| | | 12 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠤᠯ ᠭᠤᠷᠤᠬ᠎ᠠ ᠨᠠᠭᠤᠷ | ᠴᠥᠭᠦᠷᠥᠮ ᠢ ᠵᠠᠰᠠᠬᠤ ᠪᠠ ᠤᠤᠭᠤᠬᠤ ᠤᠰᠤᠨ ᠤ ᠠᠮᠤᠷ ᠲᠦᠪᠰᠢᠨ ᠤ ᠰᠤᠨᠢᠨ ᠮᠡᠳᠡᠭᠡ ᠨᠡᠶᠢᠳᠡᠯᠡᠬᠦ ᠬᠤᠷᠠᠯ | ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠵᠣᠣ | ᠴᠠᠩ ᠴᠢᠩ ᠭᠤᠤᠯ ᠰᠡᠳᠦᠪᠲᠦ ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠤᠨ ᠭᠤᠤᠯ ᠭᠤᠷᠤᠬ᠎ᠠ ᠨᠠᠭᠤᠷ ᠴᠥᠭᠦᠷᠥᠮ ᠤᠨ ᠭᠠᠵᠠᠷ ᠤᠨ ᠳᠠᠷᠤᠭ᠎ᠠ ᠯᠢᠦ ᠪᠢᠩ ᠵᠧᠩ᠂ ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠤᠨ | ᠳᠠᠷᠤᠭ᠎ᠠ ᠭᠤᠤ ᠮᠢᠩ ᠲᠠᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ | ᠰᠣᠷᠪᠣᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ᠃ | ᠵᠣᠣ ᠴᠠᠩ ᠴᠢᠩ 2020 — 12 — 23 10᠄ 02᠄ 43 | ᠨᠢᠭᠡ᠂ ᠥᠪᠡᠷᠲᠡᠭᠡᠨ ᠵᠠᠰᠠᠬᠤ ᠣᠷᠣᠨ ᠤ ᠭᠤᠤᠯ ᠭᠤᠷᠤᠬ᠎ᠠ ᠨᠠᠭᠤᠷ ᠴᠥᠭᠦᠷᠥᠮ ᠤᠨ ᠵᠠᠰᠠᠯᠲᠠ ᠶᠢᠨ ᠭᠤᠤᠯ | ᠦᠷ᠎ᠡ ᠪᠦᠲᠦᠮᠵᠢ | 2017 ᠣᠨ ᠠᠴᠠ ᠨᠠᠭᠠᠰᠢ᠂ ᠮᠠᠨ ᠤ ᠣᠷᠣᠨ ᠭᠤᠤᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ | ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠤᠤᠯ ᠭᠤᠷᠤᠬ᠎ᠠ ᠨᠠᠭᠤᠷ ᠴᠥᠭᠦᠷᠥᠮ ᠤᠨ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠨ᠂ ᠭᠤᠤᠯ ᠭᠤᠷᠤᠬ᠎ᠠ ᠨᠠᠭᠤᠷ ᠴᠥᠭᠦᠷᠥᠮ ᠤᠨ ᠵᠠᠰᠠᠯᠲᠠ ᠢᠯᠡᠳᠲᠡ ᠦᠷ᠎ᠡ | ᠪᠦᠲᠦᠮᠵᠢ ᠤᠯᠪᠠ᠃ ᠨᠢᠭᠡ ᠳᠤ᠂ ᠭᠤᠣᠯ ᠭᠤᠷᠤᠬ᠎ᠠ ᠶᠢᠨ ᠳᠠᠷᠤᠭ᠎ᠠ ᠨᠠᠭᠤᠷ ᠴᠥᠭᠦᠷᠥᠮ ᠤᠨ ᠳᠠᠷᠤᠭ᠎ᠠ ᠶᠢᠨ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠪᠡ᠃ ᠨᠠᠮ ᠵᠠᠰᠠᠭ ᠤᠨ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢᠨ ᠲᠦᠷᠢᠮ ᠢᠶᠠᠷ ᠭᠤᠣᠯ ᠪᠣᠯᠭᠠᠭᠰᠠᠨ ᠲᠦᠷᠪᠡᠨ ᠱᠠᠲᠤᠨ ᠤ ᠭᠤᠣᠯ ᠤᠨ ᠳᠠᠷᠤᠭ᠎ᠠ ᠶᠢᠨ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠪᠠ ᠠᠵᠢᠯ ᠤᠨ ᠲᠦᠷᠢᠮ ᠤᠨ ᠰᠢᠰᠲ᠋ᠧᠮ ᠢ ᠪᠠᠶᠢᠭᠤᠯᠪᠠ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠵᠠᠰᠠᠭ ᠤᠨ ᠭᠤᠣᠯ ᠤᠳᠤᠷᠢᠳᠤᠯᠭ᠎ᠠ ᠲᠦᠷᠦᠭᠦᠯᠡᠨ | ᠶᠡᠷᠦᠩᠬᠡᠶᠢᠯᠡᠨ ᠠᠳᠬᠤᠬᠤ ᠦᠢᠯᠡᠳᠦᠯ ᠢ ᠲᠤᠪᠤᠶᠢᠯᠭᠠᠬᠤ ᠶᠢᠨ ᠲᠦᠯᠦᠭᠡ᠂ ᠨᠠᠭᠤᠷ ᠤᠨ ᠳᠠᠷᠤᠭ᠎ᠠ ᠶᠢᠨ ᠲᠦᠷᠢᠮ ᠢ | ᠪᠠᠶᠢᠭᠤᠯᠬᠤ ᠶᠠᠪᠤᠴᠠ ᠳᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ ᠬᠤᠤᠰ ᠶᠡᠷᠦᠩᠬᠡᠶ | ᠭᠤᠤᠯ ᠭᠤᠷᠤᠬ᠎ᠠ ᠨᠠᠭᠤᠷ ᠴᠦᠬᠦᠷᠦᠮ ᠤᠨ ᠳᠠᠷᠤᠭ᠎ᠠ ᠶᠢᠨ ᠲᠦᠷᠢᠮ ᠪᠣᠯᠭᠠᠵᠤ᠂ ᠨᠠᠮ ᠵᠠᠰᠠᠭ ᠤᠨ ᠭᠤᠤᠯ | ᠤᠳᠤᠷᠢᠳᠤᠯᠭ᠎ᠠ ᠬᠠᠮᠲᠤ ᠪᠠᠷ ᠲᠣᠰ ᠱᠠᠲᠤᠨ ᠤ ᠶᠡᠷᠦᠩᠬᠡᠶ ᠭᠤᠤᠯ ᠭᠤᠷᠤᠬ᠎ᠠ ᠨᠠᠭᠤᠷ ᠴᠦᠬᠦᠷᠦᠮ ᠤᠨ ᠳᠠᠷᠤᠭ᠎ᠠ ᠶᠢᠨ | ᠲᠤᠰᠢᠶᠠᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠵᠠᠰᠠᠭ ᠤᠨ | ᠣᠷᠳᠣᠨ ᠤ ᠲᠡᠷᠢᠭᠦᠯᠡᠭᠴᠢ ᠲᠣᠰ ᠲᠣᠰ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠶᠡᠷᠦᠩᠬᠡᠶ ᠭᠤᠤᠯ ᠭᠤᠷᠤᠬ᠎ᠠ | ᠨᠠᠭᠤᠷ ᠴᠦᠬᠦᠷᠦᠮ ᠤᠨ ᠳᠠᠷᠤᠭ᠎ᠠ ᠪᠠ ᠶᠡᠷᠦᠩᠬᠡᠶ ᠭᠤᠤᠯ ᠭᠤᠷᠤᠬ᠎ᠠ ᠨᠠᠭᠤᠷ ᠴᠦᠬᠦᠷᠦᠮ ᠤᠨ ᠳᠠᠷᠤᠭ᠎ᠠ ᠶᠢᠨ | ᠲᠤᠰᠢᠶᠠᠯ ᠢ ᠡᠭᠦᠷᠭᠡᠯᠡᠵᠦ᠂ ᠮᠤᠵᠢ ᠶᠢᠨ ᠱᠠᠲᠤᠨ ᠤ 5 ᠨᠡᠷᠡᠰ ᠤᠳᠤᠷᠢᠳᠤᠯᠭ᠎ᠠ ᠲᠣᠰ ᠲᠣᠰ ᠬᠠᠲᠤᠨ ᠭᠤᠤᠯ ᠵᠡᠷᠭᠡ | 5 ᠭᠤᠤᠯ ᠪᠣᠯᠬᠤ ᠭᠤᠤᠯ ᠭᠤᠷᠤᠬ᠎ᠠ ᠪᠠ ᠬᠥᠯᠥᠨ ᠨᠠᠭᠤᠷ ᠵᠡᠷᠭᠡ 4 ᠭᠤᠤᠯᠳᠠᠯᠭ᠎ᠠ ᠲᠠᠢ ᠨᠠᠭᠤᠷ ᠤᠨ ᠳᠠᠷᠤᠭ᠎ᠠ ᠶᠢᠨ | ᠲᠤᠰᠢᠶᠠᠯ ᠢ ᠡᠬᠦᠷᠭᠡᠯᠡᠪᠡ᠃ ᠬᠤᠶᠠᠷ ᠲᠤ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠠᠮᠢ ᠠᠬᠤᠶ ᠶᠢ | ᠰᠡᠷᠭᠦᠭᠡᠬᠦ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦ ᠨᠡᠮᠡᠷᠢᠯᠡᠵᠡᠢ᠃ ᠬᠠᠲᠤᠨ ᠭᠤᠣᠯ ᠤᠨ | ᠭᠤᠣᠯ ᠤᠷᠤᠰᠬᠠᠯ ᠵᠢᠴᠢ ᠴᠢᠬᠤᠯᠠ ᠰᠠᠯᠪᠤᠷᠢ ᠤᠷᠤᠰᠬᠠᠯ ᠤᠨ 773 ᠡᠷᠭᠢ ᠶᠢᠨ ᠱᠤᠭᠤᠮ ᠤᠨ ᠠᠰᠢᠭᠯᠠᠯᠲᠠ ᠶᠢᠨ | ᠵᠦᠢᠯᠡᠰ ᠢ ᠬᠢᠨᠠᠨ ᠪᠠᠶᠢᠴᠠᠭᠠᠬᠤ᠂ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠭᠢ ᠶᠢᠨ | ᠱᠤᠭᠤᠮ ᠤᠨ ᠠᠰᠢᠭᠯᠠᠯᠲᠠ ᠶᠢᠨ ᠵᠦᠢᠯᠡᠰ ᠤᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠶ ᠣᠶᠢᠯᠠᠭᠠᠪᠠ︔ | ᠬᠠᠲᠤᠨ ᠭᠤᠤᠯ ᠤᠨ ᠰᠠᠪᠠ ᠭᠠᠵᠠᠷ ᠤᠨ ᠭᠤᠤᠯ ᠤᠨ ᠭᠤᠯᠳᠤᠷᠢᠯ ᠠᠴᠠ ᠡᠯᠡᠰᠦ ᠮᠠᠯᠲᠠᠬᠤ ᠲᠤᠰᠬᠠᠶ ᠴᠡᠭᠴᠡᠯᠡᠨ | ᠵᠠᠰᠠᠬᠤ ᠠᠵᠢᠯ ᠢ ᠥᠷᠨᠢᠭᠦᠯᠵᠦ᠂ ᠡᠯᠡᠰᠦ ᠮᠠᠯᠳᠠᠭᠰᠠᠨ 18 ᠠᠰᠠᠭᠤᠳᠠᠯ ᠢ ᠴᠡᠭᠴᠡᠯᠡᠨ ᠵᠠᠰᠠᠪᠠ︔ ᠰᠠᠪᠠ | ᠭᠠᠵᠠᠷ ᠤᠨ ᠳᠣᠲᠣᠷᠠᠬᠢ ᠭᠤᠤᠯ ᠭᠤᠷᠤᠬ᠎ᠠ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠶ ᠳᠥᠯᠭᠢᠨ ᠠᠬᠢᠭᠤᠯᠵᠤ᠂ ᠤᠰᠤᠨ ᠠᠰᠢᠭᠯᠠᠯᠲᠠ ᠶᠢᠨ ᠶᠠᠮᠤᠨ ᠠᠴᠠ | ᠢᠯᠡᠷᠡᠬᠦᠯᠦᠭᠰᠡᠨ ᠮᠠᠨ ᠤ ᠣᠷᠣᠨ ᠤ ᠬᠠᠲᠤᠨ ᠭᠤᠤᠯ ᠤᠨ ᠭᠤᠤᠯ ᠤᠷᠤᠰᠬᠠᠯ ᠤᠨ 10 ᠠᠰᠠᠭᠤᠳᠠᠯ ᠤᠨ 9 | ᠠᠰᠠᠭᠤᠳᠠᠯ ᠢ ᠨᠢ ᠤᠳᠤᠬᠠᠨ ᠨᠢᠭᠡᠨᠳᠡ ᠴᠡᠭᠴᠡᠯᠡᠨ ᠰᠠᠶᠢᠵᠢᠷᠠᠭᠤᠯᠵᠤ᠂ ᠬᠠᠲᠤᠨ ᠭᠤᠤᠯ ᠤᠨ ᠤᠰᠤᠨ | ᠠᠰᠢᠭᠯᠠᠯᠲᠠ ᠶᠢᠨ ᠵᠥᠪᠯᠡᠯ ᠤᠨ ︽ᠭᠤᠤᠯ ᠢ ᠴᠡᠪᠡᠷᠯᠡᠬᠦ ᠠᠵᠢᠯᠯᠠᠭ᠎ᠠ︾ ᠳᠤᠮᠳᠠ ᠨᠤᠳᠠᠯᠠᠭᠰᠠᠨ ᠮᠠᠨ ᠤ ᠣᠷᠣᠨ ᠤ | 127 ᠠᠰᠠᠭᠤᠳᠠᠯ ᠤᠨ 118 ᠠᠰᠠᠭᠤᠳᠠᠯ ᠢ ᠨᠢ ᠨᠢᠭᠡᠨᠳᠡ ᠴᠡᠭᠴᠡᠯᠡᠨ ᠰᠠᠶᠢᠵᠢᠷᠠᠭᠤᠯᠵᠤ᠂ ︽ᠤᠳᠠᠭᠠᠨ ᠵᠢᠯ ᠤᠨ | ᠳᠠᠷᠤᠭᠳᠠᠮᠠᠯ ᠬᠡᠷᠡᠭ︾ ᠤᠨ ᠮᠠᠨ ᠤ ᠣᠷᠣᠨ ᠳᠤ ᠬᠤᠯᠪᠣᠭᠳᠠᠭᠰᠠᠨ 6 ᠠᠰᠠᠭᠤᠳᠠᠯ ᠢ ᠪᠦᠬᠦᠨ ᠢ ᠴᠡᠭᠴᠡᠯᠡᠨ | ᠰᠠᠶᠢᠵᠢᠷᠠᠭᠤᠯᠬᠤ ᠶᠢ ᠪᠡᠶᠡᠯᠡᠭᠦᠯᠪᠡ᠃ ᠭᠤᠷᠪᠠ ᠳᠤ ︽ᠭᠤᠷᠪᠠᠨ ᠨᠠᠭᠤᠷ︾ ᠢ ᠶᠡᠷᠦᠩᠬᠡᠶᠢᠯᠡᠨ ᠵᠠᠰᠠᠬᠤ ᠠᠵᠢᠯ ᠢ | ᠵᠣᠬᠢᠴᠠᠩᠭᠤᠶ ᠪᠠᠷ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ︽ ᠭᠤᠷᠪᠠᠨ ᠨᠠᠭᠤᠷ︾ ᠢ ᠶᠡᠷᠦᠩᠬᠡᠶᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠲᠠᠭ᠎ᠠ ᠶᠢᠨ ᠨᠠᠭᠤᠷ ᠤᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠪᠠᠶᠢᠩᠭᠤ ᠶᠢᠨ ᠳᠡᠳ᠋ ᠲᠡᠷᠢᠭᠦᠯᠡᠭᠴᠢ ᠬᠥᠯᠥᠨ ᠨᠠᠭᠤᠷ ᠤᠨ ᠳᠠᠷᠤᠭ᠎ᠠ ᠶᠢᠨ | ᠲᠤᠰᠢᠶᠠᠯ ᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠤᠯᠠᠭᠠᠨᠰᠤᠬᠠᠢ ᠨᠠᠭᠤᠷ ᠤᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ︽ ᠭᠤᠷᠪᠠᠨ ᠨᠠᠭᠤᠷ︾ ᠢ ᠶᠡᠷᠦᠩᠬᠡᠶᠢᠯᠡᠨ ᠵᠠᠰᠠᠬᠤ ᠳᠤ ᠪᠠᠲᠤ ᠴᠢᠩᠭ᠎ᠠ | ᠤᠳᠤᠷᠢᠳᠤᠯᠭ᠎ᠠ ᠶᠢᠨ ᠪᠠᠲᠤᠯᠠᠭ᠎ᠠ ᠬᠠᠩᠭᠠᠵᠠᠢ᠃ ᠨᠠᠭᠤᠷ ᠤᠨ ᠳᠠᠷᠤᠭ᠎ᠠ ᠨᠠᠷ ᠤᠯᠠᠨ ᠤᠳᠠᠭ᠎ᠠ ᠲᠤᠬᠠᠶ ᠶᠢᠨ | ᠭᠠᠵᠠᠷ ᠲᠤ ᠭᠦᠨᠵᠡᠭᠡᠶᠢᠷᠡᠨ ᠂ ᠠᠰᠠᠭᠤᠳᠠᠯ ᠢ ᠢᠯᠡᠷᠡᠭᠦᠯᠵᠦ ᠂ ᠠᠰᠠᠭᠤᠳᠠᠯ ᠢ ᠰᠢᠢᠳᠪᠤᠷᠢᠯᠡᠵᠦ᠂ ︽ | ᠭᠤᠷᠪᠠᠨ ᠨᠠᠭᠤᠷ︾ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠲᠡᠶ ᠲᠦᠯᠬᠢᠨ ᠠᠬᠢᠭᠤᠯᠪᠠ᠃ ᠡᠭᠦᠨ ᠤ ᠵᠡᠷᠭᠡ ᠳᠤ᠂ | ᠡᠯ᠎ᠡ ᠬᠤᠯᠪᠣᠭᠳᠠᠯ ᠪᠥᠬᠦᠶ ᠠᠶᠢᠮᠠᠭ ᠬᠤᠲᠠ ᠪᠣᠯᠤᠨ ᠡᠯ᠎ᠡ ᠬᠠᠷᠢᠭᠤᠴᠠᠯᠭᠠᠲᠤ ᠲᠢᠩᠬᠢᠮ ᠲᠣᠪᠴᠢᠶ᠎ᠠ ᠨᠤᠭᠤᠳ ᠲᠣᠰ | ᠲᠣᠰ ᠤᠨ ᠬᠠᠷᠢᠭᠤᠴᠠᠯᠭ᠎ᠠ ᠪᠠᠨ ᠬᠦᠢᠴᠡᠳᠭᠡᠵᠦ᠂ ᠬᠠᠷᠢᠯᠴᠠᠨ ᠵᠣᠬᠢᠴᠠᠯᠳᠤᠨ᠂ ᠨᠢᠭᠲᠠ ᠬᠠᠮᠵᠢᠯᠴᠠᠵᠤ᠂ | ᠶᠡᠷᠦᠩᠬᠡᠶᠢᠯᠡᠨ ᠵᠠᠰᠠᠬᠤ ᠠᠵᠢᠯ ᠤᠨ ᠪᠦᠬᠦᠯᠢ ᠴᠣᠭᠴᠠ ᠶᠢᠨ ᠨᠡᠶᠢᠯᠡᠯ ᠬᠦᠴᠦᠨ ᠢ ᠪᠣᠶ ᠪᠣᠯᠭᠠᠵᠤ᠂ ᠨᠠᠭᠤᠷ ᠤᠨ | ᠨᠢᠭᠤᠷ ᠤᠨ ᠲᠠᠯᠠᠪᠠᠶ ᠶᠢ ᠴᠥᠮ ᠵᠦᠶ ᠵᠣᠬᠢᠰᠲᠠᠶ ᠣᠷᠣᠨ ᠵᠠᠶ ᠶᠢᠨ ᠳᠣᠲᠣᠷ᠎ᠠ ᠲᠣᠭᠲᠠᠭᠤᠨ ᠪᠠᠶᠢᠯᠭᠠᠬᠤ ᠶᠢ | ᠪᠠᠲᠤᠯᠠᠪᠠ᠃ ᠡᠨᠡ ᠵᠢᠯ᠂ ᠲᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠬᠤ ᠤᠰᠤ | ᠨᠥᠬᠦᠪᠥᠷᠢᠯᠡᠬᠦ ᠢᠨᠵᠧᠨᠧᠷᠢᠩ ᠢ ᠵᠢᠩᠬᠢᠨᠢ ᠪᠠᠷ ᠡᠬᠢᠯᠡᠭᠦᠯᠵᠦ᠂ ᠪᠠᠷᠢᠯᠭ᠎ᠠ ᠶᠢᠨ ᠬᠤᠭᠤᠴᠠᠭ᠎ᠠ ᠨᠢ 32 ᠰᠠᠷ᠎ᠠ ᠪᠠᠶᠢᠵᠤ᠂ | ᠢᠨᠵᠧᠨᠧᠷᠢᠩ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠲᠠᠭ᠎ᠠ ᠶᠢᠨ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ | ᠵᠠᠰᠠᠬᠤ ᠶᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠠᠲᠤᠨ ᠭᠤᠤᠯ ᠤᠨ ᠤᠰᠤ ᠡᠯᠪᠡᠭ ᠵᠢᠯ ᠳᠤ | ᠬᠠᠲᠤᠨ ᠭᠤᠤᠯ ᠤᠨ ᠭᠤᠤᠯ ᠤᠷᠤᠰᠬᠠᠯ ᠠᠴᠠ ᠤᠰᠤ ᠲᠠᠲᠠᠵᠤ ᠲᠠᠭ᠎ᠠ ᠶᠢᠨ ᠨᠠᠭᠤᠷ ᠲᠤ ᠪᠠᠴᠢᠮ ᠪᠠᠶᠢᠳᠠᠯ ᠢ | ᠠᠷᠭᠠᠴᠠᠬᠤ ᠠᠮᠢ ᠠᠬᠤᠶ ᠶᠢᠨ ᠤᠰᠤ ᠨᠥᠬᠦᠪᠥᠷᠢᠯᠡᠬᠦ ᠶᠢ ᠬᠡᠷᠡᠭᠵᠢᠭᠦᠯᠵᠦ᠂ ᠲᠠᠭ᠎ᠠ ᠶᠢᠨ ᠨᠠᠭᠤᠷ ᠤᠨ ᠠᠮᠢ ᠠᠬᠤᠶ ᠶᠢᠨ | ᠰᠡᠷᠭᠦᠭᠡᠯᠲᠡ ᠶᠢ ᠲᠦᠷᠭᠡᠳᠬᠡᠨ ᠠᠬᠢᠭᠤᠯᠪᠠ᠃ ᠲᠦᠷᠪᠡ ᠳᠤ᠂ ᠤᠰᠤᠨ ᠣᠷᠣᠨ ᠤ ᠡᠷᠭᠢ ᠶᠢᠨ ᠱᠤᠭᠤᠮ ᠤᠨ ᠣᠷᠣᠨ | ᠵᠠᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠪᠠ᠃ ᠪᠦᠬᠦ ᠤᠯᠤᠰ ᠤᠨ ᠠᠩᠬᠠᠳᠤᠭᠠᠷ ᠤᠳᠠᠭᠠᠨ ᠤ ᠤᠰᠤᠨ | ᠠᠰᠢᠭᠯᠠᠯᠲᠠ ᠶᠢᠨ ᠨᠡᠶᠢᠳᠡᠮ ᠪᠠᠶᠢᠴᠠᠭᠠᠬᠤ ᠭᠤᠣᠯ ᠭᠤᠷᠤᠬ᠎ᠠ ᠨᠠᠭᠤᠷ ᠴᠥᠭᠦᠷᠥᠮ ᠤᠨ ᠨᠡᠷᠡᠰ ᠤᠨ | ᠵᠢᠭᠰᠠᠭᠠᠯᠲᠠ ᠳᠠᠬᠢ 2860 ᠭᠤᠣᠯ ᠭᠤᠷᠤᠬ᠎ᠠ ᠶᠢᠨ ᠬᠡᠰᠡᠭ ᠪᠠ 359 ᠤᠰᠤᠨ ᠤ ᠲᠠᠯᠠᠪᠠᠢ ᠨᠢ 1 ᠲᠡᠭᠰᠢ | ᠳᠥᠷᠪᠡᠯᠵᠢᠨ ᠺᠢᠯᠣᠮᠧᠲᠷ ᠠᠴᠠ ᠳᠡᠭᠡᠭᠰᠢᠬᠢ ᠨᠠᠭᠤᠷ ᠴᠥᠭᠦᠷᠥᠮ ᠢ ᠵᠠᠭᠠᠭᠯᠠᠬᠤ ᠠᠵᠢᠯ ᠢ ᠤᠷᠢᠳᠴᠢᠯᠠᠨ | ᠪᠡᠶᠡᠯᠡᠭᠦᠯᠵᠦ᠂ ᠬᠥᠮᠦᠨ ᠦᠭᠡᠢ ᠣᠷᠣᠨ ᠤ 800 ᠭᠠᠷᠤᠶ ᠭᠤᠣᠯ ᠭᠤᠷᠤᠬ᠎ᠠ ᠢ ᠬᠢᠨᠠᠨ ᠲᠣᠭᠲᠠᠭᠠᠪᠠ︔ 2018 | ᠣᠨ ᠠᠴᠠ ᠨᠠᠰᠢ᠂ ᠪᠥᠬᠦ ᠣᠷᠣᠨ ᠳᠤ ᠨᠡᠶᠢᠲᠡ 6283 ᠭᠤᠤᠯ ᠭᠤᠷᠤᠬ᠎ᠠ ᠨᠠᠭᠤᠷ ᠴᠦᠬᠦᠷᠦᠮ ᠤᠨ ︽ᠳᠥᠷᠪᠡᠨ | ᠵᠠᠮᠪᠠᠷᠠᠭ᠎ᠠ ᠦᠭᠡᠢ︾ ᠠᠰᠠᠭᠤᠳᠠᠯ ᠢ ᠵᠢᠭᠰᠠᠭᠠᠨ ᠪᠠᠶᠢᠴᠠᠭᠠᠵᠤ᠂ 6045 ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ᠂ ᠳ᠋ᠤᠭᠠᠷ ᠬᠠᠰᠤᠭᠰᠠᠨ ᠨᠣᠷᠮ᠎ᠠ ᠨᠢ 96.21% ᠳᠤ ᠲᠤᠯᠪᠠ᠂ ᠡᠭᠦᠨ ᠳᠤ 2020 ᠣᠨ ᠳᠤ | ᠭᠤᠤᠯ ᠭᠤᠷᠤᠬ᠎ᠠ ᠨᠠᠭᠤᠷ ᠴᠦᠬᠦᠷᠦᠮ ᠤᠨ ᠬᠠᠮᠢᠶᠠᠷᠤᠯᠲᠠ ᠬᠠᠮᠠᠭᠠᠯᠠᠯᠲᠠ ᠶᠢᠨ ︽ᠬᠠᠪᠤᠷ ᠤᠨ ᠤᠯᠠᠷᠢᠯ︾᠂ ︽ | ᠨᠠᠮᠤᠷ ᠤᠨ ᠤᠯᠠᠷᠢᠯ︾ ᠤᠨ ᠠᠵᠢᠯᠯᠠᠭ᠎ᠠ ᠶᠢ ᠥᠷᠨᠢᠭᠦᠯᠬᠦ ᠳᠤ 1723 ︽ᠳᠥᠷᠪᠡᠨ ᠵᠠᠮᠪᠠᠷᠠᠭ᠎ᠠ ᠦᠭᠡᠢ︾ | ᠠᠰᠠᠭᠤᠳᠠᠯ ᠢ ᠵᠢᠭᠰᠠᠭᠠᠨ ᠪᠠᠶᠢᠴᠠᠭᠠᠵᠤ᠂ 1649 ᠳ᠋ᠤᠭᠠᠷ ᠢ ᠨᠢ ᠨᠢᠭᠡᠨᠲᠡ ᠬᠠᠰᠤᠵᠤ᠂ ᠳ᠋ᠤᠭᠠᠷ ᠢ ᠨᠢ ᠬᠠᠰᠤᠭᠰᠠᠨ | ᠨᠣᠷᠮ᠎ᠠ 95.7% ᠪᠣᠯᠪᠠ︔ ᠲᠤᠰᠬᠠᠶ ᠠᠵᠢᠯᠯᠠᠭ᠎ᠠ ᠪᠠᠷ 585.5 ᠺᠢᠯᠣᠮᠧᠲᠷ ᠭᠤᠣᠯ ᠤᠨ ᠭᠤᠯᠳᠤᠷᠢᠯ ᠢ ᠬᠠᠤᠯᠢ | ᠪᠤᠰᠤ ᠪᠠᠷ ᠡᠵᠡᠯᠡᠨ ᠬᠡᠷᠡᠭᠯᠡᠭᠰᠡᠨ ᠶᠠᠪᠤᠳᠠᠯ ᠢ ᠴᠡᠪᠡᠷᠯᠡᠵᠦ᠂ ᠬᠠᠤᠯᠢ ᠪᠤᠰᠤ ᠪᠠᠷ ᠡᠯᠡᠰᠦ ᠮᠠᠯᠲᠠᠭᠰᠠᠨ 58 ᠭᠠᠵᠠᠷ ᠢ | ᠴᠡᠪᠡᠷᠯᠡᠵᠦ᠂ 132.4 ᠲᠦᠮᠡᠨ ᠲᠡᠭᠰᠢ ᠳᠥᠷᠪᠡᠯᠵᠢᠨ ᠮᠧᠲᠷ ᠬᠠᠤᠯᠢ ᠪᠤᠰᠤ ᠪᠠᠷᠢᠯᠭ᠎ᠠ ᠶᠢ ᠨᠤᠷᠠᠭᠠᠵᠤ᠂ ᠬᠠᠳᠤᠨ | ᠭᠤᠣᠯ ᠤᠨ ᠴᠢᠬᠤᠯᠠ ᠰᠠᠯᠪᠤᠷᠢ ᠤᠷᠤᠰᠬᠠᠯ ᠤᠨ ᠬᠠᠤᠯᠢ ᠪᠤᠰᠤ ᠪᠠᠷ ᠡᠯᠡᠰᠦ ᠮᠠᠯᠲᠠᠭᠰᠠᠨ ᠵᠡᠷᠭᠡ ᠲᠡᠦᠬᠡ ᠶᠢᠨ | ᠦᠯᠡᠳᠡᠭᠳᠡᠯ ᠠᠰᠠᠭᠤᠳᠠᠯ ᠢ ᠦᠷᠭᠦᠯᠵᠢᠯᠡᠨ ᠰᠢᠢᠳᠪᠤᠷᠢᠯᠡᠬᠦ ᠶᠢ ᠲᠦᠯᠬᠢᠨ ᠠᠬᠢᠭᠤᠯᠵᠤ᠂ ᠭᠤᠣᠯ ᠭᠤᠷᠤᠬ᠎ᠠ ᠨᠠᠭᠤᠷ | ᠴᠥᠭᠦᠷᠥᠮ ᠤᠨ ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠪᠠ᠃ ᠲᠠᠪᠤ ᠳᠤ᠂ ᠭᠤᠣᠯ ᠭᠤᠷᠤᠬ᠎ᠠ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠤᠨ ᠤᠬᠠᠭᠤᠯᠭ᠎ᠠ ᠶᠢ ᠪᠦᠬᠦ ᠲᠠᠯ᠎ᠠ ᠪᠠᠷ᠂ ᠤᠯᠠᠨ ᠲᠠᠯ᠎ᠠ ᠠᠴᠠ | ᠦᠷᠨᠢᠬᠦᠯᠵᠡᠢ᠃ ᠡᠯ᠎ᠡ ᠱᠠᠲᠤ ᠡᠯ᠎ᠡ ᠭᠠᠵᠠᠷ ᠤᠨ ᠬᠢᠨ ᠣᠯᠠᠨ ᠵᠤᠶᠢᠯ ᠤᠨ ᠵᠠᠭᠤᠴᠢᠯᠠᠭᠤᠷ ᠢᠶᠠᠷ ᠳᠠᠮᠵᠢᠭᠤᠯᠤᠨ᠂ | ᠭᠤᠤᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠭᠤᠤᠯ ᠭᠤᠷᠤᠬ᠎ᠠ ᠨᠠᠭᠤᠷ ᠴᠥᠭᠦᠷᠥᠮ ᠢ ᠬᠠᠯᠠᠮᠵᠢᠯᠠᠨ ᠬᠠᠶᠢᠷᠠᠯᠠᠬᠤ᠂ | ᠭᠤᠤᠯ ᠭᠤᠷᠤᠬ᠎ᠠ ᠨᠠᠭᠤᠷ ᠴᠥᠭᠦᠷᠥᠮ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠪᠠ᠃ | ᠠᠷᠠᠳ ᠤᠨ ᠡᠳᠦᠷ ᠤᠨ ᠰᠣᠨᠢᠨ ︵ᠰᠦᠯᠵᠢᠶ᠎ᠡ︶᠂ ᠰᠢᠨᠬᠤᠸᠠ ᠰᠦᠯᠵᠢᠶ᠎ᠡ ᠪᠣᠯᠤᠨ ᠤᠯᠤᠰ ᠢᠶᠠᠨ | ᠬᠦᠴᠦᠷᠬᠡᠭᠵᠢᠭᠦᠯᠬᠦ ᠶᠢ ᠰᠤᠷᠤᠯᠴᠠᠬᠤ ᠲᠠᠪᠴᠠᠩ ᠵᠡᠷᠭᠡ ᠤᠯᠤᠰ ᠤᠨ ᠭᠤᠤᠯ ᠤᠷᠤᠰᠬᠠᠯ ᠤᠨ | ᠵᠠᠭᠤᠴᠢᠯᠠᠭᠤᠷ ᠤᠨ ᠬᠢᠨ ᠤ ᠮᠠᠨ ᠤ ᠣᠷᠣᠨ ᠤ ᠭᠤᠤᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ | ᠲᠦᠷᠢᠮ ᠤᠨ ᠠᠵᠢᠯ ᠤᠨ ᠠᠬᠢᠴᠠ ᠶᠢ ᠮᠡᠳᠡᠭᠡᠯᠡᠵᠦ᠂ ᠡᠯ᠎ᠡ ᠭᠠᠵᠠᠷ ᠤᠨ ᠨᠡᠶᠢᠲᠡᠯᠢᠭ ᠲᠤᠷᠰᠢᠯᠭ᠎ᠠ ᠵᠡᠷᠭᠡ ᠶᠢ 50 | ᠭᠠᠷᠤᠶ ᠤᠳᠠᠭ᠎ᠠ ᠮᠡᠳᠡᠭᠡᠯᠡᠵᠦ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ᠂ ᠥᠪᠥᠷ ᠮᠣᠩᠭᠤᠯ ᠤᠨ | ᠡᠳᠦᠷ ᠤᠨ ᠰᠣᠨᠢᠨ᠂ ᠥᠪᠥᠷ ᠮᠣᠩᠭᠤᠯ ᠤᠨ ᠲᠧᠯᠸᠢᠰ ᠬᠤᠷᠢᠶ᠎ᠠ ᠵᠡᠷᠭᠡ ᠵᠠᠭᠤᠴᠢᠯᠠᠭᠤᠷ ᠤᠨ ᠬᠢᠨ ᠮᠠᠨ ᠤ ᠣᠷᠣᠨ ᠤ | ᠭᠤᠤᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠡᠯ᠎ᠡ ᠵᠤᠶᠢᠯ ᠤᠨ ᠠᠵᠢᠯ ᠢ ᠵᠠᠭᠤ ᠭᠠᠷᠤᠶ | ᠤᠳᠠᠭ᠎ᠠ ᠮᠡᠳᠡᠭᠡᠯᠡᠵᠦ ᠤᠬᠠᠭᠤᠯᠪᠠ᠃ ︽ᠥᠪᠥᠷ ᠮᠣᠩᠭᠤᠯ ᠤᠨ ᠭᠤᠤᠯ ᠤᠨ ᠳᠠᠷᠤᠭ᠎ᠠ ᠶᠢᠨ ᠲᠦᠷᠢᠮ︾ ᠤᠨ | ᠸᠢᠴᠠᠲ ᠤᠨ ᠣᠯᠠᠨ ᠨᠡᠶᠢᠲᠡ ᠶᠢᠨ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠤᠨ ᠰᠦᠯᠵᠢᠶ᠎ᠡ ᠳᠤ ᠪᠠᠰᠠ ᠭᠤᠤᠯ ᠤᠨ ᠳᠠᠷᠤᠭ᠎ᠠ ᠶᠢᠨ ᠲᠦᠷᠢᠮ ᠤᠨ ᠲᠤᠰᠬᠠᠶ ᠪᠤᠯᠤᠩ | ᠭᠠᠷᠭᠠᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠪᠠᠰᠠ ᠲᠣᠰ ᠲᠣᠰ ᠤᠨ | ᠣᠨᠴᠠᠯᠢᠭ ᠲᠠᠢ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠭᠤᠤᠯ ᠤᠨ ᠳᠠᠷᠤᠭ᠎ᠠ ᠶᠢᠨ ᠲᠦᠷᠢᠮ ᠤᠨ | ᠤᠬᠠᠭᠤᠯᠭ᠎ᠠ ᠶᠢᠨ ᠠᠵᠢᠯ ᠢ ᠥᠷᠨᠢᠭᠦᠯᠪᠡ᠃ | ᠳᠠᠷᠠᠭ᠎ᠠ ᠠᠯᠬᠤᠮ ᠳᠤ᠂ ᠮᠠᠨ ᠤ ᠣᠷᠣᠨ ᠤ ᠭᠤᠣᠯ ᠭᠤᠷᠤᠬ᠎ᠠ ᠨᠠᠭᠤᠷ ᠴᠥᠭᠦᠷᠥᠮ ᠢ ᠵᠠᠰᠠᠬᠤ ᠳᠤ ᠰᠢ ᠶᠢᠨ | ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠤᠰᠤ | ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ | ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ | ᠭᠤᠤᠯ ᠭᠤᠷᠤᠬ᠎ᠠ ᠶᠢᠨ ᠳᠠᠷᠤᠭ᠎ᠠ ᠶᠢᠨ ᠲᠦᠷᠢᠮ ᠢᠶᠠᠷ ᠭᠠᠷᠳᠠᠴᠠ ᠪᠣᠯᠭᠠᠵᠤ᠂ ︽ᠨᠠᠭᠤᠷ︾ ᠪᠠ ︽ᠤᠰᠤ︾ ᠶᠢ | ᠰᠠᠶᠢᠲᠤᠷ ᠬᠠᠮᠢᠶᠠᠷᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠭᠤᠤᠯ ᠨᠠᠭᠤᠷ ᠤᠨ ᠳᠠᠷᠤᠭ᠎ᠠ ᠶᠢᠨ | ᠲᠦᠷᠢᠮ ᠢ ︽ᠨᠡᠷ᠎ᠡ ᠲᠠᠢ︾ ᠪᠠᠶᠢᠭᠰᠠᠨ ᠠᠴᠠ ︽ ᠨᠢᠳᠡᠷ ᠲᠠᠢ︾ ᠪᠣᠯᠭᠠᠨ ᠬᠤᠪᠢᠷᠠᠭᠤᠯᠬᠤ ᠶᠢ ᠬᠦᠴᠦᠯᠡᠨ | ᠠᠬᠢᠭᠤᠯᠵᠤ᠂ ᠪᠥᠬᠦ ᠲᠠᠯ᠎ᠠ ᠪᠠᠷ ᠪᠠᠶᠢᠭᠤᠯᠬᠤ ᠠᠴᠠ ᠪᠥᠬᠦ ᠲᠠᠯ᠎ᠠ ᠪᠠᠷ ᠦᠷ᠎ᠡ ᠪᠦᠲᠦᠮᠵᠢ ᠤᠯᠬᠤ ᠬᠦᠷᠲᠡᠯ᠎ᠡ᠂ ᠭᠤᠤᠯ | ᠭᠤᠷᠤᠬ᠎ᠠ ᠨᠠᠭᠤᠷ ᠴᠦᠬᠦᠷᠦᠮ ᠢ ᠨᠠᠮ ᠰᠡᠯᠡᠭᠦᠨ᠂ ᠡᠶ᠎ᠡ ᠵᠣᠬᠢᠴᠠᠯ ᠲᠠᠢ ᠪᠣᠯᠭᠠᠵᠤ᠂ ᠤᠷᠤᠰᠬᠠᠯ ᠨᠢ ᠢᠯᠭᠤᠮ᠂ | ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠰᠠᠶᠢᠬᠠᠨ ᠪᠤᠯᠭᠠᠵᠤ᠂ ᠭᠤᠤᠯ ᠭᠤᠷᠤᠬ᠎ᠠ ᠨᠠᠭᠤᠷ | ᠴᠦᠬᠦᠷᠦᠮ ᠨᠢ ᠠᠮᠤᠷ ᠠᠮᠤᠭᠤᠯᠠᠩ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠥᠲᠥᠭᠡᠨ ᠪᠠᠶᠢᠭᠤᠯᠤᠨ᠎ᠠ᠃ | ᠬᠤᠶᠠᠷ᠂ ᠤᠤᠭᠤᠬᠤ ᠤᠰᠤᠨ ᠤ ᠠᠮᠤᠷ ᠲᠦᠪᠰᠢᠨ ᠢᠶᠠᠷ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠬᠠᠷᠠᠯᠲᠠᠲᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ | ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠪᠣᠯ ᠨᠢᠭᠡᠨ ᠴᠢᠬᠤᠯᠠ ᠶᠡᠭᠡ ᠠᠷᠠᠳ ᠤᠨ | ᠠᠮᠢᠳᠤᠷᠠᠯ ᠤᠨ ᠢᠨᠵᠧᠨᠧᠷᠢᠩ ᠪᠠᠶᠢᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ ᠪᠠᠶᠢᠳᠠᠭ᠃ | ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ | ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠢ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠡᠭᠡᠷ᠎ᠡ ᠲᠥᠪᠯᠡᠷᠡᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠤᠷᠢᠯᠡᠬᠦ ᠪᠠᠷ ᠭᠤᠤᠯᠳᠠᠯᠭ᠎ᠠ ᠪᠣᠯᠭᠠᠵᠤ᠂ ᠳᠡᠭᠡᠳᠦ | ᠪᠠᠶᠢᠷᠢ ᠠᠴᠠ ᠠᠬᠢᠭᠤᠯᠬᠤ ᠶᠢ ᠪᠠᠷᠢᠮᠲᠠᠯᠠᠨ᠂ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ | ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠢᠯᠡᠳᠲᠡ ᠦᠷ᠎ᠡ ᠪᠦᠲᠦᠮᠵᠢ ᠣᠯᠵᠤ᠂ | ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠣᠰᠣᠭᠠᠷ᠂ ᠪᠥᠬᠦ ᠣᠷᠣᠨ ᠤ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠤᠷᠢᠯᠡᠪᠡ᠃ | ᠨᠢᠭᠡ ᠳᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠲᠣᠭᠲᠠᠭᠰᠠᠨ ᠬᠤᠭᠤᠴᠠᠭᠠᠨ | ᠳᠤ ︽ᠪᠦᠬᠦᠨ ᠢ ᠴᠡᠪᠡᠷᠯᠡᠨ ᠪᠠᠷᠢᠮᠵᠢᠶ᠎ᠠ ᠳᠤ ᠬᠦᠷᠭᠡᠬᠦ︾ ᠶᠢ ᠪᠡᠶᠡᠯᠡᠭᠦᠯᠦᠨ᠎ᠡ᠃ ︽13 · 5︾ ᠶᠢᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠥᠬᠦ ᠣᠷᠣᠨ ᠳᠤ ᠶᠠᠳᠠᠭᠤ ᠬᠦᠴᠢᠷᠳᠡᠯᠲᠡᠶ 18.3 ᠲᠦᠮᠡᠨ ᠬᠥᠮᠦᠨ | ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠤᠷᠢᠯᠡᠪᠡ᠃ ᠨᠢᠭᠡ ᠡᠷᠦᠬᠡ ᠶᠢ ᠴᠤ | ᠭᠡᠭᠡᠭᠳᠡᠬᠦᠯᠬᠦ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠶᠠᠳᠠᠭᠤ ᠶᠢ ᠲᠡᠳᠬᠦᠵᠦ᠂ ᠡᠷᠡᠭᠦᠯ ᠬᠠᠮᠠᠭᠠᠯᠠᠯ ᠤᠨ ᠰᠠᠯᠠᠭ᠎ᠠ | ᠮᠥᠴᠢᠷ ᠤᠳ ᠲᠠᠢ ᠬᠠᠮᠲᠤᠷᠠᠨ ᠪᠥᠬᠦ ᠣᠷᠣᠨ ᠤ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ ᠳᠣᠲᠣᠯᠠᠵᠤ᠂ | ᠲᠤᠰᠬᠠᠶ ᠵᠤᠶᠢᠯ ᠤᠨ ᠪᠠᠯᠠ ᠮᠥᠩᠭᠦ ᠪᠠᠭᠤᠯᠭᠠᠨ ᠪᠦᠬᠦᠨ ᠢ ᠬᠠᠮᠤᠷᠬᠤ ᠮᠠᠶ᠋ᠢᠭ ᠤᠨ ᠤᠰᠤᠨ ᠤ ᠴᠢᠨᠠᠷ ᠢ ᠪᠠᠶᠢᠴᠠᠭᠠᠨ | ᠬᠡᠮᠵᠢᠬᠦ ᠠᠵᠢᠯ ᠢ ᠥᠷᠨᠢᠭᠦᠯᠵᠦ᠂ ᠬᠤᠰᠢᠭᠤ ᠰᠢᠶᠠᠨ ᠲᠣᠰᠬᠤᠨ ᠡᠷᠦᠬᠡ ᠳᠤ ᠬᠦᠷᠲᠡᠯ᠎ᠡ ᠡᠬᠡ ᠲᠠᠩᠰᠠ ᠶᠢ | ᠪᠠᠶᠢᠭᠤᠯᠤᠨ᠂ ᠮᠡᠷᠭᠡᠵᠢᠯ ᠤᠨ ᠲᠥᠰᠦᠯ ᠲᠣᠭᠲᠠᠭᠠᠵᠤ᠂ ᠰᠢᠢᠳᠪᠤᠷᠢᠯᠡᠬᠦ ᠠᠷᠭ᠎ᠠ ᠬᠡᠮᠵᠢᠶ᠎ᠡ ᠶᠢ ᠨᠠᠷᠢᠯᠢᠭ | ᠣᠨᠣᠴᠠᠲᠠᠶ ᠪᠠᠷ ᠨᠠᠶᠢᠳᠠᠪᠤᠷᠢᠵᠢᠭᠤᠯᠪᠠ᠃ 2019 ᠣᠨ ᠤ 10 ᠳ᠋ᠤᠭᠠᠷ ᠰᠠᠷ᠎ᠠ ᠳᠤ᠂ ᠬᠠᠮᠤᠭ ᠰᠡᠭᠦᠯᠴᠢ ᠶᠢᠨ ᠨᠢᠭᠡ | ᠪᠦᠯᠦᠭ ᠬᠠᠷᠭᠤᠭᠤᠯᠤᠨ ᠪᠠᠶᠢᠴᠠᠭᠠᠵᠤ ᠭᠠᠷᠭᠠᠭᠰᠠᠨ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ | ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠪᠦᠬᠦᠨ ᠢ ᠳᠠᠭᠤᠰᠬᠠᠵᠤ᠂ ᠥᠪᠡᠷᠲᠡᠭᠡᠨ | ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ | ᠠᠰᠠᠭᠤᠳᠠᠯ ᠤᠨ ︽ ᠪᠦᠬᠦᠨ ᠢ ᠴᠡᠪᠡᠷᠯᠡᠨ ᠪᠠᠷᠢᠮᠵᠢᠶ᠎ᠠ ᠳᠤ ᠬᠦᠷᠭᠡᠬᠦ︾ ᠡᠭᠦᠷᠭᠡ ᠶᠢ ᠪᠥᠬᠦ ᠲᠠᠯ᠎ᠠ ᠪᠠᠷ | ᠪᠡᠶᠡᠯᠡᠭᠦᠯᠪᠡ᠃ | ᠬᠤᠶᠠᠷ ᠲᠤ᠂ ᠬᠥᠳᠡᠯᠦᠩᠭᠦᠢ ᠪᠠᠷ ᠬᠢᠨᠠᠨ ᠬᠡᠮᠵᠢᠬᠦ ᠶᠢ ᠪᠠᠷᠢᠮᠲᠠᠯᠠᠵᠤ᠂ ᠲᠠᠬᠢᠨ ᠶᠠᠳᠠᠭᠤᠷᠠᠬᠤ ᠪᠠ ᠶᠠᠳᠠᠭᠤᠷᠠᠬᠤ | ᠠᠴᠠ ᠰᠡᠷᠭᠡᠶᠢᠯᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠬᠦ ᠶᠢᠨ ᠲᠥᠯᠥᠭᠡ᠂ ᠤᠤᠭᠤᠬᠤ ᠤᠰᠤᠨ ᠤ ᠠᠮᠤᠷ ᠲᠦᠪᠰᠢᠨ ᠤ ᠬᠡᠮ ᠰᠣᠭᠤᠭ ᠢ ᠲᠠᠰᠤᠷᠠᠯᠲᠠ ᠥᠬᠡᠶ | ᠠᠷᠢᠯᠭᠠᠵᠤ᠂ 2019 ᠣᠨ᠂ 2020 ᠣᠨ ᠳᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠠᠴᠠ ᠬᠤᠶᠠᠷ ᠵᠢᠯ ᠳᠠᠷᠠᠭᠠᠯᠠᠨ ᠬᠥᠨᠳᠡᠯᠡᠨ ᠪᠠᠷ ᠬᠢᠵᠠᠭᠠᠷ ᠣᠷᠣᠨ ᠳᠤ ᠬᠦᠷᠲᠡᠯ᠎ᠡ ᠭᠤᠯᠳᠤ ᠪᠠᠷ | ᠡᠴᠦᠰ ᠲᠤᠨᠢ ᠲᠤᠯᠲᠠᠯ᠎ᠠ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠨᠡᠶᠢᠳᠡᠮ ᠬᠠᠮᠤᠷᠬᠤ ᠮᠠᠶ᠋ᠢᠭ ᠤᠨ ᠤᠤᠭᠤᠬᠤ | ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠶᠡᠭᠡ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠵᠢᠭᠰᠠᠭᠠᠨ | ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠤ ᠬᠡᠮ ᠰᠣᠭᠤᠭ ᠪᠠ ᠪᠠᠲᠤᠯᠠᠭ᠎ᠠ ᠯᠠᠪᠳᠠᠭᠤᠨ ᠪᠠᠲᠤᠲᠠᠶ ᠪᠢᠰᠢ | ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠰᠢᠢᠳᠪᠤᠷᠢᠯᠡᠬᠦ ᠠᠷᠭ᠎ᠠ ᠬᠡᠮᠵᠢᠶ᠎ᠡ ᠶᠢ | ᠨᠢᠭᠡᠳ ᠨᠢᠭᠡ ᠪᠠᠷ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠶᠠᠰᠤ ᠴᠢᠨᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠨᠢ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢᠶᠠᠷ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠳᠠᠯᠳᠠᠭᠤᠷ ᠰᠤᠷᠪᠤᠯᠵᠢᠯᠠᠨ ᠪᠠᠶᠢᠴᠠᠭᠠᠬᠤ ᠲᠤᠰᠬᠠᠶ ᠠᠩᠭᠢ ᠪᠠᠶᠢᠭᠤᠯᠵᠤ᠂ | ᠪᠥᠬᠦ ᠣᠷᠣᠨ ᠤ 12 ᠠᠶᠢᠮᠠᠭ ᠬᠤᠲᠠ ᠳᠤ ᠣᠯᠠᠨ ᠤᠳᠠᠭ᠎ᠠ ᠰᠢᠪᠠᠳᠠᠭᠤᠯᠤᠨ ᠵᠢᠯᠣᠭᠤᠳᠴᠤ ᠪᠠᠶᠢᠴᠠᠭᠠᠬᠤ᠂ | ᠳᠠᠯᠳᠠᠭᠤᠷ ᠰᠤᠷᠪᠤᠯᠵᠢᠯᠠᠬᠤ ᠶᠢ ᠥᠷᠨᠢᠭᠦᠯᠵᠦ᠂ ᠡᠯ᠎ᠡ ᠭᠠᠵᠠᠷ ᠤᠨ ᠬᠢᠨ ᠢ ᠰᠢᠪᠠᠳᠠᠭᠤᠯᠵᠤ ᠪᠠᠶᠢᠭᠠᠳ ᠤᠤᠭᠤᠬᠤ | ᠤᠰᠤᠨ ᠤ ᠠᠮᠤᠷ ᠲᠦᠪᠰᠢᠨ ᠤ ᠡᠯ᠎ᠡ ᠵᠤᠶᠢᠯ ᠤᠨ ᠠᠵᠢᠯ ᠢ ᠦᠨᠡᠨ ᠬᠦ ᠰᠠᠶᠢᠲᠤᠷ ᠬᠢᠯᠭᠡᠪᠡ᠃ ᠡᠯ᠎ᠡ ᠭᠠᠵᠠᠷ ᠤᠨ ᠬᠢᠨ | ᠠᠰᠠᠭᠤᠳᠠᠯ ᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠶᠠᠳᠠᠭᠤ ᠶᠢ ᠲᠡᠳᠬᠦᠬᠦ ᠪᠠ | ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠲᠣᠭᠲᠠᠴᠠ ᠶᠢ | ᠪᠠᠶᠢᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠢ | ᠴᠠᠭ ᠲᠤᠬᠠᠢ ᠳᠤᠨᠢ ᠡᠵᠡᠮᠰᠢᠵᠦ᠂ ᠠᠰᠠᠭᠤᠳᠠᠯ ᠲᠠᠬᠢᠨ ᠡᠭᠦᠰᠬᠦ ᠶᠢ ᠰᠡᠷᠭᠡᠶᠢᠯᠡᠵᠦ᠂ ᠤᠰᠤ ᠠᠴᠠ ᠪᠤᠯᠵᠤ ᠲᠠᠬᠢᠨ | ᠶᠠᠳᠠᠭᠤᠷᠠᠬᠤ ᠪᠤᠶᠤ ᠶᠠᠳᠠᠭᠤᠷᠠᠬᠤ ᠪᠠᠶᠢᠳᠠᠯ ᠭᠠᠷᠬᠤ ᠠᠴᠠ ᠵᠠᠶᠢᠯᠠᠰᠬᠢᠵᠦ᠂ ᠶᠠᠳᠠᠭᠤ ᠬᠦᠴᠢᠷᠳᠡᠯᠲᠡᠢ ᠬᠥᠮᠦᠨ | ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠬᠥᠳᠡᠯᠦᠩᠭᠦᠢ ᠪᠠᠷ ᠴᠡᠪᠡᠷᠯᠡᠬᠦ ᠶᠢ | ᠪᠠᠲᠤᠯᠠᠵᠠᠢ᠃ | ᠭᠤᠷᠪᠠ ᠳᠤ᠂ ᠪᠠᠬᠢᠵᠢᠭᠦᠯᠦᠨ ᠥᠷᠭᠡᠳᠬᠡᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠶᠠᠰᠤ | ᠴᠢᠨᠠᠷ ᠢ ᠲᠡᠭᠡᠭᠰᠢᠯᠡᠬᠦᠯᠪᠡ᠃ ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ | ᠵᠠᠰᠠᠬᠤ ᠣᠷᠣᠨ ᠠᠴᠠ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ | ᠳᠡᠭᠡᠭᠰᠢᠯᠡᠭᠦᠯᠬᠦ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ | ᠬᠠᠩᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠪᠦᠬᠦᠯᠢ ᠴᠤᠭᠴᠠ ᠠᠴᠠ ᠲᠦᠯᠬᠢᠨ ᠠᠬᠢᠭᠤᠯᠪᠠ᠃ | ᠪᠦᠬᠦ ᠣᠷᠣᠨ ᠳᠤ ᠤᠤᠭᠤᠬᠤ ᠤᠰᠤᠨ ᠤ ᠠᠮᠤᠷ ᠲᠦᠪᠰᠢᠨ ᠤ ᠪᠡᠯᠡ ᠮᠥᠩᠭᠦ ᠶᠢ ᠨᠡᠶᠢᠲᠡ 53.7 ᠳ᠋ᠦᠩᠰᠢᠭᠤᠷ | ᠲᠥᠭᠦᠷᠢᠭ ᠣᠷᠣᠭᠤᠯᠵᠤ᠂ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠨᠡᠶᠢᠳᠡ 1.5 ᠲᠦᠮᠡ ᠰᠢᠨ᠎ᠡ ᠪᠠᠷ | ᠪᠠᠶᠢᠭᠤᠯᠤᠭᠰᠠᠨ ᠪᠠ ᠥᠭᠡᠷᠡᠴᠢᠯᠡᠨ ᠥᠷᠭᠡᠳᠬᠡᠨ ᠪᠠᠶᠢᠭᠤᠯᠵᠤ᠂ 2.4 ᠲᠦᠮᠡᠨ ᠤᠰᠤᠨ ᠰᠤᠷᠪᠤᠯᠵᠢ ᠶᠢᠨ | ᠬᠤᠳᠳᠤᠭ ᠢ ᠰᠢᠨ᠎ᠡ ᠪᠠᠷ ᠮᠠᠯᠲᠠᠵᠤ᠂ ᠮᠠᠯᠵᠢᠬᠤ ᠣᠷᠣᠨ ᠤ ᠤᠰᠤ ᠬᠠᠳᠠᠭᠠᠯᠠᠬᠤ ᠵᠣᠭᠤᠷᠢ ᠶᠢ 1 ᠲᠦᠮᠡ ᠭᠠᠷᠤᠶ | ᠪᠠᠶᠢᠭᠤᠯᠵᠤ᠂ ᠤᠰᠤ ᠴᠡᠪᠡᠷᠰᠢᠭᠦᠯᠬᠦ ᠲᠥᠬᠦᠭᠡᠷᠦᠮᠵᠢ ᠶᠢ 16.8 ᠲᠦᠮᠡᠨ ᠢᠵᠢ ᠤᠭᠰᠠᠷᠠᠵᠤ᠂ 1.67 ᠲᠦᠮᠡᠨ | ᠺᠢᠯᠣᠮᠧᠲᠷ ᠤᠨ ᠬᠤᠭᠤᠯᠠᠶ ᠶᠢᠨ ᠲᠣᠣᠷ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠵᠤ᠂ | ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ | ᠢᠨᠵᠧᠨᠧᠷᠢᠩ ᠳᠤ 430 ᠲᠦᠮᠡᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠵᠦ᠂ ᠺᠠᠷᠲᠯᠠᠨ ᠳᠠᠩᠰᠠᠯᠠᠭᠰᠠᠨ 18. | 3 ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ | ᠠᠰᠠᠭᠤᠳᠠᠯ ᠢ ᠰᠢᠢᠳᠪᠤᠷᠢᠯᠡᠪᠡ᠃ 75 ᠲᠦᠮᠡᠨ ᠬᠥᠮᠦᠨ ᠤ ᠹᠯᠣᠷ ᠠᠷᠰᠧᠨ ᠢᠣᠳ᠋ ᠤᠨ ᠪᠠᠷᠢᠮᠵᠢᠶ᠎ᠠ ᠠᠴᠠ | ᠬᠡᠲᠦᠷᠡᠭᠰᠡᠨ ᠠᠰᠠᠭᠤᠳᠠᠯ ᠢ ᠰᠢᠢᠳᠪᠤᠷᠢᠯᠡᠵᠦ᠂ ᠤᠤᠭᠤᠬᠤ ᠤᠰᠤᠨ ᠤ ᠬᠡᠯᠪᠡᠷᠢ ᠶᠢᠨ ᠣᠷᠣᠨ ᠨᠤᠲᠤᠭ ᠤᠨ | ᠡᠪᠡᠳᠴᠢᠨ ᠢ ᠰᠡᠷᠭᠡᠶᠢᠯᠡᠨ ᠵᠠᠰᠠᠬᠤ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠭᠠᠰᠢᠭᠤᠨ ᠱᠣᠷᠪᠣᠭ ᠤᠰᠤ ᠶᠢ | ᠥᠭᠡᠷᠡᠴᠢᠯᠡᠨ ᠰᠠᠶᠢᠵᠢᠷᠠᠭᠤᠯᠬᠤ 389 ᠢᠨᠵᠧᠨᠧᠷᠢᠩ ᠢ ᠪᠠᠬᠢᠵᠢᠭᠦᠯᠦᠨ ᠳᠡᠭᠡᠭᠰᠢᠯᠡᠭᠦᠯᠵᠦ᠂ 10.3 ᠲᠦᠮᠡᠨ | ᠬᠥᠮᠦᠨ ᠳᠤ ᠠᠰᠢᠭ ᠬᠦᠷᠲᠡᠭᠡᠵᠦ᠂ ︽ᠭᠠᠰᠢᠭᠤᠨ ᠱᠣᠷᠪᠣᠭ ᠤᠰᠤ︾ ᠶᠢᠨ ᠠᠰᠠᠭᠤᠳᠠᠯ ᠢ ᠪᠦᠬᠦ ᠲᠠᠯ᠎ᠠ ᠪᠠᠷ | ᠰᠢᠢᠳᠪᠤᠷᠢᠯᠡᠵᠦ᠂ ᠤᠰᠤᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠪᠡᠷᠬᠡ ᠰᠡᠳᠦᠪ ᠢ ᠰᠢᠢᠳᠪᠤᠷᠢᠯᠡᠬᠦ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢ ᠨᠡᠩ ᠯᠠᠪᠳᠠᠭᠤᠨ | ᠪᠠᠲᠤᠲᠠᠶ ᠪᠣᠯᠭᠠᠪᠠ᠃ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ | ᠨᠣᠷᠮ᠎ᠠ ᠶᠢ 82% ᠲᠤ ᠬᠦᠷᠦᠭᠦᠯᠵᠦ᠂ ᠡᠭᠦᠨ ᠳᠤ᠂ ᠬᠥᠬᠡᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ | ᠵᠡᠷᠭᠡ ᠠᠶᠢᠮᠠᠭ ᠬᠤᠲᠠ ᠶᠢᠨ ᠲᠥᠪᠯᠡᠷᠡᠭᠦᠯᠦᠨ ᠤᠰᠤ ᠬᠠᠩᠭᠠᠬᠤ ᠨᠣᠷᠮ᠎ᠠ ᠶᠢ 90% ᠠᠴᠠ ᠳᠡᠭᠡᠭᠰᠢ ᠳᠤ | ᠬᠦᠷᠦᠭᠦᠯᠵᠦ᠂ ᠮᠠᠯᠴᠢᠨ ᠲᠠᠷᠢᠶᠠᠴᠢᠳ ᠤᠨ ᠠᠮᠤᠷ ᠲᠦᠪᠰᠢᠨ ᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯ ᠤᠨ ᠲᠥᠷᠥᠭᠳᠡᠯ ᠢ ᠢᠯᠡᠳᠲᠡ ᠨᠡᠮᠡᠭᠳᠡᠬᠦᠯᠵᠡᠢ᠃ | ᠲᠦᠷᠪᠡ ᠳᠤ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠤᠷᠳᠤ | ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠢ ᠪᠠᠳᠤᠯᠠᠪᠠ᠃ ᠣᠷᠳᠣ ᠬᠤᠭᠤᠴᠠᠭᠠᠨ ᠤ ᠪᠦᠲᠦᠮᠵᠢᠲᠡᠶ | ᠠᠵᠢᠯᠯᠠᠭᠠᠨ ᠤ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠰᠤ | ᠬᠠᠩᠭᠠᠬᠤ ᠢᠨᠵᠧᠨᠧᠷᠢᠩ ᠤᠨ ︽ᠭᠤᠷᠪᠠᠨ ᠬᠠᠷᠢᠭᠤᠴᠠᠯᠭ᠎ᠠ︾ ︽ᠭᠤᠷᠪᠠᠨ ᠵᠤᠶᠢᠯ ᠤᠨ ᠲᠦᠷᠢᠮ︾ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠢᠨᠵᠧᠨᠧᠷᠢᠩ ᠤᠨ | ᠤᠰᠤᠨ ᠤ ᠰᠦᠢᠳᠭᠡᠯ ᠢ ᠬᠤᠷᠢᠶᠠᠨ ᠲᠤᠰᠢᠶᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠤᠰᠤ | ᠠᠷᠪᠢᠯᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠰᠦᠢᠳᠭᠡᠯ ᠲᠤᠰᠢᠶᠠᠵᠤ ᠤᠰᠤ ᠬᠡᠷᠡᠭᠯᠡᠬᠦ ᠶᠢ | ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ︽ᠤᠰᠤ ᠪᠠᠷ ᠤᠰᠤ ᠶᠢ ᠲᠡᠵᠢᠭᠡᠬᠦ︾ ᠢᠨᠵᠧᠨᠧᠷᠢᠩ ᠤᠨ ᠬᠠᠮᠢᠶᠠᠷᠴᠤ | ᠬᠠᠮᠠᠭᠠᠯᠠᠬᠤ ᠵᠠᠭᠪᠤᠷ ᠤᠨ ᠪᠦᠷᠢᠯᠳᠦᠬᠦ ᠶᠢ ᠠᠬᠢᠭᠤᠯᠪᠠ᠃ ᠲᠣᠰᠬᠤᠨ ᠤ ᠱᠠᠲᠤᠨ ᠤ ᠤᠰᠤ ᠬᠠᠮᠢᠶᠠᠷᠤᠭᠴᠢ ᠶᠢ | ᠪᠠᠶᠢᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠶᠢ ᠴᠢᠩᠭᠠᠳᠬᠠᠬᠤ ᠵᠢᠯᠣᠭᠤᠳᠬᠤ ᠰᠠᠨᠠᠯ ᠢ | ᠳᠠᠷᠤᠮᠠᠯᠯᠠᠨ ᠲᠠᠷᠬᠠᠭᠠᠵᠤ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠦᠨᠳᠦᠰᠦᠨ ᠱᠠᠲᠤ ᠲᠡᠶᠢᠰᠢ | ᠤᠷᠲᠤᠳᠬᠠᠬᠤ ᠶᠢ ᠠᠬᠢᠭᠤᠯᠤᠨ᠂ ᠡᠯ᠎ᠡ ᠭᠠᠵᠠᠷ ᠢ ᠵᠢᠯᠣᠭᠤᠳᠴᠤ ᠪᠠᠶᠢᠭᠠᠳ ᠭᠡᠨᠡᠳᠲᠡ ᠡᠭᠦᠰᠦᠭᠰᠡᠨ ᠤᠰᠤ | ᠬᠠᠩᠭᠠᠬᠤ ᠬᠡᠷᠡᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ | ᠤᠰᠤ ᠬᠠᠩᠭᠠᠬᠤ ᠪᠡᠯᠡᠳᠬᠡᠯ ᠲᠥᠰᠦᠯ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠤᠰᠤ ᠬᠠᠩᠭᠠᠬᠤ ᠢᠨᠵᠧᠨᠧᠷᠢᠩ ᠤᠨ ᠠᠵᠢᠯᠯᠠᠭᠠᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ | ᠲᠡᠭᠡᠭᠰᠢᠯᠡᠬᠦᠯᠪᠡ᠃ ᠣᠳᠣᠬᠠᠨ ᠳᠤ᠂ ᠪᠥᠬᠦ ᠣᠷᠣᠨ ᠤ ᠡᠯ᠎ᠡ ᠬᠤᠰᠢᠭᠤ ᠰᠢᠶᠠᠨ ᠴᠥᠮ ᠪᠠᠴᠢᠮ ᠪᠠᠶᠢᠳᠠᠯ ᠢ | ᠠᠷᠭᠠᠴᠠᠬᠤ ᠤᠰᠤ ᠬᠠᠩᠭᠠᠬᠤ ᠪᠠᠲᠤᠯᠠᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠤᠰᠤ | ᠬᠠᠩᠭᠠᠬᠤ ᠢᠨᠵᠧᠨᠧᠷᠢᠩ ᠳᠤ ᠴᠥᠮ ᠦᠨ᠎ᠡ ᠲᠣᠭᠲᠠᠭᠠᠵᠤ᠂ ᠤᠰᠤᠨ ᠤ ᠰᠦᠢᠳᠭᠡᠯ ᠢ ᠬᠤᠷᠢᠶᠠᠨ ᠲᠤᠰᠢᠶᠠᠭᠰᠠᠨ | ᠨᠣᠷᠮ᠎ᠠ 95% ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠳᠤ ︽ᠬᠠᠮᠢᠶᠠᠷᠬᠤ | ᠬᠥᠮᠦᠨ ᠲᠠᠢ᠂ ᠬᠠᠮᠢᠶᠠᠷᠬᠤ ᠵᠣᠭᠤᠰ ᠲᠠᠢ︾ ᠰᠠᠶᠢᠨ ᠰᠠᠶᠢᠬᠠᠨ ᠠᠵᠢᠯᠯᠠᠭᠠᠨ ᠤ ᠲᠣᠭᠲᠠᠴᠠ ᠶᠠᠭ ᠪᠦᠷᠢᠯᠳᠦᠵᠦ | ᠪᠠᠶᠢᠨ᠎ᠠ᠃ | ᠥᠪᠥᠷ ᠮᠣᠩᠭᠤᠯ ᠤᠨ ᠬᠤᠳᠠᠯᠳᠤᠭᠠᠨ ᠤ ᠰᠣᠨᠢᠨ ᠤ ᠰᠤᠷᠪᠤᠯᠵᠢᠯᠠᠭᠴᠢ | 2020 — 12 — 23 10᠄ 20᠄ 24 | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠤᠭᠤᠬᠤ ᠤᠰᠤᠨ ᠤ ᠠᠮᠤᠷ | ᠲᠦᠪᠰᠢᠨ ᠤ ︽ᠪᠦᠬᠦᠨ ᠢ ᠴᠡᠪᠡᠷᠯᠡᠵᠦ ᠪᠠᠷᠢᠮᠵᠢᠶ᠎ᠠ ᠳᠤ ᠬᠦᠷᠭᠡᠬᠦ︾ ᠡᠭᠦᠷᠭᠡ ᠶᠢ ᠨᠢᠭᠡᠨᠲᠡ ᠪᠡᠶᠡᠯᠡᠭᠦᠯᠪᠡ᠂ ᠤᠰᠤᠨ | ᠠᠰᠢᠭᠯᠠᠯᠲᠠ ᠶᠢᠨ ᠲᠢᠩᠬᠢᠮ ᠤᠨ ᠤᠤᠭᠤᠬᠤ ᠤᠰᠤᠨ ᠤ ᠠᠮᠤᠷ ᠲᠦᠪᠰᠢᠨ ᠤ ᠲᠤᠬᠠᠢ ᠳᠠᠷᠠᠭᠠᠴᠢ ᠶᠢᠨ ᠠᠯᠬᠤᠮ ᠤᠨ | ᠭᠤᠣᠯᠳᠠᠯᠭ᠎ᠠ ᠲᠠᠢ ᠠᠵᠢᠯ ᠨᠢ ᠶᠠᠮᠠᠷ ᠪᠤᠢ︖ | ᠭᠤᠤ ᠮᠢᠩ ᠲᠠᠩ | 2020 — 12 — 23 10᠄ 24᠄ 47 | ᠳᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠤᠤᠭᠤᠬᠤ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠭᠤᠣᠯᠳᠠᠯᠭ᠎ᠠ ᠲᠠᠢ | ᠪᠠᠬᠢᠵᠢᠭᠦᠯᠵᠦ᠂ ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ᠂ ᠢᠨᠵᠧᠨᠧᠷᠢᠩ ᠤᠨ ᠳᠤᠲᠠᠭᠤᠳᠠᠯ ᠢ ᠴᠠᠭ | ᠲᠤᠬᠠᠢ ᠳᠤᠨᠢ ᠨᠥᠬᠦᠪᠥᠷᠢᠯᠡᠨ᠎ᠡ᠃ ᠡᠭᠦᠨ ᠤ ᠬᠠᠮᠲᠤ᠂ ᠬᠢᠨᠠᠨ ᠰᠢᠯᠭᠠᠵᠤ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ | ᠴᠢᠩᠭᠠᠳᠬᠠᠵᠤ᠂ ᠨᠠᠷᠢᠯᠢᠭ ᠣᠨᠣᠴᠠᠲᠠᠶ ᠠᠷᠭ᠎ᠠ ᠬᠡᠮᠵᠢᠶ᠎ᠡ ᠠᠪᠴᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ | ᠴᠠᠭ ᠲᠤᠬᠠᠶ ᠳᠤᠨᠢ ᠰᠢᠢᠳᠪᠤᠷᠢᠯᠡᠵᠦ᠂ ᠠᠰᠠᠭᠤᠳᠠᠯ ᠤᠨ ᠳᠠᠬᠢᠨ ᠡᠭᠦᠰᠬᠦ ᠶᠢ ᠰᠡᠷᠭᠡᠶᠢᠯᠡᠨ᠂ ᠶᠠᠳᠠᠭᠤ ᠬᠦᠴᠢᠷᠳᠡᠯᠲᠡᠶ | ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠣᠷᠳᠣ ᠬᠤᠭᠤᠴᠠᠭ᠎ᠠ ᠪᠠᠷ | ᠲᠣᠭᠲᠠᠭᠤᠨ ᠢᠶᠠᠷ ᠰᠢᠢᠳᠪᠤᠷᠢᠯᠡᠬᠦ ᠶᠢ ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠤᠷᠢᠯᠡᠭᠰᠡᠨ ᠦᠷ᠎ᠡ ᠪᠦᠲᠦᠭᠡᠯ ᠢ ᠲᠡᠤᠬᠡ ᠪᠠ ᠦᠢᠯᠡᠳᠦᠯᠭᠡ ᠶᠢᠨ ᠰᠢᠯᠭᠠᠯᠲᠠ ᠶᠢ ᠬᠦᠯᠢᠶᠡᠵᠦ ᠳᠡᠶᠢᠯᠬᠦ | ᠪᠤᠯᠭᠠᠨ᠎ᠠ᠃ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠲᠢᠩᠬᠢᠮ ᠤᠨ | ᠤᠤᠭᠤᠬᠤ ᠤᠰᠤᠨ ᠤ ᠠᠮᠤᠷ ᠲᠦᠪᠰᠢᠨ ᠤ ᠠᠵᠢᠯ ᠨᠢᠭᠡ ᠳᠤ ︽ᠤᠰᠤᠨ ᠤ ᠡᠬᠢ ᠰᠤᠷᠪᠤᠯᠵᠢ ᠶᠢ | ᠲᠣᠭᠲᠠᠪᠤᠷᠢᠵᠢᠭᠤᠯᠬᠤ︾ ᠪᠠᠷ ᠭᠤᠤᠯ ᠱᠤᠭᠤᠮ ᠪᠣᠯᠭᠠᠵᠤ᠂ ᠤᠰᠤᠨ ᠤ ᠡᠬᠢ ᠰᠤᠷᠪᠤᠯᠵᠢ᠂ ᠬᠤᠭᠤᠯᠠᠶ ᠶᠢᠨ | ᠲᠣᠤᠷ ᠢ ᠤᠷᠢᠳᠠᠪᠠᠷ ᠠᠰᠢᠭᠯᠠᠬᠤ ᠪᠠ ᠤᠰᠤᠨ ᠤ ᠡᠬᠢ ᠰᠤᠷᠪᠤᠯᠵᠢ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ | ᠤᠰᠤᠨ ᠤ ᠬᠠᠩᠭᠠᠯᠭ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠳᠤᠯᠠᠨ᠎ᠠ᠃ ᠬᠤᠶᠠᠷ ᠲᠤ ︽ᠬᠤᠶᠠᠷ | ᠲᠠᠯ᠎ᠠ ᠶᠢ ᠠᠳᠬᠤᠵᠤ ᠳᠤᠮᠳᠠᠬᠢ ᠶᠢ ᠳᠠᠶᠢᠴᠢᠯᠠᠬᠤ︾ ᠠᠷᠭ᠎ᠠ ᠮᠠᠶ᠋ᠢᠭ ᠤᠨ ᠶᠣᠰᠣᠭᠠᠷ᠂ ︽ᠶᠡᠭᠡ ᠶᠢ ᠪᠠᠶᠢᠭᠤᠯᠵᠤ | ᠲᠤᠮᠳᠠ ᠶᠢ ᠨᠢ ᠨᠢᠭᠡᠳᠭᠡᠨ ᠵᠢᠵᠢᠭ ᠢ ᠨᠢ ᠪᠠᠭᠠᠰᠬᠠᠬᠤ︾ ᠪᠥᠳᠥᠭᠡᠨ ᠪᠠᠶᠢᠭᠤᠯᠤᠯᠲᠠ ᠶᠢᠨ ᠵᠠᠷᠴᠢᠮ ᠢ | ᠦᠨᠳᠦᠰᠦᠯᠡᠨ᠂ ᠨᠢᠭᠡ ᠪᠦᠯᠦᠭ ᠬᠡᠪᠴᠢᠶᠡᠵᠢᠭᠦᠯᠦᠭᠰᠡᠨ ᠢᠨᠵᠧᠨᠧᠷᠢᠩ ᠢ ᠲᠥᠯᠥᠪᠵᠢᠭᠦᠯᠦᠨ ᠪᠥᠳᠥᠭᠡᠨ ᠪᠠᠶᠢᠭᠤᠯᠵᠤ᠂ | ᠨᠢᠭᠡ ᠪᠦᠯᠦᠭ ᠵᠢᠵᠢᠭ ᠬᠡᠯᠪᠡᠷᠢ ᠶᠢᠨ ᠵᠢᠷᠤᠮᠵᠢᠭᠰᠠᠨ ᠤᠰᠤ ᠬᠠᠩᠭᠠᠬᠤ ᠢᠨᠵᠧᠨᠧᠷᠢᠩ ᠢ ᠪᠥᠳᠥᠭᠡᠨ ᠪᠠᠶᠢᠭᠤᠯᠵᠤ | ᠥᠭᠡᠷᠡᠴᠢᠯᠡᠨ᠂ ᠨᠢᠭᠡ ᠪᠦᠯᠦᠭ ᠬᠠᠭᠤᠴᠢᠷᠬᠠᠰᠠᠨ ᠤᠰᠤ ᠬᠠᠩᠭᠠᠬᠤ ᠢᠨᠵᠧᠨᠧᠷᠢᠩ ᠪᠣᠯᠤᠨ ᠬᠤᠭᠤᠯᠠᠶ ᠲᠣᠣᠷ | ᠢ ᠰᠢᠨᠡᠳᠬᠡᠨ ᠥᠭᠡᠷᠡᠴᠢᠯᠡᠵᠦ᠂ ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ ᠢᠨᠵᠧᠨᠧᠷᠢᠩ ᠤᠨ | ᠵᠢᠷᠤᠮᠵᠢᠯᠲᠠ᠂ ᠪᠠᠷᠢᠮᠵᠢᠶᠠᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠷᠪᠠ ᠳᠤ ᠲᠠᠷᠠᠬᠠᠶ | ᠪᠤᠲᠠᠷᠬᠠᠶ ᠤᠰᠤ ᠬᠠᠩᠭᠠᠬᠤ ᠬᠢᠯᠢ ᠲᠠᠭᠤ ᠶᠢᠨ ᠮᠠᠯᠵᠢᠬᠤ ᠣᠷᠣᠨ᠂ ᠠᠭᠤᠯᠠᠷᠬᠠᠭ ᠣᠷᠣᠨ ᠳᠤ᠂ ᠤᠰᠤ ᠬᠠᠩᠭᠠᠬᠤ | ᠬᠡᠮᠵᠢᠶ᠎ᠡ ᠶᠢ ᠨᠡᠮᠡᠭᠳᠡᠭᠦᠯᠬᠦ᠂ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠪᠠᠷ ᠪᠥᠲᠥᠭᠡᠨ ᠪᠠᠶᠢᠭᠤᠯᠤᠯᠲᠠ ᠶᠢᠨ | ᠭᠤᠤᠯᠳᠠᠯᠭ᠎ᠠ ᠪᠣᠯᠭᠠᠵᠤ᠂ ᠮᠠᠯᠵᠢᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠠ ᠮᠠᠯᠴᠢᠨ | ᠲᠠᠷᠢᠶᠠᠴᠢᠨ ᠤ ᠤᠰᠤ ᠬᠡᠷᠡᠭᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠨ ᠠᠴᠠ | ᠭᠠᠳᠠᠨ᠎ᠠ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠪᠠᠷ ᠳᠠᠮᠵᠢᠭᠤᠯᠤᠨ ᠤᠰᠤ ᠬᠠᠩᠭᠠᠬᠤ | ᠶᠠᠰᠤ ᠴᠢᠨᠠᠷ ᠢ ᠳᠡᠭᠡᠭᠰᠢᠯᠡᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠬᠠᠮᠢᠶᠠᠷᠤᠨ ᠬᠠᠮᠠᠭᠠᠯᠠᠬᠤ | ᠲᠣᠭᠲᠠᠴᠠ ᠶᠢ ᠪᠠᠶᠢᠭᠤᠯᠤᠨ᠂ ᠢᠨᠵᠧᠨᠧᠷᠢᠩ ᠤᠨ ᠬᠠᠮᠢᠶᠠᠷᠤᠨ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ | ᠪᠠ ᠠᠷᠠᠴᠢᠯᠠᠨ ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ | ᠪᠡᠯᠡᠳᠬᠡᠯ ᠲᠥᠰᠦᠯ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ | ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ᠃ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ | 2020 — 12 — 23 10᠄ 25᠄ 40 | ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ | ᠠᠵᠢᠯᠯᠠᠭᠠᠨ ᠢ ᠬᠠᠮᠢᠶᠠᠷᠤᠨ ᠬᠠᠮᠠᠭᠠᠯᠠᠬᠤ ᠶᠢᠨ ᠭᠤᠤᠯ ᠭᠠᠷᠳᠠᠴᠠ ᠨᠢ ᠶᠠᠭᠤ ᠪᠣᠶ︖ | ᠭᠤᠤ ᠮᠢᠩ ᠲᠠᠩ | 2020 — 12 — 23 10᠄ 29᠄ 08 | ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠢᠨᠵᠧᠨᠧᠷᠢᠩ ᠤᠨ ᠤᠰᠤᠨ ᠤ ᠰᠦᠢᠳᠭᠡᠯ ᠢ | ᠬᠤᠷᠢᠶᠠᠨ᠎ᠠ᠃ ᠣᠳᠣᠬᠠᠨ ᠳᠤ᠂ ᠮᠠᠨ ᠤ ᠲᠢᠩᠬᠢᠮ ᠶᠠᠭ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ | ᠢᠨᠵᠧᠨᠧᠷᠢᠩ ᠤᠨ ᠤᠰᠤᠨ ᠤ ᠰᠦᠢᠳᠭᠡᠯ ᠢ ᠬᠤᠷᠢᠶᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃ | ᠣᠲᠣ ᠪᠣᠯᠲᠠᠯ᠎ᠠ᠂ ᠪᠥᠬᠦ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠳᠤ ᠴᠥᠮ ᠦᠨ᠎ᠡ | ᠲᠣᠭᠲᠠᠭᠠᠵᠤ᠂ ᠤᠰᠤᠨ ᠤ ᠰᠦᠢᠳᠭᠡᠯ ᠬᠤᠷᠢᠶᠠᠭᠰᠠᠨ ᠨᠣᠷᠮ᠎ᠠ 95% ᠳᠤ ᠬᠦᠷᠴᠦ᠂ ᠶᠢᠰᠦᠨ ᠬᠤᠪᠢ ᠶᠢ | ᠳᠠᠪᠠᠭᠰᠠᠨ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠠᠴᠠ ᠨᠢᠭᠡᠨᠲᠡ ᠰᠦᠢᠳᠭᠡᠯ | ᠬᠤᠷᠢᠶᠠᠵᠤ ᠡᠬᠢᠯᠡᠭᠰᠡᠨ ᠪᠠᠶᠢᠨ᠎ᠠ᠃ | ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ ᠢᠨᠵᠧᠨᠧᠷᠢᠩ ᠨᠢ ᠤᠰᠤᠨ ᠤ ᠡᠬᠢ ᠰᠤᠷᠪᠤᠯᠵᠢ ᠶᠢᠨ | ᠪᠥᠳᠥᠭᠡᠨ ᠪᠠᠶᠢᠭᠤᠯᠤᠯᠲᠠ᠂ ᠤᠰᠤ ᠲᠠᠲᠠᠬᠤ ᠠᠴᠠ ᠠᠪᠤᠭᠠᠳ ᠤᠰᠤᠨ ᠤ ᠦᠢᠯᠡᠳᠪᠦᠷᠢ ᠶᠢ ᠴᠡᠪᠡᠷᠰᠢᠭᠦᠯᠦᠨ | ᠰᠢᠢᠳᠪᠤᠷᠢᠯᠡᠬᠦ᠂ ᠬᠥᠭᠡᠷᠭᠡ ᠶᠢᠨ ᠥᠷᠳᠡᠭᠡ ᠪᠠᠷ ᠤᠰᠤ ᠳᠠᠮᠵᠢᠭᠤᠯᠬᠤ ᠬᠦᠷᠲᠡᠯ᠎ᠡ᠂ ᠲᠠᠬᠢᠭᠠᠳ ᠤᠰᠤᠨ ᠴᠤᠷᠭᠤ ᠶᠢ | ᠲᠠᠷᠢᠶᠠᠴᠢᠨ ᠮᠠᠯᠴᠢᠳ ᠤᠨ ᠭᠡᠷ ᠲᠤ ᠤᠭᠰᠠᠷᠠᠬᠤ ᠬᠦᠷᠲᠡᠯ᠎ᠡ ᠪᠦᠬᠦ᠋ᠢᠯᠡ ᠶᠠᠪᠤᠴᠠ ᠳᠤ ᠬᠥᠮᠦᠨ ᠤ ᠬᠦᠴᠦ᠂ ᠪᠣᠳᠠᠰ | ᠤᠨ ᠬᠦᠴᠦ᠂ ᠡᠳ᠋ ᠤᠨ ᠬᠦᠴᠦᠨ ᠤ ᠣᠷᠣᠭᠤᠯᠤᠯᠲᠠ ᠶᠢ ᠬᠡᠷᠡᠭᠰᠡᠬᠦ ᠮᠥᠷᠲᠡᠭᠡᠨ ᠪᠠᠷᠢᠯᠭ᠎ᠠ ᠶᠢ ᠪᠠᠶᠢᠭᠤᠯᠵᠤ | ᠳᠠᠭᠤᠰᠤᠭᠰᠠᠨ ᠤ ᠲᠠᠷᠠᠭ᠎ᠠ ᠦᠷᠭᠦᠯᠵᠢᠯᠡᠨ ᠠᠵᠢᠯᠯᠠᠭᠤᠯᠬᠤ ᠶᠢ ᠪᠡᠶᠡᠯᠡᠭᠦᠯᠬᠦ ᠳᠤ ᠪᠠᠰᠠ ᠰᠡᠯᠪᠢᠨ ᠵᠠᠰᠠᠬᠤ ᠪᠠ | ᠠᠷᠠᠴᠢᠯᠠᠨ ᠬᠠᠮᠠᠭᠠᠯᠠᠬᠤ ᠶᠢ ᠬᠡᠷᠡᠭᠰᠡᠬᠦ ᠪᠥᠭᠡᠳ ᠪᠠᠰᠠ ᠵᠣᠬᠢᠬᠤ ᠬᠡᠮᠵᠢᠶᠡᠨ ᠤ ᠪᠡᠯᠡ ᠮᠥᠩᠭᠦ ᠶᠢᠨ ᠣᠷᠣᠭᠤᠯᠤᠯᠲᠠ ᠶᠢ | ᠬᠡᠷᠡᠭᠰᠡᠨ᠎ᠡ᠃ ᠵᠣᠬᠢᠬᠤ ᠬᠡᠮᠵᠢᠶᠡᠨ ᠤ ᠤᠰᠤᠨ ᠤ ᠰᠦᠢᠳᠭᠡᠯ ᠬᠤᠷᠢᠶᠠᠪᠠᠯ᠂ ᠪᠠᠷᠢᠯᠭ᠎ᠠ ᠶᠢ ᠠᠵᠢᠯᠯᠠᠭᠤᠯᠬᠤ ᠪᠠ | ᠬᠠᠮᠢᠶᠠᠷᠴᠤ ᠬᠠᠮᠠᠭᠠᠯᠠᠬᠤ ᠵᠣᠭᠤᠰ ᠲᠠᠢ ᠪᠤᠯᠬᠤ ᠪᠠᠷ ᠪᠠᠷᠠᠬᠤ ᠥᠬᠡᠶ᠂ ᠮᠠᠯᠴᠢᠨ ᠲᠠᠷᠢᠶᠠᠴᠢᠨ ᠤ ᠤᠰᠤ ᠶᠢ ᠠᠷᠪᠢᠯᠠᠨ | ᠬᠡᠷᠡᠭᠯᠡᠬᠦ ᠶᠢ ᠠᠬᠢᠭᠤᠯᠵᠤ᠂ ᠬᠢᠯᠪᠠᠷ ᠪᠤᠰᠤ ᠪᠠᠷ ᠣᠯᠤᠭᠰᠠᠨ ᠤᠤᠭᠤᠬᠤ ᠤᠰᠤ ᠶᠢ ᠨᠠᠨᠳᠢᠩᠨᠠᠬᠤ ᠶᠢᠨ ᠬᠠᠮᠲᠤ᠂ | ᠤᠰᠤ ᠬᠡᠷᠡᠭᠯᠡᠬᠦ ᠡᠷᠦᠬᠡ ᠶᠢᠨ ᠪᠠᠷᠢᠯᠭ᠎ᠠ ᠶᠢᠨ ᠠᠵᠢᠯᠯᠠᠭᠠᠨ ᠤ ᠪᠠᠶᠢᠳᠠᠯ ᠳᠤ ᠬᠢᠨᠠᠯᠲᠠ ᠲᠠᠯᠪᠢᠬᠤ ᠶᠢ ᠠᠬᠢᠭᠤᠯᠵᠤ | ᠪᠣᠯᠤᠨ᠎ᠠ᠃ | ᠬᠡᠯᠡᠯᠭᠡᠨ ᠦᠭᠡᠢ᠂ ᠤᠰᠤᠨ ᠤ ᠰᠦᠢᠳᠬᠡᠯ ᠬᠤᠷᠢᠶᠠᠬᠤ ᠨᠢ ︽ᠨᠢᠭᠡ ᠯᠡ ᠠᠳᠠᠯᠢ ᠪᠠᠷ ᠱᠠᠭᠠᠷᠳᠠᠬᠤ︾ | ᠶᠠᠪᠤᠳᠠᠯ ᠪᠢᠰᠢ ᠶᠤᠮ᠃ ᠣᠨᠴᠠᠭᠠᠶ ᠬᠦᠴᠢᠷᠳᠡᠯ ᠲᠠᠢ ᠭᠠᠵᠠᠷ ᠣᠷᠣᠨ ᠪᠠ ᠤᠰᠤ ᠬᠠᠩᠭᠠᠬᠤ ᠪᠠᠷᠢᠯᠭ᠎ᠠ ᠳᠤ ᠵᠣᠬᠢᠬᠤ | ᠬᠡᠮᠵᠢᠶᠡᠨ ᠤ ᠨᠥᠬᠦᠪᠥᠷᠢ ᠥᠭᠬᠦ ᠠᠷᠭ᠎ᠠ ᠬᠡᠮᠵᠢᠶ᠎ᠡ ᠠᠪᠴᠤ᠂ ᠡᠳ᠋ ᠤᠨ ᠵᠠᠰᠠᠭ ᠤᠨ ᠨᠥᠬᠦᠪᠥᠷᠢ ᠥᠭᠴᠦ᠂ | ᠪᠠᠷᠢᠯᠭ᠎ᠠ ᠶᠢᠨ ᠬᠡᠪ ᠤᠨ ᠠᠵᠢᠯᠯᠠᠭ᠎ᠠ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠪᠢᠳᠡ ᠡᠯ᠎ᠡ ᠭᠠᠵᠠᠷ ᠤᠨ ᠬᠢᠨ ᠳᠤ | ᠱᠠᠭᠠᠷᠳᠠᠵᠤ ᠪᠠᠶᠢᠨ᠎ᠠ᠃ 2019 ᠣᠨ ᠠᠴᠠ ᠨᠠᠰᠢ᠂ ᠲᠥᠪ ᠠᠴᠠ ᠮᠠᠨ ᠤ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠤᠰᠤ ᠬᠠᠩᠭᠠᠬᠤ ᠢᠨᠵᠧᠨᠧᠷᠢᠩ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠥᠬᠦᠪᠥᠷᠢ ᠶᠢᠨ ᠪᠠᠯᠠ | ᠮᠥᠩᠭᠦ ᠶᠢ ᠨᠡᠶᠢᠲᠡ 1.8 ᠳ᠋ᠦᠩᠰᠢᠭᠤᠷ ᠲᠥᠭᠦᠷᠢᠭ ᠪᠠᠭᠤᠯᠭᠠᠪᠠ᠂ ᠪᠢᠳᠡ ᠪᠠᠯᠠ ᠮᠥᠩᠭᠦ ᠶᠢ ᠬᠤᠪᠢᠶᠠᠷᠢᠯᠠᠬᠤ ᠳᠠᠭᠠᠨ | ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠣᠷᠣᠨ ᠪᠠ ᠬᠤᠪᠢᠰᠬᠠᠯ ᠤᠨ ᠬᠠᠭᠤᠴᠢᠨ ᠰᠠᠭᠤᠷᠢᠨ | ᠭᠠᠵᠠᠷ ᠵᠡᠷᠭᠡ ᠣᠨᠴᠠᠭᠠᠶ ᠭᠠᠵᠠᠷ ᠣᠷᠣᠨ ᠳᠤ ᠵᠣᠬᠢᠰᠲᠠᠶ ᠬᠠᠷᠠᠭᠠᠯᠵᠠᠯ ᠦᠵᠡᠭᠦᠯᠵᠦ᠂ ᠲᠣᠪᠤᠶᠢᠮ᠎ᠠ ᠬᠦᠴᠢᠷᠳᠡᠯ ᠲᠠᠢ | ᠭᠠᠵᠠᠷ ᠣᠷᠣᠨ ᠤ ᠢᠨᠵᠧᠨᠧᠷᠢᠩ ᠤᠨ ᠠᠵᠢᠯᠯᠠᠭᠠᠨ ᠤ ᠬᠠᠮᠠᠭᠠᠯᠠᠯᠲᠠ ᠶᠢ ᠪᠠᠲᠤᠯᠠᠬᠤ ᠪᠣᠯᠤᠨ᠎ᠠ᠃ | ᠣᠳᠣᠬᠠᠨ ᠳᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠤᠰᠤᠨ ᠤ ᠰᠦᠢᠳᠭᠡᠯ ᠢ | ᠬᠤᠷᠢᠶᠠᠬᠤ ᠠᠵᠢᠯ ᠶᠡᠷᠦᠩᠬᠡᠶ ᠳᠡᠭᠡᠨ ᠨᠡᠯᠢᠶᠡᠳ ᠤᠷᠤᠭᠰᠢᠲᠠᠶ ᠶᠠᠪᠤᠭᠳᠠᠵᠤ᠂ ᠢᠯᠡᠳᠲᠡ ᠦᠷ᠎ᠡ ᠪᠦᠲᠦᠮᠵᠢ | ᠣᠯᠤᠭᠰᠠᠨ ᠪᠠᠶᠢᠨ᠎ᠠ᠃ ᠳᠠᠷᠠᠭ᠎ᠠ ᠠᠯᠬᠤᠮ ᠳᠤ ᠮᠠᠨ ᠤ ᠲᠢᠩᠬᠢᠮ ᠡᠯ᠎ᠡ ᠭᠠᠵᠠᠷ ᠤᠷᠤᠨ ᠤ ᠤᠰᠤᠨ ᠤ ᠰᠦᠢᠳᠭᠡᠯ | ᠬᠤᠷᠢᠶᠠᠬᠤ ᠠᠵᠢᠯ ᠢ ᠦᠷᠬᠦᠯᠵᠢᠯᠡᠨ ᠠᠩᠬᠠᠷᠤᠯ ᠳᠠᠭᠠᠨ ᠠᠪᠴᠤ᠂ ᠤᠬᠠᠭᠤᠯᠭ᠎ᠠ ᠶᠢᠨ ᠬᠦᠴᠦᠯᠡᠴᠡ ᠪᠠᠨ | ᠨᠡᠮᠡᠭᠳᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠰᠤ ᠬᠠᠩᠭᠠᠬᠤ ᠢᠨᠵᠧᠨᠧᠷᠢᠩ ᠤᠨ ᠠᠵᠢᠯᠯᠠᠭᠠᠨ ᠢ ᠪᠠᠳᠤᠯᠠᠬᠤ | ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ | ᠥᠪᠥᠷ ᠮᠣᠩᠭᠤᠯ ᠤᠨ ᠬᠠᠤᠯᠢ ᠲᠦᠷᠢᠮ ᠤᠨ ᠰᠣᠨᠢᠨ ᠤ ᠰᠤᠷᠪᠤᠯᠵᠢᠯᠠᠭᠴᠢ | 2020 — 12 — 23 10᠄ 30᠄ 58 | ︽ᠳᠥᠷᠪᠡᠨ ᠵᠠᠮᠪᠠᠷᠠᠭ᠎ᠠ ᠦᠭᠡᠢ ᠪᠠᠶᠢᠳᠠᠯ ᠢ ᠠᠷᠢᠯᠭᠠᠬᠤ︾ ᠨᠢ ᠭᠤᠤᠯ ᠭᠤᠷᠤᠬ᠎ᠠ ᠨᠠᠭᠤᠷ ᠴᠥᠭᠦᠷᠥᠮ ᠤᠨ | ᠳᠠᠷᠤᠭ᠎ᠠ ᠶᠢᠨ ᠲᠦᠷᠢᠮ ᠤᠨ ︽ᠨᠡᠷ᠎ᠡ ᠲᠠᠢ︾ ᠪᠠᠶᠢᠭᠰᠠᠨ ᠠᠴᠠ ᠪᠠᠨ ︽ ᠨᠢᠳᠡᠷ ᠲᠠᠢ︾ ᠪᠣᠯᠬᠤ ᠴᠢᠬᠤᠯᠠ | ᠭᠠᠷᠳᠠᠴᠠ ᠪᠣᠯᠤᠭᠰᠠᠨ ᠤ ᠬᠤᠪᠢ ᠳᠤ᠂ ︽ᠳᠥᠷᠪᠡᠨ ᠵᠠᠮᠪᠠᠷᠠᠭ᠎ᠠ ᠦᠭᠡᠢ ᠪᠠᠶᠢᠳᠠᠯ ᠢ ᠠᠷᠢᠯᠭᠠᠬᠤ︾ ᠶᠢ ᠳᠥᠯᠭᠢᠨ | ᠠᠬᠢᠭᠤᠯᠬᠤ ᠶᠠᠪᠤᠴᠠ ᠳᠤ ᠭᠤᠤᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠳᠠᠪᠠᠭᠤᠯᠢᠭ ᠢ | ᠬᠡᠷᠬᠢᠨ ᠪᠠᠳᠠᠷᠠᠭᠤᠯᠬᠤ ᠪᠣᠶ︖ | ᠯᠢᠦ ᠪᠢᠩ ᠵᠧᠩ | 2020 — 12 — 23 10᠄ 34᠄ 08 | ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ 2017 ᠣᠨ ᠤ ᠰᠡᠭᠦᠯᠴᠢ ᠪᠠᠷ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠳᠥᠷᠪᠡᠨ | ᠱᠠᠲᠤᠨ ᠤ ᠭᠤᠤᠯ ᠤᠨ ᠳᠠᠷᠤᠭ᠎ᠠ ᠶᠢᠨ ᠲᠦᠷᠢᠮ ᠤᠨ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠵᠤ᠂ 2018 | ᠣᠨ ᠳᠤ ᠨᠠᠭᠤᠷ ᠤᠨ ᠳᠠᠷᠤᠭ᠎ᠠ ᠶᠢᠨ ᠲᠦᠷᠢᠮ ᠤᠨ ᠰᠢᠰᠲ᠋ᠧᠮᠵᠢ ᠶᠢ ᠪᠠᠶᠢᠭᠤᠯᠪᠠ᠃ | ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠪᠣᠯ ᠨᠠᠮ ᠵᠠᠰᠠᠭ ᠤᠨ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢᠶᠠᠷ ᠭᠤᠣᠯ ᠪᠣᠯᠭᠠᠭᠰᠠᠨ ᠭᠤᠣᠯ ᠭᠤᠷᠤᠬ᠎ᠠ ᠨᠠᠭᠤᠷ | ᠴᠥᠭᠦᠷᠥᠮ ᠤᠨ ᠬᠠᠮᠢᠶᠠᠷᠤᠯᠲᠠ ᠶᠢᠨ ᠳᠦᠷᠢᠮ ᠪᠣᠯᠤᠨ᠎ᠠ᠂ ᠭᠤᠣᠯ ᠭᠤᠷᠤᠬ᠎ᠠ ᠨᠠᠭᠤᠷ ᠴᠦᠬᠦᠷᠦᠮ ᠤᠨ ᠳᠠᠷᠤᠭ᠎ᠠ | ᠵᠣᠬᠢᠶᠠᠨ ᠪᠠᠶᠢᠭᠤᠯᠵᠤ ᠤᠳᠤᠷᠢᠳᠬᠤ ᠠᠵᠢᠯ ᠢ ᠬᠠᠷᠢᠭᠤᠴᠠᠵᠤ᠂ ᠣᠯᠠᠨ ᠰᠠᠯᠠᠭ᠎ᠠ ᠮᠥᠴᠢᠷ ᠤᠨ ᠬᠢᠨ ᠭᠤᠣᠯ | ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠵᠦ᠂ ᠨᠢᠭᠡ ᠬᠠᠷᠠᠯᠲᠠ | ᠶᠣᠰᠣᠭᠠᠷ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ | ᠭᠦᠢᠴᠡᠳᠬᠡᠵᠦ᠂ ᠠᠵᠢᠯ ᠢᠶᠠᠨ ᠬᠤᠪᠢᠳᠠᠨ ᠬᠠᠮᠵᠢᠯᠴᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠨᠢᠭᠡ | ᠪᠦᠯᠦᠭ ᠨᠡᠶᠢᠭᠡᠮ ᠤᠨ ᠠᠩᠬᠠᠷᠤᠯ ᠢᠶᠠᠷ ᠥᠨᠳᠥᠷ᠂ ᠴᠡᠭᠴᠡᠯᠡᠨ ᠵᠠᠰᠠᠬᠤ ᠳᠤ ᠬᠦᠴᠢᠷᠲᠡᠢ ᠭᠤᠣᠯ ᠭᠤᠷᠤᠬ᠎ᠠ ᠨᠠᠭᠤᠷ | ᠴᠥᠭᠦᠷᠥᠮ ᠤᠨ ᠬᠠᠮᠢᠶᠠᠷᠤᠯᠲᠠ ᠶᠢᠨ ︽ᠬᠠᠭᠤᠴᠢᠨ ᠤ ᠲᠦᠪᠡᠭᠲᠡᠢ︾ ᠠᠰᠠᠭᠤᠳᠠᠯ ᠢ ᠰᠢᠢᠳᠪᠦᠷᠢᠯᠡᠪᠡ᠂ ᠭᠤᠣᠯ | ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠨᠢ ᠥᠩᠭᠡᠷᠡᠭᠰᠡᠨ ᠤ ︽ᠶᠢᠰᠦᠨ ᠯᠣᠣ ᠤᠰᠤ ᠵᠠᠰᠠᠬᠤ︾ | ᠪᠠᠶᠢᠳᠠᠯ ᠢ ᠡᠪᠳᠡᠵᠦ᠂ ᠲᠤᠰ ᠲᠤᠰ ᠲᠠᠭᠠᠨ ᠲᠤᠭ ᠪᠤᠰᠬᠠᠬᠤ ᠭᠡᠮ ᠰᠣᠭᠤᠭ ᠢ ᠠᠷᠢᠯᠭᠠᠵᠤ᠂ ᠡᠯ᠎ᠡ ᠱᠠᠳᠤ ᠡᠯ᠎ᠡ | ᠰᠠᠯᠠᠭ᠎ᠠ ᠮᠥᠴᠢᠷ ᠤᠨ ᠬᠢᠨ ᠴᠥᠮ ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠪᠠᠶᠢᠷᠢᠯᠠᠭᠤᠯᠤᠯᠲᠠ | ᠪᠠ ᠱᠠᠭᠠᠷᠳᠠᠯᠭ᠎ᠠ ᠶᠣᠰᠣᠭᠠᠷ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠠᠭ᠎ᠠ ᠬᠦᠴᠦ ᠣᠷᠣᠭᠤᠯᠵᠤ | ᠶᠡᠭᠡ ᠠᠮᠵᠢᠯᠲᠠ ᠣᠯᠵᠤ᠂ ᠢᠯᠡᠳᠲᠡ ᠦᠷ᠎ᠡ ᠪᠦᠲᠦᠮᠵᠢ ᠣᠯᠵᠠᠢ᠃ | ︽ᠳᠥᠷᠪᠡᠨ ᠵᠠᠮᠪᠠᠷᠠᠭ᠎ᠠ ᠦᠭᠡᠢ ᠪᠠᠶᠢᠳᠠᠯ ᠢ ᠠᠷᠢᠯᠭᠠᠬᠤ︾ ᠶᠠᠪᠤᠴᠠ ᠳᠤ᠂ ᠭᠤᠣᠯ ᠭᠤᠷᠤᠬ᠎ᠠ ᠨᠠᠭᠤᠷ | ᠴᠥᠭᠦᠷᠥᠮ ᠢ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠪᠠᠨ ᠪᠠᠲᠤᠳᠬᠠᠬᠤ ᠶᠢᠨ ᠲᠥᠯᠥᠭᠡ᠂ ᠪᠢᠳᠡ ︽ᠨᠢᠭᠡ | ᠠᠰᠠᠭᠤᠳᠠᠯ ᠳᠤ ᠬᠤᠶᠠᠷ ᠬᠠᠭᠤᠳᠠᠰᠤ ᠪᠠᠶᠢᠭᠤᠯᠬᠤ ᠲᠦᠷᠢᠮ︾ ᠢ ᠬᠡᠷᠡᠭᠵᠢᠭᠦᠯᠪᠡ᠂ ᠲᠤᠬᠠᠶᠢᠯᠠᠪᠠᠯ ︽ᠲᠦᠷᠪᠡᠨ | ᠵᠠᠮᠪᠠᠷᠠᠭ᠎ᠠ ᠦᠭᠡᠢ︾ ᠠᠰᠠᠭᠤᠳᠠᠯ ᠨᠢᠭᠡᠪᠦᠷᠢ ᠳᠤ ᠴᠥᠮ ᠬᠤᠯᠪᠣᠭᠳᠠᠯ ᠪᠦᠬᠦᠢ ᠭᠤᠣᠯ ᠭᠤᠷᠤᠬ᠎ᠠ ᠨᠠᠭᠤᠷ | ᠴᠥᠭᠦᠷᠥᠮ ᠤᠨ ᠳᠠᠷᠤᠭ᠎ᠠ ᠳᠤ ︽ᠡᠭᠦᠷᠭᠡ ᠶᠢᠨ ᠬᠠᠭᠤᠳᠠᠰᠤ︾ ᠪᠠᠭᠤᠯᠭᠠᠵᠤ᠂ ︽ᠲᠦᠷᠪᠡᠨ ᠵᠠᠮᠪᠠᠷᠠᠭ᠎ᠠ ᠦᠭᠡᠢ︾ | ᠠᠰᠠᠭᠤᠳᠠᠯ ᠢ ᠴᠡᠭᠴᠡᠯᠡᠨ ᠵᠠᠰᠠᠬᠤ ᠠᠭᠤᠯᠭ᠎ᠠ᠂ ᠠᠷᠭ᠎ᠠ ᠬᠡᠮᠵᠢᠶ᠎ᠡ᠂ ᠴᠠᠭ ᠤᠨ ᠱᠠᠭᠠᠷᠳᠠᠯᠭ᠎ᠠ ᠵᠡᠷᠭᠡ ᠶᠢ ᠲᠣᠳᠣᠷᠬᠠᠶ | ᠪᠣᠯᠭᠠᠵᠤ᠂ ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠳᠤ ᠶᠠᠭᠤ ᠬᠢᠬᠦ᠂ ᠶᠠᠭᠠᠬᠢᠵᠤ ᠬᠢᠬᠦ᠂ ᠬᠡᠵᠢᠶ᠎ᠡ | ᠬᠢᠵᠦ ᠳᠠᠭᠤᠰᠬᠠᠬᠤ ᠶᠢ ᠮᠡᠳᠡᠭᠦᠯᠵᠦ᠂ ︽ᠲᠦᠷᠪᠡᠨ ᠵᠠᠮᠪᠠᠷᠠᠭ᠎ᠠ ᠦᠭᠡᠢ︾ ᠠᠰᠠᠭᠤᠳᠠᠯ ᠢ ᠴᠡᠭᠴᠡᠯᠡᠨ ᠵᠠᠰᠠᠵᠤ | ᠳᠠᠭᠤᠰᠬᠠᠭᠰᠠᠨ ᠤ ᠲᠠᠷᠠᠭ᠎ᠠ ᠪᠠᠰᠠ ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠪᠠᠷ ︽ᠳ᠋ᠤᠭᠠᠷ ᠬᠠᠰᠤᠬᠤ | ᠬᠠᠭᠤᠳᠠᠰᠤ︾ ᠳᠤ ᠭᠠᠷ ᠤᠨ ᠦᠰᠦᠭ ᠵᠢᠷᠤᠭᠤᠯᠪᠠᠯ ᠰᠠᠶ᠋ᠢ ᠴᠡᠭᠴᠡᠯᠡᠨ ᠵᠠᠰᠠᠵᠤ ᠳᠠᠭᠤᠰᠤᠭᠰᠠᠨ ᠳᠤ | ᠲᠣᠭᠠᠴᠠᠭᠳᠠᠨ᠎ᠠ᠃ | ᠡᠯ᠎ᠡ ᠱᠠᠲᠤᠨ ᠤ ᠪᠠᠶᠢᠴᠠᠭᠠᠬᠤ ᠪᠠᠶᠢᠭᠤᠯᠭ᠎ᠠ ᠯᠤᠭ᠎ᠠ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠵᠤ᠂ ︽ᠭᠤᠣᠯ ᠤᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠭᠤᠣᠯ ᠭᠤᠷᠤᠬ᠎ᠠ ᠨᠠᠭᠤᠷ | ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠵᠠᠭᠪᠤᠷ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ | ᠭᠤᠣᠯ ᠤᠨ ᠳᠠᠷᠤᠭ᠎ᠠ ᠶᠢᠨ ᠠᠯᠪᠠᠨ ᠭᠡᠷ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ | ᠬᠤᠷᠢᠶ᠎ᠠ ︽ᠭᠤᠣᠯ ᠭᠤᠷᠤᠬ᠎ᠠ ᠨᠠᠭᠤᠷ ᠴᠦᠬᠦᠷᠦᠮ ᠢ ᠵᠠᠰᠠᠬᠤ ᠨᠠᠮᠤᠷ ᠤᠨ ᠤᠯᠠᠷᠢᠯ ᠤᠨ ᠠᠵᠢᠯᠯᠠᠭ᠎ᠠ︾ ᠶᠢ | ᠬᠠᠮᠲᠤᠷᠠᠨ ᠥᠷᠨᠢᠭᠦᠯᠵᠦ᠂ ᠭᠤᠣᠯ ᠭᠤᠷᠤᠬ᠎ᠠ ᠨᠠᠭᠤᠷ ᠴᠦᠬᠦᠷᠦᠮ ᠤᠨ ᠳᠦᠷᠰᠦ ᠪᠠᠶᠢᠳᠠᠯ᠂ ᠴᠢᠳᠠᠪᠬᠢ ᠶᠢ | ᠨᠥᠯᠥᠭᠡᠯᠡᠬᠦ ᠵᠡᠷᠭᠡ ᠭᠤᠣᠯ ᠭᠤᠷᠤᠬ᠎ᠠ ᠨᠠᠭᠤᠷ ᠴᠦᠬᠦᠷᠦᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯᠤᠨ | ᠡᠷᠡᠭᠦᠦ ᠶᠢᠨ ᠬᠡᠷᠡᠭ ᠤᠨ ᠬᠠᠤᠯᠢ ᠴᠠᠭᠠᠵᠠ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠦᠲᠦᠮᠵᠢᠲᠡᠢ | ᠵᠣᠯᠭᠠᠯᠴᠠᠭ᠎ᠠ ᠶᠢ ᠴᠢᠨᠠᠭᠰᠢᠳᠠ ᠴᠢᠩᠭᠠᠳᠬᠠᠵᠤ᠂ ᠭᠤᠣᠯ ᠭᠤᠷᠤᠬ᠎ᠠ ᠨᠠᠭᠤᠷ ᠴᠦᠬᠦᠷᠦᠮ ᠤᠨ ᠬᠠᠮᠢᠶᠠᠷᠤᠯᠲᠠ | ᠬᠠᠮᠠᠭᠠᠯᠠᠯᠲᠠ ᠶᠢᠨ ᠠᠰᠠᠭᠤᠳᠠᠯ ᠢ ᠰᠢᠢᠳᠪᠦᠷᠢᠯᠡᠬᠦ ᠳᠤ ᠬᠦᠴᠦ ᠨᠡᠮᠡᠷᠢᠯᠡᠵᠦ᠂ ᠭᠤᠣᠯ ᠨᠠᠭᠤᠷ ᠤᠨ ᠳᠦᠷᠰᠦ | ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ | ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠭᠴᠢ | 2020 — 12 — 23 10᠄ 36᠄ 28 | ᠭᠤᠣᠯ ᠭᠤᠷᠤᠬ᠎ᠠ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠢᠯᠡᠳᠲᠡ ᠦᠷ᠎ᠡ ᠪᠦᠲᠦᠮᠵᠢ | ᠤᠯᠪᠠ᠂ ᠳᠠᠷᠠᠭᠠᠴᠢ ᠶᠢᠨ ᠠᠯᠬᠤᠮ ᠳᠤ ᠭᠤᠣᠯ ᠭᠤᠷᠤᠬ᠎ᠠ ᠨᠠᠭᠤᠷ ᠴᠥᠭᠦᠷᠥᠮ ᠤᠨ ᠬᠠᠮᠢᠶᠠᠷᠤᠯᠲᠠ | ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠲᠠᠯ᠎ᠠ ᠪᠠᠷ | ᠶᠠᠮᠠᠷ ᠶᠠᠮᠠᠷ ᠲᠥᠯᠥᠪᠯᠡᠭᠡ ᠲᠠᠢ ᠪᠠᠶᠢᠬᠤ ᠪᠤᠢ︖ | ᠯᠢᠦ ᠪᠢᠩ ᠵᠧᠩ | 2020 — 12 — 23 10᠄ 41᠄ 23 | ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠠᠴᠠ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠱᠠᠲᠤᠨ ᠳᠤ ᠬᠦᠷᠲᠡᠯ᠎ᠡ᠂ ᠭᠤᠣᠯ ᠭᠤᠷᠤᠬ᠎ᠠ ᠨᠠᠭᠤᠷ ᠴᠥᠭᠦᠷᠥᠮ ᠤᠨ | ᠬᠠᠮᠢᠶᠠᠷᠤᠯᠲᠠ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠤᠯᠵᠠᠢ᠃ ᠳᠠᠷᠠᠭᠠᠴᠢ ᠶᠢᠨ ᠠᠯᠬᠤᠮ ᠳᠤ ᠭᠤᠣᠯ | ᠭᠤᠷᠤᠬ᠎ᠠ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠲᠠᠯ᠎ᠠ ᠪᠠᠷ ᠮᠥᠨ ᠳᠣᠣᠷᠠᠬᠢ ᠠᠷᠭ᠎ᠠ ᠬᠡᠮᠵᠢᠶ᠎ᠡ ᠶᠢ ᠠᠪᠤᠨ᠎ᠠ᠄ | ᠨᠢᠭᠡ ᠳᠤ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ | ᠬᠠᠤᠯᠢ ᠶᠣᠰᠣᠭᠠᠷ ᠭᠤᠣᠯ ᠭᠤᠷᠤᠬ᠎ᠠ ᠨᠠᠭᠤᠷ ᠴᠦᠬᠦᠷᠦᠮ ᠢ ᠵᠠᠰᠠᠬᠤ ᠶᠢ ᠨᠠᠶᠢᠳᠠᠪᠤᠷᠢᠵᠢᠭᠤᠯᠤᠨ᠎ᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠭᠤᠷᠤᠬ᠎ᠠ ᠨᠠᠭᠤᠷ ᠴᠥᠭᠦᠷᠥᠮ ᠤᠨ ᠬᠠᠮᠢᠶᠠᠷᠤᠯᠲᠠ ᠶᠢᠨ | ᠲᠦᠷᠢᠮ︾ ᠤᠨ ᠬᠠᠤᠯᠢ ᠲᠣᠭᠲᠠᠭᠠᠬᠤ ᠠᠵᠢᠯ ᠢ ᠠᠬᠢᠭᠤᠯᠵᠤ᠂ ᠮᠠᠨ ᠤ ᠣᠷᠣᠨ ᠤ ᠭᠤᠤᠯ ᠭᠤᠷᠤᠬ᠎ᠠ ᠨᠠᠭᠤᠷ | ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠬᠠᠤᠯᠢ ᠴᠠᠭᠠᠵᠠ ᠬᠠᠤᠯᠢ | ᠲᠣᠭᠲᠠᠭᠠᠯ ᠤᠨ ᠰᠢᠰᠲ᠋ᠧᠮᠵᠢ ᠶᠢ ᠪᠠᠶᠢᠭᠤᠯᠤᠨ᠂ ᠭᠤᠤᠯ ᠭᠤᠷᠤᠬ᠎ᠠ ᠨᠠᠭᠤᠷ ᠴᠥᠭᠦᠷᠥᠮ ᠤᠨ ᠬᠠᠤᠯᠢ | ᠬᠡᠷᠡᠭᠵᠢᠭᠦᠯᠦᠯᠲᠡ ᠶᠢ ᠵᠢᠷᠤᠮᠯᠠᠬᠤ ᠬᠠᠤᠯᠢ ᠲᠠᠢ᠂ ᠵᠢᠷᠤᠮᠯᠠᠬᠤ ᠲᠦᠷᠢᠮ ᠲᠠᠢ ᠪᠣᠯᠭᠠᠵᠤ᠂ ᠭᠤᠤᠯ ᠭᠤᠷᠤᠬ᠎ᠠ ᠨᠠᠭᠤᠷ | ᠴᠥᠭᠦᠷᠥᠮ ᠤᠨ ᠬᠠᠤᠯᠢ ᠪᠤᠰᠤ ᠪᠠᠷ ᠡᠯᠡᠰᠦ ᠮᠠᠯᠲᠠᠬᠤ᠂ ᠡᠷᠭᠢ ᠶᠢᠨ ᠱᠤᠭᠤᠮ ᠢ ᠡᠵᠡᠯᠡᠬᠦ᠂ ᠬᠠᠤᠯᠢ ᠠᠴᠠ ᠵᠥᠷᠢᠴᠡᠨ | ᠠᠩᠨᠠᠵᠤ ᠱᠦᠭᠦᠬᠦ᠂ ᠲᠣᠭᠲᠠᠭᠠᠯ ᠠᠴᠠ ᠵᠥᠷᠢᠴᠡᠨ ᠪᠥᠲᠥᠭᠡᠨ ᠪᠠᠶᠢᠭᠤᠯᠬᠤ᠂ ᠭᠤᠤᠯ ᠭᠤᠷᠤᠬ᠎ᠠ ᠶᠢᠨ ᠪᠠᠶᠢᠳᠠᠯ ᠢ | ᠡᠪᠳᠡᠬᠦ ᠵᠡᠷᠭᠡ ᠦᠢᠯᠡ ᠠᠵᠢᠯᠯᠠᠭ᠎ᠠ ᠳᠤ ᠬᠦᠴᠦᠷᠬᠡᠭ ᠶᠡᠭᠡ ᠬᠠᠤᠯᠢ ᠴᠠᠭᠠᠵᠠ ᠶᠢᠨ ᠰᠦᠷ ᠬᠦᠴᠦᠨ ᠢ ᠪᠣᠶ | ᠪᠣᠯᠭᠠᠨ᠎ᠠ᠃ | ᠬᠤᠶᠠᠷ ᠲᠤ᠂ ᠭᠤᠣᠯ ᠨᠠᠭᠤᠷ ᠤᠨ ᠣᠷᠣᠨ ᠵᠠᠢ ᠶᠢ ᠬᠠᠮᠢᠶᠠᠷᠤᠨ ᠡᠵᠡᠮᠳᠡᠬᠦ ᠤᠢᠢᠯᠠᠭᠠᠭᠳᠠᠬᠤᠨ ᠢ | ᠪᠠᠶᠢᠭᠤᠯᠵᠤ᠂ ᠭᠤᠣᠯ ᠨᠠᠭᠤᠷ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠣᠬᠢᠰᠲᠠᠢ ᠬᠤᠪᠢᠶᠠᠷᠢᠯᠠᠨ ᠲᠣᠭᠲᠠᠭᠠᠬᠤ | ᠠᠵᠢᠯ ᠢ ᠬᠢᠵᠦ᠂ ᠣᠷᠣᠨ ᠵᠠᠢ ᠶᠢᠨ ᠣᠷᠣᠨ ᠲᠣᠭᠤᠷᠢᠭ ᠤᠨ ᠣᠷᠣᠬᠤ ᠵᠥᠪᠰᠢᠶᠡᠷᠡᠯ ᠤᠨ ᠲᠣᠭᠲᠠᠴᠠ ᠶᠢ ᠰᠠᠶᠢᠲᠤᠷ | ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠰᠠᠪᠠ ᠭᠠᠵᠠᠷ ᠤᠨ ᠲᠠᠯᠠᠪᠠᠶ ᠨᠢ 50 ᠲᠡᠭᠰᠢ | ᠳᠥᠷᠪᠡᠯᠵᠢᠨ ᠺᠢᠯᠣᠮᠧᠲᠷ ᠠᠴᠠ ᠳᠡᠭᠡᠭᠰᠢᠬᠢ ᠭᠤᠤᠯ ᠭᠤᠷᠤᠬ᠎ᠠ᠂ ᠤᠰᠤᠨ ᠤ ᠭᠠᠳᠠᠷᠭᠤ ᠶᠢᠨ ᠲᠠᠯᠠᠪᠠᠶ ᠨᠢ 1 ᠲᠡᠭᠰᠢ | ᠳᠥᠷᠪᠡᠯᠵᠢᠨ ᠺᠢᠯᠣᠮᠧᠲᠷ ᠤᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ | ᠠᠵᠢᠯ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠠᠷᠠᠭᠠᠴᠢ ᠶᠢᠨ ᠠᠯᠬᠤᠮ ᠳᠤ ᠭᠤᠤᠯ ᠨᠠᠭᠤᠷ ᠤᠨ ᠡᠷᠭᠢ ᠶᠢᠨ | ᠱᠤᠭᠤᠮ ᠢ ᠬᠠᠮᠠᠭᠠᠯᠠᠬᠤ ᠪᠠ ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ | ᠵᠣᠬᠢᠶᠠᠨ ᠪᠠᠶᠢᠭᠤᠯᠤᠨ᠎ᠠ᠃ ᠡᠷᠭᠢ ᠶᠢᠨ ᠱᠤᠭᠤᠮ ᠤᠨ ᠬᠠᠮᠠᠭᠠᠯᠠᠯᠲᠠ ᠶᠢ ᠡᠷᠭᠢ ᠶᠢᠨ ᠱᠤᠭᠤᠮ ᠪᠣᠯᠭᠠᠨ ᠠᠰᠢᠭᠯᠠᠭᠰᠠᠨ | ᠤᠷᠢᠲᠠᠯ ᠳᠣᠣᠷ᠎ᠠ᠂ ᠡᠷᠭᠢ ᠶᠢᠨ ᠱᠤᠭᠤᠮ ᠢ ᠠᠷᠪᠢᠲᠠᠶ ᠡᠷᠴᠢᠮᠯᠢᠭ ᠠᠰᠢᠭᠯᠠᠬᠤ ᠶᠢ ᠴᠢᠩᠭᠠᠳᠬᠠᠵᠤ᠂ ᠡᠷᠭᠢ ᠶᠢᠨ | ᠱᠤᠭᠤᠮ ᠢ ᠪᠦᠲᠦᠮᠵᠢᠲᠡᠶ ᠬᠠᠮᠠᠭᠠᠯᠠᠬᠤ ᠪᠠ ᠵᠦᠢ ᠵᠣᠬᠢᠰᠲᠠᠶ ᠠᠰᠢᠭᠯᠠᠬᠤ ᠶᠢᠨ ᠬᠤᠭᠤᠷᠣᠨᠳᠣᠬᠢ ᠭᠤᠣᠯ ᠵᠥᠷᠢᠴᠡᠯ ᠢ | ᠰᠠᠶᠢᠲᠤᠷ ᠰᠢᠢᠳᠪᠤᠷᠢᠯᠡᠵᠦ᠂ ᠬᠠᠮᠠᠭᠠᠯᠠᠬᠤ ᠶᠢᠨ ᠳᠤᠮᠳᠠ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠬᠦ᠂ ᠨᠡᠭᠡᠭᠡᠨ | ᠠᠰᠢᠭᠯᠠᠬᠤ ᠶᠢᠨ ᠳᠤᠮᠳᠠ ᠨᠠᠶᠢᠳᠠᠪᠤᠷᠢᠵᠢᠭᠤᠯᠤᠨ ᠬᠠᠮᠠᠭᠠᠯᠠᠬᠤ ᠶᠢ ᠪᠡᠶᠡᠯᠡᠭᠦᠯᠦᠨ᠎ᠡ᠃ | ᠭᠤᠷᠪᠠ ᠳᠤ᠂ ᠭᠤᠣᠯ ᠭᠤᠷᠤᠬ᠎ᠠ ᠨᠠᠭᠤᠷ ᠴᠥᠭᠦᠷᠥᠮ ᠤᠨ ︽ᠲᠦᠷᠪᠡᠨ ᠵᠠᠮᠪᠠᠷᠠᠭ᠎ᠠ ᠦᠭᠡᠢ ᠪᠠᠶᠢᠳᠠᠯ ᠢ | ᠠᠷᠢᠯᠭᠠᠬᠤ︾ ᠠᠵᠢᠯ ᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ | ᠲᠠᠷᠠᠭᠠᠴᠢ ᠶᠢᠨ ᠠᠯᠬᠤᠮ ᠳᠤ ᠭᠤᠤᠯᠳᠠᠭᠤ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠰᠠᠶᠢᠲᠤᠷ ᠬᠡᠷᠡᠭᠯᠡᠨ᠂ ︽ | ᠳᠥᠷᠪᠡᠨ ᠵᠠᠮᠪᠠᠷᠠᠭ᠎ᠠ ᠦᠭᠡᠢ ᠪᠠᠶᠢᠳᠠᠯ ᠢ ᠠᠷᠢᠯᠭᠠᠬᠤ︾ ᠶᠢ ᠪᠠᠶᠢᠩᠭᠤᠵᠢᠭᠤᠯᠬᠤ᠂ ᠵᠢᠷᠤᠮᠵᠢᠭᠤᠯᠬᠤ ᠶᠢ ᠳᠥᠯᠭᠢᠨ | ᠠᠬᠢᠭᠤᠯᠵᠤ᠂ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠬᠢᠨᠠᠨ | ᠡᠵᠡᠮᠳᠡᠬᠦ᠂ ᠤᠷᠢᠳᠴᠢᠯᠠᠨ ᠰᠡᠷᠡᠮᠵᠢᠯᠡᠭᠦᠯᠬᠦ ᠶᠢ ᠳᠥᠯᠭᠢᠨ ᠠᠬᠢᠭᠤᠯᠵᠤ᠂ ᠣᠶᠤᠨᠴᠢ ᠪᠠᠷ ᠬᠢᠨᠠᠨ ᠡᠵᠡᠮᠳᠡᠬᠦ ᠶᠢ | ᠳᠥᠯᠭᠢᠨ ᠠᠬᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠨ᠂ ᠬᠠᠳᠠᠭᠠᠯᠠᠯᠲᠠ ᠶᠢᠨ ᠬᠡᠮᠵᠢᠶ᠎ᠡ ᠶᠢ ᠠᠷᠢᠯᠭᠠᠵᠤ᠂ | ᠴᠢᠩᠭ᠎ᠠ ᠬᠢᠨᠠᠨ ᠬᠠᠮᠢᠶᠠᠷᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ | ᠲᠦᠷᠪᠡ ᠳᠤ᠂ ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠢᠨᠠᠨ ᠰᠢᠯᠭᠠᠵᠤ | ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠳᠬᠠᠨ᠎ᠠ᠃ ᠭᠤᠣᠯ ᠭᠤᠷᠤᠬ᠎ᠠ ᠨᠠᠭᠤᠷ ᠴᠥᠭᠦᠷᠥᠮ ᠤᠨ | ᠳᠠᠷᠤᠭ᠎ᠠ ᠶᠢᠨ ᠲᠦᠷᠢᠮ ᠤᠨ ᠬᠢᠨᠠᠨ ᠰᠢᠯᠭᠠᠬᠤ ᠠᠵᠢᠯ ᠢ ᠦᠷᠭᠦᠯᠵᠢᠯᠡᠨ ᠥᠷᠨᠢᠭᠦᠯᠬᠦ ᠶᠢᠨ ᠬᠠᠮᠲᠤ ᠬᠢᠨᠠᠨ | ᠰᠢᠯᠭᠠᠭᠰᠠᠨ ᠦᠷ᠎ᠡ ᠳ᠋ᠦᠩ ᠢ ᠠᠶᠢᠮᠠᠭ ᠬᠤᠳᠠ ᠶᠢᠨ ᠤᠳᠤᠷᠢᠳᠬᠤ ᠪᠠᠭ ᠪᠣᠯᠤᠨ ᠭᠤᠣᠯ ᠤᠳᠤᠷᠢᠳᠬᠤ ᠺᠠᠳ᠋ᠷ ᠢ | ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠬᠤ ᠶᠢᠨ ᠬᠠᠮᠲᠤ ᠡᠭᠦᠷᠭᠡ | ᠲᠤᠰᠢᠶᠠᠯ ᠢᠶᠠᠨ ᠰᠠᠶᠢᠲᠤᠷ ᠭᠦᠢᠴᠡᠳᠬᠡᠭᠰᠡᠨ ᠦᠭᠡᠢ ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠠᠴᠠ | ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠤ ᠳᠤ᠂ ᠤᠯᠠᠨ ᠲᠦᠮᠡᠨ ᠤ ᠬᠢᠨᠠᠯᠲᠠ ᠶᠢ ᠴᠢᠩᠭᠠᠳᠬᠠᠨ᠎ᠠ᠃ ᠭᠤᠣᠯ ᠭᠤᠷᠤᠬ᠎ᠠ ᠨᠠᠭᠤᠷ ᠴᠥᠭᠦᠷᠥᠮ ᠤᠨ | ᠪᠦᠲᠦᠮᠵᠢᠲᠡᠶ ᠬᠠᠮᠢᠶᠠᠷᠤᠯᠲᠠ ᠪᠠ ᠡᠷᠡᠭᠦᠯ ᠡᠩᠬᠡ ᠠᠮᠢ ᠨᠠᠰᠤᠨ ᠤ ᠬᠠᠮᠠᠭᠠᠯᠠᠯᠲᠠ ᠨᠢ ᠠᠷᠠᠳ ᠣᠯᠠᠨ ᠤ ᠢᠳᠡᠪᠬᠢᠲᠡᠶ | ᠣᠷᠣᠯᠴᠠᠯᠭ᠎ᠠ ᠠᠴᠠ ᠰᠠᠯᠵᠤ ᠴᠢᠳᠠᠬᠤ ᠦᠭᠡᠶ᠃ ᠥᠪᠡᠷᠲᠡᠭᠡᠨ ᠵᠠᠰᠠᠬᠤ ᠣᠷᠣᠨ ᠤ ᠭᠤᠤᠯ ᠭᠤᠷᠤᠬ᠎ᠠ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮᠲᠦ ᠭᠠᠷ ᠤᠲᠠᠰᠤᠨ ᠤ APP ᠨᠢ ᠣᠯᠠᠨ ᠲᠦᠮᠡᠨ ᠤ ᠢᠯᠡᠴᠢᠯᠡᠨ | ᠮᠡᠳᠡᠭᠦᠯᠬᠦ ᠴᠢᠳᠠᠮᠵᠢ ᠲᠠᠢ ᠪᠠᠶᠢᠵᠤ᠂ ᠤᠰᠤᠨ ᠠᠰᠢᠭᠯᠠᠯᠲᠠ ᠶᠢᠨ ᠲᠢᠩᠬᠢᠮ ᠵᠡᠷᠭᠡ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠨ ᠰᠦᠯᠵᠢᠶ᠎ᠡ ᠴᠦ ᠣᠯᠠᠨ ᠲᠦᠮᠡᠨ ᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠪᠣᠯᠤᠨ᠎ᠠ᠂ | ᠲᠠᠷᠠᠭᠠᠴᠢ ᠶᠢᠨ ᠠᠯᠬᠤᠮ ᠳᠤ ᠪᠢᠳᠡ ᠤᠬᠠᠭᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ | ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠨᠠᠩ ᠣᠯᠠᠨ ᠠᠷᠭ᠎ᠠ ᠵᠠᠮ ᠢ ᠨᠡᠮᠡᠭᠳᠡᠭᠦᠯᠦᠨ᠎ᠡ᠂ ᠠᠷᠠᠳ ᠣᠯᠠᠨ | ᠢᠳᠡᠪᠬᠢᠲᠡᠶ ᠣᠷᠣᠯᠴᠠᠵᠤ᠂ ᠥᠷᠭᠡᠨ ᠢᠶᠠᠷ ᠬᠢᠨᠠᠯᠲᠠ ᠲᠠᠯᠪᠢᠵᠤ᠂ ᠪᠢᠳᠡᠨ ᠢ ᠬᠠᠪᠰᠤᠷᠤᠨ ᠭᠤᠤᠯ ᠭᠤᠷᠤᠬ᠎ᠠ ᠨᠠᠭᠤᠷ | ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠢ ᠨᠠᠩ ᠰᠠᠶᠢᠨ ᠬᠢᠬᠦ ᠶᠢ ᠬᠦᠰᠡᠵᠦ ᠪᠠᠶᠢᠨ᠎ᠠ᠃ | |