ᠤᠰᠤᠨ ᠠᠰᠢᠬᠯᠠᠯᠳᠠ ᠶᠢᠨ ᠲᠢᠩᠬᠢᠮ ᠶᠡᠷᠦᠩᠬᠡᠶᠢᠯᠡᠭᠰᠡᠨ ᠠᠯᠪᠠᠨ ᠠᠰᠠᠷ ᠤᠨ ᠠᠶᠤᠯᠬᠦᠢ ᠶᠢᠨ ᠲᠤᠰᠬᠠᠶ ᠪᠠᠶᠢᠴᠠᠭᠠᠯᠲᠠ ᠪᠠ ᠰᠤᠷᠪᠤᠯᠵᠢᠯᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/3/3
    ᠤᠰᠤᠨ ᠠᠰᠢᠭᠯᠠᠯᠲᠠ ᠶᠢᠨ ᠶᠡᠷᠦᠩᠬᠡᠶᠢᠯᠡᠭᠰᠡᠨ ᠠᠰᠠᠷ ᠤᠨ ᠠᠶᠤᠯᠭᠦᠢ ᠦᠢᠯᠡᠳᠪᠦᠷᠢᠯᠡᠯ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠨᠠᠭᠰᠢᠳᠠ ᠴᠢᠩᠭᠠᠳᠬᠠᠵᠤ᠂ ᠠᠰᠠᠷ ᠲᠤ ᠰᠠᠭᠤᠭ᠎ᠠ ᠡᠯ᠎ᠡ ᠨᠢᠭᠡᠴᠢ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠤ ᠠᠮᠤᠷ ᠲᠦᠪᠰᠢᠨ ᠪᠥᠭᠡᠳ ᠥᠯᠵᠡᠶ ᠪᠡᠯᠭᠡ ᠲᠠᠢ ᠴᠠᠭᠠᠨ ᠰᠠᠷ᠎ᠠ ᠶᠢᠨ ᠪᠠᠶᠠᠷ ᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 5 ᠤ ᠡᠳᠦᠷ᠂ ᠤᠰᠤᠨ ᠠᠰᠢᠬᠯᠠᠯᠳᠠ ᠶᠢᠨ ᠲᠢᠩᠬᠢᠮ ᠤᠨ ᠳᠡᠳ᠋ ᠳᠠᠷᠤᠭ᠎ᠠ ᠵᠣᠣ ᠵᠥᠩ ᠦ᠋ ᠲᠢᠩᠬᠢᠮ ᠤᠨ ᠪᠠᠶᠢᠭᠤᠯᠭ᠎ᠠ᠂ ᠲᠢᠩᠬᠢᠮ ᠤᠨ ᠬᠠᠷᠢᠶ᠎ᠠ ᠬᠤᠯᠪᠣᠭᠳᠠᠯ ᠪᠥᠬᠦᠶ ᠨᠢᠭᠡᠴᠢ ᠵᠢᠴᠢ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠺᠤᠮᠫᠠᠨᠢ ᠶᠢᠨ ᠬᠢᠨ ᠵᠡᠷᠭᠡ ᠶᠢ ᠵᠤᠬᠢᠶᠠᠨ ᠪᠠᠶᠢᠭᠤᠯᠵᠤ ᠤᠰᠤᠨ ᠠᠰᠢᠭᠯᠠᠯᠲᠠ ᠶᠢᠨ ᠶᠡᠷᠦᠩᠬᠡᠶᠢᠯᠡᠭᠰᠡᠨ ᠠᠯᠪᠠᠨ ᠠᠰᠠᠷ ᠲᠤ ᠠᠶᠤᠯᠬᠦᠢ ᠦᠢᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠬᠢᠪᠠ᠃      ᠪᠠᠶᠢᠴᠠᠭᠠᠯᠲᠠ ᠳᠤ᠂ ᠵᠣᠣ ᠵᠥᠩ ᠡᠦ ᠡᠯ᠎ᠡ ᠨᠢᠭᠡᠴᠢ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠬᠤ ᠶᠢ ᠱᠠᠭᠠᠷᠳᠠᠵᠤ᠂ ᠡᠯ᠎ᠡ ᠬᠤᠯᠪᠣᠭᠳᠠᠯ ᠪᠥᠬᠦᠶ ᠨᠢᠭᠡᠴᠢ ᠨᠦᠭᠦᠳ ᠴᠠᠭᠠᠨ ᠰᠠᠷ᠎ᠠ ᠶᠢᠨ ᠪᠠᠶᠠᠷ ᠤᠨ ᠬᠤᠭᠤᠴᠠᠭᠠᠨ ᠳᠠᠬᠢ ᠠᠶᠤᠯᠬᠦᠢ ᠦᠢᠯᠡᠳᠪᠦᠷᠢᠯᠡᠯ ᠤᠨ ᠣᠨᠴᠠᠯᠢᠭ ᠲᠤ ᠴᠢᠭᠯᠡᠭᠦᠯᠦᠨ᠂ ᠴᠠᠭᠠᠨ ᠰᠠᠷ᠎ᠠ ᠶᠢᠨ ᠪᠠᠶᠠᠷ ᠤᠨ ᠬᠤᠭᠤᠴᠠᠭᠠᠨ ᠳᠠᠬᠢ ︽ᠳᠥᠷᠪᠡ ᠶᠢ ᠰᠡᠷᠭᠡᠶᠢᠯᠡᠬᠦ︾ ᠠᠮᠤᠷ ᠲᠦᠪᠰᠢᠨ ᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠵᠢᠵᠢᠭᠦᠷᠯᠡᠨ ᠰᠠᠬᠢᠵᠤ ᠪᠠᠶᠢᠭ᠎ᠠ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠨ᠂ ᠦᠨᠡᠨ ᠬᠦ ᠠᠷᠭ᠎ᠠ ᠬᠡᠮᠵᠢᠶ᠎ᠡ ᠠᠪᠴᠦ᠂ ᠠᠳᠡᠯ ᠤᠨ ᠬᠡᠮ ᠰᠣᠭᠤᠭ ᠢ ᠠᠷᠢᠯᠭᠠᠨ᠂ ᠬᠡᠷᠡᠭ ᠭᠠᠷᠬᠤ ᠶᠢ ᠨᠢ ᠪᠠᠭ᠎ᠠ ᠠᠴᠠ ᠨᠢ ᠰᠡᠷᠭᠡᠶᠢᠯᠡᠵᠦ᠂ ᠡᠯ᠎ᠡ ᠲᠥᠷᠥᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃      ᠵᠤᠤ ᠵᠦᠩ ᠡᠦ ᠨᠡᠷ ᠲᠠᠷᠠᠭ᠎ᠠ ᠪᠠᠷ ᠨᠢ ᠤᠰᠤᠨ ᠠᠰᠢᠬᠯᠠᠯᠳᠠ ᠶᠢᠨ ᠲᠢᠩᠬᠢᠮ ᠤᠨ  ᠤᠮᠠᠷᠠᠳᠡᠬᠢ  ᠰᠠᠭᠤᠭᠠᠯᠢ ᠠᠷᠠᠳ ᠤᠨ ᠳᠤᠭᠤᠷᠢᠭ ᠤᠨ ᠵᠦᠩ ᠱᠠᠨ ᠵᠠᠮ ᠨᠡᠶᠢᠭᠡᠮ ᠲᠣᠭᠤᠷᠢᠭ ᠤᠨ ᠰᠣᠶᠣᠯ ᠤᠨ ᠠᠵᠢᠯᠯᠠᠭᠠᠨ ᠤ ᠲᠥᠪ ᠲᠤ ᠬᠦᠷᠴᠦ᠂ ᠠᠵᠢᠯᠯᠠᠭᠠᠨ ᠤ ᠲᠥᠪ ᠤᠨ ᠪᠠᠶᠢᠷᠢᠰᠢᠭᠤᠯᠤᠯᠲᠠ ᠶᠢᠨ ᠴᠢᠳᠠᠪᠬᠢ ᠶᠢᠨ ᠪᠠᠶᠢᠷᠢ ᠲᠣᠭᠲᠠᠭᠠᠯᠲᠠ᠂ ᠰᠠᠭᠤᠷᠢ ᠲᠥᠬᠦᠭᠡᠷᠦᠮᠵᠢ ᠶᠢᠨ ᠪᠦᠳᠤᠬᠡᠨ ᠪᠠᠶᠢᠭᠤᠯᠤᠯᠲᠠ᠂ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠪᠠᠶᠢᠳᠠᠯ ᠢ ᠤᠢᠢᠯᠠᠭᠠᠭᠰᠠᠨ ᠪᠥᠭᠡᠳ ᠵᠦᠩ ᠱᠠᠨ ᠵᠠᠮ ᠨᠡᠶᠢᠭᠡᠮ ᠲᠣᠭᠤᠷᠢᠭ ᠤᠨ ᠰᠣᠶᠣᠯ ᠤᠨ ᠪᠠᠶᠢᠭᠤᠯᠤᠯᠲᠠ ᠶᠢᠨ ᠠᠵᠢᠯ ᠢ ᠳᠡᠭᠡᠳᠦ  ᠬᠡᠮᠵᠢᠶ᠎ᠡ ᠪᠠᠷ ᠦᠨᠡᠯᠡᠪᠡ᠃      ᠲᠢᠩᠬᠢᠮ ᠤᠨ ᠠᠯᠪᠡᠠ ᠭᠡᠷ᠂ ᠠᠵᠢᠯᠲᠠᠨ ᠤ ᠶᠠᠪᠤᠳᠠᠯ ᠤᠨ ᠭᠠᠵᠠᠷ᠂ ᠡᠳ᠋ ᠤᠨ ᠶᠠᠪᠤᠳᠠᠯ ᠤᠨ ᠭᠠᠵᠠᠷ᠂ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ᠂ ᠤᠰᠤᠨ ᠤ ᠶᠠᠪᠤᠳᠠᠯ ᠤᠨ ᠠᠮᠤᠷ ᠲᠦᠪᠰᠢᠨ ᠤ ᠬᠢᠨᠠᠯᠲᠠ ᠲᠠᠯᠪᠢᠬᠤ ᠭᠠᠵᠠᠷ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠤᠰᠤᠨ ᠠᠰᠢᠬᠯᠠᠯᠳᠠ ᠶᠢᠨ ᠲᠢᠩᠬᠢᠮ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠮᠡᠳᠡᠭᠡ ᠵᠠᠩᠭᠢ ᠶᠢᠨ ᠲᠥᠪ᠂ ᠤᠰᠤᠨ ᠤ ᠶᠠᠪᠤᠳᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠺᠤᠮᠫᠠᠨᠢ᠂ ᠱᠦᠶ ᠰᠢᠨ ᠶᠤᠸᠠᠨ ᠡᠳ᠋ᠯᠡᠩ ᠤᠨ ᠺᠣᠮᠫᠠᠨᠢ ᠶᠢᠨ ᠬᠠᠷᠢᠭᠤᠴᠠᠯᠭᠠᠲᠠᠨ ᠵᠡᠷᠭᠡ ᠬᠥᠮᠦᠰ ᠪᠠᠶᠢᠴᠠᠭᠠᠨ ᠰᠤᠷᠪᠤᠯᠵᠢᠯᠠᠬᠤ ᠠᠵᠢᠯ ᠳᠤ ᠣᠷᠣᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号