ᠦᠪᠦᠷ ᠮᠤᠩᠭᠤᠯ ᠤᠨ ᠬᠢᠯᠢ ᠳᠠᠬᠢ ᠬᠠᠳᠤᠨ ᠭᠤᠤᠯ ᠤᠨ ᠤᠰᠤ ᠡᠬᠢᠯᠡᠨ ᠭᠡᠰᠪᠡ
ᠨᠡᠶᠢᠲᠡᠯᠡᠭᠰᠡᠨ ᠴᠠᠭ᠄
2021/3/9
      2021 ᠣᠨ ᠤ 2 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨᠠᠬᠢ 2 ᠴᠠᠭ ᠲᠤ᠂ ᠬᠠᠲᠤᠨ ᠭᠤᠤᠯ ᠤᠨ ᠨᠢᠩᠰᠢᠶᠠ ᠶᠢᠨ ᠬᠡᠰᠡᠭ ᠪᠥᠬᠦ ᠱᠤᠭᠤᠮ ᠢᠶᠠᠷ ᠨᠡᠪᠲᠡᠷᠡᠵᠦ᠂ ᠭᠡᠰᠦᠭᠰᠡᠨ ᠭᠤᠤᠯ ᠤᠨ ᠣᠭᠲᠣᠯᠤᠭᠠᠰᠤ ᠨᠢ ᠬᠠᠲᠤᠨ ᠭᠤᠤᠯ ᠤᠨ ᠵᠡᠭᠦᠨ ᠡᠷᠭᠢ ᠶᠢᠨ ᠮᠠ ᠬᠤᠸᠠᠩ ᠭᠸᠤ ᠪᠠᠷ ᠥᠩᠭᠡᠷᠡᠵᠦ᠂ ᠦᠪᠦᠷ ᠮᠤᠩᠭᠤᠯ ᠤᠨ ᠬᠡᠰᠡᠭ ᠲᠠᠬᠢ ᠭᠤᠤᠯ ᠭᠡᠰᠬᠦ ᠬᠤᠭᠤᠴᠠᠭᠠᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃      2020 ᠣᠨ ᠤ 11 ᠰᠠᠷ᠎ᠠ ᠶᠢᠨ 23 ᠤ ᠡᠳᠦᠷ᠂ ᠬᠠᠲᠤᠨ ᠭᠤᠤᠯ ᠤᠨ ᠦᠪᠦᠷ ᠮᠤᠩᠭᠤᠯ ᠤᠨ ᠰᠠᠨ ᠬᠤ᠋ ᠭᠤᠤᠯ ᠤᠨ ᠠᠮᠠ ᠶᠢᠨ ᠬᠡᠰᠡᠭ ᠲᠤ ᠠᠩᠬ᠎ᠠ ᠤᠳᠠᠭ᠎ᠠ ᠰᠥᠩ ᠬᠠᠯᠢᠶ᠎ᠠ ᠢᠯᠡᠷᠡᠵᠦ᠂ 12 ᠰᠠᠷ᠎ᠠ ᠶᠢᠨ 4 ᠤ ᠡᠳᠦᠷ ᠬᠠᠲᠤᠨ ᠭᠤᠤᠯ ᠤᠨ ᠦᠪᠦᠷ ᠮᠤᠩᠭᠤᠯ ᠤᠨ ᠬᠡᠰᠡᠭ ᠲᠠᠬᠢ ᠪᠦᠦ ᠮᠤᠤ ᠦᠨᠳᠦᠷ ᠬᠤᠷᠳᠤᠴᠠᠳᠤ ᠵᠠᠰᠠᠮᠠᠯ ᠵᠠᠮ ᠤᠨ ᠳᠡᠭᠡᠳᠦ ᠤᠷᠤᠰᠬᠠᠯ ᠤᠨ 100 ᠮᠧᠲᠷ ᠤᠨ ᠭᠠᠵᠠᠷ ︵ᠰᠠᠨ ᠱᠧᠩ ᠬᠥᠩ ᠤᠰᠤᠨ ᠠᠰᠢᠭᠯᠠᠯᠲᠠ ᠶᠢᠨ ᠬᠦᠢᠰᠦ ᠬᠠᠰᠢᠯᠭ᠎ᠠ ᠠᠴᠠ ᠲᠤᠷᠤᠭᠰᠢᠬᠢ 308 ᠺᠢᠯᠣᠮᠧᠲᠷ︶ ᠲᠤ ᠠᠩᠬ᠎ᠠ ᠤᠳᠠᠭ᠎ᠠ ᠭᠤᠤᠯ ᠬᠦᠯᠳᠡᠵᠦ᠂ 2021 ᠣᠨ ᠤ 1 ᠰᠠᠷ᠎ᠠ ᠶᠢᠨ 7 ᠤ ᠡᠳᠦᠷ᠂ ᠬᠠᠲᠤᠨ ᠭᠤᠤᠯ ᠤᠨ ᠦᠪᠦᠷ ᠮᠤᠩᠭᠤᠯ ᠤᠨ ᠬᠡᠰᠡᠭ ᠤᠨ 720 ᠺᠢᠯᠣᠮᠧᠲᠷ ᠤᠨ ᠭᠤᠤᠯ ᠪᠦᠬᠦᠨ ᠢᠶᠠᠷ ᠢᠶᠠᠨ ᠬᠦᠯᠳᠡᠵᠦ᠂ 2 ᠰᠠᠷ᠎ᠠ ᠶᠢᠨ 10 ᠤ ᠡᠳᠦᠷ ᠦᠪᠦᠷ ᠮᠤᠩᠭᠤᠯ ᠤᠨ ᠬᠢᠯᠢ ᠳᠠᠬᠢ ᠬᠠᠳᠤᠨ ᠭᠤᠤᠯ ᠡᠬᠢᠯᠡᠨ ᠭᠡᠰᠴᠡᠢ᠃      2 ᠰᠠᠷ᠎ᠠ ᠶᠢᠨ 10 ᠤ ᠡᠳᠦᠷ᠂ ᠬᠠᠲᠤᠨ ᠭᠤᠤᠯ ᠤᠨ ᠦᠪᠦᠷ ᠮᠤᠩᠭᠤᠯ ᠤᠨ ᠬᠡᠰᠡᠭ ᠤᠨ ᠬᠤᠨᠭ᠍ᠬᠢᠯ ᠤᠨ ᠤᠰᠤᠨ ᠬᠠᠳᠠᠭᠠᠠᠯᠠᠭᠴᠠ ᠶᠢᠨ ᠨᠡᠮᠡᠭᠳᠡᠯ ᠤᠨ ᠬᠡᠮᠵᠢᠶ᠎ᠡ 9.452 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠦᠨᠳᠦᠰᠦᠨ ᠳᠡᠭᠡᠨ 2020 ᠣᠨ ᠤ ᠬᠢ ᠲᠠᠢ ᠲᠡᠩᠴᠡᠵᠦ᠂ ᠥᠩᠭᠡᠷᠡᠭᠰᠡᠨ ᠵᠢᠯ ᠤᠳ ᠤᠨ ᠬᠢ ᠠᠴᠠ ᠳᠤᠮᠳᠠᠴᠢ ᠪᠠᠷ 1.9 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠭᠠᠰᠪᠠ᠃ ᠪᠠᠶᠠᠨᠭᠤᠤᠯ ᠤᠨ ᠣᠭᠲᠣᠯᠤᠭᠠᠰᠤ ᠶᠢᠨ ᠮᠥᠰᠥᠨ ᠤ ᠵᠤᠵᠠᠭᠠᠨ ᠨᠢ ᠨᠢᠳᠤᠨᠤᠨ ᠤ ᠬᠢ ᠠᠴᠠ ᠵᠤᠵᠠᠭᠠᠨ ᠪᠠᠶᠢᠵᠤ᠂ ᠰᠠᠨ ᠬᠤ᠋ ᠭᠤᠣᠯ ᠤᠨ ᠠᠮᠠ᠂ ᠪᠤᠭᠤᠳᠤ ᠶᠢᠨ ᠬᠡᠰᠡᠭ ᠤᠨ ᠮᠥᠰᠥᠨ ᠤ ᠵᠤᠵᠠᠭᠠᠨ ᠨᠢ ᠨᠢᠳᠤᠨᠤᠨ ᠤ ᠬᠢ ᠲᠠᠢ ᠦᠨᠳᠦᠰᠦᠨ ᠳᠡᠭᠡᠨ ᠲᠡᠩᠴᠡᠭᠦᠦ ᠪᠠᠶᠢᠵᠤ᠂ ᠲᠸᠤ ᠳ᠋ᠤᠤ ᠭᠤᠸᠠᠢ ᠶᠢᠨ ᠮᠥᠰᠥᠨ ᠤ ᠵᠤᠵᠠᠭᠠᠨ ᠨᠢ ᠨᠢᠳᠤᠨᠤᠨ ᠤ ᠬᠢ ᠠᠴᠠ ᠵᠢᠭᠠᠬᠠᠨ ᠨᠢᠮᠭᠡᠨ ᠪᠠᠶᠢᠨ᠎ᠠ᠃ 8 ᠴᠠᠭ ᠤᠨ ᠱᠢ ᠽᠦᠢ ᠱᠠᠨ ᠤ ᠤᠷᠤᠰᠬᠠᠯ ᠤᠨ ᠬᠡᠮᠵᠢᠶ᠎ᠡ 849 ᠪᠣᠰᠤᠭ᠎ᠠ ᠳᠥᠷᠪᠡᠯᠵᠢᠨ ᠮᠧᠲᠷ / ᠰᠧᠺᠦ᠋ᠨ᠋ᠳ᠋ ᠲᠤ ᠬᠦᠷᠴᠦ᠂ ᠬᠠᠶᠢᠷᠤᠪ ᠤᠨ ᠪᠤᠯᠤᠩ ᠤᠨ ᠤᠰᠤᠨ ᠠᠰᠢᠭᠯᠠᠯᠲᠠ ᠶᠢᠨ ᠬᠦᠢᠰᠦ ᠶᠢᠨ ᠭᠠᠳᠠᠭᠰᠢᠯᠠᠭᠤᠯᠤᠯᠳᠠ ᠨᠢ 753 ᠪᠣᠰᠤᠭ᠎ᠠ ᠳᠥᠷᠪᠡᠯᠵᠢᠨ ᠮᠧᠲᠷ / ᠰᠧᠺᠦ᠋ᠨ᠋ᠳ᠋ ᠲᠤ ᠬᠦᠷᠴᠦ᠂ ᠪᠠᠶᠠᠨᠭᠤᠣᠯ 730 ᠪᠣᠰᠤᠭ᠎ᠠ ᠳᠥᠷᠪᠡᠯᠵᠢᠨ ᠮᠧᠲᠷ / ᠰᠧᠺᠦ᠋ᠨ᠋ᠳ᠋ ᠲᠤ ᠲᠤᠯᠵᠤ᠂ ᠳᠧᠦ ᠳ᠋ᠤᠤ ᠭᠤᠸᠠᠶ 765 ᠪᠣᠰᠤᠭ᠎ᠠ ᠳᠥᠷᠪᠡᠯᠵᠢᠨ ᠮᠧᠲᠷ / ᠰᠧᠺᠦ᠋ᠨ᠋ᠳ᠋ ᠲᠤ ᠬᠦᠷᠴᠡᠶ      ᠤᠶᠢᠷ᠎ᠠ  ᠳᠤ  ᠭᠤᠣᠯ ᠭᠡᠰᠬᠦ ᠬᠤᠭᠤᠴᠠᠭᠠᠨ ᠤ ᠰᠦᠩ ᠬᠠᠯᠢᠶ᠎ᠠ ᠢ ᠰᠡᠷᠭᠡᠶᠢᠯᠡᠬᠦ ᠠᠵᠢᠯ ᠢ ᠰᠠᠶᠢᠳᠣᠷ ᠬᠢᠬᠦ ᠶᠢᠨ ᠲᠥᠯᠥᠭᠡ᠂ ᠡᠯ᠎ᠡ ᠠᠶᠢᠮᠠᠭ ᠬᠤᠳᠠ ᠳᠤ  ᠬᠠᠨᠳᠣᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠰᠠᠶᠢᠳᠣᠷ ᠬᠢᠬᠦ ᠲᠤᠬᠠᠢ ᠮᠡᠳᠡᠭᠳᠡᠯ ᠪᠠᠭᠤᠯᠭᠠᠨ᠂  ᠬᠠᠲᠤᠨ ᠭᠤᠣᠯ ᠲᠠᠭᠠᠤ ᠭᠠᠵᠠᠷ ᠤᠨ ᠬᠢᠨᠢ ᠬᠠᠲᠤᠨ ᠭᠤᠣᠯ ᠤᠨ ᠲᠠᠩ ᠰᠠᠶᠢᠷᠭᠠᠯ ᠣᠷᠣᠨ ᠤ ᠰᠠᠭᠤᠭᠠᠯᠢ ᠠᠷᠠᠳ ᠤᠨ ︽ ᠨᠢᠭᠡ ᠲᠤᠰᠬᠤᠨ ᠳᠤ ᠨᠢᠭᠡ ᠪᠤᠳᠤᠯᠭ᠎ᠠ ᠬᠡᠷᠡᠭᠵᠢᠬᠦᠯᠬᠦ︾ᠰᠦᠩ ᠬᠠᠯᠢᠶ᠎ᠠ ᠢ ᠰᠡᠷᠭᠡᠶᠢᠯᠡᠬᠦ  ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠰᠥᠩ ᠬᠠᠯᠢᠶ᠎ᠠ ᠶᠢᠨ ᠪᠠᠶᠢᠳᠠᠯ ᠢ ᠬᠢᠨᠠᠨ ᠬᠡᠮᠵᠢᠬᠦ ᠪᠠ ᠲᠣᠭᠤᠷᠢᠨ ᠪᠠᠶᠢᠴᠠᠭᠠᠵᠤ ᠬᠤᠷᠢᠭᠯᠠᠬᠤ᠂ ᠭᠤᠤᠯᠳᠠᠯᠭ᠎ᠠ ᠲᠠᠢ ᠲᠦᠭᠰᠢᠭᠦᠷᠢ ᠶᠢᠨ ᠴᠡᠭ ᠲᠤ ᠰᠠᠭᠤᠵᠤ ᠠᠩᠬᠠᠷᠤᠨ ᠰᠡᠷᠭᠡᠶᠢᠯᠡᠬᠦ᠂ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠠᠵᠢᠯ ᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠤᠰᠤᠨ ᠠᠰᠢᠭᠯᠠᠯᠳᠠ ᠶᠢᠨ ᠲᠢᠩᠬᠢᠮ ᠪᠠᠰᠠ ᠥᠪᠡᠷᠲᠡᠭᠡᠨ ᠵᠠᠰᠠᠬᠤ ᠣᠷᠣᠨ ᠤ ᠰᠡᠷᠭᠡᠶᠢᠯᠡᠯᠲᠡ ᠶᠢᠨ ᠠᠵᠢᠯ ᠤᠨ ᠠᠯᠪᠠᠨ ᠬᠡᠷ᠂ ᠴᠠᠭ ᠠᠭᠤᠷ᠂ ᠤᠰᠤᠨ ᠵᠦᠶ ᠵᠡᠷᠭᠡ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠭᠤᠤᠯ ᠤᠨ ᠭᠡᠰᠦᠯᠳᠡ ᠶᠢᠨ ᠪᠠᠶᠢᠳᠠᠯ ᠢ ᠰᠤᠳᠤᠯᠤᠨ ᠮᠠᠭᠠᠳᠯᠠᠵᠤ᠂ ᠵᠢᠵᠢᠭᠦᠷᠯᠡᠬᠦ ᠵᠡᠷᠭᠡ ᠠᠵᠢᠯ ᠢ ᠰᠠᠶᠢᠲᠤᠷ ᠬᠢᠪᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号