3 ᠰᠠᠷ᠎ᠠ ᠶᠢᠨ 22 ᠤᠨ ᠡᠳᠦᠷ ᠪᠣᠯ ᠬᠤᠷᠢ ᠶᠢᠰᠦᠳᠦᠭᠡᠷ ᠬᠤᠭᠤᠴᠠᠭᠠᠨ ᠤ ︽ᠳᠡᠯᠡᠬᠡᠶ ᠶᠢᠨ ᠤᠰᠤᠨ ᠤ | ᠡᠳᠦᠷ︾ ᠮᠥᠨ᠂ ᠭᠤᠴᠢᠨ ᠳᠥᠷᠪᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ | ᠤᠬᠠᠭᠤᠯᠭ᠎ᠠ ᠶᠢᠨ ᠠᠵᠢᠯᠯᠠᠭ᠎ᠠ ᠴᠤ ᠵᠡᠷᠭᠡ ᠪᠠᠷ ᠡᠷᠦᠬᠡ ᠪᠠᠨ ᠰᠡᠬᠦᠭᠰᠡᠨ ᠶᠤᠮ᠃ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠠᠴᠠ ᠡᠨᠡ ᠵᠢᠯ ᠤᠨ ︽ᠳᠡᠯᠡᠬᠡᠢ ᠶᠢᠨ ᠤᠰᠤᠨ ᠤ ᠡᠳᠦᠷ︾ ᠤᠨ ᠭᠤᠣᠯ ᠰᠡᠳᠦᠪ ᠪᠣᠯ ︽ᠤᠰᠤ ᠶᠢ | ᠨᠠᠨᠳᠢᠩᠨᠠᠵᠤ᠂ ᠤᠰᠤ ᠶᠢ ᠬᠠᠶᠢᠷᠠᠯᠠᠬᠤ ᠶᠤᠮ︾ ᠮᠠᠨ ᠤ ᠤᠯᠤᠰ ᠤᠨ 2021 ᠣᠨ ᠤ ︽ᠳᠡᠯᠡᠬᠡᠢ ᠶᠢᠨ | ᠤᠰᠤᠨ ᠤ ᠡᠳᠦᠷ︾ ᠢ ᠳᠤᠷᠠᠰᠬᠠᠬᠤ ᠪᠠ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠠᠵᠢᠯᠯᠠᠭ᠎ᠠ ᠶᠢ | ᠥᠷᠨᠢᠭᠦᠯᠬᠦ ᠤᠬᠠᠭᠤᠯᠭ᠎ᠠ ᠶᠢᠨ ᠭᠤᠣᠯ ᠰᠡᠳᠦᠪ ᠪᠣᠯ ︽ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ | ᠲᠤᠤᠱᠯᠠᠭᠤᠯᠵᠤ᠂ ᠤᠰᠤᠨ ᠤ ᠡᠬᠢ ᠪᠠᠶᠠᠯᠢᠭ ᠢ ᠡᠷᠴᠢᠮᠯᠢᠭ ᠠᠶᠤᠯᠭᠦᠢ ᠠᠰᠢᠭᠯᠠᠬᠤ ᠶᠢ ᠠᠬᠢᠭᠤᠯᠤᠨ᠎ᠠ︾ ᠭᠡᠪᠡ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠨᠢ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠪᠠ | ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠶᠢᠨ | ᠦᠨᠳᠦᠷᠴᠡ ᠠᠴᠠ ᠤᠰᠤ ᠵᠠᠰᠠᠬᠤ ᠠᠵᠢᠯ ᠢ ᠵᠢᠷᠤᠭᠯᠠᠪᠠ᠃ ᠰᠢ ᠶᠢᠨ ᠫᠢᠩ ᠶᠡᠷᠦᠩᠬᠡᠶ ᠱᠦᠵᠢ ︽ᠤᠰᠤ | ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠯᠲᠠ | ᠬᠢᠬᠦ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠶᠢ ᠲᠣᠳᠣᠷᠬᠠᠶ ᠳᠤᠷᠠᠳᠴᠤ᠂ ᠤᠯᠤᠰ | ᠣᠷᠣᠨ ᠤ ᠤᠰᠤᠨ ᠤ ᠠᠮᠤᠷ ᠲᠦᠪᠰᠢᠨ ᠢ ᠪᠠᠲᠤᠯᠠᠨ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ | ᠬᠥᠭᠵᠢᠯᠲᠡ ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠠᠯᠢ | ᠤᠯᠠᠨ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠪᠢᠳᠡᠨ ᠤ ᠤᠰᠤᠨ ᠠᠰᠢᠭᠯᠠᠯᠲᠠ ᠶᠢᠨ ᠠᠵᠢᠯ ᠢ ᠰᠠᠶᠢᠲᠤᠷ | ᠬᠢᠬᠦ ᠳᠤ ᠰᠢᠨᠵᠢᠯᠡᠬᠦ ᠤᠬᠠᠭᠠᠨᠴᠢ ᠵᠦᠭᠯᠡᠭᠦᠷ ᠪᠣᠯᠤᠨ ᠦᠨᠳᠦᠰᠦᠨ ᠵᠢᠷᠤᠮᠯᠠᠯ ᠬᠠᠩᠭᠠᠵᠠᠢ᠃ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠠᠴᠠ ᠠᠯᠢ ᠤᠯᠠᠨ ᠴᠢᠬᠤᠯᠠ | ᠪᠠᠶᠢᠷᠢᠯᠠᠭᠤᠯᠤᠯᠲᠠ ᠬᠢᠵᠦ᠂ ᠪᠢᠳᠡᠨ ᠤ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ ᠪᠠ ᠤᠰᠤ | ᠭᠠᠩ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ | ᠠᠶᠤᠯᠭᠦᠢ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠭᠤᠣᠯ ᠰᠢᠪᠲᠤᠯᠤᠯᠲᠠ ᠶᠢᠨ ᠴᠢᠭᠯᠡᠯ᠂ ᠪᠠᠶᠢᠯᠳᠤᠬᠤ | ᠪᠤᠳᠤᠯᠭ᠎ᠠ ᠶᠢᠨ ᠬᠠᠷᠠᠯᠲᠠ ᠪᠣᠯᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠵᠢᠭᠠᠵᠤ ᠥᠭᠴᠡᠢ᠃ | ᠤᠰᠤᠨ ᠤ ᠡᠬᠢ ᠪᠠᠶᠠᠯᠢᠭ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠠᠭᠤᠷᠢ ᠴᠢᠨᠠᠷ᠂ ᠤᠷᠢᠳᠠᠴᠢ | ᠴᠢᠨᠠᠷ᠂ ᠡᠵᠡᠮᠰᠢᠯ ᠤᠨ ᠴᠢᠨᠠᠷᠲᠠᠶ ᠡᠯᠧᠮᠧᠨ᠋ᠲ ᠮᠥᠨ᠂ ᠤᠰᠤᠨ ᠤ ᠳᠠᠭᠠᠭᠠᠴᠠ ᠶᠢᠨ ᠣᠷᠣᠨ ᠵᠠᠶ ᠨᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠣᠷᠣᠨ ᠵᠠᠶ ᠶᠢ ᠲᠣᠭᠲᠠᠭᠠᠵᠤ ᠪᠠᠶᠢᠳᠠᠭ᠃ ᠮᠠᠨ ᠤ ᠤᠯᠤᠰ ᠤᠨ ᠬᠥᠮᠦᠨ ᠠᠮᠠ | ᠤᠯᠠᠨ᠂ ᠤᠰᠤ ᠴᠤᠬᠠᠭ᠂ ᠤᠰᠤᠨ ᠤ ᠡᠬᠢ ᠪᠠᠶᠠᠯᠢᠭ ᠤᠨ ᠴᠠᠭ ᠬᠤᠭᠤᠴᠠᠭ᠎ᠠ ᠣᠷᠣᠨ ᠵᠠᠢ ᠶᠢᠨ ᠲᠠᠷᠬᠠᠯᠲᠠ ᠲᠡᠭᠰᠢ | ᠪᠤᠰᠤ᠂ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠬᠠᠷᠢᠯᠴᠠᠨ ᠵᠣᠬᠢᠴᠠᠯᠳᠤᠬᠤ ᠦᠭᠡᠢ ᠪᠠᠶᠢᠳᠠᠭ᠂ | ᠤᠰᠤᠨ ᠤ ᠡᠬᠢ ᠪᠠᠶᠠᠯᠢᠭ ᠤᠨ ᠳᠤᠬᠢᠷᠠᠭᠤᠯᠤᠯᠳᠠ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ | ᠬᠠᠷᠢᠯᠴᠠᠨ ᠵᠣᠬᠢᠴᠠᠬᠤ ᠦᠭᠡᠢ ᠪᠠᠶᠢᠬᠤ ᠵᠥᠷᠢᠴᠡᠯ ᠢ ᠰᠢᠢᠳᠪᠦᠷᠢᠯᠡᠬᠦ ᠨᠢ ᠳᠠᠷᠤᠢ ᠮᠠᠨ ᠤ ᠤᠯᠤᠰ ᠤᠨ ᠰᠢᠨ᠎ᠡ ᠱᠠᠲᠤ | ᠦᠶ᠎ᠡ ᠶᠢᠨ ᠴᠢᠬᠤᠯᠠ ᠶᠡᠭᠡ ᠪᠠᠶᠢᠯᠳᠤᠬᠤ ᠪᠤᠳᠣᠯᠭ᠎ᠠ ᠶᠢᠨ ᠠᠰᠠᠭᠤᠳᠠᠯ ᠪᠣᠯᠣᠨ᠎ᠠ᠃ ᠤᠰᠤᠨ ᠠᠰᠢᠭᠯᠠᠯᠲᠠ ᠶᠢᠨ | ᠠᠵᠢᠯ ᠳᠤ ᠡᠷᠬᠡᠪᠰᠢ ︽ᠤᠯᠤᠰ ᠤᠨ ᠶᠡᠭᠡ ᠦᠢᠯᠡᠰ︾ ᠢ ᠪᠣᠳᠣᠯᠬᠢᠯᠠᠬᠤ ᠬᠡᠷᠡᠭᠲᠡᠶ᠂ ᠰᠢ ᠶᠢᠨ ᠫᠢᠩ ᠶᠡᠷᠦᠩᠬᠡᠶ | ᠱᠦᠵᠢ ᠶᠢᠨ ᠤᠰᠤ ᠵᠠᠰᠠᠬᠤ ᠠᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠨ᠂ ᠣᠷᠣᠨ | ᠵᠠᠶ ᠶᠢ ᠲᠡᠩᠴᠡᠭᠦᠷᠢᠲᠡᠶ ᠪᠠᠶᠢᠯᠭᠠᠵᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ | ᠰᠡᠳᠬᠢᠴᠡ ᠶᠢ ᠭᠦᠨᠵᠡᠭᠡᠶ ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ ᠶᠢᠨ ᠣᠨᠣᠯ ᠢ ᠪᠦᠷᠢᠨ ᠪᠦᠲᠦᠨ | ᠣᠨᠣᠪᠴᠢᠲᠠᠶ ᠪᠥᠬᠦ ᠲᠠᠯ᠎ᠠ ᠪᠠᠷ ᠲᠤᠤᠱᠯᠠᠭᠤᠯᠤᠨ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ | ᠰᠠᠶᠢᠲᠠᠶ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠬᠦ ᠪᠠ ᠯᠠᠪᠳᠠᠭᠤᠨ ᠢᠶᠠᠷ ᠠᠬᠢᠭᠤᠯᠵᠤ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠦᠴᠦᠲᠡᠶ ᠲᠤᠯᠭᠠᠭᠤᠷᠢᠯᠠᠯ | ᠬᠠᠩᠭᠠᠨ᠎ᠠ᠃ ᠦᠨᠳᠦᠰᠦᠨ ᠵᠣᠷᠢᠯᠲᠠ ᠠᠴᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠵᠡᠮᠳᠡᠨ᠎ᠡ᠂ | ᠤᠰᠤᠨ ᠤ ᠡᠬᠢ ᠪᠠᠶᠠᠯᠢᠭ ᠨᠢ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ᠂ ᠠᠮᠢᠳᠤᠷᠠᠯ ᠤᠨ ᠴᠢᠨᠠᠷ ᠴᠢᠨᠰᠠᠭ᠎ᠠ᠂ | ᠦᠢᠯᠡᠳᠪᠦᠷᠢᠯᠡᠯ ᠤᠨ ᠬᠥᠭᠵᠢᠯᠲᠡ ᠲᠠᠢ ᠨᠢᠭᠲᠠ ᠬᠤᠯᠪᠣᠭ᠎ᠠ ᠲᠠᠢ ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠯᠠᠨ ᠤ ᠤᠰᠤᠨ ᠤ ᠬᠡᠷᠡᠭᠴᠡᠭᠡ ᠱᠠᠭᠠᠷᠳᠠᠯᠭ᠎ᠠ ︽ | ᠪᠠᠶᠢᠬᠤ ᠡᠰᠡᠬᠦ︾ ᠠᠴᠠ ︽ᠰᠠᠶᠢᠨ ᠡᠰᠡᠬᠦ︾ ᠲᠡᠶᠢᠰᠢ ᠰᠢᠯᠵᠢᠬᠦ ᠶᠢ ᠣᠨᠣᠪᠴᠢᠲᠠᠢ ᠡᠵᠡᠮᠳᠡᠵᠦ᠂ ᠤᠰᠤᠨ ᠤ ᠡᠬᠢ | ᠪᠠᠶᠠᠯᠢᠭ ᠤᠨ ᠬᠠᠩᠭᠠᠯᠭ᠎ᠠ ᠶᠢᠨ ᠪᠠᠲᠤᠯᠠᠪᠤᠷᠢ ᠶᠢᠨ ᠪᠠᠷᠢᠮᠵᠢᠶ᠎ᠠ᠂ ᠪᠠᠲᠤᠯᠠᠪᠤᠷᠢ ᠶᠢᠨ ᠴᠢᠳᠠᠪᠤᠷᠢ᠂ ᠪᠠᠲᠤᠯᠠᠪᠤᠷᠢ ᠶᠢᠨ | ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠯᠠᠨ ᠢ ᠨᠡᠩ ᠤᠯᠠᠨ᠂ ᠨᠡᠩ ᠰᠢᠭᠤᠳ᠂ ᠨᠡᠩ | ᠪᠣᠳᠠᠲᠠᠢ ᠮᠡᠳᠡᠷᠡᠮᠵᠢ᠂ ᠵᠣᠯ ᠵᠢᠷᠭᠠᠯᠲᠤ ᠮᠡᠳᠡᠷᠡᠮᠵᠢ᠂ ᠠᠶᠤᠯᠭᠦᠢ ᠶᠢᠨ ᠮᠡᠳᠡᠷᠡᠮᠵᠢ ᠲᠠᠢ ᠪᠣᠯᠭᠠᠬᠤ ᠬᠡᠷᠡᠭᠲᠡᠢ᠃ | ᠠᠰᠠᠭᠤᠳᠠᠯ ᠤᠨ ᠤᠳᠤᠷᠢᠳᠤᠮᠵᠢ ᠠᠴᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠵᠡᠮᠳᠡᠵᠦ᠂ ᠮᠠᠨ ᠤ | ᠤᠯᠤᠰ ᠤᠨ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠲᠤᠪᠤᠶᠢᠮ᠎ᠠ᠂ ᠳᠠᠭᠠᠭᠠᠴᠠ ᠠᠴᠠ | ᠬᠡᠲᠦᠷᠡᠭᠰᠡᠨ ᠣᠷᠣᠨ ᠪᠤᠶᠤ ᠵᠠᠭᠠᠭ ᠬᠢᠵᠠᠭᠠᠷ ᠤᠨ ᠳᠠᠭᠠᠭᠠᠴᠠ ᠠᠴᠠ ᠬᠡᠲᠦᠷᠡᠭᠰᠡᠨ ᠣᠷᠣᠨ ᠤ ᠲᠠᠯᠠᠪᠠᠢ ᠪᠠᠷᠤᠭ ᠪᠦᠬᠦ | ᠤᠯᠤᠰ ᠤᠨ ᠨᠤᠲᠤᠭ ᠳᠡᠪᠢᠰᠬᠡᠷ ᠤᠨ ᠲᠠᠯᠠᠪᠠᠢ ᠶᠢᠨ 53% ᠢ ᠡᠵᠡᠯᠡᠵᠦ᠂ ᠡᠬᠢ ᠪᠠᠶᠠᠯᠢᠭ ᠤᠨ ᠴᠢᠨᠠᠷ᠂ | ᠢᠨᠵᠧᠨᠧᠷᠢᠩ ᠤᠨ ᠴᠢᠨᠠᠷ᠂ ᠤᠰᠤᠨ ᠤ ᠴᠢᠨᠠᠷ ᠤᠨ ᠤᠰᠤ ᠳᠤᠲᠠᠭᠳᠠᠬᠤ ᠠᠰᠠᠭᠤᠳᠠᠯ ᠠᠳᠠᠯᠢ ᠪᠤᠰᠤ ᠭᠠᠵᠠᠷ | ᠣᠷᠣᠨ ᠳᠤ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠬᠡᠰᠡᠭ ᠭᠠᠵᠠᠷ ᠣᠷᠣᠨ ᠳᠤ ᠮᠦᠨ ᠴᠤ ᠭᠤᠣᠯ ᠮᠥᠷᠡᠨ ᠤ | ᠤᠷᠤᠰᠬᠠᠯ ᠲᠠᠰᠤᠷᠠᠬᠤ᠂ ᠨᠠᠭᠤᠷ ᠴᠥᠭᠦᠷᠥᠮ ᠰᠢᠷᠭᠢᠬᠦ᠂ ᠨᠤᠭᠤ ᠭᠠᠵᠠᠷ ᠠᠪᠴᠢᠵᠤ ᠰᠢᠮᠠᠳᠠᠬᠤ᠂ ᠭᠠᠵᠠᠷ ᠤᠨ | ᠭᠠᠳᠠᠷᠭᠤ ᠳᠣᠷᠣᠭᠰᠢ ᠰᠠᠭᠤᠬᠤ ᠵᠡᠷᠭᠡ ᠠᠮᠢ ᠠᠬᠤᠢ ᠶᠢᠨ ᠠᠰᠠᠭᠤᠳᠠᠯ ᠢᠯᠡᠷᠡᠭᠰᠡᠨ ᠪᠠᠶᠢᠨ᠎ᠠ᠃ ᠡᠳᠡᠭᠡᠷ | ᠠᠰᠠᠭᠤᠳᠠᠯ ᠳᠤ ᠴᠢᠭᠯᠡᠭᠦᠯᠦᠨ᠂ ᠦᠨᠳᠦᠰᠦ ᠰᠤᠷᠪᠤᠯᠵᠢ ᠶᠢ ᠨᠢ ᠭᠦᠨ ᠤᠬᠤᠴᠢᠯᠠᠨ᠂ ᠡᠪᠡᠳᠴᠢᠨ ᠤ | ᠰᠢᠯᠲᠠᠭᠠᠨ ᠢ ᠨᠢ ᠣᠨᠣᠪᠴᠢᠲᠠᠶ ᠡᠷᠢᠨ᠂ ᠰᠢᠰᠲ᠋ᠧᠮ ᠲᠠᠢ ᠵᠠᠰᠠᠵᠤ᠂ ᠨᠡᠩ ᠣᠨᠣᠪᠴᠢᠲᠠᠶ ᠪᠣᠳᠠᠲᠠᠶ ᠠᠷᠭ᠎ᠠ ᠬᠡᠮᠵᠢᠶ᠎ᠡ | ᠠᠪᠴᠤ ᠲᠦᠷᠭᠡᠨ ᠰᠢᠢᠳᠪᠦᠷᠢᠯᠡᠬᠦ ᠬᠡᠷᠡᠭᠲᠡᠶ᠃ ᠰᠠᠨᠠᠭᠠᠰᠢᠷᠠᠨ ᠵᠣᠪᠠᠨᠢᠬᠤ ᠤᠬᠠᠮᠰᠠᠷ ᠠᠴᠠ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠡᠵᠡᠮᠰᠢᠨ᠎ᠡ᠂ ᠤᠰᠤᠨ ᠤ ᠡᠬᠢ ᠪᠠᠶᠠᠯᠢᠭ ᠨᠢ ᠠᠷᠠᠳ ᠲᠦᠮᠡᠨ ᠤ ᠠᠮᠢ ᠨᠠᠰᠤᠨ ᠤ ᠠᠮᠤᠷ | ᠲᠦᠪᠰᠢᠨ ᠲᠠᠢ ᠬᠤᠯᠪᠣᠭᠳᠠᠵᠤ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ | ᠨᠡᠶᠢᠭᠡᠮ ᠤᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠤᠯᠤᠰ ᠤᠨ ᠠᠮᠤᠷ ᠲᠦᠪᠰᠢᠨ ᠲᠠᠢ | ᠬᠤᠯᠪᠣᠭᠳᠠᠨ᠎ᠠ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠤᠷᠢᠭ᠎ᠠ | ᠱᠤᠭᠤᠮ ᠤᠨ ᠰᠡᠳᠬᠢᠬᠦᠢ ᠶᠢ ᠪᠠᠲᠤᠳᠬᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ | ᠤᠰᠤᠨ ᠤ ᠡᠬᠢ ᠪᠠᠶᠠᠯᠢᠭ ᠢ ᠠᠰᠢᠭᠯᠠᠬᠤ᠂ ᠬᠠᠩᠭᠠᠬᠤ᠂ ᠳᠠᠮᠵᠢᠭᠤᠯᠬᠤ᠂ ᠬᠡᠷᠡᠭᠯᠡᠬᠦ᠂ ᠭᠠᠳᠠᠭᠰᠢᠯᠠᠭᠤᠯᠬᠤ ᠵᠡᠷᠭᠡ | ᠡᠯ᠎ᠡ ᠭᠤᠭᠴᠤᠭ᠎ᠠ ᠶᠢᠨ ᠠᠶᠤᠯ ᠲᠦᠭᠰᠢᠭᠦᠷᠢ ᠶᠢᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠴᠢᠭᠯᠡᠭᠦᠯᠬᠦ | ᠴᠢᠨᠠᠷᠲᠠᠢ ᠰᠠᠭᠤᠷᠢ ᠬᠠᠪᠲᠠᠰᠤ ᠶᠢ ᠪᠠᠬᠢᠵᠢᠭᠦᠯᠵᠦ᠂ ᠳᠤᠲᠠᠭᠤᠳᠠᠯ ᠢ ᠨᠥᠬᠦᠪᠥᠷᠢᠯᠡᠵᠦ᠂ ᠤᠷᠳᠤ ᠬᠠᠪᠲᠠᠰᠤ ᠶᠢ | ᠳᠠᠪᠲᠠᠨ ᠪᠣᠯᠪᠠᠰᠤᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ | ᠨᠢᠭᠡ ᠳᠤ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠶᠢ ᠪᠠᠷᠢᠮᠲᠠᠯᠠᠨ᠂ ᠤᠯᠤᠰ ᠤᠨ ᠤᠰᠤ | ᠠᠷᠪᠢᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠤᠰᠤ ᠠᠷᠪᠢᠯᠠᠬᠤ ᠶᠢ ᠤᠰᠤᠨ ᠤ ᠡᠬᠢ ᠪᠠᠶᠠᠯᠢᠭ ᠢ | ᠨᠡᠭᠡᠭᠡᠬᠦ᠂ ᠠᠰᠢᠭᠯᠠᠬᠤ᠂ ᠬᠠᠮᠠᠭᠠᠯᠠᠬᠤ᠂ ᠲᠣᠬᠢᠷᠠᠭᠤᠯᠬᠤ ᠶᠢᠨ ᠤᠷᠢᠲᠠᠯ ᠪᠣᠯᠭᠠᠵᠤ᠂ ᠤᠰᠤ ᠬᠡᠷᠡᠭᠯᠡᠬᠦ ᠠᠷᠭ᠎ᠠ | ᠮᠠᠶ᠋ᠢᠭ ᠢ ᠠᠷᠪᠢᠲᠠᠶ ᠡᠷᠴᠢᠮᠯᠢᠭ ᠳᠠᠰᠢ ᠤᠯᠠᠮ ᠨᠢᠭᠡ ᠠᠯᠬᠤᠮ ᠬᠤᠪᠢᠷᠠᠭᠤᠯᠬᠤ ᠶᠢ ᠠᠬᠢᠭᠤᠯᠤᠨ᠎ᠠ᠃ ᠤᠰᠤ | ᠠᠷᠪᠢᠯᠠᠬᠤ ᠪᠠᠷᠢᠮᠵᠢᠶ᠎ᠠ ᠪᠠ ᠤᠰᠤ ᠬᠡᠷᠡᠭᠯᠡᠬᠦ ᠨᠤᠷᠮᠠᠴᠢᠯᠠᠭᠰᠠᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠤᠰᠤ ᠶᠡᠭᠡ | ᠬᠤᠷᠣᠭᠳᠠᠭᠤᠯᠬᠤ ᠠᠵᠢᠯ ᠲᠦᠷᠦᠯ ᠤᠨ ᠤᠰᠤ ᠬᠡᠷᠡᠭᠯᠡᠬᠦ ᠲᠣᠭᠲᠠᠭᠰᠠᠨ ᠨᠤᠷᠮ᠎ᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠤᠰᠤ ᠠᠷᠪᠢᠯᠠᠬᠤ ᠦᠨᠡᠯᠡᠯᠲᠡ ᠶᠢ ᠥᠷᠨᠢᠭᠦᠯᠦᠨ᠂ ᠴᠢᠬᠤᠯᠠ ᠬᠦᠷᠢᠶ᠎ᠡ᠂ ᠭᠤᠣᠯᠳᠠᠯᠭ᠎ᠠ ᠲᠠᠢ | ᠭᠠᠵᠠᠷ ᠣᠷᠣᠨ ᠤ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯ ᠢ ᠰᠠᠶᠢᠲᠤᠷ ᠠᠳᠬᠤᠵᠤ᠂ ᠲᠠᠷᠢᠶᠠᠯᠠᠩ ᠤᠨ | ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ | ᠪᠠᠭᠠᠰᠬᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠲᠠᠬᠢᠨ ᠡᠭᠦᠰᠬᠦ ᠤᠰᠤ ᠶᠢ ᠠᠰᠢᠭᠯᠠᠬᠤ ᠶᠢ | ᠵᠣᠷᠢᠭᠵᠢᠭᠤᠯᠤᠨ᠎ᠠ᠃ ᠳᠦᠷᠢᠮ᠂ ᠲᠥᠷᠥ ᠶᠢᠨ ᠪᠣᠳᠣᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠬᠤ ᠴᠡᠭ ᠪᠠ | ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂ ᠵᠠᠬ᠎ᠠ | ᠳᠡᠯᠭᠡᠭᠦᠷ ᠤᠨ ᠲᠣᠬᠢᠷᠠᠭᠤᠯᠭ᠎ᠠ᠂ ᠨᠡᠶᠢᠭᠡᠮ ᠤᠨ ᠬᠠᠮᠵᠢᠯᠴᠠᠭᠠᠨ ᠤ ᠤᠰᠤ ᠠᠷᠪᠢᠯᠠᠬᠤ ᠠᠵᠢᠯ ᠤᠨ ᠲᠣᠭᠲᠠᠴᠠ ᠶᠢ | ᠲᠦᠷᠭᠡᠳᠬᠡᠨ ᠲᠡᠭᠦᠯᠳᠡᠷᠵᠢᠭᠦᠯᠵᠦ᠂ ᠤᠰᠤ ᠠᠷᠪᠢᠯᠠᠬᠤ ᠶᠢ ᠬᠢᠵᠠᠭᠠᠷᠯᠠᠬᠤ ᠴᠢᠨᠠᠷᠲᠠᠶ ᠭᠦᠢᠴᠡᠳᠬᠡᠬᠦ ᠲᠤᠭ᠎ᠠ ᠪᠠ | ᠬᠠᠷᠠᠯᠲᠠ ᠪᠣᠯᠭᠠᠬᠤ ᠶᠢ ᠲᠦᠯᠬᠢᠨ ᠠᠬᠢᠭᠤᠯᠵᠤ᠂ ᠤᠰᠤ ᠬᠡᠷᠡᠭᠯᠡᠬᠦ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ | ᠲᠡᠭᠦᠯᠳᠡᠷᠵᠢᠭᠦᠯᠦᠨ᠂ ᠤᠰᠤ ᠬᠡᠷᠡᠭᠯᠡᠬᠦ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠪᠠ ᠤᠰᠤᠨ ᠤ ᠡᠬᠢ | ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠰᠤ ᠠᠷᠪᠢᠯᠠᠬᠤ ᠭᠡᠷ᠎ᠡ ᠶᠢᠨ | ᠬᠠᠮᠢᠶᠠᠷᠤᠯᠲᠠ ᠵᠡᠷᠭᠡ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠵᠦ᠂ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠪᠦᠬᠦ ᠨᠡᠶᠢᠭᠡᠮ ᠤᠨ ᠤᠰᠤ ᠠᠷᠪᠢᠯᠠᠵᠤ ᠤᠰᠤ ᠪᠠᠨ ᠬᠠᠶᠢᠷᠠᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠨ᠎ᠠ᠃ | ᠬᠤᠶᠠᠷ ᠲᠤ ᠬᠠᠲᠠᠭᠤ ᠬᠢᠵᠠᠭᠠᠷᠯᠠᠯ ᠤᠨ ᠲᠦᠷᠢᠮ ᠢ ᠪᠠᠶᠢᠭᠤᠯᠵᠤ᠂ ᠤᠰᠤᠨ ᠤ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢᠨ ᠳᠡᠭᠡᠳᠦ ᠬᠢᠵᠠᠭᠠᠷ ᠢ ᠴᠢᠩᠭ᠎ᠠ ᠬᠢᠵᠠᠭᠠᠷᠯᠠᠨ᠎ᠠ᠃ ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ | ᠭᠠᠵᠠᠷ ᠰᠢᠷᠣᠶ ᠶᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ | ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠭᠦᠢᠴᠡᠳᠬᠡᠯ | ᠲᠤᠭ᠎ᠠ ᠶᠢᠨ ᠰᠢᠰᠲ᠋ᠧᠮ ᠢ ᠪᠠᠶᠢᠭᠤᠯᠤᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ | ᠲᠦᠷᠢᠮ ᠢ ᠬᠡᠷᠡᠭᠵᠢᠭᠦᠯᠵᠦ᠂ ᠬᠥᠭᠵᠢᠯᠲᠡ ᠶᠢᠨ ᠬᠡᠪᠴᠢᠶ᠎ᠡ᠂ ᠬᠥᠭᠵᠢᠯᠲᠡ ᠶᠢᠨ ᠪᠦᠲᠦᠴᠡ᠂ ᠬᠥᠭᠵᠢᠯᠲᠡ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ ᠭᠡᠳᠡᠷᠭᠦ ᠰᠢᠬᠠᠮᠳᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ | ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠯᠤᠭ᠎ᠠ ᠬᠠᠷᠢᠯᠴᠠᠨ ᠵᠣᠬᠢᠴᠠᠭᠤᠯᠬᠤ ᠶᠢ ᠠᠬᠢᠭᠤᠯᠤᠨ᠎ᠠ᠃ | ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠮᠤᠵᠢ ᠠᠯᠤᠰᠯᠠᠭᠰᠠᠨ | ᠭᠤᠣᠯ ᠮᠥᠷᠡᠨ ᠤ ᠰᠠᠪᠠ ᠭᠠᠵᠠᠷ ᠪᠠ ᠮᠤᠵᠢ ᠶᠢᠨ ᠳᠣᠲᠣᠷᠠᠬᠢ ᠬᠤᠲᠠ ᠰᠢᠶᠠᠨ ᠠᠯᠤᠰᠯᠠᠭᠰᠠᠨ ᠭᠤᠣᠯ ᠮᠥᠷᠡᠨ ᠤ | ᠠᠩᠬᠠᠨ ᠤ ᠤᠰᠤᠨ ᠤ ᠡᠷᠬᠡ ᠶᠢᠨ ᠬᠤᠪᠢᠶᠠᠷᠢᠯᠠᠯᠲᠠ ᠶᠢ ᠲᠦᠷᠭᠡᠳᠬᠡᠨ ᠠᠬᠢᠭᠤᠯᠵᠤ᠂ ᠭᠠᠵᠠᠷ ᠳᠣᠣᠷᠠᠬᠢ ᠤᠰᠤ ᠶᠢ | ᠨᠡᠭᠡᠭᠡᠨ ᠠᠰᠢᠭᠯᠠᠬᠤ ᠶᠡᠷᠦᠩᠬᠡᠶ ᠬᠡᠮᠵᠢᠶ᠎ᠡ ᠬᠢᠭᠡᠳ ᠤᠰᠤᠨ ᠲᠦᠪᠰᠢᠨ ᠤ ᠬᠤᠣᠰ ᠡᠵᠡᠮᠳᠡᠯ ᠢ ᠬᠡᠷᠡᠭᠵᠢᠭᠦᠯᠦᠨ᠎ᠡ᠃ | ᠪᠥᠬᠦ ᠤᠯᠤᠰ ᠤᠨ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ | ᠭᠦᠨᠵᠡᠭᠡᠶ ᠳᠥᠯᠭᠢᠨ ᠠᠬᠢᠭᠤᠯᠵᠤ᠂ ᠪᠥᠬᠦ ᠤᠯᠤᠰ ᠤᠨ ᠤᠰᠤ ᠲᠠᠲᠠᠬᠤ ᠠᠮᠠᠰᠠᠷ ᠢ ᠬᠠᠷᠭᠤᠭᠤᠯᠤᠨ ᠪᠠᠶᠢᠴᠠᠭᠠᠵᠤ | ᠳᠡᠩᠰᠡᠯᠡᠨ ᠲᠡᠮᠳᠡᠭᠯᠡᠬᠦ ᠶᠢ ᠴᠢᠨᠠᠷ ᠰᠠᠶᠢᠲᠠᠶ ᠪᠡᠶᠡᠯᠡᠭᠦᠯᠵᠦ᠂ ᠤᠰᠤ ᠲᠠᠲᠠᠵᠤ ᠬᠡᠷᠡᠭᠯᠡᠬᠦ ᠦᠢᠯᠡ ᠠᠵᠢᠯᠯᠠᠭ᠎ᠠ ᠶᠢ ᠦᠨᠡᠨ | ᠬᠦ ᠵᠢᠷᠤᠮᠵᠢᠭᠤᠯᠤᠨ᠎ᠠ᠃ ᠰᠠᠪᠠ ᠭᠠᠵᠠᠷ ᠤᠨ ᠣᠷᠣᠨ ᠪᠦᠰᠡ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠵᠦᠶ | ᠵᠣᠬᠢᠰᠲᠠᠶ ᠲᠣᠭᠲᠠᠭᠠᠵᠤ᠂ ᠤᠰᠤᠨ ᠤ ᠡᠬᠢ ᠪᠠᠶᠠᠯᠢᠭ ᠢ ᠨᠤᠲᠠᠯᠠᠬᠤ ᠪᠠ ᠤᠰᠤ ᠲᠠᠲᠠᠬᠤ ᠵᠥᠪᠰᠢᠶᠡᠷᠡᠯ ᠤᠨ | ᠬᠠᠮᠢᠶᠠᠷᠤᠯᠲᠠ ᠶᠢ ᠴᠢᠩᠳᠠᠯᠠᠵᠤ᠂ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ | ᠤᠰᠤ ᠲᠠᠲᠠᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠵᠤ᠂ ᠵᠦᠶ ᠵᠣᠬᠢᠰ ᠥᠬᠡᠶ ᠤᠰᠤ | ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠡᠷᠡᠰ ᠬᠤᠷᠢᠭᠯᠠᠨ᠎ᠠ᠃ | ᠭᠤᠷᠪᠠ ᠳᠤ ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯ ᠢ | ᠰᠢᠯᠢᠳᠡᠭᠵᠢᠭᠦᠯᠦᠨ᠎ᠡ᠃ ᠦᠨᠡᠨᠬᠦ ᠬᠡᠷᠡᠭᠴᠡᠭᠡ ᠲᠠᠢ᠂ ᠠᠮᠢ ᠠᠬᠤᠶ ᠶᠢᠨ ᠠᠮᠤᠷ ᠲᠦᠪᠰᠢᠨ᠂ ᠦᠷᠭᠦᠯᠵᠢᠯᠡᠵᠦ | ᠪᠣᠯᠬᠤᠶᠢᠴᠠ ᠵᠠᠷᠴᠢᠮ ᠶᠣᠰᠣᠭᠠᠷ᠂ ᠰᠢᠰᠲ᠋ᠧᠮ ᠨᠢ ᠪᠦᠷᠢᠨ ᠲᠡᠭᠦᠯᠳᠡᠷ᠂ ᠴᠢᠳᠠᠮᠵᠢ ᠶᠢᠨ ᠬᠠᠮᠵᠢᠯᠴᠠᠭ᠎ᠠ ᠲᠠᠢ᠂ | ᠡᠷᠴᠢᠮᠯᠢᠭ ᠪᠦᠭᠡᠳ ᠥᠨᠳᠥᠷ ᠪᠦᠲᠦᠮᠵᠢᠲᠡᠶ᠂ ᠪᠣᠬᠢᠷᠲᠤᠯ ᠥᠬᠡᠶ ᠣᠶᠤᠨᠴᠢᠯᠠᠭᠰᠠᠨ᠂ ᠲᠣᠬᠢᠷᠠᠭᠤᠯᠤᠯ ᠡᠵᠡᠮᠳᠡᠯ | ᠡᠮᠬᠢ ᠵᠢᠷᠤᠮ ᠲᠠᠢ᠂ ᠠᠮᠤᠷ ᠲᠦᠪᠰᠢᠨ ᠨᠠᠶᠢᠳᠠᠪᠤᠷᠢᠲᠠᠶ ᠤᠯᠤᠰ ᠤᠨ ᠤᠰᠤᠨ ᠤ ᠲᠣᠤᠷ ᠢ ᠲᠦᠷᠭᠡᠳᠬᠡᠨ | ᠪᠠᠶᠢᠭᠤᠯᠵᠤ᠂ ᠮᠠᠨ ᠤ ᠤᠯᠤᠰ ᠤᠨ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ | ᠴᠢᠳᠠᠪᠤᠷᠢ᠂ ᠤᠰᠤ ᠬᠠᠩᠭᠠᠬᠤ ᠶᠢ ᠪᠠᠲᠤᠯᠠᠬᠤ ᠴᠢᠳᠠᠪᠤᠷᠢ᠂ ᠪᠠᠶᠢᠯᠳᠤᠬᠤ ᠪᠣᠳᠣᠯᠭ᠎ᠠ ᠶᠢᠨ ᠨᠥᠭᠡᠴᠡᠯᠡᠬᠦ ᠴᠢᠳᠠᠪᠤᠷᠢ ᠶᠢ | ᠪᠥᠬᠦ ᠲᠠᠯ᠎ᠠ ᠪᠠᠷ ᠴᠢᠩᠭᠠᠳᠬᠠᠨ᠎ᠠ᠃ ᠰᠠᠪᠠ ᠭᠠᠵᠠᠷ ᠤᠨ ᠪᠦᠬᠦᠯᠢ ᠴᠣᠭᠴᠠ ᠪᠠ ᠤᠰᠤᠨ ᠤ ᠡᠬᠢ ᠪᠠᠶᠠᠯᠢᠭ ᠤᠨ | ᠣᠷᠣᠨ ᠵᠠᠶ ᠶᠢᠨ ᠲᠡᠩᠴᠡᠭᠦᠷᠢᠲᠡᠶ ᠲᠣᠬᠢᠷᠠᠭᠤᠯᠤᠯᠲᠠ ᠳᠤ ᠰᠠᠭᠤᠷᠢᠯᠠᠨ ᠴᠢᠬᠤᠯᠠ ᠶᠡᠭᠡ ᠤᠰᠤ ᠲᠠᠲᠠᠬᠤ ᠪᠠ ᠤᠰᠤ | ᠲᠠᠲᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠡᠮᠦᠨᠡᠲᠦ ᠶᠢᠨ ᠤᠰᠤ ᠶᠢ ᠤᠮᠠᠷᠠᠰᠢ | ᠲᠠᠲᠠᠬᠤ ᠵᠡᠭᠦᠨ ᠪᠠ ᠳᠤᠮᠳᠠ ᠱᠤᠭᠤᠮ ᠤᠨ ᠵᠠᠯᠭᠠᠮᠵᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠠᠷᠠᠭᠤᠨ ᠱᠤᠭᠤᠮ ᠤᠨ ᠢᠨᠵᠧᠨᠧᠷᠢᠩ ᠤᠨ ᠲᠥᠰᠦᠯ ᠢ | ᠠᠳᠠᠯᠢᠳᠬᠠᠨ ᠰᠣᠩᠭᠤᠬᠤ ᠨᠤᠲᠠᠯᠠᠯᠲᠠ ᠶᠢ ᠭᠦᠨᠵᠡᠭᠡᠶᠢᠷᠡᠭᠦᠯᠵᠦ᠂ ᠰᠠᠪᠠ ᠭᠠᠵᠠᠷ ᠠᠯᠤᠰᠯᠠᠭᠰᠠᠨ ᠣᠷᠣᠨ ᠪᠦᠰᠡ | ᠠᠯᠤᠰᠯᠠᠭᠰᠠᠨ ᠤᠰᠤ ᠳᠠᠮᠵᠢᠭᠤᠯᠬᠤ ᠨᠢᠭᠡ ᠪᠦᠯᠦᠭ ᠭᠤᠣᠯᠯᠠᠭᠴᠢ ᠨᠡᠪᠲᠡᠷᠡᠬᠦ ᠵᠠᠮ ᠢ ᠪᠦᠲᠦᠭᠡᠨ ᠪᠠᠶᠢᠭᠤᠯᠵᠤ᠂ | ᠲᠤᠮᠤ ᠳᠤᠮᠳᠠ ᠵᠢᠵᠢᠭ ᠪᠢᠴᠢᠯ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠢᠵᠢ ᠪᠦᠷᠢᠳᠦᠭᠦᠯᠦᠯᠲᠡ ᠶᠢ | ᠴᠢᠩᠭᠠᠳᠬᠠᠵᠤ᠂ ᠤᠯᠤᠰ ᠤᠨ ᠤᠰᠤ ᠬᠠᠩᠭᠠᠬᠤ ᠰᠠᠭᠤᠷᠢ ᠲᠥᠬᠦᠭᠡᠷᠦᠮᠵᠢ ᠶᠢᠨ ᠲᠣᠣᠷ ᠢ ᠠᠯᠬᠤᠮ ᠠᠯᠬᠤᠮ ᠢᠶᠠᠷ | ᠲᠡᠭᠦᠯᠳᠡᠷᠵᠢᠭᠦᠯᠦᠨ᠎ᠡ᠃ ᠶᠡᠷᠦᠩᠬᠡᠶᠢᠯᠡᠭᠰᠡᠨ ᠴᠢᠨᠠᠷᠲᠠᠶ ᠤᠰᠤᠨ ᠠᠰᠢᠭᠯᠠᠯᠲᠠ ᠶᠢᠨ ᠵᠠᠩᠭᠢᠯᠠᠭ᠎ᠠ ᠪᠠ ᠲᠣᠬᠢᠷᠠᠭᠤᠯᠤᠨ | ᠬᠠᠳᠠᠭᠠᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠶᠢᠯᠳᠤᠬᠤ | ᠪᠤᠳᠤᠯᠭ᠎ᠠ ᠶᠢᠨ ᠨᠥᠭᠡᠴᠡᠯᠡᠯᠲᠡ ᠶᠢᠨ ᠤᠰᠤᠨ ᠰᠤᠷᠪᠤᠯᠵᠢ ᠪᠠ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠤᠰᠤᠨ ᠰᠤᠷᠪᠤᠯᠵᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠭᠤᠣᠯᠳᠠᠯᠭ᠎ᠠ ᠲᠠᠢ ᠣᠷᠣᠨ ᠪᠦᠰᠡ ᠶᠢᠨ ᠤᠰᠤ ᠬᠠᠩᠭᠠᠬᠤ ᠠᠮᠤᠷ ᠲᠦᠪᠰᠢᠨ ᠢ ᠪᠠᠲᠤᠯᠠᠨ᠎ᠠ᠃ᠤᠰᠤᠯᠠᠯᠲᠠ ᠶᠢᠨ | ᠤᠰᠤ ᠬᠠᠩᠭᠠᠬᠤ ᠬᠤᠭᠤᠯᠠᠶ ᠶᠢᠨ ᠲᠣᠣᠷ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤᠯᠠᠯᠲᠠ ᠶᠢᠨ | ᠣᠷᠣᠨ ᠤ ᠤᠰᠤᠨ ᠤ ᠰᠤᠷᠪᠤᠯᠵᠢ ᠶᠢᠨ ᠨᠥᠬᠦᠴᠡᠯ ᠢ ᠰᠠᠶᠢᠵᠢᠷᠠᠭᠤᠯᠵᠤ᠂ ᠤᠰᠤᠯᠠᠯᠲᠠ ᠶᠢᠨ ᠣᠷᠣᠨ ᠢ ᠦᠷᠭᠦᠯᠵᠢᠯᠡᠨ | ᠪᠠᠶᠢᠭᠤᠯᠵᠤ ᠲᠥᠬᠦᠷᠵᠢᠭᠦᠯᠦᠯᠲᠡ ᠪᠠ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠲᠥᠯᠬᠢᠨ ᠠᠬᠢᠭᠤᠯᠤᠨ᠎ᠠ᠃ | ᠬᠤᠳᠠ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠢ ᠬᠥᠳᠡᠭᠡ ᠲᠣᠰᠬᠤᠨ ᠲᠡᠶᠢᠰᠢ ᠤᠷᠲᠤᠳᠬᠠᠬᠤ ᠶᠢ | ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠪᠣᠯᠤᠨ ᠬᠤᠳᠠ ᠶᠢᠨ | ᠬᠤᠭᠤᠯᠠᠶ ᠶᠢᠨ ᠲᠣᠣᠷ ᠤᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠤᠰᠤᠨ ᠤ | ᠰᠤᠷᠪᠤᠯᠵᠢ ᠶᠢ ᠬᠠᠮᠠᠭᠠᠯᠠᠬᠤ ᠪᠠ ᠤᠰᠤ ᠬᠠᠩᠭᠠᠬᠤ ᠶᠢ ᠪᠠᠲᠤᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠵᠢᠵᠢᠭ ᠬᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ | ᠪᠠᠷᠢᠮᠵᠢᠶᠠᠵᠢᠭᠤᠯᠬᠤ ᠪᠦᠳᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠬᠡᠷᠡᠭᠵᠢᠭᠦᠯᠵᠦ᠂ ᠤᠰᠤ ᠬᠠᠩᠭᠠᠬᠤ | ᠲᠣᠣᠷ ᠤᠨ ︽ᠬᠢᠯᠭᠠᠰᠤᠨ ᠰᠤᠳᠠᠯ︾ ᠢ ᠰᠠᠭᠠᠳ ᠦᠭᠡᠢ ᠨᠡᠪᠲᠡᠷᠡᠭᠦᠯᠦᠨ᠎ᠡ᠃ | ᠲᠦᠷᠪᠡ ᠳᠤ᠂ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠶᠢ ᠴᠢᠩᠭᠠᠳᠬᠠᠵᠤ᠂ ᠤᠰᠤᠨ ᠤ | ᠡᠬᠢ ᠪᠠᠶᠠᠯᠢᠭ ᠢ ᠬᠠᠳᠠᠭᠠᠯᠠᠨ ᠰᠡᠷᠭᠦᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠥᠬᠡᠮᠳᠦᠭ ᠨᠣᠭᠤᠭᠠᠨ ᠠᠭᠤᠯᠠ | ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠳᠡᠭ ᠢ ᠪᠠᠷᠢᠮᠲᠠᠯᠠᠵᠤ᠂ ᠭᠤᠣᠯ ᠮᠥᠷᠡᠨ ᠨᠠᠭᠤᠷ ᠴᠦᠬᠦᠷᠦᠮ ᠢ | ᠬᠠᠮᠠᠭᠠᠯᠠᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠥᠷᠥᠰᠥ ᠰᠢᠷᠣᠶ ᠶᠢ ᠬᠠᠮᠠᠭᠠᠯᠠᠨ᠂ ᠭᠠᠵᠠᠷ ᠳᠣᠣᠷᠠᠬᠢ | ᠤᠰᠤ ᠶᠢ ᠬᠡᠲᠦᠷᠡᠲᠡᠯ᠎ᠡ ᠬᠡᠷᠡᠭᠯᠡᠭᠰᠡᠨ ᠢ ᠵᠠᠰᠠᠬᠤ᠂ ᠡᠪᠳᠡᠭᠳᠡᠭᠰᠡᠨ ᠭᠤᠣᠯ ᠮᠥᠷᠡᠨ ᠨᠠᠭᠤᠷ ᠴᠦᠬᠦᠷᠦᠮ ᠤᠨ ᠠᠮᠢ | ᠠᠬᠤᠶ ᠶᠢ ᠵᠠᠰᠠᠨ ᠰᠡᠷᠭᠦᠭᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠭᠤᠣᠯ ᠮᠥᠷᠡᠨ ᠨᠠᠭᠤᠷ | ᠴᠦᠬᠦᠷᠦᠮ ᠤᠨ ᠠᠮᠢ ᠠᠬᠤᠶ ᠶᠢᠨ ᠣᠷᠣᠨ ᠵᠠᠶ ᠶᠢ ᠦᠯᠡᠳᠡᠭᠡᠬᠦ ᠪᠠ ᠥᠷᠭᠡᠳᠬᠡᠨ᠎ᠡ᠃ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠦᠷᠪᠡᠨ | ᠰᠠᠮᠠᠭᠤᠷᠠᠯ ᠢ ᠠᠷᠢᠯᠭᠠᠬᠤ︾ ᠶᠢ ᠳᠦᠷᠢᠮᠵᠢᠭᠦᠯᠦᠨ ᠪᠠᠶᠢᠩᠭᠤᠵᠢᠭᠤᠯᠬᠤ ᠶᠢ ᠲᠦᠯᠬᠢᠨ ᠠᠬᠢᠭᠤᠯᠵᠤ᠂ ᠭᠤᠣᠯ ᠮᠥᠷᠡᠨ | ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠭᠰᠠᠨ ᠦᠷ᠎ᠡ ᠪᠦᠲᠦᠭᠡᠯ ᠢ | ᠪᠠᠬᠢᠵᠢᠭᠦᠯᠵᠦ᠂ ᠭᠤᠣᠯ ᠮᠦᠷᠡᠨ ᠤ ᠬᠠᠵᠠᠭᠤ ᠬᠠᠪᠢ ᠠᠴᠠ ᠡᠯᠡᠰᠦ ᠮᠠᠯᠲᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ | ᠪᠠ ᠭᠤᠣᠯ ᠮᠥᠷᠡᠨ ᠨᠠᠭᠤᠷ ᠴᠥᠭᠦᠷᠥᠮ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠭᠤᠣᠯ ᠮᠥᠷᠡᠨ | ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠦᠵᠡᠰᠬᠦᠯᠡᠩᠲᠦ | ᠰᠠᠶᠢᠬᠠᠨ ᠭᠤᠣᠯ ᠮᠥᠷᠡᠨ ᠨᠠᠭᠤᠷ ᠴᠥᠭᠦᠷᠥᠮ᠂ ᠡᠷᠡᠭᠦᠯ ᠡᠩᠬᠡ ᠭᠤᠣᠯ ᠮᠥᠷᠡᠨ ᠨᠠᠭᠤᠷ ᠴᠥᠭᠦᠷᠥᠮ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠢ | ᠦᠷᠭᠦᠯᠵᠢᠯᠡᠨ ᠰᠠᠶᠢᠵᠢᠷᠠᠭᠤᠯᠤᠨ᠎ᠠ᠃ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ | ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠵᠤ᠂ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ᠂ ᠬᠠᠭᠤᠷᠠᠶ | ᠱᠠᠲᠤᠨ ᠲᠠᠷᠢᠶ᠎ᠠ ᠪᠠ ᠨᠦᠯᠦᠮᠡᠯ ᠭᠠᠵᠠᠷ ᠤᠨ ᠬᠠᠰᠢᠯᠭ᠎ᠠ ᠶᠢᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠶ | ᠥᠷᠨᠢᠭᠦᠯᠵᠦ᠂ ᠬᠦᠮᠦᠨ ᠲᠥᠷᠥᠯᠬᠢᠲᠡᠨ ᠤ ᠰᠢᠯᠲᠠᠭᠠᠨ ᠢᠶᠠᠷ ᠬᠥᠷᠥᠰᠥ ᠰᠢᠷᠣᠶ ᠶᠢᠨ ᠢᠳᠡᠭᠳᠡᠯ ᠢ ᠰᠢᠨ᠎ᠡ ᠪᠠᠷ | ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠨ᠎ᠠ᠃ ᠠᠮᠢ ᠠᠬᠤᠶ ᠬᠡᠪᠡᠷᠡᠭ ᠭᠤᠣᠯ ᠮᠥᠷᠡᠨ ᠪᠠ ᠭᠤᠣᠯᠳᠠᠯᠭ᠎ᠠ ᠲᠠᠢ ᠨᠠᠭᠤᠷ | ᠴᠦᠬᠦᠷᠦᠮ ᠤᠨ ᠠᠮᠢ ᠠᠬᠤᠶ ᠶᠢ ᠵᠠᠰᠠᠨ ᠰᠡᠷᠭᠦᠭᠡᠬᠦ ᠠᠵᠢᠯ ᠢ ᠥᠷᠨᠢᠭᠦᠯᠵᠦ᠂ ᠤᠮᠠᠷᠠᠲᠤ ᠣᠷᠣᠨ ᠵᠢᠴᠢ ᠪᠤᠰᠤᠳ | ᠭᠤᠣᠯᠳᠠᠯᠭ᠎ᠠ ᠲᠠᠢ ᠣᠷᠣᠨ ᠪᠦᠰᠡ ᠶᠢᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠶᠡᠷᠦᠩᠬᠡᠶᠢᠯᠡᠨ | ᠵᠠᠰᠠᠬᠤ ᠠᠵᠢᠯ ᠢ ᠲᠦᠷᠭᠡᠳᠬᠡᠵᠦ᠂ ᠵᠢᠵᠢᠭ ᠤᠰᠤᠨ ᠴᠠᠬᠢᠯᠭᠠᠨ ᠤ ᠥᠷᠲᠡᠭᠡᠨ ᠤ ᠠᠮᠢ ᠠᠬᠤᠶ ᠶᠢᠨ ᠤᠷᠤᠰᠬᠠᠯ ᠤᠨ | ᠬᠡᠮᠵᠢᠶ᠎ᠡ ᠶᠢ ᠭᠠᠳᠠᠭᠰᠢᠯᠠᠭᠤᠯᠬᠤ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠥᠳᠡᠭᠡ | ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠤᠰᠤ ᠨᠢ ᠲᠤᠩᠭᠠᠯᠠᠭ | ᠡᠷᠭᠢ ᠨᠢ ᠨᠣᠭᠤᠭᠠᠨ ᠤᠰᠤᠨ ᠤ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ᠎ᠠ᠃ | ᠲᠠᠪᠤ ᠳᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠪᠠ ᠲᠣᠭᠠᠨ ᠤ ᠴᠢᠳᠠᠪᠤᠷᠢ ᠶᠢ | ᠣᠯᠭᠤᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠣᠶᠤᠨᠴᠢ ᠬᠠᠮᠢᠶᠠᠷᠤᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠲᠣᠭᠠᠨ ᠤ ᠲᠤᠰᠬᠠᠯ᠂ ᠲᠣᠭᠠᠨ ᠤ ᠢᠬᠡᠷ᠎ᠡ᠂ ᠳᠠᠭᠤᠷᠢᠶᠠᠮᠠᠯ ᠲᠦᠰᠤᠭᠡᠳᠤᠯᠭᠡ ᠵᠡᠷᠭᠡ ᠮᠡᠳᠡᠭᠡ | ᠵᠠᠩᠭᠢ ᠶᠢᠨ ᠮᠡᠷᠭᠡᠵᠢᠯ ᠢ ᠭᠦᠢᠴᠡᠳ ᠬᠡᠷᠡᠭᠯᠡᠨ᠂ ᠪᠥᠬᠦ ᠬᠦᠷᠢᠶ᠎ᠡ ᠴᠠᠷᠠᠭ᠎ᠠ ᠶᠢ ᠬᠠᠮᠤᠷᠤᠭᠰᠠᠨ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠬᠢᠭᠡᠳ ᠳᠣᠭᠢᠷᠠᠭᠤᠯᠬᠤ ᠰᠢᠰᠲ᠋ᠧᠮ ᠢ ᠪᠠᠶᠢᠭᠤᠯᠵᠤ᠂ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠲᠣᠭᠠᠵᠢᠭᠤᠯᠬᠤ᠂ ᠤᠶᠤᠨᠴᠢᠯᠠᠬᠤ᠂ ᠨᠠᠷᠢᠯᠢᠬᠵᠢᠭᠤᠯᠬᠤ ᠶᠢ ᠠᠬᠢᠭᠤᠯᠤᠨ᠎ᠠ᠃ ᠬᠢᠨᠠᠨ ᠬᠡᠮᠵᠢᠬᠦ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠵᠠᠬᠢᠷᠭᠠᠨ ᠤ ᠣᠷᠣᠨ ᠤ ᠵᠠᠭᠠᠭ ᠤᠨ ᠣᠭᠲᠣᠯᠤᠭᠠᠰᠤ᠂ | ᠤᠰᠤ ᠠᠪᠬᠤ ᠲᠠᠲᠠᠬᠤ ᠠᠮᠠᠰᠠᠷ᠂ ᠭᠠᠵᠠᠷ ᠳᠣᠣᠷᠠᠬᠢ ᠤᠰᠤ ᠵᠡᠷᠭᠡ ᠶᠢ ᠬᠢᠨᠠᠨ ᠬᠡᠮᠵᠢᠬᠦ ᠥᠷᠲᠡᠭᠡᠨ ᠲᠣᠣᠷ ᠤᠨ | ᠪᠠᠶᠢᠷᠢᠰᠢᠭᠤᠯᠤᠯ ᠢ ᠰᠢᠯᠢᠳᠡᠭᠵᠢᠭᠦᠯᠵᠦ᠂ ᠤᠰᠤᠨ ᠤ ᠬᠡᠮᠵᠢᠶ᠎ᠡ᠂ ᠤᠰᠤᠨ ᠲᠦᠪᠰᠢᠨ᠂ ᠤᠷᠤᠰᠴᠠ᠂ ᠤᠰᠤᠨ ᠤ | ᠴᠢᠨᠠᠷ ᠵᠡᠷᠭᠡ ᠪᠥᠬᠦ ᠬᠦᠴᠦᠨ ᠵᠦᠢᠯ ᠢ ᠰᠦᠯᠵᠢᠶᠡᠨ ᠳᠡᠭᠡᠷ᠎ᠡ ᠴᠠᠭ ᠲᠤᠬᠠᠶ ᠳᠤ ᠨᠢ ᠬᠢᠨᠠᠨ ᠬᠡᠮᠵᠢᠬᠦ ᠶᠢ ᠪᠡᠶᠡᠯᠡᠭᠦᠯᠵᠦ᠂ | ᠮᠡᠳᠡᠭᠡ ᠵᠠᠩᠭᠢ ᠶᠢ ᠣᠯᠵᠤ ᠠᠪᠬᠤ ᠪᠠ ᠰᠡᠷᠡᠵᠦ ᠮᠡᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠪᠠ ᠭᠠᠵᠠᠷ ᠤᠨ | ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ᠂ ᠪᠣᠳᠠᠲᠠᠶ ᠬᠡᠷᠡᠭᠯᠡᠬᠦ ᠤᠰᠤᠨ ᠤ ᠬᠡᠮᠵᠢᠶ᠎ᠡ | ᠵᠡᠷᠭᠡ ᠮᠡᠳᠡᠭᠡ ᠵᠠᠩᠭᠢ ᠶᠢ ᠬᠥᠳᠡᠯᠦᠩᠭᠦᠶ ᠪᠠᠷ ᠡᠵᠡᠮᠰᠢᠬᠦ ᠶᠢᠨ ᠬᠠᠮᠲᠤ ᠴᠠᠭ ᠲᠤᠬᠠᠶ ᠳᠤᠨᠢ ᠰᠢᠨᠡᠳᠬᠡᠵᠦ᠂ | ᠣᠶᠤᠨᠴᠢᠯᠠᠭᠰᠠᠨ ᠲᠥᠰᠦᠭᠡᠳᠦᠭᠦᠯᠦᠯ ᠢᠶᠠᠷ ᠤᠰᠤᠨ ᠤ ᠡᠬᠢ ᠪᠠᠶᠠᠯᠢᠭ ᠢ ᠬᠠᠮᠢᠶᠠᠷᠬᠤ ᠪᠠ ᠳᠣᠭᠢᠷᠠᠭᠤᠯᠬᠤ ᠪᠡᠯᠡᠳᠬᠡᠯ | ᠰᠣᠷᠢᠯᠲᠠ ᠬᠢᠬᠦ ᠶᠢᠨ ᠬᠠᠮᠲᠤ᠂ ᠤᠰᠤ ᠬᠡᠷᠡᠭᠯᠡᠬᠦ ᠬᠢᠵᠠᠭᠠᠷ ᠲᠤᠭ᠎ᠠ᠂ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ | ᠵᠡᠷᠭᠡ ᠤᠯᠠᠭᠠᠨ ᠱᠤᠭᠤᠮ ᠤᠨ ᠭᠦᠢᠴᠡᠳᠭᠡᠯ ᠲᠤᠭ᠎ᠠ ᠶᠢ ᠤᠷᠢᠳᠴᠢᠯᠠᠨ ᠮᠡᠳᠡᠭᠡᠯᠡᠬᠦ᠂ ᠤᠷᠢᠳᠴᠢᠯᠠᠨ | ᠰᠡᠷᠡᠮᠵᠢᠯᠡᠭᠦᠯᠵᠦ᠂ ᠲᠦᠭᠰᠢᠭᠦᠷᠢ ᠠᠴᠠ ᠤᠷᠢᠳᠴᠢᠯᠠᠨ ᠵᠠᠶᠢᠯᠠᠵᠤ᠂ ᠪᠡᠯᠡᠳᠬᠡᠯ ᠲᠥᠰᠦᠯ ᠲᠣᠭᠲᠠᠭᠠᠨ᠂ ᠤᠰᠤᠨ ᠤ | ᠡᠬᠢ ᠪᠠᠶᠠᠯᠢᠭ ᠢ ᠡᠷᠴᠢᠮᠵᠢᠭᠦᠯᠦᠨ ᠠᠶᠤᠯᠭᠦᠢ ᠠᠰᠢᠭᠯᠠᠬᠤ ᠶᠢ ᠠᠬᠢᠭᠤᠯᠬᠤ ᠳᠤ ᠣᠶᠤᠨᠴᠢᠯᠠᠭᠰᠠᠨ ᠰᠢᠳᠪᠥᠷᠢᠲᠦ | ᠪᠣᠳᠣᠯᠭ᠎ᠠ ᠶᠢᠨ ᠳᠡᠮᠵᠢᠯᠭᠡ ᠬᠠᠩᠭᠠᠨ᠎ᠠ᠃ | |