᠨᠡᠭᠡᠭᠡᠵᠦ᠂ ᠶᠠᠮᠤᠨ ᠮᠤᠵᠢ ᠶᠢᠨ ᠬᠢᠨᠠᠯᠲᠠ ᠶᠢᠨ ᠲᠤᠭ᠎ᠠ ᠪᠠᠷᠢᠮᠲᠠ ᠶᠢ ᠪᠦᠲᠦᠮᠵᠢᠲᠡᠢ | ᠵᠣᠯᠭᠠᠭᠤᠯᠬᠤ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ | | ᠲᠠᠪᠤ᠂ ᠬᠢᠨᠠᠯᠲᠠ ᠲᠠᠯᠪᠢᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠎ᠠ | | ︵ᠠᠷᠪᠠᠨ ᠵᠢᠷᠭᠤᠭ᠎ᠠ︶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠨ᠎ᠠ | | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠳᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠨᠠᠷᠢᠨ | ᠲᠠᠩᠰᠠ ᠶᠢᠨ ᠬᠡᠯᠪᠡᠷᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠠᠳᠠᠯᠢ ᠪᠤᠰᠤ ᠠᠰᠠᠭᠤᠳᠠᠯ ᠳᠤ ᠴᠢᠭᠯᠡᠭᠦᠯᠦᠨ᠂ | ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠶᠢᠯᠠᠵᠤ᠂ ᠠᠰᠠᠭᠤᠳᠠᠯ ᠤᠨ ᠨᠠᠷᠢᠨ ᠲᠠᠩᠰᠠ ᠶᠢ ᠴᠠᠭ | ᠲᠤᠬᠠᠶ ᠳᠤᠨᠢ ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠨ᠂ | ᠬᠠᠷᠢᠭᠤᠴᠠᠯᠭ᠎ᠠ ᠲᠠᠢ ᠨᠢᠭᠡᠴᠢ ᠶᠢ ᠰᠢᠮᠳᠠᠭᠤᠯᠤᠨ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ | ᠰᠠᠶᠢᠵᠢᠷᠠᠭᠤᠯᠬᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠳᠤ ᠴᠠᠭ ᠲᠤᠨᠢ ᠲᠣᠬᠢᠷᠠᠭᠤᠯᠤᠨ ᠳᠠᠬᠢᠨ ᠪᠠᠶᠢᠴᠠᠭᠠᠯᠲᠠ ᠬᠢᠵᠦ᠂ ᠴᠡᠭᠴᠡᠯᠡᠨ | ᠰᠠᠶᠢᠵᠢᠷᠠᠭᠤᠯᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | | ︵ᠠᠷᠪᠠᠨ ᠳᠣᠯᠤᠭ᠎ᠠ︶ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ | | ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠬᠢᠨᠠᠯᠲᠠ ᠲᠠᠯᠪᠢᠵᠤ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ | ᠠᠰᠠᠭᠤᠳᠠᠯ ᠢ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠡᠯ᠎ᠡ ᠵᠤᠶᠢᠯ ᠤᠨ ᠬᠢᠨᠠᠯᠲᠠ ᠲᠠᠯᠪᠢᠵᠤ ᠪᠠᠶᠢᠴᠠᠭᠠᠬᠤ | ᠠᠷᠭ᠎ᠠ ᠶᠢ ᠴᠢᠩᠭ᠎ᠠ ᠵᠢᠷᠤᠮᠯᠠᠨ ᠬᠠᠷᠢᠭᠤᠴᠠᠯᠭ᠎ᠠ ᠨᠡᠬᠡᠮᠵᠢᠯᠡᠨ᠎ᠡ︔ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠶᠢ | ᠵᠥᠷᠢᠴᠡᠭᠰᠡᠨ ᠰᠡᠵᠢᠭᠯᠡᠯᠲᠡᠶ ᠠᠵᠢᠯᠯᠠᠭ᠎ᠠ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ | ᠠᠰᠠᠭᠤᠳᠠᠯ ᠤᠨ ᠰᠦᠪᠡᠭᠴᠢ ᠶᠢ ᠴᠠᠭ ᠲᠤᠬᠠᠶ ᠳᠤᠨᠢ ᠰᠢᠯᠵᠢᠭᠦᠯᠦᠨ ᠬᠦᠷᠭᠡᠬᠦ ᠬᠡᠷᠡᠭᠲᠡᠶ︔ ᠬᠠᠤᠯᠢ ᠶᠢ ᠵᠥᠷᠢᠴᠡᠭᠰᠡᠨ | ᠰᠡᠵᠢᠭᠯᠡᠯᠲᠡᠶ ᠶᠠᠯᠠᠲᠤ ᠠᠵᠢᠯᠯᠠᠭ᠎ᠠ ᠶᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ | ᠶᠣᠰᠣᠭᠠᠷ ᠰᠢᠢᠳᠪᠤᠷᠢᠯᠡᠬᠦᠯᠦᠨ᠎ᠡ᠃ | | ︵ᠠᠷᠪᠠᠨ ᠨᠠᠢᠮᠠ︶ ᠰᠢᠯᠭᠠᠨ ᠦᠨᠡᠯᠡᠬᠦ ᠰᠢᠰᠲ᠋ᠧᠮᠵᠢ ᠳᠤ ᠤᠷᠤᠭᠤᠯᠤᠨ᠎ᠠ | | ᠬᠢᠨᠠᠯᠲᠠ ᠲᠠᠯᠪᠢᠭᠰᠠᠨ ᠠᠵᠢᠯ ᠤᠨ ᠦᠷ᠎ᠡ ᠪᠦᠲᠦᠭᠡᠯ ᠢ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ | ᠣᠨ ᠤ ᠰᠢᠯᠭᠠᠨ ᠦᠨᠡᠯᠡᠬᠦ᠂ ᠰᠢᠯᠢᠳᠡᠭ ᠢ ᠰᠢᠯᠭᠠᠷᠠᠭᠤᠯᠵᠤ ᠲᠡᠷᠢᠭᠦᠨ ᠢ ᠰᠢᠯᠭᠠᠷᠠᠭᠤᠯᠬᠤ᠂ ᠵᠡᠷᠭᠡ ᠳᠡᠰ ᠢ ᠦᠨᠡᠯᠡᠨ | ᠲᠣᠭᠲᠠᠭᠠᠬᠤ᠂ ᠲᠥᠰᠦᠪ ᠤᠨ ᠲᠣᠬᠢᠷᠠᠭᠤᠯᠤᠯᠲᠠ ᠵᠡᠷᠭᠡ ᠯᠠᠪᠯᠠᠯᠲᠠ ᠶᠢᠨ ᠠᠭᠤᠯᠭ᠎ᠠ ᠪᠣᠯᠭᠠᠵᠤ᠂ ᠬᠤᠪᠢ ᠬᠥᠮᠦᠨ ᠤ | ᠰᠢᠯᠢᠳᠡᠭ ᠢ ᠰᠢᠯᠭᠠᠷᠠᠭᠤᠯᠵᠤ ᠲᠡᠷᠢᠭᠦᠨ ᠢ ᠰᠢᠯᠭᠠᠷᠠᠭᠤᠯᠬᠤ ᠶᠢᠨ ᠴᠢᠬᠤᠯᠠ ᠯᠠᠪᠯᠠᠯᠲᠠ ᠪᠣᠯᠭᠠᠬᠤ ᠬᠡᠷᠡᠭᠲᠡᠶ᠃ ᠠᠵᠤ | ᠠᠬᠤᠶᠢᠯᠠᠯ ᠪᠣᠯᠤᠨ ᠠᠵᠢᠯᠯᠠᠵᠤ ᠪᠠᠶᠢᠭ᠎ᠠ ᠬᠥᠮᠦᠰ ᠤᠨ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠢ ᠬᠥᠳᠡᠯᠦᠩᠭᠦᠶ | ᠦᠨᠡᠯᠡᠯᠲᠡ ᠶᠢᠨ ᠬᠠᠮᠢᠶᠠᠷᠤᠯᠲᠠ ᠳᠤ ᠣᠷᠣᠭᠤᠯᠤᠨ᠎ᠠ᠃ | | ︵ᠠᠷᠪᠠ ᠶᠢᠰᠦ︶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ | | ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠳ ᠬᠢᠨᠠᠯᠲᠠ ᠲᠠᠯᠪᠢᠵᠤ ᠪᠠᠶᠢᠴᠠᠭᠠᠭᠠᠳ | ᠢᠯᠡᠷᠡᠭᠦᠯᠦᠭᠰᠡᠨ ᠠᠰᠠᠭᠤᠳᠠᠯ ᠳᠤ ᠰᠢᠰᠲ᠋ᠧᠮ ᠲᠠᠢ ᠵᠠᠳᠠᠯᠤᠯᠲᠠ ᠬᠢᠵᠦ᠂ ᠳ᠋ᠦᠩᠨᠡᠨ ᠪᠣᠯᠪᠠᠰᠤᠷᠠᠭᠤᠯᠵᠤ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠵᠢᠴᠢ ᠲᠦᠷᠢᠮ ᠲᠣᠭᠲᠠᠭᠠᠯ ᠢ ᠲᠡᠭᠦᠯᠳᠡᠷᠵᠢᠭᠦᠯᠦᠨ᠂ ᠠᠵᠢᠯ ᠲᠥᠷᠥᠯ ᠤᠨ | ᠬᠠᠮᠢᠶᠠᠷᠤᠯᠲᠠ ᠶᠢ ᠵᠢᠯᠣᠭᠤᠳᠤᠨ ᠰᠠᠶᠢᠵᠢᠷᠠᠭᠤᠯᠵᠤ᠂ ᠠᠵᠢᠯ ᠲᠥᠷᠥᠯ ᠤᠨ ᠵᠠᠰᠠᠯᠲᠠ ᠶᠢᠨ ᠬᠦᠴᠦᠨ ᠴᠢᠳᠠᠪᠤᠷᠢ ᠶᠢ | ᠳᠡᠭᠡᠭᠰᠢᠯᠡᠭᠦᠯᠦᠨ᠂ ᠠᠵᠢᠯ ᠲᠥᠷᠥᠯ ᠤᠨ ᠲᠦᠭᠰᠢᠭᠦᠷᠢ ᠶᠢ ᠠᠷᠢᠯᠭᠠᠨ ᠰᠡᠷᠭᠡᠶᠢᠯᠡᠬᠦ ᠬᠡᠷᠡᠭᠲᠡᠶ᠃ | ᠵᠢᠷᠭᠤᠭ᠎ᠠ᠂ ᠬᠢᠨᠠᠯᠲᠠ ᠲᠠᠯᠪᠢᠬᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ | | ︵ᠬᠤᠷᠢ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | | ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠰᠤᠨ | ᠠᠰᠢᠭᠯᠠᠯᠲᠠ ᠶᠢᠨ ᠠᠵᠢᠯ ᠲᠥᠷᠥᠯ ᠳᠤ ᠬᠢᠨᠠᠯᠲᠠ ᠲᠠᠯᠪᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ | ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ | ᠴᠢᠩᠭᠠᠳᠬᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠤᠰᠤᠨ | ᠠᠰᠢᠭᠯᠠᠯᠲᠠ ᠶᠢᠨ ᠠᠵᠢᠯ ᠲᠥᠷᠥᠯ ᠳᠤ ᠬᠢᠨᠠᠯᠲᠠ ᠲᠠᠯᠪᠢᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠰᠤᠨ | ᠠᠰᠢᠭᠯᠠᠯᠲᠠ ᠶᠢᠨ ᠠᠵᠢᠯ ᠲᠥᠷᠥᠯ ᠳᠤ ᠬᠢᠨᠠᠯᠲᠠ ᠲᠠᠯᠪᠢᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ | ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠵᠠᠰᠠᠭ ᠤᠨ ᠣᠷᠳᠣᠨ ᠤ ᠬᠠᠮᠢᠶ᠎ᠠ ᠪᠥᠬᠦᠶ | ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠤᠰᠤᠨ ᠳᠤ ᠬᠤᠯᠪᠣᠭᠳᠠᠬᠤ | ᠴᠢᠬᠤᠯᠠ ᠶᠡᠭᠡ ᠠᠰᠠᠭᠤᠳᠠᠯ ᠳᠤ ᠬᠢᠨᠠᠯᠲᠠ ᠲᠠᠯᠪᠢᠬᠤ ᠶᠢ ᠬᠡᠷᠡᠭᠵᠢᠭᠦᠯᠦᠨ᠂ ᠬᠠᠮᠵᠢᠯᠴᠠᠨ ᠬᠠᠮᠲᠤᠷᠠᠯᠴᠠᠬᠤ᠂ ᠵᠡᠷᠭᠡᠪᠡᠷ | ᠤᠷᠤᠭᠰᠢᠯᠠᠭᠰᠠᠨ ᠬᠢᠨᠠᠯᠲᠠ ᠲᠠᠯᠪᠢᠬᠤ ᠪᠠᠶᠢᠷᠢᠰᠢᠯ ᠢ ᠪᠣᠶ ᠪᠣᠯᠭᠠᠨ᠎ᠠ᠃ | | ︵ᠬᠤᠷᠢᠨ ᠨᠢᠭᠡ︶ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ | | ᠡᠯ᠎ᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠬᠢᠨᠠᠯᠲᠠ ᠲᠠᠯᠪᠢᠬᠤ ᠠᠵᠢᠯ ᠤᠨ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ | ᠬᠢᠨᠠᠯᠲᠠ ᠲᠠᠯᠪᠢᠬᠤ ᠠᠵᠢᠯ ᠤᠨ ᠵᠠᠷᠤᠳᠠᠯ ᠢ ᠲᠥᠰᠦᠪ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃ ᠬᠢᠨᠠᠯᠲᠠ | ᠲᠠᠯᠪᠢᠬᠤ ᠠᠵᠢᠯ ᠥᠷᠨᠢᠭᠦᠯᠬᠦ ᠴᠢᠬᠤᠯᠠ ᠪᠥᠬᠦᠢ ᠲᠤᠨᠤᠭ ᠲᠥᠬᠦᠭᠡᠷᠦᠮᠵᠢ ᠲᠣᠬᠢᠷᠠᠭᠤᠯᠵᠤ᠂ ᠤᠰᠤᠨ | ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠲᠠᠯᠪᠢᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ | ᠬᠡᠷᠡᠭᠲᠡᠶ᠃ | | ︵ᠬᠤᠷᠢᠨ ᠬᠤᠶᠠᠳᠤᠭᠠᠷ ᠵᠤᠶᠢᠯ︶ ᠬᠢᠨᠠᠯᠲᠠ ᠲᠠᠯᠪᠢᠬᠤ ᠠᠷᠭ᠎ᠠ ᠪᠠᠷᠢᠯ ᠢ ᠳᠡᠭᠡᠭᠰᠢᠯᠡᠭᠦᠯᠦᠨ᠎ᠡ | | ᠡᠯ᠎ᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠬᠢᠨᠠᠯᠲᠠ ᠲᠠᠯᠪᠢᠬᠤ ᠠᠷᠭ᠎ᠠ ᠪᠠᠷᠢᠯ ᠳᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠮᠡᠳᠡᠭᠡ | ᠵᠠᠩᠭᠢᠵᠢᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠳᠠᠭᠠᠭᠤᠯᠢ ᠣᠳᠣᠨ ᠤ ᠠᠯᠤᠰ ᠰᠡᠷᠡᠯ᠂ ᠵᠢᠯᠣᠭᠤᠴᠢ | ᠥᠬᠡᠶ ᠨᠢᠰᠬᠡᠯ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ ᠢ ᠢᠳᠡᠪᠬᠢᠲᠡᠶ ᠬᠡᠷᠡᠭᠯᠡᠵᠦ᠂ | ᠠᠰᠠᠭᠤᠳᠠᠯ ᠢ ᠢᠯᠡᠷᠡᠭᠦᠯᠬᠦ ᠴᠢᠳᠠᠪᠤᠷᠢ ᠪᠠᠨ ᠨᠡᠮᠡᠭᠳᠡᠭᠦᠯᠦᠨ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠤᠨ | ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ | | ︵ᠬᠤᠷᠢᠨ ᠭᠤᠷᠪᠠ︶ ᠴᠢᠳᠠᠪᠤᠷᠢᠲᠠᠨ ᠬᠥᠮᠦᠵᠢᠭᠦᠯᠬᠦ ᠶᠢ ᠴᠢᠬᠤᠯᠠᠴᠢᠯᠠᠨ᠎ᠠ | | ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠯᠲᠠ | ᠲᠠᠯᠪᠢᠬᠤ ᠠᠵᠢᠯᠲᠠᠳ ᠤᠨ ᠲᠤᠰᠬᠠᠶ ᠮᠡᠷᠭᠡᠵᠢᠯ ᠤᠨ ᠮᠡᠳᠡᠯᠭᠡ ᠪᠣᠯᠤᠨ ᠦᠢᠯᠡᠳᠦᠯᠭᠡ ᠶᠢᠨ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠴᠢᠳᠠᠪᠤᠷᠢᠲᠠᠨ ᠬᠥᠮᠦᠵᠢᠭᠦᠯᠬᠦ ᠪᠠ ᠬᠡᠷᠡᠭᠯᠡᠬᠦ ᠲᠣᠭᠲᠠᠴᠠ ᠶᠢ | ᠪᠠᠶᠢᠭᠤᠯᠬᠤ ᠬᠡᠷᠡᠭᠲᠡᠶ᠃ ᠬᠢᠨᠠᠯᠲᠠ ᠲᠠᠯᠪᠢᠬᠤ ᠠᠵᠢᠯᠳᠠᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ | ᠰᠡᠳᠬᠢᠯᠭᠡ᠂ ᠲᠡᠮᠡᠴᠡᠯ ᠤᠨ ᠵᠣᠷᠢᠭ ᠰᠠᠨᠠᠭ᠎ᠠ᠂ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠠ ᠰᠢᠨ᠎ᠡ ᠶᠢ | ᠡᠭᠦᠳᠬᠦ ᠵᠣᠷᠢᠭ ᠰᠠᠨᠠᠭ᠎ᠠ ᠶᠢ ᠴᠢᠬᠤᠯᠠᠴᠢᠯᠠᠨ ᠬᠥᠮᠦᠵᠢᠭᠦᠯᠵᠦ᠂ ᠬᠢᠨᠠᠯᠲᠠ ᠲᠠᠯᠪᠢᠬᠤ ᠠᠵᠢᠯ ᠤᠨ ᠬᠢᠷᠢ | ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | | ︵ᠬᠤᠷᠢᠨ ᠳᠥᠷᠪᠡ︶ ᠬᠢᠨᠠᠯᠲᠠ ᠲᠠᠯᠪᠢᠬᠤ ᠠᠭᠤᠷ ᠠᠮᠢᠰᠬᠤᠯ ᠢ ᠪᠣᠶ ᠪᠣᠯᠭᠠᠨ᠎ᠠ | | ᠡᠯ᠎ᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠬᠠᠤᠯᠢ ᠶᠣᠰᠣᠭᠠᠷ ᠬᠢᠨᠠᠯᠲᠠ ᠲᠠᠯᠪᠢᠬᠤ᠂ ᠰᠢᠨᠵᠢᠯᠡᠬᠦ ᠤᠬᠠᠭᠠᠨᠴᠢ ᠪᠠᠷ ᠬᠢᠨᠠᠯᠲᠠ ᠲᠠᠯᠪᠢᠬᠤ᠂ | ᠠᠷᠠᠳ ᠤᠨ ᠲᠥᠯᠥᠭᠡ ᠬᠢᠨᠠᠯᠲᠠ ᠲᠠᠯᠪᠢᠬᠤ᠂ ᠢᠯᠡ ᠪᠠᠷ ᠬᠢᠨᠠᠯᠲᠠ ᠲᠠᠯᠪᠢᠬᠤ ᠤᠬᠠᠭᠤᠯᠭ᠎ᠠ ᠶᠢᠨ ᠤᠳᠤᠷᠢᠳᠤᠮᠵᠢ ᠶᠢ | ᠪᠣᠶ ᠪᠣᠯᠭᠠᠬᠤ ᠬᠡᠷᠡᠭᠲᠡᠶ᠃ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠶᠢ ᠴᠢᠩᠭᠠᠳᠬᠠᠵᠤ᠂ ᠤᠰᠤᠨ ᠳᠤ ᠬᠤᠯᠪᠣᠭᠳᠠᠬᠤ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠲᠠᠶᠢᠯᠤᠮᠵᠢ ᠶᠢ ᠴᠢᠬᠤᠯᠠᠴᠢᠯᠠᠵᠤ᠂ ᠤᠰᠤᠨ | ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠲᠠᠯᠪᠢᠬᠤ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠶᠢ | ᠢᠳᠡᠪᠬᠢᠲᠡᠶ ᠪᠠᠷ ᠤᠬᠠᠭᠤᠯᠵᠤ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ ᠲᠠᠯᠪᠢᠬᠤ ᠠᠵᠢᠯ ᠤᠨ | ᠠᠷᠠᠳ ᠤᠯᠠᠨ ᠳᠤ ᠣᠯᠭᠤᠭᠰᠠᠨ ᠪᠣᠳᠠᠲᠤ ᠠᠰᠢᠭ ᠪᠣᠯᠤᠨ ᠬᠤᠪᠢᠷᠠᠯᠲᠠ ᠶᠢ ᠲᠤᠪᠤᠶᠢᠯᠭᠠᠨ ᠤᠬᠠᠭᠤᠯᠵᠤ᠂ | 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠭᠦᠢᠴᠡᠳ ᠬᠡᠷᠡᠭᠯᠡᠨ᠂ | ᠤᠯᠠᠨ ᠨᠡᠶᠢᠲᠡ ᠶᠢ ᠬᠥᠲᠥᠯᠥᠨ ᠵᠢᠯᠣᠭᠤᠳᠴᠤ ᠪᠠᠶᠢᠭᠠᠳ ᠠᠵᠢᠯ ᠲᠥᠷᠥᠯ ᠤᠨ ᠬᠢᠨᠠᠯᠲᠠ ᠲᠠᠯᠪᠢᠬᠤ ᠶᠢ | ᠲᠤᠰᠠᠯᠠᠭᠤᠯᠵᠤ᠂ ᠪᠥᠬᠦ ᠨᠡᠶᠢᠭᠡᠮ ᠢᠶᠠᠷ ᠢᠶᠠᠨ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠢᠨᠠᠯᠲᠠ | ᠲᠠᠯᠪᠢᠬᠤ ᠶᠢ ᠣᠶᠢᠯᠠᠭᠠᠬᠤ ᠪᠠ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ |