ᠤᠰᠤ ᠲᠠᠳᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ | ᠬᠠᠮᠢᠶᠠᠷᠤᠯᠲᠠ ᠶᠢᠨ ᠲᠦᠷᠢᠮ | | ︵2006 ᠣᠨ ᠤ 2 ᠰᠠᠷ᠎ᠠ ᠶᠢᠨ 21 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠦᠷᠦ ᠶᠢᠨ ᠶᠠᠪᠤᠳᠠᠯ ᠤᠨ ᠬᠤᠷᠢᠶᠠᠨ ᠤ 460 ᠳ᠋ᠤᠭᠠᠷ ᠵᠠᠷᠯᠢᠭ ᠢᠶᠠᠷ ᠨᠡᠶᠢᠲᠡᠯᠡᠪᠡ 2017 ᠣᠨ ᠤ 3 ᠰᠠᠷ᠎ᠠ ᠶᠢᠨ | 1 ᠤ ᠡᠳᠦᠷ ᠤᠨ ︽ᠵᠠᠰᠠᠭ ᠵᠠᠬᠢᠷᠭᠠᠨ ᠤ ᠬᠡᠰᠡᠭ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠲᠡᠭᠦᠨ ᠢ | ᠬᠦᠴᠦᠨ ᠦᠭᠡᠢ ᠪᠣᠯᠭᠠᠬᠤ ᠲᠤᠬᠠᠶ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠦᠨᠳᠦᠰᠦᠯᠡᠨ | ᠵᠠᠰᠠᠪᠤᠷᠢ ᠤᠷᠤᠭᠤᠯᠪᠠ︶ | | ᠨᠢᠭᠡᠳᠦᠭᠡᠷ ᠪᠦᠯᠦᠭ ᠶᠡᠷᠦᠩᠬᠡᠢ ᠲᠦᠷᠢᠮ | | ᠨᠢᠭᠡᠳᠦᠭᠡᠷ ᠵᠦᠢᠯ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ | ᠤᠰᠤᠨ ᠤ ᠡᠬᠢ ᠪᠠᠶᠠᠯᠢᠭ ᠢ ᠠᠷᠪᠢᠯᠠᠬᠤ ᠪᠠ ᠵᠦᠢ ᠵᠣᠬᠢᠰᠲᠠᠶ ᠪᠠᠷ ᠨᠡᠭᠡᠭᠡᠨ ᠠᠰᠢᠭᠯᠠᠬᠤ ᠶᠢ ᠠᠬᠢᠭᠤᠯᠬᠤ ᠶᠢᠨ | ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠶᠢ ᠦᠨᠳᠦᠰᠦᠯᠡᠨ | ᠲᠤᠰ ᠲᠦᠷᠢᠮ ᠢ ᠲᠣᠭᠲᠠᠭᠠᠪᠠ᠃ | | ᠬᠤᠶᠠᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠤᠰᠤ ᠲᠠᠲᠠᠬᠤ ᠭᠡᠳᠡᠭ ᠨᠢ ᠤᠰᠤ ᠲᠠᠲᠠᠬᠤ | ᠪᠠᠷᠢᠯᠭ᠎ᠠ ᠪᠤᠶᠤ ᠲᠥᠬᠦᠭᠡᠷᠦᠮᠵᠢ ᠶᠢ ᠠᠰᠢᠭᠯᠠᠨ ᠭᠤᠣᠯ ᠮᠥᠷᠡᠨ᠂ ᠨᠠᠭᠤᠷ ᠴᠥᠭᠦᠷᠥᠮ ᠪᠤᠶᠤ ᠭᠠᠵᠠᠷ ᠳᠣᠣᠷ᠎ᠠ ᠠᠴᠠ | ᠤᠰᠤᠨ ᠤ ᠡᠬᠢ ᠪᠠᠶᠠᠯᠢᠭ ᠢ ᠰᠢᠭᠤᠳ ᠲᠠᠲᠠᠵᠤ ᠬᠡᠷᠡᠭᠯᠡᠬᠦ ᠶᠢ ᠵᠢᠭᠠᠵᠤ ᠪᠠᠶᠢᠨ᠎ᠠ᠃ | | ᠤᠰᠤᠨ ᠤ ᠡᠬᠢ ᠪᠠᠶᠠᠯᠢᠭ ᠢ ᠲᠠᠲᠠᠵᠤ ᠬᠡᠷᠡᠭᠯᠡᠬᠦ ᠨᠢᠭᠡᠴᠢ ᠪᠣᠯᠤᠨ ᠬᠤᠪᠢ ᠬᠥᠮᠦᠨ ᠲᠤᠰ ᠲᠥᠷᠢᠮ ᠤᠨ | ᠳᠥᠷᠪᠡᠳᠦᠭᠡᠷ ᠵᠦᠢᠯ ᠳᠤ ᠲᠣᠭᠲᠠᠭᠠᠭᠰᠠᠨ ᠪᠠᠶᠢᠳᠠᠯ ᠢ ᠭᠠᠷᠭᠠᠪᠠᠯ᠂ ᠴᠥᠮ ᠤᠰᠤ ᠲᠠᠲᠠᠬᠤ ᠵᠥᠪᠰᠢᠶᠡᠷᠡᠯ ᠤᠨ | ᠦᠨᠡᠮᠯᠡᠯ ᠭᠤᠶᠤᠴᠢᠯᠠᠨ ᠠᠪᠬᠤ ᠶᠢᠨ ᠬᠠᠮᠲᠤ ᠤᠰᠤᠨ ᠤ ᠡᠬᠢ ᠪᠠᠶᠠᠯᠢᠭ ᠤᠨ ᠰᠦᠢᠳᠬᠡᠯ ᠲᠤᠰᠢᠶᠠᠬᠤ ᠬᠡᠷᠡᠭᠲᠡᠶ᠃ | | ᠲᠤᠰ ᠲᠦᠷᠢᠮ ᠳᠤ ᠬᠡᠯᠡᠵᠦ ᠪᠠᠶᠢᠭ᠎ᠠ ᠤᠰᠤ ᠲᠠᠲᠠᠬᠤ ᠪᠠᠷᠢᠯᠭ᠎ᠠ ᠪᠤᠶᠤ ᠲᠥᠬᠦᠭᠡᠷᠦᠮᠵᠢ ᠭᠡᠳᠡᠭ ᠨᠢ ᠬᠠᠭᠠᠯᠲᠠ᠂ | ᠬᠠᠰᠢᠯᠭ᠎ᠠ᠂ ᠰᠤᠪᠠᠭ᠂ ᠵᠤᠬᠢᠶᠠᠮᠠᠯ ᠭᠤᠣᠯ ᠤᠨ ᠵᠠᠮ᠂ ᠭᠤᠤᠷᠰᠤᠨ ᠰᠣᠷᠣᠭᠤᠯ᠂ ᠤᠰᠤᠨ ᠬᠥᠭᠡᠷᠭᠡ᠂ ᠬᠤᠳᠳᠤᠭ | ᠵᠢᠴᠢ ᠤᠰᠤᠨ ᠴᠠᠬᠢᠯᠭᠠᠨ ᠦᠷᠳᠡᠭᠡ ᠵᠡᠷᠭᠡ ᠶᠢ ᠵᠢᠭᠠᠵᠤ ᠪᠠᠶᠢᠨ᠎ᠠ᠃ | | ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠱᠠᠳᠤ ᠬᠤᠪᠢᠶᠠᠨ ᠬᠠᠮᠢᠶᠠᠷᠬᠤ | ᠡᠷᠬᠡ ᠶᠢᠨ ᠬᠡᠪᠴᠢᠶ᠎ᠡ ᠶᠣᠰᠣᠭᠠᠷ ᠤᠰᠤ ᠲᠠᠲᠠᠬᠤ ᠵᠥᠪᠰᠢᠶᠡᠷᠡᠯ ᠤᠨ ᠲᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ | ᠪᠠ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | | ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ | ᠴᠦᠬᠦᠷᠦᠮ ᠳᠤ ᠪᠠᠶᠢᠭᠤᠯᠤᠭᠰᠠᠨ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ︵ᠳᠣᠷᠣᠭᠰᠢ ᠰᠠᠪᠠ | ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠨᠢ ᠲᠤᠰ ᠳᠦᠷᠢᠮ ᠤᠨ ᠲᠣᠭᠲᠠᠭᠠᠯ ᠪᠠ | ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠣᠯᠭᠤᠭᠰᠠᠨ ᠡᠷᠬᠡ ᠶᠣᠰᠣᠭᠠᠷ᠂ ᠬᠠᠷᠢᠶᠠᠯᠠᠬᠤ ᠬᠡᠪᠴᠢᠶᠡᠨ ᠳᠣᠲᠣᠷᠠᠬᠢ ᠤᠰᠤ ᠲᠠᠲᠠᠬᠤ | ᠵᠥᠪᠰᠢᠶᠡᠷᠡᠯ ᠤᠨ ᠳᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠬᠢᠨᠠᠵᠤ ᠬᠠᠮᠢᠶᠠᠷᠬᠤ ᠠᠵᠢᠯ ᠢ | ᠬᠠᠷᠢᠭᠤᠴᠠᠨ᠎ᠠ᠃ | | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠦᠨ᠎ᠡ | ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠤᠰ ᠳᠦᠷᠢᠮ ᠤᠨ ᠲᠣᠭᠲᠠᠭᠠᠯ ᠪᠠ | ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠤᠰᠤᠨ ᠤ ᠡᠬᠢ ᠪᠠᠶᠠᠯᠢᠭ ᠤᠨ ᠰᠦᠢᠳᠬᠡᠯ ᠢ | ᠲᠠᠲᠠᠪᠤᠷᠢᠯᠠᠬᠤ᠂ ᠬᠠᠮᠢᠶᠠᠷᠬᠤ ᠪᠠ ᠬᠢᠨᠠᠯᠳᠠ ᠲᠠᠯᠪᠢᠬᠤ ᠶᠢ ᠬᠠᠷᠢᠭᠤᠴᠠᠨ᠎ᠠ | | ᠳᠥᠷᠪᠡᠳᠦᠭᠡᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠳᠤ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ | ᠭᠤᠶᠤᠴᠢᠯᠠᠨ ᠠᠪᠬᠤ ᠴᠢᠬᠤᠯᠠ ᠦᠭᠡᠢ᠄ | | ︵ᠨᠢᠭᠡ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠬᠢᠭᠡᠳ ᠲᠡᠭᠦᠨ ᠤ | ᠪᠦᠷᠢᠯᠳᠦᠬᠦᠨ ᠨᠢ ᠲᠤᠰ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠤᠰᠦᠠ ᠴᠥᠭᠦᠷᠥᠮ ᠳᠠᠬᠢ | ᠤᠰᠤ ᠶᠢ ᠬᠡᠷᠡᠭᠯᠡᠬᠦ︔ | | ︵ᠬᠤᠶᠠᠷ︶ ᠭᠡᠷ ᠪᠦᠯᠢ ᠶᠢᠨ ᠠᠮᠢᠳᠤᠷᠠᠯ ᠪᠠ ᠲᠠᠷᠠᠬᠠᠶ ᠪᠤᠲᠠᠷᠬᠠᠶ ᠪᠤᠶᠤ ᠬᠠᠰᠢᠶᠠᠯᠠᠨ ᠲᠡᠵᠢᠭᠡᠵᠦ ᠪᠠᠶᠢᠭ᠎ᠠ ᠮᠠᠯ | ᠵᠢᠭᠦᠷᠲᠡᠨ ᠤ ᠤᠤᠭᠤᠬᠤ ᠤᠰᠤ ᠶᠢ ᠬᠠᠩᠭᠠᠬᠤ ᠪᠠᠷ ᠪᠠᠭ᠎ᠠ ᠬᠡᠮᠵᠢᠶᠡᠨ ᠤ ᠤᠰᠤ ᠲᠠᠳᠠᠬᠤ︔ | | ︵ᠭᠤᠷᠪᠠ︶ ᠠᠭᠤᠷᠬᠠᠶ ᠶᠢᠨ ᠬᠤᠳᠳᠤᠭ ᠵᠡᠷᠭᠡ ᠭᠠᠵᠠᠷ ᠳᠣᠣᠷᠠᠬᠢ ᠪᠠᠷᠢᠯᠭ᠎ᠠ ᠶᠢᠨ ᠠᠵᠢᠯ ᠤᠨ ᠠᠶᠤᠯᠭᠦᠶ | ᠪᠠᠶᠢᠬᠤ ᠪᠠ ᠦᠢᠯᠡᠳᠪᠦᠷᠢᠯᠡᠯ ᠤᠨ ᠠᠶᠤᠯᠭᠦᠶ ᠪᠠᠶᠢᠬᠤ ᠶᠢ ᠪᠠᠲᠤᠯᠠᠬᠤ ᠶᠢᠨ ᠲᠥᠯᠥᠭᠡ ᠡᠷᠬᠡᠪᠰᠢ ᠲᠦᠷ ᠴᠠᠭ ᠤᠨ | ᠪᠠᠴᠢᠮ ᠪᠠᠶᠢᠳᠠᠯ ᠢ ᠠᠷᠭᠠᠴᠠᠬᠤ ᠪᠠᠷ ᠤᠰᠤ ᠠᠪᠬᠤ ︵ᠭᠠᠷᠭᠠᠬᠤ︶ ᠴᠢᠬᠤᠯᠠᠲᠠᠶ ᠪᠠᠶᠢᠬᠤ︔ | | ︵ᠲᠦᠷᠪᠡ︶ ᠤᠯᠠᠨ ᠨᠡᠶᠢᠲᠡ ᠶᠢᠨ ᠠᠮᠤᠷ ᠲᠦᠪᠰᠢᠨ ᠪᠤᠶᠤ ᠤᠯᠠᠨ ᠨᠡᠶᠢᠲᠡ ᠶᠢᠨ ᠠᠰᠢᠭ ᠲᠤᠰᠠ ᠳᠤ | ᠤᠴᠠᠷᠠᠭᠤᠯᠬᠤ ᠬᠤᠣᠷ ᠬᠥᠨᠥᠭᠡᠯ ᠢ ᠠᠷᠢᠯᠭᠠᠬᠤ ᠶᠢᠨ ᠲᠥᠯᠥᠭᠡ ᠪᠠᠴᠢᠮ ᠪᠠᠶᠢᠳᠠᠯ ᠢ ᠠᠷᠭᠠᠴᠠᠬᠤ ᠪᠠᠷ ᠲᠦᠷ | ᠴᠠᠭ ᠤᠨ ᠤᠰᠤ ᠲᠠᠲᠠᠭᠰᠠᠨ︔ | | ︵ᠲᠠᠪᠤ︶ ᠲᠠᠷᠢᠶᠠᠯᠠᠩ ᠤᠨ ᠭᠠᠩ ᠬᠠᠭᠰᠠᠷᠠᠭᠠᠨ ᠲᠠᠢ ᠲᠡᠮᠡᠴᠡᠬᠦ ᠪᠠ ᠠᠮᠢ ᠠᠬᠤᠶ ᠬᠢᠭᠡᠳ ᠣᠷᠴᠢᠨ ᠲᠤᠭᠤᠷᠢᠨ | ᠢ ᠬᠠᠮᠠᠭᠠᠯᠠᠬᠤ ᠶᠢᠨ ᠲᠥᠯᠥᠭᠡ ᠡᠷᠬᠡᠪᠰᠢ ᠪᠠᠴᠢᠮ ᠪᠠᠶᠢᠳᠠᠯ ᠢ ᠠᠷᠭᠠᠴᠠᠬᠤ ᠳᠤ ᠲᠦᠷ ᠴᠠᠭ ᠤᠰᠤ ᠠᠪᠬᠤ | ᠴᠢᠬᠤᠯᠠᠲᠠᠶ ᠪᠠᠶᠢᠬᠤ᠃ | | ᠡᠮᠦᠨᠡᠬᠢ ᠪᠠᠳᠠᠭ ᠤᠨ ︵ᠬᠤᠶᠠᠷ︶ ᠳ᠋ᠤᠭᠠᠷ ᠵᠤᠷᠪᠤᠰ ᠲᠤ ᠲᠣᠭᠲᠠᠭᠠᠭᠰᠠᠨ ᠪᠠᠭ᠎ᠠ ᠬᠡᠮᠵᠢᠶᠡᠨ ᠤ ᠤᠰᠤ ᠲᠠᠲᠠᠬᠤ | ᠬᠢᠵᠠᠭᠠᠷ ᠲᠤᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠠᠴᠠ ᠲᠣᠭᠲᠠᠭᠠᠨ᠎ᠠ︔ ︵ᠭᠤᠷᠪᠠ︶ ᠳ᠋ᠤᠭᠠᠷ ᠵᠤᠷᠪᠤᠰ᠂ ︵ᠲᠦᠷᠪᠡ︶ ᠳ᠋ᠤᠭᠡᠷ ᠵᠤᠷᠪᠤᠰ ᠲᠤ | ᠲᠣᠭᠲᠠᠭᠠᠭᠰᠠᠨ ᠤᠰᠤ ᠲᠠᠲᠠᠬᠤ ᠳᠠᠭᠠᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠴᠠᠭ ᠲᠤᠬᠠᠶ ᠳᠤᠨᠢ ᠮᠡᠳᠡᠭᠦᠯᠵᠦ ᠳᠠᠩᠰᠠᠯᠠᠭᠤᠯᠬᠤ | ᠬᠡᠷᠡᠭᠲᠡᠶ︔ ︵ᠲᠠᠪᠤ︶ ᠳ᠋ᠤᠭᠠᠷ ᠵᠤᠷᠪᠤᠰ ᠲᠤ ᠲᠣᠭᠲᠠᠭᠠᠭᠰᠠᠨ ᠤᠰᠤ ᠲᠠᠲᠠᠬᠤ ᠳᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠᠷ ᠵᠥᠪᠰᠢᠶᠡᠷᠡᠭᠦᠯᠬᠦ | ᠬᠡᠷᠡᠭᠲᠡᠶ᠃ | | ᠲᠠᠪᠤᠳᠤᠭᠠᠷ ᠵᠦᠢᠯ ᠤᠰᠤ ᠲᠠᠲᠠᠬᠤ ᠵᠥᠪᠰᠢᠶᠡᠷᠡᠯ ᠨᠢ ᠡ᠊ᠩ ᠲᠡᠷᠢᠭᠦᠨ ᠳᠤ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠶᠢ ᠬᠠᠩᠭᠠᠬᠤ ᠶᠢᠨ ᠬᠠᠮᠲᠤ ᠲᠠᠷᠢᠶᠠᠯᠠᠩ᠂ ᠠᠵᠤ ᠦᠢᠯᠡᠳᠪᠦᠷᠢ᠂ ᠠᠮᠢ | ᠠᠬᠤᠶ ᠬᠢᠭᠡᠳ ᠣᠷᠴᠢᠨ ᠲᠤᠭᠤᠷᠢᠨ ᠳᠤ ᠬᠡᠷᠡᠭᠯᠡᠬᠦ ᠤᠰᠤ ᠵᠢᠴᠢ ᠤᠰᠤᠨ ᠵᠠᠮ ᠤᠨ ᠲᠡᠭᠡᠭᠡᠪᠦᠷᠢ ᠵᠡᠷᠭᠡ ᠶᠢᠨ | ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠬᠤ ᠬᠡᠷᠡᠭᠲᠡᠶ᠃ | | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠤᠭᠤᠳ ᠲᠤᠰ ᠲᠦᠷᠢᠮ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠡᠪᠴᠢᠶ᠎ᠡ | ᠶᠣᠰᠣᠭᠠᠷ᠂ ᠠᠳᠠᠯᠢ ᠨᠢᠭᠡᠨ ᠰᠠᠪᠠ ᠭᠠᠵᠠᠷ ᠪᠤᠶᠤ ᠣᠷᠣᠨ ᠪᠦᠰᠡ ᠶᠢᠨ ᠳᠣᠲᠣᠷ᠎ᠠ᠂ ᠪᠣᠳᠠᠲᠠᠶ ᠪᠠᠶᠢᠳᠠᠯ ᠢᠶᠠᠨ | ᠦᠨᠳᠦᠰᠦᠯᠡᠨ ᠡᠮᠦᠨᠡᠬᠢ ᠪᠠᠳᠠᠭ ᠤᠨ ᠡᠯ᠎ᠡ ᠵᠦᠢᠯ ᠤᠨ ᠤᠰᠤ ᠬᠡᠷᠡᠭᠯᠡᠬᠦ ᠲᠠᠯ᠎ᠠ ᠪᠠᠷ ᠬᠢ ᠲᠤᠭᠳᠠᠭᠠᠯ ᠤᠨ ᠪᠣᠳᠠᠲᠠᠶ | ᠤᠷᠢᠳ ᠬᠤᠵᠢᠳ ᠤᠨ ᠲᠡᠰ ᠳᠠᠷᠠᠭᠠᠯᠠᠯ ᠢ ᠲᠣᠭᠲᠠᠭᠠᠵᠤ ᠪᠣᠯᠤᠨ᠎ᠠ᠃ | | ᠵᠢᠷᠭᠤᠳᠤᠭᠠᠷ ᠵᠦᠢᠯ ᠤᠰᠤ ᠲᠠᠲᠠᠬᠤ ᠵᠥᠪᠰᠢᠶᠡᠷᠡᠯ ᠢ ᠬᠡᠷᠡᠭᠵᠢᠭᠦᠯᠬᠦ ᠳᠤ ᠡᠷᠬᠡᠪᠰᠢ ᠤᠰᠤᠨ ᠤ ᠡᠬᠢ | ᠪᠠᠶᠠᠯᠢᠭ ᠤᠨ ᠶᠡᠷᠦᠩᠬᠡᠶ ᠲᠥᠯᠥᠪᠵᠢᠭᠦᠯᠭᠡ᠂ ᠰᠠᠪᠠ ᠭᠠᠵᠠᠷ ᠤᠨ ᠶᠡᠷᠦᠩᠬᠡᠶ ᠲᠥᠯᠥᠪᠵᠢᠭᠦᠯᠭᠡ᠂ ᠤᠰᠤᠨ ᠤ | ᠤᠷᠲᠤᠪᠲᠤᠷ ᠪᠠ ᠤᠷᠳᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ ᠪᠠ ᠤᠰᠤᠨ ᠤ | ᠴᠢᠳᠠᠮᠵᠢᠳᠤ ᠣᠷᠣᠨ ᠤ ᠬᠤᠪᠢᠶᠠᠷᠢᠯᠠᠯ ᠳᠤ ᠨᠡᠶᠢᠴᠡᠭᠦᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠤᠰᠤᠨ ᠤ ᠬᠠᠤᠯᠢ︾ ᠶᠢᠨ ᠲᠣᠭᠲᠠᠭᠠᠯ ᠶᠣᠰᠣᠭᠠᠷ ᠵᠥᠪᠰᠢᠶᠡᠷᠡᠭᠰᠡᠨ ᠤᠰᠤᠨ ᠤ ᠬᠡᠮᠵᠢᠶ᠎ᠡ ᠶᠢ | ᠬᠤᠪᠢᠶᠠᠷᠢᠯᠠᠬᠤ ᠲᠥᠰᠦᠯ ᠢ ᠵᠢᠷᠤᠮᠯᠠᠬᠤ ᠬᠡᠷᠡᠭᠲᠡᠶ︔ ᠤᠰᠦᠠ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠢ ᠬᠠᠷᠠᠬᠠᠨ | ᠲᠣᠭᠲᠠᠭᠠᠭᠠᠳᠤᠶ ᠪᠠᠶᠢᠪᠠᠯ᠂ ᠬᠤᠯᠪᠣᠭᠳᠠᠯ ᠪᠦᠬᠦᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠬᠤᠭᠤᠷᠣᠨᠳᠣ ᠪᠠᠨ ᠲᠣᠭᠲᠠᠭᠠᠭᠰᠠᠨ ᠬᠡᠯᠡᠯᠴᠡᠭᠡᠷ ᠢ ᠵᠢᠷᠤᠮᠯᠠᠬᠤ ᠬᠡᠷᠡᠭᠲᠡᠶ᠃ | | ᠳᠣᠯᠣᠳᠤᠭᠠᠷ ᠵᠦᠢᠯ ᠤᠰᠤ ᠲᠠᠲᠠᠬᠤ ᠵᠥᠪᠰᠢᠶᠡᠷᠡᠯ ᠢ ᠬᠡᠷᠡᠭᠵᠢᠭᠦᠯᠬᠦ ᠳᠤ ᠭᠠᠵᠠᠷ ᠳᠡᠭᠡᠷᠡᠬᠢ ᠤᠰᠤ ᠪᠣᠯᠤᠨ | ᠭᠠᠵᠠᠷ ᠳᠣᠣᠷᠠᠬᠢ ᠤᠰᠤ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠬᠤ᠂ ᠡᠬᠢ ᠰᠤᠷᠪᠤᠯᠵᠢ ᠶᠢ ᠨᠡᠭᠡᠭᠡᠬᠦ ᠪᠠ | ᠤᠷᠤᠰᠬᠠᠯ ᠢ ᠠᠷᠪᠢᠯᠠᠬᠤ ᠶᠢ ᠤᠶᠠᠯᠳᠤᠭᠤᠯᠬᠤ᠂ ᠤᠷᠤᠰᠬᠠᠯ ᠢ ᠠᠷᠪᠢᠯᠠᠬᠤ ᠶᠢ ᠲᠡᠷᠢᠭᠦᠨ ᠳᠤ ᠲᠠᠯᠪᠢᠬᠤ ᠵᠠᠷᠴᠢᠮ ᠢ | ᠪᠠᠷᠢᠮᠲᠠᠯᠠᠵᠤ᠂ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠨᠤᠷᠮ᠎ᠠ ᠲᠣᠭᠲᠠᠭᠠᠨ ᠬᠠᠮᠢᠶᠠᠷᠬᠤ ᠶᠢ ᠤᠶᠠᠯᠳᠤᠭᠤᠯᠬᠤ ᠶᠢ | ᠬᠡᠷᠡᠭᠵᠢᠭᠦᠯᠬᠦ ᠬᠡᠷᠡᠭᠲᠡᠶ᠃ | | ᠰᠠᠪᠠ ᠭᠠᠵᠠᠷ ᠠᠴᠠ ᠤᠰᠤ ᠲᠠᠲᠠᠬᠤ ᠶᠢ ᠵᠥᠪᠰᠢᠶᠡᠷᠡᠭᠰᠡᠨ ᠶᠡᠷᠦᠩᠬᠡᠶ ᠬᠤᠷᠣᠭᠳᠠᠯ ᠤᠨ ᠬᠡᠮᠵᠢᠶ᠎ᠡ ᠨᠢ ᠲᠣᠰ | ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠠᠰᠢᠭᠯᠠᠵᠤ ᠪᠣᠯᠬᠤ ᠬᠡᠮᠵᠢᠶ᠎ᠡ ᠠᠴᠠ ᠬᠡᠲᠦᠷᠡᠵᠦ ᠪᠣᠯᠬᠤ ᠥᠬᠡᠶ᠃ | | ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠰᠤ ᠲᠠᠲᠠᠬᠤ ᠶᠢ ᠵᠥᠪᠰᠢᠶᠡᠷᠡᠭᠰᠡᠨ ᠶᠡᠷᠦᠩᠬᠡᠶ ᠤᠰᠤᠨ ᠤ | ᠬᠡᠮᠵᠢᠶ᠎ᠡ ᠶᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠳᠡᠭᠡᠷ᠎ᠡ ᠨᠢᠭᠡ ᠱᠠᠲᠤᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠠᠭᠤᠯᠭᠠᠭᠰᠠᠨ ᠲᠤᠰ ᠵᠠᠰᠠᠭ | ᠵᠠᠬᠢᠷᠭᠠᠨ ᠤ ᠣᠷᠣᠨ ᠤ ᠲᠠᠲᠠᠵᠤ ᠬᠡᠷᠡᠭᠯᠡᠬᠦ ᠳᠤ ᠬᠠᠩᠭᠠᠵᠤ ᠪᠣᠯᠬᠤ ᠤᠰᠤᠨ ᠤ ᠬᠡᠮᠵᠢᠶ᠎ᠡ ᠠᠴᠠ ᠬᠡᠲᠦᠷᠡᠭᠦᠯᠵᠦ ᠪᠣᠯᠬᠤ | ᠦᠭᠡᠢ︔ ᠡᠭᠦᠨ ᠳᠤ᠂ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠵᠥᠪᠰᠢᠶᠡᠷᠡᠭᠰᠡᠨ ᠶᠡᠷᠦᠩᠬᠡᠶ ᠤᠰᠤᠨ ᠤ | ᠬᠡᠮᠵᠢᠶ᠎ᠡ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠭᠠᠵᠠᠷ ᠳᠣᠣᠷᠠᠬᠢ ᠤᠰᠤ ᠶᠢ ᠮᠠᠯᠲᠠᠵᠤ ᠪᠣᠯᠬᠤ | ᠬᠡᠮᠵᠢᠶ᠎ᠡ ᠠᠴᠠ ᠬᠡᠲᠦᠷᠡᠵᠦ ᠪᠣᠯᠬᠤ ᠦᠭᠡᠢ ᠶᠢᠨ ᠬᠠᠮᠲᠤ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ | ᠲᠥᠯᠥᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠭᠠᠵᠠᠷ ᠳᠣᠣᠷᠠᠬᠢ ᠤᠰᠤ ᠶᠢ ᠨᠡᠭᠡᠭᠡᠨ | ᠠᠰᠢᠭᠯᠠᠬᠤ ᠲᠥᠯᠥᠪᠵᠢᠭᠦᠯᠭᠡ ᠶᠢ ᠲᠣᠭᠲᠠᠭᠠᠬᠤ ᠳᠠᠭᠠᠨ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃ | | ᠨᠠᠢᠮᠠᠳᠤᠭᠠᠷ ᠵᠦᠢᠯ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ | ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠳᠤ ᠪᠠᠨ ᠢᠯᠡ ᠲᠣᠳᠣ᠂ ᠡᠷᠬᠡ ᠲᠡᠭᠰᠢ᠂ ᠲᠥᠪ | ᠭᠤᠣᠯᠴᠢ᠂ ᠥᠨᠳᠥᠷ ᠦᠷ᠎ᠡ ᠪᠦᠲᠦᠮᠵᠢᠲᠡᠶ ᠪᠠᠶᠢᠬᠤ ᠪᠠ ᠠᠷᠠᠳ ᠤᠯᠠᠨ ᠳᠤ ᠳᠦᠭᠦᠮ ᠦᠵᠡᠭᠦᠯᠬᠦ ᠵᠠᠷᠴᠢᠮ ᠢ | ᠵᠢᠷᠤᠮᠯᠠᠬᠤ ᠬᠡᠷᠡᠭᠲᠡᠶ᠃ | | ᠶᠢᠰᠦᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠤᠰᠤᠨ ᠤ ᠡᠬᠢ ᠪᠠᠶᠠᠯᠢᠭ ᠢ ᠠᠷᠪᠢᠯᠠᠬᠤ | ᠪᠠ ᠬᠠᠮᠠᠭᠠᠯᠠᠬᠤ ᠡᠭᠦᠷᠭᠡ ᠲᠠᠢ᠃ | | ᠤᠰᠤᠨ ᠤ ᠡᠬᠢ ᠪᠠᠶᠠᠯᠢᠭ ᠢ ᠠᠷᠪᠢᠯᠠᠬᠤ ᠪᠠ ᠬᠠᠮᠠᠭᠠᠯᠠᠬᠤ ᠳᠤ ᠲᠤᠪᠦ᠋ᠢᠮ᠎ᠠ ᠬᠤᠪᠢ ᠨᠡᠮᠡᠷᠢ ᠦᠵᠡᠭᠦᠯᠦᠭᠰᠡᠨ | ᠨᠢᠭᠡᠴᠢ ᠪᠠ ᠬᠤᠪᠢ ᠬᠥᠮᠦᠨ ᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ | ᠰᠠᠶᠢᠰᠢᠶᠠᠨ ᠬᠥᠬᠢᠭᠦᠯᠦᠨ᠎ᠡ᠃ | | ᠬᠤᠶᠠᠳᠤᠭᠠᠷ ᠪᠦᠯᠦᠭ ᠤᠰᠤ ᠲᠠᠳᠠᠬᠤ ᠭᠤᠶᠤᠴᠢᠯᠠᠯᠳᠠ ᠪᠠ ᠬᠦᠯᠢᠶᠡᠨ ᠠᠪᠴᠤ ᠰᠢᠢᠳᠪᠤᠷᠢᠯᠡᠬᠦ | | ᠠᠷᠪᠠᠳᠤᠭᠠᠷ ᠵᠦᠢᠯ ᠤᠰᠤ ᠲᠠᠳᠠᠬᠤ ᠪᠠᠷ ᠭᠤᠶᠤᠴᠢᠯᠠᠬᠤ ᠨᠢᠭᠡᠴᠢ ᠪᠤᠶᠤ ᠬᠤᠪᠢ ᠬᠥᠮᠦᠨ ︵ᠳᠣᠷᠣᠭᠰᠢ | ᠭᠤᠶᠤᠴᠢᠯᠠᠭᠴᠢ ᠭᠡᠵᠦ ᠲᠣᠪᠴᠢᠯᠠᠨ᠎ᠠ︶ ᠨᠢ ᠬᠢᠨᠠᠨ ᠵᠥᠪᠰᠢᠶᠡᠷᠡᠬᠦ ᠡᠷᠬᠡ ᠮᠡᠳᠡᠯ ᠲᠠᠢ ᠬᠢᠨᠠᠨ ᠵᠥᠪᠰᠢᠶᠡᠷᠡᠬᠦ | ᠪᠠᠶᠢᠭᠤᠯᠭ᠎ᠠ ᠳᠤ ᠭᠤᠶᠤᠴᠢᠯᠠᠯ ᠭᠠᠷᠭᠠᠬᠤ ᠬᠡᠷᠡᠭᠲᠡᠶ᠃ ᠤᠯᠠᠨ ᠵᠦᠢᠯ ᠤᠨ ᠤᠰᠤᠨ ᠤ ᠰᠤᠷᠪᠤᠯᠵᠢ ᠶᠢ | ᠠᠰᠢᠭᠯᠠᠬᠤ ᠪᠠᠷ ᠭᠤᠶᠤᠴᠢᠯᠠᠭᠰᠠᠨ ᠪᠥᠭᠡᠳ ᠡᠯ᠎ᠡ ᠵᠦᠢᠯ ᠤᠨ ᠤᠰᠤᠨ ᠤ ᠰᠤᠷᠪᠤᠯᠵᠢ ᠶᠢᠨ ᠤᠰᠤ ᠲᠠᠳᠠᠬᠤ ᠶᠢ | ᠬᠢᠨᠠᠨ ᠵᠥᠪᠰᠢᠶᠡᠷᠡᠬᠦ ᠪᠠᠶᠢᠭᠤᠯᠭ᠎ᠠ ᠨᠢ ᠠᠳᠠᠯᠢ ᠦᠭᠡᠢ ᠪᠠᠶᠢᠪᠠᠯ᠂ ᠲᠡᠭᠦᠨ ᠤ ᠳᠣᠲᠣᠷᠠᠬᠢ ᠬᠠᠮᠤᠭ ᠤᠨ ᠳᠡᠭᠡᠳᠦ ᠨᠢᠭᠡ | ᠱᠠᠲᠤᠨ ᠤ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠭᠤᠶᠤᠴᠢᠯᠠᠯ ᠭᠠᠷᠭᠠᠬᠤ ᠬᠡᠷᠡᠭᠲᠡᠶ᠃ | | ᠤᠰᠤ ᠲᠠᠲᠠᠬᠤ ᠵᠥᠪᠰᠢᠶᠡᠷᠡᠯ ᠤᠨ ᠡᠷᠬᠡ ᠶᠢᠨ ᠬᠡᠪᠴᠢᠶ᠎ᠡ ᠨᠢ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠳᠤ ᠬᠠᠷᠢᠶᠠᠯᠠᠭᠳᠠᠬᠤ ᠳᠤ ᠬᠦᠷᠪᠡᠯ᠂ ᠤᠰᠤ ᠲᠠᠲᠠᠬᠤ ᠠᠮᠠ ᠶᠢᠨ ᠪᠠᠶᠢᠭ᠎ᠠ ᠭᠠᠵᠠᠷ ᠤᠨ ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ | ᠬᠡᠷᠡᠭᠲᠡᠶ᠃ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠰᠠᠨᠠᠯ ᠢᠶᠠᠨ | ᠳᠤᠷᠠᠳᠬᠤ ᠶᠢᠨ ᠬᠠᠮᠲᠤ ᠭᠤᠶᠤᠴᠢᠯᠠᠭᠰᠠᠨ ᠪᠦᠬᠦ ᠮᠠᠲ᠋ᠧᠷᠢᠶᠠᠯ ᠲᠠᠢ ᠨᠢ ᠬᠠᠮᠲᠤ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠰᠢᠯᠵᠢᠭᠦᠯᠦᠨ ᠮᠡᠳᠡᠭᠦᠯᠬᠦ ᠬᠡᠷᠡᠭᠲᠡᠶ︔ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠲᠤᠰᠤᠨ ᠤᠯᠤᠭᠰᠠᠨ ᠤ ᠲᠠᠷᠠᠭ᠎ᠠ᠂ ᠲᠤᠰ ᠲᠦᠷᠢᠮ ᠤᠨ ᠠᠷᠪᠠᠨ ᠭᠤᠷᠪᠠᠳᠤᠭᠠᠷ ᠵᠦᠢᠯ ᠤᠨ | ᠲᠣᠭᠲᠠᠭᠠᠯ ᠶᠣᠰᠣᠭᠠᠷ ᠰᠢᠢᠳᠪᠤᠷᠢᠯᠡᠬᠦ ᠬᠡᠷᠡᠭᠲᠡᠶ᠃ | | ᠠᠷᠪᠠᠨ ᠨᠢᠭᠡᠳᠦᠭᠡᠷ ᠵᠦᠢᠯ ᠤᠰᠤ ᠲᠠᠳᠠᠬᠤ ᠪᠠᠷ ᠭᠤᠶᠤᠴᠢᠯᠠᠬᠤ ᠳᠤ ᠳᠣᠣᠷ᠎ᠠ ᠵᠢᠭᠰᠠᠭᠠᠭᠰᠠᠨ | ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠶ᠄ | | ︵ᠨᠢᠭᠡ︶ ᠭᠤᠶᠤᠴᠢᠯᠠᠯ ᠤᠨ ᠪᠢᠴᠢᠭ︔ | | ︵ᠬᠤᠶᠠᠷ︶ ᠭᠤᠷᠪᠠᠳᠠᠬᠢ ᠡᠲᠡᠭᠡᠳ ᠯᠦᠭᠡ ᠶᠢᠨ ᠠᠰᠢᠭ ᠬᠤᠣᠷ ᠤᠨ ᠬᠠᠷᠢᠴᠠᠭ᠎ᠠ ᠶᠢᠨ ᠲᠤᠬᠠᠶ ᠬᠤᠯᠪᠣᠭᠳᠠᠯ | ᠪᠦᠬᠦᠢ ᠲᠣᠳᠣᠷᠬᠠᠶᠢᠯᠠᠯᠲᠠ︔ | | ︵ᠭᠤᠷᠪᠠ︶ ᠳᠠᠩᠰᠠᠯᠠᠭᠤᠯᠬᠤ ᠵᠦᠢᠯᠡᠰ ᠲᠤ ᠲᠣᠭᠠᠴᠠᠭᠳᠠᠪᠠᠯ᠂ ᠬᠤᠯᠪᠣᠭᠳᠠᠯ ᠪᠦᠬᠦᠢ ᠳᠠᠩᠰᠠᠯᠠᠭᠤᠯᠬᠤ | ᠮᠠᠲ᠋ᠧᠷᠢᠶᠠᠯ ᠢ ᠬᠠᠩᠭᠠᠨ᠎ᠠ︔ | | ︵ᠲᠦᠷᠪᠡ︶ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠭᠰᠠᠨ ᠪᠤᠰᠤᠳ ᠮᠠᠲ᠋ᠧᠷᠢᠶᠠᠯ᠃ | | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯᠡᠰ ᠲᠤ ᠤᠰᠤ ᠲᠠᠲᠠᠬᠤ ᠴᠢᠬᠤᠯᠠᠲᠠᠶ ᠪᠠᠶᠢᠪᠠᠯ᠂ | ᠭᠤᠶᠤᠴᠢᠯᠠᠭᠴᠢ ᠨᠢ ᠪᠠᠰᠠ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯᠡᠰ ᠤᠨ ᠤᠰᠤᠨ ᠤ ᠡᠬᠢ ᠪᠠᠶᠠᠯᠢᠭ ᠢ | ᠨᠤᠲᠠᠯᠠᠬᠤ ᠮᠡᠳᠡᠭᠦᠯᠦᠯᠲᠡ ᠶᠢᠨ ᠪᠢᠴᠢᠭ ᠢᠶᠠᠨ ᠲᠤᠰᠢᠶᠠᠬᠤ ᠬᠡᠷᠡᠭᠲᠡᠶ᠃ ᠨᠤᠲᠠᠯᠠᠯᠲᠠ ᠶᠢᠨ ᠮᠡᠳᠡᠭᠦᠯᠦᠯᠲᠡ ᠶᠢᠨ | ᠪᠢᠴᠢᠭ ᠲᠤ ᠤᠰᠤ ᠲᠠᠲᠠᠬᠤ ᠤᠰᠤᠨ ᠤ ᠡᠬᠢ ᠰᠤᠷᠪᠤᠯᠵᠢ᠂ ᠤᠰᠤ ᠬᠡᠷᠡᠭᠯᠡᠬᠦ ᠵᠦᠢ ᠵᠣᠬᠢᠰᠲᠠᠶ ᠴᠢᠨᠠᠷ ᠵᠢᠴᠢ ᠠᠮᠢ | ᠠᠬᠤᠶ ᠬᠢᠭᠡᠳ ᠣᠷᠴᠢᠨ ᠲᠤᠭᠤᠷᠢᠨ ᠢ ᠨᠥᠯᠥᠭᠡᠯᠡᠬᠦ ᠵᠡᠷᠭᠡ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠶ᠃ | | ᠠᠷᠪᠠᠨ ᠬᠤᠶᠠᠳᠤᠭᠠᠷ ᠵᠦᠢᠯ ᠭᠤᠶᠤᠴᠢᠯᠠᠯ ᠤᠨ ᠪᠢᠴᠢᠭ ᠲᠤ ᠳᠣᠣᠷ᠎ᠠ ᠵᠢᠭᠰᠠᠭᠠᠭᠰᠠᠨ ᠵᠦᠢᠯ ᠤᠳ ᠢ | ᠪᠠᠭᠲᠠᠭᠠᠭᠰᠠᠨ ᠪᠠᠶᠢᠬᠤ ᠬᠡᠷᠡᠭᠲᠡᠶ᠄ | | ︵ᠨᠢᠭᠡ︶ ᠭᠤᠶᠤᠴᠢᠯᠠᠭᠴᠢ ᠶᠢᠨ ᠨᠡᠷᠡᠶᠢᠳᠦᠯ ︵ᠤᠪᠤᠭ ᠨᠡᠷ᠎ᠡ︶᠂ ᠬᠠᠶ᠋ᠢᠭ︔ | | ︵ᠬᠤᠶᠠᠷ︶ ᠭᠤᠶᠤᠴᠢᠯᠠᠬᠤ ᠤᠴᠢᠷ ᠰᠢᠯᠲᠠᠭᠠᠨ︔ | | ︵ᠭᠤᠷᠪᠠ︶ ᠤᠰᠤ ᠲᠠᠳᠠᠬᠤ ᠡᠬᠢᠯᠡᠬᠦ ᠴᠠᠭ ᠪᠠ ᠬᠤᠭᠤᠴᠠᠭ᠎ᠠ︔ | | ︵ᠲᠦᠷᠪᠡ︶ ᠤᠰᠤ ᠲᠠᠲᠠᠬᠤ ᠵᠣᠷᠢᠯᠭ᠎ᠠ᠂ ᠤᠰᠤ ᠲᠠᠲᠠᠬᠤ ᠬᠡᠮᠵᠢᠶ᠎ᠡ᠂ ᠵᠢᠯ ᠤᠨ ᠳᠣᠲᠣᠷᠠᠬᠢ ᠡᠯ᠎ᠡ ᠰᠠᠷ᠎ᠠ ᠶᠢᠨ | ᠤᠰᠤ ᠬᠡᠷᠡᠭᠯᠡᠬᠦ ᠬᠡᠮᠵᠢᠶ᠎ᠡ ᠵᠡᠷᠭᠡ︔ | | ︵ᠲᠠᠪᠤ︶ ᠤᠰᠦᠠ ᠤ ᠰᠤᠷᠪᠤᠯᠵᠢ ᠬᠢᠭᠡᠳ ᠤᠰᠤ ᠲᠠᠲᠠᠬᠤ ᠭᠠᠵᠠᠷ︔ | | ︵ᠵᠢᠷᠭᠤᠭ᠎ᠠ︶ ᠤᠰᠤ ᠲᠠᠲᠠᠬᠤ ᠠᠷᠭ᠎ᠠ ᠮᠠᠶ᠋ᠢᠭ᠂ ᠬᠡᠮᠵᠢᠬᠦ ᠠᠷᠭ᠎ᠠ ᠮᠠᠶ᠋ᠢᠭ ᠪᠣᠯᠤᠨ ᠤᠰᠤ ᠠᠷᠪᠢᠯᠠᠬᠤ ᠠᠷᠭ᠎ᠠ | ᠬᠡᠮᠵᠢᠶ᠎ᠡ︔ | | ︵ᠲᠤᠯᠤᠭ᠎ᠠ︶ ᠤᠰᠤ ᠲᠠᠲᠠᠬᠤ ᠭᠠᠵᠠᠷ ᠪᠠ ᠤᠰᠤ ᠲᠠᠲᠠᠬᠤ ᠶᠠᠪᠤᠴᠠ ᠳᠤ ᠠᠭᠤᠯᠤᠭᠳᠠᠵᠤ ᠪᠠᠶᠢᠭ᠎ᠠ ᠭᠤᠣᠯ | ᠪᠣᠬᠢᠷᠲᠤᠯ ᠪᠣᠳᠠᠰ ᠵᠢᠴᠢ ᠪᠣᠬᠢᠷ ᠤᠰᠤ ᠶᠢ ᠰᠢᠢᠳᠪᠤᠷᠢᠯᠡᠬᠦ ᠠᠷᠭ᠎ᠠ ᠬᠡᠮᠵᠢᠶ᠎ᠡ︔ | | ︵ᠨᠠᠢᠮᠠ︶ ᠲᠥᠷᠥ ᠶᠢᠨ ᠶᠠᠪᠤᠳᠠᠯ ᠤᠨ ᠬᠤᠷᠢᠶᠠᠨ ᠤ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠭᠰᠠᠨ ᠪᠤᠰᠤᠳ ᠵᠦᠢᠯ᠃ | | ᠠᠷᠪᠠᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠤᠰᠤ ᠲᠠᠲᠠᠬᠤ ᠭᠤᠶᠤᠴᠢᠯᠠᠯ ᠢ ᠣᠯᠤᠭᠰᠠᠨ | ᠡᠳᠦᠷ ᠠᠴᠠ ᠡᠬᠢᠯᠡᠨ 5 ᠠᠵᠢᠯ ᠤᠨ ᠡᠳᠦᠷ ᠤᠨ ᠳᠣᠲᠣᠷ᠎ᠠ ᠭᠤᠶᠤᠴᠢᠯᠠᠭᠰᠠᠨ ᠮᠠᠲ᠋ᠧᠷᠢᠶᠠᠯ ᠢ ᠬᠢᠨᠠᠨ | ᠪᠠᠶᠢᠴᠠᠭᠠᠬᠤ ᠶᠢᠨ ᠬᠠᠮᠲᠤ ᠳᠣᠣᠷ᠎ᠠ ᠵᠢᠭᠰᠠᠭᠠᠭᠰᠠᠨ ᠠᠳᠠᠯᠢ ᠪᠤᠰᠤ ᠪᠠᠶᠢᠳᠠᠯ ᠢ ᠦᠨᠳᠦᠰᠦᠯᠡᠨ ᠲᠤᠰ ᠲᠤᠰ | ᠰᠢᠢᠳᠪᠤᠷᠢᠯᠡᠬᠦ ᠬᠡᠷᠡᠭᠲᠡᠶ᠄ | | ︵ᠨᠢᠭᠡ︶ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ᠂ ᠬᠠᠤᠯᠢ ᠳᠤ ᠲᠣᠭᠲᠠᠭᠠᠭᠰᠠᠨ ᠬᠡᠯᠪᠡᠷᠢ ᠳᠤ | ᠨᠡᠶᠢᠴᠡᠵᠦ᠂ ᠲᠤᠰ ᠪᠠᠶᠢᠭᠤᠯᠭ᠎ᠠ ᠶᠢᠨ ᠬᠦᠯᠢᠶᠡᠨ ᠠᠪᠴᠤ ᠰᠢᠢᠳᠪᠤᠷᠢᠯᠡᠬᠦ ᠬᠡᠪᠴᠢᠶᠡᠨ ᠳᠤ ᠬᠠᠷᠢᠶᠠᠯᠠᠭᠳᠠᠪᠠᠯ | ᠬᠦᠯᠢᠶᠡᠨ ᠠᠪᠴᠤ ᠰᠢᠢᠳᠪᠤᠷᠢᠯᠡᠨ᠎ᠡ︔ | | ︵ᠬᠤᠶᠠᠷ︶ ᠳᠡᠪᠰᠢᠭᠦᠯᠦᠨ ᠲᠤᠰᠢᠶᠠᠭᠰᠠᠨ ᠮᠠᠲ᠋ᠧᠷᠢᠶᠠᠯ ᠨᠢ ᠪᠦᠷᠢᠨ ᠪᠤᠰᠤ ᠪᠤᠶᠤ ᠭᠤᠶᠤᠴᠢᠯᠠᠯ ᠤᠨ | ᠪᠢᠴᠢᠭ ᠤᠨ ᠠᠭᠤᠯᠭ᠎ᠠ ᠶᠢᠨ ᠲᠠᠶᠢᠯᠪᠤᠷᠢ ᠨᠢ ᠲᠣᠳᠣᠷᠬᠠᠶ ᠦᠭᠡᠢ ᠪᠠᠶᠢᠪᠠᠯ᠂ ᠨᠥᠬᠦᠪᠥᠷᠢᠯᠡᠨ ᠵᠠᠯᠠᠷᠠᠭᠤᠯᠬᠤ ᠶᠢ | ᠭᠤᠶᠤᠴᠢᠯᠠᠭᠴᠢ ᠳᠤ ᠮᠡᠳᠡᠭᠳᠡᠨ᠎ᠡ︔ | | ︵ᠭᠤᠷᠪᠠ︶ ᠲᠤᠰ ᠪᠠᠶᠢᠭᠤᠯᠭ᠎ᠠ ᠶᠢᠨ ᠬᠦᠯᠢᠶᠡᠨ ᠠᠪᠴᠤ ᠰᠢᠢᠳᠪᠤᠷᠢᠯᠡᠬᠦ ᠬᠡᠪᠴᠢᠶᠡᠨ ᠳᠤ ᠪᠠᠭᠲᠠᠬᠤ ᠦᠭᠡᠢ | ᠪᠠᠶᠢᠪᠠᠯ᠂ ᠬᠦᠯᠢᠶᠡᠨ ᠠᠪᠴᠤ ᠰᠢᠢᠳᠪᠤᠷᠢᠯᠡᠬᠦ ᠡᠷᠬᠡ ᠮᠡᠳᠡᠯ ᠲᠠᠢ ᠪᠠᠶᠢᠭᠤᠯᠭ᠎ᠠ ᠳᠤ ᠭᠤᠶᠤᠴᠢᠯᠠᠯ ᠭᠠᠷᠭᠠᠬᠤ ᠶᠢ | ᠭᠤᠶᠤᠴᠢᠯᠠᠭᠴᠢ ᠳᠤ ᠮᠡᠳᠡᠭᠳᠡᠨ᠎ᠡ᠃ | ᠭᠤᠷᠪᠠᠳᠤᠭᠠᠷ ᠪᠦᠯᠦᠭ ᠤᠰᠤ ᠲᠠᠳᠠᠬᠤ ᠵᠥᠪᠰᠢᠶᠡᠷᠡᠯ ᠢ ᠬᠢᠨᠠᠨ ᠪᠠᠶᠢᠴᠠᠭᠠᠬᠤ ᠪᠠ ᠲᠣᠭᠲᠠᠭᠠᠬᠤ | | ᠠᠷᠪᠠᠨ ᠳᠥᠷᠪᠡᠳᠦᠭᠡᠷ ᠵᠦᠢᠯ ᠤᠰᠤ ᠲᠠᠲᠠᠬᠤ ᠵᠥᠪᠰᠢᠶᠡᠷᠡᠯ ᠢ ᠱᠠᠳᠤ ᠬᠤᠪᠢᠶᠠᠨ ᠬᠢᠨᠠᠨ ᠵᠥᠪᠰᠢᠶᠡᠷᠡᠬᠦ ᠶᠢ | ᠬᠡᠷᠡᠭᠵᠢᠭᠦᠯᠦᠨ᠎ᠡ᠃ | | ᠳᠣᠣᠷ᠎ᠠ ᠵᠢᠭᠰᠠᠭᠠᠭᠰᠠᠨ ᠤᠰᠤ ᠲᠠᠲᠠᠬᠤ ᠭᠤᠶᠤᠴᠢᠯᠠᠯ ᠢ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠬᠢᠨᠠᠨ ᠵᠥᠪᠰᠢᠶᠡᠷᠡᠨ᠎ᠡ᠄ | | ︵ᠨᠢᠭᠡ︶ ᠬᠥᠬᠡᠮᠥ᠋ᠷᠡᠨ᠂ ᠬᠠᠳᠤᠨ ᠭᠤᠣᠯ᠂ ᠬᠤᠸᠠᠢ ᠾᠧ ᠭᠤᠣᠯ᠂ ᠬᠠᠶ ᠾᠧ ᠭᠤᠣᠯ᠂ ᠯᠤᠸᠠᠨ ᠾᠧ | ᠭᠤᠣᠯ᠂ ᠵᠦᠵᠢᠶᠠᠩ ᠮᠥᠷᠡᠨ᠂ ᠰᠤᠩᠭᠠᠷᠢ ᠮᠥᠷᠡᠨ᠂ ᠯᠢᠶᠣᠤ ᠾᠧ ᠭᠤᠣᠯ᠂ ᠶᠢᠨ ᠱᠠ ᠵᠢᠶᠠᠩ ᠮᠥᠷᠡᠨ᠂ | ᠬᠠᠨᠵᠢᠶᠠᠩ ᠮᠥᠷᠡᠨ ᠤ ᠭᠤᠣᠯ ᠤᠷᠤᠰᠬᠠᠯ ᠪᠠ ᠲᠠᠢ ᠬᠤ᠋ ᠨᠠᠭᠤᠷ ᠵᠢᠴᠢ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢ ᠠᠯᠤᠰᠯᠠᠭᠰᠠᠨ ᠪᠤᠰᠤᠳ ᠭᠤᠣᠯ ᠮᠥᠷᠡᠨ᠂ ᠨᠠᠭᠤᠷ ᠴᠦᠬᠦᠷᠦᠮ ᠤᠨ ᠲᠣᠭᠲᠠᠭᠠᠭᠰᠠᠨ | ᠬᠡᠰᠡᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠤᠰᠤ ᠲᠠᠲᠠᠬᠤ ; | | ︵ᠬᠤᠶᠠᠷ︶ ᠤᠯᠠᠨ ᠤᠯᠤᠰ ᠤᠨ ᠬᠢᠯᠢ ᠠᠯᠤᠰᠯᠠᠭᠰᠠᠨ ᠭᠤᠣᠯ ᠮᠥᠷᠡᠨ ᠤ ᠲᠣᠭᠲᠠᠭᠠᠭᠰᠠᠨ ᠭᠤᠣᠯ ᠤᠨ ᠬᠡᠰᠡᠭ | ᠪᠠ ᠤᠯᠠᠨ ᠤᠯᠤᠰ ᠤᠨ ᠬᠢᠯᠢ ᠶᠢᠨ ᠵᠠᠭᠠᠭ ᠲᠠᠬᠢ ᠭᠤᠣᠯ ᠮᠥᠷᠡᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠤᠰᠤ ᠲᠠᠲᠠᠬᠤ︔ | | ︵ᠭᠤᠷᠪᠠ︶ ᠮᠤᠵᠢ ᠶᠢᠨ ᠬᠤᠭᠤᠷᠣᠨᠳᠣᠬᠢ ᠬᠢᠯᠢ ᠶᠢᠨ ᠵᠠᠭᠠᠭ ᠤᠨ ᠭᠤᠣᠯ ᠮᠥᠷᠡᠨ᠂ ᠨᠠᠭᠤᠷ ᠴᠦᠬᠦᠷᠦᠮ ᠤᠨ | ᠬᠢᠵᠠᠭᠠᠷᠯᠠᠭᠰᠠᠨ ᠲᠣᠭᠠᠨ ᠠᠴᠠ ᠳᠡᠭᠡᠭᠰᠢᠬᠢ ᠤᠰᠤ ᠲᠠᠲᠠᠬᠤ︔ | | ︵ᠲᠦᠷᠪᠡ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠵᠠᠬᠢᠷᠭᠠᠨ ᠤ | ᠣᠷᠣᠨ ᠢ ᠠᠯᠤᠰᠯᠠᠨ ᠤᠰᠤ ᠲᠠᠲᠠᠬᠤ︔ | | ︵ᠲᠠᠪᠤ︶ ᠲᠦᠷᠦ ᠶᠢᠨ ᠶᠠᠪᠤᠳᠠᠯ ᠤᠨ ᠬᠤᠷᠢᠶ᠎ᠠ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠪᠡᠯᠡ | ᠣᠷᠣᠭᠤᠯᠤᠯᠲᠠ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠵᠦ᠂ ᠬᠢᠨᠠᠨ | ᠬᠠᠷᠭᠤᠭᠤᠯᠤᠭᠰᠠᠨ ᠲᠤᠮᠤ ᠬᠡᠯᠪᠡᠷᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯᠡᠰ ᠲᠤ ᠤᠰᠤ ᠲᠠᠲᠠᠬᠤ︔ | | ︵ᠵᠢᠷᠭᠤᠭ᠎ᠠ︶ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠢᠭᠤᠳ ᠬᠠᠮᠢᠶᠠᠷᠴᠤ ᠪᠠᠶᠢᠭ᠎ᠠ | ᠭᠤᠣᠯ ᠤᠨ ᠵᠠᠮ ︵ᠭᠤᠣᠯ ᠤᠨ ᠬᠡᠰᠡᠭ︶᠂ ᠨᠠᠭᠤᠷ ᠴᠦᠬᠦᠷᠦᠮ ᠠᠴᠠ ᠤᠰᠤ ᠲᠠᠳᠠᠬᠤ᠃ | | ᠡᠮᠦᠨᠡᠬᠢ ᠪᠠᠳᠠᠭ ᠲᠤ ᠬᠡᠯᠡᠵᠦ ᠪᠠᠶᠢᠭ᠎ᠠ ᠵᠢᠭᠠᠨ ᠲᠣᠭᠲᠠᠭᠠᠭᠰᠠᠨ ᠭᠤᠣᠯ ᠤᠨ ᠬᠡᠰᠡᠭ ᠪᠠ ᠬᠢᠵᠠᠭᠠᠷᠯᠠᠭᠰᠠᠨ | ᠲᠤᠭ᠎ᠠ ᠵᠢᠴᠢ ᠰᠡᠪᠡ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠢᠭᠤᠳ ᠬᠠᠮᠢᠶᠠᠷᠬᠤ ᠭᠤᠣᠯ ᠤᠨ ᠵᠡᠮ ︵ | ᠭᠤᠣᠯ ᠤᠨ ᠬᠡᠰᠡᠭ︶᠂ ᠨᠠᠭᠤᠷ ᠴᠦᠬᠦᠷᠦᠮ ᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠦᠠ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠨ᠎ᠠ᠃ | | ᠪᠤᠰᠤᠳ ᠤᠰᠤ ᠲᠠᠲᠠᠬᠤ ᠶᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠲᠣᠭᠲᠠᠭᠠᠭᠰᠠᠨ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠶᠤᠰᠤᠭᠠᠷ ᠬᠢᠨᠡᠨ ᠵᠦᠪᠰᠢᠶᠡᠷᠡᠨ᠎ᠡ᠃ | | ᠠᠷᠪᠠᠨ ᠲᠠᠪᠤᠳᠤᠭᠠᠷ ᠵᠦᠢᠯ ᠵᠦᠪᠰᠢᠶᠡᠷᠡᠭᠰᠡᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠤᠶᠤ | ᠲᠣᠭᠲᠠᠭᠠᠭᠰᠠᠨ ᠬᠡᠯᠡᠯᠴᠡᠭᠡᠷ ᠪᠣᠯ ᠰᠠᠪᠠ ᠭᠠᠵᠠᠷ ᠬᠢᠭᠡᠳ ᠵᠠᠰᠠᠭ ᠵᠠᠬᠢᠷᠭᠠᠨ ᠤ ᠣᠷᠣᠨ ᠤ ᠤᠰᠤ ᠲᠠᠲᠠᠬᠤ | ᠵᠥᠪᠰᠢᠶᠡᠷᠡᠯ ᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢᠨ ᠦᠨᠳᠦᠰᠦᠯᠡᠯ ᠮᠥᠨ᠃ | | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠭᠤᠣᠯ ᠮᠥᠷᠡᠨ᠂ | ᠨᠠᠭᠤᠷ ᠴᠥᠭᠦᠷᠥᠮ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠢ ᠬᠠᠷᠠᠬᠠᠨ ᠲᠣᠭᠲᠠᠭᠠᠭᠠᠳᠤᠶ ᠪᠤᠶᠤ | ᠬᠡᠯᠡᠯᠴᠡᠭᠡᠷ ᠲᠣᠭᠲᠠᠭᠠᠭᠠᠳᠤᠶ ᠪᠠᠶᠢᠪᠠᠯ᠂ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠤᠰᠤ ᠲᠠᠲᠠᠬᠤ ᠵᠥᠪᠰᠢᠶᠡᠷᠡᠯ ᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ | ᠶᠢ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ | ᠨᠥᠬᠦᠴᠡᠯ ᠢ ᠦᠨᠳᠦᠰᠦᠯᠡᠨ᠂ ᠤᠰᠤᠨ ᠤ ᠡᠬᠢ ᠪᠠᠶᠠᠯᠢᠭ ᠤᠨ ᠶᠡᠷᠦᠩᠬᠡᠶ ᠲᠥᠯᠥᠪᠵᠢᠭᠦᠯᠭᠡ᠂ ᠰᠠᠪᠠ ᠭᠠᠵᠠᠷ ᠤᠨ | ᠶᠡᠷᠦᠩᠬᠡᠶ ᠲᠥᠯᠥᠪᠵᠢᠭᠦᠯᠭᠡ ᠪᠠ ᠤᠰᠤᠨ ᠤ ᠤᠷᠲᠤᠪᠲᠤᠷ ᠪᠠ ᠤᠷᠲᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡᠨ ᠤ | ᠲᠥᠯᠥᠪᠵᠢᠭᠦᠯᠭᠡ ᠶᠢ ᠦᠨᠳᠦᠰᠦᠯᠡᠨ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠤᠰᠤ ᠲᠠᠲᠠᠵᠤ ᠪᠠᠶᠢᠭ᠎ᠠ ᠪᠠᠶᠢᠳᠠᠯ ᠵᠢᠴᠢ ᠬᠠᠩᠭᠠᠯᠭ᠎ᠠ ᠬᠡᠷᠡᠭᠴᠡᠭᠡᠨ ᠤ ᠪᠠᠶᠢᠳᠠᠯ ᠲᠠᠢ ᠤᠶᠠᠯᠳᠤᠭᠤᠯᠤᠨ᠂ | ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠠᠢ ᠵᠥᠪᠳᠡᠯᠴᠡᠨ ᠳᠤᠷᠠᠳᠴᠤ᠂ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠦᠨ᠎ᠡ︔ ᠲᠣᠭᠤᠷᠢᠭ | ᠪᠠᠶᠢᠭᠤᠯᠤᠭᠰᠠᠨ ᠬᠤᠲᠠ᠂ ᠰᠢᠶᠠᠨ ︵ᠬᠤᠳᠠ︶ ᠤ ᠵᠠᠰᠠᠭ ᠵᠠᠬᠢᠷᠭᠠᠨ ᠤ ᠣᠷᠣᠨ ᠤ ᠤᠰᠤ ᠲᠠᠲᠠᠬᠤ | ᠵᠥᠪᠰᠢᠶᠡᠷᠡᠯ ᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠦᠢᠴᠡᠳᠭᠡᠯ ᠲᠤᠭ᠎ᠠ ᠶᠢ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠤᠰᠤ ᠲᠠᠲᠠᠬᠤ ᠵᠥᠪᠰᠢᠶᠡᠷᠡᠯ ᠤᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ | ᠬᠦᠢᠴᠡᠳᠭᠡᠯ ᠲᠤᠭ᠎ᠠ ᠶᠢ ᠦᠨᠳᠦᠰᠦᠯᠡᠨ᠂ ᠡᠯ᠎ᠡ ᠭᠠᠵᠠᠷ ᠤᠨ ᠤᠰᠤ ᠲᠠᠲᠠᠵᠤ ᠪᠠᠶᠢᠭ᠎ᠠ ᠣᠳᠣᠬᠢ ᠪᠠᠶᠢᠳᠠᠯ ᠵᠢᠴᠢ | ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠲᠠᠢ ᠤᠶᠠᠯᠳᠤᠭᠤᠯᠤᠨ ᠲᠣᠭᠲᠠᠭᠠᠬᠤ ᠶᠢᠨ ᠬᠠᠮᠲᠤ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠦᠯᠵᠦ ᠳᠠᠩᠰᠠᠯᠠᠭᠤᠯᠤᠨ᠎ᠠ᠃ | | ᠠᠷᠪᠠᠨ ᠵᠢᠷᠭᠤᠳᠤᠭᠠᠷ ᠵᠦᠢᠯ ᠠᠵᠢᠯ ᠲᠥᠷᠥᠯ ᠤᠨ ᠬᠡᠷᠡᠭᠯᠡᠬᠦ ᠤᠰᠤᠨ ᠤ ᠲᠣᠭᠲᠠᠭᠰᠠᠨ ᠨᠤᠷᠮ᠎ᠠ ᠪᠠᠷ ᠬᠢᠨᠠᠨ | ᠲᠣᠭᠲᠠᠭᠠᠭᠰᠠᠨ ᠤᠰᠤ ᠬᠡᠷᠡᠭᠯᠡᠬᠦ ᠬᠡᠮᠵᠢᠶ᠎ᠡ ᠪᠣᠯ ᠤᠰᠤ ᠠᠪᠬᠤ ᠬᠡᠮᠵᠢᠶ᠎ᠡ ᠶᠢ ᠬᠢᠨᠠᠨ ᠵᠥᠪᠰᠢᠶᠡᠷᠡᠬᠦ ᠶᠢᠨ ᠭᠤᠣᠯ | ᠦᠨᠳᠦᠰᠦᠯᠡᠯ ᠪᠣᠯᠤᠨ᠎ᠠ᠃ | | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠶᠠᠰᠤ ᠴᠢᠨᠠᠷ ᠲᠤ | ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ | ᠣᠷᠣᠨ ᠤ ᠠᠵᠢᠯ ᠲᠦᠷᠦᠯ ᠤᠨ ᠤᠰᠤ ᠬᠡᠷᠡᠭᠯᠡᠬᠦ ᠨᠤᠷᠮ᠎ᠠ ᠶᠢ ᠲᠣᠭᠲᠠᠭᠠᠬᠤ ᠠᠵᠢᠯ ᠢ ᠬᠠᠷᠢᠭᠤᠴᠠᠨ | ᠵᠢᠯᠣᠭᠤᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | | ᠲᠣᠰ ᠵᠠᠰᠠᠭ ᠵᠠᠬᠢᠷᠭᠠᠨ ᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠨᠣᠷᠮ᠎ᠠ ᠶᠢ ᠬᠠᠷᠠᠬᠠᠨ | ᠲᠣᠭᠲᠠᠭᠠᠭᠠᠳᠤᠶ ᠪᠠᠶᠢᠪᠠᠯ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠥᠬᠦᠶ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠠᠵᠢᠯ ᠲᠥᠷᠥᠯ ᠤᠨ ᠤᠰᠤ ᠬᠡᠷᠡᠭᠯᠡᠬᠦ ᠨᠣᠷᠮ᠎ᠠ ᠪᠠᠷ | ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃ | | ᠠᠷᠪᠠᠨ ᠳᠣᠯᠣᠳᠤᠭᠠᠷ ᠵᠦᠢᠯ ᠬᠢᠨᠠᠨ ᠵᠥᠪᠰᠢᠶᠡᠷᠡᠬᠦ ᠪᠠᠶᠢᠭᠤᠯᠭ᠎ᠠ ᠤᠰᠤ ᠲᠠᠲᠠᠬᠤ ᠭᠤᠶᠤᠴᠢᠯᠠᠯ ᠢ ᠬᠦᠯᠢᠶᠡᠨ | ᠠᠪᠤᠭᠰᠠᠨ ᠤ ᠳᠠᠷᠠᠭ᠎ᠠ᠂ ᠤᠰᠤ ᠲᠠᠲᠠᠬᠤ ᠭᠤᠶᠤᠴᠢᠯᠠᠯ ᠤᠨ ᠮᠠᠲ᠋ᠧᠷᠢᠶᠠᠯ ᠢ ᠪᠦᠬᠦ ᠲᠠᠯ᠎ᠠ ᠪᠠᠷ ᠬᠢᠨᠠᠨ ᠪᠠᠶᠢᠴᠠᠭᠠᠬᠤ | ᠶᠢᠨ ᠬᠠᠮᠲᠤ ᠤᠰᠤ ᠲᠠᠲᠠᠬᠤ ᠨᠢ ᠤᠰᠤᠨ ᠤ ᠡᠬᠢ ᠪᠠᠶᠠᠯᠢᠭ ᠢ ᠠᠷᠪᠢᠯᠠᠨ ᠬᠠᠮᠠᠭᠠᠯᠠᠬᠤ ᠪᠠ ᠠᠵᠤ ᠠᠬᠤᠶ ᠨᠡᠶᠢᠭᠡᠮ | ᠤᠨ ᠬᠥᠭᠵᠢᠯᠲᠡ ᠳᠤ ᠤᠴᠠᠷᠠᠭᠤᠯᠵᠤ ᠮᠡᠳᠡᠬᠦ ᠨᠥᠯᠥᠭᠡ ᠶᠢ ᠶᠡᠷᠦᠩᠬᠡᠶᠢᠯᠡᠨ ᠪᠣᠳᠣᠯᠬᠢᠯᠠᠵᠤ᠂ ᠤᠰᠤ ᠲᠠᠲᠠᠬᠤ | ᠭᠤᠶᠤᠴᠢᠯᠠᠯ ᠢ ᠵᠥᠪᠰᠢᠶᠡᠷᠡᠬᠦ ᠡᠰᠡᠬᠦ ᠶᠢ ᠲᠣᠭᠲᠠᠭᠠᠬᠤ ᠬᠡᠷᠡᠭᠲᠡᠶ᠃ | | ᠠᠷᠪᠠᠨ ᠨᠠᠢᠮᠠᠳᠤᠭᠠᠷ ᠵᠦᠢᠯ ᠬᠢᠨᠠᠨ ᠵᠥᠪᠰᠢᠶᠡᠷᠡᠬᠦ ᠪᠠᠶᠢᠭᠤᠯᠭ᠎ᠠ ᠤᠰᠤ ᠲᠠᠲᠠᠬᠤ ᠨᠢ ᠨᠡᠶᠢᠭᠡᠮ ᠨᠡᠶᠢᠳᠡ ᠶᠢᠨ | ᠠᠰᠢᠭ ᠲᠤᠰᠠ ᠳᠤ ᠬᠤᠯᠪᠤᠭᠳᠠᠵᠤ ᠭᠡᠷᠡᠴᠢᠯᠡᠭᠡ ᠰᠣᠨᠣᠰᠬᠤ ᠴᠢᠬᠤᠯᠠ ᠲᠠᠢ ᠭᠡᠵᠦ ᠦᠵᠡᠪᠡᠯ᠂ ᠨᠡᠶᠢᠭᠡᠮ ᠳᠤ ᠵᠠᠷᠯᠠᠨ | ᠨᠡᠶᠢᠲᠡᠯᠡᠬᠦ ᠶᠢᠨ ᠬᠠᠮᠲᠤ ᠭᠡᠷᠡᠴᠢᠯᠡᠭᠡ ᠰᠣᠨᠣᠰᠬᠤ ᠬᠡᠷᠡᠭᠲᠡᠶ᠃ | | ᠤᠰᠤ ᠲᠠᠲᠠᠬᠤ ᠨᠢ ᠭᠤᠶᠤᠴᠢᠯᠠᠭᠴᠢ ᠬᠢᠭᠡᠳ ᠪᠤᠰᠤᠳ ᠬᠥᠮᠦᠨ ᠤ ᠬᠤᠭᠤᠷᠣᠨᠳᠣᠬᠢ ᠴᠢᠬᠤᠯᠠ ᠶᠡᠭᠡ ᠠᠰᠢᠭ | ᠬᠤᠣᠷ ᠤᠨ ᠬᠠᠷᠢᠴᠠᠭ᠎ᠠ ᠳᠤ ᠬᠤᠯᠪᠣᠭᠳᠠᠭᠰᠠᠨ ᠪᠠᠶᠢᠪᠠᠯ᠂ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠤᠰᠤ ᠲᠠᠲᠠᠬᠤ | ᠭᠤᠶᠤᠴᠢᠯᠠᠯ ᠢ ᠵᠥᠪᠰᠢᠶᠡᠷᠡᠬᠦ ᠡᠰᠡᠬᠦ ᠲᠤᠬᠠᠶ ᠲᠣᠭᠲᠠᠭᠠᠯ ᠭᠠᠷᠭᠠᠬᠤ ᠠᠴᠠ ᠪᠠᠨ ᠡᠮᠦᠨ᠎ᠡ᠂ ᠭᠤᠶᠤᠴᠢᠯᠠᠭᠴᠢ᠂ | ᠠᠰᠢᠭ ᠬᠤᠣᠷ ᠤᠨ ᠬᠠᠷᠢᠴᠠᠭ᠎ᠠ ᠲᠠᠢ ᠬᠥᠮᠦᠨ ᠳᠤ ᠮᠡᠳᠡᠭᠳᠡᠬᠦ ᠬᠡᠷᠡᠭᠲᠡᠶ᠃ ᠭᠤᠶᠤᠴᠢᠯᠠᠭᠴᠢ᠂ ᠠᠰᠢᠭ ᠬᠤᠣᠷ ᠤᠨ | ᠬᠠᠷᠢᠴᠠᠭ᠎ᠠ ᠲᠠᠢ ᠬᠥᠮᠦᠨ ᠭᠡᠷᠡᠴᠢᠯᠡᠭᠡ ᠰᠣᠨᠣᠰᠬᠤ ᠪᠠᠷ ᠱᠠᠭᠠᠷᠳᠠᠭᠰᠠᠨ ᠪᠠᠶᠢᠪᠠᠯ᠂ ᠬᠢᠨᠠᠨ ᠵᠥᠪᠰᠢᠶᠡᠷᠡᠬᠦ | ᠪᠠᠶᠢᠭᠤᠯᠭ᠎ᠠ ᠠᠴᠠ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠬᠤ ᠬᠡᠷᠡᠭᠲᠡᠶ᠃ | | ᠤᠰᠤ ᠲᠠᠲᠠᠬᠤ ᠭᠤᠶᠤᠴᠢᠯᠠᠯ ᠠᠴᠠ ᠪᠤᠯᠵᠤ ᠮᠠᠷᠭᠤᠯᠳᠤᠭᠠᠨ ᠪᠤᠶᠤ ᠵᠠᠷᠭᠤ ᠡᠭᠦᠰᠦᠭᠰᠡᠨ ᠪᠠᠶᠢᠪᠠᠯ᠂ ᠬᠢᠨᠠᠨ | ᠵᠥᠪᠰᠢᠶᠡᠷᠡᠬᠦ ᠪᠠᠶᠢᠭᠤᠯᠭ᠎ᠠ ᠠᠴᠠ ᠬᠢᠨᠠᠨ ᠵᠥᠪᠰᠢᠶᠡᠷᠡᠬᠦ ᠵᠢᠷᠤᠮ ᠢ ᠲᠤᠷᠭᠤᠨ ᠵᠣᠭᠰᠣᠭᠠᠬᠤ ᠪᠠᠷ ᠭᠤᠶᠤᠴᠢᠯᠠᠭᠴᠢ ᠳᠤ | ᠪᠢᠴᠢᠭ ᠢᠶᠠᠷ ᠮᠡᠳᠡᠭᠳᠡᠬᠦ ᠬᠡᠷᠡᠭᠲᠡᠶ︔ ᠮᠠᠷᠭᠤᠯᠳᠤᠭᠠᠨ ᠢ ᠰᠢᠢᠳᠪᠤᠷᠢᠯᠡᠭᠰᠡᠨ ᠪᠤᠶᠤ ᠵᠠᠷᠭᠤ ᠳᠠᠭᠤᠰᠤᠭᠰᠠᠨ ᠤ ᠲᠡᠷᠠᠭ᠎ᠠ | ᠬᠢᠨᠠᠨ ᠵᠥᠪᠰᠢᠶᠡᠷᠡᠬᠦ ᠵᠢᠷᠤᠮ ᠢ ᠰᠡᠷᠭᠦᠭᠡᠨ᠎ᠡ᠃ | ᠠᠷᠪᠠ ᠶᠢᠰᠦᠳᠦᠭᠡᠷ ᠵᠦᠢᠯ ᠬᠢᠨᠠᠨ ᠵᠥᠪᠰᠢᠶᠡᠷᠡᠬᠦ ᠪᠠᠶᠢᠭᠤᠯᠭ᠎ᠠ ᠨᠤᠭᠤᠳ ᠤᠰᠤ ᠲᠠᠲᠠᠬᠤ ᠭᠤᠶᠤᠴᠢᠯᠠᠯ ᠢ | ᠬᠥᠯᠢᠶᠡᠨ ᠠᠪᠤᠭᠰᠠᠨ ᠡᠳᠦᠷ ᠠᠴᠠ ᠡᠬᠢᠯᠡᠨ 45 ᠠᠵᠢᠯᠯᠠᠬᠤ ᠡᠳᠦᠷ ᠤᠨ ᠳᠣᠲᠣᠷ᠎ᠠ ᠵᠥᠪᠰᠢᠶᠡᠷᠡᠬᠦ ᠪᠤᠶᠤ ᠥᠯᠥ | ᠵᠥᠪᠰᠢᠶᠡᠷᠡᠬᠦ ᠪᠠᠨ ᠲᠣᠭᠲᠠᠭᠠᠬᠤ ᠬᠡᠷᠡᠭᠲᠡᠶ᠃ ᠵᠥᠪᠰᠢᠶᠡᠷᠡᠬᠦ ᠪᠠᠷ ᠲᠣᠭᠲᠠᠭᠰᠠᠨ ᠪᠠᠶᠢᠪᠠᠯ᠂ ᠤᠰᠤ ᠲᠠᠳᠠᠬᠤ | ᠭᠤᠶᠤᠴᠢᠯᠠᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ ᠶᠠᠪᠤᠭᠤᠯᠬᠤ ᠬᠡᠷᠡᠭᠲᠡᠶ᠃ | | ᠬᠤᠲᠠ ᠶᠢᠨ ᠲᠥᠯᠥᠪᠵᠢᠭᠦᠯᠭᠡ ᠶᠢᠨ ᠲᠣᠭᠤᠷᠢᠭ ᠤᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠪᠠᠷ | ᠭᠤᠶᠤᠴᠢᠯᠠᠬᠤ ᠳᠤ᠂ ᠬᠢᠨᠠᠨ ᠵᠥᠪᠰᠢᠶᠡᠷᠡᠬᠦ ᠪᠠᠶᠢᠭᠤᠯᠭ᠎ᠠ ᠨᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠠᠨᠠᠯ ᠬᠤᠷᠢᠶᠠᠬᠤ ᠮᠠᠲ᠋ᠧᠷᠢᠶᠠᠯ ᠢ ᠣᠯᠤᠭᠰᠠᠨ | ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠰᠠᠨᠠᠯ ᠢᠶᠠᠨ ᠳᠤᠷᠠᠳᠬᠤ ᠶᠢᠨ ᠬᠠᠮᠲᠤ ᠤᠰᠤ | ᠲᠠᠲᠠᠬᠤ ᠶᠢ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠶ᠃ | | ᠲᠤᠰ ᠵᠦᠢᠯ ᠤᠨ ᠨᠢᠭᠡᠳᠦᠭᠡᠷ ᠪᠠᠳᠠᠭ ᠲᠤ ᠲᠣᠭᠲᠠᠭᠠᠭᠰᠠᠨ ᠬᠢᠨᠠᠨ ᠵᠥᠪᠰᠢᠶᠡᠷᠡᠬᠦ ᠬᠤᠭᠤᠴᠠᠭ᠎ᠠ ᠳᠤ ᠭᠡᠷᠡᠴᠢᠯᠡᠭᠡ | ᠰᠣᠨᠣᠰᠬᠤ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠳᠤ ᠬᠡᠷᠡᠭᠰᠡᠬᠦ ᠴᠠᠭ ᠢ ᠪᠠᠭᠲᠠᠭᠠᠬᠤ | ᠦᠭᠡᠢ᠃ | | ᠬᠤᠷᠢᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠢᠨᠠᠨ ᠵᠥᠪᠰᠢᠶᠡᠷᠡᠬᠦ | ᠪᠠᠶᠢᠭᠤᠯᠭ᠎ᠠ ᠵᠥᠪᠰᠢᠶᠡᠷᠡᠬᠦ ᠦᠭᠡᠢ ᠪᠥᠭᠡᠳ ᠦᠯᠦ ᠵᠥᠪᠰᠢᠶᠡᠷᠡᠬᠦ ᠲᠣᠭᠲᠠᠭᠠᠯ ᠭᠠᠷᠭᠠᠬᠤ ᠳᠠᠭᠠᠨ ᠦᠯᠦ | ᠵᠥᠪᠰᠢᠶᠡᠷᠡᠬᠦ ᠤᠴᠢᠷ ᠰᠢᠯᠲᠠᠭᠠᠨ ᠪᠠ ᠦᠨᠳᠦᠰᠦ ᠪᠠᠷᠢᠮᠲᠠ ᠶᠢ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠨ᠎ᠡ᠄ | | ︵ᠨᠢᠭᠡ︶ ᠭᠠᠵᠠᠷ ᠳᠣᠣᠷᠠᠬᠢ ᠤᠰᠤ ᠶᠢ ᠲᠠᠲᠠᠬᠤ ᠶᠢ ᠴᠠᠭᠠᠵᠠᠯᠠᠬᠤ ᠣᠷᠣᠨ ᠳᠤ ᠭᠠᠵᠠᠷ ᠳᠣᠣᠷᠠᠬᠢ ᠤᠰᠤ ᠶᠢ | ᠲᠠᠲᠠᠵᠤ ᠬᠡᠷᠡᠭᠯᠡᠭᠰᠡᠨ︔ | | ︵ᠬᠤᠶᠠᠷ︶ ᠤᠰᠤ ᠲᠠᠲᠠᠬᠤ ᠵᠥᠪᠰᠢᠶᠡᠷᠡᠯ ᠤᠨ ᠶᠡᠷᠦᠩᠬᠡᠶ ᠬᠡᠮᠵᠢᠶ᠎ᠡ ᠨᠢ ᠨᠢᠭᠡᠨᠲᠡ ᠤᠰᠤ ᠲᠠᠲᠠᠬᠤ | ᠵᠥᠪᠰᠢᠶᠡᠷᠡᠯ ᠤᠨ ᠬᠢᠵᠠᠭᠠᠷᠯᠠᠬᠤ ᠶᠡᠷᠦᠩᠬᠡᠶ ᠬᠡᠮᠵᠢᠶ᠎ᠡ ᠳᠤ ᠬᠦᠷᠦᠭᠰᠡᠨ ᠭᠠᠵᠠᠷ ᠣᠷᠣᠨ ᠳᠤ ᠤᠰᠤ ᠲᠠᠲᠠᠬᠤ | ᠬᠡᠮᠵᠢᠶ᠎ᠡ ᠶᠢ ᠨᠡᠮᠡᠭᠳᠡᠭᠦᠯᠦᠭᠰᠡᠨ︔ | | ︵ᠭᠤᠷᠪᠠ︶ ᠤᠰᠤᠨ ᠤ ᠴᠢᠳᠠᠮᠵᠢᠳᠣ ᠣᠷᠣᠨ ᠤ ᠤᠰᠤᠨ ᠣᠷᠣᠨ ᠤ ᠬᠡᠷᠡᠭᠯᠡᠭᠡᠨ ᠤ ᠴᠢᠳᠠᠮᠵᠢ ᠳᠤ ᠬᠦᠨᠳᠦ | ᠶᠡᠭᠡ ᠬᠤᠬᠢᠷᠠᠯ ᠤᠴᠠᠷᠠᠭᠤᠯᠵᠤ ᠮᠡᠳᠡᠬᠦ︔ | | ︵ᠲᠥᠷᠪᠡ︶ ᠤᠰᠤ ᠲᠠᠲᠠᠬᠤ᠂ ᠤᠰᠤ ᠲᠠᠲᠠᠬᠤ ᠪᠠᠶᠢᠷᠢᠰᠢᠭᠤᠯᠤᠯ ᠨᠢ ᠵᠦᠢ ᠵᠤᠬᠢᠰ ᠥᠭᠡᠢ ᠪᠠᠶᠢᠬᠤ ︔ | | ︵ᠲᠠᠪᠤ︶ ᠬᠤᠳᠠ ᠶᠢᠨ ᠤᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠨᠢ ᠤᠰᠤ ᠬᠡᠷᠡᠭᠯᠡᠬᠦ | ᠬᠡᠷᠡᠭᠴᠡᠭᠡ ᠶᠢ ᠬᠠᠩᠭᠠᠵᠤ ᠳᠡᠶᠢᠯᠬᠦ ᠦᠶ᠎ᠡ ᠳᠤ᠂ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠥᠪᠡᠷ ᠲᠡᠭᠡᠨ | ᠪᠡᠯᠡᠳᠬᠡᠭᠰᠡᠨ ᠤᠰᠤ ᠲᠠᠲᠠᠬᠤ ᠪᠡᠯᠡᠳᠬᠡᠮᠵᠢ ᠪᠠᠷ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠭᠰᠡᠨ︔ | | ︵ᠵᠢᠷᠭᠤᠭ᠎ᠠ︶ ᠭᠤᠷᠪᠠᠳᠠᠬᠢ ᠡᠲᠡᠭᠡᠳ ᠪᠤᠶᠤ ᠨᠡᠶᠢᠭᠡᠮ ᠨᠡᠶᠢᠲᠡ ᠶᠢᠨ ᠠᠰᠢᠭ ᠲᠤᠰᠠ ᠳᠤ ᠬᠦᠨᠳᠦ ᠶᠡᠭᠡ | ᠬᠤᠬᠢᠷᠠᠯ ᠤᠴᠠᠷᠠᠭᠤᠯᠵᠤ ᠮᠡᠳᠡᠬᠦ︔ | | ︵ᠲᠤᠯᠤᠭ᠎ᠠ︶ ᠳᠠᠩᠰᠠᠯᠠᠭᠤᠯᠬᠤ ᠵᠦᠢᠯ ᠳᠤ ᠲᠣᠭᠠᠴᠠᠭᠳᠠᠬᠤ ᠪᠣᠯᠪᠠᠴᠤ ᠮᠡᠳᠡᠭᠦᠯᠵᠦ ᠳᠠᠩᠰᠠᠯᠠᠭᠤᠯᠤᠭᠰᠠᠨ ᠤᠢᠭᠡᠢ︔ | | | ︵ᠨᠠᠢᠮᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠪᠠᠶᠢᠳᠠᠯ ᠤᠳ᠃ | | ᠬᠢᠨᠠᠨ ᠵᠥᠪᠰᠢᠶᠡᠷᠡᠭᠰᠡᠨ ᠤᠰᠤ ᠲᠠᠲᠠᠬᠤ ᠬᠡᠮᠵᠢᠶ᠎ᠡ ᠶᠢ ᠤᠰᠤ ᠲᠠᠲᠠᠬᠤ ᠪᠠᠷᠢᠯᠭ᠎ᠠ ᠪᠤᠶᠤ ᠲᠥᠬᠦᠭᠡᠷᠦᠮᠵᠢ ᠶᠢᠨ | ᠵᠢᠷᠤᠵᠤ ᠲᠥᠯᠥᠪᠯᠡᠭᠰᠡᠨ ᠤᠰᠤ ᠲᠠᠲᠠᠬᠤ ᠬᠡᠮᠵᠢᠶ᠎ᠡ ᠠᠴᠠ ᠬᠡᠲᠦᠷᠡᠭᠦᠯᠵᠦ ᠪᠣᠯᠬᠤ ᠦᠭᠡᠢ᠃ | | ᠬᠤᠷᠢᠨ ᠨᠢᠭᠡᠳᠦᠭᠡᠷ ᠵᠦᠢᠯ ᠤᠰᠤ ᠲᠠᠲᠠᠬᠤ ᠭᠤᠶᠤᠴᠢᠯᠠᠯ ᠢ ᠬᠢᠨᠠᠨ ᠵᠥᠪᠰᠢᠶᠡᠷᠡᠬᠦ ᠪᠠᠶᠢᠭᠤᠯᠭ᠎ᠠ ᠪᠠᠷ | ᠵᠥᠪᠰᠢᠶᠡᠷᠡᠭᠦᠯᠪᠡᠯ᠂ ᠭᠤᠶᠤᠴᠢᠯᠠᠭᠴᠢ ᠨᠢ ᠰᠠᠶ᠋ᠢ ᠤᠰᠤ ᠲᠠᠲᠠᠬᠤ ᠪᠠᠷᠢᠯᠭ᠎ᠠ ᠪᠤᠶᠤ ᠲᠥᠬᠦᠭᠡᠷᠦᠮᠵᠢ ᠶᠢ ᠪᠠᠶᠢᠭᠤᠯᠵᠤ | ᠪᠣᠯᠤᠨ᠎ᠠ᠃ | | ᠬᠤᠷᠢᠨ ᠬᠤᠶᠠᠳᠤᠭᠠᠷ ᠵᠦᠢᠯ ᠤᠰᠤ ᠲᠠᠲᠠᠬᠤ ᠭᠤᠶᠤᠴᠢᠯᠠᠯ ᠢ ᠵᠥᠪᠰᠢᠶᠡᠷᠡᠭᠦᠯᠦᠭᠰᠡᠨ ᠤ ᠳᠠᠷᠠᠭ᠎ᠠ 3 ᠵᠢᠯ ᠤᠨ | ᠳᠣᠲᠣᠷ᠎ᠠ᠂ ᠤᠰᠤ ᠲᠠᠲᠠᠬᠤ ᠪᠠᠷᠢᠯᠭ᠎ᠠ ᠪᠤᠶᠤ ᠪᠡᠯᠡᠳᠬᠡᠮᠵᠢ ᠶᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠤᠭᠰᠠᠨ | ᠦᠭᠡᠢ᠂ ᠡᠰᠡᠬᠦᠯ᠎ᠡ ᠤᠯᠤᠰ ᠢᠶᠠᠷ ᠬᠢᠨᠠᠨ ᠵᠥᠪᠰᠢᠶᠡᠷᠡᠭᠦᠯᠬᠦ᠂ ᠬᠢᠨᠠᠨ ᠵᠥᠪᠰᠢᠶᠡᠷᠡᠭᠦᠯᠬᠦ ᠴᠢᠬᠤᠯᠠ ᠲᠠᠢ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ ᠨᠢ ᠤᠯᠤᠰ ᠤᠨ ᠬᠢᠨᠠᠨ ᠵᠥᠪᠰᠢᠶᠡᠷᠡᠯ᠂ ᠬᠢᠨᠠᠨ ᠬᠠᠷᠭᠤᠭᠤᠯᠤᠯᠳᠠ ᠶᠢ | ᠣᠯᠤᠭᠰᠠᠨ ᠦᠭᠡᠢ ᠪᠣᠯ ᠤᠰᠤ ᠲᠠᠲᠠᠬᠤ ᠭᠤᠶᠤᠴᠢᠯᠠᠯ ᠢ ᠵᠥᠪᠰᠢᠶᠡᠷᠡᠭᠦᠯᠦᠭᠰᠡᠨ ᠪᠢᠴᠢᠭ ᠮᠠᠲ᠋ᠧᠷᠢᠶᠠᠯ ᠨᠢ | ᠠᠶᠠᠨᠳᠠᠭᠠᠨ ᠬᠦᠴᠦᠨ ᠦᠭᠡᠢ ᠪᠣᠯᠤᠨ᠎ᠠ᠃ | | ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯᠡᠰ ᠤᠨ ᠳᠣᠲᠣᠷᠠᠬᠢ ᠤᠰᠤ ᠲᠠᠲᠠᠬᠤ ᠵᠦᠢᠯᠡᠰ ᠲᠤ ᠨᠡᠯᠢᠶᠡᠳ | ᠶᠡᠭᠡ ᠬᠤᠪᠢᠷᠠᠯᠲᠠ ᠭᠠᠷᠤᠭᠰᠠᠨ ᠪᠠᠶᠢᠪᠠᠯ᠂ ᠪᠦᠳᠦᠭᠡᠨ ᠪᠠᠶᠢᠭᠤᠯᠬᠤ ᠨᠢᠭᠡᠴᠢ ᠨᠢ ᠪᠦᠳᠦᠭᠡᠨ ᠪᠠᠶᠢᠭᠤᠯᠤᠯᠲᠠ ᠶᠢᠨ | ᠲᠦᠷᠦᠯ ᠵᠦᠢᠯᠡᠰ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢ ᠲᠠᠬᠢᠵᠤ ᠬᠢᠬᠦ ᠶᠢᠨ ᠬᠠᠮᠲᠤ ᠤᠰᠤ | ᠲᠠᠳᠠᠬᠤ ᠪᠠᠷ ᠲᠠᠬᠢᠵᠤ ᠭᠤᠶᠤᠴᠢᠯᠠᠬᠤ ᠬᠡᠷᠡᠭᠲᠡᠶ᠃ | | ᠬᠤᠷᠢᠨ ᠭᠤᠷᠪᠠᠳᠤᠭᠠᠷ ᠵᠦᠢᠯ ᠤᠰᠤ ᠲᠠᠲᠠᠬᠤ ᠪᠠᠷᠢᠯᠭ᠎ᠠ ᠪᠤᠶᠤ ᠲᠥᠬᠦᠭᠡᠷᠦᠮᠵᠢ ᠶᠢ ᠪᠠᠷᠢᠵᠤ | ᠳᠠᠭᠤᠰᠬᠠᠭᠰᠠᠨ ᠤ ᠲᠠᠷᠠᠭ᠎ᠠ᠂ ᠭᠤᠶᠤᠴᠢᠯᠠᠭᠴᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ᠂ ᠤᠰᠤ | ᠲᠠᠲᠠᠬᠤ ᠶᠢ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠤᠰᠤ ᠲᠠᠲᠠᠬᠤ ᠪᠠᠷᠢᠯᠭ᠎ᠠ ᠪᠤᠶᠤ ᠲᠥᠬᠦᠭᠡᠷᠦᠮᠵᠢ ᠶᠢ ᠲᠤᠷᠰᠢᠨ | ᠠᠵᠢᠯᠯᠠᠭᠤᠯᠤᠭᠰᠠᠨ ᠪᠠᠶᠢᠳᠠᠯ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ︔ | ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠪᠠᠯ᠂ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠤᠰᠤ ᠠᠪᠬᠤ | ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠨ᠎ᠠ᠃ | | ᠨᠢᠭᠡᠨᠲᠡ ᠪᠠᠶᠢᠭ᠎ᠠ ᠤᠰᠤ ᠲᠠᠲᠠᠬᠤ ᠪᠠᠷᠢᠯᠭ᠎ᠠ ᠪᠤᠶᠤ ᠲᠥᠬᠦᠭᠡᠷᠦᠮᠵᠢ ᠶᠢ ᠰᠢᠭᠤᠳ ᠠᠰᠢᠭᠯᠠᠨ ᠤᠰᠤ | ᠲᠠᠲᠠᠬᠤ ᠳᠤ ᠬᠦᠷᠪᠡᠯ᠂ ᠬᠢᠨᠠᠨ ᠵᠥᠪᠰᠢᠶᠡᠷᠡᠬᠦ ᠪᠠᠶᠢᠭᠤᠯᠭ᠎ᠠ ᠪᠠᠷ ᠬᠢᠨᠠᠨ ᠪᠠᠶᠢᠴᠠᠭᠠᠯᠭᠠᠭᠠᠳ ᠬᠢᠷᠢ ᠲᠡᠩᠴᠡᠪᠡᠯ᠂ | ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠣᠯᠭᠤᠨ᠎ᠠ᠃ | | ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠣᠯᠭᠤᠭᠰᠠᠨ | ᠪᠠᠶᠢᠳᠠᠯ ᠢᠶᠠᠨ ᠤᠰᠤ ᠲᠠᠲᠠᠬᠤ ᠠᠮᠠ ᠶᠢᠨ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ | ᠲᠤᠬᠠᠶ ᠳᠤᠨᠢ ᠮᠡᠳᠡᠭᠳᠡᠬᠦ ᠬᠡᠷᠡᠭᠲᠡᠶ ᠪᠥᠭᠡᠳ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠣᠯᠭᠤᠭᠰᠠᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠬᠦ ᠬᠡᠷᠡᠭᠲᠡᠶ᠃ | | ᠬᠤᠷᠢᠨ ᠳᠥᠷᠪᠡᠳᠦᠭᠡᠷ ᠵᠦᠢᠯ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠳᠤ ᠳᠣᠣᠷ᠎ᠠ ᠵᠢᠭᠰᠠᠭᠠᠭᠰᠠᠨ | ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠶ᠄ | | ︵ᠨᠢᠭᠡ︶ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤ ᠨᠡᠷᠡᠶᠢᠳᠦᠯ ︵ᠤᠪᠤᠭ ᠨᠡᠷ᠎ᠡ︶︔ | | ︵ᠬᠤᠶᠠᠷ︶ ᠤᠰᠤ ᠠᠪᠬᠤ ᠬᠤᠭᠤᠴᠠᠭ᠎ᠠ︔ | | ︵ᠭᠤᠷᠪᠠ︶ ᠤᠰᠤ ᠠᠪᠬᠤ ᠬᠡᠮᠵᠢᠶ᠎ᠡ ᠪᠠ ᠤᠰᠤ ᠠᠪᠬᠤ ᠬᠡᠷᠡᠭᠴᠡᠭᠡ︔ | | ︵ᠲᠦᠷᠪᠡ︶ ᠤᠰᠦᠠ ᠤ ᠰᠤᠷᠪᠤᠯᠵᠢ ᠶᠢᠨ ᠲᠦᠷᠦᠯ ᠵᠦᠢᠯ︔ | | ︵ᠲᠠᠪᠤ︶ ᠤᠰᠤ ᠲᠠᠲᠠᠬᠤ᠂ ᠤᠰᠤ ᠪᠤᠴᠠᠭᠠᠬᠤ ᠭᠠᠵᠠᠷ ᠬᠢᠭᠡᠳ ᠤᠰᠤ ᠲᠠᠲᠠᠬᠤ ᠠᠷᠭ᠎ᠠ ᠮᠠᠶ᠋ᠢᠭ᠂ ᠤᠰᠤ | ᠪᠤᠴᠠᠭᠠᠬᠤ ᠬᠡᠮᠵᠢᠶ᠎ᠡ᠃ | | ᠡᠮᠦᠨᠡᠬᠢ ᠪᠠᠳᠠᠭ ᠤᠨ ︵ᠭᠤᠷᠪᠠ︶ ᠳ᠋ᠤᠭᠠᠷ ᠵᠤᠷᠪᠤᠰ ᠲᠤ ᠲᠣᠭᠲᠠᠭᠠᠭᠰᠠᠨ ᠤᠰᠤ ᠲᠠᠲᠠᠬᠤ ᠬᠡᠮᠵᠢᠶ᠎ᠡ ᠪᠣᠯ | ᠭᠤᠣᠯ ᠮᠥᠷᠡᠨ᠂ ᠨᠠᠭᠤᠷ ᠴᠦᠬᠦᠷᠦᠮ᠂ ᠭᠠᠵᠠᠷ ᠳᠣᠣᠷᠠᠬᠢ ᠤᠰᠤᠨ ᠤ ᠤᠯᠡᠠ ᠵᠢᠯ ᠤᠨ ᠳᠤᠮᠳᠠᠴᠢ ᠤᠰᠦᠠ ᠤ | ᠬᠡᠮᠵᠢᠶ᠎ᠡ ᠶᠢᠨ ᠪᠠᠶᠢᠳᠠᠯ ᠳᠣᠣᠷ᠎ᠠ ᠵᠥᠪᠰᠢᠶᠡᠷᠡᠳᠡᠭ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤ ᠬᠠᠮᠤᠭ ᠤᠨ | ᠶᠡᠭᠡ ᠤᠰᠤ ᠲᠠᠲᠠᠬᠤ ᠬᠡᠮᠵᠢᠶ᠎ᠡ ᠪᠣᠯᠤᠨ᠎ᠠ᠃ | | ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠳᠦᠯᠲᠡᠶ ᠵᠣᠬᠢᠶᠠᠨ᠎ᠠ᠂ | ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠳᠤ | ᠵᠥᠪᠬᠡᠨ ᠬᠥᠯᠥᠰᠥ ᠦᠷᠲᠡᠭ ᠤᠨ ᠵᠠᠷᠤᠳᠠᠯ ᠬᠤᠷᠢᠶᠠᠨ᠎ᠠ᠃ | ᠬᠤᠷᠢᠨ ᠲᠠᠪᠤᠳᠤᠭᠠᠷ ᠵᠦᠢᠯ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ | ᠬᠤᠭᠤᠴᠠᠭ᠎ᠠ ᠨᠢ ᠶᠡᠷᠦ ᠳᠡᠭᠡᠨ 5 ᠵᠢᠯ᠂ ᠬᠠᠮᠤᠭ ᠤᠷᠲᠤ ᠳᠠᠭᠠᠨ 10 ᠵᠢᠯ ᠠᠴᠠ ᠬᠡᠲᠦᠷᠡᠵᠦ ᠪᠣᠯᠬᠤ ᠦᠭᠡᠢ᠃ | ᠬᠦᠴᠦᠨ ᠲᠠᠢ ᠬᠤᠭᠤᠴᠠᠭ᠎ᠠ ᠨᠢ ᠲᠠᠭᠤᠰᠤᠭᠠᠳ ᠤᠷᠳᠤᠳᠬᠠᠬᠤ ᠴᠢᠬᠤᠯᠠᠲᠠᠶ ᠪᠠᠶᠢᠪᠠᠯ᠂ ᠤᠰᠤ ᠲᠠᠲᠠᠬᠤ ᠨᠢᠭᠡᠴᠢ | ᠪᠤᠶᠤ ᠬᠤᠪᠢ ᠬᠥᠮᠦᠨ ᠬᠦᠴᠦᠨ ᠲᠠᠢ ᠬᠤᠭᠤᠴᠠᠭ᠎ᠠ ᠲᠠᠭᠤᠰᠬᠤ ᠠᠴᠠ 45 ᠡᠳᠦᠷ ᠤᠨ ᠡᠮᠦᠨ᠎ᠡ ᠤᠤᠯ ᠤᠨ ᠬᠢᠨᠠᠨ | ᠵᠥᠪᠰᠢᠶᠡᠷᠡᠭᠰᠡᠨ ᠪᠠᠶᠢᠭᠤᠯᠭ᠎ᠠ ᠳᠤ ᠭᠤᠶᠤᠴᠢᠯᠠᠯ ᠭᠠᠷᠭᠠᠵᠤ᠂ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠨᠢ | ᠬᠦᠴᠦᠨ ᠲᠠᠢ ᠬᠤᠭᠤᠴᠠᠭ᠎ᠠ ᠲᠠᠭᠤᠰᠬᠤ ᠠᠴᠠ ᠡᠮᠦᠨ᠎ᠡ ᠤᠷᠳᠤᠳᠬᠠᠬᠤ ᠡᠰᠡᠬᠦ ᠲᠤᠬᠠᠶ ᠲᠣᠭᠲᠠᠭᠠᠯ ᠭᠠᠷᠭᠠᠬᠤ | ᠬᠡᠷᠡᠭᠲᠡᠶ᠃ | | ᠬᠤᠷᠢᠨ ᠵᠢᠷᠭᠤᠳᠤᠭᠠᠷ ᠵᠦᠢᠯ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤᠰᠤ ᠲᠠᠲᠠᠬᠤ | ᠵᠥᠪᠰᠢᠶᠡᠷᠡᠯ ᠤᠨ ᠦᠨᠡᠮᠯᠡᠯ ᠳᠤ ᠲᠣᠳᠣᠷᠬᠠᠶ ᠲᠡᠮᠳᠡᠭᠯᠡᠭᠰᠡᠨ ᠵᠦᠢᠯᠡᠰ ᠢ ᠬᠤᠪᠢᠷᠠᠭᠤᠯᠬᠤ ᠪᠠᠷ ᠱᠠᠭᠠᠷᠳᠠᠪᠠᠯ᠂ ᠲᠤᠰ | ᠲᠦᠷᠢᠮ ᠤᠨ ᠲᠣᠭᠲᠠᠭᠠᠯ ᠶᠣᠰᠣᠭᠠᠷ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠭᠤᠶᠤᠴᠢᠯᠠᠯ ᠭᠠᠷᠭᠠᠵᠤ᠂ | ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠦᠭᠡᠳ ᠬᠤᠯᠪᠣᠭᠳᠠᠯ ᠪᠦᠬᠦᠢ ᠬᠤᠪᠢᠷᠠᠭᠤᠯᠬᠤ | ᠭᠠᠷ ᠭᠦᠢᠴᠡᠳᠬᠡᠯ ᠬᠢᠬᠦ ᠬᠡᠷᠡᠭᠲᠡᠶ᠃ | | ᠬᠤᠷᠢᠨ ᠳᠣᠯᠣᠳᠤᠭᠠᠷ ᠵᠦᠢᠯ ᠤᠰᠤ ᠲᠠᠲᠠᠬᠤ ᠡᠷᠬᠡ ᠶᠢ ᠬᠠᠤᠯᠢ ᠶᠣᠰᠣᠭᠠᠷ ᠣᠯᠤᠭᠰᠠᠨ ᠨᠢᠭᠡᠴᠢ ᠪᠤᠶᠤ | ᠬᠤᠪᠢ ᠬᠥᠮᠦᠨ ᠦᠢᠯᠡᠳᠬᠦᠨ ᠪᠣᠯᠤᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠤᠷ᠎ᠠ ᠮᠡᠷᠭᠡᠰᠢᠯ ᠢ | ᠥᠭᠡᠷᠡᠴᠢᠯᠡᠬᠦ᠂ ᠤᠰᠤ ᠠᠷᠪᠢᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠤᠰᠤᠨ ᠤ ᠡᠬᠢ ᠪᠠᠶᠠᠯᠢᠭ ᠢ | ᠠᠷᠪᠢᠯᠠᠭᠰᠠᠨ ᠪᠣᠯ ᠤᠰᠤ ᠲᠠᠲᠠᠬᠤ ᠵᠥᠪᠰᠢᠶᠡᠷᠡᠯ ᠤᠨ ᠬᠦᠴᠦᠨ ᠲᠠᠢ ᠬᠤᠭᠤᠴᠠᠭ᠎ᠠ ᠪᠣᠯᠤᠨ ᠤᠰᠤ ᠲᠠᠲᠠᠬᠤ | ᠬᠢᠵᠠᠭᠠᠷ ᠲᠤᠭ᠎ᠠ ᠶᠢᠨ ᠳᠣᠲᠣᠷ᠎ᠠ᠂ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠦᠭᠡᠳ᠂ | ᠠᠷᠪᠢᠯᠠᠭᠰᠠᠨ ᠤᠰᠤᠨ ᠤ ᠡᠬᠢ ᠪᠠᠶᠠᠯᠢᠭ ᠢ ᠨᠢ ᠬᠠᠤᠯᠢ ᠶᠣᠰᠣᠭᠠᠷ ᠲᠥᠯᠥᠪᠦᠷᠢ ᠲᠠᠢ ᠪᠠᠷ ᠰᠢᠯᠵᠢᠭᠦᠯᠦᠨ ᠥᠭᠴᠦ | ᠪᠣᠯᠬᠤ ᠶᠢᠨ ᠬᠠᠮᠲᠤ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠳᠤ ᠬᠦᠷᠴᠦ ᠤᠰᠤ ᠲᠠᠲᠠᠬᠤ ᠡᠷᠬᠡ ᠪᠠᠨ | ᠬᠤᠪᠢᠷᠠᠭᠤᠯᠬᠤ ᠭᠠᠷᠳᠠᠮ ᠢ ᠭᠦᠢᠴᠡᠳᠬᠡᠬᠦ ᠬᠡᠷᠡᠭᠲᠡᠶ᠃ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠨ᠎ᠠ᠃ | | ᠳᠥᠷᠪᠡᠳᠦᠭᠡᠷ ᠪᠦᠯᠦᠭ ᠤᠰᠤᠨ ᠤ ᠡᠬᠢ ᠪᠠᠶᠠᠯᠢᠭ ᠤᠨ ᠵᠠᠷᠤᠳᠠᠯ ᠢ ᠲᠠᠲᠠᠪᠤᠷᠢᠯᠠᠬᠤ ᠪᠠ ᠬᠡᠷᠡᠭᠯᠡᠬᠦ ᠶᠢ | ᠬᠠᠮᠢᠶᠠᠷᠬᠤ | | ᠬᠤᠷᠢᠨ ᠨᠠᠢᠮᠠᠳᠤᠭᠠᠷ ᠵᠦᠢᠯ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤᠰᠤᠨ ᠤ ᠡᠬᠢ ᠪᠠᠶᠠᠯᠢᠭ ᠤᠨ | ᠰᠦᠢᠳᠬᠡᠯ ᠲᠤᠰᠢᠶᠠᠬᠤ ᠬᠡᠷᠡᠭᠲᠡᠶ᠃ | | ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠵᠥᠪᠰᠢᠶᠡᠷᠡᠭᠦᠯᠦᠭᠰᠡᠨ ᠣᠨ ᠤ ᠤᠰᠤ ᠲᠠᠲᠠᠬᠤ | ᠲᠥᠯᠥᠪᠯᠡᠭᠡ ᠶᠢᠨ ᠶᠣᠰᠣᠭᠠᠷ ᠤᠰᠤ ᠲᠠᠲᠠᠬᠤ ᠬᠡᠷᠡᠭᠲᠡᠶ᠃ ᠲᠥᠯᠥᠪᠯᠡᠭᠡ ᠠᠴᠠ ᠳᠠᠪᠠᠭᠤᠯᠤᠭᠰᠠᠨ ᠪᠤᠶᠤ ᠲᠣᠭᠲᠠᠭᠰᠠᠨ | ᠨᠤᠷᠮ᠎ᠠ ᠠᠴᠠ ᠳᠠᠪᠠᠭᠤᠯᠤᠨ ᠤᠰᠤ ᠲᠠᠲᠠᠭᠰᠠᠨ ᠪᠠᠶᠢᠪᠠᠯ᠂ ᠲᠥᠯᠥᠪᠯᠡᠭᠡ ᠠᠴᠠ ᠳᠠᠪᠠᠭᠤᠯᠤᠭᠰᠠᠨ ᠪᠤᠶᠤ ᠲᠣᠭᠲᠠᠭᠰᠠᠨ | ᠨᠤᠷᠮ᠎ᠠ ᠠᠴᠠ ᠳᠠᠪᠠᠭᠤᠯᠤᠭᠰᠠᠨ ᠬᠡᠰᠡᠭ ᠠᠴᠠ ᠤᠰᠤᠨ ᠤ ᠡᠬᠢ ᠪᠠᠶᠠᠯᠢᠭ ᠤᠨ ᠰᠦᠢᠳᠬᠡᠯ ᠢ ᠠᠬᠢᠭᠤᠯᠤᠨ ᠪᠤᠳᠤᠵᠤ | ᠬᠤᠷᠢᠶᠠᠨ᠎ᠠ᠃ | | ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ ᠪᠠᠷᠢᠮᠵᠢᠶ᠎ᠠ ᠶᠢ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠵᠤ᠂ | ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠶᠢᠨ ᠬᠠᠮᠲᠤ ᠲᠦᠷᠦ ᠶᠢᠨ | ᠶᠠᠪᠤᠳᠠᠯ ᠤᠨ ᠬᠤᠷᠢᠶᠠᠨ ᠤ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠪᠣᠯᠤᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠦᠴᠢᠷ ᠲᠤ ᠮᠡᠳᠡᠬᠦᠯᠵᠦ ᠲᠠᠩᠰᠠᠯᠠᠭᠤᠯᠤᠨ᠎ᠠ︔ ᠡᠭᠦᠨ ᠤ ᠳᠣᠲᠣᠷ᠎ᠠ᠂ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠠᠴᠠ ᠤᠰᠤ ᠲᠠᠲᠠᠬᠤ ᠶᠢ ᠬᠢᠨᠠᠨ ᠵᠥᠪᠰᠢᠶᠡᠷᠡᠭᠰᠡᠨ ᠲᠥᠪ ᠤᠨ ᠰᠢᠭᠤᠳ ᠬᠠᠷᠢᠶ᠎ᠠ | ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠯᠤᠰᠯᠠᠭᠰᠠᠨ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠪᠠᠷᠢᠮᠵᠢᠶ᠎ᠠ ᠶᠢ ᠲᠦᠷᠦ ᠶᠢᠨ ᠶᠠᠪᠤᠳᠠᠯ ᠤᠨ | ᠬᠤᠷᠢᠶᠠᠨ ᠤ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦ ᠶᠢᠨ ᠶᠠᠪᠤᠳᠠᠯ ᠤᠨ | ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ᠂ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃ | | ᠬᠤᠷᠢ ᠶᠢᠰᠦᠳᠦᠭᠡᠷ ᠵᠦᠢᠯ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠪᠠᠷᠢᠮᠵᠢᠶ᠎ᠠ ᠶᠢ | ᠲᠣᠭᠲᠠᠭᠠᠬᠤ ᠳᠤ᠂ ᠳᠣᠣᠷ᠎ᠠ ᠵᠢᠭᠰᠠᠭᠠᠭᠰᠠᠨ ᠵᠠᠷᠴᠢᠮ ᠢ ᠵᠢᠷᠤᠮᠯᠠᠬᠤ ᠬᠡᠷᠡᠭᠲᠡᠶ᠄ | | ︵ᠨᠢᠭᠡ︶ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠪᠠᠷ ᠨᠡᠭᠡᠭᠡᠬᠦ᠂ ᠠᠰᠢᠭᠯᠠᠬᠤ᠂ ᠠᠷᠪᠢᠯᠠᠬᠤ ᠪᠠ | ᠬᠠᠮᠠᠭᠠᠯᠠᠬᠤ ᠶᠢ ᠠᠬᠢᠭᠤᠯᠤᠨ᠎ᠠ︔ | | ︵ᠬᠤᠶᠠᠷ︶ ᠲᠤᠬᠠᠶ ᠶᠢᠨ ᠭᠠᠵᠠᠷ ᠤᠨ ᠤᠰᠤᠨ ᠤ ᠡᠬᠢ ᠪᠠᠶᠠᠯᠢᠭ ᠤᠨ ᠨᠥᠬᠦᠴᠡᠯ ᠪᠣᠯᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠲᠣᠬᠢᠷᠠᠯᠴᠠᠭᠤᠯᠬᠤ ᠬᠡᠷᠡᠭᠲᠡᠢ︔ | | ︵ᠭᠤᠷᠪᠠ︶ ᠭᠠᠵᠠᠷ ᠳᠡᠭᠡᠷᠡᠬᠢ ᠤᠰᠤ ᠪᠠ ᠭᠠᠵᠠᠷ ᠳᠣᠣᠷᠠᠬᠢ ᠤᠰᠤ ᠶᠢ ᠵᠦᠢ ᠵᠣᠬᠢᠰᠲᠠᠶ ᠪᠠᠷ ᠨᠡᠭᠡᠭᠡᠨ | ᠠᠰᠢᠭᠯᠠᠬᠤ ᠶᠢ ᠨᠢᠭᠡᠳᠦᠯᠲᠡᠶ ᠲᠥᠯᠥᠪᠯᠡᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠨᠡᠭᠡᠭᠡᠨ ᠠᠰᠢᠭᠯᠠᠬᠤ ᠠᠴᠠ | ᠰᠡᠷᠭᠡᠶᠢᠯᠡᠨ᠎ᠡ︔ | | ︵ᠲᠥᠷᠪᠡ︶ ᠠᠳᠠᠯᠢ ᠪᠤᠰᠤ ᠠᠵᠤ ᠦᠢᠯᠡᠰ ᠪᠣᠯᠤᠨ ᠠᠵᠢᠯ ᠲᠥᠷᠥᠯ ᠤᠨ ᠵᠥᠷᠢᠶ᠎ᠡ ᠶᠢ ᠭᠦᠢᠴᠡᠳ | ᠪᠣᠳᠣᠯᠬᠢᠯᠠᠬᠤ ᠬᠡᠷᠡᠭᠲᠡᠶ᠃ | | ᠭᠤᠴᠢᠳᠤᠭᠠᠷ ᠵᠦᠢᠯ ᠡᠯ᠎ᠡ ᠱᠠᠲᠤᠨ ᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ | ᠠᠷᠭ᠎ᠠ ᠬᠡᠮᠵᠢᠶ᠎ᠡ ᠠᠪᠴᠤ ᠪᠠᠶᠢᠭᠠᠳ ᠲᠠᠷᠢᠶᠠᠯᠠᠩ ᠤᠨ ᠤᠰᠤ ᠬᠡᠷᠡᠭᠯᠡᠬᠦ ᠠᠰᠢᠭᠯᠠᠮᠵᠢ ᠶᠢ ᠳᠡᠭᠡᠭᠰᠢᠯᠡᠭᠦᠯᠵᠦ᠂ ᠤᠰᠤ | ᠠᠷᠪᠢᠯᠠᠬᠤ ᠬᠡᠯᠪᠡᠷᠢ ᠶᠢᠨ ᠲᠠᠷᠢᠶᠠᠯᠠᠩ ᠢ ᠬᠥᠭᠵᠢᠭᠦᠯᠬᠦ ᠬᠡᠷᠡᠭᠲᠡᠶ᠃ | | ᠲᠠᠷᠢᠶᠠᠯᠠᠩ ᠤᠨ ᠦᠢᠯᠡᠳᠪᠦᠷᠢᠯᠡᠯ ᠳᠤ ᠲᠠᠲᠠᠬᠤ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ | ᠪᠠᠷᠢᠮᠵᠢᠶ᠎ᠠ ᠶᠢ ᠲᠤᠬᠠᠶ ᠶᠢᠨ ᠭᠠᠵᠠᠷ ᠤᠨ ᠤᠰᠤᠨ ᠤ ᠡᠬᠢ ᠪᠠᠶᠠᠯᠢᠭ ᠤᠨ ᠨᠥᠬᠦᠴᠡᠯ᠂ ᠬᠥᠳᠡᠭᠡ ᠲᠣᠰᠬᠤᠨ ᠤ ᠠᠵᠤ | ᠠᠬᠤᠶ ᠶᠢᠨ ᠬᠥᠭᠵᠢᠯᠲᠡ ᠶᠢᠨ ᠪᠠᠶᠢᠳᠠᠯ ᠪᠠ ᠲᠠᠷᠢᠶᠠᠯᠠᠩ ᠤᠨ ᠤᠰᠤ ᠶᠢ ᠠᠷᠪᠢᠯᠠᠵᠤ ᠬᠡᠷᠡᠭᠯᠡᠬᠦ ᠶᠢ ᠠᠬᠢᠭᠤᠯᠬᠤ | ᠬᠡᠷᠡᠭᠴᠡᠭᠡ ᠶᠢ ᠦᠨᠳᠦᠰᠦᠯᠡᠨ ᠲᠤᠭᠳᠠᠭᠠᠨ᠎ᠠ᠃ ᠲᠠᠷᠢᠶᠠᠯᠠᠩ ᠤᠨ ᠦᠢᠯᠡᠳᠪᠦᠷᠢᠯᠡᠯ ᠳᠤ ᠲᠠᠲᠠᠬᠤ ᠤᠰᠤᠨ ᠤ ᠡᠬᠢ | ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ ᠪᠠᠷᠢᠮᠵᠢᠶ᠎ᠠ ᠨᠢ ᠪᠤᠰᠤᠳ ᠤᠰᠤ ᠬᠡᠷᠡᠭᠯᠡᠬᠦ ᠤᠰᠤᠨ ᠤ ᠡᠬᠢ ᠪᠠᠶᠠᠯᠢᠭ ᠤᠨ | ᠰᠦᠢᠳᠬᠡᠯ ᠢ ᠲᠠᠲᠠᠪᠤᠷᠢᠯᠠᠬᠤ ᠪᠠᠷᠢᠮᠵᠢᠶ᠎ᠠ ᠠᠴᠠ ᠳᠣᠣᠷ᠎ᠠ ᠪᠠᠶᠢᠬᠤ ᠬᠡᠷᠡᠭᠲᠡᠶ᠂ ᠠᠮᠤ ᠪᠤᠳᠠᠭᠠᠨ ᠤ ᠲᠠᠷᠢᠮᠠᠯ ᠤᠨ | ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ ᠪᠠᠷᠢᠮᠵᠢᠶ᠎ᠠ ᠨᠢ ᠠᠵᠤ ᠠᠬᠤᠶ ᠶᠢᠨ ᠲᠠᠷᠢᠮᠠᠯ ᠤᠨ | ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ ᠪᠠᠷᠢᠮᠵᠢᠶ᠎ᠠ ᠠᠴᠠ ᠳᠣᠣᠷ᠎ᠠ ᠪᠠᠶᠢᠬᠤ ᠬᠡᠷᠡᠭᠲᠡᠶ᠃ | ᠲᠠᠷᠢᠶᠠᠯᠠᠩ ᠤᠨ ᠦᠢᠯᠡᠳᠪᠦᠷᠢᠯᠡᠯ ᠳᠤ ᠲᠠᠲᠠᠬᠤ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠬᠤ | ᠠᠯᠬᠤᠮ ᠳᠠᠷᠠᠭ᠎ᠠ ᠪᠠ ᠬᠦᠷᠢᠶ᠎ᠡ ᠬᠡᠪᠴᠢᠶ᠎ᠡ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ | | ᠭᠤᠴᠢᠨ ᠨᠢᠭᠡᠳᠦᠭᠡᠷ ᠵᠦᠢᠯ ᠤᠰᠤᠨ ᠤ ᠡᠬᠢ ᠪᠠᠶᠠᠯᠢᠭ ᠤᠨ ᠰᠦᠢᠳᠬᠡᠯ ᠢ ᠤᠰᠤ ᠲᠠᠲᠠᠬᠤ ᠶᠢ ᠬᠢᠨᠠᠨ | ᠵᠥᠪᠰᠢᠶᠡᠷᠡᠬᠦ ᠪᠠᠶᠢᠭᠤᠯᠭ᠎ᠠ ᠠᠴᠠ ᠬᠠᠷᠢᠭᠤᠴᠠᠨ ᠲᠠᠲᠠᠪᠤᠷᠢᠯᠠᠨ᠎ᠠ︔ ᠡᠭᠦᠨ ᠳᠤ᠂ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠬᠢᠨᠠᠨ ᠵᠥᠪᠰᠢᠶᠡᠷᠡᠭᠰᠡᠨ ᠪᠠᠶᠢᠪᠠᠯ᠂ ᠤᠰᠤᠨ ᠤ ᠡᠬᠢ ᠪᠠᠶᠠᠯᠢᠭ ᠤᠨ ᠰᠦᠢᠳᠬᠡᠯ ᠢ | ᠤᠰᠤ ᠲᠠᠲᠠᠬᠤ ᠠᠮᠠ ᠶᠢᠨ ᠪᠠᠶᠢᠭ᠎ᠠ ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠣᠷᠣᠯᠠᠨ ᠲᠠᠲᠠᠪᠤᠷᠢᠯᠠᠨ᠎ᠠ᠃ | | ᠭᠤᠴᠢᠨ ᠬᠤᠶᠠᠳᠤᠭᠠᠷ ᠵᠦᠢᠯ ᠤᠰᠤᠨ ᠤ ᠡᠬᠢ ᠪᠠᠶᠠᠯᠢᠭ ᠤᠨ ᠵᠠᠷᠤᠳᠠᠯ ᠲᠤᠰᠢᠶᠠᠬᠤ ᠲᠤᠭ᠎ᠠ ᠶᠢ ᠤᠰᠤ | ᠲᠠᠲᠠᠬᠤ ᠠᠮᠠ ᠶᠢᠨ ᠪᠠᠶᠢᠭ᠎ᠠ ᠭᠠᠵᠠᠷ ᠤᠨ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠪᠠᠷᠢᠮᠵᠢᠶ᠎ᠠ | ᠪᠣᠯᠤᠨ ᠪᠣᠳᠠᠲᠠᠶ ᠤᠰᠤ ᠲᠠᠲᠠᠬᠤ ᠬᠡᠮᠵᠢᠶ᠎ᠡ ᠶᠢ ᠦᠨᠳᠦᠰᠦᠯᠡᠨ ᠲᠣᠭᠲᠠᠭᠠᠨ᠎ᠠ᠃ | | ᠤᠰᠤᠨ ᠬᠦᠴᠦᠨ ᠢᠶᠠᠷ ᠴᠠᠬᠢᠯᠭᠠᠨ ᠭᠠᠷᠭᠠᠬᠤ ᠳᠤ ᠬᠡᠷᠡᠭᠯᠡᠬᠦ ᠤᠰᠤ ᠪᠣᠯᠤᠨ ᠭᠠᠯ ᠤᠨ ᠬᠦᠴᠦᠨ ᠢᠶᠠᠷ ᠴᠠᠬᠢᠯᠭᠠᠨ | ᠭᠠᠷᠭᠠᠬᠤ ᠳᠤ ᠨᠡᠪᠲᠡᠷᠡᠭᠦᠯᠬᠦ ᠬᠡᠯᠪᠡᠷᠢ ᠶᠢᠨ ᠬᠥᠷᠥᠭᠡᠬᠦ ᠤᠰᠤ ᠶᠢ ᠤᠰᠤ ᠲᠠᠲᠠᠬᠤ ᠠᠮᠠ ᠶᠢᠨ ᠪᠠᠶᠢᠭ᠎ᠠ ᠭᠠᠵᠠᠷ ᠤᠨ | ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠲᠠᠪᠤᠷᠢᠯᠠᠬᠤ ᠪᠠᠷᠢᠮᠵᠢᠶ᠎ᠠ ᠪᠣᠯᠤᠨ ᠪᠣᠳᠠᠲᠠᠶ ᠴᠠᠬᠢᠯᠭᠠᠨ ᠭᠠᠷᠭᠠᠬᠤ | ᠬᠡᠮᠵᠢᠶ᠎ᠡ ᠶᠢ ᠦᠨᠳᠦᠰᠦᠯᠡᠨ ᠲᠤᠰᠢᠶᠠᠬᠤ ᠲᠤᠭ᠎ᠠ ᠬᠡᠮᠵᠢᠶ᠎ᠡ ᠶᠢ ᠲᠣᠭᠲᠠᠭᠠᠵᠤ ᠪᠣᠯᠤᠨ᠎ᠠ᠃ | ᠭᠤᠴᠢᠨ ᠭᠤᠷᠪᠠᠳᠤᠭᠠᠷ ᠵᠦᠢᠯ ᠤᠰᠤ ᠲᠠᠲᠠᠬᠤ ᠶᠢ ᠬᠢᠨᠠᠨ ᠵᠥᠪᠰᠢᠶᠡᠷᠡᠬᠦ ᠪᠠᠶᠢᠭᠤᠯᠭ᠎ᠠ ᠨᠤᠭᠤᠳ ᠤᠰᠤᠨ ᠤ | ᠡᠬᠢ ᠪᠠᠶᠠᠯᠢᠭ ᠤᠨ ᠰᠦᠢᠳᠬᠡᠯ ᠲᠤᠰᠢᠶᠠᠬᠤ ᠲᠤᠭ᠎ᠠ ᠶᠢ ᠲᠣᠭᠲᠠᠭᠠᠭᠰᠠᠨ ᠤ ᠳᠠᠷᠠᠭ᠎ᠠ᠂ ᠤᠰᠤ ᠲᠠᠲᠠᠬᠤ ᠨᠢᠭᠡᠴᠢ | ᠪᠤᠶᠤ ᠬᠤᠪᠢ ᠬᠥᠮᠦᠨ ᠳᠤ ᠤᠰᠤᠨ ᠤ ᠡᠬᠢ ᠪᠠᠶᠠᠯᠢᠭ ᠤᠨ ᠰᠦᠢᠳᠬᠡᠯ ᠲᠤᠰᠢᠶᠠᠬᠤ ᠮᠡᠳᠡᠭᠳᠡᠯ ᠤᠨ ᠬᠠᠭᠤᠳᠠᠰᠤ ᠶᠢ | ᠬᠦᠷᠭᠡᠵᠦ᠂ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠨᠢ ᠲᠤᠰᠢᠶᠠᠬᠤ ᠮᠡᠳᠡᠭᠳᠡᠯ ᠤᠨ ᠬᠠᠭᠤᠳᠠᠰᠤ ᠶᠢ | ᠣᠯᠤᠭᠰᠠᠨ ᠡᠳᠦᠷ ᠠᠴᠠ ᠡᠬᠢᠯᠡᠨ 7 ᠡᠳᠦᠷ ᠤᠨ ᠳᠣᠲᠣᠷ᠎ᠠ ᠲᠤᠰᠢᠶᠠᠬᠤ ᠭᠠᠷᠳᠠᠮ ᠭᠦᠢᠴᠡᠳᠬᠡᠬᠦ ᠬᠡᠷᠡᠭᠲᠡᠶ᠃ | | ᠭᠤᠣᠯ ᠮᠥᠷᠡᠨ᠂ ᠨᠠᠭᠤᠷ ᠴᠥᠭᠦᠷᠥᠮ ᠪᠤᠶᠤ ᠭᠠᠵᠠᠷ ᠳᠣᠣᠷ᠎ᠠ ᠠᠴᠠ ᠤᠰᠤᠨ ᠤ ᠡᠬᠢ ᠪᠠᠶᠠᠯᠢᠭ ᠢ ᠰᠢᠭᠤᠳ | ᠲᠠᠲᠠᠵᠤ ᠬᠡᠷᠡᠭᠯᠡᠭᠡᠳ ᠲᠠᠷᠢᠶᠠᠯᠠᠩ ᠤᠨ ᠦᠢᠯᠡᠳᠪᠦᠷᠢᠯᠡᠯ ᠡᠷᠬᠢᠯᠡᠬᠦ ᠳᠤ ᠬᠦᠷᠪᠡᠯ᠂ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠲᠣᠭᠲᠠᠭᠠᠭᠰᠠᠨ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ | ᠤᠰᠤᠨ ᠤ ᠬᠢᠵᠠᠭᠠᠷ ᠲᠤᠭ᠎ᠠ ᠠᠴᠠ ᠬᠡᠲᠦᠷᠡᠭᠰᠡᠨ ᠬᠡᠰᠡᠭ ᠤᠨ ᠤᠰᠤᠨ ᠤ ᠡᠬᠢ ᠪᠠᠶᠠᠯᠢᠭ ᠠᠴᠠ ᠤᠰᠤ ᠲᠠᠲᠠᠬᠤ | ᠨᠢᠭᠡᠴᠢ ᠪᠤᠶᠤ ᠬᠤᠪᠢ ᠬᠥᠮᠦᠨ ᠨᠢ ᠤᠰᠤ ᠲᠠᠲᠠᠬᠤ ᠠᠮᠠ ᠶᠢᠨ ᠪᠠᠶᠢᠭ᠎ᠠ ᠭᠠᠵᠠᠷ ᠤᠨ ᠤᠰᠤᠨ ᠤ ᠡᠬᠢ ᠪᠠᠶᠠᠯᠢᠭ ᠤᠨ | ᠰᠦᠢᠳᠬᠡᠯ ᠲᠠᠲᠠᠪᠤᠷᠢᠯᠠᠬᠤ ᠪᠠᠷᠢᠮᠵᠢᠶ᠎ᠠ ᠪᠠ ᠪᠣᠳᠠᠲᠠᠶ ᠤᠰᠤ ᠲᠠᠲᠠᠬᠤ ᠬᠡᠮᠵᠢᠶ᠎ᠡ ᠶᠢ ᠦᠨᠳᠦᠰᠦᠯᠡᠨ ᠤᠰᠤᠨ ᠤ ᠡᠬᠢ | ᠪᠠᠶᠠᠯᠢᠭ ᠤᠨ ᠰᠦᠢᠳᠬᠡᠯ ᠲᠤᠰᠢᠶᠠᠨ᠎ᠠ︔ ᠲᠣᠭᠲᠠᠭᠠᠭᠰᠠᠨ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ | ᠤᠰᠤᠨ ᠤ ᠬᠢᠵᠠᠭᠠᠷ ᠲᠤᠭ᠎ᠠ ᠳᠤ ᠨᠡᠶᠢᠴᠡᠭᠰᠡᠨ ᠤᠰᠤ ᠲᠠᠲᠠᠬᠤ ᠳᠤ ᠤᠰᠤᠨ ᠤ ᠡᠬᠢ ᠪᠠᠶᠠᠯᠢᠭ ᠤᠨ ᠰᠦᠢᠳᠬᠡᠯ | ᠲᠤᠰᠢᠶᠠᠬᠤ ᠦᠭᠡᠢ᠃ ᠤᠰᠤ ᠬᠠᠩᠭᠠᠬᠤ ᠪᠠᠷᠢᠯᠭ᠎ᠠ ᠶᠢᠨ ᠤᠰᠤ ᠶᠢ ᠠᠪᠴᠤ ᠬᠡᠷᠡᠭᠯᠡᠭᠡᠳ ᠲᠠᠷᠢᠶᠠᠯᠠᠩ ᠤᠨ | ᠦᠢᠯᠡᠳᠪᠦᠷᠢᠯᠡᠯ ᠡᠷᠬᠢᠯᠡᠬᠦ ᠳᠤ ᠬᠦᠷᠪᠡᠯ᠂ ᠤᠰᠤ ᠬᠡᠷᠡᠭᠯᠡᠬᠦ ᠨᠢᠭᠡᠴᠢ ᠪᠤᠶᠤ ᠬᠤᠪᠢ ᠬᠥᠮᠦᠨ ᠪᠣᠳᠠᠲᠠᠶ ᠤᠰᠤ | ᠬᠡᠷᠡᠭᠯᠡᠭᠰᠡᠨ ᠬᠡᠮᠵᠢᠶ᠎ᠡ ᠪᠠᠷ ᠢᠶᠠᠨ ᠤᠰᠤ ᠬᠠᠩᠭᠠᠬᠤ ᠪᠠᠷᠢᠯᠭ᠎ᠠ ᠶᠢᠨ ᠨᠢᠭᠡᠴᠢ ᠳᠤ ᠤᠰᠤᠨ ᠤ ᠰᠦᠢᠳᠬᠡᠯ ᠲᠤᠰᠢᠶᠠᠵᠤ᠂ | ᠤᠰᠤ ᠬᠠᠩᠭᠠᠬᠤ ᠪᠠᠷᠢᠯᠭ᠎ᠠ ᠶᠢᠨ ᠨᠢᠭᠡᠴᠢ ᠠᠴᠠ ᠤᠰᠤᠨ ᠤ ᠡᠬᠢ ᠪᠠᠶᠠᠯᠢᠭ ᠤᠨ ᠰᠦᠢᠳᠬᠡᠯ ᠢ ᠨᠢᠭᠡᠳᠦᠯᠲᠡᠶ | ᠲᠤᠰᠢᠶᠠᠨ᠎ᠠ︔ ᠤᠰᠤᠨ ᠤ ᠡᠬᠢ ᠪᠠᠶᠠᠯᠢᠭ ᠤᠨ ᠵᠠᠷᠤᠳᠠᠯ ᠢ ᠤᠰᠤ ᠬᠠᠩᠭᠠᠬᠤ ᠥᠪᠡᠷ ᠤᠨ ᠥᠷᠳᠡᠭ ᠲᠤ ᠪᠤᠳᠤᠵᠤ | ᠣᠷᠣᠭᠤᠯᠤᠨ᠎ᠠ᠃ | | ᠣᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠶᠢᠨ ᠲᠤᠰᠠᠳᠠ᠂ ᠤᠯᠤᠰ ᠠᠴᠠ ᠵᠥᠪᠰᠢᠶᠡᠷᠡᠭᠰᠡᠨ ᠵᠠᠰᠠᠭ | ᠵᠠᠬᠢᠷᠭᠠᠨ ᠤ ᠣᠷᠣᠨ ᠠᠯᠤᠰᠯᠠᠭᠰᠠᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠤᠨ ᠶᠣᠰᠣᠭᠠᠷ | ᠬᠡᠷᠡᠭᠵᠢᠭᠦᠯᠦᠭᠰᠡᠨ ᠲᠦᠷ ᠴᠠᠭ ᠤᠨ ᠪᠠᠴᠢᠮ ᠪᠠᠶᠢᠳᠠᠯ ᠢ ᠠᠷᠭᠠᠴᠠᠬᠤ ᠪᠠᠷ ᠤᠰᠤ ᠲᠠᠲᠠᠬᠤ ᠳᠤ᠂ ᠰᠢᠯᠵᠢᠭᠦᠯᠦᠨ | ᠣᠷᠣᠭᠤᠯᠤᠭᠰᠠᠨ ᠣᠷᠣᠨ ᠪᠦᠰᠡ ᠶᠢᠨ ᠤᠰᠤ ᠲᠠᠲᠠᠵᠤ ᠬᠡᠷᠡᠭᠯᠡᠬᠦ ᠨᠢᠭᠡᠴᠢ ᠪᠤᠶᠤ ᠬᠤᠪᠢ ᠬᠥᠮᠦᠨ ᠠᠴᠠ ᠪᠠᠶᠢᠭ᠎ᠠ | ᠭᠠᠵᠠᠷ ᠤᠨ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠠᠲᠠᠪᠤᠷᠢᠯᠠᠬᠤ ᠪᠠᠷᠢᠮᠵᠢᠶ᠎ᠠ ᠪᠣᠯᠤᠨ ᠪᠣᠳᠠᠲᠠᠶ ᠤᠰᠤ | ᠲᠠᠲᠠᠵᠤ ᠠᠪᠤᠭᠰᠠᠨ ᠬᠡᠮᠵᠢᠶ᠎ᠡ ᠶᠢ ᠦᠨᠳᠦᠰᠦᠯᠡᠨ ᠤᠰᠤᠨ ᠤ ᠡᠬᠢ ᠪᠠᠶᠠᠯᠢᠭ ᠤᠨ ᠰᠦᠢᠳᠭᠡᠯ ᠢ ᠲᠤᠰᠢᠶᠠᠨ᠎ᠠ᠃ | | ᠭᠤᠴᠢᠨ ᠳᠥᠷᠪᠡᠳᠦᠭᠡᠷ ᠵᠦᠢᠯ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤᠨᠴᠠᠭᠠᠢ ᠬᠦᠴᠢᠷᠳᠡᠯ ᠠᠴᠠ | ᠪᠣᠯᠣᠭᠠᠳ ᠤᠰᠤᠨ ᠤ ᠡᠬᠢ ᠪᠠᠶᠠᠯᠢᠭ ᠤᠨ ᠵᠠᠷᠤᠳᠠᠯ ᠢ ᠲᠣᠭᠲᠠᠭᠰᠠᠨ ᠬᠤᠭᠤᠴᠠᠭᠠᠨ ᠳᠠᠭᠠᠨ ᠲᠤᠰᠢᠶᠠᠵᠤ ᠳᠡᠶᠢᠯᠬᠦ | ᠦᠭᠡᠢ ᠪᠣᠯ ᠤᠰᠤᠨ ᠤ ᠡᠬᠢ ᠪᠠᠶᠠᠯᠢᠭ ᠤᠨ ᠵᠠᠷᠤᠳᠠᠯ ᠲᠤᠰᠢᠶᠠᠭᠰᠠᠨ ᠮᠡᠳᠡᠭᠳᠡᠯ ᠤᠨ ᠬᠠᠭᠤᠳᠠᠰᠤ ᠶᠢ ᠣᠯᠤᠭᠰᠠᠨ | ᠡᠳᠦᠷ ᠠᠴᠠ ᠡᠬᠢᠯᠡᠨ 7 ᠡᠳᠦᠷ ᠤᠨ ᠳᠣᠲᠣᠷ᠎ᠠ ᠲᠤᠰᠢᠶᠠᠬᠤ ᠮᠡᠳᠡᠭᠳᠡᠯ ᠤᠨ ᠬᠠᠭᠤᠳᠠᠰᠤ ᠶᠠᠪᠤᠭᠤᠯᠤᠭᠰᠠᠨ ᠤᠰᠤᠨ | ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠤᠶᠢᠰᠢᠯᠠᠭᠤᠯᠤᠨ ᠲᠤᠰᠢᠶᠠᠯᠭᠠᠬᠤ ᠪᠠᠷ | ᠭᠤᠶᠤᠴᠢᠯᠠᠵᠤ ᠪᠣᠯᠤᠨ᠎ᠠ︔ ᠲᠤᠰᠢᠶᠠᠬᠤ ᠮᠡᠳᠡᠭᠳᠡᠯ ᠤᠨ ᠬᠠᠭᠤᠳᠠᠰᠤ ᠶᠠᠪᠤᠭᠤᠯᠤᠭᠰᠠᠨ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠶᠢᠰᠢᠯᠠᠭᠤᠯᠤᠨ ᠲᠤᠰᠢᠶᠠᠯᠭᠠᠬᠤ | ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠪᠢᠴᠢᠭ ᠤᠨ ᠲᠣᠭᠲᠠᠭᠠᠯ | ᠭᠠᠷᠭᠠᠬᠤ ᠶᠢᠨ ᠬᠠᠮᠲᠤ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ︔ ᠬᠤᠭᠤᠴᠠᠭ᠎ᠠ ᠨᠢ ᠲᠠᠭᠤᠰᠤᠭᠰᠠᠨ ᠪᠠᠶᠢᠲᠠᠯ᠎ᠠ | ᠲᠣᠭᠲᠠᠭᠠᠯ ᠭᠠᠷᠭᠠᠭᠰᠠᠨ ᠤᠢᠭᠡᠢ ᠪᠠᠶᠢᠪᠠᠯ ᠵᠥᠪᠰᠢᠶᠡᠷᠡᠭᠰᠡᠨ ᠢᠶᠠᠷ ᠪᠤᠳᠦᠨ᠎ᠡ᠃ ᠤᠰᠤᠨ ᠤ ᠡᠬᠢ ᠪᠠᠶᠠᠯᠢᠭ ᠤᠨ | ᠰᠦᠢᠳᠭᠡᠯ ᠢ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠬᠠᠮᠤᠭ ᠤᠨ ᠣᠷᠳᠣ ᠳᠠᠭᠠᠨ 90 ᠡᠳᠦᠷ ᠠᠴᠠ | ᠬᠡᠲᠦᠷᠡᠭᠦᠯᠵᠦ ᠪᠣᠯᠬᠤ ᠥᠬᠡᠶ᠃ | | ᠭᠤᠴᠢᠨ ᠲᠠᠪᠤᠳᠤᠭᠠᠷ ᠵᠦᠢᠯ ᠲᠠᠲᠠᠪᠤᠷᠢᠯᠠᠭᠰᠠᠨ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠦᠷᠦ ᠶᠢᠨ | ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠲᠥᠪ ᠤᠨ ᠪᠠ | ᠣᠷᠣᠨ ᠨᠤᠲᠤᠭ ᠤᠨ ᠤᠯᠤᠰ ᠤᠨ ᠬᠥᠮᠥᠷᠭᠡ ᠳᠤ ᠲᠤᠰ ᠲᠤᠰ ᠲᠤᠰᠢᠶᠠᠬᠤ ᠬᠡᠷᠡᠭᠲᠡᠢ᠃ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠰᠠᠭᠤᠷᠢ ᠮᠥᠩᠭᠦ ᠶᠢ ᠴᠤᠭᠯᠠᠭᠤᠯᠬᠤ ᠠᠴᠠ ᠪᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ | ᠤᠰᠤᠨ ᠤ ᠡᠬᠢ ᠪᠠᠶᠠᠯᠢᠭ ᠤᠨ ᠰᠦᠢᠳᠬᠡᠯ ᠢ ᠭᠠᠷᠭᠠᠨ ᠠᠪᠬᠤ᠂ ᠳᠡᠭᠡᠭᠰᠢ ᠲᠤᠰᠢᠶᠠᠬᠤ ᠲᠤᠬᠠᠶ ᠠᠰᠲᠠᠭᠠᠨ | ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | | ᠭᠤᠴᠢᠨ ᠵᠢᠷᠭᠤᠳᠤᠭᠠᠷ ᠵᠦᠢᠯ ᠲᠠᠲᠠᠪᠤᠷᠢᠯᠠᠭᠰᠠᠨ ᠤᠰᠤᠨ ᠤ ᠡᠬᠢ ᠪᠠᠶᠠᠯᠢᠭ ᠤᠨ ᠰᠦᠢᠳᠬᠡᠯ ᠢ ᠪᠦᠬᠦ | ᠲᠤᠭ᠎ᠠ ᠪᠠᠷ ᠨᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠵᠥᠪᠰᠢᠶᠡᠷᠡᠭᠰᠡᠨ ᠰᠠᠯᠠᠭ᠎ᠠ ᠮᠥᠴᠢᠷ ᠤᠨ ᠡᠳ᠋ ᠤᠨ ᠵᠠᠰᠠᠭ ᠤᠨ ᠲᠥᠰᠦᠪ ᠤᠨ ᠶᠣᠰᠣᠭᠠᠷ ᠨᠢᠭᠡᠳᠦᠯᠲᠡᠶ ᠲᠥᠯᠥᠪᠯᠡᠨ | ᠲᠣᠬᠢᠷᠠᠭᠤᠯᠵᠤ᠂ ᠭᠤᠣᠯᠳᠠᠭᠤ ᠤᠰᠤᠨ ᠤ ᠡᠬᠢ ᠪᠠᠶᠠᠯᠢᠭ ᠢ ᠠᠷᠪᠢᠯᠠᠬᠤ᠂ ᠬᠠᠮᠠᠭᠠᠯᠠᠬᠤ ᠪᠠ ᠬᠠᠮᠢᠶᠠᠷᠬᠤ ᠳᠤ | ᠬᠡᠷᠡᠭᠯᠡᠬᠦ ᠬᠡᠷᠡᠭᠲᠡᠶ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠳᠤ ᠬᠡᠷᠡᠭᠯᠡᠭᠰᠡᠨ ᠴᠦ | ᠪᠣᠯᠤᠨ᠎ᠠ᠃ | | ᠭᠤᠴᠢᠨ ᠳᠣᠯᠣᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠤᠰᠤᠨ ᠤ ᠡᠬᠢ ᠪᠠᠶᠠᠯᠢᠭ ᠤᠨ | ᠰᠦᠢᠳᠬᠡᠯ ᠢ ᠦᠯᠡᠳᠡᠭᠡᠨ ᠠᠪᠬᠤ᠂ ᠡᠵᠡᠯᠡᠨ ᠠᠪᠬᠤ ᠪᠤᠶᠤ ᠨᠡᠭᠦᠯᠭᠡᠨ ᠬᠡᠷᠡᠭᠯᠡᠵᠦ ᠪᠣᠯᠬᠤ ᠦᠭᠡᠢ᠃ | | ᠬᠢᠨᠠᠨ ᠪᠤᠳᠤᠬᠤ ᠪᠠᠶᠢᠭᠤᠯᠭ᠎ᠠ ᠨᠢ ᠤᠰᠤᠨ ᠤ ᠡᠬᠢ ᠪᠠᠶᠠᠯᠢᠭ ᠤᠨ ᠵᠠᠷᠤᠳᠠᠯ ᠤᠨ ᠬᠡᠷᠡᠭᠯᠡᠯᠲᠡ ᠪᠠ | ᠬᠠᠮᠢᠶᠠᠷᠤᠯᠲᠠ ᠶᠢ ᠬᠢᠨᠠᠨ ᠪᠤᠳᠤᠵᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ | | ᠲᠠᠪᠤᠳᠤᠭᠠᠷ ᠪᠦᠯᠦᠭ ᠬᠢᠨᠠᠵᠤ ᠬᠠᠮᠢᠶᠠᠷᠬᠤ | | ᠭᠤᠴᠢᠨ ᠨᠠᠢᠮᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠲᠤᠰ ᠲᠦᠷᠢᠮ ᠤᠨ ᠲᠣᠭᠲᠠᠭᠠᠯ ᠶᠣᠰᠣᠭᠠᠷ᠂ ᠤᠰᠤ ᠲᠠᠲᠠᠬᠤ ᠵᠥᠪᠰᠢᠶᠡᠷᠡᠯ ᠤᠨ | ᠲᠦᠷᠢᠮ ᠤᠨ ᠬᠡᠷᠡᠭᠵᠢᠭᠦᠯᠦᠯᠲᠡ ᠳᠤ ᠲᠠᠯᠪᠢᠬᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ | | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠦᠨ᠎ᠡ | ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠰᠤᠨ ᠤ ᠡᠬᠢ ᠪᠠᠶᠠᠯᠢᠭ ᠤᠨ ᠰᠦᠢᠳᠬᠡᠯ ᠢ | ᠲᠠᠲᠠᠪᠤᠷᠢᠯᠠᠭᠰᠠᠨ᠂ ᠬᠡᠷᠡᠭᠯᠡᠭᠰᠡᠨ ᠪᠠᠶᠢᠳᠠᠯ ᠳᠤ ᠲᠠᠯᠪᠢᠬᠤ ᠬᠢᠨᠠᠯᠲᠠ ᠪᠠᠨ ᠴᠢᠩᠭᠠᠳᠬᠠᠬᠤ ᠬᠡᠷᠡᠭᠲᠡᠢ᠃ | | ᠭᠤᠴᠢ ᠶᠢᠰᠦᠳᠦᠭᠡᠷ ᠵᠦᠢᠯ ᠤᠨ ᠤ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠠ ᠣᠨ ᠤ ᠤᠰᠤ | ᠲᠠᠲᠠᠬᠤ ᠲᠥᠯᠥᠪᠯᠡᠭᠡ ᠪᠣᠯ ᠣᠨ ᠤ ᠤᠰᠤ ᠲᠠᠲᠠᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢᠨ ᠦᠨᠳᠦᠰᠦᠯᠡᠯ ᠮᠥᠨ | ᠂ ᠵᠥᠪᠰᠢᠶᠡᠷᠡᠭᠰᠡᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠤᠶᠤ ᠲᠣᠭᠲᠠᠭᠠᠭᠰᠠᠨ ᠬᠡᠯᠡᠯᠴᠡᠭᠡᠷ ᠢ | ᠦᠨᠳᠦᠰᠦᠯᠡᠨ᠂ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ ᠤᠰᠤ ᠬᠡᠷᠡᠭᠯᠡᠭᠰᠡᠨ ᠪᠠᠶᠢᠳᠠᠯ᠂ ᠠᠵᠢᠯ ᠲᠦᠷᠦᠯ ᠤᠨ | ᠤᠰᠤ ᠬᠡᠷᠡᠭᠯᠡᠬᠦ ᠲᠣᠭᠲᠠᠭᠰᠠᠨ ᠨᠤᠷᠮ᠎ᠠ᠂ ᠲᠠᠷᠠᠭ᠎ᠠ ᠵᠢᠯ ᠤᠨ ᠤᠰᠤ ᠢᠷᠡᠬᠦ ᠬᠡᠮᠵᠢᠶ᠎ᠡ ᠶᠢᠨ ᠤᠷᠢᠳᠴᠢᠯᠠᠭᠰᠠᠨ | ᠵᠢᠱᠢᠯᠳᠡ ᠵᠡᠷᠭᠡ ᠶᠢ ᠲᠣᠭᠲᠠᠭᠠᠬᠤ ᠬᠡᠷᠡᠭᠲᠡᠶ᠃ | | ᠤᠯᠤᠰ ᠠᠴᠠ ᠲᠣᠭᠲᠠᠭᠠᠭᠰᠠᠨ ᠴᠢᠬᠤᠯᠠ ᠭᠤᠣᠯ ᠮᠥᠷᠡᠨ᠂ ᠨᠠᠭᠤᠷ ᠴᠦᠬᠦᠷᠦᠮ ᠤᠨ ᠰᠠᠪᠠ ᠭᠠᠵᠠᠷ ᠤᠨ | ᠣᠨ ᠤ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠠ ᠣᠨ ᠤ ᠤᠰᠤ ᠲᠠᠲᠠᠬᠤ ᠲᠥᠯᠥᠪᠯᠡᠭᠡ ᠶᠢ ᠰᠠᠪᠠ | ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠬᠤᠯᠪᠣᠭᠳᠠᠯ ᠪᠦᠬᠦᠢ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠨ᠎ᠠ᠃ | | ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠣᠷᠣᠨ ᠨᠤᠲᠤᠭ ᠤᠨ ᠵᠠᠰᠠᠭ ᠵᠠᠬᠢᠷᠭᠠᠨ ᠤ ᠣᠷᠣᠨ ᠤ ᠣᠨ ᠤ | ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠠ ᠣᠨ ᠤ ᠤᠰᠤ ᠲᠠᠲᠠᠬᠤ ᠲᠥᠯᠥᠪᠯᠡᠭᠡ ᠶᠢ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠳᠡᠭᠡᠷ᠎ᠡ ᠨᠢᠭᠡ ᠱᠠᠲᠤᠨ ᠤ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠭᠤᠯᠭᠠᠭᠰᠠᠨ | ᠣᠨ ᠤ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠠ ᠤᠨ ᠤ ᠤᠰᠤ ᠲᠠᠳᠠᠬᠤ ᠲᠦᠯᠦᠪᠯᠡᠭᠡ ᠶᠢ | ᠦᠨᠳᠦᠰᠦᠯᠡᠨ ᠲᠤᠭᠳᠠᠭᠠᠨ᠎ᠠ᠃ | ᠳᠥᠴᠢᠳᠦᠭᠡᠷ ᠵᠦᠢᠯ ᠤᠰᠤ ᠲᠠᠲᠠᠬᠤ ᠶᠢ ᠬᠢᠨᠠᠨ ᠵᠥᠪᠰᠢᠶᠡᠷᠡᠬᠦ ᠪᠠᠶᠢᠭᠤᠯᠭ᠎ᠠ ᠨᠢ ᠲᠤᠰ ᠭᠠᠵᠠᠷ ᠣᠷᠣᠨ ᠤ | ᠪᠠᠨ ᠳᠠᠷᠠᠭ᠎ᠠ ᠨᠢᠭᠡ ᠵᠢᠯ ᠤᠨ ᠤᠰᠤ ᠲᠠᠲᠠᠬᠤ ᠲᠥᠯᠥᠪᠯᠡᠭᠡ᠂ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤ | ᠳᠤᠷᠠᠳᠤᠭᠰᠠᠨ ᠳᠠᠷᠠᠭ᠎ᠠ ᠨᠢᠭᠡ ᠵᠢᠯ ᠤᠨ ᠤᠰᠤ ᠲᠠᠲᠠᠬᠤ ᠲᠥᠯᠥᠪᠯᠡᠭᠡ ᠶᠢᠨ ᠰᠠᠨᠠᠭᠤᠯᠭ᠎ᠠ ᠶᠣᠰᠣᠭᠠᠷ᠂ ᠨᠢᠭᠡᠳᠦᠯᠲᠡᠶ | ᠲᠥᠯᠥᠪᠯᠡᠨ ᠵᠣᠬᠢᠴᠠᠭᠤᠯᠬᠤ᠂ ᠶᠡᠷᠦᠩᠬᠡᠶᠢᠯᠡᠨ ᠲᠡᠩᠴᠡᠭᠦᠯᠬᠦ᠂ ᠵᠠᠶ ᠦᠯᠡᠳᠡᠭᠡᠬᠦ ᠵᠠᠷᠴᠢᠮ ᠤᠨ ᠶᠣᠰᠣᠭᠠᠷ᠂ ᠤᠰᠤ | ᠲᠠᠲᠠᠬᠤ ᠨᠢᠭᠡᠴᠢ ᠪᠤᠶᠤ ᠬᠤᠪᠢ ᠬᠥᠮᠦᠨ ᠳᠤ ᠳᠠᠷᠠᠭ᠎ᠠ ᠨᠢᠭᠡ ᠵᠢᠯ ᠤᠨ ᠤᠰᠤ ᠲᠠᠲᠠᠬᠤ ᠲᠥᠯᠥᠪᠯᠡᠭᠡ ᠶᠢ | ᠪᠠᠭᠤᠯᠭᠠᠬᠤ ᠬᠡᠷᠡᠭᠲᠡᠶ᠃ | | ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤᠨᠴᠠᠭᠠᠢ ᠰᠢᠯᠲᠠᠭᠠᠨ ᠠᠴᠠ ᠪᠣᠯᠣᠭᠠᠳ ᠣᠨ ᠤ ᠤᠰᠤ | ᠲᠠᠲᠠᠬᠤ ᠲᠥᠯᠥᠪᠯᠡᠭᠡ ᠪᠠᠨ ᠲᠣᠬᠢᠷᠠᠭᠤᠯᠬᠤ ᠴᠢᠬᠤᠯᠠ ᠲᠠᠢ ᠪᠣᠯ ᠤᠤᠯ ᠤᠨ ᠬᠢᠨᠠᠨ ᠵᠥᠪᠰᠢᠶᠡᠷᠡᠭᠰᠡᠨ | ᠪᠠᠶᠢᠭᠤᠯᠭ᠎ᠠ ᠪᠠᠷ ᠵᠥᠪᠰᠢᠶᠡᠷᠡᠭᠦᠯᠬᠦ ᠬᠡᠷᠡᠭᠲᠡᠶ᠃ | | ᠳᠥᠴᠢᠨ ᠨᠢᠭᠡᠳᠦᠭᠡᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠢᠨᠠᠨ ᠵᠥᠪᠰᠢᠶᠡᠷᠡᠬᠦ | ᠪᠠᠶᠢᠭᠤᠯᠭ᠎ᠠ ᠠᠴᠠ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤ ᠣᠨ ᠤ ᠤᠰᠤ ᠲᠠᠲᠠᠬᠤ ᠬᠡᠮᠵᠢᠶ᠎ᠡ ᠶᠢ | ᠬᠢᠵᠠᠭᠠᠷᠯᠠᠵᠤ ᠪᠣᠯᠤᠨ᠎ᠠ᠄ | | ︵ᠨᠢᠭᠡ︶ ᠪᠠᠶᠢᠭᠠᠯᠢ ᠶᠢᠨ ᠰᠢᠯᠲᠠᠭᠠᠨ ᠠᠴᠠ ᠪᠣᠯᠵᠣ᠂ ᠤᠰᠤᠨ ᠤ ᠡᠬᠢ ᠪᠠᠶᠠᠯᠢᠭ ᠨᠢ ᠲᠣᠰ ᠭᠠᠵᠠᠷ ᠣᠷᠣᠨ ᠤ | ᠬᠡᠪ ᠤᠨ ᠤᠰᠤᠨ ᠤ ᠬᠠᠩᠭᠠᠯᠲᠠ ᠶᠢ ᠬᠠᠩᠭᠠᠵᠤ ᠳᠡᠶᠢᠯᠬᠦ ᠥᠬᠡᠶ ᠪᠣᠯᠤᠭᠰᠠᠨ︔ | | ︵ᠬᠤᠶᠠᠷ︶ ᠤᠰᠤ ᠲᠠᠲᠠᠬᠤ᠂ ᠤᠰᠤ ᠪᠤᠴᠠᠭᠠᠬᠤ ᠨᠢ ᠤᠰᠤᠨ ᠤ ᠴᠢᠳᠠᠮᠵᠢᠳᠣ ᠣᠷᠣᠨ ᠤ ᠤᠰᠤᠨ ᠣᠷᠣᠨ ᠤ | ᠬᠡᠷᠡᠭᠯᠡᠯᠲᠡ ᠶᠢᠨ ᠴᠢᠳᠠᠮᠵᠢ᠂ ᠠᠮᠢ ᠠᠬᠤᠶ ᠬᠢᠭᠡᠳ ᠣᠷᠴᠢᠨ ᠲᠣᠭᠤᠷᠢᠨ ᠳᠤ ᠬᠦᠨᠳᠦ ᠨᠣᠴᠢᠲᠠᠶ ᠨᠥᠯᠥᠭᠡ | ᠦᠵᠡᠭᠦᠯᠦᠭᠰᠡᠨ︔ | | ︵ᠭᠤᠷᠪᠠ︶ ᠭᠠᠵᠠᠷ ᠳᠣᠣᠷᠠᠬᠢ ᠤᠰᠤ ᠶᠢ ᠬᠦᠨᠳᠦ ᠨᠣᠴᠢᠲᠠᠶ ᠬᠡᠲᠦᠷᠡᠲᠡᠯ᠎ᠡ ᠮᠠᠯᠲᠠᠭᠰᠠᠨ ᠪᠤᠶᠤ ᠭᠠᠵᠠᠷ | ᠳᠣᠣᠷᠠᠬᠢ ᠤᠰᠤ ᠶᠢ ᠨᠡᠭᠡᠭᠡᠨ ᠮᠠᠯᠲᠠᠭᠰᠠᠨ ᠠᠴᠠ ᠪᠤᠯᠵᠤ ᠭᠠᠵᠠᠷ ᠤᠨ ᠭᠠᠳᠠᠷᠭᠤ ᠳᠣᠷᠣᠭᠰᠢ ᠰᠠᠭᠤᠭᠰᠠᠨ ᠵᠡᠷᠭᠡ | ᠭᠸᠤᠯᠤᠬᠢ ᠶᠢᠨ ᠭᠠᠮᠰᠢᠭ ᠭᠠᠷᠤᠭᠰᠠᠨ︔ | | ︵ᠲᠦᠷᠪᠡ︶ ᠤᠰᠦᠠ ᠤ ᠬᠡᠮᠵᠢᠶ᠎ᠡ ᠶᠢ ᠬᠢᠵᠠᠭᠠᠷᠯᠠᠬᠤ ᠴᠢᠬᠤᠯᠠ ᠲᠠᠢ ᠪᠤᠰᠤᠳ ᠣᠨᠴᠠᠭᠠᠶ ᠪᠠᠶᠢᠳᠠᠯ ᠭᠠᠷᠤᠭᠰᠠᠨ | ᠃ | | ᠬᠦᠨᠳᠦ ᠶᠡᠭᠡ ᠭᠠᠩ ᠤᠨ ᠪᠠᠶᠢᠳᠠᠯ ᠭᠠᠷᠤᠭᠰᠠᠨ ᠦᠶ᠎ᠡ ᠳᠤ᠂ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠤᠰᠤ | ᠲᠠᠲᠠᠬᠤ ᠨᠢᠭᠡᠴᠢ ᠪᠤᠶᠤ ᠬᠤᠪᠢ ᠬᠥᠮᠦᠨ ᠤ ᠤᠰᠤ ᠠᠪᠬᠤ ᠬᠡᠮᠵᠢᠶ᠎ᠡ ᠶᠢ ᠪᠠᠴᠢᠮ ᠬᠢᠵᠠᠭᠠᠷᠯᠠᠵᠤ ᠪᠣᠯᠤᠨ᠎ᠠ᠃ | | ᠳᠥᠴᠢᠨ ᠬᠤᠶᠠᠳᠤᠭᠠᠷ ᠵᠦᠢᠯ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠵᠢᠯ ᠪᠦᠷᠢ ᠶᠢᠨ 12 | ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠲᠤᠰ ᠵᠢᠯ ᠤᠨ ᠤᠰᠤ | ᠲᠠᠲᠠᠭᠰᠠᠨ ᠪᠠᠶᠢᠳᠠᠯ ᠪᠣᠯᠤᠨ ᠲᠠᠷᠠᠭ᠎ᠠ ᠨᠢᠭᠡ ᠵᠢᠯ ᠤᠨ ᠤᠰᠤ ᠲᠠᠲᠠᠬᠤ ᠲᠥᠯᠥᠪᠯᠡᠭᠡ ᠶᠢᠨ ᠰᠠᠨᠠᠭᠤᠯᠭ᠎ᠠ ᠪᠠᠨ | ᠮᠡᠳᠡᠭᠦᠯᠦᠨ ᠬᠦᠷᠭᠡᠬᠦ ᠬᠡᠷᠡᠭᠲᠡᠶ᠃ | | ᠬᠢᠨᠠᠨ ᠵᠥᠪᠰᠢᠶᠡᠷᠡᠬᠦ ᠪᠠᠶᠢᠭᠤᠯᠭ᠎ᠠ ᠨᠢ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠭᠰᠡᠨ ᠪᠠᠶᠢᠳᠠᠯ ᠢᠶᠠᠨ | ᠠᠳᠠᠯᠢ ᠱᠠᠲᠤᠨ ᠤ ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠣᠨ ᠵᠢᠯ ᠢᠶᠠᠷ ᠬᠠᠭᠤᠯᠤᠨ ᠬᠦᠷᠭᠡᠵᠦ᠂ ᠬᠤᠲᠠ ᠶᠢᠨ ᠲᠥᠯᠥᠪᠵᠢᠭᠦᠯᠭᠡ ᠶᠢᠨ ᠲᠣᠭᠤᠷᠢᠭ ᠤᠨ ᠭᠠᠵᠠᠷ | ᠳᠣᠣᠷᠠᠬᠢ ᠤᠰᠤ ᠶᠢ ᠲᠠᠲᠠᠵᠤ ᠬᠡᠷᠡᠭᠯᠡᠭᠰᠡᠨ ᠪᠠᠶᠢᠳᠠᠯ ᠢᠶᠠᠨ ᠠᠳᠠᠯᠢ ᠱᠠᠲᠤᠨ ᠤ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠭᠤᠯᠤᠨ ᠬᠦᠷᠭᠡᠬᠦ ᠬᠡᠷᠡᠭᠲᠡᠶ᠃ | | ᠬᠢᠨᠠᠨ ᠵᠥᠪᠰᠢᠶᠡᠷᠡᠬᠦ ᠪᠠᠶᠢᠭᠤᠯᠭ᠎ᠠ ᠲᠤᠰ ᠲᠥᠷᠢᠮ ᠤᠨ ᠳᠥᠴᠢᠨ ᠨᠢᠭᠡᠳᠦᠭᠡᠷ ᠵᠦᠢᠯ ᠤᠨ ᠨᠢᠭᠡᠳᠦᠭᠡᠷ ᠵᠤᠷᠪᠤᠰ | ᠤᠨ ᠲᠣᠭᠲᠠᠭᠠᠯ ᠶᠣᠰᠣᠭᠠᠷ᠂ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤ ᠣᠨ ᠤ ᠤᠰᠤ ᠲᠠᠲᠠᠬᠤ | ᠬᠡᠮᠵᠢᠶ᠎ᠡ ᠶᠢ ᠬᠢᠵᠠᠭᠠᠷᠯᠠᠬᠤ ᠴᠢᠬᠤᠯᠠ ᠲᠠᠢ ᠪᠣᠯ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠠᠴᠠ ᠪᠠᠨ ᠡᠮᠦᠨ᠎ᠡ ᠤᠰᠤ | ᠲᠠᠲᠠᠬᠤ ᠨᠢᠭᠡᠴᠢ ᠪᠤᠶᠤ ᠬᠤᠪᠢ ᠬᠥᠮᠦᠨ ᠳᠤ ᠴᠠᠭ ᠲᠤᠬᠠᠶ ᠳᠤᠨᠢ ᠪᠢᠴᠢᠭ ᠢᠶᠠᠷ ᠮᠡᠳᠡᠭᠳᠡᠬᠦ ᠬᠡᠷᠡᠭᠲᠡᠶ᠃ | | ᠳᠥᠴᠢᠨ ᠭᠤᠷᠪᠠᠳᠤᠭᠠᠷ ᠵᠦᠢᠯ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤᠯᠤᠰ ᠤᠨ ᠮᠡᠷᠭᠡᠵᠢᠯ ᠤᠨ | ᠪᠠᠷᠢᠮᠵᠢᠶ᠎ᠠ ᠶᠣᠰᠣᠭᠠᠷ ᠬᠡᠮᠵᠢᠯᠲᠡ ᠶᠢᠨ ᠲᠥᠬᠦᠭᠡᠷᠦᠮᠵᠢ ᠤᠭᠰᠠᠷᠠᠵᠤ᠂ ᠬᠡᠮᠵᠢᠯᠲᠡ ᠶᠢᠨ ᠲᠥᠬᠦᠭᠡᠷᠦᠮᠵᠢ ᠶᠢᠨ ᠬᠡᠪ ᠤᠨ | ᠠᠵᠢᠯᠯᠠᠭ᠎ᠠ ᠶᠢ ᠪᠠᠲᠤᠯᠠᠬᠤ ᠶᠢᠨ ᠬᠠᠮᠲᠤ ᠲᠣᠭᠲᠠᠭᠠᠯ ᠶᠣᠰᠣᠭᠠᠷ ᠤᠰᠤ ᠲᠠᠲᠠᠭᠰᠠᠨ ᠲᠤᠭ᠎ᠠ ᠪᠦᠷᠢᠳᠬᠡᠯ ᠤᠨ | ᠮᠡᠳᠡᠭᠦᠯᠦᠯᠲᠡ ᠶᠢᠨ ᠬᠦᠰᠦᠨᠦᠭᠲᠦ ᠶᠢ ᠲᠠᠭᠯᠠᠨ ᠮᠡᠳᠡᠭᠦᠯᠬᠦ ᠬᠡᠷᠡᠭᠲᠡᠶ᠃ | | ᠳᠥᠴᠢᠨ ᠳᠥᠷᠪᠡᠳᠦᠭᠡᠷ ᠵᠦᠢᠯ ᠤᠰᠤ ᠲᠠᠲᠠᠬᠤ ᠪᠠᠨ ᠵᠠᠯᠭᠠᠭ᠎ᠠ ᠪᠠᠷ ᠵᠣᠭᠰᠣᠭᠠᠭᠠᠳ ᠪᠦᠬᠦᠯᠢ 2 ᠵᠢᠯ | ᠪᠣᠯᠤᠭᠰᠠᠨ ᠪᠣᠯ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠠᠴᠠ ᠤᠰᠤ ᠲᠠᠲᠠᠬᠤ ᠵᠥᠪᠰᠢᠶᠡᠷᠡᠯ ᠤᠨ | ᠦᠨᠡᠮᠯᠡᠯ ᠢ ᠨᠢ ᠬᠦᠴᠦᠨ ᠥᠭᠡᠢ ᠪᠣᠯᠭᠠᠨ᠎ᠠ᠃ ᠡᠰᠡᠷᠭᠦᠴᠡᠰᠢ ᠦᠭᠡᠢ ᠬᠦᠴᠦᠨ ᠪᠤᠶᠤ ᠴᠢᠬᠤᠯᠠ ᠶᠡᠭᠡ ᠮᠡᠷᠭᠡᠵᠢᠯ ᠤᠨ | ᠥᠭᠡᠷᠡᠴᠢᠯᠡᠯᠲᠡ ᠬᠢᠭᠰᠡᠨ ᠵᠡᠷᠭᠡ ᠰᠢᠯᠲᠠᠭᠠᠨ ᠠᠴᠠ ᠪᠤᠯᠵᠤ ᠤᠰᠤ ᠲᠠᠲᠠᠬᠤ ᠪᠠᠨ ᠵᠣᠭᠰᠣᠭᠠᠭᠠᠳ ᠪᠦᠬᠦᠯᠢ 2 ᠵᠢᠯ | ᠪᠣᠯᠤᠭᠰᠠᠨ ᠪᠠᠶᠢᠪᠠᠯ᠂ ᠤᠤᠯ ᠤᠨ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠦᠭᠡᠳ᠂ ᠤᠰᠤ | ᠲᠠᠲᠠᠬᠤ ᠵᠥᠪᠰᠢᠶᠡᠷᠡᠯ ᠤᠨ ᠦᠨᠡᠮᠯᠡᠯ ᠢ ᠨᠢ ᠦᠯᠡᠳᠡᠭᠡᠵᠦ ᠪᠣᠯᠤᠨ᠎ᠠ᠃ | | ᠳᠥᠴᠢᠨ ᠲᠠᠪᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠬᠢᠨᠠᠯᠲᠠ ᠲᠠᠯᠪᠢᠵᠤ ᠪᠠᠶᠢᠴᠠᠭᠠᠬᠤ ᠳᠠᠭᠠᠨ ᠳᠣᠣᠷ᠎ᠠ ᠵᠢᠭᠰᠠᠭᠠᠭᠰᠠᠨ ᠠᠷᠭ᠎ᠠ | ᠬᠡᠮᠵᠢᠶ᠎ᠡ ᠨᠦᠭᠦᠳ ᠢ ᠠᠪᠬᠤ ᠡᠷᠬᠡ ᠲᠠᠢ᠄ | | ︵ᠨᠢᠭᠡ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠦᠨ ᠢ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ | ᠭᠡᠷᠡᠴᠢ ᠦᠨᠡᠮᠯᠡᠯ᠂ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠬᠤ︔ | | ︵ᠬᠤᠶᠠᠷ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠦᠨ ᠢ ᠲᠤᠰ ᠲᠦᠷᠢᠮ ᠢ ᠬᠡᠷᠡᠭᠵᠢᠭᠦᠯᠬᠦ ᠬᠤᠯᠪᠣᠭᠳᠠᠯ | ᠪᠦᠬᠦᠢ ᠠᠰᠠᠭᠤᠳᠠᠯ ᠤᠨ ᠲᠤᠬᠠᠶ ᠲᠣᠳᠣᠷᠬᠠᠶᠢᠯᠠᠯᠲᠠ ᠬᠢᠯᠭᠡᠬᠦ ᠪᠠᠷ ᠱᠠᠭᠠᠷᠳᠠᠬᠤ︔ | | ︵ᠭᠤᠷᠪᠠ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠦᠨ ᠤ ᠦᠢᠯᠡᠳᠪᠦᠷᠢᠯᠡᠯ ᠤᠨ ᠲᠠᠯᠠᠪᠤᠷ ᠲᠤ ᠣᠴᠢᠵᠤ | ᠪᠠᠶᠢᠴᠠᠭᠠᠯᠲᠠ ᠬᠢᠬᠦ︔ | | ︵ᠲᠦᠷᠪᠡ︶ ᠪᠠᠶᠢᠴᠠᠭᠠᠭᠳᠠᠬᠤ ᠨᠢᠭᠡᠴᠢ ᠪᠤᠶᠤ ᠬᠤᠪᠢ ᠬᠥᠮᠦᠨ ᠢ ᠵᠠᠷᠯᠢᠭᠳᠠᠵᠤ ᠪᠠᠶᠢᠭᠠᠳ ᠲᠤᠰ ᠲᠦᠷᠢᠮ ᠢ | ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠠᠤᠯᠢ ᠳᠤ ᠲᠣᠭᠲᠠᠭᠠᠭᠰᠠᠨ ᠡᠭᠦᠷᠭᠡ ᠶᠢ ᠭᠦᠢᠴᠡᠳᠬᠡᠭᠦᠯᠬᠦ᠃ | | ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠨ ᠬᠢᠨᠠᠯᠲᠠ ᠲᠠᠯᠪᠢᠵᠤ ᠪᠠᠶᠢᠴᠠᠭᠠᠬᠤ ᠳᠠᠭᠠᠨ ᠬᠠᠤᠯᠢ ᠶᠣᠰᠣᠨ ᠤ | ᠬᠦᠴᠦᠨ ᠪᠥᠬᠦᠶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠶ᠃ | ᠬᠤᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠳᠤ ᠬᠠᠮᠵᠢᠯᠴᠠᠬᠤ | ᠬᠡᠷᠡᠭᠲᠡᠶ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯᠳᠡᠠ ᠤ ᠬᠠᠤᠯᠢ ᠶᠣᠰᠣᠭᠠᠷ ᠠᠯᠪᠠᠨ ᠠᠵᠢᠯ ᠢᠶᠠᠨ | ᠭᠦᠢᠴᠡᠳᠬᠡᠬᠦ ᠶᠢ ᠲᠡᠪᠴᠢᠬᠦ ᠪᠤᠶᠤ ᠬᠠᠷᠰᠢᠯᠠᠵᠤ ᠪᠣᠯᠬᠤ ᠤᠢᠭᠡᠢ᠃ | | ᠳᠥᠴᠢᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ᠂ ᠳᠡᠭᠡᠷ᠎ᠡ ᠨᠢᠭᠡ ᠱᠠᠲᠤᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭ᠎ᠠ ᠰᠠᠪᠠ ᠭᠠᠵᠠᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠲᠤᠰ ᠵᠠᠰᠠᠭ ᠵᠠᠬᠢᠷᠭᠠᠨ ᠤ ᠣᠷᠣᠨ ᠤ ᠳᠡᠭᠡᠷ᠎ᠡ ᠨᠢᠭᠡ ᠵᠢᠯ ᠤᠨ ᠤᠰᠤ | ᠲᠠᠲᠠᠬᠤ ᠵᠥᠪᠰᠢᠶᠡᠷᠡᠯ ᠤᠨ ᠦᠨᠡᠮᠯᠡᠯ ᠢ ᠣᠯᠭᠤᠭᠰᠠᠨ ᠪᠠᠶᠢᠳᠠᠯ ᠢᠶᠠᠨ ᠮᠡᠳᠡᠬᠦᠯᠦᠨ ᠬᠦᠷᠭᠡᠬᠦ ᠬᠡᠷᠡᠭᠲᠡᠢ᠃ | | ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ᠂ | ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠳᠡᠭᠡᠷ᠎ᠡ ᠨᠢᠭᠡ ᠵᠢᠯ ᠤᠨ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠣᠯᠭᠤᠭᠰᠠᠨ | ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠶᠢᠨ ᠬᠠᠮᠲᠤ ᠤᠰᠤ ᠲᠠᠲᠠᠬᠤ ᠠᠮᠠ ᠶᠢᠨ ᠪᠠᠶᠢᠭ᠎ᠠ | ᠭᠠᠵᠠᠷ ᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠬᠠᠭᠤᠯᠤᠨ ᠬᠦᠷᠭᠡᠬᠦ ᠬᠡᠷᠡᠭᠲᠡᠢ᠃ | | ᠳᠡᠭᠡᠷ᠎ᠡ ᠨᠢᠭᠡ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠷᠬᠡ ᠠᠴᠠ ᠪᠠᠨ ᠳᠠᠪᠠᠭᠤᠯᠤᠨ ᠬᠢᠨᠠᠨ | ᠵᠥᠪᠰᠢᠶᠡᠷᠡᠬᠦ᠂ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢᠶᠠᠷ ᠬᠢᠨᠠᠨ ᠵᠥᠪᠰᠢᠶᠡᠷᠡᠭᠰᠡᠨ ᠶᠡᠷᠦᠩᠬᠡᠶ ᠤᠰᠤ | ᠲᠠᠲᠠᠬᠤ ᠬᠡᠮᠵᠢᠶ᠎ᠡ ᠨᠢ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠤᠶᠤ ᠬᠡᠯᠡᠯᠴᠡᠭᠡᠷ ᠲᠤ ᠲᠣᠭᠲᠠᠭᠠᠭᠰᠠᠨ | ᠲᠤᠭ᠎ᠠ ᠬᠡᠮᠵᠢᠶ᠎ᠡ ᠠᠴᠠ ᠳᠠᠪᠠᠵᠤ᠂ ᠣᠨ ᠤ ᠪᠣᠳᠠᠲᠠᠶ ᠤᠰᠤ ᠲᠠᠲᠠᠬᠤ ᠶᠡᠷᠦᠩᠬᠡᠶ ᠬᠡᠮᠵᠢᠶ᠎ᠡ ᠨᠢ ᠪᠠᠭᠤᠯᠭᠠᠭᠰᠠᠨ ᠣᠨ ᠤ | ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠪᠠ ᠣᠨ ᠤ ᠤᠰᠤ ᠲᠠᠲᠠᠬᠤ ᠲᠥᠯᠥᠪᠯᠡᠭᠡ ᠠᠴᠠ ᠳᠠᠪᠠᠭᠰᠠᠨ ᠢ | ᠣᠯᠵᠤ ᠮᠡᠳᠡᠪᠡᠯ᠂ ᠬᠤᠯᠪᠣᠭᠳᠠᠯ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠴᠠᠭ ᠲᠤᠬᠠᠶ ᠳᠤᠨᠢ ᠱᠠᠭᠠᠷᠳᠠᠵᠤ | ᠵᠠᠯᠠᠷᠠᠭᠤᠯᠬᠤ ᠬᠡᠷᠡᠭᠲᠡᠶ᠃ | | ᠵᠢᠷᠭᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | ᠳᠥᠴᠢᠨ ᠳᠣᠯᠣᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ | ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ | ᠲᠡᠭᠦᠨ ᠤ ᠠᠵᠢᠯᠳᠠᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠲᠡᠭᠦᠨ ᠤ | ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠨ | ᠵᠠᠯᠠᠷᠠᠭᠤᠯᠤᠭᠤᠯᠤᠨ᠎ᠠ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ | ᠭᠤᠤᠯᠴᠢᠯᠠᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ | ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | | ︵ᠨᠢᠭᠡ︶ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠤᠰᠤ ᠲᠠᠲᠠᠬᠤ ᠭᠤᠶᠤᠴᠢᠯᠠᠯ ᠢ | ᠬᠦᠯᠢᠶᠡᠨ ᠠᠪᠴᠤ ᠰᠢᠢᠳᠪᠤᠷᠢᠯᠡᠬᠦ ᠦᠭᠡᠢ ᠪᠤᠶᠤ ᠬᠠᠤᠯᠢ ᠳᠤ ᠲᠣᠭᠲᠠᠭᠠᠭᠰᠠᠨ ᠬᠤᠭᠤᠴᠠᠭᠠᠨ ᠳᠤ ᠦᠯᠦ | ᠵᠥᠪᠰᠢᠶᠡᠷᠡᠭᠰᠡᠨ︔ | | ︵ᠬᠤᠶᠠᠷ︶ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠦᠭᠡᠢ ᠭᠤᠶᠤᠴᠢᠯᠠᠭᠴᠢ ᠳᠤ ᠤᠰᠤ | ᠲᠠᠲᠠᠬᠤ ᠭᠤᠶᠤᠴᠢᠯᠠᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ ᠶᠠᠪᠤᠭᠤᠯᠤᠭᠰᠠᠨ | ᠪᠤᠶᠤ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠣᠯᠭᠤᠭᠰᠠᠨ︔ | | ︵ᠭᠤᠷᠪᠠ︶ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠠᠴᠠ ᠵᠥᠷᠢᠴᠡᠨ ᠤᠰᠤ ᠲᠠᠲᠠᠬᠤ | ᠭᠤᠶᠤᠴᠢᠯᠠᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ ᠶᠠᠪᠤᠭᠤᠯᠤᠭᠰᠠᠨ ᠪᠤᠶᠤ | ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠣᠯᠭᠤᠭᠰᠠᠨ︔ | | ︵ᠲᠦᠷᠪᠡ︶ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠣᠭᠲᠠᠭᠠᠯ ᠶᠣᠰᠣᠭᠠᠷ ᠦᠯᠦ ᠲᠠᠲᠠᠪᠤᠷᠢᠯᠠᠭᠰᠠᠨ᠂ | ᠡᠰᠡᠬᠦᠯ᠎ᠡ ᠬᠤᠶᠢᠰᠢᠯᠠᠭᠤᠯᠤᠨ ᠲᠤᠰᠢᠶᠠᠬᠤ ᠨᠥᠬᠦᠴᠡᠯ ᠳᠤ ᠨᠡᠶᠢᠴᠡᠬᠦ ᠦᠭᠡᠢ ᠠᠴᠠ ᠪᠤᠯᠵᠤ ᠤᠰᠤᠨ ᠤ ᠡᠬᠢ | ᠪᠠᠶᠠᠯᠢᠭ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠶᠢ ᠵᠥᠪᠰᠢᠶᠡᠷᠡᠭᠰᠡᠨ︔ | | ︵ᠲᠠᠪᠤ︶ ᠤᠰᠤᠨ ᠤ ᠡᠬᠢ ᠪᠠᠶᠠᠯᠢᠭ ᠤᠨ ᠰᠦᠢᠳᠬᠡᠯ ᠢ ᠡᠵᠡᠯᠡᠨ ᠠᠪᠤᠭᠰᠠᠨ᠂ ᠳᠤᠮᠳᠠ ᠠᠴᠠ ᠨᠢ ᠦᠯᠡᠳᠡᠭᠡᠭᠰᠡᠨ | ᠂ ᠨᠡᠭᠦᠯᠭᠡᠨ ᠬᠡᠷᠡᠭᠯᠡᠭᠰᠡᠨ︔ | | ︵ᠵᠢᠷᠭᠤᠭ᠎ᠠ︶ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠥᠭᠡᠢ᠂ ᠬᠠᠤᠯᠢ ᠠᠴᠠ | ᠵᠥᠷᠢᠴᠡᠭᠰᠡᠨ ᠥᠢᠯᠡ ᠠᠵᠢᠯᠯᠠᠭ᠎ᠠ ᠶᠢ ᠣᠯᠵᠤ ᠮᠡᠳᠡᠭᠡᠳ ᠪᠠᠶᠢᠴᠠᠭᠠᠨ ᠰᠢᠢᠳᠪᠤᠷᠢᠯᠡᠭᠰᠡᠨ ᠥᠭᠡᠢ︔ | | ︵ᠲᠤᠯᠤᠭ᠎ᠠ︶ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠲᠤᠰᠢᠶᠠᠯ ᠬᠠᠷᠢᠭᠤᠴᠠᠯᠭ᠎ᠠ ᠪᠠᠨ | ᠣᠮᠲᠣᠭᠠᠶᠢᠯᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | | ᠡᠮᠦᠨᠡᠬᠢ ᠪᠠᠳᠠᠭ ᠤᠨ ︵ᠲᠠᠪᠤ︶ ᠳ᠋ᠤᠭᠠᠷ ᠵᠤᠷᠪᠤᠰ ᠲᠤ ᠲᠣᠭᠲᠠᠭᠠᠭᠰᠠᠨ ᠤᠰᠤᠨ ᠤ ᠡᠬᠢ ᠪᠠᠶᠠᠯᠢᠭ ᠢ | ᠡᠵᠡᠯᠡᠭᠰᠡᠨ᠂ ᠳᠤᠮᠳᠠ ᠠᠴᠠ ᠨᠢ ᠦᠯᠡᠳᠡᠭᠡᠭᠰᠡᠨ᠂ ᠨᠡᠭᠦᠯᠭᠡᠨ ᠬᠡᠷᠡᠭᠯᠡᠭᠰᠡᠨ ᠵᠠᠷᠤᠳᠠᠯ ᠢ ᠬᠠᠤᠯᠢ ᠶᠣᠰᠣᠭᠠᠷ ᠨᠡᠬᠡᠮᠵᠢᠯᠡᠨ | ᠲᠤᠰᠢᠶᠠᠯᠭᠠᠬᠤ ᠬᠡᠷᠡᠭᠲᠡᠶ᠃ | | ᠳᠥᠴᠢᠨ ᠨᠠᠢᠮᠠᠳᠤᠭᠠᠷ ᠵᠦᠢᠯ ᠵᠦᠪᠰᠢᠶᠡᠷᠡᠬᠦᠯᠦᠭᠰᠡᠨ ᠦᠭᠡᠢ ᠪᠠᠷ ᠳᠤᠷ᠎ᠠ ᠪᠠᠷ ᠢᠶᠠᠨ ᠤᠰᠤ ᠲᠠᠲᠠᠭᠰᠠᠨ ᠪᠤᠶᠤ | ᠵᠥᠪᠰᠢᠶᠡᠷᠡᠭᠦᠯᠦᠭᠰᠡᠨ ᠤᠰᠤ ᠲᠠᠲᠠᠬᠤ ᠵᠥᠪᠰᠢᠶᠡᠷᠡᠯ ᠤᠨ ᠲᠣᠭᠲᠠᠭᠠᠯ ᠤᠨ ᠨᠥᠬᠦᠴᠡᠯ ᠶᠣᠰᠣᠭᠠᠷ ᠤᠰᠤ ᠲᠠᠲᠠᠭᠰᠠᠨ | ᠦᠭᠡᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠶᠢᠨ ᠵᠢᠷᠠ | ᠶᠢᠰᠦᠳᠦᠭᠡᠷ ᠵᠦᠢᠯ ᠤᠨ ᠲᠣᠭᠲᠠᠭᠠᠯ ᠶᠣᠰᠣᠭᠠᠷ ᠰᠢᠢᠳᠭᠡᠨ᠎ᠡ︔ ᠪᠤᠰᠤᠳ ᠲᠤ ᠬᠠᠷᠰᠢ ᠰᠠᠭᠠᠳ ᠪᠤᠶᠤ ᠬᠤᠬᠢᠷᠠᠯ | ᠤᠴᠠᠷᠠᠭᠤᠯᠤᠭᠰᠠᠨ ᠪᠠᠶᠢᠪᠠᠯ ᠬᠠᠷᠰᠢ ᠰᠠᠭᠠᠳ ᠢ ᠠᠷᠢᠯᠭᠠᠵᠤ᠂ ᠬᠤᠬᠢᠷᠠᠯ ᠢ ᠲᠦᠯᠦᠬᠦ ᠬᠡᠷᠡᠭᠲᠡᠶ᠃ | | ᠳᠥᠴᠢ ᠶᠢᠰᠦᠳᠦᠭᠡᠷ ᠵᠦᠢᠯ ᠤᠰᠤ ᠲᠠᠲᠠᠬᠤ ᠭᠤᠶᠤᠴᠢᠯᠠᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ | ᠣᠯᠤᠭᠰᠠᠨ ᠦᠭᠡᠢ ᠪᠠᠷ ᠳᠤᠷ᠎ᠠ ᠪᠠᠷ ᠢᠶᠠᠨ ᠤᠰᠤ ᠲᠠᠲᠠᠬᠤ ᠪᠠᠷᠢᠯᠭ᠎ᠠ ᠪᠤᠶᠤ ᠲᠥᠬᠦᠭᠡᠷᠦᠮᠵᠢ ᠶᠢ ᠪᠠᠶᠢᠭᠤᠯᠤᠭᠰᠠᠨ | ᠪᠠᠶᠢᠪᠠᠯ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ | ᠬᠤᠯᠪᠣᠭᠳᠠᠯ ᠪᠦᠬᠦᠢ ᠭᠠᠷ ᠭᠦᠢᠴᠡᠳᠬᠡᠯ ᠢ ᠨᠥᠬᠦᠵᠦ ᠬᠢᠯᠭᠡᠨ᠎ᠡ︔ ᠬᠤᠭᠤᠴᠠᠭ᠎ᠠ ᠬᠡᠲᠦᠷᠡᠲᠡᠯ᠎ᠡ ᠨᠥᠬᠦᠵᠦ | ᠭᠦᠢᠴᠡᠳᠬᠡᠭᠰᠡᠨ ᠤᠢᠭᠡᠢ ᠪᠤᠶᠤ ᠨᠥᠬᠦᠵᠦ ᠭᠦᠢᠴᠡᠳᠬᠡᠭᠡᠳ ᠵᠥᠪᠰᠢᠶᠡᠷᠡᠭᠳᠡᠭᠰᠡᠨ ᠤᠢᠭᠡᠢ ᠪᠠᠶᠢᠪᠠᠯ᠂ ᠵᠠᠷᠯᠢᠭᠳᠠᠵᠤ | ᠪᠠᠶᠢᠭᠠᠳ ᠬᠤᠭᠤᠴᠠᠭ᠎ᠠ ᠲᠣᠭᠲᠠᠭᠠᠨ ᠨᠤᠷᠠᠭᠠᠯᠭᠠᠬᠤ ᠪᠤᠶᠤ ᠲᠡᠭᠦᠨ ᠤ ᠤᠰᠤ ᠲᠠᠲᠠᠬᠤ ᠪᠠᠷᠢᠯᠭ᠎ᠠ ᠪᠤᠶᠤ | ᠲᠥᠬᠦᠭᠡᠷᠦᠮᠵᠢ ᠶᠢ ᠨᠢ ᠪᠢᠲᠡᠭᠦᠮᠵᠢᠯᠡᠭᠦᠯᠦᠨ᠎ᠡ︔ ᠬᠤᠭᠤᠴᠠᠭ᠎ᠠ ᠬᠡᠲᠦᠷᠡᠲᠡᠯ᠎ᠡ ᠲᠡᠭᠦᠨ ᠤ ᠤᠰᠤ ᠲᠠᠲᠠᠬᠤ ᠪᠠᠷᠢᠯᠭ᠎ᠠ | ᠪᠤᠶᠤ ᠲᠥᠬᠦᠭᠡᠷᠦᠮᠵᠢ ᠶᠢ ᠨᠤᠷᠠᠭᠠᠬᠤ ᠦᠭᠡᠢ ᠪᠤᠶᠤ ᠪᠢᠲᠡᠭᠦᠮᠵᠢᠯᠡᠬᠦ ᠦᠭᠡᠢ ᠪᠠᠶᠢᠪᠠᠯ᠂ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ | ᠵᠣᠬᠢᠶᠠᠨ ᠪᠠᠶᠢᠭᠤᠯᠵᠤ ᠪᠠᠶᠢᠭᠠᠳ ᠨᠤᠷᠠᠭᠠᠬᠤ ᠪᠤᠶᠤ ᠪᠢᠲᠡᠭᠦᠮᠵᠢᠯᠡᠨ᠎ᠡ᠂ ᠬᠡᠷᠡᠭᠰᠡᠬᠦ ᠵᠠᠷᠤᠳᠠᠯ ᠢ ᠬᠠᠤᠯᠢ ᠶᠢ | ᠵᠥᠷᠢᠴᠡᠭᠰᠡᠨ ᠠᠵᠢᠯᠯᠠᠭᠠᠲᠤ ᠬᠥᠮᠦᠨ ᠡᠭᠦᠷᠭᠡᠯᠡᠨ᠎ᠡ᠂ 5 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ | ᠲᠣᠷᠭᠠᠬᠤ ᠪᠠᠷ ᠰᠢᠢᠳᠭᠡᠵᠦ ᠪᠣᠯᠤᠨ᠎ᠠ᠃ | | ᠲᠠᠪᠢᠳᠤᠭᠠᠷ ᠵᠦᠢᠯ ᠭᠤᠶᠤᠴᠢᠯᠠᠭᠴᠢ ᠬᠤᠯᠪᠣᠭᠳᠠᠯ ᠪᠦᠬᠦᠢ ᠪᠠᠶᠢᠳᠠᠯ ᠢ ᠨᠢᠭᠤᠨ ᠳᠠᠯᠳᠠᠯᠠᠭᠰᠠᠨ ᠪᠤᠶᠤ ᠬᠤᠳᠠᠯ | ᠬᠠᠭᠤᠷᠮᠠᠭ ᠮᠠᠲ᠋ᠧᠷᠢᠶᠠᠯ ᠬᠠᠩᠭᠠᠵᠤ ᠤᠰᠤ ᠲᠠᠲᠠᠬᠤ ᠶᠢ ᠵᠥᠪᠰᠢᠶᠡᠷᠡᠭᠦᠯᠬᠦ ᠪᠢᠴᠢᠭ ᠮᠠᠲ᠋ᠧᠷᠢᠶᠠᠯ ᠪᠤᠶᠤ ᠤᠰᠤ ᠲᠠᠲᠠᠬᠤ | ᠵᠥᠪᠰᠢᠶᠡᠷᠡᠯ ᠤᠨ ᠦᠨᠡᠮᠯᠡᠯ ᠢ ᠮᠡᠬᠡᠯᠡᠨ ᠠᠪᠤᠭᠰᠠᠨ ᠪᠠᠶᠢᠪᠠᠯ᠂ ᠤᠰᠤ ᠲᠠᠲᠠᠬᠤ ᠶᠢ ᠵᠥᠪᠰᠢᠶᠡᠷᠡᠭᠦᠯᠬᠦ ᠪᠢᠴᠢᠭ | ᠮᠠᠲ᠋ᠧᠷᠢᠶᠠᠯ ᠪᠤᠶᠤ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠣᠯᠭᠠᠵᠤ᠂ ᠭᠤᠶᠤᠴᠢᠯᠠᠭᠴᠢ ᠶᠢ | ᠳᠣᠩᠭᠤᠳᠴᠤ᠂ ᠲᠤᠰᠢᠶᠠᠬᠤ ᠶᠣᠰᠣᠲᠠᠶ ᠤᠰᠤᠨ ᠤ ᠡᠬᠢ ᠪᠠᠶᠠᠯᠢᠭ ᠤᠨ ᠰᠦᠢᠳᠬᠡᠯ ᠢ ᠬᠤᠭᠤᠴᠠᠭ᠎ᠠ ᠲᠣᠭᠲᠠᠭᠠᠨ | ᠨᠥᠬᠦᠵᠦ ᠲᠤᠰᠢᠶᠠᠯᠭᠠᠬᠤ ᠪᠠᠷ ᠵᠠᠷᠯᠢᠭᠳᠠᠵᠤ᠂ 2 ᠲᠦᠮᠡᠨ ᠲᠥᠭᠦᠷᠢᠭ ᠠᠴᠠ ᠳᠡᠭᠡᠭᠰᠢ 10 ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠲᠠᠪᠢᠨ ᠨᠢᠭᠡᠳᠦᠭᠡᠷ ᠵᠦᠢᠯ ᠬᠢᠨᠠᠨ ᠵᠥᠪᠰᠢᠶᠡᠷᠡᠬᠦ ᠪᠠᠶᠢᠭᠤᠯᠭ᠎ᠠ ᠶᠢᠨ ᠭᠠᠷᠭᠠᠭᠰᠠᠨ ᠤᠰᠤ ᠳᠠᠳᠠᠬᠤ ᠬᠡᠮᠵᠢᠶ᠎ᠡ ᠶᠢ | ᠬᠢᠵᠠᠭᠠᠷᠯᠠᠬᠤ ᠲᠣᠭᠲᠠᠭᠠᠯ ᠢ ᠬᠡᠷᠡᠭᠵᠢᠭᠦᠯᠬᠦ ᠶᠢ ᠲᠡᠪᠴᠢᠭᠰᠡᠨ᠂ ᠡᠰᠡᠬᠦᠯ᠎ᠡ ᠵᠥᠪᠰᠢᠶᠡᠷᠡᠭᠦᠯᠦᠭᠰᠡᠨ ᠦᠭᠡᠢ ᠪᠠᠷ | ᠳᠤᠷ᠎ᠠ ᠪᠠᠷ ᠢᠶᠠᠨ ᠤᠰᠤ ᠲᠠᠳᠠᠬᠤ ᠡᠷᠬᠡ ᠪᠠᠨ ᠰᠢᠯᠵᠢᠭᠦᠯᠦᠨ ᠥᠭᠭᠦᠭᠰᠡᠨ ᠪᠠᠶᠢᠪᠠᠯ᠂ ᠵᠠᠷᠯᠢᠭᠳᠠᠵᠤ ᠪᠠᠶᠢᠭᠠᠳ | ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ 2 | ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠢᠳᠭᠡᠨ᠎ᠡ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠬᠤ ᠶᠢ ᠲᠡᠪᠴᠢᠭᠰᠡᠨ ᠪᠤᠶᠤ ᠦᠢᠯᠡ ᠪᠠᠶᠢᠳᠠᠯ ᠨᠢ ᠬᠦᠨᠳᠦ | ᠨᠣᠴᠢᠲᠠᠶ ᠪᠠᠶᠢᠪᠠᠯ᠂ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ | ᠪᠣᠯᠭᠠᠨ᠎ᠠ᠃ | | ᠲᠠᠪᠢᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ | ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ | ᠲᠣᠭᠲᠠᠭᠠᠨ ᠵᠠᠯᠠᠷᠠᠭᠤᠯᠤᠭᠤᠯᠵᠤ᠂ 5000 ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠤᠰᠤ ᠲᠠᠲᠠᠬᠤ | ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠄ | | ︵ᠨᠢᠭᠡ︶ ᠣᠨ ᠤ ᠤᠰᠤ ᠲᠠᠲᠠᠭᠰᠠᠨ ᠪᠠᠶᠢᠳᠠᠯ ᠢᠶᠠᠨ ᠲᠣᠭᠲᠠᠭᠠᠯ ᠶᠣᠰᠣᠭᠠᠷ ᠮᠡᠳᠡᠭᠦᠯᠦᠭᠰᠡᠨ ᠥᠭᠡᠢ︔ | | ︵ᠬᠤᠶᠠᠷ︶ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠦᠭᠡᠢ ᠪᠤᠶᠤ ᠬᠤᠳᠠᠯ ᠬᠡᠯᠡᠵᠦ ᠬᠠᠭᠤᠷᠮᠠᠭ ᠢᠶᠠᠷ | ᠵᠣᠬᠢᠶᠠᠭᠰᠠᠨ︔ | | ︵ᠭᠤᠷᠪᠠ︶ ᠪᠤᠴᠠᠭᠠᠭᠰᠠᠨ ᠤᠰᠤᠨ ᠤ ᠴᠢᠨᠠᠷ ᠨᠢ ᠲᠣᠭᠲᠠᠭᠠᠭᠰᠠᠨ ᠱᠠᠭᠠᠷᠳᠠᠯᠭ᠎ᠠ ᠳᠤ ᠬᠥᠷᠥᠭᠰᠡᠨ ᠥᠭᠡᠢ᠃ | | ᠲᠠᠪᠢᠨ ᠭᠤᠷᠪᠠᠳᠤᠭᠠᠷ ᠵᠦᠢᠯ ᠬᠡᠮᠵᠢᠯᠲᠡ ᠶᠢᠨ ᠲᠥᠬᠦᠭᠡᠷᠦᠮᠵᠢ ᠤᠭᠰᠠᠷᠠᠭᠰᠠᠨ ᠦᠭᠡᠢ ᠪᠠᠶᠢᠪᠠᠯ᠂ ᠵᠠᠷᠯᠢᠭᠳᠠᠵᠤ | ᠪᠠᠶᠢᠭᠠᠳ ᠬᠤᠭᠤᠴᠠᠭ᠎ᠠ ᠲᠣᠭᠲᠠᠭᠠᠨ ᠤᠭᠰᠠᠷᠠᠭᠤᠯᠬᠤ ᠶᠢᠨ ᠬᠠᠮᠲᠤ ᠡᠳᠦᠷ ᠤᠨ ᠬᠠᠮᠤᠭ ᠤᠨ ᠶᠡᠭᠡ ᠤᠰᠤ ᠲᠠᠲᠠᠬᠤ | ᠴᠢᠳᠠᠪᠤᠷᠢ ᠪᠠᠷ ᠪᠤᠳᠤᠭᠰᠠᠨ ᠤᠰᠤ ᠲᠠᠲᠠᠬᠤ ᠬᠡᠮᠵᠢᠶ᠎ᠡ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠢ | ᠲᠠᠲᠠᠪᠤᠷᠢᠯᠠᠬᠤ ᠪᠠᠷᠢᠮᠵᠢᠶ᠎ᠠ ᠪᠠᠷ ᠤᠰᠤᠨ ᠤ ᠡᠬᠢ ᠪᠠᠶᠠᠯᠢᠭ ᠤᠨ ᠰᠦᠢᠳᠬᠡᠯ ᠢ ᠪᠤᠳᠤᠨ ᠲᠠᠲᠠᠪᠤᠷᠢᠯᠠᠵᠤ᠂ 5000 | ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ | ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ | ᠠᠪᠴᠤ ᠬᠦᠴᠦᠨ ᠦᠭᠡᠢ ᠪᠣᠯᠭᠠᠨ᠎ᠠ᠃ | | ᠬᠡᠮᠵᠢᠯᠲᠡ ᠶᠢᠨ ᠲᠥᠬᠦᠭᠡᠷᠦᠮᠵᠢ ᠨᠢ ᠬᠢᠷᠢ ᠲᠡᠩᠴᠡᠭᠰᠡᠨ ᠦᠭᠡᠢ ᠪᠤᠶᠤ ᠠᠵᠢᠯᠯᠠᠭ᠎ᠠ ᠨᠢ ᠬᠡᠪ ᠤᠨ ᠪᠤᠰᠤ ᠪᠠᠶᠢᠪᠠᠯ | ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠰᠣᠯᠢᠭᠤᠯᠬᠤ ᠪᠤᠶᠤ ᠵᠠᠰᠠᠨ ᠰᠡᠷᠭᠦᠭᠡᠯᠭᠡᠨ᠎ᠡ︔ ᠬᠤᠭᠤᠴᠠᠭ᠎ᠠ | ᠬᠡᠲᠦᠷᠡᠲᠡᠯ᠎ᠡ ᠰᠣᠯᠢᠬᠤ ᠥᠬᠡᠶ ᠪᠤᠶᠤ ᠵᠠᠰᠠᠵᠤ ᠰᠡᠷᠭᠦᠭᠡᠬᠦ ᠥᠬᠡᠶ ᠪᠣᠯ᠂ ᠡᠳᠦᠷ ᠤᠨ ᠬᠠᠮᠤᠭ ᠤᠨ ᠶᠡᠭᠡ ᠤᠰᠤ | ᠲᠠᠲᠠᠬᠤ ᠴᠢᠳᠠᠪᠤᠷᠢ ᠪᠠᠷ ᠪᠤᠳᠤᠭᠰᠠᠨ ᠤᠰᠤ ᠲᠠᠲᠠᠬᠤ ᠬᠡᠮᠵᠢᠶ᠎ᠡ ᠪᠠ ᠤᠰᠤᠨ ᠤ ᠡᠬᠢ ᠪᠠᠶᠠᠯᠢᠭ ᠤᠨ ᠰᠦᠢᠳᠭᠡᠯ ᠢ | ᠲᠠᠲᠠᠪᠤᠷᠢᠯᠠᠬᠤ ᠪᠠᠷᠢᠮᠵᠢᠶ᠎ᠠ ᠪᠠᠷ ᠤᠰᠤᠨ ᠤ ᠡᠬᠢ ᠪᠠᠶᠠᠯᠢᠭ ᠤᠨ ᠰᠦᠢᠳᠭᠡᠯ ᠢ ᠪᠤᠳᠤᠵᠤ ᠲᠠᠳᠠᠪᠤᠷᠢᠯᠠᠵᠤ᠂ 1 ᠲᠦᠮᠡᠨ | ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ︔ ᠦᠢᠯᠡ ᠪᠠᠶᠢᠳᠠᠯ ᠨᠢ ᠬᠦᠨᠳᠦ | ᠨᠣᠴᠢᠲᠠᠶ ᠪᠠᠶᠢᠪᠠᠯ᠂ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ | ᠪᠣᠯᠭᠠᠨ᠎ᠠ᠃ | | ᠲᠠᠪᠢᠨ ᠳᠥᠷᠪᠡᠳᠦᠭᠡᠷ ᠵᠦᠢᠯ ᠤᠰᠤ ᠲᠠᠲᠠᠬᠤ ᠨᠢᠭᠡᠴᠢ ᠪᠤᠶᠤ ᠬᠤᠪᠢ ᠬᠥᠮᠦᠨ ᠤᠰᠤᠨ ᠤ ᠡᠬᠢ ᠪᠠᠶᠠᠯᠢᠭ ᠤᠨ | ᠰᠦᠢᠳᠬᠡᠯ ᠢ ᠲᠤᠰᠢᠶᠠᠬᠤ ᠶᠢ ᠲᠡᠪᠴᠢᠭᠰᠡᠨ᠂ ᠲᠤᠰᠢᠶᠠᠬᠤ ᠶᠢ ᠤᠳᠠᠭᠠᠰᠢᠷᠠᠭᠤᠯᠤᠭᠰᠠᠨ ᠪᠤᠶᠤ ᠤᠳᠠᠭᠠᠰᠢᠷᠠᠭᠤᠯᠤᠨ | ᠥᠷᠢᠲᠦᠭᠰᠡᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠶᠢᠨ | ᠳᠠᠯᠠᠳᠤᠭᠠᠷ ᠵᠦᠢᠯ ᠤᠨ ᠲᠣᠭᠲᠠᠭᠠᠯ ᠶᠣᠰᠣᠭᠠᠷ ᠰᠢᠢᠳᠭᠡᠨ᠎ᠡ᠃ | | ᠲᠠᠪᠢᠨ ᠲᠠᠪᠤᠳᠤᠭᠠᠷ ᠵᠦᠢᠯ ᠲᠣᠭᠲᠠᠭᠠᠯ ᠢ ᠵᠥᠷᠢᠴᠡᠨ ᠤᠰᠤᠨ ᠤ ᠡᠬᠢ ᠪᠠᠶᠠᠯᠢᠭ ᠤᠨ ᠰᠦᠢᠳᠬᠡᠯ᠂ ᠤᠰᠤ | ᠲᠠᠲᠠᠬᠤ ᠵᠥᠪᠰᠢᠶᠡᠷᠡᠯ ᠤᠨ ᠦᠨᠡᠮᠯᠡᠯ ᠤᠨ ᠰᠦᠢᠳᠬᠡᠯ ᠲᠠᠲᠠᠪᠤᠷᠢᠯᠠᠭᠰᠠᠨ ᠪᠠᠶᠢᠪᠠᠯ᠂ ᠦᠨ᠎ᠡ ᠬᠠᠩᠰᠢ ᠶᠢᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ᠃ | | ᠲᠠᠪᠢᠨ ᠵᠢᠷᠭᠤᠳᠤᠭᠠᠷ ᠵᠦᠢᠯ ᠤᠰᠤ ᠲᠠᠲᠠᠬᠤ ᠭᠤᠶᠤᠴᠢᠯᠠᠯ ᠢ ᠵᠥᠪᠰᠢᠶᠡᠷᠡᠭᠦᠯᠦᠭᠰᠡᠨ ᠪᠢᠴᠢᠭ ᠮᠠᠲ᠋ᠧᠷᠢᠶᠠᠯ᠂ | ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠬᠠᠭᠤᠷᠮᠠᠭᠯᠠᠨ ᠵᠣᠬᠢᠶᠠᠭᠰᠠᠨ᠂ ᠪᠠᠯᠠᠯᠤᠨ ᠵᠠᠰᠠᠭᠰᠠᠨ᠂ ᠬᠠᠭᠤᠷᠮᠠᠭᠯᠠᠨ | ᠬᠡᠷᠡᠭᠯᠡᠭᠰᠡᠨ ᠪᠠᠶᠢᠪᠠᠯ᠂ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠪᠠ | ᠬᠠᠤᠯᠢ ᠪᠤᠰᠤ ᠵᠣᠭᠤᠰ ᠮᠥᠩᠭᠦ ᠡᠳ᠋ ᠪᠣᠳᠠᠰ ᠢ ᠨᠢ ᠬᠤᠷᠢᠶᠠᠨ ᠠᠪᠴᠤ᠂ 2 ᠲᠦᠮᠡᠨ ᠲᠥᠭᠦᠷᠢᠭ ᠠᠴᠠ ᠳᠡᠭᠡᠭᠰᠢ | 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ︔ ᠶᠠᠯ᠎ᠠ | ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠲᠠᠪᠢᠨ ᠳᠣᠯᠣᠳᠤᠭᠠᠷ ᠵᠦᠢᠯ ᠲᠤᠰ ᠲᠦᠷᠢᠮ ᠳᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠭᠡᠯ ᠢ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠲᠣᠭᠲᠠᠭᠠᠨ᠎ᠠ᠃ | | ᠳᠣᠯᠣᠳᠤᠭᠠᠷ ᠪᠦᠯᠦᠭ ᠲᠠᠭᠠᠯᠳᠤᠭᠤᠯᠤᠯ ᠲᠦᠷᠢᠮ | | ᠲᠠᠪᠢᠨ ᠨᠠᠢᠮᠠᠳᠤᠭᠠᠷ ᠵᠦᠢᠯ ᠲᠤᠰ ᠳᠦᠷᠢᠮ ᠢ 2006 ᠣᠨ ᠤ 4 ᠰᠠᠷ᠎ᠠ ᠶᠢᠨ 15 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ 1993 ᠣᠨ ᠤ 8 ᠰᠠᠷ᠎ᠠ ᠶᠢᠨ 1 ᠤ ᠡᠳᠦᠷ ᠲᠦᠷᠦ ᠶᠢᠨ ᠶᠠᠪᠤᠳᠠᠯ ᠤᠨ | ᠬᠤᠷᠢᠶᠠᠨ ᠠᠴᠠ ᠨᠡᠶᠢᠲᠡᠯᠡᠭᠰᠡᠨ ︽ᠤᠰᠤ ᠲᠠᠲᠠᠬᠤ ᠵᠥᠪᠰᠢᠶᠡᠷᠡᠯ ᠤᠨ ᠲᠦᠷᠢᠮ ᠢ ᠬᠡᠷᠡᠭᠵᠢᠭᠦᠯᠬᠦ ᠠᠷᠭ᠎ᠠ︾ ᠶᠢ | ᠳᠠᠭᠠᠤ ᠳᠤᠨᠢ ᠬᠦᠴᠦᠨ ᠦᠭᠡᠢ ᠪᠣᠯᠭᠠᠨ᠎ᠠ᠃ |