ᠥᠪᠡᠷᠲᠡᠭᠡᠨ ᠵᠠᠰᠠᠬᠤ ᠣᠷᠣᠨ ᠤ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠬᠢᠭᠡᠳ ᠪᠦᠬᠦᠯᠢ ᠡᠳᠦᠷ ᠤᠨ ᠪᠤᠰᠤ ᠳᠦᠷᠢᠮᠲᠦ ᠠᠵᠢᠯᠯᠠᠬᠤ ᠴᠠᠭ ᠤᠨ  ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/12/8
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠡᠯ                                                  ᠥᠪᠥᠷ ᠵᠠᠰᠠᠭ ᠠᠯᠪᠠᠨ ᠲᠠᠷᠬᠠᠭᠠᠭᠰᠠᠨ ﹇2021﹈ 69 ᠳ᠋ᠦ᠋ᠭᠡᠷ ᠲᠣᠭᠠᠲᠤ ᠥᠪᠡᠷᠲᠡᠭᠡᠨ ᠵᠠᠰᠠᠬᠤ ᠣᠷᠣᠨ ᠤ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠬᠢᠭᠡᠳ ᠪᠦᠬᠦᠯᠢ ᠡᠳᠦᠷ ᠤᠨ ᠪᠤᠰᠤ ᠳᠦᠷᠢᠮᠲᠦ ᠠᠵᠢᠯᠯᠠᠬᠤ ᠴᠠᠭ ᠤᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ        ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄            ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠵᠢᠯᠲᠠᠨ ᠠᠵᠢᠯᠴᠢᠨ ᠤ ᠴᠠᠯᠢᠩ ᠤᠨ ᠬᠢᠷᠢ ᠲᠦᠪᠰᠢᠨ ᠤ ᠨᠡᠮᠡᠭᠳᠡᠯ ᠵᠡᠷᠭᠡ ᠪᠠᠶᠢᠳᠠᠯ ᠢ ᠦᠨᠳᠦᠰᠦᠯᠡᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠢᠶᠠᠷ ᠬᠢᠨᠠᠨ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠦᠬᠦ ᠣᠷᠣᠨ ᠤ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠪᠠ ᠪᠦᠬᠦᠯᠢ ᠡᠳᠦᠷ ᠤᠨ ᠪᠤᠰᠤ ᠳᠦᠷᠢᠮᠲᠦ ᠠᠵᠢᠯᠯᠠᠬᠤ ᠴᠠᠭ ᠤᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠪᠠᠷ ᠲᠣᠭᠲᠠᠭᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄          ᠨᠢᠭᠡ᠂ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠭᠠᠵᠠᠷ ᠣᠷᠣᠨ ᠤ ᠲᠥᠷᠥᠯ ᠢᠯᠭᠠᠯ᠃ ᠪᠥᠬᠦ ᠣᠷᠣᠨ ᠤ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠶᠢᠨ ᠭᠠᠵᠠᠷ ᠣᠷᠣᠨ ᠤ ᠲᠥᠷᠥᠯ ᠢᠯᠭᠠᠯ ᠢ ᠣᠲᠣ ᠶᠢᠨ ᠬᠡᠷᠡᠭᠵᠢᠭᠦᠯᠵᠦ ᠪᠠᠶᠢᠭ᠎ᠠ ᠳᠥᠷᠪᠡᠨ ᠲᠥᠷᠥᠯ ᠤᠨ ᠭᠠᠵᠠᠷ ᠣᠷᠣᠨ ᠪᠠᠶᠢᠭᠰᠠᠨ ᠢ ᠭᠤᠷᠪᠠᠨ ᠲᠥᠷᠥᠯ ᠤᠨ ᠭᠠᠵᠠᠷ ᠣᠷᠣᠨ ᠪᠣᠯᠭᠠᠵᠤ ᠲᠣᠬᠢᠷᠠᠭᠤᠯᠤᠨ᠎ᠠ᠃ ᠪᠦᠬᠦ ᠣᠷᠣᠨ ᠤ ᠡᠯ᠎ᠡ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ᠂ ᠬᠤᠲᠠ ᠪᠠᠯᠭᠠᠰᠤᠨ ᠤ ᠨᠢᠭᠡᠴᠢ ᠶᠢᠨ ᠠᠵᠢᠯᠲᠠᠨ ᠠᠵᠢᠯᠴᠢᠨ ᠤ ᠳᠤᠮᠳᠠᠴᠢ ᠴᠠᠯᠢᠩ ᠪᠣᠯᠣᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠵᠡᠷᠭᠡ ᠪᠠᠶᠢᠳᠠᠯ ᠢ ᠦᠨᠳᠦᠰᠦᠯᠡᠨ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠶᠢᠨ ᠭᠠᠵᠠᠷ ᠣᠷᠣᠨ ᠤ ᠲᠥᠷᠥᠯ ᠢᠯᠭᠠᠯ ᠳᠤ ᠰᠢᠨ᠎ᠡ ᠪᠠᠷ ᠲᠣᠬᠢᠷᠠᠭᠤᠯᠤᠯᠲᠠ ᠬᠢᠵᠦ ᠬᠤᠪᠢᠶᠠᠷᠢᠯᠠᠨ᠎ᠠ᠃ ᠭᠠᠵᠠᠷ ᠣᠷᠣᠨ ᠤ ᠲᠥᠷᠥᠯ ᠢᠯᠭᠠᠯ ᠪᠠ ᠲᠣᠬᠢᠷᠠᠭᠤᠯᠤᠨ ᠬᠡᠷᠡᠭᠯᠡᠬᠦ ᠪᠠᠷᠢᠮᠵᠢᠶ᠎ᠠ ᠶᠢ ᠳᠠᠭᠠᠯᠳᠤᠭᠤᠯᠤᠯ ᠳᠤ ᠨᠠᠷᠢᠨ ᠦᠵᠡᠭᠡᠷᠡᠢ᠃          ᠬᠤᠶᠠᠷ᠂ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠪᠦᠬᠦᠯᠢ ᠡᠳᠦᠷ ᠤᠨ ᠳᠦᠷᠢᠮᠲᠦ ᠬᠥᠳᠡᠯᠮᠦᠷᠢᠯᠡᠭᠴᠢᠳ ᠤᠨ ᠰᠠᠷ᠎ᠠ ᠶᠢᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠨᠢ ᠨᠢᠭᠡᠳᠦᠭᠡᠷ ᠲᠥᠷᠥᠯ ᠤᠨ ᠭᠠᠵᠠᠷ ᠣᠷᠣᠨ ᠪᠣᠯ 1980 ᠲᠥᠭᠦᠷᠢᠭ᠂ ᠬᠤᠶᠠᠳᠤᠭᠠᠷ ᠲᠥᠷᠥᠯ ᠤᠨ ᠭᠠᠵᠠᠷ ᠣᠷᠣᠨ ᠪᠣᠯ 1910 ᠲᠥᠭᠦᠷᠢᠭ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠪᠣᠯ 1850 ᠲᠥᠭᠦᠷᠢᠭ ᠪᠣᠯᠣᠨ᠎ᠠ︔ ᠪᠦᠬᠦᠯᠢ ᠡᠳᠦᠷ ᠤᠨ ᠪᠤᠰᠤ ᠳᠦᠷᠢᠮᠲᠦ ᠠᠵᠢᠯᠯᠠᠬᠤ ᠴᠠᠭ ᠤᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠨᠢ ᠨᠢᠭᠡᠳᠦᠭᠡᠷ ᠲᠥᠷᠥᠯ ᠤᠨ ᠭᠠᠵᠠᠷ ᠣᠷᠣᠨ ᠪᠣᠯ 20.8 ᠲᠥᠭᠦᠷᠢᠭ᠂ ᠬᠤᠶᠠᠳᠤᠭᠠᠷ ᠲᠥᠷᠥᠯ ᠤᠨ ᠭᠠᠵᠠᠷ ᠣᠷᠣᠨ ᠪᠣᠯ 20.1 ᠲᠥᠭᠦᠷᠢᠭ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠪᠣᠯ 19.5 ᠲᠥᠭᠦᠷᠢᠭ ᠪᠣᠯᠣᠨ᠎ᠠ᠃            ᠭᠤᠷᠪᠠ᠂ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠳᠤ ᠦᠨᠳᠦᠰᠦᠨ ᠨᠠᠰᠤᠵᠢᠯ ᠤᠨ ᠳᠠᠭᠠᠳᠬᠠᠯ ᠤᠨ       ᠮᠥᠩᠭᠦ᠂ ᠡᠮᠴᠢᠯᠡᠭᠡ ᠶᠢᠨ ᠳᠠᠭᠠᠳᠬᠠᠯ ᠤᠨ ᠮᠥᠩᠭᠦ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠲᠤᠰᠢᠶᠠᠬᠤ ᠬᠡᠰᠡᠭ ᠪᠠᠭᠲᠠᠨ᠎ᠠ︔ ᠠᠵᠢᠯᠯᠠᠬᠤ ᠴᠠᠭ ᠢ ᠤᠷᠲᠤᠳᠬᠠᠭᠰᠠᠨ ᠴᠠᠯᠢᠩ᠂ ᠦᠳᠡ ᠶᠢᠨ ᠡᠭᠡᠯᠵᠢ᠂ ᠰᠥᠨᠢ ᠶᠢᠨ ᠡᠭᠡᠯᠵᠢ᠂ ᠥᠨᠳᠥᠷ ᠳᠤᠯᠠᠭᠠᠨ᠂ ᠳᠣᠣᠷ᠎ᠠ ᠬᠠᠯᠠᠭᠤᠨ᠂ ᠬᠤᠳᠳᠤᠭ ᠳᠣᠲᠣᠷ᠎ᠠ᠂ ᠬᠤᠣᠷᠳᠠᠭᠳᠠᠬᠤ ᠠᠶᠤᠯ ᠲᠠᠢ ᠵᠡᠷᠭᠡ ᠣᠨᠴᠠᠭᠠᠢ ᠨᠥᠬᠦᠴᠡᠯ ᠳᠤ ᠠᠵᠢᠯᠯᠠᠬᠤ ᠨᠡᠮᠡᠭᠦᠷᠢ ᠮᠥᠩᠭᠦ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠠᠴᠠ ᠲᠣᠭᠲᠠᠭᠠᠭᠰᠠᠨ ᠬᠥᠳᠡᠯᠮᠦᠷᠢᠴᠢᠨ ᠤ ᠠᠰᠠᠷᠠᠮᠵᠢ ᠬᠠᠷᠠᠭᠠᠯᠵᠠᠯ ᠵᠡᠷᠭᠡ ᠶᠢ ᠪᠠᠭᠲᠠᠭᠠᠬᠤ ᠦᠭᠡᠢ᠃          ᠳᠥᠷᠪᠡ᠂ ᠪᠦᠬᠦᠯᠢ ᠡᠳᠦᠷ ᠤᠨ ᠳᠦᠷᠢᠮᠲᠦ ᠠᠵᠢᠯ ᠲᠠᠢ ᠬᠥᠳᠡᠯᠮᠦᠷᠢᠯᠡᠭᠴᠢᠳ ᠬᠡᠪ ᠤᠨ ᠬᠥᠳᠡᠯᠮᠦᠷᠢ ᠬᠠᠩᠭᠠᠭᠰᠠᠨ ᠪᠠᠶᠢᠳᠠᠯ ᠳᠣᠣᠷ᠎ᠠ᠂ ᠬᠥᠮᠥᠨ ᠬᠡᠷᠡᠭᠯᠡᠬᠦ ᠨᠢᠭᠡᠴᠢ ᠨᠢ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠪᠠᠷ ᠴᠠᠯᠢᠩ ᠢ ᠨᠢ ᠣᠯᠭᠤᠬᠤ ᠬᠡᠷᠡᠭᠲᠡᠢ︔ ᠪᠦᠬᠦᠯᠢ ᠡᠳᠦᠷ ᠤᠨ ᠪᠤᠰᠤ ᠳᠦᠷᠢᠮᠲᠦ ᠠᠵᠢᠯ ᠲᠠᠢ ᠬᠥᠳᠡᠯᠮᠦᠷᠢᠴᠢᠨ ᠳᠤ ᠬᠥᠮᠥᠨ ᠬᠡᠷᠡᠭᠯᠡᠬᠦ ᠨᠢᠭᠡᠴᠢ ᠶᠢᠨ ᠣᠯᠭᠤᠬᠤ ᠵᠣᠭᠤᠰᠤᠨ ᠴᠠᠯᠢᠩ ᠨᠢ ᠴᠠᠭ ᠤᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠨᠢᠭᠡᠴᠢ ᠶᠢᠨ ᠬᠠᠤᠯᠢ ᠶᠣᠰᠣᠭᠠᠷ ᠲᠤᠰᠢᠶᠠᠬᠤ ᠨᠡᠶᠢᠭᠡᠮ ᠤᠨ ᠳᠠᠭᠠᠳᠬᠠᠯ ᠤᠨ ᠵᠠᠷᠤᠳᠠᠯ ᠪᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠥᠮᠥᠨ ᠬᠡᠷᠡᠭᠯᠡᠬᠦ ᠨᠢᠭᠡᠴᠢ ᠨᠢ ᠲᠣᠭᠲᠠᠭᠠᠯ ᠶᠣᠰᠣᠭᠠᠷ ᠲᠤᠰ ᠲᠤ ᠨᠢ ᠣᠯᠭᠤᠬᠤ ᠬᠡᠷᠡᠭᠲᠡᠢ᠃ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠬᠥᠮᠥᠨ ᠬᠡᠷᠡᠭᠯᠡᠬᠦ ᠨᠢᠭᠡᠴᠢ ᠪᠦᠬᠦᠨ ᠬᠥᠳᠡᠯᠮᠦᠷᠢ ᠬᠦᠴᠦ ᠬᠡᠷᠡᠭᠯᠡᠬᠦ ᠰᠦᠯᠵᠢᠶᠡᠨ ᠳᠠᠬᠢ ᠳᠠᠩᠰᠠᠯᠠᠭᠤᠯᠬᠤ ᠰᠢᠰᠲ᠋ᠧᠮ ᠢᠶᠠᠷ ᠴᠠᠭ ᠲᠤᠬᠠᠢ ᠳᠤ ᠨᠢ ᠲᠠᠭᠯᠠᠨ ᠮᠡᠳᠡᠭᠦᠯᠬᠦ ᠬᠡᠷᠡᠭᠲᠡᠢ᠃            ᠲᠠᠪᠤ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠪᠠ ᠪᠦᠬᠦᠯᠢ ᠡᠳᠦᠷ ᠤᠨ ᠪᠤᠰᠤ ᠳᠦᠷᠢᠮᠲᠦ ᠠᠵᠢᠯᠯᠠᠬᠤ ᠴᠠᠭ ᠤᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠶᠢ 2021 ᠣᠨ ᠤ 12 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ ︽ᠥᠪᠡᠷᠲᠡᠭᠡᠨ ᠵᠠᠰᠠᠬᠤ ᠣᠷᠣᠨ ᠤ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠵᠢᠴᠢ ᠪᠦᠬᠦᠯᠢ ᠡᠳᠦᠷ ᠤᠨ ᠪᠤᠰᠤ ᠳᠦᠷᠢᠮᠲᠦ ᠠᠵᠢᠯᠯᠠᠬᠤ ᠴᠠᠭ ᠤᠨ ᠬᠠᠮᠤᠭ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2017﹈ 135 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃            ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠳᠣᠣᠷ᠎ᠠ ᠴᠠᠯᠢᠩ ᠤᠨ ᠭᠠᠵᠠᠷ ᠣᠷᠣᠨ ᠤ ᠲᠥᠷᠥᠯ ᠢᠯᠭᠠᠯ ᠪᠠ ᠪᠠᠷᠢᠮᠵᠢᠶ᠎ᠠ ᠶᠢᠨ ᠬᠦᠰᠦᠨᠦᠭᠲᠦ                                                                                                                                                                                
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号