ᠠᠷᠠᠳ ᠤᠨ ᠡᠳᠦᠷ ᠤᠨ ᠰᠣᠨᠢᠨ᠄ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ ᠤᠰᠤᠨ ᠤ ᠡᠬᠢ ᠪᠠᠶᠠᠯᠢᠭ ᠢ ᠡᠷᠴᠢᠮᠯᠢᠭ ᠠᠶᠤᠯᠭᠦᠢ ᠠᠰᠢᠭᠯᠠᠬᠤ ᠶᠢ ᠠᠬᠢᠭᠤᠯᠤᠶ᠎ᠠ — 2021 ᠣᠨ ᠤ ᠳᠡᠯᠡᠬᠡᠢ ᠶᠢᠨ ᠤᠰᠤᠨ ᠤ ᠡᠳᠦᠷ ᠪᠣᠯᠤᠨ ᠳᠤᠮᠳᠠᠳᠤ ᠤᠯᠤᠰ ᠤᠨ ᠤᠰᠤᠨ ᠤ ᠭᠠᠷᠠᠭ ᠤᠨ ᠬᠦᠷᠦᠯᠴᠡᠨ ᠢᠷᠡᠬᠦ ᠲᠠᠰᠢᠷᠠᠮ ᠢᠶᠠᠷ ᠪᠢᠴᠢᠭᠯᠡᠪᠡ
ᠨᠡᠶᠢᠲᠡᠯᠡᠭᠰᠡᠨ ᠴᠠᠭ᠄
2021/4/14
     3 ᠰᠠᠷ᠎ᠠ ᠶᠢᠨ 22 ᠤᠨ ᠡᠳᠦᠷ ᠪᠣᠯ ᠬᠤᠷᠢ ᠶᠢᠰᠦᠳᠦᠭᠡᠷ ᠬᠤᠭᠤᠴᠠᠭᠠᠨ ᠤ ︽ᠳᠡᠯᠡᠬᠡᠶ ᠶᠢᠨ ᠤᠰᠤᠨ ᠤ ᠡᠳᠦᠷ︾ ᠮᠥᠨ᠂ ᠭᠤᠴᠢᠨ ᠳᠥᠷᠪᠡᠳᠦᠭᠡᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠴᠤ ᠵᠡᠷᠭᠡ ᠪᠠᠷ ᠡᠷᠦᠬᠡ ᠪᠠᠨ ᠰᠡᠬᠦᠭᠰᠡᠨ ᠶᠤᠮ᠃ ᠤᠯᠠᠨ ᠤᠯᠤᠰ ᠤᠨ ᠬᠤᠯᠪᠣᠭᠠᠲᠤ  ᠪᠠᠶᠢᠭᠤᠯᠭ᠎ᠠ ᠠᠴᠠ ᠡᠨᠡ ᠵᠢᠯ ᠤᠨ ︽ᠳᠡᠯᠡᠬᠡᠢ ᠶᠢᠨ ᠤᠰᠤᠨ ᠤ ᠡᠳᠦᠷ︾ ᠤᠨ ᠭᠤᠣᠯ ᠰᠡᠳᠦᠪ ᠪᠣᠯ ︽ᠤᠰᠤ ᠶᠢ ᠨᠠᠨᠳᠢᠩᠨᠠᠵᠤ᠂ ᠤᠰᠤ ᠶᠢ ᠬᠠᠶᠢᠷᠠᠯᠠᠬᠤ  ᠶᠤᠮ︾  ᠮᠠᠨ ᠤ ᠤᠯᠤᠰ ᠤᠨ 2021 ᠣᠨ ᠤ ︽ᠳᠡᠯᠡᠬᠡᠢ ᠶᠢᠨ ᠤᠰᠤᠨ ᠤ ᠡᠳᠦᠷ︾ ᠢ ᠳᠤᠷᠠᠰᠬᠠᠬᠤ ᠪᠠ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠠᠵᠢᠯᠯᠠᠭ᠎ᠠ ᠶᠢ ᠥᠷᠨᠢᠭᠦᠯᠬᠦ ᠤᠬᠠᠭᠤᠯᠭ᠎ᠠ ᠶᠢᠨ ᠭᠤᠣᠯ ᠰᠡᠳᠦᠪ ᠪᠣᠯ ︽ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ ᠤᠰᠤᠨ ᠤ ᠡᠬᠢ ᠪᠠᠶᠠᠯᠢᠭ ᠢ ᠡᠷᠴᠢᠮᠯᠢᠭ  ᠠᠶᠤᠯᠭᠦᠢ ᠠᠰᠢᠭᠯᠠᠬᠤ ᠶᠢ ᠠᠬᠢᠭᠤᠯᠤᠨ᠎ᠠ︾ ᠭᠡᠪᠡ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠨᠢ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠪᠠ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠶᠢᠨ ᠦᠨᠳᠦᠷᠴᠡ ᠠᠴᠠ ᠤᠰᠤ ᠵᠠᠰᠠᠬᠤ ᠠᠵᠢᠯ ᠢ ᠵᠢᠷᠤᠭᠯᠠᠪᠠ᠃ ᠰᠢ ᠶᠢᠨ ᠫᠢᠩ ᠶᠡᠷᠦᠩᠬᠡᠶ ᠱᠦᠵᠢ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠯᠲᠠ ᠬᠢᠬᠦ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠶᠢ ᠲᠣᠳᠣᠷᠬᠠᠶ ᠳᠤᠷᠠᠳᠴᠤ᠂ ᠤᠯᠤᠰ ᠣᠷᠣᠨ ᠤ ᠤᠰᠤᠨ ᠤ ᠠᠮᠤᠷ ᠲᠦᠪᠰᠢᠨ ᠢ ᠪᠠᠲᠤᠯᠠᠨ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠪᠢᠳᠡᠨ ᠤ ᠤᠰᠤᠨ ᠠᠰᠢᠭᠯᠠᠯᠲᠠ ᠶᠢᠨ ᠠᠵᠢᠯ ᠢ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠵᠦᠭᠯᠡᠭᠦᠷ ᠪᠣᠯᠤᠨ ᠦᠨᠳᠦᠰᠦᠨ ᠵᠢᠷᠤᠮᠯᠠᠯ ᠬᠠᠩᠭᠠᠵᠠᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠠᠴᠠ ᠠᠯᠢ ᠤᠯᠠᠨ ᠴᠢᠬᠤᠯᠠ ᠪᠠᠶᠢᠷᠢᠯᠠᠭᠤᠯᠤᠯᠲᠠ ᠬᠢᠵᠦ᠂ ᠪᠢᠳᠡᠨ ᠤ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠤᠬᠢᠷᠠᠭᠤᠯᠬᠤ ᠪᠠ ᠤᠰᠤ ᠭᠠᠩ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠶᠤᠯᠭᠦᠢ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠭᠤᠣᠯ ᠰᠢᠪᠲᠤᠯᠤᠯᠲᠠ ᠶᠢᠨ ᠴᠢᠭᠯᠡᠯ᠂ ᠪᠠᠶᠢᠯᠳᠤᠬᠤ ᠪᠤᠳᠤᠯᠭ᠎ᠠ ᠶᠢᠨ ᠬᠠᠷᠠᠯᠲᠠ ᠪᠣᠯᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠵᠢᠭᠠᠵᠤ ᠥᠭᠴᠡᠢ᠃      ᠤᠰᠤᠨ ᠤ ᠡᠬᠢ ᠪᠠᠶᠠᠯᠢᠭ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠠᠭᠤᠷᠢ ᠴᠢᠨᠠᠷ᠂ ᠤᠷᠢᠳᠠᠴᠢ ᠴᠢᠨᠠᠷ᠂ ᠡᠵᠡᠮᠰᠢᠯ ᠤᠨ ᠴᠢᠨᠠᠷᠲᠠᠶ ᠡᠯᠧᠮᠧᠨ᠋ᠲ ᠮᠥᠨ᠂ ᠤᠰᠤᠨ ᠤ ᠳᠠᠭᠠᠭᠠᠴᠠ ᠶᠢᠨ ᠣᠷᠣᠨ ᠵᠠᠶ ᠨᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠷᠣᠨ ᠵᠠᠶ ᠶᠢ ᠲᠣᠭᠲᠠᠭᠠᠵᠤ ᠪᠠᠶᠢᠳᠠᠭ᠃ ᠮᠠᠨ ᠤ ᠤᠯᠤᠰ ᠤᠨ ᠬᠥᠮᠦᠨ ᠠᠮᠠ ᠤᠯᠠᠨ᠂ ᠤᠰᠤ ᠴᠤᠬᠠᠭ᠂ ᠤᠰᠤᠨ ᠤ ᠡᠬᠢ ᠪᠠᠶᠠᠯᠢᠭ ᠤᠨ ᠴᠠᠭ ᠬᠤᠭᠤᠴᠠᠭ᠎ᠠ ᠣᠷᠣᠨ ᠵᠠᠢ ᠶᠢᠨ ᠲᠠᠷᠬᠠᠯᠲᠠ ᠲᠡᠭᠰᠢ ᠪᠤᠰᠤ᠂ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠬᠠᠷᠢᠯᠴᠠᠨ ᠵᠣᠬᠢᠴᠠᠯᠳᠤᠬᠤ ᠦᠭᠡᠢ ᠪᠠᠶᠢᠳᠠᠭ᠂ ᠤᠰᠤᠨ ᠤ ᠡᠬᠢ ᠪᠠᠶᠠᠯᠢᠭ ᠤᠨ ᠳᠤᠬᠢᠷᠠᠭᠤᠯᠤᠯᠳᠠ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠬᠠᠷᠢᠯᠴᠠᠨ ᠵᠣᠬᠢᠴᠠᠬᠤ ᠦᠭᠡᠢ ᠪᠠᠶᠢᠬᠤ ᠵᠥᠷᠢᠴᠡᠯ ᠢ ᠰᠢᠢᠳᠪᠦᠷᠢᠯᠡᠬᠦ ᠨᠢ ᠳᠠᠷᠤᠢ ᠮᠠᠨ ᠤ ᠤᠯᠤᠰ ᠤᠨ ᠰᠢᠨ᠎ᠡ ᠱᠠᠲᠤ ᠦᠶ᠎ᠡ ᠶᠢᠨ ᠴᠢᠬᠤᠯᠠ ᠶᠡᠭᠡ ᠪᠠᠶᠢᠯᠳᠤᠬᠤ ᠪᠤᠳᠣᠯᠭ᠎ᠠ ᠶᠢᠨ ᠠᠰᠠᠭᠤᠳᠠᠯ ᠪᠣᠯᠣᠨ᠎ᠠ᠃ ᠤᠰᠤᠨ ᠠᠰᠢᠭᠯᠠᠯᠲᠠ ᠶᠢᠨ ᠠᠵᠢᠯ ᠳᠤ ᠡᠷᠬᠡᠪᠰᠢ ︽ᠤᠯᠤᠰ ᠤᠨ ᠶᠡᠭᠡ ᠦᠢᠯᠡᠰ︾ ᠢ ᠪᠣᠳᠣᠯᠬᠢᠯᠠᠬᠤ ᠬᠡᠷᠡᠭᠲᠡᠶ᠂ ᠰᠢ ᠶᠢᠨ ᠫᠢᠩ ᠶᠡᠷᠦᠩᠬᠡᠶ ᠱᠦᠵᠢ ᠶᠢᠨ ᠤᠰᠤ ᠵᠠᠰᠠᠬᠤ ᠠᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠨ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠵᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠴᠡ ᠶᠢ ᠭᠦᠨᠵᠡᠭᠡᠶ  ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ ᠶᠢᠨ  ᠣᠨᠣᠯ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠤᠱᠯᠠᠭᠤᠯᠤᠨ᠂ ᠰᠢᠨ᠎ᠡ ᠱᠠᠲᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠬᠦ ᠪᠠ ᠯᠠᠪᠳᠠᠭᠤᠨ ᠢᠶᠠᠷ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ᠦᠨᠳᠦᠰᠦᠨ ᠵᠣᠷᠢᠯᠲᠠ ᠠᠴᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠡᠵᠡᠮᠳᠡᠨ᠎ᠡ᠂ ᠤᠰᠤᠨ ᠤ ᠡᠬᠢ ᠪᠠᠶᠠᠯᠢᠭ ᠨᠢ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠤ᠂ ᠠᠮᠢᠳᠤᠷᠠᠯ ᠤᠨ ᠴᠢᠨᠠᠷ ᠴᠢᠨᠰᠠᠭ᠎ᠠ᠂ ᠦᠢᠯᠡᠳᠪᠦᠷᠢᠯᠡᠯ ᠤᠨ ᠬᠥᠭᠵᠢᠯᠲᠡ ᠲᠠᠢ ᠨᠢᠭᠲᠠ ᠬᠤᠯᠪᠣᠭ᠎ᠠ ᠲᠠᠢ  ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠯᠠᠨ ᠤ ᠤᠰᠤᠨ ᠤ ᠬᠡᠷᠡᠭᠴᠡᠭᠡ ᠱᠠᠭᠠᠷᠳᠠᠯᠭ᠎ᠠ ︽ᠪᠠᠶᠢᠬᠤ ᠡᠰᠡᠬᠦ︾ ᠠᠴᠠ ︽ᠰᠠᠶᠢᠨ ᠡᠰᠡᠬᠦ︾  ᠲᠡᠶᠢᠰᠢ ᠰᠢᠯᠵᠢᠬᠦ ᠶᠢ ᠣᠨᠣᠪᠴᠢᠲᠠᠢ ᠡᠵᠡᠮᠳᠡᠵᠦ᠂ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠶᠢᠨ ᠪᠠᠲᠤᠯᠠᠪᠤᠷᠢ ᠶᠢᠨ ᠪᠠᠷᠢᠮᠵᠢᠶ᠎ᠠ᠂ ᠪᠠᠲᠤᠯᠠᠪᠤᠷᠢ ᠶᠢᠨ ᠴᠢᠳᠠᠪᠤᠷᠢ᠂ ᠪᠠᠲᠤᠯᠠᠪᠤᠷᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠯᠠᠨ ᠢ ᠨᠡᠩ ᠤᠯᠠᠨ᠂ ᠨᠡᠩ ᠰᠢᠭᠤᠳ᠂ ᠨᠡᠩ ᠪᠣᠳᠠᠲᠠᠢ ᠮᠡᠳᠡᠷᠡᠮᠵᠢ᠂ ᠵᠣᠯ ᠵᠢᠷᠭᠠᠯᠲᠤ ᠮᠡᠳᠡᠷᠡᠮᠵᠢ᠂ ᠠᠶᠤᠯᠭᠦᠢ ᠶᠢᠨ ᠮᠡᠳᠡᠷᠡᠮᠵᠢ ᠲᠠᠢ ᠪᠣᠯᠭᠠᠬᠤ ᠬᠡᠷᠡᠭᠲᠡᠢ᠃ ᠠᠰᠠᠭᠤᠳᠠᠯ ᠤᠨ ᠤᠳᠤᠷᠢᠳᠤᠮᠵᠢ ᠠᠴᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠵᠡᠮᠳᠡᠵᠦ᠂ ᠮᠠᠨ ᠤ ᠤᠯᠤᠰ ᠤᠨ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠲᠤᠪᠤᠶᠢᠮ᠎ᠠ᠂ ᠳᠠᠭᠠᠭᠠᠴᠠ ᠠᠴᠠ ᠬᠡᠲᠦᠷᠡᠭᠰᠡᠨ ᠣᠷᠣᠨ ᠪᠤᠶᠤ ᠵᠠᠭᠠᠭ ᠬᠢᠵᠠᠭᠠᠷ ᠤᠨ ᠳᠠᠭᠠᠭᠠᠴᠠ ᠠᠴᠠ ᠬᠡᠲᠦᠷᠡᠭᠰᠡᠨ ᠣᠷᠣᠨ ᠤ ᠲᠠᠯᠠᠪᠠᠢ ᠪᠠᠷᠤᠭ ᠪᠦᠬᠦ ᠤᠯᠤᠰ ᠤᠨ ᠨᠤᠲᠤᠭ ᠳᠡᠪᠢᠰᠬᠡᠷ ᠤᠨ ᠲᠠᠯᠠᠪᠠᠢ ᠶᠢᠨ 53% ᠢ ᠡᠵᠡᠯᠡᠵᠦ᠂ ᠡᠬᠢ ᠪᠠᠶᠠᠯᠢᠭ ᠤᠨ ᠴᠢᠨᠠᠷ᠂ ᠢᠨᠵᠧᠨᠧᠷᠢᠩ ᠤᠨ ᠴᠢᠨᠠᠷ᠂ ᠤᠰᠤᠨ ᠤ ᠴᠢᠨᠠᠷ ᠤᠨ ᠤᠰᠤ ᠳᠤᠲᠠᠭᠳᠠᠬᠤ ᠠᠰᠠᠭᠤᠳᠠᠯ ᠠᠳᠠᠯᠢ ᠪᠤᠰᠤ ᠭᠠᠵᠠᠷ ᠣᠷᠣᠨ ᠳᠤ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠬᠡᠰᠡᠭ ᠭᠠᠵᠠᠷ ᠣᠷᠣᠨ ᠳᠤ ᠮᠦᠨ ᠴᠤ ᠭᠤᠣᠯ ᠮᠥᠷᠡᠨ ᠤ ᠤᠷᠤᠰᠬᠠᠯ ᠲᠠᠰᠤᠷᠠᠬᠤ᠂ ᠨᠠᠭᠤᠷ ᠴᠥᠭᠦᠷᠥᠮ ᠰᠢᠷᠭᠢᠬᠦ᠂ ᠨᠤᠭᠤ ᠭᠠᠵᠠᠷ ᠠᠪᠴᠢᠵᠤ ᠰᠢᠮᠠᠳᠠᠬᠤ᠂ ᠭᠠᠵᠠᠷ ᠤᠨ ᠭᠠᠳᠠᠷᠭᠤ ᠳᠣᠷᠣᠭᠰᠢ ᠰᠠᠭᠤᠬᠤ ᠵᠡᠷᠭᠡ ᠠᠮᠢ ᠠᠬᠤᠢ ᠶᠢᠨ ᠠᠰᠠᠭᠤᠳᠠᠯ ᠢᠯᠡᠷᠡᠭᠰᠡᠨ ᠪᠠᠶᠢᠨ᠎ᠠ᠃ ᠡᠳᠡᠭᠡᠷ ᠠᠰᠠᠭᠤᠳᠠᠯ ᠳᠤ ᠴᠢᠭᠯᠡᠭᠦᠯᠦᠨ᠂ ᠦᠨᠳᠦᠰᠦ ᠰᠤᠷᠪᠤᠯᠵᠢ ᠶᠢ ᠨᠢ ᠭᠦᠨ ᠤᠬᠤᠴᠢᠯᠠᠨ᠂ ᠡᠪᠡᠳᠴᠢᠨ ᠤ ᠰᠢᠯᠲᠠᠭᠠᠨ ᠢ ᠨᠢ ᠣᠨᠣᠪᠴᠢᠲᠠᠶ ᠡᠷᠢᠨ᠂ ᠰᠢᠰᠲ᠋ᠧᠮ ᠲᠠᠢ ᠵᠠᠰᠠᠵᠤ᠂ ᠨᠡᠩ ᠣᠨᠣᠪᠴᠢᠲᠠᠶ ᠪᠣᠳᠠᠲᠠᠶ ᠠᠷᠭ᠎ᠠ ᠬᠡᠮᠵᠢᠶ᠎ᠡ ᠠᠪᠴᠤ ᠲᠦᠷᠭᠡᠨ ᠰᠢᠢᠳᠪᠦᠷᠢᠯᠡᠬᠦ ᠬᠡᠷᠡᠭᠲᠡᠶ᠃ ᠰᠠᠨᠠᠭᠠᠰᠢᠷᠠᠨ ᠵᠣᠪᠠᠨᠢᠬᠤ ᠤᠬᠠᠮᠰᠠᠷ ᠠᠴᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠵᠡᠮᠰᠢᠨ᠎ᠡ᠂ ᠤᠰᠤᠨ ᠤ ᠡᠬᠢ ᠪᠠᠶᠠᠯᠢᠭ ᠨᠢ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠵᠤ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠤᠯᠤᠰ ᠤᠨ ᠠᠮᠤᠷ ᠲᠦᠪᠰᠢᠨ ᠲᠠᠢ ᠬᠤᠯᠪᠣᠭᠳᠠᠨ᠎ᠠ᠃ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠤᠰᠤᠨ ᠤ ᠡᠬᠢ ᠪᠠᠶᠠᠯᠢᠭ ᠢ  ᠠᠰᠢᠭᠯᠠᠬᠤ᠂ ᠬᠠᠩᠭᠠᠬᠤ᠂ ᠳᠠᠮᠵᠢᠭᠤᠯᠬᠤ᠂ ᠬᠡᠷᠡᠭᠯᠡᠬᠦ᠂ ᠭᠠᠳᠠᠭᠰᠢᠯᠠᠭᠤᠯᠬᠤ ᠵᠡᠷᠭᠡ ᠡᠯ᠎ᠡ ᠭᠤᠭᠴᠤᠭ᠎ᠠ ᠶᠢᠨ ᠠᠶᠤᠯ ᠲᠦᠭᠰᠢᠭᠦᠷᠢ ᠶᠢᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠴᠢᠭᠯᠡᠭᠦᠯᠬᠦ ᠴᠢᠨᠠᠷᠲᠠᠢ ᠰᠠᠭᠤᠷᠢ ᠬᠠᠪᠲᠠᠰᠤ ᠶᠢ ᠪᠠᠬᠢᠵᠢᠭᠦᠯᠵᠦ᠂ ᠳᠤᠲᠠᠭᠤᠳᠠᠯ ᠢ ᠨᠥᠬᠦᠪᠥᠷᠢᠯᠡᠵᠦ᠂ ᠤᠷᠳᠤ ᠬᠠᠪᠲᠠᠰᠤ ᠶᠢ ᠳᠠᠪᠲᠠᠨ ᠪᠣᠯᠪᠠᠰᠤᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃      ᠨᠢᠭᠡ ᠳᠤ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠶᠢ ᠪᠠᠷᠢᠮᠲᠠᠯᠠᠨ᠂ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠤᠰᠤ ᠠᠷᠪᠢᠯᠠᠬᠤ ᠶᠢ ᠤᠰᠤᠨ ᠤ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ᠂ ᠬᠠᠮᠠᠭᠠᠯᠠᠬᠤ᠂ ᠲᠣᠬᠢᠷᠠᠭᠤᠯᠬᠤ ᠶᠢᠨ ᠤᠷᠢᠲᠠᠯ ᠪᠣᠯᠭᠠᠵᠤ᠂ ᠤᠰᠤ ᠬᠡᠷᠡᠭᠯᠡᠬᠦ ᠠᠷᠭ᠎ᠠ ᠮᠠᠶ᠋ᠢᠭ ᠢ ᠠᠷᠪᠢᠲᠠᠶ ᠡᠷᠴᠢᠮᠯᠢᠭ ᠳᠠᠰᠢ ᠤᠯᠠᠮ ᠨᠢᠭᠡ ᠠᠯᠬᠤᠮ ᠬᠤᠪᠢᠷᠠᠭᠤᠯᠬᠤ ᠶᠢ ᠠᠬᠢᠭᠤᠯᠤᠨ᠎ᠠ᠃ ᠤᠰᠤ ᠠᠷᠪᠢᠯᠠᠬᠤ ᠪᠠᠷᠢᠮᠵᠢᠶ᠎ᠠ ᠪᠠ ᠤᠰᠤ ᠬᠡᠷᠡᠭᠯᠡᠬᠦ ᠨᠤᠷᠮᠠᠴᠢᠯᠠᠭᠰᠠᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠤᠰᠤ ᠶᠡᠭᠡ ᠬᠤᠷᠣᠭᠳᠠᠭᠤᠯᠬᠤ ᠠᠵᠢᠯ ᠲᠦᠷᠦᠯ ᠤᠨ ᠤᠰᠤ ᠬᠡᠷᠡᠭᠯᠡᠬᠦ ᠲᠣᠭᠲᠠᠭᠰᠠᠨ ᠨᠤᠷᠮ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠰᠤ ᠠᠷᠪᠢᠯᠠᠬᠤ ᠦᠨᠡᠯᠡᠯᠲᠡ ᠶᠢ ᠥᠷᠨᠢᠭᠦᠯᠦᠨ᠂ ᠴᠢᠬᠤᠯᠠ ᠬᠦᠷᠢᠶ᠎ᠡ᠂ ᠭᠤᠣᠯᠳᠠᠯᠭ᠎ᠠ ᠲᠠᠢ ᠭᠠᠵᠠᠷ ᠣᠷᠣᠨ ᠤ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯ ᠢ ᠰᠠᠶᠢᠲᠤᠷ ᠠᠳᠬᠤᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠳᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠲᠠᠬᠢᠨ ᠡᠭᠦᠰᠬᠦ ᠤᠰᠤ ᠶᠢ ᠠᠰᠢᠭᠯᠠᠬᠤ ᠶᠢ ᠵᠣᠷᠢᠭᠵᠢᠭᠤᠯᠤᠨ᠎ᠠ᠃ ᠳᠦᠷᠢᠮ᠂ ᠲᠥᠷᠥ ᠶᠢᠨ ᠪᠣᠳᠣᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠬᠤ ᠴᠡᠭ ᠪᠠ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠤᠨ ᠲᠣᠬᠢᠷᠠᠭᠤᠯᠭ᠎ᠠ᠂ ᠨᠡᠶᠢᠭᠡᠮ ᠤᠨ ᠬᠠᠮᠵᠢᠯᠴᠠᠭᠠᠨ ᠤ ᠤᠰᠤ ᠠᠷᠪᠢᠯᠠᠬᠤ ᠠᠵᠢᠯ ᠤᠨ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠤᠰᠤ ᠠᠷᠪᠢᠯᠠᠬᠤ ᠶᠢ ᠬᠢᠵᠠᠭᠠᠷᠯᠠᠬᠤ ᠴᠢᠨᠠᠷᠲᠠᠶ ᠭᠦᠢᠴᠡᠳᠬᠡᠬᠦ ᠲᠤᠭ᠎ᠠ ᠪᠠ ᠬᠠᠷᠠᠯᠲᠠ ᠪᠣᠯᠭᠠᠬᠤ ᠶᠢ ᠲᠦᠯᠬᠢᠨ ᠠᠬᠢᠭᠤᠯᠵᠤ᠂ ᠤᠰᠤ ᠬᠡᠷᠡᠭᠯᠡᠬᠦ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠂ ᠤᠰᠤ ᠬᠡᠷᠡᠭᠯᠡᠬᠦ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠪᠠ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠰᠤ ᠠᠷᠪᠢᠯᠠᠬᠤ ᠭᠡᠷ᠎ᠡ ᠶᠢᠨ ᠬᠠᠮᠢᠶᠠᠷᠤᠯᠲᠠ ᠵᠡᠷᠭᠡ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠵᠦ᠂ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠬᠦ ᠨᠡᠶᠢᠭᠡᠮ ᠤᠨ ᠤᠰᠤ ᠠᠷᠪᠢᠯᠠᠵᠤ ᠤᠰᠤ ᠪᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃      ᠬᠤᠶᠠᠷ ᠲᠤ ᠬᠠᠲᠠᠭᠤ ᠬᠢᠵᠠᠭᠠᠷᠯᠠᠯ ᠤᠨ ᠲᠦᠷᠢᠮ ᠢ ᠪᠠᠶᠢᠭᠤᠯᠵᠤ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢᠨ ᠳᠡᠭᠡᠳᠦ ᠬᠢᠵᠠᠭᠠᠷ ᠢ ᠴᠢᠩᠭ᠎ᠠ ᠬᠢᠵᠠᠭᠠᠷᠯᠠᠨ᠎ᠠ᠃ ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠰᠢᠷᠣᠶ ᠶᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ  ᠭᠦᠢᠴᠡᠳᠬᠡᠯ ᠲᠤᠭ᠎ᠠ ᠶᠢᠨ ᠰᠢᠰᠲ᠋ᠧᠮ ᠢ ᠪᠠᠶᠢᠭᠤᠯᠤᠨ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠬᠥᠭᠵᠢᠯᠲᠡ ᠶᠢᠨ ᠬᠡᠪᠴᠢᠶ᠎ᠡ᠂ ᠬᠥᠭᠵᠢᠯᠲᠡ ᠶᠢᠨ ᠪᠦᠲᠦᠴᠡ᠂ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠶᠢ ᠭᠡᠳᠡᠷᠭᠦ ᠰᠢᠬᠠᠮᠳᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠯᠤᠭ᠎ᠠ ᠬᠠᠷᠢᠯᠴᠠᠨ ᠵᠣᠬᠢᠴᠠᠭᠤᠯᠬᠤ ᠶᠢ ᠠᠬᠢᠭᠤᠯᠤᠨ᠎ᠠ᠃ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠮᠤᠵᠢ ᠠᠯᠤᠰᠯᠠᠭᠰᠠᠨ ᠭᠤᠣᠯ ᠮᠥᠷᠡᠨ ᠤ ᠰᠠᠪᠠ ᠭᠠᠵᠠᠷ ᠪᠠ ᠮᠤᠵᠢ ᠶᠢᠨ ᠳᠣᠲᠣᠷᠠᠬᠢ ᠬᠤᠲᠠ ᠰᠢᠶᠠᠨ ᠠᠯᠤᠰᠯᠠᠭᠰᠠᠨ ᠭᠤᠣᠯ ᠮᠥᠷᠡᠨ ᠤ ᠠᠩᠬᠠᠨ ᠤ ᠤᠰᠤᠨ ᠤ ᠡᠷᠬᠡ ᠶᠢᠨ ᠬᠤᠪᠢᠶᠠᠷᠢᠯᠠᠯᠲᠠ ᠶᠢ ᠲᠦᠷᠭᠡᠳᠬᠡᠨ ᠠᠬᠢᠭᠤᠯᠵᠤ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠶᠡᠷᠦᠩᠬᠡᠶ ᠬᠡᠮᠵᠢᠶ᠎ᠡ ᠬᠢᠭᠡᠳ ᠤᠰᠤᠨ ᠲᠦᠪᠰᠢᠨ ᠤ ᠬᠤᠣᠰ ᠡᠵᠡᠮᠳᠡᠯ ᠢ ᠬᠡᠷᠡᠭᠵᠢᠭᠦᠯᠦᠨ᠎ᠡ᠃ ᠪᠥᠬᠦ ᠤᠯᠤᠰ ᠤᠨ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠵᠤ᠂ ᠪᠥᠬᠦ ᠤᠯᠤᠰ ᠤᠨ ᠤᠰᠤ ᠲᠠᠲᠠᠬᠤ ᠠᠮᠠᠰᠠᠷ ᠢ ᠬᠠᠷᠭᠤᠭᠤᠯᠤᠨ ᠪᠠᠶᠢᠴᠠᠭᠠᠵᠤ ᠳᠡᠩᠰᠡᠯᠡᠨ ᠲᠡᠮᠳᠡᠭᠯᠡᠬᠦ ᠶᠢ ᠴᠢᠨᠠᠷ ᠰᠠᠶᠢᠲᠠᠶ ᠪᠡᠶᠡᠯᠡᠭᠦᠯᠵᠦ᠂ ᠤᠰᠤ ᠲᠠᠲᠠᠵᠤ ᠬᠡᠷᠡᠭᠯᠡᠬᠦ ᠦᠢᠯᠡ ᠠᠵᠢᠯᠯᠠᠭ᠎ᠠ ᠶᠢ ᠦᠨᠡᠨ ᠬᠦ ᠵᠢᠷᠤᠮᠵᠢᠭᠤᠯᠤᠨ᠎ᠠ᠃ ᠰᠠᠪᠠ ᠭᠠᠵᠠᠷ ᠤᠨ ᠣᠷᠣᠨ ᠪᠦᠰᠡ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠵᠦᠶ ᠵᠣᠬᠢᠰᠲᠠᠶ ᠲᠣᠭᠲᠠᠭᠠᠵᠤ᠂ ᠤᠰᠤᠨ ᠤ ᠡᠬᠢ ᠪᠠᠶᠠᠯᠢᠭ ᠢ ᠨᠤᠲᠠᠯᠠᠬᠤ ᠪᠠ ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢ ᠴᠢᠩᠳᠠᠯᠠᠵᠤ᠂ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ ᠤᠰᠤ ᠲᠠᠲᠠᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠵᠤ᠂ ᠵᠦᠶ ᠵᠣᠬᠢᠰ ᠥᠬᠡᠶ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠡᠷᠡᠰ ᠬᠤᠷᠢᠭᠯᠠᠨ᠎ᠠ᠃      ᠭᠤᠷᠪᠠ ᠳᠤ ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠦᠨᠡᠨᠬᠦ ᠬᠡᠷᠡᠭᠴᠡᠭᠡ ᠲᠠᠢ᠂ ᠠᠮᠢ ᠠᠬᠤᠶ ᠶᠢᠨ ᠠᠮᠤᠷ ᠲᠦᠪᠰᠢᠨ᠂ ᠦᠷᠭᠦᠯᠵᠢᠯᠡᠵᠦ  ᠪᠣᠯᠬᠤᠶᠢᠴᠠ ᠵᠠᠷᠴᠢᠮ ᠶᠣᠰᠣᠭᠠᠷ᠂ ᠰᠢᠰᠲ᠋ᠧᠮ ᠨᠢ ᠪᠦᠷᠢᠨ ᠲᠡᠭᠦᠯᠳᠡᠷ᠂ ᠴᠢᠳᠠᠮᠵᠢ ᠶᠢᠨ ᠬᠠᠮᠵᠢᠯᠴᠠᠭ᠎ᠠ ᠲᠠᠢ᠂ ᠡᠷᠴᠢᠮᠯᠢᠭ ᠪᠦᠭᠡᠳ ᠥᠨᠳᠥᠷ ᠪᠦᠲᠦᠮᠵᠢᠲᠡᠶ᠂ ᠪᠣᠬᠢᠷᠲᠤᠯ ᠥᠬᠡᠶ ᠣᠶᠤᠨᠴᠢᠯᠠᠭᠰᠠᠨ᠂ ᠲᠣᠬᠢᠷᠠᠭᠤᠯᠤᠯ ᠡᠵᠡᠮᠳᠡᠯ ᠡᠮᠬᠢ ᠵᠢᠷᠤᠮ ᠲᠠᠢ᠂ ᠠᠮᠤᠷ ᠲᠦᠪᠰᠢᠨ ᠨᠠᠶᠢᠳᠠᠪᠤᠷᠢᠲᠠᠶ ᠤᠯᠤᠰ ᠤᠨ ᠤᠰᠤᠨ ᠤ ᠲᠣᠤᠷ ᠢ ᠲᠦᠷᠭᠡᠳᠬᠡᠨ       ᠪᠠᠶᠢᠭᠤᠯᠵᠤ᠂ ᠮᠠᠨ ᠤ ᠤᠯᠤᠰ ᠤᠨ ᠤᠰᠤᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠳᠣᠭᠢᠷᠠᠭᠤᠯᠬᠤ ᠴᠢᠳᠠᠪᠤᠷᠢ᠂ ᠤᠰᠤ ᠬᠠᠩᠭᠠᠬᠤ ᠶᠢ ᠪᠠᠲᠤᠯᠠᠬᠤ ᠴᠢᠳᠠᠪᠤᠷᠢ᠂ ᠪᠠᠶᠢᠯᠳᠤᠬᠤ ᠪᠣᠳᠣᠯᠭ᠎ᠠ ᠶᠢᠨ ᠨᠥᠭᠡᠴᠡᠯᠡᠬᠦ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠨ᠎ᠠ᠃ ᠰᠠᠪᠠ ᠭᠠᠵᠠᠷ ᠤᠨ ᠪᠦᠬᠦᠯᠢ ᠴᠣᠭᠴᠠ ᠪᠠ ᠤᠰᠤᠨ ᠤ ᠡᠬᠢ ᠪᠠᠶᠠᠯᠢᠭ ᠤᠨ ᠣᠷᠣᠨ ᠵᠠᠶ ᠶᠢᠨ ᠲᠡᠩᠴᠡᠭᠦᠷᠢᠲᠡᠶ ᠲᠣᠬᠢᠷᠠᠭᠤᠯᠤᠯᠲᠠ ᠳᠤ ᠰᠠᠭᠤᠷᠢᠯᠠᠨ ᠴᠢᠬᠤᠯᠠ ᠶᠡᠭᠡ ᠤᠰᠤ ᠲᠠᠲᠠᠬᠤ ᠪᠠ ᠤᠰᠤ ᠲᠠᠲᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ ᠪᠠ ᠳᠤᠮᠳᠠ ᠱᠤᠭᠤᠮ ᠤᠨ ᠵᠠᠯᠭᠠᠮᠵᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠠᠷᠠᠭᠤᠨ ᠱᠤᠭᠤᠮ ᠤᠨ ᠢᠨᠵᠧᠨᠧᠷᠢᠩ ᠤᠨ ᠲᠥᠰᠦᠯ ᠢ ᠠᠳᠠᠯᠢᠳᠬᠠᠨ ᠰᠣᠩᠭᠤᠬᠤ ᠨᠤᠲᠠᠯᠠᠯᠲᠠ ᠶᠢ ᠭᠦᠨᠵᠡᠭᠡᠶᠢᠷᠡᠭᠦᠯᠵᠦ᠂ ᠰᠠᠪᠠ ᠭᠠᠵᠠᠷ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠤᠰᠤ ᠳᠠᠮᠵᠢᠭᠤᠯᠬᠤ ᠨᠢᠭᠡ ᠪᠦᠯᠦᠭ ᠭᠤᠣᠯᠯᠠᠭᠴᠢ ᠨᠡᠪᠲᠡᠷᠡᠬᠦ ᠵᠠᠮ ᠢ ᠪᠦᠲᠦᠭᠡᠨ ᠪᠠᠶᠢᠭᠤᠯᠵᠤ᠂ ᠲᠤᠮᠤ ᠳᠤᠮᠳᠠ ᠵᠢᠵᠢᠭ ᠪᠢᠴᠢᠯ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠢᠵᠢ ᠪᠦᠷᠢᠳᠦᠭᠦᠯᠦᠯᠲᠡ ᠶᠢ ᠴᠢᠩᠭᠠᠳᠬᠠᠵᠤ᠂ ᠤᠯᠤᠰ ᠤᠨ ᠤᠰᠤ ᠬᠠᠩᠭᠠᠬᠤ ᠰᠠᠭᠤᠷᠢ ᠲᠥᠬᠦᠭᠡᠷᠦᠮᠵᠢ ᠶᠢᠨ ᠲᠣᠣᠷ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠶᠡᠷᠦᠩᠬᠡᠶᠢᠯᠡᠭᠰᠡᠨ ᠴᠢᠨᠠᠷᠲᠠᠶ ᠤᠰᠤᠨ ᠠᠰᠢᠭᠯᠠᠯᠲᠠ ᠶᠢᠨ ᠵᠠᠩᠭᠢᠯᠠᠭ᠎ᠠ ᠪᠠ ᠲᠣᠬᠢᠷᠠᠭᠤᠯᠤᠨ ᠬᠠᠳᠠᠭᠠᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠨᠥᠭᠡᠴᠡᠯᠡᠯᠲᠡ ᠶᠢᠨ ᠤᠰᠤᠨ ᠰᠤᠷᠪᠤᠯᠵᠢ ᠪᠠ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠤᠰᠤᠨ ᠰᠤᠷᠪᠤᠯᠵᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠤᠰᠤ ᠬᠠᠩᠭᠠᠬᠤ ᠠᠮᠤᠷ ᠲᠦᠪᠰᠢᠨ ᠢ ᠪᠠᠲᠤᠯᠠᠨ᠎ᠠ᠃ᠤᠰᠤᠯᠠᠯᠲᠠ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤᠯᠠᠯᠲᠠ ᠶᠢᠨ ᠣᠷᠣᠨ ᠤ ᠤᠰᠤᠨ ᠤ ᠰᠤᠷᠪᠤᠯᠵᠢ ᠶᠢᠨ ᠨᠥᠬᠦᠴᠡᠯ ᠢ ᠰᠠᠶᠢᠵᠢᠷᠠᠭᠤᠯᠵᠤ᠂ ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ ᠲᠥᠬᠦᠷᠵᠢᠭᠦᠯᠦᠯᠲᠡ ᠪᠠ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠲᠥᠯᠬᠢᠨ ᠠᠬᠢᠭᠤᠯᠤᠨ᠎ᠠ᠃ ᠬᠤᠳᠠ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠢ ᠬᠥᠳᠡᠭᠡ ᠲᠣᠰᠬᠤᠨ  ᠲᠡᠶᠢᠰᠢ ᠤᠷᠲᠤᠳᠬᠠᠬᠤ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠪᠣᠯᠤᠨ ᠬᠤᠳᠠ ᠶᠢᠨ ᠬᠤᠭᠤᠯᠠᠶ ᠶᠢᠨ ᠲᠣᠣᠷ ᠤᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠤᠰᠤᠨ ᠤ ᠰᠤᠷᠪᠤᠯᠵᠢ ᠶᠢ ᠬᠠᠮᠠᠭᠠᠯᠠᠬᠤ ᠪᠠ ᠤᠰᠤ ᠬᠠᠩᠭᠠᠬᠤ ᠶᠢ ᠪᠠᠲᠤᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠵᠢᠵᠢᠭ ᠬᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ ᠪᠠᠷᠢᠮᠵᠢᠶᠠᠵᠢᠭᠤᠯᠬᠤ ᠪᠦᠳᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠬᠡᠷᠡᠭᠵᠢᠭᠦᠯᠵᠦ᠂ ᠤᠰᠤ ᠬᠠᠩᠭᠠᠬᠤ ᠲᠣᠣᠷ ᠤᠨ ︽ᠬᠢᠯᠭᠠᠰᠤᠨ ᠰᠤᠳᠠᠯ︾ ᠢ ᠰᠠᠭᠠᠳ ᠦᠭᠡᠢ ᠨᠡᠪᠲᠡᠷᠡᠭᠦᠯᠦᠨ᠎ᠡ᠃      ᠲᠦᠷᠪᠡ ᠳᠤ᠂ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠬᠠᠳᠠᠭᠠᠯᠠᠨ ᠰᠡᠷᠭᠦᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠳᠡᠭ ᠢ ᠪᠠᠷᠢᠮᠲᠠᠯᠠᠵᠤ᠂ ᠭᠤᠣᠯ ᠮᠥᠷᠡᠨ ᠨᠠᠭᠤᠷ ᠴᠦᠬᠦᠷᠦᠮ ᠢ ᠬᠠᠮᠠᠭᠠᠯᠠᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠥᠷᠥᠰᠥ ᠰᠢᠷᠣᠶ ᠶᠢ ᠬᠠᠮᠠᠭᠠᠯᠠᠨ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠬᠡᠷᠡᠭᠯᠡᠭᠰᠡᠨ ᠢ ᠵᠠᠰᠠᠬᠤ᠂ ᠡᠪᠳᠡᠭᠳᠡᠭᠰᠡᠨ ᠭᠤᠣᠯ ᠮᠥᠷᠡᠨ ᠨᠠᠭᠤᠷ ᠴᠦᠬᠦᠷᠦᠮ ᠤᠨ ᠠᠮᠢ ᠠᠬᠤᠶ ᠶᠢ ᠵᠠᠰᠠᠨ ᠰᠡᠷᠭᠦᠭᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠭᠤᠣᠯ ᠮᠥᠷᠡᠨ ᠨᠠᠭᠤᠷ ᠴᠦᠬᠦᠷᠦᠮ ᠤᠨ ᠠᠮᠢ ᠠᠬᠤᠶ ᠶᠢᠨ ᠣᠷᠣᠨ ᠵᠠᠶ ᠶᠢ ᠦᠯᠡᠳᠡᠭᠡᠬᠦ ᠪᠠ ᠥᠷᠭᠡᠳᠬᠡᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠦᠷᠪᠡᠨ ᠰᠠᠮᠠᠭᠤᠷᠠᠯ ᠢ ᠠᠷᠢᠯᠭᠠᠬᠤ︾ ᠶᠢ ᠳᠦᠷᠢᠮᠵᠢᠭᠦᠯᠦᠨ ᠪᠠᠶᠢᠩᠭᠤᠵᠢᠭᠤᠯᠬᠤ ᠶᠢ ᠲᠦᠯᠬᠢᠨ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠵᠠᠭᠠᠭᠯᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠭᠤᠣᠯ ᠮᠦᠷᠡᠨ ᠤ ᠬᠠᠵᠠᠭᠤ ᠬᠠᠪᠢ ᠠᠴᠠ ᠡᠯᠡᠰᠦ ᠮᠠᠯᠲᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠭᠤᠣᠯ ᠮᠥᠷᠡᠨ ᠨᠠᠭᠤᠷ ᠴᠥᠭᠦᠷᠥᠮ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ᠂ ᠡᠷᠡᠭᠦᠯ ᠡᠩᠬᠡ ᠭᠤᠣᠯ ᠮᠥᠷᠡᠨ ᠨᠠᠭᠤᠷ ᠴᠥᠭᠦᠷᠥᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠵᠤ᠂ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ᠂ ᠬᠠᠭᠤᠷᠠᠶ ᠱᠠᠲᠤᠨ ᠲᠠᠷᠢᠶ᠎ᠠ ᠪᠠ ᠨᠦᠯᠦᠮᠡᠯ ᠭᠠᠵᠠᠷ ᠤᠨ ᠬᠠᠰᠢᠯᠭ᠎ᠠ ᠶᠢᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠶ ᠥᠷᠨᠢᠭᠦᠯᠵᠦ᠂ ᠬᠦᠮᠦᠨ ᠲᠥᠷᠥᠯᠬᠢᠲᠡᠨ ᠤ ᠰᠢᠯᠲᠠᠭᠠᠨ ᠢᠶᠠᠷ ᠬᠥᠷᠥᠰᠥ ᠰᠢᠷᠣᠶ ᠶᠢᠨ ᠢᠳᠡᠭᠳᠡᠯ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠨ᠎ᠠ᠃ ᠠᠮᠢ ᠠᠬᠤᠶ ᠬᠡᠪᠡᠷᠡᠭ ᠭᠤᠣᠯ ᠮᠥᠷᠡᠨ ᠪᠠ ᠭᠤᠣᠯᠳᠠᠯᠭ᠎ᠠ ᠲᠠᠢ ᠨᠠᠭᠤᠷ ᠴᠦᠬᠦᠷᠦᠮ ᠤᠨ ᠠᠮᠢ ᠠᠬᠤᠶ ᠶᠢ ᠵᠠᠰᠠᠨ ᠰᠡᠷᠭᠦᠭᠡᠬᠦ ᠠᠵᠢᠯ ᠢ ᠥᠷᠨᠢᠭᠦᠯᠵᠦ᠂ ᠤᠮᠠᠷᠠᠲᠤ ᠣᠷᠣᠨ ᠵᠢᠴᠢ ᠪᠤᠰᠤᠳ ᠭᠤᠣᠯᠳᠠᠯᠭ᠎ᠠ ᠲᠠᠢ ᠣᠷᠣᠨ ᠪᠦᠰᠡ ᠶᠢᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠲᠦᠷᠭᠡᠳᠬᠡᠵᠦ᠂ ᠵᠢᠵᠢᠭ ᠤᠰᠤᠨ ᠴᠠᠬᠢᠯᠭᠠᠨ ᠤ ᠥᠷᠲᠡᠭᠡᠨ ᠤ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠶᠢ ᠭᠠᠳᠠᠭᠰᠢᠯᠠᠭᠤᠯᠬᠤ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠤᠰᠤᠨ ᠰᠢᠰᠲ᠋ᠧᠮ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠤᠰᠤ ᠨᠢ ᠲᠤᠩᠭᠠᠯᠠᠭ ᠡᠷᠭᠢ ᠨᠢ ᠨᠣᠭᠤᠭᠠᠨ ᠤᠰᠤᠨ ᠤ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ᠎ᠠ᠃      ᠲᠠᠪᠤ ᠳᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠪᠠ ᠲᠣᠭᠠᠨ ᠤ ᠴᠢᠳᠠᠪᠤᠷᠢ ᠶᠢ ᠣᠯᠭᠤᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠣᠶᠤᠨᠴᠢ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠲᠣᠭᠠᠨ ᠤ ᠲᠤᠰᠬᠠᠯ᠂ ᠲᠣᠭᠠᠨ ᠤ ᠢᠬᠡᠷ᠎ᠡ᠂ ᠳᠠᠭᠤᠷᠢᠶᠠᠮᠠᠯ ᠲᠦᠰᠤᠭᠡᠳᠤᠯᠭᠡ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢ  ᠭᠦᠢᠴᠡᠳ ᠬᠡᠷᠡᠭᠯᠡᠨ᠂ ᠪᠥᠬᠦ ᠬᠦᠷᠢᠶ᠎ᠡ ᠴᠠᠷᠠᠭ᠎ᠠ ᠶᠢ ᠬᠠᠮᠤᠷᠤᠭᠰᠠᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠢᠭᠡᠳ ᠳᠣᠭᠢᠷᠠᠭᠤᠯᠬᠤ ᠰᠢᠰᠲ᠋ᠧᠮ ᠢ ᠪᠠᠶᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠣᠭᠠᠵᠢᠭᠤᠯᠬᠤ᠂ ᠤᠶᠤᠨᠴᠢᠯᠠᠬᠤ᠂ ᠨᠠᠷᠢᠯᠢᠬᠵᠢᠭᠤᠯᠬᠤ ᠶᠢ ᠠᠬᠢᠭᠤᠯᠤᠨ᠎ᠠ᠃ ᠬᠢᠨᠠᠨ ᠬᠡᠮᠵᠢᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠵᠠᠬᠢᠷᠭᠠᠨ ᠤ ᠣᠷᠣᠨ ᠤ ᠵᠠᠭᠠᠭ ᠤᠨ ᠣᠭᠲᠣᠯᠤᠭᠠᠰᠤ᠂ ᠤᠰᠤ ᠠᠪᠬᠤ ᠲᠠᠲᠠᠬᠤ ᠠᠮᠠᠰᠠᠷ᠂ ᠭᠠᠵᠠᠷ ᠳᠣᠣᠷᠠᠬᠢ ᠤᠰᠤ ᠵᠡᠷᠭᠡ ᠶᠢ ᠬᠢᠨᠠᠨ ᠬᠡᠮᠵᠢᠬᠦ ᠥᠷᠲᠡᠭᠡᠨ ᠲᠣᠣᠷ ᠤᠨ ᠪᠠᠶᠢᠷᠢᠰᠢᠭᠤᠯᠤᠯ ᠢ ᠰᠢᠯᠢᠳᠡᠭᠵᠢᠭᠦᠯᠵᠦ᠂ ᠤᠰᠤᠨ ᠤ ᠬᠡᠮᠵᠢᠶ᠎ᠡ᠂ ᠤᠰᠤᠨ ᠲᠦᠪᠰᠢᠨ᠂ ᠤᠷᠤᠰᠴᠠ᠂ ᠤᠰᠤᠨ ᠤ ᠴᠢᠨᠠᠷ ᠵᠡᠷᠭᠡ ᠪᠥᠬᠦ ᠬᠦᠴᠦᠨ ᠵᠦᠢᠯ ᠢ ᠰᠦᠯᠵᠢᠶᠡᠨ ᠳᠡᠭᠡᠷ᠎ᠡ ᠴᠠᠭ ᠲᠤᠬᠠᠶ ᠳᠤ ᠨᠢ ᠬᠢᠨᠠᠨ ᠬᠡᠮᠵᠢᠬᠦ ᠶᠢ ᠪᠡᠶᠡᠯᠡᠭᠦᠯᠵᠦ᠂ ᠮᠡᠳᠡᠭᠡ ᠵᠠᠩᠭᠢ ᠶᠢ ᠣᠯᠵᠤ ᠠᠪᠬᠤ ᠪᠠ ᠰᠡᠷᠡᠵᠦ ᠮᠡᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠪᠠ ᠭᠠᠵᠠᠷ ᠤᠨ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ᠂ ᠪᠣᠳᠠᠲᠠᠶ ᠬᠡᠷᠡᠭᠯᠡᠬᠦ ᠤᠰᠤᠨ ᠤ ᠬᠡᠮᠵᠢᠶ᠎ᠡ ᠵᠡᠷᠭᠡ ᠮᠡᠳᠡᠭᠡ ᠵᠠᠩᠭᠢ ᠶᠢ ᠬᠥᠳᠡᠯᠦᠩᠭᠦᠶ ᠪᠠᠷ ᠡᠵᠡᠮᠰᠢᠬᠦ ᠶᠢᠨ ᠬᠠᠮᠲᠤ ᠴᠠᠭ ᠲᠤᠬᠠᠶ ᠳᠤᠨᠢ ᠰᠢᠨᠡᠳᠬᠡᠵᠦ᠂ ᠣᠶᠤᠨᠴᠢᠯᠠᠭᠰᠠᠨ ᠲᠥᠰᠦᠭᠡᠳᠦᠭᠦᠯᠦᠯ ᠢᠶᠠᠷ ᠤᠰᠤᠨ ᠤ ᠡᠬᠢ ᠪᠠᠶᠠᠯᠢᠭ ᠢ ᠬᠠᠮᠢᠶᠠᠷᠬᠤ ᠪᠠ ᠳᠣᠭᠢᠷᠠᠭᠤᠯᠬᠤ ᠪᠡᠯᠡᠳᠬᠡᠯ ᠰᠣᠷᠢᠯᠲᠠ ᠬᠢᠬᠦ ᠶᠢᠨ ᠬᠠᠮᠲᠤ᠂ ᠤᠰᠤ ᠬᠡᠷᠡᠭᠯᠡᠬᠦ ᠬᠢᠵᠠᠭᠠᠷ ᠲᠤᠭ᠎ᠠ᠂ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠵᠡᠷᠭᠡ ᠤᠯᠠᠭᠠᠨ ᠱᠤᠭᠤᠮ ᠤᠨ  ᠭᠦᠢᠴᠡᠳᠭᠡᠯ ᠲᠤᠭ᠎ᠠ ᠶᠢ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠵᠦ᠂ ᠲᠦᠭᠰᠢᠭᠦᠷᠢ ᠠᠴᠠ ᠤᠷᠢᠳᠴᠢᠯᠠᠨ ᠵᠠᠶᠢᠯᠠᠵᠤ᠂ ᠪᠡᠯᠡᠳᠬᠡᠯ ᠲᠥᠰᠦᠯ ᠲᠣᠭᠲᠠᠭᠠᠨ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠶᠤᠯᠭᠦᠢ ᠠᠰᠢᠭᠯᠠᠬᠤ ᠶᠢ ᠠᠬᠢᠭᠤᠯᠬᠤ ᠳᠤ ᠣᠶᠤᠨᠴᠢᠯᠠᠭᠰᠠᠨ ᠰᠢᠳᠪᠥᠷᠢᠲᠦ ᠪᠣᠳᠣᠯᠭ᠎ᠠ ᠶᠢᠨ ᠳᠡᠮᠵᠢᠯᠭᠡ ᠬᠠᠩᠭᠠᠨ᠎ᠠ᠃
 
ᠢᠷᠡᠯᠲᠡ᠄ ᠤᠰᠤᠨ ᠠᠰᠢᠭᠯᠠᠯᠲᠠ ᠶᠢᠨ ᠶᠠᠮᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号