ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠰᠤᠨ ᠠᠰᠢᠭᠯᠠᠯᠳᠠ ᠶᠢᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠯᠢᠦ ᠸᠠᠨ ᠬᠤᠸᠠ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠠᠶᠤᠯ ᠦᠭᠡᠢ | ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠯᠢ ᠤᠯᠠᠨ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠬᠢᠵᠡᠢ᠃ ᠰᠢ ᠶᠢᠨ ᠫᠢᠩ ᠶᠡᠷᠦᠩᠬᠡᠶ ᠱᠦᠵᠢ ᠴᠢᠬᠤᠯᠠᠴᠢᠯᠠᠬᠤ | ᠳᠠᠭᠠᠨ᠂ ᠬᠦᠮᠦᠨ ᠤ ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ ᠪᠠᠶᠢᠳᠠᠭ ᠪᠣᠯᠬᠤᠷ ᠠᠶᠤᠯ ᠦᠭᠡᠢ | ᠦᠢᠯᠡᠳᠪᠦᠷᠢᠯᠡᠯ ᠢ ᠡᠷᠬᠡᠪᠰᠢ ᠴᠢᠬᠤᠯᠠ ᠪᠠᠶᠢᠷᠢᠨ ᠳᠤ ᠲᠠᠯᠪᠢᠵᠤ ᠂ ᠠᠮᠤᠷ ᠲᠦᠪᠰᠢᠨ ᠬᠥᠭᠵᠢᠯᠲᠡ ᠶᠢᠨ | ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ ᠂ | ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠂ ᠠᠳᠡᠯ ᠤᠨ ᠳᠠᠯᠳᠠ ᠬᠡᠮ ᠢ | ᠦᠨᠳᠦᠰᠦᠨ ᠠᠴᠠ ᠨᠢ ᠠᠷᠢᠯᠭᠠᠵᠤ ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠪᠦᠲᠦᠮᠵᠢᠲᠡᠶ ᠪᠠᠷ | ᠬᠤᠷᠢᠭᠯᠠᠬᠤ ᠬᠡᠷᠡᠭᠲᠡᠶ ᠭᠡᠵᠡᠶ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤᠨ ᠤᠰᠤᠨ | ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠤᠷᠢᠳᠦ ᠪᠣᠳᠣᠯᠭ᠎ᠠ | ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠢᠨᠵᠧᠨᠧᠷᠢᠩ ᠢᠶᠠᠷ ᠳᠤᠲᠠᠭᠤᠳᠠᠯ ᠢ | ᠨᠥᠬᠦᠪᠥᠷᠢᠯᠡᠵᠦ ᠂ ᠠᠵᠢᠯ ᠲᠥᠷᠥᠯ ᠤᠨ ᠬᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ︾ ᠤᠰᠤᠨ | ᠠᠰᠢᠭᠯᠠᠯᠲᠠ ᠶᠢᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠥᠭ ᠠᠶᠠᠰ ᠢ ᠬᠢᠨᠠᠮᠠᠭᠠᠶ | ᠨᠠᠶᠢᠳᠠᠪᠤᠷᠢᠵᠢᠭᠤᠯᠤᠨ᠂ ︽ᠪᠥᠲᠥᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ︾ ᠶᠢ | ᠪᠠᠷᠢᠮᠲᠠᠯᠠᠵᠤ᠂ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠬᠢᠨᠠᠯᠲᠠ ᠬᠠᠮᠢᠶᠠᠷᠤᠯᠲᠠ ᠶᠢᠨ | ᠡᠷᠴᠢᠮ ᠢ ᠦᠨᠡᠨ ᠬᠦ ᠴᠢᠩᠭᠠᠷᠠᠭᠤᠯᠤᠨ᠂ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠰᠠᠶᠢᠨ | ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠬᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ ᠃ | 2019 ᠣᠨ ᠠᠴᠠ ᠨᠠᠰᠢ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠳᠠ ᠶᠢᠨ ᠲᠢᠩᠬᠢᠮ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠵᠥᠷᠢᠶ᠎ᠡ ᠪᠣᠯᠤᠨ ᠬᠦᠷᠦᠯᠴᠡᠬᠦ ᠥᠭᠡᠢ | ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠭᠤᠷᠠᠶ ᠭᠤᠭᠴᠤᠭ᠎ᠠ ᠶᠢ ᠬᠦᠴᠦᠯᠡᠨ ᠴᠢᠩᠭᠠᠷᠠᠭᠤᠯᠵᠤ᠂ ᠠᠶᠤᠯ | ᠦᠭᠡᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢ ᠨᠡᠮᠡᠭᠳᠡᠭᠦᠯᠦᠨ᠂ ᠮᠡᠳᠡᠭᠡ | ᠵᠠᠩᠭᠢᠵᠢᠭᠤᠯᠬᠤ ᠠᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠂ ᠠᠶᠤᠯ ᠦᠭᠡᠢ ᠦᠢᠯᠡᠳᠪᠦᠷᠢᠯᠡᠯ ᠤᠨ | ᠰᠠᠭᠤᠷᠢ ᠶᠢ ᠲᠠᠰᠤᠷᠠᠯᠳᠠ ᠥᠭᠡᠢ ᠪᠠᠬᠢᠵᠢᠭᠦᠯᠵᠦ᠂ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠠᠶᠤᠯ ᠥᠭᠡᠢ ᠶᠢᠨ ᠠᠳᠡᠯ ᠢ | ᠪᠦᠲᠦᠮᠵᠢᠲᠡᠶ ᠰᠡᠷᠭᠡᠶᠢᠯᠡᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠦᠩᠭᠡ ᠤᠨ ᠠᠮᠤᠷ ᠲᠦᠪᠰᠢᠨ ᠢ | ᠬᠦᠴᠦᠲᠡᠶ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠬᠠᠮᠠᠭᠠᠯᠠᠨ᠎ᠠ᠃ | ᠨᠢᠭᠡ ᠳᠤ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ᠠᠶᠤᠯ ᠦᠭᠡᠢ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠪᠣᠯᠤᠨ ᠬᠤᠷᠢᠭ᠎ᠠ ᠱᠤᠭᠤᠮ ᠤᠨ | ᠰᠡᠳᠬᠢᠬᠦᠢ ᠶᠢ ᠪᠠᠲᠤ ᠪᠤᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ᠂ ᠶᠡᠷᠦᠩᠬᠡᠢ ᠰᠠᠶᠢᠳ ᠯᠢ ᠺᠧ | ᠴᠢᠶᠠᠩ ᠤᠨ ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠨᠠᠮ ᠤ᠋ᠨ ᠲᠥᠪ ᠬᠤᠷᠢᠶ᠎ᠠ᠂ ᠲᠦᠷᠤ ᠶᠢᠨ ᠶᠠᠪᠤᠳᠠᠯ ᠤᠨ | ᠬᠤᠷᠢᠶ᠎ᠠ᠂ ᠤᠰᠤᠨ ᠠᠰᠢᠭᠯᠠᠯᠳᠠ ᠶᠢᠨ ᠶᠠᠮᠤᠨ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠲᠡᠷᠡ ᠳᠠᠷᠤᠢ ᠳᠤᠨᠢ ᠤᠯᠠᠮᠵᠢᠯᠠᠨ ᠰᠤᠷᠤᠯᠴᠠᠵᠤ᠂ ᠰᠤᠳᠤᠯᠤᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ︔ ᠦᠢᠷ᠎ᠠ ᠶᠢᠨ ᠵᠢᠯ ᠳᠤ ᠪᠦᠬᠦ ᠤᠯᠤᠰ ᠲᠤ ᠭᠠᠷᠤᠭᠰᠠᠨ ᠬᠦᠨᠳᠦ ᠣᠨᠴᠠ ᠶᠡᠭᠡ | ᠠᠳᠡᠯ᠂ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠮᠡᠳᠡᠭᠳᠡᠭᠰᠡᠨ ᠠᠶᠤᠯ ᠦᠭᠡᠢ ᠦᠢᠯᠡᠳᠪᠦᠷᠢᠯᠡᠯ ᠤᠨ ᠡᠯ᠎ᠡ | ᠵᠦᠢᠯ ᠤᠨ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠤ᠂ ᠡᠯ᠎ᠡ | ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠵᠤ᠂ ᠠᠶᠤᠯ | ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠶ᠃ | ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠡᠷᠬᠡ ᠶᠢᠨ ᠨᠠᠷᠢᠨ ᠬᠠᠭᠤᠳᠠᠰᠤ ᠪᠠ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠰᠤᠳᠤᠯᠤᠨ ᠲᠣᠭᠲᠠᠭᠠᠵᠤ᠂ ᠤᠰᠤᠨ ᠠᠰᠢᠭᠯᠠᠯᠲᠠ ᠶᠢᠨ | ᠦᠢᠯᠡᠳᠪᠤᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠵᠢᠴᠢ ᠡᠯ᠎ᠡ ᠱᠠᠲᠤᠨ ᠤ | ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠳᠠ ᠶᠢᠨ | ᠲᠢᠩᠬᠢᠮ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠳᠤ ᠴᠠᠭ ᠲᠤᠬᠠᠶ ᠳᠤ ᠨᠢ ᠲᠤᠬᠢᠷᠠᠭᠤᠯᠤᠯᠳᠠ ᠬᠢᠵᠦ᠂ | ᠠᠶᠤᠯ ᠦᠭᠡᠢ ᠦᠢᠯᠡᠳᠪᠦᠷᠢᠯᠡᠯ ᠤᠨ ᠭᠤᠣᠯ ᠬᠠᠷᠢᠭᠤᠴᠠᠯᠭᠠᠲᠠᠨ ᠵᠢᠴᠢ ᠤᠳᠤᠷᠢᠳᠬᠤ ᠪᠠᠭ ᠤᠨ ᠪᠤᠰᠤᠳ | ᠪᠦᠷᠢᠯᠳᠦᠬᠦᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ | ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠵᠤ᠂ ᠠᠶᠤᠯ ᠦᠭᠡᠢ | ᠦᠢᠯᠡᠳᠪᠦᠷᠢᠯᠡᠯ ᠤᠨ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠤᠷᠢᠯᠡᠨ᠎ᠡ᠃ ᠲᠣᠭᠤᠷᠢᠨ | ᠪᠠᠶᠢᠴᠠᠭᠠᠬᠤ ᠠᠷᠭ᠎ᠠ ᠬᠡᠯᠪᠡᠷᠢ ᠶᠢ ᠠᠪᠴᠤ᠂ ᠠᠶᠤᠯ ᠥᠭᠡᠢ ᠶᠢᠨ ᠲᠦᠭᠰᠢᠭᠦᠷᠢ ᠶᠢ ᠲᠡᠰ ᠬᠤᠪᠢᠶᠠᠨ ᠬᠠᠮᠢᠶᠠᠷᠤᠨ | ᠡᠵᠡᠮᠳᠡᠬᠦ ᠪᠠ ᠲᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠠᠪᠤᠴᠠ ᠳᠠᠬᠢ ᠬᠤᠯᠪᠣᠭᠳᠠᠯ ᠪᠥᠬᠦᠢ ᠤᠰᠤᠨ | ᠠᠰᠢᠭᠯᠠᠯᠲᠠ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ | ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠭᠤᠣᠯᠳᠠᠯᠭ᠎ᠠ ᠲᠠᠢ ᠲᠥᠯᠬᠢᠨ ᠠᠬᠢᠭᠤᠯᠵᠤ᠂ | ᠤᠰᠤᠨ ᠠᠰᠢᠭᠯᠠᠯᠳᠠ ᠶᠢᠨ ᠲᠢᠩᠬᠢᠮ ᠤᠨ ᠠᠶᠤᠯ ᠦᠭᠡᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭᠠᠳᠤ ᠰᠠᠯᠠᠭ᠎ᠠ ᠮᠥᠴᠢᠷ ᠬᠢᠭᠡᠳ ᠠᠶᠤᠯ ᠦᠭᠡᠢ ᠦᠢᠯᠡᠳᠪᠦᠷᠢᠯᠡᠯ ᠢ ᠬᠢᠨᠠᠨ ᠬᠠᠮᠢᠶᠠᠷᠬᠤ | ᠪᠠᠶᠢᠭᠤᠯᠤᠮᠵᠢ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠎ᠠ᠃ | ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠ ᠲᠤᠰᠬᠠᠶ ᠵᠤᠶᠢᠯ ᠢᠶᠠᠷ ᠴᠡᠭᠴᠡᠯᠡᠨ ᠵᠠᠰᠠᠬᠤ | ᠠᠵᠢᠯ ᠢ ᠪᠠᠶᠢᠩᠭᠤᠵᠢᠭᠤᠯᠤᠨ ᠠᠬᠢᠭᠤᠯᠵᠤ ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠭᠰᠠᠨ ᠥᠬᠡᠶ ᠂ ᠳᠠᠯᠳᠠ ᠬᠡᠮ ᠤᠨ ᠲᠦᠭᠰᠢᠭᠦᠷᠢ ᠶᠢ ᠵᠢᠭᠰᠠᠭᠠᠨ ᠪᠠᠶᠢᠴᠠᠭᠠᠭᠰᠠᠨ ᠨᠢ ᠪᠥᠬᠦ | ᠲᠠᠯ᠎ᠠ ᠶᠢᠨ ᠪᠤᠰᠤ ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠭᠦᠭᠰᠡᠨ ᠨᠢ ᠭᠦᠨᠵᠡᠭᠡᠶ | ᠪᠤᠰᠤ ᠵᠡᠷᠭᠡ ᠬᠡᠯᠪᠡᠷᠢ ᠶᠢᠨ ᠦᠵᠡᠯ ᠪᠠ ᠨᠤᠶᠠᠨᠴᠢ ᠰᠤᠷᠳᠠᠯ ᠲᠣᠪᠤᠶᠢᠮ᠎ᠠ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠰᠢᠢᠳᠬᠡᠨ᠎ᠡ ᠃ | ᠬᠤᠶᠠᠷ ᠲᠤ ︽ᠰᠦᠯᠵᠢᠶᠡᠨ ᠳᠡᠭᠡᠷᠡᠬᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ᠂ ᠰᠦᠯᠵᠢᠶᠡᠨ | ᠭᠠᠳᠠᠨᠠᠬᠢ ᠭᠤᠤᠯᠳᠠᠯᠭ᠎ᠠ ᠲᠠᠢ ᠲᠣᠭᠤᠷᠢᠨ ᠪᠠᠶᠢᠴᠠᠭᠠᠯᠲᠠ︾ ᠶᠢᠨ ᠤᠰᠤᠨ ᠠᠰᠢᠭᠯᠠᠯᠲᠠ ᠶᠢᠨ ᠠᠮᠤᠷ ᠲᠦᠪᠰᠢᠨ ᠤ | ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ 2019 ᠣᠨ ᠠᠴᠠ ᠡᠬᠢᠯᠡᠨ᠂ ᠪᠢᠳᠡ ᠤᠰᠤᠨ ᠠᠰᠢᠭᠯᠠᠯᠳᠠ ᠶᠢᠨ | ᠶᠠᠮᠤᠨ ᠤ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ | ᠢᠨᠵᠧᠨᠧᠷᠢᠩ ( ᠨᠢᠭᠡᠳᠦᠭᠡᠷ ᠬᠤᠭᠤᠴᠠᠭ᠎ᠠ ) ᠤᠨ ᠲᠥᠷᠥᠯ ᠵᠦᠢᠯ ᠳᠤ ᠲᠦᠰᠢᠭᠯᠡᠨ᠂ ᠤᠰᠤᠨ | ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠳᠤ ︽ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ + ᠮᠡᠳᠡᠭᠡ ᠵᠠᠩᠭᠢᠵᠢᠯᠲᠠ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠦᠯᠵᠢᠶᠡᠨ ᠳᠡᠭᠡᠷ᠎ᠡ | ᠬᠥᠳᠡᠯᠦᠩᠭᠦᠶ ᠮᠡᠳᠡᠭᠡ ᠵᠠᠩᠭᠢ ᠴᠤᠭᠯᠠᠭᠤᠯᠬᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠪᠠ ᠶᠡᠷᠦᠩᠬᠡᠶᠢᠯᠡᠨ ᠰᠢᠯᠭᠠᠨ ᠦᠨᠡᠯᠡᠬᠦ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ | ᠰᠦᠯᠵᠢᠶᠡᠨ ᠭᠠᠳᠠᠨ᠎ᠠ ᠲᠣᠭᠤᠷᠢᠨ ᠪᠠᠶᠢᠴᠠᠭᠠᠬᠤ ᠶᠢ ᠴᠢᠩᠭᠠᠳᠬᠠᠬᠤ ᠪᠠ ᠰᠦᠯᠵᠢᠶᠡᠨ ᠳᠡᠭᠡᠷ᠎ᠡ ᠴᠠᠭ ᠲᠤᠬᠠᠶ ᠳᠤᠨᠢ | ᠬᠢᠨᠠᠨ ᠬᠠᠮᠢᠶᠠᠷᠴᠤ ᠳᠣᠭᠢᠷᠠᠭᠤᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠦᠴᠦᠯᠡᠴᠡ ᠶᠢ ᠨᠡᠮᠡᠭᠳᠡᠬᠦᠯᠵᠦ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠳᠠᠶᠢᠴᠢᠯᠠᠬᠤ ᠬᠡᠷᠡᠭᠲᠡᠶ᠃ ᠡᠳᠦᠷ ᠲᠤᠲᠤᠮ ᠤᠨ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ | ᠪᠠᠶᠢᠴᠠᠭᠠᠬᠤ ᠶᠢ ᠴᠢᠩᠭᠠᠳᠬᠠᠨ᠎ᠠ᠃ ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠲᠤᠰᠬᠠᠶ ᠵᠦᠢᠯ ᠢᠶᠠᠷ | ᠴᠡᠭᠴᠡᠯᠡᠨ ᠵᠠᠰᠠᠬᠤ ᠶᠢ ᠥᠷᠨᠢᠭᠦᠯᠬᠦ ᠶᠢᠨ ᠵᠡᠷᠭᠡᠴᠡᠪᠡᠷ᠂ ᠡᠯ᠎ᠡ ᠭᠠᠵᠠᠷ ᠡᠯ᠎ᠡ ᠨᠢᠭᠡᠴᠢ ᠶᠢ ᠰᠢᠮᠳᠠᠭᠤᠯᠵᠤ ᠪᠠᠶᠢᠭᠠᠳ | ᠬᠠᠷᠢᠶ᠎ᠠ ᠣᠷᠣᠨ ᠳᠠᠬᠢ ᠬᠡᠪᠴᠢᠶ᠎ᠡ ᠠᠴᠠ ᠳᠡᠭᠡᠭᠰᠢᠬᠢ ᠤᠰᠤᠨ ᠠᠰᠢᠭᠯᠠᠯᠲᠠ ᠶᠢᠨ ᠪᠠᠷᠢᠯᠭ᠎ᠠ ᠳᠤ ᠡᠳᠦᠷ ᠲᠤᠳᠤᠮ ᠤᠨ | ᠠᠮᠤᠷ ᠲᠦᠪᠰᠢᠨ ᠤ ᠲᠠᠯᠳᠠ ᠭᠡᠮ ᠤᠨ ᠥᠪᠡᠷ ᠤᠨ ᠪᠠᠶᠢᠴᠠᠭᠠᠯᠳᠠ ᠶᠢ ᠥᠷᠨᠢᠭᠦᠯᠵᠦ᠂ ᠮᠡᠳᠡᠭᠡ ᠵᠠᠩᠭᠢ ᠶᠢᠨ | ᠰᠢᠰᠲ᠋ᠧᠮ ᠢᠶᠠᠷ ᠳᠠᠮᠵᠢᠭᠤᠯᠤᠨ ᠲᠠᠯᠳᠠ ᠭᠡᠮ ᠢ ᠵᠢᠭᠰᠠᠭᠠᠨ ᠪᠠᠶᠢᠴᠠᠭᠠᠭᠰᠠᠨ ᠠᠰᠠᠭᠤᠳᠠᠯ ᠪᠣᠯᠤᠨ ᠲᠠᠯᠳᠠ ᠭᠡᠮ ᠢ | ᠰᠢᠢᠳᠪᠤᠷᠢᠯᠡᠭᠰᠡᠨ ᠦᠷ᠎ᠡ ᠳ᠋ᠦᠩ ᠢ ᠰᠠᠷ᠎ᠠ ᠪᠦᠷᠢ ᠮᠡᠳᠡᠭᠦᠯᠦᠨ ᠬᠦᠷᠭᠡᠵᠦ᠂ ᠠᠯᠤᠰ ᠠᠴᠠ ᠬᠢᠨᠠᠯᠲᠠ ᠲᠠᠯᠪᠢᠬᠤ᠂ | ᠲᠣᠬᠢᠷᠠᠭᠤᠯᠤᠨ ᠵᠢᠯᠣᠭᠤᠳᠬᠤ ᠶᠢ ᠪᠡᠶᠡᠯᠡᠭᠦᠯᠬᠦ ᠳᠤ ᠪᠠᠲᠤᠯᠠᠭ᠎ᠠ ᠬᠠᠩᠭᠠᠬᠤ ᠬᠡᠷᠡᠭᠲᠡᠶ᠃ ᠤᠰᠤᠨ ᠠᠰᠢᠭᠯᠠᠯᠲᠠ ᠶᠢᠨ | ᠦᠢᠯᠡᠳᠪᠤᠷᠢᠯᠡᠯ ᠡᠵᠡᠩᠨᠡᠯᠲᠡ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠡᠳᠦᠷ ᠲᠤᠲᠤᠮ ᠤᠨ ᠲᠦᠭᠰᠢᠭᠦᠷᠢ ᠶᠢᠨ | ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠪᠥᠬᠦ ᠣᠷᠣᠨ ᠤ 2047 ᠬᠠᠮᠢᠶᠠᠷᠤᠯᠲᠠ ᠶᠢᠨ | ᠬᠡᠷᠡᠭᠯᠡᠭᠴᠢ ᠳᠤ ᠨᠠᠷᠢᠨ ᠬᠠᠭᠤᠳᠠᠰᠤ ᠭᠠᠷᠭᠠᠨ ᠥᠭᠴᠦ᠂ ᠨᠢᠭᠡ ᠨᠢᠭᠡ ᠪᠠᠷ ᠵᠢᠭᠰᠠᠭᠠᠨ ᠪᠠᠶᠢᠴᠠᠭᠠᠵᠤ | ᠨᠠᠶᠢᠳᠠᠪᠤᠷᠢᠵᠢᠭᠤᠯᠤᠨ᠂ ᠥᠨᠴᠥᠭ ᠪᠤᠯᠤᠩ ᠦᠯᠡᠳᠡᠭᠡᠯ ᠥᠬᠡᠶ᠂ ᠥᠴᠦᠬᠡᠨ ᠴᠦ ᠣᠷᠬᠢᠭᠳᠠᠭᠤᠯᠬᠤ ᠥᠬᠡᠶ | ᠪᠠᠶᠢᠯᠭᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠣᠭᠤᠷᠢᠨ ᠪᠠᠶᠢᠴᠠᠭᠠᠯᠲᠠ ᠶᠢ ᠥᠷᠨᠢᠭᠦᠯᠦᠨ᠎ᠡ᠃ | ᠰᠦᠯᠵᠢᠶᠡᠨ ᠳᠡᠭᠡᠷ᠎ᠡ ᠣᠷᠳᠣ ᠬᠤᠭᠤᠴᠠᠭ᠎ᠠ ᠪᠠᠷ ︽ᠳᠠᠯᠳᠠ ᠬᠡᠮ ᠤᠨ ᠪᠠᠶᠢᠳᠠᠯ︾ ᠢ ᠳᠡᠭᠡᠭᠰᠢ ᠮᠡᠳᠡᠬᠦᠯᠬᠦ ᠭᠠᠵᠠᠷ | ᠣᠷᠣᠨ ᠢᠶᠠᠷ ᠭᠤᠤᠯᠳᠠᠯᠭ᠎ᠠ ᠪᠣᠯᠭᠠᠨ ᠰᠦᠯᠵᠢᠶᠡᠨ ᠭᠠᠳᠠᠨᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ | ᠳᠥᠷᠪᠡᠨ ᠪᠢᠰᠢ ᠬᠤᠶᠠᠷ ᠰᠢᠯᠤᠭᠤᠨ︾ ᠤ ᠠᠷᠭ᠎ᠠ ᠮᠠᠶ᠋ᠢᠭ ᠢ ᠬᠡᠷᠡᠭᠯᠡᠨ ᠲᠤᠰᠬᠠᠶ ᠵᠤᠶᠢᠯ ᠢᠶᠠᠷ ᠲᠣᠭᠤᠷᠢᠨ | ᠪᠠᠶᠢᠴᠠᠭᠠᠬᠤ ᠶᠢ ᠥᠷᠨᠢᠭᠦᠯᠬᠦ ᠶᠢᠨ ᠬᠠᠮᠲᠤ᠂ ᠴᠤᠤᠯ ᠭᠤᠤᠯ ᠢ ᠲᠠᠲᠠᠵᠤ ᠯᠢᠶᠣᠤ ᠾᠧ ᠭᠤᠤᠯ ᠳᠤ ᠲᠤᠰᠠᠯᠠᠬᠤ᠂ | ᠳ᠋ᠦᠩ ᠲᠠᠢ ᠽᠢ ᠤᠰᠤᠨ ᠴᠥᠭᠦᠷᠥᠮ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠠᠵᠢᠯ ᠢ ᠴᠢᠩᠭ᠎ᠠ ᠠᠩᠬᠠᠷᠴᠤ᠂ ᠪᠥᠬᠦ ᠶᠠᠪᠤᠴᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ ᠠᠮᠤᠷ | ᠲᠦᠪᠰᠢᠨ ᠤ ᠳᠠᠯᠳᠠ ᠬᠡᠮ ᠢ ᠠᠷᠢᠯᠭᠠᠨ᠎ᠠ ᠃ 2019 ᠣᠨ ᠠᠴᠠ ᠨᠠᠰᠢ᠂ ᠴᠤᠤᠯ ᠭᠤᠤᠯ ᠤᠨ ᠤᠰᠤ ᠶᠢ ᠲᠠᠲᠠᠵᠤ | ᠯᠢᠶᠣᠤ ᠾᠧ ᠭᠤᠤᠯ ᠳᠤ ᠲᠤᠰᠠᠯᠠᠬᠤ ᠢᠨᠵᠧᠨᠧᠷᠢᠩ ᠢ 3 ᠤᠳᠠᠭ᠎ᠠ᠂ ᠳ᠋ᠦᠩ ᠲᠠᠢ ᠽᠢ ᠤᠰᠤᠨ ᠴᠥᠭᠦᠷᠥᠮ ᠢ 4 | ᠤᠳᠠᠭ᠎ᠠ ᠬᠢᠨᠠᠨ ᠪᠠᠶᠢᠴᠠᠭᠠᠵᠤ᠂ ᠪᠤᠷᠤᠭᠤ ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠶ ᠳᠤᠨᠢ | ᠵᠠᠯᠠᠷᠠᠭᠤᠯᠵᠤ᠂ ᠣᠯᠵᠤ ᠮᠡᠳᠡᠭᠰᠡᠨ ᠠᠰᠠᠭᠤᠳᠠᠯ ᠳᠤ ᠴᠠᠭ ᠲᠤᠬᠠᠶ ᠳᠤᠨᠢ ᠰᠠᠨᠠᠯ ᠢᠶᠠᠨ ᠰᠣᠯᠢᠯᠴᠠᠬᠤ ᠶᠢᠨ ᠬᠠᠮᠲᠤ | ᠬᠢᠨᠠᠯᠲᠠ ᠲᠠᠯᠪᠢᠵᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠪᠠ᠃ ᠲᠠᠪᠴᠠᠩ ᠢ | ᠢᠳᠡᠪᠬᠢᠲᠡᠶ ᠪᠠᠷ ᠪᠠᠶᠢᠭᠤᠯᠵᠤ᠂ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ ᠡᠯ᠎ᠡ | ᠠᠶᠢᠮᠠᠭ ᠬᠤᠳᠠ᠂ ᠡᠯ᠎ᠡ ᠬᠤᠰᠢᠭᠤ ᠰᠢᠶᠠᠨ(ᠬᠤᠳᠠ᠂ ᠲᠣᠭᠤᠷᠢᠭ)᠂ ᠡᠯ᠎ᠡ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠢ ᠨᠦᠭᠦᠳ ᠲᠤᠰᠬᠠᠶ ᠬᠥᠮᠦᠨ ᠲᠣᠮᠢᠯᠠᠨ ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠬᠠᠷᠢᠭᠤᠴᠠᠭᠤᠯᠵᠤ᠂ | ᠠᠵᠢᠯ ᠤᠨ ᠰᠣᠯᠢᠯᠴᠠᠭ᠎ᠠ ᠶᠢᠨ ᠪᠦᠯᠦᠭᠯᠡᠯ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠡᠯ᠎ᠡ ᠱᠠᠲᠤᠨ ᠤ | ᠲᠠᠪᠴᠠᠩ ᠤᠨ ᠰᠢᠰᠲ᠋ᠧᠮ ᠤᠨ ᠠᠵᠢᠯᠯᠠᠭ᠎ᠠ ᠶᠢ ᠰᠠᠶᠢᠲᠤᠷ ᠠᠳᠬᠤᠬᠤ ᠶᠢ ᠵᠢᠯᠣᠭᠤᠳᠴᠤ᠂ ᠦᠨᠳᠦᠰᠦᠨ ᠱᠠᠲᠤᠨ ᠤ | ᠮᠡᠷᠭᠡᠵᠢᠯ ᠤᠨ ᠬᠦᠴᠦᠨ ᠪᠠᠭᠤᠷᠠᠶ ᠪᠠᠶᠢᠭ᠎ᠠ ᠠᠰᠠᠭᠤᠳᠠᠯ ᠢ ᠰᠢᠢᠳᠪᠤᠷᠢᠯᠡᠵᠦ᠂ ᠮᠡᠳᠡᠭᠡ ᠵᠠᠩᠭᠢ ᠶᠢᠨ ᠰᠢᠰᠲ᠋ᠧᠮ ᠤᠨ | ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠲᠠᠢ ᠤᠶᠠᠯᠳᠤᠭᠤᠯᠤᠨ᠂ ᠰᠦᠯᠵᠢᠶᠡᠨ ᠳᠡᠭᠡᠷᠡᠬᠢ ᠰᠤᠷᠤᠯᠴᠠᠯᠭ᠎ᠠ ᠪᠣᠯᠪᠠᠰᠤᠷᠠᠯ ᠢ ᠢᠳᠡᠪᠬᠢᠲᠡᠶ | ᠥᠷᠨᠢᠭᠦᠯᠵᠦ᠂ ᠡᠯ᠎ᠡ ᠱᠠᠲᠤᠨ ᠤ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶᠠᠷᠤᠯᠲᠠ ᠶᠢᠨ ᠮᠡᠷᠭᠡᠵᠢᠯ ᠤᠨ | ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ ᠃ | ᠭᠤᠷᠪᠠ ᠳᠤ ᠤᠰᠤᠨ ᠠᠰᠢᠭᠯᠠᠯᠲᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠪᠢᠳᠡ ᠤᠰᠤᠨ ᠠᠰᠢᠭᠯᠠᠯᠲᠠ ᠶᠢᠨ | ᠦᠢᠯᠡᠳᠪᠦᠷᠢᠯᠡᠯ ᠤᠨ ᠠᠮᠤᠷ ᠲᠦᠪᠰᠢᠨ ᠤ ᠴᠢᠩᠭ᠎ᠠ ᠬᠢᠨᠠᠯᠲᠠ ᠬᠠᠮᠢᠶᠠᠷᠤᠯᠲᠠ ᠶᠢ ᠤᠰᠤᠨ ᠠᠰᠢᠭᠯᠠᠯᠲᠠ ᠶᠢᠨ ᠠᠵᠢᠯ | ᠲᠦᠷᠦᠯ ᠤᠨ ᠴᠢᠩᠭ᠎ᠠ ᠬᠢᠨᠠᠯᠲᠠ ᠬᠠᠮᠢᠶᠠᠷᠤᠯᠲᠠ ᠶᠢ ᠠᠬᠢᠭᠤᠯᠬᠤ ᠶᠢᠨ ᠬᠤᠷᠢᠭ᠎ᠠ ᠱᠤᠭᠤᠮ ᠪᠠ ᠰᠠᠭᠤᠷᠢ | ᠪᠣᠯᠭᠠᠬᠤ ᠶᠢ ᠪᠠᠷᠢᠮᠲᠠᠯᠠᠵᠤ᠂ ᠪᠦᠬᠦ ᠣᠷᠣᠨ ᠤ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠪᠠᠭᠤᠷᠠᠢ | ᠭᠤᠭᠴᠤᠭ᠎ᠠ ᠶᠢ ᠴᠢᠩᠭ᠎ᠠ ᠠᠩᠬᠠᠷᠴᠤ᠂ ᠤᠰᠤᠨ ᠠᠰᠢᠭᠯᠠᠯᠲᠠ ᠪᠠᠷ ᠶᠠᠳᠠᠭᠤ ᠶᠢ ᠲᠡᠳᠬᠦᠬᠦ᠂ ᠭᠤᠣᠯ ᠮᠥᠷᠡᠨ | ᠨᠠᠭᠤᠷ ᠴᠥᠭᠦᠷᠥᠮ ᠤᠨ ᠬᠠᠮᠢᠶᠠᠷᠤᠯᠲᠠ᠂ ︽ᠭᠤᠷᠪᠠᠨ ᠤᠰᠤ︾ ᠶᠢᠨ ᠠᠰᠠᠭᠤᠳᠠᠯ ᠢ ᠴᠡᠭᠴᠡᠯᠡᠨ ᠵᠠᠰᠠᠬᠤ ᠵᠡᠷᠭᠡ | ᠠᠵᠢᠯ ᠯᠤᠭ᠎ᠠ ᠨᠢᠭᠡ ᠴᠤᠭᠴᠠᠵᠢᠭᠤᠯᠤᠨ ᠠᠬᠢᠭᠤᠯᠵᠤ᠂ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠤᠰᠤᠨ ᠠᠰᠢᠭᠯᠠᠯᠲᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ | ᠠᠬᠢᠭᠤᠯᠤᠨ᠎ᠠ᠃ ᠨᠢᠭᠡ ᠲᠠᠯ᠎ᠠ ᠪᠠᠷ᠂ ᠤᠰᠤᠨ ᠴᠥᠭᠦᠷᠥᠮ ᠤᠨ ᠠᠶᠤᠯᠭᠦᠶ ᠠᠵᠢᠯᠯᠠᠭᠠᠨ ᠤ ᠲᠤᠰᠬᠠᠶ ᠠᠵᠢᠯᠯᠠᠭ᠎ᠠ ᠶᠢ | ᠬᠦᠴᠦᠯᠡᠨ ᠰᠠᠶᠢᠲᠤᠷ ᠠᠳᠬᠤᠨ᠎ᠠ᠃ ᠽᠧᠩ ᠯᠦᠩ ᠴᠠᠩ ᠤᠰᠤᠨ ᠴᠥᠭᠦᠷᠥᠮ ᠤᠨ ᠳᠡᠳ᠋ ᠬᠠᠰᠢᠯᠭ᠎ᠠ ᠶᠢᠨ | ᠬᠠᠰᠢᠯᠭ᠎ᠠ ᠶᠢ ᠰᠡᠲᠡᠯᠦᠭᠰᠡᠨ ᠠᠳᠡᠯ ᠠᠴᠠ ᠬᠦᠨᠵᠡᠭᠡᠢ ᠰᠤᠷᠭᠠᠮᠵᠢ ᠠᠪᠴᠤ᠂ ᠤᠰᠤᠨ ᠴᠥᠭᠦᠷᠥᠮ ᠤᠨ ᠠᠮᠤᠷ | ᠲᠦᠪᠰᠢᠨ ᠤ ᠠᠵᠢᠯᠯᠠᠭᠠᠨ ᠤ ᠬᠠᠮᠢᠶᠠᠷᠤᠯᠲᠠ ᠶᠢ ᠴᠢᠩᠭᠠᠳᠬᠠᠨ᠂ ᠳᠠᠯᠳᠠᠭᠤᠷ ᠰᠤᠷᠪᠤᠯᠵᠢᠯᠠᠵᠤ ᠬᠢᠨᠠᠨ ᠪᠠᠶᠢᠴᠠᠭᠠᠬᠤ | ᠳᠤᠭᠤᠶᠢᠯᠠᠩ ᠢ ᠲᠣᠮᠢᠯᠠᠵᠤ᠂ ᠪᠠᠶᠢᠴᠡᠭᠠᠬᠤ ᠲᠤᠭᠤᠢᠢᠯᠡᠩ ᠠᠶᠢᠮᠠᠭ ᠬᠤᠲᠠ ᠳᠤ ᠭᠦᠨᠵᠡᠭᠡᠶᠢᠷᠡᠨ ᠦᠶᠡᠷ ᠠᠴᠠ | ᠡᠮᠦᠨ᠎ᠡ ᠳᠠᠯᠳᠠᠭᠤᠷ ᠰᠤᠷᠪᠤᠯᠵᠢᠯᠠᠬᠤ᠂ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ ᠢᠯᠡᠷᠡᠭᠦᠯᠦᠭᠰᠡᠨ | ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠤᠨ ᠪᠣᠳᠠᠲᠠᠶ ᠭᠠᠵᠠᠷ ᠲᠤᠨᠢ | ᠨᠠᠶᠢᠳᠠᠪᠤᠷᠢᠵᠢᠭᠤᠯᠬᠤ ᠬᠡᠷᠡᠭᠲᠡᠢ ᠃ ᠤᠰᠤᠨ ᠴᠥᠭᠦᠷᠥᠮ ᠤᠨ ᠠᠮᠤᠷ ᠲᠦᠪᠰᠢᠨ ᠤ ᠠᠵᠢᠯᠯᠠᠭᠠᠨ ᠢ | ᠪᠠᠶᠢᠩᠭᠤᠵᠢᠭᠤᠯᠤᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ︽ᠭᠤᠷᠪᠠᠨ ᠬᠠᠷᠢᠭᠤᠴᠠᠯᠭᠠᠲᠠᠨ︾᠂ ︽ᠭᠤᠷᠪᠠᠨ | ᠭᠤᠤᠯᠳᠠᠯᠭ᠎ᠠ ᠲᠠᠢ ᠭᠤᠭᠴᠤᠭ᠎ᠠ︾ ᠶᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠤᠰᠤᠨ | ᠴᠥᠭᠦᠷᠥᠮ ᠤᠨ ᠠᠮᠤᠷ ᠲᠦᠪᠰᠢᠨ ᠤ ᠬᠠᠷᠢᠭᠤᠴᠠᠯᠭᠠᠲᠠᠨ ᠤ ᠨᠡᠷᠡᠰ ᠢ ᠨᠡᠶᠢᠲᠡᠯᠡᠪᠡ᠃ ᠤᠰᠤᠨ ᠤ ᠪᠠᠶᠢᠳᠠᠯ ᠢ | ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠴᠥᠭᠦᠷᠥᠮ ᠤᠨ ᠪᠠᠶᠢᠳᠠᠯ ᠳᠤᠨᠢ ᠳᠣᠭᠢᠷᠠᠭᠤᠯᠤᠨ | ᠳᠣᠭᠢᠷᠠᠭᠤᠯᠬᠤ ᠠᠵᠢᠯᠯᠠᠭᠠᠨ ᠤ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠲᠣᠭᠲᠠᠭᠠᠬᠤ ᠶᠢᠨ ᠬᠠᠮᠲᠤ ᠤᠷᠢᠳᠴᠢᠯᠠᠨ ᠰᠣᠷᠢᠯᠲᠠ ᠬᠢᠵᠦ᠂ ᠤᠰᠤᠨ ᠴᠥᠭᠦᠷᠥᠮ ᠤᠨ ᠦᠶᠡᠷ ᠤᠨ ᠬᠢᠵᠠᠭᠠᠷ ᠤᠨ | ᠤᠰᠤᠨ ᠲᠦᠪᠰᠢᠨ ᠤ ᠤᠯᠠᠭᠠᠨ ᠱᠤᠭᠤᠮ ᠢ ᠴᠢᠩᠭ᠎ᠠ ᠰᠠᠬᠢᠵᠤ᠂ ᠤᠰᠤᠨ ᠴᠥᠭᠦᠷᠥᠮ ᠤᠨ ᠦᠶᠡᠷ ᠤᠨ | ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠥᠪᠡᠷᠲᠡᠭᠡᠨ | ᠵᠠᠰᠠᠬᠤ ᠣᠷᠣᠨ ᠤ ᠲᠤᠰᠠᠯᠠᠮᠵᠢ ᠶᠢᠨ ᠪᠠᠯᠠ ᠮᠥᠩᠭᠦ ᠶᠢ ᠳᠣᠭᠢᠷᠠᠭᠤᠯᠤᠨ᠂ ᠤᠰᠤᠨ ᠴᠥᠭᠦᠷᠥᠮ ᠤᠨ ᠬᠠᠰᠢᠯᠭ᠎ᠠ ᠶᠢᠨ | ᠠᠮᠤᠷ ᠲᠦᠪᠰᠢᠨ ᠤ ᠬᠢᠨᠠᠨ ᠲᠣᠭᠲᠠᠭᠠᠯᠲᠠ ᠶᠢ ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠣᠯᠵᠤ | ᠮᠡᠳᠡᠪᠡᠯ ᠲᠥᠷᠥᠯ ᠬᠤᠪᠢᠶᠠᠨ ᠲᠦᠭᠰᠢᠭᠦᠷᠢ ᠶᠢ ᠠᠷᠢᠯᠭᠠᠨ ᠪᠠᠬᠢᠵᠢᠭᠦᠯᠬᠦ ᠪᠠ ᠲᠡᠰ ᠪᠠᠭᠤᠷᠠᠭᠤᠯᠤᠨ ᠬᠡᠷᠡᠭᠯᠡᠭᠡᠨ ᠠᠴᠠ | ᠭᠠᠷᠭᠠᠬᠤ ᠵᠡᠷᠭᠡ ᠶᠢ ᠬᠡᠷᠡᠭᠵᠢᠭᠦᠯᠦᠨ᠎ᠡ᠃ ᠡᠨᠡ ᠵᠢᠯ ᠪᠠᠰᠠ 210 ᠤᠰᠤᠨ ᠴᠥᠭᠦᠷᠥᠮ ᠤᠨ ᠬᠠᠰᠢᠯᠭ᠎ᠠ ᠳᠤ ᠠᠮᠤᠷ | ᠲᠦᠪᠰᠢᠨ ᠤ ᠰᠢᠯᠭᠠᠨ ᠲᠤᠭᠳᠠᠭᠠᠯᠳᠠ ᠬᠢᠵᠦ᠂ 39 ᠤᠰᠤᠨ ᠴᠦᠬᠦᠷᠦᠮ ᠢ ᠬᠡᠷᠡᠭᠯᠡᠭᠡᠨ ᠠᠴᠠ ᠭᠠᠷᠭᠠᠵᠤ᠂ | ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠶᠤᠯᠭᠦᠶ ᠠᠵᠢᠯᠯᠠᠭᠠᠨ ᠢ ᠴᠢᠩᠭᠠᠳᠬᠠᠪᠠ᠃ ᠨᠥᠭᠦᠭᠡ ᠲᠠᠯ᠎ᠠ ᠪᠠᠷ᠂ | ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠴᠢᠩᠭ᠎ᠠ ᠪᠦᠭᠡᠳ | ᠪᠣᠳᠠᠲᠠᠶ ᠪᠠᠷ ᠠᠳᠬᠤᠬᠤ ᠬᠡᠷᠡᠭᠲᠡᠶ ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ | ᠬᠢᠷᠢ ᠬᠡᠮᠵᠢᠶ᠎ᠡ ᠶᠢ ᠲᠠᠰ ᠳᠡᠪᠰᠢᠭᠦᠯᠬᠦ ᠶᠢ ᠴᠢᠩᠭ᠎ᠠ ᠠᠳᠬᠤᠵᠤ᠂ ᠤᠰᠤᠨ ᠠᠰᠢᠭᠯᠠᠯᠲᠠ ᠶᠢᠨ ᠪᠥᠲᠥᠭᠡᠨ | ᠪᠠᠶᠢᠭᠤᠯᠤᠯᠲᠠ ᠶᠢᠨ ᠪᠥᠬᠦ ᠶᠠᠪᠤᠴᠠ ᠶᠢᠨ ᠶᠠᠰᠤ ᠴᠢᠨᠠᠷ ᠤᠨ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠳᠠᠯᠳᠠᠭᠤᠷ | ᠰᠤᠷᠪᠤᠯᠵᠢᠯᠠᠬᠤ ᠶᠢ ᠪᠠᠶᠢᠩᠭᠤᠵᠢᠭᠤᠯᠤᠨ ᠵᠣᠬᠢᠶᠠᠨ ᠪᠠᠶᠢᠭᠤᠯᠤᠨ ᠥᠷᠨᠢᠭᠦᠯᠵᠦ᠂ ᠪᠥᠲᠥᠭᠡᠨ ᠪᠠᠶᠢᠭᠤᠯᠤᠯᠲᠠ ᠶᠢᠨ | ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠬᠤ ᠡᠷᠴᠢᠮ ᠢ ᠴᠢᠩᠭᠠᠷᠠᠭᠤᠯᠤᠨ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠶᠢ | ᠰᠢᠮᠳᠠᠭᠤᠯᠵᠤ ᠪᠠᠶᠢᠭᠠᠳ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠂ ᠮᠡᠷᠭᠡᠵᠢᠯ ᠤᠨ ᠪᠠᠷᠢᠮᠵᠢᠶ᠎ᠠ | ᠪᠠ ᠭᠡᠷ᠎ᠡ ᠶᠢᠨ ᠱᠠᠭᠠᠷᠳᠠᠯᠭ᠎ᠠ ᠶᠣᠰᠣᠭᠠᠷ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠥᠷᠨᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠳᠠ ᠶᠢᠨ ᠲᠢᠩᠬᠢᠮ ᠤᠨ ᠲᠤᠰᠬᠠᠶ ᠮᠡᠷᠭᠡᠵᠢᠯᠲᠡᠨ ᠤ | ᠬᠥᠮᠥᠷᠭᠡ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠂ ᠤᠰᠤᠨ ᠠᠰᠢᠭᠯᠠᠯᠲᠠ ᠶᠢᠨ ᠪᠠᠶᠢᠴᠠᠭᠠᠯᠲᠠ ᠶᠢᠨ | ᠲᠤᠰᠬᠠᠶ ᠮᠡᠷᠭᠡᠵᠢᠯᠲᠡᠨ ᠤ ᠬᠥᠮᠥᠷᠭᠡ᠂ ᠠᠶᠤᠯ ᠥᠭᠡᠢ ᠶᠢᠨ ᠲᠤᠰᠬᠠᠶ ᠮᠡᠷᠭᠡᠵᠢᠯᠲᠡᠨ ᠤ ᠬᠥᠮᠥᠷᠭᠡ᠂ ᠬᠢᠨᠠᠨ | ᠪᠠᠶᠢᠴᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠵᠡᠷᠭᠡ ᠭᠤᠷᠪᠠᠨ ᠬᠥᠮᠥᠷᠭᠡ ᠶᠢ ᠨᠢᠭᠡᠳᠬᠡᠵᠦ᠂ ᠲᠤᠰᠬᠠᠶ | ᠮᠡᠷᠭᠡᠵᠢᠯᠲᠡᠨ ᠤ ᠬᠥᠮᠥᠷᠭᠡ ᠶᠢᠨ ᠡᠬᠢ ᠪᠠᠶᠠᠯᠢᠭ ᠢ ᠬᠠᠮᠲᠤᠪᠠᠷ ᠬᠤᠪᠢᠶᠠᠯᠴᠠᠬᠤ ᠶᠢ ᠪᠡᠶᠡᠯᠡᠭᠦᠯᠦᠨ᠎ᠡ᠃ ᠶᠠᠰᠤ | ᠴᠢᠨᠠᠷ ᠢᠶᠠᠷ ᠰᠢᠯᠢᠳᠡᠭ ᠢ ᠡᠭᠦᠳᠬᠦ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠤᠰᠤᠨ | ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠮᠡᠳᠡᠭᠡ ᠵᠠᠩᠭᠢ ᠪᠠ ᠵᠠᠬ᠎ᠠ ᠳᠡᠯᠭᠡᠭᠦᠷ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠰᠢᠨᠡᠳᠬᠡᠨ ᠥᠭᠡᠷᠡᠴᠢᠯᠡᠵᠦ᠂ ᠬᠠᠮᠢᠶᠠᠷᠤᠯᠲᠠ ᠶᠢᠨ ᠰᠢᠰᠲ᠋ᠧᠮ ᠤᠨ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠂ ᠤᠰᠤᠨ ᠠᠰᠢᠭᠯᠠᠯᠲᠠ ᠶᠢᠨ ᠠᠶᠤᠯ | ᠦᠭᠡᠢ ᠦᠢᠯᠡᠳᠪᠦᠷᠢᠯᠡᠯ ᠤᠨ ᠮᠥᠨ ᠴᠢᠨᠠᠷ ᠤᠨ ᠠᠮᠤᠷ ᠲᠦᠪᠰᠢᠨ ᠢ ᠲᠦᠯᠬᠢᠨ ᠠᠬᠢᠭᠤᠯᠤᠨ᠎ᠠ᠃ | ᠲᠦᠷᠪᠡ ᠳᠤ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠬᠦᠯᠦᠨ᠎ᠡ᠃ ᠠᠶᠤᠯ ᠦᠭᠡᠢ | ᠦᠢᠯᠡᠳᠪᠦᠷᠢᠯᠡᠯ ᠤᠨ ᠠᠵᠢᠯ ᠢ ᠨᠥᠯᠥᠭᠡᠯᠡᠨ ᠬᠢᠵᠠᠭᠠᠷᠯᠠᠵᠤ ᠪᠠᠶᠢᠭ᠎ᠠ ᠰᠠᠭᠤᠷᠢ ᠴᠢᠨᠠᠷᠲᠠᠢ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠲᠦᠷᠢᠮ ᠲᠣᠭᠲᠠᠴᠠ᠂ ᠬᠥᠮᠦᠵᠢᠯ ᠪᠣᠯᠪᠠᠰᠤᠷᠠᠯ ᠵᠡᠷᠭᠡ ᠣᠯᠠᠨ ᠲᠠᠯ᠎ᠠ ᠠᠴᠠ | ᠭᠠᠷᠳᠠᠬᠤ ᠶᠢ ᠪᠠᠷᠢᠮᠲᠠᠯᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠶᠢ ᠪᠠᠲᠤᠳᠬᠠᠨ᠎ᠠ᠃ ︽ᠥᠪᠡᠷᠲᠡᠭᠡᠨ | ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠤᠯᠠᠭᠠᠨ ᠬᠠᠷ᠎ᠠ ᠳᠠᠩᠰᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ | ᠳᠠᠷᠤᠮᠠᠯᠯᠠᠨ ᠲᠠᠷᠬᠠᠭᠠᠵᠤ ᠂ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ | ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠬᠦᠯᠦᠨ᠂ ᠡᠯ᠎ᠡ ᠱᠠᠲᠤᠨ ᠤ ᠤᠰᠤᠨ ᠤ | ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠬᠢᠨᠠᠯᠲᠠ ᠬᠠᠮᠢᠶᠠᠷᠤᠯᠲᠠ ᠶᠢᠨ ᠠᠭᠤᠯᠭ᠎ᠠ ᠶᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠪᠥᠬᠦ ᠣᠷᠣᠨ ᠤ ᠬᠡᠪᠴᠢᠶᠡᠨ ᠳᠤ ᠪᠠᠶᠢᠭᠤᠯᠵᠤ ᠪᠠᠶᠢᠭ᠎ᠠ ᠤᠰᠤᠨ ᠠᠰᠢᠭᠯᠠᠯᠲᠠ ᠶᠢᠨ | ᠢᠨᠵᠧᠨᠧᠷᠢᠩ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠭᠡᠷ᠎ᠡ ᠪᠠᠨ ᠬᠦᠢᠴᠡᠳᠭᠡᠭᠰᠡᠨ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ | ᠲᠥᠯᠬᠢᠨ ᠠᠬᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ᠂ ᠠᠶᠤᠯ ᠥᠭᠡᠢ ᠶᠢᠨ ᠬᠠᠮᠢᠶᠠᠷᠤᠯᠲᠠ(ᠦᠶᠡᠷ ᠰᠡᠷᠭᠡᠶᠢᠯᠡᠬᠦ) ᠶᠢᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠵᠦᠭᠯᠡᠭᠦᠷ ᠲᠤ ᠵᠠᠰᠠᠪᠤᠷᠢ ᠣᠷᠣᠭᠤᠯᠤᠨ ᠳᠠᠷᠤᠮᠠᠯᠯᠠᠨ | ᠲᠠᠷᠬᠠᠭᠠᠵᠤ᠂ ᠪᠥᠬᠦ ᠣᠷᠣᠨ ᠤ ᠪᠣᠢ ᠪᠥᠬᠦᠢ ᠤᠰᠤᠨ ᠴᠥᠭᠦᠷᠥᠮ ᠤᠨ ᠠᠶᠤᠯ ᠥᠭᠡᠢ ᠶᠢᠨ | ᠬᠠᠮᠢᠶᠠᠷᠤᠯᠲᠠ(ᠦᠶᠡᠷ ᠰᠡᠷᠭᠡᠶᠢᠯᠡᠬᠦ) ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠨᠠᠶᠢᠷᠠᠭᠤᠯᠤᠨ ᠵᠣᠬᠢᠶᠠᠬᠤ ᠶᠢ ᠦᠨᠡᠨ ᠬᠦ ᠪᠠᠲᠤᠯᠠᠨ᠎ᠠ᠃ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ | ᠣᠷᠣᠭᠤᠯᠬᠤ᠂ ᠳ᠋ᠦᠩ ᠲᠠᠢ ᠽᠢ ᠶᠢᠨ ᠢᠨᠵᠧᠨᠧᠷᠢᠩ ᠵᠡᠷᠭᠡ ᠴᠢᠬᠤᠯᠠ ᠶᠡᠭᠡ ᠲᠦᠷᠦᠯ ᠵᠦᠢᠯ ᠢ ᠱᠠᠯᠠᠪᠳᠠᠭᠤᠯᠵᠤ᠂ | ᠡᠯ᠎ᠡ ᠢᠨᠵᠧᠨᠧᠷᠢᠩ ᠤᠨ ᠣᠨᠴᠠᠯᠢᠭ ᠲᠠᠢ ᠤᠶᠠᠯᠳᠤᠭᠤᠯᠵᠤ᠂ ᠦᠶᠡᠷ ᠢ ᠰᠡᠷᠭᠡᠶᠢᠯᠡᠬᠦ ᠠᠮᠤᠷ ᠲᠦᠪᠰᠢᠨ᠂ ᠭᠠᠯ | ᠰᠡᠷᠭᠡᠶᠢᠯᠡᠬᠦ ᠠᠮᠤᠷ ᠲᠦᠪᠰᠢᠨ ᠪᠣᠯᠤᠨ ᠨᠦᠬᠡᠨ ᠵᠠᠮ ᠤᠨ ᠨᠤᠷᠠᠬᠤ ᠶᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠶᠢ ᠥᠷᠨᠢᠭᠦᠯᠦᠨ᠎ᠡ᠃ ︽ᠠᠶᠤᠯ ᠦᠭᠡᠢ ᠦᠢᠯᠡᠳᠪᠦᠷᠢᠯᠡᠯ ᠤᠨ ᠬᠠᠤᠯᠢ︾ ︽ᠤᠰᠤᠨ ᠴᠥᠭᠦᠷᠥᠮ ᠤᠨ | ᠬᠠᠰᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠂ ︽ᠠᠶᠤᠯ ᠦᠭᠡᠢ ᠦᠢᠯᠡᠳᠪᠦᠷᠢᠯᠡᠯ ᠤᠨ | ᠰᠠᠷ᠎ᠠ︾ ︽ᠠᠶᠤᠯ ᠦᠭᠡᠢ ᠦᠢᠯᠡᠳᠪᠦᠷᠢᠯᠡᠯ ᠤᠨ ᠲᠦᠮᠡᠨ ᠭᠠᠵᠠᠷ ᠤᠨ ᠠᠶᠠᠯᠠᠯ︾ ︽ᠠᠶᠤᠯ ᠦᠭᠡᠢ | ᠦᠢᠯᠡᠳᠪᠦᠷᠢᠯᠡᠯ ᠤᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠵᠡᠷᠭᠡ ᠭᠤᠤᠯ ᠰᠡᠳᠦᠪᠲᠦ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠰᠣᠨᠢᠨ᠂ ᠰᠦᠯᠵᠢᠶ᠎ᠡ᠂ ᠸᠢᠴᠠᠲ | ᠵᠡᠷᠭᠡ ᠵᠠᠭᠤᠴᠢᠯᠠᠭᠤᠷ ᠢ ᠬᠦᠢᠴᠡᠳ ᠠᠰᠢᠭᠯᠠᠨ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠤᠰᠤᠨ | ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠮᠡᠳᠡᠯᠭᠡ ᠶᠢᠨ ᠰᠦᠯᠵᠢᠶᠡᠨ ᠤᠷᠤᠯᠳᠤᠭᠠᠨ ᠢ | ᠥᠷᠨᠢᠭᠦᠯᠦᠨ᠎ᠡ᠃ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠵᠤ᠂ | ᠥᠪᠡᠷᠲᠡᠭᠡᠨ ᠵᠠᠰᠠᠬᠤ ᠣᠷᠣᠨ ᠤ ᠲᠠᠰ ᠳᠠᠪᠬᠤᠷᠭ᠎ᠠ ᠳᠤ᠂ 2019 ᠣᠨ ᠠᠴᠠ ᠨᠠᠰᠢ᠂ ᠪᠥᠬᠦ ᠣᠷᠣᠨ ᠤ ᠤᠰᠤᠨ | ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ᠤᠨ ᠪᠣᠯᠪᠠᠰᠤᠷᠠᠯ᠂ ᠤᠰᠤᠨ ᠠᠰᠢᠭᠯᠠᠯᠲᠠ ᠶᠢᠨ ᠰᠢᠰᠲ᠋ᠧᠮ ᠤᠨ ᠠᠶᠤᠯ ᠦᠭᠡᠢ ᠦᠢᠯᠡᠳᠪᠦᠷᠢᠯᠡᠯ | ᠠᠵᠢᠯ ᠤᠨ ᠪᠣᠯᠪᠠᠰᠤᠷᠠᠯ ᠂ ᠲᠢᠩᠬᠢᠮ ᠪᠠᠶᠢᠭᠤᠯᠭ᠎ᠠ ᠵᠢᠴᠢ ᠠᠰᠠᠷ ᠲᠤ ᠰᠠᠭᠤᠭ᠎ᠠ ᠨᠢᠭᠡᠴᠢ ᠶᠢᠨ ᠭᠠᠯ ᠤᠨᠲᠠᠷᠠᠭᠠᠬᠤ | ᠮᠡᠳᠡᠯᠭᠡ ᠶᠢᠨ ᠲᠤᠰᠬᠠᠶ ᠰᠡᠳᠦᠪᠲᠦ ᠪᠣᠯᠪᠠᠰᠤᠷᠠᠯ ᠵᠡᠷᠭᠡ ᠣᠯᠠᠨ ᠬᠤᠭᠤᠴᠠᠭᠠᠨ ᠤ ᠪᠤᠯᠪᠡᠰᠦᠷᠡᠯ ᠤᠨ ᠠᠩᠬᠢ ᠶᠢ | ᠤᠷᠢᠳ ᠬᠤᠵᠢᠳ ᠵᠣᠬᠢᠶᠠᠨ ᠪᠠᠶᠢᠭᠤᠯᠤᠨ ᠥᠷᠨᠢᠭᠦᠯᠵᠦ᠂ ᠮᠡᠷᠭᠡᠵᠢᠯ ᠤᠨ ᠭᠤᠤᠯ ᠬᠦᠴᠦᠨ ᠢ 500 ᠰᠢᠬᠠᠮ | ᠬᠥᠮᠦᠨ ᠤᠳᠠᠭ᠎ᠠ ᠪᠣᠯᠪᠠᠰᠤᠷᠠᠭᠤᠯᠪᠠ᠃ ᠪᠣᠯᠪᠠᠰᠤᠷᠠᠯ ᠤᠨ ᠳᠤᠮᠳᠠ ᠲᠤᠷᠰᠢᠯᠭ᠎ᠠ ᠪᠠᠨ ᠰᠣᠯᠢᠯᠴᠠᠨ ᠳ᠋ᠦᠩᠨᠡᠬᠦ ᠶᠢ | ᠴᠢᠬᠤᠯᠠᠴᠢᠯᠠᠵᠤ᠂ ᠪᠠᠶᠢᠩᠭᠤ ᠬᠠᠮᠢᠶᠠᠷᠴᠤ ᠪᠠᠶᠢᠩᠭᠤ ᠰᠢᠨ᠎ᠡ ᠶᠢ ᠡᠭᠦᠳᠬᠦ ᠶᠢ ᠪᠡᠶᠡᠯᠡᠭᠦᠯᠵᠡᠢ︔ ᠤᠰᠤᠨ | ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠲᠥᠷᠥᠯ | ᠵᠤᠶᠢᠯ ᠤᠨ ᠬᠠᠷᠢᠭᠤᠴᠠᠯᠭᠠᠲᠠᠨ ᠪᠣᠯᠤᠨ ᠲᠤᠰᠬᠠᠶ ᠲᠤᠰᠢᠶᠠᠯᠲᠤ ᠠᠶᠤᠯ ᠦᠭᠡᠢ ᠦᠢᠯᠡᠳᠪᠦᠷᠢᠯᠡᠯ ᠤᠨ | ᠬᠠᠮᠢᠶᠠᠷᠤᠭᠴᠢ᠂ ᠬᠠᠮᠢᠶᠠᠷᠬᠤ ᠠᠵᠢᠯᠲᠠᠳ ᠵᠡᠷᠭᠡ ︽ᠭᠤᠷᠪᠠᠨ ᠲᠥᠷᠥᠯ ᠤᠨ ᠠᠵᠢᠯᠲᠠᠨ︾ ᠤ ᠠᠶᠤᠯ ᠦᠭᠡᠢ | ᠦᠢᠯᠡᠳᠪᠦᠷᠢᠯᠡᠯ ᠢ ᠰᠢᠯᠭᠠᠨ ᠬᠢᠨᠠᠬᠤ ᠠᠵᠢᠯ ᠢ ᠦᠷᠭᠦᠯᠵᠢᠯᠡᠨ ᠴᠢᠩᠭᠠᠳᠬᠠᠨ᠎ᠠ᠃ ᠡᠭᠦᠨ ᠤ ᠬᠠᠮᠲᠤ᠂ ᠪᠠᠯᠠ | ᠮᠥᠩᠭᠦ᠂ ᠺᠠᠳ᠋ᠷ ᠤᠨ ᠡᠩᠨᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠠᠶᠤᠯ ᠦᠭᠡᠢ | ᠦᠢᠯᠡᠳᠪᠦᠷᠢᠯᠡᠯ ᠤᠨ ᠠᠵᠢᠯ ᠤᠨ ᠥᠷᠨᠢᠯᠲᠡ ᠶᠢ ᠪᠠᠲᠤᠯᠠᠬᠤ ᠶᠢ ᠴᠢᠬᠤᠯᠠᠴᠢᠯᠠᠵᠤ᠂ ᠬᠦᠢᠴᠡᠳ ᠲᠣᠭᠠᠨ ᠤ | ᠵᠠᠷᠤᠳᠠᠯ ᠢ ᠨᠠᠶᠢᠳᠠᠪᠤᠷᠢᠵᠢᠭᠤᠯᠤᠨ᠂ ᠬᠠᠮᠢᠶ᠎ᠠ ᠪᠥᠬᠦᠶ ᠭᠠᠵᠠᠷ ᠲᠠᠰᠤᠭ᠂ ᠨᠢᠭᠡᠴᠢ ᠳᠤ ᠠᠵᠢᠯ ᠤᠨ ᠬᠡᠷᠡᠭᠴᠡᠭᠡ ᠶᠢ | ᠬᠠᠩᠭᠠᠬᠤ ᠠᠵᠢᠯᠲᠠᠨ ᠢ ᠪᠦᠷᠢᠨ ᠳᠣᠭᠢᠷᠠᠭᠤᠯᠵᠤ ᠥᠭᠭᠦᠨ᠎ᠡ ᠃ | ᠶᠡᠷᠦᠩᠬᠡᠶ ᠳᠤᠨᠢ ᠠᠪᠴᠤ ᠦᠵᠡᠪᠡᠯ ᠂ ᠣᠶᠢᠷ᠎ᠠ ᠶᠢᠨ ᠬᠤᠶᠠᠷ ᠵᠢᠯ ᠳᠤ ᠦᠪᠦᠷ ᠮᠤᠩᠭᠤᠯ ᠬᠢᠨᠠᠨ | ᠬᠠᠮᠢᠶᠠᠷᠤᠯᠲᠠ ᠪᠠᠨ ᠴᠢᠩᠭᠠᠳᠬᠠᠬᠤ ᠪᠠᠷ ᠭᠤᠤᠯ ᠬᠦᠭ ᠠᠶᠠᠰ ᠪᠤᠯᠭᠠᠵᠤ᠂ ᠤᠰᠤᠨ ᠠᠰᠢᠭᠯᠠᠯᠲᠠ ᠶᠢᠨ | ᠦᠢᠯᠡᠳᠪᠤᠷᠢᠯᠡᠯ ᠤᠨ ᠠᠮᠤᠷ ᠲᠦᠪᠰᠢᠨ ᠤ ᠡᠯ᠎ᠡ ᠵᠤᠶᠢᠯ ᠤᠨ ᠠᠵᠢᠯ ᠢ ᠦᠷᠭᠦᠯᠵᠢᠯᠡᠨ ᠬᠦᠴᠦᠯᠡᠨ ᠠᠬᠢᠭᠤᠯᠵᠤ᠂ | ᠦᠨᠡᠬᠡᠷ ᠵᠣᠬᠢᠬᠤ ᠦᠷ᠎ᠡ ᠪᠦᠲᠦᠮᠵᠢ ᠣᠯᠤᠭᠰᠠᠨ ᠪᠠᠶᠢᠨ᠎ᠠ᠃ ᠭᠡᠪᠡᠴᠦ ᠡᠭᠦᠨ ᠤ ᠵᠡᠷᠭᠡ ᠳᠤ᠂ ᠨᠢᠭᠡᠳᠦᠯᠲᠡᠶ | ᠲᠥᠯᠥᠪᠯᠡᠨ ᠵᠣᠬᠢᠴᠠᠭᠤᠯᠬᠤ᠂ ᠦᠨᠳᠦᠰᠦᠨ ᠱᠠᠲᠤᠨ ᠤ ᠬᠠᠮᠢᠶᠠᠷᠤᠯᠲᠠ ᠶᠢᠨ ᠴᠢᠳᠠᠪᠤᠷᠢ ᠵᠡᠷᠭᠡ ᠲᠠᠯ᠎ᠠ ᠪᠠᠷ ᠮᠥᠨ | ᠴᠥᠭᠡᠨ ᠪᠤᠰᠤ ᠳᠤᠲᠠᠭᠤᠳᠠᠯ ᠣᠷᠣᠰᠢᠵᠤ ᠂ ᠵᠠᠷᠢᠮ ᠣᠮᠲᠣᠭᠠᠶᠢᠯᠠᠵᠤ ᠪᠣᠯᠤᠰᠢ ᠥᠬᠡᠶ ᠠᠰᠠᠭᠤᠳᠠᠯ ᠣᠷᠣᠰᠢᠵᠤ | ᠪᠠᠶᠢᠭ᠎ᠠ ᠪᠣᠯᠬᠤᠷ ᠡᠷᠬᠡᠪᠰᠢ ᠣᠷᠳᠣ ᠬᠤᠭᠤᠴᠠᠭ᠎ᠠ ᠪᠠᠷ ᠴᠢᠷᠮᠠᠶᠢᠨ᠂ ᠰᠠᠶᠢᠵᠢᠷᠠᠭᠤᠯᠬᠤ ᠪᠠ ᠴᠡᠭᠴᠡᠯᠡᠨ | ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠣᠷᠳᠣ ᠬᠤᠭᠤᠴᠠᠭ᠎ᠠ ᠪᠠᠷ ᠰᠠᠶᠢᠲᠤᠷ ᠠᠳᠬᠤᠬᠤ ᠬᠡᠷᠡᠭᠲᠡᠶ᠃ | ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠪᠠᠶᠢᠩᠭᠤᠵᠢᠭᠤᠯᠬᠤ᠂ ᠠᠵᠤ ᠠᠬᠤᠶ | ᠨᠡᠶᠢᠭᠡᠮ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠪᠠ ᠳᠡᠯᠡᠬᠡᠶ ᠶᠢᠨ ᠣᠨᠴᠠᠭᠠᠶ ᠪᠠᠶᠢᠳᠠᠯ ᠤᠨ ᠳᠣᠣᠷ᠎ᠠ᠂ | ᠤᠰᠤᠨ ᠠᠰᠢᠭᠯᠠᠯᠲᠠ ᠶᠢᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ ᠶᠤᠮ᠃ ᠦᠪᠤᠷ | ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠰᠤᠨ ᠠᠰᠢᠭᠯᠠᠯᠳᠠ ᠶᠢᠨ ᠲᠢᠩᠬᠢᠮ ᠤᠰᠤᠨ ᠠᠰᠢᠭᠯᠠᠯᠳᠠ ᠶᠢᠨ | ᠶᠠᠮᠤᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠠᠮ ᠪᠣᠯᠤᠨ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ | ᠠᠶᠤᠯ ᠦᠭᠡᠢ ᠦᠢᠯᠡᠳᠪᠦᠷᠢᠯᠡᠯ ᠭᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠦᠴᠦᠲᠡᠢ ᠠᠷᠭ᠎ᠠ ᠬᠡᠮᠵᠢᠶ᠎ᠡ ᠠᠪᠴᠤ᠂ ᠪᠦᠬᠦ ᠣᠷᠣᠨ ᠤ ᠤᠰᠤᠨ ᠠᠰᠢᠭᠯᠠᠯᠲᠠ ᠶᠢᠨ ᠠᠶᠤᠯ ᠦᠭᠡᠢ | ᠦᠢᠯᠡᠳᠪᠦᠷᠢᠯᠡᠯ ᠤᠨ ᠠᠵᠢᠯ ᠤᠨ ᠰᠢᠨ᠎ᠡ ᠳᠡᠭᠲᠡᠷ ᠲᠤ ᠭᠠᠷᠴᠤ ᠰᠢᠨ᠎ᠡ ᠲᠦᠪᠰᠢᠨ ᠳᠤ ᠬᠦᠷᠬᠦ ᠶᠢ ᠠᠬᠢᠭᠤᠯᠵᠤ᠂ | ᠤᠰᠤᠨ ᠠᠰᠢᠭᠯᠠᠯᠲᠠ ᠶᠢᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ | ᠪᠠᠶᠢᠬᠤ ᠶᠢ ᠦᠨᠡᠨ ᠬᠦ ᠪᠠᠳᠤᠯᠠᠨ᠎ᠠ᠃ | |