ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠭᠤᠤᠯ ᠭᠤᠷᠤᠬ᠎ᠠ ᠨᠠᠭᠤᠷ ᠴᠥᠭᠦᠷᠥᠮ ᠢ ᠵᠠᠰᠠᠬᠤ ᠪᠠ ᠤᠤᠭᠤᠬᠤ ᠤᠰᠤᠨ ᠤ ᠠᠮᠤᠷ ᠲᠦᠪᠰᠢᠨ ᠤ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2021/3/25
     12 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠤᠯ  ᠭᠤᠷᠤᠬ᠎ᠠ ᠨᠠᠭᠤᠷ ᠴᠥᠭᠦᠷᠥᠮ ᠢ ᠵᠠᠰᠠᠬᠤ ᠪᠠ ᠤᠤᠭᠤᠬᠤ ᠤᠰᠤᠨ ᠤ ᠠᠮᠤᠷ ᠲᠦᠪᠰᠢᠨ ᠤ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠵᠣᠣ ᠴᠠᠩ ᠴᠢᠩ ᠭᠤᠤᠯ ᠰᠡᠳᠦᠪᠲᠦ ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠭᠤᠤᠯ ᠭᠤᠷᠤᠬ᠎ᠠ ᠨᠠᠭᠤᠷ ᠴᠥᠭᠦᠷᠥᠮ ᠤᠨ ᠭᠠᠵᠠᠷ ᠤᠨ ᠳᠠᠷᠤᠭ᠎ᠠ ᠯᠢᠦ ᠪᠢᠩ ᠵᠧᠩ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠤᠨ ᠳᠠᠷᠤᠭ᠎ᠠ ᠭᠤᠤ ᠮᠢᠩ ᠲᠠᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠣᠷᠪᠣᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ᠃      ᠵᠣᠣ ᠴᠠᠩ ᠴᠢᠩ 2020 — 12 — 23 10᠄ 02᠄ 43      ᠨᠢᠭᠡ᠂ ᠥᠪᠡᠷᠲᠡᠭᠡᠨ ᠵᠠᠰᠠᠬᠤ ᠣᠷᠣᠨ ᠤ ᠭᠤᠤᠯ ᠭᠤᠷᠤᠬ᠎ᠠ ᠨᠠᠭᠤᠷ ᠴᠥᠭᠦᠷᠥᠮ ᠤᠨ ᠵᠠᠰᠠᠯᠲᠠ ᠶᠢᠨ ᠭᠤᠤᠯ ᠦᠷ᠎ᠡ ᠪᠦᠲᠦᠮᠵᠢ      2017 ᠣᠨ ᠠᠴᠠ ᠨᠠᠭᠠᠰᠢ᠂ ᠮᠠᠨ ᠤ ᠣᠷᠣᠨ ᠭᠤᠤᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠭᠤᠤᠯ ᠭᠤᠷᠤᠬ᠎ᠠ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ᠭᠤᠤᠯ ᠭᠤᠷᠤᠬ᠎ᠠ ᠨᠠᠭᠤᠷ ᠴᠥᠭᠦᠷᠥᠮ ᠤᠨ ᠵᠠᠰᠠᠯᠲᠠ ᠢᠯᠡᠳᠲᠡ ᠦᠷ᠎ᠡ ᠪᠦᠲᠦᠮᠵᠢ ᠤᠯᠪᠠ᠃ ᠨᠢᠭᠡ ᠳᠤ᠂ ᠭᠤᠣᠯ ᠭᠤᠷᠤᠬ᠎ᠠ ᠶᠢᠨ ᠳᠠᠷᠤᠭ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠪᠡ᠃ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠲᠦᠷᠢᠮ ᠢᠶᠠᠷ ᠭᠤᠣᠯ ᠪᠣᠯᠭᠠᠭᠰᠠᠨ ᠲᠦᠷᠪᠡᠨ ᠱᠠᠲᠤᠨ ᠤ ᠭᠤᠣᠯ ᠤᠨ ᠳᠠᠷᠤᠭ᠎ᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠠ ᠠᠵᠢᠯ ᠤᠨ ᠲᠦᠷᠢᠮ ᠤᠨ ᠰᠢᠰᠲ᠋ᠧᠮ ᠢ ᠪᠠᠶᠢᠭᠤᠯᠪᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠵᠠᠰᠠᠭ ᠤᠨ ᠭᠤᠣᠯ ᠤᠳᠤᠷᠢᠳᠤᠯᠭ᠎ᠠ ᠲᠦᠷᠦᠭᠦᠯᠡᠨ  ᠶᠡᠷᠦᠩᠬᠡᠶᠢᠯᠡᠨ ᠠᠳᠬᠤᠬᠤ ᠦᠢᠯᠡᠳᠦᠯ ᠢ ᠲᠤᠪᠤᠶᠢᠯᠭᠠᠬᠤ ᠶᠢᠨ ᠲᠦᠯᠦᠭᠡ᠂ ᠨᠠᠭᠤᠷ ᠤᠨ ᠳᠠᠷᠤᠭ᠎ᠠ ᠶᠢᠨ ᠲᠦᠷᠢᠮ ᠢ ᠪᠠᠶᠢᠭᠤᠯᠬᠤ ᠶᠠᠪᠤᠴᠠ ᠳᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ ᠬᠤᠤᠰ ᠶᠡᠷᠦᠩᠬᠡᠶ ᠭᠤᠤᠯ ᠭᠤᠷᠤᠬ᠎ᠠ ᠨᠠᠭᠤᠷ ᠴᠦᠬᠦᠷᠦᠮ ᠤᠨ ᠳᠠᠷᠤᠭ᠎ᠠ ᠶᠢᠨ ᠲᠦᠷᠢᠮ ᠪᠣᠯᠭᠠᠵᠤ᠂ ᠨᠠᠮ ᠵᠠᠰᠠᠭ ᠤᠨ ᠭᠤᠤᠯ ᠤᠳᠤᠷᠢᠳᠤᠯᠭ᠎ᠠ ᠬᠠᠮᠲᠤ ᠪᠠᠷ ᠲᠣᠰ ᠱᠠᠲᠤᠨ ᠤ ᠶᠡᠷᠦᠩᠬᠡᠶ ᠭᠤᠤᠯ ᠭᠤᠷᠤᠬ᠎ᠠ ᠨᠠᠭᠤᠷ ᠴᠦᠬᠦᠷᠦᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠵᠠᠰᠠᠭ ᠤᠨ ᠣᠷᠳᠣᠨ ᠤ ᠲᠡᠷᠢᠭᠦᠯᠡᠭᠴᠢ ᠲᠣᠰ ᠲᠣᠰ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠶᠡᠷᠦᠩᠬᠡᠶ ᠭᠤᠤᠯ ᠭᠤᠷᠤᠬ᠎ᠠ ᠨᠠᠭᠤᠷ ᠴᠦᠬᠦᠷᠦᠮ ᠤᠨ ᠳᠠᠷᠤᠭ᠎ᠠ ᠪᠠ ᠶᠡᠷᠦᠩᠬᠡᠶ ᠭᠤᠤᠯ ᠭᠤᠷᠤᠬ᠎ᠠ ᠨᠠᠭᠤᠷ ᠴᠦᠬᠦᠷᠦᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠮᠤᠵᠢ ᠶᠢᠨ ᠱᠠᠲᠤᠨ ᠤ  5 ᠨᠡᠷᠡᠰ ᠤᠳᠤᠷᠢᠳᠤᠯᠭ᠎ᠠ ᠲᠣᠰ ᠲᠣᠰ ᠬᠠᠲᠤᠨ ᠭᠤᠤᠯ ᠵᠡᠷᠭᠡ 5 ᠭᠤᠤᠯ ᠪᠣᠯᠬᠤ ᠭᠤᠤᠯ ᠭᠤᠷᠤᠬ᠎ᠠ ᠪᠠ ᠬᠥᠯᠥᠨ ᠨᠠᠭᠤᠷ ᠵᠡᠷᠭᠡ 4 ᠭᠤᠤᠯᠳᠠᠯᠭ᠎ᠠ ᠲᠠᠢ ᠨᠠᠭᠤᠷ ᠤᠨ ᠳᠠᠷᠤᠭ᠎ᠠ ᠶᠢᠨ ᠲᠤᠰᠢᠶᠠᠯ ᠢ ᠡᠬᠦᠷᠭᠡᠯᠡᠪᠡ᠃ ᠬᠤᠶᠠᠷ ᠲᠤ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠠᠮᠢ ᠠᠬᠤᠶ ᠶᠢ ᠰᠡᠷᠭᠦᠭᠡᠬᠦ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦ ᠨᠡᠮᠡᠷᠢᠯᠡᠵᠡᠢ᠃ ᠬᠠᠲᠤᠨ ᠭᠤᠣᠯ ᠤᠨ ᠭᠤᠣᠯ ᠤᠷᠤᠰᠬᠠᠯ ᠵᠢᠴᠢ ᠴᠢᠬᠤᠯᠠ ᠰᠠᠯᠪᠤᠷᠢ ᠤᠷᠤᠰᠬᠠᠯ ᠤᠨ 773 ᠡᠷᠭᠢ ᠶᠢᠨ ᠱᠤᠭᠤᠮ ᠤᠨ ᠠᠰᠢᠭᠯᠠᠯᠲᠠ ᠶᠢᠨ ᠵᠦᠢᠯᠡᠰ ᠢ ᠬᠢᠨᠠᠨ ᠪᠠᠶᠢᠴᠠᠭᠠᠬᠤ᠂ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠷᠭᠢ ᠶᠢᠨ ᠱᠤᠭᠤᠮ ᠤᠨ ᠠᠰᠢᠭᠯᠠᠯᠲᠠ ᠶᠢᠨ ᠵᠦᠢᠯᠡᠰ ᠤᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠶ ᠣᠶᠢᠯᠠᠭᠠᠪᠠ︔ ᠬᠠᠲᠤᠨ ᠭᠤᠤᠯ ᠤᠨ ᠰᠠᠪᠠ ᠭᠠᠵᠠᠷ ᠤᠨ ᠭᠤᠤᠯ ᠤᠨ ᠭᠤᠯᠳᠤᠷᠢᠯ ᠠᠴᠠ ᠡᠯᠡᠰᠦ ᠮᠠᠯᠲᠠᠬᠤ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠡᠯᠡᠰᠦ  ᠮᠠᠯᠳᠠᠭᠰᠠᠨ 18 ᠠᠰᠠᠭᠤᠳᠠᠯ ᠢ ᠴᠡᠭᠴᠡᠯᠡᠨ ᠵᠠᠰᠠᠪᠠ︔ ᠰᠠᠪᠠ ᠭᠠᠵᠠᠷ ᠤᠨ ᠳᠣᠲᠣᠷᠠᠬᠢ ᠭᠤᠤᠯ ᠭᠤᠷᠤᠬ᠎ᠠ ᠨᠠᠭᠤᠷ ᠴᠥᠭᠦᠷᠥᠮ ᠢ ᠬᠠᠮᠢᠶᠠᠷᠴᠤ ᠬᠠᠮᠠᠭᠠᠯᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠢᠳᠡᠪᠬᠢᠲᠡᠶ ᠳᠥᠯᠭᠢᠨ ᠠᠬᠢᠭᠤᠯᠵᠤ᠂ ᠤᠰᠤᠨ ᠠᠰᠢᠭᠯᠠᠯᠲᠠ ᠶᠢᠨ ᠶᠠᠮᠤᠨ ᠠᠴᠠ  ᠢᠯᠡᠷᠡᠬᠦᠯᠦᠭᠰᠡᠨ ᠮᠠᠨ ᠤ ᠣᠷᠣᠨ ᠤ ᠬᠠᠲᠤᠨ ᠭᠤᠤᠯ ᠤᠨ ᠭᠤᠤᠯ ᠤᠷᠤᠰᠬᠠᠯ ᠤᠨ 10 ᠠᠰᠠᠭᠤᠳᠠᠯ ᠤᠨ 9 ᠠᠰᠠᠭᠤᠳᠠᠯ ᠢ ᠨᠢ ᠤᠳᠤᠬᠠᠨ ᠨᠢᠭᠡᠨᠳᠡ ᠴᠡᠭᠴᠡᠯᠡᠨ ᠰᠠᠶᠢᠵᠢᠷᠠᠭᠤᠯᠵᠤ᠂ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠤᠨ ︽ᠭᠤᠤᠯ ᠢ ᠴᠡᠪᠡᠷᠯᠡᠬᠦ ᠠᠵᠢᠯᠯᠠᠭ᠎ᠠ︾  ᠳᠤᠮᠳᠠ ᠨᠤᠳᠠᠯᠠᠭᠰᠠᠨ ᠮᠠᠨ ᠤ ᠣᠷᠣᠨ ᠤ 127 ᠠᠰᠠᠭᠤᠳᠠᠯ ᠤᠨ  118 ᠠᠰᠠᠭᠤᠳᠠᠯ ᠢ ᠨᠢ ᠨᠢᠭᠡᠨᠳᠡ ᠴᠡᠭᠴᠡᠯᠡᠨ ᠰᠠᠶᠢᠵᠢᠷᠠᠭᠤᠯᠵᠤ᠂ ︽ᠤᠳᠠᠭᠠᠨ ᠵᠢᠯ ᠤᠨ ᠳᠠᠷᠤᠭᠳᠠᠮᠠᠯ ᠬᠡᠷᠡᠭ︾ ᠤᠨ ᠮᠠᠨ ᠤ ᠣᠷᠣᠨ ᠳᠤ ᠬᠤᠯᠪᠣᠭᠳᠠᠭᠰᠠᠨ 6 ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃ ᠭᠤᠷᠪᠠ ᠳᠤ ︽ᠭᠤᠷᠪᠠᠨ ᠨᠠᠭᠤᠷ︾ ᠢ ᠶᠡᠷᠦᠩᠬᠡᠶᠢᠯᠡᠨ ᠵᠠᠰᠠᠬᠤ ᠠᠵᠢᠯ ᠢ ᠵᠣᠬᠢᠴᠠᠩᠭᠤᠶ ᠪᠠᠷ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ︽ ᠭᠤᠷᠪᠠᠨ ᠨᠠᠭᠤᠷ︾ ᠢ ᠶᠡᠷᠦᠩᠬᠡᠶᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ       ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠲᠠᠭ᠎ᠠ ᠶᠢᠨ ᠨᠠᠭᠤᠷ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠪᠠᠶᠢᠩᠭᠤ ᠶᠢᠨ ᠳᠡᠳ᠋ ᠲᠡᠷᠢᠭᠦᠯᠡᠭᠴᠢ ᠬᠥᠯᠥᠨ ᠨᠠᠭᠤᠷ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠤᠯᠠᠭᠠᠨᠰᠤᠬᠠᠢ ᠨᠠᠭᠤᠷ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ︽ ᠭᠤᠷᠪᠠᠨ ᠨᠠᠭᠤᠷ︾ ᠢ ᠶᠡᠷᠦᠩᠬᠡᠶᠢᠯᠡᠨ ᠵᠠᠰᠠᠬᠤ ᠳᠤ ᠪᠠᠲᠤ ᠴᠢᠩᠭ᠎ᠠ ᠤᠳᠤᠷᠢᠳᠤᠯᠭ᠎ᠠ ᠶᠢᠨ ᠪᠠᠲᠤᠯᠠᠭ᠎ᠠ ᠬᠠᠩᠭᠠᠵᠠᠢ᠃ ᠨᠠᠭᠤᠷ  ᠤᠨ  ᠳᠠᠷᠤᠭ᠎ᠠ  ᠨᠠᠷ  ᠤᠯᠠᠨ  ᠤᠳᠠᠭ᠎ᠠ  ᠲᠤᠬᠠᠶ  ᠶᠢᠨ  ᠭᠠᠵᠠᠷ ᠲᠤ  ᠭᠦᠨᠵᠡᠭᠡᠶᠢᠷᠡᠨ  ᠂ ᠠᠰᠠᠭᠤᠳᠠᠯ  ᠢ  ᠢᠯᠡᠷᠡᠭᠦᠯᠵᠦ  ᠂ ᠠᠰᠠᠭᠤᠳᠠᠯ  ᠢ  ᠰᠢᠢᠳᠪᠤᠷᠢᠯᠡᠵᠦ᠂   ︽ ᠭᠤᠷᠪᠠᠨ ᠨᠠᠭᠤᠷ︾ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠲᠡᠶ ᠲᠦᠯᠬᠢᠨ ᠠᠬᠢᠭᠤᠯᠪᠠ᠃ ᠡᠭᠦᠨ ᠤ ᠵᠡᠷᠭᠡ ᠳᠤ᠂ ᠡᠯ᠎ᠡ ᠬᠤᠯᠪᠣᠭᠳᠠᠯ ᠪᠥᠬᠦᠶ ᠠᠶᠢᠮᠠᠭ ᠬᠤᠲᠠ ᠪᠣᠯᠤᠨ ᠡᠯ᠎ᠡ ᠬᠠᠷᠢᠭᠤᠴᠠᠯᠭᠠᠲᠤ ᠲᠢᠩᠬᠢᠮ ᠲᠣᠪᠴᠢᠶ᠎ᠠ ᠨᠤᠭᠤᠳ ᠲᠣᠰ ᠲᠣᠰ ᠤᠨ ᠬᠠᠷᠢᠭᠤᠴᠠᠯᠭ᠎ᠠ ᠪᠠᠨ ᠬᠦᠢᠴᠡᠳᠭᠡᠵᠦ᠂ ᠬᠠᠷᠢᠯᠴᠠᠨ ᠵᠣᠬᠢᠴᠠᠯᠳᠤᠨ᠂ ᠨᠢᠭᠲᠠ ᠬᠠᠮᠵᠢᠯᠴᠠᠵᠤ᠂ ᠶᠡᠷᠦᠩᠬᠡᠶᠢᠯᠡᠨ ᠵᠠᠰᠠᠬᠤ ᠠᠵᠢᠯ ᠤᠨ ᠪᠦᠬᠦᠯᠢ ᠴᠣᠭᠴᠠ ᠶᠢᠨ ᠨᠡᠶᠢᠯᠡᠯ ᠬᠦᠴᠦᠨ ᠢ ᠪᠣᠶ ᠪᠣᠯᠭᠠᠵᠤ᠂ ᠨᠠᠭᠤᠷ ᠤᠨ ᠨᠢᠭᠤᠷ ᠤᠨ ᠲᠠᠯᠠᠪᠠᠶ ᠶᠢ ᠴᠥᠮ ᠵᠦᠶ ᠵᠣᠬᠢᠰᠲᠠᠶ ᠣᠷᠣᠨ ᠵᠠᠶ ᠶᠢᠨ ᠳᠣᠲᠣᠷ᠎ᠠ ᠲᠣᠭᠲᠠᠭᠤᠨ ᠪᠠᠶᠢᠯᠭᠠᠬᠤ ᠶᠢ ᠪᠠᠲᠤᠯᠠᠪᠠ᠃ ᠡᠨᠡ ᠵᠢᠯ᠂ ᠲᠠᠭ᠎ᠠ ᠶᠢᠨ ᠨᠠᠭᠤᠷ ᠤᠨ ᠠᠮᠢ ᠠᠬᠤᠶ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠥᠷᠢᠯᠡᠬᠦ ᠢᠨᠵᠧᠨᠧᠷᠢᠩ ᠢ ᠵᠢᠩᠬᠢᠨᠢ ᠪᠠᠷ ᠡᠬᠢᠯᠡᠭᠦᠯᠵᠦ᠂ ᠪᠠᠷᠢᠯᠭ᠎ᠠ ᠶᠢᠨ ᠬᠤᠭᠤᠴᠠᠭ᠎ᠠ ᠨᠢ 32 ᠰᠠᠷ᠎ᠠ ᠪᠠᠶᠢᠵᠤ᠂ ᠢᠨᠵᠧᠨᠧᠷᠢᠩ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠲᠠᠭ᠎ᠠ ᠶᠢᠨ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠠᠲᠤᠨ ᠭᠤᠤᠯ ᠤᠨ ᠤᠰᠤ ᠡᠯᠪᠡᠭ ᠵᠢᠯ ᠳᠤ ᠬᠠᠲᠤᠨ ᠭᠤᠤᠯ ᠤᠨ ᠭᠤᠤᠯ ᠤᠷᠤᠰᠬᠠᠯ ᠠᠴᠠ ᠤᠰᠤ ᠲᠠᠲᠠᠵᠤ ᠲᠠᠭ᠎ᠠ ᠶᠢᠨ ᠨᠠᠭᠤᠷ ᠲᠤ ᠪᠠᠴᠢᠮ ᠪᠠᠶᠢᠳᠠᠯ ᠢ ᠠᠷᠭᠠᠴᠠᠬᠤ ᠠᠮᠢ ᠠᠬᠤᠶ ᠶᠢᠨ ᠤᠰᠤ ᠨᠥᠬᠦᠪᠥᠷᠢᠯᠡᠬᠦ ᠶᠢ ᠬᠡᠷᠡᠭᠵᠢᠭᠦᠯᠵᠦ᠂ ᠲᠠᠭ᠎ᠠ ᠶᠢᠨ ᠨᠠᠭᠤᠷ ᠤᠨ ᠠᠮᠢ ᠠᠬᠤᠶ ᠶᠢᠨ ᠰᠡᠷᠭᠦᠭᠡᠯᠲᠡ ᠶᠢ ᠲᠦᠷᠭᠡᠳᠬᠡᠨ ᠠᠬᠢᠭᠤᠯᠪᠠ᠃ ᠲᠦᠷᠪᠡ ᠳᠤ᠂ ᠤᠰᠤᠨ ᠣᠷᠣᠨ ᠤ ᠡᠷᠭᠢ ᠶᠢᠨ ᠱᠤᠭᠤᠮ ᠤᠨ ᠣᠷᠣᠨ ᠵᠠᠢ ᠶᠢ ᠬᠠᠮᠢᠶᠠᠷᠤᠨ ᠡᠵᠡᠮᠳᠡᠬᠦ ᠶᠢ  ᠴᠢᠩᠭᠠᠳᠬᠠᠪᠠ᠃ ᠪᠦᠬᠦ ᠤᠯᠤᠰ ᠤᠨ ᠠᠩᠬᠠᠳᠤᠭᠠᠷ ᠤᠳᠠᠭᠠᠨ ᠤ ᠤᠰᠤᠨ ᠠᠰᠢᠭᠯᠠᠯᠲᠠ ᠶᠢᠨ ᠨᠡᠶᠢᠳᠡᠮ ᠪᠠᠶᠢᠴᠠᠭᠠᠬᠤ ᠭᠤᠣᠯ ᠭᠤᠷᠤᠬ᠎ᠠ ᠨᠠᠭᠤᠷ ᠴᠥᠭᠦᠷᠥᠮ ᠤᠨ ᠨᠡᠷᠡᠰ ᠤᠨ ᠵᠢᠭᠰᠠᠭᠠᠯᠲᠠ ᠳᠠᠬᠢ 2860 ᠭᠤᠣᠯ ᠭᠤᠷᠤᠬ᠎ᠠ ᠶᠢᠨ ᠬᠡᠰᠡᠭ ᠪᠠ 359 ᠤᠰᠤᠨ ᠤ ᠲᠠᠯᠠᠪᠠᠢ ᠨᠢ 1 ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢᠬᠢ ᠨᠠᠭᠤᠷ ᠴᠥᠭᠦᠷᠥᠮ ᠢ ᠵᠠᠭᠠᠭᠯᠠᠬᠤ ᠠᠵᠢᠯ ᠢ ᠤᠷᠢᠳᠴᠢᠯᠠᠨ       ᠪᠡᠶᠡᠯᠡᠭᠦᠯᠵᠦ᠂ ᠬᠥᠮᠦᠨ ᠦᠭᠡᠢ ᠣᠷᠣᠨ ᠤ 800 ᠭᠠᠷᠤᠶ ᠭᠤᠣᠯ ᠭᠤᠷᠤᠬ᠎ᠠ ᠢ ᠬᠢᠨᠠᠨ ᠲᠣᠭᠲᠠᠭᠠᠪᠠ︔ 2018 ᠣᠨ ᠠᠴᠠ ᠨᠠᠰᠢ᠂ ᠪᠥᠬᠦ ᠣᠷᠣᠨ ᠳᠤ ᠨᠡᠶᠢᠲᠡ 6283 ᠭᠤᠤᠯ  ᠭᠤᠷᠤᠬ᠎ᠠ ᠨᠠᠭᠤᠷ ᠴᠦᠬᠦᠷᠦᠮ ᠤᠨ ︽ᠳᠥᠷᠪᠡᠨ ᠵᠠᠮᠪᠠᠷᠠᠭ᠎ᠠ ᠦᠭᠡᠢ︾ ᠠᠰᠠᠭᠤᠳᠠᠯ ᠢ ᠵᠢᠭᠰᠠᠭᠠᠨ ᠪᠠᠶᠢᠴᠠᠭᠠᠵᠤ᠂ 6045 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠳ᠋ᠤᠭᠠᠷ ᠬᠠᠰᠤᠭᠰᠠᠨ ᠨᠣᠷᠮ᠎ᠠ ᠨᠢ 96.21%   ᠳᠤ ᠲᠤᠯᠪᠠ᠂ ᠡᠭᠦᠨ ᠳᠤ 2020 ᠣᠨ ᠳᠤ ᠭᠤᠤᠯ ᠭᠤᠷᠤᠬ᠎ᠠ ᠨᠠᠭᠤᠷ ᠴᠦᠬᠦᠷᠦᠮ ᠤᠨ ᠬᠠᠮᠢᠶᠠᠷᠤᠯᠲᠠ ᠬᠠᠮᠠᠭᠠᠯᠠᠯᠲᠠ ᠶᠢᠨ ︽ᠬᠠᠪᠤᠷ ᠤᠨ ᠤᠯᠠᠷᠢᠯ︾᠂ ︽ᠨᠠᠮᠤᠷ ᠤᠨ ᠤᠯᠠᠷᠢᠯ︾ ᠤᠨ ᠠᠵᠢᠯᠯᠠᠭ᠎ᠠ ᠶᠢ ᠥᠷᠨᠢᠭᠦᠯᠬᠦ ᠳᠤ 1723 ︽ᠳᠥᠷᠪᠡᠨ ᠵᠠᠮᠪᠠᠷᠠᠭ᠎ᠠ ᠦᠭᠡᠢ︾ ᠠᠰᠠᠭᠤᠳᠠᠯ ᠢ ᠵᠢᠭᠰᠠᠭᠠᠨ ᠪᠠᠶᠢᠴᠠᠭᠠᠵᠤ᠂ 1649 ᠳ᠋ᠤᠭᠠᠷ ᠢ ᠨᠢ ᠨᠢᠭᠡᠨᠲᠡ ᠬᠠᠰᠤᠵᠤ᠂ ᠳ᠋ᠤᠭᠠᠷ ᠢ ᠨᠢ ᠬᠠᠰᠤᠭᠰᠠᠨ ᠨᠣᠷᠮ᠎ᠠ 95.7% ᠪᠣᠯᠪᠠ︔ ᠲᠤᠰᠬᠠᠶ ᠠᠵᠢᠯᠯᠠᠭ᠎ᠠ ᠪᠠᠷ 585.5 ᠺᠢᠯᠣᠮᠧᠲᠷ ᠭᠤᠣᠯ ᠤᠨ ᠭᠤᠯᠳᠤᠷᠢᠯ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠪᠤᠳᠠᠯ ᠢ ᠴᠡᠪᠡᠷᠯᠡᠵᠦ᠂ ᠬᠠᠤᠯᠢ ᠪᠤᠰᠤ ᠪᠠᠷ ᠡᠯᠡᠰᠦ ᠮᠠᠯᠲᠠᠭᠰᠠᠨ 58 ᠭᠠᠵᠠᠷ ᠢ ᠴᠡᠪᠡᠷᠯᠡᠵᠦ᠂ 132.4 ᠲᠦᠮᠡᠨ ᠲᠡᠭᠰᠢ ᠳᠥᠷᠪᠡᠯᠵᠢᠨ ᠮᠧᠲᠷ ᠬᠠᠤᠯᠢ ᠪᠤᠰᠤ ᠪᠠᠷᠢᠯᠭ᠎ᠠ ᠶᠢ ᠨᠤᠷᠠᠭᠠᠵᠤ᠂ ᠬᠠᠳᠤᠨ ᠭᠤᠣᠯ ᠤᠨ ᠴᠢᠬᠤᠯᠠ ᠰᠠᠯᠪᠤᠷᠢ ᠤᠷᠤᠰᠬᠠᠯ ᠤᠨ ᠬᠠᠤᠯᠢ ᠪᠤᠰᠤ ᠪᠠᠷ ᠡᠯᠡᠰᠦ ᠮᠠᠯᠲᠠᠭᠰᠠᠨ ᠵᠡᠷᠭᠡ ᠲᠡᠦᠬᠡ ᠶᠢᠨ ᠦᠯᠡᠳᠡᠭᠳᠡᠯ ᠠᠰᠠᠭᠤᠳᠠᠯ ᠢ ᠦᠷᠭᠦᠯᠵᠢᠯᠡᠨ ᠰᠢᠢᠳᠪᠤᠷᠢᠯᠡᠬᠦ ᠶᠢ ᠲᠦᠯᠬᠢᠨ ᠠᠬᠢᠭᠤᠯᠵᠤ᠂ ᠭᠤᠣᠯ ᠭᠤᠷᠤᠬ᠎ᠠ ᠨᠠᠭᠤᠷ ᠴᠥᠭᠦᠷᠥᠮ ᠤᠨ ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠪᠠ᠃ ᠲᠠᠪᠤ ᠳᠤ᠂ ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠤᠬᠠᠭᠤᠯᠭ᠎ᠠ ᠶᠢ ᠪᠦᠬᠦ ᠲᠠᠯ᠎ᠠ ᠪᠠᠷ᠂ ᠤᠯᠠᠨ ᠲᠠᠯ᠎ᠠ ᠠᠴᠠ ᠦᠷᠨᠢᠬᠦᠯᠵᠡᠢ᠃ ᠡᠯ᠎ᠡ ᠱᠠᠲᠤ ᠡᠯ᠎ᠡ ᠭᠠᠵᠠᠷ ᠤᠨ ᠬᠢᠨ ᠣᠯᠠᠨ ᠵᠤᠶᠢᠯ ᠤᠨ ᠵᠠᠭᠤᠴᠢᠯᠠᠭᠤᠷ ᠢᠶᠠᠷ ᠳᠠᠮᠵᠢᠭᠤᠯᠤᠨ᠂ ᠭᠤᠤᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠭᠤᠤᠯ ᠭᠤᠷᠤᠬ᠎ᠠ ᠨᠠᠭᠤᠷ ᠴᠥᠭᠦᠷᠥᠮ ᠢ ᠬᠠᠯᠠᠮᠵᠢᠯᠠᠨ ᠬᠠᠶᠢᠷᠠᠯᠠᠬᠤ᠂ ᠭᠤᠤᠯ ᠭᠤᠷᠤᠬ᠎ᠠ ᠨᠠᠭᠤᠷ ᠴᠥᠭᠦᠷᠥᠮ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠪᠠ᠃ ᠠᠷᠠᠳ ᠤᠨ ᠡᠳᠦᠷ ᠤᠨ ᠰᠣᠨᠢᠨ ︵ᠰᠦᠯᠵᠢᠶ᠎ᠡ︶᠂ ᠰᠢᠨᠬᠤᠸᠠ ᠰᠦᠯᠵᠢᠶ᠎ᠡ ᠪᠣᠯᠤᠨ ᠤᠯᠤᠰ ᠢᠶᠠᠨ ᠬᠦᠴᠦᠷᠬᠡᠭᠵᠢᠭᠦᠯᠬᠦ ᠶᠢ ᠰᠤᠷᠤᠯᠴᠠᠬᠤ ᠲᠠᠪᠴᠠᠩ ᠵᠡᠷᠭᠡ ᠤᠯᠤᠰ ᠤᠨ ᠭᠤᠤᠯ ᠤᠷᠤᠰᠬᠠᠯ ᠤᠨ ᠵᠠᠭᠤᠴᠢᠯᠠᠭᠤᠷ ᠤᠨ ᠬᠢᠨ ᠤ ᠮᠠᠨ ᠤ ᠣᠷᠣᠨ ᠤ ᠭᠤᠤᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠤᠨ ᠠᠬᠢᠴᠠ ᠶᠢ ᠮᠡᠳᠡᠭᠡᠯᠡᠵᠦ᠂ ᠡᠯ᠎ᠡ ᠭᠠᠵᠠᠷ ᠤᠨ ᠨᠡᠶᠢᠲᠡᠯᠢᠭ ᠲᠤᠷᠰᠢᠯᠭ᠎ᠠ ᠵᠡᠷᠭᠡ ᠶᠢ 50 ᠭᠠᠷᠤᠶ ᠤᠳᠠᠭ᠎ᠠ ᠮᠡᠳᠡᠭᠡᠯᠡᠵᠦ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ᠂ ᠥᠪᠥᠷ ᠮᠣᠩᠭᠤᠯ ᠤᠨ ᠡᠳᠦᠷ ᠤᠨ ᠰᠣᠨᠢᠨ᠂ ᠥᠪᠥᠷ ᠮᠣᠩᠭᠤᠯ ᠤᠨ ᠲᠧᠯᠸᠢᠰ ᠬᠤᠷᠢᠶ᠎ᠠ ᠵᠡᠷᠭᠡ ᠵᠠᠭᠤᠴᠢᠯᠠᠭᠤᠷ ᠤᠨ ᠬᠢᠨ ᠮᠠᠨ ᠤ ᠣᠷᠣᠨ ᠤ ᠭᠤᠤᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠡᠯ᠎ᠡ ᠵᠤᠶᠢᠯ ᠤᠨ ᠠᠵᠢᠯ ᠢ ᠵᠠᠭᠤ ᠭᠠᠷᠤᠶ ᠤᠳᠠᠭ᠎ᠠ ᠮᠡᠳᠡᠭᠡᠯᠡᠵᠦ ᠤᠬᠠᠭᠤᠯᠪᠠ᠃ ︽ᠥᠪᠥᠷ ᠮᠣᠩᠭᠤᠯ ᠤᠨ ᠭᠤᠤᠯ ᠤᠨ ᠳᠠᠷᠤᠭ᠎ᠠ ᠶᠢᠨ ᠲᠦᠷᠢᠮ︾ ᠤᠨ ᠸᠢᠴᠠᠲ ᠤᠨ ᠣᠯᠠᠨ ᠨᠡᠶᠢᠲᠡ ᠶᠢᠨ ᠲᠠᠪᠴᠠᠩ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠰᠦᠯᠵᠢᠶ᠎ᠡ ᠳᠤ ᠪᠠᠰᠠ ᠭᠤᠤᠯ ᠤᠨ ᠳᠠᠷᠤᠭ᠎ᠠ ᠶᠢᠨ ᠲᠦᠷᠢᠮ ᠤᠨ ᠲᠤᠰᠬᠠᠶ ᠪᠤᠯᠤᠩ ᠭᠠᠷᠭᠠᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠪᠠᠰᠠ ᠲᠣᠰ ᠲᠣᠰ ᠤᠨ ᠣᠨᠴᠠᠯᠢᠭ ᠲᠠᠢ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠭᠤᠤᠯ ᠤᠨ ᠳᠠᠷᠤᠭ᠎ᠠ ᠶᠢᠨ ᠲᠦᠷᠢᠮ ᠤᠨ ᠤᠬᠠᠭᠤᠯᠭ᠎ᠠ ᠶᠢᠨ ᠠᠵᠢᠯ ᠢ ᠥᠷᠨᠢᠭᠦᠯᠪᠡ᠃      ᠳᠠᠷᠠᠭ᠎ᠠ ᠠᠯᠬᠤᠮ ᠳᠤ᠂ ᠮᠠᠨ ᠤ ᠣᠷᠣᠨ ᠤ ᠭᠤᠣᠯ ᠭᠤᠷᠤᠬ᠎ᠠ ᠨᠠᠭᠤᠷ ᠴᠥᠭᠦᠷᠥᠮ ᠢ ᠵᠠᠰᠠᠬᠤ ᠳᠤ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠭᠤᠤᠯ ᠭᠤᠷᠤᠬ᠎ᠠ ᠶᠢᠨ ᠳᠠᠷᠤᠭ᠎ᠠ ᠶᠢᠨ ᠲᠦᠷᠢᠮ ᠢᠶᠠᠷ ᠭᠠᠷᠳᠠᠴᠠ ᠪᠣᠯᠭᠠᠵᠤ᠂ ︽ᠨᠠᠭᠤᠷ︾ ᠪᠠ ︽ᠤᠰᠤ︾ ᠶᠢ ᠰᠠᠶᠢᠲᠤᠷ ᠬᠠᠮᠢᠶᠠᠷᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ       ᠨᠠᠷᠢᠯᠢᠬᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠢ ︽ᠨᠡᠷ᠎ᠡ ᠲᠠᠢ︾ ᠪᠠᠶᠢᠭᠰᠠᠨ ᠠᠴᠠ ︽ ᠨᠢᠳᠡᠷ ᠲᠠᠢ︾ ᠪᠣᠯᠭᠠᠨ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠪᠥᠬᠦ ᠲᠠᠯ᠎ᠠ ᠪᠠᠷ ᠪᠠᠶᠢᠭᠤᠯᠬᠤ ᠠᠴᠠ ᠪᠥᠬᠦ ᠲᠠᠯ᠎ᠠ ᠪᠠᠷ ᠦᠷ᠎ᠡ ᠪᠦᠲᠦᠮᠵᠢ ᠤᠯᠬᠤ ᠬᠦᠷᠲᠡᠯ᠎ᠡ᠂ ᠭᠤᠤᠯ ᠭᠤᠷᠤᠬ᠎ᠠ ᠨᠠᠭᠤᠷ ᠴᠦᠬᠦᠷᠦᠮ ᠢ ᠨᠠᠮ ᠰᠡᠯᠡᠭᠦᠨ᠂ ᠡᠶ᠎ᠡ ᠵᠣᠬᠢᠴᠠᠯ ᠲᠠᠢ ᠪᠣᠯᠭᠠᠵᠤ᠂ ᠤᠷᠤᠰᠬᠠᠯ ᠨᠢ ᠢᠯᠭᠤᠮ᠂ ᠤᠰᠤ ᠨᠢ ᠲᠤᠩᠭᠠᠯᠠᠭ᠂ ᠡᠷᠭᠢ ᠨᠢ ᠨᠣᠭᠤᠭᠠᠨ᠂ ᠦᠵᠡᠮᠵᠢ ᠨᠢ ᠰᠠᠶᠢᠬᠠᠨ ᠪᠤᠯᠭᠠᠵᠤ᠂ ᠭᠤᠤᠯ ᠭᠤᠷᠤᠬ᠎ᠠ ᠨᠠᠭᠤᠷ ᠴᠦᠬᠦᠷᠦᠮ ᠨᠢ ᠠᠮᠤᠷ ᠠᠮᠤᠭᠤᠯᠠᠩ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠥᠲᠥᠭᠡᠨ ᠪᠠᠶᠢᠭᠤᠯᠤᠨ᠎ᠠ᠃      ᠬᠤᠶᠠᠷ᠂ ᠤᠤᠭᠤᠬᠤ ᠤᠰᠤᠨ ᠤ ᠠᠮᠤᠷ ᠲᠦᠪᠰᠢᠨ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠠᠷᠠᠯᠲᠠᠲᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ      ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠪᠣᠯ ᠨᠢᠭᠡᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠠᠶᠢᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠵᠤ ᠪᠠᠶᠢᠳᠠᠭ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠡᠭᠡᠷ᠎ᠡ ᠲᠥᠪᠯᠡᠷᠡᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ  ᠰᠢᠢᠳᠪᠤᠷᠢᠯᠡᠬᠦ ᠪᠠᠷ ᠭᠤᠤᠯᠳᠠᠯᠭ᠎ᠠ ᠪᠣᠯᠭᠠᠵᠤ᠂ ᠳᠡᠭᠡᠳᠦ ᠪᠠᠶᠢᠷᠢ ᠠᠴᠠ ᠠᠬᠢᠭᠤᠯᠬᠤ ᠶᠢ ᠪᠠᠷᠢᠮᠲᠠᠯᠠᠨ᠂ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠢᠯᠡᠳᠲᠡ ᠦᠷ᠎ᠡ ᠪᠦᠲᠦᠮᠵᠢ ᠣᠯᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠣᠰᠣᠭᠠᠷ᠂ ᠪᠥᠬᠦ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠤᠷᠢᠯᠡᠪᠡ᠃      ᠨᠢᠭᠡ ᠳᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠶᠢ ᠪᠠᠷᠢᠮᠲᠠᠯᠠᠵᠤ᠂ ᠲᠣᠭᠲᠠᠭᠰᠠᠨ ᠬᠤᠭᠤᠴᠠᠭᠠᠨ       ᠳᠤ ︽ᠪᠦᠬᠦᠨ ᠢ ᠴᠡᠪᠡᠷᠯᠡᠨ ᠪᠠᠷᠢᠮᠵᠢᠶ᠎ᠠ ᠳᠤ ᠬᠦᠷᠭᠡᠬᠦ︾ ᠶᠢ ᠪᠡᠶᠡᠯᠡᠭᠦᠯᠦᠨ᠎ᠡ᠃ ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠥᠬᠦ ᠣᠷᠣᠨ ᠳᠤ ᠶᠠᠳᠠᠭᠤ ᠬᠦᠴᠢᠷᠳᠡᠯᠲᠡᠶ 18.3 ᠲᠦᠮᠡᠨ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠤᠷᠢᠯᠡᠪᠡ᠃ ᠨᠢᠭᠡ ᠡᠷᠦᠬᠡ ᠶᠢ ᠴᠤ ᠭᠡᠭᠡᠭᠳᠡᠬᠦᠯᠬᠦ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠶᠠᠳᠠᠭᠤ ᠶᠢ ᠲᠡᠳᠬᠦᠵᠦ᠂ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠳ ᠲᠠᠢ ᠬᠠᠮᠲᠤᠷᠠᠨ ᠪᠥᠬᠦ ᠣᠷᠣᠨ ᠤ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠪᠥᠬᠦ ᠲᠠᠯ᠎ᠠ ᠪᠠᠷ ᠪᠠᠶᠢᠴᠠᠭᠠᠨ ᠳᠣᠲᠣᠯᠠᠵᠤ᠂ ᠲᠤᠰᠬᠠᠶ ᠵᠤᠶᠢᠯ ᠤᠨ ᠪᠠᠯᠠ ᠮᠥᠩᠭᠦ ᠪᠠᠭᠤᠯᠭᠠᠨ ᠪᠦᠬᠦᠨ ᠢ ᠬᠠᠮᠤᠷᠬᠤ ᠮᠠᠶ᠋ᠢᠭ ᠤᠨ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠠᠵᠢᠯ ᠢ ᠥᠷᠨᠢᠭᠦᠯᠵᠦ᠂ ᠬᠤᠰᠢᠭᠤ ᠰᠢᠶᠠᠨ ᠲᠣᠰᠬᠤᠨ ᠡᠷᠦᠬᠡ ᠳᠤ ᠬᠦᠷᠲᠡᠯ᠎ᠡ ᠡᠬᠡ ᠲᠠᠩᠰᠠ ᠶᠢ ᠪᠠᠶᠢᠭᠤᠯᠤᠨ᠂ ᠮᠡᠷᠭᠡᠵᠢᠯ ᠤᠨ ᠲᠥᠰᠦᠯ ᠲᠣᠭᠲᠠᠭᠠᠵᠤ᠂ ᠰᠢᠢᠳᠪᠤᠷᠢᠯᠡᠬᠦ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠪᠠ᠃ 2019 ᠣᠨ ᠤ 10 ᠳ᠋ᠤᠭᠠᠷ ᠰᠠᠷ᠎ᠠ ᠳᠤ᠂ ᠬᠠᠮᠤᠭ ᠰᠡᠭᠦᠯᠴᠢ ᠶᠢᠨ ᠨᠢᠭᠡ ᠪᠦᠯᠦᠭ ᠬᠠᠷᠭᠤᠭᠤᠯᠤᠨ ᠪᠠᠶᠢᠴᠠᠭᠠᠵᠤ ᠭᠠᠷᠭᠠᠭᠰᠠᠨ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠪᠦᠬᠦᠨ ᠢ ᠳᠠᠭᠤᠰᠬᠠᠵᠤ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠤᠨ ︽ ᠪᠦᠬᠦᠨ ᠢ ᠴᠡᠪᠡᠷᠯᠡᠨ ᠪᠠᠷᠢᠮᠵᠢᠶ᠎ᠠ ᠳᠤ ᠬᠦᠷᠭᠡᠬᠦ︾ ᠡᠭᠦᠷᠭᠡ ᠶᠢ ᠪᠥᠬᠦ ᠲᠠᠯ᠎ᠠ ᠪᠠᠷ       ᠪᠡᠶᠡᠯᠡᠭᠦᠯᠪᠡ᠃      ᠬᠤᠶᠠᠷ ᠲᠤ᠂ ᠬᠥᠳᠡᠯᠦᠩᠭᠦᠢ ᠪᠠᠷ ᠬᠢᠨᠠᠨ ᠬᠡᠮᠵᠢᠬᠦ ᠶᠢ ᠪᠠᠷᠢᠮᠲᠠᠯᠠᠵᠤ᠂ ᠲᠠᠬᠢᠨ ᠶᠠᠳᠠᠭᠤᠷᠠᠬᠤ ᠪᠠ ᠶᠠᠳᠠᠭᠤᠷᠠᠬᠤ  ᠠᠴᠠ ᠰᠡᠷᠭᠡᠶᠢᠯᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠶᠢᠨ ᠲᠥᠯᠥᠭᠡ᠂ ᠤᠤᠭᠤᠬᠤ ᠤᠰᠤᠨ ᠤ ᠠᠮᠤᠷ ᠲᠦᠪᠰᠢᠨ ᠤ ᠬᠡᠮ ᠰᠣᠭᠤᠭ ᠢ ᠲᠠᠰᠤᠷᠠᠯᠲᠠ ᠥᠬᠡᠶ ᠠᠷᠢᠯᠭᠠᠵᠤ᠂ 2019 ᠣᠨ᠂ 2020 ᠣᠨ ᠳᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠬᠤᠶᠠᠷ ᠵᠢᠯ ᠳᠠᠷᠠᠭᠠᠯᠠᠨ ᠬᠥᠨᠳᠡᠯᠡᠨ ᠪᠠᠷ ᠬᠢᠵᠠᠭᠠᠷ ᠣᠷᠣᠨ ᠳᠤ ᠬᠦᠷᠲᠡᠯ᠎ᠡ ᠭᠤᠯᠳᠤ ᠪᠠᠷ ᠡᠴᠦᠰ ᠲᠤᠨᠢ ᠲᠤᠯᠲᠠᠯ᠎ᠠ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠨᠡᠶᠢᠳᠡᠮ ᠬᠠᠮᠤᠷᠬᠤ ᠮᠠᠶ᠋ᠢᠭ ᠤᠨ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠶᠡᠭᠡ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠮᠤᠷ ᠲᠦᠪᠰᠢᠨ ᠤ ᠬᠡᠮ ᠰᠣᠭᠤᠭ ᠪᠠ ᠪᠠᠲᠤᠯᠠᠭ᠎ᠠ ᠯᠠᠪᠳᠠᠭᠤᠨ ᠪᠠᠲᠤᠲᠠᠶ ᠪᠢᠰᠢ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠪᠠᠶᠢᠭᠤᠯᠵᠤ᠂ ᠰᠢᠢᠳᠪᠤᠷᠢᠯᠡᠬᠦ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢᠶᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠯᠳᠠᠭᠤᠷ ᠰᠤᠷᠪᠤᠯᠵᠢᠯᠠᠨ ᠪᠠᠶᠢᠴᠠᠭᠠᠬᠤ ᠲᠤᠰᠬᠠᠶ ᠠᠩᠭᠢ ᠪᠠᠶᠢᠭᠤᠯᠵᠤ᠂ ᠪᠥᠬᠦ ᠣᠷᠣᠨ ᠤ 12 ᠠᠶᠢᠮᠠᠭ ᠬᠤᠲᠠ ᠳᠤ ᠣᠯᠠᠨ ᠤᠳᠠᠭ᠎ᠠ ᠰᠢᠪᠠᠳᠠᠭᠤᠯᠤᠨ ᠵᠢᠯᠣᠭᠤᠳᠴᠤ ᠪᠠᠶᠢᠴᠠᠭᠠᠬᠤ᠂ ᠳᠠᠯᠳᠠᠭᠤᠷ ᠰᠤᠷᠪᠤᠯᠵᠢᠯᠠᠬᠤ ᠶᠢ ᠥᠷᠨᠢᠭᠦᠯᠵᠦ᠂ ᠡᠯ᠎ᠡ ᠭᠠᠵᠠᠷ ᠤᠨ ᠬᠢᠨ ᠢ ᠰᠢᠪᠠᠳᠠᠭᠤᠯᠵᠤ ᠪᠠᠶᠢᠭᠠᠳ ᠤᠤᠭᠤᠬᠤ ᠤᠰᠤᠨ ᠤ ᠠᠮᠤᠷ ᠲᠦᠪᠰᠢᠨ ᠤ ᠡᠯ᠎ᠡ ᠵᠤᠶᠢᠯ ᠤᠨ ᠠᠵᠢᠯ ᠢ ᠦᠨᠡᠨ ᠬᠦ ᠰᠠᠶᠢᠲᠤᠷ ᠬᠢᠯᠭᠡᠪᠡ᠃ ᠡᠯ᠎ᠡ ᠭᠠᠵᠠᠷ ᠤᠨ ᠬᠢᠨ ᠠᠰᠠᠭᠤᠳᠠᠯ ᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠶᠠᠳᠠᠭᠤ ᠶᠢ ᠲᠡᠳᠬᠦᠬᠦ ᠪᠠ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠲᠠᠢ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠲᠣᠭᠲᠠᠴᠠ ᠶᠢ       ᠪᠠᠶᠢᠭᠤᠯᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠠᠰᠠᠭᠤᠳᠠᠯ ᠲᠠᠬᠢᠨ ᠡᠭᠦᠰᠬᠦ ᠶᠢ ᠰᠡᠷᠭᠡᠶᠢᠯᠡᠵᠦ᠂ ᠤᠰᠤ ᠠᠴᠠ ᠪᠤᠯᠵᠤ ᠲᠠᠬᠢᠨ ᠶᠠᠳᠠᠭᠤᠷᠠᠬᠤ ᠪᠤᠶᠤ ᠶᠠᠳᠠᠭᠤᠷᠠᠬᠤ ᠪᠠᠶᠢᠳᠠᠯ ᠭᠠᠷᠬᠤ ᠠᠴᠠ ᠵᠠᠶᠢᠯᠠᠰᠬᠢᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠬᠥᠳᠡᠯᠦᠩᠭᠦᠢ ᠪᠠᠷ ᠴᠡᠪᠡᠷᠯᠡᠬᠦ ᠶᠢ       ᠪᠠᠲᠤᠯᠠᠵᠠᠢ᠃     ᠭᠤᠷᠪᠠ ᠳᠤ᠂ ᠪᠠᠬᠢᠵᠢᠭᠦᠯᠦᠨ ᠥᠷᠭᠡᠳᠬᠡᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠲᠡᠭᠡᠭᠰᠢᠯᠡᠬᠦᠯᠪᠡ᠃ ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠠᠴᠠ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠪᠦᠬᠦᠯᠢ ᠴᠤᠭᠴᠠ ᠠᠴᠠ ᠲᠦᠯᠬᠢᠨ ᠠᠬᠢᠭᠤᠯᠪᠠ᠃ ᠪᠦᠬᠦ ᠣᠷᠣᠨ ᠳᠤ ᠤᠤᠭᠤᠬᠤ ᠤᠰᠤᠨ ᠤ ᠠᠮᠤᠷ ᠲᠦᠪᠰᠢᠨ ᠤ ᠪᠡᠯᠡ ᠮᠥᠩᠭᠦ ᠶᠢ ᠨᠡᠶᠢᠲᠡ 53.7 ᠳ᠋ᠦᠩᠰᠢᠭᠤᠷ ᠲᠥᠭᠦᠷᠢᠭ ᠣᠷᠣᠭᠤᠯᠵᠤ᠂ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠨᠡᠶᠢᠳᠡ 1.5 ᠲᠦᠮᠡ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠥᠷᠭᠡᠳᠬᠡᠨ ᠪᠠᠶᠢᠭᠤᠯᠵᠤ᠂ 2.4 ᠲᠦᠮᠡᠨ ᠤᠰᠤᠨ ᠰᠤᠷᠪᠤᠯᠵᠢ ᠶᠢᠨ ᠬᠤᠳᠳᠤᠭ ᠢ ᠰᠢᠨ᠎ᠡ ᠪᠠᠷ ᠮᠠᠯᠲᠠᠵᠤ᠂ ᠮᠠᠯᠵᠢᠬᠤ ᠣᠷᠣᠨ ᠤ ᠤᠰᠤ ᠬᠠᠳᠠᠭᠠᠯᠠᠬᠤ ᠵᠣᠭᠤᠷᠢ ᠶᠢ 1 ᠲᠦᠮᠡ ᠭᠠᠷᠤᠶ ᠪᠠᠶᠢᠭᠤᠯᠵᠤ᠂ ᠤᠰᠤ ᠴᠡᠪᠡᠷᠰᠢᠭᠦᠯᠬᠦ ᠲᠥᠬᠦᠭᠡᠷᠦᠮᠵᠢ ᠶᠢ 16.8 ᠲᠦᠮᠡᠨ ᠢᠵᠢ ᠤᠭᠰᠠᠷᠠᠵᠤ᠂ 1.67 ᠲᠦᠮᠡᠨ ᠺᠢᠯᠣᠮᠧᠲᠷ ᠤᠨ ᠬᠤᠭᠤᠯᠠᠶ ᠶᠢᠨ ᠲᠣᠣᠷ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠳᠤ 430 ᠲᠦᠮᠡᠨ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠵᠦ᠂ ᠺᠠᠷᠲᠯᠠᠨ ᠳᠠᠩᠰᠠᠯᠠᠭᠰᠠᠨ 18.3 ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠤᠷᠢᠯᠡᠪᠡ᠃ 75 ᠲᠦᠮᠡᠨ ᠬᠥᠮᠦᠨ ᠤ ᠹᠯᠣᠷ ᠠᠷᠰᠧᠨ ᠢᠣᠳ᠋ ᠤᠨ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠢ ᠰᠢᠢᠳᠪᠤᠷᠢᠯᠡᠵᠦ᠂ ᠤᠤᠭᠤᠬᠤ ᠤᠰᠤᠨ ᠤ ᠬᠡᠯᠪᠡᠷᠢ ᠶᠢᠨ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠭᠠᠰᠢᠭᠤᠨ ᠱᠣᠷᠪᠣᠭ ᠤᠰᠤ ᠶᠢ ᠥᠭᠡᠷᠡᠴᠢᠯᠡᠨ ᠰᠠᠶᠢᠵᠢᠷᠠᠭᠤᠯᠬᠤ 389 ᠢᠨᠵᠧᠨᠧᠷᠢᠩ ᠢ ᠪᠠᠬᠢᠵᠢᠭᠦᠯᠦᠨ ᠳᠡᠭᠡᠭᠰᠢᠯᠡᠭᠦᠯᠵᠦ᠂ 10.3 ᠲᠦᠮᠡᠨ ᠬᠥᠮᠦᠨ ᠳᠤ ᠠᠰᠢᠭ ᠬᠦᠷᠲᠡᠭᠡᠵᠦ᠂ ︽ᠭᠠᠰᠢᠭᠤᠨ ᠱᠣᠷᠪᠣᠭ ᠤᠰᠤ︾ ᠶᠢᠨ ᠠᠰᠠᠭᠤᠳᠠᠯ ᠢ ᠪᠦᠬᠦ ᠲᠠᠯ᠎ᠠ ᠪᠠᠷ ᠰᠢᠢᠳᠪᠤᠷᠢᠯᠡᠵᠦ᠂ ᠤᠰᠤᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠬᠦ ᠤᠤᠭᠤᠬᠤ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢ ᠨᠡᠩ ᠯᠠᠪᠳᠠᠭᠤᠨ ᠪᠠᠲᠤᠲᠠᠶ ᠪᠣᠯᠭᠠᠪᠠ᠃ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠨᠣᠷᠮ᠎ᠠ ᠶᠢ 82% ᠲᠤ ᠬᠦᠷᠦᠭᠦᠯᠵᠦ᠂ ᠡᠭᠦᠨ ᠳᠤ᠂ ᠬᠥᠬᠡᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ ᠵᠡᠷᠭᠡ ᠠᠶᠢᠮᠠᠭ ᠬᠤᠲᠠ ᠶᠢᠨ ᠲᠥᠪᠯᠡᠷᠡᠭᠦᠯᠦᠨ ᠤᠰᠤ ᠬᠠᠩᠭᠠᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠮᠠᠯᠴᠢᠨ ᠲᠠᠷᠢᠶᠠᠴᠢᠳ ᠤᠨ ᠠᠮᠤᠷ ᠲᠦᠪᠰᠢᠨ ᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠢᠯᠡᠳᠲᠡ ᠨᠡᠮᠡᠭᠳᠡᠬᠦᠯᠵᠡᠢ᠃      ᠲᠦᠷᠪᠡ ᠳᠤ ᠪᠠᠶᠢᠭᠤᠯᠬᠤ ᠪᠠ ᠬᠠᠮᠢᠶᠠᠷᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠤᠷᠳᠤ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠢ ᠪᠠᠳᠤᠯᠠᠪᠠ᠃ ᠣᠷᠳᠣ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠢᠨᠵᠧᠨᠧᠷᠢᠩ ᠤᠨ ︽ᠭᠤᠷᠪᠠᠨ ᠬᠠᠷᠢᠭᠤᠴᠠᠯᠭ᠎ᠠ︾ ︽ᠭᠤᠷᠪᠠᠨ ᠵᠤᠶᠢᠯ ᠤᠨ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠢᠨᠵᠧᠨᠧᠷᠢᠩ ᠤᠨ ᠤᠰᠤᠨ ᠤ ᠰᠦᠢᠳᠭᠡᠯ ᠢ ᠬᠤᠷᠢᠶᠠᠨ ᠲᠤᠰᠢᠶᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠤᠰᠤ ᠠᠷᠪᠢᠯᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠰᠦᠢᠳᠭᠡᠯ ᠲᠤᠰᠢᠶᠠᠵᠤ ᠤᠰᠤ ᠬᠡᠷᠡᠭᠯᠡᠬᠦ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ︽ᠤᠰᠤ ᠪᠠᠷ ᠤᠰᠤ ᠶᠢ ᠲᠡᠵᠢᠭᠡᠬᠦ︾ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠵᠠᠭᠪᠤᠷ ᠤᠨ ᠪᠦᠷᠢᠯᠳᠦᠬᠦ ᠶᠢ ᠠᠬᠢᠭᠤᠯᠪᠠ᠃ ᠲᠣᠰᠬᠤᠨ ᠤ ᠱᠠᠲᠤᠨ ᠤ ᠤᠰᠤ ᠬᠠᠮᠢᠶᠠᠷᠤᠭᠴᠢ ᠶᠢ ᠪᠠᠶᠢᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠶᠢ ᠴᠢᠩᠭᠠᠳᠬᠠᠬᠤ ᠵᠢᠯᠣᠭᠤᠳᠬᠤ ᠰᠠᠨᠠᠯ ᠢ ᠳᠠᠷᠤᠮᠠᠯᠯᠠᠨ ᠲᠠᠷᠬᠠᠭᠠᠵᠤ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠤᠨ᠂ ᠡᠯ᠎ᠡ ᠭᠠᠵᠠᠷ ᠢ ᠵᠢᠯᠣᠭᠤᠳᠴᠤ ᠪᠠᠶᠢᠭᠠᠳ ᠭᠡᠨᠡᠳᠲᠡ ᠡᠭᠦᠰᠦᠭᠰᠡᠨ ᠤᠰᠤ ᠬᠠᠩᠭᠠᠬᠤ ᠬᠡᠷᠡᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠪᠡᠯᠡᠳᠬᠡᠯ ᠲᠥᠰᠦᠯ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠢᠨᠵᠧᠨᠧᠷᠢᠩ ᠤᠨ ᠠᠵᠢᠯᠯᠠᠭᠠᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠲᠡᠭᠡᠭᠰᠢᠯᠡᠬᠦᠯᠪᠡ᠃ ᠣᠳᠣᠬᠠᠨ ᠳᠤ᠂ ᠪᠥᠬᠦ ᠣᠷᠣᠨ ᠤ ᠡᠯ᠎ᠡ ᠬᠤᠰᠢᠭᠤ ᠰᠢᠶᠠᠨ ᠴᠥᠮ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠪᠠᠲᠤᠯᠠᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠳᠤ ᠴᠥᠮ ᠦᠨ᠎ᠡ ᠲᠣᠭᠲᠠᠭᠠᠵᠤ᠂ ᠤᠰᠤᠨ ᠤ ᠰᠦᠢᠳᠭᠡᠯ ᠢ ᠬᠤᠷᠢᠶᠠᠨ ᠲᠤᠰᠢᠶᠠᠭᠰᠠᠨ ᠨᠣᠷᠮ᠎ᠠ 95% ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠳᠤ ︽ᠬᠠᠮᠢᠶᠠᠷᠬᠤ ᠬᠥᠮᠦᠨ ᠲᠠᠢ᠂ ᠬᠠᠮᠢᠶᠠᠷᠬᠤ ᠵᠣᠭᠤᠰ ᠲᠠᠢ︾ ᠰᠠᠶᠢᠨ ᠰᠠᠶᠢᠬᠠᠨ ᠠᠵᠢᠯᠯᠠᠭᠠᠨ ᠤ ᠲᠣᠭᠲᠠᠴᠠ ᠶᠠᠭ ᠪᠦᠷᠢᠯᠳᠦᠵᠦ ᠪᠠᠶᠢᠨ᠎ᠠ᠃      ᠥᠪᠥᠷ ᠮᠣᠩᠭᠤᠯ ᠤᠨ ᠬᠤᠳᠠᠯᠳᠤᠭᠠᠨ ᠤ ᠰᠣᠨᠢᠨ ᠤ ᠰᠤᠷᠪᠤᠯᠵᠢᠯᠠᠭᠴᠢ                     2020 — 12 — 23 10᠄ 20᠄ 24      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠤᠭᠤᠬᠤ ᠤᠰᠤᠨ ᠤ ᠠᠮᠤᠷ ᠲᠦᠪᠰᠢᠨ ᠤ ︽ᠪᠦᠬᠦᠨ ᠢ ᠴᠡᠪᠡᠷᠯᠡᠵᠦ ᠪᠠᠷᠢᠮᠵᠢᠶ᠎ᠠ ᠳᠤ ᠬᠦᠷᠭᠡᠬᠦ︾ ᠡᠭᠦᠷᠭᠡ ᠶᠢ ᠨᠢᠭᠡᠨᠲᠡ ᠪᠡᠶᠡᠯᠡᠭᠦᠯᠪᠡ᠂ ᠤᠰᠤᠨ ᠠᠰᠢᠭᠯᠠᠯᠲᠠ ᠶᠢᠨ ᠲᠢᠩᠬᠢᠮ ᠤᠨ ᠤᠤᠭᠤᠬᠤ ᠤᠰᠤᠨ ᠤ ᠠᠮᠤᠷ ᠲᠦᠪᠰᠢᠨ ᠤ ᠲᠤᠬᠠᠢ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠨᠢ ᠶᠠᠮᠠᠷ ᠪᠤᠢ︖      ᠭᠤᠤ ᠮᠢᠩ ᠲᠠᠩ            2020 — 12 — 23 10᠄ 24᠄ 47      ᠳᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠤᠭᠤᠬᠤ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠭᠤᠣᠯᠳᠠᠯᠭ᠎ᠠ ᠲᠠᠢ ᠪᠠᠬᠢᠵᠢᠭᠦᠯᠵᠦ᠂ ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ᠂ ᠢᠨᠵᠧᠨᠧᠷᠢᠩ ᠤᠨ ᠳᠤᠲᠠᠭᠤᠳᠠᠯ ᠢ ᠴᠠᠭ ᠲᠤᠬᠠᠢ ᠳᠤᠨᠢ ᠨᠥᠬᠦᠪᠥᠷᠢᠯᠡᠨ᠎ᠡ᠃ ᠡᠭᠦᠨ ᠤ ᠬᠠᠮᠲᠤ᠂ ᠬᠢᠨᠠᠨ ᠰᠢᠯᠭᠠᠵᠤ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠨᠠᠷᠢᠯᠢᠭ ᠣᠨᠣᠴᠠᠲᠠᠶ ᠠᠷᠭ᠎ᠠ ᠬᠡᠮᠵᠢᠶ᠎ᠡ ᠠᠪᠴᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ ᠴᠠᠭ ᠲᠤᠬᠠᠶ ᠳᠤᠨᠢ ᠰᠢᠢᠳᠪᠤᠷᠢᠯᠡᠵᠦ᠂ ᠠᠰᠠᠭᠤᠳᠠᠯ ᠤᠨ ᠳᠠᠬᠢᠨ ᠡᠭᠦᠰᠬᠦ ᠶᠢ ᠰᠡᠷᠭᠡᠶᠢᠯᠡᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠰᠢᠢᠳᠪᠤᠷᠢᠯᠡᠬᠦ ᠶᠢ ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠭᠰᠡᠨ ᠦᠷ᠎ᠡ ᠪᠦᠲᠦᠭᠡᠯ ᠢ ᠲᠡᠤᠬᠡ ᠪᠠ ᠦᠢᠯᠡᠳᠦᠯᠭᠡ ᠶᠢᠨ ᠰᠢᠯᠭᠠᠯᠲᠠ ᠶᠢ ᠬᠦᠯᠢᠶᠡᠵᠦ ᠳᠡᠶᠢᠯᠬᠦ ᠪᠤᠯᠭᠠᠨ᠎ᠠ᠃      ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠲᠢᠩᠬᠢᠮ ᠤᠨ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠨᠢᠭᠡ ᠳᠤ ︽ᠤᠰᠤᠨ ᠤ ᠡᠬᠢ ᠰᠤᠷᠪᠤᠯᠵᠢ ᠶᠢ ᠲᠣᠭᠲᠠᠪᠤᠷᠢᠵᠢᠭᠤᠯᠬᠤ︾ ᠪᠠᠷ ᠭᠤᠤᠯ ᠱᠤᠭᠤᠮ ᠪᠣᠯᠭᠠᠵᠤ᠂ ᠤᠰᠤᠨ ᠤ ᠡᠬᠢ ᠰᠤᠷᠪᠤᠯᠵᠢ᠂ ᠬᠤᠭᠤᠯᠠᠶ ᠶᠢᠨ ᠲᠣᠤᠷ ᠢ ᠤᠷᠢᠳᠠᠪᠠᠷ ᠠᠰᠢᠭᠯᠠᠬᠤ ᠪᠠ ᠤᠰᠤᠨ ᠤ ᠡᠬᠢ ᠰᠤᠷᠪᠤᠯᠵᠢ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ ᠤᠰᠤᠨ ᠤ ᠬᠠᠩᠭᠠᠯᠭ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠳᠤᠯᠠᠨ᠎ᠠ᠃ ᠬᠤᠶᠠᠷ ᠲᠤ ︽ᠬᠤᠶᠠᠷ ᠲᠠᠯ᠎ᠠ ᠶᠢ ᠠᠳᠬᠤᠵᠤ ᠳᠤᠮᠳᠠᠬᠢ ᠶᠢ ᠳᠠᠶᠢᠴᠢᠯᠠᠬᠤ︾ ᠠᠷᠭ᠎ᠠ ᠮᠠᠶ᠋ᠢᠭ ᠤᠨ ᠶᠣᠰᠣᠭᠠᠷ᠂ ︽ᠶᠡᠭᠡ ᠶᠢ ᠪᠠᠶᠢᠭᠤᠯᠵᠤ ᠲᠤᠮᠳᠠ ᠶᠢ ᠨᠢ ᠨᠢᠭᠡᠳᠭᠡᠨ ᠵᠢᠵᠢᠭ ᠢ ᠨᠢ ᠪᠠᠭᠠᠰᠬᠠᠬᠤ︾ ᠪᠥᠳᠥᠭᠡᠨ ᠪᠠᠶᠢᠭᠤᠯᠤᠯᠲᠠ ᠶᠢᠨ ᠵᠠᠷᠴᠢᠮ ᠢ       ᠦᠨᠳᠦᠰᠦᠯᠡᠨ᠂ ᠨᠢᠭᠡ ᠪᠦᠯᠦᠭ ᠬᠡᠪᠴᠢᠶᠡᠵᠢᠭᠦᠯᠦᠭᠰᠡᠨ ᠢᠨᠵᠧᠨᠧᠷᠢᠩ ᠢ ᠲᠥᠯᠥᠪᠵᠢᠭᠦᠯᠦᠨ ᠪᠥᠳᠥᠭᠡᠨ ᠪᠠᠶᠢᠭᠤᠯᠵᠤ᠂ ᠨᠢᠭᠡ ᠪᠦᠯᠦᠭ ᠵᠢᠵᠢᠭ ᠬᠡᠯᠪᠡᠷᠢ ᠶᠢᠨ ᠵᠢᠷᠤᠮᠵᠢᠭᠰᠠᠨ ᠤᠰᠤ ᠬᠠᠩᠭᠠᠬᠤ ᠢᠨᠵᠧᠨᠧᠷᠢᠩ ᠢ ᠪᠥᠳᠥᠭᠡᠨ ᠪᠠᠶᠢᠭᠤᠯᠵᠤ ᠥᠭᠡᠷᠡᠴᠢᠯᠡᠨ᠂ ᠨᠢᠭᠡ ᠪᠦᠯᠦᠭ ᠬᠠᠭᠤᠴᠢᠷᠬᠠᠰᠠᠨ ᠤᠰᠤ ᠬᠠᠩᠭᠠᠬᠤ ᠢᠨᠵᠧᠨᠧᠷᠢᠩ ᠪᠣᠯᠤᠨ ᠬᠤᠭᠤᠯᠠᠶ ᠲᠣᠣᠷ ᢭   ᠢ ᠰᠢᠨᠡᠳᠬᠡᠨ ᠥᠭᠡᠷᠡᠴᠢᠯᠡᠵᠦ᠂ ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ ᠢᠨᠵᠧᠨᠧᠷᠢᠩ ᢭ ᠤᠨ ᠵᠢᠷᠤᠮᠵᠢᠯᠲᠠ᠂ ᠪᠠᠷᠢᠮᠵᠢᠶᠠᠵᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠷᠪᠠ ᠳᠤ ᠲᠠᠷᠠᠬᠠᠶ ᠪᠤᠲᠠᠷᠬᠠᠶ ᠤᠰᠤ ᠬᠠᠩᠭᠠᠬᠤ ᠬᠢᠯᠢ ᠲᠠᠭᠤ ᠶᠢᠨ ᠮᠠᠯᠵᠢᠬᠤ ᠣᠷᠣᠨ᠂ ᠠᠭᠤᠯᠠᠷᠬᠠᠭ ᠣᠷᠣᠨ ᠳᠤ᠂ ᠤᠰᠤ ᠬᠠᠩᠭᠠᠬᠤ ᠬᠡᠮᠵᠢᠶ᠎ᠡ ᠶᠢ ᠨᠡᠮᠡᠭᠳᠡᠭᠦᠯᠬᠦ᠂ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠪᠠᠷ ᠪᠥᠲᠥᠭᠡᠨ ᠪᠠᠶᠢᠭᠤᠯᠤᠯᠲᠠ ᠶᠢᠨ ᠭᠤᠤᠯᠳᠠᠯᠭ᠎ᠠ ᠪᠣᠯᠭᠠᠵᠤ᠂ ᠮᠠᠯᠵᠢᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠠ ᠮᠠᠯᠴᠢᠨ ᠲᠠᠷᠢᠶᠠᠴᠢᠨ ᠤ ᠤᠰᠤ ᠬᠡᠷᠡᠭᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠪᠠᠷ ᠳᠠᠮᠵᠢᠭᠤᠯᠤᠨ ᠤᠰᠤ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ᠂ ᠢᠨᠵᠧᠨᠧᠷᠢᠩ ᠤᠨ ᠬᠠᠮᠢᠶᠠᠷᠤᠨ ᠬᠠᠮᠠᠭᠠᠯᠠᠬᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠠᠷᠠᠴᠢᠯᠠᠨ ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠤᠰᠤ ᠬᠠᠩᠭᠠᠬᠤ ᠪᠡᠯᠡᠳᠬᠡᠯ ᠲᠥᠰᠦᠯ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠦᠨ᠎ᠡ᠃      ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ                 2020 — 12 — 23 10᠄ 25᠄ 40      ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠠᠵᠢᠯᠯᠠᠭᠠᠨ ᠢ ᠬᠠᠮᠢᠶᠠᠷᠤᠨ ᠬᠠᠮᠠᠭᠠᠯᠠᠬᠤ ᠶᠢᠨ ᠭᠤᠤᠯ ᠭᠠᠷᠳᠠᠴᠠ ᠨᠢ ᠶᠠᠭᠤ ᠪᠣᠶ︖      ᠭᠤᠤ ᠮᠢᠩ ᠲᠠᠩ               2020 — 12 — 23 10᠄ 29᠄ 08      ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠢᠨᠵᠧᠨᠧᠷᠢᠩ ᠤᠨ ᠤᠰᠤᠨ ᠤ ᠰᠦᠢᠳᠭᠡᠯ ᠢ ᠬᠤᠷᠢᠶᠠᠨ᠎ᠠ᠃ ᠣᠳᠣᠬᠠᠨ ᠳᠤ᠂ ᠮᠠᠨ ᠤ ᠲᠢᠩᠬᠢᠮ ᠶᠠᠭ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠢᠨᠵᠧᠨᠧᠷᠢᠩ ᠤᠨ ᠤᠰᠤᠨ ᠤ ᠰᠦᠢᠳᠭᠡᠯ ᠢ ᠬᠤᠷᠢᠶᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃ ᠣᠲᠣ ᠪᠣᠯᠲᠠᠯ᠎ᠠ᠂ ᠪᠥᠬᠦ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠳᠤ ᠴᠥᠮ ᠦᠨ᠎ᠡ ᠲᠣᠭᠲᠠᠭᠠᠵᠤ᠂ ᠤᠰᠤᠨ ᠤ ᠰᠦᠢᠳᠭᠡᠯ ᠬᠤᠷᠢᠶᠠᠭᠰᠠᠨ ᠨᠣᠷᠮ᠎ᠠ 95% ᠳᠤ ᠬᠦᠷᠴᠦ᠂ ᠶᠢᠰᠦᠨ ᠬᠤᠪᠢ ᠶᠢ ᠳᠠᠪᠠᠭᠰᠠᠨ ᠬᠥᠳᠡᠭᠡ ᠲᠣᠰᠬᠤᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠠᠴᠠ ᠨᠢᠭᠡᠨᠲᠡ ᠰᠦᠢᠳᠭᠡᠯ ᠬᠤᠷᠢᠶᠠᠵᠤ ᠡᠬᠢᠯᠡᠭᠰᠡᠨ ᠪᠠᠶᠢᠨ᠎ᠠ᠃      ᠲᠠᠷᠢᠶᠠᠯᠠᠬᠤ ᠮᠠᠯᠵᠢᠬᠤ ᠣᠷᠣᠨ ᠤ ᠤᠰᠤ ᠬᠠᠩᠭᠠᠬᠤ ᠢᠨᠵᠧᠨᠧᠷᠢᠩ ᠨᠢ ᠤᠰᠤᠨ ᠤ ᠡᠬᠢ ᠰᠤᠷᠪᠤᠯᠵᠢ ᠶᠢᠨ ᠪᠥᠳᠥᠭᠡᠨ ᠪᠠᠶᠢᠭᠤᠯᠤᠯᠲᠠ᠂ ᠤᠰᠤ ᠲᠠᠲᠠᠬᠤ ᠠᠴᠠ ᠠᠪᠤᠭᠠᠳ ᠤᠰᠤᠨ ᠤ ᠦᠢᠯᠡᠳᠪᠦᠷᠢ ᠶᠢ ᠴᠡᠪᠡᠷᠰᠢᠭᠦᠯᠦᠨ ᠰᠢᠢᠳᠪᠤᠷᠢᠯᠡᠬᠦ᠂ ᠬᠥᠭᠡᠷᠭᠡ ᠶᠢᠨ ᠥᠷᠳᠡᠭᠡ ᠪᠠᠷ ᠤᠰᠤ ᠳᠠᠮᠵᠢᠭᠤᠯᠬᠤ ᠬᠦᠷᠲᠡᠯ᠎ᠡ᠂ ᠲᠠᠬᠢᠭᠠᠳ ᠤᠰᠤᠨ ᠴᠤᠷᠭᠤ ᠶᠢ ᠲᠠᠷᠢᠶᠠᠴᠢᠨ ᠮᠠᠯᠴᠢᠳ ᠤᠨ ᠭᠡᠷ ᠲᠤ ᠤᠭᠰᠠᠷᠠᠬᠤ ᠬᠦᠷᠲᠡᠯ᠎ᠡ ᠪᠦᠬᠦ᠋ᠢᠯᠡ ᠶᠠᠪᠤᠴᠠ ᠳᠤ ᠬᠥᠮᠦᠨ ᠤ ᠬᠦᠴᠦ᠂ ᠪᠣᠳᠠᠰ  ᠤᠨ ᠬᠦᠴᠦ᠂  ᠡᠳ᠋ ᠤᠨ ᠬᠦᠴᠦᠨ ᠤ ᠣᠷᠣᠭᠤᠯᠤᠯᠲᠠ ᠶᠢ ᠬᠡᠷᠡᠭᠰᠡᠬᠦ ᠮᠥᠷᠲᠡᠭᠡᠨ ᠪᠠᠷᠢᠯᠭ᠎ᠠ ᠶᠢ ᠪᠠᠶᠢᠭᠤᠯᠵᠤ ᠳᠠᠭᠤᠰᠤᠭᠰᠠᠨ ᠤ ᠲᠠᠷᠠᠭ᠎ᠠ ᠦᠷᠭᠦᠯᠵᠢᠯᠡᠨ ᠠᠵᠢᠯᠯᠠᠭᠤᠯᠬᠤ ᠶᠢ ᠪᠡᠶᠡᠯᠡᠭᠦᠯᠬᠦ ᠳᠤ ᠪᠠᠰᠠ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ ᠶᠢ ᠬᠡᠷᠡᠭᠰᠡᠬᠦ ᠪᠥᠭᠡᠳ ᠪᠠᠰᠠ ᠵᠣᠬᠢᠬᠤ ᠬᠡᠮᠵᠢᠶᠡᠨ ᠤ ᠪᠡᠯᠡ ᠮᠥᠩᠭᠦ ᠶᠢᠨ ᠣᠷᠣᠭᠤᠯᠤᠯᠲᠠ ᠶᠢ ᠬᠡᠷᠡᠭᠰᠡᠨ᠎ᠡ᠃ ᠵᠣᠬᠢᠬᠤ ᠬᠡᠮᠵᠢᠶᠡᠨ ᠤ ᠤᠰᠤᠨ ᠤ ᠰᠦᠢᠳᠭᠡᠯ ᠬᠤᠷᠢᠶᠠᠪᠠᠯ᠂ ᠪᠠᠷᠢᠯᠭ᠎ᠠ ᠶᠢ ᠠᠵᠢᠯᠯᠠᠭᠤᠯᠬᠤ ᠪᠠ ᠬᠠᠮᠢᠶᠠᠷᠴᠤ ᠬᠠᠮᠠᠭᠠᠯᠠᠬᠤ ᠵᠣᠭᠤᠰ ᠲᠠᠢ ᠪᠤᠯᠬᠤ ᠪᠠᠷ ᠪᠠᠷᠠᠬᠤ ᠥᠬᠡᠶ᠂ ᠮᠠᠯᠴᠢᠨ ᠲᠠᠷᠢᠶᠠᠴᠢᠨ ᠤ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠵᠤ᠂ ᠬᠢᠯᠪᠠᠷ ᠪᠤᠰᠤ ᠪᠠᠷ ᠣᠯᠤᠭᠰᠠᠨ ᠤᠤᠭᠤᠬᠤ ᠤᠰᠤ ᠶᠢ ᠨᠠᠨᠳᠢᠩᠨᠠᠬᠤ ᠶᠢᠨ ᠬᠠᠮᠲᠤ᠂ ᠤᠰᠤ ᠬᠡᠷᠡᠭᠯᠡᠬᠦ ᠡᠷᠦᠬᠡ ᠶᠢᠨ ᠪᠠᠷᠢᠯᠭ᠎ᠠ ᠶᠢᠨ ᠠᠵᠢᠯᠯᠠᠭᠠᠨ ᠤ ᠪᠠᠶᠢᠳᠠᠯ ᠳᠤ ᠬᠢᠨᠠᠯᠲᠠ ᠲᠠᠯᠪᠢᠬᠤ ᠶᠢ ᠠᠬᠢᠭᠤᠯᠵᠤ ᠪᠣᠯᠤᠨ᠎ᠠ᠃      ᠬᠡᠯᠡᠯᠭᠡᠨ ᠦᠭᠡᠢ᠂ ᠤᠰᠤᠨ ᠤ ᠰᠦᠢᠳᠬᠡᠯ ᠬᠤᠷᠢᠶᠠᠬᠤ ᠨᠢ ︽ᠨᠢᠭᠡ ᠯᠡ ᠠᠳᠠᠯᠢ ᠪᠠᠷ ᠱᠠᠭᠠᠷᠳᠠᠬᠤ︾ ᠶᠠᠪᠤᠳᠠᠯ ᠪᠢᠰᠢ ᠶᠤᠮ᠃ ᠣᠨᠴᠠᠭᠠᠶ ᠬᠦᠴᠢᠷᠳᠡᠯ ᠲᠠᠢ ᠭᠠᠵᠠᠷ ᠣᠷᠣᠨ ᠪᠠ ᠤᠰᠤ ᠬᠠᠩᠭᠠᠬᠤ ᠪᠠᠷᠢᠯᠭ᠎ᠠ ᠳᠤ ᠵᠣᠬᠢᠬᠤ ᠬᠡᠮᠵᠢᠶᠡᠨ ᠤ ᠨᠥᠬᠦᠪᠥᠷᠢ ᠥᠭᠬᠦ ᠠᠷᠭ᠎ᠠ ᠬᠡᠮᠵᠢᠶ᠎ᠡ ᠠᠪᠴᠤ᠂ ᠡᠳ᠋ ᠤᠨ ᠵᠠᠰᠠᠭ ᠤᠨ ᠨᠥᠬᠦᠪᠥᠷᠢ ᠥᠭᠴᠦ᠂ ᠪᠠᠷᠢᠯᠭ᠎ᠠ ᠶᠢᠨ ᠬᠡᠪ ᠤᠨ ᠠᠵᠢᠯᠯᠠᠭ᠎ᠠ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠪᠢᠳᠡ ᠡᠯ᠎ᠡ ᠭᠠᠵᠠᠷ ᠤᠨ ᠬᠢᠨ ᠳᠤ ᠱᠠᠭᠠᠷᠳᠠᠵᠤ ᠪᠠᠶᠢᠨ᠎ᠠ᠃ 2019 ᠣᠨ ᠠᠴᠠ ᠨᠠᠰᠢ᠂ ᠲᠥᠪ ᠠᠴᠠ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠢᠨᠵᠧᠨᠧᠷᠢᠩ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠨᠥᠬᠦᠪᠥᠷᠢ ᠶᠢᠨ ᠪᠠᠯᠠ ᠮᠥᠩᠭᠦ ᠶᠢ ᠨᠡᠶᠢᠲᠡ 1.8 ᠳ᠋ᠦᠩᠰᠢᠭᠤᠷ ᠲᠥᠭᠦᠷᠢᠭ ᠪᠠᠭᠤᠯᠭᠠᠪᠠ᠂ ᠪᠢᠳᠡ ᠪᠠᠯᠠ ᠮᠥᠩᠭᠦ ᠶᠢ ᠬᠤᠪᠢᠶᠠᠷᠢᠯᠠᠬᠤ ᠳᠠᠭᠠᠨ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠣᠷᠣᠨ ᠪᠠ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠵᠡᠷᠭᠡ ᠣᠨᠴᠠᠭᠠᠶ ᠭᠠᠵᠠᠷ ᠣᠷᠣᠨ ᠳᠤ ᠵᠣᠬᠢᠰᠲᠠᠶ ᠬᠠᠷᠠᠭᠠᠯᠵᠠᠯ ᠦᠵᠡᠭᠦᠯᠵᠦ᠂ ᠲᠣᠪᠤᠶᠢᠮ᠎ᠠ ᠬᠦᠴᠢᠷᠳᠡᠯ ᠲᠠᠢ ᠭᠠᠵᠠᠷ ᠣᠷᠣᠨ ᠤ ᠢᠨᠵᠧᠨᠧᠷᠢᠩ ᠤᠨ ᠠᠵᠢᠯᠯᠠᠭᠠᠨ ᠤ ᠬᠠᠮᠠᠭᠠᠯᠠᠯᠲᠠ ᠶᠢ ᠪᠠᠲᠤᠯᠠᠬᠤ ᠪᠣᠯᠤᠨ᠎ᠠ᠃      ᠣᠳᠣᠬᠠᠨ ᠳᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠤᠰᠤᠨ ᠤ ᠰᠦᠢᠳᠭᠡᠯ ᠢ ᠬᠤᠷᠢᠶᠠᠬᠤ ᠠᠵᠢᠯ ᠶᠡᠷᠦᠩᠬᠡᠶ ᠳᠡᠭᠡᠨ ᠨᠡᠯᠢᠶᠡᠳ ᠤᠷᠤᠭᠰᠢᠲᠠᠶ ᠶᠠᠪᠤᠭᠳᠠᠵᠤ᠂ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ᠃ ᠳᠠᠷᠠᠭ᠎ᠠ ᠠᠯᠬᠤᠮ ᠳᠤ ᠮᠠᠨ ᠤ ᠲᠢᠩᠬᠢᠮ ᠡᠯ᠎ᠡ ᠭᠠᠵᠠᠷ ᠤᠷᠤᠨ ᠤ ᠤᠰᠤᠨ ᠤ ᠰᠦᠢᠳᠭᠡᠯ ᠬᠤᠷᠢᠶᠠᠬᠤ ᠠᠵᠢᠯ ᠢ ᠦᠷᠬᠦᠯᠵᠢᠯᠡᠨ ᠠᠩᠬᠠᠷᠤᠯ ᠳᠠᠭᠠᠨ ᠠᠪᠴᠤ᠂ ᠤᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠰᠤ ᠬᠠᠩᠭᠠᠬᠤ ᠢᠨᠵᠧᠨᠧᠷᠢᠩ ᠤᠨ ᠠᠵᠢᠯᠯᠠᠭᠠᠨ ᠢ ᠪᠠᠳᠤᠯᠠᠬᠤ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃        ᠥᠪᠥᠷ ᠮᠣᠩᠭᠤᠯ ᠤᠨ ᠬᠠᠤᠯᠢ ᠲᠦᠷᠢᠮ ᠤᠨ ᠰᠣᠨᠢᠨ ᠤ ᠰᠤᠷᠪᠤᠯᠵᠢᠯᠠᠭᠴᠢ                                       2020 — 12 — 23 10᠄ 30᠄ 58      ︽ᠳᠥᠷᠪᠡᠨ ᠵᠠᠮᠪᠠᠷᠠᠭ᠎ᠠ ᠦᠭᠡᠢ ᠪᠠᠶᠢᠳᠠᠯ ᠢ ᠠᠷᠢᠯᠭᠠᠬᠤ︾ ᠨᠢ ᠭᠤᠤᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ︽ᠨᠡᠷ᠎ᠡ ᠲᠠᠢ︾ ᠪᠠᠶᠢᠭᠰᠠᠨ ᠠᠴᠠ ᠪᠠᠨ ︽ ᠨᠢᠳᠡᠷ ᠲᠠᠢ︾ ᠪᠣᠯᠬᠤ ᠴᠢᠬᠤᠯᠠ ᠭᠠᠷᠳᠠᠴᠠ ᠪᠣᠯᠤᠭᠰᠠᠨ ᠤ ᠬᠤᠪᠢ ᠳᠤ᠂ ︽ᠳᠥᠷᠪᠡᠨ ᠵᠠᠮᠪᠠᠷᠠᠭ᠎ᠠ ᠦᠭᠡᠢ ᠪᠠᠶᠢᠳᠠᠯ ᠢ ᠠᠷᠢᠯᠭᠠᠬᠤ︾ ᠶᠢ ᠳᠥᠯᠭᠢᠨ ᠠᠬᠢᠭᠤᠯᠬᠤ ᠶᠠᠪᠤᠴᠠ ᠳᠤ ᠭᠤᠤᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠳᠠᠪᠠᠭᠤᠯᠢᠭ ᠢ ᠬᠡᠷᠬᠢᠨ ᠪᠠᠳᠠᠷᠠᠭᠤᠯᠬᠤ ᠪᠣᠶ︖      ᠯᠢᠦ ᠪᠢᠩ ᠵᠧᠩ                    2020 — 12 — 23 10᠄ 34᠄ 08      ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ 2017 ᠣᠨ ᠤ ᠰᠡᠭᠦᠯᠴᠢ ᠪᠠᠷ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠳᠥᠷᠪᠡᠨ ᠱᠠᠲᠤᠨ ᠤ ᠭᠤᠤᠯ ᠤᠨ ᠳᠠᠷᠤᠭ᠎ᠠ ᠶᠢᠨ ᠲᠦᠷᠢᠮ ᠤᠨ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠵᠤ᠂ 2018 ᠣᠨ ᠳᠤ ᠨᠠᠭᠤᠷ ᠤᠨ ᠳᠠᠷᠤᠭ᠎ᠠ ᠶᠢᠨ ᠲᠦᠷᠢᠮ ᠤᠨ ᠰᠢᠰᠲ᠋ᠧᠮᠵᠢ ᠶᠢ ᠪᠠᠶᠢᠭᠤᠯᠪᠠ᠃      ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠪᠣᠯ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠢᠶᠠᠷ ᠭᠤᠣᠯ ᠪᠣᠯᠭᠠᠭᠰᠠᠨ ᠭᠤᠣᠯ ᠭᠤᠷᠤᠬ᠎ᠠ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠳᠦᠷᠢᠮ ᠪᠣᠯᠤᠨ᠎ᠠ᠂ ᠭᠤᠣᠯ ᠭᠤᠷᠤᠬ᠎ᠠ ᠨᠠᠭᠤᠷ ᠴᠦᠬᠦᠷᠦᠮ ᠤᠨ ᠳᠠᠷᠤᠭ᠎ᠠ ᠵᠣᠬᠢᠶᠠᠨ ᠪᠠᠶᠢᠭᠤᠯᠵᠤ ᠤᠳᠤᠷᠢᠳᠬᠤ ᠠᠵᠢᠯ ᠢ ᠬᠠᠷᠢᠭᠤᠴᠠᠵᠤ᠂ ᠣᠯᠠᠨ ᠰᠠᠯᠠᠭ᠎ᠠ ᠮᠥᠴᠢᠷ ᠤᠨ ᠬᠢᠨ ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠵᠦ᠂ ᠨᠢᠭᠡ ᠬᠠᠷᠠᠯᠲᠠ ᠶᠣᠰᠣᠭᠠᠷ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠢᠶᠠᠨ ᠬᠤᠪᠢᠳᠠᠨ ᠬᠠᠮᠵᠢᠯᠴᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠨᠢᠭᠡ ᠪᠦᠯᠦᠭ ᠨᠡᠶᠢᠭᠡᠮ ᠤᠨ ᠠᠩᠬᠠᠷᠤᠯ ᠢᠶᠠᠷ ᠥᠨᠳᠥᠷ᠂ ᠴᠡᠭᠴᠡᠯᠡᠨ ᠵᠠᠰᠠᠬᠤ ᠳᠤ ᠬᠦᠴᠢᠷᠲᠡᠢ ᠭᠤᠣᠯ ᠭᠤᠷᠤᠬ᠎ᠠ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ︽ᠬᠠᠭᠤᠴᠢᠨ ᠤ ᠲᠦᠪᠡᠭᠲᠡᠢ︾ ᠠᠰᠠᠭᠤᠳᠠᠯ ᠢ ᠰᠢᠢᠳᠪᠦᠷᠢᠯᠡᠪᠡ᠂ ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠨᠢ ᠥᠩᠭᠡᠷᠡᠭᠰᠡᠨ ᠤ ︽ᠶᠢᠰᠦᠨ ᠯᠣᠣ ᠤᠰᠤ ᠵᠠᠰᠠᠬᠤ︾ ᠪᠠᠶᠢᠳᠠᠯ ᠢ ᠡᠪᠳᠡᠵᠦ᠂ ᠲᠤᠰ ᠲᠤᠰ ᠲᠠᠭᠠᠨ ᠲᠤᠭ ᠪᠤᠰᠬᠠᠬᠤ ᠭᠡᠮ ᠰᠣᠭᠤᠭ ᠢ ᠠᠷᠢᠯᠭᠠᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠴᠥᠮ ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠠᠭ᠎ᠠ ᠬᠦᠴᠦ ᠣᠷᠣᠭᠤᠯᠵᠤ ᠶᠡᠭᠡ ᠠᠮᠵᠢᠯᠲᠠ ᠣᠯᠵᠤ᠂ ᠢᠯᠡᠳᠲᠡ ᠦᠷ᠎ᠡ ᠪᠦᠲᠦᠮᠵᠢ ᠣᠯᠵᠠᠢ᠃      ︽ᠳᠥᠷᠪᠡᠨ ᠵᠠᠮᠪᠠᠷᠠᠭ᠎ᠠ ᠦᠭᠡᠢ ᠪᠠᠶᠢᠳᠠᠯ ᠢ ᠠᠷᠢᠯᠭᠠᠬᠤ︾ ᠶᠠᠪᠤᠴᠠ ᠳᠤ᠂ ᠭᠤᠣᠯ ᠭᠤᠷᠤᠬ᠎ᠠ ᠨᠠᠭᠤᠷ ᠴᠥᠭᠦᠷᠥᠮ ᠢ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠪᠠᠨ ᠪᠠᠲᠤᠳᠬᠠᠬᠤ ᠶᠢᠨ ᠲᠥᠯᠥᠭᠡ᠂ ᠪᠢᠳᠡ ︽ᠨᠢᠭᠡ ᠠᠰᠠᠭᠤᠳᠠᠯ ᠳᠤ ᠬᠤᠶᠠᠷ ᠬᠠᠭᠤᠳᠠᠰᠤ ᠪᠠᠶᠢᠭᠤᠯᠬᠤ ᠲᠦᠷᠢᠮ︾ ᠢ ᠬᠡᠷᠡᠭᠵᠢᠭᠦᠯᠪᠡ᠂ ᠲᠤᠬᠠᠶᠢᠯᠠᠪᠠᠯ ︽ᠲᠦᠷᠪᠡᠨ ᠵᠠᠮᠪᠠᠷᠠᠭ᠎ᠠ ᠦᠭᠡᠢ︾ ᠠᠰᠠᠭᠤᠳᠠᠯ ᠨᠢᠭᠡᠪᠦᠷᠢ ᠳᠤ ᠴᠥᠮ ᠬᠤᠯᠪᠣᠭᠳᠠᠯ ᠪᠦᠬᠦᠢ ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠳᠤ ︽ᠡᠭᠦᠷᠭᠡ ᠶᠢᠨ ᠬᠠᠭᠤᠳᠠᠰᠤ︾ ᠪᠠᠭᠤᠯᠭᠠᠵᠤ᠂ ︽ᠲᠦᠷᠪᠡᠨ ᠵᠠᠮᠪᠠᠷᠠᠭ᠎ᠠ ᠦᠭᠡᠢ︾ ᠠᠰᠠᠭᠤᠳᠠᠯ ᠢ ᠴᠡᠭᠴᠡᠯᠡᠨ ᠵᠠᠰᠠᠬᠤ ᠠᠭᠤᠯᠭ᠎ᠠ᠂ ᠠᠷᠭ᠎ᠠ ᠬᠡᠮᠵᠢᠶ᠎ᠡ᠂ ᠴᠠᠭ ᠤᠨ ᠱᠠᠭᠠᠷᠳᠠᠯᠭ᠎ᠠ ᠵᠡᠷᠭᠡ ᠶᠢ ᠲᠣᠳᠣᠷᠬᠠᠶ ᠪᠣᠯᠭᠠᠵᠤ᠂ ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠳᠤ ᠶᠠᠭᠤ ᠬᠢᠬᠦ᠂ ᠶᠠᠭᠠᠬᠢᠵᠤ ᠬᠢᠬᠦ᠂ ᠬᠡᠵᠢᠶ᠎ᠡ ᠬᠢᠵᠦ ᠳᠠᠭᠤᠰᠬᠠᠬᠤ ᠶᠢ ᠮᠡᠳᠡᠭᠦᠯᠵᠦ᠂ ︽ᠲᠦᠷᠪᠡᠨ ᠵᠠᠮᠪᠠᠷᠠᠭ᠎ᠠ ᠦᠭᠡᠢ︾ ᠠᠰᠠᠭᠤᠳᠠᠯ ᠢ ᠴᠡᠭᠴᠡᠯᠡᠨ ᠵᠠᠰᠠᠵᠤ ᠳᠠᠭᠤᠰᠬᠠᠭᠰᠠᠨ ᠤ ᠲᠠᠷᠠᠭ᠎ᠠ ᠪᠠᠰᠠ ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠪᠠᠷ ︽ᠳ᠋ᠤᠭᠠᠷ ᠬᠠᠰᠤᠬᠤ ᠬᠠᠭᠤᠳᠠᠰᠤ︾ ᠳᠤ ᠭᠠᠷ ᠤᠨ ᠦᠰᠦᠭ ᠵᠢᠷᠤᠭᠤᠯᠪᠠᠯ ᠰᠠᠶ᠋ᠢ ᠴᠡᠭᠴᠡᠯᠡᠨ ᠵᠠᠰᠠᠵᠤ ᠳᠠᠭᠤᠰᠤᠭᠰᠠᠨ ᠳᠤ       ᠲᠣᠭᠠᠴᠠᠭᠳᠠᠨ᠎ᠠ᠃      ᠡᠯ᠎ᠡ ᠱᠠᠲᠤᠨ ᠤ ᠪᠠᠶᠢᠴᠠᠭᠠᠬᠤ ᠪᠠᠶᠢᠭᠤᠯᠭ᠎ᠠ ᠯᠤᠭ᠎ᠠ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ       ᠪᠠᠶᠢᠭᠤᠯᠵᠤ᠂ ︽ᠭᠤᠣᠯ ᠤᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠭᠤᠣᠯ ᠭᠤᠷᠤᠬ᠎ᠠ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠵᠠᠭᠪᠤᠷ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠣᠯ ᠤᠨ ᠳᠠᠷᠤᠭ᠎ᠠ ᠶᠢᠨ ᠠᠯᠪᠠᠨ ᠭᠡᠷ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ︽ᠭᠤᠣᠯ ᠭᠤᠷᠤᠬ᠎ᠠ ᠨᠠᠭᠤᠷ ᠴᠦᠬᠦᠷᠦᠮ ᠢ ᠵᠠᠰᠠᠬᠤ ᠨᠠᠮᠤᠷ ᠤᠨ ᠤᠯᠠᠷᠢᠯ ᠤᠨ ᠠᠵᠢᠯᠯᠠᠭ᠎ᠠ︾ ᠶᠢ ᠬᠠᠮᠲᠤᠷᠠᠨ ᠥᠷᠨᠢᠭᠦᠯᠵᠦ᠂ ᠭᠤᠣᠯ ᠭᠤᠷᠤᠬ᠎ᠠ ᠨᠠᠭᠤᠷ ᠴᠦᠬᠦᠷᠦᠮ ᠤᠨ ᠳᠦᠷᠰᠦ ᠪᠠᠶᠢᠳᠠᠯ᠂ ᠴᠢᠳᠠᠪᠬᠢ ᠶᠢ ᠨᠥᠯᠥᠭᠡᠯᠡᠬᠦ ᠵᠡᠷᠭᠡ ᠭᠤᠣᠯ ᠭᠤᠷᠤᠬ᠎ᠠ ᠨᠠᠭᠤᠷ ᠴᠦᠬᠦᠷᠦᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠣᠯᠤᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠦᠲᠦᠮᠵᠢᠲᠡᠢ ᠵᠣᠯᠭᠠᠯᠴᠠᠭ᠎ᠠ ᠶᠢ ᠴᠢᠨᠠᠭᠰᠢᠳᠠ ᠴᠢᠩᠭᠠᠳᠬᠠᠵᠤ᠂ ᠭᠤᠣᠯ ᠭᠤᠷᠤᠬ᠎ᠠ ᠨᠠᠭᠤᠷ ᠴᠦᠬᠦᠷᠦᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠰᠠᠭᠤᠳᠠᠯ ᠢ ᠰᠢᠢᠳᠪᠦᠷᠢᠯᠡᠬᠦ ᠳᠤ ᠬᠦᠴᠦ ᠨᠡᠮᠡᠷᠢᠯᠡᠵᠦ᠂ ᠭᠤᠣᠯ ᠨᠠᠭᠤᠷ ᠤᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃      ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠭᠴᠢ                    2020 — 12 — 23 10᠄ 36᠄ 28      ᠭᠤᠣᠯ ᠭᠤᠷᠤᠬ᠎ᠠ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠤᠯᠪᠠ᠂ ᠳᠠᠷᠠᠭᠠᠴᠢ ᠶᠢᠨ ᠠᠯᠬᠤᠮ ᠳᠤ ᠭᠤᠣᠯ ᠭᠤᠷᠤᠬ᠎ᠠ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠲᠠᠯ᠎ᠠ ᠪᠠᠷ ᠶᠠᠮᠠᠷ ᠶᠠᠮᠠᠷ ᠲᠥᠯᠥᠪᠯᠡᠭᠡ ᠲᠠᠢ ᠪᠠᠶᠢᠬᠤ ᠪᠤᠢ︖      ᠯᠢᠦ ᠪᠢᠩ ᠵᠧᠩ                   2020 — 12 — 23 10᠄ 41᠄ 23      ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ  ᠪᠠᠶᠢᠭᠤᠯᠬᠤ ᠠᠴᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠱᠠᠲᠤᠨ ᠳᠤ ᠬᠦᠷᠲᠡᠯ᠎ᠡ᠂ ᠭᠤᠣᠯ ᠭᠤᠷᠤᠬ᠎ᠠ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠤᠯᠵᠠᠢ᠃ ᠳᠠᠷᠠᠭᠠᠴᠢ ᠶᠢᠨ ᠠᠯᠬᠤᠮ ᠳᠤ ᠭᠤᠣᠯ ᠭᠤᠷᠤᠬ᠎ᠠ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠲᠠᠯ᠎ᠠ ᠪᠠᠷ ᠮᠥᠨ ᠳᠣᠣᠷᠠᠬᠢ ᠠᠷᠭ᠎ᠠ ᠬᠡᠮᠵᠢᠶ᠎ᠡ ᠶᠢ ᠠᠪᠤᠨ᠎ᠠ᠄      ᠨᠢᠭᠡ ᠳᠤ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠶᠣᠰᠣᠭᠠᠷ ᠭᠤᠣᠯ ᠭᠤᠷᠤᠬ᠎ᠠ ᠨᠠᠭᠤᠷ ᠴᠦᠬᠦᠷᠦᠮ ᠢ ᠵᠠᠰᠠᠬᠤ ᠶᠢ ᠨᠠᠶᠢᠳᠠᠪᠤᠷᠢᠵᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠭᠤᠷᠤᠬ᠎ᠠ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠲᠦᠷᠢᠮ︾ ᠤᠨ ᠬᠠᠤᠯᠢ ᠲᠣᠭᠲᠠᠭᠠᠬᠤ ᠠᠵᠢᠯ ᠢ ᠠᠬᠢᠭᠤᠯᠵᠤ᠂ ᠮᠠᠨ ᠤ ᠣᠷᠣᠨ ᠤ ᠭᠤᠤᠯ ᠭᠤᠷᠤᠬ᠎ᠠ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮᠵᠢ ᠶᠢ ᠪᠠᠶᠢᠭᠤᠯᠤᠨ᠂ ᠭᠤᠤᠯ ᠭᠤᠷᠤᠬ᠎ᠠ ᠨᠠᠭᠤᠷ ᠴᠥᠭᠦᠷᠥᠮ ᠤᠨ ᠬᠠᠤᠯᠢ ᠬᠡᠷᠡᠭᠵᠢᠭᠦᠯᠦᠯᠲᠡ ᠶᠢ ᠵᠢᠷᠤᠮᠯᠠᠬᠤ ᠬᠠᠤᠯᠢ ᠲᠠᠢ᠂ ᠵᠢᠷᠤᠮᠯᠠᠬᠤ ᠲᠦᠷᠢᠮ ᠲᠠᠢ ᠪᠣᠯᠭᠠᠵᠤ᠂ ᠭᠤᠤᠯ ᠭᠤᠷᠤᠬ᠎ᠠ ᠨᠠᠭᠤᠷ ᠴᠥᠭᠦᠷᠥᠮ ᠤᠨ ᠬᠠᠤᠯᠢ ᠪᠤᠰᠤ ᠪᠠᠷ ᠡᠯᠡᠰᠦ ᠮᠠᠯᠲᠠᠬᠤ᠂ ᠡᠷᠭᠢ ᠶᠢᠨ ᠱᠤᠭᠤᠮ ᠢ ᠡᠵᠡᠯᠡᠬᠦ᠂ ᠬᠠᠤᠯᠢ ᠠᠴᠠ ᠵᠥᠷᠢᠴᠡᠨ ᠠᠩᠨᠠᠵᠤ ᠱᠦᠭᠦᠬᠦ᠂ ᠲᠣᠭᠲᠠᠭᠠᠯ ᠠᠴᠠ ᠵᠥᠷᠢᠴᠡᠨ ᠪᠥᠲᠥᠭᠡᠨ ᠪᠠᠶᠢᠭᠤᠯᠬᠤ᠂ ᠭᠤᠤᠯ ᠭᠤᠷᠤᠬ᠎ᠠ ᠶᠢᠨ ᠪᠠᠶᠢᠳᠠᠯ ᠢ ᠡᠪᠳᠡᠬᠦ ᠵᠡᠷᠭᠡ ᠦᠢᠯᠡ ᠠᠵᠢᠯᠯᠠᠭ᠎ᠠ ᠳᠤ ᠬᠦᠴᠦᠷᠬᠡᠭ ᠶᠡᠭᠡ ᠬᠠᠤᠯᠢ ᠴᠠᠭᠠᠵᠠ ᠶᠢᠨ ᠰᠦᠷ ᠬᠦᠴᠦᠨ ᠢ ᠪᠣᠶ       ᠪᠣᠯᠭᠠᠨ᠎ᠠ᠃      ᠬᠤᠶᠠᠷ ᠲᠤ᠂ ᠭᠤᠣᠯ ᠨᠠᠭᠤᠷ ᠤᠨ ᠣᠷᠣᠨ ᠵᠠᠢ ᠶᠢ ᠬᠠᠮᠢᠶᠠᠷᠤᠨ ᠡᠵᠡᠮᠳᠡᠬᠦ ᠤᠢᠢᠯᠠᠭᠠᠭᠳᠠᠬᠤᠨ ᠢ       ᠪᠠᠶᠢᠭᠤᠯᠵᠤ᠂ ᠭᠤᠣᠯ ᠨᠠᠭᠤᠷ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠣᠬᠢᠰᠲᠠᠢ ᠬᠤᠪᠢᠶᠠᠷᠢᠯᠠᠨ ᠲᠣᠭᠲᠠᠭᠠᠬᠤ ᠠᠵᠢᠯ ᠢ ᠬᠢᠵᠦ᠂ ᠣᠷᠣᠨ ᠵᠠᠢ ᠶᠢᠨ ᠣᠷᠣᠨ ᠲᠣᠭᠤᠷᠢᠭ ᠤᠨ ᠣᠷᠣᠬᠤ ᠵᠥᠪᠰᠢᠶᠡᠷᠡᠯ ᠤᠨ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠰᠠᠪᠠ ᠭᠠᠵᠠᠷ ᠤᠨ ᠲᠠᠯᠠᠪᠠᠶ ᠨᠢ 50 ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢᠬᠢ ᠭᠤᠤᠯ ᠭᠤᠷᠤᠬ᠎ᠠ᠂ ᠤᠰᠤᠨ ᠤ ᠭᠠᠳᠠᠷᠭᠤ ᠶᠢᠨ ᠲᠠᠯᠠᠪᠠᠶ ᠨᠢ 1 ᠲᠡᠭᠰᠢ ᠳᠥᠷᠪᠡᠯᠵᠢᠨ ᠺᠢᠯᠣᠮᠧᠲᠷ ᠤᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠠᠵᠢᠯ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠠᠷᠠᠭᠠᠴᠢ ᠶᠢᠨ ᠠᠯᠬᠤᠮ ᠳᠤ ᠭᠤᠤᠯ ᠨᠠᠭᠤᠷ ᠤᠨ ᠡᠷᠭᠢ ᠶᠢᠨ ᠱᠤᠭᠤᠮ ᠢ ᠬᠠᠮᠠᠭᠠᠯᠠᠬᠤ ᠪᠠ ᠠᠰᠢᠭᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠤᠨ᠎ᠠ᠃ ᠡᠷᠭᠢ ᠶᠢᠨ ᠱᠤᠭᠤᠮ ᠤᠨ ᠬᠠᠮᠠᠭᠠᠯᠠᠯᠲᠠ ᠶᠢ ᠡᠷᠭᠢ ᠶᠢᠨ ᠱᠤᠭᠤᠮ ᠪᠣᠯᠭᠠᠨ ᠠᠰᠢᠭᠯᠠᠭᠰᠠᠨ ᠤᠷᠢᠲᠠᠯ ᠳᠣᠣᠷ᠎ᠠ᠂ ᠡᠷᠭᠢ ᠶᠢᠨ ᠱᠤᠭᠤᠮ ᠢ ᠠᠷᠪᠢᠲᠠᠶ ᠡᠷᠴᠢᠮᠯᠢᠭ ᠠᠰᠢᠭᠯᠠᠬᠤ ᠶᠢ ᠴᠢᠩᠭᠠᠳᠬᠠᠵᠤ᠂ ᠡᠷᠭᠢ ᠶᠢᠨ ᠱᠤᠭᠤᠮ ᠢ ᠪᠦᠲᠦᠮᠵᠢᠲᠡᠶ ᠬᠠᠮᠠᠭᠠᠯᠠᠬᠤ ᠪᠠ ᠵᠦᠢ ᠵᠣᠬᠢᠰᠲᠠᠶ ᠠᠰᠢᠭᠯᠠᠬᠤ ᠶᠢᠨ ᠬᠤᠭᠤᠷᠣᠨᠳᠣᠬᠢ ᠭᠤᠣᠯ ᠵᠥᠷᠢᠴᠡᠯ ᠢ ᠰᠠᠶᠢᠲᠤᠷ ᠰᠢᠢᠳᠪᠤᠷᠢᠯᠡᠵᠦ᠂ ᠬᠠᠮᠠᠭᠠᠯᠠᠬᠤ ᠶᠢᠨ ᠳᠤᠮᠳᠠ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠬᠦ᠂ ᠨᠡᠭᠡᠭᠡᠨ ᠠᠰᠢᠭᠯᠠᠬᠤ ᠶᠢᠨ ᠳᠤᠮᠳᠠ ᠨᠠᠶᠢᠳᠠᠪᠤᠷᠢᠵᠢᠭᠤᠯᠤᠨ ᠬᠠᠮᠠᠭᠠᠯᠠᠬᠤ ᠶᠢ ᠪᠡᠶᠡᠯᠡᠭᠦᠯᠦᠨ᠎ᠡ᠃      ᠭᠤᠷᠪᠠ ᠳᠤ᠂ ᠭᠤᠣᠯ ᠭᠤᠷᠤᠬ᠎ᠠ ᠨᠠᠭᠤᠷ ᠴᠥᠭᠦᠷᠥᠮ ᠤᠨ ︽ᠲᠦᠷᠪᠡᠨ ᠵᠠᠮᠪᠠᠷᠠᠭ᠎ᠠ ᠦᠭᠡᠢ ᠪᠠᠶᠢᠳᠠᠯ ᠢ ᠠᠷᠢᠯᠭᠠᠬᠤ︾ ᠠᠵᠢᠯ ᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠲᠠᠷᠠᠭᠠᠴᠢ ᠶᠢᠨ ᠠᠯᠬᠤᠮ ᠳᠤ ᠭᠤᠤᠯᠳᠠᠭᠤ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠰᠠᠶᠢᠲᠤᠷ ᠬᠡᠷᠡᠭᠯᠡᠨ᠂ ︽ᠳᠥᠷᠪᠡᠨ ᠵᠠᠮᠪᠠᠷᠠᠭ᠎ᠠ ᠦᠭᠡᠢ ᠪᠠᠶᠢᠳᠠᠯ ᠢ ᠠᠷᠢᠯᠭᠠᠬᠤ︾ ᠶᠢ ᠪᠠᠶᠢᠩᠭᠤᠵᠢᠭᠤᠯᠬᠤ᠂ ᠵᠢᠷᠤᠮᠵᠢᠭᠤᠯᠬᠤ ᠶᠢ ᠳᠥᠯᠭᠢᠨ ᠠᠬᠢᠭᠤᠯᠵᠤ᠂ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠬᠢᠨᠠᠨ ᠡᠵᠡᠮᠳᠡᠬᠦ᠂ ᠤᠷᠢᠳᠴᠢᠯᠠᠨ ᠰᠡᠷᠡᠮᠵᠢᠯᠡᠭᠦᠯᠬᠦ ᠶᠢ ᠳᠥᠯᠭᠢᠨ ᠠᠬᠢᠭᠤᠯᠵᠤ᠂ ᠣᠶᠤᠨᠴᠢ ᠪᠠᠷ ᠬᠢᠨᠠᠨ ᠡᠵᠡᠮᠳᠡᠬᠦ ᠶᠢ ᠳᠥᠯᠭᠢᠨ ᠠᠬᠢᠭᠤᠯᠵᠤ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠨ᠂ ᠬᠠᠳᠠᠭᠠᠯᠠᠯᠲᠠ ᠶᠢᠨ ᠬᠡᠮᠵᠢᠶ᠎ᠡ ᠶᠢ ᠠᠷᠢᠯᠭᠠᠵᠤ᠂ ᠴᠢᠩᠭ᠎ᠠ ᠬᠢᠨᠠᠨ ᠬᠠᠮᠢᠶᠠᠷᠤᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃      ᠲᠦᠷᠪᠡ ᠳᠤ᠂ ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠳᠬᠠᠨ᠎ᠠ᠃ ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠢᠨᠠᠨ ᠰᠢᠯᠭᠠᠬᠤ ᠠᠵᠢᠯ ᠢ ᠦᠷᠭᠦᠯᠵᠢᠯᠡᠨ ᠥᠷᠨᠢᠭᠦᠯᠬᠦ ᠶᠢᠨ ᠬᠠᠮᠲᠤ ᠬᠢᠨᠠᠨ ᠰᠢᠯᠭᠠᠭᠰᠠᠨ ᠦᠷ᠎ᠡ ᠳ᠋ᠦᠩ ᠢ ᠠᠶᠢᠮᠠᠭ ᠬᠤᠳᠠ ᠶᠢᠨ ᠤᠳᠤᠷᠢᠳᠬᠤ ᠪᠠᠭ ᠪᠣᠯᠤᠨ ᠭᠤᠣᠯ ᠤᠳᠤᠷᠢᠳᠬᠤ ᠺᠠᠳ᠋ᠷ ᠢ ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠬᠤ ᠶᠢᠨ ᠬᠠᠮᠲᠤ ᠡᠭᠦᠷᠭᠡ ᠲᠤᠰᠢᠶᠠᠯ ᠢᠶᠠᠨ ᠰᠠᠶᠢᠲᠤᠷ ᠭᠦᠢᠴᠡᠳᠬᠡᠭᠰᠡᠨ ᠦᠭᠡᠢ ᠭᠤᠣᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠠᠴᠠ ᠬᠠᠷᠢᠭᠤᠴᠠᠯᠭ᠎ᠠ ᠨᠡᠬᠡᠮᠵᠢᠯᠡᠨ᠎ᠡ᠃      ᠲᠠᠪᠤ ᠳᠤ᠂ ᠤᠯᠠᠨ ᠲᠦᠮᠡᠨ ᠤ ᠬᠢᠨᠠᠯᠲᠠ ᠶᠢ ᠴᠢᠩᠭᠠᠳᠬᠠᠨ᠎ᠠ᠃ ᠭᠤᠣᠯ ᠭᠤᠷᠤᠬ᠎ᠠ ᠨᠠᠭᠤᠷ ᠴᠥᠭᠦᠷᠥᠮ ᠤᠨ ᠪᠦᠲᠦᠮᠵᠢᠲᠡᠶ ᠬᠠᠮᠢᠶᠠᠷᠤᠯᠲᠠ ᠪᠠ ᠡᠷᠡᠭᠦᠯ ᠡᠩᠬᠡ ᠠᠮᠢ ᠨᠠᠰᠤᠨ ᠤ ᠬᠠᠮᠠᠭᠠᠯᠠᠯᠲᠠ ᠨᠢ ᠠᠷᠠᠳ ᠣᠯᠠᠨ ᠤ ᠢᠳᠡᠪᠬᠢᠲᠡᠶ ᠣᠷᠣᠯᠴᠠᠯᠭ᠎ᠠ ᠠᠴᠠ ᠰᠠᠯᠵᠤ ᠴᠢᠳᠠᠬᠤ ᠦᠭᠡᠶ᠃ ᠥᠪᠡᠷᠲᠡᠭᠡᠨ ᠵᠠᠰᠠᠬᠤ ᠣᠷᠣᠨ ᠤ ᠭᠤᠤᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮᠲᠦ ᠭᠠᠷ ᠤᠲᠠᠰᠤᠨ ᠤ APP ᠨᠢ ᠣᠯᠠᠨ ᠲᠦᠮᠡᠨ ᠤ ᠢᠯᠡᠴᠢᠯᠡᠨ ᠮᠡᠳᠡᠭᠦᠯᠬᠦ ᠴᠢᠳᠠᠮᠵᠢ ᠲᠠᠢ ᠪᠠᠶᠢᠵᠤ᠂ ᠤᠰᠤᠨ ᠠᠰᠢᠭᠯᠠᠯᠲᠠ ᠶᠢᠨ ᠲᠢᠩᠬᠢᠮ ᠵᠡᠷᠭᠡ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠰᠦᠯᠵᠢᠶ᠎ᠡ ᠴᠦ ᠣᠯᠠᠨ ᠲᠦᠮᠡᠨ ᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠪᠣᠯᠤᠨ᠎ᠠ᠂ ᠲᠠᠷᠠᠭᠠᠴᠢ ᠶᠢᠨ ᠠᠯᠬᠤᠮ ᠳᠤ ᠪᠢᠳᠡ ᠤᠬᠠᠭᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠨᠠᠩ ᠣᠯᠠᠨ ᠠᠷᠭ᠎ᠠ ᠵᠠᠮ ᠢ ᠨᠡᠮᠡᠭᠳᠡᠭᠦᠯᠦᠨ᠎ᠡ᠂ ᠠᠷᠠᠳ ᠣᠯᠠᠨ ᠢᠳᠡᠪᠬᠢᠲᠡᠶ ᠣᠷᠣᠯᠴᠠᠵᠤ᠂ ᠥᠷᠭᠡᠨ ᠢᠶᠠᠷ ᠬᠢᠨᠠᠯᠲᠠ ᠲᠠᠯᠪᠢᠵᠤ᠂ ᠪᠢᠳᠡᠨ ᠢ ᠬᠠᠪᠰᠤᠷᠤᠨ ᠭᠤᠤᠯ ᠭᠤᠷᠤᠬ᠎ᠠ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠠᠵᠢᠯ ᠢ ᠨᠠᠩ ᠰᠠᠶᠢᠨ ᠬᠢᠬᠦ ᠶᠢ ᠬᠦᠰᠡᠵᠦ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号