ᠬᠠᠲᠤᠨ ᠭᠤᠤᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠲᠡᠷᠭᠡ ᠬᠥᠰᠬᠡ ᠨᠡᠪᠲᠡᠷᠡᠬᠦ ᠰᠦᠢᠳᠬᠡᠯ ᠢ ᠢᠯᠭᠠᠷᠠᠭᠤᠯᠬᠤ ᠬᠤᠯᠪᠣᠭᠳᠠᠯ ᠪᠥᠬᠦᠶ ᠵᠦᠢᠯᠡᠰ ᠤᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾᠎ ᠤᠨ  ᠲᠠᠶᠢᠯᠤᠮᠵᠢ
ᠨᠡᠶᠢᠲᠡᠯᠡᠭᠰᠡᠨ ᠴᠠᠭ᠄
2021/4/14
     ᠣᠶᠢᠷ᠎ᠠ ᠳᠤ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ︽ᠬᠠᠲᠤᠨ ᠭᠤᠤᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠲᠡᠷᠭᠡ ᠬᠥᠰᠬᠡ ᠨᠡᠪᠲᠡᠷᠡᠬᠦ ᠰᠦᠢᠳᠬᠡᠯ ᠢ ᠢᠯᠭᠠᠷᠠᠭᠤᠯᠬᠤ ᠬᠤᠯᠪᠣᠭᠳᠠᠯ ᠪᠥᠬᠦᠶ ᠵᠦᠢᠯᠡᠰ ᠤᠨ ᠲᠤᠬᠠᠶ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠥᠰᠥᠭ ︹ 2020 ︺ 93 ᠳ᠋ᠤᠭᠠᠷ ᠲᠣᠭᠠᠲᠤ︶ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠪᠠᠭᠤᠯᠭᠠᠪᠠ᠃ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠠ᠃      ᠨᠢᠭᠡ᠂ ︽ᠮᠡᠳᠡᠭᠳᠡᠯ︾᠎ ᠢ ᠨᠡᠶᠢᠲᠡᠯᠡᠭᠰᠡᠨ ᠠᠬᠤᠶ ᠪᠠᠶᠢᠳᠠᠯ      ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠠᠴᠠ ᠨᠠᠰᠢ᠂ ᠪᠥᠬᠦ ᠣᠷᠣᠨ ᠤ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠤᠨ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠪᠠ ᠬᠠᠮᠢᠶ᠎ᠠ ᠪᠥᠬᠦᠶ ᠬᠢᠨᠠᠨ ᠪᠤᠳᠤᠯᠲᠠ ᠶᠢᠨ ᠲᠣᠭᠲᠠᠭᠠᠯ ᠢ  ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠲᠤᠨ ᠭᠤᠤᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠲᠡᠷᠭᠡ ᠬᠥᠰᠬᠡ ᠨᠡᠪᠲᠡᠷᠡᠬᠦ  ᠰᠦᠢᠳᠬᠡᠯ ᠬᠤᠷᠢᠶᠠᠬᠤ ᠶᠢ ᠵᠣᠭᠰᠣᠭᠠᠬᠤ ᠪᠠᠷ ᠲᠣᠭᠲᠠᠪᠠ᠃      ᠬᠤᠶᠠᠷ᠂ ︽ᠮᠡᠳᠡᠭᠳᠡᠯ︾᠎ ᠤᠨ ᠭᠤᠣᠯ ᠠᠭᠤᠯᠭ᠎ᠠ      ︽ᠮᠡᠳᠡᠭᠳᠡᠯ︾᠎ ᠳᠤ ᠭᠤᠤᠯᠳᠠᠭᠤ ︽ᠪᠥᠬᠦ ᠣᠷᠣᠨ ᠤ ᠰᠦᠢᠳᠬᠡᠯ ᠬᠤᠷᠢᠶᠠᠬᠤ ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ ᠴᠡᠭ ᠢ ᠢᠯᠭᠠᠷᠠᠭᠤᠯᠤᠨ ᠴᠡᠭᠴᠡᠯᠡᠬᠦ ᠲᠤᠬᠠᠶ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ︾ ︵ᠥᠪᠥᠷ ᠵᠠᠰᠠᠭ ᠥᠰᠥᠭ ︹ 2004 ︺ 345 ᠳ᠋ᠤᠭᠠᠷ ᠲᠣᠭᠠᠲᠤ︶᠎ ᠶᠢᠨ ︽ᠰᠠᠨ ᠱᠧᠩ ᠬᠥᠩ ᠤᠰᠤᠨ ᠠᠰᠢᠭᠯᠠᠯᠲᠠ ᠶᠢᠨ ᠬᠦᠢᠰᠦ ᠬᠥᠭᠦᠷᠭᠡ ᠶᠢᠨ  ᠰᠦᠢᠳᠬᠡᠯ ᠬᠤᠷᠢᠶᠠᠬᠤ ᠥᠷᠲᠡᠭᠡ ᠴᠡᠭ ᠵᠢᠴᠢ ᠰᠦᠢᠳᠬᠡᠯ ᠬᠤᠷᠢᠶᠠᠬᠤ︾᠎ ᠶᠢ ᠦᠯᠡᠳᠡᠭᠡᠬᠦ ᠲᠤᠬᠠᠶ ᠲᠣᠭᠲᠠᠭᠠᠯ ᠢ ᠲᠣᠳᠣᠷᠬᠠᠶᠢᠯᠠᠵᠤ᠂ 2020 ᠣᠨ ᠤ 7 ᠳ᠋ᠤᠭᠠᠷ ᠰᠠᠷ᠎ᠠ ᠶᠢᠨ 30᠎ ᠤ ᠡᠳᠦᠷ ᠠᠴᠠ ᠡᠬᠢᠯᠡᠨ ᠬᠡᠷᠡᠭᠵᠢᠭᠦᠯᠬᠦ ᠶᠢ ᠵᠣᠭᠰᠣᠭᠠᠪᠠ᠃      ᠭᠤᠷᠪᠠ᠂ ᠬᠡᠷᠡᠭᠵᠢᠭᠦᠯᠬᠦ ᠴᠠᠭ ᠤᠨ ᠪᠣᠳᠣᠯᠬᠢᠯᠠᠯ      ᠬᠠᠲᠤᠨ ᠭᠤᠤᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ 2020 ᠣᠨ ᠤ 7 ᠳ᠋ᠤᠭᠠᠷ ᠰᠠᠷ᠎ᠠ ᠶᠢᠨ 29᠎ ᠤ ᠡᠳᠦᠷ ᠤᠨ 24 ᠴᠠᠭ ᠲᠤ ᠲᠡᠷᠭᠡ ᠬᠥᠰᠬᠡ ᠨᠡᠪᠲᠡᠷᠡᠬᠦ ᠰᠦᠢᠳᠬᠡᠯ ᠬᠤᠷᠢᠶᠠᠬᠤ ᠶᠢ ᠵᠣᠭᠰᠣᠭᠠᠬᠤ ᠶᠢᠨ ᠬᠠᠮᠲᠤ᠂ ᠲᠥᠷᠥ ᠶᠢᠨ ᠪᠣᠳᠣᠯᠭ᠎ᠠ ᠶᠢᠨ ᠲᠦᠪᠰᠢᠨ ᠠᠴᠠ ᠬᠠᠲᠤᠨ ᠭᠤᠤᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠲᠡᠷᠭᠡ ᠬᠥᠰᠬᠡ ᠨᠡᠪᠲᠡᠷᠡᠬᠦ ᠰᠦᠢᠳᠬᠡᠯ ᠬᠤᠷᠢᠶᠠᠬᠤ ᠦᠨᠳᠦᠰᠦᠯᠡᠯ ᠢ ᠢᠯᠭᠠᠷᠠᠭᠤᠯᠬᠤ ᠶᠢᠨ ᠲᠥᠯᠥᠭᠡ᠂ ︽ᠬᠠᠲᠤᠨ ᠭᠤᠤᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠲᠡᠷᠭᠡ ᠬᠥᠰᠬᠡ ᠨᠡᠪᠲᠡᠷᠡᠬᠦ ᠰᠦᠢᠳᠬᠡᠯ ᠬᠤᠷᠢᠶᠠᠬᠤ ᠶᠢ ᠢᠯᠭᠠᠷᠠᠭᠤᠯᠬᠤ ᠬᠤᠯᠪᠣᠭᠳᠠᠯ ᠪᠥᠬᠦᠶ ᠵᠦᠢᠯᠡᠰ ᠤᠳ ᠤᠨ ᠲᠤᠬᠠᠶ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾᠎ ᠳᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠵᠣᠭᠰᠣᠭᠠᠬᠤ ᠴᠠᠭ ᠢ 2020 ᠣᠨ ᠤ 7 ᠳ᠋ᠤᠭᠠᠷ ᠰᠠᠷ᠎ᠠ ᠶᠢᠨ 30᠎ ᠤ ᠡᠳᠦᠷ ᠢᠶᠠᠷ ᠲᠣᠭᠲᠠᠭᠠᠪᠠ᠃      ᠬᠠᠲᠤᠨ ᠭᠤᠤᠯ ᠤᠨ ᠢᠨᠵᠧᠨᠧᠷᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠲᠡᠷᠭᠡ ᠬᠥᠰᠬᠡ ᠨᠡᠪᠲᠡᠷᠡᠬᠦ ᠰᠦᠢᠳᠬᠡᠯ ᠢ ᠢᠯᠭᠠᠷᠠᠭᠤᠯᠬᠤ ᠬᠤᠯᠪᠣᠭᠳᠠᠯ ᠪᠥᠬᠦᠶ ᠵᠦᠢᠯᠡᠰ ᠤᠳ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ  ᠮᠡᠳᠡᠭᠳᠡᠯ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号